| ᠲᠦᠷᠪᠡᠳᠦᠭᠡᠷ ᠪᠦᠯᠦᠭ ᠬᠦᠳᠡᠯᠮᠤᠷᠢ ᠠᠵᠢᠯ ᠤᠯᠭᠤᠯᠳᠠ | | ᠬᠤᠷᠢᠨ ᠭᠤᠷᠪᠠᠳᠤᠭᠠᠷ ᠵᠤᠶᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠡᠮᠳᠡᠭᠴᠤᠳ ᠤᠨ ᠬᠦᠳᠡᠯᠮᠤᠷᠢ ᠠᠵᠢᠯ ᠤᠯᠭᠤᠯᠳᠠ ᠶᠢ ᠨᠢᠭᠡᠳᠦᠯᠳᠠᠢ | ᠲᠦᠯᠦᠪᠵᠢᠭᠦᠯᠵᠦ᠂ ᠬᠠᠷᠢᠴᠠᠯ ᠶᠤᠰᠤᠭᠠᠷ ᠵᠡᠮᠳᠡᠭᠴᠤᠳ ᠲᠤ ᠠᠵᠢᠯ ᠤᠯᠭᠤᠬᠤ ᠶᠢ ᠠᠬᠢᠭᠤᠯᠵᠤ᠂ ᠲᠦᠪᠯᠡᠷᠡᠭᠦᠯᠦᠨ ᠠᠵᠢᠯ ᠤᠯᠭᠤᠬᠤ᠂ ᠡᠵᠡᠨ ᠮᠡᠳᠡᠨ ᠠᠵᠢᠯ | ᠰᠤᠩᠭᠤᠬᠤ᠂ ᠡᠵᠡᠨ ᠮᠡᠳᠡᠨ ᠦᠢᠯᠡᠰ ᠪᠤᠰᠬᠠᠬᠤ ᠶᠢ ᠵᠤᠷᠢᠬᠵᠢᠭᠤᠯᠤᠨ ᠲᠡᠮᠵᠢᠬᠦ ᠬᠡᠷᠡᠭᠳᠠᠢ᠃ ᠵᠡᠮᠳᠡᠭᠴᠤᠳ ᠲᠤ ᠠᠵᠢᠯ ᠤᠯᠭᠤᠬᠤ ᠦᠢᠯᠡᠴᠢᠯᠡᠭᠡᠨ ᠤ | ᠲᠤᠭᠳᠠᠴᠠ ᠶᠢ ᠪᠠᠶᠢᠭᠤᠯᠵᠤ᠂ ᠵᠡᠮᠳᠡᠭᠴᠤᠳ ᠲᠤ ᠠᠵᠢᠯ ᠤᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠲᠡᠭᠦᠯᠳᠡᠷᠵᠢᠭᠦᠯᠵᠦ ᠂ ᠵᠡᠮᠳᠡᠭᠴᠤᠳ ᠲᠤ ᠠᠵᠢᠯ | ᠤᠯᠭᠤᠬᠤ ᠠᠷᠭ᠎ᠠ ᠵᠠᠮ ᠢ ᠦᠷᠭᠡᠳᠭᠡᠵᠤ᠂ ᠵᠡᠮᠳᠡᠭᠴᠤᠳ ᠤᠨ ᠬᠦᠳᠡᠯᠮᠤᠷᠢᠯᠡᠬᠦ ᠡᠷᠬᠡ ᠲᠡᠭᠰᠢ ᠡᠷᠬᠡ ᠶᠢ ᠪᠠᠳᠤᠯᠠᠬᠤ ᠬᠡᠷᠡᠭᠳᠠᠢ᠃ | ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠵᠡᠮᠳᠡᠭᠴᠤᠳ ᠤᠨ ᠬᠤᠯᠪᠤᠭᠠᠳᠤ ᠬᠤᠷᠠᠯ ᠠᠴᠠ ᠡᠷᠬᠢᠯᠡᠭᠰᠡᠨ ᠵᠡᠮᠳᠡᠭᠴᠤᠳ ᠲᠤ ᠠᠵᠢᠯ ᠤᠯᠭᠤᠬᠤ | ᠦᠢᠯᠡᠴᠢᠯᠡᠭᠡᠨ ᠤ ᠪᠠᠶᠢᠭᠤᠯᠤᠮᠵᠢ ᠵᠡᠮᠳᠡᠭᠴᠤᠳ ᠤᠨ ᠠᠵᠢᠯ ᠠᠯᠳᠠᠭᠰᠠᠨ ᠪᠠᠶᠢᠳᠠᠯ ᠢ ᠪᠠᠶᠢᠴᠠᠭᠠᠬᠤ᠂ ᠠᠵᠢᠯ ᠤᠯᠤᠭᠰᠠᠨ ᠪᠠᠶᠢᠳᠠᠯ ᠢ ᠲᠠᠩᠰᠠᠯᠠᠬᠤ᠂ ᠴᠢᠳᠠᠪᠦᠷᠢ ᠶᠢ | ᠨᠢ ᠦᠨᠡᠯᠡᠬᠦ᠂ ᠠᠵᠢᠯ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠪᠠ ᠠᠵᠢᠯ ᠲᠠᠨᠢᠯᠴᠠᠭᠤᠯᠬᠤ᠂ ᠠᠰᠠᠭᠤᠨ ᠯᠠᠪᠯᠠᠭ᠎ᠠ ᠬᠠᠩᠭᠠᠬᠤ᠂ ᠵᠢᠯᠤᠭᠤᠳᠬᠤ ᠵᠡᠷᠭᠡ ᠡᠳᠦᠷ | ᠲᠤᠳᠤᠮ ᠤᠨ ᠦᠢᠯᠡᠴᠢᠯᠡᠭᠡ ᠶᠢ ᠬᠠᠷᠢᠭᠤᠴᠠᠨ᠎ᠠ︔ ᠰᠤᠬᠤᠷ ᠬᠦᠮᠦᠨ ᠤ ᠢᠯᠢᠵᠤ ᠨᠤᠬᠤᠯᠠᠬᠤ ᠪᠠᠶᠢᠭᠤᠯᠤᠮᠵᠢ᠂ ᠵᠡᠮᠳᠡᠭᠴᠤᠳ ᠢ ᠡᠷᠡᠭᠦᠯᠵᠢᠭᠦᠯᠬᠦ ᠪᠠᠶᠢᠭᠤᠯᠤᠮᠵᠢ ᠶᠢᠨ | ᠬᠢᠷᠢ ᠭᠡᠮ ᠢ ᠬᠢᠨᠠᠨ ᠲᠤᠭᠳᠠᠭᠠᠬᠤ ᠠᠵᠢᠯ ᠢ ᠬᠠᠷᠢᠭᠤᠴᠠᠨ᠎ᠠ︔ ᠲᠤᠬᠠᠢ ᠶᠢᠨ ᠭᠠᠵᠠᠷ ᠤᠨ ᠬᠦᠳᠡᠯᠮᠤᠷᠢ ᠶᠢᠨ ᠪᠠᠳᠤᠯᠠᠪᠣᠷᠢ ᠶᠢᠨ ᠰᠠᠯᠠᠭ᠎ᠠ ᠮᠦᠴᠢᠷ ᠢᠶᠠᠷ | ᠵᠦᠪᠰᠢᠶᠡᠷᠡᠭᠦᠯᠦᠭᠰᠡᠨ ᠤ ᠲᠠᠷᠠᠭ᠎ᠠ ᠵᠡᠮᠳᠡᠭᠴᠤᠳ ᠤᠨ ᠠᠵᠢᠯ ᠮᠡᠷᠭᠡᠵᠢᠯ ᠤᠨ ᠴᠢᠳᠠᠪᠣᠷᠢ ᠶᠢ ᠨᠢ ᠬᠢᠨᠠᠨ ᠲᠤᠭᠳᠠᠭᠠᠨ᠎ᠠ᠃ | ᠬᠤᠷᠢᠨ ᠲᠦᠷᠪᠡᠳᠦᠭᠡᠷ ᠵᠤᠶᠢᠯ ᠦᠪᠡᠷᠳᠡᠭᠡᠨ ᠵᠠᠰᠠᠬᠤ ᠤᠷᠤᠨ ᠤ ᠲᠤᠳᠤᠷᠠᠬᠢ ᠬᠦᠮᠦᠨ ᠬᠡᠷᠡᠭᠯᠡᠬᠦ ᠨᠢᠭᠡᠴᠡ ᠲᠤᠰ ᠨᠢᠭᠡᠴᠡ ᠶᠢᠨ ᠢᠶᠠᠨ ᠠᠵᠢᠯ ᠤᠨ | ᠪᠠᠶᠢᠷᠢ ᠳᠤ ᠪᠠᠶᠢᠬᠤ ᠠᠵᠢᠯᠳᠠᠨ ᠠᠵᠢᠯᠴᠢᠨ ᠤ ᠶᠡᠷᠦᠩᠬᠡᠢ ᠲᠤᠭ᠎ᠠ ᠶᠢᠨ ᠮᠢᠩᠭᠠᠨ ᠤ ᠠᠷᠪᠠᠨ ᠲᠠᠪᠤ ᠠᠴᠠ ᠲᠤᠤᠷ᠎ᠠ ᠪᠤᠰᠤ ᠬᠠᠷᠢᠴᠠᠯ ᠢᠶᠠᠷ ᠵᠡᠮᠳᠡᠭᠴᠤᠳ ᠢ | ᠲᠤᠬᠢᠷᠠᠭᠤᠯᠵᠤ ᠠᠵᠢᠯ ᠤᠯᠭᠤᠬᠤ ᠬᠡᠷᠡᠭᠳᠠᠢ᠃ ᠲᠤᠭᠳᠠᠭᠠᠭᠰᠠᠨ ᠬᠠᠷᠢᠴᠠᠯ ᠳᠤ ᠬᠦᠷᠦᠭᠰᠡᠨ ᠦᠭᠡᠢ ᠬᠦᠮᠦᠨ ᠬᠡᠷᠡᠭᠯᠡᠬᠦ ᠨᠢᠭᠡᠴᠡᠢ ᠵᠡᠮᠳᠡᠭᠴᠤᠳ ᠲᠤ ᠠᠵᠢᠯ | ᠤᠯᠭᠤᠬᠤ ᠪᠠᠳᠤᠯᠠᠪᠣᠷᠢ ᠶᠢᠨ ᠮᠦᠡᠭᠬᠦ ᠲᠤᠰᠢᠶᠠᠬᠤ ᠬᠡᠷᠡᠭᠳᠠᠢ᠃ | ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠵᠡᠮᠳᠡᠭᠴᠤᠳ ᠤᠨ ᠬᠤᠯᠪᠤᠭᠠᠳᠤ ᠬᠤᠷᠠᠯ ᠬᠦᠮᠦᠨ ᠬᠡᠷᠡᠭᠯᠡᠬᠦ ᠨᠢᠭᠡᠴᠡ ᠶᠢᠨ ᠵᠤᠬᠢᠬᠤ ᠬᠠᠷᠢᠴᠠᠯ ᠶᠤᠰᠤᠭᠠᠷ | ᠵᠡᠮᠳᠡᠭᠴᠤᠳ ᠢ ᠲᠤᠬᠢᠷᠠᠭᠤᠯᠵᠤ ᠠᠵᠢᠯ ᠤᠯᠭᠤᠭᠰᠠᠨ ᠪᠠᠶᠢᠳᠠᠯ ᠳᠤ ᠤᠨ ᠤ ᠬᠢᠨᠠᠨ ᠰᠢᠯᠭᠠᠯᠳᠠ ᠬᠢᠬᠦ ᠬᠡᠷᠡᠭᠳᠠᠢ᠃ | ᠬᠤᠷᠢᠨ ᠲᠠᠪᠤᠳᠤᠭᠠᠷ ᠵᠤᠶᠢᠯ ᠬᠠᠤᠯᠢ ᠶᠤᠰᠤᠭᠠᠷ ᠲᠠᠳᠠᠪᠦᠷᠢᠯᠠᠨ ᠬᠤᠷᠢᠶᠠᠭᠰᠠᠨ ᠵᠡᠮᠳᠡᠭᠴᠤᠳ ᠲᠤ ᠠᠵᠢᠯ ᠤᠯᠭᠤᠬᠤ ᠪᠠᠳᠤᠯᠠᠪᠣᠷᠢ ᠶᠢᠨ ᠮᠦᠡᠭᠬᠦ ᠶᠢ | ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ᠂ ᠵᠡᠮᠳᠡᠭᠴᠤᠳ ᠤᠨ ᠠᠵᠢᠯ ᠮᠡᠷᠭᠡᠵᠢᠯ ᠤᠨ ᠪᠤᠯᠪᠠᠰᠤᠷᠠᠯ ᠵᠢᠴᠢ ᠵᠡᠮᠳᠡᠭᠴᠤᠳ ᠲᠤ ᠠᠵᠢᠯ ᠤᠯᠭᠤᠬᠤ | ᠦᠢᠯᠡᠴᠢᠯᠡᠭᠡ ᠬᠠᠩᠭᠠᠬᠤ ᠪᠠ ᠠᠵᠢᠯ ᠤᠯᠭᠤᠬᠤ ᠲᠤᠰᠠᠯᠠᠮᠵᠢ ᠦᠵᠡᠭᠦᠯᠬᠦ ᠳᠤ ᠲᠤᠰᠬᠠᠢ ᠬᠡᠷᠡᠭᠯᠡᠨ᠎ᠡ᠂ ᠶᠠᠮᠠᠷᠪᠠ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ | ᠭᠡᠳ ᠱᠠᠮᠰᠢᠬᠤ᠂ ᠰᠢᠯᠵᠢᠭᠦᠯᠦᠨ ᠬᠡᠷᠡᠭᠯᠡᠬᠦ᠂ ᠲᠠᠰᠤᠳᠠᠨ ᠦᠯᠡᠳᠡᠭᠡᠬᠦ ᠪᠤᠶᠤ ᠬᠤᠪᠢᠨ ᠳᠠᠭᠠᠨ ᠬᠤᠪᠢᠶᠠᠵᠤ ᠪᠤᠯᠬᠤ ᠦᠭᠡᠢ᠃ | ᠬᠤᠷᠢᠨ ᠵᠢᠷᠭᠤᠳᠤᠭᠠᠷ ᠵᠤᠶᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ ᠪᠤᠶᠤ ᠲᠠᠮᠵᠢᠨ ᠨᠡᠭᠡᠭᠡᠭᠰᠡᠨ | ᠨᠠᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠯᠭᠤᠬᠤ ᠠᠵᠢᠯ ᠤᠨ ᠪᠠᠶᠢᠷᠢ ᠳᠤ ᠠᠳᠠᠯᠢ ᠱᠠᠳᠤᠨ ᠤ ᠵᠡᠮᠳᠡᠭᠴᠤᠳ ᠤᠨ ᠬᠤᠯᠪᠤᠭᠠᠳᠤ ᠬᠤᠷᠠᠯ ᠬᠦᠮᠦᠨ ᠤ | ᠬᠦᠴᠦᠨ ᠤ ᠡᠬᠢ ᠪᠠᠶᠠᠯᠢᠬ ᠪᠠ ᠨᠡᠶᠢᠭᠡᠮ ᠤᠨ ᠪᠠᠳᠤᠯᠠᠪᠣᠷᠢ ᠶᠢᠨ ᠰᠠᠯᠠᠭ᠎ᠠ ᠮᠦᠴᠢᠷ ᠲᠠᠢ ᠬᠠᠮᠳᠤᠷᠠᠨ ᠨᠦᠭᠦᠴᠡᠯ ᠳᠤ ᠨᠡᠶᠢᠴᠡᠭᠰᠡᠨ ᠵᠡᠮᠳᠡᠭᠴᠤᠳ ᠢ ᠵᠠᠭᠤᠨ ᠤ ᠠᠷᠪᠠ | ᠠᠴᠠ ᠲᠤᠤᠷ᠎ᠠ ᠪᠤᠰᠤ ᠬᠠᠷᠢᠴᠠᠯ ᠢᠶᠠᠷ ᠲᠤᠬᠢᠷᠠᠭᠤᠯᠵᠤ ᠠᠵᠢᠯ ᠤᠯᠭᠤᠨ᠎ᠠ᠃ | ᠬᠤᠷᠢᠨ ᠲᠤᠯᠤᠳᠤᠭᠠᠷ ᠵᠤᠶᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠡᠶᠢᠭᠡᠮ ᠤᠨ ᠬᠦᠴᠦᠨ ᠵᠡᠮᠳᠡᠭᠴᠤᠳ ᠢ ᠲᠦᠪᠯᠡᠷᠡᠭᠦᠯᠦᠨ | ᠲᠤᠬᠢᠷᠠᠭᠤᠯᠵᠣ ᠠᠵᠢᠯ ᠤᠯᠭᠤᠬᠤ ᠰᠠᠭᠤᠷᠢᠨ ᠭᠠᠵᠠᠷ᠂ ᠨᠡᠶᠢᠳᠡ ᠶᠢᠨ ᠠᠰᠠᠷᠠᠮᠵᠢ ᠶᠢᠨ ᠠᠵᠤ ᠠᠬᠤᠢᠢᠯᠠᠯ᠂ ᠰᠤᠬᠤᠷ ᠬᠦᠮᠦᠨ ᠤ ᠢᠯᠢᠵᠤ ᠨᠤᠬᠤᠯᠠᠬᠤ | ᠪᠠᠶᠢᠭᠤᠯᠤᠮᠵᠢ᠂ ᠠᠵᠢᠯᠴᠢᠨ ︵ᠲᠠᠷᠢᠶᠠᠴᠢᠨ︶ ᠢ ᠡᠷᠡᠭᠦᠯᠵᠢᠭᠦᠯᠬᠦ ᠪᠠᠶᠢᠭᠤᠯᠤᠮᠵᠢ᠂ ᠲᠤᠰᠠᠯᠠᠬᠤ ᠦᠢᠯᠡᠳᠪᠦᠷᠢᠯᠡᠯ ᠤᠨ ᠳᠠᠯᠠᠪᠠᠢ ᠲᠠᠯᠠᠪᠦᠷ ᠪᠠ ᠵᠡᠮᠳᠡᠭᠴᠤᠳ ᠢ | ᠲᠦᠪᠯᠡᠷᠡᠭᠦᠯᠦᠨ ᠲᠤᠬᠢᠷᠠᠭᠤᠯᠵᠣ ᠠᠵᠢᠯ ᠤᠯᠭᠤᠬᠤ ᠪᠤᠰᠤᠳ ᠠᠰᠠᠷᠠᠮᠵᠢ ᠶᠢᠨ ᠴᠢᠨᠠᠷᠳᠠᠢ ᠨᠢᠭᠡᠴᠡ ᠡᠷᠬᠢᠯᠡᠬᠦ ᠶᠢ ᠵᠤᠷᠢᠬᠵᠢᠭᠤᠯᠤᠨ ᠲᠡᠮᠵᠢᠬᠦ ᠶᠢᠨ ᠬᠠᠮᠳᠤ | ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠭᠠᠶᠢᠯᠢ ᠰᠦᠢᠳᠭᠡᠯ ᠢ ᠨᠢ ᠬᠠᠰᠤᠨ ᠬᠡᠯᠳᠦᠷᠢᠭᠦᠯᠦᠨ᠎ᠡ᠃ | ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠠᠢ ᠵᠡᠮᠳᠡᠭᠴᠤᠳ ᠲᠤ ᠦᠢᠯᠡᠳᠪᠦᠷᠢᠯᠡᠯ ᠤᠨ | ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠬᠦᠷᠳᠡᠭᠡᠵᠤ᠂ ᠮᠠᠯᠵᠢᠬᠤ ᠲᠠᠷᠢᠶᠠᠯᠠᠬᠤ ᠤᠷᠤᠨ ᠤ ᠵᠡᠮᠳᠡᠭᠴᠤᠳ ᠤᠨ ᠲᠠᠷᠢᠮᠠᠯ ᠤᠨ ᠦᠢᠯᠡᠰ᠂ ᠲᠡᠵᠢᠭᠡᠪᠦᠷᠢ ᠶᠢᠨ ᠦᠢᠯᠡᠰ | ᠂ ᠭᠠᠷ ᠤᠷᠠᠯᠠᠯ ᠤᠨ ᠦᠢᠯᠡᠰ ᠪᠠ ᠤᠯᠠᠨ ᠵᠦᠢᠯ ᠤᠨ ᠡᠵᠡᠩᠨᠡᠯᠳᠡ ᠡᠷᠬᠢᠯᠡᠬᠦ ᠶᠢ ᠲᠠᠮᠵᠢᠵᠤ᠂ ᠮᠠᠯᠵᠢᠬᠤ ᠲᠠᠷᠢᠶᠠᠯᠠᠬᠤ ᠤᠷᠤᠨ ᠤ ᠵᠡᠮᠳᠡᠭᠴᠤᠳ ᠲᠤ ᠠᠵᠢᠯ | ᠤᠯᠭᠤᠬᠤ ᠶᠢ ᠰᠢᠯᠵᠢᠭᠦᠯᠬᠦ ᠶᠢ ᠢᠳᠡᠭ ᠢᠳᠡᠭ ᠢᠶᠠᠷ ᠪᠡᠶᠡᠯᠡᠭᠦᠯᠦᠨ᠎ᠡ᠃ | ᠬᠤᠷᠢᠨ ᠨᠠᠢᠮᠠᠳᠤᠭᠠᠷ ᠵᠤᠶᠢᠯ ᠵᠡᠮᠳᠡᠭᠴᠤᠳ ᠢ ᠬᠡᠷᠡᠭᠯᠡᠭᠰᠡᠨ ᠬᠦᠮᠦᠨ ᠬᠡᠷᠡᠭᠯᠡᠬᠦ ᠨᠢᠭᠡᠴᠡ ᠵᠡᠮᠳᠡᠭᠴᠤᠳ ᠲᠠᠢ ᠬᠦᠳᠡᠯᠮᠤᠷᠢ ᠶᠢᠨ ᠭᠡᠷ᠎ᠡ ᠲᠤᠭᠳᠠᠬᠤ ᠶᠢᠨ | ᠬᠠᠮᠳᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠡᠭᠦᠨ ᠳᠤ ᠦᠨᠳᠦᠰᠦᠨ ᠨᠠᠰᠤᠵᠢᠯ ᠤᠨ ᠲᠠᠭᠠᠳᠬᠠᠯ᠂ ᠡᠮ ᠡᠮᠨᠡᠯᠭᠡ ᠶᠢᠨ ᠲᠠᠭᠠᠳᠬᠠᠯ᠂ ᠠᠵᠢᠯ ᠠᠯᠳᠠᠬᠤ | ᠲᠠᠭᠠᠳᠬᠠᠯ᠂ ᠠᠵᠢᠯ ᠠᠴᠠ ᠪᠤᠯᠤᠭᠰᠠᠨ ᠭᠡᠮᠳᠦᠯ ᠤᠨ ᠲᠠᠭᠠᠳᠬᠠᠯ᠂ ᠦᠷᠡᠵᠢᠯ ᠤᠨ ᠲᠠᠭᠠᠳᠬᠠᠯ ᠵᠡᠷᠭᠡ ᠡᠯ᠎ᠡ ᠵᠦᠢᠯ ᠤᠨ ᠨᠡᠶᠢᠭᠡᠮ ᠤᠨ ᠲᠠᠭᠠᠳᠬᠠᠯ ᠤᠨ ᠮᠦᠡᠭᠬᠦ ᠶᠢ | ᠨᠢ ᠲᠤᠰᠢᠶᠠᠨ ᠦᠭᠴᠦ᠂ ᠵᠡᠮᠳᠡᠭᠴᠤᠳ ᠤᠨ ᠡᠯ᠎ᠡ ᠵᠦᠢᠯ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠬᠤ ᠬᠡᠷᠡᠭᠳᠠᠢ᠃ | ᠬᠤᠷᠢ ᠶᠢᠰᠦᠳᠦᠭᠡᠷ ᠵᠤᠶᠢᠯ ᠦᠪᠡᠷᠳᠡᠭᠡᠨ ᠵᠠᠰᠠᠬᠤ ᠤᠷᠤᠨ ᠠᠴᠠ ᠵᠡᠮᠳᠡᠭᠴᠤᠳ ᠲᠤ ᠠᠵᠢᠯ ᠤᠯᠭᠤᠭᠰᠠᠨ ᠬᠠᠷᠢᠴᠠᠯ ᠨᠢ ᠲᠤᠭᠳᠠᠭᠠᠯ ᠠᠴᠠ ᠳᠠᠪᠠᠭᠰᠠᠨ | ᠪᠤᠶᠤ ᠵᠡᠮᠳᠡᠭᠴᠤᠳ ᠲᠤ ᠲᠦᠪᠯᠡᠷᠡᠭᠦᠯᠦᠨ ᠠᠵᠢᠯ ᠤᠯᠭᠤᠭᠰᠠᠨ ᠬᠦᠮᠦᠨ ᠬᠡᠷᠡᠭᠯᠡᠬᠦ ᠨᠢᠭᠡᠴᠡ ᠪᠠ ᠬᠤᠪᠢ ᠶᠢᠨ ᠡᠵᠡᠩᠨᠡᠯᠳᠡ ᠶᠢ ᠡᠷᠬᠢᠯᠡᠵᠤ ᠪᠠᠶᠢᠭ᠎ᠠ ᠵᠡᠮᠳᠡᠭᠴᠤᠳ | ᠲᠤ ᠬᠠᠤᠯᠢ ᠶᠤᠰᠤᠭᠠᠷ ᠭᠠᠶᠢᠯᠢ ᠲᠠᠳᠠᠪᠦᠷᠢ ᠶᠢᠨ ᠬᠠᠷᠠᠭᠠᠯᠵᠠᠯ ᠦᠵᠡᠭᠦᠯᠬᠦ ᠶᠢᠨ ᠬᠠᠮᠳᠤ ᠦᠢᠯᠡᠳᠪᠦᠷᠢᠯᠡᠯ᠂ ᠡᠵᠡᠩᠨᠡᠯᠳᠡ᠂ ᠮᠡᠷᠭᠡᠵᠢᠯ᠂ ᠪᠡᠯᠡ ᠮᠦᠡᠭᠬᠦ᠂ ᠡᠳ᠋ | ᠪᠤᠳᠠᠰ᠂ ᠲᠠᠯᠠᠪᠦᠷ ᠵᠡᠷᠭᠡ ᠲᠠᠯ᠎ᠠ ᠪᠠᠷ ᠲᠡᠮᠵᠢᠯᠭᠡ ᠦᠵᠡᠭᠦᠯᠬᠦ ᠬᠡᠷᠡᠭᠳᠠᠢ᠃ | | ᠲᠠᠪᠤᠳᠤᠭᠠᠷ ᠪᠦᠯᠦᠭ ᠰᠤᠶᠤᠯ ᠤᠨ ᠠᠮᠢᠳᠤᠷᠠᠯ | | ᠭᠤᠴᠢᠳᠤᠭᠠᠷ ᠵᠤᠶᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠵᠡᠮᠳᠡᠭᠴᠤᠳ ᠤᠨ ᠡᠯ᠎ᠡ | ᠵᠦᠢᠯ ᠤᠨ ᠰᠤᠶᠤᠯ᠂ ᠪᠡᠶ᠎ᠡ ᠶᠢᠨ ᠲᠠᠮᠢᠷ᠂ ᠨᠠᠶᠢᠷ ᠨᠠᠭᠠᠳᠤᠮ ᠳᠤ ᠤᠷᠤᠯᠴᠠᠬᠤ ᠶᠢ ᠵᠤᠷᠢᠬᠵᠢᠭᠤᠯᠤᠨ ᠬᠠᠪᠰᠤᠷᠴᠤ᠂ ᠢᠳᠡᠪᠬᠢᠳᠠᠢ ᠪᠠᠷ ᠨᠦᠭᠦᠴᠡᠯ ᠪᠦᠷᠢᠯᠳᠦᠭᠦᠯᠦᠨ᠂ | ᠵᠡᠮᠳᠡᠭᠴᠤᠳ ᠤᠨ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠬᠤ ᠬᠡᠷᠡᠭᠳᠠᠢ᠃ | ᠭᠤᠴᠢᠨ ᠨᠢᠭᠡᠳᠦᠭᠡᠷ ᠵᠤᠶᠢᠯ ᠨᠤᠮ ᠤᠨ ᠰᠠᠩ᠂ ᠮᠦᠽᠧᠢ᠂ ᠲᠠᠮᠢᠷ ᠤᠨ ᠲᠠᠯᠠᠪᠠᠢ ︵ᠤᠷᠳᠤᠨ︶᠂ ᠤᠯᠠᠨ ᠲᠦᠮᠡᠨ ᠤ ᠤᠷᠠᠯᠢᠬ ᠤᠨ ᠤᠷᠳᠤᠨ᠂ | ᠰᠤᠶᠤᠯ ᠤᠨ ᠤᠷᠳᠤᠨ ᠪᠠ ᠰᠣᠮᠣ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠳᠡᠭᠡ᠂ ᠨᠡᠶᠢᠭᠡᠮ ᠲᠤᠭᠤᠷᠢᠭ ᠤᠨ ᠰᠤᠶᠤᠯ ᠤᠨ ᠲᠦᠪ ︵ᠵᠡᠭᠡᠯᠢ | ᠭᠤᠳᠤᠮᠵᠢ ᠶᠢᠨ ᠰᠤᠶᠤᠯ ᠤᠨ ᠦᠷᠳᠡᠭᠡ︶ ᠵᠡᠷᠭᠡ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠪᠡᠯᠡᠳᠭᠡᠯ ᠲᠦᠭᠦᠭᠡᠷᠦᠮᠵᠢ ᠶᠢ ᠵᠡᠮᠳᠡᠭᠴᠤᠳ ᠲᠤ | ᠰᠦᠢᠳᠭᠡᠯ ᠬᠤᠷᠢᠶᠠᠬᠤ ᠦᠭᠡᠢ ᠪᠠᠷ ᠨᠡᠭᠡᠭᠡᠬᠦ ᠶᠢᠨ ᠬᠠᠮᠳᠤ ᠵᠡᠮᠳᠡᠭᠴᠤᠳ ᠤᠨ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠬᠤ ᠳᠤ ᠲᠦᠭᠦᠮ | ᠦᠵᠡᠭᠦᠯᠦᠨ᠎ᠡ᠃ | ᠭᠤᠴᠢᠨ ᠬᠤᠶᠠᠳᠤᠭᠠᠷ ᠵᠤᠶᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠡᠮᠳᠡᠭᠴᠤᠳ ᠤᠨ ᠤᠯᠠᠨ ᠲᠦᠮᠡᠨᠴᠢ ᠴᠢᠨᠠᠷᠳᠠᠢ ᠪᠡᠶ᠎ᠡ | ᠴᠢᠬᠢᠷᠠᠭᠵᠢᠭᠤᠯᠬᠤ ᠠᠵᠢᠯᠯᠠᠭ᠎ᠠ ᠶᠢ ᠶᠡᠭᠡ ᠪᠠᠷ ᠦᠷᠨᠢᠭᠦᠯᠵᠦ᠂ ᠵᠡᠮᠳᠡᠭᠴᠤᠳ ᠤᠨ ᠤᠯᠠᠨ ᠲᠦᠮᠡᠨᠴᠢ ᠴᠢᠨᠠᠷᠳᠠᠢ ᠪᠡᠶ᠎ᠡ ᠴᠢᠬᠢᠷᠠᠭᠵᠢᠭᠤᠯᠬᠤ ᠲᠦᠷᠦᠯ ᠵᠦᠢᠯ ᠢ | ᠰᠤᠳᠤᠯᠤᠨ ᠲᠡᠯᠭᠡᠷᠡᠭᠦᠯᠵᠦ᠂ ᠵᠡᠮᠳᠡᠭᠴᠤᠳ ᠤᠨ ᠪᠡᠶ᠎ᠡ ᠮᠠᠬᠠᠪᠤᠳ ᠤᠨ ᠬᠡᠪ ᠪᠤᠯᠪᠠᠰᠤᠷᠠᠯ ᠢ ᠴᠢᠩᠭᠠᠳᠬᠠᠬᠤ ᠬᠡᠷᠡᠭᠳᠠᠢ᠃ | ᠬᠤᠳᠠ ᠬᠦᠳᠡᠭᠡ ᠶᠢᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠳᠠᠯᠠᠪᠠᠢ ᠲᠠᠯᠠᠪᠦᠷ ᠲᠤ ᠵᠡᠮᠳᠡᠭᠴᠤᠳ ᠤᠨ ᠪᠡᠶ᠎ᠡ ᠰᠡᠳᠭᠢᠯ ᠤᠨ ᠤᠨᠴᠠᠯᠢᠬ ᠲᠤ ᠲᠤᠬᠢᠷᠠᠭᠰᠠᠨ | ᠪᠡᠶ᠎ᠡ ᠴᠢᠬᠢᠷᠠᠬᠵᠢᠭᠤᠯᠬᠤ ᠡᠷᠡᠭᠦᠯᠵᠢᠯ ᠤᠨ ᠪᠠᠭᠠᠵᠢ ᠬᠡᠷᠡᠭᠯᠡᠭᠦᠷ ᠲᠤᠬᠢᠷᠠᠭᠤᠯᠬᠤ ᠬᠡᠷᠡᠭᠳᠠᠢ᠃ | ᠭᠤᠴᠢᠨ ᠭᠤᠷᠪᠠᠳᠤᠭᠠᠷ ᠵᠤᠶᠢᠯ ᠰᠤᠶᠤᠯ᠂ ᠷᠠᠳᠢᠤ᠋ ᠨᠡᠪᠳᠡᠷᠡᠭᠦᠯᠭᠡ ᠺᠢᠨᠤ᠋ ᠲᠧᠯᠧᠢᠰ᠂ ᠰᠤᠨᠢᠨ ᠮᠡᠳᠡᠭᠡ ᠬᠡᠪᠯᠡᠯ ᠵᠡᠷᠭᠡ ᠰᠠᠯᠠᠭ᠎ᠠ ᠮᠦᠴᠢᠷ ᠪᠠ ᠨᠢᠭᠡᠴᠡ | ᠰᠤᠬᠤᠷ ᠬᠦᠮᠦᠨ ᠤ ᠬᠡᠷᠡᠭᠯᠡᠬᠦ ᠪᠢᠴᠢᠭ ᠤᠨ ᠬᠡᠪᠯᠡᠯ ᠪᠠ ᠰᠤᠶᠤᠯ ᠤᠨ ᠮᠡᠳᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠰᠤᠬᠤᠷ ᠬᠦᠮᠦᠨ ᠤ ᠪᠢᠴᠢᠭ᠂ ᠰᠤᠬᠤᠷ | ᠬᠦᠮᠦᠨ ᠤ ᠲᠠᠭᠤᠳᠤ ᠤᠩᠰᠢᠯᠭ᠎ᠠ ᠶᠢᠨ ᠮᠠᠲ᠋ᠧᠷᠢᠶᠠᠯ᠂ ᠵᠡᠮᠳᠡᠭᠴᠤᠳ ᠢᠶᠠᠷ ᠰᠡᠳᠦᠪᠯᠡᠭᠰᠡᠨ ᠨᠤᠮ ᠪᠢᠴᠢᠭ᠂ ᠲᠠᠭᠤ ᠲᠦᠷᠰᠦ ᠰᠢᠩᠭᠡᠭᠡᠯᠳᠡ ᠶᠢᠨ ᠦᠢᠯᠡᠳᠭᠦᠨ ᠢ | ᠬᠡᠪᠯᠡᠬᠦ ᠵᠡᠷᠭᠡ ᠶᠢ ᠲᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠠᠢ᠃ | ᠠᠶᠢᠮᠠᠭ ᠬᠤᠳᠠ ᠠᠴᠠ ᠲᠡᠭᠡᠭᠰᠢᠬᠢ ᠲᠧᠯᠧᠢᠰ ᠬᠤᠷᠢᠶ᠎ᠠ ᠲᠤᠬᠢᠶᠠᠨ ᠤ ᠬᠡᠯᠡᠨ ᠤ ᠰᠤᠨᠢᠨ ᠮᠡᠳᠡᠭᠡᠨ ᠤ ᠨᠡᠪᠳᠡᠷᠡᠭᠦᠯᠭᠡ ᠲᠠᠢ ᠪᠠᠶᠢᠵᠤ᠂ ᠬᠢᠨᠤ᠋ ᠲᠧᠯᠧᠢᠰ ᠤᠨ | ᠪᠦᠳᠦᠭᠡᠭᠳᠡᠭᠦᠨ ᠪᠠ ᠨᠡᠪᠳᠡᠷᠡᠭᠦᠯᠭᠡ ᠳᠤ ᠦᠰᠦᠭ ᠤᠨ ᠬᠦᠰᠢᠭᠡ ᠨᠡᠮᠡᠵᠤ ᠲᠤᠬᠢᠷᠠᠭᠤᠯᠬᠤ ᠬᠡᠷᠡᠭᠳᠠᠢ᠃ | ᠭᠤᠴᠢᠨ ᠲᠦᠷᠪᠡᠳᠦᠭᠡᠷ ᠵᠤᠶᠢᠯ ᠵᠡᠮᠳᠡᠭᠴᠤᠳ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠪᠠ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠵᠤᠬᠢᠶᠠᠨ ᠪᠠᠶᠢᠭᠤᠯᠤᠭᠰᠠᠨ ᠰᠤᠶᠤᠯ᠂ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠬᠤ ᠳᠤ ᠪᠠᠶᠢᠭ᠎ᠠ ᠨᠢᠭᠡᠴᠡ ᠨᠢ | ᠬᠠᠪᠰᠤᠷᠤᠯᠭ᠎ᠠ ᠲᠡᠮᠵᠢᠯᠭᠡ ᠦᠵᠡᠭᠦᠯᠬᠦ ᠬᠡᠷᠡᠭᠳᠠᠢ᠃ ᠲᠦᠪᠯᠡᠷᠡᠭᠦᠯᠦᠭᠰᠡᠨ ᠪᠤᠯᠪᠠᠰᠤᠷᠠᠯ᠂ ᠲᠤᠭᠯᠠᠯᠳᠠ᠂ ᠤᠷᠤᠯᠳᠤᠭᠠᠨ᠂ ᠰᠤᠯᠢᠯᠴᠠᠭ᠎ᠠ ᠬᠢᠬᠦ ᠬᠤᠭᠤᠴᠠᠭᠠᠨ ᠳᠤ | ᠰᠤᠷᠤᠭᠴᠢ ᠶᠢᠨ ᠪᠠᠶᠢᠭ᠎ᠠ ᠰᠤᠷᠭᠠᠭᠤᠯᠢ ᠨᠢ ᠲᠡᠭᠦᠨ ᠳᠤ ᠲᠦᠭᠦᠮ ᠦᠵᠡᠭᠦᠯᠬᠦ ᠬᠡᠷᠡᠭᠳᠠᠢ᠃ ᠠᠵᠢᠯᠳᠠᠨ ᠠᠵᠢᠯᠴᠢᠨ ᠤ ᠪᠠᠶᠢᠭ᠎ᠠ ᠨᠢᠭᠡᠴᠡ ᠨᠢ ᠲᠡᠭᠦᠨ ᠤ ᠴᠡᠯᠢᠩ ᠪᠠ | ᠠᠰᠠᠷᠠᠮᠵᠢ ᠬᠦᠷᠳᠡᠮᠵᠢ ᠶᠢ ᠬᠠᠰᠤᠵᠤ ᠪᠤᠯᠬᠤ ᠦᠭᠡᠢ᠂ ᠲᠤᠭᠳᠠᠮᠠᠯ ᠤᠷᠤᠯᠭ᠎ᠠ ᠦᠭᠡᠢ ᠵᠡᠮᠳᠡᠭᠴᠤᠳ ᠲᠤ ᠬᠦᠳᠡᠯᠭᠡᠭᠡᠨ ᠢ ᠵᠤᠬᠢᠶᠠᠨ ᠪᠠᠶᠢᠭᠤᠯᠤᠭᠴᠢ ᠠᠴᠠ | ᠨᠦᠬᠦᠪᠦᠷᠢ ᠦᠭᠬᠦ ᠬᠡᠷᠡᠭᠳᠠᠢ᠃ | | ᠵᠢᠷᠭᠤᠳᠤᠭᠠᠷ ᠪᠦᠯᠦᠭ ᠨᠡᠶᠢᠭᠡᠮ ᠤᠨ ᠪᠠᠳᠤᠯᠠᠪᠣᠷᠢ | | ᠭᠤᠴᠢᠨ ᠲᠠᠪᠤᠳᠤᠭᠠᠷ ᠵᠤᠶᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤᠯᠠᠨ ᠵᠦᠢᠯ ᠤᠨ ᠠᠷᠭ᠎ᠠ ᠵᠠᠮ ᠢᠶᠠᠷ ᠠᠮᠢᠳᠤᠷᠠᠯ ᠨᠢ ᠬᠦᠴᠢᠷᠳᠠᠢ | ᠵᠡᠮᠳᠡᠭᠴᠤᠳ ᠲᠤ ᠲᠤᠰᠠᠯᠠᠮᠵᠢ ᠦᠵᠡᠭᠦᠯᠵᠦ᠂ ᠵᠡᠮᠳᠡᠭᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠲᠦᠪᠰᠢᠨ ᠢ ᠢᠳᠡᠭ ᠢᠳᠡᠭ ᠢᠶᠠᠷ ᠲᠡᠭᠡᠭᠰᠢᠯᠡᠭᠦᠯᠵᠦ᠂ | ᠵᠡᠮᠳᠡᠭᠴᠤᠳ ᠤᠨ ᠡᠯ᠎ᠡ ᠵᠦᠢᠯ ᠤᠨ ᠨᠡᠶᠢᠭᠡᠮ ᠤᠨ ᠪᠠᠳᠤᠯᠠᠪᠣᠷᠢ ᠶᠢ ᠡᠳ᠋ᠯᠡᠬᠦ ᠡᠷᠬᠡ ᠶᠢ ᠦᠨᠡᠨᠬᠦ ᠪᠠᠳᠤᠯᠠᠬᠤ ᠬᠡᠷᠡᠭᠳᠠᠢ᠃ | ᠭᠤᠴᠢᠨ ᠵᠢᠷᠭᠤᠳᠤᠭᠠᠷ ᠵᠤᠶᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠵᠡᠮᠳᠡᠭᠴᠤᠳ ᠤᠨ | ᠤᠨᠴᠠᠭᠠᠢ ᠬᠦᠴᠢᠷᠳᠡᠯ ᠪᠠ ᠱᠠᠭᠠᠷᠳᠠᠯᠭ᠎ᠠ ᠶᠢ ᠦᠨᠳᠦᠰᠦᠯᠡᠵᠤ᠂ ᠲᠤᠤᠷᠠᠬᠢ ᠠᠷᠭ᠎ᠠ ᠬᠡᠮᠵᠢᠶ᠎ᠡ ᠪᠠᠷ ᠵᠡᠮᠳᠡᠭᠴᠤᠳ ᠤᠨ ᠦᠨᠳᠦᠰᠦᠨ ᠠᠮᠢᠳᠤᠷᠠᠯ ᠢ ᠪᠠᠳᠤᠯᠠᠬᠤ | ᠬᠡᠷᠡᠭᠳᠠᠢ᠄ | ︵ᠨᠢᠭᠡ︶ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠠᠢ ᠵᠡᠮᠳᠡᠭᠴᠦᠳ ᠪᠠ ᠵᠡᠮᠳᠡᠭᠴᠦᠳ ᠤᠨ ᠭᠡᠷ ᠪᠦᠯᠢ ᠶᠢᠨ ᠪᠦᠷᠢᠯᠳᠦᠬᠦᠨ ᠳᠤ ᠡᠮ ᠡᠮᠨᠡᠯᠭᠡ ᠶᠢᠨ | ᠳᠠᠭᠠᠳᠬᠠᠯ ᠳᠤ ᠲᠣᠭᠲᠠᠭᠠᠭᠰᠠᠨ ᠳᠠᠩᠰᠠᠨ ᠠᠴᠠ ᠲᠠᠶᠢᠯᠬᠤ ᠶᠣᠰᠣᠲᠠᠢ ᠡᠮ ᠡᠮᠨᠡᠯᠭᠡ ᠶᠢᠨ ᠰᠦᠢᠳᠬᠡᠯ ᠠᠴᠠ ᠭᠠᠳᠠᠨ᠎ᠠ ᠪᠠᠰᠠ ᠠᠷᠠᠳ ᠤᠨ ᠶᠠᠪᠤᠳᠠᠯ ᠤᠨ ᠲᠢᠩᠬᠢᠮ | ᠠᠴᠠ ᠡᠮ ᠡᠮᠨᠡᠯᠭᠡ ᠶᠢᠨ ᠳᠡᠮᠵᠢᠯᠭᠡ ᠦᠵᠡᠭᠦᠯᠦᠨ᠎ᠡ︔ | ︵ᠬᠤᠶᠠᠷ︶ ᠨᠥᠬᠦᠴᠡᠯ ᠳᠤ ᠨᠡᠶᠢᠴᠡᠭᠰᠡᠨ ᠵᠡᠮᠳᠡᠭ ᠬᠡᠦᠬᠡᠳ ᠲᠤ ᠡᠷᠡᠭᠦᠯᠵᠢᠭᠦᠯᠬᠦ ᠪᠣᠯᠪᠠᠰᠤᠷᠠᠯ ᠬᠦᠷᠲᠡᠭᠡᠬᠦ ᠶᠢᠨ ᠬᠠᠮᠲᠤ ᠲᠤᠰᠠᠯᠠᠬᠤ ᠬᠡᠷᠡᠭᠰᠡᠯ ᠢ | ᠲᠣᠬᠢᠷᠠᠭᠤᠯᠬᠤ ᠳᠡᠮᠵᠢᠯᠭᠡ ᠪᠤᠶᠤ ᠨᠥᠬᠦᠪᠦᠷᠢ ᠥᠭᠴᠦ᠂ ᠵᠡᠮᠳᠡᠭ ᠬᠡᠦᠬᠡᠳ ᠢ ᠠᠯᠪᠠᠨ ᠵᠢᠷᠤᠮ ᠢᠶᠠᠷ ᠡᠷᠡᠭᠦᠯᠵᠢᠭᠦᠯᠬᠦ ᠶᠢ ᠢᠳᠡᠭ ᠢᠳᠡᠭ ᠢᠶᠠᠷ ᠪᠡᠶᠡᠯᠡᠭᠦᠯᠦᠨ᠎ᠡ︔ | ︵ᠭᠤᠷᠪᠠ︶ ᠬᠤᠲᠠ ᠬᠥᠳᠡᠭᠡ ᠶᠢᠨ ᠨᠠᠭᠠᠳᠣ ᠵᠠᠬ᠎ᠠ ᠶᠢᠨ ᠠᠮᠢᠳᠤᠷᠠᠯ ᠤᠨ ᠪᠠᠲᠤᠯᠠᠪᠣᠷᠢ ᠬᠦᠷᠲᠡᠵᠦ ᠪᠠᠶᠢᠭ᠎ᠠ ᠬᠦᠨᠳᠦ ᠬᠡᠮᠵᠢᠶᠡᠨ ᠤ ᠵᠡᠮᠳᠡᠭ ᠬᠦᠮᠦᠨ᠂ | ᠳᠠᠪᠬᠤᠷᠳᠠᠭᠰᠠᠨ ᠵᠡᠮᠳᠡᠭ ᠬᠦᠮᠦᠨ᠂ ᠵᠡᠮᠳᠡᠭ ᠬᠦᠮᠦᠨ ᠣᠯᠠᠨ ᠲᠠᠢ ᠭᠡᠷ ᠪᠦᠯᠢ᠂ ᠨᠠᠰᠤᠳᠠᠢ ᠪᠥᠭᠡᠳ ᠵᠡᠮᠳᠡᠭ ᠬᠥᠮᠥᠰ ᠲᠤ ᠨᠠᠭᠠᠳᠣ ᠵᠠᠬ᠎ᠠ ᠶᠢᠨ ᠠᠮᠢᠳᠣᠷᠠᠯ ᠤᠨ | ᠪᠠᠲᠤᠯᠠᠪᠣᠷᠢ ᠣᠯᠭᠤᠭᠰᠠᠨ ᠤ ᠰᠠᠭᠤᠷᠢᠨ ᠳᠡᠭᠡᠷ᠎ᠡ᠂ ᠡᠯ᠎ᠡ ᠭᠠᠵᠠᠷ ᠣᠷᠣᠨ ᠪᠣᠳᠠᠲᠠᠢ ᠪᠠᠶᠢᠳᠠᠯ ᠢᠶᠠᠨ ᠦᠨᠳᠦᠰᠦᠯᠡᠨ ᠪᠠᠰᠠ ᠵᠣᠬᠢᠬᠤ ᠳᠡᠮᠵᠢᠯᠭᠡ ᠦᠵᠡᠭᠦᠯᠦᠨ᠎ᠡ︔ | | ︵ᠳᠥᠷᠪᠡ︶ ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠦᠨᠳᠦ ᠬᠡᠮᠵᠢᠶᠡᠨ ᠤ ᠵᠡᠮᠳᠡᠭᠴᠦᠳ ᠲᠤ ᠵᠠᠰᠠᠭ ᠤᠨ ᠣᠷᠳᠣᠨ ᠠᠴᠠ | ᠪᠠᠷᠢᠮᠵᠢᠶ᠎ᠠ ᠶᠣᠰᠣᠭᠠᠷ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠨᠢ ᠣᠷᠣᠯᠠᠨ ᠲᠤᠰᠢᠶᠠᠵᠤ ᠥᠭᠬᠦ ᠶᠢᠨ ᠬᠠᠮᠲᠤ ᠣᠷᠣᠯᠠᠨ ᠲᠤᠰᠢᠶᠠᠬᠤ ᠪᠠᠷᠢᠮᠵᠢᠶ᠎ᠠ ᠪᠠᠨ ᠢᠳᠡᠭ | ᠢᠳᠡᠭ ᠢᠶᠠᠷ ᠳᠡᠭᠡᠭᠰᠢᠯᠡᠭᠦᠯᠦᠨ᠎ᠡ︔ | ︵ᠲᠠᠪᠤ︶ ᠨᠥᠬᠦᠴᠡᠯ ᠳᠤ ᠨᠡᠶᠢᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠭᠡᠷ ᠪᠦᠯᠢ ᠶᠢᠨ ᠨᠤᠷᠠᠮᠠᠷ ᠭᠡᠷ ᠪᠠᠶᠢᠰᠢᠩ ᠢ ᠨᠢ ᠥᠭᠡᠷᠡᠴᠢᠯᠡᠨ | ᠵᠠᠰᠠᠵᠤ ᠦᠭᠬᠦ ᠠᠵᠢᠯ ᠢ ᠤᠷᠢᠳᠠᠪᠠᠷ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠥᠬᠦᠪᠦᠷᠢ ᠥᠭᠭᠦᠨ᠎ᠡ︔ | ︵ᠵᠢᠷᠭᠤᠭ᠎ᠠ︶ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠪᠣᠷᠢ ᠶᠢᠨ ᠨᠥᠬᠦᠴᠡᠯ ᠳᠤ ᠨᠡᠶᠢᠴᠡᠭᠰᠡᠨ ᠬᠤᠲᠠ ᠪᠠᠯᠭᠠᠰᠤᠨ ᠤ ᠶᠠᠳᠠᠭᠤ ᠬᠦᠴᠢᠷᠲᠡᠢ | ᠵᠡᠮᠳᠡᠭᠴᠦᠳ ᠤᠨ ᠭᠡᠷ ᠪᠦᠯᠢ ᠳᠤ ᠪᠣᠳᠠᠲᠤ ᠡᠳ᠋ ᠲᠠᠭᠠᠯᠳᠤᠭᠤᠯᠤᠨ ᠬᠠᠩᠭᠠᠵᠤ᠂ ᠲᠦᠷᠢᠶᠡᠰᠦᠨ ᠤ ᠨᠥᠬᠦᠪᠦᠷᠢ ᠶᠢᠨ ᠪᠠᠷᠢᠮᠵᠢᠶ᠎ᠠ ᠶᠢ ᠨᠢ ᠵᠣᠬᠢᠰᠲᠠᠢ ᠥᠰᠬᠡᠨ᠎ᠡ︔ | | ︵ᠳᠣᠯᠤᠭ᠎ᠠ︶ ᠬᠢᠮᠳᠠ ᠲᠣᠬᠢᠯᠢᠭ᠋ ᠣᠷᠣᠨ ᠰᠠᠭᠤᠴᠠ ᠬᠤᠳᠠᠯᠳᠤᠨ ᠠᠪᠬᠤ ᠪᠠᠷ ᠭᠤᠶᠤᠴᠢᠯᠠᠬᠤ ᠨᠥᠬᠦᠴᠡᠯ ᠳᠤ ᠬᠦᠷᠦᠭᠰᠡᠨ ᠵᠡᠮᠳᠡᠭᠴᠦᠳ ᠤᠨ ᠭᠡᠷ | ᠪᠦᠯᠢ ᠶᠢ ᠤᠷᠢᠳᠠᠪᠡᠷ ᠬᠠᠷᠠᠭᠠᠯᠵᠠᠨ᠎ᠠ︔ | ︵ᠨᠠᠢᠮᠠ︶ ᠳᠣᠣᠷ᠎ᠠ ᠣᠷᠣᠯᠭ᠎ᠠ ᠲᠠᠢ ᠵᠡᠮᠳᠡᠭᠴᠦᠳ ᠤᠨ ᠭᠡᠷ ᠪᠦᠯᠢ ᠳᠤ ᠠᠮᠢᠳᠤᠷᠠᠯ ᠤᠨ ᠲᠤᠰᠠᠯᠠᠮᠵᠢ ᠦᠵᠡᠭᠦᠯᠦᠨ᠎ᠡ︔ | ︵ᠶᠢᠰᠦ︶ ᠠᠮᠢᠳᠤᠷᠠᠯ ᠳᠠᠭᠠᠨ ᠵᠥᠪ ᠦᠭᠡᠢ ᠲᠡᠨᠦᠭᠦᠯᠴᠢ ᠭᠤᠶᠢᠷᠠᠨᠴᠢ ᠵᠡᠮᠳᠡᠭᠴᠦᠳ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰᠠᠯᠠᠨ ᠳᠡᠮᠵᠢᠨ᠎ᠡ᠃ | | ᠭᠤᠴᠢᠨ ᠲᠤᠯᠤᠳᠤᠭᠠᠷ ᠵᠤᠶᠢᠯ ᠮᠠᠯᠵᠢᠬᠤ ᠲᠠᠷᠢᠶᠠᠯᠠᠬᠤ ᠣᠷᠣᠨ ᠤ ᠨᠠᠭᠠᠳᠣ ᠵᠠᠬ᠎ᠠ ᠶᠢᠨ ᠠᠮᠢᠳᠤᠷᠠᠯ ᠤᠨ ᠪᠠᠲᠤᠯᠠᠪᠣᠷᠢ ᠬᠦᠷᠲᠡᠵᠦ ᠪᠠᠶᠢᠭ᠎ᠠ ᠵᠡᠮᠳᠡᠭᠴᠦᠳ | ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ᠂ ᠬᠤᠲᠠ ᠪᠠᠯᠭᠠᠰᠤᠨ ᠤ ᠨᠠᠭᠠᠳᠣ ᠵᠠᠬ᠎ᠠ ᠶᠢᠨ | ᠠᠮᠢᠳᠤᠷᠠᠯ ᠤᠨ ᠪᠠᠲᠤᠯᠠᠪᠣᠷᠢ ᠬᠦᠷᠲᠡᠵᠦ ᠪᠠᠶᠢᠭ᠎ᠠ ᠵᠡᠮᠳᠡᠭᠴᠦᠳ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠳᠤ ᠬᠤᠪᠢ ᠬᠥᠮᠥᠨ ᠤ ᠲᠤᠰᠢᠶᠠᠬᠤ ᠶᠣᠰᠣᠲᠠᠢ ᠬᠡᠰᠡᠭ ᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ | ᠲᠤᠰᠠᠯᠠᠮᠵᠢ ᠶᠢᠨ ᠮᠥᠩᠭᠦ ᠠᠴᠠ ᠪᠠᠨ ᠭᠦᠢᠴᠡᠳ ᠬᠡᠮᠵᠢᠶ᠎ᠡ ᠪᠠᠷ ᠲᠤᠰᠢᠶᠠᠨ ᠦᠭᠭᠦᠨ᠎ᠠ᠃ | ᠬᠦᠨᠳᠦ ᠬᠡᠮᠵᠢᠶᠡᠨ ᠤ ᠵᠡᠮᠳᠡᠭ ᠬᠦᠮᠦᠨ᠂ ᠳᠠᠪᠬᠤᠷᠳᠠᠭᠰᠠᠨ ᠵᠡᠮᠳᠡᠭ ᠬᠦᠮᠦᠨ᠂ ᠵᠡᠮᠳᠡᠭ ᠬᠦᠮᠦᠨ ᠣᠯᠠᠨ ᠲᠠᠢ ᠭᠡᠷ ᠪᠦᠯᠢ᠂ ᠨᠠᠰᠤᠲᠠᠢ ᠪᠦᠭᠡᠳ ᠵᠡᠮᠳᠡᠭ | ᠬᠥᠮᠥᠨ ᠲᠠᠢ ᠣᠨᠴᠠ ᠬᠦᠴᠢᠷᠲᠡᠢ ᠭᠡᠷ ᠪᠦᠯᠢ ᠪᠠ ᠬᠦᠨᠳᠦ ᠡᠪᠡᠳᠴᠢᠨ ᠲᠠᠢ ᠵᠡᠮᠳᠡᠭ ᠡᠪᠡᠳᠴᠢᠲᠡᠨ ᠤ ᠳᠠᠩᠰᠠᠨ ᠠᠴᠠ ᠲᠠᠶᠢᠯᠵᠤ ᠪᠣᠯᠬᠤ ᠬᠠᠮᠤᠭ ᠤᠨ ᠥᠨᠳᠥᠷ | ᠬᠡᠮᠵᠢᠶ᠎ᠡ ᠠᠴᠠ ᠳᠠᠪᠠᠭᠰᠠᠨ ᠬᠤᠪᠢ ᠬᠥᠮᠥᠨ ᠤ ᠡᠭᠦᠷᠭᠡᠯᠡᠬᠦ ᠬᠡᠰᠡᠭ ᠲᠤ ᠪᠠᠰᠠ ᠵᠣᠬᠢᠬᠤ ᠲᠤᠰᠠᠯᠠᠮᠵᠢ ᠦᠵᠡᠭᠦᠯᠦᠨ᠎ᠡ᠃ | ᠭᠤᠴᠢᠨ ᠨᠠᠢᠮᠠᠳᠤᠭᠠᠷ ᠵᠤᠶᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠡᠮᠳᠡᠭ ᠬᠥᠮᠥᠨ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ᠂ ᠨᠠᠰᠤᠳᠠᠨ ᠢ ᠠᠰᠠᠷᠠᠬᠤ ᠬᠦᠷᠢᠶᠡᠯᠡᠩ᠂ ᠮᠡᠳᠡᠷᠡᠯ ᠤᠨ ᠡᠪᠡᠳᠴᠢᠳᠡᠨ ᠤ ᠡᠮᠨᠡᠯᠭᠡ ᠶᠢᠨ ᠬᠤᠷᠢᠶ᠎ᠠ ᠵᠡᠷᠭᠡ | ᠠᠰᠠᠷᠠᠮᠵᠢ ᠶᠢᠨ ᠪᠠᠶᠢᠭᠤᠯᠤᠮᠵᠢ ᠪᠠ ᠨᠡᠶᠢᠭᠡᠮ ᠲᠣᠭᠤᠷᠢᠭ ᠲᠤ ᠲᠦᠰᠢᠭᠯᠡᠨ ᠵᠡᠮᠳᠡᠭ ᠬᠥᠮᠥᠰ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠥᠷᠨᠢᠭᠦᠯᠵᠦ᠂ ᠬᠦᠨᠳᠦ | ᠬᠡᠮᠵᠢᠶᠡᠨ ᠤ᠂ ᠮᠡᠳᠡᠷᠡᠯ ᠤᠨ ᠂ ᠣᠶᠣᠨ ᠤᠬᠠᠭᠠᠨ ᠵᠡᠮᠳᠡᠭ ᠬᠢᠭᠡᠳ ᠨᠠᠰᠤᠲᠠᠢ ᠵᠡᠮᠳᠡᠭ ᠬᠥᠮᠥᠰ ᠲᠤ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠭᠦᠯᠵᠦ ᠠᠰᠠᠷᠠᠬᠤ᠂ | ᠮᠡᠷᠭᠡᠵᠢᠯ ᠤᠨ ᠪᠣᠯᠪᠠᠰᠤᠷᠠᠯ᠂ ᠰᠡᠳᠬᠢᠴᠡ ᠶᠢᠨ ᠯᠠᠪᠯᠠᠭ᠎ᠠ᠂ ᠨᠠᠶᠢᠷ ᠨᠠᠭᠠᠳᠤᠮ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ | ᠦᠢᠯᠡᠴᠢᠯᠡᠭᠡᠨ ᠤ ᠲᠥᠷᠥᠯ ᠵᠦᠢᠯ ᠬᠠᠩᠭᠠᠬᠤ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠡᠮᠳᠡᠭ ᠬᠦᠮᠦᠨ ᠭᠡᠷ ᠲᠡᠭᠡᠨ ᠰᠠᠭᠤᠵᠤ ᠲᠤᠬᠢᠳᠠᠢ ᠠᠮᠢᠳᠤᠷᠠᠬᠤ ᠦᠢᠯᠡᠴᠢᠯᠡᠭᠡ ᠶᠢ ᠵᠣᠷᠢᠬᠵᠢᠭᠤᠯᠤᠨ | ᠬᠥᠭᠵᠢᠭᠦᠯᠬᠦ ᠶᠢᠨ ᠬᠠᠮᠲᠤ ᠬᠦᠨᠳᠦ ᠬᠡᠮᠵᠢᠶᠡᠨ ᠤ ᠵᠡᠮᠳᠡᠭ ᠬᠥᠮᠥᠨ ᠳᠤ ᠠᠰᠠᠷᠠᠬᠤ ᠨᠥᠬᠦᠪᠦᠷᠢ ᠥᠭᠬᠦ ᠬᠡᠷᠡᠭᠲᠡᠢ᠃ | ᠭᠤᠴᠢ ᠶᠢᠰᠦᠳᠦᠭᠡᠷ ᠵᠤᠶᠢᠯ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠵᠡᠮᠳᠡᠭ ᠤᠨ ᠬᠡᠮᠵᠢᠶ᠎ᠡ ᠶᠢ ᠦᠨᠡᠯᠡᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ | ᠬᠥᠮᠥᠨ ᠤ ᠦᠨᠡᠮᠯᠡᠯ︾ ᠢ ᠲᠠᠷᠬᠠᠭᠠᠨ᠎ᠠ᠃ | ᠵᠡᠮᠳᠡᠭ ᠬᠥᠮᠥᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠢᠶᠠᠷ ᠢᠶᠠᠨ ᠳᠣᠣᠷᠠᠬᠢ ᠬᠠᠷᠠᠭᠠᠯᠵᠠᠯ ᠢ | ᠬᠦᠷᠲᠡᠨ᠎ᠡ᠄ | ︵ᠨᠢᠭᠡ︶ ᠭᠠᠯᠲᠤ ᠲᠡᠷᠭᠡ᠂ ᠠᠶᠠᠨᠴᠢᠳ ᠤᠨ ᠮᠠᠰᠢᠨ ᠲᠡᠷᠭᠡ᠂ ᠣᠩᠭᠤᠴᠠ᠂ ᠨᠢᠰᠬᠡᠯ ᠵᠡᠷᠭᠡ ᠳᠤ ᠰᠠᠭᠤᠬᠤ ᠳᠤ ᠪᠢᠯᠧᠲ ᠤᠷᠢᠳᠠᠪᠡᠷ ᠠᠪᠬᠤ᠂ ᠤᠷᠢᠳᠠᠪᠠᠷ | ᠲᠡᠷᠭᠡᠨ ᠳᠤ ᠭᠠᠷᠬᠤ᠂ ᠴᠢᠬᠤᠯᠠ ᠪᠦᠬᠦᠢ ᠲᠤᠰᠠᠯᠠᠮᠵᠢ ᠬᠡᠷᠡᠭᠰᠡᠯ ᠢᠶᠠᠨ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠳᠡᠭᠡᠨ ᠠᠪᠴᠤ ᠶᠠᠪᠤᠬᠤ︔ | ︵ᠬᠤᠶᠠᠷ︶ ᠬᠤᠲᠠ ᠶᠢᠨ ᠳᠣᠲᠣᠷᠠᠬᠢ ᠨᠡᠶᠢᠲᠡ ᠶᠢᠨ ᠮᠠᠰᠢᠨ ᠳᠤ ᠰᠦᠢᠳᠬᠡᠯ ᠦᠭᠡᠢ ᠰᠠᠭᠤᠬᠤ︔ | ︵ᠭᠤᠷᠪᠠ︶ ᠰᠣᠬᠤᠷ ᠬᠥᠮᠥᠨ ᠤ ᠤᠩᠰᠢᠬᠤ ᠪᠢᠴᠢᠭ ᠢ ᠰᠦᠢᠳᠬᠡᠯ ᠦᠭᠡᠢ ᠪᠠᠷ ᠢᠯᠡᠭᠡᠬᠦ︔ | ︵ᠳᠥᠷᠪᠡ︶ ᠰᠦᠢᠳᠬᠡᠯ ᠬᠤᠷᠢᠶᠠᠳᠠᠭ ᠵᠤᠭᠠᠴᠠᠯ ᠤᠨ ᠣᠷᠣᠨ ᠤ ᠡᠭᠦᠳᠡᠨ ᠤ ᠰᠦᠢᠳᠬᠡᠯ ᠢ ᠬᠡᠯᠲᠦᠷᠢᠭᠦᠯᠬᠦ︔ | ︵ᠲᠠᠪᠤ︶ ᠡᠮ ᠡᠮᠨᠡᠯᠭᠡ ᠶᠢᠨ ᠪᠠᠶᠢᠭᠤᠯᠤᠮᠵᠢ ᠳᠤ ᠡᠮᠴᠢᠯᠡᠭᠦᠯᠬᠦ ᠳᠤ ᠤᠷᠢᠳᠠᠪᠠᠷ ᠳ᠋ᠤᠭᠠᠷᠯᠠᠭᠤᠯᠵᠤ᠂ ᠤᠷᠢᠳᠠᠪᠠᠷ ᠡᠮᠴᠢᠯᠡᠭᠦᠯᠬᠦ᠃ | | ᠲᠤᠯᠤᠳᠤᠭᠠᠷ ᠪᠦᠯᠦᠭ ᠰᠠᠭᠠᠳ ᠦᠭᠡᠢ ᠣᠷᠴᠢᠨ ᠲᠣᠭᠤᠷᠢᠨ | | ᠲᠦᠴᠢᠳᠦᠭᠡᠷ ᠵᠤᠶᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶᠢᠯᠡᠨ ᠵᠣᠬᠢᠴᠠᠭᠤᠯᠵᠤ᠂ ᠰᠠᠭᠠᠳ ᠦᠭᠡᠢ ᠪᠡᠯᠡᠳᠭᠡᠯ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠢᠳᠡᠭ | ᠢᠳᠡᠭ ᠢᠶᠠᠷ ᠲᠡᠭᠦᠯᠳᠡᠷᠵᠢᠭᠦᠯᠵᠦ᠂ ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠭ᠎ᠠ ᠪᠠ ᠦᠢᠯᠡᠴᠢᠯᠡᠭᠡ ᠶᠢ ᠠᠬᠢᠭᠤᠯᠬᠤ ᠬᠡᠷᠡᠭᠲᠡᠢ᠃ | ᠲᠦᠴᠢᠨ ᠨᠢᠭᠡᠳᠦᠭᠡᠷ ᠵᠤᠶᠢᠯ ᠪᠠᠷᠢᠯᠭ᠎ᠠ᠂ ᠵᠠᠮ᠂ ᠵᠠᠮ ᠬᠠᠷᠢᠯᠴᠠᠭᠠᠨ ᠤ ᠪᠡᠯᠡᠳᠭᠡᠯ ᠲᠦᠬᠦᠭᠡᠷᠦᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠯ | ᠲᠦᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠨᠢᠭᠡᠴᠡ ᠡᠷᠬᠡᠪᠰᠢ | ᠤᠯᠤᠰ ᠪᠠ ᠥᠪᠡᠷᠳᠡᠭᠡᠨ ᠵᠠᠰᠠᠬᠤ ᠤᠷᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠭᠠᠳ ᠦᠭᠡᠢ ᠪᠡᠯᠡᠳᠭᠡᠯ ᠲᠦᠬᠦᠭᠡᠷᠦᠮᠵᠢ ᠪᠦᠲᠦᠭᠡᠨ ᠪᠠᠶᠢᠭᠤᠯᠬᠤ | ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠰᠠᠭᠠᠳ ᠦᠭᠡᠢ ᠪᠡᠯᠡᠳᠭᠡᠯ ᠲᠦᠬᠦᠭᠡᠷᠦᠮᠵᠢ ᠶᠢ ᠭᠤᠣᠯ ᠴᠣᠭᠴᠠ ᠪᠠᠷᠢᠯᠭ᠎ᠠ ᠲᠠᠢ ᠬᠠᠮᠲᠤ ᠳᠤᠨᠢ | ᠵᠢᠷᠤᠨ ᠲᠥᠯᠥᠪᠯᠡᠵᠦ᠂ ᠬᠠᠮᠲᠤ ᠳᠤᠨᠢ ᠪᠠᠷᠢᠵᠤ᠂ ᠬᠠᠮᠲᠤ ᠳᠤᠨᠢ ᠬᠡᠷᠡᠭᠯᠡᠭᠡ ᠳᠤ ᠣᠷᠣᠭᠤᠯᠬᠤ ᠬᠡᠷᠡᠭᠲᠡᠢ᠃ | ᠰᠠᠭᠠᠳ ᠦᠭᠡᠢ ᠪᠡᠯᠡᠳᠭᠡᠯ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠨᠢ ᠵᠡᠮᠳᠡᠭᠴᠦᠳ ᠤᠨ ᠪᠣᠳᠠᠲᠠᠢ ᠬᠡᠷᠡᠭᠴᠡᠭᠡ ᠲᠠᠢ | ᠵᠣᠬᠢᠴᠠᠬᠤ ᠬᠡᠷᠡᠭᠲᠡᠢ᠃ ᠰᠠᠭᠠᠳ ᠦᠭᠡᠢ ᠪᠡᠯᠡᠳᠭᠡᠯ ᠲᠦᠬᠦᠭᠡᠷᠦᠮᠵᠢ ᠶᠢ ᠴᠠᠭ ᠲᠤᠬᠠᠢ ᠳᠤᠨᠢ ᠰᠡᠯᠪᠢᠨ ᠵᠠᠰᠠᠬᠤ ᠪᠠ ᠬᠠᠮᠠᠭᠠᠯᠠᠬᠤ ᠬᠡᠷᠡᠭᠲᠡᠢ᠃ | ᠲᠦᠴᠢᠨ ᠬᠤᠶᠠᠳᠤᠭᠠᠷ ᠵᠤᠶᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠡᠮᠳᠡᠭᠴᠦᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ | ᠬᠠᠷᠢᠴᠠᠭ᠎ᠠ ᠲᠠᠢ ᠣᠷᠣᠨ ᠰᠠᠭᠤᠴᠠ᠂ ᠨᠡᠶᠢᠭᠡᠮ ᠲᠣᠭᠤᠷᠢᠭ᠂ ᠰᠤᠷᠭᠠᠭᠤᠯᠢ᠂ ᠠᠰᠠᠷᠠᠮᠵᠢ ᠶᠢᠨ ᠪᠠᠶᠢᠭᠤᠯᠤᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠠᠯᠠᠪᠠᠢ | ᠲᠠᠯᠠᠪᠤᠷ ᠪᠠ ᠪᠡᠯᠡᠳᠭᠡᠯ ᠲᠦᠬᠦᠭᠡᠷᠦᠮᠵᠢ ᠶᠢᠨ ᠰᠠᠭᠠᠳ ᠦᠭᠡᠢ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠶᠢᠨ ᠬᠠᠮᠲᠤ ᠶᠠᠳᠠᠭᠤ | ᠬᠦᠴᠢᠷᠲᠡᠢ ᠵᠡᠮᠳᠡᠭᠴᠦᠳ ᠤᠨ ᠭᠡᠷ ᠪᠦᠯᠢ ᠶᠢᠨ ᠣᠷᠣᠨ ᠰᠠᠭᠤᠴᠠ ᠶᠢ ᠰᠠᠭᠠᠳ ᠦᠭᠡᠢ ᠪᠣᠯᠭᠠᠨ ᠥᠭᠡᠷᠡᠴᠢᠯᠡᠬᠦ ᠳᠤ ᠳᠡᠮᠵᠢᠯᠭᠡ ᠦᠵᠡᠭᠦᠯᠬᠦ ᠬᠡᠷᠡᠭᠲᠡᠢ᠃ | ᠲᠦᠴᠢᠨ ᠭᠤᠷᠪᠠᠳᠤᠭᠠᠷ ᠵᠤᠶᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠡᠮᠳᠡᠭᠴᠦᠳ ᠤᠨ ᠮᠠᠰᠢᠨ | ᠲᠡᠷᠭᠡ ᠵᠢᠯᠣᠭᠤᠳᠬᠤ ᠳᠤ ᠳᠥᠭᠦᠮ ᠦᠵᠡᠭᠦᠯᠵᠦ᠂ ᠬᠠᠷᠠᠭᠠᠯᠵᠠᠯ ᠬᠦᠷᠲᠡᠭᠡᠵᠦ᠂ ᠣᠯᠠᠨ ᠨᠡᠶᠢᠲᠡ ᠶᠢᠨ ᠲᠡᠷᠭᠡ ᠵᠣᠭᠰᠣᠭᠠᠬᠤ ᠭᠠᠵᠠᠷ ᠲᠤ ᠵᠡᠮᠳᠡᠭᠴᠦᠳ ᠤᠨ | ᠲᠤᠰᠬᠠᠢ ᠬᠡᠷᠡᠭᠯᠡᠬᠦ ᠲᠡᠷᠭᠡ ᠵᠣᠭᠰᠣᠭᠠᠬᠤ ᠣᠷᠣ ᠭᠠᠷᠭᠠᠬᠤ ᠬᠡᠷᠡᠭᠲᠡᠢ᠃ | ᠲᠦᠴᠢᠨ ᠲᠦᠷᠪᠡᠳᠦᠭᠡᠷ ᠵᠤᠶᠢᠯ ᠰᠣᠬᠤᠷ ᠬᠥᠮᠥᠨ ᠰᠣᠬᠤᠷ ᠬᠥᠮᠥᠨ ᠳᠤ ᠵᠠᠮᠴᠢᠯᠠᠬᠤ ᠨᠣᠬᠠᠢ ᠬᠦᠳᠦᠯᠵᠦ ᠣᠯᠠᠨ ᠨᠡᠶᠢᠲᠡ ᠶᠢᠨ ᠳᠠᠯᠠᠪᠠᠢ ᠲᠠᠯᠠᠪᠤᠷ ᠪᠠ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠡᠷᠡᠭᠰᠡᠯ ᠳᠡᠭᠡᠷ᠎ᠡ ᠰᠠᠭᠤᠵᠤ ᠪᠣᠯᠣᠨ᠎ᠠ᠂ ᠬᠠᠮᠢᠶ᠎ᠠ ᠪᠦᠬᠦᠢ ᠨᠢᠭᠡᠴᠡ ᠪᠠ ᠬᠤᠪᠢ ᠬᠥᠮᠥᠨ ᠳᠥᠭᠦᠮ ᠦᠵᠡᠭᠦᠯᠬᠦ ᠬᠡᠷᠡᠭᠲᠡᠢ | ᠃ | ᠲᠦᠴᠢᠨ ᠲᠠᠪᠤᠳᠤᠭᠠᠷ ᠵᠤᠶᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠡᠮᠳᠡᠭᠴᠦᠳ ᠲᠤ ᠰᠠᠭᠠᠳ | ᠦᠭᠡᠢ ᠪᠠᠷ ᠮᠡᠳᠡᠭᠡ ᠵᠠᠩᠭᠢ ᠰᠣᠯᠢᠯᠴᠠᠬᠤ ᠨᠥᠬᠦᠴᠡᠯ ᠪᠦᠷᠢᠯᠳᠦᠭᠦᠯᠦᠨ ᠦᠭᠴᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠠ ᠪᠠᠶᠢᠯᠭᠠᠬᠤ ᠳᠠᠭᠠᠨ ᠮᠡᠳᠡᠭᠡ | ᠵᠠᠩᠭᠢ ᠶᠢ ᠰᠠᠭᠠᠳ ᠦᠭᠡᠢ ᠨᠡᠪᠲᠡᠷᠡᠭᠦᠯᠬᠦ ᠠᠷᠭ᠎ᠠ ᠬᠡᠮᠵᠢᠶ᠎ᠡ ᠠᠪᠴᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠰᠠᠭᠠᠳ ᠦᠭᠡᠢ ᠪᠠᠶᠢᠬᠤ | ᠦᠢᠯᠡᠴᠢᠯᠡᠭᠡ ᠬᠠᠩᠭᠠᠬᠤ ᠬᠡᠷᠡᠭᠲᠡᠢ᠃ | ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠨᠣᠮ ᠤᠨ ᠰᠠᠩ᠂ ᠮᠦᠽᠧᠢ᠂ ᠬᠤᠷᠠᠯ ᠴᠤᠭᠯᠠᠭᠠᠨ ᠤ ᠲᠥᠪ᠂ ᠲᠣᠮᠣ ᠬᠡᠯᠪᠡᠷᠢ ᠶᠢᠨ ᠵᠠᠬ᠎ᠠ ᠳᠡᠯᠭᠡᠭᠦᠷ᠂ | ᠴᠡᠴᠡᠷᠯᠢᠭ᠂ ᠺᠢᠨᠣ᠋ ᠵᠦᠴᠦᠭᠡ ᠶᠢᠨ ᠣᠷᠳᠣᠨ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠳᠠᠯᠠᠪᠠᠢ ᠲᠠᠯᠠᠪᠤᠷ ᠦᠭᠡ ᠬᠡᠯᠡ᠂ ᠦᠰᠦᠭ ᠪᠢᠴᠢᠭ ᠤᠨ | ᠰᠠᠨᠠᠭᠤᠯᠤᠮᠵᠢ ᠪᠠ ᠰᠣᠬᠤᠷ ᠬᠥᠮᠥᠨ ᠤ ᠬᠡᠷᠡᠭᠯᠡᠬᠦ ᠪᠢᠴᠢᠭ᠂ ᠲᠣᠬᠢᠶᠠᠨ ᠬᠡᠯᠡ ᠵᠡᠷᠭᠡ ᠰᠠᠭᠠᠳ ᠦᠭᠡᠢ ᠪᠠᠶᠢᠬᠤ ᠦᠢᠯᠡᠴᠢᠯᠡᠭᠡ ᠬᠠᠩᠭᠠᠬᠤ ᠬᠡᠷᠡᠭᠲᠡᠢ᠃ | | ᠨᠠᠢᠮᠠᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | ᠲᠦᠴᠢᠨ ᠵᠢᠷᠭᠤᠳᠤᠭᠠᠷ ᠵᠤᠶᠢᠯ ᠵᠡᠮᠳᠡᠭᠴᠦᠳ ᠤᠨ ᠬᠤᠯᠪᠣᠭᠠᠲᠤ ᠬᠤᠷᠠᠯ ᠵᠢᠴᠢ ᠲᠡᠭᠦᠨ ᠤ ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ | ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠵᠠᠷᠯᠢᠭᠳᠠᠵᠤ ᠵᠠᠯᠠᠷᠠᠭᠤᠯᠤᠭᠤᠯᠣᠨᠠ︔ ᠵᠠᠯᠠᠷᠠᠭᠤᠯᠬᠤ ᠶᠢ | ᠲᠡᠪᠴᠢᠭᠰᠡᠨ ᠪᠣᠯ ᠰᠢᠭᠤᠳ ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠤᠭᠴᠢ ᠪᠠ ᠪᠤᠰᠤᠳᠰᠢᠭᠤᠳ ᠬᠠᠷᠢᠭᠤᠴᠠᠯᠭᠠᠲᠠᠨ ᠳᠤ ᠬᠠᠤᠯᠢ ᠶᠤᠰᠤᠭᠠᠷ ᠵᠠᠰᠠᠭ | ᠵᠠᠬᠢᠷᠭᠠᠨ ᠤ ᠰᠢᠢᠳᠬᠡᠯ ᠦᠭᠭᠦᠨ᠎ᠡ᠄ | ︵ᠨᠢᠭᠡ︶ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ | ᠢ ᠬᠠᠤᠯᠢ ᠶᠣᠰᠣᠭᠠᠷ ᠬᠢᠨᠠᠨ ᠲᠠᠷᠬᠠᠭᠠᠭᠰᠠᠨ ᠦᠭᠡᠢ ᠪᠣᠯ︔ | ︵ᠬᠤᠶᠠᠷ︶ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠬᠥᠮᠥᠨ ᠬᠡᠷᠡᠭᠯᠡᠬᠦ ᠨᠢᠭᠡᠴᠡ ᠶᠢᠨ ᠵᠡᠮᠳᠡᠭᠴᠦᠳ ᠲᠤ ᠠᠵᠢᠯ ᠣᠯᠭᠤᠭᠰᠠᠨ ᠪᠠᠶᠢᠳᠠᠯ ᠢ | ᠬᠠᠤᠯᠢ ᠶᠣᠰᠣᠭᠠᠷ ᠬᠢᠨᠠᠨ ᠬᠠᠷᠭᠤᠭᠤᠯᠤᠭᠰᠠᠨ ᠦᠭᠡᠢ ᠪᠣᠯ︔ | ︵ᠭᠤᠷᠪᠠ︶ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠠᠵᠢᠯ ᠢ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠰᠤᠳ ᠠᠵᠢᠯᠯᠠᠭ᠎ᠠ ᠲᠠᠢ ᠪᠠᠶᠢᠵᠤ᠂ | ᠪᠠᠶᠢᠳᠠᠯ ᠨᠢ ᠬᠦᠨᠳᠦ ᠨᠣᠴᠢᠲᠠᠢ ᠪᠣᠯ᠃ | ᠲᠦᠴᠢᠨ ᠲᠤᠯᠤᠳᠤᠭᠠᠷ ᠵᠤᠶᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ | ᠵᠡᠮᠳᠡᠭᠴᠦᠳ ᠤᠨ ᠠᠵᠢᠯ ᠤᠨ ᠵᠥᠪᠯᠡᠯ ᠠᠴᠠ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠱᠠᠯᠠᠪᠳᠠᠭᠤᠯᠵᠣ ᠪᠠᠶᠢᠭᠠᠳ ᠵᠠᠷᠯᠢᠭᠳᠠᠨ | ᠵᠠᠯᠠᠷᠠᠭᠤᠯᠤᠭᠤᠯᠣᠨᠠ︔ ᠵᠠᠯᠠᠷᠠᠭᠤᠯᠬᠤ ᠶᠢ ᠲᠡᠪᠴᠢᠭᠰᠡᠨ ᠪᠣᠯ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠣᠰᠣᠭᠠᠷ | ᠰᠢᠢᠳᠪᠦᠷᠢᠯᠡᠨ᠎ᠡ᠄ | ︵ᠨᠢᠭᠡ︶ ᠰᠤᠷᠭᠠᠨ ᠬᠥᠮᠥᠵᠢᠯ ᠤᠨ ᠪᠠᠶᠢᠭᠤᠯᠤᠮᠵᠢ ᠵᠡᠮᠳᠡᠭ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠲᠡᠪᠴᠢᠬᠦ ᠪᠤᠶᠤ ᠤᠯᠤᠰ ᠠᠴᠠ | ᠲᠣᠭᠲᠠᠭᠠᠭᠰᠠᠨ ᠡᠯᠰᠡᠬᠦ ᠱᠠᠭᠠᠷᠳᠠᠯᠭ᠎ᠠ ᠠᠴᠠ ᠭᠠᠳᠠᠨ᠎ᠠ ᠪᠣᠰᠣᠳ ᠨᠥᠬᠦᠴᠡᠯ ᠨᠡᠮᠡᠨ ᠵᠡᠮᠳᠡᠭ ᠰᠤᠷᠤᠭᠴᠢ ᠶᠢᠨ ᠰᠤᠷᠭᠠᠭᠤᠯᠢ ᠳᠤ ᠣᠷᠣᠬᠤ ᠶᠢ ᠬᠢᠵᠠᠭᠠᠷᠯᠠᠭᠰᠠᠨ | ᠪᠠᠶᠢᠪᠠᠯ︔ | ︵ᠬᠤᠶᠠᠷ︶ ᠬᠥᠮᠥᠨ ᠬᠡᠷᠡᠭᠯᠡᠬᠦ ᠨᠢᠭᠡᠴᠡ ᠠᠵᠢᠯᠲᠠᠨ ᠠᠵᠢᠯᠴᠢᠨ ᠡᠯᠰᠡᠬᠦ ᠵᠡᠷᠭᠡ ᠲᠠᠯ᠎ᠠ ᠪᠠᠷ ᠵᠡᠮᠳᠡᠭ ᠬᠥᠮᠥᠨ ᠢ ᠳᠣᠷᠣᠮᠵᠢᠯᠠᠬᠤ ᠪᠤᠶᠤ ᠵᠡᠮᠳᠡᠭ ᠬᠥᠮᠥᠨ ᠳᠤ | ᠠᠵᠢᠯ ᠣᠯᠭᠤᠬᠤ ᠪᠠᠲᠤᠯᠠᠪᠣᠷᠢᠠ ᠶᠢᠨ ᠮᠥᠩᠭᠦ ᠶᠢ ᠨᠢ ᠬᠤᠭᠤᠴᠠᠭ᠎ᠠ ᠶᠣᠰᠣᠭᠠᠷ ᠭᠦᠢᠴᠡᠳ ᠬᠡᠮᠵᠢᠶ᠎ᠡ ᠪᠠᠷ ᠲᠤᠰᠢᠶᠠᠭᠰᠠᠨ ᠦᠭᠡᠢ ᠪᠠᠶᠢᠪᠠᠯ︔ | ︵ᠭᠤᠷᠪᠠ︶ ᠬᠥᠮᠥᠨ ᠬᠡᠷᠡᠭᠯᠡᠬᠦ ᠨᠢᠭᠡᠴᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠨ ᠵᠡᠮᠳᠡᠭ ᠠᠵᠢᠯᠲᠠᠨ ᠠᠵᠢᠯᠴᠢᠨ | ᠲᠠᠢ ᠲᠣᠭᠲᠠᠭᠰᠠᠨ ᠬᠥᠳᠡᠯᠮᠦᠷᠢ ᠶᠢᠨ ᠭᠡᠷ᠎ᠡ ᠪᠠᠨ ᠲᠠᠶᠢᠯᠤᠭᠰᠠᠨ ᠪᠤᠶᠤ ᠡᠴᠦᠰᠯᠡᠭᠦᠯᠦᠭᠰᠡᠨ ᠪᠠᠶᠢᠪᠠᠯ︔ | ︵ᠳᠥᠷᠪᠡ︶ ᠬᠥᠮᠥᠨ ᠬᠡᠷᠡᠭᠯᠡᠬᠦ ᠨᠢᠭᠡᠴᠡ ᠵᠡᠮᠳᠡᠭᠴᠦᠳ ᠲᠤ ᠠᠵᠢᠯ ᠣᠯᠭᠤᠭᠰᠠᠨ ᠬᠥᠮᠥᠨ ᠤ ᠲᠤᠭ᠎ᠠ ᠪᠠᠨ ᠬᠠᠭᠤᠷᠮᠠᠭ ᠢᠶᠠᠷ ᠮᠡᠳᠡᠭᠦᠯᠵᠦ᠂ ᠬᠠᠮᠢᠶ᠎ᠠ ᠪᠦᠬᠦᠢ | ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠢ ᠮᠡᠬᠡᠯᠡᠨ ᠣᠯᠣᠭᠰᠠᠨ ᠪᠠᠶᠢᠪᠠᠯ︔ | ︵ᠲᠠᠪᠤ︶ ᠪᠠᠷᠢᠯᠭ᠎ᠠ᠂ ᠵᠠᠮ᠂ ᠵᠠᠮ ᠬᠠᠷᠢᠯᠴᠠᠭᠠᠨ ᠤ ᠪᠡᠯᠡᠳᠭᠡᠯ ᠲᠦᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ | ᠪᠠᠶᠢᠭᠤᠯᠤᠭᠰᠠᠨ ᠨᠢ ᠤᠯᠤᠰ ᠤᠨ ᠬᠤᠯᠪᠣᠭᠳᠠᠯ ᠪᠦᠬᠦᠢ ᠰᠠᠭᠠᠳ ᠦᠭᠡᠢ ᠪᠡᠯᠡᠳᠭᠡᠯ ᠲᠦᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠨᠡᠶᠢᠴᠡᠭᠰᠡᠨ ᠦᠭᠡᠢ ᠪᠤᠶᠤ ᠴᠠᠭ ᠲᠤᠬᠠᠢ ᠳᠤᠨᠢ ᠰᠡᠯᠪᠢᠨ ᠵᠠᠰᠠᠬᠤ ᠪᠠ ᠬᠠᠮᠠᠭᠠᠯᠠᠭᠰᠠᠨ ᠦᠭᠡᠢ ᠠᠴᠠ ᠪᠣᠯᠵᠤ ᠤᠷᠰᠢᠭ ᠳᠠᠳᠠᠭᠰᠠᠨ ᠪᠠᠶᠢᠪᠠᠯ᠃ | | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠲᠦᠴᠢᠨ ᠨᠠᠢᠮᠠᠳᠤᠭᠠᠷ ᠵᠤᠶᠢᠯ ᠲᠤᠰ ᠠᠷᠭ᠎ᠠ ᠶᠢ 2012 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |