| | ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ | 649 ᠳ᠋ᠤᠭᠡᠷ ᠳᠤᠭᠠᠳᠤ | ︽ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ︾ ᠶᠢ ᠤᠳᠤ ᠨᠡᠶᠢᠳᠡᠯᠡᠶ᠎ᠡ᠂ 2014 ᠤᠨ ᠤ 5 ᠰᠠᠷ᠎ᠠ ᠶᠢᠨ 1 ᠤ | ᠡᠳᠤᠷ ᠠᠴᠠ ᠡᠬᠢᠯᠡᠵᠤ ᠭᠡᠷᠡᠭᠵᠢᠬᠦᠯᠦᠨ᠎ᠠ᠃ | ᠶᠡᠷᠦᠩᠭᠡᠢ ᠰᠠᠶᠢᠳ ᠯᠢ ᠺᠧ ᠴᠢᠶᠠᠩ | 2014 ᠤᠨ ᠤ 2 ᠰᠠᠷ᠎ᠠ ᠶᠢᠨ 21 ᠤ ᠡᠳᠤᠷ | ᠨᠢᠭᠡᠳᠦᠭᠡᠷ ᠪᠦᠯᠦᠭ ᠶᠡᠷᠦᠩᠭᠡᠢ ᠳᠦᠷᠢᠮ | ᠨᠢᠬᠡᠳᠦᠭᠡᠷ ᠵᠦᠢᠯ ᠨᠡᠶᠢᠭᠡᠮ ᠤᠨ ᠠᠪᠤᠷᠠᠨ ᠳᠤᠰᠠᠯᠠᠯᠳᠠ ᠶᠢ ᠴᠢᠩᠭᠠᠳᠬᠠᠵᠤ᠂ ᠡᠷᠭᠡᠳᠤ ᠠᠷᠠᠳ ᠤᠨ ᠦᠨᠳᠦᠰᠤᠨ ᠠᠮᠢᠳᠤᠷᠠᠯ ᠢ ᠪᠠᠳᠤᠯᠠᠨ᠂ | ᠨᠡᠶᠢᠭᠡᠮ ᠤᠨ ᠡᠷᠭᠡ ᠳᠡᠭᠰᠢ ᠶᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠯ ᠪᠤᠯᠨ ᠳᠤᠭᠳᠠᠭᠤᠨ ᠢ ᠬᠠᠮᠠᠭᠠᠯᠠᠬᠤ ᠶᠢᠨ ᠳᠤᠰᠠᠳᠠ᠂ ᠦᠨᠳᠦᠰᠦᠨ ᠬᠠᠤᠯᠢ ᠶᠢ | ᠦᠨᠳᠦᠰᠦᠯᠡᠨ ᠳᠤᠰ ᠠᠷᠭ᠎ᠠ ᠶᠢ ᠳᠤᠭᠳᠠᠭᠠᠪᠠ᠂ | ᠬᠤᠶᠠᠳᠤᠭᠠᠷ ᠵᠦᠢᠯ ᠨᠡᠶᠢᠬᠡᠮ ᠤᠨ ᠠᠪᠤᠷᠠᠨ ᠳᠤᠰᠠᠯᠠᠬᠤ ᠲᠦᠷᠢᠮ ᠨᠢ ᠨᠠᠭᠠᠳᠤ ᠵᠠᠬ᠎ᠠ ᠶᠢ ᠪᠠᠲᠤᠯᠠᠬᠤ᠂ ᠪᠠᠴᠢᠮ ᠬᠦᠴᠢᠷᠳᠡᠯ ᠢ ᠠᠪᠤᠷᠠᠬᠤ᠂ | ᠦᠷᠬᠦᠯᠵᠢᠯᠡᠬᠦ ᠶᠢ ᠪᠠᠷᠢᠮᠲᠠᠯᠠᠵᠤ᠂ ᠪᠤᠰᠤᠳ ᠨᠠᠶᠢᠬᠡᠮ ᠤᠨ ᠪᠠᠲᠤᠯᠠᠪᠤᠷᠢ ᠶᠢᠨ ᠲᠦᠷᠢᠮ ᠲᠠᠢ ᠠᠪᠤᠴᠠᠯᠳᠤᠵᠤ᠂ ᠨᠡᠶᠢᠬᠡᠮ ᠤᠨ ᠠᠪᠤᠷᠠᠨ ᠲᠤᠰᠠᠯᠠᠬᠤ ᠲᠦᠪᠰᠢᠨ ᠢ ᠠᠵᠤ | ᠠᠬᠤᠢ ᠨᠡᠶᠢᠬᠡᠮ ᠤᠨ ᠬᠦᠭᠵᠢᠯᠲᠡ ᠶᠢᠨ ᠲᠦᠪᠰᠢᠨ ᠯᠦᠭᠡ ᠵᠤᠬᠢᠴᠠᠭᠤᠯᠤᠨ᠎ᠠ᠃ ᠨᠡᠶᠢᠬᠡᠮ ᠤᠨ ᠠᠪᠤᠷᠠᠨ ᠲᠤᠰᠠᠯᠠᠬᠤ ᠠᠵᠢᠯ ᠨᠢ ᠡᠷᠬᠡᠪᠰᠢ ᠢᠯᠡ ᠳᠤᠳᠤ᠂ ᠡᠷᠬᠡ | ᠳᠡᠭᠰᠢ᠂ ᠲᠦᠪ ᠭᠤᠤᠯᠴᠢ᠂ ᠴᠠᠭ ᠲᠤᠬᠠᠢ ᠳᠤᠨᠢ ᠪᠠᠶᠢᠬᠤ ᠵᠠᠷᠴᠢᠮ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠪᠦᠬᠦ ᠤᠯᠤᠰ ᠤᠨ | ᠨᠡᠶᠢᠭᠡᠮ ᠤᠨ ᠠᠪᠤᠷᠠᠨ ᠳᠤᠰᠠᠯᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠡᠢ ᠳᠦᠯᠦᠪᠯᠡᠨᠡ᠃ ᠳᠦᠷᠦ ᠶᠢᠨ ᠶᠠᠪᠤᠳᠠᠯ ᠤᠨ ᠬᠤᠷᠢᠶᠠᠨ ᠤ | ᠠᠷᠡᠳ ᠤᠨ ᠶᠠᠪᠤᠳᠠᠯ ᠤᠨ ᠶᠠᠮᠤᠨ᠂ ᠡᠷᠡᠬᠦᠯ ᠬᠠᠮᠠᠭᠠᠯᠠᠯ ᠪᠠ ᠳᠦᠯᠦᠪᠯᠡᠭᠡᠳᠤ ᠦᠷᠡᠵᠢᠯ ᠤᠨ ᠶᠠᠮᠤᠨ᠂ ᠰᠤᠷᠭᠠᠨ ᠬᠦᠮᠦᠵᠢᠯ ᠤᠨ ᠶᠠᠮᠤᠨ᠂ ᠤᠷᠤᠨ ᠰᠠᠭᠤᠴᠠ ᠪᠠ | ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ ᠵᠡᠷᠭᠡ ᠰᠠᠯᠠᠭ᠎ᠠ | ᠮᠦᠴᠢᠷ ᠨᠢ ᠳᠤᠰ ᠳᠤᠰ ᠤᠨ ᠡᠬᠦᠷᠭᠡ ᠴᠢᠳᠠᠪᠤᠷᠢ ᠲᠠᠢ ᠪᠠᠨ ᠵᠤᠬᠢᠴᠠᠬᠤᠢᠢᠴᠠ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ᠂ ᠡᠷᠡᠬᠦᠯ ᠬᠠᠮᠠᠭᠠᠯᠠᠯ ᠪᠡ | ᠳᠦᠯᠦᠪᠯᠡᠭᠡᠳᠤ ᠦᠷᠡᠵᠢᠯ᠂ ᠰᠤᠷᠭᠠᠨ ᠬᠦᠮᠦᠵᠢᠯ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠦᠮᠦᠨ ᠤ ᠬᠦᠴᠤᠨ ᠤ ᠡᠬᠢ | ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠵᠡᠷᠭᠡ ᠰᠠᠯᠠᠭ᠎ᠠ ᠮᠦᠴᠢᠷ ᠨᠢ ᠳᠤᠰ ᠳᠤᠰ ᠤᠨ ᠡᠬᠦᠷᠭᠡ ᠴᠢᠳᠠᠪᠤᠷᠢ ᠲᠠᠢ ᠪᠠᠨ ᠵᠤᠬᠢᠴᠠᠬᠤᠢᠢᠴᠠ ᠳᠤᠰ ᠵᠠᠰᠠᠭ ᠵᠠᠬᠢᠷᠭᠠᠨ ᠤ | ᠤᠷᠤᠨ ᠤ ᠬᠠᠷᠢᠶᠠᠨ ᠳᠠᠬᠢ ᠨᠡᠶᠢᠭᠡᠮ ᠤᠨ ᠠᠪᠤᠷᠠᠨ ᠳᠤᠰᠠᠠᠯᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠡᠮᠤᠨ᠎ᠠ ᠬᠤᠶᠠᠷ ᠵᠦᠢᠯ ᠳᠤ ᠳᠤᠷᠠᠳᠤᠭᠰᠠᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠢ ᠨᠡᠶᠢᠳᠡᠮ ᠳᠤ ᠨᠢ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠭᠡᠨ᠎ᠡ᠃ | ᠳᠦᠷᠪᠡᠳᠦᠭᠡᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ | ᠨᠡᠶᠢᠭᠡᠮ ᠤᠨ ᠠᠪᠤᠷᠠᠨ ᠳᠤᠰᠠᠯᠠᠯᠳᠠ ᠳᠤ ᠬᠤᠯᠪᠤᠭᠳᠠᠬᠤ ᠭᠤᠶᠤᠴᠢᠯᠠᠯᠳᠠ ᠶᠢ ᠬᠦᠯᠢᠶᠡᠨ ᠠᠪᠤᠨ᠂ ᠪᠠᠶᠢᠴᠠᠭᠠᠨ ᠬᠢᠨᠠᠵᠤ᠂ ᠪᠤᠳᠠᠳᠠᠢ ᠠᠵᠢᠯ ᠢ ᠨᠡᠶᠢᠭᠡᠮ ᠤᠨ ᠠᠪᠤᠷᠠᠨ | ᠳᠤᠰᠠᠯᠠᠬᠤ ᠶᠢ ᠬᠦᠢᠴᠡᠳᠭᠡᠬᠦ ᠪᠠᠶᠢᠭᠤᠯᠤᠮᠵᠢ ᠡᠰᠡᠬᠦᠯ᠎ᠡ ᠭᠠᠷᠳᠠᠨ ᠬᠦᠢᠴᠡᠳᠭᠡᠬᠦ ᠬᠦᠮᠦᠰ ᠳᠠᠭᠠᠭᠠᠨ ᠬᠠᠷᠢᠭᠤᠴᠠᠨ᠎ᠠ᠃ ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ | ᠰᠠᠭᠤᠭᠠᠯᠢ ᠠᠷᠠᠳ ᠤᠨ ᠵᠦᠪᠯᠡᠯ ᠨᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠳᠡᠮᠵᠢᠨ ᠳᠤᠰᠠᠯᠠᠵᠤ ᠰᠠᠶᠢᠳᠤᠷ ᠬᠢᠬᠦ ᠭᠡᠷᠡᠭᠳᠡᠢ᠃ | ᠳᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠨᠡᠶᠢᠭᠡᠮ ᠤᠨ ᠠᠪᠤᠷᠠᠨ ᠳᠤᠰᠠᠯᠠᠬᠤ | ᠠᠵᠢᠯ ᠢ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠳᠦᠯᠦᠪᠵᠢᠬᠦᠯᠦᠭᠡ ᠳᠤ ᠤᠷᠤᠭᠤᠯᠵᠤ᠂ ᠵᠠᠰᠠᠭ ᠤᠨ ᠤᠷᠳᠤᠨ ᠤᠳᠤᠷᠢᠳᠤᠨ᠂ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠳᠤᠯᠤᠭᠠᠢᠢᠯᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠮᠵᠢᠯᠴᠠᠵᠤ᠂ ᠨᠡᠶᠢᠭᠡᠮ ᠤᠨ ᠬᠦᠴᠤᠨ ᠤᠷᠤᠯᠴᠠᠭᠰᠠᠨ᠂ | ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠵᠤᠬᠢᠴᠠᠭᠤᠯᠬᠤ ᠳᠤᠭᠳᠠᠴᠠ ᠶᠢ ᠪᠠᠶᠢᠭᠤᠯᠤᠨ ᠳᠡᠬᠦᠯᠳᠡᠷᠵᠬᠦᠯᠵᠤ᠂ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ᠂ | ᠡᠳ᠋ ᠪᠤᠳᠠᠰ ᠤᠨ ᠪᠠᠳᠤᠯᠠᠭ᠎ᠠ ᠶᠢᠨ ᠳᠤᠭᠳᠠᠴᠠ ᠶᠢ ᠪᠦᠷᠢᠨᠰᠢᠬᠦᠯᠦᠨ᠂ ᠵᠠᠰᠠᠭ ᠤᠨ ᠤᠷᠳᠤᠨ ᠤ ᠳᠤᠬᠢᠷᠠᠭᠤᠯᠤᠭᠰᠠᠨ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ | ᠪᠤᠯᠤᠨ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠳᠦᠰᠦᠪ ᠲᠤ ᠤᠷᠤᠭᠤᠯᠪᠠᠯ ᠵᠤᠬᠢᠨ᠎ᠠ᠃ ᠨᠡᠶᠢᠭᠡᠮ ᠤᠨ ᠠᠪᠤᠷᠠᠨ | ᠳᠤᠰᠠᠯᠠᠬᠤ ᠪᠡᠯᠡ ᠮᠦᠡᠭᠬᠦ ᠶᠢ ᠳᠤᠰᠬᠠᠢ ᠳᠦᠷᠦᠯ ᠢᠶᠠᠷ ᠬᠠᠮᠢᠶᠠᠷᠬᠤ ᠶᠢ ᠭᠡᠷᠡᠭᠵᠢᠬᠦᠯᠦᠨ᠂ ᠳᠠᠩᠰᠠ ᠬᠤᠪᠢᠶᠠᠨ ᠳᠤᠭᠠᠴᠠᠭ᠎ᠠ ᠬᠢᠵᠤ᠂ ᠳᠤᠰᠬᠠᠢ ᠵᠤᠭᠤᠰ ᠢ ᠳᠤᠰᠬᠠᠢ | ᠳᠦᠷᠦᠯ ᠵᠦᠢᠯ ᠳᠤ ᠨᠢ ᠵᠠᠷᠤᠨ᠂ ᠶᠠᠮᠠᠷᠪᠠ ᠪᠠᠶᠢᠭᠤᠯᠤᠯᠭ᠎ᠠ ᠨᠢᠭᠡᠴᠡ ᠪᠠ ᠬᠤᠪᠢ ᠬᠦᠮᠦᠨ ᠡᠵᠡᠯᠡᠬᠦ ᠪᠤᠶᠤ ᠨᠡᠬᠦᠯᠭᠡᠨ ᠭᠡᠷᠡᠭᠯᠡᠵᠤ ᠪᠤᠯᠬᠤ ᠦᠭᠡᠢ᠃ ᠨᠡᠶᠢᠭᠡᠮ ᠤᠨ | ᠠᠪᠤᠷᠠᠨ ᠳᠤᠰᠠᠯᠠᠬᠤ ᠪᠡᠯᠡ ᠮᠦᠡᠭᠬᠦ ᠶᠢ ᠭᠠᠷᠭᠠᠵᠤ ᠦᠭᠬᠦ ᠳᠡᠭᠡᠨ ᠡᠳ᠋ ᠤᠨ ᠵᠠᠰᠠᠭ ᠤᠨ ᠤᠯᠤᠰ ᠤᠨ ᠰᠠᠩ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ | ᠳᠤᠭᠳᠠᠭᠠᠯ ᠢᠶᠠᠷ ᠭᠡᠷᠡᠭᠵᠢᠬᠦᠯᠬᠦ ᠭᠡᠷᠡᠭᠳᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠯᠤᠰ ᠤᠨ ᠨᠢᠭᠡᠳᠤᠯᠳᠡᠢ | ᠳᠦᠯᠦᠪᠵᠢᠬᠦᠯᠦᠭᠡ ᠶᠤᠰᠤᠭᠠᠷ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠴᠢᠮᠡᠭᠡ ᠵᠠᠩᠬᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠠᠪᠤᠷᠠᠨ | ᠳᠤᠰᠠᠯᠠᠬᠤ ᠴᠢᠮᠡᠭᠡ ᠵᠠᠩᠬᠢ ᠶᠢ ᠬᠠᠷᠢᠯᠴᠠᠨ ᠬᠤᠯᠪᠤᠨ ᠨᠡᠪᠳᠡᠷᠡᠬᠦᠯᠵᠤ᠂ ᠡᠬᠢ ᠪᠠᠶᠠᠯᠢᠭ ᠢ ᠬᠠᠮᠳᠤᠪᠠᠷ ᠡᠳ᠋ᠯᠡᠬᠦ ᠭᠡᠷᠡᠭᠳᠡᠢ᠃ | ᠳᠤᠯᠤᠳᠤᠭᠠᠷ ᠵᠦᠢᠯ ᠤᠯᠤᠰ ᠠᠴᠠ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ ᠳᠤᠰᠠᠯᠠᠯᠳᠠ ᠳᠤ ᠤᠷᠤᠯᠴᠠᠬᠤ ᠶᠢ ᠤᠷᠮᠠᠰᠢᠭᠤᠯᠤᠨ | ᠳᠡᠮᠵᠢᠨ᠎ᠡ᠃ | ᠨᠠᠢᠮᠠᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠠᠵᠢᠯ ᠳᠤ ᠳᠤᠪᠤᠶᠢᠮ᠎ᠠ ᠠᠮᠵᠢᠯᠳᠠ ᠪᠦᠳᠦᠭᠡᠯ ᠭᠠᠷᠭᠠᠭᠰᠠᠨ ᠪᠠᠶᠢᠭᠤᠯᠤᠯᠭ᠎ᠠ ᠨᠢᠭᠡᠴᠡ | ᠂ ᠬᠤᠪᠢ ᠬᠦᠮᠦᠨ ᠢ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠬᠦᠬᠢᠬᠦᠯᠦᠨ ᠱᠠᠩᠨᠠᠨ᠎ᠠ᠃ | ᠬᠤᠶᠠᠳᠤᠭᠠᠷ ᠪᠦᠯᠦᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ | ᠶᠢᠰᠦᠳᠤᠭᠡᠷ ᠵᠦᠢᠯ ᠤᠯᠤᠰ ᠠᠴᠠ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠦᠮᠦᠨ ᠳᠤᠮᠳᠠᠴᠢ ᠶᠢᠨ ᠤᠷᠤᠯᠭ᠎ᠠ ᠨᠢ | ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠠᠴᠠ ᠳᠤᠤᠷ᠎ᠠ ᠮᠦᠷᠳᠡᠭᠡᠨ ᠳᠤᠬᠠᠢ ᠶᠢᠨ ᠭᠠᠵᠠᠷ ᠤᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠭᠡᠷ ᠪᠦᠯᠢ ᠶᠢᠨ ᠡᠳ᠋ ᠬᠦᠷᠦᠩᠭᠡ ᠶᠢᠨ ᠠᠬᠤᠢ ᠪᠠᠶᠢᠳᠠᠯ ᠤᠨ ᠳᠤᠭᠳᠠᠭᠠᠯ ᠳᠤ ᠨᠡᠶᠢᠴᠡᠭᠰᠡᠨ ᠭᠡᠷ ᠪᠦᠯᠢ ᠳᠤ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠭᠤᠨ᠎ᠠ᠃ | ᠠᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠳᠠ ᠡᠰᠡᠬᠦᠯ᠎ᠡ ᠳᠤᠭᠤᠷᠢᠭ ᠲᠠᠢ ᠬᠤᠳᠠ ᠶᠢᠨ ᠳᠡᠰ ᠤᠨ ᠠᠷᠠᠳ ᠤᠨ ᠠᠷᠠᠳ ᠤᠨ ᠵᠠᠰᠠᠭ ᠤᠨ ᠤᠷᠳᠤᠨ ᠠᠴᠠ ᠳᠤᠬᠠᠢ ᠶᠢᠨ ᠭᠠᠵᠠᠷ ᠤᠨ ᠰᠠᠭᠤᠭᠠᠯᠢ | ᠠᠷᠠᠳ ᠤᠨ ᠠᠮᠢᠳᠤᠷᠠᠯ ᠳᠤ ᠵᠠᠪᠠᠯ ᠭᠡᠷᠡᠭᠯᠡᠬᠦ ᠵᠠᠷᠤᠳᠠᠯ ᠤᠨ ᠪᠠᠷᠢᠮᠵᠢᠶ᠎ᠠ ᠪᠠᠷ ᠳᠤᠭᠳᠠᠭᠠᠵᠤ ᠨᠡᠶᠢᠳᠡᠯᠡᠨ᠂ ᠳᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠳᠦᠪᠰᠢᠨ ᠬᠢᠭᠡᠳ ᠪᠠᠷᠠᠭ᠎ᠠ ᠲᠠᠸᠠᠷ ᠤᠨ ᠦᠨ᠎ᠠ ᠬᠠᠨᠭ᠍ᠰᠢ ᠶᠢᠨ ᠬᠤᠪᠢᠷᠠᠯᠳᠠ ᠶᠢᠨ ᠪᠠᠶᠢᠳᠠᠯ ᠢ ᠦᠨᠳᠦᠰᠦᠯᠡᠵᠤ ᠴᠠᠭ ᠳᠤᠬᠠᠢ ᠳᠤ ᠨᠢ | ᠳᠤᠬᠢᠷᠠᠭᠤᠯᠤᠯᠳᠠ ᠬᠢᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ | ᠬᠢᠨᠠᠵᠤ ᠳᠤᠭᠳᠠᠭᠠᠬᠤ ᠠᠷᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠡᠰᠡᠬᠦᠯ᠎ᠠ ᠳᠤᠭᠤᠷᠢᠭ ᠲᠠᠢ ᠬᠤᠳᠠ ᠶᠢᠨ ᠳᠡᠰ ᠤᠨ | ᠠᠷᠠᠳ ᠤᠨ ᠵᠠᠰᠠᠭ ᠤᠨ ᠤᠷᠳᠤᠨ ᠠᠴᠠ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠳᠤᠭᠳᠠᠭᠠᠨ᠎ᠠ᠃ | ᠠᠷᠪᠠᠨ ᠨᠢᠭᠡᠳᠤᠭᠡᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠭᠤᠶᠤᠯᠳᠠ ᠶᠢ ᠳᠤᠤᠷᠠᠬᠢ ᠮᠠᠳᠤ ᠳᠡᠰ ᠳᠠᠷᠠᠭᠠᠯᠠᠯ ᠢᠶᠠᠷ | ᠬᠦᠢᠴᠡᠳᠭᠡᠨ᠎ᠠ᠄ | ︵ᠨᠢᠭᠡ︶ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠠᠴᠠ ᠡᠷᠦᠭᠡ ᠠᠮᠠᠨ ᠳᠠᠩᠰᠠ ᠨᠢ ᠪᠠᠶᠢᠭ᠎ᠠ ᠭᠠᠵᠠᠷ ᠤᠨ ᠢᠶᠠᠨ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠪᠢᠴᠢᠭ ᠢᠶᠠᠷ ᠭᠤᠶᠤᠴᠢᠯᠠᠨ᠎ᠠ︔ ᠭᠡᠷ ᠪᠦᠯᠢ ᠶᠢᠨ | ᠪᠦᠷᠢᠯᠳᠦᠬᠦᠨ ᠨᠢ ᠭᠤᠶᠤᠴᠢᠯᠠᠯᠳᠠ ᠬᠢᠬᠦ ᠳᠤ ᠬᠦᠴᠢᠷ ᠲᠠᠢ ᠪᠤᠯ ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠤ ᠨᠠᠶᠢᠳᠠᠨ | ᠤᠷᠤᠯᠠᠨ ᠭᠤᠶᠤᠴᠢᠯᠠᠵᠤ ᠪᠤᠯᠤᠨ᠎ᠠ᠃ | ︵ᠬᠤᠶᠠᠷ︶ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠡᠷᠦᠭᠡ | ᠳᠤ ᠬᠦᠷᠴᠤ ᠪᠠᠶᠢᠴᠠᠭᠠᠬᠤ᠂ ᠬᠦᠷᠰᠢ ᠰᠠᠭᠠᠬᠠᠯᠳᠠ ᠠᠴᠠ ᠨᠢ ᠠᠰᠠᠭᠤᠵᠤ ᠰᠤᠷᠠᠬᠤ᠂ ᠵᠠᠬᠢᠳᠠᠯ ᠢᠶᠠᠷ ᠭᠡᠷᠡᠴᠢ ᠠᠪᠬᠤ᠂ ᠤᠯᠠᠨ ᠳᠦᠮᠡᠨ ᠢᠶᠠᠷ ᠦᠨᠡᠯᠡᠬᠦᠯᠬᠦ᠂ ᠴᠢᠮᠡᠭᠡ | ᠵᠠᠩᠬᠢ ᠶᠢ ᠬᠢᠨᠠᠨ ᠪᠠᠶᠢᠴᠠᠭᠠᠬᠤ ᠵᠡᠷᠭᠡ ᠠᠷᠭ᠎ᠠ ᠪᠠᠷ ᠭᠤᠶᠤᠴᠢᠯᠠᠭᠰᠠᠨ ᠬᠦᠮᠦᠨ ᠤ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ | ᠪᠠᠶᠢᠴᠠᠭᠠᠵᠤ ᠬᠢᠨᠠᠨ ᠮᠠᠭᠠᠳᠯᠠᠨ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ᠂ ᠭᠤᠶᠤᠴᠢᠯᠠᠭᠰᠠᠨ ᠬᠦᠮᠦᠨ ᠤ ᠪᠠᠶᠢᠭ᠎ᠠ ᠭᠠᠴᠠᠭ᠎ᠠ ᠳᠤᠰᠬᠤᠨ᠂ ᠨᠡᠶᠢᠭᠡᠮ | ᠳᠤᠭᠤᠷᠢᠭ ᠳᠤ ᠵᠠᠷᠯᠠᠨ ᠨᠡᠶᠢᠳᠡᠯᠡᠭᠰᠡᠨ ᠤ ᠳᠠᠷᠠᠭ᠎ᠠ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠲᠤ ᠮᠡᠳᠡᠬᠦᠯᠦᠨ ᠵᠦᠪᠰᠢᠶᠡᠷᠡᠬᠦᠯᠦᠨ᠎ᠠ᠃ | ︵ᠭᠤᠷᠪᠠ︶ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠬᠢᠨᠠᠨ | ᠪᠠᠶᠢᠴᠠᠭᠠᠭᠠᠳ᠂ ᠨᠦᠬᠦᠴᠡᠯ ᠳᠤ ᠨᠡᠶᠢᠴᠡᠬᠦ ᠭᠤᠶᠤᠴᠢᠯᠠᠯ ᠢ ᠨᠢ ᠵᠦᠪᠰᠢᠶᠡᠷᠡᠬᠦ ᠶᠢᠨ ᠬᠠᠮᠳᠤ ᠭᠤᠶᠤᠴᠢᠯᠠᠭᠰᠠᠨ ᠬᠦᠮᠦᠨ ᠤ ᠪᠠᠶᠢᠭ᠎ᠠ ᠭᠠᠴᠠᠭ᠎ᠠ ᠳᠤᠰᠬᠤᠨ᠂ | ᠨᠡᠶᠢᠭᠡᠮ ᠤᠨ ᠳᠤᠭᠤᠷᠢᠭ ᠲᠤ ᠵᠠᠷᠯᠠᠨ ᠨᠡᠶᠢᠳᠡᠯᠡᠨ᠎ᠡ︔ ᠨᠦᠬᠦᠴᠡᠯ ᠳᠤ ᠡᠰᠡ ᠨᠡᠶᠢᠴᠡᠬᠦ ᠭᠤᠶᠤᠴᠢᠯᠠᠯᠳᠠ ᠶᠢ ᠦᠯᠦ ᠵᠦᠪᠰᠢᠶᠡᠷᠡᠨ᠂ ᠭᠤᠶᠤᠴᠢᠯᠠᠭᠰᠠᠨ ᠬᠦᠮᠦᠨ ᠳᠤ | ᠨᠢ ᠪᠢᠴᠢᠭ ᠢᠶᠠᠷ ᠤᠴᠢᠷ ᠰᠢᠯᠳᠠᠭᠠᠨ ᠢ ᠳᠤᠳᠤᠷᠬᠠᠢᠢᠯᠠᠵᠤ ᠦᠭᠬᠦᠨ᠎ᠠ᠃ | ᠠᠷᠪᠠᠨ ᠬᠤᠶᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠭᠤᠬᠤ ᠪᠠᠷ ᠵᠦᠪᠰᠢᠶᠡᠷᠡᠭᠳᠡᠭᠰᠡᠨ ᠭᠡᠷ ᠪᠦᠯᠢ ᠳᠤ᠂ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠴᠤᠭ ᠠᠮᠢᠳᠤᠷᠠᠵᠤ ᠪᠠᠶᠢᠭ᠎ᠠ ᠭᠡᠷ | ᠪᠦᠯᠢ ᠶᠢᠨ ᠪᠦᠷᠢᠯᠳᠦᠬᠦᠨ ᠤ ᠬᠦᠮᠦᠨ ᠳᠤᠮᠳᠠᠴᠢ ᠶᠢᠨ ᠤᠷᠤᠯᠭ᠎ᠠ ᠨᠢ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ | ᠠᠴᠠ ᠳᠤᠤᠷ᠎ᠠ ᠪᠠᠶᠢᠬᠤ ᠵᠦᠷᠢᠶ᠎ᠠ ᠪᠠᠷ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠡᠭᠬᠦ ᠶᠢ ᠰᠠᠷ᠎ᠠ ᠪᠠᠷ ᠦᠭᠬᠦᠨ᠎ᠠ᠃ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠪᠤᠷᠢ ᠤᠯᠤᠭᠰᠠᠨ ᠤ ᠳᠠᠷᠠᠭ᠎ᠠ ᠠᠮᠢᠳᠤᠷᠠᠯ ᠨᠢ ᠮᠦᠨ ᠯᠡ ᠬᠦᠴᠢᠷᠳᠡᠯ ᠲᠠᠢ ᠪᠠᠶᠢᠭ᠎ᠠ ᠨᠠᠰᠤᠳᠠᠶᠢᠴᠤᠳ᠂ ᠨᠠᠰᠤᠨ ᠳᠤ ᠦᠯᠦ ᠬᠦᠷᠦᠭᠰᠡᠳ᠂ | ᠬᠦᠨᠳᠤ ᠭᠡᠴᠡᠬᠦᠤ ᠵᠡᠮᠳᠡᠭᠴᠤᠳ ᠪᠤᠯᠤᠨ ᠬᠦᠨᠳᠤ ᠡᠪᠡᠳᠴᠢᠳᠠᠳ ᠲᠤ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠨᠢ ᠴᠢᠬᠤᠯᠠ ᠪᠦᠬᠦᠢ ᠠᠷᠭ᠎ᠠ ᠭᠡᠮᠵᠢᠶ᠎ᠡ ᠠᠪᠴᠤ᠂ ᠠᠮᠢᠳᠤᠷᠠᠯ ᠢ ᠨᠢ ᠪᠠᠳᠤᠯᠠᠬᠤ ᠭᠡᠷᠡᠭᠳᠡᠢ᠃ | ᠠᠷᠪᠠᠨ ᠭᠤᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠵᠤ ᠪᠠᠶᠢᠭ᠎ᠠ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ | ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠬᠤᠪᠢᠷᠠᠯᠳᠠ ᠭᠠᠷᠤᠭᠰᠠᠨ ᠪᠤᠯ ᠴᠠᠭ ᠳᠠᠷᠤᠢ ᠳᠤ ᠨᠢ ᠰᠤᠮᠤ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠬᠦᠯᠬᠦ ᠭᠡᠷᠡᠭᠳᠡᠢ᠃ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠢᠴᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠵᠤ ᠪᠠᠶᠢᠭ᠎ᠠ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ ᠤᠷᠤᠯᠭ᠎ᠠ ᠶᠢᠨ ᠪᠠᠶᠢᠳᠠᠯ᠂ | ᠡᠳ᠋ ᠬᠦᠷᠦᠩᠭᠡ ᠶᠢᠨ ᠪᠠᠶᠢᠳᠠᠯ ᠢ ᠳᠤᠭᠳᠠᠭᠰᠠᠨ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠬᠤ ᠭᠡᠷᠡᠭᠳᠡᠢ᠃ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢᠳᠤ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠬᠤᠪᠢᠷᠠᠯᠳᠠ ᠭᠠᠷᠪᠠᠯ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠴᠠᠭ ᠳᠠᠷᠤᠢ ᠳᠤ ᠨᠢ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠪᠤᠷᠢ ᠶᠢᠨ ᠮᠦᠡᠭᠬᠦ ᠢ ᠨᠡᠮᠡᠵᠤ ᠦᠭᠬᠦ᠂ ᠬᠠᠰᠤᠬᠤ ᠡᠰᠡᠬᠦᠯ᠎ᠡ ᠵᠤᠭᠰᠤᠭᠠᠬᠤ ᠶᠢ ᠳᠤᠭᠳᠠᠭᠠᠬᠤ ᠭᠡᠷᠡᠭᠳᠡᠢ︔ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠮᠦᠡᠭᠬᠦ ᠶᠢ ᠵᠤᠭᠰᠤᠭᠠᠬᠤ ᠪᠠᠷ ᠳᠤᠭᠳᠠᠭᠰᠠᠳ ᠲᠤ ᠤᠴᠢᠷ ᠰᠢᠯᠳᠠᠭᠠᠨ ᠢ ᠨᠢ ᠪᠢᠴᠢᠭ ᠢᠶᠠᠷ ᠳᠤᠳᠤᠷᠬᠠᠢᠢᠯᠠᠵᠤ ᠦᠭᠬᠦ ᠭᠡᠷᠡᠭᠳᠡᠢ᠃ | ᠭᠤᠷᠪᠠᠳᠤᠭᠠᠷ ᠪᠦᠯᠦᠭ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ | ᠠᠷᠪᠠᠨ ᠳᠦᠷᠪᠡᠳᠦᠭᠡᠷ ᠵᠦᠢᠯ ᠤᠯᠤᠰ ᠠᠴᠠ ᠬᠦᠳᠡᠯᠮᠦᠷᠢ ᠶᠢᠨ ᠴᠢᠳᠠᠪᠤᠷᠢ ᠦᠭᠡᠢ᠂ ᠠᠮᠢᠳᠤᠷᠠᠯ ᠤᠨ ᠢᠷᠡᠯᠳᠡ ᠦᠭᠡᠢ ᠮᠦᠷᠳᠡᠭᠡᠨ ᠬᠠᠤᠯᠢ | ᠶᠤᠰᠤᠨ ᠤ ᠠᠰᠠᠷᠠᠨ ᠳᠡᠵᠢᠭᠡᠬᠦ᠂ ᠳᠡᠵᠢᠭᠡᠬᠦ᠂ ᠳᠡᠳᠬᠦᠨ ᠳᠡᠵᠢᠭᠡᠬᠦ ᠡᠬᠦᠷᠭᠡ ᠬᠠᠷᠢᠭᠤᠴᠠᠯᠭ᠎ᠠ ᠲᠠᠢ ᠬᠦᠮᠦᠨ ᠦᠭᠡᠢ ᠪᠤᠶᠤ ᠡᠰᠡᠬᠦᠯ᠎ᠠ ᠳᠡᠬᠦᠨ ᠢ ᠬᠠᠤᠯᠢ ᠶᠤᠰᠤᠭᠠᠷ | ᠠᠰᠠᠷᠠᠨ ᠳᠡᠵᠢᠭᠡᠬᠦ᠂ ᠳᠡᠵᠢᠭᠡᠬᠦ᠂ ᠳᠡᠳᠬᠦᠨ ᠳᠡᠵᠢᠭᠡᠬᠦ ᠡᠬᠦᠷᠭᠡ ᠬᠠᠷᠢᠭᠤᠴᠠᠯᠭ᠎ᠠ ᠲᠠᠢ ᠬᠦᠮᠦᠨ ᠪᠠᠶᠢᠭᠰᠠᠨ ᠴᠤ ᠳᠡᠷᠡ ᠨᠢ ᠠᠰᠠᠷᠠᠨ ᠳᠡᠵᠢᠬᠡᠬᠦ᠂ ᠳᠡᠵᠢᠭᠡᠬᠦ᠂ | ᠳᠡᠳᠬᠦᠨ ᠳᠡᠵᠢᠭᠡᠬᠦ ᠴᠢᠳᠠᠪᠤᠷᠢ ᠦᠭᠡᠢ ᠪᠤᠯᠤᠭᠰᠠᠨ ᠨᠠᠰᠤᠳᠠᠶᠢᠴᠤᠳ᠂ ᠵᠡᠮᠳᠡᠭᠴᠤᠳ ᠬᠢᠭᠡᠳ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ | ᠤᠨᠴᠠ ᠬᠦᠴᠢᠷᠳᠡᠯ ᠲᠠᠢ ᠬᠦᠮᠦᠨ ᠢᠶᠠᠷ ᠠᠰᠠᠷᠠᠨ ᠳᠡᠵᠢᠭᠡᠨ᠎ᠡ᠃ | ᠠᠷᠪᠠᠨ ᠳᠠᠪᠤᠳᠤᠭᠠᠷ ᠵᠦᠢᠯ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠠᠭᠤᠯᠭ᠎ᠠ᠄ | ︵ᠨᠢᠭᠡ︶ ᠦᠨᠳᠦᠰᠤᠨ ᠠᠮᠢᠳᠤᠷᠠᠯ ᠤᠨ ᠨᠦᠬᠦᠴᠡᠯ ᠬᠠᠨᠭ᠍ᠭᠠᠬᠤ︔ | ︵ᠬᠤᠶᠠᠷ︶ ᠠᠮᠢᠳᠤᠷᠠᠯ ᠢᠶᠠᠨ ᠠᠷᠭᠠᠴᠠᠵᠤ ᠳᠡᠶᠢᠯᠬᠦ ᠦᠭᠡᠢ ᠪᠤᠯᠤᠭᠰᠠᠳ ᠢ ᠠᠰᠠᠷᠠᠵᠤ ᠬᠠᠷᠠᠭᠠᠯᠵᠠᠬᠤ︔ | ︵ᠭᠤᠷᠪᠠ︶ ᠡᠪᠡᠳᠴᠢᠨ ᠡᠮᠭᠡᠭ ᠢ ᠨᠢ ᠡᠮᠨᠡᠨ ᠵᠠᠰᠠᠬᠤ︔ | ︵ᠳᠦᠷᠪᠡ︶ ᠤᠷᠤᠰᠢᠭᠤᠯᠭ᠎ᠠ ᠶᠢᠨ ᠶᠠᠪᠤᠳᠠᠯ ᠢ ᠨᠢ ᠬᠦᠢᠴᠡᠳᠭᠡᠬᠦ᠃ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠪᠠᠢᠷᠮᠵᠢᠶᠠ ᠶᠢ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠪᠤᠶᠤ ᠳᠤᠭᠤᠷᠢᠭ ᠲᠠᠢ ᠬᠤᠳᠠ ᠶᠢᠨ ᠳᠡᠰ ᠤᠨ ᠠᠷᠠᠳ ᠤᠨ ᠵᠠᠰᠠᠭ ᠤᠨ ᠤᠷᠳᠤᠨ ᠠᠴᠠ | ᠳᠤᠭᠳᠠᠭᠠᠵᠤ ᠨᠡᠶᠢᠳᠡᠯᠡᠨ᠎ᠡ᠃ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ᠂ ᠦᠨᠳᠦᠰᠤᠨ ᠡᠮᠨᠡᠯᠭᠡ ᠶᠢᠨ ᠪᠠᠳᠤᠯᠠᠪᠤᠷᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠦᠷᠢ᠂ ᠦᠨᠦᠴᠢᠨ ᠭᠡᠤᠭᠡᠳ ᠤᠨ ᠦᠨᠳᠦᠰᠦᠨ ᠠᠮᠢᠳᠤᠷᠠᠯ ᠤᠨ | ᠪᠠᠳᠤᠯᠠᠪᠤᠷᠢ ᠵᠡᠷᠭᠡ ᠳᠦᠷᠢᠮ ᠳᠤᠭᠳᠠᠭᠠᠯ ᠲᠠᠢ ᠠᠪᠴᠠᠯᠳᠤᠭᠤᠯᠬᠤ ᠭᠡᠷᠡᠭᠳᠡᠢ᠃ | ᠠᠷᠪᠠᠨ ᠵᠢᠷᠭᠤᠳᠤᠭᠠᠷ ᠵᠦᠢᠯ ᠤᠨᠴᠠ ᠬᠦᠴᠢᠷᠳᠡᠯ ᠲᠠᠢ ᠬᠦᠮᠦᠨ ᠢᠶᠠᠷ ᠠᠰᠠᠷᠠᠨ ᠳᠡᠵᠢᠭᠡᠭᠳᠡᠬᠦ ᠪᠠᠷ ᠭᠤᠶᠤᠴᠢᠯᠠᠬᠤ ᠳᠠᠭᠠᠨ᠂ ᠳᠤᠰ ᠬᠦᠮᠦᠨ ᠨᠢ | ᠡᠷᠦᠭᠡ ᠠᠮᠠᠨ ᠳᠠᠩᠰᠠ ᠪᠠᠶᠢᠭ᠎ᠠ ᠭᠠᠵᠠᠷ ᠤᠷᠤᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ᠲᠤ ᠪᠢᠴᠢᠭ ᠢᠶᠠᠷ ᠭᠤᠶᠤᠴᠢᠯᠠᠬᠤ ᠭᠡᠷᠡᠭᠳᠡᠢ︔ ᠭᠡᠷᠪᠡ ᠳᠤᠰ ᠬᠦᠮᠦᠨ ᠨᠢ ᠭᠤᠶᠤᠴᠢᠯᠠᠬᠤ ᠳᠤ ᠬᠦᠴᠢᠷ ᠲᠠᠢ ᠪᠤᠯ ᠭᠠᠴᠠᠭ᠎ᠠ ᠳᠤᠰᠬᠤᠨ ᠤ ᠠᠷᠠᠳ ᠤᠨ | ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠤ ᠨᠡᠶᠢᠳᠡᠨ ᠤᠷᠤᠯᠠᠭᠤᠯᠤᠨ ᠭᠤᠶᠤᠴᠢᠯᠠᠵᠤ ᠪᠤᠯᠤᠨ᠎ᠠ᠃ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ | ᠬᠢᠨᠠᠨ ᠵᠦᠪᠰᠢᠶᠡᠷᠡᠬᠦ ᠳᠡᠰ ᠳᠠᠷᠠᠭᠠᠯᠠᠯ ᠢ ᠳᠤᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠤᠨ ᠳᠤᠭᠳᠠᠭᠠᠯ ᠢᠶᠠᠷ ᠭᠡᠷᠡᠭᠵᠢᠬᠦᠯᠦᠨ᠎ᠠ᠃ | ᠠᠷᠪᠠᠨ ᠳᠤᠯᠤᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ | ᠨᠢ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠴᠠᠭ ᠳᠤᠬᠠᠢ ᠳᠤ ᠨᠢ ᠣᠢᠢᠯᠠᠭᠠᠨ ᠡᠵᠡᠮᠰᠢᠵᠤ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠬᠦ ᠨᠦᠬᠦᠴᠡᠯ | ᠳᠤ ᠨᠡᠶᠢᠴᠡᠬᠦ ᠬᠦᠮᠦᠰ ᠢ ᠤᠯᠵᠤ ᠮᠡᠳᠡᠪᠡᠯ᠂ ᠢᠳᠡᠪᠬᠢᠳᠡᠢ ᠪᠠᠷ ᠬᠠᠤᠯᠢ ᠶᠠᠰᠤᠭᠠᠷ ᠳᠡᠳᠡᠨ ᠳᠤ ᠠᠰᠠᠷᠠᠨ ᠳᠡᠵᠢᠭᠡᠬᠦ ᠭᠠᠷᠳᠠᠮ ᠢ ᠬᠦᠢᠴᠡᠳᠭᠡᠵᠤ ᠦᠭᠬᠦ ᠭᠡᠷᠡᠭᠳᠡᠢ᠃ | ᠠᠷᠪᠠᠨ ᠨᠠᠢᠮᠠᠳᠤᠭᠠᠷ ᠵᠦᠢᠯ ᠤᠨᠴᠠ ᠬᠦᠴᠢᠷᠳᠠᠯ ᠲᠠᠢ ᠠᠰᠠᠷᠠᠨ ᠳᠡᠵᠢᠭᠡᠬᠦ ᠬᠦᠮᠦᠰ ᠨᠢ ᠠᠰᠠᠷᠠᠨ ᠳᠡᠵᠢᠭᠡᠬᠦ ᠨᠦᠬᠦᠴᠡᠯ ᠳᠤ ᠨᠡᠶᠢᠴᠡᠬᠦ ᠦᠭᠡᠢ | ᠪᠤᠯᠤᠭᠰᠠᠨ ᠪᠤᠯ ᠭᠠᠴᠠᠭ᠎ᠠ ᠳᠤᠰᠬᠤᠨ ᠤ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠡᠰᠡᠬᠦᠯ᠎ᠠ ᠠᠰᠠᠷᠠᠨ ᠳᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠭᠳᠡᠵᠤ᠂ ᠰᠤᠮᠤ ᠰᠢᠶᠠᠩ ᠪᠠᠯᠭᠠᠰᠤᠨ ᠤ | ᠠᠷᠠᠳ ᠤ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠬᠢᠨᠠᠵᠤ ᠰᠢᠯᠭᠠᠭᠠᠳ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠠᠰᠠᠷᠠᠨ ᠳᠡᠵᠢᠭᠡᠬᠦ ᠶᠢ ᠵᠤᠭᠰᠤᠭᠠᠬᠤ ᠶᠢᠨ | ᠬᠠᠮᠳᠤ ᠵᠠᠷᠯᠠᠨ ᠨᠡᠶᠢᠳᠡᠯᠡᠬᠦ ᠭᠡᠷᠡᠭᠳᠡᠢ᠃ | ᠠᠷᠪᠠ ᠶᠢᠰᠦᠳᠤᠭᠡᠷ ᠵᠦᠢᠯ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠳᠡᠭᠡᠨ ᠳᠤᠬᠠᠢ ᠶᠢᠨ ᠭᠠᠵᠠᠷ ᠤᠨ ᠠᠰᠠᠷᠠᠨ ᠳᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠳᠤ ᠳᠦᠪᠯᠡᠷᠡᠬᠦᠯᠦᠨ ᠠᠰᠠᠷᠠᠨ ᠳᠡᠵᠢᠭᠡᠵᠤ ᠪᠤᠯᠬᠤ ᠪᠦᠭᠡᠳ ᠮᠦᠨ ᠭᠡᠷ ᠡᠷᠦᠭᠡ ᠳᠤ ᠰᠠᠯᠤᠩᠬᠢ ᠪᠠᠷ ᠠᠰᠠᠷᠠᠨ ᠳᠡᠵᠢᠭᠡᠵᠤ ᠪᠤᠯᠤᠨ᠎ᠠ | ᠃ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠬᠦ ᠬᠦᠮᠦᠰ ᠨᠢ ᠠᠰᠠᠷᠠᠨ ᠳᠡᠵᠢᠭᠡᠬᠦ ᠭᠡᠯᠪᠡᠷᠢ ᠶᠢ ᠦᠪᠡᠷ ᠢᠶᠠᠨ ᠰᠤᠩᠭᠤᠵᠤ ᠪᠤᠯᠤᠨ᠎ᠠ᠃ | ᠳᠦᠷᠪᠡᠳᠤᠭᠡᠷ ᠪᠦᠯᠦᠭ ᠭᠠᠮᠰᠢᠭᠳᠠᠭᠰᠠᠳ ᠢ ᠠᠪᠤᠷᠠᠨ ᠳᠤᠰᠠᠯᠠᠬᠤ | ᠬᠤᠷᠢᠳᠤᠭᠠᠷ ᠵᠦᠢᠯ ᠤᠯᠤᠰ ᠠᠴᠠ ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠬᠤ ᠳᠦᠷᠢᠮ ᠢ ᠪᠠᠶᠢᠭᠤᠯᠤᠨ ᠳᠡᠬᠦᠯᠳᠡᠷᠵᠢᠬᠦᠯᠵᠤ᠂ | ᠦᠨᠳᠦᠰᠦᠨ ᠠᠮᠢᠳᠤᠷᠠᠯ ᠨᠢ ᠪᠠᠶᠢᠭᠠᠯᠢ ᠶᠢᠨ ᠭᠠᠮᠰᠢᠭ ᠲᠤ ᠬᠦᠨᠳᠤ ᠭᠡᠴᠡᠬᠦᠤ ᠨᠦᠯᠦᠭᠡᠯᠡᠭᠳᠡᠭᠰᠡᠨ ᠬᠦᠮᠦᠰ ᠲᠤ ᠠᠮᠢᠳᠤᠷᠠᠯ ᠤᠨ ᠠᠪᠤᠷᠠᠨ ᠳᠤᠰᠠᠯᠠᠯᠳᠠ ᠬᠢᠨ᠎ᠠ᠃ | ᠪᠠᠶᠢᠭᠠᠯᠢ ᠶᠢᠨ ᠭᠠᠮᠰᠢᠭ ᠤᠨ ᠠᠪᠤᠷᠠᠨ ᠳᠤᠰᠠᠯᠠᠯᠳᠠ ᠶᠢ ᠭᠠᠵᠠᠷ ᠤᠷᠤᠨ ᠳᠤ ᠨᠢ ᠬᠠᠷᠢᠶᠠᠯᠠᠭᠤᠯᠤᠨ ᠬᠠᠮᠢᠶᠠᠷᠤᠭᠤᠯᠵᠤ᠂ ᠱᠠᠳᠤ ᠬᠤᠪᠢᠶᠠᠨ ᠬᠠᠷᠢᠭᠤᠴᠠᠬᠤ ᠶᠢ | ᠭᠡᠷᠡᠭᠵᠢᠬᠦᠯᠦᠨ᠎ᠠ᠃ | ᠬᠤᠷᠢᠨ ᠨᠢᠭᠡᠳᠤᠭᠡᠷ ᠵᠦᠢᠯ ᠳᠤᠭᠤᠷᠢᠭ ᠲᠠᠢ ᠬᠤᠳᠠ ᠶᠢᠨ ᠳᠡᠰ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠬᠢᠭᠡᠳ ᠪᠠᠶᠢᠭᠠᠯᠢ ᠶᠢᠨ | ᠭᠠᠮᠰᠢᠭ ᠤᠯᠠᠨ ᠭᠠᠷᠳᠠᠭ ᠪᠠ ᠬᠢᠯᠪᠠᠷᠬᠠᠨ ᠭᠠᠷᠳᠠᠭ ᠭᠠᠵᠠᠷ ᠤᠷᠤᠨ ᠤ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ | ᠭᠠᠮᠰᠢᠭ ᠤᠨ ᠤᠨᠴᠠᠯᠢᠭ᠂ ᠰᠠᠭᠤᠭᠠᠯᠢ ᠠᠷᠠᠳ ᠤᠨ ᠬᠦᠮᠦᠨ ᠠᠮᠠ ᠶᠢᠨ ᠳᠤᠭ᠎ᠠ ᠭᠡᠮᠵᠢᠶ᠎ᠡ ᠪᠤᠯᠤᠨ ᠳᠠᠷᠬᠠᠯᠳᠠ ᠵᠡᠷᠭᠡ ᠪᠠᠶᠢᠳᠠᠯ ᠢ ᠦᠨᠳᠦᠰᠦᠯᠡᠨ᠂ ᠪᠠᠶᠢᠭᠠᠯᠢ ᠶᠢᠨ | ᠭᠠᠮᠰᠢᠭ ᠠᠴᠠ ᠠᠪᠤᠷᠠᠨ ᠳᠤᠰᠠᠯᠠᠬᠤ ᠡᠳ᠋ ᠪᠤᠳᠠᠰ ᠤᠨ ᠬᠠᠳᠠᠭᠠᠯᠠᠮᠵᠢ ᠶᠢᠨ ᠬᠦᠮᠦᠷᠭᠡ ᠶᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭᠠᠬᠢ ᠠᠪᠤᠷᠠᠨ | ᠳᠤᠰᠠᠯᠠᠬᠤ ᠡᠳ᠋ ᠪᠤᠳᠠᠰ ᠤᠨ ᠪᠠᠴᠢᠮ ᠬᠠᠨᠭ᠍ᠭᠠᠯᠭ᠎ᠠ ᠶᠢ ᠪᠠᠳᠤᠯᠠᠬᠤ ᠭᠡᠷᠡᠭᠳᠡᠢ᠃ | ᠬᠤᠷᠢᠨ ᠬᠤᠶᠠᠳᠤᠭᠠᠷ ᠵᠦᠢᠯ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠡᠰᠡᠬᠦᠯ᠎ᠠ ᠠᠷᠠᠳ ᠤᠨ ᠵᠠᠰᠠᠭ ᠤᠨ ᠤᠷᠳᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠵᠤ ᠪᠠᠴᠢᠮ ᠪᠠᠶᠢᠳᠠᠯ ᠢ ᠠᠷᠭᠠᠴᠠᠨ | ᠶᠡᠷᠦᠩᠭᠡᠶᠢᠯᠡᠨ ᠵᠤᠬᠢᠴᠠᠭᠤᠯᠬᠤ ᠪᠠᠶᠢᠭᠤᠯᠤᠮᠵᠢ ᠨᠢ᠂ ᠪᠠᠶᠢᠳᠠᠯ ᠢ ᠦᠨᠳᠦᠰᠦᠯᠡᠨ ᠳᠦᠷᠭᠡᠨ ᠳᠠᠷᠬᠠᠭᠠᠨ ᠵᠠᠶᠢᠯᠠᠭᠤᠯᠵᠤ᠂ ᠨᠡᠬᠦᠯᠭᠡᠨ ᠰᠢᠯᠵᠢᠬᠦᠯᠵᠤ᠂ | ᠭᠠᠮᠰᠢᠭᠳᠠᠭᠰᠠᠳ ᠢ ᠳᠦᠪᠬᠢᠨᠡᠬᠦᠯᠤᠨ᠂ ᠴᠠᠭ ᠳᠤᠬᠠᠢ ᠳᠤ ᠨᠢ ᠭᠠᠮᠰᠢᠭᠳᠠᠭᠰᠠᠳ ᠲᠤ ᠭᠡᠷᠡᠭᠴᠡᠭᠡ ᠪᠦᠬᠦᠢ ᠢᠳᠡᠭᠡᠨ ᠤᠮᠳᠠᠭᠠᠨ᠂ ᠬᠤᠪᠴᠠᠰᠤ ᠬᠤᠨᠠᠷ᠂ ᠬᠦᠨᠵᠢᠯᠡ | ᠳᠡᠪᠢᠰᠭᠡᠷ᠂ ᠳᠤᠯᠠᠭᠠᠴᠠᠯ ᠤᠨ ᠳᠦᠬᠦᠭᠡᠷᠦᠮᠵᠢ᠂ ᠳᠦᠷ ᠰᠠᠭᠤᠬᠤ ᠤᠷᠤᠨ ᠰᠠᠭᠤᠴᠠ ᠶᠢ ᠬᠠᠨᠭ᠍ᠭᠠᠵᠤ᠂ ᠡᠮ ᠡᠮᠨᠡᠯᠭᠡ᠂ ᠬᠢᠵᠢᠭ ᠢ ᠰᠡᠷᠭᠡᠶᠢᠯᠡᠬᠦ ᠵᠡᠷᠭᠡ ᠪᠠᠴᠢᠮ | ᠠᠪᠤᠷᠠᠨ ᠳᠤᠰᠠᠯᠠᠯᠳᠠ ᠶᠢ ᠬᠢᠬᠦ ᠭᠡᠷᠡᠭᠳᠡᠢ᠃ | ᠬᠤᠷᠢᠨ ᠭᠤᠷᠪᠠᠳᠤᠭᠠᠷ ᠵᠦᠢᠯ ᠭᠠᠮᠰᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ᠂ ᠭᠠᠮᠰᠢᠭᠳᠠᠭᠰᠠᠨ ᠤᠷᠤᠨ ᠤ ᠬᠤᠰᠢᠭᠤ ᠰᠢᠶᠠᠨ ᠤ ᠱᠠᠳᠤᠨ | ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ ᠭᠠᠮᠰᠢᠭ ᠤᠨ ᠬᠤᠬᠢᠷᠠᠯ ᠤᠨ ᠪᠠᠶᠢᠳᠠᠯ ᠢ ᠦᠨᠡᠯᠠᠨ ᠮᠠᠭᠠᠳᠯᠠᠵᠤ᠂ ᠬᠢᠨᠠᠵᠤ | ᠳᠤᠭᠳᠠᠭᠠᠬᠤ ᠶᠢᠨ ᠳᠠᠭᠠᠤ ᠵᠠᠷᠯᠠᠨ ᠨᠡᠶᠢᠳᠡᠯᠡᠬᠦ ᠭᠡᠷᠡᠭᠳᠡᠢ᠃ | ᠬᠤᠷᠢᠨ ᠳᠦᠷᠪᠡᠳᠤᠭᠡᠷ ᠵᠦᠢᠯ ᠭᠠᠮᠰᠢᠭᠳᠠᠭᠰᠠᠨ ᠤᠷᠤᠨ ᠤ ᠠᠷᠠᠳ ᠤᠨ ᠵᠠᠰᠠᠭ ᠤᠨ ᠤᠷᠳᠤᠨ ᠨᠢ ᠠᠮᠤᠷ ᠳᠦᠪᠰᠢᠨ ᠢ ᠪᠠᠳᠤᠯᠠᠭᠰᠠᠨ ᠤᠷᠢᠳᠠᠯ | ᠳᠤᠤᠷ᠎ᠠ᠂ ᠤᠷᠤᠨ ᠰᠠᠭᠤᠴᠠ ᠨᠢ ᠬᠦᠨᠳᠤ ᠭᠡᠴᠡᠬᠦᠤ ᠡᠪᠳᠡᠭᠳᠡᠭᠰᠡᠨ ᠭᠠᠮᠰᠢᠭᠳᠠᠭᠰᠠᠳ ᠢ ᠰᠢᠯᠵᠢᠯᠳᠠ ᠶᠢᠨ ᠴᠢᠨᠠᠷ ᠲᠠᠢ ᠪᠠᠷ ᠳᠦᠪᠬᠢᠨᠡᠬᠦᠯᠬᠦ ᠭᠡᠷᠡᠭᠳᠡᠢ᠃ | ᠬᠤᠷᠢᠨ ᠳᠠᠪᠤᠳᠤᠭᠠᠷ ᠵᠦᠢᠯ ᠪᠠᠶᠢᠭᠠᠯᠢ ᠶᠢᠨ ᠭᠠᠮᠰᠢᠭ ᠨᠢ ᠠᠶᠤᠯ ᠳᠦᠭᠰᠢᠬᠦᠷᠢ ᠦᠭᠡᠢ ᠪᠤᠯᠤᠭᠰᠠᠨ ᠤ ᠳᠠᠷᠠᠭ᠎ᠠ᠂ ᠭᠠᠮᠰᠢᠭᠳᠠᠭᠰᠠᠨ ᠤᠷᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠳᠤᠰ ᠵᠠᠰᠠᠭ ᠵᠠᠬᠢᠷᠭᠠᠨ ᠤ ᠪᠠᠨ ᠭᠡᠪᠴᠢᠶᠠᠨ ᠳᠠᠬᠢ ᠰᠠᠭᠤᠭᠠᠯᠢ ᠠᠷᠠᠳ ᠤᠨ | ᠤᠷᠤᠨ ᠰᠠᠭᠤᠴᠠ ᠶᠢ ᠰᠡᠷᠬᠦᠭᠡᠨ ᠳᠠᠬᠢᠨ ᠪᠠᠶᠢᠭᠤᠯᠬᠤ ᠳᠤ ᠨᠦᠬᠦᠪᠤᠷᠢ ᠦᠭᠬᠦ ᠡᠳᠡᠭᠡᠳ ᠢᠶᠠᠨ ᠴᠠᠭ ᠳᠤᠬᠠᠢ ᠳᠤ ᠨᠢ ᠰᠢᠯᠭᠠᠨ ᠳᠤᠭᠳᠠᠭᠠᠬᠤ ᠶᠢᠨ ᠳᠠᠭᠠᠤ ᠵᠤᠭᠤᠰ | ᠮᠦᠡᠭᠬᠦ᠂ ᠡᠳ᠋ ᠪᠤᠳᠠᠰ ᠵᠡᠷᠭᠡ ᠪᠠᠷ ᠠᠪᠤᠷᠠᠨ ᠳᠤᠰᠠᠯᠠᠬᠤ ᠭᠡᠷᠡᠭᠳᠡᠢ᠃ | ᠬᠤᠷᠢᠨ ᠵᠢᠷᠭᠤᠳᠤᠭᠠᠷ ᠵᠦᠢᠯ ᠪᠠᠶᠢᠭᠠᠯᠢ ᠶᠢᠨ ᠭᠠᠮᠰᠢᠭ ᠡᠬᠦᠰᠦᠭᠰᠡᠨ ᠤ ᠳᠠᠷᠠᠭ᠎ᠠ᠂ ᠭᠠᠮᠰᠢᠭᠳᠠᠭᠰᠠᠨᠤᠷᠤᠨ ᠤ ᠠᠷᠠᠳ ᠤᠨ ᠵᠠᠰᠠᠭ ᠤᠨ ᠤᠷᠳᠤᠨ | ᠨᠢ ᠳᠤᠰ ᠵᠢᠯ ᠤᠨ ᠡᠪᠤᠯ ᠤᠨ ᠬᠦᠢᠳᠡᠨ ᠪᠠ ᠳᠠᠷᠠᠭ᠎ᠠ ᠵᠢᠯ ᠤᠨ ᠬᠠᠪᠤᠷ ᠤᠨ ᠭᠠᠴᠢᠭ ᠠᠴᠠ ᠪᠤᠯᠤᠭᠠᠳ ᠠᠮᠢᠳᠤᠷᠠᠯ ᠳᠤ ᠨᠢ ᠬᠦᠴᠢᠷ ᠳᠤᠯᠠᠭᠠᠷᠠᠬᠤ ᠭᠠᠮᠰᠢᠭᠳᠠᠭᠰᠠᠳ | ᠲᠤ ᠦᠨᠳᠦᠰᠦᠨ ᠠᠮᠢᠳᠤᠷᠠᠯ ᠤᠨ ᠠᠪᠤᠷᠠᠨ ᠳᠤᠰᠠᠯᠠᠯᠳᠠ ᠬᠢᠬᠦ ᠭᠡᠷᠡᠭᠳᠡᠢ᠃ ᠳᠠᠪᠤᠳᠤᠭᠠᠷ ᠪᠦᠯᠦᠭ ᠡᠮ ᠡᠮᠨᠡᠯᠭᠡ ᠶᠢᠨ ᠠᠪᠤᠷᠠᠨ ᠳᠤᠰᠠᠯᠠᠯᠳᠠ ᠬᠤᠷᠢᠨ ᠳᠤᠯᠤᠳᠤᠭᠠᠷ | ᠵᠦᠢᠯ ᠤᠯᠤᠰ ᠠᠴᠠ ᠡᠮ ᠡᠮᠨᠡᠯᠭᠡ ᠪᠠᠷ ᠠᠪᠤᠷᠠᠨ ᠳᠤᠰᠠᠯᠠᠬᠤ ᠳᠦᠷᠢᠮ ᠢ ᠪᠠᠶᠢᠭᠤᠯᠤᠨ ᠳᠡᠬᠦᠯᠳᠡᠷᠵᠢᠬᠦᠯᠵᠤ᠂ ᠡᠮ ᠡᠮᠨᠡᠯᠭᠡ ᠪᠠᠷ ᠠᠪᠤᠷᠠᠨ ᠳᠤᠰᠠᠯᠠᠬᠤ ᠡᠳᠡᠭᠡᠳ ᠲᠤ | ᠦᠨᠳᠦᠰᠦᠨ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠦᠷᠳᠡᠭᠡᠬᠦ ᠶᠢ ᠪᠠᠳᠤᠯᠠᠬᠤ ᠭᠡᠷᠡᠭᠳᠡᠢ᠃ | ᠬᠤᠷᠢᠨ ᠨᠠᠢᠮᠠᠳᠤᠭᠠᠷ ᠵᠦᠢᠯ ᠳᠤᠤᠷᠠᠬᠢ ᠬᠦᠮᠦᠰ ᠬᠤᠯᠪᠤᠭᠳᠠᠯ ᠪᠦᠬᠦᠢ ᠡᠮ ᠡᠮᠨᠡᠯᠭᠡ ᠶᠢᠨ ᠠᠪᠤᠷᠠᠨ ᠳᠤᠰᠠᠯᠠᠯᠳᠠ ᠭᠤᠶᠤᠴᠢᠯᠠᠵᠤ ᠪᠤᠯᠤᠨ᠎ᠠ᠄ | ︵ᠨᠢᠭᠡ︶ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ︔ | ︵ᠬᠤᠶᠠᠷ︶ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ︔ | ︵ᠭᠤᠷᠪᠠ︶ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠳᠤᠭᠳᠠᠭᠠᠭᠰᠠᠨ ᠪᠤᠰᠤᠳ ᠤᠨᠴᠠᠭᠠᠢ | ᠬᠦᠴᠢᠷᠳᠡᠯ ᠲᠠᠢ ᠬᠦᠮᠦᠰ᠃ | ᠬᠤᠷᠢ ᠶᠢᠰᠦᠳᠤᠭᠡᠷ ᠵᠦᠢᠯ ᠡᠮ ᠡᠮᠨᠡᠯᠭᠡ ᠶᠢᠨ ᠠᠪᠤᠷᠠᠨ ᠳᠤᠰᠠᠯᠠᠯᠳᠠ ᠳᠤ ᠳᠤᠤᠷᠠᠬᠢ ᠮᠠᠳᠤ ᠠᠷᠭ᠎ᠠ ᠶᠢ ᠠᠪᠤᠨ᠎ᠠ᠄ | ︵ᠨᠢᠭᠡ︶ ᠠᠪᠤᠷᠠᠨ ᠳᠤᠰᠠᠯᠠᠭᠳᠠᠬᠤ ᠡᠳᠡᠭᠡᠳ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ | ᠪᠤᠶᠤ ᠰᠢᠨ᠎ᠠ ᠮᠠᠶ᠋ᠢᠭ ᠤᠨ ᠬᠦᠳᠡᠭᠡ ᠳᠤᠰᠬᠤᠨ ᠤ ᠬᠤᠷᠰᠢᠭᠰᠠᠨ ᠡᠮᠨᠡᠯᠭᠡ ᠳᠤ ᠤᠷᠤᠭᠰᠠᠨ ᠬᠤᠪᠢ ᠬᠦᠮᠦᠨ ᠤ ᠳᠤᠰᠢᠶᠠᠬᠤ ᠵᠠᠷᠤᠳᠠᠯ ᠤᠨ ᠭᠡᠰᠡᠭ ᠳᠤ ᠨᠢ ᠨᠦᠬᠦᠪᠤᠷᠢ | ᠤᠯᠭᠤᠨ᠎ᠠ︔ | ︵ᠬᠤᠶᠠᠷ︶ ᠠᠪᠤᠷᠠᠨ ᠳᠤᠰᠠᠯᠠᠭᠳᠠᠬᠤ ᠡᠳᠡᠭᠡᠳ ᠲᠤ ᠦᠨᠳᠦᠰᠤᠨ ᠡᠮ ᠡᠮᠨᠡᠯᠭᠡ ᠶᠢᠨ ᠳᠠᠭᠠᠳᠬᠠᠯ᠂ ᠬᠦᠨᠳᠤ ᠳᠤᠮᠤ ᠡᠪᠡᠳᠴᠢᠨ ᠤ ᠳᠠᠭᠠᠳᠬᠠᠯ | ᠬᠢᠭᠡᠳ ᠪᠤᠰᠤᠳ ᠡᠮ ᠡᠮᠨᠡᠯᠭᠡ ᠶᠢᠨ ᠨᠦᠬᠦᠪᠤᠷᠢ ᠳᠠᠭᠠᠳᠬᠠᠯ ᠠᠴᠠ ᠰᠦᠢᠳᠭᠡᠯ ᠢ ᠨᠢ ᠳᠠᠭᠠᠭᠠᠭᠰᠠᠨ ᠤ ᠰᠡᠬᠦᠯᠡᠷ᠂ ᠬᠤᠪᠢ ᠬᠦᠮᠦᠨ ᠵᠢᠴᠢ ᠭᠡᠷ ᠪᠦᠯᠢ ᠨᠢ | ᠡᠬᠦᠷᠭᠡᠯᠡᠨ ᠳᠠᠭᠠᠭᠠᠵᠤ ᠳᠡᠶᠢᠯᠬᠦ ᠦᠭᠡᠢ ᠪᠦᠭᠡᠳ ᠳᠤᠭᠳᠠᠭᠠᠯ ᠳᠤ ᠨᠡᠶᠢᠴᠡᠬᠦ᠋ᠢᠴᠡ ᠦᠨᠳᠦᠰᠦᠨ ᠡᠮ ᠡᠮᠨᠡᠯᠭᠡ ᠶᠢᠨ ᠦᠪᠡᠷ ᠲᠡᠭᠡᠨ ᠳᠠᠭᠠᠭᠠᠬᠤ ᠰᠦᠢᠳᠭᠡᠯ ᠳᠤ ᠨᠢ | ᠨᠦᠬᠦᠪᠤᠷᠢ ᠤᠯᠭᠤᠨ᠎ᠠ᠃ ᠡᠮ ᠡᠮᠨᠡᠯᠭᠡ ᠶᠢᠨ ᠠᠪᠤᠷᠠᠨ ᠳᠤᠰᠠᠯᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠦᠪᠰᠢᠨ ᠪᠤᠯᠤᠨ ᠡᠮ ᠡᠮᠨᠡᠯᠭᠡ ᠶᠢᠨ ᠠᠪᠤᠷᠠᠨ ᠳᠤᠰᠠᠯᠠᠯᠳᠠ ᠶᠢᠨ ᠵᠤᠭᠤᠰ ᠮᠦᠡᠭᠬᠦᠨ ᠤ ᠪᠠᠶᠢᠳᠠᠯ ᠢᠶᠠᠨ | ᠦᠨᠳᠦᠰᠦᠯᠡᠨ ᠳᠤᠳᠠᠭᠠᠵᠤ᠂ ᠵᠠᠷᠯᠠᠨ ᠨᠡᠶᠢᠳᠡᠯᠡᠨ᠎ᠡ᠃ | ᠭᠤᠴᠢᠳᠤᠭᠠᠷ ᠵᠦᠢᠯ ᠡᠮ ᠡᠮᠨᠡᠯᠭᠡ ᠶᠢᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠳᠤᠷᠠᠳᠤᠨ ᠭᠠᠷᠭᠠᠵᠤ᠂ ᠬᠢᠨᠠᠨ ᠰᠢᠯᠭᠠᠵᠤ ᠵᠠᠷᠯᠠᠨ ᠨᠡᠶᠢᠳᠡᠯᠡᠭᠰᠡᠨ ᠤ ᠳᠠᠷᠠᠭ᠎ᠠ᠂ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠭᠡᠷᠡᠭᠳᠡᠢ᠃ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ ᠬᠢᠭᠡᠳ ᠤᠨᠴᠠ ᠬᠦᠴᠢᠷᠳᠡᠯ ᠲᠠᠢ ᠠᠪᠤᠷᠠᠨ ᠳᠡᠵᠢᠭᠡᠭᠳᠡᠭᠰᠠᠳ ᠤᠨ ᠡᠮ ᠡᠮᠨᠡᠯᠭᠡ ᠶᠢᠨ ᠠᠪᠤᠷᠠᠨ | ᠳᠤᠰᠠᠯᠠᠯᠳᠠ ᠶᠢ ᠪᠤᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠰᠢᠭᠤᠳ | ᠬᠦᠢᠴᠡᠳᠭᠡᠨ᠎ᠡ᠃ | ᠭᠤᠴᠢᠨ ᠨᠢᠭᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠡᠮ ᠡᠮᠨᠡᠯᠭᠡ ᠶᠢᠨ ᠠᠪᠤᠷᠠᠨ | ᠳᠤᠰᠠᠯᠠᠯᠳᠠ ᠬᠢᠭᠡᠳ ᠦᠨᠳᠦᠰᠤᠨ ᠡᠮ ᠡᠮᠨᠡᠯᠭᠡ ᠶᠢᠨ ᠳᠠᠭᠠᠳᠬᠠᠯ᠂ ᠳᠤᠮᠤ ᠶᠡᠭᠡ ᠡᠪᠡᠳᠴᠢᠨ ᠤ ᠳᠠᠭᠠᠳᠬᠠᠯ ᠢ ᠬᠠᠷᠢᠯᠴᠠᠨ ᠠᠪᠴᠠᠯᠳᠤᠭᠤᠯᠤᠭᠰᠠᠨ ᠡᠮ ᠡᠮᠨᠡᠯᠭᠡ ᠶᠢᠨ | ᠵᠠᠷᠤᠳᠠᠯ ᠢ ᠳ᠋ᠦᠡᠭᠨᠡᠨ ᠪᠤᠳᠤᠬᠤ ᠳᠤᠭᠳᠠᠴᠠ ᠶᠢ ᠪᠠᠶᠢᠭᠤᠯᠤᠨ ᠳᠡᠬᠦᠳᠡᠷᠵᠢᠬᠦᠯᠵᠤ᠂ ᠡᠮ ᠡᠮᠨᠡᠯᠭᠡ ᠪᠠᠷ ᠠᠪᠤᠷᠠᠨ ᠳᠤᠰᠠᠯᠠᠭᠤᠯᠬᠤ ᠡᠳᠡᠭᠡᠳ ᠲᠤ ᠳᠦᠬᠦᠮ ᠳᠦᠳᠡ | ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠭᠤᠴᠢᠨ ᠬᠤᠶᠠᠳᠤᠭᠠᠷ ᠵᠦᠢᠯ ᠤᠯᠤᠰ ᠠᠴᠠ ᠡᠪᠡᠳᠴᠢᠨ ᠳᠠᠬᠤᠯ ᠢ ᠪᠠᠴᠢᠮ ᠠᠪᠤᠷᠠᠨ ᠳᠤᠰᠠᠯᠠᠬᠤ ᠳᠦᠷᠢᠮ ᠢ ᠪᠠᠶᠢᠭᠤᠯᠵᠤ᠂ ᠪᠠᠴᠢᠮ ᠠᠪᠤᠷᠠᠬᠤ | ᠴᠢᠬᠤᠯᠠ ᠲᠠᠢ᠂ ᠭᠡᠪᠡᠴᠤ ᠪᠡᠶ᠎ᠡ ᠶᠢᠨ ᠭᠠᠷᠤᠯ ᠨᠢ ᠳᠤᠳᠤᠷᠬᠠᠢ ᠪᠤᠰᠤ ᠪᠤᠶᠤ ᠳᠦᠷᠭᠡᠨ ᠠᠪᠤᠷᠠᠯᠳᠠ ᠶᠢᠨ ᠵᠠᠷᠤᠳᠠᠯ ᠢᠶᠠᠨ ᠳᠤᠰᠢᠶᠠᠵᠤ ᠳᠡᠶᠢᠯᠬᠦ ᠦᠭᠡᠢ ᠪᠠᠴᠢᠮ᠂ | ᠬᠦᠨᠳᠤ᠂ ᠠᠶᠤᠯᠳᠠᠢ ᠰᠢᠷᠬᠠᠳᠠᠳ ᠡᠪᠡᠳᠴᠢᠳ ᠲᠤ ᠠᠪᠤᠷᠠᠨ ᠳᠤᠰᠠᠯᠠᠯᠳᠠ ᠬᠢᠨ᠎ᠠ᠃ ᠳᠤᠭᠳᠠᠭᠠᠯ ᠳᠤ ᠨᠡᠶᠢᠴᠡᠬᠦ᠋ᠢᠴᠡ ᠳᠦᠷᠭᠡᠨ ᠠᠪᠤᠷᠠᠯᠳᠠ ᠶᠢᠨ ᠵᠠᠷᠤᠳᠠᠯ ᠢ | ᠡᠪᠡᠳᠴᠢᠨ ᠳᠠᠬᠤᠯ ᠤᠨ ᠪᠠᠴᠢᠮ ᠠᠪᠤᠷᠠᠨ ᠳᠤᠰᠠᠯᠠᠯᠳᠠ ᠶᠢᠨ ᠰᠠᠭᠤᠷᠢ ᠮᠦᠡᠭᠬᠦᠨ ᠠᠴᠠ ᠭᠠᠷᠭᠠᠨ᠎ᠠ᠃ ᠡᠪᠡᠳᠴᠢᠨ ᠳᠠᠬᠤᠯ ᠳᠤ ᠪᠠᠴᠢᠮ ᠠᠪᠤᠷᠠᠨ ᠳᠤᠰᠠᠯᠠᠯᠳᠠ ᠬᠢᠬᠦ | ᠳᠦᠷᠢᠮ ᠨᠢ ᠪᠤᠰᠤᠳ ᠡᠮ ᠡᠮᠨᠡᠯᠭᠡ ᠶᠢᠨ ᠪᠠᠳᠤᠯᠠᠪᠤᠷᠢ ᠶᠢᠨ ᠳᠦᠷᠢᠮ ᠯᠦᠭᠡ ᠬᠠᠷᠢᠯᠴᠠᠨ ᠠᠪᠴᠠᠯᠳᠤᠭᠰᠠᠨ ᠪᠠᠶᠢᠬᠤ ᠭᠡᠷᠡᠭᠳᠡᠢ᠃ | ᠵᠢᠷᠭᠤᠳᠤᠭᠠᠷ ᠪᠦᠯᠦᠭ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ | ᠭᠤᠴᠢᠨ ᠭᠤᠷᠪᠠᠳᠤᠭᠠᠷ ᠵᠦᠢᠯ ᠤᠯᠤᠰ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠠᠬᠢ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠨᠠᠭᠠᠳᠤ ᠶᠢᠨ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠲᠤ | ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠬᠢᠨ᠎ᠠ᠃ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ︵ᠳᠤᠮᠳᠠᠳᠤ ᠵᠡᠷᠭᠡ ᠶᠢᠨ ᠳᠤᠰᠬᠠᠢ ᠮᠡᠷᠭᠡᠵᠢᠯ ᠤᠨ | ᠰᠤᠷᠭᠠᠨ ᠬᠦᠮᠦᠵᠢᠯ ᠪᠠᠭᠳᠠᠨ᠎ᠠ︶᠂ ᠡᠩ ᠤᠨ ᠶᠡᠭᠡ ᠳᠡᠭᠡᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠱᠠᠳᠤᠨ ᠳᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠬᠢᠭᠡᠳ ᠰᠤᠷᠭᠠᠭᠤᠯᠢ | ᠳᠤ ᠤᠷᠤᠵᠤ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠤ ᠳᠡᠶᠢᠯᠬᠦ ᠦᠭᠡᠢ ᠵᠡᠮᠳᠡᠭ ᠭᠡᠤᠭᠡᠳᠴᠤᠳ ᠲᠤ ᠪᠤᠳᠠᠳᠤ ᠪᠠᠶᠢᠳᠠᠯ ᠢ ᠨᠢ ᠦᠨᠳᠦᠰᠦᠯᠡᠵᠤ᠂ | ᠵᠤᠬᠢᠬᠤ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠬᠢᠨ᠎ᠠ᠃ | ᠭᠤᠴᠢᠨ ᠳᠦᠷᠪᠡᠳᠤᠭᠡᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠨᠢ ᠠᠳᠠᠯᠢ ᠪᠤᠰᠤ ᠰᠤᠷᠭᠠᠨ ᠬᠦᠮᠦᠵᠢᠯ ᠤᠨ ᠱᠠᠳᠤᠨ ᠤ | ᠭᠡᠷᠡᠭᠴᠡᠭᠡ ᠶᠢ ᠦᠨᠳᠦᠰᠦᠯᠡᠨ᠂ ᠬᠤᠯᠪᠤᠭᠳᠠᠯ ᠪᠦᠬᠦᠢ ᠵᠠᠷᠤᠳᠠᠯ ᠢ ᠬᠡᠯᠳᠦᠷᠢᠬᠦᠯᠵᠤ ᠬᠠᠰᠤᠬᠤ᠂ ᠰᠤᠷᠤᠯᠭ᠎ᠠ ᠶᠢᠨ ᠳᠤᠰᠠᠯᠠᠮᠵᠢ ᠶᠢᠨ ᠮᠦᠡᠭᠬᠦ ᠦᠭᠬᠦ᠂ ᠰᠤᠷᠤᠭᠴᠢᠳ | ᠲᠤ ᠠᠮᠢᠳᠤᠷᠠᠯ ᠤᠨ ᠨᠦᠬᠦᠪᠤᠷᠢ ᠦᠭᠬᠦ᠂ ᠠᠵᠢᠯ ᠬᠦᠳᠡᠯᠮᠤᠷᠢ ᠬᠢᠯᠭᠡᠨ ᠰᠤᠷᠤᠯᠭ᠎ᠠ ᠳᠤ ᠨᠢ ᠳᠤᠰᠠᠯᠠᠬᠤ ᠵᠡᠷᠭᠡ ᠠᠷᠭ᠎ᠠ ᠭᠡᠮᠵᠢᠶ᠎ᠡ ᠠᠪᠴᠤ᠂ ᠰᠤᠷᠭᠠᠨ ᠬᠦᠮᠦᠵᠢᠯ ᠤᠨ | ᠠᠪᠤᠷᠠᠨ ᠳᠤᠰᠠᠯᠠᠭᠳᠠᠬᠤ ᠡᠳᠡᠭᠡᠳ ᠤᠨ ᠦᠨᠳᠦᠰᠦᠨ ᠰᠤᠷᠤᠯᠭ᠎ᠠ ᠠᠮᠢᠳᠤᠷᠠᠯ ᠤᠨ ᠭᠡᠷᠡᠭᠴᠡᠭᠡ ᠶᠢ ᠪᠠᠳᠤᠯᠠᠨ᠎ᠠ᠃ | ᠭᠤᠴᠢᠨ ᠳᠠᠪᠤᠳᠤᠭᠠᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠠᠯᠬᠤ ᠪᠠᠷᠢᠮᠵᠢᠶ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠦᠪᠰᠢᠨ ᠭᠡᠬᠢᠳ ᠦᠨᠳᠦᠰᠤᠨ ᠰᠤᠷᠤᠯᠭ᠎ᠠ | ᠠᠮᠢᠳᠤᠷᠠᠯ ᠤᠨ ᠭᠡᠷᠡᠭᠴᠡᠭᠡ ᠶᠢ ᠦᠨᠳᠦᠰᠦᠯᠡᠨ ᠳᠤᠭᠳᠠᠭᠠᠵᠤ᠂ ᠵᠠᠷᠯᠠᠨ ᠨᠡᠶᠢᠳᠡᠯᠡᠨ᠎ᠡ᠃ ᠭᠤᠴᠢᠨ ᠵᠢᠷᠭᠤᠳᠤᠭᠠᠷ ᠵᠦᠢᠯ ᠰᠤᠷᠭᠠᠨ ᠬᠦᠮᠦᠵᠢᠯ ᠤᠨ ᠠᠪᠤᠷᠠᠨ | ᠳᠤᠰᠠᠯᠠᠯᠳᠠ ᠶᠢ ᠭᠤᠶᠤᠴᠢᠯᠠᠬᠤ ᠳᠠᠭᠠᠨ᠂ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠰᠤᠤᠯᠴᠠᠵᠤ ᠪᠠᠶᠢᠭ᠎ᠠ ᠰᠤᠷᠭᠠᠭᠤᠯᠢ ᠳᠠᠭᠠᠨ ᠳᠤᠷᠠᠳᠤᠨ | ᠭᠠᠷᠭᠠᠵᠤ᠂ ᠳᠤᠭᠳᠠᠭᠰᠠᠨ ᠳᠡᠰ ᠳᠠᠷᠠᠭᠠᠯᠠᠯ ᠢᠶᠠᠷ ᠬᠢᠨᠠᠵᠤ ᠰᠢᠯᠭᠠᠭᠤᠯᠤᠨ᠂ ᠨᠤᠳᠠᠯᠠᠨ ᠵᠦᠪᠰᠢᠶᠡᠷᠡᠬᠦᠯᠦᠭᠰᠡᠨ ᠤ ᠳᠠᠷᠠᠭ᠎ᠠ᠂ ᠰᠤᠷᠭᠠᠭᠤᠯᠢ ᠨᠢ ᠤᠯᠤᠰ ᠤᠨ | ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠭᠡᠷᠡᠭᠵᠢᠬᠦᠯᠬᠦ ᠭᠡᠷᠡᠭᠳᠡᠢ᠃ | ᠳᠤᠯᠤᠳᠤᠭᠠᠷ ᠪᠦᠯᠦᠭ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠭᠤᠴᠢᠨ ᠳᠤᠯᠤᠳᠤᠭᠠᠷ ᠵᠦᠢᠯ ᠤᠯᠤᠰ ᠠᠴᠠ ᠳᠤᠭᠳᠠᠭᠠᠯ ᠤᠨ ᠪᠠᠷᠢᠮᠵᠢᠶ᠎ᠠ | ᠳᠤ ᠨᠡᠶᠢᠴᠡᠭᠰᠡᠨ ᠤᠷᠤᠨ ᠰᠠᠭᠤᠴᠠ ᠬᠦᠴᠢᠷᠳᠡᠯ ᠲᠠᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ᠂ ᠰᠠᠯᠤᠩᠬᠢ ᠪᠠᠷ ᠠᠰᠠᠷᠠᠨ ᠳᠡᠵᠢᠭᠡᠵᠤ | ᠪᠠᠶᠢᠭ᠎ᠠ ᠤᠨᠴᠠ ᠬᠦᠴᠢᠷᠳᠡᠯ ᠲᠠᠢ ᠬᠦᠮᠦᠰ ᠲᠤ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠬᠢᠨ᠎ᠠ᠃ | ᠭᠤᠴᠢᠨ ᠨᠠᠢᠮᠠᠳᠤᠭᠠᠷ ᠵᠦᠢᠯ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠨᠡᠶᠢᠳᠡ ᠶᠢᠨ ᠳᠦᠷᠢᠶᠡᠰᠤᠨ ᠤᠷᠤᠨ ᠰᠠᠭᠤᠴᠠ ᠠᠴᠠ | ᠳᠦᠷᠢᠶᠡᠰᠦᠯᠡᠵᠤ ᠦᠭᠬᠦ᠂ ᠤᠷᠤᠨ ᠰᠠᠭᠤᠴᠠ ᠶᠢᠨ ᠳᠦᠷᠢᠶᠡᠰᠤᠨ ᠤ ᠨᠦᠬᠦᠪᠤᠷᠢ ᠦᠭᠬᠦ᠂ ᠬᠦᠳᠡᠭᠡ ᠳᠤᠰᠬᠤᠨ ᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠬᠦ ᠵᠡᠷᠭᠡ | ᠠᠷᠭ᠎ᠠ ᠭᠡᠯᠪᠡᠷᠢ ᠪᠠᠷ ᠭᠡᠷᠡᠭᠵᠢᠬᠦᠯᠦᠨ᠎ᠡ᠃ | ᠭᠤᠴᠢ ᠶᠢᠰᠦᠳᠤᠭᠡᠷ ᠵᠦᠢᠯ ᠤᠷᠤᠨ ᠰᠠᠭᠤᠴᠠ ᠶᠢᠨ ᠬᠦᠴᠢᠷᠳᠡᠯ ᠤᠨ ᠪᠠᠷᠢᠮᠵᠢᠶ᠎ᠠ ᠬᠢᠭᠡᠳ ᠠᠪᠤᠷᠠᠨ ᠳᠤᠰᠠᠯᠠᠬᠤ ᠪᠠᠷᠢᠮᠵᠢᠶ᠎ᠠ ᠶᠢ ᠬᠤᠰᠢᠭᠤ | ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠳᠤᠰ ᠵᠠᠰᠠᠭ ᠵᠠᠬᠢᠷᠭᠠᠨ ᠤ ᠭᠡᠪᠴᠢᠶᠠᠨ ᠳᠠᠬᠢ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠳᠦᠪᠰᠢᠨ᠂ ᠤᠷᠤᠨ ᠰᠠᠭᠤᠴᠠ ᠶᠢᠨ ᠦᠨ᠎ᠠ ᠬᠠᠨᠭ᠍ᠰᠢ ᠶᠢᠨ ᠳᠦᠪᠰᠢᠨ ᠵᠡᠷᠭᠡ ᠡᠯᠧᠮᠧᠨ᠋ᠲ ᠢ ᠦᠨᠳᠦᠰᠦᠯᠡᠨ ᠳᠤᠭᠳᠠᠭᠠᠵᠤ᠂ ᠵᠡᠷᠯᠡᠨ | ᠨᠡᠶᠢᠳᠡᠯᠡᠨ᠎ᠡ᠃ | ᠳᠦᠴᠢᠳᠤᠭᠡᠷ ᠵᠦᠢᠯ ᠬᠤᠳᠠ ᠪᠠᠯᠭᠠᠰᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠢᠶᠠᠷ ᠳᠠᠮᠵᠢᠭᠤᠯᠬᠤ ᠪᠤᠶᠤ ᠡᠰᠡᠬᠦᠯ᠎ᠡ ᠰᠢᠭᠤᠳ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠲᠤ ᠳᠤᠷᠠᠳᠤᠨ ᠭᠠᠷᠭᠠᠵᠤ᠂ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠭᠡᠷ ᠪᠦᠯᠢ ᠶᠢᠨ ᠤᠷᠤᠯᠭ᠎ᠠ᠂ ᠡᠳ᠋ | ᠬᠦᠷᠦᠩᠭᠡ ᠶᠢᠨ ᠪᠠᠶᠢᠳᠠᠯ ᠢ ᠬᠢᠨᠠᠨ ᠰᠢᠯᠭᠠᠵᠤ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ | ᠰᠠᠯᠠᠭ᠎ᠠ ᠮᠦᠴᠢᠷ ᠨᠢ ᠭᠡᠷ ᠪᠦᠯᠢ ᠶᠢᠨ ᠤᠷᠤᠨ ᠰᠠᠭᠤᠴᠠ ᠶᠢᠨ ᠪᠠᠶᠢᠳᠠᠯ ᠢ ᠬᠢᠨᠠᠨ ᠰᠢᠯᠭᠠᠭᠠᠳ ᠵᠡᠷᠯᠡᠨ ᠨᠡᠶᠢᠳᠡᠯᠡᠭᠰᠡᠨ ᠤ ᠳᠠᠷᠠᠭ᠎ᠠ᠂ ᠭᠤᠶᠤᠴᠢᠯᠠᠬᠤ ᠨᠦᠬᠦᠴᠡᠯ ᠳᠤ | ᠨᠡᠶᠢᠴᠡᠬᠦ᠋ᠢᠴᠡ ᠭᠤᠶᠤᠴᠢᠯᠠᠭᠴᠢᠳ ᠲᠤ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ | ᠮᠦᠴᠢᠷ ᠠᠴᠠ ᠤᠷᠢᠳᠠᠪᠠᠷ ᠪᠠᠳᠤᠯᠠᠭ᠎ᠠ ᠬᠠᠨᠭ᠍ᠭᠠᠨ᠎ᠠ᠃ ᠬᠦᠳᠡᠭᠡ ᠳᠤᠰᠬᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠭᠡᠷᠡᠭᠵᠢᠬᠦᠯᠬᠦ ᠭᠡᠷᠡᠭᠳᠡᠢ᠃ | ᠳᠦᠴᠢᠨ ᠨᠢᠭᠡᠳᠤᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠤᠯᠤᠰ ᠤᠨ ᠳᠤᠭᠳᠠᠭᠠᠯ ᠶᠤᠰᠤᠭᠠᠷ ᠡᠳ᠋ ᠤᠨ ᠵᠠᠰᠠᠭ ᠤᠨ | ᠪᠡᠯᠡ ᠤᠷᠤᠭᠤᠯᠬᠤ᠂ ᠭᠡᠷᠡᠭᠯᠡᠬᠦ ᠭᠠᠵᠠᠷ ᠰᠢᠷᠤᠢ ᠬᠠᠨᠭ᠍ᠭᠠᠬᠤ ᠵᠡᠷᠭᠡ ᠠᠷᠭ᠎ᠠ ᠪᠠᠷᠢᠯ ᠢᠶᠠᠷ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠭᠡᠷᠡᠭᠵᠢᠬᠦᠯᠬᠦ ᠶᠢ | ᠪᠠᠳᠤᠯᠠᠬᠤ ᠭᠡᠷᠡᠭᠳᠡᠢ᠃ | ᠨᠠᠢᠮᠠᠳᠤᠭᠠᠷ ᠪᠦᠯᠦᠭ ᠠᠵᠢᠯ ᠤᠯᠭᠤᠬᠤ ᠠᠪᠤᠷᠠᠨ ᠳᠤᠰᠠᠯᠠᠯᠳᠠ | ᠳᠦᠴᠢᠨ ᠬᠤᠶᠠᠳᠤᠭᠠᠷ ᠵᠦᠢᠯ ᠤᠯᠤᠰ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠬᠦᠳᠡᠯᠮᠦᠷᠢᠯᠡᠬᠦ | ᠴᠢᠳᠠᠪᠤᠷᠢ ᠲᠠᠢ ᠮᠦᠷᠳᠡᠭᠡᠨ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠬᠦᠨ ᠳᠤ ᠵᠢᠭᠡᠯᠡᠯᠭᠡ ᠶᠢᠨ ᠬᠦᠤ ᠮᠦᠡᠭᠬᠦ ᠶᠢᠨ ᠨᠦᠬᠦᠪᠤᠷᠢ᠂ ᠨᠡᠶᠢᠭᠡᠮ ᠤᠨ | ᠳᠠᠭᠠᠳᠬᠠᠯ ᠤᠨ ᠨᠦᠬᠦᠪᠤᠷᠢ᠂ ᠠᠵᠢᠯ ᠤᠨ ᠪᠠᠶᠢᠷᠢ ᠶᠢᠨ ᠨᠦᠬᠦᠪᠤᠷᠢ᠂ ᠳᠠᠪᠳᠠᠨ ᠪᠤᠯᠪᠠᠰᠤᠷᠠᠭᠤᠯᠬᠤ ᠨᠦᠬᠦᠪᠤᠷᠢ ᠦᠭᠬᠦ ᠪᠠ ᠵᠠᠷᠤᠳᠠᠯ ᠰᠦᠢᠳᠭᠡᠯ ᠢ ᠨᠢ | ᠭᠡᠯᠳᠤᠷᠢᠬᠦᠯᠵᠤ ᠬᠠᠰᠤᠬᠤ᠂ ᠨᠡᠶᠢᠳᠡ ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ ᠳᠤᠬᠢᠷᠠᠭᠤᠯᠬᠤ ᠵᠡᠷᠭᠡ ᠠᠷᠭ᠎ᠠ ᠪᠠᠷ ᠠᠵᠢᠯ ᠤᠯᠭᠤᠬᠤ ᠠᠪᠤᠷᠠᠨ | ᠳᠤᠰᠠᠯᠠᠯᠳᠠ ᠬᠢᠨ᠎ᠠ᠃ | ᠳᠦᠴᠢᠨ ᠭᠤᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠬᠦᠳᠡᠯᠮᠦᠷᠢᠯᠡᠬᠦ ᠴᠢᠳᠠᠪᠤᠷᠢ ᠲᠠᠢ | ᠪᠦᠷᠢᠯᠳᠦᠬᠦᠨ ᠨᠢ ᠴᠦᠮ ᠠᠵᠢᠯ ᠠᠯᠳᠠᠭᠰᠠᠨ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ | ᠨᠢ ᠴᠢᠭᠯᠡᠬᠦᠯᠦᠯᠳᠤ ᠴᠢᠨᠠᠷ ᠲᠠᠢ ᠠᠷᠭ᠎ᠠ ᠭᠡᠮᠵᠢᠶ᠎ᠡ ᠠᠪᠴᠤ᠂ ᠳᠤᠰ ᠭᠡᠷ ᠪᠦᠯᠢ ᠳᠤ ᠶᠠᠳᠠᠬᠤ ᠳᠠᠭᠠᠨ ᠨᠢᠭᠡ ᠬᠦᠮᠦᠨ ᠳᠤ ᠠᠵᠢᠯ ᠤᠯᠭᠤᠬᠤ ᠶᠢ ᠦᠨᠡᠨᠬᠦ ᠪᠠᠳᠤᠯᠠᠬᠤ | ᠭᠡᠷᠡᠭᠳᠡᠢ᠃ | ᠳᠦᠴᠢᠨ ᠳᠦᠷᠪᠡᠳᠤᠭᠡᠷ ᠵᠦᠢᠯ ᠠᠵᠢᠯ ᠤᠯᠭᠤᠬᠤ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠠᠭᠤᠵᠤ ᠪᠠᠶᠢᠭ᠎ᠠ ᠭᠠᠵᠠᠷ ᠤᠨ ᠢᠶᠠᠨ | ᠵᠡᠭᠡᠯᠢ ᠭᠤᠳᠤᠮᠵᠢ᠂ ᠨᠡᠶᠢᠭᠡᠮ ᠳᠤᠭᠤᠷᠢᠭ ᠤᠨ ᠨᠡᠶᠢᠳᠡ ᠶᠢᠨ ᠠᠵᠢᠯ ᠤᠯᠭᠤᠯᠳᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠳᠤᠷᠠᠳᠤᠨ ᠭᠠᠷᠭᠠᠵᠤ᠂ ᠨᠡᠶᠢᠳᠡ ᠶᠢᠨ | ᠠᠵᠢᠯ ᠤᠯᠭᠤᠯᠳᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠢᠨᠠᠨ ᠰᠢᠯᠭᠠᠭᠰᠠᠨ ᠤ ᠳᠠᠷᠠᠭ᠎ᠠ ᠳᠠᠩᠰᠠᠯᠠᠬᠤ ᠶᠢᠨ ᠳᠠᠭᠠᠤ ᠵᠠᠷᠤᠳᠠᠯ ᠬᠤᠷᠢᠶᠠᠬᠤ ᠦᠭᠡᠢ ᠪᠠᠷ | ᠠᠵᠢᠯ ᠤᠨ ᠪᠠᠶᠢᠷᠢ ᠶᠢᠨ ᠴᠢᠮᠡᠭᠡ ᠵᠠᠩᠬᠢ᠂ ᠳᠤᠬᠠᠢᠢᠯᠠᠭᠰᠠᠨ ᠠᠵᠢᠯ ᠤᠨ ᠳᠠᠨᠢᠯᠴᠠᠭᠤᠯᠭ᠎ᠠ᠂ ᠳᠤᠬᠠᠢᠢᠯᠠᠭᠰᠠᠨ ᠠᠵᠢᠯ ᠤᠨ ᠵᠢᠯᠤᠭᠤᠳᠤᠮᠵᠢ ᠵᠡᠷᠭᠡ ᠠᠵᠢᠯ ᠤᠯᠭᠤᠬᠤ | ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠳᠦᠴᠢᠨ ᠳᠠᠪᠤᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠬᠦᠳᠡᠯᠮᠦᠷᠢᠯᠡᠬᠦ ᠴᠢᠳᠠᠪᠤᠷᠢ ᠲᠠᠢ | ᠪᠤᠯᠪᠠᠴᠤ ᠠᠵᠢᠯ ᠤᠯᠤᠭᠠᠳᠤᠢ ᠪᠦᠷᠢᠯᠳᠦᠬᠦᠨ ᠨᠢ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠵᠡᠷᠭᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠨ ᠳᠠᠨᠢᠯᠴᠠᠭᠤᠯᠵᠤ ᠦᠭᠬᠦᠭᠰᠡᠨ ᠠᠵᠢᠯ ᠢ ᠬᠦᠯᠢᠶᠡᠨ ᠠᠪᠬᠤ ᠭᠡᠷᠡᠭᠳᠡᠢ︔ ᠡᠷᠡᠬᠦᠯ ᠴᠢᠬᠢᠷᠠᠭ ᠤᠨ ᠪᠠᠶᠢᠳᠠᠯ ᠪᠤᠯᠤᠨ ᠬᠦᠳᠡᠯᠮᠦᠷᠢᠯᠡᠬᠦ ᠴᠢᠳᠠᠪᠤᠷᠢ ᠳᠤ ᠨᠢ | ᠳᠤᠬᠢᠷᠠᠬᠤᠢᠢᠴᠡ ᠠᠵᠢᠯ ᠢ ᠳᠠᠨᠢᠯᠴᠠᠭᠤᠯᠵᠤ ᠦᠭᠬᠦᠭᠰᠡᠨ ᠴᠤ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ ᠵᠠᠯᠭᠠᠪᠠᠷ 3 ᠤᠳᠠᠭ᠎ᠠ ᠬᠦᠯᠢᠶᠡᠨ ᠠᠪᠬᠤ ᠦᠭᠡᠢ | ᠪᠤᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠳᠤᠰ ᠬᠦᠮᠦᠨ ᠤ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠡᠭᠬᠦ ᠶᠢ ᠬᠠᠰᠤᠬᠤ ᠪᠤᠶᠤ ᠵᠤᠭᠰᠤᠭᠠᠬᠤ ᠪᠠᠷ ᠳᠤᠭᠳᠠᠭᠠᠬᠤ ᠭᠡᠷᠡᠭᠳᠡᠢ᠃ | ᠳᠦᠴᠢᠨ ᠵᠢᠷᠭᠤᠳᠤᠭᠠᠷ ᠵᠦᠢᠯ ᠠᠵᠢᠯ ᠤᠯᠭᠤᠬᠤ ᠠᠪᠤᠷᠠᠨ ᠳᠤᠰᠠᠯᠠᠯᠳᠠ ᠶᠢᠨ ᠡᠳᠡᠭᠡᠳ ᠢ ᠡᠯᠰᠡᠨ ᠠᠪᠤᠭᠰᠠᠨ ᠬᠦᠮᠦᠨ ᠭᠡᠷᠡᠭᠯᠡᠬᠦ | ᠪᠠᠶᠢᠭᠤᠯᠤᠯᠭ᠎ᠠ ᠨᠢᠭᠡᠴᠡ ᠳᠤ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠨᠡᠶᠢᠭᠡᠮ ᠤᠨ ᠳᠠᠭᠠᠳᠬᠠᠯ ᠤᠨ ᠨᠦᠬᠦᠪᠤᠷᠢ᠂ ᠭᠠᠶᠢᠯᠢ ᠳᠠᠳᠠᠪᠤᠷᠢ ᠶᠢᠨ | ᠬᠠᠷᠠᠭᠠᠯᠵᠠᠯ᠂ ᠪᠠᠭ᠎ᠠ ᠳᠤᠭᠠᠨ ᠤ ᠳᠠᠭᠠᠭᠠᠨ ᠪᠠᠳᠤᠯᠠᠪᠤᠷᠢ ᠲᠠᠢ ᠵᠢᠭᠡᠯᠡᠯᠭᠡ ᠤᠯᠭᠤᠬᠤ ᠵᠡᠷᠭᠡ ᠠᠵᠢᠯ ᠤᠯᠭᠤᠯᠳᠠ ᠶᠢ ᠳᠡᠳᠬᠦᠨ ᠳᠡᠮᠵᠢᠬᠦ ᠳᠦᠷᠦ ᠶᠢᠨ ᠪᠤᠳᠤᠯᠭ᠎ᠠ ᠶᠢ | ᠭᠡᠷᠡᠭᠵᠢᠬᠦᠯᠦᠨ᠎ᠡ᠃ | ᠶᠢᠰᠦᠳᠤᠭᠡᠷ ᠪᠦᠯᠦᠭ ᠳᠦᠷ ᠴᠠᠭ ᠤᠨ ᠠᠪᠤᠷᠠᠨ ᠳᠤᠰᠠᠯᠠᠯᠳᠠ | ᠳᠦᠴᠢᠨ ᠳᠤᠯᠤᠳᠤᠭᠠᠷ ᠵᠦᠢᠯ ᠤᠯᠤᠰ ᠠᠴᠠ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠮᠰᠠᠷ ᠦᠭᠡᠢ ᠭᠡᠷᠡᠭ᠂ ᠭᠡᠷ | ᠪᠦᠯᠢ ᠶᠢᠨ ᠪᠦᠷᠢᠯᠳᠦᠬᠦᠨ ᠨᠢ ᠭᠡᠨᠡᠳᠳᠡ ᠪᠠᠷ ᠬᠦᠨᠳᠤ ᠳᠤᠮᠤ ᠡᠪᠡᠳᠴᠢᠨ ᠳᠤ ᠨᠡᠷᠪᠡᠭᠳᠡᠭᠰᠡᠨ ᠵᠡᠷᠭᠡ ᠰᠢᠯᠳᠠᠭᠠᠨ ᠠᠴᠠ ᠦᠨᠳᠦᠰᠦᠨ ᠠᠮᠢᠳᠤᠷᠠᠯ ᠳᠤ ᠨᠢ ᠳᠦᠷ | ᠴᠠᠭ ᠤᠨ ᠬᠦᠨᠳᠤ ᠭᠡᠴᠡᠬᠦᠤ ᠬᠦᠴᠢᠷᠳᠡᠯ ᠳᠤᠯᠭᠠᠷᠠᠭᠰᠠᠨ ᠭᠡᠷ ᠪᠦᠯᠢ ᠪᠤᠶᠤ ᠠᠮᠢᠳᠤᠷᠠᠯ ᠤᠨ ᠭᠡᠷᠡᠭᠴᠡᠭᠡᠳᠤ ᠵᠠᠷᠤᠳᠠᠯ ᠨᠢ ᠭᠡᠨᠡᠳᠳᠡ ᠪᠠᠷ ᠨᠡᠮᠡᠭᠳᠡᠭᠡᠳ ᠭᠡᠷ ᠪᠦᠯᠢ ᠶᠢᠨ | ᠬᠢᠨ ᠤ ᠡᠬᠦᠷᠭᠡᠯᠡᠬᠦ ᠴᠢᠳᠠᠪᠤᠷᠢ ᠠᠴᠠ ᠳᠠᠪᠠᠵᠤ᠂ ᠦᠨᠳᠦᠰᠦᠨ ᠠᠮᠢᠳᠤᠷᠠᠯ ᠳᠤ ᠨᠢ ᠳᠦᠷ ᠴᠠᠭ ᠤᠨ ᠬᠦᠨᠳᠤ ᠭᠡᠴᠡᠬᠦᠤ ᠬᠦᠴᠢᠷᠳᠡᠯ ᠳᠤᠯᠭᠠᠷᠠᠭᠰᠠᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠬᠢᠭᠡᠳ ᠪᠤᠰᠤᠳ ᠤᠨᠴᠠᠭᠠᠢ ᠬᠦᠴᠢᠷᠳᠡᠯ ᠳᠤ ᠳᠤᠬᠢᠶᠠᠯᠳᠤᠭᠰᠠᠨ ᠭᠡᠷ ᠪᠦᠯᠢ ᠳᠤ ᠳᠦᠷ ᠴᠠᠭ ᠤᠨ ᠠᠪᠤᠷᠠᠨ | ᠳᠤᠰᠠᠯᠠᠯᠳᠠ ᠬᠢᠨ᠎ᠠ᠃ | ᠳᠦᠴᠢᠨ ᠨᠠᠢᠮᠠᠳᠤᠭᠠᠷ ᠵᠦᠢᠯ ᠳᠦᠷ ᠴᠠᠭ ᠤᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠳᠤᠷᠠᠳᠤᠨ ᠭᠠᠷᠭᠠᠵᠤ᠂ ᠬᠢᠨᠠᠨ ᠰᠢᠯᠭᠠᠵᠤ ᠵᠡᠷᠯᠡᠨ ᠨᠡᠶᠢᠳᠡᠯᠡᠭᠰᠡᠨ ᠤ ᠳᠠᠷᠠᠭ᠎ᠠ᠂ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠵᠦᠪᠰᠢᠶᠡᠷᠡᠨ᠎ᠠ︔ ᠠᠪᠤᠷᠠᠨ ᠳᠤᠰᠠᠯᠠᠬᠤ | ᠵᠤᠭᠤᠰ ᠮᠦᠡᠭᠬᠦᠨ ᠤ ᠭᠡᠮᠵᠢᠶ᠎ᠡ ᠨᠢ ᠨᠡᠯᠢᠶᠡᠳ ᠪᠠᠭ᠎ᠠ ᠪᠤᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠳᠤ ᠨᠡᠶᠢᠳᠡᠨ ᠵᠦᠪᠰᠢᠶᠡᠷᠡᠬᠦᠯᠵᠤ | ᠪᠤᠯᠤᠨ᠎ᠠ᠃ ᠪᠠᠶᠢᠳᠠᠯ ᠨᠢ ᠪᠠᠴᠢᠮ ᠳᠤᠯᠭᠠᠮ᠎ᠠ ᠪᠤᠯ ᠳᠤᠭᠳᠠᠭᠠᠯ ᠶᠤᠰᠤᠭᠠᠷ ᠵᠦᠪᠰᠢᠶᠡᠷᠡᠬᠦ ᠭᠠᠷᠳᠠᠮᠵᠢ ᠶᠢ ᠨᠢ ᠳᠦᠬᠦᠮᠴᠢᠯᠡᠵᠤ ᠪᠤᠯᠤᠨ᠎ᠠ᠃ | ᠳᠦᠴᠢ ᠶᠢᠰᠤᠳᠤᠭᠡᠷ ᠵᠦᠢᠯ ᠲᠤᠷ ᠴᠠᠭ ᠤᠨ ᠠᠪᠤᠷᠠᠨ ᠳᠤᠰᠠᠯᠠᠯᠳᠠ ᠶᠢᠨ ᠪᠤᠳᠠᠳᠠᠢ ᠳᠦᠷᠦᠯ ᠵᠦᠢᠯ᠂ ᠪᠠᠷᠢᠮᠵᠢᠶ᠎ᠠ ᠶᠢ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠳᠤᠭᠳᠠᠭᠠᠵᠤ ᠵᠠᠷᠯᠠᠨ ᠨᠡᠶᠢᠳᠡᠯᠡᠨ᠎ᠡ᠃ | ᠳᠠᠪᠢᠳᠤᠭᠠᠷ ᠵᠦᠢᠯ ᠤᠯᠤᠰ ᠠᠴᠠ ᠠᠮᠢᠳᠤᠷᠠᠯ ᠳᠠᠭᠠᠨ ᠵᠦᠪ ᠦᠭᠡᠢ ᠳᠡᠨᠦᠬᠦᠯᠴᠢᠳ᠂ ᠭᠤᠶᠢᠷᠠᠨᠴᠢᠳ ᠲᠤ ᠳᠦᠷ ᠴᠠᠭ ᠤᠨ ᠢᠳᠡᠵᠤ ᠰᠠᠭᠤᠬᠤ᠂ | ᠳᠦᠷᠭᠡᠨ ᠡᠪᠡᠳᠴᠢᠨ ᠢ ᠨᠢ ᠡᠮᠨᠡᠨ ᠵᠠᠰᠠᠬᠤ᠂ ᠳᠡᠮᠵᠢᠨ ᠳᠤᠰᠠᠯᠠᠵᠤ ᠤᠤᠯ ᠨᠤᠳᠤᠭ ᠲᠤ ᠨᠢ ᠪᠤᠴᠠᠭᠠᠬᠤ ᠵᠡᠷᠭᠡ ᠠᠪᠤᠷᠠᠨ ᠳᠤᠰᠠᠯᠠᠯᠳᠠ ᠬᠢᠨ᠎ᠠ᠃ | ᠳᠠᠪᠢᠨ ᠨᠢᠭᠡᠳᠤᠭᠡᠷ ᠵᠦᠢᠯ ᠳᠤᠳᠤᠭᠠᠳᠤ ᠶᠢ ᠬᠠᠮᠠᠭᠠᠠᠯᠬᠤ ᠪᠠᠶᠢᠭᠤᠯᠤᠯᠭ᠎ᠠ ᠬᠢᠭᠡᠳ ᠪᠤᠰᠤᠳ ᠬᠤᠯᠪᠤᠭᠳᠠᠯ ᠪᠦᠬᠦᠢ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠠᠵᠢᠯᠳᠠᠨ ᠠᠵᠢᠯ ᠤᠨ ᠳᠤᠮᠳᠠ ᠪᠠᠨ ᠳᠡᠨᠦᠬᠦᠯᠴᠢᠳ ᠭᠤᠶᠢᠷᠠᠨᠴᠢᠳ ᠲᠠᠢ ᠬᠠᠷᠭᠤᠪᠠᠯ᠂ ᠳᠡᠳᠡᠨ ᠳᠤ ᠠᠪᠤᠷᠠᠨ ᠳᠤᠰᠠᠯᠠᠬᠤ ᠠᠵᠢᠯ ᠤᠨ | ᠬᠠᠮᠢᠶᠠᠤᠯᠳᠠ ᠶᠢᠨ ᠪᠠᠶᠢᠭᠤᠯᠤᠮᠵᠢ ᠠᠴᠠ ᠳᠤᠰᠠᠯᠠᠮᠵᠢ ᠬᠦᠰᠡᠪᠡᠯ ᠵᠤᠬᠢᠨ᠎ᠠ ᠭᠡᠳᠡᠭ ᠢ ᠭᠡᠯᠡᠵᠤ ᠦᠭᠬᠦ ᠭᠡᠷᠡᠭᠳᠡᠢ᠃ ᠳᠡᠳᠡᠭᠡᠷ ᠤᠨ ᠳᠤᠳᠤᠷᠠᠬᠢ ᠵᠡᠮᠳᠡᠭᠴᠤᠳ᠂ ᠨᠡᠰᠤᠨ | ᠳᠤ ᠦᠯᠦ ᠬᠦᠷᠦᠭᠰᠡᠳ᠂ ᠨᠠᠰᠤᠳᠠᠶᠢᠴᠤᠳ ᠪᠤᠯᠤᠨ ᠬᠦᠳᠡᠯᠵᠤ ᠶᠠᠪᠤᠬᠤ ᠳᠠᠭᠠᠨ ᠳᠦᠬᠦᠮ ᠦᠭᠡᠢ ᠬᠦᠮᠦᠰ ᠢ ᠵᠠᠮᠴᠢᠯᠠᠵᠤ ᠬᠠᠮᠠᠭᠠᠠᠯᠨᠨ ᠠᠪᠤᠷᠠᠨ ᠳᠤᠰᠠᠠᠯᠬᠤ | ᠬᠠᠮᠢᠶᠠᠷᠤᠯᠳᠠ ᠶᠢᠨ ᠪᠠᠶᠢᠭᠤᠯᠤᠮᠵᠢ ᠳᠤ ᠬᠦᠷᠭᠡᠬᠦ ᠭᠡᠷᠡᠭᠳᠡᠢ︔ ᠭᠡᠨᠡᠳᠳᠡ ᠪᠠᠷ ᠪᠠᠴᠢᠮ ᠡᠪᠡᠳᠴᠢᠨ ᠳᠤ ᠨᠡᠷᠪᠡᠭᠳᠡᠭᠰᠡᠳ ᠢ ᠳᠡᠷᠡ ᠳᠤᠤᠷ᠎ᠠ ᠨᠢ ᠳᠦᠷᠭᠡᠨ | ᠠᠪᠤᠷᠠᠯᠳᠠ ᠶᠢᠨ ᠪᠠᠶᠢᠭᠤᠯᠤᠮᠵᠢ ᠳᠤ ᠮᠡᠳᠡᠭᠳᠡᠵᠤ᠂ ᠠᠪᠤᠷᠠᠨ ᠡᠮᠴᠢᠯᠡᠬᠦᠯᠬᠦ ᠭᠡᠷᠡᠭᠳᠡᠢ᠃ | ᠠᠷᠪᠠᠳᠤᠭᠠᠷ ᠪᠦᠯᠦᠭ ᠨᠡᠶᠢᠭᠡᠮ ᠤᠨ ᠬᠦᠴᠤᠨ ᠤ ᠤᠷᠤᠯᠴᠠᠯᠭ᠎ᠠ ᠳᠠᠪᠢᠨ ᠬᠤᠶᠠᠳᠤᠭᠠᠷ ᠵᠦᠢᠯ ᠤᠯᠤᠰ ᠠᠴᠠ ᠪᠠᠶᠢᠭᠤᠯᠤᠯᠬᠠ ᠨᠢᠬᠡᠴᠡ ᠪᠤᠯᠤᠨ | ᠬᠤᠪᠢ ᠬᠦᠮᠦᠨ ᠵᠡᠷᠬᠡ ᠨᠡᠶᠢᠬᠡᠮ ᠤᠨ ᠬᠦᠴᠦᠨ ᠤ ᠡᠷᠬᠦᠨ ᠪᠡᠯᠡᠭᠯᠡᠬᠦ᠂ ᠲᠡᠳᠬᠦᠨ ᠳᠡᠮᠵᠢᠬᠦ᠂ ᠲᠦᠷᠦᠯ ᠵᠦᠢᠯ ᠭᠠᠷᠭᠠᠬᠤ᠂ ᠦᠢᠯᠡᠴᠢᠯᠡᠬᠡᠨ ᠤ ᠪᠠᠶᠢᠭᠤᠯᠤᠮᠵᠢ ᠡᠷᠬᠢᠯᠡᠬᠦ | ᠂ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠬᠤ ᠵᠡᠷᠬᠡ ᠠᠷᠬ᠎ᠠ ᠪᠠᠷ ᠨᠡᠶᠢᠬᠡᠮ ᠤᠨ ᠠᠪᠤᠷᠠᠨ ᠳᠤᠰᠠᠯᠠᠯᠳᠠ ᠳᠤ ᠤᠷᠤᠯᠴᠠᠬᠤ ᠶᠢ ᠤᠷᠮᠠᠰᠢᠭᠤᠯᠤᠨ᠎ᠠ᠃ | ᠳᠠᠪᠢᠨ ᠭᠤᠷᠪᠠᠳᠤᠭᠠᠷ ᠵᠦᠢᠯ ᠨᠡᠶᠢᠭᠡᠮ ᠤᠨ ᠬᠦᠴᠤᠨ ᠨᠡᠶᠢᠭᠡᠮ ᠤᠨ ᠠᠪᠤᠷᠠᠨ ᠳᠤᠰᠠᠯᠠᠯᠳᠠ ᠳᠤ ᠤᠷᠤᠯᠴᠠᠪᠠᠯ᠂ ᠤᠯᠤᠰ ᠤᠨ ᠬᠤᠯᠪᠤᠭᠳᠠᠯ | ᠪᠦᠬᠦᠢ ᠳᠤᠭᠳᠠᠭᠠᠯ ᠶᠤᠰᠤᠭᠠᠷ ᠡᠳ᠋ ᠤᠨ ᠵᠠᠰᠠᠭ ᠤᠨ ᠨᠦᠬᠦᠪᠤᠷᠢ᠂ ᠭᠠᠶᠢᠯᠢ ᠳᠠᠳᠠᠪᠤᠷᠢ ᠶᠢᠨ ᠬᠠᠷᠠᠭᠠᠯᠵᠠᠯ᠂ ᠵᠠᠷᠤᠳᠠᠯ ᠰᠦᠢᠳᠭᠡᠯ ᠢ ᠬᠠᠰᠤᠨ ᠭᠡᠯᠳᠦᠷᠢᠬᠦᠯᠬᠦ ᠵᠡᠷᠭᠡ | ᠳᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠭᠡᠨ᠎ᠡ᠃ | ᠳᠠᠪᠢᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ | ᠨᠡᠶᠢᠭᠡᠮ ᠤᠨ ᠠᠪᠤᠷᠠᠨ ᠳᠤᠰᠠᠯᠠᠯᠳᠠ ᠳᠠᠬᠢ ᠪᠤᠳᠠᠳᠠᠢ ᠦᠢᠯᠡᠴᠢᠯᠡᠭᠡᠨ ᠤ ᠳᠦᠷᠦᠯ ᠵᠦᠢᠯ ᠢ ᠨᠠᠶᠢᠳᠠᠬᠤ᠂ ᠳᠠᠭᠠᠭᠠᠴᠢᠯᠠᠭᠤᠯᠬᠤ᠂ ᠬᠤᠳᠠᠯᠳᠤᠨ ᠠᠪᠬᠤ ᠵᠡᠷᠭᠡ ᠠᠷᠭ᠎ᠠ | ᠪᠠᠷ ᠨᠡᠶᠢᠭᠡᠮ ᠤᠨ ᠬᠦᠴᠤᠨ ᠠᠴᠠ ᠦᠢᠯᠡᠴᠢᠯᠡᠭᠡ ᠬᠤᠳᠠᠯᠳᠤᠨ ᠠᠪᠴᠤ ᠪᠤᠯᠤᠨ᠎ᠠ᠃ | ᠳᠠᠪᠢᠨ ᠳᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠤᠯᠤᠨ ᠨᠡᠶᠢᠭᠡᠮ ᠤᠨ ᠠᠵᠢᠯᠳᠠᠨ ᠤ ᠦᠢᠡᠯᠳᠤᠯ ᠢᠶᠠᠨ ᠪᠠᠳᠠᠷᠠᠭᠤᠯᠵᠤ᠂ ᠨᠡᠶᠢᠭᠡᠮ ᠤᠨ ᠠᠪᠤᠷᠠᠨ | ᠳᠤᠰᠠᠯᠠᠯᠳᠠ ᠶᠢᠨ ᠡᠳᠡᠭᠡᠳ ᠲᠤ ᠨᠡᠶᠢᠭᠡᠮ ᠳᠤ ᠠᠭᠤᠰᠬᠤ᠂ ᠴᠢᠳᠠᠪᠤᠷᠢ ᠶᠢ ᠨᠢ ᠳᠡᠭᠡᠭᠰᠢᠯᠡᠬᠦᠯᠬᠦ᠂ ᠪᠤᠳᠤᠯ ᠰᠡᠳᠬᠢᠴᠡ ᠢ ᠨᠢ ᠵᠦᠭᠰᠢᠷᠡᠬᠦᠯᠦᠨ ᠵᠢᠯᠤᠭᠤᠳᠬᠤ ᠵᠡᠷᠡᠭᠡ | ᠳᠤᠰᠬᠠᠢ ᠮᠡᠷᠭᠡᠵᠢᠯ ᠤᠨ ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠳᠠᠪᠢᠨ ᠵᠢᠷᠭᠤᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠬᠢᠭᠡᠳ ᠬᠤᠯᠪᠤᠭᠳᠠᠯ ᠪᠦᠬᠦ | ᠪᠠᠶᠢᠭᠤᠯᠤᠮᠵᠢ ᠨᠢ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ ᠳᠤᠰᠠᠯᠠᠯᠳᠠ ᠳᠤ ᠤᠷᠤᠯᠴᠠᠭᠤᠯᠬᠤ ᠵᠠᠮ ᠰᠤᠭᠤᠭ ᠪᠤᠯᠤᠨ ᠳᠤᠭᠳᠠᠴᠠ ᠶᠢ ᠪᠠᠶᠢᠭᠤᠯᠵᠤ᠂ | ᠨᠡᠶᠢᠭᠡᠮ ᠤᠨ ᠠᠪᠤᠷᠠᠨ ᠳᠤᠰᠠᠯᠠᠯᠳᠠ ᠶᠢᠨ ᠳᠦᠷᠦᠯ ᠵᠦᠢᠯ᠂ ᠭᠡᠷᠡᠭᠴᠡᠭᠡᠨ ᠤ ᠴᠢᠮᠡᠭᠡ ᠵᠠᠩᠬᠢ ᠶᠢ ᠬᠠᠨᠭ᠍ᠭᠠᠨ᠂ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ | ᠳᠤᠰᠠᠯᠠᠯᠳᠠ ᠳᠤ ᠤᠷᠤᠯᠴᠠᠬᠤ ᠳᠤ ᠨᠦᠬᠦᠴᠡᠯ ᠪᠦᠷᠢᠯᠳᠦᠬᠦᠯᠵᠤ ᠳᠦᠬᠦᠮ ᠦᠵᠡᠬᠦᠯᠬᠦ ᠭᠡᠷᠡᠭᠳᠡᠢ᠃ | ᠠᠷᠪᠠᠨ ᠨᠢᠭᠡᠳᠤᠭᠡᠷ ᠪᠦᠯᠦᠭ ᠬᠢᠨᠠᠨ ᠬᠠᠮᠢᠶᠠᠷᠤᠯᠳᠠ ᠳᠠᠪᠢᠨ ᠳᠤᠯᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠳ ᠤᠨ | ᠵᠠᠰᠠᠭ ᠤᠨ ᠤᠷᠳᠤᠨ ᠵᠢᠴᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠨᠡᠶᠢᠭᠡᠮ ᠤᠨ ᠠᠪᠤᠷᠠᠨ ᠳᠤᠰᠠᠯᠠᠬᠤ | ᠠᠵᠢᠯ ᠤᠨ ᠳᠤᠬᠠᠢ ᠬᠢᠨᠠᠨ ᠪᠠᠶᠢᠴᠠᠭᠠᠯᠳᠠ ᠪᠠᠨ ᠴᠢᠩᠭᠠᠳᠬᠠᠨ᠂ ᠬᠤᠯᠪᠤᠭᠳᠠᠯ ᠪᠦᠬᠦᠢ ᠬᠢᠨᠠᠨ ᠬᠠᠮᠢᠶᠠᠷᠤᠯᠳᠠ ᠶᠢᠨ ᠳᠦᠷᠢᠮ ᠳᠤᠭᠳᠠᠭᠠᠯ ᠢᠶᠠᠨ ᠳᠡᠬᠦᠯᠳᠡᠷᠵᠢᠬᠦᠯᠬᠦ | ᠭᠡᠷᠡᠭᠳᠡᠢ᠃ | ᠳᠠᠪᠢᠨ ᠨᠠᠢᠮᠠᠳᠤᠭᠠᠷ ᠵᠦᠢᠯ ᠭᠤᠶᠤᠴᠢᠯᠠᠬᠤ ᠪᠤᠶᠤ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠶᠢ ᠤᠯᠤᠭᠰᠠᠨ ᠭᠡᠷ ᠪᠦᠯᠢ ᠨᠢ᠂ ᠳᠤᠭᠳᠠᠭᠠᠯ | ᠶᠤᠰᠤᠭᠠᠷ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢᠶᠠᠨ ᠦᠨᠡᠨ ᠮᠦᠨ ᠢᠶᠠᠷ ᠮᠡᠳᠡᠬᠦᠯᠬᠦ ᠭᠡᠷᠡᠭᠳᠡᠢ᠃ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ᠂ ᠭᠤᠶᠤᠴᠢᠯᠠᠬᠤ ᠪᠤᠶᠤ ᠨᠢᠭᠡᠨᠳᠡ ᠨᠡᠶᠢᠭᠡᠮ ᠤᠨ | ᠠᠪᠤᠷᠠᠨ ᠳᠤᠰᠠᠯᠠᠯᠳᠠ ᠤᠯᠤᠭᠰᠠᠨ ᠭᠡᠷ ᠪᠦᠯᠢ ᠶᠢᠨ ᠭᠤᠶᠤᠯᠳᠠ ᠨᠠᠶᠢᠳᠠᠯᠠᠭ᠎ᠠ ᠶᠢ ᠦᠨᠳᠦᠰᠦᠯᠡᠨ᠂ ᠡᠷᠦᠭᠡ ᠠᠮᠠ ᠶᠢᠨ ᠳᠠᠩᠰᠠ ᠶᠢᠨ ᠬᠠᠮᠢᠶᠠᠷᠤᠯᠳᠠ᠂ ᠭᠠᠶᠢᠯᠢ ᠶᠢᠨ | ᠶᠠᠪᠤᠳᠠᠯ᠂ ᠨᠡᠶᠢᠭᠡᠮ ᠤᠨ ᠳᠠᠭᠠᠳᠬᠠᠯ᠂ ᠳᠤᠭᠳᠠᠮᠠᠯ ᠬᠦᠷᠦᠩᠭᠡ ᠶᠢᠨ ᠳᠠᠩᠰᠠᠯᠠᠯᠳᠠ᠂ ᠦᠢᠯᠡᠳᠪᠤᠷᠢ ᠬᠤᠳᠠᠯᠳᠤᠭᠠᠨ ᠤ ᠳᠠᠩᠰᠠᠯᠠᠯᠳᠠ᠂ ᠤᠷᠤᠨ ᠰᠠᠭᠤᠴᠠ ᠶᠢᠨ | ᠨᠡᠶᠢᠳᠡ ᠶᠢᠨ ᠬᠤᠷᠠᠮᠳᠤᠭᠤᠯᠤᠯ ᠮᠦᠡᠭᠬᠦ ᠶᠢᠨ ᠬᠠᠮᠢᠶᠠᠷᠤᠯᠳᠠ᠂ ᠳᠡᠷᠭᠡ ᠬᠦᠰᠭᠡᠨ ᠤ ᠬᠠᠮᠢᠶᠠᠷᠤᠯᠳᠠ ᠵᠡᠷᠭᠡ ᠪᠠᠶᠢᠭᠤᠯᠤᠯᠭ᠎ᠠ ᠨᠢᠭᠡᠴᠡ ᠪᠤᠯᠤᠨ ᠪᠠᠩᠬᠢ᠂ ᠳᠠᠭᠠᠳᠬᠠᠯ᠂ | ᠦᠨᠡᠳᠤ ᠳᠡᠮᠳᠡᠭ ᠵᠡᠷᠭᠡ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠪᠠᠷ ᠤᠷᠤᠯᠠᠭᠤᠯᠤᠨ ᠯᠠᠪᠯᠠᠨ ᠪᠠᠶᠢᠴᠠᠭᠠᠯᠭᠠᠵᠤ᠂ ᠭᠡᠷ ᠪᠦᠯᠢ ᠶᠢᠨ ᠬᠢᠨ ᠤ ᠤᠷᠤᠯᠭ᠎ᠠ ᠶᠢᠨ ᠪᠠᠶᠢᠳᠠᠯ | ᠂ ᠡᠳ᠋ ᠬᠦᠷᠦᠩᠭᠡ ᠶᠢᠨ ᠪᠠᠶᠢᠳᠠᠯ ᠢ ᠬᠠᠷᠭᠤᠭᠤᠯᠤᠨ ᠳᠤᠳᠤᠯᠠᠵᠤ ᠪᠤᠯᠤᠨ᠎ᠠ︔ ᠬᠤᠯᠪᠤᠭᠳᠠᠯ ᠪᠦᠬᠦᠢ ᠪᠠᠶᠢᠭᠤᠯᠤᠯᠭ᠎ᠠ ᠨᠢᠭᠡᠴᠡ ᠪᠤᠯᠤᠨ ᠮᠦᠡᠭᠬᠦᠨ ᠬᠦᠢᠯᠭᠡᠭᠡᠨ ᠤ | ᠪᠠᠶᠢᠭᠤᠯᠤᠮᠵᠢ ᠨᠢ ᠬᠠᠮᠵᠢᠬᠤ ᠭᠡᠷᠡᠭᠳᠡᠢ᠃ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠨᠢ᠂ ᠭᠤᠶᠤᠴᠢᠯᠠᠬᠤ ᠪᠠ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠶᠢ ᠤᠯᠤᠭᠰᠠᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ | ᠴᠢᠮᠡᠭᠡ ᠵᠠᠩᠬᠢ ᠶᠢ ᠬᠠᠷᠭᠤᠭᠤᠯᠬᠤ ᠳᠠᠪᠴᠠᠩ ᠢ ᠪᠠᠶᠢᠭᠤᠯᠤᠨ᠂ ᠨᠡᠶᠢᠭᠡᠮ ᠤᠨ ᠠᠪᠤᠷᠠᠨ ᠳᠤᠰᠠᠯᠠᠬᠤ ᠡᠳᠡᠭᠡᠳ ᠢ ᠬᠢᠨᠠᠨ ᠰᠢᠯᠭᠠᠵᠤ ᠨᠤᠳᠠᠯᠠᠨ ᠳᠤᠭᠳᠠᠭᠠᠬᠤ ᠳᠤ | ᠦᠨᠳᠦᠰᠤ ᠪᠠᠷᠢᠮᠳᠠ ᠬᠠᠨᠭ᠍ᠭᠠᠬᠤ ᠭᠡᠷᠡᠭᠳᠡᠢ᠃ | ᠳᠠᠪᠢ ᠶᠢᠰᠦᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠡᠶᠢᠭᠡᠮ ᠤᠨ ᠠᠪᠤᠷᠠᠨ | ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠯᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ | ᠭᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠠᠭᠠᠨ ᠨᠡᠶᠢᠭᠡᠮ ᠤᠨ ᠠᠪᠤᠷᠠᠨ ᠳᠤᠰᠠᠯᠠᠬᠤ | ᠳᠦᠷᠦᠯ ᠵᠦᠢᠯ ᠲᠠᠢ ᠬᠤᠯᠪᠤᠭᠳᠠᠬᠤ ᠮᠠᠲ᠋ᠧᠷᠢᠶᠠᠯ ᠢ ᠡᠷᠢᠵᠤ ᠦᠵᠡᠵᠤ᠂ ᠳᠡᠮᠳᠡᠭᠯᠡᠵᠤ᠂ ᠳᠠᠬᠢᠨ ᠳᠠᠷᠤᠮᠠᠯᠯᠠᠵᠤ ᠪᠤᠯᠬᠤ ᠪᠦᠭᠡᠳ ᠨᠡᠶᠢᠭᠡᠮ ᠤᠨ ᠠᠪᠤᠷᠠᠨ ᠳᠤᠰᠠᠯᠠᠬᠤ | ᠳᠦᠷᠦᠯ ᠵᠦᠢᠯ ᠳᠤ ᠬᠤᠯᠪᠤᠭᠳᠠᠬᠤ ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠠᠴᠠ ᠠᠰᠠᠭᠤᠵᠤ ᠰᠤᠷᠠᠨ᠂ ᠳᠡᠳᠡᠨ ᠢᠶᠠᠷ ᠬᠤᠯᠪᠤᠭᠳᠠᠯ ᠪᠦᠬᠦᠢ ᠪᠠᠶᠢᠳᠠᠯ ᠳᠤ | ᠳᠤᠳᠤᠷᠬᠠᠢᠢᠯᠠᠯᠳᠠ ᠬᠢᠯᠭᠡᠵᠤ᠂ ᠬᠤᠯᠪᠤᠭᠳᠠᠯ ᠪᠦᠬᠦᠢ ᠭᠡᠷᠡᠴᠢ ᠮᠠᠲ᠋ᠧᠷᠢᠶᠠᠯ ᠬᠠᠨᠭ᠍ᠭᠠᠬᠤ ᠶᠢ ᠱᠠᠭᠠᠷᠳᠠᠵᠤ ᠪᠤᠯᠤᠨ᠎ᠠ᠃ ᠬᠤᠯᠪᠤᠭᠳᠠᠯ ᠪᠦᠬᠦᠢ ᠪᠠᠶᠢᠭᠤᠯᠤᠯᠭ᠎ᠠ ᠨᠢᠭᠡᠴᠡ᠂ | ᠬᠤᠪᠢ ᠬᠦᠮᠦᠨ ᠨᠢ ᠪᠠᠶᠢᠳᠠᠯ ᠢ ᠦᠨᠡᠨ ᠮᠦᠨ ᠢᠶᠠᠷ ᠨᠢ ᠳᠤᠰᠬᠠᠵᠤ ᠦᠭᠬᠦ ᠭᠡᠷᠡᠭᠳᠡᠢ᠃ | ᠵᠢᠷᠠᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠳᠤᠰ ᠠᠷᠭ᠎ᠠ ᠶᠢᠨ ᠳᠤᠭᠳᠠᠭᠠᠯ ᠶᠤᠰᠤᠭᠠᠷ ᠳᠤᠷᠠᠳᠬᠤ | ᠭᠡᠷᠡᠭᠳᠡᠢ︔ ᠭᠤᠶᠤᠴᠢᠯᠠᠬᠰᠠᠳ ᠨᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠢ ᠳᠤᠳᠤᠷᠬᠠᠢ ᠰᠤᠩᠭᠤᠵᠤ ᠴᠢᠳᠠᠬᠤ | ᠦᠭᠡᠢ ᠪᠤᠯ ᠤᠷᠢᠳᠠᠪᠠᠷ ᠨᠡᠶᠢᠭᠡᠮ ᠤᠨ ᠠᠪᠤᠷᠠᠨ ᠳᠤᠰᠠᠯᠠᠯᠳᠠ ᠶᠢ ᠭᠠᠷᠳᠠᠨ ᠬᠦᠢᠴᠡᠳᠭᠡᠬᠦ ᠪᠠᠶᠢᠭᠤᠯᠤᠮᠵᠢ ᠪᠤᠶᠤ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠠᠴᠠ ᠳᠤᠰᠠᠯᠠᠮᠵᠢ ᠭᠤᠶᠤᠵᠤ ᠪᠤᠯᠤᠨ᠎ᠠ᠃ ᠨᠡᠶᠢᠭᠡᠮ ᠤᠨ ᠠᠪᠤᠷᠠᠨ ᠳᠤᠰᠠᠯᠠᠯᠳᠠ ᠶᠢ ᠭᠠᠷᠳᠠᠨ | ᠬᠦᠢᠴᠡᠳᠭᠡᠬᠦ ᠪᠠᠶᠢᠭᠤᠯᠤᠮᠵᠢ ᠪᠤᠶᠤ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠ ᠤᠨ ᠰᠠᠯᠠᠭ᠎ᠠ ᠮᠦᠴᠢᠷ ᠨᠢ | ᠭᠤᠶᠤᠴᠢᠯᠠᠯᠳᠠ ᠶᠢ ᠳᠤᠰᠤᠭᠰᠠᠨ ᠤ ᠳᠠᠷᠠᠭ᠎ᠠ ᠴᠠᠭ ᠳᠤᠬᠠᠢ ᠳᠤ ᠨᠢ ᠬᠦᠢᠴᠡᠳᠭᠡᠵᠤ ᠦᠭᠬᠦ ᠪᠤᠶᠤ ᠪᠤᠰᠤᠳ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ | ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠳᠠᠮᠵᠢᠭᠤᠯᠤᠨ ᠳᠤᠰᠢᠶᠠᠵᠤ᠂ ᠬᠦᠢᠴᠡᠳᠭᠡᠯᠭᠡᠵᠤ ᠪᠤᠯᠤᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠠᠪᠤᠷᠠᠨ ᠳᠤᠰᠠᠯᠠᠯᠳᠠ ᠶᠢᠨ ᠭᠤᠶᠤᠯᠳᠠ ᠶᠢ ᠨᠢᠭᠡᠳᠤᠯᠳᠡᠢ ᠬᠦᠯᠢᠶᠡᠨ ᠠᠪᠬᠤ | ᠴᠤᠩᠬᠤᠪᠴᠢ ᠭᠠᠷᠭᠠᠨ᠂ ᠴᠠᠭ ᠳᠠᠷᠤᠢ ᠳᠤ ᠨᠢ ᠬᠦᠯᠢᠶᠡᠨ ᠠᠪᠴᠤ᠂ ᠭᠤᠶᠤᠴᠢᠯᠠᠭᠰᠠᠨ ᠤᠴᠢᠷ ᠶᠠᠪᠤᠳᠠᠯ ᠢ ᠳᠠᠮᠵᠢᠭᠤᠯᠤᠨ ᠦᠭᠴᠤ ᠬᠦᠢᠴᠡᠳᠭᠡᠬᠦᠯᠬᠦ ᠭᠡᠷᠡᠭᠳᠡᠢ᠃ | ᠵᠢᠷᠠᠨ ᠨᠢᠭᠡᠳᠤᠭᠡᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠵᠤ ᠪᠠᠶᠢᠭ᠎ᠠ ᠠᠵᠢᠯᠳᠠᠳ ᠨᠡᠶᠢᠭᠡᠮ ᠤᠨ | ᠠᠪᠤᠷᠠᠨ ᠳᠤᠰᠠᠯᠠᠬᠤ ᠠᠵᠢᠯ ᠤᠨ ᠳᠤᠮᠳᠠ ᠪᠠᠨ ᠤᠯᠵᠤ ᠮᠡᠳᠡᠭᠰᠡᠨ ᠡᠷᠭᠡᠳᠤ ᠠᠷᠠᠳ ᠤᠨ ᠬᠤᠪᠢ ᠬᠦᠮᠦᠨ ᠤ ᠴᠢᠮᠡᠭᠡ ᠵᠠᠩᠬᠢ ᠶᠢᠨ ᠳᠤᠭᠳᠠᠭᠠᠯ ᠶᠤᠰᠤᠭᠠᠷ ᠵᠠᠷᠯᠠᠨ | ᠨᠡᠶᠢᠳᠡᠯᠡᠬᠦ ᠴᠢᠮᠡᠭᠡ ᠵᠠᠩᠬᠢ ᠭᠠᠷᠭᠠᠪᠠᠯ ᠪᠤᠰᠤᠳ ᠤᠨ ᠬᠢᠨᠢ ᠨᠢᠭᠤᠴᠠ ᠶᠢ ᠬᠠᠮᠠᠭᠠᠯᠠᠬᠤ ᠭᠡᠷᠡᠭᠳᠡᠢ᠃ | ᠵᠢᠷᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠨᠡᠶᠢᠭᠡᠮ ᠤᠨ ᠠᠪᠤᠷᠠᠨ | ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠰᠤᠨᠢᠨ ᠰᠡᠳᠬᠦᠯ᠂ ᠷᠠᠳᠢᠤ᠋᠂ ᠲᠧᠯᠸᠢᠰ᠂ ᠢᠨᠲ᠋ᠧᠷ ᠰᠦᠯᠵᠢᠶ᠎ᠠ ᠵᠡᠷᠭᠡ ᠵᠠᠭᠤᠴᠢᠯᠠᠭᠤᠷ ᠢᠶᠠᠷ | ᠳᠠᠮᠵᠢᠭᠤᠯᠤᠨ᠂ ᠨᠡᠶᠢᠭᠡᠮ ᠤᠨ ᠠᠪᠤᠷᠠᠨ ᠳᠤᠰᠠᠯᠠᠬᠤ ᠬᠠᠤᠯᠢ ᠴᠠᠭᠠᠵᠠ ᠳᠦᠷᠢᠮ ᠳᠤᠭᠳᠠᠭᠠᠯ ᠪᠤᠯᠤᠨ ᠳᠦᠷᠦ ᠶᠢᠨ ᠪᠤᠳᠤᠯᠭ᠎ᠠ ᠶᠢ ᠤᠬᠠᠭᠤᠯᠬᠤ ᠭᠡᠷᠡᠭᠳᠡᠢ᠃ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠬᠢᠭᠡᠳ ᠨᠡᠶᠢᠭᠡᠮ ᠤᠨ ᠠᠪᠤᠷᠠᠨ ᠳᠤᠰᠠᠯᠠᠬᠤ ᠰᠠᠯᠠᠭ᠎ᠠ ᠮᠦᠴᠢᠷ ᠨᠢ ᠨᠡᠶᠢᠳᠡ ᠶᠢᠨ ᠡᠷᠢᠵᠤ ᠦᠵᠡᠬᠦ | ᠦᠷᠦᠭᠡ᠂ ᠮᠠᠲ᠋ᠧᠷᠢᠶᠠᠯ ᠡᠷᠢᠵᠤ ᠠᠪᠬᠤ ᠴᠢᠭ᠋᠂ ᠴᠢᠮᠡᠭᠡ ᠵᠠᠩᠬᠢ ᠵᠠᠷᠯᠠᠨ ᠨᠡᠶᠢᠳᠡᠯᠡᠬᠦ ᠪᠤᠯᠤᠩ ᠵᠡᠷᠭᠡ ᠤᠯᠠᠨ ᠳᠠᠶᠠᠭᠠᠷ ᠤᠨ ᠤᠯᠵᠤ ᠮᠡᠳᠡᠬᠦ ᠳᠤ ᠳᠦᠬᠦᠮ ᠳᠦᠳᠡ | ᠪᠤᠯᠭᠠᠬᠤ ᠠᠷᠭ᠎ᠠ ᠪᠠᠷᠢᠯ ᠢᠶᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠤᠨ ᠬᠠᠮᠢᠶᠠᠷᠤᠯᠳᠠ ᠪᠤᠯᠤᠨ ᠵᠠᠷᠤᠵᠤ | ᠭᠡᠷᠡᠭᠯᠡᠭᠰᠡᠨ ᠪᠠᠶᠢᠳᠠᠯ ᠢ ᠴᠠᠭ ᠳᠤᠬᠠᠢ ᠳᠤ ᠢᠯᠠ ᠪᠤᠯᠭᠠᠵᠤ᠂ ᠨᠡᠶᠢᠭᠡᠮ ᠤᠨ ᠬᠢᠨᠠᠯᠳᠠ ᠶᠢ ᠬᠦᠯᠢᠶᠡᠬᠦ ᠭᠡᠷᠡᠭᠳᠡᠢ᠃ | ᠵᠢᠷᠠᠨ ᠭᠤᠷᠪᠠᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠵᠤ ᠪᠠᠶᠢᠭ᠎ᠠ ᠠᠵᠢᠯᠳᠠᠳ ᠡᠷᠭᠡ | ᠳᠤᠰᠢᠶᠠᠯ ᠢᠶᠠᠨ ᠭᠡᠷᠡᠭᠵᠢᠬᠦᠯᠬᠦ ᠳᠡᠭᠡᠨ ᠨᠡᠶᠢᠭᠡᠮ ᠤᠨ ᠬᠢᠨᠠᠯᠳᠠ ᠶᠢ ᠬᠦᠯᠢᠶᠡᠬᠦ ᠭᠡᠷᠡᠭᠳᠡᠢ᠃ ᠶᠠᠮᠠᠷᠪᠠ ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠨᠢ ᠨᠡᠶᠢᠭᠡᠮ ᠤᠨ | ᠠᠪᠤᠷᠠᠨ ᠳᠤᠰᠠᠯᠬᠤ ᠡᠬᠦᠷᠭᠡ ᠬᠠᠷᠢᠭᠤᠴᠠᠯᠭ᠎ᠠ ᠬᠦᠢᠴᠡᠳᠭᠡᠭᠴᠢ ᠠᠵᠢᠯᠳᠠᠳ ᠤᠨ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠳᠤᠮᠳᠠᠬᠢ ᠬᠠᠤᠯᠢ ᠳᠦᠷᠢᠮ ᠠᠴᠠ | ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠵᠤ᠂ ᠵᠠᠭᠠᠯᠳᠤᠬᠤ ᠡᠷᠭᠡ ᠲᠠᠢ᠃ ᠢᠯᠡᠴᠢᠯᠡᠨ ᠮᠡᠳᠡᠬᠦᠯᠦᠯᠳᠠ᠂ ᠵᠠᠭᠠᠯᠳᠤᠯᠭ᠎ᠠ ᠶᠢ ᠬᠦᠯᠢᠶᠠᠨ ᠠᠪᠤᠭᠰᠠᠨ | ᠪᠠᠶᠢᠭᠤᠯᠤᠯᠭ᠎ᠠ ᠨᠢ ᠴᠠᠭ ᠳᠤᠬᠠᠢ ᠳᠤ ᠨᠢ ᠪᠠᠶᠢᠴᠠᠭᠠᠨ ᠳᠤᠳᠤᠯᠠᠵᠤ ᠰᠢᠢᠳᠪᠤᠷᠢᠯᠡᠬᠦ ᠭᠡᠷᠡᠭᠳᠡᠢ᠃ | ᠵᠢᠷᠡᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ | ᠰᠠᠯᠠᠭ᠎ᠠ ᠮᠦᠴᠢᠷ᠂ ᠬᠢᠨᠠᠨ ᠪᠤᠳᠤᠬᠤ ᠪᠠᠶᠢᠭᠤᠯᠤᠯᠭ᠎ᠠ ᠨᠢ ᠬᠠᠤᠯᠢ ᠶᠤᠰᠤᠭᠠᠷ ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠤᠨ ᠴᠤᠭᠯᠠᠭᠤᠯᠭ᠎ᠠ | ᠂ ᠬᠤᠪᠢᠶᠠᠷᠢᠯᠠᠯᠳᠠ᠂ ᠬᠠᠮᠢᠶᠠᠷᠤᠯᠳᠠ ᠬᠢᠨᠭᠡᠳ ᠭᠡᠷᠡᠭᠯᠡᠯᠳᠡ ᠳᠤ ᠨᠢ ᠬᠢᠨᠠᠯᠳᠠ ᠳᠠᠯᠪᠢᠬᠤ ᠭᠡᠷᠡᠭᠳᠡᠢ᠃ | ᠵᠢᠷᠡᠨ ᠳᠠᠪᠤᠳᠤᠭᠠᠷ ᠵᠦᠢᠯ ᠭᠤᠶᠤᠴᠢᠯᠠᠬᠤ ᠪᠤᠶᠤ ᠨᠢᠭᠡᠨᠳᠡ ᠨᠠᠶᠢᠭᠡᠮ ᠤᠨ ᠠᠪᠤᠷᠠᠨ ᠳᠤᠰᠠᠯᠠᠯᠳᠠ ᠶᠢ ᠤᠯᠤᠭᠰᠠᠨ ᠭᠡᠷ ᠪᠦᠯᠢ ᠪᠠ ᠬᠤᠪᠢ ᠬᠦᠮᠦᠨ | ᠨᠢ ᠨᠡᠶᠢᠭᠡᠮ ᠤᠨ ᠠᠪᠤᠷᠠᠨ ᠳᠤᠰᠠᠯᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠪᠤᠳᠠᠳᠠᠢ ᠵᠠᠰᠠᠭ ᠵᠠᠬᠢᠷᠭᠠᠨ ᠤ ᠠᠵᠢᠯᠯᠠᠭ᠎ᠠ ᠶᠢ ᠵᠦᠪᠰᠢᠶᠡᠷᠡᠬᠦ ᠦᠭᠡᠢ | ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠵᠤ ᠪᠤᠯᠤᠨ᠎ᠠ᠃ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ ᠵᠢᠷᠡᠨ ᠵᠢᠷᠭᠤᠳᠤᠭᠠᠷ ᠵᠦᠢᠯ ᠳᠤᠰ ᠠᠷᠭ᠎ᠠ ᠶᠢᠨ ᠳᠤᠭᠳᠠᠭᠠᠯ ᠢ ᠵᠦᠷᠢᠴᠡᠭᠰᠡᠨ᠂ | ᠳᠤᠳᠤᠷᠠᠬᠢ ᠮᠠᠳᠤ ᠪᠠᠶᠢᠳᠠᠯ ᠤᠨ ᠨᠢᠭᠡ ᠨᠢ ᠤᠷᠤᠰᠢᠵᠤ ᠪᠠᠶᠢᠪᠠᠯ᠂ ᠳᠡᠭᠡᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠪᠤᠶᠤ ᠬᠢᠨᠠᠨ ᠪᠠᠶᠢᠴᠠᠭᠠᠬᠤ | ᠪᠠᠶᠢᠭᠤᠯᠤᠯᠭ᠎ᠠ ᠠᠴᠠ ᠠᠯᠪᠠᠳᠠᠨ ᠵᠠᠷᠯᠢᠳᠠᠵᠤ ᠵᠠᠰᠠᠨ ᠵᠠᠯᠠᠷᠠᠭᠤᠯᠤᠨ᠎ᠠ︔ ᠰᠢᠭᠤᠳ ᠬᠠᠷᠢᠭᠤᠴᠠᠯᠭ᠎ᠠ ᠪᠦᠬᠦᠢ ᠭᠤᠤᠯᠯᠠᠨ ᠬᠠᠮᠢᠶᠠᠷᠬᠤ ᠠᠵᠢᠯᠳᠠᠨ ᠪᠤᠯᠤᠨ ᠪᠤᠰᠤᠳ | ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠰᠢᠳᠭᠡᠯ ᠤᠯᠭᠤᠨ᠎ᠠ᠃ | ︵ᠨᠢᠭᠡ︶ ᠠᠪᠤᠷᠠᠨ ᠳᠤᠰᠠᠯᠠᠬᠤ ᠶᠢ ᠭᠤᠶᠤᠴᠢᠯᠠᠬᠤ ᠨᠦᠬᠦᠴᠡᠯ ᠳᠤ ᠬᠦᠷᠦᠭᠰᠡᠳ ᠤᠨ ᠭᠤᠶᠤᠯᠳᠠ ᠶᠢ ᠨᠢ ᠬᠦᠯᠢᠶᠠᠨ ᠠᠪᠬᠤ ᠦᠭᠡᠢ︔ | ︵ᠬᠤᠶᠠᠷ︶ ᠠᠪᠤᠷᠠᠨ ᠳᠤᠰᠠᠯᠠᠬᠤ ᠨᠦᠬᠦᠴᠡᠯ ᠳᠤ ᠬᠦᠷᠦᠭᠰᠡᠳ ᠤᠨ ᠠᠪᠤᠷᠠᠨ ᠳᠤᠰᠠᠯᠠᠭᠤᠯᠬᠤ ᠭᠤᠶᠤᠯᠳᠠ ᠶᠢ ᠵᠦᠪᠰᠢᠶᠡᠷᠡᠬᠦ ᠦᠭᠡᠢ︔ | ︵ᠭᠤᠷᠪᠠ︶ ᠠᠪᠤᠷᠠᠨ ᠳᠤᠰᠠᠯᠠᠬᠤ ᠨᠦᠬᠦᠴᠡᠯ ᠳᠤ ᠨᠡᠶᠢᠴᠡᠬᠦ ᠦᠭᠡᠢ ᠬᠦᠮᠦᠰ ᠤᠨ ᠠᠪᠤᠷᠠᠨ ᠳᠤᠰᠠᠯᠠᠬᠤ ᠭᠤᠶᠤᠯᠳᠠ ᠶᠢ ᠵᠦᠪᠰᠢᠶᠡᠷᠡᠭᠰᠡᠨ︔ | ︵ᠳᠦᠷᠪᠡ︶ ᠠᠵᠢᠯ ᠤᠨ ᠳᠤᠮᠳᠠ ᠪᠠᠨ ᠤᠯᠵᠤ ᠮᠡᠳᠡᠭᠰᠡᠨ ᠡᠷᠭᠡᠳᠤ ᠠᠷᠠᠳ ᠤᠨ ᠴᠢᠮᠡᠭᠡ ᠵᠠᠩᠬᠢ ᠶᠢ ᠵᠠᠳᠠᠷᠠᠭᠤᠯᠵᠤ᠂ ᠮᠠᠭᠤ ᠨᠦᠯᠦᠭᠡ | ᠦᠵᠡᠬᠦᠯᠦᠭᠰᠡᠨ︔ ︵ᠳᠠᠪᠤ︶ ᠨᠡᠶᠢᠭᠡᠮ ᠠᠴᠠ ᠳᠤᠰᠠᠯᠠᠭᠰᠠᠨ ᠵᠤᠭᠤᠰ ᠮᠦᠡᠭᠬᠦ᠂ ᠡᠳ᠋ ᠪᠤᠳᠠᠰ᠂ ᠦᠢᠯᠡᠴᠢᠯᠡᠭᠡᠨ ᠤ ᠳᠡᠮᠳᠡᠭᠯᠡᠯ ᠵᠡᠷᠭᠡ ᠳᠤᠭ᠎ᠠ ᠪᠠᠷᠢᠮᠳᠠ ᠶᠢ ᠭᠡᠭᠡᠭᠰᠡᠨ | ᠪᠤᠶᠤ ᠬᠠᠯᠠᠵᠤ ᠦᠭᠡᠷᠡᠴᠢᠯᠡᠭᠰᠡᠨ︔ | ︵ᠵᠢᠷᠭᠤᠭ᠎ᠠ︶ ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠢ ᠳᠤᠭᠳᠠᠭᠠᠯ ᠶᠤᠰᠤᠭᠠᠷ ᠳᠦᠪᠡᠭᠡᠵᠤ ᠦᠭᠬᠦᠭᠰᠡᠨ ᠦᠭᠡᠢ | ᠪᠤᠶᠤ ᠬᠤᠯᠪᠤᠭᠳᠠᠯ ᠪᠦᠬᠦᠢ ᠦᠢᠯᠡᠴᠢᠯᠡᠭᠡ ᠬᠠᠨᠭ᠍ᠭᠠᠭᠰᠠᠨ ᠦᠭᠡᠢ︔ | ︵ᠳᠤᠯᠤᠭ᠎ᠠ︶ ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠪᠤᠰᠤᠳ ᠳᠠᠯ᠎ᠠ ᠪᠠᠷ ᠡᠷᠭᠡ | ᠳᠤᠰᠢᠶᠡᠯ ᠶᠢᠨ ᠠᠰᠢᠭᠯᠠᠭᠰᠠᠨ᠂ ᠡᠬᠦᠷᠭᠡ ᠳᠤᠰᠢᠶᠠᠯ ᠳᠠᠭᠠᠨ ᠤᠰᠤᠯᠳᠤᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠰᠡᠨ ᠵᠡᠷᠭᠡ ᠠᠵᠢᠯᠠᠯᠭ᠎ᠠ᠃ | ᠵᠢᠷᠡᠨ ᠳᠤᠯᠤᠳᠤᠭᠠᠷ ᠵᠦᠢᠯ ᠳᠤᠰ ᠠᠷᠭ᠎ᠠ ᠶᠢᠨ ᠳᠤᠭᠳᠠᠭᠠᠯ ᠢ ᠵᠦᠷᠢᠴᠡᠨ᠂ ᠨᠡᠶᠢᠭᠡᠮ ᠤᠨ ᠠᠪᠤᠷᠠᠨ ᠳᠤᠰᠠᠠᠯᠬᠤ ᠵᠤᠭᠤᠰ ᠮᠦᠡᠭᠬᠦ᠂ ᠡᠳ᠋ | ᠪᠤᠳᠠᠰ ᠢ ᠳᠠᠰᠤᠯᠠᠨ ᠦᠯᠡᠳᠡᠭᠡᠬᠦ᠂ ᠰᠢᠬᠠᠨ ᠡᠵᠡᠯᠡᠬᠦ᠂ ᠨᠡᠬᠦᠯᠭᠡᠨ ᠭᠡᠷᠡᠭᠯᠡᠬᠦ᠂ ᠬᠤᠪᠢ ᠬᠦᠮᠦᠨ ᠬᠤᠪᠢᠶᠠᠨ ᠠᠪᠤᠭᠰᠠᠨ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ | ᠠᠴᠠ ᠠᠯᠪᠠᠳᠠ ᠵᠠᠷᠯᠢᠭᠳᠠᠵᠤ ᠡᠭᠡᠬᠦᠯᠦᠨ ᠪᠤᠴᠠᠭᠠᠯᠭᠠᠬᠤ ᠭᠡᠷᠡᠭᠳᠡᠢ︔ ᠬᠠᠤᠯᠢ ᠪᠤᠰᠤ ᠪᠠᠷ ᠤᠯᠤᠭᠰᠠ ᠠᠰᠢᠭ ᠢ ᠨᠢ ᠬᠠᠤᠯᠢ ᠶᠤᠰᠤᠭᠠᠷ ᠬᠤᠷᠢᠶᠠᠨ ᠠᠪᠬᠤ ᠭᠡᠷᠡᠭᠳᠡᠢ︔ | ᠰᠢᠭᠤᠳ ᠬᠠᠷᠢᠭᠤᠴᠠᠯᠭ᠎ᠠ ᠪᠦᠬᠦᠢ ᠭᠤᠤᠯᠠᠯᠨ ᠬᠠᠮᠢᠶᠠᠷᠬᠤ ᠠᠵᠢᠯᠳᠠᠨ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠠᠵᠢᠯᠳᠠᠨ ᠳᠤ ᠬᠠᠤᠯᠢ ᠶᠤᠰᠤᠭᠠᠷ | ᠰᠢᠳᠭᠡᠯ ᠦᠭᠬᠦ ᠭᠡᠷᠡᠭᠳᠡᠢ᠃ | ᠵᠢᠷᠡᠨ ᠨᠠᠢᠮᠠᠳᠤᠭᠠᠷ ᠵᠦᠢᠯ ᠬᠤᠳᠠᠯ ᠭᠡᠯᠡᠬᠦ᠂ ᠨᠢᠭᠤᠨ ᠳᠠᠯᠳᠠᠯᠠᠬᠤ᠂ ᠬᠠᠭᠤᠷᠮᠠᠭ ᠢᠶᠠᠷ ᠵᠤᠬᠢᠶᠠᠬᠤ ᠵᠡᠷᠭᠡ ᠠᠷᠭ᠎ᠠ ᠪᠠᠷ ᠨᠡᠶᠢᠭᠡᠮ ᠤᠨ ᠠᠪᠤᠷᠠᠨ | ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠢ ᠮᠡᠭᠡᠯᠡᠨ ᠠᠪᠤᠭᠰᠠᠨ ᠪᠤᠶᠤ ᠦᠢᠯᠡᠴᠢᠯᠡᠭᠡ ᠬᠢᠯᠭᠡᠭᠰᠡᠨ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠨᠡᠶᠢᠭᠡᠮ ᠤᠨ ᠠᠪᠤᠷᠠᠨ ᠳᠤᠰᠠᠯᠠᠯᠳᠠ ᠬᠢᠬᠦ ᠶᠢ ᠨᠢ ᠵᠤᠭᠰᠤᠭᠠᠵᠤ᠂ ᠬᠠᠤᠯᠢ ᠪᠤᠰᠤ ᠪᠠᠷ ᠤᠯᠤᠭᠰᠠᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠢ | ᠠᠯᠪᠠᠳᠠᠨ ᠪᠤᠴᠠᠭᠠᠯᠭᠠᠬᠤ ᠮᠦᠷᠳᠡᠭᠡᠨ ᠬᠠᠤᠯᠢ ᠪᠤᠰᠤ ᠪᠠᠷ ᠤᠯᠤᠭᠰᠠᠨ ᠠᠪᠤᠷᠠᠨ ᠳᠤᠰᠠᠠᠯᠬᠤ ᠵᠤᠭᠤᠰ ᠮᠦᠡᠭᠬᠦ ᠪᠤᠶᠤ ᠡᠳ᠋ ᠪᠤᠳᠠᠰ ᠤᠨ ᠦᠷᠳᠡᠭ ᠤᠨ 1 ᠳᠠᠬᠢᠨ | ᠠᠴᠠ ᠳᠡᠭᠡᠭᠰᠢ 3 ᠳᠠᠬᠢᠨ ᠠᠴᠠ ᠳᠤᠷᠤᠭᠰᠢ ᠵᠤᠭᠤᠰ ᠢᠶᠠᠷ ᠳᠤᠷᠭᠠᠵᠤ ᠪᠤᠯᠤᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠳᠤᠭᠳᠠᠭᠠᠯ ᠶᠢ ᠵᠦᠷᠢᠴᠡᠭᠰᠡᠨ | ᠠᠵᠢᠯᠯᠠᠭ᠎ᠠ ᠳᠤ ᠳᠤᠭᠠᠴᠠᠭᠳᠠᠬᠤ ᠳᠤ ᠬᠦᠷᠪᠡᠯ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠳᠤᠭᠳᠠᠭᠠᠯ ᠢᠶᠠᠷ ᠳᠤᠷᠭᠠᠨ ᠰᠢᠳᠭᠡᠵᠤ ᠪᠤᠯᠤᠨ᠎ᠠ᠃ | ᠵᠢᠷᠠ ᠶᠢᠰᠤᠳᠤᠭᠡᠷ ᠵᠦᠢᠯ ᠳᠤᠰ ᠠᠷᠭ᠎ᠠ ᠶᠢᠨ ᠳᠤᠭᠳᠠᠭᠠᠯ ᠢ ᠵᠦᠷᠢᠴᠡᠨ᠂ ᠶᠠᠯ᠎ᠠ ᠬᠢᠭᠰᠡᠳ ᠠᠴᠠ ᠬᠠᠤᠯᠢ ᠶᠤᠰᠤᠭᠠᠷ ᠡᠷᠡᠬᠦᠤ ᠶᠢᠨ | ᠬᠠᠷᠢᠭᠤᠴᠠᠯᠭ᠎ᠠ ᠨᠡᠭᠡᠮᠵᠢᠯᠡᠨ᠎ᠠ᠃ | ᠳᠠᠯᠠᠳᠤᠭᠠᠷ ᠵᠦᠢᠯ ᠳᠤᠰ ᠠᠷᠭ᠎ᠠ ᠶᠢ 2014 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠨ ᠭᠡᠷᠡᠭᠵᠢᠬᠦᠯᠦᠨ᠎ᠠ᠃ | | |