2012 ᠣᠨ ᠤ ᠵᠠᠰᠠᠭ ᠤᠨ ᠣᠷᠳᠤᠨ ᠤ ᠢᠯᠡᠳᠬᠡᠯ ︵ᠵᠢᠷᠭᠤᠭ᠎ᠠ︶
ᠨᠡᠶᠢᠲᠡᠯᠡᠭᠰᠡᠨ ᠴᠠᠭ᠄
2015/11/19
    ︵ᠲᠤᠯᠤᠭ᠎ᠠ︶ ᠨᠡᠶᠢᠬᠡᠮ ᠤᠨ ᠬᠠᠮᠢᠶᠠᠷᠤᠯᠲᠠ ᠶᠢ ᠴᠢᠩᠭᠠᠳᠬᠠᠨ᠂ ᠨᠡᠶᠢᠬᠡᠮ ᠤᠨ ᠲᠤᠭᠲᠠᠭᠤᠨ ᠢ ᠬᠠᠮᠠᠭᠠᠯᠠᠨ᠎ᠡ     ᠨᠡᠶᠢᠬᠡᠮ ᠤᠨ ᠬᠠᠮᠢᠶᠠᠷᠤᠯᠲᠠ ᠶᠢᠨ ᠰᠢᠨ᠎ᠡ ᠡᠬᠦᠲᠦᠯᠲᠡ ᠶᠢ ᠠᠬᠢᠭᠤᠯᠤᠨ᠎ᠠ᠃ ᠦᠨᠳᠦᠰᠦᠨ ᠱᠠᠲᠤᠨ ᠤ ᠰᠠᠭᠤᠷᠢ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠬᠡᠮ ᠤᠨ ᠬᠠᠮᠢᠶᠠᠷᠤᠯᠲᠠ ᠶᠢᠨ ᠰᠢᠨ᠎ᠡ ᠶᠢ ᠡᠬᠦᠳᠬᠦ  ᠶᠡᠷᠦᠩᠬᠡᠶᠢᠯᠡᠭᠰᠡᠨ ᠲᠤᠷᠰᠢᠯᠲᠠ ᠶᠢᠨ ᠴᠢᠭ᠋ ᠤᠨ ᠠᠵᠢᠯ ᠢ ᠰᠠᠶᠢᠨ ᠠᠳᠬᠤᠨ᠎ᠠ᠃ ᠰᠤᠮᠤ ᠰᠢᠶᠠᠩ ᠪᠠᠯᠭᠠᠰᠤ᠂ ᠬᠤᠲᠠ ᠬᠦᠲᠡᠭᠡ ᠶᠢᠨ ᠨᠡᠶᠢᠬᠡᠮ ᠲᠤᠭᠤᠷᠢᠭ ᠤᠨ ᠨᠡᠶᠢᠬᠡᠮ ᠤᠨ ᠬᠠᠮᠢᠶᠠᠷᠤᠯᠲᠠ ᠶᠢᠨ ᠡᠬᠢ ᠪᠠᠶᠠᠯᠢᠭ ᠢ ᠡᠮᠬᠢᠯᠡᠨ  ᠨᠢᠳᠭᠡᠵᠦ᠂ ᠲᠤᠤᠷᠵᠢᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠬᠡᠨ ᠤ ᠭᠡᠯᠪᠡᠷᠢ ᠶᠢ ᠢᠲᠡᠪᠬᠢᠲᠡᠢ ᠠᠬᠢᠭᠤᠯᠵᠤ᠂ ᠨᠡᠶᠢᠬᠡᠮ ᠲᠤᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠬᠡᠨ ᠎ ᠤ ᠲᠦᠪᠰᠢᠨ ᠢᠶᠠᠨ ᠲᠡᠬᠡᠭᠰᠢᠯᠡᠬᠦᠯᠵᠦ᠂ ᠨᠡᠶᠢᠬᠡᠮ ᠲᠤᠭᠤᠷᠢᠭ ᠤᠨ ᠠᠯᠪᠠᠯᠠᠬᠤ ᠪᠠ ᠠᠵᠢᠯᠯᠠᠭᠠᠨ ᠤ ᠲᠠᠯᠠᠪᠤᠷ ᠤᠨ ᠲᠡᠯᠡᠪᠡᠢ ᠶᠢ ᠴᠦᠮ 300 ᠲᠡᠭᠰᠢ ᠲᠦᠷᠪᠡᠯᠵᠢᠨ ᠮᠧᠲᠷ ᠠᠴᠠ ᠲᠡᠬᠡᠭᠰᠢ ᠳᠤ ᠬᠦᠷᠬᠡᠨ᠎ᠡ᠃ ᠰᠢᠨ᠎ᠡ ᠪᠠᠷ ᠨᠡᠮᠡᠭᠲᠡᠬᠦ ᠰᠤᠮᠤ ᠰᠢᠶᠠᠩ ᠪᠠᠯᠭᠠᠰᠤ ᠶᠢ ᠪᠠᠶᠢᠭᠤᠯᠬᠤ ᠪᠠ ᠨᠠᠢᠮᠠᠲᠤᠭᠠᠷ ᠤᠲᠠᠭᠠᠨ ᠤ ᠭᠠᠴᠠᠭ᠎ᠠ ᠲᠤᠰᠬᠤᠨ ᠤ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠯᠠᠪᠲᠠᠭᠤᠨ ᠪᠦᠬᠡᠳ ᠡᠮᠬᠢ ᠲᠠᠷᠠᠭᠠᠯᠠᠯ ᠲᠠᠢ ᠪᠡᠶᠡᠯᠡᠬᠦᠯᠵᠦ᠂ ᠭᠠᠴᠠᠭ᠎ᠠ ᠲᠤᠰᠬᠤᠨ ᠤ ᠱᠠᠲᠤᠨ ᠤ ᠠᠵᠢᠯ ᠶᠠᠪᠤᠲᠠᠯ ᠡᠷᠴᠢᠮᠵᠢᠭᠰᠡᠨ᠂ ᠨᠡᠶᠢᠬᠡᠮ ᠲᠤᠭᠤᠷᠢᠭᠵᠢᠭᠰᠠᠨ ᠬᠠᠮᠢᠶᠠᠷᠤᠯᠲᠠ ᠪᠠ ᠠᠷᠠᠳᠴᠢᠯᠠᠭᠰᠠᠨ ᠬᠠᠮᠢᠶᠠᠷᠤᠯᠲᠠ ᠶᠢ ᠬᠦᠨᠵᠡᠬᠡᠢ ᠠᠬᠢᠭᠤᠯᠵᠤ᠂ ᠤᠯᠠᠨ ᠲᠦᠮᠡᠨ ᠤ ᠦᠪᠡᠷ ᠢ ᠪᠠᠨ ᠬᠠᠮᠢᠶᠠᠷᠬᠤ ᠪᠡ ᠬᠦᠭᠵᠢᠬᠦᠯᠬᠦ ᠴᠢᠲᠠᠪᠤᠷᠢ ᠶᠢ ᠲᠡᠬᠡᠭᠰᠢᠯᠡᠬᠦᠯᠦᠨ᠎ᠡ᠃ ᠨᠡᠶᠢᠬᠡᠮ ᠤᠨ ᠵᠠᠭᠤᠴᠢ᠂ ᠠᠵᠢᠯ ᠲᠦᠷᠦᠯ ᠤᠨ ᠨᠡᠶᠢᠬᠡᠮᠯᠢᠭ᠂ ᠨᠡᠶᠢᠲᠡ ᠶᠢᠨ ᠠᠰᠠᠷᠠᠮᠵᠢ ᠨᠢᠬᠦᠯᠡᠰᠦᠩᠬᠦᠢ ᠵᠡᠷᠬᠡ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢ ᠢᠲᠡᠪᠬᠢᠲᠡᠢ ᠵᠢᠯᠤᠭᠤᠲᠤᠨ ᠬᠦᠭᠵᠢᠬᠦᠯᠦᠨ᠎ᠡ᠃ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠎ ᠶᠢᠨ ᠵᠤᠬᠢᠶᠠᠨ ᠪᠠᠶᠢᠭᠤᠯᠤᠯᠲᠠ ᠪᠠ ᠰᠢᠨ᠎ᠡ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠨᠡᠶᠢᠬᠡᠮ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ  ᠴᠢᠩᠭᠠᠳᠬᠠᠨ᠎ᠠ᠃  ︽ᠵᠢᠷᠭᠤᠭ᠎ᠠ ᠲᠠᠪᠤ︾᠎ ᠶᠢᠨ ᠬᠠᠦᠯᠢ ᠲᠦᠬᠡᠮᠡᠯᠵᠢᠬᠦᠯᠬᠦ ᠤᠬᠠᠭᠤᠯᠭ᠎ᠠ ᠶᠢ ᠴᠢᠩᠭᠠᠳᠬᠠᠨ᠂ ᠠᠮᠤᠷ ᠲᠠᠶᠢᠪᠤᠩ  ᠪᠤᠯᠭᠠᠬᠤ ᠠᠵᠢᠯ ᠢ ᠬᠦᠨᠵᠡᠬᠡᠢ ᠦᠷᠨᠢᠬᠦᠯᠵᠦ᠂ ᠪᠦᠬᠦ ᠠᠷᠠᠳ ᠤᠨ ᠬᠠᠦᠯᠢ ᠲᠦᠷᠢᠮ ᠎ ᠤᠨ ᠦᠵᠡᠯᠲᠡ ᠪᠠ ᠪᠦᠬᠦ ᠨᠡᠶᠢᠬᠡᠮ ᠤᠨ ᠬᠠᠤᠯᠢᠵᠢᠠᠠᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠡ᠃ ᠬᠠᠦᠯᠢ ᠴᠠᠭᠠᠵᠠ ᠶᠢᠨ ᠲᠤᠰᠠᠯᠠᠮᠵᠢ ᠶᠢ ᠴᠢᠩᠭᠠᠳᠬᠠᠨ᠂ ᠢᠷᠬᠡᠨ ᠤ ᠡᠪᠰᠡᠬᠦᠯᠦᠯᠲᠡ᠂ ᠵᠠᠰᠠᠭ ᠵᠠᠬᠢᠷᠭᠠᠨ ᠤ ᠡᠪᠰᠡᠬᠦᠯᠦᠯᠲᠡ᠂ ᠬᠠᠦᠯᠢ ᠴᠠᠭᠠᠵᠠ ᠶᠢᠨ ᠡᠪᠰᠡᠬᠦᠯᠦᠯᠲᠡ ᠪᠡ ᠬᠦᠨᠲᠡᠯᠡᠨ ᠠᠴᠠ ᠨᠢ ᠲᠠᠰᠤᠯᠬᠤ ᠎ ᠶᠢ ᠵᠤᠯᠭᠠᠭᠤᠯᠤᠭᠰᠠᠨ ᠶᠡᠭᠡ ᠡᠪᠰᠡᠬᠦᠯᠦᠯᠲᠡ ᠶᠢᠨ ᠰᠢᠰᠲ᠋ᠧᠮ ᠢ ᠲᠡᠬᠦᠯᠲᠡᠷᠵᠢᠬᠦᠯᠦᠨ᠎ᠡ᠃ ᠨᠡᠶᠢᠬᠡᠮ ᠤᠨ ᠠᠮᠤᠷ ᠢ ᠬᠠᠮᠠᠭᠠᠯᠠᠬᠤ ᠰᠡᠷᠬᠡᠶᠢᠯᠡᠯᠲᠡ ᠶᠢᠨ ᠰᠢᠰᠲ᠋ᠧᠮ ᠢ ᠲᠡᠬᠦᠯᠲᠡᠷᠵᠢᠬᠦᠯᠦᠨ ᠡᠯ᠎ᠡ ᠵᠦᠢᠯ ᠤᠨ ᠬᠠᠦᠯᠢ ᠪᠤᠰᠤ ᠶᠠᠯᠠᠲᠤ ᠠᠵᠢᠯᠯᠠᠭ᠎ᠠ ᠳᠤ ᠬᠠᠦᠯᠢ ᠶᠤᠰᠤᠭᠠᠷ ᠴᠤᠬᠢᠯᠲᠠ ᠦᠭᠴᠦ᠂ ᠤᠯᠠᠨ ᠨᠡᠶᠢᠲᠡ ᠶᠢᠨ ᠬᠡᠨᠡᠳᠲᠡ ᠡᠬᠦᠰᠦᠭᠰᠡᠨ ᠬᠡᠷᠡᠭ ᠢ ᠤᠷᠢᠳᠴᠢᠯᠡᠨ ᠰᠡᠷᠭᠡᠶᠢᠯᠡᠭᠦ ᠪᠡ ᠪᠠᠴᠢᠮ ᠠᠷᠭᠠᠴᠠᠭᠠᠬᠤ ᠴᠢᠲᠠᠪᠤᠷᠢ ᠪᠠᠨ ᠲᠡᠭᠡᠭᠰᠢᠯᠡᠬᠦᠯᠦᠨ᠎ᠡ᠃ ᠦᠨᠳᠦᠰᠦᠲᠡᠨ ᠱᠠᠰᠢᠨ ᠰᠤᠷᠲᠠᠬᠤᠨ ᠤ ᠲᠤᠬᠠᠢ ᠨᠠᠮ ᠤᠨ ᠲᠦᠷᠦ ᠶᠢᠨ ᠪᠤᠲᠤᠯᠭ᠎ᠠ ᠶᠢ ᠪᠦᠬᠦ ᠲᠡᠯ᠎ᠡ ᠪᠠᠷ ᠨᠠᠶᠢᠲᠠᠪᠤᠷᠢᠵᠢᠭᠤᠯᠵᠤ᠂ ᠦᠨᠳᠦᠰᠦᠲᠡᠨ ᠱᠠᠰᠢᠨ ᠰᠤᠷᠲᠠᠬᠤᠨ ᠤ ᠶᠠᠪᠤᠲᠠᠯ ᠢ ᠬᠠᠦᠯᠢ ᠶᠤᠰᠤᠭᠠᠷ ᠬᠠᠮᠢᠶᠠᠷᠤᠨ᠎ᠠ᠃ ᠤᠯᠠᠭᠠᠨᠬᠠᠲᠠ ᠳᠤ ᠰᠠᠭᠤᠭ᠎ᠠ ᠴᠡᠷᠢᠭ ᠠᠩᠬᠢ ᠶᠢᠨ ᠪᠠᠶᠢᠭᠤᠯᠤᠯᠲᠠ ᠶᠢ ᠲᠡᠮᠵᠢᠵᠤ᠂ ᠡᠷᠦᠬᠡ ᠶᠢᠨ ᠴᠡᠷᠢᠭ ᠪᠠ ᠪᠡᠯᠡᠳᠬᠡᠯ ᠠᠯᠪᠡ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠂ ᠬᠤᠶᠠᠷ ᠢ ᠬᠦᠷᠢᠶᠡᠯᠡᠬᠦ ᠠᠵᠢᠯ ᠢ ᠰᠠᠶᠢᠨ ᠬᠢᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠲᠡᠯ ᠢ ᠪᠠᠲᠤᠳᠬᠠᠨ᠎ᠠ᠃     ᠵᠠᠬᠢᠲᠠᠯ ᠰᠤᠷᠪᠤᠯᠵᠢᠯᠠᠯ ᠤᠨ ᠠᠵᠢᠯ ᠤᠨ ᠡᠷᠴᠢᠮ ᠢ ᠴᠢᠩᠭᠠᠷᠠᠭᠤᠯᠤᠨ᠎ᠠ᠃  ᠤᠯᠠᠨ ᠲᠦᠮᠡᠨ ᠤ ᠠᠵᠢᠯ ᠢᠶᠠᠷ ᠵᠠᠬᠢᠲᠠᠯ ᠰᠤᠷᠪᠤᠯᠵᠢᠯᠠᠯ ᠤᠨ ᠠᠵᠢᠯ ᠤᠨ ᠪᠦᠬᠦ ᠲᠠᠯ᠎ᠡ ᠶᠢ  ᠵᠠᠬᠢᠷᠠᠭᠤᠯᠬᠤ ᠶᠢ ᠪᠠᠷᠢᠮᠲᠠᠯᠠᠵᠤ᠂ ᠵᠠᠬᠢᠲᠠᠯ ᠰᠤᠷᠪᠤᠯᠵᠢᠯᠠᠯ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠪᠦᠲᠦᠬᠡᠨ ᠪᠠᠶᠢᠭᠤᠯᠤᠯᠲᠠ ᠪᠠ ᠪᠠᠶᠢᠭᠤᠯᠤᠮᠵᠢ ᠵᠤᠬᠢᠴᠠᠮᠵᠢ ᠶᠢᠨ ᠰᠢᠨ᠎ᠡ ᠡᠬᠦᠲᠦᠯᠲᠡ ᠶᠢ ᠯᠠᠪᠲᠠᠭᠤᠨ ᠢᠶᠠᠷ ᠠᠬᠢᠭᠤᠯᠤᠨ᠎ᠠ᠃ ᠵᠠᠬᠢᠲᠠᠯ ᠰᠤᠷᠪᠤᠯᠵᠢᠯᠠᠯ ᠤᠨ ᠠᠵᠢᠯ ᠤᠨ ᠤᠲᠤᠷᠢᠲᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠲᠠᠪᠤᠷᠢᠵᠢᠭᠤᠯᠤᠨ᠂ ᠤᠲᠤᠷᠢᠳᠬᠤ ᠺᠠᠳ᠋ᠷ ᠨᠠᠷ ᠤᠨ ᠵᠠᠬᠢᠲᠠᠯ ᠰᠤᠷᠪᠤᠯᠵᠢᠯᠠᠯ ᠢ ᠬᠦᠯᠢᠶᠡᠨ ᠠᠪᠬᠤ᠂ ᠲᠤᠭᠤᠷᠢᠨ ᠰᠤᠷᠪᠤᠯᠵᠢᠯᠠᠬᠤ ᠠᠵᠢᠯᠯᠭᠠᠨ ᠢ ᠬᠦᠨᠵᠡᠬᠡᠢ ᠦᠷᠨᠢᠬᠦᠯᠵᠦ᠂ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠲᠠᠯ ᠢ ᠬᠢᠨᠠᠮᠠᠭᠠᠢ ᠰᠠᠶᠢᠲᠤᠷ ᠰᠢᠢᠳᠪᠦᠷᠢᠯᠡᠨ᠎ᠡ᠃ ᠨᠡᠶᠢᠬᠡᠮ ᠤᠨ ᠵᠦᠷᠢᠴᠡᠯ ᠮᠦᠷᠬᠦᠯᠲᠦᠬᠡᠨ ᠢ ᠪᠠᠶᠢᠴᠠᠭᠠᠨ ᠨᠠᠮᠳᠠᠭᠠᠵᠦ ᠰᠢᠢᠳᠪᠤᠷᠢᠯᠡᠭᠦ  ᠡᠷᠴᠢᠮ  ᠎ ᠢᠶᠠᠨ ᠤᠯᠠᠮ  ᠴᠢᠩᠭᠠᠷᠠᠭᠤᠯᠵᠦ᠂  ᠤᠯᠠᠨ ᠲᠦᠮᠡᠨ ᠢ ᠵᠢᠯᠤᠭᠤᠲᠤᠨ ᠲᠠᠭᠠᠭᠤᠯᠵᠤ ᠬᠠᠦᠯᠢ ᠶᠤᠰᠤᠭᠠᠷ ᠱᠠᠲᠤ ᠲᠠᠷᠠᠭᠠᠯᠠᠨ᠂ ᠡᠮᠬᠢ ᠲᠠᠷᠠᠭᠠᠯᠠᠯ ᠲᠠᠢ ᠪᠠᠷ ᠲᠤᠰᠬᠠᠨ ᠵᠠᠷᠭᠤᠯᠬᠤ ᠪᠤᠯᠭᠠᠨ᠎ᠠ᠃ ᠪᠦᠯᠦᠭᠯᠡᠬᠦ ᠴᠢᠨᠠᠷᠲᠡᠢ ᠵᠠᠬᠢᠲᠠᠯ ᠰᠤᠷᠪᠤᠯᠵᠢᠯᠠᠯ ᠎ ᠤᠨ ᠬᠡᠷᠡᠭ ᠢ ᠢᠲᠡᠪᠬᠢᠲᠡᠢ ᠤᠷᠢᠳᠴᠢᠯᠠᠨ ᠰᠡᠷᠬᠡᠶᠢᠯᠡᠬᠦ ᠪᠠ  ᠵᠤᠭᠢᠰᠳᠠᠢ ᠰᠢᠢᠳᠪᠦᠷᠢᠯᠡᠵᠦ᠂  ᠵᠠᠬᠢᠳᠠᠯ ᠰᠤᠷᠪᠤᠯᠵᠢᠯᠠᠯ ᠤᠨ  ᠲᠠᠷᠤᠭᠳᠠᠭᠰᠠᠨ ᠬᠡᠷᠡᠭ ᠢ  ᠲᠦᠪᠯᠡᠷᠡᠩᠭᠦᠢ ᠲᠢᠭᠯᠢᠨ  ᠰᠢᠢᠳᠪᠦᠷᠢᠯᠡᠵᠦ  ᠂ ᠪᠡᠬᠡᠵᠢᠩ ᠳᠤ ᠤᠷᠤᠵᠤ ᠬᠠᠦᠯᠢ ᠪᠤᠰᠤ ᠪᠠᠷ ᠲᠡᠬᠡᠭᠰᠢ ᠰᠤᠷᠪᠤᠯᠵᠢᠯᠠᠬᠤ ᠶᠢ ᠪᠦᠬᠦ ᠤᠷᠤᠨ ᠤ ᠡᠮᠦᠨ᠎ᠡ ᠲᠦᠷᠪᠡᠨ ᠨᠡᠷ᠎ᠡ ᠎ ᠠᠴᠠ ᠭᠠᠷᠭᠠᠬᠤ ᠪᠡ ᠦᠪᠡᠷᠲᠡᠬᠡᠨ ᠵᠠᠰᠠᠬᠤ ᠤᠷᠤᠨ ᠳᠤ ᠬᠠᠦᠯᠢ ᠪᠤᠰᠤ ᠪᠠᠷ ᠲᠡᠬᠡᠭᠰᠢ ᠰᠤᠷᠪᠤᠯᠵᠢᠯᠠᠬᠤ ᠶᠢ ᠡᠮᠦᠨ᠎ᠡ ᠲᠠᠪᠤᠨ ᠨᠡᠷ᠎ᠡ ᠠᠴᠠ ᠭᠠᠷᠭᠠᠬᠤ ᠶᠢ ᠪᠠᠲᠤᠯᠠᠨ᠎ᠠ᠃ ᠨᠡᠶᠢᠬᠡᠮ ᠤᠨ ᠲᠤᠭᠲᠠᠭᠤᠨ ᠤ ᠲᠦᠭᠰᠢᠬᠦᠷᠢ ᠶᠢ ᠦᠨᠡᠯᠡᠨ ᠵᠢᠱᠢᠬᠦ ᠵᠤᠬᠢᠴᠠᠮᠵᠢ ᠶᠢ ᠪᠦᠬᠦ ᠲᠡᠯ᠎ᠡ ᠪᠠᠷ ᠨᠠᠶᠢᠲᠠᠪᠤᠷᠢᠵᠢᠭᠤᠯᠤᠨ᠂ ᠤᠷᠢᠲᠡᠪᠡᠷ ᠭᠠᠷ ᠤᠷᠤᠬᠤ᠂ ᠰᠢᠢᠳᠪᠦᠷᠢᠲᠦ ᠪᠤᠲᠤᠯᠭ᠎ᠠ ᠶᠢ ᠦᠨᠡᠯᠡᠨ ᠵᠢᠱᠢᠬᠦ ᠪᠠ ᠠᠵᠢᠯ ᠤᠨ ᠲᠠᠷᠠᠭᠠᠬᠢ ᠬᠠᠷᠢᠭᠤᠴᠠᠯᠭ᠎ᠠ ᠨᠡᠬᠡᠮᠵᠢᠯᠡᠬᠦ ᠭᠤᠷᠪᠠᠨ ᠵᠠᠩᠬᠢᠯᠠᠭ᠎ᠠ ᠶᠢ ᠰᠠᠶᠢᠨ ᠠᠳᠬᠤᠵᠤ᠂ ᠨᠡᠶᠢᠬᠡᠮ ᠎ ᠤᠨ ᠵᠦᠷᠢᠴᠡᠯ ᠢ ᠰᠡᠷᠬᠡᠶᠢᠯᠡᠬᠦ ᠪᠠ ᠨᠠᠮᠲᠠᠭᠠᠬᠤ ᠠᠵᠢᠯ ᠢ ᠵᠢᠷᠤᠮᠵᠢᠭᠤᠯᠵᠤ ᠪᠠᠶᠢᠡᠭᠭᠤᠵᠢᠭᠤᠯᠬᠤ ᠶᠢ ᠠᠬᠢᠭᠤᠯᠤᠨ᠎ᠠ᠃    ᠠᠶᠤᠯᠬᠦᠢ ᠦᠢᠯᠡᠳᠪᠦᠷᠢᠯᠡᠯ ᠪᠠ ᠢᠲᠡᠬᠡᠨ ᠡᠮ ᠤᠨ ᠵᠦᠢᠯ ᠤᠨ ᠠᠶᠤᠯᠬᠦᠢ ᠶᠢᠨ ᠠᠵᠢᠯ ᠢ ᠰᠠᠶᠢᠨ ᠠᠳᠬᠤᠨ᠎ᠠ᠃ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠤᠭᠴᠠ ᠪᠠ ᠬᠠᠮᠲᠤᠷᠠᠨ ᠬᠠᠦᠯᠢ ᠬᠡᠷᠡᠭᠵᠢᠬᠦᠯᠬᠦ ᠠᠵᠢᠯ ᠤᠨ ᠵᠤᠬᠢᠴᠠᠮᠵᠢ ᠶᠢ ᠴᠢᠨᠠᠭᠰᠢᠲᠠ ᠲᠡᠬᠦᠯᠲᠡᠷᠵᠢᠬᠦᠯᠵᠦ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠤᠯᠯᠠᠬᠤ ᠬᠠᠷᠢᠭᠤᠴᠠᠯᠭ᠎ᠠ ᠪᠠ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠠᠭᠤᠷᠬᠠᠢ᠂ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠭᠠᠯ ᠤᠨᠲᠠᠷᠠᠭᠠᠬᠤ ᠵᠡᠷᠬᠡ ᠠᠶᠤᠯ ᠶᠡᠬᠡᠲᠡᠢ ᠠᠵᠢᠯ ᠲᠦᠷᠦᠯ ᠪᠠ ᠭᠤᠤᠯᠲᠠᠯᠭ᠎ᠠ ᠲᠠᠢ ᠬᠦᠷᠢᠶ᠎ᠡ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠲᠡᠷᠬᠡ ᠶᠢᠨ ᠠᠶᠤᠯᠬᠦᠢ ᠶᠢ ᠦᠨᠡᠩᠬᠦ ᠰᠠᠶᠢᠨ ᠠᠳᠬᠤᠵᠤ᠂ ᠤᠨᠴᠠ ᠬᠦᠨᠲᠦ ᠶᠡᠭᠡ ᠬᠡᠷᠡᠭ ᠭᠠᠷᠬᠤ ᠶᠢ ᠡᠷᠡᠰ ᠬᠤᠷᠢᠭᠯᠠᠨ᠎ᠠ᠃ ᠢᠲᠡᠬᠡᠨ ᠡᠮ ᠤᠨ ᠵᠦᠢᠯ ᠤᠨ ᠠᠶᠤᠯᠬᠦᠢ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢ ᠰᠢᠯᠤᠭᠤᠳᠬᠠᠨ᠂ ᠬᠢᠨᠠᠨ ᠬᠠᠮᠢᠶᠠᠷᠬᠤ  ᠲᠤᠰᠢᠶᠠᠯ ᠤᠨ ᠴᠢᠲᠠᠪᠤᠷᠢ ᠶᠢ ᠴᠢᠨᠠᠭᠰᠢᠲᠠ ᠴᠢᠩᠭᠠᠳᠬᠠᠵᠤ᠂ ᠦᠨᠳᠦᠰᠦᠨ ᠡᠮ ᠤᠨ ᠵᠦᠢᠯ ᠢ ᠡᠯᠧᠺᠲᠷᠤᠨ ᠢᠶᠠᠷ ᠬᠢᠨᠠᠨ ᠬᠠᠮᠢᠶᠠᠷᠴᠤ᠂ ᠢᠲᠡᠬᠡᠨ ᠡᠮ ᠤᠨ ᠵᠦᠢᠯ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠤᠷᠲᠤᠮᠵᠢ ᠶᠢᠨ ᠵᠤᠬᠢᠴᠠᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠡᠯ᠎ᠡ ᠬᠦᠷᠢᠶ᠎ᠡ ᠬᠡᠪᠴᠢᠶᠡᠨ ᠤ ᠲᠤᠰᠬᠠᠢ ᠲᠦᠷᠦᠯ ᠢᠶᠠᠷ ᠵᠠᠰᠠᠬᠤ ᠶᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠨ᠎ᠠ᠃    ︵ᠨᠠᠢᠮᠡ︶ ᠵᠠᠰᠠᠭ ᠤᠨ ᠤᠷᠲᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠪᠤᠲᠠᠲᠠᠢ ᠠᠵᠢᠯ ᠬᠢᠵᠤ ᠦᠨᠲᠦᠷ ᠪᠦᠲᠦᠮᠵᠢᠲᠡᠢ ᠠᠷᠢᠭᠤᠨ ᠴᠢᠬᠡᠴᠢ ᠵᠠᠰᠠᠭ ᠤᠨ ᠤᠷᠲᠤᠨ ᠢ ᠴᠢᠷᠮᠠᠶᠢᠨ ᠪᠠᠶᠢᠭᠤᠯᠤᠨ᠎ᠠ     ᠡᠨᠡ ᠵᠢᠯ ᠤᠨ ᠬᠠᠷᠠᠯᠲᠠ ᠶᠢᠨ ᠡᠬᠦᠷᠬᠡ ᠶᠢ ᠪᠡᠶᠡᠯᠡᠬᠦᠯᠬᠦ ᠳᠤ ᠡᠯ᠎ᠡ ᠱᠠᠲᠤᠨ ᠤ ᠵᠠᠰᠠᠭ ᠤᠨ ᠤᠷᠲᠤᠨ ᠤ ᠬᠠᠷᠢᠭᠤᠴᠠᠯᠭ᠎ᠠ ᠬᠦᠨᠲᠦ ᠶᠡᠭᠡ ᠶᠤᠮ᠃ ᠵᠠᠰᠠᠭ ᠤᠨ ᠤᠷᠲᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠩᠬᠦ ᠴᠢᠩᠭᠠᠳᠬᠠᠵᠤ᠂ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠨ᠂ ᠠᠷᠠᠳ ᠲᠦᠮᠡᠨ ᠳᠤ ᠦᠢᠯᠡᠴᠢᠯᠡᠵᠦ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠤᠯᠭᠠᠬᠤ ᠪᠠᠷ ᠴᠢᠷᠮᠠᠶᠢᠬᠤ ᠬᠡᠷᠡᠭᠲᠡᠢ᠃     ᠬᠠᠦᠯᠢ ᠶᠢ ᠴᠢᠩᠭ᠎ᠠ ᠵᠢᠷᠤᠮᠯᠠᠨ ᠶᠠᠪᠤᠭᠤᠯᠤᠨ᠎ᠠ᠃ ᠬᠠᠦᠯᠢ ᠶᠤᠰᠤᠭᠠᠷ ᠵᠠᠰᠠᠭ ᠶᠠᠪᠤᠭᠤᠯᠬᠤ ᠶᠢ ᠵᠠᠰᠠᠭ ᠤᠨ ᠤᠷᠲᠤᠨ ᠤ ᠠᠵᠢᠯ ᠤᠨ ᠦᠨᠳᠦᠰᠦᠨ ᠪᠠᠷᠢᠮᠵᠢᠶ᠎ᠠ ᠪᠤᠯᠭᠠᠵᠤ᠂ ᠲᠦᠷᠢᠮ ᠲᠤᠭᠲᠠᠭᠠᠯ ᠢᠶᠠᠷ ᠡᠷᠬᠡ ᠶᠢ ᠬᠠᠮᠢᠶᠠᠷᠬᠤ᠂ ᠲᠦᠷᠢᠮ ᠲᠤᠭᠲᠠᠭᠠᠯ ᠢᠶᠠᠷ ᠠᠵᠢᠯ ᠡᠷᠬᠢᠯᠡᠬᠦ᠂ ᠲᠦᠷᠢᠮ ᠲᠤᠭᠲᠠᠭᠠᠯ ᠢᠶᠠᠷ  ᠭᠦᠮᠤᠨ ᠢ ᠬᠠᠮᠢᠶᠠᠷᠬᠤ ᠎ ᠶᠢ ᠪᠠᠷᠢᠮᠲᠠᠯᠠᠵᠤ᠂ ᠬᠠᠦᠯᠢ ᠪᠠᠷ ᠲᠤᠭᠲᠠᠭᠠᠭᠰᠠᠨ ᠡᠷᠬᠡ ᠮᠡᠲᠡᠯ ᠤᠨ ᠬᠡᠪᠴᠢᠶ᠎ᠡ ᠪᠠ ᠲᠡᠰ ᠲᠠᠷᠠᠭᠠᠯᠠᠯ ᠢᠶᠠᠷ ᠡᠷᠬᠡ ᠪᠠᠨ ᠬᠡᠷᠡᠭᠵᠢᠬᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠡ ᠶᠢᠨ ᠭᠢᠨᠠᠯᠳᠡ᠂ ᠠᠵᠢᠯ ᠤᠨ ᠭᠢᠨᠡᠯᠳᠡ ᠪᠡ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠡᠯ ᠤᠨ ᠭᠢᠨᠠᠯᠳᠡ ᠶᠢ ᠤᠬᠠᠮᠰᠠᠷ ᠠᠴᠠ ᠪᠠᠨ ᠭᠦᠯᠢᠶᠡᠵᠦ᠂ ᠠᠷᠠᠳ ᠤᠨ ᠲᠦᠯᠦᠬᠡᠯᠡᠭᠴᠢᠳ ᠤᠨ ᠰᠠᠨᠠᠯ ᠵᠦᠪᠯᠡᠯᠭᠡ᠂ ᠰᠠᠨᠠᠭᠤᠯᠭ᠎ᠠ ᠪᠡ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ ᠨᠡᠷᠢᠨ ᠭᠢᠨᠡᠮᠡᠭᠠᠢ ᠭᠦᠢᠴᠡᠳᠭᠡᠨ᠎ᠠ᠃ ᠠᠷᠠᠳᠴᠢᠯᠬᠠᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠤᠰᠦ ᠭᠦᠮᠦᠰ ᠵᠢᠴᠢ ᠡᠯ᠎ᠠ ᠤᠯᠠᠨ ᠲᠦᠮᠡᠨ ᠤ ᠪᠦᠯᠭᠦᠮ ᠤᠨ ᠰᠠᠨᠠᠯ ᠢ ᠭᠦᠢᠴᠡᠳ ᠰᠤᠨᠤᠰᠴᠤ᠂ ᠰᠤᠨᠢᠨ ᠮᠡᠳᠡᠭᠡ ᠶᠡᠷᠢᠶ᠎ᠠ ᠭᠡᠯᠡᠯᠴᠡᠭᠡᠨ ᠪᠡ ᠨᠡᠶᠢᠭᠡᠮ ᠨᠡᠶᠢᠳᠡ ᠎ ᠶᠢᠨ ᠭᠢᠨᠠᠯᠳᠡ ᠶᠢ ᠭᠦᠯᠢᠶᠠᠨ᠎ᠠ᠃  ᠬᠠᠮᠳᠦ  ᠎ ᠪᠠᠷ ᠰᠢᠢᠳᠪᠤᠷᠢᠳᠦ ᠪᠤᠳᠤᠯᠭ᠎ᠠ  ᠲᠤᠠᠠᠳᠠᠭᠠᠬᠤ᠂ ᠲᠤᠰᠬᠠᠢ ᠮᠡᠷᠭᠡᠵᠢᠯᠳᠡᠨ ᠠᠴᠠ ᠯᠠᠪᠯᠠᠯᠲᠠ ᠭᠢᠭᠦ᠂ ᠨᠡᠶᠢᠭᠡᠮ ᠳᠤ ᠨᠠᠶᠢᠳᠡᠯᠡᠭᠦ ᠭᠢᠭᠡᠳ ᠬᠡᠷᠡᠴᠢᠯᠡᠯᠲᠡ ᠰᠤᠨᠤᠰᠬᠤ ᠵᠡᠷᠭᠡ ᠲᠦᠷᠢᠮ ᠢ ᠲᠡᠭᠦᠯᠳᠡᠷᠵᠢᠭᠦᠯᠵᠦ᠂ ᠠᠷᠠᠳᠴᠢᠯᠡᠯ ᠢᠶᠠᠷ ᠰᠢᠢᠳᠪᠤᠷᠢᠳᠦ ᠪᠤᠳᠤᠯᠭ᠎ᠠ ᠭᠠᠷᠭᠠᠬᠤ᠂ ᠰᠢᠨᠵᠢᠯᠡᠭᠦ ᠤᠬᠠᠭᠠᠨᠴᠢ ᠰᠢᠢᠳᠪᠤᠷᠢᠳᠦ ᠪᠤᠳᠤᠯᠭ᠎ᠠ ᠲᠤᠠᠠᠳᠠᠭᠠᠬᠤ ᠶᠢ ᠠᠭᠢᠭᠤᠯᠤᠨ᠎ᠠ᠃ ᠬᠠᠤᠯᠢ ᠭᠡᠷᠡᠭᠵᠢᠭᠦᠯᠭᠦ ᠭᠡᠯᠪᠡᠷᠢ ᠮᠠᠶ᠋ᠢᠭ ᠢᠶᠠᠨ ᠰᠠᠶᠢᠵᠢᠷᠠᠭᠤᠯᠤᠨ᠂ ᠵᠠᠰᠠᠭ ᠵᠠᠭᠢᠷᠭᠠᠨ ᠤ ᠬᠠᠤᠯᠢ ᠭᠡᠷᠡᠭᠵᠢᠭᠦᠯᠭᠦ ᠶᠢ ᠵᠢᠷᠤᠮᠵᠢᠭᠤᠯᠵᠦ᠂ ᠬᠠᠤᠯᠢ ᠭᠡᠷᠡᠭᠵᠢᠭᠦᠯᠭᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ᠎ᠠ᠃     ᠠᠷᠠᠳ ᠤᠨ ᠲᠦᠯᠦᠭᠡ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃  ᠠᠷᠠᠳ ᠤᠨ  ᠲᠦᠯᠦᠭᠡ ᠵᠠᠰᠠᠭ ᠶᠠᠪᠤᠭᠤᠯᠬᠤ ᠶᠠᠪᠤᠳᠠᠯ ᠢ  ᠵᠠᠰᠠᠭ ᠤᠨ ᠤᠷᠳᠤᠨ ᠤ ᠠᠵᠢᠯ ᠎ ᠤᠨ ᠡᠭᠦᠰᠴᠡ ᠪᠡ ᠵᠤᠠᠠᠰᠤᠴᠡ ᠪᠤᠯᠭᠠᠵᠦ᠂ ᠨᠡᠶᠢᠭᠡᠮ ᠤᠨ ᠬᠠᠯᠠᠮᠵᠢᠯᠡᠯ ᠢ ᠢᠯᠡᠷᠡᠭᠦᠯᠭᠦ ᠶᠢ ᠨᠡᠩ ᠴᠢᠬᠤᠯᠠᠴᠢᠯᠠᠨ᠂ ᠨᠡᠶᠢᠭᠡᠮ ᠤᠨ ᠬᠠᠮᠢᠶᠠᠷᠤᠯᠳᠠ ᠪᠡ ᠤᠯᠠᠨ ᠨᠡᠶᠢᠳᠡ ᠎ ᠶᠢᠨ ᠦᠢᠯᠡᠴᠢᠯᠡᠭᠡᠨ ᠢ ᠨᠡᠩ ᠴᠢᠬᠤᠯᠠᠴᠢᠯᠠᠵᠦ᠂ ᠠᠷᠠᠳ ᠲᠦᠮᠡᠨ ᠤ  ᠭᠦᠰᠡᠯ ᠢᠶᠠᠷ ᠵᠠᠰᠠᠭ ᠶᠠᠪᠤᠭᠤᠯᠬᠤ᠂ ᠠᠷᠠᠳ ᠲᠦᠮᠡᠨ ᠤ  ᠭᠡᠷᠡᠭᠴᠡᠭᠡ ᠪᠠᠷ ᠠᠵᠢᠯᠯᠠᠬᠤ᠂ ᠠᠷᠠᠳ ᠲᠦᠮᠡᠨ ᠠᠴᠠ ᠠᠷᠭ᠎ᠠ ᠪᠤᠳᠤᠯᠭ᠎ᠠ ᠤᠯᠬᠤ ᠶᠢ ᠪᠡᠶᠡᠯᠡᠭᠦᠯᠵᠦ᠂ ᠮᠠᠨ ᠤ ᠲᠤᠷᠠᠳᠤᠨ ᠭᠠᠷᠭᠠᠬᠤ ᠭᠦᠭᠵᠢᠯᠳᠡ ᠶᠢᠨ ᠰᠡᠳᠭᠢᠮᠵᠢ᠂ ᠠᠵᠢᠯ ᠤᠨ ᠪᠠᠶᠢᠷᠢᠯᠠᠭᠤᠯᠤᠯᠳᠡ᠂ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠪᠠᠨ ᠪᠤᠳᠠᠳᠡᠢ ᠳᠤ ᠨᠡᠩ ᠨᠡᠶᠢᠴᠡᠭᠦᠯᠦᠨ᠂ ᠠᠷᠠᠳ ᠤᠨ ᠭᠦᠰᠡᠯ ᠳᠤ ᠨᠡᠩ ᠰᠠᠶᠢᠨ ᠨᠡᠶᠢᠴᠡᠭᠦᠯᠵᠦ᠂ ᠨᠡᠩ ᠰᠠᠶᠢᠨ ᠡᠭᠢ ᠪᠠᠶᠠᠯᠢᠭ ᠢ  ᠭᠦᠭᠵᠢᠯᠳᠡ ᠶᠢ ᠠᠭᠢᠭᠤᠯᠬᠤ ᠲᠡᠰᠢ ᠭᠡᠯᠪᠡᠶᠢᠯᠭᠡᠵᠦ᠂ ᠨᠡᠩ ᠤᠯᠠᠨ ᠵᠠᠰᠠᠭ ᠤᠨ ᠤᠷᠳᠤᠨ ᠤ ᠡᠳ᠋ ᠤᠨ ᠭᠦᠴᠤᠨ ᠢᠶᠠᠨ ᠠᠷᠠᠳ ᠤᠨ ᠠᠮᠢᠳᠤᠷᠠᠯ ᠳᠤ ᠭᠡᠷᠡᠭᠯᠡᠵᠦ᠂ ᠤᠯᠠᠨ ᠲᠦᠮᠡᠨ ᠪᠠᠴᠢᠮ ᠭᠡᠷᠡᠭᠰᠡᠭᠦ᠂ ᠤᠯᠠᠨ ᠲᠦᠮᠡᠨ ᠠᠰᠢᠭ ᠭᠦᠷᠳᠡᠭᠦ ᠶᠠᠪᠤᠳᠠᠯ ᠢ ᠢᠯᠡᠭᠦᠭᠡᠨ ᠭᠢᠵᠦ᠂ ᠰᠠᠭᠤᠷᠢ ᠰᠠᠶᠢᠨ ᠲᠠᠯᠪᠢᠬᠤ᠂ ᠤᠷᠳᠤᠮᠵᠢ ᠶᠢᠨ ᠠᠰᠢᠭ ᠤᠯᠬᠤ ᠶᠠᠪᠤᠳᠠᠯ ᠤᠳ ᠢ ᠢᠯᠡᠭᠦᠭᠡᠨ ᠭᠢᠵᠦ᠂ ᠦᠭᠡᠷᠡᠴᠢᠯᠡᠯᠳᠡ ᠭᠦᠭᠵᠢᠯᠳᠡ ᠶᠢᠨ ᠦᠷ᠎ᠠ ᠪᠦᠳᠦᠭᠡᠯ ᠢ ᠦᠨᠡᠩᠭᠦ ᠠᠷᠠᠳ ᠲᠦᠮᠡᠨ ᠳᠤ ᠭᠦᠷᠳᠡᠭᠡᠭᠦ ᠪᠤᠯᠭᠠᠨ᠎ᠠ᠃     ᠠᠵᠢᠯ ᠤᠨ ᠨᠠᠶᠢᠳᠠᠪᠤᠷᠢᠵᠢᠯᠳᠡ ᠶᠢ ᠭᠦᠴᠦᠳᠡᠢ ᠠᠳᠬᠤᠨ᠎ᠠ᠃  ᠵᠠᠰᠠᠭ ᠤᠨ ᠤᠷᠳᠤᠨ ᠤ ᠠᠵᠢᠯ ᠤᠨ ᠪᠦᠳᠦᠮᠵᠢ ᠶᠢᠨ ᠬᠠᠮᠢᠶᠠᠷᠤᠯᠳᠡ ᠶᠢ ᠴᠢᠩᠭᠠᠳᠬᠠᠨ᠂ ᠬᠠᠷᠠᠯᠳᠡ ᠶᠢᠨ ᠡᠭᠦᠷᠭᠡ ᠶᠢ ᠱᠠᠳᠦ ᠱᠠᠳᠦ ᠪᠠᠷ ᠬᠤᠪᠢᠶᠠᠨ ᠲᠠᠭᠠᠭᠠᠯᠭᠠᠵᠦ ᠮᠦᠷᠳᠡᠨ ᠪᠠᠶᠢᠴᠠᠭᠠᠵᠦ ᠪᠦᠳᠦᠮᠵᠢ ᠶᠢ ᠦᠵᠡᠨ᠂ ᠰᠢᠯᠭᠠᠨ ᠮᠠᠭᠠᠳᠯᠠᠵᠦ ᠬᠠᠷᠢᠭᠤᠴᠠᠯᠭ᠎ᠠ ᠨᠡᠭᠡᠮᠵᠢᠯᠡᠭᠦ ᠱᠠᠭᠠᠷᠳᠠᠨ ᠪᠠᠶᠢᠴᠠᠭᠠᠬᠤ ᠵᠤᠭᠢᠴᠠᠮᠵᠢ ᠶᠢ ᠲᠡᠭᠦᠯᠳᠡᠷᠵᠢᠭᠦᠯᠵᠦ᠂ ᠨᠢᠭᠡ ᠱᠠᠳᠦ ᠨᠢ ᠨᠢᠭᠡ ᠱᠠᠳᠦ ᠪᠠᠨ ᠠᠳᠬᠤᠬᠤ᠂ ᠨᠢᠭᠡ ᠱᠠᠳᠦ  ᠎ ᠨᠢ ᠨᠢᠭᠡ ᠱᠠᠳᠤᠨ ᠎ ᠳᠠᠭᠠᠨ ᠬᠠᠷᠢᠭᠤᠴᠠᠬᠤ ᠬᠠᠷᠠᠯᠳᠡ ᠶᠢᠨ ᠡᠭᠦᠷᠭᠡ ᠶᠢᠨ ᠰᠢᠰᠲ᠋ᠧᠮ ᠢ ᠪᠤᠢ ᠪᠤᠯᠭᠠᠨ᠎ᠠ᠃ ᠵᠠᠰᠠᠭ ᠤᠨ ᠤᠷᠳᠤᠨ ᠤ ᠪᠠᠭ ᠤᠨ ᠪᠦᠷᠢᠯᠲᠦᠬᠦᠨ ᠠᠴᠠ ᠡᠭᠢᠯᠡᠨ᠂ ᠨᠢᠭᠡᠳᠦᠭᠡᠷ ᠹᠷᠤᠨᠲ ᠲᠤ ᠬᠦᠨᠵᠡᠬᠡᠶᠢᠷᠡᠬᠦ ᠠᠵᠢᠯᠯᠠᠬᠤ ᠰᠤᠷᠳᠡᠯ ᠢ ᠶᠡᠭᠡᠪᠡᠷ ᠰᠤᠷᠳᠠᠯᠴᠢᠯᠠᠵᠦ᠂ ᠯᠠᠪᠳᠠᠭᠤᠨ ᠪᠠᠳᠦᠳᠠᠢ ᠠᠵᠢᠯᠯᠠᠵᠦ᠂ ᠲᠤᠳᠠᠭᠤ ᠶᠠᠷᠢᠵᠤ ᠢᠯᠡᠭᠦᠦ ᠭᠢᠵᠦ᠂ ᠴᠢᠬᠤᠯᠡ ᠶᠡᠭᠡ ᠰᠢᠢᠳᠪᠤᠷᠢᠳᠦ ᠪᠤᠳᠤᠯᠭ᠎ᠠ ᠲᠤᠠᠠᠳᠠᠭᠠᠬᠤ ᠠᠵᠢᠯ ᠤᠨ ᠪᠠᠶᠢᠷᠢᠯᠠᠭᠤᠯᠤᠯᠳᠡ ᠭᠢᠭᠦ᠂ ᠭᠤᠤᠯᠳᠠᠯᠭᠠᠳᠡᠢ ᠠᠵᠢᠯ ᠢᠶᠠᠨ ᠲᠤᠭᠢᠷᠠᠭᠤᠯᠬᠤ ᠳᠤ ᠭᠡᠯᠡᠪᠡᠯ ᠮᠠᠷᠳᠡᠬᠤ ᠦᠭᠡᠢ᠂ ᠭᠢᠪᠡᠯ ᠰᠡᠯᠡᠳᠡᠭᠦ ᠦᠭᠡᠢ ᠲᠤᠤᠱᠳᠡᠢ ᠠᠳᠬᠤᠨ᠂ ᠪᠦᠳᠦᠮᠵᠢ ᠭᠠᠷᠳᠡᠯ᠎ᠠ ᠠᠳᠬᠤᠬᠤ ᠶᠢ  ᠪᠡᠶᠡᠯᠡᠭᠦᠯᠦᠨ᠎ᠠ᠃  ᠬᠤᠷᠠᠯ ᠴᠤᠠᠠᠯᠠᠭᠠᠨ ᠪᠡ ᠪᠢᠴᠢᠭ ᠮᠠᠲ᠋ᠧᠷᠢᠶᠠᠯ ᠢ ᠶᠡᠭᠡᠪᠡᠷ ᠴᠦᠭᠡᠳᠭᠡᠨ᠂ ᠲᠤᠭᠤᠷᠢᠨ ᠪᠠᠶᠢᠴᠠᠭᠠᠬᠤ᠂ ᠭᠦᠯᠢᠶᠡᠨ ᠠᠪᠴᠦ ᠵᠤᠴᠢᠯᠠᠬᠤ ᠪᠤᠯᠤᠨ ᠠᠯᠪᠠᠨ ᠪᠠᠶᠢᠭᠤᠯᠤᠯᠭ᠎ᠠ ᠶᠢᠨ ᠠᠯᠪᠠᠨ ᠰᠦᠢᠳᠭᠡᠯ ᠤᠨ ᠵᠠᠷᠤᠯᠭ᠎ᠠ ᠶᠢ ᠭᠢᠵᠠᠭᠠᠷᠯᠠᠨ᠎ᠠ᠃ ᠠᠵᠢᠯ ᠭᠢᠭᠦ ᠦᠭᠡᠢ᠂  ᠲᠤᠷ᠎ᠠ ᠪᠠᠷ ᠢᠶᠠᠨ ᠦᠢᠯᠡᠳᠭᠦ ᠪᠡ  ᠵᠠᠷᠯᠢᠭ ᠪᠠᠶᠢᠭᠠᠳ  ᠭᠡᠷᠡᠭᠵᠢᠭᠦᠯᠭᠦ ᠦᠭᠡᠢ᠂  ᠴᠠᠭᠠᠵᠠ ᠪᠠᠶᠢᠭᠠᠳ ᠵᠤᠠᠠᠰᠤᠬᠤ ᠦᠭᠡᠢ᠂ ᠲᠤᠰᠢᠶᠠᠯ ᠳᠠᠭᠠᠨ ᠤᠰᠤᠯᠳᠤᠵᠦ ᠲᠤᠰᠢᠶᠠᠯ ᠢᠶᠠᠨ ᠭᠤᠳᠤᠭᠠᠬᠤ ᠶᠠᠪᠤᠳᠠᠯ ᠢ ᠲᠦᠪ ᠴᠢᠩᠭ᠎ᠠ ᠪᠠᠶᠢᠴᠠᠭᠠᠨ ᠰᠶᠢᠳᠪᠤᠷᠢᠯᠡᠨ᠎ᠠ᠃    ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠨ᠎ᠠ᠃  ᠵᠠᠰᠠᠭ ᠤᠨ ᠤᠷᠳᠤᠨ ᠤ  ᠪᠡᠯᠡ ᠤᠷᠤᠭᠤᠯᠤᠯᠳᠠ ᠪᠡ ᠤᠯᠤᠰ ᠤᠨ ᠦᠮᠴᠢᠯᠡᠯᠳᠦ ᠪᠡᠯᠡ ᠮᠦᠡᠭᠭᠦ ᠎ ᠶᠢᠨ ᠲᠦᠷᠦᠯ ᠵᠦᠢᠯ ᠢ ᠭᠢᠨᠡᠨ ᠦᠨᠡᠯᠡᠭᠦ᠂ ᠬᠠᠮᠢᠶᠠᠷᠬᠤ᠂ ᠭᠢᠨᠡᠨ ᠪᠠᠶᠢᠴᠠᠭᠠᠬᠤ ᠪᠡ ᠭᠢᠨᠠᠨ ᠪᠤᠳᠤᠬᠤ ᠶᠢ ᠰᠠᠶᠢᠨ ᠠᠳᠬᠤᠵᠦ᠂ ᠪᠡᠯᠡ ᠮᠦᠡᠭᠭᠦᠨ ᠤ ᠭᠡᠷᠡᠭᠯᠡᠯᠳᠡ ᠶᠢᠨ ᠦᠷ᠎ᠠ ᠠᠰᠢᠭ ᠢ ᠲᠡᠭᠡᠭᠰᠢᠯᠡᠭᠦᠯᠦᠨ᠎ᠠ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠭᠦᠷᠢᠶ᠎ᠠ ᠪᠡ ᠠᠷᠠᠯᠵᠢᠶ᠎ᠠ ᠬᠤᠳᠠᠯᠳᠤᠭᠠᠨ ᠤ ᠭᠡᠭᠡᠯᠢ ᠬᠠᠭ᠋ᠤᠤᠯᠢ ᠶᠢ ᠲᠤᠰᠬᠠᠢ ᠲᠦᠷᠦᠯ ᠢᠶᠠᠷ ᠵᠠᠰᠠᠬᠤ ᠶᠢ ᠬᠦᠨᠵᠡᠬᠡᠶᠢᠷᠡᠬᠦᠯᠵᠦ᠂ ᠪᠠᠷᠢᠯᠭ᠎ᠠ ᠶᠢᠨ ᠲᠠᠭᠠᠭᠠᠴᠢᠯᠠᠯᠳᠡ ᠵᠠᠷᠯᠠᠬᠤ ᠭᠦᠯᠢᠶᠡᠭᠦ᠂  ᠭᠠᠵᠠᠷ ᠰᠢᠷᠤᠢ ᠬᠤᠳᠠᠯᠳᠤᠭᠠᠯᠠᠬᠤ᠂ ᠬᠤᠳᠠ ᠶᠢᠨ ᠪᠦᠳᠤᠭᠡᠨ ᠪᠠᠶᠢᠭᠤᠯᠤᠯᠳᠠ ᠶᠢ ᠲᠦᠯᠦᠪᠵᠢᠭᠦᠯᠭᠦ᠂ ᠦᠮᠴᠢᠯᠡᠯ ᠤᠨ ᠡᠷᠭᠡ ᠶᠢ ᠠᠷᠠᠯᠵᠢᠶᠠᠯᠠᠬᠤ᠂ ᠡᠭᠢ ᠪᠠᠶᠠᠯᠢᠭ ᠢ ᠨᠡᠭᠡᠭᠡᠨ ᠠᠰᠢᠠᠠᠯᠠᠬᠤ᠂ ᠵᠠᠰᠠᠭ ᠤᠨ ᠤᠷᠳᠤᠨ ᠎ ᠠᠴᠠ ᠬᠤᠳᠠᠯᠳᠤᠨ ᠠᠪᠬᠤ᠂ ᠡᠨᠧᠷᠭᠢ ᠠᠷᠪᠢᠯᠡᠨ ᠪᠤᠭᠢᠷᠳᠤᠯ ᠢ  ᠪᠠᠭᠠᠰᠬᠠᠬᠤ ᠵᠡᠷᠭᠡ ᠭᠤᠤᠯᠳᠠᠯᠭᠠᠳᠠᠢ ᠠᠵᠢᠯ ᠪᠡ ᠭᠠᠮᠰᠢᠭ ᠠᠴᠠ ᠠᠪᠤᠷᠠᠬᠤ ᠪᠡᠯᠡ ᠮᠦᠡᠭᠭᠦ᠂ ᠨᠡᠶᠢᠭᠡᠮ ᠤᠨ ᠪᠠᠳᠤᠯᠠᠭ᠎ᠠ ᠶᠢᠨ ᠪᠡᠯᠡ ᠮᠦᠡᠭᠭᠦ᠂ ᠤᠷᠤᠨ ᠰᠠᠭᠤᠴᠡ ᠶᠢᠨ ᠨᠡᠶᠢᠳᠡ ᠶᠢᠨ ᠬᠤᠷᠠᠮᠳᠤᠯ ᠤᠨ ᠮᠦᠡᠭᠭᠦ᠂ ᠶᠠᠳᠠᠭᠤ ᠶᠢ ᠲᠡᠳᠭᠦᠭᠦ ᠪᠡᠯᠡ ᠮᠦᠡᠭᠭᠦ᠂ ᠶᠡᠭᠡ ᠰᠡᠯᠪᠢᠨ ᠵᠠᠰᠠᠯᠳᠡ ᠶᠢᠨ ᠰᠠᠭᠤᠷᠢ ᠮᠦᠡᠭᠭᠦ ᠵᠡᠷᠭᠡ  ᠴᠢᠬᠤᠯᠡ ᠪᠡᠯᠡ ᠮᠦᠡᠭᠭᠦ ᠶᠢ ᠬᠠᠮᠢᠶᠠᠷᠴᠦ ᠭᠡᠷᠡᠭᠯᠡᠭᠦ ᠪᠠᠶᠢᠳᠠᠯ ᠳᠤ ᠭᠢᠨᠠᠯᠳᠡ ᠬᠠᠮᠢᠶᠠᠷᠤᠯᠳᠠ ᠪᠠᠨ ᠴᠢᠩᠭᠠᠳᠬᠠᠵᠦ᠂ ᠬᠠᠤᠯᠢ ᠰᠡᠭᠢᠯᠭ᠎ᠠ ᠶᠢ ᠵᠦᠷᠢᠴᠡᠭᠰᠡᠨ  ᠦᠢᠯᠡ ᠠᠵᠢᠯᠯᠠᠭ᠎ᠠ ᠶᠢ ᠲᠦᠪ ᠴᠢᠩᠭ᠎ᠠ ᠪᠠᠶᠢᠴᠠᠭᠠᠨ ᠰᠢᠢᠳᠪᠤᠷᠢᠯᠠᠵᠦ᠂ ᠠᠷᠢᠭᠤᠨ ᠴᠢᠭᠡᠴᠢ ᠵᠠᠰᠠᠭ ᠤᠨ ᠤᠷᠳᠤᠨ ᠤ ᠭᠡᠪ ᠲᠦᠷᠢ ᠶᠢ ᠪᠤᠢ ᠪᠤᠯᠭᠠᠨ᠎ᠠ᠃    ᠲᠦᠯᠦᠭᠡᠯᠡᠭᠴᠢᠳ ᠡ᠂ ᠰᠢᠨᠵᠢᠯᠡᠭᠦ ᠤᠬᠠᠭᠠᠨᠴᠢ ᠭᠦᠭᠵᠢᠯᠳᠡ ᠶᠢᠨ  ᠬᠠᠷᠠᠯᠳᠠ ᠨᠢ ᠮᠠᠨ ᠤ ᠪᠦᠯᠭᠦᠮᠳᠡᠨ ᠲᠠᠮᠠᠴᠠᠭᠦ ᠶᠢ ᠵᠤᠷᠢᠠᠠᠵᠢᠭᠤᠯᠵᠦ᠂ ᠠᠷᠠᠳ ᠢᠶᠠᠨ ᠪᠠᠶᠠᠯᠢᠠᠠᠵᠢᠭᠤᠯᠤᠨ ᠬᠤᠳᠠ ᠪᠠᠨ ᠭᠦᠴᠦᠷᠭᠡᠭᠵᠢᠭᠦᠯᠭᠦ ᠭᠦᠨᠳᠦ ᠡᠭᠦᠷᠭᠡ  ᠎ ᠨᠢ  ᠮᠠᠨ ᠤ  ᠵᠤᠷᠢᠭᠳᠠᠢ  ᠬᠠᠷᠢᠭᠤᠴᠠᠬᠤ ᠶᠢ  ᠬᠦᠭᠵᠢᠭᠡᠵᠦ ᠪᠠᠶᠢᠨ᠎ᠠ᠃  ᠪᠢᠳᠡ ᠬᠤᠳᠠ ᠎ ᠶᠢᠨ ᠨᠠᠮ ᠤᠨ ᠬᠤᠷᠢᠶᠠᠨ ᠤ  ᠵᠦᠪ ᠤᠨᠤᠪᠴᠢᠳᠡᠢ ᠤᠳᠤᠷᠢᠳᠤᠯᠭ᠎ᠠ ᠲᠤᠤᠷ᠎ᠠ᠂ ᠪᠦᠭᠦ ᠬᠤᠳᠠ ᠶᠢᠨ ᠦᠨᠳᠤᠰᠤᠳᠡᠨ ᠨᠦᠭᠦᠳ ᠤᠨ ᠠᠷᠠᠳ ᠲᠦᠮᠡᠨ  ᠎ ᠳᠤ ᠲᠦᠰᠢᠭᠯᠡᠨ᠂ ᠢᠳᠡᠭᠡᠯ ᠵᠤᠷᠢᠭ ᠢᠶᠠᠨ ᠪᠠᠳᠤᠳᠬᠠᠵᠦ᠂  ᠡᠷᠡᠯᠭᠡᠭᠯᠡᠨ ᠲᠡᠮᠡᠴᠡᠵᠦ᠂  ᠰᠠᠶᠢᠨ ᠪᠠᠶᠢᠳᠠᠯ ᠤᠨ  ᠡᠷᠴᠢᠨ ᠲᠡᠭᠡᠷ᠎ᠠ ᠡᠯ᠎ᠠ ᠲᠡᠯ᠎ᠠ ᠶᠢᠨ ᠠᠵᠢᠯ ᠤᠨ  ᠰᠢᠨ᠎ᠠ ᠪᠠᠶᠢᠳᠡᠯ ᠢ  ᠲᠡᠰᠤᠷᠠᠯᠳᠡ ᠦᠭᠡᠢ ᠡᠭᠦᠳᠴᠦ᠂  ᠤᠯᠠᠭᠠᠨᠬᠠᠳᠠ ᠶᠢᠨ ᠭᠦᠭᠵᠢᠯ ᠮᠠᠨᠳᠤᠯ ᠤᠨ ᠰᠢᠨ᠎ᠠ ᠬᠠᠭᠤᠳᠠᠰᠦ ᠶᠢ ᠪᠢᠴᠢᠭᠯᠡᠰᠤᠭᠡᠢ︕               ᠨᠡᠷ᠎ᠡ ᠦᠬᠡᠰ ᠤᠨ ᠲᠠᠶᠢᠯᠪᠤᠷᠢ     1. ︽1571︾ ᠢᠨᠵᠧᠨᠧᠷᠢᠩ᠄ 2011 ᠤᠨ ᠳᠤ ᠮᠠᠨ ᠤ ᠬᠤᠲᠠ ᠶᠢᠨ ᠲᠤᠷᠠᠲᠤᠭᠰᠠᠨ ᠡᠷᠴᠢᠮᠵᠢᠬᠦᠯᠦᠨ ᠤᠰᠤ ᠠᠷᠪᠢᠯᠠᠨ ᠦᠨᠲᠦᠷ ᠪᠦᠲᠦᠮᠵᠢ ᠤᠯᠬᠤ ᠪᠠᠷ ᠭᠤᠤᠯ ᠪᠤᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠭᠤᠤᠯᠲᠠᠯᠭᠠᠲᠤ ᠢᠨᠵᠧᠨᠧᠷᠢᠩ ᠪᠤᠯᠤᠨ᠎ᠠ᠃  ᠲᠠᠷᠤᠢ ︽ᠠᠷᠪᠠᠨ ᠬᠤᠶᠠᠷ ᠲᠠᠪᠤ︾᠎ ᠶᠢᠨ ᠡᠴᠤᠰ ᠪᠤᠯᠲᠠᠯ᠎ᠠ 500 ᠲᠦᠮᠡᠨ ᠮᠤ᠋ ᠡᠷᠲᠡᠨᠢ ᠰᠢᠰᠢ ᠶᠢ ᠵᠤᠯᠤᠮ᠎ᠠ ᠳᠤ ᠲᠤᠰᠤᠯᠭᠠᠨ ᠤᠰᠤᠯᠠᠬᠤ᠂ ᠪᠤᠭᠤᠲᠠᠢ ᠶᠢ ᠲᠤᠰᠤᠯᠭᠠᠨ ᠤᠰᠤᠯᠠᠬᠤ᠂ ᠲᠦᠬᠦᠬᠡᠷᠦᠮᠵᠢᠲᠦ ᠲᠠᠷᠢᠶᠠᠯᠠᠩ᠂ ᠤᠰᠤ ᠠᠷᠪᠢᠯᠠᠵᠤ ᠡᠪᠡᠰᠦ ᠲᠠᠷᠢᠬᠤ᠂ ᠤᠰᠤ ᠠᠷᠪᠢᠯᠠᠬᠤ ᠲᠦᠮᠦᠰᠦ᠂ ᠤᠰᠤ ᠠᠷᠪᠢᠯᠠᠬᠤ ᠡᠩ ᠤᠨ ᠢᠲᠡᠰᠢᠨ ᠨᠤᠭᠤᠭ᠎ᠠ᠂ ᠦᠨᠲᠦᠷ ᠪᠦᠲᠦᠮᠵᠢᠲᠤ ᠤᠰᠤ ᠠᠷᠪᠢᠯᠠᠬᠤ ᠠᠵᠤ ᠠᠬᠤᠢ ᠶᠢᠨ ᠤᠢ ᠶᠢ ᠲᠤᠰᠪᠤᠷᠢ 100 ᠲᠦᠮᠡᠨ ᠮᠤ᠋ ᠪᠡᠶᠡᠯᠡᠬᠦᠯᠵᠦ᠂ ᠰᠠᠶᠢᠨ ᠡᠬᠦᠯᠲᠡᠷ ᠤᠨ ᠠᠯᠠᠰᠢᠨ ᠦᠬᠡᠷ ᠢ 100 ᠲᠦᠮᠡᠨ ᠲᠤᠯᠤᠭᠠᠢ ᠳᠤ ᠬᠦᠷᠬᠡᠨ᠎ᠡ᠃     2. ︽ᠬᠤᠤᠰ ᠮᠢᠩᠭ᠎ᠠ ᠬᠤᠤᠰ ᠵᠠᠭᠤᠨ ᠳ᠋ᠦᠩᠰᠢᠭᠤᠷ︾ ᠢᠨᠵᠧᠨᠧᠷᠢᠩ᠄ 2011 ᠤᠨ ᠳᠤ ᠮᠠᠨ ᠤ ᠬᠤᠲᠠ ᠶᠢᠨ ᠲᠤᠷᠠᠲᠤᠭᠰᠠᠨ ᠵᠢᠯ ᠤᠨ ᠪᠤᠷᠤᠯᠠᠭᠤᠯᠭ᠎ᠠ ᠎ ᠶᠢᠨ ᠤᠷᠤᠯᠭ᠎ᠠ  ᠎ ᠨᠢ ᠮᠢᠩᠭᠠᠨ ᠳ᠋ᠦᠩᠰᠢᠭᠤᠷ ᠲᠦᠬᠦᠷᠢᠭ ᠢ ᠲᠠᠪᠠᠭᠰᠠᠨ ᠠᠵᠤ ᠦᠢᠯᠡᠰ ᠪᠠ ᠮᠢᠩᠭᠠᠨ ᠳ᠋ᠦᠩᠰᠢᠭᠤᠷ ᠲᠦᠬᠦᠷᠢᠭ ᠢ ᠲᠠᠪᠠᠭᠰᠠᠨ ᠬᠦᠷᠢᠶᠡᠯᠡᠩ ᠲᠤᠭᠤᠷᠢᠭ ︵ᠬᠤᠤᠰ ᠮᠢᠩᠭ᠎ᠠ︶᠎ ᠢ ᠪᠠᠶᠢᠭᠤᠯᠵᠤ᠂ ᠵᠢᠯ ᠤᠨ ᠪᠤᠷᠤᠯᠠᠭᠤᠯᠭ᠎ᠠ ᠶᠢᠨ ᠤᠷᠤᠯᠭ᠎ᠠ ᠨᠢ ᠵᠠᠭᠤᠨ ᠳ᠋ᠦᠩᠰᠢᠭᠤᠷ ᠲᠦᠬᠦᠷᠢᠭ ᠢ ᠲᠠᠪᠠᠭᠰᠠᠨ ᠬᠦᠷᠢᠶᠡᠯᠡᠩ ᠲᠤᠭᠤᠷᠢᠭ ᠪᠠ ᠵᠠᠭᠤᠨ ᠳ᠋ᠦᠩᠰᠢᠭᠤᠷ ᠲᠦᠬᠦᠷᠢᠭ ᠢ ᠲᠠᠪᠠᠭᠰᠠᠨ ᠠᠵᠤ ᠠᠬᠤᠶᠢᠯᠠᠯ ︵ᠬᠤᠤᠰ ᠵᠠᠭᠤ︶᠎ ᠢ ᠪᠤᠢ ᠪᠤᠯᠭᠠᠬᠤ ᠠᠵᠤ ᠦᠢᠯᠡᠳᠪᠦᠷᠢ ᠶᠢᠨ ᠭᠤᠤᠯᠲᠠᠯᠭᠠᠲᠤ ᠢᠨᠵᠧᠨᠧᠷᠢᠩ ᠪᠤᠯᠤᠨ᠎ᠠ᠃     3. ᠡᠬᠦᠯᠡᠨ ᠪᠤᠲᠤᠯᠲᠠ᠄ ᠢᠨ᠋ᠲ᠋ᠧᠷᠨᠧᠲ ᠰᠦᠯᠵᠢᠶᠡᠨ ᠳᠤ ᠰᠠᠭᠤᠷᠢᠯᠠᠵᠤ᠂ ᠬᠡᠶᠢᠰᠪᠦᠷᠢ ᠠᠷᠭ᠎ᠠ ᠪᠠᠷ ᠲᠠᠮᠵᠢᠨ ᠡᠬᠢ ᠪᠠᠶᠠᠯᠢᠭ ᠢ ᠬᠠᠮᠲᠤᠪᠡᠷ ᠠᠰᠢᠭᠯᠠᠬᠤ ᠪᠤᠲᠤᠬᠤ ᠬᠡᠯᠪᠡᠷᠢ ᠶᠢ ᠵᠢᠭᠠᠨ᠎ᠠ᠃ ᠡᠬᠦᠨ ᠠᠴᠠ ᠬᠡᠷᠡᠭᠯᠡᠭᠴᠢᠳ ᠰᠤᠷᠠᠭ ᠵᠠᠩᠬᠢ ᠶᠢ ᠨᠡᠩ ᠲᠦᠬᠦᠮ ᠲᠦᠲᠡ ᠬᠦᠷᠲᠡᠬᠦ ᠪᠤᠯᠵᠤ᠂ ᠠᠵᠢᠯᠯᠠᠬᠤ ᠦᠷᠲᠡᠭ ᠢ ᠪᠠᠭᠠᠰᠬᠠᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨᠡᠴᠢᠯᠡᠯᠲᠠ ᠶᠢ ᠲᠦᠷᠬᠡᠳᠬᠡᠪᠡ᠃     4. ᠤᠯᠠᠨ ᠤᠯᠤᠰ ᠤᠨ ᠬᠠᠭᠤᠷᠠᠢ ᠶᠢᠨ ᠭᠠᠷᠠᠮ᠄ ᠲᠡᠯᠠᠢ ᠲᠠᠭᠠᠤ ᠭᠠᠷᠠᠮ ᠤᠨ ᠲᠤᠲᠤᠭᠠᠲᠤ ᠬᠠᠭᠤᠷᠠᠢ ᠶᠢᠨ ᠬᠤᠲᠠ ᠳᠤ ᠪᠠᠶᠢᠭᠤᠯᠤᠭᠰᠠᠨ ᠪᠤᠭᠤᠮᠲᠠ ᠳᠤ ᠮᠡᠳᠡᠬᠦᠯᠬᠦ᠂ ᠰᠢᠯᠭᠠᠨ ᠪᠠᠶᠢᠴᠠᠭᠠᠬᠤ ᠵᠡᠷᠬᠡ ᠶᠡᠷᠦᠩᠬᠡᠶᠢᠯᠡᠭᠰᠡᠨ ᠲᠦᠬᠦᠷ ᠴᠢᠲᠠᠪᠬᠢ ᠪᠦᠬᠦᠢ ᠲᠤᠮᠤ ᠬᠡᠯᠪᠡᠷᠢ ᠶᠢᠨ ᠴᠢᠩᠬᠢᠯᠢᠭ ᠪᠠᠷᠠᠭ᠎ᠠ ᠶᠢ ᠲᠠᠮᠵᠢᠭᠤᠯᠬᠤ ᠦᠷᠲᠡᠭᠡ ᠪᠠ ᠪᠠᠷᠠᠭ᠎ᠠ ᠶᠢ ᠴᠤᠭᠯᠠᠭᠤᠯᠬᠤ ᠲᠠᠷᠬᠠᠭᠠᠬᠤ ᠭᠠᠵᠠᠷ ᠪᠤᠯᠤᠨ᠎ᠠ᠃     5. ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠬᠡᠬᠡᠨ ᠤ ᠲᠦᠪ᠄ ᠪᠤᠭᠤᠮᠲᠠ ᠶᠢᠨ ᠴᠢᠲᠠᠪᠬᠢ ᠪᠦᠬᠦᠢ ᠪᠢᠲᠡᠬᠦᠮᠵᠢᠯᠡᠭᠰᠡᠨ ᠪᠤᠭᠤᠮᠲᠠ ᠶᠢᠨ ᠬᠢᠨᠠᠨ ᠬᠠᠮᠢᠶᠠᠷᠬᠤ ᠪᠦᠰᠡ ᠶᠢ ᠵᠢᠭᠠᠵᠤ ᠪᠤᠢ᠃     6. ᠲᠤᠮᠲᠠ ᠪᠠᠭ᠎ᠠ ᠠᠵᠤ ᠠᠬᠤᠶᠢᠯᠠᠯ ᠤᠨ ᠨᠡᠶᠢᠯᠡᠮᠡᠯ ᠵᠢᠬᠡᠯᠡᠯᠬᠡ ᠶᠢᠨ ᠲᠡᠮᠲᠡᠭ ᠪᠠ ᠪᠠᠷᠢᠮᠲᠠ᠄ ᠤᠯᠤᠰ ᠤᠨ ᠦᠬᠡᠷᠡᠴᠢᠯᠡᠯᠲᠡ ᠬᠦᠭᠵᠢᠬᠦᠯᠦᠯᠲᠡ ᠶᠢᠨ ᠵᠦᠪᠯᠡᠯ ᠎ ᠠᠴᠠ  ᠠᠷᠠᠯᠵᠢᠶᠠᠨ ᠤ ᠭᠠᠵᠠᠷ ᠤᠨ ᠵᠠᠬ᠎ᠠ ᠲᠡᠯᠬᠡᠬᠦᠷ ᠲᠤ ᠲᠠᠷᠬᠠᠭᠠᠬᠤ ᠶᠢ ᠵᠦᠪᠰᠢᠶᠡᠷᠡᠭᠰᠡᠨ ᠵᠢᠬᠡᠯᠡᠯᠬᠡ ᠶᠢᠨ ᠲᠡᠮᠲᠡᠭ ᠢ ᠲᠤᠮᠲᠠ ᠪᠠᠭ᠎ᠠ ᠠᠵᠤ ᠠᠬᠤᠶᠢᠯᠠᠯ ᠤᠨ ᠨᠡᠶᠢᠯᠡᠮᠡᠯ ᠵᠢᠬᠡᠯᠡᠯᠬᠡ ᠶᠢᠨ ᠲᠡᠮᠲᠡᠭ ᠬᠡᠨ᠎ᠡ︔ ᠬᠢᠨᠠᠨ ᠵᠦᠪᠰᠢᠶᠡᠷᠡᠬᠦᠯᠬᠦ ᠴᠢᠬᠤᠯᠡ ᠦᠬᠡᠢ᠂ ᠲᠠᠩᠰᠠᠯᠠᠬᠤ ᠲᠦᠷᠢᠮ ᠢᠶᠠᠷ ᠲᠠᠮᠵᠢᠭᠤᠯᠤᠨ ᠪᠠᠩᠬᠢ ᠨᠤᠭᠤᠳ ᠬᠤᠭᠤᠷᠤᠨᠲᠤ ᠪᠠᠨ ᠵᠠᠬ᠎ᠠ ᠲᠡᠯᠬᠡᠬᠦᠷ ᠲᠤ ᠲᠠᠷᠬᠠᠭᠠᠭᠰᠠᠨ ᠵᠢᠬᠡᠯᠡᠯᠬᠡ ᠶᠢᠨ ᠲᠡᠮᠲᠡᠭ ᠢ ᠲᠤᠮᠲᠠ ᠪᠠᠭ᠎ᠠ ᠠᠵᠤ ᠠᠬᠤᠶᠢᠯᠠᠯ ᠤᠨ ᠨᠡᠶᠢᠯᠡᠮᠡᠯ ᠪᠠᠷᠢᠮᠲᠠ ᠬᠡᠨ᠎ᠡ᠃    7. ᠬᠤᠪᠢ ᠶᠢᠨ ᠴᠤᠭᠯᠠᠭᠤᠯᠤᠭᠰᠠᠨ ᠰᠠᠭᠤᠷᠢ ᠮᠦᠩᠬᠦ᠄ ᠨᠡᠶᠢᠲᠠ ᠶᠢᠨ ᠴᠤᠭᠯᠠᠭᠤᠯᠤᠭᠰᠠᠨ ᠪᠡᠯᠡ ᠮᠦᠩᠬᠦ ᠯᠦᠭᠡ ᠡᠰᠡᠷᠬᠦ ᠪᠠᠷ᠂ ᠢᠯᠡ ᠪᠤᠰᠤ ᠬᠡᠯᠪᠡᠷᠢ ᠪᠠᠷ ᠲᠡᠮᠵᠢᠨ ᠤᠨᠴᠠᠭᠠᠢ ᠲᠤᠭᠲᠠᠭᠰᠠᠨ ᠪᠡᠯᠡ ᠤᠷᠤᠭᠤᠯᠤᠭᠴᠢ᠂ ᠪᠠᠶᠢᠭᠤᠯᠤᠮᠵᠢ ᠪᠠ ᠬᠤᠪᠢ ᠬᠦᠮᠦᠨ ᠠᠴᠠ ᠴᠤᠭᠯᠠᠭᠤᠯᠤᠭᠰᠠᠨ ᠪᠡᠯᠡ ᠮᠦᠩᠬᠦ ᠪᠦᠬᠡᠳ ᠪᠡᠯᠡ ᠤᠷᠤᠭᠤᠯᠤᠭᠰᠠᠨ ᠡᠳᠡᠬᠡᠳ ᠪᠠ ᠬᠠᠮᠢᠶᠠᠷᠬᠤ ᠡᠲᠡᠬᠡᠳ ᠵᠦᠪᠲᠡᠯᠴᠡᠨ ᠬᠠᠷᠢᠭᠤᠯᠬᠤ ᠪᠡᠯᠡ ᠤᠷᠤᠭᠤᠯᠵᠤ ᠡᠳ᠋ ᠤᠨ ᠶᠠᠪᠤᠲᠠᠯ ᠢ ᠬᠠᠮᠢᠶᠠᠷᠬᠤ ᠰᠠᠭᠤᠷᠢ ᠮᠦᠩᠬᠦᠨ ᠤ ᠦᠢᠯᠡᠳᠬᠦᠨ ᠪᠤᠯᠤᠨ᠎ᠠ᠃    8. ᠵᠢᠬᠡᠯᠡᠯᠬᠡ ᠶᠢᠨ ᠲᠡᠮᠲᠡᠭ ᠤᠨ ᠪᠡᠯᠡ ᠬᠦᠢᠯᠬᠡᠬᠡᠬᠦ᠄ ᠲᠦᠷᠦᠯ ᠵᠦᠢᠯ ᠤᠨ ᠭᠤᠤᠯ ᠴᠤᠭᠴᠠ ᠬᠠᠦᠯᠢ ᠳᠤ ᠲᠤᠭᠲᠠᠭᠰᠠᠨ ᠲᠠᠷᠠᠭᠠᠯᠠᠯ ᠢᠶᠠᠷ ᠲᠠᠷᠬᠠᠭᠠᠭᠰᠠᠨ ᠮᠦᠷᠲᠡᠬᠡᠨ ᠬᠤᠭᠤᠴᠠᠭ᠎ᠠ ᠶᠤᠰᠤᠭᠠᠷ ᠵᠢᠬᠡᠯᠡᠯᠬᠡ ᠶᠢᠨ ᠲᠡᠮᠲᠡᠭ ᠭᠠᠷᠲᠠᠭᠴᠢ ᠳᠤ ᠬᠦᠦ ᠮᠦᠩᠬᠦ ᠪᠠ ᠡᠬᠡ ᠮᠦᠩᠬᠦ ᠶᠢ ᠪᠤᠴᠠᠭᠠᠬᠤ ᠪᠠᠷ ᠠᠮᠠᠯᠲᠤᠭᠰᠠᠨ ᠨᠢᠬᠡ ᠵᠦᠢᠯ ᠎ ᠤᠨ ᠪᠡᠯᠡ ᠬᠦᠢᠯᠬᠡᠬᠡᠬᠦ ᠠᠷᠭ᠎ᠠ ᠶᠢ ᠵᠢᠭᠠᠵᠤ ᠪᠤᠢ᠃    9. ︽ᠨᠢᠬᠡ ᠲᠤᠭᠤᠷᠢᠮ ᠬᠤᠶᠠᠷ ᠵᠠᠮ︾᠄ ᠨᠢᠬᠡ ᠲᠤᠭᠤᠷᠢᠮ ᠬᠡᠲᠡᠭ ᠨᠢ ᠲᠤᠮᠲᠠ ᠲᠤᠭᠤᠷᠢᠮ ᠵᠠᠮ ᠢ ᠵᠢᠭᠠᠵᠤ᠂ ᠶᠢᠦ ᠢ ᠶᠡᠭᠡ ᠵᠡᠬᠡᠯᠢ᠂ ᠵᠠᠰᠠᠮᠠᠯ ᠵᠠᠮ ᠲᠡᠮᠦᠷ ᠵᠠᠮ ᠤᠨ ᠰᠤᠯᠪᠢᠴᠠᠭᠰᠠᠨ ᠬᠦᠬᠦᠷᠬᠡ᠂ ᠳ᠋ᠠᠪᠠᠨ ᠵᠠᠮ᠂ ᠲᠢᠶᠧ ᠨᠠᠨ ᠶᠡᠭᠡ ᠵᠡᠬᠡᠯᠢ ᠵᠡᠷᠬᠡ ᠢᠨᠵᠧᠨᠧᠷᠢᠩ ᠢ ᠪᠠᠭᠲᠠᠭᠠᠨ᠎ᠠ︔ ᠬᠤᠶᠠᠷ ᠵᠠᠮ ᠬᠡᠲᠡᠭ ᠨᠢ 306 ᠤᠯᠤᠰ ᠎ ᠤᠨ ᠵᠠᠮ ᠤᠨ ᠬᠤᠲᠠ ᠲᠤᠭᠤᠷᠢᠭ ᠤᠨ ᠬᠡᠰᠡᠭ ᠪᠠ ᠨᠢᠰᠬᠡᠯ ᠤᠨ ᠪᠠᠭᠤᠲᠠᠯ ᠤᠨ ᠵᠠᠮ ᠢ ᠵᠢᠭᠠᠵᠤ ᠪᠠᠶᠢᠨ᠎ᠠ᠃    10. ︽ᠪᠠᠶᠢᠭᠠᠯᠢ ᠶᠢᠨ ᠰᠢᠲᠠᠮᠠᠬᠠᠢ ᠬᠡᠢ ᠶᠢᠨ ᠬᠡᠷᠡᠭᠯᠡᠯᠲᠡ ᠶᠢ ᠲᠦᠬᠡᠮᠡᠯᠵᠢᠬᠦᠯᠬᠦ︾ ᠢᠨᠵᠧᠨᠧᠷᠢᠩ᠄ ᠯᠢᠶᠤᠤ ᠾᠧ ᠭᠤᠤᠯ ᠤᠨ ᠴᠢᠯᠠᠭᠤᠨ ᠲᠤᠰᠤ ᠰᠢᠲᠠᠮᠠᠬᠠᠢ ᠬᠡᠢ ᠶᠢᠨ ᠺᠤᠮᠫᠠᠨᠢ ᠶᠢᠨ ᠪᠡᠯᠡ ᠤᠷᠤᠭᠤᠯᠵᠤ ᠪᠠᠶᠢᠭᠤᠯᠤᠭᠰᠠᠨ ᠴᠤᠤᠶᠠᠩ — ᠤᠯᠠᠭᠠᠨᠬᠠᠲᠠ — ᠬᠡᠰᠢᠭᠲᠡᠨ ᠬᠤᠰᠢᠭᠤᠨ ᠤ ᠳ᠋ᠠ ᠲᠠᠩ ᠨᠡᠬᠦᠷᠡᠰᠦᠨ ᠬᠡᠢ ᠪᠠᠶᠢᠭᠠᠯᠢ ᠎ ᠶᠢᠨ ᠰᠢᠲᠠᠮᠠᠬᠠᠢ ᠬᠡᠢ ᠶᠢᠨ ᠭᠤᠤᠯ ᠱᠤᠭᠤᠮ ᠵᠢᠴᠢ ᠡᠯ᠎ᠡ ᠬᠤᠰᠢᠭᠤ ᠰᠢᠶᠠᠨ ᠲᠤᠭᠤᠷᠢᠭ ᠲᠤ ᠨᠡᠪᠲᠡᠷᠡᠬᠦ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠯᠪᠤᠷᠢ ᠱᠤᠭᠤᠮ ᠪᠤᠯᠬᠤ ᠪᠦᠬᠡᠳ ᠡᠯ᠎ᠡ ᠬᠤᠰᠢᠭᠤ ᠰᠢᠶᠠᠨ ᠲᠤᠭᠤᠷᠢᠭ ᠲᠤ ᠴᠤᠤᠶᠠᠩ᠂ ᠬᠡᠰᠢᠭᠲᠡᠨ ᠬᠤᠰᠢᠭᠤᠨ ᠤ ᠬᠤᠶᠠᠷ ᠬᠡᠢ ᠶᠢᠨ ᠰᠤᠷᠪᠤᠯᠵᠢ ᠪᠠᠷ ᠬᠡᠢ ᠬᠠᠩᠭᠠᠬᠤ ᠶᠢ ᠪᠡᠶᠡᠯᠡᠬᠦᠯᠬᠦ ᠢᠨᠵᠧᠨᠧᠷᠢᠩ ᠪᠤᠯᠤᠨ᠎ᠠ᠃    11. ︽ᠤᠷᠤᠨ ᠠᠯᠤᠰᠯᠠᠭᠰᠠᠨ ᠠᠵᠤ ᠠᠬᠤᠢ︾᠄ ᠠᠳᠠᠯᠢ ᠪᠤᠰᠤ ᠭᠠᠵᠠᠷ ᠤᠷᠤᠨ ᠤ ᠬᠤᠭᠤᠷᠤᠨᠲᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠬᠢᠵᠠᠭᠠᠷᠯᠠᠯ ᠢ ᠡᠪᠲᠡᠵᠦ᠂  ᠲᠦᠯᠦᠪᠵᠢᠬᠦᠯᠬᠦ᠂ ᠪᠦᠲᠦᠬᠡᠨ ᠪᠠᠶᠢᠭᠤᠯᠬᠤ᠂ ᠬᠠᠮᠢᠶᠠᠷᠬᠤ ᠪᠠ ᠭᠠᠶᠢᠯᠢ ᠶᠢᠨ ᠤᠷᠤᠯᠭ᠎ᠠ ᠶᠢ ᠬᠤᠪᠢᠲᠠᠬᠤ ᠵᠡᠷᠬᠡ ᠬᠤᠷᠰᠢᠯᠴᠠᠭ᠎ᠠ ᠶᠢᠨ ᠲᠤᠭᠲᠠᠯᠴᠠᠭ᠎ᠠ ᠎ ᠪᠠᠷ ᠲᠠᠮᠵᠢᠨ᠂ ᠬᠠᠷᠢᠯᠴᠠᠨ ᠠᠰᠢᠭᠲᠠᠢ ᠬᠠᠮᠲᠤᠪᠡᠷ ᠤᠯᠬᠤ ᠨᠢᠬᠡ ᠵᠦᠢᠯ ᠤᠨ ᠤᠷᠤᠨ ᠪᠦᠰᠡ ᠶᠢᠨ ᠠᠵᠤ ᠠᠬᠤᠢ ᠶᠢᠨ ᠬᠤᠷᠰᠢᠯᠴᠠᠭᠠᠨ ᠤ ᠬᠡᠯᠪᠡᠷᠢ ᠪᠤᠯᠤᠨ᠎ᠠ᠃    12. ᠢᠦᠢ ᠯᠦᠩ ᠴᠢᠲᠠᠪᠤᠷᠢᠲᠠᠨ ᠤ ᠢᠨᠵᠧᠨᠧᠷᠢᠩ᠄ ︽ᠤᠯᠠᠭᠠᠨᠬᠠᠲᠠ ᠬᠤᠲᠠ ᠶᠢᠨ ᠲᠤᠮᠲᠠ ᠤᠷᠲᠤ ᠬᠤᠭᠤᠴᠠᠭᠠᠨ ᠤ ᠴᠢᠲᠠᠪᠤᠷᠢᠲᠠᠨ ᠤ ᠬᠦᠭᠵᠢᠯᠲᠡ ᠶᠢᠨ ᠲᠦᠯᠦᠪᠵᠢᠬᠦᠯᠬᠡ ᠶᠢᠨ ᠬᠦᠲᠦᠯᠪᠦᠷᠢ ︵2011 —2020 ᠤᠨ︶︾᠎ ᠶᠢ ᠨᠠᠶᠢᠲᠠᠪᠤᠷᠢᠵᠢᠭᠤᠯᠵᠤ᠂ ᠮᠠᠨ ᠤ ᠬᠤᠲᠠ ᠶᠢᠨ ᠴᠢᠲᠠᠪᠤᠷᠢᠲᠠᠨ ᠤ ᠠᠵᠢᠯ ᠢ ᠵᠢᠯᠤᠭᠤᠳᠬᠤ ᠶᠡᠷᠦᠩᠬᠡᠶᠢᠯᠡᠭᠰᠡᠨ ᠴᠢᠨᠠᠷᠲᠡᠢ ᠢᠨᠵᠧᠨᠧᠷᠢᠩ ᠪᠤᠯᠤᠨ᠎ᠠ᠃    13. ᠲᠦᠯᠦᠪᠯᠡᠬᠡᠲᠦ ᠦᠷᠡᠵᠢᠯ ᠤᠨ ︽ᠬᠤᠶᠠᠷ ᠪᠤᠰᠤ︾᠄  ᠡᠮᠨᠡᠯᠬᠡ ᠶᠢᠨ ᠬᠡᠷᠡᠭᠴᠡᠬᠡᠨ ᠤ ᠪᠤᠰᠤ ᠬᠡᠪᠡᠯᠢ ᠳᠠᠬᠢ ᠬᠡᠦᠬᠡᠳ ᠤᠨ ᠴᠢᠨᠠᠷ ᠤᠨ ᠢᠯᠭᠠᠯ ᠢ ᠲᠤᠭᠲᠠᠭᠠᠬᠤ ᠪᠠ ᠡᠮᠨᠡᠯᠬᠡ ᠶᠢᠨ ᠬᠡᠷᠡᠭᠴᠡᠬᠡᠨ ᠤ ᠪᠤᠰᠤ ᠴᠢᠨᠠᠷ ᠤᠨ ᠢᠯᠭᠠᠯ ᠢ ᠰᠤᠩᠭᠤᠵᠤ᠂ ᠬᠦᠮᠦᠨ ᠤ ᠬᠦᠴᠦᠨ ᠢᠶᠠᠷ ᠵᠢᠷᠮᠤᠰᠤᠯᠡᠬᠦ ᠶᠢ ᠵᠤᠭᠰᠤᠭᠠᠬᠤ ᠶᠢ ᠵᠢᠭᠠᠨ᠎ᠠ    14. ᠭᠠᠴᠠᠭ᠎ᠠ ᠲᠤᠰᠬᠤᠨ ᠤ ᠱᠠᠲᠤᠨ ᠤ ᠶᠠᠪᠤᠲᠠᠯ ᠢ ᠬᠡᠷ᠎ᠡ ᠪᠤᠯᠵᠤᠨ ᠬᠠᠮᠢᠶᠠᠷᠬᠤ᠄ ᠬᠡᠷ᠎ᠡ᠂ ᠲᠤᠪᠴᠢ ᠲᠡᠮᠲᠡᠭᠯᠡᠯ᠂ ᠬᠡᠯᠡᠯᠴᠡᠬᠡᠷ ᠵᠡᠷᠬᠡ ᠪᠢᠴᠢᠭ ᠤᠨ ᠬᠡᠯᠪᠡᠷᠢ ᠎ ᠪᠠᠷ ᠲᠠᠮᠵᠢᠨ᠂ ᠤᠴᠢᠷ ᠬᠦᠢᠴᠡᠳᠬᠡᠬᠦ ᠬᠤᠶᠠᠷ ᠲᠠᠯ᠎ᠠ ᠶᠢᠨ ᠡᠷᠬᠡ ᠠᠰᠢᠭ ᠪᠠ ᠡᠬᠦᠷᠬᠡ ᠶᠢ ᠲᠤᠲᠤᠷᠬᠠᠶᠢᠯᠠᠭᠰᠠᠨ ᠢᠯᠡ ᠲᠤᠲᠤ ᠭᠠᠴᠠᠭ᠎ᠠ ᠲᠤᠰᠬᠤᠨ ᠤ ᠱᠠᠲᠤᠨ ᠤ ᠤᠴᠢᠷ ᠶᠠᠪᠤᠲᠠᠯ ᠢ ᠠᠷᠠᠳᠴᠢᠯᠠᠯ ᠢᠶᠠᠷ ᠬᠠᠮᠢᠶᠠᠷᠬᠤ ᠬᠡᠯᠪᠡᠷᠢ ᠪᠤᠯᠤᠨ᠎ᠠ᠃  
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ