2013 ᠣᠨ ᠤ ᠵᠠᠰᠠᠭ ᠤᠨ ᠤᠷᠲᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2015/11/19
                   2013 ᠣᠨ ᠤ ᠵᠠᠰᠠᠭ ᠤᠨ ᠤᠷᠲᠤᠨ ᠤ ᠠᠵᠢᠯ ᠤᠨ ᠢᠯᠡᠳᠬᠡᠯ                                                         2013 ᠤᠨ ᠤ 1 ᠰᠠᠷ᠎ᠠ ᠶᠢᠨ 7᠎ ᠤ ᠡᠲᠦᠷ ᠤᠯᠠᠭᠠᠨᠬᠠᠲᠠ ᠬᠤᠲᠠ ᠶᠢᠨ ᠵᠢᠷᠭᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯᠲᠤᠭᠠᠨ ᠲᠡᠭᠡᠷ᠎ᠡ                                                                     ᠬᠤᠳᠠ ᠶᠢᠨ ᠲᠠᠷᠤᠭ᠎ᠠ      ᠪᠤᠤ ᠮᠠᠨᠳᠠᠲᠦᠯᠦᠬᠡᠯᠡᠭᠴᠢᠳ ᠡ᠄      ᠤᠲᠤ ᠪᠢ ᠬᠤᠲᠠ ᠶᠢᠨ ᠵᠠᠰᠠᠭ ᠤᠨ ᠤᠷᠲᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠡᠨ ᠵᠦᠪᠯᠡᠬᠦ ᠪᠤᠯᠪᠠᠤ᠂ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠰᠤᠯᠠ ᠤᠷᠤᠯᠴᠠᠭᠰᠠᠨ ᠨᠦᠬᠦᠳ ᠰᠠᠨᠠᠯ ᠢᠶᠠᠨ ᠲᠤᠷᠠᠲᠤᠭᠠᠷᠠᠢ᠃      ᠨᠢᠬᠡ᠂ ᠦᠩᠬᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠬᠦᠯᠦᠯ     ᠬᠤᠲᠠ ᠶᠢᠨ ᠲᠠᠪᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯᠲᠤᠭᠠᠨ ᠠᠴᠠ ᠨᠠᠰᠢᠬᠢ ᠲᠠᠪᠤᠨ ᠵᠢᠯ ᠪᠤᠯ ᠮᠠᠨ ᠤ ᠬᠤᠲᠠ ᠶᠢᠨ ᠬᠦᠭᠵᠢᠯᠲᠡ ᠶᠢᠨ ᠶᠠᠪᠤᠴᠠ ᠲᠤᠮᠲᠡᠬᠢ ᠲᠤᠶᠢᠯ ᠤᠨ ᠶᠡᠷᠦ ᠪᠤᠰᠤ ᠶᠢᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ ᠬᠤᠳᠠ ᠶᠢᠨ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠪᠠ ᠬᠤᠳᠠ ᠶᠢᠨ ᠠᠷᠠᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠬᠤᠳᠠ ᠶᠢᠨ ᠵᠠᠰᠠᠭ ᠤᠨ ᠤᠷᠳᠤᠨ ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠵᠦ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠬᠦᠴᠢᠷ ᠢ ᠢᠯᠠᠵᠦ ᠪᠤᠭᠤᠮᠳᠠ ᠶᠢ ᠲᠠᠪᠠᠨ᠂ ᠤᠮᠤᠭ ᠵᠤᠷᠢᠭ ᠲᠡᠭᠦᠯᠳᠡᠷ᠂ ᠡᠷᠡᠯᠬᠡᠭᠯᠡᠨ ᠴᠢᠷᠮᠠᠶᠢᠭᠰᠠᠨ ᠵᠤᠷᠢᠭ ᠰᠠᠨᠠᠭ᠎ᠠ ᠪᠠᠷ᠂ ᠤᠯᠤᠰ ᠤᠨ ᠲᠤᠲᠤᠭᠠᠲᠤ ᠭᠠᠲᠠᠭᠠᠲᠤ ᠎ ᠶᠢᠨ ᠲᠦᠪᠡᠭ ᠪᠤᠲᠤᠯᠢᠶᠡᠨ ᠲᠠᠢ ᠪᠠᠶᠢᠲᠡᠯ ᠢ ᠪᠦᠳᠦᠮᠵᠢᠲᠠᠢ ᠠᠷᠭᠠᠴᠠᠵᠦ᠂ ᠬᠤᠳᠠ ᠶᠢᠨ ᠡᠯ᠎ᠠ ᠵᠦᠢᠯ ᠶᠢᠨ ᠨᠦᠯᠦᠭᠡ ᠶᠢ ᠢᠳᠡᠪᠬᠢᠲᠠᠢ ᠨᠠᠮᠠᠳᠬᠠᠵᠦ᠂ ᠭᠠᠨᠭ᠌ ᠬᠠᠭᠤᠷᠠᠢ᠂ ᠦᠶᠡᠷ ᠤᠰᠤ᠂ ᠴᠠᠰᠤ ᠰᠢᠭᠤᠷᠭ᠎ᠠ ᠵᠡᠷᠭᠡ ᠤᠯᠠᠨ ᠵᠦᠢᠯ ᠤᠨ ᠪᠠᠶᠢᠭᠠᠯᠢ ᠶᠢᠨ ᠭᠠᠮᠰᠢᠭ ᠢ ᠢᠯᠠᠨ ᠲᠠᠪᠠᠵᠦ᠂ ᠠᠵᠤ ᠠᠬᠤᠢ ᠨᠡᠶᠢᠬᠡᠮ ᠤᠨ ᠬᠦᠭᠵᠢᠯᠲᠡ ᠎ ᠶᠢᠨ ᠰᠢᠨ᠎ᠡ ᠦᠰᠦᠷᠦᠯᠲᠠ ᠪᠠ ᠭᠤᠤᠯᠲᠠᠯᠭᠠᠲᠡᠢ ᠬᠦᠷᠢᠶ᠎ᠡ ᠬᠡᠪᠴᠢᠶᠡᠨ ᠳᠠᠬᠢ ᠰᠢᠨ᠎ᠡ ᠰᠢᠪᠲᠤᠯᠤᠯᠲᠠ ᠶᠢ ᠪᠡᠶᠡᠯᠡᠬᠦᠯᠦᠭᠰᠡᠨ ᠰᠠᠶᠢᠨ ᠪᠠᠶᠢᠲᠠᠯ ᠢ ᠡᠬᠦᠳᠪᠡ᠃     ︵ᠨᠢᠬᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠤᠲᠠᠲᠤ ᠬᠦᠴᠦᠨ ᠤ ᠰᠢᠨ᠎ᠡ ᠦᠰᠦᠷᠦᠯᠲᠠ ᠶᠢ ᠪᠡᠶᠡᠯᠡᠬᠦᠯᠪᠡ᠃ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 2007 ᠤᠨ ᠳᠤ 638.2 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 2012 ᠤᠨ ᠳᠤ 1568 ᠳ᠋ᠦᠩᠰᠢᠭᠤᠷ ᠲᠦᠬᠦᠷᠢᠭ ᠪᠤᠯᠵᠤ ᠨᠡᠮᠡᠭᠲᠡᠨ᠂ ᠵᠢᠯ ᠳᠤ ᠲᠤᠮᠲᠠᠴᠢ ᠪᠠᠷ 16%᠎ ᠪᠠᠷ ᠨᠡᠮᠡᠭᠲᠡᠪᠡ᠃ ᠬᠦᠮᠦᠨ ᠪᠦᠷᠢ ᠶᠢᠨ ᠲᠤᠮᠲᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 14432 ᠲᠦᠬᠦᠷᠢᠭ ᠪᠠᠶᠢᠭᠰᠡᠨ ᠠᠴᠠ ᠪᠠᠨ37000 ᠲᠦᠬᠦᠷᠢᠭ ᠪᠤᠯᠵᠤ ᠨᠡᠮᠡᠭᠲᠡᠨ᠂ ᠪᠦᠬᠦ ᠤᠯᠤᠰ ᠤᠨ ᠲᠤᠮᠲᠡᠴᠢ ᠲᠦᠪᠰᠢᠨ ᠳᠤ ᠤᠶᠢᠷᠡᠲᠤᠵᠡᠢ᠃ ᠭᠤᠷᠪᠡᠨ ᠠᠵᠤ ᠦᠢᠯᠡᠰ ᠤᠨ ᠬᠠᠷᠢᠴᠠᠯ 19᠄ 45᠄ 36 ᠪᠠᠶᠢᠭᠰᠡᠨ ᠠᠴᠠ ᠪᠠᠨ 15᠄ 56᠄ 29 ᠪᠤᠯᠪᠠ᠃ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 57.2 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 139 ᠳ᠋ᠦᠩᠰᠢᠭᠤᠷ ᠲᠦᠬᠦᠷᠢᠭ ᠪᠤᠯᠵᠤ ᠨᠡᠮᠡᠭᠲᠡᠨ᠂ ᠵᠢᠯ ᠪᠦᠷᠢ ᠲᠤᠮᠲᠡᠴᠢ ᠪᠠᠷ 19.4%᠎ ᠪᠠᠷ ᠨᠡᠮᠡᠭᠲᠡᠪᠡ᠃ ᠤᠷᠤᠨ ᠨᠤᠲᠤᠭ ᠤᠨ ᠤᠯᠠᠨ ᠨᠡᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 118 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 300 ᠳ᠋ᠦᠩᠰᠢᠭᠤᠷ ᠲᠦᠬᠦᠷᠢᠭ ᠠᠴᠠ ᠲᠡᠬᠡᠭᠰᠢ ᠪᠤᠯᠵᠤ᠂ ᠵᠢᠯ ᠳᠤ ᠲᠤᠮᠲᠡᠴᠢ ᠪᠠᠷ 20.5%᠎ ᠪᠠᠷ ᠨᠡᠮᠡᠭᠲᠡᠪᠡ᠃ 50 ᠲᠦᠮᠡᠨ ᠲᠦᠬᠦᠷᠢᠭ ᠠᠴᠠ ᠲᠡᠬᠡᠭᠰᠢᠬᠢ ᠲᠤᠭᠲᠠᠮᠠᠯ ᠬᠦᠷᠦᠩᠬᠡ ᠶᠢᠨ ᠪᠡᠯᠡ ᠤᠷᠤᠭᠤᠯᠤᠯᠲᠡ ᠨᠡᠶᠢᠲᠡ 4412 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠵᠢᠯ ᠳᠤ ᠲᠤᠮᠲᠡᠴᠢ ᠪᠠᠷ 26%᠎ ᠪᠠᠷ ᠨᠡᠮᠡᠭᠲᠡᠪᠡ᠃ ᠨᠡᠶᠢᠬᠡᠮ ᠤᠨ ᠬᠡᠷᠡᠭᠯᠡᠬᠡᠨ ᠤ ᠰᠤᠯᠡ ᠪᠠᠷ ᠬᠤᠲᠡᠯᠲᠤᠭᠰᠠ ᠶᠡᠷᠦᠩᠬᠡᠢ ᠨᠤᠷᠮ᠎ᠠ 196.3 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 473 ᠳ᠋ᠦᠩᠰᠢᠭᠤᠷ ᠲᠦᠬᠦᠷᠢᠭ ᠪᠤᠯᠵᠤ ᠨᠡᠮᠡᠭᠲᠡᠨ᠂ ᠵᠢᠯ ᠳᠤ ᠲᠤᠮᠲᠠᠴᠢ ᠪᠠᠷ 19.2%᠎ ᠪᠠᠷ ᠨᠡᠮᠡᠭᠲᠡᠪᠡ᠃ ᠬᠤᠲᠠ ᠪᠠᠯᠭᠠᠰᠤᠨ ᠤ ᠰᠠᠭᠤᠭᠠᠯᠢ ᠠᠷᠡᠳ ᠤᠨ ᠬᠦᠮᠦᠨ ᠪᠦᠷᠢ ᠶᠢᠨ ᠲᠤᠮᠲᠡᠴᠢ ᠵᠠᠷᠤᠴᠠᠭᠤᠯᠵᠤ ᠪᠤᠯᠬᠤ ᠤᠷᠤᠯᠭ᠎ᠠ 10032 ᠲᠦᠬᠦᠷᠢᠭ ᠪᠠᠶᠢᠭᠰᠡᠨ ᠠᠴᠠ ᠪᠠᠨ 18880 ᠲᠦᠬᠦᠷᠢᠭ ᠪᠤᠯᠵᠤ ᠨᠡᠮᠡᠭᠲᠡᠨ᠂ ᠲᠠᠷᠢᠶᠡᠴᠢᠳ ᠮᠠᠯᠴᠢᠳ ᠎ ᠤᠨ ᠬᠦᠮᠦᠨ ᠪᠦᠷᠢ ᠶᠢᠨ ᠲᠤᠮᠲᠡᠴᠢ ᠴᠡᠪᠡᠷ ᠤᠷᠤᠯᠭ᠎ᠠ 3681 ᠲᠦᠬᠦᠷᠢᠭ ᠪᠠᠶᠢᠭᠰᠡᠨ ᠠᠴᠠ ᠪᠠᠨ 7060 ᠲᠦᠬᠦᠷᠢᠭ ᠪᠤᠯᠵᠤ ᠨᠡᠮᠡᠭᠲᠡᠵᠤ᠂ ᠵᠢᠯ ᠳᠤ ᠲᠤᠮᠲᠡᠴᠢ ᠎ ᠪᠠᠷ ᠲᠤᠰᠪᠤᠷᠢ 13.5% ᠪᠠ 13.9%᠎ ᠪᠠᠷ ᠨᠡᠮᠡᠭᠲᠡᠪᠡ᠃      ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠰᠢᠨ᠎ᠡ ᠱᠠᠲᠤᠨ ᠳᠤ ᠤᠷᠤᠪᠠ᠃ ᠨᠢᠬᠡ ᠪᠦᠯᠦᠭ ᠲᠤᠮᠤ ᠲᠦᠷᠦᠯ ᠵᠦᠢᠯ ᠢ ᠪᠦᠲᠦᠬᠡᠨ ᠪᠠᠶᠢᠭᠤᠯᠵᠤ ᠠᠰᠢᠭᠯᠠᠯᠲᠠ ᠳᠤ ᠤᠷᠤᠭᠤᠯᠵᠤ᠂ ᠨᠢᠬᠡ ᠪᠦᠯᠦᠭ ᠲᠤᠮᠤ ᠠᠵᠤ ᠠᠬᠤᠶᠢᠯᠠᠯ ᠬᠦᠴᠦᠷᠬᠡᠭᠵᠢᠨ ᠪᠤᠵᠠᠭᠠᠶᠢᠷᠡᠨ᠂ ᠨᠢᠬᠡ ᠪᠦᠯᠦᠭ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠡᠰ ᠲᠡᠪᠰᠢᠨ ᠲᠡᠬᠡᠭᠰᠢᠯᠡᠵᠦ᠂ ᠭᠤᠤᠯᠲᠠᠯᠭᠠᠲᠠᠢ ᠠᠵᠤ ᠦᠢᠯᠡᠰ ᠤᠨ ᠲᠠᠪᠠᠭᠤᠯᠢᠭ ᠨᠡᠩ ᠢᠯᠡᠷᠬᠡᠢ ᠪᠤᠯᠵᠤ᠂ ᠠᠵᠤ ᠦᠢᠯᠡᠳᠪᠦᠷᠢ ᠶᠢᠨ ᠭᠤᠤᠯᠯᠠᠬᠤ ᠪᠠᠶᠢᠷᠢ ᠰᠠᠭᠤᠷᠢ ᠤᠯᠠᠮ ᠪᠠᠲᠤᠳᠬᠠᠭᠲᠠᠪᠠ᠃ ᠪᠦᠬᠦ ᠬᠤᠲᠠ ᠶᠢᠨ ᠬᠡᠪᠴᠢᠶᠡᠵᠢᠯ ᠠᠴᠠ ᠲᠡᠬᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 348 ᠪᠠᠶᠢᠭᠰᠡᠨ ᠎ ᠠᠴᠠ ᠪᠠᠨ 542 ᠪᠤᠯᠵᠤ ᠨᠡᠮᠡᠭᠲᠡᠨ᠂ ᠠᠵᠤ ᠦᠢᠯᠡᠳᠪᠦᠷᠢ ᠶᠢᠨ ᠨᠡᠮᠡᠭᠲᠡᠯ ᠦᠷᠲᠡᠭ 255 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 751 ᠳ᠋ᠦᠩᠰᠢᠭᠤᠷ ᠲᠦᠬᠦᠷᠢᠭ ᠪᠤᠯᠵᠤ ᠲᠡᠬᠡᠭᠰᠢᠯᠡᠬᠡᠳ᠂ ᠠᠵᠤ ᠦᠢᠯᠡᠳᠪᠦᠷᠢ ᠶᠢᠨ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠠᠷᠢᠴᠠᠯ 39.9% ᠪᠠᠶᠢᠭᠰᠡᠨ ᠠᠴᠠ ᠪᠠᠨ 47.9% ᠪᠤᠯᠵᠤ ᠲᠡᠬᠡᠭᠰᠢᠯᠡᠨ᠂ ᠠᠵᠤ ᠠᠬᠤᠢ ᠶᠢᠨ ᠨᠡᠮᠡᠭᠲᠡᠯ ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠠ 64.7%᠎ ᠳᠤ ᠬᠦᠷᠪᠡ᠃ ᠲᠡᠮᠦᠷᠯᠢᠭ ᠬᠠᠶᠢᠯᠤᠭᠤᠯᠬᠤ᠂ ᠡᠨᠧᠷᠬᠢ ᠶᠢᠨ ᠠᠵᠤ ᠦᠢᠯᠡᠰ ᠲᠠᠰᠤᠷᠡᠯ ᠦᠬᠡᠢ ᠪᠤᠵᠠᠭᠠᠶᠢᠷᠡᠵᠤ᠂ ᠦᠩᠬᠡᠲᠦ ᠲᠡᠮᠦᠷᠯᠢᠭ ᠤᠨ ᠡᠲᠦᠷ ᠪᠦᠷᠢ ᠶᠢᠨ ᠬᠦᠲᠡᠷ ᠰᠤᠩᠭᠤᠬᠤ᠂ ᠵᠢᠯ ᠤᠨ ᠬᠠᠶᠢᠯᠤᠭᠤᠯᠬᠤ ᠪᠠ ᠨᠠᠷᠢᠯᠢᠭ ᠡᠳ᠋ᠰᠢᠬᠦᠯᠦᠨ ᠪᠤᠯᠪᠠᠰᠤᠷᠡᠭᠤᠯᠬᠤ ᠴᠢᠲᠡᠪᠤᠷᠢ ᠲᠤᠰᠪᠤᠷᠢ 4 ᠲᠦᠮᠡᠨ ᠲᠤᠨ᠂ 40 ᠲᠦᠮᠡᠨ ᠲᠤᠨ ᠪᠠ 2.2 ᠲᠦᠮᠡᠨ ᠲᠤᠨ ᠪᠠᠶᠢᠭᠰᠡᠨ ᠠᠴᠠ ᠪᠠᠨ 12 ᠲᠦᠮᠡᠨ ᠲᠤᠨ᠂ 68 ᠲᠦᠮᠡᠨ ᠲᠤᠨ᠂ 20 ᠲᠦᠮᠡᠨ ᠲᠤᠨ ᠪᠤᠯᠵᠤ ᠲᠡᠬᠡᠭᠰᠢᠯᠡᠬᠡᠳ᠂ ᠮᠠᠨ ᠤ ᠬᠤᠲᠠ ᠨᠢ ︽ᠲᠤᠮᠲᠠᠲᠤ ᠤᠯᠤᠰ ᠤᠨ ᠦᠩᠬᠡᠲᠦ ᠲᠡᠮᠦᠷᠯᠢᠭ ᠤᠨ ᠨᠤᠲᠤᠭ︾᠎ ᠢᠶᠠᠷ ᠴᠤᠯᠠᠯᠠᠭᠲᠠᠪᠠ︔ ᠪᠦᠬᠦ ᠬᠤᠲᠠ ᠶᠢᠨ ᠨᠡᠬᠦᠷᠡᠰᠦᠨ ᠤ ᠭᠠᠷᠤᠯᠲᠡ 2333 ᠲᠦᠮᠡᠨ ᠲᠤᠨ ᠪᠠᠶᠢᠭᠰᠡᠨ ᠠᠴᠠ ᠪᠠᠨ 3500 ᠲᠤᠨ ᠪᠤᠯᠵᠤ ᠲᠡᠬᠡᠭᠰᠢᠯᠡᠨ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ 220 ᠲᠦᠮᠡᠨ ᠺᠢᠯᠤᠸᠡᠲ ᠪᠠᠶᠢᠭᠰᠡᠨ ᠠᠴᠠ ᠪᠠᠨ 648 ᠲᠦᠮᠡᠨ ᠺᠢᠯᠤᠸᠡᠲ ᠪᠤᠯᠤᠨ ᠨᠡᠮᠡᠭᠲᠡᠵᠤ᠂ ᠡᠬᠦᠨ ᠳᠤ ᠰᠠᠯᠬᠢᠨ ᠴᠠᠬᠢᠯᠭᠠᠨ ᠤ  ᠮᠠᠰᠢᠨ ᠴᠤᠭᠴᠠᠯᠠᠪᠤᠷᠢ 248 ᠲᠦᠮᠡᠨ ᠺᠢᠯᠤᠸᠠᠲ ᠪᠤᠯᠵᠡᠢ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠲᠤᠨᠤᠭᠯᠠᠯ ᠦᠢᠯᠡᠳᠬᠦ ᠠᠵᠤ ᠦᠢᠯᠡᠰ ᠲᠦᠷᠬᠡᠨ ᠬᠦᠭᠵᠢᠵᠦ᠂ ᠢᠲᠡᠬᠡᠨ᠂ ᠪᠠᠷᠢᠯᠭ᠎ᠠ ᠶᠢᠨ ᠮᠠᠲ᠋ᠧᠷᠢᠶᠡᠯ᠂ ᠨᠡᠬᠡᠮᠡᠯ᠂ ᠡᠮ ᠦᠢᠯᠡᠳᠬᠦ ᠠᠵᠤ ᠦᠢᠯᠡᠰ ᠲᠦᠷᠬᠡᠨ ᠬᠦᠭᠵᠢᠵᠦ ᠲᠡᠰ ᠲᠡᠪᠰᠢᠵᠡᠢ᠃ ᠰᠤᠷᠠᠭ ᠵᠠᠩᠬᠢ ᠶᠢᠨ ᠠᠵᠤ ᠦᠢᠯᠡᠰ ᠡᠬᠢᠯᠡᠨ ᠬᠦᠭᠵᠢᠵᠦ᠂ ︽ᠲᠤᠭᠠᠴᠢᠯᠠᠭᠰᠡᠨ ᠤᠯᠠᠭᠠᠨᠬᠠᠲᠠ︾᠎ ᠶᠢᠨ ᠪᠦᠲᠦᠬᠡᠨ ᠪᠠᠶᠢᠭᠤᠯᠤᠯᠲᠡ ᠶᠢ ᠯᠠᠪᠲᠠᠭᠤᠨ ᠠᠬᠢᠭᠤᠯᠪᠠ᠃ ︽ᠬᠤᠤᠰ ᠮᠢᠩᠭ᠎ᠠ ᠬᠤᠤᠰ ᠵᠠᠭᠤᠨ ᠳ᠋ᠦᠩᠰᠢᠭᠤᠷ︾᠎ ᠤᠨ ᠢᠨᠵᠧᠨᠧᠷᠢᠩ ᠢᠯᠡᠳᠲᠠ ᠠᠮᠵᠢᠯᠲᠡ  ᠤᠯᠵᠤ᠂ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠪᠤᠷᠤᠯᠠᠭᠤᠯᠭ᠎ᠠ ᠶᠢᠨ ᠤᠷᠤᠯᠭ᠎ᠠ ᠮᠢᠩᠭᠠᠨ ᠳ᠋ᠦᠩᠰᠢᠭᠤᠷ ᠲᠦᠬᠦᠷᠢᠭ ᠎ ᠢ ᠲᠠᠪᠠᠭ᠋ᠤ ᠬᠠᠷᠡᠯᠲᠠ ᠶᠢ ᠤᠷᠢᠳᠴᠢᠯᠠᠨ ᠪᠡᠶᠡᠯᠡᠬᠦᠯᠵᠦ᠂ ᠤᠯᠠᠭᠠᠨᠬᠠᠲᠠ ᠠᠵᠤ ᠠᠬᠤᠢ ᠶᠢᠨ ᠨᠡᠬᠡᠬᠡᠯᠲᠡ ᠶᠢᠨ ᠲᠤᠭᠤᠷᠢᠭ᠂ ᠨᠢᠩᠴᠧᠩ ᠠᠵᠤ ᠠᠬᠤᠢ ᠶᠢᠨ ᠨᠡᠬᠡᠬᠡᠯᠲᠡ ᠶᠢᠨ ᠲᠤᠭᠤᠷᠢᠭ᠂ ᠢᠦᠢ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠵᠡᠷᠬᠡ 3 ᠬᠦᠷᠢᠶᠡᠯᠡᠩ ᠲᠤᠭᠤᠷᠢᠭ ᠪᠤᠯᠤᠨ ᠶᠤᠸᠠᠨ ᠯᠢᠶᠡᠨ ᠪᠤᠯᠤᠳ ᠲᠡᠮᠦᠷ᠂ ᠶᠢᠨ ᠵᠢᠶᠠᠨ ᠵᠡᠰ ᠤᠨ    ᠦᠢᠯᠡᠰ᠂ ᠫᠢᠩᠵᠤᠸᠠᠩ ᠨᠡᠬᠦᠷᠡᠰᠦᠨ ᠤ ᠦᠢᠯᠡᠰ ᠵᠡᠷᠬᠡ 3 ᠠᠵᠤ ᠠᠬᠤᠶᠢᠯᠠᠯ ᠤᠨ ᠪᠤᠷᠤᠯᠠᠭᠤᠯᠭ᠎ᠠ ᠶᠢᠨ ᠤᠷᠤᠯᠭ᠎ᠠ ᠵᠠᠭᠤᠨ ᠳ᠋ᠦᠩᠰᠢᠭᠤᠷ ᠲᠦᠬᠦᠷᠢᠭ ᠢ ᠲᠠᠪᠠᠵᠤ᠂ ᠢᠦᠢ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠨᠢ ᠦᠪᠡᠷᠲᠡᠬᠡᠨ ᠵᠠᠰᠠᠬᠤ ᠤᠷᠤᠨ ᠤ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠪᠤᠯᠪᠠ᠃ 1000 ᠲᠦᠮᠡᠨ ᠲᠦᠬᠦᠷᠢᠭ ᠠᠴᠠ ᠲᠡᠬᠡᠭᠰᠢ ᠪᠡᠯᠡ ᠤᠷᠤᠭᠤᠯᠤᠭᠰᠡᠨ ᠠᠵᠤ ᠦᠢᠯᠡᠳᠪᠦᠷᠢ ᠶᠢᠨ ᠲᠦᠷᠦᠯ ᠵᠦᠢᠯ 1301᠎ ᠶᠢ ᠬᠡᠷᠡᠭᠵᠢᠬᠦᠯᠵᠦ᠂ ᠨᠡᠶᠢᠲᠠ 1660 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠡ ᠶᠢ ᠪᠡᠶᠡᠯᠡᠬᠦᠯᠵᠦ᠂ ᠶᠡᠷᠦᠩᠬᠡᠢ ᠪᠡᠯᠡ ᠤᠷᠤᠭᠤᠯᠤᠯᠲᠠ ᠨᠢ 313 ᠳ᠋ᠦᠩᠰᠢᠭᠤᠷ ᠲᠦᠬᠦᠷᠢᠭ ᠤᠨ ᠳ᠋ᠠ ᠲᠠᠩ ᠨᠡᠬᠦᠷᠡᠰᠦᠨ ᠰᠢᠲᠠᠮᠠᠬᠠᠢ ᠬᠡᠢ ᠶᠢᠨ ᠨᠢᠬᠡᠲᠦᠬᠡᠷ ᠬᠤᠭᠤᠴᠭᠠᠠᠨ ᠤ ᠢᠨᠵᠧᠨᠧᠷᠢᠩ ᠢ ᠲᠤᠷᠰᠢᠨ ᠦᠢᠯᠡᠳᠪᠦᠷᠢᠡᠯᠬᠦ᠂ ᠤᠯᠤᠰ ᠤᠨ ᠴᠠᠬᠢᠯᠭᠠᠨ ᠬᠦᠴᠦᠨ ᠤ ᠨᠡᠬᠦᠷᠡᠰᠦᠨ ᠬᠢᠮᠢ ᠶᠢᠨ ᠪᠤᠷᠲᠤᠭᠤᠷ᠂ ᠲᠤᠮᠲᠠᠲᠤ ᠤᠯᠤᠰ ᠤᠨ ᠦᠩᠬᠡᠲᠦ ᠲᠡᠮᠦᠷᠯᠢᠭ ᠤᠨ ᠲᠦᠷᠪᠡᠲᠦᠬᠡᠷ ᠬᠤᠭᠤᠴᠠᠭᠠᠨ ᠤ ᠴᠠᠶᠢᠷ ᠬᠠᠶᠢᠯᠤᠭᠤᠯᠬᠤ᠂ ᠶᠢᠨ ᠴᠧᠩ ᠬᠦᠨᠲᠦ ᠠᠵᠤ ᠦᠢᠯᠡᠳᠪᠦᠷᠢ ᠶᠢᠨ ᠮᠠᠰᠢᠨ ᠮᠧᠬᠠᠨᠢᠭ ᠦᠢᠯᠡᠳᠬᠦ᠂ ᠵᠢᠩ ᠳ᠋ᠦ᠋ ᠡᠷᠳᠡᠨᠢ ᠰᠢᠰᠢ ᠨᠠᠷᠢᠯᠢᠭ ᠡᠳ᠋ᠰᠢᠬᠦᠯᠬᠦ ᠵᠡᠷᠬᠡ ᠲᠤᠮᠤ ᠲᠦᠷᠦᠯ ᠵᠦᠢᠯ ᠢ ᠪᠠᠶᠢᠭᠤᠯᠵᠤ ᠠᠰᠢᠭᠯᠡᠯᠲᠠ ᠳᠤ ᠤᠷᠤᠭᠤᠯᠪᠠ᠃ 210 ᠲᠦᠮᠡᠨ ᠲᠤᠨ ᠬᠤᠴᠤᠷᠤᠩᠭᠤᠢ ᠦᠢᠯᠡᠳᠪᠦᠷᠢᠯᠡᠯ ᠤᠨ ᠴᠢᠲᠡᠪᠤᠷᠢ ᠶᠢ ᠲᠠᠶᠠᠭᠲᠡᠵᠤ᠂ ᠦᠪᠡᠷᠲᠡᠬᠡᠨ ᠵᠠᠰᠠᠬᠤ ᠤᠷᠤᠨ ᠤ ᠲᠡᠰ ᠠᠴᠠ ᠲᠡᠬᠡᠭᠰᠢᠬᠢ ᠤᠷᠴᠢᠯ ᠠᠵᠤ ᠠᠬᠤᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠪᠠ ᠠᠵᠤ ᠠᠠᠬᠤᠶᠢᠯᠠᠯ 8᠎ ᠶᠢ ᠪᠠᠶᠢᠭᠤᠯᠪᠠ᠃ ᠠᠭᠤᠷᠬᠠᠢ ᠶᠢᠨ ᠭᠠᠷᠤᠯᠲᠡ ᠶᠢᠨ ᠡᠬᠢ ᠪᠠᠶᠠᠯᠢᠭ ᠤᠨ ᠨᠢᠳᠬᠡᠯᠲᠠ ᠴᠢᠬᠤᠯᠡ ᠠᠬᠢᠯᠲᠡ ᠲᠠᠢ ᠪᠤᠯᠵᠤ᠂ 25 ᠠᠭᠤᠷᠬᠠᠢ ᠶᠢᠨ ᠲᠤᠭᠤᠷᠢᠭ ᠢ ᠨᠢᠳᠬᠡᠵᠦ᠂ 101 ᠠᠭᠤᠷᠬᠠᠢ ᠦᠮᠴᠢᠯᠡᠬᠦ ᠡᠷᠬᠡ ᠶᠢ ᠬᠠᠰᠤᠪᠠ᠃   (ᠭᠤᠷᠪᠠ︶ ᠲᠠᠷᠢᠶᠠᠯᠠᠩ ᠮᠠᠯᠵᠢᠯ ᠤᠨ ᠠᠵᠤ ᠠᠬᠤᠢ ᠰᠢᠨ᠎ᠡ ᠰᠢᠪᠲᠤᠯᠤᠯᠲᠠ ᠶᠢ ᠪᠠᠶᠡᠯᠡᠬᠦᠯᠪᠡ᠃ ᠡᠷᠴᠢᠮᠵᠢᠭᠰᠡᠨ ᠲᠠᠷᠢᠵᠤ ᠤᠷᠭᠤᠭᠤᠯᠬᠤ᠂ ᠬᠡᠪᠵᠢᠶᠡᠵᠢᠭᠰᠡᠨ ᠲᠡᠵᠢᠬᠡᠨ ᠦᠷᠡᠵᠢᠬᠦᠯᠬᠦ᠂ ᠲᠤᠰᠬᠠᠶᠢᠵᠢᠭᠰᠠᠨ ᠬᠦᠭᠵᠢᠯᠲᠡ ᠶᠢᠨ ᠬᠡᠯᠪᠡᠷᠢ ᠶᠢ ᠶᠡᠬᠡᠪᠡᠷ ᠲᠦᠬᠡᠮᠡᠯᠵᠢᠬᠦᠯᠵᠦ᠂ ᠲᠠᠷᠢᠶ᠋ᠴᠢᠳ ᠮᠠᠯᠴᠢᠳ ᠤᠨ ᠵᠤᠬᠢᠶᠡᠨ ᠪᠠᠶᠢᠭᠤᠯᠤᠯᠴᠠᠬᠤ ᠬᠡᠮᠵᠢᠶ᠎ᠡ ᠶᠡᠬᠡᠪᠡᠷ ᠲᠡᠬᠡᠭᠰᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠷᠬᠡᠵᠢᠯ ᠪᠠ ᠦᠢᠯᠡᠳᠪᠦᠷᠢᠯᠡᠯ ᠤᠨ ᠬᠡᠯᠪᠡᠷᠢ ᠳᠤ ᠴᠢᠬᠤᠯᠡ ᠶᠡᠭᠡ ᠬᠤᠪᠢᠷᠡᠯᠲᠠ ᠭᠠᠷᠴᠤ᠂ ᠶᠡᠷᠦᠩᠬᠡᠶᠢᠯᠡᠭᠰᠡᠨ ᠦᠢᠯᠡᠳᠪᠦᠷᠢᠯᠡᠯ ᠪᠠ ᠭᠠᠮᠰᠢᠭ ᠢ ᠡᠰᠡᠷᠬᠦᠴᠡᠬᠦ ᠴᠢᠲᠠᠪᠤᠷᠢ ᠮᠡᠲᠡᠭᠲᠡᠮ᠎ᠡ ᠨᠡᠮᠡᠭᠲᠡᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠤᠲᠤᠬᠢᠴᠢᠯᠠᠭᠰᠡᠨ ᠲᠠᠷᠢᠶᠠᠯᠠᠩ ᠮᠠᠯ ᠠᠵᠤ ᠠᠬᠤᠢ ᠲᠡᠰᠢ ᠬᠤᠪᠢᠷᠡᠬᠤ ᠴᠢᠬᠤᠯᠡ ᠶᠡᠭᠡ ᠰᠢᠪᠲᠤᠯᠤᠯᠲᠠ ᠶᠢ ᠪᠡᠶᠡᠯᠡᠬᠦᠯᠪᠡ᠃ ᠲᠦᠬᠦᠬᠡᠷᠦᠮᠵᠢᠲᠦ ᠲᠠᠷᠢᠶᠠᠯᠠᠩ᠂ ᠲᠦᠬᠦᠬᠡᠷᠦᠮᠵᠢᠲᠦ ᠮᠠᠯ ᠠᠵᠤ ᠠᠬᠤᠢ᠂ ᠤᠰᠤ ᠠᠷᠪᠢᠯᠠᠬᠤ ᠦᠨᠲᠦᠷ ᠦᠷ᠎ᠡ ᠠᠰᠢᠭᠲᠤ ᠲᠠᠷᠢᠶᠠᠯᠠᠩ᠂ ᠠᠮᠢ ᠠᠬᠤᠢ ᠬᠠᠲᠤᠯᠠᠩ ᠪᠡᠯᠴᠢᠬᠡᠷ ᠵᠡᠷᠬᠡ ᠦᠢᠯᠡᠰ ᠲᠦᠷᠬᠡᠨ ᠬᠦᠭᠵᠢᠵᠦ᠂ ᠪᠦᠬᠦ ᠤᠷᠤᠨ ᠤ ᠲᠡᠷᠢᠬᠦᠨ ᠪᠠᠶᠢᠷᠢᠨ ᠳᠤ ᠤᠷᠤᠪᠠ᠃ ᠠᠮᠤ ᠪᠤᠲᠠᠭᠠᠨ ᠤ ᠤᠨᠠᠯᠲᠠ ᠵᠠᠭᠤᠨ ᠳ᠋ᠦᠩᠰᠢᠭᠤᠷ ᠵᠢᠩ ᠤᠨ ᠪᠤᠭᠤᠮᠲᠠ ᠶᠢ ᠲᠠᠪᠠᠵᠤ᠂ 58.7 ᠳ᠋ᠦᠩᠰᠢᠭᠤᠷ ᠵᠢᠩ ᠪᠠᠶᠢᠭᠰᠡᠨ ᠠᠴᠠ ᠪᠠᠨ 100.02 ᠳ᠋ᠦᠩᠰᠢᠭᠤᠷ ᠵᠢᠩ ᠪᠤᠯᠤᠨ ᠨᠡᠮᠡᠭᠲᠡᠵᠤ᠂ ᠪᠦᠬᠦ ᠤᠷᠤᠨ ᠤ ᠭᠤᠷᠪᠠᠲᠤᠭᠠᠷ ᠲᠤ ᠤᠷᠤᠪᠠ ᠂ ᠮᠠᠯ ᠤᠨ ᠵᠤᠭᠰᠤᠭ᠎ᠠ ᠲᠤᠭ᠎ᠠ ᠲᠤᠯᠤᠭᠠᠨ ᠵᠢᠯ ᠲᠠᠷᠠᠭᠠᠯᠠᠨ ᠪᠦᠬᠦ ᠤᠷᠤᠨ ᠳᠤ ᠤᠷᠤᠶᠢᠯᠠᠵᠤ᠂ 1731.8 ᠲᠦᠮᠡᠨ ᠲᠤᠯᠤᠭᠠᠢ ᠪᠠᠶᠢᠭᠰᠡᠨ ᠠᠴᠠ ᠪᠠᠨ 1856 ᠲᠦᠮᠡᠨ ᠲᠤᠯᠤᠭᠠᠢ ᠪᠤᠯᠤᠨ ᠨᠡᠮᠡᠭᠲᠡᠵᠡᠢ᠃ ︽1571︾ ᠢᠨᠵᠧᠨᠧᠷᠢᠩ ᠢ ᠪᠠᠲᠤᠲᠠᠢ ᠠᠬᠢᠭᠤᠯᠵᠤ᠂ 203 ᠲᠦᠮᠡᠨ ᠮᠤ᠋ ᠡᠷᠳᠡᠨᠢ ᠰᠢᠰᠢ ᠶᠢ ᠵᠤᠯᠤᠮ᠎ᠠ ᠳᠤ ᠲᠤᠰᠤᠯᠭᠠᠨ ᠤᠰᠤᠯᠠᠬᠤ᠂ 81 ᠲᠦᠮᠡᠨ ᠮᠤ᠋ ᠲᠦᠬᠦᠬᠡᠷᠦᠮᠵᠢᠲᠦ ᠲᠠᠷᠢᠶᠠᠯᠠᠩ᠂ 43.6 ᠲᠦᠮᠡᠨ ᠮᠤ᠋ ᠤᠰᠤ ᠠᠷᠪᠢᠯᠠᠬᠤ ᠬᠦᠷᠡᠩ ᠴᠠᠷᠭᠠᠰᠤ᠂ 40 ᠲᠦᠮᠡᠨ ᠮᠤ᠋ ᠦᠨᠲᠦᠷ ᠦᠷ᠎ᠡ ᠠᠰᠢᠭᠲᠤ ᠤᠰᠤ ᠠᠷᠪᠢᠯᠠᠬᠤ ᠠᠵᠤ ᠠᠬᠤᠢ ᠶᠢᠨ ᠤᠢ ᠶᠢ ᠪᠠᠶᠠᠯᠠᠬᠦᠯᠪᠡ᠃ ᠲᠠᠷᠢᠶᠠᠴᠢᠳ ᠮᠠᠯᠴᠢᠳ ᠤᠨ ᠤᠷᠤᠯᠭ᠎ᠠ ᠶᠢ ᠨᠡᠮᠡᠭᠲᠡᠬᠦᠯᠬᠦ ᠠᠷᠭ᠎ᠠ ᠵᠠᠮ  ᠎ ᠢ ᠴᠢᠨᠠᠭᠰᠢᠲᠠ ᠦᠷᠬᠡᠳᠬᠡᠪᠡ᠃ ᠠᠯᠠᠰᠢᠨ ᠦᠬᠡᠷ᠂ ᠠᠯᠠᠰᠢᠨ ᠬᠤᠨᠢ ᠢᠮᠠᠭ᠎ᠠ ᠶᠢᠨ ᠪᠠᠷᠢᠮᠵᠢᠶᠠᠵᠢᠭᠤᠯᠤᠭᠰᠡᠨ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠢ 1132  ᠪᠠᠶᠢᠭᠤᠯᠵᠤ᠂ ᠤᠯᠤᠰ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠬᠦᠯᠦᠭᠰᠡᠨ ᠲᠤᠯᠤᠭᠠᠶᠢᠯᠠᠭᠴᠢ ᠠᠵᠤ ᠠᠬᠤᠶᠢᠯᠠᠯ 5 ᠪᠤᠯᠤᠨ ᠬᠦᠭᠵᠢᠵᠦ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠪᠤᠯᠪᠠᠰᠤᠷᠡᠭᠤᠯᠬᠤ ᠨᠤᠷᠮ᠎ᠠ 64%᠎ ᠳᠤ ᠬᠦᠷᠴᠦ᠂ ᠲᠠᠷᠢᠶᠠᠯᠠᠬᠤ ᠮᠠᠯᠵᠢᠬᠤ ᠤᠷᠤᠨ ᠤ ᠲᠤᠰᠬᠠᠶᠢᠵᠢᠭᠰᠠᠨ ᠬᠤᠷᠰᠢᠯᠴᠠᠭᠠᠨ ᠤ ᠵᠤᠬᠢᠶᠡᠨ ᠪᠠᠶᠢᠭᠤᠯᠤᠯᠲᠠ 2807 ᠪᠤᠯᠵᠤ᠂ ᠲᠠᠷᠢᠶᠠᠴᠢᠳ ᠮᠠᠯᠴᠢᠳ ᠤᠨ ᠠᠵᠤ ᠦᠢᠯᠡᠰᠵᠢᠬᠦᠯᠦᠭᠰᠡᠨ ᠡᠵᠡᠩᠨᠡᠯᠲᠡ ᠠᠴᠠ ᠤᠯᠤᠭᠰᠠᠨ ᠴᠡᠪᠡᠷ ᠤᠷᠤᠯᠭ᠎ᠠ 4400 ᠲᠦᠬᠦᠷᠢᠭ ᠲᠤ ᠬᠦᠷᠴᠦ᠂ ᠲᠠᠷᠢᠶᠡᠴᠢᠳ ᠮᠠᠯᠴᠢᠳ ᠤᠨ ᠬᠦᠮᠦᠨ ᠪᠦᠷᠢ ᠶᠢᠨ ᠲᠤᠮᠲᠡᠴᠢ ᠴᠡᠪᠡᠷ ᠤᠷᠤᠯᠭ᠎ᠠ ᠶᠢᠨ 62%᠎ ᠶᠢ ᠡᠵᠡᠯᠡᠪᠡ᠃ ᠵᠤᠤ ᠤᠲᠠ ᠠᠯᠠᠰᠢᠨ ᠬᠤᠨᠢ  ᠢᠮᠠᠭ᠎ᠠ ᠶᠢᠨ ᠰᠢᠨ᠎ᠡ ᠡᠬᠦᠯᠲᠡᠷ ᠢ ᠤᠯᠤᠰ ᠠᠴᠠ ᠮᠡᠲᠡᠷᠡᠨ ᠨᠡᠷᠡᠶᠢᠳᠴᠤ᠂ ᠠᠷᠤ ᠬᠤᠷᠴᠢᠨ ᠎ ᠤ ᠬᠤᠨᠢᠨ ᠮᠢᠬ᠎ᠠ ᠪᠠ ᠦᠬᠡᠷ ᠤᠨ ᠮᠢᠬ᠎ᠠ ᠨᠢ ᠤᠯᠤᠰ ᠤᠨ ᠭᠠᠵᠠᠷ ᠵᠦᠢ ᠶᠢᠨ ᠰᠢᠨᠵᠢ ᠲᠡᠮᠲᠡᠭ ᠢ ᠬᠡᠷᠡᠴᠢᠯᠡᠭᠰᠡᠨ ᠲᠠᠸᠡᠷ ᠤᠨ ᠲᠡᠮᠲᠡᠭ ᠢ ᠤᠯᠪᠡ᠃ ᠤᠯᠤᠰ ᠤᠨ ᠨᠡᠷᠡᠲᠤ ᠲᠠᠸᠡᠷ ᠤᠨ ᠲᠡᠮᠲᠡᠭ 1᠂ ᠦᠪᠡᠷᠲᠡᠬᠡᠨ ᠵᠠᠰᠠᠬᠤ ᠤᠷᠤᠨ ᠤ ᠨᠡᠷ᠎ᠡ ᠠᠯᠲᠡᠷᠲᠤ ᠲᠠᠸᠡᠷ ᠤᠨ ᠲᠡᠮᠲᠡᠭ 24 ᠰᠢᠨ᠎ᠡ ᠪᠠᠷ ᠨᠡᠮᠡᠭᠲᠡᠪᠡ᠃    ︵ᠲᠦᠷᠪᠡ︶ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢᠨ ᠰᠢᠨ᠎ᠡ ᠪᠠᠶᠢᠲᠡᠯ ᠢ ᠡᠬᠦᠳᠪᠡ᠃ ᠤᠯᠠᠮᠵᠢᠯᠠᠯᠲᠤ ᠠᠷᠠᠯᠵᠢᠶ᠎ᠠ ᠬᠤᠲᠠᠯᠲᠤᠭᠠᠨ ᠤ ᠦᠢᠯᠡᠰ ᠤᠨ ᠲᠡᠰ ᠲᠡᠪᠰᠢᠬᠦ  ᠠᠯᠬᠤᠮ ᠲᠦᠷᠬᠡᠳᠴᠤ᠂ ᠤᠲᠤᠬᠢᠴᠢᠯᠠᠭᠰᠠᠨ ᠪᠠᠷᠠᠭᠠᠨ ᠤ ᠬᠦᠢᠯᠬᠡᠬᠡᠨ ᠤ ᠦᠢᠯᠡᠰ ᠦᠳᠲᠡᠷ ᠲᠦᠷᠬᠡᠨ ᠬᠦᠭᠵᠢᠵᠦ᠂ ᠰᠤᠶᠤᠯ ᠪᠠ ᠵᠤᠭᠠᠴᠠᠯ ᠤᠨ ᠦᠢᠯᠡᠰ ᠤᠨ ᠨᠡᠶᠢᠯᠡᠯᠲᠠ ᠲᠦᠷᠬᠡᠳᠴᠤ᠂ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢᠨ ᠬᠤᠷᠲᠤᠴᠠ ᠨᠡᠮᠡᠭᠲᠡᠪᠡ᠃ ᠭᠤᠷᠪᠠᠲᠤᠭᠠᠷ ᠠᠵᠤ ᠦᠢᠯᠡᠰ ᠤᠨ ᠨᠡᠮᠡᠭᠲᠡᠯ ᠦᠷᠲᠡᠭ 229.4 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 464 ᠳ᠋ᠦᠩᠰᠢᠭᠤᠷ ᠲᠦᠬᠦᠷᠢᠭ ᠪᠤᠯᠵᠤ ᠨᠡᠮᠡᠭᠲᠡᠪᠡ᠃ ᠠᠷᠡᠯᠵᠢᠶ᠎ᠠ ᠬᠤᠲᠡᠯᠲᠤᠭᠠᠨ ᠤ ᠭᠤᠤᠯᠲᠡᠯᠭᠠᠲᠠᠢ ᠲᠦᠷᠦᠯ ᠵᠦᠢᠯ 403 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠡ ᠶᠢ ᠪᠡᠶᠡᠯᠡᠬᠦᠯᠵᠦ᠂ ᠵᠠᠬ᠎ᠠ ᠲᠡᠯᠬᠡᠬᠦᠷ ᠎ ᠤᠨ ᠪᠠᠷᠢᠯᠭ᠎ᠠ ᠶᠢᠨ ᠲᠠᠯᠠᠪᠡᠢ 1000 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠲᠡᠵᠤ᠂ ᠵᠢᠯ ᠤᠨ ᠠᠷᠡᠯᠵᠢᠶᠠᠨ ᠤ ᠨᠤᠷᠮ᠎ᠠ ᠳ᠋ᠦᠩᠰᠢᠭᠤᠷ ᠲᠦᠬᠦᠷᠢᠭ ᠎ ᠢ ᠲᠠᠪᠠᠭᠰᠡᠨ ᠵᠠᠬ᠎ᠠ ᠲᠡᠯᠬᠡᠬᠦᠷ 35 ᠬᠦᠷᠴᠦ᠂ ᠨᠢᠬᠡ ᠪᠦᠯᠦᠭ ᠲᠡᠰ ᠲᠡᠪᠬᠤᠷᠭ᠎ᠠ ᠨᠢ ᠨᠡᠯᠢᠶᠡᠳ ᠦᠨᠲᠦᠷ ᠲᠤᠮᠤ ᠬᠡᠯᠪᠡᠷᠢ ᠶᠢᠨ ᠬᠤᠲᠡᠯᠲᠤᠭᠠᠨ ᠤ ᠲᠠᠯᠠᠪᠡᠢ᠂ ᠤᠲᠤᠨ ᠲᠡᠰ ᠤᠨ ᠵᠤᠴᠢᠳ ᠤᠨ ᠪᠠᠭᠤᠲᠡᠯ᠂ ᠳ᠋ᠠᠯᠢᠶᠠᠨ ᠤ ᠸᠠᠨ ᠳ᠋ᠠ᠂ ᠪᠡᠬᠡᠵᠢᠩ ᠤᠨ ᠬᠤᠸᠠ ᠯᠢᠶᠠᠨ᠂ ᠸᠢᠺᠲ᠋ᠤᠷᠢᠶ᠎ᠠ᠂ ᠬᠤᠩ ᠰᠢᠩ ᠮᠸᠢ ᠺᠠᠢ ᠯᠥᠩ᠂ ᠵᠢᠦᠢ ᠷᠡᠨ ᡁᠢ ᠵᠢᠶ᠋ᠨ᠂ ᠰᠢᠶᠠᠩ ᠾᠧ ᠬᠡᠷ ᠤᠨ ᠬᠡᠷᠡᠭᠰᠡᠯ ᠵᠡᠷᠬᠡ ᠠᠷᠡᠯᠵᠢᠶ᠎ᠠ ᠬᠤᠲᠡᠯᠲᠤᠭᠠᠨ ᠤ ᠨᠡᠷᠡᠲᠦ ᠲᠡᠮᠲᠡᠭᠲᠦ ᠪᠠᠷᠠᠭ᠎ᠠ ᠤᠯᠠᠭᠠᠨᠬᠠᠲᠠ ᠳᠤ ᠰᠠᠭᠤᠷᠢᠰᠢᠪᠠ᠃ ᠲᠦᠮᠡᠨ ᠲᠤᠰᠬᠤᠨ ᠮᠢᠩᠭᠠᠨ ᠰᠢᠶᠡᠩ ᠤᠨ ᠵᠠᠬ᠎ᠠ ᠲᠡᠯᠬᠡᠬᠦᠷ ᠤᠨ ᠢᠨᠵᠧᠨᠧᠷᠢᠩ ᠪᠠ ᠰᠢᠨ᠎ᠡ ᠲᠤᠤᠷᠵᠢᠯ ᠤᠨ ᠢᠨᠵᠧᠨᠧᠷᠢᠩ ᠤᠨ ᠪᠦᠲᠦᠬᠡᠨ ᠪᠠᠶᠢᠭᠤᠯᠤᠯᠲᠠ ᠴᠢᠬᠤᠯᠡ ᠠᠬᠢᠴᠠ ᠎ ᠲᠠᠢ ᠪᠤᠯᠪᠠ᠃ ᠬᠤᠩ ᠱᠠᠨ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠵᠢᠯ ᠤᠨ ᠠᠷᠡᠯᠵᠢᠶᠠᠨ ᠤ ᠨᠤᠷᠮ᠎ᠠ 200 ᠳ᠋ᠦᠩᠰᠢᠭᠤᠷ ᠲᠦᠬᠦᠷᠢᠭ ᠢ ᠲᠠᠪᠠᠵᠤ᠂ ᠤᠯᠤᠰ ᠤᠨ ᠡᠯᠧᠺᠲᠷᠤᠨ ᠬᠤᠲᠡᠯᠲᠤᠭᠠᠨ ᠤ ᠶᠠᠪᠤᠲᠡᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠ ᠦᠪᠡᠷᠲᠡᠬᠡᠨ ᠵᠠᠰᠠᠬᠤ ᠤᠷᠤᠨ ᠤ ᠤᠲᠤᠬᠢᠴᠢᠯᠠᠭᠰᠡᠨ ᠶᠡᠷᠦᠩᠬᠡᠶᠢᠯᠡᠭᠰᠡᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠪᠤᠯᠪᠠ᠃ ᠤᠯᠠᠭᠠᠨᠬᠠᠲᠠ ᠶᠢᠨ ᠤᠯᠠᠨ ᠤᠯᠤᠰ ᠤᠨ ᠬᠠᠭᠤᠷᠠᠢ ᠭᠠᠷᠡᠮ᠂ ᠮᠧᠩ ᠳ᠋ᠦᠩ ᠡᠬᠦᠯᠡᠨ ᠪᠤᠲᠤᠯᠲᠠ ᠶᠢᠨ ᠠᠵᠤ ᠦᠢᠯᠡᠰ ᠤᠨ ᠨᠡᠪᠴᠢᠬᠦᠯᠬᠦ ᠬᠦᠷᠢᠶᠠᠯᠠᠩ᠂ ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠬᠡᠬᠡᠨ ᠤ ᠲᠦᠪ᠂ ᠭᠤᠷᠪᠠᠲᠤᠭᠠᠷ ᠡᠲᠡᠬᠡᠳ ᠤᠨ ᠪᠠᠷᠠᠭ᠎ᠠ ᠶᠢᠨ ᠬᠦᠢᠯᠬᠡᠬᠡ᠂ ᠦᠢᠯᠡᠴᠢᠯᠡᠬᠡᠨ ᠢ ᠭᠠᠲᠠᠭᠰᠢ ᠲᠠᠭᠠᠭᠠᠴᠢᠯᠠᠭᠤᠯᠬᠤ ᠵᠡᠷᠬᠡ ᠰᠢᠨ᠎ᠡ ᠪᠠᠷ ᠬᠦᠭᠵᠢᠭᠰᠡᠨ ᠡᠵᠡᠩᠨᠡᠯᠲᠠ ᠶᠢᠨ ᠬᠡᠯᠪᠡᠷᠢ ᠶᠢᠨ ᠲᠦᠷᠦᠯ ᠵᠦᠢᠯ ᠤᠨ ᠠᠬᠢᠴᠠ ᠤᠷᠤᠭᠰᠢᠲᠠᠢ ᠪᠤᠯᠪᠠ᠃ ᠬᠡᠰᠢᠭᠲᠡᠨ ᠰᠤᠶᠤᠯ ᠵᠤᠭᠠᠴᠠᠯ ᠤᠨ ᠵᠢᠱᠢᠶ᠎ᠡ ᠦᠵᠡᠬᠦᠯᠬᠦ ᠲᠤᠭᠤᠷᠢᠭ᠂ ᠤᠯᠠᠭᠠᠨᠬᠠᠲᠠ ᠶᠢᠨ ᠡᠮᠦᠨ᠎ᠡ ᠬᠡᠰᠡᠭ ᠎ ᠤᠨ ᠰᠤᠶᠤᠯ ᠵᠤᠭᠠᠴᠠᠯ ᠤᠨ ᠠᠵᠤ ᠦᠢᠯᠡᠰ ᠤᠨ ᠪᠦᠰᠡ᠂ ᠲᠡᠬᠡᠲᠦ ᠨᠡᠶᠢᠰᠯᠡᠯ ᠤᠨ ᠬᠢᠲᠡᠨ ᠯᠢᠶᠤᠤ ᠶᠢᠨ ᠰᠤᠶᠤᠯ ᠤᠨ ᠠᠵᠤ ᠦᠢᠯᠡᠰ ᠤᠨ ᠬᠦᠷᠢᠶᠡᠯᠡᠩ ᠵᠡᠷᠬᠡ ᠭᠤᠤᠯᠲᠠᠯᠭᠠᠲᠠᠢ ᠰᠤᠶᠤᠯ ᠵᠤᠭᠠᠴᠠᠯ ᠤᠨ ᠲᠦᠷᠦᠯ ᠵᠦᠢᠯ ᠢ ᠡᠬᠢᠯᠡᠨ ᠪᠦᠲᠦᠬᠡᠨ ᠪᠠᠶᠢᠭᠤᠯᠵᠤ᠂ ᠨᠢᠬᠡ ᠪᠦᠯᠦᠭ ᠤᠬᠢ ᠰᠢᠯᠢᠲᠡᠭ ᠵᠤᠭᠠᠴᠠᠯ ᠤᠨ ᠦᠵᠡᠮᠵᠢ ᠶᠢᠨ ᠤᠷᠤᠨ ᠢ ᠰᠢᠨ᠎ᠡ ᠪᠠᠷ ᠪᠠᠶᠢᠭᠤᠯᠵᠤ᠂ ᠵᠤᠭᠠᠴᠠᠭᠰᠡᠳ ᠤᠨ ᠲᠤᠭ᠎ᠠ 720 ᠲᠦᠮᠡᠨ ᠬᠦᠮᠦᠨ ᠤᠲᠠᠭ᠎ᠠ ᠳᠤ ᠬᠦᠷᠴᠦ᠂ ᠵᠤᠭᠠᠴᠠᠯ ᠤᠨ ᠤᠷᠤᠯᠭ᠎ᠠ 110 ᠳ᠋ᠦᠩᠰᠢᠭᠤᠷ ᠲᠦᠬᠦᠷᠢᠭ ᠲᠤ ᠬᠦᠷᠴᠦ᠂ 2007 ᠤᠨ ᠤ ᠬᠢ ᠲᠠᠢ ᠬᠠᠷᠢᠴᠠᠭᠤᠯᠪᠡᠯ ᠲᠤᠰᠪᠤᠷᠢ 74.8% ᠪᠠ 169%᠎ ᠪᠠᠷ ᠨᠡᠮᠡᠭᠲᠡᠵᠤ᠂ ᠮᠠᠨ ᠤ ᠬᠤᠲᠠ ᠨᠢ ᠪᠡᠬᠡᠵᠢᠩ ᠲᠢᠶᠠᠨᠵᠢᠨ ᠾᠧᠪᠸᠢ ᠯᠢᠶᠤᠤᠨᠢᠩ ᠵᠡᠷᠬᠡ ᠭᠠᠵᠠᠷ ᠤᠷᠤᠨ ᠤ ᠴᠢᠬᠤᠯᠡ ᠵᠤᠭᠠᠴᠠᠯ ᠤᠨ ᠬᠠᠷᠡᠯᠲᠠ ᠶᠢᠨ ᠤᠷᠤᠨ ᠪᠤᠯᠪᠠ᠃ ᠡᠯ᠎ᠡ ᠲᠦᠷᠦᠯ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ 31 ᠰᠢᠨ᠎ᠡ ᠪᠠᠷ ᠨᠡᠮᠡᠭᠲᠡᠵᠤ᠂ ᠪᠠᠭ᠎ᠠ ᠨᠤᠷᠮᠠᠲᠤ ᠵᠢᠬᠡᠯᠡᠯᠬᠡ ᠶᠢᠨ ᠺᠤᠮᠫᠠᠨᠢ ᠪᠠ ᠲᠤᠮᠲᠠ ᠪᠠᠭ᠎ᠠ ᠠᠵᠤ ᠠᠬᠤᠶᠢᠯᠠᠯ ᠤᠨ ᠲᠠᠭᠠᠭᠠᠨ ᠪᠠᠲᠤᠯᠠᠬᠤ ᠺᠤᠮᠫᠠᠨᠢ 83᠎ ᠶᠢ ᠪᠠᠶᠢᠭᠤᠯᠵᠤ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠲᠠᠭᠠᠯᠠᠮᠵᠢ ᠶᠢᠨ ᠦᠯᠡᠲᠡᠪᠦᠷᠢ 495.4 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 1176 ᠳ᠋ᠦᠩᠰᠢᠭᠤᠷ ᠲᠦᠬᠦᠷᠢᠭ ᠪᠤᠯᠤᠨ ᠨᠡᠮᠡᠭᠲᠡᠵᠤ᠂ ᠵᠢᠬᠡᠯᠡᠯᠬᠡ ᠶᠢᠨ ᠦᠯᠡᠲᠡᠪᠦᠷᠢ 279.6 ᠳ᠋ᠦᠩᠰᠢᠭᠤᠷ ᠲᠦᠬᠦᠷᠢᠭ ᠪᠠᠶᠢᠭᠰᠡᠨ ᠠᠴᠠ ᠎ ᠪᠠᠨ720 ᠳ᠋ᠦᠩᠰᠢᠭᠤᠷ ᠲᠦᠬᠦᠷᠢᠭ ᠪᠤᠯᠤᠨ ᠨᠡᠮᠡᠭᠲᠡᠵᠤ᠂ ᠵᠢᠯ ᠳᠤ ᠲᠤᠮᠲᠠᠴᠢ ᠪᠠᠷ ᠲᠤᠰᠪᠤᠷᠢ 18.9% ᠪᠠ 20.8%᠎ ᠪᠠᠷ ᠨᠡᠮᠡᠭᠲᠡᠪᠡ᠃ ᠶᠤᠸᠠᠨ ᠪᠤᠤ ᠱᠠᠨ ᠪᠠ ᠰᠦᠩ ᠱᠠᠨ ᠤ ᠬᠦᠲᠡᠭᠡ ᠲᠤᠰᠬᠤᠨ ᠤ ᠬᠤᠲᠡᠯᠲᠤᠭᠠᠨ ᠤ ᠪᠠᠩᠬᠢ ᠫᠠᠶᠢᠰᠠ ᠡᠯᠬᠦᠨ ᠡᠵᠡᠩᠨᠡᠵᠦ᠂ ᠮᠠᠨ ᠤ ᠬᠤᠲᠠ ᠶᠢᠨ ᠤᠷᠤᠨ ᠨᠤᠲᠤᠭ ᠤᠨ ᠴᠢᠨᠡᠷᠲᠡᠢ ᠬᠤᠲᠡᠯᠲᠤᠭᠠᠨ ᠤ ᠪᠠᠩᠬᠢ ᠦᠬᠡᠢ ᠪᠠᠶᠢᠭᠰᠡᠨ ᠲᠡᠦᠬᠡ ᠶᠢ ᠡᠴᠦᠰᠯᠡᠬᠦᠯᠵᠡᠢ᠃ ᠵᠢᠢ ᠯᠦᠩ ᠠᠭᠤᠷᠬᠠᠢ ᠶᠢᠨ ᠦᠢᠯᠡᠰ ᠤᠨ ᠺᠤᠮᠫᠠᠨᠢ ᠰᠲ᠋ᠤᠺ ᠤᠨ ᠵᠠᠬ᠎ᠠ ᠳᠤ ᠠᠮᠵᠢᠯᠲᠡ ᠎ ᠲᠠᠢ ᠭᠠᠷᠴᠤ᠂ ᠰᠠᠢ ᠹᠸᠢ ᠶᠠ ᠺᠤᠮᠫᠠᠨᠢ ᠪᠠ ᠯᠢᠩ ᡁᠢ ᠲᠦᠮᠦᠰᠦ ᠶᠢᠨ ᠺᠤᠮᠫᠠᠨᠢ ᠨᠢ ᠰᠲ᠋ᠤᠺ ᠤᠨ ᠵᠠᠬ᠎ᠠ ᠳᠤ ᠭᠠᠷᠬᠤ ᠬᠢᠨᠠᠨ ᠵᠦᠪᠰᠢᠶᠡᠷᠡᠬᠦᠯᠬᠦ ᠠᠯᠬᠤᠮ ᠳᠤ ᠤᠷᠤᠪᠠ᠃    ︵ᠲᠠᠪᠤ︶ ᠬᠤᠲᠠ ᠬᠦᠲᠡᠭᠡ ᠶᠢᠨ ᠲᠦᠷᠰᠦ ᠪᠠᠶᠢᠲᠡᠯ ᠳᠤ ᠰᠢᠨ᠎ᠡ ᠬᠤᠪᠢᠷᠡᠯᠲᠠ ᠭᠠᠷᠪᠠ᠃ ᠭᠤᠤᠯ ᠬᠤᠲᠠ ᠶᠢᠨ ᠰᠢᠨ᠎ᠡ ᠬᠠᠭᠤᠴᠢᠨ ᠬᠤᠲᠠ ᠲᠤᠭᠤᠷᠢᠭ ᠢ ᠵᠡᠷᠬᠡᠳᠤᠨᠢ ᠵᠤᠬᠢᠴᠠᠭᠤᠯᠤᠨ ᠬᠦᠭᠵᠢᠬᠦᠯᠵᠦ᠂ ᠬᠤᠰᠢᠭᠤ ᠰᠢᠶᠡᠨ ᠤ ᠵᠠᠰᠠᠭ ᠤᠨ ᠤᠷᠲᠤᠨ ᠤ ᠰᠠᠭᠤᠭ᠎ᠠ ᠪᠠᠯᠭᠠᠰᠤ ᠪᠠ ᠭᠤᠤᠯᠲᠠᠯᠭᠠᠲᠡᠢ ᠪᠠᠭ᠎ᠠ ᠬᠤᠲᠠ ᠪᠠᠯᠭᠠᠰᠤ ᠶᠢᠨ ᠪᠦᠲᠦᠬᠡᠨ ᠪᠠᠶᠢᠭᠤᠯᠤᠯᠲᠠ ᠶᠢᠨ ᠬᠦᠴᠦᠯᠡᠴᠡ ᠨᠡᠮᠡᠭᠲᠡᠵᠤ᠂ ᠵᠠᠮ ᠬᠠᠷᠢᠯᠴᠠᠭ᠎ᠠ᠂ ᠡᠨᠧᠷᠬᠢ ᠬᠦᠷᠬᠡᠬᠦ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠦᠷᠬᠦᠯᠵᠢᠯᠡᠨ ᠨᠡᠮᠡᠭᠲᠡᠵᠤ᠂ ᠠᠮᠢ ᠠᠬᠤᠢ᠂ ᠤᠰᠤᠨ ᠠᠰᠢᠭᠯᠠᠯᠲᠠ᠂ ᠤᠷᠴᠢᠨ ᠲᠤᠭᠤᠷᠢᠨ ᠤ ᠪᠦᠲᠦᠬᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠲᠡᠬᠡᠭᠰᠢᠯᠡᠵᠦ᠂ ᠦᠷ᠎ᠡ ᠠᠰᠢᠭ ᠨᠡᠮᠡᠭᠲᠡᠡ᠂ ᠬᠤᠲᠠ ᠬᠦᠲᠡᠭᠡ ᠶᠢᠨ ᠪᠦᠲᠦᠬᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠬᠦᠭᠵᠢᠯᠲᠡ ᠶᠢᠨ ᠴᠢᠲᠠᠪᠤᠷᠢ ᠶᠡᠬᠡᠪᠡᠷ ᠲᠡᠬᠡᠭᠰᠢᠯᠡᠪᠡ᠃ 260 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠰᠢᠨ᠎ᠡ ᠬᠤᠲᠠ ᠲᠤᠭᠤᠷᠢᠭ ᠤᠨ ᠪᠦᠲᠦᠬᠡᠨ ᠪᠠᠶᠢᠭᠤᠯᠤᠯᠲᠡ ᠪᠠ ᠬᠠᠭᠤᠴᠢᠨ ᠬᠤᠲᠠ ᠲᠤᠭᠤᠷᠢᠭ ᠢ ᠵᠠᠰᠠᠵᠤ ᠪᠠᠶᠢᠭᠤᠯᠬᠤ ᠶᠢ ᠲᠦᠷᠬᠡᠳᠬᠡᠵᠦ᠂ ᠬᠦᠬᠦᠷᠬᠡᠨ ᠠᠷᠤ ᠳᠠᠬᠢ ᠤᠷᠤᠨ ᠰᠠᠭᠤᠴᠠ ᠶᠢᠨ ᠪᠦᠯᠦᠭᠯᠡᠯ ᠪᠠ ᠰᠦᠩ ᠱᠠᠨ ᠤ ᠬᠤᠶᠢᠲᠤᠬᠢ ᠰᠢᠨ᠎ᠡ ᠲᠤᠭᠤᠷᠢᠭ ᠤᠨ ᠨᠡᠬᠡᠬᠡᠨ ᠠᠰᠢᠭᠯᠠᠯᠲᠠ ᠶᠢ ᠠᠬᠢᠭᠤᠯᠵᠤ᠂ ᠭᠤᠤᠯ ᠬᠤᠲᠠ ᠲᠤᠭᠤᠷᠢᠭ ᠤᠨ ᠲᠦᠪᠯᠡᠷᠡᠬᠦᠯᠦᠨ ᠤᠰᠤ ᠬᠠᠩᠭᠠᠭᠰᠠᠨ᠂ ᠢᠯᠴᠢ  ᠬᠠᠩᠭᠠᠭᠰᠠᠨ ᠪᠠ ᠰᠢᠲᠠᠮᠠᠬᠠᠢ ᠬᠡᠢ ᠶᠢ ᠲᠦᠬᠡᠮᠡᠯᠵᠢᠬᠦᠯᠦᠭᠰᠡᠨ ᠨᠤᠷᠮ᠎ᠠ ᠲᠤᠰᠪᠤᠷᠢ 91.7%᠂ 87% ᠪᠠ 95.2%᠎ ᠲᠤ ᠬᠦᠷᠴᠡᠢ᠂ ᠭᠤᠤᠯ ᠬᠤᠲᠠ ᠶᠢᠨ ᠨᠢᠬᠡᠨᠲᠠ ᠪᠠᠶᠢᠭᠤᠯᠤᠭᠰᠠᠨ ᠲᠡᠯᠡᠪᠡᠢ 89 ᠲᠡᠭᠰᠢ ᠲᠦᠷᠪᠡᠯᠵᠢᠨ ᠺᠢᠯᠤᠮᠧᠲᠷ ᠬᠦᠷᠲᠡᠯ᠎ᠡ ᠦᠷᠬᠡᠳᠵᠦ᠂ ᠬᠦᠮᠦᠨ ᠠᠮᠡ 91 ᠲᠦᠮᠡ ᠪᠤᠯᠵᠤ ᠨᠡᠮᠡᠭᠲᠡᠪᠡ︔  ᠪᠦᠬᠦ ᠬᠤᠲᠠ ᠶᠢᠨ ᠬᠤᠲᠠ ᠪᠠᠯᠭᠠᠰᠤᠵᠢᠬᠤ ᠨᠤᠷᠮ᠎ᠡ 46%᠎ ᠳᠤ ᠬᠦᠷᠴᠦ᠂ ᠲᠠᠪᠤᠨ ᠵᠢᠯ ᠳᠤ 9.5 ᠵᠠᠭᠤᠨ ᠤ ᠴᠡᠭ ᠲᠡᠬᠡᠭᠰᠢᠯᠡᠪᠡ᠃ ᠵᠠᠰᠠᠮᠠᠯ ᠵᠠᠮ ᠤᠨ ᠪᠦᠲᠦᠬᠡᠨ ᠪᠠᠶᠢᠭᠤᠯᠤᠯᠲᠡ ᠳᠤ77.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠡ ᠶᠢ ᠪᠡᠶᠡᠯᠡᠬᠦᠯᠵᠦ᠂ 286 ᠺᠢᠯᠤᠮᠧᠲᠷ ᠤᠨ ᠲᠡᠬᠡᠲᠦ ᠲᠡᠰ ᠤᠨ ᠵᠠᠰᠠᠮᠠᠯ ᠵᠠᠮ ᠰᠢᠨ᠎ᠡ ᠪᠠᠷ ᠨᠡᠮᠡᠭᠲᠡᠵᠤ᠂ ᠬᠦᠲᠡᠭᠡ ᠲᠤᠰᠬᠤᠨ ᠤ ᠵᠠᠮ ᠢ 2851 ᠺᠢᠯᠤᠮᠧᠲᠷ ᠰᠢᠨ᠎ᠡ ᠪᠠᠷ ᠪᠤᠶᠤ ᠦᠬᠡᠷᠡᠴᠢᠯᠡᠨ ᠵᠠᠰᠠᠵᠤ᠂ ᠰᠢᠶᠠᠨ ᠪᠤᠯᠭᠠᠨ ᠳᠤ ᠲᠡᠬᠡᠲᠦ ᠲᠡᠰ ᠤᠨ ᠵᠠᠰᠠᠮᠠᠯ ᠵᠠᠮ ᠨᠡᠪᠲᠡᠷᠡᠬᠦ᠂ ᠰᠢᠶᠠᠩ ᠪᠤᠯᠭᠠᠨ ᠳᠤ ᠴᠡᠷᠲᠡᠮᠡᠯ ᠵᠠᠮ ᠨᠡᠪᠲᠡᠷᠡᠬᠦ᠂ ᠲᠤᠰᠬᠤᠨ ᠪᠤᠯᠭᠠᠨ ᠳᠤ ᠵᠠᠰᠠᠮᠠᠯ ᠵᠠᠮ ᠨᠡᠪᠲᠡᠷᠡᠬᠦᠯᠬᠦ ᠶᠢ ᠪᠡᠶᠡᠯᠡᠬᠦᠯᠪᠡ︔ ᠬᠤᠲᠠ ᠶᠢᠨ ᠨᠡᠶᠢᠲᠠ ᠶᠢᠨ ᠮᠠᠰᠢᠨ ᠤ ᠵᠠᠮ ᠱᠤᠭᠤᠮ 42 ᠪᠤᠯᠤᠨ ᠨᠡᠮᠡᠭᠲᠡᠵᠦ ᠂ 100 ᠺᠢᠯᠤᠮᠧᠲᠷ ᠲᠡᠬᠡᠬᠡᠪᠦᠷᠢ ᠶᠢᠨ ᠵᠠᠮ ᠰᠢᠨ᠎ᠡ ᠪᠠᠷ ᠨᠡᠮᠡᠭᠲᠡᠵᠡᠢ᠃ ᠲᠡᠮᠦᠷ ᠵᠠᠮ ᠤᠨ ᠪᠠᠶᠢᠭᠤᠯᠤᠯᠲᠠ 52 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠡ ᠎ ᠶᠢ ᠪᠡᠶᠡᠯᠡᠬᠦᠯᠵᠦ᠂ ᠲᠡᠬᠡᠬᠡᠪᠦᠷᠢ ᠶᠢᠨ ᠶᠡᠷᠦᠩᠬᠡᠢ ᠤᠷᠲᠤ 1101 ᠺᠢᠯᠤᠮᠧᠲᠷ ᠬᠦᠷᠴᠦ᠂ ᠰᠢᠶᠠᠨ ᠪᠤᠯᠭᠠᠨ ᠳᠤ ᠲᠡᠮᠦᠷ ᠵᠠᠮ ᠨᠡᠪᠲᠡᠷᠡᠬᠦᠯᠬᠦ ᠶᠢ ᠪᠡᠶᠡᠯᠡᠬᠦᠯᠪᠡ᠃  ᠠᠷᠡᠳ ᠤᠨ ᠠᠭᠠᠷ ᠤᠨ ᠲᠡᠬᠡᠬᠡᠪᠦᠷᠢ 8 ᠬᠤᠲᠠ ᠳᠤ ᠨᠡᠪᠲᠡᠷᠡᠵᠦ᠂ ᠵᠢᠯ ᠤᠨ ᠠᠶᠠᠨᠴᠢᠳ ᠤᠨ ᠲᠤᠭ᠎ᠠ 38 ᠲᠦᠮᠡᠨ ᠬᠦᠮᠦᠨ ᠤᠲᠠᠭ᠎ᠠ ᠳᠤ ᠬᠦᠷᠴᠡᠢ᠃ ᠴᠠᠬᠢᠯᠭᠠᠨ ᠲᠤᠤᠷ ᠤᠨ ᠪᠦᠲᠦᠬᠡᠨ ᠪᠠᠶᠢᠭᠤᠯᠤᠯᠲᠡ 65 ᠳ᠋ᠦᠩᠰᠢᠭᠤᠷ ᠲᠦᠬᠦᠷᠢᠭ ᠪᠡᠯᠡ ᠤᠷᠤᠭᠤᠯᠤᠯᠲᠡ ᠶᠢ ᠪᠡᠶᠡᠯᠡᠬᠦᠯᠵᠦ᠂ ᠴᠠᠬᠢᠯᠭᠠᠨ ᠬᠦᠴᠦᠲᠡᠯ ᠬᠤᠪᠢᠰᠬᠠᠬᠤ ᠦᠷᠲᠡᠭᠡ 58᠎ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠠᠨ ᠵᠠᠰᠠᠵᠤ᠂ ᠬᠤᠸᠠ ᠹᠧᠩ ᠨᠢᠩ ᠤᠨ 500 ᠺᠢᠯᠤᠸᠤᠯᠲ ᠤᠨ ᠴᠠᠬᠢᠯᠭᠠᠨ ᠲᠡᠮᠵᠢᠭᠤᠯᠵᠤ ᠬᠦᠴᠦᠲᠡᠯ ᠬᠤᠪᠢᠰᠬᠠᠬᠤ ᠪᠠᠷᠢᠯᠭ᠎ᠠ ᠶᠢ ᠪᠠᠶᠢᠭᠤᠯᠵᠤ᠂ ᠡᠮᠦᠨ᠎ᠡ ᠤᠮᠠᠷ᠎ᠠ ᠶᠢ ᠬᠤᠯᠪᠤᠭᠰᠡᠨ᠂ ᠬᠤᠲᠠ ᠶᠢᠨ ᠲᠤᠲᠤᠨ᠎ᠠ ᠭᠠᠲᠠᠨᠠᠬᠢ ᠶᠢ ᠬᠠᠮᠤᠷᠤᠭᠰᠡᠨ ᠦᠨᠲᠦᠷ ᠲᠡᠰ ᠤᠨ ᠭᠤᠤᠯ ᠲᠤᠤᠷᠵᠢᠯ ᠢ ᠪᠦᠷᠢᠯᠲᠦᠬᠦᠯᠪᠡ᠃ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠳᠤ 55.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 1327.9 ᠲᠦᠮᠡᠨ ᠮᠤ᠋ ᠮᠤᠲᠤ ᠲᠠᠷᠢᠵᠤ ᠤᠶᠢᠵᠢᠭᠤᠯᠤᠨ᠂ 535.3 ᠲᠦᠮᠡᠨ ᠮᠤ᠋ ᠤᠰᠤ ᠬᠦᠷᠦᠰᠦᠨ ᠤ ᠢᠲᠡᠭᠲᠡᠯ ᠢ ᠵᠠᠰᠠᠵᠤ᠂ ᠤᠢ ᠰᠢᠭᠤᠢ ᠶᠢᠨ ᠪᠦᠷᠬᠦᠯᠲᠡ ᠶᠢᠨ ᠨᠤᠷᠮ᠎ᠠ 32.6% ᠪᠠᠶᠢᠭᠰᠡᠨ ᠠᠴᠠ 35.1% ᠬᠦᠷᠲᠡᠯ᠎ᠡ ᠲᠡᠬᠡᠭᠰᠢᠯᠡᠪᠡ︔ ᠤᠯᠤᠰ ᠤᠨ ᠤᠢ ᠰᠢᠭᠤᠶᠢᠲᠤ ᠬᠤᠲᠠ ᠶᠢ ᠪᠠᠶᠢᠭᠤᠯᠬᠤ ᠠᠵᠢᠯ ᠨᠢ ᠤᠯᠤᠰ ᠤᠨ ᠱᠠᠲᠤᠴᠢ ᠴᠢᠨᠡᠷᠲᠡᠢ ᠬᠢᠨᠠᠨ ᠰᠢᠯᠭᠠᠯᠲᠠ ᠶᠢ ᠦᠩᠬᠡᠷᠡᠪᠡ᠃ ᠤᠰᠤᠨ ᠠᠰᠢᠭᠯᠠᠯᠲᠠ ᠶᠢᠨ ᠪᠦᠲᠦᠬᠡᠨ ᠪᠠᠶᠢᠭᠤᠯᠤᠯᠲᠡ 45.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠡ ᠶᠢ ᠪᠡᠶᠡᠯᠡᠬᠦᠯᠵᠦ᠂ ᠰᠠᠨ ᠽᠦᠸᠧ ᠳ᠋ᠢᠶᠠᠨ᠂ ᠳ᠋ᠠ ᠱᠢ ᠮᠧᠨᠽᠢ᠂ ᠲᠡᠷᠡᠰᠤᠲᠤ ᠪᠤᠯᠤᠩ ᠵᠡᠷᠬᠡ ᠨᠢᠬᠡ ᠪᠦᠯᠦᠭ ᠭᠤᠤᠯᠲᠠᠯᠭᠠᠲᠠᠢ ᠤᠰᠤᠨ ᠠᠰᠢᠭᠯᠠᠯᠲᠠ ᠎ ᠶᠢᠨ ᠪᠠᠷᠢᠯᠭ᠎ᠠ ᠶᠢ ᠪᠠᠶᠢᠭᠤᠯᠵᠤ᠂ ᠡᠮᠵᠡᠭ ᠠᠶᠤᠯ ᠲᠠᠢ 55 ᠤᠰᠤᠨ ᠴᠦᠬᠦᠷᠦᠮ ᠤᠨ ᠠᠶᠤᠯ ᠢ ᠠᠷᠢᠯᠭᠠᠵᠤ ᠪᠠᠬᠢᠯᠡᠬᠦ ᠠᠵᠢᠯ ᠢ ᠪᠡᠶᠡᠯᠡᠬᠦᠯᠪᠡ᠃ 11.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠬᠤᠲᠠ ᠪᠠᠯᠭᠠᠰᠤᠨ ᠤ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ 10 ᠪᠠᠶᠢᠭᠤᠯᠵᠤ᠂ ᠪᠦᠬᠦ ᠬᠤᠲᠠ ᠎ ᠶᠢᠨ ᠭᠤᠤᠯ ᠤᠨ  ᠤᠰᠤᠨ ᠤ ᠴᠢᠨᠠᠷ ᠰᠠᠶᠢᠵᠢᠷᠡᠵᠤ᠂ ᠤᠷᠴᠢᠨ ᠲᠤᠭᠤᠷᠢᠨ ᠤ ᠴᠢᠨᠠᠷ ᠴᠢᠨᠰᠠᠭ᠎ᠠ  ᠢᠯᠡᠳᠲᠠ ᠰᠠᠶᠢᠵᠢᠷᠡᠪᠡ᠃    ︵ᠵᠢᠷᠭᠤᠭ᠎ᠠ︶ ᠦᠬᠡᠷᠡᠴᠢᠯᠡᠯᠲᠠ ᠨᠡᠬᠡᠬᠡᠯᠲᠡ ᠶᠢᠨ ᠰᠢᠨ᠎ᠡ ᠠᠯᠬᠤᠴᠠ ᠶᠢ ᠠᠯᠬᠤᠪᠠ᠃ ᠤᠯᠤᠰ ᠤᠨ ᠦᠮᠴᠢᠯᠡᠯᠲᠤ ᠠᠵᠤ ᠠᠬᠤᠶᠢᠯᠠᠯ᠂ ᠬᠦᠲᠡᠭᠡ ᠲᠤᠰᠬᠤᠨ ᠮᠠᠯᠵᠢᠬᠤ ᠤᠷᠤᠨ᠂ ᠠᠵᠢᠯ ᠦᠢᠯᠡᠰ ᠤᠨ ᠨᠢᠬᠡᠴᠡ ᠪᠠ ᠡᠮ ᠡᠮᠨᠡᠯᠬᠡ᠂ ᠡᠳ᠋ ᠤᠨ ᠵᠠᠰᠠᠭ ᠭᠠᠶᠢᠯᠢ᠂ ᠪᠡᠯᠡ ᠤᠷᠤᠭᠤᠯᠤᠨ ᠪᠡᠯᠡ ᠬᠦᠢᠯᠬᠡᠬᠡᠬᠦ ᠵᠡᠷᠬᠡ ᠬᠦᠷᠢᠶ᠎ᠡ ᠬᠡᠪᠴᠢᠶᠡᠨ ᠳᠠᠬᠢ ᠦᠬᠡᠷᠡᠴᠢᠯᠡᠯᠲᠠ ᠶᠢ ᠯᠠᠪᠲᠠᠭᠤᠨ ᠪᠠᠲᠤᠲᠠᠢ ᠠᠬᠢᠭᠤᠯᠪᠠ᠃ ᠰᠢᠩ ᠶᠧ ᠪᠦᠯᠦᠭᠯᠡᠯ ᠨᠢ ᠹᠦ᠋ ᠯᠦᠩ ᠢᠯᠴᠢ ᠴᠠᠬᠢᠯᠭᠠᠨ ᠢ ᠠᠮᠵᠢᠯᠲᠡ ᠲᠠᠢ ᠲᠠᠬᠢᠨ ᠵᠤᠬᠢᠶᠡᠨ ᠪᠠᠶᠢᠭᠤᠯᠪᠠ᠃ ᠬᠠᠮᠲᠤ ᠶᠢᠨ ᠤᠢ ᠶᠢᠨ ᠦᠮᠴᠢᠯᠡᠯ ᠤᠨ ᠲᠦᠷᠢᠮ ᠤᠨ ᠭᠤᠤᠯ ᠴᠤᠭᠴᠠ ᠶᠢᠨ ᠦᠬᠡᠷᠡᠴᠢᠯᠡᠯᠲᠡ ᠪᠠ ᠬᠦᠲᠡᠭᠡ ᠲᠤᠰᠬᠤᠨ ᠤ ᠢᠲᠡᠬᠡᠮᠵᠢ ᠎ ᠶᠢᠨ ᠬᠤᠷᠰᠢᠶᠡᠨ ᠤ ᠦᠮᠴᠢᠯᠡᠯ ᠤᠨ ᠲᠦᠷᠢᠮ ᠤᠨ ᠦᠬᠡᠷᠡᠴᠢᠯᠡᠯᠲᠡ ᠶᠢ ᠪᠡᠶᠡᠯᠡᠬᠦᠯᠪᠡ᠃ ᠤᠯᠤᠰ ᠤᠨ ᠦᠮᠴᠢᠯᠡᠯᠲᠤ ᠡᠵᠡᠩᠨᠡᠯᠲᠡ ᠶᠢᠨ ᠴᠢᠨᠡᠷᠲᠡᠢ ᠪᠠ ᠨᠡᠶᠢᠲᠡ ᠶᠢᠨ ᠠᠰᠠᠷᠡᠮᠵᠢ ᠶᠢᠨ ᠴᠢᠨᠠᠷᠲᠡᠢ ᠰᠤᠶᠤᠯ ᠠᠵᠢᠯ ᠦᠢᠯᠡᠰ ᠤᠨ ᠨᠢᠬᠡᠴᠡ ᠶᠢᠨ ᠦᠬᠡᠷᠡᠴᠢᠯᠡᠯᠲᠡ ᠶᠢ ᠪᠡᠶᠡᠯᠡᠬᠦᠯᠵᠦ᠂ ᠪᠦᠬᠦ ᠤᠯᠤᠰ ᠤᠨ ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠡᠯᠲᠡ ᠤᠨ ᠠᠵᠢᠯ ᠤᠨ ᠲᠡᠷᠢᠬᠦᠨ ᠤ ᠭᠠᠵᠠᠷ ᠤᠷᠤᠨ ᠪᠤᠯᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠲᠦᠷᠢᠮ ᠤᠨ ᠦᠬᠡᠷᠡᠴᠢᠯᠡᠯᠲᠠ ᠤᠶᠢᠷ᠎ᠠ ᠶᠢᠨ ᠬᠤᠭᠤᠴᠠᠭᠠᠨ ᠤ ᠲᠠᠪᠤᠨ ᠵᠦᠢᠯ ᠤᠨ ᠭᠤᠤᠯᠲᠠᠯᠭᠠᠲᠠᠢ ᠡᠬᠦᠷᠬᠡ ᠶᠢ ᠦᠨᠳᠦᠰᠦᠨ ᠳᠡᠭᠡᠨ ᠪᠡᠶᠡᠯᠡᠬᠦᠯᠵᠦ᠂ ᠦᠷ᠎ᠡ ᠪᠦᠲᠦᠮᠵᠢ ᠨᠢ ᠦᠷᠬᠦᠯᠵᠢᠯᠡᠨ  ᠲᠤᠪᠤᠶᠢᠮ᠎ᠠ ᠪᠠᠶᠢᠨ᠎ᠠ᠃ ᠠᠯᠪᠡᠨ ᠶᠠᠪᠤᠲᠡᠯ ᠤᠨ ᠺᠠᠷᠲ ᠤᠨ ᠲᠦᠷᠢᠮ ᠢ ᠬᠤᠲᠠ ᠶᠢᠨ ᠲᠤᠰ ᠱᠠᠲᠤᠨ ᠳᠤ ᠪᠦᠬᠦ ᠲᠡᠯ᠎ᠡ ᠪᠠᠷ ᠬᠡᠷᠡᠭᠵᠢᠬᠦᠯᠵᠦ᠂ ᠲᠤᠰᠬᠤᠨ ᠤ ᠱᠠᠲᠤᠨ ᠤ ᠨᠡᠶᠢᠲᠡ ᠎ ᠶᠢᠨ ᠠᠰᠠᠷᠡᠮᠵᠢ ᠶᠢᠨ ᠦᠢᠯᠡᠰ ᠤᠨ ᠪᠦᠲᠦᠬᠡᠨ ᠪᠠᠶᠢᠭᠤᠯᠤᠯᠲᠡ ᠶᠢᠨ ︽ᠨᠢᠬᠡ ᠶᠠᠪᠤᠲᠡᠯ ᠢ ᠨᠢᠬᠡ ᠵᠦᠪᠯᠡᠬᠦ︾ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠲᠦᠷᠢᠮ ᠢ ᠪᠦᠬᠦᠶᠢᠯᠡ ᠬᠤᠰᠢᠭᠤ ᠰᠢᠶᠠᠨ ᠲᠤᠭᠤᠷᠢᠭ ᠲᠤ ᠬᠡᠷᠡᠭᠵᠢᠬᠦᠯᠪᠡ᠃ ᠪᠡᠯᠡ ᠤᠷᠤᠭᠤᠯᠤᠨ ᠪᠡᠯᠡ ᠬᠦᠢᠯᠬᠡᠬᠡᠬᠦ ᠪᠠᠶᠢᠭᠤᠯᠤᠮᠵᠢ ᠶᠢᠨ ᠦᠬᠡᠷᠡᠴᠢᠯᠡᠯᠲᠠ ᠰᠢᠨ᠎ᠡ ᠠᠬᠢᠴᠡ ᠲᠠᠢ ᠪᠤᠯᠵᠤ᠂ ᠮᠦᠩᠬᠦᠨ ᠬᠦᠢᠯᠬᠡᠬᠡᠨ ᠤ ᠵᠠᠰᠠᠭ ᠵᠠᠬᠢᠷᠭ᠎ᠠ᠂ ᠪᠠᠩᠬᠢ ᠵᠠᠰᠠᠭ ᠪᠠᠩᠬᠢ ᠠᠵᠤ ᠠᠬᠤᠶᠢᠯᠠᠯ ᠤᠨ ᠪᠡᠯᠡ ᠬᠦᠢᠯᠬᠡᠬᠡᠬᠦ ᠲᠡᠪᠴᠡᠩ ᠢ ᠪᠠᠶᠢᠭᠤᠯᠵᠤ᠂ ᠤᠯᠤᠰ ᠤᠨ ᠦᠮᠴᠢᠯᠡᠯᠲᠤ ᠬᠦᠷᠦᠩᠬᠡ ᠶᠢ ᠡᠵᠡᠩᠨᠡᠬᠦ ᠪᠠ ᠨᠢᠬᠡᠲᠦᠯᠲᠡᠢ ᠲᠦᠯᠦᠪᠵᠢᠬᠦᠯᠦᠨ ᠬᠠᠮᠢᠶᠠᠷᠬᠤ ᠲᠦᠪᠰᠢᠨ ᠲᠠᠰᠤᠷᠡᠯᠲᠠ ᠦᠬᠡᠢ ᠲᠡᠬᠡᠭᠰᠢᠯᠡᠵᠦ᠂ ᠵᠠᠰᠠᠭ ᠤᠨ ᠤᠷᠲᠤᠨ ᠤ ᠪᠡᠯᠡ ᠤᠷᠤᠭᠤᠯᠬᠤ ᠠᠵᠢᠯᠯᠠᠭ᠎ᠠ ᠵᠢᠷᠤᠮᠵᠢᠵᠤ᠂ ᠪᠡᠯᠡ ᠤᠷᠤᠭᠤᠯᠤᠨ ᠪᠡᠯᠡ ᠬᠦᠢᠯᠬᠡᠬᠡᠬᠦ ᠤᠷᠴᠢᠨ ᠲᠤᠭᠤᠷᠢᠨ ᠤᠯᠠᠮ ᠰᠠᠶᠢᠵᠢᠷᠡᠪᠠ᠃ ᠭᠠᠲᠠᠭᠠᠲᠤ ᠨᠡᠬᠡᠬᠡᠯᠲᠡ ᠪᠠᠨ ᠪᠦᠬᠦ ᠲᠡᠯ᠎ᠡ ᠪᠠᠷ ᠦᠷᠬᠡᠳᠬᠡᠵᠦ᠂ ᠤᠯᠠᠨ ᠠᠷᠭ᠎ᠠ ᠵᠠᠮ ᠢᠶᠠᠷ ᠬᠤᠲᠡᠯᠲᠤᠭᠠᠴᠢᠨ ᠤᠷᠢᠵᠤ ᠪᠡᠯᠡ ᠲᠠᠲᠠᠨ᠂ ᠵᠡᠬᠦᠨ ᠬᠤᠶᠢᠲᠤ ᠤᠷᠤᠨ᠂ ᠤᠮᠠᠷᠡᠲᠤ ᠤᠷᠤᠨ ᠪᠠ ᠪᠦᠸᠧᠬᠠᠢ ᠲᠠᠩᠬᠢᠰ  ᠲᠠᠭᠠᠤ ᠠᠵᠤ ᠠᠬᠤᠢ ᠶᠢᠨ ᠤᠷᠤᠨ ᠳᠤ ᠪᠠᠭᠲᠠᠨ ᠤᠷᠤᠵᠤ᠂ ᠪᠡᠬᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠬᠤᠷᠰᠢᠯᠴᠠᠬᠤ ᠶᠢ ᠬᠦᠨᠵᠡᠬᠡᠶᠢᠷᠡᠬᠦᠯᠵᠦ᠂ ᠨᠢᠬᠡ ᠪᠦᠯᠦᠭ ᠪᠤᠲᠠᠲᠤ ᠬᠦᠴᠦᠨ ᠴᠢᠩᠭ᠎ᠠ ᠲᠤᠮᠤ ᠠᠵᠤ ᠠᠬᠤᠶᠢᠯᠠᠯ ᠲᠤᠮᠤ ᠪᠦᠯᠦᠭᠯᠡᠯ ᠮᠠᠨ ᠤ ᠬᠤᠲᠠ ᠳᠤ ᠰᠠᠭᠤᠷᠢᠰᠢᠨ᠂ ᠪᠦᠬᠦ ᠬᠤᠲᠠ ᠢᠶᠠᠷ ᠢᠶᠠᠨ ᠨᠡᠶᠢᠲᠠ ᠤᠯᠤᠰ ᠤᠨ ᠲᠤᠲᠤᠭᠠᠲᠤ ᠶᠢᠨ ᠪᠡᠯᠡ ᠮᠦᠩᠬᠦ ᠶᠢ 2515 ᠳ᠋ᠦᠩᠰᠢᠭᠤᠷ ᠲᠦᠬᠦᠷᠢᠭ ᠤᠷᠤᠭᠤᠯᠤᠨ ᠠᠪᠴᠢᠷᠡᠵᠤ ᠂ 2.1 ᠳ᠋ᠦᠩᠰᠢᠭᠤᠷ ᠳ᠋ᠤᠯᠯᠠᠷ ᠭᠠᠲᠠᠭᠠᠲᠤ ᠪᠡᠯᠡ ᠶᠢ ᠪᠤᠲᠠᠲᠠᠢ ᠠᠰᠢᠭᠯᠠᠵᠡᠢ᠃    ︵ᠲᠤᠯᠤᠭ᠎ᠠ︶ ᠠᠷᠡᠳ ᠤᠨ ᠠᠮᠢᠲᠤᠷᠡᠯ ᠤᠨ ᠪᠠᠲᠤᠯᠠᠭ᠎ᠠ ᠶᠢᠨ ᠴᠢᠲᠠᠪᠤᠷᠢ ᠰᠢᠨ᠎ᠡ ᠲᠦᠪᠰᠢᠨ ᠳᠤ ᠬᠦᠷᠪᠡ᠃ ᠭᠤᠤᠯᠲᠠᠯᠭᠠᠲᠠᠢ ᠠᠷᠡᠳ ᠤᠨ ᠠᠮᠢᠲᠤᠷᠡᠯ ᠤᠨ ᠠᠵᠢᠯ  ᠴᠢᠩᠭᠠᠳᠬᠠᠭᠲᠠᠵᠤ᠂ ᠬᠦᠮᠦᠨ ᠪᠦᠷᠢ ᠶᠢᠨ ᠲᠤᠮᠲᠠᠴᠢ ᠠᠰᠢᠭ ᠨᠡᠮᠡᠭᠲᠡᠭᠰᠡᠨ ᠲᠦᠪᠰᠢᠨ ᠮᠡᠲᠡᠭᠲᠡᠮ᠎ᠡ ᠲᠡᠬᠡᠭᠰᠢᠯᠡᠵᠦ᠂ ᠬᠦᠴᠦᠨ ᠪᠠᠭᠤᠷᠡᠢ ᠬᠦᠮᠦᠰ ᠢ ᠨᠡᠩ ᠤᠯᠠᠨ᠂ ᠨᠠᠩ ᠰᠢᠭᠤᠳ  ᠠᠩᠬᠠᠷᠤᠨ ᠬᠠᠯᠠᠮᠵᠢᠯᠠᠬᠤ ᠪᠤᠯᠵᠤ᠂ ᠠᠷᠡᠳ ᠤᠨ ᠠᠮᠢᠲᠤᠷᠡᠯ ᠤᠨ ᠪᠠᠲᠤᠯᠠᠭ᠎ᠠ ᠶᠢᠨ ᠪᠦᠷᠬᠦᠴᠡ ᠲᠡᠰᠤᠷᠠᠯᠲᠠ ᠦᠬᠡᠢ ᠦᠷᠬᠡᠳᠴᠦ᠂ ᠪᠠᠲᠤᠯᠠᠭ᠎ᠠ ᠶᠢᠨ ᠲᠦᠪᠰᠢᠨ ᠪᠦᠬᠦ ᠲᠡᠯ᠎ᠡ ᠪᠠᠷ ᠲᠡᠬᠡᠭᠰᠢᠯᠡᠪᠡ᠃ ᠪᠦᠬᠦ ᠬᠤᠲᠠ ᠶᠢᠨ ᠠᠷᠡᠳ ᠤᠨ ᠠᠮᠢᠲᠤᠷᠡᠯ ᠤᠨ ᠬᠦᠷᠢᠶᠡᠨ ᠳᠤ ᠬᠡᠷᠡᠭᠯᠡᠭᠰᠡᠨ ᠡᠳ᠋ ᠤᠨ ᠵᠠᠰᠠᠭ ᠠᠴᠠ ᠪᠡᠯᠡ ᠤᠷᠤᠭᠤᠯᠤᠭᠰᠠᠨ ᠨᠢ 802.6 ᠳ᠋ᠦᠩᠰᠢᠭᠤᠷ ᠲᠦᠬᠦᠷᠢᠭ ᠲᠤ ᠬᠦᠷᠴᠦ᠂ ᠤᠯᠠᠨ ᠨᠡᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠳᠠᠬᠢ ᠬᠠᠷᠢᠴᠠᠯ 72.1% ᠪᠤᠯᠪᠡ᠃ ᠠᠵᠢᠯ ᠤᠯᠤᠭᠰᠡᠳ ᠨᠡᠶᠢᠲᠠ 12.5 ᠲᠦᠮᠡᠨ ᠬᠦᠮᠦᠨ ᠰᠢᠨ᠎ᠡ ᠪᠠᠷ ᠨᠡᠮᠡᠭᠲᠡᠵᠤ᠂ 4.97 ᠲᠦᠮᠡᠨ ᠠᠵᠢᠯ ᠤᠯᠬᠤ ᠳᠤ ᠬᠦᠴᠢᠷᠲᠡᠢ ᠬᠦᠮᠦᠰ ᠢ ᠲᠦᠪᠬᠢᠨᠡᠬᠦᠯᠦᠨ᠂ ︽ᠠᠵᠢᠯ ᠲᠠᠢ ᠬᠦᠮᠦᠨ ᠦᠬᠡᠢ ᠬᠡᠷ ᠪᠦᠯᠢ ᠶᠢᠨ ᠲᠢᠭ ᠨᠤᠷᠮᠠᠲᠤ ᠬᠦᠲᠦᠯᠦᠯ ᠪᠠᠶᠢᠲᠡᠯ︾᠎ ᠤᠨ ᠬᠠᠷᠡᠯᠲᠡ ᠶᠢ ᠦᠨᠳᠦᠰᠦᠨ ᠳᠡᠭᠡᠨ ᠪᠡᠶᠡᠯᠡᠬᠦᠯᠪᠡ᠃ ᠠᠵᠤ ᠠᠬᠤᠶᠢᠯᠠᠯ ᠤᠨ ᠠᠵᠢᠯᠴᠢᠨ ᠠᠵᠢᠯᠲᠡᠨ ᠤ ᠴᠠᠯᠢᠩ ᠤᠨ ᠬᠡᠪ ᠪᠠᠷ ᠨᠡᠮᠡᠭᠲᠡᠬᠦ ᠵᠤᠬᠢᠴᠠᠮᠵᠢ ᠶᠢ ᠪᠠᠶᠢᠭᠤᠯᠵᠤ᠂ ᠲᠦᠷᠦ ᠶᠢᠨ ᠠᠯᠪᠡᠲᠡᠨ ᠤ ᠨᠡᠮᠡᠬᠦᠷᠢ ᠨᠦᠬᠦᠪᠦᠷᠢ ᠶᠢ ᠲᠦᠷᠢᠮᠵᠢᠬᠦᠯᠵᠦ᠂ ᠠᠵᠢᠯ ᠦᠢᠯᠡᠰ ᠤᠨ ᠨᠢᠬᠡᠴᠡ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠦᠬᠡᠷᠡᠴᠢᠯᠡᠯᠲᠡ ᠶᠢ ᠠᠬᠢᠭᠤᠯᠪᠠ᠃ ᠬᠤᠲᠠ ᠪᠠᠯᠭᠠᠰᠤᠨ ᠤ ᠠᠵᠢᠯᠴᠢᠨ ᠠᠵᠢᠯᠲᠡᠨ ᠤ ᠦᠨᠳᠦᠰᠦᠨ ᠨᠠᠰᠤᠵᠢᠯ ᠤᠨ ᠲᠠᠭᠠᠳᠬᠠᠯ ᠤᠨ ᠪᠦᠷᠬᠦᠯᠲᠡ ᠶᠢᠨ ᠬᠡᠪᠴᠢᠶ᠎ᠡ ᠶᠢ ᠦᠷᠬᠡᠳᠬᠡᠵᠦ᠂ ᠰᠢᠨ᠎ᠡ ᠮᠠᠶ᠋ᠢᠭ ᠤᠨ ᠬᠦᠲᠡᠭᠡ ᠲᠤᠰᠬᠤᠨ ᠮᠠᠯᠵᠢᠬᠤ ᠤᠷᠤᠨ ᠤ ᠨᠡᠶᠢᠬᠡᠮ ᠤᠨ ᠨᠠᠰᠤᠵᠢᠯ ᠤᠨ ᠲᠠᠭᠠᠳᠬᠠᠯ ᠢ ᠪᠦᠬᠦ ᠲᠡᠯ᠎ᠡ ᠪᠠᠷ ᠬᠡᠷᠡᠭᠵᠢᠬᠦᠯᠵᠦ᠂ ᠠᠵᠤ ᠠᠬᠤᠶᠢᠯᠠᠯ ᠎ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠦᠩᠬᠦᠨ ᠤ ᠪᠡᠷᠢᠮᠵᠢᠶ᠎ᠡ ᠶᠢ 845 ᠲᠦᠬᠦᠷᠢᠭ ᠪᠤᠯᠭᠠᠨ ᠲᠡᠬᠡᠭᠰᠢᠯᠡᠬᠦᠯᠪᠡ᠃ ᠪᠦᠬᠦ ᠤᠷᠤᠨ ᠳᠤ ᠬᠠᠮᠤᠭ ᠲᠦᠷᠦᠬᠦᠨ ᠳᠤ ᠬᠤᠲᠠᠯᠲᠤᠭᠠᠨ ᠤ ᠲᠠᠭᠠᠳᠬᠠᠯ ᠢ ᠤᠷᠤᠭᠤᠯᠤᠨ᠂ ᠰᠢᠨ᠎ᠡ ᠬᠤᠷᠰᠢᠭᠰᠠᠨ ᠡᠮᠨᠡᠯᠬᠡ᠂ ᠬᠤᠲᠠ ᠪᠠᠯᠭᠠᠰᠤᠨ ᠤ ᠠᠵᠢᠯᠲᠡᠨ ᠠᠵᠢᠯᠴᠢᠨ ᠤ ᠡᠮ ᠡᠮᠨᠡᠯᠬᠡ ᠎ ᠶᠢᠨ ᠲᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠬᠡᠨ ᠳᠤ ᠤᠷᠤᠯᠴᠠᠵᠤ᠂ ᠡᠮ ᠡᠮᠨᠡᠯᠬᠡ ᠶᠢᠨ  ᠪᠠᠲᠤᠯᠠᠭ᠎ᠠ ᠶᠢᠨ ᠲᠦᠪᠰᠢᠨ ᠶᠡᠬᠡᠪᠡᠷ ᠲᠡᠬᠡᠭᠰᠢᠯᠡᠵᠦ᠂ ᠬᠤᠲᠠ ᠪᠠᠯᠭᠠᠰᠤᠨ ᠤ ᠦᠨᠳᠦᠰᠦᠨ ᠡᠮ ᠡᠮᠨᠡᠯᠬᠡ ᠶᠢᠨ ᠲᠠᠭᠠᠳᠬᠠᠯ ᠪᠠ ᠰᠢᠨ᠎ᠡ ᠮᠠᠶ᠋ᠢᠭ ᠤᠨ ᠬᠦᠲᠡᠭᠡ ᠲᠤᠰᠬᠤᠨ ᠤ ᠬᠤᠷᠰᠢᠭᠰᠡᠨ ᠡᠮᠨᠡᠯᠬᠡ ᠶᠢᠨ ᠪᠦᠷᠬᠦᠯᠲᠡ ᠶᠢᠨ ᠨᠤᠷᠮ᠎ᠠ ᠴᠦᠮ 95%᠎ ᠠᠴᠠ ᠲᠡᠬᠡᠭᠰᠢ ᠲᠤ ᠭᠦᠷᠴᠦ᠂ ᠲᠠᠷᠢᠶᠡᠴᠢᠳ ᠮᠠᠯᠴᠢᠳ ᠤᠨ ᠡᠮᠨᠡᠯᠬᠡ ᠳᠤ ᠰᠠᠭᠤᠭᠰᠠᠨ ᠢ ᠲᠠᠩᠰᠡᠨ᠎ᠠ ᠲᠠᠶᠢᠯᠠᠬᠤ ᠬᠠᠮᠤᠭ ᠲᠡᠭᠡᠷ᠎ᠠ ᠭᠡᠮᠵᠢᠶ᠎ᠠ ᠶᠢ 6 ᠲᠦᠮᠡᠨ ᠲᠦᠬᠦᠷᠢᠭ ᠪᠠᠶᠢᠠᠠᠰᠠᠨ ᠢ ᠲᠡᠬᠡᠭᠰᠢᠯᠡᠬᠦᠯᠦᠬᠡᠳ 20 ᠲᠦᠮᠡᠨ ᠲᠦᠬᠦᠷᠢᠭ ᠪᠤᠯᠭᠠᠵᠠᠢ᠃ ᠬᠤᠲᠠ ᠪᠠᠯᠭᠠᠰᠤᠨ ᠤ  ᠬᠠᠮᠤᠭ ᠲᠤᠤᠷ᠎ᠠ ᠪᠠᠲᠤᠯᠠᠭ᠎ᠠ ᠶᠢᠨ ᠰᠠᠷ᠎ᠠ ᠎ ᠶᠢᠨ ᠪᠠᠷᠢᠮᠵᠢᠶ᠎ᠠ ᠪᠠ ᠬᠦᠲᠡᠭᠡ ᠲᠤᠰᠬᠤᠨ ᠮᠠᠯᠵᠢᠬᠤ ᠤᠷᠤᠨ ᠤ  ᠬᠠᠮᠤᠭ ᠲᠤᠤᠷ᠎ᠠ ᠪᠠᠲᠤᠯᠠᠭ᠎ᠠ ᠶᠢᠨ ᠵᠢᠯ ᠤᠨ ᠪᠠᠷᠢᠮᠵᠢᠶ᠎ᠡ ᠶᠢ ᠲᠤᠰᠪᠤᠷᠢ 204 ᠲᠦᠬᠦᠷᠢᠭ ᠪᠠ 1773 ᠲᠦᠬᠦᠷᠢᠭ ᠪᠤᠯᠤᠨ ᠲᠡᠬᠡᠭᠰᠢᠯᠡᠬᠦᠯᠵᠡᠢ᠃ ᠠᠷᠡᠳ ᠢ ᠬᠠᠷᠡᠭᠠᠯᠵᠠᠬᠤ ᠤᠷᠤᠰᠢᠭᠤᠯᠭ᠎ᠠ ᠶᠢᠨ ᠦᠬᠡᠷᠡᠴᠢᠯᠡᠯᠲᠡ ᠶᠢ ᠬᠡᠷᠡᠭᠵᠢᠬᠦᠯᠵᠦ᠂ 38.8 ᠲᠦᠮᠡᠨ ᠬᠦᠴᠢᠷᠲᠡᠢ ᠤᠯᠠᠨ ᠲᠦᠮᠡᠨ ᠠᠰᠢᠭ ᠬᠦᠷᠲᠡᠵᠡᠢ᠃ 16.5 ᠲᠦᠮᠡᠨ ᠡᠷᠦᠬᠡ ᠲᠤᠤᠷ᠎ᠠ ᠤᠷᠤᠯᠭᠠᠲᠤ ᠬᠡᠷ ᠪᠦᠯᠢ ᠶᠢᠨ ᠤᠷᠤᠨ ᠰᠠᠭᠤᠴᠠ ᠶᠢᠨ ᠬᠦᠴᠢᠷ ᠠᠰᠠᠭᠤᠲᠡᠯ ᠎ ᠢ ᠰᠢᠢᠳᠪᠦᠷᠢᠯᠡᠪᠡ᠃ ᠲᠠᠷᠢᠶᠠᠴᠢᠳ ᠮᠠᠯᠴᠢᠳ ᠲᠤ ᠡᠯ᠎ᠡ ᠲᠦᠷᠦᠯ ᠤᠨ ᠲᠦᠷᠦ ᠶᠢᠨ ᠪᠤᠲᠤᠯᠭ᠎ᠠ ᠶᠢᠨ ᠴᠢᠨᠠᠷᠲᠡᠢ ᠨᠦᠬᠦᠪᠦᠷᠢ 149 ᠳ᠋ᠦᠩᠰᠢᠭᠤᠷ ᠲᠦᠬᠦᠷᠢᠭ ᠲᠠᠷᠬᠠᠭᠠᠵᠤ᠂  ᠢᠳᠡᠭᠦ ᠤᠰᠤᠨ ᠤ ᠠᠶᠤᠯᠭᠦᠢ ᠶᠢᠨ ᠢᠨᠵᠧᠨᠧᠷᠢᠩ 1804᠎ ᠶᠢ ᠪᠠᠶᠢᠭᠤᠯᠵᠤ᠂ 130.6 ᠲᠦᠮᠡᠨ ᠬᠦᠮᠦᠨ ᠤ ᠢᠳᠡᠭᠦ ᠤᠰᠤᠨ ᠤ ᠠᠶᠤᠯᠭᠦᠢ ᠶᠢᠨ ᠠᠰᠠᠭᠤᠲᠡᠯ ᠢ ᠰᠢᠢᠳᠪᠦᠷᠢᠯᠡᠵᠦ᠂ 32 ᠲᠦᠮᠡᠨ ᠶᠠᠲᠠᠭᠤ ᠬᠦᠴᠢᠷᠲᠡᠢ ᠬᠦᠮᠦᠨ ᠠᠮᠡ ᠶᠢ ᠲᠤᠭᠲᠠᠭᠤᠨ ᠢᠶᠠᠷ ᠶᠠᠲᠠᠭᠤ ᠠᠴᠠ ᠨᠢ ᠠᠩᠬᠢᠵᠢᠷᠠᠭᠤᠯᠪᠠ᠃ ᠬᠦᠲᠡᠯᠮᠦᠷᠢ ᠬᠦᠴᠦᠨ ᠤ ᠭᠠᠷᠭᠠᠯᠲᠡ ᠶᠢ 100 ᠲᠦᠮᠡᠨ ᠬᠦᠮᠦᠨ ᠤᠲᠠᠭ᠎ᠠ ᠠᠴᠠ ᠲᠡᠬᠡᠭᠰᠢ ᠳᠤ ᠲᠤᠭᠲᠠᠪᠤᠷᠢᠵᠢᠭᠤᠯᠵᠤ᠂ ᠬᠦᠲᠡᠯᠮᠦᠷᠢ  ᠎ ᠶᠢᠨ ᠤᠷᠤᠯᠭ᠎ᠠ  ᠎ ᠨᠢ 42.1 ᠳ᠋ᠦᠩᠰᠢᠭᠤᠷ ᠲᠦᠬᠦᠷᠢᠭ ᠪᠠᠶᠢᠭᠰᠡᠨ ᠠᠴᠠ ᠨᠡᠮᠡᠭᠲᠡᠬᠡᠳ 71 ᠳ᠋ᠦᠩᠰᠢᠭᠤᠷ ᠲᠦᠬᠦᠷᠢᠭ ᠪᠤᠯᠭᠠᠨ ᠨᠡᠮᠡᠭᠳᠡᠭᠦᠯᠵᠠᠢ᠃    ︵ᠨᠠᠢᠮᠡ︶ ᠡᠯ᠎ᠡ ᠲᠦᠷᠤᠯ ᠤᠨ ᠨᠡᠶᠢᠬᠡᠮ ᠤᠨ ᠦᠢᠯᠡᠰ ᠲᠠᠭᠢᠨᠳᠡ ᠰᠢᠨ᠎ᠡ ᠲᠡᠪᠰᠢᠯᠲᠠ ᠲᠠᠢ ᠪᠤᠯᠪᠠ᠃ ᠨᠡᠶᠢᠬᠡᠮ ᠤᠨ ᠪᠦᠲᠦᠬᠡᠨ ᠪᠠᠶᠢᠭᠤᠯᠤᠯᠲᠠ ᠶᠢᠨ ᠦᠷ᠎ᠡ ᠪᠦᠲᠦᠮᠵᠢ ᠦᠷᠬᠦᠯᠵᠢᠯᠡᠨ ᠲᠤᠪᠤᠶᠢᠵᠤ᠂ ᠠᠵᠤ ᠠᠬᠤᠢ ᠶᠢᠨ ᠬᠦᠭᠵᠢᠯᠲᠡ ᠯᠤᠭ᠎ᠠ ᠶᠢᠨ ᠵᠤᠭᠢᠴᠠᠩᠭᠤᠢ ᠴᠢᠨᠠᠷ ᠴᠢᠨ᠋ᠬᠠᠰᠢᠳᠡ ᠴᠢᠩᠭᠠᠷᠠᠪᠡ᠃ ᠮᠠᠨ ᠤ ᠬᠤᠲᠠ ᠨᠢ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠲᠡᠪᠰᠢᠯᠲᠡ ᠶᠢᠨ ᠲᠡᠷᠢᠬᠦᠨ ᠤ ᠬᠤᠲᠠ ᠪᠠᠷ ᠦᠨᠡᠯᠡᠭᠲᠡᠪᠡ︔ ᠤᠯᠤᠰ ᠤᠨ ᠲᠡᠰ ᠤᠨ ᠲᠡᠬᠡᠲᠦ ᠰᠢᠨ᠎ᠡ ᠮᠡᠷᠬᠡᠵᠢᠯ ᠤᠨ ᠠᠵᠤ ᠠᠬᠤᠶᠢᠯᠠᠯ 15 ᠪᠤᠯᠤᠨ ᠬᠦᠭᠵᠢᠵᠦ᠂ ᠦᠪᠡᠷᠲᠡᠬᠡᠨ ᠵᠠᠰᠠᠬᠤ ᠤᠷᠤᠨ ᠤ ᠲᠡᠰ ᠤᠨ ᠠᠵᠤ ᠦᠢᠯᠡᠰ ᠤᠨ ᠮᠡᠷᠬᠡᠵᠢᠯ ᠤᠨ ᠡᠭᠦᠳᠦᠯᠳᠡ ᠶᠢᠨ ᠪᠠᠶᠢᠯᠲᠤᠬᠤ ᠪᠤᠲᠤᠯᠭ᠎ᠠ ᠶᠢᠨ ᠬᠤᠯᠪᠤᠭ᠎ᠠ 6 ᠪᠤᠯᠵᠦ᠂ ᠲᠠᠷᠢᠶᠠᠯᠠᠩ ᠤᠨ ᠦᠵᠡᠬᠦᠯᠦᠯᠬᠡ ᠨᠢ ᠲᠡᠰ ᠲᠡᠪᠰᠢᠨ ᠤᠯᠤᠰ ᠤᠨ ᠲᠡᠰ ᠤᠨ ᠦᠵᠡᠬᠦᠯᠦᠯᠬᠡ ᠪᠤᠯᠪᠠ᠃ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠢᠨᠵᠧᠨᠧᠷᠢᠩ ᠤᠨ 2009 —2011 ᠤᠨ ᠤ ᠲᠦᠯᠦᠪᠵᠢᠬᠦᠯᠬᠡ ᠶᠢᠨ ᠪᠦᠲᠦᠬᠡᠨ ᠪᠠᠶᠢᠭᠤᠯᠤᠯᠲᠡ ᠶᠢᠨ ᠡᠬᠦᠷᠬᠡ ᠶᠢ ᠪᠡᠶᠡᠯᠡᠬᠦᠯᠵᠦ᠂ 300 ᠲᠦᠮᠡᠨ ᠲᠡᠭᠰᠢ ᠲᠦᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠵᠤ ᠦᠬᠡᠷᠡᠴᠢᠯᠡᠨ ᠵᠠᠰᠠᠵᠤ ᠦᠷᠬᠡᠳᠬᠡᠨ ᠪᠠᠶᠢᠭᠤᠯᠪᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠡᠨ ᠵᠢᠯ ᠤᠨ ᠠᠵᠢᠯᠯᠭᠠᠨ ᠤ ᠲᠦᠯᠦᠪᠯᠡᠭᠡ ᠶᠢ ᠡᠬᠢᠯᠡᠬᠦᠯᠵᠦ᠂ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠡᠢ ᠬᠦᠭᠵᠢᠯᠲᠡ ᠢᠲᠡᠪᠬᠢᠲᠡᠢ ᠠᠬᠢᠯᠲᠡ ᠲᠠᠢ ᠪᠤᠯᠵᠤ᠂ ᠲᠡᠬᠡᠲᠤ ᠲᠤᠮᠲᠠᠲᠤ ᠶᠢᠨ ᠱᠠᠲᠤᠨ ᠤ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠢ ᠪᠦᠬᠦ ᠲᠡᠯ᠎ᠡ ᠪᠠᠷ ᠬᠡᠷᠡᠭᠵᠢᠬᠦᠯᠵᠦ᠂ ᠲᠡᠬᠡᠲᠦ ᠰᠤᠷᠭᠠᠭᠤᠯᠢ ᠶᠢᠨ ᠰᠢᠯᠭᠠᠯᠳᠡ ᠳᠤ ᠵᠢᠩᠭᠢᠨᠢ ᠠᠩᠭᠢ ᠳᠤ ᠤᠷᠤᠠᠠᠰᠠᠨ ᠰᠢᠯᠭᠠᠨ ᠨᠤᠷᠮ᠎ᠠ ᠪᠦᠬᠦ ᠤᠷᠤᠨ ᠳᠤ  ᠤᠷᠤᠶᠢᠯᠠᠬᠤ ᠪᠠᠨ ᠪᠠᠳᠤᠯᠠᠵᠦ ᠪᠠᠶᠢᠨ᠎ᠠ︔ ᠦᠪᠦᠷ ᠮᠤᠩᠭᠤᠯ ᠤᠨ ᠨᠡᠬᠡᠮᠡᠯ ᠤᠨ ᠠᠵᠤ ᠦᠢᠡᠯᠳᠪᠦᠷᠢ ᠶᠢᠨ ᠰᠤᠷᠭᠠᠭᠤᠯᠢ ᠨᠢ ᠲᠡᠰ ᠲᠡᠪᠰᠢᠨ ᠤᠯᠠᠭᠠᠨᠬᠠᠲᠠ ᠠᠵᠤ ᠦᠢᠯᠡᠳᠪᠦᠷᠢ ᠶᠢᠨ ᠠᠵᠢᠯ ᠮᠡᠷᠬᠡᠵᠢᠯ ᠤᠨ ᠲᠡᠬᠡᠲᠦ ᠰᠤᠷᠭᠠᠭᠤᠯᠢ ᠪᠤᠯᠵᠤ᠂ ᠰᠦᠩ ᠱᠠᠨ ᠲᠤᠭᠤᠷᠢᠭ ᠤᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠲᠦᠪ ᠨᠢ ᠤᠯᠤᠰ ᠤᠨ ᠵᠢᠱᠢᠶ᠎ᠡ ᠦᠵᠡᠬᠦᠯᠬᠦ ᠲᠤᠮᠲᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠪᠤᠯᠵᠤ᠂  ᠤᠯᠠᠭᠠᠨᠬᠠᠲᠠ ᠲᠡᠬᠡᠲᠦ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠡᠨ ᠵᠢᠩᠬᠢᠨᠢ ᠠᠩᠬᠢ ᠶᠢᠨ ᠰᠤᠷᠭᠠᠭᠤᠯᠢ ᠨᠢ ᠦᠨᠡᠯᠡᠯᠳᠠ ᠭᠢᠨᠡᠯᠳᠡ ᠰᠢᠯᠭᠠᠯᠳᠡ ᠶᠢ ᠤᠷᠤᠠᠠᠰᠢᠳᠡᠢ ᠲᠤᠭᠤᠯᠪᠡ᠃ 6.8 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ 399᠎ ᠶᠢ ᠰᠢᠨ᠎ᠡ ᠪᠠᠷ ᠪᠠᠶᠢᠭᠤᠯᠭᠰᠡᠨ ᠪᠤᠶᠤ ᠦᠬᠡᠷᠡᠴᠢᠯᠡᠨ ᠦᠷᠬᠡᠳᠬᠡᠨ ᠪᠠᠶᠢᠭᠤᠯᠵᠤ᠂ ᠤᠯᠤᠰ ᠤᠨ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠶᠢ 6 ᠪᠠᠶᠢᠭᠤᠯᠵᠦ᠂ ᠤᠯᠠᠨ ᠨᠡᠶᠢᠲᠠ ᠶᠢᠨ ᠡᠷᠡᠬᠦᠯ ᠬᠠᠮᠠᠭᠠᠯᠠᠯ᠂ ᠡᠮ ᠡᠮᠨᠡᠯᠬᠡ ᠶᠢᠨ ᠠᠪᠤᠷᠡᠨ ᠵᠠᠰᠠᠬᠤ ᠪᠠ ᠦᠨᠳᠦᠰᠦᠨ ᠱᠠᠲᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠨᠦᠬᠦᠴᠡᠯ ᠢᠯᠡᠳᠲᠡ ᠰᠠᠶᠢᠵᠢᠷᠡᠪᠠ︔ ᠤᠯᠤᠰ ᠤᠨ ᠡᠷᠡᠬᠦᠯ ᠬᠠᠮᠠᠭᠠᠯᠠᠯ ᠤᠨ ᠬᠤᠲᠠ ᠶᠢᠨ ᠦᠷ᠎ᠡ ᠪᠦᠲᠦᠬᠡᠯ ᠪᠠᠲᠤᠳᠬᠠᠭᠲᠠᠪᠠ᠃ ᠤᠯᠠᠭᠠᠨᠬᠠᠲᠠ ᠶᠢᠨ ᠰᠢᠨ᠎ᠠ ᠮᠦᠽᠸᠢ ᠶᠢ ᠪᠠᠶᠢᠭᠤᠯᠵᠤ᠂ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠲᠡᠭᠡ ᠶᠢ 110᠂ ᠲᠤᠰᠬᠤᠨ ᠤ ᠲᠡᠰ ᠤᠨ ᠲᠠᠯ᠎ᠡ ᠨᠤᠲᠤᠭ ᠤᠨ ᠨᠤᠮ ᠤᠨ ᠦᠷᠦᠬᠡ 2040᠎ ᠶᠢ ᠰᠢᠨ᠎ᠡ ᠪᠠᠷ ᠪᠠᠶᠢᠭᠤᠯᠵᠤ᠂ ᠡᠯ᠎ᠡ ᠱᠠᠲᠤᠨ ᠤ ᠤᠯᠠᠨ ᠨᠡᠶᠢᠲᠠ ᠶᠢᠨ ᠰᠤᠶᠤᠯ ᠤᠨ ᠲᠠᠯᠠᠪᠤᠷ ᠤᠷᠲᠤᠨ ᠢ ᠤᠯᠠᠨ ᠨᠡᠶᠢᠲᠠ ᠳᠤ ᠰᠦᠢᠳᠬᠡᠯ ᠬᠤᠷᠢᠶᠠᠬᠤ ᠦᠬᠡᠢ ᠪᠠᠷ ᠨᠡᠬᠡᠬᠡᠪᠡ︔ ᠬᠤᠩ ᠱᠠᠨ ᠰᠤᠶᠤᠯ ᠤᠨ ᠨᠠᠶᠢᠷ ᠤᠨ ᠨᠦᠯᠦᠬᠡ ᠵᠢᠯ ᠠᠴᠠ ᠵᠢᠯ ᠦᠷᠬᠡᠳᠴᠦ᠂ ᠲᠤᠮᠲᠠᠲᠤ ᠤᠯᠤᠰ ᠤᠨ ᠲᠠᠮᠠᠭᠠᠲᠤ ᠬᠤᠲᠠ ᠶᠢᠨ ᠰᠤᠶᠤᠯ ᠤᠨ ᠨᠡᠶᠢᠷ ᠰᠠᠶᠢᠨ ᠡᠭᠢᠯᠡᠯᠳᠡ ᠲᠠᠢ ᠪᠠᠶᠢᠵᠤ᠂ ᠬᠤᠩ ᠱᠠᠨ ᠰᠤᠶᠤᠯ ᠤᠨ ᠪᠠᠭᠤᠷᠢ᠂ ᠯᠢᠶᠤᠤ ᠶᠢᠨ ᠰᠤᠶᠤᠯ ᠤᠨ ᠪᠠᠭᠤᠷᠢ ᠨᠢ ᠲᠤᠮᠲᠠᠲᠤ ᠤᠯᠤᠰ ᠤᠨ ᠲᠡᠯᠡᠬᠡᠢ ᠶᠢᠨ ᠰᠤᠶᠤᠯ ᠤᠨ ᠦᠪ ᠤᠨ ᠪᠡᠯᠡᠳᠬᠡᠯ ᠨᠡᠷᠡᠰ ᠲᠤ ᠤᠷᠤᠵᠤ᠂ ᠠᠤᠬᠠᠨ ᠬᠤᠰᠢᠭᠤᠨ ᠤ ᠬᠠᠭᠤᠷᠡᠢ  ᠎ ᠪᠠᠷ ᠲᠡᠷᠢᠶᠠᠯᠠᠬᠤ ᠰᠢᠰᠲ᠋ᠧᠮ ᠨᠢ ᠪᠦᠬᠦ ᠪᠦᠮᠪᠦᠷᠴᠡᠭ ᠤᠨ ᠴᠢᠬᠤᠯᠡ ᠲᠠᠷᠢᠶᠠᠯᠠᠩ ᠤᠨ ᠰᠤᠶᠤᠯ ᠤᠨ ᠦᠪ ᠎ ᠢᠶᠠᠷ ᠵᠢᠭᠰᠠᠭᠠᠭᠳᠠᠵᠤ᠂ ᠪᠠᠭᠠᠷᠢᠨ ᠪᠠᠷᠠᠭᠤᠨ ᠬᠤᠰᠢᠭᠤ ︽ᠲᠤᠮᠲᠠᠲᠤ ᠤᠯᠤᠰ ᠤᠨ ᠬᠡᠰᠡᠷ ᠤᠨ ᠰᠤᠶᠤᠯ ᠤᠨ ᠨᠤᠲᠤᠭ︾᠎ ᠢᠶᠠᠷ ᠦᠨᠡᠯᠡᠭᠲᠡᠪᠡ᠃ ᠪᠦᠬᠦ ᠬᠤᠲᠠ ᠶᠢᠨ ᠷᠡᠳᠢᠤ᠋᠂ ᠲᠧᠯᠸᠢᠰ ᠤᠨ ᠬᠦᠮᠦᠨ ᠠᠮᠠ ᠶᠢᠨ ᠶᠡᠷᠦᠩᠬᠡᠶᠢᠯᠡᠭᠰᠡᠨ ᠪᠦᠷᠬᠦᠯᠲᠡ ᠶᠢᠨ ᠨᠤᠷᠮ᠎ᠠ ᠶᠢ ᠲᠤᠰᠪᠤᠷᠢ 3.3 ᠪᠠ 5.3 ᠵᠠᠭᠤᠨ ᠤ ᠴᠡᠭ ᠲᠡᠬᠡᠭᠰᠢᠯᠡᠬᠦᠯᠵᠦ᠂ 97.1% ᠪᠠ 97.3%᠎ ᠳᠤ ᠬᠦᠷᠴᠡᠢ᠃ ᠪᠦᠬᠦ ᠤᠷᠤᠨ ᠤ ᠠᠷᠪᠡᠨ ᠭᠤᠷᠪᠠᠲᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠶᠢ ᠪᠠᠲᠤᠲᠠᠢ ᠠᠬᠢᠭᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠪᠠ ᠮᠦᠷᠦᠶᠢᠴᠡᠭᠡᠨ ᠤ ᠪᠡᠶ᠎ᠠ ᠶᠢᠨ ᠲᠡᠮᠢᠷ ᠵᠤᠬᠢᠴᠠᠩᠭᠤᠢ ᠬᠦᠭᠵᠢᠪᠡ᠃ ᠲᠤᠤᠷ᠎ᠠ ᠦᠷᠡᠵᠢᠯ ᠤᠨ ᠲᠦᠪᠰᠢᠨ ᠢ ᠲᠤᠠᠠᠳᠠᠪᠤᠷᠢᠵᠢᠭᠤᠯᠵᠦ᠂ ᠲᠦᠷᠦᠭᠰᠡᠨ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠤᠨ ᠵᠦᠷᠢᠶ᠎ᠠ ᠦᠨᠳᠦᠷ ᠪᠠᠶᠢᠬᠤ  ᠠᠰᠠᠭᠤᠲᠡᠯ ᠢ ᠬᠢᠵᠠᠭᠠᠷᠯᠠᠵᠡᠢ᠃ ᠬᠤᠶᠠᠲᠤᠭᠠᠷ ᠤᠲᠠᠭᠠᠨ ᠤ ᠲᠠᠷᠢᠶᠠᠯᠠᠩ ᠤᠨ ᠨᠡᠶᠢᠲᠡᠮ ᠤᠨ ᠪᠠᠶᠢᠴᠠᠭᠠᠯᠲᠠ᠂ ᠠᠵᠤ ᠠᠬᠤᠢ ᠶᠢᠨ ᠨᠡᠶᠢᠲᠡᠮ ᠤᠨ ᠪᠠᠶᠢᠴᠠᠭᠠᠯᠲᠠ ᠪᠠ ᠵᠢᠷᠭᠤᠲᠤᠭᠠᠷ ᠤᠲᠠᠭᠠᠨ ᠤ ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠶᠢ ᠲᠡᠬᠦᠰ ᠠᠮᠵᠢᠯᠲᠡ ᠲᠠᠢ ᠪᠡᠶᠡᠯᠡᠬᠦᠯᠵᠡᠢ᠃ ᠠᠷᠡᠳ ᠤᠨ ᠠᠭᠠᠷ ᠤᠨ ᠰᠡᠷᠬᠡᠶᠢᠯᠡᠯᠲᠡ᠂ ᠴᠠᠭ ᠠᠭᠤᠷ᠂ ᠭᠠᠵᠠᠷ ᠬᠦᠲᠡᠯᠦᠯᠲᠡ᠂ ᠲᠠᠩᠰᠠ ᠡᠪᠬᠡᠮᠡᠯ᠂ ᠲᠡᠦᠬᠡ ᠤᠶᠢᠯᠠᠯᠭ᠎ᠠ᠂ ᠭᠠᠲᠠᠭᠠᠲᠤ     ᠶᠠᠪᠤᠲᠡᠯ᠂ ᠬᠠᠷᠢᠶᠠᠲᠤ ᠶᠢᠨ ᠶᠠᠪᠤᠲᠡᠯ᠂ ᠦᠳᠡᠭᠦᠰᠴᠤᠳ᠂ ᠨᠢᠬᠦᠯᠡᠰᠦᠩᠬᠦᠢ ᠎ ᠶᠢᠨ ᠦᠢᠯᠡᠰ᠂ ᠤᠯᠠᠭᠠᠨ ᠵᠠᠭᠠᠯᠮᠠᠶᠢᠲᠡᠨ᠂ ᠵᠡᠮᠲᠡᠭᠴᠦᠳ᠂ ᠡᠮᠡᠭᠲᠡᠶᠢᠴᠤᠳ ᠬᠡᠦᠬᠡᠳ᠂ ᠢᠲᠡᠬᠡᠨ ᠡᠮ ᠤᠨ ᠵᠦᠢᠯ ᠵᠡᠷᠬᠡ ᠠᠵᠢᠯ ᠤᠳ  ᠴᠦᠮ ᠰᠢᠨ᠎ᠡ ᠪᠦᠲᠦᠮᠵᠢ ᠤᠯᠪᠠ᠃     ︵ᠶᠢᠰᠤ︶  ᠤᠶᠤᠨ ᠤ ᠪᠤᠯᠪᠠᠰᠤᠨ ᠪᠠ ᠠᠷᠡᠳᠴᠢᠯᠠᠯ ᠬᠠᠦᠯᠢ ᠲᠦᠷᠢᠮ ᠤᠨ ᠪᠠᠶᠢᠭᠤᠯᠤᠯᠲᠡ ᠰᠢᠨ᠎ᠡ ᠪᠦᠲᠦᠮᠵᠢ ᠤᠯᠪᠠ᠃ ︽ᠤᠯᠠᠭᠠᠨᠬᠠᠲᠠ ᠶᠢᠨ ᠵᠤᠷᠢᠭ ᠰᠠᠨᠠᠭ᠎ᠠ︾᠎ ᠶᠢ ᠶᠡᠬᠡᠪᠡᠷ ᠶᠠᠷᠢᠯᠴᠠᠬᠤ ᠠᠵᠢᠯᠯᠠᠭᠠᠨ ᠢ ᠬᠦᠨᠵᠡᠬᠡᠢ ᠦᠷᠨᠢᠬᠦᠯᠵᠦ᠂ 2010 ᠤᠨ ᠤ ᠪᠦᠬᠦ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠡ ᠶᠢᠨ ᠲᠤᠷᠰᠢᠯᠭ᠎ᠠ ᠰᠤᠯᠢᠯᠴᠠᠬᠤ ᠬᠤᠷᠡᠯ ᠢ ᠠᠮᠵᠢᠯᠲᠡ ᠲᠠᠢ ᠡᠷᠬᠢᠯᠡᠵᠦ᠂ ᠪᠦᠬᠦ ᠤᠯᠤᠰ ᠤᠨ ᠪᠤᠯᠪᠠᠰᠤᠨ ᠬᠤᠲᠠ ᠶᠢᠨ ᠠᠳᠠᠯᠢᠳᠬᠠᠯ ᠳᠤ ᠨᠡᠷ᠎ᠡ ᠲᠤᠷᠡᠲᠤᠲᠠᠭᠰᠠᠨ ᠬᠢᠷᠢ ᠬᠡᠮ ᠢ ᠤᠯᠵᠡᠢ᠃ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠳᠤ ᠨᠡᠶᠢᠳᠡ64 ᠤᠳᠠᠭ᠎ᠠ ᠠᠵᠢᠯ ᠤᠨ ᠬᠠᠷᠢᠭᠤ ᠮᠡᠳᠡᠭᠦᠯᠦᠯᠳᠡ ᠬᠢᠵᠦ᠂ ᠤᠯᠤᠰ ᠲᠦᠷᠦ ᠶᠢᠨ ᠵᠦᠪᠯᠡᠯᠭᠡᠨ ᠤ ᠪᠠᠶᠢᠡᠭᠭᠤ ᠶᠢᠨ ᠬᠤᠷᠢᠶ᠎ᠠ ᠳᠤ14 ᠤᠳᠠᠭ᠎ᠠ ᠪᠠᠶᠢᠳᠠᠯ ᠤᠨ ᠮᠡᠳᠡᠭᠦᠯᠦᠯᠳᠡ ᠬᠢᠵᠦ᠂ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ  ᠬᠠᠤᠯᠢ  ᠶᠤᠰᠤᠨ ᠤ ᠬᠢᠨᠠᠯᠲᠡ ᠪᠠ ᠤᠯᠤᠰ ᠲᠦᠷᠦ ᠶᠢᠨ ᠵᠦᠪᠯᠡᠯᠬᠡᠨ ᠤ ᠠᠷᠳᠴᠢᠯᠠᠯ ᠤᠨ ᠬᠢᠨᠠᠯᠲᠡ ᠶᠢ ᠤᠬᠠᠮᠰᠡᠷ ᠎ ᠠᠴᠠ ᠪᠠᠨ ᠬᠦᠯᠢᠶᠡᠵᠤ᠂ ᠡᠯ᠎ᠡ ᠠᠷᠡᠳᠴᠢᠯᠠᠭᠰᠡᠨ ᠨᠠᠮ ᠪᠦᠯᠦᠭ᠂ ᠦᠢᠯᠡᠳᠪᠦᠷᠢ ᠬᠤᠲᠡᠯᠲᠤᠭ᠎ᠠ ᠶᠢᠨ ᠬᠢᠨ ᠤ ᠬᠤᠯᠪᠤᠭ᠎ᠠ ᠪᠠ ᠨᠠᠮ ᠪᠤᠰᠤ ᠬᠦᠮᠦᠰ ᠤᠨ ᠰᠠᠨᠠᠯ ᠢ ᠨᠠᠷᠢᠨ ᠬᠢᠨᠠᠮᠠᠭᠠᠢ ᠰᠤᠨᠤᠰᠴᠤ᠂  ᠠᠷᠠᠳ ᠤᠨ ᠲᠦᠯᠦᠬᠡᠯᠡᠭᠴᠢᠳ ᠤᠨ ᠰᠠᠨᠠᠭᠤᠯᠭ᠎ᠠ ᠰᠠᠨᠠᠯ ᠢ 623 ᠬᠤᠪᠢ ᠪᠠ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠲᠤᠷᠡᠲᠤᠯᠭ᠎ᠠ ᠶᠢ 1171 ᠬᠤᠪᠢ ᠬᠦᠢᠴᠡᠳᠬᠡᠪᠡ᠃ ᠬᠢᠨᠠᠨ ᠪᠤᠲᠤᠬᠤ ᠬᠢᠨᠠᠯᠲᠠ ᠲᠡᠯᠪᠢᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠭᠤᠤᠯᠲᠡᠯᠭᠠᠲᠡᠢ ᠬᠦᠷᠢᠶ᠎ᠡ ᠬᠡᠪᠴᠢᠶ᠎ᠡ ᠪᠠ ᠲᠤᠰᠬᠠᠢ ᠲᠦᠷᠦᠯ ᠤᠨ ᠪᠡᠯᠡ ᠮᠦᠡᠭᠭᠦᠨ ᠤ ᠬᠢᠨᠠᠨ ᠪᠤᠳᠤᠯᠳᠡ ᠪᠤᠲᠤᠬᠤ ᠶᠢ ᠴᠢᠩᠭᠠᠷᠡᠭᠤᠯᠵᠤ᠂ ᠴᠢᠬᠡᠴᠢ ᠵᠠᠰᠠᠭ ᠤᠨ ᠪᠠᠶᠢᠭᠤᠯᠤᠯᠲᠡ ᠪᠠ ᠢᠯᠵᠡᠷᠡᠯ ᠢ ᠡᠰᠡᠷᠬᠦᠴᠡᠬᠦ ᠲᠡᠮᠡᠴᠡᠯ ᠢ ᠬᠦᠨᠵᠡᠬᠡᠢ ᠦᠷᠨᠢᠬᠦᠯᠪᠡ᠃ ︽ᠲᠠᠪᠤ ᠲᠠᠪᠤ︾᠎ ᠶᠢᠨ ᠬᠠᠤᠯᠢ ᠲᠦᠬᠡᠮᠡᠯᠵᠢᠬᠦᠯᠬᠦ ᠲᠦᠯᠦᠪᠵᠢᠬᠦᠯᠬᠡ ᠶᠢ ᠪᠦᠬᠦ ᠲᠡᠯ᠎ᠡ ᠪᠠᠷ ᠪᠡᠶᠡᠯᠡᠬᠦᠯᠵᠦ᠂ ᠬᠠᠦᠯᠢ ᠶᠤᠰᠤᠭᠠᠷ ᠬᠤᠲᠠ ᠪᠠᠨ ᠵᠠᠰᠠᠬᠤ ᠠᠵᠢᠯ ᠰᠢᠨ᠎ᠡ ᠠᠮᠵᠢᠯᠳᠡ ᠤᠯᠪᠠ᠃ ᠬᠤᠲᠠ ᠪᠡ ᠰᠢᠶᠡᠨ ᠬᠤᠶᠡᠷ ᠱᠠᠳᠤᠨ ᠳᠤ ᠵᠠᠬᠢᠲᠡᠯ ᠰᠤᠷᠪᠤᠯᠵᠢᠯᠡᠯ ᠢ ᠬᠦᠯᠢᠶᠡᠨ ᠠᠪᠬᠤ ᠬᠠᠮᠳᠤᠷᠬᠠᠰᠠᠨ ᠲᠦᠪ ᠪᠠᠶᠢᠭᠤᠯᠵᠤ᠂ ᠨᠡᠶᠢᠬᠡᠮ ᠤᠨ ᠵᠦᠷᠢᠴᠡᠯ ᠢ ᠪᠠᠶᠢᠴᠠᠭᠠᠵᠤ ᠵᠢᠠᠠᠰᠠᠭᠠᠨ ᠨᠠᠮᠳᠠᠭᠠᠨ ᠰᠢᠢᠳᠪᠤᠷᠢᠯᠡᠭᠦ ᠠᠵᠢᠯ ᠢ ᠬᠦᠨᠵᠡᠬᠡᠢ ᠠᠬᠢᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠨᠢᠬᠡ ᠪᠦᠯᠦᠭ ᠲᠤᠪᠤᠶᠢᠮ᠎ᠠ ᠠᠰᠠᠭᠤᠲᠡᠯ ᠢ ᠲᠦᠪᠯᠡᠷᠡᠬᠦᠯᠦᠨ ᠰᠢᠢᠳᠪᠦᠷᠢᠯᠡᠪᠡ᠃ ᠭᠤᠤᠯᠲᠠᠯᠭᠠᠲᠠᠢ ᠠᠵᠢᠯ ᠲᠦᠷᠦᠯ ᠪᠠ ᠬᠦᠷᠢᠶ᠎ᠡ ᠬᠡᠪᠴᠢᠶᠡᠨ ᠤ ᠠᠶᠤᠯᠬᠦᠢ ᠶᠢᠨ ᠬᠢᠨᠠᠯᠲᠡ ᠬᠠᠮᠢᠶᠡᠷᠤᠯᠲᠠ ᠶᠢ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠲᠦᠪᠰᠢᠨ ᠯᠠᠪᠲᠡᠭᠤᠨ ᠢᠶᠠᠷ ᠲᠡᠬᠡᠭᠰᠢᠯᠡᠪᠡ᠃ ᠡᠯ᠎ᠡ ᠲᠦᠷᠦᠯ ᠤᠨ ᠬᠡᠨᠡᠳᠲᠡ ᠶᠢᠨ ᠬᠡᠷᠡᠭ ᠢ ᠪᠦᠲᠦᠮᠵᠢᠲᠡᠢ ᠰᠡᠷᠭᠡᠶᠢᠯᠡᠨ ᠵᠤᠬᠢᠰᠲᠡᠢ ᠰᠢᠢᠳᠪᠦᠷᠢᠯᠡᠵᠦ᠂ ᠴᠢᠩᠭ᠎ᠠ ᠴᠤᠬᠢᠯᠲᠠ ᠦᠭᠴᠦ ᠴᠡᠭᠴᠡᠯᠡᠨ ᠵᠠᠰᠠᠬᠤ ᠶᠢ ᠬᠦᠨᠵᠡᠬᠡᠢ ᠦᠷᠨᠢᠬᠦᠯᠵᠦ᠂ ᠨᠡᠶᠢᠬᠡᠮ ᠤᠨ ᠶᠡᠭᠡ ᠲᠠᠯ᠎ᠡ ᠶᠢᠨ ᠲᠤᠭᠲᠠᠭᠤᠨ ᠢ ᠪᠠᠲᠤᠯᠠᠪᠠ᠃ ᠨᠠᠮ ᠤᠨ ᠦᠨᠳᠦᠰᠦᠲᠡᠨ ᠱᠠᠰᠢᠨ ᠰᠤᠷᠲᠡᠬᠤᠨ ᠤ  ᠲᠤᠬᠠᠢ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂  ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠪᠠ ᠱᠠᠰᠢᠨ ᠰᠤᠷᠲᠠᠬᠤᠨ ᠤ ᠢᠲᠡᠬᠡᠯ ᠪᠢᠰᠢᠷᠡᠯ ᠤᠨ ᠡᠷᠬᠡ ᠴᠢᠯᠦᠬᠡ ᠪᠠᠲᠤᠯᠠᠭ᠎ᠠ ᠲᠠᠢ ᠪᠤᠯᠪᠠ᠃  ᠲᠤᠯᠤᠭᠠᠨ ᠵᠢᠯ ᠲᠠᠷᠠᠭᠠᠯᠠᠨ ᠪᠦᠬᠦ ᠤᠯᠤᠰ ᠤᠨ ᠬᠤᠶᠠᠷ  ᠎ ᠢ ᠭᠦᠷᠢᠶᠡᠯᠡᠭᠰᠡᠨ ᠵᠢᠱᠢᠶᠡᠴᠢ ᠬᠤᠲᠠ ᠪᠤᠯᠵᠤ᠂ ᠴᠡᠷᠢᠭ ᠭᠠᠵᠠᠷ ᠤᠷᠤᠨ᠂ ᠴᠡᠷᠢᠭ ᠠᠷᠡᠳ ᠤᠨ ᠬᠠᠷᠢᠴᠠᠭ᠎ᠠ ᠶᠢ ᠨᠡᠩ ᠡᠶ᠎ᠡ ᠵᠤᠭᠢᠴᠠᠯ ᠲᠠᠢ ᠪᠤᠯᠭᠠᠪᠡ᠃      ᠰᠠᠶ᠋ᠢᠬᠠᠨ ᠦᠩᠬᠡᠷᠡᠭᠰᠡᠨ 2012 ᠤᠨ ᠳᠤ᠂ ᠲᠦᠪᠡᠭ ᠪᠤᠲᠤᠯᠢᠶᠡᠨ ᠲᠠᠢ ᠬᠤᠷᠸ᠎ᠠ ᠪᠠᠶᠢᠲᠡᠯ ᠤᠨ ᠡᠮᠦᠨ᠎ᠡ᠂ ᠪᠢᠲᠡ ᠰᠢᠨᠵᠢᠯᠡᠬᠦ ᠤᠬᠠᠭᠠᠨᠴᠢ ᠬᠦᠭᠵᠢᠯᠲᠡ ᠎ ᠶᠢᠨ ᠦᠵᠡᠯᠲᠡ ᠶᠢ ᠬᠦᠨᠵᠡᠬᠡᠢ ᠲᠤᠤᠱᠯᠠᠭᠤᠯᠤᠨ ᠨᠠᠶᠢᠲᠡᠪᠤᠷᠢᠵᠢᠭᠤᠯᠵᠤ᠂ ᠬᠦᠴᠦᠨ ᠢᠶᠠᠨ ᠲᠦᠪᠯᠡᠷᠡᠬᠦᠯᠦᠨ ᠨᠡᠮᠡᠭᠲᠡᠯ ᠢ ᠪᠠᠲᠤᠯᠠᠵᠤ᠂ ᠪᠦᠲᠦᠴᠡ ᠪᠠᠨ ᠲᠤᠬᠢᠷᠡᠭᠤᠯᠵᠤ ᠂ ᠠᠷᠡᠳ ᠲᠤ ᠠᠰᠢᠭ ᠬᠦᠷᠲᠡᠬᠡᠵᠦ᠂ ᠡᠶ᠎ᠡ  ᠵᠤᠭᠢᠴᠠᠯ ᠢ ᠠᠭᠢᠭᠤᠯᠤᠨ᠂ ᠠᠵᠤ ᠠᠬᠤᠢ ᠨᠡᠶᠢᠬᠡᠮ ᠤᠨ ᠬᠦᠭᠵᠢᠯᠲᠡ ᠪᠠᠰᠠ ᠰᠢᠨ᠎ᠡ ᠪᠦᠲᠦᠮᠵᠢ ᠤᠯᠵᠡᠢ᠃ ᠵᠢᠱᠢᠯᠳᠡ ᠎ ᠪᠠᠷ  ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ  ᠦᠷᠲᠡᠭ 14% ᠤᠷᠴᠢᠮ ᠨᠡᠮᠡᠭᠲᠡᠵᠤ᠂ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 15.2%᠎ ᠪᠠᠷ ᠨᠡᠮᠡᠭᠳᠡᠨ᠂ ᠬᠤᠲᠠ ᠪᠠᠯᠭᠠᠰᠤᠨ ᠤ ᠰᠠᠭᠤᠭᠠᠯᠢ ᠠᠷᠡᠳ ᠤᠨ ᠲᠤᠮᠲᠠᠴᠢ ᠵᠠᠷᠤᠴᠠᠭᠤᠯᠵᠤ ᠪᠤᠯᠬᠤ ᠤᠷᠤᠯᠭ᠎ᠠ ᠪᠠ ᠲᠠᠷᠢᠶᠡᠴᠢᠳ ᠮᠠᠯᠴᠢᠳ ᠎ ᠤᠨ ᠬᠦᠮᠦᠨ ᠪᠦᠷᠢ ᠶᠢᠨ ᠲᠤᠮᠲᠠᠴᠢ ᠴᠡᠪᠡᠷ ᠤᠷᠤᠯᠭ᠎ᠠ ᠴᠦᠮ 15% ᠤᠷᠴᠢᠮ ᠨᠡᠮᠡᠭᠳᠡᠨ᠎ᠡ᠃ ᠦᠪᠡᠷᠲᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠡᠨᠧᠷᠬᠢ ᠠᠷᠪᠢᠯᠠᠵᠤ ᠪᠤᠬᠢᠷᠲᠤᠯ ᠪᠠᠭᠠᠰᠬᠠᠬᠤ ᠡᠬᠦᠷᠬᠡ ᠶᠢ ᠪᠡᠶᠡᠯᠡᠬᠦᠯᠵᠦ᠂ ᠬᠤᠲᠠ ᠪᠠᠯᠭᠠᠰᠤᠨ ᠤ ᠲᠠᠩᠰᠠᠯᠠᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ ᠵᠢᠱᠢᠭᠰᠡᠨ ᠬᠠᠷᠡᠯᠲᠠ ᠎ ᠶᠢᠨ ᠲᠤᠲᠤᠷ᠎ᠠ ᠬᠢᠵᠠᠭᠠᠷᠯᠠᠪᠠ᠃    ᠲᠦᠯᠦᠬᠡᠯᠡᠭᠴᠢᠳ ᠡ᠂ ᠦᠩᠬᠡᠷᠡᠭᠰᠡᠨ ᠲᠠᠪᠤᠨ ᠵᠢᠯ ᠢ ᠡᠷᠬᠢᠴᠡᠬᠦᠯᠪᠡᠯ᠂ ᠪᠢᠲᠡ ᠬᠦᠨᠵᠡᠬᠡᠢ ᠤᠶᠢᠯᠠᠭᠠᠵᠤ ᠪᠤᠯᠬᠤ ᠨᠢ᠂ ᠠᠵᠤ ᠠᠬᠤᠢ ᠨᠡᠶᠢᠬᠡᠮ ᠤᠨ ᠰᠠᠶᠢᠨ ᠮᠦᠷᠲᠡᠬᠡᠨ ᠲᠦᠷᠬᠡᠨ ᠭᠦᠭᠵᠢᠭᠦ ᠶᠢ ᠪᠠᠶᠡᠯᠡᠬᠦᠯᠬᠦ ᠳᠤ ᠡᠷᠬᠡᠪᠰᠢ ᠬᠦᠭᠵᠢᠯᠲᠡ ᠪᠤᠯ ᠲᠡᠷᠢᠬᠦᠨ ᠴᠢᠬᠤᠯᠡ ᠡᠬᠦᠷᠬᠡ ᠪᠤᠯᠬᠤ ᠶᠢ ᠪᠠᠲᠤ ᠡᠵᠡᠮᠲᠡᠵᠤ᠂ ᠤᠶᠤᠨ ᠤᠬᠠᠭᠠᠨ ᠎ ᠢᠶᠠᠨ ᠲᠦᠪᠯᠡᠷᠡᠬᠦᠯᠦᠨ ᠪᠦᠲᠦᠬᠡᠨ ᠪᠠᠶᠢᠭᠤᠯᠤᠯᠲᠡ ᠬᠢᠵᠦ᠂ ᠨᠢᠬᠡ ᠰᠡᠳᠬᠢᠯ ᠨᠢᠭᠡ ᠵᠤᠷᠢᠭ ᠢᠶᠠᠷ ᠬᠦᠭᠵᠢᠯᠲᠡ ᠶᠢ ᠡᠷᠢᠯᠬᠢᠯᠡᠵᠦ᠂ ᠬᠦᠭᠵᠢᠯᠲᠡ ᠶᠢᠨ ᠲᠤᠮᠲᠠ ᠪᠦᠲᠦᠴᠡ ᠪᠠᠨ ᠰᠢᠯᠢᠲᠡᠭᠵᠢᠬᠦᠯᠵᠦ᠂ ᠠᠷᠭ᠎ᠠ ᠬᠡᠯᠪᠡᠷᠢ ᠪᠠᠨ ᠬᠤᠪᠢᠷᠡᠭᠤᠯᠵᠤ᠂ ᠶᠠᠰᠤ ᠴᠢᠨᠡᠷ ᠢᠶᠠᠨ ᠲᠡᠬᠡᠭᠰᠢᠯᠡᠬᠦᠯᠵᠦ ᠦᠷ᠎ᠡ ᠠᠰᠢᠭ ᠢᠶᠠᠨ ᠨᠡᠮᠡᠭᠲᠡᠬᠦᠯᠬᠦ ᠪᠠᠷ ᠴᠢᠷᠮᠠᠶᠢᠬᠤ ᠬᠡᠷᠡᠭᠲᠡᠢ︔ ᠡᠷᠬᠡᠪᠰᠢ ᠠᠷᠡᠳ ᠤᠨ ᠠᠮᠢᠲᠤᠷᠡᠯ ᠢᠶᠠᠷ ᠦᠨᠳᠦᠰᠦ ᠪᠤᠯᠭᠠᠬᠤ ᠤᠶᠢᠯᠠᠭᠠᠭᠲᠠᠬᠤᠨ ᠢ ᠪᠤᠢ ᠪᠤᠯᠭᠠᠵᠤ᠂ ᠪᠦᠬᠦ ᠬᠦᠴᠦᠨ ᠢᠶᠠᠨ ᠰᠢᠪᠬᠠᠨ ᠤᠯᠠᠨ ᠲᠦᠮᠡᠨ ᠳᠤ ᠠᠰᠢᠭ ᠲᠤᠰᠠ ᠬᠦᠷᠲᠡᠬᠡᠵᠤ᠂ ᠦᠬᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠬᠡᠯ ᠢ ᠨᠡᠩ ᠠᠷᠪᠢᠨ ᠨᠡᠩ ᠭᠤᠤᠯᠴᠢ ᠪᠠᠷ ᠦᠷᠬᠡᠨ ᠤᠯᠠᠨ ᠠᠷᠡᠳ ᠲᠦᠮᠡᠨ ᠳᠤ ᠬᠦᠷᠲᠡᠬᠡᠬᠦ ᠬᠡᠷᠡᠭᠲᠡᠢ︔ ᠡᠷᠬᠡᠪᠰᠢ ᠦᠵᠡᠯ ᠰᠠᠨᠠᠭ᠎ᠠ ᠪᠠᠨ ᠲᠠᠰᠤᠷᠡᠯ ᠦᠬᠡᠢ ᠴᠢᠯᠦᠬᠡᠯᠡᠵᠦ᠂ ᠦᠬᠡᠷᠡᠴᠢᠯᠡᠯᠲᠠ ᠡᠭᠦᠳᠦᠯᠳᠡ ᠪᠠᠷ ᠬᠦᠭᠵᠢᠯᠲᠡ ᠎ ᠶᠢᠨ ᠪᠡᠷᠭᠡ ᠠᠰᠠᠭᠤᠲᠡᠯ ᠢ ᠰᠢᠢᠳᠪᠤᠷᠢᠯᠡᠵᠦ᠂ ᠭᠠᠲᠠᠭᠠᠲᠤ ᠨᠡᠬᠡᠬᠡᠯᠲᠡ ᠳᠤ ᠲᠦᠰᠢᠭᠯᠡᠨ ᠬᠦᠭᠵᠢᠯᠲᠡ ᠶᠢᠨ ᠠᠮᠢᠵᠢᠷᠡᠯ ᠤᠨ ᠬᠦᠴᠦᠨ ᠢ ᠨᠡᠮᠡᠭᠲᠡᠬᠦᠯᠬᠦ  ᠎ ᠶᠢ ᠪᠠᠷᠢᠮᠳᠠᠯᠠᠬᠤ ᠬᠡᠷᠡᠭᠲᠡᠢ︔ ᠡᠷᠬᠡᠪᠰᠢ ᠠᠵᠢᠯ ᠬᠢᠵᠤ ᠦᠢᠯᠡᠰ ᠪᠦᠲᠦᠬᠡᠬᠦ ᠤᠭᠢ ᠰᠢᠯᠢᠳᠡᠭ ᠤᠶᠤᠨ ᠰᠠᠨᠠᠭᠠᠨ ᠤ ᠪᠠᠶᠢᠳᠠᠯ ᠢ ᠢᠮᠬᠠᠳᠠ ᠪᠠᠷᠢᠮᠲᠠᠯᠠᠵᠤ᠂ ᠵᠠᠯᠬᠠᠭᠤᠷᠡᠬᠤ ᠦᠬᠡᠢ᠂ ᠮᠡᠬᠡᠯᠡᠬᠦ ᠦᠬᠡᠢ᠂ ᠵᠦᠷᠢᠴᠡᠯ ᠠᠴᠠ ᠵᠠᠶᠢᠯᠠᠬᠤ ᠦᠬᠡᠢ᠂ ᠬᠡᠯᠡᠪᠡᠯ ᠬᠢᠵᠤ᠂ ᠬᠢᠪᠡᠯ ᠪᠦᠲᠦᠮᠵᠢ ᠭᠠᠷᠭᠠᠬᠤ ᠭᠡᠷᠡᠭᠳᠡᠢ︔ ᠡᠷᠬᠡᠪᠰᠢ ᠰᠡᠳᠬᠢᠯ ᠢᠶᠠᠨ ᠲᠦᠪᠯᠡᠷᠡᠬᠦᠯᠦᠨ ᠬᠦᠴᠦᠨ ᠢᠶᠠᠨ ᠬᠠᠮᠲᠤᠳᠬᠠᠵᠤ᠂ ᠢᠲᠡᠬᠡᠯ ᠵᠤᠷᠢᠭ ᠢᠶᠠᠨ ᠬᠦᠪᠴᠢᠯᠠᠵᠤ᠂ ᠭᠤᠶᠢᠪᠢᠯᠵᠢᠬᠤ ᠦᠬᠡᠢ᠂ ᠠᠯᠮᠠᠶᠢᠷᠡᠬᠤ ᠦᠬᠡᠢ᠂ ᠲᠡᠩᠰᠡᠯᠬᠦ ᠦᠬᠡᠢ᠂ ᠨᠢᠬᠡ ᠰᠡᠳᠬᠢᠯ ᠨᠡᠶᠢᠲᠠ ᠶᠢᠨ ᠵᠤᠷᠢᠭ ᠢᠶᠠᠷ ᠬᠠᠮᠳᠤᠪᠡᠷ ᠢᠶᠠᠨ ᠭᠦᠭᠵᠢᠯᠳᠡ ᠶᠢ ᠡᠷᠢᠯᠭᠢᠯᠡᠭᠦ ᠬᠦᠭᠵᠢᠬᠦ ᠬᠦᠴᠦᠷᠬᠡᠭ ᠶᠡᠭᠡ ᠬᠠᠮᠳᠦ ᠶᠢᠨ ᠬᠦᠴᠦᠨ ᠢ ᠪᠤᠢ ᠪᠤᠯᠭᠠᠬᠤ ᠬᠡᠷᠡᠭᠲᠡᠢ᠃ ᠡᠲᠡᠬᠡᠷ ᠪᠦᠬᠦᠨ ᠨᠢ ᠴᠦᠮ ᠦᠩᠭᠡᠷᠡᠭᠰᠡᠨ ᠲᠠᠪᠤᠨ ᠵᠢᠯ ᠤᠨ ᠬᠤᠷᠡᠮᠲᠤᠭᠤᠯᠤᠭᠰᠡᠨ ᠨᠠᠨᠲᠢᠨ ᠲᠤᠷᠰᠢᠯᠭ᠎ᠠ ᠮᠦᠷᠲᠡᠬᠡᠨ ᠮᠠᠨ ᠤ ᠬᠤᠶᠢᠰᠢᠲᠠ ᠶᠢᠨ ᠨᠢᠬᠡ ᠬᠤᠭᠤᠴᠠᠭᠠᠨ ᠳᠤ ᠡᠷᠬᠡᠪᠰᠢ ᠪᠠᠷᠢᠮᠲᠡᠯᠡᠬᠤ ᠴᠢᠬᠤᠯᠡ ᠵᠠᠷᠴᠢᠮ ᠪᠤᠯᠤᠨ᠎ᠠ᠃     ᠲᠦᠯᠦᠬᠡᠯᠡᠭᠴᠢᠳ ᠡ᠂ ᠲᠠᠪᠤᠨ ᠵᠢᠯ ᠤᠨ ᠬᠦᠭᠵᠢᠯᠲᠡ ᠬᠠᠳᠠᠭᠤ ᠰᠢᠷᠭᠠᠭᠤ ᠪᠠᠶᠢᠭᠰᠡᠨ ᠴᠤ ᠲᠠᠪᠤᠨ ᠵᠢᠯ ᠤᠨ ᠠᠮᠵᠢᠯᠲᠡ ᠨᠢ ᠬᠦᠮᠦᠰ ᠢ ᠵᠤᠷᠢᠠᠠᠵᠢᠭᠤᠯᠬᠤ ᠶᠤᠮ᠃ ᠡᠲᠡᠬᠡᠷ ᠠᠮᠵᠢᠯᠲᠠ ᠨᠢ ᠦᠩᠬᠡᠷᠡᠭᠰᠡᠨ ᠤ ᠤᠲᠤᠷᠢᠳᠬᠤ ᠪᠠᠭ ᠤᠳ ᠤᠨ ᠲᠠᠯᠪᠢᠭᠰᠡᠨ ᠰᠠᠶᠢᠨ ᠰᠠᠭᠤᠷᠢ ᠠᠴᠠ ᠢᠷᠡᠵᠦ᠂ ᠪᠦᠬᠦ ᠬᠤᠲᠠ ᠶᠢᠨ ᠺᠠᠳ᠋ᠷ ᠤᠯᠠᠨ ᠲᠦᠮᠡᠨ ᠤ ᠬᠦᠯᠦᠰᠦ ᠴᠢᠰᠦ ᠪᠠᠷ ᠪᠦᠷᠢᠯᠳᠦᠵᠦ᠂ ᠨᠡᠶᠢᠬᠡᠮ ᠤᠨ ᠡᠯ᠎ᠡ ᠡᠲᠡᠬᠡᠳ ᠤᠨ ᠬᠢᠨ ᠤ ᠲᠡᠮᠵᠢᠯᠬᠡ ᠪᠠ ᠬᠠᠮᠵᠢᠯᠴᠠᠭ᠎ᠠ ᠠᠴᠠ ᠰᠠᠯᠤᠰᠢ ᠦᠬᠡᠢ ᠶᠤᠮ᠃ ᠠᠲᠠ ᠪᠢ ᠬᠤᠲᠠ ᠶᠢᠨ ᠠᠷᠡᠳ ᠤᠨ ᠵᠠᠰᠠᠭ ᠤᠨ ᠤᠷᠲᠤᠨ ᠤ ᠡᠮᠦᠨ᠎ᠡ ᠠᠴᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠡᠳ ᠲᠦᠮᠡᠨ᠂ ᠡᠯ᠎ᠡ ᠹᠷᠤᠨᠲ ᠲᠤ ᠰᠢᠷᠭᠠᠠᠭᠤ ᠠᠵᠢᠯᠯᠠᠵᠤ ᠴᠢᠷᠮᠠᠶᠢᠯᠭ᠎ᠠ ᠭᠠᠷᠭᠠᠭᠰᠡᠨ ᠨᠦᠬᠦᠳ᠂ ᠤᠯᠠᠭᠠᠨᠬᠠᠲᠠ ᠶᠢᠨ ᠬᠦᠭᠵᠢᠯᠲᠡ ᠳᠤ ᠬᠠᠯᠠᠮᠵᠢᠯᠠᠯ ᠲᠡᠮᠵᠢᠯᠬᠡ ᠦᠵᠡᠬᠦᠯᠦᠭᠰᠡᠨ ᠪᠦᠬᠦ ᠨᠠᠶᠢᠵᠠ ᠨᠦᠬᠦᠳ ᠲᠤ ᠡᠷᠬᠢᠮ ᠲᠡᠬᠡᠲᠦ ᠮᠡᠨᠲᠦᠴᠢᠯᠠᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠦᠶ᠎ᠡ︕      ᠠᠮᠵᠢᠯᠲᠡ ᠪᠦᠲᠦᠬᠡᠯ ᠢᠶᠠᠨ ᠤᠯᠵᠤ ᠦᠵᠡᠬᠦ ᠶᠢᠨ ᠵᠡᠷᠬᠡᠪᠡᠷ ᠪᠢᠲᠡ ᠵᠦᠷᠢᠴᠡᠯ ᠪᠠ ᠠᠰᠠᠭᠤᠲᠡᠯ ᠤᠷᠤᠰᠢᠵᠤ ᠪᠠᠶᠢᠬᠤ ᠶᠢ ᠰᠡᠷᠬᠡᠭ ᠢᠶᠠᠷ ᠲᠠᠨᠢᠵᠤ ᠤᠯᠬᠤ ᠬᠡᠷᠡᠭᠲᠡᠢ᠃ ᠨᠢᠬᠡ ᠳᠤ ᠪᠦᠬᠦᠶᠢᠯᠡ ᠠᠵᠤ ᠠᠬᠤᠢ ᠶᠢᠨ ᠪᠤᠲᠠᠲᠤ ᠬᠦᠴᠦᠨ ᠬᠦᠴᠦᠷᠬᠡᠭ ᠪᠢᠰᠢ᠃ ᠭᠦᠭᠵᠢᠭᠡᠳᠦᠢ ᠬᠤᠳᠠ ᠶᠢᠨ ᠪᠠᠶᠢᠳᠠᠯ ᠢᠶᠠᠨ ᠪᠠᠰᠠ ᠦᠨᠳᠦᠰᠦᠨ ᠎ ᠠᠴᠠ ᠨᠢ  ᠬᠤᠪᠢᠷᠠᠭᠤᠯᠵᠦ ᠴᠢᠳᠠᠭᠠᠳᠦᠢ  ᠂ ᠠᠵᠤ ᠠᠬᠤᠢ ᠶᠢᠨ ᠶᠡᠷᠦᠩᠬᠡᠢ ᠬᠡᠮᠵᠢᠶ᠎ᠠ ᠪᠠᠨ ᠨᠡᠮᠡᠭᠲᠡᠬᠦᠯᠵᠦ᠂ ᠭᠠᠵᠠᠷ ᠤᠷᠤᠨ ᠤ ᠶᠡᠷᠦᠩᠬᠡᠶᠢᠯᠡᠭᠰᠡᠨ ᠦᠷᠢᠰᠦᠯᠲᠦᠬᠡᠨ ᠎ ᠤ ᠬᠦᠴᠦᠨ ᠢᠶᠠᠨ ᠲᠡᠬᠡᠭᠰᠢᠯᠡᠬᠦᠯᠬᠦ ᠡᠬᠦᠷᠬᠡ  ᠮᠦᠨ ᠲᠤᠩ ᠬᠠᠳᠠᠭᠤ ᠪᠡᠷᠭᠡ ᠪᠠᠶᠢᠭᠰᠠᠭᠠᠷ᠃ ᠬᠤᠶᠠᠷ ᠲᠤ ᠠᠵᠤ ᠦᠢᠯᠡᠰ ᠤᠨ ᠲᠡᠰ ᠲᠠᠪᠬᠤᠷᠭ᠎ᠠ ᠲᠤᠤᠷ᠎ᠠ᠂ ᠬᠡᠯᠬᠢᠶᠡᠰᠤ ᠪᠤᠭᠤᠨᠢ᠂ ᠰᠢᠨ᠎ᠡ ᠪᠠᠷ ᠪᠤᠢ ᠪᠤᠯᠤᠠᠠᠰᠠᠨ ᠠᠵᠤ ᠦᠢᠡᠯᠰ ᠤᠨ ᠬᠦᠭᠵᠢᠯᠲᠡ ᠲᠤᠲᠠᠮᠠᠭ᠂ ᠤᠲᠤᠬᠢᠴᠢᠯᠠᠭᠰᠡᠨ ᠦᠢᠯᠡᠴᠢᠯᠡᠬᠡᠨ ᠤ ᠦᠢᠯᠡᠰ᠂ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠪᠠ ᠲᠤᠮᠲᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢ ᠲᠦᠷᠬᠡᠳᠬᠡᠬᠦ ᠴᠢᠬᠤᠯᠠᠲᠡᠢ ᠪᠠᠶᠢᠨ᠎ᠠ︔ ᠭᠤᠷᠪᠠ ᠳᠤ ᠠᠵᠤ ᠠᠬᠤᠢ ᠎ ᠶᠢᠨ ᠨᠡᠮᠡᠭᠲᠡᠯ ᠤᠨ ᠬᠡᠯᠪᠡᠷᠢ ᠨᠡᠯᠢᠶᠡᠳ ᠪᠦᠲᠦᠬᠦᠯᠢᠭ᠂ ᠬᠡᠰᠡᠭ ᠪᠦᠯᠦᠭ ᠠᠵᠤ ᠦᠢᠯᠡᠰ ᠤᠨ ᠡᠨᠧᠷᠬᠢ ᠶᠢᠨ ᠬᠤᠷᠤᠭᠲᠡᠯ ᠤᠰᠤᠨ ᠤ ᠬᠤᠷᠤᠭᠲᠠᠯ ᠨᠡᠯᠢᠶᠡᠳ ᠦᠨᠲᠦᠷ ᠂ ᠬᠦᠭᠵᠢᠯᠲᠡ ᠶᠢᠨ ᠡᠬᠢ ᠪᠠᠶᠠᠯᠢᠭ ᠤᠨ ᠡᠭᠢ ᠦᠷᠲᠡᠭ ᠪᠡ ᠤᠷᠴᠢᠨ ᠲᠤᠭᠤᠷᠢᠨ ᠤ ᠵᠠᠷᠤᠴᠠᠭᠤᠯᠵᠦ ᠪᠠᠶᠢᠭ᠎ᠠ ᠦᠨ᠎ᠡ ᠦᠷᠲᠡᠭ ᠨᠡᠯᠢᠶᠡᠳ ᠶᠡᠭᠡ᠂ ᠠᠮᠢ ᠠᠬᠤᠢ ᠶᠢᠨ ᠤᠷᠴᠢᠨ ᠲᠤᠭᠤᠷᠢᠨ ᠪᠠᠰᠠᠴᠤ ᠨᠡᠯᠢᠶᠡᠳ ᠪᠠᠭᠤᠷᠠᠢ ᠪᠠᠶᠢᠵᠦ᠂ ᠡᠨᠧᠷᠬᠢ ᠠᠷᠪᠢᠯᠡᠨ ᠪᠤᠭᠢᠷᠳᠤᠯ ᠢ ᠪᠠᠭᠠᠰᠬᠠᠬᠤ ᠡᠬᠦᠷᠬᠡ ᠬᠦᠨᠲᠦ ᠪᠡᠷᠭᠡ ᠪᠠᠶᠢᠨ᠎ᠠ︔ ᠲᠦᠷᠪᠡ ᠳᠤ ᠬᠤᠲᠠ ᠪᠠᠯᠭᠠᠰᠤᠵᠢᠬᠤ  ᠭᠡᠮᠵᠢᠶ᠎ᠠ ᠨᠡᠯᠢᠶᠡᠳ ᠲᠤᠤᠷ᠎ᠠ᠂ ᠬᠤᠲᠠ ᠬᠦᠲᠡᠭᠡ ᠶᠢᠨ ᠬᠦᠭᠵᠢᠯᠲᠡ ᠲᠡᠩᠴᠡᠬᠦᠷᠢ ᠦᠬᠡᠢ᠂ ᠰᠠᠭᠤᠷᠢ ᠲᠦᠬᠦᠬᠡᠷᠦᠮᠵᠢ ᠶᠢᠨ ᠠᠵᠤ ᠦᠢᠯᠡᠰ ᠎ ᠤᠨ ᠠᠴᠢᠶᠠᠯᠠᠪᠤᠷᠢ ᠶᠢᠨ ᠠᠵᠦ ᠦᠢᠯᠡᠰ ᠪᠡ ᠠᠮᠢᠲᠤᠷᠡᠯ ᠢ ᠪᠠᠲᠤᠯᠠᠬᠤ ᠴᠢᠲᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠬᠤ ᠴᠢᠬᠤᠯᠠᠲᠡᠢ ᠪᠠᠶᠢᠨ᠎ᠠ︔ ᠲᠠᠪᠤ ᠳᠤ ᠬᠤᠲᠠ ᠬᠦᠲᠡᠭᠡ ᠶᠢᠨ ᠰᠠᠭᠤᠭᠠᠯᠢ ᠠᠷᠡᠳ ᠤᠨ ᠤᠷᠤᠯᠭ᠎ᠠ ᠶᠢᠨ ᠭᠡᠮᠵᠢᠶ᠎ᠠ ᠲᠤᠤᠷ᠎ᠠ᠂ ᠠᠵᠤ ᠠᠬᠤᠢ ᠶᠢᠨ ᠨᠡᠮᠡᠭᠲᠡᠯ ᠯᠦᠭᠡ ᠵᠡᠷᠭᠡᠴᠡᠨ ᠵᠤᠬᠢᠴᠠᠯᠲᠤᠬᠤ  ᠎ ᠪᠠᠷ ᠭᠦᠷᠤᠯᠴᠡᠭᠦ ᠦᠬᠡᠢ᠂ ᠬᠡᠰᠡᠭ ᠪᠦᠯᠦᠭ ᠲᠤᠤᠷ᠎ᠠ ᠤᠷᠤᠯᠭᠠᠲᠤ ᠤᠯᠠᠨ ᠲᠦᠮᠡᠨ ᠤ ᠠᠮᠢᠲᠤᠷᠡᠯ ᠪᠠᠰᠠ ᠨᠡᠯᠢᠶᠡᠳ ᠬᠦᠴᠢᠷᠲᠡᠢ᠂ ᠦᠨᠳᠦᠰᠦᠨ ᠤᠯᠠᠨ ᠨᠡᠶᠢᠲᠠ ᠶᠢᠨ ᠦᠢᠯᠡᠴᠢᠯᠡᠭᠡ ᠪᠠ ᠨᠡᠶᠢᠬᠡᠮ ᠤᠨ ᠪᠠᠶᠢᠭᠤᠯᠤᠯᠳᠠ ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠡᠢ ᠪᠠᠶᠢᠨ᠎ᠠ᠃ ᠡᠬᠦᠨ ᠠᠴᠠ ᠭᠠᠲᠠᠨ᠎ᠠ᠂ ᠵᠠᠰᠠᠭ ᠤᠨ ᠤᠷᠲᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠰᠠᠶᠢᠵᠢᠷᠠᠭᠤᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠲᠠᠪᠤᠷᠢ ᠪᠠᠨ ᠲᠦᠷᠭᠡᠭᠡᠨ ᠲᠡᠬᠡᠭᠰᠢᠯᠡᠬᠦᠯᠬᠦ ᠴᠢᠬᠤᠯᠡᠲᠡᠢ ᠪᠠᠶᠢᠨ᠎ᠠ ᠃ ᠡᠲᠡᠬᠡᠷ ᠠᠰᠠᠭᠤᠲᠡᠯ ᠢ ᠪᠢᠲᠡ ᠲᠡᠬᠡᠲᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠬᠤᠶᠢᠰᠢᠲᠠ ᠶᠢᠨ ᠠᠵᠢᠯ ᠲᠤᠮᠲᠠ ᠪᠠᠨ ᠨᠠᠷᠢᠨ ᠬᠢᠨᠠᠮᠠᠭᠠᠢ ᠰᠢᠢᠳᠪᠤᠷᠢᠯᠡᠨ᠎ᠠ᠃      ᠬᠤᠶᠠᠷ᠂ ᠬᠤᠶᠢᠰᠲᠠ ᠶᠢᠨ ᠲᠠᠪᠤᠨ ᠵᠢᠯ ᠤᠨ ᠭᠤᠤᠯ ᠡᠬᠦᠷᠬᠡ      ᠬᠤᠶᠢᠰᠢᠲᠠ ᠶᠢᠨ ᠲᠠᠪᠤᠨ ᠵᠢᠯ ᠪᠤᠯ ᠮᠠᠨ ᠤ ᠬᠤᠲᠠ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠲᠦᠷᠬᠡᠳᠬᠡᠵᠤ᠂ ᠠᠷᠡᠳ ᠢᠶᠠᠨ ᠪᠠᠶᠠᠯᠢᠭᠵᠢᠭᠤᠯᠵᠤ ᠬᠤᠲᠠ ᠪᠠᠨ ᠬᠦᠴᠦᠷᠬᠡᠭᠵᠢᠬᠦᠯᠬᠦ ᠶᠢ ᠪᠡᠶᠡᠯᠡᠬᠦᠯᠵᠦ᠂ ᠴᠢᠨᠡᠬᠡᠯᠢᠭ ᠨᠡᠶᠢᠬᠡᠮ ᠢ ᠪᠦᠬᠦ ᠲᠡᠯ᠎ᠡ ᠪᠠᠷ ᠪᠠᠶᠢᠭᠤᠯᠬᠤ ᠵᠠᠩᠬᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠃ ᠪᠠᠶᠢᠲᠡᠯ ᠢ ᠶᠡᠷᠤᠩᠭᠡᠶᠢᠯᠡᠨ  ᠠᠵᠢᠭᠯᠠᠪᠡᠯ᠂ ᠲᠡᠯᠡᠬᠡᠢ ᠶᠢᠨ ᠠᠵᠤ ᠠᠬᠤᠢ ᠭᠦᠨ ᠰᠢᠯᠵᠢᠯᠲᠠ ᠶᠢᠨ ᠬᠤᠭᠤᠴᠠᠭᠠᠨ ᠳᠤ ᠤᠷᠤᠵᠤ᠂ ᠤᠯᠤᠰ ᠤᠨ ᠲᠤᠲᠤᠭᠠᠲᠤ ᠶᠢᠨ ᠠᠵᠤ ᠠᠬᠤᠢ ᠲᠤᠭᠲᠠᠭᠤᠨ ᠤ ᠲᠤᠮᠳᠠ ᠤᠷᠤᠠᠠᠰᠢᠯᠠᠵᠦ  ᠦᠷᠬᠦᠯᠵᠢᠯᠡᠨ ᠬᠦᠭᠵᠢᠬᠦ  ᠰᠠᠶᠢᠨ ᠬᠠᠨᠲᠤᠰᠢ ᠲᠠᠢ ᠪᠤᠯᠵᠦ᠂ ᠪᠦᠬᠦ ᠤᠷᠤᠨ ᠤ ᠠᠵᠤ ᠠᠬᠤᠢ ᠶᠢᠨ ᠨᠡᠮᠡᠭᠲᠡᠯ ᠦᠷᠬᠦᠯᠵᠢᠯᠡᠨ ᠯᠠᠪᠲᠠᠭᠤᠨ ᠢᠶᠠᠷ ᠬᠦᠭᠵᠢᠬᠦ ᠪᠠᠶᠢᠲᠡᠯ ᠢ ᠪᠠᠲᠤᠯᠠᠵᠤ᠂ ᠬᠤᠷᠸ᠎ᠠ ᠠᠵᠤ ᠠᠬᠤᠢ ᠶᠢᠨ ᠪᠠᠶᠢᠲᠡᠯ ᠨᠢ ᠮᠠᠨ ᠤ ᠬᠤᠲᠠ ᠳᠤ ᠠᠰᠢᠭ ᠤᠯᠠᠨ ᠨᠦᠯᠦᠭᠡ ᠪᠠᠭ᠎ᠠ᠃ ᠲᠦᠷᠦ ᠶᠢᠨ ᠶᠠᠪᠤᠲᠡᠯ ᠤᠨ ᠬᠤᠷᠢᠶᠠᠨ ᠤ 21 ᠳ᠋ᠤᠬᠡᠷ ᠲᠤᠭᠠᠲᠤ ᠪᠢᠴᠢᠭ ᠮᠠᠲ᠋ᠧᠷᠢᠶᠡᠯ ᠢ ᠨᠠᠶᠢᠲᠠᠪᠤᠷᠢᠵᠢᠭᠤᠯᠬᠤ ᠪᠠ ᠪᠠᠷᠠᠭᠤᠨ ᠤᠷᠤᠨ ᠢ ᠶᠡᠬᠡᠪᠡᠷ ᠨᠡᠬᠡᠬᠡᠨ ᠬᠦᠭᠵᠢᠬᠦᠯᠬᠦ᠂ ᠵᠡᠬᠦᠨ ᠬᠤᠶᠢᠲᠤ ᠤᠷᠤᠨ ᠢ ᠬᠦᠭᠵᠢᠬᠦᠯᠬᠦ᠂ ᠦᠪᠡᠷᠲᠡᠬᠡᠨ ᠵᠠᠰᠠᠬᠤ ᠤᠷᠤᠨ ᠤ ᠵᠡᠬᠦᠨ ᠬᠡᠰᠡᠭ ᠤᠨ ᠠᠶᠢᠮᠠᠭ ᠬᠤᠲᠠ ᠶᠢᠨ ᠬᠦᠭᠵᠢᠯᠲᠡ ᠶᠢ ᠲᠡᠮᠵᠢᠬᠦ ᠵᠡᠷᠬᠡ ᠲᠦᠷᠦ ᠶᠢᠨ ᠪᠤᠲᠤᠯᠭ᠎ᠠ ᠨᠢ ᠮᠠᠨ ᠤ ᠬᠤᠲᠠ ᠶᠢᠨ ᠬᠦᠭᠵᠢᠯᠲᠡ ᠶᠢ ᠲᠦᠷᠬᠡᠳᠬᠡᠬᠦ ᠳᠤ ᠲᠠᠪᠬᠤᠷ ᠲᠠᠪᠠᠭᠤᠯᠢᠭ ᠲᠠᠢ ᠪᠤᠯᠭᠠᠵᠡᠢ᠃ ᠮᠠᠨ ᠤ ᠬᠤᠲᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠦᠷᠬᠡᠳᠴᠦ᠂ ᠪᠤᠲᠠᠲᠤ ᠬᠦᠴᠦᠨ ᠲᠡᠬᠡᠭᠰᠢᠯᠡᠨ᠂ ᠪᠦᠬᠦ ᠬᠤᠲᠠ ᠶᠢᠨ ᠠᠵᠤ ᠠᠬᠤᠢ ᠶᠢᠨ ᠠᠶᠤᠯ ᠲᠦᠭᠰᠢᠬᠦᠷᠢ ᠶᠢ ᠡᠰᠡᠷᠬᠦᠴᠡᠬᠦ᠂ ᠤᠷᠤᠨ ᠪᠦᠰᠡ ᠶᠢᠨ ᠦᠷᠢᠰᠦᠯᠲᠦᠬᠡᠨ ᠳᠤ ᠤᠷᠤᠯᠴᠠᠬᠤ ᠴᠢᠲᠠᠪᠤᠷᠢ ᠮᠡᠲᠡᠭᠲᠡᠮ᠎ᠡ ᠴᠢᠩᠭᠠᠷᠡᠪᠠ᠃ ᠤᠨᠴᠠᠭᠠᠶᠢᠯᠠᠨ ᠦᠷᠬᠡᠨ ᠤᠯᠠᠨ ᠺᠠᠳ᠋ᠷ ᠤᠯᠠᠨ ᠲᠦᠮᠡᠨ ᠰᠡᠳᠬᠢᠯ ᠨᠢᠬᠡᠳᠴᠦ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠤ᠂ ᠵᠤᠷᠢᠭᠲᠡᠢ ᠪᠠᠷ ᠨᠡᠬᠡᠬᠡᠨ ᠰᠢᠯᠢᠲᠡᠭ ᠢ ᠡᠬᠦᠳᠬᠦ ᠰᠠᠶᠢᠨ ᠤᠶᠤᠨ ᠰᠠᠨᠠᠭᠠᠨ ᠤ ᠪᠠᠶᠢᠲᠡᠯ ᠢ ᠪᠤᠢ ᠪᠤᠯᠭᠠᠵᠤ᠂ ᠬᠦᠭᠵᠢᠯᠲᠡ ᠶᠢ ᠬᠠᠮᠲᠤᠪᠡᠷ ᠠᠬᠢᠭᠤᠯᠬᠤ ᠬᠦᠴᠦᠷᠬᠡᠭ ᠶᠡᠭᠡ ᠬᠦᠲᠡᠯᠬᠡᠭᠴᠢ ᠬᠦᠴᠦᠨ ᠢ  ᠪᠦᠷᠢᠯᠲᠦᠬᠦᠯᠪᠡ᠃  ᠶᠡᠷᠦᠩᠬᠡᠶᠢᠯᠡᠨ ᠮᠠᠭᠠᠳᠯᠡᠪᠡᠯ᠂ ᠮᠠᠨ ᠤ ᠬᠤᠲᠠ ᠶᠢᠨ ᠬᠦᠭᠵᠢᠯᠲᠡ ᠨᠢ ᠮᠦᠨᠴᠤ ᠶᠡᠭᠡ ᠦᠢᠯᠡᠰ ᠪᠦᠲᠦᠬᠡᠵᠦ ᠪᠤᠯᠬᠤ ᠴᠢᠬᠤᠯᠡ ᠪᠠᠶᠢᠯᠲᠤᠬᠤ ᠪᠤᠲᠤᠯᠭ᠎ᠠ ᠶᠢᠨ ᠠᠵᠠ ᠲᠤᠬᠢᠶᠡᠯ ᠤᠨ ᠬᠤᠭᠤᠴᠠᠭ᠎ᠠ ᠳᠤ ᠪᠠᠶᠢᠵᠤ᠂ ᠠᠵᠤ ᠠᠬᠤᠢ ᠨᠡᠶᠢᠬᠡᠮ ᠤᠨ ᠬᠦᠭᠵᠢᠯᠲᠡ ᠤᠷᠲᠤ ᠬᠤᠭᠤᠴᠠᠭ᠎ᠠ ᠪᠠᠷ ᠰᠠᠶᠢᠨ ᠬᠠᠨᠲᠤᠰᠢ ᠲᠠᠢ ᠪᠠᠶᠢᠬᠤ ᠦᠨᠳᠦᠰᠦᠨ ᠪᠠᠶᠢᠲᠡᠯ ᠬᠤᠪᠢᠷᠡᠭᠠᠲᠤᠢ᠃ ᠶᠠᠷᠢᠶᠠᠨ ᠦᠬᠡᠢ ᠪᠢᠲᠡ ᠪᠠᠰᠠ ᠤᠯᠵᠤ ᠦᠵᠡᠬᠦ ᠨᠢ᠂ ᠲᠡᠯᠡᠬᠡᠢ ᠶᠢᠨ ᠠᠵᠤ ᠠᠬᠤᠢ ᠶᠢᠨ ᠪᠠᠶᠢᠲᠡᠯ ᠬᠤᠪᠢᠰᠤᠭᠴᠢ ᠲᠤᠭ᠎ᠠ ᠪᠠᠷ ᠲᠦᠬᠦᠷᠴᠦ᠂ ᠠᠵᠤ ᠠᠬᠤᠢ ᠶᠢᠨ ᠨᠡᠮᠡᠭᠲᠡᠯ ᠲᠤᠷᠤᠭᠰᠢᠯᠠᠬᠤ ᠲᠠᠷᠤᠯᠲᠠ ᠦᠷᠬᠦᠯᠵᠢᠯᠡᠵᠤ᠂ ᠮᠠᠨ ᠤ ᠬᠤᠲᠠ ᠶᠢᠨ ᠠᠵᠤ ᠠᠬᠤᠢ ᠶᠢᠨ ᠬᠦᠭᠵᠢᠯᠲᠡ ᠶᠢᠨ ᠤᠯᠠᠮᠵᠢᠯᠠᠯᠲᠤ ᠲᠠᠪᠠᠭᠤᠯᠢᠭ ᠪᠠᠭᠠᠰᠴᠤ᠂ ᠭᠠᠵᠠᠷ ᠤᠷᠤᠨ ᠤ ᠬᠦᠭᠵᠢᠯᠲᠡ ᠲᠡᠩᠴᠡᠬᠦᠷᠢ ᠦᠬᠡᠢ᠂ ᠵᠤᠬᠢᠴᠠᠯᠲᠤᠬᠤ ᠦᠬᠡᠢ᠂ ᠦᠷᠬᠦᠯᠵᠢᠯᠡᠨ ᠬᠦᠭᠵᠢᠵᠤ ᠲᠡᠶᠢᠯᠬᠦ ᠦᠬᠡᠢ ᠠᠰᠠᠭᠤᠲᠡᠯ ᠪᠠᠰᠠᠴᠤ ᠲᠤᠪᠤᠶᠢᠮ᠎ᠠ ᠪᠠᠶᠢᠵᠤ᠂ ᠠᠷᠭ᠎ᠠ ᠬᠡᠯᠪᠡᠷᠢ ᠪᠠᠨ ᠬᠤᠪᠢᠷᠡᠭᠤᠯᠵᠤ᠂ ᠪᠦᠲᠦᠴᠡ ᠪᠠᠨ ᠲᠤᠬᠢᠷᠡᠭᠤᠯᠬᠤ ᠡᠬᠦᠷᠬᠡ ᠮᠠᠰᠢ ᠬᠦᠨᠲᠦ ᠪᠠᠶᠢᠵᠤ᠂ ᠨᠢᠬᠡ ᠪᠦᠯᠦᠭ ᠬᠦᠨ ᠲᠠᠪᠬᠤᠷᠭ᠎ᠠ ᠳᠠᠬᠢ ᠵᠦᠷᠢᠴᠡᠯ ᠠᠰᠠᠭᠤᠲᠡᠯ ᠠᠯᠬᠤᠮ ᠠᠯᠬᠤᠮ ᠢᠶᠠᠷ ᠢᠯᠡᠷᠡᠵᠦ᠂ ᠮᠠᠨ ᠤ ᠬᠤᠲᠠ ᠳᠤ ᠲᠤᠯᠭᠠᠷᠡᠵᠤ ᠪᠠᠶᠢᠭ᠎ᠠ ᠦᠷᠢᠰᠦᠯᠲᠦᠬᠡᠨ ᠨᠡᠩ ᠪᠤᠲᠤᠯᠢᠶᠡᠨᠲᠡᠢ ᠮᠦᠷᠲᠡᠬᠡᠨ ᠬᠠᠲᠠᠭᠤ ᠪᠡᠷᠬᠡ ᠪᠤᠯᠪᠠ᠃ ᠡᠶᠢᠮᠦ ᠠᠴᠠ᠂ ᠪᠢᠲᠡ ᠡᠷᠬᠡᠪᠰᠢ ᠪᠠᠶᠢᠲᠡᠯ ᠲᠤᠬᠢᠶᠡᠯ ᠤᠨ ᠰᠢᠨ᠎ᠡ ᠬᠤᠪᠢᠷᠡᠯᠲᠠ ᠶᠢ ᠡᠵᠡᠮᠲᠡᠵᠤ᠂ ᠬᠦᠭᠵᠢᠯᠲᠡ ᠪᠠᠨ ᠲᠦᠷᠬᠡᠳᠬᠡᠬᠦ ᠰᠢᠨ᠎ᠡ ᠦᠷᠢᠰᠦᠯᠲᠦᠬᠡᠨ ᠢ ᠤᠭᠲᠤᠵᠤ᠂ ᠠᠷᠡᠳ ᠤᠯᠠᠨ ᠤ ᠰᠢᠨ᠎ᠡ ᠬᠦᠰᠡᠯ ᠳᠤ ᠲᠤᠬᠢᠷᠡᠯᠴᠠᠵᠤ᠂ ᠴᠤᠭ ᠵᠢᠪᠬᠤᠭ᠎ᠠ ᠪᠠᠨ ᠴᠢᠨᠠᠭᠰᠢᠲᠠ ᠬᠦᠪᠴᠢᠯᠡᠵᠦ᠂ ᠪᠠᠶᠢᠲᠡᠯ ᠢ ᠲᠠᠭᠠᠨ ᠤᠷᠤᠭᠰᠢᠯᠠᠵᠤ᠂ ᠰᠢᠨ᠎ᠡ ᠡᠬᠢᠯᠡᠯᠲᠡ ᠶᠢᠨ ᠶᠠᠪᠤᠴᠠ ᠳᠤ ᠨᠡᠩ ᠰᠠᠶᠢᠨ ᠮᠦᠷᠲᠡᠬᠡᠨ ᠲᠦᠷᠬᠡᠨ ᠬᠦᠭᠵᠢᠯᠲᠡ ᠶᠢ ᠪᠠᠶᠡᠯᠡᠬᠦᠯᠬᠦ ᠪᠠᠷ ᠴᠢᠷᠮᠠᠶᠢᠵᠤ᠂ ᠦᠬᠡᠷᠡᠴᠢᠯᠡᠯᠲᠡ ᠨᠡᠬᠡᠬᠡᠯᠲᠠ ᠪᠠ ᠤᠲᠤᠬᠢᠴᠢᠯᠠᠭᠰᠡᠨ ᠪᠦᠲᠦᠬᠡᠨ ᠪᠠᠶᠢᠭᠤᠯᠤᠯᠲᠠ ᠶᠢᠨ ᠰᠢᠨ᠎ᠠ ᠪᠠᠶᠢᠲᠡᠯ ᠢ ᠲᠠᠰᠤᠷᠡᠯᠲᠠ ᠦᠬᠡᠢ ᠡᠬᠦᠳᠬᠦ ᠬᠡᠷᠡᠭᠲᠡᠢ᠃     ᠵᠠᠰᠠᠭ ᠤᠨ ᠤᠷᠲᠤᠨ ᠤ ᠠᠵᠢᠯ ᠤᠨ ᠶᠡᠷᠦᠩᠬᠡᠢ ᠱᠠᠭᠠᠷᠲᠡᠯᠭ᠎ᠠ ᠪᠤᠯ᠄ ᠨᠠᠮ ᠤᠨ ᠠᠷᠪᠡᠨ ᠨᠠᠢᠮᠠᠲᠤᠭᠠᠷ ᠶᠡᠭᠡ ᠬᠤᠷᠡᠯ ᠪᠠ ᠬᠤᠲᠠ ᠶᠢᠨ ᠵᠢᠷᠭᠤᠲᠤᠭᠠᠷ ᠤᠲᠠᠭᠠᠨ ᠎ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠵᠤᠷᠢᠭ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠠ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠪᠠᠶᠢᠯᠲᠤᠬᠤ ᠪᠤᠲᠤᠯᠭ᠎ᠠ ᠶᠢᠨ ᠠᠵᠠ ᠲᠤᠬᠢᠶᠡᠯ ᠤᠨ ᠬᠤᠭᠤᠴᠠᠭ᠎ᠠ ᠶᠢ ᠠᠮᠵᠢᠨ ᠠᠳᠬᠤᠵᠤ᠂ ᠬᠦᠭᠵᠢᠯᠲᠡ ᠪᠤᠯ ᠲᠡᠷᠢᠬᠦᠨ ᠴᠢᠬᠤᠯᠡ ᠡᠬᠦᠷᠬᠡ ᠪᠤᠯᠬᠤ ᠶᠢ  ᠭᠤᠶᠢᠪᠢᠰᠢ ᠦᠬᠡᠢ ᠪᠠᠷᠢᠮᠲᠡᠯᠡᠵᠤ᠂ ᠬᠤᠷᠲᠤᠴᠡ ᠴᠢᠨᠡᠷ ᠴᠢᠨᠰᠠᠭ᠎ᠠ ᠦᠷ᠎ᠡ ᠠᠰᠢᠭ ᠢ ᠬᠠᠷᠢᠯᠴᠠᠨ ᠨᠢᠬᠡᠲᠦᠬᠦᠯᠬᠦ ᠶᠢ ᠪᠠᠲᠤᠯᠠᠨ᠂ ᠠᠷᠡᠳ ᠢᠶᠠᠨ ᠪᠠᠶᠠᠯᠢᠭᠵᠢᠭᠤᠯᠬᠤ ᠪᠠ ᠬᠤᠲᠠ ᠪᠠᠨ ᠬᠦᠴᠦᠷᠬᠡᠭᠵᠢᠬᠦᠯᠬᠦ ᠶᠢ ᠵᠡᠷᠬᠡᠪᠡᠷ ᠴᠢᠬᠤᠯᠠᠴᠢᠯᠠᠵᠤ᠂ ᠤᠷᠢᠲᠡᠪᠡᠷ ᠠᠷᠡᠳ ᠢᠶᠠᠨ ᠪᠠᠶᠠᠯᠢᠭᠵᠢᠭᠤᠯᠬᠤ ᠎ ᠶᠢ ᠪᠠᠲᠤᠯᠠᠨ᠂ ᠬᠦᠭᠵᠢᠯᠲᠡ ᠶᠢ ᠲᠦᠷᠬᠡᠳᠬᠡᠵᠦ ᠶᠡᠷᠦᠩᠬᠡᠢ ᠬᠡᠮᠵᠢᠶ᠎ᠡ ᠶᠢ  ᠨᠡᠮᠡᠭᠲᠡᠬᠦᠯᠵᠦ᠂ ᠦᠬᠡᠷᠡᠴᠢᠯᠡᠯᠲᠠ ᠨᠡᠬᠡᠬᠡᠯᠲᠠ ᠶᠢ ᠬᠦᠨᠵᠡᠬᠡᠶᠢᠷᠡᠬᠦᠯᠬᠦ ᠶᠢ ᠪᠠᠷᠢᠮᠲᠡᠯᠡᠵᠤ᠂ ᠬᠦᠭᠵᠢᠯᠲᠡ ᠶᠢᠨ ᠠᠮᠢᠵᠢᠷᠡᠯ ᠤᠨ ᠬᠦᠴᠦᠨ ᠬᠦᠲᠡᠯᠭᠡᠭᠴᠢ ᠬᠦᠴᠦᠨ ᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠬᠦ᠂ ᠰᠤᠷᠠᠭ ᠵᠠᠩᠬᠢᠴᠢᠯᠠᠬᠤ᠂ ᠬᠤᠲᠠ ᠪᠠᠯᠭᠠᠰᠤᠵᠢᠬᠤ ᠪᠠ ᠲᠠᠷᠢᠶᠠᠯᠠᠩ ᠮᠠᠯ ᠠᠵᠤ ᠠᠬᠤᠢ ᠶᠢᠨ ᠤᠲᠤᠬᠢᠴᠢᠯᠠᠬᠤ ᠠᠬᠢᠴᠠ ᠶᠢ ᠲᠦᠷᠬᠡᠳᠬᠡᠵᠦ᠂ ᠰᠢᠨ᠎ᠡ ᠬᠦᠭᠵᠢᠯᠲᠡ ᠶᠢᠨ ᠬᠡᠯᠪᠡᠷᠢ ᠶᠢ ᠲᠦᠷᠬᠡᠨ ᠪᠤᠢ ᠪᠤᠯᠭᠠᠵᠦ᠂ ᠠᠵᠤ ᠠᠬᠤᠢ ᠶᠢᠨ ᠪᠦᠲᠦᠬᠡᠨ ᠪᠠᠶᠢᠭᠤᠯᠤᠯᠲᠡ᠂ ᠤᠯᠤᠰ ᠲᠦᠷᠦ ᠶᠢᠨ ᠪᠦᠲᠦᠬᠡᠨ ᠪᠠᠶᠢᠭᠤᠯᠤᠯᠲᠡ᠂ ᠰᠤᠶᠤᠯ ᠤᠨ ᠪᠦᠲᠦᠬᠡᠨ ᠪᠠᠶᠢᠭᠤᠯᠤᠯᠲᠡ᠂ ᠨᠡᠶᠢᠬᠡᠮ ᠤᠨ ᠪᠦᠲᠦᠬᠡᠨ ᠪᠠᠶᠢᠭᠤᠯᠤᠯᠲᠡ ᠪᠠ ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠲᠠ ᠶᠢ ᠪᠦᠬᠦ ᠲᠡᠯ᠎ᠡ ᠪᠠᠷ ᠠᠬᠢᠭᠤᠯᠵᠤ᠂ ᠴᠢᠨᠡᠬᠡᠯᠢᠭ ᠨᠡᠶᠢᠬᠡᠮ ᠎ ᠢ ᠪᠦᠬᠦ ᠲᠡᠯ᠎ᠡ ᠪᠠᠷ ᠪᠦᠲᠦᠬᠡᠨ ᠪᠠᠶᠢᠭᠤᠯᠬᠤ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠶᠢ ᠲᠠᠯᠪᠢᠨ᠎ᠠ᠃     ᠲᠡᠮᠡᠴᠡᠬᠦ ᠬᠠᠷᠡᠯᠲᠠ ᠪᠤᠯ᠄ ᠠᠵᠤ ᠠᠬᠤᠢ ᠶᠢᠨ ᠭᠤᠤᠯ ᠬᠦᠢᠴᠡᠳᠬᠡᠬᠦ ᠲᠤᠭᠠᠨ ᠤ ᠨᠡᠮᠡᠭᠲᠡᠯ ᠤᠨ ᠬᠤᠷᠲᠤᠴᠠ ᠶᠢ ᠪᠦᠬᠦ ᠤᠷᠤᠨ ᠤ ᠲᠤᠮᠲᠠᠴᠢ ᠲᠦᠪᠰᠢᠨ ᠎ ᠠᠴᠠ ᠦᠨᠲᠦᠷ ᠪᠤᠯᠭᠠᠵᠦ᠂ 2017 ᠤᠨ ᠪᠤᠯᠬᠤ ᠳᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 3000 ᠳ᠋ᠦᠡᠭᠰᠢᠭᠤᠷ ᠢ ᠲᠠᠪᠠᠵᠦ᠂ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 300 ᠳ᠋ᠦᠡᠭᠰᠢᠭᠤᠷ ᠢ ᠲᠠᠪᠠᠵᠦ᠂ ᠬᠤᠲᠠ ᠪᠠᠯᠭᠠᠰᠤᠨ ᠤ ᠰᠠᠭᠤᠭᠠᠯᠢ ᠠᠷᠡᠳ ᠤᠨ ᠬᠦᠮᠦᠨ ᠪᠦᠷᠢ ᠶᠢᠨ ᠲᠤᠮᠲᠠᠴᠢ ᠵᠠᠷᠤᠴᠠᠭᠤᠯᠵᠤ ᠪᠤᠯᠬᠤ ᠤᠷᠤᠯᠭ᠎ᠠ ᠶᠢ ᠪᠦᠬᠦ ᠤᠯᠤᠰ ᠤᠨ ᠲᠡᠭᠰᠢᠳᠭᠡᠭᠰᠡᠨ ᠬᠡᠮᠵᠢᠶ᠎ᠡ ᠳᠤ ᠬᠦᠷᠭᠡᠨ᠎ᠡ᠃     ᠲᠠᠪᠤᠨ ᠵᠢᠯ ᠤᠨ ᠴᠢᠷᠮᠠᠶᠢᠯᠭ᠎ᠠ ᠪᠠᠷ ᠲᠠᠮᠵᠢᠭᠤᠯᠤᠨ᠂ ᠪᠦᠬᠦ ᠬᠤᠲᠠ ᠶᠢᠨ ᠠᠵᠤ ᠠᠬᠤᠢ ᠶᠢᠨ ᠪᠦᠲᠦᠴᠡ ᠶᠢ ᠨᠡᠩ ᠰᠢᠯᠢᠲᠡᠭᠵᠢᠬᠦᠯᠵᠦ᠂ ᠤᠯᠠᠨ ᠡᠰᠢᠵᠢᠯ ᠢᠶᠠᠷ ᠬᠦᠭᠵᠢᠬᠦ᠂ ᠤᠯᠠᠨ  ᠲᠤᠶᠢᠯᠵᠢᠯ ᠢᠶᠠᠷ ᠲᠤᠯᠭᠠᠭᠤᠷᠢ ᠪᠤᠯᠭᠠᠬᠤ ᠤᠲᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠦᠨᠲᠦᠰᠦᠨ ᠳᠡᠭᠡᠨ ᠪᠤᠢ ᠪᠤᠯᠭᠠᠵᠤ᠂ ᠠᠵᠤ ᠠᠬᠤᠢ ᠶᠢᠨ ᠨᠡᠮᠡᠭᠲᠡᠯ ᠤᠨ ᠶᠠᠰᠤ ᠴᠢᠨᠠᠷ ᠪᠠ  ᠭᠠᠲᠠᠭᠠᠲᠤ ᠬᠠᠲᠤᠯᠭ᠎ᠠ ᠶᠢᠨ ᠬᠡᠮᠵᠢᠶ᠎ᠡ ᠶᠢ ᠢᠯᠡᠳᠲᠠ ᠲᠡᠬᠡᠭᠰᠢᠯᠡᠬᠦᠯᠦᠨ᠎ᠡ︔ ᠬᠤᠲᠠ ᠬᠦᠲᠡᠭᠡ ᠶᠢᠨ ᠬᠦᠭᠵᠢᠯᠲᠡ ᠶᠢ ᠨᠡᠩ ᠵᠤᠬᠢᠴᠠᠩᠭᠤᠢ ᠪᠤᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠦᠷᠬᠦᠯᠵᠢᠯᠡᠨ ᠰᠠᠶᠢᠵᠢᠷᠠᠭᠤᠯᠵᠤ᠂ ᠪᠠᠲᠤᠯᠠᠭ᠎ᠠ ᠶᠢᠨ ᠴᠢᠲᠠᠪᠤᠷᠢ ᠪᠠ ᠦᠷᠬᠦᠯᠵᠢᠯᠡᠨ ᠬᠦᠭᠵᠢᠬᠦ ᠴᠢᠲᠡᠪᠦᠷᠢ ᠶᠢ ᠢᠯᠡᠳᠲᠠ ᠨᠡᠮᠡᠭᠲᠡᠬᠦᠯᠦᠨ᠎ᠡ︔ ᠠᠷᠡᠳ ᠤᠨ ᠠᠮᠢᠲᠤᠷᠡᠯ ᠢ ᠰᠠᠶᠢᠵᠢᠷᠠᠭᠤᠯᠬᠤ ᠪᠠᠷ ᠭᠤᠤᠯᠲᠡᠯᠭ᠎ᠠ ᠪᠤᠯᠭᠠᠭᠰᠠᠨ ᠨᠡᠶᠢᠬᠡᠮ ᠤᠨ ᠪᠠᠶᠢᠭᠤᠯᠤᠯᠲᠠ ᠶᠢ ᠰᠢᠨ᠎ᠡ ᠠᠬᠢᠴᠡ ᠲᠠᠢ ᠪᠤᠯᠭᠠᠵᠤ᠂ ᠤᠯᠠᠨ ᠲᠦᠮᠡᠨ ᠤ ᠨᠡᠶᠢᠲᠡᠮ  ᠠᠩᠬᠠᠷᠴᠤ ᠪᠠᠶᠢᠭ᠎ᠠ ᠠᠵᠢᠯ ᠤᠯᠭᠤᠯᠲᠠ᠂ ᠡᠪᠡᠳᠴᠢᠨ ᠦᠵᠡᠬᠦᠯᠬᠦ᠂ ᠰᠤᠷᠭᠠᠭᠤᠯᠢ ᠳᠤ ᠤᠷᠤᠬᠤ᠂ ᠤᠷᠤᠨ ᠰᠠᠭᠤᠴᠠ᠂ ᠨᠠᠰᠤᠵᠢᠯ ᠤᠨ ᠠᠰᠠᠷᠡᠮᠵᠢ ᠪᠠ ᠨᠡᠶᠢᠬᠡᠮ ᠤᠨ ᠪᠠᠲᠤᠯᠠᠭ᠎ᠠ ᠵᠡᠷᠬᠡ ᠠᠰᠠᠭᠤᠲᠡᠯ ᠢ ᠨᠡᠯᠢᠶᠡᠳ ᠰᠠᠶᠢᠨ ᠰᠢᠢᠳᠪᠦᠷᠢᠯᠡᠨ᠎ᠡ︔ ᠰᠤᠶᠤᠯ ᠤᠨ ᠬᠡᠶᠢᠰᠪᠦᠷᠢ ᠬᠦᠴᠦᠨ ᠢ ᠪᠦᠬᠦ ᠲᠡᠯ᠎ᠡ ᠪᠠᠷ ᠲᠡᠬᠡᠭᠰᠢᠯᠡᠬᠦᠯᠦᠨ᠎ᠡ︔ ᠤᠯᠤᠰ ᠤᠨ ᠴᠢᠬᠤᠯᠡ ᠦᠩᠬᠡᠲᠦ ᠲᠡᠮᠦᠷᠯᠢᠭ᠂ ᠡᠨᠧᠷᠬᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠪᠠ ᠪᠤᠬᠢᠷᠲᠤᠯ ᠦᠬᠡᠢ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠢ ᠦᠢᠯᠡᠳᠪᠦᠷᠢᠯᠡᠨ ᠪᠤᠯᠪᠠᠰᠤᠷᠡᠭᠤᠯᠬᠤ ᠰᠠᠭᠤᠷᠢᠨ ᠭᠠᠵᠠᠷ᠂ ᠪᠡᠬᠡᠵᠢᠩ ᠲᠢᠶᠠᠨᠵᠢᠨ᠂ ᠯᠢᠶᠤᠤᠨᠢᠩ ᠮᠦᠭᠲᠡᠨ ᠵᠡᠷᠬᠡ ᠭᠠᠵᠠᠷ ᠤᠷᠤᠨ ᠤ ᠴᠢᠬᠤᠯᠡ ᠠᠮᠢ ᠠᠬᠤᠢ ᠶᠢᠨ ᠠᠶᠤᠯᠭᠦᠢ ᠶᠢᠨ ᠬᠠᠯᠬᠠᠪᠴᠢ ᠶᠢ ᠪᠠᠶᠢᠭᠤᠯᠵᠤ᠂ ᠦᠪᠦᠷ ᠮᠤᠩᠭᠤᠯ ᠤᠨ ᠵᠡᠬᠦᠨ ᠬᠡᠰᠡᠭ ᠾᠧᠪᠸᠢ ᠶᠢᠨ ᠬᠤᠶᠢᠲᠤ ᠬᠡᠰᠡᠭ ᠯᠢᠶᠤᠤᠨᠢᠩ ᠤᠨ ᠪᠠᠷᠠᠭᠤᠨ ᠬᠡᠰᠡᠭ ᠭᠠᠵᠠᠷ ᠤᠷᠤᠨ ᠤ ᠪᠠᠷᠠᠭᠠᠨ ᠤ ᠬᠦᠢᠯᠬᠡᠬᠡᠨ ᠤ ᠭᠤᠤᠯ ᠬᠤᠳᠠ᠂ ᠵᠠᠭᠤᠨ ᠲᠦᠮᠡᠨ ᠭᠦᠮᠤᠨ ᠠᠮᠠ ᠲᠠᠢ ᠤᠷᠤᠨ ᠲᠤᠭᠤᠷᠢᠵᠢᠠᠠᠰᠠᠨ ᠭᠤᠤᠯ ᠬᠤᠳᠠ᠂ ᠤᠯᠤᠰ ᠤᠨ ᠲᠡᠤᠭᠡ ᠰᠤᠶᠤᠯ ᠤᠨ ᠨᠡᠷᠡᠳᠦ ᠬᠤᠳᠠ᠂ ᠪᠦᠬᠦ ᠤᠯᠤᠰ ᠤᠨ ᠪᠤᠯᠪᠠᠰᠤᠨ ᠬᠤᠲᠠ ᠪᠤᠯᠭᠠᠨ ᠪᠦᠳᠦᠭᠡᠨ ᠪᠠᠶᠢᠭᠤᠯᠤᠨ᠎ᠠ᠃      ᠲᠡᠬᠡᠷ᠎ᠡ ᠲᠤᠷᠠᠲᠤᠭᠰᠡᠨ ᠬᠠᠷᠡᠯᠲᠠ ᠶᠢ ᠪᠡᠶᠡᠯᠡᠬᠦᠯᠬᠦ ᠲᠤᠭᠤᠷᠢᠨ ᠳᠤ ᠲᠤᠤᠷᠠᠭᠢ ᠵᠢᠷᠭᠤᠭᠠᠨ ᠲᠡᠯ᠎ᠡ ᠶᠢᠨ ᠠᠵᠢᠯ ᠢ ᠭᠤᠤᠯᠲᠡᠯᠭᠠᠲᠡᠢ ᠰᠠᠶᠢᠲᠤᠷ ᠭᠢᠨ᠎ᠠ᠃     ︵ ᠨᠢᠬᠡ︶ ᠠᠵᠤ ᠠᠬᠤᠢ ᠶᠢᠨ ᠦᠷᠬᠦᠯᠵᠢᠯᠡᠨ ᠲᠦᠷᠬᠡᠨ ᠮᠦᠷᠲᠡᠬᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠠᠵᠤ ᠠᠬᠤᠢ ᠶᠢᠨ ᠶᠡᠷᠦᠩᠬᠡᠶᠢᠯᠡᠭᠰᠡᠨ ᠬᠦᠭᠵᠢᠯᠲᠡ ᠶᠢᠨ ᠲᠦᠪᠰᠢᠨ ᠢ ᠲᠡᠬᠡᠭᠰᠢᠯᠡᠬᠦᠯᠦᠨ᠎ᠡ     ᠠᠵᠤ ᠦᠢᠯᠡᠳᠪᠦᠷᠢ ᠶᠢ ᠤᠷᠢᠲᠡᠪᠡᠷ ᠬᠦᠭᠵᠢᠬᠦᠯᠬᠦ᠂ ᠲᠦᠷᠦᠬᠦᠯᠡᠨ ᠬᠦᠭᠵᠢᠬᠦᠯᠬᠦ ᠶᠢ ᠭᠤᠶᠢᠪᠢᠰᠢ ᠦᠬᠡᠢ ᠪᠠᠷᠢᠮᠲᠡᠯᠡᠵᠤ᠂ ᠡᠬᠢ ᠪᠠᠶᠠᠯᠢᠭ ᠤᠨ ᠬᠡᠯᠪᠡᠷᠢᠲᠦ ᠠᠵᠤ ᠦᠢᠯᠡᠰ ᠤᠨ ᠲᠡᠰ ᠲᠠᠪᠬᠤᠷᠭ᠎ᠠ ᠶᠢ ᠲᠡᠬᠡᠭᠰᠢᠯᠡᠬᠦᠯᠵᠦ᠂ ᠡᠬᠢ ᠪᠠᠶᠠᠯᠢᠭ ᠤᠨ ᠪᠤᠰᠤ ᠬᠡᠯᠪᠡᠷᠢᠲᠦ ᠠᠵᠤ ᠦᠢᠯᠡᠰ ᠤᠨ ᠬᠠᠷᠢᠴᠡᠯ ᠢ ᠨᠡᠮᠡᠭᠲᠡᠬᠦᠯᠦᠨ᠂ ᠪᠠᠶᠢᠯᠲᠤᠬᠤ ᠪᠤᠲᠤᠯᠭ᠎ᠠ ᠶᠢᠨ ᠴᠢᠨᠠᠷᠲᠡᠢ ᠰᠢᠨ᠎ᠡ ᠪᠠᠷ ᠮᠠᠨᠲᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠦ᠂ ᠴᠢᠮᠡᠭᠡ ᠵᠠᠩᠬᠢᠴᠢᠯᠠᠯ ᠪᠠ ᠠᠵᠤ ᠦᠢᠯᠡᠳᠪᠦᠷᠢᠵᠢᠯᠡᠯ ᠎ ᠤᠨ ᠬᠦᠨ ᠤᠶᠠᠯᠲᠤᠯ ᠢ ᠠᠬᠢᠭᠤᠯᠵᠤ᠂ᠠᠵᠤ ᠦᠢᠯᠡᠳᠪᠦᠷᠢ ᠶᠢᠨ ᠪᠤᠲᠠᠲᠤ ᠬᠦᠴᠦᠨ ᠢ ᠤᠯᠠᠮ ᠨᠢᠬᠡ ᠠᠯᠬᠤᠮ ᠨᠡᠮᠡᠭᠲᠡᠬᠦᠯᠦᠨ᠎ᠡ᠃ ︽ᠬᠤᠤᠰ ᠮᠢᠩᠭ᠎ᠠ ᠬᠤᠤᠰ ᠵᠠᠭᠤᠨ ᠳ᠋ᠦᠩᠰᠢᠭᠤᠷ︾᠎ ᠤᠨ ᠢᠨᠵᠧᠨᠧᠷᠢᠩ ᠢ ᠠᠬᠢᠭᠤᠯᠵᠤ᠂ 2017 ᠪᠤᠯᠲᠡᠯ᠎ᠡ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 2000 ᠳ᠋ᠦᠩᠰᠢᠭᠤᠷ ᠲᠦᠬᠦᠷᠢᠭ ᠠᠴᠠ ᠲᠠᠪᠠᠭᠤᠯᠵᠤ᠂ ᠬᠢᠮᠢ ᠶᠢᠨ ᠠᠵᠤ ᠦᠢᠯᠡᠳᠪᠦᠷᠢ ᠪᠠ ᠤᠯᠠᠭᠠᠨᠬᠠᠲᠠ ᠶᠢᠨ ᠠᠵᠤ ᠠᠬᠤᠢ ᠶᠢᠨ ᠨᠡᠬᠡᠬᠡᠯᠲᠠ ᠎ ᠶᠢᠨ ᠲᠤᠭᠤᠷᠢᠭ ᠤᠨ  ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 1000 ᠳ᠋ᠦᠩᠰᠢᠭᠤᠷ ᠲᠦᠬᠦᠷᠢᠭ ᠠᠴᠠ ᠲᠠᠪᠠᠭᠤᠯᠤᠨ᠂  ᠵᠠᠭᠤᠨ  ᠳ᠋ᠦᠩᠰᠢᠭᠤᠷ ᠲᠦᠬᠦᠷᠢᠭ ᠎ ᠤᠨ ᠬᠦᠷᠢᠶᠡᠯᠡᠩ ᠲᠤᠭᠤᠷᠢᠭ ᠪᠠ ᠵᠠᠭᠤᠨ ᠳ᠋ᠦᠩᠰᠢᠭᠤᠷ ᠲᠦᠬᠦᠷᠢᠭ ᠤᠨ ᠠᠵᠤ ᠠᠬᠤᠶᠢᠯᠠᠯ ᠢ ᠲᠤᠰᠪᠤᠷᠢ 10᠎ ᠠᠴᠠ ᠲᠡᠬᠡᠭᠰᠢ ᠳᠤ ᠬᠦᠷᠬᠡᠬᠦ ᠪᠠᠷ ᠴᠢᠷᠮᠠᠶᠢᠨ᠎ᠠ᠃ ᠤᠯᠤᠰ ᠤᠨ ᠲᠤᠲᠤᠭᠠᠲᠤ ᠭᠠᠲᠠᠭᠠᠲᠤ ᠶᠢᠨ ᠲᠤᠮᠤ ᠠᠵᠤ ᠠᠬᠤᠶᠢᠯᠠᠯ ᠲᠤᠮᠤ ᠪᠦᠯᠦᠭᠯᠡᠯ ᠲᠠᠢ ᠪᠦᠭᠦ ᠲᠠᠯ᠎ᠠ ᠪᠠᠷ ᠬᠤᠷᠰᠢᠯᠴᠠᠬᠤ ᠪᠠᠨ ᠴᠢᠩᠭᠠᠳᠬᠠᠵᠦ᠂ ᠦᠩᠬᠡᠲᠦ ᠲᠡᠮᠦᠷᠯᠢᠭ ᠢ ᠭᠦᠨ ᠪᠤᠯᠪᠠᠰᠤᠷᠡᠭᠤᠯᠬᠤ ᠶᠢ ᠠᠭᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠦᠷᠲᠡᠭ ᠢ ᠨᠢ  ᠲᠡᠭᠡᠭᠰᠢᠯᠡᠭᠦᠯᠦᠨ᠎ᠠ᠃ ᠨᠡᠬᠦᠷᠡᠰᠦ ᠴᠠᠬᠢᠯᠭᠠᠨ ᠢ ᠨᠢᠬᠡ ᠴᠤᠭᠴᠠᠵᠢᠭᠤᠯᠬᠤ ᠠᠬᠢᠴᠠ ᠶᠢ ᠲᠦᠷᠬᠡᠳᠬᠡᠵᠦ᠂ ᠲᠤᠮᠤ ᠬᠡᠯᠪᠡᠷᠢ ᠶᠢᠨ ᠭᠠᠯ ᠴᠠᠬᠢᠯᠭᠠᠨ ᠰᠠᠯᠭᠢᠨ ᠴᠠᠭᠢᠯᠭᠠᠨ ᠪᠠ ᠢᠯᠴᠢ ᠴᠠᠬᠢᠯᠭᠠᠨ ᠎ ᠤ ᠬᠤᠯᠪᠤᠭᠠᠯᠠᠭᠰᠡᠨ ᠲᠦᠷᠦᠯ ᠵᠦᠢᠯ ᠢ ᠠᠬᠢᠭᠤᠯᠵᠤ᠂  ᠦᠪᠤᠷ ᠮᠤᠩᠭᠤᠯ ᠤᠨ  ᠵᠡᠭᠦᠨ ᠭᠡᠰᠡᠭ ᠤᠨ ᠮᠢᠩᠭᠠᠨ ᠲᠦᠮᠡᠨ ᠺᠢᠯᠤᠸᠠᠲ ᠤᠨ ᠲᠡᠰ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ ᠤᠨ ᠴᠢᠬᠤᠯᠡ ᠲᠤᠯᠭᠠᠭᠤᠷᠢ ᠪᠤᠯᠭᠠᠵᠦ ᠪᠦᠳᠦᠭᠡᠨ ᠪᠠᠶᠢᠭᠤᠯᠤᠨ᠎ᠠ᠃ ᠳ᠋ᠠ ᠲᠠᠩ ᠨᠡᠬᠦᠷᠡᠰᠦᠨ ᠬᠡᠢ᠂ ᠢ ᠫᠢᠨ ᠠᠮᠮᠤᠨᠢ ᠬᠦᠴᠢᠯ ᠵᠡᠷᠬᠡ ᠪᠠᠶᠢᠭᠤᠯᠵᠤ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠲᠦᠷᠬᠡᠬᠡᠨ ᠠᠰᠢᠭᠯᠠᠯᠲᠠ ᠳᠤ ᠤᠷᠤᠭᠤᠯᠵᠤ᠂ ᠨᠢᠬᠡ ᠪᠦᠯᠦᠭ ᠰᠢᠨ᠎ᠡ ᠨᠡᠬᠦᠷᠡᠰᠦ ᠬᠢᠮᠢ ᠶᠢᠨ ᠠᠵᠤ ᠦᠢᠡᠯᠳᠪᠦᠷᠢ᠂ ᠹᠯᠤᠷ ᠬᠢᠮᠢ ᠶᠢᠨ ᠠᠵᠤ ᠦᠢᠯᠡᠳᠪᠦᠷᠢ ᠪᠠ ᠠᠮᠢᠲᠤ ᠪᠤᠲᠠᠰ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠰᠦᠪᠡᠭᠴᠢᠯᠡᠨ ᠬᠡᠷᠡᠭᠵᠢᠬᠦᠯᠦᠨ᠎ᠡ᠃ ᠮᠧᠬᠠᠨᠢᠭ ᠦᠢᠯᠡᠳᠬᠦ ᠵᠢᠴᠢ ᠲᠦᠬᠦᠷ ᠠᠵᠤ ᠦᠢᠯᠡᠰ ᠤᠨ ᠬᠦᠭᠵᠢᠯᠲᠡ ᠶᠢ ᠲᠦᠷᠬᠡᠳᠬᠡᠵᠦ᠂ ᠬᠦᠩᠬᠡᠨ ᠠᠵᠤ ᠦᠢᠯᠡᠳᠪᠦᠷᠢ᠂ ᠨᠡᠬᠡᠮᠡᠯ ᠵᠡᠷᠬᠡ ᠬᠦᠲᠡᠯᠮᠦᠷᠢ  ᠬᠦᠴᠦ ᠨᠢᠭᠲᠠᠷᠠᠭᠰᠠᠨ ᠬᠡᠯᠪᠡᠷᠢᠲᠦ ᠠᠵᠤ ᠦᠢᠯᠡᠰ ᠢ ᠢᠲᠡᠪᠬᠢᠲᠡᠢ ᠤᠷᠤᠭᠤᠯᠵᠤ᠂ ᠢᠲᠡᠬᠡᠨ᠂ ᠪᠠᠷᠢᠯᠭ᠎ᠠ ᠶᠢᠨ ᠮᠠᠲ᠋ᠧᠷᠢᠶᠡᠯ ᠤᠨ ᠠᠵᠤ ᠦᠢᠯᠡᠳᠪᠦᠷᠢ ᠤᠨ ᠬᠡᠪᠴᠢᠶ᠎ᠡ ᠶᠢ ᠤᠯᠠᠮ ᠨᠢᠬᠡ ᠠᠯᠬᠤᠮ ᠪᠤᠵᠠᠭᠠᠶᠢᠷᠠᠭᠤᠯᠤᠨ᠎ᠠ᠃ ᠭᠡᠷᠡᠯ ᠸᠤᠯᠲ ᠢᠶᠠᠷ ᠴᠠᠬᠢᠯᠭᠠᠨ ᠭᠠᠷᠭᠠᠬᠤ᠂ ᠠᠮᠢᠲᠤ ᠪᠤᠲᠠᠰ ᠤᠨ ᠴᠢᠨᠠᠷᠲᠡᠢ ᠮᠠᠲ᠋ᠧᠷᠢᠶᠡᠯ ᠢᠶᠠᠷ ᠴᠠᠬᠢᠯᠭᠠᠨ ᠭᠠᠷᠭᠠᠬᠤ ᠶᠢ ᠢᠲᠡᠪᠬᠢᠲᠡᠢ ᠬᠦᠭᠵᠢᠬᠦᠯᠵᠦ᠂  ᠪᠤᠳᠠᠰ ᠤᠨ ᠢᠨ᠋ᠲ᠋ᠧᠷᠨᠧᠲ ᠰᠦᠯᠵᠢᠶ᠎ᠡ᠂ ᠡᠬᠦᠯᠡᠨ ᠪᠤᠲᠤᠯᠲᠠ᠂  ᠨᠡᠭᠦᠳᠡᠯ ᠡᠯᠧᠺᠲᠷᠤᠨ ᠠᠷᠡᠯᠵᠢᠶ᠎ᠠ ᠵᠡᠷᠬᠡ ᠰᠤᠷᠠᠭ ᠵᠠᠩᠬᠢ ᠶᠢᠨ ᠮᠡᠷᠬᠡᠵᠢᠯ ᠤᠨ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠮᠤᠩᠭᠤᠯ ᠡᠮ᠂ ᠬᠢᠲᠡᠳ ᠡᠮ ᠤᠨ  ᠵᠠᠩᠭᠢᠯᠠᠭ᠎ᠠ ᠶᠢᠨ ᠮᠡᠷᠬᠡᠵᠢᠯ ᠎ ᠢ ᠰᠤᠲᠤᠯᠤᠨ ᠠᠰᠢᠭᠯᠠᠬᠤ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠬᠡᠳᠬᠡᠵᠦ᠂ ᠨᠡᠬᠦᠷᠡᠰᠦ ᠶᠢ  ᠭᠦᠨ ᠨᠠᠷᠢᠯᠢᠭ ᠡᠳ᠋ᠰᠢᠬᠦᠯᠦᠨ ᠠᠰᠢᠭᠯᠠᠬᠤ ᠶᠢ  ᠠᠭᠢᠭᠤᠯᠤᠨ᠂ ᠪᠤᠬᠢᠷᠲᠤᠯ ᠦᠬᠡᠢ ᠦᠨᠲᠦᠷ ᠦᠷ᠎ᠡ ᠠᠰᠢᠭᠲᠤ ᠡᠨᠧᠷᠬᠢ ᠠᠷᠪᠢᠯᠠᠬᠤ ᠪᠦᠲᠦᠬᠡᠭᠲᠡᠬᠦᠨ ᠢ ᠨᠠᠬᠡᠬᠡᠨ ᠬᠦᠭᠵᠢᠬᠦᠯᠵᠦ᠂ 2017 ᠤᠨ ᠪᠤᠯᠲᠠᠯ᠎ᠠ ᠰᠢᠨ᠎ᠡ ᠡᠨᠧᠷᠬᠢ᠂ ᠡᠯᠧᠺᠲᠷᠤᠨ ᠰᠤᠷᠠᠭ ᠵᠠᠩᠬᠢ᠂ ᠠᠮᠢᠲᠤ ᠪᠤᠲᠠᠰ ᠤᠨ ᠡᠮ᠂ ᠡᠨᠧᠷᠬᠢ ᠠᠷᠪᠢᠯᠠᠬᠤ ᠤᠷᠴᠢᠨ ᠲᠤᠭᠤᠷᠢᠨ ᠢ ᠬᠠᠮᠠᠭᠠᠯᠠᠬᠤ ᠵᠡᠷᠬᠡ ᠪᠠᠶᠢᠯᠲᠤᠬᠤ ᠪᠤᠲᠤᠯᠭ᠎ᠠ ᠎ ᠶᠢᠨ ᠴᠢᠨᠠᠷᠲᠡᠢ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠠᠷᠢᠴᠠᠯ ᠢ 10% ᠎ ᠠᠴᠠ ᠲᠡᠬᠡᠭᠰᠢ ᠳᠤ ᠬᠦᠷᠬᠡᠨ᠎ᠡ᠃ ᠠᠵᠤ ᠦᠢᠯᠡᠰ ᠤᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠤᠪᠵᠢᠭᠦᠯᠦᠨ᠂ ᠡᠯ᠎ᠡ ᠲᠦᠷᠦᠯ ᠤᠨ ᠬᠦᠷᠢᠶᠡᠯᠡᠩ ᠲᠤᠭᠤᠷᠢᠭ ᠢ ᠵᠤᠬᠢᠰᠲᠡᠢ ᠪᠠᠶᠢᠷᠢᠰᠢᠭᠤᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠢᠶᠡᠯᠡᠩ ᠲᠤᠭᠤᠷᠢᠭ ᠲᠠᠰᠢ ᠲᠦᠪᠯᠡᠷᠡᠭᠦ ᠶᠢ ᠠᠭᠢᠭᠤᠯᠵᠦ᠂ ᠤᠭᠢ ᠰᠢᠯᠢᠲᠡᠭ ᠡᠬᠢ ᠪᠠᠶᠠᠯᠢᠭ  ᠎ ᠢ ᠭᠤᠤᠯᠲᠠᠯᠭᠠᠲᠠᠢ ᠠᠵᠤ ᠠᠬᠤᠶᠢᠯᠠᠯ  ᠲᠡᠰᠢ ᠲᠦᠪᠯᠡᠷᠡᠭᠦᠯᠵᠦ᠂ ᠠᠵᠤ ᠦᠢᠡᠯᠰ ᠤᠨ ᠲᠦᠪᠯᠡᠷᠡᠯ ᠤᠨ ᠬᠡᠮᠵᠢᠶ᠎ᠡ ᠪᠠ ᠠᠵᠤ ᠠᠬᠤᠶᠢᠯᠠᠯ ᠎ ᠤᠨ ᠦᠷᠢᠰᠦᠯᠲᠦᠬᠦ ᠬᠦᠴᠦᠨ ᠢ ᠲᠡᠬᠡᠭᠰᠢᠯᠡᠬᠦᠯᠦᠨ᠎ᠡ᠃ ᠲᠤᠮᠲᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢ ᠲᠡᠮᠵᠢᠵᠤ᠂ ᠲᠤᠮᠲᠠ ᠪᠠᠭ᠎ᠠ ᠠᠵᠤ ᠠᠬᠤᠶᠢᠯᠠᠯ ᠨᠢ ᠲᠠᠪᠠᠭᠤᠯᠢᠠᠠᠳᠦ ᠤᠨᠴᠠᠯᠢᠭᠲᠤ ᠠᠵᠤ ᠦᠢᠯᠡᠰ ᠤᠨ ᠲᠤᠭᠤᠷᠢᠨ ᠳᠤ  ᠦᠷᠭᠡᠵᠢᠭᠦ᠂ ᠲᠤᠮᠤ ᠠᠵᠤ ᠠᠬᠤᠶᠢᠯᠠᠯ ᠲᠤᠮᠤ ᠪᠦᠯᠦᠭᠯᠡᠯ ᠤᠨ ᠲᠤᠭᠤᠷᠢᠨ ᠳᠤ ᠬᠤᠷᠰᠢᠯᠴᠠᠬᠤ᠂ ᠬᠦᠷᠢᠶᠡᠯᠡᠩ ᠲᠤᠭᠤᠷᠢᠭ ᠤᠨ ᠰᠠᠭᠤᠷᠢᠨ ᠭᠠᠵᠠᠷ ᠤᠨ ᠲᠤᠭᠤᠷᠢᠨ ᠳᠤ ᠲᠦᠬᠦᠷᠵᠢᠬᠦ ᠶᠢ ᠵᠤᠷᠢᠠᠠᠵᠢᠭᠤᠯᠤᠨ᠂  ᠦᠪᠡᠷᠮᠢᠴᠡ ᠤᠨᠴᠯᠢᠭ ᠨᠢ ᠢᠯᠡᠷᠭᠡᠢ᠂ ᠠᠵᠢᠯ ᠤᠨ ᠬᠤᠪᠢᠶᠡᠷᠢᠯᠡᠯ ᠨᠢ ᠵᠤᠬᠢᠰᠲᠡᠢ ᠨᠢᠭᠡ ᠪᠦᠯᠦᠭ ᠠᠵᠤ ᠦᠢᠯᠡᠰ ᠤᠨ ᠰᠦᠷᠦᠭᠵᠢᠯ ᠢ ᠪᠤᠢ ᠪᠤᠯᠭᠠᠨ᠎ᠠ᠃     ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠠᠶᠢᠷᠢ ᠰᠠᠭᠤᠷᠢ ᠶᠢ ᠪᠠᠳᠤᠳᠬᠠᠨ ᠴᠢᠩᠭᠠᠳᠬᠠᠬᠤ ᠶᠢ ᠭᠤᠶᠢᠪᠢᠰᠢ ᠦᠬᠡᠢ ᠪᠠᠷᠢᠮᠲᠡᠯᠠᠵᠤ᠂  ᠤᠲᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠲᠦᠷᠭᠡᠨ ᠬᠦᠭᠵᠢᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠡᠷᠤᠩᠭᠡᠶᠢᠯᠠᠨ ᠦᠢᠯᠡᠳᠪᠤᠷᠢᠯᠡᠭᠦ ᠠᠶᠤᠯ ᠲᠦᠭᠰᠢᠬᠦᠷᠢ ᠶᠢ ᠡᠰᠡᠷᠭᠦᠴᠡᠭᠦ ᠪᠠ ᠵᠠᠬ᠎ᠠ ᠲᠡᠯᠬᠡᠬᠦᠷ ᠲᠤ ᠦᠷᠢᠰᠤᠯᠳᠦᠭᠦ ᠴᠢᠲᠠᠪᠤᠷᠢ ᠶᠢ ᠲᠡᠬᠡᠭᠰᠢᠯᠡᠬᠦᠯᠤᠨ᠎ᠡ᠃ ︽1571︾ ᠢᠨᠵᠧᠨᠧᠷᠢᠩ ᠢ ᠦᠷᠬᠦᠯᠵᠢᠯᠡᠨ ᠠᠬᠢᠭᠤᠯᠵᠤ᠂ ᠨᠢᠬᠡ ᠪᠦᠯᠦᠭ ᠲᠠᠪᠠᠭᠤᠯᠢᠭ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠪᠠ ᠠᠵᠤ ᠦᠢᠯᠡᠰ ᠤᠨ ᠪᠦᠰᠡ ᠶᠢ ᠪᠠᠶᠢᠭᠤᠯᠵᠤ᠂ ᠲᠤᠮᠲᠠᠲᠤ ᠤᠯᠤᠰ ᠤᠨ ᠤᠮᠠᠷᠡᠲᠤ ᠶᠢᠨ ᠦᠨᠲᠦᠷ ᠦᠷ᠎ᠡ ᠠᠰᠢᠭᠲᠤ ᠤᠰᠤ ᠠᠷᠪᠢᠯᠠᠬᠤ ᠵᠢᠱᠢᠶ᠎ᠡ ᠦᠵᠡᠬᠦᠯᠬᠦ ᠲᠤᠭᠤᠷᠢᠭ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠤᠨᠤᠭᠯᠠᠯ ᠤᠨ ᠲᠦᠪᠰᠢᠨ ᠢ ᠲᠡᠬᠡᠭᠰᠢᠯᠡᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠬᠦ᠂ ᠮᠧᠬᠠᠨᠢᠭᠵᠢᠬᠤ ᠲᠡᠰᠢ ᠬᠦᠭᠵᠢᠬᠦ ᠶᠢ ᠠᠬᠢᠭᠤᠯᠤᠨ᠎ᠠ᠃ ᠲᠡᠷᠢᠮᠡᠯ ᠤᠨ ᠪᠦᠲᠦᠴᠡ ᠶᠢ ᠰᠢᠯᠢᠲᠡᠭᠵᠢᠬᠦᠯᠦᠨ᠂ ᠤᠭᠢ ᠰᠢᠯᠢᠲᠡᠭ  ᠬᠠᠭᠤᠷᠡᠢ ᠲᠠᠷᠢᠮᠡᠯ ᠤᠨ ᠡᠬᠦᠯᠲᠡᠷ ᠢ ᠲᠦᠬᠡᠮᠡᠯᠵᠢᠬᠦᠯᠵᠦ᠂ ᠠᠵᠤ ᠠᠬᠤᠢ ᠶᠢᠨ ᠲᠡᠷᠢᠮᠠᠯ᠂ ᠤᠨᠴᠠᠯᠢᠭᠲᠤ ᠲᠠᠷᠢᠮᠠᠯ ᠤᠨ ᠲᠠᠷᠢᠬᠤ ᠲᠠᠯᠠᠪᠡᠢ ᠶᠢ ᠨᠡᠮᠡᠭᠲᠡᠬᠦᠯᠵᠦ᠂ ᠰᠠᠶᠢᠨ ᠡᠬᠦᠯᠲᠡᠷ ᠤᠨ ᠪᠦᠷᠬᠦᠯᠲᠡ ᠶᠢᠨ ᠨᠤᠷᠮ᠎ᠠ ᠶᠢ ᠦᠷᠭᠡᠳᠭᠡᠨ᠂ ᠠᠮᠤ ᠪᠤᠲᠠᠭᠠᠨ ᠎ ᠤ ᠠᠶᠤᠯᠬᠦᠢ ᠶᠢ ᠪᠠᠲᠤᠯᠠᠨ᠎ᠠ᠃ ᠠᠮᠢ ᠠᠬᠤᠢ ᠬᠠᠳᠤᠯᠠᠩ ᠪᠡᠯᠴᠢᠬᠡᠷ  ᠎ ᠤᠨ ᠠᠵᠤ ᠦᠢᠯᠡᠰ  ᠎ ᠤᠨ ᠬᠦᠭᠵᠢᠯᠲᠡ ᠶᠢ ᠲᠦᠷᠬᠡᠳᠬᠡᠵᠦ᠂ 2017 ᠤᠨ ᠪᠤᠯᠲᠠᠯ᠎ᠠ ᠤᠰᠤ ᠠᠷᠪᠢᠯᠠᠬᠤ ᠬᠦᠷᠡᠩ ᠴᠠᠷᠭᠠᠰᠤ ᠲᠠᠷᠢᠬᠤ ᠲᠠᠯᠠᠪᠡᠢ ᠶᠢ 200 ᠲᠦᠮᠡᠨ ᠮᠤ᠋ ᠠᠴᠠ ᠲᠠᠪᠠᠭᠤᠯᠵᠤ᠂  ᠪᠦᠬᠦ ᠤᠷᠤᠨ ᠤ ᠬᠦᠷᠡᠩ ᠴᠡᠷᠭᠠᠰᠤ ᠶᠢᠨ ᠲᠠᠪᠠᠭᠤᠯᠢᠭ ᠭᠠᠷᠤᠯᠲᠠ ᠎ ᠶᠢᠨ ᠤᠷᠤᠨ ᠢ ᠤᠷᠢᠲᠡᠪᠡᠷ ᠪᠠᠶᠢᠭᠤᠯᠤᠨ᠎ᠠ᠃ ᠲᠦᠬᠦᠬᠡᠷᠦᠮᠵᠢᠲᠦ ᠮᠠᠯ ᠠᠵᠤ ᠠᠬᠤᠢ ᠶᠢ ᠶᠡᠬᠡᠪᠡᠷ ᠬᠦᠭᠵᠢᠬᠦᠯᠵᠦ᠂ ᠰᠠᠶᠢᠨ ᠡᠬᠦᠯᠲᠡᠷ ᠢ ᠲᠡᠵᠢᠬᠡᠨ ᠦᠷᠡᠵᠢᠬᠦᠯᠬᠦ ᠪᠠ ᠲᠦᠬᠡᠮᠡᠯᠵᠢᠬᠦᠯᠬᠦ ᠶᠢ ᠴᠢᠩᠭᠠᠳᠬᠠᠵᠤ᠂ ᠮᠠᠯ ᠠᠵᠤ ᠠᠬᠤᠢ ᠶᠢᠨ ᠬᠡᠪᠴᠢᠶᠡᠵᠢᠬᠦ᠂ ᠤᠲᠤᠬᠢᠴᠢᠯᠠᠬᠤ ᠲᠦᠪᠰᠢᠨ ᠢ ᠲᠡᠬᠡᠭᠰᠢᠯᠡᠬᠦᠯᠵᠦ᠂ ᠲᠤᠮᠤ ᠬᠡᠯᠪᠡᠷᠢ ᠶᠢᠨ ᠤᠲᠤᠬᠢᠴᠢᠯᠠᠭᠰᠠᠨ ᠲᠡᠵᠢᠬᠡᠨ ᠦᠷᠡᠵᠢᠬᠦᠯᠬᠦ ᠲᠠᠯᠠᠪᠤᠷ ᠤᠨ ᠬᠦᠭᠵᠢᠯᠲᠡ ᠶᠢ ᠲᠡᠮᠵᠢᠵᠤ᠂ ᠮᠠᠯ ᠠᠵᠤ ᠠᠬᠤᠢ ᠶᠢᠨ ᠨᠢᠬᠡᠲᠦᠬᠡᠷ ᠠᠵᠤ ᠦᠢᠯᠡᠰ ᠲᠠᠬᠢ ᠬᠠᠷᠢᠴᠠᠯ ᠢ ᠲᠡᠬᠡᠭᠰᠢᠯᠡᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠠ ᠶᠢ ᠠᠬᠢᠭᠤᠯᠵᠤ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠤᠯᠠᠷᠢᠭᠤᠯᠬᠤ ᠴᠢᠲᠡᠪᠤᠷᠢ ᠶᠢ ᠲᠡᠬᠡᠭᠰᠢᠯᠡᠬᠦᠯᠬᠦ ᠪᠠᠷ ᠭᠤᠤᠯᠲᠡᠯᠭ᠎ᠠ ᠪᠤᠯᠭᠠᠵᠤ᠂ ᠨᠢᠬᠡ ᠪᠦᠯᠦᠭ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢ ᠪᠤᠯᠪᠠᠰᠤᠷᠡᠭᠤᠯᠬᠤ ᠪᠠ ᠬᠦᠢᠯᠬᠡᠬᠡᠬᠦ ᠠᠵᠤ ᠠᠬᠤᠶᠢᠯᠠᠯ ᠢ ᠤᠷᠤᠭᠤᠯᠤᠨ ᠠᠪᠴᠢᠷᠠᠵᠦ ᠪᠤᠵᠠᠭᠠᠶᠢᠷᠠᠭᠤᠯᠤᠨ᠂ 2017 ᠤᠨ ᠪᠤᠯᠲᠠᠯ᠎ᠠ ᠪᠤᠷᠤᠯᠠᠭᠤᠯᠤᠨ ᠬᠤᠳᠠᠯᠳᠤᠠᠠᠰᠠᠨ ᠤᠷᠤᠯᠭ᠎ᠠ ᠨᠢ ᠳ᠋ᠦᠩᠰᠢᠭᠤᠷ ᠲᠦᠬᠦᠷᠢᠭ ᠢ ᠲᠠᠪᠠᠭᠰᠡᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠡᠯ ᠢ 130᠎ ᠲᠤ ᠬᠦᠷᠬᠡᠵᠦ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢ ᠲᠦᠪᠯᠡᠷᠡᠬᠦᠯᠦᠨ ᠪᠤᠯᠪᠠᠰᠤᠷᠡᠭᠤᠯᠵᠤ ᠤᠯᠠᠷᠢᠭᠤᠯᠬᠤ ᠨᠤᠷᠮ᠎ᠠ ᠶᠢ 70%᠎ ᠠᠴᠠ ᠲᠡᠬᠡᠭᠰᠢ ᠎ ᠳᠤ ᠬᠦᠷᠬᠡᠨ᠎ᠡ᠃  ᠠᠵᠦ ᠦᠢᠯᠡᠰᠴᠢᠯᠡᠭᠰᠡᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠪᠠᠷᠢᠮᠵᠢᠶᠠᠵᠢᠠᠠᠰᠠᠨ ᠦᠢᠯᠡᠳᠪᠤᠷᠢᠯᠡᠯ ᠢ ᠠᠭᠢᠭᠤᠯᠵᠦ  ᠂ ᠮᠠᠯ ᠲᠠᠷᠢᠶᠠᠯᠠᠩ ᠤᠨ ᠪᠦᠳᠦᠭᠳᠡᠭᠦᠨ ᠤ ᠶᠠᠰᠦ ᠴᠢᠨᠠᠷ ᠢ ᠲᠡᠭᠡᠭᠰᠢᠯᠡᠭᠦᠯᠦᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮᠵᠢ ᠶᠢᠨ ᠪᠦᠲᠦᠬᠡᠨ ᠪᠠᠶᠢᠭᠤᠯᠤᠯᠲᠡ ᠶᠢ ᠴᠢᠩᠭᠠᠳᠬᠠᠵᠤ᠂ ᠤᠯᠠᠭᠠᠨᠬᠠᠲᠠ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠬᠡᠵᠢᠯ ᠤᠨ ᠬᠦᠷᠢᠶᠡᠯᠡᠩ ᠲᠤᠭᠤᠷᠢᠭ ᠵᠡᠷᠬᠡ ᠰᠢᠨᠵᠢᠯᠡᠬᠦ ᠤᠬᠠᠭᠠᠨ ᠮᠡᠷᠬᠡᠵᠢᠯ  ᠎ ᠢᠶᠠᠷ ᠵᠢᠯᠤᠭᠤᠲᠤᠨ ᠲᠠᠭᠠᠭᠤᠯᠬᠤ ᠬᠡᠯᠪᠡᠷᠢ ᠶᠢᠨ ᠬᠦᠷᠢᠶᠡᠯᠡᠩ ᠲᠤᠭᠤᠷᠢᠭ ᠤᠨ ᠬᠦᠭᠵᠢᠯᠲᠡ ᠶᠢ ᠲᠦᠷᠬᠡᠳᠬᠡᠬᠦ ᠶᠢ ᠲᠡᠮᠵᠢᠵᠤ᠂ ᠲᠠᠷᠢᠶᠠᠴᠢᠳ ᠮᠠᠯᠴᠢᠳ ᠤᠨ ᠲᠤᠰᠬᠠᠶᠢᠵᠢᠭᠰᠡᠨ ᠬᠤᠷᠰᠢᠯᠴᠠᠭ᠎ᠠ ᠶᠢᠨ ᠵᠤᠬᠢᠶᠡᠨ ᠪᠠᠶᠢᠭᠤᠯᠤᠯᠲᠡ ᠶᠢ ᠪᠤᠶᠢᠵᠢᠭᠤᠯᠤᠨ ᠭᠦᠴᠦᠷᠭᠡᠭᠵᠢᠭᠦᠯᠦᠨ᠎ᠠ᠃ ᠵᠠᠬ᠎ᠠ ᠲᠡᠯᠬᠡᠬᠦᠷ᠂ ᠰᠤᠷᠠᠭ ᠵᠠᠩᠬᠢ ᠵᠡᠷᠬᠡ ᠦᠢᠯᠡᠴᠢᠯᠡᠬᠡᠨ ᠤ ᠲᠡᠪᠴᠡᠩ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠴᠢᠳ ᠮᠠᠯᠴᠢᠳ ᠲᠤ ᠴᠠᠭ ᠲᠤᠨᠢ ᠲᠤᠭᠢᠷᠬᠠᠰᠠᠨ ᠦᠷ᠎ᠡ ᠪᠦᠲᠦᠮᠵᠢᠲᠡᠢ ᠵᠠᠬ᠎ᠠ ᠲᠡᠯᠬᠡᠬᠦᠷ ᠤᠨ ᠰᠤᠷᠠᠭ ᠵᠠᠩᠬᠢ ᠶᠢᠨ ᠦᠢᠯᠡᠴᠢᠯᠡᠬᠡᠨ ᠢ ᠬᠠᠩᠭᠠᠨ᠎ᠠ᠃ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢᠨ  ᠨᠡᠷᠡᠳᠦ ᠦᠢᠯᠡᠳᠭᠦᠨ ᠤ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠲᠠᠪᠠᠭᠤᠯᠢᠭ ᠠᠵᠤ ᠦᠢᠯᠡᠰ ᠤᠨ ᠲᠤᠭᠤᠷᠢᠨ ᠳᠤ ᠪᠤᠬᠢᠷᠲᠤᠯ ᠦᠬᠡᠢ ᠤᠷᠭᠠᠨᠢᠭ ᠨᠡᠶᠢᠳᠡ ᠶᠢᠨ ᠬᠤᠤᠷᠳᠠᠭᠤᠯᠤᠯ ᠦᠬᠡᠢ ᠨᠡᠷᠡᠳᠦ ᠦᠢᠯᠡᠳᠬᠦᠨ ᠢ ᠪᠤᠶᠢᠵᠢᠭᠤᠯᠵᠤ᠂ ᠨᠡᠷ᠎ᠡ ᠠᠯᠲᠡᠷᠲᠤ ᠲᠠᠸᠠᠷ ᠤᠨ ᠲᠡᠮᠳᠡᠭ ᠢ ᠢᠳᠡᠪᠭᠢᠳᠡᠢ ᠮᠡᠳᠡᠷᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠤᠯᠭᠦᠢ ᠶᠢ ᠪᠠᠲᠤᠯᠠᠵᠤ᠂ ᠵᠠᠬ᠎ᠠ ᠲᠡᠯᠬᠡᠬᠦᠷ ᠲᠠᠬᠢ ᠡᠵᠡᠯᠡᠬᠦ ᠨᠤᠷᠮ᠎ᠠ ᠪᠠ ᠦᠷᠢᠰᠦᠯᠳᠦᠭᠦ  ᠬᠦᠴᠦᠨ ᠢ ᠲᠡᠬᠡᠭᠰᠢᠯᠡᠬᠦᠯᠦᠨ᠎ᠡ᠃    ᠦᠢᠯᠡᠴᠢᠯᠡᠬᠡᠨ ᠤ ᠦᠢᠯᠡᠰ ᠢ ᠭᠦᠭᠵᠢᠭᠦᠯᠦᠨ ᠠᠵᠤ ᠦᠢᠯᠡᠰ ᠤᠨ ᠪᠦᠲᠦᠴᠡ ᠶᠢ  ᠰᠢᠯᠢᠳᠡᠭᠵᠢᠭᠦᠯᠵᠦ ᠲᠡᠰ ᠲᠡᠪᠰᠢᠬᠦᠯᠬᠦ ᠶᠢᠨ ᠭᠤᠤᠯᠲᠡᠯᠭ᠎ᠠ  ᠪᠤᠯᠭᠠᠬᠤ ᠶᠢ ᠪᠠᠷᠢᠮᠲᠡᠯᠡᠵᠤ᠂ ᠦᠢᠯᠡᠴᠢᠯᠡᠬᠡᠨ ᠤ ᠦᠢᠯᠡᠰ ᠤᠨ ᠭᠦᠭᠵᠢᠯᠳᠡ ᠶᠢᠨ ᠬᠤᠷᠳᠦᠴᠡ ᠶᠢ ᠲᠦᠷᠭᠡᠳᠭᠡᠵᠦ᠂ ᠬᠠᠷᠢᠴᠠᠯ ᠢ ᠨᠢ ᠲᠡᠬᠡᠭᠰᠢᠯᠡᠬᠦᠯᠦᠨ᠂ ᠦᠷᠢᠰᠦᠯᠲᠦᠬᠡᠨ ᠤ ᠬᠦᠴᠦᠨ ᠢ ᠨᠡᠮᠡᠭᠲᠡᠬᠦᠯᠬᠦ ᠪᠠ ᠪᠦᠲᠦᠴᠡ  ᠎ ᠶᠢᠨ ᠰᠢᠯᠢᠲᠡᠭᠵᠢᠬᠦᠯᠬᠦ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠬᠤᠲᠠᠯᠲᠤᠭᠠᠨ ᠤ ᠦᠢᠯᠡᠰ  ᠎ ᠤᠨ ᠲᠡᠰ ᠲᠡᠪᠰᠢᠬᠦᠯᠦᠨ ᠦᠬᠡᠷᠡᠴᠢᠯᠡᠬᠦ ᠶᠢ ᠲᠦᠷᠬᠡᠳᠬᠡᠵᠦ᠂ ᠲᠤᠮᠤ ᠬᠡᠯᠪᠡᠷᠢ ᠶᠢᠨ ᠠᠷᠡᠯᠵᠢᠶ᠎ᠡ ᠬᠤᠲᠡᠯᠲᠤᠭᠠᠨ ᠤ ᠲᠦᠷᠦᠯ ᠵᠦᠢᠯ ᠪᠠ ᠬᠤᠲᠠ ᠶᠢᠨ ᠶᠡᠷᠦᠩᠬᠡᠢ ᠴᠤᠭᠴᠠ ᠶᠢᠨ ᠪᠦᠲᠦᠬᠡᠨ ᠪᠠᠶᠢᠭᠤᠯᠤᠯᠲᠡ ᠶᠢ ᠠᠬᠢᠭᠤᠯᠵᠤ᠂ ᠤᠯᠤᠰ ᠤᠨ ᠲᠤᠲᠤᠭᠠᠲᠤ ᠭᠠᠲᠠᠭᠠᠲᠤ ᠶᠢᠨ ᠲᠡᠬᠡᠲᠦ ᠲᠡᠰ ᠤᠨ ᠠᠷᠡᠯᠵᠢᠶ᠎ᠠ ᠬᠤᠲᠠᠯᠲᠤᠭᠠᠨ ᠤ ᠨᠡᠷᠡᠲᠤ ᠲᠡᠮᠲᠡᠭᠲᠤ ᠶᠢ ᠤᠷᠤᠭᠤᠯᠵᠤ᠂ ᠤᠯᠠᠮᠵᠢᠯᠠᠯᠲᠤ ᠠᠷᠠᠯᠵᠢᠶ᠎ᠠ ᠬᠤᠲᠠᠯᠲᠤᠭᠠᠨ ᠤ ᠦᠢᠯᠡᠰ ᠤᠨ ᠲᠡᠰ ᠲᠠᠪᠬᠤᠷᠭ᠎ᠠ ᠪᠠ ᠬᠢᠷᠢ ᠭᠡᠮᠵᠢᠶ᠎ᠠ ᠶᠢ ᠲᠡᠬᠡᠭᠰᠢᠯᠡᠬᠦᠯᠦᠨ᠎ᠡ᠃ ᠡᠯ᠎ᠡ ᠲᠦᠷᠦᠯ ᠤᠨ ᠲᠤᠰᠬᠠᠶᠢᠵᠢᠭᠰᠡᠨ ᠪᠦᠬᠡᠮ ᠢᠶᠠᠷ ᠬᠤᠲᠡᠯᠲᠤᠬᠤ ᠵᠠᠬ᠎ᠠ ᠲᠡᠯᠬᠡᠬᠦᠷ ᠢ ᠪᠤᠶᠢᠵᠢᠭᠤᠯᠤᠨ ᠪᠤᠵᠠᠭᠠᠶᠢᠷᠠᠭᠤᠯᠵᠤ᠂ ᠮᠢᠩᠭᠠᠨ ᠲᠤᠰᠬᠤᠨ ᠲᠦᠮᠡᠨ ᠰᠢᠶᠠᠩ ᠤᠨ ᠵᠠᠬ᠎ᠠ ᠲᠡᠯᠬᠡᠬᠦᠷ ᠤᠨ ᠢᠨᠵᠧᠨᠧᠷᠢᠩ ᠪᠠ ᠰᠢᠨ᠎ᠡ ᠲᠤᠤᠷᠵᠢᠯ ᠤᠨ ᠢᠨᠵᠧᠨᠧᠷᠢᠩ ᠢ ᠠᠬᠢᠭᠤᠯᠵᠤ᠂ ᠬᠤᠲᠠ ᠬᠦᠲᠡᠭᠡ ᠶᠢᠨ ᠵᠠᠬ᠎ᠠ ᠲᠡᠯᠬᠡᠬᠦᠷ ᠤᠨ ᠬᠦᠭᠵᠢᠨ ᠴᠡᠴᠡᠭᠯᠡᠬᠦ ᠶᠢ ᠠᠬᠢᠭᠤᠯᠤᠨ᠎ᠠ᠃ ᠤᠲᠤ ᠦᠶ᠎ᠡ ᠶᠢᠨ ᠪᠠᠷᠡᠭᠠᠨ ᠤ ᠬᠦᠢᠯᠬᠡᠬᠡᠨ ᠤ ᠦᠢᠯᠡᠰ ᠤᠨ ᠬᠦᠭᠵᠢᠯᠲᠡ ᠶᠢ ᠲᠦᠷᠬᠡᠳᠬᠡᠵᠦ᠂ ᠬᠤᠩ ᠱᠠᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠲᠤ ᠲᠦᠰᠢᠭᠯᠡᠵᠦ᠂ ᠪᠦᠬᠦ ᠲᠦᠯᠦᠪᠵᠢᠬᠦᠯᠬᠡ ᠶᠢᠨ ᠲᠡᠯᠡᠪᠡᠢ ᠨᠢ 50 ᠲᠡᠭᠰᠢ ᠲᠦᠷᠪᠡᠯᠵᠢᠨ ᠺᠢᠯᠤᠮᠧᠲᠷ  ᠎ ᠤᠨ ᠤᠯᠠᠭᠠᠨᠬᠠᠲᠠ ᠶᠢᠨ ᠪᠠᠷᠠᠭᠠᠨ ᠎ ᠤ ᠬᠦᠢᠯᠬᠡᠬᠡᠨ ᠤ ᠬᠤᠲᠠ ᠶᠢ ᠪᠠᠶᠢᠭᠤᠯᠵᠤ᠂ ᠡᠵᠡᠩᠨᠡᠯᠲᠠ ᠶᠢᠨ ᠲᠡᠰ ᠲᠠᠪᠬᠤᠷᠭ᠎ᠠ ᠶᠢ ᠤᠯᠠᠮ ᠪᠠᠶᠠᠯᠢᠭᠵᠢᠭᠤᠯᠵᠤ᠂ ᠤᠲᠤ ᠦᠶ᠎ᠡ ᠶᠢᠨ ᠪᠠᠷᠠᠭᠠᠨ ᠤ ᠬᠦᠢᠯᠬᠡᠬᠡᠨ ᠤ ᠰᠢᠰᠲ᠋ᠧᠮᠵᠢ ᠶᠢ ᠪᠠᠶᠢᠭᠤᠯᠤᠨ᠎ᠠ︔ ᠨᠡᠬᠦᠷᠡᠰᠦ᠂ ᠦᠩᠬᠡᠲᠦ ᠲᠡᠮᠦᠷᠯᠢᠭ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠵᠡᠷᠬᠡ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠵᠦ᠂  ᠦᠪᠡᠷᠮᠢᠴᠡ ᠤᠨᠴᠠᠯᠢᠭ ᠲᠠᠢ ᠨᠢᠭᠡ ᠪᠦᠯᠦᠭ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠪᠠ ᠪᠠᠷᠠᠭᠠᠨ ᠤ ᠬᠦᠢᠯᠬᠡᠬᠡᠨ ᠎ ᠤ ᠵᠠᠩᠬᠢᠯᠠᠭ᠎ᠠ ᠴᠡᠭ ᠢ ᠪᠠᠶᠢᠭᠤᠯᠵᠤ᠂ 2017 ᠪᠤᠯᠲᠠᠯ᠎ᠠ ᠪᠦᠬᠦ ᠬᠤᠲᠠ ᠶᠢᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 700 ᠳ᠋ᠦᠩᠰᠢᠭᠤᠷ ᠲᠦᠬᠦᠷᠢᠭ ᠢ ᠪᠠᠶᠡᠯᠡᠬᠦᠯᠦᠨ᠎ᠡ᠃ ᠰᠤᠶᠤᠯ ᠵᠤᠭᠠᠴᠠᠯ ᠤᠨ ᠦᠢᠯᠡᠰ ᠢ ᠶᠡᠬᠡᠪᠡᠷ ᠬᠦᠭᠵᠢᠬᠦᠯᠵᠦ᠂ ᠰᠤᠶᠤᠯ ᠵᠤᠭᠠᠴᠠᠯ ᠤᠨ ᠡᠬᠢ ᠪᠠᠶᠠᠯᠢᠭ ᠢ ᠨᠢᠳᠬᠡᠵᠦ᠂ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠪᠠᠨ ᠲᠡᠬᠦᠯᠲᠡᠷᠵᠢᠬᠦᠯᠵᠦ᠂ ᠪᠡᠯᠡ ᠤᠷᠤᠭᠤᠯᠬᠤ ᠪᠡᠯᠡ ᠭᠦᠢᠯᠭᠡᠭᠡᠭᠦ ᠲᠡᠪᠴᠡᠩ ᠢ ᠪᠠᠶᠢᠭᠤᠯᠵᠤ᠂ ᠰᠤᠶᠤᠯ ᠵᠤᠭᠠᠴᠠᠯ ᠤᠨ ᠵᠠᠬ᠎ᠠ ᠲᠡᠯᠬᠡᠬᠦᠷ ᠢ ᠴᠡᠭᠴᠡᠯᠡᠨ ᠲᠦᠷᠢᠮᠵᠢᠬᠦᠯᠵᠦ᠂ ᠲᠡᠦᠬᠡ ᠰᠤᠶᠤᠯ᠂ ᠦᠨᠲᠦᠰᠦᠲᠡᠨ ᠤ ᠵᠠᠩ ᠲᠠᠳᠬᠠᠯ ᠨᠢ ᠵᠤᠭᠠᠴᠠᠯ ᠤᠨ ᠦᠢᠯᠡᠰ ᠯᠦᠭᠡ ᠤᠶᠡᠯᠲᠤᠨ ᠬᠦᠭᠵᠢᠬᠦ ᠶᠢ ᠠᠬᠢᠭᠤᠯᠤᠨ᠎ᠠ︔ ᠵᠤᠭᠠᠴᠠᠯ ᠤᠨ ᠦᠵᠡᠮᠵᠢ ᠶᠢᠨ ᠤᠷᠤᠨ ᠪᠠ ᠰᠤᠶᠤᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠦᠨᠲᠦᠷ ᠲᠦᠪᠰᠢᠨ ᠢᠶᠠᠷ ᠪᠦᠲᠦᠬᠡᠨ ᠪᠠᠶᠢᠭᠤᠯᠵᠤ᠂ ᠭᠠᠵᠠᠷ ᠤᠷᠤᠨ ᠤ ᠤᠨᠴᠠᠯᠢᠭ ᠎ ᠲᠠᠢ ᠰᠤᠶᠤᠯ ᠵᠤᠭᠠᠴᠠᠯ ᠤᠨ ᠪᠦᠲᠦᠬᠡᠭᠲᠡᠬᠦᠨ ᠢ ᠨᠡᠬᠡᠬᠡᠨ ᠬᠦᠭᠵᠢᠬᠦᠯᠵᠦ᠂ ᠺᠢᠨᠤ᠋ ᠲᠧᠯᠸᠢᠰ ᠦᠢᠯᠡᠳᠬᠦ᠂ ᠬᠡᠪᠯᠡᠨ ᠲᠠᠷᠬᠠᠭᠠᠬᠤ᠂ ᠲᠤᠭᠯᠠᠯᠲᠠ ᠲᠤᠠᠠᠯᠠᠭᠠᠮ᠂ ᠰᠡᠯᠡᠬᠦᠴᠡᠨ ᠤᠶᠢᠯᠠᠭᠠᠬᠤ ᠪᠠ ᠺᠷᠲ᠋ᠤᠨ ᠵᠡᠷᠬᠡ ᠠᠵᠤ ᠦᠢᠯᠡᠰ ᠢ ᠪᠤᠶᠢᠵᠢᠭᠤᠯᠵᠤ᠂ ᠰᠤᠶᠤᠯ ᠵᠤᠭᠠᠴᠠᠯ ᠤᠨ ᠠᠵᠤ ᠦᠢᠯᠡᠰ ᠢ ᠲᠤᠯᠭᠠᠭᠤᠷᠢᠯᠠᠬᠤ ᠠᠵᠤ ᠦᠢᠯᠡᠰ ᠪᠤᠯᠭᠠᠬᠤ ᠪᠠᠷ ᠴᠢᠷᠮᠠᠶᠢᠨ᠎ᠠ᠃ ᠮᠦᠩᠬᠦᠨ ᠬᠦᠢᠯᠬᠡᠬᠡᠨ ᠤ ᠦᠢᠯᠡᠰ ᠢ ᠪᠤᠶᠢᠵᠢᠭᠤᠯᠤᠨ ᠬᠦᠴᠦᠷᠬᠡᠭᠵᠢᠬᠦᠯᠵᠦ᠂ ᠮᠦᠩᠬᠦᠨ ᠬᠦᠢᠯᠬᠡᠬᠡᠨ ᠤ ᠠᠷᠡᠯᠵᠢᠶ᠎ᠠ ᠬᠤᠲᠡᠯᠲᠤᠭᠠᠨ ᠤ ᠲᠤᠭᠤᠷᠢᠭ ᠤᠨ ᠪᠦᠲᠦᠬᠡᠨ ᠪᠠᠶᠢᠭᠤᠯᠤᠯᠲᠡ ᠶᠢ ᠲᠦᠷᠬᠡᠳᠬᠡᠵᠦ᠂ ᠬᠤᠲᠠ ᠶᠢᠨ ᠭᠠᠳᠠᠨᠠᠬᠢ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠢᠲᠡᠪᠬᠢᠲᠡᠢ ᠤᠷᠤᠭᠤᠯᠵᠤ᠂ ᠤᠷᠤᠨ ᠨᠤᠲᠤᠭ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠬᠦᠭᠵᠢᠬᠦᠯᠦᠨ ᠪᠤᠵᠠᠭᠠᠶᠢᠷᠡᠭᠤᠯᠵᠤ᠂ 2017 ᠤᠨ ᠪᠤᠯᠲᠠᠯ᠎ᠠ ᠪᠦᠬᠦ ᠬᠤᠲᠠ ᠶᠢᠨ ᠢᠲᠡᠬᠡᠮᠵᠢᠲᠤ ᠵᠢᠬᠡᠯᠡᠯᠬᠡ ᠲᠡᠯᠪᠢᠬᠤ ᠬᠡᠪᠴᠢᠶ᠎ᠡ ᠶᠢ 1300 ᠳ᠋ᠦᠩᠰᠢᠭᠤᠷ ᠲᠦᠬᠦᠷᠢᠭ ᠠᠴᠠ ᠲᠠᠪᠠᠭᠤᠯᠤᠨ᠂ ᠪᠡᠯᠡ ᠭᠦᠢᠯᠭᠡᠭᠡᠨ ᠲᠠᠭᠠᠭᠠᠨ ᠪᠠᠲᠤᠯᠠᠬᠤ ᠴᠢᠲᠠᠪᠤᠷᠢ ᠶᠢ 100 ᠳ᠋ᠦᠩᠰᠢᠭᠤᠷ ᠲᠦᠬᠦᠷᠢᠭ ᠲᠤ ᠬᠦᠷᠬᠡᠨ᠎ᠡ︔ ᠠᠵᠤ ᠠᠬᠤᠶᠢᠯᠠᠯ ᠤᠨ ᠰᠲ᠋ᠤᠺ ᠤᠨ ᠡᠷᠬᠡ ᠪᠠᠷ ᠲᠠᠮᠵᠢᠭᠤᠯᠤᠨ ᠪᠡᠯᠡ ᠭᠦᠢᠯᠭᠡᠭᠡᠭᠦ  ᠴᠤᠠᠠᠴᠠ ᠪᠠᠨ ᠦᠭᠡᠷᠡᠴᠢᠯᠡᠨ ᠰᠲ᠋ᠤᠺ ᠤᠨ ᠵᠠᠬ᠎ᠠ ᠳᠤ ᠭᠠᠷᠬᠤ᠂ ᠵᠢᠬᠡᠯᠡᠯᠬᠡ ᠶᠢᠨ ᠲᠡᠮᠲᠡᠭ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠰᠢᠭᠤᠳ ᠪᠡᠯᠡ ᠭᠦᠢᠯᠭᠡᠭᠡᠭᠦ ᠬᠡᠪᠴᠢᠶ᠎ᠡ ᠪᠠᠨ ᠦᠷᠬᠡᠳᠬᠡᠬᠦ ᠶᠢ ᠵᠤᠷᠢᠭᠵᠢᠭᠤᠯᠵᠤ᠂ 3 —5 ᠠᠵᠤ ᠠᠬᠤᠶᠢᠯᠠᠯ ᠤᠨ ᠠᠮᠵᠢᠯᠲᠠ ᠲᠠᠢ ᠪᠠᠷ ᠰᠲ᠋ᠤᠺ ᠤᠨ ᠵᠠᠬ᠎ᠠ ᠳᠤ ᠭᠠᠷᠬᠤ ᠶᠢ ᠠᠬᠢᠭᠤᠯᠤᠨ᠎ᠠ︔ ᠲᠡᠮᠲᠡᠭᠲᠤ᠂ ᠲᠠᠭᠠᠳᠬᠠᠯ᠂  ᠢᠳᠡᠭᠡᠮᠵᠢᠳᠦ ᠨᠠᠶᠢᠳᠠᠯᠭ᠎ᠠ᠂ ᠬᠤᠭᠤᠴᠠᠭᠠᠲᠤ ᠪᠠᠷᠠᠭ᠎ᠠ ᠵᠡᠷᠬᠡ ᠮᠦᠩᠬᠦᠨ ᠬᠦᠢᠯᠬᠡᠬᠡᠨ ᠤ ᠦᠢᠯᠡᠴᠢᠯᠡᠬᠡᠨ ᠶᠢ  ᠴᠢᠨ᠋ᠬᠠᠰᠢᠳᠠ ᠭᠦᠭᠵᠢᠭᠦᠯᠦᠨ᠎ᠠ᠂ ᠬᠡᠷ ᠤᠨ ᠠᠵᠢᠯ ᠶᠠᠪᠤᠲᠡᠯ᠂ ᠨᠠᠰᠤᠳᠠᠨ ᠢ ᠠᠰᠠᠷᠠᠬᠤ᠂ ᠬᠡᠷ  ᠪᠦᠯᠢ ᠶᠢᠨ ᠬᠡᠷᠡᠭᠰᠡᠯ ᠬᠦᠷᠬᠡᠬᠦ ᠵᠡᠷᠬᠡ ᠠᠷᠡᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠦᠢᠯᠡᠰ ᠪᠠ ᠰᠤᠷᠠᠭ ᠵᠠᠩᠬᠢ᠂ ᠯᠠᠪᠯᠠᠭ᠎ᠠ᠂ ᠬᠡᠷᠡᠴᠢᠯᠡᠯᠲᠠ᠂ ᠦᠨᠡᠯᠡᠯᠳᠡ᠂ ᠦᠵᠡᠬᠦᠯᠦᠯᠬᠡ ᠵᠡᠷᠬᠡ ᠰᠢᠨ᠎ᠡ ᠪᠠᠷ  ᠪᠤᠢ ᠪᠤᠯᠵᠦ ᠪᠠᠶᠢᠭ᠎ᠠ ᠦᠢᠯᠡᠴᠢᠯᠡᠬᠡᠨ ᠤ ᠦᠢᠯᠡᠰ ᠤᠨ ᠲᠦᠷᠢᠮᠵᠢᠨ ᠬᠦᠭᠵᠢᠬᠦ ᠶᠢ ᠠᠬᠢᠭᠤᠯᠤᠨ᠎ᠠ᠃       ︵ᠬᠤᠶᠠᠷ︶  ᠬᠦᠴᠦᠨ ᠢᠶᠠᠨ ᠲᠦᠪᠯᠡᠷᠡᠬᠦᠯᠦᠨ ᠠᠷᠡᠳ ᠤᠨ ᠠᠮᠢᠲᠤᠷᠡᠯ ᠢ ᠪᠠᠳᠤᠯᠠᠨ ᠰᠠᠶᠢᠵᠢᠷᠡᠭᠤᠯᠵᠤ᠂ ᠬᠦᠭᠵᠢᠯᠲᠡ ᠶᠢᠨ ᠦᠷ᠎ᠡ ᠪᠦᠲᠦᠬᠡᠯ ᠢ ᠬᠤᠲᠠ ᠬᠦᠲᠡᠭᠡ ᠶᠢᠨ ᠰᠠᠭᠤᠭᠠᠯᠢ ᠠᠷᠡᠳ ᠲᠤ ᠬᠦᠷᠲᠡᠬᠡᠬᠦ ᠶᠢ ᠠᠬᠢᠭᠤᠯᠤᠨ᠎ᠠ        ᠬᠦᠭᠵᠢᠯᠲᠡ ᠶᠢᠨ ᠦᠷ᠎ᠡ ᠪᠦᠲᠦᠬᠡᠯ ᠢ ᠠᠷᠡᠳ ᠲᠦᠮᠡᠨ ᠳᠤ ᠬᠠᠮᠲᠤᠪᠡᠷ ᠡᠳ᠋ᠯᠡᠭᠦᠯᠭᠦ  ᠎ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠠᠵᠦ ᠪᠠᠶᠢᠭᠠᠳ ᠬᠤᠳᠠ ᠭᠦᠳᠡᠭᠡ ᠶᠢᠨ ᠰᠠᠭᠤᠭᠠᠯᠢ ᠠᠷᠡᠳ ᠤᠨ ᠤᠷᠤᠯᠭ᠎ᠠ ᠶᠢ ᠨᠡᠮᠡᠭᠲᠡᠬᠦᠯᠦᠨ᠎ᠡ᠃ ᠰᠠᠭᠤᠭᠠᠯᠢ ᠠᠷᠡᠳ ᠤᠨ ᠤᠷᠤᠯᠭ᠎ᠠ ᠪᠠ ᠠᠵᠤ ᠠᠬᠤᠢ ᠶᠢᠨ ᠬᠦᠭᠵᠢᠯᠲᠡ  ᠵᠡᠷᠬᠡᠲᠤᠨᠢ ᠨᠡᠮᠡᠭᠲᠡᠬᠦ ᠶᠢ ᠴᠢᠷᠮᠠᠶᠢᠨ ᠪᠡᠶᠡᠯᠡᠬᠦᠯᠵᠤ᠂ ᠲᠠᠷᠢᠶᠠᠯᠠᠩ ᠮᠠᠯ ᠠᠵᠤ ᠠᠬᠤᠢ ᠳᠤ ᠠᠰᠢᠭᠲᠡᠢ ᠲᠦᠷᠦ ᠶᠢᠨ ᠪᠤᠲᠤᠯᠭ᠎ᠠ ᠶᠢ ᠰᠠᠶᠢᠳᠦᠷ ᠨᠠᠶᠢᠲᠡᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠤᠷᠤᠯᠭ᠎ᠠ ᠨᠡᠮᠡᠭᠲᠡᠬᠦᠯᠬᠦ ᠲᠡᠯᠲᠠ ᠬᠦᠴᠦᠨ ᠢ ᠠᠭᠤᠲᠡᠯᠠᠵᠤ᠂ ᠲᠠᠷᠢᠶᠠᠯᠠᠬᠤ ᠮᠠᠯᠵᠢᠬᠤ ᠤᠷᠤᠨ ᠤ ᠦᠯᠡᠬᠦᠦ ᠬᠦᠲᠡᠯᠮᠦᠷᠢ ᠬᠦᠴᠦᠨ ᠢ ᠬᠤᠶᠠᠷ᠂ ᠭᠤᠷᠪᠠᠲᠤᠭᠠᠷ ᠠᠵᠤ ᠦᠢᠯᠡᠰ ᠲᠡᠰᠢ ᠰᠢᠯᠵᠢᠭᠦᠯᠭᠦ ᠪᠠᠷ ᠵᠢᠯᠤᠭᠤᠳᠴᠤ᠂ ᠲᠠᠷᠢᠶᠠᠴᠢᠳ ᠮᠠᠯᠴᠢᠳ ᠤᠨ ᠤᠷᠤᠯᠭ᠎ᠠ  ᠲᠤᠠᠠᠳᠠᠭᠤᠨ ᠢᠶᠠᠷ ᠨᠡᠮᠡᠭᠲᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠴᠠᠯᠢᠩ ᠢ ᠬᠠᠮᠲᠤᠪᠡᠷ ᠵᠦᠪᠯᠡᠯᠴᠡᠬᠦ ᠶᠢ ᠠᠬᠢᠭᠤᠯᠵᠤ᠂ ᠬᠠᠮᠤᠭ ᠲᠤᠤᠷ᠎ᠠ ᠴᠠᠯᠢᠩ ᠤᠨ ᠲᠦᠷᠢᠮ ᠪᠠ ᠴᠠᠯᠢᠩ ᠎ ᠤᠨ ᠬᠡᠪ ᠢᠶᠠᠷ ᠨᠡᠮᠡᠭᠲᠡᠬᠦ᠂  ᠭᠡᠪ ᠢᠶᠠᠷ ᠦᠭᠬᠦ ᠪᠠᠲᠤᠯᠠᠭ᠎ᠠ ᠶᠢᠨ ᠲᠦᠷᠢᠮ ᠢ ᠲᠡᠬᠦᠯᠲᠡᠷᠵᠢᠬᠦᠯᠵᠦ᠂ ᠨᠢᠬᠡᠲᠦᠬᠡᠷ ᠹᠷᠤᠨᠲ ᠤᠨ ᠠᠵᠢᠯᠲᠡᠨ ᠠᠵᠢᠯᠴᠢᠨ ᠤ ᠴᠠᠯᠢᠩ ᠤᠨ ᠲᠦᠪᠰᠢᠨ ᠢ ᠠᠯᠬᠤᠮ ᠠᠯᠬᠤᠮ ᠢᠶᠠᠷ ᠲᠡᠬᠡᠭᠰᠢᠯᠡᠬᠦᠯᠦᠨ᠎ᠡ᠃ ᠲᠦᠷᠦ ᠶᠢᠨ ᠠᠯᠪᠡᠲᠡᠨ ᠤ ᠨᠡᠮᠡᠬᠦᠷᠢ ᠨᠦᠬᠦᠪᠦᠷᠢ ᠶᠢ ᠲᠦᠷᠢᠮᠵᠢᠬᠦᠯᠵᠦ᠂ ᠠᠵᠢᠯ ᠦᠢᠯᠡᠰ ᠤᠨ ᠨᠢᠬᠡᠴᠡ ᠎ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠲᠦᠷᠢᠮ ᠤᠨ ᠦᠬᠡᠷᠡᠴᠢᠯᠡᠯᠲᠠ ᠶᠢ ᠠᠬᠢᠭᠤᠯᠵᠤ᠂ ᠮᠠᠨ ᠤ ᠬᠤᠲᠠ ᠬᠢᠬᠡᠳ ᠬᠦᠭᠵᠢᠭᠰᠡᠨ ᠭᠠᠵᠠᠷ ᠤᠷᠤᠨ ᠯᠤᠭ᠎ᠠ ᠎ ᠶᠢᠨ ᠴᠠᠯᠢᠩ ᠤᠨ ᠵᠦᠷᠢᠶ᠎ᠡ ᠶᠢ ᠢᠳᠡᠭ ᠢᠳᠡᠭ ᠢᠶᠠᠷ ᠪᠠᠭᠠᠰᠬᠠᠨ᠎ᠠ᠃ ᠭᠠᠵᠠᠷ ᠰᠢᠷᠤᠢ᠂ ᠬᠠᠲᠤᠯᠠᠩ ᠪᠡᠯᠴᠢᠬᠡᠷ ᠢ ᠲᠠᠲᠠᠪᠤᠷᠢᠯᠠᠬᠤ ᠭᠡᠷᠡᠭᠯᠡᠭᠦ᠂ ᠬᠡᠷ ᠪᠠᠶᠢᠰᠢᠩ ᠨᠤᠷᠠᠭᠠᠬᠤ ᠵᠡᠷᠬᠡ ᠳᠤ ᠨᠦᠬᠦᠪᠦᠷᠢ ᠤᠯᠭᠤᠬᠤ ᠲᠦᠷᠦ ᠶᠢᠨ ᠪᠤᠲᠤᠯᠭ᠎ᠠ ᠶᠢ ᠲᠡᠬᠦᠯᠲᠡᠷᠵᠢᠬᠦᠯᠵᠦ᠂ ᠨᠦᠬᠦᠴᠡᠯ ᠡᠬᠦᠳᠴᠦ ᠪᠠᠶᠢᠭᠠᠳ ᠨᠡᠩ ᠤᠯᠠᠨ ᠬᠦᠮᠦᠰ ᠤᠨ ᠡᠳ᠋ ᠬᠦᠷᠦᠩᠬᠡ ᠶᠢᠨ ᠴᠢᠨᠠᠷᠲᠡᠢ ᠤᠷᠤᠯᠭ᠎ᠠ ᠶᠢ ᠨᠡᠮᠡᠭᠲᠡᠬᠦᠯᠦᠨ᠎ᠡ᠃ ᠪᠦᠬᠦᠶᠢᠯᠡ ᠲᠤᠰᠬᠤᠨ ᠢᠶᠠᠷ ᠠᠬᠢᠭᠤᠯᠬᠤ᠂  ᠲᠦᠪᠯᠡᠷᠡᠬᠦᠯᠦᠨ ᠵᠠᠯᠭᠠᠵᠦ ᠨᠡᠬᠡᠬᠡᠨ ᠠᠰᠢᠭᠯᠠᠬᠤ᠂ ᠠᠷᠡᠳ ᠢ ᠰᠢᠯᠵᠢᠬᠦᠯᠦᠨ ᠨᠡᠬᠦᠯᠬᠡᠬᠦ᠂ ᠠᠵᠤ ᠦᠢᠯᠡᠰᠵᠢᠬᠦᠯᠦᠨ ᠶᠠᠲᠠᠭᠤ ᠶᠢ ᠲᠡᠳᠬᠦᠬᠦ ᠪᠠ ᠨᠡᠶᠢᠬᠡᠮ ᠠᠴᠠ ᠶᠠᠲᠠᠭᠤ ᠶᠢ ᠲᠡᠳᠬᠦᠬᠦ ᠢᠨᠵᠧᠨᠧᠷᠢᠩ ᠢ ᠶᠡᠬᠡᠪᠡᠷ ᠬᠡᠷᠡᠭᠵᠢᠬᠦᠯᠵᠦ᠂ 74.2 ᠲᠦᠮᠡᠨ ᠶᠠᠲᠠᠭᠤ ᠬᠦᠴᠢᠷᠲᠡᠢ ᠬᠦᠮᠦᠨ ᠠᠮᠠ ᠶᠢ ᠪᠦᠬᠦᠨ ᠢ ᠶᠠᠲᠠᠭᠤ ᠠᠴᠠ ᠨᠢ ᠠᠩᠬᠢᠵᠢᠷᠠᠭᠤᠯᠤᠨ᠎ᠠ᠃      ᠠᠵᠢᠯ ᠤᠯᠭᠤᠯᠲᠠ ᠶᠢ ᠠᠬᠢᠭᠤᠯᠬᠤ ᠶᠢ ᠠᠷᠡᠳ ᠤᠨ ᠠᠮᠢᠲᠤᠷᠡᠯ ᠢ ᠪᠠᠲᠤᠯᠠᠬᠤ ᠪᠠ ᠰᠠᠶᠢᠵᠢᠷᠠᠭᠤᠯᠬᠤ ᠶᠢᠨ ᠲᠡᠷᠢᠬᠦᠨ ᠴᠢᠬᠤᠯᠡ ᠶᠠᠪᠤᠲᠡᠯ ᠪᠤᠯᠭᠠᠬᠤ ᠶᠢ ᠪᠠᠷᠢᠮᠲᠡᠯᠡᠵᠤ᠂ ᠠᠵᠢᠯ ᠤᠯᠭᠤᠯᠲᠠ ᠶᠢ ᠤᠷᠢᠲᠡᠪᠡᠷ ᠪᠤᠳᠤᠯᠭᠢᠯᠠᠬᠤ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠵᠦ᠂  ᠪᠦᠷᠢᠨ ᠬᠦᠢᠴᠡᠳ ᠠᠵᠢᠯ ᠤᠯᠭᠤᠯᠲᠠ ᠲᠤᠮᠲᠠ ᠨᠡᠩ ᠰᠠᠶᠢᠨ ᠴᠢᠨᠠᠷ ᠴᠢᠨᠰᠠᠭ᠎ᠠ ᠲᠠᠢ ᠠᠵᠢᠯ ᠤᠯᠭᠤᠯᠲᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠠᠵᠤ ᠠᠬᠤᠢ ᠶᠢᠨ ᠪᠦᠲᠦᠴᠡ ᠶᠢᠨ ᠲᠤᠭᠢᠷᠠᠭᠤᠯᠤᠯᠳᠠ ᠶᠢ ᠲᠦᠷᠬᠡᠳᠬᠡᠵᠦ᠂ ᠦᠢᠯᠡᠴᠢᠯᠡᠬᠡᠨ ᠤ ᠦᠢᠯᠡᠰ᠂ ᠬᠦᠲᠡᠯᠮᠦᠷᠢ ᠬᠦᠴᠦ ᠨᠢᠭ᠌ᠲᠡᠷᠠᠭᠰᠠᠨ ᠬᠡᠯᠪᠡᠷᠢ ᠶᠢᠨ ᠠᠵᠤ ᠦᠢᠯᠡᠰ᠂ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠶᠢ ᠶᠡᠬᠡᠪᠡᠷ ᠬᠦᠭᠵᠢᠬᠦᠯᠵᠦ᠂ ᠵᠠᠰᠠᠭ ᠤᠨ ᠤᠷᠲᠤᠨ ᠠᠴᠠ ᠪᠡᠯᠡ ᠤᠷᠤᠭᠤᠯᠵᠤ ᠠᠵᠢᠯ ᠤᠯᠭᠤᠯᠲᠡ ᠶᠢ ᠠᠬᠢᠭᠤᠯᠬᠤ᠂  ᠴᠢᠬᠤᠯᠡ ᠶᠡᠭᠡ ᠲᠦᠷᠦᠯ ᠵᠦᠢᠯ ᠎ ᠢᠶᠠᠷ ᠠᠵᠢᠯ ᠤᠯᠭᠤᠯᠲᠡ ᠶᠢ ᠲᠠᠶᠢᠴᠢᠯᠠᠬᠤ᠂ ᠲᠤᠮᠲᠠ ᠪᠠᠭ᠎ᠠ ᠠᠵᠤ ᠠᠬᠤᠶᠢᠯᠠᠯ  ᠎ ᠤᠳ ᠠᠵᠢᠯ ᠤᠯᠭᠤᠬᠤ ᠦᠢᠯᠡᠲᠦᠯ ᠢ ᠪᠠᠲᠠᠷᠡᠭᠤᠯᠤᠨ᠎ᠠ᠃ ᠤᠶᠤᠲᠡᠳ ᠢᠶᠠᠷ ᠭᠤᠤᠯᠲᠡᠯᠭ᠎ᠠ ᠪᠤᠯᠭᠠᠭᠰᠠᠨ ᠵᠠᠯᠠᠭᠤᠴᠤᠳ ᠲᠤ ᠠᠵᠢᠯ ᠤᠯᠭᠤᠯᠲᠠ ᠪᠠ ᠬᠦᠲᠡᠭᠡ ᠲᠤᠰᠬᠤᠨ ᠮᠠᠯᠵᠢᠬᠤ ᠤᠷᠤᠨ ᠤ ᠬᠦᠲᠡᠯᠮᠦᠷᠢ ᠬᠦᠴᠦᠨ ᠢ ᠰᠢᠯᠵᠢᠬᠦᠯᠬᠦ᠂ ᠬᠤᠲᠠ ᠪᠠᠯᠭᠠᠰᠤᠨ ᠤ ᠬᠦᠴᠢᠷᠲᠡᠢ  ᠬᠦᠮᠦᠰ ᠪᠡ ᠴᠡᠷᠢᠭ ᠠᠴᠠ ᠬᠠᠯᠠᠭᠳᠠᠭᠰᠡᠳ ᠲᠤ ᠠᠵᠢᠯ ᠤᠯᠭᠤᠯᠲᠠ ᠶᠢᠨ ᠠᠵᠢᠯ ᠢ ᠰᠠᠶᠢᠲᠤᠷ ᠬᠢᠨ᠎ᠡ᠃ ᠲᠡᠬᠡᠲᠦ ᠵᠡᠷᠬᠡ ᠶᠢᠨ ᠰᠤᠷᠭᠠᠨ ᠬᠦᠮᠦᠵᠢᠯ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠪᠠᠶᠢᠷᠢᠰᠢᠯ ᠪᠠ ᠬᠢᠴᠢᠶᠡᠯ ᠲᠦᠷᠦᠯ ᠤᠨ ᠲᠤᠰᠬᠠᠢ ᠮᠡᠷᠬᠡᠵᠢᠯ ᠤᠨ ᠲᠤᠭᠢᠷᠠᠭᠤᠯᠭ᠎ᠠ ᠶᠢ ᠰᠢᠯᠢᠲᠡᠭᠵᠢᠬᠦᠯᠵᠦ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠬᠡᠷᠡᠭᠴᠡᠭᠡ ᠳᠤ ᠲᠤᠬᠢᠷᠡᠬᠤ ᠬᠢᠷᠢ ᠲᠡᠩᠴᠡᠭᠰᠡᠨ ᠪᠦᠲᠦᠬᠡᠨ ᠪᠠᠶᠢᠭᠤᠯᠤᠭᠴᠢᠳ ᠢ ᠨᠡᠩ ᠤᠯᠠᠨ ᠭᠠᠷᠭᠠᠬᠤ ᠪᠠᠷ ᠴᠢᠷᠮᠠᠶᠢᠨ᠎ᠠ᠃ ᠠᠵᠢᠯ ᠮᠡᠷᠬᠡᠵᠢᠯ ᠤᠨ ᠤᠷ᠎ᠡ ᠮᠡᠷᠭᠡᠰᠢᠯ ᠤᠨ ᠪᠤᠯᠪᠠᠰᠤᠷᠡᠯ ᠢ ᠴᠢᠩᠭᠠᠳᠬᠠᠵᠤ᠂ ᠬᠦᠲᠡᠯᠮᠦᠷᠢᠴᠢᠳ ᠤᠨ ᠠᠵᠢᠯ ᠤᠯᠬᠤ ᠦᠢᠯᠡᠰ ᠪᠦᠲᠦᠬᠡᠬᠦ ᠴᠢᠲᠠᠪᠤᠷᠢ ᠶᠢ ᠲᠡᠬᠡᠭᠰᠢᠯᠡᠬᠦᠯᠵᠦ᠂ ᠠᠵᠢᠯ ᠤᠯᠭᠤᠯᠲᠠ ᠶᠢᠨ ᠲᠤᠭᠲᠠᠪᠤᠷᠢᠲᠤ ᠴᠢᠨᠠᠷ ᠢ ᠨᠡᠮᠡᠭᠲᠡᠬᠦᠯᠦᠨ᠎ᠡ᠃ ᠬᠦᠲᠡᠯᠮᠦᠷᠢᠴᠢᠳ ᠢ ᠵᠢᠯᠤᠭᠤᠳᠤᠨ ᠠᠵᠢᠯ ᠡᠷᠢᠬᠦ ᠤᠶᠢᠯᠠᠭᠠᠭᠳᠠᠬᠤᠨ ᠢ ᠨᠢ ᠬᠤᠪᠢᠷᠠᠭᠤᠯᠵᠦ  ᠂ ᠨᠠᠩ ᠤᠯᠠᠨ ᠠᠷᠭ᠎ᠠ ᠵᠠᠮ ᠢᠶᠠᠷ ᠠᠵᠢᠯ ᠡᠷᠢᠬᠦ ᠶᠢ ᠵᠤᠷᠢᠭᠵᠢᠭᠤᠯᠵᠤ᠂ ᠦᠢᠯᠡᠰ ᠪᠦᠲᠦᠬᠡᠬᠦ ᠪᠠᠷ ᠠᠵᠢᠯ ᠤᠯᠭᠤᠯᠲᠠ ᠶᠢ ᠲᠠᠶᠢᠴᠢᠯᠠᠬᠤ ᠶᠢ ᠠᠬᠢᠭᠤᠯᠵᠤ᠂ ᠤᠯᠤᠰ ᠤᠨ ᠲᠡᠰ ᠤᠨ ᠦᠢᠯᠡᠰ ᠪᠦᠲᠦᠬᠡᠬᠦ ᠬᠡᠯᠪᠡᠷᠢᠲᠦ ᠬᠤᠲᠠ ᠶᠢ ᠪᠠᠶᠢᠭᠤᠯᠤᠨ᠎ᠠ᠃ ᠬᠤᠲᠠ ᠪᠠᠯᠭᠠᠰᠤᠨ ᠤ ᠲᠠᠩᠰᠠᠯᠠᠭᠤᠯᠤᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 4%᠎ ᠶᠢᠨ ᠲᠤᠲᠤᠷ᠎ᠠ ᠬᠢᠵᠠᠭᠠᠷᠯᠠᠨ᠎ᠠ᠃      ᠪᠦᠬᠦᠨ ᠲᠠᠯ᠎ᠠ ᠶᠢ ᠬᠠᠮᠤᠷᠠᠭᠰᠠᠨ᠂ ᠦᠨᠳᠤᠰᠤ ᠶᠢ ᠪᠠᠳᠤᠯᠠᠭᠰᠠᠨ᠂ ᠤᠯᠠᠨ ᠲᠡᠰ ᠲᠠᠪᠬᠤᠷᠭ᠎ᠠ ᠲᠠᠢ᠂ ᠦᠷᠭᠦᠯᠵᠢᠯᠡᠨ ᠲᠡᠭᠡᠭᠰᠢᠯᠡᠭᠦᠯᠭᠦ ᠴᠢᠭᠯᠡᠯᠳᠡ ᠶᠢ ᠪᠠᠷᠢᠮᠳᠠᠯᠠᠵᠦ᠂ ᠬᠤᠳᠠ ᠬᠦᠳᠡᠭᠡ ᠶᠢᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠨ ᠪᠠᠶᠢᠭᠤᠯᠤᠯᠳᠠ ᠶᠢ ᠨᠢᠭᠡᠳᠤᠯᠳᠠᠢ ᠲᠦᠯᠦᠪᠵᠢᠭᠦᠯᠦᠨ ᠠᠬᠢᠭᠤᠯᠵᠦ᠂ ᠪᠦᠷᠬᠦᠯᠳᠡ ᠶᠢᠨ ᠬᠡᠪᠴᠢᠶ᠎ᠠ ᠶᠢ ᠨᠢ ᠦᠷᠭᠡᠳᠬᠡᠬᠦ᠂ ᠪᠠᠳᠤᠯᠠᠭ᠎ᠠ ᠶᠢᠨ ᠬᠢᠷᠢ ᠲᠦᠪᠰᠢᠨ ᠢ ᠨᠢ ᠲᠡᠭᠡᠭᠰᠢᠯᠡᠭᠦᠯᠬᠦ᠂ ᠨᠢᠭᠡᠳᠦᠯᠳᠠᠢ ᠲᠦᠯᠦᠪᠵᠢᠭᠦᠯᠦᠨ ᠲᠡᠰ ᠲᠠᠪᠬᠤᠷᠭ᠎ᠠ ᠎ ᠶᠢ ᠨᠢ ᠲᠡᠭᠡᠭᠰᠢᠯᠡᠭᠦᠯᠬᠦ ᠵᠡᠷᠭᠡ ᠲᠠᠯ᠎ᠠ ᠪᠠᠷ ᠨᠡᠩ ᠶᠡᠭᠡ ᠠᠬᠢᠴᠠ ᠲᠠᠢ ᠪᠤᠯᠭᠠᠬᠤ ᠪᠠᠷ ᠴᠢᠷᠮᠠᠶᠢᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠲᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠦ᠂ ᠨᠠᠰᠤᠵᠢᠯ ᠤᠨ ᠲᠠᠭᠠᠳᠬᠠᠯ ‍ᠣᠨ‌‍ᠪᠦ᠋ᠭᠦ ᠲᠠᠯ᠎ᠠ ᠶᠢᠨ ᠪᠦᠷᠭᠦᠯᠳᠡ ᠶᠢ ᠪᠡᠶᠡᠯᠡᠭᠦᠯᠦᠨ᠎ᠡ᠃ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ᠂ ᠠᠵᠢᠯ ᠠᠯᠳ᠋ᠬᠠᠰᠠᠳ ᠤᠨ ᠲᠠᠭᠠᠳᠬᠠᠯ᠂ ᠠᠵᠢᠯ ᠤᠨ ᠰᠢᠷᠠᠭᠳᠤᠯ ᠤᠨ ᠲᠠᠭᠠᠳᠬᠠᠯ ᠪᠤᠯᠤᠨ ᠦᠷᠡᠵᠢᠯ ᠤᠨ ᠲᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠲᠦᠷᠢᠮ ᠢ ᠨᠢᠳᠬᠡᠨ᠎ᠡ᠃ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠭᠦ ᠶᠢᠨ ᠪᠡᠯᠡ ᠴᠤᠭᠯᠠᠭᠤᠯᠬᠤ ᠠᠷᠭ᠎ᠠ ᠵᠠᠮ ᠢ ᠦᠷᠭᠡᠳᠬᠡᠵᠦ᠂ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠭᠦᠨ ᠤ ᠪᠡᠯᠡ ᠤᠷᠤᠭᠤᠯᠤᠯᠳᠠ ᠶᠢᠨ ᠡᠵᠡᠩᠨᠡᠯᠳᠡ ᠶᠢᠨ ᠲᠦᠷᠢᠮ ᠢ ᠪᠠᠶᠢᠭᠤᠯᠵᠦ᠂ ᠰᠠᠭᠤᠷᠢ ᠮᠦᠩᠭᠦᠨ ᠤ ᠠᠮᠤᠷ ᠲᠦᠪᠰᠢᠨ ᠪᠠ ᠦᠷᠳᠡᠭ ᠢ ᠪᠠᠳᠤᠯᠠᠵᠦ ᠦᠷᠳᠡᠭ ᠢ ᠨᠡᠮᠡᠭᠳᠡᠭᠦᠯᠬᠦ ᠶᠢ ᠦᠨᠡᠩᠬᠦ ᠪᠠᠳᠤᠯᠠᠨ᠎ᠠ᠃ ᠨᠡᠶᠢᠭᠡᠮ ᠤᠨ ᠠᠪᠤᠷᠠᠨ ᠲᠡᠳᠬᠦᠬᠦ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠤᠳᠠ ᠬᠦᠳᠡᠭᠡ ᠎ ᠶᠢᠨ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠲᠦᠷ ᠵᠠᠭᠤᠷ᠎ᠠ ᠶᠢᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠂ ᠲᠡᠨᠡᠭᠦᠯᠴᠢᠨ ᠭᠤᠶᠤᠯᠭᠠᠴᠢᠨ ᠢ ᠠᠪᠤᠷᠠᠨ ᠲᠤᠰᠠᠯᠠᠬᠤ ᠬᠠᠮᠢᠶᠠᠷᠤᠯᠳᠠ ᠶᠢ ᠰᠠᠶᠢᠳᠤᠷ ᠠᠳᠬᠤᠵᠦ᠂ ᠨᠢᠭᠦᠯᠡᠰᠦᠩᠭᠦᠢ ᠶᠢᠨ ᠦᠢᠯᠡᠰ ᠢ ᠢᠳᠡᠪᠬᠢᠳᠠᠢ ᠬᠦᠭᠵᠢᠭᠦᠯᠦᠨ᠎ᠡ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ ᠨᠤᠷᠠᠬᠤ ᠠᠶᠤᠯᠳᠠᠢ ᠬᠠᠭᠤᠴᠢᠨ ᠭᠡᠷ  ᠪᠠᠶᠢᠰᠢᠩ ᠢ ᠦᠭᠡᠷᠡᠴᠢᠯᠡᠬᠦ ᠬᠦᠴᠦᠯᠡᠴᠡ ᠪᠠᠨ ᠨᠡᠮᠡᠭᠳᠡᠭᠦᠯᠵᠦ᠂ ᠲᠤᠮᠳᠠ ᠲᠤᠤᠷ᠎ᠠ ᠤᠷᠤᠯᠭ᠎ᠠ ᠲᠠᠢ ᠤᠯᠠᠨ ᠲᠦᠮᠡᠨ ᠤ ᠤᠷᠤᠨ ᠰᠠᠭᠤᠴᠠ ᠶᠢᠨ ᠬᠦᠴᠢᠷ ᠠᠰᠠᠭᠤᠳᠠᠯ ᠢ ᠰᠠᠶᠢᠳᠤᠷ ᠰᠡᠢᠳᠪᠦᠷᠢᠯᠡᠨ᠎ᠡ᠃ ᠬᠦᠮᠦᠨ ᠠᠮᠠ ᠶᠢᠨ ᠨᠠᠰᠤᠵᠢᠬᠤ ᠬᠠᠨᠳᠤᠰᠢ ᠶᠢ ᠢᠳᠡᠪᠬᠢᠳᠠᠢ ᠠᠷᠭᠠᠴᠠᠭᠠᠵᠦ᠂ ᠦᠳᠡᠭᠦᠰᠴᠤᠳ ᠤᠨ ᠦᠢᠯᠡᠴᠢᠯᠡᠬᠡᠨ ᠤ ᠦᠢᠯᠡᠰ ᠪᠤᠯᠤᠨ ᠠᠵᠦ ᠦᠢᠯᠡᠰ ᠢ ᠶᠡᠬᠡᠪᠡᠷ ᠬᠦᠭᠵᠢᠭᠦᠯᠦᠨ᠎ᠡ᠃ ᠵᠡᠮᠳᠡᠭᠴᠤᠳ ᠤᠨ ᠨᠡᠶᠢᠭᠡᠮ ᠤᠨ ᠪᠠᠳᠤᠯᠠᠭ᠎ᠠ ᠪᠤᠯᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠡᠭᠳᠡᠶᠢᠴᠤᠳ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃    ︵ᠭᠤᠷᠪᠠ︶ ᠨᠡᠶᠢᠭᠡᠮ ᠤᠨ ᠤᠶᠢᠯᠡᠰ ᠢ ᠪᠦᠬᠦ ᠲᠠᠯ᠎ᠠ ᠪᠠᠷ ᠬᠦᠭᠵᠢᠭᠦᠯᠵᠦ᠂ ᠨᠡᠶᠢᠭᠡᠮ ᠤᠨ ᠡᠶ᠎ᠡ  ᠨᠠᠶᠢᠷᠠᠮᠳᠠᠭᠤ ᠲᠤᠭᠳᠠᠭᠤᠨ ᠪᠠᠶᠢᠬᠤ ᠶᠢ ᠠᠬᠢᠭᠤᠯᠤᠨ᠎ᠠ    ᠨᠡᠶᠢᠭᠡᠮ ᠤᠨ ᠦᠢᠯᠡᠰ ᠢ ᠬᠦᠭᠵᠢᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠎ ᠤᠨ ᠪᠠᠶᠢᠭᠤᠯᠤᠯᠳᠠ  ᠎ ᠶᠢ  ᠴᠢᠩᠭᠠᠳᠬᠠᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠲᠡᠩᠴᠡᠭᠦᠷᠢ ᠶᠢ ᠴᠢᠷᠮᠠᠶᠢᠨ ᠪᠡᠶᠡᠯᠡᠭᠦᠯᠦᠨ᠎ᠡ᠃ ᠰᠢᠨ᠎ᠡ ᠠᠵᠦ ᠠᠬᠤᠢ ᠶᠢᠨ ᠬᠦᠭᠵᠢᠯᠳᠡ ᠶᠢᠨ ᠬᠡᠯᠪᠡᠷᠢ ᠶᠢᠨ ᠪᠦᠷᠢᠯᠳᠤᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠨᠡᠩ ᠴᠢᠬᠤᠯᠠᠴᠢᠯᠠᠨ ᠪᠠᠳᠠᠷᠠᠭᠤᠯᠵᠦ᠂ ᠠᠵᠦ ᠠᠬᠤᠶᠢᠯᠠᠯ ᠢᠶᠠᠷ ᠭᠤᠤᠯ ᠴᠤᠭᠴᠠ ᠪᠤᠯᠭᠠᠨ᠂ ᠵᠠᠬ᠎ᠠ ᠲᠡᠯᠭᠡᠭᠦᠷ ᠢᠶᠠᠷ ᠤᠳᠤᠷᠢᠳᠤᠮᠵᠢ ᠪᠤᠯᠭᠠᠵᠦ᠂ ᠦᠢᠯᠡᠳᠪᠦᠷᠢᠯᠡᠬᠦ ᠰᠤᠷᠬᠤ ᠰᠤᠳᠤᠯᠬᠤ ᠶᠢ ᠤᠶᠠᠯᠳᠤᠭᠤᠯᠤᠭᠰᠠᠨ ᠤᠷᠤᠨ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠳᠡ ᠶᠢᠨ ᠰᠢᠨ᠎ᠡ ᠰᠢᠰᠲ᠋ᠧᠮ ᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠳᠡ ᠶᠢᠨ ᠰᠢᠨ᠎ᠡ ᠠᠴᠢᠶᠠᠯᠠᠪᠦᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠶᠢᠯᠠᠯ ᠤᠨ ᠰᠢᠨ᠎ᠡ ᠮᠡᠷᠭᠡᠵᠢᠯ ᠰᠢᠨ᠎ᠡ ᠦᠢᠯᠡᠳᠬᠡᠭᠦᠨ ᠰᠢᠨ᠎ᠡ ᠤᠷᠠᠯᠠᠯ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠶᠡᠬᠡᠪᠡᠷ ᠲᠡᠮᠵᠢᠨ᠎ᠡ᠃ ︽ᠢᠦᠢ ᠯᠦᠩ ᠴᠢᠳᠠᠪᠦᠷᠢᠳᠠᠨ︾᠎ ᠤ ᠢᠨᠵᠧᠨᠧᠷᠢᠩ ᠢ ᠲᠦᠯᠬᠢᠨ ᠠᠬᠢᠭᠤᠯᠵᠦ᠂ ᠲᠡᠭᠡᠳᠦ ᠲᠡᠰ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠵᠦ ᠭᠦᠮᠤᠵᠢᠭᠦᠯᠵᠦ᠂ ᠪᠠᠴᠢᠮ ᠲᠤᠳᠠᠭᠳᠠᠵᠦ ᠪᠠᠶᠢᠬᠤ ᠬᠡᠷᠡᠭᠯᠡᠭᠡᠨ ᠤ ᠭᠡᠯᠪᠡᠷᠢ ᠶᠢᠨ ᠴᠢᠳᠠᠪᠤᠷᠢᠳᠠᠨ ᠢ ᠲᠦᠷᠭᠡᠨ ᠬᠦᠮᠦᠵᠢᠭᠦᠯᠦᠨ᠎ᠡ᠃ ᠰᠤᠷᠭᠠᠨ ᠬᠦᠮᠦᠵᠢᠯ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠭᠦᠨᠵᠡᠬᠡᠶᠢᠷᠡᠭᠦᠯᠵᠦ᠂ ᠬᠡᠪ ᠪᠤᠯᠪᠠᠰᠤᠷᠠᠯ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠵᠦ᠂ ᠶᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠪᠤᠯᠤᠨ ᠦᠨᠳᠤᠷ ᠲᠤᠮᠳᠠᠳᠦ ᠶᠢᠨ ᠱᠠᠳᠤᠨ ᠤ ᠰᠤᠷᠭᠠᠨ ᠬᠦᠮᠦᠵᠢᠯ ᠢ ᠲᠡᠩᠴᠡᠭᠦᠷᠢᠳᠠᠢ ᠴᠢᠨᠠᠷ ᠰᠠᠶᠢᠳᠠᠢ ᠭᠦᠭᠵᠢᠭᠦ ᠶᠢ ᠠᠭᠢᠭᠤᠯᠵᠦ᠂ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠠᠷ ᠭᠤᠤᠯᠳᠠᠯᠭ᠎ᠠ ᠲᠠᠢ ᠬᠦᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠤᠯᠤᠨ ᠲᠡᠭᠡᠳᠦ ᠲᠡᠰ ᠤᠨ ᠰᠤᠷᠭᠠᠨ ᠬᠦᠮᠦᠵᠢᠯ ᠢ ᠲᠦᠷᠭᠡᠨ ᠬᠦᠭᠵᠢᠭᠦᠯᠬᠦ ᠶᠢ ᠲᠡᠮᠵᠢᠵᠦ᠂ ᠪᠠᠭᠰᠢ ᠶᠢᠨ ᠮᠤᠷᠠᠯ ᠢᠶᠠᠷ ᠭᠤᠤᠯᠳᠠᠯᠭ᠎ᠠ ᠪᠤᠯᠭᠠᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ  ᠴᠢᠩᠭᠠᠳᠬᠠᠵᠦ᠂ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠲᠦᠷᠭᠡᠨ ᠬᠦᠭᠵᠢᠭᠦᠯᠵᠦ᠂ ᠬᠦᠳᠡᠭᠡ ᠲᠤᠰᠬᠤᠨ ᠤ ᠭᠤᠷᠪᠠᠨ ᠱᠠᠳᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷᠵᠢᠯ ᠪᠤᠯᠤᠨ ᠬᠤᠳᠠ ᠪᠠᠯᠭᠠᠰᠤᠨ ᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠶᠢᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠢᠵᠢᠭ ᠡᠪᠡᠳᠴᠢᠨ ᠢ ᠰᠡᠷᠭᠡᠶᠢᠯᠡᠬᠦ ᠬᠢᠵᠠᠭᠠᠷᠯᠠᠬᠤ ᠴᠢᠳᠠᠪᠦᠷᠢ ᠬᠢᠭᠡᠳ ᠡᠮᠨᠡᠵᠦ ᠠᠪᠤᠷᠠᠬᠤ ᠴᠢᠳᠠᠪᠦᠷᠢ ᠶᠢ ᠲᠡᠭᠡᠭᠰᠢᠯᠡᠭᠦᠯᠦᠨ᠎ᠡ︔ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠠᠰᠠᠷᠠᠮᠵᠢ ᠶᠢᠨ ᠰᠢᠨᠵᠢ ᠴᠢᠨᠠᠷ ᠢ ᠬᠠᠮᠠᠭᠠᠯᠠᠨ᠎ᠠ︔ ᠨᠡᠶᠢᠭᠡᠮ ᠠᠴᠠ ᠡᠮᠨᠡᠯᠭᠡ ᠡᠷᠬᠢᠯᠡᠬᠦ ᠶᠢ ᠵᠤᠷᠢᠭᠵᠢᠭᠤᠯᠤᠨ᠂ ᠤᠯᠠᠨ ᠡᠰᠢᠵᠢᠭᠰᠡᠨ ᠡᠮᠨᠡᠯᠭᠡ ᠡᠷᠬᠢᠯᠡᠬᠦ ᠪᠠᠶᠢᠳᠠᠯ ᠢ ᠪᠤᠢ ᠪᠤᠯᠭᠠᠨ᠎ᠠ︔ ᠮᠤᠩᠭᠤᠯ ᠡᠮᠨᠡᠯᠭᠡ᠂ ᠬᠢᠳᠠᠳ ᠡᠮᠨᠡᠯᠭᠡ ᠶᠢᠨ ᠦᠢᠯᠡᠰ ᠢ ᠢᠳᠡᠪᠬᠢᠳᠠᠢ ᠬᠦᠭᠵᠢᠭᠦᠯᠦᠨ᠎ᠡ︔ ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠬᠦᠴᠦᠳᠠᠢ ᠦᠷᠨᠢᠭᠦᠯᠦᠨ᠎ᠡ᠃ ᠬᠤᠳᠠ ᠬᠦᠳᠡᠭᠡ ᠶᠢᠨ ᠰᠤᠶᠤᠯ ᠤᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠰᠤᠶᠤᠯ ᠢᠶᠠᠷ ᠠᠷᠠᠳ ᠢᠶᠠᠨ ᠬᠠᠷᠠᠭᠠᠯᠵᠠᠬᠤ ᠢᠨᠵᠧᠨᠧᠷᠢᠩ ᠢ ᠨᠠᠶᠢᠳᠠᠪᠤᠷᠢᠵᠢᠭᠤᠯᠤᠨ᠂ ᠤᠯᠠᠨ ᠨᠡᠶᠢᠳᠡ ᠵᠢᠨ‌‍ᠰᠤᠶᠤᠯ ᠤᠨ ᠦᠢᠯᠡᠴᠢᠯᠡᠭᠡᠨ ᠤ ᠲᠦᠬᠦᠭᠡᠷᠦᠮᠵᠢ ᠨᠢ ᠨᠡᠶᠢᠭᠡᠮ ᠨᠡᠶᠢᠳᠡ ᠳᠤ ᠰᠤᠶᠢᠳᠬᠡᠯ ᠬᠤᠷᠢᠶᠠᠬᠤ ᠦᠭᠡᠢ ᠪᠠᠷ ᠨᠡᠭᠡᠭᠡᠭᠦ ᠶᠢ ᠵᠤᠷᠢᠠᠠᠵᠢᠭᠤᠯᠤᠨ᠎ᠠ︔ ᠰᠤᠶᠤᠯ ᠤᠨ ᠦᠪ ᠢ ᠬᠠᠮᠠᠭᠠᠯᠠᠬᠤ᠂ ᠠᠰᠢᠭᠯᠠᠬᠤ ᠪᠠ ᠵᠠᠯᠭᠠᠮᠵᠢᠯᠠᠬᠤ ᠶᠢ ᠴᠢᠩᠭᠠᠳᠬᠠᠵᠦ᠂ ᠬᠤᠩ ᠱᠠᠨ ᠰᠤᠶᠤᠯ ᠤᠨ ᠦᠯᠡᠳᠡᠭᠳᠡᠯ ᠢ ᠲᠡᠯᠡᠬᠡᠢ ᠶᠢᠨ ᠰᠤᠶᠤᠯ ᠤᠨ ᠦᠪ ᠤᠨ ᠨᠡᠷᠡᠰ ᠲᠤ ᠤᠷᠤᠭᠤᠯᠬᠤ ᠪᠠᠷ ᠴᠢᠷᠮᠠᠶᠢᠵᠦ᠂ ᠯᠢᠶᠤᠤ ᠶᠢᠨ ᠰᠤᠶᠤᠯ ᠤᠨ ᠦᠯᠡᠳᠡᠭᠳᠡᠯ ᠢ ᠰᠤᠶᠤᠯ ᠤᠨ ᠦᠪ ᠢᠶᠠᠷ ᠡᠷᠡᠮᠡᠯᠵᠢᠯᠡᠬᠦ ᠠᠵᠢᠯ ᠢ ᠠᠬᠢᠭᠤᠯᠵᠦ᠂ ᠰᠢᠶᠠ ᠵᠢᠶᠠ ᠳ᠋ᠢᠶᠠᠨ ᠤ ᠲᠤᠤᠷ᠎ᠠ ᠦᠶ᠎ᠡ ᠶᠢᠨ ᠰᠤᠶᠤᠯ ᠤᠨ ᠦᠯᠡᠳᠡᠭᠳᠡᠯ ᠢ ᠲᠤᠮᠳᠠᠳᠦ ᠤᠯᠤᠰ ᠤᠨ ᠲᠡᠯᠡᠬᠡᠢ ᠶᠢᠨ ᠰᠤᠶᠤᠯ ᠤᠨ ᠦᠪ ᠤᠨ ᠪᠡᠯᠡᠳᠬᠡᠯ ᠨᠡᠷᠡᠰ ᠲᠤ ᠤᠷᠤᠭᠤᠯᠬᠤ ᠪᠠᠷ ᠴᠢᠷᠮᠠᠶᠢᠨ᠎ᠠ︔ ᠢᠨᠲ᠋ᠧᠷᠨᠧᠲ ᠲᠤᠤᠷᠵᠢᠯ ᠵᠡᠷᠭᠡ ᠰᠢᠨ᠎ᠡ ᠪᠠᠷ ᠮᠠᠨᠳᠤᠭᠰᠠᠨ ᠵᠠᠭᠤᠴᠢ ᠶᠢᠨ ᠬᠠᠮᠢᠶᠠᠷᠤᠯᠳᠠ ᠬᠡᠷᠡᠭᠯᠡᠯᠳᠡ ᠶᠢ ᠴᠢᠩᠭᠠᠳᠬᠠᠵᠦ᠂ ᠷᠠᠳᠢᠤ᠋ ᠲᠧᠯᠸᠢᠰ ᠺᠢᠨᠤ᠋ ᠎ ᠶᠢᠨ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ︔ ︽ᠤᠯᠠᠭᠠᠨᠬᠠᠳᠠ ᠶᠢᠨ ᠵᠤᠷᠢᠭ ᠰᠠᠨᠠᠭ᠎ᠠ︾᠎ ᠶᠢ ᠪᠤᠢ ᠪᠤᠯᠭᠠᠨ ᠮᠠᠨᠳᠤᠭᠤᠯᠵᠦ᠂  ᠪᠦᠬᠦ ᠤᠯᠤᠰ ᠤᠨ ᠪᠤᠯᠪᠠᠰᠤᠨ ᠬᠤᠳᠠ ᠪᠤᠯᠭᠠᠵᠦ ᠪᠠᠶᠢᠭᠤᠯᠤᠨ᠎ᠠ᠃ ᠪᠡᠶ᠎ᠡ ᠶᠢᠨ ᠲᠠᠮᠢᠷ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠦᠷᠭᠡᠨ ᠲᠡᠯᠭᠡᠷᠡᠩᠭᠦᠢ ᠦᠷᠨᠢᠭᠦᠯᠵᠦ᠂ ᠪᠦᠬᠦ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠨ᠎ᠡ᠃ ᠬᠦᠮᠦᠨ ᠠᠮᠠ ᠶᠢᠨ ᠬᠡᠪ ᠪᠤᠯᠪᠠᠰᠤᠷᠠᠯ ᠢ ᠲᠡᠭᠡᠭᠰᠢᠯᠡᠭᠦᠯᠵᠦ᠂ ᠬᠦᠮᠦᠨ ᠠᠮᠠ ᠶᠢᠨ  ᠴᠢᠨᠠᠷ ᠤᠨ ᠢᠯᠭᠠᠯ ᠤᠨ ᠬᠠᠷᠢᠴᠠᠯ ᠢ ᠬᠢᠵᠠᠭᠠᠷᠯᠠᠵᠦ᠂ ᠬᠦᠮᠦᠨ ᠠᠮᠠ ᠶᠢᠨ ᠤᠷᠳᠦ ᠬᠤᠭᠤᠴᠠᠭᠠᠨ᠎ᠠ ᠲᠡᠩᠴᠡᠭᠦᠷᠢᠳᠠᠢ ᠦᠰᠬᠦ ᠶᠢ ᠠᠬᠢᠭᠤᠯᠤᠨ᠎ᠠ᠃   ᠨᠡᠶᠢᠭᠡᠮ ᠤᠨ ᠠᠮᠢᠵᠢᠷᠠᠯ ᠤᠨ ᠬᠦᠴᠦᠨ ᠢ ᠬᠠᠮᠤᠭ ᠶᠡᠭᠡ ᠬᠡᠮᠵᠢᠶ᠎ᠡ ᠪᠠᠷ ᠬᠦᠭᠵᠢᠭᠡᠵᠦ᠂ ᠡᠶ᠎ᠡ ᠵᠤᠬᠢᠴᠠᠯ ᠤᠨ ᠬᠦᠴᠦᠨ ᠵᠦᠢᠯ ᠢ ᠨᠡᠮᠡᠭᠳᠡᠭᠦᠯᠵᠦ᠂ ᠵᠤᠬᠢᠴᠠᠯ ᠪᠤᠰᠦ ᠬᠦᠴᠦᠨ ᠵᠦᠢᠯ ᠢ ᠪᠠᠭᠠᠰᠬᠠᠬᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠨᠡᠶᠢᠭᠡᠮ ᠤᠨ ᠬᠠᠮᠢᠶᠠᠷᠤᠯᠳᠠ ᠶᠢ  ᠴᠢᠩᠭᠠᠳᠬᠠᠨ ᠰᠢᠨ᠎ᠡ ᠶᠢ ᠡᠭᠦᠳᠴᠦ᠂ ᠠᠵᠦ ᠠᠬᠤᠢ ᠶᠢᠨ ᠬᠦᠭᠵᠢᠯᠳᠡ ᠪᠠ ᠤᠯᠠᠨ ᠲᠦᠮᠡᠨ ᠤ ᠠᠮᠢᠳᠤᠷᠠᠯ ᠳᠤ ᠨᠡᠩ ᠰᠠᠶᠢᠨ ᠨᠡᠶᠢᠭᠡᠮ ᠤᠨ ᠤᠷᠴᠢᠨ ᠲᠤᠭᠤᠷᠢᠨ ᠢ ᠬᠠᠩᠭᠠᠨ᠎ᠠ︔ ᠵᠠᠰᠠᠭ ᠤᠨ ᠤᠷᠳᠤᠨ ᠤ ᠤᠯᠠᠨ ᠨᠡᠶᠢᠳᠡ ᠎ ᠶᠢᠨ ᠦᠢᠯᠡᠴᠢᠯᠡᠭᠡᠨ ᠬᠠᠩᠭᠠᠬᠤ ᠬᠡᠯᠪᠡᠷᠢ ᠶᠢ ᠦᠭᠡᠷᠡᠴᠢᠯᠡᠨ ᠰᠠᠶᠢᠵᠢᠷᠠᠭᠤᠯᠵᠦ᠂ ᠦᠨᠳᠦᠰᠦᠨ ᠱᠠᠳᠤᠨ ᠤ ᠨᠡᠶᠢᠭᠡᠮ ᠤᠨ ᠬᠠᠮᠢᠶ᠋ᠶᠠᠷᠤᠯᠳᠠ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠦ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠯᠠᠨ ᠤ ᠪᠦᠯᠬᠦᠮ ᠤᠨ ᠨᠡᠶᠢᠭᠡᠮ ᠤᠨ ᠬᠠᠮᠢᠶᠠᠷᠤᠯᠳᠠ ᠪᠠ ᠦᠢᠯᠡᠴᠢᠯᠡᠭᠡᠨ ᠳᠠᠬᠢ ᠡᠭᠦᠷᠭᠡ ᠬᠠᠷᠢᠭᠤᠴᠠᠯᠭ᠎ᠠ ᠶᠢ ᠴᠢᠩᠳᠠᠯᠠᠨ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠡᠷᠡᠭᠦᠯ  ᠎ ᠢᠶᠠᠷ ᠡᠮᠬᠢ ᠲᠢᠭᠯᠢᠮ‌‍ᠲ᠋ᠠᠢ ᠬᠦᠭᠵᠢᠬᠦ ᠶᠢ ᠲᠠᠭᠠᠭᠤᠯᠤᠨ ᠵᠢᠯᠤᠭᠤᠳᠴᠦ᠂ ᠤᠯᠠᠨ ᠲᠦᠮᠡᠨ ᠤ ᠨᠡᠶᠢᠭᠡᠮ ᠤᠨ ᠬᠠᠮᠢᠶᠠᠷᠤᠯᠳᠠ ᠳᠤ ᠤᠷᠤᠯᠴᠠᠬᠤ ᠰᠠᠭᠤᠷᠢ ᠪᠤᠯᠬᠤ ᠦᠢᠯᠡᠳᠤᠯ ᠢ ᠭᠦᠢᠴᠡᠳ ᠪᠠᠳᠠᠷᠠᠭᠤᠯᠤᠨ᠎ᠠ᠃ ᠵᠠᠰᠠᠭ ᠤᠨ ᠶᠠᠪᠤᠳᠠᠯ᠂ ᠲᠤᠰᠬᠤᠨ ᠤ ᠶᠠᠪᠤᠳᠠᠯ ᠢ ᠢᠯᠡ ᠪᠤᠯᠭᠠᠬᠤ ᠪᠠ ᠤᠯᠠᠨ ᠨᠡᠶᠢᠳᠡ ᠶᠢᠨ ᠠᠵᠢᠯ ᠦᠢᠯᠡᠰ ᠤᠨ ᠨᠢᠭᠡᠴᠡ ᠶᠢᠨ ᠠᠵᠢᠯ ᠡᠷᠬᠢᠯᠡᠬᠦ ᠶᠢ ᠢᠯᠡ ᠪᠤᠯᠭᠠᠬᠤ ᠶᠢ ᠠᠬᠢᠭᠤᠯᠤᠨ᠎ᠠ᠃ ︽ᠵᠢᠷᠭᠤᠭ᠎ᠠ ᠲᠠᠪᠤ︾ ᠎ ᠶᠢᠨ ᠬᠠᠤᠯᠢ ᠲᠦᠭᠡᠮᠡᠯᠵᠢᠭᠦᠯᠬᠦ ᠡᠭᠦᠷᠭᠡ ᠶᠢ ᠪᠡᠶᠡᠯᠡᠭᠦᠯᠵᠦ᠂ ᠬᠠᠤᠯᠢ ᠶᠤᠰᠤᠭᠠᠷ ᠬᠤᠳᠠ ᠪᠠᠨ ᠵᠠᠰᠠᠬᠤ ᠠᠬᠢᠴᠠ ᠶᠢ  ᠠᠭᠢᠭᠤᠯᠤᠨ᠎ᠠ᠃ ᠬᠠᠤᠯᠢ ᠴᠠᠭᠠᠵᠠ ᠶᠢᠨ ᠲᠡᠮᠵᠢᠨ ᠲᠤᠰᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠦ᠂ ᠬᠦᠴᠦᠨ ᠪᠠᠭᠤᠷᠠᠢ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠵᠦ᠂ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ᠂ ᠬᠠᠤᠯᠢ ᠴᠠᠭᠠᠵᠠ ᠶᠢᠨ ᠡᠶᠡᠳᠡᠭᠦᠯᠬᠦ ᠬᠠᠮᠳᠤᠷᠠᠯᠴᠠᠭᠰᠠᠨ ᠠᠵᠢᠯ ᠤᠨ ᠰᠢᠰᠲ᠋ᠧᠮ ᠢ ᠪᠠᠶᠢᠭᠤᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠯᠡᠳᠬᠡᠬᠦ ᠠᠷᠭ᠎ᠠ ᠵᠠᠮ ᠢ ᠰᠢᠯᠤᠭᠤᠳᠬᠠᠵᠦ᠂ ᠨᠡᠶᠢᠭᠡᠮ ᠤᠨ ᠵᠦᠷᠢᠴᠡᠯ ᠢ ᠬᠦᠨᠵᠡᠭᠡᠢ ᠪᠠᠶᠢᠴᠠᠭᠠᠨ  ᠵᠢᠭᠰᠠᠭᠠᠵᠦ ᠨᠠᠮᠳᠠᠭᠠᠭᠨ  ᠰᠡᠢᠳᠪᠦᠷᠢᠯᠡᠨ᠎ᠡ᠂ ᠤᠯᠠᠨ ᠲᠦᠮᠡᠨ ᠤ ᠵᠦᠢ ᠶᠤᠰᠤᠨ ᠤ ᠭᠤᠶᠤᠴᠢᠯᠠᠯ ᠢ ᠰᠡᠢᠳᠪᠦᠷᠢᠯᠡᠵᠦ᠂ ᠤᠯᠠᠨ ᠲᠦᠮᠡᠨ ᠤ ᠰᠠᠨᠠᠭ᠎ᠠ ᠰᠡᠳᠬᠢᠯ ᠢ ᠲᠠᠶᠢᠪᠤᠰᠢᠷᠠᠭᠤᠯᠵᠦ᠂ ᠵᠤᠬᠢᠴᠠᠯ ᠦᠭᠡᠢ ᠲᠤᠭᠳᠠᠭᠤᠨ ᠪᠤᠰᠤ ᠬᠦᠴᠦᠨ ᠵᠦᠢᠯ ᠢ ᠬᠠᠮᠤᠭ ᠲᠤᠤᠷ᠎ᠠ ᠬᠡᠮᠵᠢᠶᠡᠨ ᠳᠤ  ᠬᠦᠷᠳᠡᠯ᠎ᠡ ᠪᠠᠭᠠᠰᠬᠠᠵᠦ᠂ ᠡᠬᠢ ᠰᠤᠷᠪᠤᠯᠵᠢ ᠠᠴᠠ ᠨᠢ ᠵᠠᠰᠠᠬᠤ᠂ ᠬᠦᠳᠡᠯᠤᠯ ᠪᠠᠶᠢᠳᠠᠯ ᠢ ᠬᠠᠮᠢᠶᠠᠷᠬᠤ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠤᠶᠠᠯᠳᠤᠭᠤᠯᠤᠭᠰᠠᠨ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠢ ᠲᠦᠷᠭᠡᠭᠡᠨ ᠪᠤᠢ ᠪᠤᠯᠭᠠᠨ᠎ᠠ᠃ ᠪᠠᠶᠢᠭᠠᠯᠢ ᠶᠢᠨ ᠭᠠᠮᠰᠢᠭ᠂ ᠠᠳᠡᠯ ᠤᠨ ᠭᠠᠮᠰᠢᠭ᠂ ᠤᠯᠠᠨ ᠨᠡᠶᠢᠳᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠤ ᠬᠡᠷᠡᠭ ᠤᠴᠢᠷ ᠢ ᠪᠠᠴᠢᠮ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠦ ᠂ ᠤᠯᠠᠨ ᠨᠡᠶᠢᠳᠡ ᠶᠢᠨ ᠠᠶᠤᠯ ᠲᠦᠭᠰᠢᠭᠦᠷᠢ ᠶᠢᠨ ᠬᠠᠮᠢᠶᠠᠷᠤᠯᠳᠠ ᠶᠢᠨ ᠴᠢᠳᠠᠪᠦᠷᠢ ᠶᠢ ᠲᠡᠭᠡᠭᠰᠢᠯᠡᠭᠦᠯᠦᠨ᠎ᠡ᠃ ︽ᠠᠮᠤᠷ ᠲᠠᠶᠢᠪᠤᠩ ᠤᠯᠠᠭᠠᠨᠬᠠᠳᠠ︾᠎ ᠶᠢᠨ ᠪᠠᠶᠢᠭᠤᠯᠤᠯᠳᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠬᠢᠵᠠᠭᠠᠷᠯᠠᠬᠤ ᠪᠡᠶᠡᠳᠦᠵᠢᠯᠡᠭᠰᠡᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠵᠦᠷᠢᠴᠡᠭᠰᠡᠨ ᠶᠠᠯᠠᠳᠦ ᠠᠵᠢᠯᠯᠠᠭ᠎ᠠ ᠶᠢ ᠬᠠᠤᠯᠢ ᠶᠤᠰᠤᠭᠠᠷ ᠰᠡᠷᠭᠡᠶᠢᠯᠡᠨ ᠵᠠᠯᠬᠠᠭᠠᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠢ ᠪᠠᠳᠤᠯᠠᠨ᠎ᠠ᠃ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠯᠳᠠᠢ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠬᠦᠭᠵᠢᠭᠦᠯᠵᠦ᠂ ᠱᠠᠰᠢᠨ ᠰᠤᠷᠳᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠦᠨ᠎ᠡ᠃ ᠤᠯᠤᠰ ᠤᠨ ᠠᠮᠦᠷ ᠲᠦᠪᠰᠢᠨ ᠤ ᠠᠵᠢᠯ ᠢ ᠴᠢᠩᠭᠠᠳᠬᠠᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ ᠶᠢ ᠲᠡᠮᠵᠢᠵᠦ᠂ ᠬᠤᠶᠠᠷ ᠢᠶᠠᠨ ᠬᠦᠷᠢᠶᠡᠯᠡᠵᠦ ᠬᠠᠮᠳᠤᠪᠡᠷ ᠪᠠᠶᠢᠭᠤᠯᠬᠤ ᠠᠵᠢᠯ ᠢ ᠯᠠᠪᠳᠠᠭᠤᠨ ᠪᠠᠳᠤᠳᠠᠢ ᠬᠢᠵᠦ᠂  ᠨᠠᠢᠮᠠᠨ ᠵᠢᠯ ᠲᠠᠷᠠᠭᠠᠯᠠᠨ ᠪᠦᠬᠦ ᠤᠯᠤᠰ ᠤᠨ ᠬᠤᠶᠠᠷ ᠢᠶᠠᠨ ᠬᠦᠷᠢᠶᠡᠯᠡᠭᠰᠡᠨ ᠵᠢᠱᠢᠶᠡᠴᠢ ᠬᠤᠳᠠ ᠪᠤᠯᠬᠤ ᠪᠠᠷ ᠴᠢᠷᠮᠠᠶᠢᠨ᠎ᠠ᠃   ︵ᠲᠦᠷᠪᠡ︶ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠬᠤ ᠠᠬᠢᠴᠠ ᠶᠢ ᠲᠦᠷᠭᠡᠳᠬᠡᠵᠦ᠂ ᠬᠤᠳᠠ ᠬᠦᠳᠡᠭᠡ ᠶᠢᠨ ᠬᠦᠭᠵᠢᠯᠳᠡ ᠶᠢᠨ ᠨᠦᠬᠦᠴᠡᠯ ᠢ ᠰᠠᠶᠢᠵᠢᠷᠠᠭᠤᠯᠤᠨ᠎ᠠ    ᠬᠤᠳᠠ ᠬᠦᠳᠡᠭᠡ ᠶᠢ ᠨᠢᠭᠡᠳᠦᠯᠳᠠᠢ ᠲᠦᠯᠦᠪᠵᠢᠭᠦᠯᠵᠦ᠂ ᠬᠠᠮᠳᠦᠪᠡᠷ ᠪᠦᠳᠦᠭᠡᠨ ᠪᠠᠶᠢᠭᠤᠯᠵᠦ᠂ ᠵᠡᠷᠭᠡᠪᠡᠷ ᠬᠦᠭᠵᠢᠭᠦᠯᠬᠦ ᠵᠠᠷᠴᠢᠮ ᠶᠤᠰᠤᠭᠠᠷ᠂ ᠬᠤᠳᠠ  ᠪᠠᠯᠭᠠᠰᠤᠵᠢᠬᠤ ᠪᠠ ᠠᠵᠦ ᠦᠢᠯᠡᠳᠪᠦᠷᠢᠵᠢᠭᠦ  ᠎ ᠨᠢ ᠬᠠᠷᠢᠯᠴᠠᠨ  ᠠᠬᠢᠭᠤᠯᠬᠤ᠂ ᠬᠤᠳᠠ ᠪᠠᠯᠭᠠᠰᠤᠵᠢᠬᠤ ᠪᠠ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠳᠠ ᠵᠤᠬᠢᠴᠠᠩᠭᠤᠢ ᠬᠦᠭᠵᠢᠭᠦ ᠶᠢ ᠠᠬᠢᠭᠤᠯᠵᠦ᠂ ᠡᠷᠴᠢᠮᠵᠢᠭᠦᠯᠬᠦ᠂ ᠤᠶᠤᠨᠴᠢᠯᠠᠬᠤ᠂ ᠪᠠᠶᠢᠭᠠᠯᠯᠢᠭ᠂ ᠪᠤᠬᠢᠷᠳᠤᠯ ᠦᠭᠡᠢ ᠰᠢᠨ᠎ᠡ ᠬᠡᠯᠪᠡᠷᠢ ᠶᠢᠨ ᠬᠤᠳᠠ  ᠪᠠᠯᠭᠠᠰᠤᠵᠢᠬᠤ ᠵᠠᠮ ᠢᠶᠠᠷ ᠵᠠᠮᠨᠠᠨ᠎ᠠ᠃ ᠤᠯᠠᠭᠠᠨᠬᠠᠳᠠ ᠬᠤᠳᠠ ᠶᠢᠨ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠵᠠᠭᠤᠨ ᠲᠦᠮᠡᠨ ᠬᠦᠮᠦᠨ ᠠᠮᠠ ᠲᠠᠢ ᠤᠷᠤᠨ ᠲᠤᠭᠤᠷᠢᠭ ᠤᠨ ᠴᠢᠨᠠᠷᠳᠠᠢ ᠭᠤᠤᠯ ᠬᠤᠳᠠ᠂ ᠬᠤᠰᠢᠭᠤ ᠰᠢᠶᠠᠨ ᠤ ᠵᠠᠰᠠᠭ ᠤᠨ ᠤᠷᠳᠤᠨ ᠤ ᠰᠠᠭᠤᠭ᠎ᠠ ᠪᠠᠯᠭᠠᠰᠤ ᠪᠤᠯᠤᠨ ᠭᠤᠤᠯᠳᠠᠯᠭ᠎ᠠ ᠲᠠᠢ ᠵᠢᠵᠢᠭ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠲᠡᠰ ᠱᠠᠳᠦ ᠨᠢ ᠲᠤᠳᠦ᠂ ᠪᠠᠶᠢᠷᠢᠯᠠᠭᠤᠯᠤᠯᠳᠠ ᠨᠢ ᠵᠤᠬᠢᠰᠳᠠᠢ ᠬᠤᠳᠠ ᠪᠠᠯᠭᠠᠰᠤᠨ ᠤ ᠰᠢᠰᠲ᠋ᠧᠮ ᠢ ᠪᠦᠷᠢᠯᠳᠦᠭᠦᠯᠵᠦ᠂ 2017 ᠤᠨ ᠪᠤᠯᠳᠠᠯ᠎ᠠ ᠪᠦᠬᠦ ᠬᠤᠳᠠ ᠶᠢᠨ ᠬᠤᠳᠠ ᠪᠠᠯᠭᠠᠰᠤᠵᠢᠬᠤ ᠨᠤᠷᠮ᠎ᠠ ᠶᠢ 55%᠎ ᠳᠤ ᠬᠦᠷᠭᠡᠨ᠎ᠡ᠃ ᠭᠤᠤᠯ ᠬᠤᠳᠠ ᠲᠤᠭᠤᠷᠢᠭ ᠤᠨ ᠲᠤᠭᠤᠶᠢᠯᠠᠩ ᠪᠦᠯᠦᠭᠯᠡᠯ ᠢ ᠨᠡᠭᠡᠭᠡᠨ ᠠᠰᠢᠭᠯᠠᠬᠤ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠭᠤᠤᠯ ᠬᠤᠳᠠ ᠲᠤᠭᠤᠷᠢᠭ ᠢ ᠪᠠᠷᠠᠭᠤᠨᠰᠢ  ᠰᠢᠯᠵᠢᠭᠦᠯᠵᠦ᠂ ᠬᠤᠶᠢᠰᠢ ᠦᠷᠭᠡᠳᠬᠡᠨ᠂ ᠵᠡᠭᠦᠨᠰᠢ ᠰᠤᠩᠭᠠᠬᠤ ᠶᠢ ᠠᠬᠢᠭᠤᠯᠵᠦ᠂ ᠬᠤᠳᠠ ᠶᠢᠨ ᠬᠡᠪᠴᠢᠶ᠎ᠡ ᠶᠢ ᠦᠷᠭᠦᠯᠵᠢᠯᠡᠨ ᠦᠷᠭᠡᠳᠬᠡᠵᠦ᠂ 2017 ᠤᠨ ᠪᠤᠯᠳᠠᠯ᠎ᠠ ᠭᠤᠤᠯ ᠬᠤᠳᠠ ᠲᠤᠭᠤᠷᠢᠭ ᠤᠨ ᠪᠠᠶᠢᠭᠤᠯᠤᠯᠳᠠ ᠶᠢᠨ ᠲᠠᠯᠠᠪᠠᠢ ᠶᠢ 105  ᠲᠡᠭᠰᠢ ᠲᠦᠷᠪᠡᠯᠵᠢᠨ ᠺᠢᠯᠤᠮᠧᠲᠷ ᠲᠤ ᠬᠦᠷᠭᠡᠵᠦ᠂ ᠬᠦᠮᠦᠨ ᠠᠮᠠ ᠶᠢ 110 ᠲᠦᠮᠡ ᠳᠤ ᠬᠦᠷᠭᠡᠨ᠎ᠡ᠃ ᠰᠢᠨ᠎ᠡ ᠬᠠᠭᠤᠴᠢᠨ ᠬᠤᠳᠠ ᠲᠤᠭᠤᠷᠢᠭ ᠤᠨ  ᠵᠡᠷᠭᠡᠪᠡᠷ ᠵᠤᠬᠢᠴᠠᠩᠭᠤᠢ ᠬᠦᠭᠵᠢᠬᠦ ᠶᠢ ᠠᠬᠢᠭᠤᠯᠵᠦ᠂ ᠬᠠᠭᠤᠴᠢᠨ  ᠪᠠᠭ᠎ᠠ ᠲᠤᠭᠤᠷᠢᠭ᠂ ᠲᠦᠭᠦᠮ ᠪᠦᠳᠦᠴᠡᠳᠦ ᠤᠷᠤᠨ ᠰᠠᠭᠤᠴᠠ ᠪᠤᠯᠤᠨ ᠬᠤᠳᠠ ᠶᠢᠨ ᠲᠤᠮᠳᠠᠬᠢ ᠲᠤᠰᠬᠤᠨ ᠢ ᠦᠭᠡᠷᠡᠴᠢᠯᠡᠬᠦ ᠠᠯᠬᠤᠴᠠ ᠶᠢ ᠲᠦᠷᠭᠡᠳᠭᠡᠨ᠂ ᠵᠡᠭᠡᠯᠢ ᠵᠠᠮ ᠬᠤᠭᠤᠯᠠᠢ ᠲᠤᠤᠷᠵᠢᠯ ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢ ᠵᠤᠬᠢᠰᠳᠠᠢ ᠲᠦᠯᠦᠪᠵᠢᠭᠦᠯᠦᠨ ᠪᠦᠳᠦᠭᠡᠨ ᠪᠠᠶᠢᠭᠤᠯᠤᠨ ᠦᠭᠡᠷᠡᠴᠢᠯᠡᠵᠦ᠂ ᠲᠦᠬᠦᠷ ᠦᠢᠯᠡᠴᠢᠯᠡᠭᠡᠨ ᠤ  ᠴᠢᠳᠠᠪᠬᠢ ᠶᠢ ᠨᠢ ᠲᠡᠭᠦᠯᠳᠡᠷᠵᠢᠭᠦᠯᠦᠨ᠎ᠠ᠃ ᠭᠤᠤᠯ ᠬᠤᠳᠠ ᠲᠤᠭᠤᠷᠢᠭ ᠎ ᠤᠨ ᠲᠤᠭᠤᠷᠢᠮ ᠵᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠬᠤᠳᠠ ᠪᠠᠯᠭᠠᠰᠤᠨ ᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠲᠤᠳᠤᠷᠠᠬᠢ  ᠵᠠᠮ ᠰᠠᠭᠠᠳ ᠦᠭᠡᠢ ᠨᠡᠪᠳᠡᠷᠡᠬᠦ  ᠎ ᠶᠢ ᠪᠠᠳᠤᠯᠠᠨ᠎ᠠ᠃  ᠭᠤᠤᠯ ᠬᠤᠳᠠ ᠲᠤᠭᠤᠷᠢᠭ ᠤᠨ ᠪᠤᠵᠠᠷ ᠤᠰᠤ ᠰᠢᠢᠳᠪᠦᠷᠢᠯᠡᠬᠦ᠂ ᠲᠤᠮᠳᠠ ᠤᠰᠤ ᠶᠢ ᠡᠭᠡᠭᠦᠯᠦᠨ ᠬᠡᠷᠡᠭᠯᠡᠬᠦ᠂ ᠬᠤᠭ ᠨᠤᠪᠰᠢ ᠶᠢ ᠬᠤᠤᠷᠳᠠᠯ ᠦᠭᠡᠢ ᠰᠢᠢᠳᠪᠦᠷᠢᠯᠡᠬᠦ ᠪᠠ ᠰᠠᠨ ᠽᠦᠸᠧ ᠳ᠋ᠢᠶᠠᠨ ᠠᠴᠠ ᠬᠤᠳᠠ ᠲᠤᠭᠤᠷᠢᠭ ᠬᠦᠷᠳᠡᠯᠡᠬᠢ ᠤᠰᠤ ᠬᠦᠷᠬᠡᠬᠦ ᠬᠤᠭᠤᠯᠠᠢ ᠵᠡᠷᠭᠡ ᠢᠨᠵᠧᠨᠧᠷᠢᠩ ᠢ ᠨᠠᠶᠢᠳᠠᠪᠤᠷᠢᠵᠢᠭᠤᠯᠵᠦ᠂ ᠬᠤᠳᠠ ᠶᠢᠨ ᠬᠡᠢ ᠬᠠᠩᠭᠠᠬᠤ᠂ ᠢᠯᠴᠢ ᠬᠠᠩᠭᠠᠬᠤ᠂ ᠤᠰᠤ ᠬᠠᠩᠭᠠᠬᠤ ᠵᠠᠯᠠᠬᠤ ᠶᠢᠨ ᠠᠶᠤᠯᠭᠦᠢ ᠶᠢ ᠦᠨᠡᠩᠬᠦ ᠪᠠᠳᠤᠯᠠᠨ᠎ᠠ᠃ ᠤᠷᠤᠨ ᠰᠠᠭᠤᠴᠠ ᠶᠢᠨ ᠪᠠᠷᠢᠯᠭ᠎ᠠ ᠶᠢᠨ ᠶᠠᠰᠦ ᠴᠢᠨᠠᠷ ᠲᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠦ᠂ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠲᠡᠰ ᠲᠠᠪᠬᠤᠷᠭ᠎ᠠ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠭᠤᠤᠯᠳᠠᠯᠭᠠᠳᠠᠢ ᠤᠷᠤᠨ ᠲᠤᠭᠤᠷᠢᠭ᠂ ᠭᠤᠤᠯ ᠴᠢᠬᠤᠯᠠ ᠬᠡᠰᠡᠭ ᠤᠨ ᠪᠠᠷᠢᠯᠭ᠎ᠠ ᠶᠢᠨ ᠬᠡᠪ ᠨᠠᠮᠪᠠ ᠶᠢ ᠨᠠᠷᠢᠯᠢᠭ ᠲᠦᠯᠦᠪᠯᠡᠵᠦ᠂ ᠢᠯᠡ ᠤᠨᠴᠠᠯᠢᠭ ᠲᠠᠢ ᠦᠵᠡᠮᠵᠢ ᠴᠢᠭ᠋ ᠢ  ᠪᠤᠢ ᠪᠤᠯᠭᠠᠨ᠎ᠠ᠃ ᠡᠨᠧᠷᠬᠢ ᠠᠷᠪᠢᠯᠠᠬᠤ ᠬᠤᠳᠠ ᠶᠢᠨ ᠪᠦᠳᠦᠭᠡᠨ ᠪᠠᠶᠢᠭᠤᠯᠤᠯᠳᠠ ᠶᠢ ᠬᠦᠴᠦᠳᠠᠢ ᠠᠬᠢᠭᠤᠯᠵᠦ᠂ ᠤᠤᠯ ᠤᠨ ᠪᠠᠷᠢᠯᠭ᠎ᠠ ᠶᠢᠨ ᠡᠨᠧᠷᠬᠢ ᠠᠷᠪᠢᠯᠠᠬᠤ ᠦᠭᠡᠷᠡᠴᠢᠯᠡᠯᠳᠡ ᠶᠢ ᠲᠦᠷᠭᠡᠳᠬᠡᠵᠦ᠂ ᠰᠢᠨ᠎ᠡ ᠪᠠᠷᠢᠯᠭ᠎ᠠ ᠶᠢᠨ ᠡᠨᠧᠷᠬᠢ ᠠᠷᠪᠢᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠤᠯᠤᠰ ᠤᠨ ᠤᠢ ᠰᠢᠭᠤᠶᠢᠳᠦ ᠬᠤᠳᠠ ᠶᠢ ᠪᠠᠶᠢᠭᠤᠯᠵᠦ᠂ ᠤᠯᠤᠰ ᠤᠨ ᠴᠡᠴᠡᠷᠯᠢᠭᠵᠢᠭᠰᠡᠨ ᠬᠤᠳᠠ ᠶᠢ ᠡᠭᠦᠳᠦᠨ ᠪᠠᠶᠢᠭᠤᠯᠤᠨ᠎ᠠ᠃ ᠬᠤᠳᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠴᠤᠭᠴᠠᠮᠵᠢ ᠎ ᠶᠢ ᠲᠡᠭᠦᠯᠳᠡᠷᠵᠢᠭᠦᠯᠵᠦ᠂ ᠬᠤᠳᠠ ᠶᠢᠨ ᠬᠠᠮᠢᠶᠠᠷᠤᠯᠳᠠ ᠶᠢᠨ  ᠶᠠᠰᠦ ᠴᠢᠨᠠᠷ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠰᠢᠶᠠᠨ ᠤ ᠭᠡᠪᠴᠢᠶᠡᠳᠦ ᠠᠵᠦ ᠠᠬᠤᠢ ᠶᠢ ᠲᠦᠷᠭᠡᠨ ᠭᠦᠭᠵᠢᠭᠦᠯᠵᠦ᠂ ᠬᠤᠳᠠ ᠭᠦᠳᠡᠭᠡ ᠶᠢᠨ ᠭᠡᠪᠴᠢᠶᠠᠨ ᠤ ᠵᠤᠭᠢᠴᠠᠩᠭᠤᠢ ᠭᠦᠭᠵᠢᠯᠳᠡ ᠶᠢ ᠨᠢᠭᠡᠳᠤᠯᠳᠡᠢ ᠲᠦᠯᠦᠪᠵᠢᠭᠦᠯᠦᠨ᠎ᠠ᠃ ᠬᠤᠰᠢᠭᠤ ᠰᠢᠶᠠᠨ ᠤ ᠵᠠᠰᠠᠭ ᠎ ᠤᠨ ᠤᠷᠳᠤᠨ ᠤ ᠰᠠᠭᠤᠭ᠎ᠠ ᠪᠠᠯᠭᠠᠰᠦ ᠶᠢᠨ ᠭᠡᠪᠴᠢᠶ᠎ᠠ ᠪᠠᠨ ᠦᠷᠭᠡᠳᠭᠡᠵᠦ᠂ ᠶᠠᠰᠦ ᠴᠢᠨᠡᠷ ᠢ ᠨᠢ ᠲᠡᠭᠡᠭᠰᠢᠯᠡᠭᠦᠯᠭᠦ ᠶᠢ ᠰᠠᠶᠢᠳᠤᠷ ᠠᠳᠬᠤᠵᠦ᠂ ᠬᠤᠳᠠ ᠶᠢᠨ ᠶᠠᠪᠤᠳᠠᠯ ᠎ ᠤᠨ ᠲᠦᠭᠦᠭᠡᠷᠤᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠪᠭᠢ ᠶᠢ ᠨᠢ ᠴᠢᠩᠭᠠᠳᠬᠠᠵᠦ᠂ ᠤᠷᠤᠨ ᠭᠠᠵᠠᠷ ᠲᠠᠭᠠᠨ ᠲᠤᠭᠢᠷᠠᠭᠤᠯᠤᠠᠠᠰᠠᠨ ᠤᠨᠴᠠᠯᠢᠠᠠᠳᠦ ᠠᠵᠦ ᠦᠢᠯᠡᠰ  ᠎ ᠢ ᠪᠤᠢ ᠪᠤᠯᠭᠠᠵᠦ᠂ ᠨᠡᠩ ᠤᠯᠠᠨ ᠭᠦᠴᠦᠨ ᠵᠦᠢᠯ ᠪᠡ ᠲᠠᠪᠠᠭᠤᠯᠢᠠᠠᠳᠦ ᠡᠭᠢ ᠪᠠᠶᠠᠯᠢᠭ ᠢ ᠰᠢᠶᠠᠨ ᠤ ᠬᠤᠳᠠ ᠲᠡᠰᠢ ᠲᠦᠪᠯᠡᠷᠡᠭᠦᠯᠦᠨ᠎ᠠ  ᠃ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠵᠦ᠂ ᠵᠢᠱᠢᠶ᠎ᠠ ᠦᠵᠡᠭᠦᠯᠦᠨ ᠲᠠᠶᠢᠴᠢᠯᠠᠬᠤ ᠶᠢ ᠰᠠᠶᠢᠨ ᠭᠢᠵᠦ᠂ ᠠᠵᠦ ᠦᠢᠯᠡᠰ ᠤᠨ ᠲᠤᠯᠭᠠᠭᠤᠷᠢ ᠶᠢ ᠴᠢᠩᠳᠡᠯᠡᠵᠦ᠂ ᠨᠢᠭᠡ ᠪᠦᠯᠦᠭ ᠲᠠᠶᠢᠴᠢᠯᠠᠬᠤ ᠭᠦᠴᠦᠨ ᠢᠶᠠᠷ ᠴᠢᠩᠭ᠎ᠠ ᠲᠤᠰᠬᠠᠶᠢᠵᠢᠠᠠᠰᠠᠨ ᠤᠨᠴᠠᠯᠢᠠᠠᠳᠦ ᠪᠠᠯᠭᠠᠰᠦ ᠶᠢ ᠪᠦᠳᠦᠭᠡᠨ ᠪᠠᠶᠢᠭᠤᠯᠤᠨ᠎ᠠ᠃ ᠨᠡᠶᠢᠭᠡᠮ ᠵᠢᠷᠦᠮᠳᠦ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠬᠤᠳᠠ ᠪᠠᠯᠭᠠᠰᠤᠨ ᠤ ᠰᠠᠭᠤᠷᠢ ᠲᠤᠨᠤᠭ ᠲᠦᠬᠦᠭᠡᠷᠦᠮᠵᠢ ᠶᠢᠨ ᠲᠠᠷᠢᠶᠠᠯᠠᠬᠤ ᠮᠠᠯᠵᠢᠬᠤ ᠤᠷᠤᠨ ᠲᠡᠰᠢ ᠤᠷᠳᠤᠳᠬᠤ ᠶᠢ ᠠᠬᠢᠭᠤᠯᠵᠦ᠂ ᠬᠤᠳᠠ ᠬᠦᠳᠡᠭᠡ ᠶᠢᠨ ᠤᠶᠠᠯᠳᠤᠯ ᠠᠵᠦ ᠦᠢᠯᠡᠰ ᠢ ᠲᠠᠷᠢᠶᠠᠯᠠᠬᠤ ᠮᠠᠯᠵᠢᠬᠤ ᠤᠷᠤᠨ ᠲᠡᠰᠢ ᠦᠷᠭᠡᠳᠬᠡᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠢ ᠲᠠᠷᠢᠶᠠᠯᠠᠬᠤ ᠮᠠᠯᠵᠢᠬᠤ ᠤᠷᠤᠨ ᠲᠡᠰᠢ ᠬᠡᠯᠪᠡᠶᠢᠯᠭᠡᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠨᠢ ᠲᠠᠷᠢᠶᠠᠯᠠᠬᠤ ᠮᠠᠯᠵᠢᠬᠤ ᠤᠷᠤᠨ ᠢ ᠪᠦᠷᠬᠦᠬᠦ ᠶᠢ ᠠᠬᠢᠭᠤᠯᠵᠦ᠂ ᠬᠤᠳᠠ ᠬᠦᠳᠡᠭᠡ ᠶᠢᠨ ᠨᠢᠭᠡ ᠴᠤᠭᠴᠠᠯᠠᠬᠤ ᠠᠬᠢᠴᠠ ᠶᠢ ᠲᠦᠷᠭᠡᠳᠬᠡᠨ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠪᠡᠶᠡᠯᠡᠭᠦᠯᠦᠨ᠎ᠡ᠃   ᠨᠢᠭᠡᠳᠦᠯᠳᠠᠢ ᠲᠦᠯᠦᠪᠵᠢᠭᠦᠯᠵᠦ᠂ ᠵᠤᠬᠢᠰᠳᠠᠢ ᠤᠷᠢᠳᠴᠢᠯᠠᠬᠤ ᠵᠠᠷᠴᠢᠮ ᠶᠤᠰᠤᠭᠠᠷ ᠵᠠᠮ ᠬᠠᠷᠢᠯᠴᠠᠭᠠᠨ ᠤ ᠲᠡᠭᠡᠭᠡᠪᠦᠷᠢ ᠶᠢᠨ ᠴᠢᠳᠠᠪᠦᠷᠢ᠂ ᠡᠨᠧᠷᠭᠢ ᠶᠢ ᠭᠠᠳᠠᠭᠰᠢ ᠬᠦᠷᠭᠡᠬᠦ ᠴᠢᠳᠠᠪᠦᠷᠢ ᠪᠤᠯᠤᠨ ᠤᠰᠤᠨ ᠪ᠊ ᠡᠬᠢ ᠰᠤᠷᠪᠤᠯᠵᠢ ᠶᠢᠨ ᠪᠠᠳᠤᠯᠠᠭ᠎ᠠ ᠶᠢᠨ ᠴᠢᠳᠠᠪᠦᠷᠢ ᠶᠢ ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠵᠦ᠂ ᠡᠯ᠎ᠡ ᠵᠦᠢᠯ ᠤᠨ ᠰᠠᠭᠤᠷᠢ ᠲᠤᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠪᠢᠷᠠᠭᠤ ᠠᠴᠠ ᠰᠢᠯᠢ ᠶᠢᠨ ᠬᠤᠳᠠ ᠬᠦᠷᠬᠦ᠂ ᠪᠢᠷᠠᠭᠤ ᠠᠴᠠ ᠳ᠋ᠠᠪᠠᠨ ᠬᠦᠷᠬᠦ ᠲᠦᠷᠭᠡᠨ ᠲᠠᠪᠬᠢᠬᠤ ᠵᠠᠰᠠᠮᠠᠯ ᠵᠠᠮ ᠢ ᠪᠠᠶᠢᠭᠤᠯᠵᠦ᠂ ᠬᠤᠳᠠ ᠲᠤᠳᠤᠷᠠᠬᠢ ᠵᠠᠰᠠᠮᠠᠯ ᠵᠠᠮ ᠤᠨ ᠲᠡᠷᠭᠡ ᠨᠡᠪᠳᠡᠷᠡᠬᠦ ᠨᠢᠭᠳᠠᠴᠠ ᠪᠠ ᠵᠠᠰᠠᠮᠠᠯ ᠵᠠᠮ ᠤᠨ ᠲᠡᠰ ᠵᠡᠷᠭᠡ ᠢ ᠲᠡᠭᠡᠭᠰᠢᠯᠡᠭᠦᠯᠵᠦ᠂ 2017 ᠤᠨ ᠪᠤᠯᠳᠠᠯ᠎ᠠ ᠲᠡᠭᠡᠳᠦ ᠲᠡᠰ ᠤᠨ ᠵᠠᠰᠠᠮᠠᠯ ᠵᠠᠮ ᠤᠨ ᠤᠷᠳᠦ ᠶᠢ 1600 ᠺᠢᠯᠤᠮᠧᠲᠷ ᠠᠴᠠ ᠲᠠᠪᠠᠭᠤᠯᠵᠦ᠂ ᠤᠯᠤᠰ ᠮᠤᠵᠢ ᠶᠢᠨ ᠭᠤᠤᠯ ᠱᠤᠭᠤᠮ ᠶᠢᠨ ᠬᠤᠶᠠᠳᠤᠭᠠᠷ ᠲᠡᠰ ᠠᠴᠠ ᠲᠡᠭᠡᠭᠰᠢᠬᠢ ᠵᠠᠰᠠᠮᠠᠯ ᠵᠠᠮ ᠢ 80%  ᠎ ᠠᠴᠠ ᠲᠡᠭᠡᠭᠰᠢ ᠳᠤ ᠬᠦᠷᠭᠡᠵᠦ᠂ ᠭᠠᠴᠠᠭ᠎ᠠ ᠲᠤᠰᠬᠤᠨ ᠎ ᠤ ᠴᠠᠷᠳᠠᠮᠠᠯ ᠵᠠᠮ ᠨᠡᠪᠳᠡᠷᠡᠬᠦ ᠨᠤᠷᠮ᠎ᠠ ᠶᠢ 80%᠎ ᠠᠴᠠ ᠲᠡᠭᠡᠭᠰᠢ ᠳᠤ ᠬᠦᠷᠭᠡᠨ᠎ᠡ᠃ ᠤᠯᠠᠭᠠᠨᠬᠠᠳᠠ᠂ ᠳ᠋ᠠᠪᠠᠨ ᠤ ᠲᠡᠮᠦᠷ ᠵᠠᠮ ᠤᠨ ᠭᠤᠤᠯ ᠬᠦᠢᠰᠦ ᠪᠤᠯᠤᠨ ᠭᠤᠤᠯᠳᠠᠯᠭᠠᠳᠠᠢ ᠬᠦᠷᠢᠶᠡᠯᠡᠩ ᠲᠤᠭᠤᠷᠢᠭ ᠤᠨ ᠲᠠᠮᠦᠷ ᠵᠠᠮ ᠤᠨ ᠲᠤᠰᠬᠠᠢ ᠱᠤᠭᠤᠮ ᠢ ᠪᠦᠳᠦᠭᠡᠨ ᠪᠠᠶᠢᠭᠤᠯᠵᠦ᠂ ᠪᠠ ᠰᠢᠨ᠂ ᠯᠢᠨ ᠪᠠᠢ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠪᠤᠯᠤᠨ ᠵᠢᠢ ᠲᠦᠩ᠂ ᡂᠢ ᠳ᠋ᠠ ᠪᠠᠢ᠂ ᡂᠢ ᠶᠢᠨ ᠲᠡᠮᠦᠷ ᠵᠠᠮ ᠤᠨ ᠴᠢᠳᠡᠪᠬᠢ ᠶᠢ ᠨᠡᠮᠡᠭᠳᠡᠭᠦᠯᠬᠦ  ᠲᠦᠷᠦᠯ ᠵᠦᠢᠯ  ᠎ ᠢ ᠪᠡᠶᠡᠯᠡᠭᠦᠯᠵᠦ᠂ ᠲᠡᠮᠦᠷ ᠵᠠᠮ ᠎ ᠤᠨ ᠲᠡᠭᠡᠭᠡᠪᠦᠷᠢ ᠶᠢᠨ ᠴᠢᠳᠠᠪᠦᠷᠢ ᠶᠢ 2.4 ᠳ᠋ᠦᠩᠰᠢᠭᠤᠷ ᠲᠤᠨ ᠳᠤ ᠬᠦᠷᠭᠡᠨ᠎ᠡ᠃ ᠨᠢᠰᠭᠡᠯ ᠤᠨ ᠪᠠᠭᠤᠳᠠᠯ ᠢ ᠦᠭᠡᠷᠡᠴᠢᠯᠡᠨ ᠦᠷᠭᠡᠳᠬᠡᠵᠦ᠂ ᠨᠢᠰᠭᠡᠯ ᠤᠨ ᠪᠠᠭᠤᠳᠠᠯ ᠎ ᠢ ᠨᠡᠭᠦᠯᠭᠡᠨ ᠪᠠᠶᠢᠭᠤᠯᠬᠤ ᠶᠢ ᠠᠬᠢᠭᠤᠯᠵᠦ᠂ ᠭᠤᠤᠯᠳᠠᠯᠭᠠᠳᠠᠢ ᠱᠤᠭᠤᠮ ᠤᠨ ᠨᠢᠰᠭᠡᠯ ᠤᠨ ᠪᠠᠭᠤᠳᠠᠯ ᠪᠠ ᠬᠠᠮᠳᠦᠪᠡᠷ ᠬᠡᠷᠡᠭᠯᠡᠬᠦ ᠨᠢᠰᠭᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠨ᠎ᠡ᠃ ᠰᠢᠷᠠᠮᠦ᠋ᠷᠡᠨ ᠭᠤᠤᠯ᠂ ᠯᠤᠤᠬ᠎ᠠ ᠶᠢᠨ ᠭᠤᠤᠯ ᠵᠡᠷᠭᠡ ᠭᠤᠤᠯᠳᠠᠯᠭᠠᠳᠠᠢ ᠰᠠᠯᠪᠦᠷᠢ ᠤᠷᠤᠰᠬᠠᠯ ᠪᠤᠯᠤᠨ ᠲᠤᠮᠳᠠ ᠵᠢᠵᠢᠭ ᠭᠤᠤᠯ ᠎ ᠤᠨ ᠤᠷᠤᠰᠬᠠᠯ ᠢ ᠵᠠᠰᠠᠬᠤ ᠶᠢ ᠠᠬᠢᠭᠤᠯᠵᠦ᠂ ᠳ᠋ᠦᠩ ᠲᠠᠶᠢᠽᠢ᠂ ᠬᠤ᠋ ᠫᠦᠸᠧ ᠭᠸᠦ ᠤᠰᠤᠨ ᠴᠦᠭᠦᠷᠤᠮ ᠢ ᠪᠦᠳᠦᠭᠡᠨ ᠪᠠᠶᠢᠭᠤᠯᠵᠦ᠂ ᠡᠮᠵᠢᠭ ᠠᠶᠤᠯᠳᠠᠢ ᠤᠰᠤᠨ ᠴᠦᠭᠦᠷᠦᠮ  ᠤᠰᠤᠨ ᠬᠠᠰᠢᠯᠭ᠎ᠠ ᠶᠢ  ᠪᠠᠬᠢᠯᠡᠵᠦ ᠵᠠᠰᠠᠬᠤ᠂ ᠲᠤᠮᠤ ᠲᠤᠮᠳᠠ ᠬᠡᠯᠪᠡᠷᠢ ᠶᠢᠨ ᠤᠰᠤᠯᠤᠯᠳᠠ ᠶᠢᠨ ᠲᠤᠭᠤᠷᠢᠭ ᠢ ᠦᠷᠭᠦᠯᠵᠢᠯᠡᠨ ᠲᠦᠬᠦᠷᠵᠢᠭᠦᠯᠬᠦ ᠪᠠ ᠲᠠᠷᠢᠶᠠᠨ ᠭᠠᠵᠠᠷ ᠨᠤᠳᠤᠭ ᠪᠡᠯᠴᠢᠭᠡᠷ ᠤᠨ ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠨᠠᠶᠢᠳᠠᠪᠤᠷᠢᠵᠢᠭᠤᠯᠵᠦ᠂ ᠦᠶᠡᠷ ᠰᠡᠷᠭᠡᠶᠢᠯᠡᠬᠦ᠂ ᠭᠠᠩ ᠬᠠᠭᠰᠠᠷᠭᠠᠨ ᠢ ᠡᠰᠡᠷᠭᠦᠴᠡᠬᠦ ᠵᠢᠴᠢ ᠬᠤᠳᠠ ᠬᠦᠳᠡᠭᠡ ᠶᠢᠨ ᠤᠰᠤ ᠬᠠᠩᠭᠠᠬᠤ ᠶᠢ  ᠪᠠᠳᠤᠯᠠᠬᠤ ᠴᠢᠳᠠᠪᠦᠷᠢ ᠶᠢ ᠲᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠎ ᠤᠨ ᠤᠰᠤᠨ ᠠᠰᠢᠭᠯᠠᠯᠳᠠ ᠶᠢ ᠶᠡᠬᠡᠪᠡᠷ   ᠬᠦᠭᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠢᠳᠡᠬᠦ ᠤᠰᠤᠨ ᠤ ᠠᠶᠤᠯᠬᠦᠢ ᠶᠢ ᠪᠠᠳᠤᠯᠠᠨ᠎ᠠ᠃ ᠬᠤᠳᠠ ᠬᠦᠳᠡᠭᠡ ᠶᠢᠨ ᠴᠠᠬᠢᠯᠭᠠᠨ ᠲᠤᠤᠷᠵᠢᠯ ᠢ ᠪᠦᠳᠦᠭᠡᠨ ᠪᠠᠶᠢᠭᠤᠯᠵᠦ ᠦᠭᠡᠷᠡᠴᠢᠯᠡᠬᠦ ᠶᠢ ᠠᠬᠢᠭᠤᠯᠵᠦ᠂ ᠪᠦᠬᠦ ᠬᠤᠳᠠ ᠳᠤ ᠨᠡᠪᠳᠡᠷᠡᠭᠰᠡᠨ 500 ᠺᠢᠯᠤᠸᠤᠯᠲ ᠭᠤᠤᠯ ᠲᠤᠤᠷᠵᠢᠯ ᠪᠠ ᠬᠤᠳᠠ ᠬᠦᠳᠡᠭᠡ ᠶᠢ ᠬᠠᠮᠤᠷᠠᠭᠰᠠᠨ 220 ᠺᠢᠯᠤᠸᠤᠯᠲ  ᠎ ᠤᠨ ᠲᠤᠭᠤᠷᠢᠮ ᠬᠡᠯᠪᠡᠷᠢᠳᠦ ᠴᠠᠬᠢᠯᠭᠠᠨ ᠬᠤᠪᠢᠰᠬᠠᠵᠦ ᠬᠦᠷᠬᠡᠭᠦ ᠲᠤᠤᠷᠵᠢᠯ ᠪᠠᠶᠢᠭᠤᠯᠬᠤ ᠶᠢ ᠪᠡᠶᠡᠯᠡᠭᠦᠯᠦᠨ᠎ᠡ᠃ ᠶᠠᠩ ᠱᠦ ᠭᠸᠦ ᠮᠧᠨ ᠠᠴᠠ ᠴᠢᠩ ᠱᠠᠨ ᠬᠦᠷᠬᠦ 500 ᠺᠢᠯᠤᠸᠤᠯᠲ ᠤᠨ ᠰᠠᠯᠬᠢᠨ ᠴᠠᠬᠢᠯᠭᠠᠨ ᠤ ᠲᠤᠰᠬᠠᠢ ᠨᠡᠪᠳᠡᠷᠡᠬᠦ ᠱᠤᠭᠤᠮ ᠎ ᠢ ᠪᠦᠳᠦᠭᠡᠨ ᠪᠠᠶᠢᠭᠤᠯᠬᠤ ᠶᠢ ᠠᠬᠢᠭᠤᠯᠵᠦ᠂ ᠤᠯᠠᠭᠠᠨᠬᠠᠳᠠ ᠠᠴᠠ ᠬᠦᠬᠡᠮᠦ᠋ᠷᠡᠨ ᠤ ᠭᠤᠷᠪᠠᠯᠵᠢᠨ ᠬᠤᠶᠢᠭ ᠬᠦᠷᠬᠦ ±800 ᠺᠢᠯᠤᠸᠤᠯᠲ ᠶᠢᠨ ᠤᠨᠴᠡ ᠦᠨᠳᠦᠷ ᠲᠠᠷᠤᠯᠳᠠᠳᠦ ᠴᠠᠬᠢᠯᠭᠠᠨ ᠰᠢᠭᠤᠳ ᠬᠦᠷᠭᠡᠬᠦ ᠱᠤᠭᠤᠮ ᠢ ᠡᠬᠢᠯᠡᠨ ᠪᠠᠶᠢᠭᠤᠯᠤᠨ᠎ᠠ᠃ ᠬᠡᠰᠢᠭᠳᠡᠨ ᠠᠴᠠ ᠤᠯᠠᠭᠠᠨᠬᠠᠳᠠ ᠬᠤᠳᠠ ᠲᠤᠭᠤᠷᠢᠭ ᠵᠢᠴᠢ ᠡᠯ᠎ᠡ ᠬᠤᠰᠢᠭᠤ ᠰᠢᠶᠠᠨ ᠲᠤᠭᠤᠷᠢᠭ ᠲᠤ ᠬᠦᠷᠬᠦ ᠬᠡᠢ ᠬᠦᠷᠭᠡᠬᠦ ᠬᠤᠭᠤᠯᠠᠢ ᠱᠤᠭᠤᠮ ᠤᠨ ᠪᠦᠳᠦᠭᠡᠨ ᠪᠠᠶᠢᠭᠤᠯᠤᠯᠳᠠ ᠶᠢ ᠨᠠᠶᠢᠳᠠᠪᠦᠷᠢᠵᠢᠭᠤᠯᠵᠦ᠂  ᠴᠤᠤᠶᠠᠩ ᠠᠴᠠ ᠤᠯᠠᠭᠠᠨᠬᠠᠳᠠ ᠬᠤᠳᠠ ᠲᠤᠭᠤᠷᠢᠭ ᠬᠦᠷᠬᠦ ᠬᠡᠢ ᠬᠦᠷᠭᠡᠬᠦ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠦᠨ᠎ᠡ᠃   ︵ᠲᠠᠪᠤ︶ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠦᠴᠦᠳᠠᠢ ᠠᠬᠢᠭᠤᠯᠵᠦ᠂ ᠦᠷᠭᠦᠯᠵᠢᠯᠡᠨ ᠬᠦᠭᠵᠢᠬᠦ ᠴᠢᠳᠠᠪᠦᠷᠢ ᠶᠢ ᠨᠡᠮᠡᠭᠳᠡᠭᠦᠯᠦᠨ᠎ᠡ   ︽ᠠᠮᠢ ᠠᠬᠤᠢ ᠪᠠᠷ ᠬᠤᠳᠠ ᠪᠠᠨ  ᠪᠠᠶᠢᠭᠤᠯᠬᠤ︾ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ ᠪᠠᠷᠢᠮᠳᠠᠯᠠᠵᠦ᠂ ᠡᠬᠡ ᠪᠠᠶᠢᠭᠠᠯᠢ ᠶᠢ ᠬᠦᠨᠳᠦᠳᠬᠡᠵᠦ᠂ ᠡᠬᠡ ᠪᠠᠶᠢᠭᠠᠯᠢ ᠲᠠᠢ ᠵᠤᠬᠢᠴᠠᠨ᠂ ᠡᠬᠡ ᠪᠠᠶᠢᠭᠠᠯᠢ ᠶᠢ ᠬᠠᠮᠠᠭᠠᠯᠠᠬᠤ ᠠᠮᠢ ᠠᠬᠤᠢ ᠶᠢᠨ ᠪᠤᠯᠪᠠᠰᠤᠨ ᠤᠬᠠᠭᠳᠠᠭᠤᠨ ᠶᠢ ᠪᠠᠳᠦ ᠪᠠᠬᠢ ᠪᠤᠢ ᠪᠤᠯᠭᠠᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠠᠯ᠎ᠠ ᠬᠢᠭᠡᠳ ᠪᠦᠬᠦ ᠶᠠᠪᠤᠴᠠ ᠳᠤ ᠨᠡᠪᠴᠢᠭᠡᠨ᠎ᠡ᠃ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠰᠤᠷᠪᠤᠯᠵᠢ ᠶᠢ ᠵᠠᠰᠠᠬᠤ ᠬᠤᠶᠠᠳᠤᠭᠠᠷ ᠬᠤᠭᠤᠴᠠᠭ᠎ᠠ ᠪᠠ ᠭᠤᠷᠪᠠᠨ ᠤᠮᠠᠷᠠᠳᠦ ᠶᠢᠨ ᠬᠠᠯᠬᠠᠪᠴᠢ ᠤᠢ ᠶᠢᠨ ᠪᠦᠳᠦᠭᠡᠨ ᠪᠠᠶᠢᠭᠤᠯᠤᠯᠳᠠ ᠵᠡᠷᠭᠡ ᠤᠯᠤᠰ ᠤᠨ ᠭᠤᠤᠯᠳᠠᠯᠭᠠᠳᠠᠢ ᠢᠨᠵᠧᠨᠧᠷᠢᠩ ᠳᠤ ᠨᠠᠶᠢᠳᠠᠨ ᠲᠦᠰᠢᠭᠯᠡᠵᠦ᠂ ᠡᠯᠡᠰᠤᠷᠬᠡᠭ ᠭᠠᠵᠠᠷ ᠢ ᠵᠠᠰᠠᠬᠤ᠂ ᠤᠰᠤᠨ ᠰᠤᠷᠪᠤᠯᠵᠢ ᠠᠬᠠᠤᠭᠤᠯᠬᠤ ᠤᠢ ᠶᠢᠨ ᠪᠦᠳᠦᠭᠡᠨ ᠪᠠᠶᠢᠭᠤᠯᠤᠯᠳᠠ ᠪᠤᠯᠤᠨ ᠲᠤᠤᠷ᠎ᠠ ᠦᠷ᠎ᠡ ᠠᠰᠢᠭᠳᠦ ᠤᠢ ᠶᠢ ᠦᠭᠡᠷᠡᠴᠢᠯᠡᠬᠦ ᠶᠢ ᠰᠠᠶᠢᠳᠤᠷ ᠠᠳᠬᠤᠵᠦ᠂ 1500 ᠲᠦᠮᠡᠨ ᠮᠦ ᠬᠠᠶᠢᠯᠠᠷ ᠨᠠᠷᠠᠰᠤᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠨ ᠨᠠᠶᠢᠳᠠᠪᠤᠷᠢᠵᠢᠭᠤᠯᠵᠦ᠂  ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ 1000 ᠲᠦᠮᠡᠨ ᠮᠤ᠋  ᠪᠡᠶᠡᠯᠡᠭᠦᠯᠦᠨ᠎ᠡ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠮᠠᠯᠵᠢᠬᠤ  ᠎ ᠶᠢ ᠴᠠᠭᠠᠵᠠᠯᠠᠨ ᠪᠢᠳᠡᠭᠦᠮᠵᠢᠯᠡᠨ ᠤᠷᠭᠤᠭᠤᠯᠬᠤ᠂ ᠮᠠᠯᠵᠢᠬᠤ  ᠎ ᠪᠠᠨ ᠵᠤᠭᠰᠤᠵᠦ ᠡᠭᠡᠯᠵᠢᠯᠡᠨ ᠮᠠᠯᠵᠢᠬᠤ᠂ ᠪᠡᠯᠴᠢᠭᠡᠷ ᠮᠠᠯ ᠢ ᠲᠡᠩᠴᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠠᠶᠠᠨᠳᠠᠭᠠᠨ ᠰᠡᠷᠭᠦᠬᠦ ᠪᠠᠷ ᠲᠠᠮᠵᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠠᠮᠢ ᠠᠬᠤᠢ ᠶᠢᠨ ᠬᠠᠮᠢᠶᠠᠷᠤᠯᠳᠠ ᠪᠠᠨ ᠴᠢᠩᠭᠠᠳᠬᠠᠵᠦ᠂ ᠡᠯ᠎ᠡ ᠵᠦᠢᠯ ᠤᠨ ᠠᠮᠢ ᠠᠬᠤᠢ ᠶᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠨ ᠴᠤᠬᠢᠯᠳᠡ ᠦᠭᠭᠦᠨ᠎ᠡ᠃ ᠲᠠᠷᠢᠶᠠᠯᠠᠩ ᠮᠠᠯᠵᠢᠯ  ᠬᠤᠯᠢᠯᠳᠤᠵᠦ ᠪᠠᠶᠢᠭ᠎ᠠ ᠭᠠᠵᠠᠷ ᠤᠨ ᠲᠠᠷᠢᠵᠦ ᠲᠡᠵᠢᠭᠡᠬᠦ ᠳᠤ ᠲᠤᠬᠢᠷᠠᠬᠤ ᠦᠭᠡᠢ ᠭᠠᠵᠠᠷ ᠰᠢᠷᠦᠢ ᠳᠤ ᠲᠠᠷᠢᠶᠠᠯᠠᠵᠦ ᠮᠠᠯᠵᠢᠬᠤ ᠪᠠᠨ ᠢᠳᠡᠪᠬᠢᠳᠠᠢ ᠵᠤᠭᠰᠤᠵᠦ᠂ ᠡᠪᠡᠰᠦ ᠮᠤᠳᠤ ᠲᠠᠷᠢᠵᠦ᠂ ᠤᠢ ᠡᠪᠡᠰᠤᠨ ᠤ ᠦᠢᠯᠡᠰ ᠢ ᠶᠡᠬᠡᠪᠡᠷ ᠬᠦᠭᠵᠢᠭᠦᠯᠦᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠨᠡᠶᠢᠭᠡᠮ ᠤᠨ ᠦᠷ᠎ᠡ ᠠᠰᠢᠭ᠂ ᠠᠵᠦ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠤᠷᠴᠢᠨ ᠲᠤᠭᠤᠷᠢᠨ ᠤ ᠬᠢᠨᠠᠯᠳᠠ ᠬᠠᠮᠢᠶᠠᠷᠤᠯᠳᠠ ᠪᠠᠨ ᠴᠢᠩᠳᠠᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠤᠷᠴᠢᠨ ᠲᠤᠭᠤᠷᠢᠨ ᠢ ᠡᠪᠳᠡᠪᠡᠯ ᠲᠦᠯᠦᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠭᠤᠷᠬᠠᠢ ᠶᠢᠨ ᠲᠤᠭᠤᠷᠢᠭ ᠤᠨ ᠠᠮᠢ ᠠᠬᠤᠢ ᠶᠢᠨ ᠬᠠᠮᠠᠭᠠᠯᠠᠯᠳᠠ ᠪᠠ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠶᠢ  ᠴᠢᠩᠭᠠᠳᠬᠠᠵᠦ᠂ ᠪᠤᠬᠢᠷᠳᠤᠯ ᠦᠭᠡᠢ ᠠᠭᠤᠷᠬᠠᠢ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠤᠬᠢᠷᠳᠤᠯ ᠪᠤᠳᠠᠰ ᠢ ᠪᠠᠭᠠᠰᠬᠠᠬᠤ ᠠᠵᠢᠯ ᠢ ᠰᠠᠶᠢᠳᠤᠷ ᠬᠢᠵᠦ᠂ ᠤᠰᠤ᠂ ᠶᠡᠭᠡ ᠠᠭᠠᠷ᠂ ᠰᠢᠷᠦᠢ᠂ ᠬᠠᠳᠠᠭᠤ ᠪᠡᠶᠡᠳᠦ ᠬᠠᠶ᠋ᠬᠠᠳᠠᠮᠠᠯ ᠤᠨ ᠪᠤᠭᠢᠷᠳᠤᠯ ᠢ ᠵᠠᠰᠠᠬᠤ ᠪᠡ ᠤᠷᠴᠢᠨ ᠲᠤᠭᠤᠷᠢᠨ ᠤ ᠲᠦᠭᠰᠢᠭᠦᠷᠢ ᠶᠢ ᠭᠢᠵᠠᠭᠠᠷᠯᠠᠬᠤ ᠶᠢ ᠭᠡᠷᠡᠭᠵᠢᠭᠦᠯᠵᠦ᠂  ᠭᠦᠳᠡᠭᠡ ᠲᠤᠰᠬᠤᠨ ᠮᠠᠯᠵᠢᠬᠤ ᠤᠷᠤᠨ ᠤ ᠤᠷᠴᠢᠨ ᠲᠤᠭᠤᠷᠢᠨ ᠤ ᠪᠤᠭᠢᠷᠳᠤᠯ  ᠎ ᠤᠨ ᠶᠡᠷᠦᠩᠬᠡᠶᠢᠯᠡᠭᠰᠡᠨ ᠵᠠᠰᠠᠯᠳᠠ ᠶᠢ ᠡᠭᠢᠯᠡᠵᠦ᠂ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠢᠱᠢᠶᠠᠴᠢ ᠬᠤᠳᠠ ᠶᠢ ᠡᠭᠦᠳᠦᠨ ᠪᠠᠶᠢᠭᠤᠯᠤᠨ᠎ᠠ᠃ ᠭᠠᠮᠰᠢᠭ ᠎ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠦ᠂ ᠴᠠᠭ ᠠᠭᠤᠷ᠂ ᠭᠠᠵᠠᠷ ᠰᠢᠨᠵᠢᠯᠡᠭᠡᠨ᠂ ᠭᠠᠵᠠᠷ ᠬᠦᠳᠡᠯᠤᠯᠳᠡ ᠶᠢᠨ ᠭᠠᠮᠰᠢᠭ ᠢ ᠰᠡᠷᠭᠡᠶᠢᠯᠡᠬᠦ ᠴᠢᠳᠠᠪᠦᠷᠢ ᠪᠠᠨ ᠲᠡᠭᠡᠭᠰᠢᠯᠡᠭᠦᠯᠦᠨ᠎ᠡ᠃    ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠦ ᠠᠰᠢᠭᠯᠠᠬᠤ ᠪᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ  ᠴᠢᠬᠤᠯᠠ ᠠᠷᠭ᠎ᠠ ᠵᠠᠮ ᠪᠤᠯᠭᠠᠬᠤ ᠶᠢ ᠪᠠᠷᠢᠮᠳᠠᠯᠠᠵᠦ᠂  ᠠᠰᠢᠭᠯᠠᠬᠤ ᠠᠷᠭ᠎ᠠ ᠬᠡᠮᠵᠢᠶ᠎ᠡ ᠪᠠᠨ ᠲᠦᠷᠭᠡᠨ ᠬᠤᠪᠢᠷᠠᠭᠤᠯᠵᠦ᠂ ᠪᠦᠬᠦ ᠲᠠᠯ᠎ᠠ᠂ ᠪᠦᠬᠦ ᠶᠠᠪᠤᠴᠠ ᠳᠠᠬᠢ  ᠠᠷᠪᠢᠯᠠᠨ ᠭᠠᠮᠨᠠᠬᠤ ᠬᠠᠮᠢᠶᠠᠷᠦᠯᠳᠠ ᠶᠢ ᠴᠢᠩᠭᠠᠳᠬᠠᠵᠦ᠂ ᠠᠰᠢᠭᠯᠠᠯᠳᠠ ᠶᠢᠨ ᠨᠤᠷᠮ᠎ᠠ ᠪᠠ ᠦᠷ᠎ᠡ ᠠᠰᠢᠭ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠠᠭᠤᠷᠬᠠᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠂ ᠵᠤᠬᠢᠰᠳᠠᠢ ᠨᠡᠭᠡᠭᠡᠨ ᠠᠰᠢᠭᠯᠠᠵᠦ᠂ ᠪᠦᠳᠦᠮᠵᠢᠳᠠᠢ ᠨᠢᠳᠭᠡᠨ᠂ ᠬᠠᠶᠢᠬᠤ ᠮᠠᠯᠳᠠᠬᠤ ᠰᠤᠩᠭᠤᠬᠤ ᠬᠠᠶᠢᠯᠤᠭᠤᠯᠬᠤ ᠪᠤᠯᠪᠠᠰᠤᠷᠠᠭᠤᠯᠬᠤ ᠶᠢ ᠨᠢᠭᠡ ᠴᠤᠭᠴᠠ  ᠪᠤᠯᠭᠠᠨ ᠬᠦᠭᠵᠢᠬᠦᠯᠬᠦ ᠶᠢ ᠠᠬᠢᠭᠤᠯᠵᠦ᠂ ᠠᠭᠤᠷᠬᠠᠢ ᠶᠢᠨ ᠪᠤᠯᠠᠭᠳᠠᠴᠠ ᠶᠢᠨ ᠡᠬᠢ ᠪᠠᠶᠠᠯᠢᠭ ᠢ ᠶᠡᠷᠦᠩᠬᠢᠯᠡᠨ ᠠᠰᠢᠭᠯᠠᠬᠤ ᠲᠦᠪᠰᠢᠨ ᠢ ᠲᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠦ ᠪᠤᠬᠢᠷᠳᠤᠯ ᠢ ᠪᠠᠭᠠᠰᠬᠠᠬᠤ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠲᠡᠯᠭᠡᠷᠡᠭᠦᠯᠦᠨ ᠬᠡᠷᠡᠭᠯᠡᠬᠦ ᠶᠢ ᠲᠡᠮᠵᠢᠵᠦ᠂ ︽ᠭᠤᠷᠪᠠᠨ ᠬᠠᠶᠠᠭᠳᠠᠮᠠᠯ︾᠎ ᠢ ᠲᠦᠪᠯᠡᠷᠡᠭᠦᠯᠦᠨ ᠰᠢᠢᠳᠪᠦᠷᠢᠯᠡᠬᠦ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠤᠷᠴᠢᠯ ᠠᠵᠦ ᠠᠬᠤᠢ ᠶᠢ ᠬᠦᠭᠵᠢᠭᠦᠯᠦᠨ᠂ ᠨᠢᠭᠡ ᠪᠦᠯᠦᠭ ᠤᠯᠤᠰ  ᠎ ᠤᠨ ᠪᠠ  ᠦᠪᠡᠷᠳᠡᠭᠡᠨ ᠵᠠᠰᠠᠬᠤ ᠤᠷᠤᠨ ᠤ ᠲᠡᠰ ᠤᠨ ᠤᠷᠴᠢᠯ ᠠᠵᠦ ᠠᠬᠤᠢ ᠶᠢᠨ ᠬᠦᠷᠢᠶᠡᠯᠡᠩ ᠲᠤᠭᠤᠷᠢᠭ ᠢ ᠪᠦᠳᠦᠭᠡᠨ ᠪᠠᠶᠢᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠬᠠᠮᠤᠭ ᠴᠢᠩᠭ᠎ᠠ ᠬᠠᠳᠠᠭᠤ ᠲᠦᠷᠢᠮ ᠲᠤᠭᠳᠠᠭᠠᠯ ᠢ ᠬᠡᠷᠡᠭᠵᠢᠭᠦᠯᠵᠦ᠂ ᠦᠢᠯᠡᠳᠪᠦᠷᠢᠯᠡᠯ᠂ ᠠᠮᠢᠳᠤᠷᠠᠯ ᠪᠠ ᠠᠮᠢ ᠠᠬᠤᠢ ᠶᠢᠨ ᠬᠡᠷᠡᠭᠯᠡᠭᠡᠨ ᠤ ᠤᠰᠤ ᠶᠢ ᠨᠢᠭᠡᠳᠤᠯᠳᠠᠢ ᠲᠦᠯᠦᠪᠵᠢᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠤᠰᠤ ᠠᠷᠪᠢᠯᠠᠬᠤ ᠮᠡᠷᠭᠡᠵᠢᠯ ᠤᠨ ᠬᠡᠷᠡᠭᠯᠡᠯᠡᠳᠡ ᠎ ᠶᠢ ᠬᠦᠴᠦᠳᠠᠢ ᠠᠬᠢᠭᠤᠯᠵᠦ᠂ ᠠᠵᠦ ᠦᠢᠯᠡᠳᠪᠦᠷᠢ  ᠎ ᠨᠢ ᠭᠠᠵᠠᠷ ᠲᠤᠤᠷᠠᠬᠢ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠦ᠂ ᠪᠦᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠴᠢᠩᠭᠠᠳᠬᠠᠨ᠎ᠠ᠃ ᠲᠠᠷᠢᠶᠠᠨ ᠭᠠᠵᠠᠷ ᠢ  ᠴᠢᠩᠭ᠎ᠠ ᠬᠠᠮᠠᠭᠠᠯᠠᠵᠦ᠂ ᠭᠠᠵᠠᠷ ᠰᠢᠷᠦᠢ ᠶᠢᠨ ᠬᠡᠷᠡᠭᠯᠡᠭᠡᠨ ᠤ ᠬᠠᠮᠢᠶᠠᠷᠤᠯᠳᠠ ᠶᠢᠨ ᠲᠦᠷᠢᠮ ᠢ ᠴᠢᠩᠭᠠᠳᠬᠠᠵᠦ᠂ ᠭᠠᠵᠠᠷ ᠰᠢᠷᠦᠢ ᠶᠢ ᠠᠷᠪᠢᠯᠠᠨ ᠡᠷᠴᠢᠮᠵᠢᠭᠦᠯᠦᠨ ᠠᠰᠢᠭᠯᠠᠨ᠎ᠠ᠃   ︵ᠵᠢᠷᠭᠤᠭ᠎ᠠ︶ ᠦᠭᠡᠷᠡᠴᠢᠯᠡᠯᠡᠳᠡ ᠨᠡᠭᠡᠭᠡᠯᠳᠡ ᠪᠠᠨ ᠭᠦᠨᠵᠡᠭᠡᠶᠢᠷᠡᠭᠦᠯᠵᠦ᠂ ᠬᠦᠭᠵᠢᠯᠳᠡ ᠶᠢᠨ ᠬᠦᠳᠡᠯᠭᠡᠬᠦ ᠬᠦᠴᠦᠨ ᠪᠤᠯᠤᠨ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠦᠨ᠎ᠡ ᠦᠭᠡᠷᠡᠴᠢᠯᠡᠯᠳᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠮᠢᠵᠢᠷᠠᠯ ᠤᠨ ᠬᠦᠴᠦᠨ ᠢ ᠬᠦᠭᠵᠢᠭᠡᠬᠦ ᠦᠨᠳᠦᠰᠦᠨ ᠠᠷᠭ᠎ᠠ ᠵᠠᠮ ᠪᠤᠯᠭᠠᠬᠤ ᠶᠢ ᠪᠠᠷᠢᠮᠳᠠᠯᠠᠵᠦ᠂ ᠡᠯ᠎ᠡ ᠵᠦᠢᠯ ᠤᠨ ᠦᠭᠡᠷᠡᠴᠢᠯᠡᠯᠳᠡ ᠶᠢ ᠯᠠᠪᠳᠠᠭᠤᠨ ᠠᠬᠢᠭᠤᠯᠤᠨ᠎ᠠ᠃ ᠤᠯᠤᠰ ᠤᠨ ᠦᠮᠴᠢᠯᠡᠯᠳᠦ ᠠᠵᠦ ᠠᠬᠤᠶᠢᠯᠠᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠋᠂ ᠤᠯᠤᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ ᠶᠢ ᠲᠡᠭᠦᠯᠳᠡᠷᠵᠢᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠲᠦᠷᠦᠯ ᠬᠤᠪᠢᠶᠠᠬᠤ ᠦᠭᠡᠷᠡᠴᠢᠯᠡᠯᠳᠡ ᠶᠢ ᠠᠬᠢᠭᠤᠯᠤᠨ᠎ᠠ᠃ ᠪᠠᠶᠢᠭᠤᠯᠤᠮᠵᠢ ᠶᠢᠨ ᠤᠷᠤᠨ ᠲᠤᠭ᠎ᠠ ᠶᠢ ᠴᠢᠩᠭ᠎ᠠ ᠬᠢᠵᠠᠭᠠᠷᠯᠠᠵᠦ᠂ ᠵᠠᠰᠠᠭ ᠵᠠᠬᠢᠷᠭᠠᠨ ᠤ ᠡᠬᠡ ᠦᠷᠳᠡᠭ ᠢ ᠪᠠᠭᠤᠷᠠᠭᠤᠯᠤᠨ᠎ᠠ᠃ ᠪᠡᠯᠡ  ᠤᠷᠤᠭᠤᠯᠤᠨ ᠪᠡᠯᠡ ᠭᠦᠢᠯᠭᠡᠭᠡᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠵᠦ᠂ ᠨᠡᠶᠢᠭᠡᠮ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠦ᠂ ᠮᠦᠩᠭᠦᠨ ᠭᠦᠢᠯᠭᠡᠭᠡᠨ ᠤ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠶᠢᠨ ᠦᠭᠡᠷᠡᠴᠢᠯᠡᠯᠡᠳᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠭᠦᠯᠦᠨ᠂ ᠨᠡᠩ ᠤᠯᠠᠨ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠰᠠᠭᠤᠷᠢ ᠲᠤᠨᠤᠭ ᠲᠦᠭᠦᠬᠡᠷᠦᠮᠵᠢ ᠶᠢ ᠪᠠᠶᠢᠭᠤᠯᠬᠤ ᠪᠤᠯᠤᠨ ᠨᠡᠶᠢᠭᠡᠮ ᠤᠨ ᠦᠢᠯᠡᠰ ᠎ ᠢ ᠬᠦᠭᠵᠢᠭᠦᠯᠬᠦ ᠳᠤ  ᠬᠡᠷᠡᠭᠯᠡᠬᠦ ᠪᠤᠯᠭᠠᠨ᠎ᠠ᠃ ᠬᠤᠳᠠ ᠶᠢᠨ ᠶᠠᠪᠤᠳᠠᠯ ᠤᠨ ᠤᠯᠠᠨ ᠨᠡᠶᠢᠳᠡ  ᠎ ᠶᠢᠨ ᠠᠵᠢᠯ ᠦᠢᠯᠡᠰ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠬᠤᠳᠠ ᠶᠢᠨ ᠤᠯᠠᠨ ᠨᠡᠶᠢᠳᠡ ᠶᠢᠨ ᠠᠵᠢᠯ ᠦᠢᠯᠡᠰ ᠤᠨ ᠤᠨᠴᠠ ᠵᠦᠪᠰᠢᠶᠡᠷᠡᠯᠳᠦ ᠡᠵᠡᠩᠨᠡᠯᠳᠡ ᠶᠢᠨ ᠬᠡᠪᠴᠢᠶ᠎ᠡ ᠶᠢ ᠦᠷᠭᠡᠳᠬᠡᠵᠦ᠂ ᠪᠦᠬᠦ ᠬᠤᠳᠠ ᠶᠢᠨ ᠤᠯᠠᠨ ᠨᠡᠶᠢᠳᠡ ᠶᠢᠨ ᠡᠬᠢ ᠰᠤᠷᠪᠤᠯᠵᠢ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠦᠨᠳᠦᠰᠤᠨ ᠡᠮ ᠤᠨ ᠲᠦᠷᠢᠮ ᠬᠢᠭᠡᠳ ᠦᠨᠳᠦᠰᠦᠨ ᠱᠠᠳᠤᠨ ᠤ ᠡᠮ ᠡᠮᠨᠡᠯᠭᠡ ᠵᠢᠨ‌ᠦᠭᠡᠷᠡᠴᠢᠯᠡᠯᠳᠡ ᠶᠢᠨ ᠰᠢᠨ᠎ᠡ ᠵᠤᠬᠢᠴᠠᠮᠵᠢ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠢ ᠬᠠᠮᠦᠷᠠᠭᠰᠠᠨ ᠦᠨᠳᠦᠰᠦᠨ  ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠬᠡᠵᠦ᠂ ᠰᠤᠶᠤᠯ ᠤᠨ ᠵᠠᠬ᠎ᠠ ᠲᠡᠯᠭᠡᠭᠦᠷ ᠤᠨ ᠬᠦᠭᠵᠢᠯᠳᠡ ᠎ ᠯᠦᠭᠡ ᠵᠤᠬᠢᠴᠠᠯᠳᠤᠭᠰᠠᠨ ᠪᠠᠶᠢᠭᠤᠯᠤᠮᠵᠢ ᠶᠢᠨ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠤᠨ᠎ᠡ᠃ ᠲᠠᠷᠢᠶᠠᠯᠠᠬᠤ ᠮᠠᠯᠵᠢᠬᠤ ᠤᠷᠤᠨ ᠤ ᠦᠨᠳᠦᠰᠦᠨ ᠡᠵᠡᠩᠨᠡᠯᠳᠡ ᠎ ᠶᠢᠨ ᠲᠦᠷᠢᠮ ᠢ  ᠪᠠᠷᠢᠮᠳᠠᠯᠠᠨ ᠲᠡᠭᠦᠯᠳᠡᠷᠵᠢᠭᠦᠯᠵᠦ᠂ ᠤᠯᠠᠨ ᠲᠦᠷᠦᠯ ᠬᠡᠯᠪᠡᠷᠢᠳᠦ ᠭᠠᠵᠠᠷ ᠰᠢᠷᠦᠢ ᠨᠤᠳᠤᠭ ᠪᠡᠯᠴᠢᠭᠡᠷ  ᠎ ᠢ ᠵᠤᠬᠢᠬᠤ ᠬᠡᠪᠴᠢᠶ᠎ᠡ ᠪᠠᠷ ᠡᠵᠡᠩᠨᠡᠬᠦ ᠶᠢ ᠬᠦᠭᠵᠢᠭᠦᠯᠦᠨ᠂ ᠲᠠᠷᠢᠶᠠᠴᠢᠳ ᠮᠠᠯᠴᠢᠳ ᠤᠨ ᠵᠤᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠲᠡᠭᠡᠭᠰᠢᠯᠡᠭᠦᠯᠦᠨ᠎ᠡ᠃  ᠬᠠᠮᠳᠦ ᠶᠢᠨ ᠤᠢ ᠶᠢᠨ ᠦᠮᠴᠢᠯᠡᠯ ᠤᠨ ᠲᠦᠷᠢᠮ ᠎ ᠤᠨ ᠭᠤᠤᠯ ᠴᠤᠭᠴᠠ ᠶᠢᠨ ᠦᠭᠡᠷᠡᠴᠢᠯᠡᠯᠳᠡ ᠶᠢᠨ ᠦᠷ᠎ᠡ ᠪᠦᠳᠦᠭᠡᠯ ᠢ ᠪᠠᠬᠢᠵᠢᠭᠦᠯᠵᠦ᠂ ᠲᠦᠭᠦᠷ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠤᠢ ᠰᠢᠭᠤᠢ ᠶᠢᠨ ᠬᠦᠭᠵᠢᠯᠳᠡ ᠶᠢᠨ ᠬᠦᠴᠦᠨ ᠵᠦᠢᠯ ᠢ ᠠᠮᠢᠳᠤᠯᠢᠭᠵᠢᠭᠤᠯᠤᠨ᠎ᠠ᠃ ᠰᠢᠶᠠᠩ ᠲᠤᠰᠬᠤᠨ ᠤ ᠨᠡᠶᠢᠳᠡ ᠵᠢᠨ‌ᠠᠰᠠᠷᠠᠮᠵᠢ ᠶᠢᠨ ᠴᠢᠨᠠᠷᠳᠠᠢ ᠵᠢᠭᠡᠯᠡᠯᠭᠡ ᠶᠢᠨ ᠠᠵᠢᠯ ᠢ ᠲᠤᠭᠳᠠᠭᠤᠨ ᠢᠶᠠᠷ ᠠᠬᠢᠭᠤᠯᠵᠦ᠂ ᠲᠤᠰᠬᠤᠨ ᠤ ᠱᠠᠳᠤᠨ ᠤ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠤᠷᠳᠤᠮᠵᠢ ᠶᠢᠨ ᠵᠤᠬᠢᠴᠠᠮᠵᠢ ᠶᠢ ᠪᠠᠶᠢᠭᠤᠯᠤᠨ᠎ᠠ᠃ ᠨᠡᠶᠢᠳᠡ ᠶᠢᠨ ᠪᠤᠰᠤ ᠦᠮᠴᠢᠯᠡᠯᠳᠦ ᠠᠵᠦ ᠠᠬᠤᠢ ᠶᠢᠨ ᠬᠦᠭᠵᠢᠯᠳᠡ ᠶᠢ ᠵᠤᠷᠢᠭᠵᠢᠭᠤᠯᠤᠨ ᠲᠡᠮᠵᠢᠵᠦ ᠵᠢᠯᠤᠭᠤᠳᠤᠨ᠂ ᠡᠯ᠎ᠡ ᠵᠦᠢᠯ ᠤᠨ ᠦᠮᠴᠢᠯᠡᠯᠳᠦ ᠠᠵᠦ ᠠᠬᠤᠢ ᠶᠢᠨ ᠦᠢᠯᠡᠳᠪᠦᠷᠢᠯᠡᠯ ᠤᠨ ᠬᠦᠴᠦᠨ ᠵᠦᠢᠯ ᠢ ᠬᠠᠤᠯᠢ ᠶᠤᠰᠤᠭᠠᠷ ᠡᠷᠬᠡ ᠲᠡᠭᠰᠢ ᠬᠡᠷᠡᠭᠯᠡᠵᠦ᠂ ᠵᠠᠬ᠎ᠠ ᠲᠡᠯᠭᠡᠭᠦᠷ ᠤᠨ ᠦᠷᠢᠰᠦᠯᠳᠦᠭᠡᠨ ᠎ ᠳᠤ ᠡᠷᠬᠡ ᠲᠡᠭᠰᠢ ᠤᠷᠤᠯᠴᠠᠵᠦ᠂ ᠬᠠᠤᠯᠢ ᠴᠠᠭᠠᠵᠠ ᠶᠢᠨ ᠬᠠᠮᠠᠭᠠᠯᠠᠯ ᠢ ᠠᠳᠠᠯᠢᠬᠠᠨ ᠬᠦᠷᠳᠡᠬᠦ ᠶᠢ ᠪᠠᠳᠤᠯᠠᠨ᠎ᠠ᠃    ᠨᠡᠭᠡᠭᠡᠯᠳᠡ ᠪᠠᠨ ᠦᠷᠭᠡᠳᠬᠡᠭᠦ  ᠎ ᠶᠢ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠵᠦ ᠲᠡᠰ ᠲᠡᠪᠰᠢᠬᠦ ᠴᠢᠬᠤᠯᠠ ᠶᠡᠭᠡ ᠬᠦᠳᠡᠯᠭᠡᠬᠦ ᠬᠦᠴᠦᠨ  ᠪᠤᠯᠭᠠᠬᠤ ᠶᠢ ᠪᠠᠷᠢᠮᠳᠠᠯᠠᠵᠦ᠂ ᠨᠡᠭᠡᠭᠡᠯᠳᠡ ᠶᠢᠨ ᠬᠡᠯᠪᠡᠷᠢᠳᠦ ᠠᠵᠦ ᠠᠬᠤᠢ ᠶᠢᠨ ᠠᠵᠦ ᠦᠢᠯᠡᠰ ᠤᠨ ᠲᠡᠰ ᠲᠡᠪᠰᠢᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠳᠡ᠂ ᠤᠷᠤᠨ ᠲᠤᠭᠤᠷᠢᠭ ᠤᠨ ᠬᠦᠭᠵᠢᠯᠳᠡ ᠶᠢᠨ ᠲᠠᠯ᠎ᠠ ᠪᠠᠷ ᠬᠢ ᠢᠳᠡᠪᠬᠢᠳᠠᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠦᠸᠧᠬᠠᠢ ᠲᠠᠩᠬᠢᠰ ᠲᠠᠭᠠᠤ ᠠᠵᠦ ᠠᠬᠤᠢ ᠎ ᠶᠢᠨ ᠤᠷᠤᠨ᠂ ᠵᠡᠭᠦᠨ ᠬᠤᠶᠢᠳᠦ ᠶᠢᠨ ᠠᠵᠦ ᠠᠬᠤᠢ ᠶᠢᠨ ᠤᠷᠤᠨ ᠪᠠ ᠬᠦᠷᠰᠢ ᠵᠡᠷᠭᠡᠯᠡᠳᠡᠭᠡ ᠭᠠᠵᠠᠷ ᠤᠷᠤᠨ ᠯᠤᠭ᠎ᠠ ᠨᠢᠭᠡ ᠴᠤᠭᠴᠠᠵᠢᠨ ᠬᠦᠭᠵᠢᠬᠦ ᠶᠢ ᠪᠠᠷᠢᠮᠳᠠᠯᠠᠬᠤ ᠎ ᠶᠢ  ᠨᠡᠭᠡᠭᠡᠯᠳᠡ ᠶᠢ ᠦᠷᠭᠡᠳᠬᠡᠬᠦ  ᠎ ᠶᠢᠨ ᠲᠡᠷᠢᠭᠦᠨ ᠡᠭᠦᠷᠭᠡ ᠪᠤᠯᠭᠠᠨ᠂ ᠪᠡᠭᠡᠵᠢᠩ ᠲᠢᠶᠠᠨᠵᠢᠨ ᠾᠧᠪᠸᠢ ᠯᠢᠶᠤᠤᠨᠢᠩ ᠵᠢᠴᠢ ᠬᠦᠷᠰᠢ ᠵᠡᠷᠭᠡᠯᠡᠳᠡᠭᠡ ᠠᠶᠢᠮᠠᠭ ᠬᠤᠳᠠ ᠎ ᠯᠤᠭ᠎ᠠ ᠴᠢᠬᠤᠯᠠ ᠶᠡᠭᠡ ᠰᠠᠭᠤᠷᠢ ᠲᠤᠬᠦᠭᠡᠷᠦᠮᠵᠢ ᠶᠢᠨ ᠵᠤᠯᠭᠠᠯᠳᠠ᠂ ᠠᠵᠦ ᠦᠢᠯᠡᠰ ᠤᠨ ᠵᠤᠯᠭᠠᠯᠳᠠ ᠪᠤᠯᠤᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠪᠠᠨ ᠴᠢᠩᠭᠠᠳᠬᠠᠵᠦ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠡᠬᠢ ᠪᠠᠶᠠᠯᠢᠭ ᠤᠨ ᠨᠡᠶᠢᠯᠡᠯᠳᠡ᠂ ᠠᠵᠦ ᠦᠢᠯᠡᠰ ᠤᠨ ᠬᠦᠭᠵᠢᠯᠳᠡ ᠵᠡᠷᠭᠡ ᠬᠦᠷᠢᠶ᠎ᠡ ᠬᠡᠪᠴᠢᠶᠡᠨ ᠳᠠᠬᠢ ᠬᠠᠮᠵᠢᠯᠴᠠᠭ᠎ᠠ ᠶᠢ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠭᠠᠬᠤ ᠪᠠᠷ ᠴᠢᠷᠮᠠᠶᠢᠨ᠎ᠡ᠃ ᠲᠠᠯᠠᠢ ᠲᠠᠭᠠᠤ ᠤᠷᠤᠨ ᠵᠢᠴᠢ ᠠᠵᠦ ᠠᠬᠤᠢ ᠬᠦᠭᠵᠢᠭᠰᠡᠨ ᠭᠠᠵᠠᠷ ᠤᠷᠤᠨ ᠲᠡᠰᠢ ᠴᠢᠯᠤᠭᠡᠳᠠᠢ ᠶᠠᠪᠤᠯᠴᠠᠬᠤ ᠪᠠᠨ ᠦᠷᠭᠡᠳᠬᠡᠵᠦ᠂ ᠲᠦᠷᠦ ᠶᠢᠨ ᠪᠤᠳᠤᠯᠭ᠎ᠠ᠂ ᠤᠷᠤᠨ ᠪᠠᠶᠢᠷᠢ᠂ ᠭᠠᠵᠠᠷ ᠰᠢᠷᠦᠢ᠂ ᠬᠦᠳᠡᠯᠮᠦᠷᠢ ᠬᠦᠴᠦᠨ ᠵᠡᠷᠭᠡ ᠲᠠᠪᠠᠭᠤᠯᠢᠭ ᠪᠠᠨ ᠪᠠᠳᠠᠷᠠᠭᠤᠯᠵᠦ᠂ ᠬᠠᠮᠵᠢᠯᠴᠠᠬᠤ ᠬᠡᠯᠪᠡᠷᠢ ᠪᠠ ᠬᠦᠷᠢᠶ᠎ᠡ ᠬᠡᠪᠴᠢᠶ᠎ᠡ ᠪᠠᠨ ᠦᠷᠭᠡᠳᠬᠡᠵᠦ᠂ ᠠᠵᠦ ᠦᠢᠯᠡᠰ ᠤᠨ ᠰᠢᠯᠵᠢᠯᠳᠡ ᠶᠢ ᠢᠳᠡᠪᠬᠢᠳᠠᠢ ᠬᠦᠯᠢᠶᠡᠨ ᠠᠪᠴᠦ᠂ ᠤᠯᠤᠰ ᠤᠨ ᠲᠡᠰ ᠤᠨ ᠠᠵᠦ ᠦᠢᠯᠡᠰ ᠤᠨ ᠰᠢᠯᠵᠢᠯᠳᠡ ᠶᠢ ᠬᠦᠯᠢᠶᠡᠨ ᠠᠪᠬᠤ ᠵᠢᠱᠢᠶ᠎ᠡ ᠦᠵᠡᠭᠦᠯᠬᠦ ᠤᠷᠤᠨ ᠢ ᠪᠠᠶᠢᠭᠤᠯᠬᠤ ᠪᠠᠷ ᠴᠢᠷᠮᠠᠶᠢᠨ᠎ᠡ᠃ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠦᠷᠨᠢᠭᠦᠯᠬᠦ ᠲᠤᠬᠢᠶᠠᠯ ᠢᠶᠠᠷ ᠪᠡᠭᠡᠵᠢᠩ ᠬᠤᠳᠠ ᠯᠤᠭ᠎ᠠ ᠪᠦᠬᠦ ᠲᠠᠯ᠎ᠠ ᠪᠠᠷ ᠬᠠᠮᠵᠢᠯᠴᠠᠵᠦ᠂ ᠤᠯᠠᠭᠠᠨᠬᠠᠳᠠ ᠪᠠᠨ ᠪᠡᠭᠡᠵᠢᠩ ᠤᠨ ᠠᠵᠦ ᠦᠢᠯᠡᠰ ᠤᠨ ᠰᠢᠯᠵᠢᠯᠳᠡ ᠶᠢ ᠵᠠᠯᠭᠠᠨ ᠠᠪᠬᠤ ᠰᠠᠭᠤᠷᠢᠨ ᠭᠠᠵᠠᠷ᠂ ᠡᠨᠧᠷᠬᠢ ᠶᠢᠨ ᠪᠠᠳᠤᠯᠠᠭ᠎ᠠ ᠶᠢᠨ ᠰᠠᠭᠤᠷᠢᠨ ᠭᠠᠵᠠᠷ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠬᠠᠩᠭᠠᠯᠳᠠ ᠶᠢᠨ ᠰᠠᠭᠤᠷᠢᠨ ᠭᠠᠵᠠᠷ ᠪᠤᠯᠭᠠᠨ ᠪᠦᠳᠦᠭᠡᠨ ᠪᠠᠶᠢᠭᠤᠯᠤᠨ᠎ᠠ᠃ ᠤᠷᠤᠰ ᠬᠠᠯᠬ᠎ᠠ ᠺᠤᠷᠢᠶ᠎ᠠ ᠵᠡᠷᠭᠡ ᠤᠯᠤᠰ ᠯᠤᠭ᠎ᠠ  ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ  ᠰᠢᠮ᠎ᠡ ᠡᠳ᠋ᠰᠢᠭᠦᠯᠬᠦ᠂ ᠮᠠᠰᠢᠨ ᠮᠧᠬᠠᠨᠢᠭ ᠦᠢᠯᠡᠳᠬᠦ᠂ ᠨᠡᠬᠡᠮᠡᠯ ᠪᠠ ᠬᠤᠪᠴᠠᠰᠦ ᠬᠤᠨᠠᠷ ᠵᠡᠷᠭᠡ ᠬᠦᠷᠢᠶ᠎ᠡ ᠬᠡᠪᠴᠢᠶ᠎ᠡ ᠳᠠᠬᠢ ᠬᠠᠮᠵᠢᠯᠴᠠᠭ᠎ᠠ ᠪᠠᠨ ᠴᠢᠩᠭᠠᠳᠬᠠᠵᠦ᠂ ᠭᠠᠳᠠᠭᠠᠳᠦ ᠭᠠᠷᠭᠠᠯᠳᠠ ᠶᠢᠨ ᠠᠵᠦ ᠠᠬᠤᠢ ᠶᠢᠨ ᠨᠡᠮᠡᠭᠳᠡᠯ ᠳᠠᠬᠢ ᠲᠠᠶᠢᠴᠢᠯᠠᠬᠤ  ᠬᠦᠴᠦᠨ ᠢ ᠨᠡᠮᠡᠭᠳᠡᠭᠦᠯᠦᠨ᠎ᠡ᠃      ᠭᠤᠷᠪᠠ᠂ 2013 ᠤᠨ ᠤ ᠭᠤᠤᠯᠳᠠᠯᠭᠠᠳᠠᠢ ᠠᠵᠢᠯ     2013 ᠤᠨ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ ᠮᠦᠨ᠂ ︽ᠠᠷᠪᠠᠨ ᠬᠤᠶᠠᠷ ᠲᠠᠪᠤ︾᠎ ᠶᠢᠨ ᠲᠦᠯᠦᠪᠵᠢᠭᠦᠯᠬᠡ ᠶᠢᠨ ᠤᠷᠢᠳᠠᠬᠢ ᠶᠢ ᠵᠠᠯᠭᠠᠮᠵᠢᠯᠠᠵᠦ ᠬᠤᠶᠢᠰᠢᠬᠢ ᠶᠢ ᠨᠡᠭᠡᠭᠡᠭᠦ ᠵᠠᠩᠬᠢᠯᠠᠭ᠎ᠠ ᠶᠢᠨ ᠨᠢᠭᠡ ᠵᠢᠯ ᠮᠦᠨ᠂ ᠪᠠᠰᠠᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠳᠤᠳᠠᠢ ᠰᠠᠭᠤᠷᠢ ᠲᠠᠯᠪᠢᠬᠤ ᠴᠢᠬᠤᠯᠠ ᠨᠢᠭᠡ ᠵᠢᠯ ᠪᠤᠯᠤᠨ᠎ᠠ᠃ ᠠᠵᠦ ᠠᠬᠤᠢ ᠨᠡᠶᠢᠭᠡᠮ ᠤᠨ ᠭᠤᠤᠯ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 16% ᠤᠷᠴᠢᠮ ᠨᠡᠮᠡᠭᠳᠡᠭᠦᠯᠵᠦ︔ ᠤᠷᠤᠨ ᠨᠤᠳᠤᠭ ᠤᠨ ᠡᠳ᠋ ᠤᠨ ᠵᠠᠰᠠᠭ ᠤᠨ ᠤᠷᠤᠯᠭ᠎ᠠ ᠶᠢ 19% ᠤᠷᠴᠢᠮ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ  ᠎ ᠶᠢ 20 % ᠤᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠰᠤᠯᠠ  ᠎ ᠪᠠᠷ ᠬᠤᠳᠠᠯᠳᠤᠬᠤ ᠶᠡᠷᠦᠩᠬᠡᠢ ᠨᠤᠷᠮ᠎ᠠ ᠶᠢ 18% ᠤᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠬᠦᠮᠦᠨ ᠪᠦᠷᠢ ᠶᠢᠨ ᠲᠡᠭᠰᠢᠳᠭᠡᠭᠰᠡᠨ ᠵᠠᠷᠤᠴᠠᠭᠤᠯᠵᠦ ᠪᠤᠯᠬᠤ ᠤᠷᠤᠯᠭ᠎ᠠ ᠪᠤᠯᠤᠨ ᠲᠠᠷᠢᠶᠠᠴᠢᠳ ᠮᠠᠯᠴᠢᠳ ᠤᠨ ᠬᠦᠮᠦᠨ ᠪᠦᠷᠢ ᠶᠢᠨ ᠲᠡᠭᠰᠢᠳᠬᠡᠭᠰᠡᠨ ᠴᠡᠪᠡᠷ ᠤᠷᠤᠯᠭ᠎ᠠ ᠶᠢ ᠴᠦᠮ 15% ᠤᠷᠴᠢᠮ ᠨᠡᠮᠡᠭᠳᠡᠭᠦᠯᠦᠨ᠎ᠡ︔ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠡᠯ᠎ᠡ ᠵᠦᠢᠯ ᠤᠨ ᠡᠨᠧᠷᠭᠢ ᠠᠷᠪᠢᠯᠠᠵᠦ ᠪᠤᠬᠢᠷᠳᠤᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃   ︵ᠨᠢᠭᠡ︶ ︽ᠬᠤᠤᠰ ᠮᠢᠩᠭ᠎ᠠ ᠬᠤᠤᠰ ᠵᠠᠭᠤᠨ ᠳ᠋ᠦᠩᠰᠢᠭᠤᠷ︾᠎ ᠤᠨ ᠢᠨᠵᠧᠨᠧᠷᠢᠩ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠳᠠ ᠪᠠᠷ ᠭᠤᠤᠯᠳᠠᠯᠭ᠎ᠠ ᠪᠤᠯᠭᠠᠵᠦ᠂ ᠠᠵᠦ ᠦᠢᠯᠡᠳᠪᠦᠷᠢ ᠶᠢᠨ ᠠᠵᠦ ᠠᠬᠤᠢ ᠶᠢᠨ ᠶᠠᠰᠦ ᠴᠢᠨᠠᠷ ᠢᠶᠠᠨ ᠲᠡᠭᠡᠭᠰᠢᠯᠡᠭᠦᠯᠵᠦ ᠦᠷ᠎ᠡ ᠪᠦᠳᠦᠮᠵᠢ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠲᠤᠮᠳᠠᠳᠦ ᠤᠯᠤᠰ ᠤᠨ ᠦᠩᠭᠡᠳᠦ ᠲᠡᠮᠦᠷᠯᠢᠭ ᠤᠨ 14 ᠲᠦᠮᠡᠨ ᠲᠤᠨ ᠤ ᠴᠠᠶᠢᠷ ᠪᠤᠯᠪᠠᠰᠤᠷᠠᠭᠤᠯᠬᠤ᠂ ᠱᠠᠨ ᠶᠢᠨ ᠤ 10 ᠲᠦᠮᠡᠨ ᠲᠤᠨ ᠤ ᠴᠠᠬᠢᠯᠭᠠᠨ ᠵᠠᠳᠠᠯᠠᠭᠤᠷᠳᠦ ᠬᠠᠷ᠎ᠠ ᠲᠤᠭᠤᠯᠭ᠎ᠠ᠂ ᠹᠦ᠋ ᠪᠠᠩ ᠤᠨ 10 ᠲᠦᠮᠡᠨ ᠲᠤᠨ ᠤ ᠴᠠᠬᠢᠯᠭᠠᠨ ᠵᠠᠳᠠᠯᠠᠭᠤᠷᠳᠦ ᠵᠡᠰ᠂ ᠵᠢᠨᠹᠧᠩ ᠤᠨ 20 ᠲᠦᠮᠡᠨ ᠲᠤᠨ ᠤ ᠪᠦᠳᠦᠭᠦᠯᠢᠭ ᠵᠡᠰ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠰᠠᠶᠢᠳᠤᠷ ᠠᠳᠬᠤᠵᠦ᠂ ᠦᠩᠭᠡᠳᠦ ᠲᠡᠮᠦᠷᠯᠢᠭ ᠬᠠᠶᠢᠯᠤᠭᠤᠯᠬᠤ ᠪᠤᠯᠤᠨ ᠨᠠᠷᠢᠯᠢᠭ ᠡᠳ᠋ᠰᠢᠭᠦᠯᠬᠦ ᠬᠢᠷᠢ ᠲᠦᠪᠰᠢᠨ ᠢ ᠲᠡᠭᠡᠭᠰᠢᠯᠡᠭᠦᠯᠵᠦ᠂ ᠲᠡᠮᠦᠷᠯᠢᠭ ᠬᠠᠶᠢᠯᠤᠭᠤᠯᠬᠤ ᠠᠵᠦ ᠦᠢᠯᠡᠰ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 1100 ᠳ᠋ᠦᠩᠰᠢᠭᠤᠷ ᠲᠦᠭᠦᠷᠢᠭ ᠲᠤ ᠬᠦᠷᠭᠡᠨ᠎ᠡ ᠃ ᠳ᠋ᠠ ᠲᠠᠩ ᠤᠨ ᠨᠡᠭᠦᠷᠡᠰᠦᠨ ᠬᠡᠢ ᠶᠢᠨ ᠨᠢᠭᠡᠳᠦᠭᠡᠷ ᠬᠤᠭᠤᠴᠠᠭ᠎ᠠ  ᠎ ᠶᠢᠨ ᠪᠠᠷᠢᠯᠭ᠎ᠠ᠂ ᠤᠯᠤᠰ ᠤᠨ ᠴᠠᠬᠢᠯᠭᠠᠨ ᠦᠢᠯᠡᠰ ᠤᠨ ᠨᠡᠭᠦᠷᠡᠰᠦᠨ ᠬᠢᠮᠢ ᠶᠢᠨ ᠪᠤᠷᠳᠤᠭᠤᠷ ᠎ ᠤᠨ ᠨᠢᠭᠡᠳᠦᠭᠡᠷ ᠬᠤᠭᠤᠴᠠᠭ᠎ᠠ ᠶᠢ ᠦᠢᠯᠡᠳᠪᠦᠷᠢᠯᠡᠯ ᠡᠬᠢᠯᠡᠨ ᠦᠷ᠎ᠡ ᠠᠰᠢᠭ ᠤᠯᠵᠦ᠂ ᠬᠤᠶᠠᠳᠤᠭᠠᠷ ᠬᠤᠭᠤᠴᠠᠭ᠎ᠠ ᠶᠢ ᠡᠬᠢᠯᠡᠨ ᠪᠠᠶᠢᠭᠤᠯᠬᠤ ᠪᠠᠷ ᠬᠦᠴᠦᠯᠡᠵᠦ᠂ ᠪᠠᠭᠠᠷᠢᠨ ᠪᠠᠷᠠᠭᠤᠨ ᠬᠤᠰᠢᠭᠤᠨ ᠤ 10 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠨᠡᠭᠦᠷᠡᠰᠦᠨ ᠰᠢᠳᠠᠮᠠᠬᠠᠢ ᠬᠡᠢ᠂ ᠨᠢᠩᠴᠧᠩ ᠤᠨ 100 ᠲᠦᠮᠡᠨ ᠲᠤᠨ ᠤ ᠬᠢᠮᠢ ᠶᠢᠨ ᠪᠤᠷᠳᠤᠭᠤᠷ᠂ ᠠᠤᠬᠠᠨ ᠤ 12 ᠲᠦᠮᠡᠨ ᠲᠤᠨ ᠤ ᠵᠠᠨᠠᠷ ᠤᠳ ᠲᠤᠰᠤ ᠵᠡᠷᠭᠡ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠬᠢᠮᠢ ᠶᠢᠨ ᠪᠤᠷᠳᠤᠭᠤᠷ ᠤᠨ ᠠᠵᠦ ᠦᠢᠯᠡᠰ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 70 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠲᠤᠮᠳᠠᠳᠦ ᠤᠯᠤᠰ ᠤᠨ ᠴᠠᠬᠢᠯᠭᠠᠨ ᠦᠢᠯᠡᠰ ᠎ ᠤᠨ ᠪᠡᠯᠡ ᠤᠷᠤᠭᠤᠯᠤᠯᠳᠠ ᠶᠢᠨ ᠶᠡᠷᠦᠩᠬᠡᠢ ᠺᠤᠮᠫᠠᠨᠢ ᠶᠢᠨ 2×30 ᠲᠦᠮᠡᠨ ᠺᠢᠯᠤᠸ᠋ᠲ ᠢᠯᠴᠢ ᠴᠠᠬᠢᠯᠭᠠᠨ ᠬᠤᠯᠪᠤᠭᠠᠯᠠᠭᠰᠠᠨ ᠲᠦᠷᠦᠯ ᠵᠦᠢᠯ ᠢ ᠨᠠᠶᠢᠳᠠᠪᠤᠷᠢᠵᠢᠭᠤᠯᠵᠦ᠂ ᠵᠢᠩ ᠨᠧᠩ 2×35 ᠲᠦᠮᠡᠨ ᠺᠢᠯᠤᠸ᠋ᠲ ᠤᠨ ᠢᠯᠴᠢ ᠴᠠᠬᠢᠯᠭᠠᠨ ᠬᠤᠯᠪᠤᠭᠠᠯᠠᠭᠰᠠᠨ᠂ ᠳ᠋ᠠ ᠲᠠᠩ ᠤᠨ 2×66 ᠲᠦᠮᠡᠨ ᠺᠢᠯᠤᠸ᠋ᠲ ᠤᠨ ᠮᠠᠰᠢᠨ ᠴᠤᠭᠴᠠᠯᠠᠪᠤᠷᠢ᠂ ᠬᠡᠰᠢᠭᠳᠡᠨ ᠬᠤᠰᠢᠭᠤᠨ ᠤ 120 ᠲᠦᠮᠡᠨ ᠺᠢᠯᠤᠸ᠋ᠲ ᠤᠨ ᠤᠰᠤ ᠲᠠᠳᠠᠵᠦ ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠳ᠋ᠠᠪᠠᠨ ᠤ ᠴᠠᠬᠢᠯᠭᠠᠨ ᠦᠢᠯᠡᠳᠪᠦᠷᠢ ᠶᠢᠨ ᠲᠤᠤᠷᠵᠢᠯ ᠳᠤ ᠨᠡᠶᠢᠯᠡᠵᠦ ᠴᠠᠬᠢᠯᠭᠠᠨ ᠭᠠᠷᠭᠠᠬᠤ ᠶᠢ ᠪᠡᠶᠡᠯᠡᠭᠦᠯᠦᠨ᠂ ᠠᠷᠦ ᠬᠤᠷᠴᠢᠨ ᠬᠤᠰᠢᠭᠤᠨ ᠤ ᠬᠠᠨ ᠠᠭᠤᠯᠠ᠂ ᠬᠡᠰᠢᠭᠳᠡᠨ ᠬᠤᠰᠢᠭᠤᠨ ᠤ ᠯᠦᠸᠧ ᠲᠦᠸᠧ ᠲᠠᠶᠢᠽᠢ᠂ ᠪᠠᠭᠠᠷᠢᠨ ᠪᠠᠷᠠᠭᠤᠨ ᠬᠤᠰᠢᠭᠤᠨ ᠤ ᠴᠠᠭᠠᠨᠬᠤᠸᠠ ᠵᠡᠷᠭᠡ ᠰᠠᠯᠬᠢᠨ ᠴᠠᠬᠢᠯᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠰᠠᠯᠬᠢᠨ ᠴᠠᠬᠢᠯᠭᠠᠨ ᠤ ᠮᠠᠰᠢᠨ ᠤᠭᠰᠠᠷᠠᠯᠳᠠ ᠶᠢ 50 ᠲᠦᠮᠡᠨ ᠺᠢᠯᠤᠸ᠋ᠲ ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠡᠾᠧᠩ ᠳ᠋ᠦ᠋ 10 ᠲᠦᠮᠡᠨ ᠲᠤᠯᠤᠭᠠᠢ ᠠᠯᠠᠰᠢᠨ ᠦᠭᠡᠷ ᠢ ᠨᠡᠷᠢᠯᠢᠭ᠋ ᠡᠳ᠋ᠰᠢᠭᠦᠯᠭᠦ᠂  ᠹᠦ᠋ ᠿᠦᠨ 200 ᠲᠦᠮᠡᠨ ᠭᠠᠭ᠋ᠠᠢ ᠨᠢᠳᠤᠯᠠᠵᠦ ᠡᠳ᠋ᠰᠢᠭᠦᠯᠬᠦ᠂ ᠼᠤᠤ ᠶᠤᠸᠠᠨ ᠱᠦᠢᠨᠢ ᠶᠢᠨ400 ᠲᠦᠮᠡᠨ ᠲᠤᠨ ᠱᠦᠢᠨᠢ ᠶᠢᠨ ᠦᠷᠭᠡᠳᠭᠡᠨ ᠪᠠᠶᠢᠭᠤᠯᠬᠤ ᠵᠡᠷᠭᠡ ᠲᠦᠷᠦᠯ ᠵᠦᠢᠯ ᠢ ᠰᠠᠶᠢᠳᠦᠷ ᠠᠳᠬᠤᠵᠦ᠂ ᠢᠳᠡᠭᠡᠨ᠂ ᠪᠠᠷᠢᠯᠭ᠎ᠠ ᠶᠢᠨ  ᠮᠠᠲ᠋ᠧᠷᠢᠶᠠᠯ ᠤᠨ ᠠᠵᠦ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠂ ᠶᠢᠨ ᠴᠧᠩ ᠬᠦᠨᠳᠦ ᠠᠵᠦ ᠦᠢᠯᠡᠳᠪᠦᠷᠢ ᠶᠢᠨ 8 ᠲᠦᠮᠡᠨ ᠲᠤᠨ ᠤ ᠪᠤᠯᠤᠳ ᠲᠡᠮᠦᠷ᠂ ᠯᠦᠩ ᠹᠠ 20 ᠲᠦᠮᠡᠨ ᠲᠤᠨ ᠤ ᠪᠤᠯᠤᠳ ᠪᠦᠳᠦᠴᠡ᠂ ᠲᠦᠩ ᠯᠢᠩ ᠦᠩᠭᠡᠳᠦ ᠲᠡᠮᠦᠷᠯᠢᠭ ᠤᠨ 5 ᠲᠦᠮᠡᠨ ᠲᠤᠨ ᠤ ᠪᠦᠬᠡᠯᠢᠭ ᠪᠦᠮᠪᠦᠭᠯᠢᠭ ᠵᠡᠷᠭᠡ ᠲᠦᠷᠦᠯ ᠵᠦᠢᠯ ᠢ ᠪᠠᠷᠢᠯᠭ᠎ᠠ ᠡᠬᠢᠯᠡᠨ ᠪᠦᠳᠦᠩᠨ ᠪᠠᠶᠢᠭᠤᠯᠵᠦ᠂ ᠲᠢᠶᠠᠨ ᠬᠤᠸᠠ ᠲᠤᠮᠤ ᠬᠡᠯᠪᠡᠷᠢ ᠎ ᠶᠢᠨ ᠤᠬᠤᠭᠤᠷ ᠮᠠᠰᠢᠨ᠂ ᠰᠢᠨ ᠮᠠ ᠴᠢᠳᠬᠤᠮᠠᠯ ᠤᠨ ᠲᠦᠷᠭᠡᠨ ᠬᠤᠷᠳᠤᠴᠠᠳᠦ ᠤᠳᠠᠰᠤᠨ ᠮᠠᠲ᠋ᠧᠷᠢᠶᠠᠯ᠂ ᠵᠢᠦ ᠵᠸᠦ ᠲᠦᠩ ᠡᠮᠨᠡᠯᠭᠡ ᠶᠢᠨ ᠪᠠᠭᠠᠵᠢ ᠬᠡᠷᠡᠭᠰᠡᠯ᠂ ᠳ᠋ᠢ ᠰᠠᠢ ᠨᠦᠸᠧ ᠡᠮ ᠡᠮᠨᠡᠯᠭᠡ ᠶᠢᠨ ᠤᠯᠠᠭᠠᠨᠬᠠᠳᠠ ᠳᠠᠬᠢ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠲᠤᠨᠤᠭ ᠲᠦᠬᠦᠭᠡᠷᠦᠮᠵᠢ ᠦᠢᠯᠡᠳᠬᠦ᠂ ᠠᠮᠢᠳᠦ ᠪᠤᠳᠠᠰ ᠤᠨ ᠡᠮ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠ ᠠᠵᠦ ᠤᠶᠢᠯᠡᠰ ᠤᠨ ᠬᠠᠷᠢᠴᠠᠯ ᠢ ᠴᠢᠨᠠᠭᠰᠢᠳᠠ ᠲᠡᠭᠭᠰᠢᠯᠡᠭᠦᠯᠦᠨ᠎ᠡ᠃ ᠬᠤᠳᠠ ᠶᠢᠨ ᠭᠠᠳᠠᠨᠠᠬᠢ ᠲᠤᠮᠤ ᠠᠵᠦ ᠠᠬᠤᠶᠢᠯᠠᠯ ᠲᠤᠮᠤ ᠪᠦᠯᠦᠭᠯᠡᠯ ᠮᠠᠨ ᠤ ᠬᠤᠳᠠ ᠶᠢᠨ ᠠᠵᠦ ᠠᠬᠤᠶᠢᠯᠠᠯ ᠢ ᠨᠡᠶᠢᠯᠡᠭᠦᠯᠦᠨ ᠲᠠᠬᠢᠨ ᠵᠤᠬᠢᠶᠠᠨ ᠪᠠᠶᠢᠭᠤᠯᠬᠤ᠂ ᠪᠡᠯᠡ ᠤᠷᠤᠭᠤᠯᠤᠨ ᠬᠤᠪᠢ ᠤᠷᠤᠬᠤ ᠶᠢ ᠵᠤᠷᠢᠭᠵᠢᠭᠤᠯᠤᠨ᠂ ᠤᠳᠤ ᠶᠢᠨ ᠪᠠᠶᠢᠬᠤ ᠠᠵᠦ ᠠᠬᠤᠶᠢᠯᠠᠯ ᠨᠢ ᠬᠡᠪᠴᠢᠶ᠎ᠡ ᠪᠠᠨ ᠦᠷᠭᠡᠳᠬᠡᠨ ᠬᠡᠮᠵᠢᠶ᠎ᠡ ᠪᠠᠨ ᠨᠡᠮᠡᠭᠳᠡᠭᠦᠯᠬᠦ᠂ ᠲᠡᠰ ᠲᠠᠪᠬᠤᠷᠭ᠎ᠠ ᠪᠠᠨ ᠲᠡᠭᠡᠭᠰᠢᠯᠡᠭᠦᠯᠬᠦ ᠶᠢ ᠲᠡᠮᠵᠢᠵᠦ᠂ ᠪᠤᠷᠤᠯᠠᠭᠤᠯᠤᠯᠳᠠ ᠶᠢᠨ ᠤᠷᠤᠯᠭ᠎ᠠ ᠨᠢ 10 ᠳ᠋ᠦᠩᠰᠢᠭᠤᠷ ᠠᠴᠠ ᠲᠠᠪᠭᠰᠠᠨ ᠠᠵᠦ ᠠᠬᠤᠶᠢᠯᠠᠯ ᠢ 5 ᠨᠡᠮᠡᠭᠳᠡᠭᠦᠯᠦᠨ᠎ᠡ᠃ ᠤᠯᠠᠭᠠᠨᠬᠠᠳᠠ ᠶᠢᠨ ᠠᠵᠦ ᠠᠬᠤᠢ ᠶᠢᠨ ᠨᠡᠭᠡᠭᠡᠨ ᠠᠰᠢᠭᠯᠠᠬᠤ ᠲᠤᠭᠤᠷᠢᠭ ᠤᠨ ᠦᠷᠭᠡᠵᠢᠨ ᠲᠡᠰ ᠲᠡᠪᠰᠢᠬᠦ ᠶᠢ ᠠᠬᠢᠭᠤᠯᠵᠦ᠂ ᠬᠤᠰᠢᠭᠤ ᠰᠢᠶᠠᠨ ᠲᠤᠭᠤᠷᠢᠭ ᠤᠨ ᠨᠡᠭᠦᠷᠡᠰᠤᠨ ᠬᠢᠮᠢ ᠶᠢᠨ ᠠᠵᠦ ᠦᠢᠯᠡᠳᠪᠦᠷᠢ᠂ ᠹᠯᠤᠷ ᠤᠨ ᠬᠢᠮᠢ ᠎ ᠶᠢᠨ ᠠᠵᠦ ᠦᠢᠯᠡᠳᠪᠦᠷᠢ᠂ ᠵᠡᠰ ᠨᠠᠷᠢᠯᠢᠭ ᠡᠳ᠋ᠰᠢᠭᠦᠯᠬᠦ᠂ ᠮᠠᠰᠢᠨ ᠮᠧᠬᠠᠨᠢᠭ ᠦᠢᠯᠡᠳᠬᠦ᠂ ᠢᠳᠡᠭᠡᠨ ᠡᠳ᠋ᠰᠢᠭᠦᠯᠬᠦ᠂ ᠡᠮ ᠡᠮᠨᠡᠯᠭᠡ ᠵᠡᠷᠭᠡ ᠲᠤᠰᠬᠠᠢ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠪᠦᠬᠦ ᠬᠤᠳᠠ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 1000 ᠳ᠋ᠦᠩᠰᠢᠭᠤᠷ ᠲᠦᠭᠦᠷᠢᠭ ᠲᠤ ᠬᠦᠷᠭᠡᠵᠦ᠂ ᠯᠢᠨᠰᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠵᠠᠭᠤᠨ ᠳ᠋ᠦᠩᠰᠢᠭᠤᠷ ᠲᠦᠭᠦᠷᠢᠭ ᠤᠨ ᠬᠦᠷᠢᠶᠡᠯᠡᠩ ᠲᠤᠭᠤᠷᠢᠭ ᠤᠨ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ᠃ ᠲᠤᠮᠳᠠᠳᠦ ᠤᠯᠤᠰ ᠤᠨ ᠦᠩᠭᠡᠳᠦ ᠲᠡᠮᠦᠷᠯᠢᠭ ᠤᠨ ᠦᠵᠡᠭᠦᠯᠦᠯᠭᠡ ᠶᠢ ᠰᠠᠶᠢᠳᠤᠷ ᠡᠷᠬᠢᠯᠡᠨ᠎ᠡ᠃   ︵ᠬᠤᠶᠠᠷ︶ ︽1571︾ ᠢᠨᠵᠧᠨᠧᠷᠢᠩ ᠢ ᠨᠠᠶᠢᠳᠠᠪᠦᠷᠢᠵᠢᠭᠤᠯᠬᠤ ᠪᠠᠷ ᠭᠤᠤᠯᠳᠠᠯᠭ᠎ᠠ ᠪᠤᠯᠭᠠᠵᠦ᠂ ᠤᠳᠦ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢ ᠲᠦᠷᠭᠡᠳᠬᠡᠨ᠎ᠡ᠃ ᠡᠷᠳᠡᠨᠢ ᠰᠢᠰᠢ ᠶᠢ ᠵᠤᠯᠤᠮ᠎ᠠ ᠳᠤ  ᠲᠤᠰᠤᠯᠭᠠᠨ ᠤᠰᠤᠯᠠᠬᠤ 100 ᠲᠦᠮᠡᠨ ᠮᠦ᠂ ᠲᠦᠬᠦᠭᠡᠷᠦᠮᠵᠢᠳᠦ ᠲᠠᠷᠢᠶᠠᠯᠠᠩ 10 ᠲᠦᠮᠡᠨ ᠮᠦ᠂ ᠠᠷᠪᠢᠯᠠᠵᠦ ᠤᠰᠤᠯᠠᠬᠤ ᠬᠦᠷᠡᠩ ᠴᠠᠷᠭᠠᠰᠦ 40 ᠲᠦᠮᠡᠨ ᠮᠦ᠂ ᠦᠨᠳᠦᠷ ᠦᠷ᠎ᠡ ᠠᠰᠢᠭᠳᠦ ᠤᠰᠤ ᠠᠷᠪᠢᠯᠠᠬᠤ ᠠᠵᠦ ᠠᠬᠤᠢ ᠶᠢᠨ ᠤᠢ 20 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠢ ᠶᠢ ᠨᠢ ᠲᠤᠰᠪᠦᠷᠢ 300 ᠲᠦᠮᠡᠨ ᠮᠦ᠂ 90 ᠲᠦᠮᠡᠨ ᠮᠦ᠂ 80 ᠲᠦᠮᠡᠨ ᠮᠦ᠂ 60 ᠲᠦᠮᠡᠨ ᠮᠦ ᠎ ᠳᠤ ᠬᠦᠷᠭᠡᠨ᠎ᠡ︔ ᠠᠯᠠᠰᠢᠨ ᠦᠬᠡᠷ᠂ ᠠᠯᠠᠰᠢᠨ ᠬᠤᠨᠢ ᠢᠮᠠᠭ᠎ᠠ᠂ ᠭᠠᠭ᠋ᠠᠢ᠂ ᠵᠢᠭᠦᠷᠳᠡᠨ ᠢ ᠪᠠᠷᠢᠮᠵᠢᠶᠠᠵᠢᠭᠤᠯᠤᠨ ᠲᠠᠵᠢᠬᠡᠭᠦ ᠵᠢᠴᠢ ᠡᠳ᠋ᠰᠢᠭᠦᠯᠬᠦ ᠶᠢ ᠰᠠᠶᠢᠳᠤᠷ ᠠᠳᠬᠤᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ  ᠪᠠᠭ᠎ᠠ ᠲᠤᠭᠤᠷᠢᠭ ᠪᠠ  ᠲᠡᠵᠢᠭᠡᠨ ᠦᠷᠡᠵᠢᠭᠦᠯᠬᠦ ᠲᠠᠯᠠᠪᠠᠢ 110  ᠂ ᠠᠯᠠᠰᠢᠨ ᠬᠤᠨᠢ ᠢᠮᠠᠭ᠎ᠠ ᠲᠡᠵᠢᠭᠡᠨ ᠦᠷᠡᠵᠢᠭᠦᠯᠬᠦ ᠪᠠᠭ᠎ᠠ ᠲᠤᠭᠤᠷᠢᠭ ᠪᠠ ᠲᠡᠵᠢᠭᠡᠨ ᠦᠷᠡᠵᠢᠭᠦᠯᠬᠦ ᠲᠠᠯᠠᠪᠠᠢ 124  ᠎ ᠶᠢ ᠰᠢᠨ᠎ᠡ ᠪᠠᠷ ᠪᠠᠶᠢᠭᠤᠯᠵᠦ᠂ ᠲᠡᠵᠢᠭᠡᠪᠦᠷᠢ ᠮᠠᠯ ᠤᠨ ᠵᠤᠭᠰᠤᠭ᠎ᠠ ᠲᠤᠭ᠎ᠠ ᠶᠢ 1800 ᠲᠦᠮᠡᠨ ᠲᠤᠯᠤᠭᠠᠢ ᠠᠴᠠ ᠲᠡᠭᠡᠭᠰᠢ ᠳᠤ ᠲᠤᠭᠳᠠᠪᠦᠷᠢᠵᠢᠭᠤᠯᠵᠦ᠂  ᠪᠤᠷᠳᠤᠨ ᠲᠠᠷᠭᠤᠯᠠᠭᠤᠯᠭᠰᠠᠨ ᠦᠬᠡᠷ 100 ᠲᠦᠮᠡᠨ ᠲᠤᠯᠤᠭᠠᠢ᠂ ᠬᠤᠨᠢ ᠢᠮᠠᠭ᠎ᠠ 650 ᠲᠦᠮᠡᠨ ᠲᠤᠯᠤᠭᠠᠢ᠂ ᠭᠠᠭ᠋ᠠᠢ 300 ᠲᠦᠮᠡ ᠶᠢ ᠬᠤᠳᠠᠯᠳᠤᠨ  ᠂ ᠠᠯᠠᠰᠢᠨ ᠵᠢᠭᠦᠷᠳᠡᠨ  ᠎ ᠢ 8000 ᠲᠦᠮᠡ ᠳᠤ ᠬᠦᠷᠭᠡᠵᠦ᠂ ᠦᠨᠳᠡᠭᠡᠨ ᠤ ᠭᠠᠷᠤᠯᠳᠠ ᠶᠢ 36 ᠲᠦᠮᠡᠨ ᠲᠤᠨ ᠠᠴᠠ ᠲᠡᠭᠰᠰᠢ ᠳᠤ ᠬᠦᠷᠭᠡᠵᠦ᠂ ᠤᠯᠠᠭᠠᠨᠬᠠᠳᠠ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠤᠭᠤᠷᠢᠭ᠂ ᠬᠤᠩ ᠱᠠᠨ ᠲᠤᠭᠤᠷᠢᠭ ᠤᠨ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠬᠦᠷᠢᠶᠡᠯᠡᠩ᠂ ᠦᠪᠦᠷ ᠮᠤᠩᠭᠤᠯ ᠤᠨ ᠶᠤᠸᠠᠨ ᠶᠧ ᠲᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠠᠵᠦ ᠦᠢᠯᠡᠰᠵᠢᠭᠦᠯᠦᠭᠰᠡᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠰᠠᠢ ᠹᠸᠢ ᠶᠠ᠂ ᠮᠡᠨᠳᠦ᠂  ᠳ᠋ᠠ ᠮᠤ᠋ ᠴᠠᠩ᠂ ᠳ᠋ᠦᠩ ᠹᠠᠩ ᠸᠠᠨ ᠴᠢ ᠵᠡᠷᠭᠡ ᠲᠤᠯᠤᠭᠠᠶᠢᠯᠠᠬᠤ ᠠᠵᠦ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠪᠤᠵᠠᠭᠠᠶᠢᠷᠠᠭᠤᠯᠵᠦ᠂ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠎ ᠶᠢᠨ ᠰᠢᠨ᠎ᠡ ᠨᠡᠷᠡᠳᠦ ᠲᠡᠮᠳᠡᠭ ᠢ    ᠡᠭᠦᠳᠦᠨ᠎ᠡ᠃ ᠲᠠᠷᠢᠶᠠᠴᠢᠳ ᠮᠠᠯᠴᠢᠳ ᠲᠤ ᠰᠢᠨᠵᠢᠯᠡᠬᠦ ᠤᠬᠠᠭᠠᠨ ᠮᠡᠷᠭᠡᠵᠢᠯ᠂ ᠰᠠᠶᠢᠨ ᠡᠭᠦᠯᠳᠡᠷ ᠰᠠᠶᠢᠨ ᠦᠷ᠎ᠡ᠂ ᠭᠡᠮ ᠬᠤᠷᠤᠬᠠᠢ ᠶᠢᠨ ᠬᠤᠬᠢᠷᠠᠯ ᠪᠡᠭᠡᠮ ᠬᠢᠵᠢᠭ ᠢ ᠰᠡᠷᠭᠢᠯᠡᠨ ᠬᠤᠷᠢᠭᠯᠠᠬᠤ᠂ ᠮᠠᠯ ᠲᠠᠷᠢᠶ᠋ᠶᠠᠯᠠᠩ ᠤᠨ ᠪᠦᠳᠦᠭᠡᠭᠳᠡᠭᠦᠨ ᠤ ᠠᠶᠤᠯᠭᠦᠢ ᠶᠢᠨ ᠪᠠᠶᠢᠴᠠᠭᠠᠯᠳᠠ ᠬᠡᠮᠵᠢᠯᠳᠡ᠂ ᠪᠠᠭ᠎ᠠ ᠨᠤᠷᠮᠠᠳᠦ ᠵᠢᠭᠡᠯᠡᠯᠭᠡ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠢ ᠦᠨᠡᠩᠬᠦ ᠬᠠᠩᠭᠠᠨ᠎ᠠ᠃ ᠲᠤᠮᠳᠠᠳᠦ ᠤᠯᠤᠰ ᠤᠨ ᠤᠮᠠᠷᠠᠳᠦ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠤᠨ ᠦᠵᠡᠰᠭᠦᠯᠡᠩ ᠪᠤᠯᠤᠨ ᠲᠠᠪᠤᠳᠤᠭᠠᠷ ᠬᠤᠭᠤᠴᠠᠭᠠᠨ ᠤ ᠲᠤᠮᠳᠠᠳᠦ ᠤᠯᠤᠰ ᠤᠨ ᠴᠠᠷᠭᠠᠰᠦ ᠶᠢᠨ ᠬᠦᠭᠵᠢᠯᠳᠡ ᠶᠢᠨ ᠶᠡᠭᠡ ᠬᠤᠷᠠᠯ ᠢ ᠰᠠᠶᠢᠳᠤᠷ ᠡᠷᠬᠢᠯᠡᠨ᠎ᠡ᠃   ︵ᠭᠤᠷᠪᠠ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠦ᠂ ᠰᠢᠨ᠎ᠡ ᠬᠡᠷᠡᠭᠯᠡᠭᠡᠨ ᠤ ᠴᠢᠭ ᠢ ᠪᠤᠢ ᠪᠤᠯᠭᠠᠨ᠎ᠠ᠃ ᠭᠤᠤᠯ ᠬᠤᠳᠠ ᠲᠤᠭᠤᠷᠢᠭ ᠤᠨ ᠸᠠᠨ ᠳ᠋ᠠ ᠠᠭᠤᠳᠠᠮ ᠲᠠᠯᠠᠪᠤᠷ᠂ ᠶᠢᠩ ᠰᠢᠶᠠᠩ ᠬᠤᠩ ᠱᠠᠨ᠂  ᠱᠠᠩᠬᠠᠢ ᠬᠤᠳᠠ ᠬᠤᠳᠠᠯᠳᠤᠭᠠᠨ ᠤ ᠬᠤᠳᠠ ᠶᠢᠨ ᠬᠤᠶᠠᠳᠤᠭᠠᠷ ᠬᠤᠭᠤᠴᠠᠭ᠎ᠠ  ᠎ ᠶᠢᠨ ᠪᠠᠷᠢᠯᠭ᠎ᠠ ᠵᠡᠷᠭᠡ ᠲᠤᠮᠤ ᠬᠡᠯᠪᠡᠷᠢ ᠶᠢᠨ ᠬᠤᠳᠠ ᠶᠢᠨ ᠶᠡᠷᠦᠩᠬᠡᠶᠢᠯᠡᠭᠰᠡᠨ ᠴᠤᠭᠴᠠ ᠪᠠ ᠬᠤᠰᠢᠭᠤ ᠰᠢᠶᠠᠨ ᠤ ᠲᠤᠮᠤ ᠬᠡᠯᠪᠡᠷᠢ ᠶᠢᠨ ᠬᠤᠳᠠᠯᠳᠠᠭ᠎ᠠ᠂ ᠲᠡᠭᠡᠳᠦ ᠲᠡᠰ ᠤᠨ ᠵᠤᠴᠢᠳ ᠤᠨ ᠪᠠᠭᠤᠳᠠᠯ ᠪᠤᠯᠤᠨ ᠴᠡᠩᠭᠡᠯ ᠲᠤᠭᠯᠠᠭᠠᠮ ᠤᠨ ᠦᠢᠯᠡᠴᠢᠯᠡᠭᠡᠨ ᠤ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠵᠦ︔ ᠤᠯᠠᠭᠠᠨᠬᠠᠳᠠ ᠶᠢᠨ ᠲᠡᠯᠡᠬᠡᠢ ᠶᠢᠨ ᠬᠠᠭᠤᠷᠠᠢ ᠭᠠᠷᠠᠮ᠂ ᠮᠦᠩᠭᠦᠨ ᠭᠦᠢᠯᠭᠡᠭᠡᠨ ᠤ ᠪᠠᠷᠠᠭᠠᠨ ᠤ ᠭᠠᠷᠠᠮ᠂ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠦᠪ᠂ ᠡᠭᠦᠯᠡᠨ ᠪᠤᠳᠤᠯᠳᠠ ᠶᠢᠨ ᠨᠡᠪᠴᠢᠭᠦᠯᠬᠦ ᠬᠦᠷᠢᠶᠡᠯᠡᠩ ᠲᠤᠭᠤᠷᠢᠭ᠂ ᠢᠤᠢ ᠿᠦᠨ ᠲᠠᠷᠢᠶᠠᠯᠠᠩ ᠤᠨ  ᠲᠤᠰᠠᠯᠠᠬᠤ ᠪᠦᠳᠦᠭᠡᠭᠳᠡᠭᠦᠨ  ᠎ ᠤ ᠠᠷᠠᠯᠵᠢᠶᠠᠨ ᠤ ᠪᠠᠷᠠᠭ᠎ᠠ ᠬᠦᠷᠭᠡᠬᠦ ᠲᠦᠪ᠂ ᠲᠡᠮᠦᠷᠯᠢᠭ ᠮᠠᠰᠢᠨ ᠴᠠᠬᠢᠯᠭᠠᠨ ᠤ ᠬᠤᠳᠠ ᠶᠢᠨ ᠬᠤᠶᠠᠳᠤᠭᠠᠷ ᠬᠤᠭᠤᠴᠠᠭ᠎ᠠ ᠵᠡᠷᠭᠡ  ᠤᠳᠤ ᠦᠶ᠎ᠡ ᠶᠢᠨ ᠦᠢᠯᠡᠴᠢᠯᠡᠭᠡᠨ ᠤ ᠦᠢᠯᠡᠰ  ᠪᠠ ᠪᠠᠷᠠᠭᠠᠨ ᠎ ᠤ ᠭᠦᠢᠯᠭᠡᠭᠡᠨ ᠤ ᠲᠦᠷᠦᠯ ᠵᠦᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠠᠳᠬᠤᠵᠦ᠂ ᠤᠯᠠᠭᠠᠨᠬᠠᠳᠠ ᠶᠢᠨ ᠪᠠᠷᠠᠭᠠᠨ ᠤ ᠬᠦᠢᠯᠭᠡᠭᠡᠨ ᠤ ᠬᠤᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠭᠤᠤᠯ ᠬᠤᠳᠠ ᠲᠤᠭᠤᠷᠢᠭ ᠤᠨ  ᠦᠢᠯᠡᠴᠢᠯᠡᠭᠡᠨ  ᠎ ᠤ ᠦᠢᠯᠡᠰ ᠤᠨ ᠬᠦᠭᠵᠢᠯᠳᠡ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠳ᠋ᠠᠪᠠᠨ᠂ ᠠᠤᠬᠠᠨ᠂ ᠪᠤᠷᠤᠬᠤᠳᠠ᠂ ᠲᠡᠭᠡᠳᠦ ᠨᠡᠶᠢᠰᠯᠡᠯ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂  ᠬᠦᠢᠳᠡᠨ ᠢᠶᠠᠷ ᠬᠠᠳᠠᠭᠠᠯᠠᠨ ᠬᠦᠷᠭᠡᠬᠦ ᠪᠠᠷᠠᠭᠠᠨ ᠤ ᠭᠦᠢᠭᠡᠭᠡᠨ ᠤ ᠬᠦᠭᠵᠢᠯᠳᠡ ᠶᠢ ᠢᠳᠡᠪᠬᠢᠳᠠᠢ ᠠᠬᠢᠭᠤᠯᠵᠦ᠂ ᠨᠡᠭᠦᠷᠡᠰᠦ᠂ ᠠᠮᠦ  ᠪᠤᠳᠠᠭ᠎ᠠ᠂ ᠢᠳᠡᠰᠢᠨ ᠨᠤᠭᠤᠭᠠᠨ ᠤ ᠪᠠᠷᠠᠭᠠᠨ ᠤ ᠭᠦᠢᠯᠭᠡᠭᠡᠨ ᠢ ᠶᠡᠬᠡᠰᠭᠡᠨ᠎ᠡ᠃ ᠤᠯᠠᠭᠠᠨᠬᠠᠳᠠ ᠶᠢᠨ ᠡᠮᠦᠨ᠎ᠡ ᠬᠡᠰᠡᠭ ᠤᠨ ᠰᠤᠶᠤᠯ ᠤᠨ ᠵᠤᠭᠠᠴᠠᠯ ᠎ ᠤᠨ ᠦᠢᠯᠡᠰ ᠤᠨ ᠪᠦᠰᠡᠯᠢᠭ᠂ ᠬᠡᠰᠢᠭᠳᠡᠨ ᠤ ᠰᠤᠶᠤᠯ ᠵᠤᠭᠠᠴᠠᠯ ᠤᠨ ᠵᠢᠱᠢᠶ᠎ᠡ ᠦᠵᠡᠭᠦᠯᠬᠦ ᠲᠤᠭᠤᠷᠢᠭ᠂ ᠲᠡᠭᠡᠳᠦ ᠨᠡᠶᠢᠰᠯᠡᠯ ᠤᠨ ᠬᠢᠳᠠᠨ ᠯᠢᠶᠤᠤ ᠶᠢᠨ ᠰᠤᠶᠤᠯ ᠤᠨ ᠠᠵᠦ ᠦᠢᠯᠡᠰ ᠤᠨ ᠬᠦᠷᠢᠶᠡᠯᠡᠩ᠂ ᠬᠤᠩ ᠱᠠᠨ ᠰᠤᠶᠤᠯ ᠤᠨ ᠵᠤᠭᠠᠴᠠᠯ ᠤᠨ ᠬᠤᠳᠠᠯᠳᠤᠭ᠎ᠠ ᠠᠷᠠᠯᠵᠢᠶᠠᠨ ᠤ ᠬᠤᠳᠠ ᠪᠤᠯᠤᠨ ᠲᠤᠮᠳᠠᠳᠦ ᠤᠯᠤᠰ ᠤᠨ ᠲᠠᠮᠠᠭᠠᠳᠦ ᠬᠤᠳᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠵᠤᠭᠠᠴᠠᠯ ᠤᠨ ᠦᠢᠯᠡᠰ ᠬᠢᠭᠡᠳ ᠰᠤᠶᠤᠯ ᠤᠨ ᠦᠢᠯᠡᠰ ᠤᠨ ᠤᠶᠠᠯᠳᠤᠨ ᠬᠦᠭᠵᠢᠬᠦ ᠶᠢ ᠠᠬᠢᠭᠤᠯᠤᠨ᠎ᠠ ᠃ ᠪᠦᠬᠦ ᠵᠢᠯ ᠳᠤ ᠵᠤᠭᠠᠴᠠᠭᠰᠠᠳ ᠢ 800 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ ᠵᠤᠭᠠᠴᠠᠯ ᠤᠨ ᠤᠷᠤᠯᠭ᠎ᠠ 135 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠎ᠡ᠃ ᠮᠦᠩᠭᠦᠨ ᠭᠦᠢᠯᠭᠡᠭᠡᠨ ᠤ ᠬᠤᠳᠠᠯᠳᠤᠭᠠᠨ ᠤ ᠶᠠᠪᠤᠳᠠᠯ ᠤᠨ ᠲᠤᠭᠤᠷᠢᠭ ᠢ ᠡᠬᠢᠯᠡᠨ ᠪᠠᠶᠢᠭᠤᠯᠵᠦ᠂ ᠨᠢᠩᠴᠧᠩ ᠤᠨ ᠲᠠᠷᠢᠶᠠᠯᠠᠩ  ᠎ ᠤᠨ ᠬᠤᠳᠠᠯᠳᠤᠭᠠᠨ ᠤ ᠪᠠᠩᠬᠢ ᠶᠢ ᠪᠠᠶᠢᠭᠤᠯᠬᠤ ᠠᠯᠬᠤᠴᠠ ᠶᠢ ᠲᠦᠷᠭᠡᠳᠬᠡᠵᠦ᠂ ᠰᠢᠩ ᠶᠧ ᠪᠠᠩᠬᠢ᠂ ᠵᠦᠩ ᠰᠢᠨ ᠪᠠᠩᠬᠢ᠂ ᠦᠪᠦᠷ ᠮᠤᠩᠭᠤᠯ ᠪᠠᠩᠬᠢ ᠶᠢ  ᠤᠷᠤᠭᠤᠯᠤᠨ ᠠᠪᠴᠢᠷᠠᠵᠦ᠂ ᠰᠢᠶᠡᠨ ᠤ ᠱᠠᠳᠤᠨ ᠳᠠᠬᠢ ᠪᠠᠩᠭᠢ ᠶᠢᠨ  ᠬᠤᠪᠢᠶᠠᠷᠢ ᠰᠠᠯᠪᠦᠷᠢ ᠪᠠᠶᠢᠭᠤᠯᠤᠮᠵᠢ ᠶᠢ 5 ᠨᠡᠮᠡᠵᠦ ᠪᠠᠶᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ᠂ ᠲᠤᠮᠳᠠ ᠵᠢᠵᠢᠭ ᠠᠵᠦ ᠠᠬᠤᠶᠢᠯᠠᠯ ᠤᠨ ᠢᠳᠡᠬᠡᠮᠵᠢᠳᠦ ᠵᠢᠭᠡᠯᠡᠭᠡ ᠶᠢᠨ ᠲᠡᠮᠵᠢᠯᠭᠡ ᠶᠢ ᠶᠡᠬᠡᠰᠭᠡᠵᠦ᠂  ᠰᠢᠨ᠎ᠡ ᠪᠠᠷ ᠨᠡᠮᠡᠭᠳᠡᠭᠦᠯᠬᠦ ᠵᠢᠭᠡᠯᠡᠯᠭᠡ ᠶᠢᠨ ᠨᠡᠮᠡᠭᠳᠡᠯ ᠎ ᠤᠨ ᠬᠤᠷᠳᠤᠴᠠ ᠶᠢ 20%᠎ ᠠᠴᠠ ᠲᠤᠷᠤᠭᠰᠢ ᠪᠠᠶᠢᠯᠭᠠᠬᠤ ᠦᠭᠡᠢ᠃ ᠮᠦᠩᠭᠦᠨ ᠭᠦᠢᠯᠭᠡᠭᠡᠴᠢᠳ ᠪᠠ ᠠᠵᠦ ᠠᠬᠤᠶᠢᠯᠠᠯᠳᠠᠨ ᠤ ᠨᠡᠶᠢᠭᠡᠮᠯᠢᠭ ᠢ ᠵᠤᠬᠢᠶᠠᠨ ᠪᠠᠶᠢᠭᠤᠯᠵᠦ᠂ ᠤᠯᠠᠨ ᠶᠠᠩᠵᠦ ᠬᠡᠯᠪᠡᠷᠢ᠂ ᠤᠯᠠᠨ ᠲᠡᠰ ᠲᠠᠪᠬᠤᠷᠭ᠎ᠠ ᠶᠢᠨ  ᠪᠠᠩᠬᠢ  ᠪᠠ ᠠᠵᠦ ᠠᠬᠤᠶᠢᠯᠠᠯ ᠤᠨ ᠵᠦᠪᠳᠡᠯᠴᠡᠭᠡᠷ ᠤᠨ ᠠᠵᠢᠯᠯᠠᠭᠠᠨ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠠᠵᠦ ᠠᠬᠤᠶᠢᠯᠠᠯ ᠤᠨ ᠰᠲ᠋ᠤᠺ ᠤᠨ ᠵᠠᠬ᠎ᠠ ᠳᠤ ᠭᠠᠷᠬᠤ ᠠᠵᠢᠯ ᠢ ᠠᠬᠢᠭᠤᠯᠵᠦ᠂ ᠰᠠᠢ ᠹᠸᠢ ᠶᠠ ᠺᠤᠮᠫᠠᠨᠢ ᠪᠤᠯᠤᠨ ᠯᠢᠩ ᡁᠢ ᠲᠦᠮᠦᠰᠤᠨ ᠤ ᠺᠤᠮᠫᠠᠨᠢ ᠶᠢ ᠠᠮᠵᠢᠯᠳᠠᠳᠠᠢ ᠪᠠᠷ ᠰᠲ᠋ᠤᠺ ᠤᠨ ᠵᠠᠬ᠎ᠠ ᠳᠤ ᠭᠠᠷᠭᠠᠬᠤ ᠪᠠᠷ ᠴᠢᠷᠮᠠᠶᠢᠨ᠎ᠠ᠃   ︵ᠲᠦᠷᠪᠡ︶ ᠬᠤᠳᠠ ᠪᠠᠯᠭᠠᠰᠤᠨ ᠤ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠪᠤᠯᠤᠨ ᠬᠠᠮᠢᠶᠠᠷᠦᠯᠳᠡ ᠶᠢ ᠴᠢᠩᠭᠠᠳᠬᠠᠵᠦ᠂ ᠬᠤᠳᠠ ᠪᠠᠯᠭᠠᠰᠤᠵᠢᠬᠤ ᠶᠠᠰᠦ ᠴᠢᠨᠠᠷ ᠪᠤᠯᠤᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠭᠤᠤᠯ ᠬᠤᠳᠠ ᠲᠤᠭᠤᠷᠢᠭ ᠤᠨ ᠡᠯ᠎ᠡ ᠵᠦᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠲᠤᠭᠳᠠᠭᠠᠵᠦ ᠬᠡᠷᠡᠭᠵᠢᠭᠦᠯᠬᠦ ᠶᠢ ᠴᠢᠩᠳᠠᠯᠠᠵᠦ᠂ ᠬᠤᠳᠠ ᠶᠢᠨ ᠪᠦᠳᠦᠭᠡᠨ ᠪᠠᠶᠢᠭᠤᠯᠤᠯᠳᠠ ᠪᠤᠯᠤᠨ ᠬᠠᠮᠢᠶᠠᠷᠦᠯᠳᠠ ᠳᠠᠬᠢ ᠲᠦᠯᠦᠪᠵᠢᠭᠦᠯᠭᠡ ᠶᠢᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠎ᠠ᠃ ᠬᠠᠭᠤᠴᠢᠨ ᠬᠤᠳᠠ ᠶᠢ ᠦᠭᠡᠷᠡᠴᠢᠯᠡᠬᠦ᠂ ᠰᠢᠨ᠎ᠡ ᠬᠤᠳᠠ ᠶᠢ ᠦᠷᠭᠡᠳᠬᠡᠬᠦ᠂ ᠲᠤᠭᠤᠷᠢᠮ ᠵᠠᠮ ᠵᠠᠰᠠᠬᠤ᠂ ᠲᠦᠪᠬᠢᠨᠡᠭᠦᠯᠬᠦ ᠤᠷᠤᠨ ᠰᠠᠭᠤᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠦ᠂ ᠡᠨᠡ ᠵᠢᠯ ᠳᠤ 150 ᠳ᠋ᠦᠩᠰᠢᠭᠤᠷ ᠠᠴᠠ ᠲᠡᠭᠡᠭᠰᠢ ᠪᠡᠯᠡ  ᠤᠷᠤᠭᠤᠯᠬᠤ ᠶᠢ ᠪᠠᠳᠤᠯᠠᠭ᠎ᠠ ᠲᠠᠢ ᠪᠡᠶᠡᠯᠡᠭᠦᠯᠦᠨ᠎ᠡ᠃ ᠰᠢᠶᠤᠤ ᠰᠢᠨ ᠳ᠋ᠢ ᠲᠤᠭᠤᠶᠢᠯᠠᠩ ᠪᠦᠯᠦᠭᠯᠡᠯ ᠤᠨ ᠤᠷᠤᠨ ᠰᠠᠭᠤᠴᠠ᠂ ᠦᠵᠡᠮᠵᠢ᠂ ᠬᠤᠳᠠᠯᠳᠤᠭ᠎ᠠ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠠᠵᠦ ᠠᠬᠤᠶᠢᠯᠠᠯ ᠤᠨ ᠶᠡᠷᠦᠩᠬᠡᠢ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠪᠠ ᠵᠢᠶᠠ‌‍ᠲ᠋ᠤᠭᠤᠶᠢᠯᠠᠩ ᠪᠦᠯᠦᠭᠯᠡᠯ ᠤᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠤᠯᠠᠨ ᠨᠡᠶᠢᠳᠡ ᠶᠢᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢ ᠲᠦᠬᠦᠷᠵᠢᠭᠦᠯᠵᠦ᠂ ᠪᠠᠷᠠᠭᠤᠨ ᠠᠭᠤᠯᠠᠨ ᠤ ᠠᠮᠢ ᠠᠬᠤᠢ ᠶᠢᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠡᠬᠢᠯᠡᠨ᠎ᠡ᠃ ᠲᠤᠮᠳᠠ ᠲᠤᠭᠤᠷᠢᠮ ᠵᠠᠮ ᠤᠨ ᠪᠠᠶᠢᠭᠤᠯᠤᠯᠳᠠ ᠶᠢ ᠲᠦᠷᠭᠡᠳᠬᠡᠵᠦ᠂ ᠰᠢᠨ᠎ᠡ ᠬᠤᠳᠠ ᠶᠢᠨ ᠬᠡᠰᠡᠭ ᠬᠢᠭᠡᠳ ᠰᠦᠩ ᠱᠠᠨ ᠎ ᠤ ᠬᠡᠰᠡᠭ ᠢ ᠨᠡᠪᠳᠡᠷᠡᠭᠦᠯᠦᠨ᠂  ᠫᠢᠩ ᠱᠤᠸᠠᠩ ᠵᠠᠮ ᠪᠠ ᠵᠤᠤ ᠤᠳᠠ ᠬᠦᠬᠦᠷᠭᠡ ᠶᠢ ᠦᠷᠭᠡᠳᠬᠡᠨ ᠦᠭᠡᠷᠡᠴᠢᠯᠡᠵᠦ᠂ ᠨᠢᠰᠭᠡᠯ ᠤᠨ ᠪᠠᠭᠤᠳᠠᠯ ᠤᠨ ᠵᠠᠮ ᠢ ᠡᠬᠢᠯᠡᠨ ᠵᠠᠰᠠᠵᠦ᠂ ᠵᠢᠶᠧ ᠹᠠᠩ ᠪᠠᠷᠠᠭᠤᠨ ᠵᠡᠭᠡᠯᠢ ᠶᠢ ᠨᠡᠪᠳᠡᠷᠡᠭᠦᠯᠦᠨ᠎ᠡ᠃ ᠬᠦᠭᠦᠷᠭᠡᠨ ᠬᠤᠶᠢᠳᠤᠬᠢ ᠲᠤᠭᠤᠶᠢᠯᠠᠩ ᠪᠦᠯᠦᠭᠯᠡᠯ᠂ ᠰᠦᠩ ᠱᠠᠨ ᠤ ᠬᠤᠶᠢᠳᠦ ᠰᠢᠨ᠎ᠡ ᠲᠤᠭᠤᠷᠢᠭ ᠎ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠦ᠂ ᠲᠦᠭᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ  ᠪᠤᠯᠤᠨ ᠬᠤᠳᠠ ᠶᠢᠨ ᠲᠤᠮᠳᠠᠬᠢ ᠲᠤᠰᠬᠤᠨ ᠢ ᠦᠭᠡᠷᠡᠴᠢᠯᠡᠬᠦ ᠶᠢ ᠨᠠᠶᠢᠳᠠᠪᠤᠷᠢᠵᠢᠭᠤᠯᠵᠦ᠂ ᠬᠠᠭᠤᠴᠢᠨ ᠪᠠᠭ᠎ᠠ ᠲᠤᠭᠤᠷᠢᠭ ᠢ 100 ᠲᠦᠮᠡᠨ ᠲᠦᠷᠪᠡᠯᠵᠢᠨ ᠮᠧᠲᠷ ᠦᠭᠡᠷᠡᠴᠢᠯᠡᠨ ᠪᠠᠶᠢᠭᠤᠯᠬᠤ ᠶᠢ ᠪᠡᠶᠡᠯᠡᠭᠦᠯᠤᠨ᠎ᠡ᠃ ᠬᠤᠳᠠ ᠪᠠᠯᠭᠠᠰᠦ᠂ ᠲᠤᠰᠬᠤᠨ ᠪᠠᠯᠭᠠᠰᠤᠨ ᠤ ᠲᠦᠯᠦᠪᠵᠢᠭᠦᠯᠭᠡ ᠶᠢ ᠴᠢᠩᠭ᠎ᠠ ᠨᠠᠶᠢᠷᠠᠭᠤᠯᠤᠨ ᠲᠤᠭᠳᠠᠭᠠᠵᠦ᠂ ᠬᠤᠳᠠ ᠶᠢᠨ ᠪᠠᠷᠢᠮᠵᠢᠶ᠎ᠠ ᠪᠠᠷ ᠬᠤᠰᠢᠭᠤ ᠰᠢᠶᠠᠨ ᠲᠤᠭᠤᠷᠢᠭ ᠤᠨ ᠰᠠᠭᠤᠭ᠎ᠠ ᠪᠠᠯᠭᠠᠰᠦ ᠪᠠ ᠭᠤᠤᠯᠳᠠᠯᠭᠠᠳᠠᠢ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠨᠢᠭᠡ ᠪᠦᠯᠦᠭ ᠵᠡᠭᠡᠯᠢ ᠭᠤᠳᠤᠮᠵᠢ᠂ ᠴᠡᠴᠡᠷᠯᠢᠭ᠂ ᠨᠤᠭᠤᠭᠠᠷᠠᠭᠤᠯᠤᠭᠰᠠᠨ ᠭᠠᠵᠠᠷ ᠵᠢᠴᠢ ᠲᠦᠭᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠬᠦ ᠵᠡᠷᠭᠡ ᠭᠤᠤᠯᠳᠠᠯᠭᠠᠳᠠᠢ ᠢᠨᠵᠧᠨᠧᠷᠢᠩ ᠢ ᠪᠡᠶᠡᠯᠡᠭᠦᠯᠵᠦ᠂ ᠬᠦᠮᠦᠰ ᠤᠨ ᠤᠷᠤᠨ ᠰᠠᠭᠤᠴᠠ ᠶᠢᠨ ᠤᠷᠴᠢᠨ ᠲᠤᠭᠤᠷᠢᠨ ᠢ ᠤᠯᠠᠮ ᠰᠠᠶᠢᠵᠢᠷᠠᠭᠤᠯᠤᠨ᠎ᠠ᠃ ᠭᠤᠤᠯ ᠬᠤᠳᠠ ᠲᠤᠭᠤᠷᠢᠭ ᠤᠨ ᠤᠰᠤᠨ ᠰᠤᠷᠪᠤᠯᠵᠢ ᠢᠯᠴᠢ ᠶᠢᠨ ᠰᠤᠷᠪᠤᠯᠵᠢ ᠵᠢᠴᠢ ᠬᠤᠭᠤᠯᠠᠢ ᠲᠤᠤᠷᠵᠢᠯ ᠤᠨ ᠦᠭᠡᠷᠡᠴᠢᠯᠡᠯᠳᠡ᠂ 10 ᠲᠦᠮᠡᠨ ᠲᠤᠨ ᠤ ᠪᠤᠵᠠᠷ ᠤᠰᠤ ᠰᠢᠢᠳᠪᠦᠷᠢᠯᠡᠬᠦ᠂ 10 ᠲᠦᠮᠡᠨ ᠲᠤᠨ ᠤ ᠲᠤᠮᠳᠠ ᠤᠰᠤ  ᠎ ᠶᠢ ᠡᠬᠡᠭᠦᠯᠦᠨ ᠬᠡᠷᠡᠭᠯᠡᠬᠦ᠂ 22 ᠺᠢᠯᠤᠮᠧᠲᠷ ᠤᠨ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠵᠡᠷᠭᠡ ᠢᠨᠵᠧᠨᠧᠷᠢᠩ ᠶᠢ ᠨᠠᠶᠢᠳᠠᠪᠦᠷᠢᠵᠢᠭᠤᠯᠤᠨ᠎ᠠ᠃ ︽ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠦᠯᠳᠠ ᠶᠢᠨ ᠤᠨ︾᠎ ᠤ ᠠᠵᠢᠯᠯᠠᠭᠠᠨ ᠢ ᠭᠦᠨᠵᠡᠭᠡᠢ ᠦᠷᠨᠢᠭᠦᠯᠦᠨ᠎ᠡ᠃ ᠲᠤᠭᠠᠴᠢᠯᠠᠭᠰᠠᠨ᠂ ᠨᠠᠷᠢᠯᠢᠭᠵᠢᠭᠰᠠᠨ ᠬᠠᠮᠢᠶᠠᠷᠦᠯᠳᠠ ᠶᠢᠨ ᠭᠡᠯᠪᠡᠷᠢ ᠶᠢ  ᠬᠡᠷᠡᠭᠵᠢᠭᠦᠯᠦᠨ᠎ᠡ᠃ ᠭᠤᠤᠯ ᠬᠤᠳᠠ ᠲᠤᠭᠤᠷᠢᠭ ᠤᠨ ᠭᠠᠵᠠᠷ ᠵᠦᠢ ᠴᠢᠮᠡᠭᠡ ᠵᠠᠩᠬᠢ ᠶᠢᠨ ᠬᠠᠮᠢᠶᠠᠷᠦᠯᠳᠠ ᠶᠢᠨ ᠰᠢᠰᠲ᠋ᠧᠮ ᠤᠨ ᠲᠠᠪᠴᠠᠩ ᠢ ᠪᠠᠶᠢᠭᠤᠯᠵᠦ᠂ ᠭᠠᠵᠠᠷ ᠲᠡᠭᠡᠷᠡᠬᠢ  ᠪᠠ ᠭᠠᠵᠠᠷ ᠲᠤᠤᠷᠠᠬᠢ ᠬᠠᠮᠢᠶᠠᠷᠤᠯᠳᠠ ᠶᠢᠨ ᠰᠢᠰᠲ᠋ᠧᠮ ᠢ ᠪᠦᠳᠦᠮᠵᠢᠳᠠᠢ ᠤᠶᠠᠯᠳᠦᠭᠤᠯᠤᠨ᠎ᠠ᠃ ᠲᠡᠯᠭᠡᠭᠡ ᠵᠠᠷ ᠫᠠᠶᠢᠰᠠ ᠢᠯᠡᠷᠬᠡᠶᠢᠯᠠᠯ᠂ ᠬᠤᠳᠠ ᠶᠢᠨ ᠦᠵᠡᠮᠵᠢ ᠶᠢᠨ ᠤᠷᠴᠢᠨ ᠲᠤᠭᠤᠷᠢᠨ᠂ ᠲᠤᠷ᠎ᠠ ᠪᠠᠷ ᠢᠶᠠᠨ  ᠪᠠᠷᠢᠯᠭ᠎ᠠ ᠪᠠᠷᠢᠬᠤ᠂ ᠦᠢᠮᠡᠭᠡᠨ ᠱᠤᠤᠬᠢᠶᠠᠨ  ᠎ ᠤ ᠪᠤᠬᠢᠷᠳᠤᠯ ᠵᠡᠷᠭᠡ ᠶᠢ  ᠲᠤᠰᠬᠠᠢ ᠲᠦᠷᠦᠯ ᠢᠶᠠᠷ  ᠴᠡᠭᠴᠡᠯᠡᠨ ᠵᠠᠰᠠᠬᠤ  ᠎ ᠶᠢ ᠴᠢᠩᠭᠠᠳᠬᠠᠨ᠎ᠠ᠃ ᠨᠡᠶᠢᠳᠡ ᠶᠢᠨ ᠮᠠᠰᠢᠨ ᠲᠡᠷᠭᠡ 200 ᠬᠤᠳᠠᠯᠳᠤᠨ ᠠᠪᠴᠦ᠂ ᠤᠯᠠᠨ ᠨᠡᠶᠢᠳᠡ ᠶᠢᠨ ᠮᠠᠰᠢᠨ ᠤ ᠵᠠᠮ  ᠱᠤᠭᠤᠮ 6᠎ ᠶᠢ  ᠨᠡᠮᠡᠵᠦ ᠨᠡᠪᠳᠡᠷᠡᠭᠦᠯᠤᠨ᠎ᠡ᠃ ᠭᠡᠷ ᠭᠠᠵᠠᠷ ᠬᠦᠷᠦᠩᠭᠡ ᠶᠢᠨ ᠰᠢᠨ᠎ᠡ ᠨᠡᠭᠡᠭᠡᠨ ᠠᠰᠢᠭᠯᠠᠬᠤ ᠲᠠᠯᠠᠪᠠᠢ ᠶᠢ 700 ᠲᠦᠮᠡᠨ ᠲᠦᠷᠪᠡᠯᠵᠢᠨ ᠺᠢᠯᠤᠮᠧᠲᠷ ᠲᠤ ᠬᠦᠷᠭᠡᠵᠦ  ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠢ 18%᠎ ᠠᠴᠠ ᠲᠡᠭᠡᠭᠰᠢ ᠨᠡᠮᠡᠭᠳᠡᠭᠦᠯᠦᠨ᠎ᠡ᠃   ︵ᠲᠠᠪᠤ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠨᠦᠬᠦᠴᠡᠯ ᠢ ᠰᠠᠶᠢᠵᠢᠷᠠᠭᠤᠯᠤᠨ᠎ᠠ᠃ ᠭᠤᠤᠯᠳᠠᠯᠭᠠᠳᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠲᠦᠷᠭᠡᠳᠬᠡᠵᠦ᠂ ᠤᠶᠢᠵᠢᠭᠤᠯᠬᠤ ᠲᠠᠯᠠᠪᠠᠢ 300 ᠲᠦᠮᠡᠨ ᠮᠦ ᠶᠢ ᠪᠡᠶᠡᠯᠡᠭᠦᠯᠦᠨ᠎ᠡ᠃ ᠲᠤᠮᠤ ᠲᠤᠮᠳᠠ ᠬᠡᠯᠪᠡᠷᠢ ᠶᠢᠨ ᠤᠰᠤᠯᠤᠯᠳᠠ ᠶᠢᠨ ᠲᠤᠭᠤᠷᠢᠭ ᠢ ᠦᠷᠭᠦᠯᠵᠢᠯᠡᠨ ᠪᠠᠶᠢᠭᠤᠯᠤᠨ ᠲᠦᠬᠦᠷᠵᠢᠭᠦᠯᠬᠦ ᠪᠠ ᠬᠠᠷᠠᠴᠢᠯᠠᠭᠤ ᠵᠡᠷᠭᠡ 6 ᠤᠰᠤᠨ ᠴᠦᠭᠦᠷᠤᠮ ᠢ ᠠᠶᠤᠯᠭᠦᠢ ᠪᠤᠯᠭᠠᠨ ᠪᠠᠬᠢᠯᠡᠬᠦ ᠶᠢ ᠨᠠᠶᠢᠳᠠᠪᠦᠷᠢᠵᠢᠭᠤᠯᠤᠨ᠎ᠠ᠃ ᠪᠢᠷᠠᠭᠤ ᠠᠴᠠ ᠰᠢᠯᠢ ᠶᠢᠨ ᠬᠤᠳᠠ ᠬᠦᠷᠬᠦ ᠲᠦᠷᠭᠡᠨ ᠲᠠᠪᠬᠢᠬᠤ ᠵᠠᠰᠠᠮᠠᠯ ᠵᠠᠮ᠂ ᠤᠯᠤᠰ ᠤᠨ ᠵᠠᠮ ᠤᠨ 303 ᠱᠤᠭᠤᠮ ᠤᠨ ᠳ᠋ᠠᠪᠠᠨ ᠠᠴᠠ ᠯᠢᠨᠰᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠡᠬᠢᠯᠡᠨ ᠪᠠᠶᠢᠭᠤᠯᠵᠦ᠂ ᠰᠠᠯᠪᠦᠷᠢ ᠎ ᠠᠴᠠ ᠰᠢᠨ ᠬᠤᠢ ᠬᠦᠷᠬᠦ᠂ ᠳ᠋ᠧᠩ ᠯᠦᠩ ᠾᠧ ᠠᠴᠠ ᠤᠯᠠᠭᠠᠨᠪᠤᠳᠤᠩ ᠬᠦᠷᠬᠦ᠂ ᠯᠢᠨᠰᠢ ᠠᠴᠠ ᠳ᠋ᠠ ᠶᠢᠩᠽᠢ ᠬᠦᠷᠬᠦ ᠵᠡᠷᠭᠡ ᠤᠯᠤᠰ ᠤᠨ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠠᠶᠢᠭᠤᠯᠤᠯᠳᠠ ᠶᠢ ᠲᠦᠷᠭᠡᠳᠬᠡᠨ᠂ ᠤᠯᠠᠭᠠᠨᠬᠠᠳᠠ ᠠᠴᠠ ᠴᠧᠩᠳᠧ ᠬᠦᠷᠬᠦ ᠲᠦᠷᠭᠡᠨ ᠲᠠᠪᠬᠢᠬᠤ  ᠵᠠᠰᠠᠮᠠᠯ ᠵᠠᠮ ᠢ ᠪᠠᠷᠢᠯᠭ᠎ᠠ ᠲᠠᠭᠤᠰᠬᠠᠨ ᠲᠡᠷᠭᠡ ᠨᠡᠪᠳᠡᠷᠡᠭᠦᠯᠦᠨ᠎ᠡ᠃ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠠᠶᠠᠨᠴᠢᠳ ᠤᠨ ᠲᠤᠰᠬᠠᠢ ᠱᠤᠭᠤᠮ ᠤᠨ ᠲᠦᠷᠦᠯ ᠵᠦᠢᠯ ᠢ ᠵᠡᠷᠭᠡᠳᠤᠨᠢ ᠱᠠᠯᠠᠪᠳᠠᠨ ᠬᠢᠵᠦ᠂ ᠪᠠ ᠰᠢᠨ ᠲᠡᠮᠦᠷ ᠵᠠᠮ᠂ ᠯᠢᠨ ᠪᠠᠢ ᠲᠡᠮᠦᠷ ᠵᠠᠮ ᠪᠤᠯᠤᠨ ᠵᠢᠲ᠋ᠦ᠋ᠩ ᠲᠠᠮᠦᠷ ᠵᠠᠮ ᠤᠨ  ᠴᠢᠳᠠᠪᠬᠢ ᠶᠢ  ᠦᠷᠭᠡᠳᠬᠡᠬᠦ ᠪᠠᠶᠢᠭᠤᠯᠤᠯᠳᠠ ᠶᠢᠨ ᠠᠬᠢᠴᠠ ᠎ ᠶᠢ ᠲᠦᠷᠭᠡᠳᠬᠡᠨ᠎ᠡ᠃ ᠨᠢᠰᠭᠡᠯ ᠤᠨ ᠪᠠᠭᠤᠳᠠᠯ ᠢ ᠦᠷᠭᠡᠳᠬᠡᠨ ᠪᠠᠶᠢᠭᠤᠯᠬᠤ᠂ ᠨᠢᠰᠭᠡᠯ ᠤᠨ ᠱᠤᠭᠤᠮ ᠢ ᠨᠡᠮᠡᠭᠳᠡᠭᠦᠯᠬᠦ᠂ ᠨᠢᠰᠭᠡᠯ ᠤᠨ ᠡᠭᠡᠯᠵᠢ ᠶᠢ ᠤᠯᠠᠳᠠᠭᠤᠯᠬᠤ ᠶᠢ ᠨᠠᠶᠢᠳᠠᠪᠤᠷᠢᠵᠢᠭᠤᠯᠤᠨ᠎ᠠ᠃ ᠤᠯᠠᠭᠠᠨᠬᠠᠳᠠ ᠠᠴᠠ ᠪᠡᠭᠡᠵᠢᠩ ᠬᠦᠷᠬᠦ ᠪᠠᠶᠢᠭᠠᠯᠢ ᠶᠢᠨ ᠬᠡᠢ ᠶᠢᠨ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠲᠠᠭᠤᠰᠬᠠᠵᠦ᠂ ᠪᠡᠭᠡᠵᠢᠩ ᠳᠤ ᠬᠡᠢ ᠬᠠᠩᠭᠠᠬᠤ ᠶᠢ ᠪᠡᠶᠡᠯᠡᠭᠦᠯᠵᠦ᠂ ᠬᠤᠶᠢᠳᠦ ᠲᠡᠭᠦᠷᠭᠡ ᠳᠤ ᠴᠠᠬᠢᠯᠭᠠᠨ ᠬᠤᠪᠢᠰᠬᠠᠵᠦ ᠬᠦᠷᠭᠡᠬᠦ᠂ ᠪᠠᠶᠠᠨᠨᠠᠭᠤᠷ ᠲᠤ ᠴᠠᠬᠢᠯᠭᠠᠨ ᠬᠤᠪᠢᠰᠬᠠᠵᠦ ᠬᠦᠷᠭᠡᠬᠦ᠂  ᠠᠷᠦ ᠬᠤᠷᠴᠢᠨ ᠤ ᠬᠤᠶᠢᠳᠦ ᠬᠡᠰᠡᠭ ᠲᠤ ᠴᠠᠬᠢᠯᠭᠠᠨ ᠬᠤᠪᠢᠰᠬᠠᠵᠦ ᠬᠦᠷᠭᠡᠬᠦ ᠵᠡᠷᠭᠡ ᠴᠠᠬᠢᠯᠭᠠᠨ ᠬᠦᠴᠦᠨ ᠬᠦᠷᠭᠡᠬᠦ ᠢᠨᠵᠧᠨᠧᠷᠢᠩ ᠢ ᠡᠬᠢᠯᠡᠭᠦᠯᠦᠨ᠎ᠡ᠃   ︵ ᠵᠢᠷᠭᠤᠭ᠎ᠠ︶  ᠪᠡᠯᠡ ᠤᠷᠤᠭᠤᠯᠤᠯᠲᠠ ᠪᠠ ᠨᠡᠬᠡᠬᠡᠯᠲᠠ ᠶᠢᠨ ᠬᠦᠴᠦᠯᠡᠴᠡ ᠪᠠᠨ ᠨᠡᠮᠡᠭᠲᠡᠬᠦᠯᠵᠦ᠂ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠶᠢᠨ ᠬᠦᠭᠵᠢᠯᠲᠡ ᠶᠢ ᠲᠦᠷᠬᠡᠳᠬᠡᠬᠦ ᠶᠢ ᠲᠡᠮᠵᠢᠨ᠎ᠡ᠃ ᠪᠡᠯᠡ ᠤᠷᠤᠭᠤᠯᠤᠯᠲᠠ ᠶᠢᠨ ᠠᠵᠤ ᠠᠬᠤᠢ ᠶᠢᠨ ᠨᠡᠮᠡᠭᠲᠡᠯ ᠳᠠᠬᠢ ᠵᠠᠩᠬᠢᠯᠠᠭ᠎ᠠ ᠶᠢᠨ ᠦᠢᠯᠡᠲᠦᠯ ᠢ ᠰᠠᠶᠢᠲᠤᠷ ᠪᠠᠲᠠᠷᠠᠭᠤᠯᠵᠤ᠂ ᠭᠤᠤᠯᠲᠠᠯᠭᠠᠲᠠᠢ ᠬᠦᠷᠢᠶ᠎ᠠ ᠬᠡᠪᠴᠢᠶ᠎ᠡ ᠪᠠ ᠪᠠᠭᠤᠷᠡᠢ ᠵᠠᠩᠬᠢᠯᠠᠭ᠎ᠠ ᠶᠢᠨ ᠲᠤᠭᠤᠷᠢᠨ ᠳᠤ᠂ ᠪᠡᠯᠡ ᠤᠷᠤᠭᠤᠯᠤᠯᠲᠠ ᠶᠢᠨ ᠪᠦᠲᠦᠴᠡ ᠪᠠᠨ ᠴᠢᠨᠠᠭᠰᠢᠲᠠ ᠰᠢᠯᠢᠲᠡᠭᠵᠢᠬᠦᠯᠵᠦ᠂ ᠪᠡᠯᠡ ᠤᠷᠤᠭᠤᠯᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠬᠡᠭᠰᠢᠯᠡᠬᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ 21 ᠳ᠋ᠤᠭᠡᠷ ᠲᠤᠭᠠᠳᠦ ᠪᠢᠴᠢᠭ ᠮᠠᠲ᠋ᠧᠷᠢᠶᠠᠯ᠂ ᠢᠷᠭᠡᠨ ᠤ ᠪᠡᠯᠡ ᠤᠷᠤᠭᠤᠯᠤᠯᠳᠠ ᠶᠢ ᠠᠬᠢᠭᠤᠯᠬᠤ ︽ᠰᠢᠨ᠎ᠡ 36 ᠵᠤᠷᠪᠤᠰ︾᠂ ᠵᠡᠭᠦᠨ ᠬᠤᠶᠢᠳᠦ ᠤᠷᠤᠨ ᠢ ᠮᠠᠨᠳᠤᠭᠤᠯᠬᠤ ︽ᠠᠷᠪᠠᠨ ᠬᠤᠶᠠᠷ ᠲᠠᠪᠤ︾᠎ ᠶᠢᠨ ᠲᠦᠯᠦᠪᠵᠢᠭᠦᠯᠬᠡ ᠯᠦᠭᠡ ᠵᠤᠬᠢᠴᠠᠨ ᠵᠤᠯᠭᠠᠬᠤ ᠶᠢ ᠰᠠᠶᠢᠳᠦᠷ ᠬᠢᠵᠦ᠂ ᠠᠯᠢ ᠴᠢᠳᠠᠬᠤ ᠪᠠᠷ ᠲᠡᠭᠡᠳᠦ ᠱᠠᠳᠤᠨ ᠤ ᠲᠦᠷᠦ ᠶᠢᠨ ᠪᠤᠳᠤᠯᠭ᠎ᠠ᠂ ᠲᠦᠷᠦᠯ ᠵᠦᠢᠯ ᠪᠠ ᠪᠡᠯᠡ ᠮᠦᠩᠭᠦ ᠶᠢ ᠢᠯᠡᠭᠦᠬᠡᠨ ᠤᠯᠬᠤ ᠪᠠᠷ ᠴᠢᠷᠮᠠᠶᠢᠵᠤ᠂ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠯᠲᠠ ᠶᠢᠨ ᠦᠷ᠎ᠡ ᠠᠰᠢᠭ ᠢ ᠬᠠᠮᠤᠭ ᠶᠡᠭᠡ ᠬᠡᠪᠴᠢᠶ᠎ᠡ ᠪᠠᠷ ᠪᠠᠲᠠᠷᠡᠭᠤᠯᠤᠨ᠎ᠠ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠯᠤᠭ᠎ᠠ ᠤᠶᠢᠯᠠᠭᠠᠯᠴᠠᠭ᠎ᠠ ᠵᠤᠬᠢᠴᠠᠯᠴᠠᠭ᠎ᠠ ᠪᠠᠨ ᠴᠢᠩᠭᠠᠳᠬᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠪᠡᠯᠡ ᠬᠦᠢᠯᠬᠡᠬᠡᠬᠦ ᠬᠡᠪᠴᠢᠶ᠎ᠡ ᠪᠠᠨ ᠦᠷᠬᠡᠳᠬᠡᠬᠦ ᠶᠢ ᠲᠡᠮᠵᠢᠨ᠎ᠡ᠃ ᠦᠪᠦᠷ ᠮᠤᠩᠭᠤᠯ ᠰᠢᠶᠠᠩᠭᠠᠩ᠂ ᠤᠤᠮᠧᠨ ᠤ ᠠᠵᠦ ᠠᠬᠤᠢ ᠠᠷᠠᠯᠵᠢᠶᠠᠨ ᠤ ᠭᠠᠷᠠᠭ ᠤᠨ ᠠᠵᠢᠯᠯᠠᠭᠠᠨ ᠳᠤ ᠢᠳᠡᠪᠬᠢᠳᠠᠢ ᠤᠷᠤᠯᠴᠠᠵᠦ᠂ ᠵᠡᠭᠦᠨ ᠬᠤᠶᠢᠳᠦ ᠶᠢᠨ ᠠᠵᠦ ᠠᠬᠤᠢ ᠶᠢᠨ ᠤᠷᠤᠨ᠂ ᠪᠦᠸᠧᠬᠠᠢ ᠲᠠᠩᠬᠢᠰ ᠲᠠᠭᠠᠤ ᠠᠵᠦ ᠠᠬᠤᠢ ᠶᠢᠨ ᠪᠦᠰᠡᠯᠡᠭᠦᠷ ᠵᠢᠴᠢ ᠪᠡᠭᠡᠵᠢᠩ ᠲᠢᠶᠠᠨᠵᠢᠨ ᠾᠧᠪᠸᠢ ᠵᠡᠷᠭᠡ ᠭᠤᠤᠯᠳᠠᠯᠭᠠᠳᠠᠢ ᠤᠷᠤᠨ  ᠎ ᠤ ᠠᠷᠠᠯᠵᠢᠶᠠᠴᠢᠨ ᠤᠷᠢᠵᠦ ᠲᠠᠨᠢᠯᠴᠠᠭᠤᠯᠬᠤ  ᠬᠡᠯᠬᠢᠶ᠎ᠡ ᠠᠵᠢᠯᠯᠠᠭᠠᠨ ᠢ ᠰᠠᠶᠢᠳᠤᠷ ᠵᠤᠬᠢᠶᠠᠨ ᠪᠠᠶᠢᠭᠤᠯᠵᠦ᠂ ᠪᠦᠬᠦ ᠵᠢᠯ ᠳᠤ ᠤᠯᠤᠰ ᠤᠨ ᠲᠤᠳᠤᠭᠠᠳᠦ ᠳᠠᠬᠢ ᠤᠷᠤᠨ ᠤ ᠭᠠᠳᠠᠨᠠᠬᠢ ᠪᠡᠯᠡ ᠮᠦᠩᠭᠦ ᠎ ᠶᠢ 900 ᠳ᠋ᠦᠩᠰᠢᠭᠤᠷ ᠲᠦᠭᠦᠷᠢᠭ ᠠᠴᠠ ᠲᠡᠭᠡᠭᠰᠢ ᠤᠷᠤᠭᠤᠯᠤᠨ ᠠᠪᠴᠢᠷᠠᠨ᠎ᠠ᠃ ᠪᠡᠭᠡᠵᠢᠩ ᠬᠤᠳᠠ ᠯᠤᠭ᠎ᠠ ᠪᠦᠬᠦ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠦ ᠂ ᠪᠡᠭᠡᠵᠢᠩ ᠤᠨ ᠵᠠᠬ᠎ᠠ ᠲᠡᠯᠭᠡᠭᠦᠷ ᠲᠤ ᠢᠳᠡᠰᠢᠨ ᠨᠤᠭᠤᠭ᠎ᠠ᠂ ᠮᠠᠯ ᠵᠢᠭᠦᠷᠳᠡᠨ᠂ ᠠᠮᠤ ᠪᠤᠳᠠᠭ᠎ᠠ ᠪᠤᠯᠤᠨ ᠲᠦᠭᠦᠬᠡᠢ ᠰᠢᠨ᠎ᠡ ᠰᠤᠷᠭᠤᠭ ᠰᠤᠨ ᠤ ᠦᠢᠯᠡᠳᠬᠡᠭᠦᠨ ᠬᠠᠩᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠳᠠ ᠪᠠᠨ ᠲᠦᠯᠬᠢᠨ ᠠᠬᠢᠭᠤᠯᠵᠦ᠂ ᠨᠡᠶᠢᠭᠡᠮ ᠤᠨ ᠦᠢᠯᠡᠰ ᠪᠤᠯᠤᠨ ᠴᠢᠳᠠᠪᠦᠷᠢᠳᠠᠨ ᠬᠦᠮᠦᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠲᠡᠮᠵᠢᠯᠭᠡ ᠤᠯᠤᠨ᠎ᠠ᠃ ᠳ᠋ᠦᠩ ᠯᠢ᠂ ᠸᠧᠢ ᠰᠢᠨ᠂ ᠬᠤᠸᠠ ᠶᠤᠸᠠᠨ᠂ ᠠᠢ ᠺᠧ ᠵᠡᠷᠭᠡ ᠭᠤᠤᠯᠳᠠᠯᠭᠠᠳᠠᠢ ᠭᠠᠳᠠᠭᠠᠳᠦ ᠳᠤ ᠭᠠᠷᠭᠠᠬᠤ ᠠᠵᠦ ᠠᠬᠤᠶᠢᠯᠠᠯ ᠤᠨ ᠲᠦᠷᠭᠡᠨ ᠬᠦᠭᠵᠢᠬᠦ ᠶᠢ ᠲᠡᠮᠵᠢᠵᠦ᠂ ᠭᠠᠳᠠᠭᠠᠳᠦ ᠠᠷᠠᠯᠵᠢᠶᠠᠨ ᠤ ᠭᠠᠳᠠᠭᠠᠳᠦ ᠳᠤ ᠭᠠᠷᠭᠠᠬᠤ ᠶᠡᠷᠦᠩᠬᠡᠢ ᠨᠤᠷᠮ᠎ᠠ ᠶᠢ 15%᠎ ᠠᠴᠠ ᠲᠡᠭᠡᠭᠰᠢ ᠨᠡᠮᠡᠭᠳᠡᠭᠦᠯᠦᠨ᠎ᠡ᠃ ᠲᠦᠪ ᠤᠨ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠲᠦᠷᠦ ᠶᠢᠨ ᠪᠤᠲᠤᠯᠭ᠎ᠠ ᠶᠢᠨ ᠱᠠᠭᠠᠷᠲᠡᠯᠭ᠎ᠠ ᠶᠢ ᠨᠠᠶᠢᠲᠠᠪᠤᠷᠢᠵᠢᠭᠤᠯᠵᠤ᠂ ᠵᠠᠬ᠎ᠠ ᠲᠡᠯᠬᠡᠬᠦᠷ ᠲᠤ ᠤᠷᠤᠬᠤ ᠶᠢ ᠴᠢᠨᠠᠭᠰᠢᠲᠠ ᠦᠷᠬᠡᠳᠬᠡᠵᠦ᠂ ᠠᠷᠡᠳ ᠤᠨ ᠲᠤᠮᠲᠡᠬᠢ ᠪᠡᠯᠡ ᠤᠷᠤᠭᠤᠯᠣᠯᠲᠠ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠶᠢᠨ ᠰᠠᠭᠠᠳ ᠢ ᠠᠷᠢᠯᠭᠠᠵᠤ᠂ ᠠᠷᠡᠳ ᠤᠨ ᠲᠤᠮᠲᠡᠬᠢ ᠬᠦᠷᠦᠩᠬᠡ ᠶᠢ ᠨᠡᠩ ᠤᠯᠠᠨ ᠬᠦᠷᠢᠶ᠎ᠡ ᠬᠡᠪᠴᠢᠶᠡᠨ ᠳᠤ ᠤᠷᠤᠭᠤᠯᠬᠤ ᠪᠠᠷ ᠲᠠᠲᠠᠨ᠎ᠠ᠃ ᠲᠤᠬᠠᠢ ᠎ ᠶᠢᠨ ᠭᠠᠵᠠᠷ ᠤᠨ ᠠᠵᠤ ᠠᠬᠤᠶᠢᠯᠠᠯ ᠬᠤᠲᠠ ᠶᠢᠨ ᠭᠠᠲᠠᠨᠠᠬᠢ ᠠᠵᠤ ᠠᠬᠤᠶᠢᠯᠠᠯ ᠯᠤᠭ᠎ᠠ ᠬᠦᠷᠦᠩᠬᠡ ᠪᠠ ᠮᠡᠷᠬᠡᠵᠢᠯ ᠢᠶᠠᠷ ᠰᠠᠶᠢᠲᠤᠷ ᠬᠠᠮᠲᠤᠷᠡᠬᠤ ᠶᠢ ᠲᠡᠮᠵᠢᠵᠤ᠂ ᠭᠤᠤᠯ ᠠᠵᠢᠯ ᠢᠶᠠᠨ ᠰᠠᠶᠢᠨ ᠬᠢᠵᠦ᠂ ᠨᠡᠷᠡᠲᠦ ᠲᠡᠮᠲᠡᠭᠲᠤ ᠶᠢ ᠰᠢᠯᠢᠲᠡᠭᠵᠢᠬᠦᠯᠵᠦ᠂ ᠬᠡᠪᠴᠢᠶ᠎ᠡ ᠪᠠᠨ ᠦᠷᠬᠡᠳᠬᠡᠵᠦ᠂ ᠭᠤᠤᠯᠯᠠᠭᠴᠢ ᠦᠷᠢᠰᠦᠯᠲᠦᠬᠡᠨ ᠤ ᠴᠢᠲᠠᠪᠤᠷᠢ ᠎ ᠶᠢ ᠲᠡᠬᠡᠭᠰᠢᠯᠡᠬᠦᠯᠦᠨ᠎ᠡ᠃ ᠦᠢᠯᠡᠴᠢᠯᠡᠬᠡᠨ ᠤ ᠲᠡᠪᠴᠡᠩ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠶᠢᠯᠠᠯ ᠎ ᠤᠨ ᠪᠡᠯᠡ ᠬᠦᠢᠯᠬᠡᠬᠡᠬᠦ᠂ ᠮᠡᠷᠬᠡᠵᠢᠯ᠂ ᠨᠡᠷᠡᠲᠦ ᠲᠡᠮᠲᠡᠭᠲᠤ ᠵᠡᠷᠬᠡ ᠲᠡᠯ᠎ᠡ ᠪᠠᠷ ᠬᠢ ᠬᠦᠴᠢᠷ ᠠᠰᠠᠭᠤᠲᠡᠯ ᠢ ᠲᠦᠷᠬᠡᠨ ᠰᠢᠢᠳᠪᠦᠷᠢᠯᠡᠨ᠎ᠡ᠃ ᠠᠵᠤ ᠠᠬᠤᠶᠢᠯᠠᠯᠲᠠᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠤᠯᠴᠠᠯᠭ᠎ᠠ ᠰᠤᠯᠢᠯᠴᠠᠭ᠎ᠠ ᠪᠠ ᠪᠤᠯᠪᠠᠰᠤᠷᠡᠯ ᠤᠨ ᠠᠵᠢᠯᠯᠠᠭᠠᠨ ᠢ ᠵᠤᠬᠢᠶᠡᠨ ᠪᠠᠶᠢᠭᠤᠯᠤᠨ ᠦᠷᠨᠢᠬᠦᠯᠵᠦ᠂ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠶᠢᠨ ᠦᠷᠬᠦᠯᠵᠢᠯᠡᠨ ᠬᠦᠭᠵᠢᠬᠦ ᠳᠤ ᠴᠢᠲᠡᠪᠤᠷᠢᠲᠡᠨ ᠤ ᠪᠠᠲᠤᠯᠠᠭ᠎ᠠ ᠬᠠᠩᠭᠠᠨ᠎ᠠ᠃     ︵ ᠲᠤᠯᠤᠭ᠎ᠠ︶ ᠨᠡᠶᠢᠭᠡᠮ ᠤᠨ ᠬᠠᠮᠢᠶᠠᠷᠦᠯᠳᠠ ᠶᠢ ᠴᠢᠩᠭᠠᠳᠬᠠᠵᠦ᠂ ᠨᠡᠶᠢᠭᠡᠮ ᠤᠨ ᠡᠶ᠎ᠡ ᠵᠤᠬᠢᠴᠠᠯ ᠢ  ᠠᠬᠢᠭᠤᠯᠤᠨ᠎ᠠ᠃ ᠨᠡᠶᠢᠭᠡᠮ ᠲᠤᠭᠤᠷᠢᠭ ᠤᠨ ᠪᠠᠶᠢᠭᠤᠯᠤᠯᠳᠠ ᠶᠢ ᠴᠢᠩᠭᠠᠳᠬᠠᠵᠦ᠂ ᠬᠤᠳᠠ ᠪᠠᠯᠭᠠᠰᠤᠨ ᠤ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠠᠯᠪᠠᠯᠠᠬᠤ ᠭᠠᠵᠠᠷ ᠪᠤᠯᠤᠨ ᠠᠵᠢᠯᠯᠠᠭᠠᠨ ᠤ ᠬᠡᠷᠡᠭᠯᠡᠬᠦ ᠭᠡᠷ ᠤᠨ ᠲᠠᠯᠠᠪᠠᠢ ᠶᠢ ᠪᠦᠬᠦᠨ ᠢ 300 ᠲᠡᠭᠰᠢ ᠲᠦᠷᠪᠡᠯᠵᠢᠨ ᠮᠧᠲᠷ ᠠᠴᠠ ᠲᠡᠭᠡᠭᠰᠢ ᠪᠤᠯᠭᠠᠨ᠎ᠠ᠃ ᠬᠤᠳᠠ ᠪᠠᠯᠭᠠᠰᠤᠨ ᠤ ᠪᠤᠯᠪᠠᠰᠤᠨ ᠤ ᠢᠯᠡᠳᠬᠡᠮᠵᠢ ᠶᠢ ᠬᠡᠮᠵᠢᠨ ᠦᠨᠡᠯᠡᠬᠦ ᠠᠵᠢᠯ ᠢ ᠰᠠᠶᠢᠳᠤᠷ ᠬᠢᠵᠦ᠂ ᠪᠦᠬᠦ ᠤᠯᠤᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠠᠬᠢ ᠬᠤᠳᠠ ᠶᠢᠨ ᠠᠷᠠᠳ ᠤᠨ ᠲᠡᠮᠵᠢᠬᠦ ᠨᠤᠷᠮ᠎ᠠ ᠪᠠ ᠤᠷᠤᠯᠴᠠᠬᠤ ᠨᠤᠷᠮ᠎ᠠ ᠶᠢ ᠲᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠲᠤᠭᠤᠷᠢᠨ ᠰᠤᠷᠪᠤᠯᠵᠢᠯᠠᠬᠤ ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠬᠤᠳᠠ ᠰᠢᠶᠠᠨ ᠬᠤᠶᠠᠷ ᠱᠠᠳᠤᠨ ᠤ ᠬᠠᠮᠳᠤᠪᠡᠷ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠲᠦᠪ ᠤᠨ ᠴᠢᠳᠠᠪᠬᠢ ᠶᠢ ᠲᠡᠭᠦᠯᠳᠡᠷᠵᠢᠭᠦᠯᠦᠨ᠂ ᠲᠤᠤᠷᠵᠢᠯ ᠲᠡᠭᠡᠷᠡᠬᠢ ᠵᠠᠬᠢᠳᠠᠯ ᠰᠤᠷᠪᠤᠯᠵᠢᠯᠠᠯ᠂ ᠭᠤᠶᠤᠴᠢᠯᠠᠯ ᠤᠨ ᠲᠤᠰᠬᠠᠢ ᠤᠳᠠᠰᠤ ᠪᠠ ᠠᠯᠤᠰ ᠡᠵᠡᠮᠰᠢᠯᠳᠦ ᠬᠠᠷᠠᠭᠠᠳᠦ ᠵᠠᠬᠢᠳᠠᠯ ᠰᠤᠷᠪᠤᠯᠵᠢᠯᠠᠯ ᠤᠨ ᠰᠢᠰᠲ᠋ᠧᠮ ᠢ ᠨᠡᠪᠳᠡᠷᠡᠭᠦᠯᠵᠦ᠂ ᠤᠯᠠᠨ ᠲᠦᠮᠡᠨ ᠤ ᠠᠩᠬ᠎ᠠ ᠰᠤᠷᠪᠤᠯᠵᠢᠯᠳᠠ ᠶᠢ ᠬᠠᠷᠢᠭᠤᠯᠬᠤ ᠨᠤᠷᠮ᠎ᠠ ᠪᠤᠯᠤᠨ ᠬᠠᠨᠤᠮᠵᠢ ᠶᠢᠨ ᠨᠤᠷᠮ᠎ᠠ ᠎ ᠶᠢ ᠲᠡᠭᠡᠭᠰᠢᠯᠡᠭᠦᠯᠦᠨ᠎ᠡ᠃ ᠡᠯ᠎ᠡ ᠵᠦᠢᠯ ᠤᠨ ᠵᠠᠬᠢᠳᠠᠯ ᠰᠤᠷᠪᠤᠯᠵᠢᠯᠠᠯ ᠤᠨ ᠲᠠᠷᠤᠭᠳᠠᠭᠰᠠᠨ ᠬᠡᠷᠡᠭ ᠢ ᠬᠦᠴᠦ ᠤᠷᠤᠭᠤᠯᠤᠨ ᠨᠠᠮᠳᠠᠭᠠᠭᠵᠦ᠂ ᠤᠯᠠᠨ ᠲᠦᠮᠡᠨ ᠢ  ᠬᠦᠮᠦᠵᠢᠭᠦᠯᠦᠨ ᠵᠢᠯᠤᠭᠤᠳᠴᠦ ᠬᠠᠤᠯᠢ ᠶᠤᠰᠤᠭᠠᠷ  ᠵᠦᠢ ᠵᠤᠬᠢᠰ ᠲᠠᠢ ᠪᠠᠷ ᠠᠰᠢᠭ ᠲᠤᠰᠠ ᠶᠢᠨ ᠭᠤᠶᠤᠴᠢᠯᠠᠯ ᠢᠶᠠᠨ ᠢᠯᠡᠳᠬᠡᠬᠦ  ᠪᠤᠯᠭᠠᠵᠦ᠂ ᠱᠠᠳᠦ ᠠᠯᠤᠰᠯᠠᠨ ᠤᠯᠠᠭᠠᠤᠯᠠ ᠵᠠᠬᠢᠳᠠᠯ ᠰᠤᠷᠪᠤᠯᠵᠢᠯᠠᠯ ᠬᠢᠬᠦ ᠪᠠ ᠬᠡᠪ ᠤᠨ ᠪᠤᠰᠤ ᠵᠠᠬᠢᠳᠠᠯ ᠰᠤᠷᠪᠤᠯᠵᠢᠯᠠᠯ ᠬᠢᠬᠦ ᠶᠢ ᠬᠢᠵᠠᠭᠠᠷᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠎ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠠᠭᠤᠷᠬᠠᠢ᠂ ᠬᠢᠮᠢ ᠶᠢᠨ ᠠᠵᠦ ᠦᠢᠯᠡᠳᠪᠦᠷᠢ᠂ ᠵᠠᠮ ᠬᠠᠷᠢᠯᠴᠠᠭ᠎ᠠ᠂ ᠪᠠᠷᠢᠯᠭ᠎ᠠ᠂ ᠭᠠᠯ ᠰᠡᠷᠭᠡᠶᠢᠯᠡᠨ ᠤᠨᠳᠠᠡᠭᠠᠬᠤ ᠵᠡᠷᠭᠡ ᠭᠤᠤᠯᠳᠠᠯᠭᠠᠳᠠᠢ ᠬᠦᠷᠢᠶ᠎ᠡ ᠬᠡᠪᠴᠢᠶ᠎ᠡ ᠪᠤᠯᠤᠨ ᠬᠦᠮᠦᠨ ᠨᠢᠭᠳᠠᠷᠠᠭᠰᠠᠨ ᠲᠠᠯᠠᠪᠤᠷ ᠭᠠᠵᠠᠷ ᠤᠨ ᠠᠶᠦᠯᠭᠦᠢ ᠶᠢᠨ ᠬᠢᠨᠠᠯᠳᠠ ᠬᠠᠮᠢᠶᠠᠷᠦᠯᠳᠠ ᠶᠢ ᠴᠢᠩᠭᠠᠳᠬᠠᠵᠦ᠂ ᠡᠯ᠎ᠡ ᠵᠦᠢᠯ ᠤᠨ ᠠᠶᠤᠯ ᠤᠨ ᠲᠠᠯᠳᠠ ᠭᠡᠮ ᠢ ᠪᠦᠳᠦᠮᠵᠢᠳᠠᠢ ᠵᠠᠯᠠᠷᠠᠭᠤᠯᠵᠦ᠂ ᠬᠦᠨᠳᠦ ᠤᠨᠴᠡ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠠᠮᠦᠷ ᠲᠦᠪᠰᠢᠨ ᠤ ᠰᠡᠷᠭᠡᠶᠢᠯᠡᠨ ᠬᠢᠵᠠᠭᠠᠷᠯᠠᠬᠤ ᠲᠤᠤᠷᠵᠢᠯ ᠤᠨ ᠪᠠᠶᠢᠭᠤᠯᠤᠯᠳᠠ ᠶᠢ ᠴᠢᠩᠭᠠᠳᠬᠠᠵᠦ᠂ ᠡᠯ᠎ᠡ ᠵᠦᠢᠯ ᠤᠨ ᠬᠠᠤᠯᠢ ᠶᠢ ᠵᠦᠷᠢᠴᠡᠭᠰᠡᠨ ᠶᠠᠯᠠᠳᠦ ᠠᠵᠢᠯᠯᠭ᠎ᠠ ᠳᠤ ᠴᠤᠬᠢᠯᠳᠡ ᠦᠭᠬᠦ ᠴᠢᠩᠭ᠎ᠠ ᠲᠠᠷᠤᠯᠳᠠᠳᠦ ᠪᠠᠶᠢᠳᠠᠯ ᠢ ᠪᠠᠷᠢᠮᠳᠠᠯᠠᠵᠦ᠂ ᠡᠯ᠎ᠡ ᠵᠦᠢᠯ ᠤᠨ ᠭᠡᠨᠡᠳᠳᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠬᠠᠭᠤᠷᠮᠠᠭ ᠴᠢᠨᠠᠷ ᠮᠠᠭᠤᠳᠠᠢ ᠢᠳᠡᠭᠡᠨ ᠡᠮ ᠤᠨ ᠵᠦᠢᠯ ᠢ ᠦᠢᠯᠡᠳᠴᠦ ᠪᠤᠷᠤᠯᠠᠭᠤᠯᠬᠤ ᠬᠠᠤᠯᠢ ᠪᠤᠰᠤ ᠠᠵᠢᠯᠯᠠᠭ᠎ᠠ ᠳᠤ ᠡᠷᠡᠰ ᠴᠤᠬᠢᠯᠳᠡ ᠦᠭᠴᠦ᠂ ᠤᠯᠠᠨ ᠲᠦᠮᠡᠨ ᠤ ᠢᠳᠡᠭᠡᠨ ᠤᠮᠳᠠᠭᠠᠨ  ᠪᠠ ᠡᠮ ᠤᠨ ᠵᠦᠢᠯ ᠤᠨ ᠠᠶᠤᠯᠭᠦᠢ ᠶᠢ ᠦᠨᠡᠩᠭᠬᠦ ᠪᠠᠳᠤᠯᠠᠨ᠎ᠠ  ᠃ ᠦᠨ᠎ᠡ ᠬᠠᠩᠰᠢ ᠪᠠ ᠰᠦᠢᠳᠬᠡᠯ ᠬᠤᠷᠢᠶᠠᠬᠤ ᠬᠠᠮᠢᠶᠠᠷᠦᠯᠳᠠ ᠶᠢ ᠰᠠᠶᠢᠳᠦᠷ ᠴᠢᠩᠭᠠᠳᠬᠠᠵᠦ᠂ ᠪᠠᠷᠠᠭᠠᠨ ᠤ ᠦᠨ᠎ᠡ ᠶᠢᠨ ᠲᠤᠭᠳᠠᠭᠤᠨ ᠪᠠᠶᠢᠯᠭᠠᠨ᠎ᠠ᠃   ︵ ᠨᠠᠢᠮᠠ︶ ᠠᠷᠠᠳ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠠᠵᠢᠯ ᠤᠯᠭᠤᠬᠤ ᠦᠢᠯᠡᠰ ᠪᠦᠳᠦᠭᠡᠬᠦ ᠶᠢ ᠲᠡᠮᠵᠢᠬᠦ ᠬᠦᠴᠦᠯᠡᠴᠡ ᠪᠠᠨ‌ᠨᠡᠮᠡᠭᠳᠡᠭᠦᠯᠵᠦ᠂ ᠠᠵᠢᠯ ᠤᠯᠭᠤᠬᠤ ᠲᠦᠷᠦ ᠶᠢᠨ ᠪᠤᠳᠤᠯᠭ᠎ᠠ ᠶᠢᠨ ᠪᠡᠯᠡ ᠮᠦᠩᠭᠦ 1.3 ᠳ᠋ᠦᠩᠰᠢᠭᠤᠷ ᠲᠦᠭᠦᠷᠢᠭ ᠢ ᠨᠠᠶᠢᠳᠠᠪᠤᠷᠢᠵᠢᠭᠤᠯᠵᠦ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ 3000 ᠎ ᠶᠢ ᠨᠡᠭᠡᠭᠡᠨ ᠠᠰᠢᠭᠯᠠᠵᠦ᠂ 2.7 ᠠᠵᠢᠯ ᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠤᠷᠤᠨ ᠤ ᠬᠦᠳᠡᠯᠮᠦᠷᠢ ᠬᠦᠴᠦᠨ ᠢ 70 ᠲᠦᠮᠡᠨ ᠬᠦᠮᠦᠨ ᠰᠢᠯᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠦᠢᠯᠡᠰ ᠪᠦᠳᠦᠭᠡᠬᠦ ᠬᠡᠯᠪᠡᠷᠢ ᠶᠢᠨ ᠬᠤᠳᠠ ᠶᠢᠨ ᠡᠩᠨᠡᠭᠡᠨ ᠳᠤ ᠤᠷᠤᠨ᠎ᠠ᠃ ᠨᠡᠶᠢᠭᠡᠮ ᠤᠨ ᠪᠠᠳᠤᠯᠠᠭ᠎ᠠ ᠎ ᠶᠢᠨ ᠬᠦᠴᠦᠯᠡᠴᠡ ᠪᠠᠨ ᠨᠡᠮᠡᠭᠳᠡᠭᠦᠯᠵᠦ᠂ ᠨᠠᠰᠤᠵᠢᠯ᠂ ᠡᠮ ᠡᠮᠨᠡᠯᠭᠡ᠂ ᠠᠵᠢᠯ ᠠᠯᠳᠠᠬᠤ᠂ ᠠᠵᠢᠯ ᠤᠨ ᠰᠢᠷᠠᠭᠳᠤᠯ᠂ ᠦᠷᠡᠵᠢᠯ ᠤᠨ ᠲᠠᠭᠠᠳᠬᠠᠯ ᠤᠨ ᠪᠦᠷᠬᠦᠬᠦ ᠬᠡᠪᠴᠢᠶ᠎ᠡ ᠶᠢ ᠦᠷᠭᠡᠳᠬᠡᠵᠦ︔ ᠬᠤᠳᠠᠯᠳᠤᠭᠠᠨ ᠤ ᠲᠠᠭᠠᠳᠬᠠᠯ ᠬᠢᠭᠡᠳ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ᠂ ᠬᠤᠳᠠ ᠪᠠᠯᠭᠠᠰᠤᠨ ᠎ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ ᠤᠨ ᠬᠤᠷᠰᠢᠬᠤ ᠵᠤᠬᠢᠴᠠᠮᠵᠢ ᠶᠢ ᠲᠡᠭᠦᠯᠳᠡᠷᠵᠢᠭᠦᠯᠦᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠬᠠᠮᠤᠭ ᠦᠨᠳᠦᠷ  ᠬᠡᠮᠵᠢᠶ᠎ᠡ ᠶᠢ 10 ᠲᠦᠮᠡᠨ ᠲᠦᠭᠦᠷᠢᠭ ᠪᠤᠯᠳᠠᠯ᠎ᠠ ᠲᠡᠭᠡᠭᠰᠢᠯᠡᠭᠦᠯᠦᠨ᠎ᠡ︔ ᠠᠵᠦ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠨᠠᠰᠤᠵᠢᠯ ᠤᠨ ᠮᠦᠩᠭᠦ᠂ ᠬᠤᠳᠠ ᠬᠦᠳᠡᠭᠡ ᠶᠢᠨ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠲᠠᠪᠤᠨ ᠪᠠᠳᠤᠯᠭᠠᠳᠦ  ᠡᠷᠦᠬᠡ ᠶᠢᠨ ᠬᠠᠩᠭᠠᠨ ᠲᠡᠵᠢᠭᠡᠬᠦ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠦ᠂ ᠦᠳᠡᠭᠦᠰᠴᠤᠳ᠂ ᠬᠤᠳᠠ ᠪᠠᠯᠭᠠᠰᠤᠨ ᠤ ︽ᠭᠤᠷᠪᠠ ᠦᠭᠡᠢ︾ ᠬᠦᠮᠦᠰ ᠪᠠ ᠦᠨᠦᠴᠢᠨ ᠬᠡᠤᠬᠡᠳ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠦ᠂ ᠬᠦᠴᠢᠷᠳᠠᠢ ᠤᠯᠠᠨ ᠲᠦᠮᠡᠨ ᠤ ᠤᠨᠴᠡ ᠶᠡᠭᠡ ᠬᠦᠨᠳᠦ ᠡᠪᠡᠳᠴᠢᠨ ᠢ ᠡᠮᠨᠡᠨ ᠲᠡᠳᠬᠦᠬᠦ ᠦᠢᠯᠡᠴᠢᠯᠡᠭᠡᠨ ᠢ ᠦᠷᠨᠢᠭᠦᠯᠵᠦ᠂ ᠲᠦᠷ  ᠵᠠᠭᠤᠷ᠎ᠠ ᠶᠢᠨ ᠠᠪᠤᠷᠠᠨ ᠲᠡᠳᠬᠦᠬᠦ ᠲᠦᠷᠢᠮ ᠢ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠵᠦ ᠲᠡᠳᠬᠦᠬᠦ ᠬᠢᠷᠢ ᠲᠦᠪᠰᠢᠨ ᠢ ᠲᠡᠭᠡᠭᠰᠢᠯᠡᠭᠦᠯᠵᠦ᠂ ᠨᠡᠶᠢᠭᠡᠮ ᠠᠴᠠ ᠲᠡᠳᠬᠦᠬᠦ ᠭᠡᠷ ᠪᠦᠯᠢ ᠶᠢᠨ ᠠᠵᠦ ᠠᠬᠤᠢ ᠶᠢᠨ ᠤᠷᠤᠯᠭ᠎ᠠ ᠶᠢ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠪᠠᠶᠢᠭᠤᠯᠤᠯᠳᠠ ᠪᠠ ᠵᠤᠬᠢᠬᠤ  ᠬᠠᠷᠠᠭᠠᠯᠵᠠᠯᠠᠯ ᠤᠨ ᠬᠡᠯᠪᠡᠷᠢᠳᠦ ᠨᠡᠶᠢᠭᠡᠮ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ︔ ᠬᠠᠷᠠᠭᠠᠯᠵᠠᠨ ᠲᠦᠪᠬᠢᠨᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠦ᠂ ᠬᠠᠷᠠᠭᠠᠯᠵᠠᠬᠤ ᠡᠳᠡᠬᠡᠳ ᠤᠨ ᠨᠦᠬᠦᠪᠦᠷᠢᠯᠡᠬᠦ ᠪᠠᠷᠢᠮᠵᠢᠶ᠎ᠠ ᠶᠢ ᠲᠡᠭᠡᠭᠰᠢᠯᠡᠭᠦᠯᠵᠦ᠂ ᠴᠡᠷᠢᠭ ᠠᠩᠬᠢ ᠶᠢᠨ ᠠᠮᠠᠷᠠᠯᠳᠠ ᠶᠢᠨ ᠭᠡᠷ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠦᠨ᠎ᠡ︔ ᠡᠯ᠎ᠡ ᠵᠦᠢᠯ ᠤᠨ ᠪᠠᠳᠤᠯᠠᠭ᠎ᠠ ᠎ ᠶᠢᠨ ᠴᠢᠨᠠᠷᠳᠠᠢ ᠤᠷᠤᠨ ᠰᠠᠭᠤᠴᠠ 3.9 ᠲᠦᠮᠡᠨ ᠢᠵᠢ ᠪᠦᠳᠦᠭᠡᠨ ᠪᠠᠶᠢᠭᠤᠯᠤᠨ᠎ᠠ᠃ ᠲᠠᠷᠢᠶᠠᠯᠠᠩ ᠮᠠᠯᠵᠢᠯ ᠢ ᠲᠡᠮᠵᠢᠬᠦ ᠲᠠᠷᠢᠶᠠᠴᠢᠨ ᠮᠠᠯᠴᠢᠨ ᠢ ᠬᠠᠷᠠᠭᠠᠯᠵᠠᠬᠤ ᠬᠦᠴᠦᠯᠡᠴᠡ ᠶᠢ ᠨᠡᠮᠡᠭᠳᠡᠭᠦᠯᠵᠦ᠂ ᠡᠯ᠎ᠡ ᠲᠦᠷᠦᠯ ᠤᠨ ᠪᠡᠯᠡ ᠮᠦᠩᠭᠦ 15 ᠳ᠋ᠦᠢᠩᠰᠢᠭᠤᠷ ᠲᠦᠭᠦᠷᠢᠭ ᠠᠴᠠ ᠲᠡᠭᠡᠭᠰᠢ ᠴᠤᠭᠯᠠᠭᠤᠯᠵᠦ᠂ 8.6 ᠲᠦᠮᠡᠨ  ᠶᠠᠳᠠᠭᠤ ᠬᠦᠴᠢᠷᠳᠠᠢ ᠬᠦᠮᠦᠨ ᠢ  ᠲᠡᠳᠬᠦᠨ ᠲᠤᠭᠳᠠᠭᠤᠨ ᠢᠶᠠᠷ ᠶᠠᠳᠠᠭᠤ ᠠᠴᠠ  ᠠᠩᠬᠢᠵᠢᠷᠠᠭᠤᠯᠤᠨ᠎ᠠ︔ᠲᠠᠷᠢᠶᠠᠯᠠᠬᠤ ᠮᠠᠯᠵᠢᠬᠤ ᠤᠷᠤᠨ ᠤ 30 ᠲᠦᠮᠡᠨ ᠬᠦᠮᠦᠨ ᠠᠮᠠ ᠶᠢᠨ ᠢᠳᠡᠬᠦ ᠤᠰᠤᠨ ᠤ ᠠᠶᠦᠯᠬᠦᠢ ᠶᠢᠨ ᠠᠰᠠᠭᠤᠳᠠᠯ ᠢ ᠰᠡᠢᠳᠪᠦᠷᠢᠯᠡᠵᠦ᠂ ᠲᠤᠰᠬᠤᠨ ᠳᠤ ᠨᠡᠪᠳᠡᠷᠡᠬᠦ ᠴᠠᠷᠳᠠᠮᠠᠯ ᠵᠠᠮ ᠢ 1000 ᠺᠢᠯᠤᠮᠧᠲᠷ ᠰᠢᠨ᠎ᠡ ᠵᠠᠰᠠᠵᠦ᠂ 100 ᠲᠤᠰᠬᠤᠨ ᠳᠤ ᠴᠠᠷᠳᠠᠮᠠᠯ ᠵᠠᠮ ᠨᠡᠪᠳᠡᠷᠡᠬᠦ ᠠᠰᠠᠭᠤᠳᠠᠯ ᠢ  ᠰᠢᠢᠳᠪᠦᠷᠢᠯᠡᠨ᠎ᠡ︔ ᠲᠠᠷᠢᠶᠠᠯᠠᠬᠤ ᠮᠠᠯᠵᠢᠬᠤ ᠤᠷᠤᠨ ᠤ ᠲᠤᠬᠢᠷᠠᠭᠤᠯᠵᠦ ᠬᠦᠷᠭᠡᠬᠦ ᠲᠦᠪ 11᠂ ᠡᠵᠡᠩᠨᠡᠯᠳᠡ ᠶᠢᠨ ᠲᠤᠤᠷᠵᠢᠯ ᠴᠢᠭ᠋ 360᠎ ᠶᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ᠂ ᠲᠠᠷᠢᠶᠠᠴᠢᠨ ᠮᠠᠯᠴᠢᠨ ᠤ ᠪᠠᠷᠢᠮᠵᠢᠶᠠᠵᠢᠭᠤᠯᠤᠭᠰᠠᠨ ᠲᠡᠯᠭᠡᠭᠦᠷ 155 ᠎ ᠶᠢ ᠰᠢᠨ᠎ᠡ ᠨᠡᠮᠡᠭᠳᠡᠭᠦᠯᠦᠨ᠎ᠡ᠃   ︵ᠶᠢᠰᠦ︶ ᠨᠡᠶᠢᠭᠡᠮ ᠤᠨ ᠦᠢᠯᠡᠰ ᠢ ᠶᠡᠬᠡᠪᠡᠷ ᠬᠦᠭᠵᠢᠭᠦᠯᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠰᠤᠷᠭᠠᠨ ᠬᠦᠮᠦᠵᠢᠯ ᠤᠨ ᠲᠠᠯ᠎ᠠ ᠪᠠᠷ᠂ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠪᠠᠷᠢᠮᠵᠢᠶᠠᠵᠢᠭᠤᠯᠤᠭᠰᠠᠨ ᠰᠤᠷᠭᠠᠭᠤᠯᠢ ᠪᠠ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠪᠠᠭᠤᠷᠠᠢ ᠰᠤᠷᠭᠠᠭᠤᠯᠢ ᠶᠢ ᠦᠭᠡᠷᠡᠴᠢᠯᠡᠬᠦ ᠵᠢᠴᠢ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠰᠢᠨ᠎ᠡ ᠪᠠᠶᠢᠭᠤᠯᠬᠤ ᠦᠭᠡᠷᠡᠴᠢᠯᠡᠨ ᠪᠠᠶᠢᠭᠤᠯᠬᠤ ᠦᠷᠭᠡᠳᠬᠡᠨ ᠪᠠᠶᠢᠭᠤᠯᠬᠤ ᠶᠢ ᠲᠦᠷᠬᠡᠳᠬᠡᠵᠦ᠂ 1 ᠰᠠᠭᠤᠷᠢ ᠦᠨᠳᠦᠰᠦᠳᠡᠨ ᠤ  ᠲᠤᠮᠳᠠᠳᠦ ᠰᠤᠷᠭᠠᠭᠤᠯᠢ ᠶᠢ ᠦᠪᠡᠷᠳᠡᠭᠡᠨ ᠵᠠᠰᠠᠬᠤ ᠤᠷᠤᠨ ᠤ ᠵᠢᠱᠢᠶ᠎ᠡ ᠦᠵᠡᠭᠦᠯᠬᠦ ᠲᠡᠭᠡᠳᠦ ᠲᠤᠮᠳᠠᠳᠦ ᠶᠢᠨ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ︔ ᠤᠯᠠᠭᠠᠨᠬᠠᠳᠠ ᠲᠡᠭᠡᠳᠦ ᠰᠤᠷᠭᠠᠭᠤᠯᠢ ᠶᠢᠨ ᠬᠢᠴᠢᠶᠡᠯ ᠪᠤᠯᠪᠠᠰᠤᠷᠠᠯ ᠤᠨ ᠪᠠᠶᠢᠭᠤᠯᠤᠯᠳᠠ ᠪᠤᠯᠤᠨ ᠴᠢᠳᠠᠪᠦᠷᠢᠳᠠᠨ ᠤᠷᠤᠭᠤᠯᠤᠨ ᠠᠪᠴᠢᠷᠬᠤ ᠬᠦᠮᠦᠵᠢᠭᠦᠯᠬᠦ ᠶᠢ ᠲᠡᠮᠵᠢᠵᠦ᠂ ᠤᠯᠠᠭᠠᠨᠬᠠᠳᠠ ᠶᠢᠨ ᠠᠵᠦ ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠪᠦᠯᠦᠭᠯᠡᠯ ᠎ ᠢ ᠪᠠᠶᠢᠭᠤᠯᠵᠦ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠮᠡᠷᠭᠡᠵᠢᠯ ᠤᠨ ᠠᠵᠢᠯᠳᠠᠨ ᠤ ᠰᠤᠷᠭᠠᠭᠤᠯᠢ ᠨᠢ ᠮᠡᠷᠭᠡᠵᠢᠯᠳᠡᠨ ᠤ ᠲᠡᠭᠡᠳᠦ ᠰᠤᠷᠭᠠᠭᠤᠯᠢ ᠪᠤᠯᠵᠦ ᠲᠡᠰ ᠲᠡᠪᠰᠢᠬᠦ ᠶᠢ ᠪᠡᠶᠡᠯᠡᠭᠦᠯᠦᠨ᠂ ᠦᠪᠦᠷ ᠮᠤᠩᠭᠤᠯ ᠤᠨ ᠵᠡᠭᠦᠨ ᠬᠡᠰᠡᠭ ᠤᠨ ᠠᠵᠢᠯ ᠮᠡᠷᠭᠡᠵᠢᠯ ᠤᠷ᠎ᠠ ᠴᠢᠳᠠᠪᠦᠷᠢ ᠶᠢᠨ ᠶᠡᠷᠦᠩᠬᠡᠶᠢᠯᠡᠭᠰᠡᠨ  ᠰᠤᠷᠴᠦ ᠪᠤᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ︔ ᠲᠤᠮᠳᠠᠳᠦ ᠪᠠᠭ᠎ᠠ ᠰᠤᠷᠭᠠᠭᠤᠯᠢ ᠶᠢᠨ 2013 ᠤᠨ ᠤ ᠰᠤᠷᠭᠠᠭᠤᠯᠢ ᠶᠢᠨ ᠪᠠᠶᠢᠷᠢ ᠶᠢ ᠪᠠᠬᠢᠯᠡᠬᠦ ᠦᠭᠡᠷᠡᠴᠢᠯᠡᠬᠦ ᠢᠨᠵᠧᠨᠧᠷᠢᠩ ᠎ ᠢ ᠪᠡᠶᠡᠯᠡᠭᠦᠯᠦᠨ᠎ᠡ᠃ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠠᠯ᠎ᠠ ᠪᠠᠷ᠂ ᠤᠯᠠᠭᠠᠨᠬᠠᠳᠠ ᠬᠤᠳᠠ ᠤᠷᠤᠨ  ᠎ ᠤ ᠡᠷᠡᠭᠦᠯ ᠬᠠᠮᠠᠭᠠᠯᠠᠯ ᠤᠨ ᠴᠢᠮᠡᠭᠡ ᠵᠠᠩᠬᠢ ᠎ ᠶᠢᠨ ᠲᠠᠪᠴᠠᠩ ᠪᠤᠯᠤᠨ ᠬᠤᠳᠠ ᠰᠢᠶᠠᠨ ᠬᠤᠶᠠᠷ ᠱᠠᠳᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠳᠠ ᠶᠢ ᠰᠠᠶᠢᠳᠦᠷ ᠠᠳᠬᠤᠵᠦ᠂ ᠤᠯᠠᠭᠠᠨᠬᠠᠳᠠ ᠶᠢᠨ ᠲᠡᠭᠡᠳᠦ ᠰᠤᠷᠭᠠᠭᠤᠯᠢ ᠶᠢᠨ ᠬᠠᠷᠢᠶᠠᠳᠦ ᠡᠮᠨᠡᠯᠭᠡ ᠶᠢᠨ ᠬᠤᠷᠢᠶ᠎ᠠ᠂  ᠯᠢᠨᠰᠢ ᠶᠢᠨ ᠡᠮᠨᠡᠯᠭᠡ ᠵᠢᠨ‌ᠬᠤᠷᠢᠶ᠎ᠠ ᠶᠢ ᠠᠯᠢ ᠲᠦᠷᠭᠡᠨ ᠠᠰᠢᠭᠯᠠᠯᠳᠠ ᠳᠤ  ᠤᠷᠤᠭᠤᠯᠤᠨ᠎ᠠ︔ ᠰᠢᠶᠠᠨ ᠤ ᠱᠠᠳᠤᠨ ᠤ  ᠠᠯᠪᠠᠨ ᠠᠴᠠ ᠡᠷᠬᠢᠯᠡᠭᠰᠡᠨ‌ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠬᠡᠪᠴᠢᠶ᠎ᠡ ᠶᠢ ᠦᠷᠭᠡᠳᠬᠡᠨ᠂ ᠲᠠᠷᠢᠶᠠᠯᠠᠬᠤ ᠮᠠᠯᠵᠢᠬᠤ ᠤᠷᠤᠨ ᠪᠤᠯᠤᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠦᠨ᠎ᠡ︔ ᠵᠢᠷᠮᠦᠰᠦᠯᠡᠬᠦ ᠠᠴᠠ ᠡᠮᠦᠨᠡᠬᠢ ᠡᠷᠡᠬᠦᠯ ᠴᠢᠬᠢᠷᠠᠭ ᠤᠨ ᠪᠠᠶᠢᠴᠠᠭᠠᠯᠳᠠ ᠶᠢ ᠤᠯᠤᠰ ᠠᠴᠠ ᠰᠦᠢᠳᠬᠡᠯ ᠬᠤᠷᠢᠶᠠᠬᠤ ᠦᠭᠡᠢ ᠬᠢᠵᠦ ᠦᠭᠬᠦ ᠲᠦᠷᠦᠯ ᠵᠦᠢᠯ ᠢ ᠠᠬᠢᠭᠤᠯᠤᠨ᠎ᠠ᠃ ᠰᠤᠶᠤᠯ ᠪᠡᠶ᠎ᠡ ᠶᠢᠨ ᠲᠠᠮᠢᠷ ᠤᠨ ᠲᠠᠯ᠎ᠠ ᠪᠠᠷ᠂ ᠬᠤᠩ ᠱᠠᠨ ᠰᠤᠶᠤᠯ ᠤᠨ ᠦᠵᠡᠭᠦᠯᠦᠯᠭᠡ ᠶᠢᠨ ᠲᠦᠪ᠂ ᠯᠢᠶᠤᠤ ᠶᠢᠨ ᠲᠡᠭᠡᠳᠦ ᠨᠡᠶᠢᠰᠡᠯᠡᠯ  ᠎ ᠤᠨ ᠤᠯᠤᠰ ᠤᠨ ᠬᠠᠭᠤᠴᠢᠳ ᠢ ᠰᠤᠳᠤᠯᠬᠤ ᠪᠠᠭᠤᠷᠢ ᠶᠢᠨ ᠴᠡᠴᠡᠷᠯᠢᠭ ᠪᠤᠯᠤᠨ ᠡᠯ ᠳ᠋ᠤᠤ ᠵᠢᠩᠽᠢ ᠶᠢᠨ ᠪᠠᠭᠤᠷᠢ ᠶᠢᠨ ᠦᠵᠡᠭᠦᠯᠦᠯᠭᠡ  ᠎ ᠶᠢᠨ ᠤᠷᠳᠤᠨ᠂ ᠪᠦᠬᠦ ᠤᠷᠤᠨ ᠎ ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠲᠠᠯᠠᠪᠤᠷ ᠤᠷᠳᠤᠨ᠂ ᠨᠠᠰᠤᠳᠠᠶᠢᠴᠤᠳ ᠤᠨ ᠰᠤᠶᠤᠯ ᠲᠠᠮᠢᠷ ᠤᠨ ᠠᠵᠢᠯᠯᠠᠭᠠᠨ ᠤ ᠲᠦᠪ᠂ ᠬᠠᠭᠤᠴᠢᠨ ᠬᠤᠳᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠦᠭᠡᠷᠡᠴᠢᠯᠡᠬᠦ ᠵᠡᠷᠭᠡ ᠲᠦᠷᠦᠯ ᠵᠦᠢᠯ ᠢ ᠰᠠᠶᠢᠳᠤᠷ ᠠᠳᠬᠤᠨ᠎ᠠ︔ ᠷᠠᠳᠢᠤ᠋ ᠲᠧᠯᠸᠢᠰ ᠲᠤᠰᠬᠤᠨ ᠪᠦᠷᠢ ᠳᠤ ᠨᠡᠪᠳᠡᠷᠡᠬᠦ᠂ ᠡᠷᠦᠬᠡ ᠪᠦᠷᠢ ᠳᠤ ᠨᠡᠪᠳᠡᠷᠡᠬᠦ᠂ ᠲᠤᠯᠬᠢᠶᠠᠨ ᠤ ᠪᠦᠷᠭᠦᠯᠳᠡ ᠪᠠ ᠬᠦᠳᠡᠭᠡ ᠲᠤᠰᠬᠤᠨ ᠤ ᠺᠢᠨᠤ᠋  ᠭᠠᠷᠭᠠᠬᠤ ᠢᠨᠵᠧᠨᠧᠷᠢᠩ ᠢ ᠨᠠᠶᠢᠳᠠᠪᠦᠷᠢᠵᠢᠭᠤᠯᠵᠦ︔ ᠰᠤᠮᠤ ᠰᠢᠶᠠᠩ ᠪᠠᠯᠭᠠᠰᠦ ᠶᠢᠨ ᠰᠤᠶᠤᠯ ᠤᠨ ᠦᠷᠳᠡᠭᠡᠨ ᠤ ᠪᠦᠬᠦ ᠪᠦᠷᠬᠦᠯᠳᠡ ᠶᠢ ᠪᠡᠶᠡᠯᠡᠭᠦᠯᠦᠨ᠎ᠡ︔ ᠨᠠᠢᠮᠠᠳᠤᠭᠠᠷ ᠬᠤᠭᠤᠴᠠᠭᠠᠨ ᠤ ᠬᠤᠩ ᠱᠠᠨ ᠰᠤᠶᠤᠯ ᠤᠨ ᠨᠠᠶᠢᠷ  ᠵᠢᠴᠢ ᠬᠤᠶᠠᠳᠤᠭᠠᠷ ᠬᠤᠭᠤᠴᠠᠭᠠᠨ ᠤ ᠲᠤᠮᠳᠠᠳᠦ ᠤᠯᠤᠰ ᠤᠨ ᠲᠠᠮᠠᠭᠠᠳᠦ ᠬᠤᠳᠠ ᠶᠢᠨ ᠰᠤᠶᠤᠯ ᠤᠨ ᠨᠠᠶᠢᠷ ᠪᠠ ᠠᠶᠢᠮᠠᠭ ᠢ ᠬᠤᠳᠠ ᠪᠤᠯᠭᠠᠭᠰᠠᠨ 30 ᠵᠢᠯ ᠤᠨ ᠤᠢ ᠶᠢ ᠲᠤᠷᠠᠰᠬᠠᠬᠤ ᠠᠵᠢᠯᠯᠠᠭᠠᠨ ᠢ ᠰᠠᠶᠢᠳᠤᠷ ᠡᠷᠬᠢᠯᠡᠨ᠎ᠡ᠃ ᠭᠤᠷᠪᠠᠳᠤᠭᠠᠷ ᠤᠳᠠᠭᠠᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠤᠷ ᠠᠳᠬᠤᠨ᠎ᠠ᠃    ᠲᠦᠷᠪᠡ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ    ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠨᠢ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠰᠯᠠᠭᠤᠯᠵᠦ᠂ ᠰᠢᠨᠵᠢᠯᠡᠬᠦ ᠤᠬᠠᠭᠠᠨᠴᠢ ᠬᠦᠭᠵᠢᠯᠳᠡ ᠵᠢᠨ‌ᠦᠵᠡᠯᠳᠡ ᠶᠢ ᠭᠦᠨᠵᠡᠭᠡᠢ ᠨᠠᠶᠢᠳᠠᠪᠦᠷᠢᠵᠢᠭᠤᠯᠬᠤ ᠲᠡᠤᠬᠡᠳᠦ ᠡᠭᠦᠷᠭᠡ ᠶᠢ ᠡᠭᠦᠷᠭᠡᠯᠡᠵᠦ᠂ ᠦᠭᠡᠷᠡᠴᠢᠯᠡᠯᠳᠡ  ᠨᠡᠭᠡᠭᠡᠯᠳᠡ ᠶᠢ ᠭᠦᠨᠵᠡᠭᠡᠶᠢᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠷᠬᠢᠮ ᠲᠡᠭᠡᠳᠦ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠶᠤᠮ᠃ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ ᠪᠢᠳᠡ ᠡᠷᠬᠡᠪᠰᠢ ᠵᠠᠰᠠᠭ ᠤᠨ ᠤᠷᠳᠤᠨ ᠤ ᠠᠵᠢᠯ ᠢᠶᠠᠨ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠵᠦ᠂ ᠠᠷᠠᠳ ᠤᠨ ᠲᠦᠯᠦᠭᠡ ᠪᠤᠳᠠᠳᠠᠢ ᠠᠵᠢᠯ ᠬᠢᠬᠦ᠂ ᠠᠷᠢᠭᠤᠨ ᠴᠢᠭᠡᠴᠢ ᠦᠨᠳᠦᠷ  ᠪᠦᠳᠦᠮᠵᠢᠳᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠦᠨ ᠢ ᠪᠠᠶᠢᠭᠤᠯᠬᠤ ᠪᠠᠷ ᠴᠢᠷᠮᠠᠶᠢᠵᠦ᠂ ᠠᠷᠠᠳ ᠲᠦᠮᠡᠨ ᠳᠤ ᠬᠠᠷᠢᠭᠤᠴᠠᠵᠦ᠂ ᠠᠷᠠᠳ ᠲᠦᠮᠡᠨ ᠤ ᠬᠢᠨᠠᠯᠳᠠ ᠶᠢ ᠬᠦᠯᠢᠶᠡᠵᠦ᠂ ᠠᠷᠠᠳ ᠲᠦᠮᠡᠨ ᠳᠤ ᠰᠠᠶᠢᠨ ᠶᠠᠪᠤᠳᠠᠯ ᠬᠢᠵᠦ᠂ ᠠᠷᠠᠳ ᠲᠦᠮᠡᠨ ᠢ ᠬᠠᠨᠤᠮᠵᠢᠳᠠᠢ  ᠪᠤᠯᠭᠠᠨ᠎ᠠ᠃    ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠴᠢᠩᠳᠠᠯᠠᠵᠦ᠂ ᠵᠠᠰᠠᠭ ᠶᠠᠪᠤᠭᠤᠯᠬᠤ ᠦᠢᠯᠡ ᠠᠵᠢᠯᠯᠠᠭ᠎ᠠ ᠪᠠᠨ  ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠦᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠠᠵᠢᠯ ᠬᠢᠬᠦ  ᠎ ᠳᠡᠭᠡᠨ ᠬᠠᠤᠯᠢ ᠶᠢ ᠵᠢᠷᠤᠮᠯᠠᠵᠦ᠂ ᠶᠠᠪᠤᠳᠠᠯ ᠤᠴᠢᠷ ᠲᠤᠬᠢᠶᠠᠯᠳᠤᠪᠠᠯ ᠬᠠᠤᠯᠢ ᠠᠴᠠ ᠡᠷᠢᠵᠦ᠂ ᠠᠰᠠᠭᠤᠳᠠᠯ ᠰᠢᠢᠳᠪᠦᠷᠢᠯᠡᠪᠡᠯ ᠬᠠᠤᠯᠢ ᠬᠡᠷᠡᠭᠯᠡᠵᠦ᠂ ᠵᠦᠷᠢᠴᠡᠯ ᠢ ᠨᠠᠮᠳᠠᠭᠠᠬᠤ ᠳᠤ ᠬᠠᠤᠯᠢ ᠳᠤ ᠲᠦᠰᠢᠭᠯᠡᠬᠦ ᠰᠢᠯᠢᠳᠡᠭ ᠰᠠᠶᠢᠨ ᠬᠠᠤᠯᠢ ᠪᠠᠷ ᠵᠠᠰᠠᠬᠤ ᠤᠷᠴᠢᠨ ᠲᠤᠭᠤᠷᠢᠨ ᠢ ᠪᠤᠢ ᠪᠤᠯᠭᠠᠨ᠎ᠠ᠃ ᠴᠢᠬᠤᠯᠠ ᠶᠡᠭᠡ ᠰᠡᠢᠳᠪᠦᠷᠢᠳᠦ ᠪᠤᠳᠤᠯᠭ᠎ᠠ ᠨᠡᠶᠢᠭᠡᠮ ᠤᠨ ᠲᠤᠭᠳᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠵᠤᠬᠢᠴᠠᠮᠵᠢ ᠶᠢ ᠪᠠᠶᠢᠭᠤᠯᠵᠦ᠂ ᠤᠯᠠᠨ ᠲᠦᠮᠡᠨ ᠤ ᠠᠰᠢᠭ ᠲᠤᠰᠠ ᠲᠠᠢ ᠨᠢᠭᠳᠠ ᠬᠤᠯᠪᠤᠭ᠎ᠠ ᠲᠠᠢ ᠴᠢᠬᠤᠯᠠ ᠶᠡᠭᠡ ᠶᠠᠪᠤᠳᠠᠯ ᠢ ᠲᠤᠭᠳᠠᠭᠠᠬᠤ  ᠎ ᠶᠢ ᠢᠯᠡ ᠨᠡᠶᠢᠳᠡᠯᠡᠬᠦ᠂ ᠰᠠᠨᠠᠯ ᠬᠤᠷᠢᠶᠠᠬᠤ ᠪᠠ ᠭᠡᠷᠡᠴᠢ ᠰᠤᠨᠤᠰᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠬᠠᠮᠰᠡᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠤᠨᠴᠠᠭᠠᠶᠢᠯᠠᠨ ᠲᠦᠰᠦᠪ ᠤᠨ ᠲᠦᠰᠦᠯ ᠪᠠ ᠲᠦᠰᠦᠯ ᠤᠨ ᠬᠦᠢᠴᠡᠳᠬᠡᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠵᠤ᠂ ᠰᠠᠨᠠᠭᠠᠴᠢᠯᠠᠭ᠎ᠠ ᠠᠴᠠ ᠪᠠᠨ ᠤᠯᠤᠰ ᠲᠦᠷᠦ ᠶᠢᠨ ᠵᠦᠪᠯᠡᠯᠭᠡᠨ ᠳᠤ ᠪᠠᠶᠢᠲᠡᠯ ᠢᠶᠠᠨ ᠮᠡᠲᠡᠬᠦᠯᠬᠦ ᠶᠢᠨ ᠬᠠᠮᠲᠤ ᠠᠷᠡᠳᠴᠢᠯᠡᠯ ᠤᠨ ᠬᠢᠨᠠᠯᠲᠠ ᠶᠢ ᠬᠦᠯᠢᠶᠡᠵᠤ ᠂ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠭᠤᠯᠭ᠎ᠠ ᠲᠤᠷᠠᠳᠤᠯᠭ᠎ᠠ ᠶᠢ ᠬᠢᠨᠠᠮᠠᠭᠠᠢ ᠭᠦᠢᠴᠡᠳᠬᠡᠨ᠎ᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠪᠤᠰᠤ ᠬᠦᠮᠦᠰ ᠬᠢᠭᠡᠳ ᠡᠯ᠎ᠡ ᠠᠷᠠᠳ ᠤᠯᠠᠨ ᠤ ᠪᠦᠯᠬᠦᠮ ᠤᠨ ᠰᠠᠨᠠᠯ ᠢ ᠭᠦᠢᠴᠡᠳ ᠰᠤᠨᠤᠰᠴᠦ᠂ ᠰᠤᠨᠢᠨ ᠮᠡᠳᠡᠭᠡ ᠶᠠᠷᠢᠶ᠎ᠠ ᠬᠡᠯᠡᠯᠴᠡᠭᠡᠨ ᠪᠠ ᠨᠡᠶᠢᠭᠡᠮ ᠤᠨ ᠤᠯᠠᠨ ᠨᠡᠶᠢᠳᠡ ᠶᠢᠨ ᠬᠢᠨᠠᠯᠳᠠ ᠶᠢ ᠬᠦᠯᠢᠶᠡᠵᠦ᠂ ᠬᠢᠨᠠᠨ ᠪᠠᠶᠢᠴᠠᠭᠠᠬᠤ ᠬᠢᠨᠠᠨ ᠪᠤᠳᠤᠬᠤ ᠰᠠᠯᠠᠭ᠎ᠠ ᠮᠦᠴᠢᠷ ᠤᠨ ᠬᠠᠤᠯᠢ ᠶᠤᠰᠤᠭᠠᠷ  ᠪᠡᠶ᠎ᠡ ᠪᠠᠨ ᠲᠠᠭᠠᠭᠠᠵᠦ ᠬᠢᠨᠠᠯᠳᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠦ ᠶᠢ ᠲᠡᠮᠵᠢᠨ᠎ᠡ   ᠵᠠᠰᠠᠭ ᠤᠨ ᠤᠷᠳᠤᠨ ᠤ ᠡᠭᠦᠷᠭᠡ ᠴᠢᠳᠠᠪᠦᠷᠢ ᠪᠠᠨ ᠬᠤᠪᠢᠷᠠᠭᠤᠯᠵᠦ᠂ ᠦᠢᠯᠡᠴᠢᠯᠡᠭᠡᠨ ᠤ ᠦᠷ᠎ᠡ ᠪᠦᠳᠦᠮᠵᠢ ᠪᠠᠨ ᠲᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ ᠨᠡᠶᠢᠭᠡᠮ ᠤᠨ ᠬᠠᠮᠢᠶᠠᠷᠤᠯᠳᠠ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠤᠰᠢᠶᠠᠯ ᠤᠨ ᠴᠢᠳᠠᠪᠦ ᠪᠠᠨ ᠴᠢᠩᠳᠠᠯᠠᠵᠦ᠂ ᠨᠡᠩ ᠤᠯᠠᠨ ᠡᠳ᠋ ᠤᠨ ᠵᠠᠰᠠᠭ ᠤᠨ ᠡᠬᠢ ᠪᠠᠶᠠᠯᠢᠭ ᠢ ᠤᠯᠠᠨ ᠨᠡᠶᠢᠳᠡ ᠶᠢᠨ ᠦᠢᠯᠡᠳᠬᠡᠭᠦᠨ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶ᠎ᠡ  ᠬᠡᠪᠴᠢᠶᠡᠨ ᠳᠤ ᠬᠡᠷᠡᠭᠯᠡᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠤᠯᠠᠮ ᠴᠢᠨᠠᠭᠰᠢᠳᠠ ᠴᠡᠪᠡᠷᠯᠡᠨ ᠴᠦᠬᠡᠳᠬᠡᠵᠦ᠂ ᠤᠯᠠᠠ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠪ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠲᠦᠪ᠂ ᠠᠷᠠᠳ ᠲᠤ ᠲᠦᠭᠦᠮ ᠦᠢᠯᠡᠴᠢᠯᠡᠭᠡᠨ ᠤ ᠲᠦᠪ ᠢ ᠲᠦᠷᠭᠡᠭᠡᠨ ᠪᠠᠶᠢᠭᠤᠯᠬᠤ ᠶᠢ ᠠᠬᠢᠭᠤᠯᠵᠦ᠂ ᠤᠯᠠᠨ ᠲᠦᠮᠡᠨ ᠪᠠ ᠦᠨᠳᠦᠰᠦᠨ ᠱᠠᠳᠤᠨ ᠳᠤ ᠲᠦᠭᠦᠮ  ᠲᠦᠳᠡ ᠲᠦᠷᠭᠡᠨ ᠰᠢᠯᠢᠳᠡᠭ ᠦᠢᠯᠡᠴᠢᠯᠡᠬᠡᠨ ᠢ ᠬᠠᠩᠭᠠᠨ᠎ᠠ᠃ ᠰᠤᠨᠢᠨ ᠮᠡᠳᠡᠭᠡ ᠨᠡᠶᠢᠳᠡᠯᠡᠬᠦ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠲᠤᠤᠷᠵᠢᠯ ᠦᠷᠳᠡᠭᠡ ᠵᠡᠷᠭᠡ ᠵᠠᠰᠠᠭ ᠤᠨ ᠤᠷᠳᠤᠨ ᠤ ᠴᠢᠮᠡᠭᠡ ᠵᠠᠩᠬᠢ  ᠎ ᠶᠢ ᠢᠯ᠎ᠡ ᠪᠤᠯᠭᠠᠬᠤ ᠠᠷᠭ᠎ᠠ ᠵᠠᠮ ᠢ ᠦᠷᠭᠡᠳᠬᠡᠵᠦ᠂ ᠤᠯᠠᠨ ᠲᠦᠮᠡᠨ ᠤ ᠠᠮᠢᠳᠤᠷᠠᠯ ᠪᠠ ᠠᠵᠦ ᠠᠬᠤᠢ ᠨᠡᠶᠢᠭᠡᠮ ᠤᠨ ᠠᠵᠢᠯᠯᠠᠭᠠᠨ ᠳᠤ ᠤᠷᠤᠯᠴᠠᠬᠤ ᠳᠤ ᠲᠦᠭᠦᠮ ᠨᠦᠬᠦᠴᠡᠯ ᠢ ᠡᠭᠦᠳᠦᠨ᠎ᠡ᠃ ᠡᠯᠧᠺᠲᠷᠤᠨ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠵᠦ᠂ ᠲᠤᠬᠠᠶᠢᠯᠠᠭᠰᠠᠨ ᠠᠵᠢᠯ ᠤᠨ ᠲᠠᠷᠠᠭᠠᠯᠠᠯ ᠢ ᠵᠢᠷᠤᠮᠵᠢᠭᠤᠯᠤᠨ᠂ ᠵᠠᠰᠠᠭ ᠤᠨ ᠤᠷᠳᠤᠨ ᠤ ᠠᠵᠢᠯ ᠡᠷᠬᠢᠯᠡᠬᠦ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ ᠠᠵᠢᠯ ᠤᠨ ᠡᠷᠬᠢᠯᠳᠡ ᠶᠢᠨ ᠶᠠᠪᠤᠴᠠ ᠶᠢ ᠰᠢᠯᠢᠳᠡᠭᠵᠢᠭᠦᠯᠵᠦ᠂ ᠠᠵᠢᠯᠯᠠᠬᠤ ᠠᠷᠭ᠎ᠠ ᠬᠡᠮᠵᠢᠶ᠎ᠡ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ  ᠵᠤᠬᠢᠴᠠᠭᠤᠯᠤᠨ‌‍ᠰᠡᠢᠳᠪᠦᠷᠢᠯᠡᠨ᠎ᠡ᠃   ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠵᠦ᠂ ᠠᠷᠢᠭᠤᠨ ᠴᠢᠭᠡᠴᠢ ᠲᠦᠷᠢ  ᠲᠦᠷᠬᠦ ᠶᠢ ᠪᠤᠢ ᠪᠤᠯᠭᠠᠨ᠎ᠠ᠃ ᠲᠦᠪ ᠬᠤᠷᠢᠶᠠᠨ ᠤ 2013—2017 ᠤᠨ ᠬᠦᠷᠳᠡᠯᠡᠬᠢ ᠰᠢᠳᠬᠡᠬᠦ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠳᠠ ᠶᠢᠨ ᠡᠯ᠎ᠡ ᠵᠦᠢᠯ ᠤᠨ ᠬᠠᠷᠠᠯᠳᠠ ᠶᠢᠨ ᠡᠭᠦᠷᠭᠡ ᠪᠠᠨ ᠴᠢᠩᠭ᠎ᠠ ᠨᠠᠶᠢᠳᠠᠪᠦᠷᠢᠵᠢᠭᠤᠯᠵᠦ᠂ ᠬᠦᠮᠦᠨ ᠤ ᠡᠷᠬᠡ᠂ ᠡᠳ᠋ ᠤᠨ ᠡᠷᠬᠡ᠂ ᠶᠠᠪᠤᠳᠠᠯ ᠤᠨ ᠡᠷᠬᠡ᠂ ᠰᠤᠶᠢᠳᠬᠡᠯ ᠬᠤᠷᠢᠶᠠᠬᠤ ᠡᠷᠬᠡ ᠶᠢ ᠡᠵᠡᠮᠳᠡᠵᠦ ᠪᠠᠶᠢᠭ᠎ᠠ ᠰᠠᠯᠠᠭ᠎ᠠ ᠮᠦᠴᠢᠷ ᠵᠢᠴᠢ ᠠᠰᠠᠭᠤᠳᠠᠯ ᠬᠢᠯᠪᠠᠷᠬᠠᠨ ᠭᠠᠷᠳᠠᠭ ᠵᠠᠩᠬᠢᠯᠭ᠎ᠠ ᠳᠤ ᠴᠢᠭᠡᠴᠢ ᠵᠠᠰᠠᠭ ᠤᠨ ᠲᠦᠭᠰᠢᠭᠦᠷᠢ ᠶᠢᠨ ᠰᠡᠷᠭᠡᠶᠢᠯᠡᠨ ᠬᠤᠷᠢᠭᠯᠠᠬᠤ ᠠᠵᠢᠯ ᠢ ᠴᠢᠨᠠᠭᠰᠠᠳᠠ ᠭᠦᠨᠵᠡᠭᠡᠶᠢᠷᠡᠭᠦᠯᠵᠦ᠂ ᠲᠦᠷᠢᠮ ᠲᠤᠭᠳᠠᠭᠠᠯ ᠤᠨ ᠪᠠᠶᠢᠭᠤᠯᠤᠯᠳᠠ ᠪᠠᠨ ᠴᠢᠩᠭᠠᠳᠬᠠᠵᠦ᠂ ᠬᠦᠮᠦᠵᠢᠭᠦᠯᠬᠦ ᠬᠢᠨᠠᠯᠳᠠ ᠲᠠᠯᠪᠢᠬᠤ ᠬᠦᠴᠦᠯᠡᠴᠡ ᠪᠠᠨ ᠶᠡᠬᠡᠰᠭᠡᠨ᠎ᠡ᠃ ᠠᠷᠠᠳᠴᠢᠯᠡᠯ ᠲᠦᠪᠯᠡᠷᠡᠯ ᠤᠨ ᠡᠯ᠎ᠡ ᠵᠦᠢᠯ ᠤᠨ ᠲᠤᠭᠳᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠢ ᠦᠨᠡᠯᠡᠨ ᠬᠢᠨᠠᠬᠤ᠂ ᠶᠡᠭᠡ ᠨᠤᠷᠮᠠᠳᠦ ᠪᠡᠯᠡ ᠮᠦᠩᠭᠦ ᠶᠢ ᠲᠤᠬᠢᠷᠠᠭᠤᠯᠬᠤ ᠪᠠ ᠴᠢᠬᠤᠯᠠ ᠶᠡᠭᠡ ᠰᠡᠢᠳᠪᠦᠷᠢᠳᠦ ᠪᠤᠳᠤᠯᠭ᠎ᠠ ᠶᠢᠨ ᠤᠴᠢᠷ ᠶᠠᠪᠤᠳᠠᠯ ᠢ ᠬᠠᠮᠳᠦᠪᠡᠷ ᠰᠤᠳᠤᠯᠬᠤ ᠶᠢ ᠪᠠᠷᠢᠮᠳᠠᠯᠠᠨ᠎ᠠ᠃ ᠠᠷᠪᠢᠯᠠᠵᠦ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠬᠦ  ᠠᠵᠢᠯᠯᠠᠭᠠᠨ ᠢ ᠶᠡᠬᠡᠪᠡᠷ ᠦᠷᠨᠢᠭᠦᠯᠵᠦ᠂ ︽ᠭᠤᠷᠪᠠᠨ ᠠᠯᠪᠠᠨ︾ ᠵᠠᠷᠤᠳᠠᠯ ᠢ ᠴᠢᠩᠭ᠎ᠠ ᠬᠢᠵᠠᠭᠠᠷᠯᠠᠨ᠎ᠠ᠃ ᠭᠠᠮᠰᠢᠭ ᠠᠴᠠ ᠠᠪᠤᠷᠠᠬᠤ᠂ ᠨᠡᠶᠢᠭᠡᠮ ᠤᠨ ᠪᠠᠳᠤᠯᠠᠭ᠎ᠠ᠂ ᠶᠠᠳᠠᠭᠤ ᠶᠢ ᠲᠡᠳᠬᠦᠬᠦ᠂ ᠤᠷᠤᠨ ᠰᠠᠭᠤᠴᠠ ᠶᠢᠨ  ᠨᠡᠶᠢᠳᠡ ᠶᠢᠨ ᠬᠤᠷᠠᠮᠳᠤᠯ  ᠎ ᠤᠨ ᠮᠦᠩᠭᠦ ᠵᠡᠷᠭᠡ ᠴᠢᠬᠤᠯᠠ ᠪᠡᠯᠡ ᠮᠦᠩᠭᠦᠨ ᠤ ᠬᠢᠨᠠᠨ ᠪᠤᠳᠤᠯᠳᠠ ᠶᠢ ᠴᠢᠩᠭᠠᠳᠬᠠᠵᠦ᠂ ᠡᠬᠢ ᠪᠠᠶᠠᠯᠢᠭ ᠨᠡᠬᠡᠭᠡᠨ ᠠᠰᠢᠭᠯᠠᠬᠤ᠂ ᠭᠠᠵᠠᠷ ᠰᠢᠷᠦᠢ ᠬᠤᠳᠠᠯᠳᠤᠬᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠬᠢᠬᠦ᠂ ᠦᠮᠴᠢᠯᠡᠯ ᠤᠨ ᠡᠷᠬᠡ  ᠠᠷᠠᠯᠵᠢᠶᠠᠯᠠᠬᠤ᠂ ᠡᠮ ᠬᠤᠳᠠᠯᠳᠤᠨ ᠠᠪᠬᠤ ᠪᠤᠷᠤᠯᠠᠭᠤᠯᠬᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠡᠷᠭᠡ ᠭᠤᠤᠯᠳᠠᠯᠭᠠᠳᠠᠢ ᠬᠦᠷᠢᠶ᠎ᠡ ᠬᠡᠪᠴᠢᠶᠡᠨ ᠤ ᠬᠢᠨᠠᠯᠳᠠ ᠬᠠᠮᠢᠶᠠᠷᠤᠯᠳᠠ ᠶᠢ ᠴᠢᠩᠳᠠᠯᠠᠵᠦ᠂ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠲᠤᠮᠳᠠᠬᠢ ᠬᠤᠶᠢᠨᠠᠬᠢ ᠬᠢᠨᠠᠯᠳᠠ ᠦᠨᠡᠯᠡᠯᠳᠡ  ᠪᠠ ᠠᠵᠢᠯ ᠤᠨ ᠪᠦᠳᠦᠮᠵᠢ ᠶᠢ ᠮᠦᠷᠳᠡᠨ ᠯᠠᠪᠯᠠᠬᠤ ᠬᠦᠴᠦᠯᠡᠴᠡ ᠪᠠᠨ ᠨᠡᠮᠡᠭᠳᠡᠭᠦᠯᠵᠦ᠂ ᠬᠠᠤᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠡᠢᠳᠪᠦᠷᠢᠯᠡᠨ᠎ᠡ᠃   ᠠᠵᠢᠯᠯᠠᠬᠤ ᠰᠤᠷᠳᠠᠯ ᠢᠶᠠᠨ ᠰᠠᠶᠢᠵᠢᠷᠠᠭᠤᠯᠵᠦ᠂ ᠤᠯᠠᠨ ᠲᠦᠮᠡᠨ ᠲᠠᠢ ᠨᠢᠭᠳᠠ ᠬᠠᠷᠢᠯᠴᠠᠨ᠎ᠠ᠃ ᠠᠵᠢᠯᠯᠠᠬᠤ ᠰᠤᠷᠳᠠᠯ ᠢᠶᠠᠨ ᠴᠢᠨᠠᠭᠰᠢᠳᠠ ᠰᠠᠶᠢᠵᠢᠷᠠᠭᠤᠯᠵᠦ᠂ ᠤᠯᠠᠨ ᠲᠦᠮᠡᠨ ᠲᠠᠢ ᠨᠢᠭᠳᠠ ᠬᠠᠷᠢᠯᠴᠠᠬᠤ ᠲᠤᠬᠠᠢ ᠲᠦᠪ ᠬᠤᠷᠢᠶᠠᠨ ᠤ ᠨᠠᠢᠮᠠᠨ ᠲᠤᠭᠳᠠᠭᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠪᠠᠶᠢᠴᠠᠭᠠᠨ ᠰᠤᠳᠤᠯᠤᠯᠳᠠ ᠶᠢ ᠬᠦᠨᠵᠡᠭᠡᠢ ᠦᠷᠨᠢᠭᠦᠯᠵᠦ᠂ ᠬᠦᠴᠢᠷᠳᠡᠯ ᠪᠠ ᠵᠦᠷᠢᠴᠡᠯ  ᠲᠦᠪᠯᠡᠷᠡᠵᠦ ᠪᠠᠶᠢᠬᠤ ᠤᠨ ᠤᠯᠠᠨ ᠲᠦᠮᠡᠨ ᠤ ᠰᠠᠨᠠᠯ ᠶᠡᠭᠡ ᠪᠠᠶᠢᠬᠤ ᠭᠠᠵᠠᠷ ᠢᠯᠡᠭᠦᠦ ᠤᠴᠢᠵᠦ᠂ ᠦᠨᠡᠨ ᠪᠤᠳᠠᠳᠦ ᠪᠠᠶᠢᠳᠠᠯ ᠢ ᠤᠶᠢᠯᠠᠭᠠᠨ᠂  ᠪᠤᠳᠠᠳᠦ ᠠᠰᠠᠭᠤᠳᠠᠯ ᠢ ᠰᠡᠢᠳᠪᠦᠷᠢᠯᠡᠵᠦ᠂ ᠬᠡᠯᠪᠡᠷᠢ ᠶᠢᠨ ᠦᠵᠡᠯ ᠪᠠ ᠨᠤᠶᠠᠨᠴᠢ ᠰᠤᠷᠳᠠᠯ ᠢ ᠡᠷᠡᠰ ᠲᠡᠪᠴᠢᠨ᠎ᠡ᠂ ᠬᠤᠷᠠᠯ ᠴᠤᠭᠯᠠᠭᠠᠨ ᠪᠠ ᠪᠢᠴᠢᠭ ᠮᠠᠲ᠋ᠧᠷᠢᠶᠠᠯ ᠲᠤᠪᠴᠢ ᠮᠡᠳᠡᠭᠡ ᠶᠢ ᠴᠦᠬᠡᠳᠬᠡᠵᠦ᠂ ᠬᠤᠷᠠᠯ ᠤᠨ ᠰᠤᠷᠳᠠᠯ ᠪᠠ ᠮᠠᠲ᠋ᠧᠷᠢᠶᠠᠯ ᠤᠨ ᠰᠤᠷᠳᠠᠯ ᠢ ᠦᠨᠡᠩᠬᠦ ᠰᠠᠶᠢᠵᠢᠷᠠᠭᠤᠯᠤᠨ᠎ᠠ᠃ ᠵᠠᠰᠠᠭ ᠤᠨ ᠤᠷᠳᠤᠨ ᠤ  ᠠᠮᠵᠢᠯᠳᠠ ᠪᠦᠳᠦᠮᠵᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠪᠦᠬᠦ ᠲᠠᠯ᠎ᠠ ᠶᠢᠨ ᠦᠵᠡᠯᠳᠡ ᠪᠠ ᠡᠭᠦᠷᠭᠡ ᠬᠠᠷᠢᠭᠤᠴᠠᠯᠭᠠᠳᠦ  ᠦᠵᠡᠯᠳᠡ ᠶᠢ ᠪᠠᠳᠦ ᠪᠠᠬᠢ ᠪᠤᠢ ᠪᠤᠯᠭᠠᠵᠦ᠂ ᠵᠤᠷᠢᠭᠳᠠᠢ ᠬᠠᠷᠢᠭᠤᠴᠠᠵᠦ᠂ ᠵᠤᠷᠢᠭᠳᠠᠢ ᠡᠭᠦᠷᠭᠡᠯᠡᠨ᠂ ᠦᠨᠡᠩᠬᠦ ᠠᠳᠬᠤᠨ ᠪᠤᠳᠠᠳᠠᠢ  ᠎ ᠪᠠᠷ ᠠᠵᠢᠯᠯᠠᠵᠦ᠂ ᠭᠤᠤᠯᠳᠠᠯᠭᠠᠳᠠᠢ ᠠᠵᠢᠯ ᠢ ᠬᠡᠯᠡᠪᠡᠯ ᠮᠠᠷᠳᠠᠬᠤ ᠦᠭᠡᠢ᠂ ᠰᠡᠯᠳᠦᠵᠦ ᠰᠤᠯᠠᠷᠠᠬᠤ ᠦᠭᠡᠢ᠂ ᠲᠤᠤᠱᠳᠠᠢ ᠠᠳᠬᠤᠵᠦ᠂ ᠠᠮᠵᠢᠯᠳᠠ ᠭᠠᠷᠳᠠᠯ᠎ᠠ ᠠᠳᠬᠤᠨ᠎ᠠ᠃ ᠲᠦᠷᠦ ᠶᠢᠨ ᠠᠯᠪᠠᠴᠢᠨ ᠤ ᠡᠩᠨᠡᠭᠡ ᠪᠠ ᠪᠠᠶᠢᠭᠤᠯᠭ᠎ᠠ ᠶᠢᠨ ᠰᠤᠷᠳᠠᠯ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠶᠡᠷᠤᠮᠳᠡᠭ ᠵᠠᠯᠬᠠᠭᠤ ᠪᠦᠷᠢᠯᠭᠡᠨ ᠰᠤᠶᠢᠳᠬᠡᠳᠡᠭ  ᠵᠡᠷᠭᠡ ᠲᠦᠪ ᠪᠤᠰᠤ ᠰᠤᠷᠳᠠᠯ ᠢ ᠴᠡᠭᠴᠡᠯᠡᠵᠦ᠂ ᠠᠷᠢᠭᠤᠨ ᠴᠢᠭᠡᠴᠢ ᠲᠦᠪ ᠭᠤᠤᠯᠴᠢ᠂ ᠠᠵᠢᠯ ᠬᠢᠵᠦ ᠦᠢᠯᠡᠰ ᠪᠦᠳᠦᠭᠡᠬᠦ ᠬᠦᠭᠵᠢᠯᠳᠡ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃   ᠲᠦᠯᠦᠭᠡᠯᠡᠭᠴᠢᠳ ᠡ᠂ ᠤᠯᠠᠭᠠᠨᠬᠠᠳᠠ ᠶᠢᠨ ᠬᠦᠭᠵᠢᠯᠳᠡ ᠨᠢ ᠨᠢᠭᠡᠨᠳᠡ ᠰᠢᠨ᠎ᠡ ᠡᠬᠢᠯᠡᠯᠳᠡ  ᠎ ᠳᠤ ᠤᠷᠤᠵᠦ᠂ ᠰᠢᠨ᠎ᠡ ᠱᠠᠳᠤᠨ ᠳᠤ  ᠲᠠᠪᠰᠢᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ  ᠡᠭᠦᠷᠭᠡ ᠬᠠᠷᠢᠭᠤᠴᠠᠯᠭ᠎ᠠ ᠲᠤᠩ ᠬᠦᠨᠳᠦ ᠮᠦᠷᠳᠡᠭᠡᠨ ᠢᠷᠡᠭᠤ ᠠᠯᠳᠠᠷᠳᠠᠢ ᠠᠭᠤᠤ ᠶᠡᠭᠡ ᠶᠤᠮ᠃ ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠠ᠂ ᠵᠤᠷᠢᠭ ᠰᠠᠨᠠᠭ᠎ᠠ ᠪᠠᠨ ᠨᠡᠩ ᠬᠦᠪᠴᠢᠯᠡᠵᠦ᠂ ᠵᠤᠷᠢᠭᠳᠠᠢ ᠪᠠᠷ ᠤᠷᠤᠭᠰᠢᠯᠠᠨ᠂ ᠰᠡᠳᠬᠢᠯ ᠪᠠᠨ ᠨᠢᠬᠡᠳᠬᠡᠵᠦ ᠬᠦᠴᠦᠨ ᠢᠶᠠᠨ ᠬᠠᠮᠲᠤᠳᠬᠠᠵᠤ᠂ ᠢᠯᠡᠯᠳᠡ ᠶᠢᠨ ᠡᠷᠴᠢᠨ ᠲᠡᠭᠡᠷ᠎ᠡ ᠪᠠᠨ ᠲᠠᠪᠰᠢᠵᠦ᠂ ᠠᠵᠦ ᠠᠬᠤᠢ ᠬᠦᠭᠵᠢᠭᠰᠡᠨ᠂ ᠰᠤᠶᠤᠯ ᠭᠡᠭᠡᠷᠡᠯ ᠴᠡᠴᠡᠭᠯᠡᠭᠰᠡᠨ᠂ ᠠᠷᠠᠳ ᠲᠦᠮᠡᠨ ᠠᠵᠠ ᠵᠢᠷᠭᠠᠯᠳᠠᠢ ᠦᠵᠡᠰᠭᠦᠯᠡᠩᠳᠦ ᠰᠠᠶᠢᠬᠠᠨ ᠤᠯᠠᠭᠠᠨᠬᠠᠳᠠ ᠶᠢ ᠪᠦᠳᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠰᠤᠭᠡᠢ︕
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ