| ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠬᠥᠨᠳᠥ ᠨᠣᠴᠢᠲᠠᠢ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭ᠎ᠠ ᠪᠠᠶᠢᠴᠠᠭᠠᠵᠤ᠂ ᠬᠤᠣᠷ | ᠲᠠᠲᠠᠭᠠᠳ ᠲᠡᠷᠭᠡ ᠵᠢᠯᠣᠭᠤᠳᠬᠤ᠂ ᠮᠥᠷᠦ᠋ᠢᠴᠡᠨ ᠬᠥᠭᠡᠭᠡᠴᠡᠯᠳᠦᠵᠦ ᠵᠢᠯᠤᠭᠤᠳᠬᠤ᠂ ᠠᠶᠠᠨᠴᠢᠳ ᠨᠢ ᠲᠤᠭ᠎ᠠ ᠠᠴᠠ ᠬᠡᠲᠦᠷᠡᠬᠦ᠂ ᠠᠶᠤᠯᠲᠤ ᠬᠢᠮᠢ ᠶᠢᠨ ᠵᠦᠢᠯ ᠤᠨ | ᠲᠡᠭᠡᠭᠡᠪᠦᠷᠢ ᠶᠢᠨ ᠲᠡᠷᠭᠡ ᠬᠠᠦᠯᠢ ᠶᠢ ᠵᠥᠷᠢᠴᠡᠨ ᠲᠡᠭᠡᠭᠡᠪᠦᠷᠢᠯᠡᠬᠦ ᠵᠡᠷᠭᠡ ᠦᠢᠯᠡ ᠠᠵᠢᠯᠯᠠᠭ᠎ᠠ ᠶᠢ ᠪᠠᠭᠠᠰᠬᠠᠵᠤ᠂ ︽ᠵᠠᠮ ᠬᠠᠷᠢᠯᠴᠠᠭ᠎ᠠ ᠶᠢᠨ ᠬᠦᠨᠳᠦ ᠨᠣᠴᠢᠲᠠᠶ | ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠦᠮ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ | ᠣᠷᠤᠭᠤᠯᠬᠤ︾ ᠠᠭᠤᠯᠭ᠎ᠠ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ︽ᠡᠷᠡᠭᠦᠦ ᠶᠢᠨ ᠬᠠᠤᠯᠢ ᠶᠢᠨ | ᠵᠠᠰᠠᠪᠤᠷᠢ ᠣᠷᠣᠭᠤᠯᠤᠭᠰᠠᠨ ᠲᠥᠰᠦᠯ ︵ᠶᠢᠰᠦ︶︾ ᠶᠢ ᠲᠣᠭᠲᠠᠭᠠᠵᠤ᠂ ᠳᠣᠣᠷ᠎ᠠ ᠬᠠᠭᠠᠰ ᠵᠢᠯ ᠳᠤ ᠨᠡᠶᠢᠲᠡᠯᠡᠨ ᠬᠡᠷᠡᠭᠵᠢᠭᠦᠯᠬᠦ ᠪᠣᠯᠣᠮᠵᠢᠲᠠᠢ ᠪᠠᠶᠢᠨ᠎ᠠ᠂ ᠡᠭᠦᠨ ᠤ | ᠳᠣᠲᠣᠷ᠎ᠠ ᠵᠠᠰᠠᠮᠠᠯ ᠵᠠᠮ ᠤᠨ ᠮᠠᠰᠢᠨ ᠲᠡᠷᠬᠡᠨ ᠤ ᠠᠶᠠᠨᠴᠢᠳ ᠨᠢ ᠲᠤᠭ᠎ᠠ ᠠᠴᠠ ᠬᠡᠲᠦᠷᠡᠬᠦ᠂ ᠬᠡᠳᠦ ᠬᠤᠷᠳᠤᠨ ᠶᠠᠪᠤᠭᠤᠯᠬᠤ ᠪᠠ ᠠᠶᠤᠯᠲᠤ ᠬᠢᠮᠢ ᠶᠢᠨ ᠵᠦᠢᠯ ᠤᠨ | ᠲᠡᠭᠡᠭᠡᠪᠦᠷᠢ ᠶᠢᠨ ᠲᠡᠷᠭᠡ ᠬᠠᠦᠯᠢ ᠶᠢ ᠵᠥᠷᠢᠴᠡᠨ ᠲᠡᠭᠡᠭᠡᠪᠦᠷᠢᠯᠡᠬᠦ ᠶᠢ ᠨᠢᠭᠡᠨᠲᠡ ᠭᠡᠨᠡᠨ ᠢᠶᠠᠷ ᠵᠢᠯᠣᠭᠤᠳᠤᠭᠰᠠᠨ ᠶᠠᠯ᠎ᠠ ᠳᠤ ᠣᠷᠤᠭᠤᠯᠵᠤ᠂ ︽ᠬᠤᠣᠷ ᠲᠠᠲᠠᠭᠰᠠᠨ ᠤ | ᠳᠠᠷᠠᠭ᠎ᠠ ᠵᠢᠯᠤᠭᠤᠳᠬᠤ︾ ᠶᠢ ᠴᠤ ᠡᠷᠡᠭᠦᠦ ᠶᠢᠨ ᠬᠠᠦᠯᠢ ᠳᠤ ᠣᠷᠤᠭᠤᠯᠬᠤ ᠪᠣᠯᠣᠮᠵᠢᠲᠠᠢ ᠪᠠᠶᠢᠨ᠎ᠠ᠃ | ᠠᠯᠪᠠᠨ ᠠᠵᠢᠯᠲᠠᠨ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠬᠤ ᠶᠢ ᠢᠲᠡᠭᠡᠮᠵᠢ ᠶᠢᠨ ᠮᠡᠳᠡᠭᠡ ᠵᠠᠩᠭᠢ ᠶᠢᠨ | ᠰᠢᠰᠲ᠋ᠧᠮᠵᠢ ᠳᠤ ᠣᠷᠤᠭᠤᠯᠤᠨ᠎ᠠ ᠃ | ᠠᠷᠢᠬᠢ ᠤᠤᠭᠤᠭᠠᠳ ︵ᠰᠣᠭᠲᠣᠭᠤ︶ ᠲᠡᠷᠭᠡ ᠵᠢᠯᠤᠭᠤᠳᠬᠤ᠂ ᠬᠤᠣᠷ ᠲᠠᠲᠠᠭᠠᠳ ᠲᠡᠷᠭᠡ ᠵᠢᠯᠣᠭᠤᠳᠬᠤ᠂ ᠬᠡᠳᠦ ᠬᠤᠷᠳᠤᠨ ᠵᠢᠯᠣᠭᠤᠳᠬᠤ᠂ | ᠮᠥᠷᠦ᠋ᠢᠴᠡᠨ ᠬᠥᠭᠡᠭᠡᠴᠡᠯᠳᠦᠵᠦ ᠵᠢᠯᠤᠭᠤᠳᠬᠤ᠂ ᠦᠨᠡᠮᠯᠡᠯ ᠦᠭᠡᠶ ᠪᠠᠷ ᠲᠡᠷᠭᠡ ᠵᠢᠯᠣᠭᠤᠳᠬᠤ᠂ ᠠᠶᠠᠨᠴᠢᠳ ᠨᠢ ᠲᠤᠭ᠎ᠠ ᠠᠴᠠ ᠬᠡᠲᠦᠷᠡᠬᠦ᠂ ᠠᠶᠤᠯᠲᠤ ᠬᠢᠮᠢ ᠶᠢᠨ | ᠵᠦᠢᠯ ᠤᠨ ᠲᠡᠭᠡᠭᠡᠪᠦᠷᠢ ᠶᠢᠨ ᠲᠡᠷᠭᠡ ᠬᠠᠦᠯᠢ ᠶᠢ ᠵᠥᠷᠢᠴᠡᠨ ᠲᠡᠭᠡᠭᠡᠪᠦᠷᠢᠯᠡᠬᠦ᠂ ᠮᠠᠰᠢᠨ ᠲᠡᠷᠭᠡ ᠪᠠᠨ ᠬᠤᠭᠤᠴᠠᠭ᠎ᠠ ᠶᠣᠰᠤᠭᠠᠷ ᠰᠢᠯᠭᠠᠨ ᠪᠠᠶᠢᠴᠠᠭᠠᠯᠭᠠᠭᠰᠠᠨ ᠦᠭᠡᠢ᠂ | ᠵᠢᠯᠣᠭᠤᠴᠢ ᠶᠢᠨ ᠦᠨᠡᠮᠯᠡᠯ ᠢᠶᠠᠨ ᠬᠤᠭᠤᠴᠠᠭ᠎ᠠ ᠶᠣᠰᠣᠭᠠᠷ ᠰᠢᠯᠭᠠᠨ ᠪᠠᠶᠢᠴᠠᠭᠠᠵᠤ ᠬᠢᠨᠠᠨ ᠪᠠᠲᠤᠯᠠᠭᠤᠯᠤᠭᠰᠠᠨ ᠦᠭᠡᠢ ᠪᠥᠭᠡᠳ ᠪᠣᠬᠢᠷᠲᠤᠭᠤᠯᠤᠨ ᠰᠡᠪᠲᠦᠭᠡᠭᠰᠡᠨ | ᠲᠡᠷᠭᠡᠨ ᠤ ᠨᠣᠮᠧᠷ ᠫᠠᠶᠢᠰᠠ ᠶᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠵᠣᠷᠢᠭᠤᠳᠠ ᠳᠠᠯᠳᠠᠯᠠᠨ ᠬᠠᠯᠠᠬᠠᠯᠠᠭᠰᠠᠨ ᠵᠡᠷᠭᠡ ᠬᠦᠨᠳᠦ | ᠨᠣᠴᠢᠲᠠᠶ ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠥᠷᠢᠴᠡᠭᠰᠡᠳ ᠢ ᠴᠥᠮ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠴᠢᠩᠭ᠎ᠠ ᠰᠢᠳᠬᠡᠵᠦ᠂ ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠬᠥᠨᠳᠥ ᠨᠣᠴᠢᠲᠠᠢ ᠦᠢᠯᠡ ᠠᠵᠢᠯᠯᠠᠭ᠎ᠠ ᠶᠢ ᠴᠥᠮ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠤᠭᠤᠯᠤᠨ᠎ᠠ᠃ ᠲᠥᠷᠥ ᠶᠢᠨ ᠠᠯᠪᠠᠨ ᠠᠵᠢᠯᠲᠠᠨ ᠳᠡᠭᠡᠷ᠎ᠡ ᠳᠤᠷᠠᠳᠤᠭᠰᠠᠨ | ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠪᠠᠶᠢᠭ᠎ᠠ ᠨᠢᠭᠡᠴᠡ ᠪᠣᠯᠤᠨ ᠠᠳᠠᠯᠢ ᠱᠠᠲᠤᠨ ᠤ ᠬᠢᠨᠠᠨ ᠪᠠᠶᠢᠴᠠᠭᠠᠬᠤ᠂ ᠠᠵᠢᠯᠲᠠᠨ ᠤ ᠶᠠᠪᠤᠳᠠᠯ ᠤᠨ ᠰᠠᠯᠠᠭ᠎ᠠ | ᠮᠥᠴᠢᠷ ᠲᠤ ᠮᠡᠳᠡᠭᠳᠡᠵᠦ᠂ ᠬᠠᠤᠯᠢ ᠰᠠᠬᠢᠯᠭ᠎ᠠ ᠶᠢᠨ ᠶᠣᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠬᠠᠭᠤᠷᠮᠠᠭ ᠢᠶᠠᠷ ᠴᠠᠭ ᠲᠡᠮᠳᠡᠭᠯᠡᠭᠰᠡᠨ ᠵᠢᠯᠣᠭᠤᠴᠢ ᠶᠢᠨ ᠰᠤᠷᠭᠠᠭᠤᠯᠢ ᠪᠣᠯᠣᠨ ᠰᠤᠷᠤᠭᠴᠢ ᠶᠢ ᠴᠢᠩᠭ᠎ᠠ ᠪᠠᠶᠢᠴᠠᠭᠠᠨ᠎ᠠ ᠲᠣᠮᠣ ᠳᠤᠮᠳᠠ ᠬᠡᠯᠪᠡᠷᠢ ᠶᠢᠨ | ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠶᠢ ᠴᠠᠭ ᠲᠡᠮᠳᠡᠭᠯᠡᠨ ᠪᠣᠯᠪᠠᠰᠤᠷᠠᠭᠤᠯᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠭᠤᠷᠮᠠᠭ ᠢᠶᠠᠷ | ᠴᠠᠭ ᠲᠡᠮᠳᠡᠭᠯᠡᠭᠰᠡᠨ ᠵᠢᠯᠣᠭᠤᠴᠢ ᠶᠢᠨ ᠰᠤᠷᠭᠠᠭᠤᠯᠢ ᠪᠣᠯᠣᠨ ᠠᠵᠢᠯᠲᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠢᠯᠣᠭᠤᠴᠢ ᠶᠢᠨ ᠰᠢᠯᠭᠠᠯᠲᠠ ᠳᠠᠬᠢ ᠪᠦᠬᠦ | ᠶᠠᠪᠤᠴᠠ ᠶᠢ ᠲᠡᠷᠡ ᠳᠠᠷᠤᠢ ᠳᠤᠨᠢ ᠬᠢᠨᠠᠨ ᠵᠠᠬᠢᠷᠴᠤ᠂ ᠮᠠᠰᠢᠨ ᠲᠡᠷᠭᠡᠨ ᠤ ᠲᠥᠷᠥᠯ ᠤᠨ ᠵᠢᠯᠣᠭᠤᠴᠢ ᠶᠢᠨ ᠰᠢᠯᠭᠠᠯᠲᠠ ᠶᠢᠨ ᠪᠥᠬᠦ ᠶᠠᠪᠤᠴᠠ ᠶᠢ ᠳᠠᠭᠤᠨ ᠳᠠᠪᠲᠠᠮᠵᠢ | ᠬᠠᠷᠠᠭᠠᠨ ᠳᠠᠪᠲᠠᠮᠵᠢ ᠪᠠᠷ ᠬᠢᠨᠠᠨ ᠡᠵᠡᠮᠰᠢᠬᠦ ᠶᠢ ᠬᠡᠷᠡᠭᠵᠢᠭᠦᠯᠦᠨ᠎ᠡ᠃ ︽ᠮᠠᠰᠢᠨᠲᠤ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠬᠢᠷᠢ ᠬᠡᠮ ᠤᠨ | ᠨᠥᠬᠦᠴᠡᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠯᠣᠭᠤᠴᠢ ᠪᠣᠯᠪᠠᠰᠤᠷᠠᠭᠤᠯᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠢ ᠵᠢᠷᠤᠮᠵᠢᠭᠤᠯᠤᠨ᠎ᠠ᠃ | ᠲᠡᠷᠭᠡᠨ ᠤ ᠵᠢᠯᠣᠭᠤᠴᠢ ᠵᠠᠮ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠢ ᠭᠤᠶᠤᠴᠢᠯᠠᠬᠤ ᠳᠤ ᠡᠷᠬᠡᠪᠰᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠭᠠᠷᠭᠠᠵᠤ ᠥᠭᠭᠦᠭᠰᠡᠨ 3 ᠵᠢᠯ ᠤᠨ ᠳᠣᠲᠣᠷ᠎ᠠ ᠭᠤᠣᠯ ᠬᠠᠷᠢᠭᠤᠴᠠᠯᠭ᠎ᠠ ᠡᠭᠦᠷᠭᠡᠯᠡᠬᠦ ᠠᠴᠠ ᠳᠡᠭᠡᠭᠰᠢᠬᠢ ᠵᠠᠮ ᠬᠠᠷᠢᠯᠴᠠᠭᠠᠨ ᠤ ᠨᠡᠯᠢᠶᠡᠳ ᠶᠡᠭᠡ | ᠠᠳᠡᠯ ᠭᠠᠷᠭᠠᠭᠰᠠᠨ ᠦᠭᠡᠢ᠂ ᠵᠠᠮ ᠬᠠᠷᠢᠯᠴᠠᠭᠠᠨ ᠤ ᠬᠠᠦᠯᠢ ᠵᠦᠷᠢᠴᠡᠭᠡᠳ 12 ᠬᠤᠪᠢ ᠪᠠᠨ ᠲᠦᠭᠦᠷᠲᠡᠯ᠎ᠡ ᠲᠡᠮᠳᠡᠭᠯᠡᠭᠦᠯᠦᠭᠰᠡᠨ ᠦᠭᠡᠶ᠂ ᠠᠷᠢᠬᠢ ᠤᠤᠭᠤᠭᠠᠳ ︵ | ᠰᠣᠭᠲᠣᠭᠤ︶ ᠵᠢᠯᠤᠭᠤᠳᠤᠭᠰᠠᠨ ᠲᠡᠮᠳᠡᠭᠯᠡᠯ ᠦᠭᠡᠢ᠂ ᠬᠤᠣᠷᠲᠤ ᠡᠳ᠋ ᠲᠠᠲᠠᠭᠰᠠᠨ ᠲᠡᠮᠳᠡᠭᠯᠡᠯ ᠦᠭᠡᠶ ᠪᠠᠶᠢᠬᠤ ᠭᠡᠷᠡᠴᠢ ᠶᠢ ᠣᠯᠭᠤᠬᠤ ᠬᠡᠷᠡᠭᠲᠡᠢ᠃ | ᠬᠡᠰᠡᠭ ᠮᠠᠰᠢᠨ ᠲᠡᠷᠭᠡ ᠬᠡᠳᠦ ᠬᠤᠷᠳᠤᠨ ᠶᠠᠪᠤᠭᠤᠯᠤᠭᠰᠠᠨ ᠪᠣᠶᠣ ᠠᠴᠢᠶ᠎ᠡ ᠨᠢ ᠬᠡᠲᠦᠷᠡᠭᠰᠡᠨ ᠪᠠᠶᠢᠪᠠᠯ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠨᠢ | ᠬᠦᠴᠦᠨ ᠦᠭᠡᠢ ᠪᠣᠯᠭᠠᠨ᠎ᠠ ᠃ | ᠲᠡᠭᠡᠭᠡᠪᠦᠷᠢ ᠶᠢᠨ ᠲᠡᠷᠭᠡ᠂ ᠵᠢᠭᠤᠯᠴᠢᠯᠠᠯ ᠤᠨ ᠬᠥᠯᠥᠰᠦᠨ ᠲᠡᠷᠭᠡ᠂ ᠠᠶᠤᠯᠲᠤ ᠡᠳ᠋ ᠤᠨ ᠲᠡᠭᠡᠭᠡᠪᠦᠷᠢ ᠶᠢᠨ ᠲᠡᠷᠭᠡ᠂ ᠰᠤᠷᠭᠠᠭᠤᠯᠢ ᠶᠢᠨ ᠲᠡᠷᠭᠡᠨ ᠤ | ᠠᠶᠠᠨᠴᠢᠳ ᠤᠨ ᠲᠤᠭ᠎ᠠ ᠨᠢ ᠲᠣᠭᠲᠠᠭᠰᠠᠨ ᠲᠤᠭ᠎ᠠ ᠶᠢᠨ 20% ᠶᠢ ᠳᠠᠪᠠᠵᠤ᠂ ᠲᠣᠭᠲᠠᠭᠠᠭᠰᠠᠨ ᠴᠠᠭ ᠤᠨ ᠬᠤᠷᠳᠤᠴᠠ ᠠᠴᠠ 30 % ᠬᠡᠲᠦᠷᠡᠭᠰᠡᠨ ᠵᠡᠷᠭᠡ | ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠲᠣᠮᠣ ᠳᠤᠮᠳᠠ ᠬᠡᠯᠪᠡᠷᠢ ᠶᠢᠨ ᠠᠶᠠᠨᠴᠢᠳ ᠪᠣᠶᠤ ᠲᠡᠭᠡᠭᠡᠪᠦᠷᠢ ᠶᠢᠨ ᠲᠡᠷᠭᠡ ᠨᠢ ᠬᠤᠭᠤᠴᠠᠭ᠎ᠠ ᠬᠡᠲᠦᠷᠡᠲᠡᠯ᠎ᠡ | ᠰᠢᠯᠭᠠᠨ ᠪᠠᠶᠢᠴᠠᠭᠠᠯᠭᠠᠭᠰᠠᠨ ᠦᠭᠡᠢ ᠪᠠᠷ ᠵᠠᠮ ᠳᠤ ᠭᠠᠷᠴᠤ ᠶᠠᠪᠤᠭᠰᠠᠨ ᠢ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢᠶᠠᠷ ᠦᠵᠡᠵᠦ᠂ ᠬᠠᠤᠯᠢ ᠶᠣᠰᠣᠭᠠᠷ | ᠰᠢᠳᠬᠡᠨ ᠲᠣᠷᠭᠠᠬᠤ ᠠᠴᠠ ᠭᠠᠳᠠᠨ᠎ᠠ ᠬᠠᠮᠢᠶ᠎ᠡ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠮᠠᠰᠢᠨ ᠲᠡᠷᠭᠡᠨ ᠤ ᠬᠠᠷᠢᠶ᠎ᠠ ᠠᠵᠤ ᠠᠬᠤᠶᠢᠯᠠᠯ ᠢ ᠰᠢᠪᠠᠳᠠᠨ | ᠱᠠᠭᠠᠷᠳᠠᠵᠤ ᠪᠠᠶᠢᠭᠠᠳ ᠠᠷᠭ᠎ᠠ ᠬᠡᠮᠵᠢᠶ᠎ᠡ ᠠᠪᠤᠭᠤᠯᠵᠤ ᠳᠠᠯᠳᠠ ᠭᠡᠮ ᠢ ᠠᠷᠢᠯᠭᠠᠬᠤ ᠬᠡᠷᠡᠭᠲᠡᠢ᠃ 12 ᠰᠠᠷ᠎ᠠ ᠶᠢᠨ ᠳᠣᠲᠣᠷ᠎ᠠ ᠬᠤᠶᠠᠷ ᠤᠳᠠᠭ᠎ᠠ ᠭᠠᠷᠤᠭᠰᠠᠨ ᠪᠠᠶᠢᠪᠠᠯ | ᠠᠷᠭ᠎ᠠ ᠬᠡᠮᠵᠢᠶ᠎ᠡ ᠠᠪᠴᠤ ᠳᠠᠯᠳᠠ ᠭᠡᠮ ᠢ ᠠᠷᠢᠯᠭᠠᠭᠰᠠᠨ ᠦᠭᠡᠢ ᠪᠠᠷ ᠦᠷᠭᠦᠯᠵᠢᠯᠡᠨ ᠠᠵᠢᠯᠯᠠᠭᠰᠠᠨ ᠢᠶᠠᠷ ᠦᠵᠡᠵᠦ᠂ ᠲᠡᠭᠦᠨ ᠤ ᠵᠠᠮ ᠲᠡᠭᠡᠭᠡᠪᠦᠷᠢ ᠶᠢᠨ ᠠᠵᠢᠯ | ᠡᠷᠬᠢᠯᠡᠬᠦ ᠬᠢᠷᠢ ᠬᠡᠮ ᠤᠨ ᠦᠨᠡᠮᠯᠡᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ ︔ ᠬᠡᠲᠦᠷᠡᠭᠰᠡᠨ ᠬᠤᠷᠳᠤᠴᠠ ᠨᠢ 50% ᠠᠴᠠ ᠳᠡᠭᠡᠭᠰᠢ ᠪᠣᠯᠣᠭᠰᠠᠨ | ᠪᠠᠶᠢᠪᠠᠯ ᠵᠢᠯᠤᠭᠤᠴᠢ ᠶᠢᠨ ᠦᠨᠡᠮᠯᠡᠯ ᠢ ᠪᠠᠰᠠ ᠬᠦᠴᠦᠨ ᠦᠭᠡᠢ ᠪᠣᠯᠭᠠᠨ᠎ᠠ ︔ ᠠᠷᠢᠬᠢ ᠤᠤᠭᠤᠭᠰᠠᠨ ᠤ ᠳᠠᠷᠠᠭ᠎ᠠ ᠮᠠᠰᠢᠨ ᠲᠡᠷᠭᠡ ᠵᠢᠯᠤᠭᠤᠳᠴᠤ᠂ ᠬᠥᠮᠦᠨ ᠢ | ᠦᠬᠦᠭᠦᠯᠦᠭᠰᠡᠨ ᠵᠠᠮ ᠬᠠᠷᠢᠯᠴᠠᠭᠠᠨ ᠤ ᠠᠳᠡᠯ ᠭᠠᠷᠭᠠᠵᠤ ᠭᠤᠣᠯ ᠬᠠᠷᠢᠭᠤᠴᠠᠯᠭ᠎ᠠ ᠠᠴᠠ ᠳᠡᠭᠡᠭᠰᠢᠬᠢ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠠᠶᠢᠪᠠᠯ ᠲᠡᠭᠦᠨ ᠤ ᠵᠠᠮ | ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠨᠢ | ᠬᠦᠴᠦᠨ ᠦᠭᠡᠢ ᠪᠣᠯᠭᠠᠭᠰᠠᠨ ᠪᠠᠶᠢᠪᠠᠯ 3 ᠵᠢᠯ ᠤᠨ ᠳᠣᠲᠣᠷ᠎ᠠ ᠳᠠᠬᠢᠨ ᠭᠤᠶᠤᠴᠢᠯᠠᠵᠤ ᠪᠣᠯᠬᠤ ᠦᠭᠡᠢ ᠪᠥᠭᠡᠳ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠬᠦ ᠮᠥᠷᠲᠡᠭᠡᠨ ︽ᠬᠠᠷ᠎ᠠ ᠳᠠᠩᠰᠠ︾ ᠶᠢ ᠨᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ | ᠨᠡᠶᠢᠲᠡ ᠳᠤ ᠨᠡᠶᠢᠲᠡᠯᠡᠨ᠎ᠡ᠃ | ᠰᠢᠨ᠎ᠡ ᠬᠡᠪᠯᠡᠯ ᠤᠨ ᠴᠠᠭ ᠤᠨ ᠬᠤᠷᠳᠤ ᠶᠢᠨ ᠬᠢᠵᠠᠭᠠᠷᠯᠠᠯᠲᠠ ᠶᠢ ᠭᠠᠳᠠᠭᠰᠢ ᠭᠠᠷᠬᠤ ᠳᠤ ᠪᠠᠨ ᠰᠠᠶᠢᠲᠤᠷ ᠦᠵᠡᠭᠡᠷᠡᠢ ᠲᠣᠮᠣ ᠳᠤᠮᠳᠠ ᠬᠡᠯᠪᠡᠷᠢ ᠶᠢᠨ | ᠠᠶᠠᠨᠴᠢᠳ ᠤᠨ ᠲᠡᠷᠭᠡ ᠲᠦᠷᠭᠡᠨ ᠬᠤᠷᠳᠤ ᠶᠢᠨ ᠵᠠᠰᠠᠮᠠᠯ ᠵᠠᠮ ᠳᠡᠭᠡᠷ᠎ᠡ ᠬᠤᠷᠳᠤᠴᠠ ᠪᠠᠨ 100 ᠺᠢᠯᠦᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ | ᠨᠢᠭᠡᠳᠦᠭᠡᠷ ᠳᠡᠰ ᠤᠨ ᠵᠠᠰᠠᠮᠠᠯ ᠵᠠᠮ᠂ ᠬᠤᠶᠠᠳᠤᠭᠠᠷ ᠳᠡᠰ ᠤᠨ ᠵᠠᠰᠠᠮᠠᠯ ᠵᠠᠮ᠂ ᠭᠤᠷᠪᠠᠳᠤᠭᠠᠷ ᠳᠡᠰ ᠠᠴᠠ ᠳᠣᠷᠣᠭᠰᠢᠬᠢ ᠵᠠᠰᠠᠮᠠᠯ ᠵᠠᠮ ᠳᠡᠭᠡᠷ᠎ᠡ ᠶᠠᠪᠤᠬᠤ | ᠬᠤᠷᠳᠤᠴᠠ ᠪᠠᠨ ᠲᠤᠰᠪᠣᠷᠢ 80 ᠺᠢᠯᠦᠮᠧᠲᠷ᠂ 70 ᠺᠢᠯᠦᠮᠧᠲᠷ᠂ 60 ᠺᠢᠯᠦᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ ᠰᠥᠨᠢ ᠶᠢᠨ | ᠬᠤᠷᠳᠤᠴᠠ ᠪᠠᠨ ᠬᠤᠷᠳᠤᠴᠠ ᠬᠢᠵᠠᠭᠠᠷᠯᠠᠬᠤ ᠬᠡᠮᠵᠢᠭᠳᠡᠯ ᠤᠨ 80% ᠠᠴᠠ ᠬᠡᠲᠦᠷᠡᠭᠦᠯᠵᠦ ᠪᠣᠯᠬᠤ ᠦᠭᠡᠶ᠃ ᠲᠣᠮᠣ ᠳᠤᠮᠳᠠ ᠬᠡᠯᠪᠡᠷᠢ ᠶᠢᠨ ᠠᠴᠢᠶᠠᠨ ᠤ ᠲᠡᠷᠭᠡ | ᠲᠦᠷᠭᠡᠨ ᠬᠤᠷᠳᠤ ᠶᠢᠨ ᠵᠠᠰᠠᠮᠠᠯ ᠵᠠᠮ ᠳᠡᠭᠡᠷ᠎ᠡ ᠬᠤᠷᠳᠤᠴᠠ ᠪᠠᠨ 80 ᠺᠢᠯᠦᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ ᠨᠢᠭᠡᠳᠦᠭᠡᠷ ᠳᠡᠰ ᠤᠨ ᠵᠠᠰᠠᠮᠠᠯ ᠵᠠᠮ | ᠂ ᠬᠤᠶᠠᠳᠤᠭᠠᠷ ᠳᠡᠰ ᠤᠨ ᠵᠠᠰᠠᠮᠠᠯ ᠵᠠᠮ᠂ ᠭᠤᠷᠪᠠᠳᠤᠭᠠᠷ ᠳᠡᠰ ᠠᠴᠠ ᠳᠣᠷᠣᠭᠰᠢᠬᠢ ᠵᠠᠰᠠᠮᠠᠯ ᠵᠠᠮ ᠳᠡᠭᠡᠷ᠎ᠡ ᠬᠤᠷᠳᠤᠴᠠ ᠪᠠᠨ ᠲᠤᠰᠪᠣᠷᠢ 70 ᠺᠢᠯᠦᠮᠧᠲᠷ᠂ 60 | ᠺᠢᠯᠦᠮᠧᠲᠷ᠂ 50 ᠺᠢᠯᠦᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠃ ᠬᠤᠷᠳᠤᠴᠠ ᠬᠢᠵᠠᠭᠠᠷᠯᠠᠬᠤ ᠪᠠᠷᠢᠮᠵᠢᠶ᠎ᠠ ᠨᠢ ᠳᠡᠭᠡᠷᠡᠬᠢ ᠪᠠᠷᠢᠮᠵᠢᠶ᠎ᠠ ᠠᠴᠠ ᠳᠣᠣᠷ᠎ᠠ | ᠪᠠᠶᠢᠪᠠᠯ᠂ ᠲᠤᠰ ᠵᠠᠮ ᠤᠨ ᠬᠡᠰᠡᠭ ᠤᠨ ᠪᠠᠷᠢᠮᠵᠢᠶ᠎ᠠ ᠪᠠᠷ ᠪᠠᠷᠢᠮᠵᠢᠶᠠᠯᠠᠨ᠎ᠠ᠃ ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ | ᠲᠡᠷᠭᠡ ᠳᠤ ᠰᠢᠨ᠎ᠡ ᠲᠣᠭᠲᠠᠭᠠᠯ ᠭᠠᠷᠭᠠᠪᠠ ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ ᠶᠢ ᠬᠠᠤᠯᠢ | ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠶᠢ ᠴᠠᠭᠠᠵᠠᠯᠠᠬᠤ ᠶᠢᠨ ᠲᠥᠯᠥᠭᠡ᠂ ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ | ᠠᠶᠠᠨᠴᠢᠳ ᠤᠨ ᠲᠡᠷᠭᠡ ᠳᠤ ᠡᠷᠬᠡᠪᠰᠢ ᠨᠢᠬᠡᠲᠦᠯᠲᠡᠢ ᠢᠯᠡᠳᠬᠡᠮᠵᠢ ᠶᠢᠨ ᠲᠡᠮᠳᠡᠭ ᠨᠠᠭᠠᠬᠤ ᠪᠣᠶᠤ ᠰᠦᠷᠴᠢᠨ ᠪᠣᠳᠣᠬᠤ ᠬᠡᠷᠡᠭᠲᠡᠢ᠃ ᠵᠢᠭᠤᠯᠴᠢᠯᠠᠯ ᠤᠨ ᠬᠥᠯᠦᠰᠦᠨ | ᠲᠡᠷᠭᠡᠨ ᠳᠤ ︽ᠲᠡᠷᠭᠡ ᠬᠥᠯᠦᠰᠦᠯᠡᠭᠦᠯᠬᠦ ᠡᠵᠡᠩᠨᠡᠯᠲᠡ ᠶᠢᠨ ᠲᠡᠮᠳᠡᠭ︾ ᠦᠭᠡᠢ ᠪᠤᠶᠤ ᠬᠠᠭᠤᠷᠮᠠᠭ ︽ᠲᠡᠷᠭᠡ ᠬᠥᠯᠦᠰᠦᠯᠡᠭᠦᠯᠬᠦ ᠡᠵᠡᠩᠨᠡᠯᠲᠡ ᠶᠢᠨ ᠲᠡᠮᠳᠡᠭ︾ ᠲᠠᠢ᠂ | ᠬᠡᠪᠴᠢᠶ᠎ᠡ ᠠᠴᠠ ᠪᠠᠨ ᠬᠡᠲᠦᠷᠡᠨ ᠡᠵᠡᠩᠨᠡᠭᠰᠡᠨ᠂ ᠵᠢᠴᠢ ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ | ᠬᠠᠤᠯᠢ ᠪᠤᠰᠤ ᠪᠠᠷ ᠡᠵᠡᠩᠨᠡᠬᠦ ᠳᠤ ᠬᠤᠯᠪᠣᠭᠳᠠᠭᠰᠠᠨ ᠪᠠᠶᠢᠪᠠᠯ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ︽ᠵᠠᠮ ᠲᠡᠭᠡᠭᠡᠪᠦᠷᠢ ᠶᠢᠨ ᠳᠦᠷᠢᠮ︾ ᠶᠣᠰᠣᠭᠠᠷ | ᠴᠢᠩᠭ᠎ᠠ ᠪᠠᠷ ᠰᠢᠳᠬᠡᠨ ᠲᠣᠷᠭᠠᠨ᠎ᠠ᠃ ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ 500 ᠮᠧᠲᠷ ᠠᠴᠠ ᠳᠡᠭᠡᠭᠰᠢᠬᠢ ᠵᠠᠰᠠᠮᠠᠯ ᠵᠠᠮ ᠤᠨ ᠨᠦᠬᠡᠨ | ᠵᠠᠮ ᠢᠶᠠᠷ ᠨᠡᠪᠲᠡᠷᠡᠬᠦ ᠶᠢ ᠴᠢᠩᠭ᠎ᠠ ᠴᠠᠭᠠᠵᠠᠯᠠᠨ᠎ᠠ᠃ ᠠᠵᠤ ᠠᠬᠤᠶᠢᠯᠠᠯ ᠲᠡᠬᠡᠬᠡᠪᠦᠷᠢ ᠶᠢᠨ ᠬᠢᠷᠢ ᠴᠢᠳᠠᠮᠵᠢ ᠣᠯᠣᠭᠰᠠᠨ ᠦᠭᠡᠢ᠂ ᠲᠡᠷᠭᠡ ᠨᠢ ᠲᠡᠭᠡᠭᠡᠪᠦᠷᠢ ᠶᠢᠨ | ᠵᠥᠪᠰᠢᠶᠡᠷᠡᠯ ᠣᠯᠤᠭᠰᠠᠨ ᠦᠭᠡᠢ᠂ ᠵᠢᠯᠣᠭᠤᠴᠢ ᠪᠣᠯᠣᠨ ᠳᠠᠷᠤᠨ ᠬᠦᠷᠭᠡᠭᠴᠢ ᠨᠢ ᠠᠶᠤᠯᠲᠤ ᠬᠢᠮᠢ ᠶᠢᠨ ᠵᠦᠢᠯ ᠢ ᠲᠡᠬᠡᠬᠡᠪᠦᠷᠢᠯᠡᠬᠦ ᠠᠵᠢᠯ ᠡᠷᠬᠢᠯᠡᠬᠦ ᠬᠢᠷᠢ ᠬᠡᠮ | ᠣᠯᠤᠭᠰᠠᠨ ᠦᠭᠡᠢ ᠪᠠᠷ ᠠᠶᠤᠯᠲᠤ ᠬᠢᠮᠢ ᠶᠢᠨ ᠵᠦᠢᠯ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠭᠡᠷᠡᠴᠢ ᠦᠨᠡᠮᠯᠡᠯ | ᠪᠦᠷᠢᠨ ᠪᠤᠰᠤ᠂ ᠠᠵᠢᠯᠯᠠᠬᠤ ᠬᠢᠷᠢ ᠬᠡᠮ ᠤᠨ ᠦᠨᠡᠮᠯᠡᠯ ᠦᠭᠡᠶ ᠪᠠ ᠬᠢᠷᠢ ᠲᠡᠩᠴᠡᠭᠰᠡᠨ ᠦᠭᠡᠢ ᠲᠡᠷᠭᠡᠨ ᠳᠤ ᠠᠶᠤᠯᠲᠤ ᠬᠢᠮᠢ ᠶᠢᠨ ᠵᠦᠢᠯ ᠠᠴᠢᠶᠠᠯᠠᠬᠤ ᠶᠢ ᠴᠢᠩᠭ᠎ᠠ | ᠴᠠᠭᠠᠵᠠᠯᠠᠵᠤ᠂ ᠬᠠᠤᠯᠢ ᠪᠤᠰᠤ ᠪᠠᠷ ᠠᠶᠤᠯᠲᠤ ᠬᠢᠮᠢ ᠶᠢᠨ ᠵᠦᠢᠯ ᠠᠴᠢᠶᠠᠯᠠᠬᠤ ᠶᠢ ᠴᠢᠩᠭ᠎ᠠ ᠴᠠᠭᠠᠵᠠᠯᠠᠨ᠎ᠠ᠃ | ᠰᠢᠨ᠎ᠡ ᠪᠠᠷ ᠪᠦᠷᠢᠳᠬᠡᠭᠦᠯᠦᠭᠰᠡᠨ ᠰᠢᠩᠭᠡᠨ ᠪᠡᠶᠡᠲᠦ ᠠᠶᠤᠯᠲᠤ ᠡᠳ᠋ ᠰᠠᠪᠠᠯᠠᠬᠤ ᠪᠢᠲᠡᠭᠦᠦ ᠲᠡᠷᠭᠡ ᠶᠢᠨ ᠪᠠᠴᠢᠮ ᠲᠠᠰᠤᠯᠪᠤᠷᠢ ᠶᠢᠨ ᠲᠥᠬᠦᠭᠡᠷᠦᠮᠵᠢ ᠶᠢᠨ | ᠰᠢᠯᠭᠠᠨ ᠪᠠᠶᠢᠴᠠᠭᠠᠯᠲᠠ ᠪᠠ ᠡᠬᠢ ᠡᠭᠦᠰᠦᠯ ᠠᠴᠠ ᠨᠢ ᠠᠳᠬᠤᠬᠤ ᠶᠢ ᠴᠢᠩᠭᠠᠳᠬᠠᠵᠤ᠂ ᠪᠠᠴᠢᠮ ᠲᠠᠰᠤᠯᠪᠤᠷᠢ ᠶᠢᠨ ᠲᠥᠬᠦᠭᠡᠷᠦᠮᠵᠢ ᠤᠭᠰᠠᠷᠠᠭᠰᠠᠨ ᠦᠭᠡᠶ ᠰᠢᠩᠭᠡᠨ | ᠪᠡᠶᠡᠲᠦ ᠠᠶᠤᠯᠲᠤ ᠡᠳ᠋ ᠰᠠᠪᠠᠯᠠᠬᠤ ᠪᠢᠲᠡᠭᠦᠦ ᠲᠡᠷᠭᠡ ᠵᠠᠮ ᠳᠡᠭᠡᠷ᠎ᠡ ᠭᠠᠷᠬᠤ ᠶᠢ ᠴᠢᠩᠭ᠎ᠠ ᠴᠠᠭᠠᠵᠠᠯᠠᠬᠤ ᠪᠥᠭᠡᠳ ᠶᠠᠪᠤᠬᠤ ᠳᠤᠮᠳᠠ ᠪᠠᠴᠢᠮ ᠲᠠᠰᠤᠯᠪᠤᠷᠢ ᠶᠢᠨ | ᠲᠥᠬᠦᠭᠡᠷᠦᠮᠵᠢ ᠶᠢᠨ ᠨᠡᠬᠡᠬᠡᠭᠳᠡᠬᠦ ᠦᠭᠡᠢ ᠪᠠᠶᠢᠬᠤ ᠶᠢ ᠡᠷᠬᠡᠪᠰᠢ ᠪᠠᠲᠤᠯᠠᠬᠤ ᠬᠡᠷᠡᠭᠲᠡᠢ᠃ ᠠᠳᠠᠯᠢ ᠨᠢᠭᠡᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠤᠶᠠᠷ | ᠵᠢᠯ ᠤᠨ ᠳᠣᠲᠣᠷ᠎ᠠ ᠠᠶᠠᠨᠴᠢᠳ ᠤᠨ ᠲᠤᠭ᠎ᠠ ᠨᠢ ᠬᠡᠲᠦᠷᠡᠭᠰᠡᠨ᠂ ᠳᠠᠭᠠᠭᠠᠴᠠ ᠨᠢ ᠬᠡᠲᠦᠷᠡᠵᠦ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠤᠶᠠᠷ | ᠤᠳᠠᠭ᠎ᠠ ᠠᠴᠠ ᠳᠡᠭᠡᠭᠰᠢ ᠭᠠᠷᠭᠠᠭᠰᠠᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ | ᠠᠮᠤᠷ ᠲᠦᠪᠰᠢᠨ ᠪᠣᠯᠣᠨ ᠡᠵᠡᠩᠨᠡᠯᠲᠡ ᠶᠢ ᠭᠤᠣᠯᠴᠢᠯᠠᠨ ᠬᠠᠮᠢᠶᠠᠷᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠲᠤᠰ ᠲᠤᠰ 2000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠳᠬᠡᠨ᠎ᠡ᠃ | ᠬᠦᠨᠳᠦ ᠶᠡᠭᠡ ᠠᠴᠠ ᠳᠡᠭᠡᠭᠰᠢᠬᠢ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠢ ᠤᠭᠴᠠᠷᠠᠭᠤᠯᠤᠨ᠎ᠠ ᠃ | | ᠲᠡᠭᠡᠭᠡᠪᠦᠷᠢ ᠶᠢᠨ ᠠᠶᠠᠨᠴᠢᠳ ᠤᠨ ᠲᠡᠷᠭᠡ ᠨᠢ ᠨᠡᠯᠢᠶᠡᠳ ᠶᠡᠭᠡ ᠠᠴᠠ ᠳᠡᠭᠡᠭᠰᠢᠬᠢ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠪᠠᠶᠢᠪᠠᠯ᠂ | ᠠᠮᠤᠷ ᠲᠥᠪᠰᠢᠨ ᠳᠤ ᠬᠢᠨᠠᠯᠲᠠ ᠲᠠᠯᠪᠢᠬᠤ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠦᠨᠳᠦ ᠶᠡᠭᠡ ᠠᠴᠠ ᠳᠡᠭᠡᠭᠰᠢᠬᠢ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠤᠰᠢᠶᠠᠯ ᠢ ᠬᠠᠤᠯᠢ ᠶᠣᠰᠣᠭᠠᠷ ᠤᠭᠴᠠᠷᠠᠭᠤᠯᠵᠤ᠂ 5 ᠵᠢᠯ ᠤᠨ ᠳᠣᠲᠣᠷ᠎ᠠ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠢ︔ ᠶᠠᠯ᠎ᠠ ᠬᠢᠭᠰᠡᠨ ᠳᠤ ᠲᠣᠭᠠᠴᠢᠭᠳᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ ᠬᠦᠨᠳᠦ ᠶᠡᠭᠡ ᠠᠴᠠ ᠳᠡᠭᠡᠭᠰᠢᠬᠢ ᠪᠤᠶᠤ ᠬᠠᠭᠠᠰ ᠵᠢᠯ ᠤᠨ ᠳᠣᠲᠣᠷ᠎ᠠ ᠨᠡᠯᠢᠶᠡᠳ ᠶᠡᠭᠡ ᠬᠠᠷᠢᠭᠤᠴᠠᠯᠭ᠎ᠠ ᠶᠢᠨ ᠠᠳᠡᠯ ᠢ ᠬᠤᠶᠠᠷ ᠤᠳᠠᠭ᠎ᠠ ᠭᠠᠷᠭᠠᠭᠰᠠᠨ | ᠵᠠᠮ ᠲᠡᠭᠡᠭᠡᠪᠦᠷᠢ ᠶᠢᠨ ᠠᠵᠤ ᠠᠬᠤᠶᠢᠯᠠᠯ ᠢ ᠵᠠᠮ ᠬᠠᠷᠢᠯᠴᠠᠭᠠᠨ ᠤ ᠰᠠᠯᠠᠭ᠎ᠠ ᠮᠥᠴᠢᠷ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ | ᠴᠡᠭᠴᠡᠯᠡᠭᠦᠯᠵᠦ᠂ ᠴᠡᠭᠴᠡᠯᠡᠭᠰᠡᠨ ᠤ ᠳᠠᠷᠠᠭ᠎ᠠ ᠠᠶᠤᠯᠭᠦᠶ ᠦᠢᠯᠡᠳᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠡᠷᠭᠦᠭᠡᠨ ᠡᠵᠡᠩᠨᠡᠬᠦ ᠶᠢ ᠵᠦᠪᠰᠢᠶᠡᠷᠡᠨ᠎ᠡ ︔ | ᠠᠵᠢᠯ ᠢ ᠨᠢ ᠵᠣᠭᠰᠣᠭᠠᠨ ᠴᠡᠭᠴᠡᠯᠡᠭᠦᠯᠦᠭᠡᠳ ᠮᠥᠨ ᠯᠡ ᠠᠶᠤᠯᠭᠦᠶ ᠦᠢᠯᠡᠳᠪᠦᠷᠢᠯᠡᠬᠦ ᠨᠥᠬᠦᠴᠡᠯ ᠪᠦᠷᠢᠯᠳᠦᠭᠦᠯᠦᠭᠰᠡᠨ ᠦᠭᠡᠶ ᠪᠠᠶᠢᠪᠠᠯ᠂ ᠵᠠᠮ ᠲᠡᠭᠡᠭᠡᠪᠦᠷᠢ ᠡᠵᠡᠩᠨᠡᠬᠦ | ᠵᠥᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠪᠢᠷᠠᠭᠠᠬᠤ᠂ ᠲᠡᠮᠳᠡᠭᠯᠡᠯᠲᠡ ᠶᠢ ᠨᠢ ᠬᠦᠴᠦᠨ ᠦᠭᠡᠢ | ᠪᠣᠯᠭᠠᠨ᠎ᠠ᠃ | | | | |