2012 ᠣᠨ ᠤ ᠵᠠᠰᠠᠭ ᠤᠨ ᠣᠷᠳᠤᠨ ᠤ ᠢᠯᠡᠳᠬᠡᠯ ︵ᠲᠠᠪᠤ︶
ᠨᠡᠶᠢᠲᠡᠯᠡᠭᠰᠡᠨ ᠴᠠᠭ᠄
2015/11/19
  ︵ᠵᠢᠷᠭᠤᠭ᠎ᠠ︶ ᠠᠷᠠᠳ ᠤᠨ ᠠᠮᠢᠳᠤᠷᠠᠯ ᠢ ᠦᠨᠡᠩᠭᠦ  ᠪᠠᠳᠤᠯᠠᠨ ᠰᠠᠶᠢᠵᠢᠷᠠᠭᠤᠯᠵᠦ᠂ ᠨᠡᠶᠢᠭᠡᠮ ᠤᠨ ᠦᠢᠯᠡᠰ ᠢ ᠪᠦᠭᠦ ᠲᠠᠯ᠎ᠠ ᠪᠠᠷ ᠭᠦᠭᠵᠢᠭᠦᠯᠦᠨ᠎ᠠ    ᠠᠷᠭ᠎ᠠ ᠪᠦᠬᠦᠨ ᠢ ᠰᠦᠪᠡᠭᠴᠢᠯᠡᠨ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠲᠡᠬᠦᠯᠦᠨ᠎ᠡ᠃ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠲᠡᠬᠦᠯᠬᠦ ᠠᠷᠭ᠎ᠠ ᠵᠠᠮ ᠢ ᠢᠲᠡᠪᠬᠢᠲᠡᠢ ᠦᠷᠬᠡᠳᠬᠡᠨ᠂ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠲᠡᠯ ᠪᠤᠯᠤᠨ ᠠᠵᠤ ᠠᠬᠤᠢ ᠶᠢᠨ ᠨᠡᠮᠡᠭᠲᠡᠯ ᠢ ᠵᠡᠷᠬᠡᠪᠡᠷ ᠠᠳᠬᠤᠬᠤ ᠶᠢ ᠪᠡᠶᠡᠯᠡᠬᠦᠯᠦᠨ᠎ᠡ᠃ ᠠᠯᠪᠡᠲᠠᠨ ᠤ ᠨᠦᠬᠦᠪᠦᠷᠢ ᠶᠢ ᠲᠦᠷᠢᠮᠵᠢᠬᠦᠯᠬᠦ᠂ ᠠᠵᠢᠯ ᠦᠢᠯᠡᠰ ᠤᠨ ᠨᠢᠬᠡᠴᠡ ᠶᠢᠨ ᠠᠵᠢᠯ ᠤᠨ ᠪᠦᠲᠦᠮᠵᠢ ᠎ ᠪᠠᠷ ᠴᠠᠯᠢᠩ ᠤᠯᠭᠤᠬᠤ ᠲᠦᠷᠢᠮ ᠤᠨ ᠦᠬᠡᠷᠡᠴᠢᠯᠡᠯᠲᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠤᠨ ᠬᠡᠪ ᠤᠨ ᠪᠠᠶᠢᠲᠠᠯ ᠢᠶᠠᠷ ᠨᠡᠮᠡᠭᠲᠡᠬᠦ ᠪᠠ ᠲᠠᠷᠬᠠᠭᠠᠨ ᠦᠭᠬᠦ ᠵᠤᠬᠢᠴᠠᠮᠵᠢ ᠶᠢ ᠪᠠᠶᠢᠭᠤᠯᠤᠨ ᠲᠡᠬᠦᠯᠲᠡᠷᠵᠢᠬᠦᠯᠦᠨ᠎ᠡ᠃ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠠᠷᠢᠶᠠᠴᠢᠳ ᠮᠠᠯᠴᠢᠳ ᠤᠨ ᠤᠷᠤᠯᠭ᠎ᠠ ᠦᠷᠬᠦᠯᠵᠢᠯᠡᠨ ᠨᠡᠮᠡᠭᠲᠡᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠲᠡᠬᠡᠭᠰᠢᠯᠡᠬᠦᠯᠬᠦ ᠪᠠᠷ ᠲᠠᠮᠵᠢᠭᠤᠯᠵᠤ᠂ ᠬᠦᠲᠡᠭᠡ ᠲᠤᠰᠬᠤᠨ ᠮᠠᠯᠵᠢᠬᠤ ᠤᠷᠤᠨ ᠤ ᠠᠵᠤ ᠠᠬᠤᠢ ᠶᠢᠨ ᠬᠠᠮᠵᠢᠯᠴᠠᠭ᠎ᠠ ᠶᠢᠨ ᠵᠤᠬᠢᠶᠠᠨ ᠪᠠᠶᠢᠭᠤᠯᠤᠯᠲᠠ ᠶᠢᠨ ᠲᠠᠭᠠᠭᠤᠯᠬᠤ ᠦᠢᠯᠡᠲᠦᠯ ᠢ ᠪᠠᠲᠠᠷᠠᠭᠤᠯᠵᠤ᠂ ᠠᠵᠤ ᠦᠢᠯᠡᠰᠵᠢᠯᠲᠠ ᠶᠢᠨ ᠠᠰᠢᠭ ᠲᠤᠰᠠ ᠶᠢᠨ ᠬᠤᠯᠪᠤᠭ᠎ᠠ ᠪᠠ ᠲᠠᠷᠢᠶᠠᠴᠢᠳ ᠮᠠᠯᠴᠢᠳ ᠬᠢᠬᠡᠳ ᠵᠠᠬ᠎ᠠ ᠲᠡᠯᠬᠡᠬᠦᠷ ᠢ ᠵᠤᠯᠭᠠᠭᠤᠯᠬᠤ ᠵᠤᠬᠢᠴᠠᠮᠵᠢ ᠶᠢ ᠲᠡᠬᠦᠯᠲᠡᠷᠵᠢᠬᠦᠯᠦᠨ᠂ ᠡᠵᠡᠩᠨᠡᠯᠲᠡ ᠶᠢᠨ ᠴᠢᠨᠠᠷᠲᠡᠢ ᠤᠷᠤᠯᠭ᠎ᠠ ᠶᠢ ᠦᠷᠬᠡᠳᠬᠡᠨ᠎ᠡ᠃ ᠬᠦᠲᠡᠭᠡ ᠲᠤᠰᠬᠤᠨ ᠮᠠᠯᠵᠢᠬᠤ ᠤᠷᠤᠨ ᠤ ᠬᠤᠶᠠᠷ ᠭᠤᠷᠪᠠᠲᠤᠭᠠᠷ ᠠᠵᠤ ᠦᠢᠯᠡᠰ ᠢ ᠲᠦᠷᠬᠡᠨ ᠬᠦᠭᠵᠢᠬᠦᠯᠵᠦ᠂ ᠲᠠᠷᠢᠶᠠᠴᠢᠳ ᠮᠠᠯᠴᠢᠳ ᠢ ᠰᠢᠯᠵᠢᠬᠦᠯᠦᠨ ᠠᠵᠢᠯ ᠤᠯᠭᠤᠬᠤ ᠶᠢ ᠵᠢᠯᠤᠭᠤᠲᠤᠨ ᠲᠠᠭᠠᠭᠤᠯᠬᠤ ᠪᠠ ᠪᠤᠯᠪᠠᠰᠤᠷᠠᠭᠤᠯᠬᠤ ᠪᠠᠨ ᠴᠢᠩᠭᠠᠳᠬᠠᠵᠤ᠂ ᠴᠠᠯᠢᠩ ᠎ ᠤᠨ ᠴᠢᠨᠠᠷᠲᠡᠢ ᠤᠷᠤᠯᠭ᠎ᠠ ᠶᠢ ᠲᠡᠬᠡᠭᠰᠢᠯᠡᠬᠦᠯᠦᠨ᠎ᠡ︔ ᠭᠠᠵᠠᠷ ᠲᠠᠲᠠᠪᠤᠷᠢᠯᠠᠬᠤ᠂ ᠨᠡᠬᠦᠯᠬᠡᠨ ᠰᠢᠯᠵᠢᠬᠦᠯᠬᠦ᠂ ᠬᠠᠲᠤᠯᠠᠩ ᠪᠡᠯᠴᠢᠬᠡᠷ ᠢ ᠲᠠᠲᠠᠪᠤᠷᠢᠯᠠᠨ ᠬᠡᠷᠡᠭᠯᠡᠬᠦ ᠵᠡᠷᠬᠡ ᠎ ᠶᠢᠨ ᠨᠦᠬᠦᠪᠦᠷᠢ ᠲᠦᠯᠦᠪᠦᠷᠢ ᠶᠢᠨ ᠠᠷᠭ᠎ᠠ ᠬᠡᠮᠵᠢᠶ᠎ᠡ ᠶᠢ ᠲᠡᠬᠦᠯᠲᠡᠷᠵᠢᠬᠦᠯᠦᠨ᠂ ᠲᠠᠷᠢᠶᠠᠴᠢᠳ ᠮᠠᠯᠴᠢᠳ ᠤᠨ ᠭᠠᠵᠠᠷ ᠰᠢᠷᠤᠢ᠂ ᠬᠠᠲᠤᠯᠠᠩ ᠪᠡᠯᠴᠢᠬᠡᠷ᠂ ᠤᠢ ᠶᠢᠨ ᠡᠷᠬᠡ ᠵᠡᠷᠬᠡ ᠪᠠᠷ ᠠᠰᠢᠭ ᠤᠷᠤᠯᠭ᠎ᠠ ᠶᠢᠨ ᠬᠤᠪᠢᠶᠠᠷᠢᠯᠠᠯᠲᠠ ᠳᠤ ᠤᠷᠤᠯᠴᠠᠬᠤ ᠶᠢ ᠵᠢᠯᠤᠭᠤᠳᠴᠤ᠂ ᠡᠳ᠋ ᠬᠦᠷᠦᠩᠬᠡ ᠶᠢᠨ ᠴᠢᠨᠠᠷᠲᠡᠢ ᠤᠷᠤᠯᠭ᠎ᠠ ᠶᠢ ᠨᠢ ᠨᠡᠮᠡᠭᠲᠡᠬᠦᠯᠦᠨ᠎ᠡ᠃ ᠤᠷᠤᠭᠤᠯᠤᠯᠲᠠ ᠪᠠᠨ ᠦᠷᠬᠦᠯᠵᠢᠯᠡᠨ ᠨᠡᠮᠡᠭᠲᠡᠬᠦᠯᠵᠦ᠂ ᠤᠯᠠᠨ ᠲᠦᠮᠡᠨ ᠤ ᠨᠢᠲᠦᠨ ᠡᠮᠦᠨᠡᠬᠢ ᠪᠠ ᠠᠯᠤᠰ ᠤᠨ ᠠᠰᠢᠭ ᠲᠤᠰᠠ ᠳᠤ ᠬᠤᠯᠪᠤᠭᠲᠠᠬᠤ ᠪᠤᠲᠠᠲᠤ ᠶᠠᠪᠤᠲᠠᠯ᠂ ᠰᠠᠶᠢᠨ ᠶᠠᠪᠤᠲᠠᠯ ᠢ ᠪᠦᠬᠦ ᠬᠦᠴᠦᠨ ᠢᠶᠠᠷ ᠰᠠᠶᠢᠨ ᠠᠳᠬᠤᠵᠤ᠂ ᠠᠷᠠᠳ ᠤᠨ ᠠᠮᠢᠲᠤᠷᠠᠯ ᠤᠨ ᠲᠤᠬᠠᠢ ᠠᠵᠢᠯ ᠢ ᠦᠨᠳᠦᠰᠦ ᠶᠢ ᠪᠠᠲᠤᠯᠠᠬᠤ᠂ ᠪᠦᠷᠬᠦᠴᠡ ᠦᠷᠬᠡᠨ᠂ ᠬᠦᠨᠵᠡᠬᠡᠶᠢᠷᠡᠬᠦᠯᠬᠦ ᠵᠦᠭ ᠬᠦᠭᠵᠢᠬᠦ ᠶᠢ ᠲᠦᠯᠬᠢᠨ ᠠᠬᠢᠭᠤᠯᠤᠨ᠎ᠠ᠃     ᠠᠵᠢᠯ ᠤᠯᠭᠤᠬᠤ ᠶᠢ ᠪᠦᠬᠦ ᠬᠦᠴᠦᠨ ᠢᠶᠠᠷ ᠶᠢᠨ ᠰᠠᠶᠢᠨ ᠬᠢᠨ᠎ᠡ᠃ ᠠᠵᠢᠯ ᠤᠯᠬᠤ ᠶᠢ ᠠᠭᠢᠭᠤᠯᠬᠤ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ  ᠪᠦᠭᠦ ᠲᠠᠯ᠎ᠠ ᠪᠠᠷ ᠨᠡᠶᠢᠳᠠᠪᠤᠷᠢᠵᠢᠭᠤᠯᠵᠦ᠂ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠭᠢᠭᠦ᠂ ᠭᠦᠳᠡᠯᠮᠤᠷᠢ ᠶᠠᠪᠤᠳᠠᠯ ᠢ ᠵᠤᠯᠭᠠᠭᠤᠯᠬᠤ᠂ ᠴᠢᠳᠡᠪᠤᠷᠢᠳᠡᠨ ᠢ ᠨᠦᠭᠡᠴᠡᠯᠡᠭᠦ ᠵᠡᠷᠭᠡ ᠦᠢᠯᠡᠴᠢᠯᠡᠭᠡᠨ ᠤ ᠠᠷᠭ᠎ᠠ ᠭᠡᠮᠵᠢᠶ᠎ᠠ ᠶᠢ ᠰᠠᠶᠢᠵᠢᠷᠠᠭᠤᠯᠤᠨ᠂ ᠠᠵᠢᠯ ᠤᠯᠭᠤᠬᠤ ᠦᠢᠯᠡᠴᠢᠯᠡᠭᠡᠨ ᠤ ᠦᠨᠡᠨ ᠨᠡᠷ᠎ᠠ ᠪᠠᠷ ᠨᠢ ᠬᠠᠮᠢᠶᠠᠷᠬᠤ ᠶᠢ ᠠᠭᠢᠭᠤᠯᠤᠨ᠎ᠠ᠃ ᠠᠵᠢᠯ ᠤᠯᠭᠤᠬᠤ ᠴᠢᠮᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠨ᠂ ᠭᠦᠮᠤᠨ ᠤ ᠭᠦᠴᠤᠨ ᠤ ᠡᠭᠢ ᠪᠠᠶᠠᠯᠢᠭ ᠤᠨ ᠬᠠᠨᠭ᠍ᠭᠠᠯᠭ᠎ᠠ ᠭᠡᠷᠡᠭᠴᠡᠭᠡ ᠶᠢᠨ ᠵᠤᠯᠭᠠᠯᠳᠠ ᠶᠢ ᠠᠭᠢᠭᠤᠯᠤᠨ᠎ᠠ᠃ ᠠᠵᠦ ᠠᠬᠤᠶᠢᠯᠡᠯ ᠤᠨ ᠭᠦᠮᠤᠨ ᠭᠡᠷᠡᠭᠯᠡᠭᠦ ᠭᠤᠤᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ᠨᠡᠩ ᠤᠯᠠᠨ ᠤᠶᠤᠲᠠᠳ᠂ ᠠᠵᠢᠯ ᠤᠨ ᠪᠠᠶᠢᠷᠢ ᠠᠴᠠ ᠪᠠᠨ ᠪᠠᠭᠤᠠᠠᠰᠠᠨ ᠠᠵᠢᠯᠳᠡᠨ ᠠᠵᠢᠯᠴᠢᠨ ᠠᠵᠦ ᠠᠬᠤᠶᠢᠯᠡᠯ ᠳᠤ ᠤᠴᠢᠨ ᠠᠵᠢᠯ ᠤᠯᠬᠤ ᠶᠢ ᠵᠤᠷᠢᠭᠵᠢᠭᠤᠯᠤᠨ ᠲᠡᠮᠵᠢᠵᠤ᠂ ᠦᠨᠳᠤᠰᠤᠨ ᠱᠠᠳᠤᠨ ᠤ ᠨᠡᠶᠢᠭᠡᠮ ᠤᠨ ᠬᠠᠮᠢᠶᠠᠷᠤᠯᠳᠡ ᠪᠡ ᠤᠯᠠᠨ ᠨᠡᠶᠢᠳᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠴᠢᠷᠮᠠᠶᠢᠨ ᠨᠡᠭᠡᠭᠡᠨ ᠠᠰᠢᠠᠠᠯᠠᠵᠦ᠂ ᠬᠤᠳᠠ ᠪᠠᠯᠭᠠᠰᠤᠨ ᠤ ᠠᠵᠢᠯ ᠤᠯᠤᠭᠰᠠᠳ ᠢ 2.7 ᠲᠦᠮᠡᠨ ᠭᠦᠮᠤᠨ ᠨᠡᠮᠡᠭᠳᠡᠭᠦᠯᠦᠨ᠎ᠠ᠃ ᠲᠡᠷᠢᠶᠠᠴᠢᠳ ᠮᠠᠯᠴᠢᠳ ᠤᠨ ᠤᠷᠤᠨ ᠰᠢᠯᠵᠢᠵᠦ ᠠᠵᠢᠯ ᠤᠯᠬᠤ ᠶᠢ ᠰᠠᠶᠢᠳᠤᠷ ᠠᠳᠬᠤᠵᠦ᠂ ᠲᠡᠷᠢᠶᠠᠴᠢᠳ ᠮᠠᠯᠴᠢᠳ ᠤᠨ ᠤᠷᠤᠨ ᠰᠢᠯᠵᠢᠨ ᠠᠵᠢᠯ  ᠤᠯᠤᠠᠠᠰᠠᠳ ᠢ 71 ᠲᠦᠮᠡᠨ ᠭᠦᠮᠤᠨ ᠳᠤ ᠬᠦᠷᠬᠦ ᠶᠢ ᠪᠡᠶᠡᠯᠡᠬᠦᠯᠦᠨ᠎ᠡ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠪᠡᠷᠳᠡᠭᠡᠨ ᠦᠢᠯᠡᠰ ᠪᠦᠳᠦᠭᠡᠭᠦ ᠶᠢ ᠶᠡᠭᠡᠪᠡᠷ ᠲᠡᠮᠵᠢᠵᠦ᠂ ᠦᠢᠯᠡᠰ ᠪᠦᠳᠦᠭᠡᠭᠦ ᠭᠦᠭᠵᠢᠯᠳᠡ ᠶᠢᠨ ᠪᠡᠯᠡ ᠮᠦᠡᠭᠭᠦ ᠎ ᠶᠢ 1500 ᠲᠦᠮᠡᠨ ᠲᠦᠭᠦᠷᠢᠭ ᠭᠠᠷᠭᠠᠵᠦ᠂ ᠦᠢᠯᠡᠰ ᠪᠦᠳᠦᠭᠡᠭᠦ ᠨᠡᠪᠴᠢᠯᠳᠡ ᠶᠢᠨ ᠰᠠᠭᠤᠷᠢᠨ ᠭᠠᠵᠠᠷ 13᠎ ᠶᠢ ᠪᠠᠶᠢᠭᠤᠯᠵᠦ᠂ ᠤᠯᠤᠰ ᠤᠨ ᠲᠡᠰ ᠤᠨ ᠦᠢᠯᠡᠰ ᠪᠦᠳᠦᠭᠡᠭᠦ ᠭᠡᠯᠪᠡᠷᠢ ᠶᠢᠨ ᠬᠤᠳᠠ ᠶᠢᠨ ᠡᠩᠨᠡᠭᠡ ᠳᠤ ᠤᠷᠤᠬᠤ ᠪᠠᠷ ᠴᠢᠷᠮᠠᠶᠢᠨ᠎ᠠ᠃     ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ  ᠲᠦᠷᠭᠡᠨ ᠪᠠᠶᠢᠭᠤᠯᠵᠦ᠂ ᠰᠢᠨ᠎ᠠ ᠮᠠᠶ᠋ᠢᠭ ᠤᠨ ᠭᠦᠳᠡᠭᠡ ᠲᠤᠰᠬᠤᠨ ᠮᠠᠯᠵᠢᠬᠤ ᠤᠷᠤᠨ ᠤ ᠨᠡᠶᠢᠭᠡᠮ ᠤᠨ ᠨᠠᠰᠤᠵᠢᠯ ᠤᠨ ᠲᠠᠭᠠᠳᠬᠠᠯ ᠪᠡ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠦᠷᠢᠮ ᠢ ᠲᠦᠭᠡᠮᠡᠯᠵᠢᠭᠦᠯᠦᠨ᠎ᠠ᠃ ᠠᠵᠢᠯ ᠠᠯᠳᠠᠬᠤ᠂ ᠠᠯᠪᠠᠨ ᠰᠢᠷᠬᠠᠳᠤᠯ ᠪᠡ ᠦᠷᠡᠵᠢᠯ ᠎ ᠤᠨ ᠲᠠᠭᠠᠳᠬᠠᠯ ᠤᠨ ᠪᠦᠷᠭᠦᠯᠳᠡ ᠶᠢᠨ ᠭᠡᠪᠴᠢᠶ᠎ᠠ ᠶᠢ ᠦᠷᠭᠡᠳᠭᠡᠨ᠎ᠠ᠃ ᠦᠨᠳᠤᠰᠤᠨ ᠡᠮᠨᠡᠯᠭᠡ ᠶᠢᠨ ᠲᠠᠠᠭᠠᠳᠬᠠᠯ ᠤᠨ ᠪᠠᠳᠤᠯᠠᠭ᠎ᠠ ᠶᠢᠨ ᠴᠢᠳᠠᠪᠤᠷᠢ ᠪᠠᠨ ᠴᠢᠩᠭᠠᠳᠬᠠᠨ᠂ ᠰᠢᠨ᠎ᠠ ᠮᠠᠶ᠋ᠢᠭ ᠤᠨ ᠭᠦᠳᠡᠭᠡ ᠲᠤᠰᠬᠤᠨ ᠤ ᠬᠤᠷᠰᠢᠠᠠᠰᠠᠨ ᠡᠮᠨᠡᠯᠭᠡ ᠶᠢ ᠬᠤᠳᠠ ᠶᠢᠨ ᠱᠠᠳᠤᠨ ᠳᠤ ᠨᠢᠭᠡᠳᠤᠯᠳᠡᠢ ᠲᠦᠯᠦᠪᠵᠢᠬᠦᠯᠵᠦ᠂ ᠬᠤᠳᠠ ᠪᠠᠯᠭᠠᠰᠤᠨ ᠤ ᠠᠵᠢᠯᠳᠡᠨ ᠠᠵᠢᠯᠴᠢᠨ ᠤ ᠦᠨᠳᠤᠰᠤᠨ ᠡᠮ ᠡᠮᠨᠡᠯᠭᠡ ᠶᠢᠨ ᠲᠠᠭᠠᠳᠬᠠᠯ᠂ ᠰᠢᠨ᠎ᠠ ᠮᠠᠶ᠋ᠢᠭ ᠤᠨ ᠭᠦᠳᠡᠭᠡ ᠲᠤᠰᠬᠤᠨ ᠤ  ᠬᠤᠷᠰᠢᠠᠠᠰᠠᠨ ᠡᠮᠨᠡᠯᠭᠡ  ᠭᠢᠭᠡᠳ ᠬᠤᠳᠠᠯᠳᠤᠭᠠᠨ ᠤ ᠲᠠᠭᠠᠳᠬᠠᠯ ᠢ ᠡᠷᠭᠢᠯᠡᠭᠦ ᠪᠡ ᠬᠠᠮᠵᠢᠯᠴᠠᠬᠤ ᠶᠢ ᠠᠭᠢᠭᠤᠯᠵᠦ᠂ ᠡᠮᠨᠡᠯᠭᠡ ᠳᠤ ᠰᠠᠭᠤᠠᠠᠰᠠᠨ ᠢ ᠲᠠᠩᠰᠡᠨ᠎ᠠ ᠲᠠᠶᠢᠯᠬᠤ ᠬᠠᠮᠤᠭ ᠦᠨᠳᠤᠷ ᠭᠡᠮᠵᠢᠶ᠎ᠠ ᠶᠢ ᠴᠦᠮ 20 ᠲᠦᠮᠡᠨ ᠲᠦᠭᠦᠷᠢᠭ ᠪᠤᠯᠭᠠᠨ ᠲᠡᠭᠡᠭᠰᠢᠯᠡᠭᠦᠯᠦᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠤᠨ ︽ᠨᠢᠭᠡ ᠺᠠᠷᠲ︾ ᠭᠡᠷᠡᠭᠯᠡᠭᠦ ᠭᠡᠪᠴᠢᠶ᠎ᠠ ᠶᠢ ᠦᠷᠭᠡᠳᠭᠡᠵᠦ᠂ ᠲᠤᠠᠠᠳᠠᠮᠠᠯ ᠴᠢᠭ᠋ ᠤᠨ ᠡᠮᠨᠡᠯᠭᠡ ᠶᠢᠨ ᠪᠠᠶᠢᠭᠤᠯᠤᠮᠵᠢ ᠶᠢᠨ ᠶᠡᠷᠤᠩᠭᠡᠢ ᠨᠤᠷᠮ᠎ᠠ ᠪᠠᠷ ᠤᠷᠢᠳᠴᠢᠯᠡᠨ ᠪᠤᠳᠤᠵᠦ ᠦᠭᠭᠦ ᠲᠦᠷᠢᠮ ᠢ ᠭᠡᠷᠡᠭᠵᠢᠭᠦᠯᠦᠨ᠎ᠠ᠃ ᠭᠠᠮᠰᠢᠭ ᠠᠴᠠ ᠠᠪᠤᠷᠠᠬᠤ ᠡᠳ᠋ ᠪᠤᠳᠠᠰ ᠬᠠᠳᠠᠭᠠᠯᠠᠬᠤ  ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠠᠭᠢᠭᠤᠯᠤᠨ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠᠳᠤᠯᠠᠭ᠎ᠠ ᠶᠢᠨ ᠴᠢᠳᠡᠪᠤᠷᠢ ᠪᠠᠨ ᠲᠡᠭᠡᠭᠰᠢᠯᠡᠭᠦᠯᠦᠨ᠎ᠠ᠃ ᠨᠡᠶᠢᠭᠡᠮ ᠤᠨ ᠠᠪᠤᠷᠠᠨ ᠲᠡᠳᠭᠦᠭᠦ ᠶᠢ ᠪᠠᠷᠠᠭᠠᠨ ᠤ ᠦᠨ᠎ᠠ ᠶᠢᠨ ᠦᠰᠤᠯᠳᠡ ᠯᠦᠭᠡ ᠬᠤᠯᠪᠤᠠᠠᠳᠠᠭᠤᠯᠤᠨ ᠬᠠᠷᠢᠯᠴᠠᠨ ᠨᠦᠯᠤᠭᠡᠯᠡᠭᠦ ᠵᠤᠬᠢᠴᠠᠮᠵᠢ ᠶᠢ ᠨᠠᠶᠢᠳᠠᠪᠤᠷᠢᠵᠢᠭᠤᠯᠵᠦ᠂ ᠬᠤᠳᠠ ᠭᠦᠳᠡᠭᠡ ᠶᠢᠨ ᠨᠠᠭᠠᠲᠤ ᠵᠠᠬ᠎ᠠ ᠶᠢᠨ ᠪᠠᠳᠤᠯᠠᠭ᠎ᠠ ᠪᠡ ᠲᠦᠷ ᠵᠠᠭᠤᠷ᠎ᠠ ᠶᠢᠨ ᠠᠪᠤᠷᠠᠨ ᠲᠡᠳᠭᠦᠭᠦ ᠲᠦᠷᠢᠮ ᠢ ᠲᠡᠭᠦᠯᠳᠡᠷᠵᠢᠭᠦᠯᠦᠨ᠂ ᠨᠡᠶᠢᠭᠡᠮ ᠤᠨ ᠠᠪᠤᠷᠠᠨ ᠲᠡᠳᠭᠦᠭᠦ ᠲᠦᠪ ᠤᠨ ᠰᠠᠭᠤᠷᠢ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠠᠰᠠᠷᠠᠨ ᠲᠡᠳᠭᠦᠭᠦ ᠡᠳᠡᠭᠡᠳ ᠤᠨ ᠨᠦᠭᠦᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠦᠨ᠂ ᠭᠦᠳᠡᠭᠡ ᠲᠤᠰᠬᠤᠨ ᠮᠠᠯᠵᠢᠬᠤ ᠤᠷᠤᠨ ᠤ ᠨᠠᠰᠤᠳᠠᠨ ᠢ ᠠᠰᠠᠷᠠᠬᠤ ᠭᠦᠷᠢᠶᠡᠯᠡᠩ ᠤᠨ ᠬᠠᠤᠯᠢ ᠶᠢᠨ ᠡᠷᠭᠡᠳᠡᠨ ᠢ ᠲᠠᠩᠰᠠᠯᠠᠬᠤ ᠠᠵᠢᠯ ᠢ ᠠᠭᠢᠭᠤᠯᠵᠦ᠂ ᠨᠢᠭᠦᠯᠡᠰᠤᠩᠭᠦᠢ ᠶᠢᠨ ᠦᠢᠯᠡᠰ ᠢ ᠭᠦᠭᠵᠢᠭᠦᠯᠦᠨ᠎ᠠ᠃ ᠤᠯᠠᠭᠠᠨᠬᠠᠳᠠ ᠬᠤᠳᠠ ᠶᠢᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠬᠠᠰᠠᠳ ᠤᠨ ᠦᠢᠯᠡᠴᠢᠯᠡᠭᠡᠨ ᠤ ᠲᠦᠪ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠵᠦ᠂ ᠤᠯᠠᠭᠠᠨᠬᠠᠳᠠ ᠬᠤᠳᠠ ᠶᠢᠨ ᠨᠠᠰᠤᠳᠠᠨ ᠢ ᠠᠰᠠᠷᠠᠬᠤ ᠭᠦᠷᠢᠶᠡᠯᠡᠩ ᠪᠡ ᠵᠠᠮᠳᠡᠭᠴᠤᠳ ᠢ ᠡᠷᠡᠭᠦᠯᠵᠢᠭᠦᠯᠭᠦ ᠲᠦᠪ ᠢ ᠪᠦᠳᠦᠭᠡᠨ ᠪᠠᠶᠢᠭᠤᠯᠬᠤ  ᠎ ᠪᠠᠷ ᠪᠡᠯᠡᠳᠭᠡᠨ᠎ᠠ᠃ ᠦᠳᠡᠭᠦᠰᠴᠤᠳ ᠤᠨ ᠨᠦᠭᠦᠪᠤᠷᠢ ᠶᠢ ᠭᠦᠢᠴᠡᠳ ᠨᠤᠷᠮ᠎ᠠ ᠪᠠᠷ ᠲᠠᠷᠬᠠᠭᠠᠵᠦ᠂ ᠦᠨᠤᠴᠢᠨ ᠬᠡᠦᠬᠡᠳ ᠤᠨ ᠪᠠᠳᠤᠯᠠᠭ᠎ᠠ ᠎ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠲᠡᠨᠤᠭᠦᠯᠴᠢ ᠭᠤᠶᠢᠷᠠᠨᠴᠢ ᠶᠢ ᠠᠪᠤᠷᠠᠨ ᠲᠡᠳᠭᠦᠭᠦ ᠬᠠᠮᠢᠶᠠᠷᠤᠯᠳᠠ ᠶᠢ ᠴᠢᠩᠭᠠᠳᠬᠠᠨ᠎ᠠ᠃ ᠪᠠᠳᠤᠯᠠᠭ᠎ᠠ ᠶᠢᠨ ᠴᠢᠨᠡᠷᠳᠡᠢ ᠤᠷᠤᠨ ᠰᠠᠭᠤᠴᠠ ᠶᠢ ᠪᠦᠳᠦᠭᠡᠨ ᠪᠠᠶᠢᠭᠤᠯᠬᠤ᠂ ᠬᠤᠪᠢᠶᠠᠷᠢᠯᠠᠬᠤ ᠪᠡ ᠬᠠᠮᠢᠶᠠᠷᠬᠤ ᠪᠠᠨ ᠵᠢᠷᠤᠮᠵᠢᠭᠤᠯᠵᠦ᠂ ᠤᠯᠠᠨ ᠲᠡᠰ ᠲᠠᠪᠬᠤᠷᠭ᠎ᠠ ᠲᠠᠢ᠂ ᠤᠯᠠᠨ ᠠᠷᠭ᠎ᠠ ᠵᠠᠮ ᠲᠠᠢ ᠤᠷᠤᠨ ᠰᠠᠭᠤᠴᠠ ᠶᠢᠨ ᠪᠠᠳᠤᠯᠠᠭ᠎ᠠ ᠶᠢᠨ ᠰᠢᠰᠲ᠋ᠧᠮ ᠢ  ᠪᠠᠶᠢᠭᠤᠯᠤᠨ ᠲᠡᠭᠦᠯᠳᠡᠷᠵᠢᠭᠦᠯᠵᠦ᠂ ᠲᠤᠤᠷ᠎ᠠ ᠤᠷᠤᠯᠭ᠎ᠠ ᠲᠠᠢ ᠭᠡᠷ ᠪᠦᠯᠢ ᠶᠢᠨ ᠤᠷᠤᠨ ᠰᠠᠭᠤᠴᠠ ᠶᠢᠨ ᠭᠦᠴᠢᠷᠳᠡᠯ ᠲᠠᠢ ᠠᠰᠠᠭᠤᠳᠠᠯ ᠢ ᠢᠲᠡᠭ ᠢᠲᠡᠭ ᠢᠶᠠᠷ ᠰᠢᠢᠳᠪᠤᠷᠢᠯᠡᠨ᠎ᠠ᠃    ᠰᠤᠷᠭᠠᠨ ᠭᠦᠮᠤᠵᠢᠯ ᠤᠨ ᠦᠭᠡᠷᠡᠴᠢᠯᠡᠯᠳᠡ ᠭᠦᠭᠵᠢᠯᠳᠡ ᠶᠢᠨ ᠠᠯᠬᠤᠴᠠ ᠶᠢ ᠲᠦᠷᠭᠡᠳᠭᠡᠨ᠎ᠠ᠃  ᠰᠠᠭᠤᠷᠢ ᠰᠤᠷᠭᠠᠨ ᠭᠦᠮᠦᠵᠢᠯ ᠤᠨ ᠲᠤᠳᠤᠭᠠᠳᠦ ᠠᠭᠤᠯᠬᠤᠨ ᠎ ᠤ  ᠭᠦᠭᠵᠢᠯᠳᠡ ᠶᠢ ᠠᠭᠢᠭᠤᠯᠵᠦ᠂  ᠭᠡᠪ ᠪᠤᠯᠪᠠᠰᠤᠷᠠᠯ ᠤᠨ ᠰᠤᠷᠭᠠᠨ ᠭᠦᠮᠦᠵᠢᠯ ᠢ ᠴᠢᠨ᠋ᠬᠠᠰᠢᠳᠡ ᠴᠢᠩᠭᠠᠳᠬᠠᠨ᠂ ᠰᠢᠨ᠎ᠠ ᠭᠢᠴᠢᠶᠡᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠰᠤᠷᠭᠠᠨ ᠭᠦᠮᠤᠵᠢᠯ ᠤᠨ ᠵᠢᠭᠠᠨ ᠰᠤᠷᠭᠠᠬᠤ ᠶᠠᠰᠦ ᠴᠢᠨᠠᠷ ᠢ ᠪᠦᠭᠦ ᠲᠡᠯ᠎ᠠ ᠪᠠᠷ ᠲᠡᠭᠡᠭᠰᠢᠯᠡᠭᠦᠯᠦᠨ᠎ᠠ᠃ ᠰᠤᠷᠬᠤ ᠨᠠᠰᠤᠨ ᠠᠴᠠ ᠡᠮᠤᠨᠡᠭᠢ ᠰᠤᠷᠭᠠᠨ ᠭᠦᠮᠦᠵᠢᠯ ᠤᠨ ᠭᠤᠷᠪᠡᠨ ᠵᠢᠯ ᠤᠨ  ᠠᠵᠢᠯᠯᠠᠭᠠᠨ ᠤ ᠲᠦᠯᠦᠪᠯᠡᠭᠡ ᠶᠢ ᠲᠦᠷᠭᠡᠨ ᠭᠡᠷᠡᠭᠵᠢᠭᠦᠯᠵᠦ᠂ ᠠᠯᠪᠠᠨ ᠠᠴᠠ ᠡᠷᠭᠢᠯᠡᠭᠰᠡᠨ133 ᠬᠡᠤᠭᠡᠳ ᠤᠨ ᠴᠡᠴᠡᠷᠯᠢᠭ ᠢ  ᠰᠢᠨ᠎ᠠ ᠪᠠᠷ ᠪᠠᠶᠢᠭᠤᠯᠵᠦ ᠦᠭᠡᠷᠡᠴᠢᠯᠡᠨ ᠵᠠᠰᠠᠵᠦ ᠦᠷᠭᠡᠳᠭᠡᠨ ᠪᠠᠶᠢᠭᠤᠯᠤᠨ᠎ᠠ᠃ 2012—2015 ᠤᠨ  ᠪᠤᠯᠳᠡᠯᠡᠭᠢ ᠰᠤᠷᠭᠠᠭᠤᠯᠢ ᠶᠢᠨ ᠭᠡᠷ ᠪᠠᠶᠢᠰᠢᠩ ᠢ ᠪᠠᠭᠢᠯᠡᠭᠦ ᠢᠨᠵᠧᠨᠧᠷᠢᠩ ᠢ ᠡᠭᠢᠯᠡᠨ ᠭᠡᠷᠡᠭᠵᠢᠭᠦᠯᠵᠦ᠂ 2.7 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ 34 ᠲᠦᠮᠡᠨ ᠲᠡᠭᠰᠢ ᠲᠦᠷᠪᠡᠯᠵᠢᠨ ᠮᠧᠲᠷ ᠭᠡᠷ ᠪᠠᠶᠢᠰᠢᠩ ᠢ ᠵᠠᠰᠠᠵᠦ ᠪᠠᠭᠢᠯᠡᠨ᠎ᠠ᠃  ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠭᠢᠷᠢ ᠭᠡᠮᠵᠢᠶ᠎ᠠ ᠶᠢ ᠪᠠᠭᠢᠵᠢᠭᠦᠯᠦᠨ ᠲᠡᠭᠡᠭᠰᠢᠯᠡᠭᠦᠯᠵᠦ᠂ ᠲᠡᠭᠡᠳᠦ ᠲᠤᠮᠳᠠᠳᠦ ᠶᠢᠨ ᠱᠠᠳᠤᠨ ᠤ ᠰᠦᠢᠳᠭᠡᠯ ᠬᠤᠷᠢᠶᠠᠬᠤ ᠦᠬᠡᠢ ᠰᠤᠷᠭᠠᠨ ᠭᠦᠮᠤᠵᠢᠯ ᠢ ᠨᠢᠭᠡ ᠵᠢᠯ ᠤᠷᠢᠳᠴᠢᠯᠡᠨ ᠪᠡᠶᠡᠯᠡᠭᠦᠯᠦᠨ᠎ᠠ᠃ ᠦᠨᠳᠤᠰᠤᠳᠡᠨ ᠤ ᠰᠤᠷᠭᠠᠨ ᠭᠦᠮᠦᠵᠢᠯ ᠢ  ᠤᠷᠢᠳᠠᠪᠡᠷ ᠭᠤᠤᠯᠳᠠᠯᠭ᠎ᠠ ᠲᠠᠢ ᠭᠦᠭᠵᠢᠭᠦᠯᠦᠨ᠂ ᠠᠵᠢᠯ ᠮᠡᠷᠭᠡᠵᠢᠯ ᠤᠨ ᠰᠤᠷᠭᠠᠨ ᠭᠦᠮᠦᠵᠢᠯ ᠢ ᠶᠡᠭᠡᠪᠡᠷ ᠭᠦᠭᠵᠢᠭᠦᠯᠵᠦ᠂ ᠤᠯᠤᠰ ᠤᠨ ᠲᠡᠰ ᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠦᠯᠢᠭᠡᠷ ᠵᠢᠱᠢᠶ᠎ᠠ ᠦᠵᠡᠭᠦᠯᠭᠦ ᠰᠤᠷᠭᠠᠭᠤᠯᠢ 1᠎ ᠶᠢ ᠰᠢᠨ᠎ᠠ ᠪᠠᠷ ᠪᠠᠶᠢᠭᠤᠯᠤᠨ᠎ᠠ᠃ ᠤᠯᠠᠭᠠᠨᠬᠠᠳᠠ ᠶᠢᠨ ᠠᠵᠦ ᠦᠢᠯᠡᠳᠪᠤᠷᠢ ᠶᠢᠨ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠪᠦᠯᠦᠭᠯᠡᠯ ᠢ  ᠪᠠᠶᠢᠭᠤᠯᠬᠤ ᠠᠯᠬᠤᠴᠠ ᠪᠠᠨ ᠲᠦᠷᠭᠡᠳᠭᠡᠵᠦ᠂ ᠦᠪᠤᠷ ᠮᠤᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ ᠰᠠᠭᠤᠷᠢ ᠴᠢᠳᠡᠪᠭᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠤᠯᠠᠭᠠᠨᠬᠠᠳᠠ ᠲᠡᠭᠡᠳᠦ ᠰᠤᠷᠭᠠᠭᠤᠯᠢ ᠶᠢ ᠤᠷᠤᠨ ᠲᠤᠭᠤᠷᠢᠭ ᠤᠨ ᠴᠢᠨᠠᠷᠳᠡᠢ ᠴᠢᠳᠠᠪᠤᠷᠢᠳᠡᠨ ᠢ ᠭᠦᠮᠦᠵᠢᠭᠦᠯᠭᠦ ᠰᠠᠭᠤᠷᠢᠨ ᠭᠠᠵᠠᠷ ᠪᠡ ᠰᠢᠨᠵᠢᠯᠡᠭᠦ ᠤᠬᠠᠭᠠᠨ ᠮᠡᠷᠭᠡᠵᠢᠯ ᠰᠤᠶᠤᠯ ᠪᠤᠯᠪᠠᠰᠤᠷᠠᠯ ᠤᠨ ᠰᠢᠨ᠎ᠠ ᠶᠢ ᠡᠭᠦᠳᠭᠦ ᠰᠠᠭᠤᠷᠢᠨ ᠭᠠᠵᠠᠷ ᠪᠤᠯᠭᠠᠨ ᠪᠦᠳᠦᠭᠡᠨ ᠪᠠᠶᠢᠭᠤᠯᠤᠨ᠎ᠠ᠃    ᠰᠢᠨᠵᠢᠯᠡᠭᠦ ᠤᠬᠠᠭᠠᠨ ᠮᠡᠷᠭᠡᠵᠢᠯ ᠤᠨ ᠴᠢᠳᠠᠪᠤᠷᠢᠳᠡᠨ ᠤ ᠠᠵᠢᠯ ᠢ ᠴᠢᠩᠭᠠᠳᠬᠠᠨ᠎ᠠ᠃  ᠰᠢᠨᠵᠢᠯᠡᠬᠦ ᠤᠬᠠᠭᠠᠨ ᠮᠡᠷᠭᠡᠵᠢᠯ ᠤᠨ  ᠰᠠᠭᠤᠷᠢ ᠲᠦᠬᠦᠭᠡᠷᠦᠮᠵᠢ᠂ ᠰᠢᠨ᠎ᠡ ᠎ ᠶᠢ ᠡᠭᠦᠳᠬᠦ ᠲᠠᠪᠴᠠᠩ ᠪᠤᠯᠤᠨ ᠰᠢᠨ᠎ᠡ ᠶᠢ ᠡᠭᠦᠳᠬᠦ ᠠᠴᠢᠶᠠᠯᠠᠪᠦᠷᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂  ᠠᠵᠦ ᠠᠬᠤᠶᠢᠯᠠᠯ ᠢᠶᠠᠷ  ᠭᠤᠤᠯ ᠴᠤᠭᠴᠠ ᠪᠤᠯᠭᠠᠵᠦ᠂ ᠵᠠᠬ᠎ᠠ ᠲᠡᠯᠭᠡᠭᠦᠷ ᠢᠶᠠᠷ  ᠵᠢᠯᠤᠭᠤᠳᠤᠮᠵᠢ ᠪᠤᠯᠭᠠᠨ᠂ ᠤᠶᠢᠯᠡᠳᠪᠦᠷᠢᠯᠡᠬᠦ ᠰᠤᠷᠬᠤ ᠰᠤᠳᠤᠯᠬᠤ ᠶᠢ ᠤᠶᠠᠯᠳᠤᠭᠤᠯᠤᠭᠰᠠᠨ ᠮᠡᠷᠭᠡᠵᠢᠯ ᠡᠭᠦᠳᠬᠦ ᠰᠢᠨ᠎ᠡ ᠰᠢᠰᠲ᠋ᠧᠮ ᠢ ᠲᠦᠷᠭᠡᠨ ᠪᠠᠶᠢᠭᠤᠯᠤᠨ᠎ᠠ᠃ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ  ᠎ ᠤᠨ ᠤᠯᠠᠷᠢᠯᠳᠠ ᠪᠠ ᠠᠵᠦ ᠤᠶᠢᠯᠡᠰᠵᠢᠬᠦ ᠠᠯᠬᠤᠴᠠ ᠶᠢ ᠲᠦᠷᠭᠡᠳᠬᠡᠵᠦ᠂ ᠰᠢᠨᠵᠢᠯᠡᠭᠦ ᠤᠬᠠᠭᠠᠨ ᠮᠡᠷᠭᠡᠵᠢᠯ ᠳᠤ ᠤᠷᠤᠭᠤᠯᠤᠯᠳᠠ ᠪᠠᠨ ᠨᠡᠮᠡᠭᠳᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ  ᠪᠦᠳᠦᠴᠡ ᠳᠤ ᠲᠤᠬᠢᠷᠠᠭᠤᠯᠤᠯᠳᠠ ᠬᠢᠬᠦ᠂  ᠬᠡᠯᠪᠡᠷᠢ ᠪᠠᠨ ᠬᠤᠪᠢᠷᠠᠭᠤᠯᠬᠤ  ᠎ ᠳᠠᠬᠢ ᠲᠤᠯᠭᠠᠭᠤᠷᠢᠯᠠᠭᠤᠯᠬᠤ ᠪᠠ ᠪᠠᠳᠤᠯᠠᠬᠤ ᠴᠢᠳᠠᠪᠦᠷᠢ ᠶᠢ ᠲᠡᠭᠡᠭᠰᠢᠯᠡᠭᠦᠯᠦᠨ᠎ᠡ᠃  ᠲᠤᠮᠳᠠᠳᠦ ᠤᠯᠤᠰ ᠎ ᠤᠨ ᠤᠮᠠᠷᠠᠳᠦ ᠶᠢᠨ ᠲᠡᠷᠢᠶᠡᠯᠡᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠤᠨ ᠦᠵᠡᠭᠦᠯᠦᠯᠭᠡ ᠶᠢᠨ ᠴᠤᠠᠠᠯᠠᠭᠠᠨ ᠢ ᠰᠠᠶᠢᠳᠤᠷ ᠡᠷᠭᠢᠯᠡᠨ᠂ ᠨᠡᠯᠢᠶᠡᠳ ᠦᠨᠳᠤᠷ ᠨᠡᠷ᠎ᠠ ᠭᠦᠨᠳᠦ ᠪᠡ ᠨᠦᠯᠦᠭᠡᠯᠡᠯ ᠤᠨ ᠭᠦᠴᠤᠨ ᠲᠠᠢ ᠦᠵᠡᠭᠦᠯᠦᠯᠭᠡ ᠶᠢᠨ ᠨᠡᠷᠡᠳᠦ ᠲᠡᠮᠳᠡᠭ ᠢ ᠪᠤᠢ ᠪᠤᠯᠭᠠᠨ᠎ᠠ᠃ ᠤᠯᠠᠭᠠᠨᠬᠠᠳᠠ ᠶᠢᠨ ᠤᠯᠤᠰ ᠤᠨ ᠲᠡᠷᠢᠶᠡᠯᠡᠩ ᠤᠨ ᠰᠢᠨᠵᠢᠯᠡᠭᠦ ᠤᠬᠠᠭᠠᠨ ᠮᠡᠷᠭᠡᠵᠢᠯ ᠤᠨ  ᠭᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠵᠦ᠂ ᠦᠡᠭᠭᠡᠳᠦ ᠲᠡᠮᠦᠷᠯᠢᠭ ᠢ ᠰᠤᠳᠤᠯᠤᠨ ᠠᠰᠢᠠᠠᠯᠠᠬᠤ᠂ ᠲᠡᠷᠢᠶᠡᠯᠡᠩ ᠤᠨ ᠮᠠᠰᠢᠨ ᠪᠠᠭᠠᠵᠢ ᠦᠢᠯᠡᠳᠭᠦ᠂ ᠡᠪᠡᠰᠤᠨ ᠤ ᠦᠢᠯᠡᠰ ᠤᠨ ᠮᠡᠷᠭᠡᠵᠢᠯ ᠤᠨ ᠰᠢᠨᠡᠴᠢᠯᠡᠯᠳᠡ ᠶᠢᠨ ᠪᠠᠶᠢᠯᠳᠤᠬᠤ ᠪᠤᠳᠤᠯᠭ᠎ᠠ ᠶᠢᠨ ᠬᠤᠯᠪᠤᠭ᠎ᠠ ᠶᠢ ᠢᠳᠡᠪᠭᠢᠳᠡᠢ  ᠪᠤᠢ ᠪᠤᠯᠭᠠᠵᠦ᠂ ᠡᠯ᠎ᠠ ᠲᠦᠷᠦᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠪᠤᠭᠤᠮᠳᠡ ᠰᠢᠪᠳᠤᠯᠬᠤ ᠲᠦᠯᠦᠪᠯᠡᠭᠡ ᠶᠢ ᠭᠡᠷᠡᠭᠵᠢᠭᠦᠯᠦᠨ᠎ᠠ᠃ ︽ᠢᠤᠢ ᠯᠦᠩ ᠴᠢᠳᠠᠪᠤᠷᠢᠳᠡᠨ︾᠎ ᠤ ᠢᠨᠵᠧᠨᠧᠷᠢᠩ ᠢ ᠯᠠᠪᠳᠠᠭᠤᠨ ᠠᠭᠢᠭᠤᠯᠵᠦ᠂ ᠲᠤᠰᠬᠠᠢ ᠪᠡᠯᠡ ᠮᠦᠡᠭᠭᠦ ᠭᠠᠷᠭᠠᠵᠦ ᠴᠢᠳᠠᠪᠤᠷᠢᠳᠡᠨ ᠢ ᠤᠷᠤᠭᠤᠯᠤᠨ ᠠᠪᠴᠢᠷᠠᠬᠤ ᠪᠡ ᠭᠦᠮᠦᠵᠢᠭᠦᠯᠭᠦ ᠳᠤ ᠭᠡᠷᠡᠭᠯᠡᠵᠦ᠂  ᠪᠡᠭᠡᠵᠢᠩ ᠦᠪᠤᠷ ᠮᠤᠩᠭᠤᠯ ᠤᠨ ᠴᠢᠳᠡᠪᠤᠷᠢᠳᠡᠨ ᠤ  ᠬᠠᠮᠵᠢᠯᠴᠠᠨ ᠰᠤᠯᠢᠯᠴᠠᠬᠤ ᠵᠡᠷᠭᠡ ᠲᠠᠪᠴᠠᠩ ᠎ ᠳᠤ ᠲᠦᠰᠢᠭᠯᠡᠨ᠂ ᠡᠯ᠎ᠠ ᠲᠦᠷᠦᠯ ᠤᠨ ᠰᠢᠯᠢᠳᠡᠭ ᠴᠢᠳᠡᠪᠤᠷᠢᠳᠡᠨ ᠢ  ᠢᠳᠡᠪᠭᠢᠳᠡᠢ ᠤᠷᠤᠭᠤᠯᠤᠨ ᠠᠪᠴᠢᠷᠠᠨ᠎ᠠ᠃     ᠡᠮ ᠡᠮᠨᠡᠯᠭᠡ ᠡᠷᠡᠭᠦᠯ ᠬᠠᠮᠠᠭᠠᠯᠠᠯ ᠤᠨ ᠤᠶᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠬᠡᠷᠡᠴᠢᠯᠡᠯᠲᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠵᠠᠰᠠᠭ ᠤᠨ ᠤᠷᠳᠤᠨ ᠠᠴᠠ ᠡᠷᠬᠢᠯᠡᠭᠰᠡᠨ ᠦᠨᠳᠦᠰᠦᠨ ᠱᠠᠲᠤᠨ ᠤ  ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠪᠤᠯᠤᠨ ᠤᠯᠤᠰ ᠤᠨ ᠦᠨᠳᠦᠰᠦᠨ ᠡᠮ ᠤᠨ ᠲᠦᠷᠢᠮ ᠤᠨ ᠪᠠᠶᠢᠭᠤᠯᠤᠯᠳᠠ ᠶᠢᠨ ᠦᠷ᠎ᠡ ᠪᠦᠳᠦᠭᠡᠯ ᠢ  ᠪᠠᠬᠢᠵᠢᠭᠦᠯᠦᠨ᠎ᠡ᠃ ᠦᠨᠳᠦᠰᠦᠨ ᠱᠠᠲᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠵᠢᠯᠤᠭᠤᠳᠬᠤ ᠲᠦᠪ᠂ ᠡᠷᠡᠬᠦᠯ ᠬᠠᠮᠠᠭᠠᠯᠠᠯ ᠤᠨ ᠬᠢᠨᠠᠯᠲᠠ ᠶᠢᠨ ᠭᠠᠵᠠᠷ 8᠂ ᠡᠬᠡ ᠨᠢᠯᠬᠠᠰ ᠤᠨ ᠡᠷᠡᠬᠦᠯ ᠮᠡᠨᠲᠦ ᠶᠢ ᠬᠠᠮᠠᠭᠠᠯᠠᠬᠤ ᠭᠠᠵᠠᠷ 12 ᠪᠠᠶᠢᠭᠤᠯᠬᠤ ᠵᠡᠷᠬᠡ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠲᠦᠬᠡᠨ ᠪᠠᠶᠢᠭᠤᠯᠵᠤ ᠪᠠᠶᠢᠭ᠎ᠠ ᠡᠮᠨᠡᠯᠬᠡ ᠶᠢᠨ ᠬᠤᠷᠢᠶ᠎ᠠ ᠶᠢ ᠲᠦᠷᠬᠡᠬᠡᠨ ᠠᠰᠢᠭᠯᠠᠯᠲᠠ ᠳᠤ ᠤᠷᠤᠭᠤᠯᠤᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢᠶᠠᠨ ᠤᠯᠠᠮ ᠲᠡᠬᠡᠭᠰᠢᠯᠡᠬᠦᠯᠦᠨ᠎ᠡ᠃ ᠰᠢᠶᠠᠨ ᠤ ᠱᠠᠲᠤᠨ ᠤ ᠠᠯᠪᠡᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠲᠠ ᠶᠢ ᠠᠬᠢᠭᠤᠯᠤᠨ᠂ ᠬᠠᠦᠯᠢ ᠶᠢᠨ ᠡᠷᠬᠡᠲᠡᠨ  ᠎ ᠤ ᠵᠠᠰᠠᠬᠤ ᠵᠤᠬᠢᠴᠠᠮᠵᠢ᠂ ᠠᠵᠢᠯᠯᠠᠬᠤ ᠵᠤᠬᠢᠴᠠᠮᠵᠢ ᠪᠠ ᠪᠡᠯᠡ ᠤᠷᠤᠭᠤᠯᠵᠤ ᠨᠦᠬᠦᠪᠦᠷᠢᠯᠡᠬᠦ ᠵᠤᠬᠢᠴᠠᠮᠵᠢ ᠶᠢ ᠪᠠᠶᠢᠭᠤᠯᠤᠨ ᠲᠡᠬᠦᠯᠲᠡᠷᠵᠢᠬᠦᠯᠦᠨ᠎ᠡ᠃ ᠰᠢᠨ᠎ᠡ ᠨᠢᠬᠡᠨ ᠡᠬᠡᠯᠵᠢ ᠶᠢᠨ ᠪᠡᠬᠡᠵᠢᠩ ᠤᠯᠠᠭᠠᠨᠬᠠᠲᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠢᠶᠠᠷ ᠢᠶᠠᠨ ᠲᠡᠮᠵᠢᠬᠦ ᠪᠠ ᠮᠡᠷᠬᠡᠵᠢᠯ ᠤᠨ ᠬᠠᠮᠵᠢᠯᠴᠠᠭ᠎ᠠ  ᠭᠢᠭᠦ ᠲᠦᠯᠦᠪᠵᠢᠬᠦᠯᠬᠡ ᠶᠢ ᠡᠬᠢᠯᠡᠨ ᠬᠡᠷᠡᠭᠵᠢᠬᠦᠯᠵᠦ᠂ ᠬᠠᠮᠵᠢᠯᠴᠠᠬᠤ ᠬᠦᠷᠢᠶ᠎ᠡ ᠬᠡᠪᠴᠢᠶ᠎ᠡ ᠪᠠᠨ ᠦᠷᠬᠡᠳᠬᠡᠨ᠎ᠡ᠃ ᠮᠤᠩᠭᠤᠯ ᠬᠢᠲᠡᠳ ᠡᠮᠨᠡᠯᠬᠡ ᠶᠢᠨ ᠦᠢᠯᠡᠰ ᠢ ᠢᠲᠡᠪᠬᠢᠲᠡᠢ ᠬᠦᠭᠵᠢᠬᠦᠯᠦᠨ᠎ᠡ᠃ ᠬᠦᠮᠦᠨ ᠠᠮᠠ ᠪᠠ ᠲᠦᠯᠦᠪᠯᠡᠬᠡᠲᠦ ᠦᠷᠡᠵᠢᠯ ᠤᠨ ᠠᠵᠢᠯ ᠢ ᠬᠢᠨᠠᠮᠠᠭᠠᠢ ᠰᠠᠶᠢᠨ ᠬᠢᠵᠤ᠂ ︽ᠬᠤᠶᠠᠷ ᠪᠤᠰᠤ︾᠎ ᠶᠢ ᠵᠠᠰᠠᠬᠤ ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠰᠢᠨ᠎ᠡ ᠨᠡᠮᠡᠭᠲᠡᠬᠦ ᠬᠦᠮᠦᠨ ᠠᠮᠠ ᠶᠢᠨ ᠬᠡᠪ ᠴᠢᠨᠠᠷ ᠢ ᠲᠡᠬᠡᠭᠰᠢᠯᠡᠬᠦᠯᠵᠦ᠂ ᠲᠤᠤᠷ᠎ᠠ ᠦᠷᠡᠵᠢᠯ ᠤᠨ ᠬᠡᠮᠵᠢᠶ᠎ᠡ ᠶᠢ ᠲᠤᠭᠲᠠᠪᠤᠷᠢᠵᠢᠭᠤᠯᠤᠨ᠎ᠠ᠃ ᠡᠬᠡ ᠤᠷᠤᠨᠴᠢ ᠡᠷᠡᠬᠦᠯ ᠬᠠᠮᠠᠭᠠᠯᠠᠯ ᠤᠨ ᠬᠦᠲᠡᠯᠬᠡᠬᠡᠨ ᠢ ᠶᠡᠬᠡᠪᠡᠷ ᠦᠷᠨᠢᠬᠦᠯᠵᠦ᠂ ᠤᠯᠤᠰ ᠤᠨ ᠡᠷᠡᠬᠦᠯ ᠬᠠᠮᠠᠭᠠᠯᠠᠯ ᠤᠨ ᠬᠤᠲᠠ  ᠎ ᠶᠢ ᠡᠭᠦᠳᠤᠨ ᠪᠠᠶᠢᠭᠤᠯᠬᠤ ᠦᠷ᠎ᠡ ᠪᠦᠲᠦᠬᠡᠯ ᠢᠶᠠᠨ ᠪᠠᠬᠢᠵᠢᠬᠦᠯᠦᠨ᠎ᠡ᠃     ᠰᠤᠶᠤᠯ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠦᠨ᠎ᠡ᠃ ᠨᠡᠶᠢᠬᠡᠮ ᠵᠢᠷᠤᠮᠲᠤ ᠭᠤᠤᠯᠯᠠᠭᠴᠢ ᠦᠷᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ  ᠪᠦᠬᠦ ᠤᠯᠤᠰ ᠤᠨ ᠪᠤᠯᠪᠠᠰᠤᠨ ᠬᠤᠲᠠ ᠶᠢ ᠡᠬᠦᠲᠦᠨ ᠪᠠᠶᠢᠭᠤᠯᠬᠤ ᠠᠵᠢᠯᠯᠭᠠᠨ ᠢ ᠬᠦᠨᠵᠡᠬᠡᠢ ᠦᠷᠨᠢᠬᠦᠯᠦᠨ᠂ ᠪᠦᠬᠦ ᠨᠡᠶᠢᠬᠡᠮ ᠤᠨ ᠶᠤᠰᠤ ᠰᠤᠷᠲᠠᠬᠤᠨ ᠤ ᠪᠤᠯᠪᠠᠰᠤᠨ ᠤ ᠲᠦᠪᠰᠢᠨ ᠢ ᠲᠠᠰᠤᠷᠠᠯᠲᠠ ᠦᠬᠡᠢ ᠲᠡᠬᠡᠭᠰᠢᠯᠡᠬᠦᠯᠦᠨ᠎ᠡ᠃ ᠪᠦᠬᠦ ᠠᠷᠠᠳ ᠢ ᠤᠷᠤᠯᠴᠠᠭᠤᠯᠬᠤ ᠪᠠᠷ ᠲᠠᠮᠵᠢᠭᠤᠯᠤᠨ᠂ ᠰᠢᠨ᠎ᠡ ᠴᠠᠭ ᠦᠶ᠎ᠡ ᠶᠢᠨ ︽ᠤᠯᠠᠭᠠᠨᠬᠠᠲᠠ ᠶᠢᠨ ᠵᠤᠷᠢᠭ ᠰᠠᠨᠠᠭ᠎ᠠ︾᠎ ᠶᠢ ᠪᠤᠢ ᠪᠤᠯᠭᠠᠵᠤ᠂ ᠪᠦᠬᠦ ᠬᠤᠲᠠ ᠶᠢᠨ ᠠᠷᠠᠳ ᠲᠦᠮᠡᠨ ᠮᠡᠳᠡᠷᠡᠬᠦ ᠮᠦᠷᠲᠡᠬᠡᠨ ᠭᠡᠷᠡᠭᠵᠢᠭᠦᠯᠭᠦ ᠦᠢᠯᠡ ᠠᠵᠢᠯᠯᠭᠠᠨ ᠤ  ᠪᠠᠷᠢᠮᠵᠢᠶ᠎ᠠ ᠪᠤᠯᠭᠠᠨ᠎ᠠ᠃ ᠰᠤᠶᠤᠯ ᠤᠨ ᠦᠢᠯᠡᠰ ᠢ ᠬᠦᠭᠵᠢᠬᠦᠯᠵᠦ᠂ ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠡᠯᠲᠡ ᠶᠢ ᠠᠬᠢᠭᠤᠯᠤᠨ᠎ᠠ᠃ ᠦᠨᠳᠦᠰᠦᠲᠡᠨ ᠤ ᠰᠤᠶᠤᠯ ᠢ ᠠᠭᠤᠲᠠᠯᠠᠨ ᠪᠠᠲᠠᠷᠠᠭᠤᠯᠵᠤ᠂ ᠤᠯᠠᠨ ᠲᠦᠮᠡᠨ ᠳᠤ ᠬᠠᠨᠲᠤᠭᠤᠯᠤᠭᠰᠠᠨ᠂ ᠠᠮᠢᠲᠤᠷᠠᠯ ᠳᠤ ᠤᠶᠢᠷᠠᠲᠤᠭᠰᠠᠨ᠂ ᠴᠠᠭ ᠦᠶ᠎ᠡ ᠶᠢ ᠲᠤᠰᠬᠠᠭᠰᠠᠨ ᠤᠷᠠᠨ ᠵᠤᠬᠢᠶᠠᠯ ᠤᠳᠬ᠎ᠠ ᠤᠷᠠᠯᠢᠭ ᠤᠨ ᠪᠦᠲᠦᠬᠡᠯ ᠢ ᠶᠡᠬᠡᠪᠡᠷ ᠬᠦᠭᠵᠢᠬᠦᠯᠵᠦ᠂ ᠨᠡᠯᠢᠶᠡᠳ ᠰᠠᠶᠢᠨ ᠨᠦᠯᠦᠬᠡᠯᠡᠬᠦ ᠬᠦᠴᠦᠨ ᠲᠠᠢ ᠪᠦᠬᠡᠳ ᠤᠯᠠᠮᠵᠢᠯᠠᠨ ᠲᠠᠷᠬᠠᠭᠠᠬᠤ ᠬᠦᠴᠦᠨ ᠲᠠᠢ ᠨᠢᠬᠡ ᠪᠦᠯᠦᠭ ᠤᠬᠢ ᠪᠦᠲᠦᠬᠡᠯ ᠢ ᠭᠠᠷᠭᠠᠬᠤ ᠪᠠᠷ ᠴᠢᠷᠮᠠᠶᠢᠨ᠎ᠠ᠃ ᠰᠤᠶᠤᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠲᠡᠭᠡ 75᠂ ᠲᠠᠯ᠎ᠡ ᠨᠤᠲᠤᠭ ᠤᠨ ᠨᠤᠮ ᠤᠨ ᠦᠷᠦᠬᠡ 318 ᠎ ᠶᠢ ᠪᠠᠶᠢᠭᠤᠯᠵᠤ᠂ ᠭᠠᠴᠠᠭ᠎ᠠ ᠲᠤᠰᠬᠤᠨ ᠤ ᠲᠠᠯ᠎ᠡ ᠨᠤᠲᠤᠭ ᠤᠨ ᠨᠤᠮ ᠤᠨ ᠦᠷᠦᠬᠡ ᠶᠢᠨ ᠨᠠᠶᠢᠳᠡᠮ ᠪᠦᠷᠭᠦᠯᠳᠡ ᠶᠢ ᠪᠡᠶᠡᠯᠡᠬᠦᠯᠦᠨ᠎ᠡ᠃ ᠲᠤᠯᠤᠲᠤᠭᠠᠷ ᠬᠤᠭᠤᠴᠠᠭᠠᠨ ᠎ ᠤ ᠬᠤᠩ ᠱᠠᠨ ᠰᠤᠶᠤᠯ ᠤᠨ ᠨᠠᠶᠢᠷ ᠵᠡᠷᠬᠡ ᠠᠯᠢ ᠤᠯᠠᠨ ᠪᠠᠶᠠᠷ ᠲᠤᠷᠠᠰᠬᠠᠯ ᠤᠨ ᠠᠵᠢᠯᠯᠠᠭᠠᠨ ᠢ ᠰᠠᠶᠢᠲᠤᠷ ᠡᠷᠬᠢᠯᠡᠨ᠂ ᠪᠠᠶᠠᠷ ᠲᠤᠷᠠᠰᠬᠠᠯ ᠤᠨ ᠨᠡᠷᠡᠲᠦ ᠲᠡᠮᠲᠡᠭ ᠢ ᠪᠤᠢ ᠪᠤᠯᠭᠠᠨ᠎ᠠ᠃ ᠰᠤᠶᠤᠯ ᠤᠨ ᠦᠪ ᠢ ᠬᠠᠮᠠᠭᠠᠯᠠᠬᠤ᠂ ᠠᠭᠤᠲᠠᠯᠠᠨ ᠢᠯᠡᠷᠡᠬᠦᠯᠬᠦ ᠪᠠ ᠠᠰᠢᠭᠯᠠᠬᠤ ᠠᠵᠢᠯ ᠢ ᠬᠦᠨᠵᠡᠬᠡᠢ ᠦᠷᠨᠢᠬᠦᠯᠵᠦ᠂ ᠡᠯ ᠳ᠋ᠤᠤ ᠵᠢᠩᠽᠢ ᠪᠠᠭᠤᠷᠢ ᠎ ᠶᠢᠨ ᠮᠦᠽᠸᠢ ᠶᠢ ᠪᠠᠶᠢᠭᠤᠯᠬᠤ ᠪᠡᠯᠡᠳᠬᠡᠯ ᠠᠵᠢᠯ ᠢ ᠡᠬᠢᠯᠡᠬᠦᠯᠦᠨ᠂ ᠬᠤᠩ ᠱᠠᠨ ᠰᠤᠶᠤᠯ ᠤᠨ ᠰᠤᠶᠤᠯ ᠤᠨ  ᠦᠪ ᠢᠶᠠᠷ ᠡᠷᠡᠮᠡᠯᠵᠢᠯᠡᠬᠦ ᠠᠵᠢᠯ ᠢ ᠡᠬᠢᠯᠡᠵᠦ᠂  ᠡᠨᠡ ᠵᠢᠯ ᠯᠢᠶᠤᠤ ᠶᠢᠨ ᠦᠶ᠎ᠠ ᠶᠢᠨ ᠪᠠᠭᠤᠷᠢ ᠶᠢᠨ ᠰᠦᠷᠦᠭᠵᠢᠯ ᠢ ᠤᠯᠤᠰ ᠠᠴᠠ ᠲᠡᠯᠡᠬᠡᠢ ᠶᠢᠨ ᠰᠤᠶᠤᠯ ᠤᠨ ᠦᠪ ᠢᠶᠠᠷ ᠡᠷᠡᠮᠡᠯᠵᠢᠯᠡᠨ ᠮᠡᠳᠡᠬᠦᠯᠬᠦ ᠪᠡᠯᠡᠳᠬᠡᠯ ᠨᠡᠷᠡᠰ ᠲᠤ ᠤᠷᠤᠭᠤᠯᠬᠤ ᠪᠠᠷ ᠴᠢᠷᠮᠠᠶᠢᠨ᠎ᠠ᠃ ᠷᠠᠳᠢᠤ᠋ ᠲᠧᠯᠸᠢᠰ ᠺᠢᠨᠤ᠋ ᠶᠢᠨ ᠲᠤᠭᠠᠴᠢᠯᠠᠬᠤ ᠠᠬᠢᠴᠠ ᠶᠢ ᠶᠡᠬᠡᠪᠡᠷ ᠠᠬᠢᠭᠤᠯᠵᠤ᠂ ᠲᠤᠰᠬᠤᠨ ᠪᠤᠯᠭᠠᠨ ᠳᠤ ᠨᠡᠪᠲᠡᠷᠡᠬᠦᠯᠬᠦ ᠢᠨᠵᠧᠨᠧᠷᠢᠩ ᠢ ᠰᠠᠶᠢᠲᠤᠷ ᠠᠳᠬᠤᠨ ᠮᠤᠩᠭᠤᠯ ᠬᠡᠯᠡᠨ ᠤ ᠲᠤᠰᠬᠠᠢ ᠨᠡᠪᠲᠡᠷᠡᠬᠦᠯᠬᠡ ᠶᠢᠨ ᠰᠤᠪᠠᠭ ᠢ ᠲᠦᠷᠬᠡᠬᠡᠨ ᠡᠭᠢᠯᠡᠭᠦ ᠶᠢ ᠠᠭᠢᠭᠤᠯᠤᠨ᠎ᠠ᠃ ᠤᠶᠢᠷ᠎ᠠ ᠤᠷᠴᠢᠮ ᠵᠢᠴᠢ ᠬᠦᠭᠵᠢᠭᠰᠡᠨ ᠭᠠᠵᠠᠷ ᠤᠷᠤᠨ ᠯᠤᠭ᠎ᠠ ᠶᠢᠨ ᠰᠤᠶᠤᠯ ᠤᠨ ᠰᠤᠯᠢᠯᠴᠠᠭ᠎ᠠ ᠶᠢ ᠴᠢᠩᠭᠠᠳᠬᠠᠵᠤ᠂ ᠤᠯᠤᠰ ᠤᠨ ᠲᠤᠲᠤᠭᠠᠲᠤ ᠭᠠᠲᠠᠭᠠᠲᠤ ᠶᠢᠨ ᠨᠦᠬᠦᠷᠰᠡᠭ ᠬᠤᠲᠠ ᠎ ᠯᠤᠭ᠎ᠠ ᠶᠢᠨ ᠶᠠᠪᠤᠯᠴᠠᠭ᠎ᠠ ᠳᠠᠬᠢ ᠰᠤᠶᠤᠯ ᠤᠨ ᠬᠤᠯᠪᠤᠭᠠᠰᠤ ᠶᠢᠨ ᠦᠢᠯᠡᠲᠦᠯ ᠢ ᠪᠠᠲᠠᠷᠠᠭᠤᠯᠵᠤ᠂ ᠤᠯᠠᠭᠠᠨᠬᠠᠲᠠ ᠶᠢᠨ ᠤᠨᠴᠠᠯᠢᠭ ᠪᠦᠬᠦᠢ ᠲᠠᠯ᠎ᠡ ᠨᠤᠲᠤᠭ ᠤᠨ ᠰᠤᠶᠤᠯ ᠤᠨ ᠨᠦᠯᠦᠬᠡᠯᠡᠬᠦ ᠬᠦᠴᠦᠨ ᠪᠠ ᠨᠡᠷ᠎ᠡ ᠠᠯᠲᠠᠷᠰᠢᠯ ᠤᠨ ᠬᠡᠮᠵᠢᠶ᠎ᠡ ᠶᠢ ᠲᠡᠬᠡᠭᠰᠢᠯᠡᠬᠦᠯᠦᠨ᠎ᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ ᠶᠢ ᠨᠠᠶᠢᠲᠠᠪᠤᠷᠢᠵᠢᠭᠤᠯᠤᠨ᠂ ᠤᠯᠠᠨ ᠲᠦᠮᠡᠨᠴᠢ ᠴᠢᠨᠠᠷᠲᠡᠢ ᠪᠡᠶ᠎ᠡ ᠶᠢᠨ ᠲᠠᠮᠢᠷ ᠤᠨ ᠠᠵᠢᠯᠯᠠᠭᠠᠨ ᠢ ᠢᠲᠡᠪᠬᠢᠲᠡᠢ ᠦᠷᠨᠢᠬᠦᠯᠵᠦ᠂ ᠪᠡᠶ᠎ᠡ ᠶᠢᠨ ᠲᠠᠮᠢᠷ ᠤᠨ ᠲᠦᠪ ᠤᠨ ᠪᠦᠲᠦᠬᠡᠨ ᠪᠠᠶᠢᠭᠤᠯᠤᠯᠲᠠ ᠶᠢ ᠲᠦᠷᠬᠡᠳᠬᠡᠵᠦ᠂ ᠪᠦᠬᠦ ᠤᠷᠤᠨ ᠤ ᠠᠷᠪᠠᠨ ᠭᠤᠷᠪᠠᠲᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠪᠦᠬᠦ ᠬᠤᠲᠠ ᠎ ᠶᠢᠨ ᠬᠤᠶᠠᠲᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠬᠢᠨᠠᠮᠠᠭᠠᠢ ᠰᠠᠶᠢᠨ ᠬᠢᠨ᠎ᠡ᠃ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠬᠡᠶᠢᠯᠡᠯᠲᠡ᠂ ᠴᠠᠭ ᠠᠭᠤᠷ᠂ ᠤᠯᠠᠭᠠᠨ ᠵᠠᠭᠠᠯᠮᠠᠶᠢᠲᠠᠨ᠂ ᠭᠠᠲᠠᠭᠠᠲᠤ ᠶᠠᠪᠤᠲᠠᠯ᠂ ᠬᠠᠷᠢᠶᠠᠲᠤ ᠶᠢᠨ ᠶᠠᠪᠤᠲᠠᠯ᠂ ᠭᠠᠵᠠᠷ ᠬᠦᠲᠡᠯᠦᠯᠲᠡ ᠶᠢ  ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠬᠡ ᠠᠵᠢᠯ ᠢ ᠴᠢᠩᠭᠠᠳᠬᠠᠵᠤ᠂ ᠡᠮᠡᠭᠲᠡᠶᠢᠴᠤᠳ ᠬᠡᠦᠬᠡᠳ᠂ ᠦᠲᠡᠬᠦᠰᠴᠦᠳ ᠪᠠ ᠵᠡᠮᠲᠡᠭᠴᠤᠳ ᠤᠨ ᠬᠠᠦᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ