2012 ᠣᠨ ᠤ ᠵᠠᠰᠠᠭ ᠤᠨ ᠤᠷᠲᠤᠨ ᠤ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2015/11/19
ᠵᠠᠰᠠᠭ ᠤᠨ ᠤᠷᠲᠤᠨ ᠤ ᠠᠵᠢᠯ ᠤᠨ ᠢᠯᠡᠳᠬᠡᠯ                                                        —  2012 ᠤᠨ ᠤ 2 ᠰᠠᠷ᠎ᠠ ᠶᠢᠨ 26᠎ ᠤ ᠡᠲᠦᠷ ᠤᠯᠠᠭᠠᠨᠬᠠᠲᠠ ᠬᠤᠲᠠ ᠶᠢᠨ ᠲᠠᠪᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠢᠷᠭᠤᠲᠤᠭᠠᠷ ᠬᠤᠷᠠᠯᠲᠤᠭᠠᠨ ᠲᠡᠬᠡᠷ᠎ᠠ                                                                                                                                                            ᠬᠤᠲᠠ ᠶᠢᠨ ᠲᠠᠷᠤᠭ᠎ᠠ    ᠪᠤᠤ ᠮᠠᠨᠲᠠ ᠲᠦᠯᠦᠬᠡᠯᠡᠭᠴᠢᠳ ᠡ᠄       ᠤᠲᠤ ᠪᠢ ᠬᠤᠲᠠ ᠶᠢᠨ ᠵᠠᠰᠠᠭ ᠤᠨ ᠤᠷᠲᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠡᠨ ᠵᠦᠪᠯᠡᠬᠦ ᠪᠤᠯᠪᠠᠤ᠂ ᠬᠤᠲᠠ ᠎ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠰᠤᠯᠠ ᠤᠷᠤᠯᠴᠠᠭᠰᠠᠨ ᠨᠦᠬᠦᠳ ᠰᠠᠨᠠᠯ ᠢᠶᠠᠨ ᠲᠤᠷᠠᠲᠤᠭᠠᠷᠠᠢ᠃       ᠨᠢᠬᠡ᠂ 2011 ᠤᠨ ᠤ ᠠᠵᠢᠯ ᠤᠨ ᠡᠷᠬᠢᠴᠡᠬᠦᠯᠦᠯ       2011 ᠤᠨ ᠪᠤᠯ《 ᠠᠷᠪᠠᠨ ᠬᠤᠶᠠᠷ ᠲᠠᠪᠤ》᠎ ᠶᠢᠨ ᠡᠭᠢᠯᠡᠯᠳᠡ ᠶᠢᠨ ᠵᠢᠯ ᠪᠤᠯᠤᠨ᠎ᠠ᠂ ᠮᠦᠨᠴᠦ ᠪᠦᠬᠦ ᠬᠤᠲᠠ ᠶᠢᠨ ᠠᠵᠤ ᠠᠬᠤᠢ ᠨᠡᠶᠢᠬᠡᠮ ᠪᠦᠬᠦ ᠲᠠᠯ᠎ᠡ ᠎ ᠪᠠᠷ ᠬᠦᠭᠵᠢᠵᠦ᠂ ᠭᠤᠤᠯᠲᠠᠯᠭᠠᠲᠠᠢ ᠠᠵᠢᠯ ᠨᠡᠯᠢᠶᠡᠳ ᠶᠡᠭᠡ ᠰᠢᠪᠲᠤᠯᠤᠯᠲᠠ ᠲᠠᠢ ᠨᠢᠬᠡ ᠵᠢᠯ ᠪᠤᠯᠤᠨ᠎ᠠ᠃ ᠬᠤᠲᠠ ᠶᠢᠨ ᠨᠡᠮ ᠤᠨ ᠬᠤᠷᠢᠶᠠᠨ ᠤ ᠵᠦᠪ ᠤᠨᠤᠪᠴᠢᠲᠡᠢ ᠤᠲᠤᠷᠢᠲᠤᠯᠭ᠎ᠠ ᠲᠤᠤᠷ᠎ᠠ᠂ ᠪᠦᠬᠦ ᠬᠤᠲᠠ ᠪᠠᠷ ᠢᠶᠠᠨ ᠰᠢᠨᠵᠢᠯᠡᠬᠦ ᠤᠬᠠᠭᠠᠨᠴᠢ ᠬᠦᠭᠵᠢᠯᠲᠠ ᠶᠢᠨ ᠦᠵᠡᠯᠲᠠ ᠶᠢ ᠬᠦᠨᠵᠡᠬᠡᠢ ᠲᠤᠤᠱᠯᠠᠭᠤᠯᠵᠤ᠂ ᠬᠦᠭᠵᠢᠯᠲᠡ ᠪᠤᠯ ᠲᠡᠷᠢᠬᠦᠨ ᠴᠢᠬᠤᠯᠠ ᠶᠠᠪᠤᠲᠠᠯ ᠪᠤᠯᠬᠤ ᠶᠢ ᠴᠢᠩᠭ᠎ᠠ ᠡᠵᠡᠮᠰᠢᠵᠤ᠂ ᠬᠦᠴᠦᠨ ᠢᠶᠠᠨ ᠲᠦᠪᠯᠡᠷᠡᠬᠦᠯᠦᠨ ᠶᠡᠷᠦᠩᠬᠡᠢ ᠬᠡᠮᠵᠢᠶ᠎ᠡ ᠪᠠᠨ ᠦᠷᠬᠡᠳᠬᠡᠵᠦ᠂ ᠪᠦᠲᠦᠴᠡ ᠳᠤ ᠲᠤᠬᠢᠷᠠᠭᠤᠯᠤᠯᠲᠠ ᠬᠢᠵᠤ᠂ ᠠᠷᠠᠳ ᠤᠨ ᠠᠮᠢᠲᠤᠷᠠᠯ ᠢ  ᠰᠠᠶᠢᠵᠢᠷᠠᠭᠤᠯᠵᠤ᠂ ᠦᠨᠡᠨ ᠢ ᠪᠠᠷᠢᠮᠲᠠᠯᠠᠨ ᠪᠤᠲᠠᠲᠠᠢ ᠠᠵᠢᠯ ᠬᠢᠵᠤ᠂ ᠰᠢᠨ᠎ᠡ ᠶᠢ ᠡᠬᠦᠲᠦᠨ ᠡᠷᠡᠯᠬᠡᠭᠯᠡᠨ ᠤᠷᠤᠭᠰᠢᠯᠠᠵᠤ᠂ ᠬᠤᠲᠠ ᠶᠢᠨ ᠲᠠᠪᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ  ᠲᠠᠪᠤᠲᠤᠭᠠᠷ ᠬᠤᠷᠠᠯᠲᠤᠭᠠᠨ ᠢᠶᠠᠷ ᠲᠤᠭᠲᠠᠭᠠᠭᠰᠠᠨ ᠡᠯ᠎ᠡ ᠲᠦᠷᠦᠯ ᠤᠨ ᠬᠠᠷᠠᠯᠲᠠ ᠶᠢᠨ ᠡᠬᠦᠷᠬᠡ ᠶᠢ ᠲᠡᠬᠦᠰ ᠠᠮᠵᠢᠯᠲᠠ ᠲᠠᠢ ᠪᠡᠶᠡᠯᠡᠬᠦᠯᠵᠦ᠂ ᠠᠷᠠᠳ ᠢᠶᠠᠨ ᠪᠠᠶᠠᠯᠢᠭᠵᠢᠭᠤᠯᠵᠤ ᠬᠤᠲᠠ ᠪᠠᠨ ᠬᠦᠴᠦᠷᠬᠡᠭᠵᠢᠬᠦᠯᠬᠦ ᠶᠢ ᠲᠦᠯᠬᠢᠨ ᠠᠬᠢᠭᠤᠯᠬᠤ ᠳᠤ ᠪᠠᠲᠤ ᠪᠠᠬᠢ ᠠᠯᠬᠤᠴᠠ ᠶᠢ ᠪᠡᠶᠡᠯᠡᠬᠦᠯᠪᠡ᠃    ︵ᠨᠢᠬᠡ︶  ᠤᠯᠤᠰ ᠠᠷᠠᠳ ᠤᠨ ᠠᠵᠤ ᠠᠬᠤᠢ ᠦᠷᠬᠦᠯᠵᠢᠯᠡᠨ ᠲᠦᠷᠬᠡᠨ ᠡᠷᠡᠬᠦᠯ ᠢᠶᠠᠷ ᠬᠦᠭᠵᠢᠪᠡ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 1347.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ 15.5%᠎ ᠪᠠᠷ ᠨᠡᠮᠡᠭᠲᠡᠵᠦ᠂ ᠪᠦᠬᠦ ᠤᠷᠤᠨ ᠤ ᠬᠢ ᠠᠴᠠ 1.2 ᠵᠠᠭᠤᠨ ᠤ ᠬᠤᠪᠢ ᠦᠨᠲᠦᠷ ᠪᠠᠶᠢᠵᠤ᠂ ᠨᠡᠮᠡᠭᠲᠡᠯ ᠤᠨ ᠬᠤᠷᠲᠤᠴᠠ ᠪᠦᠬᠦ ᠤᠷᠤᠨ ᠳᠠᠭᠠᠨ ᠭᠤᠷᠪᠠᠲᠤᠭᠠᠷ ᠲᠤ ᠤᠷᠤᠵᠡᠢ᠃ ᠭᠤᠷᠪᠠᠨ ᠠᠵᠤ ᠦᠢᠯᠡᠰ ᠵᠤᠬᠢᠴᠠᠩᠭᠤᠢ ᠬᠦᠭᠵᠢᠵᠦ᠂ ᠨᠢᠬᠡᠲᠦᠬᠡᠷ ᠠᠵᠤ ᠦᠢᠯᠡᠰ 7.1%  ᠎ ᠪᠠᠷ ᠨᠡᠮᠡᠭᠲᠡᠵᠦ᠂ ᠬᠤᠶᠠᠲᠤᠭᠠᠷ ᠠᠵᠤ ᠦᠢᠯᠡᠰ 20.4%  ᠎ ᠪᠠᠷ ᠨᠡᠮᠡᠭᠲᠡᠵᠦ᠂ ᠭᠤᠷᠪᠠᠲᠤᠭᠠᠷ ᠠᠵᠤ ᠦᠢᠯᠡᠰ 12%᠎ ᠢᠶᠠᠷ ᠨᠡᠮᠡᠭᠲᠡᠪᠡ᠃ ᠪᠡᠯᠡ ᠤᠷᠤᠭᠤᠯᠤᠯᠲᠠ᠂ ᠬᠡᠷᠡᠭᠯᠡᠬᠡᠨ ᠯᠠᠪᠲᠠᠭᠤᠨ ᠢᠶᠠᠷ ᠨᠡᠮᠡᠭᠲᠡᠵᠦ᠂ ᠪᠦᠬᠦ ᠨᠡᠶᠢᠬᠡᠮ ᠤᠨ ᠲᠤᠭᠲᠠᠮᠠᠯ ᠬᠦᠷᠦᠩᠬᠡ ᠶᠢᠨ ᠪᠡᠯᠡ ᠤᠷᠤᠭᠤᠯᠤᠯᠲᠠ 1115.1 ᠳ᠋ᠦᠩᠰᠢᠭᠤᠷ  ᠲᠦᠬᠦᠷᠢᠭ ᠬᠦᠷᠴᠦ᠂ 31.4%  ᠎ ᠪᠠᠷ ᠨᠡᠮᠡᠭᠳᠡᠵᠦ᠂ ᠪᠦᠬᠦ ᠤᠷᠤᠨ ᠤ ᠬᠢ ᠠᠴᠠ 9.9 ᠵᠠᠭᠤᠨ ᠤ ᠬᠤᠪᠢ ᠦᠨᠲᠦᠷ ᠪᠠᠶᠢᠵᠤ᠂ ᠨᠡᠶᠢᠬᠡᠮ ᠤᠨ ᠬᠡᠷᠡᠭᠯᠡᠬᠡᠨ ᠤ ᠲᠠᠸᠠᠷ ᠤᠨ ᠰᠤᠯᠠ ᠪᠠᠷ ᠬᠤᠲᠠᠯᠲᠤᠭᠰᠠᠨ ᠶᠡᠷᠦᠩᠬᠡᠢ ᠨᠤᠷᠮ᠎ᠠ 399.9 ᠳ᠋ᠦᠩᠰᠢᠭᠤᠷ ᠲᠦᠬᠦᠷᠢᠭ ᠬᠦᠷᠴᠦ᠂ 18.8%᠎ ᠪᠠᠷ ᠨᠡᠮᠡᠭᠲᠡᠵᠦ᠂ ᠪᠦᠬᠦ ᠤᠷᠤᠨ ᠤ ᠬᠢ ᠠᠴᠠ 0.8 ᠵᠠᠭᠤᠨ ᠤ ᠬᠤᠪᠢ ᠦᠨᠲᠦᠷ ᠪᠤᠯᠪᠠ᠃ ᠠᠵᠤ ᠠᠬᠤᠢ ᠶᠢᠨ ᠨᠡᠮᠡᠭᠲᠡᠯ ᠤᠨ ᠴᠢᠨᠠᠷ ᠴᠢᠨᠰᠠᠭ᠎ᠠ ᠪᠠ ᠦᠷ᠎ᠡ ᠠᠰᠢᠭ ᠮᠡᠳᠡᠭᠲᠡᠮ᠎ᠡ ᠲᠡᠭᠡᠭᠰᠢᠯᠡᠵᠦ᠂ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 120.6 ᠳ᠋ᠦᠩᠰᠢᠭᠤᠷ ᠲᠦᠬᠦᠷᠢᠭ ᠬᠦᠷᠴᠦ᠂ 20%  ᠎ ᠪᠠᠷ ᠨᠡᠮᠡᠭᠲᠡᠵᠦ᠂ ᠤᠷᠤᠯᠭ᠎ᠠ ᠶᠢᠨ ᠪᠦᠲᠦᠴᠡ ᠤᠯᠠᠮ ᠨᠢᠬᠡ ᠠᠯᠬᠤᠮ ᠰᠢᠯᠢᠳᠡᠭᠵᠢᠵᠦ᠂ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ 272 ᠳ᠋ᠦᠩᠰᠢᠭᠤᠷ ᠲᠦᠬᠦᠷᠢᠭ ᠬᠦᠷᠴᠦ᠂ ᠪᠦᠬᠦ ᠤᠷᠤᠨ ᠳᠠᠭᠠᠨ ᠬᠤᠶᠠᠲᠤᠭᠠᠷ ᠲᠤ ᠤᠷᠤᠵᠤ᠂ 23.8%᠎ ᠪᠠᠷ ᠨᠡᠮᠡᠭᠲᠡᠪᠡ︔ ᠬᠡᠪᠴᠢᠶᠡᠵᠢᠯ ᠠᠴᠠ ᠲᠡᠬᠡᠭᠰᠢᠬᠢ ᠠᠵᠤ ᠦᠢᠯᠡᠳᠪᠦᠷᠢ ᠎ ᠶᠢᠨ ᠨᠡᠮᠡᠭᠲᠡᠯ ᠦᠷᠲᠡᠭ 22%  ᠎ ᠪᠠᠷ ᠨᠡᠮᠡᠭᠲᠡᠵᠦ᠂ ᠪᠦᠬᠦ ᠤᠷᠤᠨ ᠤ ᠬᠢ ᠠᠴᠠ 3 ᠵᠠᠭᠤᠨ ᠤ ᠬᠤᠪᠢ ᠦᠨᠲᠦᠷ ᠪᠠᠶᠢᠵᠦ᠂ ᠨᠡᠮᠡᠭᠲᠡᠯ ᠤᠨ ᠬᠤᠷᠲᠤᠴᠠ ᠪᠦᠬᠦ ᠤᠷᠤᠨ ᠳᠠᠭᠠᠨ ᠭᠤᠷᠪᠠᠲᠤᠭᠠᠷ ᠲᠤ ᠤᠷᠤᠵᠡᠢ᠃ ᠪᠦᠬᠦ ᠬᠤᠲᠠ ᠶᠢᠨ ᠠᠵᠤ ᠠᠬᠤᠢ ᠶᠢᠨ ᠬᠤᠷᠲᠤᠴᠠ᠂ ᠶᠠᠰᠤ ᠴᠢᠨᠠᠷ᠂ ᠦᠷ᠎ᠡ ᠠᠰᠢᠭ ᠨᠢ ᠵᠤᠬᠢᠴᠠᠩᠭᠤᠢ ᠪᠦᠬᠡᠳ ᠵᠢᠭᠲᠡ  ᠬᠦᠭᠵᠢᠵᠦ᠂ ᠲᠦᠷᠬᠡᠨ ᠨᠡᠮᠡᠭᠲᠡᠬᠦ ᠶᠢ ᠪᠡᠶᠡᠯᠡᠬᠦᠯᠪᠡ᠃    ︵ᠬᠤᠶᠠᠷ︶  ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠢᠲᠡᠪᠬᠢᠲᠡᠢ ᠠᠬᠢᠴᠠ ᠲᠠᠢ ᠪᠤᠯᠪᠠ᠃ ᠲᠠᠷᠢᠶᠠᠯᠠᠩ ᠮᠠᠯ ᠠᠵᠤ ᠠᠬᠤᠢ ᠶᠢᠨ ︽1571 ︾ ᠢᠨᠵᠧᠨᠧᠷᠢᠩ ᠤᠨ ᠦᠷ᠎ᠡ ᠠᠰᠢᠭ ᠢᠯᠡᠷᠬᠡᠢ ᠪᠤᠯᠵᠠᠢ᠃ 108 ᠲᠦᠮᠡᠨ ᠮᠤ᠋ ᠡᠷᠲᠡᠨᠢ ᠰᠢᠰᠢ ᠶᠢ ᠵᠤᠯᠤᠮ᠎ᠠ ᠳᠤ ᠲᠠᠷᠢᠵᠤ ᠲᠤᠰᠤᠯᠭᠠᠨ ᠤᠰᠤᠯᠠᠬᠤ᠂ 22 ᠲᠦᠮᠡᠨ ᠮᠤ᠋ ᠦᠨᠲᠦᠷ ᠪᠦᠲᠦᠮᠵᠢᠲᠦ ᠤᠰᠤ ᠠᠷᠪᠢᠯᠠᠨ ᠤᠰᠤᠯᠠᠬᠤ ᠠᠵᠤ ᠠᠬᠤᠢ ᠶᠢᠨ ᠤᠢ᠂ 12.7 ᠲᠦᠮᠡᠨ ᠮᠤ᠋ ᠬᠦᠷᠡᠩ ᠴᠠᠷᠭᠠᠰᠤ ᠶᠢ ᠤᠰᠤ ᠠᠷᠪᠢᠯᠠᠨ ᠲᠠᠷᠢᠵᠤ᠂ ᠲᠦᠬᠦᠬᠡᠷᠦᠮᠵᠢᠲᠦ ᠲᠠᠷᠢᠶᠠᠯᠠᠩ ᠤᠨ ᠶᠡᠷᠦᠩᠬᠡᠢ ᠲᠠᠯᠠᠪᠡᠢ 71 ᠲᠦᠮᠡᠨ ᠮᠤ᠋ ᠳᠤ ᠬᠦᠷᠴᠡᠢ︔ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠲᠠᠪᠤᠷᠢ ᠶᠡᠭᠡ ᠬᠡᠮᠵᠢᠶ᠎ᠡ ᠪᠠᠷ ᠲᠡᠬᠡᠭᠰᠢᠯᠡᠵᠦ᠂ ᠠᠮᠤ ᠪᠤᠲᠠᠭᠠᠨ ᠤ ᠶᠡᠷᠦᠩᠬᠡᠢ ᠭᠠᠷᠤᠯᠲᠠ 87 ᠳ᠋ᠦᠩᠰᠢᠭᠤᠷ ᠵᠢᠩ ᠳᠤ ᠬᠦᠷᠴᠦ᠂ ᠲᠡᠭᠡᠷ᠎ᠡ ᠵᠢᠯ ᠠᠴᠠ 16 ᠳ᠋ᠦᠩᠰᠢᠭᠤᠷ ᠵᠢᠩ ᠨᠡᠮᠡᠭᠲᠡᠵᠡᠢ︔ ᠮᠠᠯ ᠠᠵᠤ ᠠᠬᠤᠢ ᠶᠢᠨ ᠤᠨ ᠤ ᠮᠠᠯ ᠤᠨ ᠲᠤᠭ᠎ᠠ ᠲᠤᠯᠤᠭᠠᠢ 1720 ᠲᠦᠮᠡ ᠳᠤ ᠬᠦᠷᠴᠦ᠂ ᠵᠢᠷᠭᠤᠭᠠᠨ ᠵᠢᠯ ᠲᠠᠷᠠᠭᠠᠯᠠᠨ ᠪᠦᠬᠦ ᠤᠷᠤᠨ ᠳᠤ ᠲᠡᠷᠢᠬᠦᠯᠡᠪᠡ᠃ ︽ᠬᠤᠤᠰ ᠮᠢᠩᠭ᠎ᠠ ᠬᠤᠤᠰ ᠵᠠᠭᠤᠨ ᠳ᠋ᠦᠩᠰᠢᠭᠤᠷ︾ ᠢᠨᠵᠧᠨᠧᠷᠢᠩ ᠤᠷᠤᠭᠰᠢᠲᠡᠢ ᠶᠡᠪᠤᠭᠲᠠᠵᠤ᠂ ᠶᠢᠨ ᠵᠢᠶᠠᠨ ᠵᠡᠰ ᠤᠨ ᠦᠢᠯᠡᠰ ᠪᠠ ᠶᠤᠸᠠᠨ ᠯᠢᠶᠠᠨ ᠪᠤᠯᠤᠳ ᠲᠡᠮᠦᠷ ᠎ ᠤᠨ ᠵᠢᠯ ᠤᠨ ᠪᠤᠷᠤᠯᠠᠭᠤᠯᠤᠭᠰᠠᠨ ᠤᠷᠤᠯᠭ᠎ᠠ ᠨᠢ ᠴᠦᠮ ᠵᠠᠭᠤᠨ ᠳ᠋ᠦᠩᠰᠢᠭᠤᠷ ᠲᠦᠬᠦᠷᠢᠭ ᠤᠨ ᠪᠤᠭᠤᠮᠲᠠ ᠶᠢ ᠲᠠᠪᠠᠵᠡᠢ︔ ᠮᠠᠰᠢᠨ ᠮᠧᠬᠠᠨᠢᠭ ᠦᠢᠯᠡᠳᠪᠦᠷᠢᠯᠡᠬᠦ ᠪᠠ ᠬᠢᠮᠢ ᠶᠢᠨ ᠠᠵᠤ ᠦᠢᠯᠡᠳᠪᠦᠷᠢ ᠲᠤᠰᠪᠤᠷᠢ 88.1% ᠪᠠ 48.8%  ᠎ ᠪᠠᠷ ᠨᠡᠮᠡᠭᠲᠡᠵᠦ᠂ ᠬᠡᠪᠴᠢᠶᠡᠵᠢᠯ ᠠᠴᠠ ᠲᠡᠬᠡᠭᠰᠢᠬᠢ ᠠᠵᠤ ᠦᠢᠯᠡᠳᠪᠦᠷᠢ ᠶᠢᠨ ᠨᠡᠮᠡᠭᠲᠡᠯ ᠤᠨ ᠬᠤᠪᠢ ᠨᠡᠮᠡᠷᠢ  ᠎ ᠶᠢᠨ ᠨᠤᠷᠮ᠎ᠠ 5.5 ᠵᠠᠭᠤᠨ ᠤ ᠬᠤᠪᠢ ᠲᠡᠭᠡᠭᠰᠢᠯᠡᠵᠦ᠂16.5%  ᠎ ᠳᠤ ᠬᠦᠷᠴᠡᠢ︔ 3000 ᠲᠦᠮᠡᠨ ᠲᠦᠬᠦᠷᠢᠭ ᠠᠴᠠ ᠲᠡᠬᠡᠭᠰᠢᠬᠢ ᠠᠵᠤ ᠦᠢᠯᠡᠳᠪᠦᠷᠢ ᠶᠢᠨ ᠲᠦᠷᠦᠯ ᠵᠦᠢᠯ ᠢ 257᠎ ᠶᠢ ᠬᠡᠷᠡᠭᠵᠢᠬᠦᠯᠵᠦ᠂ 355 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ ᠲᠤᠮᠲᠠᠲᠤ ᠤᠯᠤᠰ ᠤᠨ ᠦᠩᠬᠡᠲᠦ ᠲᠡᠮᠦᠷᠯᠢᠭ ᠤᠨ ᠲᠦᠷᠪᠡᠲᠦᠬᠡᠷ ᠬᠤᠭᠤᠴᠠᠭ᠎ᠠ᠂ ᠤᠯᠤᠰ ᠤᠨ ᠴᠠᠬᠢᠯᠭᠠᠨ ᠤ ᠨᠡᠬᠦᠷᠡᠰᠦᠨ ᠰᠢᠬᠡᠰᠦᠯᠢᠭ ᠡᠳ᠋᠂ ᠶᠢᠨ ᠵᠢᠶᠠᠨ ᠴᠠᠬᠢᠯᠭᠠᠨ ᠢᠶᠠᠷ ᠵᠠᠲᠠᠷᠠᠭᠤᠯᠬᠤ ᠵᠡᠰ᠂ ᠶᠤᠸᠠᠨ ᠯᠢᠶᠠᠨ ᠤ ᠭᠤᠷᠪᠠᠲᠤᠭᠠᠷ ᠬᠤᠭᠤᠴᠠᠭ᠎ᠠ ᠵᠡᠷᠬᠡ ᠨᠢᠬᠡ ᠪᠦᠯᠦᠭ ᠲᠤᠮᠤ ᠲᠦᠷᠦᠯ ᠵᠦᠢᠯ ᠠᠵᠢᠯ ᠲᠠᠭᠤᠰᠴᠤ ᠠᠰᠢᠭᠯᠠᠯᠲᠠ ᠳᠤ ᠤᠷᠤᠪᠠ᠃ ᠤᠲᠤ ᠦᠶ᠎ᠡ ᠶᠢᠨ ᠦᠢᠯᠡᠴᠢᠯᠡᠬᠡᠨ ᠤ ᠦᠢᠯᠡᠰ ᠲᠦᠷᠬᠡᠨ ᠬᠦᠭᠵᠢᠵᠠᠢ᠃ ᠬᠤᠩ ᠱᠠᠨ ᠪᠠᠷᠠᠭ᠎ᠠ ᠶᠢᠨ ᠬᠦᠢᠯᠬᠡᠬᠡ ᠶᠢᠨ ᠬᠦᠷᠢᠶᠡᠯᠡᠩ ᠲᠤᠭᠤᠷᠢᠭ 150 ᠳ᠋ᠦᠩᠰᠢᠭᠤᠷ ᠲᠦᠬᠦᠷᠢᠭ ᠤᠨ ᠠᠷᠠᠯᠵᠢᠶ᠎ᠠ ᠶᠢᠨ ᠨᠤᠷᠮ᠎ᠠ ᠪᠡᠶᠡᠯᠡᠬᠦᠯᠵᠦ᠂ ᠦᠪᠡᠷᠲᠡᠬᠡᠨ ᠵᠠᠰᠠᠬᠤ ᠤᠷᠤᠨ ᠤ ᠤᠲᠤ ᠦᠶ᠎ᠡ ᠶᠢᠨ ᠶᠡᠷᠦᠩᠬᠡᠶᠢᠯᠡᠭᠰᠡᠨ ᠪᠠᠷᠠᠭ᠎ᠠ ᠶᠢᠨ ᠬᠦᠢᠯᠬᠡᠬᠡ ᠶᠢᠨ ᠬᠦᠷᠢᠶᠡᠯᠡᠩ ᠲᠤᠭᠤᠷᠢᠭ ᠪᠤᠯᠵᠤ᠂ ᠲᠦᠪᠯᠡᠷᠡᠬᠦᠯᠦᠨ ᠲᠠᠷᠬᠠᠭᠠᠬᠤ ᠦᠢᠯᠡᠲᠦᠯ ᠨᠢ ᠮᠡᠲᠡᠭᠳᠡᠮ᠎ᠡ ᠴᠢᠩᠭᠠᠷᠠᠪᠠ︔ ᠬᠤᠲᠠᠯᠲᠤᠭ᠎ᠠ ᠠᠷᠠᠯᠵᠢᠶᠠᠨ ᠤ ᠬᠦᠢᠯᠬᠡᠬᠡ ᠶᠢᠨ ᠦᠢᠯᠡᠰ ᠤᠨ ᠭᠤᠤᠯᠲᠠᠯᠭᠠᠲᠤ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢᠨ ᠵᠢᠯ ᠤᠨ ᠪᠡᠯᠡ ᠤᠷᠤᠭᠤᠯᠤᠯᠲᠠ ᠠᠩᠬ᠎ᠠ ᠤᠲᠠᠭ᠎ᠠ ᠵᠠᠭᠤᠨ ᠳ᠋ᠦᠩᠰᠢᠭᠤᠷ ᠲᠦᠬᠦᠷᠢᠭ ᠢ ᠲᠠᠪᠠᠵᠤ᠂ ᠲᠠᠬᠢᠨ ᠢᠶᠠᠷ ᠨᠡᠮᠡᠭᠲᠡᠬᠦ ᠶᠢ ᠪᠠᠶᠡᠯᠡᠬᠦᠯᠵᠦ᠂ ᠪᠡᠯᠡ ᠤᠷᠤᠭᠤᠯᠤᠯᠲᠠ ᠨᠢ 23 ᠳ᠋ᠦᠩᠰᠢᠭᠤᠷ ᠲᠦᠬᠦᠷᠢᠭ ᠢ ᠲᠠᠪᠠᠭᠰᠠᠨ ᠲᠤᠮᠤ ᠠᠷᠠᠯᠵᠢᠶᠠᠨ ᠤ ᠲᠦᠷᠦᠯ ᠵᠦᠢᠯ ᠢ ᠡᠬᠢᠯᠡᠨ ᠪᠦᠲᠦᠬᠡᠨ ᠪᠠᠶᠢᠭᠤᠯᠵᠤ᠂ ᠰᠢᠨ᠎ᠡ ᠪᠠᠷ ᠨᠡᠮᠡᠭᠲᠡᠭᠰᠡᠨ ᠪᠠᠷᠢᠯᠭ᠎ᠠ ᠶᠢᠨ ᠲᠠᠯᠠᠪᠡᠢ 300 ᠲᠦᠮᠡᠨ ᠲᠡᠭᠰᠢ ᠲᠦᠷᠪᠡᠯᠵᠢᠨ ᠮᠧᠲᠷ ᠬᠦᠷᠪᠡ︔ ᠪᠦᠬᠦ ᠬᠤᠲᠠ ᠪᠠᠷ ᠢᠶᠠᠨ 640 ᠲᠦᠮᠡᠨ ᠬᠦᠮᠦᠨ ᠤᠲᠠᠭ᠎ᠠ ᠵᠤᠭᠠᠴᠠᠬᠰᠠᠳ ᠢ ᠬᠦᠯᠢᠶᠡᠨ ᠠᠪᠴᠤ᠂ 88 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ ᠪᠡᠶᠡᠯᠡᠬᠦᠯᠵᠦ᠂ ᠲᠤᠭᠤᠷᠢᠨ ᠦᠵᠡᠬᠦ᠂ ᠠᠮᠠᠷᠠᠨ ᠰᠡᠯᠡᠬᠦᠴᠡᠬᠦ᠂ ᠪᠡᠶᠡᠲᠠᠨ ᠤᠶᠢᠯᠠᠭᠠᠬᠤ᠂ ᠰᠤᠶᠤᠯ ᠬᠡᠬᠡᠷᠡᠯ ᠵᠡᠷᠬᠡ ᠤᠨᠴᠠᠯᠢᠭᠲᠤ ᠵᠤᠭᠠᠴᠠᠯ ᠤᠨ ᠦᠢᠯᠡᠰ ᠦᠷᠨᠢᠨ ᠬᠦᠭᠵᠢᠪᠡ︔ ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ 16 ᠨᠡᠮᠡᠭᠲᠡᠵᠤ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠲᠠᠭᠠᠯᠠᠮᠵᠢ ᠶᠢᠨ ᠦᠯᠡᠲᠡᠪᠦᠷᠢ 1037 ᠳ᠋ᠦᠩᠰᠢᠭᠤᠷ ᠲᠦᠬᠦᠷᠢᠭ᠂ 17.3%᠎ ᠪᠠᠷ ᠨᠡᠮᠡᠭᠲᠡᠵᠦ᠂ ᠵᠢᠬᠡᠯᠡᠯᠬᠡ ᠶᠢᠨ ᠦᠯᠡᠳᠡᠪᠦᠷᠢ 565 ᠳ᠋ᠦᠩᠰᠢᠭᠤᠷ ᠲᠦᠬᠦᠷᠢᠭ᠂ 23%᠎ ᠪᠠᠷ ᠨᠡᠮᠡᠭᠲᠡᠨ᠂ ᠠᠵᠤ ᠠᠬᠤᠶᠢᠯᠠᠯ ᠢ ᠰᠲ᠋ᠤᠺ ᠤᠨ ᠵᠠᠬ᠎ᠠ ᠳᠤ ᠭᠠᠷᠭᠠᠬᠤ ᠠᠵᠢᠯ ᠪᠠ ᠡᠯᠧᠮᠧᠨ᠋ᠲ ᠤᠨ ᠵᠠᠬ᠎ᠠ ᠲᠡᠯᠬᠡᠬᠦᠷ ᠤᠨ ᠪᠦᠲᠦᠬᠡᠨ ᠪᠠᠶᠢᠭᠤᠯᠤᠯᠲᠠ ᠶᠢ ᠪᠠᠲᠤᠲᠠᠢ ᠲᠦᠯᠬᠢᠨ ᠠᠬᠢᠭᠤᠯᠪᠡ᠃     ︵ᠭᠤᠷᠪᠠ︶ ᠠᠷᠠᠳ ᠤᠨ ᠠᠮᠢᠲᠤᠷᠠᠯ ᠦᠷᠬᠦᠯᠵᠢᠯᠡᠨ ᠰᠠᠶᠢᠵᠢᠷᠠᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠲᠠᠴᠢ ᠵᠠᠷᠤᠴᠠᠭᠤᠯᠵᠤ ᠪᠤᠯᠬᠤ ᠤᠷᠤᠯᠭ᠎ᠠ 16416 ᠲᠦᠬᠦᠷᠢᠭ᠂ ᠮᠠᠯᠴᠢᠳ ᠲᠠᠷᠢᠶᠠᠴᠢᠳ ᠤᠨ ᠬᠦᠮᠦᠨ ᠪᠦᠷᠢ ᠶᠢᠨ ᠲᠤᠮᠲᠠᠴᠢ ᠴᠡᠪᠡᠷ ᠤᠷᠤᠯᠭ᠎ᠠ 6138 ᠲᠦᠬᠦᠷᠢᠭ᠂ ᠲᠤᠰᠪᠤᠷᠢ 16.4% ᠪᠠ 22.5%᠎ ᠪᠠᠷ ᠨᠡᠮᠡᠭᠲᠡᠨ᠂ ᠨᠡᠮᠡᠭᠲᠡᠭᠰᠡᠨ ᠬᠤᠷᠲᠤᠴᠠ ᠪᠦᠬᠦ ᠤᠷᠤᠨ ᠳᠠᠭᠠᠨ ᠨᠢᠬᠡᠲᠦᠬᠡᠷ ᠪᠠ ᠬᠤᠶᠠᠲᠤᠭᠠᠷ ᠲᠤ ᠤᠷᠤᠵᠤ᠂ ᠨᠡᠮᠡᠭᠲᠡᠴᠡ ᠎ ᠨᠢ ᠤᠶᠢᠷ᠎ᠠ ᠶᠢᠨ ᠵᠢᠯ ᠳᠤ ᠬᠠᠮᠤᠭ ᠦᠨᠲᠦᠷ ᠪᠤᠯᠪᠠ᠃ ᠡᠳ᠋ ᠤᠨ ᠵᠠᠰᠠᠭ ᠠᠴᠠ ᠠᠷᠠᠳ ᠤᠨ ᠠᠮᠢᠲᠤᠷᠠᠯ ᠤᠨ ᠬᠦᠷᠢᠶ᠎ᠡ ᠳᠤ ᠤᠷᠤᠭᠤᠯᠤᠭᠰᠠᠨ ᠪᠡᠯᠡ ᠤᠷᠤᠭᠤᠯᠤᠯᠲᠠ ᠎ ᠨᠢ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 46.5%᠎ ᠶᠢ ᠡᠵᠡᠯᠡᠵᠡᠢ᠃ ᠬᠤᠲᠠ ᠪᠠᠯᠭᠠᠰᠤᠨ ᠤ ᠠᠵᠢᠯ ᠤᠯᠤᠭᠰᠠᠳ ᠨᠡᠶᠢᠲᠡ 2.36 ᠲᠦᠮᠡᠨ ᠬᠦᠮᠦᠨ ᠰᠢᠨ᠎ᠡ ᠪᠠᠷ ᠨᠡᠮᠡᠭᠲᠡᠵᠦ᠂ 1.39 ᠲᠦᠮᠡᠨ ᠤᠶᠤᠲᠠᠳ ᠲᠤ ᠠᠵᠢᠯ ᠤᠯᠭᠤᠵᠤ᠂ 1.29 ᠲᠦᠮᠡᠨ ᠠᠵᠢᠯ ᠠᠯᠳᠠᠭᠰᠠᠳ ᠲᠠᠬᠢᠨ ᠠᠵᠢᠯ ᠤᠯᠵᠤ᠂ 70.8 ᠲᠦᠮᠡᠨ ᠮᠠᠯᠴᠢᠳ ᠲᠠᠷᠢᠶᠠᠴᠢᠳ ᠢ ᠰᠢᠯᠵᠢᠬᠦᠯᠵᠦ ᠠᠵᠢᠯ ᠤᠯᠭᠤᠪᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠤᠨ ᠬᠡᠪ ᠤᠨ ᠦᠰᠦᠯᠲᠡ ᠶᠢᠨ ᠵᠤᠬᠢᠴᠠᠮᠵᠢ ᠎ ᠶᠢ ᠪᠠᠶᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠡ ᠶᠢᠨ ᠠᠵᠢᠯᠲᠠᠨ ᠤ ᠨᠦᠬᠦᠪᠦᠷᠢ ᠶᠢ ᠨᠡᠮᠡᠭᠲᠡᠬᠦᠯᠵᠦ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠦᠩᠬᠦ᠂ ᠬᠤᠲᠠ ᠬᠦᠲᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭᠠᠲᠤ ᠡᠷᠦᠬᠡ ᠶᠢᠨ ᠠᠰᠠᠷᠠᠨ ᠲᠡᠵᠢᠬᠡᠬᠦ ᠪᠠᠷᠢᠮᠵᠢᠶ᠎ᠠ ᠶᠢ ᠨᠡᠯᠢᠶᠡᠳ ᠶᠡᠭᠡ ᠬᠡᠮᠵᠢᠶ᠎ᠡ ᠪᠠᠷ ᠲᠡᠭᠡᠭᠰᠢᠯᠡᠬᠦᠯᠪᠡ᠃ ᠤᠯᠤᠰ ᠪᠠ ᠦᠪᠡᠷᠲᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢ ᠬᠠᠷᠠᠭᠠᠯᠵᠠᠬᠤ ᠲᠦᠷᠦ ᠶᠢᠨ ᠪᠤᠲᠤᠯᠭ᠎ᠠ ᠶᠢ ᠪᠦᠬᠦ ᠲᠠᠯ᠎ᠡ ᠪᠠᠷ ᠨᠠᠶᠢᠲᠠᠪᠤᠷᠢᠵᠢᠭᠤᠯᠤᠨ᠂ ᠠᠮᠤ ᠪᠤᠲᠠᠭᠠᠨ ᠤ ᠰᠢᠭᠤᠳ ᠨᠦᠬᠦᠪᠦᠷᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠢ ᠨᠦᠬᠦᠪᠦᠷᠢ᠂ ᠲᠠᠷᠢᠮᠠᠯ ᠤᠨ ᠰᠠᠶᠢᠨ ᠡᠬᠦᠯᠲᠡᠷ ᠤᠨ ᠦᠷ᠎ᠡ ᠶᠢᠨ ᠨᠦᠬᠦᠪᠦᠷᠢ ᠪᠠ ᠲᠠᠷᠢᠶᠠᠯᠠᠩ ᠤᠨ ᠮᠠᠰᠢᠨ ᠪᠠᠭᠠᠵᠢ ᠬᠤᠲᠠᠯᠲᠤᠨ ᠠᠪᠬᠤ ᠨᠦᠬᠦᠪᠦᠷᠢ 9.36 ᠳ᠋ᠦᠩᠰᠢᠭᠤᠷ ᠲᠦᠬᠦᠷᠢᠭ᠂ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠬᠤ ᠨᠦᠬᠦᠪᠦᠷᠢᠯᠡᠬᠦ ᠪᠡᠯᠡ ᠮᠦᠩᠬᠦ 4.31ᠳ᠋ᠦᠩᠰᠢᠭᠤᠷ ᠲᠦᠬᠦᠷᠢᠭ ᠪᠠᠭᠤᠯᠭᠠᠵᠡᠢ᠃ 9 ᠲᠦᠮᠡ ᠭᠠᠷᠤᠢ ᠶᠠᠲᠠᠭᠤ ᠬᠦᠴᠢᠷᠲᠡᠢ ᠬᠦᠮᠦᠰ ᠢ ᠲᠡᠮᠵᠢᠨ ᠲᠤᠰᠠᠯᠠᠵᠤ᠂ ᠬᠦᠲᠡᠭᠡ ᠲᠤᠰᠬᠤᠨ ᠮᠠᠯᠵᠢᠬᠤ ᠤᠷᠤᠨ ᠎ ᠤ 36 ᠲᠦᠮᠡᠨ ᠬᠦᠮᠦᠨ ᠤ ᠢᠲᠡᠬᠦ ᠤᠰᠤᠨ ᠤ ᠠᠮᠤᠷ ᠲᠦᠪᠰᠢᠨ ᠤ ᠠᠰᠠᠭᠤᠲᠠᠯ ᠢ ᠰᠢᠢᠳᠪᠦᠷᠢᠯᠡᠪᠡ᠃ ᠰᠢᠨ᠎ᠡ ᠲᠠᠷᠢᠶᠠᠯᠠᠩ ᠤᠨ ᠲᠠᠭᠠᠳᠬᠠᠯ ᠤᠨ ᠲᠤᠷᠰᠢᠯᠲᠠ ᠎ ᠶᠢᠨ ᠴᠢᠭ᠋ ᠢ 6 ᠬᠤᠰᠢᠭᠤ ᠰᠢᠶᠠᠨ ᠳᠤ ᠦᠷᠬᠡᠳᠬᠡᠨ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠦᠷᠢᠮ ᠨᠡᠩ ᠲᠡᠬᠦᠯᠲᠡᠷᠵᠢᠵᠦ᠂ ᠨᠡᠩ ᠤᠯᠠᠨ ᠬᠦᠮᠦᠰ ᠲᠤ ᠠᠰᠢᠭ ᠬᠦᠷᠲᠡᠬᠡᠵᠡᠢ᠃ ︽ᠤᠯᠠᠭᠠᠨᠬᠠᠲᠠ ᠬᠤᠲᠠ ᠶᠢᠨ ᠨᠠᠰᠤᠲᠠᠶᠢᠴᠤᠳ ᠢ ᠬᠠᠷᠠᠭᠠᠯᠵᠠᠬᠤ ᠤᠯᠭᠤᠮᠵᠢ ᠶᠢᠨ ᠲᠦᠷ ᠬᠡᠷᠡᠭᠵᠢᠬᠦᠯᠬᠦ ᠲᠤᠭᠲᠠᠭᠠᠯ︾᠎ ᠢ ᠲᠤᠭᠲᠠᠭᠠᠭᠰᠠᠨ ᠤ ᠬᠠᠮᠲᠤ ᠪᠦᠬᠦ ᠤᠷᠤᠨ ᠳᠤ  ᠲᠡᠯᠬᠡᠷᠡᠬᠦᠯᠵᠦ᠂ ᠨᠠᠰᠤᠲᠠᠶᠢᠴᠤᠳ ᠨᠡᠶᠢᠲᠠ ᠶᠢᠨ ᠮᠠᠰᠢᠨ ᠲᠡᠷᠬᠡᠨ ᠳᠤ ᠰᠦᠢᠳᠬᠡᠯ ᠦᠬᠡᠢ ᠰᠠᠭᠤᠯᠭᠠᠬᠤ᠂ ᠦᠵᠡᠮᠵᠢ ᠶᠢᠨ ᠤᠷᠤᠨ ᠤ ᠨᠢᠬᠡᠲᠦᠬᠡᠷ ᠡᠬᠦᠲᠡᠨ ᠪᠢᠯᠧᠲ ᠤᠨ ᠰᠦᠢᠳᠬᠡᠯ ᠠᠴᠠ ᠬᠡᠯᠲᠦᠷᠢᠬᠦᠯᠬᠦ᠂ ᠡᠩ ᠤᠨ ᠳ᠋ᠤᠭᠠᠷᠯᠠᠬᠤ ᠰᠦᠢᠳᠬᠡᠯ ᠠᠴᠠ ᠬᠡᠯᠲᠦᠷᠢᠬᠦᠯᠬᠦ ᠵᠡᠷᠬᠡ ᠬᠠᠷᠠᠭᠠᠯᠵᠠᠯᠠᠯ ᠤᠨ ᠲᠦᠷᠦ ᠶᠢᠨ ᠪᠤᠲᠤᠯᠭ᠎ᠠ ᠶᠢ ᠬᠦᠷᠲᠡᠪᠡ᠃ ᠨᠢᠬᠡ ᠪᠦᠯᠦᠭ ᠶᠡᠷᠦᠩᠬᠡᠶᠢᠯᠡᠭᠰᠡᠨ ᠠᠰᠠᠷᠠᠮᠵᠢ ᠶᠢᠨ ᠲᠦᠪ ᠤᠨ ᠲᠦᠷᠦᠯ ᠵᠦᠢᠯ ᠠᠰᠢᠭᠯᠠᠯᠲᠠ ᠳᠤ ᠤᠷᠤᠵᠤ᠂ ᠨᠡᠶᠢᠬᠡᠮ ᠤᠨ ᠠᠰᠠᠷᠠᠮᠵᠢ ᠶᠢᠨ ᠲᠦᠪᠰᠢᠨ ᠤᠯᠠᠮ ᠨᠢᠬᠡ ᠠᠯᠬᠤᠮ ᠲᠡᠭᠡᠭᠰᠢᠯᠡᠪᠡ᠃     ︵ᠲᠦᠷᠪᠡ︶  ᠨᠡᠶᠢᠬᠡᠮ ᠤᠨ ᠦᠢᠯᠡᠰ ᠪᠦᠬᠦ ᠲᠠᠯ᠎ᠡ ᠪᠠᠷ ᠬᠦᠭᠵᠢᠪᠡ᠃ ᠲᠠᠷᠢᠶᠠᠯᠠᠩ ᠤᠨ ᠦᠵᠡᠬᠦᠯᠦᠯᠬᠡ ᠨᠢ ᠤᠯᠤᠰ ᠤᠨ ᠲᠡᠰ ᠤᠨ ᠦᠵᠡᠬᠦᠯᠦᠯᠬᠡ ᠪᠤᠯᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠬᠡᠯᠲᠡᠰ ᠠᠴᠠ ᠲᠤᠮᠲᠠᠲᠤ ᠤᠯᠤᠰ ᠤᠨ ᠤᠮᠠᠷᠠᠲᠤ ᠤᠷᠣᠨ ᠤ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠡ ᠪᠦᠲᠦᠬᠡᠯ ᠤᠨ ᠦᠵᠡᠬᠦᠯᠦᠯᠬᠡ ᠪᠠᠷ   ᠨᠡᠷᠡᠶᠢᠳᠪᠡ᠃ ᠤᠯᠤᠰ ᠤᠨ ᠲᠡᠰ ᠤᠨ ᠲᠡᠬᠡᠲᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4 ᠨᠡᠮᠡᠭᠲᠡᠵᠤ᠂ ᠦᠪᠦᠷ ᠮᠤᠩᠭᠤᠯ ᠤᠨ ᠮᠤᠩᠭᠤᠯ ᠡᠮ ᠤᠨ ᠠᠵᠤ ᠦᠢᠡᠯᠰ ᠤᠨ ᠮᠡᠷᠬᠡᠵᠢᠯ ᠤᠨ ᠰᠢᠨᠡᠴᠢᠯᠡᠯᠲᠡ ᠶᠢᠨ ᠬᠤᠯᠪᠤᠭ᠎ᠠ ᠮᠡᠨ ᠤ ᠬᠤᠲᠠ ᠳᠤ ᠰᠠᠭᠤᠷᠢᠰᠢᠵᠦ᠂ ᠵᠤᠤ ᠤᠲᠠ ᠠᠯᠠᠰᠢᠨ ᠬᠤᠨᠢ ᠶᠢᠨ ᠰᠢᠨ᠎ᠡ ᠡᠬᠦᠯᠲᠡᠷ ᠲᠠᠷᠢᠶᠠᠯᠠᠩ ᠤᠨ ᠬᠡᠯᠲᠡᠰ ᠤᠨ ᠬᠢᠨᠠᠨ ᠰᠢᠯᠭᠠᠯᠲᠠ ᠳᠤ  ᠬᠢᠷᠢ ᠲᠡᠩᠴᠡᠵᠦ ᠴᠤᠯᠠ ᠬᠦᠷᠲᠡᠪᠡ᠃ ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ ᠎ ᠤᠨ ᠭᠤᠷᠪᠠᠨ ᠵᠢᠯ ᠤᠨ ᠲᠦᠯᠦᠪᠵᠢᠬᠦᠯᠬᠡ ᠶᠢᠨ ᠡᠬᠦᠷᠬᠡ ᠶᠢ ᠦᠨᠳᠦᠰᠦᠨ ᠳᠡᠭᠡᠨ ᠪᠡᠶᠡᠯᠡᠬᠦᠯᠵᠦ᠂ ᠠᠵᠢᠯ ᠲᠠᠭᠤᠰᠤᠭᠰᠠᠨ ᠨᠤᠷᠮ᠎ᠠ ᠪᠦᠬᠦ ᠤᠷᠤᠨ ᠳᠤ ᠲᠡᠷᠢᠬᠦᠯᠡᠪᠡ᠃ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠵᠢᠩᠬᠢᠨᠢ ᠪᠠᠷ ᠡᠬᠢᠯᠡᠵᠦ᠂ ᠶᠢᠰᠦᠨ ᠵᠢᠯ ᠤᠨ ᠰᠤᠷᠭᠠᠨ ᠬᠦᠮᠦᠵᠢᠯ ᠢ ᠦᠨᠲᠦᠷ ᠶᠠᠰᠤ ᠴᠢᠨᠠᠷ ᠦᠨᠲᠦᠷ ᠪᠠᠷᠢᠮᠵᠢᠶ᠎ᠠ ᠪᠠᠷ ᠲᠦᠬᠡᠮᠡᠯᠵᠢᠬᠦᠯᠬᠦ ᠡᠯ᠎ᠡ ᠲᠦᠷᠦᠯ ᠤᠨ ᠬᠦᠢᠴᠡᠳᠬᠡᠬᠦ ᠲᠤᠭ᠎ᠠ ᠶᠡᠬᠡᠪᠡᠷ ᠲᠡᠬᠡᠭᠰᠢᠯᠡᠵᠦ᠂ 7.2 ᠲᠦᠮᠡᠨ ᠰᠤᠷᠤᠭᠴᠢ ᠲᠡᠬᠡᠲᠦ ᠲᠤᠮᠲᠠᠲᠤ ᠶᠢᠨ ᠱᠠᠲᠤᠨ ᠤ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠢ ᠬᠦᠷᠲᠡᠵᠦ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠬᠤᠪᠢ ᠳᠤ ᠬᠦᠷᠦᠭᠰᠡᠨ ᠨᠤᠷᠮ᠎ᠠ ᠦᠪᠡᠷᠲᠡᠬᠡᠨ ᠵᠠᠰᠠᠬᠤ ᠤᠷᠤᠨ ᠬᠢ ᠠᠴᠠ 10.3 ᠵᠠᠭᠤᠨ ᠤ ᠬᠤᠪᠢ ᠲᠠᠪᠠᠵᠡᠢ᠃ ᠰᠦᠩ ᠱᠠᠨ ᠲᠤᠭᠤᠷᠢᠭ ᠤᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠲᠦᠪ ᠨᠢ ᠤᠯᠤᠰ ᠤᠨ ᠵᠢᠱᠢᠶ᠎ᠡ ᠦᠵᠡᠬᠦᠯᠬᠦ ᠲᠤᠮᠲᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠪᠤᠯᠵᠤ᠂ ᠦᠪᠦᠷ ᠮᠤᠩᠭᠤᠯ ᠤᠨ ᠨᠡᠬᠡᠮᠡᠯ ᠤᠨ ᠠᠵᠤ ᠦᠢᠯᠡᠳᠪᠦᠷᠢ ᠶᠢᠨ ᠰᠤᠷᠭᠠᠭᠤᠯᠢ ᠨᠢ ᠤᠯᠠᠭᠠᠨᠬᠠᠲᠠ ᠠᠵᠤ ᠦᠢᠯᠡᠳᠪᠦᠷᠢ ᠠᠵᠢᠯ ᠮᠡᠷᠬᠡᠵᠢᠯ ᠤᠨ ᠲᠡᠬᠡᠲᠦ ᠰᠤᠷᠭᠠᠭᠤᠯᠢ ᠪᠤᠯᠵᠤ ᠲᠡᠪᠰᠢᠨ᠂ ᠤᠯᠠᠭᠠᠨᠬᠠᠲᠠ ᠲᠡᠬᠡᠲᠦ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠩᠬᠢᠨᠢ ᠠᠩᠬᠢ ᠶᠢᠨ ᠲᠡᠬᠡᠲᠦ ᠰᠤᠷᠭᠠᠭᠤᠯᠢ ᠶᠢᠨ ᠬᠢᠷᠢ ᠲᠡᠩᠴᠡᠬᠦ ᠶᠢ ᠦᠨᠡᠯᠡᠨ ᠵᠢᠱᠢᠬᠦ ᠠᠵᠢᠯ ᠤᠷᠤᠭᠰᠢᠲᠡᠢ ᠶᠠᠪᠤᠭᠲᠠᠭᠰᠠᠨ ᠪᠠᠶᠢᠨ᠎ᠡ᠃ ᠬᠤᠲᠠ ᠰᠢᠶᠠᠨ ᠬᠤᠶᠠᠷ ᠱᠠᠲᠤᠨ ᠤ ᠡᠮᠨᠡᠯᠬᠡ ᠪᠡ ᠦᠨᠳᠦᠰᠦᠨ ᠱᠠᠲᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ 189᠎ ᠶᠢ ᠰᠢᠨ᠎ᠡ ᠪᠠᠷ ᠪᠠᠶᠢᠭᠤᠯᠤᠨ ᠵᠠᠰᠠᠨ ᠦᠬᠡᠷᠡᠴᠢᠯᠡᠵᠦ᠂ ᠬᠢᠵᠢᠭ ᠰᠡᠷᠬᠡᠶᠢᠯᠡᠬᠦ᠂ ᠬᠤᠷᠢᠭᠯᠠᠬᠤ᠂ ᠠᠪᠤᠷᠠᠨ ᠵᠠᠰᠠᠬᠤ ᠴᠢᠲᠠᠪᠤᠷᠢ ᠤᠯᠠᠮ ᠨᠢᠬᠡ ᠠᠯᠬᠤᠮ ᠲᠡᠭᠡᠭᠰᠢᠯᠡᠵᠦ᠂ ᠪᠦᠬᠦ ᠬᠤᠲᠠ ᠶᠢᠨ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠡᠲᠦᠷ ᠢᠷᠡᠬᠦᠶ᠎ᠡ ᠲᠡᠬᠦᠯᠲᠡᠷᠵᠢᠪᠡ᠃ ᠵᠢᠷᠭᠤᠲᠤᠭᠠᠷ ᠬᠤᠭᠤᠴᠠᠭᠠᠨ ᠤ ᠬᠤᠩ ᠱᠠᠨ ᠰᠤᠶᠤᠯ ᠤᠨ ᠨᠡᠶᠢᠷ ᠢ ᠠᠮᠵᠢᠯᠲᠠ ᠲᠠᠢ ᠡᠷᠬᠢᠯᠡᠪᠡ᠃ 723 ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠰᠤᠶᠤᠯ ᠤᠨ ᠦᠷᠲᠡᠭᠡ ᠪᠡ ᠲᠡᠯ᠎ᠡ ᠨᠤᠲᠤᠭ ᠤᠨ ᠨᠤᠮ ᠤᠨ ᠦᠷᠦᠬᠡ ᠶᠢ ᠰᠢᠨ᠎ᠡ ᠪᠠᠷ ᠪᠠᠶᠢᠭᠤᠯᠵᠤ᠂ ᠡᠯ᠎ᠡ ᠱᠠᠲᠤᠨ ᠤ ᠤᠯᠠᠨ ᠨᠡᠶᠢᠲᠠ ᠶᠢᠨ ᠰᠤᠶᠤᠯ ᠤᠨ ᠲᠡᠯᠡᠪᠤᠷ ᠤᠷᠲᠤᠨ ᠢ ᠴᠦᠮ ᠰᠦᠢᠳᠬᠡᠯ ᠬᠤᠷᠢᠶᠠᠬᠤ ᠦᠬᠡᠢ ᠪᠠᠷ ᠤᠯᠠᠨ ᠨᠡᠶᠢᠲᠡ ᠳᠤ ᠨᠡᠬᠡᠬᠡᠵᠦ᠂ ᠬᠤᠲᠠ ᠬᠦᠲᠡᠭᠡ ᠶᠢ ᠬᠠᠮᠤᠷᠠᠭᠰᠠᠨ ᠤᠯᠠᠨ ᠨᠡᠶᠢᠲᠠ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ ᠤᠯᠠᠮ ᠨᠢᠬᠡ ᠠᠯᠬᠤᠮ ᠲᠡᠬᠦᠯᠲᠡᠷᠵᠢᠪᠡ᠃ ᠭᠤᠤᠯᠲᠠᠯᠭᠠᠲᠤ ᠰᠤᠶᠤᠯ ᠤᠨ ᠦᠪ ᠤᠨ ᠬᠠᠮᠠᠭᠠᠯᠠᠯᠲᠠ ᠶᠢ ᠬᠡᠷᠡᠭᠵᠢᠬᠦᠯᠬᠦ ᠪᠠᠨ ᠲᠦᠷᠬᠡᠳᠬᠡᠵᠦ᠂ ᠯᠢᠶᠤᠤ ᠤᠯᠤᠰ ᠤᠨ ᠲᠤᠮᠤ ᠪᠠᠭᠤᠷᠢ ᠶᠢᠨ ᠰᠦᠷᠦᠭᠵᠢᠯ ᠨᠢ ᠦᠪᠡᠷᠲᠡᠬᠡᠨ ᠵᠠᠰᠠᠬᠤ ᠤᠷᠤᠨ ᠤ ᠰᠤᠶᠤᠯ ᠤᠨ ᠦᠪ ᠢᠶᠠᠷ ᠡᠷᠡᠮᠡᠯᠵᠢᠯᠡᠨ ᠭᠤᠶᠤᠴᠢᠯᠠᠬᠤ ᠨᠡᠷᠡᠰ ᠲᠤ ᠵᠢᠭᠰᠠᠭᠠᠭᠳᠠᠵᠦ᠂ ᠯᠢ ᠸᠠᠩ ᠺᠤᠮᠫᠠᠨᠢ ᠨᠢ ᠤᠯᠤᠰ ᠤᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠷ ᠨᠡᠷᠡᠶᠢᠳᠤᠭᠳᠡᠪᠡ᠃ ᠬᠦᠮᠦᠨ ᠠᠮᠠ ᠪᠠ ᠲᠦᠯᠦᠪᠯᠡᠬᠡᠲᠦ ᠦᠷᠡᠵᠢᠯ ᠤᠨ ᠠᠵᠢᠯ ᠡᠷᠡᠬᠦᠯ ᠢᠶᠠᠷ ᠬᠦᠭᠵᠢᠵᠦ᠂ ᠲᠤᠤᠷ᠎ᠠ ᠦᠷᠡᠵᠢᠯ ᠤᠨ ᠲᠦᠪᠰᠢᠨ ᠢ ᠯᠠᠪᠲᠠᠭᠤᠨ ᠪᠠᠲᠤᠯᠠᠵᠡᠢ᠃  ᠵᠢᠷᠭᠤᠲᠤᠭᠠᠷ ᠤᠲᠠᠭᠠᠨ ᠤ ᠬᠦᠮᠦᠨ ᠠᠮᠨ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠢ ᠠᠮᠵᠢᠯᠲᠠ ᠲᠠᠢ ᠪᠡᠶᠡᠯᠡᠬᠦᠯᠪᠡ᠃ ᠪᠦᠬᠦ ᠤᠷᠤᠨ ᠤ ᠠᠷᠪᠠᠨ ᠭᠤᠷᠪᠠᠲᠤᠭᠠᠷ ᠬᠤᠭᠤᠴᠠᠭᠠᠨ ᠤ ᠪᠡᠶ᠎ᠡ ᠶᠢᠨ ᠲᠡᠮᠢᠷ ᠤᠨ ᠴᠤᠭᠯᠠᠭᠠᠨ ᠤ ᠪᠡᠯᠡᠳᠬᠡᠯ ᠠᠵᠢᠯ ᠤᠷᠤᠭᠰᠢᠲᠡᠢ ᠶᠠᠪᠤᠭᠲᠠᠵᠤ ᠪᠠᠶᠢᠨ᠎ᠡ᠃ ᠠᠷᠠᠳ ᠤᠨ ᠠᠭᠠᠷ ᠤᠨ ᠰᠡᠷᠬᠡᠶᠢᠯᠡᠯᠲᠡ᠂ ᠴᠠᠭ ᠠᠭᠤᠷ᠂ ᠭᠠᠵᠠᠷ ᠬᠦᠲᠡᠯᠦᠯᠲᠡ᠂ ᠲᠠᠩᠰᠠ ᠡᠪᠬᠡᠮᠡᠯ᠂ ᠨᠢᠬᠦᠯᠡᠰᠦᠩᠬᠦᠢ ᠶᠢᠨ ᠦᠢᠯᠡᠰ᠂ ᠤᠯᠠᠭᠠᠨ ᠵᠠᠭᠠᠯᠮᠡᠶᠢᠲᠠᠨ᠂ ᠭᠠᠲᠠᠭᠠᠲᠤ ᠶᠠᠪᠤᠲᠠᠯ᠂ ᠬᠠᠷᠢᠶᠠᠲᠤ ᠶᠢᠨ ᠶᠠᠪᠤᠲᠠᠯ᠂ ᠵᠡᠮᠲᠡᠭᠴᠤᠳ᠂ ᠡᠮᠡᠭᠲᠡᠶᠢᠴᠤᠳ ᠬᠡᠦᠬᠡᠳ ᠤᠨ ᠦᠢᠯᠡᠰ ᠵᠡᠷᠭᠡ ᠠᠵᠢᠯ ᠴᠦᠮ ᠰᠢᠨ᠎ᠡ ᠪᠦᠲᠦᠮᠵᠢ ᠤᠯᠵᠡᠢ᠃     ︵ᠲᠠᠪᠤ︶ ᠦᠷᠬᠦᠯᠵᠢᠯᠡᠨ ᠬᠦᠭᠵᠢᠬᠦ ᠴᠢᠲᠠᠪᠤᠷᠢ ᠤᠯᠠᠮ ᠨᠢᠬᠡ ᠠᠯᠬᠤᠮ ᠴᠢᠩᠭᠠᠷᠠᠪᠠ᠃ ᠬᠤᠲᠠ ᠪᠠᠯᠭᠠᠰᠤᠵᠢᠬᠤ ᠬᠢᠷᠢ ᠲᠦᠪᠰᠢᠨ ᠯᠠᠪᠲᠠᠭᠤᠨ ᠲᠡᠭᠡᠭᠰᠢᠯᠡᠪᠡ᠃ ᠪᠦᠬᠦ ᠬᠤᠲᠠ ᠶᠢᠨ ᠬᠤᠲᠠ ᠪᠠᠯᠭᠠᠰᠤᠵᠢᠭᠰᠠᠨ ᠨᠤᠷᠮ᠎ᠠ1.5 ᠵᠠᠭᠤᠨ ᠤ ᠬᠤᠪᠢ ᠪᠠᠷ ᠲᠡᠬᠡᠭᠰᠢᠯᠡᠵᠦ᠂ 44.7%᠎ ᠳᠤ ᠬᠦᠷᠴᠡᠢ᠃ ᠭᠤᠤᠯ ᠬᠤᠲᠠ ᠲᠤᠭᠤᠷᠢᠭ ᠎ ᠲᠠᠬᠢ ᠬᠠᠭᠤᠴᠢᠨ ᠬᠤᠲᠠ ᠶᠢ ᠦᠬᠡᠷᠡᠴᠢᠯᠡᠬᠦ᠂ ᠰᠢᠨ᠎ᠡ ᠬᠤᠲᠠ ᠲᠤᠭᠤᠷᠢᠭ ᠢ ᠦᠷᠬᠡᠳᠬᠡᠬᠦ᠂ ᠲᠤᠭᠤᠷᠢᠮ ᠵᠠᠮ ᠵᠠᠰᠠᠬᠤ᠂ ᠲᠦᠪᠬᠢᠨᠢᠬᠦᠯᠬᠦ ᠤᠷᠤᠨ ᠰᠠᠭᠤᠴᠠ ᠶᠢᠨ ᠢᠨᠵᠧᠨᠧᠷᠢᠩ ᠤᠷᠤᠭᠰᠢᠲᠠᠢ ᠶᠠᠪᠤᠭᠲᠠᠵᠤ᠂ ᠬᠠᠭᠤᠴᠢᠨ ᠬᠤᠲᠠ ᠲᠤᠭᠤᠷᠢᠭ ᠤᠨ ᠵᠠᠭᠤᠨ ᠲᠦᠮᠡᠨ ᠲᠡᠭᠰᠢ ᠲᠦᠷᠪᠡᠯᠵᠢᠨ ᠮᠧᠲᠷ ᠬᠠᠭᠤᠴᠢᠨ ᠵᠢᠵᠢᠭ ᠲᠤᠭᠤᠷᠢᠭ ᠢ ᠦᠬᠡᠷᠡᠴᠢᠯᠡᠬᠦ ᠶᠢ ᠦᠨᠳᠦᠰᠦᠨ ᠳᠡᠭᠡᠨ ᠪᠡᠶᠡᠯᠡᠬᠦᠯᠵᠦ᠂1.3 ᠲᠦᠮᠡᠨ ᠡᠷᠦᠬᠡ ᠰᠠᠭᠤᠭᠠᠯᠢ ᠠᠷᠠᠳ ᠠᠰᠢᠭ ᠬᠦᠷᠲᠡᠪᠡ︔ ᠬᠦᠬᠦᠷᠬᠡᠨ ᠠᠷᠤ ᠳᠠᠬᠢ ᠲᠤᠭᠤᠶᠢᠯᠠᠩ ᠪᠦᠯᠦᠭᠯᠡᠯ ᠤᠨ ᠨᠢᠬᠡᠲᠦᠬᠡᠷ ᠬᠤᠭᠤᠴᠠᠭᠠᠨ ᠤ ᠭᠤᠤᠯ ᠵᠠᠮ ᠤᠨ ᠲᠤᠤᠷᠵᠢᠯ ᠢ ᠦᠨᠳᠦᠰᠦᠨ ᠳᠡᠭᠡᠨ ᠲᠠᠭᠤᠰᠬᠠᠵᠤ᠂1300 ᠡᠷᠦᠬᠡ ᠰᠠᠭᠤᠭᠠᠯᠢ ᠠᠷᠠᠳ ᠢ ᠪᠤᠴᠠᠭᠠᠨ ᠨᠡᠬᠦᠯᠬᠡᠵᠦ᠂ ᠰᠦᠩ ᠪᠸᠢ ᠰᠢᠨ᠎ᠡ ᠬᠤᠲᠠ᠂ ᠰᠢᠶᠤᠤ ᠰᠢᠨ ᠳ᠋ᠢ ᠲᠤᠭᠤᠶᠢᠯᠠᠩ ᠪᠦᠯᠦᠭᠯᠡᠯ ᠤᠨ ᠪᠦᠲᠦᠬᠡᠨ ᠪᠠᠶᠢᠭᠤᠯᠤᠯᠲᠠ ᠪᠦᠬᠦ ᠲᠠᠯ᠎ᠡ ᠪᠠᠷ ᠦᠷᠨᠢᠪᠡ᠂ ᠬᠤᠲᠠ ᠲᠤᠭᠤᠷᠢᠭᠰᠠᠨ ᠲᠦᠷᠬᠡᠨ ᠲᠠᠪᠬᠢᠬᠤ ᠵᠠᠰᠠᠮᠠᠯ ᠵᠠᠮ ᠢ ᠲᠡᠪᠢᠰᠴᠦ ᠲᠠᠭᠤᠰᠬᠠᠭᠰᠠᠨ ᠪᠦᠬᠡᠳ ᠰᠦᠢᠳᠬᠡᠯ ᠬᠤᠷᠢᠶᠠᠬᠤ ᠦᠬᠡᠢ ᠪᠠᠷ ᠲᠡᠷᠬᠡ ᠨᠡᠪᠲᠡᠷᠡᠬᠦ ᠶᠢ ᠪᠡᠶᠡᠯᠡᠬᠦᠯᠵᠦ᠂ ᠲᠤᠮᠲᠠ ᠲᠤᠭᠤᠷᠢᠮ ᠵᠠᠮ ᠤᠨ ᠪᠦᠲᠦᠬᠡᠨ ᠪᠠᠶᠢᠭᠤᠯᠤᠯᠲᠠ ᠶᠢ ᠡᠬᠢᠯᠡᠬᠦᠯᠪᠡ︔ 3.45 ᠲᠦᠮᠡᠨ ᠢᠵᠢ ᠪᠠᠲᠤᠯᠠᠭ᠎ᠠ ᠶᠢᠨ ᠴᠢᠨᠠᠷᠲᠡᠢ ᠤᠷᠤᠨ ᠰᠠᠭᠤᠴᠠ ᠶᠢᠨ ᠪᠠᠷᠢᠯᠭ᠎ᠠ ᠶᠢ ᠡᠬᠢᠯᠡᠨ ᠪᠦᠲᠦᠬᠡᠨ ᠪᠠᠶᠢᠭᠤᠯᠵᠤ᠂ ᠦᠪᠡᠷᠲᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠡᠬᠦᠷᠬᠡ ᠶᠢ ᠲᠠᠪᠠᠭᠤᠯᠤᠨ ᠪᠡᠶᠡᠯᠡᠬᠦᠯᠪᠡ᠃  ᠭᠤᠤᠯ ᠬᠤᠲᠠ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠲᠠ᠂ ᠨᠤᠭᠤᠭᠠᠷᠠᠭᠤᠯᠤᠯᠲᠠ᠂ ᠬᠡᠷᠡᠯᠲᠦᠬᠦᠯᠬᠡ᠂ ᠭᠤᠶᠤᠵᠢᠭᠤᠯᠤᠯᠲᠠ ᠶᠢᠨ ᠬᠢᠷᠢ ᠲᠦᠪᠰᠢᠨ ᠢ ᠤᠯᠠᠮ ᠲᠡᠭᠡᠭᠰᠢᠯᠡᠬᠦᠯᠵᠦ᠂ ᠤᠯᠤᠰ ᠤᠨ ᠡᠷᠡᠬᠦᠯ ᠬᠠᠮᠠᠭᠠᠯᠠᠯ ᠤᠨ ᠬᠤᠲᠠ ᠶᠢᠨ ᠲᠠᠬᠢᠨ ᠬᠢᠨᠠᠯᠲᠠ ᠳᠤ ᠬᠢᠷᠢ ᠲᠡᠩᠴᠡᠪᠡ᠃ ᠬᠤᠰᠢᠭᠤ ᠰᠢᠶᠠᠨ ᠤ ᠵᠠᠰᠠᠭ ᠤᠨ ᠤᠷᠲᠤᠨ ᠤ ᠰᠠᠭᠤᠭ᠎ᠠ ᠪᠠᠯᠭᠠᠰᠤ ᠶᠢ ᠨᠡᠬᠡᠬᠡᠨ ᠠᠰᠢᠭᠯᠠᠵᠤ ᠪᠦᠲᠦᠬᠡᠨ ᠪᠠᠶᠢᠭᠤᠯᠬᠤ ᠠᠯᠬᠤᠴᠠ ᠪᠠᠨ ᠲᠦᠷᠬᠡᠳᠬᠡᠵᠦ᠂ ᠭᠤᠤᠯᠲᠠᠯᠭᠠᠲᠤ ᠵᠢᠵᠢᠭ ᠬᠤᠲᠠ ᠪᠠᠯᠭᠠᠰᠤ ᠶᠢᠨ ᠪᠠᠭᠲᠠᠭᠠᠮᠵᠢ ᠪᠠ ᠲᠦᠪᠯᠡᠷᠡᠬᠦᠯᠬᠦ ᠴᠢᠲᠠᠪᠤᠷᠢ ᠶᠢ ᠤᠯᠠᠮ ᠨᠢᠬᠡ ᠠᠯᠬᠤᠮ ᠴᠢᠩᠭᠠᠷᠠᠭᠤᠯᠵᠡᠢ᠃ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠪᠠ ᠤᠷᠴᠢᠨ ᠲᠤᠭᠤᠷᠢᠨ ᠎ ᠤ ᠬᠠᠮᠠᠭᠠᠯᠠᠯᠲᠠ ᠶᠢᠨ ᠦᠷ᠎ᠡ ᠪᠦᠲᠦᠮᠵᠢ ᠮᠡᠳᠡᠭᠳᠡᠮ᠎ᠡ ᠰᠠᠶᠢᠵᠢᠷᠠᠪᠠ᠃ ᠭᠤᠤᠯᠲᠠᠯᠭᠠᠲᠤ ᠠᠮᠢ ᠠᠬᠤᠢ ᠶᠢᠨ ᠢᠨᠵᠧᠨᠧᠷᠢᠩ ᠳᠤ14 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ 321.4 ᠲᠦᠮᠡᠨ ᠮᠤ᠋ ᠮᠤᠲᠤ ᠲᠠᠷᠢᠨ ᠤᠶᠢᠵᠢᠭᠤᠯᠵᠤ᠂ 106.4 ᠲᠦᠮᠡᠨ ᠮᠤ᠋ ᠤᠰᠤ ᠬᠦᠷᠦᠰᠦᠨ ᠤ ᠢᠲᠡᠭᠲᠡᠯ ᠢ ᠵᠠᠰᠠᠵᠤ᠂ ᠲᠡᠯ᠎ᠡ ᠨᠤᠲᠤᠭ ᠤᠨ ᠮᠠᠯᠵᠢᠬᠤ ᠶᠢ ᠴᠠᠭᠠᠵᠠᠯᠠᠬᠤ ᠪᠠ ᠪᠡᠯᠴᠢᠬᠡᠷ ᠮᠠᠯ ᠢ ᠲᠡᠩᠴᠡᠬᠦᠷᠢᠲᠡᠢ ᠪᠤᠯᠭᠠᠭᠰᠠᠨ ᠲᠡᠯᠡᠪᠡᠢ 8539 ᠲᠦᠮᠡᠨ ᠮᠤ᠋ ᠳᠤ ᠬᠦᠷᠴᠡᠢ︔ ᠤᠯᠤᠰ ᠤᠨ ᠤᠢ ᠰᠢᠭᠤᠶᠢᠲᠤ ᠬᠤᠲᠠ ᠶᠢ ᠪᠠᠶᠢᠭᠤᠯᠬᠤ ᠠᠵᠢᠯ ᠱᠠᠲᠤᠴᠢ ᠴᠢᠨᠠᠷᠲᠡᠢ ᠦᠷ᠎ᠡ ᠪᠦᠲᠦᠮᠵᠢ ᠤᠯᠵᠡᠢ︔ ᠭᠤᠤᠯᠲᠠᠯᠭᠠᠲᠤ ᠤᠷᠤᠨ ᠲᠤᠭᠤᠷᠢᠭ᠂ ᠤᠷᠤᠰᠬᠠᠯ ᠲᠠᠭᠠᠤ ᠤᠷᠤᠨ ᠪᠠ ᠬᠦᠨᠲᠦ ᠲᠡᠮᠦᠷᠯᠢᠭ ᠤᠨ ᠪᠤᠬᠢᠷᠲᠤᠯ ᠢ ᠵᠠᠰᠠᠬᠤ ᠬᠦᠴᠦᠯᠡᠴᠡ ᠪᠠᠨ ᠴᠢᠩᠭᠠᠳᠬᠠᠵᠤ᠂ ᠡᠬᠢ ᠰᠤᠷᠪᠤᠯᠵᠢ ᠶᠢᠨ ᠬᠤᠷᠤᠭᠲᠠᠯ ᠶᠡᠭᠡ᠂ ᠤᠷᠴᠢᠨ ᠲᠤᠭᠤᠷᠢᠨ ᠤ ᠪᠤᠬᠢᠷᠲᠤᠯ ᠶᠡᠭᠡ ᠨᠢᠬᠡ ᠪᠦᠯᠦᠭ ᠬᠤᠴᠤᠷᠤᠩᠭᠤᠢ ᠦᠢᠯᠡᠳᠪᠦᠷᠢᠯᠡᠯ ᠤᠨ ᠴᠢᠲᠠᠪᠬᠢ ᠶᠢ ᠰᠢᠷᠪᠢᠭᠲᠡᠬᠦᠯᠪᠡ᠃ ᠰᠠᠭᠤᠷᠢ ᠲᠦᠬᠦᠬᠡᠷᠦᠮᠵᠢ ᠶᠢ ᠤᠯᠠᠮ ᠨᠢᠬᠡ ᠠᠯᠬᠤᠮ ᠰᠠᠶᠢᠵᠢᠷᠠᠭᠤᠯᠪᠠ᠃ ᠵᠠᠮ ᠬᠠᠷᠢᠯᠴᠠᠭᠠᠨ ᠤ ᠪᠦᠲᠦᠬᠡᠨ ᠪᠠᠶᠢᠭᠤᠯᠤᠯᠲᠠ ᠳᠤ 61.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ ᡂᠢ ᠴᠤᠤ ᠲᠦᠷᠬᠡᠨ ᠲᠠᠪᠬᠢᠬᠤ ᠵᠠᠰᠠᠮᠠᠯ ᠵᠠᠮ ᠢ ᠵᠠᠰᠠᠨ ᠨᠡᠪᠲᠡᠷᠡᠬᠦᠯᠵᠦ᠂ ᡂᠢ  ᠴᠧᠩ ᠲᠦᠷᠬᠡᠨ ᠲᠠᠪᠬᠢᠬᠤ ᠵᠠᠰᠠᠮᠠᠯ ᠵᠠᠮ᠂ ᡂᠢ ᠯᠢᠩ ᠨᠢᠬᠡᠲᠦᠬᠡᠷ ᠲᠡᠰ ᠤᠨ ᠵᠠᠰᠠᠮᠠᠯ ᠵᠠᠮ ᠤᠨ ᠪᠦᠲᠦᠬᠡᠨ ᠪᠠᠶᠢᠭᠤᠯᠤᠯᠲᠠ ᠶᠢ ᠲᠦᠷᠬᠡᠳᠬᠡᠵᠦ᠂ ᠪᠠᠰᠠ 124 ᠭᠠᠴᠠᠭ᠎ᠠ ᠲᠤᠰᠬᠤᠨ ᠳᠤ ᠴᠠᠷᠲᠠᠮᠠᠯ ᠵᠠᠮ ᠨᠡᠪᠲᠡᠷᠡᠬᠦᠯᠵᠡᠢ︔ ᠲᠡᠮᠦᠷ ᠵᠠᠮ ᠤᠨ ᠪᠦᠲᠦᠬᠡᠨ ᠪᠠᠶᠢᠭᠤᠯᠵᠤ ᠪᠠᠶᠢᠭ᠎ᠠ ᠬᠡᠪᠴᠢᠶ᠎ᠡ 472 ᠺᠢᠯᠤᠮᠧᠲᠷ ᠲᠤ ᠬᠦᠷᠴᠦ᠂ ᡂᠢ ᠶᠢᠨ ᠲᠡᠮᠦᠷ ᠵᠠᠮ᠂ ᠯᠢᠨ ᠪᠠᠢ ᠲᠡᠮᠦᠷ ᠵᠠᠮ ᠤᠨ ᠪᠦᠲᠦᠬᠡᠨ ᠪᠠᠶᠢᠭᠤᠯᠤᠯᠲᠠ ᠶᠢᠨ ᠠᠬᠢᠴᠠ ᠨᠡᠯᠢᠶᠡᠳ ᠲᠦᠷᠬᠡᠨ︔ ᠠᠷᠠᠳ ᠤᠨ ᠠᠭᠠᠷ ᠠᠶᠠᠯᠠᠯ ᠤᠨ ᠱᠤᠭᠤᠮ 9 ᠨᠡᠮᠡᠭᠲᠡᠵᠦ᠂ ᠠᠶᠠᠨᠴᠢᠳ ᠲᠡᠬᠡᠬᠡᠪᠦᠷᠢᠯᠡᠭᠰᠡᠨ ᠬᠡᠮᠵᠢᠶ᠎ᠡ ᠠᠩᠬ᠎ᠠ ᠤᠲᠠᠭ᠎ᠠ 30 ᠲᠦᠮᠡᠨ ᠬᠦᠮᠦᠨ ᠤᠲᠠᠭ᠎ᠠ ᠶᠢ ᠲᠠᠪᠠᠵᠡᠢ︔ ᠤᠰᠤᠨ ᠠᠰᠢᠭᠯᠠᠯᠲᠠ ᠪᠠ ᠴᠠᠬᠢᠯᠭᠠᠨ ᠬᠦᠴᠦᠨ ᠤ ᠪᠦᠲᠦᠬᠡᠨ ᠪᠠᠶᠢᠭᠤᠯᠤᠯᠲᠠ ᠳᠤ 25.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ ᠨᠢᠬᠡ ᠪᠦᠯᠦᠭ ᠬᠦᠲᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠵᠢᠴᠢ ᠴᠠᠬᠢᠯᠭᠠᠨ ᠬᠤᠪᠢᠰᠬᠠᠵᠤ ᠬᠦᠷᠬᠡᠬᠦ ᠲᠦᠷᠦᠯ ᠵᠦᠢᠯ ᠢ ᠠᠰᠢᠭᠯᠠᠯᠲᠠ ᠳᠤ ᠤᠷᠤᠭᠤᠯᠵᠡᠢ᠃
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ