110 ᠲᠦᠭᠰᠢᠭᠦᠷᠢ ᠮᠡᠳᠡᠭᠦᠯᠬᠦ
ᠨᠡᠶᠢᠲᠡᠯᠡᠭᠰᠡᠨ ᠴᠠᠭ᠄
2015/8/12
                               110 ᠲᠦᠭᠰᠢᠭᠦᠷᠢ ᠮᠡᠳᠡᠭᠦᠯᠬᠦ ᠲᠠᠪᠴᠠᠩ ︵ᠤᠤᠯ ᠤᠨ 110᠂ 119᠂ 112 ᠭᠤᠷᠪᠠᠨ ᠲᠠᠪᠴᠠᠩ ᠢ ᠨᠢᠭᠡᠳᠬᠡᠵᠦ 110 ᠪᠣᠯᠭᠠᠪᠠ︶ ᠣᠯᠠᠨ ᠲᠦᠮᠡᠨ ᠤ ᠲᠦᠭᠰᠢᠭᠦᠷᠢ ᠮᠡᠳᠡᠭᠦᠯᠦᠨ ᠲᠤᠰᠠᠯᠠᠮᠵᠢ ᠭᠤᠶᠤᠴᠢᠯᠠᠬᠤ ᠪᠠ ᠵᠠᠮ ᠬᠠᠷᠢᠯᠴᠠᠭ᠎ᠠ᠂ ᠭᠠᠯ ᠤᠨ ᠠᠶᠤᠯ ᠤᠨ ᠠᠳᠡᠯ ᠤᠨ ᠲᠦᠭᠰᠢᠭᠦᠷᠢ ᠮᠡᠳᠡᠭᠦᠯᠥᠭᠰᠡᠨ ᠢ ᠨᠢᠭᠡᠳᠦᠯᠲᠡᠢ ᠬᠦᠯᠢᠶᠡᠨ ᠠᠪᠴᠤ ᠰᠢᠢᠳᠪᠦᠷᠢᠯᠡᠨ᠎ᠡ᠃ 110 ᠲᠦᠭᠰᠢᠭᠦᠷᠢ ᠮᠡᠳᠡᠭᠦᠯᠬᠦ ᠲᠠᠪᠴᠠᠩ ᠤᠨ ᠤᠯᠠᠨ ᠲᠦᠮᠡᠨ ᠤ ᠲᠦᠭᠰᠢᠭᠦᠷᠢ ᠮᠡᠳᠡᠭᠦᠯᠥᠭᠰᠡᠨ ᠢ ᠬᠦᠯᠢᠶᠠᠨ ᠠᠪᠴᠤ ᠰᠢᠢᠳᠪᠦᠷᠢᠯᠡᠬᠦ ᠬᠡᠪᠴᠢᠶ᠎ᠡ᠄ ︵1︶ ᠡᠷᠡᠭᠦᠦ ᠶᠢᠨ ᠬᠡᠷᠡᠭ ︔ ︵2︶ ᠠᠮᠤᠷ ᠢ ᠬᠠᠮᠠᠭᠠᠯᠠᠬᠤ ᠬᠡᠷᠡᠭ ︵ᠤᠴᠢᠷ︶ ︔ ︵3︶ ᠬᠦᠮᠦᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠳᠢᠭᠯᠢᠮ ᠳᠤ ᠲᠦᠭᠰᠢᠭᠦᠷᠢᠲᠠᠢ ᠪᠦᠯᠦᠭᠯᠡᠯ ᠴᠢᠨᠠᠷᠲᠠᠢ ᠬᠡᠷᠡᠭ ︔ ︵4︶ ᠪᠠᠶᠢᠭᠠᠯᠢ ᠶᠢᠨ ᠭᠠᠮᠰᠢᠭ᠂ ᠠᠮᠤᠷ ᠢ ᠬᠠᠮᠠᠭᠠᠯᠠᠬᠤ ᠭᠠᠮᠰᠢᠭ ᠤᠨ ᠠᠳᠡᠯ ︔ ︵5︶ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠰᠢᠢᠳᠪᠦᠷᠢᠯᠡᠬᠦ ᠴᠢᠬᠤᠯᠠ ᠲᠠᠢ ᠬᠠᠤᠯᠢ ᠠᠴᠠ ᠵᠥᠷᠢᠴᠡᠨ ᠶᠠᠯ᠎ᠠ ᠬᠢᠭᠰᠡᠨ ᠯᠦᠭᠡ ᠬᠠᠮᠢᠶ᠎ᠠ ᠲᠠᠢ ᠪᠤᠰᠤᠳ ᠲᠦᠭᠰᠢᠭᠦᠷᠢ ᠮᠡᠳᠡᠭᠦᠯᠬᠦ᠃ ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ 110 ᠪᠣᠯ ᠳ᠋ᠢᠶᠠᠩᠬᠤᠸᠠ ᠶᠢᠨ ᠵᠠᠷᠤᠳᠠᠯ ᠬᠤᠷᠢᠶᠠᠬᠤ ᠦᠭᠡᠢ ᠪᠦᠭᠡᠳ ᠲᠣᠭᠲᠠᠮᠠᠯ ᠳ᠋ᠢᠶᠠᠩᠬᠤᠸᠠ᠂ ᠰᠢᠯᠵᠢᠮᠡᠯ ᠳ᠋ᠢᠶᠠᠩᠬᠤᠸᠠ ᠪᠠᠷ ᠰᠢᠭᠤᠳ ᠤᠲᠠᠰᠤᠳᠠᠵᠦ ᠪᠣᠯᠣᠨ᠎ᠠ ︔ ᠣᠨᠳᠤᠤ ᠭᠠᠵᠠᠷ ᠠᠴᠠ ᠬᠡᠷᠡᠭ ᠡᠭᠦᠰᠦᠭᠰᠡᠨ ᠭᠠᠵᠠᠷ ᠤᠨ 110 ᠶᠢ ᠤᠲᠠᠰᠤᠳᠠᠪᠠᠯ᠂ ᠬᠡᠷᠡᠭ ᠡᠭᠦᠰᠦᠭᠰᠡᠨ ᠭᠠᠵᠠᠷ ᠣᠷᠣᠨ ᠤ ᠨᠣᠮᠧᠷ ᠢ ᠤᠷᠢᠳᠠᠪᠡᠷ ᠳ᠋ᠤᠭᠠᠷᠳᠠᠵᠦ᠂ ᠳᠠᠷᠠᠭ᠎ᠠ ᠨᠢ 110 ᠶᠢ ᠤᠲᠠᠰᠤᠳᠠᠨ᠎ᠠ᠃ ᠲᠦᠭᠰᠢᠭᠦᠷᠢ ᠮᠡᠳᠡᠭᠦᠯᠬᠦ ᠳᠡᠭᠡᠨ ᠬᠡᠷᠡᠭ ᠭᠠᠷᠤᠭᠰᠠᠨ ᠴᠠᠭ ᠬᠤᠭᠤᠴᠠᠭ᠎ᠠ᠂ ᠣᠷᠣᠨ ᠪᠠᠶᠢᠷᠢ᠂ ᠦᠪᠡᠷ ᠤᠨ ᠣᠪᠣᠭ ᠨᠡᠷ᠎ᠡ ᠬᠢᠭᠡᠳ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠨ ᠲᠣᠲᠣᠷᠬᠠᠢ ᠶᠠᠷᠢᠵᠤ ᠦᠭᠬᠦ ᠬᠡᠷᠡᠭᠲᠡᠢ᠃ ᠬᠡᠷᠡᠭ ᠭᠠᠷᠤᠭᠰᠠᠨ ᠭᠠᠵᠠᠷ ᠨᠢ ᠶᠠᠮᠠᠷ ᠭᠠᠵᠠᠷ ᠪᠣᠯᠬᠤ ᠶᠢ ᠮᠡᠳᠡᠬᠦ ᠦᠭᠡᠢ ᠪᠣᠯ ᠲᠤᠬᠠᠢ ᠶᠢᠨ ᠲᠠᠯᠠᠪᠠᠢ ᠶᠢᠨ ᠣᠶᠢᠷ᠎ᠡ ᠬᠠᠪᠢ ᠳᠠᠬᠢ ᠢᠯᠡᠷᠬᠡᠢ ᠲᠡᠮᠳᠡᠭ ᠪᠣᠯᠬᠤ ᠪᠠᠷᠢᠯᠭ᠎ᠠ᠂ ᠲᠣᠮᠣ ᠬᠡᠯᠪᠡᠷᠢ ᠶᠢᠨ ᠲᠠᠯᠠᠪᠤᠷ᠂ ᠣᠯᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠨᠢᠭᠡᠴᠡ ᠶᠢᠨ ᠨᠡᠷᠡᠶᠢᠳᠦᠯ ᠵᠡᠷᠭᠡ ᠶᠢ ᠬᠠᠩᠭᠠᠵᠤ ᠪᠣᠯᠣᠨ᠎ᠠ᠃ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢ ᠬᠠᠮᠠᠭᠠᠯᠠᠵᠤ᠂ ᠠᠷᠠᠳ ᠤᠨ ᠴᠠᠭᠳᠠᠭ᠎ᠠ ᠭᠡᠷᠡᠴᠢ ᠠᠪᠬᠤ ᠳᠤ ᠳᠦᠭᠦᠮ ᠦᠵᠡᠬᠦᠯᠦᠨ᠎ᠡ᠃
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ