2012 ᠣᠨ ᠤ ᠵᠠᠰᠠᠭ ᠤᠨ ᠣᠷᠳᠤᠨ ᠤ ᠢᠯᠡᠳᠬᠡᠯ ︵ᠳᠥᠷᠪᠡ︶
ᠨᠡᠶᠢᠲᠡᠯᠡᠭᠰᠡᠨ ᠴᠠᠭ᠄
2015/11/19
     ︵ᠭᠤᠷᠪᠠ︶ ᠦᠢᠯᠡᠴᠢᠯᠡᠬᠡᠨ ᠤ ᠦᠢᠯᠡᠰ ᠤᠨ ᠲᠡᠰ ᠲᠡᠪᠰᠢᠬᠦ ᠶᠢ ᠠᠬᠢᠭᠤᠯᠵᠤ᠂ ᠭᠤᠷᠪᠠᠲᠤᠭᠠᠷ ᠠᠵᠤ ᠦᠢᠯᠡᠰ ᠤᠨ ᠬᠦᠭᠵᠢᠯᠲᠡ ᠶᠢᠨ ᠬᠡᠮᠵᠢᠶ᠎ᠡ ᠶᠢ ᠲᠡᠬᠡᠭᠰᠢᠯᠡᠬᠦᠯᠦᠨ᠎ᠡ      ᠠᠷᠠᠯᠵᠢᠶ᠎ᠠ ᠬᠤᠲᠠᠯᠲᠤᠭ᠎ᠠ ᠪᠠᠷᠠᠭ᠎ᠠ ᠶᠢᠨ ᠬᠦᠢᠯᠬᠡᠬᠡᠨ ᠤ ᠦᠢᠯᠡᠰ ᠢ ᠶᠡᠬᠡᠪᠡᠷ ᠬᠦᠭᠵᠢᠬᠦᠯᠦᠨ᠎ᠡ᠃ ᠤᠯᠠᠮᠵᠢᠯᠠᠯᠲᠤ ᠠᠷᠠᠯᠵᠢᠶ᠎ᠠ ᠬᠤᠲᠠᠯᠲᠤᠭ᠎ᠠ ᠶᠢᠨ ᠦᠢᠯᠡᠰ ᠎ ᠤᠨ ᠲᠡᠰ ᠲᠠᠪᠬᠤᠷᠭ᠎ᠠ ᠪᠠ ᠬᠢᠷᠢ ᠬᠡᠮᠵᠢᠶ᠎ᠡ ᠶᠢ ᠭᠤᠤᠯᠲᠠᠯᠭᠠᠲᠠᠢ ᠲᠡᠬᠡᠭᠰᠢᠯᠡᠬᠦᠯᠦᠨ᠎ᠡ᠃ ᠭᠤᠤᠯ ᠬᠤᠲᠠ ᠲᠤᠭᠤᠷᠢᠭ ᠤᠨ ᠸᠢᠺᠲ᠋ᠤᠷᠢᠶ᠎ᠠ ᠪᠠᠷᠠᠭ᠎ᠠ ᠬᠤᠲᠠᠯᠲᠤᠭᠠᠨ ᠤ ᠲᠦᠪ᠂ ᠲᠢᠶᠠᠨ ᠹᠧᠩ ᠠᠷᠠᠯᠵᠢᠶ᠎ᠠ ᠬᠤᠲᠠᠯᠲᠤᠭ᠎ᠠ ᠶᠢᠨ ᠬᠤᠲᠠ ᠵᠢᠴᠢ ᠶᠢᠨ ᠰᠢᠶᠠᠩ ᠬᠤᠩ ᠱᠠᠨ᠂ ᠰᠢᠨ ᠲᠢᠶᠠᠨ ᠳ᠋ᠢ᠂ ᠶᠦᠩ ᠶᠧ ᠬᠤᠲᠠ ᠶᠢᠨ ᠦᠷᠬᠡᠨ ᠲᠠᠯᠠᠪᠡᠢ ᠵᠡᠷᠬᠡ ᠲᠤᠮᠤ ᠬᠡᠯᠪᠡᠷᠢ ᠶᠢᠨ ᠠᠷᠠᠯᠵᠢᠶ᠎ᠠ ᠬᠤᠲᠠᠯᠲᠤᠭ᠎ᠠ ᠶᠢᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠸᠠᠨ ᠳ᠋ᠠ ᠦᠷᠬᠡᠨ ᠲᠠᠯᠠᠪᠡᠢ ᠶᠢ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠵᠤ᠂ ᠸᠠᠩ ᠹᠦ᠋ ᠵᠢᠩ ᠵᠡᠷᠬᠡ ᠤᠯᠤᠰ ᠤᠨ ᠲᠤᠲᠤᠭᠠᠲᠤ ᠭᠠᠲᠠᠭᠠᠲᠤ ᠶᠢᠨ ᠨᠡᠷᠡᠲᠦ ᠲᠡᠮᠲᠡᠭ ᠢ ᠤᠷᠤᠭᠤᠯᠤᠨ ᠠᠪᠴᠢᠷᠠᠨ᠎ᠠ︔ ᠬᠤᠰᠢᠭᠤ ᠰᠢᠶᠠᠨ ᠤ ᠲᠤᠮᠤ ᠬᠡᠯᠪᠡᠷᠢ ᠶᠢᠨ ᠬᠤᠲᠠᠯᠲᠤᠭ᠎ᠠ᠂ ᠦᠨᠲᠦᠷ ᠲᠡᠰ ᠤᠨ ᠵᠤᠴᠢᠳ ᠤᠨ ᠪᠠᠭᠤᠲᠠᠯ ᠪᠠ ᠨᠠᠭᠠᠲᠤᠮ ᠲᠤᠭᠯᠠᠭᠠᠮ ᠎ ᠤᠨ ᠦᠢᠯᠡᠴᠢᠯᠡᠬᠡᠨ ᠤ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠬᠡᠳᠬᠡᠨ᠎ᠡ᠃ ᠤᠲᠤ ᠦᠶ᠎ᠡ ᠶᠢᠨ ᠪᠠᠷᠠᠭ᠎ᠠ ᠶᠢᠨ ᠬᠦᠢᠯᠬᠡᠬᠡᠨ ᠤ ᠦᠢᠯᠡᠰ ᠢ ᠢᠲᠡᠪᠬᠢᠲᠡᠢ  ᠬᠦᠭᠵᠢᠬᠦᠯᠦᠨ᠎ᠡ᠃ ᠲᠤᠮᠤ ᠵᠠᠬ᠎ᠠ ᠲᠡᠯᠬᠡᠬᠦᠷ᠂ ᠲᠤᠮᠤ ᠪᠠᠷᠠᠭ᠎ᠠ ᠶᠢᠨ ᠬᠦᠢᠯᠬᠡᠬᠡᠨ ᠢ ᠪᠠᠶᠢᠭᠤᠯᠬᠤ ᠪᠠᠷ ᠵᠤᠭᠰᠤᠴᠠ ᠪᠤᠯᠭᠠᠵᠤ᠂ ᠪᠠᠷᠠᠭ᠎ᠠ ᠶᠢᠨ ᠬᠦᠢᠯᠬᠡᠬᠡᠨ ᠤ ᠦᠢᠯᠡᠰ ᠤᠨ ᠬᠦᠭᠵᠢᠯᠲᠡ ᠶᠢᠨ ᠲᠦᠯᠦᠪᠵᠢᠬᠦᠯᠬᠡ ᠳᠤ ᠲᠤᠬᠢᠷᠠᠭᠤᠯᠤᠯᠲᠠ ᠬᠢᠵᠦ ᠲᠡᠬᠦᠯᠲᠡᠷᠵᠢᠬᠦᠯᠦᠨ᠂ ᠬᠤᠩ ᠱᠠᠨ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠤᠭᠤᠷᠢᠭ᠂ ᠰᠦᠩ ᠱᠠᠨ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠤᠭᠤᠷᠢᠭ᠂ ᠾᠧ ᠮᠸᠢ ᠠᠵᠤ ᠦᠢᠯᠡᠳᠪᠦᠷᠢ ᠠᠷᠠᠯᠵᠢᠶ᠎ᠠ ᠶᠢᠨ ᠬᠦᠷᠢᠶᠡᠯᠡᠩ ᠲᠤᠭᠤᠷᠢᠭ ᠤᠨ ᠪᠦᠲᠦᠬᠡᠨ ᠪᠠᠶᠢᠭᠤᠯᠤᠯᠲᠠ ᠪᠠ ᠬᠦᠭᠵᠢᠯᠲᠠ ᠶᠢ ᠨᠢᠬᠡᠲᠦᠯᠲᠡᠢ ᠲᠦᠯᠦᠪᠵᠢᠬᠦᠯᠵᠦ᠂ ᠭᠤᠤᠯ ᠬᠤᠲᠠ ᠲᠤᠭᠤᠷᠢᠭ ᠤᠨ ᠤᠶᠢᠷᠠᠯᠴᠠᠭ᠎ᠠ ᠲᠡᠬᠦᠷᠬᠡ ᠳᠤ ᠬᠡᠪᠴᠢᠶ᠎ᠡ ᠪᠠᠷ ᠶᠡᠭᠡ᠂ ᠲᠦᠷᠦᠯ ᠵᠦᠢᠯ ᠤᠯᠠᠨ᠂ ᠲᠡᠰ ᠲᠠᠪᠬᠤᠷᠭ᠎ᠠ ᠦᠨᠲᠦᠷ ᠪᠠᠷᠠᠭ᠎ᠠ ᠶᠢᠨ ᠬᠦᠢᠯᠬᠡᠬᠡᠨ ᠤ ᠠᠵᠤ ᠦᠢᠯᠡᠰ ᠤᠨ ᠪᠦᠰᠡ ᠶᠢ ᠪᠦᠲᠦᠬᠡᠨ ᠪᠠᠶᠢᠭᠤᠯᠤᠨ᠎ᠠ᠃ ᠮᠧᠩ ᠳ᠋ᠦᠩ ᠡᠬᠦᠯᠡᠨ ᠪᠤᠲᠤᠯᠲᠠ ᠶᠢᠨ ᠲᠦᠪ᠂ ᠤᠯᠠᠨ ᠤᠯᠤᠰ ᠤᠨ ᠬᠠᠭᠤᠷᠠᠢ ᠭᠠᠷᠠᠮ᠂ ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠬᠡᠬᠡᠨ ᠤ ᠲᠦᠪ ᠵᠡᠷᠬᠡ ᠲᠡᠬᠡᠲᠦ ᠲᠡᠰ ᠤᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠲᠦᠷᠬᠡᠳᠬᠡᠵᠦ᠂ ᠢᠦᠢ ᠷᠦᠨ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢᠨ ᠠᠷᠠᠯᠵᠢᠶ᠎ᠠ ᠶᠢᠨ ᠪᠠᠷᠠᠭ᠎ᠠ ᠬᠦᠷᠬᠡᠬᠦ ᠲᠦᠪ᠂ ᠠᠨᠾᠦ᠋ᠢ ᠶᠢᠨ ᠬᠤᠲᠠᠯᠲᠤᠭᠠᠴᠢᠳ ᠤᠨ ᠡᠪᠯᠡᠯ ᠤᠨ ᠲᠠᠷᠢᠶᠠᠯᠠᠩ ᠤᠨ ᠬᠡᠷᠡᠭᠰᠡᠯ ᠤᠨ ᠵᠠᠬ᠎ᠠ ᠲᠡᠯᠬᠡᠬᠦᠷ ᠢ ᠠᠵᠢᠯ ᠡᠬᠢᠯᠡᠬᠦᠯᠦᠨ ᠪᠦᠲᠦᠬᠡᠨ ᠪᠠᠶᠢᠭᠤᠯᠵᠤ᠂ ᠲᠡᠮᠦᠷᠯᠢᠭ ᠮᠠᠰᠢᠨ ᠴᠠᠬᠢᠯᠭᠠᠨ ᠤ ᠬᠤᠲᠠ ᠶᠢᠨ ᠬᠤᠶᠠᠲᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠵᠦ᠂ ᠪᠠᠷᠠᠭ᠎ᠠ ᠶᠢᠨ ᠬᠦᠢᠯᠬᠡᠬᠡᠨ ᠤ ᠪᠠᠷᠠᠭ᠎ᠠ ᠬᠦᠷᠬᠡᠬᠦ ᠬᠦᠴᠦᠯᠡᠴᠡ ᠶᠢ ᠨᠡᠮᠡᠭᠲᠡᠬᠦᠯᠦᠨ᠂ ᠵᠠᠬ᠎ᠠ ᠲᠡᠯᠬᠡᠬᠦᠷ ᠤᠨ ᠨᠠᠷᠡᠲᠦ ᠲᠡᠮᠲᠡᠭ ᠢ ᠪᠤᠢ ᠪᠤᠯᠭᠠᠨ᠎ᠠ︔ ᠳ᠋ᠠᠪᠠᠨ᠂ ᠠᠤᠬᠠᠨ᠂ ᠪᠤᠷᠤᠬᠤᠲᠠ᠂ ᠲᠡᠬᠡᠲᠦ ᠨᠡᠶᠢᠰᠯᠡᠯ ᠵᠡᠷᠬᠡ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠤᠭᠤᠷᠢᠭ ᠪᠠ ᠲᠤᠰᠬᠠᠢ ᠵᠠᠬ᠎ᠠ ᠲᠡᠯᠬᠡᠬᠦᠷ ᠤᠨ ᠪᠦᠲᠦᠬᠡᠨ ᠪᠠᠶᠢᠭᠤᠯᠤᠯᠲᠠ ᠶᠢ ᠨᠢᠬᠡᠲᠦᠯᠲᠡᠢ ᠲᠦᠯᠦᠪᠵᠢᠬᠦᠯᠦᠨ᠂ ᠨᠡᠬᠦᠷᠡᠰᠦ᠂ ᠠᠮᠤ ᠪᠤᠲᠠᠭ᠎ᠠ᠂ ᠢᠲᠡᠰᠢᠨ ᠨᠤᠭᠤᠭ᠎ᠠ ᠵᠡᠷᠬᠡ ᠪᠠᠷᠠᠭ᠎ᠠ ᠶᠢᠨ ᠬᠦᠢᠯᠬᠡᠬᠡᠨ ᠤ ᠲᠦᠪᠯᠡᠷᠡᠬᠦᠯᠬᠦ ᠲᠠᠷᠬᠠᠭᠠᠬᠤ ᠲᠦᠪ ᠢ ᠪᠠᠶᠢᠭᠤᠯᠤᠨ᠎ᠠ᠃ ᠲᠤᠮᠤ ᠬᠡᠯᠪᠡᠷᠢ ᠶᠢᠨ ᠤᠲᠤ ᠦᠶ᠎ᠡ ᠶᠢᠨ ᠪᠠᠷᠠᠭ᠎ᠠ ᠶᠢᠨ ᠬᠦᠢᠯᠬᠡᠬᠡᠨ ᠤ ᠠᠵᠤ ᠠᠬᠤᠶᠢᠯᠠᠯ ᠢ ᠲᠦᠷᠬᠡᠨ ᠬᠦᠭᠵᠢᠬᠦᠯᠵᠦ᠂ ᠪᠠᠷᠠᠭ᠎ᠠ ᠶᠢᠨ ᠬᠦᠢᠯᠬᠡᠬᠡᠨ ᠤ ᠲᠡᠷᠢᠬᠦᠨ ᠤ ᠮᠡᠷᠬᠡᠵᠢᠯ ᠢ ᠲᠡᠯᠬᠡᠷᠡᠬᠦᠯᠦᠨ ᠬᠡᠷᠡᠭᠯᠡᠵᠦ᠂ ᠪᠠᠷᠠᠭ᠎ᠠ ᠶᠢᠨ ᠬᠦᠢᠯᠬᠡᠬᠡᠨ ᠤ ᠦᠢᠯᠡᠰ ᠤᠨ ᠨᠡᠯᠢᠶᠡᠳ ᠦᠨᠲᠦᠷ ᠲᠡᠰ ᠢᠶᠠᠷ ᠨᠡᠩ ᠲᠦᠷᠬᠡᠨ ᠬᠦᠭᠵᠢᠬᠦ ᠶᠢ ᠪᠡᠶᠡᠯᠡᠬᠦᠯᠦᠨ᠎ᠡ᠃     ᠵᠤᠭᠠᠴᠠᠯ ᠤᠨ ᠦᠢᠯᠡᠰ ᠬᠢᠬᠡᠳ ᠰᠤᠶᠤᠯ ᠤᠨ ᠠᠵᠤ ᠦᠢᠯᠡᠰ ᠤᠨ ᠤᠶᠠᠯᠲᠤᠨ ᠬᠦᠭᠵᠢᠬᠦ ᠶᠢ ᠠᠬᠢᠭᠤᠯᠤᠨ᠎ᠠ᠃ ᠵᠤᠭᠠᠴᠠᠯ ᠤᠨ ᠦᠢᠯᠡᠰ ᠤᠨ ᠰᠤᠶᠤᠯ ᠤᠨ ᠠᠭᠤᠯᠬᠤᠨ ᠢ ᠬᠦᠨᠵᠡᠬᠡᠢ ᠠᠭᠤᠲᠠᠯᠠᠨ᠂ ᠰᠤᠶᠤᠯ ᠢᠶᠠᠷ ᠵᠤᠭᠠᠴᠠᠯ ᠤᠨ ᠬᠡᠷᠡᠭᠯᠡᠬᠡᠨ ᠢ ᠠᠬᠢᠭᠤᠯᠬᠤ ᠦᠢᠯᠡᠲᠦᠯ ᠢ ᠬᠦᠢᠴᠡᠳ ᠪᠠᠲᠠᠷᠠᠭᠤᠯᠵᠤ᠂ ᠵᠤᠭᠠᠴᠠᠯ ᠤᠨ ᠦᠢᠯᠡᠰ ᠎ ᠤᠨ ᠬᠦᠭᠵᠢᠯᠲᠡ ᠶᠢᠨ ᠲᠡᠰ ᠲᠠᠪᠬᠤᠷᠭ᠎ᠠ ᠶᠢ ᠲᠡᠬᠡᠭᠰᠢᠯᠡᠬᠦᠯᠦᠨ᠎ᠡ᠃ ᠴᠢᠯᠠᠭᠤᠨ ᠤᠢ᠂ ᠲᠡᠯ᠎ᠡ ᠨᠤᠲᠤᠭ᠂ ᠤᠢ ᠰᠢᠭᠤᠢ᠂ ᠨᠠᠭᠤᠷ ᠴᠦᠭᠦᠷᠦᠮ᠂ ᠮᠦᠰᠦᠨ ᠤᠭᠤᠷ᠂ ᠮᠦᠰᠦ ᠴᠠᠰᠤ ᠵᠡᠷᠬᠡ ᠵᠤᠭᠠᠴᠠᠯ ᠤᠨ ᠲᠠᠪᠠᠭᠤᠯᠢᠭ ᠡᠬᠢ ᠪᠠᠶᠠᠯᠢᠭ ᠲᠠᠭᠠᠨ ᠲᠦᠰᠢᠭᠯᠡᠨ᠂ ᠤᠨᠴᠠᠯᠢᠭᠲᠤ ᠵᠤᠭᠠᠴᠠᠯ ᠤᠨ ᠲᠦᠷᠦᠯ ᠵᠦᠢᠯ ᠢ ᠨᠡᠬᠡᠬᠡᠨ ᠠᠰᠢᠭᠯᠠᠵᠤ᠂ ᠵᠤᠭᠠᠴᠠᠯ ᠤᠨ ᠲᠦᠬᠦᠬᠡᠷᠦᠮᠵᠢ ᠪᠠᠨ ᠲᠡᠬᠦᠯᠲᠡᠷᠵᠢᠬᠦᠯᠦᠨ ᠰᠠᠶᠢᠵᠢᠷᠠᠭᠤᠯᠵᠤ᠂ ᠵᠤᠨ ᠨᠠᠮᠤᠷ ᠤᠨ ᠵᠤᠭᠠᠴᠠᠯ ᠢ  ᠭᠦᠢᠴᠡᠳ‌‍ᠰᠠᠶᠢᠨ ᠠᠰᠢᠠᠠᠯᠠᠵᠦ᠂ ᠡᠪᠦᠯ ᠤᠨ ᠵᠤᠭᠠᠴᠠᠯ ᠎ ᠢ  ᠭᠦᠭᠵᠢᠭᠡᠨ ᠲᠠᠢ ᠪᠤᠯᠭᠠᠵᠤ᠂ ᠬᠡᠰᠢᠭᠲᠡᠨ ᠤ ᠵᠤᠭᠠᠴᠠᠯ ᠤᠨ ᠨᠡᠷᠡᠲᠤ ᠲᠡᠮᠲᠡᠭ ᠢ ᠲᠦᠪᠯᠡᠷᠡᠩᠭᠦᠢ ᠬᠦᠭᠵᠢᠭᠦᠯᠦᠨ᠂ ᠨᠡᠷ᠎ᠡ ᠠᠯᠲᠡᠷ ᠤᠨ ᠬᠡᠮᠵᠢᠶ᠎ᠡ ᠪᠡ ᠪᠠᠭ᠋ᠠᠷᠤᠯ ᠢ ᠲᠠᠲᠠᠬᠤ ᠬᠡᠮᠵᠢᠶ᠎ᠡ ᠶᠢ ᠪᠦᠬᠦ ᠲᠡᠯ᠎ᠡ ᠪᠠᠷ ᠲᠡᠬᠡᠭᠰᠢᠯᠡᠬᠦᠯᠦᠨ᠎ᠡ᠃ ᠷᠠᠰᠢᠶᠠᠨ ᠤ ᠵᠤᠭᠠᠴᠠᠯ ᠤᠨ ᠡᠬᠢ ᠪᠠᠶᠠᠯᠢᠭ ᠢ ᠶᠡᠬᠡᠪᠡᠷ ᠨᠡᠬᠡᠬᠡᠨ ᠬᠦᠭᠵᠢᠬᠦᠯᠵᠦ᠂ ᠪᠡᠶ᠎ᠡ ᠰᠤᠪᠢᠯᠠᠬᠤ᠂ ᠪᠡᠶ᠎ᠡ ᠴᠢᠬᠢᠷᠠᠭᠵᠢᠭᠤᠯᠬᠤ᠂ ᠵᠤᠭᠠᠴᠠᠨ ᠰᠡᠯᠡᠬᠦᠴᠡᠬᠦ᠂ ᠲᠤᠭᠤᠷᠢᠨ ᠰᠤᠨᠢᠷᠬᠠᠬᠤ ᠶᠢ ᠨᠢᠬᠡ  ᠴᠤᠠᠠᠴᠡ ᠪᠤᠯᠭᠠᠠᠠᠰᠠᠨ ᠷᠠᠰᠢᠶᠠᠨ ᠤ ᠵᠤᠭᠠᠴᠠᠯ ᠤᠨ ᠰᠠᠭᠤᠷᠢᠨ ᠭᠠᠵᠠᠷ ᠢ ᠪᠦᠲᠦᠬᠡᠨ ᠪᠠᠶᠢᠭᠤᠯᠤᠨ᠎ᠠ᠃ ᠤᠯᠠᠭᠠᠨᠬᠠᠲᠠ ᠠᠴᠠ ᠮᠤᠵᠢ ᠶᠢᠨ ᠲᠠᠪᠠᠭ᠎ᠠ ᠬᠦᠷᠬᠦ ᠵᠠᠭᠤᠨ ᠺᠢᠯᠤᠮᠧᠲᠷ ᠤᠨ ᠰᠤᠶᠤᠯ ᠵᠤᠭᠠᠴᠠᠯ ᠤᠨ ᠠᠵᠤ ᠦᠢᠯᠡᠰ ᠤᠨ ᠪᠦᠰᠡ ᠶᠢ ᠲᠦᠯᠦᠪᠵᠢᠬᠦᠯᠦᠨ ᠨᠡᠬᠡᠬᠡᠨ ᠠᠰᠢᠭᠯᠠᠵᠤ᠂ ᠡᠮᠦᠨ᠎ᠡ ᠬᠡᠰᠡᠭ ᠤᠨ ᠬᠤᠰᠢᠭᠤ ᠰᠢᠶᠠᠨ ᠲᠤᠭᠤᠷᠢᠭ ᠤᠨ ᠵᠤᠭᠠᠴᠠᠯ ᠤᠨ ᠠᠵᠤ ᠠᠬᠤᠢ ᠶᠢ ᠲᠦᠷᠬᠡᠨ ᠬᠦᠭᠵᠢᠬᠦᠯᠦᠨ᠎ᠡ᠃ ᠭᠤᠤᠯᠲᠠᠯᠭ᠎ᠠ ᠲᠠᠢ ᠵᠤᠭᠠᠴᠠᠯ ᠤᠨ ᠦᠵᠡᠮᠵᠢ ᠶᠢᠨ ᠲᠤᠭᠤᠷᠢᠭ ᠤᠨ ᠰᠠᠭᠤᠷᠢ ᠲᠦᠬᠦᠬᠡᠷᠦᠮᠵᠢ ᠪᠠ ᠬᠦᠯᠢᠶᠡᠨ ᠠᠪᠬᠤ ᠴᠢᠲᠠᠪᠤᠷᠢ ᠶᠢᠨ ᠪᠦᠲᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠬᠢ ᠰᠢᠯᠢᠲᠡᠭ᠂ ᠦᠪᠡᠷᠮᠢᠴᠡ ᠤᠨᠴᠠᠯᠢᠭ ᠲᠠᠢ ᠵᠤᠭᠠᠴᠠᠯ ᠤᠨ ᠦᠵᠡᠮᠵᠢ ᠶᠢᠨ ᠲᠤᠭᠤᠷᠢᠭ ᠢ ᠪᠤᠢ ᠪᠤᠯᠭᠠᠵᠤ᠂ ᠤᠯᠠᠭᠠᠨᠪᠤᠲᠤᠩ᠂ ᠮᠤᠷᠤᠢ ᠭᠤᠤ᠂ ᠢᠦᠢ ᠯᠦᠩ ᠡᠯᠡᠰᠦᠨ ᠨᠠᠭᠤᠷ᠂ ᠵᠧᠨ ᠵᠢᠢ ᠬᠡᠶᠢᠳ ᠵᠡᠷᠬᠡ ᠦᠵᠡᠮᠵᠢ ᠶᠢᠨ ᠲᠤᠭᠤᠷᠢᠭ ᠤᠨ ᠲᠡᠰ ᠲᠡᠪᠰᠢᠭᠦᠯᠦᠨ ᠲᠡᠭᠡᠭᠰᠢᠯᠡᠭᠦᠯᠵᠦ᠂ ᠤᠯᠤᠰ ᠤᠨ 5A ᠲᠡᠰ ᠤᠨ ᠵᠤᠭᠠᠴᠠᠯ ᠤᠨ ᠦᠵᠡᠮᠵᠢ ᠶᠢᠨ ᠲᠤᠭᠤᠷᠢᠭ ᠢ ᠡᠬᠦᠲᠦᠨ ᠪᠠᠶᠢᠭᠤᠯᠬᠤ ᠠᠬᠢᠴᠠ ᠶᠢ ᠲᠦᠷᠬᠡᠳᠬᠡᠨ᠎ᠡ᠃ ᠴᠢᠦᠢ ᠵᠢᠶᠠᠩ ᠪᠦᠯᠦᠭᠯᠡᠯ᠂ ᠲᠤᠮᠲᠠᠲᠤ ᠤᠯᠤᠰ ᠤᠨ ᠵᠤᠭᠠᠴᠠᠯ ᠤᠨ ᠪᠦᠯᠦᠭᠯᠡᠯ ᠵᠡᠷᠬᠡ ᠠᠯᠲᠠᠷᠲᠤ ᠰᠤᠶᠤᠯ ᠤᠨ ᠵᠤᠭᠠᠴᠠᠯ ᠤᠨ ᠠᠵᠤ ᠠᠬᠤᠶᠢᠯᠠᠯ ᠵᠢᠴᠢ ᠤᠶᠢᠷᠠᠯᠴᠠᠭ᠎ᠠ ᠠᠶᠢᠮᠠᠭ ᠬᠤᠲᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠷᠠᠭᠤᠯᠤᠨ᠂ ᠲᠠᠪᠠᠭᠤᠯᠢᠭ ᠡᠬᠢ ᠪᠠᠶᠠᠯᠢᠭ ᠢᠶᠠᠨ ᠡᠷᠴᠢᠮᠵᠢᠬᠦᠯᠦᠨ ᠨᠡᠬᠡᠬᠡᠨ ᠠᠰᠢᠭᠯᠠᠬᠤ ᠶᠢ ᠠᠬᠢᠭᠤᠯᠤᠨ᠎ᠠ᠃ ᠰᠤᠶᠤᠯ ᠤᠨ ᠠᠵᠤ ᠦᠢᠯᠡᠰ ᠤᠨ ᠪᠡᠯᠡ ᠤᠷᠤᠭᠤᠯᠬᠤ ᠪᠡᠯᠡ ᠬᠦᠢᠯᠬᠡᠬᠡᠬᠦ ᠲᠡᠪᠴᠡᠩ ᠢ  ᠪᠠᠶᠢᠭᠤᠯᠵᠤ᠂ ᠯᠢᠶᠤᠤ ᠶᠢᠨ ᠲᠡᠬᠡᠲᠦ ᠨᠡᠶᠢᠰᠯᠡᠯ ᠰᠤᠶᠤᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ᠂ ᠾᠧ ᠮᠸᠢ ᠰᠤᠶᠤᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠭᠠᠨᠬᠠᠲᠠ ᠲᠤᠮᠤ ᠲᠢᠶᠠᠲᠷ᠂ ᠲᠤᠮᠲᠠᠲᠤ ᠤᠯᠤᠰ ᠤᠨ ᠰᠠᠭᠤᠭᠲᠠᠯ ᠤᠨ ᠬᠤᠳᠠ ᠵᠡᠷᠬᠡ ᠲᠦᠷᠦᠯ ᠵᠦᠢᠯ ᠢ ᠬᠡᠷᠡᠭᠵᠢᠬᠦᠯᠦᠨ᠎ᠡ᠃ ᠤᠯᠠᠭᠠᠨᠬᠠᠲᠠ ᠶᠢᠨ ᠵᠤᠭᠠᠴᠠᠯ ᠤᠨ ᠶᠡᠷᠦᠩᠬᠡᠶᠢᠯᠡᠭᠰᠡᠨ ᠵᠤᠭᠠᠴᠠᠯ ᠎ ᠤᠨ ᠦᠢᠯᠡᠴᠢᠯᠡᠬᠡᠨ ᠤ ᠲᠦᠪ ᠤᠨ ᠪᠦᠲᠦᠬᠡᠨ ᠪᠠᠶᠢᠭᠤᠯᠤᠯᠲᠠ ᠶᠢ ᠲᠦᠷᠬᠡᠳᠬᠡᠨ᠂ ᠵᠤᠭᠠᠴᠠᠯ ᠤᠨ ᠵᠠᠬ᠎ᠠ ᠲᠡᠯᠬᠡᠬᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠵᠤᠭᠠᠴᠠᠯ ᠤᠨ ᠦᠢᠯᠡᠴᠢᠯᠡᠬᠡᠨ ᠤ ᠲᠦᠪᠰᠢᠨ ᠢ ᠲᠡᠬᠡᠭᠰᠢᠯᠡᠬᠦᠯᠦᠨ᠎ᠡ᠃ ᠵᠤᠭᠠᠴᠠᠯ ᠤᠨ ᠤᠬᠠᠭᠤᠯᠭ᠎ᠠ ᠶᠢ ᠴᠢᠩᠭᠠᠳᠬᠠᠨ᠂ ᠲᠦᠪ ᠤᠨ ᠲᠧᠯᠸᠢᠰ ᠵᠡᠷᠬᠡ ᠵᠠᠭᠤᠴᠢ ᠎ ᠯᠤᠭ᠎ᠠ ᠬᠠᠮᠵᠢᠯᠴᠠᠭ᠎ᠠ ᠪᠠᠨ ᠬᠦᠨᠵᠡᠬᠡᠶᠢᠷᠡᠬᠦᠯᠦᠨ᠎ᠡ᠃ ᠵᠤᠭᠠᠴᠠᠭᠰᠠᠳ ᠤᠨ ᠢᠷᠡᠯᠳᠡ ᠶᠢᠨ ᠵᠠᠬ᠎ᠠ ᠲᠡᠯᠬᠡᠬᠦᠷ ᠢ ᠶᠡᠬᠡᠪᠡᠷ ᠨᠡᠬᠡᠬᠡᠵᠦ᠂ ᠪᠦᠬᠦ ᠵᠢᠯ ᠳᠤ 720 ᠲᠦᠮᠡᠨ ᠬᠦᠮᠦᠨ ᠤᠲᠠᠭ᠎ᠠ ᠵᠤᠭᠠᠴᠠᠭᠰᠠᠳ ᠢ ᠬᠦᠯᠢᠶᠡᠨ ᠠᠪᠴᠤ᠂ 110 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ ᠪᠡᠶᠡᠯᠡᠬᠦᠯᠦᠨ᠎ᠡ᠃    ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠰᠢᠰᠲ᠋ᠧᠮ ᠢ ᠲᠡᠬᠦᠯᠲᠡᠷᠵᠢᠬᠦᠯᠦᠨ ᠰᠠᠶᠢᠵᠢᠷᠠᠭᠤᠯᠤᠨ᠎ᠠ᠃ ᠪᠠᠭ᠎ᠠ ᠨᠤᠷᠮᠠᠲᠤ ᠵᠢᠬᠡᠯᠡᠯᠬᠡ ᠶᠢᠨ ᠺᠤᠮᠫᠠᠨᠢ 10᠂ ᠲᠤᠰᠬᠤᠨ ᠪᠠᠯᠭᠠᠰᠤᠨ ᠤ ᠪᠠᠩᠬᠢ 2᠂ ᠤᠯᠠᠭᠠᠨᠬᠠᠲᠠ ᠳᠤ ᠰᠠᠭᠤᠭ᠎ᠠ ᠬᠤᠲᠠᠯᠲᠤᠭᠠᠨ ᠤ ᠪᠠᠩᠬᠢ ᠶᠢᠨ ᠬᠤᠰᠢᠭᠤ ᠰᠢᠶᠠᠨ ᠤ ᠬᠤᠪᠢᠶᠠᠷᠢ ᠰᠠᠯᠪᠤᠷᠢ ᠪᠠᠩᠬᠢ ᠶᠢᠨ ᠪᠠᠶᠢᠭᠤᠯᠤᠮᠵᠢ 5᠎ ᠶᠢ ᠰᠢᠨ᠎ᠡ ᠪᠠᠷ ᠨᠡᠮᠡᠭᠲᠡᠬᠦᠯᠵᠦ᠂ ᠶᠤᠸᠠᠨ ᠪᠤᠤ ᠱᠠᠨ ᠲᠡᠷᠢᠶᠠᠯᠠᠩ ᠤᠨ ᠬᠤᠷᠰᠢᠭᠰᠠᠨ ᠪᠠᠩᠬᠢ᠂ ᠰᠦᠩ ᠱᠠᠨ ᠢᠲᠡᠬᠡᠮᠵᠢ ᠶᠢᠨ ᠬᠤᠯᠪᠤᠭᠠᠲᠤ ᠬᠤᠷᠰᠢᠶ᠎ᠡ ᠶᠢ ᠬᠦᠲᠡᠭᠡ ᠲᠤᠰᠬᠤᠨ ᠤ ᠬᠤᠲᠠᠯᠲᠤᠭᠠᠨ ᠤ ᠪᠠᠩᠬᠢ ᠪᠤᠯᠭᠠᠨ ᠬᠤᠪᠢᠷᠠᠭᠤᠯᠬᠤ ᠶᠢ ᠠᠬᠢᠭᠤᠯᠵᠤ᠂ ᠭᠠᠲᠠᠷ ᠤᠷᠤᠨ ᠤ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠲᠠᠲᠠᠨ ᠤᠷᠤᠭᠤᠯᠬᠤ ᠶᠢ ᠲᠦᠷᠬᠡᠳᠬᠡᠨ᠂ ᠮᠦᠩᠬᠦᠨ ᠬᠦᠢᠯᠬᠡᠬᠡᠨ ᠤ ᠦᠢᠯᠡᠰ ᠤᠨ ᠠᠵᠤ ᠠᠬᠤᠢ ᠨᠡᠶᠢᠬᠡᠮ ᠤᠨ ᠬᠦᠭᠵᠢᠯᠲᠡ ᠳᠤ ᠦᠢᠯᠡᠴᠢᠯᠡᠬᠦ ᠴᠢᠲᠠᠪᠤᠷᠢ ᠶᠢ ᠴᠢᠩᠭᠠᠳᠬᠠᠨ᠎ᠠ᠃ ︽ᠭᠤᠷᠪᠠᠨ ᠲᠠᠷᠢᠶᠠᠯᠠᠩ ᠭᠤᠷᠪᠠᠨ ᠮᠠᠯᠵᠢᠯ︾᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ᠂ ᠲᠤᠮᠲᠠ ᠪᠠᠭ᠎ᠠ ᠠᠵᠤ ᠠᠬᠤᠶᠢᠯᠠᠯ᠂ ᠠᠷᠠᠳ ᠤᠨ ᠠᠮᠢᠲᠤᠷᠠᠯ ᠤᠨ ᠢᠨᠵᠧᠨᠧᠷᠢᠩ ᠤᠨ ᠢᠲᠡᠬᠡᠮᠵᠢᠲᠤ ᠵᠢᠬᠡᠯᠡᠯᠬᠡ ᠶᠢ ᠲᠡᠮᠵᠢᠬᠦ ᠡᠷᠴᠢᠮ ᠢᠶᠠᠨ ᠴᠢᠩᠭᠠᠳᠬᠠᠵᠤ᠂ ᠢᠲᠡᠬᠡᠮᠵᠢᠲᠤ ᠵᠢᠬᠡᠯᠡᠯᠬᠡ ᠲᠠᠯᠪᠢᠬᠤ ᠶᠡᠷᠦᠩᠬᠡᠢ ᠨᠤᠷᠮ᠎ᠠ ᠶᠢ 20%᠎ ᠠᠴᠠ ᠲᠡᠬᠡᠭᠰᠢ ᠨᠡᠮᠡᠭᠲᠡᠬᠦᠯᠦᠨ᠎ᠡ᠃ ᠮᠦᠩᠬᠦᠨ ᠬᠦᠢᠯᠬᠡᠬᠡᠨ ᠤ ᠬᠤᠲᠠᠯᠲᠤᠭᠠᠨ ᠤ ᠶᠠᠪᠤᠲᠠᠯ ᠤᠨ ᠲᠤᠭᠤᠷᠢᠭ ᠢ ᠲᠦᠯᠦᠪᠵᠢᠭᠦᠯᠤᠨ ᠪᠠᠶᠢᠭᠤᠯᠬᠤ ᠶᠢ ᠡᠬᠢᠯᠡᠬᠦᠯᠵᠦ᠂ ᠲᠦᠪᠯᠡᠷᠡᠨ ᠬᠦᠭᠵᠢᠬᠦ᠂ ᠪᠦᠬᠦ ᠬᠤᠲᠠ ᠳᠤ ᠦᠢᠯᠡᠴᠢᠯᠡᠬᠦ ᠮᠦᠩᠬᠦᠨ ᠬᠦᠢᠯᠬᠡᠬᠡᠨ ᠤ ᠠᠵᠤ ᠦᠢᠯᠡᠰ ᠤᠨ ᠲᠤᠭᠤᠷᠢᠭ ᠢ ᠪᠦᠲᠦᠬᠡᠨ ᠪᠠᠶᠢᠭᠤᠯᠤᠨ᠎ᠠ᠃ ᠲᠤᠮᠲᠠ ᠪᠠᠭ᠎ᠠ ᠠᠵᠤ ᠠᠬᠤᠶᠢᠯᠠᠯ ᠤᠨ ᠨᠡᠶᠢᠯᠡᠮᠡᠯ ᠵᠢᠬᠡᠯᠡᠯᠬᠡ ᠶᠢᠨ ᠲᠡᠮᠲᠡᠭ᠂ ᠫᠢᠶᠤᠤ ᠪᠠᠷᠢᠮᠲᠠ ᠶᠢ ᠲᠠᠷᠬᠠᠭᠠᠬᠤ ᠠᠵᠢᠯ ᠢ ᠠᠬᠢᠭᠤᠯᠵᠤ᠂ ᠦᠩᠬᠡᠲᠦ ᠲᠡᠮᠦᠷᠯᠢᠭ᠂ ᠰᠢᠨ᠎ᠡ ᠡᠨᠧᠷᠭᠢ᠂ ᠪᠠᠶᠢᠭᠠᠯᠢᠯᠢᠭ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢᠨ ᠦᠪᠡᠷᠲᠡᠬᠡᠨ ᠴᠤᠭᠯᠠᠭᠤᠯᠤᠭᠰᠠᠨ ᠰᠠᠭᠤᠷᠢ ᠮᠦᠩᠬᠦ ᠶᠢ ᠬᠦᠭᠵᠢᠬᠦᠯᠦᠨ᠂ ᠵᠢᠬᠡᠯᠡᠯᠬᠡ ᠶᠢᠨ ᠲᠡᠮᠳᠡᠭ ᠢᠶᠠᠷ ᠪᠡᠯᠡ ᠬᠦᠢᠯᠬᠡᠬᠡᠬᠦ ᠪᠠ ᠰᠲ᠋ᠤᠺ ᠤᠨ ᠡᠷᠭᠡ ᠪᠠᠷ ᠪᠡᠯᠡ ᠤᠷᠤᠭᠤᠯᠬᠤ ᠵᠠᠬ᠎ᠠ ᠲᠡᠯᠬᠡᠬᠦᠷ ᠢ ᠬᠦᠭᠵᠢᠭᠦᠯᠦᠨ᠎ᠡ᠃ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠤ ᠭᠠᠷᠬᠤ ᠠᠵᠢᠯ ᠢ ᠦᠷᠬᠦᠯᠵᠢᠯᠡᠨ ᠰᠠᠶᠢᠨ ᠬᠢᠵᠤ᠂ ᠰᠠᠢ ᠹᠸᠢ ᠶᠠ᠂ ᠯᠢᠩ ᡁᠢ ᠲᠦᠮᠦᠰᠦ᠂ ᠵᠢᠢ ᠯᠦᠩ ᠠᠭᠤᠷᠬᠠᠢ ᠶᠢᠨ ᠦᠢᠯᠡᠰ ᠵᠡᠷᠭᠡ ᠠᠵᠦ ᠠᠬᠤᠶᠢᠯᠠᠯ ᠢ ᠬᠦᠷᠦᠩᠬᠡ ᠮᠦᠩᠬᠦ ᠶᠢᠨ ᠵᠠᠬ᠎ᠠ ᠲᠡᠯᠬᠡᠬᠦᠷ ᠲᠤ ᠲᠦᠷᠭᠡᠭᠡᠨ ᠤᠷᠤᠭᠤᠯᠬᠤ ᠶᠢ ᠠᠬᠢᠭᠤᠯᠤᠨ᠎ᠠ᠃     ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠬᠡᠷᠡᠭᠯᠡᠬᠡᠨ ᠢ ᠦᠷᠬᠡᠳᠬᠡᠨ᠎ᠡ᠃ ᠤᠷᠤᠯᠭ᠎ᠠ ᠶᠢ ᠨᠡᠮᠡᠭᠳᠡᠭᠦᠯᠭᠦ ᠪᠠᠷ ᠬᠡᠷᠡᠭᠯᠡᠬᠡᠨ ᠢ ᠠᠭᠢᠭᠤᠯᠬᠤ ᠶᠢ ᠪᠠᠷᠢᠮᠲᠠᠯᠠᠵᠤ ᠂ ᠬᠤᠲᠠ ᠬᠦᠲᠡᠭᠡ ᠶᠢᠨ ᠰᠠᠭᠤᠭᠠᠯᠢ ᠠᠷᠠᠳ ᠤᠨ  ᠬᠡᠷᠡᠭᠯᠡᠭᠡᠨ ᠤ ᠴᠢᠳᠠᠪᠦᠷᠢ ᠶᠢ ᠲᠡᠭᠡᠭᠰᠢᠯᠡᠭᠦᠯᠵᠦ᠂ ᠰᠢᠨ᠎ᠡ ᠬᠡᠷᠡᠭᠯᠡᠬᠡᠨ ᠤ ᠬᠠᠯᠠᠮᠰᠢᠯ ᠢ ᠲᠦᠷᠬᠡᠨ ᠪᠤᠢ ᠪᠤᠯᠭᠠᠵᠤ᠂ ᠬᠡᠷᠡᠭᠯᠡᠬᠡᠨ ᠤ ᠪᠦᠲᠦᠴᠡ ᠶᠢᠨ ᠲᠡᠰ ᠲᠡᠪᠰᠢᠬᠦ ᠶᠢ ᠠᠬᠢᠭᠤᠯᠤᠨ᠎ᠠ᠃ ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠲᠤᠤᠷᠵᠢᠯ ᠢ ᠲᠡᠬᠦᠯᠲᠡᠷᠵᠢᠬᠦᠯᠦᠨ᠂ ᠭᠡᠷ  ᠵᠠᠭᠤᠷ᠎ᠠ ᠎ ᠶᠢᠨ ᠠᠵᠢᠯ ᠭᠢᠭᠦ᠂ ᠨᠠᠰᠤᠲᠠᠨ ᠢ ᠠᠰᠠᠷᠠᠬᠤ᠂ ᠬᠡᠦᠬᠡᠳ ᠠᠷᠠᠴᠢᠯᠠᠬᠤ ᠵᠡᠷᠬᠡ ᠠᠷᠠᠳ ᠲᠤ ᠲᠦᠬᠦᠮ ᠦᠢᠯᠡᠴᠢᠯᠡᠬᠡᠨ ᠤ ᠦᠢᠯᠡᠰ ᠢ ᠶᠡᠬᠡᠪᠡᠷ ᠬᠦᠭᠵᠢᠬᠦᠯᠦᠨ᠎ᠡ᠃ ᠵᠤᠭᠠᠴᠠᠨ ᠰᠡᠯᠡᠬᠦᠴᠡᠬᠦ ᠪᠡᠶ᠎ᠡ ᠴᠢᠬᠢᠷᠠᠭᠵᠢᠭᠤᠯᠬᠤ᠂ ᠴᠢᠮᠡᠭᠡ ᠨᠡᠪᠲᠡᠷᠡᠯᠬᠡ ᠵᠡᠷᠬᠡ ᠬᠡᠷᠡᠭᠯᠡᠬᠡᠨ ᠤ ᠬᠦᠷᠢᠶ᠎ᠡ ᠶᠢ ᠦᠷᠬᠡᠵᠢᠬᠦᠯᠵᠦ᠂ ᠰᠢᠨᠵᠢᠯᠡᠬᠦ ᠤᠬᠠᠭᠠᠨ ᠮᠡᠷᠬᠡᠵᠢᠯ᠂ ᠰᠤᠷᠭᠠᠨ ᠬᠦᠮᠦᠵᠢᠯ᠂ ᠰᠤᠶᠤᠯ ᠬᠡᠬᠡᠷᠡᠯ ᠵᠡᠷᠭᠡ ᠤᠶᠤᠨ ᠤ ᠦᠢᠯᠡᠳᠬᠦᠨ ᠤ ᠬᠡᠷᠡᠭᠯᠡᠬᠡᠨ ᠢ ᠠᠬᠢᠭᠤᠯᠤᠨ᠎ᠠ᠃ ᠰᠢᠨ᠎ᠡ ᠲᠤᠤᠷᠵᠢᠯ ᠤᠨ ᠢᠨᠵᠧᠨᠧᠷᠢᠩ᠂ ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠬᠡᠬᠦᠷ ᠤᠨ ᠢᠨᠵᠧᠨᠧᠷᠢᠩ ᠪᠠ ᠬᠡᠷ ᠪᠦᠯᠢ ᠶᠢᠨ ᠴᠠᠬᠢᠯᠭᠠᠨ ᠬᠡᠷᠡᠭᠰᠡᠯ ᠢ ᠬᠦᠲᠡᠭᠡ ᠪᠠᠭᠤᠯᠭᠠᠬᠤ ᠢᠨᠵᠧᠨᠧᠷᠢᠩ ᠢ ᠠᠬᠢᠭᠤᠯᠵᠤ᠂ ᠪᠠᠷᠠᠭ᠎ᠠ ᠬᠦᠷᠬᠡᠬᠦ ᠲᠦᠪ10᠂ ᠬᠦᠲᠡᠭᠡ ᠲᠤᠰᠬᠤᠨ ᠮᠠᠯᠵᠢᠬᠤ ᠤᠷᠤᠨ ᠤ ᠡᠯ᠎ᠠ ᠲᠦᠷᠦᠯ ᠤᠨ  ᠡᠵᠡᠩᠨᠡᠯᠳᠡ ᠶᠢᠨ ᠲᠤᠤᠷ ᠴᠢᠭ᠋ 320᠎ ᠶᠢ ᠰᠢᠨ᠎ᠠ ᠎ ᠪᠠᠷ ᠪᠠᠶᠢᠭᠤᠯᠬᠤ  ᠪᠤᠶᠦ ᠦᠭᠡᠷᠡᠴᠢᠯᠡᠨ ᠪᠠᠶᠢᠭᠤᠯᠵᠦ᠂  ᠪᠠᠷᠢᠮᠵᠢᠶᠠᠵᠢᠠᠠᠰᠠᠨ ᠲᠡᠷᠢᠶᠠᠴᠢᠨ ᠠᠶᠢᠯ ᠤᠨ ᠬᠤᠳᠠᠯᠳᠤᠭ᠎ᠠ150᠎ ᠶᠢ ᠰᠢᠨ᠎ᠠ ᠪᠠᠷ ᠨᠡᠮᠡᠭᠳᠡᠭᠦᠯᠦᠨ᠎ᠠ᠃ ᠰᠢᠨ᠎ᠠ ᠰᠤᠷᠭᠤᠭ ᠲᠡᠷᠢᠶᠠᠯᠠᠩ ᠤᠨ  ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠰᠢᠰᠲ᠋ᠧᠮ ᠤᠨ  ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠵᠠᠬ᠎ᠠ ᠲᠡᠯᠭᠡᠭᠦᠷ ᠤᠨ ᠬᠠᠨᠭ᠍ᠭᠠᠯᠭ᠎ᠠ ᠪᠡ ᠦᠨ᠎ᠠ ᠬᠠᠨᠭ᠍ᠰᠢ ᠶᠢᠨ ᠲᠤᠠᠠᠳᠠᠭᠤᠨ ᠢ ᠪᠠᠳᠤᠯᠠᠨ᠎ᠠ᠃ ᠵᠠᠬ᠎ᠠ ᠲᠡᠯᠭᠡᠭᠦᠷ ᠤᠨ ᠡᠮᠭᠢ ᠲᠢᠭᠯᠢᠮ ᠢ ᠶᠡᠭᠡᠪᠡᠷ ᠴᠡᠭᠴᠡᠯᠡᠨ ᠵᠢᠷᠤᠮᠵᠢᠭᠤᠯᠵᠦ᠂ ᠬᠡᠷᠡᠭᠯᠡᠭᠡᠨ ᠤ ᠤᠷᠴᠢᠨ ᠲᠤᠭᠤᠷᠢᠨ ᠢ ᠰᠢᠯᠢᠳᠡᠭᠵᠢᠭᠦᠯᠵᠦ᠂  ᠪᠠᠷᠠᠭᠠᠨ ᠤ  ᠦᠨ᠎ᠠ ᠶᠢ ᠲᠤᠠᠠᠳᠠᠪᠤᠷᠢᠵᠢᠭᠤᠯᠤᠨ ᠭᠢᠵᠠᠭᠠᠷᠯᠠᠬᠤ ᠡᠯ᠎ᠠ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ ᠶᠢ ᠪᠠᠳᠤᠯᠠᠨ᠎ᠠ᠃     ︵ᠲᠦᠷᠪᠡ︶ ᠰᠠᠭᠤᠷᠢ ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂  ᠦᠷᠭᠦᠯᠵᠢᠯᠡᠨ ᠭᠦᠭᠵᠢᠭᠦ ᠴᠢᠳᠠᠪᠤᠷᠢ ᠪᠠᠨ ᠲᠡᠭᠡᠭᠰᠢᠯᠡᠭᠦᠯᠦᠨ᠎ᠠ     ᠬᠤᠲᠠ ᠪᠠᠯᠭᠠᠰᠤᠵᠢᠬᠤ ᠠᠭᠢᠴᠡ ᠶᠢ ᠲᠦᠷᠭᠡᠨ ᠠᠭᠢᠭᠤᠯᠤᠨ᠎ᠠ᠃ ᠲᠦᠯᠦᠪᠵᠢᠭᠦᠯᠭᠡ ᠶᠢ ᠤᠷᠢᠳᠡᠪᠡᠷ ᠭᠢᠭᠦ ᠶᠢ ᠪᠠᠷᠢᠮᠳᠠᠯᠠᠵᠦ᠂ ᠤᠯᠠᠭᠠᠨᠬᠠᠳᠠ ᠬᠤᠳᠠ ᠶᠢᠨ ᠬᠤᠳᠠ ᠶᠢᠨ ᠶᠡᠷᠤᠩᠭᠡᠢ ᠲᠦᠯᠦᠪᠵᠢᠭᠦᠯᠭᠡ ᠶᠢ ᠵᠠᠰᠠᠪᠤᠷᠢ ᠤᠷᠤᠭᠤᠯᠤᠨ ᠨᠡᠶᠢᠷᠠᠭᠤᠯᠵᠦ᠂ ᠭᠤᠤᠯ ᠬᠤᠳᠠ ᠲᠤᠭᠤᠷᠢᠭ ᠤᠨ ᠢᠯᠴᠢ ᠬᠠᠨᠭ᠍ᠭᠠᠬᠤ᠂ ᠤᠰᠤ ᠬᠠᠨᠭ᠍ᠭᠠᠬᠤ᠂  ᠭᠡᠢ ᠬᠠᠨᠭ᠍ᠭᠠᠬᠤ᠂ ᠵᠠᠮ ᠬᠠᠷᠢᠯᠴᠠᠭ᠎ᠠ᠂ ᠡᠪᠡᠰᠤᠳᠦ ᠭᠠᠵᠠᠷ᠂ ᠨᠠᠶᠢᠳᠡ ᠶᠢᠨ ᠵᠤᠷᠯᠤᠩ ᠪᠡ ᠪᠠᠷᠠᠭᠤᠨ ᠠᠭᠤᠯᠠᠨ ᠤ ᠴᠡᠴᠡᠷᠯᠢᠭ ᠵᠡᠷᠭᠡ ᠲᠤᠰᠬᠠᠢ ᠵᠦᠢᠯ ᠤᠨ  ᠲᠦᠯᠦᠪᠵᠢᠭᠦᠯᠭᠡ ᠶᠢ ᠨᠠᠶᠢᠷᠠᠭᠤᠯᠤᠨ ᠲᠤᠠᠠᠳᠠᠭᠠᠬᠤ ᠶᠢ ᠡᠭᠢᠯᠡᠨ ᠭᠢᠵᠦ᠂ ᠰᠢᠶᠤᠦ ᠰᠢᠨ ᠳ᠋ᠢ ᠲᠤᠭᠤᠶᠢᠯᠡᠩ  ᠪᠦᠯᠦᠭᠯᠡᠯ᠂ ᠪᠡ  ᠵᠢᠶᠠ ᠲᠤᠭᠤᠶᠢᠯᠡᠩ  ᠪᠦᠯᠦᠭᠯᠡᠯ ᠤᠨ ᠡᠵᠡᠮᠰᠢᠯ ᠤᠨ ᠴᠢᠨᠠᠷᠳᠡᠢ ᠨᠡᠷᠢᠨ ᠲᠦᠯᠦᠪᠵᠢᠭᠦᠯᠭᠡ ᠶᠢ ᠵᠠᠰᠠᠪᠤᠷᠢ ᠤᠷᠤᠭᠤᠯᠤᠨ ᠨᠠᠶᠢᠷᠠᠭᠤᠯᠵᠦ᠂ ᠬᠤᠰᠢᠭᠤ ᠰᠢᠶᠠᠨ ᠤ ᠬᠤᠳᠠ ᠪᠠᠯᠭᠠᠰᠤᠨ ᠤ ᠲᠦᠯᠦᠪᠵᠢᠭᠦᠯᠭᠡ ᠶᠢ ᠨᠡᠶᠢᠷᠠᠭᠤᠯᠤᠨ ᠲᠤᠠᠠᠳᠠᠭᠠᠬᠤ ᠭᠢᠷᠢ ᠭᠡᠮᠵᠢᠶ᠎ᠠ ᠪᠠᠨ ᠲᠡᠭᠡᠭᠰᠢᠯᠡᠭᠦᠯᠦᠨ᠎ᠠ᠃ ᠬᠤᠳᠠ ᠪᠠᠯᠭᠠᠰᠤᠨ ᠤ  ᠰᠠᠭᠤᠷᠢ ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠡᠷᠴᠢᠮ ᠢᠶᠠᠨ  ᠴᠢᠩᠭᠠᠷᠠᠭᠤᠯᠵᠦ᠂ ᠪᠦᠭᠦ ᠬᠤᠳᠠ ᠳᠤ ᠬᠤᠳᠠ ᠶᠢᠨ ᠶᠠᠪᠤᠳᠠᠯ ᠤᠨ ᠪᠦᠲᠦᠬᠡᠨ ᠪᠠᠶᠢᠭᠤᠯᠤᠯᠳᠠ ᠶᠢᠨ157 ᠲᠦᠷᠦᠯ ᠵᠦᠢᠯ ᠢ ᠭᠡᠷᠡᠭᠵᠢᠭᠦᠯᠵᠦ᠂ 76 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠭᠦ ᠪᠠᠷ ᠲᠦᠯᠦᠪᠯᠡᠵᠦ ᠪᠠᠶᠢᠨ᠎ᠠ᠃ ᠬᠠᠭᠤᠴᠢᠨ ᠬᠤᠳᠠ ᠶᠢ ᠦᠭᠡᠷᠡᠴᠢᠯᠡᠭᠦ᠂ ᠰᠢᠨ᠎ᠠ ᠬᠤᠳᠠ ᠶᠢ ᠦᠷᠭᠡᠳᠭᠡᠭᠦ᠂ ᠲᠤᠭᠤᠷᠢᠮ ᠵᠠᠮ ᠵᠠᠰᠠᠬᠤ᠂ ᠲᠦᠪᠬᠢᠨᠡᠬᠦᠯᠬᠦ ᠤᠷᠤᠨ ᠰᠠᠭᠤᠴᠠ ᠶᠢᠨ ᠢᠨᠵᠧᠨᠧᠷᠢᠩ ᠢ ᠦᠷᠬᠦᠯᠵᠢᠯᠡᠨ ᠠᠬᠢᠭᠤᠯᠵᠤ᠂ ᠭᠤᠤᠯ ᠬᠤᠳᠠ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠭᠢᠷᠢ ᠭᠡᠮᠵᠢᠶ᠎ᠠ ᠶᠢ ᠪᠦᠭᠦ ᠲᠠᠯ᠎ᠠ ᠪᠠᠷ ᠲᠡᠭᠡᠭᠰᠢᠯᠡᠭᠦᠯᠦᠨ᠎ᠠ᠃ ᠬᠠᠭᠤᠴᠢᠨ ᠪᠠᠭ᠎ᠠ ᠲᠤᠭᠤᠷᠢᠭ ᠢ ᠦᠭᠡᠷᠡᠴᠢᠯᠡᠨ ᠵᠠᠰᠠᠬᠤ ᠶᠢ 100 ᠲᠦᠮᠡᠨ ᠲᠡᠭᠰᠢ ᠲᠦᠷᠪᠡᠯᠵᠢᠨ ᠮᠧᠲᠷ ᠪᠡᠶᠡᠯᠡᠭᠦᠯᠵᠦ᠂ ᠲᠦᠬᠦᠮ ᠪᠦᠲᠦᠴᠡᠲᠦ ᠤᠷᠤᠨ ᠰᠠᠭᠤᠴᠠ ᠪᠡ ᠬᠤᠳᠠ ᠲᠤᠮᠳᠠᠭᠢ ᠲᠤᠰᠬᠤᠨ ᠤ ᠦᠭᠡᠷᠡᠴᠢᠯᠡᠯᠳᠡ ᠶᠢ ᠡᠮᠭᠢ ᠲᠠᠷᠠᠭ᠎ᠠ ᠲᠠᠢ ᠭᠢᠵᠦ᠂ ᠡᠯ᠎ᠠ ᠲᠦᠷᠦᠯ ᠤᠨ  ᠪᠠᠳᠤᠯᠠᠭ᠎ᠠ ᠶᠢᠨ ᠴᠢᠨᠠᠷᠳᠡᠢ ᠤᠷᠤᠨ ᠰᠠᠭᠤᠴᠡ ᠶᠢ 2.3 ᠲᠦᠮᠡᠨ ᠢᠵᠢ ᠰᠢᠨ᠎ᠠ ᠪᠠᠷ ᠪᠠᠶᠢᠭᠤᠯᠤᠨ᠎ᠠ᠃ ᠪᠡ ᠵᠢᠶᠠ ᠲᠤᠭᠤᠶᠢᠯᠡᠩ ᠪᠦᠯᠦᠭᠯᠡᠯ ᠤᠨ ᠦᠢᠯᠡᠴᠢᠯᠡᠭᠡᠨ ᠤ ᠴᠢᠳᠡᠪᠭᠢ ᠶᠢ ᠴᠢᠨ᠋ᠬᠠᠰᠢᠳᠡ ᠲᠡᠭᠦᠯᠳᠡᠷᠵᠢᠭᠦᠯᠦᠨ᠂ ᠰᠢᠶᠤᠦ ᠰᠢᠨ ᠳ᠋ᠢ ᠲᠤᠭᠤᠶᠢᠯᠡᠩ ᠪᠦᠯᠦᠭᠯᠡᠯ ᠤᠨ ᠪᠦᠳᠦᠭᠡᠨ ᠪᠠᠶᠢᠭᠤᠯᠤᠯᠳᠠ ᠶᠢ ᠠᠭᠢᠭᠤᠯᠤᠨ᠎ᠠ᠃ ᠭᠦᠭᠦᠷᠭᠡᠨ ᠠᠷᠦ ᠳᠠᠬᠢ ᠲᠤᠭᠤᠶᠢᠯᠡᠩ ᠪᠦᠯᠦᠭᠯᠡᠯ᠂ ᠰᠦᠩ ᠪᠸᠢ ᠰᠢᠨ᠎ᠠ ᠬᠤᠳᠠ ᠶᠢᠨ ᠰᠠᠭᠤᠷᠢ ᠲᠦᠭᠦᠭᠡᠷᠤᠮᠵᠢ᠂ ᠲᠤᠰᠬᠠᠢ ᠪᠠᠭ᠎ᠠ ᠲᠤᠭᠤᠷᠢᠭ ᠪᠡ ᠬᠤᠳᠠᠯᠳᠤᠭ᠎ᠠ ᠨᠡᠭᠡᠭᠡᠨ ᠠᠰᠢᠠᠠᠯᠠᠬᠤ ᠵᠡᠷᠭᠡ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠬᠤᠳᠠ ᠶᠢᠨ ᠭᠡᠪᠴᠢᠶ᠎ᠠ ᠶᠢ ᠦᠷᠭᠦᠯᠵᠢᠯᠡᠨ ᠶᠡᠭᠡᠰᠭᠡᠵᠦ᠂ ᠭᠤᠤᠯ ᠬᠤᠳᠠ ᠲᠤᠭᠤᠷᠢᠭ ᠤᠨ ᠪᠠᠭᠳᠠᠭᠠᠮᠵᠢ ᠪᠡ ᠨᠦᠯᠤᠭᠡᠯᠡᠭᠦ ᠴᠢᠳᠡᠪᠤᠷᠢ ᠶᠢ ᠴᠢᠩᠭᠠᠳᠬᠠᠨ᠎ᠠ᠃ ᠰᠢᠨ᠎ᠠ ᠬᠤᠳᠠ ᠲᠤᠭᠤᠷᠢᠭ ᠤᠨ ᠬᠠᠮᠢᠶᠠᠷᠤᠯᠳᠠ ᠎ ᠶᠢᠨ ᠰᠢᠰᠲ᠋ᠧᠮ ᠢ ᠰᠢᠯᠤᠭᠤᠳᠬᠠᠵᠦ᠂ ᠨᠢᠭᠡᠳᠤᠯᠳᠡᠢ ᠲᠦᠯᠦᠪᠯᠡᠭᠦ᠂ ᠭᠢᠨᠠᠨ ᠬᠠᠮᠢᠶᠠᠷᠬᠤ᠂ ᠵᠤᠭᠢᠴᠠᠭᠤᠯᠬᠤ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ᠲᠤᠭᠤᠶᠢᠯᠡᠩ ᠪᠦᠯᠦᠭᠯᠡᠯ ᠤᠨ ᠬᠤᠭᠤᠷᠤᠨᠳᠤᠭᠢ ᠰᠠᠭᠤᠷᠢ ᠲᠦᠭᠦᠭᠡᠷᠤᠮᠵᠢ ᠶᠢ ᠵᠤᠯᠭᠠᠭᠤᠯᠬᠤ ᠪᠤᠯᠤᠨ ᠠᠵᠦ ᠦᠢᠯᠡᠰ ᠢ ᠵᠤᠭᠢᠴᠠᠩᠭᠤᠢ ᠭᠦᠭᠵᠢᠭᠦᠯᠭᠦ ᠶᠢ ᠠᠭᠢᠭᠤᠯᠤᠨ᠎ᠠ᠃ ᠲᠦᠷᠢᠶᠡᠰᠦᠨ ᠮᠠᠰᠢᠨ ᠤ ᠦᠢᠯᠡᠴᠢᠯᠡᠭᠡᠨ ᠤ ᠲᠦᠪᠰᠢᠨ ᠢ ᠵᠢᠷᠤᠮᠵᠢᠭᠦᠯᠦᠨ ᠲᠡᠭᠡᠭᠰᠢᠯᠡᠭᠦᠯᠵᠦ᠂ ᠬᠤᠳᠠ ᠶᠢᠨ ᠨᠡᠶᠢᠳᠡ ᠶᠢᠨ ᠮᠠᠰᠢᠨ ᠢ ᠶᠡᠭᠡᠪᠡᠷ ᠬᠦᠭᠵᠢᠭᠦᠯᠦᠨ ︽ᠨᠢᠭᠡ ᠲᠤᠭᠤᠷᠢᠮ ᠬᠤᠶᠠᠷ ᠵᠠᠮ︾  ᠎ ᠢ ᠦᠭᠡᠷᠡᠴᠢᠯᠡᠨ ᠪᠠᠶᠢᠭᠤᠯᠵᠦ᠂ ᠭᠤᠤᠯ ᠬᠤᠳᠠ ᠲᠤᠭᠤᠷᠢᠭ ᠤᠨ ᠵᠠᠮ ᠨᠡᠪᠳᠡᠷᠡᠯᠭᠡ ᠶᠢᠨ ᠴᠢᠳᠠᠪᠤᠷᠢ ᠶᠢ ᠲᠡᠭᠡᠭᠰᠢᠯᠡᠭᠦᠯᠦᠨ᠎ᠠ᠃ ᠬᠤᠰᠢᠭᠤ ᠰᠢᠶᠠᠨ ᠤ ᠵᠠᠰᠠᠭ ᠤᠨ ᠤᠷᠲᠤᠨ ᠤ ᠰᠠᠭᠤᠭ᠎ᠠ ᠪᠠᠯᠭᠠᠰᠦ ᠪᠡ ᠭᠤᠤᠯᠳᠠᠯᠭᠠᠳᠡᠢ ᠵᠢᠵᠢᠭ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠤᠯᠠᠨ ᠨᠡᠶᠢᠳᠡ ᠶᠢᠨ ᠦᠨᠳᠤᠰᠤᠨ ᠦᠢᠯᠡᠴᠢᠯᠡᠭᠡᠨ ᠢ ᠦᠨᠳᠤᠰᠤᠨ ᠱᠠᠳᠦ ᠲᠡᠰᠢ ᠦᠷᠭᠡᠳᠭᠡᠵᠦ᠂ ᠬᠤᠳᠠ ᠭᠦᠳᠡᠭᠡ ᠶᠢᠨ ᠨᠢᠭᠡ ᠴᠤᠭᠴᠠᠵᠢᠭᠰᠠᠨ ᠠᠭᠢᠴᠡ ᠶᠢ ᠲᠦᠷᠭᠡᠳᠭᠡᠨ᠎ᠠ᠃ ᠪᠠᠷᠢᠯᠭ᠎ᠠ ᠶᠢᠨ ᠦᠢᠯᠡᠰ ᠤᠨ ᠨᠡᠷᠡᠳᠦ ᠲᠡᠮᠳᠡᠭ ᠤᠨ ᠲᠠᠪᠠᠭᠤᠯᠢᠭ ᠢ ᠴᠢᠩᠭᠠᠳᠬᠠᠨ᠂ ᠡᠭᠢ ᠪᠠᠶᠠᠯᠢᠭ ᠢᠶᠠᠨ ᠡᠮᠭᠢᠯᠡᠨ ᠨᠢᠳᠭᠡᠵᠦ᠂  ᠲᠡᠰ ᠲᠠᠪᠬᠤᠷᠭ᠎ᠠ ᠶᠢ ᠨᠢ ᠲᠡᠭᠡᠭᠰᠢᠯᠡᠭᠦᠯᠦᠨ᠂ ᠪᠠᠷᠢᠯᠭ᠎ᠠ ᠶᠢᠨ ᠦᠢᠯᠡᠰ ᠤᠨ ᠠᠵᠦ ᠠᠬᠤᠢ ᠶᠢᠨ ᠨᠡᠮᠡᠭᠳᠡᠯ ᠳᠤ ᠦᠵᠡᠭᠦᠯᠭᠦ ᠬᠤᠪᠢ ᠨᠡᠮᠡᠷᠢ ᠶᠢ ᠴᠢᠨ᠋ᠬᠠᠰᠢᠳᠡ ᠲᠡᠭᠡᠭᠰᠢᠯᠡᠭᠦᠯᠦᠨ᠎ᠠ᠃     ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠡ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃  ᠪᠡᠭᠡᠵᠢᠩ ᠲᠢᠶᠠᠨᠵᠢᠨ ᠤ  ᠰᠠᠯᠭᠢ ᠡᠯᠡᠰᠤᠨ ᠎ ᠤ  ᠰᠤᠷᠪᠤᠯᠵᠢ ᠶᠢ ᠵᠠᠰᠠᠬᠤ᠂ ᠭᠤᠷᠪᠡᠨ ᠤᠮᠠᠷᠠᠳᠦ  ᠎ ᠶᠢᠨ ᠬᠠᠮᠠᠭᠠᠯᠠᠯᠳᠠ ᠶᠢᠨ ᠤᠢ ᠵᠡᠷᠭᠡ ᠭᠤᠤᠯᠳᠠᠯᠭᠠᠳᠡᠢ ᠢᠨᠵᠧᠨᠧᠷᠢᠩ ᠢ ᠦᠷᠭᠦᠯᠵᠢᠯᠡᠨ ᠭᠡᠷᠡᠭᠵᠢᠭᠦᠯᠵᠦ᠂ 300 ᠲᠦᠮᠡᠨ ᠮᠤ᠋ ᠤᠢ ᠮᠤᠳᠦ ᠲᠠᠷᠢᠬᠤ ᠶᠢ ᠪᠡᠶᠡᠯᠡᠭᠦᠯᠵᠦ᠂ 1500 ᠲᠦᠮᠡᠨ ᠮᠤ᠋ ᠰᠢᠷ᠎ᠠ ᠨᠡᠷᠡᠰᠦ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠬᠦ ᠶᠢᠨ ᠬᠠᠮᠳᠦ ᠡᠬᠢᠯᠡᠭᠦᠯᠦᠨ᠎ᠡ᠃ ᠴᠢᠭᠢᠭᠯᠢᠭ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠂ ᠮᠠᠨ ᠤ ᠬᠤᠳᠠ ᠎ ᠶᠢᠨ ᠭᠤᠤᠯᠳᠠᠯᠭᠠᠳᠠᠢ ᠴᠢᠭᠢᠭᠯᠢᠭ ᠭᠠᠵᠡᠷ ᠢ ᠤᠯᠤᠰ ᠤᠨ ᠴᠢᠭᠢᠭᠯᠢᠭ ᠭᠠᠵᠠᠷ ᠤᠨ ᠬᠠᠮᠠᠭᠠᠯᠠᠯᠳᠠ ᠶᠢᠨ ᠲᠦᠯᠦᠪᠵᠢᠭᠦᠯᠭᠡ ᠳᠤ ᠤᠷᠤᠭᠤᠯᠬᠤ ᠪᠠᠷ ᠴᠢᠷᠮᠠᠶᠢᠵᠦ᠂ ᠨᠡᠩ ᠶᠡᠭᠡ ᠪᠡᠯᠡ ᠤᠷᠤᠭᠤᠯᠤᠯᠳᠠ ᠤᠯᠬᠤ ᠪᠠᠷ ᠴᠢᠷᠮᠠᠶᠢᠨ᠎ᠠ᠃ ᠤᠯᠤᠰ ᠤᠨ ᠤᠢ ᠰᠢᠭᠤᠶᠢᠳᠦ ᠬᠤᠳᠠ ᠶᠢ ᠡᠭᠦᠳᠦᠨ ᠪᠠᠶᠢᠭᠤᠯᠬᠤ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠰᠢᠯᠭᠠᠨ ᠪᠠᠶᠢᠴᠠᠭᠠᠯᠳᠠ ᠳᠤ ᠭᠢᠷᠢ ᠭᠦᠷᠭᠦ ᠶᠢ ᠪᠠᠳᠤᠯᠠᠵᠦ᠂ ᠤᠯᠠᠭᠠᠨᠬᠳᠠ ᠳᠠᠭᠠᠨ ᠪᠠᠰᠠ ᠨᠢᠭᠡ ᠤᠯᠤᠰ ᠤᠨ ᠲᠡᠰ ᠤᠨ ᠨᠡᠷ᠎ᠠ ᠭᠦᠨᠳᠦ ᠎ ᠶᠢ ᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠬᠤ ᠨᠦᠭᠦᠪᠤᠷᠢᠯᠡᠭᠦ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠮᠠᠯᠵᠢᠬᠤ ᠶᠢ ᠴᠠᠭᠠᠵᠠᠯᠠᠨ ᠪᠢᠳᠡᠭᠦᠮᠵᠢᠯᠡᠨ ᠤᠷᠭᠤᠭᠤᠯᠬᠤ᠂ ᠡᠪᠡᠰᠦ ᠮᠠᠯ ᠲᠡᠩᠴᠡᠭᠦᠷᠢᠳᠡᠢ ᠪᠤᠯᠭᠠᠬᠤ ᠲᠤᠭᠤᠷᠢᠭ ᠲᠤ ᠮᠠᠯ ᠪᠡᠯᠴᠢᠭᠡᠷᠯᠡᠭᠦᠯᠭᠦ ᠶᠢ ᠬᠠᠰᠤᠨ  ᠪᠠᠭᠠᠰᠬᠠᠬᠤ᠂ ᠠᠮᠢ ᠠᠬᠤᠢ ᠶᠢᠨ ᠲᠦᠯᠦᠭᠡ ᠠᠷᠠᠳ ᠢ ᠨᠡᠭᠦᠯᠭᠡᠭᠦ ᠵᠡᠷᠭᠡ ᠭᠤᠤᠯᠳᠠᠯᠭᠠᠳᠡᠢ ᠠᠵᠢᠯ ᠢ ᠠᠭᠢᠭᠤᠯᠵᠦ᠂ ᠲᠠᠯ᠎ᠠ ᠨᠤᠳᠤᠭ ᠤᠨ ᠠᠮᠢ ᠠᠬᠤᠢ ᠶᠢᠨ ᠤᠯᠠᠮ ᠰᠠᠶᠢᠵᠢᠷᠠᠬᠤ ᠶᠢ ᠪᠡᠶᠡᠯᠡᠭᠦᠯᠦᠨ᠎ᠠ᠃ ᠤᠢ ᠡᠯᠡᠰᠦ ᠡᠪᠡᠰᠤᠨ ᠤ ᠠᠵᠦ ᠦᠢᠯᠡᠰ ᠢ ᠶᠡᠭᠡᠪᠡᠷ ᠭᠦᠭᠵᠢᠭᠦᠯᠵᠦ᠂ ᠤᠢ ᠰᠢᠭᠤᠢ ᠶᠢᠨ ᠤᠷᠤᠨ᠂ ᠮᠠᠯᠵᠢᠬᠤ ᠤᠷᠤᠨ ᠤ ᠤᠯᠠᠨ ᠲᠦᠮᠡᠨ ᠤ ᠤᠷᠤᠯᠭ᠎ᠠ ᠶᠢᠨ ᠨᠡᠮᠡᠭᠳᠡᠯ ᠢ ᠠᠭᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠴᠢᠩᠭ᠎ᠠ ᠲᠦᠷᠢᠮ ᠢ ᠭᠡᠷᠡᠭᠵᠢᠭᠦᠯᠵᠦ᠂ ᠪᠦᠭᠦ ᠨᠡᠶᠢᠭᠡᠮ ᠎ ᠤᠨ ᠤᠰᠦ ᠠᠷᠪᠢᠯᠠᠬᠤ ᠦᠵᠡᠯᠳᠡ ᠶᠢ ᠴᠢᠩᠭᠠᠳᠬᠠᠨ᠎ᠠ᠃ ᠭᠦᠷᠤᠰᠦᠨ ᠲᠤᠤᠷᠡᠭᠢ ᠤᠰᠦ ᠶᠢ ᠬᠠᠮᠠᠭᠠᠯᠠᠬᠤ ᠠᠵᠢᠯᠯᠠᠭᠠᠨ ᠶᠠᠪᠤᠭᠤᠯᠵᠦ᠂ ᠰᠠᠨ ᠽᠦᠸᠧ ᠳ᠋ᠢᠶᠠᠨ ᠤᠰᠤᠨ ᠴᠦᠭᠦᠷᠤᠮ ᠠᠴᠠ ᠭᠤᠤᠯ ᠬᠤᠳᠠ ᠲᠤᠭᠤᠷᠢᠭ ᠵᠦᠭ ᠤᠰᠦ ᠲᠠᠳᠠᠬᠤ᠂ ᠭᠤᠤᠯ ᠬᠤᠲᠠ ᠲᠤᠭᠤᠷᠢᠭ ᠤᠨ 10 ᠲᠦᠮᠡᠨ ᠲᠤᠨ ᠪᠤᠵᠠᠷ ᠤᠰᠦ ᠶᠢ ᠰᠢᠢᠳᠪᠦᠷᠢᠯᠡᠬᠦ ᠶᠢ ᠦᠷᠭᠡᠳᠭᠡᠨ ᠪᠠᠶᠢᠭᠤᠯᠬᠤ ᠵᠡᠷᠬᠡ ᠪᠠᠷᠢᠯᠭ᠎ᠠ ᠶᠢ ᠡᠭᠢᠯᠡᠭᠦᠯᠵᠦ᠂ ᠭᠤᠤᠯ ᠲᠤᠭᠤᠷᠢᠭ ᠤᠨ ᠠᠵᠦ ᠦᠢᠯᠡᠳᠪᠤᠷᠢ ᠶᠢᠨ ᠠᠵᠦ ᠠᠬᠤᠶᠢᠯᠡᠯ ᠨᠤᠭᠤᠳ ᠲᠤᠮᠳᠡ ᠤᠰᠦ ᠭᠡᠷᠡᠭᠯᠡᠭᠦ ᠶᠢ ᠠᠭᠢᠭᠤᠯᠵᠦ᠂ ᠭᠦᠷᠦᠰᠤᠨ ᠲᠤᠤᠷᠡᠭᠢ ᠤᠰᠦ ᠶᠢ ᠭᠡᠷᠡᠭᠯᠡᠭᠦ ᠤᠰᠤᠨ ᠬᠤᠷᠤᠠᠠᠳᠠᠯ ᠶᠡᠭᠡ ᠠᠵᠦ ᠦᠢᠯᠡᠳᠪᠤᠷᠢ ᠶᠢᠨ ᠰᠢᠨ᠎ᠠ ᠲᠦᠷᠦᠯ ᠵᠦᠢᠯ ᠢ ᠴᠢᠩᠭ᠎ᠠ  ᠴᠠᠭᠠᠵᠠᠯᠠᠨ᠎ᠠ᠃ ᠡᠨᠧᠷᠭᠢ ᠠᠷᠪᠢᠯᠠᠨ ᠪᠤᠭᠢᠷᠳᠤᠯ ᠢ ᠪᠠᠭᠠᠰᠬᠠᠬᠤ ᠠᠵᠢᠯ ᠢ ᠨᠡᠷᠢᠨ ᠭᠢᠨᠠᠮᠠᠭᠠᠢ ᠰᠠᠶᠢᠨ ᠠᠳᠬᠤᠵᠦ᠂ ᠠᠵᠦ ᠦᠢᠯᠡᠳᠪᠤᠷᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠤᠯᠠᠨ ᠨᠡᠶᠢᠳᠡ ᠶᠢᠨ ᠪᠠᠶᠢᠭᠤᠯᠤᠮᠵᠢ ᠵᠡᠷᠭᠡ ᠡᠯ᠎ᠠ ᠭᠦᠷᠢᠶ᠎ᠠ ᠶᠢᠨ ᠪᠦᠭᠦ ᠲᠡᠯ᠎ᠡ ᠪᠠᠷ ᠡᠨᠧᠷᠭᠢ ᠠᠷᠪᠢᠯᠠᠨ᠂ ᠭᠤᠤᠯ ᠪᠤᠭᠢᠷᠳᠤᠯ ᠎ ᠤᠨ ᠶᠡᠷᠤᠩᠭᠡᠢ ᠬᠡᠮᠵᠢᠶ᠎ᠠ ᠶᠢ ᠪᠠᠭᠠᠰᠬᠠᠬᠤ ᠶᠢ ᠠᠭᠢᠭᠤᠯᠤᠨ᠂ ᠤᠷᠴᠢᠨ ᠲᠤᠭᠤᠷᠢᠨ ᠤ ᠲᠦᠭᠰᠢᠭᠦᠷᠢ ᠶᠢ ᠰᠡᠷᠭᠡᠶᠢᠯᠡᠭᠦ ᠪᠡ ᠭᠦᠨᠳᠦ ᠲᠡᠮᠦᠷᠯᠢᠭ ᠤᠨ ᠪᠤᠭᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠦ᠂ ᠠᠷᠢᠭᠤᠨ ᠴᠡᠪᠡᠷ ᠡᠨᠧᠷᠭᠢ ᠭᠡᠷᠡᠭᠯᠡᠭᠦ ᠶᠢ ᠲᠡᠯᠭᠡᠷᠡᠭᠦᠯᠦᠨ᠎ᠠ᠃  ᠶᠡᠭᠡ ᠠᠭᠠᠷ ᠮᠠᠨᠲᠠᠯ ᠤᠨ ᠤᠷᠴᠢᠨ ᠲᠤᠭᠤᠷᠢᠨ ᠢ ᠶᠡᠷᠤᠩᠭᠡᠶᠢᠯᠡᠨ ᠵᠠᠰᠠᠬᠤ ᠠᠵᠢᠯ ᠢ ᠰᠠᠶᠢᠳᠤᠷ ᠠᠳᠬᠤᠵᠦ᠂ ᠭᠤᠤᠯ ᠬᠤᠳᠠ ᠲᠤᠭᠤᠷᠢᠭ ᠤᠨ ᠤᠳᠤᠭ᠎ᠠ ᠲᠤᠭᠤᠰᠤᠨ ᠤ ᠪᠤᠭᠢᠷᠳᠤᠯ ᠭᠠᠷᠬᠤ ᠰᠤᠷᠪᠤᠯᠵᠢ ᠶᠢ ᠲᠦᠪᠯᠡᠷᠡᠭᠦᠯᠦᠨ ᠠᠷᠢᠯᠭᠠᠨ᠎ᠠ᠃     ᠵᠠᠮ ᠬᠠᠷᠢᠯᠴᠠᠭᠠᠨ ᠤ ᠡᠨᠧᠷᠭᠢ ᠶᠢᠨ ᠵᠠᠮ ᠱᠤᠭᠤᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ᠳ᠋ᠠᠪᠠᠨ ᠠᠴᠠ ᠯᠢᠨᠰᠢ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ ᠤᠨ  ᠡᠮᠤᠨ᠎ᠠ ᠬᠤᠭᠤᠴᠠᠭᠠᠨ ᠤ ᠠᠵᠢᠯ ᠢ ᠠᠭᠢᠭᠤᠯᠤᠨ᠂ ᠰᠢᠨ ᠬᠤᠢ ᠠᠴᠠ ᠰᠠᠯᠪᠤᠷᠢ ᠭᠦᠷᠭᠦ ᠨᠢᠭᠡᠳᠦᠭᠡᠷ ᠲᠡᠰ ᠤᠨ ᠵᠠᠰᠠᠮᠠᠯ ᠵᠠᠮ ᠢ ᠡᠭᠢᠯᠡᠨ ᠵᠠᠰᠠᠵᠦ᠂ ᡂᠢ ᠯᠢᠩ ᠨᠢᠭᠡᠳᠦᠭᠡᠷ ᠲᠡᠰ ᠤᠨ  ᠵᠠᠰᠠᠮᠠᠯ ᠵᠠᠮ ᠤᠨ ᠭᠤᠤᠯ ᠴᠣᠠᠠᠴᠡ ᠶᠢᠨ ᠪᠠᠷᠢᠯᠭ᠎ᠠ ᠶᠢ ᠲᠠᠭᠤᠰᠬᠠᠵᠦ᠂ ᡂᠢ ᠴᠧᠩ ᠲᠦᠷᠭᠡᠨ ᠲᠡᠪᠭᠢᠬᠤ ᠵᠠᠰᠠᠮᠠᠯ ᠵᠠᠮ ᠤᠨ ᠭᠠᠳᠡᠷᠭᠤ ᠶᠢ ᠲᠡᠪᠢᠰᠭᠦ ᠠᠵᠢᠯ ᠢ ᠦᠨᠡᠩᠭᠦ  ᠪᠡᠶᠡᠯᠡᠭᠦᠯᠦᠨ᠎ᠠ᠃ ᠪᠡᠭᠡᠵᠢᠩ ᠮᠦᠭᠳᠡᠨ ᠤ ᠠᠶᠠᠨᠴᠢᠳ ᠤᠨ ᠲᠤᠰᠬᠠᠢ ᠵᠠᠮ ᠢ ᠵᠠᠯᠭᠠᠭᠤᠯᠬᠤ  ᠂ ᠪᠡᠭᠡᠵᠢᠩ ᠲᠦᠩᠯᠢᠶᠤᠤ ᠎ ᠶᠢᠨ ᠲᠡᠮᠤᠷ ᠵᠠᠮ ᠤᠨ ᠴᠢᠳᠡᠪᠭᠢ ᠶᠢ ᠦᠷᠭᠡᠳᠭᠡᠭᠦ ᠦᠭᠡᠷᠡᠴᠢᠯᠡᠯᠳᠡ᠂ ᠤᠯᠠᠭᠠᠨᠬᠠᠳᠠ ᠳ᠋ᠠᠪᠠᠨ  ᠪᠠᠶᠠᠨᠬᠤᠸᠠ ᠶᠢᠨ ᠬᠤᠶᠠᠳᠤᠭᠠᠷ ᠱᠤᠭᠤᠮ ᠤᠨ ᠡᠮᠤᠨ᠎ᠠ ᠬᠤᠭᠤᠴᠠᠭᠠᠨ ᠎ ᠤ ᠠᠵᠢᠯ ᠢ ᠰᠠᠶᠢᠨ ᠭᠢᠵᠦ᠂ ᠪᠦᠳᠦᠭᠡᠨ ᠪᠠᠶᠢᠭᠤᠯᠵᠦ ᠪᠠᠶᠢᠭ᠎ᠠ ᠲᠡᠮᠤᠷ ᠵᠠᠮ ᠪᠡ ᠨᠢᠭᠡᠨᠳᠡ ᠮᠠᠭᠠᠳᠯᠠᠨ ᠵᠦᠪᠰᠢᠶᠡᠷᠡᠭᠰᠡᠨ ᠲᠡᠮᠤᠷ ᠵᠠᠮ ᠤᠨ ᠲᠦᠷᠦᠯ ᠵᠦᠢᠯ ᠤᠨ ᠪᠠᠷᠢᠯᠭ᠎ᠠ ᠶᠢᠨ ᠠᠭᠢᠴᠠ ᠶᠢ ᠦᠨᠡᠩᠭᠦ ᠪᠠᠳᠤᠯᠠᠨ᠎ᠠ᠃ ᠢᠦᠢ ᠯᠦᠩ ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠬᠤ ᠪᠠᠷᠢᠯᠭ᠎ᠠ ᠶᠢ ᠠᠭᠢᠭᠤᠯᠵᠦ᠂ ᠨᠢᠰᠭᠡᠯ ᠤᠨ ᠡᠭᠡᠯᠵᠢ ᠱᠤᠭᠤᠮ ᠢ ᠨᠡᠮᠡᠭᠳᠡᠭᠦᠯᠦᠨ᠂ ᠨᠢᠰᠭᠡᠯ ᠤᠨ  ᠪᠠᠭᠤᠳᠠᠯ ᠢ ᠨᠡᠭᠦᠯᠭᠡᠨ ᠪᠠᠶᠢᠭᠤᠯᠬᠤ ᠡᠮᠤᠨ᠎ᠠ ᠬᠤᠭᠤᠴᠠᠭᠠᠨ ᠤ ᠠᠵᠢᠯ ᠢ ᠲᠤᠬᠢᠲᠠᠢ ᠴᠠᠭ ᠲᠤ ᠡᠭᠢᠯᠡᠭᠦᠯᠦᠨ᠎ᠠ᠃ ᠤᠯᠠᠭᠠᠨᠬᠠᠳᠠ ᠠᠴᠠ ᠪᠡᠭᠡᠵᠢᠩ ᠭᠦᠷᠭᠦ ᠪᠠᠶᠢᠭᠠᠯᠢᠯᠢᠭ ᠭᠡᠢ ᠶᠢᠨ ᠬᠤᠭᠤᠯᠠᠢ  ᠎ ᠶᠢ ᠪᠦᠳᠦᠭᠡᠨ ᠪᠠᠶᠢᠭᠤᠯᠵᠦ᠂ ᠪᠡᠭᠡᠵᠢᠩ ᠳᠤ ᠭᠡᠢ ᠬᠠᠨᠭ᠍ᠭᠠᠬᠤ ᠶᠢ ᠪᠡᠶᠡᠯᠡᠭᠦᠯᠦᠨ᠎ᠠ᠃ ︽ᠪᠠᠶᠢᠭᠠᠯᠢ ᠶᠢᠨ ᠰᠢᠲᠠᠮᠠᠬᠠᠢ ᠬᠡᠢ ᠶᠢᠨ ᠬᠡᠷᠡᠭᠯᠡᠯᠲᠡ ᠶᠢ ᠲᠦᠬᠡᠮᠡᠯᠵᠢᠬᠦᠯᠬᠦ︾ ᠢᠨᠵᠧᠨᠧᠷᠢᠩ ᠢ ᠭᠡᠷᠡᠭᠵᠢᠭᠦᠯᠦᠨ᠂ ᠴᠤᠤᠶᠠᠩ ᠠᠴᠠ ᠤᠯᠠᠭᠠᠨᠬᠳᠠ ᠶᠢᠨ ᠬᠤᠳᠡ ᠲᠤᠭᠤᠷᠢᠭ ᠭᠦᠷᠭᠦ ᠪᠠᠶᠢᠭᠠᠯᠢᠯᠢᠭ ᠭᠡᠢ ᠶᠢᠨ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢ ᠪᠡᠶᠡᠯᠡᠭᠦᠯᠵᠦ᠂ ᠭᠡᠰᠢᠭᠳᠡᠨ ᠠᠴᠠ ᠤᠯᠠᠭᠠᠨᠬᠠᠳᠠ ᠶᠢᠨ ᠬᠤᠲᠠ ᠲᠤᠭᠤᠷᠢᠭ ᠵᠢᠴᠢ ᠡᠯ᠎ᠡ ᠬᠤᠰᠢᠭᠤ ᠰᠢᠶᠠᠨ ᠳᠤ  ᠨᠡᠪᠳᠡᠷᠡᠭᠦᠯᠭᠦ ᠪᠠᠶᠢᠭᠠᠯᠢᠯᠢᠭ ᠬᠡᠢ  ᠎ ᠶᠢᠨ ᠬᠤᠭᠤᠯᠠᠢ ᠶᠢᠨ ᠪᠦᠲᠦᠬᠡᠨ ᠪᠠᠶᠢᠭᠤᠯᠤᠯᠲᠠ ᠶᠢ ᠡᠬᠢᠯᠡᠬᠦᠯᠵᠦ᠂ ᠡᠨᠡ ᠵᠢᠯ ᠳᠤ ᠡᠮᠦᠨ᠎ᠡ ᠬᠤᠰᠢᠭᠤ ᠰᠢᠶᠠᠨ ᠳᠤ ᠨᠡᠪᠲᠡᠷᠡᠬᠦᠯᠬᠦ ᠪᠠᠷ ᠴᠢᠷᠮᠠᠶᠢᠨ᠎ᠠ᠃ 220 ᠺᠢᠯᠤᠸᠤᠯᠲ ᠶᠢᠨ ᠰᠢᠽᠢ ᠳᠠᠬᠢ ᠴᠠᠬᠢᠯᠭᠠᠨ ᠲᠠᠮᠵᠢᠭᠤᠯᠤᠨ ᠬᠤᠪᠢᠰᠬᠠᠬᠤ ᠪᠠᠷᠢᠯᠭ᠎ᠠ ᠪᠠ ᠤᠯᠠᠭᠠᠨᠬᠲᠠ ᠶᠢᠨ ᠨᠢᠬᠡᠲᠦᠬᠡᠷ ᠬᠦᠴᠦᠲᠡᠯ ᠦᠬᠡᠷᠡᠴᠢᠯᠡᠬᠦ᠂ ᠬᠤᠲᠠ ᠶᠢᠨ ᠵᠡᠬᠦᠨᠲᠡᠬᠢ ᠬᠦᠴᠦᠲᠡᠯ ᠦᠬᠡᠷᠡᠴᠢᠯᠡᠬᠦ ᠶᠢ ᠦᠷᠬᠡᠳᠬᠡᠨ ᠪᠠᠶᠢᠭᠤᠯᠬᠤ ᠪᠠᠷᠢᠯᠭ᠎ᠠ ᠶᠢ ᠠᠵᠢᠯ ᠡᠬᠢᠯᠡᠬᠦᠯᠦᠨ ᠪᠦᠲᠦᠬᠡᠨ ᠪᠠᠶᠢᠭᠤᠯᠵᠤ᠂ 220 ᠺᠢᠯᠤᠸᠤᠯᠲ  ᠪᠢᠷᠠᠭᠤ ᠶᠢᠨ ᠪᠠᠷᠠᠭᠤᠨᠳᠡᠬᠢ᠂ ᠱᠤᠤᠬᠢᠨ ᠤ ᠴᠠᠬᠢᠯᠭᠠᠨ ᠬᠦᠷᠬᠡᠬᠦ ᠬᠦᠴᠦᠲᠡᠯ ᠦᠬᠡᠷᠡᠴᠢᠯᠡᠬᠦ ᠪᠠᠷᠢᠯᠭ᠎ᠠ ᠶᠢ ᠠᠰᠢᠭᠯᠠᠯᠲᠠ ᠳᠤ ᠤᠷᠤᠭᠤᠯᠵᠤ᠂ ᠴᠠᠬᠢᠯᠭᠠᠨ ᠬᠦᠴᠦᠨ ᠤ ᠪᠠᠲᠤᠯᠠᠭ᠎ᠠ ᠶᠢᠨ ᠴᠢᠲᠠᠪᠤᠷᠢ ᠶᠢ ᠲᠡᠬᠡᠭᠰᠢᠯᠡᠬᠦᠯᠦᠨ᠎ᠡ᠃    ︵ᠲᠠᠪᠤ︶ ᠦᠬᠡᠷᠡᠴᠢᠯᠡᠯᠲᠡ ᠨᠡᠬᠡᠬᠡᠯᠲᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠪᠠ ᠬᠦᠲᠡᠯᠬᠡᠬᠦ ᠬᠦᠴᠦᠨ ᠢ ᠴᠢᠩᠭᠠᠳᠬᠠᠨ᠎ᠠ    ᠭᠤᠤᠯᠲᠠᠯᠭ᠎ᠠ ᠲᠠᠢ ᠬᠦᠷᠢᠶ᠎ᠡ ᠶᠢᠨ ᠦᠬᠡᠷᠡᠴᠢᠯᠡᠯᠲᠡ ᠶᠢ ᠠᠬᠢᠭᠤᠯᠤᠨ᠎ᠠ᠃ ᠬᠦᠲᠡᠭᠡ ᠲᠤᠰᠬᠤᠨ ᠮᠠᠯᠵᠢᠬᠤ ᠤᠷᠤᠨ ᠤ ᠶᠡᠷᠦᠩᠬᠡᠶᠢᠯᠡᠭᠰᠡᠨ ᠦᠬᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠭᠠᠵᠠᠷ ᠰᠢᠷᠤᠢ ᠪᠠ ᠬᠠᠲᠤᠯᠠᠩ ᠪᠡᠯᠴᠢᠭᠡᠷ ᠤᠨ ᠬᠠᠤᠯᠢ ᠶᠤᠰᠤᠨ ᠤ ᠡᠮᠬᠢ ᠲᠢᠭᠯᠢᠮ ᠲᠠᠢ ᠰᠢᠯᠵᠢᠯᠲᠡ ᠶᠢ ᠠᠬᠢᠭᠤᠯᠤᠨ᠂ ᠤᠯᠠᠨ ᠬᠡᠯᠪᠡᠷᠢ ᠮᠠᠶ᠋ᠢᠭ ᠤᠨ ᠵᠤᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠢᠲᠡᠪᠬᠢᠲᠡᠢ ᠬᠦᠭᠵᠢᠬᠦᠯᠦᠨ᠎ᠡ᠃ ᠭᠠᠴᠠᠭ᠎ᠠ ᠲᠤᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ︽ᠨᠢᠬᠡ ᠤᠴᠢᠷ ᠢ ᠨᠢᠬᠡ ᠵᠦᠪᠯᠡᠬᠦ︾ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠪᠦᠷᠬᠦᠯᠲᠡ ᠶᠢᠨ ᠬᠡᠪᠴᠢᠶ᠎ᠡ ᠶᠢ ᠦᠷᠬᠡᠳᠬᠡᠨ᠂ ᠬᠤᠰᠢᠭᠤ ᠰᠢᠶᠠᠨ ᠲᠤᠭᠤᠷᠢᠭ ᠲᠤ ᠠᠯᠪᠠᠨ ᠶᠠᠪᠤᠲᠠᠯ ᠤᠨ ᠺᠠᠷᠲ  ᠭᠡᠷᠡᠭᠯᠡᠭᠦ  ᠴᠢᠭ᠋ ᠤᠨ ᠲᠤᠷᠰᠢᠯᠲᠡ ᠭᠢᠨ᠎ᠠ᠃ ᠬᠠᠮᠲᠤ ᠶᠢᠨ ᠦᠮᠴᠢᠯᠡᠯᠲᠤ ᠤᠢ ᠶᠢᠨ ᠡᠷᠬᠡ ᠶᠢᠨ ᠲᠦᠷᠢᠮ ᠎ ᠤᠨ ᠲᠦᠬᠦᠷ ᠦᠬᠡᠷᠡᠴᠢᠯᠡᠯᠲᠡ ᠶᠢ ᠲᠦᠷᠬᠡᠳᠬᠡᠨ᠂ ᠬᠤᠰᠢᠭᠤ ᠰᠢᠶᠠᠨ ᠤ ᠤᠢ ᠶᠢᠨ ᠡᠷᠬᠡ ᠶᠢᠨ ᠬᠠᠮᠢᠶᠠᠷᠤᠯᠲᠠ ᠶᠢᠨ ᠲᠦᠪ ᠤᠨ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ ᠠᠵᠢᠯ ᠢ ᠦᠷᠨᠢᠬᠦᠯᠦᠨ᠎ᠡ᠃ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠭᠦ ᠲᠦᠷᠢᠮ ᠤᠨ ᠦᠬᠡᠷᠡᠴᠢᠯᠡᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠢ ᠴᠡᠪᠡᠷᠯᠡᠨ ᠲᠢᠭ᠍ᠯᠢᠵᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠲᠦᠪ ᠢ ᠨᠡᠬᠦᠯᠬᠡᠨ ᠪᠠᠶᠢᠭᠤᠯᠬᠤ ᠠᠵᠢᠯ ᠢ ᠰᠠᠶᠢᠲᠤᠷ ᠠᠳᠬᠤᠨ᠎ᠠ᠃ ᠠᠵᠤ ᠠᠬᠤᠶᠢᠯᠠᠯ ᠳᠤ ᠬᠤᠯᠪᠤᠭᠲᠠᠬᠤ ᠵᠠᠰᠠᠭ ᠵᠠᠬᠢᠷᠭᠠᠨ ᠠᠵᠢᠯ ᠦᠢᠯᠡᠰ ᠪᠠ ᠡᠵᠡᠩᠨᠡᠯᠲᠡ ᠦᠢᠯᠡᠴᠢᠯᠡᠬᠡᠨ ᠤ ᠰᠦᠢᠳᠬᠡᠯ ᠬᠤᠷᠢᠶᠠᠬᠤ ᠶᠢ ᠴᠢᠨᠠᠭᠰᠢᠲᠠ ᠴᠡᠪᠡᠷᠯᠡᠨ ᠲᠢᠭᠯᠢᠵᠦ᠂ ᠠᠵᠤ ᠠᠬᠤᠶᠢᠯᠠᠯ ᠤᠨ ᠲᠠᠷᠤᠭᠠᠰᠤ ᠶᠢ ᠬᠦᠩᠬᠡᠯᠡᠨ᠎ᠡ᠃ ᠠᠵᠢᠯ ᠦᠢᠯᠡᠰ ᠤᠨ ᠨᠢᠬᠡᠴᠡ ᠶᠢᠨ ᠬᠦᠮᠦᠨ ᠤᠷᠢᠵᠤ ᠬᠡᠷᠡᠭᠯᠡᠬᠦ᠂ ᠠᠵᠢᠯ ᠤᠨ ᠪᠦᠲᠦᠮᠵᠢ ᠪᠠᠷ ᠴᠠᠯᠢᠩ ᠤᠯᠭᠤᠬᠤ ᠦᠬᠡᠷᠡᠴᠢᠯᠡᠯᠲᠠ ᠶᠢᠨ ᠠᠵᠢᠯ ᠢ ᠰᠠᠶᠢᠲᠤᠷ ᠬᠢᠨ᠎ᠡ᠃    ᠭᠠᠲᠠᠭᠠᠲᠤ ᠨᠡᠬᠡᠬᠡᠯᠲᠠ ᠶᠢᠨ ᠬᠢᠷᠢ ᠬᠡᠮᠵᠢᠶ᠎ᠡ ᠪᠠᠨ ᠲᠡᠬᠡᠭᠰᠢᠯᠡᠬᠦᠯᠦᠨ᠎ᠡ᠃ ᠨᠡᠩ ᠠᠮᠢᠲᠤᠯᠢᠭ ᠴᠢᠯᠦᠬᠡᠲᠡᠢ ᠲᠦᠷᠦ ᠶᠢᠨ ᠪᠤᠲᠤᠯᠭ᠎ᠠ ᠪᠠ ᠢᠲᠡᠪᠬᠢᠲᠡᠢ ᠬᠡᠷᠡᠭᠵᠢᠬᠦᠯᠦᠰᠢᠲᠡᠢ ᠠᠷᠭ᠎ᠠ ᠬᠡᠮᠵᠢᠶ᠎ᠡ ᠠᠪᠴᠤ᠂ ᠪᠡᠯᠡ ᠤᠷᠤᠭᠤᠯᠤᠯᠲᠠ ᠶᠢᠨ ᠤᠷᠴᠢᠨ ᠲᠤᠭᠤᠷᠢᠨ ᠢ ᠤᠯᠠᠮ ᠰᠢᠯᠢᠲᠡᠭᠵᠢᠬᠦᠯᠵᠦ᠂ ᠤᠷᠤᠨ ᠲᠤᠭᠤᠷᠢᠭ ᠤᠨ ᠬᠠᠮᠵᠢᠯᠴᠠᠭᠠᠨ ᠤ ᠬᠦᠷᠢᠶ᠎ᠡ ᠶᠢ ᠦᠷᠬᠡᠳᠬᠡᠨ᠂ ᠤᠷᠤᠨ ᠲᠤᠭᠤᠷᠢᠭ ᠤᠨ ᠬᠠᠮᠵᠢᠯᠴᠠᠬᠤ ᠬᠢᠷᠢ ᠬᠡᠮᠵᠢᠶ᠎ᠡ ᠪᠠᠨ ᠲᠡᠬᠡᠭᠰᠢᠯᠡᠬᠦᠯᠦᠨ᠎ᠡ᠃ ᠪᠡᠬᠡᠵᠢᠩ ᠦᠪᠦᠷ ᠮᠤᠩᠭᠤᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ  ᠲᠦᠰᠤᠪᠯᠡᠯ ᠤᠨ ᠵᠦᠪᠲᠡᠯᠴᠡᠬᠡᠷ ᠢ ᠢᠲᠡᠪᠬᠢᠲᠡᠢ ᠨᠠᠶᠢᠲᠠᠪᠤᠷᠢᠵᠢᠭᠤᠯᠵᠤ᠂ ᠪᠡᠬᠡᠵᠢᠩ ᠬᠤᠲᠠ ᠯᠤᠭ᠎ᠠ ᠶᠢᠨ ᠪᠦᠬᠦ ᠲᠠᠯ᠎ᠠ ᠶᠢᠨ ᠬᠠᠮᠵᠢᠯᠴᠠᠭ᠎ᠠ ᠪᠠᠨ ᠦᠷᠬᠡᠳᠬᠡᠨ᠎ᠡ᠃ ᠪᠦᠸᠧᠬᠠᠢ ᠲᠠᠩᠬᠢᠰ ᠢ ᠲᠤᠭᠤᠷᠢᠭᠰᠠᠨ᠂ ᠵᠡᠬᠦᠨ ᠬᠤᠶᠢᠲᠤ ᠤᠷᠤᠨ᠂  ᠭᠦᠭᠡᠮᠦ᠋ᠷᠡᠨ ᠤ ᠭᠤᠷᠪᠠᠯᠵᠢᠨ ᠬᠤᠶᠢᠭ ᠪᠡ ᠵᠦᠵᠢᠶᠠᠩ ᠎ ᠤᠨ ᠭᠤᠷᠪᠠᠯᠵᠢᠨ ᠬᠤᠶᠢᠭ ᠵᠡᠷᠬᠡ ᠭᠠᠵᠠᠷ ᠤᠷᠤᠨ ᠠᠴᠠ ᠠᠷᠠᠯᠵᠢᠶᠠᠴᠢᠨ ᠤᠷᠢᠬᠤ ᠪᠠᠷ ᠦᠪᠡᠷ ᠢ ᠪᠠᠨ ᠲᠠᠨᠢᠯᠴᠠᠭᠤᠯᠵᠤ᠂ ᠦᠪᠦᠷ ᠮᠤᠩᠭᠤᠯ ᠰᠢᠶᠠᠩᠭᠠᠩ ᠯᠤᠭ᠎ᠠ ᠎ ᠶᠢᠨ ᠠᠵᠤ ᠠᠬᠤᠢ ᠠᠷᠠᠯᠵᠢᠶ᠎ᠠ ᠶᠢᠨ ᠭᠠᠷᠠᠭ ᠤᠨ ᠠᠵᠢᠯᠯᠠᠭᠠᠨ ᠳᠤ ᠢᠲᠡᠪᠬᠢᠲᠡᠢ ᠤᠷᠤᠯᠴᠠᠵᠤ᠂ ᠠᠵᠤ  ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ᠂ ᠬᠦᠷᠰᠢ ᠭᠠᠵᠠᠷ ᠤᠷᠤᠨ ᠯᠤᠭ᠎ᠠ ᠰᠠᠭᠤᠷᠢ ᠲᠦᠬᠦᠬᠡᠷᠦᠮᠵᠢ ᠪᠠᠨ ᠵᠤᠯᠭᠠᠭᠤᠯᠬᠤ᠂ ᠠᠵᠤ ᠦᠢᠯᠡᠰ ᠤᠨ ᠪᠦᠰᠡ ᠶᠢ ᠬᠠᠮᠲᠤᠪᠡᠷ ᠪᠦᠲᠦᠬᠡᠨ ᠪᠠᠶᠢᠭᠤᠯᠬᠤ ᠵᠡᠷᠬᠡ ᠲᠡᠯ᠎ᠡ ᠪᠠᠷ ᠰᠢᠨ᠎ᠡ ᠰᠢᠪᠲᠤᠯᠤᠯᠲᠠ ᠲᠠᠢ ᠪᠤᠯᠬᠤ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠬᠤ ᠶᠢ  ᠵᠡᠷᠭᠡᠪᠡᠷ ᠭᠢᠭᠦ᠂ ᠡᠬᠢ ᠪᠠᠶᠠᠯᠢᠭ ᠢ ᠬᠠᠮᠲᠤᠪᠡᠷ ᠡᠳ᠋ᠯᠡᠬᠦ᠂ ᠬᠦᠢᠴᠡᠳᠬᠡᠬᠦ ᠲᠤᠭ᠎ᠠ ᠶᠢ ᠠᠰᠲᠤᠨᠢ ᠪᠤᠲᠤᠬᠤ᠂ ᠠᠰᠢᠭ ᠲᠤᠰᠠ ᠶᠢ ᠬᠤᠪᠢᠳᠡᠨ ᠬᠤᠪᠢᠶᠡᠬᠤ ᠵᠡᠷᠬᠡ ᠠᠮᠢᠲᠤᠯᠢᠭ ᠬᠡᠯᠪᠡᠷᠢ ᠪᠠᠷ ᠲᠠᠮᠵᠢᠭᠤᠯᠤᠨ᠂ ︽ᠤᠷᠤᠨ ᠠᠯᠤᠰᠯᠠᠭᠰᠠᠨ ᠠᠵᠤ ᠠᠬᠤᠢ︾᠎ ᠶᠢ ᠢᠲᠡᠪᠬᠢᠲᠡᠢ ᠬᠦᠭᠵᠢᠬᠦᠯᠵᠦ᠂ ᠬᠦᠷᠰᠢ ᠵᠡᠷᠬᠡᠯᠡᠲᠡᠭᠡ ᠭᠠᠵᠠᠷ ᠤᠷᠤᠨ ᠯᠤᠭ᠎ᠠ ᠶᠢᠨ ᠤᠰᠤ᠂ ᠨᠡᠬᠦᠷᠡᠰᠦᠨ ᠤ ᠬᠠᠮᠵᠢᠯᠴᠠᠭ᠎ᠠ ᠳᠤ ᠮᠦᠨ ᠴᠢᠨᠠᠷ ᠤᠨ ᠠᠬᠢᠯᠲᠠ ᠲᠠᠢ ᠪᠤᠯᠭᠠᠨ᠎ᠠ᠃ ᠲᠠᠷᠢᠶᠠᠯᠠᠩ ᠬᠦᠩᠬᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠳᠪᠦᠷᠢ  ᠎ ᠶᠢᠨ ᠭᠠᠲᠠᠭᠠᠲᠤ ᠳᠤ ᠭᠠᠷᠭᠠᠬᠤ ᠰᠠᠭᠤᠷᠢᠨ ᠭᠠᠵᠠᠷ ᠪᠠ ᠮᠠᠰᠢᠨ ᠴᠠᠬᠢᠯᠭᠠᠨ ᠤ ᠲᠡᠬᠡᠲᠦ ᠰᠢᠨ᠎ᠡ ᠮᠡᠷᠬᠡᠵᠢᠯ ᠤᠨ ᠭᠠᠲᠠᠭᠠᠲᠤ ᠳᠤ ᠭᠠᠷᠭᠠᠬᠤ ᠰᠠᠭᠤᠷᠢᠨ ᠭᠠᠵᠠᠷ ᠤᠨ ᠪᠦᠲᠦᠬᠡᠨ ᠪᠠᠶᠢᠭᠤᠯᠤᠯᠲᠠ ᠶᠢ ᠲᠦᠷᠬᠡᠳᠬᠡᠵᠦ᠂ ᠳ᠋ᠦᠩ ᠯᠢ᠂ ᠸᠧᠢ ᠰᠢᠨ᠂ ᠬᠤᠸᠠ ᠶᠤᠸᠠᠨ ᠵᠡᠷᠬᠡ ᠠᠵᠤ ᠠᠬᠤᠶᠢᠯᠠᠯ  ᠎ ᠤᠨ ᠭᠠᠲᠠᠭᠠᠲᠤ ᠳᠤ ᠭᠠᠷᠭᠠᠬᠤ ᠪᠦᠲᠦᠴᠡ ᠪᠠᠨ ᠰᠢᠯᠢᠲᠡᠭᠵᠢᠬᠦᠯᠦᠨ᠂ ᠭᠠᠲᠠᠭᠠᠲᠤ ᠠᠷᠠᠯᠵᠢᠶ᠎ᠠ ᠶᠢᠨ ᠵᠠᠬ᠎ᠠ ᠲᠡᠯᠬᠡᠬᠦᠷ ᠢ  ᠨᠡᠭᠡᠭᠡᠭᠦ ᠶᠢ ᠲᠡᠮᠵᠢᠵᠦ᠂ ᠭᠠᠳᠠᠭᠠᠳᠦ ᠠᠴᠠ ᠤᠷᠤᠭᠤᠯᠤᠨ ᠭᠠᠳᠠᠭᠠᠳᠦ ᠳᠤ ᠭᠠᠷᠭᠠᠬᠤ ᠶᠡᠷᠤᠡᠭᠡᠢ ᠨᠤᠷᠮ᠎ᠠ ᠶᠢ 14  ᠳ᠋ᠦᠡᠭᠰᠢᠭᠤᠷ ᠳ᠋ᠤᠯᠯᠠᠷ ᠪᠡᠶᠡᠯᠡᠭᠦᠯᠵᠦ᠂ 15%᠎ ᠠᠴᠠ ᠲᠡᠭᠡᠭᠰᠢ ᠨᠡᠮᠡᠭᠳᠡᠭᠦᠯᠦᠨ᠎ᠠ᠃
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ