2012 ᠣᠨ ᠤ ᠵᠠᠰᠠᠭ ᠤᠨ ᠣᠷᠳᠤᠨ ᠤ ᠢᠯᠡᠳᠬᠡᠯ  ︵ᠬᠤᠶᠠᠷ︶
ᠨᠡᠶᠢᠲᠡᠯᠡᠭᠰᠡᠨ ᠴᠠᠭ᠄
2015/11/19
    ︵ᠵᠢᠷᠭᠤᠭ᠎ᠠ︶ ᠦᠬᠡᠷᠡᠴᠢᠯᠡᠯᠲᠠ ᠨᠡᠬᠡᠬᠡᠯᠲᠠ ᠶᠢ ᠪᠠᠲᠤᠲᠠᠢ ᠲᠦᠯᠬᠢᠨ ᠠᠬᠢᠭᠤᠯᠪᠠ᠃ ᠠᠵᠤ ᠠᠬᠤᠶᠢᠯᠠᠯ ᠤᠨ ᠦᠬᠡᠷᠡᠴᠢᠯᠡᠯᠲᠠ ᠰᠢᠨ᠎ᠡ ᠠᠯᠬᠤᠴᠠ ᠶᠢ ᠠᠯᠬᠤᠵᠤ᠂ ᠰᠢᠩ ᠶᠧ ᠪᠦᠯᠦᠭᠯᠡᠯ ᠨᠢ ᠹᠦ᠋ ᠯᠦᠩ ᠢᠯᠴᠢ ᠴᠠᠬᠢᠯᠭᠠᠨ ᠢ ᠠᠮᠵᠢᠯᠲᠠ ᠲᠠᠢ ᠲᠠᠬᠢᠨ ᠵᠤᠬᠢᠶᠠᠨ ᠪᠠᠶᠢᠭᠤᠯᠪᠠ᠃ ᠬᠠᠮᠲᠤ ᠶᠢᠨ ᠤᠢ ᠶᠢᠨ ᠦᠮᠴᠢᠯᠡᠯ ᠤᠨ ᠡᠷᠬᠡ ᠶᠢᠨ ᠭᠤᠤᠯ ᠦᠬᠡᠷᠡᠴᠢᠯᠡᠯᠲᠠ ᠶᠢ ᠦᠨᠳᠦᠰᠦᠨ ᠳᠡᠭᠡᠨ ᠪᠡᠶᠡᠯᠡᠬᠦᠯᠵᠦ᠂ ᠨᠡᠶᠢᠲᠠ 4206 ᠲᠦᠮᠡᠨ ᠮᠤ᠋ ᠤᠢ ᠶᠢᠨ ᠡᠷᠬᠡ ᠶᠢ ᠲᠤᠲᠤᠷᠬᠠᠶᠢᠯᠠᠵᠤ᠂ ᠦᠬᠡᠷᠡᠴᠢᠯᠡᠪᠡᠯ ᠵᠤᠬᠢᠬᠤ ᠲᠡᠯᠡᠪᠡᠢ ᠶᠢᠨ 99.4%᠎ ᠶᠢ ᠡᠵᠡᠯᠡᠪᠡ᠃ ᠡᠳ᠋ ᠤᠨ ᠵᠠᠰᠠᠭ ᠤᠨ ᠱᠠᠩᠨᠠᠬᠤ ᠨᠦᠬᠦᠪᠦᠷᠢᠯᠡᠬᠦ ᠠᠵᠢᠯ ᠮᠡᠳᠡᠭᠲᠡᠮ᠎ᠡ ᠦᠷ᠎ᠡ ᠪᠦᠲᠦᠮᠵᠢ ᠤᠯᠪᠠ  ᠂ ᠪᠦᠬᠦ ᠬᠤᠲᠠ ᠳᠤ ︽ᠨᠢᠬᠡ ᠤᠴᠢᠷ ᠢ ᠨᠢᠬᠡ ᠵᠦᠪᠯᠡᠬᠦ︾ ᠲᠦᠷᠦᠯ ᠵᠦᠢᠯ1225 ᠵᠦᠢᠯ ᠢ ᠬᠡᠷᠡᠭᠵᠢᠬᠦᠯᠵᠦ᠂ ᠨᠡᠶᠢᠲᠡ 5.99 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠪᠦᠬᠦ ᠤᠷᠤᠨ ᠳᠤ ᠤᠷᠤᠶᠢᠯᠠᠪᠠ᠃ ᠠᠯᠪᠡᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠲᠤᠷᠰᠢᠯᠲᠠ ᠶᠢᠨ ᠴᠢᠭ᠋ ᠤᠨ ᠠᠵᠢᠯ ᠢ ᠡᠬᠢᠯᠡᠬᠦᠯᠵᠦ᠂ ᠦᠨᠳᠦᠰᠦᠨ ᠱᠠᠲᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ  ᠶᠡᠷᠦᠩᠬᠡᠶᠢᠯᠡᠭᠰᠡᠨ ᠦᠬᠡᠷᠡᠴᠢᠯᠡᠯᠲᠠ ᠶᠢᠨ ᠡᠬᠦᠷᠬᠡ ᠶᠢ ᠪᠡᠶᠡᠯᠡᠬᠦᠯᠵᠦ᠂ ᠵᠠᠰᠠᠭ ᠎ ᠤᠨ ᠤᠷᠲᠤᠨ ᠠᠴᠠ ᠡᠷᠬᠢᠯᠡᠭᠰᠡᠨ ᠦᠨᠳᠦᠰᠦᠨ ᠱᠠᠲᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠨᠢ ᠦᠨᠳᠦᠰᠦᠨ ᠡᠮ ᠤᠨ ᠵᠦᠢᠯ ᠢ ᠪᠦᠬᠦᠨ ᠢ ᠤᠷᠤᠭᠤᠯᠤᠭᠰᠠᠨ ᠬᠠᠩᠰᠢ ᠪᠠᠷ ᠬᠤᠲᠠᠯᠲᠤᠬᠤ ᠶᠢ ᠪᠡᠶᠡᠯᠡᠬᠦᠯᠪᠡ᠃ ᠭᠠᠲᠠᠭᠠᠲᠤ ᠨᠡᠬᠡᠬᠡᠯᠲᠡ ᠤᠯᠠᠮ ᠨᠢᠬᠡ ᠠᠯᠬᠤᠮ  ᠦᠷᠬᠡᠳᠴᠦ᠂ ᠤᠯᠤᠰ ᠤᠨ ᠴᠠᠬᠢᠯᠭᠠᠨ᠂ ᠳ᠋ᠠ ᠲᠠᠩ᠂ ᠲᠤᠮᠲᠠᠲᠤ ᠤᠯᠤᠰ ᠤᠨ ᠦᠩᠬᠡᠲᠦ ᠲᠡᠮᠦᠷᠯᠢᠭ᠂ ᠱᠠᠨᠳᠦ᠋ᠩ ᠤᠨ ᠰᠢᠵᠢᠷ ᠠᠯᠲᠠ᠂ ᠲᠦᠩ ᠯᠢᠩ ᠦᠩᠬᠡᠲᠦ ᠲᠡᠮᠦᠷᠯᠢᠭ ᠵᠡᠷᠬᠡ ᠲᠤᠮᠤ ᠠᠵᠦ ᠠᠬᠤᠶᠢᠯᠠᠯ ᠲᠤᠮᠤ ᠪᠦᠯᠦᠭᠯᠡᠯ ᠯᠦᠭᠡ ᠶᠢᠨ ᠬᠠᠮᠵᠢᠯᠴᠠᠭ᠎ᠠ ᠪᠠᠨ ᠲᠠᠰᠤᠷᠠᠯ ᠦᠬᠡᠢ ᠬᠦᠨᠵᠡᠬᠡᠶᠢᠷᠡᠬᠦᠯᠵᠦ᠂ ᠪᠡᠬᠡᠵᠢᠩ ᠤᠯᠠᠭᠠᠨᠬᠠᠲᠠ ᠶᠢᠨ ᠠᠵᠢᠯ ᠲᠦᠷᠦᠯ ᠢᠶᠠᠷ  ᠎ ᠢᠶᠠᠨ ᠬᠠᠪᠰᠤᠷᠤᠨ ᠲᠡᠳᠬᠦᠬᠦ ᠬᠠᠮᠵᠢᠯᠴᠠᠭ᠎ᠠ ᠨᠢ ᠪᠤᠲᠠᠲᠠᠢ ᠪᠦᠲᠦᠮᠵᠢ ᠤᠯᠵᠦ᠂ ᠠᠵᠤ ᠦᠢᠯᠡᠰ ᠤᠨ ᠰᠢᠯᠵᠢᠯᠲᠡ ᠶᠢ ᠵᠤᠯᠭᠠᠭᠤᠯᠬᠤ ᠪᠠ ᠤᠷᠤᠨ ᠪᠦᠰᠡ ᠶᠢᠨ ᠠᠵᠤ ᠠᠬᠤᠢ ᠶᠢᠨ ᠨᠢᠬᠡ ᠴᠤᠭᠴᠠᠯᠠᠬᠤ ᠠᠯᠬᠤᠴᠠ ᠶᠢ ᠲᠦᠷᠬᠡᠳᠬᠡᠪᠡ᠃ ᠪᠦᠬᠦ ᠬᠤᠲᠠ 478 ᠲᠦᠷᠦᠯ ᠵᠦᠢᠯ ᠳᠤ ᠪᠡᠯᠡ ᠲᠠᠲᠠᠵᠤ᠂ ᠤᠯᠤᠰ ᠤᠨ ᠲᠤᠲᠤᠭᠠᠲᠤ᠂ ᠤᠷᠤᠨ ᠤ ᠭᠠᠲᠠᠨᠠᠬᠢ 625.6 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠲᠠᠲᠠᠵᠤ᠂ ᠪᠤᠲᠠᠲᠠᠢ ᠠᠰᠢᠭᠯᠠᠭᠰᠠᠨ ᠭᠠᠲᠠᠭᠠᠲᠤ ᠪᠡᠯᠡ 3675 ᠲᠦᠮᠡᠨ ᠳ᠋ᠤᠯᠯᠠᠷ᠃ ᠭᠠᠲᠠᠭᠠᠲᠤ ᠠᠷᠠᠯᠵᠢᠶ᠎ᠠ ᠲᠦᠷᠬᠡᠨ ᠨᠡᠮᠡᠭᠲᠡᠵᠦ᠂ ᠭᠠᠲᠠᠭᠠᠲᠤ ᠠᠴᠠ ᠤᠷᠤᠭᠤᠯᠵᠤ ᠭᠠᠲᠠᠭᠠᠲᠤ ᠳᠤ ᠭᠠᠷᠭᠠᠭᠰᠠᠨ ᠶᠡᠷᠦᠩᠬᠡᠢ ᠨᠤᠷᠮ᠎ᠠ12.2 ᠳ᠋ᠦᠩᠰᠢᠭᠤᠷ ᠳ᠋ᠤᠯᠯᠠᠷ ᠲᠤ ᠬᠦᠷᠴᠦ᠂15%  ᠎ ᠪᠠᠷ ᠨᠡᠮᠡᠭᠲᠡᠪᠡ᠃     ︵ᠲᠤᠯᠤᠭ᠎ᠠ︶ ᠠᠷᠠᠳᠴᠢᠯᠠᠯ ᠬᠠᠦᠯᠢ ᠲᠦᠷᠢᠮ ᠤᠨ ᠪᠠᠶᠢᠭᠤᠯᠤᠯᠲᠠ ᠶᠢ ᠪᠦᠬᠦ ᠲᠠᠯ᠎ᠡ ᠪᠠᠷ ᠴᠢᠩᠭᠠᠳᠬᠠᠪᠠ᠃ ᠪᠦᠬᠦ ᠵᠢᠯ ᠳᠤ ᠠᠷᠠᠳ ᠤᠨ ᠲᠦᠯᠦᠬᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ14 ᠤᠲᠠᠭ᠎ᠠ ᠠᠵᠢᠯ ᠤᠨ ᠮᠡᠳᠡᠬᠦᠯᠦᠯᠲᠡ ᠬᠢᠵᠦ᠂ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠵᠦᠪᠯᠡᠯ ᠳᠤ 6 ᠤᠲᠠᠭ᠎ᠠ ᠪᠠᠶᠢᠲᠠᠯ ᠢᠶᠠᠨ ᠮᠡᠳᠡᠬᠦᠯᠵᠦ᠂ ᠠᠷᠠᠳ ᠤᠨ ᠲᠦᠯᠦᠬᠡᠯᠡᠭᠴᠢᠳ ᠤᠨ ᠰᠠᠨᠠᠭᠤᠯᠭ᠎ᠠ ᠰᠠᠨᠠᠯ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠲᠤᠷᠠᠲᠤᠯᠭ᠎ᠠ ᠶᠢ ᠰᠢᠢᠳᠪᠦᠷᠢᠯᠡᠭᠰᠡᠨ ᠨᠤᠷᠮ᠎ᠠ 100% ᠬᠦᠷᠪᠡ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ᠂ ᠲᠤᠮᠲᠠ ᠪᠠᠭ᠎ᠠ ᠠᠵᠤ ᠠᠬᠤᠶᠢᠯᠠᠯ ᠤᠨ ᠬᠦᠭᠵᠢᠯᠲᠡ᠂ ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ ᠵᠡᠷᠬᠡ ᠠᠵᠤ ᠠᠬᠤᠢ ᠨᠡᠶᠢᠬᠡᠮ ᠤᠨ ᠬᠦᠭᠵᠢᠯᠲᠡ ᠲᠠᠢ ᠬᠤᠯᠪᠤᠭᠲᠠᠬᠤ ᠲᠤᠮᠤ ᠴᠢᠬᠤᠯᠡ ᠶᠠᠪᠤᠲᠠᠯ ᠢ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠬᠡᠨ ᠤ ᠬᠢᠨᠠᠯᠲᠠ ᠲᠠᠯᠪᠢᠬᠤ ᠠᠵᠢᠯ ᠎ ᠤᠨ ᠴᠢᠬᠤᠯᠡ ᠵᠦᠪᠯᠡᠬᠦ ᠵᠦᠢᠯ ᠳᠤ ᠤᠷᠤᠭᠤᠯᠤᠭᠰᠠᠨ ᠠᠴᠠ ᠵᠠᠰᠠᠭ ᠤᠨ ᠤᠷᠲᠤᠨ ᠤ ᠠᠵᠢᠯ ᠢ ᠬᠦᠴᠦᠲᠡᠢ ᠠᠬᠢᠭᠤᠯᠪᠠ᠃ ᠦᠨᠳᠦᠰᠦᠲᠡᠨ ᠤ ᠪᠦᠯᠬᠦᠮᠲᠡᠯ ᠲᠠᠪᠰᠢᠯᠲᠠ ᠪᠠ ᠤᠯᠠᠨ ᠲᠦᠮᠡᠨᠴᠢ ᠴᠢᠨᠠᠷᠲᠡᠢ ᠤᠶᠤᠨ ᠤ ᠪᠤᠯᠪᠠᠰᠤᠨ ᠢ ᠡᠬᠦᠲᠦᠨ ᠪᠠᠶᠢᠭᠤᠯᠬᠤ ᠠᠵᠢᠯᠯᠠᠭᠠᠨ ᠢ ᠬᠦᠨᠵᠡᠬᠡᠢ ᠦᠷᠨᠢᠬᠦᠯᠵᠦ᠂ ᠪᠦᠬᠦ ᠤᠯᠤᠰ ᠤᠨ ᠪᠤᠯᠪᠠᠰᠤᠨ ᠬᠤᠲᠠ ᠶᠢ ᠡᠬᠦᠲᠦᠨ ᠪᠠᠶᠢᠭᠤᠯᠬᠤ ᠠᠵᠢᠯ ᠢ ᠡᠬᠢᠯᠡᠬᠦᠯᠦᠭᠰᠡᠨ ᠮᠦᠷᠲᠡᠬᠡᠨ ᠨᠡᠷ᠎ᠡ ᠲᠤᠷᠠᠲᠤᠭᠳᠠᠭᠰᠠᠨ ᠬᠤᠲᠠ ᠶᠢᠨ ᠡᠩᠨᠡᠬᠡᠨ ᠳᠤ ᠤᠷᠤᠪᠠ᠃ ︽ᠵᠢᠷᠭᠤᠭ᠎ᠠ ᠲᠠᠪᠤ︾ ᠬᠠᠦᠯᠢ ᠲᠦᠬᠡᠮᠡᠯᠵᠢᠬᠦᠯᠬᠦ ᠲᠦᠯᠦᠪᠵᠢᠬᠦᠯᠬᠡ ᠶᠢ ᠬᠡᠷᠡᠭᠵᠢᠬᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠲᠤᠵᠤ ᠬᠢᠨᠠᠯᠲᠠ ᠲᠠᠯᠪᠢᠬᠤ ᠬᠦᠴᠦᠯᠡᠴᠡ ᠪᠠᠨ ᠴᠢᠩᠭᠠᠳᠬᠠᠵᠤ᠂ ᠭᠤᠤᠯᠲᠠᠯᠭᠠᠲᠤ ᠬᠦᠷᠢᠶ᠎ᠡ ᠬᠡᠪᠴᠢᠶᠡᠨ ᠳᠠᠬᠢ ᠲᠤᠪᠤᠶᠢᠮ᠎ᠠ ᠠᠰᠠᠭᠤᠲᠠᠯ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠵᠤ᠂ ᠵᠠᠰᠠᠭ ᠤᠨ ᠤᠷᠲᠤᠨ ᠤ ᠪᠠᠶᠢᠭᠤᠯᠤᠯᠭ᠎ᠠ ᠶᠢᠨ ᠴᠢᠬᠡᠴᠢ ᠵᠠᠰᠠᠭ ᠤᠨ ᠪᠠᠶᠢᠭᠤᠯᠤᠯᠲᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠬᠠᠦᠯᠢ ᠶᠤᠰᠤᠭᠠᠷ ᠵᠠᠰᠠᠭ ᠶᠠᠪᠤᠭᠤᠯᠬᠤ ᠠᠵᠢᠯ ᠢ ᠪᠠᠲᠤᠲᠠᠢ ᠠᠬᠢᠭᠤᠯᠪᠠ᠃ ᠨᠡᠶᠢᠬᠡᠮ ᠤᠨ ᠬᠠᠮᠢᠶᠠᠷᠤᠯᠲᠠ ᠶᠢ ᠴᠢᠩᠭᠠᠳᠬᠠᠨ ᠰᠢᠨᠡᠴᠢᠯᠡᠵᠦ᠂ ᠠᠷᠤ ᠬᠤᠷᠴᠢᠨ ᠬᠤᠰᠢᠭᠤᠨ ᠤ ᠭᠠᠴᠠᠭ᠎ᠠ ᠲᠤᠰᠬᠤᠨ ᠤ ᠱᠠᠲᠤᠨ ᠤ ᠶᠠᠪᠤᠲᠠᠯ ᠢ ᠭᠡᠷ᠎ᠡ ᠪᠤᠯᠵᠤᠨ ᠬᠠᠮᠢᠶᠠᠷᠬᠤ ᠲᠤᠷᠰᠢᠯᠭ᠎ᠠ ᠶᠢ ᠪᠦᠬᠦ ᠤᠷᠤᠨ ᠳᠤ ᠲᠡᠯᠬᠡᠷᠡᠬᠦᠯᠵᠦ᠂ ᠨᠡᠶᠢᠬᠡᠮ ᠲᠤᠭᠤᠷᠢᠭ ᠤᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯ ᠦᠬᠡᠢ ᠲᠡᠭᠡᠭᠰᠢᠯᠡᠵᠦ᠂ ᠪᠦᠬᠦ ᠬᠤᠲᠠ ᠳᠤ ᠨᠡᠶᠢᠬᠡᠮ ᠲᠤᠭᠤᠷᠢᠭ ᠤᠨ ᠠᠯᠪᠠᠯᠠᠬᠤ ᠪᠠ ᠬᠦᠲᠡᠯᠬᠡᠬᠡᠨ ᠤ ᠲᠠᠯᠠᠪᠤᠷ ᠢ 62 ᠦᠬᠡᠷᠡᠴᠢᠯᠡᠨ ᠦᠷᠬᠡᠳᠬᠡᠨ ᠪᠠᠶᠢᠭᠤᠯᠵᠤ᠂ ᠦᠪᠡᠷᠲᠡᠬᠡᠨ ᠵᠠᠰᠠᠬᠤ ᠤᠷᠤᠨ ᠤ ᠲᠡᠰ ᠤᠨ ᠡᠶ᠎ᠡ ᠨᠠᠶᠢᠷᠠᠮᠲᠠᠭᠤ ᠨᠡᠶᠢᠬᠡᠮ ᠲᠤᠭᠤᠷᠢᠭ 8 ᠨᠡᠮᠡᠭᠲᠡᠪᠡ᠃ ᠵᠠᠬᠢᠲᠠᠯ ᠰᠤᠷᠪᠤᠯᠵᠢᠯᠠᠯ ᠤᠨ ᠲᠠᠷᠤᠭᠲᠠᠮᠠᠯ ᠬᠡᠷᠡᠭ ᠢ ᠨᠠᠮᠲᠠᠭᠠᠬᠤ ︽ᠵᠠᠭᠤᠨ ᠡᠲᠦᠷ ᠤᠨ ᠪᠤᠭᠤᠮᠲᠠ  ᠰᠢᠪᠲᠤᠯᠬᠤ︾ ᠲᠤᠰᠬᠠᠢ ᠰᠡᠲᠤᠪᠲᠤ ᠠᠵᠢᠯᠯᠠᠭᠠᠨ ᠢ ᠦᠷᠨᠢᠬᠦᠯᠵᠦ᠂ ᠤᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠤᠭᠲᠠᠬᠤ ᠨᠢᠬᠡ ᠪᠦᠯᠦᠭ ᠠᠰᠠᠭᠤᠲᠠᠯ ᠢ ᠰᠢᠢᠳᠪᠦᠷᠢᠯᠡᠵᠦ᠂ ᠵᠠᠬᠢᠲᠠᠯ ᠰᠤᠷᠪᠤᠯᠵᠢᠯᠠᠯ ᠤᠨ ᠶᠡᠷᠦᠩᠬᠡᠢ ᠬᠡᠮᠵᠢᠶ᠎ᠡ ᠶᠡᠬᠡᠪᠡᠷ ᠲᠤᠷᠤᠭᠰᠢᠯᠠᠵᠠᠢ᠃ ᠢᠲᠡᠬᠡᠨ ᠪᠠ ᠡᠮ ᠤᠨ ᠵᠦᠢᠯ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯᠲᠠᠯᠭᠠᠲᠤ ᠬᠦᠷᠢᠶ᠎ᠡ ᠬᠡᠪᠴᠢᠶᠡᠨ ᠤ ᠠᠶᠤᠯᠬᠦᠢ ᠦᠢᠯᠡᠳᠪᠦᠷᠢᠯᠡᠯ ᠤᠨ ᠬᠠᠨᠲᠤᠰᠢ ᠶᠡᠷᠦᠩᠬᠡᠢ ᠳᠡᠭᠡᠨ ᠲᠤᠭᠲᠠᠭᠤᠨ ᠪᠤᠯᠪᠠ᠃ ᠨᠡᠶᠢᠬᠡᠮ ᠤᠨ ᠪᠠᠴᠢᠮ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠡᠬᠦᠯᠲᠡᠷᠵᠢᠬᠦᠯᠵᠦ᠂ ᠬᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠲᠠᠪᠤᠷᠢ  ᠎ ᠶᠢ ᠤᠯᠠᠮ ᠨᠢᠬᠡ ᠠᠯᠬᠤᠮ ᠴᠢᠩᠭᠠᠳᠬᠠᠪᠠ᠃ ᠴᠢᠩᠭ᠎ᠠ ᠴᠤᠬᠢᠯᠲᠠ ᠦᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠬᠠᠦᠯᠢ ᠶᠤᠰᠤᠭᠠᠷ ᠴᠤᠬᠢᠯᠲᠠ ᠦᠭᠴᠦ᠂ ᠠᠷᠠᠳ ᠲᠦᠮᠡᠨ ᠤᠯᠠᠮ ᠰᠠᠨᠠᠭ᠎ᠠ ᠠᠮᠤᠷ ᠮᠦᠷᠲᠡᠬᠡᠨ ᠰᠡᠳᠬᠢᠯ ᠬᠠᠨᠤᠮᠵᠢᠲᠠᠢ ᠪᠤᠯᠵᠡᠢ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠪᠡᠯᠡᠳᠬᠡᠯ ᠬᠦᠴᠦᠨ ᠤ ᠪᠦᠲᠦᠬᠡᠨ ᠪᠠᠶᠢᠭᠤᠯᠤᠯᠲᠠ ᠶᠢ ᠢᠲᠡᠪᠬᠢᠲᠡᠢ ᠲᠡᠮᠵᠢᠵᠤ᠂ ᠴᠡᠷᠢᠭ ᠠᠩᠬᠢ ᠪᠠ ᠤᠷᠤᠨ ᠨᠤᠲᠤᠭ ᠤᠨ ᠪᠦᠲᠦᠬᠡᠨ ᠪᠠᠶᠢᠭᠤᠯᠤᠯᠲᠠ ᠲᠠᠬᠢᠨᠲᠠ ᠰᠠᠶᠢᠨ ᠦᠷ᠎ᠡ ᠪᠦᠲᠦᠮᠵᠢ ᠤᠯᠵᠤ᠂ ᠪᠦᠬᠦ ᠤᠯᠤᠰ ᠤᠨ ᠬᠤᠶᠠᠷ ᠢᠶᠠᠨ ᠬᠦᠷᠢᠶᠡᠯᠡᠬᠦ ᠵᠢᠱᠢᠶᠡᠴᠢ ᠬᠤᠲᠠ ᠶᠢᠨ ᠪᠠᠶᠢᠭᠤᠯᠤᠯᠲᠠ ᠳᠤ ᠲᠤᠯᠤᠭᠠᠨ ᠵᠢᠯ ᠲᠠᠷᠠᠭᠠᠯᠠᠨ ᠲᠡᠷᠢᠬᠦᠯᠡᠪᠡ᠃    ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠪᠠᠶᠠᠷᠯᠠᠭᠤᠰᠢᠲᠠᠢ ᠠᠮᠵᠢᠯᠲᠠ ᠤᠯᠤᠭᠰᠠᠨ ᠨᠢ ᠬᠤᠲᠠ ᠶᠢᠨ ᠨᠠᠮ ᠤᠨ ᠬᠤᠷᠢᠶᠠᠨ ᠤ ᠵᠦᠪ ᠤᠨᠤᠪᠴᠢᠲᠡᠢ ᠤᠲᠤᠷᠢᠲᠤᠯᠭ᠎ᠠ᠂ ᠡᠯ᠎ᠡ ᠤᠲᠤᠷᠢᠳᠬᠤ ᠪᠠᠭ ᠤᠨ ᠬᠦᠴᠦᠨ ᠨᠢᠬᠡᠳᠴᠦ ᠬᠠᠮᠵᠢᠯᠴᠠᠭᠰᠠᠨ ᠤ ᠦᠷ᠎ᠡ ᠳ᠋ᠦᠩ ᠪᠤᠯᠤᠨ᠎ᠠ᠂ ᠪᠦᠬᠦ ᠬᠤᠲᠠ ᠶᠢᠨ ᠦᠨᠳᠦᠰᠦᠲᠡᠨ ᠨᠦᠭᠦᠳ ᠎ ᠤᠨ ᠺᠠᠳ᠋ᠷ ᠤᠯᠠᠨ ᠲᠦᠮᠡᠨ ᠤ ᠪᠦᠯᠬᠦᠮᠲᠡᠨ ᠨᠢᠬᠡᠳᠴᠦ ᠬᠠᠮᠲᠤᠪᠡᠷ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠂ ᠮᠦᠨᠴᠦ ᠨᠡᠶᠢᠬᠡᠮ ᠤᠨ ᠡᠯ᠎ᠡ ᠡᠲᠡᠬᠡᠳ ᠤᠨ ᠬᠢᠨ ᠠᠷᠭ᠎ᠠ ᠪᠤᠲᠤᠯᠭ᠎ᠠ ᠭᠠᠷᠭᠠᠨ  ᠬᠦᠴᠦᠯᠡᠨ ᠲᠡᠮᠵᠢᠭᠰᠡᠨ ᠤ ᠦᠷ᠎ᠡ ᠳ᠋ᠦᠩ ᠪᠤᠯᠤᠨ᠎ᠠ᠃ ᠡᠬᠦᠨ ᠳᠤ᠂ ᠪᠢ ᠬᠤᠲᠠ ᠶᠢᠨ ᠵᠠᠰᠠᠭ ᠤᠨ ᠤᠷᠲᠤᠨ ᠤ ᠡᠮᠦᠨ᠎ᠡ ᠠᠴᠠ᠂ ᠪᠦᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ᠂ ᠡᠯ᠎ᠡ ᠹᠷᠤᠨᠲ ᠳᠤ ᠰᠢᠷᠭᠠᠭᠤ ᠠᠵᠢᠯᠯᠠᠵᠤ ᠴᠢᠷᠮᠠᠶᠢᠯᠭ᠎ᠠ ᠭᠠᠷᠭᠠᠭᠰᠠᠨ ᠨᠦᠬᠦᠳ᠂ ᠤᠯᠠᠭᠠᠨᠬᠠᠲᠠ ᠎ ᠶᠢᠨ ᠬᠦᠭᠵᠢᠯᠲᠠ ᠶᠢ ᠬᠠᠯᠠᠮᠵᠢᠯᠠᠨ ᠲᠡᠮᠵᠢᠭᠰᠡᠨ ᠪᠦᠬᠦ ᠨᠠᠶᠢᠵᠠ ᠨᠡᠷ ᠲᠤ ᠡᠷᠬᠢᠮ ᠲᠡᠬᠡᠲᠦ ᠮᠡᠨᠲᠦᠴᠢᠯᠡᠯ ᠪᠠ ᠴᠢᠩ ᠰᠡᠳᠬᠢᠯ ᠤᠨ ᠲᠠᠯᠠᠷᠬᠠᠯᠠᠯ ᠢᠶᠠᠨ ᠲᠡᠪᠰᠢᠬᠦᠯᠵᠦ ᠪᠠᠶᠢᠨ᠎ᠠ︕     ᠪᠢᠲᠡ ᠠᠮᠵᠢᠯᠲᠠ ᠪᠠᠨ ᠤᠯᠵᠤ ᠦᠵᠡᠬᠦ ᠶᠢᠨ ᠵᠡᠷᠬᠡᠪᠡᠷ ᠪᠠᠰᠠ ᠮᠠᠨ ᠤ ᠬᠤᠲᠠ ᠶᠢᠨ ᠬᠦᠭᠵᠢᠯᠲᠡ ᠲᠤᠲᠠᠮᠠᠭ ᠪᠠᠶᠢᠬᠤ ᠬᠤᠲᠠ ᠶᠢᠨ ᠦᠨᠳᠦᠰᠦᠨ ᠪᠠᠶᠢᠲᠠᠯ ᠢ ᠦᠨᠳᠦᠰᠦᠨ  ᠎ ᠠᠴᠠ ᠨᠢ ᠬᠤᠪᠢᠷᠠᠭᠤᠯᠵᠤ ᠴᠢᠳᠠᠭᠠᠲᠤᠢ᠂ ᠠᠵᠤ ᠠᠬᠤᠢ ᠨᠡᠶᠢᠬᠡᠮ ᠤᠨ ᠬᠦᠭᠵᠢᠯᠲᠠ ᠲᠤᠮᠲᠠ ᠪᠠᠰᠠ ᠪᠠᠭ᠎ᠠ ᠪᠤᠰᠤ ᠬᠦᠴᠢᠷᠲᠡᠯ ᠪᠠ ᠠᠰᠠᠭᠤᠲᠠᠯ ᠤᠳ ᠤᠷᠤᠰᠢᠵᠤ ᠪᠠᠶᠢᠬᠤ ᠶᠢ ᠰᠡᠷᠬᠡᠭ ᠢᠶᠠᠷ ᠤᠯᠵᠤ ᠲᠠᠨᠢᠬᠤ ᠬᠡᠷᠡᠭᠲᠡᠢ᠃ ᠭᠤᠤᠯᠲᠠᠭᠤ᠄  ᠪᠦᠲᠦᠴᠡ ᠪᠠᠨ ᠲᠤᠬᠢᠷᠠᠭᠤᠯᠬᠤ᠂ ᠠᠷᠭ᠎ᠠ ᠬᠡᠯᠪᠡᠷᠢ ᠪᠠᠨ ᠬᠤᠪᠢᠷᠠᠭᠤᠯᠬᠤ ᠡᠬᠦᠷᠬᠡ ᠨᠡᠯᠢᠶᠡᠳ ᠬᠦᠨᠲᠦ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠦᠲᠦᠴᠡ ᠶᠢᠨ ᠴᠢᠨᠠᠷᠲᠡᠢ ᠵᠦᠷᠢᠴᠡᠯ ᠨᠡᠯᠢᠶᠡᠳ ᠲᠤᠪᠤᠶᠢᠮ᠎ᠠ᠂ ᠠᠵᠤ ᠦᠢᠯᠡᠰ ᠤᠨ ᠬᠦᠭᠵᠢᠯᠲᠠ ᠶᠢᠨ ᠲᠡᠰ ᠲᠠᠪᠬᠤᠷᠭ᠎ᠠ ᠲᠤᠤᠷ᠎ᠠ᠂ ᠪᠦᠬᠦ ᠬᠤᠲᠠ ᠶᠢᠨ ᠠᠵᠤ ᠠᠬᠤᠢ ᠶᠢᠨ ᠦᠷᠬᠦᠯᠵᠢᠯᠡᠨ ᠲᠦᠷᠬᠡᠨ ᠨᠡᠮᠡᠭᠲᠡᠯ ᠢ ᠪᠠᠲᠤᠯᠠᠬᠤ ᠲᠠᠷᠤᠯᠲᠠ ᠨᠡᠯᠢᠶᠡᠳ ᠶᠡᠭᠡ︔ ᠠᠮᠢ ᠠᠬᠤᠢ᠂ ᠤᠷᠴᠢᠨ ᠲᠤᠭᠤᠷᠢᠨ ᠤ ᠬᠠᠮᠠᠭᠠᠯᠠᠯᠲᠠ ᠪᠠ ᠬᠤᠲᠠ ᠬᠦᠲᠡᠭᠡ ᠶᠢᠨ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠶᠢᠨ ᠬᠦᠴᠦᠯᠡᠴᠡ ᠶᠢ ᠤᠯᠠᠮ ᠨᠢᠬᠡ ᠠᠯᠬᠤᠮ ᠨᠡᠮᠡᠭᠲᠡᠬᠦᠯᠬᠦ ᠴᠢᠬᠤᠯᠠᠲᠠᠢ᠃ ᠭᠠᠴᠠᠭ᠎ᠠ ᠲᠤᠰᠬᠤᠨ ᠤ ᠵᠠᠮ᠂ ᠡᠨᠧᠷᠬᠢ ᠶᠢ ᠵᠦᠬᠡᠬᠡᠪᠦᠷᠢᠯᠡᠬᠦ ᠵᠠᠮ ᠤᠨ ᠪᠦᠲᠦᠬᠡᠨ ᠪᠠᠶᠢᠭᠤᠯᠤᠯᠲᠠ ᠪᠠᠰᠠᠴᠤ ᠪᠠᠭᠤᠷᠠᠢ ᠪᠠᠶᠢᠵᠤ᠂ ᠡᠨᠧᠷᠺᠢ ᠠᠷᠪᠢᠯᠠᠵᠤ ᠪᠤᠬᠢᠷᠲᠤᠯ ᠢ ᠪᠠᠭᠠᠰᠬᠠᠬᠤ ᠡᠬᠦᠷᠬᠡ ᠨᠡᠯᠢᠶᠡᠳ ᠬᠦᠨᠲᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠠᠭᠤᠷᠬᠠᠢ ᠶᠢᠨ ᠦᠢᠯᠡᠰ ᠤᠨ ᠡᠮᠬᠢ ᠲᠢᠭᠯᠢᠮ ᠢ ᠴᠡᠭᠴᠡᠯᠡᠬᠦ ᠡᠬᠦᠷᠬᠡ ᠬᠠᠲᠠᠭᠤᠵᠢᠯᠲᠠᠢ︔ ᠠᠷᠠᠳ ᠤᠨ ᠠᠮᠢᠲᠤᠷᠠᠯ ᠪᠠ ᠨᠡᠶᠢᠬᠡᠮ ᠤᠨ ᠪᠠᠲᠤᠯᠠᠭ᠎ᠠ ᠎ ᠶᠢᠨ ᠴᠢᠲᠠᠪᠤᠷᠢ ᠲᠤᠷᠤᠢ ᠪᠠᠶᠢᠨ᠎ᠠ᠃ ᠠᠵᠢᠯ ᠤᠯᠭᠤᠯᠲᠠ᠂ ᠶᠠᠲᠠᠭᠤ ᠶᠢ ᠲᠡᠳᠬᠦᠬᠦ ᠪᠠ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠦᠷᠬᠦᠯᠵᠢᠯᠡᠨ ᠨᠡᠮᠡᠭᠲᠡᠬᠦᠯᠬᠦ ᠨᠢ ᠪᠠᠰᠠᠴᠤ ᠰᠢᠪᠲᠤᠯᠤᠯᠲᠠ ᠲᠠᠢ ᠪᠤᠯᠬᠤ ᠴᠢᠬᠤᠯᠠᠲᠠᠢ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠲᠠᠬᠤ ᠠᠰᠠᠭᠤᠲᠠᠯ ᠢ ᠤᠯᠠᠮ ᠴᠢᠨᠠᠭᠰᠢᠲᠠ ᠰᠢᠢᠳᠪᠦᠷᠢᠯᠡᠬᠦ ᠴᠢᠬᠤᠯᠠᠲᠠᠢ︔ ᠨᠡᠶᠢᠬᠡᠮ ᠤᠨ ᠪᠦᠲᠦᠬᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠴᠢᠨᠠᠭᠰᠢᠲᠠ ᠴᠢᠩᠭᠠᠳᠬᠠᠬᠤ ᠴᠢᠬᠤᠯᠠᠲᠠᠢ᠃ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠦᠪᠰᠢᠨ ᠲᠤᠤᠷ᠎ᠠ᠂ ᠨᠡᠶᠢᠬᠡᠮ ᠤᠨ ᠦᠢᠯᠡᠰ ᠤᠨ ᠬᠦᠭᠵᠢᠯᠲᠡ ᠬᠠᠷᠢᠴᠠᠩᠭᠤᠢ ᠬᠤᠵᠢᠭᠲᠠᠩᠭᠤᠢ᠂ ᠨᠡᠶᠢᠬᠡᠮ ᠤᠨ ᠬᠠᠮᠢᠶᠠᠷᠤᠯᠲᠠ ᠶᠢᠨ ᠰᠢᠨᠡᠴᠢᠯᠡᠯᠲᠡ ᠨᠢ ᠪᠠᠰᠠ ᠤᠯᠠᠨ ᠠᠵᠢᠯ ᠬᠢᠬᠦ ᠴᠢᠬᠤᠯᠠᠲᠠᠢ︔ ᠵᠠᠰᠠᠭ ᠤᠨ ᠤᠷᠲᠤᠨ ᠤ ᠲᠤᠰ ᠪᠡᠶ᠎ᠡ ᠶᠢᠨ ᠪᠦᠲᠦᠬᠡᠨ ᠪᠠᠶᠢᠭᠤᠯᠤᠯᠲᠠ ᠶᠢ ᠲᠠᠰᠤᠷᠠᠯ ᠦᠬᠡᠢ ᠴᠢᠩᠭᠠᠳᠬᠠᠬᠤ ᠴᠢᠬᠤᠯᠠᠲᠠᠢ᠃ ᠵᠠᠰᠠᠭ ᠤᠨ ᠤᠷᠲᠤᠨ ᠤ ᠡᠬᠦᠷᠬᠡ ᠴᠢᠲᠠᠪᠤᠷᠢ ᠶᠢᠨ ᠬᠤᠪᠢᠷᠠᠯᠲᠠ ᠨᠢ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠱᠠᠭᠠᠷᠲᠠᠯᠭ᠎ᠠ ᠯᠤᠭ᠎ᠠ ᠲᠤᠬᠢᠷᠠᠯᠴᠠᠬᠤ ᠦᠬᠡᠢ᠂ ᠦᠢᠯᠡᠴᠢᠯᠡᠬᠡᠨ ᠤ ᠤᠬᠠᠮᠰᠠᠷ᠂ ᠦᠢᠯᠡᠴᠢᠯᠡᠬᠡᠨ ᠤ ᠴᠢᠳᠠᠪᠤᠷᠢ᠂ ᠦᠢᠯᠡᠴᠢᠯᠡᠬᠡᠨ ᠤ ᠬᠢᠷᠢ ᠲᠦᠪᠰᠢᠨ ᠶᠢ ᠲᠡᠬᠡᠭᠰᠢᠯᠡᠬᠦᠯᠬᠦ ᠴᠢᠬᠤᠯᠠᠲᠠᠢ᠂ ᠴᠢᠬᠡᠴᠢ ᠵᠠᠰᠠᠭ ᠤᠨ ᠪᠠᠶᠢᠭᠤᠯᠤᠯᠲᠠ ᠪᠠ ᠪᠠᠶᠢᠭᠤᠯᠤᠯᠭ᠎ᠠ ᠶᠢᠨ ᠠᠵᠢᠯᠯᠠᠬᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠬᠡ ᠠᠯᠬᠤᠮ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠡᠳᠡᠬᠡᠷ ᠬᠦᠴᠢᠷᠲᠡᠯ ᠪᠠ ᠠᠰᠠᠭᠤᠲᠠᠯ ᠤᠳ ᠢ ᠪᠢᠲᠡ ᠲᠡᠬᠡᠲᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠬᠤᠶᠢᠰᠢᠲᠠ ᠶᠢᠨ ᠠᠵᠢᠯ ᠲᠤᠮᠲᠠ ᠨᠠᠷᠢᠨ ᠬᠢᠨᠠᠮᠠᠭᠠᠢ ᠰᠢᠢᠳᠪᠦᠷᠢᠯᠡᠨ᠎ᠡ᠃      ᠬᠤᠶᠠᠷ᠂ 2012 ᠤᠨ ᠤ ᠭᠤᠤᠯ ᠠᠵᠢᠯ     ᠡᠨᠡ ᠵᠢᠯ ᠪᠤᠯ ︽ᠠᠷᠪᠠᠨ ᠬᠤᠶᠠᠷ ᠲᠠᠪᠤ︾᠎ ᠶᠢᠨ ᠲᠦᠯᠦᠪᠵᠢᠬᠦᠯᠬᠡ ᠶᠢ ᠬᠦᠨᠵᠡᠬᠡᠢ ᠬᠡᠷᠡᠭᠵᠢᠬᠦᠯᠦᠨ ᠡᠮᠦᠨᠡᠬᠢ ᠶᠢ ᠵᠠᠯᠭᠠᠮᠵᠢᠯᠠᠵᠤ ᠬᠤᠶᠢᠰᠢᠲᠠ ᠤᠯᠠᠮᠵᠢᠯᠠᠬᠤ ᠴᠢᠬᠤᠯᠠ ᠨᠢᠬᠡ ᠵᠢᠯ ᠪᠤᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠡ ᠶᠡᠭᠡ ᠤᠳᠬ᠎ᠠ ᠠᠭᠤᠯᠭ᠎ᠠ ᠲᠠᠢ ᠶᠤᠮ᠃    ᠡᠨᠡ ᠵᠢᠯ ᠤᠨ ᠵᠠᠰᠠᠭ ᠤᠨ ᠤᠷᠲᠤᠨ ᠤ ᠠᠵᠢᠯ ᠤᠨ ᠶᠡᠷᠦᠩᠬᠡᠢ ᠰᠡᠳᠬᠢᠮᠵᠢ ᠪᠤᠯ᠄ ᠰᠢᠨᠵᠢᠯᠡᠬᠦ ᠤᠬᠠᠭᠠᠨᠴᠢ ᠬᠦᠭᠵᠢᠯᠲᠠ ᠶᠢᠨ ᠦᠵᠡᠯᠲᠡ ᠪᠠᠷ ᠪᠦᠬᠦ ᠲᠠᠯ᠎ᠡ ᠶᠢ  ᠵᠠᠬᠢᠷᠠᠭᠤᠯᠵᠤ᠂ ᠲᠦᠪ ᠬᠤᠷᠢᠶ᠎ᠠ ᠪᠠ ᠦᠪᠡᠷᠲᠡᠬᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯᠲᠤᠭᠠᠨ᠂ ᠦᠪᠡᠷᠲᠡᠬᠡᠨ ᠵᠠᠰᠠᠬᠤ ᠤᠷᠤᠨ ᠤ ᠶᠢᠰᠦᠳᠦᠬᠡᠷ ᠤᠲᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠪᠠ ᠬᠤᠲᠠ ᠶᠢᠨ ᠵᠢᠷᠭᠤᠲᠤᠭᠠᠷ ᠤᠲᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠤᠨ  ᠵᠤᠷᠢᠭ ᠰᠠᠨᠠᠭ᠎ᠠ ᠶᠢ ᠪᠦᠬᠦ ᠲᠠᠯ᠎ᠡ ᠪᠠᠷ ᠲᠤᠤᠱᠯᠠᠭᠤᠯᠵᠤ᠂ ᠲᠦᠪ ᠬᠤᠷᠢᠶ᠎ᠠ ᠠᠴᠠ ᠦᠪᠦᠷ ᠮᠤᠩᠭᠤᠯ ᠤᠨ ᠰᠠᠶᠢᠨ ᠮᠦᠷᠲᠡᠬᠡᠨ ᠲᠦᠷᠬᠡᠨ ᠬᠦᠭᠵᠢᠬᠦ ᠶᠢ ᠠᠬᠢᠭᠤᠯᠬᠤ ᠴᠢᠬᠤᠯᠠ ᠶᠡᠭᠡ ᠲᠤᠬᠢᠶᠠᠯ ᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠬᠦᠭᠵᠢᠯᠲᠠ ᠶᠢ ᠴᠢᠷᠮᠠᠶᠢᠨ ᠠᠬᠢᠭᠤᠯᠵᠤ᠂ ᠠᠷᠠᠳ ᠢᠶᠠᠨ ᠪᠠᠶᠠᠯᠢᠭᠵᠢᠭᠤᠯᠵᠤ ᠬᠤᠲᠠ  ᠎ ᠪᠠᠨ ᠬᠦᠴᠦᠷᠬᠡᠭᠵᠢᠬᠦᠯᠬᠦ ᠠᠬᠢᠴᠠ ᠶᠢ ᠲᠦᠷᠬᠡᠳᠬᠡᠵᠦ᠂ ᠠᠵᠤ ᠠᠬᠤᠢ ᠶᠢᠨ ᠦᠷᠬᠦᠯᠵᠢᠯᠡᠨ ᠲᠦᠷᠬᠡᠨ ᠨᠡᠮᠡᠭᠲᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠪᠠ ᠬᠦᠭᠵᠢᠯᠲᠠ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠬᠡᠳᠬᠡᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠪᠠᠨ ᠲᠡᠭᠡᠭᠰᠢᠯᠡᠬᠦᠯᠵᠦ᠂ ᠠᠮᠢ ᠠᠬᠤᠢ ᠪᠠ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠳᠠᠬᠢ ᠬᠦᠴᠦᠯᠡᠴᠡ ᠪᠠᠨ ᠴᠢᠩᠭᠠᠳᠬᠠᠵᠤ᠂ ᠦᠬᠡᠷᠡᠴᠢᠯᠡᠯᠲᠡ ᠶᠢ ᠲᠠᠰᠤᠷᠠᠯ ᠦᠬᠡᠢ  ᠬᠦᠨᠵᠡᠬᠡᠶᠢᠷᠡᠬᠦᠯᠦᠨ᠂ ᠨᠡᠬᠡᠬᠡᠯᠲᠡ ᠶᠢ ᠦᠷᠬᠡᠳᠬᠡᠵᠦ ᠂ ᠠᠷᠠᠳ ᠤᠨ ᠠᠮᠢᠲᠤᠷᠠᠯ ᠢ ᠦᠨᠡᠩᠬᠦ ᠪᠠᠲᠤᠯᠠᠨ ᠰᠠᠶᠢᠵᠢᠷᠠᠭᠤᠯᠵᠤ᠂ ᠤᠶᠤᠨ ᠤ ᠪᠤᠯᠪᠠᠰᠤᠨ᠂ ᠠᠷᠠᠳᠴᠢᠯᠠᠯ ᠬᠠᠦᠯᠢ ᠲᠦᠷᠢᠮ ᠪᠠ ᠵᠠᠰᠠᠭ ᠤᠨ ᠤᠷᠲᠤᠨ ᠤ ᠲᠤᠰ ᠪᠡᠶ᠎ᠡ ᠶᠢᠨ ᠪᠦᠲᠦᠬᠡᠨ ᠪᠠᠶᠢᠭᠤᠯᠤᠯᠲᠠ ᠶᠢ ᠪᠦᠬᠦ ᠲᠠᠯ᠎ᠡ ᠪᠠᠷ ᠲᠦᠯᠬᠢᠨ ᠠᠬᠢᠭᠤᠯᠵᠤ᠂ ᠨᠡᠶᠢᠬᠡᠮ ᠤᠨ ᠡᠶ᠎ᠡ ᠵᠤᠬᠢᠴᠠᠯ ᠲᠤᠭᠲᠠᠭᠤᠨ ᠢ ᠪᠠᠲᠤᠯᠠᠨ᠂ ᠠᠵᠤ ᠠᠬᠤᠢ ᠨᠡᠶᠢᠬᠡᠮ ᠤᠨ ᠰᠠᠶᠢᠨ ᠮᠦᠷᠲᠡᠬᠡᠨ ᠲᠦᠷᠬᠡᠨ ᠬᠦᠭᠵᠢᠭᠰᠡᠨ ᠰᠢᠯᠢᠳᠡᠭ ᠠᠮᠵᠢᠯᠲᠡ ᠪᠠᠷ ᠢᠶᠠᠨ ᠨᠠᠮ ᠤᠨ ᠠᠷᠪᠠᠨ ᠨᠠᠢᠮᠠᠲᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠲᠤᠬᠤ ᠶᠢ ᠤᠭᠲᠤᠨ᠎ᠠ᠃     ᠭᠤᠤᠯ ᠵᠢᠱᠢᠭᠰᠡᠨ ᠬᠠᠷᠠᠯᠲᠠ ᠪᠤᠯ᠄ ᠪᠦᠬᠦ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 17% ᠤᠷᠴᠢᠮ ᠢᠶᠠᠷ ᠨᠡᠮᠡᠭᠲᠡᠬᠦᠯᠦᠨ᠎ᠡ︔ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 20%  ᠎ ᠪᠠᠷ ᠨᠡᠮᠡᠭᠲᠡᠬᠦᠯᠦᠨ᠎ᠡ︔ ᠪᠦᠬᠦ ᠨᠡᠶᠢᠬᠡᠮ ᠤᠨ ᠲᠤᠭᠲᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢ 21%᠎ ᠪᠠᠷ ᠨᠡᠮᠡᠭᠲᠡᠬᠦᠯᠦᠨ᠎ᠡ︔ ᠨᠡᠶᠢᠬᠡᠮ ᠤᠨ ᠬᠡᠷᠡᠭᠯᠡᠬᠡᠨ ᠤ ᠲᠠᠸᠠᠷ ᠤᠨ ᠰᠤᠯᠠ ᠪᠠᠷ ᠬᠤᠲᠠᠯᠲᠤᠬᠤ ᠶᠡᠷᠦᠩᠬᠡᠢ ᠨᠤᠷᠮ᠎ᠠ ᠶᠢ 18%᠎ ᠪᠠᠷ ᠨᠡᠮᠡᠭᠲᠡᠬᠦᠯᠦᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠲᠠᠴᠢ ᠵᠠᠷᠤᠴᠠᠭᠤᠯᠵᠤ ᠪᠤᠯᠬᠤ ᠤᠷᠤᠯᠭ᠎ᠠ ᠪᠠ ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠲᠤᠮᠲᠠᠴᠢ ᠴᠡᠪᠡᠷ ᠤᠷᠤᠯᠭ᠎ᠠ ᠶᠢ ᠲᠤᠰᠪᠤᠷᠢ 15%᠎ ᠪᠠᠷ ᠨᠡᠮᠡᠭᠲᠡᠬᠦᠯᠦᠨ᠎ᠡ︔ ᠦᠪᠡᠷᠲᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠡᠨᠧᠷᠬᠢ ᠠᠷᠪᠢᠯᠠᠵᠤ ᠪᠤᠬᠢᠷᠲᠤᠯ ᠢ ᠪᠠᠭᠠᠰᠬᠠᠬᠤ ᠡᠯ᠎ᠡ ᠵᠦᠢᠯ ᠤᠨ ᠡᠬᠦᠷᠬᠡ ᠶᠢ ᠪᠡᠶᠡᠯᠡᠬᠦᠯᠦᠨ᠎ᠡ᠃    ᠲᠡᠬᠡᠷ᠎ᠡ ᠲᠤᠷᠠᠲᠤᠭᠰᠠᠨ ᠬᠠᠷᠠᠯᠲᠠ ᠨᠢ ᠶᠡᠷᠦᠩᠬᠡᠢ ᠳᠡᠭᠡᠨ ᠦᠪᠡᠷᠲᠡᠬᠡᠨ ᠵᠠᠰᠠᠬᠤ ᠤᠷᠤᠨ ᠤ ᠵᠢᠯ ᠤᠨ ᠬᠠᠷᠠᠯᠲᠠ ᠪᠠ ᠪᠦᠬᠦ ᠬᠤᠲᠠ ᠶᠢᠨ ︽ᠠᠷᠪᠠᠨ ᠬᠤᠶᠠᠷ ᠲᠠᠪᠤ︾᠎ ᠶᠢᠨ ᠲᠦᠯᠦᠪᠵᠢᠬᠦᠯᠬᠡ ᠶᠢᠨ ᠬᠠᠷᠠᠯᠲᠠ ᠠᠴᠠ ᠪᠠᠭ᠎ᠠ ᠦᠨᠲᠦᠷ ᠪᠠᠶᠢᠵᠤ᠂ ᠬᠦᠭᠵᠢᠯᠲᠡ ᠪᠠᠨ ᠲᠦᠷᠬᠡᠳᠬᠡᠵᠦ᠂ ᠰᠢᠨᠵᠢᠯᠡᠬᠦ ᠤᠬᠠᠭᠠᠨᠴᠢ ᠪᠠᠷ ᠬᠦᠭᠵᠢᠬᠦ ᠭᠤᠤᠯ ᠰᠡᠲᠤᠪ ᠢ ᠢᠯᠡᠷᠡᠬᠦᠯᠪᠡ᠃  ᠶᠡᠷᠦᠩᠬᠡᠢ ᠱᠠᠭᠠᠷᠲᠠᠯᠭ᠎ᠠ ᠨᠢ᠂ ᠨᠡᠮᠡᠭᠲᠡᠯ ᠢ ᠪᠠᠲᠤᠯᠠᠵᠤ᠂ ᠪᠦᠲᠦᠴᠡ ᠶᠢ ᠲᠤᠬᠢᠷᠠᠭᠤᠯᠵᠤ᠂ ᠪᠡᠯᠡ ᠤᠷᠤᠭᠤᠯᠤᠯᠲᠠ ᠪᠠᠨ ᠨᠡᠮᠡᠭᠲᠡᠬᠦᠯᠦᠨ᠂ ᠰᠠᠭᠤᠷᠢ ᠪᠠᠨ ᠪᠠᠲᠤᠳᠬᠠᠵᠤ᠂ ᠠᠷᠠᠳ ᠤᠨ ᠠᠮᠢᠲᠤᠷᠠᠯ ᠢ ᠰᠠᠶᠢᠵᠢᠷᠠᠭᠤᠯᠵᠤ᠂ ᠡᠶ᠎ᠡ ᠵᠤᠬᠢᠴᠠᠯ ᠢ ᠠᠬᠢᠭᠤᠯᠤᠨ᠎ᠠ᠃ ᠪᠤᠲᠠᠲᠤ ᠠᠵᠢᠯ ᠲᠤᠮᠲᠠ ᠪᠠᠨ ᠡᠷᠬᠡᠪᠰᠢ ᠲᠤᠤᠷᠠᠬᠢ ᠵᠠᠷᠴᠢᠮ ᠢ ᠰᠠᠶᠢᠲᠤᠷ ᠪᠠᠷᠢᠮᠲᠠᠯᠠᠨ᠎ᠠ᠃ ᠨᠢᠬᠡ ᠳᠤ ᠬᠦᠭᠵᠢᠯᠲᠡ ᠪᠤᠯ ᠲᠡᠷᠢᠬᠦᠨ ᠡᠬᠦᠷᠬᠡ ᠪᠤᠯᠬᠤ ᠶᠢ ᠭᠤᠶᠢᠪᠠᠰᠢ ᠦᠬᠡᠢ ᠪᠠᠷᠢᠮᠲᠠᠯᠠᠨ᠎ᠠ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠪᠡᠷ ᠨᠡᠮᠡᠭᠲᠡᠬᠦᠯᠬᠦ᠂ ᠠᠵᠤ ᠠᠬᠤᠢ ᠶᠢᠨ ᠪᠦᠲᠦᠴᠡ ᠶᠢ ᠲᠤᠬᠢᠷᠠᠭᠤᠯᠬᠤ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠎ ᠶᠢ ᠭᠤᠶᠢᠪᠠᠰᠢ ᠦᠬᠡᠢ ᠠᠳᠬᠤᠵᠤ᠂ ᠪᠦᠲᠦᠴᠡ ᠪᠠᠨ ᠰᠢᠯᠢᠲᠡᠭᠵᠢᠬᠦᠯᠵᠦ᠂ ᠬᠤᠷᠤᠭᠲᠠᠯ ᠢ ᠪᠠᠭᠠᠰᠬᠠᠵᠤ᠂ ᠶᠠᠰᠤ ᠴᠢᠨᠠᠷ ᠢ ᠲᠡᠬᠡᠭᠰᠢᠯᠡᠬᠦᠯᠬᠦ ᠰᠠᠭᠤᠷᠢᠨ ᠲᠡᠭᠡᠷ᠎ᠡ ᠠᠵᠤ ᠠᠬᠤᠢ ᠶᠢᠨ ᠨᠡᠮᠡᠭᠲᠡᠯ ᠢ ᠪᠠᠲᠤᠯᠠᠵᠤ᠂ ᠠᠵᠤ ᠠᠬᠤᠢ ᠶᠢᠨ ᠬᠦᠭᠵᠢᠯᠲᠡ ᠶᠢᠨ ᠶᠡᠷᠦᠩᠬᠡᠢ ᠦᠷᠢᠰᠦᠯᠲᠦᠬᠡᠨ ᠤ ᠴᠢᠲᠠᠪᠤᠷᠢ ᠪᠠ ᠲᠦᠭᠰᠢᠬᠦᠷᠢ ᠶᠢ ᠡᠰᠡᠷᠬᠦᠴᠡᠬᠦ ᠴᠢᠲᠠᠪᠤᠷᠢ ᠶᠢ ᠲᠡᠭᠡᠭᠰᠢᠯᠡᠬᠦᠯᠦᠨ᠎ᠡ᠃ ᠬᠤᠶᠠᠷ ᠲᠤ ᠲᠦᠷᠦᠯ ᠵᠦᠢᠯ ᠢ ᠴᠢᠩᠭᠠᠳᠬᠠᠬᠤ ᠶᠢ ᠭᠤᠶᠢᠪᠠᠰᠢ ᠦᠬᠡᠢ ᠴᠢᠩᠭ᠎ᠠ ᠠᠳᠬᠤᠨ᠎ᠠ᠃ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠬᠠᠷᠠᠯᠲᠠ ᠪᠠᠨ ᠪᠡᠶᠡᠯᠡᠬᠦᠯᠬᠦ ᠭᠤᠤᠯ ᠠᠴᠢᠶᠠᠯᠠᠭᠴᠢ᠂ ᠡᠬᠦᠷᠬᠡ ᠪᠠᠨ ᠨᠠᠶᠢᠲᠠᠪᠤᠷᠢᠵᠢᠭᠤᠯᠬᠤ ᠰᠢᠭᠤᠳ ᠵᠠᠯᠭᠠᠭᠤᠷ ᠪᠠ ᠠᠵᠢᠯ ᠢᠶᠠᠨ ᠰᠢᠯᠭᠠᠨ ᠪᠠᠶᠢᠴᠠᠭᠠᠬᠤ ᠴᠢᠬᠤᠯᠡ ᠬᠡᠮᠵᠢᠬᠦᠷ ᠪᠤᠯᠭᠠᠵᠤ᠂ ᠲᠦᠷᠦᠯ ᠵᠦᠢᠯ ᠨᠢᠬᠡᠪᠦᠷᠢ ᠶᠢ ᠴᠢᠩᠭ᠎ᠠ ᠠᠳᠬᠤᠨ ᠨᠠᠶᠢᠲᠠᠪᠤᠷᠢᠵᠢᠭᠤᠯᠵᠤ᠂ ᠰᠢᠪᠲᠤᠯᠤᠯᠲᠠ ᠲᠠᠢ ᠪᠤᠯᠭᠠᠵᠤ᠂ ᠦᠷ᠎ᠡ ᠪᠦᠲᠦᠮᠵᠢ ᠭᠠᠷᠭᠠᠨ᠎ᠠ᠃ ᠭᠤᠷᠪᠠ ᠳᠤ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠶᠢ ᠨᠢᠬᠡᠲᠦᠬᠡᠷ ᠬᠠᠷᠠᠯᠲᠠ ᠪᠤᠯᠭᠠᠬᠤ ᠶᠢ ᠭᠤᠶᠢᠪᠠᠰᠢ ᠦᠬᠡᠢ ᠪᠠᠷᠢᠮᠲᠠᠯᠠᠨ᠎ᠡ᠃ ᠶᠠᠲᠠᠭᠤ ᠶᠢ ᠲᠡᠳᠬᠦᠬᠦ ᠪᠤᠭᠤᠮᠲᠠ ᠰᠢᠪᠲᠤᠯᠬᠤ ᠶᠢ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠨᠢᠬᠡᠲᠦᠬᠡᠷ ᠢᠨᠵᠧᠨᠧᠷᠢᠩ ᠪᠤᠯᠭᠠᠵᠤ᠂ ︽ᠨᠢᠬᠡᠲᠦᠬᠡᠷ ᠬᠠᠷᠢᠭᠤᠴᠠᠯᠭᠠᠲᠠᠨ︾᠎ ᠤ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠰᠢᠨ᠎ᠡ ᠨᠢᠬᠡ ᠡᠬᠡᠯᠵᠢ ᠶᠢᠨ ᠶᠠᠲᠠᠭᠤ ᠶᠢ ᠲᠡᠳᠬᠦᠬᠦ ᠪᠤᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠷᠠᠳ ᠤᠨ ᠠᠮᠢᠲᠤᠷᠠᠯ ᠳᠠᠬᠢ ᠪᠡᠯᠡ ᠤᠷᠤᠭᠤᠯᠤᠯᠲᠠ ᠪᠠᠨ ᠦᠷᠬᠦᠯᠵᠢᠯᠡᠨ ᠨᠡᠮᠡᠭᠲᠡᠬᠦᠯᠵᠦ᠂ ᠠᠷᠠᠳ ᠲᠤ ᠠᠰᠢᠭᠲᠠᠢ ᠪᠤᠲᠠᠲᠤ ᠶᠠᠪᠤᠲᠠᠯ ᠢ ᠰᠠᠶᠢᠲᠤᠷ ᠬᠢᠵᠦ᠂ ᠠᠵᠤ ᠠᠬᠤᠢ ᠶᠢᠨ ᠬᠦᠭᠵᠢᠯᠲᠡ ᠶᠢ ᠠᠵᠢᠯ ᠤᠯᠭᠤᠯᠲᠠ ᠶᠢ ᠨᠡᠮᠡᠭᠲᠡᠬᠦᠯᠬᠦ ᠪᠠ ᠠᠷᠠᠳ ᠤᠨ ᠤᠷᠤᠯᠭ᠎ᠠ ᠶᠢ ᠨᠡᠮᠡᠭᠲᠡᠬᠦᠯᠬᠦ ᠯᠤᠭ᠎ᠠ ᠬᠠᠷᠢᠯᠴᠠᠨ ᠵᠤᠬᠢᠴᠠᠭᠤᠯᠬᠤ ᠶᠢ ᠴᠢᠷᠮᠠᠶᠢᠨ ᠠᠬᠢᠭᠤᠯᠵᠤ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠠᠮᠢᠲᠤᠷᠠᠯ ᠤᠨ ᠬᠢᠷᠢ ᠲᠦᠪᠰᠢᠨ ᠢ ᠴᠢᠨᠠᠭᠰᠢᠲᠠ ᠲᠡᠬᠡᠭᠰᠢᠯᠡᠬᠦᠯᠦᠨ᠂ ᠬᠤᠲᠠ ᠬᠦᠲᠡᠭᠡ ᠶᠢᠨ ᠤᠯᠠᠨ ᠨᠡᠶᠢᠲᠡ ᠶᠢᠨ ᠦᠨᠲᠦᠰᠦᠨ ᠦᠢᠯᠡᠴᠢᠯᠡᠭᠡ ᠶᠢ ᠲᠡᠩᠴᠡᠬᠦᠷᠢᠲᠡᠢ ᠪᠤᠯᠭᠠᠬᠤ ᠶᠢ ᠠᠬᠢᠭᠤᠯᠤᠨ᠎ᠠ᠃ ᠲᠦᠷᠪᠡ ᠳᠤ ᠲᠤᠭᠲᠠᠭᠤᠨ ᠢ ᠬᠠᠮᠠᠭᠠᠯᠠᠬᠤ ᠶᠢ ᠨᠢᠬᠡᠲᠦᠬᠡᠷ ᠬᠠᠷᠢᠭᠤᠴᠠᠯᠭ᠎ᠠ ᠪᠤᠯᠭᠠᠵᠤ ᠭᠤᠶᠢᠪᠠᠰᠢ ᠦᠬᠡᠢ ᠪᠠᠷᠢᠮᠲᠠᠯᠠᠨ᠎ᠠ᠃ ᠦᠨᠳᠦᠰᠦᠨ ᠱᠠᠲᠤᠨ ᠤ ᠰᠡᠷᠬᠡᠶᠢᠯᠡᠨ ᠬᠢᠵᠠᠭᠠᠷᠯᠠᠬᠤ ᠰᠢᠰᠲ᠋ᠧᠮ ᠢ ᠪᠦᠲᠦᠬᠡᠨ ᠪᠠᠶᠢᠭᠤᠯᠬᠤ᠂ ᠤᠯᠠᠨ ᠲᠦᠮᠡᠨ ᠤ ᠵᠦᠢ ᠶᠤᠰᠤᠨ ᠤ ᠭᠤᠶᠤᠴᠢᠯᠠᠯ ᠱᠠᠭᠠᠷᠲᠠᠯᠭ᠎ᠠ ᠶᠢ ᠬᠠᠩᠭᠠᠬᠤ ᠪᠠ ᠬᠠᠦᠯᠢ ᠪᠠᠷ ᠵᠠᠰᠠᠭ ᠶᠠᠪᠤᠭᠤᠯᠬᠤ ᠶᠢ ᠨᠡᠩ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠲᠡᠨ ᠲᠡᠮᠡᠴᠡᠬᠦ ᠰᠠᠶᠢᠨ ᠪᠠᠶᠢᠲᠠᠯ ᠢ ᠪᠠᠬᠢᠵᠢᠬᠦᠯᠦᠨ ᠭᠦᠭᠵᠢᠬᠦᠯᠵᠦ ᠂ ᠡᠶ᠎ᠡ ᠵᠤᠬᠢᠴᠠᠯᠲᠤ ᠤᠯᠠᠭᠠᠨᠬᠠᠲᠠ ᠶᠢ ᠪᠦᠲᠦᠬᠡᠨ ᠪᠠᠶᠢᠭᠤᠯᠬᠤ ᠶᠢ ᠰᠢᠨ᠎ᠡ ᠬᠢᠷᠢ ᠲᠦᠪᠰᠢᠨ ᠳᠤ ᠬᠦᠷᠬᠡᠬᠦ ᠶᠢ ᠲᠦᠯᠬᠢᠨ ᠠᠬᠢᠭᠤᠯᠤᠨ᠎ᠠ᠃
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ