120 ᠡᠮᠴᠢᠯᠡᠭᠡᠨ ᠤ ᠲᠦᠷᠭᠡᠨ ᠠᠪᠤᠷᠠᠯᠲᠠ
ᠨᠡᠶᠢᠲᠡᠯᠡᠭᠰᠡᠨ ᠴᠠᠭ᠄
2015/8/12
     120 ᠪᠣᠯ ᠡᠮᠴᠢᠯᠡᠭᠡᠨ ᠤ ᠲᠦᠷᠭᠡᠨ ᠠᠪᠤᠷᠠᠬᠤ ᠲᠥᠪ ᠠᠴᠠ ᠲᠤᠰᠠᠯᠠᠮᠵᠢ ᠭᠤᠶᠤᠬᠤ ᠳ᠋ᠢᠶᠠᠩᠬᠤᠸᠠ ᠪᠣᠯᠣᠨ᠎ᠠ᠃       ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ ᠠᠪᠤᠷᠠᠯ ᠭᠤᠶᠤᠬᠤ ᠳᠠᠭᠠᠨ ᠡᠪᠡᠳᠴᠢᠲᠡᠨ ᠤ ᠪᠠᠶᠢᠭ᠎ᠠ ᠣᠷᠣᠨ ᠪᠠᠶᠢᠷᠢ᠂ ᠨᠠᠰᠤ ᠵᠢᠯ᠂ ᠬᠦᠢᠰᠦ ᠢᠯᠭᠠᠯ ᠪᠠ ᠡᠪᠡᠳᠴᠢᠨ ᠤ ᠪᠠᠶᠢᠳᠠᠯ ᠢ ᠠᠯᠢ ᠪᠣᠯᠬᠤᠶᠢᠴᠠ ᠲᠣᠲᠤᠷᠬᠠᠢ ᠶᠠᠷᠢᠵᠤ ᠥᠭᠭᠦᠨ᠎ᠡ᠃ ᠡᠪᠡᠳᠴᠢᠲᠡᠨ ᠤ ᠡᠪᠡᠳᠴᠢᠨ ᠬᠥᠳᠡᠯᠦᠭᠰᠡᠨ ᠨᠡᠶᠢᠲᠡᠯᠢᠭ ᠴᠢᠨᠠᠷᠲᠠᠢ ᠢᠯᠡᠷᠡᠯ᠂ ᠵᠢᠱᠢᠶᠡᠯᠡᠪᠡᠯ ᠴᠡᠭᠡᠵᠢ ᠡᠪᠡᠳᠬᠦ᠂ ᠤᠬᠠᠭ᠎ᠠ ᠠᠯᠳᠠᠬᠤ᠂ ᠴᠢᠰᠤ ᠪᠠᠷ ᠪᠥᠭᠡᠯᠵᠢᠬᠦ᠂ ᠠᠮᠢᠰᠬᠤᠭ᠎ᠠ ᠴᠢᠬᠤᠯᠳᠠᠬᠤ ᠵᠡᠷᠭᠡ ᠶᠢ ᠠᠯᠢ ᠪᠣᠯᠬᠤᠶᠢᠴᠠ ᠲᠣᠳᠤᠷᠬᠠᠢ ᠬᠡᠯᠡᠵᠦ ᠦᠭᠭᠦᠨ᠎ᠡ᠃      ᠡᠪᠡᠳᠴᠢᠲᠡᠨ ᠤ ᠡᠪᠡᠳᠴᠢᠯᠡᠭᠰᠡᠨ ᠪᠤᠶᠤ ᠰᠢᠷᠬᠠᠲᠤᠭᠰᠠᠨ ᠴᠠᠭ ᠢ ᠠᠯᠢ ᠪᠣᠯᠬᠤᠶᠢᠴᠠ ᠲᠣᠳᠤᠷᠬᠠᠢ ᠬᠡᠯᠡᠵᠦ ᠦᠭᠭᠦᠨ᠎ᠡ ᠃ ᠬᠡᠷᠪᠡ ᠴᠠᠬᠢᠯᠭᠠᠨ ᠳᠤ ᠴᠣᠬᠢᠭᠳᠠᠭᠰᠠᠨ᠂ ᠳᠡᠯᠪᠡᠷᠡᠭᠰᠡᠨ᠂ ᠨᠤᠷᠠᠵᠦ ᠶᠡᠭᠦᠷᠡᠭᠰᠡᠨ᠂ ᠤᠰᠤᠨ ᠳᠤ ᠵᠢᠪᠦᠭᠰᠡᠨ᠂ ᠭᠠᠯ ᠤᠨ ᠠᠶᠤᠯ᠂ ᠬᠤᠣᠷᠳᠠᠭᠳᠠᠭᠰᠠᠨ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠳᠤ ᠦᠭᠡᠢ ᠠᠴᠠ ᠪᠤᠯᠵᠣ ᠭᠡᠮᠲᠦᠭᠰᠡᠨ ᠪᠣᠯ ᠭᠡᠮᠲᠦᠭᠰᠡᠨ ᠰᠢᠨᠵᠢ ᠴᠢᠨᠠᠷ ᠢ ᠠᠯᠢ ᠪᠣᠯᠬᠤᠶᠢᠴᠠ ᠲᠣᠳᠤᠷᠬᠠᠢ ᠬᠡᠯᠡᠵᠦ ᠦᠭᠭᠦᠨ᠎ᠡ᠃      ᠲᠠ ᠦᠪᠡᠷ ᠤᠨ ᠣᠨᠴᠠᠭᠠᠢ ᠬᠡᠷᠡᠭᠴᠡᠭᠡ ᠪᠠᠨ ᠠᠯᠢ ᠴᠢᠳᠠᠬᠤᠶᠢᠴᠠ ᠲᠣᠳᠤᠷᠬᠠᠢ ᠬᠡᠯᠡᠵᠦ ᠦᠭᠬᠦ ᠶᠢᠨ ᠬᠠᠮᠲᠤ ᠠᠪᠤᠷᠠᠬᠤ ᠲᠡᠷᠭᠡᠨ ᠤ ᠬᠦᠷᠴᠦ ᠢᠷᠡᠬᠦ ᠶᠡᠭᠡ ᠲᠦᠯᠦᠪ ᠴᠠᠭ ᠢ ᠲᠣᠳᠤᠷᠬᠠᠢ ᠣᠶᠢᠯᠠᠭᠠᠬᠤ ᠬᠡᠷᠡᠭᠲᠡᠢ᠃
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ