ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠬ ᠤᠨ ᠣᠷᠲᠣᠨ ᠤ ᠰᠣᠶᠣᠯ ᠤᠨ ᠠᠵᠦ  ᠦᠢᠯᠡᠰ ᠤᠨ ᠬᠦᠭᠵᠢᠯᠲᠡ ᠶᠢ ᠴᠢᠨᠠᠬᠰᠢᠲᠠ ᠠᠬᠢᠭᠤᠯᠬᠤ ᠲᠣᠬᠠᠢ ᠲᠦᠷᠦ ᠶᠢᠨ ᠪᠣᠲᠣᠯᠭ᠎ᠠ ᠰᠠᠨᠠᠯ ᠤᠳ
ᠨᠡᠶᠢᠲᠡᠯᠡᠭᠰᠡᠨ ᠴᠠᠭ᠄
2012/9/24
      ᠡᠯ᠎ᠠ ᠠᠶᠢᠮᠠᠬ ᠤᠨ ᠵᠠᠬᠢᠷᠭ᠎ᠠ᠂ ᠬᠤᠲᠠ ᠶᠢᠨ ᠵᠠᠰᠠᠬ ᠤᠨ ᠣᠷᠲᠣᠨ᠂ ᠦᠪᠡᠷᠲᠡᠭᠡᠨ ᠵᠠᠰᠠᠬᠤ ᠣᠷᠣᠨ ᠤ ᠡᠯ᠎ᠠ ᠵᠦᠪᠯᠡᠯ  ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠠ ᠲᠣᠮᠣ ᠠᠵᠦ ᠠᠬᠤᠢᠢᠯᠠᠯ᠂ ᠠᠵᠢᠯ ᠦᠢᠯᠡᠰ ᠤᠨ ᠨᠢᠭᠡᠴᠡ᠄          ︽ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ  ︿ᠨᠠᠮ ᠤᠨ ᠲᠦᠪ ᠬᠤᠷᠢᠶ᠎ᠠ ᠶᠢᠨ ᠰᠣᠶᠣᠯ ᠤᠨ  ᠪᠠᠶᠢᠭᠤᠯᠣᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ ᠨᠡᠶᠢᠭᠡᠮ ᠵᠢᠷᠣᠮ ᠤᠨ ᠰᠣᠶᠣᠯ ᠤᠨ ᠬᠦᠭᠵᠢᠯ ᠴᠡᠴᠡᠭᠯᠡᠯ ᠢ  ᠲᠦᠯᠬᠢᠨ ᠠᠬᠢᠭᠤᠯᠬᠤ ᠲᠣᠬᠠᠢ ᠴᠢᠬᠤᠯᠠ ᠠᠰᠠᠭᠤᠲᠠᠯ ᠤᠳ ᠤᠨ ᠲᠤᠬᠠᠢ ᠰᠢᠢᠳᠪᠦᠷᠢ  ﹀  ᠶᠢ ᠲᠣᠣᠱᠯᠠᠭᠤᠯᠣᠨ  ᠨᠠᠶᠢᠲᠠᠪᠣᠷᠢᠵᠢᠭᠤᠯᠬᠤ ᠲᠣᠬᠠᠢ ᠬᠡᠷᠡᠭᠵᠢᠬᠦᠯᠬᠦ ᠰᠠᠨᠠᠯ︾ ︵ᠦᠪᠦᠷ ᠮᠤᠩᠭᠤᠯ ᠤᠨ ᠨᠠᠮ ᠤᠨ ᠬᠤᠷᠢᠶ᠎ᠠ ᠠᠴᠠ ᠲᠠᠷᠬᠠᠭᠠᠬᠰᠠᠨ  [2012]10 ᠲᠤᠭᠠᠳᠤ︶ ᠢ ᠴᠢᠨᠠᠬᠰᠢᠲᠠ ᠲᠣᠣᠱᠯᠠᠭᠤᠯᠣᠨ ᠨᠠᠶᠢᠲᠠᠪᠣᠷᠢᠵᠢᠭᠤᠯᠵᠦ᠂ ᠰᠣᠶᠣᠯ ᠤᠨ ᠠᠵᠦ  ᠦᠢᠯᠡᠰ ᠤᠨ ᠬᠦᠭᠵᠢᠯᠲᠡ ᠶᠢ ᠠᠬᠢᠭᠤᠯᠵᠦ᠂ ᠰᠣᠶᠣᠯ ᠤᠨ ᠲᠣᠮᠣ ᠣᠷᠣᠨ ᠠᠴᠠ ᠰᠣᠶᠣᠯ ᠤᠨ ᠬᠦᠴᠦᠷᠭᠡᠭ ᠣᠷᠣᠨ ᠲᠡᠰᠢ  ᠲᠠᠪᠰᠢᠬᠤ ᠪᠠᠶᠢᠯᠲᠣᠬᠤ ᠪᠣᠲᠣᠯᠭ᠎ᠠ ᠶᠢᠨ ᠬᠠᠷᠠᠯᠲᠠ ᠶᠢ ᠪᠡᠶᠡᠯᠡᠬᠦᠯᠬᠦ ᠶᠢᠨ ᠲᠦᠯᠦᠭᠡ᠂ ᠣᠨᠴᠠᠭᠠᠢᠢᠯᠠᠨ ᠲᠣᠰ ᠲᠦᠷᠦ ᠶᠢᠨ  ᠪᠣᠲᠣᠯᠭ᠎ᠠ ᠰᠠᠨᠠᠯ ᠢ ᠲᠣᠬᠲᠠᠭᠠᠪᠠ᠃          ᠨᠢᠭᠡ᠂ ᠵᠠᠬ᠎ᠠ ᠲᠡᠯᠭᠡᠬᠦᠷ ᠲᠤ ᠤᠷᠤᠬᠤ ᠵᠦᠪᠰᠢᠶᠡᠷᠡᠯ           ︵ᠨᠢᠭᠡ︶ ᠨᠡᠶᠢᠲᠡ ᠶᠢᠨ ᠦᠮᠴᠢᠯᠡᠯ ᠤᠨ ᠪᠣᠰᠣ ᠬᠦᠷᠦᠩᠭᠡ ᠪᠣᠯᠣᠨ ᠭᠠᠲᠠᠭᠠᠲᠣ ᠪᠡᠯᠡ ᠶᠢᠨ ᠲᠦᠷᠦ ᠶᠢᠨ  ᠪᠣᠲᠣᠯᠭ᠎ᠠ ᠶᠢᠨ ᠵᠦᠪᠰᠢᠶᠡᠷᠡᠯ ᠲᠣᠣᠷᠠᠬᠢ ᠰᠣᠶᠣᠯ ᠤᠨ ᠠᠵᠦ ᠦᠢᠯᠡᠰ ᠤᠨ ᠬᠦᠷᠢᠶ᠎ᠡ ᠴᠠᠷᠠᠭ᠎ᠠ ᠳᠤ ᠣᠷᠣᠬᠤ ᠶᠢ  ᠵᠣᠷᠢᠬᠵᠢᠭᠤᠯᠵᠦ᠂ ᠪᠡᠯᠡ ᠣᠷᠣᠭᠤᠯᠣᠯᠲᠠ ᠶᠢᠨ ᠬᠢᠨᠡᠨ ᠵᠦᠪᠰᠢᠶᠡᠷᠡᠯ᠂ ᠬᠢᠷᠢ ᠭᠡᠮ ᠤᠨ ᠦᠨᠡᠯᠡᠯᠳᠡ᠂ ᠬᠡᠷᠡᠴᠢ ᠦᠨᠡᠮᠯᠡᠯ  ᠭᠦᠢᠴᠡᠳᠭᠡᠬᠦ ᠵᠡᠷᠭᠡ ᠲᠠᠯ᠎ᠠ ᠪᠠᠷ ᠣᠯᠣᠰ ᠤᠨ ᠦᠮᠴᠢᠯᠡᠯᠲᠦ ᠰᠣᠶᠣᠯ ᠤᠨ ᠠᠵᠦ ᠠᠬᠤᠢᠢᠯᠠᠯ ᠯᠤᠭ᠎ᠠ ᠠᠳᠠᠯᠢ ᠲᠡᠭᠰᠢ  ᠬᠠᠷᠠᠭᠠᠯᠵᠠᠯ ᠬᠦᠷᠲᠡᠭᠡᠨ᠎ᠡ᠃           ︵ ᠬᠤᠶᠠᠷ︶ ᠰᠣᠶᠣᠯ ᠤᠨ ᠠᠵᠦ ᠠᠬᠤᠢᠢᠯᠠᠯ ᠳᠤ ᠪᠡᠯᠡ ᠣᠷᠣᠭᠤᠯᠵᠦ ᠡᠷᠬᠢᠯᠡᠭᠰᠡᠨ ᠪᠤᠯ ᠬᠠᠮᠢᠶ᠎ᠠ ᠪᠦᠬᠦᠢ ᠵᠠᠰᠠᠬ  ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨ ᠲᠦᠷᠦ ᠶᠢᠨ ᠪᠣᠲᠣᠯᠭ᠎ᠠ ᠶᠢᠨ ᠵᠦᠪᠰᠢᠶᠡᠷᠡᠬᠦ ᠬᠡᠪᠴᠢᠶᠡᠨ  ᠲᠣᠲᠣᠷ᠎ᠠ ᠵᠠᠰᠠᠬ ᠵᠠᠬᠢᠷᠭᠠᠨ ᠤ ᠬᠢᠨᠡᠨ ᠵᠦᠪᠰᠢᠶᠡᠷᠡᠬᠦ ᠭᠤᠬᠴᠤᠭ᠎ᠠ ᠶᠢ ᠪᠠᠭᠠᠰᠬᠠᠵᠦ᠂ ᠬᠢᠨᠠᠨ ᠵᠦᠪᠰᠢᠶᠡᠷᠡᠬᠦ ᠭᠠᠷ  ᠬᠦᠢᠴᠡᠳᠭᠡᠯ ᠢ ᠲᠦᠬᠦᠮᠴᠢᠯᠡᠨ᠂ ᠲᠦᠷᠦ ᠶᠢᠨ ᠪᠣᠲᠣᠯᠭ᠎ᠠ ᠶᠢᠨ ᠲᠣᠬᠲᠠᠭᠠᠯ ᠠᠴᠠ ᠭᠠᠲᠠᠨ᠎ᠠ ᠶᠠᠮᠠᠷᠴᠣ ᠲᠠᠭᠠᠯᠲᠠ ᠰᠦᠢᠳᠭᠡᠯ  ᠬᠤᠷᠢᠶᠠᠵᠦ ᠪᠣᠯᠬᠤ ᠦᠭᠡᠢ᠃ ᠡᠷᠡᠮᠡᠯᠵᠡᠯᠡᠬᠦ ᠠᠵᠦ ᠠᠬᠤᠢᠢᠯᠠᠯ ᠤᠨ ᠲᠣᠰᠢᠶᠠᠬᠰᠠᠨ ᠪᠢᠴᠢᠭ ᠮᠠᠲ᠋ᠧᠷᠢᠶᠠᠯ ᠪᠦᠷᠢᠳᠴᠦ᠂  ᠬᠠᠣᠯᠢ ᠳᠤ ᠲᠣᠭᠲᠠᠭᠠᠬᠰᠠᠨ ᠬᠡᠯᠪᠡᠷᠢ ᠳᠤ ᠨᠡᠶᠢᠴᠡᠪᠡᠯ ᠲᠣᠬᠠᠠᠢ ᠶᠢᠨ ᠲᠠᠯᠠᠪᠣᠷ ᠲᠤᠨᠢ ᠲᠠᠩᠰᠠᠯᠠᠬᠤ ᠰᠢᠢᠳᠪᠦᠷᠢ ᠦᠭᠬᠦ  ᠬᠡᠷᠡᠭᠲᠡᠢ︔ ᠮᠠᠲ᠋ᠧᠷᠢᠶᠠᠯ ᠢ ᠬᠢᠨᠠᠨ ᠯᠠᠪᠯᠠᠬᠤ ᠴᠢᠬᠤᠯᠠᠲᠠᠢ ᠪᠣᠯ᠂ ᠡᠯ᠎ᠠ ᠱᠠᠲᠣᠨ ᠤ ᠦᠢᠯᠡᠳᠪᠦᠷᠢ ᠬᠤᠲᠠᠯᠲᠣᠭᠠᠨ ᠤ ᠵᠠᠰᠠᠬ  ᠵᠠᠬᠢᠷᠭᠠᠨ ᠤ ᠬᠠᠮᠢᠶᠠᠷᠣᠯᠲᠠ ᠶᠢᠨ ᠪᠠᠶᠢᠭᠤᠯᠣᠯᠭ᠎ᠠ 7 ᠠᠵᠢᠯᠯᠠᠬᠤ ᠡᠳᠦᠷ ᠤᠨ ᠬᠤᠭᠤᠴᠠᠭᠠᠨ ᠳᠤ ︽ᠡᠵᠡᠩᠨᠡᠯᠲᠡ ᠶᠢᠨ  ᠦᠨᠡᠮᠯᠡᠯ︾ ᠣᠯᠭᠤᠬᠤ ᠡᠰᠡᠬᠦ ᠲᠤᠬᠠᠢ ᠰᠢᠢᠳᠪᠦᠷᠢ ᠭᠠᠷᠭᠠᠬᠤ ᠬᠡᠷᠡᠭᠲᠡᠢ᠃            ︵ᠭᠤᠷᠪᠠ︶ ᠰᠣᠶᠣᠯ ᠤᠨ ᠠᠵᠦ ᠠᠬᠤᠢᠢᠯᠠᠯ ᠢ ᠨᠡᠶᠢᠯᠡᠬᠦᠯᠵᠦ᠂ ᠲᠠᠬᠢᠨ ᠵᠣᠬᠢᠶᠠᠨ ᠪᠠᠶᠢᠭᠤᠯᠵᠦ᠂ ᠭᠠᠵᠠᠷ ᠣᠷᠣᠨ  ᠠᠯᠣᠰᠯᠠᠬᠰᠠᠨ᠂ ᠠᠵᠢᠯ ᠲᠦᠷᠦᠯ ᠠᠯᠣᠰᠯᠠᠬᠰᠠᠨ᠂ ᠦᠮᠴᠢᠯᠡᠯ ᠤᠨ ᠲᠦᠷᠢᠮ ᠠᠯᠣᠰᠯᠠᠬᠰᠠᠨ ᠰᠣᠶᠣᠯ ᠤᠨ ᠠᠵᠦ  ᠠᠬᠤᠢᠢᠯᠠᠯ ᠤᠨ ᠪᠦᠯᠦᠭᠯᠡᠯ ᠪᠠᠶᠢᠭᠤᠯᠬᠤ ᠶᠢ ᠵᠣᠷᠢᠬᠵᠢᠭᠤᠯᠣᠨ ᠲᠡᠮᠵᠢᠨ᠎ᠡ᠃ ᠭᠤᠣᠯᠯᠠᠬᠤ ᠠᠵᠦ ᠠᠬᠤᠢᠢᠯᠠᠯ ᠤᠨ  ᠲᠠᠩᠰᠠᠯᠠᠭᠤᠯᠣᠬᠰᠠᠨ ᠬᠦᠷᠦᠩᠭᠡ ᠨᠢ 1000 ᠲᠦᠮᠡᠨ ᠲᠦᠬᠦᠷᠢᠭ ᠠᠴᠠ ᠲᠡᠭᠡᠭᠰᠢ ᠪᠠᠶᠢᠵᠦ᠂ ᠬᠤᠪᠢ ᠣᠷᠣᠭᠤᠯᠣᠯᠲᠠ ᠶᠢ  ᠡᠷᠭᠡᠰᠢᠶᠡᠬᠦ 3 ᠠᠴᠠ ᠲᠡᠭᠡᠭᠰᠢ ᠬᠤᠪᠢᠶᠠᠷᠢ ᠺᠣᠮᠫᠠᠨᠢ ᠲᠠᠢ ᠪᠠᠶᠢᠵᠦ᠂ ᠪᠦᠯᠦᠭᠯᠡᠯ ᠤᠨ ᠨᠡᠶᠢᠯᠡᠭᠦᠯᠦᠭᠰᠡᠨ ᠲᠠᠩᠰᠠᠯᠠᠭᠤᠯᠣᠬᠰᠠᠨ  ᠪᠡᠯᠡ ᠮᠦᠩᠬᠦ ᠨᠢ 2000 ᠲᠦᠮᠡᠨ ᠲᠦᠬᠦᠷᠢᠭ ᠠᠴᠠ ᠲᠡᠭᠡᠭᠰᠢ ᠪᠠᠶᠢᠪᠠᠯ ᠪᠦᠯᠦᠭᠯᠡᠯ ᠳᠤ ᠲᠠᠩᠰᠠᠯᠠᠭᠤᠯᠵᠦ ᠪᠣᠯᠣᠨ᠎ᠠ᠃            ︵ᠲᠦᠷᠪᠡ︶ ᠣᠯᠣᠰ ᠤᠨ ᠲᠣᠬᠲᠠᠭᠠᠯ ᠳᠤ ᠨᠡᠶᠢᠴᠡᠬᠦ ᠰᠣᠶᠣᠯ ᠤᠨ ᠠᠵᠦ ᠠᠬᠤᠢᠢᠯᠠᠯ ᠡᠷᠬᠢᠯᠡᠬᠦ ᠳᠡᠭᠡᠨ᠂ ᠲᠡᠬᠦᠨ ᠤ  ᠡᠵᠡᠩᠨᠡᠯᠲᠡ ᠶᠢᠨ ᠬᠦᠷᠢᠶ᠎ᠡ ᠬᠡᠪᠴᠢᠶ᠎ᠠ  ᠨᠢ ᠡᠮᠦᠨᠡᠬᠢ ᠬᠢᠨᠡᠨ ᠵᠦᠪᠰᠢᠶᠡᠷᠡᠯ ᠤᠨ ᠲᠦᠷᠦᠯ ᠵᠦᠢᠯ ᠳᠤ ᠬᠤᠯᠪᠣᠬᠲᠠᠪᠠᠯ᠂  ᠦᠢᠯᠡᠳᠪᠦᠷᠢ ᠬᠤᠲᠠᠯᠲᠣᠭᠠᠨ ᠤ ᠰᠠᠯᠠᠭ᠎ᠠ ᠮᠦᠴᠢᠷ ᠠᠴᠠ ᠣᠷᠢᠳᠠᠪᠡᠷ ᠡᠵᠡᠩᠨᠡᠯᠲᠡ ᠶᠢᠨ ᠦᠨᠡᠮᠯᠡᠯ ᠣᠯᠭᠤᠵᠦ᠂ ᠭᠤᠣᠯ  ᠴᠣᠬᠴᠠ ᠶᠢᠨ ᠬᠢᠷᠢ ᠭᠡᠮ ᠢ ᠨᠢ ᠮᠡᠲᠡᠷᠡᠨ᠎ᠡ᠃ ᠠᠵᠦ ᠠᠬᠤᠢᠢᠯᠠᠯ ᠠᠴᠠ 1 ᠵᠢᠯ ᠤᠨ ᠬᠤᠭᠤᠴᠠᠭᠠᠨ ᠳᠤ ᠬᠠᠮᠢᠶ᠎ᠠ ᠪᠦᠬᠦᠢ  ᠵᠦᠪᠰᠢᠶᠡᠷᠡᠯ ᠤᠨ ᠮᠡᠲ᠋ᠧᠷᠢᠶᠠᠯ ᠪᠣᠶᠣ ᠵᠦᠪᠰᠢᠶᠡᠷᠡᠯ ᠤᠨ ᠦᠨᠡᠮᠯᠡᠯ ᠤᠯᠤᠬᠰᠠᠨ ᠤ ᠲᠠᠷᠠᠭ᠎ᠠ᠂ ᠦᠢᠯᠡᠳᠪᠦᠷᠢ ᠬᠤᠲᠠᠯᠲᠣᠭᠠᠨ ᠤ  ᠰᠠᠯᠠᠭ᠎ᠠ ᠮᠦᠴᠢᠷ ᠠᠴᠠ ᠲᠠᠬᠢᠨ ᠡᠵᠡᠩᠨᠡᠯᠲᠡ ᠶᠢᠨ ᠬᠦᠷᠢᠶ᠎ᠠ ᠬᠡᠪᠴᠢᠶ᠎ᠠ ᠶᠢ ᠨᠢ ᠬᠢᠨᠠᠨ ᠵᠦᠪᠰᠢᠶᠡᠷᠡᠨ ᠬᠤᠪᠢᠷᠠᠭᠤᠯᠵᠦ᠂  ᠡᠵᠡᠩᠨᠡᠯᠲᠡ ᠶᠢᠨ ᠬᠢᠷᠢ ᠭᠡᠮ ᠢ ᠨᠢ ᠨᠣᠲᠠᠯᠠᠨ ᠵᠦᠪᠰᠢᠶᠡᠷᠡᠨ᠎ᠡ᠃           ︵ᠲᠠᠪᠤ︶ ᠰᠣᠶᠣᠯ ᠤᠨ ᠠᠵᠦ ᠠᠬᠤᠢᠢᠯᠠᠯ ᠤᠨ ᠲᠠᠩᠰᠠᠯᠠᠭᠤᠯᠬᠤ ᠬᠦᠷᠦᠩᠭᠡ ᠶᠢᠨ ᠨᠦᠬᠦᠴᠡᠯ ᠢ ᠠᠭᠤᠵᠢᠭᠤ  ᠲᠠᠯᠪᠢᠨ᠎ᠠ᠃ ᠡᠩ ᠤᠨ ᠬᠦᠮᠦᠨ ᠪᠣᠶᠣ ᠬᠠᠣᠯᠢ ᠶᠢᠨ ᠡᠷᠭᠡᠲᠡᠨ ᠠᠴᠠ ᠪᠡᠯᠡ ᠣᠷᠣᠭᠤᠯᠵᠦ ᠰᠣᠶᠣᠯ ᠤᠨ ᠠᠵᠦ ᠠᠬᠤᠢᠢᠯᠠᠯ  ᠪᠠᠶᠢᠭᠤᠯᠬᠤ ᠳᠠᠭᠠᠨ᠂ ᠪᠦᠬᠦ ᠬᠤᠪᠢ ᠣᠷᠣᠭᠤᠯᠣᠬᠴᠢ ᠪᠣᠶᠣ ᠰᠡᠲᠦᠵᠦ ᠰᠠᠨᠠᠭᠠᠴᠢᠯᠠᠬᠰᠠᠨ ᠬᠦᠮᠦᠨ ᠤ ᠠᠩᠬ᠎ᠠ ᠣᠲᠠᠭ᠎ᠠ  ᠭᠠᠷᠭᠠᠬᠤ ᠬᠦᠷᠦᠩᠭᠡ ᠨᠢ ᠲᠠᠩᠰᠠᠯᠠᠭᠤᠯᠣᠬᠰᠠᠨ ᠬᠦᠷᠦᠩᠭᠡ ᠶᠢᠨ 20% ᠬᠦᠷᠪᠡᠯ ᠪᠣᠯᠴᠢᠬᠠᠬᠤ ᠪᠦᠭᠡᠳ ᠦᠯᠡᠲᠡᠭᠰᠡᠨ  ᠬᠡᠰᠡᠭ ᠢ ᠨᠢ ᠺᠣᠮᠫᠠᠨᠢ ᠪᠠᠶᠢᠭᠤᠯᠣᠬᠲᠠᠬᠰᠠᠨ ᠡᠳᠦᠷ ᠠᠴᠠ ᠡᠬᠢᠯᠡᠨ 2 ᠵᠢᠯ ᠤᠨ ᠬᠤᠭᠤᠴᠠᠭᠠᠨ ᠳᠤ ᠨᠦᠬᠦᠪᠦᠷᠢᠯᠡᠬᠦ ᠬᠡᠷᠡᠭᠲᠡᠢ᠃ ᠲᠦᠷ ᠵᠠᠭᠤᠷ᠎ᠠ ᠬᠦᠴᠢᠷᠲᠡᠯ ᠠᠴᠠ ᠪᠣᠯᠵᠦ ᠬᠠᠣᠯᠢ ᠳᠤ ᠲᠣᠬᠲᠠᠭᠠᠬᠰᠠᠨ ᠬᠤᠭᠤᠴᠠᠭᠠᠨ ᠲᠣᠲᠣᠷ᠎ᠠ ᠲᠠᠩᠰᠠᠯᠠᠭᠤᠯᠣᠬᠰᠠᠨ  ᠬᠦᠷᠦᠩᠭᠡ ᠪᠠᠨ ᠪᠦᠷᠢᠨ ᠲᠣᠰᠢᠶᠠᠵᠦ ᠲᠡᠶᠢᠯᠬᠦ ᠦᠭᠡᠢ ᠠᠵᠦ ᠠᠬᠤᠢᠢᠯᠠᠯ 1 ᠰᠠᠷ᠎ᠠ ᠠᠴᠠ ᠡᠮᠦᠨ᠎ᠡ ᠣᠷᠢᠳᠴᠢᠯᠡᠨ  ᠡᠷᠡᠮᠡᠯᠵᠡᠯᠡᠯ ᠭᠠᠷᠭᠠᠵᠦ᠂ ᠲᠠᠩᠰᠠᠯᠬᠰᠠᠨ ᠪᠠᠶᠢᠭᠤᠯᠤᠯᠭ᠎ᠠ ᠠᠴᠠ ᠲᠠᠬᠢᠨ 1 ᠵᠢᠯ ᠤᠨ ᠬᠤᠭᠤᠴᠠᠭ᠎ᠠ ᠣᠷᠲᠣᠳᠬᠠᠵᠤ ᠦᠭᠴᠤ  ᠪᠤᠯᠤᠨ᠎ᠠ᠃           ︵ᠵᠢᠷᠭᠤᠭ᠎ᠠ︶ ᠠᠵᠣ ᠠᠬᠤᠢᠢᠯᠠᠯ ᠠᠴᠠ ᠣᠯᠠᠨ ᠵᠦᠢᠯ ᠤᠨ ᠠᠷᠭ᠎ᠠ ᠬᠡᠯᠪᠡᠷᠢ ᠪᠠᠷ ᠪᠡᠯᠡ ᠭᠠᠷᠭᠠᠵᠦ᠂ ᠪᠡᠯᠡ  ᠬᠤᠷᠠᠮᠳᠤᠭᠤᠯᠵᠤ ᠪᠣᠯᠣᠨ᠎ᠠ᠃ ᠪᠡᠯᠡ ᠣᠷᠣᠭᠤᠯᠣᠬᠴᠢ ᠠᠴᠠ ︽ᠺᠣᠮᠫᠠᠨᠢ ᠶᠢᠨ ᠬᠠᠣᠯᠢ︾ ᠶᠢᠨ ᠲᠣᠬᠲᠠᠭᠠᠯ ᠶᠣᠰᠣᠭᠠᠷ  ᠵᠣᠭᠤᠰ᠂ ᠪᠣᠲᠠᠲᠣ ᠡᠳ᠋᠂ ᠮᠡᠲᠡᠯᠭᠡ ᠶᠢᠨ ᠦᠮᠴᠢᠯᠡᠯ ᠤᠨ ᠡᠷᠭᠡ᠂ ᠭᠠᠵᠠᠷ ᠰᠢᠷᠣᠢ ᠡᠵᠡᠩᠨᠡᠬᠦ ᠡᠷᠭᠡ ᠵᠡᠷᠭᠡ ᠪᠠᠷ ᠪᠡᠯᠡ  ᠣᠷᠣᠭᠤᠯᠵᠦ ᠪᠤᠯᠬᠤ ᠮᠦᠷᠳᠡᠭᠡᠨ᠂ ᠪᠦᠬᠦ ᠬᠤᠪᠢ ᠣᠷᠣᠭᠤᠯᠣᠬᠴᠢ ᠶᠢᠨ ᠵᠦᠪᠰᠢᠶᠡᠷᠡᠯ ᠢ ᠲᠠᠮᠵᠢᠵᠦ᠂ ᠰᠲ᠋ᠣᠺ ᠤᠨ ᠡᠷᠭᠡ᠂  ᠠᠪᠴᠠᠭᠠᠨ ᠤ ᠡᠷᠭᠡ ᠪᠣᠯᠣᠨ ᠵᠣᠭᠤᠰ ᠢᠶᠠᠷ ᠦᠨ᠎ᠡ ᠶᠢ ᠨᠢ ᠪᠠᠷᠣᠬᠴᠠᠭᠠᠯᠠᠬᠤ ᠶᠢᠨ ᠬᠠᠮᠲᠣ ᠬᠠᠣᠯᠢ ᠶᠣᠰᠣᠭᠠᠷ ᠰᠢᠯᠵᠢᠬᠦᠯᠵᠤ  ᠪᠤᠯᠬᠤ ᠡᠳ᠋ ᠬᠦᠷᠦᠩᠭᠡ ᠪᠠᠨ ᠦᠨᠡᠯᠡᠵᠤ᠂ ᠺᠣᠮᠫᠠᠨᠢ ᠶᠢᠨ ᠠᠩᠬᠠᠨ ᠤ ᠬᠤᠭᠤᠴᠠᠭᠠᠨ ᠤ ᠪᠡᠯᠡ ᠮᠦᠩᠬᠦ ᠪᠣᠶᠣ ᠡᠰᠡᠬᠦᠯ᠎ᠠ  ᠲᠠᠩᠰᠠᠯᠠᠭᠤᠯᠣᠬᠰᠠᠨ ᠬᠦᠷᠦᠩᠭᠡ ᠪᠠᠨ ᠨᠡᠮᠡᠭᠳᠡᠭᠦᠯᠵᠤ ᠪᠣᠯᠣᠨ᠎ᠠ᠃ ᠪᠦᠬᠦ ᠬᠤᠪᠢ ᠣᠷᠣᠭᠤᠯᠣᠬᠴᠢ ᠵᠦᠪᠰᠢᠶᠡᠷᠡᠯ ᠢ ᠲᠠᠮᠵᠢᠵᠦ  ᠂ ᠰᠢᠨᠵᠢᠯᠡᠭᠡ ᠮᠡᠷᠭᠡᠵᠢᠯ ᠤᠨ ᠴᠢᠨᠠᠷᠲᠠᠢ ᠰᠣᠶᠣᠯ ᠤᠨ ᠠᠵᠦ ᠠᠬᠤᠢᠢᠯᠠᠯ ᠤᠨ ᠬᠤᠪᠢ ᠣᠷᠣᠭᠤᠯᠣᠬᠴᠢ ᠦᠪᠡᠷ ᠤᠨ  ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢᠶᠠᠨ ᠵᠤᠭᠤᠰ ᠢᠶᠠᠷ ᠦᠨᠡᠯᠡᠵᠤ ᠪᠡᠯᠡ ᠤᠷᠤᠭᠤᠯᠤᠯᠳᠠ ᠪᠣᠯᠭᠠᠵᠦ ᠪᠣᠯᠣᠨ᠎ᠠ᠃            ︵ᠲᠣᠯᠤᠭ᠎ᠠ︶ ᠪᠠᠶᠢᠭᠤᠯᠤᠮᠵᠢ ᠪᠠᠨ ᠦᠭᠡᠷᠡᠴᠢᠯᠡᠭᠰᠡᠨ ᠰᠣᠶᠣᠯ ᠤᠨ ᠨᠢᠭᠡᠴᠡ ᠪᠠᠶᠢᠭᠤᠯᠤᠮᠵᠢ ᠪᠠᠨ  ᠦᠭᠡᠷᠡᠴᠢᠯᠡᠭᠰᠡᠨ ᠤ ᠲᠠᠷᠠᠭ᠎ᠠ ᠲᠠᠩᠰᠠᠯᠠᠭᠤᠯᠬᠤ ᠦᠶᠡᠰ᠂ ᠣᠣᠯ ᠤᠨ ᠲᠣᠰᠬᠠᠢ ᠲᠦᠷᠦᠯ ᠢ ᠵᠦᠪᠰᠢᠶᠡᠷᠡᠭᠰᠡᠨ ᠵᠠᠰᠠᠬ  ᠵᠠᠬᠢᠷᠭᠠᠨ ᠤ ᠵᠦᠪᠰᠢᠶᠡᠷᠡᠯ ᠤᠨ ᠲᠦᠷᠦᠯ ᠵᠦᠢᠯ ᠨᠢ ᠬᠦᠴᠦᠨ ᠪᠦᠬᠦᠢ ᠬᠤᠭᠤᠴᠠᠭᠠᠨ ᠲᠣᠲᠣᠷ᠎ᠠ ᠲᠠᠬᠢᠵᠦ ᠵᠦᠪᠰᠢᠶᠡᠷᠡᠯ ᠤᠨ  ᠭᠠᠷ ᠬᠦᠢᠴᠡᠳᠭᠡᠯ ᠬᠢᠬᠦ ᠦᠭᠡᠢ᠂ ᠭᠡᠪᠡᠴᠤ ᠬᠠᠭᠠᠰ ᠵᠢᠯ ᠤᠨ ᠲᠣᠲᠣᠷ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠬᠦᠷᠴᠦ  ᠵᠠᠰᠠᠬ ᠵᠠᠬᠢᠷᠭᠠᠨ ᠤ ᠵᠦᠪᠰᠢᠶᠡᠷᠡᠯ ᠢ ᠬᠤᠪᠢᠷᠠᠭᠤᠯᠬᠤ ᠭᠠᠷ ᠬᠦᠢᠴᠡᠳᠭᠡᠯ ᠬᠢᠬᠦ ᠶᠢᠨ ᠬᠠᠮᠲᠣ ᠦᠢᠯᠡᠳᠪᠦᠷᠢ ᠬᠤᠲᠠᠯᠲᠣᠭᠠᠨ ᠤ  ᠲᠠᠩᠰᠠᠯᠠᠭᠤᠯᠬᠤ ᠪᠠᠶᠢᠭᠤᠯᠣᠯᠭ᠎ᠠ ᠳᠤ ᠬᠦᠷᠴᠦ ᠲᠠᠩᠰᠠᠯᠠᠭᠤᠯᠣᠨ᠎ᠠ᠃ ᠡᠵᠡᠩᠨᠡᠯᠲᠡ ᠶᠢᠨ ᠴᠢᠨᠠᠷᠲᠠᠢ ᠰᠣᠶᠣᠯ ᠤᠨ ᠠᠵᠢᠯ  ᠦᠢᠯᠡᠰ ᠤᠨ ᠨᠢᠭᠡᠴᠡ ᠪᠠᠶᠢᠭᠤᠯᠤᠮᠵᠢ ᠪᠠᠨ ᠦᠭᠡᠷᠡᠴᠢᠯᠡᠵᠤ ᠠᠵᠦ ᠠᠬᠤᠢᠢᠯᠠᠯ ᠪᠣᠯᠣᠬᠰᠠᠨ ᠪᠠᠶᠢᠪᠠᠯ᠂ ᠪᠠᠶᠢᠭᠤᠯᠤᠮᠵᠢ ᠪᠠᠨ  ᠦᠭᠡᠷᠡᠴᠢᠯᠡᠵᠦ ᠲᠠᠬᠢᠨ ᠵᠣᠬᠢᠶᠠᠨ ᠪᠠᠶᠢᠭᠤᠯᠬᠤ ᠶᠠᠪᠣᠴᠠ ᠲᠣᠮᠲᠠ ᠨᠡᠷ᠎ᠡ ᠶᠢ ᠨᠢ ᠦᠭᠡᠷᠡᠴᠢᠯᠡᠵᠦ ᠲᠠᠩᠰᠠᠯᠠᠬᠤ ᠪᠠ ᠭᠠᠵᠠᠷ  ᠰᠢᠷᠣᠢ ᠬᠡᠷᠡᠭᠯᠡᠬᠦ ᠦᠨᠡᠮᠯᠡᠯ᠂ ᠭᠡᠷ ᠪᠠᠶᠢᠰᠢᠩ ᠤᠨ ᠦᠮᠴᠢᠯᠡᠯ ᠤᠨ ᠡᠷᠭᠡ ᠵᠡᠷᠭᠡ ᠶᠢ ᠰᠢᠯᠵᠢᠬᠦᠯᠬᠦ ᠭᠠᠷ ᠬᠦᠢᠴᠡᠳᠭᠡᠯ ᠬᠢᠬᠦ ᠳᠤ  ᠣᠯᠣᠰ ᠠᠴᠠ ᠲᠣᠬᠲᠠᠭᠠᠬᠰᠠᠨ ᠰᠦᠢᠳᠭᠡᠯ  ᠠᠴᠠ ᠭᠠᠲᠠᠨ᠎ᠠ ᠬᠠᠮᠢᠶ᠎ᠠ ᠪᠦᠬᠦᠢ ᠰᠦᠢᠳᠭᠡᠯ ᠠᠴᠠ ᠬᠡᠯᠲᠦᠷᠢᠬᠦᠯᠦᠨ᠎ᠡ᠃           ᠬᠤᠶᠠᠷ᠂ ᠪᠡᠯᠡ ᠮᠦᠩᠬᠦ ᠶᠢᠨ ᠲᠡᠮᠵᠢᠯᠭᠡ           ︵ᠨᠠᠢᠮᠠ︶ ᠡᠯ᠎ᠠ ᠱᠠᠲᠣᠨ ᠤ ᠠᠷᠠᠳ ᠤᠨ ᠵᠠᠰᠠᠬ ᠤᠨ ᠣᠷᠲᠣᠨ ᠡᠳ᠋ ᠤᠨ ᠵᠠᠰᠠᠬ ᠤᠨ ᠲᠦᠰᠦᠯ ᠢᠶᠠᠨ  ᠲᠣᠬᠢᠷᠠᠭᠤᠯᠬᠤ ᠦᠶᠡᠰ᠂ ᠰᠣᠶᠣᠯ ᠤᠨ ᠠᠵᠦ ᠦᠢᠯᠡᠰ ᠤᠨ ᠬᠦᠭᠵᠢᠯᠲᠡ ᠶᠢᠨ ᠲᠣᠰᠬᠠᠢ ᠲᠦᠷᠦᠯ ᠤᠨ ᠪᠡᠯᠡ ᠮᠦᠩᠬᠦ ᠪᠠᠨ  ᠵᠢᠯ ᠲᠣᠲᠣᠮ ᠨᠡᠮᠡᠭᠲᠡᠬᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠲᠤᠰ ᠱᠠᠳᠤᠨ ᠤ ᠡᠳ᠋ ᠤᠨ ᠵᠠᠰᠠᠬ 2013 ᠤᠨ   ᠠᠴᠠ ᠡᠬᠢᠯᠡᠨ᠂ ᠦᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠦ ᠦᠢᠯᠡᠰ ᠤᠨ ᠬᠦᠭᠵᠢᠯᠲᠡ ᠶᠢᠨ ᠲᠣᠰᠬᠠᠢ  ᠲᠦᠷᠦᠯ ᠤᠨ ᠪᠡᠯᠡ ᠮᠦᠩᠬᠦ ᠶᠢ 3 ᠳ᠋ᠦᠩᠰᠢᠭᠤᠷ ᠲᠦᠬᠦᠷᠢᠭ ᠠᠴᠠ ᠲᠡᠭᠡᠭᠰᠢ ᠪᠣᠯᠭᠠᠨ ᠨᠡᠮᠡᠭᠲᠡᠬᠦᠯᠬᠦ ᠪᠦᠭᠡᠳ ᠲᠡᠬᠦᠨ ᠠᠴᠠ  ᠬᠤᠶᠢᠰᠢ ᠵᠢᠯ ᠲᠠᠷᠠᠭᠠᠯᠠᠨ ᠨᠡᠮᠡᠭᠲᠡᠬᠦᠯᠵᠦ᠂ 2015 ᠤᠨ ᠪᠣᠯᠬᠤ ᠳᠤ 5 ᠳ᠋ᠦᠩᠰᠢᠭᠤᠷ ᠲᠦᠬᠦᠷᠢᠭ ᠠᠴᠠ ᠲᠡᠭᠡᠭᠰᠢ  ᠪᠣᠯᠭᠠᠨ ᠨᠡᠮᠡᠭᠲᠡᠬᠦᠯᠦᠨ᠎ᠠ᠃ ᠲᠣᠰᠬᠠᠢ ᠲᠦᠷᠦᠯ ᠤᠨ ᠪᠡᠯᠡ ᠮᠦᠩᠬᠦ ᠶᠢ ᠲᠦᠷᠦᠯ ᠵᠦᠢᠯ ᠤᠨ ᠨᠦᠬᠦᠪᠦᠷᠢ᠂ ᠵᠢᠭᠡᠯᠡᠯᠭᠡ ᠶᠢᠨ  ᠬᠦᠦ ᠮᠦᠩᠬᠦ ᠶᠢᠨ ᠨᠦᠬᠦᠪᠦᠷᠢ᠂ ᠵᠠᠷᠣᠲᠠᠯ ᠢ ᠪᠠᠲᠣᠯᠠᠬᠤ ᠨᠦᠬᠦᠪᠦᠷᠢ᠂ ᠦᠷ᠎ᠡ ᠪᠦᠲᠦᠮᠵᠢ ᠶᠢᠨ ᠱᠠᠩᠨᠠᠯ ᠵᠡᠷᠭᠡ ᠬᠡᠯᠪᠡᠷᠢ ᠪᠠᠷ  ᠨᠢᠷᠣᠭᠤᠪᠴᠢ ᠰᠣᠶᠣᠯ ᠤᠨ ᠠᠵᠦ ᠠᠬᠤᠢᠢᠯᠠᠯ ᠢ ᠬᠦᠮᠦᠵᠢᠬᠦᠯᠬᠦ ᠳᠤ ᠬᠡᠷᠡᠭᠯᠡᠵᠦ᠂ ᠣᠲᠣᠬᠢᠴᠢᠯᠠᠬᠰᠠᠨ ᠰᠣᠶᠣᠯ ᠤᠨ ᠠᠵᠦ  ᠦᠢᠯᠡᠰ ᠤᠨ ᠲᠣᠬᠲᠠᠯᠴᠠᠭ᠎ᠠ ᠶᠢ ᠪᠠᠶᠢᠭᠤᠯᠣᠨ᠂ ᠮᠦᠩᠬᠦᠨ ᠬᠦᠢᠯᠭᠡᠭᠡ ᠶᠢᠨ ᠬᠦᠷᠦᠩᠭᠡ ᠪᠣᠯᠣᠨ ᠰᠣᠶᠣᠯ ᠤᠨ ᠡᠬᠢ  ᠪᠠᠶᠠᠯᠢᠬ ᠤᠨ ᠠᠭᠤᠰᠣᠯᠴᠠᠯ ᠢ ᠠᠬᠢᠭᠤᠯᠵᠦ᠂ ᠰᠢᠨᠵᠢᠯᠡᠭᠡ ᠮᠡᠷᠭᠡᠵᠢᠯ ᠤᠨ ᠰᠢᠨ᠎ᠠ ᠶᠢ ᠡᠬᠦᠳᠬᠦ ᠪᠠ ᠰᠣᠶᠣᠯ ᠤᠨ ᠣᠯᠠᠮᠵᠢᠯᠠᠨ  ᠲᠠᠮᠵᠢᠭᠤᠯᠬᠤ ᠰᠢᠰᠲ᠋ᠧᠮ ᠤᠨ ᠪᠠᠶᠢᠭᠤᠯᠣᠯᠲᠠ ᠶᠢ ᠠᠬᠢᠭᠤᠯᠣᠨ᠎ᠠ᠃            ︵ᠶᠢᠰᠦ︶ ᠣᠷᠣᠨ ᠨᠣᠲᠤᠬ ᠤᠨ ᠡᠯ᠎ᠠ ᠱᠠᠲᠣᠨ ᠤ ᠠᠷᠠᠳ ᠤᠨ ᠵᠠᠰᠠᠬ ᠤᠨ ᠣᠷᠲᠣᠨ᠂ ᠠᠵᠣ ᠠᠬᠤᠢᠢᠯᠠᠯ ᠠᠴᠠ  ᠣᠯᠣᠰ ᠤᠨ ᠲᠣᠲᠣᠭᠠᠲᠣ ᠭᠠᠲᠠᠭᠠᠲᠣ ᠶᠢᠨ ᠨᠡᠷ᠎ᠡ ᠨᠦᠯᠦᠭᠡ ᠪᠦᠬᠦᠢ ᠰᠣᠶᠣᠯ ᠤᠨ ᠨᠡᠷᠡᠲᠦ ᠠᠵᠣ ᠠᠬᠤᠢᠢᠯᠠᠯ ᠤᠨ ᠶᠡᠷᠦᠩᠭᠡᠢ  ᠭᠠᠵᠠᠷ ᠢ ᠮᠠᠨ ᠤ ᠣᠷᠣᠨ ᠳᠤ ᠣᠷᠣᠭᠤᠯᠣᠨ ᠨᠤᠳᠤᠬᠰᠢᠭᠤᠯᠪᠠᠯ᠂ ᠦᠪᠡᠷᠲᠡᠭᠡᠨ ᠵᠠᠰᠠᠬᠤ ᠣᠷᠣᠨ ᠠᠴᠠ ᠵᠣᠬᠢᠬᠤ ᠬᠡᠮᠵᠢᠶ᠎ᠡ   ᠪᠠᠷ ᠬᠦᠬᠢᠬᠦᠯᠦᠨ ᠱᠠᠩᠨᠠᠨ᠎ᠠ᠃            ︵ᠠᠷᠪᠠ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠣᠶᠣᠯ ᠤᠨ ᠦᠢᠯᠡᠴᠢᠯᠡᠭᠡ ᠶᠢ ᠡᠬᠦᠷᠭᠡᠯᠡᠭᠰᠡᠨ ᠠᠴᠠ ᠪᠤᠯᠵᠤ  ᠡᠳ᠋ ᠤᠨ ᠵᠠᠰᠠᠬ ᠨᠢ ᠦᠷᠢᠲᠦᠭᠰᠡᠨ ᠣᠯᠣᠰ ᠤᠨ ᠦᠮᠴᠢᠯᠡᠯᠲᠦ ᠰᠣᠶᠣᠯ ᠤᠨ ᠠᠵᠦ ᠠᠬᠤᠢᠢᠯᠠᠯ ᠢ ᠠᠲᠠᠯᠢ ᠱᠠᠲᠣᠨ ᠤ  ᠡᠳ᠋ ᠤᠨ ᠵᠠᠰᠠᠬ ᠤᠨ ᠰᠠᠯᠠᠭ᠎ᠠ ᠮᠦᠴᠢᠷ ᠠᠴᠠ ᠬᠢᠨᠠᠵᠦ ᠬᠠᠮᠢᠶ᠎ᠠ ᠪᠦᠬᠦᠢ ᠵᠦᠪᠰᠢᠶᠡᠷᠡᠯ ᠤᠨ ᠭᠠᠷ ᠬᠦᠢᠴᠡᠳᠭᠡᠯ ᠢ  ᠬᠦᠢᠴᠡᠳᠭᠡᠭᠰᠡᠨ ᠤ ᠲᠠᠷᠠᠭ᠎ᠠ ᠡᠳ᠋ ᠤᠨ ᠵᠠᠰᠠᠬ ᠤᠨ ᠪᠦᠷᠢᠨ ᠨᠦᠬᠦᠪᠦᠷᠢ ᠣᠯᠭᠤᠨ᠎ᠠ᠃           ᠭᠤᠷᠪᠠ᠂ ᠭᠠᠶᠢᠯᠢ ᠶᠢ ᠬᠠᠰᠣᠵᠦ ᠬᠡᠯᠲᠦᠷᠢᠬᠦᠯᠬᠦ            ︵ᠠᠷᠪᠠᠨ ᠨᠢᠭᠡ︶ ᠡᠵᠡᠩᠨᠡᠯᠲᠡ ᠶᠢᠨ ᠴᠢᠨᠠᠷᠲᠠᠢ ᠰᠣᠶᠣᠯ ᠤᠨ ᠠᠵᠢᠯ ᠦᠢᠯᠡᠰ ᠤᠨ ᠨᠢᠭᠡᠴᠡ ᠪᠠᠶᠢᠭᠤᠯᠤᠮᠵᠢ ᠪᠠᠨ  ᠦᠭᠡᠷᠡᠴᠢᠯᠡᠵᠤ ᠠᠵᠦ ᠠᠬᠤᠢᠢᠯᠠᠯ ᠪᠣᠯᠣᠬᠰᠠᠨ ᠤ ᠲᠠᠷᠠᠭ᠎ᠠ᠂ ᠲᠠᠩᠰᠠᠯᠠᠭᠤᠯᠣᠬᠰᠠᠨ ᠡᠳᠦᠷ ᠠᠴᠠ ᠡᠬᠢᠯᠡᠨ ᠣᠯᠣᠰ ᠤᠨ  ᠲᠦᠷᠦ ᠶᠢᠨ ᠪᠣᠲᠣᠯᠭ᠎ᠠ ᠶᠢᠨ ᠲᠣᠬᠲᠠᠭᠠᠬᠰᠠᠨ ᠬᠤᠭᠤᠴᠠᠭᠠᠨ ᠲᠣᠲᠣᠷ᠎ᠠ ᠠᠵᠦ ᠠᠬᠤᠢᠢᠯᠠᠯ ᠤᠨ ᠣᠯᠵᠠᠪᠣᠷᠢ ᠶᠢ ᠭᠠᠶᠢᠯᠢ ᠶᠢ  ᠬᠡᠯᠲᠦᠷᠢᠬᠦᠯᠦᠨ᠎ᠡ᠃                 ︵ᠠᠷᠪᠠᠨ ᠬᠤᠶᠠᠷ︶ ᠡᠳ᠋ ᠤᠨ ᠵᠠᠰᠠᠬ ᠤᠨ ᠰᠠᠯᠠᠭ᠎ᠠ ᠮᠦᠴᠢᠷ ᠠᠴᠠ ᠠᠵᠢᠯ ᠦᠢᠯᠡᠰ ᠤᠨ ᠵᠠᠷᠣᠲᠠᠯ ᠮᠦᠩᠬᠦ ᠶᠢ ᠨᠢ  ᠦᠭᠴᠦ ᠪᠠᠶᠢᠬᠤ ᠡᠵᠡᠩᠨᠡᠯᠲᠡ ᠶᠢᠨ ᠴᠢᠨᠠᠷᠲᠠᠢ ᠰᠣᠶᠣᠯ ᠤᠨ ᠠᠵᠢᠯ ᠦᠢᠯᠡᠰ ᠤᠨ ᠨᠢᠭᠡᠴᠡ ᠪᠠᠶᠢᠭᠤᠯᠤᠮᠵᠢ ᠪᠠᠨ  ᠦᠭᠡᠷᠡᠴᠢᠯᠡᠵᠤ ᠠᠵᠦ ᠠᠬᠤᠢᠢᠯᠠᠯ ᠪᠤᠯᠪᠠᠯ ᠲᠡᠲᠡᠨ ᠤ ᠦᠪᠡᠰᠦᠪᠡᠨ ᠬᠡᠷᠡᠭᠯᠡᠬᠦ ᠭᠡᠷ ᠬᠦᠷᠦᠩᠭᠡ ᠠᠴᠠ ᠭᠡᠷ ᠬᠦᠷᠦᠩᠭᠡ ᠶᠢᠨ  ᠭᠠᠶᠢᠯᠢ ᠲᠠᠲᠠᠪᠣᠷᠢᠯᠠᠬᠤ ᠶᠢ ᠬᠡᠯᠲᠦᠷᠢᠬᠦᠯᠦᠨ᠎ᠡ᠃                                                                                                                                                         ︵ᠠᠷᠪᠠᠨ ᠭᠤᠷᠪᠠ︶ ᠡᠵᠡᠩᠨᠡᠯᠲᠡ ᠶᠢᠨ ᠴᠢᠨᠠᠷᠲᠠᠢ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ   ᠪᠠᠨ ᠦᠭᠡᠷᠡᠴᠢᠯᠡᠬᠦ ᠶᠠᠪᠣᠴᠠ ᠲᠣᠮᠲᠠ ᠂ ᠰᠲ᠋ᠣᠺ ᠤᠨ ᠡᠷᠭᠡ ᠶᠢ ᠰᠢᠯᠵᠢᠬᠦᠯᠬᠦ ᠠᠴᠠ ᠡᠵᠡᠩᠨᠡᠯᠲᠡ ᠶᠢᠨ ᠭᠠᠶᠢᠯᠢ  ᠲᠠᠲᠠᠪᠣᠷᠢᠯᠠᠬᠤ ᠶᠢ ᠬᠡᠯᠲᠦᠷᠢᠬᠦᠯᠵᠦ᠂ ᠲᠠᠯᠲᠠ ᠬᠦᠷᠦᠩᠭᠡ᠂ ᠲᠣᠬᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠪᠠᠷ ᠬᠤᠪᠢ  ᠣᠷᠣᠵᠦ᠂ ᠬᠤᠪᠢ ᠣᠷᠣᠭᠤᠯᠣᠯᠲᠠ ᠶᠢᠨ ᠲᠠᠯ᠎ᠠ ᠶᠢᠨ ᠠᠰᠢᠬ ᠣᠯᠵᠠᠪᠣᠷᠢ ᠶᠢᠨ ᠬᠤᠪᠢᠶᠠᠷᠢᠯᠠᠯᠲᠠ ᠳᠤ ᠣᠷᠣᠯᠴᠠᠬᠤ ᠶᠢ  ᠵᠦᠪᠰᠢᠶᠡᠷᠡᠵᠦ᠂ ᠪᠡᠯᠡ ᠣᠷᠣᠭᠤᠯᠣᠯᠲᠠ ᠶᠢᠨ ᠠᠶᠣᠯ ᠲᠦᠭᠰᠢᠬᠦᠷᠢ ᠶᠢ ᠬᠠᠮᠲᠣ ᠪᠠᠷ ᠡᠬᠦᠷᠭᠡᠯᠡᠪᠡᠯ ᠡᠵᠡᠩᠨᠡᠯᠲᠡ ᠶᠢᠨ ᠭᠠᠶᠢᠯᠢ  ᠲᠠᠲᠠᠪᠣᠷᠢᠯᠠᠬᠤ ᠠᠴᠠ ᠬᠡᠯᠲᠦᠷᠢᠬᠦᠯᠦᠨ᠎ᠠ᠃            ︵ᠠᠷᠪᠠᠨ ᠲᠦᠷᠪᠡ︶ ᠣᠯᠣᠰ ᠪᠣᠯᠣᠨ ᠦᠪᠡᠷᠲᠡᠭᠡᠨ ᠵᠠᠰᠠᠬᠤ ᠣᠷᠣᠨ ᠠᠴᠠ ᠵᠣᠷᠢᠬᠵᠢᠭᠤᠯᠵᠦ ᠰᠢᠨ᠎ᠠ ᠪᠠᠷ  ᠡᠷᠬᠢᠯᠡᠭᠰᠡᠨ ᠰᠣᠶᠣᠯ ᠤᠨ ᠠᠵᠦ ᠠᠬᠤᠢᠢᠯᠠᠯ ᠢ ᠦᠢᠯᠡᠳᠪᠦᠷᠢ ᠬᠤᠲᠠᠯᠲᠣᠭᠠᠨ ᠤ ᠰᠠᠯᠠᠭ᠎ᠠ ᠮᠦᠴᠢᠷ ᠲᠤ ᠲᠠᠩᠰᠠᠯᠠᠭᠤᠯᠣᠬᠰᠠᠨ  ᠡᠳᠦᠷ ᠠᠴᠠ ᠡᠬᠢᠯᠡᠨ 5 ᠵᠢᠯ ᠤᠨ ᠲᠣᠲᠣᠷ᠎ᠠ ᠠᠵᠦ ᠠᠬᠤᠢᠢᠯᠠᠯ ᠤᠨ ᠠᠰᠢᠬ ᠣᠯᠵᠠᠪᠣᠷᠢ ᠶᠢᠨ ᠭᠠᠶᠢᠯᠢ ᠶᠢᠨ ᠣᠷᠣᠨ  ᠨᠣᠲᠤᠬ ᠤᠨ ᠬᠠᠮᠲᠣ ᠪᠠᠷ ᠡᠳ᠋ᠯᠡᠬᠦ ᠬᠡᠰᠡᠭ ᠢ ᠬᠡᠯᠲᠦᠷᠢᠬᠦᠯᠦᠨ᠎ᠠ᠃            ︵ᠠᠷᠪᠠᠨ ᠲᠠᠪᠤ︶ ᠷᠠᠳᠢᠣ᠋ ᠺᠢᠨᠣ᠋ ᠲᠧᠯᠸᠢᠰ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ  ᠵᠦᠪᠰᠢᠶᠡᠷᠡᠯ ᠢᠶᠠᠷ ᠺᠢᠨᠣ᠋ ᠦᠢᠯᠡᠳᠬᠦ᠂ ᠲᠠᠷᠬᠠᠭᠠᠬᠤ᠂ ᠭᠠᠷᠭᠠᠬᠤ ᠠᠵᠢᠯ ᠡᠷᠬᠢᠯᠡᠵᠦ ᠪᠠᠶᠢᠭ᠎ᠠ ᠺᠢᠨᠣ᠋ ᠶᠢᠨ ᠪᠦᠯᠦᠭᠯᠡᠯ ᠺᠣᠮᠫᠠᠨᠢ ︵ ᠬᠡᠰᠢᠬᠦᠨ ᠠᠵᠦ ᠠᠬᠤᠢᠢᠯᠠᠯ ᠪᠠᠭᠲᠠᠨ᠎ᠠ︶᠂ ᠺᠢᠨᠣ᠋ ᠦᠢᠯᠡᠳᠬᠦ ᠦᠢᠯᠡᠳᠪᠦᠷᠢ ᠪᠣᠯᠣᠨ ᠪᠣᠰᠣᠳ ᠺᠢᠨᠣ᠋ ᠶᠢᠨ ᠠᠵᠦ  ᠠᠬᠤᠢᠢᠯᠠᠯ ᠤᠨ ᠺᠢᠨᠣ᠋  ᠺᠤᠪᠢᠳᠠᠵᠤ ᠪᠣᠷᠣᠯᠠᠭᠤᠯᠵᠦ ᠣᠯᠣᠬᠰᠠᠨ ᠣᠷᠣᠯᠭ᠎ᠠ ︵ᠲᠤᠭᠠᠴᠢᠯᠠᠬᠰᠠᠨ ᠺᠤᠪᠢᠳᠠᠬᠤ ᠶᠢ ᠪᠠᠭᠳᠠᠭᠠᠨ᠎ᠠ︶᠂ ᠬᠡᠪᠯᠡᠯ ᠤᠨ ᠦᠮᠴᠢᠯᠡᠯ ᠤᠨ ᠡᠷᠭᠡ ᠶᠢ ᠰᠢᠯᠵᠢᠬᠦᠯᠦᠭᠰᠡᠨ ᠣᠷᠣᠯᠭ᠎ᠠ᠂ ᠺᠢᠨᠣ᠋ ᠲᠠᠷᠬᠠᠭᠠᠯᠲᠠ ᠶᠢᠨ ᠣᠷᠣᠯᠭ᠎ᠠ ᠪᠣᠯᠣᠨ  ᠮᠠᠯᠵᠢᠬᠤ ᠲᠠᠷᠢᠶᠠᠯᠠᠬᠤ ᠣᠷᠣᠨ ᠳᠤ ᠺᠢᠨᠣ᠋ ᠭᠠᠷᠭᠠᠬᠰᠠᠨ ᠣᠷᠣᠯᠭ᠎ᠠ ᠶᠢ ᠣᠯᠣᠰ ᠤᠨ ᠲᠦᠷᠦ ᠶᠢᠨ ᠪᠣᠲᠣᠯᠭ᠎ᠠ ᠶᠢᠨ  ᠲᠣᠬᠲᠠᠭᠠᠬᠰᠠᠨ ᠬᠤᠭᠤᠴᠠᠭᠠᠨ ᠲᠣᠲᠣᠷ᠎ᠠ ᠦᠷᠲᠡᠭ ᠤᠨ ᠨᠡᠮᠡᠭᠲᠡᠯ ᠭᠠᠶᠢᠯᠢ ᠪᠣᠯᠣᠨ ᠡᠵᠡᠩᠨᠡᠯᠲᠡ ᠶᠢᠨ ᠭᠠᠶᠢᠯᠢ  ᠲᠠᠲᠠᠪᠣᠷᠢᠯᠠᠬᠤ ᠠᠴᠠ ᠬᠡᠯᠲᠦᠷᠢᠬᠦᠯᠦᠨ᠎ᠠ᠃            ︵ᠠᠷᠪᠠᠨ ᠵᠢᠷᠭᠤᠭ᠎ᠠ︶ ᠰᠣᠶᠣᠯ ᠤᠨ ᠠᠵᠦ ᠦᠢᠯᠡᠰ ᠡᠷᠬᠢᠯᠡᠵᠦ ᠪᠠᠶᠢᠭ᠎ᠠ ᠨᠢᠭᠡᠴᠡ ᠶᠢᠨ ᠦᠪᠡᠰᠦᠪᠡᠨ ᠬᠡᠷᠡᠭᠯᠡᠬᠦ ᠭᠡᠷ  ᠬᠦᠷᠦᠩᠭᠡ᠂ ᠭᠠᠵᠠᠷ ᠰᠢᠷᠣᠢ ᠨᠢ ᠭᠡᠷ ᠬᠦᠷᠦᠩᠭᠡ ᠶᠢᠨ ᠭᠠᠶᠢᠯᠢ ᠪᠠ ᠬᠤᠲᠠ ᠪᠠᠯᠭᠠᠰᠣ ᠶᠢᠨ ᠭᠠᠵᠠᠷ ᠰᠢᠷᠣᠢ ᠬᠡᠷᠡᠭᠯᠡᠬᠦ  ᠭᠠᠶᠢᠯᠢ ᠲᠣᠰᠢᠶᠠᠬᠤ ᠳᠤ ᠦᠨᠡᠨᠬᠦ ᠬᠦᠴᠢᠷᠲᠡᠢ ᠪᠠᠶᠢᠪᠠᠯ᠂ ᠭᠠᠶᠢᠯᠢ ᠲᠠᠲᠠᠪᠣᠷᠢᠯᠠᠬᠤ ᠬᠠᠮᠢᠶᠠᠷᠣᠯᠲᠠ ᠶᠢᠨ ᠡᠷᠭᠡ ᠶᠢᠨ ᠲᠣᠲᠣᠷ᠎ᠠ  ᠭᠡᠷ ᠬᠦᠷᠦᠩᠭᠡ ᠶᠢᠨ ᠭᠠᠶᠢᠯᠢ ᠪᠣᠯᠣᠨ ᠬᠤᠲᠠ ᠪᠠᠯᠭᠠᠰᠣ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠣᠵᠦ  ᠬᠡᠯᠲᠦᠷᠢᠬᠦᠯᠤᠨ᠎ᠠ᠃            ︵ᠠᠷᠪᠠᠨ ᠲᠣᠯᠤᠭ᠎ᠠ︶ ᠨᠣᠮ ᠪᠢᠴᠢᠭ᠂ ᠰᠣᠨᠢᠨ ᠰᠡᠳᠬᠦᠯ᠂ ᠲᠠᠭᠤ ᠲᠦᠷᠰᠦ ᠦᠢᠯᠡᠳᠬᠦᠨ᠂ ᠡᠯᠧᠺᠲᠷᠣᠨ  ᠬᠡᠪᠯᠡᠯ ᠤᠨ ᠪᠦᠲᠦᠭᠡᠭᠲᠡᠬᠦᠨ᠂ ᠺᠢᠨᠣ᠋ ᠪᠠ ᠲᠧᠯᠸᠢᠰ ᠹᠢᠯᠢᠮ ᠨᠢ ᠲᠣᠬᠲᠠᠭᠠᠯ ᠶᠣᠰᠣᠭᠠᠷ ᠭᠠᠲᠠᠭᠠᠲᠣ ᠳᠤ ᠭᠠᠷᠭᠠᠬᠤ  ᠭᠠᠶᠢᠯᠢ ᠶᠢᠨ ᠪᠣᠴᠠᠭᠠᠬᠤ ᠲᠦᠷᠦ ᠶᠢᠨ ᠪᠣᠲᠣᠯᠭ᠎ᠠ ᠶᠢ ᠡᠳ᠋ᠯᠡᠨ᠎ᠡ᠃ ᠣᠯᠣᠰ ᠤᠨ ᠭᠠᠲᠠᠨ᠎ᠠ ᠲᠣᠬᠯᠠᠯᠲᠠ ᠭᠠᠷᠭᠠᠵᠦ ᠣᠯᠣᠬᠰᠠᠨ  ᠣᠷᠣᠯᠭ᠎ᠠ ᠠᠴᠠ ᠡᠵᠡᠩᠨᠡᠯᠲᠡ ᠶᠢᠨ ᠭᠠᠶᠢᠯᠢ ᠲᠠᠲᠠᠪᠣᠷᠢᠯᠠᠬᠤ ᠠᠴᠠ ᠬᠡᠯᠲᠦᠷᠢᠬᠦᠯᠦᠨ᠎ᠠ᠃ ᠭᠤᠣᠯᠲᠠᠯᠭᠠᠲᠣ ᠰᠣᠶᠣᠯ ᠤᠨ  ᠦᠢᠯᠡᠳᠬᠦᠨ ᠢ ᠦᠢᠯᠡᠳᠪᠦᠷᠢᠯᠡᠬᠦ ᠶᠢᠨ ᠲᠦᠯᠦᠭᠡ ᠣᠯᠣᠰ ᠤᠨ ᠲᠣᠲᠣᠭᠠᠲᠣ ᠳᠤ ᠦᠢᠯᠡᠳᠪᠦᠷᠢᠯᠡᠬᠦ ᠲᠡᠶᠢᠯᠬᠦ ᠦᠭᠡᠢ  ᠲᠦᠬᠦᠭᠡᠷᠦᠮᠵᠢ ᠪᠠ ᠢᠵᠢ ᠲᠣᠨᠤᠬ ᠢ ᠭᠠᠲᠠᠭᠠᠲᠣ ᠠᠴᠠ ᠣᠷᠣᠭᠤᠯᠣᠨ ᠠᠪᠴᠢᠷᠠᠪᠠᠯ ᠣᠲᠣᠬᠠᠨ ᠳᠤ ᠬᠡᠷᠡᠭᠵᠢᠬᠦᠯᠵᠦ ᠪᠦᠬᠦᠢ  ᠭᠠᠶᠢᠯᠢ ᠲᠠᠲᠠᠪᠣᠷᠢ ᠶᠢᠨ ᠬᠠᠮᠢᠶ᠎ᠠ ᠪᠦᠬᠦᠢ ᠲᠣᠬᠲᠠᠭᠠᠯ ᠶᠣᠰᠣᠭᠠᠷ ᠪᠣᠭᠤᠮᠲᠠ ᠶᠢᠨ ᠭᠠᠶᠢᠯᠢ ᠪᠣᠯᠣᠨ ᠪᠣᠭᠤᠮᠲᠠ ᠠᠴᠠ  ᠣᠷᠣᠭᠤᠯᠬᠤ ᠭᠤᠬᠴᠤᠭ᠎ᠠ ᠶᠢᠨ ᠨᠡᠮᠡᠭᠲᠡᠯ ᠦᠷᠲᠡᠭ ᠤᠨ ᠭᠠᠶᠢᠯᠢ ᠲᠠᠲᠠᠪᠣᠷᠢᠯᠠᠬᠤ ᠠᠴᠠ ᠬᠡᠯᠲᠦᠷᠢᠬᠦᠯᠦᠨ᠎ᠠ᠃             ︵ᠠᠷᠪᠠᠨ ᠨᠠᠢᠮᠠ︶ ᠪᠠᠷᠠᠭᠤᠨ ᠣᠷᠣᠨ ᠢ ᠶᠡᠬᠡᠪᠡᠷ ᠨᠡᠭᠡᠭᠡᠨ ᠬᠦᠭᠵᠢᠬᠦᠯᠬᠦ ᠭᠠᠶᠢᠯᠢ ᠲᠠᠲᠠᠪᠣᠷᠢᠯᠠᠬᠤ ᠬᠠᠷᠠᠭᠠᠯᠵᠠᠯ ᠤᠨ  ᠲᠦᠷᠦ ᠶᠢᠨ ᠪᠣᠲᠣᠯᠭ᠎ᠠ ᠳᠤ ᠨᠡᠶᠢᠴᠡᠬᠦ ᠰᠣᠶᠣᠯ ᠤᠨ ᠠᠵᠦ ᠠᠬᠤᠢᠢᠯᠠᠯ ᠠᠴᠠ ᠬᠠᠮᠢᠶ᠎ᠠ ᠪᠦᠬᠦᠢ ᠲᠣᠬᠲᠠᠭᠠᠯ ᠶᠣᠰᠣᠭᠠᠷ  15% ᠤᠨ ᠭᠠᠶᠢᠯᠢ ᠶᠢᠨ ᠨᠣᠷᠮ᠎ᠠ ᠶᠢ ᠬᠠᠰᠤᠵᠤ ᠠᠵᠦ ᠠᠬᠤᠢᠢᠯᠠᠯ ᠤᠨ ᠣᠯᠵᠠᠪᠣᠷᠢ ᠶᠢᠨ ᠭᠠᠶᠢᠯᠢ ᠲᠠᠲᠠᠪᠣᠷᠢᠯᠠᠨ᠎ᠠ᠃  ᠦᠪᠡᠷᠳᠡᠭᠡᠨ ᠵᠠᠰᠠᠬᠤ ᠤᠷᠤᠨ ᠠᠴᠠ ᠲᠡᠭᠡᠳᠤ ᠰᠢᠨ᠎ᠡ ᠮᠡᠷᠭᠡᠵᠢᠯ ᠤᠨ ᠠᠵᠤ ᠠᠬᠤᠢᠢᠯᠠᠯ ᠤᠨ ᠰᠤᠶᠤᠯ ᠤᠨ ᠠᠵᠤ ᠠᠬᠤᠢᠢᠯᠠᠯ  ᠭᠡᠵᠤ ᠨᠤᠳᠠᠯᠠᠬᠰᠠᠨ ᠪᠤᠯ 15% ᠤᠨ ᠭᠠᠶᠢᠯᠢ ᠶᠢᠨ ᠨᠣᠷᠮ᠎ᠠ ᠶᠢ ᠬᠠᠰᠤᠵᠤ ᠠᠵᠦ ᠠᠬᠤᠢᠢᠯᠠᠯ ᠤᠨ ᠣᠯᠵᠠᠪᠣᠷᠢ ᠶᠢᠨ ᠭᠠᠶᠢᠯᠢ  ᠲᠠᠲᠠᠪᠣᠷᠢᠯᠠᠨ᠎ᠠ︔ ᠰᠤᠶᠤᠯ ᠤᠨ ᠠᠵᠤ ᠠᠬᠤᠢᠢᠯᠠᠯ ᠤᠨ ᠰᠢᠨ᠎ᠡ ᠮᠡᠷᠭᠡᠵᠢᠯ᠂ ᠰᠢᠨ᠎ᠡ ᠦᠢᠯᠡᠳᠭᠦᠨ᠂ ᠰᠢᠨ᠎ᠡ ᠭᠠᠷ ᠤᠷᠠᠯᠠᠯ ᠢ  ᠨᠡᠭᠡᠭᠡᠬᠦ ᠶᠠᠪᠤᠴᠠ ᠳᠤ ᠡᠭᠦᠰᠦᠭᠰᠡᠨ ᠰᠤᠳᠤᠯᠭᠠᠨ ᠨᠡᠭᠡᠭᠡᠯᠳᠡ ᠶᠢᠨ ᠵᠠᠷᠤᠳᠠᠯ ᠰᠦᠢᠳᠭᠡᠯ ᠢ ᠭᠠᠶᠢᠯᠢ ᠶᠢᠨ ᠬᠠᠤᠯᠢ ᠶᠢᠨ  ᠲᠤᠭᠳᠠᠭᠠᠯ ᠶᠤᠰᠤᠭᠠᠷ ᠡᠷᠬᠡᠪᠰᠢ ᠲᠤᠰᠢᠶᠠᠬᠤ ᠤᠯᠵᠠᠪᠤᠷᠢ ᠶᠢᠨ ᠬᠡᠮᠵᠢᠶ᠎ᠡ ᠶᠢ ᠪᠤᠳᠤᠬᠤ ᠦᠶ᠎ᠡ ᠳᠤ ᠬᠠᠰᠤᠬᠤ ᠶᠢ  ᠵᠦᠪᠰᠢᠶᠡᠷᠡᠨ᠎ᠡ︔ ᠤᠯᠤᠰ ᠤᠨ ᠨᠤᠳᠠᠯᠠᠯᠳᠠ ᠶᠢ ᠤᠯᠤᠬᠰᠠᠨ ᠺᠡᠷᠲ᠋ᠤᠨ ᠠᠵᠤ ᠠᠬᠤᠢᠢᠯᠠᠯ ᠤᠨ ᠦᠪᠡᠰᠦᠪᠡᠨ ᠡᠵᠡᠨ ᠮᠡᠳᠡᠵᠤ  ᠨᠡᠭᠡᠭᠡᠭᠰᠡᠨ ᠪᠠ ᠦᠢᠯᠡᠳᠪᠦᠷᠢᠯᠡᠭᠰᠡᠨ ᠺᠡᠷᠲ᠋ᠤᠨ ᠦᠢᠯᠡᠳᠬᠦᠨ ᠨᠢ ᠤᠯᠤᠰ ᠤᠨ ᠤᠳᠤᠬᠠᠨ ᠤ ᠬᠡᠷᠡᠭᠵᠢᠭᠦᠯᠵᠤ ᠪᠠᠶᠢᠭ᠎ᠠ  ᠵᠦᠭᠡᠯᠡᠨ ᠲᠤᠨᠤᠭ ᠤᠨ ᠠᠵᠤ ᠦᠢᠯᠡᠰ ᠤᠨ ᠬᠦᠭᠵᠢᠯᠳᠡ  ᠶᠢ ᠵᠤᠷᠢᠬᠵᠢᠭᠤᠯᠬᠤ ᠤᠯᠵᠠᠪᠤᠷᠢ ᠶᠢᠨ ᠭᠠᠶᠢᠯᠢ ᠶᠢ ᠬᠠᠷᠠᠭᠠᠯᠵᠠᠬᠤ  ᠲᠦᠷᠦ ᠶᠢᠨ ᠪᠤᠳᠤᠯᠭ᠎ᠠ ᠶᠢ ᠡᠳ᠋ᠯᠡᠬᠦ ᠪᠠᠷ ᠭᠤᠶᠤᠴᠢᠯᠠᠵᠤ ᠪᠤᠯᠤᠨ᠎ᠠ᠃           ᠲᠦᠷᠪᠡ᠂ ᠭᠠᠵᠠᠷ ᠰᠢᠷᠤᠢ ᠶᠢᠨ  ᠬᠡᠷᠡᠭᠯᠡᠬᠦ             ︵ᠠᠷᠪᠠ ᠶᠢᠰᠦ︶᠂ ᠰᠤᠶᠤᠯ ᠤᠨ ᠠᠵᠤ ᠦᠢᠯᠡᠰ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ   ᠶᠢᠨ ᠭᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠳᠤᠯᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠤ  ᠦᠢᠯᠡᠰ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠭᠰᠠᠨ ᠰᠤᠶᠤᠯ ᠤᠨ ᠠᠵᠤ ᠦᠢᠯᠡᠰ ᠤᠨ ᠲᠦᠷᠦᠯ  ᠵᠦᠢᠯ᠂ ᠢᠯᠠᠩᠭᠤᠶ᠎ᠠ ᠴᠢᠬᠤᠯᠠ ᠪᠦᠬᠦᠢ ᠰᠤᠶᠤᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ  ᠬᠡᠷᠡᠭᠯᠡᠬᠦ ᠭᠠᠵᠠᠷ ᠤᠨ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠭᠠᠵᠠᠷ ᠰᠢᠷᠤᠢ ᠶᠢᠨ  ᠠᠰᠢᠭᠯᠠᠯᠳᠠ ᠶᠢᠨ ᠤᠨ ᠤ ᠲᠦᠯᠦᠪᠯᠡᠭᠡ ᠳᠤ ᠨᠡᠶᠢᠴᠡᠭᠰᠡᠨ ᠪᠦᠬᠦᠨ ᠢ ᠭᠤᠤᠯᠳᠠᠯᠭ᠎ᠠ ᠲᠠᠢ ᠲᠦᠷᠦᠯ ᠵᠦᠢᠯ ᠤᠨ ᠭᠠᠵᠠᠷ  ᠰᠢᠷᠤᠢ ᠬᠡᠷᠡᠭᠯᠡᠬᠦ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠤᠷᠤᠭᠤᠯᠵᠤ᠂ ᠤᠷᠢᠳᠠᠪᠠᠷ ᠪᠠᠳᠤᠯᠠᠬᠤ ᠬᠡᠷᠡᠭᠳᠡᠢ᠃ ᠡᠯ᠎ᠡ  ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠬᠠᠳᠠᠭᠠᠯᠠᠵᠤ ᠪᠦᠬᠦᠢ ᠪᠦᠳᠦᠭᠡᠨ ᠪᠠᠶᠢᠭᠤᠯᠤᠯᠳᠠ ᠳᠤ  ᠬᠡᠷᠡᠭᠯᠡᠬᠦ ᠭᠠᠵᠠᠷ ᠪᠠ ᠬᠤᠳᠠᠯᠳᠤᠨ ᠠᠪᠴᠤ ᠬᠠᠳᠠᠭᠠᠯᠠᠵᠤ ᠪᠠᠶᠢᠭ᠎ᠠ ᠭᠠᠵᠠᠷ ᠰᠢᠷᠤᠢ ᠪᠠᠨ ᠤᠷᠢᠳᠠᠪᠠᠷ ᠰᠤᠶᠤᠯ ᠤᠨ ᠠᠵᠤ  ᠦᠢᠯᠡᠰ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠬᠡᠷᠡᠭᠯᠡᠬᠦᠯᠵᠦ ᠪᠤᠯᠤᠨ᠎ᠠ᠃             ︵ᠬᠤᠷᠢ︶ ᠦᠪᠡᠷᠳᠡᠭᠡᠨ ᠵᠠᠰᠠᠬᠤ ᠤᠷᠤᠨ ᠠᠴᠠ ᠬᠢᠨᠠᠨ ᠲᠤᠭᠳᠠᠭᠠᠭᠰᠠᠨ ᠭᠤᠤᠯᠳᠠᠯᠭ᠎ᠠ ᠲᠠᠢ ᠰᠤᠶᠤᠯ ᠤᠨ ᠠᠵᠤ  ᠦᠢᠯᠡᠰ ᠤᠨ ᠲᠦᠷᠦᠯ ᠵᠦᠢᠯ ᠤᠨ ᠬᠡᠷᠡᠭᠯᠡᠭᠡᠨ ᠤ ᠭᠠᠵᠠᠷ᠂ ᠭᠠᠵᠠᠷ ᠰᠢᠷᠤᠢ ᠶᠢ ᠬᠢᠮᠳᠠ ᠦᠨ᠎ᠡ ᠪᠠᠷ ᠬᠤᠳᠠᠯᠳᠤᠬᠤ ᠦᠨ᠎ᠡ  ᠬᠠᠩᠰᠢ ᠶᠢ ᠲᠤᠭᠳᠠᠭᠠᠬᠤ ᠦᠶᠡᠰ ᠲᠤᠬᠠᠢ ᠶᠢᠨ ᠭᠠᠵᠠᠷ ᠤᠷᠤᠨ ᠤ ᠭᠠᠵᠠᠷ ᠰᠢᠷᠤᠢ ᠶᠢᠨ ᠲᠡᠰ ᠲᠠᠢ ᠬᠠᠷᠠᠭᠠᠯᠵᠠᠭᠰᠠᠨ  ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠬᠡᠷᠡᠭᠯᠡᠭᠡᠨ ᠤ ᠭᠠᠵᠠᠷ ᠰᠢᠷᠤᠢ ᠶᠢ ᠬᠢᠮᠳᠠ ᠦᠨ᠎ᠡ ᠪᠠᠷ  ᠬᠤᠳᠠᠯᠳᠤᠬᠤ ᠬᠠᠮᠤᠭ ᠲᠤᠤᠷ᠎ᠠ ᠪᠠᠷᠢᠮᠵᠢᠶ᠎ᠠ ᠪᠠᠷ ᠲᠤᠭᠳᠠᠭᠠᠵᠤ ᠪᠤᠯᠤᠨ᠎ᠠ᠃ ᠰᠤᠶᠤᠯ ᠤᠨ ᠠᠵᠤ ᠦᠢᠯᠡᠰ ᠤᠨ ᠭᠤᠤᠯᠳᠠᠯᠭ᠎ᠠ   ᠲᠠᠢ ᠲᠦᠷᠦᠯ ᠵᠦᠢᠯ ᠤᠨ ᠬᠡᠷᠡᠭᠯᠡᠭᠡᠨ ᠤ ᠭᠠᠵᠠᠷ ᠲᠤ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠲᠡᠰ ᠠᠴᠠ  ᠲᠡᠭᠡᠭᠰᠢᠬᠢ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ᠂ ᠤᠯᠤᠰ ᠤᠨ ᠬᠠᠮᠢᠶ᠎ᠠ ᠪᠦᠬᠦᠢ ᠲᠤᠭᠳᠠᠭᠠᠯ ᠢᠶᠠᠷ ᠬᠤᠭᠤᠴᠠᠭ᠎ᠠ  ᠬᠤᠪᠢᠶᠠᠨ ᠭᠠᠵᠠᠷ ᠰᠢᠷᠤᠢ ᠶᠢ ᠬᠢᠮᠳᠠ ᠦᠨ᠎ᠡ ᠪᠠᠷ ᠬᠤᠳᠠᠯᠳᠤᠨ ᠠᠪᠤᠭᠰᠠᠨ ᠪᠡᠯᠡ ᠮᠦᠩᠬᠦ ᠶᠢ ᠲᠤᠰᠢᠶᠠᠵᠤ ᠪᠤᠯᠤᠨ᠎ᠠ᠃  ᠭᠠᠵᠠᠷ ᠰᠢᠷᠤᠢ ᠶᠢ ᠬᠢᠮᠳᠠ ᠦᠨ᠎ᠡ ᠪᠠᠷ ᠬᠤᠳᠠᠯᠳᠤᠨ ᠦᠭᠬᠦᠭᠰᠡᠨ ᠪᠡᠯᠡ ᠮᠦᠩᠬᠦ ᠶᠢ ︽ᠤᠷᠤᠯᠭ᠎ᠠ ᠵᠠᠷᠤᠯᠭ᠎ᠠ ᠶᠢᠨ ᠬᠤᠶᠠᠷ  ᠱᠤᠭᠤᠮ︾ ᠤᠨ ᠠᠷᠭ᠎ᠠ  ᠪᠠᠷ ᠬᠠᠮᠢᠶᠠᠷᠬᠤ ᠶᠢᠨ ᠬᠠᠮᠳᠤ᠂ ᠵᠠᠷᠤᠯᠭ᠎ᠠ ᠶᠢᠨ ᠲᠦᠰᠦᠪ ᠢ ᠲᠤᠬᠢᠷᠠᠭᠤᠯᠬᠤ ᠪᠠᠷ ᠲᠠᠮᠵᠢᠭᠤᠯᠵᠤ᠂  ᠲᠤᠬᠠᠢ ᠶᠢᠨ ᠭᠠᠵᠠᠷ ᠤᠷᠤᠨ ᠤ ᠰᠤᠶᠤᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠤᠷᠢᠳᠠᠪᠠᠷ  ᠬᠡᠷᠡᠭᠯᠡᠬᠦ ᠬᠡᠷᠡᠭᠳᠠᠢ᠃            ︵ᠬᠤᠷᠢᠨ ᠨᠢᠭᠡ︶ ᠤᠯᠤᠰ ᠤᠨ ᠲᠦᠷᠦ ᠶᠢᠨ ᠪᠤᠳᠤᠯᠭ᠎ᠠ ᠲᠠᠢ ᠨᠡᠶᠢᠴᠡᠭᠰᠡᠨ ᠰᠤᠶᠤᠯ ᠤᠨ ᠠᠵᠤ ᠦᠢᠯᠡᠰ ᠤᠨ  ᠲᠦᠷᠦᠯ ᠵᠦᠢᠯ ᠤᠨ ᠬᠢᠨ ᠤ ᠠᠵᠤ ᠠᠬᠤᠢᠢᠯᠠᠯ ᠬᠤᠪᠠᠭ᠋ᠠᠢ ᠠᠭᠤᠯᠠ᠂ ᠠᠳᠠᠷ ᠭᠠᠵᠠᠷ ᠵᠡᠷᠭᠡ ᠠᠰᠢᠭᠯᠠᠯᠳᠠ ᠳᠤ ᠤᠷᠤᠭ᠎ᠠ  ᠦᠭᠡᠢ ᠭᠠᠵᠠᠷ ᠰᠢᠷᠤᠢ ᠶᠢ ᠬᠡᠷᠡᠭᠯᠡᠪᠡᠯ᠂ ᠭᠠᠵᠠᠷ ᠰᠢᠷᠤᠢ ᠶᠢᠨ ᠬᠡᠷᠡᠭᠯᠡᠭᠡᠨ ᠤ ᠭᠠᠶᠢᠯᠢ ᠬᠤᠷᠢᠶᠠᠬᠤ ᠠᠴᠠ ᠲᠦᠷ  ᠬᠡᠯᠳᠦᠷᠢᠬᠦᠯᠦᠨ᠎ᠡ︔ ᠵᠦᠪᠰᠢᠶᠡᠷᠡᠬᠦᠯᠦᠨ ᠦᠭᠡᠷᠡᠴᠢᠯᠡᠭᠰᠡᠨ ᠬᠠᠶᠠᠭᠳᠠᠮᠠᠯ ᠭᠠᠵᠠᠷ ᠰᠢᠷᠤᠢ ᠶᠢ ᠬᠡᠷᠡᠭᠯᠡᠭᠰᠡᠨ ᠰᠠᠷ᠎ᠠ ᠠᠴᠠ 5  ᠵᠢᠯ ᠤᠨ ᠲᠤᠳᠤᠷ᠎ᠠ ᠭᠠᠵᠠᠷ ᠰᠢᠷᠤᠢ ᠶᠢᠨ ᠬᠡᠷᠡᠭᠯᠡᠭᠡᠨ ᠤ ᠭᠠᠶᠢᠯᠢ ᠲᠠᠳᠠᠪᠤᠷᠢᠯᠠᠬᠤ ᠦᠭᠡᠢ᠃          ︵ᠬᠤᠷᠢᠨ ᠬᠤᠶᠠᠷ︶ ᠬᠠᠳᠠᠭᠠᠯᠠᠵᠤ ᠪᠦᠬᠦᠢ ᠬᠡᠷ ᠭᠠᠵᠠᠷ ᠤᠨ ᠡᠬᠢ ᠪᠠᠶᠠᠯᠢᠭ ᠢ ᠠᠮᠢᠳᠤᠯᠢᠬᠵᠢᠭᠤᠯᠬᠤ ᠶᠢ  ᠵᠤᠷᠢᠬᠵᠢᠭᠤᠯᠵᠤ᠂ ᠰᠤᠶᠤᠯ ᠤᠨ ᠠᠵᠤ ᠦᠢᠯᠡᠰ ᠤᠨ ᠡᠵᠡᠩᠨᠡᠯᠳᠡ ᠳᠤ ᠬᠡᠷᠡᠭᠯᠡᠬᠦᠯᠦᠨ᠎ᠡ᠃ ᠠᠵᠤ ᠦᠢᠯᠡᠳᠪᠦᠷᠢ ᠶᠢᠨ  ᠦᠢᠯᠡᠳᠪᠦᠷᠢᠯᠡᠯ ᠤᠨ ᠬᠡᠷ᠂ ᠬᠦᠮᠦᠷᠭᠡ᠂ ᠠᠰᠢᠭᠯᠠᠵᠤ ᠪᠤᠯᠬᠤᠢᠢᠴᠠ ᠤᠯᠠᠮᠵᠢᠯᠠᠯᠳᠤ ᠬᠦᠷᠢᠶ᠎ᠡ ᠬᠠᠰᠢᠶ᠎ᠠ᠂ ᠤᠯᠠᠮᠵᠢᠯᠠᠯᠳᠤ  ᠠᠷᠠᠯᠵᠢᠶ᠎ᠠ ᠬᠤᠳᠠᠯᠳᠤᠭᠠᠨ ᠤ ᠵᠡᠭᠡᠯᠢ ᠪᠠ ᠲᠡᠦᠭᠡ ᠰᠤᠶᠤᠯ ᠤᠨ ᠬᠠᠮᠠᠭᠠᠯᠠᠯᠳᠠ ᠶᠢᠨ ᠵᠡᠭᠡᠯᠢ ᠲᠤᠭᠤᠷᠢᠭ ᠵᠡᠷᠭᠡ ᠬᠠᠳᠠᠭᠠᠯᠠᠵᠤ  ᠪᠦᠬᠦᠢ ᠭᠡᠷ ᠭᠠᠵᠠᠷ ᠤᠨ ᠡᠬᠢ ᠪᠠᠶᠠᠯᠢᠭ ᠤᠨ ᠪᠠᠶᠢᠭᠤᠯᠤᠮᠵᠢ ᠶᠢ ᠦᠭᠡᠷᠡᠴᠢᠯᠠᠵᠤ᠂ ᠰᠤᠶᠤᠯ ᠤᠨ ᠠᠵᠤ ᠦᠢᠯᠡᠰ ᠢ  ᠬᠦᠭᠵᠢᠬᠦᠯᠦᠭᠰᠡᠳ ᠨᠢ ᠤᠯᠤᠰ ᠤᠨ ᠲᠤᠭᠳᠠᠭᠠᠯ  ᠳᠤ ᠨᠡᠶᠢᠴᠡᠬᠦ᠂ ᠭᠠᠵᠠᠷ ᠤᠷᠤᠨ ᠤ ᠠᠵᠤ ᠦᠢᠯᠡᠰ ᠤᠨ ᠲᠡᠰ ᠲᠡᠪᠰᠢᠬᠦ ᠪᠠ  ᠬᠤᠳᠠ ᠶᠢᠨ ᠴᠢᠳᠠᠪᠬᠢ ᠶᠢᠨ ᠪᠠᠶᠢᠷᠢᠰᠢᠯ ᠢ ᠰᠢᠯᠢᠳᠡᠭᠵᠢᠬᠦᠯᠬᠦ ᠳᠤ ᠬᠠᠷᠢᠶᠠᠯᠠᠭᠳᠠᠬᠤ ᠪᠦᠬᠦᠨ ᠢ ᠤᠤᠯ ᠦᠮᠴᠢᠯᠡᠯ ᠤᠨ ᠡᠷᠭᠡ   ᠶᠢᠨ ᠨᠢᠭᠡᠴᠡ ᠠᠴᠠ ᠬᠢᠨᠠᠨ ᠲᠤᠭᠳᠠᠭᠠᠯᠭᠠᠬᠤ ᠪᠠᠷ ᠲᠠᠮᠵᠢᠭᠤᠯᠵᠤ᠂ ᠬᠤᠪᠢᠶᠠᠷᠢᠯᠠᠨ ᠦᠭᠬᠦ ᠬᠡᠯᠪᠡᠷᠢ ᠪᠠᠷ ᠭᠠᠵᠠᠷ ᠰᠢᠷᠤᠢ  ᠬᠡᠷᠡᠭᠯᠡᠬᠦ ᠡᠷᠭᠡ ᠶᠢ ᠨᠢ ᠬᠤᠪᠢᠷᠠᠭᠤᠯᠬᠤ ᠦᠭᠡᠢ ᠪᠠᠶᠢᠵᠤ ᠪᠤᠯᠤᠨ᠎ᠠ᠂ ᠵᠠᠰᠠᠭ ᠤᠨ ᠤᠷᠳᠤᠨ ᠠᠴᠠ 5 ᠵᠢᠯ ᠤᠨ ᠲᠤᠳᠤᠷ᠎ᠠ  ᠬᠤᠪᠢᠶᠠᠷᠢᠯᠠᠨ ᠦᠭᠬᠦᠭᠰᠡᠨ ᠭᠠᠵᠠᠷ ᠰᠢᠷᠤᠢ ᠶᠢᠨ ᠡᠵᠡᠩᠨᠡᠯᠳᠡ ᠶᠢᠨ ᠠᠵᠢᠯᠯᠠᠭ᠎ᠠ ᠠᠴᠠ ᠭᠠᠵᠠᠷ ᠰᠢᠷᠤᠢ ᠶᠢᠨ ᠤᠯᠵᠠᠪᠤᠷᠢ ᠤᠨ  ᠭᠠᠶᠢᠯᠢ ᠲᠡᠳᠠᠪᠤᠷᠢᠯᠠᠬᠤ ᠦᠭᠡᠢ᠃            ︵ᠬᠤᠷᠢᠨ ᠭᠤᠷᠪᠠ︶ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠡᠶᠡᠯᠡᠭᠦᠯᠦᠭᠰᠡᠨ ᠠᠵᠤ ᠠᠬᠤᠢᠢᠯᠠᠯ  ᠤᠨ ᠬᠤᠳᠠ ︵ ᠬᠤᠳᠠ ᠪᠠᠯᠭᠠᠰᠤ︶ ᠶᠢᠨ ᠲᠦᠯᠦᠪᠵᠢᠬᠦᠯᠭᠡ᠂ ᠭᠠᠵᠠᠷ ᠰᠢᠷᠤᠢ ᠶᠢᠨ ᠬᠡᠷᠡᠭᠯᠡᠭᠡᠨ ᠢ ᠬᠤᠪᠢᠷᠠᠭᠤᠯᠬᠤ ᠦᠭᠡᠢ ᠤᠷᠢᠳᠠᠯ  ᠲᠤᠤᠷ᠎ᠠ᠂ ᠵᠦᠪᠰᠢᠶᠡᠷᠡᠬᠦᠯᠬᠦ ᠪᠠᠷ ᠲᠠᠮᠵᠢᠭᠤᠯᠵᠤ ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢᠨ ᠬᠡᠪᠴᠢᠶᠡᠨ ᠲᠤᠳᠤᠷ᠎ᠠ ᠪᠠᠨ  ᠭᠠᠵᠠᠷ ᠰᠢᠷᠤᠢ ᠶᠢᠨ ᠪᠠᠭᠳᠠᠭᠠᠮᠵᠢ ᠶᠢᠨ ᠨᠤᠷᠮ᠎ᠠ ᠶᠢ ᠲᠡᠭᠡᠭᠰᠢᠯᠡᠬᠦᠯᠵᠦ ᠪᠤᠯᠤᠨ᠎ᠠ᠃            ︵ᠬᠤᠷᠢᠨ ᠲᠦᠷᠪᠡ︶ ᠨᠡᠶᠢᠳᠡ ᠶᠢᠨ ᠦᠮᠴᠢᠯᠡᠯ ᠤᠨ ᠪᠤᠰᠤ ᠰᠤᠶᠤᠯ ᠤᠨ ᠠᠵᠤ ᠠᠬᠤᠢᠢᠯᠠᠯ ᠤᠯᠤᠰ ᠤᠨ  ᠦᠮᠴᠢᠯᠡᠯ ᠤᠨ ᠰᠤᠶᠤᠯ ᠤᠨ ᠠᠵᠤ ᠠᠬᠤᠢᠢᠯᠠᠯ ᠢ ᠬᠤᠳᠠᠯᠳᠤᠨ ᠠᠪᠬᠤ᠂ ᠨᠡᠶᠢᠯᠡᠬᠦᠯᠦᠨ ᠨᠢᠭᠡᠳᠭᠡᠬᠦ ᠳᠤ᠂ ᠬᠤᠳᠠᠯᠳᠤᠨ  ᠠᠪᠤᠭᠳᠠᠭᠰᠠᠨ᠂ ᠨᠡᠶᠢᠯᠡᠬᠦᠯᠦᠨ ᠨᠢᠭᠡᠳᠭᠡᠭᠳᠡᠭᠰᠡᠨ ᠠᠵᠤ ᠠᠬᠤᠢᠢᠯᠠᠯ ᠤᠨ ᠤᠤᠯ ᠤᠨ ᠬᠡᠷᠡᠭᠯᠡᠵᠦ ᠪᠠᠶᠢᠭᠰᠠᠨ ᠤᠯᠤᠰ ᠤᠨ  ᠦᠮᠴᠢᠯᠡᠯ ᠤᠨ ᠬᠤᠪᠢᠶᠠᠷᠢᠯᠠᠨ ᠦᠭᠬᠦᠭᠰᠡᠨ ᠭᠠᠵᠠᠷ ᠰᠢᠷᠤᠢ ᠳᠤ ᠤᠳᠤ ᠶᠢᠨ ᠬᠠᠤᠯᠢ ᠴᠠᠭᠠᠵᠠ ᠬᠠᠤᠯᠢ ᠲᠤᠭᠳᠠᠭᠠᠯ ᠪᠠ  ᠲᠦᠷᠦ ᠶᠢᠨ ᠪᠤᠳᠤᠯᠭ᠎ᠠ ᠶᠢᠨ ᠲᠤᠭᠳᠠᠭᠠᠯ ᠢ ᠦᠨᠳᠦᠰᠦᠯᠡᠵᠦ᠂ ᠤᠯᠤᠰ ᠤᠨ ᠦᠮᠴᠢᠯᠡᠯ ᠤᠨ ᠪᠦᠳᠦᠭᠡᠨ ᠪᠠᠶᠢᠭᠤᠯᠤᠯᠳᠠ ᠶᠢᠨ  ᠭᠠᠵᠠᠷ ᠰᠢᠷᠤᠢ ᠶᠢᠨ ᠬᠡᠷᠡᠭᠯᠡᠭᠡᠨ ᠤ ᠡᠷᠭᠡ ᠶᠢ ᠰᠢᠯᠵᠢᠭᠦᠯᠦᠨ ᠦᠭᠬᠦ ᠭᠠᠷ ᠭᠦᠢᠴᠡᠳᠬᠡᠯ ᠬᠢᠬᠦ ᠬᠡᠷᠡᠭᠳᠠᠢ︔ ᠨᠡᠶᠢᠳᠡ ᠶᠢᠨ  ᠦᠮᠴᠢᠯᠡᠯ ᠤᠨ ᠪᠤᠰᠤ ᠰᠤᠶᠤᠯ ᠤᠨ ᠠᠵᠤ ᠠᠬᠤᠢᠢᠯᠠᠯ ᠤᠯᠤᠰ ᠤᠨ ᠦᠮᠴᠢᠯᠡᠯ ᠤᠨ ᠰᠤᠶᠤᠯ ᠤᠨ ᠠᠵᠤ ᠠᠬᠤᠢᠢᠯᠠᠯ ᠢ  ᠲᠠᠭᠠᠭᠠᠴᠢᠯᠠᠬᠤ᠂ ᠲᠦᠷᠢᠶᠡᠰᠦᠯᠡᠬᠦ ᠦᠶᠡᠰ᠂ ᠲᠠᠭᠠᠭᠠᠴᠢᠯᠠᠭᠳᠠᠭᠰᠠᠨ᠂ ᠲᠦᠷᠢᠶᠡᠰᠦᠯᠡᠭᠳᠡᠭᠰᠡᠨ ᠠᠵᠤ ᠠᠬᠤᠢᠢᠯᠠᠯ ᠤᠨ  ᠤᠤᠯ ᠤᠨ ᠬᠡᠷᠡᠭᠯᠡᠵᠦ ᠪᠠᠶᠢᠭᠰᠠᠨ ᠤᠯᠤᠰ ᠤᠨ ᠦᠮᠴᠢᠯᠡᠯ ᠤᠨ ᠬᠤᠪᠢᠶᠠᠷᠢᠯᠠᠨ ᠦᠭᠬᠦᠭᠰᠡᠨ ᠭᠠᠵᠠᠷ ᠰᠢᠷᠤᠢ ᠶᠢ  ᠲᠦᠷᠢᠶᠡᠰᠦᠯᠡᠬᠦ ᠬᠡᠯᠪᠡᠷᠢ ᠪᠠᠷ ᠬᠡᠷᠡᠭᠯᠡᠵᠦ ᠪᠤᠯᠤᠨ᠎ᠠ᠃            ︵ᠬᠤᠷᠢᠨ ᠲᠠᠪᠤ︶ ᠡᠵᠡᠩᠨᠡᠯᠳᠡ ᠶᠢᠨ ᠰᠢᠨᠵᠢ ᠲᠠᠢ ᠰᠤᠶᠤᠯ ᠤᠨ ᠦᠢᠯᠡᠰ ᠤᠨ ᠨᠢᠭᠡᠴᠡ ᠨᠢ ᠪᠠᠶᠢᠭᠤᠯᠤᠮᠵᠢ ᠪᠠᠨ  ᠦᠭᠡᠷᠡᠴᠢᠯᠡᠵᠤ ᠠᠵᠤ ᠠᠬᠤᠢᠢᠯᠠᠯ ᠪᠤᠯᠬᠤ ᠳᠤ᠂ ᠤᠤᠯ ᠤᠨ ᠬᠤᠪᠢᠶᠠᠷᠢᠯᠠᠨ ᠦᠭᠬᠦᠭᠰᠡᠨ ᠭᠠᠵᠠᠷ ᠰᠢᠷᠤᠢ ᠶᠢᠨ ᠬᠡᠷᠡᠭᠯᠡᠭᠡᠨ ᠤ  ᠡᠷᠭᠡ ᠶᠢ ᠰᠢᠢᠳᠪᠦᠷᠢᠯᠡᠬᠦ ᠳᠡᠭᠡᠨ᠂ ︽ᠬᠤᠪᠢᠶᠠᠷᠢᠯᠠᠨ ᠦᠭᠬᠦᠭᠰᠡᠨ ᠬᠡᠷᠡᠭᠯᠡᠭᠡᠨ ᠤ ᠭᠠᠵᠠᠷ ᠤᠨ ᠭᠠᠷᠴᠠᠭ︾ ᠤᠨ ᠬᠡᠪᠴᠢᠶᠡᠨ   ᠳᠤ ᠬᠠᠷᠢᠶᠠᠯᠠᠭᠳᠠᠬᠤ ᠪᠦᠬᠦᠨ ᠢ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠲᠡᠰ ᠠᠴᠠ ᠲᠡᠭᠡᠭᠰᠢᠬᠢ ᠠᠷᠠᠳ ᠤᠨ  ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ᠂ ᠵᠠᠰᠠᠭ ᠵᠠᠬᠢᠷᠭᠠᠨ ᠤ ᠬᠤᠪᠢᠶᠠᠷᠢᠯᠠᠨ ᠦᠭᠬᠦᠭᠰᠡᠨ ᠬᠡᠯᠪᠡᠷᠢ ᠶᠢ ᠨᠢ  ᠦᠯᠡᠳᠡᠭᠡᠵᠦ ᠪᠤᠯᠤᠨ᠎ᠠ︔ ︽ᠬᠤᠪᠢᠶᠠᠷᠢᠯᠠᠨ ᠦᠭᠬᠦᠭᠰᠡᠨ ᠭᠡᠷᠡᠭᠯᠡᠭᠡᠨ ᠤ ᠭᠠᠵᠠᠷ ᠤᠨ ᠭᠠᠷᠴᠠᠭ︾ ᠲᠠᠢ ᠦᠯᠦ ᠨᠡᠶᠢᠴᠡᠪᠡᠯ᠂  ᠬᠠᠤᠯᠢ ᠶᠤᠰᠤᠭᠠᠷ ᠭᠠᠵᠠᠷ ᠰᠢᠷᠤᠢ ᠶᠢ ᠦᠨ᠎ᠡ ᠲᠦᠯᠦᠪᠦᠷᠢ ᠲᠠᠢ ᠪᠠᠷ ᠬᠡᠷᠡᠭᠯᠡᠬᠦ ᠭᠠᠷ ᠭᠦᠢᠴᠡᠳᠭᠡᠯ ᠬᠦᠢᠴᠡᠳᠭᠡᠵᠦ᠂ ᠬᠡᠷᠢ  ᠬᠡᠮ ᠲᠠᠢ ᠵᠠᠭᠤᠴᠢ ᠪᠠᠶᠢᠭᠤᠯᠤᠮᠵᠢ ᠪᠠᠷ ᠦᠨᠡᠯᠡᠨ ᠲᠤᠭᠳᠠᠭᠠᠯᠭᠠᠭᠰᠠᠨ ᠤ ᠲᠠᠷᠠᠭ᠎ᠠ᠂ ︽ᠦᠨ᠎ᠡ ᠬᠠᠶᠠᠵᠤ ᠪᠡᠯᠡ ᠭᠠᠷᠭᠠᠬᠤ ︵ ᠬᠤᠪᠢ ᠤᠷᠤᠬᠤ︶ ᠬᠡᠯᠪᠡᠷᠢ︾ ᠪᠠᠷ ᠤᠯᠤᠰ ᠤᠨ ᠬᠦᠷᠦᠩᠭᠡ ᠶᠢᠨ ᠪᠡᠯᠡ ᠮᠦᠩᠬᠦ ᠪᠤᠶᠤ ᠰᠲ᠋ᠤᠺ ᠤᠨ ᠡᠭᠡ ᠮᠦᠩᠬᠦ ᠪᠤᠯᠭᠠᠵᠤ  ᠪᠤᠯᠤᠨ᠎ᠠ᠃         ᠲᠠᠪᠤ᠂ ᠪᠡᠯᠡ ᠤᠷᠤᠭᠤᠯᠵᠤ ᠪᠡᠯᠡ ᠬᠤᠷᠠᠮᠳᠤᠭᠤᠯᠬᠤ ᠲᠦᠷᠦ ᠶᠢᠨ ᠪᠤᠳᠤᠯᠭ᠎ᠠ             ︵ᠬᠤᠷᠢᠨ ᠵᠢᠷᠭᠤᠭ᠎ᠠ︶ ᠵᠠᠰᠠᠭ ᠤᠨ ᠤᠷᠳᠤᠨ ᠠᠴᠠ ᠤᠳᠤᠷᠢᠳᠤᠨ ᠨᠡᠶᠢᠭᠡᠮ ᠤᠨ ᠬᠦᠷᠦᠩᠭᠡ ᠶᠢ ᠵᠤᠬᠢᠶᠠᠨ  ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠺᠤᠮᠫᠠᠨᠢ ᠶᠢ  ᠵᠤᠬᠢᠶᠠᠨ ᠪᠠᠶᠢᠭᠤᠯᠵᠤ᠂ ᠪᠡᠯᠡ ᠤᠷᠤᠭᠤᠯᠤᠯᠳᠠ᠂ ᠰᠲ᠋ᠤᠺ᠂ ᠬᠠᠮᠳᠤᠷᠠᠯᠴᠠᠬᠤ ᠵᠡᠷᠭᠡ ᠬᠡᠯᠪᠡᠷᠢ ᠪᠠᠷ ᠰᠤᠶᠤᠯ ᠤᠨ ᠠᠵᠤ  ᠦᠢᠯᠡᠰ ᠤᠨ ᠬᠦᠷᠢᠶᠡᠯᠡᠩ᠂ ᠵᠢᠱᠢᠶ᠎ᠡ ᠦᠵᠡᠬᠦᠯᠬᠦ ᠰᠠᠭᠤᠷᠢᠨ ᠪᠤᠯᠤᠨ ᠭᠤᠤᠯᠳᠠᠯᠭ᠎ᠠ ᠲᠠᠢ ᠰᠤᠶᠤᠯ ᠤᠨ ᠠᠵᠤ ᠦᠢᠯᠡᠰ ᠤᠨ  ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠡᠷᠬᠢᠯᠡᠬᠦ ᠶᠢᠨ ᠵᠡᠷᠭᠡᠪᠡᠷ ᠦᠰᠦᠨ ᠪᠤᠶᠢᠵᠢᠯᠳᠠ ᠶᠢᠨ ᠴᠢᠨᠠᠷ ᠰᠠᠶᠢᠳᠠᠢ  ᠪᠤᠰᠤᠳ ᠠᠵᠤ ᠦᠢᠯᠡᠰ ᠤᠨ ᠲᠦᠷᠦᠯ ᠵᠦᠢᠯ ᠤᠨ ᠪᠡᠯᠡ ᠤᠷᠤᠭᠤᠯᠤᠯᠳᠠ᠂ ᠡᠵᠡᠩᠨᠡᠯᠳᠡ ᠪᠠ ᠬᠠᠮᠢᠶᠠᠷᠤᠯᠳᠠ ᠳᠤ  ᠤᠷᠤᠯᠴᠠᠵᠤ ᠪᠤᠯᠤᠨ᠎ᠠ᠃           ︵ᠬᠤᠷᠢᠨ ᠲᠤᠯᠤᠭ᠎ᠠ︶ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠵᠤᠬᠢᠬᠤ ᠬᠡᠮᠵᠶᠡᠨ ᠤ  ᠵᠢᠯᠤᠭᠤᠳᠬᠤ ᠪᠡᠯᠡ ᠤᠷᠤᠭᠤᠯᠵᠤ᠂ ᠨᠡᠶᠢᠭᠡᠮ ᠤᠨ ᠬᠦᠷᠦᠩᠭᠡ ᠶᠢ ᠰᠢᠩᠭᠡᠭᠡᠵᠦ᠂ ᠦᠪᠡᠷᠳᠡᠭᠡᠨ ᠵᠠᠰᠠᠬᠤ ᠤᠷᠤᠨ ᠤ  ᠰᠤᠶᠤᠯ ᠤᠨ ᠠᠵᠤ ᠦᠢᠯᠡᠰ ᠤᠨ ᠬᠦᠭᠵᠢᠯᠳᠡ ᠶᠢᠨ ᠪᠡᠯᠡ ᠤᠷᠤᠭᠤᠯᠤᠯᠳᠠ ᠶᠢᠨ ᠰᠠᠭᠤᠷᠢ ᠮᠦᠩᠬᠦ  ᠶᠢ ᠪᠠᠶᠢᠭᠤᠯᠤᠨ᠎ᠠ᠃  ᠲᠤᠰ ᠰᠠᠭᠤᠷᠢ ᠮᠦᠩᠬᠦ ᠨᠢ ᠰᠠᠭᠤᠷᠢ ᠮᠦᠩᠬᠦᠨ ᠤ ᠬᠠᠮᠢᠶᠠᠷᠤᠯᠳᠠ ᠶᠢᠨ ᠺᠤᠮᠫᠠᠨᠢ ᠳᠤ ᠨᠠᠶᠢᠳᠠᠨ ᠬᠠᠮᠢᠶᠠᠷᠤᠭᠤᠯᠵᠤ  ᠡᠵᠡᠩᠨᠡᠭᠦᠯᠦᠨ᠂ ᠭᠤᠤᠯᠳᠠᠯᠭ᠎ᠠ ᠲᠠᠢ ᠰᠤᠶᠤᠯ ᠤᠨ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ  ᠠᠬᠢᠭᠤᠯᠵᠤ᠂ ᠨᠡᠶᠢᠭᠡᠮ ᠤᠨ ᠬᠦᠷᠦᠩᠭᠡ ᠶᠢ ᠲᠠᠶᠢᠴᠢᠯᠠᠵᠤ ᠰᠤᠶᠤᠯ ᠤᠨ ᠠᠵᠤ ᠦᠢᠯᠡᠰ ᠲᠤ ᠪᠡᠯᠡ ᠤᠷᠤᠭᠤᠯᠬᠤ ᠶᠢ  ᠠᠬᠢᠭᠤᠯᠤᠨ᠎ᠠ᠃           ︵ᠬᠤᠷᠢᠨ ᠨᠠᠢᠮᠠ︶ ᠦᠪᠡᠷᠳᠡᠭᠡᠨ ᠵᠠᠰᠠᠬᠤ ᠤᠷᠤᠨ ᠤ ᠲᠡᠰ ᠤᠨ ᠰᠤᠶᠤᠯ ᠤᠨ ᠦᠮᠴᠢᠯᠡᠯ ᠤᠨ ᠡᠷᠭᠡ ᠶᠢᠨ  ᠰᠤᠯᠢᠯᠴᠠᠭᠠᠨ ᠤ ᠲᠠᠪᠴᠠᠩ ᠤᠨ ᠪᠠᠶᠢᠭᠤᠯᠤᠯᠳᠠ  ᠶᠢ ᠴᠢᠩᠭᠠᠳᠬᠠᠵᠤ᠂ ᠰᠤᠶᠤᠯ ᠤᠨ ᠦᠮᠴᠢᠯᠡᠯ ᠤᠨ ᠡᠷᠭᠡ ᠶᠢᠨ  ᠰᠤᠯᠢᠯᠴᠠᠭᠠᠨ ᠤ ᠠᠵᠢᠯᠯᠠᠭᠠᠨ ᠢ ᠵᠢᠷᠤᠮᠵᠢᠭᠤᠯᠵᠤ᠂ ᠪᠡᠯᠡ ᠬᠤᠷᠠᠮᠳᠠᠭᠤᠯᠬᠤ ᠠᠷᠭ᠎ᠠ ᠵᠠᠮ ᠢ ᠦᠷᠭᠡᠳᠭᠡᠵᠦ᠂ ᠰᠤᠶᠤᠯ ᠤᠨ  ᠵᠠᠬ᠎ᠠ ᠲᠡᠯᠭᠡᠬᠦᠷ ᠤᠨ ᠬᠦᠢᠯᠭᠡᠭᠡᠨ ᠤ ᠰᠢᠰᠲ᠋ᠧᠮ ᠢ ᠲᠡᠬᠦᠯᠳᠡᠷᠵᠢᠬᠦᠯᠦᠨ᠎ᠡ᠃           ︵ᠬᠤᠷᠢ ᠶᠢᠰᠦ︶ ᠦᠪᠡᠷᠳᠡᠭᠡᠨ ᠵᠠᠰᠠᠬᠤ ᠤᠷᠤᠨ ᠤ ᠬᠢᠨᠠᠨ ᠲᠤᠭᠳᠠᠭᠠᠭᠰᠠᠨ ᠭᠤᠤᠯᠳᠠᠯᠭ᠎ᠠ ᠲᠠᠢ ᠰᠤᠶᠤᠯ ᠤᠨ ᠠᠵᠤ  ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠶᠢᠨ ᠰᠢᠨ᠎ᠡ ᠪᠠᠷ ᠨᠡᠮᠡᠭᠳᠡᠬᠦ ᠤᠯᠤᠰ ᠤᠨ  ᠲᠤᠳᠤᠭᠠᠳᠤ ᠶᠢᠨ ᠵᠢᠭᠡᠯᠡᠯᠭᠡ ᠶᠢᠨ ᠬᠡᠰᠡᠭ ᠲᠤ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠬᠤ  ᠬᠡᠮᠵᠢᠶᠡᠨ ᠤ ᠬᠦᠦ ᠮᠦᠩᠬᠦ ᠶᠢᠨ ᠨᠦᠬᠦᠪᠦᠷᠢ ᠤᠯᠭᠤᠨ᠎ᠡ᠃            ︵ᠭᠤᠴᠢ︶ ᠮᠦᠩᠬᠦᠨ ᠬᠦᠢᠯᠭᠡᠭᠡᠨ ᠤ ᠪᠠᠶᠢᠭᠤᠯᠤᠮᠵᠢ ᠠᠴᠠ ᠲᠤᠮᠳᠠ ᠪᠠᠭ᠎ᠠ ᠰᠤᠶᠤᠯ ᠤᠨ ᠠᠵᠤ ᠠᠬᠤᠢᠢᠯᠠᠯ ᠳᠤ  ᠵᠢᠭᠡᠯᠡᠯᠭᠡ ᠬᠠᠩᠭᠠᠪᠠᠯ᠂ ᠤᠨ ᠤ ᠲᠤᠮᠳᠠᠴᠢ ᠵᠢᠭᠡᠯᠡᠯᠭᠡ ᠶᠢᠨ ᠦᠯᠡᠳᠡᠪᠦᠷᠢ ᠶᠢᠨ ᠬᠡᠮᠵᠢᠶ᠎ᠡ ᠪᠠᠷ ᠦᠪᠡᠷᠳᠡᠭᠡᠨ ᠵᠠᠰᠠᠬᠤ  ᠤᠷᠤᠨ ᠤ ᠡᠯ᠎ᠡ ᠱᠠᠳᠤᠨ ᠤ ᠵᠠᠰᠠᠭ ᠤᠨ ᠤᠷᠳᠤᠨ ᠠᠴᠠ ᠵᠤᠬᠢᠬᠤ ᠱᠠᠩᠨᠠᠯ ᠬᠦᠷᠳᠡᠭᠡᠨ᠎ᠡ᠃          ︵ᠭᠤᠴᠢᠨ ᠨᠢᠭᠡ︶ ᠤᠯᠤᠰ ᠤᠨ ᠦᠮᠴᠢᠯᠡᠯ ᠤᠨ ᠲᠤᠮᠤ ᠲᠤᠮᠳᠠ ᠬᠡᠯᠪᠡᠷᠢ ᠶᠢᠨ ᠠᠵᠤ ᠠᠬᠤᠢᠢᠯᠠᠯ ᠦᠪᠡᠷᠳᠡᠭᠡᠨ  ᠵᠠᠰᠠᠬᠤ ᠤᠷᠤᠨ ᠤ ᠭᠤᠤᠯᠳᠠᠯᠭ᠎ᠠ ᠲᠠᠢ ᠰᠤᠶᠤᠯ ᠤᠨ ᠠᠵᠤ ᠦᠢᠯᠡᠰ ᠤᠨ ᠲᠦᠷᠦᠯ ᠵᠦᠢᠯ ᠳᠤ ᠵᠢᠭᠡᠯᠡᠯᠭᠡ ᠶᠢᠨ ᠪᠠᠳᠤᠯᠠᠪᠤᠷᠢ  ᠬᠠᠩᠭᠠᠬᠤ ᠪᠤᠶᠤ ᠰᠢᠭᠤᠳ ᠪᠡᠯᠡ ᠤᠷᠤᠭᠤᠯᠬᠤ ᠶᠢ ᠵᠤᠷᠢᠬᠵᠢᠭᠤᠯᠤᠨ᠎ᠠ᠃ ᠤᠯᠤᠰ ᠤᠨ ᠦᠮᠴᠢᠯᠡᠯ ᠤᠨ ᠬᠦᠷᠦᠩᠭᠡ ᠶᠢᠨ  ᠠᠰᠢᠭ ᠤᠯᠵᠠᠪᠤᠷᠢ ᠶᠢ ᠲᠡᠭᠡᠭᠰᠢ ᠲᠤᠰᠢᠶᠠᠬᠤ ᠶᠢ ᠬᠡᠷᠡᠭᠵᠢᠬᠦᠯᠵᠦ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠰᠢᠭᠤᠳ  ᠬᠠᠷᠢᠶ᠎ᠠ ᠠᠵᠤ ᠠᠬᠤᠢᠢᠯᠠᠯ ᠵᠦᠪᠰᠢᠶᠡᠷᠡᠬᠦᠯᠬᠦ ᠪᠠᠷ ᠲᠠᠮᠵᠢᠨ ᠬᠡᠰᠡᠭ ᠤᠯᠤᠰ ᠤᠨ ᠦᠮᠴᠢᠯᠡᠯ ᠤᠨ ᠬᠦᠷᠦᠩᠭᠡ ᠶᠢᠨ ᠠᠰᠢᠭ  ᠤᠷᠤᠯᠭ᠎ᠠ ᠶᠢ ᠲᠡᠭᠡᠭᠰᠢ ᠲᠤᠰᠢᠶᠠᠬᠤ ᠶᠢ ᠤᠷᠤᠯᠠᠭᠤᠯᠵᠤ ᠪᠤᠯᠤᠨ᠎ᠠ︔᠃ ᠬᠠᠷᠠᠬᠠᠨ ᠬᠡᠷᠡᠭᠵᠢᠬᠦᠯᠦᠭᠡ ᠦᠭᠡᠢ ᠠᠵᠤ  ᠠᠬᠤᠢᠢᠯᠠᠯ ᠳᠤ ᠡᠯ᠎ᠡ ᠱᠠᠳᠤᠨ ᠤ ᠡᠳ᠋ ᠤᠨ ᠵᠠᠰᠠᠭ ᠠᠴᠠ ᠪᠠᠳᠤᠯᠠᠪᠤᠷᠢ ᠤᠯᠭᠤᠭᠰᠠᠨ ᠬᠡᠮᠵᠢᠶ᠎ᠡ ᠪᠤᠶᠤ ᠪᠡᠯᠡ ᠤᠷᠤᠭᠤᠯᠤᠭᠰᠠᠨ  ᠬᠡᠮᠵᠢᠶ᠎ᠡ ᠪᠠᠷ ᠨᠢ ᠱᠠᠩᠨᠠᠯ ᠤᠨ ᠨᠦᠬᠦᠪᠦᠷᠢ ᠤᠯᠭᠤᠨ᠎ᠠ᠃ ᠨᠦᠬᠦᠴᠡᠯ ᠳᠤ ᠬᠦᠷᠦᠭᠰᠡᠨ ᠪᠠᠳᠤᠯᠠᠪᠤᠷᠢ ᠶᠢᠨ ᠪᠠᠶᠢᠭᠤᠯᠤᠮᠵᠢ᠂  ᠲᠠᠬᠢᠨ ᠪᠠᠳᠤᠯᠠᠪᠤᠷᠢ ᠶᠢᠨ ᠪᠠᠶᠢᠭᠤᠯᠤᠮᠵᠢ ᠲᠤᠮᠳᠠ ᠪᠠᠭ᠎ᠠ ᠰᠤᠶᠤᠯ ᠤᠨ ᠠᠵᠤ ᠠᠬᠤᠢᠢᠯᠠᠯ ᠳᠤ ᠪᠡᠯᠡ ᠬᠤᠷᠠᠮᠳᠤᠭᠤᠯᠬᠤ  ᠪᠠᠳᠤᠯᠠᠪᠤᠷᠢ ᠶᠢᠨ ᠦᠢᠯᠡᠴᠢᠯᠡᠭᠡ ᠬᠠᠩᠭᠠᠪᠠᠯ᠂ ᠡᠯ᠎ᠡ ᠱᠠᠳᠤᠨ ᠤ ᠡᠳ᠋ ᠤᠨ ᠵᠠᠰᠠᠭ ᠠᠴᠠ ᠵᠢᠯ ᠤᠨ ᠡᠴᠦᠰ ᠤᠨ ᠪᠠᠳᠤᠯᠠᠪᠤᠷᠢ   ᠶᠢᠨ ᠬᠠᠷᠢᠭᠤᠴᠠᠯᠭ᠎ᠠ ᠶᠢᠨ ᠦᠯᠡᠳᠡᠪᠦᠷᠢ ᠬᠡᠮᠵᠢᠶ᠎ᠡ ᠶᠢ ᠦᠨᠳᠦᠰᠦᠯᠡᠵᠦ ᠵᠤᠬᠢᠬᠤ ᠬᠠᠷᠢᠴᠠᠯ ᠤᠨ ᠠᠶᠤᠯ ᠲᠦᠭᠰᠢᠬᠦᠷᠢ ᠶᠢᠨ  ᠨᠦᠬᠦᠪᠦᠷᠢ ᠤᠯᠭᠤᠨ᠎ᠠ᠃            ︵ᠭᠤᠴᠢᠨ ᠬᠤᠶᠠᠷ︶ ᠰᠲ᠋ᠤᠺ ᠤᠨ ᠵᠠᠬ᠎ᠠ ᠲᠡᠯᠭᠡᠬᠦᠷ ᠲᠤ ᠭᠠᠷᠬᠤ ᠨᠦᠬᠦᠴᠡᠯ ᠳᠤ ᠬᠦᠷᠦᠭᠰᠡᠨ ᠰᠤᠶᠤᠯ ᠤᠨ ᠠᠵᠤ  ᠠᠬᠤᠢᠢᠯᠠᠯ ᠬᠠᠮᠢᠶ᠎ᠠ ᠪᠦᠬᠦᠢ ᠬᠢᠨᠠᠨ ᠵᠦᠪᠰᠢᠶᠡᠷᠡᠯ ᠤᠨ ᠭᠠᠷᠳᠠᠮ ᠬᠦᠢᠴᠡᠳᠭᠡᠬᠦ ᠦᠶᠡᠰ᠂ ᠡᠯ᠎ᠡ ᠱᠠᠳᠤᠨ ᠤ ᠠᠷᠠᠳ ᠤᠨ  ᠵᠠᠰᠠᠭ ᠤᠨ ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠪᠬᠢ ᠲᠡᠮᠵᠢᠯᠭᠡ ᠬᠠᠩᠭᠠᠵᠤ᠂ ᠬᠤᠯᠪᠤᠭᠳᠠᠭᠰᠠᠨ ᠡᠯ᠎ᠡ  ᠲᠦᠷᠦᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠰᠦᠢᠳᠭᠡᠯ ᠢ ᠬᠡᠯᠳᠦᠷᠢᠬᠦᠯᠦᠨ᠎ᠡ᠃ ᠮᠠᠨ ᠤ ᠤᠷᠤᠨ ᠤ ᠬᠢᠵᠠᠭᠠᠷ  ᠲᠤᠳᠤᠷᠠᠬᠢ ᠬᠠᠮᠤᠭ ᠲᠦᠷᠦᠬᠦᠦ ᠰᠲ᠋ᠤᠺ ᠤᠨ ᠵᠠᠬ᠎ᠠ ᠲᠡᠯᠭᠡᠬᠦᠷ ᠲᠤ ᠭᠠᠷᠤᠭᠰᠠᠨ ᠰᠤᠶᠤᠯ ᠤᠨ ᠠᠵᠤ ᠠᠬᠤᠢᠢᠯᠠᠯ ᠢ 1000  ᠲᠦᠮᠡᠨ ᠲᠦᠬᠦᠷᠢᠭ ᠢᠶᠠᠷ ᠱᠠᠩᠨᠠᠵᠤ᠂ ᠪᠤᠰᠤᠳ ᠤᠨ ᠬᠦᠴᠦᠨ ᠳᠤ ᠲᠦᠰᠢᠭᠯᠡᠨ ᠰᠲ᠋ᠤᠺ ᠤᠨ ᠵᠠᠬ᠎ᠠ ᠲᠡᠯᠭᠡᠭᠦᠷ ᠲᠤ  ᠭᠠᠷᠤᠬᠰᠠᠨ ᠪᠤᠯ 500 ᠲᠦᠮᠡᠨ ᠲᠦᠭᠦᠷᠢᠭ ᠢᠶᠠᠷ ᠱᠠᠩᠨᠠᠨ᠎ᠠ᠃          ᠵᠢᠷᠭᠤᠭ᠎ᠠ᠂ ᠪᠦᠳᠦᠭᠡᠨ ᠪᠠᠶᠢᠭᠤᠯᠤᠯᠳᠠ ᠶᠢᠨ ᠭᠤᠤᠯᠳᠠᠯᠭ᠎ᠠ           ︵ᠭᠤᠴᠢᠨ ᠭᠤᠷᠪᠠ︶ ᠦᠪᠡᠷᠳᠡᠭᠡᠨ ᠵᠠᠰᠠᠬᠤ ᠤᠷᠤᠨ ᠪᠤᠯᠤᠨ ᠤᠯᠤᠰ ᠤᠨ ᠲᠡᠰ ᠤᠨ ᠰᠤᠶᠤᠯ ᠤᠨ ᠠᠵᠤ  ᠦᠢᠯᠡᠰ ᠤᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠎ᠠ᠃ ᠰᠤᠶᠤᠯ ᠤᠨ  ᠠᠵᠤ ᠦᠢᠯᠡᠰ ᠤᠨ ᠬᠦᠷᠢᠶᠡᠯᠡᠩ ᠲᠤᠭᠤᠷᠢᠭ ᠢᠶᠠᠷ ᠡᠷᠡᠮᠡᠯᠵᠡᠯᠡᠬᠦ ᠬᠢᠨᠠᠨ ᠲᠤᠭᠳᠠᠭᠠᠬᠤ ᠬᠠᠮᠢᠶᠠᠷᠤᠯᠳᠠ ᠶᠢᠨ ᠠᠷᠭ᠎ᠠ ᠶᠢᠨ  ᠲᠤᠭᠳᠠᠭᠠᠯ ᠤᠨ ᠨᠦᠬᠦᠴᠡᠯ ᠳᠤ ᠨᠡᠶᠢᠴᠡᠬᠦ ᠠᠶᠢᠮᠠᠭ ᠬᠤᠳᠠ ᠶᠢᠨ ᠲᠡᠰ ᠤᠨ ᠰᠤᠶᠤᠯ ᠤᠨ ᠠᠵᠤ ᠦᠢᠯᠡᠰ ᠤᠨ ᠬᠦᠷᠢᠶᠡᠯᠡᠩ  ᠲᠤᠭᠤᠷᠢᠭ ᠨᠢ ᠵᠦᠪᠰᠢᠶᠡᠷᠡᠬᠦᠯᠬᠦ ᠪᠠᠷ ᠲᠠᠮᠵᠢᠨ ᠦᠪᠡᠷᠳᠡᠭᠡᠨ ᠵᠠᠰᠠᠬᠤ ᠤᠷᠤᠨ ᠤ ᠲᠡᠰ ᠤᠨ ᠰᠤᠶᠤᠯ ᠤᠨ ᠠᠵᠤ ᠦᠢᠯᠡᠰ ᠤᠨ  ᠬᠦᠷᠢᠶᠡᠯᠡᠩ ᠲᠤᠭᠤᠷᠢᠭ ᠪᠤᠯᠵᠤ ᠲᠡᠪᠰᠢᠵᠦ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠪᠠ ᠤᠯᠤᠰ ᠤᠨ ᠲᠡᠰ ᠤᠨ  ᠰᠤᠶᠤᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠰᠤᠶᠤᠯ ᠤᠨ ᠠᠵᠤ ᠠᠬᠤᠢᠢᠯᠠᠯ ᠳᠤ ᠦᠪᠡᠷᠳᠡᠭᠡᠨ ᠵᠠᠰᠠᠬᠤ  ᠤᠷᠤᠨ ᠠᠴᠠ ᠭᠤᠤᠯᠳᠠᠯᠭ᠎ᠠ ᠲᠠᠢ ᠲᠡᠮᠵᠢᠯᠭᠡ ᠬᠠᠩᠭᠠᠨ᠎ᠠ᠃           ︵ᠭᠤᠴᠢᠨ ᠲᠦᠷᠪᠡ︶ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠤ ᠬᠦᠭᠵᠢᠯᠳᠡ ᠶᠢ  ᠲᠡᠮᠵᠢᠨ᠎ᠡ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠤ ᠦᠢᠯᠡᠰ ᠤᠨ ᠵᠢᠱᠢᠶ᠎ᠡ  ᠦᠵᠡᠬᠦᠯᠬᠦ ᠰᠠᠭᠤᠷᠢᠨ ᠢ ᠦᠨᠡᠯᠡᠨ ᠬᠢᠨᠠᠬᠤ ᠨᠡᠷᠡᠶᠢᠳᠬᠦ ᠬᠠᠮᠢᠶᠠᠷᠤᠯᠳᠠ ᠶᠢᠨ ᠠᠷᠭ᠎ᠠ︾  ᠶᠢᠨ ᠲᠤᠭᠳᠠᠭᠠᠯ ᠳᠤ ᠨᠡᠶᠢᠴᠡᠬᠦ  ᠰᠤᠶᠤᠯ ᠤᠨ ᠠᠵᠤ ᠠᠬᠤᠢᠢᠯᠠᠯ ᠢ ᠵᠦᠪᠰᠢᠶᠡᠷᠡᠬᠦᠯᠬᠦ ᠪᠠᠷ ᠲᠠᠮᠵᠢᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠤ  ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠢᠶᠠᠷ ᠨᠡᠷᠡᠶᠢᠳᠴᠦ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠰᠤᠶᠤᠯ ᠤᠨ  ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠤ ᠲᠤᠳᠤᠷᠠᠬᠢ ᠲᠦᠷᠦᠯ ᠵᠦᠢᠯ ᠨᠢ ᠦᠪᠡᠷᠳᠡᠭᠡᠨ ᠵᠠᠰᠠᠬᠤ ᠤᠷᠤᠨ ᠤ  ᠲᠡᠰ᠂ ᠤᠯᠤᠰ ᠤᠨ ᠲᠡᠰ ᠤᠨ ᠰᠤᠶᠤᠯ ᠤᠨ ᠠᠵᠤ ᠦᠢᠯᠡᠰ ᠤᠨ ᠲᠤᠰᠬᠠᠢ ᠪᠡᠯᠡ ᠮᠦᠩᠬᠦ ᠶᠢ ᠡᠷᠡᠮᠡᠯᠵᠡᠯᠡᠵᠦ᠂ ᠦᠪᠡᠷᠳᠡᠭᠡᠨ  ᠵᠠᠰᠠᠬᠤ ᠤᠷᠤᠨ ᠤ ᠲᠡᠰ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯᠯᠠᠭ᠎ᠠ ᠳᠤ ᠤᠷᠤᠯᠴᠠᠵᠤ ᠪᠤᠯᠬᠤ ᠶᠢᠨ  ᠬᠠᠮᠳᠤ᠂ ᠪᠠᠩᠬᠢ᠂ ᠲᠠᠭᠠᠳᠬᠠᠯ᠂ ᠪᠠᠳᠤᠯᠠᠪᠤᠷᠢ ᠵᠡᠷᠭᠡ ᠮᠦᠩᠬᠦᠨ ᠬᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠬᠤ ᠦᠶᠡᠰ  ᠤᠷᠢᠳᠠᠪᠠᠷ ᠪᠤᠳᠤᠯᠬᠢᠯᠠᠬᠤ ᠶᠢ ᠪᠠᠳᠤᠯᠠᠨ᠎ᠠ᠃          ︵ᠭᠤᠴᠢᠨ ᠲᠠᠪᠤ︶ ᠰᠤᠶᠤᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠲᠤᠳᠤᠷᠠᠬᠢ ᠰᠤᠶᠤᠯ ᠤᠨ ᠠᠵᠤ  ᠠᠬᠤᠢᠢᠯᠠᠯ ᠤᠨ ᠬᠦᠭᠵᠢᠯᠳᠡ ᠪᠠ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠤ ᠬᠦᠭᠵᠢᠯᠳᠡ ᠶᠢ  ᠲᠡᠮᠵᠢᠨ᠎ᠡ᠃ ᠰᠤᠶᠤᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ ᠰᠠᠭᠤᠷᠢᠰᠢᠭᠰᠠᠨ ᠪᠠ ᠰᠤᠶᠤᠯ ᠤᠨ ᠠᠵᠤ  ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠢᠶᠠᠷ ᠨᠡᠷᠡᠶᠢᠳᠦᠭᠳᠡᠭᠰᠡᠨ ᠰᠤᠶᠤᠯ ᠤᠨ ᠠᠵᠤ ᠠᠬᠤᠢᠢᠯᠠᠯ ᠪᠦᠬᠦᠨ ᠦᠪᠡᠷᠳᠡᠭᠡᠨ  ᠵᠠᠰᠠᠬᠤ ᠤᠷᠤᠨ ᠤ ᠬᠠᠮᠢᠶ᠎ᠠ ᠪᠦᠬᠦᠢ ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠮᠡᠷᠭᠡᠵᠢᠯ ᠤᠨ ᠦᠭᠡᠷᠡᠴᠢᠯᠡᠯᠳᠡ ᠬᠢᠬᠦ   ᠪᠠᠷ ᠡᠷᠡᠮᠡᠯᠵᠡᠯᠡᠬᠦ᠂ ᠲᠤᠮᠤ ᠠᠵᠤ ᠠᠬᠤᠢᠢᠯᠠᠯ ︵ᠪᠦᠯᠦᠭᠯᠡᠯ︶ ᠪᠠ ᠲᠤᠮᠳᠠ ᠪᠠᠭ᠎ᠠ ᠠᠵᠤ ᠠᠬᠤᠢᠢᠯᠠᠯ ᠤᠨ ᠰᠢᠨᠵᠢᠯᠡᠬᠦ  ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠵᠡᠷᠭᠡ ᠲᠠᠯ᠎ᠠ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠳᠡᠵᠦ᠂  ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠬᠡᠢ ᠬᠡᠷᠡᠭᠯᠡᠬᠦ ᠵᠡᠷᠭᠡ ᠲᠠᠯ᠎ᠠ ᠶᠢᠨ  ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠵᠦ ᠪᠤᠯᠤᠨ᠎ᠠ᠃           ︵ᠭᠤᠴᠢᠨ ᠵᠢᠷᠭᠤᠭ᠎ᠠ︶ ᠰᠤᠶᠤᠯ ᠤᠨ ᠠᠵᠤ ᠠᠬᠤᠢᠢᠯᠠᠯ ᠤᠨ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ  ᠬᠡᠷᠡᠭᠵᠢᠬᠦᠯᠬᠦ ᠶᠢ ᠵᠤᠷᠢᠬᠵᠢᠭᠤᠯᠤᠨ᠎ᠠ᠃ ᠲᠤᠮᠳᠠᠳᠤ ᠤᠯᠤᠰ ᠤᠨ ᠨᠡᠷᠡᠳᠦ ᠲᠦᠷᠦᠯ ᠲᠡᠮᠳᠡᠭ ᠤᠨ ᠲᠠᠸᠠᠷ ᠤᠨ ᠱᠤᠰᠢᠭ᠎ᠠ ᠪᠠ  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠷᠡᠳᠦ ᠲᠦᠷᠦᠯ ᠲᠡᠮᠳᠡᠭᠳᠦ ᠶᠢᠨ ᠲᠠᠸᠠᠷ ᠤᠨ ᠱᠤᠰᠢᠭ᠎ᠠ ᠶᠢ ᠰᠢᠨ᠎ᠡ   ᠪᠠᠷ ᠤᠯᠤᠭᠰᠠᠨ ᠠᠵᠤ ᠠᠬᠤᠢᠢᠯᠠᠯ ᠳᠤ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠬᠤ ᠬᠦᠬᠢᠬᠦᠯᠦᠯ  ᠤᠯᠭᠤᠨ᠎ᠠ᠃            ︵ᠭᠤᠴᠢᠨ ᠲᠤᠯᠤᠭ᠎ᠠ︶ ᠰᠤᠶᠤᠯ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠠᠯᠴᠠᠭ᠎ᠠ ᠶᠢ     ᠠᠬᠢᠭᠤᠯᠤᠨ᠎ᠠ᠃  ᠰᠤᠶᠤᠯ ᠰᠢᠨᠵᠢᠯᠡᠬᠦ ᠤᠬᠠᠭᠠᠨ ᠮᠡᠷᠭᠡᠵᠢᠯ ᠠᠭᠤᠰᠤᠯᠴᠠᠬᠰᠠᠨ ᠬᠡᠯᠪᠡᠷᠢ ᠶᠢᠨ ᠰᠢᠨ᠎ᠡ ᠲᠦᠷᠦᠯ ᠵᠦᠢᠯ ᠳᠤ ᠵᠦᠪᠰᠢᠶᠡᠷᠡᠬᠦᠯᠬᠦ   ᠪᠠᠷ ᠲᠠᠮᠵᠢᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠬᠤ ᠬᠡᠮᠵᠢᠶᠡᠨ ᠤ ᠰᠤᠳᠤᠯᠤᠨ ᠨᠡᠭᠡᠭᠡᠨ  ᠬᠦᠭᠵᠢᠬᠦᠯᠬᠦ ᠵᠠᠷᠤᠳᠠᠯ ᠦᠭᠴᠦ᠂ ᠲᠡᠷᠢᠬᠦᠨ ᠤ ᠦᠷ᠎ᠡ ᠪᠦᠳᠦᠭᠡᠯ ᠤᠯᠤᠭᠰᠠᠤᠨ ᠲᠤ ᠱᠠᠩᠨᠠᠯ ᠤᠯᠭᠤᠨ᠎ᠠ︔ ᠤᠯᠤᠰ ᠤᠨ  ᠲᠡᠰ ᠤᠨ ᠰᠤᠶᠤᠯ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠤᠬᠰᠠᠨ ᠵᠢᠱᠢᠶ᠎ᠡ ᠦᠵᠡᠬᠦᠯᠬᠦ ᠰᠠᠭᠤᠷᠢᠨ᠂  ᠲᠤᠭᠠᠴᠢᠯᠠᠭᠰᠠᠨ ᠬᠡᠪᠯᠡᠯ ᠤᠨ ᠰᠠᠭᠤᠷᠢᠨ ᠵᠡᠷᠭᠡ ᠡᠯ᠎ᠡ ᠲᠦᠷᠦᠯ ᠤᠨ ᠰᠤᠶᠤᠯ ᠤᠨ ᠠᠵᠤ ᠠᠬᠤᠢᠢᠯᠠᠯ ᠤᠨ ᠰᠠᠭᠤᠷᠢᠨ ᠤ ᠠᠵᠤ  ᠠᠬᠤᠢᠢᠯᠠᠯ ᠤᠨ ᠲᠦᠷᠦᠯ ᠵᠦᠢᠯ ᠪᠠ ᠬᠡᠪᠴᠢᠶ᠎ᠡ ᠶᠢ ᠦᠨᠳᠦᠰᠦᠯᠡᠵᠦ ᠂ ᠦᠪᠡᠷᠳᠡᠭᠡᠨ ᠵᠠᠰᠠᠬᠤ ᠤᠷᠤᠨ ᠠᠴᠠ ᠵᠤᠬᠢᠬᠤ  ᠱᠠᠩᠨᠠᠯ ᠤᠯᠭᠤᠨ᠎ᠠ᠃            ︵ᠭᠤᠴᠢᠨ ᠨᠠᠢᠮᠠ︶ ᠲᠤᠮᠳᠠ ᠪᠠᠭ᠎ᠠ ᠰᠤᠶᠤᠯ ᠤᠨ ᠠᠵᠤ ᠠᠬᠤᠢᠢᠯᠠᠯ ᠤᠨ ᠬᠦᠭᠵᠢᠯᠳᠡ ᠶᠢ ᠬᠦᠴᠦᠳᠡᠢ ᠲᠡᠳᠬᠦᠨ᠎ᠡ᠃ ᠪᠡᠯᠡ ᠤᠷᠤᠭᠤᠯᠤᠯᠳᠠ ᠪᠠᠷ ᠠᠬᠢᠭᠤᠯᠬᠤ᠂ ᠬᠡᠷ ᠪᠠᠶᠢᠰᠢᠩ ᠲᠦᠷᠢᠶᠡᠰᠦᠯᠡᠬᠦ ᠨᠦᠬᠦᠪᠦᠷᠢ ᠦᠭᠬᠦ᠂ ᠴᠢᠳᠠᠪᠤᠷᠢᠳᠠᠨ ᠢ  ᠤᠷᠤᠭᠤᠯᠤᠨ ᠠᠪᠴᠢᠷᠠᠬᠤ᠂ ᠭᠠᠶᠢᠯᠢ ᠬᠤᠷᠢᠶᠠᠯᠳᠠ ᠶᠢ ᠪᠤᠴᠠᠭᠠᠬᠤ᠂ ᠪᠡᠯᠡ ᠬᠤᠷᠠᠮᠳᠤᠭᠤᠯᠬᠤ ᠪᠠᠳᠤᠯᠠᠪᠤᠷᠢ ᠬᠠᠩᠭᠠᠬᠤ  ᠵᠡᠷᠭᠡ ᠲᠦᠷᠦ ᠶᠢᠨ ᠪᠤᠳᠤᠯᠭ᠎ᠠ ᠪᠠᠷ ᠲᠠᠮᠵᠢᠭᠤᠯᠵᠤ᠂ ᠲᠤᠮᠳᠠ ᠪᠠᠭ᠎ᠠ ᠰᠤᠶᠤᠯ ᠤᠨ ᠠᠵᠤ ᠠᠬᠤᠢᠢᠯᠠᠯ ᠤᠨ ᠬᠦᠭᠵᠢᠯᠳᠡ  ᠶᠢ  ᠲᠡᠳᠬᠦᠨ᠎ᠡ᠃ ᠦᠰᠦᠨ ᠪᠤᠶᠢᠵᠢᠯᠳᠠ ᠶᠢᠨ ᠴᠢᠨᠠᠷ ᠰᠠᠶᠢᠳᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠦᠨᠳᠦᠷ  ᠲᠤᠮᠳᠠ ᠪᠠᠭ᠎ᠠ ᠰᠤᠶᠤᠯ ᠤᠨ ᠠᠵᠤ ᠠᠬᠤᠢᠢᠯᠠᠯ ᠪᠠ ᠪᠦᠳᠦᠭᠡᠯᠴᠢ ᠰᠠᠨᠠᠭ᠎ᠠ᠂ ᠵᠢᠷᠤᠭ ᠲᠦᠯᠦᠪᠯᠡᠭᠡ᠂ ᠢᠨᠲ᠋ᠧᠷ  ᠰᠦᠯᠵᠢᠶᠡᠨ ᠤ ᠦᠢᠯᠡᠴᠢᠯᠡᠭᠡ ᠵᠡᠷᠭᠡ ᠰᠢᠨ᠎ᠡ ᠪᠠᠷ ᠮᠠᠨᠳᠤᠭᠰᠠᠨ ᠲᠤᠮᠳᠠ ᠪᠠᠭ᠎ᠠ ᠵᠢᠵᠢᠭ ᠰᠤᠶᠤᠯ ᠤᠨ ᠠᠵᠤ ᠠᠬᠤᠢᠢᠯᠠᠯ  ᠰᠤᠶᠤᠯ ᠤᠨ ᠪᠦᠳᠦᠭᠡᠯᠴᠢ ᠠᠵᠤ ᠦᠢᠯᠡᠰ ᠤᠨ ᠬᠦᠷᠢᠶᠡᠯᠡᠩ ᠳᠤ ᠤᠷᠢᠳᠠᠪᠠᠷ ᠤᠷᠤᠵᠤ ᠰᠠᠭᠤᠷᠢᠰᠢᠵᠤ ᠪᠤᠯᠤᠨ᠎ᠠ᠃           ︵ ᠭᠤᠴᠢ ᠶᠢᠰᠦ︶ ᠰᠤᠶᠤᠯ ᠤᠨ ᠠᠵᠤ ᠠᠬᠤᠢᠢᠯᠠᠯ ᠤᠨ ︽ᠭᠠᠳᠠᠭᠰᠢ ᠭᠠᠷᠬᠤ︾ ᠶᠢ ᠲᠡᠮᠵᠢᠨ᠎ᠡ᠃ ᠤᠯᠤᠰ ᠤᠨ  ᠰᠤᠶᠤᠯ ᠤᠨ ᠦᠢᠯᠡᠳᠬᠦᠨ ᠵᠢᠴᠢ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠶᠢ ᠵᠤᠷᠢᠬᠵᠢᠭᠤᠯᠤᠨ ᠲᠡᠮᠵᠢᠬᠦ ᠲᠤᠬᠠᠢ  ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠲᠡᠯᠭᠡᠬᠦᠷ ᠢ ᠦᠷᠭᠡᠳᠭᠡᠬᠦ᠂  ᠮᠡᠷᠭᠡᠵᠢᠯ ᠤᠨ ᠰᠢᠨ᠎ᠡ ᠶᠢ ᠡᠬᠦᠳᠬᠦ᠂ ᠪᠤᠭᠤᠮᠳᠠ ᠪᠠᠷ ᠨᠡᠪᠳᠡᠷᠡᠬᠦ ᠵᠡᠷᠭᠡ ᠲᠠᠯ᠎ᠠ ᠪᠠᠷ ᠲᠡᠮᠵᠢᠵᠦ᠂ ᠰᠤᠶᠤᠯ ᠤᠨ ᠠᠵᠤ  ᠠᠬᠤᠢᠢᠯᠠᠯ ᠤᠨ ︽ᠭᠠᠳᠠᠭᠰᠢ ᠭᠠᠷᠬᠤ︾ ᠶᠢ ᠬᠦᠴᠦᠳᠡᠢ ᠠᠬᠢᠭᠤᠯᠤᠨ᠎ᠠ᠃ ︽ᠤᠯᠤᠰ ᠤᠨ ᠰᠤᠶᠤᠯ ᠢ ᠭᠠᠳᠠᠭᠠᠳᠤ ᠳᠤ  ᠭᠠᠷᠭᠠᠬᠤ ᠭᠤᠤᠯᠳᠠᠯᠭ᠎ᠠ ᠲᠠᠢ ᠠᠵᠤ ᠠᠬᠤᠢᠢᠯᠠᠯ ᠪᠠ ᠲᠦᠷᠦᠯ ᠵᠦᠢᠯ ᠤᠨ ᠭᠠᠷᠴᠠᠭ︾ ᠢ ᠦᠨᠳᠦᠰᠦᠯᠡᠵᠦ᠂ ︽ᠦᠪᠦᠷ  ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠢ ᠭᠠᠳᠠᠭᠠᠳᠤ ᠳᠤ ᠭᠠᠷᠭᠠᠬᠤ ᠭᠤᠤᠯᠳᠠᠯᠭ᠎ᠠ ᠲᠠᠢ ᠠᠵᠤ ᠠᠬᠤᠢᠢᠯᠠᠯ  ᠪᠠ ᠲᠦᠷᠦᠯ ᠵᠦᠢᠯ ᠤᠨ ᠭᠠᠷᠴᠠᠭ︾ ᠢ ᠪᠠᠶᠢᠭᠤᠯᠵᠤ᠂ ᠭᠠᠷᠴᠠᠭ ᠲᠤ ᠤᠷᠤᠭᠰᠠᠨ ᠭᠤᠤᠯᠳᠠᠯᠭ᠎ᠠ ᠲᠠᠢ ᠠᠵᠤ ᠠᠬᠤᠢᠢᠯᠠᠯ ᠪᠠ  ᠲᠦᠷᠦᠯ ᠵᠦᠢᠯ ᠨᠢ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠠᠵᠤ ᠠᠬᠤᠢ ᠠᠷᠠᠯᠵᠢᠶᠠᠨ ᠤ ᠬᠦᠭᠵᠢᠯᠳᠡ ᠶᠢᠨ ᠲᠤᠰᠬᠠᠢ  ᠪᠡᠯᠡ ᠮᠦᠩᠬᠦᠨ ᠤ ᠲᠡᠮᠵᠢᠯᠭᠡ ᠤᠯᠬᠤ ᠬᠦᠷᠢᠶ᠎ᠡ ᠬᠡᠪᠴᠢᠶᠠᠨ ᠳᠤ ᠬᠠᠷᠢᠶᠠᠯᠠᠬᠳᠠᠬᠰᠠᠨ ᠪᠤᠯ ᠤᠷᠢᠳᠠᠪᠡᠷ ᠲᠡᠮᠵᠢᠨ᠎ᠠ᠃  ᠭᠠᠷᠴᠠᠭ ᠲᠤ ᠤᠷᠤᠭᠰᠠᠨ ᠭᠤᠤᠯᠳᠠᠯᠭ᠎ᠠ ᠲᠠᠢ ᠠᠵᠤ ᠠᠬᠤᠢᠢᠯᠠᠯ ᠪᠠ ᠲᠦᠷᠦᠯ ᠵᠦᠢᠯ ᠢ ᠢᠳᠡᠪᠬᠢᠳᠡᠢ ᠬᠠᠪᠰᠤᠷᠴᠤ  ᠰᠤᠶᠤᠯ ᠢ ᠭᠠᠳᠠᠭᠰᠢ ᠭᠠᠷᠭᠠᠭᠰᠠᠨ ᠲᠦᠪ ᠤᠨ ᠱᠠᠩᠨᠠᠯ ᠤᠨ ᠮᠦᠩᠬᠦ ᠶᠢ ᠡᠷᠡᠮᠡᠯᠵᠡᠯᠡᠵᠦ ᠦᠭᠬᠦᠨ᠎ᠡ᠃ ᠰᠤᠶᠤᠯ ᠤᠨ ᠠᠵᠤ  ᠠᠬᠤᠢᠢᠯᠠᠯ ᠤᠨ ᠬᠤᠪᠢ ᠤᠷᠤᠬᠤ᠂ ᠨᠡᠶᠢᠯᠡᠬᠦᠯᠦᠨ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠬᠡᠯᠪᠡᠷᠢ ᠪᠠᠷ  ᠭᠠᠳᠠᠭᠠᠳᠤ ᠳᠤ ᠭᠠᠷᠬᠤ ᠶᠢ ᠵᠤᠷᠢᠬᠵᠢᠭᠤᠯᠵᠤ᠂ ᠨᠢᠭᠡ ᠪᠦᠯᠦᠭ ᠤᠯᠠᠨ ᠤᠯᠤᠰ ᠤᠨ ᠨᠡᠷᠡᠳᠦ ᠰᠤᠶᠤᠯ ᠤᠨ ᠲᠦᠷᠦᠯ  ᠲᠡᠮᠳᠡᠭ ᠢ ᠪᠤᠢ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠦᠢᠯᠡᠳᠬᠦᠨ ᠪᠠ ᠦᠢᠯᠡᠴᠢᠯᠡᠭᠡᠨ ᠤ ᠤᠯᠠᠨ  ᠤᠯᠤᠰ ᠤᠨ ᠵᠠᠬ᠎ᠠ ᠲᠡᠯᠭᠡᠬᠦᠷ ᠲᠠᠬᠢ ᠬᠤᠪᠢ ᠨᠤᠷᠮ᠎ᠠ ᠶᠢ ᠴᠢᠷᠮᠠᠶᠢᠨ ᠦᠷᠭᠡᠳᠭᠡᠨ᠎ᠡ᠃            ᠲᠤᠯᠤᠭ᠎ᠠ᠂ ᠴᠢᠳᠠᠪᠤᠷᠢᠳᠠᠨ ᠤ ᠲᠦᠷᠦ ᠶᠢᠨ ᠪᠤᠳᠤᠯᠭ᠎ᠠ           ︵ᠲᠦᠴᠢ︶ ᠰᠤᠶᠤᠯ ᠤᠨ ᠪᠦᠳᠦᠭᠡᠯᠴᠢ ᠤᠬᠠᠭᠠᠯᠠᠯ ᠲᠦᠰᠦᠪᠯᠡᠯ᠂ ᠪᠦᠳᠦᠭᠡᠯᠴᠢ ᠵᠢᠷᠤᠭ ᠲᠦᠯᠦᠪᠯᠡᠭᠡ᠂  ᠰᠤᠶᠤᠯ ᠤᠨ ᠠᠵᠤ ᠦᠢᠯᠡᠰ ᠤᠨ ᠡᠵᠡᠩᠨᠡᠯᠳᠡ ᠬᠠᠮᠢᠶᠠᠷᠤᠯᠳᠠ ᠵᠡᠷᠭᠡ ᠲᠡᠭᠡᠳᠦ ᠲᠡᠰ ᠤᠨ ᠰᠤᠶᠤᠯ ᠤᠨ ᠠᠵᠤ ᠦᠢᠯᠡᠰ ᠤᠨ  ᠴᠢᠳᠠᠪᠤᠷᠢᠳᠠᠨ ᠮᠠᠨ ᠤ ᠤᠷᠤᠨ ᠳᠤ ᠰᠤᠶᠤᠯ ᠤᠨ ᠪᠠᠶᠢᠭᠤᠯᠤᠯᠳᠠ᠂ ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠪᠠ  ᠰᠤᠶᠤᠯ ᠤᠨ ᠠᠵᠤ ᠦᠢᠯᠡᠰ ᠤᠨ ᠲᠦᠷᠦᠯ ᠵᠦᠢᠯ ᠳᠤ ᠪᠡᠯᠡ ᠤᠷᠤᠭᠤᠯᠤᠯᠳᠠ ᠬᠢᠬᠦ ᠶᠢ ᠵᠤᠷᠢᠬᠵᠢᠭᠤᠯᠤᠨ᠎ᠠ᠃ ᠲᠡᠭᠡᠳᠦ  ᠲᠠᠪᠬᠤᠷᠭ᠎ᠠ ᠶᠢᠨ ᠰᠤᠶᠤᠯ ᠤᠨ ᠠᠵᠤ ᠦᠢᠯᠡᠰ ᠤᠨ ᠴᠢᠳᠠᠪᠤᠷᠢᠳᠠᠨ ᠮᠠᠨ ᠤ ᠤᠷᠤᠨ ᠳᠤ ᠠᠵᠢᠯᠯᠠᠵᠤ ᠪᠠᠶᠢᠬᠤ ᠬᠤᠭᠤᠴᠠᠭᠠᠨ   ᠳᠤ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠬᠦᠭᠵᠢᠬᠦᠯᠦᠯᠳᠡ ᠶᠢᠨ  ᠠᠵᠢᠯ ᠤᠨ ᠤᠳᠤᠷᠢᠳᠬᠤ ᠲᠤᠭᠤᠢᠢᠯᠠᠩ ᠠᠴᠠ ᠰᠤᠩᠭᠤᠨ ᠲᠡᠪᠰᠢᠭᠦᠯᠬᠦ  ᠪᠠᠷ ᠲᠠᠮᠵᠢᠨ ᠦᠪᠡᠷᠳᠡᠭᠡᠨ ᠵᠠᠰᠠᠬᠤ ᠤᠷᠤᠨ ᠤ ︽ ᠲᠠᠯ᠎ᠠ ᠨᠤᠳᠤᠭ ᠤᠨ ᠴᠢᠳᠠᠪᠤᠷᠢᠳᠠᠨ︾ ᠤ ᠢᠨᠵᠧᠨᠧᠷᠢᠩ ᠤᠨ ᠲᠤᠭᠳᠠᠭᠠᠯ ᠳᠤ ᠲᠤᠭᠳᠠᠭᠠᠭᠰᠠᠨ ᠬᠠᠷᠠᠭᠠᠯᠵᠠᠯ ᠦᠵᠡᠬᠦᠯᠬᠦ  ᠲᠦᠷᠦ ᠶᠢᠨ ᠪᠤᠳᠤᠯᠭ᠎ᠠ ᠶᠢ ᠡᠷᠡᠮᠡᠯᠵᠡᠯᠡᠵᠦ ᠪᠤᠯᠤᠨ᠎ᠠ᠃ ᠲᠡᠭᠡᠳᠦ ᠲᠠᠪᠬᠤᠷᠭ᠎ᠠ ᠶᠢᠨ ᠰᠤᠶᠤᠯ ᠤᠨ ᠠᠵᠤ ᠦᠢᠯᠡᠰ ᠤᠨ  ᠴᠢᠳᠠᠪᠤᠷᠢᠳᠠᠨ ᠢ ᠦᠨᠡᠯᠡᠨ ᠲᠤᠭᠳᠠᠭᠠᠬᠤ ᠪᠠᠷᠢᠮᠵᠢᠶ᠎ᠠ ᠶᠢ ᠠᠰᠳᠠᠭᠠᠨ ᠲᠤᠭᠳᠠᠭᠠᠨ᠎ᠠ᠃           ︵ᠲᠦᠴᠢᠨ ᠨᠢᠭᠡ︶ ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾ ᠳᠤ ᠰᠢᠯᠢᠭᠳᠡᠵᠦ ᠦᠪᠡᠷᠳᠡᠭᠡᠨ ᠵᠠᠰᠠᠬᠤ  ᠤᠷᠤᠨ ᠳᠤ ᠢᠷᠡᠵᠦ ᠠᠵᠢᠯᠯᠠᠭᠰᠠᠨ ᠲᠡᠭᠡᠳᠦ ᠲᠠᠪᠬᠤᠷᠭ᠎ᠠ ᠶᠢᠨ ᠰᠤᠶᠤᠯ ᠤᠨ ᠠᠵᠤ ᠦᠢᠯᠡᠰ ᠤᠨ ᠴᠢᠳᠠᠪᠤᠷᠢᠳᠠᠨ ᠳᠤ  ᠦᠪᠡᠷᠳᠡᠭᠡᠨ ᠵᠠᠰᠠᠬᠤ ᠤᠷᠤᠨ ᠠᠴᠠ ᠬᠦᠮᠦᠨ ᠪᠦᠷᠢ ᠳᠤ 100 ᠲᠦᠮᠡᠨ ᠲᠦᠬᠦᠷᠢᠭ ᠤᠨ ᠰᠢᠨ᠎ᠡ ᠶᠢ ᠡᠬᠦᠳᠴᠦ ᠦᠢᠯᠡᠰ  ᠪᠦᠳᠦᠭᠡᠬᠦ ᠠᠵᠢᠯ ᠤᠨ ᠵᠠᠷᠤᠳᠠᠯ ᠤᠨ ᠨᠦᠬᠦᠪᠦᠷᠢ ᠤᠯᠭᠤᠨ᠎ᠠ᠃ ᠤᠷᠤᠨ ᠤ ᠲᠤᠳᠤᠷᠠᠬᠢ ᠰᠤᠶᠤᠯ ᠤᠨ ᠠᠵᠤ ᠠᠬᠤᠢᠢᠯᠠᠯ  ᠠᠵᠢᠯ ᠦᠢᠯᠡᠰ ᠤᠨ ᠨᠢᠭᠡᠴᠡ ᠪᠤᠯᠤᠨ ᠤᠯᠠᠨ ᠤᠯᠤᠰ᠂ ᠤᠯᠤᠰ ᠤᠨ ᠰᠤᠶᠤᠯ ᠤᠷᠠᠯᠢᠭ ᠤᠨ ᠤᠬᠢ ᠴᠢᠳᠠᠪᠤᠷᠢᠳᠠᠨ ᠤ  ᠬᠠᠮᠳᠤᠷᠠᠯᠴᠠᠭᠠᠨ ᠢ ᠬᠡᠷᠡᠭᠵᠢᠬᠦᠯᠬᠦ ᠭᠤᠤᠯᠳᠠᠯᠭ᠎ᠠ ᠲᠠᠢ ᠰᠤᠶᠤᠯ ᠤᠨ ᠠᠵᠤ ᠦᠢᠯᠡᠰ ᠤᠨ ᠲᠦᠷᠦᠯ ᠵᠦᠢᠯ ᠳᠤ ᠦᠪᠡᠷᠳᠡᠭᠡᠨ  ᠵᠠᠰᠠᠬᠤ ᠤᠷᠤᠨ ᠠᠴᠠ ᠰᠢᠨ᠎ᠡ ᠶᠢ ᠡᠬᠦᠳᠴᠦ ᠦᠢᠯᠡᠰ ᠪᠦᠳᠦᠭᠡᠬᠦ ᠪᠦᠯᠬᠦᠮ ᠤᠨ ᠴᠠᠯᠢᠩ ᠬᠦᠯᠦᠰᠦ ᠶᠢᠨ 50% ᠢᠶᠠᠷ  ᠲᠤᠰᠬᠠᠢ ᠨᠦᠬᠦᠪᠦᠷᠢ ᠦᠭᠬᠦᠨ᠎ᠡ᠃ 100 ᠲᠦᠮᠡᠨ ᠲᠦᠬᠦᠷᠢᠭ ᠠᠴᠠ ᠬᠡᠳᠦᠷᠡᠬᠦᠯᠬᠦ ᠦᠭᠡᠢ᠃            ︵ᠲᠦᠴᠢᠨ ᠬᠤᠶᠠᠷ︶ ᠮᠠᠨ ᠤ ᠤᠷᠤᠨ ᠠᠴᠠ ᠲᠠᠳᠠᠨ ᠤᠷᠤᠭᠤᠯᠤᠬᠰᠠᠨ ᠳᠡᠭᠡᠳᠤ ᠳᠠᠪᠬᠤᠷᠭ᠎ᠠ ᠶᠢᠨ ᠰᠤᠶᠤᠯ ᠤᠨ  ᠠᠵᠦ ᠤᠢᠢᠯᠡᠰ ᠤᠨ ᠴᠢᠳᠠᠪᠦᠷᠢᠳᠠᠨ ᠤ ᠬᠤᠪᠢ ᠬᠦᠮᠦᠨ ᠤ ᠤᠯᠵᠠᠪᠦᠷᠢ ᠶᠢᠨ ᠭᠠᠶᠢᠯᠢ ᠶᠢᠨ ᠤᠷᠤᠨ ᠨᠤᠳᠤᠭ ᠤᠨ  ᠬᠤᠪᠢᠶᠠᠯᠴᠠᠬᠤ ᠭᠡᠰᠡᠭ ᠢ ᠨᠤᠳᠠᠯᠠᠨ ᠮᠡᠳᠡᠷᠡᠭᠰᠡᠨ ᠡᠳᠦᠷ ᠠᠴᠠ ᠡᠬᠢᠯᠡᠭᠡᠳ 5 ᠵᠢᠯ ᠤᠨ ᠳᠤᠳᠤᠷ᠎ᠠ ᠦᠪᠡᠷᠳᠡᠭᠡᠨ ᠵᠠᠰᠠᠬᠤ  ᠤᠷᠤᠨ ᠤ ᠳᠠᠰ ᠪᠤᠯᠤᠨ ᠠᠶᠢᠮᠠᠭ ᠬᠤᠳᠠ᠂ ᠬᠤᠰᠢᠭᠤ ᠰᠢᠶᠠᠨ ᠤ ᠳᠠᠰ ᠤᠨ ᠡᠳ᠋ ᠤᠨ ᠵᠠᠰᠠᠭ ᠠᠴᠠ ᠳᠤᠰ ᠪᠦᠷᠢ ᠪᠦᠬᠦᠨ ᠢ  ᠬᠤᠪᠢ ᠬᠦᠮᠦᠨ ᠳᠤ ᠱᠠᠩᠨᠠᠨ᠎ᠠ︔ ᠬᠦᠮᠦᠨ ᠭᠡᠷᠡᠭᠯᠡᠭᠰᠡᠨ ᠪᠠᠶᠢᠭᠤᠯᠤᠯᠭ᠎ᠠ ᠨᠢᠭᠡᠴᠡ ᠳᠤ ᠤᠯᠤᠰ ᠤᠨ ᠨᠢᠭᠡᠳᠤᠯᠳᠡᠢ ᠳᠤᠭᠳᠠᠭᠠᠯ   ᠢᠶᠠᠷ ᠭᠡᠷ ᠪᠦᠯᠢ ᠪᠠᠨ ᠲᠤᠬᠢᠷᠠᠭᠤᠯᠬᠤ ᠮᠦᠡᠭᠭᠦ ᠶᠢ ᠦᠭᠴᠤ᠂ ᠬᠤᠪᠢ ᠬᠦᠮᠦᠨ ᠤ ᠤᠯᠵᠠᠪᠦᠷᠢ ᠶᠢᠨ ᠭᠠᠶᠢᠯᠢ ᠠᠴᠠ  ᠭᠡᠯᠳᠦᠷᠢᠬᠦᠯᠤᠨ᠎ᠠ︔ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠳᠠᠷᠬᠠᠭᠠᠭᠰᠠᠨ ᠬᠠᠮᠢᠶ᠎ᠠ ᠪᠦᠬᠦᠢ  ᠳᠤᠭᠳᠠᠭᠠᠯ ᠳᠤ ᠨᠡᠶᠢᠴᠡᠭᠰᠡᠨ ᠱᠠᠩᠨᠠᠯ ᠢ ᠬᠤᠪᠢ ᠬᠦᠮᠦᠨ ᠤ ᠤᠯᠵᠠᠪᠦᠷᠢ ᠶᠢᠨ ᠭᠠᠶᠢᠯᠢ ᠠᠴᠠ ᠭᠡᠯᠳᠦᠷᠢᠬᠦᠯᠦᠨ᠎ᠡ᠃           ︵ᠲᠦᠴᠢᠨ ᠭᠤᠷᠪᠠ︶ ᠳᠡᠭᠡᠳᠤ ᠲᠡᠰ ᠤᠨ ᠰᠤᠶᠤᠯ ᠤᠨ ᠠᠵᠦ ᠤᠢᠢᠯᠡᠰ ᠤᠨ ᠴᠢᠳᠠᠪᠦᠷᠢᠳᠠᠨ ᠮᠠᠨ ᠤ ᠤᠷᠤᠨ ᠳᠤ  ᠢᠷᠡᠵᠦ ᠰᠤᠶᠤᠯ ᠤᠨ ᠠᠵᠦ ᠤᠢᠢᠯᠡᠰ ᠤᠨ ᠠᠵᠢᠯ ᠡᠷᠬᠢᠯᠡᠪᠡᠯ ᠡᠷᠦᠭᠡ ᠠᠮᠠ ᠶᠢᠨ ᠳᠠᠩᠰᠠ ᠤᠷᠤᠭᠤᠯᠬᠤ᠂ ᠰᠠᠳᠤᠨ ᠲᠦᠷᠦᠯ   ᠢᠶᠠᠨ ᠨᠡᠬᠦᠯᠭᠡᠨ ᠠᠪᠴᠢᠷᠠᠬᠤ ᠵᠢᠴᠢ ᠬᠠᠨᠢ ᠨᠦᠬᠦᠷ᠂ ᠦᠷ᠎ᠠ ᠭᠡᠤᠭᠡᠳ ᠨᠢ ᠠᠵᠢᠯ ᠤᠯᠬᠤ ᠪᠤᠶᠤ ᠰᠤᠷᠠᠭᠠᠭᠤᠯᠢ ᠳᠤ ᠤᠷᠤᠬᠤ  ᠵᠡᠷᠭᠡ ᠵᠦᠢᠯᠡᠰ ᠲᠤ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ᠂ ᠬᠦᠮᠦᠨ ᠤ ᠬᠦᠴᠦᠨ ᠨᠡᠶᠢᠭᠡᠮ ᠤᠨ ᠪᠠᠳᠤᠯᠠᠭ᠎ᠠ᠂  ᠰᠤᠷᠭᠠᠨ ᠬᠦᠮᠦᠵᠢᠯ ᠵᠡᠷᠭᠡ ᠰᠠᠯᠠᠭ᠎ᠠ ᠮᠦᠴᠢᠷ ︽ᠰᠠᠭᠠᠳ ᠦᠭᠡᠢ ᠨᠡᠪᠳᠡᠷᠡᠬᠦ ᠵᠠᠮ︾ ᠨᠡᠭᠡᠭᠡᠵᠤ᠂ ᠴᠠᠭ ᠲᠤᠬᠠᠢ ᠳᠤᠨᠢ  ᠰᠢᠢᠳᠪᠦᠷᠢᠯᠡᠨ ᠦᠭᠬᠦ ᠬᠡᠷᠡᠭᠳᠠᠢ᠃ ᠨᠢᠭᠡᠨᠳᠡ ᠮᠠᠨ ᠤ ᠤᠷᠤᠨ ᠳᠤ ᠤᠷᠢᠨ ᠭᠡᠷᠡᠭᠯᠡᠭᠳᠡᠭᠡᠳ 5 ᠵᠢᠯ ᠠᠴᠠ ᠳᠡᠭᠡᠭᠰᠢ  ᠪᠤᠯᠤᠭᠰᠠᠨ ᠳᠡᠭᠡᠳᠤ ᠲᠡᠰ ᠤᠨ ᠰᠤᠶᠤᠯ ᠤᠨ ᠠᠵᠦ ᠤᠢᠢᠯᠡᠰ ᠤᠨ ᠴᠢᠳᠠᠪᠦᠷᠢᠳᠠᠨ ᠨᠢ ᠬᠡᠷᠪᠡ ᠭᠠᠳᠠᠭᠠᠳᠤ ᠳᠤ ᠰᠤᠷᠤᠯᠴᠠᠭᠠᠳ  ᠤᠯᠤᠰ ᠲᠠᠭᠠᠨ ᠪᠤᠴᠠᠭᠰᠠᠳ ᠪᠤᠯᠬᠤ ᠳᠤ ᠬᠦᠷᠪᠡᠯ᠂ ᠳᠡᠬᠦᠨ ᠢ ᠳᠠᠭᠠᠭᠰᠠᠨ ᠦᠷ᠎ᠠ ᠭᠡᠤᠭᠡᠳ ᠨᠢ ᠭᠡᠷᠪᠡ ᠤᠯᠤᠰ ᠲᠠᠭᠠᠨ  ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠳᠤ ᠪᠤᠶᠤ ᠤᠯᠤᠰ ᠲᠠᠭᠠᠨ ᠪᠤᠴᠠᠭᠰᠠᠨ ᠲᠤᠮᠳᠠᠳᠤ ᠶᠢᠨ ᠬᠠᠷᠢᠶᠠᠳᠤ ᠶᠢᠨ ᠦᠷ᠎ᠠ  ᠭᠡᠤᠭᠡᠳ ᠪᠤᠰᠤ ᠪᠠᠶᠢᠭᠰᠠᠨ ᠴᠤ᠂ ᠤᠯᠤᠰ ᠲᠠᠭᠠᠨ ᠬᠠᠷᠢᠵᠦ ᠢᠷᠡᠭᠰᠡᠨ ᠤ ᠳᠠᠷᠠᠭ᠎ᠠ 2 ᠵᠢᠯ ᠤᠨ ᠳᠤᠳᠤᠷ᠎ᠠ ᠤᠯᠤᠰ ᠤᠨ  ᠰᠢᠯᠭᠠᠯᠳᠠ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠢᠯᠭᠠᠯᠳᠠ ᠳᠤ ᠤᠷᠤᠯᠴᠠᠪᠠᠯ ︽ᠭᠤᠷᠪᠡᠨ ᠬᠠᠷᠢᠶᠠᠳᠤ︾ ᠶᠢᠨ  ᠦᠷ᠎ᠠ ᠭᠡᠤᠭᠡᠳ ᠤᠨ ᠰᠤᠷᠭᠠᠭᠤᠯᠢ ᠳᠤ ᠤᠷᠤᠬᠤ ᠳᠤᠭᠳᠠᠭᠠᠯ ᠢ ᠦᠨᠳᠦᠰᠦᠯᠡᠨ ᠬᠠᠷᠠᠭᠠᠯᠵᠠᠯ ᠦᠵᠡᠬᠦᠯᠦᠨ᠎ᠡ᠃          ︵ᠲᠦᠴᠢᠨ ᠲᠦᠷᠪᠡ︶ ᠲᠡᠭᠡᠷᠡᠬᠢ ᠨᠦᠭᠦᠴᠡᠯ ᠳᠤ ᠨᠡᠶᠢᠴᠡᠭᠰᠡᠨ ᠤᠷᠤᠨ ᠤ ᠲᠤᠳᠤᠭᠠᠳᠤ ᠶᠢᠨ ᠲᠡᠭᠡᠳᠤ ᠲᠡᠰ ᠤᠨ  ᠰᠤᠶᠤᠯ ᠤᠨ ᠠᠵᠤ ᠦᠢᠯᠡᠰ ᠤᠨ ᠴᠢᠳᠠᠪᠤᠷᠢᠳᠠᠳ ᠭᠠᠳᠠᠨ᠎ᠠ ᠠᠴᠠ ᠲᠡᠳᠠᠨ ᠤᠷᠤᠭᠤᠯᠤᠬᠰᠠᠨ ᠴᠢᠳᠠᠪᠤᠷᠢᠳᠠᠨ ᠲᠠᠢ ᠠᠳᠠᠯᠢ  ᠲᠡᠰ ᠤᠨ ᠬᠠᠷᠠᠭᠠᠠᠯᠵᠠᠯ ᠬᠦᠷᠳᠡᠨ᠎ᠡ᠃      ︵ᠲᠦᠴᠢᠨ ᠳᠠᠪᠤ︶ ᠶᠡᠭᠡ ᠳᠡᠭᠡᠳᠤ ᠰᠤᠷᠭᠠᠭᠤᠯᠢ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠯᠤᠭ᠎ᠠ ᠶᠢᠨ  ᠬᠠᠮᠳᠤᠷᠠᠯᠴᠠᠭ᠎ᠠ ᠶᠢ ᠴᠢᠩᠭᠠᠳᠬᠠᠵᠦ᠂ ᠦᠪᠡᠷᠳᠡᠭᠡᠨ ᠵᠠᠰᠠᠬᠤ ᠤᠷᠤᠨ ᠤ ᠳᠠᠰ ᠤᠨ ᠰᠤᠶᠤᠯ ᠤᠨ ᠠᠵᠦ ᠤᠢᠢᠯᠡᠰ ᠢ  ᠬᠦᠭᠵᠢᠬᠦᠯᠬᠦ ᠰᠤᠳᠤᠯᠭᠠᠨ ᠤ ᠲᠦᠪ ᠢ ᠪᠠᠶᠢᠭᠤᠯᠵᠦ᠂ ᠰᠤᠶᠤᠯ ᠤᠨ ᠠᠵᠦ ᠤᠢᠢᠯᠡᠰ ᠤᠨ ᠳᠤᠰᠬᠠᠢ ᠮᠡᠷᠭᠡᠵᠢᠯᠳᠡᠨ ᠢ  ᠬᠦᠮᠦᠵᠢᠬᠦᠯᠦᠨ᠎ᠡ᠃ ᠶᠡᠭᠡ ᠳᠡᠭᠡᠳᠤ ᠰᠤᠷᠭᠠᠭᠤᠯᠢ ᠶᠢᠨ ᠰᠤᠶᠤᠯ ᠤᠨ ᠠᠵᠦ ᠤᠢᠢᠯᠡᠰ ᠤᠨ ᠬᠤᠯᠪᠤᠭᠳᠠᠯ ᠪᠦᠬᠦᠢ ᠳᠤᠰᠬᠠᠢ  ᠮᠡᠷᠭᠡᠵᠢᠯ ᠢ ᠬᠦᠭᠵᠢᠬᠦᠯᠬᠦ ᠶᠢ ᠳᠡᠮᠵᠢᠵᠦ᠂ ᠨᠢᠭᠡ ᠪᠦᠯᠦᠭ ᠠᠵᠦ ᠤᠢᠢᠯᠡᠰ ᠡᠷᠳᠡᠮ ᠰᠢᠨᠵᠢᠯᠡᠭᠡ ᠰᠤᠳᠤᠯᠭᠠᠨ ᠢ ᠨᠢᠭᠡ  ᠴᠤᠭᠴᠠᠵᠢᠭᠤᠯᠤᠬᠰᠠᠨ ᠰᠤᠶᠤᠯ ᠤᠨ ᠠᠵᠦ ᠤᠢᠢᠯᠡᠰ ᠤᠨ ᠴᠢᠳᠠᠪᠦᠷᠢᠳᠠᠨ ᠢ ᠬᠦᠮᠦᠵᠢᠬᠦᠯᠬᠦ ᠪᠠ ᠳᠠᠳᠤᠯᠭ᠎ᠠ ᠪᠤᠯᠪᠠᠰᠤᠷᠠᠯ ᠤᠨ  ᠰᠠᠭᠤᠷᠢᠨ ᠭᠠᠵᠠᠷ ᠢ ᠪᠠᠶᠢᠭᠤᠯᠵᠦ᠂ ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ᠂ ᠬᠤᠯᠪᠤᠭᠠᠯᠠᠨ ᠬᠦᠮᠦᠵᠢᠬᠦᠯᠬᠦ ᠵᠡᠷᠭᠡ ᠠᠷᠭ᠎ᠠ  ᠪᠠᠷᠢᠯ ᠠᠪᠴᠤ᠂ ᠰᠤᠶᠤᠯ ᠤᠨ ᠠᠵᠦ ᠤᠢᠢᠯᠡᠰ ᠲᠤ ᠪᠠᠴᠢᠮ ᠳᠤᠯᠭᠠᠮ᠎ᠠ ᠳᠤᠳᠠᠭᠳᠠᠵᠦ ᠪᠠᠶᠢᠭ᠎ᠠ ᠴᠢᠳᠠᠪᠦᠷᠢᠳᠠᠨ ᠢ ᠳᠠᠷᠤᠢ  ᠲᠦᠷᠭᠡᠨ ᠬᠦᠮᠦᠵᠢᠭᠦᠯᠦᠨ᠎ᠠ᠃         ᠨᠠᠢᠮᠠ᠂ ᠲᠠᠭᠠᠯᠳᠠ ᠲᠦᠷᠢᠮ           ︵ᠲᠦᠴᠢᠨ ᠵᠢᠷᠭᠤᠭ᠎ᠠ︶ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ  ᠢᠵᠢ ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠭᠡᠷᠡᠭᠵᠢᠬᠦᠯᠵᠦ᠂ ᠠᠵᠦ ᠠᠬᠤᠢᠢᠯᠠᠯ ᠪᠤᠯᠤᠬᠰᠠᠨ ᠪᠠ  ᠪᠠᠶᠢᠭᠤᠯᠤᠮᠵᠢ ᠪᠠᠨ ᠦᠭᠡᠷᠡᠴᠢᠯᠡᠭᠰᠡᠨ ᠤᠯᠤᠰ ᠤᠨ ᠦᠮᠴᠢᠯᠡᠯᠳᠤ ᠰᠤᠶᠤᠯ ᠤᠨ ᠪᠠᠶᠢᠭᠤᠯᠤᠯᠭ᠎ᠠ ᠶᠢ ᠳᠡᠮᠵᠢᠬᠦ ᠲᠦᠷᠦ ᠶᠢᠨ  ᠪᠤᠳᠤᠯᠭ᠎ᠠ ᠶᠢ ᠭᠡᠷᠡᠭᠵᠢᠬᠦᠯᠬᠦ ᠬᠤᠭᠤᠴᠠᠭ᠎ᠠ ᠶᠢ ᠳᠠᠬᠢᠨ 5 ᠵᠢᠯ ᠤᠷᠳᠤᠳᠬᠠᠨ᠂ 2018 ᠤᠨ ᠤ 12 ᠰᠠᠷ᠎ᠠ ᠶᠢᠨ 31 ᠤ  ᠡᠳᠦᠷ ᠬᠦᠷᠭᠡᠭᠡᠨ᠎ᠡ᠃          ︵ᠲᠦᠴᠢᠨ ᠳᠤᠯᠤᠭ᠎ᠠ︶ ᠨᠦᠬᠦᠴᠡᠯ ᠳᠤ ᠨᠡᠶᠢᠴᠡᠭᠰᠡᠨ ᠰᠤᠶᠤᠯ ᠤᠨ ᠠᠵᠦ ᠠᠬᠤᠢᠢᠯᠠᠯ ᠨᠢ ᠦᠪᠡᠷᠳᠡᠭᠡᠨ ᠵᠠᠰᠠᠬᠤ  ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠬᠳᠠᠭᠠᠬᠰᠠᠨ ᠤᠴᠠᠭᠠᠢ ᠬᠢᠵᠠᠭᠠᠷᠯᠠᠯ ᠦᠭᠡᠢ ᠡᠯ᠎ᠡ ᠲᠦᠷᠦᠯ ᠤᠨ  ᠳᠡᠮᠵᠢᠯᠭᠡ ᠶᠢᠨ ᠴᠢᠨᠠᠷᠳᠠᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠨ᠎ᠠ᠃          ︵ᠲᠦᠴᠢᠨ ᠨᠠᠢᠮᠠ︶ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠤᠯᠤᠨ  ᠬᠦᠭᠵᠢᠬᠦᠯᠦᠯᠳᠡ ᠶᠢᠨ ᠠᠵᠢᠯ ᠤᠨ ᠤᠳᠤᠷᠢᠳᠬᠤ ᠳᠤᠭᠤᠢᠢᠯᠠᠩ ᠠᠴᠠ ᠪᠦᠬᠦ ᠤᠷᠤᠨ ᠤ ᠰᠤᠶᠤᠯ ᠤᠨ ᠠᠵᠦ ᠤᠢᠢᠯᠡᠰ ᠤᠨ  ᠬᠦᠭᠵᠢᠯᠳᠡ ᠶᠢᠨ ᠠᠵᠢᠯ ᠢ ᠤᠳᠤᠷᠢᠳᠤᠨ ᠵᠤᠬᠢᠴᠠᠭᠤᠯᠤᠨ᠎ᠠ᠃          ︵ᠲᠦᠴᠢ ᠶᠢᠰᠦ︶ ᠡᠯ᠎ᠡ ᠠᠶᠢᠮᠠᠭ ᠬᠤᠳᠠ ᠶᠢᠨ ᠵᠠᠬᠢᠷᠭ᠎ᠠ᠂ ᠠᠷᠠᠳ ᠤᠨ ᠵᠠᠰᠠᠭ ᠤᠨ ᠤᠷᠳᠤᠨ ᠪᠤᠯᠤᠨ  ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠳᠤᠰ ᠲᠦᠷᠦ ᠶᠢᠨ ᠪᠤᠳᠤᠯᠭ᠎ᠠ ᠰᠠᠨᠠᠯ ᠢ ᠨᠠᠷᠢᠨ  ᠬᠢᠨᠠᠮᠠᠭᠠᠢ ᠲᠤᠤᠱᠯᠠᠬᠤᠯᠤᠨ ᠨᠠᠶᠢᠳᠠᠪᠤᠷᠢᠵᠢᠭᠤᠯᠬᠤ ᠬᠡᠷᠡᠭᠳᠠᠢ ᠪᠦᠭᠡᠳ ᠳᠤᠰ ᠭᠠᠵᠠᠷ ᠤᠷᠤᠨ ᠤ ᠪᠠᠨ ᠪᠤᠳᠠᠳᠤ ᠪᠠᠶᠢᠳᠠᠯ ᠲᠠᠢ   ᠪᠠᠨ ᠤᠶᠠᠯᠳᠤᠭᠤᠯᠤᠨ ᠰᠤᠶᠤᠯ ᠤᠨ ᠠᠵᠦ ᠤᠢᠢᠯᠠᠰ ᠤᠨ ᠬᠦᠭᠵᠢᠯᠳᠡ ᠶᠢ ᠠᠬᠢᠭᠤᠯᠬᠤ ᠨᠡᠩ ᠶᠡᠭᠡ ᠬᠠᠷᠠᠭᠠᠯᠵᠠᠯ ᠤᠨ ᠲᠦᠷᠦ   ᠶᠢᠨ ᠪᠤᠳᠤᠯᠭ᠎ᠠ ᠳᠤᠭᠳᠠᠭᠠᠬᠤ ᠭᠡᠷᠡᠭᠳᠡᠢ᠃           ︵ᠳᠠᠪᠢ︶ ᠳᠤᠰ ᠲᠦᠷᠦ ᠶᠢᠨ ᠪᠤᠳᠤᠯᠭ᠎ᠠ ᠰᠠᠨᠠᠯ ᠳᠤ ᠵᠢᠭᠠᠬᠰᠠᠨ ᠰᠤᠶᠤᠯ ᠤᠨ ᠠᠵᠦ ᠤᠢᠢᠯᠡᠰ ᠪᠤᠯᠤᠨ  ᠰᠤᠶᠤᠯ ᠤᠨ ᠠᠵᠦ ᠠᠬᠤᠢᠢᠯᠠᠯ ᠭᠡᠳᠡᠭ ᠨᠢ ᠤᠯᠤᠰ ᠤᠨ ᠳᠤᠭ᠎ᠠ ᠪᠦᠷᠢᠳᠭᠡᠯ ᠤᠨ ᠳᠤᠪᠴᠢᠶ᠎ᠠ ᠠᠴᠠ ᠨᠡᠶᠢᠳᠡᠯᠡᠭᠰᠡᠨ       ︽ ᠰᠤᠶᠤᠯ ᠵᠢᠴᠢ ᠳᠡᠬᠦᠨ ᠯᠦᠭᠡ ᠬᠤᠯᠪᠤᠭᠳᠠᠯ ᠪᠦᠬᠦᠢ ᠠᠵᠦ ᠤᠢᠢᠯᠡᠰ ᠤᠨ ᠲᠦᠷᠦᠯ ︵2012︶︾ ᠤᠨ ᠨᠡᠷᠡᠰ ᠤᠨ  ᠵᠢᠬᠰᠠᠭᠠᠯ ᠳᠤ ᠨᠡᠶᠢᠴᠡᠵᠤ᠂ ᠵᠠᠬ᠎ᠠ ᠳᠡᠯᠭᠡᠬᠦᠷ ᠲᠤ ᠬᠠᠨᠳᠤᠵᠤ ᠰᠤᠶᠤᠯ ᠤᠨ ᠪᠦᠳᠦᠭᠡᠭᠳᠡᠬᠦᠨ ᠦᠢᠯᠡᠳᠪᠦᠷᠢᠯᠡᠵᠤ ᠪᠠᠶᠢᠬᠤ  ᠪᠤᠯᠤᠨ ᠰᠤᠶᠤᠯ ᠯᠤᠭ᠎ᠠ ᠬᠤᠯᠪᠤᠭᠳᠠᠯ ᠲᠠᠢ ᠠᠵᠤ ᠦᠢᠯᠡᠰ ᠤᠨ ᠦᠢᠯᠡᠳᠪᠦᠷᠢᠯᠡᠯ ᠬᠢᠵᠤ ᠪᠠᠶᠢᠭ᠎ᠠ ᠡᠯ᠎ᠡ ᠲᠦᠷᠦᠯ ᠤᠨ  ᠦᠮᠴᠢᠯᠡᠯ ᠤᠨ ᠬᠡᠯᠪᠡᠷᠢ ᠶᠢᠨ ᠡᠵᠡᠩᠨᠡᠯᠳᠡ ᠶᠢᠨ ᠴᠢᠨᠠᠷᠳᠠᠢ ᠠᠵᠢᠯ ᠲᠦᠷᠦᠯ ᠪᠠ ᠠᠵᠦ ᠠᠬᠤᠢᠢᠯᠠᠯ ᠢ ᠪᠠᠭᠳᠠᠭᠠᠠᠵᠤ ᠪᠤᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ  ᠤ ᠰᠤᠨᠢᠨ ᠮᠡᠳᠡᠭᠡ ᠶᠢᠨ ᠰᠦᠯᠵᠢᠶ᠎ᠡ