ᠳᠦᠷᠪᠡᠳᠤᠭᠡᠷ ᠪᠦᠯᠦᠭ ᠬᠢᠨᠠᠯᠳᠠ ᠳᠠᠯᠪᠢᠵᠤ ᠬᠠᠮᠢᠶᠠᠷᠬᠤ | ᠬᠤᠷᠢᠨ ᠨᠠᠢᠮᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠦᠡᠳᠤᠰᠤᠨ ᠨᠤᠳᠤᠬ ᠪᠠᠯᠴᠢᠬᠡᠷ ᠤᠨ ᠬᠠᠮᠠᠭᠠᠯᠠᠯᠳᠠ ᠶᠢᠨ ᠬᠠᠮᠢᠶᠠᠷᠤᠯᠳᠠ ᠶᠢᠨ ᠬᠠᠷᠠᠯᠳᠠᠳᠤ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠤᠨ᠎ᠠ᠃ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ | ᠬᠠᠮᠠᠭᠠᠯᠠᠬᠤ ᠬᠠᠮᠢᠶᠠᠷᠤᠯᠳᠠ ᠶᠢᠨ ᠠᠵᠢᠯ ᠢ ᠤᠨ ᠤ ᠬᠠᠷᠠᠯᠳᠠᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠳᠠᠭᠠᠨ ᠤᠷᠤᠭᠤᠯᠵᠤ᠂ ᠪᠠᠰᠠ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠲᠠᠢ ᠦᠡᠳᠤᠰᠤᠨ ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠬᠡᠷᠡᠭᠯᠡᠬᠦ ᠡᠷᠬᠡ ᠶᠢᠨ ᠨᠢᠭᠡᠴᠡ ᠲᠠᠢ ᠦᠡᠳᠤᠰᠤᠨ ᠨᠤᠳᠤᠬ | ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ | ᠪᠠᠯᠴᠢᠬᠡᠷ ᠢ ᠦᠮᠴᠢᠯᠡᠬᠦ ᠡᠷᠭᠡ ᠲᠠᠢ ᠨᠢᠭᠡᠴᠡ ᠲᠠᠢ ᠦᠡᠳᠤᠰᠤᠨ ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ | ᠬᠤᠷᠢᠨ ᠶᠢᠰᠤᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠡᠷᠬᠡᠪᠰᠢ ᠦᠡᠳᠤᠰᠤᠨ ᠨᠤᠳᠤᠬ | ᠪᠠᠯᠴᠢᠬᠡᠷ ᠤᠨ ᠬᠠᠮᠠᠭᠠᠯᠠᠯᠳᠠ ᠶᠢ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠳᠤᠬᠳᠠᠬᠰᠠᠨ ᠬᠤᠭᠤᠴᠠᠭᠠᠨ ᠳᠤ ᠬᠤᠯᠪᠤᠬᠳᠠᠯ ᠪᠦᠬᠦᠢ ᠰᠠᠯᠠᠭ᠎ᠠ ᠮᠦᠴᠢᠷ ᠢ | ᠵᠤᠬᠢᠶᠠᠨ ᠪᠠᠶᠢᠭᠤᠯᠤᠨ ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠪᠠ ᠦᠡᠳᠤᠰᠤᠨ ᠨᠤᠳᠤᠬ ᠪᠠᠯᠴᠢᠬᠡᠷ ᠢ ᠡᠪᠳᠡᠭᠰᠡᠨ ᠠᠵᠢᠯᠯᠠᠭ᠎ᠠ ᠶᠢ ᠪᠠᠶᠢᠴᠠᠭᠠᠨ | ᠰᠢᠢᠳᠪᠤᠷᠢᠯᠡᠭᠰᠡᠨ ᠪᠠᠶᠢᠳᠠᠯ ᠢ ᠬᠦᠯᠢᠶᠡᠨ ᠠᠪᠴᠤ ᠬᠢᠨᠠᠨ ᠰᠢᠭᠦᠵᠤ᠂ ᠮᠠᠯ ᠪᠡᠯᠴᠢᠭᠡᠷ ᠤᠨ ᠳᠡᠩᠴᠡᠭᠦᠷᠢ᠂ ᠪᠡᠯᠴᠢᠭᠡᠷᠯᠡᠭᠦᠯᠬᠦ ᠶᠢ ᠵᠤᠬᠰᠤᠭᠠᠬᠤ ᠰᠡᠯᠭᠦᠨ ᠮᠡᠯᠵᠢᠬᠤ | ᠡᠭᠡᠯᠵᠢᠯᠡᠨ ᠮᠡᠯᠵᠢᠬᠤ᠂ ᠳᠠᠯ᠎ᠠ ᠨᠤᠳᠤᠬ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠬᠤ ᠨᠦᠬᠦᠪᠤᠷᠢ ᠶᠢᠨ ᠪᠠᠶᠢᠳᠠᠯ᠂ ᠨᠤᠳᠤᠬ ᠪᠠᠯᠴᠢᠬᠡᠷ ᠤᠨ ᠭᠤᠤᠯᠳᠠᠯᠭ᠎ᠠ | ᠲᠠᠢ ᠪᠦᠳᠤᠭᠡᠨ ᠪᠠᠶᠢᠭᠤᠯᠤᠯᠳᠠ ᠶᠢᠨ ᠪᠠᠶᠢᠳᠠᠯ ᠵᠢᠴᠢ ᠨᠤᠳᠤᠬ ᠪᠠᠯᠴᠢᠬᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ᠂ ᠬᠡᠷᠡᠭᠯᠡᠬᠦ ᠪᠤᠶᠤ ᠳᠦᠷ ᠴᠠᠬ ᠡᠵᠡᠯᠡᠬᠦ | ᠵᠡᠷᠭᠡ ᠪᠠᠶᠢᠳᠠᠯ ᠳᠤ ᠪᠠᠶᠢᠴᠠᠭᠠᠯᠳᠠ ᠬᠢᠵᠤ᠂ ᠪᠠᠰᠠ ᠳᠡᠭᠡᠷ᠎ᠠ ᠨᠢᠭᠡ ᠱᠠᠳᠤᠨ ᠤ ᠠᠷᠠᠳ ᠤᠨ ᠵᠠᠰᠠᠬ ᠤᠨ ᠤᠷᠳᠤᠨ ᠳᠤ ᠮᠡᠳᠡᠭᠦᠯᠬᠦ ᠬᠡᠷᠡᠭᠳᠠᠢ᠃ | ᠭᠤᠴᠢᠳᠤᠭᠠᠷ ᠵᠦᠢᠯ ᠨᠤᠳᠤᠬ ᠪᠠᠯᠴᠢᠬᠡᠷ ᠤᠨ ᠬᠢᠨᠠᠨ ᠬᠠᠮᠢᠶᠠᠷᠤᠯᠳᠠ ᠶᠢᠨ ᠠᠵᠢᠯᠳᠠᠳ ᠡᠭᠦᠷᠭᠡ ᠳᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠦᠶᠡᠰ᠂ | ᠡᠷᠬᠡᠪᠰᠢ ᠨᠢᠭᠡᠳᠤᠯᠳᠠᠢ ᠢᠯᠡ ᠳᠤᠳᠤ ᠳᠡᠮᠳᠡᠭ ᠵᠡᠭᠦᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠠᠷᠭᠤᠭᠤᠯᠤᠨ ᠳᠠᠷᠬᠠᠭᠠᠬᠰᠠᠨ | ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠴᠢ ᠳᠡᠮᠳᠡᠭ ᠢᠶᠠᠨ ᠭᠠᠷᠭᠠᠨ ᠦᠵᠡᠭᠦᠯᠬᠦ ᠬᠡᠷᠡᠭᠳᠠᠢ᠃ ᠬᠤᠯᠪᠤᠬᠳᠠᠯ ᠪᠦᠬᠦᠢ ᠨᠢᠭᠡᠴᠡ ᠪᠡ ᠬᠤᠪᠢ ᠬᠦᠮᠤᠨ ᠡᠷᠬᠡᠪᠰᠢ | ᠳᠡᠮᠵᠢᠬᠦ ᠪᠡ ᠬᠠᠮᠵᠢᠯᠴᠠᠬᠤ ᠬᠡᠷᠡᠭᠳᠠᠢ᠂ ᠳᠡᠪᠴᠢᠬᠦ ᠪᠤᠶᠤ ᠬᠠᠷᠰᠢᠯᠠᠵᠤ ᠪᠤᠯᠬᠤ ᠦᠭᠡᠢ᠃ | ᠳᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠨᠢᠭᠡᠳᠤᠭᠡᠷ ᠵᠦᠢᠯ ᠳᠤᠰ ᠳᠦᠷᠢᠮ ᠤᠨ ᠠᠷᠪᠠᠨ ᠨᠢᠭᠡᠳᠤᠭᠡᠷ ᠵᠦᠢᠯ᠂ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ | ᠳᠤᠬᠳᠠᠭᠠᠯ ᠶᠤᠰᠤᠭᠠᠷ ᠬᠤᠪᠢᠶᠠᠷᠢᠯᠠᠬᠰᠠᠨ ᠦᠭᠡᠢ ᠨᠤᠳᠤᠬ ᠪᠠᠯᠴᠢᠬᠡᠷ ᠢ ᠪᠤᠯ᠂ ᠳᠡᠭᠡᠷ᠎ᠠ ᠨᠢᠭᠡ ᠱᠠᠳᠤᠨ ᠤ ᠠᠷᠠᠳ ᠤᠨ ᠵᠠᠰᠠᠬ ᠤᠨ ᠤᠷᠳᠤᠨ ᠵᠠᠷᠯᠢᠬᠳᠠᠨ | ᠳᠤᠬᠳᠠᠬᠰᠠᠨ ᠬᠤᠭᠤᠴᠠᠭᠠᠨ ᠳᠤ ᠬᠠᠯᠠᠨ ᠰᠠᠶᠢᠵᠢᠷᠠᠭᠤᠯᠵᠤ ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠦᠮᠤᠨ ᠪᠠ ᠪᠤᠰᠤᠳ ᠰᠢᠭᠤᠳ | ᠬᠠᠷᠢᠭᠤᠴᠠᠯᠭ᠎ᠠ ᠲᠠᠢ ᠬᠦᠮᠤᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠳᠬᠡᠯ ᠦᠭᠬᠦᠨ᠎ᠠ᠃ | ᠭᠤᠴᠢᠨ ᠬᠤᠶᠠᠳᠤᠭᠠᠷ ᠵᠦᠢᠯ ᠳᠤᠰ ᠳᠦᠷᠢᠮ ᠤᠨ ᠠᠷᠪᠠᠨ ᠳᠠᠪᠤᠳᠤᠭᠠᠷ ᠵᠦᠢᠯ ᠤᠨ ᠳᠤᠬᠳᠠᠭᠠᠯ ᠢ ᠵᠦᠷᠢᠴᠡᠨ᠂ ᠳᠤᠤᠷᠠᠬᠢ ᠨᠢᠭᠡ ᠠᠵᠢᠯᠯᠠᠭ᠎ᠠ ᠲᠠᠢ ᠪᠤᠯ᠂ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠳᠤᠬ ᠪᠠᠯᠴᠢᠬᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠬᠳᠠᠨ | ᠵᠤᠬᠰᠤᠭᠠᠵᠤ᠂ ᠳᠤᠬᠳᠠᠬᠰᠠᠨ ᠬᠤᠭᠤᠴᠠᠭᠠᠨ ᠳᠤ ᠤᠷᠭᠤᠮᠠᠯ ᠤᠨ ᠪᠦᠷᠬᠦᠴᠡ ᠶᠢ ᠰᠡᠷᠭᠦᠭᠡᠨ᠂ ᠬᠠᠤᠯᠢ ᠪᠤᠰᠤ ᠡᠳ᠋ ᠪᠤᠳᠠᠰ ᠪᠠ ᠬᠠᠤᠯᠢ ᠪᠤᠰᠤ ᠪᠠᠷ ᠤᠯᠤᠬᠰᠠᠨ | ᠤᠯᠵᠠ ᠶᠢ ᠬᠤᠷᠢᠶᠠᠨ ᠠᠪᠴᠤ᠂ ᠳᠤᠤᠷᠠᠬᠢ ᠳᠤᠬᠳᠠᠭᠠᠯ ᠢᠶᠠᠷ ᠰᠢᠳᠬᠡᠬᠦ ᠬᠡᠷᠡᠭᠳᠠᠢ᠄ ᠨᠤᠳᠤᠬ ᠪᠠᠯᠴᠢᠬᠡᠷ ᠢ ᠦᠮᠴᠢᠯᠡᠭᠴᠢ ᠪᠤᠶᠤ ᠬᠡᠷᠡᠭᠯᠡᠭᠴᠢ ᠬᠤᠬᠢᠷᠠᠯ ᠳᠤ | ᠤᠴᠠᠷᠠᠬᠰᠠᠨ ᠪᠤᠯ᠂ ᠳᠦᠯᠤᠪᠤᠷᠢ ᠦᠭᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠠ︔ ᠶᠠᠯ᠎ᠠ ᠬᠢᠭᠰᠡᠨ ᠳᠤ ᠳᠤᠭᠠᠴᠢᠬᠳᠠᠪᠠᠯ ᠬᠠᠤᠯᠢ ᠶᠤᠰᠤᠭᠠᠷ | ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠠ᠄ | ︵ᠨᠢᠬᠡ︶ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠬᠰᠠᠨ ᠪᠤᠯ ᠬᠠᠤᠯᠢ ᠪᠤᠰᠤ ᠤᠯᠵᠠᠪᠤᠷᠢ ᠶᠢᠨ ᠭᠤᠷᠪᠠᠨ ᠲᠠᠬᠢᠨ ᠠᠴᠠ ᠲᠠᠪᠤᠨ ᠲᠠᠬᠢᠨ ᠠᠴᠠ | ᠲᠤᠷᠤᠬᠰᠢ ᠵᠤᠭᠤᠰ ᠢᠶᠠᠷ ᠲᠤᠷᠭᠠᠨ᠎ᠠ︔ ᠬᠠᠤᠯᠢ ᠪᠤᠰᠤ ᠤᠯᠵᠠᠪᠤᠷᠢ ᠦᠬᠡᠢ ᠪᠤᠯ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ | ᠵᠤᠭᠤᠰ ᠢᠶᠠᠷ ᠲᠤᠷᠭᠠᠨ᠎ᠠ︔ | ︵ᠬᠤᠶᠠᠷ︶ ᠦᠨᠳᠦᠰᠦᠨ ᠨᠤᠲᠤᠭ ᠪᠡᠯᠴᠢᠬᠡᠷ ᠤᠨ ᠬᠡᠷᠡᠭᠯᠡᠭᠡ ᠶᠢ ᠲᠤᠷ᠎ᠠ ᠪᠠᠷ ᠢᠶᠠᠨ ᠬᠤᠪᠢᠷᠠᠭᠤᠯᠤᠬᠰᠠᠨ ᠪᠤᠯ ᠮᠦ ᠪᠦᠷᠢ ᠶᠢ 1000 ᠲᠦᠬᠦᠷᠢᠭ ᠠᠴᠠ | ᠲᠡᠭᠡᠭᠰᠢ 5000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ︵ᠭᠤᠷᠪᠠ︶ ᠲᠤᠤᠷ ᠬᠦᠷᠢᠶ᠎ᠠ᠂ ᠬᠦᠮᠦᠨ ᠮᠠᠯ ᠤᠨ ᠢᠳᠡᠬᠦ ᠤᠰᠤᠨ ᠤ ᠲᠦᠬᠦᠬᠡᠷᠦᠮᠵᠢ ᠵᠡᠷᠭᠡ ᠨᠤᠲᠤᠭ ᠪᠡᠯᠴᠢᠬᠡᠷ ᠤᠨ ᠪᠦᠲᠦᠬᠡᠨ ᠪᠠᠶᠢᠭᠤᠯᠤᠯᠲᠠ ᠶᠢᠨ | ᠬᠠᠮᠠᠭᠠᠯᠠᠯᠲᠠ ᠶᠢᠨ ᠲᠦᠬᠦᠬᠡᠷᠦᠮᠵᠢ ᠶᠢ ᠬᠤᠬᠢᠷᠠᠭᠤᠯᠤᠨ ᠡᠪᠳᠡᠭᠰᠡᠨ ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠵᠠᠰᠠᠨ ᠰᠡᠯᠪᠢᠬᠦᠯᠬᠦ ᠶᠢᠨ ᠬᠠᠮᠲᠤ᠂ ᠪᠤᠲᠠᠲᠤ | ᠬᠤᠬᠢᠷᠠᠯ ᠤᠨ ᠭᠤᠷᠪᠠᠨ ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ︔ | ︵ᠲᠦᠷᠪᠡ︶ ᠵᠢᠭᠠᠰᠤᠨ ᠨᠠᠭᠤᠷ ᠮᠠᠯᠲᠠᠬᠤ᠂ ᠭᠤᠤ ᠰᠤᠪᠠᠬ ᠮᠠᠯᠲᠠᠬᠤ᠂ ᠡᠪᠡᠰᠦ ᠮᠠᠯᠲᠠᠬᠤ᠂ ᠡᠪᠡᠰᠦᠨ ᠦᠨᠳᠦᠰᠦ ᠮᠠᠯᠲᠠᠭᠰᠠᠨ ᠪᠤᠯ ᠮᠦ ᠪᠦᠷᠢ ᠶᠢ 5000 | ᠲᠦᠬᠦᠷᠢᠭ ᠠᠴᠠ ᠲᠡᠭᠡᠭᠰᠢ ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ | ︵ᠲᠠᠪᠤ︶ ᠤᠩᠭᠤᠨ ᠪᠤᠰᠬᠠᠭᠰᠠᠨ ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠰᠢᠯᠵᠢᠬᠦᠯᠬᠦ ᠶᠢᠨ ᠬᠠᠮᠲᠤ᠂ 1000 ᠲᠦᠬᠦᠷᠢᠭ ᠠᠴᠠ ᠲᠡᠭᠡᠭᠰᠢ 2000 | ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠭᠤᠴᠢᠨ ᠭᠤᠷᠪᠠᠳᠤᠭᠠᠷ ᠵᠦᠢᠯ ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠲᠦᠷᠪᠡᠳᠦᠬᠡᠷ ᠵᠤᠷᠪᠤᠰ᠂ ᠲᠤᠯᠤᠳᠤᠭᠠᠷ ᠵᠦᠢᠯ ᠤᠨ ᠲᠤᠭᠲᠠᠭᠠᠯ ᠢ | ᠵᠦᠷᠢᠴᠡᠨ᠂ ᠲᠤᠷ᠎ᠠ ᠪᠠᠷ ᠢᠶᠠᠨ ᠬᠤᠳᠳᠤᠭ ᠮᠠᠯᠲᠠᠵᠦ ᠠᠵᠦ ᠦᠢᠯᠡᠳᠪᠦᠷᠢ ᠶᠢᠨ ᠭᠡᠷᠡᠭᠯᠡᠭᠡᠨ ᠤ ᠤᠰᠤ ᠠᠪᠤᠬᠰᠠᠨ᠂ ᠦᠨᠳᠦᠰᠦᠨ ᠨᠤᠲᠤᠭ ᠪᠡᠯᠴᠢᠬᠡᠷ ᠲᠤ ᠬᠠᠲᠠᠭᠤ | ᠪᠡᠶᠡᠲᠦ᠂ ᠰᠢᠩᠭᠡᠨ ᠪᠡᠶᠡᠲᠦ᠂ ᠬᠡᠢ ᠪᠡᠶᠡᠲᠦ ᠬᠠᠶᠠᠬᠳᠠᠮᠠᠯ ᠪᠤᠳᠠᠰ ᠪᠠ ᠠᠮᠢᠳᠤᠷᠠᠯ ᠤᠨ ᠬᠤᠬ ᠨᠤᠪᠰᠢ ᠬᠠᠶᠠᠬᠰᠠᠨ ᠵᠢᠴᠢ ᠤᠷᠴᠢᠨ ᠲᠤᠭᠤᠷᠢᠨ ᠳᠤ ᠲᠠᠭᠤ | ᠱᠤᠤᠬᠢᠶᠠᠨ ᠤ ᠪᠤᠬᠢᠷᠲᠤᠯ᠂ ᠲᠤᠭᠤᠰᠤ ᠰᠢᠷᠤᠢ ᠶᠢᠨ ᠪᠤᠬᠢᠷᠲᠤᠯ᠂ ᠰᠠᠴᠤᠷᠠᠬ ᠪᠤᠳᠠᠰ ᠤᠨ ᠪᠤᠬᠢᠷᠲᠤᠯ᠂ ᠴᠠᠬᠢᠯᠭᠠᠨ ᠰᠠᠴᠤᠷᠠᠬ ᠪᠤᠳᠠᠰ ᠤᠨ ᠪᠤᠬᠢᠷᠲᠤᠯ ᠡᠬᠦᠰᠭᠡᠭᠰᠡᠨ | ᠪᠤᠯ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠦᠷᠢᠮ ᠤᠨ ᠲᠤᠭᠲᠠᠭᠠᠯ ᠶᠢ ᠦᠨᠳᠦᠰᠦᠯᠡᠵᠦ ᠲᠤᠷᠭᠠᠨ᠎ᠠ︔ ᠨᠤᠲᠤᠭ ᠪᠡᠯᠴᠢᠬᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ | ᠤᠴᠠᠷᠠᠭᠤᠯᠤᠬᠰᠠᠨ ᠪᠤᠯ ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃ | ᠭᠤᠴᠢᠨ ᠲᠦᠷᠪᠡᠳᠦᠭᠡᠷ ᠵᠦᠢᠯ ᠲᠤᠰ ᠲᠦᠷᠢᠮ ᠤᠨ ᠭᠤᠴᠢᠨ ᠵᠢᠷᠭᠤᠳᠤᠭᠠᠷ ᠵᠦᠢᠯ ᠤᠨ ᠲᠤᠭᠲᠠᠭᠠᠯ ᠢ ᠵᠦᠷᠢᠴᠡᠨ᠂ ᠵᠠᠰᠠᠮᠠᠯ ᠵᠠᠮ ᠠᠴᠠ ᠭᠠᠷᠴᠤ | ᠦᠨᠳᠦᠰᠦᠨ ᠨᠤᠲᠤᠭ ᠪᠡᠯᠴᠢᠬᠡᠷ ᠢᠶᠠᠷ ᠲᠠᠪᠬᠢᠭᠤᠯᠤᠬᠰᠠᠨ ᠪᠤᠶᠤ ᠲᠤᠭᠲᠠᠬᠰᠠᠨ ᠮᠠᠰᠢᠨ ᠲᠡᠷᠭᠡ ᠶᠠᠪᠤᠬᠤ ᠤᠷᠤᠨ ᠪᠠ ᠮᠠᠰᠢᠨ ᠲᠡᠷᠭᠡ ᠶᠠᠪᠤᠬᠤ ᠵᠠᠮ ᠱᠤᠭᠤᠮ ᠢᠶᠠᠷ | ᠶᠠᠪᠤᠬᠤ ᠦᠬᠡᠢ᠂ ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠡᠪᠳᠡᠭᠰᠡᠨ ᠪᠤᠯ᠂ ᠬᠤᠰᠢᠭᠤ ᠰᠢᠶᠠᠨ ᠤ ᠱᠠᠲᠤᠨ ᠤ ᠨᠤᠲᠤᠭ ᠪᠡᠯᠴᠢᠬᠡᠷ ᠤᠨ ᠬᠢᠨᠠᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠬᠳᠠᠵᠦ ᠵᠤᠭᠰᠤᠭᠠᠨ᠂ ᠬᠤᠭᠤᠴᠠᠭ᠎ᠠ ᠲᠤᠭᠲᠠᠭᠠᠨ ᠤᠷᠭᠤᠮᠠᠯ ᠤᠨ ᠪᠦᠷᠬᠦᠴᠡ ᠶᠢ | ᠰᠡᠷᠬᠦᠬᠡᠯᠬᠡᠬᠦ ᠶᠢᠨ ᠬᠠᠮᠲᠤ᠂ ᠨᠤᠲᠤᠭ ᠪᠡᠯᠴᠢᠬᠡᠷ ᠤᠨ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠦᠢᠯᠡᠳᠪᠦᠷᠢᠯᠡᠯ ᠤᠨ ᠦᠷᠲᠡᠭ ᠤᠨ ᠭᠤᠷᠪᠠᠨ | ᠲᠠᠬᠢᠨ ᠠᠴᠠ ᠲᠡᠭᠡᠭᠰᠢ ᠶᠢᠰᠦᠨ ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠨᠤᠲᠤᠭ ᠪᠡᠯᠴᠢᠬᠡᠷ ᠤᠨ ᠦᠮᠴᠢᠯᠡᠭᠴᠢ ᠪᠠ ᠬᠡᠷᠡᠭᠯᠡᠭᠴᠢ ᠳᠤ ᠬᠤᠬᠢᠷᠠᠯ | ᠤᠴᠠᠷᠠᠭᠤᠯᠤᠬᠰᠠ ᠪᠤᠯ ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃ | ᠭᠤᠴᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠤᠳᠤ ᠶᠠᠬ ᠮᠠᠰᠢᠨ ᠲᠦᠬᠦᠬᠡᠷᠦᠮᠵᠢ ᠬᠡᠷᠡᠭᠯᠡᠵᠦ ᠦᠨᠳᠦᠰᠦᠨ ᠨᠤᠲᠤᠭ | ᠪᠡᠯᠴᠢᠬᠡᠷ ᠢ ᠬᠠᠭᠠᠯᠪᠤᠷᠢᠯᠠᠨ ᠡᠪᠳᠡᠭᠰᠡᠨ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ | ᠠᠴᠠ ᠵᠠᠪᠠᠯ ᠬᠠᠤᠯᠢ ᠪᠤᠰᠤ ᠠᠵᠢᠯᠯᠠᠭ᠎ᠠ ᠶᠢ ᠵᠤᠭᠰᠤᠭᠠᠬᠤ ᠶᠢᠨ ᠬᠠᠮᠲᠤ᠂ ︽ᠪᠦᠬᠦᠳᠡ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠵᠠᠰᠠᠬ ᠵᠠᠬᠢᠷᠭᠠᠨ ᠤ | ᠲᠤᠷᠭᠠᠭᠤᠯᠢ ᠶᠢᠨ ᠬᠠᠤᠯᠢ︾ ᠶᠢᠨ ᠭᠤᠴᠢᠨ ᠲᠤᠯᠤᠳᠤᠭᠠᠷ ᠵᠦᠢᠯ ᠤᠨ ᠬᠠᠮᠢᠶ᠎ᠠ ᠪᠦᠬᠦᠢ ᠲᠤᠭᠲᠠᠭᠠᠯ ᠢ ᠦᠨᠳᠦᠰᠦᠯᠡᠨ ᠰᠢᠢᠳᠪᠦᠷᠢᠯᠡᠨ᠎ᠠ᠃ | ᠭᠤᠴᠢᠨ ᠵᠢᠷᠭᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠵᠦᠪᠰᠢᠶᠡᠷᠡᠯ ᠦᠬᠡᠢ ᠪᠠᠷ ᠪᠤᠶᠤ ᠮᠡᠬᠡᠯᠡᠬᠦ ᠠᠷᠭ᠎ᠠ ᠠᠪᠴᠠᠯ ᠢᠶᠠᠷ | ᠵᠦᠪᠰᠢᠶᠡᠷᠡᠯ ᠤᠯᠵᠦ᠂ ᠦᠨᠳᠦᠰᠦᠨ ᠨᠤᠲᠤᠭ ᠪᠡᠯᠴᠢᠬᠡᠷ ᠢ ᠬᠠᠤᠯᠢ ᠪᠤᠰᠤ ᠪᠠᠷ ᠬᠡᠷᠡᠭᠯᠡᠭᠰᠡᠨ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ | ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠠᠤᠯᠢ ᠪᠤᠰᠤ ᠪᠠᠷ ᠭᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠢ ᠪᠤᠴᠠᠭᠠᠯᠭᠠᠵᠦ᠂ | ᠬᠠᠤᠯᠢ ᠪᠤᠰᠤ ᠪᠠᠷ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠰᠢᠨ᠎ᠠ ᠪᠠᠷ ᠪᠠᠶᠢᠭᠤᠯᠤᠬᠰᠠᠨ ᠪᠠᠷᠢᠯᠭ᠎ᠠ ᠪᠠ ᠪᠤᠰᠤᠳ ᠲᠦᠬᠦᠬᠡᠷᠦᠮᠵᠢ ᠶᠢ ᠬᠤᠭᠤᠴᠠᠭ᠎ᠠ | ᠲᠤᠭᠲᠠᠭᠠᠨ ᠨᠤᠷᠠᠭᠠᠵᠦ᠂ ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠲᠤᠰ ᠦᠨᠳᠦᠰᠦᠨ ᠨᠤᠲᠤᠭ ᠪᠡᠯᠴᠢᠬᠡᠷ ᠤᠨ ᠬᠠᠤᠯᠢ | ᠪᠤᠰᠤ ᠪᠠᠷ ᠬᠡᠷᠡᠭᠯᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠲᠠᠴᠢ ᠦᠢᠯᠡᠳᠪᠦᠷᠢᠯᠡᠯ ᠤᠨ ᠦᠷᠲᠡᠭ ᠤᠨ ᠶᠢᠰᠦᠨ ᠲᠠᠬᠢᠨ ᠠᠴᠠ ᠲᠡᠭᠡᠭᠰᠢ ᠠᠷᠪᠠᠨ ᠬᠤᠶᠠᠷ | ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠶᠠᠯ᠎ᠠ ᠬᠢᠭᠰᠡᠨ ᠳᠤ ᠬᠡᠮᠵᠢᠶᠠᠨ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠬᠦᠦ ᠶᠢᠨ ᠭᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠠ᠃ | ᠭᠤᠴᠢᠨ ᠲᠤᠯᠤᠳᠤᠭᠠᠷ ᠵᠦᠢᠯ ᠲᠤᠰ ᠲᠦᠷᠢᠮ ᠤᠨ ᠭᠤᠴᠢ ᠶᠢᠰᠦᠳᠦᠭᠡᠷ ᠵᠦᠢᠯ ᠤᠨ ᠬᠤᠶᠠᠳᠤᠭᠠᠷ ᠲᠤᠭᠲᠠᠭᠠᠯ ᠢ ᠵᠦᠷᠢᠴᠡᠨ᠂ ᠲᠦᠷ ᠴᠠᠬ ᠡᠵᠡᠯᠡᠨ | ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠦᠨᠢᠳᠡ ᠶᠢᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ ᠪᠠᠷᠢᠯᠭ᠎ᠠ ᠪᠤᠶᠤ ᠲᠦᠷ ᠴᠠᠬ ᠡᠵᠡᠯᠡᠨ | ᠬᠡᠷᠡᠭᠯᠡᠭᠦ ᠬᠤᠭᠤᠴᠠᠭ᠎ᠠ ᠨᠢ ᠲᠦᠬᠦᠷᠦᠭᠰᠡᠨ ᠪᠠᠶᠢᠲᠠᠯ᠎ᠠ ᠲᠦᠷ ᠴᠠᠬ ᠤᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ ᠪᠠᠷᠢᠯᠭ᠎ᠠ ᠪᠠᠨ ᠨᠤᠷᠠᠭᠠᠬᠰᠠᠨ ᠦᠬᠡᠢ | ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠤᠭᠤᠴᠠᠭ᠎ᠠ | ᠲᠤᠭᠲᠠᠭᠠᠨ ᠨᠤᠷᠠᠭᠠᠯᠭᠠᠨ᠎ᠠ︔ ᠬᠤᠭᠤᠴᠠᠭ᠎ᠠ ᠨᠢ ᠦᠩᠭᠡᠷᠡᠭᠰᠡᠨ ᠪᠠᠶᠢᠳᠠᠯ᠎ᠠ ᠨᠤᠷᠠᠭᠠᠬᠰᠠᠨ ᠦᠬᠡᠢ ᠪᠤᠯ ᠬᠠᠤᠯᠢ ᠶᠤᠰᠤᠭᠠᠷ ᠠᠯᠪᠠᠳᠠᠯᠭ᠎ᠠ ᠪᠠᠷ ᠨᠤᠷᠠᠭᠠᠨ᠂ ᠬᠡᠷᠡᠭᠰᠡᠬᠦ | ᠰᠦᠢᠳᠭᠡᠯ ᠢ ᠬᠠᠤᠯᠢ ᠶᠢ ᠵᠦᠷᠢᠴᠡᠭᠴᠢ ᠠᠴᠠ ᠲᠠᠭᠠᠭᠠᠨ᠎ᠠ᠃ | ᠭᠤᠴᠢᠨ ᠨᠡᠢᠮᠠᠳᠤᠭᠠᠷ ᠵᠦᠢᠯ ᠲᠤᠰ ᠲᠤᠭᠳᠠᠭᠠᠯ ᠤᠨ ᠬᠤᠷᠢᠨ ᠬᠤᠶᠠᠳᠤᠭᠠᠷ ᠵᠦᠢᠯ ᠤᠨ ᠲᠤᠭᠳᠠᠭᠠᠯ ᠢ ᠵᠦᠷᠢᠴᠡᠭᠰᠡᠨ ᠲᠤᠤᠷᠠᠬᠢ ᠠᠵᠢᠯᠯᠠᠭ᠎ᠠ ᠶᠢᠨ ᠨᠢᠭᠡ | ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠰᠡᠷᠡᠮᠵᠢ ᠦᠭᠬᠦ ᠶᠢᠨ ᠬᠠᠮᠳᠤ | ᠲᠤᠤᠤᠷᠠᠬᠢ ᠲᠤᠭᠳᠠᠭᠠᠯ ᠢᠶᠠᠷ ᠲᠤᠷᠭᠠᠨ ᠰᠢᠳᠬᠡᠨ᠎ᠡ᠃ | ︵ᠨᠢᠬᠡ︶ ᠦᠨᠳᠦᠰᠦᠨ ᠨᠤᠲᠤᠭ ᠪᠡᠯᠴᠢᠭᠡᠷ ᠢ ᠬᠢᠨᠠᠨ ᠲᠤᠭᠳᠠᠭᠠᠭᠰᠠᠨ ᠪᠡᠯᠴᠢᠭᠡᠷ ᠤᠨ ᠳᠠᠭᠠᠭᠠᠴᠠ ᠠᠴᠠ ᠭᠡᠲᠦᠷᠡᠳᠡᠯ᠎ᠡ ᠮᠠᠯᠵᠢᠭᠰᠠᠳ ᠢ ᠬᠤᠭᠤᠴᠠᠭ᠎ᠠ | ᠲᠤᠭᠳᠠᠨ ᠵᠠᠷᠯᠢᠭᠳᠠᠨ ᠵᠠᠯᠠᠷᠠᠭᠤᠯᠬᠤ ᠬᠡᠷᠡᠭᠳᠡᠢ︔ ᠲᠤᠭᠳᠠᠭᠰᠠᠨ ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠲᠤᠮᠳᠠᠴᠢ ᠬᠤᠨᠢᠨ ᠨᠢᠭᠡᠴᠢ ᠪᠦᠷᠢ ᠶᠢ 100 | ᠲᠦᠭᠦᠷᠢᠭ ᠵᠤᠭᠤᠰ ᠢᠶᠠᠷ ᠲᠤᠷᠭᠠᠨ᠎ᠠ᠃ | ︵ᠬᠤᠶᠠᠷ︶ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠦᠨᠳᠤᠰᠤᠨ ᠨᠤᠲᠤᠭ ᠪᠡᠯᠴᠢᠭᠡᠷ ᠲᠤ ᠮᠠᠯ ᠮᠠᠯᠵᠢᠭᠰᠠᠳ ᠢ ᠲᠤᠮᠳᠠᠴᠢ ᠬᠤᠨᠢᠨ | ᠨᠢᠭᠡᠴᠢ ᠪᠦᠷᠢ ᠶᠢ 30 ᠲᠦᠭᠦᠷᠢᠭ ᠵᠤᠭᠤᠰ ᠢᠶᠠᠷ ᠲᠤᠷᠭᠠᠨ᠎ᠠ᠃ | ᠭᠤᠴᠢ ᠶᠢᠰᠦᠳᠦᠭᠡᠷ ᠵᠦᠢᠯ ᠲᠤᠰ ᠲᠤᠭᠳᠠᠭᠠᠯ ᠤᠨ ᠬᠤᠷᠢᠨ ᠭᠤᠷᠪᠠᠳᠤᠭᠠᠷ ᠵᠦᠢᠯ ᠤᠨ ᠲᠤᠭᠳᠠᠭᠠᠯ ᠢ ᠵᠦᠷᠢᠴᠡᠭᠰᠡᠨ᠂ ᠲᠡᠵᠢᠭᠡᠯ ᠡᠪᠡᠰᠦ ᠪᠤᠷᠳᠤᠭ᠎ᠠ ᠶᠢᠨ | ᠰᠠᠭᠤᠷᠢᠨ ᠤ ᠪᠦᠲᠦᠭᠡᠨ ᠪᠠᠶᠢᠭᠤᠯᠤᠯᠳᠠ ᠨᠢ ᠦᠨᠳᠦᠰᠦᠨ ᠨᠤᠲᠤᠭ ᠪᠡᠯᠴᠢᠭᠡᠷ ᠤᠨ ᠲᠦᠯᠦᠪᠵᠢᠭᠦᠯᠭᠡ ᠳᠤ ᠨᠡᠶᠢᠴᠡᠬᠦ ᠦᠭᠡᠢ ᠪᠤᠶᠤ ᠲᠡᠵᠢᠭᠡᠯ ᠪᠤᠷᠳᠤᠭ᠎ᠠ ᠶᠢᠨ | ᠰᠠᠭᠤᠷᠢᠨ ᠤ ᠲᠠᠷᠢᠮᠠᠯ ᠤᠨ ᠲᠦᠷᠦᠯ ᠵᠦᠢᠯ ᠨᠢ ᠲᠤᠭᠳᠠᠭᠠᠯ ᠳᠤ ᠨᠡᠶᠢᠴᠡᠬᠦ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ | ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠱᠠᠭᠠᠷᠳᠠᠨ ᠵᠤᠭᠰᠤᠭᠠᠵᠤ᠂ ᠬᠤᠭᠤᠴᠠᠭ᠎ᠠ ᠲᠤᠭᠳᠠᠭᠠᠨ | ᠵᠠᠯᠠᠷᠠᠭᠤᠯᠬᠤ ᠬᠡᠷᠡᠭᠳᠡᠢ︔ ᠲᠤᠭᠳᠠᠭᠰᠠᠨ ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠮᠦ ᠪᠦᠷᠢ ᠠᠴᠠ 200 ᠲᠦᠭᠦᠷᠢᠭ ᠠᠴᠠ ᠳᠡᠭᠡᠭᠰᠢ 500 | ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠲᠦᠴᠢᠳᠦᠭᠡᠷ ᠵᠦᠢᠯ ᠲᠤᠰ ᠲᠤᠭᠳᠠᠭᠠᠯ ᠤᠨ ᠬᠤᠷᠢᠨ ᠲᠦᠷᠪᠡᠳᠦᠭᠡᠷ ᠵᠦᠢᠯ ᠤᠨ ᠲᠤᠭᠳᠠᠭᠠᠯ ᠢ ᠵᠦᠷᠢᠴᠡᠭᠰᠡᠨ᠂ ᠨᠤᠲᠤᠭ ᠪᠡᠯᠴᠡᠭᠡᠷ ᠤᠨ ᠬᠡᠭᠡᠷ᠎ᠡ ᠶᠢᠨ | ᠤᠷᠭᠤᠮᠠᠯ ᠢ ᠲᠡᠭᠦᠨ ᠴᠤᠭᠯᠠᠭᠤᠯᠬᠤ᠂ ᠬᠤᠳᠠᠯᠳᠤᠨ ᠠᠪᠬᠤ ᠵᠦᠪᠰᠢᠶᠡᠷᠡᠯ ᠤᠨ ᠦᠨᠠᠮᠯᠠᠯ ᠠᠪᠤᠭᠰᠠᠨ ᠦᠭᠡᠢ ᠪᠤᠶᠤ ᠳᠡᠭᠦᠨ ᠴᠤᠭᠯᠠᠭᠤᠯᠬᠤ᠂ ᠬᠤᠳᠠᠯᠳᠤᠨ ᠠᠪᠬᠤ | ᠵᠦᠪᠰᠢᠶᠡᠷᠡᠯ ᠤᠨ ᠦᠨᠠᠮᠯᠠᠯ ᠤᠨ ᠲᠤᠭᠳᠠᠭᠠᠯ ᠶᠤᠰᠤᠭᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠨ ᠴᠤᠭᠯᠠᠭᠤᠯᠬᠤ᠂ ᠬᠤᠳᠠᠯᠳᠤᠨ ᠠᠪᠤᠭᠰᠠᠨ | ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ | ᠶᠢ ᠵᠠᠷᠯᠢᠭᠳᠠᠨ ᠵᠤᠭᠰᠤᠭᠠᠵᠤ᠂ ᠬᠠᠤᠯᠢ ᠪᠤᠰᠤ ᠡᠳ᠋ ᠪᠤᠳᠠᠰ ᠪᠠ ᠤᠯᠵᠠᠪᠤᠷᠢ ᠶᠢ ᠨᠢ ᠬᠤᠷᠢᠶᠠᠨ ᠠᠪᠬᠤ ᠬᠡᠷᠡᠭᠳᠡᠢ᠂ ᠡᠭᠦᠨ ᠤ ᠬᠠᠮᠳᠤ ᠬᠠᠤᠯᠢ ᠪᠤᠰᠤ ᠤᠯᠵᠠᠪᠤᠷᠢ | ᠶᠢᠨ ᠬᠢᠨ ᠭᠤᠷᠪᠠ ᠳᠠᠬᠢᠨ ᠠᠴᠠ ᠳᠡᠭᠡᠭᠰᠢ ᠲᠠᠪᠤ ᠳᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ | ᠳᠡᠭᠦᠨ ᠴᠤᠭᠯᠠᠭᠤᠯᠬᠤ᠂ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠲᠠᠢ ᠶᠢ ᠨᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠵᠦᠪᠰᠢᠶᠡᠷᠡᠯ ᠤᠨ | ᠦᠨᠡᠮᠯᠡᠯ ᠢ ᠨᠢ ᠬᠦᠴᠦᠨ ᠦᠭᠡᠢ ᠪᠤᠯᠭᠠᠬᠤ ᠬᠡᠷᠡᠭᠳᠡᠢ︔ ᠨᠤᠲᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠠ ᠪᠤᠯ ᠬᠠᠤᠯᠢ | ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ | ᠲᠦᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠨᠤᠲᠤᠭ ᠪᠡᠯᠴᠢᠭᠡᠷ ᠤᠨ ᠬᠢᠨᠠᠨ | ᠬᠠᠮᠢᠶᠠᠷᠤᠯᠳᠠ ᠶᠢᠨ ᠪᠠᠶᠢᠭᠤᠯᠤᠮᠵᠢ ᠵᠢᠴᠢ ᠪᠤᠰᠤᠳ ᠤᠯᠤᠰ ᠤᠨ ᠪᠠᠶᠢᠭᠤᠯᠭ᠎ᠠ ᠶᠢᠨ ᠠᠵᠢᠯᠳᠠᠨ ᠲᠤᠤᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ ᠠᠵᠢᠯᠯᠠᠵᠤ ᠪᠠᠶᠢᠭ᠎ᠠ | ᠪᠠᠶᠢᠭᠤᠯᠤᠯᠭ᠎ᠠ ᠪᠤᠶᠤ ᠳᠡᠭᠡᠷ᠎ᠡ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯ ᠬᠠᠮᠢᠶᠠᠷᠤᠯᠳᠠ ᠶᠢᠨ ᠬᠦᠮᠦᠰ | ᠪᠤᠯᠤᠨ ᠪᠤᠰᠤᠳ ᠰᠢᠭᠤᠳ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠬᠡᠯ ᠤᠯᠭᠤᠨ᠎ᠠ︔ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠠ ᠪᠤᠯ ᠬᠠᠤᠯᠢ | ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄ | ︵ᠨᠢᠬᠡ︶ ᠨᠤᠲᠤᠭ ᠪᠡᠯᠴᠢᠭᠡᠷ ᠤᠨ ᠨᠦᠬᠦᠪᠦᠷᠢ᠂ ᠲᠦᠪᠬᠢᠨᠡᠭᠦᠯᠬᠦ ᠨᠦᠬᠦᠪᠦᠷᠢ᠂ ᠳᠠᠭᠠᠯᠳᠤᠪᠦᠷᠢ ᠨᠦᠬᠦᠪᠦᠷᠢ᠂ ᠤᠷᠭᠤᠮᠠᠯ ᠤᠨ ᠪᠦᠷᠬᠦᠴᠠ ᠶᠢ ᠰᠡᠷᠭᠦᠭᠡᠬᠦ | ᠨᠦᠬᠦᠪᠦᠷᠢ ᠪᠤᠯᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠤᠨ ᠮᠦᠩᠭᠦ ᠶᠢᠨ ᠨᠦᠬᠦᠪᠦᠷᠢ ᠶᠢ ᠲᠤᠮᠳᠠ ᠠᠴᠠ ᠨᠢ ᠦᠯᠡᠳᠡᠭᠡᠬᠦ᠂ | ᠰᠢᠯᠵᠢᠭᠦᠯᠦᠨ ᠬᠡᠷᠡᠭᠯᠡᠬᠦ︔ | ︵ᠬᠤᠶᠠᠷ︶ ᠦᠨᠳᠦᠰᠦᠨ ᠨᠤᠲᠤᠭ ᠪᠡᠯᠴᠢᠭᠡᠷ ᠢ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ ᠬᠡᠷᠡᠭᠯᠡᠬᠦ ᠪᠤᠯᠤᠨ ᠲᠦᠷ ᠴᠠᠭ ᠬᠡᠷᠡᠭᠯᠡᠬᠦ ᠶᠢ ᠡᠷᠬᠡ | ᠦᠭᠡᠢ ᠪᠠᠶᠢᠭᠠᠳ ᠵᠦᠪᠰᠢᠶᠡᠷᠡᠬᠦ ᠪᠤᠶᠤ ᠳᠡᠰ ᠳᠠᠪᠠᠨ ᠵᠦᠪᠰᠢᠶᠡᠷᠡᠬᠦ︔ | ︵ᠭᠤᠷᠪᠠ︶ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ ᠬᠡᠷᠡᠭᠯᠡᠬᠦ ᠪᠤᠯᠤᠨ ᠲᠦᠷ ᠴᠠᠭ ᠬᠡᠷᠡᠭᠯᠡᠬᠦ ᠦᠨᠳᠦᠰᠦᠨ ᠨᠤᠲᠤᠭ ᠪᠡᠯᠴᠢᠭᠡᠷ ᠢ ᠬᠠᠤᠯᠢ ᠶᠢᠨ | ᠳᠡᠰ ᠳᠠᠷᠠᠭᠠᠯᠠᠯ ᠢᠶᠠᠷ ᠵᠦᠪᠰᠢᠶᠡᠷᠡᠭᠰᠡᠨ ᠦᠭᠡᠢ︔ ︵ᠳᠦᠷᠪᠠ︶ ᠬᠢᠨᠠᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠪᠠᠨ ᠬᠠᠤᠯᠢ ᠪᠤᠰᠤ ᠪᠠᠷ | ᠬᠡᠷᠡᠭᠵᠢᠭᠦᠯᠦᠭᠰᠡᠨ︔ | ︵ᠳᠠᠪᠤ︶ ᠦᠨᠳᠦᠰᠦᠨ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠤᠯᠤᠨ ᠵᠠᠭᠠᠯᠳᠤᠭᠰᠠᠨ ᠢ | ᠬᠦᠯᠢᠶᠡᠨ ᠠᠪᠴᠦ ᠰᠢᠢᠳᠪᠦᠷᠢᠯᠡᠭᠰᠡᠨ ᠦᠭᠡᠢ ᠪᠤᠶᠤ ᠬᠠᠤᠯᠢ ᠪᠤᠰᠤ ᠠᠵᠢᠯᠯᠠᠭ᠎ᠠ ᠶᠢ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠤᠴᠢᠳᠡᠢ ᠦᠷ᠎ᠡ | ᠳ᠋ᠦᠩ ᠭᠠᠷᠭᠠᠭᠰᠠᠨ︔ | ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠵᠤ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠬᠦ᠂ ᠬᠠᠤᠯᠢ ᠶᠤᠰᠤ ᠶᠢ ᠵᠦᠷᠢᠴᠡᠭᠰᠡᠨ | ᠵᠡᠷᠭᠡ ᠬᠠᠤᠯᠢ ᠪᠤᠰᠤ ᠠᠵᠢᠯᠯᠠᠭ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠲᠦᠴᠢᠨ ᠬᠤᠶᠠᠳᠤᠭᠠᠷ ᠵᠦᠢᠯ ᠲᠤᠰ ᠲᠤᠭᠳᠠᠭᠠᠯ ᠤᠨ ᠭᠤᠴᠢᠨ ᠨᠠᠢᠮᠠᠳᠤᠭᠠᠷ ᠵᠦᠢᠯ ᠳᠤ ᠬᠡᠯᠡᠵᠦ ᠪᠠᠶᠢᠭ᠎ᠠ ︽ᠬᠤᠨᠢᠨ ᠨᠢᠭᠡᠴᠢ︾ ᠭᠡᠳᠡᠭ ᠨᠢ ᠮᠠᠯ ᠤᠨ | ᠲᠤᠭ᠎ᠠ ᠬᠡᠮᠵᠢᠯᠳᠡ ᠶᠢᠨ ᠨᠢᠭᠡᠴᠢ ᠪᠤᠯᠤᠨ᠎ᠠ᠃ ᠨᠢᠭᠡ ᠬᠤᠨᠢ ᠨᠢ ᠨᠢᠭᠡ ᠬᠤᠨᠢᠨ ᠨᠢᠭᠡᠴᠢ᠂ ᠨᠢᠭᠡ ᠦᠬᠡᠷ 5 ᠬᠤᠨᠢᠨ ᠨᠢᠭᠡᠴᠢ᠂ ᠨᠢᠭᠡ ᠮᠤᠷᠢ 6 ᠬᠤᠨᠢᠨ ᠨᠢᠭᠡᠴᠢ᠂ | ᠨᠢᠭᠡ ᠯᠠᠭᠤᠰᠠ 3 ᠬᠤᠨᠢᠨ ᠨᠢᠭᠡᠴᠢ᠂ ᠨᠢᠭᠡ ᠡᠯᠵᠢᠭᠡ 5 ᠬᠤᠨᠢᠨ ᠨᠢᠭᠡᠴᠢ᠂ ᠨᠢᠭᠡ ᠲᠡᠮᠡᠭᠡ 7 ᠬᠤᠨᠢᠨ ᠨᠢᠭᠡᠴᠢ ᠲᠠᠢ ᠲᠡᠩᠴᠡᠨ᠎ᠡ᠃ | ᠲᠦᠴᠢᠨ ᠭᠤᠷᠪᠠᠳᠤᠭᠠᠷ ᠵᠦᠢᠯ ᠲᠤᠰ ᠳᠦᠷᠢᠮ ᠢ 2011 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠠ᠃ 1998 ᠤᠨ ᠤ | 11 ᠰᠠᠷ᠎ᠠ ᠶᠢᠨ 27 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠠᠴᠠ ᠪᠠᠳᠤᠯᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃ |