| 2013 ᠣᠨ ᠤ ᠵᠠᠰᠠᠭ ᠤᠨ ᠤᠷᠲᠤᠨ ᠤ ᠠᠵᠢᠯ ᠤᠨ ᠢᠯᠡᠳᠬᠡᠯ | | 2013 ᠤᠨ ᠤ 1 ᠰᠠᠷ᠎ᠠ ᠶᠢᠨ 7 ᠤ ᠡᠲᠦᠷ ᠤᠯᠠᠭᠠᠨᠬᠠᠲᠠ ᠬᠤᠲᠠ ᠶᠢᠨ ᠵᠢᠷᠭᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠠᠩᠬᠠᠲᠤᠭᠠᠷ ᠬᠤᠷᠠᠯᠲᠤᠭᠠᠨ ᠲᠡᠭᠡᠷ᠎ᠡ | | ᠬᠤᠳᠠ ᠶᠢᠨ ᠲᠠᠷᠤᠭ᠎ᠠ ᠪᠤᠤ ᠮᠠᠨᠳᠠ | ᠲᠦᠯᠦᠬᠡᠯᠡᠭᠴᠢᠳ ᠡ᠄ | ᠤᠲᠤ ᠪᠢ ᠬᠤᠲᠠ ᠶᠢᠨ ᠵᠠᠰᠠᠭ ᠤᠨ ᠤᠷᠲᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠡᠨ ᠵᠦᠪᠯᠡᠬᠦ ᠪᠤᠯᠪᠠᠤ᠂ ᠬᠤᠲᠠ ᠶᠢᠨ | ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠰᠤᠯᠠ ᠤᠷᠤᠯᠴᠠᠭᠰᠠᠨ ᠨᠦᠬᠦᠳ ᠰᠠᠨᠠᠯ ᠢᠶᠠᠨ ᠲᠤᠷᠠᠲᠤᠭᠠᠷᠠᠢ᠃ | ᠨᠢᠬᠡ᠂ ᠦᠩᠬᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠬᠦᠯᠦᠯ | ᠬᠤᠲᠠ ᠶᠢᠨ ᠲᠠᠪᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠲᠤᠭᠠᠷ ᠬᠤᠷᠠᠯᠲᠤᠭᠠᠨ ᠠᠴᠠ ᠨᠠᠰᠢᠬᠢ ᠲᠠᠪᠤᠨ ᠵᠢᠯ | ᠪᠤᠯ ᠮᠠᠨ ᠤ ᠬᠤᠲᠠ ᠶᠢᠨ ᠬᠦᠭᠵᠢᠯᠲᠡ ᠶᠢᠨ ᠶᠠᠪᠤᠴᠠ ᠲᠤᠮᠲᠡᠬᠢ ᠲᠤᠶᠢᠯ ᠤᠨ ᠶᠡᠷᠦ ᠪᠤᠰᠤ ᠶᠢᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ ᠬᠤᠳᠠ ᠶᠢᠨ | ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠪᠠ ᠬᠤᠳᠠ ᠶᠢᠨ ᠠᠷᠠᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ | ᠬᠢᠨᠠᠯᠳᠠ ᠲᠡᠮᠵᠢᠯᠭᠡ ᠲᠤᠤᠷ᠎ᠠ᠂ ᠬᠤᠳᠠ ᠶᠢᠨ ᠵᠠᠰᠠᠭ ᠤᠨ ᠤᠷᠳᠤᠨ ᠪᠦᠬᠦ ᠬᠤᠳᠠ ᠶᠢᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠵᠦ᠂ | ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ | ᠬᠦᠴᠢᠷ ᠢ ᠢᠯᠠᠵᠦ ᠪᠤᠭᠤᠮᠳᠠ ᠶᠢ ᠲᠠᠪᠠᠨ᠂ ᠤᠮᠤᠭ ᠵᠤᠷᠢᠭ ᠲᠡᠭᠦᠯᠳᠡᠷ᠂ ᠡᠷᠡᠯᠬᠡᠭᠯᠡᠨ ᠴᠢᠷᠮᠠᠶᠢᠭᠰᠠᠨ ᠵᠤᠷᠢᠭ ᠰᠠᠨᠠᠭ᠎ᠠ ᠪᠠᠷ᠂ ᠤᠯᠤᠰ ᠤᠨ ᠲᠤᠲᠤᠭᠠᠲᠤ ᠭᠠᠲᠠᠭᠠᠲᠤ | ᠶᠢᠨ ᠲᠦᠪᠡᠭ ᠪᠤᠲᠤᠯᠢᠶᠡᠨ ᠲᠠᠢ ᠪᠠᠶᠢᠲᠡᠯ ᠢ ᠪᠦᠳᠦᠮᠵᠢᠲᠠᠢ ᠠᠷᠭᠠᠴᠠᠵᠦ᠂ ᠬᠤᠳᠠ ᠶᠢᠨ ᠡᠯ᠎ᠠ ᠵᠦᠢᠯ ᠶᠢᠨ ᠨᠦᠯᠦᠭᠡ ᠶᠢ ᠢᠳᠡᠪᠬᠢᠲᠠᠢ ᠨᠠᠮᠠᠳᠬᠠᠵᠦ᠂ ᠭᠠᠨᠭ᠌ | ᠬᠠᠭᠤᠷᠠᠢ᠂ ᠦᠶᠡᠷ ᠤᠰᠤ᠂ ᠴᠠᠰᠤ ᠰᠢᠭᠤᠷᠭ᠎ᠠ ᠵᠡᠷᠭᠡ ᠤᠯᠠᠨ ᠵᠦᠢᠯ ᠤᠨ ᠪᠠᠶᠢᠭᠠᠯᠢ ᠶᠢᠨ ᠭᠠᠮᠰᠢᠭ ᠢ ᠢᠯᠠᠨ ᠲᠠᠪᠠᠵᠦ᠂ ᠠᠵᠤ ᠠᠬᠤᠢ ᠨᠡᠶᠢᠬᠡᠮ ᠤᠨ ᠬᠦᠭᠵᠢᠯᠲᠡ | ᠶᠢᠨ ᠰᠢᠨ᠎ᠡ ᠦᠰᠦᠷᠦᠯᠲᠠ ᠪᠠ ᠭᠤᠤᠯᠲᠠᠯᠭᠠᠲᠡᠢ ᠬᠦᠷᠢᠶ᠎ᠡ ᠬᠡᠪᠴᠢᠶᠡᠨ ᠳᠠᠬᠢ ᠰᠢᠨ᠎ᠡ ᠰᠢᠪᠲᠤᠯᠤᠯᠲᠠ ᠶᠢ ᠪᠡᠶᠡᠯᠡᠬᠦᠯᠦᠭᠰᠡᠨ ᠰᠠᠶᠢᠨ ᠪᠠᠶᠢᠲᠠᠯ ᠢ ᠡᠬᠦᠳᠪᠡ᠃ | ︵ᠨᠢᠬᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠤᠲᠠᠲᠤ ᠬᠦᠴᠦᠨ ᠤ ᠰᠢᠨ᠎ᠡ ᠦᠰᠦᠷᠦᠯᠲᠠ ᠶᠢ ᠪᠡᠶᠡᠯᠡᠬᠦᠯᠪᠡ᠃ ᠭᠠᠵᠠᠷ ᠣᠷᠤᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ 2007 ᠤᠨ ᠳᠤ 638.2 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 2012 ᠤᠨ ᠳᠤ 1568 ᠳ᠋ᠦᠩᠰᠢᠭᠤᠷ ᠲᠦᠬᠦᠷᠢᠭ ᠪᠤᠯᠵᠤ | ᠨᠡᠮᠡᠭᠲᠡᠨ᠂ ᠵᠢᠯ ᠳᠤ ᠲᠤᠮᠲᠠᠴᠢ ᠪᠠᠷ 16% ᠪᠠᠷ ᠨᠡᠮᠡᠭᠲᠡᠪᠡ᠃ ᠬᠦᠮᠦᠨ ᠪᠦᠷᠢ ᠶᠢᠨ ᠲᠤᠮᠲᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 14432 ᠲᠦᠬᠦᠷᠢᠭ | ᠪᠠᠶᠢᠭᠰᠡᠨ ᠠᠴᠠ ᠪᠠᠨ37000 ᠲᠦᠬᠦᠷᠢᠭ ᠪᠤᠯᠵᠤ ᠨᠡᠮᠡᠭᠲᠡᠨ᠂ ᠪᠦᠬᠦ ᠤᠯᠤᠰ ᠤᠨ ᠲᠤᠮᠲᠡᠴᠢ ᠲᠦᠪᠰᠢᠨ ᠳᠤ ᠤᠶᠢᠷᠡᠲᠤᠵᠡᠢ᠃ ᠭᠤᠷᠪᠡᠨ ᠠᠵᠤ ᠦᠢᠯᠡᠰ ᠤᠨ | ᠬᠠᠷᠢᠴᠠᠯ 19᠄ 45᠄ 36 ᠪᠠᠶᠢᠭᠰᠡᠨ ᠠᠴᠠ ᠪᠠᠨ 15᠄ 56᠄ 29 ᠪᠤᠯᠪᠠ᠃ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 57.2 | ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 139 ᠳ᠋ᠦᠩᠰᠢᠭᠤᠷ ᠲᠦᠬᠦᠷᠢᠭ ᠪᠤᠯᠵᠤ ᠨᠡᠮᠡᠭᠲᠡᠨ᠂ ᠵᠢᠯ ᠪᠦᠷᠢ ᠲᠤᠮᠲᠡᠴᠢ ᠪᠠᠷ 19.4% ᠪᠠᠷ ᠨᠡᠮᠡᠭᠲᠡᠪᠡ᠃ | ᠤᠷᠤᠨ ᠨᠤᠲᠤᠭ ᠤᠨ ᠤᠯᠠᠨ ᠨᠡᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 118 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 300 | ᠳ᠋ᠦᠩᠰᠢᠭᠤᠷ ᠲᠦᠬᠦᠷᠢᠭ ᠠᠴᠠ ᠲᠡᠬᠡᠭᠰᠢ ᠪᠤᠯᠵᠤ᠂ ᠵᠢᠯ ᠳᠤ ᠲᠤᠮᠲᠡᠴᠢ ᠪᠠᠷ 20.5% ᠪᠠᠷ ᠨᠡᠮᠡᠭᠲᠡᠪᠡ᠃ 50 ᠲᠦᠮᠡᠨ ᠲᠦᠬᠦᠷᠢᠭ ᠠᠴᠠ ᠲᠡᠬᠡᠭᠰᠢᠬᠢ ᠲᠤᠭᠲᠠᠮᠠᠯ | ᠬᠦᠷᠦᠩᠬᠡ ᠶᠢᠨ ᠪᠡᠯᠡ ᠤᠷᠤᠭᠤᠯᠤᠯᠲᠡ ᠨᠡᠶᠢᠲᠡ 4412 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠵᠢᠯ ᠳᠤ ᠲᠤᠮᠲᠡᠴᠢ ᠪᠠᠷ 26% ᠪᠠᠷ ᠨᠡᠮᠡᠭᠲᠡᠪᠡ᠃ | ᠨᠡᠶᠢᠬᠡᠮ ᠤᠨ ᠬᠡᠷᠡᠭᠯᠡᠬᠡᠨ ᠤ ᠰᠤᠯᠡ ᠪᠠᠷ ᠬᠤᠲᠡᠯᠲᠤᠭᠰᠠ ᠶᠡᠷᠦᠩᠬᠡᠢ ᠨᠤᠷᠮ᠎ᠠ 196.3 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 473 ᠳ᠋ᠦᠩᠰᠢᠭᠤᠷ | ᠲᠦᠬᠦᠷᠢᠭ ᠪᠤᠯᠵᠤ ᠨᠡᠮᠡᠭᠲᠡᠨ᠂ ᠵᠢᠯ ᠳᠤ ᠲᠤᠮᠲᠠᠴᠢ ᠪᠠᠷ 19.2% ᠪᠠᠷ ᠨᠡᠮᠡᠭᠲᠡᠪᠡ᠃ ᠬᠤᠲᠠ ᠪᠠᠯᠭᠠᠰᠤᠨ ᠤ ᠰᠠᠭᠤᠭᠠᠯᠢ ᠠᠷᠡᠳ ᠤᠨ ᠬᠦᠮᠦᠨ ᠪᠦᠷᠢ ᠶᠢᠨ | ᠲᠤᠮᠲᠡᠴᠢ ᠵᠠᠷᠤᠴᠠᠭᠤᠯᠵᠤ ᠪᠤᠯᠬᠤ ᠤᠷᠤᠯᠭ᠎ᠠ 10032 ᠲᠦᠬᠦᠷᠢᠭ ᠪᠠᠶᠢᠭᠰᠡᠨ ᠠᠴᠠ ᠪᠠᠨ 18880 ᠲᠦᠬᠦᠷᠢᠭ ᠪᠤᠯᠵᠤ ᠨᠡᠮᠡᠭᠲᠡᠨ᠂ ᠲᠠᠷᠢᠶᠡᠴᠢᠳ ᠮᠠᠯᠴᠢᠳ | ᠤᠨ ᠬᠦᠮᠦᠨ ᠪᠦᠷᠢ ᠶᠢᠨ ᠲᠤᠮᠲᠡᠴᠢ ᠴᠡᠪᠡᠷ ᠤᠷᠤᠯᠭ᠎ᠠ 3681 ᠲᠦᠬᠦᠷᠢᠭ ᠪᠠᠶᠢᠭᠰᠡᠨ ᠠᠴᠠ ᠪᠠᠨ 7060 ᠲᠦᠬᠦᠷᠢᠭ ᠪᠤᠯᠵᠤ ᠨᠡᠮᠡᠭᠲᠡᠵᠤ᠂ ᠵᠢᠯ ᠳᠤ ᠲᠤᠮᠲᠡᠴᠢ | ᠪᠠᠷ ᠲᠤᠰᠪᠤᠷᠢ 13.5% ᠪᠠ 13.9% ᠪᠠᠷ ᠨᠡᠮᠡᠭᠲᠡᠪᠡ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠰᠢᠨ᠎ᠡ ᠱᠠᠲᠤᠨ ᠳᠤ ᠤᠷᠤᠪᠠ᠃ ᠨᠢᠬᠡ ᠪᠦᠯᠦᠭ ᠲᠤᠮᠤ ᠲᠦᠷᠦᠯ ᠵᠦᠢᠯ ᠢ ᠪᠦᠲᠦᠬᠡᠨ ᠪᠠᠶᠢᠭᠤᠯᠵᠤ | ᠠᠰᠢᠭᠯᠠᠯᠲᠠ ᠳᠤ ᠤᠷᠤᠭᠤᠯᠵᠤ᠂ ᠨᠢᠬᠡ ᠪᠦᠯᠦᠭ ᠲᠤᠮᠤ ᠠᠵᠤ ᠠᠬᠤᠶᠢᠯᠠᠯ ᠬᠦᠴᠦᠷᠬᠡᠭᠵᠢᠨ ᠪᠤᠵᠠᠭᠠᠶᠢᠷᠡᠨ᠂ ᠨᠢᠬᠡ ᠪᠦᠯᠦᠭ ᠠᠵᠤ ᠦᠢᠯᠡᠳᠪᠦᠷᠢ ᠶᠢᠨ ᠬᠦᠷᠢᠶᠡᠯᠡᠩ | ᠲᠤᠭᠤᠷᠢᠭ ᠲᠡᠰ ᠲᠡᠪᠰᠢᠨ ᠲᠡᠬᠡᠭᠰᠢᠯᠡᠵᠦ᠂ ᠭᠤᠤᠯᠲᠠᠯᠭᠠᠲᠠᠢ ᠠᠵᠤ ᠦᠢᠯᠡᠰ ᠤᠨ ᠲᠠᠪᠠᠭᠤᠯᠢᠭ ᠨᠡᠩ ᠢᠯᠡᠷᠬᠡᠢ ᠪᠤᠯᠵᠤ᠂ ᠠᠵᠤ ᠦᠢᠯᠡᠳᠪᠦᠷᠢ ᠶᠢᠨ ᠭᠤᠤᠯᠯᠠᠬᠤ | ᠪᠠᠶᠢᠷᠢ ᠰᠠᠭᠤᠷᠢ ᠤᠯᠠᠮ ᠪᠠᠲᠤᠳᠬᠠᠭᠲᠠᠪᠠ᠃ ᠪᠦᠬᠦ ᠬᠤᠲᠠ ᠶᠢᠨ ᠬᠡᠪᠴᠢᠶᠡᠵᠢᠯ ᠠᠴᠠ ᠲᠡᠬᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 348 ᠪᠠᠶᠢᠭᠰᠡᠨ | ᠠᠴᠠ ᠪᠠᠨ 542 ᠪᠤᠯᠵᠤ ᠨᠡᠮᠡᠭᠲᠡᠨ᠂ ᠠᠵᠤ ᠦᠢᠯᠡᠳᠪᠦᠷᠢ ᠶᠢᠨ ᠨᠡᠮᠡᠭᠲᠡᠯ ᠦᠷᠲᠡᠭ 255 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 751 ᠳ᠋ᠦᠩᠰᠢᠭᠤᠷ | ᠲᠦᠬᠦᠷᠢᠭ ᠪᠤᠯᠵᠤ ᠲᠡᠬᠡᠭᠰᠢᠯᠡᠬᠡᠳ᠂ ᠠᠵᠤ ᠦᠢᠯᠡᠳᠪᠦᠷᠢ ᠶᠢᠨ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠠᠷᠢᠴᠠᠯ 39. | 9% ᠪᠠᠶᠢᠭᠰᠡᠨ ᠠᠴᠠ ᠪᠠᠨ 47.9% ᠪᠤᠯᠵᠤ ᠲᠡᠬᠡᠭᠰᠢᠯᠡᠨ᠂ ᠠᠵᠤ ᠠᠬᠤᠢ ᠶᠢᠨ ᠨᠡᠮᠡᠭᠲᠡᠯ ᠳᠤ ᠬᠤᠪᠢ ᠨᠡᠮᠡᠷᠢ ᠦᠵᠡᠬᠦᠯᠦᠭᠰᠡᠨ ᠨᠤᠷᠮ᠎ᠠ 64.7% ᠳᠤ | ᠬᠦᠷᠪᠡ᠃ ᠲᠡᠮᠦᠷᠯᠢᠭ ᠬᠠᠶᠢᠯᠤᠭᠤᠯᠬᠤ᠂ ᠡᠨᠧᠷᠬᠢ ᠶᠢᠨ ᠠᠵᠤ ᠦᠢᠯᠡᠰ ᠲᠠᠰᠤᠷᠡᠯ ᠦᠬᠡᠢ ᠪᠤᠵᠠᠭᠠᠶᠢᠷᠡᠵᠤ᠂ ᠦᠩᠬᠡᠲᠦ ᠲᠡᠮᠦᠷᠯᠢᠭ ᠤᠨ ᠡᠲᠦᠷ ᠪᠦᠷᠢ ᠶᠢᠨ ᠬᠦᠲᠡᠷ | ᠰᠤᠩᠭᠤᠬᠤ᠂ ᠵᠢᠯ ᠤᠨ ᠬᠠᠶᠢᠯᠤᠭᠤᠯᠬᠤ ᠪᠠ ᠨᠠᠷᠢᠯᠢᠭ ᠡᠳ᠋ᠰᠢᠬᠦᠯᠦᠨ ᠪᠤᠯᠪᠠᠰᠤᠷᠡᠭᠤᠯᠬᠤ ᠴᠢᠲᠡᠪᠤᠷᠢ ᠲᠤᠰᠪᠤᠷᠢ 4 ᠲᠦᠮᠡᠨ ᠲᠤᠨ᠂ 40 ᠲᠦᠮᠡᠨ ᠲᠤᠨ ᠪᠠ 2.2 | ᠲᠦᠮᠡᠨ ᠲᠤᠨ ᠪᠠᠶᠢᠭᠰᠡᠨ ᠠᠴᠠ ᠪᠠᠨ 12 ᠲᠦᠮᠡᠨ ᠲᠤᠨ᠂ 68 ᠲᠦᠮᠡᠨ ᠲᠤᠨ᠂ 20 ᠲᠦᠮᠡᠨ ᠲᠤᠨ ᠪᠤᠯᠵᠤ ᠲᠡᠬᠡᠭᠰᠢᠯᠡᠬᠡᠳ᠂ ᠮᠠᠨ ᠤ ᠬᠤᠲᠠ ᠨᠢ ︽ | ᠲᠤᠮᠲᠠᠲᠤ ᠤᠯᠤᠰ ᠤᠨ ᠦᠩᠬᠡᠲᠦ ᠲᠡᠮᠦᠷᠯᠢᠭ ᠤᠨ ᠨᠤᠲᠤᠭ︾ ᠢᠶᠠᠷ ᠴᠤᠯᠠᠯᠠᠭᠲᠠᠪᠠ︔ ᠪᠦᠬᠦ ᠬᠤᠲᠠ ᠶᠢᠨ ᠨᠡᠬᠦᠷᠡᠰᠦᠨ ᠤ ᠭᠠᠷᠤᠯᠲᠡ 2333 ᠲᠦᠮᠡᠨ ᠲᠤᠨ | ᠪᠠᠶᠢᠭᠰᠡᠨ ᠠᠴᠠ ᠪᠠᠨ 3500 ᠲᠤᠨ ᠪᠤᠯᠵᠤ ᠲᠡᠬᠡᠭᠰᠢᠯᠡᠨ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ 220 ᠲᠦᠮᠡᠨ ᠺᠢᠯᠤᠸᠡᠲ | ᠪᠠᠶᠢᠭᠰᠡᠨ ᠠᠴᠠ ᠪᠠᠨ 648 ᠲᠦᠮᠡᠨ ᠺᠢᠯᠤᠸᠡᠲ ᠪᠤᠯᠤᠨ ᠨᠡᠮᠡᠭᠲᠡᠵᠤ᠂ ᠡᠬᠦᠨ ᠳᠤ ᠰᠠᠯᠬᠢᠨ ᠴᠠᠬᠢᠯᠭᠠᠨ ᠤ ᠮᠠᠰᠢᠨ ᠴᠤᠭᠴᠠᠯᠠᠪᠤᠷᠢ 248 ᠲᠦᠮᠡᠨ ᠺᠢᠯᠤᠸᠠᠲ | ᠪᠤᠯᠵᠡᠢ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠲᠤᠨᠤᠭᠯᠠᠯ ᠦᠢᠯᠡᠳᠬᠦ ᠠᠵᠤ ᠦᠢᠯᠡᠰ ᠲᠦᠷᠬᠡᠨ ᠬᠦᠭᠵᠢᠵᠦ᠂ ᠢᠲᠡᠬᠡᠨ᠂ ᠪᠠᠷᠢᠯᠭ᠎ᠠ ᠶᠢᠨ | ᠮᠠᠲ᠋ᠧᠷᠢᠶᠡᠯ᠂ ᠨᠡᠬᠡᠮᠡᠯ᠂ ᠡᠮ ᠦᠢᠯᠡᠳᠬᠦ ᠠᠵᠤ ᠦᠢᠯᠡᠰ ᠲᠦᠷᠬᠡᠨ ᠬᠦᠭᠵᠢᠵᠦ ᠲᠡᠰ ᠲᠡᠪᠰᠢᠵᠡᠢ᠃ ᠰᠤᠷᠠᠭ ᠵᠠᠩᠬᠢ ᠶᠢᠨ ᠠᠵᠤ ᠦᠢᠯᠡᠰ ᠡᠬᠢᠯᠡᠨ ᠬᠦᠭᠵᠢᠵᠦ᠂ ︽ | ᠲᠤᠭᠠᠴᠢᠯᠠᠭᠰᠡᠨ ᠤᠯᠠᠭᠠᠨᠬᠠᠲᠠ︾ ᠶᠢᠨ ᠪᠦᠲᠦᠬᠡᠨ ᠪᠠᠶᠢᠭᠤᠯᠤᠯᠲᠡ ᠶᠢ ᠯᠠᠪᠲᠠᠭᠤᠨ ᠠᠬᠢᠭᠤᠯᠪᠠ᠃ ︽ᠬᠤᠤᠰ ᠮᠢᠩᠭ᠎ᠠ ᠬᠤᠤᠰ ᠵᠠᠭᠤᠨ ᠳ᠋ᠦᠩᠰᠢᠭᠤᠷ︾ ᠤᠨ | ᠢᠨᠵᠧᠨᠧᠷᠢᠩ ᠢᠯᠡᠳᠲᠠ ᠠᠮᠵᠢᠯᠲᠡ ᠤᠯᠵᠤ᠂ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠪᠤᠷᠤᠯᠠᠭᠤᠯᠭ᠎ᠠ ᠶᠢᠨ ᠤᠷᠤᠯᠭ᠎ᠠ ᠮᠢᠩᠭᠠᠨ ᠳ᠋ᠦᠩᠰᠢᠭᠤᠷ ᠲᠦᠬᠦᠷᠢᠭ | ᠢ ᠲᠠᠪᠠᠭ᠋ᠤ ᠬᠠᠷᠡᠯᠲᠠ ᠶᠢ ᠤᠷᠢᠳᠴᠢᠯᠠᠨ ᠪᠡᠶᠡᠯᠡᠬᠦᠯᠵᠦ᠂ ᠤᠯᠠᠭᠠᠨᠬᠠᠲᠠ ᠠᠵᠤ ᠠᠬᠤᠢ ᠶᠢᠨ ᠨᠡᠬᠡᠬᠡᠯᠲᠡ ᠶᠢᠨ ᠲᠤᠭᠤᠷᠢᠭ᠂ ᠨᠢᠩᠴᠧᠩ ᠠᠵᠤ ᠠᠬᠤᠢ ᠶᠢᠨ | ᠨᠡᠬᠡᠬᠡᠯᠲᠡ ᠶᠢᠨ ᠲᠤᠭᠤᠷᠢᠭ᠂ ᠢᠦᠢ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠵᠡᠷᠬᠡ 3 ᠬᠦᠷᠢᠶᠡᠯᠡᠩ ᠲᠤᠭᠤᠷᠢᠭ ᠪᠤᠯᠤᠨ ᠶᠤᠸᠠᠨ ᠯᠢᠶᠡᠨ | ᠪᠤᠯᠤᠳ ᠲᠡᠮᠦᠷ᠂ ᠶᠢᠨ ᠵᠢᠶᠠᠨ ᠵᠡᠰ ᠤᠨ ᠦᠢᠯᠡᠰ᠂ ᠫᠢᠩᠵᠤᠸᠠᠩ ᠨᠡᠬᠦᠷᠡᠰᠦᠨ ᠤ ᠦᠢᠯᠡᠰ ᠵᠡᠷᠬᠡ 3 ᠠᠵᠤ ᠠᠬᠤᠶᠢᠯᠠᠯ ᠤᠨ ᠪᠤᠷᠤᠯᠠᠭᠤᠯᠭ᠎ᠠ ᠶᠢᠨ ᠤᠷᠤᠯᠭ᠎ᠠ | ᠵᠠᠭᠤᠨ ᠳ᠋ᠦᠩᠰᠢᠭᠤᠷ ᠲᠦᠬᠦᠷᠢᠭ ᠢ ᠲᠠᠪᠠᠵᠤ᠂ ᠢᠦᠢ ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠨᠢ ᠦᠪᠡᠷᠲᠡᠬᠡᠨ ᠵᠠᠰᠠᠬᠤ ᠤᠷᠤᠨ ᠤ ᠠᠵᠤ | ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠪᠤᠯᠪᠠ᠃ 1000 ᠲᠦᠮᠡᠨ ᠲᠦᠬᠦᠷᠢᠭ ᠠᠴᠠ ᠲᠡᠬᠡᠭᠰᠢ ᠪᠡᠯᠡ | ᠤᠷᠤᠭᠤᠯᠤᠭᠰᠡᠨ ᠠᠵᠤ ᠦᠢᠯᠡᠳᠪᠦᠷᠢ ᠶᠢᠨ ᠲᠦᠷᠦᠯ ᠵᠦᠢᠯ 1301 ᠶᠢ ᠬᠡᠷᠡᠭᠵᠢᠬᠦᠯᠵᠦ᠂ ᠨᠡᠶᠢᠲᠠ 1660 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠲᠡ ᠶᠢ ᠪᠡᠶᠡᠯᠡᠬᠦᠯᠵᠦ᠂ ᠶᠡᠷᠦᠩᠬᠡᠢ ᠪᠡᠯᠡ ᠤᠷᠤᠭᠤᠯᠤᠯᠲᠠ ᠨᠢ 313 ᠳ᠋ᠦᠩᠰᠢᠭᠤᠷ ᠲᠦᠬᠦᠷᠢᠭ ᠤᠨ ᠳ᠋ᠠ ᠲᠠᠩ ᠨᠡᠬᠦᠷᠡᠰᠦᠨ ᠰᠢᠲᠠᠮᠠᠬᠠᠢ ᠬᠡᠢ ᠶᠢᠨ | ᠨᠢᠬᠡᠲᠦᠬᠡᠷ ᠬᠤᠭᠤᠴᠭᠠᠠᠨ ᠤ ᠢᠨᠵᠧᠨᠧᠷᠢᠩ ᠢ ᠲᠤᠷᠰᠢᠨ ᠦᠢᠯᠡᠳᠪᠦᠷᠢᠡᠯᠬᠦ᠂ ᠤᠯᠤᠰ ᠤᠨ ᠴᠠᠬᠢᠯᠭᠠᠨ ᠬᠦᠴᠦᠨ ᠤ ᠨᠡᠬᠦᠷᠡᠰᠦᠨ ᠬᠢᠮᠢ ᠶᠢᠨ ᠪᠤᠷᠲᠤᠭᠤᠷ᠂ ᠲᠤᠮᠲᠠᠲᠤ | ᠤᠯᠤᠰ ᠤᠨ ᠦᠩᠬᠡᠲᠦ ᠲᠡᠮᠦᠷᠯᠢᠭ ᠤᠨ ᠲᠦᠷᠪᠡᠲᠦᠬᠡᠷ ᠬᠤᠭᠤᠴᠠᠭᠠᠨ ᠤ ᠴᠠᠶᠢᠷ ᠬᠠᠶᠢᠯᠤᠭᠤᠯᠬᠤ᠂ ᠶᠢᠨ ᠴᠧᠩ ᠬᠦᠨᠲᠦ ᠠᠵᠤ ᠦᠢᠯᠡᠳᠪᠦᠷᠢ ᠶᠢᠨ ᠮᠠᠰᠢᠨ ᠮᠧᠬᠠᠨᠢᠭ | ᠦᠢᠯᠡᠳᠬᠦ᠂ ᠵᠢᠩ ᠳ᠋ᠦ᠋ ᠡᠷᠳᠡᠨᠢ ᠰᠢᠰᠢ ᠨᠠᠷᠢᠯᠢᠭ ᠡᠳ᠋ᠰᠢᠬᠦᠯᠬᠦ ᠵᠡᠷᠬᠡ ᠲᠤᠮᠤ ᠲᠦᠷᠦᠯ ᠵᠦᠢᠯ ᠢ ᠪᠠᠶᠢᠭᠤᠯᠵᠤ ᠠᠰᠢᠭᠯᠡᠯᠲᠠ ᠳᠤ ᠤᠷᠤᠭᠤᠯᠪᠠ᠃ 210 ᠲᠦᠮᠡᠨ | ᠲᠤᠨ ᠬᠤᠴᠤᠷᠤᠩᠭᠤᠢ ᠦᠢᠯᠡᠳᠪᠦᠷᠢᠯᠡᠯ ᠤᠨ ᠴᠢᠲᠡᠪᠤᠷᠢ ᠶᠢ ᠲᠠᠶᠠᠭᠲᠡᠵᠤ᠂ ᠦᠪᠡᠷᠲᠡᠬᠡᠨ ᠵᠠᠰᠠᠬᠤ ᠤᠷᠤᠨ ᠤ ᠲᠡᠰ ᠠᠴᠠ ᠲᠡᠬᠡᠭᠰᠢᠬᠢ ᠤᠷᠴᠢᠯ ᠠᠵᠤ ᠠᠬᠤᠢ ᠶᠢᠨ | ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠪᠠ ᠠᠵᠤ ᠠᠠᠬᠤᠶᠢᠯᠠᠯ 8 ᠶᠢ ᠪᠠᠶᠢᠭᠤᠯᠪᠠ᠃ ᠠᠭᠤᠷᠬᠠᠢ ᠶᠢᠨ ᠭᠠᠷᠤᠯᠲᠡ ᠶᠢᠨ ᠡᠬᠢ ᠪᠠᠶᠠᠯᠢᠭ ᠤᠨ ᠨᠢᠳᠬᠡᠯᠲᠠ | ᠴᠢᠬᠤᠯᠡ ᠠᠬᠢᠯᠲᠡ ᠲᠠᠢ ᠪᠤᠯᠵᠤ᠂ 25 ᠠᠭᠤᠷᠬᠠᠢ ᠶᠢᠨ ᠲᠤᠭᠤᠷᠢᠭ ᠢ ᠨᠢᠳᠬᠡᠵᠦ᠂ 101 ᠠᠭᠤᠷᠬᠠᠢ ᠦᠮᠴᠢᠯᠡᠬᠦ ᠡᠷᠬᠡ ᠶᠢ ᠬᠠᠰᠤᠪᠠ᠃ | (ᠭᠤᠷᠪᠠ︶ ᠲᠠᠷᠢᠶᠠᠯᠠᠩ ᠮᠠᠯᠵᠢᠯ ᠤᠨ ᠠᠵᠤ ᠠᠬᠤᠢ ᠰᠢᠨ᠎ᠡ ᠰᠢᠪᠲᠤᠯᠤᠯᠲᠠ ᠶᠢ ᠪᠠᠶᠡᠯᠡᠬᠦᠯᠪᠡ᠃ ᠡᠷᠴᠢᠮᠵᠢᠭᠰᠡᠨ ᠲᠠᠷᠢᠵᠤ ᠤᠷᠭᠤᠭᠤᠯᠬᠤ᠂ ᠬᠡᠪᠵᠢᠶᠡᠵᠢᠭᠰᠡᠨ | ᠲᠡᠵᠢᠬᠡᠨ ᠦᠷᠡᠵᠢᠬᠦᠯᠬᠦ᠂ ᠲᠤᠰᠬᠠᠶᠢᠵᠢᠭᠰᠠᠨ ᠬᠦᠭᠵᠢᠯᠲᠡ ᠶᠢᠨ ᠬᠡᠯᠪᠡᠷᠢ ᠶᠢ ᠶᠡᠬᠡᠪᠡᠷ ᠲᠦᠬᠡᠮᠡᠯᠵᠢᠬᠦᠯᠵᠦ᠂ ᠲᠠᠷᠢᠶ᠋ᠴᠢᠳ ᠮᠠᠯᠴᠢᠳ ᠤᠨ ᠵᠤᠬᠢᠶᠡᠨ ᠪᠠᠶᠢᠭᠤᠯᠤᠯᠴᠠᠬᠤ | ᠬᠡᠮᠵᠢᠶ᠎ᠡ ᠶᠡᠬᠡᠪᠡᠷ ᠲᠡᠬᠡᠭᠰᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠷᠬᠡᠵᠢᠯ ᠪᠠ ᠦᠢᠯᠡᠳᠪᠦᠷᠢᠯᠡᠯ ᠤᠨ ᠬᠡᠯᠪᠡᠷᠢ ᠳᠤ ᠴᠢᠬᠤᠯᠡ ᠶᠡᠭᠡ | ᠬᠤᠪᠢᠷᠡᠯᠲᠠ ᠭᠠᠷᠴᠤ᠂ ᠶᠡᠷᠦᠩᠬᠡᠶᠢᠯᠡᠭᠰᠡᠨ ᠦᠢᠯᠡᠳᠪᠦᠷᠢᠯᠡᠯ ᠪᠠ ᠭᠠᠮᠰᠢᠭ ᠢ ᠡᠰᠡᠷᠬᠦᠴᠡᠬᠦ ᠴᠢᠲᠠᠪᠤᠷᠢ ᠮᠡᠲᠡᠭᠲᠡᠮ᠎ᠡ ᠨᠡᠮᠡᠭᠲᠡᠵᠤ᠂ ᠤᠯᠠᠮᠵᠢᠯᠠᠯᠲᠤ ᠲᠠᠷᠢᠶᠠᠯᠠᠩ ᠮᠠᠯ | ᠠᠵᠤ ᠠᠬᠤᠢ ᠤᠲᠤᠬᠢᠴᠢᠯᠠᠭᠰᠡᠨ ᠲᠠᠷᠢᠶᠠᠯᠠᠩ ᠮᠠᠯ ᠠᠵᠤ ᠠᠬᠤᠢ ᠲᠡᠰᠢ ᠬᠤᠪᠢᠷᠡᠬᠤ ᠴᠢᠬᠤᠯᠡ ᠶᠡᠭᠡ ᠰᠢᠪᠲᠤᠯᠤᠯᠲᠠ ᠶᠢ ᠪᠡᠶᠡᠯᠡᠬᠦᠯᠪᠡ᠃ ᠲᠦᠬᠦᠬᠡᠷᠦᠮᠵᠢᠲᠦ | ᠲᠠᠷᠢᠶᠠᠯᠠᠩ᠂ ᠲᠦᠬᠦᠬᠡᠷᠦᠮᠵᠢᠲᠦ ᠮᠠᠯ ᠠᠵᠤ ᠠᠬᠤᠢ᠂ ᠤᠰᠤ ᠠᠷᠪᠢᠯᠠᠬᠤ ᠦᠨᠲᠦᠷ ᠦᠷ᠎ᠡ ᠠᠰᠢᠭᠲᠤ ᠲᠠᠷᠢᠶᠠᠯᠠᠩ᠂ ᠠᠮᠢ ᠠᠬᠤᠢ ᠬᠠᠲᠤᠯᠠᠩ ᠪᠡᠯᠴᠢᠬᠡᠷ ᠵᠡᠷᠬᠡ | ᠦᠢᠯᠡᠰ ᠲᠦᠷᠬᠡᠨ ᠬᠦᠭᠵᠢᠵᠦ᠂ ᠪᠦᠬᠦ ᠤᠷᠤᠨ ᠤ ᠲᠡᠷᠢᠬᠦᠨ ᠪᠠᠶᠢᠷᠢᠨ ᠳᠤ ᠤᠷᠤᠪᠠ᠃ ᠠᠮᠤ ᠪᠤᠲᠠᠭᠠᠨ ᠤ ᠤᠨᠠᠯᠲᠠ ᠵᠠᠭᠤᠨ ᠳ᠋ᠦᠩᠰᠢᠭᠤᠷ ᠵᠢᠩ ᠤᠨ ᠪᠤᠭᠤᠮᠲᠠ ᠶᠢ | ᠲᠠᠪᠠᠵᠤ᠂ 58.7 ᠳ᠋ᠦᠩᠰᠢᠭᠤᠷ ᠵᠢᠩ ᠪᠠᠶᠢᠭᠰᠡᠨ ᠠᠴᠠ ᠪᠠᠨ 100.02 ᠳ᠋ᠦᠩᠰᠢᠭᠤᠷ ᠵᠢᠩ ᠪᠤᠯᠤᠨ ᠨᠡᠮᠡᠭᠲᠡᠵᠤ᠂ ᠪᠦᠬᠦ ᠤᠷᠤᠨ ᠤ ᠭᠤᠷᠪᠠᠲᠤᠭᠠᠷ ᠲᠤ ᠤᠷᠤᠪᠠ | ᠂ ᠮᠠᠯ ᠤᠨ ᠵᠤᠭᠰᠤᠭ᠎ᠠ ᠲᠤᠭ᠎ᠠ ᠲᠤᠯᠤᠭᠠᠨ ᠵᠢᠯ ᠲᠠᠷᠠᠭᠠᠯᠠᠨ ᠪᠦᠬᠦ ᠤᠷᠤᠨ ᠳᠤ ᠤᠷᠤᠶᠢᠯᠠᠵᠤ᠂ 1731.8 ᠲᠦᠮᠡᠨ ᠲᠤᠯᠤᠭᠠᠢ ᠪᠠᠶᠢᠭᠰᠡᠨ ᠠᠴᠠ ᠪᠠᠨ 1856 | ᠲᠦᠮᠡᠨ ᠲᠤᠯᠤᠭᠠᠢ ᠪᠤᠯᠤᠨ ᠨᠡᠮᠡᠭᠲᠡᠵᠡᠢ᠃ ︽1571︾ ᠢᠨᠵᠧᠨᠧᠷᠢᠩ ᠢ ᠪᠠᠲᠤᠲᠠᠢ ᠠᠬᠢᠭᠤᠯᠵᠤ᠂ 203 ᠲᠦᠮᠡᠨ ᠮᠤ᠋ ᠡᠷᠳᠡᠨᠢ ᠰᠢᠰᠢ ᠶᠢ ᠵᠤᠯᠤᠮ᠎ᠠ ᠳᠤ | ᠲᠤᠰᠤᠯᠭᠠᠨ ᠤᠰᠤᠯᠠᠬᠤ᠂ 81 ᠲᠦᠮᠡᠨ ᠮᠤ᠋ ᠲᠦᠬᠦᠬᠡᠷᠦᠮᠵᠢᠲᠦ ᠲᠠᠷᠢᠶᠠᠯᠠᠩ᠂ 43.6 ᠲᠦᠮᠡᠨ ᠮᠤ᠋ ᠤᠰᠤ ᠠᠷᠪᠢᠯᠠᠬᠤ ᠬᠦᠷᠡᠩ ᠴᠠᠷᠭᠠᠰᠤ᠂ 40 ᠲᠦᠮᠡᠨ ᠮᠤ᠋ | ᠦᠨᠲᠦᠷ ᠦᠷ᠎ᠡ ᠠᠰᠢᠭᠲᠤ ᠤᠰᠤ ᠠᠷᠪᠢᠯᠠᠬᠤ ᠠᠵᠤ ᠠᠬᠤᠢ ᠶᠢᠨ ᠤᠢ ᠶᠢ ᠪᠠᠶᠠᠯᠠᠬᠦᠯᠪᠡ᠃ ᠲᠠᠷᠢᠶᠠᠴᠢᠳ ᠮᠠᠯᠴᠢᠳ ᠤᠨ ᠤᠷᠤᠯᠭ᠎ᠠ ᠶᠢ ᠨᠡᠮᠡᠭᠲᠡᠬᠦᠯᠬᠦ ᠠᠷᠭ᠎ᠠ ᠵᠠᠮ | ᠢ ᠴᠢᠨᠠᠭᠰᠢᠲᠠ ᠦᠷᠬᠡᠳᠬᠡᠪᠡ᠃ ᠠᠯᠠᠰᠢᠨ ᠦᠬᠡᠷ᠂ ᠠᠯᠠᠰᠢᠨ ᠬᠤᠨᠢ ᠢᠮᠠᠭ᠎ᠠ ᠶᠢᠨ ᠪᠠᠷᠢᠮᠵᠢᠶᠠᠵᠢᠭᠤᠯᠤᠭᠰᠡᠨ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠢ 1132 | ᠪᠠᠶᠢᠭᠤᠯᠵᠤ᠂ ᠤᠯᠤᠰ ᠤᠨ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠬᠦᠯᠦᠭᠰᠡᠨ ᠲᠤᠯᠤᠭᠠᠶᠢᠯᠠᠭᠴᠢ ᠠᠵᠤ ᠠᠬᠤᠶᠢᠯᠠᠯ 5 ᠪᠤᠯᠤᠨ | ᠬᠦᠭᠵᠢᠵᠦ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠪᠤᠯᠪᠠᠰᠤᠷᠡᠭᠤᠯᠬᠤ ᠨᠤᠷᠮ᠎ᠠ 64% ᠳᠤ ᠬᠦᠷᠴᠦ᠂ ᠲᠠᠷᠢᠶᠠᠯᠠᠬᠤ | ᠮᠠᠯᠵᠢᠬᠤ ᠤᠷᠤᠨ ᠤ ᠲᠤᠰᠬᠠᠶᠢᠵᠢᠭᠰᠠᠨ ᠬᠤᠷᠰᠢᠯᠴᠠᠭᠠᠨ ᠤ ᠵᠤᠬᠢᠶᠡᠨ ᠪᠠᠶᠢᠭᠤᠯᠤᠯᠲᠠ 2807 ᠪᠤᠯᠵᠤ᠂ ᠲᠠᠷᠢᠶᠠᠴᠢᠳ ᠮᠠᠯᠴᠢᠳ ᠤᠨ ᠠᠵᠤ ᠦᠢᠯᠡᠰᠵᠢᠬᠦᠯᠦᠭᠰᠡᠨ | ᠡᠵᠡᠩᠨᠡᠯᠲᠡ ᠠᠴᠠ ᠤᠯᠤᠭᠰᠠᠨ ᠴᠡᠪᠡᠷ ᠤᠷᠤᠯᠭ᠎ᠠ 4400 ᠲᠦᠬᠦᠷᠢᠭ ᠲᠤ ᠬᠦᠷᠴᠦ᠂ ᠲᠠᠷᠢᠶᠡᠴᠢᠳ ᠮᠠᠯᠴᠢᠳ ᠤᠨ ᠬᠦᠮᠦᠨ ᠪᠦᠷᠢ ᠶᠢᠨ ᠲᠤᠮᠲᠡᠴᠢ ᠴᠡᠪᠡᠷ | ᠤᠷᠤᠯᠭ᠎ᠠ ᠶᠢᠨ 62% ᠶᠢ ᠡᠵᠡᠯᠡᠪᠡ᠃ ᠵᠤᠤ ᠤᠲᠠ ᠠᠯᠠᠰᠢᠨ ᠬᠤᠨᠢ ᠢᠮᠠᠭ᠎ᠠ ᠶᠢᠨ ᠰᠢᠨ᠎ᠡ ᠡᠬᠦᠯᠲᠡᠷ ᠢ ᠤᠯᠤᠰ ᠠᠴᠠ ᠮᠡᠲᠡᠷᠡᠨ ᠨᠡᠷᠡᠶᠢᠳᠴᠤ᠂ ᠠᠷᠤ ᠬᠤᠷᠴᠢᠨ | ᠤ ᠬᠤᠨᠢᠨ ᠮᠢᠬ᠎ᠠ ᠪᠠ ᠦᠬᠡᠷ ᠤᠨ ᠮᠢᠬ᠎ᠠ ᠨᠢ ᠤᠯᠤᠰ ᠤᠨ ᠭᠠᠵᠠᠷ ᠵᠦᠢ ᠶᠢᠨ ᠰᠢᠨᠵᠢ ᠲᠡᠮᠲᠡᠭ ᠢ ᠬᠡᠷᠡᠴᠢᠯᠡᠭᠰᠡᠨ ᠲᠠᠸᠡᠷ ᠤᠨ ᠲᠡᠮᠲᠡᠭ ᠢ ᠤᠯᠪᠡ᠃ ᠤᠯᠤᠰ ᠤᠨ | ᠨᠡᠷᠡᠲᠤ ᠲᠠᠸᠡᠷ ᠤᠨ ᠲᠡᠮᠲᠡᠭ 1᠂ ᠦᠪᠡᠷᠲᠡᠬᠡᠨ ᠵᠠᠰᠠᠬᠤ ᠤᠷᠤᠨ ᠤ ᠨᠡᠷ᠎ᠡ ᠠᠯᠲᠡᠷᠲᠤ ᠲᠠᠸᠡᠷ ᠤᠨ ᠲᠡᠮᠲᠡᠭ 24 ᠰᠢᠨ᠎ᠡ ᠪᠠᠷ ᠨᠡᠮᠡᠭᠲᠡᠪᠡ᠃ | ︵ᠲᠦᠷᠪᠡ︶ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢᠨ ᠰᠢᠨ᠎ᠡ ᠪᠠᠶᠢᠲᠡᠯ ᠢ ᠡᠬᠦᠳᠪᠡ᠃ ᠤᠯᠠᠮᠵᠢᠯᠠᠯᠲᠤ ᠠᠷᠠᠯᠵᠢᠶ᠎ᠠ ᠬᠤᠲᠠᠯᠲᠤᠭᠠᠨ ᠤ ᠦᠢᠯᠡᠰ ᠤᠨ | ᠲᠡᠰ ᠲᠡᠪᠰᠢᠬᠦ ᠠᠯᠬᠤᠮ ᠲᠦᠷᠬᠡᠳᠴᠤ᠂ ᠤᠲᠤᠬᠢᠴᠢᠯᠠᠭᠰᠠᠨ ᠪᠠᠷᠠᠭᠠᠨ ᠤ ᠬᠦᠢᠯᠬᠡᠬᠡᠨ ᠤ ᠦᠢᠯᠡᠰ ᠦᠳᠲᠡᠷ ᠲᠦᠷᠬᠡᠨ ᠬᠦᠭᠵᠢᠵᠦ᠂ ᠰᠤᠶᠤᠯ ᠪᠠ ᠵᠤᠭᠠᠴᠠᠯ ᠤᠨ | ᠦᠢᠯᠡᠰ ᠤᠨ ᠨᠡᠶᠢᠯᠡᠯᠲᠠ ᠲᠦᠷᠬᠡᠳᠴᠤ᠂ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢᠨ ᠬᠤᠷᠲᠤᠴᠠ ᠨᠡᠮᠡᠭᠲᠡᠪᠡ᠃ ᠭᠤᠷᠪᠠᠲᠤᠭᠠᠷ | ᠠᠵᠤ ᠦᠢᠯᠡᠰ ᠤᠨ ᠨᠡᠮᠡᠭᠲᠡᠯ ᠦᠷᠲᠡᠭ 229.4 ᠳ᠋ᠦᠩᠰᠢᠭᠤᠷ ᠲᠦᠬᠦᠷᠢᠭ ᠪᠠᠶᠢᠭᠰᠡᠨ ᠠᠴᠠ ᠪᠠᠨ 464 ᠳ᠋ᠦᠩᠰᠢᠭᠤᠷ ᠲᠦᠬᠦᠷᠢᠭ ᠪᠤᠯᠵᠤ ᠨᠡᠮᠡᠭᠲᠡᠪᠡ᠃ | ᠠᠷᠡᠯᠵᠢᠶ᠎ᠠ ᠬᠤᠲᠡᠯᠲᠤᠭᠠᠨ ᠤ ᠭᠤᠤᠯᠲᠡᠯᠭᠠᠲᠠᠢ ᠲᠦᠷᠦᠯ ᠵᠦᠢᠯ 403 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠡ ᠶᠢ ᠪᠡᠶᠡᠯᠡᠬᠦᠯᠵᠦ᠂ ᠵᠠᠬ᠎ᠠ ᠲᠡᠯᠬᠡᠬᠦᠷ | ᠤᠨ ᠪᠠᠷᠢᠯᠭ᠎ᠠ ᠶᠢᠨ ᠲᠠᠯᠠᠪᠡᠢ 1000 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠲᠡᠵᠤ᠂ ᠵᠢᠯ ᠤᠨ ᠠᠷᠡᠯᠵᠢᠶᠠᠨ ᠤ ᠨᠤᠷᠮ᠎ᠠ ᠳ᠋ᠦᠩᠰᠢᠭᠤᠷ ᠲᠦᠬᠦᠷᠢᠭ | ᠢ ᠲᠠᠪᠠᠭᠰᠡᠨ ᠵᠠᠬ᠎ᠠ ᠲᠡᠯᠬᠡᠬᠦᠷ 35 ᠬᠦᠷᠴᠦ᠂ ᠨᠢᠬᠡ ᠪᠦᠯᠦᠭ ᠲᠡᠰ ᠲᠡᠪᠬᠤᠷᠭ᠎ᠠ ᠨᠢ ᠨᠡᠯᠢᠶᠡᠳ ᠦᠨᠲᠦᠷ ᠲᠤᠮᠤ ᠬᠡᠯᠪᠡᠷᠢ ᠶᠢᠨ ᠬᠤᠲᠡᠯᠲᠤᠭᠠᠨ ᠤ ᠲᠠᠯᠠᠪᠡᠢ᠂ | ᠤᠲᠤᠨ ᠲᠡᠰ ᠤᠨ ᠵᠤᠴᠢᠳ ᠤᠨ ᠪᠠᠭᠤᠲᠡᠯ᠂ ᠳ᠋ᠠᠯᠢᠶᠠᠨ ᠤ ᠸᠠᠨ ᠳ᠋ᠠ᠂ ᠪᠡᠬᠡᠵᠢᠩ ᠤᠨ ᠬᠤᠸᠠ ᠯᠢᠶᠠᠨ᠂ ᠸᠢᠺᠲ᠋ᠤᠷᠢᠶ᠎ᠠ᠂ ᠬᠤᠩ ᠰᠢᠩ ᠮᠸᠢ ᠺᠠᠢ ᠯᠥᠩ᠂ ᠵᠢᠦᠢ | ᠷᠡᠨ ᡁᠢ ᠵᠢᠶ᠋ᠨ᠂ ᠰᠢᠶᠠᠩ ᠾᠧ ᠬᠡᠷ ᠤᠨ ᠬᠡᠷᠡᠭᠰᠡᠯ ᠵᠡᠷᠬᠡ ᠠᠷᠡᠯᠵᠢᠶ᠎ᠠ ᠬᠤᠲᠡᠯᠲᠤᠭᠠᠨ ᠤ ᠨᠡᠷᠡᠲᠦ ᠲᠡᠮᠲᠡᠭᠲᠦ ᠪᠠᠷᠠᠭ᠎ᠠ ᠤᠯᠠᠭᠠᠨᠬᠠᠲᠠ ᠳᠤ ᠰᠠᠭᠤᠷᠢᠰᠢᠪᠠ᠃ ᠲᠦᠮᠡᠨ | ᠲᠤᠰᠬᠤᠨ ᠮᠢᠩᠭᠠᠨ ᠰᠢᠶᠡᠩ ᠤᠨ ᠵᠠᠬ᠎ᠠ ᠲᠡᠯᠬᠡᠬᠦᠷ ᠤᠨ ᠢᠨᠵᠧᠨᠧᠷᠢᠩ ᠪᠠ ᠰᠢᠨ᠎ᠡ ᠲᠤᠤᠷᠵᠢᠯ ᠤᠨ ᠢᠨᠵᠧᠨᠧᠷᠢᠩ ᠤᠨ ᠪᠦᠲᠦᠬᠡᠨ ᠪᠠᠶᠢᠭᠤᠯᠤᠯᠲᠠ ᠴᠢᠬᠤᠯᠡ ᠠᠬᠢᠴᠠ | ᠲᠠᠢ ᠪᠤᠯᠪᠠ᠃ ᠬᠤᠩ ᠱᠠᠨ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠵᠢᠯ ᠤᠨ ᠠᠷᠡᠯᠵᠢᠶᠠᠨ ᠤ ᠨᠤᠷᠮ᠎ᠠ 200 ᠳ᠋ᠦᠩᠰᠢᠭᠤᠷ ᠲᠦᠬᠦᠷᠢᠭ ᠢ | ᠲᠠᠪᠠᠵᠤ᠂ ᠤᠯᠤᠰ ᠤᠨ ᠡᠯᠧᠺᠲᠷᠤᠨ ᠬᠤᠲᠡᠯᠲᠤᠭᠠᠨ ᠤ ᠶᠠᠪᠤᠲᠡᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠ ᠦᠪᠡᠷᠲᠡᠬᠡᠨ ᠵᠠᠰᠠᠬᠤ ᠤᠷᠤᠨ ᠤ | ᠤᠲᠤᠬᠢᠴᠢᠯᠠᠭᠰᠡᠨ ᠶᠡᠷᠦᠩᠬᠡᠶᠢᠯᠡᠭᠰᠡᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠪᠤᠯᠪᠠ᠃ ᠤᠯᠠᠭᠠᠨᠬᠠᠲᠠ ᠶᠢᠨ ᠤᠯᠠᠨ ᠤᠯᠤᠰ ᠤᠨ ᠬᠠᠭᠤᠷᠠᠢ ᠭᠠᠷᠡᠮ᠂ | ᠮᠧᠩ ᠳ᠋ᠦᠩ ᠡᠬᠦᠯᠡᠨ ᠪᠤᠲᠤᠯᠲᠠ ᠶᠢᠨ ᠠᠵᠤ ᠦᠢᠯᠡᠰ ᠤᠨ ᠨᠡᠪᠴᠢᠬᠦᠯᠬᠦ ᠬᠦᠷᠢᠶᠠᠯᠠᠩ᠂ ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠬᠡᠬᠡᠨ ᠤ ᠲᠦᠪ᠂ ᠭᠤᠷᠪᠠᠲᠤᠭᠠᠷ | ᠡᠲᠡᠬᠡᠳ ᠤᠨ ᠪᠠᠷᠠᠭ᠎ᠠ ᠶᠢᠨ ᠬᠦᠢᠯᠬᠡᠬᠡ᠂ ᠦᠢᠯᠡᠴᠢᠯᠡᠬᠡᠨ ᠢ ᠭᠠᠲᠠᠭᠰᠢ ᠲᠠᠭᠠᠭᠠᠴᠢᠯᠠᠭᠤᠯᠬᠤ ᠵᠡᠷᠬᠡ ᠰᠢᠨ᠎ᠡ ᠪᠠᠷ ᠬᠦᠭᠵᠢᠭᠰᠡᠨ ᠡᠵᠡᠩᠨᠡᠯᠲᠠ ᠶᠢᠨ ᠬᠡᠯᠪᠡᠷᠢ ᠶᠢᠨ | ᠲᠦᠷᠦᠯ ᠵᠦᠢᠯ ᠤᠨ ᠠᠬᠢᠴᠠ ᠤᠷᠤᠭᠰᠢᠲᠠᠢ ᠪᠤᠯᠪᠠ᠃ ᠬᠡᠰᠢᠭᠲᠡᠨ ᠰᠤᠶᠤᠯ ᠵᠤᠭᠠᠴᠠᠯ ᠤᠨ ᠵᠢᠱᠢᠶ᠎ᠡ ᠦᠵᠡᠬᠦᠯᠬᠦ ᠲᠤᠭᠤᠷᠢᠭ᠂ ᠤᠯᠠᠭᠠᠨᠬᠠᠲᠠ ᠶᠢᠨ ᠡᠮᠦᠨ᠎ᠡ ᠬᠡᠰᠡᠭ | ᠤᠨ ᠰᠤᠶᠤᠯ ᠵᠤᠭᠠᠴᠠᠯ ᠤᠨ ᠠᠵᠤ ᠦᠢᠯᠡᠰ ᠤᠨ ᠪᠦᠰᠡ᠂ ᠲᠡᠬᠡᠲᠦ ᠨᠡᠶᠢᠰᠯᠡᠯ ᠤᠨ ᠬᠢᠲᠡᠨ ᠯᠢᠶᠤᠤ ᠶᠢᠨ ᠰᠤᠶᠤᠯ ᠤᠨ ᠠᠵᠤ ᠦᠢᠯᠡᠰ ᠤᠨ ᠬᠦᠷᠢᠶᠡᠯᠡᠩ ᠵᠡᠷᠬᠡ | ᠭᠤᠤᠯᠲᠠᠯᠭᠠᠲᠠᠢ ᠰᠤᠶᠤᠯ ᠵᠤᠭᠠᠴᠠᠯ ᠤᠨ ᠲᠦᠷᠦᠯ ᠵᠦᠢᠯ ᠢ ᠡᠬᠢᠯᠡᠨ ᠪᠦᠲᠦᠬᠡᠨ ᠪᠠᠶᠢᠭᠤᠯᠵᠤ᠂ ᠨᠢᠬᠡ ᠪᠦᠯᠦᠭ ᠤᠬᠢ ᠰᠢᠯᠢᠲᠡᠭ ᠵᠤᠭᠠᠴᠠᠯ ᠤᠨ ᠦᠵᠡᠮᠵᠢ ᠶᠢᠨ | ᠤᠷᠤᠨ ᠢ ᠰᠢᠨ᠎ᠡ ᠪᠠᠷ ᠪᠠᠶᠢᠭᠤᠯᠵᠤ᠂ ᠵᠤᠭᠠᠴᠠᠭᠰᠡᠳ ᠤᠨ ᠲᠤᠭ᠎ᠠ 720 ᠲᠦᠮᠡᠨ ᠬᠦᠮᠦᠨ ᠤᠲᠠᠭ᠎ᠠ ᠳᠤ ᠬᠦᠷᠴᠦ᠂ ᠵᠤᠭᠠᠴᠠᠯ ᠤᠨ ᠤᠷᠤᠯᠭ᠎ᠠ 110 | ᠳ᠋ᠦᠩᠰᠢᠭᠤᠷ ᠲᠦᠬᠦᠷᠢᠭ ᠲᠤ ᠬᠦᠷᠴᠦ᠂ 2007 ᠤᠨ ᠤ ᠬᠢ ᠲᠠᠢ ᠬᠠᠷᠢᠴᠠᠭᠤᠯᠪᠡᠯ ᠲᠤᠰᠪᠤᠷᠢ 74.8% ᠪᠠ 169% ᠪᠠᠷ ᠨᠡᠮᠡᠭᠲᠡᠵᠤ᠂ ᠮᠠᠨ ᠤ ᠬᠤᠲᠠ ᠨᠢ | ᠪᠡᠬᠡᠵᠢᠩ ᠲᠢᠶᠠᠨᠵᠢᠨ ᠾᠧᠪᠸᠢ ᠯᠢᠶᠤᠤᠨᠢᠩ ᠵᠡᠷᠬᠡ ᠭᠠᠵᠠᠷ ᠤᠷᠤᠨ ᠤ ᠴᠢᠬᠤᠯᠡ ᠵᠤᠭᠠᠴᠠᠯ ᠤᠨ ᠬᠠᠷᠡᠯᠲᠠ ᠶᠢᠨ ᠤᠷᠤᠨ ᠪᠤᠯᠪᠠ᠃ ᠡᠯ᠎ᠡ ᠲᠦᠷᠦᠯ ᠤᠨ ᠮᠦᠩᠬᠦᠨ | ᠬᠦᠢᠯᠬᠡᠬᠡᠨ ᠤ ᠪᠠᠶᠢᠭᠤᠯᠤᠮᠵᠢ 31 ᠰᠢᠨ᠎ᠡ ᠪᠠᠷ ᠨᠡᠮᠡᠭᠲᠡᠵᠤ᠂ ᠪᠠᠭ᠎ᠠ ᠨᠤᠷᠮᠠᠲᠤ ᠵᠢᠬᠡᠯᠡᠯᠬᠡ ᠶᠢᠨ ᠺᠤᠮᠫᠠᠨᠢ ᠪᠠ ᠲᠤᠮᠲᠠ ᠪᠠᠭ᠎ᠠ ᠠᠵᠤ ᠠᠬᠤᠶᠢᠯᠠᠯ ᠤᠨ ᠲᠠᠭᠠᠭᠠᠨ | ᠪᠠᠲᠤᠯᠠᠬᠤ ᠺᠤᠮᠫᠠᠨᠢ 83 ᠶᠢ ᠪᠠᠶᠢᠭᠤᠯᠵᠤ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠲᠠᠭᠠᠯᠠᠮᠵᠢ ᠶᠢᠨ ᠦᠯᠡᠲᠡᠪᠦᠷᠢ 495.4 ᠳ᠋ᠦᠩᠰᠢᠭᠤᠷ ᠲᠦᠬᠦᠷᠢᠭ | ᠪᠠᠶᠢᠭᠰᠡᠨ ᠠᠴᠠ ᠪᠠᠨ 1176 ᠳ᠋ᠦᠩᠰᠢᠭᠤᠷ ᠲᠦᠬᠦᠷᠢᠭ ᠪᠤᠯᠤᠨ ᠨᠡᠮᠡᠭᠲᠡᠵᠤ᠂ ᠵᠢᠬᠡᠯᠡᠯᠬᠡ ᠶᠢᠨ ᠦᠯᠡᠲᠡᠪᠦᠷᠢ 279.6 ᠳ᠋ᠦᠩᠰᠢᠭᠤᠷ ᠲᠦᠬᠦᠷᠢᠭ ᠪᠠᠶᠢᠭᠰᠡᠨ ᠠᠴᠠ | ᠪᠠᠨ720 ᠳ᠋ᠦᠩᠰᠢᠭᠤᠷ ᠲᠦᠬᠦᠷᠢᠭ ᠪᠤᠯᠤᠨ ᠨᠡᠮᠡᠭᠲᠡᠵᠤ᠂ ᠵᠢᠯ ᠳᠤ ᠲᠤᠮᠲᠠᠴᠢ ᠪᠠᠷ ᠲᠤᠰᠪᠤᠷᠢ 18.9% ᠪᠠ 20.8% ᠪᠠᠷ ᠨᠡᠮᠡᠭᠲᠡᠪᠡ᠃ ᠶᠤᠸᠠᠨ ᠪᠤᠤ ᠱᠠᠨ | ᠪᠠ ᠰᠦᠩ ᠱᠠᠨ ᠤ ᠬᠦᠲᠡᠭᠡ ᠲᠤᠰᠬᠤᠨ ᠤ ᠬᠤᠲᠡᠯᠲᠤᠭᠠᠨ ᠤ ᠪᠠᠩᠬᠢ ᠫᠠᠶᠢᠰᠠ ᠡᠯᠬᠦᠨ ᠡᠵᠡᠩᠨᠡᠵᠦ᠂ ᠮᠠᠨ ᠤ ᠬᠤᠲᠠ ᠶᠢᠨ ᠤᠷᠤᠨ ᠨᠤᠲᠤᠭ ᠤᠨ ᠴᠢᠨᠡᠷᠲᠡᠢ | ᠬᠤᠲᠡᠯᠲᠤᠭᠠᠨ ᠤ ᠪᠠᠩᠬᠢ ᠦᠬᠡᠢ ᠪᠠᠶᠢᠭᠰᠡᠨ ᠲᠡᠦᠬᠡ ᠶᠢ ᠡᠴᠦᠰᠯᠡᠬᠦᠯᠵᠡᠢ᠃ ᠵᠢᠢ ᠯᠦᠩ ᠠᠭᠤᠷᠬᠠᠢ ᠶᠢᠨ ᠦᠢᠯᠡᠰ ᠤᠨ ᠺᠤᠮᠫᠠᠨᠢ ᠰᠲ᠋ᠤᠺ ᠤᠨ ᠵᠠᠬ᠎ᠠ ᠳᠤ ᠠᠮᠵᠢᠯᠲᠡ | ᠲᠠᠢ ᠭᠠᠷᠴᠤ᠂ ᠰᠠᠢ ᠹᠸᠢ ᠶᠠ ᠺᠤᠮᠫᠠᠨᠢ ᠪᠠ ᠯᠢᠩ ᡁᠢ ᠲᠦᠮᠦᠰᠦ ᠶᠢᠨ ᠺᠤᠮᠫᠠᠨᠢ ᠨᠢ ᠰᠲ᠋ᠤᠺ ᠤᠨ ᠵᠠᠬ᠎ᠠ ᠳᠤ ᠭᠠᠷᠬᠤ ᠬᠢᠨᠠᠨ ᠵᠦᠪᠰᠢᠶᠡᠷᠡᠬᠦᠯᠬᠦ ᠠᠯᠬᠤᠮ ᠳᠤ | ᠤᠷᠤᠪᠠ᠃ | ︵ᠲᠠᠪᠤ︶ ᠬᠤᠲᠠ ᠬᠦᠲᠡᠭᠡ ᠶᠢᠨ ᠲᠦᠷᠰᠦ ᠪᠠᠶᠢᠲᠡᠯ ᠳᠤ ᠰᠢᠨ᠎ᠡ ᠬᠤᠪᠢᠷᠡᠯᠲᠠ ᠭᠠᠷᠪᠠ᠃ ᠭᠤᠤᠯ ᠬᠤᠲᠠ ᠶᠢᠨ ᠰᠢᠨ᠎ᠡ ᠬᠠᠭᠤᠴᠢᠨ ᠬᠤᠲᠠ ᠲᠤᠭᠤᠷᠢᠭ ᠢ | ᠵᠡᠷᠬᠡᠳᠤᠨᠢ ᠵᠤᠬᠢᠴᠠᠭᠤᠯᠤᠨ ᠬᠦᠭᠵᠢᠬᠦᠯᠵᠦ᠂ ᠬᠤᠰᠢᠭᠤ ᠰᠢᠶᠡᠨ ᠤ ᠵᠠᠰᠠᠭ ᠤᠨ ᠤᠷᠲᠤᠨ ᠤ ᠰᠠᠭᠤᠭ᠎ᠠ ᠪᠠᠯᠭᠠᠰᠤ ᠪᠠ ᠭᠤᠤᠯᠲᠠᠯᠭᠠᠲᠡᠢ ᠪᠠᠭ᠎ᠠ ᠬᠤᠲᠠ ᠪᠠᠯᠭᠠᠰᠤ ᠶᠢᠨ | ᠪᠦᠲᠦᠬᠡᠨ ᠪᠠᠶᠢᠭᠤᠯᠤᠯᠲᠠ ᠶᠢᠨ ᠬᠦᠴᠦᠯᠡᠴᠡ ᠨᠡᠮᠡᠭᠲᠡᠵᠤ᠂ ᠵᠠᠮ ᠬᠠᠷᠢᠯᠴᠠᠭ᠎ᠠ᠂ ᠡᠨᠧᠷᠬᠢ ᠬᠦᠷᠬᠡᠬᠦ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠦᠷᠬᠦᠯᠵᠢᠯᠡᠨ | ᠨᠡᠮᠡᠭᠲᠡᠵᠤ᠂ ᠠᠮᠢ ᠠᠬᠤᠢ᠂ ᠤᠰᠤᠨ ᠠᠰᠢᠭᠯᠠᠯᠲᠠ᠂ ᠤᠷᠴᠢᠨ ᠲᠤᠭᠤᠷᠢᠨ ᠤ ᠪᠦᠲᠦᠬᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠲᠡᠬᠡᠭᠰᠢᠯᠡᠵᠦ᠂ ᠦᠷ᠎ᠡ ᠠᠰᠢᠭ | ᠨᠡᠮᠡᠭᠲᠡᠡ᠂ ᠬᠤᠲᠠ ᠬᠦᠲᠡᠭᠡ ᠶᠢᠨ ᠪᠦᠲᠦᠬᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠬᠦᠭᠵᠢᠯᠲᠡ ᠶᠢᠨ ᠴᠢᠲᠠᠪᠤᠷᠢ ᠶᠡᠬᠡᠪᠡᠷ ᠲᠡᠬᠡᠭᠰᠢᠯᠡᠪᠡ᠃ 260 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠵᠤ᠂ ᠰᠢᠨ᠎ᠡ ᠬᠤᠲᠠ ᠲᠤᠭᠤᠷᠢᠭ ᠤᠨ ᠪᠦᠲᠦᠬᠡᠨ ᠪᠠᠶᠢᠭᠤᠯᠤᠯᠲᠡ ᠪᠠ ᠬᠠᠭᠤᠴᠢᠨ ᠬᠤᠲᠠ ᠲᠤᠭᠤᠷᠢᠭ ᠢ ᠵᠠᠰᠠᠵᠤ ᠪᠠᠶᠢᠭᠤᠯᠬᠤ ᠶᠢ | ᠲᠦᠷᠬᠡᠳᠬᠡᠵᠦ᠂ ᠬᠦᠬᠦᠷᠬᠡᠨ ᠠᠷᠤ ᠳᠠᠬᠢ ᠤᠷᠤᠨ ᠰᠠᠭᠤᠴᠠ ᠶᠢᠨ ᠪᠦᠯᠦᠭᠯᠡᠯ ᠪᠠ ᠰᠦᠩ ᠱᠠᠨ ᠤ ᠬᠤᠶᠢᠲᠤᠬᠢ ᠰᠢᠨ᠎ᠡ ᠲᠤᠭᠤᠷᠢᠭ ᠤᠨ ᠨᠡᠬᠡᠬᠡᠨ ᠠᠰᠢᠭᠯᠠᠯᠲᠠ ᠶᠢ | ᠠᠬᠢᠭᠤᠯᠵᠤ᠂ ᠭᠤᠤᠯ ᠬᠤᠲᠠ ᠲᠤᠭᠤᠷᠢᠭ ᠤᠨ ᠲᠦᠪᠯᠡᠷᠡᠬᠦᠯᠦᠨ ᠤᠰᠤ ᠬᠠᠩᠭᠠᠭᠰᠠᠨ᠂ ᠢᠯᠴᠢ ᠬᠠᠩᠭᠠᠭᠰᠠᠨ ᠪᠠ ᠰᠢᠲᠠᠮᠠᠬᠠᠢ ᠬᠡᠢ ᠶᠢ ᠲᠦᠬᠡᠮᠡᠯᠵᠢᠬᠦᠯᠦᠭᠰᠡᠨ | ᠨᠤᠷᠮ᠎ᠠ ᠲᠤᠰᠪᠤᠷᠢ 91.7%᠂ 87% ᠪᠠ 95.2% ᠲᠤ ᠬᠦᠷᠴᠡᠢ᠂ ᠭᠤᠤᠯ ᠬᠤᠲᠠ ᠶᠢᠨ ᠨᠢᠬᠡᠨᠲᠠ ᠪᠠᠶᠢᠭᠤᠯᠤᠭᠰᠠᠨ ᠲᠡᠯᠡᠪᠡᠢ 89 ᠲᠡᠭᠰᠢ ᠲᠦᠷᠪᠡᠯᠵᠢᠨ | ᠺᠢᠯᠤᠮᠧᠲᠷ ᠬᠦᠷᠲᠡᠯ᠎ᠡ ᠦᠷᠬᠡᠳᠵᠦ᠂ ᠬᠦᠮᠦᠨ ᠠᠮᠡ 91 ᠲᠦᠮᠡ ᠪᠤᠯᠵᠤ ᠨᠡᠮᠡᠭᠲᠡᠪᠡ︔ ᠪᠦᠬᠦ ᠬᠤᠲᠠ ᠶᠢᠨ ᠬᠤᠲᠠ ᠪᠠᠯᠭᠠᠰᠤᠵᠢᠬᠤ ᠨᠤᠷᠮ᠎ᠡ 46% ᠳᠤ | ᠬᠦᠷᠴᠦ᠂ ᠲᠠᠪᠤᠨ ᠵᠢᠯ ᠳᠤ 9.5 ᠵᠠᠭᠤᠨ ᠤ ᠴᠡᠭ ᠲᠡᠬᠡᠭᠰᠢᠯᠡᠪᠡ᠃ ᠵᠠᠰᠠᠮᠠᠯ ᠵᠠᠮ ᠤᠨ ᠪᠦᠲᠦᠬᠡᠨ ᠪᠠᠶᠢᠭᠤᠯᠤᠯᠲᠡ ᠳᠤ77.9 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠲᠡ ᠶᠢ ᠪᠡᠶᠡᠯᠡᠬᠦᠯᠵᠦ᠂ 286 ᠺᠢᠯᠤᠮᠧᠲᠷ ᠤᠨ ᠲᠡᠬᠡᠲᠦ ᠲᠡᠰ ᠤᠨ ᠵᠠᠰᠠᠮᠠᠯ ᠵᠠᠮ ᠰᠢᠨ᠎ᠡ ᠪᠠᠷ ᠨᠡᠮᠡᠭᠲᠡᠵᠤ᠂ ᠬᠦᠲᠡᠭᠡ ᠲᠤᠰᠬᠤᠨ ᠤ ᠵᠠᠮ ᠢ 2851 | ᠺᠢᠯᠤᠮᠧᠲᠷ ᠰᠢᠨ᠎ᠡ ᠪᠠᠷ ᠪᠤᠶᠤ ᠦᠬᠡᠷᠡᠴᠢᠯᠡᠨ ᠵᠠᠰᠠᠵᠤ᠂ ᠰᠢᠶᠠᠨ ᠪᠤᠯᠭᠠᠨ ᠳᠤ ᠲᠡᠬᠡᠲᠦ ᠲᠡᠰ ᠤᠨ ᠵᠠᠰᠠᠮᠠᠯ ᠵᠠᠮ ᠨᠡᠪᠲᠡᠷᠡᠬᠦ᠂ ᠰᠢᠶᠠᠩ ᠪᠤᠯᠭᠠᠨ ᠳᠤ ᠴᠡᠷᠲᠡᠮᠡᠯ ᠵᠠᠮ | ᠨᠡᠪᠲᠡᠷᠡᠬᠦ᠂ ᠲᠤᠰᠬᠤᠨ ᠪᠤᠯᠭᠠᠨ ᠳᠤ ᠵᠠᠰᠠᠮᠠᠯ ᠵᠠᠮ ᠨᠡᠪᠲᠡᠷᠡᠬᠦᠯᠬᠦ ᠶᠢ ᠪᠡᠶᠡᠯᠡᠬᠦᠯᠪᠡ︔ ᠬᠤᠲᠠ ᠶᠢᠨ ᠨᠡᠶᠢᠲᠠ ᠶᠢᠨ ᠮᠠᠰᠢᠨ ᠤ ᠵᠠᠮ ᠱᠤᠭᠤᠮ 42 ᠪᠤᠯᠤᠨ ᠨᠡᠮᠡᠭᠲᠡᠵᠦ | ᠂ 100 ᠺᠢᠯᠤᠮᠧᠲᠷ ᠲᠡᠬᠡᠬᠡᠪᠦᠷᠢ ᠶᠢᠨ ᠵᠠᠮ ᠰᠢᠨ᠎ᠡ ᠪᠠᠷ ᠨᠡᠮᠡᠭᠲᠡᠵᠡᠢ᠃ ᠲᠡᠮᠦᠷ ᠵᠠᠮ ᠤᠨ ᠪᠠᠶᠢᠭᠤᠯᠤᠯᠲᠠ 52 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠡ | ᠶᠢ ᠪᠡᠶᠡᠯᠡᠬᠦᠯᠵᠦ᠂ ᠲᠡᠬᠡᠬᠡᠪᠦᠷᠢ ᠶᠢᠨ ᠶᠡᠷᠦᠩᠬᠡᠢ ᠤᠷᠲᠤ 1101 ᠺᠢᠯᠤᠮᠧᠲᠷ ᠬᠦᠷᠴᠦ᠂ ᠰᠢᠶᠠᠨ ᠪᠤᠯᠭᠠᠨ ᠳᠤ ᠲᠡᠮᠦᠷ ᠵᠠᠮ ᠨᠡᠪᠲᠡᠷᠡᠬᠦᠯᠬᠦ ᠶᠢ ᠪᠡᠶᠡᠯᠡᠬᠦᠯᠪᠡ᠃ | ᠠᠷᠡᠳ ᠤᠨ ᠠᠭᠠᠷ ᠤᠨ ᠲᠡᠬᠡᠬᠡᠪᠦᠷᠢ 8 ᠬᠤᠲᠠ ᠳᠤ ᠨᠡᠪᠲᠡᠷᠡᠵᠦ᠂ ᠵᠢᠯ ᠤᠨ ᠠᠶᠠᠨᠴᠢᠳ ᠤᠨ ᠲᠤᠭ᠎ᠠ 38 ᠲᠦᠮᠡᠨ ᠬᠦᠮᠦᠨ ᠤᠲᠠᠭ᠎ᠠ ᠳᠤ ᠬᠦᠷᠴᠡᠢ᠃ ᠴᠠᠬᠢᠯᠭᠠᠨ | ᠲᠤᠤᠷ ᠤᠨ ᠪᠦᠲᠦᠬᠡᠨ ᠪᠠᠶᠢᠭᠤᠯᠤᠯᠲᠡ 65 ᠳ᠋ᠦᠩᠰᠢᠭᠤᠷ ᠲᠦᠬᠦᠷᠢᠭ ᠪᠡᠯᠡ ᠤᠷᠤᠭᠤᠯᠤᠯᠲᠡ ᠶᠢ ᠪᠡᠶᠡᠯᠡᠬᠦᠯᠵᠦ᠂ ᠴᠠᠬᠢᠯᠭᠠᠨ ᠬᠦᠴᠦᠲᠡᠯ ᠬᠤᠪᠢᠰᠬᠠᠬᠤ ᠦᠷᠲᠡᠭᠡ | 58 ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠠᠨ ᠵᠠᠰᠠᠵᠤ᠂ ᠬᠤᠸᠠ ᠹᠧᠩ ᠨᠢᠩ ᠤᠨ 500 ᠺᠢᠯᠤᠸᠤᠯᠲ ᠤᠨ ᠴᠠᠬᠢᠯᠭᠠᠨ ᠲᠡᠮᠵᠢᠭᠤᠯᠵᠤ ᠬᠦᠴᠦᠲᠡᠯ | ᠬᠤᠪᠢᠰᠬᠠᠬᠤ ᠪᠠᠷᠢᠯᠭ᠎ᠠ ᠶᠢ ᠪᠠᠶᠢᠭᠤᠯᠵᠤ᠂ ᠡᠮᠦᠨ᠎ᠡ ᠤᠮᠠᠷ᠎ᠠ ᠶᠢ ᠬᠤᠯᠪᠤᠭᠰᠡᠨ᠂ ᠬᠤᠲᠠ ᠶᠢᠨ ᠲᠤᠲᠤᠨ᠎ᠠ ᠭᠠᠲᠠᠨᠠᠬᠢ ᠶᠢ ᠬᠠᠮᠤᠷᠤᠭᠰᠡᠨ ᠦᠨᠲᠦᠷ ᠲᠡᠰ ᠤᠨ ᠭᠤᠤᠯ | ᠲᠤᠤᠷᠵᠢᠯ ᠢ ᠪᠦᠷᠢᠯᠲᠦᠬᠦᠯᠪᠡ᠃ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠳᠤ 55.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 1327.9 | ᠲᠦᠮᠡᠨ ᠮᠤ᠋ ᠮᠤᠲᠤ ᠲᠠᠷᠢᠵᠤ ᠤᠶᠢᠵᠢᠭᠤᠯᠤᠨ᠂ 535.3 ᠲᠦᠮᠡᠨ ᠮᠤ᠋ ᠤᠰᠤ ᠬᠦᠷᠦᠰᠦᠨ ᠤ ᠢᠲᠡᠭᠲᠡᠯ ᠢ ᠵᠠᠰᠠᠵᠤ᠂ ᠤᠢ ᠰᠢᠭᠤᠢ ᠶᠢᠨ ᠪᠦᠷᠬᠦᠯᠲᠡ ᠶᠢᠨ ᠨᠤᠷᠮ᠎ᠠ | 32.6% ᠪᠠᠶᠢᠭᠰᠡᠨ ᠠᠴᠠ 35.1% ᠬᠦᠷᠲᠡᠯ᠎ᠡ ᠲᠡᠬᠡᠭᠰᠢᠯᠡᠪᠡ︔ ᠤᠯᠤᠰ ᠤᠨ ᠤᠢ ᠰᠢᠭᠤᠶᠢᠲᠤ ᠬᠤᠲᠠ ᠶᠢ ᠪᠠᠶᠢᠭᠤᠯᠬᠤ ᠠᠵᠢᠯ ᠨᠢ ᠤᠯᠤᠰ ᠤᠨ ᠱᠠᠲᠤᠴᠢ | ᠴᠢᠨᠡᠷᠲᠡᠢ ᠬᠢᠨᠠᠨ ᠰᠢᠯᠭᠠᠯᠲᠠ ᠶᠢ ᠦᠩᠬᠡᠷᠡᠪᠡ᠃ ᠤᠰᠤᠨ ᠠᠰᠢᠭᠯᠠᠯᠲᠠ ᠶᠢᠨ ᠪᠦᠲᠦᠬᠡᠨ ᠪᠠᠶᠢᠭᠤᠯᠤᠯᠲᠡ 45.8 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠲᠡ ᠶᠢ ᠪᠡᠶᠡᠯᠡᠬᠦᠯᠵᠦ᠂ ᠰᠠᠨ ᠽᠦᠸᠧ ᠳ᠋ᠢᠶᠠᠨ᠂ ᠳ᠋ᠠ ᠱᠢ ᠮᠧᠨᠽᠢ᠂ ᠲᠡᠷᠡᠰᠤᠲᠤ ᠪᠤᠯᠤᠩ ᠵᠡᠷᠬᠡ ᠨᠢᠬᠡ ᠪᠦᠯᠦᠭ ᠭᠤᠤᠯᠲᠠᠯᠭᠠᠲᠠᠢ ᠤᠰᠤᠨ ᠠᠰᠢᠭᠯᠠᠯᠲᠠ | ᠶᠢᠨ ᠪᠠᠷᠢᠯᠭ᠎ᠠ ᠶᠢ ᠪᠠᠶᠢᠭᠤᠯᠵᠤ᠂ ᠡᠮᠵᠡᠭ ᠠᠶᠤᠯ ᠲᠠᠢ 55 ᠤᠰᠤᠨ ᠴᠦᠬᠦᠷᠦᠮ ᠤᠨ ᠠᠶᠤᠯ ᠢ ᠠᠷᠢᠯᠭᠠᠵᠤ ᠪᠠᠬᠢᠯᠡᠬᠦ ᠠᠵᠢᠯ ᠢ ᠪᠡᠶᠡᠯᠡᠬᠦᠯᠪᠡ᠃ 11.8 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠬᠤᠲᠠ ᠪᠠᠯᠭᠠᠰᠤᠨ ᠤ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ 10 ᠪᠠᠶᠢᠭᠤᠯᠵᠤ᠂ ᠪᠦᠬᠦ ᠬᠤᠲᠠ | ᠶᠢᠨ ᠭᠤᠤᠯ ᠤᠨ ᠤᠰᠤᠨ ᠤ ᠴᠢᠨᠠᠷ ᠰᠠᠶᠢᠵᠢᠷᠡᠵᠤ᠂ ᠤᠷᠴᠢᠨ ᠲᠤᠭᠤᠷᠢᠨ ᠤ ᠴᠢᠨᠠᠷ ᠴᠢᠨᠰᠠᠭ᠎ᠠ ᠢᠯᠡᠳᠲᠠ ᠰᠠᠶᠢᠵᠢᠷᠡᠪᠡ᠃ | ︵ᠵᠢᠷᠭᠤᠭ᠎ᠠ︶ ᠦᠬᠡᠷᠡᠴᠢᠯᠡᠯᠲᠠ ᠨᠡᠬᠡᠬᠡᠯᠲᠡ ᠶᠢᠨ ᠰᠢᠨ᠎ᠡ ᠠᠯᠬᠤᠴᠠ ᠶᠢ ᠠᠯᠬᠤᠪᠠ᠃ ᠤᠯᠤᠰ ᠤᠨ ᠦᠮᠴᠢᠯᠡᠯᠲᠤ ᠠᠵᠤ ᠠᠬᠤᠶᠢᠯᠠᠯ᠂ ᠬᠦᠲᠡᠭᠡ ᠲᠤᠰᠬᠤᠨ | ᠮᠠᠯᠵᠢᠬᠤ ᠤᠷᠤᠨ᠂ ᠠᠵᠢᠯ ᠦᠢᠯᠡᠰ ᠤᠨ ᠨᠢᠬᠡᠴᠡ ᠪᠠ ᠡᠮ ᠡᠮᠨᠡᠯᠬᠡ᠂ ᠡᠳ᠋ ᠤᠨ ᠵᠠᠰᠠᠭ ᠭᠠᠶᠢᠯᠢ᠂ ᠪᠡᠯᠡ ᠤᠷᠤᠭᠤᠯᠤᠨ ᠪᠡᠯᠡ ᠬᠦᠢᠯᠬᠡᠬᠡᠬᠦ ᠵᠡᠷᠬᠡ ᠬᠦᠷᠢᠶ᠎ᠡ | ᠬᠡᠪᠴᠢᠶᠡᠨ ᠳᠠᠬᠢ ᠦᠬᠡᠷᠡᠴᠢᠯᠡᠯᠲᠠ ᠶᠢ ᠯᠠᠪᠲᠠᠭᠤᠨ ᠪᠠᠲᠤᠲᠠᠢ ᠠᠬᠢᠭᠤᠯᠪᠠ᠃ ᠰᠢᠩ ᠶᠧ ᠪᠦᠯᠦᠭᠯᠡᠯ ᠨᠢ ᠹᠦ᠋ ᠯᠦᠩ ᠢᠯᠴᠢ ᠴᠠᠬᠢᠯᠭᠠᠨ ᠢ ᠠᠮᠵᠢᠯᠲᠡ ᠲᠠᠢ ᠲᠠᠬᠢᠨ | ᠵᠤᠬᠢᠶᠡᠨ ᠪᠠᠶᠢᠭᠤᠯᠪᠠ᠃ ᠬᠠᠮᠲᠤ ᠶᠢᠨ ᠤᠢ ᠶᠢᠨ ᠦᠮᠴᠢᠯᠡᠯ ᠤᠨ ᠲᠦᠷᠢᠮ ᠤᠨ ᠭᠤᠤᠯ ᠴᠤᠭᠴᠠ ᠶᠢᠨ ᠦᠬᠡᠷᠡᠴᠢᠯᠡᠯᠲᠡ ᠪᠠ ᠬᠦᠲᠡᠭᠡ ᠲᠤᠰᠬᠤᠨ ᠤ ᠢᠲᠡᠬᠡᠮᠵᠢ | ᠶᠢᠨ ᠬᠤᠷᠰᠢᠶᠡᠨ ᠤ ᠦᠮᠴᠢᠯᠡᠯ ᠤᠨ ᠲᠦᠷᠢᠮ ᠤᠨ ᠦᠬᠡᠷᠡᠴᠢᠯᠡᠯᠲᠡ ᠶᠢ ᠪᠡᠶᠡᠯᠡᠬᠦᠯᠪᠡ᠃ ᠤᠯᠤᠰ ᠤᠨ ᠦᠮᠴᠢᠯᠡᠯᠲᠤ ᠡᠵᠡᠩᠨᠡᠯᠲᠡ ᠶᠢᠨ ᠴᠢᠨᠡᠷᠲᠡᠢ ᠪᠠ ᠨᠡᠶᠢᠲᠡ ᠶᠢᠨ | ᠠᠰᠠᠷᠡᠮᠵᠢ ᠶᠢᠨ ᠴᠢᠨᠠᠷᠲᠡᠢ ᠰᠤᠶᠤᠯ ᠠᠵᠢᠯ ᠦᠢᠯᠡᠰ ᠤᠨ ᠨᠢᠬᠡᠴᠡ ᠶᠢᠨ ᠦᠬᠡᠷᠡᠴᠢᠯᠡᠯᠲᠡ ᠶᠢ ᠪᠡᠶᠡᠯᠡᠬᠦᠯᠵᠦ᠂ ᠪᠦᠬᠦ ᠤᠯᠤᠰ ᠤᠨ ᠰᠤᠶᠤᠯ ᠤᠨ ᠪᠠᠶᠢᠭᠤᠯᠤᠮᠵᠢ ᠶᠢᠨ | ᠦᠬᠡᠷᠡᠴᠢᠯᠡᠯᠲᠡ ᠤᠨ ᠠᠵᠢᠯ ᠤᠨ ᠲᠡᠷᠢᠬᠦᠨ ᠤ ᠭᠠᠵᠠᠷ ᠤᠷᠤᠨ ᠪᠤᠯᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠲᠦᠷᠢᠮ ᠤᠨ ᠦᠬᠡᠷᠡᠴᠢᠯᠡᠯᠲᠠ ᠤᠶᠢᠷ᠎ᠠ ᠶᠢᠨ | ᠬᠤᠭᠤᠴᠠᠭᠠᠨ ᠤ ᠲᠠᠪᠤᠨ ᠵᠦᠢᠯ ᠤᠨ ᠭᠤᠤᠯᠲᠠᠯᠭᠠᠲᠠᠢ ᠡᠬᠦᠷᠬᠡ ᠶᠢ ᠦᠨᠳᠦᠰᠦᠨ ᠳᠡᠭᠡᠨ ᠪᠡᠶᠡᠯᠡᠬᠦᠯᠵᠦ᠂ ᠦᠷ᠎ᠡ ᠪᠦᠲᠦᠮᠵᠢ ᠨᠢ ᠦᠷᠬᠦᠯᠵᠢᠯᠡᠨ ᠲᠤᠪᠤᠶᠢᠮ᠎ᠠ | ᠪᠠᠶᠢᠨ᠎ᠠ᠃ ᠠᠯᠪᠡᠨ ᠶᠠᠪᠤᠲᠡᠯ ᠤᠨ ᠺᠠᠷᠲ ᠤᠨ ᠲᠦᠷᠢᠮ ᠢ ᠬᠤᠲᠠ ᠶᠢᠨ ᠲᠤᠰ ᠱᠠᠲᠤᠨ ᠳᠤ ᠪᠦᠬᠦ ᠲᠡᠯ᠎ᠡ ᠪᠠᠷ ᠬᠡᠷᠡᠭᠵᠢᠬᠦᠯᠵᠦ᠂ ᠲᠤᠰᠬᠤᠨ ᠤ ᠱᠠᠲᠤᠨ ᠤ ᠨᠡᠶᠢᠲᠡ | ᠶᠢᠨ ᠠᠰᠠᠷᠡᠮᠵᠢ ᠶᠢᠨ ᠦᠢᠯᠡᠰ ᠤᠨ ᠪᠦᠲᠦᠬᠡᠨ ᠪᠠᠶᠢᠭᠤᠯᠤᠯᠲᠡ ᠶᠢᠨ ︽ᠨᠢᠬᠡ ᠶᠠᠪᠤᠲᠡᠯ ᠢ ᠨᠢᠬᠡ ᠵᠦᠪᠯᠡᠬᠦ︾ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ | ᠲᠦᠷᠢᠮ ᠢ ᠪᠦᠬᠦᠶᠢᠯᠡ ᠬᠤᠰᠢᠭᠤ ᠰᠢᠶᠠᠨ ᠲᠤᠭᠤᠷᠢᠭ ᠲᠤ ᠬᠡᠷᠡᠭᠵᠢᠬᠦᠯᠪᠡ᠃ ᠪᠡᠯᠡ ᠤᠷᠤᠭᠤᠯᠤᠨ ᠪᠡᠯᠡ ᠬᠦᠢᠯᠬᠡᠬᠡᠬᠦ ᠪᠠᠶᠢᠭᠤᠯᠤᠮᠵᠢ ᠶᠢᠨ ᠦᠬᠡᠷᠡᠴᠢᠯᠡᠯᠲᠠ ᠰᠢᠨ᠎ᠡ | ᠠᠬᠢᠴᠡ ᠲᠠᠢ ᠪᠤᠯᠵᠤ᠂ ᠮᠦᠩᠬᠦᠨ ᠬᠦᠢᠯᠬᠡᠬᠡᠨ ᠤ ᠵᠠᠰᠠᠭ ᠵᠠᠬᠢᠷᠭ᠎ᠠ᠂ ᠪᠠᠩᠬᠢ ᠵᠠᠰᠠᠭ ᠪᠠᠩᠬᠢ ᠠᠵᠤ ᠠᠬᠤᠶᠢᠯᠠᠯ ᠤᠨ ᠪᠡᠯᠡ ᠬᠦᠢᠯᠬᠡᠬᠡᠬᠦ ᠲᠡᠪᠴᠡᠩ ᠢ ᠪᠠᠶᠢᠭᠤᠯᠵᠤ᠂ | ᠤᠯᠤᠰ ᠤᠨ ᠦᠮᠴᠢᠯᠡᠯᠲᠤ ᠬᠦᠷᠦᠩᠬᠡ ᠶᠢ ᠡᠵᠡᠩᠨᠡᠬᠦ ᠪᠠ ᠨᠢᠬᠡᠲᠦᠯᠲᠡᠢ ᠲᠦᠯᠦᠪᠵᠢᠬᠦᠯᠦᠨ ᠬᠠᠮᠢᠶᠠᠷᠬᠤ ᠲᠦᠪᠰᠢᠨ ᠲᠠᠰᠤᠷᠡᠯᠲᠠ ᠦᠬᠡᠢ ᠲᠡᠬᠡᠭᠰᠢᠯᠡᠵᠦ᠂ ᠵᠠᠰᠠᠭ ᠤᠨ | ᠤᠷᠲᠤᠨ ᠤ ᠪᠡᠯᠡ ᠤᠷᠤᠭᠤᠯᠬᠤ ᠠᠵᠢᠯᠯᠠᠭ᠎ᠠ ᠵᠢᠷᠤᠮᠵᠢᠵᠤ᠂ ᠪᠡᠯᠡ ᠤᠷᠤᠭᠤᠯᠤᠨ ᠪᠡᠯᠡ ᠬᠦᠢᠯᠬᠡᠬᠡᠬᠦ ᠤᠷᠴᠢᠨ ᠲᠤᠭᠤᠷᠢᠨ ᠤᠯᠠᠮ ᠰᠠᠶᠢᠵᠢᠷᠡᠪᠠ᠃ ᠭᠠᠲᠠᠭᠠᠲᠤ | ᠨᠡᠬᠡᠬᠡᠯᠲᠡ ᠪᠠᠨ ᠪᠦᠬᠦ ᠲᠡᠯ᠎ᠡ ᠪᠠᠷ ᠦᠷᠬᠡᠳᠬᠡᠵᠦ᠂ ᠤᠯᠠᠨ ᠠᠷᠭ᠎ᠠ ᠵᠠᠮ ᠢᠶᠠᠷ ᠬᠤᠲᠡᠯᠲᠤᠭᠠᠴᠢᠨ ᠤᠷᠢᠵᠤ ᠪᠡᠯᠡ ᠲᠠᠲᠠᠨ᠂ ᠵᠡᠬᠦᠨ ᠬᠤᠶᠢᠲᠤ ᠤᠷᠤᠨ᠂ ᠤᠮᠠᠷᠡᠲᠤ | ᠤᠷᠤᠨ ᠪᠠ ᠪᠦᠸᠧᠬᠠᠢ ᠲᠠᠩᠬᠢᠰ ᠲᠠᠭᠠᠤ ᠠᠵᠤ ᠠᠬᠤᠢ ᠶᠢᠨ ᠤᠷᠤᠨ ᠳᠤ ᠪᠠᠭᠲᠠᠨ ᠤᠷᠤᠵᠤ᠂ ᠪᠡᠬᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠢᠶᠠᠨ | ᠬᠠᠪᠰᠤᠷᠤᠨ ᠬᠤᠷᠰᠢᠯᠴᠠᠬᠤ ᠶᠢ ᠬᠦᠨᠵᠡᠬᠡᠶᠢᠷᠡᠬᠦᠯᠵᠦ᠂ ᠨᠢᠬᠡ ᠪᠦᠯᠦᠭ ᠪᠤᠲᠠᠲᠤ ᠬᠦᠴᠦᠨ ᠴᠢᠩᠭ᠎ᠠ ᠲᠤᠮᠤ ᠠᠵᠤ ᠠᠬᠤᠶᠢᠯᠠᠯ ᠲᠤᠮᠤ ᠪᠦᠯᠦᠭᠯᠡᠯ ᠮᠠᠨ ᠤ ᠬᠤᠲᠠ ᠳᠤ | ᠰᠠᠭᠤᠷᠢᠰᠢᠨ᠂ ᠪᠦᠬᠦ ᠬᠤᠲᠠ ᠢᠶᠠᠷ ᠢᠶᠠᠨ ᠨᠡᠶᠢᠲᠠ ᠤᠯᠤᠰ ᠤᠨ ᠲᠤᠲᠤᠭᠠᠲᠤ ᠶᠢᠨ ᠪᠡᠯᠡ ᠮᠦᠩᠬᠦ ᠶᠢ 2515 ᠳ᠋ᠦᠩᠰᠢᠭᠤᠷ ᠲᠦᠬᠦᠷᠢᠭ ᠤᠷᠤᠭᠤᠯᠤᠨ ᠠᠪᠴᠢᠷᠡᠵᠤ | ᠂ 2.1 ᠳ᠋ᠦᠩᠰᠢᠭᠤᠷ ᠳ᠋ᠤᠯᠯᠠᠷ ᠭᠠᠲᠠᠭᠠᠲᠤ ᠪᠡᠯᠡ ᠶᠢ ᠪᠤᠲᠠᠲᠠᠢ ᠠᠰᠢᠭᠯᠠᠵᠡᠢ᠃ | ︵ᠲᠤᠯᠤᠭ᠎ᠠ︶ ᠠᠷᠡᠳ ᠤᠨ ᠠᠮᠢᠲᠤᠷᠡᠯ ᠤᠨ ᠪᠠᠲᠤᠯᠠᠭ᠎ᠠ ᠶᠢᠨ ᠴᠢᠲᠠᠪᠤᠷᠢ ᠰᠢᠨ᠎ᠡ ᠲᠦᠪᠰᠢᠨ ᠳᠤ ᠬᠦᠷᠪᠡ᠃ ᠭᠤᠤᠯᠲᠠᠯᠭᠠᠲᠠᠢ ᠠᠷᠡᠳ ᠤᠨ ᠠᠮᠢᠲᠤᠷᠡᠯ ᠤᠨ | ᠠᠵᠢᠯ ᠴᠢᠩᠭᠠᠳᠬᠠᠭᠲᠠᠵᠤ᠂ ᠬᠦᠮᠦᠨ ᠪᠦᠷᠢ ᠶᠢᠨ ᠲᠤᠮᠲᠠᠴᠢ ᠠᠰᠢᠭ ᠨᠡᠮᠡᠭᠲᠡᠭᠰᠡᠨ ᠲᠦᠪᠰᠢᠨ ᠮᠡᠲᠡᠭᠲᠡᠮ᠎ᠡ ᠲᠡᠬᠡᠭᠰᠢᠯᠡᠵᠦ᠂ ᠬᠦᠴᠦᠨ ᠪᠠᠭᠤᠷᠡᠢ ᠬᠦᠮᠦᠰ ᠢ ᠨᠡᠩ | ᠤᠯᠠᠨ᠂ ᠨᠠᠩ ᠰᠢᠭᠤᠳ ᠠᠩᠬᠠᠷᠤᠨ ᠬᠠᠯᠠᠮᠵᠢᠯᠠᠬᠤ ᠪᠤᠯᠵᠤ᠂ ᠠᠷᠡᠳ ᠤᠨ ᠠᠮᠢᠲᠤᠷᠡᠯ ᠤᠨ ᠪᠠᠲᠤᠯᠠᠭ᠎ᠠ ᠶᠢᠨ ᠪᠦᠷᠬᠦᠴᠡ ᠲᠡᠰᠤᠷᠠᠯᠲᠠ ᠦᠬᠡᠢ ᠦᠷᠬᠡᠳᠴᠦ᠂ | ᠪᠠᠲᠤᠯᠠᠭ᠎ᠠ ᠶᠢᠨ ᠲᠦᠪᠰᠢᠨ ᠪᠦᠬᠦ ᠲᠡᠯ᠎ᠡ ᠪᠠᠷ ᠲᠡᠬᠡᠭᠰᠢᠯᠡᠪᠡ᠃ ᠪᠦᠬᠦ ᠬᠤᠲᠠ ᠶᠢᠨ ᠠᠷᠡᠳ ᠤᠨ ᠠᠮᠢᠲᠤᠷᠡᠯ ᠤᠨ ᠬᠦᠷᠢᠶᠡᠨ ᠳᠤ ᠬᠡᠷᠡᠭᠯᠡᠭᠰᠡᠨ ᠡᠳ᠋ ᠤᠨ ᠵᠠᠰᠠᠭ ᠠᠴᠠ | ᠪᠡᠯᠡ ᠤᠷᠤᠭᠤᠯᠤᠭᠰᠠᠨ ᠨᠢ 802.6 ᠳ᠋ᠦᠩᠰᠢᠭᠤᠷ ᠲᠦᠬᠦᠷᠢᠭ ᠲᠤ ᠬᠦᠷᠴᠦ᠂ ᠤᠯᠠᠨ ᠨᠡᠶᠢᠲᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠳᠠᠬᠢ | ᠬᠠᠷᠢᠴᠠᠯ 72.1% ᠪᠤᠯᠪᠡ᠃ ᠠᠵᠢᠯ ᠤᠯᠤᠭᠰᠡᠳ ᠨᠡᠶᠢᠲᠠ 12.5 ᠲᠦᠮᠡᠨ ᠬᠦᠮᠦᠨ ᠰᠢᠨ᠎ᠡ ᠪᠠᠷ ᠨᠡᠮᠡᠭᠲᠡᠵᠤ᠂ 4.97 ᠲᠦᠮᠡᠨ ᠠᠵᠢᠯ ᠤᠯᠬᠤ ᠳᠤ | ᠬᠦᠴᠢᠷᠲᠡᠢ ᠬᠦᠮᠦᠰ ᠢ ᠲᠦᠪᠬᠢᠨᠡᠬᠦᠯᠦᠨ᠂ ︽ᠠᠵᠢᠯ ᠲᠠᠢ ᠬᠦᠮᠦᠨ ᠦᠬᠡᠢ ᠬᠡᠷ ᠪᠦᠯᠢ ᠶᠢᠨ ᠲᠢᠭ ᠨᠤᠷᠮᠠᠲᠤ ᠬᠦᠲᠦᠯᠦᠯ ᠪᠠᠶᠢᠲᠡᠯ︾ ᠤᠨ ᠬᠠᠷᠡᠯᠲᠡ ᠶᠢ | ᠦᠨᠳᠦᠰᠦᠨ ᠳᠡᠭᠡᠨ ᠪᠡᠶᠡᠯᠡᠬᠦᠯᠪᠡ᠃ ᠠᠵᠤ ᠠᠬᠤᠶᠢᠯᠠᠯ ᠤᠨ ᠠᠵᠢᠯᠴᠢᠨ ᠠᠵᠢᠯᠲᠡᠨ ᠤ ᠴᠠᠯᠢᠩ ᠤᠨ ᠬᠡᠪ ᠪᠠᠷ ᠨᠡᠮᠡᠭᠲᠡᠬᠦ ᠵᠤᠬᠢᠴᠠᠮᠵᠢ ᠶᠢ ᠪᠠᠶᠢᠭᠤᠯᠵᠤ᠂ ᠲᠦᠷᠦ ᠶᠢᠨ | ᠠᠯᠪᠡᠲᠡᠨ ᠤ ᠨᠡᠮᠡᠬᠦᠷᠢ ᠨᠦᠬᠦᠪᠦᠷᠢ ᠶᠢ ᠲᠦᠷᠢᠮᠵᠢᠬᠦᠯᠵᠦ᠂ ᠠᠵᠢᠯ ᠦᠢᠯᠡᠰ ᠤᠨ ᠨᠢᠬᠡᠴᠡ ᠶᠢᠨ ᠠᠵᠢᠯ ᠤᠨ ᠪᠦᠲᠦᠮᠵᠢ ᠶᠢᠨ ᠴᠠᠯᠢᠩ ᠤᠨ ᠦᠬᠡᠷᠡᠴᠢᠯᠡᠯᠲᠡ ᠶᠢ | ᠠᠬᠢᠭᠤᠯᠪᠠ᠃ ᠬᠤᠲᠠ ᠪᠠᠯᠭᠠᠰᠤᠨ ᠤ ᠠᠵᠢᠯᠴᠢᠨ ᠠᠵᠢᠯᠲᠡᠨ ᠤ ᠦᠨᠳᠦᠰᠦᠨ ᠨᠠᠰᠤᠵᠢᠯ ᠤᠨ ᠲᠠᠭᠠᠳᠬᠠᠯ ᠤᠨ ᠪᠦᠷᠬᠦᠯᠲᠡ ᠶᠢᠨ ᠬᠡᠪᠴᠢᠶ᠎ᠡ ᠶᠢ ᠦᠷᠬᠡᠳᠬᠡᠵᠦ᠂ | ᠰᠢᠨ᠎ᠡ ᠮᠠᠶ᠋ᠢᠭ ᠤᠨ ᠬᠦᠲᠡᠭᠡ ᠲᠤᠰᠬᠤᠨ ᠮᠠᠯᠵᠢᠬᠤ ᠤᠷᠤᠨ ᠤ ᠨᠡᠶᠢᠬᠡᠮ ᠤᠨ ᠨᠠᠰᠤᠵᠢᠯ ᠤᠨ ᠲᠠᠭᠠᠳᠬᠠᠯ ᠢ ᠪᠦᠬᠦ ᠲᠡᠯ᠎ᠡ ᠪᠠᠷ ᠬᠡᠷᠡᠭᠵᠢᠬᠦᠯᠵᠦ᠂ ᠠᠵᠤ ᠠᠬᠤᠶᠢᠯᠠᠯ | ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠦᠩᠬᠦᠨ ᠤ ᠪᠡᠷᠢᠮᠵᠢᠶ᠎ᠡ ᠶᠢ 845 ᠲᠦᠬᠦᠷᠢᠭ ᠪᠤᠯᠭᠠᠨ ᠲᠡᠬᠡᠭᠰᠢᠯᠡᠬᠦᠯᠪᠡ᠃ ᠪᠦᠬᠦ ᠤᠷᠤᠨ ᠳᠤ ᠬᠠᠮᠤᠭ | ᠲᠦᠷᠦᠬᠦᠨ ᠳᠤ ᠬᠤᠲᠠᠯᠲᠤᠭᠠᠨ ᠤ ᠲᠠᠭᠠᠳᠬᠠᠯ ᠢ ᠤᠷᠤᠭᠤᠯᠤᠨ᠂ ᠰᠢᠨ᠎ᠡ ᠬᠤᠷᠰᠢᠭᠰᠠᠨ ᠡᠮᠨᠡᠯᠬᠡ᠂ ᠬᠤᠲᠠ ᠪᠠᠯᠭᠠᠰᠤᠨ ᠤ ᠠᠵᠢᠯᠲᠡᠨ ᠠᠵᠢᠯᠴᠢᠨ ᠤ ᠡᠮ ᠡᠮᠨᠡᠯᠬᠡ | ᠶᠢᠨ ᠲᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠬᠡᠨ ᠳᠤ ᠤᠷᠤᠯᠴᠠᠵᠤ᠂ ᠡᠮ ᠡᠮᠨᠡᠯᠬᠡ ᠶᠢᠨ ᠪᠠᠲᠤᠯᠠᠭ᠎ᠠ ᠶᠢᠨ ᠲᠦᠪᠰᠢᠨ ᠶᠡᠬᠡᠪᠡᠷ ᠲᠡᠬᠡᠭᠰᠢᠯᠡᠵᠦ᠂ ᠬᠤᠲᠠ | ᠪᠠᠯᠭᠠᠰᠤᠨ ᠤ ᠦᠨᠳᠦᠰᠦᠨ ᠡᠮ ᠡᠮᠨᠡᠯᠬᠡ ᠶᠢᠨ ᠲᠠᠭᠠᠳᠬᠠᠯ ᠪᠠ ᠰᠢᠨ᠎ᠡ ᠮᠠᠶ᠋ᠢᠭ ᠤᠨ ᠬᠦᠲᠡᠭᠡ ᠲᠤᠰᠬᠤᠨ ᠤ ᠬᠤᠷᠰᠢᠭᠰᠡᠨ ᠡᠮᠨᠡᠯᠬᠡ ᠶᠢᠨ ᠪᠦᠷᠬᠦᠯᠲᠡ ᠶᠢᠨ ᠨᠤᠷᠮ᠎ᠠ | ᠴᠦᠮ 95% ᠠᠴᠠ ᠲᠡᠬᠡᠭᠰᠢ ᠲᠤ ᠭᠦᠷᠴᠦ᠂ ᠲᠠᠷᠢᠶᠡᠴᠢᠳ ᠮᠠᠯᠴᠢᠳ ᠤᠨ ᠡᠮᠨᠡᠯᠬᠡ ᠳᠤ ᠰᠠᠭᠤᠭᠰᠠᠨ ᠢ ᠲᠠᠩᠰᠡᠨᠠ ᠲᠠᠶᠢᠯᠠᠬᠤ ᠬᠠᠮᠤᠭ ᠲᠡᠭᠡᠷ᠎ᠠ ᠭᠡᠮᠵᠢᠶ᠎ᠠ ᠶᠢ 6 | ᠲᠦᠮᠡᠨ ᠲᠦᠬᠦᠷᠢᠭ ᠪᠠᠶᠢᠠᠠᠰᠠᠨ ᠢ ᠲᠡᠬᠡᠭᠰᠢᠯᠡᠬᠦᠯᠦᠬᠡᠳ 20 ᠲᠦᠮᠡᠨ ᠲᠦᠬᠦᠷᠢᠭ ᠪᠤᠯᠭᠠᠵᠠᠢ᠃ ᠬᠤᠲᠠ ᠪᠠᠯᠭᠠᠰᠤᠨ ᠤ ᠬᠠᠮᠤᠭ ᠲᠤᠤᠷ᠎ᠠ ᠪᠠᠲᠤᠯᠠᠭ᠎ᠠ ᠶᠢᠨ ᠰᠠᠷ᠎ᠠ | ᠶᠢᠨ ᠪᠠᠷᠢᠮᠵᠢᠶ᠎ᠠ ᠪᠠ ᠬᠦᠲᠡᠭᠡ ᠲᠤᠰᠬᠤᠨ ᠮᠠᠯᠵᠢᠬᠤ ᠤᠷᠤᠨ ᠤ ᠬᠠᠮᠤᠭ ᠲᠤᠤᠷ᠎ᠠ ᠪᠠᠲᠤᠯᠠᠭ᠎ᠠ ᠶᠢᠨ ᠵᠢᠯ ᠤᠨ ᠪᠠᠷᠢᠮᠵᠢᠶ᠎ᠡ ᠶᠢ ᠲᠤᠰᠪᠤᠷᠢ 204 ᠲᠦᠬᠦᠷᠢᠭ ᠪᠠ | 1773 ᠲᠦᠬᠦᠷᠢᠭ ᠪᠤᠯᠤᠨ ᠲᠡᠬᠡᠭᠰᠢᠯᠡᠬᠦᠯᠵᠡᠢ᠃ ᠠᠷᠡᠳ ᠢ ᠬᠠᠷᠡᠭᠠᠯᠵᠠᠬᠤ ᠤᠷᠤᠰᠢᠭᠤᠯᠭ᠎ᠠ ᠶᠢᠨ ᠦᠬᠡᠷᠡᠴᠢᠯᠡᠯᠲᠡ ᠶᠢ ᠬᠡᠷᠡᠭᠵᠢᠬᠦᠯᠵᠦ᠂ 38.8 ᠲᠦᠮᠡᠨ | ᠬᠦᠴᠢᠷᠲᠡᠢ ᠤᠯᠠᠨ ᠲᠦᠮᠡᠨ ᠠᠰᠢᠭ ᠬᠦᠷᠲᠡᠵᠡᠢ᠃ 16.5 ᠲᠦᠮᠡᠨ ᠡᠷᠦᠬᠡ ᠲᠤᠤᠷ᠎ᠠ ᠤᠷᠤᠯᠭᠠᠲᠤ ᠬᠡᠷ ᠪᠦᠯᠢ ᠶᠢᠨ ᠤᠷᠤᠨ ᠰᠠᠭᠤᠴᠠ ᠶᠢᠨ ᠬᠦᠴᠢᠷ ᠠᠰᠠᠭᠤᠲᠡᠯ | ᠢ ᠰᠢᠢᠳᠪᠦᠷᠢᠯᠡᠪᠡ᠃ ᠲᠠᠷᠢᠶᠠᠴᠢᠳ ᠮᠠᠯᠴᠢᠳ ᠲᠤ ᠡᠯ᠎ᠡ ᠲᠦᠷᠦᠯ ᠤᠨ ᠲᠦᠷᠦ ᠶᠢᠨ ᠪᠤᠲᠤᠯᠭ᠎ᠠ ᠶᠢᠨ ᠴᠢᠨᠠᠷᠲᠡᠢ ᠨᠦᠬᠦᠪᠦᠷᠢ 149 ᠳ᠋ᠦᠩᠰᠢᠭᠤᠷ ᠲᠦᠬᠦᠷᠢᠭ | ᠲᠠᠷᠬᠠᠭᠠᠵᠤ᠂ ᠢᠳᠡᠭᠦ ᠤᠰᠤᠨ ᠤ ᠠᠶᠤᠯᠭᠦᠢ ᠶᠢᠨ ᠢᠨᠵᠧᠨᠧᠷᠢᠩ 1804 ᠶᠢ ᠪᠠᠶᠢᠭᠤᠯᠵᠤ᠂ 130.6 ᠲᠦᠮᠡᠨ ᠬᠦᠮᠦᠨ ᠤ ᠢᠳᠡᠭᠦ ᠤᠰᠤᠨ ᠤ ᠠᠶᠤᠯᠭᠦᠢ ᠶᠢᠨ | ᠠᠰᠠᠭᠤᠲᠡᠯ ᠢ ᠰᠢᠢᠳᠪᠦᠷᠢᠯᠡᠵᠦ᠂ 32 ᠲᠦᠮᠡᠨ ᠶᠠᠲᠠᠭᠤ ᠬᠦᠴᠢᠷᠲᠡᠢ ᠬᠦᠮᠦᠨ ᠠᠮᠡ ᠶᠢ ᠲᠤᠭᠲᠠᠭᠤᠨ ᠢᠶᠠᠷ ᠶᠠᠲᠠᠭᠤ ᠠᠴᠠ ᠨᠢ ᠠᠩᠬᠢᠵᠢᠷᠠᠭᠤᠯᠪᠠ᠃ ᠬᠦᠲᠡᠯᠮᠦᠷᠢ | ᠬᠦᠴᠦᠨ ᠤ ᠭᠠᠷᠭᠠᠯᠲᠡ ᠶᠢ 100 ᠲᠦᠮᠡᠨ ᠬᠦᠮᠦᠨ ᠤᠲᠠᠭ᠎ᠠ ᠠᠴᠠ ᠲᠡᠬᠡᠭᠰᠢ ᠳᠤ ᠲᠤᠭᠲᠠᠪᠤᠷᠢᠵᠢᠭᠤᠯᠵᠤ᠂ ᠬᠦᠲᠡᠯᠮᠦᠷᠢ ᠶᠢᠨ ᠤᠷᠤᠯᠭ᠎ᠠ ᠨᠢ 42.1 | ᠳ᠋ᠦᠩᠰᠢᠭᠤᠷ ᠲᠦᠬᠦᠷᠢᠭ ᠪᠠᠶᠢᠭᠰᠡᠨ ᠠᠴᠠ ᠨᠡᠮᠡᠭᠲᠡᠬᠡᠳ 71 ᠳ᠋ᠦᠩᠰᠢᠭᠤᠷ ᠲᠦᠬᠦᠷᠢᠭ ᠪᠤᠯᠭᠠᠨ ᠨᠡᠮᠡᠭᠳᠡᠭᠦᠯᠵᠠᠢ᠃ | ︵ᠨᠠᠢᠮᠡ︶ ᠡᠯ᠎ᠡ ᠲᠦᠷᠤᠯ ᠤᠨ ᠨᠡᠶᠢᠬᠡᠮ ᠤᠨ ᠦᠢᠯᠡᠰ ᠲᠠᠭᠢᠨᠳᠡ ᠰᠢᠨ᠎ᠡ ᠲᠡᠪᠰᠢᠯᠲᠠ ᠲᠠᠢ ᠪᠤᠯᠪᠠ᠃ ᠨᠡᠶᠢᠬᠡᠮ ᠤᠨ ᠪᠦᠲᠦᠬᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠦᠷᠬᠦᠯᠵᠢᠯᠡᠨ ᠲᠤᠪᠤᠶᠢᠵᠤ᠂ ᠠᠵᠤ ᠠᠬᠤᠢ ᠶᠢᠨ ᠬᠦᠭᠵᠢᠯᠲᠡ ᠯᠤᠭ᠎ᠠ ᠶᠢᠨ ᠵᠤᠭᠢᠴᠠᠩᠭᠤᠢ ᠴᠢᠨᠠᠷ ᠴᠢᠨ᠋ᠬᠠᠰᠢᠳᠡ ᠴᠢᠩᠭᠠᠷᠠᠪᠡ᠃ ᠮᠠᠨ ᠤ ᠬᠤᠲᠠ ᠨᠢ | ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠲᠡᠪᠰᠢᠯᠲᠡ ᠶᠢᠨ ᠲᠡᠷᠢᠬᠦᠨ ᠤ ᠬᠤᠲᠠ ᠪᠠᠷ ᠦᠨᠡᠯᠡᠭᠲᠡᠪᠡ︔ ᠤᠯᠤᠰ ᠤᠨ ᠲᠡᠰ ᠤᠨ ᠲᠡᠬᠡᠲᠦ ᠰᠢᠨ᠎ᠡ | ᠮᠡᠷᠬᠡᠵᠢᠯ ᠤᠨ ᠠᠵᠤ ᠠᠬᠤᠶᠢᠯᠠᠯ 15 ᠪᠤᠯᠤᠨ ᠬᠦᠭᠵᠢᠵᠦ᠂ ᠦᠪᠡᠷᠲᠡᠬᠡᠨ ᠵᠠᠰᠠᠬᠤ ᠤᠷᠤᠨ ᠤ ᠲᠡᠰ ᠤᠨ ᠠᠵᠤ ᠦᠢᠯᠡᠰ ᠤᠨ ᠮᠡᠷᠬᠡᠵᠢᠯ ᠤᠨ ᠡᠭᠦᠳᠦᠯᠳᠡ ᠶᠢᠨ | ᠪᠠᠶᠢᠯᠲᠤᠬᠤ ᠪᠤᠲᠤᠯᠭ᠎ᠠ ᠶᠢᠨ ᠬᠤᠯᠪᠤᠭ᠎ᠠ 6 ᠪᠤᠯᠵᠦ᠂ ᠲᠠᠷᠢᠶᠠᠯᠠᠩ ᠤᠨ ᠦᠵᠡᠬᠦᠯᠦᠯᠬᠡ ᠨᠢ ᠲᠡᠰ ᠲᠡᠪᠰᠢᠨ ᠤᠯᠤᠰ ᠤᠨ ᠲᠡᠰ ᠤᠨ ᠦᠵᠡᠬᠦᠯᠦᠯᠬᠡ ᠪᠤᠯᠪᠠ᠃ | ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠢᠨᠵᠧᠨᠧᠷᠢᠩ ᠤᠨ 2009 —2011 ᠤᠨ ᠤ ᠲᠦᠯᠦᠪᠵᠢᠬᠦᠯᠬᠡ ᠶᠢᠨ ᠪᠦᠲᠦᠬᠡᠨ ᠪᠠᠶᠢᠭᠤᠯᠤᠯᠲᠡ ᠶᠢᠨ | ᠡᠬᠦᠷᠬᠡ ᠶᠢ ᠪᠡᠶᠡᠯᠡᠬᠦᠯᠵᠦ᠂ 300 ᠲᠦᠮᠡᠨ ᠲᠡᠭᠰᠢ ᠲᠦᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠵᠤ ᠦᠬᠡᠷᠡᠴᠢᠯᠡᠨ ᠵᠠᠰᠠᠵᠤ | ᠦᠷᠬᠡᠳᠬᠡᠨ ᠪᠠᠶᠢᠭᠤᠯᠪᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠡᠨ ᠵᠢᠯ ᠤᠨ ᠠᠵᠢᠯᠯᠭᠠᠨ ᠤ ᠲᠦᠯᠦᠪᠯᠡᠭᠡ ᠶᠢ ᠡᠬᠢᠯᠡᠬᠦᠯᠵᠦ᠂ | ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠡᠢ ᠬᠦᠭᠵᠢᠯᠲᠡ ᠢᠲᠡᠪᠬᠢᠲᠡᠢ ᠠᠬᠢᠯᠲᠡ ᠲᠠᠢ ᠪᠤᠯᠵᠤ᠂ ᠲᠡᠬᠡᠲᠤ ᠲᠤᠮᠲᠠᠲᠤ ᠶᠢᠨ ᠱᠠᠲᠤᠨ ᠤ ᠰᠦᠢᠳᠬᠡᠯ | ᠬᠤᠷᠢᠶᠠᠬᠤ ᠦᠬᠡᠢ ᠰᠤᠷᠭᠠᠨ ᠬᠦᠮᠦᠵᠢᠯ ᠢ ᠪᠦᠬᠦ ᠲᠡᠯ᠎ᠡ ᠪᠠᠷ ᠬᠡᠷᠡᠭᠵᠢᠬᠦᠯᠵᠦ᠂ ᠲᠡᠬᠡᠲᠦ ᠰᠤᠷᠭᠠᠭᠤᠯᠢ ᠶᠢᠨ ᠰᠢᠯᠭᠠᠯᠳᠡ ᠳᠤ ᠵᠢᠩᠭᠢᠨᠢ ᠠᠩᠭᠢ ᠳᠤ ᠤᠷᠤᠠᠠᠰᠠᠨ | ᠰᠢᠯᠭᠠᠨ ᠨᠤᠷᠮ᠎ᠠ ᠪᠦᠬᠦ ᠤᠷᠤᠨ ᠳᠤ ᠤᠷᠤᠶᠢᠯᠠᠬᠤ ᠪᠠᠨ ᠪᠠᠳᠤᠯᠠᠵᠦ ᠪᠠᠶᠢᠨ᠎ᠠ︔ ᠦᠪᠦᠷ ᠮᠤᠩᠭᠤᠯ ᠤᠨ ᠨᠡᠬᠡᠮᠡᠯ ᠤᠨ ᠠᠵᠤ ᠦᠢᠡᠯᠳᠪᠦᠷᠢ ᠶᠢᠨ ᠰᠤᠷᠭᠠᠭᠤᠯᠢ ᠨᠢ | ᠲᠡᠰ ᠲᠡᠪᠰᠢᠨ ᠤᠯᠠᠭᠠᠨᠬᠠᠲᠠ ᠠᠵᠤ ᠦᠢᠯᠡᠳᠪᠦᠷᠢ ᠶᠢᠨ ᠠᠵᠢᠯ ᠮᠡᠷᠬᠡᠵᠢᠯ ᠤᠨ ᠲᠡᠬᠡᠲᠦ ᠰᠤᠷᠭᠠᠭᠤᠯᠢ ᠪᠤᠯᠵᠤ᠂ ᠰᠦᠩ ᠱᠠᠨ ᠲᠤᠭᠤᠷᠢᠭ ᠤᠨ ᠠᠵᠢᠯ ᠮᠡᠷᠬᠡᠵᠢᠯ ᠤᠨ | ᠰᠤᠷᠭᠠᠨ ᠬᠦᠮᠦᠵᠢᠯ ᠤᠨ ᠲᠦᠪ ᠨᠢ ᠤᠯᠤᠰ ᠤᠨ ᠵᠢᠱᠢᠶ᠎ᠡ ᠦᠵᠡᠬᠦᠯᠬᠦ ᠲᠤᠮᠲᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠪᠤᠯᠵᠤ᠂ ᠤᠯᠠᠭᠠᠨᠬᠠᠲᠠ ᠲᠡᠬᠡᠲᠦ | ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠡᠨ ᠵᠢᠩᠬᠢᠨᠢ ᠠᠩᠬᠢ ᠶᠢᠨ ᠰᠤᠷᠭᠠᠭᠤᠯᠢ ᠨᠢ ᠦᠨᠡᠯᠡᠯᠳᠠ ᠭᠢᠨᠡᠯᠳᠡ ᠰᠢᠯᠭᠠᠯᠳᠡ ᠶᠢ ᠤᠷᠤᠠᠠᠰᠢᠳᠡᠢ ᠲᠤᠭᠤᠯᠪᠡ᠃ 6.8 | ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ 399 ᠶᠢ ᠰᠢᠨ᠎ᠡ ᠪᠠᠷ ᠪᠠᠶᠢᠭᠤᠯᠭᠰᠡᠨ ᠪᠤᠶᠤ ᠦᠬᠡᠷᠡᠴᠢᠯᠡᠨ | ᠦᠷᠬᠡᠳᠬᠡᠨ ᠪᠠᠶᠢᠭᠤᠯᠵᠤ᠂ ᠤᠯᠤᠰ ᠤᠨ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠶᠢ 6 ᠪᠠᠶᠢᠭᠤᠯᠵᠦ᠂ ᠤᠯᠠᠨ ᠨᠡᠶᠢᠲᠠ ᠶᠢᠨ ᠡᠷᠡᠬᠦᠯ ᠬᠠᠮᠠᠭᠠᠯᠠᠯ᠂ ᠡᠮ | ᠡᠮᠨᠡᠯᠬᠡ ᠶᠢᠨ ᠠᠪᠤᠷᠡᠨ ᠵᠠᠰᠠᠬᠤ ᠪᠠ ᠦᠨᠳᠦᠰᠦᠨ ᠱᠠᠲᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠨᠦᠬᠦᠴᠡᠯ ᠢᠯᠡᠳᠲᠡ ᠰᠠᠶᠢᠵᠢᠷᠡᠪᠠ︔ ᠤᠯᠤᠰ ᠤᠨ ᠡᠷᠡᠬᠦᠯ | ᠬᠠᠮᠠᠭᠠᠯᠠᠯ ᠤᠨ ᠬᠤᠲᠠ ᠶᠢᠨ ᠦᠷ᠎ᠡ ᠪᠦᠲᠦᠬᠡᠯ ᠪᠠᠲᠤᠳᠬᠠᠭᠲᠠᠪᠠ᠃ ᠤᠯᠠᠭᠠᠨᠬᠠᠲᠠ ᠶᠢᠨ ᠰᠢᠨ᠎ᠠ ᠮᠦᠽᠸᠢ ᠶᠢ ᠪᠠᠶᠢᠭᠤᠯᠵᠤ᠂ ᠰᠤᠮᠤ ᠰᠢᠶᠠᠩ ᠪᠠᠯᠭᠠᠰᠤᠨ ᠤ | ᠶᠡᠷᠦᠩᠬᠡᠶᠢᠯᠡᠭᠰᠡᠨ ᠰᠤᠶᠤᠯ ᠤᠨ ᠦᠷᠲᠡᠭᠡ ᠶᠢ 110᠂ ᠲᠤᠰᠬᠤᠨ ᠤ ᠲᠡᠰ ᠤᠨ ᠲᠠᠯ᠎ᠡ ᠨᠤᠲᠤᠭ ᠤᠨ ᠨᠤᠮ ᠤᠨ ᠦᠷᠦᠬᠡ 2040 ᠶᠢ ᠰᠢᠨ᠎ᠡ ᠪᠠᠷ ᠪᠠᠶᠢᠭᠤᠯᠵᠤ᠂ | ᠡᠯ᠎ᠡ ᠱᠠᠲᠤᠨ ᠤ ᠤᠯᠠᠨ ᠨᠡᠶᠢᠲᠠ ᠶᠢᠨ ᠰᠤᠶᠤᠯ ᠤᠨ ᠲᠠᠯᠠᠪᠤᠷ ᠤᠷᠲᠤᠨ ᠢ ᠤᠯᠠᠨ ᠨᠡᠶᠢᠲᠠ ᠳᠤ ᠰᠦᠢᠳᠬᠡᠯ ᠬᠤᠷᠢᠶᠠᠬᠤ ᠦᠬᠡᠢ ᠪᠠᠷ ᠨᠡᠬᠡᠬᠡᠪᠡ︔ ᠬᠤᠩ ᠱᠠᠨ | ᠰᠤᠶᠤᠯ ᠤᠨ ᠨᠠᠶᠢᠷ ᠤᠨ ᠨᠦᠯᠦᠬᠡ ᠵᠢᠯ ᠠᠴᠠ ᠵᠢᠯ ᠦᠷᠬᠡᠳᠴᠦ᠂ ᠲᠤᠮᠲᠠᠲᠤ ᠤᠯᠤᠰ ᠤᠨ ᠲᠠᠮᠠᠭᠠᠲᠤ ᠬᠤᠲᠠ ᠶᠢᠨ ᠰᠤᠶᠤᠯ ᠤᠨ ᠨᠡᠶᠢᠷ ᠰᠠᠶᠢᠨ ᠡᠭᠢᠯᠡᠯᠳᠡ ᠲᠠᠢ | ᠪᠠᠶᠢᠵᠤ᠂ ᠬᠤᠩ ᠱᠠᠨ ᠰᠤᠶᠤᠯ ᠤᠨ ᠪᠠᠭᠤᠷᠢ᠂ ᠯᠢᠶᠤᠤ ᠶᠢᠨ ᠰᠤᠶᠤᠯ ᠤᠨ ᠪᠠᠭᠤᠷᠢ ᠨᠢ ᠲᠤᠮᠲᠠᠲᠤ ᠤᠯᠤᠰ ᠤᠨ ᠲᠡᠯᠡᠬᠡᠢ ᠶᠢᠨ ᠰᠤᠶᠤᠯ ᠤᠨ ᠦᠪ ᠤᠨ ᠪᠡᠯᠡᠳᠬᠡᠯ | ᠨᠡᠷᠡᠰ ᠲᠤ ᠤᠷᠤᠵᠤ᠂ ᠠᠤᠬᠠᠨ ᠬᠤᠰᠢᠭᠤᠨ ᠤ ᠬᠠᠭᠤᠷᠡᠢ ᠪᠠᠷ ᠲᠡᠷᠢᠶᠠᠯᠠᠬᠤ ᠰᠢᠰᠲ᠋ᠧᠮ ᠨᠢ ᠪᠦᠬᠦ ᠪᠦᠮᠪᠦᠷᠴᠡᠭ ᠤᠨ ᠴᠢᠬᠤᠯᠡ ᠲᠠᠷᠢᠶᠠᠯᠠᠩ ᠤᠨ ᠰᠤᠶᠤᠯ ᠤᠨ ᠦᠪ | ᠢᠶᠠᠷ ᠵᠢᠭᠰᠠᠭᠠᠭᠳᠠᠵᠤ᠂ ᠪᠠᠭᠠᠷᠢᠨ ᠪᠠᠷᠠᠭᠤᠨ ᠬᠤᠰᠢᠭᠤ ︽ᠲᠤᠮᠲᠠᠲᠤ ᠤᠯᠤᠰ ᠤᠨ ᠬᠡᠰᠡᠷ ᠤᠨ ᠰᠤᠶᠤᠯ ᠤᠨ ᠨᠤᠲᠤᠭ︾ ᠢᠶᠠᠷ ᠦᠨᠡᠯᠡᠭᠲᠡᠪᠡ᠃ ᠪᠦᠬᠦ ᠬᠤᠲᠠ ᠶᠢᠨ | ᠷᠡᠳᠢᠤ᠋᠂ ᠲᠧᠯᠸᠢᠰ ᠤᠨ ᠬᠦᠮᠦᠨ ᠠᠮᠠ ᠶᠢᠨ ᠶᠡᠷᠦᠩᠬᠡᠶᠢᠯᠡᠭᠰᠡᠨ ᠪᠦᠷᠬᠦᠯᠲᠡ ᠶᠢᠨ ᠨᠤᠷᠮ᠎ᠠ ᠶᠢ ᠲᠤᠰᠪᠤᠷᠢ 3.3 ᠪᠠ 5.3 ᠵᠠᠭᠤᠨ ᠤ ᠴᠡᠭ ᠲᠡᠬᠡᠭᠰᠢᠯᠡᠬᠦᠯᠵᠦ᠂ 97. | 1% ᠪᠠ 97.3% ᠳᠤ ᠬᠦᠷᠴᠡᠢ᠃ ᠪᠦᠬᠦ ᠤᠷᠤᠨ ᠤ ᠠᠷᠪᠡᠨ ᠭᠤᠷᠪᠠᠲᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠶᠢ | ᠪᠠᠲᠤᠲᠠᠢ ᠠᠬᠢᠭᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠪᠠ ᠮᠦᠷᠦᠶᠢᠴᠡᠭᠡᠨ ᠤ ᠪᠡᠶ᠎ᠠ ᠶᠢᠨ ᠲᠡᠮᠢᠷ ᠵᠤᠬᠢᠴᠠᠩᠭᠤᠢ ᠬᠦᠭᠵᠢᠪᠡ᠃ ᠲᠤᠤᠷ᠎ᠠ ᠦᠷᠡᠵᠢᠯ ᠤᠨ | ᠲᠦᠪᠰᠢᠨ ᠢ ᠲᠤᠠᠠᠳᠠᠪᠤᠷᠢᠵᠢᠭᠤᠯᠵᠦ᠂ ᠲᠦᠷᠦᠭᠰᠡᠨ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠤᠨ ᠵᠦᠷᠢᠶ᠎ᠠ ᠦᠨᠳᠦᠷ ᠪᠠᠶᠢᠬᠤ ᠠᠰᠠᠭᠤᠲᠡᠯ ᠢ | ᠬᠢᠵᠠᠭᠠᠷᠯᠠᠵᠡᠢ᠃ ᠬᠤᠶᠠᠲᠤᠭᠠᠷ ᠤᠲᠠᠭᠠᠨ ᠤ ᠲᠠᠷᠢᠶᠠᠯᠠᠩ ᠤᠨ ᠨᠡᠶᠢᠲᠡᠮ ᠤᠨ ᠪᠠᠶᠢᠴᠠᠭᠠᠯᠲᠠ᠂ ᠠᠵᠤ ᠠᠬᠤᠢ ᠶᠢᠨ ᠨᠡᠶᠢᠲᠡᠮ ᠤᠨ ᠪᠠᠶᠢᠴᠠᠭᠠᠯᠲᠠ ᠪᠠ ᠵᠢᠷᠭᠤᠲᠤᠭᠠᠷ | ᠤᠲᠠᠭᠠᠨ ᠤ ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠶᠢ ᠲᠡᠬᠦᠰ ᠠᠮᠵᠢᠯᠲᠡ ᠲᠠᠢ ᠪᠡᠶᠡᠯᠡᠬᠦᠯᠵᠡᠢ᠃ ᠠᠷᠡᠳ ᠤᠨ ᠠᠭᠠᠷ ᠤᠨ ᠰᠡᠷᠬᠡᠶᠢᠯᠡᠯᠲᠡ᠂ ᠴᠠᠭ ᠠᠭᠤᠷ᠂ | ᠭᠠᠵᠠᠷ ᠬᠦᠲᠡᠯᠦᠯᠲᠡ᠂ ᠲᠠᠩᠰᠠ ᠡᠪᠬᠡᠮᠡᠯ᠂ ᠲᠡᠦᠬᠡ ᠤᠶᠢᠯᠠᠯᠭ᠎ᠠ᠂ ᠭᠠᠲᠠᠭᠠᠲᠤ ᠶᠠᠪᠤᠲᠡᠯ᠂ ᠬᠠᠷᠢᠶᠠᠲᠤ ᠶᠢᠨ ᠶᠠᠪᠤᠲᠡᠯ᠂ ᠦᠳᠡᠭᠦᠰᠴᠤᠳ᠂ ᠨᠢᠬᠦᠯᠡᠰᠦᠩᠬᠦᠢ | ᠶᠢᠨ ᠦᠢᠯᠡᠰ᠂ ᠤᠯᠠᠭᠠᠨ ᠵᠠᠭᠠᠯᠮᠠᠶᠢᠲᠡᠨ᠂ ᠵᠡᠮᠲᠡᠭᠴᠦᠳ᠂ ᠡᠮᠡᠭᠲᠡᠶᠢᠴᠤᠳ ᠬᠡᠦᠬᠡᠳ᠂ ᠢᠲᠡᠬᠡᠨ ᠡᠮ ᠤᠨ ᠵᠦᠢᠯ ᠵᠡᠷᠬᠡ ᠠᠵᠢᠯ ᠤᠳ ᠴᠦᠮ ᠰᠢᠨ᠎ᠡ ᠪᠦᠲᠦᠮᠵᠢ | ᠤᠯᠪᠠ᠃ | ︵ᠶᠢᠰᠤ︶ ᠤᠶᠤᠨ ᠤ ᠪᠤᠯᠪᠠᠰᠤᠨ ᠪᠠ ᠠᠷᠡᠳᠴᠢᠯᠠᠯ ᠬᠠᠦᠯᠢ ᠲᠦᠷᠢᠮ ᠤᠨ ᠪᠠᠶᠢᠭᠤᠯᠤᠯᠲᠡ ᠰᠢᠨ᠎ᠡ ᠪᠦᠲᠦᠮᠵᠢ ᠤᠯᠪᠠ᠃ ︽ᠤᠯᠠᠭᠠᠨᠬᠠᠲᠠ ᠶᠢᠨ ᠵᠤᠷᠢᠭ | ᠰᠠᠨᠠᠭ᠎ᠠ︾ ᠶᠢ ᠶᠡᠬᠡᠪᠡᠷ ᠶᠠᠷᠢᠯᠴᠠᠬᠤ ᠠᠵᠢᠯᠯᠠᠭᠠᠨ ᠢ ᠬᠦᠨᠵᠡᠬᠡᠢ ᠦᠷᠨᠢᠬᠦᠯᠵᠦ᠂ 2010 ᠤᠨ ᠤ ᠪᠦᠬᠦ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠡ ᠶᠢᠨ | ᠲᠤᠷᠰᠢᠯᠭ᠎ᠠ ᠰᠤᠯᠢᠯᠴᠠᠬᠤ ᠬᠤᠷᠡᠯ ᠢ ᠠᠮᠵᠢᠯᠲᠡ ᠲᠠᠢ ᠡᠷᠬᠢᠯᠡᠵᠦ᠂ ᠪᠦᠬᠦ ᠤᠯᠤᠰ ᠤᠨ ᠪᠤᠯᠪᠠᠰᠤᠨ ᠬᠤᠲᠠ ᠶᠢᠨ ᠠᠳᠠᠯᠢᠳᠬᠠᠯ ᠳᠤ ᠨᠡᠷ᠎ᠡ ᠲᠤᠷᠡᠲᠤᠲᠠᠭᠰᠠᠨ ᠬᠢᠷᠢ | ᠬᠡᠮ ᠢ ᠤᠯᠵᠡᠢ᠃ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠳᠤ ᠨᠡᠶᠢᠳᠡ64 ᠤᠳᠠᠭ᠎ᠠ ᠠᠵᠢᠯ ᠤᠨ ᠬᠠᠷᠢᠭᠤ | ᠮᠡᠳᠡᠭᠦᠯᠦᠯᠳᠡ ᠬᠢᠵᠦ᠂ ᠤᠯᠤᠰ ᠲᠦᠷᠦ ᠶᠢᠨ ᠵᠦᠪᠯᠡᠯᠭᠡᠨ ᠤ ᠪᠠᠶᠢᠡᠭᠭᠤ ᠶᠢᠨ ᠬᠤᠷᠢᠶ᠎ᠠ ᠳᠤ14 ᠤᠳᠠᠭ᠎ᠠ ᠪᠠᠶᠢᠳᠠᠯ ᠤᠨ ᠮᠡᠳᠡᠭᠦᠯᠦᠯᠳᠡ ᠬᠢᠵᠦ᠂ ᠠᠷᠡᠳ ᠤᠨ | ᠲᠦᠯᠦᠬᠡᠯᠡᠭᠴᠢᠳ ᠤᠨ ᠶᠡᠭᠡ ᠬᠤᠷᠡᠯ ᠤᠨ ᠬᠠᠤᠯᠢ ᠶᠤᠰᠤᠨ ᠤ ᠬᠢᠨᠠᠯᠲᠡ ᠪᠠ ᠤᠯᠤᠰ ᠲᠦᠷᠦ ᠶᠢᠨ ᠵᠦᠪᠯᠡᠯᠬᠡᠨ ᠤ ᠠᠷᠳᠴᠢᠯᠠᠯ ᠤᠨ ᠬᠢᠨᠠᠯᠲᠡ ᠶᠢ ᠤᠬᠠᠮᠰᠡᠷ | ᠠᠴᠠ ᠪᠠᠨ ᠬᠦᠯᠢᠶᠡᠵᠤ᠂ ᠡᠯ᠎ᠡ ᠠᠷᠡᠳᠴᠢᠯᠠᠭᠰᠡᠨ ᠨᠠᠮ ᠪᠦᠯᠦᠭ᠂ ᠦᠢᠯᠡᠳᠪᠦᠷᠢ ᠬᠤᠲᠡᠯᠲᠤᠭᠠ ᠶᠢᠨ ᠬᠢᠨ ᠤ ᠬᠤᠯᠪᠤᠭ᠎ᠠ ᠪᠠ ᠨᠠᠮ ᠪᠤᠰᠤ ᠬᠦᠮᠦᠰ ᠤᠨ ᠰᠠᠨᠠᠯ ᠢ | ᠨᠠᠷᠢᠨ ᠬᠢᠨᠠᠮᠠᠭᠠᠢ ᠰᠤᠨᠤᠰᠴᠤ᠂ ᠠᠷᠠᠳ ᠤᠨ ᠲᠦᠯᠦᠬᠡᠯᠡᠭᠴᠢᠳ ᠤᠨ ᠰᠠᠨᠠᠭᠤᠯᠭ᠎ᠠ ᠰᠠᠨᠠᠯ ᠢ 623 ᠬᠤᠪᠢ ᠪᠠ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ | ᠬᠡᠰᠢᠬᠦᠳ ᠤᠨ ᠰᠠᠨᠠᠯ ᠲᠤᠷᠡᠲᠤᠯᠭᠠ ᠶᠢ 1171 ᠬᠤᠪᠢ ᠬᠦᠢᠴᠡᠳᠬᠡᠪᠡ᠃ ᠬᠢᠨᠠᠨ ᠪᠤᠲᠤᠬᠤ ᠬᠢᠨᠠᠯᠲᠠ ᠲᠡᠯᠪᠢᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ | ᠬᠦᠴᠦᠯᠡᠴᠡ ᠪᠠᠨ ᠴᠢᠩᠭᠠᠳᠬᠠᠵᠤ᠂ ᠭᠤᠤᠯᠲᠡᠯᠭᠠᠲᠡᠢ ᠬᠦᠷᠢᠶ᠎ᠡ ᠬᠡᠪᠴᠢᠶ᠎ᠡ ᠪᠠ ᠲᠤᠰᠬᠠᠢ ᠲᠦᠷᠦᠯ ᠤᠨ ᠪᠡᠯᠡ ᠮᠦᠡᠭᠭᠦᠨ ᠤ ᠬᠢᠨᠠᠨ ᠪᠤᠳᠤᠯᠳᠡ ᠪᠤᠲᠤᠬᠤ ᠶᠢ | ᠴᠢᠩᠭᠠᠷᠡᠭᠤᠯᠵᠤ᠂ ᠴᠢᠬᠡᠴᠢ ᠵᠠᠰᠠᠭ ᠤᠨ ᠪᠠᠶᠢᠭᠤᠯᠤᠯᠲᠡ ᠪᠠ ᠢᠯᠵᠡᠷᠡᠯ ᠢ ᠡᠰᠡᠷᠬᠦᠴᠡᠬᠦ ᠲᠡᠮᠡᠴᠡᠯ ᠢ ᠬᠦᠨᠵᠡᠬᠡᠢ ᠦᠷᠨᠢᠬᠦᠯᠪᠡ᠃ ︽ᠲᠠᠪᠤ ᠲᠠᠪᠤ︾ ᠶᠢᠨ ᠬᠠᠤᠯᠢ | ᠲᠦᠬᠡᠮᠡᠯᠵᠢᠬᠦᠯᠬᠦ ᠲᠦᠯᠦᠪᠵᠢᠬᠦᠯᠬᠡ ᠶᠢ ᠪᠦᠬᠦ ᠲᠡᠯ᠎ᠡ ᠪᠠᠷ ᠪᠡᠶᠡᠯᠡᠬᠦᠯᠵᠦ᠂ ᠬᠠᠦᠯᠢ ᠶᠤᠰᠤᠭᠠᠷ ᠬᠤᠲᠠ ᠪᠠᠨ ᠵᠠᠰᠠᠬᠤ ᠠᠵᠢᠯ ᠰᠢᠨ᠎ᠡ ᠠᠮᠵᠢᠯᠳᠡ ᠤᠯᠪᠠ᠃ ᠬᠤᠲᠠ | ᠪᠡ ᠰᠢᠶᠡᠨ ᠬᠤᠶᠡᠷ ᠱᠠᠳᠤᠨ ᠳᠤ ᠵᠠᠬᠢᠲᠡᠯ ᠰᠤᠷᠪᠤᠯᠵᠢᠯᠡᠯ ᠢ ᠬᠦᠯᠢᠶᠡᠨ ᠠᠪᠬᠤ ᠬᠠᠮᠳᠤᠷᠬᠠᠰᠠᠨ ᠲᠦᠪ ᠪᠠᠶᠢᠭᠤᠯᠵᠤ᠂ ᠨᠡᠶᠢᠬᠡᠮ ᠤᠨ ᠵᠦᠷᠢᠴᠡᠯ ᠢ ᠪᠠᠶᠢᠴᠠᠭᠠᠵᠤ | ᠵᠢᠠᠠᠰᠠᠭᠠᠨ ᠨᠠᠮᠳᠠᠭᠠᠨ ᠰᠢᠢᠳᠪᠤᠷᠢᠯᠡᠭᠦ ᠠᠵᠢᠯ ᠢ ᠬᠦᠨᠵᠡᠬᠡᠢ ᠠᠬᠢᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠨᠢᠬᠡ ᠪᠦᠯᠦᠭ ᠲᠤᠪᠤᠶᠢᠮ᠎ᠠ ᠠᠰᠠᠭᠤᠲᠡᠯ ᠢ | ᠲᠦᠪᠯᠡᠷᠡᠬᠦᠯᠦᠨ ᠰᠢᠢᠳᠪᠦᠷᠢᠯᠡᠪᠡ᠃ ᠭᠤᠤᠯᠲᠠᠯᠭᠠᠲᠠᠢ ᠠᠵᠢᠯ ᠲᠦᠷᠦᠯ ᠪᠠ ᠬᠦᠷᠢᠶ᠎ᠡ ᠬᠡᠪᠴᠢᠶᠡᠨ ᠤ ᠠᠶᠤᠯᠬᠦᠢ ᠶᠢᠨ ᠬᠢᠨᠠᠯᠲᠡ ᠬᠠᠮᠢᠶᠡᠷᠤᠯᠲᠠ ᠶᠢ ᠴᠢᠩᠭᠠᠳᠬᠠᠵᠤ᠂ | ᠠᠶᠤᠯᠬᠦᠢ ᠦᠢᠯᠡᠳᠪᠦᠷᠢᠯᠡᠯ ᠤᠨ ᠲᠦᠪᠰᠢᠨ ᠯᠠᠪᠲᠡᠭᠤᠨ ᠢᠶᠠᠷ ᠲᠡᠬᠡᠭᠰᠢᠯᠡᠪᠡ᠃ ᠡᠯ᠎ᠡ ᠲᠦᠷᠦᠯ ᠤᠨ ᠬᠡᠨᠡᠳᠲᠡ ᠶᠢᠨ ᠬᠡᠷᠡᠭ ᠢ ᠪᠦᠲᠦᠮᠵᠢᠲᠡᠢ ᠰᠡᠷᠭᠡᠶᠢᠯᠡᠨ ᠵᠤᠬᠢᠰᠲᠡᠢ | ᠰᠢᠢᠳᠪᠦᠷᠢᠯᠡᠵᠦ᠂ ᠴᠢᠩᠭ᠎ᠠ ᠴᠤᠬᠢᠯᠲᠠ ᠦᠭᠴᠦ ᠴᠡᠭᠴᠡᠯᠡᠨ ᠵᠠᠰᠠᠬᠤ ᠶᠢ ᠬᠦᠨᠵᠡᠬᠡᠢ ᠦᠷᠨᠢᠬᠦᠯᠵᠦ᠂ ᠨᠡᠶᠢᠬᠡᠮ ᠤᠨ ᠶᠡᠭᠡ ᠲᠠᠯ᠎ᠡ ᠶᠢᠨ ᠲᠤᠭᠲᠠᠭᠤᠨ ᠢ ᠪᠠᠲᠤᠯᠠᠪᠠ᠃ | ᠨᠠᠮ ᠤᠨ ᠦᠨᠳᠦᠰᠦᠲᠡᠨ ᠱᠠᠰᠢᠨ ᠰᠤᠷᠲᠡᠬᠤᠨ ᠤ ᠲᠤᠬᠠᠢ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠬᠠᠤᠯᠢ ᠶᠤᠰᠤᠨ ᠤ ᠡᠷᠬᠡ ᠠᠰᠢᠭ ᠪᠠ ᠱᠠᠰᠢᠨ ᠰᠤᠷᠲᠠᠬᠤᠨ ᠤ ᠢᠲᠡᠬᠡᠯ ᠪᠢᠰᠢᠷᠡᠯ ᠤᠨ ᠡᠷᠬᠡ ᠴᠢᠯᠦᠬᠡ ᠪᠠᠲᠤᠯᠠᠭ᠎ᠠ ᠲᠠᠢ ᠪᠤᠯᠪᠠ᠃ ᠲᠤᠯᠤᠭᠠᠨ ᠵᠢᠯ | ᠲᠠᠷᠠᠭᠠᠯᠠᠨ ᠪᠦᠬᠦ ᠤᠯᠤᠰ ᠤᠨ ᠬᠤᠶᠠᠷ ᠢ ᠭᠦᠷᠢᠶᠡᠯᠡᠭᠰᠡᠨ ᠵᠢᠱᠢᠶᠡᠴᠢ ᠬᠤᠲᠠ ᠪᠤᠯᠵᠤ᠂ ᠴᠡᠷᠢᠭ ᠭᠠᠵᠠᠷ ᠤᠷᠤᠨ᠂ ᠴᠡᠷᠢᠭ ᠠᠷᠡᠳ ᠤᠨ ᠬᠠᠷᠢᠴᠠᠭ᠎ᠠ ᠶᠢ ᠨᠡᠩ ᠡᠶ᠎ᠡ | ᠵᠤᠭᠢᠴᠠᠯ ᠲᠠᠢ ᠪᠤᠯᠭᠠᠪᠡ᠃ | ᠰᠠᠶ᠋ᠢᠬᠠᠨ ᠦᠩᠬᠡᠷᠡᠭᠰᠡᠨ 2012 ᠤᠨ ᠳᠤ᠂ ᠲᠦᠪᠡᠭ ᠪᠤᠲᠤᠯᠢᠶᠡᠨ ᠲᠠᠢ ᠬᠤᠷᠸ᠎ᠠ ᠪᠠᠶᠢᠲᠡᠯ ᠤᠨ ᠡᠮᠦᠨ᠎ᠡ᠂ ᠪᠢᠲᠡ ᠰᠢᠨᠵᠢᠯᠡᠬᠦ ᠤᠬᠠᠭᠠᠨᠴᠢ ᠬᠦᠭᠵᠢᠯᠲᠡ | ᠶᠢᠨ ᠦᠵᠡᠯᠲᠡ ᠶᠢ ᠬᠦᠨᠵᠡᠬᠡᠢ ᠲᠤᠤᠱᠯᠠᠭᠤᠯᠤᠨ ᠨᠠᠶᠢᠲᠡᠪᠤᠷᠢᠵᠢᠭᠤᠯᠵᠤ᠂ ᠬᠦᠴᠦᠨ ᠢᠶᠠᠨ ᠲᠦᠪᠯᠡᠷᠡᠬᠦᠯᠦᠨ ᠨᠡᠮᠡᠭᠲᠡᠯ ᠢ ᠪᠠᠲᠤᠯᠠᠵᠤ᠂ ᠪᠦᠲᠦᠴᠡ ᠪᠠᠨ ᠲᠤᠬᠢᠷᠡᠭᠤᠯᠵᠤ | ᠂ ᠠᠷᠡᠳ ᠲᠤ ᠠᠰᠢᠭ ᠬᠦᠷᠲᠡᠬᠡᠵᠦ᠂ ᠡᠶ᠎ᠡ ᠵᠤᠭᠢᠴᠠᠯ ᠢ ᠠᠭᠢᠭᠤᠯᠤᠨ᠂ ᠠᠵᠤ ᠠᠬᠤᠢ ᠨᠡᠶᠢᠬᠡᠮ ᠤᠨ ᠬᠦᠭᠵᠢᠯᠲᠡ ᠪᠠᠰᠠ ᠰᠢᠨ᠎ᠡ ᠪᠦᠲᠦᠮᠵᠢ ᠤᠯᠵᠡᠢ᠃ ᠵᠢᠱᠢᠯᠳᠡ | ᠪᠠᠷ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 14% ᠤᠷᠴᠢᠮ ᠨᠡᠮᠡᠭᠲᠡᠵᠤ᠂ ᠤᠷᠤᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ | ᠤᠷᠤᠯᠭ᠎ᠠ 15.2% ᠪᠠᠷ ᠨᠡᠮᠡᠭᠳᠡᠨ᠂ ᠬᠤᠲᠠ ᠪᠠᠯᠭᠠᠰᠤᠨ ᠤ ᠰᠠᠭᠤᠭᠠᠯᠢ ᠠᠷᠡᠳ ᠤᠨ ᠲᠤᠮᠲᠠᠴᠢ ᠵᠠᠷᠤᠴᠠᠭᠤᠯᠵᠤ ᠪᠤᠯᠬᠤ ᠤᠷᠤᠯᠭ᠎ᠠ ᠪᠠ ᠲᠠᠷᠢᠶᠡᠴᠢᠳ ᠮᠠᠯᠴᠢᠳ | ᠤᠨ ᠬᠦᠮᠦᠨ ᠪᠦᠷᠢ ᠶᠢᠨ ᠲᠤᠮᠲᠠᠴᠢ ᠴᠡᠪᠡᠷ ᠤᠷᠤᠯᠭ᠎ᠠ ᠴᠦᠮ 15% ᠤᠷᠴᠢᠮ ᠨᠡᠮᠡᠭᠳᠡᠨ᠎ᠡ᠃ ᠦᠪᠡᠷᠲᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠡᠨᠧᠷᠬᠢ | ᠠᠷᠪᠢᠯᠠᠵᠤ ᠪᠤᠬᠢᠷᠲᠤᠯ ᠪᠠᠭᠠᠰᠬᠠᠬᠤ ᠡᠬᠦᠷᠬᠡ ᠶᠢ ᠪᠡᠶᠡᠯᠡᠬᠦᠯᠵᠦ᠂ ᠬᠤᠲᠠ ᠪᠠᠯᠭᠠᠰᠤᠨ ᠤ ᠲᠠᠩᠰᠠᠯᠠᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ ᠵᠢᠱᠢᠭᠰᠡᠨ ᠬᠠᠷᠡᠯᠲᠠ | ᠶᠢᠨ ᠲᠤᠲᠤᠷ᠎ᠠ ᠬᠢᠵᠠᠭᠠᠷᠯᠠᠪᠠ᠃ | ᠲᠦᠯᠦᠬᠡᠯᠡᠭᠴᠢᠳ ᠡ᠂ ᠦᠩᠬᠡᠷᠡᠭᠰᠡᠨ ᠲᠠᠪᠤᠨ ᠵᠢᠯ ᠢ ᠡᠷᠬᠢᠴᠡᠬᠦᠯᠪᠡᠯ᠂ ᠪᠢᠲᠡ ᠬᠦᠨᠵᠡᠬᠡᠢ ᠤᠶᠢᠯᠠᠭᠠᠵᠤ ᠪᠤᠯᠬᠤ ᠨᠢ᠂ ᠠᠵᠤ ᠠᠬᠤᠢ ᠨᠡᠶᠢᠬᠡᠮ ᠤᠨ ᠰᠠᠶᠢᠨ | ᠮᠦᠷᠲᠡᠬᠡᠨ ᠲᠦᠷᠬᠡᠨ ᠭᠦᠭᠵᠢᠭᠦ ᠶᠢ ᠪᠠᠶᠡᠯᠡᠬᠦᠯᠬᠦ ᠳᠤ ᠡᠷᠬᠡᠪᠰᠢ ᠬᠦᠭᠵᠢᠯᠲᠡ ᠪᠤᠯ ᠲᠡᠷᠢᠬᠦᠨ ᠴᠢᠬᠤᠯᠡ ᠡᠬᠦᠷᠬᠡ ᠪᠤᠯᠬᠤ ᠶᠢ ᠪᠠᠲᠤ ᠡᠵᠡᠮᠲᠡᠵᠤ᠂ ᠤᠶᠤᠨ ᠤᠬᠠᠭᠠᠨ | ᠢᠶᠠᠨ ᠲᠦᠪᠯᠡᠷᠡᠬᠦᠯᠦᠨ ᠪᠦᠲᠦᠬᠡᠨ ᠪᠠᠶᠢᠭᠤᠯᠤᠯᠲᠡ ᠬᠢᠵᠦ᠂ ᠨᠢᠬᠡ ᠰᠡᠳᠬᠢᠯ ᠨᠢᠭᠡ ᠵᠤᠷᠢᠭ ᠢᠶᠠᠷ ᠬᠦᠭᠵᠢᠯᠲᠡ ᠶᠢ ᠡᠷᠢᠯᠬᠢᠯᠡᠵᠦ᠂ ᠬᠦᠭᠵᠢᠯᠲᠡ ᠶᠢᠨ ᠲᠤᠮᠲᠠ | ᠪᠦᠲᠦᠴᠡ ᠪᠠᠨ ᠰᠢᠯᠢᠲᠡᠭᠵᠢᠬᠦᠯᠵᠦ᠂ ᠠᠷᠭ᠎ᠠ ᠬᠡᠯᠪᠡᠷᠢ ᠪᠠᠨ ᠬᠤᠪᠢᠷᠡᠭᠤᠯᠵᠤ᠂ ᠶᠠᠰᠤ ᠴᠢᠨᠡᠷ ᠢᠶᠠᠨ ᠲᠡᠬᠡᠭᠰᠢᠯᠡᠬᠦᠯᠵᠦ ᠦᠷ᠎ᠡ ᠠᠰᠢᠭ ᠢᠶᠠᠨ ᠨᠡᠮᠡᠭᠲᠡᠬᠦᠯᠬᠦ ᠪᠠᠷ | ᠴᠢᠷᠮᠠᠶᠢᠬᠤ ᠬᠡᠷᠡᠭᠲᠡᠢ︔ ᠡᠷᠬᠡᠪᠰᠢ ᠠᠷᠡᠳ ᠤᠨ ᠠᠮᠢᠲᠤᠷᠡᠯ ᠢᠶᠠᠷ ᠦᠨᠳᠦᠰᠦ ᠪᠤᠯᠭᠠᠬᠤ ᠤᠶᠢᠯᠠᠭᠠᠭᠲᠠᠬᠤᠨ ᠢ ᠪᠤᠢ ᠪᠤᠯᠭᠠᠵᠤ᠂ ᠪᠦᠬᠦ ᠬᠦᠴᠦᠨ ᠢᠶᠠᠨ ᠰᠢᠪᠬᠠᠨ | ᠤᠯᠠᠨ ᠲᠦᠮᠡᠨ ᠳᠤ ᠠᠰᠢᠭ ᠲᠤᠰᠠ ᠬᠦᠷᠲᠡᠬᠡᠵᠤ᠂ ᠦᠬᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠬᠡᠯ ᠢ ᠨᠡᠩ ᠠᠷᠪᠢᠨ ᠨᠡᠩ ᠭᠤᠤᠯᠴᠢ ᠪᠠᠷ ᠦᠷᠬᠡᠨ ᠤᠯᠠᠨ | ᠠᠷᠡᠳ ᠲᠦᠮᠡᠨ ᠳᠤ ᠬᠦᠷᠲᠡᠬᠡᠬᠦ ᠬᠡᠷᠡᠭᠲᠡᠢ︔ ᠡᠷᠬᠡᠪᠰᠢ ᠦᠵᠡᠯ ᠰᠠᠨᠠᠭ᠎ᠠ ᠪᠠᠨ ᠲᠠᠰᠤᠷᠡᠯ ᠦᠬᠡᠢ ᠴᠢᠯᠦᠬᠡᠯᠡᠵᠦ᠂ ᠦᠬᠡᠷᠡᠴᠢᠯᠡᠯᠲᠠ ᠡᠭᠦᠳᠦᠯᠳᠡ ᠪᠠᠷ ᠬᠦᠭᠵᠢᠯᠲᠡ | ᠶᠢᠨ ᠪᠡᠷᠭᠡ ᠠᠰᠠᠭᠤᠲᠡᠯ ᠢ ᠰᠢᠢᠳᠪᠤᠷᠢᠯᠡᠵᠦ᠂ ᠭᠠᠲᠠᠭᠠᠲᠤ ᠨᠡᠬᠡᠬᠡᠯᠲᠡ ᠳᠤ ᠲᠦᠰᠢᠭᠯᠡᠨ ᠬᠦᠭᠵᠢᠯᠲᠡ ᠶᠢᠨ ᠠᠮᠢᠵᠢᠷᠡᠯ ᠤᠨ ᠬᠦᠴᠦᠨ ᠢ ᠨᠡᠮᠡᠭᠲᠡᠬᠦᠯᠬᠦ ᠶᠢ | ᠪᠠᠷᠢᠮᠳᠠᠯᠠᠬᠤ ᠬᠡᠷᠡᠭᠲᠡᠢ︔ ᠡᠷᠬᠡᠪᠰᠢ ᠠᠵᠢᠯ ᠬᠢᠵᠤ ᠦᠢᠯᠡᠰ ᠪᠦᠲᠦᠬᠡᠬᠦ ᠤᠭᠢ ᠰᠢᠯᠢᠳᠡᠭ ᠤᠶᠤᠨ ᠰᠠᠨᠠᠭᠠᠨ ᠤ ᠪᠠᠶᠢᠳᠠᠯ ᠢ ᠢᠮᠬᠠᠳᠠ ᠪᠠᠷᠢᠮᠲᠠᠯᠠᠵᠤ᠂ ᠵᠠᠯᠬᠠᠭᠤᠷᠡᠬᠤ | ᠦᠬᠡᠢ᠂ ᠮᠡᠬᠡᠯᠡᠬᠦ ᠦᠬᠡᠢ᠂ ᠵᠦᠷᠢᠴᠡᠯ ᠠᠴᠠ ᠵᠠᠶᠢᠯᠠᠬᠤ ᠦᠬᠡᠢ᠂ ᠬᠡᠯᠡᠪᠡᠯ ᠬᠢᠵᠤ᠂ ᠬᠢᠪᠡᠯ ᠪᠦᠲᠦᠮᠵᠢ ᠭᠠᠷᠭᠠᠬᠤ ᠭᠡᠷᠡᠭᠳᠡᠢ︔ ᠡᠷᠬᠡᠪᠰᠢ ᠰᠡᠳᠬᠢᠯ ᠢᠶᠠᠨ | ᠲᠦᠪᠯᠡᠷᠡᠬᠦᠯᠦᠨ ᠬᠦᠴᠦᠨ ᠢᠶᠠᠨ ᠬᠠᠮᠲᠤᠳᠬᠠᠵᠤ᠂ ᠢᠲᠡᠬᠡᠯ ᠵᠤᠷᠢᠭ ᠢᠶᠠᠨ ᠬᠦᠪᠴᠢᠯᠠᠵᠤ᠂ ᠭᠤᠶᠢᠪᠢᠯᠵᠢᠬᠤ ᠦᠬᠡᠢ᠂ ᠠᠯᠮᠠᠶᠢᠷᠡᠬᠤ ᠦᠬᠡᠢ᠂ ᠲᠡᠩᠰᠡᠯᠬᠦ ᠦᠬᠡᠢ᠂ | ᠨᠢᠬᠡ ᠰᠡᠳᠬᠢᠯ ᠨᠡᠶᠢᠲᠠ ᠶᠢᠨ ᠵᠤᠷᠢᠭ ᠢᠶᠠᠷ ᠬᠠᠮᠳᠤᠪᠡᠷ ᠢᠶᠠᠨ ᠭᠦᠭᠵᠢᠯᠳᠡ ᠶᠢ ᠡᠷᠢᠯᠭᠢᠯᠡᠭᠦ ᠬᠦᠭᠵᠢᠬᠦ ᠬᠦᠴᠦᠷᠬᠡᠭ ᠶᠡᠭᠡ ᠬᠠᠮᠳᠦ ᠶᠢᠨ ᠬᠦᠴᠦᠨ ᠢ ᠪᠤᠢ ᠪᠤᠯᠭᠠᠬᠤ | ᠬᠡᠷᠡᠭᠲᠡᠢ᠃ ᠡᠲᠡᠬᠡᠷ ᠪᠦᠬᠦᠨ ᠨᠢ ᠴᠦᠮ ᠦᠩᠭᠡᠷᠡᠭᠰᠡᠨ ᠲᠠᠪᠤᠨ ᠵᠢᠯ ᠤᠨ ᠬᠤᠷᠡᠮᠲᠤᠭᠤᠯᠤᠭᠰᠡᠨ ᠨᠠᠨᠲᠢᠨ ᠲᠤᠷᠰᠢᠯᠭ᠎ᠠ ᠮᠦᠷᠲᠡᠬᠡᠨ ᠮᠠᠨ ᠤ ᠬᠤᠶᠢᠰᠢᠲᠠ ᠶᠢᠨ ᠨᠢᠬᠡ | ᠬᠤᠭᠤᠴᠠᠭᠠᠨ ᠳᠤ ᠡᠷᠬᠡᠪᠰᠢ ᠪᠠᠷᠢᠮᠲᠡᠯᠡᠬᠤ ᠴᠢᠬᠤᠯᠡ ᠵᠠᠷᠴᠢᠮ ᠪᠤᠯᠤᠨ᠎ᠠ᠃ | ᠲᠦᠯᠦᠬᠡᠯᠡᠭᠴᠢᠳ ᠡ᠂ ᠲᠠᠪᠤᠨ ᠵᠢᠯ ᠤᠨ ᠬᠦᠭᠵᠢᠯᠲᠡ ᠬᠠᠳᠠᠭᠤ ᠰᠢᠷᠭᠠᠭᠤ ᠪᠠᠶᠢᠭᠰᠡᠨ ᠴᠤ ᠲᠠᠪᠤᠨ ᠵᠢᠯ ᠤᠨ ᠠᠮᠵᠢᠯᠲᠡ ᠨᠢ ᠬᠦᠮᠦᠰ ᠢ ᠵᠤᠷᠢᠠᠠᠵᠢᠭᠤᠯᠬᠤ | ᠶᠤᠮ᠃ ᠡᠲᠡᠬᠡᠷ ᠠᠮᠵᠢᠯᠲᠠ ᠨᠢ ᠦᠩᠬᠡᠷᠡᠭᠰᠡᠨ ᠤ ᠤᠲᠤᠷᠢᠳᠬᠤ ᠪᠠᠭ ᠤᠳ ᠤᠨ ᠲᠠᠯᠪᠢᠭᠰᠡᠨ ᠰᠠᠶᠢᠨ ᠰᠠᠭᠤᠷᠢ ᠠᠴᠠ ᠢᠷᠡᠵᠦ᠂ ᠪᠦᠬᠦ ᠬᠤᠲᠠ ᠶᠢᠨ ᠺᠠᠳ᠋ᠷ ᠤᠯᠠᠨ | ᠲᠦᠮᠡᠨ ᠤ ᠬᠦᠯᠦᠰᠦ ᠴᠢᠰᠦ ᠪᠠᠷ ᠪᠦᠷᠢᠯᠳᠦᠵᠦ᠂ ᠨᠡᠶᠢᠬᠡᠮ ᠤᠨ ᠡᠯ᠎ᠡ ᠡᠲᠡᠬᠡᠳ ᠤᠨ ᠬᠢᠨ ᠤ ᠲᠡᠮᠵᠢᠯᠬᠡ ᠪᠠ ᠬᠠᠮᠵᠢᠯᠴᠠᠭ᠎ᠠ ᠠᠴᠠ ᠰᠠᠯᠤᠰᠢ ᠦᠬᠡᠢ ᠶᠤᠮ᠃ ᠠᠲᠠ | ᠪᠢ ᠬᠤᠲᠠ ᠶᠢᠨ ᠠᠷᠡᠳ ᠤᠨ ᠵᠠᠰᠠᠭ ᠤᠨ ᠤᠷᠲᠤᠨ ᠤ ᠡᠮᠦᠨ᠎ᠡ ᠠᠴᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠡᠳ ᠲᠦᠮᠡᠨ᠂ ᠡᠯ᠎ᠡ ᠹᠷᠤᠨᠲ ᠲᠤ | ᠰᠢᠷᠭᠠᠠᠭᠤ ᠠᠵᠢᠯᠯᠠᠵᠤ ᠴᠢᠷᠮᠠᠶᠢᠯᠭ᠎ᠠ ᠭᠠᠷᠭᠠᠭᠰᠡᠨ ᠨᠦᠬᠦᠳ᠂ ᠤᠯᠠᠭᠠᠨᠬᠠᠲᠠ ᠶᠢᠨ ᠬᠦᠭᠵᠢᠯᠲᠡ ᠳᠤ ᠬᠠᠯᠠᠮᠵᠢᠯᠠᠯ ᠲᠡᠮᠵᠢᠯᠬᠡ ᠦᠵᠡᠬᠦᠯᠦᠭᠰᠡᠨ ᠪᠦᠬᠦ ᠨᠠᠶᠢᠵᠠ | ᠨᠦᠬᠦᠳ ᠲᠤ ᠡᠷᠬᠢᠮ ᠲᠡᠬᠡᠲᠦ ᠮᠡᠨᠲᠦᠴᠢᠯᠠᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠦᠶ᠎ᠡ︕ | ᠠᠮᠵᠢᠯᠲᠡ ᠪᠦᠲᠦᠬᠡᠯ ᠢᠶᠠᠨ ᠤᠯᠵᠤ ᠦᠵᠡᠬᠦ ᠶᠢᠨ ᠵᠡᠷᠬᠡᠪᠡᠷ ᠪᠢᠲᠡ ᠵᠦᠷᠢᠴᠡᠯ ᠪᠠ ᠠᠰᠠᠭᠤᠲᠡᠯ ᠤᠷᠤᠰᠢᠵᠤ ᠪᠠᠶᠢᠬᠤ ᠶᠢ ᠰᠡᠷᠬᠡᠭ ᠢᠶᠠᠷ ᠲᠠᠨᠢᠵᠤ ᠤᠯᠬᠤ | ᠬᠡᠷᠡᠭᠲᠡᠢ᠃ ᠨᠢᠬᠡ ᠳᠤ ᠪᠦᠬᠦᠶᠢᠯᠡ ᠠᠵᠤ ᠠᠬᠤᠢ ᠶᠢᠨ ᠪᠤᠲᠠᠲᠤ ᠬᠦᠴᠦᠨ ᠬᠦᠴᠦᠷᠬᠡᠭ ᠪᠢᠰᠢ᠃ ᠭᠦᠭᠵᠢᠭᠡᠳᠦᠢ ᠬᠤᠳᠠ ᠶᠢᠨ ᠪᠠᠶᠢᠳᠠᠯ ᠢᠶᠠᠨ ᠪᠠᠰᠠ ᠦᠨᠳᠦᠰᠦᠨ | ᠠᠴᠠ ᠨᠢ ᠬᠤᠪᠢᠷᠠᠭᠤᠯᠵᠦ ᠴᠢᠳᠠᠭᠠᠳᠦᠢ ᠂ ᠠᠵᠤ ᠠᠬᠤᠢ ᠶᠢᠨ ᠶᠡᠷᠦᠩᠬᠡᠢ ᠬᠡᠮᠵᠢᠶ᠎ᠠ ᠪᠠᠨ ᠨᠡᠮᠡᠭᠲᠡᠬᠦᠯᠵᠦ᠂ ᠭᠠᠵᠠᠷ ᠤᠷᠤᠨ ᠤ ᠶᠡᠷᠦᠩᠬᠡᠶᠢᠯᠡᠭᠰᠡᠨ ᠦᠷᠢᠰᠦᠯᠲᠦᠬᠡᠨ | ᠤ ᠬᠦᠴᠦᠨ ᠢᠶᠠᠨ ᠲᠡᠬᠡᠭᠰᠢᠯᠡᠬᠦᠯᠬᠦ ᠡᠬᠦᠷᠬᠡ ᠮᠦᠨ ᠲᠤᠩ ᠬᠠᠳᠠᠭᠤ ᠪᠡᠷᠭᠡ ᠪᠠᠶᠢᠭᠰᠠᠭᠠᠷ᠃ ᠬᠤᠶᠠᠷ ᠲᠤ ᠠᠵᠤ ᠦᠢᠯᠡᠰ ᠤᠨ ᠲᠡᠰ ᠲᠠᠪᠬᠤᠷᠭ᠎ᠠ ᠲᠤᠤᠷ᠎ᠠ᠂ | ᠬᠡᠯᠬᠢᠶᠡᠰᠤ ᠪᠤᠭᠤᠨᠢ᠂ ᠰᠢᠨ᠎ᠡ ᠪᠠᠷ ᠪᠤᠢ ᠪᠤᠯᠤᠠᠠᠰᠠᠨ ᠠᠵᠤ ᠦᠢᠡᠯᠰ ᠤᠨ ᠬᠦᠭᠵᠢᠯᠲᠡ ᠲᠤᠲᠠᠮᠠᠭ᠂ ᠤᠲᠤᠬᠢᠴᠢᠯᠠᠭᠰᠡᠨ ᠦᠢᠯᠡᠴᠢᠯᠡᠬᠡᠨ ᠤ ᠦᠢᠯᠡᠰ᠂ ᠨᠡᠶᠢᠲᠠ ᠶᠢᠨ | ᠪᠤᠰᠤ ᠦᠮᠴᠢᠯᠡᠯᠲᠤ ᠠᠵᠤ ᠠᠬᠤᠢ ᠪᠠ ᠲᠤᠮᠲᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢ ᠲᠦᠷᠬᠡᠳᠬᠡᠬᠦ ᠴᠢᠬᠤᠯᠠᠲᠡᠢ ᠪᠠᠶᠢᠨ᠎ᠠ︔ ᠭᠤᠷᠪᠠ ᠳᠤ ᠠᠵᠤ ᠠᠬᠤᠢ | ᠶᠢᠨ ᠨᠡᠮᠡᠭᠲᠡᠯ ᠤᠨ ᠬᠡᠯᠪᠡᠷᠢ ᠨᠡᠯᠢᠶᠡᠳ ᠪᠦᠲᠦᠬᠦᠯᠢᠭ᠂ ᠬᠡᠰᠡᠭ ᠪᠦᠯᠦᠭ ᠠᠵᠤ ᠦᠢᠯᠡᠰ ᠤᠨ ᠡᠨᠧᠷᠬᠢ ᠶᠢᠨ ᠬᠤᠷᠤᠭᠲᠡᠯ ᠤᠰᠤᠨ ᠤ ᠬᠤᠷᠤᠭᠲᠠᠯ ᠨᠡᠯᠢᠶᠡᠳ ᠦᠨᠲᠦᠷ | ᠂ ᠬᠦᠭᠵᠢᠯᠲᠡ ᠶᠢᠨ ᠡᠬᠢ ᠪᠠᠶᠠᠯᠢᠭ ᠤᠨ ᠡᠭᠢ ᠦᠷᠲᠡᠭ ᠪᠡ ᠤᠷᠴᠢᠨ ᠲᠤᠭᠤᠷᠢᠨ ᠤ ᠵᠠᠷᠤᠴᠠᠭᠤᠯᠵᠦ ᠪᠠᠶᠢᠭ᠎ᠠ ᠦᠨ᠎ᠡ ᠦᠷᠲᠡᠭ ᠨᠡᠯᠢᠶᠡᠳ ᠶᠡᠭᠡ᠂ ᠠᠮᠢ ᠠᠬᠤᠢ ᠶᠢᠨ | ᠤᠷᠴᠢᠨ ᠲᠤᠭᠤᠷᠢᠨ ᠪᠠᠰᠠᠴᠤ ᠨᠡᠯᠢᠶᠡᠳ ᠪᠠᠭᠤᠷᠠᠢ ᠪᠠᠶᠢᠵᠦ᠂ ᠡᠨᠧᠷᠬᠢ ᠠᠷᠪᠢᠯᠡᠨ ᠪᠤᠭᠢᠷᠳᠤᠯ ᠢ ᠪᠠᠭᠠᠰᠬᠠᠬᠤ ᠡᠬᠦᠷᠬᠡ ᠬᠦᠨᠲᠦ ᠪᠡᠷᠭᠡ ᠪᠠᠶᠢᠨ᠎ᠠ︔ ᠲᠦᠷᠪᠡ ᠳᠤ | ᠬᠤᠲᠠ ᠪᠠᠯᠭᠠᠰᠤᠵᠢᠬᠤ ᠭᠡᠮᠵᠢᠶ᠎ᠠ ᠨᠡᠯᠢᠶᠡᠳ ᠲᠤᠤᠷ᠎ᠠ᠂ ᠬᠤᠲᠠ ᠬᠦᠲᠡᠭᠡ ᠶᠢᠨ ᠬᠦᠭᠵᠢᠯᠲᠡ ᠲᠡᠩᠴᠡᠬᠦᠷᠢ ᠦᠬᠡᠢ᠂ ᠰᠠᠭᠤᠷᠢ ᠲᠦᠬᠦᠬᠡᠷᠦᠮᠵᠢ ᠶᠢᠨ ᠠᠵᠤ ᠦᠢᠯᠡᠰ | ᠤᠨ ᠠᠴᠢᠶᠠᠯᠠᠪᠤᠷᠢ ᠶᠢᠨ ᠠᠵᠦ ᠦᠢᠯᠡᠰ ᠪᠡ ᠠᠮᠢᠲᠤᠷᠡᠯ ᠢ ᠪᠠᠲᠤᠯᠠᠬᠤ ᠴᠢᠲᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠬᠤ ᠴᠢᠬᠤᠯᠠᠲᠡᠢ ᠪᠠᠶᠢᠨ᠎ᠠ︔ ᠲᠠᠪᠤ ᠳᠤ | ᠬᠤᠲᠠ ᠬᠦᠲᠡᠭᠡ ᠶᠢᠨ ᠰᠠᠭᠤᠭᠠᠯᠢ ᠠᠷᠡᠳ ᠤᠨ ᠤᠷᠤᠯᠭ᠎ᠠ ᠶᠢᠨ ᠭᠡᠮᠵᠢᠶ᠎ᠠ ᠲᠤᠤᠷ᠎ᠠ᠂ ᠠᠵᠤ ᠠᠬᠤᠢ ᠶᠢᠨ ᠨᠡᠮᠡᠭᠲᠡᠯ ᠯᠦᠭᠡ ᠵᠡᠷᠭᠡᠴᠡᠨ ᠵᠤᠬᠢᠴᠠᠯᠲᠤᠬᠤ ᠪᠠᠷ | ᠭᠦᠷᠤᠯᠴᠡᠭᠦ ᠦᠬᠡᠢ᠂ ᠬᠡᠰᠡᠭ ᠪᠦᠯᠦᠭ ᠲᠤᠤᠷ᠎ᠠ ᠤᠷᠤᠯᠭᠠᠲᠤ ᠤᠯᠠᠨ ᠲᠦᠮᠡᠨ ᠤ ᠠᠮᠢᠲᠤᠷᠡᠯ ᠪᠠᠰᠠ ᠨᠡᠯᠢᠶᠡᠳ ᠬᠦᠴᠢᠷᠲᠡᠢ᠂ ᠦᠨᠳᠦᠰᠦᠨ ᠤᠯᠠᠨ ᠨᠡᠶᠢᠲᠠ ᠶᠢᠨ | ᠦᠢᠯᠡᠴᠢᠯᠡᠭᠡ ᠪᠠ ᠨᠡᠶᠢᠬᠡᠮ ᠤᠨ ᠪᠠᠶᠢᠭᠤᠯᠤᠯᠳᠠ ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠡᠢ ᠪᠠᠶᠢᠨ᠎ᠠ᠃ ᠡᠬᠦᠨ ᠠᠴᠠ ᠭᠠᠲᠠᠨ᠎ᠠ᠂ ᠵᠠᠰᠠᠭ ᠤᠨ ᠤᠷᠲᠤᠨ ᠤ | ᠲᠤᠰ ᠪᠡᠶ᠎ᠡ ᠶᠢᠨ ᠪᠠᠶᠢᠭᠤᠯᠤᠯᠲᠠ ᠶᠢ ᠰᠠᠶᠢᠵᠢᠷᠠᠭᠤᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠲᠠᠪᠤᠷᠢ ᠪᠠᠨ ᠲᠦᠷᠭᠡᠭᠡᠨ ᠲᠡᠬᠡᠭᠰᠢᠯᠡᠬᠦᠯᠬᠦ ᠴᠢᠬᠤᠯᠡᠲᠡᠢ ᠪᠠᠶᠢᠨ᠎ᠠ | ᠃ ᠡᠲᠡᠬᠡᠷ ᠠᠰᠠᠭᠤᠲᠡᠯ ᠢ ᠪᠢᠲᠡ ᠲᠡᠬᠡᠲᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠬᠤᠶᠢᠰᠢᠲᠠ ᠶᠢᠨ ᠠᠵᠢᠯ ᠲᠤᠮᠲᠠ ᠪᠠᠨ ᠨᠠᠷᠢᠨ ᠬᠢᠨᠠᠮᠠᠭᠠᠢ ᠰᠢᠢᠳᠪᠤᠷᠢᠯᠡᠨ᠎ᠠ᠃ | | ᠬᠤᠶᠠᠷ᠂ ᠬᠤᠶᠢᠰᠲᠠ ᠶᠢᠨ ᠲᠠᠪᠤᠨ ᠵᠢᠯ ᠤᠨ ᠭᠤᠤᠯ ᠡᠬᠦᠷᠬᠡ | ᠬᠤᠶᠢᠰᠢᠲᠠ ᠶᠢᠨ ᠲᠠᠪᠤᠨ ᠵᠢᠯ ᠪᠤᠯ ᠮᠠᠨ ᠤ ᠬᠤᠲᠠ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠲᠦᠷᠬᠡᠳᠬᠡᠵᠤ᠂ ᠠᠷᠡᠳ ᠢᠶᠠᠨ ᠪᠠᠶᠠᠯᠢᠭᠵᠢᠭᠤᠯᠵᠤ | ᠬᠤᠲᠠ ᠪᠠᠨ ᠬᠦᠴᠦᠷᠬᠡᠭᠵᠢᠬᠦᠯᠬᠦ ᠶᠢ ᠪᠡᠶᠡᠯᠡᠬᠦᠯᠵᠦ᠂ ᠴᠢᠨᠡᠬᠡᠯᠢᠭ ᠨᠡᠶᠢᠬᠡᠮ ᠢ ᠪᠦᠬᠦ ᠲᠡᠯ᠎ᠡ ᠪᠠᠷ ᠪᠠᠶᠢᠭᠤᠯᠬᠤ ᠵᠠᠩᠬᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠃ | ᠪᠠᠶᠢᠲᠡᠯ ᠢ ᠶᠡᠷᠤᠩᠭᠡᠶᠢᠯᠡᠨ ᠠᠵᠢᠭᠯᠠᠪᠡᠯ᠂ ᠲᠡᠯᠡᠬᠡᠢ ᠶᠢᠨ ᠠᠵᠤ ᠠᠬᠤᠢ ᠭᠦᠨ ᠰᠢᠯᠵᠢᠯᠲᠠ ᠶᠢᠨ ᠬᠤᠭᠤᠴᠠᠭᠠᠨ ᠳᠤ ᠤᠷᠤᠵᠤ᠂ ᠤᠯᠤᠰ ᠤᠨ ᠲᠤᠲᠤᠭᠠᠲᠤ ᠶᠢᠨ | ᠠᠵᠤ ᠠᠬᠤᠢ ᠲᠤᠭᠲᠠᠭᠤᠨ ᠤ ᠲᠤᠮᠳᠠ ᠤᠷᠤᠠᠠᠰᠢᠯᠠᠵᠦ ᠦᠷᠬᠦᠯᠵᠢᠯᠡᠨ ᠬᠦᠭᠵᠢᠬᠦ ᠰᠠᠶᠢᠨ ᠬᠠᠨᠲᠤᠰᠢ ᠲᠠᠢ ᠪᠤᠯᠵᠦ᠂ ᠪᠦᠬᠦ ᠤᠷᠤᠨ ᠤ ᠠᠵᠤ ᠠᠬᠤᠢ ᠶᠢᠨ | ᠨᠡᠮᠡᠭᠲᠡᠯ ᠦᠷᠬᠦᠯᠵᠢᠯᠡᠨ ᠯᠠᠪᠲᠠᠭᠤᠨ ᠢᠶᠠᠷ ᠬᠦᠭᠵᠢᠬᠦ ᠪᠠᠶᠢᠲᠡᠯ ᠢ ᠪᠠᠲᠤᠯᠠᠵᠤ᠂ ᠬᠤᠷᠸ᠎ᠠ ᠠᠵᠤ ᠠᠬᠤᠢ ᠶᠢᠨ ᠪᠠᠶᠢᠲᠡᠯ ᠨᠢ ᠮᠠᠨ ᠤ ᠬᠤᠲᠠ ᠳᠤ ᠠᠰᠢᠭ ᠤᠯᠠᠨ | ᠨᠦᠯᠦᠭᠡ ᠪᠠᠭ᠎ᠠ᠃ ᠲᠦᠷᠦ ᠶᠢᠨ ᠶᠠᠪᠤᠲᠡᠯ ᠤᠨ ᠬᠤᠷᠢᠶᠠᠨ ᠤ 21 ᠳ᠋ᠤᠬᠡᠷ ᠲᠤᠭᠠᠲᠤ ᠪᠢᠴᠢᠭ ᠮᠠᠲ᠋ᠧᠷᠢᠶᠡᠯ ᠢ ᠨᠠᠶᠢᠲᠠᠪᠤᠷᠢᠵᠢᠭᠤᠯᠬᠤ ᠪᠠ ᠪᠠᠷᠠᠭᠤᠨ ᠤᠷᠤᠨ ᠢ | ᠶᠡᠬᠡᠪᠡᠷ ᠨᠡᠬᠡᠬᠡᠨ ᠬᠦᠭᠵᠢᠬᠦᠯᠬᠦ᠂ ᠵᠡᠬᠦᠨ ᠬᠤᠶᠢᠲᠤ ᠤᠷᠤᠨ ᠢ ᠬᠦᠭᠵᠢᠬᠦᠯᠬᠦ᠂ ᠦᠪᠡᠷᠲᠡᠬᠡᠨ ᠵᠠᠰᠠᠬᠤ ᠤᠷᠤᠨ ᠤ ᠵᠡᠬᠦᠨ ᠬᠡᠰᠡᠭ ᠤᠨ ᠠᠶᠢᠮᠠᠭ ᠬᠤᠲᠠ ᠶᠢᠨ | ᠬᠦᠭᠵᠢᠯᠲᠡ ᠶᠢ ᠲᠡᠮᠵᠢᠬᠦ ᠵᠡᠷᠬᠡ ᠲᠦᠷᠦ ᠶᠢᠨ ᠪᠤᠲᠤᠯᠭ᠎ᠠ ᠨᠢ ᠮᠠᠨ ᠤ ᠬᠤᠲᠠ ᠶᠢᠨ ᠬᠦᠭᠵᠢᠯᠲᠡ ᠶᠢ ᠲᠦᠷᠬᠡᠳᠬᠡᠬᠦ ᠳᠤ ᠲᠠᠪᠬᠤᠷ ᠲᠠᠪᠠᠭᠤᠯᠢᠭ ᠲᠠᠢ ᠪᠤᠯᠭᠠᠵᠡᠢ᠃ | ᠮᠠᠨ ᠤ ᠬᠤᠲᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠦᠷᠬᠡᠳᠴᠦ᠂ ᠪᠤᠲᠠᠲᠤ ᠬᠦᠴᠦᠨ ᠲᠡᠬᠡᠭᠰᠢᠯᠡᠨ᠂ ᠪᠦᠬᠦ ᠬᠤᠲᠠ ᠶᠢᠨ ᠠᠵᠤ ᠠᠬᠤᠢ ᠶᠢᠨ ᠠᠶᠤᠯ | ᠲᠦᠭᠰᠢᠬᠦᠷᠢ ᠶᠢ ᠡᠰᠡᠷᠬᠦᠴᠡᠬᠦ᠂ ᠤᠷᠤᠨ ᠪᠦᠰᠡ ᠶᠢᠨ ᠦᠷᠢᠰᠦᠯᠲᠦᠬᠡᠨ ᠳᠤ ᠤᠷᠤᠯᠴᠠᠬᠤ ᠴᠢᠲᠠᠪᠤᠷᠢ ᠮᠡᠲᠡᠭᠲᠡᠮ᠎ᠡ ᠴᠢᠩᠭᠠᠷᠡᠪᠠ᠃ ᠤᠨᠴᠠᠭᠠᠶᠢᠯᠠᠨ ᠦᠷᠬᠡᠨ ᠤᠯᠠᠨ | ᠺᠠᠳ᠋ᠷ ᠤᠯᠠᠨ ᠲᠦᠮᠡᠨ ᠰᠡᠳᠬᠢᠯ ᠨᠢᠬᠡᠳᠴᠦ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠤ᠂ ᠵᠤᠷᠢᠭᠲᠡᠢ ᠪᠠᠷ ᠨᠡᠬᠡᠬᠡᠨ ᠰᠢᠯᠢᠲᠡᠭ ᠢ ᠡᠬᠦᠳᠬᠦ ᠰᠠᠶᠢᠨ | ᠤᠶᠤᠨ ᠰᠠᠨᠠᠭᠠᠨ ᠤ ᠪᠠᠶᠢᠲᠡᠯ ᠢ ᠪᠤᠢ ᠪᠤᠯᠭᠠᠵᠤ᠂ ᠬᠦᠭᠵᠢᠯᠲᠡ ᠶᠢ ᠬᠠᠮᠲᠤᠪᠡᠷ ᠠᠬᠢᠭᠤᠯᠬᠤ ᠬᠦᠴᠦᠷᠬᠡᠭ ᠶᠡᠭᠡ ᠬᠦᠲᠡᠯᠬᠡᠭᠴᠢ ᠬᠦᠴᠦᠨ ᠢ ᠪᠦᠷᠢᠯᠲᠦᠬᠦᠯᠪᠡ᠃ | ᠶᠡᠷᠦᠩᠬᠡᠶᠢᠯᠡᠨ ᠮᠠᠭᠠᠳᠯᠡᠪᠡᠯ᠂ ᠮᠠᠨ ᠤ ᠬᠤᠲᠠ ᠶᠢᠨ ᠬᠦᠭᠵᠢᠯᠲᠡ ᠨᠢ ᠮᠦᠨᠴᠤ ᠶᠡᠭᠡ ᠦᠢᠯᠡᠰ ᠪᠦᠲᠦᠬᠡᠵᠦ ᠪᠤᠯᠬᠤ ᠴᠢᠬᠤᠯᠡ ᠪᠠᠶᠢᠯᠲᠤᠬᠤ ᠪᠤᠲᠤᠯᠭ᠎ᠠ ᠶᠢᠨ ᠠᠵᠠ | ᠲᠤᠬᠢᠶᠡᠯ ᠤᠨ ᠬᠤᠭᠤᠴᠠᠭ᠎ᠠ ᠳᠤ ᠪᠠᠶᠢᠵᠤ᠂ ᠠᠵᠤ ᠠᠬᠤᠢ ᠨᠡᠶᠢᠬᠡᠮ ᠤᠨ ᠬᠦᠭᠵᠢᠯᠲᠡ ᠤᠷᠲᠤ ᠬᠤᠭᠤᠴᠠᠭ᠎ᠠ ᠪᠠᠷ ᠰᠠᠶᠢᠨ ᠬᠠᠨᠲᠤᠰᠢ ᠲᠠᠢ ᠪᠠᠶᠢᠬᠤ ᠦᠨᠳᠦᠰᠦᠨ | ᠪᠠᠶᠢᠲᠡᠯ ᠬᠤᠪᠢᠷᠡᠭᠠᠲᠤᠢ᠃ ᠶᠠᠷᠢᠶᠠᠨ ᠦᠬᠡᠢ ᠪᠢᠲᠡ ᠪᠠᠰᠠ ᠤᠯᠵᠤ ᠦᠵᠡᠬᠦ ᠨᠢ᠂ ᠲᠡᠯᠡᠬᠡᠢ ᠶᠢᠨ ᠠᠵᠤ ᠠᠬᠤᠢ ᠶᠢᠨ ᠪᠠᠶᠢᠲᠡᠯ ᠬᠤᠪᠢᠰᠤᠭᠴᠢ ᠲᠤᠭ᠎ᠠ ᠪᠠᠷ | ᠲᠦᠬᠦᠷᠴᠦ᠂ ᠠᠵᠤ ᠠᠬᠤᠢ ᠶᠢᠨ ᠨᠡᠮᠡᠭᠲᠡᠯ ᠲᠤᠷᠤᠭᠰᠢᠯᠠᠬᠤ ᠲᠠᠷᠤᠯᠲᠠ ᠦᠷᠬᠦᠯᠵᠢᠯᠡᠵᠤ᠂ ᠮᠠᠨ ᠤ ᠬᠤᠲᠠ ᠶᠢᠨ ᠠᠵᠤ ᠠᠬᠤᠢ ᠶᠢᠨ ᠬᠦᠭᠵᠢᠯᠲᠡ ᠶᠢᠨ | ᠤᠯᠠᠮᠵᠢᠯᠠᠯᠲᠤ ᠲᠠᠪᠠᠭᠤᠯᠢᠭ ᠪᠠᠭᠠᠰᠴᠤ᠂ ᠭᠠᠵᠠᠷ ᠤᠷᠤᠨ ᠤ ᠬᠦᠭᠵᠢᠯᠲᠡ ᠲᠡᠩᠴᠡᠬᠦᠷᠢ ᠦᠬᠡᠢ᠂ ᠵᠤᠬᠢᠴᠠᠯᠲᠤᠬᠤ ᠦᠬᠡᠢ᠂ ᠦᠷᠬᠦᠯᠵᠢᠯᠡᠨ ᠬᠦᠭᠵᠢᠵᠤ ᠲᠡᠶᠢᠯᠬᠦ | ᠦᠬᠡᠢ ᠠᠰᠠᠭᠤᠲᠡᠯ ᠪᠠᠰᠠᠴᠤ ᠲᠤᠪᠤᠶᠢᠮ᠎ᠠ ᠪᠠᠶᠢᠵᠤ᠂ ᠠᠷᠭ᠎ᠠ ᠬᠡᠯᠪᠡᠷᠢ ᠪᠠᠨ ᠬᠤᠪᠢᠷᠡᠭᠤᠯᠵᠤ᠂ ᠪᠦᠲᠦᠴᠡ ᠪᠠᠨ ᠲᠤᠬᠢᠷᠡᠭᠤᠯᠬᠤ ᠡᠬᠦᠷᠬᠡ ᠮᠠᠰᠢ ᠬᠦᠨᠲᠦ ᠪᠠᠶᠢᠵᠤ᠂ | ᠨᠢᠬᠡ ᠪᠦᠯᠦᠭ ᠬᠦᠨ ᠲᠠᠪᠬᠤᠷᠭ᠎ᠠ ᠳᠠᠬᠢ ᠵᠦᠷᠢᠴᠡᠯ ᠠᠰᠠᠭᠤᠲᠡᠯ ᠠᠯᠬᠤᠮ ᠠᠯᠬᠤᠮ ᠢᠶᠠᠷ ᠢᠯᠡᠷᠡᠵᠦ᠂ ᠮᠠᠨ ᠤ ᠬᠤᠲᠠ ᠳᠤ ᠲᠤᠯᠭᠠᠷᠡᠵᠤ ᠪᠠᠶᠢᠭ᠎ᠠ ᠦᠷᠢᠰᠦᠯᠲᠦᠬᠡᠨ | ᠨᠡᠩ ᠪᠤᠲᠤᠯᠢᠶᠡᠨᠲᠡᠢ ᠮᠦᠷᠲᠡᠬᠡᠨ ᠬᠠᠲᠠᠭᠤ ᠪᠡᠷᠬᠡ ᠪᠤᠯᠪᠠ᠃ ᠡᠶᠢᠮᠦ ᠠᠴᠠ᠂ ᠪᠢᠲᠡ ᠡᠷᠬᠡᠪᠰᠢ ᠪᠠᠶᠢᠲᠡᠯ ᠲᠤᠬᠢᠶᠡᠯ ᠤᠨ ᠰᠢᠨ᠎ᠡ ᠬᠤᠪᠢᠷᠡᠯᠲᠠ ᠶᠢ ᠡᠵᠡᠮᠲᠡᠵᠤ᠂ | ᠬᠦᠭᠵᠢᠯᠲᠡ ᠪᠠᠨ ᠲᠦᠷᠬᠡᠳᠬᠡᠬᠦ ᠰᠢᠨ᠎ᠡ ᠦᠷᠢᠰᠦᠯᠲᠦᠬᠡᠨ ᠢ ᠤᠭᠲᠤᠵᠤ᠂ ᠠᠷᠡᠳ ᠤᠯᠠᠨ ᠤ ᠰᠢᠨ᠎ᠡ ᠬᠦᠰᠡᠯ ᠳᠤ ᠲᠤᠬᠢᠷᠡᠯᠴᠠᠵᠤ᠂ ᠴᠤᠭ ᠵᠢᠪᠬᠤᠭ᠎ᠠ ᠪᠠᠨ | ᠴᠢᠨᠠᠭᠰᠢᠲᠠ ᠬᠦᠪᠴᠢᠯᠡᠵᠦ᠂ ᠪᠠᠶᠢᠲᠡᠯ ᠢ ᠲᠠᠭᠠᠨ ᠤᠷᠤᠭᠰᠢᠯᠠᠵᠤ᠂ ᠰᠢᠨ᠎ᠡ ᠡᠬᠢᠯᠡᠯᠲᠡ ᠶᠢᠨ ᠶᠠᠪᠤᠴᠠ ᠳᠤ ᠨᠡᠩ ᠰᠠᠶᠢᠨ ᠮᠦᠷᠲᠡᠬᠡᠨ ᠲᠦᠷᠬᠡᠨ ᠬᠦᠭᠵᠢᠯᠲᠡ ᠶᠢ | ᠪᠠᠶᠡᠯᠡᠬᠦᠯᠬᠦ ᠪᠠᠷ ᠴᠢᠷᠮᠠᠶᠢᠵᠤ᠂ ᠦᠬᠡᠷᠡᠴᠢᠯᠡᠯᠲᠡ ᠨᠡᠬᠡᠬᠡᠯᠲᠠ ᠪᠠ ᠤᠲᠤᠬᠢᠴᠢᠯᠠᠭᠰᠡᠨ ᠪᠦᠲᠦᠬᠡᠨ ᠪᠠᠶᠢᠭᠤᠯᠤᠯᠲᠠ ᠶᠢᠨ ᠰᠢᠨ᠎ᠠ ᠪᠠᠶᠢᠲᠡᠯ ᠢ ᠲᠠᠰᠤᠷᠡᠯᠲᠠ ᠦᠬᠡᠢ | ᠡᠬᠦᠳᠬᠦ ᠬᠡᠷᠡᠭᠲᠡᠢ᠃ | ᠵᠠᠰᠠᠭ ᠤᠨ ᠤᠷᠲᠤᠨ ᠤ ᠠᠵᠢᠯ ᠤᠨ ᠶᠡᠷᠦᠩᠬᠡᠢ ᠱᠠᠭᠠᠷᠲᠡᠯᠭ᠎ᠠ ᠪᠤᠯ᠄ ᠨᠠᠮ ᠤᠨ ᠠᠷᠪᠡᠨ ᠨᠠᠢᠮᠠᠲᠤᠭᠠᠷ ᠶᠡᠭᠡ ᠬᠤᠷᠡᠯ ᠪᠠ ᠬᠤᠲᠠ ᠶᠢᠨ ᠵᠢᠷᠭᠤᠲᠤᠭᠠᠷ ᠤᠲᠠᠭᠠᠨ | ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠵᠤᠷᠢᠭ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠤ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠠ ᠶᠢ | ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠪᠠᠶᠢᠯᠲᠤᠬᠤ ᠪᠤᠲᠤᠯᠭ᠎ᠠ ᠶᠢᠨ ᠠᠵᠠ ᠲᠤᠬᠢᠶᠡᠯ ᠤᠨ ᠬᠤᠭᠤᠴᠠᠭ᠎ᠠ ᠶᠢ ᠠᠮᠵᠢᠨ ᠠᠳᠬᠤᠵᠤ᠂ ᠬᠦᠭᠵᠢᠯᠲᠡ ᠪᠤᠯ | ᠲᠡᠷᠢᠬᠦᠨ ᠴᠢᠬᠤᠯᠡ ᠡᠬᠦᠷᠬᠡ ᠪᠤᠯᠬᠤ ᠶᠢ ᠭᠤᠶᠢᠪᠢᠰᠢ ᠦᠬᠡᠢ ᠪᠠᠷᠢᠮᠲᠡᠯᠡᠵᠤ᠂ ᠬᠤᠷᠲᠤᠴᠡ ᠴᠢᠨᠡᠷ ᠴᠢᠨᠰᠠᠭ᠎ᠠ ᠦᠷ᠎ᠡ ᠠᠰᠢᠭ ᠢ ᠬᠠᠷᠢᠯᠴᠠᠨ ᠨᠢᠬᠡᠲᠦᠬᠦᠯᠬᠦ ᠶᠢ | ᠪᠠᠲᠤᠯᠠᠨ᠂ ᠠᠷᠡᠳ ᠢᠶᠠᠨ ᠪᠠᠶᠠᠯᠢᠭᠵᠢᠭᠤᠯᠬᠤ ᠪᠠ ᠬᠤᠲᠠ ᠪᠠᠨ ᠬᠦᠴᠦᠷᠬᠡᠭᠵᠢᠬᠦᠯᠬᠦ ᠶᠢ ᠵᠡᠷᠬᠡᠪᠡᠷ ᠴᠢᠬᠤᠯᠠᠴᠢᠯᠠᠵᠤ᠂ ᠤᠷᠢᠲᠡᠪᠡᠷ ᠠᠷᠡᠳ ᠢᠶᠠᠨ ᠪᠠᠶᠠᠯᠢᠭᠵᠢᠭᠤᠯᠬᠤ | ᠶᠢ ᠪᠠᠲᠤᠯᠠᠨ᠂ ᠬᠦᠭᠵᠢᠯᠲᠡ ᠶᠢ ᠲᠦᠷᠬᠡᠳᠬᠡᠵᠦ ᠶᠡᠷᠦᠩᠬᠡᠢ ᠬᠡᠮᠵᠢᠶ᠎ᠡ ᠶᠢ ᠨᠡᠮᠡᠭᠲᠡᠬᠦᠯᠵᠦ᠂ ᠦᠬᠡᠷᠡᠴᠢᠯᠡᠯᠲᠠ ᠨᠡᠬᠡᠬᠡᠯᠲᠠ ᠶᠢ ᠬᠦᠨᠵᠡᠬᠡᠶᠢᠷᠡᠬᠦᠯᠬᠦ ᠶᠢ ᠪᠠᠷᠢᠮᠲᠡᠯᠡᠵᠤ᠂ | ᠬᠦᠭᠵᠢᠯᠲᠡ ᠶᠢᠨ ᠠᠮᠢᠵᠢᠷᠡᠯ ᠤᠨ ᠬᠦᠴᠦᠨ ᠬᠦᠲᠡᠯᠭᠡᠭᠴᠢ ᠬᠦᠴᠦᠨ ᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠬᠦ᠂ ᠰᠤᠷᠠᠭ ᠵᠠᠩᠬᠢᠴᠢᠯᠠᠬᠤ᠂ | ᠬᠤᠲᠠ ᠪᠠᠯᠭᠠᠰᠤᠵᠢᠬᠤ ᠪᠠ ᠲᠠᠷᠢᠶᠠᠯᠠᠩ ᠮᠠᠯ ᠠᠵᠤ ᠠᠬᠤᠢ ᠶᠢᠨ ᠤᠲᠤᠬᠢᠴᠢᠯᠠᠬᠤ ᠠᠬᠢᠴᠠ ᠶᠢ ᠲᠦᠷᠬᠡᠳᠬᠡᠵᠦ᠂ ᠰᠢᠨ᠎ᠡ ᠬᠦᠭᠵᠢᠯᠲᠡ ᠶᠢᠨ ᠬᠡᠯᠪᠡᠷᠢ ᠶᠢ ᠲᠦᠷᠬᠡᠨ | ᠪᠤᠢ ᠪᠤᠯᠭᠠᠵᠦ᠂ ᠠᠵᠤ ᠠᠬᠤᠢ ᠶᠢᠨ ᠪᠦᠲᠦᠬᠡᠨ ᠪᠠᠶᠢᠭᠤᠯᠤᠯᠲᠡ᠂ ᠤᠯᠤᠰ ᠲᠦᠷᠦ ᠶᠢᠨ ᠪᠦᠲᠦᠬᠡᠨ ᠪᠠᠶᠢᠭᠤᠯᠤᠯᠲᠡ᠂ ᠰᠤᠶᠤᠯ ᠤᠨ ᠪᠦᠲᠦᠬᠡᠨ ᠪᠠᠶᠢᠭᠤᠯᠤᠯᠲᠡ᠂ | ᠨᠡᠶᠢᠬᠡᠮ ᠤᠨ ᠪᠦᠲᠦᠬᠡᠨ ᠪᠠᠶᠢᠭᠤᠯᠤᠯᠲᠡ ᠪᠠ ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠲᠠ ᠶᠢ ᠪᠦᠬᠦ ᠲᠡᠯ᠎ᠡ ᠪᠠᠷ ᠠᠬᠢᠭᠤᠯᠵᠤ᠂ ᠴᠢᠨᠡᠬᠡᠯᠢᠭ ᠨᠡᠶᠢᠬᠡᠮ | ᠢ ᠪᠦᠬᠦ ᠲᠡᠯ᠎ᠡ ᠪᠠᠷ ᠪᠦᠲᠦᠬᠡᠨ ᠪᠠᠶᠢᠭᠤᠯᠬᠤ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠶᠢ ᠲᠠᠯᠪᠢᠨ᠎ᠠ᠃ | ᠲᠡᠮᠡᠴᠡᠬᠦ ᠬᠠᠷᠡᠯᠲᠠ ᠪᠤᠯ᠄ ᠠᠵᠤ ᠠᠬᠤᠢ ᠶᠢᠨ ᠭᠤᠤᠯ ᠬᠦᠢᠴᠡᠳᠬᠡᠬᠦ ᠲᠤᠭᠠᠨ ᠤ ᠨᠡᠮᠡᠭᠲᠡᠯ ᠤᠨ ᠬᠤᠷᠲᠤᠴᠠ ᠶᠢ ᠪᠦᠬᠦ ᠤᠷᠤᠨ ᠤ ᠲᠤᠮᠲᠠᠴᠢ ᠲᠦᠪᠰᠢᠨ | ᠠᠴᠠ ᠦᠨᠲᠦᠷ ᠪᠤᠯᠭᠠᠵᠦ᠂ 2017 ᠤᠨ ᠪᠤᠯᠬᠤ ᠳᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 3000 ᠳ᠋ᠦᠡᠭᠰᠢᠭᠤᠷ ᠢ ᠲᠠᠪᠠᠵᠦ᠂ ᠤᠷᠤᠨ | ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 300 ᠳ᠋ᠦᠡᠭᠰᠢᠭᠤᠷ ᠢ ᠲᠠᠪᠠᠵᠦ᠂ ᠬᠤᠲᠠ ᠪᠠᠯᠭᠠᠰᠤᠨ ᠤ ᠰᠠᠭᠤᠭᠠᠯᠢ ᠠᠷᠡᠳ ᠤᠨ ᠬᠦᠮᠦᠨ ᠪᠦᠷᠢ ᠶᠢᠨ | ᠲᠤᠮᠲᠠᠴᠢ ᠵᠠᠷᠤᠴᠠᠭᠤᠯᠵᠤ ᠪᠤᠯᠬᠤ ᠤᠷᠤᠯᠭ᠎ᠠ ᠶᠢ ᠪᠦᠬᠦ ᠤᠯᠤᠰ ᠤᠨ ᠲᠡᠭᠰᠢᠳᠭᠡᠭᠰᠡᠨ ᠬᠡᠮᠵᠢᠶ᠎ᠡ ᠳᠤ ᠬᠦᠷᠭᠡᠨ᠎ᠡ᠃ | ᠲᠠᠪᠤᠨ ᠵᠢᠯ ᠤᠨ ᠴᠢᠷᠮᠠᠶᠢᠯᠭ᠎ᠠ ᠪᠠᠷ ᠲᠠᠮᠵᠢᠭᠤᠯᠤᠨ᠂ ᠪᠦᠬᠦ ᠬᠤᠲᠠ ᠶᠢᠨ ᠠᠵᠤ ᠠᠬᠤᠢ ᠶᠢᠨ ᠪᠦᠲᠦᠴᠡ ᠶᠢ ᠨᠡᠩ ᠰᠢᠯᠢᠲᠡᠭᠵᠢᠬᠦᠯᠵᠦ᠂ ᠤᠯᠠᠨ ᠡᠰᠢᠵᠢᠯ ᠢᠶᠠᠷ | ᠬᠦᠭᠵᠢᠬᠦ᠂ ᠤᠯᠠᠨ ᠲᠤᠶᠢᠯᠵᠢᠯ ᠢᠶᠠᠷ ᠲᠤᠯᠭᠠᠭᠤᠷᠢ ᠪᠤᠯᠭᠠᠬᠤ ᠤᠲᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠦᠨᠲᠦᠰᠦᠨ ᠳᠡᠭᠡᠨ ᠪᠤᠢ ᠪᠤᠯᠭᠠᠵᠤ᠂ ᠠᠵᠤ | ᠠᠬᠤᠢ ᠶᠢᠨ ᠨᠡᠮᠡᠭᠲᠡᠯ ᠤᠨ ᠶᠠᠰᠤ ᠴᠢᠨᠠᠷ ᠪᠠ ᠭᠠᠲᠠᠭᠠᠲᠤ ᠬᠠᠲᠤᠯᠭᠠ ᠶᠢᠨ ᠬᠡᠮᠵᠢᠶ᠎ᠡ ᠶᠢ ᠢᠯᠡᠳᠲᠠ ᠲᠡᠬᠡᠭᠰᠢᠯᠡᠬᠦᠯᠦᠨ᠎ᠡ︔ ᠬᠤᠲᠠ ᠬᠦᠲᠡᠭᠡ ᠶᠢᠨ ᠬᠦᠭᠵᠢᠯᠲᠡ ᠶᠢ | ᠨᠡᠩ ᠵᠤᠬᠢᠴᠠᠩᠭᠤᠢ ᠪᠤᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠦᠷᠬᠦᠯᠵᠢᠯᠡᠨ ᠰᠠᠶᠢᠵᠢᠷᠠᠭᠤᠯᠵᠤ᠂ ᠪᠠᠲᠤᠯᠠᠭ᠎ᠠ ᠶᠢᠨ ᠴᠢᠲᠠᠪᠤᠷᠢ ᠪᠠ | ᠦᠷᠬᠦᠯᠵᠢᠯᠡᠨ ᠬᠦᠭᠵᠢᠬᠦ ᠴᠢᠲᠡᠪᠦᠷᠢ ᠶᠢ ᠢᠯᠡᠳᠲᠠ ᠨᠡᠮᠡᠭᠲᠡᠬᠦᠯᠦᠨ᠎ᠡ︔ ᠠᠷᠡᠳ ᠤᠨ ᠠᠮᠢᠲᠤᠷᠡᠯ ᠢ ᠰᠠᠶᠢᠵᠢᠷᠠᠭᠤᠯᠬᠤ ᠪᠠᠷ ᠭᠤᠤᠯᠲᠡᠯᠭ᠎ᠠ ᠪᠤᠯᠭᠠᠭᠰᠠᠨ ᠨᠡᠶᠢᠬᠡᠮ ᠤᠨ | ᠪᠠᠶᠢᠭᠤᠯᠤᠯᠲᠠ ᠶᠢ ᠰᠢᠨ᠎ᠡ ᠠᠬᠢᠴᠡ ᠲᠠᠢ ᠪᠤᠯᠭᠠᠵᠤ᠂ ᠤᠯᠠᠨ ᠲᠦᠮᠡᠨ ᠤ ᠨᠡᠶᠢᠲᠡᠮ ᠠᠩᠬᠠᠷᠴᠤ ᠪᠠᠶᠢᠭ᠎ᠠ ᠠᠵᠢᠯ ᠤᠯᠭᠤᠯᠲᠠ᠂ ᠡᠪᠡᠳᠴᠢᠨ ᠦᠵᠡᠬᠦᠯᠬᠦ᠂ | ᠰᠤᠷᠭᠠᠭᠤᠯᠢ ᠳᠤ ᠤᠷᠤᠬᠤ᠂ ᠤᠷᠤᠨ ᠰᠠᠭᠤᠴᠠ᠂ ᠨᠠᠰᠤᠵᠢᠯ ᠤᠨ ᠠᠰᠠᠷᠡᠮᠵᠢ ᠪᠠ ᠨᠡᠶᠢᠬᠡᠮ ᠤᠨ ᠪᠠᠲᠤᠯᠠᠭ᠎ᠠ ᠵᠡᠷᠬᠡ ᠠᠰᠠᠭᠤᠲᠡᠯ ᠢ ᠨᠡᠯᠢᠶᠡᠳ ᠰᠠᠶᠢᠨ | ᠰᠢᠢᠳᠪᠦᠷᠢᠯᠡᠨ᠎ᠡ︔ ᠰᠤᠶᠤᠯ ᠤᠨ ᠬᠡᠶᠢᠰᠪᠦᠷᠢ ᠬᠦᠴᠦᠨ ᠢ ᠪᠦᠬᠦ ᠲᠡᠯ᠎ᠡ ᠪᠠᠷ ᠲᠡᠬᠡᠭᠰᠢᠯᠡᠬᠦᠯᠦᠨ᠎ᠡ︔ ᠤᠯᠤᠰ ᠤᠨ ᠴᠢᠬᠤᠯᠡ ᠦᠩᠬᠡᠲᠦ ᠲᠡᠮᠦᠷᠯᠢᠭ᠂ ᠡᠨᠧᠷᠬᠢ᠂ | ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠪᠠ ᠪᠤᠬᠢᠷᠲᠤᠯ ᠦᠬᠡᠢ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠢ ᠦᠢᠯᠡᠳᠪᠦᠷᠢᠯᠡᠨ | ᠪᠤᠯᠪᠠᠰᠤᠷᠡᠭᠤᠯᠬᠤ ᠰᠠᠭᠤᠷᠢᠨ ᠭᠠᠵᠠᠷ᠂ ᠪᠡᠬᠡᠵᠢᠩ ᠲᠢᠶᠠᠨᠵᠢᠨ᠂ ᠯᠢᠶᠤᠤᠨᠢᠩ ᠮᠦᠭᠲᠡᠨ ᠵᠡᠷᠬᠡ ᠭᠠᠵᠠᠷ ᠤᠷᠤᠨ ᠤ ᠴᠢᠬᠤᠯᠡ ᠠᠮᠢ ᠠᠬᠤᠢ ᠶᠢᠨ ᠠᠶᠤᠯᠭᠦᠢ ᠶᠢᠨ | ᠬᠠᠯᠬᠠᠪᠴᠢ ᠶᠢ ᠪᠠᠶᠢᠭᠤᠯᠵᠤ᠂ ᠦᠪᠦᠷ ᠮᠤᠩᠭᠤᠯ ᠤᠨ ᠵᠡᠬᠦᠨ ᠬᠡᠰᠡᠭ ᠾᠧᠪᠸᠢ ᠶᠢᠨ ᠬᠤᠶᠢᠲᠤ ᠬᠡᠰᠡᠭ ᠯᠢᠶᠤᠤᠨᠢᠩ ᠤᠨ ᠪᠠᠷᠠᠭᠤᠨ ᠬᠡᠰᠡᠭ ᠭᠠᠵᠠᠷ ᠤᠷᠤᠨ ᠤ | ᠪᠠᠷᠠᠭᠠᠨ ᠤ ᠬᠦᠢᠯᠬᠡᠬᠡᠨ ᠤ ᠭᠤᠤᠯ ᠬᠤᠳᠠ᠂ ᠵᠠᠭᠤᠨ ᠲᠦᠮᠡᠨ ᠭᠦᠮᠤᠨ ᠠᠮᠠ ᠲᠠᠢ ᠤᠷᠤᠨ ᠲᠤᠭᠤᠷᠢᠵᠢᠠᠠᠰᠠᠨ ᠭᠤᠤᠯ ᠬᠤᠳᠠ᠂ ᠤᠯᠤᠰ ᠤᠨ ᠲᠡᠤᠭᠡ ᠰᠤᠶᠤᠯ ᠤᠨ | ᠨᠡᠷᠡᠳᠦ ᠬᠤᠳᠠ᠂ ᠪᠦᠬᠦ ᠤᠯᠤᠰ ᠤᠨ ᠪᠤᠯᠪᠠᠰᠤᠨ ᠬᠤᠲᠠ ᠪᠤᠯᠭᠠᠨ ᠪᠦᠳᠦᠭᠡᠨ ᠪᠠᠶᠢᠭᠤᠯᠤᠨ᠎ᠠ᠃ | ᠲᠡᠬᠡᠷ᠎ᠡ ᠲᠤᠷᠠᠲᠤᠭᠰᠡᠨ ᠬᠠᠷᠡᠯᠲᠠ ᠶᠢ ᠪᠡᠶᠡᠯᠡᠬᠦᠯᠬᠦ ᠲᠤᠭᠤᠷᠢᠨ ᠳᠤ ᠲᠤᠤᠷᠠᠭᠢ ᠵᠢᠷᠭᠤᠭᠠᠨ ᠲᠡᠯ᠎ᠡ ᠶᠢᠨ ᠠᠵᠢᠯ ᠢ ᠭᠤᠤᠯᠲᠡᠯᠭᠠᠲᠡᠢ ᠰᠠᠶᠢᠲᠤᠷ ᠭᠢᠨ᠎ᠠ᠃ | ︵ ᠨᠢᠬᠡ︶ ᠠᠵᠤ ᠠᠬᠤᠢ ᠶᠢᠨ ᠦᠷᠬᠦᠯᠵᠢᠯᠡᠨ ᠲᠦᠷᠬᠡᠨ ᠮᠦᠷᠲᠡᠬᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠠᠵᠤ ᠠᠬᠤᠢ ᠶᠢᠨ ᠶᠡᠷᠦᠩᠬᠡᠶᠢᠯᠡᠭᠰᠡᠨ | ᠬᠦᠭᠵᠢᠯᠲᠡ ᠶᠢᠨ ᠲᠦᠪᠰᠢᠨ ᠢ ᠲᠡᠬᠡᠭᠰᠢᠯᠡᠬᠦᠯᠦᠨ᠎ᠡ | ᠠᠵᠤ ᠦᠢᠯᠡᠳᠪᠦᠷᠢ ᠶᠢ ᠤᠷᠢᠲᠡᠪᠡᠷ ᠬᠦᠭᠵᠢᠬᠦᠯᠬᠦ᠂ ᠲᠦᠷᠦᠬᠦᠯᠡᠨ ᠬᠦᠭᠵᠢᠬᠦᠯᠬᠦ ᠶᠢ ᠭᠤᠶᠢᠪᠢᠰᠢ ᠦᠬᠡᠢ ᠪᠠᠷᠢᠮᠲᠡᠯᠡᠵᠤ᠂ ᠡᠬᠢ ᠪᠠᠶᠠᠯᠢᠭ ᠤᠨ ᠬᠡᠯᠪᠡᠷᠢᠲᠦ | ᠠᠵᠤ ᠦᠢᠯᠡᠰ ᠤᠨ ᠲᠡᠰ ᠲᠠᠪᠬᠤᠷᠭ᠎ᠠ ᠶᠢ ᠲᠡᠬᠡᠭᠰᠢᠯᠡᠬᠦᠯᠵᠦ᠂ ᠡᠬᠢ ᠪᠠᠶᠠᠯᠢᠭ ᠤᠨ ᠪᠤᠰᠤ ᠬᠡᠯᠪᠡᠷᠢᠲᠦ ᠠᠵᠤ ᠦᠢᠯᠡᠰ ᠤᠨ ᠬᠠᠷᠢᠴᠡᠯ ᠢ ᠨᠡᠮᠡᠭᠲᠡᠬᠦᠯᠦᠨ᠂ ᠪᠠᠶᠢᠯᠲᠤᠬᠤ | ᠪᠤᠲᠤᠯᠭ᠎ᠠ ᠶᠢᠨ ᠴᠢᠨᠠᠷᠲᠡᠢ ᠰᠢᠨ᠎ᠡ ᠪᠠᠷ ᠮᠠᠨᠲᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠦ᠂ ᠴᠢᠮᠡᠭᠡ ᠵᠠᠩᠬᠢᠴᠢᠯᠠᠯ ᠪᠠ ᠠᠵᠤ ᠦᠢᠯᠡᠳᠪᠦᠷᠢᠵᠢᠯᠡᠯ | ᠤᠨ ᠬᠦᠨ ᠤᠶᠠᠯᠲᠤᠯ ᠢ ᠠᠬᠢᠭᠤᠯᠵᠤ᠂ᠠᠵᠤ ᠦᠢᠯᠡᠳᠪᠦᠷᠢ ᠶᠢᠨ ᠪᠤᠲᠠᠲᠤ ᠬᠦᠴᠦᠨ ᠢ ᠤᠯᠠᠮ ᠨᠢᠬᠡ ᠠᠯᠬᠤᠮ ᠨᠡᠮᠡᠭᠲᠡᠬᠦᠯᠦᠨ᠎ᠡ᠃ ︽ᠬᠤᠤᠰ ᠮᠢᠩᠭ᠎ᠠ ᠬᠤᠤᠰ | ᠵᠠᠭᠤᠨ ᠳ᠋ᠦᠩᠰᠢᠭᠤᠷ︾ ᠤᠨ ᠢᠨᠵᠧᠨᠧᠷᠢᠩ ᠢ ᠠᠬᠢᠭᠤᠯᠵᠤ᠂ 2017 ᠪᠤᠯᠲᠡᠯ᠎ᠡ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠪᠤᠷᠤᠯᠠᠭᠤᠯᠤᠨ ᠬᠤᠳᠠᠯᠳᠤᠬᠤ | ᠤᠷᠤᠯᠭ᠎ᠠ ᠶᠢ 2000 ᠳ᠋ᠦᠩᠰᠢᠭᠤᠷ ᠲᠦᠬᠦᠷᠢᠭ ᠠᠴᠠ ᠲᠠᠪᠠᠭᠤᠯᠵᠤ᠂ ᠬᠢᠮᠢ ᠶᠢᠨ ᠠᠵᠤ ᠦᠢᠯᠡᠳᠪᠦᠷᠢ ᠪᠠ ᠤᠯᠠᠭᠠᠨᠬᠠᠲᠠ ᠶᠢᠨ ᠠᠵᠤ ᠠᠬᠤᠢ ᠶᠢᠨ ᠨᠡᠬᠡᠬᠡᠯᠲᠠ | ᠶᠢᠨ ᠲᠤᠭᠤᠷᠢᠭ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 1000 ᠳ᠋ᠦᠩᠰᠢᠭᠤᠷ ᠲᠦᠬᠦᠷᠢᠭ ᠠᠴᠠ ᠲᠠᠪᠠᠭᠤᠯᠤᠨ᠂ ᠵᠠᠭᠤᠨ ᠳ᠋ᠦᠩᠰᠢᠭᠤᠷ ᠲᠦᠬᠦᠷᠢᠭ | ᠤᠨ ᠬᠦᠷᠢᠶᠡᠯᠡᠩ ᠲᠤᠭᠤᠷᠢᠭ ᠪᠠ ᠵᠠᠭᠤᠨ ᠳ᠋ᠦᠩᠰᠢᠭᠤᠷ ᠲᠦᠬᠦᠷᠢᠭ ᠤᠨ ᠠᠵᠤ ᠠᠬᠤᠶᠢᠯᠠᠯ ᠢ ᠲᠤᠰᠪᠤᠷᠢ 10 ᠠᠴᠠ ᠲᠡᠬᠡᠭᠰᠢ ᠳᠤ ᠬᠦᠷᠬᠡᠬᠦ ᠪᠠᠷ ᠴᠢᠷᠮᠠᠶᠢᠨ᠎ᠠ᠃ | ᠤᠯᠤᠰ ᠤᠨ ᠲᠤᠲᠤᠭᠠᠲᠤ ᠭᠠᠲᠠᠭᠠᠲᠤ ᠶᠢᠨ ᠲᠤᠮᠤ ᠠᠵᠤ ᠠᠬᠤᠶᠢᠯᠠᠯ ᠲᠤᠮᠤ ᠪᠦᠯᠦᠭᠯᠡᠯ ᠲᠠᠢ ᠪᠦᠭᠦ ᠲᠠᠯ᠎ᠠ ᠪᠠᠷ ᠬᠤᠷᠰᠢᠯᠴᠠᠬᠤ ᠪᠠᠨ ᠴᠢᠩᠭᠠᠳᠬᠠᠵᠦ᠂ ᠦᠩᠬᠡᠲᠦ | ᠲᠡᠮᠦᠷᠯᠢᠭ ᠢ ᠭᠦᠨ ᠪᠤᠯᠪᠠᠰᠤᠷᠡᠭᠤᠯᠬᠤ ᠶᠢ ᠠᠭᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠮᠡᠯᠲᠡ ᠦᠷᠲᠡᠭ ᠢ ᠨᠢ ᠲᠡᠭᠡᠭᠰᠢᠯᠡᠭᠦᠯᠦᠨ᠎ᠠ᠃ | ᠨᠡᠬᠦᠷᠡᠰᠦ ᠴᠠᠬᠢᠯᠭᠠᠨ ᠢ ᠨᠢᠬᠡ ᠴᠤᠭᠴᠠᠵᠢᠭᠤᠯᠬᠤ ᠠᠬᠢᠴᠠ ᠶᠢ ᠲᠦᠷᠬᠡᠳᠬᠡᠵᠦ᠂ ᠲᠤᠮᠤ ᠬᠡᠯᠪᠡᠷᠢ ᠶᠢᠨ ᠭᠠᠯ ᠴᠠᠬᠢᠯᠭᠠᠨ ᠰᠠᠯᠭᠢᠨ ᠴᠠᠭᠢᠯᠭᠠᠨ ᠪᠠ ᠢᠯᠴᠢ ᠴᠠᠬᠢᠯᠭᠠᠨ | ᠤ ᠬᠤᠯᠪᠤᠭᠠᠯᠠᠭᠰᠡᠨ ᠲᠦᠷᠦᠯ ᠵᠦᠢᠯ ᠢ ᠠᠬᠢᠭᠤᠯᠵᠤ᠂ ᠦᠪᠤᠷ ᠮᠤᠩᠭᠤᠯ ᠤᠨ ᠵᠡᠭᠦᠨ ᠭᠡᠰᠡᠭ ᠤᠨ ᠮᠢᠩᠭᠠᠨ ᠲᠦᠮᠡᠨ ᠺᠢᠯᠤᠸᠠᠲ ᠤᠨ ᠲᠡᠰ ᠤᠨ ᠰᠠᠯᠬᠢᠨ | ᠴᠠᠬᠢᠯᠭᠠᠨ ᠤ ᠰᠠᠭᠤᠷᠢᠨ ᠭᠠᠵᠠᠷ ᠤᠨ ᠴᠢᠬᠤᠯᠡ ᠲᠤᠯᠭᠠᠭᠤᠷᠢ ᠪᠤᠯᠭᠠᠵᠦ ᠪᠦᠳᠦᠭᠡᠨ ᠪᠠᠶᠢᠭᠤᠯᠤᠨ᠎ᠠ᠃ ᠳ᠋ᠠ ᠲᠠᠩ ᠨᠡᠬᠦᠷᠡᠰᠦᠨ ᠬᠡᠢ᠂ ᠢ ᠫᠢᠨ ᠠᠮᠮᠤᠨᠢ ᠬᠦᠴᠢᠯ | ᠵᠡᠷᠬᠡ ᠪᠠᠶᠢᠭᠤᠯᠵᠤ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠲᠦᠷᠬᠡᠬᠡᠨ ᠠᠰᠢᠭᠯᠠᠯᠲᠠ ᠳᠤ ᠤᠷᠤᠭᠤᠯᠵᠤ᠂ ᠨᠢᠬᠡ ᠪᠦᠯᠦᠭ ᠰᠢᠨ᠎ᠡ | ᠨᠡᠬᠦᠷᠡᠰᠦ ᠬᠢᠮᠢ ᠶᠢᠨ ᠠᠵᠤ ᠦᠢᠡᠯᠳᠪᠦᠷᠢ᠂ ᠹᠯᠤᠷ ᠬᠢᠮᠢ ᠶᠢᠨ ᠠᠵᠤ ᠦᠢᠯᠡᠳᠪᠦᠷᠢ ᠪᠠ ᠠᠮᠢᠲᠤ ᠪᠤᠲᠠᠰ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ | ᠰᠦᠪᠡᠭᠴᠢᠯᠡᠨ ᠬᠡᠷᠡᠭᠵᠢᠬᠦᠯᠦᠨ᠎ᠡ᠃ ᠮᠧᠬᠠᠨᠢᠭ ᠦᠢᠯᠡᠳᠬᠦ ᠵᠢᠴᠢ ᠲᠦᠬᠦᠷ ᠠᠵᠤ ᠦᠢᠯᠡᠰ ᠤᠨ ᠬᠦᠭᠵᠢᠯᠲᠡ ᠶᠢ ᠲᠦᠷᠬᠡᠳᠬᠡᠵᠦ᠂ ᠬᠦᠩᠬᠡᠨ ᠠᠵᠤ ᠦᠢᠯᠡᠳᠪᠦᠷᠢ᠂ | ᠨᠡᠬᠡᠮᠡᠯ ᠵᠡᠷᠬᠡ ᠬᠦᠲᠡᠯᠮᠦᠷᠢ ᠬᠦᠴᠦ ᠨᠢᠭᠲᠠᠷᠠᠭᠰᠠᠨ ᠬᠡᠯᠪᠡᠷᠢᠲᠦ ᠠᠵᠤ ᠦᠢᠯᠡᠰ ᠢ ᠢᠲᠡᠪᠬᠢᠲᠡᠢ ᠤᠷᠤᠭᠤᠯᠵᠤ᠂ ᠢᠲᠡᠬᠡᠨ᠂ ᠪᠠᠷᠢᠯᠭ᠎ᠠ ᠶᠢᠨ ᠮᠠᠲ᠋ᠧᠷᠢᠶᠡᠯ ᠤᠨ ᠠᠵᠤ | ᠦᠢᠯᠡᠳᠪᠦᠷᠢ ᠤᠨ ᠬᠡᠪᠴᠢᠶ᠎ᠡ ᠶᠢ ᠤᠯᠠᠮ ᠨᠢᠬᠡ ᠠᠯᠬᠤᠮ ᠪᠤᠵᠠᠭᠠᠶᠢᠷᠠᠭᠤᠯᠤᠨ᠎ᠠ᠃ ᠭᠡᠷᠡᠯ ᠸᠤᠯᠲ ᠢᠶᠠᠷ ᠴᠠᠬᠢᠯᠭᠠᠨ ᠭᠠᠷᠭᠠᠬᠤ᠂ ᠠᠮᠢᠲᠤ ᠪᠤᠲᠠᠰ ᠤᠨ ᠴᠢᠨᠠᠷᠲᠡᠢ | ᠮᠠᠲ᠋ᠧᠷᠢᠶᠡᠯ ᠢᠶᠠᠷ ᠴᠠᠬᠢᠯᠭᠠᠨ ᠭᠠᠷᠭᠠᠬᠤ ᠶᠢ ᠢᠲᠡᠪᠬᠢᠲᠡᠢ ᠬᠦᠭᠵᠢᠬᠦᠯᠵᠦ᠂ ᠪᠤᠳᠠᠰ ᠤᠨ ᠢᠨ᠋ᠲ᠋ᠧᠷᠨᠧᠲ ᠰᠦᠯᠵᠢᠶ᠎ᠡ᠂ ᠡᠬᠦᠯᠡᠨ ᠪᠤᠲᠤᠯᠲᠠ᠂ ᠨᠡᠭᠦᠳᠡᠯ ᠡᠯᠧᠺᠲᠷᠤᠨ | ᠠᠷᠡᠯᠵᠢᠶ᠎ᠠ ᠵᠡᠷᠬᠡ ᠰᠤᠷᠠᠭ ᠵᠠᠩᠬᠢ ᠶᠢᠨ ᠮᠡᠷᠬᠡᠵᠢᠯ ᠤᠨ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠮᠤᠩᠭᠤᠯ ᠡᠮ᠂ ᠬᠢᠲᠡᠳ ᠡᠮ ᠤᠨ ᠵᠠᠩᠭᠢᠯᠠᠭ᠎ᠠ ᠶᠢᠨ ᠮᠡᠷᠬᠡᠵᠢᠯ | ᠢ ᠰᠤᠲᠤᠯᠤᠨ ᠠᠰᠢᠭᠯᠠᠬᠤ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠬᠡᠳᠬᠡᠵᠦ᠂ ᠨᠡᠬᠦᠷᠡᠰᠦ ᠶᠢ ᠭᠦᠨ ᠨᠠᠷᠢᠯᠢᠭ ᠡᠳ᠋ᠰᠢᠬᠦᠯᠦᠨ ᠠᠰᠢᠭᠯᠠᠬᠤ ᠶᠢ | ᠠᠭᠢᠭᠤᠯᠤᠨ᠂ ᠪᠤᠬᠢᠷᠲᠤᠯ ᠦᠬᠡᠢ ᠦᠨᠲᠦᠷ ᠦᠷ᠎ᠡ ᠠᠰᠢᠭᠲᠤ ᠡᠨᠧᠷᠬᠢ ᠠᠷᠪᠢᠯᠠᠬᠤ ᠪᠦᠲᠦᠬᠡᠭᠲᠡᠬᠦᠨ ᠢ ᠨᠠᠬᠡᠬᠡᠨ ᠬᠦᠭᠵᠢᠬᠦᠯᠵᠦ᠂ 2017 ᠤᠨ ᠪᠤᠯᠲᠠᠯ᠎ᠠ ᠰᠢᠨ᠎ᠡ | ᠡᠨᠧᠷᠬᠢ᠂ ᠡᠯᠧᠺᠲᠷᠤᠨ ᠰᠤᠷᠠᠭ ᠵᠠᠩᠬᠢ᠂ ᠠᠮᠢᠲᠤ ᠪᠤᠲᠠᠰ ᠤᠨ ᠡᠮ᠂ ᠡᠨᠧᠷᠬᠢ ᠠᠷᠪᠢᠯᠠᠬᠤ ᠤᠷᠴᠢᠨ ᠲᠤᠭᠤᠷᠢᠨ ᠢ ᠬᠠᠮᠠᠭᠠᠯᠠᠬᠤ ᠵᠡᠷᠬᠡ ᠪᠠᠶᠢᠯᠲᠤᠬᠤ ᠪᠤᠲᠤᠯᠭ᠎ᠠ | ᠶᠢᠨ ᠴᠢᠨᠠᠷᠲᠡᠢ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠠᠷᠢᠴᠠᠯ ᠢ 10% | ᠠᠴᠠ ᠲᠡᠬᠡᠭᠰᠢ ᠳᠤ ᠬᠦᠷᠬᠡᠨ᠎ᠡ᠃ ᠠᠵᠤ ᠦᠢᠯᠡᠰ ᠤᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠤᠪᠵᠢᠭᠦᠯᠦᠨ᠂ ᠡᠯ᠎ᠡ ᠲᠦᠷᠦᠯ ᠤᠨ ᠬᠦᠷᠢᠶᠡᠯᠡᠩ | ᠲᠤᠭᠤᠷᠢᠭ ᠢ ᠵᠤᠬᠢᠰᠲᠡᠢ ᠪᠠᠶᠢᠷᠢᠰᠢᠭᠤᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠢᠶᠡᠯᠡᠩ ᠲᠤᠭᠤᠷᠢᠭ ᠲᠠᠰᠢ ᠲᠦᠪᠯᠡᠷᠡᠭᠦ ᠶᠢ ᠠᠭᠢᠭᠤᠯᠵᠦ᠂ ᠤᠭᠢ | ᠰᠢᠯᠢᠲᠡᠭ ᠡᠬᠢ ᠪᠠᠶᠠᠯᠢᠭ ᠢ ᠭᠤᠤᠯᠲᠠᠯᠭᠠᠲᠠᠢ ᠠᠵᠤ ᠠᠬᠤᠶᠢᠯᠠᠯ ᠲᠡᠰᠢ ᠲᠦᠪᠯᠡᠷᠡᠭᠦᠯᠵᠦ᠂ ᠠᠵᠤ ᠦᠢᠡᠯᠰ ᠤᠨ ᠲᠦᠪᠯᠡᠷᠡᠯ ᠤᠨ ᠬᠡᠮᠵᠢᠶ᠎ᠡ ᠪᠠ ᠠᠵᠤ ᠠᠬᠤᠶᠢᠯᠠᠯ | ᠤᠨ ᠦᠷᠢᠰᠦᠯᠲᠦᠬᠦ ᠬᠦᠴᠦᠨ ᠢ ᠲᠡᠬᠡᠭᠰᠢᠯᠡᠬᠦᠯᠦᠨ᠎ᠡ᠃ ᠲᠤᠮᠲᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢ ᠲᠡᠮᠵᠢᠵᠤ᠂ ᠲᠤᠮᠲᠠ ᠪᠠᠭ᠎ᠠ ᠠᠵᠤ ᠠᠬᠤᠶᠢᠯᠠᠯ ᠨᠢ | ᠲᠠᠪᠠᠭᠤᠯᠢᠠᠠᠳᠦ ᠤᠨᠴᠠᠯᠢᠭᠲᠤ ᠠᠵᠤ ᠦᠢᠯᠡᠰ ᠤᠨ ᠲᠤᠭᠤᠷᠢᠨ ᠳᠤ ᠦᠷᠭᠡᠵᠢᠭᠦ᠂ ᠲᠤᠮᠤ ᠠᠵᠤ ᠠᠬᠤᠶᠢᠯᠠᠯ ᠲᠤᠮᠤ ᠪᠦᠯᠦᠭᠯᠡᠯ ᠤᠨ ᠲᠤᠭᠤᠷᠢᠨ ᠳᠤ ᠬᠤᠷᠰᠢᠯᠴᠠᠬᠤ᠂ | ᠬᠦᠷᠢᠶᠡᠯᠡᠩ ᠲᠤᠭᠤᠷᠢᠭ ᠤᠨ ᠰᠠᠭᠤᠷᠢᠨ ᠭᠠᠵᠠᠷ ᠤᠨ ᠲᠤᠭᠤᠷᠢᠨ ᠳᠤ ᠲᠦᠬᠦᠷᠵᠢᠬᠦ ᠶᠢ ᠵᠤᠷᠢᠠᠠᠵᠢᠭᠤᠯᠤᠨ᠂ ᠦᠪᠡᠷᠮᠢᠴᠡ ᠤᠨᠴᠯᠢᠭ ᠨᠢ ᠢᠯᠡᠷᠭᠡᠢ᠂ ᠠᠵᠢᠯ ᠤᠨ | ᠬᠤᠪᠢᠶᠡᠷᠢᠯᠡᠯ ᠨᠢ ᠵᠤᠬᠢᠰᠲᠡᠢ ᠨᠢᠭᠡ ᠪᠦᠯᠦᠭ ᠠᠵᠤ ᠦᠢᠯᠡᠰ ᠤᠨ ᠰᠦᠷᠦᠭᠵᠢᠯ ᠢ ᠪᠤᠢ ᠪᠤᠯᠭᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠠᠶᠢᠷᠢ ᠰᠠᠭᠤᠷᠢ ᠶᠢ ᠪᠠᠳᠤᠳᠬᠠᠨ ᠴᠢᠩᠭᠠᠳᠬᠠᠬᠤ ᠶᠢ ᠭᠤᠶᠢᠪᠢᠰᠢ ᠦᠬᠡᠢ ᠪᠠᠷᠢᠮᠲᠡᠯᠠᠵᠤ᠂ ᠤᠲᠤᠬᠢᠴᠢᠯᠠᠭᠰᠠᠨ | ᠲᠠᠷᠢᠶᠠᠯᠠᠩ ᠮᠠᠯ ᠠᠵᠤ ᠠᠬᠤᠢ ᠶᠢ ᠲᠦᠷᠭᠡᠨ ᠬᠦᠭᠵᠢᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠡᠷᠤᠩᠭᠡᠶᠢᠯᠠᠨ ᠦᠢᠯᠡᠳᠪᠤᠷᠢᠯᠡᠭᠦ ᠠᠶᠤᠯ ᠲᠦᠭᠰᠢᠬᠦᠷᠢ ᠶᠢ | ᠡᠰᠡᠷᠭᠦᠴᠡᠭᠦ ᠪᠠ ᠵᠠᠬ᠎ᠠ ᠲᠡᠯᠬᠡᠬᠦᠷ ᠲᠤ ᠦᠷᠢᠰᠤᠯᠳᠦᠭᠦ ᠴᠢᠲᠠᠪᠤᠷᠢ ᠶᠢ ᠲᠡᠬᠡᠭᠰᠢᠯᠡᠬᠦᠯᠤᠨ᠎ᠡ᠃ ︽1571︾ ᠢᠨᠵᠧᠨᠧᠷᠢᠩ ᠢ ᠦᠷᠬᠦᠯᠵᠢᠯᠡᠨ ᠠᠬᠢᠭᠤᠯᠵᠤ᠂ ᠨᠢᠬᠡ | ᠪᠦᠯᠦᠭ ᠲᠠᠪᠠᠭᠤᠯᠢᠭ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠪᠠ ᠠᠵᠤ ᠦᠢᠯᠡᠰ ᠤᠨ ᠪᠦᠰᠡ ᠶᠢ ᠪᠠᠶᠢᠭᠤᠯᠵᠤ᠂ | ᠲᠤᠮᠲᠠᠲᠤ ᠤᠯᠤᠰ ᠤᠨ ᠤᠮᠠᠷᠡᠲᠤ ᠶᠢᠨ ᠦᠨᠲᠦᠷ ᠦᠷ᠎ᠡ ᠠᠰᠢᠭᠲᠤ ᠤᠰᠤ ᠠᠷᠪᠢᠯᠠᠬᠤ ᠵᠢᠱᠢᠶ᠎ᠡ ᠦᠵᠡᠬᠦᠯᠬᠦ ᠲᠤᠭᠤᠷᠢᠭ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠲᠤᠨᠤᠭᠯᠠᠯ ᠤᠨ ᠲᠦᠪᠰᠢᠨ ᠢ ᠲᠡᠬᠡᠭᠰᠢᠯᠡᠬᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠬᠦ᠂ ᠮᠧᠬᠠᠨᠢᠭᠵᠢᠬᠤ ᠲᠡᠰᠢ ᠬᠦᠭᠵᠢᠬᠦ ᠶᠢ | ᠠᠬᠢᠭᠤᠯᠤᠨ᠎ᠠ᠃ ᠲᠡᠷᠢᠮᠡᠯ ᠤᠨ ᠪᠦᠲᠦᠴᠡ ᠶᠢ ᠰᠢᠯᠢᠲᠡᠭᠵᠢᠬᠦᠯᠦᠨ᠂ ᠤᠭᠢ ᠰᠢᠯᠢᠲᠡᠭ ᠬᠠᠭᠤᠷᠡᠢ ᠲᠠᠷᠢᠮᠡᠯ ᠤᠨ ᠡᠬᠦᠯᠲᠡᠷ ᠢ ᠲᠦᠬᠡᠮᠡᠯᠵᠢᠬᠦᠯᠵᠦ᠂ ᠠᠵᠤ ᠠᠬᠤᠢ ᠶᠢᠨ | ᠲᠡᠷᠢᠮᠠᠯ᠂ ᠤᠨᠴᠠᠯᠢᠭᠲᠤ ᠲᠠᠷᠢᠮᠠᠯ ᠤᠨ ᠲᠠᠷᠢᠬᠤ ᠲᠠᠯᠠᠪᠡᠢ ᠶᠢ ᠨᠡᠮᠡᠭᠲᠡᠬᠦᠯᠵᠦ᠂ ᠰᠠᠶᠢᠨ ᠡᠬᠦᠯᠲᠡᠷ ᠤᠨ ᠪᠦᠷᠬᠦᠯᠲᠡ ᠶᠢᠨ ᠨᠤᠷᠮ᠎ᠠ ᠶᠢ ᠦᠷᠭᠡᠳᠭᠡᠨ᠂ ᠠᠮᠤ ᠪᠤᠲᠠᠭᠠᠨ | ᠤ ᠠᠶᠤᠯᠬᠦᠢ ᠶᠢ ᠪᠠᠲᠤᠯᠠᠨ᠎ᠠ᠃ ᠠᠮᠢ ᠠᠬᠤᠢ ᠬᠠᠳᠤᠯᠠᠩ ᠪᠡᠯᠴᠢᠬᠡᠷ ᠤᠨ ᠠᠵᠤ ᠦᠢᠯᠡᠰ ᠤᠨ ᠬᠦᠭᠵᠢᠯᠲᠡ ᠶᠢ ᠲᠦᠷᠬᠡᠳᠬᠡᠵᠦ᠂ 2017 ᠤᠨ ᠪᠤᠯᠲᠠᠯ᠎ᠠ ᠤᠰᠤ | ᠠᠷᠪᠢᠯᠠᠬᠤ ᠬᠦᠷᠡᠩ ᠴᠠᠷᠭᠠᠰᠤ ᠲᠠᠷᠢᠬᠤ ᠲᠠᠯᠠᠪᠡᠢ ᠶᠢ 200 ᠲᠦᠮᠡᠨ ᠮᠤ᠋ ᠠᠴᠠ ᠲᠠᠪᠠᠭᠤᠯᠵᠤ᠂ ᠪᠦᠬᠦ ᠤᠷᠤᠨ ᠤ ᠬᠦᠷᠡᠩ ᠴᠡᠷᠭᠠᠰᠤ ᠶᠢᠨ ᠲᠠᠪᠠᠭᠤᠯᠢᠭ ᠭᠠᠷᠤᠯᠲᠠ | ᠶᠢᠨ ᠤᠷᠤᠨ ᠢ ᠤᠷᠢᠲᠡᠪᠡᠷ ᠪᠠᠶᠢᠭᠤᠯᠤᠨ᠎ᠠ᠃ ᠲᠦᠬᠦᠬᠡᠷᠦᠮᠵᠢᠲᠦ ᠮᠠᠯ ᠠᠵᠤ ᠠᠬᠤᠢ ᠶᠢ ᠶᠡᠬᠡᠪᠡᠷ ᠬᠦᠭᠵᠢᠬᠦᠯᠵᠦ᠂ ᠰᠠᠶᠢᠨ ᠡᠬᠦᠯᠲᠡᠷ ᠢ ᠲᠡᠵᠢᠬᠡᠨ ᠦᠷᠡᠵᠢᠬᠦᠯᠬᠦ ᠪᠠ | ᠲᠦᠬᠡᠮᠡᠯᠵᠢᠬᠦᠯᠬᠦ ᠶᠢ ᠴᠢᠩᠭᠠᠳᠬᠠᠵᠤ᠂ ᠮᠠᠯ ᠠᠵᠤ ᠠᠬᠤᠢ ᠶᠢᠨ ᠬᠡᠪᠴᠢᠶᠡᠵᠢᠬᠦ᠂ ᠤᠲᠤᠬᠢᠴᠢᠯᠠᠬᠤ ᠲᠦᠪᠰᠢᠨ ᠢ ᠲᠡᠬᠡᠭᠰᠢᠯᠡᠬᠦᠯᠵᠦ᠂ ᠲᠤᠮᠤ ᠬᠡᠯᠪᠡᠷᠢ ᠶᠢᠨ | ᠤᠲᠤᠬᠢᠴᠢᠯᠠᠭᠰᠠᠨ ᠲᠡᠵᠢᠬᠡᠨ ᠦᠷᠡᠵᠢᠬᠦᠯᠬᠦ ᠲᠠᠯᠠᠪᠤᠷ ᠤᠨ ᠬᠦᠭᠵᠢᠯᠲᠡ ᠶᠢ ᠲᠡᠮᠵᠢᠵᠤ᠂ ᠮᠠᠯ ᠠᠵᠤ ᠠᠬᠤᠢ ᠶᠢᠨ ᠨᠢᠬᠡᠲᠦᠬᠡᠷ ᠠᠵᠤ ᠦᠢᠯᠡᠰ ᠲᠠᠬᠢ ᠬᠠᠷᠢᠴᠠᠯ ᠢ | ᠲᠡᠬᠡᠭᠰᠢᠯᠡᠬᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠠ ᠶᠢ ᠠᠬᠢᠭᠤᠯᠵᠤ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ | ᠠᠰᠢᠭ ᠰᠢᠮ᠎ᠡ ᠶᠢ ᠡᠳ᠋ᠰᠢᠬᠦᠯᠦᠨ ᠤᠯᠠᠷᠢᠭᠤᠯᠬᠤ ᠴᠢᠲᠡᠪᠤᠷᠢ ᠶᠢ ᠲᠡᠬᠡᠭᠰᠢᠯᠡᠬᠦᠯᠬᠦ ᠪᠠᠷ ᠭᠤᠤᠯᠲᠡᠯᠭ᠎ᠠ ᠪᠤᠯᠭᠠᠵᠤ᠂ ᠨᠢᠬᠡ ᠪᠦᠯᠦᠭ ᠲᠠᠷᠢᠶᠠᠯᠠᠩ ᠤᠨ ᠪᠦᠲᠦᠬᠡᠭᠲᠡᠬᠦᠨ | ᠮᠠᠯ ᠤᠨ ᠠᠰᠢᠭ ᠰᠢᠮ᠎ᠡ ᠶᠢ ᠪᠤᠯᠪᠠᠰᠤᠷᠡᠭᠤᠯᠬᠤ ᠪᠠ ᠬᠦᠢᠯᠬᠡᠬᠡᠬᠦ ᠠᠵᠤ ᠠᠬᠤᠶᠢᠯᠠᠯ ᠢ ᠤᠷᠤᠭᠤᠯᠤᠨ ᠠᠪᠴᠢᠷᠠᠵᠦ ᠪᠤᠵᠠᠭᠠᠶᠢᠷᠠᠭᠤᠯᠤᠨ᠂ 2017 ᠤᠨ ᠪᠤᠯᠲᠠᠯ᠎ᠠ | ᠪᠤᠷᠤᠯᠠᠭᠤᠯᠤᠨ ᠬᠤᠳᠠᠯᠳᠤᠠᠠᠰᠠᠨ ᠤᠷᠤᠯᠭ᠎ᠠ ᠨᠢ ᠳ᠋ᠦᠩᠰᠢᠭᠤᠷ ᠲᠦᠬᠦᠷᠢᠭ ᠢ ᠲᠠᠪᠠᠭᠰᠡᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠡᠯ ᠢ 130 ᠲᠤ | ᠬᠦᠷᠬᠡᠵᠦ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢ ᠲᠦᠪᠯᠡᠷᠡᠬᠦᠯᠦᠨ ᠪᠤᠯᠪᠠᠰᠤᠷᠡᠭᠤᠯᠵᠤ ᠤᠯᠠᠷᠢᠭᠤᠯᠬᠤ ᠨᠤᠷᠮ᠎ᠠ ᠶᠢ 70% ᠠᠴᠠ ᠲᠡᠬᠡᠭᠰᠢ | ᠳᠤ ᠬᠦᠷᠬᠡᠨ᠎ᠡ᠃ ᠠᠵᠦ ᠦᠢᠯᠡᠰᠴᠢᠯᠡᠭᠰᠡᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠪᠠᠷᠢᠮᠵᠢᠶᠠᠵᠢᠠᠠᠰᠠᠨ ᠦᠢᠯᠡᠳᠪᠤᠷᠢᠯᠡᠯ ᠢ | ᠠᠭᠢᠭᠤᠯᠵᠦ ᠂ ᠮᠠᠯ ᠲᠠᠷᠢᠶᠠᠯᠠᠩ ᠤᠨ ᠪᠦᠳᠦᠭᠳᠡᠭᠦᠨ ᠤ ᠶᠠᠰᠦ ᠴᠢᠨᠠᠷ ᠢ ᠲᠡᠭᠡᠭᠰᠢᠯᠡᠭᠦᠯᠦᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠬᠡᠮᠴᠢᠯᠡᠭᠰᠡᠨ | ᠦᠢᠯᠡᠴᠢᠯᠡᠬᠡᠨ ᠤ ᠰᠢᠰᠲ᠋ᠧᠮᠵᠢ ᠶᠢᠨ ᠪᠦᠲᠦᠬᠡᠨ ᠪᠠᠶᠢᠭᠤᠯᠤᠯᠲᠡ ᠶᠢ ᠴᠢᠩᠭᠠᠳᠬᠠᠵᠤ᠂ ᠤᠯᠠᠭᠠᠨᠬᠠᠲᠠ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠬᠡᠵᠢᠯ ᠤᠨ ᠬᠦᠷᠢᠶᠡᠯᠡᠩ ᠲᠤᠭᠤᠷᠢᠭ ᠵᠡᠷᠬᠡ ᠰᠢᠨᠵᠢᠯᠡᠬᠦ ᠤᠬᠠᠭᠠᠨ ᠮᠡᠷᠬᠡᠵᠢᠯ ᠢᠶᠠᠷ ᠵᠢᠯᠤᠭᠤᠲᠤᠨ ᠲᠠᠭᠠᠭᠤᠯᠬᠤ ᠬᠡᠯᠪᠡᠷᠢ ᠶᠢᠨ ᠬᠦᠷᠢᠶᠡᠯᠡᠩ ᠲᠤᠭᠤᠷᠢᠭ ᠤᠨ | ᠬᠦᠭᠵᠢᠯᠲᠡ ᠶᠢ ᠲᠦᠷᠬᠡᠳᠬᠡᠬᠦ ᠶᠢ ᠲᠡᠮᠵᠢᠵᠤ᠂ ᠲᠠᠷᠢᠶᠠᠴᠢᠳ ᠮᠠᠯᠴᠢᠳ ᠤᠨ ᠲᠤᠰᠬᠠᠶᠢᠵᠢᠭᠰᠡᠨ ᠬᠤᠷᠰᠢᠯᠴᠠᠭ᠎ᠠ ᠶᠢᠨ ᠵᠤᠬᠢᠶᠡᠨ ᠪᠠᠶᠢᠭᠤᠯᠤᠯᠲᠡ ᠶᠢ ᠪᠤᠶᠢᠵᠢᠭᠤᠯᠤᠨ | ᠭᠦᠴᠦᠷᠭᠡᠭᠵᠢᠭᠦᠯᠦᠨ᠎ᠠ᠃ ᠵᠠᠬ᠎ᠠ ᠲᠡᠯᠬᠡᠬᠦᠷ᠂ ᠰᠤᠷᠠᠭ ᠵᠠᠩᠬᠢ ᠵᠡᠷᠬᠡ ᠦᠢᠯᠡᠴᠢᠯᠡᠬᠡᠨ ᠤ ᠲᠡᠪᠴᠡᠩ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ | ᠲᠠᠷᠢᠶᠠᠴᠢᠳ ᠮᠠᠯᠴᠢᠳ ᠲᠤ ᠴᠠᠭ ᠲᠤᠨᠢ ᠲᠤᠭᠢᠷᠬᠠᠰᠠᠨ ᠦᠷ᠎ᠡ ᠪᠦᠲᠦᠮᠵᠢᠲᠡᠢ ᠵᠠᠬ᠎ᠠ ᠲᠡᠯᠬᠡᠬᠦᠷ ᠤᠨ ᠰᠤᠷᠠᠭ ᠵᠠᠩᠬᠢ ᠶᠢᠨ ᠦᠢᠯᠡᠴᠢᠯᠡᠬᠡᠨ ᠢ ᠬᠠᠩᠭᠠᠨ᠎ᠠ᠃ | ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠶᠢᠨ ᠨᠡᠷᠡᠳᠦ ᠦᠢᠯᠡᠳᠭᠦᠨ ᠤ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠲᠠᠪᠠᠭᠤᠯᠢᠭ ᠠᠵᠤ | ᠦᠢᠯᠡᠰ ᠤᠨ ᠲᠤᠭᠤᠷᠢᠨ ᠳᠤ ᠪᠤᠬᠢᠷᠲᠤᠯ ᠦᠬᠡᠢ ᠤᠷᠭᠠᠨᠢᠭ ᠨᠡᠶᠢᠳᠡ ᠶᠢᠨ ᠬᠤᠤᠷᠳᠠᠭᠤᠯᠤᠯ ᠦᠬᠡᠢ ᠨᠡᠷᠡᠳᠦ ᠦᠢᠯᠡᠳᠬᠦᠨ ᠢ ᠪᠤᠶᠢᠵᠢᠭᠤᠯᠵᠤ᠂ ᠨᠡᠷ᠎ᠡ ᠠᠯᠲᠡᠷᠲᠤ | ᠲᠠᠸᠠᠷ ᠤᠨ ᠲᠡᠮᠳᠡᠭ ᠢ ᠢᠳᠡᠪᠭᠢᠳᠡᠢ ᠮᠡᠳᠡᠷᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠶᠤᠯᠭᠦᠢ ᠶᠢ ᠪᠠᠲᠤᠯᠠᠵᠤ᠂ ᠵᠠᠬ᠎ᠠ ᠲᠡᠯᠬᠡᠬᠦᠷ ᠲᠠᠬᠢ | ᠡᠵᠡᠯᠡᠬᠦ ᠨᠤᠷᠮ᠎ᠠ ᠪᠠ ᠦᠷᠢᠰᠦᠯᠳᠦᠭᠦ ᠬᠦᠴᠦᠨ ᠢ ᠲᠡᠬᠡᠭᠰᠢᠯᠡᠬᠦᠯᠦᠨ᠎ᠡ᠃ | ᠦᠢᠯᠡᠴᠢᠯᠡᠬᠡᠨ ᠤ ᠦᠢᠯᠡᠰ ᠢ ᠭᠦᠭᠵᠢᠭᠦᠯᠦᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ ᠲᠡᠰ ᠲᠡᠪᠰᠢᠬᠦᠯᠬᠦ ᠶᠢᠨ ᠭᠤᠤᠯᠲᠡᠯᠭ᠎ᠠ ᠪᠤᠯᠭᠠᠬᠤ ᠶᠢ | ᠪᠠᠷᠢᠮᠲᠡᠯᠡᠵᠤ᠂ ᠦᠢᠯᠡᠴᠢᠯᠡᠬᠡᠨ ᠤ ᠦᠢᠯᠡᠰ ᠤᠨ ᠭᠦᠭᠵᠢᠯᠳᠡ ᠶᠢᠨ ᠬᠤᠷᠳᠦᠴᠡ ᠶᠢ ᠲᠦᠷᠭᠡᠳᠭᠡᠵᠦ᠂ ᠬᠠᠷᠢᠴᠠᠯ ᠢ ᠨᠢ ᠲᠡᠬᠡᠭᠰᠢᠯᠡᠬᠦᠯᠦᠨ᠂ ᠦᠷᠢᠰᠦᠯᠲᠦᠬᠡᠨ ᠤ | ᠬᠦᠴᠦᠨ ᠢ ᠨᠡᠮᠡᠭᠲᠡᠬᠦᠯᠬᠦ ᠪᠠ ᠪᠦᠲᠦᠴᠡ ᠶᠢᠨ ᠰᠢᠯᠢᠲᠡᠭᠵᠢᠬᠦᠯᠬᠦ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠬᠤᠲᠠᠯᠲᠤᠭᠠᠨ ᠤ ᠦᠢᠯᠡᠰ ᠤᠨ ᠲᠡᠰ | ᠲᠡᠪᠰᠢᠬᠦᠯᠦᠨ ᠦᠬᠡᠷᠡᠴᠢᠯᠡᠬᠦ ᠶᠢ ᠲᠦᠷᠬᠡᠳᠬᠡᠵᠦ᠂ ᠲᠤᠮᠤ ᠬᠡᠯᠪᠡᠷᠢ ᠶᠢᠨ ᠠᠷᠡᠯᠵᠢᠶ᠎ᠡ ᠬᠤᠲᠡᠯᠲᠤᠭᠠᠨ ᠤ ᠲᠦᠷᠦᠯ ᠵᠦᠢᠯ ᠪᠠ ᠬᠤᠲᠠ ᠶᠢᠨ ᠶᠡᠷᠦᠩᠬᠡᠢ ᠴᠤᠭᠴᠠ ᠶᠢᠨ | ᠪᠦᠲᠦᠬᠡᠨ ᠪᠠᠶᠢᠭᠤᠯᠤᠯᠲᠡ ᠶᠢ ᠠᠬᠢᠭᠤᠯᠵᠤ᠂ ᠤᠯᠤᠰ ᠤᠨ ᠲᠤᠲᠤᠭᠠᠲᠤ ᠭᠠᠲᠠᠭᠠᠲᠤ ᠶᠢᠨ ᠲᠡᠬᠡᠲᠦ ᠲᠡᠰ ᠤᠨ ᠠᠷᠡᠯᠵᠢᠶ᠎ᠠ ᠬᠤᠲᠠᠯᠲᠤᠭᠠᠨ ᠤ ᠨᠡᠷᠡᠲᠤ ᠲᠡᠮᠲᠡᠭᠲᠤ ᠶᠢ | ᠤᠷᠤᠭᠤᠯᠵᠤ᠂ ᠤᠯᠠᠮᠵᠢᠯᠠᠯᠲᠤ ᠠᠷᠠᠯᠵᠢᠶ᠎ᠠ ᠬᠤᠲᠠᠯᠲᠤᠭᠠᠨ ᠤ ᠦᠢᠯᠡᠰ ᠤᠨ ᠲᠡᠰ ᠲᠠᠪᠬᠤᠷᠭ᠎ᠠ ᠪᠠ ᠬᠢᠷᠢ ᠭᠡᠮᠵᠢᠶ᠎ᠠ ᠶᠢ ᠲᠡᠬᠡᠭᠰᠢᠯᠡᠬᠦᠯᠦᠨ᠎ᠡ᠃ ᠡᠯ᠎ᠡ ᠲᠦᠷᠦᠯ ᠤᠨ | ᠲᠤᠰᠬᠠᠶᠢᠵᠢᠭᠰᠡᠨ ᠪᠦᠬᠡᠮ ᠢᠶᠠᠷ ᠬᠤᠲᠡᠯᠲᠤᠬᠤ ᠵᠠᠬ᠎ᠠ ᠲᠡᠯᠬᠡᠬᠦᠷ ᠢ ᠪᠤᠶᠢᠵᠢᠭᠤᠯᠤᠨ ᠪᠤᠵᠠᠭᠠᠶᠢᠷᠠᠭᠤᠯᠵᠤ᠂ ᠮᠢᠩᠭᠠᠨ ᠲᠤᠰᠬᠤᠨ ᠲᠦᠮᠡᠨ ᠰᠢᠶᠠᠩ ᠤᠨ ᠵᠠᠬ᠎ᠠ | ᠲᠡᠯᠬᠡᠬᠦᠷ ᠤᠨ ᠢᠨᠵᠧᠨᠧᠷᠢᠩ ᠪᠠ ᠰᠢᠨ᠎ᠡ ᠲᠤᠤᠷᠵᠢᠯ ᠤᠨ ᠢᠨᠵᠧᠨᠧᠷᠢᠩ ᠢ ᠠᠬᠢᠭᠤᠯᠵᠤ᠂ ᠬᠤᠲᠠ ᠬᠦᠲᠡᠭᠡ ᠶᠢᠨ ᠵᠠᠬ᠎ᠠ ᠲᠡᠯᠬᠡᠬᠦᠷ ᠤᠨ ᠬᠦᠭᠵᠢᠨ ᠴᠡᠴᠡᠭᠯᠡᠬᠦ ᠶᠢ | ᠠᠬᠢᠭᠤᠯᠤᠨ᠎ᠠ᠃ ᠤᠲᠤ ᠦᠶ᠎ᠡ ᠶᠢᠨ ᠪᠠᠷᠡᠭᠠᠨ ᠤ ᠬᠦᠢᠯᠬᠡᠬᠡᠨ ᠤ ᠦᠢᠯᠡᠰ ᠤᠨ ᠬᠦᠭᠵᠢᠯᠲᠡ ᠶᠢ ᠲᠦᠷᠬᠡᠳᠬᠡᠵᠦ᠂ ᠬᠤᠩ ᠱᠠᠨ ᠪᠠᠷᠠᠭᠠᠨ ᠤ ᠬᠦᠢᠯᠬᠡᠬᠡᠨ ᠤ | ᠬᠦᠷᠢᠶᠡᠯᠡᠩ ᠲᠤᠭᠤᠷᠢᠭ ᠲᠤ ᠲᠦᠰᠢᠭᠯᠡᠵᠦ᠂ ᠪᠦᠬᠦ ᠲᠦᠯᠦᠪᠵᠢᠬᠦᠯᠬᠡ ᠶᠢᠨ ᠲᠡᠯᠡᠪᠡᠢ ᠨᠢ 50 ᠲᠡᠭᠰᠢ ᠲᠦᠷᠪᠡᠯᠵᠢᠨ ᠺᠢᠯᠤᠮᠧᠲᠷ ᠤᠨ ᠤᠯᠠᠭᠠᠨᠬᠠᠲᠠ ᠶᠢᠨ ᠪᠠᠷᠠᠭᠠᠨ | ᠤ ᠬᠦᠢᠯᠬᠡᠬᠡᠨ ᠤ ᠬᠤᠲᠠ ᠶᠢ ᠪᠠᠶᠢᠭᠤᠯᠵᠤ᠂ ᠡᠵᠡᠩᠨᠡᠯᠲᠠ ᠶᠢᠨ ᠲᠡᠰ ᠲᠠᠪᠬᠤᠷᠭ᠎ᠠ ᠶᠢ ᠤᠯᠠᠮ ᠪᠠᠶᠠᠯᠢᠭᠵᠢᠭᠤᠯᠵᠤ᠂ ᠤᠲᠤ ᠦᠶ᠎ᠡ ᠶᠢᠨ ᠪᠠᠷᠠᠭᠠᠨ ᠤ ᠬᠦᠢᠯᠬᠡᠬᠡᠨ ᠤ | ᠰᠢᠰᠲ᠋ᠧᠮᠵᠢ ᠶᠢ ᠪᠠᠶᠢᠭᠤᠯᠤᠨ᠎ᠠ︔ ᠨᠡᠬᠦᠷᠡᠰᠦ᠂ ᠦᠩᠬᠡᠲᠦ ᠲᠡᠮᠦᠷᠯᠢᠭ᠂ ᠲᠠᠷᠢᠶᠠᠯᠠᠩ ᠤᠨ ᠪᠦᠲᠦᠬᠡᠭᠲᠡᠬᠦᠨ ᠮᠠᠯ ᠤᠨ ᠠᠰᠢᠭ ᠰᠢᠮ᠎ᠡ ᠵᠡᠷᠬᠡ ᠡᠬᠢ ᠪᠠᠶᠠᠯᠢᠭ ᠤᠨ | ᠲᠠᠪᠠᠭᠤᠯᠢᠭ ᠲᠤ ᠲᠦᠰᠢᠭᠯᠡᠵᠦ᠂ ᠦᠪᠡᠷᠮᠢᠴᠡ ᠤᠨᠴᠠᠯᠢᠭ ᠲᠠᠢ ᠨᠢᠭᠡ ᠪᠦᠯᠦᠭ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠪᠠ ᠪᠠᠷᠠᠭᠠᠨ ᠤ ᠬᠦᠢᠯᠬᠡᠬᠡᠨ | ᠤ ᠵᠠᠩᠬᠢᠯᠠᠭ᠎ᠠ ᠴᠡᠭ ᠢ ᠪᠠᠶᠢᠭᠤᠯᠵᠤ᠂ 2017 ᠪᠤᠯᠲᠠᠯ᠎ᠠ ᠪᠦᠬᠦ ᠬᠤᠲᠠ ᠶᠢᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠪᠤᠷᠤᠯᠠᠭᠤᠯᠤᠨ | ᠬᠤᠳᠠᠯᠳᠤᠬᠤ ᠤᠷᠤᠯᠭ᠎ᠠ ᠶᠢ 700 ᠳ᠋ᠦᠩᠰᠢᠭᠤᠷ ᠲᠦᠬᠦᠷᠢᠭ ᠢ ᠪᠠᠶᠡᠯᠡᠬᠦᠯᠦᠨ᠎ᠡ᠃ ᠰᠤᠶᠤᠯ ᠵᠤᠭᠠᠴᠠᠯ ᠤᠨ ᠦᠢᠯᠡᠰ ᠢ ᠶᠡᠬᠡᠪᠡᠷ ᠬᠦᠭᠵᠢᠬᠦᠯᠵᠦ᠂ ᠰᠤᠶᠤᠯ | ᠵᠤᠭᠠᠴᠠᠯ ᠤᠨ ᠡᠬᠢ ᠪᠠᠶᠠᠯᠢᠭ ᠢ ᠨᠢᠳᠬᠡᠵᠦ᠂ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠪᠠᠨ ᠲᠡᠬᠦᠯᠲᠡᠷᠵᠢᠬᠦᠯᠵᠦ᠂ ᠪᠡᠯᠡ ᠤᠷᠤᠭᠤᠯᠬᠤ ᠪᠡᠯᠡ ᠭᠦᠢᠯᠭᠡᠭᠡᠭᠦ | ᠲᠡᠪᠴᠡᠩ ᠢ ᠪᠠᠶᠢᠭᠤᠯᠵᠤ᠂ ᠰᠤᠶᠤᠯ ᠵᠤᠭᠠᠴᠠᠯ ᠤᠨ ᠵᠠᠬ᠎ᠠ ᠲᠡᠯᠬᠡᠬᠦᠷ ᠢ ᠴᠡᠭᠴᠡᠯᠡᠨ ᠲᠦᠷᠢᠮᠵᠢᠬᠦᠯᠵᠦ᠂ ᠲᠡᠦᠬᠡ ᠰᠤᠶᠤᠯ᠂ ᠦᠨᠲᠦᠰᠦᠲᠡᠨ ᠤ ᠵᠠᠩ ᠲᠠᠳᠬᠠᠯ ᠨᠢ | ᠵᠤᠭᠠᠴᠠᠯ ᠤᠨ ᠦᠢᠯᠡᠰ ᠯᠦᠭᠡ ᠤᠶᠡᠯᠲᠤᠨ ᠬᠦᠭᠵᠢᠬᠦ ᠶᠢ ᠠᠬᠢᠭᠤᠯᠤᠨ᠎ᠠ︔ ᠵᠤᠭᠠᠴᠠᠯ ᠤᠨ ᠦᠵᠡᠮᠵᠢ ᠶᠢᠨ ᠤᠷᠤᠨ ᠪᠠ ᠰᠤᠶᠤᠯ ᠤᠨ ᠠᠵᠤ ᠦᠢᠯᠡᠰ ᠤᠨ | ᠬᠦᠷᠢᠶᠡᠯᠡᠩ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠦᠨᠲᠦᠷ ᠲᠦᠪᠰᠢᠨ ᠢᠶᠠᠷ ᠪᠦᠲᠦᠬᠡᠨ ᠪᠠᠶᠢᠭᠤᠯᠵᠤ᠂ ᠭᠠᠵᠠᠷ ᠤᠷᠤᠨ ᠤ ᠤᠨᠴᠠᠯᠢᠭ | ᠲᠠᠢ ᠰᠤᠶᠤᠯ ᠵᠤᠭᠠᠴᠠᠯ ᠤᠨ ᠪᠦᠲᠦᠬᠡᠭᠲᠡᠬᠦᠨ ᠢ ᠨᠡᠬᠡᠬᠡᠨ ᠬᠦᠭᠵᠢᠬᠦᠯᠵᠦ᠂ ᠺᠢᠨᠤ᠋ ᠲᠧᠯᠸᠢᠰ ᠦᠢᠯᠡᠳᠬᠦ᠂ ᠬᠡᠪᠯᠡᠨ ᠲᠠᠷᠬᠠᠭᠠᠬᠤ᠂ ᠲᠤᠭᠯᠠᠯᠲᠠ ᠲᠤᠠᠠᠯᠠᠭᠠᠮ᠂ | ᠰᠡᠯᠡᠬᠦᠴᠡᠨ ᠤᠶᠢᠯᠠᠭᠠᠬᠤ ᠪᠠ ᠺᠷᠲ᠋ᠤᠨ ᠵᠡᠷᠬᠡ ᠠᠵᠤ ᠦᠢᠯᠡᠰ ᠢ ᠪᠤᠶᠢᠵᠢᠭᠤᠯᠵᠤ᠂ ᠰᠤᠶᠤᠯ ᠵᠤᠭᠠᠴᠠᠯ ᠤᠨ ᠠᠵᠤ ᠦᠢᠯᠡᠰ ᠢ ᠲᠤᠯᠭᠠᠭᠤᠷᠢᠯᠠᠬᠤ ᠠᠵᠤ ᠦᠢᠯᠡᠰ | ᠪᠤᠯᠭᠠᠬᠤ ᠪᠠᠷ ᠴᠢᠷᠮᠠᠶᠢᠨ᠎ᠠ᠃ ᠮᠦᠩᠬᠦᠨ ᠬᠦᠢᠯᠬᠡᠬᠡᠨ ᠤ ᠦᠢᠯᠡᠰ ᠢ ᠪᠤᠶᠢᠵᠢᠭᠤᠯᠤᠨ ᠬᠦᠴᠦᠷᠬᠡᠭᠵᠢᠬᠦᠯᠵᠦ᠂ ᠮᠦᠩᠬᠦᠨ ᠬᠦᠢᠯᠬᠡᠬᠡᠨ ᠤ ᠠᠷᠡᠯᠵᠢᠶ᠎ᠠ ᠬᠤᠲᠡᠯᠲᠤᠭᠠᠨ ᠤ | ᠲᠤᠭᠤᠷᠢᠭ ᠤᠨ ᠪᠦᠲᠦᠬᠡᠨ ᠪᠠᠶᠢᠭᠤᠯᠤᠯᠲᠡ ᠶᠢ ᠲᠦᠷᠬᠡᠳᠬᠡᠵᠦ᠂ ᠬᠤᠲᠠ ᠶᠢᠨ ᠭᠠᠳᠠᠨᠠᠬᠢ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠢᠲᠡᠪᠬᠢᠲᠡᠢ ᠤᠷᠤᠭᠤᠯᠵᠤ᠂ | ᠤᠷᠤᠨ ᠨᠤᠲᠤᠭ ᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢ ᠬᠦᠭᠵᠢᠬᠦᠯᠦᠨ ᠪᠤᠵᠠᠭᠠᠶᠢᠷᠡᠭᠤᠯᠵᠤ᠂ 2017 ᠤᠨ ᠪᠤᠯᠲᠠᠯ᠎ᠠ ᠪᠦᠬᠦ ᠬᠤᠲᠠ ᠶᠢᠨ ᠢᠲᠡᠬᠡᠮᠵᠢᠲᠤ | ᠵᠢᠬᠡᠯᠡᠯᠬᠡ ᠲᠡᠯᠪᠢᠬᠤ ᠬᠡᠪᠴᠢᠶ᠎ᠡ ᠶᠢ 1300 ᠳ᠋ᠦᠩᠰᠢᠭᠤᠷ ᠲᠦᠬᠦᠷᠢᠭ ᠠᠴᠠ ᠲᠠᠪᠠᠭᠤᠯᠤᠨ᠂ ᠪᠡᠯᠡ ᠭᠦᠢᠯᠭᠡᠭᠡᠨ ᠲᠠᠭᠠᠭᠠᠨ ᠪᠠᠲᠤᠯᠠᠬᠤ ᠴᠢᠲᠠᠪᠤᠷᠢ ᠶᠢ 100 | ᠳ᠋ᠦᠩᠰᠢᠭᠤᠷ ᠲᠦᠬᠦᠷᠢᠭ ᠲᠤ ᠬᠦᠷᠬᠡᠨ᠎ᠡ︔ ᠠᠵᠤ ᠠᠬᠤᠶᠢᠯᠠᠯ ᠤᠨ ᠰᠲ᠋ᠤᠺ ᠤᠨ ᠡᠷᠬᠡ ᠪᠠᠷ ᠲᠠᠮᠵᠢᠭᠤᠯᠤᠨ ᠪᠡᠯᠡ ᠭᠦᠢᠯᠭᠡᠭᠡᠭᠦ ᠴᠤᠠᠠᠴᠠ ᠪᠠᠨ ᠦᠭᠡᠷᠡᠴᠢᠯᠡᠨ | ᠰᠲ᠋ᠤᠺ ᠤᠨ ᠵᠠᠬ᠎ᠠ ᠳᠤ ᠭᠠᠷᠬᠤ᠂ ᠵᠢᠬᠡᠯᠡᠯᠬᠡ ᠶᠢᠨ ᠲᠡᠮᠲᠡᠭ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠰᠢᠭᠤᠳ ᠪᠡᠯᠡ ᠭᠦᠢᠯᠭᠡᠭᠡᠭᠦ ᠬᠡᠪᠴᠢᠶ᠎ᠡ ᠪᠠᠨ ᠦᠷᠬᠡᠳᠬᠡᠬᠦ ᠶᠢ | ᠵᠤᠷᠢᠭᠵᠢᠭᠤᠯᠵᠤ᠂ 3 —5 ᠠᠵᠤ ᠠᠬᠤᠶᠢᠯᠠᠯ ᠤᠨ ᠠᠮᠵᠢᠯᠲᠠ ᠲᠠᠢ ᠪᠠᠷ ᠰᠲ᠋ᠤᠺ ᠤᠨ ᠵᠠᠬ᠎ᠠ ᠳᠤ ᠭᠠᠷᠬᠤ ᠶᠢ ᠠᠬᠢᠭᠤᠯᠤᠨ᠎ᠠ︔ ᠲᠡᠮᠲᠡᠭᠲᠤ᠂ ᠲᠠᠭᠠᠳᠬᠠᠯ᠂ | ᠢᠳᠡᠭᠡᠮᠵᠢᠳᠦ ᠨᠠᠶᠢᠳᠠᠯᠭ᠎ᠠ᠂ ᠬᠤᠭᠤᠴᠠᠭᠠᠲᠤ ᠪᠠᠷᠠᠭ᠎ᠠ ᠵᠡᠷᠬᠡ ᠮᠦᠩᠬᠦᠨ ᠬᠦᠢᠯᠬᠡᠬᠡᠨ ᠤ ᠦᠢᠯᠡᠴᠢᠯᠡᠬᠡᠨ ᠶᠢ ᠴᠢᠨ᠋ᠬᠠᠰᠢᠳᠠ ᠭᠦᠭᠵᠢᠭᠦᠯᠦᠨ᠎ᠠ᠂ ᠬᠡᠷ ᠤᠨ ᠠᠵᠢᠯ | ᠶᠠᠪᠤᠲᠡᠯ᠂ ᠨᠠᠰᠤᠳᠠᠨ ᠢ ᠠᠰᠠᠷᠠᠬᠤ᠂ ᠬᠡᠷ ᠪᠦᠯᠢ ᠶᠢᠨ ᠬᠡᠷᠡᠭᠰᠡᠯ ᠬᠦᠷᠬᠡᠬᠦ ᠵᠡᠷᠬᠡ ᠠᠷᠡᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠦᠢᠯᠡᠰ ᠪᠠ ᠰᠤᠷᠠᠭ | ᠵᠠᠩᠬᠢ᠂ ᠯᠠᠪᠯᠠᠭ᠎ᠠ᠂ ᠬᠡᠷᠡᠴᠢᠯᠡᠯᠲᠠ᠂ ᠦᠨᠡᠯᠡᠯᠳᠡ᠂ ᠦᠵᠡᠬᠦᠯᠦᠯᠬᠡ ᠵᠡᠷᠬᠡ ᠰᠢᠨ᠎ᠡ ᠪᠠᠷ ᠪᠤᠢ ᠪᠤᠯᠵᠦ ᠪᠠᠶᠢᠭ᠎ᠠ ᠦᠢᠯᠡᠴᠢᠯᠡᠬᠡᠨ ᠤ ᠦᠢᠯᠡᠰ ᠤᠨ ᠲᠦᠷᠢᠮᠵᠢᠨ | ᠬᠦᠭᠵᠢᠬᠦ ᠶᠢ ᠠᠬᠢᠭᠤᠯᠤᠨ᠎ᠠ᠃ | ︵ᠬᠤᠶᠠᠷ︶ ᠬᠦᠴᠦᠨ ᠢᠶᠠᠨ ᠲᠦᠪᠯᠡᠷᠡᠬᠦᠯᠦᠨ ᠠᠷᠡᠳ ᠤᠨ ᠠᠮᠢᠲᠤᠷᠡᠯ ᠢ ᠪᠠᠳᠤᠯᠠᠨ ᠰᠠᠶᠢᠵᠢᠷᠡᠭᠤᠯᠵᠤ᠂ ᠬᠦᠭᠵᠢᠯᠲᠡ ᠶᠢᠨ ᠦᠷ᠎ᠡ ᠪᠦᠲᠦᠬᠡᠯ ᠢ ᠬᠤᠲᠠ | ᠬᠦᠲᠡᠭᠡ ᠶᠢᠨ ᠰᠠᠭᠤᠭᠠᠯᠢ ᠠᠷᠡᠳ ᠲᠤ ᠬᠦᠷᠲᠡᠬᠡᠬᠦ ᠶᠢ ᠠᠬᠢᠭᠤᠯᠤᠨ᠎ᠠ | ᠬᠦᠭᠵᠢᠯᠲᠡ ᠶᠢᠨ ᠦᠷ᠎ᠡ ᠪᠦᠲᠦᠬᠡᠯ ᠢ ᠠᠷᠡᠳ ᠲᠦᠮᠡᠨ ᠳᠤ ᠬᠠᠮᠲᠤᠪᠡᠷ ᠡᠳ᠋ᠯᠡᠭᠦᠯᠭᠦ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠠᠵᠦ ᠪᠠᠶᠢᠭᠠᠳ | ᠬᠤᠳᠠ ᠭᠦᠳᠡᠭᠡ ᠶᠢᠨ ᠰᠠᠭᠤᠭᠠᠯᠢ ᠠᠷᠡᠳ ᠤᠨ ᠤᠷᠤᠯᠭ᠎ᠠ ᠶᠢ ᠨᠡᠮᠡᠭᠲᠡᠬᠦᠯᠦᠨ᠎ᠡ᠃ ᠰᠠᠭᠤᠭᠠᠯᠢ ᠠᠷᠡᠳ ᠤᠨ ᠤᠷᠤᠯᠭ᠎ᠠ ᠪᠠ ᠠᠵᠤ ᠠᠬᠤᠢ ᠶᠢᠨ ᠬᠦᠭᠵᠢᠯᠲᠡ | ᠵᠡᠷᠬᠡᠲᠤᠨᠢ ᠨᠡᠮᠡᠭᠲᠡᠬᠦ ᠶᠢ ᠴᠢᠷᠮᠠᠶᠢᠨ ᠪᠡᠶᠡᠯᠡᠬᠦᠯᠵᠤ᠂ ᠲᠠᠷᠢᠶᠠᠯᠠᠩ ᠮᠠᠯ ᠠᠵᠤ ᠠᠬᠤᠢ ᠳᠤ ᠠᠰᠢᠭᠲᠡᠢ ᠲᠦᠷᠦ ᠶᠢᠨ ᠪᠤᠲᠤᠯᠭ᠎ᠠ ᠶᠢ ᠰᠠᠶᠢᠳᠦᠷ ᠨᠠᠶᠢᠲᠡᠪᠤᠷᠢᠵᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠤᠷᠤᠯᠭ᠎ᠠ ᠨᠡᠮᠡᠭᠲᠡᠬᠦᠯᠬᠦ ᠲᠡᠯᠲᠠ ᠬᠦᠴᠦᠨ ᠢ ᠠᠭᠤᠲᠡᠯᠠᠵᠤ᠂ ᠲᠠᠷᠢᠶᠠᠯᠠᠬᠤ ᠮᠠᠯᠵᠢᠬᠤ ᠤᠷᠤᠨ ᠤ ᠦᠯᠡᠬᠦᠦ ᠬᠦᠲᠡᠯᠮᠦᠷᠢ | ᠬᠦᠴᠦᠨ ᠢ ᠬᠤᠶᠠᠷ᠂ ᠭᠤᠷᠪᠠᠲᠤᠭᠠᠷ ᠠᠵᠤ ᠦᠢᠯᠡᠰ ᠲᠡᠰᠢ ᠰᠢᠯᠵᠢᠭᠦᠯᠭᠦ ᠪᠠᠷ ᠵᠢᠯᠤᠭᠤᠳᠴᠤ᠂ ᠲᠠᠷᠢᠶᠠᠴᠢᠳ ᠮᠠᠯᠴᠢᠳ ᠤᠨ ᠤᠷᠤᠯᠭ᠎ᠠ ᠲᠤᠠᠠᠳᠠᠭᠤᠨ ᠢᠶᠠᠷ | ᠨᠡᠮᠡᠭᠲᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠴᠠᠯᠢᠩ ᠢ ᠬᠠᠮᠲᠤᠪᠡᠷ ᠵᠦᠪᠯᠡᠯᠴᠡᠬᠦ ᠶᠢ ᠠᠬᠢᠭᠤᠯᠵᠤ᠂ ᠬᠠᠮᠤᠭ ᠲᠤᠤᠷ᠎ᠠ ᠴᠠᠯᠢᠩ ᠤᠨ ᠲᠦᠷᠢᠮ ᠪᠠ ᠴᠠᠯᠢᠩ | ᠤᠨ ᠬᠡᠪ ᠢᠶᠠᠷ ᠨᠡᠮᠡᠭᠲᠡᠬᠦ᠂ ᠭᠡᠪ ᠢᠶᠠᠷ ᠦᠭᠬᠦ ᠪᠠᠲᠤᠯᠠᠭ᠎ᠠ ᠶᠢᠨ ᠲᠦᠷᠢᠮ ᠢ ᠲᠡᠬᠦᠯᠲᠡᠷᠵᠢᠬᠦᠯᠵᠦ᠂ ᠨᠢᠬᠡᠲᠦᠬᠡᠷ ᠹᠷᠤᠨᠲ ᠤᠨ ᠠᠵᠢᠯᠲᠡᠨ ᠠᠵᠢᠯᠴᠢᠨ ᠤ ᠴᠠᠯᠢᠩ ᠤᠨ | ᠲᠦᠪᠰᠢᠨ ᠢ ᠠᠯᠬᠤᠮ ᠠᠯᠬᠤᠮ ᠢᠶᠠᠷ ᠲᠡᠬᠡᠭᠰᠢᠯᠡᠬᠦᠯᠦᠨ᠎ᠡ᠃ ᠲᠦᠷᠦ ᠶᠢᠨ ᠠᠯᠪᠡᠲᠡᠨ ᠤ ᠨᠡᠮᠡᠬᠦᠷᠢ ᠨᠦᠬᠦᠪᠦᠷᠢ ᠶᠢ ᠲᠦᠷᠢᠮᠵᠢᠬᠦᠯᠵᠦ᠂ ᠠᠵᠢᠯ ᠦᠢᠯᠡᠰ ᠤᠨ ᠨᠢᠬᠡᠴᠡ | ᠶᠢᠨ ᠠᠵᠢᠯ ᠤᠨ ᠪᠦᠲᠦᠮᠵᠢ ᠶᠢᠨ ᠴᠠᠯᠢᠩ ᠤᠨ ᠲᠦᠷᠢᠮ ᠤᠨ ᠦᠬᠡᠷᠡᠴᠢᠯᠡᠯᠲᠠ ᠶᠢ ᠠᠬᠢᠭᠤᠯᠵᠤ᠂ ᠮᠠᠨ ᠤ ᠬᠤᠲᠠ ᠬᠢᠬᠡᠳ ᠬᠦᠭᠵᠢᠭᠰᠡᠨ ᠭᠠᠵᠠᠷ ᠤᠷᠤᠨ ᠯᠤᠭ᠎ᠠ | ᠶᠢᠨ ᠴᠠᠯᠢᠩ ᠤᠨ ᠵᠦᠷᠢᠶ᠎ᠡ ᠶᠢ ᠢᠳᠡᠭ ᠢᠳᠡᠭ ᠢᠶᠠᠷ ᠪᠠᠭᠠᠰᠬᠠᠨ᠎ᠠ᠃ ᠭᠠᠵᠠᠷ ᠰᠢᠷᠤᠢ᠂ ᠬᠠᠲᠤᠯᠠᠩ ᠪᠡᠯᠴᠢᠬᠡᠷ ᠢ ᠲᠠᠲᠠᠪᠤᠷᠢᠯᠠᠬᠤ ᠭᠡᠷᠡᠭᠯᠡᠭᠦ᠂ ᠬᠡᠷ ᠪᠠᠶᠢᠰᠢᠩ | ᠨᠤᠷᠠᠭᠠᠬᠤ ᠵᠡᠷᠬᠡ ᠳᠤ ᠨᠦᠬᠦᠪᠦᠷᠢ ᠤᠯᠭᠤᠬᠤ ᠲᠦᠷᠦ ᠶᠢᠨ ᠪᠤᠲᠤᠯᠭ᠎ᠠ ᠶᠢ ᠲᠡᠬᠦᠯᠲᠡᠷᠵᠢᠬᠦᠯᠵᠦ᠂ ᠨᠦᠬᠦᠴᠡᠯ ᠡᠬᠦᠳᠴᠦ ᠪᠠᠶᠢᠭᠠᠳ ᠨᠡᠩ ᠤᠯᠠᠨ ᠬᠦᠮᠦᠰ ᠤᠨ ᠡᠳ᠋ | ᠬᠦᠷᠦᠩᠬᠡ ᠶᠢᠨ ᠴᠢᠨᠠᠷᠲᠡᠢ ᠤᠷᠤᠯᠭ᠎ᠠ ᠶᠢ ᠨᠡᠮᠡᠭᠲᠡᠬᠦᠯᠦᠨ᠎ᠡ᠃ ᠪᠦᠬᠦᠶᠢᠯᠡ ᠲᠤᠰᠬᠤᠨ ᠢᠶᠠᠷ ᠠᠬᠢᠭᠤᠯᠬᠤ᠂ ᠲᠦᠪᠯᠡᠷᠡᠬᠦᠯᠦᠨ ᠵᠠᠯᠭᠠᠵᠦ ᠨᠡᠬᠡᠬᠡᠨ ᠠᠰᠢᠭᠯᠠᠬᠤ᠂ | ᠠᠷᠡᠳ ᠢ ᠰᠢᠯᠵᠢᠬᠦᠯᠦᠨ ᠨᠡᠬᠦᠯᠬᠡᠬᠦ᠂ ᠠᠵᠤ ᠦᠢᠯᠡᠰᠵᠢᠬᠦᠯᠦᠨ ᠶᠠᠲᠠᠭᠤ ᠶᠢ ᠲᠡᠳᠬᠦᠬᠦ ᠪᠠ ᠨᠡᠶᠢᠬᠡᠮ ᠠᠴᠠ ᠶᠠᠲᠠᠭᠤ ᠶᠢ ᠲᠡᠳᠬᠦᠬᠦ ᠢᠨᠵᠧᠨᠧᠷᠢᠩ ᠢ ᠶᠡᠬᠡᠪᠡᠷ | ᠬᠡᠷᠡᠭᠵᠢᠬᠦᠯᠵᠦ᠂ 74.2 ᠲᠦᠮᠡᠨ ᠶᠠᠲᠠᠭᠤ ᠬᠦᠴᠢᠷᠲᠡᠢ ᠬᠦᠮᠦᠨ ᠠᠮᠠ ᠶᠢ ᠪᠦᠬᠦᠨ ᠢ ᠶᠠᠲᠠᠭᠤ ᠠᠴᠠ ᠨᠢ ᠠᠩᠬᠢᠵᠢᠷᠠᠭᠤᠯᠤᠨ᠎ᠠ᠃ | ᠠᠵᠢᠯ ᠤᠯᠭᠤᠯᠲᠠ ᠶᠢ ᠠᠬᠢᠭᠤᠯᠬᠤ ᠶᠢ ᠠᠷᠡᠳ ᠤᠨ ᠠᠮᠢᠲᠤᠷᠡᠯ ᠢ ᠪᠠᠲᠤᠯᠠᠬᠤ ᠪᠠ ᠰᠠᠶᠢᠵᠢᠷᠠᠭᠤᠯᠬᠤ ᠶᠢᠨ ᠲᠡᠷᠢᠬᠦᠨ ᠴᠢᠬᠤᠯᠡ ᠶᠠᠪᠤᠲᠡᠯ ᠪᠤᠯᠭᠠᠬᠤ ᠶᠢ | ᠪᠠᠷᠢᠮᠲᠡᠯᠡᠵᠤ᠂ ᠠᠵᠢᠯ ᠤᠯᠭᠤᠯᠲᠠ ᠶᠢ ᠤᠷᠢᠲᠡᠪᠡᠷ ᠪᠤᠳᠤᠯᠭᠢᠯᠠᠬᠤ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠵᠦ᠂ ᠪᠦᠷᠢᠨ ᠬᠦᠢᠴᠡᠳ ᠠᠵᠢᠯ ᠤᠯᠭᠤᠯᠲᠠ ᠲᠤᠮᠲᠠ | ᠨᠡᠩ ᠰᠠᠶᠢᠨ ᠴᠢᠨᠠᠷ ᠴᠢᠨᠰᠠᠭ᠎ᠠ ᠲᠠᠢ ᠠᠵᠢᠯ ᠤᠯᠭᠤᠯᠲᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠠᠵᠤ ᠠᠬᠤᠢ ᠶᠢᠨ ᠪᠦᠲᠦᠴᠡ ᠶᠢᠨ ᠲᠤᠭᠢᠷᠠᠭᠤᠯᠤᠯᠳᠠ ᠶᠢ | ᠲᠦᠷᠬᠡᠳᠬᠡᠵᠦ᠂ ᠦᠢᠯᠡᠴᠢᠯᠡᠬᠡᠨ ᠤ ᠦᠢᠯᠡᠰ᠂ ᠬᠦᠲᠡᠯᠮᠦᠷᠢ ᠬᠦᠴᠦ ᠨᠢᠭ᠌ᠲᠡᠷᠠᠭᠰᠠᠨ ᠬᠡᠯᠪᠡᠷᠢ ᠶᠢᠨ ᠠᠵᠤ ᠦᠢᠯᠡᠰ᠂ ᠨᠡᠶᠢᠲᠠ ᠶᠢᠨ ᠪᠤᠰᠤ ᠦᠮᠴᠢᠯᠡᠯᠲᠤ ᠠᠵᠤ | ᠠᠬᠤᠢ ᠶᠢ ᠶᠡᠬᠡᠪᠡᠷ ᠬᠦᠭᠵᠢᠬᠦᠯᠵᠦ᠂ ᠵᠠᠰᠠᠭ ᠤᠨ ᠤᠷᠲᠤᠨ ᠠᠴᠠ ᠪᠡᠯᠡ ᠤᠷᠤᠭᠤᠯᠵᠤ ᠠᠵᠢᠯ ᠤᠯᠭᠤᠯᠲᠡ ᠶᠢ ᠠᠬᠢᠭᠤᠯᠬᠤ᠂ ᠴᠢᠬᠤᠯᠡ ᠶᠡᠭᠡ ᠲᠦᠷᠦᠯ ᠵᠦᠢᠯ | ᠢᠶᠠᠷ ᠠᠵᠢᠯ ᠤᠯᠭᠤᠯᠲᠡ ᠶᠢ ᠲᠠᠶᠢᠴᠢᠯᠠᠬᠤ᠂ ᠲᠤᠮᠲᠠ ᠪᠠᠭ᠎ᠠ ᠠᠵᠤ ᠠᠬᠤᠶᠢᠯᠠᠯ ᠤᠳ ᠠᠵᠢᠯ ᠤᠯᠭᠤᠬᠤ ᠦᠢᠯᠡᠲᠦᠯ ᠢ ᠪᠠᠲᠠᠷᠡᠭᠤᠯᠤᠨᠠ᠃ ᠤᠶᠤᠲᠡᠳ ᠢᠶᠠᠷ | ᠭᠤᠤᠯᠲᠡᠯᠭ᠎ᠠ ᠪᠤᠯᠭᠠᠭᠰᠠᠨ ᠵᠠᠯᠠᠭᠤᠴᠤᠳ ᠲᠤ ᠠᠵᠢᠯ ᠤᠯᠭᠤᠯᠲᠠ ᠪᠠ ᠬᠦᠲᠡᠭᠡ ᠲᠤᠰᠬᠤᠨ ᠮᠠᠯᠵᠢᠬᠤ ᠤᠷᠤᠨ ᠤ ᠬᠦᠲᠡᠯᠮᠦᠷᠢ ᠬᠦᠴᠦᠨ ᠢ ᠰᠢᠯᠵᠢᠬᠦᠯᠬᠦ᠂ ᠬᠤᠲᠠ | ᠪᠠᠯᠭᠠᠰᠤᠨ ᠤ ᠬᠦᠴᠢᠷᠲᠡᠢ ᠬᠦᠮᠦᠰ ᠪᠡ ᠴᠡᠷᠢᠭ ᠠᠴᠠ ᠬᠠᠯᠠᠭᠳᠠᠭᠰᠡᠳ ᠲᠤ ᠠᠵᠢᠯ ᠤᠯᠭᠤᠯᠲᠠ ᠶᠢᠨ ᠠᠵᠢᠯ ᠢ ᠰᠠᠶᠢᠲᠤᠷ ᠬᠢᠨ᠎ᠡ᠃ ᠲᠡᠬᠡᠲᠦ ᠵᠡᠷᠬᠡ ᠶᠢᠨ ᠰᠤᠷᠭᠠᠨ | ᠬᠦᠮᠦᠵᠢᠯ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠪᠠᠶᠢᠷᠢᠰᠢᠯ ᠪᠠ ᠬᠢᠴᠢᠶᠡᠯ ᠲᠦᠷᠦᠯ ᠤᠨ ᠲᠤᠰᠬᠠᠢ ᠮᠡᠷᠬᠡᠵᠢᠯ ᠤᠨ ᠲᠤᠭᠢᠷᠠᠭᠤᠯᠭ᠎ᠠ ᠶᠢ | ᠰᠢᠯᠢᠲᠡᠭᠵᠢᠬᠦᠯᠵᠦ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠬᠡᠷᠡᠭᠴᠡᠭᠡ ᠳᠤ ᠲᠤᠬᠢᠷᠡᠬᠤ ᠬᠢᠷᠢ ᠲᠡᠩᠴᠡᠭᠰᠡᠨ ᠪᠦᠲᠦᠬᠡᠨ ᠪᠠᠶᠢᠭᠤᠯᠤᠭᠴᠢᠳ ᠢ ᠨᠡᠩ ᠤᠯᠠᠨ | ᠭᠠᠷᠭᠠᠬᠤ ᠪᠠᠷ ᠴᠢᠷᠮᠠᠶᠢᠨ᠎ᠠ᠃ ᠠᠵᠢᠯ ᠮᠡᠷᠬᠡᠵᠢᠯ ᠤᠨ ᠤᠷ᠎ᠡ ᠮᠡᠷᠭᠡᠰᠢᠯ ᠤᠨ ᠪᠤᠯᠪᠠᠰᠤᠷᠡᠯ ᠢ ᠴᠢᠩᠭᠠᠳᠬᠠᠵᠤ᠂ ᠬᠦᠲᠡᠯᠮᠦᠷᠢᠴᠢᠳ ᠤᠨ ᠠᠵᠢᠯ ᠤᠯᠬᠤ ᠦᠢᠯᠡᠰ | ᠪᠦᠲᠦᠬᠡᠬᠦ ᠴᠢᠲᠠᠪᠤᠷᠢ ᠶᠢ ᠲᠡᠬᠡᠭᠰᠢᠯᠡᠬᠦᠯᠵᠦ᠂ ᠠᠵᠢᠯ ᠤᠯᠭᠤᠯᠲᠠ ᠶᠢᠨ ᠲᠤᠭᠲᠠᠪᠤᠷᠢᠲᠤ ᠴᠢᠨᠠᠷ ᠢ ᠨᠡᠮᠡᠭᠲᠡᠬᠦᠯᠦᠨ᠎ᠡ᠃ ᠬᠦᠲᠡᠯᠮᠦᠷᠢᠴᠢᠳ ᠢ ᠵᠢᠯᠤᠭᠤᠳᠤᠨ ᠠᠵᠢᠯ | ᠡᠷᠢᠬᠦ ᠤᠶᠢᠯᠠᠭᠠᠭᠳᠠᠬᠤᠨ ᠢ ᠨᠢ ᠬᠤᠪᠢᠷᠠᠭᠤᠯᠵᠦ ᠂ ᠨᠠᠩ ᠤᠯᠠᠨ ᠠᠷᠭ᠎ᠠ ᠵᠠᠮ ᠢᠶᠠᠷ ᠠᠵᠢᠯ ᠡᠷᠢᠬᠦ ᠶᠢ ᠵᠤᠷᠢᠭᠵᠢᠭᠤᠯᠵᠤ᠂ ᠦᠢᠯᠡᠰ ᠪᠦᠲᠦᠬᠡᠬᠦ ᠪᠠᠷ ᠠᠵᠢᠯ | ᠤᠯᠭᠤᠯᠲᠠ ᠶᠢ ᠲᠠᠶᠢᠴᠢᠯᠠᠬᠤ ᠶᠢ ᠠᠬᠢᠭᠤᠯᠵᠤ᠂ ᠤᠯᠤᠰ ᠤᠨ ᠲᠡᠰ ᠤᠨ ᠦᠢᠯᠡᠰ ᠪᠦᠲᠦᠬᠡᠬᠦ ᠬᠡᠯᠪᠡᠷᠢᠲᠦ ᠬᠤᠲᠠ ᠶᠢ ᠪᠠᠶᠢᠭᠤᠯᠤᠨ᠎ᠠ᠃ ᠬᠤᠲᠠ ᠪᠠᠯᠭᠠᠰᠤᠨ ᠤ | ᠲᠠᠩᠰᠠᠯᠠᠭᠤᠯᠤᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 4% ᠶᠢᠨ ᠲᠤᠲᠤᠷ᠎ᠠ ᠬᠢᠵᠠᠭᠠᠷᠯᠠᠨ᠎ᠠ᠃ | ᠪᠦᠬᠦᠨ ᠲᠠᠯ᠎ᠠ ᠶᠢ ᠬᠠᠮᠤᠷᠠᠭᠰᠠᠨ᠂ ᠦᠨᠳᠤᠰᠤ ᠶᠢ ᠪᠠᠳᠤᠯᠠᠭᠰᠠᠨ᠂ ᠤᠯᠠᠨ ᠲᠡᠰ ᠲᠠᠪᠬᠤᠷᠭ᠎ᠠ ᠲᠠᠢ᠂ ᠦᠷᠭᠦᠯᠵᠢᠯᠡᠨ ᠲᠡᠭᠡᠭᠰᠢᠯᠡᠭᠦᠯᠭᠦ ᠴᠢᠭᠯᠡᠯᠳᠡ ᠶᠢ | ᠪᠠᠷᠢᠮᠳᠠᠯᠠᠵᠦ᠂ ᠬᠤᠳᠠ ᠬᠦᠳᠡᠭᠡ ᠶᠢᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠨ ᠪᠠᠶᠢᠭᠤᠯᠤᠯᠳᠠ ᠶᠢ ᠨᠢᠭᠡᠳᠤᠯᠳᠠᠢ ᠲᠦᠯᠦᠪᠵᠢᠭᠦᠯᠦᠨ ᠠᠬᠢᠭᠤᠯᠵᠦ᠂ | ᠪᠦᠷᠬᠦᠯᠳᠡ ᠶᠢᠨ ᠬᠡᠪᠴᠢᠶ᠎ᠠ ᠶᠢ ᠨᠢ ᠦᠷᠭᠡᠳᠬᠡᠬᠦ᠂ ᠪᠠᠳᠤᠯᠠᠭ᠎ᠠ ᠶᠢᠨ ᠬᠢᠷᠢ ᠲᠦᠪᠰᠢᠨ ᠢ ᠨᠢ ᠲᠡᠭᠡᠭᠰᠢᠯᠡᠭᠦᠯᠬᠦ᠂ ᠨᠢᠭᠡᠳᠦᠯᠳᠠᠢ ᠲᠦᠯᠦᠪᠵᠢᠭᠦᠯᠦᠨ ᠲᠡᠰ ᠲᠠᠪᠬᠤᠷᠭ᠎ᠠ | ᠶᠢ ᠨᠢ ᠲᠡᠭᠡᠭᠰᠢᠯᠡᠭᠦᠯᠬᠦ ᠵᠡᠷᠭᠡ ᠲᠠᠯ᠎ᠠ ᠪᠠᠷ ᠨᠡᠩ ᠶᠡᠭᠡ ᠠᠬᠢᠴᠠ ᠲᠠᠢ ᠪᠤᠯᠭᠠᠬᠤ ᠪᠠᠷ ᠴᠢᠷᠮᠠᠶᠢᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ | ᠨᠠᠰᠤᠵᠢᠯ ᠤᠨ ᠲᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ | ᠲᠦᠷᠢᠮ ᠤᠨ ᠦᠭᠡᠷᠡᠴᠢᠯᠡᠯᠳᠡ ᠶᠢ ᠠᠬᠢᠭᠤᠯᠵᠦ᠂ ᠨᠠᠰᠤᠵᠢᠯ ᠤᠨ ᠲᠠᠭᠠᠳᠬᠠᠯ ᠣᠨᠪᠦ᠋ᠭᠦ ᠲᠠᠯ᠎ᠠ ᠶᠢᠨ ᠪᠦᠷᠭᠦᠯᠳᠡ ᠶᠢ ᠪᠡᠶᠡᠯᠡᠭᠦᠯᠦᠨ᠎ᠡ᠃ ᠬᠤᠳᠠ ᠪᠠᠯᠭᠠᠰᠤᠨ ᠤ | ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ᠂ ᠠᠵᠢᠯ ᠠᠯᠳ᠋ᠬᠠᠰᠠᠳ ᠤᠨ ᠲᠠᠭᠠᠳᠬᠠᠯ᠂ ᠠᠵᠢᠯ ᠤᠨ ᠰᠢᠷᠠᠭᠳᠤᠯ ᠤᠨ ᠲᠠᠭᠠᠳᠬᠠᠯ ᠪᠤᠯᠤᠨ ᠦᠷᠡᠵᠢᠯ ᠤᠨ | ᠲᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠲᠦᠷᠢᠮ ᠢ | ᠨᠢᠳᠬᠡᠨᠡ᠃ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠭᠦ ᠶᠢᠨ ᠪᠡᠯᠡ ᠴᠤᠭᠯᠠᠭᠤᠯᠬᠤ ᠠᠷᠭ᠎ᠠ ᠵᠠᠮ ᠢ ᠦᠷᠭᠡᠳᠬᠡᠵᠦ᠂ ᠨᠡᠶᠢᠭᠡᠮ ᠤᠨ ᠪᠠᠳᠤᠯᠠᠭ᠎ᠠ ᠶᠢᠨ ᠰᠠᠭᠤᠷᠢ | ᠮᠦᠩᠭᠦᠨ ᠤ ᠪᠡᠯᠡ ᠤᠷᠤᠭᠤᠯᠤᠯᠳᠠ ᠶᠢᠨ ᠡᠵᠡᠩᠨᠡᠯᠳᠡ ᠶᠢᠨ ᠲᠦᠷᠢᠮ ᠢ ᠪᠠᠶᠢᠭᠤᠯᠵᠦ᠂ ᠰᠠᠭᠤᠷᠢ ᠮᠦᠩᠭᠦᠨ ᠤ ᠠᠮᠤᠷ ᠲᠦᠪᠰᠢᠨ ᠪᠠ ᠦᠷᠳᠡᠭ ᠢ ᠪᠠᠳᠤᠯᠠᠵᠦ | ᠦᠷᠳᠡᠭ ᠢ ᠨᠡᠮᠡᠭᠳᠡᠭᠦᠯᠬᠦ ᠶᠢ ᠦᠨᠡᠩᠬᠦ ᠪᠠᠳᠤᠯᠠᠨ᠎ᠠ᠃ ᠨᠡᠶᠢᠭᠡᠮ ᠤᠨ ᠠᠪᠤᠷᠠᠨ ᠲᠡᠳᠬᠦᠬᠦ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠤᠳᠠ ᠬᠦᠳᠡᠭᠡ | ᠶᠢᠨ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠲᠦᠷ ᠵᠠᠭᠤᠷ᠎ᠠ ᠶᠢᠨ ᠠᠪᠤᠷᠠᠨ ᠲᠤᠰᠠᠯᠠᠬᠤ ᠲᠦᠷᠢᠮ ᠢ | ᠲᠡᠭᠦᠯᠳᠡᠷᠵᠢᠭᠦᠯᠦᠨ᠂ ᠲᠡᠨᠡᠭᠦᠯᠴᠢᠨ ᠭᠤᠶᠤᠯᠭᠠᠴᠢᠨ ᠢ ᠠᠪᠤᠷᠠᠨ ᠲᠤᠰᠠᠯᠠᠬᠤ ᠬᠠᠮᠢᠶᠠᠷᠤᠯᠳᠠ ᠶᠢ ᠰᠠᠶᠢᠳᠤᠷ ᠠᠳᠬᠤᠵᠦ᠂ ᠨᠢᠭᠦᠯᠡᠰᠦᠩᠭᠦᠢ ᠶᠢᠨ ᠦᠢᠯᠡᠰ ᠢ | ᠢᠳᠡᠪᠬᠢᠳᠠᠢ ᠬᠦᠭᠵᠢᠭᠦᠯᠦᠨ᠎ᠡ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ | ᠨᠤᠷᠠᠬᠤ ᠠᠶᠤᠯᠳᠠᠢ ᠬᠠᠭᠤᠴᠢᠨ ᠭᠡᠷ ᠪᠠᠶᠢᠰᠢᠩ ᠢ ᠦᠭᠡᠷᠡᠴᠢᠯᠡᠬᠦ ᠬᠦᠴᠦᠯᠡᠴᠡ ᠪᠠᠨ ᠨᠡᠮᠡᠭᠳᠡᠭᠦᠯᠵᠦ᠂ ᠲᠤᠮᠳᠠ ᠲᠤᠤᠷ᠎ᠠ ᠤᠷᠤᠯᠭ᠎ᠠ ᠲᠠᠢ ᠤᠯᠠᠨ ᠲᠦᠮᠡᠨ ᠤ ᠤᠷᠤᠨ | ᠰᠠᠭᠤᠴᠠ ᠶᠢᠨ ᠬᠦᠴᠢᠷ ᠠᠰᠠᠭᠤᠳᠠᠯ ᠢ ᠰᠠᠶᠢᠳᠤᠷ ᠰᠡᠢᠳᠪᠦᠷᠢᠯᠡᠨ᠎ᠡ᠃ ᠬᠦᠮᠦᠨ ᠠᠮᠠ ᠶᠢᠨ ᠨᠠᠰᠤᠵᠢᠬᠤ ᠬᠠᠨᠳᠤᠰᠢ ᠶᠢ ᠢᠳᠡᠪᠬᠢᠳᠠᠢ ᠠᠷᠭᠠᠴᠠᠭᠠᠵᠦ᠂ | ᠦᠳᠡᠭᠦᠰᠴᠤᠳ ᠤᠨ ᠦᠢᠯᠡᠴᠢᠯᠡᠬᠡᠨ ᠤ ᠦᠢᠯᠡᠰ ᠪᠤᠯᠤᠨ ᠠᠵᠦ ᠦᠢᠯᠡᠰ ᠢ ᠶᠡᠬᠡᠪᠡᠷ ᠬᠦᠭᠵᠢᠭᠦᠯᠦᠨ᠎ᠡ᠃ ᠵᠡᠮᠳᠡᠭᠴᠤᠳ ᠤᠨ ᠨᠡᠶᠢᠭᠡᠮ ᠤᠨ ᠪᠠᠳᠤᠯᠠᠭ᠎ᠠ ᠪᠤᠯᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠡᠭᠳᠡᠶᠢᠴᠤᠳ ᠬᠡᠤᠬᠡᠳ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃ | ︵ᠭᠤᠷᠪᠠ︶ ᠨᠡᠶᠢᠭᠡᠮ ᠤᠨ ᠤᠶᠢᠯᠡᠰ ᠢ ᠪᠦᠬᠦ ᠲᠠᠯ᠎ᠠ ᠪᠠᠷ ᠬᠦᠭᠵᠢᠭᠦᠯᠵᠦ᠂ ᠨᠡᠶᠢᠭᠡᠮ ᠤᠨ ᠡᠶ᠎ᠡ ᠨᠠᠶᠢᠷᠠᠮᠳᠠᠭᠤ ᠲᠤᠭᠳᠠᠭᠤᠨ ᠪᠠᠶᠢᠬᠤ ᠶᠢ ᠠᠬᠢᠭᠤᠯᠤᠨ᠎ᠠ | ᠨᠡᠶᠢᠭᠡᠮ ᠤᠨ ᠦᠢᠯᠡᠰ ᠢ ᠬᠦᠭᠵᠢᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ | ᠤᠨ ᠪᠠᠶᠢᠭᠤᠯᠤᠯᠳᠠ ᠶᠢ ᠴᠢᠩᠭᠠᠳᠬᠠᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠲᠡᠩᠴᠡᠭᠦᠷᠢ ᠶᠢ ᠴᠢᠷᠮᠠᠶᠢᠨ ᠪᠡᠶᠡᠯᠡᠭᠦᠯᠦᠨ᠎ᠡ᠃ ᠰᠢᠨ᠎ᠡ ᠠᠵᠦ | ᠠᠬᠤᠢ ᠶᠢᠨ ᠬᠦᠭᠵᠢᠯᠳᠡ ᠶᠢᠨ ᠬᠡᠯᠪᠡᠷᠢ ᠶᠢᠨ ᠪᠦᠷᠢᠯᠳᠤᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠨᠡᠩ ᠴᠢᠬᠤᠯᠠᠴᠢᠯᠠᠨ | ᠪᠠᠳᠠᠷᠠᠭᠤᠯᠵᠦ᠂ ᠠᠵᠦ ᠠᠬᠤᠶᠢᠯᠠᠯ ᠢᠶᠠᠷ ᠭᠤᠤᠯ ᠴᠤᠭᠴᠠ ᠪᠤᠯᠭᠠᠨ᠂ ᠵᠠᠬ᠎ᠠ ᠲᠡᠯᠭᠡᠭᠦᠷ ᠢᠶᠠᠷ ᠤᠳᠤᠷᠢᠳᠤᠮᠵᠢ ᠪᠤᠯᠭᠠᠵᠦ᠂ ᠦᠢᠯᠡᠳᠪᠦᠷᠢᠯᠡᠬᠦ ᠰᠤᠷᠬᠤ ᠰᠤᠳᠤᠯᠬᠤ ᠶᠢ | ᠤᠶᠠᠯᠳᠤᠭᠤᠯᠤᠭᠰᠠᠨ ᠤᠷᠤᠨ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠳᠡ ᠶᠢᠨ ᠰᠢᠨ᠎ᠡ ᠰᠢᠰᠲ᠋ᠧᠮ ᠢ ᠪᠠᠶᠢᠭᠤᠯᠤᠨ᠂ ᠰᠢᠨᠵᠢᠯᠡᠬᠦ ᠤᠬᠠᠭᠠᠨ | ᠮᠡᠷᠭᠡᠵᠢᠯ ᠤᠨ ᠡᠭᠦᠳᠦᠯᠳᠡ ᠶᠢᠨ ᠰᠢᠨ᠎ᠡ ᠠᠴᠢᠶᠠᠯᠠᠪᠦᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠶᠢᠯᠠᠯ ᠤᠨ ᠰᠢᠨ᠎ᠡ ᠮᠡᠷᠭᠡᠵᠢᠯ ᠰᠢᠨ᠎ᠡ ᠦᠢᠯᠡᠳᠬᠡᠭᠦᠨ | ᠰᠢᠨ᠎ᠡ ᠤᠷᠠᠯᠠᠯ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠶᠡᠬᠡᠪᠡᠷ ᠲᠡᠮᠵᠢᠨ᠎ᠡ᠃ ︽ᠢᠦᠢ ᠯᠦᠩ ᠴᠢᠳᠠᠪᠦᠷᠢᠳᠠᠨ︾ ᠤ ᠢᠨᠵᠧᠨᠧᠷᠢᠩ ᠢ ᠲᠦᠯᠬᠢᠨ ᠠᠬᠢᠭᠤᠯᠵᠦ᠂ | ᠲᠡᠭᠡᠳᠦ ᠲᠡᠰ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠵᠦ ᠭᠦᠮᠤᠵᠢᠭᠦᠯᠵᠦ᠂ ᠪᠠᠴᠢᠮ ᠲᠤᠳᠠᠭᠳᠠᠵᠦ ᠪᠠᠶᠢᠬᠤ ᠬᠡᠷᠡᠭᠯᠡᠭᠡᠨ ᠤ ᠭᠡᠯᠪᠡᠷᠢ ᠶᠢᠨ ᠴᠢᠳᠠᠪᠤᠷᠢᠳᠠᠨ ᠢ | ᠲᠦᠷᠭᠡᠨ ᠬᠦᠮᠦᠵᠢᠭᠦᠯᠦᠨ᠎ᠡ᠃ ᠰᠤᠷᠭᠠᠨ ᠬᠦᠮᠦᠵᠢᠯ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠭᠦᠨᠵᠡᠬᠡᠶᠢᠷᠡᠭᠦᠯᠵᠦ᠂ ᠬᠡᠪ ᠪᠤᠯᠪᠠᠰᠤᠷᠠᠯ ᠤᠨ | ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠵᠦ᠂ ᠶᠢᠰᠤᠨ ᠵᠢᠯ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠪᠤᠯᠤᠨ ᠦᠨᠳᠤᠷ ᠲᠤᠮᠳᠠᠳᠦ ᠶᠢᠨ ᠱᠠᠳᠤᠨ ᠤ ᠰᠤᠷᠭᠠᠨ ᠬᠦᠮᠦᠵᠢᠯ ᠢ ᠲᠡᠩᠴᠡᠭᠦᠷᠢᠳᠠᠢ ᠴᠢᠨᠠᠷ ᠰᠠᠶᠢᠳᠠᠢ ᠭᠦᠭᠵᠢᠭᠦ ᠶᠢ | ᠠᠭᠢᠭᠤᠯᠵᠦ᠂ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠠᠷ ᠭᠤᠤᠯᠳᠠᠯᠭ᠎ᠠ ᠲᠠᠢ ᠬᠦᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠤᠯᠤᠨ | ᠲᠡᠭᠡᠳᠦ ᠲᠡᠰ ᠤᠨ ᠰᠤᠷᠭᠠᠨ ᠬᠦᠮᠦᠵᠢᠯ ᠢ ᠲᠦᠷᠭᠡᠨ ᠬᠦᠭᠵᠢᠭᠦᠯᠬᠦ ᠶᠢ ᠲᠡᠮᠵᠢᠵᠦ᠂ ᠪᠠᠭᠰᠢ ᠶᠢᠨ ᠮᠤᠷᠠᠯ ᠢᠶᠠᠷ ᠭᠤᠤᠯᠳᠠᠯᠭ᠎ᠠ ᠪᠤᠯᠭᠠᠭᠰᠠᠨ ᠪᠠᠭᠰᠢ ᠶᠢᠨ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠵᠦ᠂ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠭᠰᠢᠯᠡᠭᠦᠯᠦᠨᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠢ ᠲᠦᠷᠭᠡᠨ ᠬᠦᠭᠵᠢᠭᠦᠯᠵᠦ᠂ ᠬᠦᠳᠡᠭᠡ ᠲᠤᠰᠬᠤᠨ ᠤ ᠭᠤᠷᠪᠠᠨ ᠱᠠᠳᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷᠵᠢᠯ ᠪᠤᠯᠤᠨ ᠬᠤᠳᠠ | ᠪᠠᠯᠭᠠᠰᠤᠨ ᠤ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠶᠢᠨ ᠱᠠᠳᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠢᠵᠢᠭ ᠡᠪᠡᠳᠴᠢᠨ ᠢ ᠰᠡᠷᠭᠡᠶᠢᠯᠡᠬᠦ ᠬᠢᠵᠠᠭᠠᠷᠯᠠᠬᠤ ᠴᠢᠳᠠᠪᠦᠷᠢ ᠬᠢᠭᠡᠳ | ᠡᠮᠨᠡᠵᠦ ᠠᠪᠤᠷᠠᠬᠤ ᠴᠢᠳᠠᠪᠦᠷᠢ ᠶᠢ ᠲᠡᠭᠡᠭᠰᠢᠯᠡᠭᠦᠯᠦᠨ᠎ᠡ︔ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠠᠰᠠᠷᠠᠮᠵᠢ ᠶᠢᠨ ᠰᠢᠨᠵᠢ ᠴᠢᠨᠠᠷ ᠢ ᠬᠠᠮᠠᠭᠠᠯᠠᠨ᠎ᠠ︔ ᠨᠡᠶᠢᠭᠡᠮ ᠠᠴᠠ ᠡᠮᠨᠡᠯᠭᠡ ᠡᠷᠬᠢᠯᠡᠬᠦ ᠶᠢ ᠵᠤᠷᠢᠭᠵᠢᠭᠤᠯᠤᠨ᠂ | ᠤᠯᠠᠨ ᠡᠰᠢᠵᠢᠭᠰᠡᠨ ᠡᠮᠨᠡᠯᠭᠡ ᠡᠷᠬᠢᠯᠡᠬᠦ ᠪᠠᠶᠢᠳᠠᠯ ᠢ ᠪᠤᠢ ᠪᠤᠯᠭᠠᠨ᠎ᠠ︔ ᠮᠤᠩᠭᠤᠯ ᠡᠮᠨᠡᠯᠭᠡ᠂ ᠬᠢᠳᠠᠳ ᠡᠮᠨᠡᠯᠭᠡ ᠶᠢᠨ ᠦᠢᠯᠡᠰ ᠢ ᠢᠳᠡᠪᠬᠢᠳᠠᠢ ᠬᠦᠭᠵᠢᠭᠦᠯᠦᠨ᠎ᠡ︔ | ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠬᠦᠴᠦᠳᠠᠢ ᠦᠷᠨᠢᠭᠦᠯᠦᠨ᠎ᠡ᠃ ᠬᠤᠳᠠ ᠬᠦᠳᠡᠭᠡ ᠶᠢᠨ ᠰᠤᠶᠤᠯ ᠤᠨ ᠰᠠᠭᠤᠷᠢ ᠲᠦᠬᠦᠭᠡᠷᠤᠮᠵᠢ ᠶᠢᠨ | ᠪᠠᠶᠢᠭᠤᠯᠤᠯᠳᠠ ᠶᠢ ᠴᠢᠩᠭᠠᠳᠬᠠᠵᠦ᠂ ᠰᠤᠶᠤᠯ ᠢᠶᠠᠷ ᠠᠷᠠᠳ ᠢᠶᠠᠨ ᠬᠠᠷᠠᠭᠠᠯᠵᠠᠬᠤ ᠢᠨᠵᠧᠨᠧᠷᠢᠩ ᠢ ᠨᠠᠶᠢᠳᠠᠪᠤᠷᠢᠵᠢᠭᠤᠯᠤᠨ᠂ ᠤᠯᠠᠨ ᠨᠡᠶᠢᠳᠡ ᠵᠢᠨᠰᠤᠶᠤᠯ ᠤᠨ | ᠦᠢᠯᠡᠴᠢᠯᠡᠭᠡᠨ ᠤ ᠲᠦᠬᠦᠭᠡᠷᠦᠮᠵᠢ ᠨᠢ ᠨᠡᠶᠢᠭᠡᠮ ᠨᠡᠶᠢᠳᠡ ᠳᠤ ᠰᠤᠶᠢᠳᠬᠡᠯ ᠬᠤᠷᠢᠶᠠᠬᠤ ᠦᠭᠡᠢ ᠪᠠᠷ ᠨᠡᠭᠡᠭᠡᠭᠦ ᠶᠢ ᠵᠤᠷᠢᠠᠠᠵᠢᠭᠤᠯᠤᠨ᠎ᠠ︔ ᠰᠤᠶᠤᠯ ᠤᠨ ᠦᠪ ᠢ | ᠬᠠᠮᠠᠭᠠᠯᠠᠬᠤ᠂ ᠠᠰᠢᠭᠯᠠᠬᠤ ᠪᠠ ᠵᠠᠯᠭᠠᠮᠵᠢᠯᠠᠬᠤ ᠶᠢ ᠴᠢᠩᠭᠠᠳᠬᠠᠵᠦ᠂ ᠬᠤᠩ ᠱᠠᠨ ᠰᠤᠶᠤᠯ ᠤᠨ ᠦᠯᠡᠳᠡᠭᠳᠡᠯ ᠢ ᠲᠡᠯᠡᠬᠡᠢ ᠶᠢᠨ ᠰᠤᠶᠤᠯ ᠤᠨ ᠦᠪ ᠤᠨ ᠨᠡᠷᠡᠰ ᠲᠤ | ᠤᠷᠤᠭᠤᠯᠬᠤ ᠪᠠᠷ ᠴᠢᠷᠮᠠᠶᠢᠵᠦ᠂ ᠯᠢᠶᠤᠤ ᠶᠢᠨ ᠰᠤᠶᠤᠯ ᠤᠨ ᠦᠯᠡᠳᠡᠭᠳᠡᠯ ᠢ ᠰᠤᠶᠤᠯ ᠤᠨ ᠦᠪ ᠢᠶᠠᠷ ᠡᠷᠡᠮᠡᠯᠵᠢᠯᠡᠬᠦ ᠠᠵᠢᠯ ᠢ ᠠᠬᠢᠭᠤᠯᠵᠦ᠂ ᠰᠢᠶᠠ ᠵᠢᠶᠠ ᠳ᠋ᠢᠶᠠᠨ ᠤ | ᠲᠤᠤᠷ᠎ᠠ ᠦᠶ᠎ᠡ ᠶᠢᠨ ᠰᠤᠶᠤᠯ ᠤᠨ ᠦᠯᠡᠳᠡᠭᠳᠡᠯ ᠢ ᠲᠤᠮᠳᠠᠳᠦ ᠤᠯᠤᠰ ᠤᠨ ᠲᠡᠯᠡᠬᠡᠢ ᠶᠢᠨ ᠰᠤᠶᠤᠯ ᠤᠨ ᠦᠪ ᠤᠨ ᠪᠡᠯᠡᠳᠬᠡᠯ ᠨᠡᠷᠡᠰ ᠲᠤ ᠤᠷᠤᠭᠤᠯᠬᠤ ᠪᠠᠷ | ᠴᠢᠷᠮᠠᠶᠢᠨ᠎ᠠ︔ ᠢᠨᠲ᠋ᠧᠷᠨᠧᠲ ᠲᠤᠤᠷᠵᠢᠯ ᠵᠡᠷᠭᠡ ᠰᠢᠨ᠎ᠡ ᠪᠠᠷ ᠮᠠᠨᠳᠤᠭᠰᠠᠨ ᠵᠠᠭᠤᠴᠢ ᠶᠢᠨ ᠬᠠᠮᠢᠶᠠᠷᠤᠯᠳᠠ ᠬᠡᠷᠡᠭᠯᠡᠯᠳᠡ ᠶᠢ ᠴᠢᠩᠭᠠᠳᠬᠠᠵᠦ᠂ ᠷᠠᠳᠢᠤ᠋ ᠲᠧᠯᠸᠢᠰ ᠺᠢᠨᠤ᠋ | ᠶᠢᠨ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ︔ ︽ᠤᠯᠠᠭᠠᠨᠬᠠᠳᠠ ᠶᠢᠨ ᠵᠤᠷᠢᠭ ᠰᠠᠨᠠᠭ᠎ᠠ︾ ᠶᠢ ᠪᠤᠢ ᠪᠤᠯᠭᠠᠨ ᠮᠠᠨᠳᠤᠭᠤᠯᠵᠦ᠂ ᠪᠦᠬᠦ ᠤᠯᠤᠰ ᠤᠨ | ᠪᠤᠯᠪᠠᠰᠤᠨ ᠬᠤᠳᠠ ᠪᠤᠯᠭᠠᠵᠦ ᠪᠠᠶᠢᠭᠤᠯᠤᠨ᠎ᠠ᠃ ᠪᠡᠶ᠎ᠡ ᠶᠢᠨ ᠲᠠᠮᠢᠷ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ | ᠴᠢᠩᠭᠠᠳᠬᠠᠵᠦ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠢ ᠦᠷᠭᠡᠨ ᠲᠡᠯᠭᠡᠷᠡᠩᠭᠦᠢ ᠦᠷᠨᠢᠭᠦᠯᠵᠦ᠂ ᠪᠦᠬᠦ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠨ᠎ᠡ᠃ ᠬᠦᠮᠦᠨ ᠠᠮᠠ ᠶᠢᠨ ᠬᠡᠪ ᠪᠤᠯᠪᠠᠰᠤᠷᠠᠯ ᠢ ᠲᠡᠭᠡᠭᠰᠢᠯᠡᠭᠦᠯᠵᠦ᠂ ᠬᠦᠮᠦᠨ ᠠᠮᠠ ᠶᠢᠨ | ᠴᠢᠨᠠᠷ ᠤᠨ ᠢᠯᠭᠠᠯ ᠤᠨ ᠬᠠᠷᠢᠴᠠᠯ ᠢ ᠬᠢᠵᠠᠭᠠᠷᠯᠠᠵᠦ᠂ ᠬᠦᠮᠦᠨ ᠠᠮᠠ ᠶᠢᠨ ᠤᠷᠳᠦ ᠬᠤᠭᠤᠴᠠᠭᠠᠨ᠎ᠠ ᠲᠡᠩᠴᠡᠭᠦᠷᠢᠳᠠᠢ ᠦᠰᠬᠦ ᠶᠢ ᠠᠬᠢᠭᠤᠯᠤᠨ᠎ᠠ᠃ | ᠨᠡᠶᠢᠭᠡᠮ ᠤᠨ ᠠᠮᠢᠵᠢᠷᠠᠯ ᠤᠨ ᠬᠦᠴᠦᠨ ᠢ ᠬᠠᠮᠤᠭ ᠶᠡᠭᠡ ᠬᠡᠮᠵᠢᠶ᠎ᠡ ᠪᠠᠷ ᠬᠦᠭᠵᠢᠭᠡᠵᠦ᠂ ᠡᠶ᠎ᠡ ᠵᠤᠬᠢᠴᠠᠯ ᠤᠨ ᠬᠦᠴᠦᠨ ᠵᠦᠢᠯ ᠢ ᠨᠡᠮᠡᠭᠳᠡᠭᠦᠯᠵᠦ᠂ ᠵᠤᠬᠢᠴᠠᠯ ᠪᠤᠰᠦ | ᠬᠦᠴᠦᠨ ᠵᠦᠢᠯ ᠢ ᠪᠠᠭᠠᠰᠬᠠᠬᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠨᠡᠶᠢᠭᠡᠮ ᠤᠨ ᠬᠠᠮᠢᠶᠠᠷᠤᠯᠳᠠ ᠶᠢ ᠴᠢᠩᠭᠠᠳᠬᠠᠨ ᠰᠢᠨ᠎ᠡ ᠶᠢ ᠡᠭᠦᠳᠴᠦ᠂ ᠠᠵᠦ ᠠᠬᠤᠢ ᠶᠢᠨ | ᠬᠦᠭᠵᠢᠯᠳᠡ ᠪᠠ ᠤᠯᠠᠨ ᠲᠦᠮᠡᠨ ᠤ ᠠᠮᠢᠳᠤᠷᠠᠯ ᠳᠤ ᠨᠡᠩ ᠰᠠᠶᠢᠨ ᠨᠡᠶᠢᠭᠡᠮ ᠤᠨ ᠤᠷᠴᠢᠨ ᠲᠤᠭᠤᠷᠢᠨ ᠢ ᠬᠠᠩᠭᠠᠨ᠎ᠠ︔ ᠵᠠᠰᠠᠭ ᠤᠨ ᠤᠷᠳᠤᠨ ᠤ ᠤᠯᠠᠨ ᠨᠡᠶᠢᠳᠡ | ᠶᠢᠨ ᠦᠢᠯᠡᠴᠢᠯᠡᠭᠡᠨ ᠬᠠᠩᠭᠠᠬᠤ ᠬᠡᠯᠪᠡᠷᠢ ᠶᠢ ᠦᠭᠡᠷᠡᠴᠢᠯᠡᠨ ᠰᠠᠶᠢᠵᠢᠷᠠᠭᠤᠯᠵᠦ᠂ ᠦᠨᠳᠦᠰᠦᠨ ᠱᠠᠳᠤᠨ ᠤ ᠨᠡᠶᠢᠭᠡᠮ ᠤᠨ ᠬᠠᠮᠢᠶ᠋ᠶᠠᠷᠤᠯᠳᠠ ᠪᠠ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠦ᠂ ᠠᠵᠦ | ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠯᠠᠨ ᠤ ᠪᠦᠯᠬᠦᠮ ᠤᠨ ᠨᠡᠶᠢᠭᠡᠮ ᠤᠨ ᠬᠠᠮᠢᠶᠠᠷᠤᠯᠳᠠ ᠪᠠ ᠦᠢᠯᠡᠴᠢᠯᠡᠭᠡᠨ ᠳᠠᠬᠢ ᠡᠭᠦᠷᠭᠡ ᠬᠠᠷᠢᠭᠤᠴᠠᠯᠭ᠎ᠠ ᠶᠢ | ᠴᠢᠩᠳᠠᠯᠠᠨ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠡᠷᠡᠭᠦᠯ ᠢᠶᠠᠷ ᠡᠮᠬᠢ ᠲᠢᠭᠯᠢᠮᠲ᠋ᠠᠢ ᠬᠦᠭᠵᠢᠬᠦ ᠶᠢ ᠲᠠᠭᠠᠭᠤᠯᠤᠨ ᠵᠢᠯᠤᠭᠤᠳᠴᠦ᠂ ᠤᠯᠠᠨ ᠲᠦᠮᠡᠨ ᠤ | ᠨᠡᠶᠢᠭᠡᠮ ᠤᠨ ᠬᠠᠮᠢᠶᠠᠷᠤᠯᠳᠠ ᠳᠤ ᠤᠷᠤᠯᠴᠠᠬᠤ ᠰᠠᠭᠤᠷᠢ ᠪᠤᠯᠬᠤ ᠦᠢᠯᠡᠳᠤᠯ ᠢ ᠭᠦᠢᠴᠡᠳ ᠪᠠᠳᠠᠷᠠᠭᠤᠯᠤᠨ᠎ᠠ᠃ ᠵᠠᠰᠠᠭ ᠤᠨ ᠶᠠᠪᠤᠳᠠᠯ᠂ ᠲᠤᠰᠬᠤᠨ ᠤ ᠶᠠᠪᠤᠳᠠᠯ ᠢ | ᠢᠯᠡ ᠪᠤᠯᠭᠠᠬᠤ ᠪᠠ ᠤᠯᠠᠨ ᠨᠡᠶᠢᠳᠡ ᠶᠢᠨ ᠠᠵᠢᠯ ᠦᠢᠯᠡᠰ ᠤᠨ ᠨᠢᠭᠡᠴᠡ ᠶᠢᠨ ᠠᠵᠢᠯ ᠡᠷᠬᠢᠯᠡᠬᠦ ᠶᠢ ᠢᠯᠡ ᠪᠤᠯᠭᠠᠬᠤ ᠶᠢ ᠠᠬᠢᠭᠤᠯᠤᠨ᠎ᠠ᠃ ︽ᠵᠢᠷᠭᠤᠭ᠎ᠠ ᠲᠠᠪᠤ︾ | ᠶᠢᠨ ᠬᠠᠤᠯᠢ ᠲᠦᠭᠡᠮᠡᠯᠵᠢᠭᠦᠯᠬᠦ ᠡᠭᠦᠷᠭᠡ ᠶᠢ ᠪᠡᠶᠡᠯᠡᠭᠦᠯᠵᠦ᠂ ᠬᠠᠤᠯᠢ ᠶᠤᠰᠤᠭᠠᠷ ᠬᠤᠳᠠ ᠪᠠᠨ ᠵᠠᠰᠠᠬᠤ ᠠᠬᠢᠴᠠ ᠶᠢ ᠠᠭᠢᠭᠤᠯᠤᠨ᠎ᠠ᠃ ᠬᠠᠤᠯᠢ ᠴᠠᠭᠠᠵᠠ ᠶᠢᠨ | ᠲᠡᠮᠵᠢᠨ ᠲᠤᠰᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠦ᠂ ᠬᠦᠴᠦᠨ ᠪᠠᠭᠤᠷᠠᠢ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ | ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠵᠦ᠂ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ᠂ ᠬᠠᠤᠯᠢ ᠴᠠᠭᠠᠵᠠ ᠶᠢᠨ ᠡᠶᠡᠳᠡᠭᠦᠯᠬᠦ | ᠬᠠᠮᠳᠤᠷᠠᠯᠴᠠᠭᠰᠠᠨ ᠠᠵᠢᠯ ᠤᠨ ᠰᠢᠰᠲ᠋ᠧᠮ ᠢ ᠪᠠᠶᠢᠭᠤᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠯᠡᠳᠬᠡᠬᠦ ᠠᠷᠭ᠎ᠠ ᠵᠠᠮ ᠢ ᠰᠢᠯᠤᠭᠤᠳᠬᠠᠵᠦ᠂ | ᠨᠡᠶᠢᠭᠡᠮ ᠤᠨ ᠵᠦᠷᠢᠴᠡᠯ ᠢ ᠬᠦᠨᠵᠡᠭᠡᠢ ᠪᠠᠶᠢᠴᠠᠭᠠᠨ ᠵᠢᠭᠰᠠᠭᠠᠵᠦ ᠨᠠᠮᠳᠠᠭᠠᠭᠨ ᠰᠡᠢᠳᠪᠦᠷᠢᠯᠡᠨ᠎ᠡ᠂ ᠤᠯᠠᠨ ᠲᠦᠮᠡᠨ ᠤ ᠵᠦᠢ ᠶᠤᠰᠤᠨ ᠤ ᠭᠤᠶᠤᠴᠢᠯᠠᠯ ᠢ | ᠰᠡᠢᠳᠪᠦᠷᠢᠯᠡᠵᠦ᠂ ᠤᠯᠠᠨ ᠲᠦᠮᠡᠨ ᠤ ᠰᠠᠨᠠᠭ᠎ᠠ ᠰᠡᠳᠬᠢᠯ ᠢ ᠲᠠᠶᠢᠪᠤᠰᠢᠷᠠᠭᠤᠯᠵᠦ᠂ ᠵᠤᠬᠢᠴᠠᠯ ᠦᠭᠡᠢ ᠲᠤᠭᠳᠠᠭᠤᠨ ᠪᠤᠰᠤ ᠬᠦᠴᠦᠨ ᠵᠦᠢᠯ ᠢ ᠬᠠᠮᠤᠭ ᠲᠤᠤᠷ᠎ᠠ | ᠬᠡᠮᠵᠢᠶᠡᠨ ᠳᠤ ᠬᠦᠷᠳᠡᠯ᠎ᠡ ᠪᠠᠭᠠᠰᠬᠠᠵᠦ᠂ ᠡᠬᠢ ᠰᠤᠷᠪᠤᠯᠵᠢ ᠠᠴᠠ ᠨᠢ ᠵᠠᠰᠠᠬᠤ᠂ ᠬᠦᠳᠡᠯᠤᠯ ᠪᠠᠶᠢᠳᠠᠯ ᠢ ᠬᠠᠮᠢᠶᠠᠷᠬᠤ ᠪᠠ ᠪᠠᠴᠢᠮ ᠪᠠᠶᠢᠳᠠᠯ ᠢ ᠠᠷᠭᠠᠴᠠᠭᠠᠬᠤ ᠶᠢ | ᠤᠶᠠᠯᠳᠤᠭᠤᠯᠤᠭᠰᠠᠨ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠢ ᠲᠦᠷᠭᠡᠭᠡᠨ ᠪᠤᠢ ᠪᠤᠯᠭᠠᠨ᠎ᠠ᠃ ᠪᠠᠶᠢᠭᠠᠯᠢ ᠶᠢᠨ ᠭᠠᠮᠰᠢᠭ᠂ ᠠᠳᠡᠯ ᠤᠨ ᠭᠠᠮᠰᠢᠭ᠂ ᠤᠯᠠᠨ | ᠨᠡᠶᠢᠳᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠤ ᠬᠡᠷᠡᠭ ᠤᠴᠢᠷ ᠢ ᠪᠠᠴᠢᠮ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠦ | ᠂ ᠤᠯᠠᠨ ᠨᠡᠶᠢᠳᠡ ᠶᠢᠨ ᠠᠶᠤᠯ ᠲᠦᠭᠰᠢᠭᠦᠷᠢ ᠶᠢᠨ ᠬᠠᠮᠢᠶᠠᠷᠤᠯᠳᠠ ᠶᠢᠨ ᠴᠢᠳᠠᠪᠦᠷᠢ ᠶᠢ ᠲᠡᠭᠡᠭᠰᠢᠯᠡᠭᠦᠯᠦᠨ᠎ᠡ᠃ ︽ᠠᠮᠤᠷ ᠲᠠᠶᠢᠪᠤᠩ ᠤᠯᠠᠭᠠᠨᠬᠠᠳᠠ︾ ᠶᠢᠨ | ᠪᠠᠶᠢᠭᠤᠯᠤᠯᠳᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠬᠢᠵᠠᠭᠠᠷᠯᠠᠬᠤ ᠪᠡᠶᠡᠳᠦᠵᠢᠯᠡᠭᠰᠡᠨ ᠰᠢᠰᠲ᠋ᠧᠮ ᠢ ᠲᠡᠭᠦᠯᠳᠡᠷᠵᠢᠭᠦᠯᠵᠦ᠂ | ᠬᠠᠤᠯᠢ ᠵᠦᠷᠢᠴᠡᠭᠰᠡᠨ ᠶᠠᠯᠠᠳᠦ ᠠᠵᠢᠯᠯᠠᠭ᠎ᠠ ᠶᠢ ᠬᠠᠤᠯᠢ ᠶᠤᠰᠤᠭᠠᠷ ᠰᠡᠷᠭᠡᠶᠢᠯᠡᠨ ᠵᠠᠯᠬᠠᠭᠠᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠦᠷ | ᠲᠦᠪᠰᠢᠨ ᠢ ᠪᠠᠳᠤᠯᠠᠨ᠎ᠠ᠃ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠯᠳᠠᠢ ᠦᠨᠳᠦᠰᠦᠳᠡᠨ ᠤ ᠬᠠᠷᠢᠴᠠᠭ᠎ᠠ ᠶᠢ | ᠪᠠᠬᠢᠵᠢᠭᠦᠯᠦᠨ ᠬᠦᠭᠵᠢᠭᠦᠯᠵᠦ᠂ ᠱᠠᠰᠢᠨ ᠰᠤᠷᠳᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠦᠨᠡ᠃ ᠤᠯᠤᠰ ᠤᠨ ᠠᠮᠦᠷ ᠲᠦᠪᠰᠢᠨ ᠤ ᠠᠵᠢᠯ ᠢ | ᠴᠢᠩᠭᠠᠳᠬᠠᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ ᠶᠢ ᠲᠡᠮᠵᠢᠵᠦ᠂ ᠬᠤᠶᠠᠷ ᠢᠶᠠᠨ ᠬᠦᠷᠢᠶᠡᠯᠡᠵᠦ | ᠬᠠᠮᠳᠤᠪᠡᠷ ᠪᠠᠶᠢᠭᠤᠯᠬᠤ ᠠᠵᠢᠯ ᠢ ᠯᠠᠪᠳᠠᠭᠤᠨ ᠪᠠᠳᠤᠳᠠᠢ ᠬᠢᠵᠦ᠂ ᠨᠠᠢᠮᠠᠨ ᠵᠢᠯ ᠲᠠᠷᠠᠭᠠᠯᠠᠨ ᠪᠦᠬᠦ ᠤᠯᠤᠰ ᠤᠨ ᠬᠤᠶᠠᠷ ᠢᠶᠠᠨ ᠬᠦᠷᠢᠶᠡᠯᠡᠭᠰᠡᠨ ᠵᠢᠱᠢᠶᠡᠴᠢ ᠬᠤᠳᠠ | ᠪᠤᠯᠬᠤ ᠪᠠᠷ ᠴᠢᠷᠮᠠᠶᠢᠨ᠎ᠠ᠃ | ︵ᠲᠦᠷᠪᠡ︶ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠬᠤ ᠠᠬᠢᠴᠠ ᠶᠢ ᠲᠦᠷᠭᠡᠳᠬᠡᠵᠦ᠂ ᠬᠤᠳᠠ ᠬᠦᠳᠡᠭᠡ ᠶᠢᠨ ᠬᠦᠭᠵᠢᠯᠳᠡ ᠶᠢᠨ ᠨᠦᠬᠦᠴᠡᠯ ᠢ | ᠰᠠᠶᠢᠵᠢᠷᠠᠭᠤᠯᠤᠨ᠎ᠠ | ᠬᠤᠳᠠ ᠬᠦᠳᠡᠭᠡ ᠶᠢ ᠨᠢᠭᠡᠳᠦᠯᠳᠠᠢ ᠲᠦᠯᠦᠪᠵᠢᠭᠦᠯᠵᠦ᠂ ᠬᠠᠮᠳᠦᠪᠡᠷ ᠪᠦᠳᠦᠭᠡᠨ ᠪᠠᠶᠢᠭᠤᠯᠵᠦ᠂ ᠵᠡᠷᠭᠡᠪᠡᠷ ᠬᠦᠭᠵᠢᠭᠦᠯᠬᠦ ᠵᠠᠷᠴᠢᠮ ᠶᠤᠰᠤᠭᠠᠷ᠂ ᠬᠤᠳᠠ | ᠪᠠᠯᠭᠠᠰᠤᠵᠢᠬᠤ ᠪᠠ ᠠᠵᠦ ᠦᠢᠯᠡᠳᠪᠦᠷᠢᠵᠢᠭᠦ ᠨᠢ ᠬᠠᠷᠢᠯᠴᠠᠨ ᠠᠬᠢᠭᠤᠯᠬᠤ᠂ ᠬᠤᠳᠠ ᠪᠠᠯᠭᠠᠰᠤᠵᠢᠬᠤ ᠪᠠ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠳᠠ | ᠵᠤᠬᠢᠴᠠᠩᠭᠤᠢ ᠬᠦᠭᠵᠢᠭᠦ ᠶᠢ ᠠᠬᠢᠭᠤᠯᠵᠦ᠂ ᠡᠷᠴᠢᠮᠵᠢᠭᠦᠯᠬᠦ᠂ ᠤᠶᠤᠨᠴᠢᠯᠠᠬᠤ᠂ ᠪᠠᠶᠢᠭᠠᠯᠯᠢᠭ᠂ ᠪᠤᠬᠢᠷᠳᠤᠯ ᠦᠭᠡᠢ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠬᠤ | ᠵᠠᠮ ᠢᠶᠠᠷ ᠵᠠᠮᠨᠠᠨ᠎ᠠ᠃ ᠤᠯᠠᠭᠠᠨᠬᠠᠳᠠ ᠬᠤᠳᠠ ᠶᠢᠨ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠵᠠᠭᠤᠨ ᠲᠦᠮᠡᠨ ᠬᠦᠮᠦᠨ ᠠᠮᠠ ᠲᠠᠢ | ᠤᠷᠤᠨ ᠲᠤᠭᠤᠷᠢᠭ ᠤᠨ ᠴᠢᠨᠠᠷᠳᠠᠢ ᠭᠤᠤᠯ ᠬᠤᠳᠠ᠂ ᠬᠤᠰᠢᠭᠤ ᠰᠢᠶᠠᠨ ᠤ ᠵᠠᠰᠠᠭ ᠤᠨ ᠤᠷᠳᠤᠨ ᠤ ᠰᠠᠭᠤᠭ᠎ᠠ ᠪᠠᠯᠭᠠᠰᠤ ᠪᠤᠯᠤᠨ ᠭᠤᠤᠯᠳᠠᠯᠭ᠎ᠠ ᠲᠠᠢ ᠵᠢᠵᠢᠭ | ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠲᠡᠰ ᠱᠠᠳᠦ ᠨᠢ ᠲᠤᠳᠦ᠂ ᠪᠠᠶᠢᠷᠢᠯᠠᠭᠤᠯᠤᠯᠳᠠ ᠨᠢ ᠵᠤᠬᠢᠰᠳᠠᠢ ᠬᠤᠳᠠ ᠪᠠᠯᠭᠠᠰᠤᠨ ᠤ ᠰᠢᠰᠲ᠋ᠧᠮ ᠢ | ᠪᠦᠷᠢᠯᠳᠦᠭᠦᠯᠵᠦ᠂ 2017 ᠤᠨ ᠪᠤᠯᠳᠠᠯ᠎ᠠ ᠪᠦᠬᠦ ᠬᠤᠳᠠ ᠶᠢᠨ ᠬᠤᠳᠠ ᠪᠠᠯᠭᠠᠰᠤᠵᠢᠬᠤ ᠨᠤᠷᠮ᠎ᠠ ᠶᠢ 55% ᠳᠤ ᠬᠦᠷᠭᠡᠨ᠎ᠡ᠃ ᠭᠤᠤᠯ ᠬᠤᠳᠠ ᠲᠤᠭᠤᠷᠢᠭ ᠤᠨ | ᠲᠤᠭᠤᠶᠢᠯᠠᠩ ᠪᠦᠯᠦᠭᠯᠡᠯ ᠢ ᠨᠡᠭᠡᠭᠡᠨ ᠠᠰᠢᠭᠯᠠᠬᠤ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠭᠤᠤᠯ ᠬᠤᠳᠠ ᠲᠤᠭᠤᠷᠢᠭ ᠢ ᠪᠠᠷᠠᠭᠤᠨᠰᠢ ᠰᠢᠯᠵᠢᠭᠦᠯᠵᠦ᠂ | ᠬᠤᠶᠢᠰᠢ ᠦᠷᠭᠡᠳᠬᠡᠨ᠂ ᠵᠡᠭᠦᠨᠰᠢ ᠰᠤᠩᠭᠠᠬᠤ ᠶᠢ ᠠᠬᠢᠭᠤᠯᠵᠦ᠂ ᠬᠤᠳᠠ ᠶᠢᠨ ᠬᠡᠪᠴᠢᠶ᠎ᠡ ᠶᠢ ᠦᠷᠭᠦᠯᠵᠢᠯᠡᠨ ᠦᠷᠭᠡᠳᠬᠡᠵᠦ᠂ 2017 ᠤᠨ ᠪᠤᠯᠳᠠᠯ᠎ᠠ ᠭᠤᠤᠯ | ᠬᠤᠳᠠ ᠲᠤᠭᠤᠷᠢᠭ ᠤᠨ ᠪᠠᠶᠢᠭᠤᠯᠤᠯᠳᠠ ᠶᠢᠨ ᠲᠠᠯᠠᠪᠠᠢ ᠶᠢ 105 ᠲᠡᠭᠰᠢ ᠲᠦᠷᠪᠡᠯᠵᠢᠨ ᠺᠢᠯᠤᠮᠧᠲᠷ ᠲᠤ ᠬᠦᠷᠭᠡᠵᠦ᠂ ᠬᠦᠮᠦᠨ ᠠᠮᠠ ᠶᠢ 110 ᠲᠦᠮᠡ ᠳᠤ | ᠬᠦᠷᠭᠡᠨ᠎ᠡ᠃ ᠰᠢᠨ᠎ᠡ ᠬᠠᠭᠤᠴᠢᠨ ᠬᠤᠳᠠ ᠲᠤᠭᠤᠷᠢᠭ ᠤᠨ ᠵᠡᠷᠭᠡᠪᠡᠷ ᠵᠤᠬᠢᠴᠠᠩᠭᠤᠢ ᠬᠦᠭᠵᠢᠬᠦ ᠶᠢ ᠠᠬᠢᠭᠤᠯᠵᠦ᠂ ᠬᠠᠭᠤᠴᠢᠨ ᠪᠠᠭ᠎ᠠ ᠲᠤᠭᠤᠷᠢᠭ᠂ ᠲᠦᠭᠦᠮ | ᠪᠦᠳᠦᠴᠡᠳᠦ ᠤᠷᠤᠨ ᠰᠠᠭᠤᠴᠠ ᠪᠤᠯᠤᠨ ᠬᠤᠳᠠ ᠶᠢᠨ ᠲᠤᠮᠳᠠᠬᠢ ᠲᠤᠰᠬᠤᠨ ᠢ ᠦᠭᠡᠷᠡᠴᠢᠯᠡᠬᠦ ᠠᠯᠬᠤᠴᠠ ᠶᠢ ᠲᠦᠷᠭᠡᠳᠭᠡᠨ᠂ ᠵᠡᠭᠡᠯᠢ ᠵᠠᠮ ᠬᠤᠭᠤᠯᠠᠢ ᠲᠤᠤᠷᠵᠢᠯ | ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢ ᠵᠤᠬᠢᠰᠳᠠᠢ | ᠲᠦᠯᠦᠪᠵᠢᠭᠦᠯᠦᠨ ᠪᠦᠳᠦᠭᠡᠨ ᠪᠠᠶᠢᠭᠤᠯᠤᠨ ᠦᠭᠡᠷᠡᠴᠢᠯᠡᠵᠦ᠂ ᠲᠦᠬᠦᠷ ᠦᠢᠯᠡᠴᠢᠯᠡᠭᠡᠨ ᠤ ᠴᠢᠳᠠᠪᠬᠢ ᠶᠢ ᠨᠢ ᠲᠡᠭᠦᠯᠳᠡᠷᠵᠢᠭᠦᠯᠦᠨ᠎ᠠ᠃ ᠭᠤᠤᠯ ᠬᠤᠳᠠ ᠲᠤᠭᠤᠷᠢᠭ | ᠤᠨ ᠲᠤᠭᠤᠷᠢᠮ ᠵᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠬᠤᠳᠠ ᠪᠠᠯᠭᠠᠰᠤᠨ ᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠰᠢᠰᠲ᠋ᠧᠮ ᠢ | ᠲᠡᠭᠦᠯᠳᠡᠷᠵᠢᠭᠦᠯᠵᠦ᠂ ᠬᠤᠳᠠ ᠶᠢᠨ ᠲᠤᠳᠤᠷᠠᠬᠢ ᠵᠠᠮ ᠰᠠᠭᠠᠳ ᠦᠭᠡᠢ ᠨᠡᠪᠳᠡᠷᠡᠬᠦ ᠶᠢ ᠪᠠᠳᠤᠯᠠᠨ᠎ᠠ᠃ ᠭᠤᠤᠯ ᠬᠤᠳᠠ ᠲᠤᠭᠤᠷᠢᠭ ᠤᠨ ᠪᠤᠵᠠᠷ ᠤᠰᠤ | ᠰᠢᠢᠳᠪᠦᠷᠢᠯᠡᠬᠦ᠂ ᠲᠤᠮᠳᠠ ᠤᠰᠤ ᠶᠢ ᠡᠭᠡᠭᠦᠯᠦᠨ ᠬᠡᠷᠡᠭᠯᠡᠬᠦ᠂ ᠬᠤᠭ ᠨᠤᠪᠰᠢ ᠶᠢ ᠬᠤᠤᠷᠳᠠᠯ ᠦᠭᠡᠢ ᠰᠢᠢᠳᠪᠦᠷᠢᠯᠡᠬᠦ ᠪᠠ ᠰᠠᠨ ᠽᠦᠸᠧ ᠳ᠋ᠢᠶᠠᠨ ᠠᠴᠠ ᠬᠤᠳᠠ | ᠲᠤᠭᠤᠷᠢᠭ ᠬᠦᠷᠳᠡᠯᠡᠬᠢ ᠤᠰᠤ ᠬᠦᠷᠬᠡᠬᠦ ᠬᠤᠭᠤᠯᠠᠢ ᠵᠡᠷᠭᠡ ᠢᠨᠵᠧᠨᠧᠷᠢᠩ ᠢ ᠨᠠᠶᠢᠳᠠᠪᠤᠷᠢᠵᠢᠭᠤᠯᠵᠦ᠂ ᠬᠤᠳᠠ ᠶᠢᠨ ᠬᠡᠢ ᠬᠠᠩᠭᠠᠬᠤ᠂ ᠢᠯᠴᠢ ᠬᠠᠩᠭᠠᠬᠤ᠂ ᠤᠰᠤ | ᠬᠠᠩᠭᠠᠬᠤ ᠵᠠᠯᠠᠬᠤ ᠶᠢᠨ ᠠᠶᠤᠯᠭᠦᠢ ᠶᠢ ᠦᠨᠡᠩᠬᠦ ᠪᠠᠳᠤᠯᠠᠨ᠎ᠠ᠃ ᠤᠷᠤᠨ ᠰᠠᠭᠤᠴᠠ ᠶᠢᠨ ᠪᠠᠷᠢᠯᠭ᠎ᠠ ᠶᠢᠨ ᠶᠠᠰᠦ ᠴᠢᠨᠠᠷ ᠲᠠᠬᠢ ᠬᠢᠨᠠᠯᠳᠠ ᠬᠠᠮᠢᠶᠠᠷᠤᠯᠳᠠ ᠪᠠᠨ | ᠴᠢᠩᠭᠠᠳᠬᠠᠵᠦ᠂ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠲᠡᠰ ᠲᠠᠪᠬᠤᠷᠭ᠎ᠠ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠭᠤᠤᠯᠳᠠᠯᠭᠠᠳᠠᠢ | ᠤᠷᠤᠨ ᠲᠤᠭᠤᠷᠢᠭ᠂ ᠭᠤᠤᠯ ᠴᠢᠬᠤᠯᠠ ᠬᠡᠰᠡᠭ ᠤᠨ ᠪᠠᠷᠢᠯᠭ᠎ᠠ ᠶᠢᠨ ᠬᠡᠪ ᠨᠠᠮᠪᠠ ᠶᠢ ᠨᠠᠷᠢᠯᠢᠭ ᠲᠦᠯᠦᠪᠯᠡᠵᠦ᠂ ᠢᠯᠡ ᠤᠨᠴᠠᠯᠢᠭ ᠲᠠᠢ ᠦᠵᠡᠮᠵᠢ ᠴᠢᠭ᠋ ᠢ ᠪᠤᠢ | ᠪᠤᠯᠭᠠᠨ᠎ᠠ᠃ ᠡᠨᠧᠷᠬᠢ ᠠᠷᠪᠢᠯᠠᠬᠤ ᠬᠤᠳᠠ ᠶᠢᠨ ᠪᠦᠳᠦᠭᠡᠨ ᠪᠠᠶᠢᠭᠤᠯᠤᠯᠳᠠ ᠶᠢ ᠬᠦᠴᠦᠳᠠᠢ ᠠᠬᠢᠭᠤᠯᠵᠦ᠂ ᠤᠤᠯ ᠤᠨ ᠪᠠᠷᠢᠯᠭ᠎ᠠ ᠶᠢᠨ ᠡᠨᠧᠷᠬᠢ ᠠᠷᠪᠢᠯᠠᠬᠤ | ᠦᠭᠡᠷᠡᠴᠢᠯᠡᠯᠳᠡ ᠶᠢ ᠲᠦᠷᠭᠡᠳᠬᠡᠵᠦ᠂ ᠰᠢᠨ᠎ᠡ ᠪᠠᠷᠢᠯᠭ᠎ᠠ ᠶᠢᠨ ᠡᠨᠧᠷᠬᠢ ᠠᠷᠪᠢᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠤᠯᠤᠰ ᠤᠨ ᠤᠢ ᠰᠢᠭᠤᠶᠢᠳᠦ | ᠬᠤᠳᠠ ᠶᠢ ᠪᠠᠶᠢᠭᠤᠯᠵᠦ᠂ ᠤᠯᠤᠰ ᠤᠨ ᠴᠡᠴᠡᠷᠯᠢᠭᠵᠢᠭᠰᠡᠨ ᠬᠤᠳᠠ ᠶᠢ ᠡᠭᠦᠳᠦᠨ ᠪᠠᠶᠢᠭᠤᠯᠤᠨ᠎ᠠ᠃ ᠬᠤᠳᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠴᠤᠭᠴᠠᠮᠵᠢ | ᠶᠢ ᠲᠡᠭᠦᠯᠳᠡᠷᠵᠢᠭᠦᠯᠵᠦ᠂ ᠬᠤᠳᠠ ᠶᠢᠨ ᠬᠠᠮᠢᠶᠠᠷᠤᠯᠳᠠ ᠶᠢᠨ ᠶᠠᠰᠦ ᠴᠢᠨᠠᠷ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠰᠢᠶᠠᠨ ᠤ ᠭᠡᠪᠴᠢᠶᠡᠳᠦ ᠠᠵᠦ ᠠᠬᠤᠢ ᠶᠢ | ᠲᠦᠷᠭᠡᠨ ᠭᠦᠭᠵᠢᠭᠦᠯᠵᠦ᠂ ᠬᠤᠳᠠ ᠭᠦᠳᠡᠭᠡ ᠶᠢᠨ ᠭᠡᠪᠴᠢᠶᠠᠨ ᠤ ᠵᠤᠭᠢᠴᠠᠩᠭᠤᠢ ᠭᠦᠭᠵᠢᠯᠳᠡ ᠶᠢ ᠨᠢᠭᠡᠳᠤᠯᠳᠡᠢ ᠲᠦᠯᠦᠪᠵᠢᠭᠦᠯᠦᠨ᠎ᠠ᠃ ᠬᠤᠰᠢᠭᠤ ᠰᠢᠶᠠᠨ ᠤ ᠵᠠᠰᠠᠭ | ᠤᠨ ᠤᠷᠳᠤᠨ ᠤ ᠰᠠᠭᠤᠭ᠎ᠠ ᠪᠠᠯᠭᠠᠰᠦ ᠶᠢᠨ ᠭᠡᠪᠴᠢᠶ᠎ᠠ ᠪᠠᠨ ᠦᠷᠭᠡᠳᠭᠡᠵᠦ᠂ ᠶᠠᠰᠦ ᠴᠢᠨᠡᠷ ᠢ ᠨᠢ ᠲᠡᠭᠡᠭᠰᠢᠯᠡᠭᠦᠯᠭᠦ ᠶᠢ ᠰᠠᠶᠢᠳᠤᠷ ᠠᠳᠬᠤᠵᠦ᠂ ᠬᠤᠳᠠ ᠶᠢᠨ ᠶᠠᠪᠤᠳᠠᠯ | ᠤᠨ ᠲᠦᠭᠦᠭᠡᠷᠤᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠪᠭᠢ ᠶᠢ ᠨᠢ ᠴᠢᠩᠭᠠᠳᠬᠠᠵᠦ᠂ ᠤᠷᠤᠨ ᠭᠠᠵᠠᠷ ᠲᠠᠭᠠᠨ ᠲᠤᠭᠢᠷᠠᠭᠤᠯᠤᠠᠠᠰᠠᠨ ᠤᠨᠴᠠᠯᠢᠠᠠᠳᠦ | ᠠᠵᠦ ᠦᠢᠯᠡᠰ ᠢ ᠪᠤᠢ ᠪᠤᠯᠭᠠᠵᠦ᠂ ᠨᠡᠩ ᠤᠯᠠᠨ ᠭᠦᠴᠦᠨ ᠵᠦᠢᠯ ᠪᠡ ᠲᠠᠪᠠᠭᠤᠯᠢᠠᠠᠳᠦ ᠡᠭᠢ ᠪᠠᠶᠠᠯᠢᠭ ᠢ ᠰᠢᠶᠠᠨ ᠤ ᠬᠤᠳᠠ ᠲᠡᠰᠢ ᠲᠦᠪᠯᠡᠷᠡᠭᠦᠯᠦᠨ᠎ᠠ ᠃ ᠲᠦᠷᠦᠯ | ᠬᠤᠪᠢᠶᠠᠨ ᠵᠢᠯᠤᠭᠤᠳᠬᠤ ᠶᠢ ᠴᠢᠩᠭᠠᠳᠬᠠᠵᠦ᠂ ᠵᠢᠱᠢᠶ᠎ᠠ ᠦᠵᠡᠭᠦᠯᠦᠨ ᠲᠠᠶᠢᠴᠢᠯᠠᠬᠤ ᠶᠢ ᠰᠠᠶᠢᠨ ᠭᠢᠵᠦ᠂ ᠠᠵᠦ ᠦᠢᠯᠡᠰ ᠤᠨ ᠲᠤᠯᠭᠠᠭᠤᠷᠢ ᠶᠢ ᠴᠢᠩᠳᠡᠯᠡᠵᠦ᠂ ᠨᠢᠭᠡ | ᠪᠦᠯᠦᠭ ᠲᠠᠶᠢᠴᠢᠯᠠᠬᠤ ᠭᠦᠴᠦᠨ ᠢᠶᠠᠷ ᠴᠢᠩᠭ᠎ᠠ ᠲᠤᠰᠬᠠᠶᠢᠵᠢᠠᠠᠰᠠᠨ ᠤᠨᠴᠠᠯᠢᠠᠠᠳᠦ ᠪᠠᠯᠭᠠᠰᠦ ᠶᠢ ᠪᠦᠳᠦᠭᠡᠨ ᠪᠠᠶᠢᠭᠤᠯᠤᠨ᠎ᠠ᠃ ᠨᠡᠶᠢᠭᠡᠮ ᠵᠢᠷᠦᠮᠳᠦ ᠰᠢᠨ᠎ᠡ ᠲᠠᠷᠢᠶᠠᠯᠠᠬᠤ | ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠬᠤᠳᠠ ᠪᠠᠯᠭᠠᠰᠤᠨ ᠤ ᠰᠠᠭᠤᠷᠢ ᠲᠤᠨᠤᠭ ᠲᠦᠬᠦᠭᠡᠷᠦᠮᠵᠢ ᠶᠢᠨ ᠲᠠᠷᠢᠶᠠᠯᠠᠬᠤ ᠮᠠᠯᠵᠢᠬᠤ | ᠤᠷᠤᠨ ᠲᠡᠰᠢ ᠤᠷᠳᠤᠳᠬᠤ ᠶᠢ ᠠᠬᠢᠭᠤᠯᠵᠦ᠂ ᠬᠤᠳᠠ ᠬᠦᠳᠡᠭᠡ ᠶᠢᠨ ᠤᠶᠠᠯᠳᠤᠯ ᠠᠵᠦ ᠦᠢᠯᠡᠰ ᠢ ᠲᠠᠷᠢᠶᠠᠯᠠᠬᠤ ᠮᠠᠯᠵᠢᠬᠤ ᠤᠷᠤᠨ ᠲᠡᠰᠢ ᠦᠷᠭᠡᠳᠬᠡᠵᠦ᠂ ᠤᠯᠠᠨ | ᠨᠡᠶᠢᠳᠡ ᠶᠢᠨ ᠡᠳ᠋ ᠤᠨ ᠵᠠᠰᠠᠭ ᠢ ᠲᠠᠷᠢᠶᠠᠯᠠᠬᠤ ᠮᠠᠯᠵᠢᠬᠤ ᠤᠷᠤᠨ ᠲᠡᠰᠢ ᠬᠡᠯᠪᠡᠶᠢᠯᠭᠡᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠨᠢ ᠲᠠᠷᠢᠶᠠᠯᠠᠬᠤ | ᠮᠠᠯᠵᠢᠬᠤ ᠤᠷᠤᠨ ᠢ ᠪᠦᠷᠬᠦᠬᠦ ᠶᠢ ᠠᠬᠢᠭᠤᠯᠵᠦ᠂ ᠬᠤᠳᠠ ᠬᠦᠳᠡᠭᠡ ᠶᠢᠨ ᠨᠢᠭᠡ ᠴᠤᠭᠴᠠᠯᠠᠬᠤ ᠠᠬᠢᠴᠠ ᠶᠢ ᠲᠦᠷᠭᠡᠳᠬᠡᠨ᠂ ᠬᠤᠳᠠ ᠬᠦᠳᠡᠭᠡ ᠶᠢᠨ ᠵᠤᠬᠢᠴᠠᠩᠭᠤᠢ | ᠬᠦᠭᠵᠢᠯᠳᠡ ᠶᠢ ᠪᠡᠶᠡᠯᠡᠭᠦᠯᠦᠨ᠎ᠡ᠃ | ᠨᠢᠭᠡᠳᠦᠯᠳᠠᠢ ᠲᠦᠯᠦᠪᠵᠢᠭᠦᠯᠵᠦ᠂ ᠵᠤᠬᠢᠰᠳᠠᠢ ᠤᠷᠢᠳᠴᠢᠯᠠᠬᠤ ᠵᠠᠷᠴᠢᠮ ᠶᠤᠰᠤᠭᠠᠷ ᠵᠠᠮ ᠬᠠᠷᠢᠯᠴᠠᠭᠠᠨ ᠤ ᠲᠡᠭᠡᠭᠡᠪᠦᠷᠢ ᠶᠢᠨ ᠴᠢᠳᠠᠪᠦᠷᠢ᠂ ᠡᠨᠧᠷᠭᠢ ᠶᠢ ᠭᠠᠳᠠᠭᠰᠢ | ᠬᠦᠷᠭᠡᠬᠦ ᠴᠢᠳᠠᠪᠦᠷᠢ ᠪᠤᠯᠤᠨ ᠤᠰᠤᠨ ᠪ᠊ ᠡᠬᠢ ᠰᠤᠷᠪᠤᠯᠵᠢ ᠶᠢᠨ ᠪᠠᠳᠤᠯᠠᠭ᠎ᠠ ᠶᠢᠨ ᠴᠢᠳᠠᠪᠦᠷᠢ ᠶᠢ ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠵᠦ᠂ ᠡᠯ᠎ᠡ ᠵᠦᠢᠯ ᠤᠨ | ᠰᠠᠭᠤᠷᠢ ᠲᠤᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠪᠢᠷᠠᠭᠤ ᠠᠴᠠ ᠰᠢᠯᠢ ᠶᠢᠨ ᠬᠤᠳᠠ ᠬᠦᠷᠬᠦ᠂ | ᠪᠢᠷᠠᠭᠤ ᠠᠴᠠ ᠳ᠋ᠠᠪᠠᠨ ᠬᠦᠷᠬᠦ ᠲᠦᠷᠭᠡᠨ ᠲᠠᠪᠬᠢᠬᠤ ᠵᠠᠰᠠᠮᠠᠯ ᠵᠠᠮ ᠢ ᠪᠠᠶᠢᠭᠤᠯᠵᠦ᠂ ᠬᠤᠳᠠ ᠲᠤᠳᠤᠷᠠᠬᠢ ᠵᠠᠰᠠᠮᠠᠯ ᠵᠠᠮ ᠤᠨ ᠲᠡᠷᠭᠡ ᠨᠡᠪᠳᠡᠷᠡᠬᠦ ᠨᠢᠭᠳᠠᠴᠠ ᠪᠠ ᠵᠠᠰᠠᠮᠠᠯ | ᠵᠠᠮ ᠤᠨ ᠲᠡᠰ ᠵᠡᠷᠭᠡ ᠢ ᠲᠡᠭᠡᠭᠰᠢᠯᠡᠭᠦᠯᠵᠦ᠂ 2017 ᠤᠨ ᠪᠤᠯᠳᠠᠯ᠎ᠠ ᠲᠡᠭᠡᠳᠦ ᠲᠡᠰ ᠤᠨ ᠵᠠᠰᠠᠮᠠᠯ ᠵᠠᠮ ᠤᠨ ᠤᠷᠳᠦ ᠶᠢ 1600 ᠺᠢᠯᠤᠮᠧᠲᠷ ᠠᠴᠠ ᠲᠠᠪᠠᠭᠤᠯᠵᠦ᠂ | ᠤᠯᠤᠰ ᠮᠤᠵᠢ ᠶᠢᠨ ᠭᠤᠤᠯ ᠱᠤᠭᠤᠮ ᠶᠢᠨ ᠬᠤᠶᠠᠳᠤᠭᠠᠷ ᠲᠡᠰ ᠠᠴᠠ ᠲᠡᠭᠡᠭᠰᠢᠬᠢ ᠵᠠᠰᠠᠮᠠᠯ ᠵᠠᠮ ᠢ 80% ᠠᠴᠠ ᠲᠡᠭᠡᠭᠰᠢ ᠳᠤ ᠬᠦᠷᠭᠡᠵᠦ᠂ ᠭᠠᠴᠠᠭ᠎ᠠ ᠲᠤᠰᠬᠤᠨ | ᠤ ᠴᠠᠷᠳᠠᠮᠠᠯ ᠵᠠᠮ ᠨᠡᠪᠳᠡᠷᠡᠬᠦ ᠨᠤᠷᠮ᠎ᠠ ᠶᠢ 80% ᠠᠴᠠ ᠲᠡᠭᠡᠭᠰᠢ ᠳᠤ ᠬᠦᠷᠭᠡᠨ᠎ᠡ᠃ ᠤᠯᠠᠭᠠᠨᠬᠠᠳᠠ᠂ ᠳ᠋ᠠᠪᠠᠨ ᠤ ᠲᠡᠮᠦᠷ ᠵᠠᠮ ᠤᠨ ᠭᠤᠤᠯ ᠬᠦᠢᠰᠦ ᠪᠤᠯᠤᠨ | ᠭᠤᠤᠯᠳᠠᠯᠭᠠᠳᠠᠢ ᠬᠦᠷᠢᠶᠡᠯᠡᠩ ᠲᠤᠭᠤᠷᠢᠭ ᠤᠨ ᠲᠠᠮᠦᠷ ᠵᠠᠮ ᠤᠨ ᠲᠤᠰᠬᠠᠢ ᠱᠤᠭᠤᠮ ᠢ ᠪᠦᠳᠦᠭᠡᠨ ᠪᠠᠶᠢᠭᠤᠯᠵᠦ᠂ ᠪᠠ ᠰᠢᠨ᠂ ᠯᠢᠨ ᠪᠠᠢ ᠲᠡᠮᠦᠷ ᠵᠠᠮ ᠤᠨ ᠪᠦᠳᠦᠭᠡᠨ | ᠪᠠᠶᠢᠭᠤᠯᠤᠯᠳᠠ ᠪᠤᠯᠤᠨ ᠵᠢᠢ ᠲᠦᠩ᠂ ᡂᠢ ᠳ᠋ᠠ ᠪᠠᠢ᠂ ᡂᠢ ᠶᠢᠨ ᠲᠡᠮᠦᠷ ᠵᠠᠮ ᠤᠨ ᠴᠢᠳᠡᠪᠬᠢ ᠶᠢ ᠨᠡᠮᠡᠭᠳᠡᠭᠦᠯᠬᠦ ᠲᠦᠷᠦᠯ ᠵᠦᠢᠯ ᠢ ᠪᠡᠶᠡᠯᠡᠭᠦᠯᠵᠦ᠂ ᠲᠡᠮᠦᠷ ᠵᠠᠮ | ᠤᠨ ᠲᠡᠭᠡᠭᠡᠪᠦᠷᠢ ᠶᠢᠨ ᠴᠢᠳᠠᠪᠦᠷᠢ ᠶᠢ 2.4 ᠳ᠋ᠦᠩᠰᠢᠭᠤᠷ ᠲᠤᠨ ᠳᠤ ᠬᠦᠷᠭᠡᠨ᠎ᠡ᠃ ᠨᠢᠰᠭᠡᠯ ᠤᠨ ᠪᠠᠭᠤᠳᠠᠯ ᠢ ᠦᠭᠡᠷᠡᠴᠢᠯᠡᠨ ᠦᠷᠭᠡᠳᠬᠡᠵᠦ᠂ ᠨᠢᠰᠭᠡᠯ ᠤᠨ ᠪᠠᠭᠤᠳᠠᠯ | ᠢ ᠨᠡᠭᠦᠯᠭᠡᠨ ᠪᠠᠶᠢᠭᠤᠯᠬᠤ ᠶᠢ ᠠᠬᠢᠭᠤᠯᠵᠦ᠂ ᠭᠤᠤᠯᠳᠠᠯᠭᠠᠳᠠᠢ ᠱᠤᠭᠤᠮ ᠤᠨ ᠨᠢᠰᠭᠡᠯ ᠤᠨ ᠪᠠᠭᠤᠳᠠᠯ ᠪᠠ ᠬᠠᠮᠳᠦᠪᠡᠷ ᠬᠡᠷᠡᠭᠯᠡᠬᠦ ᠨᠢᠰᠭᠡᠯ ᠤᠨ ᠪᠠᠭᠤᠳᠠᠯ ᠤᠨ ᠪᠦᠳᠦᠭᠡᠨ | ᠪᠠᠶᠢᠭᠤᠯᠤᠯᠳᠠ ᠶᠢ ᠲᠦᠷᠭᠡᠳᠬᠡᠨ᠎ᠡ᠃ ᠰᠢᠷᠠᠮᠦ᠋ᠷᠡᠨ ᠭᠤᠤᠯ᠂ ᠯᠤᠤᠬ᠎ᠠ ᠶᠢᠨ ᠭᠤᠤᠯ ᠵᠡᠷᠭᠡ ᠭᠤᠤᠯᠳᠠᠯᠭᠠᠳᠠᠢ ᠰᠠᠯᠪᠦᠷᠢ ᠤᠷᠤᠰᠬᠠᠯ ᠪᠤᠯᠤᠨ ᠲᠤᠮᠳᠠ ᠵᠢᠵᠢᠭ ᠭᠤᠤᠯ | ᠤᠨ ᠤᠷᠤᠰᠬᠠᠯ ᠢ ᠵᠠᠰᠠᠬᠤ ᠶᠢ ᠠᠬᠢᠭᠤᠯᠵᠦ᠂ ᠳ᠋ᠦᠩ ᠲᠠᠶᠢᠽᠢ᠂ ᠬᠤ᠋ ᠫᠦᠸᠧ ᠭᠸᠦ ᠤᠰᠤᠨ ᠴᠦᠭᠦᠷᠤᠮ ᠢ ᠪᠦᠳᠦᠭᠡᠨ ᠪᠠᠶᠢᠭᠤᠯᠵᠦ᠂ ᠡᠮᠵᠢᠭ ᠠᠶᠤᠯᠳᠠᠢ ᠤᠰᠤᠨ | ᠴᠦᠭᠦᠷᠦᠮ ᠤᠰᠤᠨ ᠬᠠᠰᠢᠯᠭ᠎ᠠ ᠶᠢ ᠪᠠᠬᠢᠯᠡᠵᠦ ᠵᠠᠰᠠᠬᠤ᠂ ᠲᠤᠮᠤ ᠲᠤᠮᠳᠠ ᠬᠡᠯᠪᠡᠷᠢ ᠶᠢᠨ ᠤᠰᠤᠯᠤᠯᠳᠠ ᠶᠢᠨ ᠲᠤᠭᠤᠷᠢᠭ ᠢ ᠦᠷᠭᠦᠯᠵᠢᠯᠡᠨ ᠲᠦᠬᠦᠷᠵᠢᠭᠦᠯᠬᠦ ᠪᠠ | ᠲᠠᠷᠢᠶᠠᠨ ᠭᠠᠵᠠᠷ ᠨᠤᠳᠤᠭ ᠪᠡᠯᠴᠢᠭᠡᠷ ᠤᠨ ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠨᠠᠶᠢᠳᠠᠪᠤᠷᠢᠵᠢᠭᠤᠯᠵᠦ᠂ ᠦᠶᠡᠷ ᠰᠡᠷᠭᠡᠶᠢᠯᠡᠬᠦ᠂ | ᠭᠠᠩ ᠬᠠᠭᠰᠠᠷᠭᠠᠨ ᠢ ᠡᠰᠡᠷᠭᠦᠴᠡᠬᠦ ᠵᠢᠴᠢ ᠬᠤᠳᠠ ᠬᠦᠳᠡᠭᠡ ᠶᠢᠨ ᠤᠰᠤ ᠬᠠᠩᠭᠠᠬᠤ ᠶᠢ ᠪᠠᠳᠤᠯᠠᠬᠤ ᠴᠢᠳᠠᠪᠦᠷᠢ ᠶᠢ ᠲᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ | ᠤᠨ ᠤᠰᠤᠨ ᠠᠰᠢᠭᠯᠠᠯᠳᠠ ᠶᠢ ᠶᠡᠬᠡᠪᠡᠷ ᠬᠦᠭᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠢᠳᠡᠬᠦ ᠤᠰᠤᠨ ᠤ ᠠᠶᠤᠯᠬᠦᠢ ᠶᠢ ᠪᠠᠳᠤᠯᠠᠨ᠎ᠠ᠃ | ᠬᠤᠳᠠ ᠬᠦᠳᠡᠭᠡ ᠶᠢᠨ ᠴᠠᠬᠢᠯᠭᠠᠨ ᠲᠤᠤᠷᠵᠢᠯ ᠢ ᠪᠦᠳᠦᠭᠡᠨ ᠪᠠᠶᠢᠭᠤᠯᠵᠦ ᠦᠭᠡᠷᠡᠴᠢᠯᠡᠬᠦ ᠶᠢ ᠠᠬᠢᠭᠤᠯᠵᠦ᠂ ᠪᠦᠬᠦ ᠬᠤᠳᠠ ᠳᠤ ᠨᠡᠪᠳᠡᠷᠡᠭᠰᠡᠨ 500 ᠺᠢᠯᠤᠸᠤᠯᠲ | ᠭᠤᠤᠯ ᠲᠤᠤᠷᠵᠢᠯ ᠪᠠ ᠬᠤᠳᠠ ᠬᠦᠳᠡᠭᠡ ᠶᠢ ᠬᠠᠮᠤᠷᠠᠭᠰᠠᠨ 220 ᠺᠢᠯᠤᠸᠤᠯᠲ ᠤᠨ ᠲᠤᠭᠤᠷᠢᠮ ᠬᠡᠯᠪᠡᠷᠢᠳᠦ ᠴᠠᠬᠢᠯᠭᠠᠨ ᠬᠤᠪᠢᠰᠬᠠᠵᠦ ᠬᠦᠷᠬᠡᠭᠦ ᠲᠤᠤᠷᠵᠢᠯ | ᠪᠠᠶᠢᠭᠤᠯᠬᠤ ᠶᠢ ᠪᠡᠶᠡᠯᠡᠭᠦᠯᠦᠨ᠎ᠡ᠃ ᠶᠠᠩ ᠱᠦ ᠭᠸᠦ ᠮᠧᠨ ᠠᠴᠠ ᠴᠢᠩ ᠱᠠᠨ ᠬᠦᠷᠬᠦ 500 ᠺᠢᠯᠤᠸᠤᠯᠲ ᠤᠨ ᠰᠠᠯᠬᠢᠨ ᠴᠠᠬᠢᠯᠭᠠᠨ ᠤ ᠲᠤᠰᠬᠠᠢ ᠨᠡᠪᠳᠡᠷᠡᠬᠦ ᠱᠤᠭᠤᠮ | ᠢ ᠪᠦᠳᠦᠭᠡᠨ ᠪᠠᠶᠢᠭᠤᠯᠬᠤ ᠶᠢ ᠠᠬᠢᠭᠤᠯᠵᠦ᠂ ᠤᠯᠠᠭᠠᠨᠬᠠᠳᠠ ᠠᠴᠠ ᠬᠦᠬᠡᠮᠦ᠋ᠷᠡᠨ ᠤ ᠭᠤᠷᠪᠠᠯᠵᠢᠨ ᠬᠤᠶᠢᠭ ᠬᠦᠷᠬᠦ ±800 ᠺᠢᠯᠤᠸᠤᠯᠲ ᠶᠢᠨ ᠤᠨᠴᠡ ᠦᠨᠳᠦᠷ | ᠲᠠᠷᠤᠯᠳᠠᠳᠦ ᠴᠠᠬᠢᠯᠭᠠᠨ ᠰᠢᠭᠤᠳ ᠬᠦᠷᠭᠡᠬᠦ ᠱᠤᠭᠤᠮ ᠢ ᠡᠬᠢᠯᠡᠨ ᠪᠠᠶᠢᠭᠤᠯᠤᠨ᠎ᠠ᠃ ᠬᠡᠰᠢᠭᠳᠡᠨ ᠠᠴᠠ ᠤᠯᠠᠭᠠᠨᠬᠠᠳᠠ ᠬᠤᠳᠠ ᠲᠤᠭᠤᠷᠢᠭ ᠵᠢᠴᠢ ᠡᠯ᠎ᠡ ᠬᠤᠰᠢᠭᠤ | ᠰᠢᠶᠠᠨ ᠲᠤᠭᠤᠷᠢᠭ ᠲᠤ ᠬᠦᠷᠬᠦ ᠬᠡᠢ ᠬᠦᠷᠭᠡᠬᠦ ᠬᠤᠭᠤᠯᠠᠢ ᠱᠤᠭᠤᠮ ᠤᠨ ᠪᠦᠳᠦᠭᠡᠨ ᠪᠠᠶᠢᠭᠤᠯᠤᠯᠳᠠ ᠶᠢ ᠨᠠᠶᠢᠳᠠᠪᠦᠷᠢᠵᠢᠭᠤᠯᠵᠦ᠂ ᠴᠤᠤᠶᠠᠩ ᠠᠴᠠ ᠤᠯᠠᠭᠠᠨᠬᠠᠳᠠ | ᠬᠤᠳᠠ ᠲᠤᠭᠤᠷᠢᠭ ᠬᠦᠷᠬᠦ ᠬᠡᠢ ᠬᠦᠷᠭᠡᠬᠦ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠦᠨ᠎ᠡ᠃ | ︵ᠲᠠᠪᠤ︶ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠦᠴᠦᠳᠠᠢ ᠠᠬᠢᠭᠤᠯᠵᠦ᠂ ᠦᠷᠭᠦᠯᠵᠢᠯᠡᠨ ᠬᠦᠭᠵᠢᠬᠦ ᠴᠢᠳᠠᠪᠦᠷᠢ ᠶᠢ ᠨᠡᠮᠡᠭᠳᠡᠭᠦᠯᠦᠨ᠎ᠡ | ︽ᠠᠮᠢ ᠠᠬᠤᠢ ᠪᠠᠷ ᠬᠤᠳᠠ ᠪᠠᠨ ᠪᠠᠶᠢᠭᠤᠯᠬᠤ︾ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ ᠪᠠᠷᠢᠮᠳᠠᠯᠠᠵᠦ᠂ ᠡᠬᠡ ᠪᠠᠶᠢᠭᠠᠯᠢ ᠶᠢ ᠬᠦᠨᠳᠦᠳᠬᠡᠵᠦ᠂ ᠡᠬᠡ | ᠪᠠᠶᠢᠭᠠᠯᠢ ᠲᠠᠢ ᠵᠤᠬᠢᠴᠠᠨ᠂ ᠡᠬᠡ ᠪᠠᠶᠢᠭᠠᠯᠢ ᠶᠢ ᠬᠠᠮᠠᠭᠠᠯᠠᠬᠤ ᠠᠮᠢ ᠠᠬᠤᠢ ᠶᠢᠨ ᠪᠤᠯᠪᠠᠰᠤᠨ ᠤᠬᠠᠭᠳᠠᠭᠤᠨ ᠶᠢ ᠪᠠᠳᠦ ᠪᠠᠬᠢ ᠪᠤᠢ ᠪᠤᠯᠭᠠᠵᠦ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠠᠯ᠎ᠠ ᠬᠢᠭᠡᠳ ᠪᠦᠬᠦ ᠶᠠᠪᠤᠴᠠ ᠳᠤ ᠨᠡᠪᠴᠢᠭᠡᠨᠡ᠃ ᠪᠡᠭᠡᠵᠢᠩ ᠲᠢᠶᠠᠨᠵᠢᠨ ᠤ | ᠡᠯᠡᠰᠦ ᠰᠠᠯᠬᠢᠨ ᠤ ᠡᠬᠢ ᠰᠤᠷᠪᠤᠯᠵᠢ ᠶᠢ ᠵᠠᠰᠠᠬᠤ ᠬᠤᠶᠠᠳᠤᠭᠠᠷ ᠬᠤᠭᠤᠴᠠᠭ᠎ᠠ ᠪᠠ ᠭᠤᠷᠪᠠᠨ ᠤᠮᠠᠷᠠᠳᠦ ᠶᠢᠨ ᠬᠠᠯᠬᠠᠪᠴᠢ ᠤᠢ ᠶᠢᠨ ᠪᠦᠳᠦᠭᠡᠨ ᠪᠠᠶᠢᠭᠤᠯᠤᠯᠳᠠ | ᠵᠡᠷᠭᠡ ᠤᠯᠤᠰ ᠤᠨ ᠭᠤᠤᠯᠳᠠᠯᠭᠠᠳᠠᠢ ᠢᠨᠵᠧᠨᠧᠷᠢᠩ ᠳᠤ ᠨᠠᠶᠢᠳᠠᠨ ᠲᠦᠰᠢᠭᠯᠡᠵᠦ᠂ ᠡᠯᠡᠰᠤᠷᠬᠡᠭ ᠭᠠᠵᠠᠷ ᠢ ᠵᠠᠰᠠᠬᠤ᠂ ᠤᠰᠤᠨ ᠰᠤᠷᠪᠤᠯᠵᠢ ᠠᠬᠠᠤᠭᠤᠯᠬᠤ ᠤᠢ ᠶᠢᠨ | ᠪᠦᠳᠦᠭᠡᠨ ᠪᠠᠶᠢᠭᠤᠯᠤᠯᠳᠠ ᠪᠤᠯᠤᠨ ᠲᠤᠤᠷ᠎ᠠ ᠦᠷ᠎ᠡ ᠠᠰᠢᠭᠳᠦ ᠤᠢ ᠶᠢ ᠦᠭᠡᠷᠡᠴᠢᠯᠡᠬᠦ ᠶᠢ ᠰᠠᠶᠢᠳᠤᠷ ᠠᠳᠬᠤᠵᠦ᠂ 1500 ᠲᠦᠮᠡᠨ ᠮᠦ ᠬᠠᠶᠢᠯᠠᠷ ᠨᠠᠷᠠᠰᠤᠨ ᠤ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠨ ᠨᠠᠶᠢᠳᠠᠪᠤᠷᠢᠵᠢᠭᠤᠯᠵᠦ᠂ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ | 1000 ᠲᠦᠮᠡᠨ ᠮᠤ᠋ ᠪᠡᠶᠡᠯᠡᠭᠦᠯᠦᠨ᠎ᠡ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠦᠷᠢᠵᠢᠭᠤᠯᠵᠦ᠂ ᠮᠠᠯᠵᠢᠬᠤ ᠶᠢ ᠴᠠᠭᠠᠵᠠᠯᠠᠨ ᠪᠢᠳᠡᠭᠦᠮᠵᠢᠯᠡᠨ ᠤᠷᠭᠤᠭᠤᠯᠬᠤ᠂ ᠮᠠᠯᠵᠢᠬᠤ ᠪᠠᠨ ᠵᠤᠭᠰᠤᠵᠦ ᠡᠭᠡᠯᠵᠢᠯᠡᠨ ᠮᠠᠯᠵᠢᠬᠤ᠂ ᠪᠡᠯᠴᠢᠭᠡᠷ | ᠮᠠᠯ ᠢ ᠲᠡᠩᠴᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠠᠶᠠᠨᠳᠠᠭᠠᠨ ᠰᠡᠷᠭᠦᠬᠦ ᠪᠠᠷ ᠲᠠᠮᠵᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠤᠨ᠎ᠠ᠃ ᠠᠮᠢ ᠠᠬᠤᠢ ᠶᠢᠨ ᠬᠠᠮᠢᠶᠠᠷᠤᠯᠳᠠ ᠪᠠᠨ ᠴᠢᠩᠭᠠᠳᠬᠠᠵᠦ᠂ ᠡᠯ᠎ᠡ ᠵᠦᠢᠯ ᠤᠨ ᠠᠮᠢ ᠠᠬᠤᠢ ᠶᠢ ᠡᠪᠳᠡᠬᠦ ᠠᠵᠢᠯᠯᠠᠭ᠎ᠠ ᠶᠢ ᠡᠷᠡᠰ | ᠬᠤᠷᠢᠭᠯᠠᠨ ᠴᠤᠬᠢᠯᠳᠡ ᠦᠭᠭᠦᠨ᠎ᠡ᠃ ᠲᠠᠷᠢᠶᠠᠯᠠᠩ ᠮᠠᠯᠵᠢᠯ ᠬᠤᠯᠢᠯᠳᠤᠵᠦ ᠪᠠᠶᠢᠭ᠎ᠠ ᠭᠠᠵᠠᠷ ᠤᠨ ᠲᠠᠷᠢᠵᠦ ᠲᠡᠵᠢᠭᠡᠬᠦ ᠳᠤ ᠲᠤᠬᠢᠷᠠᠬᠤ ᠦᠭᠡᠢ ᠭᠠᠵᠠᠷ ᠰᠢᠷᠦᠢ ᠳᠤ | ᠲᠠᠷᠢᠶᠠᠯᠠᠵᠦ ᠮᠠᠯᠵᠢᠬᠤ ᠪᠠᠨ ᠢᠳᠡᠪᠬᠢᠳᠠᠢ ᠵᠤᠭᠰᠤᠵᠦ᠂ ᠡᠪᠡᠰᠦ ᠮᠤᠳᠤ ᠲᠠᠷᠢᠵᠦ᠂ ᠤᠢ ᠡᠪᠡᠰᠤᠨ ᠤ ᠦᠢᠯᠡᠰ ᠢ ᠶᠡᠬᠡᠪᠡᠷ ᠬᠦᠭᠵᠢᠭᠦᠯᠦᠨ᠂ ᠠᠮᠢ ᠠᠬᠤᠢ ᠶᠢᠨ | ᠪᠦᠳᠦᠭᠡᠨ ᠪᠠᠶᠢᠭᠤᠯᠤᠯᠳᠠ ᠶᠢᠨ ᠨᠡᠶᠢᠭᠡᠮ ᠤᠨ ᠦᠷ᠎ᠡ ᠠᠰᠢᠭ᠂ ᠠᠵᠦ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠤᠷᠴᠢᠨ ᠲᠤᠭᠤᠷᠢᠨ ᠤ ᠬᠢᠨᠠᠯᠳᠠ | ᠬᠠᠮᠢᠶᠠᠷᠤᠯᠳᠠ ᠪᠠᠨ ᠴᠢᠩᠳᠠᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠤᠷᠴᠢᠨ ᠲᠤᠭᠤᠷᠢᠨ ᠢ ᠡᠪᠳᠡᠪᠡᠯ | ᠲᠦᠯᠦᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠭᠤᠷᠬᠠᠢ ᠶᠢᠨ ᠲᠤᠭᠤᠷᠢᠭ ᠤᠨ ᠠᠮᠢ ᠠᠬᠤᠢ ᠶᠢᠨ ᠬᠠᠮᠠᠭᠠᠯᠠᠯᠳᠠ ᠪᠠ ᠤᠷᠴᠢᠨ ᠲᠤᠭᠤᠷᠢᠨ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠦ᠂ ᠪᠤᠬᠢᠷᠳᠤᠯ ᠦᠭᠡᠢ ᠠᠭᠤᠷᠬᠠᠢ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠤᠬᠢᠷᠳᠤᠯ | ᠪᠤᠳᠠᠰ ᠢ ᠪᠠᠭᠠᠰᠬᠠᠬᠤ ᠠᠵᠢᠯ ᠢ ᠰᠠᠶᠢᠳᠤᠷ ᠬᠢᠵᠦ᠂ ᠤᠰᠤ᠂ ᠶᠡᠭᠡ ᠠᠭᠠᠷ᠂ ᠰᠢᠷᠦᠢ᠂ ᠬᠠᠳᠠᠭᠤ ᠪᠡᠶᠡᠳᠦ ᠬᠠᠶ᠋ᠬᠠᠳᠠᠮᠠᠯ ᠤᠨ ᠪᠤᠭᠢᠷᠳᠤᠯ ᠢ ᠵᠠᠰᠠᠬᠤ ᠪᠡ ᠤᠷᠴᠢᠨ | ᠲᠤᠭᠤᠷᠢᠨ ᠤ ᠲᠦᠭᠰᠢᠭᠦᠷᠢ ᠶᠢ ᠭᠢᠵᠠᠭᠠᠷᠯᠠᠬᠤ ᠶᠢ ᠭᠡᠷᠡᠭᠵᠢᠭᠦᠯᠵᠦ᠂ ᠭᠦᠳᠡᠭᠡ ᠲᠤᠰᠬᠤᠨ ᠮᠠᠯᠵᠢᠬᠤ ᠤᠷᠤᠨ ᠤ ᠤᠷᠴᠢᠨ ᠲᠤᠭᠤᠷᠢᠨ ᠤ ᠪᠤᠭᠢᠷᠳᠤᠯ ᠤᠨ | ᠶᠡᠷᠦᠩᠬᠡᠶᠢᠯᠡᠭᠰᠡᠨ ᠵᠠᠰᠠᠯᠳᠠ ᠶᠢ ᠡᠭᠢᠯᠡᠵᠦ᠂ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠢᠱᠢᠶᠠᠴᠢ ᠬᠤᠳᠠ ᠶᠢ ᠡᠭᠦᠳᠦᠨ ᠪᠠᠶᠢᠭᠤᠯᠤᠨ᠎ᠠ᠃ ᠭᠠᠮᠰᠢᠭ | ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠦ᠂ ᠴᠠᠭ ᠠᠭᠤᠷ᠂ ᠭᠠᠵᠠᠷ ᠰᠢᠨᠵᠢᠯᠡᠭᠡᠨ᠂ ᠭᠠᠵᠠᠷ ᠬᠦᠳᠡᠯᠤᠯᠳᠡ ᠶᠢᠨ | ᠭᠠᠮᠰᠢᠭ ᠢ ᠰᠡᠷᠭᠡᠶᠢᠯᠡᠬᠦ ᠴᠢᠳᠠᠪᠦᠷᠢ ᠪᠠᠨ ᠲᠡᠭᠡᠭᠰᠢᠯᠡᠭᠦᠯᠦᠨ᠎ᠡ᠃ | ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠦ ᠠᠰᠢᠭᠯᠠᠬᠤ ᠪᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠴᠢᠬᠤᠯᠠ ᠠᠷᠭ᠎ᠠ ᠵᠠᠮ ᠪᠤᠯᠭᠠᠬᠤ ᠶᠢ | ᠪᠠᠷᠢᠮᠳᠠᠯᠠᠵᠦ᠂ ᠠᠰᠢᠭᠯᠠᠬᠤ ᠠᠷᠭ᠎ᠠ ᠬᠡᠮᠵᠢᠶ᠎ᠡ ᠪᠠᠨ ᠲᠦᠷᠭᠡᠨ ᠬᠤᠪᠢᠷᠠᠭᠤᠯᠵᠦ᠂ ᠪᠦᠬᠦ ᠲᠠᠯ᠎ᠠ᠂ ᠪᠦᠬᠦ ᠶᠠᠪᠤᠴᠠ ᠳᠠᠬᠢ ᠠᠷᠪᠢᠯᠠᠨ ᠭᠠᠮᠨᠠᠬᠤ ᠬᠠᠮᠢᠶᠠᠷᠦᠯᠳᠠ ᠶᠢ | ᠴᠢᠩᠭᠠᠳᠬᠠᠵᠦ᠂ ᠠᠰᠢᠭᠯᠠᠯᠳᠠ ᠶᠢᠨ ᠨᠤᠷᠮ᠎ᠠ ᠪᠠ ᠦᠷ᠎ᠡ ᠠᠰᠢᠭ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠠᠭᠤᠷᠬᠠᠢ ᠶᠢᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠲᠦᠯᠦᠪᠵᠢᠭᠦᠯᠦᠨ᠂ ᠵᠤᠬᠢᠰᠳᠠᠢ ᠨᠡᠭᠡᠭᠡᠨ ᠠᠰᠢᠭᠯᠠᠵᠦ᠂ ᠪᠦᠳᠦᠮᠵᠢᠳᠠᠢ ᠨᠢᠳᠭᠡᠨ᠂ ᠬᠠᠶᠢᠬᠤ ᠮᠠᠯᠳᠠᠬᠤ ᠰᠤᠩᠭᠤᠬᠤ ᠬᠠᠶᠢᠯᠤᠭᠤᠯᠬᠤ | ᠪᠤᠯᠪᠠᠰᠤᠷᠠᠭᠤᠯᠬᠤ ᠶᠢ ᠨᠢᠭᠡ ᠴᠤᠭᠴᠠ ᠪᠤᠯᠭᠠᠨ ᠬᠦᠭᠵᠢᠬᠦᠯᠬᠦ ᠶᠢ ᠠᠬᠢᠭᠤᠯᠵᠦ᠂ ᠠᠭᠤᠷᠬᠠᠢ ᠶᠢᠨ ᠪᠤᠯᠠᠭᠳᠠᠴᠠ ᠶᠢᠨ ᠡᠬᠢ ᠪᠠᠶᠠᠯᠢᠭ ᠢ ᠶᠡᠷᠦᠩᠬᠢᠯᠡᠨ ᠠᠰᠢᠭᠯᠠᠬᠤ | ᠲᠦᠪᠰᠢᠨ ᠢ ᠲᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠦ ᠪᠤᠬᠢᠷᠳᠤᠯ ᠢ ᠪᠠᠭᠠᠰᠬᠠᠬᠤ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠲᠡᠯᠭᠡᠷᠡᠭᠦᠯᠦᠨ ᠬᠡᠷᠡᠭᠯᠡᠬᠦ ᠶᠢ ᠲᠡᠮᠵᠢᠵᠦ᠂ | ︽ᠭᠤᠷᠪᠠᠨ ᠬᠠᠶᠠᠭᠳᠠᠮᠠᠯ︾ ᠢ ᠲᠦᠪᠯᠡᠷᠡᠭᠦᠯᠦᠨ ᠰᠢᠢᠳᠪᠦᠷᠢᠯᠡᠬᠦ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠤᠷᠴᠢᠯ ᠠᠵᠦ ᠠᠬᠤᠢ ᠶᠢ ᠬᠦᠭᠵᠢᠭᠦᠯᠦᠨ᠂ ᠨᠢᠭᠡ | ᠪᠦᠯᠦᠭ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠲᠡᠰ ᠤᠨ ᠤᠷᠴᠢᠯ ᠠᠵᠦ ᠠᠬᠤᠢ ᠶᠢᠨ ᠬᠦᠷᠢᠶᠡᠯᠡᠩ ᠲᠤᠭᠤᠷᠢᠭ ᠢ ᠪᠦᠳᠦᠭᠡᠨ ᠪᠠᠶᠢᠭᠤᠯᠤᠨ᠎ᠠ᠃ | ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠬᠠᠮᠤᠭ ᠴᠢᠩᠭ᠎ᠠ ᠬᠠᠳᠠᠭᠤ ᠲᠦᠷᠢᠮ ᠲᠤᠭᠳᠠᠭᠠᠯ ᠢ ᠬᠡᠷᠡᠭᠵᠢᠭᠦᠯᠵᠦ᠂ ᠦᠢᠯᠡᠳᠪᠦᠷᠢᠯᠡᠯ᠂ ᠠᠮᠢᠳᠤᠷᠠᠯ ᠪᠠ | ᠠᠮᠢ ᠠᠬᠤᠢ ᠶᠢᠨ ᠬᠡᠷᠡᠭᠯᠡᠭᠡᠨ ᠤ ᠤᠰᠤ ᠶᠢ ᠨᠢᠭᠡᠳᠤᠯᠳᠠᠢ ᠲᠦᠯᠦᠪᠵᠢᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠤᠰᠤ ᠠᠷᠪᠢᠯᠠᠬᠤ ᠮᠡᠷᠭᠡᠵᠢᠯ ᠤᠨ ᠬᠡᠷᠡᠭᠯᠡᠯᠡᠳᠡ | ᠶᠢ ᠬᠦᠴᠦᠳᠠᠢ ᠠᠬᠢᠭᠤᠯᠵᠦ᠂ ᠠᠵᠦ ᠦᠢᠯᠡᠳᠪᠦᠷᠢ ᠨᠢ ᠭᠠᠵᠠᠷ ᠲᠤᠤᠷᠠᠬᠢ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠦ᠂ ᠪᠦᠬᠦ ᠨᠡᠶᠢᠭᠡᠮ ᠤᠨ ᠤᠰᠤ ᠠᠷᠪᠢᠯᠠᠬᠤ | ᠤᠬᠠᠮᠰᠠᠷ ᠢ ᠴᠢᠩᠭᠠᠳᠬᠠᠨ᠎ᠠ᠃ ᠲᠠᠷᠢᠶᠠᠨ ᠭᠠᠵᠠᠷ ᠢ ᠴᠢᠩᠭ᠎ᠠ ᠬᠠᠮᠠᠭᠠᠯᠠᠵᠦ᠂ ᠭᠠᠵᠠᠷ ᠰᠢᠷᠦᠢ ᠶᠢᠨ ᠬᠡᠷᠡᠭᠯᠡᠭᠡᠨ ᠤ ᠬᠠᠮᠢᠶᠠᠷᠤᠯᠳᠠ ᠶᠢᠨ ᠲᠦᠷᠢᠮ ᠢ ᠴᠢᠩᠭᠠᠳᠬᠠᠵᠦ᠂ | ᠭᠠᠵᠠᠷ ᠰᠢᠷᠦᠢ ᠶᠢ ᠠᠷᠪᠢᠯᠠᠨ ᠡᠷᠴᠢᠮᠵᠢᠭᠦᠯᠦᠨ ᠠᠰᠢᠭᠯᠠᠨ᠎ᠠ᠃ | ︵ᠵᠢᠷᠭᠤᠭ᠎ᠠ︶ ᠦᠭᠡᠷᠡᠴᠢᠯᠡᠯᠡᠳᠡ ᠨᠡᠭᠡᠭᠡᠯᠳᠡ ᠪᠠᠨ ᠭᠦᠨᠵᠡᠭᠡᠶᠢᠷᠡᠭᠦᠯᠵᠦ᠂ ᠬᠦᠭᠵᠢᠯᠳᠡ ᠶᠢᠨ ᠬᠦᠳᠡᠯᠭᠡᠬᠦ ᠬᠦᠴᠦᠨ ᠪᠤᠯᠤᠨ ᠠᠮᠢᠵᠢᠷᠠᠯ ᠤᠨ ᠬᠦᠴᠦᠨ ᠢᠶᠠᠨ | ᠨᠡᠮᠡᠭᠳᠡᠭᠦᠯᠦᠨ᠎ᠡ ᠦᠭᠡᠷᠡᠴᠢᠯᠡᠯᠳᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠮᠢᠵᠢᠷᠠᠯ ᠤᠨ ᠬᠦᠴᠦᠨ ᠢ ᠬᠦᠭᠵᠢᠭᠡᠬᠦ ᠦᠨᠳᠦᠰᠦᠨ ᠠᠷᠭ᠎ᠠ ᠵᠠᠮ ᠪᠤᠯᠭᠠᠬᠤ ᠶᠢ | ᠪᠠᠷᠢᠮᠳᠠᠯᠠᠵᠦ᠂ ᠡᠯ᠎ᠡ ᠵᠦᠢᠯ ᠤᠨ ᠦᠭᠡᠷᠡᠴᠢᠯᠡᠯᠳᠡ ᠶᠢ ᠯᠠᠪᠳᠠᠭᠤᠨ ᠠᠬᠢᠭᠤᠯᠤᠨ᠎ᠠ᠃ ᠤᠯᠤᠰ ᠤᠨ ᠦᠮᠴᠢᠯᠡᠯᠳᠦ ᠠᠵᠦ ᠠᠬᠤᠶᠢᠯᠠᠯ ᠤᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠦᠨ᠋᠂ ᠤᠯᠤᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ ᠶᠢ ᠲᠡᠭᠦᠯᠳᠡᠷᠵᠢᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠲᠦᠷᠦᠯ | ᠬᠤᠪᠢᠶᠠᠬᠤ ᠦᠭᠡᠷᠡᠴᠢᠯᠡᠯᠳᠡ ᠶᠢ ᠠᠬᠢᠭᠤᠯᠤᠨ᠎ᠠ᠃ ᠪᠠᠶᠢᠭᠤᠯᠤᠮᠵᠢ ᠶᠢᠨ ᠤᠷᠤᠨ ᠲᠤᠭ᠎ᠠ ᠶᠢ ᠴᠢᠩᠭ᠎ᠠ ᠬᠢᠵᠠᠭᠠᠷᠯᠠᠵᠦ᠂ ᠵᠠᠰᠠᠭ ᠵᠠᠬᠢᠷᠭᠠᠨ ᠤ ᠡᠬᠡ ᠦᠷᠳᠡᠭ ᠢ | ᠪᠠᠭᠤᠷᠠᠭᠤᠯᠤᠨ᠎ᠠ᠃ ᠪᠡᠯᠡ ᠤᠷᠤᠭᠤᠯᠤᠨ ᠪᠡᠯᠡ ᠭᠦᠢᠯᠭᠡᠭᠡᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠵᠦ᠂ ᠨᠡᠶᠢᠭᠡᠮ ᠤᠨ ᠢᠳᠡᠬᠡᠮᠵᠢ ᠶᠢᠨ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠳᠬᠠᠵᠦ᠂ ᠮᠦᠩᠭᠦᠨ ᠭᠦᠢᠯᠭᠡᠭᠡᠨ ᠤ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ | ᠶᠠᠪᠤᠳᠠᠯ ᠤᠨ ᠪᠠᠶᠢᠭᠤᠯᠤᠮᠵᠢ ᠶᠢᠨ ᠦᠭᠡᠷᠡᠴᠢᠯᠡᠯᠡᠳᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠭᠦᠯᠦᠨ᠂ ᠨᠡᠩ | ᠤᠯᠠᠨ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠰᠠᠭᠤᠷᠢ ᠲᠤᠨᠤᠭ ᠲᠦᠭᠦᠬᠡᠷᠦᠮᠵᠢ ᠶᠢ ᠪᠠᠶᠢᠭᠤᠯᠬᠤ ᠪᠤᠯᠤᠨ ᠨᠡᠶᠢᠭᠡᠮ ᠤᠨ ᠦᠢᠯᠡᠰ | ᠢ ᠬᠦᠭᠵᠢᠭᠦᠯᠬᠦ ᠳᠤ ᠬᠡᠷᠡᠭᠯᠡᠬᠦ ᠪᠤᠯᠭᠠᠨ᠎ᠠ᠃ ᠬᠤᠳᠠ ᠶᠢᠨ ᠶᠠᠪᠤᠳᠠᠯ ᠤᠨ ᠤᠯᠠᠨ ᠨᠡᠶᠢᠳᠡ ᠶᠢᠨ ᠠᠵᠢᠯ ᠦᠢᠯᠡᠰ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ | ᠬᠤᠳᠠ ᠶᠢᠨ ᠤᠯᠠᠨ ᠨᠡᠶᠢᠳᠡ ᠶᠢᠨ ᠠᠵᠢᠯ ᠦᠢᠯᠡᠰ ᠤᠨ ᠤᠨᠴᠠ ᠵᠦᠪᠰᠢᠶᠡᠷᠡᠯᠳᠦ ᠡᠵᠡᠩᠨᠡᠯᠳᠡ ᠶᠢᠨ ᠬᠡᠪᠴᠢᠶ᠎ᠡ ᠶᠢ ᠦᠷᠭᠡᠳᠬᠡᠵᠦ᠂ ᠪᠦᠬᠦ ᠬᠤᠳᠠ ᠶᠢᠨ ᠤᠯᠠᠨ | ᠨᠡᠶᠢᠳᠡ ᠶᠢᠨ ᠡᠬᠢ ᠰᠤᠷᠪᠤᠯᠵᠢ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠵᠦ᠂ ᠦᠨᠳᠦᠰᠤᠨ ᠡᠮ ᠤᠨ ᠲᠦᠷᠢᠮ ᠬᠢᠭᠡᠳ ᠦᠨᠳᠦᠰᠦᠨ ᠱᠠᠳᠤᠨ ᠤ ᠡᠮ ᠡᠮᠨᠡᠯᠭᠡ ᠵᠢᠨᠦᠭᠡᠷᠡᠴᠢᠯᠡᠯᠳᠡ ᠶᠢᠨ ᠰᠢᠨ᠎ᠡ ᠵᠤᠬᠢᠴᠠᠮᠵᠢ ᠶᠢ | ᠪᠠᠬᠢᠵᠢᠭᠦᠯᠦᠨ ᠲᠡᠭᠦᠯᠳᠡᠷᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠢ ᠬᠠᠮᠦᠷᠠᠭᠰᠠᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠷᠢᠮ ᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠬᠡᠵᠦ᠂ ᠰᠤᠶᠤᠯ ᠤᠨ ᠵᠠᠬ᠎ᠠ ᠲᠡᠯᠭᠡᠭᠦᠷ ᠤᠨ ᠬᠦᠭᠵᠢᠯᠳᠡ | ᠯᠦᠭᠡ ᠵᠤᠬᠢᠴᠠᠯᠳᠤᠭᠰᠠᠨ ᠪᠠᠶᠢᠭᠤᠯᠤᠮᠵᠢ ᠶᠢᠨ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠤᠨ᠎ᠡ᠃ ᠲᠠᠷᠢᠶᠠᠯᠠᠬᠤ ᠮᠠᠯᠵᠢᠬᠤ ᠤᠷᠤᠨ ᠤ ᠦᠨᠳᠦᠰᠦᠨ ᠡᠵᠡᠩᠨᠡᠯᠳᠡ | ᠶᠢᠨ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠵᠦ᠂ ᠤᠯᠠᠨ ᠲᠦᠷᠦᠯ ᠬᠡᠯᠪᠡᠷᠢᠳᠦ ᠭᠠᠵᠠᠷ ᠰᠢᠷᠦᠢ ᠨᠤᠳᠤᠭ ᠪᠡᠯᠴᠢᠭᠡᠷ ᠢ ᠵᠤᠬᠢᠬᠤ ᠬᠡᠪᠴᠢᠶ᠎ᠡ ᠪᠠᠷ ᠡᠵᠡᠩᠨᠡᠬᠦ ᠶᠢ | ᠬᠦᠭᠵᠢᠭᠦᠯᠦᠨ᠂ ᠲᠠᠷᠢᠶᠠᠴᠢᠳ ᠮᠠᠯᠴᠢᠳ ᠤᠨ ᠵᠤᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠬᠠᠮᠳᠦ ᠶᠢᠨ ᠤᠢ ᠶᠢᠨ ᠦᠮᠴᠢᠯᠡᠯ ᠤᠨ ᠲᠦᠷᠢᠮ | ᠤᠨ ᠭᠤᠤᠯ ᠴᠤᠭᠴᠠ ᠶᠢᠨ ᠦᠭᠡᠷᠡᠴᠢᠯᠡᠯᠳᠡ ᠶᠢᠨ ᠦᠷ᠎ᠡ ᠪᠦᠳᠦᠭᠡᠯ ᠢ ᠪᠠᠬᠢᠵᠢᠭᠦᠯᠵᠦ᠂ ᠲᠦᠭᠦᠷ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠤᠢ ᠰᠢᠭᠤᠢ ᠶᠢᠨ | ᠬᠦᠭᠵᠢᠯᠳᠡ ᠶᠢᠨ ᠬᠦᠴᠦᠨ ᠵᠦᠢᠯ ᠢ ᠠᠮᠢᠳᠤᠯᠢᠭᠵᠢᠭᠤᠯᠤᠨ᠎ᠠ᠃ ᠰᠢᠶᠠᠩ ᠲᠤᠰᠬᠤᠨ ᠤ ᠨᠡᠶᠢᠳᠡ ᠵᠢᠨᠠᠰᠠᠷᠠᠮᠵᠢ ᠶᠢᠨ ᠴᠢᠨᠠᠷᠳᠠᠢ ᠵᠢᠭᠡᠯᠡᠯᠭᠡ ᠶᠢᠨ ᠠᠵᠢᠯ ᠢ | ᠲᠤᠭᠳᠠᠭᠤᠨ ᠢᠶᠠᠷ ᠠᠬᠢᠭᠤᠯᠵᠦ᠂ ᠲᠤᠰᠬᠤᠨ ᠤ ᠱᠠᠳᠤᠨ ᠤ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠤᠷᠳᠤᠮᠵᠢ ᠶᠢᠨ ᠵᠤᠬᠢᠴᠠᠮᠵᠢ ᠶᠢ | ᠪᠠᠶᠢᠭᠤᠯᠤᠨ᠎ᠠ᠃ ᠨᠡᠶᠢᠳᠡ ᠶᠢᠨ ᠪᠤᠰᠤ ᠦᠮᠴᠢᠯᠡᠯᠳᠦ ᠠᠵᠦ ᠠᠬᠤᠢ ᠶᠢᠨ ᠬᠦᠭᠵᠢᠯᠳᠡ ᠶᠢ ᠵᠤᠷᠢᠭᠵᠢᠭᠤᠯᠤᠨ ᠲᠡᠮᠵᠢᠵᠦ ᠵᠢᠯᠤᠭᠤᠳᠤᠨ᠂ ᠡᠯ᠎ᠡ ᠵᠦᠢᠯ ᠤᠨ | ᠦᠮᠴᠢᠯᠡᠯᠳᠦ ᠠᠵᠦ ᠠᠬᠤᠢ ᠶᠢᠨ ᠦᠢᠯᠡᠳᠪᠦᠷᠢᠯᠡᠯ ᠤᠨ ᠬᠦᠴᠦᠨ ᠵᠦᠢᠯ ᠢ ᠬᠠᠤᠯᠢ ᠶᠤᠰᠤᠭᠠᠷ ᠡᠷᠬᠡ ᠲᠡᠭᠰᠢ ᠬᠡᠷᠡᠭᠯᠡᠵᠦ᠂ ᠵᠠᠬ᠎ᠠ ᠲᠡᠯᠭᠡᠭᠦᠷ ᠤᠨ ᠦᠷᠢᠰᠦᠯᠳᠦᠭᠡᠨ | ᠳᠤ ᠡᠷᠬᠡ ᠲᠡᠭᠰᠢ ᠤᠷᠤᠯᠴᠠᠵᠦ᠂ ᠬᠠᠤᠯᠢ ᠴᠠᠭᠠᠵᠠ ᠶᠢᠨ ᠬᠠᠮᠠᠭᠠᠯᠠᠯ ᠢ ᠠᠳᠠᠯᠢᠬᠠᠨ ᠬᠦᠷᠳᠡᠬᠦ ᠶᠢ ᠪᠠᠳᠤᠯᠠᠨ᠎ᠠ᠃ | ᠨᠡᠭᠡᠭᠡᠯᠳᠡ ᠪᠠᠨ ᠦᠷᠭᠡᠳᠬᠡᠭᠦ ᠶᠢ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠵᠦ ᠲᠡᠰ ᠲᠡᠪᠰᠢᠬᠦ ᠴᠢᠬᠤᠯᠠ ᠶᠡᠭᠡ ᠬᠦᠳᠡᠯᠭᠡᠬᠦ ᠬᠦᠴᠦᠨ ᠪᠤᠯᠭᠠᠬᠤ ᠶᠢ | ᠪᠠᠷᠢᠮᠳᠠᠯᠠᠵᠦ᠂ ᠨᠡᠭᠡᠭᠡᠯᠳᠡ ᠶᠢᠨ ᠬᠡᠯᠪᠡᠷᠢᠳᠦ ᠠᠵᠦ ᠠᠬᠤᠢ ᠶᠢᠨ ᠠᠵᠦ ᠦᠢᠯᠡᠰ ᠤᠨ ᠲᠡᠰ ᠲᠡᠪᠰᠢᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠳᠡ᠂ | ᠤᠷᠤᠨ ᠲᠤᠭᠤᠷᠢᠭ ᠤᠨ ᠬᠦᠭᠵᠢᠯᠳᠡ ᠶᠢᠨ ᠲᠠᠯ᠎ᠠ ᠪᠠᠷ ᠬᠢ ᠢᠳᠡᠪᠬᠢᠳᠠᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠦᠸᠧᠬᠠᠢ ᠲᠠᠩᠬᠢᠰ ᠲᠠᠭᠠᠤ ᠠᠵᠦ ᠠᠬᠤᠢ | ᠶᠢᠨ ᠤᠷᠤᠨ᠂ ᠵᠡᠭᠦᠨ ᠬᠤᠶᠢᠳᠦ ᠶᠢᠨ ᠠᠵᠦ ᠠᠬᠤᠢ ᠶᠢᠨ ᠤᠷᠤᠨ ᠪᠠ ᠬᠦᠷᠰᠢ ᠵᠡᠷᠭᠡᠯᠡᠳᠡᠭᠡ ᠭᠠᠵᠠᠷ ᠤᠷᠤᠨ ᠯᠤᠭ᠎ᠠ ᠨᠢᠭᠡ ᠴᠤᠭᠴᠠᠵᠢᠨ ᠬᠦᠭᠵᠢᠬᠦ ᠶᠢ ᠪᠠᠷᠢᠮᠳᠠᠯᠠᠬᠤ | ᠶᠢ ᠨᠡᠭᠡᠭᠡᠯᠳᠡ ᠶᠢ ᠦᠷᠭᠡᠳᠬᠡᠬᠦ ᠶᠢᠨ ᠲᠡᠷᠢᠭᠦᠨ ᠡᠭᠦᠷᠭᠡ ᠪᠤᠯᠭᠠᠨ᠂ ᠪᠡᠭᠡᠵᠢᠩ ᠲᠢᠶᠠᠨᠵᠢᠨ ᠾᠧᠪᠸᠢ ᠯᠢᠶᠤᠤᠨᠢᠩ ᠵᠢᠴᠢ ᠬᠦᠷᠰᠢ ᠵᠡᠷᠭᠡᠯᠡᠳᠡᠭᠡ ᠠᠶᠢᠮᠠᠭ ᠬᠤᠳᠠ | ᠯᠤᠭ᠎ᠠ ᠴᠢᠬᠤᠯᠠ ᠶᠡᠭᠡ ᠰᠠᠭᠤᠷᠢ ᠲᠤᠬᠦᠭᠡᠷᠦᠮᠵᠢ ᠶᠢᠨ ᠵᠤᠯᠭᠠᠯᠳᠠ᠂ ᠠᠵᠦ ᠦᠢᠯᠡᠰ ᠤᠨ ᠵᠤᠯᠭᠠᠯᠳᠠ ᠪᠤᠯᠤᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠪᠠᠨ | ᠴᠢᠩᠭᠠᠳᠬᠠᠵᠦ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠡᠬᠢ ᠪᠠᠶᠠᠯᠢᠭ ᠤᠨ ᠨᠡᠶᠢᠯᠡᠯᠳᠡ᠂ ᠠᠵᠦ ᠦᠢᠯᠡᠰ ᠤᠨ ᠬᠦᠭᠵᠢᠯᠳᠡ ᠵᠡᠷᠭᠡ ᠬᠦᠷᠢᠶ᠎ᠡ | ᠬᠡᠪᠴᠢᠶᠡᠨ ᠳᠠᠬᠢ ᠬᠠᠮᠵᠢᠯᠴᠠᠭ᠎ᠠ ᠶᠢ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠭᠠᠬᠤ ᠪᠠᠷ ᠴᠢᠷᠮᠠᠶᠢᠨ᠎ᠡ᠃ ᠲᠠᠯᠠᠢ ᠲᠠᠭᠠᠤ ᠤᠷᠤᠨ ᠵᠢᠴᠢ ᠠᠵᠦ ᠠᠬᠤᠢ | ᠬᠦᠭᠵᠢᠭᠰᠡᠨ ᠭᠠᠵᠠᠷ ᠤᠷᠤᠨ ᠲᠡᠰᠢ ᠴᠢᠯᠤᠭᠡᠳᠠᠢ ᠶᠠᠪᠤᠯᠴᠠᠬᠤ ᠪᠠᠨ ᠦᠷᠭᠡᠳᠬᠡᠵᠦ᠂ ᠲᠦᠷᠦ ᠶᠢᠨ ᠪᠤᠳᠤᠯᠭ᠎ᠠ᠂ ᠤᠷᠤᠨ ᠪᠠᠶᠢᠷᠢ᠂ ᠭᠠᠵᠠᠷ ᠰᠢᠷᠦᠢ᠂ ᠬᠦᠳᠡᠯᠮᠦᠷᠢ | ᠬᠦᠴᠦᠨ ᠵᠡᠷᠭᠡ ᠲᠠᠪᠠᠭᠤᠯᠢᠭ ᠪᠠᠨ ᠪᠠᠳᠠᠷᠠᠭᠤᠯᠵᠦ᠂ ᠬᠠᠮᠵᠢᠯᠴᠠᠬᠤ ᠬᠡᠯᠪᠡᠷᠢ ᠪᠠ ᠬᠦᠷᠢᠶ᠎ᠡ ᠬᠡᠪᠴᠢᠶ᠎ᠡ ᠪᠠᠨ ᠦᠷᠭᠡᠳᠬᠡᠵᠦ᠂ ᠠᠵᠦ ᠦᠢᠯᠡᠰ ᠤᠨ ᠰᠢᠯᠵᠢᠯᠳᠡ ᠶᠢ | ᠢᠳᠡᠪᠬᠢᠳᠠᠢ ᠬᠦᠯᠢᠶᠡᠨ ᠠᠪᠴᠦ᠂ ᠤᠯᠤᠰ ᠤᠨ ᠲᠡᠰ ᠤᠨ ᠠᠵᠦ ᠦᠢᠯᠡᠰ ᠤᠨ ᠰᠢᠯᠵᠢᠯᠳᠡ ᠶᠢ ᠬᠦᠯᠢᠶᠡᠨ ᠠᠪᠬᠤ ᠵᠢᠱᠢᠶ᠎ᠡ ᠦᠵᠡᠭᠦᠯᠬᠦ ᠤᠷᠤᠨ ᠢ ᠪᠠᠶᠢᠭᠤᠯᠬᠤ ᠪᠠᠷ | ᠴᠢᠷᠮᠠᠶᠢᠨ᠎ᠡ᠃ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠶᠢ ᠦᠷᠨᠢᠭᠦᠯᠬᠦ ᠲᠤᠬᠢᠶᠠᠯ ᠢᠶᠠᠷ ᠪᠡᠭᠡᠵᠢᠩ ᠬᠤᠳᠠ ᠯᠤᠭ᠎ᠠ ᠪᠦᠬᠦ ᠲᠠᠯ᠎ᠠ ᠪᠠᠷ ᠬᠠᠮᠵᠢᠯᠴᠠᠵᠦ᠂ | ᠤᠯᠠᠭᠠᠨᠬᠠᠳᠠ ᠪᠠᠨ ᠪᠡᠭᠡᠵᠢᠩ ᠤᠨ ᠠᠵᠦ ᠦᠢᠯᠡᠰ ᠤᠨ ᠰᠢᠯᠵᠢᠯᠳᠡ ᠶᠢ ᠵᠠᠯᠭᠠᠨ ᠠᠪᠬᠤ ᠰᠠᠭᠤᠷᠢᠨ ᠭᠠᠵᠠᠷ᠂ ᠡᠨᠧᠷᠬᠢ ᠶᠢᠨ ᠪᠠᠳᠤᠯᠠᠭ᠎ᠠ ᠶᠢᠨ ᠰᠠᠭᠤᠷᠢᠨ ᠭᠠᠵᠠᠷ᠂ | ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠬᠠᠩᠭᠠᠯᠳᠠ ᠶᠢᠨ ᠰᠠᠭᠤᠷᠢᠨ ᠭᠠᠵᠠᠷ ᠪᠤᠯᠭᠠᠨ ᠪᠦᠳᠦᠭᠡᠨ ᠪᠠᠶᠢᠭᠤᠯᠤᠨ᠎ᠠ᠃ ᠤᠷᠤᠰ ᠬᠠᠯᠬ᠎ᠠ | ᠺᠤᠷᠢᠶᠠ ᠵᠡᠷᠭᠡ ᠤᠯᠤᠰ ᠯᠤᠭ᠎ᠠ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ᠂ ᠮᠠᠰᠢᠨ | ᠮᠧᠬᠠᠨᠢᠭ ᠦᠢᠯᠡᠳᠬᠦ᠂ ᠨᠡᠬᠡᠮᠡᠯ ᠪᠠ ᠬᠤᠪᠴᠠᠰᠦ ᠬᠤᠨᠠᠷ ᠵᠡᠷᠭᠡ ᠬᠦᠷᠢᠶ᠎ᠡ ᠬᠡᠪᠴᠢᠶ᠎ᠡ ᠳᠠᠬᠢ ᠬᠠᠮᠵᠢᠯᠴᠠᠭ᠎ᠠ ᠪᠠᠨ ᠴᠢᠩᠭᠠᠳᠬᠠᠵᠦ᠂ ᠭᠠᠳᠠᠭᠠᠳᠦ ᠭᠠᠷᠭᠠᠯᠳᠠ ᠶᠢᠨ | ᠠᠵᠦ ᠠᠬᠤᠢ ᠶᠢᠨ ᠨᠡᠮᠡᠭᠳᠡᠯ ᠳᠠᠬᠢ ᠲᠠᠶᠢᠴᠢᠯᠠᠬᠤ ᠬᠦᠴᠦᠨ ᠢ ᠨᠡᠮᠡᠭᠳᠡᠭᠦᠯᠦᠨ᠎ᠡ᠃ | ᠭᠤᠷᠪᠠ᠂ 2013 ᠤᠨ ᠤ ᠭᠤᠤᠯᠳᠠᠯᠭᠠᠳᠠᠢ ᠠᠵᠢᠯ | 2013 ᠤᠨ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ | ᠮᠦᠨ᠂ ︽ᠠᠷᠪᠠᠨ ᠬᠤᠶᠠᠷ ᠲᠠᠪᠤ︾ ᠶᠢᠨ ᠲᠦᠯᠦᠪᠵᠢᠭᠦᠯᠬᠡ ᠶᠢᠨ ᠤᠷᠢᠳᠠᠬᠢ ᠶᠢ ᠵᠠᠯᠭᠠᠮᠵᠢᠯᠠᠵᠦ ᠬᠤᠶᠢᠰᠢᠬᠢ ᠶᠢ ᠨᠡᠭᠡᠭᠡᠭᠦ ᠵᠠᠩᠬᠢᠯᠠᠭ᠎ᠠ ᠶᠢᠨ ᠨᠢᠭᠡ ᠵᠢᠯ ᠮᠦᠨ᠂ | ᠪᠠᠰᠠᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠳᠤᠳᠠᠢ ᠰᠠᠭᠤᠷᠢ ᠲᠠᠯᠪᠢᠬᠤ ᠴᠢᠬᠤᠯᠠ ᠨᠢᠭᠡ ᠵᠢᠯ ᠪᠤᠯᠤᠨ᠎ᠠ᠃ ᠠᠵᠦ ᠠᠬᠤᠢ ᠨᠡᠶᠢᠭᠡᠮ ᠤᠨ | ᠭᠤᠤᠯ ᠤᠷᠢᠳᠴᠢᠯᠠᠭᠰᠠᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 16% ᠤᠷᠴᠢᠮ ᠨᠡᠮᠡᠭᠳᠡᠭᠦᠯᠵᠦ︔ ᠤᠷᠤᠨ | ᠨᠤᠳᠤᠭ ᠤᠨ ᠡᠳ᠋ ᠤᠨ ᠵᠠᠰᠠᠭ ᠤᠨ ᠤᠷᠤᠯᠭ᠎ᠠ ᠶᠢ 19% ᠤᠷᠴᠢᠮ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ | ᠶᠢ 20 % ᠤᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠰᠤᠯᠠ ᠪᠠᠷ ᠬᠤᠳᠠᠯᠳᠤᠬᠤ ᠶᠡᠷᠦᠩᠬᠡᠢ ᠨᠤᠷᠮ᠎ᠠ ᠶᠢ 18% ᠤᠷᠴᠢᠮ ᠨᠡᠮᠡᠭᠳᠡᠭᠦᠯᠦᠨ᠎ᠡ︔ | ᠬᠤᠳᠠ ᠪᠠᠯᠭᠠᠰᠤᠨ ᠤ ᠬᠦᠮᠦᠨ ᠪᠦᠷᠢ ᠶᠢᠨ ᠲᠡᠭᠰᠢᠳᠭᠡᠭᠰᠡᠨ ᠵᠠᠷᠤᠴᠠᠭᠤᠯᠵᠦ ᠪᠤᠯᠬᠤ ᠤᠷᠤᠯᠭ᠎ᠠ ᠪᠤᠯᠤᠨ ᠲᠠᠷᠢᠶᠠᠴᠢᠳ ᠮᠠᠯᠴᠢᠳ ᠤᠨ ᠬᠦᠮᠦᠨ ᠪᠦᠷᠢ ᠶᠢᠨ | ᠲᠡᠭᠰᠢᠳᠬᠡᠭᠰᠡᠨ ᠴᠡᠪᠡᠷ ᠤᠷᠤᠯᠭ᠎ᠠ ᠶᠢ ᠴᠦᠮ 15% ᠤᠷᠴᠢᠮ ᠨᠡᠮᠡᠭᠳᠡᠭᠦᠯᠦᠨ᠎ᠡ︔ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠡᠯ᠎ᠡ ᠵᠦᠢᠯ ᠤᠨ ᠡᠨᠧᠷᠭᠢ | ᠠᠷᠪᠢᠯᠠᠵᠦ ᠪᠤᠬᠢᠷᠳᠤᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ | ︵ᠨᠢᠭᠡ︶ ︽ᠬᠤᠤᠰ ᠮᠢᠩᠭ᠎ᠠ ᠬᠤᠤᠰ ᠵᠠᠭᠤᠨ ᠳ᠋ᠦᠩᠰᠢᠭᠤᠷ︾ ᠤᠨ ᠢᠨᠵᠧᠨᠧᠷᠢᠩ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠳᠠ ᠪᠠᠷ ᠭᠤᠤᠯᠳᠠᠯᠭ᠎ᠠ | ᠪᠤᠯᠭᠠᠵᠦ᠂ ᠠᠵᠦ ᠦᠢᠯᠡᠳᠪᠦᠷᠢ ᠶᠢᠨ ᠠᠵᠦ ᠠᠬᠤᠢ ᠶᠢᠨ ᠶᠠᠰᠦ ᠴᠢᠨᠠᠷ ᠢᠶᠠᠨ ᠲᠡᠭᠡᠭᠰᠢᠯᠡᠭᠦᠯᠵᠦ ᠦᠷ᠎ᠡ ᠪᠦᠳᠦᠮᠵᠢ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ᠲᠤᠮᠳᠠᠳᠦ ᠤᠯᠤᠰ ᠤᠨ ᠦᠩᠭᠡᠳᠦ ᠲᠡᠮᠦᠷᠯᠢᠭ ᠤᠨ 14 ᠲᠦᠮᠡᠨ ᠲᠤᠨ ᠤ ᠴᠠᠶᠢᠷ ᠪᠤᠯᠪᠠᠰᠤᠷᠠᠭᠤᠯᠬᠤ᠂ ᠱᠠᠨ ᠶᠢᠨ ᠤ 10 ᠲᠦᠮᠡᠨ ᠲᠤᠨ ᠤ ᠴᠠᠬᠢᠯᠭᠠᠨ | ᠵᠠᠳᠠᠯᠠᠭᠤᠷᠳᠦ ᠬᠠᠷ᠎ᠠ ᠲᠤᠭᠤᠯᠭ᠎ᠠ᠂ ᠹᠦ᠋ ᠪᠠᠩ ᠤᠨ 10 ᠲᠦᠮᠡᠨ ᠲᠤᠨ ᠤ ᠴᠠᠬᠢᠯᠭᠠᠨ ᠵᠠᠳᠠᠯᠠᠭᠤᠷᠳᠦ ᠵᠡᠰ᠂ ᠵᠢᠨᠹᠧᠩ ᠤᠨ 20 ᠲᠦᠮᠡᠨ ᠲᠤᠨ ᠤ ᠪᠦᠳᠦᠭᠦᠯᠢᠭ | ᠵᠡᠰ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠰᠠᠶᠢᠳᠤᠷ ᠠᠳᠬᠤᠵᠦ᠂ ᠦᠩᠭᠡᠳᠦ ᠲᠡᠮᠦᠷᠯᠢᠭ ᠬᠠᠶᠢᠯᠤᠭᠤᠯᠬᠤ ᠪᠤᠯᠤᠨ ᠨᠠᠷᠢᠯᠢᠭ ᠡᠳ᠋ᠰᠢᠭᠦᠯᠬᠦ ᠬᠢᠷᠢ ᠲᠦᠪᠰᠢᠨ ᠢ | ᠲᠡᠭᠡᠭᠰᠢᠯᠡᠭᠦᠯᠵᠦ᠂ ᠲᠡᠮᠦᠷᠯᠢᠭ ᠬᠠᠶᠢᠯᠤᠭᠤᠯᠬᠤ ᠠᠵᠦ ᠦᠢᠯᠡᠰ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 1100 ᠳ᠋ᠦᠩᠰᠢᠭᠤᠷ ᠲᠦᠭᠦᠷᠢᠭ ᠲᠤ ᠬᠦᠷᠭᠡᠨ᠎ᠡ | ᠃ ᠳ᠋ᠠ ᠲᠠᠩ ᠤᠨ ᠨᠡᠭᠦᠷᠡᠰᠦᠨ ᠬᠡᠢ ᠶᠢᠨ ᠨᠢᠭᠡᠳᠦᠭᠡᠷ ᠬᠤᠭᠤᠴᠠᠭ᠎ᠠ ᠶᠢᠨ ᠪᠠᠷᠢᠯᠭ᠎ᠠ᠂ ᠤᠯᠤᠰ ᠤᠨ ᠴᠠᠬᠢᠯᠭᠠᠨ ᠦᠢᠯᠡᠰ ᠤᠨ ᠨᠡᠭᠦᠷᠡᠰᠦᠨ ᠬᠢᠮᠢ ᠶᠢᠨ ᠪᠤᠷᠳᠤᠭᠤᠷ | ᠤᠨ ᠨᠢᠭᠡᠳᠦᠭᠡᠷ ᠬᠤᠭᠤᠴᠠᠭ᠎ᠠ ᠶᠢ ᠦᠢᠯᠡᠳᠪᠦᠷᠢᠯᠡᠯ ᠡᠬᠢᠯᠡᠨ ᠦᠷ᠎ᠡ ᠠᠰᠢᠭ ᠤᠯᠵᠦ᠂ ᠬᠤᠶᠠᠳᠤᠭᠠᠷ ᠬᠤᠭᠤᠴᠠᠭ᠎ᠠ ᠶᠢ ᠡᠬᠢᠯᠡᠨ ᠪᠠᠶᠢᠭᠤᠯᠬᠤ ᠪᠠᠷ ᠬᠦᠴᠦᠯᠡᠵᠦ᠂ | ᠪᠠᠭᠠᠷᠢᠨ ᠪᠠᠷᠠᠭᠤᠨ ᠬᠤᠰᠢᠭᠤᠨ ᠤ 10 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠨᠡᠭᠦᠷᠡᠰᠦᠨ ᠰᠢᠳᠠᠮᠠᠬᠠᠢ ᠬᠡᠢ᠂ ᠨᠢᠩᠴᠧᠩ ᠤᠨ 100 ᠲᠦᠮᠡᠨ ᠲᠤᠨ ᠤ | ᠬᠢᠮᠢ ᠶᠢᠨ ᠪᠤᠷᠳᠤᠭᠤᠷ᠂ ᠠᠤᠬᠠᠨ ᠤ 12 ᠲᠦᠮᠡᠨ ᠲᠤᠨ ᠤ ᠵᠠᠨᠠᠷ ᠤᠳ ᠲᠤᠰᠤ ᠵᠡᠷᠭᠡ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠬᠢᠮᠢ ᠶᠢᠨ ᠪᠤᠷᠳᠤᠭᠤᠷ ᠤᠨ | ᠠᠵᠦ ᠦᠢᠯᠡᠰ ᠤᠨ ᠪᠤᠷᠤᠯᠠᠭᠤᠯᠤᠨ ᠬᠤᠳᠠᠯᠳᠤᠬᠤ ᠤᠷᠤᠯᠭ᠎ᠠ ᠶᠢ 70 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠲᠤᠮᠳᠠᠳᠦ ᠤᠯᠤᠰ ᠤᠨ ᠴᠠᠬᠢᠯᠭᠠᠨ ᠦᠢᠯᠡᠰ | ᠤᠨ ᠪᠡᠯᠡ ᠤᠷᠤᠭᠤᠯᠤᠯᠳᠠ ᠶᠢᠨ ᠶᠡᠷᠦᠩᠬᠡᠢ ᠺᠤᠮᠫᠠᠨᠢ ᠶᠢᠨ 2×30 ᠲᠦᠮᠡᠨ ᠺᠢᠯᠤᠸ᠋ᠲ ᠢᠯᠴᠢ ᠴᠠᠬᠢᠯᠭᠠᠨ ᠬᠤᠯᠪᠤᠭᠠᠯᠠᠭᠰᠠᠨ ᠲᠦᠷᠦᠯ ᠵᠦᠢᠯ ᠢ | ᠨᠠᠶᠢᠳᠠᠪᠤᠷᠢᠵᠢᠭᠤᠯᠵᠦ᠂ ᠵᠢᠩ ᠨᠧᠩ 2×35 ᠲᠦᠮᠡᠨ ᠺᠢᠯᠤᠸ᠋ᠲ ᠤᠨ ᠢᠯᠴᠢ ᠴᠠᠬᠢᠯᠭᠠᠨ ᠬᠤᠯᠪᠤᠭᠠᠯᠠᠭᠰᠠᠨ᠂ ᠳ᠋ᠠ ᠲᠠᠩ ᠤᠨ 2×66 ᠲᠦᠮᠡᠨ ᠺᠢᠯᠤᠸ᠋ᠲ ᠤᠨ | ᠮᠠᠰᠢᠨ ᠴᠤᠭᠴᠠᠯᠠᠪᠤᠷᠢ᠂ ᠬᠡᠰᠢᠭᠳᠡᠨ ᠬᠤᠰᠢᠭᠤᠨ ᠤ 120 ᠲᠦᠮᠡᠨ ᠺᠢᠯᠤᠸ᠋ᠲ ᠤᠨ ᠤᠰᠤ ᠲᠠᠳᠠᠵᠦ ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠳ᠋ᠠᠪᠠᠨ ᠤ ᠴᠠᠬᠢᠯᠭᠠᠨ ᠦᠢᠯᠡᠳᠪᠦᠷᠢ ᠶᠢᠨ ᠲᠤᠤᠷᠵᠢᠯ ᠳᠤ ᠨᠡᠶᠢᠯᠡᠵᠦ ᠴᠠᠬᠢᠯᠭᠠᠨ ᠭᠠᠷᠭᠠᠬᠤ ᠶᠢ | ᠪᠡᠶᠡᠯᠡᠭᠦᠯᠦᠨ᠂ ᠠᠷᠦ ᠬᠤᠷᠴᠢᠨ ᠬᠤᠰᠢᠭᠤᠨ ᠤ ᠬᠠᠨ ᠠᠭᠤᠯᠠ᠂ ᠬᠡᠰᠢᠭᠳᠡᠨ ᠬᠤᠰᠢᠭᠤᠨ ᠤ ᠯᠦᠸᠧ ᠲᠦᠸᠧ ᠲᠠᠶᠢᠽᠢ᠂ ᠪᠠᠭᠠᠷᠢᠨ ᠪᠠᠷᠠᠭᠤᠨ ᠬᠤᠰᠢᠭᠤᠨ ᠤ | ᠴᠠᠭᠠᠨᠬᠤᠸᠠ ᠵᠡᠷᠭᠡ ᠰᠠᠯᠬᠢᠨ ᠴᠠᠬᠢᠯᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠰᠠᠯᠬᠢᠨ ᠴᠠᠬᠢᠯᠭᠠᠨ ᠤ ᠮᠠᠰᠢᠨ ᠤᠭᠰᠠᠷᠠᠯᠳᠠ ᠶᠢ | 50 ᠲᠦᠮᠡᠨ ᠺᠢᠯᠤᠸ᠋ᠲ ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠡᠾᠧᠩ ᠳ᠋ᠦ᠋ 10 ᠲᠦᠮᠡᠨ ᠲᠤᠯᠤᠭᠠᠢ ᠠᠯᠠᠰᠢᠨ ᠦᠭᠡᠷ ᠢ ᠨᠡᠷᠢᠯᠢᠭ᠋ ᠡᠳ᠋ᠰᠢᠭᠦᠯᠭᠦ᠂ ᠹᠦ᠋ | ᠿᠦᠨ 200 ᠲᠦᠮᠡᠨ ᠭᠠᠭ᠋ᠠᠢ ᠨᠢᠳᠤᠯᠠᠵᠦ ᠡᠳ᠋ᠰᠢᠭᠦᠯᠬᠦ᠂ ᠼᠤᠤ ᠶᠤᠸᠠᠨ ᠱᠦᠢᠨᠢ ᠶᠢᠨ400 ᠲᠦᠮᠡᠨ ᠲᠤᠨ ᠱᠦᠢᠨᠢ ᠶᠢᠨ ᠦᠷᠭᠡᠳᠭᠡᠨ ᠪᠠᠶᠢᠭᠤᠯᠬᠤ ᠵᠡᠷᠭᠡ | ᠲᠦᠷᠦᠯ ᠵᠦᠢᠯ ᠢ ᠰᠠᠶᠢᠳᠦᠷ ᠠᠳᠬᠤᠵᠦ᠂ ᠢᠳᠡᠭᠡᠨ᠂ ᠪᠠᠷᠢᠯᠭ᠎ᠠ ᠶᠢᠨ ᠮᠠᠲ᠋ᠧᠷᠢᠶᠠᠯ ᠤᠨ ᠠᠵᠦ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠂ ᠶᠢᠨ ᠴᠧᠩ | ᠬᠦᠨᠳᠦ ᠠᠵᠦ ᠦᠢᠯᠡᠳᠪᠦᠷᠢ ᠶᠢᠨ 8 ᠲᠦᠮᠡᠨ ᠲᠤᠨ ᠤ ᠪᠤᠯᠤᠳ ᠲᠡᠮᠦᠷ᠂ ᠯᠦᠩ ᠹᠠ 20 ᠲᠦᠮᠡᠨ ᠲᠤᠨ ᠤ ᠪᠤᠯᠤᠳ ᠪᠦᠳᠦᠴᠡ᠂ ᠲᠦᠩ ᠯᠢᠩ ᠦᠩᠭᠡᠳᠦ | ᠲᠡᠮᠦᠷᠯᠢᠭ ᠤᠨ 5 ᠲᠦᠮᠡᠨ ᠲᠤᠨ ᠤ ᠪᠦᠬᠡᠯᠢᠭ ᠪᠦᠮᠪᠦᠭᠯᠢᠭ ᠵᠡᠷᠭᠡ ᠲᠦᠷᠦᠯ ᠵᠦᠢᠯ ᠢ ᠪᠠᠷᠢᠯᠭ᠎ᠠ ᠡᠬᠢᠯᠡᠨ ᠪᠦᠳᠦᠩᠨ ᠪᠠᠶᠢᠭᠤᠯᠵᠦ᠂ ᠲᠢᠶᠠᠨ ᠬᠤᠸᠠ ᠲᠤᠮᠤ ᠬᠡᠯᠪᠡᠷᠢ | ᠶᠢᠨ ᠤᠬᠤᠭᠤᠷ ᠮᠠᠰᠢᠨ᠂ ᠰᠢᠨ ᠮᠠ ᠴᠢᠳᠬᠤᠮᠠᠯ ᠤᠨ ᠲᠦᠷᠭᠡᠨ ᠬᠤᠷᠳᠤᠴᠠᠳᠦ ᠤᠳᠠᠰᠤᠨ ᠮᠠᠲ᠋ᠧᠷᠢᠶᠠᠯ᠂ ᠵᠢᠦ ᠵᠸᠦ ᠲᠦᠩ ᠡᠮᠨᠡᠯᠭᠡ ᠶᠢᠨ ᠪᠠᠭᠠᠵᠢ ᠬᠡᠷᠡᠭᠰᠡᠯ᠂ ᠳ᠋ᠢ | ᠰᠠᠢ ᠨᠦᠸᠧ ᠡᠮ ᠡᠮᠨᠡᠯᠭᠡ ᠶᠢᠨ ᠤᠯᠠᠭᠠᠨᠬᠠᠳᠠ ᠳᠠᠬᠢ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ | ᠤᠷᠤᠭᠤᠯᠵᠦ᠂ ᠲᠤᠨᠤᠭ ᠲᠦᠬᠦᠭᠡᠷᠦᠮᠵᠢ ᠦᠢᠯᠡᠳᠬᠦ᠂ ᠠᠮᠢᠳᠦ ᠪᠤᠳᠠᠰ ᠤᠨ ᠡᠮ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠ | ᠠᠵᠦ ᠤᠶᠢᠯᠡᠰ ᠤᠨ ᠬᠠᠷᠢᠴᠠᠯ ᠢ ᠴᠢᠨᠠᠭᠰᠢᠳᠠ ᠲᠡᠭᠭᠰᠢᠯᠡᠭᠦᠯᠦᠨᠡ᠃ ᠬᠤᠳᠠ ᠶᠢᠨ ᠭᠠᠳᠠᠨᠠᠬᠢ ᠲᠤᠮᠤ ᠠᠵᠦ ᠠᠬᠤᠶᠢᠯᠠᠯ ᠲᠤᠮᠤ ᠪᠦᠯᠦᠭᠯᠡᠯ ᠮᠠᠨ ᠤ ᠬᠤᠳᠠ ᠶᠢᠨ | ᠠᠵᠦ ᠠᠬᠤᠶᠢᠯᠠᠯ ᠢ ᠨᠡᠶᠢᠯᠡᠭᠦᠯᠦᠨ ᠲᠠᠬᠢᠨ ᠵᠤᠬᠢᠶᠠᠨ ᠪᠠᠶᠢᠭᠤᠯᠬᠤ᠂ ᠪᠡᠯᠡ ᠤᠷᠤᠭᠤᠯᠤᠨ ᠬᠤᠪᠢ ᠤᠷᠤᠬᠤ ᠶᠢ ᠵᠤᠷᠢᠭᠵᠢᠭᠤᠯᠤᠨ᠂ ᠤᠳᠤ ᠶᠢᠨ ᠪᠠᠶᠢᠬᠤ ᠠᠵᠦ | ᠠᠬᠤᠶᠢᠯᠠᠯ ᠨᠢ ᠬᠡᠪᠴᠢᠶ᠎ᠡ ᠪᠠᠨ ᠦᠷᠭᠡᠳᠬᠡᠨ ᠬᠡᠮᠵᠢᠶ᠎ᠡ ᠪᠠᠨ ᠨᠡᠮᠡᠭᠳᠡᠭᠦᠯᠬᠦ᠂ ᠲᠡᠰ ᠲᠠᠪᠬᠤᠷᠭ᠎ᠠ ᠪᠠᠨ ᠲᠡᠭᠡᠭᠰᠢᠯᠡᠭᠦᠯᠬᠦ ᠶᠢ ᠲᠡᠮᠵᠢᠵᠦ᠂ ᠪᠤᠷᠤᠯᠠᠭᠤᠯᠤᠯᠳᠠ ᠶᠢᠨ | ᠤᠷᠤᠯᠭ᠎ᠠ ᠨᠢ 10 ᠳ᠋ᠦᠩᠰᠢᠭᠤᠷ ᠠᠴᠠ ᠲᠠᠪᠭᠰᠠᠨ ᠠᠵᠦ ᠠᠬᠤᠶᠢᠯᠠᠯ ᠢ 5 ᠨᠡᠮᠡᠭᠳᠡᠭᠦᠯᠦᠨ᠎ᠡ᠃ ᠤᠯᠠᠭᠠᠨᠬᠠᠳᠠ ᠶᠢᠨ ᠠᠵᠦ ᠠᠬᠤᠢ ᠶᠢᠨ ᠨᠡᠭᠡᠭᠡᠨ ᠠᠰᠢᠭᠯᠠᠬᠤ | ᠲᠤᠭᠤᠷᠢᠭ ᠤᠨ ᠦᠷᠭᠡᠵᠢᠨ ᠲᠡᠰ ᠲᠡᠪᠰᠢᠬᠦ ᠶᠢ ᠠᠬᠢᠭᠤᠯᠵᠦ᠂ ᠬᠤᠰᠢᠭᠤ ᠰᠢᠶᠠᠨ ᠲᠤᠭᠤᠷᠢᠭ ᠤᠨ ᠨᠡᠭᠦᠷᠡᠰᠤᠨ ᠬᠢᠮᠢ ᠶᠢᠨ ᠠᠵᠦ ᠦᠢᠯᠡᠳᠪᠦᠷᠢ᠂ ᠹᠯᠤᠷ ᠤᠨ ᠬᠢᠮᠢ | ᠶᠢᠨ ᠠᠵᠦ ᠦᠢᠯᠡᠳᠪᠦᠷᠢ᠂ ᠵᠡᠰ ᠨᠠᠷᠢᠯᠢᠭ ᠡᠳ᠋ᠰᠢᠭᠦᠯᠬᠦ᠂ ᠮᠠᠰᠢᠨ ᠮᠧᠬᠠᠨᠢᠭ ᠦᠢᠯᠡᠳᠬᠦ᠂ ᠢᠳᠡᠭᠡᠨ ᠡᠳ᠋ᠰᠢᠭᠦᠯᠬᠦ᠂ ᠡᠮ ᠡᠮᠨᠡᠯᠭᠡ ᠵᠡᠷᠭᠡ ᠲᠤᠰᠬᠠᠢ ᠬᠦᠷᠢᠶᠡᠯᠡᠩ | ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠪᠦᠬᠦ ᠬᠤᠳᠠ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠤᠷᠤᠯᠠᠭᠤᠯᠤᠨ | ᠬᠤᠳᠠᠯᠳᠤᠬᠤ ᠤᠷᠤᠯᠭ᠎ᠠ ᠶᠢ 1000 ᠳ᠋ᠦᠩᠰᠢᠭᠤᠷ ᠲᠦᠭᠦᠷᠢᠭ ᠲᠤ ᠬᠦᠷᠭᠡᠵᠦ᠂ ᠯᠢᠨᠰᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠵᠠᠭᠤᠨ | ᠳ᠋ᠦᠩᠰᠢᠭᠤᠷ ᠲᠦᠭᠦᠷᠢᠭ ᠤᠨ ᠬᠦᠷᠢᠶᠡᠯᠡᠩ ᠲᠤᠭᠤᠷᠢᠭ ᠤᠨ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ᠃ ᠲᠤᠮᠳᠠᠳᠦ ᠤᠯᠤᠰ ᠤᠨ ᠦᠩᠭᠡᠳᠦ ᠲᠡᠮᠦᠷᠯᠢᠭ ᠤᠨ | ᠦᠵᠡᠭᠦᠯᠦᠯᠭᠡ ᠶᠢ ᠰᠠᠶᠢᠳᠤᠷ ᠡᠷᠬᠢᠯᠡᠨ᠎ᠡ᠃ | ︵ᠬᠤᠶᠠᠷ︶ ︽1571︾ ᠢᠨᠵᠧᠨᠧᠷᠢᠩ ᠢ ᠨᠠᠶᠢᠳᠠᠪᠦᠷᠢᠵᠢᠭᠤᠯᠬᠤ ᠪᠠᠷ ᠭᠤᠤᠯᠳᠠᠯᠭ᠎ᠠ ᠪᠤᠯᠭᠠᠵᠦ᠂ ᠤᠳᠦ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ | ᠬᠦᠭᠵᠢᠯᠳᠡ ᠶᠢ ᠲᠦᠷᠭᠡᠳᠬᠡᠨ᠎ᠡ᠃ ᠡᠷᠳᠡᠨᠢ ᠰᠢᠰᠢ ᠶᠢ ᠵᠤᠯᠤᠮ᠎ᠠ ᠳᠤ ᠲᠤᠰᠤᠯᠭᠠᠨ ᠤᠰᠤᠯᠠᠬᠤ 100 ᠲᠦᠮᠡᠨ ᠮᠦ᠂ ᠲᠦᠬᠦᠭᠡᠷᠦᠮᠵᠢᠳᠦ ᠲᠠᠷᠢᠶᠠᠯᠠᠩ 10 | ᠲᠦᠮᠡᠨ ᠮᠦ᠂ ᠠᠷᠪᠢᠯᠠᠵᠦ ᠤᠰᠤᠯᠠᠬᠤ ᠬᠦᠷᠡᠩ ᠴᠠᠷᠭᠠᠰᠦ 40 ᠲᠦᠮᠡᠨ ᠮᠦ᠂ ᠦᠨᠳᠦᠷ ᠦᠷ᠎ᠡ ᠠᠰᠢᠭᠳᠦ ᠤᠰᠤ ᠠᠷᠪᠢᠯᠠᠬᠤ ᠠᠵᠦ ᠠᠬᠤᠢ ᠶᠢᠨ ᠤᠢ 20 | ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠢ ᠶᠢ ᠨᠢ ᠲᠤᠰᠪᠦᠷᠢ 300 ᠲᠦᠮᠡᠨ ᠮᠦ᠂ 90 ᠲᠦᠮᠡᠨ ᠮᠦ᠂ 80 ᠲᠦᠮᠡᠨ ᠮᠦ᠂ 60 ᠲᠦᠮᠡᠨ ᠮᠦ | ᠳᠤ ᠬᠦᠷᠭᠡᠨ᠎ᠡ︔ ᠠᠯᠠᠰᠢᠨ ᠦᠬᠡᠷ᠂ ᠠᠯᠠᠰᠢᠨ ᠬᠤᠨᠢ ᠢᠮᠠᠭ᠎ᠠ᠂ ᠭᠠᠭ᠋ᠠᠢ᠂ ᠵᠢᠭᠦᠷᠳᠡᠨ ᠢ ᠪᠠᠷᠢᠮᠵᠢᠶᠠᠵᠢᠭᠤᠯᠤᠨ ᠲᠠᠵᠢᠬᠡᠭᠦ ᠵᠢᠴᠢ ᠡᠳ᠋ᠰᠢᠭᠦᠯᠬᠦ ᠶᠢ ᠰᠠᠶᠢᠳᠤᠷ | ᠠᠳᠬᠤᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ ᠲᠤᠭᠤᠷᠢᠭ ᠪᠠ ᠲᠡᠵᠢᠭᠡᠨ ᠦᠷᠡᠵᠢᠭᠦᠯᠬᠦ ᠲᠠᠯᠠᠪᠠᠢ 110 ᠂ ᠠᠯᠠᠰᠢᠨ ᠬᠤᠨᠢ ᠢᠮᠠᠭ᠎ᠠ ᠲᠡᠵᠢᠭᠡᠨ | ᠦᠷᠡᠵᠢᠭᠦᠯᠬᠦ ᠪᠠᠭ᠎ᠠ ᠲᠤᠭᠤᠷᠢᠭ ᠪᠠ ᠲᠡᠵᠢᠭᠡᠨ ᠦᠷᠡᠵᠢᠭᠦᠯᠬᠦ ᠲᠠᠯᠠᠪᠠᠢ 124 ᠶᠢ ᠰᠢᠨ᠎ᠡ ᠪᠠᠷ ᠪᠠᠶᠢᠭᠤᠯᠵᠦ᠂ ᠲᠡᠵᠢᠭᠡᠪᠦᠷᠢ ᠮᠠᠯ ᠤᠨ ᠵᠤᠭᠰᠤᠭ᠎ᠠ ᠲᠤᠭ᠎ᠠ ᠶᠢ | 1800 ᠲᠦᠮᠡᠨ ᠲᠤᠯᠤᠭᠠᠢ ᠠᠴᠠ ᠲᠡᠭᠡᠭᠰᠢ ᠳᠤ ᠲᠤᠭᠳᠠᠪᠦᠷᠢᠵᠢᠭᠤᠯᠵᠦ᠂ ᠪᠤᠷᠳᠤᠨ ᠲᠠᠷᠭᠤᠯᠠᠭᠤᠯᠭᠰᠠᠨ ᠦᠬᠡᠷ 100 ᠲᠦᠮᠡᠨ ᠲᠤᠯᠤᠭᠠᠢ᠂ ᠬᠤᠨᠢ ᠢᠮᠠᠭ᠎ᠠ | 650 ᠲᠦᠮᠡᠨ ᠲᠤᠯᠤᠭᠠᠢ᠂ ᠭᠠᠭ᠋ᠠᠢ 300 ᠲᠦᠮᠡ ᠶᠢ ᠬᠤᠳᠠᠯᠳᠤᠨ ᠂ ᠠᠯᠠᠰᠢᠨ ᠵᠢᠭᠦᠷᠳᠡᠨ ᠢ 8000 ᠲᠦᠮᠡ ᠳᠤ ᠬᠦᠷᠭᠡᠵᠦ᠂ ᠦᠨᠳᠡᠭᠡᠨ ᠤ ᠭᠠᠷᠤᠯᠳᠠ ᠶᠢ | 36 ᠲᠦᠮᠡᠨ ᠲᠤᠨ ᠠᠴᠠ ᠲᠡᠭᠰᠰᠢ ᠳᠤ ᠬᠦᠷᠭᠡᠵᠦ᠂ ᠤᠯᠠᠭᠠᠨᠬᠠᠳᠠ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ | ᠲᠤᠭᠤᠷᠢᠭ᠂ ᠬᠤᠩ ᠱᠠᠨ ᠲᠤᠭᠤᠷᠢᠭ ᠤᠨ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠬᠦᠷᠢᠶᠡᠯᠡᠩ᠂ ᠦᠪᠦᠷ ᠮᠤᠩᠭᠤᠯ ᠤᠨ ᠶᠤᠸᠠᠨ | ᠶᠧ ᠲᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠠᠵᠦ ᠦᠢᠯᠡᠰᠵᠢᠭᠦᠯᠦᠭᠰᠡᠨ ᠬᠦᠷᠢᠶᠡᠯᠡᠩ | ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠰᠠᠢ ᠹᠸᠢ ᠶᠠ᠂ ᠮᠡᠨᠳᠦ᠂ ᠳ᠋ᠠ ᠮᠤ᠋ ᠴᠠᠩ᠂ ᠳ᠋ᠦᠩ ᠹᠠᠩ ᠸᠠᠨ ᠴᠢ ᠵᠡᠷᠭᠡ | ᠲᠤᠯᠤᠭᠠᠶᠢᠯᠠᠬᠤ ᠠᠵᠦ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠪᠤᠵᠠᠭᠠᠶᠢᠷᠠᠭᠤᠯᠵᠦ᠂ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ | ᠶᠢᠨ ᠰᠢᠨ᠎ᠡ ᠨᠡᠷᠡᠳᠦ ᠲᠡᠮᠳᠡᠭ ᠢ ᠡᠭᠦᠳᠦᠨ᠎ᠡ᠃ ᠲᠠᠷᠢᠶᠠᠴᠢᠳ ᠮᠠᠯᠴᠢᠳ ᠲᠤ ᠰᠢᠨᠵᠢᠯᠡᠬᠦ ᠤᠬᠠᠭᠠᠨ ᠮᠡᠷᠭᠡᠵᠢᠯ᠂ ᠰᠠᠶᠢᠨ ᠡᠭᠦᠯᠳᠡᠷ ᠰᠠᠶᠢᠨ ᠦᠷ᠎ᠡ᠂ ᠭᠡᠮ | ᠬᠤᠷᠤᠬᠠᠢ ᠶᠢᠨ ᠬᠤᠬᠢᠷᠠᠯ ᠪᠡᠭᠡᠮ ᠬᠢᠵᠢᠭ ᠢ ᠰᠡᠷᠭᠢᠯᠡᠨ ᠬᠤᠷᠢᠭᠯᠠᠬᠤ᠂ ᠮᠠᠯ ᠲᠠᠷᠢᠶ᠋ᠶᠠᠯᠠᠩ ᠤᠨ ᠪᠦᠳᠦᠭᠡᠭᠳᠡᠭᠦᠨ ᠤ ᠠᠶᠤᠯᠭᠦᠢ ᠶᠢᠨ ᠪᠠᠶᠢᠴᠠᠭᠠᠯᠳᠠ ᠬᠡᠮᠵᠢᠯᠳᠡ᠂ | ᠪᠠᠭ᠎ᠠ ᠨᠤᠷᠮᠠᠳᠦ ᠵᠢᠭᠡᠯᠡᠯᠭᠡ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠢ ᠦᠨᠡᠩᠬᠦ ᠬᠠᠩᠭᠠᠨ᠎ᠠ᠃ ᠲᠤᠮᠳᠠᠳᠦ ᠤᠯᠤᠰ ᠤᠨ ᠤᠮᠠᠷᠠᠳᠦ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠤᠨ ᠦᠵᠡᠰᠭᠦᠯᠡᠩ ᠪᠤᠯᠤᠨ ᠲᠠᠪᠤᠳᠤᠭᠠᠷ ᠬᠤᠭᠤᠴᠠᠭᠠᠨ ᠤ ᠲᠤᠮᠳᠠᠳᠦ ᠤᠯᠤᠰ ᠤᠨ ᠴᠠᠷᠭᠠᠰᠦ ᠶᠢᠨ ᠬᠦᠭᠵᠢᠯᠳᠡ ᠶᠢᠨ | ᠶᠡᠭᠡ ᠬᠤᠷᠠᠯ ᠢ ᠰᠠᠶᠢᠳᠤᠷ ᠡᠷᠬᠢᠯᠡᠨ᠎ᠡ᠃ | ︵ᠭᠤᠷᠪᠠ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠦ᠂ ᠰᠢᠨ᠎ᠡ ᠬᠡᠷᠡᠭᠯᠡᠭᠡᠨ ᠤ ᠴᠢᠭ ᠢ ᠪᠤᠢ ᠪᠤᠯᠭᠠᠨ᠎ᠠ᠃ ᠭᠤᠤᠯ | ᠬᠤᠳᠠ ᠲᠤᠭᠤᠷᠢᠭ ᠤᠨ ᠸᠠᠨ ᠳ᠋ᠠ ᠠᠭᠤᠳᠠᠮ ᠲᠠᠯᠠᠪᠤᠷ᠂ ᠶᠢᠩ ᠰᠢᠶᠠᠩ ᠬᠤᠩ ᠱᠠᠨ᠂ ᠱᠠᠩᠬᠠᠢ ᠬᠤᠳᠠ ᠬᠤᠳᠠᠯᠳᠤᠭᠠᠨ ᠤ ᠬᠤᠳᠠ ᠶᠢᠨ ᠬᠤᠶᠠᠳᠤᠭᠠᠷ | ᠬᠤᠭᠤᠴᠠᠭ᠎ᠠ ᠶᠢᠨ ᠪᠠᠷᠢᠯᠭ᠎ᠠ ᠵᠡᠷᠭᠡ ᠲᠤᠮᠤ ᠬᠡᠯᠪᠡᠷᠢ ᠶᠢᠨ ᠬᠤᠳᠠ ᠶᠢᠨ ᠶᠡᠷᠦᠩᠬᠡᠶᠢᠯᠡᠭᠰᠡᠨ ᠴᠤᠭᠴᠠ ᠪᠠ ᠬᠤᠰᠢᠭᠤ ᠰᠢᠶᠠᠨ ᠤ ᠲᠤᠮᠤ ᠬᠡᠯᠪᠡᠷᠢ ᠶᠢᠨ ᠬᠤᠳᠠᠯᠳᠠᠭᠠ᠂ | ᠲᠡᠭᠡᠳᠦ ᠲᠡᠰ ᠤᠨ ᠵᠤᠴᠢᠳ ᠤᠨ ᠪᠠᠭᠤᠳᠠᠯ ᠪᠤᠯᠤᠨ ᠴᠡᠩᠭᠡᠯ ᠲᠤᠭᠯᠠᠭᠠᠮ ᠤᠨ ᠦᠢᠯᠡᠴᠢᠯᠡᠭᠡᠨ ᠤ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠵᠦ︔ | ᠤᠯᠠᠭᠠᠨᠬᠠᠳᠠ ᠶᠢᠨ ᠲᠡᠯᠡᠬᠡᠢ ᠶᠢᠨ ᠬᠠᠭᠤᠷᠠᠢ ᠭᠠᠷᠠᠮ᠂ ᠮᠦᠩᠭᠦᠨ ᠭᠦᠢᠯᠭᠡᠭᠡᠨ ᠤ ᠪᠠᠷᠠᠭᠠᠨ ᠤ ᠭᠠᠷᠠᠮ᠂ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠦᠪ᠂ | ᠡᠭᠦᠯᠡᠨ ᠪᠤᠳᠤᠯᠳᠠ ᠶᠢᠨ ᠨᠡᠪᠴᠢᠭᠦᠯᠬᠦ ᠬᠦᠷᠢᠶᠡᠯᠡᠩ ᠲᠤᠭᠤᠷᠢᠭ᠂ ᠢᠤᠢ ᠿᠦᠨ ᠲᠠᠷᠢᠶᠠᠯᠠᠩ ᠤᠨ ᠲᠤᠰᠠᠯᠠᠬᠤ ᠪᠦᠳᠦᠭᠡᠭᠳᠡᠭᠦᠨ ᠤ ᠠᠷᠠᠯᠵᠢᠶᠠᠨ ᠤ ᠪᠠᠷᠠᠭ᠎ᠠ | ᠬᠦᠷᠭᠡᠬᠦ ᠲᠦᠪ᠂ ᠲᠡᠮᠦᠷᠯᠢᠭ ᠮᠠᠰᠢᠨ ᠴᠠᠬᠢᠯᠭᠠᠨ ᠤ ᠬᠤᠳᠠ ᠶᠢᠨ ᠬᠤᠶᠠᠳᠤᠭᠠᠷ ᠬᠤᠭᠤᠴᠠᠭ᠎ᠠ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠪᠠᠷᠠᠭᠠᠨ | ᠤ ᠭᠦᠢᠯᠭᠡᠭᠡᠨ ᠤ ᠲᠦᠷᠦᠯ ᠵᠦᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠠᠳᠬᠤᠵᠦ᠂ ᠤᠯᠠᠭᠠᠨᠬᠠᠳᠠ ᠶᠢᠨ ᠪᠠᠷᠠᠭᠠᠨ ᠤ ᠬᠦᠢᠯᠭᠡᠭᠡᠨ ᠤ ᠬᠤᠳᠠ ᠶᠢᠨ | ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠭᠤᠤᠯ ᠬᠤᠳᠠ ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠲᠦᠪᠰᠢᠨ ᠢ | ᠲᠡᠭᠡᠭᠰᠢᠯᠡᠭᠦᠯᠦᠨ᠎ᠡ᠃ ᠳ᠋ᠠᠪᠠᠨ᠂ ᠠᠤᠬᠠᠨ᠂ ᠪᠤᠷᠤᠬᠤᠳᠠ᠂ ᠲᠡᠭᠡᠳᠦ ᠨᠡᠶᠢᠰᠯᠡᠯ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠪᠦᠳᠦᠭᠡᠨ | ᠪᠠᠶᠢᠭᠤᠯᠤᠯᠳᠠ ᠶᠢ ᠰᠠᠶᠢᠳᠤᠷ ᠠᠳᠬᠤᠵᠦ᠂ ᠬᠦᠢᠳᠡᠨ ᠢᠶᠠᠷ ᠬᠠᠳᠠᠭᠠᠯᠠᠨ ᠬᠦᠷᠭᠡᠬᠦ ᠪᠠᠷᠠᠭᠠᠨ ᠤ ᠭᠦᠢᠭᠡᠭᠡᠨ ᠤ ᠬᠦᠭᠵᠢᠯᠳᠡ ᠶᠢ ᠢᠳᠡᠪᠬᠢᠳᠠᠢ ᠠᠬᠢᠭᠤᠯᠵᠦ᠂ | ᠨᠡᠭᠦᠷᠡᠰᠦ᠂ ᠠᠮᠦ ᠪᠤᠳᠠᠭ᠎ᠠ᠂ ᠢᠳᠡᠰᠢᠨ ᠨᠤᠭᠤᠭᠠᠨ ᠤ ᠪᠠᠷᠠᠭᠠᠨ ᠤ ᠭᠦᠢᠯᠭᠡᠭᠡᠨ ᠢ ᠶᠡᠬᠡᠰᠭᠡᠨ᠎ᠡ᠃ ᠤᠯᠠᠭᠠᠨᠬᠠᠳᠠ ᠶᠢᠨ ᠡᠮᠦᠨ᠎ᠡ ᠬᠡᠰᠡᠭ ᠤᠨ ᠰᠤᠶᠤᠯ ᠤᠨ ᠵᠤᠭᠠᠴᠠᠯ | ᠤᠨ ᠦᠢᠯᠡᠰ ᠤᠨ ᠪᠦᠰᠡᠯᠢᠭ᠂ ᠬᠡᠰᠢᠭᠳᠡᠨ ᠤ ᠰᠤᠶᠤᠯ ᠵᠤᠭᠠᠴᠠᠯ ᠤᠨ ᠵᠢᠱᠢᠶ᠎ᠡ ᠦᠵᠡᠭᠦᠯᠬᠦ ᠲᠤᠭᠤᠷᠢᠭ᠂ ᠲᠡᠭᠡᠳᠦ ᠨᠡᠶᠢᠰᠯᠡᠯ ᠤᠨ ᠬᠢᠳᠠᠨ ᠯᠢᠶᠤᠤ ᠶᠢᠨ ᠰᠤᠶᠤᠯ ᠤᠨ | ᠠᠵᠦ ᠦᠢᠯᠡᠰ ᠤᠨ ᠬᠦᠷᠢᠶᠡᠯᠡᠩ᠂ ᠬᠤᠩ ᠱᠠᠨ ᠰᠤᠶᠤᠯ ᠤᠨ ᠵᠤᠭᠠᠴᠠᠯ ᠤᠨ ᠬᠤᠳᠠᠯᠳᠤᠭ᠎ᠠ ᠠᠷᠠᠯᠵᠢᠶᠠᠨ ᠤ ᠬᠤᠳᠠ ᠪᠤᠯᠤᠨ ᠲᠤᠮᠳᠠᠳᠦ ᠤᠯᠤᠰ ᠤᠨ ᠲᠠᠮᠠᠭᠠᠳᠦ | ᠬᠤᠳᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠵᠤᠭᠠᠴᠠᠯ ᠤᠨ ᠦᠢᠯᠡᠰ ᠬᠢᠭᠡᠳ ᠰᠤᠶᠤᠯ ᠤᠨ ᠦᠢᠯᠡᠰ ᠤᠨ ᠤᠶᠠᠯᠳᠤᠨ ᠬᠦᠭᠵᠢᠬᠦ ᠶᠢ ᠠᠬᠢᠭᠤᠯᠤᠨ᠎ᠠ | ᠃ ᠪᠦᠬᠦ ᠵᠢᠯ ᠳᠤ ᠵᠤᠭᠠᠴᠠᠭᠰᠠᠳ ᠢ 800 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ ᠵᠤᠭᠠᠴᠠᠯ ᠤᠨ ᠤᠷᠤᠯᠭ᠎ᠠ 135 ᠳ᠋ᠦᠩᠰᠢᠭᠤᠷ ᠲᠦᠭᠦᠷᠢᠭ ᠢ | ᠪᠡᠶᠡᠯᠡᠭᠦᠯᠦᠨ᠎ᠡ᠃ ᠮᠦᠩᠭᠦᠨ ᠭᠦᠢᠯᠭᠡᠭᠡᠨ ᠤ ᠬᠤᠳᠠᠯᠳᠤᠭᠠᠨ ᠤ ᠶᠠᠪᠤᠳᠠᠯ ᠤᠨ ᠲᠤᠭᠤᠷᠢᠭ ᠢ ᠡᠬᠢᠯᠡᠨ ᠪᠠᠶᠢᠭᠤᠯᠵᠦ᠂ ᠨᠢᠩᠴᠧᠩ ᠤᠨ ᠲᠠᠷᠢᠶᠠᠯᠠᠩ ᠤᠨ | ᠬᠤᠳᠠᠯᠳᠤᠭᠠᠨ ᠤ ᠪᠠᠩᠬᠢ ᠶᠢ ᠪᠠᠶᠢᠭᠤᠯᠬᠤ ᠠᠯᠬᠤᠴᠠ ᠶᠢ ᠲᠦᠷᠭᠡᠳᠬᠡᠵᠦ᠂ ᠰᠢᠩ ᠶᠧ ᠪᠠᠩᠬᠢ᠂ ᠵᠦᠩ ᠰᠢᠨ ᠪᠠᠩᠬᠢ᠂ ᠦᠪᠦᠷ ᠮᠤᠩᠭᠤᠯ ᠪᠠᠩᠬᠢ ᠶᠢ | ᠤᠷᠤᠭᠤᠯᠤᠨ ᠠᠪᠴᠢᠷᠠᠵᠦ᠂ ᠰᠢᠶᠡᠨ ᠤ ᠱᠠᠳᠤᠨ ᠳᠠᠬᠢ ᠪᠠᠩᠭᠢ ᠶᠢᠨ ᠬᠤᠪᠢᠶᠠᠷᠢ ᠰᠠᠯᠪᠦᠷᠢ ᠪᠠᠶᠢᠭᠤᠯᠤᠮᠵᠢ ᠶᠢ 5 ᠨᠡᠮᠡᠵᠦ ᠪᠠᠶᠢᠭᠤᠯᠤᠨ᠎ᠠ᠃ ᠲᠠᠷᠢᠶᠠᠯᠠᠩ ᠮᠠᠯ ᠠᠵᠦ | ᠠᠬᠤᠢ᠂ ᠲᠤᠮᠳᠠ ᠵᠢᠵᠢᠭ ᠠᠵᠦ ᠠᠬᠤᠶᠢᠯᠠᠯ ᠤᠨ ᠢᠳᠡᠬᠡᠮᠵᠢᠳᠦ ᠵᠢᠭᠡᠯᠡᠭᠡ ᠶᠢᠨ ᠲᠡᠮᠵᠢᠯᠭᠡ ᠶᠢ ᠶᠡᠬᠡᠰᠭᠡᠵᠦ᠂ ᠰᠢᠨ᠎ᠡ ᠪᠠᠷ ᠨᠡᠮᠡᠭᠳᠡᠭᠦᠯᠬᠦ ᠵᠢᠭᠡᠯᠡᠯᠭᠡ ᠶᠢᠨ ᠨᠡᠮᠡᠭᠳᠡᠯ | ᠤᠨ ᠬᠤᠷᠳᠤᠴᠠ ᠶᠢ 20% ᠠᠴᠠ ᠲᠤᠷᠤᠭᠰᠢ ᠪᠠᠶᠢᠯᠭᠠᠬᠤ ᠦᠭᠡᠢ᠃ ᠮᠦᠩᠭᠦᠨ ᠭᠦᠢᠯᠭᠡᠭᠡᠴᠢᠳ ᠪᠠ ᠠᠵᠦ ᠠᠬᠤᠶᠢᠯᠠᠯᠳᠠᠨ ᠤ ᠨᠡᠶᠢᠭᠡᠮᠯᠢᠭ ᠢ ᠵᠤᠬᠢᠶᠠᠨ | ᠪᠠᠶᠢᠭᠤᠯᠵᠦ᠂ ᠤᠯᠠᠨ ᠶᠠᠩᠵᠦ ᠬᠡᠯᠪᠡᠷᠢ᠂ ᠤᠯᠠᠨ ᠲᠡᠰ ᠲᠠᠪᠬᠤᠷᠭ᠎ᠠ ᠶᠢᠨ ᠪᠠᠩᠬᠢ ᠪᠠ ᠠᠵᠦ ᠠᠬᠤᠶᠢᠯᠠᠯ ᠤᠨ ᠵᠦᠪᠳᠡᠯᠴᠡᠭᠡᠷ ᠤᠨ ᠠᠵᠢᠯᠯᠠᠭᠠᠨ ᠢ ᠵᠤᠬᠢᠶᠠᠨ | ᠪᠠᠶᠢᠭᠤᠯᠤᠨ ᠦᠷᠨᠢᠭᠦᠯᠦᠨ᠎ᠡ᠃ ᠠᠵᠦ ᠠᠬᠤᠶᠢᠯᠠᠯ ᠤᠨ ᠰᠲ᠋ᠤᠺ ᠤᠨ ᠵᠠᠬ᠎ᠠ ᠳᠤ ᠭᠠᠷᠬᠤ ᠠᠵᠢᠯ ᠢ ᠠᠬᠢᠭᠤᠯᠵᠦ᠂ ᠰᠠᠢ ᠹᠸᠢ ᠶᠠ ᠺᠤᠮᠫᠠᠨᠢ ᠪᠤᠯᠤᠨ ᠯᠢᠩ ᡁᠢ | ᠲᠦᠮᠦᠰᠤᠨ ᠤ ᠺᠤᠮᠫᠠᠨᠢ ᠶᠢ ᠠᠮᠵᠢᠯᠳᠠᠳᠠᠢ ᠪᠠᠷ ᠰᠲ᠋ᠤᠺ ᠤᠨ ᠵᠠᠬ᠎ᠠ ᠳᠤ ᠭᠠᠷᠭᠠᠬᠤ ᠪᠠᠷ ᠴᠢᠷᠮᠠᠶᠢᠨ᠎ᠠ᠃ | ︵ᠲᠦᠷᠪᠡ︶ ᠬᠤᠳᠠ ᠪᠠᠯᠭᠠᠰᠤᠨ ᠤ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠪᠤᠯᠤᠨ ᠬᠠᠮᠢᠶᠠᠷᠦᠯᠳᠡ ᠶᠢ ᠴᠢᠩᠭᠠᠳᠬᠠᠵᠦ᠂ ᠬᠤᠳᠠ ᠪᠠᠯᠭᠠᠰᠤᠵᠢᠬᠤ ᠶᠠᠰᠦ | ᠴᠢᠨᠠᠷ ᠪᠤᠯᠤᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠭᠤᠤᠯ ᠬᠤᠳᠠ ᠲᠤᠭᠤᠷᠢᠭ ᠤᠨ ᠡᠯ᠎ᠡ ᠵᠦᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠲᠤᠭᠳᠠᠭᠠᠵᠦ | ᠬᠡᠷᠡᠭᠵᠢᠭᠦᠯᠬᠦ ᠶᠢ ᠴᠢᠩᠳᠠᠯᠠᠵᠦ᠂ ᠬᠤᠳᠠ ᠶᠢᠨ ᠪᠦᠳᠦᠭᠡᠨ ᠪᠠᠶᠢᠭᠤᠯᠤᠯᠳᠠ ᠪᠤᠯᠤᠨ ᠬᠠᠮᠢᠶᠠᠷᠦᠯᠳᠠ ᠳᠠᠬᠢ ᠲᠦᠯᠦᠪᠵᠢᠭᠦᠯᠭᠡ ᠶᠢᠨ ᠵᠢᠯᠤᠭᠤᠳᠬᠤ ᠦᠢᠯᠡᠳᠦᠯ ᠢ | ᠪᠠᠳᠠᠷᠠᠭᠤᠯᠤᠨ᠎ᠠ᠃ ᠬᠠᠭᠤᠴᠢᠨ ᠬᠤᠳᠠ ᠶᠢ ᠦᠭᠡᠷᠡᠴᠢᠯᠡᠬᠦ᠂ ᠰᠢᠨ᠎ᠡ ᠬᠤᠳᠠ ᠶᠢ ᠦᠷᠭᠡᠳᠬᠡᠬᠦ᠂ ᠲᠤᠭᠤᠷᠢᠮ ᠵᠠᠮ ᠵᠠᠰᠠᠬᠤ᠂ ᠲᠦᠪᠬᠢᠨᠡᠭᠦᠯᠬᠦ ᠤᠷᠤᠨ ᠰᠠᠭᠤᠴᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠦ᠂ ᠡᠨᠡ ᠵᠢᠯ ᠳᠤ 150 ᠳ᠋ᠦᠩᠰᠢᠭᠤᠷ ᠠᠴᠠ ᠲᠡᠭᠡᠭᠰᠢ ᠪᠡᠯᠡ ᠤᠷᠤᠭᠤᠯᠬᠤ ᠶᠢ ᠪᠠᠳᠤᠯᠠᠭ᠎ᠠ ᠲᠠᠢ ᠪᠡᠶᠡᠯᠡᠭᠦᠯᠦᠨ᠎ᠡ᠃ ᠰᠢᠶᠤᠤ | ᠰᠢᠨ ᠳ᠋ᠢ ᠲᠤᠭᠤᠶᠢᠯᠠᠩ ᠪᠦᠯᠦᠭᠯᠡᠯ ᠤᠨ ᠤᠷᠤᠨ ᠰᠠᠭᠤᠴᠠ᠂ ᠦᠵᠡᠮᠵᠢ᠂ ᠬᠤᠳᠠᠯᠳᠤᠭ᠎ᠠ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠠᠵᠦ ᠠᠬᠤᠶᠢᠯᠠᠯ ᠤᠨ | ᠶᠡᠷᠦᠩᠬᠡᠢ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠪᠠ ᠵᠢᠶᠠᠲ᠋ᠤᠭᠤᠶᠢᠯᠠᠩ ᠪᠦᠯᠦᠭᠯᠡᠯ ᠤᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ | ᠤᠯᠠᠨ ᠨᠡᠶᠢᠳᠡ ᠶᠢᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢ ᠲᠦᠬᠦᠷᠵᠢᠭᠦᠯᠵᠦ᠂ ᠪᠠᠷᠠᠭᠤᠨ ᠠᠭᠤᠯᠠᠨ ᠤ ᠠᠮᠢ ᠠᠬᠤᠢ ᠶᠢᠨ ᠬᠦᠷᠢᠶᠡᠯᠡᠩ ᠤᠨ ᠨᠢᠭᠡᠳᠦᠭᠡᠷ | ᠬᠤᠭᠤᠴᠠᠭᠠᠨ ᠤ ᠪᠠᠷᠢᠯᠭ᠎ᠠ ᠶᠢ ᠡᠬᠢᠯᠡᠨ᠎ᠡ᠃ ᠲᠤᠮᠳᠠ ᠲᠤᠭᠤᠷᠢᠮ ᠵᠠᠮ ᠤᠨ ᠪᠠᠶᠢᠭᠤᠯᠤᠯᠳᠠ ᠶᠢ ᠲᠦᠷᠭᠡᠳᠬᠡᠵᠦ᠂ ᠰᠢᠨ᠎ᠡ ᠬᠤᠳᠠ ᠶᠢᠨ ᠬᠡᠰᠡᠭ ᠬᠢᠭᠡᠳ ᠰᠦᠩ ᠱᠠᠨ | ᠤ ᠬᠡᠰᠡᠭ ᠢ ᠨᠡᠪᠳᠡᠷᠡᠭᠦᠯᠦᠨ᠂ ᠫᠢᠩ ᠱᠤᠸᠠᠩ ᠵᠠᠮ ᠪᠠ ᠵᠤᠤ ᠤᠳᠠ ᠬᠦᠬᠦᠷᠭᠡ ᠶᠢ ᠦᠷᠭᠡᠳᠬᠡᠨ ᠦᠭᠡᠷᠡᠴᠢᠯᠡᠵᠦ᠂ ᠨᠢᠰᠭᠡᠯ ᠤᠨ ᠪᠠᠭᠤᠳᠠᠯ ᠤᠨ ᠵᠠᠮ ᠢ ᠡᠬᠢᠯᠡᠨ | ᠵᠠᠰᠠᠵᠦ᠂ ᠵᠢᠶᠧ ᠹᠠᠩ ᠪᠠᠷᠠᠭᠤᠨ ᠵᠡᠭᠡᠯᠢ ᠶᠢ ᠨᠡᠪᠳᠡᠷᠡᠭᠦᠯᠦᠨ᠎ᠡ᠃ ᠬᠦᠭᠦᠷᠭᠡᠨ ᠬᠤᠶᠢᠳᠤᠬᠢ ᠲᠤᠭᠤᠶᠢᠯᠠᠩ ᠪᠦᠯᠦᠭᠯᠡᠯ᠂ ᠰᠦᠩ ᠱᠠᠨ ᠤ ᠬᠤᠶᠢᠳᠦ ᠰᠢᠨ᠎ᠡ ᠲᠤᠭᠤᠷᠢᠭ | ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠦ᠂ ᠲᠦᠭᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠪᠤᠯᠤᠨ ᠬᠤᠳᠠ ᠶᠢᠨ ᠲᠤᠮᠳᠠᠬᠢ | ᠲᠤᠰᠬᠤᠨ ᠢ ᠦᠭᠡᠷᠡᠴᠢᠯᠡᠬᠦ ᠶᠢ ᠨᠠᠶᠢᠳᠠᠪᠤᠷᠢᠵᠢᠭᠤᠯᠵᠦ᠂ ᠬᠠᠭᠤᠴᠢᠨ ᠪᠠᠭ᠎ᠠ ᠲᠤᠭᠤᠷᠢᠭ ᠢ 100 ᠲᠦᠮᠡᠨ ᠲᠦᠷᠪᠡᠯᠵᠢᠨ ᠮᠧᠲᠷ ᠦᠭᠡᠷᠡᠴᠢᠯᠡᠨ ᠪᠠᠶᠢᠭᠤᠯᠬᠤ ᠶᠢ | ᠪᠡᠶᠡᠯᠡᠭᠦᠯᠤᠨ᠎ᠡ᠃ ᠬᠤᠳᠠ ᠪᠠᠯᠭᠠᠰᠦ᠂ ᠲᠤᠰᠬᠤᠨ ᠪᠠᠯᠭᠠᠰᠤᠨ ᠤ ᠲᠦᠯᠦᠪᠵᠢᠭᠦᠯᠭᠡ ᠶᠢ ᠴᠢᠩᠭ᠎ᠠ ᠨᠠᠶᠢᠷᠠᠭᠤᠯᠤᠨ ᠲᠤᠭᠳᠠᠭᠠᠵᠦ᠂ ᠬᠤᠳᠠ ᠶᠢᠨ ᠪᠠᠷᠢᠮᠵᠢᠶ᠎ᠠ ᠪᠠᠷ | ᠬᠤᠰᠢᠭᠤ ᠰᠢᠶᠠᠨ ᠲᠤᠭᠤᠷᠢᠭ ᠤᠨ ᠰᠠᠭᠤᠭ᠎ᠠ ᠪᠠᠯᠭᠠᠰᠦ ᠪᠠ ᠭᠤᠤᠯᠳᠠᠯᠭᠠᠳᠠᠢ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠨᠢᠭᠡ | ᠪᠦᠯᠦᠭ ᠵᠡᠭᠡᠯᠢ ᠭᠤᠳᠤᠮᠵᠢ᠂ ᠴᠡᠴᠡᠷᠯᠢᠭ᠂ ᠨᠤᠭᠤᠭᠠᠷᠠᠭᠤᠯᠤᠭᠰᠠᠨ ᠭᠠᠵᠠᠷ ᠵᠢᠴᠢ ᠲᠦᠭᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠬᠦ ᠵᠡᠷᠭᠡ | ᠭᠤᠤᠯᠳᠠᠯᠭᠠᠳᠠᠢ ᠢᠨᠵᠧᠨᠧᠷᠢᠩ ᠢ ᠪᠡᠶᠡᠯᠡᠭᠦᠯᠵᠦ᠂ ᠬᠦᠮᠦᠰ ᠤᠨ ᠤᠷᠤᠨ ᠰᠠᠭᠤᠴᠠ ᠶᠢᠨ ᠤᠷᠴᠢᠨ ᠲᠤᠭᠤᠷᠢᠨ ᠢ ᠤᠯᠠᠮ ᠰᠠᠶᠢᠵᠢᠷᠠᠭᠤᠯᠤᠨ᠎ᠠ᠃ ᠭᠤᠤᠯ ᠬᠤᠳᠠ | ᠲᠤᠭᠤᠷᠢᠭ ᠤᠨ ᠤᠰᠤᠨ ᠰᠤᠷᠪᠤᠯᠵᠢ ᠢᠯᠴᠢ ᠶᠢᠨ ᠰᠤᠷᠪᠤᠯᠵᠢ ᠵᠢᠴᠢ ᠬᠤᠭᠤᠯᠠᠢ ᠲᠤᠤᠷᠵᠢᠯ ᠤᠨ ᠦᠭᠡᠷᠡᠴᠢᠯᠡᠯᠳᠡ᠂ 10 ᠲᠦᠮᠡᠨ ᠲᠤᠨ ᠤ ᠪᠤᠵᠠᠷ ᠤᠰᠤ | ᠰᠢᠢᠳᠪᠦᠷᠢᠯᠡᠬᠦ᠂ 10 ᠲᠦᠮᠡᠨ ᠲᠤᠨ ᠤ ᠲᠤᠮᠳᠠ ᠤᠰᠤ ᠶᠢ ᠡᠬᠡᠭᠦᠯᠦᠨ ᠬᠡᠷᠡᠭᠯᠡᠬᠦ᠂ 22 ᠺᠢᠯᠤᠮᠧᠲᠷ ᠤᠨ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠶᠢᠨ | ᠪᠦᠳᠦᠭᠡᠨ ᠪᠠᠶᠢᠭᠤᠯᠤᠯᠳᠠ ᠵᠡᠷᠭᠡ ᠢᠨᠵᠧᠨᠧᠷᠢᠩ ᠶᠢ ᠨᠠᠶᠢᠳᠠᠪᠦᠷᠢᠵᠢᠭᠤᠯᠤᠨ᠎ᠠ᠃ ︽ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠦᠯᠳᠠ ᠶᠢᠨ ᠤᠨ︾ ᠤ | ᠠᠵᠢᠯᠯᠠᠭᠠᠨ ᠢ ᠭᠦᠨᠵᠡᠭᠡᠢ ᠦᠷᠨᠢᠭᠦᠯᠦᠨ᠎ᠡ᠃ ᠲᠤᠭᠠᠴᠢᠯᠠᠭᠰᠠᠨ᠂ ᠨᠠᠷᠢᠯᠢᠭᠵᠢᠭᠰᠠᠨ ᠬᠠᠮᠢᠶᠠᠷᠦᠯᠳᠠ ᠶᠢᠨ ᠭᠡᠯᠪᠡᠷᠢ ᠶᠢ ᠬᠡᠷᠡᠭᠵᠢᠭᠦᠯᠦᠨ᠎ᠡ᠃ ᠭᠤᠤᠯ ᠬᠤᠳᠠ | ᠲᠤᠭᠤᠷᠢᠭ ᠤᠨ ᠭᠠᠵᠠᠷ ᠵᠦᠢ ᠴᠢᠮᠡᠭᠡ ᠵᠠᠩᠬᠢ ᠶᠢᠨ ᠬᠠᠮᠢᠶᠠᠷᠦᠯᠳᠠ ᠶᠢᠨ ᠰᠢᠰᠲ᠋ᠧᠮ ᠤᠨ ᠲᠠᠪᠴᠠᠩ ᠢ ᠪᠠᠶᠢᠭᠤᠯᠵᠦ᠂ ᠭᠠᠵᠠᠷ ᠲᠡᠭᠡᠷᠡᠬᠢ ᠪᠠ ᠭᠠᠵᠠᠷ ᠲᠤᠤᠷᠠᠬᠢ | ᠬᠠᠮᠢᠶᠠᠷᠤᠯᠳᠠ ᠶᠢᠨ ᠰᠢᠰᠲ᠋ᠧᠮ ᠢ ᠪᠦᠳᠦᠮᠵᠢᠳᠠᠢ ᠤᠶᠠᠯᠳᠦᠭᠤᠯᠤᠨᠠ᠃ ᠲᠡᠯᠭᠡᠭᠡ ᠵᠠᠷ ᠫᠠᠶᠢᠰᠠ ᠢᠯᠡᠷᠬᠡᠶᠢᠯᠠᠯ᠂ ᠬᠤᠳᠠ ᠶᠢᠨ ᠦᠵᠡᠮᠵᠢ ᠶᠢᠨ ᠤᠷᠴᠢᠨ ᠲᠤᠭᠤᠷᠢᠨ᠂ | ᠲᠤᠷ᠎ᠠ ᠪᠠᠷ ᠢᠶᠠᠨ ᠪᠠᠷᠢᠯᠭ᠎ᠠ ᠪᠠᠷᠢᠬᠤ᠂ ᠦᠢᠮᠡᠭᠡᠨ ᠱᠤᠤᠬᠢᠶᠠᠨ ᠤ ᠪᠤᠬᠢᠷᠳᠤᠯ ᠵᠡᠷᠭᠡ ᠶᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ | ᠨᠡᠶᠢᠳᠡ ᠶᠢᠨ ᠮᠠᠰᠢᠨ ᠲᠡᠷᠭᠡ 200 ᠬᠤᠳᠠᠯᠳᠤᠨ ᠠᠪᠴᠦ᠂ ᠤᠯᠠᠨ ᠨᠡᠶᠢᠳᠡ ᠶᠢᠨ ᠮᠠᠰᠢᠨ ᠤ ᠵᠠᠮ ᠱᠤᠭᠤᠮ 6 ᠶᠢ ᠨᠡᠮᠡᠵᠦ ᠨᠡᠪᠳᠡᠷᠡᠭᠦᠯᠤᠨ᠎ᠡ᠃ ᠭᠡᠷ ᠭᠠᠵᠠᠷ | ᠬᠦᠷᠦᠩᠭᠡ ᠶᠢᠨ ᠰᠢᠨ᠎ᠡ ᠨᠡᠭᠡᠭᠡᠨ ᠠᠰᠢᠭᠯᠠᠬᠤ ᠲᠠᠯᠠᠪᠠᠢ ᠶᠢ 700 ᠲᠦᠮᠡᠨ ᠲᠦᠷᠪᠡᠯᠵᠢᠨ ᠺᠢᠯᠤᠮᠧᠲᠷ ᠲᠤ ᠬᠦᠷᠭᠡᠵᠦ ᠂ ᠪᠠᠷᠢᠯᠭ᠎ᠠ ᠶᠢᠨ ᠦᠢᠯᠡᠰ ᠤᠨ ᠨᠡᠮᠡᠭᠳᠡᠯ | ᠦᠷᠳᠡᠭ ᠢ 18% ᠠᠴᠠ ᠲᠡᠭᠡᠭᠰᠢ ᠨᠡᠮᠡᠭᠳᠡᠭᠦᠯᠦᠨ᠎ᠡ᠃ | ︵ᠲᠠᠪᠤ︶ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠨᠦᠬᠦᠴᠡᠯ ᠢ | ᠰᠠᠶᠢᠵᠢᠷᠠᠭᠤᠯᠤᠨ᠎ᠠ᠃ ᠭᠤᠤᠯᠳᠠᠯᠭᠠᠳᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠲᠦᠷᠭᠡᠳᠬᠡᠵᠦ᠂ ᠤᠶᠢᠵᠢᠭᠤᠯᠬᠤ ᠲᠠᠯᠠᠪᠠᠢ 300 | ᠲᠦᠮᠡᠨ ᠮᠦ ᠶᠢ ᠪᠡᠶᠡᠯᠡᠭᠦᠯᠦᠨ᠎ᠡ᠃ ᠲᠤᠮᠤ ᠲᠤᠮᠳᠠ ᠬᠡᠯᠪᠡᠷᠢ ᠶᠢᠨ ᠤᠰᠤᠯᠤᠯᠳᠠ ᠶᠢᠨ ᠲᠤᠭᠤᠷᠢᠭ ᠢ ᠦᠷᠭᠦᠯᠵᠢᠯᠡᠨ ᠪᠠᠶᠢᠭᠤᠯᠤᠨ ᠲᠦᠬᠦᠷᠵᠢᠭᠦᠯᠬᠦ ᠪᠠ ᠬᠠᠷᠠᠴᠢᠯᠠᠭᠤ | ᠵᠡᠷᠭᠡ 6 ᠤᠰᠤᠨ ᠴᠦᠭᠦᠷᠤᠮ ᠢ ᠠᠶᠤᠯᠭᠦᠢ ᠪᠤᠯᠭᠠᠨ ᠪᠠᠬᠢᠯᠡᠬᠦ ᠶᠢ ᠨᠠᠶᠢᠳᠠᠪᠦᠷᠢᠵᠢᠭᠤᠯᠤᠨ᠎ᠠ᠃ ᠪᠢᠷᠠᠭᠤ ᠠᠴᠠ ᠰᠢᠯᠢ ᠶᠢᠨ ᠬᠤᠳᠠ ᠬᠦᠷᠬᠦ ᠲᠦᠷᠭᠡᠨ ᠲᠠᠪᠬᠢᠬᠤ | ᠵᠠᠰᠠᠮᠠᠯ ᠵᠠᠮ᠂ ᠤᠯᠤᠰ ᠤᠨ ᠵᠠᠮ ᠤᠨ 303 ᠱᠤᠭᠤᠮ ᠤᠨ ᠳ᠋ᠠᠪᠠᠨ ᠠᠴᠠ ᠯᠢᠨᠰᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠡᠬᠢᠯᠡᠨ ᠪᠠᠶᠢᠭᠤᠯᠵᠦ᠂ ᠰᠠᠯᠪᠦᠷᠢ | ᠠᠴᠠ ᠰᠢᠨ ᠬᠤᠢ ᠬᠦᠷᠬᠦ᠂ ᠳ᠋ᠧᠩ ᠯᠦᠩ ᠾᠧ ᠠᠴᠠ ᠤᠯᠠᠭᠠᠨᠪᠤᠳᠤᠩ ᠬᠦᠷᠬᠦ᠂ ᠯᠢᠨᠰᠢ ᠠᠴᠠ ᠳ᠋ᠠ ᠶᠢᠩᠽᠢ ᠬᠦᠷᠬᠦ ᠵᠡᠷᠭᠡ ᠤᠯᠤᠰ ᠤᠨ ᠪᠠ ᠮᠤᠵᠢ ᠶᠢᠨ ᠭᠤᠤᠯ | ᠱᠤᠭᠤᠮ ᠤᠨ ᠵᠠᠰᠠᠮᠠᠯ ᠵᠠᠮ ᠤᠨ ᠪᠠᠶᠢᠭᠤᠯᠤᠯᠳᠠ ᠶᠢ ᠲᠦᠷᠭᠡᠳᠬᠡᠨ᠂ ᠤᠯᠠᠭᠠᠨᠬᠠᠳᠠ ᠠᠴᠠ ᠴᠧᠩᠳᠧ ᠬᠦᠷᠬᠦ ᠲᠦᠷᠭᠡᠨ ᠲᠠᠪᠬᠢᠬᠤ ᠵᠠᠰᠠᠮᠠᠯ ᠵᠠᠮ ᠢ ᠪᠠᠷᠢᠯᠭ᠎ᠠ | ᠲᠠᠭᠤᠰᠬᠠᠨ ᠲᠡᠷᠭᠡ ᠨᠡᠪᠳᠡᠷᠡᠭᠦᠯᠦᠨ᠎ᠡ᠃ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠠᠶᠠᠨᠴᠢᠳ ᠤᠨ ᠲᠤᠰᠬᠠᠢ ᠱᠤᠭᠤᠮ ᠤᠨ ᠲᠦᠷᠦᠯ ᠵᠦᠢᠯ ᠢ ᠵᠡᠷᠭᠡᠳᠤᠨᠢ | ᠱᠠᠯᠠᠪᠳᠠᠨ ᠬᠢᠵᠦ᠂ ᠪᠠ ᠰᠢᠨ ᠲᠡᠮᠦᠷ ᠵᠠᠮ᠂ ᠯᠢᠨ ᠪᠠᠢ ᠲᠡᠮᠦᠷ ᠵᠠᠮ ᠪᠤᠯᠤᠨ ᠵᠢᠲ᠋ᠦ᠋ᠩ ᠲᠠᠮᠦᠷ ᠵᠠᠮ ᠤᠨ ᠴᠢᠳᠠᠪᠬᠢ ᠶᠢ ᠦᠷᠭᠡᠳᠬᠡᠬᠦ ᠪᠠᠶᠢᠭᠤᠯᠤᠯᠳᠠ ᠶᠢᠨ ᠠᠬᠢᠴᠠ | ᠶᠢ ᠲᠦᠷᠭᠡᠳᠬᠡᠨ᠎ᠡ᠃ ᠨᠢᠰᠭᠡᠯ ᠤᠨ ᠪᠠᠭᠤᠳᠠᠯ ᠢ ᠦᠷᠭᠡᠳᠬᠡᠨ ᠪᠠᠶᠢᠭᠤᠯᠬᠤ᠂ ᠨᠢᠰᠭᠡᠯ ᠤᠨ ᠱᠤᠭᠤᠮ ᠢ ᠨᠡᠮᠡᠭᠳᠡᠭᠦᠯᠬᠦ᠂ ᠨᠢᠰᠭᠡᠯ ᠤᠨ ᠡᠭᠡᠯᠵᠢ ᠶᠢ ᠤᠯᠠᠳᠠᠭᠤᠯᠬᠤ ᠶᠢ | ᠨᠠᠶᠢᠳᠠᠪᠤᠷᠢᠵᠢᠭᠤᠯᠤᠨ᠎ᠠ᠃ ᠤᠯᠠᠭᠠᠨᠬᠠᠳᠠ ᠠᠴᠠ ᠪᠡᠭᠡᠵᠢᠩ ᠬᠦᠷᠬᠦ ᠪᠠᠶᠢᠭᠠᠯᠢ ᠶᠢᠨ ᠬᠡᠢ ᠶᠢᠨ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠲᠠᠭᠤᠰᠬᠠᠵᠦ᠂ | ᠪᠡᠭᠡᠵᠢᠩ ᠳᠤ ᠬᠡᠢ ᠬᠠᠩᠭᠠᠬᠤ ᠶᠢ ᠪᠡᠶᠡᠯᠡᠭᠦᠯᠵᠦ᠂ ᠬᠤᠶᠢᠳᠦ ᠲᠡᠭᠦᠷᠭᠡ ᠳᠤ ᠴᠠᠬᠢᠯᠭᠠᠨ ᠬᠤᠪᠢᠰᠬᠠᠵᠦ ᠬᠦᠷᠭᠡᠬᠦ᠂ ᠪᠠᠶᠠᠨᠨᠠᠭᠤᠷ ᠲᠤ ᠴᠠᠬᠢᠯᠭᠠᠨ ᠬᠤᠪᠢᠰᠬᠠᠵᠦ | ᠬᠦᠷᠭᠡᠬᠦ᠂ ᠠᠷᠦ ᠬᠤᠷᠴᠢᠨ ᠤ ᠬᠤᠶᠢᠳᠦ ᠬᠡᠰᠡᠭ ᠲᠤ ᠴᠠᠬᠢᠯᠭᠠᠨ ᠬᠤᠪᠢᠰᠬᠠᠵᠦ ᠬᠦᠷᠭᠡᠬᠦ ᠵᠡᠷᠭᠡ ᠴᠠᠬᠢᠯᠭᠠᠨ ᠬᠦᠴᠦᠨ ᠬᠦᠷᠭᠡᠬᠦ ᠢᠨᠵᠧᠨᠧᠷᠢᠩ ᠢ ᠡᠬᠢᠯᠡᠭᠦᠯᠦᠨ᠎ᠡ᠃ | ︵ ᠵᠢᠷᠭᠤᠭ᠎ᠠ︶ ᠪᠡᠯᠡ ᠤᠷᠤᠭᠤᠯᠤᠯᠲᠠ ᠪᠠ ᠨᠡᠬᠡᠬᠡᠯᠲᠠ ᠶᠢᠨ ᠬᠦᠴᠦᠯᠡᠴᠡ ᠪᠠᠨ ᠨᠡᠮᠡᠭᠲᠡᠬᠦᠯᠵᠦ᠂ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠶᠢᠨ | ᠬᠦᠭᠵᠢᠯᠲᠡ ᠶᠢ ᠲᠦᠷᠬᠡᠳᠬᠡᠬᠦ ᠶᠢ ᠲᠡᠮᠵᠢᠨ᠎ᠡ᠃ ᠪᠡᠯᠡ ᠤᠷᠤᠭᠤᠯᠤᠯᠲᠠ ᠶᠢᠨ ᠠᠵᠤ ᠠᠬᠤᠢ ᠶᠢᠨ ᠨᠡᠮᠡᠭᠲᠡᠯ ᠳᠠᠬᠢ ᠵᠠᠩᠬᠢᠯᠠᠭ᠎ᠠ ᠶᠢᠨ ᠦᠢᠯᠡᠲᠦᠯ ᠢ ᠰᠠᠶᠢᠲᠤᠷ | ᠪᠠᠲᠠᠷᠠᠭᠤᠯᠵᠤ᠂ ᠭᠤᠤᠯᠲᠠᠯᠭᠠᠲᠠᠢ ᠬᠦᠷᠢᠶ᠎ᠠ ᠬᠡᠪᠴᠢᠶ᠎ᠡ ᠪᠠ ᠪᠠᠭᠤᠷᠡᠢ ᠵᠠᠩᠬᠢᠯᠠᠭ᠎ᠠ ᠶᠢᠨ ᠲᠤᠭᠤᠷᠢᠨ ᠳᠤ᠂ ᠪᠡᠯᠡ ᠤᠷᠤᠭᠤᠯᠤᠯᠲᠠ ᠶᠢᠨ ᠪᠦᠲᠦᠴᠡ ᠪᠠᠨ ᠴᠢᠨᠠᠭᠰᠢᠲᠠ | ᠰᠢᠯᠢᠲᠡᠭᠵᠢᠬᠦᠯᠵᠦ᠂ ᠪᠡᠯᠡ ᠤᠷᠤᠭᠤᠯᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠬᠡᠭᠰᠢᠯᠡᠬᠦᠯᠦᠨ᠎ᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ 21 | ᠳ᠋ᠤᠭᠡᠷ ᠲᠤᠭᠠᠳᠦ ᠪᠢᠴᠢᠭ ᠮᠠᠲ᠋ᠧᠷᠢᠶᠠᠯ᠂ ᠢᠷᠭᠡᠨ ᠤ ᠪᠡᠯᠡ ᠤᠷᠤᠭᠤᠯᠤᠯᠳᠠ ᠶᠢ ᠠᠬᠢᠭᠤᠯᠬᠤ ︽ᠰᠢᠨ᠎ᠡ 36 ᠵᠤᠷᠪᠤᠰ︾᠂ ᠵᠡᠭᠦᠨ ᠬᠤᠶᠢᠳᠦ ᠤᠷᠤᠨ ᠢ | ᠮᠠᠨᠳᠤᠭᠤᠯᠬᠤ ︽ᠠᠷᠪᠠᠨ ᠬᠤᠶᠠᠷ ᠲᠠᠪᠤ︾ ᠶᠢᠨ ᠲᠦᠯᠦᠪᠵᠢᠭᠦᠯᠬᠡ ᠯᠦᠭᠡ ᠵᠤᠬᠢᠴᠠᠨ ᠵᠤᠯᠭᠠᠬᠤ ᠶᠢ ᠰᠠᠶᠢᠳᠦᠷ ᠬᠢᠵᠦ᠂ ᠠᠯᠢ ᠴᠢᠳᠠᠬᠤ ᠪᠠᠷ ᠲᠡᠭᠡᠳᠦ ᠱᠠᠳᠤᠨ ᠤ | ᠲᠦᠷᠦ ᠶᠢᠨ ᠪᠤᠳᠤᠯᠭ᠎ᠠ᠂ ᠲᠦᠷᠦᠯ ᠵᠦᠢᠯ ᠪᠠ ᠪᠡᠯᠡ ᠮᠦᠩᠭᠦ ᠶᠢ ᠢᠯᠡᠭᠦᠬᠡᠨ ᠤᠯᠬᠤ ᠪᠠᠷ ᠴᠢᠷᠮᠠᠶᠢᠵᠤ᠂ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠯᠲᠠ ᠶᠢᠨ | ᠦᠷ᠎ᠡ ᠠᠰᠢᠭ ᠢ ᠬᠠᠮᠤᠭ ᠶᠡᠭᠡ ᠬᠡᠪᠴᠢᠶ᠎ᠡ ᠪᠠᠷ ᠪᠠᠲᠠᠷᠡᠭᠤᠯᠤᠨᠠ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠯᠤᠭ᠎ᠠ ᠤᠶᠢᠯᠠᠭᠠᠯᠴᠠᠭ᠎ᠠ ᠵᠤᠬᠢᠴᠠᠯᠴᠠᠭ᠎ᠠ ᠪᠠᠨ | ᠴᠢᠩᠭᠠᠳᠬᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠪᠡᠯᠡ ᠬᠦᠢᠯᠬᠡᠬᠡᠬᠦ ᠬᠡᠪᠴᠢᠶ᠎ᠡ ᠪᠠᠨ ᠦᠷᠬᠡᠳᠬᠡᠬᠦ ᠶᠢ ᠲᠡᠮᠵᠢᠨ᠎ᠡ᠃ ᠦᠪᠦᠷ ᠮᠤᠩᠭᠤᠯ ᠰᠢᠶᠠᠩᠭᠠᠩ᠂ | ᠤᠤᠮᠧᠨ ᠤ ᠠᠵᠦ ᠠᠬᠤᠢ ᠠᠷᠠᠯᠵᠢᠶᠠᠨ ᠤ ᠭᠠᠷᠠᠭ ᠤᠨ ᠠᠵᠢᠯᠯᠠᠭᠠᠨ ᠳᠤ ᠢᠳᠡᠪᠬᠢᠳᠠᠢ ᠤᠷᠤᠯᠴᠠᠵᠦ᠂ ᠵᠡᠭᠦᠨ ᠬᠤᠶᠢᠳᠦ ᠶᠢᠨ ᠠᠵᠦ ᠠᠬᠤᠢ ᠶᠢᠨ ᠤᠷᠤᠨ᠂ | ᠪᠦᠸᠧᠬᠠᠢ ᠲᠠᠩᠬᠢᠰ ᠲᠠᠭᠠᠤ ᠠᠵᠦ ᠠᠬᠤᠢ ᠶᠢᠨ ᠪᠦᠰᠡᠯᠡᠭᠦᠷ ᠵᠢᠴᠢ ᠪᠡᠭᠡᠵᠢᠩ ᠲᠢᠶᠠᠨᠵᠢᠨ ᠾᠧᠪᠸᠢ ᠵᠡᠷᠭᠡ ᠭᠤᠤᠯᠳᠠᠯᠭᠠᠳᠠᠢ ᠤᠷᠤᠨ ᠤ ᠠᠷᠠᠯᠵᠢᠶᠠᠴᠢᠨ ᠤᠷᠢᠵᠦ | ᠲᠠᠨᠢᠯᠴᠠᠭᠤᠯᠬᠤ ᠬᠡᠯᠬᠢᠶ᠎ᠡ ᠠᠵᠢᠯᠯᠠᠭᠠᠨ ᠢ ᠰᠠᠶᠢᠳᠤᠷ ᠵᠤᠬᠢᠶᠠᠨ ᠪᠠᠶᠢᠭᠤᠯᠵᠦ᠂ ᠪᠦᠬᠦ ᠵᠢᠯ ᠳᠤ ᠤᠯᠤᠰ ᠤᠨ ᠲᠤᠳᠤᠭᠠᠳᠦ ᠳᠠᠬᠢ ᠤᠷᠤᠨ ᠤ ᠭᠠᠳᠠᠨᠠᠬᠢ ᠪᠡᠯᠡ ᠮᠦᠩᠭᠦ | ᠶᠢ 900 ᠳ᠋ᠦᠩᠰᠢᠭᠤᠷ ᠲᠦᠭᠦᠷᠢᠭ ᠠᠴᠠ ᠲᠡᠭᠡᠭᠰᠢ ᠤᠷᠤᠭᠤᠯᠤᠨ ᠠᠪᠴᠢᠷᠠᠨ᠎ᠠ᠃ ᠪᠡᠭᠡᠵᠢᠩ ᠬᠤᠳᠠ ᠯᠤᠭ᠎ᠠ ᠪᠦᠬᠦ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠦ | ᠂ ᠪᠡᠭᠡᠵᠢᠩ ᠤᠨ ᠵᠠᠬ᠎ᠠ ᠲᠡᠯᠭᠡᠭᠦᠷ ᠲᠤ ᠢᠳᠡᠰᠢᠨ ᠨᠤᠭᠤᠭ᠎ᠠ᠂ ᠮᠠᠯ ᠵᠢᠭᠦᠷᠳᠡᠨ᠂ ᠠᠮᠤ ᠪᠤᠳᠠᠭ᠎ᠠ ᠪᠤᠯᠤᠨ ᠲᠦᠭᠦᠬᠡᠢ ᠰᠢᠨ᠎ᠡ ᠰᠤᠷᠭᠤᠭ ᠰᠤᠨ ᠤ ᠦᠢᠯᠡᠳᠬᠡᠭᠦᠨ | ᠬᠠᠩᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠳᠠ ᠪᠠᠨ ᠲᠦᠯᠬᠢᠨ ᠠᠬᠢᠭᠤᠯᠵᠦ᠂ ᠨᠡᠶᠢᠭᠡᠮ ᠤᠨ ᠦᠢᠯᠡᠰ ᠪᠤᠯᠤᠨ ᠴᠢᠳᠠᠪᠦᠷᠢᠳᠠᠨ ᠬᠦᠮᠦᠵᠢᠭᠦᠯᠬᠦ ᠵᠡᠷᠭᠡ | ᠲᠠᠯ᠎ᠠ ᠪᠠᠷ ᠨᠡᠩ ᠤᠯᠠᠨ ᠲᠡᠮᠵᠢᠯᠭᠡ ᠤᠯᠤᠨ᠎ᠠ᠃ ᠳ᠋ᠦᠩ ᠯᠢ᠂ ᠸᠧᠢ ᠰᠢᠨ᠂ ᠬᠤᠸᠠ ᠶᠤᠸᠠᠨ᠂ ᠠᠢ ᠺᠧ ᠵᠡᠷᠭᠡ ᠭᠤᠤᠯᠳᠠᠯᠭᠠᠳᠠᠢ ᠭᠠᠳᠠᠭᠠᠳᠦ ᠳᠤ ᠭᠠᠷᠭᠠᠬᠤ ᠠᠵᠦ | ᠠᠬᠤᠶᠢᠯᠠᠯ ᠤᠨ ᠲᠦᠷᠭᠡᠨ ᠬᠦᠭᠵᠢᠬᠦ ᠶᠢ ᠲᠡᠮᠵᠢᠵᠦ᠂ ᠭᠠᠳᠠᠭᠠᠳᠦ ᠠᠷᠠᠯᠵᠢᠶᠠᠨ ᠤ ᠭᠠᠳᠠᠭᠠᠳᠦ ᠳᠤ ᠭᠠᠷᠭᠠᠬᠤ ᠶᠡᠷᠦᠩᠬᠡᠢ ᠨᠤᠷᠮ᠎ᠠ ᠶᠢ 15% ᠠᠴᠠ ᠲᠡᠭᠡᠭᠰᠢ | ᠨᠡᠮᠡᠭᠳᠡᠭᠦᠯᠦᠨ᠎ᠡ᠃ ᠲᠦᠪ ᠤᠨ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠲᠦᠷᠦ ᠶᠢᠨ ᠪᠤᠲᠤᠯᠭ᠎ᠠ ᠶᠢᠨ ᠱᠠᠭᠠᠷᠲᠡᠯᠭ᠎ᠠ ᠶᠢ | ᠨᠠᠶᠢᠲᠠᠪᠤᠷᠢᠵᠢᠭᠤᠯᠵᠤ᠂ ᠵᠠᠬ᠎ᠠ ᠲᠡᠯᠬᠡᠬᠦᠷ ᠲᠤ ᠤᠷᠤᠬᠤ ᠶᠢ ᠴᠢᠨᠠᠭᠰᠢᠲᠠ ᠦᠷᠬᠡᠳᠬᠡᠵᠦ᠂ ᠠᠷᠡᠳ ᠤᠨ ᠲᠤᠮᠲᠡᠬᠢ ᠪᠡᠯᠡ ᠤᠷᠤᠭᠤᠯᠣᠯᠲᠠ ᠶᠢ ᠬᠠᠷᠰᠢᠯᠠᠵᠤ ᠪᠠᠶᠢᠭ᠎ᠠ | ᠪᠠᠶᠢᠭᠤᠯᠤᠮᠵᠢ ᠶᠢᠨ ᠰᠠᠭᠠᠳ ᠢ ᠠᠷᠢᠯᠭᠠᠵᠤ᠂ ᠠᠷᠡᠳ ᠤᠨ ᠲᠤᠮᠲᠡᠬᠢ ᠬᠦᠷᠦᠩᠬᠡ ᠶᠢ ᠨᠡᠩ ᠤᠯᠠᠨ ᠬᠦᠷᠢᠶ᠎ᠡ ᠬᠡᠪᠴᠢᠶᠡᠨ ᠳᠤ ᠤᠷᠤᠭᠤᠯᠬᠤ ᠪᠠᠷ ᠲᠠᠲᠠᠨ᠎ᠠ᠃ ᠲᠤᠬᠠᠢ | ᠶᠢᠨ ᠭᠠᠵᠠᠷ ᠤᠨ ᠠᠵᠤ ᠠᠬᠤᠶᠢᠯᠠᠯ ᠬᠤᠲᠠ ᠶᠢᠨ ᠭᠠᠲᠠᠨᠠᠬᠢ ᠠᠵᠤ ᠠᠬᠤᠶᠢᠯᠠᠯ ᠯᠤᠭ᠎ᠠ ᠬᠦᠷᠦᠩᠬᠡ ᠪᠠ ᠮᠡᠷᠬᠡᠵᠢᠯ ᠢᠶᠠᠷ ᠰᠠᠶᠢᠲᠤᠷ ᠬᠠᠮᠲᠤᠷᠡᠬᠤ ᠶᠢ ᠲᠡᠮᠵᠢᠵᠤ᠂ | ᠭᠤᠤᠯ ᠠᠵᠢᠯ ᠢᠶᠠᠨ ᠰᠠᠶᠢᠨ ᠬᠢᠵᠦ᠂ ᠨᠡᠷᠡᠲᠦ ᠲᠡᠮᠲᠡᠭᠲᠤ ᠶᠢ ᠰᠢᠯᠢᠲᠡᠭᠵᠢᠬᠦᠯᠵᠦ᠂ ᠬᠡᠪᠴᠢᠶ᠎ᠡ ᠪᠠᠨ ᠦᠷᠬᠡᠳᠬᠡᠵᠦ᠂ ᠭᠤᠤᠯᠯᠠᠭᠴᠢ ᠦᠷᠢᠰᠦᠯᠲᠦᠬᠡᠨ ᠤ ᠴᠢᠲᠠᠪᠤᠷᠢ | ᠶᠢ ᠲᠡᠬᠡᠭᠰᠢᠯᠡᠬᠦᠯᠦᠨ᠎ᠡ᠃ ᠦᠢᠯᠡᠴᠢᠯᠡᠬᠡᠨ ᠤ ᠲᠡᠪᠴᠡᠩ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠶᠢᠯᠠᠯ | ᠤᠨ ᠪᠡᠯᠡ ᠬᠦᠢᠯᠬᠡᠬᠡᠬᠦ᠂ ᠮᠡᠷᠬᠡᠵᠢᠯ᠂ ᠨᠡᠷᠡᠲᠦ ᠲᠡᠮᠲᠡᠭᠲᠤ ᠵᠡᠷᠬᠡ ᠲᠡᠯ᠎ᠡ ᠪᠠᠷ ᠬᠢ ᠬᠦᠴᠢᠷ ᠠᠰᠠᠭᠤᠲᠡᠯ ᠢ ᠲᠦᠷᠬᠡᠨ ᠰᠢᠢᠳᠪᠦᠷᠢᠯᠡᠨ᠎ᠡ᠃ ᠠᠵᠤ ᠠᠬᠤᠶᠢᠯᠠᠯᠲᠠᠳ ᠤᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠤᠯᠴᠠᠯᠭ᠎ᠠ ᠰᠤᠯᠢᠯᠴᠠᠭ᠎ᠠ ᠪᠠ ᠪᠤᠯᠪᠠᠰᠤᠷᠡᠯ ᠤᠨ ᠠᠵᠢᠯᠯᠠᠭᠠᠨ ᠢ ᠵᠤᠬᠢᠶᠡᠨ ᠪᠠᠶᠢᠭᠤᠯᠤᠨ ᠦᠷᠨᠢᠬᠦᠯᠵᠦ᠂ | ᠨᠡᠶᠢᠲᠠ ᠶᠢᠨ ᠪᠤᠰᠤ ᠦᠮᠴᠢᠯᠡᠯᠲᠤ ᠠᠵᠤ ᠠᠬᠤᠢ ᠶᠢᠨ ᠦᠷᠬᠦᠯᠵᠢᠯᠡᠨ ᠬᠦᠭᠵᠢᠬᠦ ᠳᠤ ᠴᠢᠲᠡᠪᠤᠷᠢᠲᠡᠨ ᠤ ᠪᠠᠲᠤᠯᠠᠭ᠎ᠠ ᠬᠠᠩᠭᠠᠨ᠎ᠠ᠃ | ︵ ᠲᠤᠯᠤᠭ᠎ᠠ︶ ᠨᠡᠶᠢᠭᠡᠮ ᠤᠨ ᠬᠠᠮᠢᠶᠠᠷᠦᠯᠳᠠ ᠶᠢ ᠴᠢᠩᠭᠠᠳᠬᠠᠵᠦ᠂ ᠨᠡᠶᠢᠭᠡᠮ ᠤᠨ ᠡᠶ᠎ᠡ ᠵᠤᠬᠢᠴᠠᠯ ᠢ ᠠᠬᠢᠭᠤᠯᠤᠨ᠎ᠠ᠃ ᠨᠡᠶᠢᠭᠡᠮ ᠲᠤᠭᠤᠷᠢᠭ ᠤᠨ | ᠪᠠᠶᠢᠭᠤᠯᠤᠯᠳᠠ ᠶᠢ ᠴᠢᠩᠭᠠᠳᠬᠠᠵᠦ᠂ ᠬᠤᠳᠠ ᠪᠠᠯᠭᠠᠰᠤᠨ ᠤ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠠᠯᠪᠠᠯᠠᠬᠤ ᠭᠠᠵᠠᠷ ᠪᠤᠯᠤᠨ | ᠠᠵᠢᠯᠯᠠᠭᠠᠨ ᠤ ᠬᠡᠷᠡᠭᠯᠡᠬᠦ ᠭᠡᠷ ᠤᠨ ᠲᠠᠯᠠᠪᠠᠢ ᠶᠢ ᠪᠦᠬᠦᠨ ᠢ 300 ᠲᠡᠭᠰᠢ ᠲᠦᠷᠪᠡᠯᠵᠢᠨ ᠮᠧᠲᠷ ᠠᠴᠠ ᠲᠡᠭᠡᠭᠰᠢ ᠪᠤᠯᠭᠠᠨ᠎ᠠ᠃ ᠬᠤᠳᠠ ᠪᠠᠯᠭᠠᠰᠤᠨ ᠤ ᠪᠤᠯᠪᠠᠰᠤᠨ ᠤ | ᠢᠯᠡᠳᠬᠡᠮᠵᠢ ᠶᠢ ᠬᠡᠮᠵᠢᠨ ᠦᠨᠡᠯᠡᠬᠦ ᠠᠵᠢᠯ ᠢ ᠰᠠᠶᠢᠳᠤᠷ ᠬᠢᠵᠦ᠂ ᠪᠦᠬᠦ ᠤᠯᠤᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠠᠬᠢ ᠬᠤᠳᠠ ᠶᠢᠨ | ᠠᠷᠠᠳ ᠤᠨ ᠲᠡᠮᠵᠢᠬᠦ ᠨᠤᠷᠮ᠎ᠠ ᠪᠠ ᠤᠷᠤᠯᠴᠠᠬᠤ ᠨᠤᠷᠮ᠎ᠠ ᠶᠢ ᠲᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠲᠤᠭᠤᠷᠢᠨ | ᠰᠤᠷᠪᠤᠯᠵᠢᠯᠠᠬᠤ ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠬᠤᠳᠠ ᠰᠢᠶᠠᠨ ᠬᠤᠶᠠᠷ ᠱᠠᠳᠤᠨ ᠤ ᠬᠠᠮᠳᠤᠪᠡᠷ ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠲᠦᠪ ᠤᠨ | ᠴᠢᠳᠠᠪᠬᠢ ᠶᠢ ᠲᠡᠭᠦᠯᠳᠡᠷᠵᠢᠭᠦᠯᠦᠨ᠂ ᠲᠤᠤᠷᠵᠢᠯ ᠲᠡᠭᠡᠷᠡᠬᠢ ᠵᠠᠬᠢᠳᠠᠯ ᠰᠤᠷᠪᠤᠯᠵᠢᠯᠠᠯ᠂ ᠭᠤᠶᠤᠴᠢᠯᠠᠯ ᠤᠨ ᠲᠤᠰᠬᠠᠢ ᠤᠳᠠᠰᠤ ᠪᠠ ᠠᠯᠤᠰ ᠡᠵᠡᠮᠰᠢᠯᠳᠦ ᠬᠠᠷᠠᠭᠠᠳᠦ | ᠵᠠᠬᠢᠳᠠᠯ ᠰᠤᠷᠪᠤᠯᠵᠢᠯᠠᠯ ᠤᠨ ᠰᠢᠰᠲ᠋ᠧᠮ ᠢ ᠨᠡᠪᠳᠡᠷᠡᠭᠦᠯᠵᠦ᠂ ᠤᠯᠠᠨ ᠲᠦᠮᠡᠨ ᠤ ᠠᠩᠬ᠎ᠠ ᠰᠤᠷᠪᠤᠯᠵᠢᠯᠳᠠ ᠶᠢ ᠬᠠᠷᠢᠭᠤᠯᠬᠤ ᠨᠤᠷᠮ᠎ᠠ ᠪᠤᠯᠤᠨ ᠬᠠᠨᠤᠮᠵᠢ ᠶᠢᠨ ᠨᠤᠷᠮ᠎ᠠ | ᠶᠢ ᠲᠡᠭᠡᠭᠰᠢᠯᠡᠭᠦᠯᠦᠨ᠎ᠡ᠃ ᠡᠯ᠎ᠡ ᠵᠦᠢᠯ ᠤᠨ ᠵᠠᠬᠢᠳᠠᠯ ᠰᠤᠷᠪᠤᠯᠵᠢᠯᠠᠯ ᠤᠨ ᠲᠠᠷᠤᠭᠳᠠᠭᠰᠠᠨ ᠬᠡᠷᠡᠭ ᠢ ᠬᠦᠴᠦ ᠤᠷᠤᠭᠤᠯᠤᠨ ᠨᠠᠮᠳᠠᠭᠠᠭᠵᠦ᠂ ᠤᠯᠠᠨ ᠲᠦᠮᠡᠨ ᠢ | ᠬᠦᠮᠦᠵᠢᠭᠦᠯᠦᠨ ᠵᠢᠯᠤᠭᠤᠳᠴᠦ ᠬᠠᠤᠯᠢ ᠶᠤᠰᠤᠭᠠᠷ ᠵᠦᠢ ᠵᠤᠬᠢᠰ ᠲᠠᠢ ᠪᠠᠷ ᠠᠰᠢᠭ ᠲᠤᠰᠠ ᠶᠢᠨ ᠭᠤᠶᠤᠴᠢᠯᠠᠯ ᠢᠶᠠᠨ ᠢᠯᠡᠳᠬᠡᠬᠦ ᠪᠤᠯᠭᠠᠵᠦ᠂ ᠱᠠᠳᠦ ᠠᠯᠤᠰᠯᠠᠨ | ᠤᠯᠠᠭᠠᠤᠯᠠ ᠵᠠᠬᠢᠳᠠᠯ ᠰᠤᠷᠪᠤᠯᠵᠢᠯᠠᠯ ᠬᠢᠬᠦ ᠪᠠ ᠬᠡᠪ ᠤᠨ ᠪᠤᠰᠤ ᠵᠠᠬᠢᠳᠠᠯ ᠰᠤᠷᠪᠤᠯᠵᠢᠯᠠᠯ ᠬᠢᠬᠦ ᠶᠢ ᠬᠢᠵᠠᠭᠠᠷᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ | ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠠᠭᠤᠷᠬᠠᠢ᠂ ᠬᠢᠮᠢ ᠶᠢᠨ ᠠᠵᠦ ᠦᠢᠯᠡᠳᠪᠦᠷᠢ᠂ ᠵᠠᠮ ᠬᠠᠷᠢᠯᠴᠠᠭ᠎ᠠ᠂ ᠪᠠᠷᠢᠯᠭ᠎ᠠ᠂ ᠭᠠᠯ ᠰᠡᠷᠭᠡᠶᠢᠯᠡᠨ ᠤᠨᠳᠠᠡᠭᠠᠬᠤ | ᠵᠡᠷᠭᠡ ᠭᠤᠤᠯᠳᠠᠯᠭᠠᠳᠠᠢ ᠬᠦᠷᠢᠶ᠎ᠡ ᠬᠡᠪᠴᠢᠶ᠎ᠡ ᠪᠤᠯᠤᠨ ᠬᠦᠮᠦᠨ ᠨᠢᠭᠳᠠᠷᠠᠭᠰᠠᠨ ᠲᠠᠯᠠᠪᠤᠷ ᠭᠠᠵᠠᠷ ᠤᠨ ᠠᠶᠦᠯᠭᠦᠢ ᠶᠢᠨ ᠬᠢᠨᠠᠯᠳᠠ ᠬᠠᠮᠢᠶᠠᠷᠦᠯᠳᠠ ᠶᠢ ᠴᠢᠩᠭᠠᠳᠬᠠᠵᠦ᠂ | ᠡᠯ᠎ᠡ ᠵᠦᠢᠯ ᠤᠨ ᠠᠶᠤᠯ ᠤᠨ ᠲᠠᠯᠳᠠ ᠭᠡᠮ ᠢ ᠪᠦᠳᠦᠮᠵᠢᠳᠠᠢ ᠵᠠᠯᠠᠷᠠᠭᠤᠯᠵᠦ᠂ ᠬᠦᠨᠳᠦ ᠤᠨᠴᠡ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠠᠮᠦᠷ | ᠲᠦᠪᠰᠢᠨ ᠤ ᠰᠡᠷᠭᠡᠶᠢᠯᠡᠨ ᠬᠢᠵᠠᠭᠠᠷᠯᠠᠬᠤ ᠲᠤᠤᠷᠵᠢᠯ ᠤᠨ ᠪᠠᠶᠢᠭᠤᠯᠤᠯᠳᠠ ᠶᠢ ᠴᠢᠩᠭᠠᠳᠬᠠᠵᠦ᠂ ᠡᠯ᠎ᠡ ᠵᠦᠢᠯ ᠤᠨ ᠬᠠᠤᠯᠢ ᠶᠢ ᠵᠦᠷᠢᠴᠡᠭᠰᠡᠨ ᠶᠠᠯᠠᠳᠦ ᠠᠵᠢᠯᠯᠭ᠎ᠠ ᠳᠤ | ᠴᠤᠬᠢᠯᠳᠡ ᠦᠭᠬᠦ ᠴᠢᠩᠭ᠎ᠠ ᠲᠠᠷᠤᠯᠳᠠᠳᠦ ᠪᠠᠶᠢᠳᠠᠯ ᠢ ᠪᠠᠷᠢᠮᠳᠠᠯᠠᠵᠦ᠂ ᠡᠯ᠎ᠡ ᠵᠦᠢᠯ ᠤᠨ ᠭᠡᠨᠡᠳᠳᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠬᠠᠭᠤᠷᠮᠠᠭ | ᠴᠢᠨᠠᠷ ᠮᠠᠭᠤᠳᠠᠢ ᠢᠳᠡᠭᠡᠨ ᠡᠮ ᠤᠨ ᠵᠦᠢᠯ ᠢ ᠦᠢᠯᠡᠳᠴᠦ ᠪᠤᠷᠤᠯᠠᠭᠤᠯᠬᠤ ᠬᠠᠤᠯᠢ ᠪᠤᠰᠤ ᠠᠵᠢᠯᠯᠠᠭ᠎ᠠ ᠳᠤ ᠡᠷᠡᠰ ᠴᠤᠬᠢᠯᠳᠡ ᠦᠭᠴᠦ᠂ ᠤᠯᠠᠨ ᠲᠦᠮᠡᠨ ᠤ | ᠢᠳᠡᠭᠡᠨ ᠤᠮᠳᠠᠭᠠᠨ ᠪᠠ ᠡᠮ ᠤᠨ ᠵᠦᠢᠯ ᠤᠨ ᠠᠶᠤᠯᠭᠦᠢ ᠶᠢ ᠦᠨᠡᠩᠭᠬᠦ ᠪᠠᠳᠤᠯᠠᠨ᠎ᠠ ᠃ ᠦᠨ᠎ᠡ ᠬᠠᠩᠰᠢ ᠪᠠ ᠰᠦᠢᠳᠬᠡᠯ ᠬᠤᠷᠢᠶᠠᠬᠤ ᠬᠠᠮᠢᠶᠠᠷᠦᠯᠳᠠ ᠶᠢ ᠰᠠᠶᠢᠳᠦᠷ | ᠴᠢᠩᠭᠠᠳᠬᠠᠵᠦ᠂ ᠪᠠᠷᠠᠭᠠᠨ ᠤ ᠦᠨ᠎ᠡ ᠶᠢᠨ ᠲᠤᠭᠳᠠᠭᠤᠨ ᠪᠠᠶᠢᠯᠭᠠᠨ᠎ᠠ᠃ | ︵ ᠨᠠᠢᠮᠠ︶ ᠠᠷᠠᠳ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ | ᠠᠮᠢᠳᠤᠷᠠᠯ ᠢ ᠰᠠᠶᠢᠵᠢᠷᠠᠭᠤᠯᠤᠨ᠎ᠠ᠃ ᠠᠵᠢᠯ ᠤᠯᠭᠤᠬᠤ ᠦᠢᠯᠡᠰ ᠪᠦᠳᠦᠭᠡᠬᠦ ᠶᠢ ᠲᠡᠮᠵᠢᠬᠦ ᠬᠦᠴᠦᠯᠡᠴᠡ ᠪᠠᠨᠨᠡᠮᠡᠭᠳᠡᠭᠦᠯᠵᠦ᠂ ᠠᠵᠢᠯ ᠤᠯᠭᠤᠬᠤ ᠲᠦᠷᠦ ᠶᠢᠨ | ᠪᠤᠳᠤᠯᠭ᠎ᠠ ᠶᠢᠨ ᠪᠡᠯᠡ ᠮᠦᠩᠭᠦ 1.3 ᠳ᠋ᠦᠩᠰᠢᠭᠤᠷ ᠲᠦᠭᠦᠷᠢᠭ ᠢ ᠨᠠᠶᠢᠳᠠᠪᠤᠷᠢᠵᠢᠭᠤᠯᠵᠦ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ 3000 | ᠶᠢ ᠨᠡᠭᠡᠭᠡᠨ ᠠᠰᠢᠭᠯᠠᠵᠦ᠂ 2.7 ᠠᠵᠢᠯ ᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠤᠷᠤᠨ ᠤ ᠬᠦᠳᠡᠯᠮᠦᠷᠢ ᠬᠦᠴᠦᠨ ᠢ 70 ᠲᠦᠮᠡᠨ | ᠬᠦᠮᠦᠨ ᠰᠢᠯᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠦᠢᠯᠡᠰ ᠪᠦᠳᠦᠭᠡᠬᠦ ᠬᠡᠯᠪᠡᠷᠢ ᠶᠢᠨ ᠬᠤᠳᠠ ᠶᠢᠨ ᠡᠩᠨᠡᠭᠡᠨ ᠳᠤ ᠤᠷᠤᠨ᠎ᠠ᠃ ᠨᠡᠶᠢᠭᠡᠮ ᠤᠨ ᠪᠠᠳᠤᠯᠠᠭ᠎ᠠ | ᠶᠢᠨ ᠬᠦᠴᠦᠯᠡᠴᠡ ᠪᠠᠨ ᠨᠡᠮᠡᠭᠳᠡᠭᠦᠯᠵᠦ᠂ ᠨᠠᠰᠤᠵᠢᠯ᠂ ᠡᠮ ᠡᠮᠨᠡᠯᠭᠡ᠂ ᠠᠵᠢᠯ ᠠᠯᠳᠠᠬᠤ᠂ ᠠᠵᠢᠯ ᠤᠨ ᠰᠢᠷᠠᠭᠳᠤᠯ᠂ ᠦᠷᠡᠵᠢᠯ ᠤᠨ ᠲᠠᠭᠠᠳᠬᠠᠯ ᠤᠨ ᠪᠦᠷᠬᠦᠬᠦ | ᠬᠡᠪᠴᠢᠶ᠎ᠡ ᠶᠢ ᠦᠷᠭᠡᠳᠬᠡᠵᠦ︔ ᠬᠤᠳᠠᠯᠳᠤᠭᠠᠨ ᠤ ᠲᠠᠭᠠᠳᠬᠠᠯ ᠬᠢᠭᠡᠳ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ᠂ ᠬᠤᠳᠠ ᠪᠠᠯᠭᠠᠰᠤᠨ | ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ ᠤᠨ ᠬᠤᠷᠰᠢᠬᠤ ᠵᠤᠬᠢᠴᠠᠮᠵᠢ ᠶᠢ ᠲᠡᠭᠦᠯᠳᠡᠷᠵᠢᠭᠦᠯᠦᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠬᠠᠮᠤᠭ ᠦᠨᠳᠦᠷ ᠬᠡᠮᠵᠢᠶ᠎ᠡ ᠶᠢ 10 ᠲᠦᠮᠡᠨ ᠲᠦᠭᠦᠷᠢᠭ ᠪᠤᠯᠳᠠᠯ᠎ᠠ ᠲᠡᠭᠡᠭᠰᠢᠯᠡᠭᠦᠯᠦᠨ᠎ᠡ︔ ᠠᠵᠦ ᠠᠬᠤᠶᠢᠯᠠᠯ ᠤᠨ | ᠠᠵᠢᠯ ᠠᠴᠠ ᠪᠠᠨ ᠪᠠᠭᠤᠭᠰᠠᠨ ᠬᠦᠮᠦᠰ ᠤᠨ ᠨᠠᠰᠤᠵᠢᠯ ᠤᠨ ᠮᠦᠩᠭᠦ᠂ ᠬᠤᠳᠠ ᠬᠦᠳᠡᠭᠡ ᠶᠢᠨ ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ᠂ ᠲᠠᠪᠤᠨ ᠪᠠᠳᠤᠯᠭᠠᠳᠦ | ᠡᠷᠦᠬᠡ ᠶᠢᠨ ᠬᠠᠩᠭᠠᠨ ᠲᠡᠵᠢᠭᠡᠬᠦ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠦ᠂ ᠦᠳᠡᠭᠦᠰᠴᠤᠳ᠂ ᠬᠤᠳᠠ ᠪᠠᠯᠭᠠᠰᠤᠨ ᠤ ︽ᠭᠤᠷᠪᠠ ᠦᠭᠡᠢ︾ ᠬᠦᠮᠦᠰ | ᠪᠠ ᠦᠨᠦᠴᠢᠨ ᠬᠡᠤᠬᠡᠳ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠦ᠂ ᠬᠦᠴᠢᠷᠳᠠᠢ ᠤᠯᠠᠨ ᠲᠦᠮᠡᠨ ᠤ ᠤᠨᠴᠡ ᠶᠡᠭᠡ ᠬᠦᠨᠳᠦ | ᠡᠪᠡᠳᠴᠢᠨ ᠢ ᠡᠮᠨᠡᠨ ᠲᠡᠳᠬᠦᠬᠦ ᠦᠢᠯᠡᠴᠢᠯᠡᠭᠡᠨ ᠢ ᠦᠷᠨᠢᠭᠦᠯᠵᠦ᠂ ᠲᠦᠷ ᠵᠠᠭᠤᠷ᠎ᠠ ᠶᠢᠨ ᠠᠪᠤᠷᠠᠨ ᠲᠡᠳᠬᠦᠬᠦ ᠲᠦᠷᠢᠮ ᠢ ᠲᠡᠭᠦᠯᠳᠡᠷᠵᠢᠭᠦᠯᠵᠦ᠂ ᠭᠠᠮᠰᠢᠭ ᠠᠴᠠ | ᠠᠪᠤᠷᠠᠵᠦ ᠲᠡᠳᠬᠦᠬᠦ ᠬᠢᠷᠢ ᠲᠦᠪᠰᠢᠨ ᠢ ᠲᠡᠭᠡᠭᠰᠢᠯᠡᠭᠦᠯᠵᠦ᠂ ᠨᠡᠶᠢᠭᠡᠮ ᠠᠴᠠ ᠲᠡᠳᠬᠦᠬᠦ ᠭᠡᠷ ᠪᠦᠯᠢ ᠶᠢᠨ ᠠᠵᠦ ᠠᠬᠤᠢ ᠶᠢᠨ ᠤᠷᠤᠯᠭ᠎ᠠ ᠶᠢ ᠬᠢᠨᠠᠨ ᠬᠠᠷᠭᠤᠭᠤᠯᠬᠤ | ᠪᠠᠶᠢᠭᠤᠯᠤᠮᠵᠢ ᠶᠢᠨ ᠪᠠᠶᠢᠭᠤᠯᠤᠯᠳᠠ ᠪᠠ ᠵᠤᠬᠢᠬᠤ ᠬᠠᠷᠠᠭᠠᠯᠵᠠᠯᠠᠯ ᠤᠨ ᠬᠡᠯᠪᠡᠷᠢᠳᠦ ᠨᠡᠶᠢᠭᠡᠮ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ︔ | ᠬᠠᠷᠠᠭᠠᠯᠵᠠᠨ ᠲᠦᠪᠬᠢᠨᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠵᠦ᠂ ᠬᠠᠷᠠᠭᠠᠯᠵᠠᠬᠤ ᠡᠳᠡᠬᠡᠳ ᠤᠨ ᠨᠦᠬᠦᠪᠦᠷᠢᠯᠡᠬᠦ ᠪᠠᠷᠢᠮᠵᠢᠶ᠎ᠠ ᠶᠢ ᠲᠡᠭᠡᠭᠰᠢᠯᠡᠭᠦᠯᠵᠦ᠂ | ᠴᠡᠷᠢᠭ ᠠᠩᠬᠢ ᠶᠢᠨ ᠠᠮᠠᠷᠠᠯᠳᠠ ᠶᠢᠨ ᠭᠡᠷ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠦᠨ᠎ᠡ︔ ᠡᠯ᠎ᠡ ᠵᠦᠢᠯ ᠤᠨ ᠪᠠᠳᠤᠯᠠᠭ᠎ᠠ | ᠶᠢᠨ ᠴᠢᠨᠠᠷᠳᠠᠢ ᠤᠷᠤᠨ ᠰᠠᠭᠤᠴᠠ 3.9 ᠲᠦᠮᠡᠨ ᠢᠵᠢ ᠪᠦᠳᠦᠭᠡᠨ ᠪᠠᠶᠢᠭᠤᠯᠤᠨ᠎ᠠ᠃ ᠲᠠᠷᠢᠶᠠᠯᠠᠩ ᠮᠠᠯᠵᠢᠯ ᠢ ᠲᠡᠮᠵᠢᠬᠦ ᠲᠠᠷᠢᠶᠠᠴᠢᠨ ᠮᠠᠯᠴᠢᠨ ᠢ ᠬᠠᠷᠠᠭᠠᠯᠵᠠᠬᠤ | ᠬᠦᠴᠦᠯᠡᠴᠡ ᠶᠢ ᠨᠡᠮᠡᠭᠳᠡᠭᠦᠯᠵᠦ᠂ ᠡᠯ᠎ᠡ ᠲᠦᠷᠦᠯ ᠤᠨ ᠪᠡᠯᠡ ᠮᠦᠩᠭᠦ 15 ᠳ᠋ᠦᠢᠩᠰᠢᠭᠤᠷ ᠲᠦᠭᠦᠷᠢᠭ ᠠᠴᠠ ᠲᠡᠭᠡᠭᠰᠢ ᠴᠤᠭᠯᠠᠭᠤᠯᠵᠦ᠂ 8.6 ᠲᠦᠮᠡᠨ ᠶᠠᠳᠠᠭᠤ | ᠬᠦᠴᠢᠷᠳᠠᠢ ᠬᠦᠮᠦᠨ ᠢ ᠲᠡᠳᠬᠦᠨ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠨ᠎ᠠ︔ᠲᠠᠷᠢᠶᠠᠯᠠᠬᠤ ᠮᠠᠯᠵᠢᠬᠤ ᠤᠷᠤᠨ ᠤ 30 ᠲᠦᠮᠡᠨ ᠬᠦᠮᠦᠨ ᠠᠮᠠ ᠶᠢᠨ | ᠢᠳᠡᠬᠦ ᠤᠰᠤᠨ ᠤ ᠠᠶᠦᠯᠬᠦᠢ ᠶᠢᠨ ᠠᠰᠠᠭᠤᠳᠠᠯ ᠢ ᠰᠡᠢᠳᠪᠦᠷᠢᠯᠡᠵᠦ᠂ ᠲᠤᠰᠬᠤᠨ ᠳᠤ ᠨᠡᠪᠳᠡᠷᠡᠬᠦ ᠴᠠᠷᠳᠠᠮᠠᠯ ᠵᠠᠮ ᠢ 1000 ᠺᠢᠯᠤᠮᠧᠲᠷ ᠰᠢᠨ᠎ᠡ ᠵᠠᠰᠠᠵᠦ᠂ 100 | ᠲᠤᠰᠬᠤᠨ ᠳᠤ ᠴᠠᠷᠳᠠᠮᠠᠯ ᠵᠠᠮ ᠨᠡᠪᠳᠡᠷᠡᠬᠦ ᠠᠰᠠᠭᠤᠳᠠᠯ ᠢ ᠰᠢᠢᠳᠪᠦᠷᠢᠯᠡᠨ᠎ᠡ︔ ᠲᠠᠷᠢᠶᠠᠯᠠᠬᠤ ᠮᠠᠯᠵᠢᠬᠤ ᠤᠷᠤᠨ ᠤ ᠲᠤᠬᠢᠷᠠᠭᠤᠯᠵᠦ ᠬᠦᠷᠭᠡᠬᠦ ᠲᠦᠪ 11᠂ | ᠡᠵᠡᠩᠨᠡᠯᠳᠡ ᠶᠢᠨ ᠲᠤᠤᠷᠵᠢᠯ ᠴᠢᠭ᠋ 360 ᠶᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ᠂ ᠲᠠᠷᠢᠶᠠᠴᠢᠨ ᠮᠠᠯᠴᠢᠨ ᠤ ᠪᠠᠷᠢᠮᠵᠢᠶᠠᠵᠢᠭᠤᠯᠤᠭᠰᠠᠨ ᠲᠡᠯᠭᠡᠭᠦᠷ 155 | ᠶᠢ ᠰᠢᠨ᠎ᠡ ᠨᠡᠮᠡᠭᠳᠡᠭᠦᠯᠦᠨ᠎ᠡ᠃ | ︵ᠶᠢᠰᠦ︶ ᠨᠡᠶᠢᠭᠡᠮ ᠤᠨ ᠦᠢᠯᠡᠰ ᠢ ᠶᠡᠬᠡᠪᠡᠷ ᠬᠦᠭᠵᠢᠭᠦᠯᠵᠦ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠰᠤᠷᠭᠠᠨ ᠬᠦᠮᠦᠵᠢᠯ ᠤᠨ ᠲᠠᠯ᠎ᠠ ᠪᠠᠷ᠂ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠪᠠᠷᠢᠮᠵᠢᠶᠠᠵᠢᠭᠤᠯᠤᠭᠰᠠᠨ ᠰᠤᠷᠭᠠᠭᠤᠯᠢ ᠪᠠ ᠲᠤᠮᠳᠠ ᠵᠡᠷᠭᠡ ᠶᠢᠨ ᠠᠵᠢᠯ | ᠮᠡᠷᠭᠡᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠪᠠᠭᠤᠷᠠᠢ ᠰᠤᠷᠭᠠᠭᠤᠯᠢ ᠶᠢ | ᠦᠭᠡᠷᠡᠴᠢᠯᠡᠬᠦ ᠵᠢᠴᠢ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠰᠢᠨ᠎ᠡ ᠪᠠᠶᠢᠭᠤᠯᠬᠤ ᠦᠭᠡᠷᠡᠴᠢᠯᠡᠨ ᠪᠠᠶᠢᠭᠤᠯᠬᠤ ᠦᠷᠭᠡᠳᠬᠡᠨ ᠪᠠᠶᠢᠭᠤᠯᠬᠤ ᠶᠢ | ᠲᠦᠷᠬᠡᠳᠬᠡᠵᠦ᠂ 1 ᠰᠠᠭᠤᠷᠢ ᠦᠨᠳᠦᠰᠦᠳᠡᠨ ᠤ ᠲᠤᠮᠳᠠᠳᠦ ᠰᠤᠷᠭᠠᠭᠤᠯᠢ ᠶᠢ ᠦᠪᠡᠷᠳᠡᠭᠡᠨ ᠵᠠᠰᠠᠬᠤ ᠤᠷᠤᠨ ᠤ ᠵᠢᠱᠢᠶ᠎ᠡ ᠦᠵᠡᠭᠦᠯᠬᠦ ᠲᠡᠭᠡᠳᠦ ᠲᠤᠮᠳᠠᠳᠦ ᠶᠢᠨ | ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ︔ ᠤᠯᠠᠭᠠᠨᠬᠠᠳᠠ ᠲᠡᠭᠡᠳᠦ ᠰᠤᠷᠭᠠᠭᠤᠯᠢ ᠶᠢᠨ ᠬᠢᠴᠢᠶᠡᠯ ᠪᠤᠯᠪᠠᠰᠤᠷᠠᠯ ᠤᠨ ᠪᠠᠶᠢᠭᠤᠯᠤᠯᠳᠠ ᠪᠤᠯᠤᠨ ᠴᠢᠳᠠᠪᠦᠷᠢᠳᠠᠨ | ᠤᠷᠤᠭᠤᠯᠤᠨ ᠠᠪᠴᠢᠷᠬᠤ ᠬᠦᠮᠦᠵᠢᠭᠦᠯᠬᠦ ᠶᠢ ᠲᠡᠮᠵᠢᠵᠦ᠂ ᠤᠯᠠᠭᠠᠨᠬᠠᠳᠠ ᠶᠢᠨ ᠠᠵᠦ ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠪᠦᠯᠦᠭᠯᠡᠯ | ᠢ ᠪᠠᠶᠢᠭᠤᠯᠵᠦ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠮᠡᠷᠭᠡᠵᠢᠯ ᠤᠨ ᠠᠵᠢᠯᠳᠠᠨ ᠤ ᠰᠤᠷᠭᠠᠭᠤᠯᠢ ᠨᠢ ᠮᠡᠷᠭᠡᠵᠢᠯᠳᠡᠨ ᠤ ᠲᠡᠭᠡᠳᠦ ᠰᠤᠷᠭᠠᠭᠤᠯᠢ ᠪᠤᠯᠵᠦ ᠲᠡᠰ | ᠲᠡᠪᠰᠢᠬᠦ ᠶᠢ ᠪᠡᠶᠡᠯᠡᠭᠦᠯᠦᠨ᠂ ᠦᠪᠦᠷ ᠮᠤᠩᠭᠤᠯ ᠤᠨ ᠵᠡᠭᠦᠨ ᠬᠡᠰᠡᠭ ᠤᠨ ᠠᠵᠢᠯ ᠮᠡᠷᠭᠡᠵᠢᠯ ᠤᠷ᠎ᠠ ᠴᠢᠳᠠᠪᠦᠷᠢ ᠶᠢᠨ ᠶᠡᠷᠦᠩᠬᠡᠶᠢᠯᠡᠭᠰᠡᠨ ᠰᠤᠷᠴᠦ ᠪᠤᠯᠪᠠᠰᠤᠷᠠᠭᠤᠯᠬᠤ | ᠰᠠᠭᠤᠷᠢᠨ ᠭᠠᠵᠠᠷ ᠢ ᠪᠠᠶᠢᠭᠤᠯᠤᠨ᠎ᠠ︔ ᠲᠤᠮᠳᠠᠳᠦ ᠪᠠᠭ᠎ᠠ ᠰᠤᠷᠭᠠᠭᠤᠯᠢ ᠶᠢᠨ 2013 ᠤᠨ ᠤ ᠰᠤᠷᠭᠠᠭᠤᠯᠢ ᠶᠢᠨ ᠪᠠᠶᠢᠷᠢ ᠶᠢ ᠪᠠᠬᠢᠯᠡᠬᠦ ᠦᠭᠡᠷᠡᠴᠢᠯᠡᠬᠦ ᠢᠨᠵᠧᠨᠧᠷᠢᠩ | ᠢ ᠪᠡᠶᠡᠯᠡᠭᠦᠯᠦᠨ᠎ᠡ᠃ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠠᠯ᠎ᠠ ᠪᠠᠷ᠂ ᠤᠯᠠᠭᠠᠨᠬᠠᠳᠠ ᠬᠤᠳᠠ ᠤᠷᠤᠨ ᠤ ᠡᠷᠡᠭᠦᠯ ᠬᠠᠮᠠᠭᠠᠯᠠᠯ ᠤᠨ ᠴᠢᠮᠡᠭᠡ ᠵᠠᠩᠬᠢ | ᠶᠢᠨ ᠲᠠᠪᠴᠠᠩ ᠪᠤᠯᠤᠨ ᠬᠤᠳᠠ ᠰᠢᠶᠠᠨ ᠬᠤᠶᠠᠷ ᠱᠠᠳᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠳᠠ ᠶᠢ ᠰᠠᠶᠢᠳᠦᠷ ᠠᠳᠬᠤᠵᠦ᠂ | ᠤᠯᠠᠭᠠᠨᠬᠠᠳᠠ ᠶᠢᠨ ᠲᠡᠭᠡᠳᠦ ᠰᠤᠷᠭᠠᠭᠤᠯᠢ ᠶᠢᠨ ᠬᠠᠷᠢᠶᠠᠳᠦ ᠡᠮᠨᠡᠯᠭᠡ ᠶᠢᠨ ᠬᠤᠷᠢᠶ᠎ᠠ᠂ ᠯᠢᠨᠰᠢ ᠶᠢᠨ ᠡᠮᠨᠡᠯᠭᠡ ᠵᠢᠨᠬᠤᠷᠢᠶ᠎ᠠ ᠶᠢ ᠠᠯᠢ ᠲᠦᠷᠭᠡᠨ ᠠᠰᠢᠭᠯᠠᠯᠳᠠ ᠳᠤ | ᠤᠷᠤᠭᠤᠯᠤᠨ᠎ᠠ︔ ᠰᠢᠶᠠᠨ ᠤ ᠱᠠᠳᠤᠨ ᠤ ᠠᠯᠪᠠᠨ ᠠᠴᠠ ᠡᠷᠬᠢᠯᠡᠭᠰᠡᠨᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠭ᠋ ᠤᠨ ᠬᠡᠪᠴᠢᠶ᠎ᠡ ᠶᠢ | ᠦᠷᠭᠡᠳᠬᠡᠨ᠂ ᠲᠠᠷᠢᠶᠠᠯᠠᠬᠤ ᠮᠠᠯᠵᠢᠬᠤ ᠤᠷᠤᠨ ᠪᠤᠯᠤᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠦᠨ᠎ᠡ︔ | ᠵᠢᠷᠮᠦᠰᠦᠯᠡᠬᠦ ᠠᠴᠠ ᠡᠮᠦᠨᠡᠬᠢ ᠡᠷᠡᠬᠦᠯ ᠴᠢᠬᠢᠷᠠᠭ ᠤᠨ ᠪᠠᠶᠢᠴᠠᠭᠠᠯᠳᠠ ᠶᠢ ᠤᠯᠤᠰ ᠠᠴᠠ ᠰᠦᠢᠳᠬᠡᠯ ᠬᠤᠷᠢᠶᠠᠬᠤ ᠦᠭᠡᠢ ᠬᠢᠵᠦ ᠦᠭᠬᠦ ᠲᠦᠷᠦᠯ ᠵᠦᠢᠯ ᠢ | ᠠᠬᠢᠭᠤᠯᠤᠨ᠎ᠠ᠃ ᠰᠤᠶᠤᠯ ᠪᠡᠶ᠎ᠡ ᠶᠢᠨ ᠲᠠᠮᠢᠷ ᠤᠨ ᠲᠠᠯ᠎ᠠ ᠪᠠᠷ᠂ ᠬᠤᠩ ᠱᠠᠨ ᠰᠤᠶᠤᠯ ᠤᠨ ᠦᠵᠡᠭᠦᠯᠦᠯᠭᠡ ᠶᠢᠨ ᠲᠦᠪ᠂ ᠯᠢᠶᠤᠤ ᠶᠢᠨ ᠲᠡᠭᠡᠳᠦ ᠨᠡᠶᠢᠰᠡᠯᠡᠯ ᠤᠨ | ᠤᠯᠤᠰ ᠤᠨ ᠬᠠᠭᠤᠴᠢᠳ ᠢ ᠰᠤᠳᠤᠯᠬᠤ ᠪᠠᠭᠤᠷᠢ ᠶᠢᠨ ᠴᠡᠴᠡᠷᠯᠢᠭ ᠪᠤᠯᠤᠨ ᠡᠯ ᠳ᠋ᠤᠤ ᠵᠢᠩᠽᠢ ᠶᠢᠨ ᠪᠠᠭᠤᠷᠢ ᠶᠢᠨ ᠦᠵᠡᠭᠦᠯᠦᠯᠭᠡ ᠶᠢᠨ ᠤᠷᠳᠤᠨ᠂ ᠪᠦᠬᠦ ᠤᠷᠤᠨ | ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠲᠠᠯᠠᠪᠤᠷ ᠤᠷᠳᠤᠨ᠂ | ᠨᠠᠰᠤᠳᠠᠶᠢᠴᠤᠳ ᠤᠨ ᠰᠤᠶᠤᠯ ᠲᠠᠮᠢᠷ ᠤᠨ ᠠᠵᠢᠯᠯᠠᠭᠠᠨ ᠤ ᠲᠦᠪ᠂ ᠬᠠᠭᠤᠴᠢᠨ ᠬᠤᠳᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠦᠭᠡᠷᠡᠴᠢᠯᠡᠬᠦ ᠵᠡᠷᠭᠡ ᠲᠦᠷᠦᠯ | ᠵᠦᠢᠯ ᠢ ᠰᠠᠶᠢᠳᠤᠷ ᠠᠳᠬᠤᠨ᠎ᠠ︔ ᠷᠠᠳᠢᠤ᠋ ᠲᠧᠯᠸᠢᠰ ᠲᠤᠰᠬᠤᠨ ᠪᠦᠷᠢ ᠳᠤ ᠨᠡᠪᠳᠡᠷᠡᠬᠦ᠂ ᠡᠷᠦᠬᠡ ᠪᠦᠷᠢ ᠳᠤ ᠨᠡᠪᠳᠡᠷᠡᠬᠦ᠂ ᠲᠤᠯᠬᠢᠶᠠᠨ ᠤ ᠪᠦᠷᠭᠦᠯᠳᠡ ᠪᠠ ᠬᠦᠳᠡᠭᠡ | ᠲᠤᠰᠬᠤᠨ ᠤ ᠺᠢᠨᠤ᠋ ᠭᠠᠷᠭᠠᠬᠤ ᠢᠨᠵᠧᠨᠧᠷᠢᠩ ᠢ ᠨᠠᠶᠢᠳᠠᠪᠦᠷᠢᠵᠢᠭᠤᠯᠵᠦ︔ ᠰᠤᠮᠤ ᠰᠢᠶᠠᠩ ᠪᠠᠯᠭᠠᠰᠦ ᠶᠢᠨ ᠰᠤᠶᠤᠯ ᠤᠨ ᠦᠷᠳᠡᠭᠡᠨ ᠤ ᠪᠦᠬᠦ ᠪᠦᠷᠬᠦᠯᠳᠡ ᠶᠢ | ᠪᠡᠶᠡᠯᠡᠭᠦᠯᠦᠨ᠎ᠡ︔ ᠨᠠᠢᠮᠠᠳᠤᠭᠠᠷ ᠬᠤᠭᠤᠴᠠᠭᠠᠨ ᠤ ᠬᠤᠩ ᠱᠠᠨ ᠰᠤᠶᠤᠯ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠲᠤᠮᠳᠠᠳᠦ ᠤᠯᠤᠰ ᠤᠨ ᠲᠠᠮᠠᠭᠠᠳᠦ | ᠬᠤᠳᠠ ᠶᠢᠨ ᠰᠤᠶᠤᠯ ᠤᠨ ᠨᠠᠶᠢᠷ ᠪᠠ ᠠᠶᠢᠮᠠᠭ ᠢ ᠬᠤᠳᠠ ᠪᠤᠯᠭᠠᠭᠰᠠᠨ 30 ᠵᠢᠯ ᠤᠨ ᠤᠢ ᠶᠢ ᠲᠤᠷᠠᠰᠬᠠᠬᠤ ᠠᠵᠢᠯᠯᠠᠭᠠᠨ ᠢ ᠰᠠᠶᠢᠳᠤᠷ ᠡᠷᠬᠢᠯᠡᠨ᠎ᠡ᠃ ᠭᠤᠷᠪᠠᠳᠤᠭᠠᠷ | ᠤᠳᠠᠭᠠᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠤᠷ ᠠᠳᠬᠤᠨ᠎ᠠ᠃ | ᠲᠦᠷᠪᠡ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ | ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠨᠢ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠰᠯᠠᠭᠤᠯᠵᠦ᠂ | ᠰᠢᠨᠵᠢᠯᠡᠬᠦ ᠤᠬᠠᠭᠠᠨᠴᠢ ᠬᠦᠭᠵᠢᠯᠳᠡ ᠵᠢᠨᠦᠵᠡᠯᠳᠡ ᠶᠢ ᠭᠦᠨᠵᠡᠭᠡᠢ ᠨᠠᠶᠢᠳᠠᠪᠦᠷᠢᠵᠢᠭᠤᠯᠬᠤ ᠲᠡᠤᠬᠡᠳᠦ ᠡᠭᠦᠷᠭᠡ ᠶᠢ ᠡᠭᠦᠷᠭᠡᠯᠡᠵᠦ᠂ ᠦᠭᠡᠷᠡᠴᠢᠯᠡᠯᠳᠡ ᠨᠡᠭᠡᠭᠡᠯᠳᠡ ᠶᠢ | ᠭᠦᠨᠵᠡᠭᠡᠶᠢᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠷᠬᠢᠮ ᠲᠡᠭᠡᠳᠦ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠶᠤᠮ᠃ ᠰᠢᠨ᠎ᠡ ᠪᠠᠶᠢᠳᠠᠯ᠂ | ᠰᠢᠨ᠎ᠡ ᠡᠭᠦᠷᠭᠡ ᠶᠢᠨ ᠡᠮᠦᠨ᠎ᠡ ᠪᠢᠳᠡ ᠡᠷᠬᠡᠪᠰᠢ ᠵᠠᠰᠠᠭ ᠤᠨ ᠤᠷᠳᠤᠨ ᠤ ᠠᠵᠢᠯ ᠢᠶᠠᠨ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠵᠦ᠂ ᠠᠷᠠᠳ ᠤᠨ | ᠲᠦᠯᠦᠭᠡ ᠪᠤᠳᠠᠳᠠᠢ ᠠᠵᠢᠯ ᠬᠢᠬᠦ᠂ ᠠᠷᠢᠭᠤᠨ ᠴᠢᠭᠡᠴᠢ ᠦᠨᠳᠦᠷ ᠪᠦᠳᠦᠮᠵᠢᠳᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠦᠨ ᠢ ᠪᠠᠶᠢᠭᠤᠯᠬᠤ ᠪᠠᠷ | ᠴᠢᠷᠮᠠᠶᠢᠵᠦ᠂ ᠠᠷᠠᠳ ᠲᠦᠮᠡᠨ ᠳᠤ ᠬᠠᠷᠢᠭᠤᠴᠠᠵᠦ᠂ ᠠᠷᠠᠳ ᠲᠦᠮᠡᠨ ᠤ ᠬᠢᠨᠠᠯᠳᠠ ᠶᠢ ᠬᠦᠯᠢᠶᠡᠵᠦ᠂ ᠠᠷᠠᠳ ᠲᠦᠮᠡᠨ ᠳᠤ ᠰᠠᠶᠢᠨ ᠶᠠᠪᠤᠳᠠᠯ ᠬᠢᠵᠦ᠂ ᠠᠷᠠᠳ | ᠲᠦᠮᠡᠨ ᠢ ᠬᠠᠨᠤᠮᠵᠢᠳᠠᠢ ᠪᠤᠯᠭᠠᠨ᠎ᠠ᠃ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠴᠢᠩᠳᠠᠯᠠᠵᠦ᠂ ᠵᠠᠰᠠᠭ ᠶᠠᠪᠤᠭᠤᠯᠬᠤ ᠦᠢᠯᠡ ᠠᠵᠢᠯᠯᠠᠭ᠎ᠠ ᠪᠠᠨ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠦᠷᠢ ᠶᠢᠨ | ᠪᠠᠶᠢᠭᠤᠯᠤᠯᠳᠠ ᠶᠢ ᠴᠢᠩᠭᠠᠳᠬᠠᠵᠦ᠂ ᠠᠵᠢᠯ ᠬᠢᠬᠦ ᠳᠡᠭᠡᠨ ᠬᠠᠤᠯᠢ ᠶᠢ ᠵᠢᠷᠤᠮᠯᠠᠵᠦ᠂ ᠶᠠᠪᠤᠳᠠᠯ ᠤᠴᠢᠷ ᠲᠤᠬᠢᠶᠠᠯᠳᠤᠪᠠᠯ ᠬᠠᠤᠯᠢ ᠠᠴᠠ ᠡᠷᠢᠵᠦ᠂ ᠠᠰᠠᠭᠤᠳᠠᠯ | ᠰᠢᠢᠳᠪᠦᠷᠢᠯᠡᠪᠡᠯ ᠬᠠᠤᠯᠢ ᠬᠡᠷᠡᠭᠯᠡᠵᠦ᠂ ᠵᠦᠷᠢᠴᠡᠯ ᠢ ᠨᠠᠮᠳᠠᠭᠠᠬᠤ ᠳᠤ ᠬᠠᠤᠯᠢ ᠳᠤ ᠲᠦᠰᠢᠭᠯᠡᠬᠦ ᠰᠢᠯᠢᠳᠡᠭ ᠰᠠᠶᠢᠨ ᠬᠠᠤᠯᠢ ᠪᠠᠷ ᠵᠠᠰᠠᠬᠤ ᠤᠷᠴᠢᠨ ᠲᠤᠭᠤᠷᠢᠨ ᠢ ᠪᠤᠢ | ᠪᠤᠯᠭᠠᠨ᠎ᠠ᠃ ᠴᠢᠬᠤᠯᠠ ᠶᠡᠭᠡ ᠰᠡᠢᠳᠪᠦᠷᠢᠳᠦ ᠪᠤᠳᠤᠯᠭ᠎ᠠ ᠨᠡᠶᠢᠭᠡᠮ ᠤᠨ ᠲᠤᠭᠳᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠵᠤᠬᠢᠴᠠᠮᠵᠢ ᠶᠢ ᠪᠠᠶᠢᠭᠤᠯᠵᠦ᠂ ᠤᠯᠠᠨ | ᠲᠦᠮᠡᠨ ᠤ ᠠᠰᠢᠭ ᠲᠤᠰᠠ ᠲᠠᠢ ᠨᠢᠭᠳᠠ ᠬᠤᠯᠪᠤᠭ᠎ᠠ ᠲᠠᠢ ᠴᠢᠬᠤᠯᠠ ᠶᠡᠭᠡ ᠶᠠᠪᠤᠳᠠᠯ ᠢ ᠲᠤᠭᠳᠠᠭᠠᠬᠤ ᠶᠢ ᠢᠯᠡ ᠨᠡᠶᠢᠳᠡᠯᠡᠬᠦ᠂ ᠰᠠᠨᠠᠯ ᠬᠤᠷᠢᠶᠠᠬᠤ ᠪᠠ ᠭᠡᠷᠡᠴᠢ | ᠰᠤᠨᠤᠰᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠬᠠᠮᠰᠡᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠳᠠ᠂ ᠠᠵᠢᠯ ᠤᠨ ᠬᠢᠨᠠᠯᠳᠠ ᠤᠨᠴᠠᠭᠠᠶᠢᠯᠠᠨ ᠲᠦᠰᠦᠪ ᠤᠨ ᠲᠦᠰᠦᠯ ᠪᠠ ᠲᠦᠰᠦᠯ ᠤᠨ ᠬᠦᠢᠴᠡᠳᠬᠡᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ | ᠬᠦᠯᠢᠶᠡᠵᠤ᠂ ᠰᠠᠨᠠᠭᠠᠴᠢᠯᠠᠭ᠎ᠠ ᠠᠴᠠ ᠪᠠᠨ ᠤᠯᠤᠰ ᠲᠦᠷᠦ ᠶᠢᠨ ᠵᠦᠪᠯᠡᠯᠭᠡᠨ ᠳᠤ ᠪᠠᠶᠢᠲᠡᠯ ᠢᠶᠠᠨ ᠮᠡᠲᠡᠬᠦᠯᠬᠦ ᠶᠢᠨ ᠬᠠᠮᠲᠤ ᠠᠷᠡᠳᠴᠢᠯᠡᠯ ᠤᠨ ᠬᠢᠨᠠᠯᠲᠠ ᠶᠢ ᠬᠦᠯᠢᠶᠡᠵᠤ | ᠂ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠭᠤᠯᠭ᠎ᠠ ᠲᠤᠷᠠᠳᠤᠯᠭ᠎ᠠ ᠶᠢ ᠬᠢᠨᠠᠮᠠᠭᠠᠢ ᠭᠦᠢᠴᠡᠳᠬᠡᠨ᠎ᠡ᠃ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠪᠤᠰᠤ ᠬᠦᠮᠦᠰ ᠬᠢᠭᠡᠳ ᠡᠯ᠎ᠡ ᠠᠷᠠᠳ ᠤᠯᠠᠨ ᠤ ᠪᠦᠯᠬᠦᠮ ᠤᠨ | ᠰᠠᠨᠠᠯ ᠢ ᠭᠦᠢᠴᠡᠳ ᠰᠤᠨᠤᠰᠴᠦ᠂ ᠰᠤᠨᠢᠨ ᠮᠡᠳᠡᠭᠡ ᠶᠠᠷᠢᠶ᠎ᠠ ᠬᠡᠯᠡᠯᠴᠡᠭᠡᠨ ᠪᠠ ᠨᠡᠶᠢᠭᠡᠮ ᠤᠨ ᠤᠯᠠᠨ ᠨᠡᠶᠢᠳᠡ ᠶᠢᠨ ᠬᠢᠨᠠᠯᠳᠠ ᠶᠢ ᠬᠦᠯᠢᠶᠡᠵᠦ᠂ ᠬᠢᠨᠠᠨ ᠪᠠᠶᠢᠴᠠᠭᠠᠬᠤ | ᠬᠢᠨᠠᠨ ᠪᠤᠳᠤᠬᠤ ᠰᠠᠯᠠᠭ᠎ᠠ ᠮᠦᠴᠢᠷ ᠤᠨ ᠬᠠᠤᠯᠢ ᠶᠤᠰᠤᠭᠠᠷ ᠪᠡᠶ᠎ᠡ ᠪᠠᠨ ᠲᠠᠭᠠᠭᠠᠵᠦ ᠬᠢᠨᠠᠯᠳᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠦ ᠶᠢ ᠲᠡᠮᠵᠢᠨ᠎ᠡ | ᠃ | ᠵᠠᠰᠠᠭ ᠤᠨ ᠤᠷᠳᠤᠨ ᠤ ᠡᠭᠦᠷᠭᠡ ᠴᠢᠳᠠᠪᠦᠷᠢ ᠪᠠᠨ ᠬᠤᠪᠢᠷᠠᠭᠤᠯᠵᠦ᠂ ᠦᠢᠯᠡᠴᠢᠯᠡᠭᠡᠨ ᠤ ᠦᠷ᠎ᠡ ᠪᠦᠳᠦᠮᠵᠢ ᠪᠠᠨ ᠲᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ | ᠨᠡᠶᠢᠭᠡᠮ ᠤᠨ ᠬᠠᠮᠢᠶᠠᠷᠤᠯᠳᠠ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠤᠰᠢᠶᠠᠯ ᠤᠨ ᠴᠢᠳᠠᠪᠦ ᠪᠠᠨ ᠴᠢᠩᠳᠠᠯᠠᠵᠦ᠂ ᠨᠡᠩ ᠤᠯᠠᠨ ᠡᠳ᠋ ᠤᠨ ᠵᠠᠰᠠᠭ ᠤᠨ ᠡᠬᠢ | ᠪᠠᠶᠠᠯᠢᠭ ᠢ ᠤᠯᠠᠨ ᠨᠡᠶᠢᠳᠡ ᠶᠢᠨ ᠦᠢᠯᠡᠳᠬᠡᠭᠦᠨ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠬᠡᠷᠡᠭᠯᠡᠨ᠎ᠡ᠃ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠵᠦᠢᠯᠡᠰ ᠢ ᠤᠯᠠᠮ ᠴᠢᠨᠠᠭᠰᠢᠳᠠ ᠴᠡᠪᠡᠷᠯᠡᠨ ᠴᠦᠬᠡᠳᠬᠡᠵᠦ᠂ ᠤᠯᠠᠠ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠪ᠂ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠦᠢᠯᠡᠴᠢᠯᠡᠭᠡᠨ ᠤ ᠲᠦᠪ᠂ ᠠᠷᠠᠳ ᠲᠤ ᠲᠦᠭᠦᠮ ᠦᠢᠯᠡᠴᠢᠯᠡᠭᠡᠨ ᠤ ᠲᠦᠪ ᠢ ᠲᠦᠷᠭᠡᠭᠡᠨ ᠪᠠᠶᠢᠭᠤᠯᠬᠤ ᠶᠢ ᠠᠬᠢᠭᠤᠯᠵᠦ᠂ ᠤᠯᠠᠨ ᠲᠦᠮᠡᠨ | ᠪᠠ ᠦᠨᠳᠦᠰᠦᠨ ᠱᠠᠳᠤᠨ ᠳᠤ ᠲᠦᠭᠦᠮ ᠲᠦᠳᠡ ᠲᠦᠷᠭᠡᠨ ᠰᠢᠯᠢᠳᠡᠭ ᠦᠢᠯᠡᠴᠢᠯᠡᠬᠡᠨ ᠢ ᠬᠠᠩᠭᠠᠨ᠎ᠠ᠃ ᠰᠤᠨᠢᠨ ᠮᠡᠳᠡᠭᠡ ᠨᠡᠶᠢᠳᠡᠯᠡᠬᠦ ᠲᠦᠷᠢᠮ ᠢ | ᠲᠡᠭᠦᠯᠳᠡᠷᠵᠢᠭᠦᠯᠵᠦ᠂ ᠵᠠᠰᠠᠭ ᠤᠨ ᠤᠷᠳᠤᠨ ᠤ ᠲᠤᠤᠷᠵᠢᠯ ᠦᠷᠳᠡᠭᠡ ᠵᠡᠷᠭᠡ ᠵᠠᠰᠠᠭ ᠤᠨ ᠤᠷᠳᠤᠨ ᠤ ᠴᠢᠮᠡᠭᠡ ᠵᠠᠩᠬᠢ ᠶᠢ ᠢᠯᠡ ᠪᠤᠯᠭᠠᠬᠤ ᠠᠷᠭ᠎ᠠ ᠵᠠᠮ ᠢ | ᠦᠷᠭᠡᠳᠬᠡᠵᠦ᠂ ᠤᠯᠠᠨ ᠲᠦᠮᠡᠨ ᠤ ᠠᠮᠢᠳᠤᠷᠠᠯ ᠪᠠ ᠠᠵᠦ ᠠᠬᠤᠢ ᠨᠡᠶᠢᠭᠡᠮ ᠤᠨ ᠠᠵᠢᠯᠯᠠᠭᠠᠨ ᠳᠤ ᠤᠷᠤᠯᠴᠠᠬᠤ ᠳᠤ ᠲᠦᠭᠦᠮ ᠨᠦᠬᠦᠴᠡᠯ ᠢ ᠡᠭᠦᠳᠦᠨ᠎ᠡ᠃ | ᠡᠯᠧᠺᠲᠷᠤᠨ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠵᠦ᠂ ᠲᠤᠬᠠᠶᠢᠯᠠᠭᠰᠠᠨ ᠠᠵᠢᠯ ᠤᠨ ᠲᠠᠷᠠᠭᠠᠯᠠᠯ ᠢ ᠵᠢᠷᠤᠮᠵᠢᠭᠤᠯᠤᠨ᠂ ᠵᠠᠰᠠᠭ ᠤᠨ ᠤᠷᠳᠤᠨ ᠤ ᠠᠵᠢᠯ | ᠡᠷᠬᠢᠯᠡᠬᠦ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ ᠠᠵᠢᠯ ᠤᠨ ᠡᠷᠬᠢᠯᠳᠡ ᠶᠢᠨ ᠶᠠᠪᠤᠴᠠ ᠶᠢ ᠰᠢᠯᠢᠳᠡᠭᠵᠢᠭᠦᠯᠵᠦ᠂ ᠠᠵᠢᠯᠯᠠᠬᠤ ᠠᠷᠭ᠎ᠠ | ᠬᠡᠮᠵᠢᠶ᠎ᠡ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨᠰᠡᠢᠳᠪᠦᠷᠢᠯᠡᠨᠡ᠃ | ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠵᠦ᠂ ᠠᠷᠢᠭᠤᠨ ᠴᠢᠭᠡᠴᠢ ᠲᠦᠷᠢ ᠲᠦᠷᠬᠦ ᠶᠢ ᠪᠤᠢ ᠪᠤᠯᠭᠠᠨ᠎ᠠ᠃ ᠲᠦᠪ ᠬᠤᠷᠢᠶᠠᠨ ᠤ | 2013—2017 ᠤᠨ ᠬᠦᠷᠳᠡᠯᠡᠬᠢ ᠰᠢᠳᠬᠡᠬᠦ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠳᠠ ᠶᠢᠨ ᠡᠯ᠎ᠡ ᠵᠦᠢᠯ ᠤᠨ ᠬᠠᠷᠠᠯᠳᠠ ᠶᠢᠨ ᠡᠭᠦᠷᠭᠡ ᠪᠠᠨ ᠴᠢᠩᠭ᠎ᠠ | ᠨᠠᠶᠢᠳᠠᠪᠦᠷᠢᠵᠢᠭᠤᠯᠵᠦ᠂ ᠬᠦᠮᠦᠨ ᠤ ᠡᠷᠬᠡ᠂ ᠡᠳ᠋ ᠤᠨ ᠡᠷᠬᠡ᠂ ᠶᠠᠪᠤᠳᠠᠯ ᠤᠨ ᠡᠷᠬᠡ᠂ ᠰᠤᠶᠢᠳᠬᠡᠯ ᠬᠤᠷᠢᠶᠠᠬᠤ ᠡᠷᠬᠡ ᠶᠢ ᠡᠵᠡᠮᠳᠡᠵᠦ ᠪᠠᠶᠢᠭ᠎ᠠ ᠰᠠᠯᠠᠭ᠎ᠠ ᠮᠦᠴᠢᠷ | ᠵᠢᠴᠢ ᠠᠰᠠᠭᠤᠳᠠᠯ ᠬᠢᠯᠪᠠᠷᠬᠠᠨ ᠭᠠᠷᠳᠠᠭ ᠵᠠᠩᠬᠢᠯᠭ᠎ᠠ ᠳᠤ ᠴᠢᠭᠡᠴᠢ ᠵᠠᠰᠠᠭ ᠤᠨ ᠲᠦᠭᠰᠢᠭᠦᠷᠢ ᠶᠢᠨ ᠰᠡᠷᠭᠡᠶᠢᠯᠡᠨ ᠬᠤᠷᠢᠭᠯᠠᠬᠤ ᠠᠵᠢᠯ ᠢ ᠴᠢᠨᠠᠭᠰᠠᠳᠠ | ᠭᠦᠨᠵᠡᠭᠡᠶᠢᠷᠡᠭᠦᠯᠵᠦ᠂ ᠲᠦᠷᠢᠮ ᠲᠤᠭᠳᠠᠭᠠᠯ ᠤᠨ ᠪᠠᠶᠢᠭᠤᠯᠤᠯᠳᠠ ᠪᠠᠨ ᠴᠢᠩᠭᠠᠳᠬᠠᠵᠦ᠂ ᠬᠦᠮᠦᠵᠢᠭᠦᠯᠬᠦ ᠬᠢᠨᠠᠯᠳᠠ ᠲᠠᠯᠪᠢᠬᠤ ᠬᠦᠴᠦᠯᠡᠴᠡ ᠪᠠᠨ ᠶᠡᠬᠡᠰᠭᠡᠨ᠎ᠡ᠃ | ᠠᠷᠠᠳᠴᠢᠯᠡᠯ ᠲᠦᠪᠯᠡᠷᠡᠯ ᠤᠨ ᠡᠯ᠎ᠡ ᠵᠦᠢᠯ ᠤᠨ ᠲᠤᠭᠳᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠢ ᠦᠨᠡᠯᠡᠨ | ᠬᠢᠨᠠᠬᠤ᠂ ᠶᠡᠭᠡ ᠨᠤᠷᠮᠠᠳᠦ ᠪᠡᠯᠡ ᠮᠦᠩᠭᠦ ᠶᠢ ᠲᠤᠬᠢᠷᠠᠭᠤᠯᠬᠤ ᠪᠠ ᠴᠢᠬᠤᠯᠠ ᠶᠡᠭᠡ ᠰᠡᠢᠳᠪᠦᠷᠢᠳᠦ ᠪᠤᠳᠤᠯᠭ᠎ᠠ ᠶᠢᠨ ᠤᠴᠢᠷ ᠶᠠᠪᠤᠳᠠᠯ ᠢ ᠬᠠᠮᠳᠦᠪᠡᠷ ᠰᠤᠳᠤᠯᠬᠤ ᠶᠢ | ᠪᠠᠷᠢᠮᠳᠠᠯᠠᠨ᠎ᠠ᠃ ᠠᠷᠪᠢᠯᠠᠵᠦ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠬᠦ ᠠᠵᠢᠯᠯᠠᠭᠠᠨ ᠢ ᠶᠡᠬᠡᠪᠡᠷ ᠦᠷᠨᠢᠭᠦᠯᠵᠦ᠂ ︽ᠭᠤᠷᠪᠠᠨ ᠠᠯᠪᠠᠨ︾ ᠵᠠᠷᠤᠳᠠᠯ ᠢ | ᠴᠢᠩᠭ᠎ᠠ ᠬᠢᠵᠠᠭᠠᠷᠯᠠᠨ᠎ᠠ᠃ ᠭᠠᠮᠰᠢᠭ ᠠᠴᠠ ᠠᠪᠤᠷᠠᠬᠤ᠂ ᠨᠡᠶᠢᠭᠡᠮ ᠤᠨ ᠪᠠᠳᠤᠯᠠᠭ᠎ᠠ᠂ ᠶᠠᠳᠠᠭᠤ ᠶᠢ ᠲᠡᠳᠬᠦᠬᠦ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠯ | ᠤᠨ ᠮᠦᠩᠭᠦ ᠵᠡᠷᠭᠡ ᠴᠢᠬᠤᠯᠠ ᠪᠡᠯᠡ ᠮᠦᠩᠭᠦᠨ ᠤ ᠬᠢᠨᠠᠨ ᠪᠤᠳᠤᠯᠳᠠ ᠶᠢ ᠴᠢᠩᠭᠠᠳᠬᠠᠵᠦ᠂ ᠡᠬᠢ ᠪᠠᠶᠠᠯᠢᠭ ᠨᠡᠬᠡᠭᠡᠨ ᠠᠰᠢᠭᠯᠠᠬᠤ᠂ ᠭᠠᠵᠠᠷ ᠰᠢᠷᠦᠢ ᠬᠤᠳᠠᠯᠳᠤᠬᠤ᠂ | ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠬᠢᠬᠦ᠂ ᠦᠮᠴᠢᠯᠡᠯ ᠤᠨ ᠡᠷᠬᠡ ᠠᠷᠠᠯᠵᠢᠶᠠᠯᠠᠬᠤ᠂ ᠡᠮ ᠬᠤᠳᠠᠯᠳᠤᠨ ᠠᠪᠬᠤ ᠪᠤᠷᠤᠯᠠᠭᠤᠯᠬᠤ᠂ ᠵᠠᠰᠠᠭ ᠤᠨ ᠤᠷᠳᠤᠨ ᠤ | ᠬᠤᠳᠠᠯᠳᠤᠨ ᠠᠪᠬᠤ ᠵᠡᠷᠭᠡ ᠭᠤᠤᠯᠳᠠᠯᠭᠠᠳᠠᠢ ᠬᠦᠷᠢᠶ᠎ᠡ ᠬᠡᠪᠴᠢᠶᠡᠨ ᠤ ᠬᠢᠨᠠᠯᠳᠠ ᠬᠠᠮᠢᠶᠠᠷᠤᠯᠳᠠ ᠶᠢ ᠴᠢᠩᠳᠠᠯᠠᠵᠦ᠂ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ | ᠲᠤᠮᠳᠠᠬᠢ ᠬᠤᠶᠢᠨᠠᠬᠢ ᠬᠢᠨᠠᠯᠳᠠ ᠦᠨᠡᠯᠡᠯᠳᠡ ᠪᠠ ᠠᠵᠢᠯ ᠤᠨ ᠪᠦᠳᠦᠮᠵᠢ ᠶᠢ ᠮᠦᠷᠳᠡᠨ ᠯᠠᠪᠯᠠᠬᠤ ᠬᠦᠴᠦᠯᠡᠴᠡ ᠪᠠᠨ ᠨᠡᠮᠡᠭᠳᠡᠭᠦᠯᠵᠦ᠂ ᠬᠠᠤᠯᠢ ᠰᠠᠬᠢᠯᠭ᠎ᠠ ᠶᠢ | ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠡᠢᠳᠪᠦᠷᠢᠯᠡᠨ᠎ᠡ᠃ | ᠠᠵᠢᠯᠯᠠᠬᠤ ᠰᠤᠷᠳᠠᠯ ᠢᠶᠠᠨ ᠰᠠᠶᠢᠵᠢᠷᠠᠭᠤᠯᠵᠦ᠂ ᠤᠯᠠᠨ ᠲᠦᠮᠡᠨ ᠲᠠᠢ ᠨᠢᠭᠳᠠ ᠬᠠᠷᠢᠯᠴᠠᠨ᠎ᠠ᠃ ᠠᠵᠢᠯᠯᠠᠬᠤ ᠰᠤᠷᠳᠠᠯ ᠢᠶᠠᠨ ᠴᠢᠨᠠᠭᠰᠢᠳᠠ ᠰᠠᠶᠢᠵᠢᠷᠠᠭᠤᠯᠵᠦ᠂ | ᠤᠯᠠᠨ ᠲᠦᠮᠡᠨ ᠲᠠᠢ ᠨᠢᠭᠳᠠ ᠬᠠᠷᠢᠯᠴᠠᠬᠤ ᠲᠤᠬᠠᠢ ᠲᠦᠪ ᠬᠤᠷᠢᠶᠠᠨ ᠤ ᠨᠠᠢᠮᠠᠨ ᠲᠤᠭᠳᠠᠭᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠪᠠᠶᠢᠴᠠᠭᠠᠨ | ᠰᠤᠳᠤᠯᠤᠯᠳᠠ ᠶᠢ ᠬᠦᠨᠵᠡᠭᠡᠢ ᠦᠷᠨᠢᠭᠦᠯᠵᠦ᠂ ᠬᠦᠴᠢᠷᠳᠡᠯ ᠪᠠ ᠵᠦᠷᠢᠴᠡᠯ ᠲᠦᠪᠯᠡᠷᠡᠵᠦ ᠪᠠᠶᠢᠬᠤ ᠤᠨ ᠤᠯᠠᠨ ᠲᠦᠮᠡᠨ ᠤ ᠰᠠᠨᠠᠯ ᠶᠡᠭᠡ ᠪᠠᠶᠢᠬᠤ ᠭᠠᠵᠠᠷ ᠢᠯᠡᠭᠦᠦ | ᠤᠴᠢᠵᠦ᠂ ᠦᠨᠡᠨ ᠪᠤᠳᠠᠳᠦ ᠪᠠᠶᠢᠳᠠᠯ ᠢ ᠤᠶᠢᠯᠠᠭᠠᠨ᠂ ᠪᠤᠳᠠᠳᠦ ᠠᠰᠠᠭᠤᠳᠠᠯ ᠢ ᠰᠡᠢᠳᠪᠦᠷᠢᠯᠡᠵᠦ᠂ ᠬᠡᠯᠪᠡᠷᠢ ᠶᠢᠨ ᠦᠵᠡᠯ ᠪᠠ ᠨᠤᠶᠠᠨᠴᠢ ᠰᠤᠷᠳᠠᠯ ᠢ ᠡᠷᠡᠰ | ᠲᠡᠪᠴᠢᠨ᠎ᠡ᠂ ᠬᠤᠷᠠᠯ ᠴᠤᠭᠯᠠᠭᠠᠨ ᠪᠠ ᠪᠢᠴᠢᠭ ᠮᠠᠲ᠋ᠧᠷᠢᠶᠠᠯ ᠲᠤᠪᠴᠢ ᠮᠡᠳᠡᠭᠡ ᠶᠢ ᠴᠦᠬᠡᠳᠬᠡᠵᠦ᠂ ᠬᠤᠷᠠᠯ ᠤᠨ ᠰᠤᠷᠳᠠᠯ ᠪᠠ ᠮᠠᠲ᠋ᠧᠷᠢᠶᠠᠯ ᠤᠨ ᠰᠤᠷᠳᠠᠯ ᠢ ᠦᠨᠡᠩᠬᠦ | ᠰᠠᠶᠢᠵᠢᠷᠠᠭᠤᠯᠤᠨ᠎ᠠ᠃ ᠵᠠᠰᠠᠭ ᠤᠨ ᠤᠷᠳᠤᠨ ᠤ ᠠᠮᠵᠢᠯᠳᠠ ᠪᠦᠳᠦᠮᠵᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠪᠦᠬᠦ ᠲᠠᠯ᠎ᠠ ᠶᠢᠨ ᠦᠵᠡᠯᠳᠡ ᠪᠠ ᠡᠭᠦᠷᠭᠡ | ᠬᠠᠷᠢᠭᠤᠴᠠᠯᠭᠠᠳᠦ ᠦᠵᠡᠯᠳᠡ ᠶᠢ ᠪᠠᠳᠦ ᠪᠠᠬᠢ ᠪᠤᠢ ᠪᠤᠯᠭᠠᠵᠦ᠂ ᠵᠤᠷᠢᠭᠳᠠᠢ ᠬᠠᠷᠢᠭᠤᠴᠠᠵᠦ᠂ ᠵᠤᠷᠢᠭᠳᠠᠢ ᠡᠭᠦᠷᠭᠡᠯᠡᠨ᠂ ᠦᠨᠡᠩᠬᠦ ᠠᠳᠬᠤᠨ ᠪᠤᠳᠠᠳᠠᠢ ᠪᠠᠷ | ᠠᠵᠢᠯᠯᠠᠵᠦ᠂ ᠭᠤᠤᠯᠳᠠᠯᠭᠠᠳᠠᠢ ᠠᠵᠢᠯ ᠢ ᠬᠡᠯᠡᠪᠡᠯ ᠮᠠᠷᠳᠠᠬᠤ ᠦᠭᠡᠢ᠂ ᠰᠡᠯᠳᠦᠵᠦ ᠰᠤᠯᠠᠷᠠᠬᠤ ᠦᠭᠡᠢ᠂ ᠲᠤᠤᠱᠳᠠᠢ ᠠᠳᠬᠤᠵᠦ᠂ ᠠᠮᠵᠢᠯᠳᠠ ᠭᠠᠷᠳᠠᠯ᠎ᠠ ᠠᠳᠬᠤᠨ᠎ᠠ᠃ | ᠲᠦᠷᠦ ᠶᠢᠨ ᠠᠯᠪᠠᠴᠢᠨ ᠤ ᠡᠩᠨᠡᠭᠡ ᠪᠠ ᠪᠠᠶᠢᠭᠤᠯᠭ᠎ᠠ ᠶᠢᠨ ᠰᠤᠷᠳᠠᠯ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠶᠡᠷᠤᠮᠳᠡᠭ ᠵᠠᠯᠬᠠᠭᠤ ᠪᠦᠷᠢᠯᠭᠡᠨ | ᠰᠤᠶᠢᠳᠬᠡᠳᠡᠭ ᠵᠡᠷᠭᠡ ᠲᠦᠪ ᠪᠤᠰᠤ ᠰᠤᠷᠳᠠᠯ ᠢ ᠴᠡᠭᠴᠡᠯᠡᠵᠦ᠂ ᠠᠷᠢᠭᠤᠨ ᠴᠢᠭᠡᠴᠢ ᠲᠦᠪ ᠭᠤᠤᠯᠴᠢ᠂ ᠠᠵᠢᠯ ᠬᠢᠵᠦ ᠦᠢᠯᠡᠰ ᠪᠦᠳᠦᠭᠡᠬᠦ ᠬᠦᠭᠵᠢᠯᠳᠡ ᠶᠢᠨ | ᠤᠷᠴᠢᠨ ᠲᠤᠭᠤᠷᠢᠨ ᠢ ᠪᠤᠢ ᠪᠤᠯᠭᠠᠨ᠎ᠠ᠃ | ᠲᠦᠯᠦᠭᠡᠯᠡᠭᠴᠢᠳ ᠡ᠂ ᠤᠯᠠᠭᠠᠨᠬᠠᠳᠠ ᠶᠢᠨ ᠬᠦᠭᠵᠢᠯᠳᠡ ᠨᠢ ᠨᠢᠭᠡᠨᠳᠡ ᠰᠢᠨ᠎ᠡ ᠡᠬᠢᠯᠡᠯᠳᠡ ᠳᠤ ᠤᠷᠤᠵᠦ᠂ ᠰᠢᠨ᠎ᠡ ᠱᠠᠳᠤᠨ ᠳᠤ ᠲᠠᠪᠰᠢᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠭᠦᠷᠭᠡ ᠬᠠᠷᠢᠭᠤᠴᠠᠯᠭ᠎ᠠ ᠲᠤᠩ ᠬᠦᠨᠳᠦ ᠮᠦᠷᠳᠡᠭᠡᠨ ᠢᠷᠡᠭᠤ ᠠᠯᠳᠠᠷᠳᠠᠢ ᠠᠭᠤᠤ ᠶᠡᠭᠡ ᠶᠤᠮ᠃ ᠪᠢᠳᠡ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠠ᠂ ᠵᠤᠷᠢᠭ ᠰᠠᠨᠠᠭ᠎ᠠ ᠪᠠᠨ ᠨᠡᠩ ᠬᠦᠪᠴᠢᠯᠡᠵᠦ᠂ ᠵᠤᠷᠢᠭᠳᠠᠢ ᠪᠠᠷ | ᠤᠷᠤᠭᠰᠢᠯᠠᠨ᠂ ᠰᠡᠳᠬᠢᠯ ᠪᠠᠨ ᠨᠢᠬᠡᠳᠬᠡᠵᠦ ᠬᠦᠴᠦᠨ ᠢᠶᠠᠨ ᠬᠠᠮᠲᠤᠳᠬᠠᠵᠤ᠂ ᠢᠯᠡᠯᠳᠡ ᠶᠢᠨ ᠡᠷᠴᠢᠨ ᠲᠡᠭᠡᠷ᠎ᠡ ᠪᠠᠨ ᠲᠠᠪᠰᠢᠵᠦ᠂ ᠠᠵᠦ ᠠᠬᠤᠢ ᠬᠦᠭᠵᠢᠭᠰᠡᠨ᠂ | ᠰᠤᠶᠤᠯ ᠭᠡᠭᠡᠷᠡᠯ ᠴᠡᠴᠡᠭᠯᠡᠭᠰᠡᠨ᠂ ᠠᠷᠠᠳ ᠲᠦᠮᠡᠨ ᠠᠵᠠ ᠵᠢᠷᠭᠠᠯᠳᠠᠢ ᠦᠵᠡᠰᠭᠦᠯᠡᠩᠳᠦ ᠰᠠᠶᠢᠬᠠᠨ ᠤᠯᠠᠭᠠᠨᠬᠠᠳᠠ ᠶᠢ ᠪᠦᠳᠦᠭᠡᠨ ᠪᠠᠶᠢᠭᠤᠯᠬᠤ ᠶᠢᠨ ᠲᠦᠯᠦᠭᠡ | ᠴᠢᠷᠮᠠᠶᠢᠨ ᠲᠡᠮᠡᠴᠡᠰᠤᠭᠡᠢ︕ | | |