| ᠶᠢᠰᠦᠳᠦᠭᠡᠷ ᠪᠦᠯᠦᠭ ᠵᠠᠯᠬᠠᠭᠠᠨ ᠴᠡᠭᠡᠷᠯᠡᠬᠦᠯᠬᠦ | ᠲᠠᠪᠢᠨ ᠭᠤᠷᠪᠠᠳᠤᠭᠠᠷ ᠵᠦᠢᠯ ᠠᠯᠪᠠᠳᠠᠨ ᠰᠠᠬᠢᠯᠭ᠎ᠠ ᠪᠠᠳᠤ ᠶᠢ ᠵᠢᠷᠤᠮᠯᠠᠨ ᠰᠠᠬᠢᠬᠤ ᠭᠡᠷᠡᠭᠳᠡᠢ᠂ ᠲᠤᠤᠷᠠᠬᠢ ᠮᠡᠳᠦ ᠦᠢᠯᠨ ᠠᠵᠢᠯᠯᠠᠭ᠎ᠠ ᠪᠠᠶᠢᠵᠤ ᠪᠤᠯᠬᠤ ᠦᠭᠡᠢ | ᠄ ︵ᠨᠢᠭᠡ︶ ᠤᠯᠤᠰ ᠤᠨ ᠨᠡᠷ᠎ᠡ ᠲᠦᠷᠦ ᠶᠢ ᠬᠤᠬᠢᠷᠠᠭᠤᠯᠤᠭᠰᠠᠨ ᠦᠭᠡ ᠶᠠᠷᠢᠶ᠎ᠠ ᠲᠠᠷᠬᠠᠭᠠᠬᠤ᠂ ᠤᠯᠤᠰ ᠢ ᠡᠰᠡᠷᠬᠦᠴᠡᠬᠦ ᠵᠤᠷᠢᠯᠭ᠎ᠠ ᠲᠠᠢ ᠬᠤᠷᠠᠯ ᠴᠤᠭᠯᠠᠭ᠎ᠠ ᠬᠢᠬᠦ᠂ | ᠵᠢᠭᠰᠠᠭᠠᠯ ᠶᠠᠪᠤᠭᠤᠯᠬᠤ᠂ ᠰᠦᠷ ᠦᠵᠡᠬᠦᠯᠬᠦ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ︔ ︵ᠬᠤᠶᠠᠷ︶ ᠬᠠᠥᠯᠢ ᠪᠤᠰᠤ | ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ᠂ ᠠᠵᠢᠯ ᠬᠠᠶᠠᠯᠳᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ | ︔ ︵ᠭᠤᠷᠪᠠ︶ ᠡᠭᠦᠷᠭᠡ ᠲᠤᠰᠢᠶᠠᠯ ᠳᠠᠭᠠᠨ ᠠᠯᠮᠠᠶᠢᠷᠠᠨ ᠤᠰᠤᠯᠳᠤᠵᠤ᠂ ᠠᠵᠢᠯ ᠶᠠᠪᠤᠳᠠᠯ ᠢᠶᠠᠨ ᠰᠠᠭᠠᠳᠠᠭᠠᠬᠤ︔ ︵ᠲᠦᠷᠪᠡ︶ ᠲᠡᠭᠡᠳᠦ ᠱᠠᠳᠤᠨ ᠤ ᠬᠠᠥᠯᠢ | ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠠᠷᠯᠢᠭ ᠢ ᠭᠡᠷᠡᠭᠵᠢᠬᠦᠯᠬᠦ ᠶᠢ ᠲᠡᠪᠴᠢᠬᠦ︔ ︵ᠲᠠᠪᠤ︶ ᠰᠢᠬᠦᠮᠵᠢᠯᠡᠯ ᠢ ᠲᠠᠷᠤᠵᠤ᠂ ᠬᠠᠷᠢᠭᠤ ᠠᠪᠴᠤ ᠴᠤᠬᠢᠯᠳᠠ ᠦᠭᠬᠦ︔ | ︵ᠵᠢᠷᠭᠤᠭ᠎ᠠ︶ ᠤᠪ ᠮᠡᠭᠡ ᠭᠠᠷᠭᠠᠵᠤ ᠤᠳᠤᠷᠢᠳᠤᠯᠭ᠎ᠠ ᠪᠠ ᠤᠯᠠᠨ ᠲᠦᠮᠡᠨ ᠢ ᠪᠤᠷᠤᠭᠤ ᠪᠠᠷ ᠬᠦᠳᠦᠯᠬᠦ ᠪᠡ ᠮᠡᠭᠡᠯᠡᠬᠦ︔ ︵ᠲᠤᠯᠤᠭ᠎ᠠ︶ ᠱᠠᠮᠰᠢᠬᠤ᠂ ᠭᠡᠭᠡᠯᠢ | ᠲᠦᠯᠬᠢᠬᠦ᠂ ᠬᠠᠭ᠋ᠤᠤᠯᠢ ᠢᠳᠡᠬᠦ᠂ ᠲᠤᠰᠢᠶᠠᠯ ᠢᠶᠠᠨ ᠠᠰᠢᠭᠯᠠᠨ ᠠᠮᠢᠨ ᠳᠠᠭᠠᠨ ᠪᠤᠶᠤ ᠪᠤᠰᠤᠤᠨ ᠲᠤ ᠬᠤᠪᠢ ᠶᠢᠨ ᠠᠰᠢᠭ ᠤᠯᠭᠤᠬᠤ︔ ︵ᠨᠠᠢᠮᠨ︶ ᠡᠳ᠋ ᠤᠨ | ᠵᠠᠰᠠᠭ ᠤᠨ ᠰᠠᠬᠢᠯᠭ᠎ᠠ ᠪᠠᠳᠤ ᠶᠢ ᠵᠦᠷᠢᠴᠡᠵᠦ᠂ ᠤᠯᠤᠰ ᠤᠨ ᠡᠳ᠋ ᠮᠦᠡᠭᠭᠦ ᠶᠢ ᠪᠦᠷᠢᠯᠭᠡᠬᠦ︔ ︵ᠶᠢᠰᠦ︶ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠨ ᠡᠷᠭᠡᠳᠦ | ᠠᠷᠠᠥᠨ᠂ ᠬᠠᠥᠯᠢ ᠶᠢᠨ ᠬᠦᠮᠦᠨ ᠪᠤᠶᠤ ᠪᠤᠰᠤᠤᠨ ᠵᠤᠬᠢᠶᠠᠨ ᠪᠠᠶᠢᠭᠤᠯᠤᠯᠳᠠ ᠶᠢᠨ ᠬᠠᠥᠯᠢ ᠶᠤᠰᠤᠨ ᠤ ᠡᠷᠭᠡ ᠠᠰᠢᠭ ᠲᠤ ᠬᠠᠯᠳᠠᠬᠤ︔ ︵ᠠᠷᠪᠠ︶ ᠤᠯᠤᠰ ᠤᠨ | ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ︔ ︵ᠠᠷᠪᠠᠨ ᠨᠢᠭᠡ︶ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠲᠤᠮᠳᠠ ᠤᠯᠤᠰ ᠤᠨ ᠨᠡᠷ᠎ᠡ ᠲᠦᠷᠦ | ᠪᠤᠯᠤᠨ ᠠᠰᠢᠭ ᠲᠤᠰᠠ ᠶᠢ ᠬᠤᠬᠢᠷᠠᠭᠤᠯᠬᠤ︔ ︵ᠠᠷᠪᠠᠨ ᠬᠤᠶᠠᠷ︶ ᠱᠠᠯᠢᠭ ᠵᠠᠪᠠᠭ᠋ᠠᠢ᠂ ᠬᠤᠤᠷ ᠲᠠᠳᠠᠬᠤ᠂ ᠵᠤᠭᠤᠰ ᠮᠦᠷᠦ᠋ᠢᠴᠡᠬᠦ᠂ ᠮᠤᠬᠤᠷ ᠰᠦᠰᠦᠭ ᠵᠡᠷᠭᠡ | ᠠᠵᠢᠯᠯᠠᠭ᠎ᠠ ᠳᠤ ᠤᠷᠤᠯᠴᠠᠬᠤ ᠪᠤᠶᠤ ᠲᠡᠬᠦᠨ ᠢ ᠲᠡᠮᠵᠢᠬᠦ︔ ︵ᠠᠷᠪᠠᠨ ᠭᠤᠷᠪᠠ︶ ᠠᠵᠢᠯ ᠤᠨ ᠶᠤᠰᠤ ᠮᠤᠷᠠᠯ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ | ᠵᠦᠷᠢᠴᠡᠬᠦ︔ ︵ᠠᠷᠪᠠᠨ ᠲᠦᠷᠪᠡ︶ ᠠᠰᠢᠭ ᠬᠤᠨᠵᠢᠪᠤᠷᠢ ᠬᠦᠭᠡᠭᠡᠴᠡᠯᠳᠦᠬᠦ ᠴᠢᠨᠠᠷᠳᠠᠢ ᠠᠵᠢᠯᠯᠠᠭ᠎ᠠ ᠶᠢ ᠡᠷᠬᠢᠯᠡᠬᠦ ᠪᠤᠶᠤ ᠤᠷᠤᠯᠴᠠᠬᠤ᠂ ᠠᠵᠤ ᠠᠬᠤᠢᠢᠯᠠᠯ ᠪᠤᠶᠤ | ᠪᠤᠰᠤᠤᠨ ᠠᠰᠢᠭ ᠬᠤᠨᠵᠢᠪᠤᠷᠢ ᠬᠦᠭᠡᠭᠡᠴᠡᠯᠳᠦᠬᠦ ᠴᠢᠨᠠᠷᠳᠠᠢ ᠵᠤᠬᠢᠶᠠᠨ ᠪᠠᠶᠢᠭᠤᠯᠤᠯᠳᠠ ᠳᠤ ᠲᠤᠰᠢᠶᠠᠯ ᠬᠠᠪᠰᠤᠷᠭᠠᠨ ᠡᠭᠦᠷᠭᠡᠯᠡᠬᠦ︔ ︵ᠠᠷᠪᠠᠨ ᠲᠠᠪᠤ︶ ᠠᠵᠢᠯ | ᠰᠠᠭᠠᠳᠠᠭᠰᠠᠨ ᠪᠤᠶᠤ ᠠᠯᠪᠠᠨ ᠭᠡᠷᠡᠭ ᠢᠶᠠᠷ ᠭᠠᠳᠠᠭᠰᠢ ᠭᠠᠷᠬᠤ ᠪᠠ ᠴᠢᠯᠦᠭᠡ ᠭᠤᠶᠤᠭᠰᠠᠨ ᠬᠤᠭᠤᠴᠠᠭ᠎ᠠ ᠨᠢ ᠲᠤᠯᠤᠭᠠᠥᠨ ᠵᠦᠢ ᠶᠤᠰᠤᠨ ᠤ ᠤᠴᠢᠷ ᠰᠢᠯᠳᠠᠭᠠᠨ | ᠦᠭᠡᠢ ᠪᠠᠷ ᠲᠤᠭᠳᠠᠭᠰᠠᠨ ᠬᠤᠭᠤᠴᠠᠭᠠᠨ ᠳᠠᠭᠠᠨ ᠦᠯᠦ ᠪᠤᠴᠠᠭᠰᠠᠥᠨ︔ ︵ᠠᠷᠪᠠᠨ ᠵᠢᠷᠭᠤᠭ᠎ᠠ︶ ᠰᠠᠬᠢᠯᠭ᠎ᠠ ᠪᠠᠳᠤ ᠶᠢ ᠵᠦᠷᠢᠴᠡᠭᠰᠡᠨ ᠪᠤᠰᠤᠤᠨ ᠠᠵᠢᠯᠯᠠᠭ᠎ᠠ | ᠨᠤᠭᠤᠳ᠃ | ᠲᠠᠪᠢᠨ ᠲᠦᠷᠪᠡᠳᠦᠭᠡᠷ ᠵᠦᠢᠯ ᠠᠯᠪᠠᠳᠠᠨ ᠠᠯᠪᠠᠨ ᠠᠵᠢᠯ ᠬᠦᠢᠴᠡᠥᠨᠭᠡᠬᠦ ᠳᠡᠭᠡᠨ᠂ ᠲᠡᠭᠡᠳᠦ ᠱᠠᠳᠤᠨ ᠤ ᠲᠤᠭᠳᠠᠭᠠᠯ ᠪᠤᠶᠤ ᠵᠠᠷᠯᠢᠭ ᠢ ᠪᠤᠷᠤᠭᠤ ᠭᠡᠵᠦ ᠦᠵᠡᠪᠡᠯ᠂ | ᠲᠡᠭᠡᠳᠦ ᠱᠠᠳᠤᠨ ᠳᠠᠭᠠᠨ ᠲᠤᠰ ᠲᠤᠭᠳᠠᠭᠠᠯ ᠪᠤᠶᠤ ᠵᠠᠷᠯᠢᠭ ᠢ ᠦᠭᠡᠷᠡᠴᠢᠯᠡᠬᠦ ᠪᠤᠶᠤ ᠬᠦᠴᠦᠨ ᠦᠭᠡᠢ ᠪᠤᠯᠭᠠᠬᠤ ᠰᠠᠨᠠᠯ ᠢᠶᠠᠨ ᠲᠤᠷᠠᠥᠨᠴᠤ ᠪᠤᠯᠤᠨ᠎ᠠ︔ ᠲᠡᠭᠡᠳᠦ | ᠱᠠᠳᠤ ᠨᠢ ᠲᠤᠭᠳᠠᠭᠠᠯ ᠪᠤᠶᠤ ᠵᠠᠷᠯᠢᠭ ᠢᠶᠠᠨ ᠦᠭᠡᠷᠡᠴᠢᠯᠡᠬᠦ ᠦᠭᠡᠢ᠂ ᠡᠰᠡᠬᠦᠯ᠎ᠡ ᠲᠠᠷᠤᠢ ᠳᠤᠨᠢ ᠭᠡᠷᠡᠭᠵᠢᠬᠦᠯᠬᠦ ᠪᠠᠷ ᠱᠠᠭᠠᠷᠳᠠᠪᠠᠯ ᠠᠯᠪᠠᠳᠠᠨ ᠲᠤᠰ ᠲᠤᠭᠳᠠᠭᠠᠯ ᠪᠤᠶᠤ | ᠵᠠᠷᠯᠢᠭ ᠢ ᠬᠦᠢᠴᠡᠥᠨᠭᠡᠪᠡᠯ ᠵᠤᠬᠢᠨ᠎ᠠ᠂ ᠬᠦᠢᠴᠡᠥᠨᠭᠡᠭᠰᠡᠨ ᠦᠷ᠎ᠡ ᠳ᠋ᠥᠩ ᠢ ᠲᠡᠭᠡᠳᠦ ᠱᠠᠳᠤ ᠨᠢ ᠬᠠᠷᠢᠭᠤᠴᠠᠨ᠎ᠠ᠂ ᠠᠯᠪᠠᠳᠠᠨ ᠬᠠᠷᠢᠭᠤᠴᠠᠯᠭ᠎ᠠ ᠡᠭᠦᠷᠭᠡᠯᠡᠬᠦ ᠦᠭᠡᠢ︔ | ᠭᠡᠪᠡᠴᠦ ᠠᠯᠪᠠᠳᠠᠨ ᠢᠯᠡᠥᠨᠳᠡ ᠬᠠᠥᠯᠢ ᠶᠢ ᠵᠦᠷᠢᠴᠡᠭᠰᠡᠨ ᠲᠤᠭᠳᠠᠭᠠᠯ ᠪᠤᠶᠤ ᠵᠠᠷᠯᠢᠭ ᠢ ᠬᠦᠢᠴᠡᠥᠨᠭᠡᠭᠰᠡᠨ ᠪᠠᠶᠢᠪᠠᠯ ᠬᠠᠥᠯᠢ ᠶᠤᠰᠤᠭᠠᠷ ᠵᠤᠬᠢᠬᠤ ᠬᠠᠷᠢᠭᠤᠴᠠᠯᠭ᠎ᠠ | ᠡᠭᠦᠷᠭᠡᠯᠡᠬᠦ ᠶᠤᠰᠤᠳᠠᠢ᠃ | ᠲᠠᠪᠢᠨ ᠲᠠᠪᠤᠳᠤᠭᠠᠷ ᠵᠦᠢᠯ ᠠᠯᠪᠠᠳᠠᠨ ᠬᠠᠥᠯᠢ ᠶᠢ ᠵᠦᠷᠢᠴᠡᠨ ᠰᠠᠬᠢᠯᠭ᠎ᠠ ᠪᠠᠳᠤ ᠶᠢ ᠵᠦᠷᠢᠴᠡᠭᠰᠡᠨ ᠠᠴᠠ ᠪᠤᠯᠤᠭᠠᠥᠨ ᠰᠠᠬᠢᠯᠭ᠎ᠠ ᠪᠠᠳᠤ ᠶᠢᠨ ᠬᠠᠷᠢᠭᠤᠴᠠᠯᠭ᠎ᠠ | ᠡᠭᠦᠷᠭᠡᠯᠡᠬᠦ ᠶᠤᠰᠤᠳᠠᠢ ᠪᠠᠶᠢᠪᠠᠯ ᠲᠤᠰ ᠬᠠᠥᠯᠢ ᠶᠢ ᠦᠨᠳᠦᠰᠦᠯᠡᠵᠦ ᠰᠢᠥᠨᠭᠡᠯ ᠤᠯᠭᠤᠨ᠎ᠠ︔ ᠰᠠᠬᠢᠯᠭ᠎ᠠ ᠪᠠᠳᠤ ᠶᠢ ᠵᠦᠷᠢᠴᠡᠭᠰᠡᠨ ᠦᠢᠯᠨ ᠪᠠᠶᠢᠳᠠᠯ ᠨᠢ ᠬᠦᠡᠭᠭᠡᠨ | ᠪᠦᠭᠡᠥᠨ ᠰᠢᠬᠦᠮᠵᠢᠯᠡᠵᠦ ᠰᠤᠷᠭᠠᠭᠠᠥᠨ ᠵᠠᠯᠠᠷᠠᠭᠤᠯᠤᠭᠰᠠᠨ ᠪᠠᠶᠢᠪᠠᠯ ᠰᠢᠥᠨᠭᠡᠯ ᠦᠭᠬᠦ ᠠᠴᠠ ᠭᠡᠯᠳᠦᠷᠢᠬᠦᠯᠵᠦ ᠪᠤᠯᠤᠨ᠎ᠠ᠃ | ᠲᠠᠪᠢᠨ ᠵᠢᠷᠭᠤᠳᠤᠭᠠᠷ ᠵᠦᠢᠯ ᠰᠢᠥᠨᠭᠡᠯ ᠢ ᠲᠤᠩᠭᠤᠤᠬᠤ᠂ ᠤᠰᠤᠯ ᠲᠡᠮᠳᠡᠭᠯᠡᠬᠦ᠂ ᠲᠤᠮᠤ ᠤᠰᠤᠯ ᠲᠡᠮᠳᠡᠭᠯᠡᠬᠦ᠂ ᠲᠡᠰ ᠢ ᠪᠠᠭᠤᠷᠠᠭᠤᠯᠬᠤ᠂ ᠲᠤᠰᠢᠶᠠᠯ ᠠᠴᠠ ᠨᠢ | ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠵᠡᠷᠭᠡ ᠪᠠᠷ ᠬᠤᠪᠢᠶᠠᠨ᠎ᠠ᠃ | ᠲᠠᠪᠢᠨ ᠲᠤᠯᠤᠳᠤᠭᠠᠷ ᠵᠦᠢᠯ ᠠᠯᠪᠠᠳᠠᠨ ᠳᠤ ᠦᠭᠬᠦ ᠰᠢᠥᠨᠭᠡᠯ ᠨᠢ ᠪᠤᠳᠠᠳᠤ ᠭᠡᠷᠡᠭ ᠨᠢ ᠲᠤᠳᠤᠷᠬᠠᠢ᠂ ᠭᠡᠷᠡᠴᠢ ᠪᠠᠷᠢᠮᠳᠠ ᠨᠢ ᠦᠨᠡᠨ ᠪᠤᠳᠠᠳᠠᠢ᠂ ᠴᠢᠨᠠᠷ ᠢ | ᠲᠤᠭᠳᠠᠭᠠᠭᠰᠠᠨ ᠨᠢ ᠤᠨᠤᠪᠴᠢᠳᠠᠢ᠂ ᠰᠢᠢᠥᠨᠪᠦᠷᠢᠯᠡᠭᠰᠡᠨ ᠨᠢ ᠲᠤᠬᠢᠷᠠᠮᠵᠢᠳᠠᠢ᠂ ᠵᠢᠷᠤᠮ ᠨᠢ ᠬᠠᠥᠯᠢ ᠳᠤ ᠨᠡᠶᠢᠴᠡᠭᠰᠡᠨ᠂ ᠭᠠᠷ ᠬᠦᠢᠴᠡᠥᠨᠭᠡᠯ ᠨᠢ ᠪᠦᠷᠢᠨ ᠬᠦᠢᠴᠡᠥᠨ | ᠪᠠᠶᠢᠬᠤ ᠭᠡᠷᠡᠭᠳᠡᠢ᠃ ᠠᠯᠪᠠᠳᠠᠨ ᠰᠠᠬᠢᠯᠭ᠎ᠠ ᠪᠠᠳᠤ ᠶᠢ ᠵᠦᠷᠢᠴᠡᠪᠡᠯ ᠰᠢᠥᠨᠭᠡᠯ ᠢ ᠲᠤᠭᠳᠠᠭᠠᠬᠤ ᠪᠠᠶᠢᠭᠤᠯᠭ᠎ᠠ ᠠᠴᠠ ᠠᠯᠪᠠᠳᠠᠨ ᠤ ᠰᠠᠬᠢᠯᠭ᠎ᠠ ᠪᠠᠳᠤ ᠶᠢ ᠵᠦᠷᠢᠴᠡᠭᠰᠡᠨ | ᠪᠠᠶᠢᠳᠠᠯ ᠳᠤ ᠪᠠᠶᠢᠴᠠᠭᠠᠯᠳᠠ ᠬᠢᠵᠦ᠂ ᠪᠠᠶᠢᠴᠠᠭᠠᠨ ᠨᠤᠳᠠᠯᠠᠭᠰᠠᠨ ᠪᠤᠳᠠᠳᠤ ᠭᠡᠷᠡᠭ ᠵᠢᠴᠢ ᠰᠢᠥᠨᠭᠡᠯ ᠦᠭᠬᠦ ᠪᠠᠷ ᠵᠢᠱᠢᠵᠦ ᠪᠦᠬᠦᠢ ᠦᠨᠳᠦᠰᠦ ᠪᠠᠷᠢᠮᠳᠠ ᠶᠢ ᠠᠯᠪᠠᠳᠠᠨ | ᠬᠤᠪᠢ ᠬᠦᠮᠦᠨ ᠳᠤ ᠮᠡᠳᠡᠭᠳᠡᠬᠦ ᠭᠡᠷᠡᠭᠳᠡᠢ᠃ ᠠᠯᠪᠠᠳᠠᠨ ᠭᠡᠯᠡᠵᠦ ᠲᠤᠳᠤᠷᠬᠠᠢᠢᠯᠠᠬᠤ᠂ ᠲᠠᠶᠢᠯᠪᠤᠷᠢᠯᠠᠬᠤ ᠡᠷᠭᠡ ᠲᠠᠢ᠃ ᠰᠢᠥᠨᠭᠡᠯ ᠢ ᠲᠤᠭᠳᠠᠭᠠᠬᠤ ᠪᠠᠶᠢᠭᠤᠯᠭ᠎ᠠ ᠠᠴᠠ | ᠠᠯᠪᠠᠳᠠᠨ ᠳᠤ ᠰᠢᠥᠨᠭᠡᠯ ᠦᠭᠬᠦ ᠶᠤᠰᠤᠳᠠᠢ ᠭᠡᠵᠦ ᠦᠵᠡᠪᠡᠯ᠂ ᠬᠠᠥᠯᠢ ᠪᠠᠷ ᠲᠤᠭᠳᠠᠭᠠᠭᠰᠠᠨ ᠬᠤᠭᠤᠴᠠᠭᠠᠨ ᠲᠤᠳᠤᠷ᠎ᠠ ᠬᠠᠮᠢᠶᠠᠷᠤᠯᠳᠠ ᠶᠢᠨ ᠡᠷᠭᠡ ᠮᠡᠳᠡᠯ ᠤᠨ | ᠭᠡᠪᠴᠢᠶ᠎ᠡ ᠪᠠ ᠲᠤᠭᠳᠠᠭᠰᠠᠨ ᠵᠢᠷᠤᠮ ᠶᠤᠰᠤᠭᠠᠷ ᠰᠢᠥᠨᠭᠡᠯ ᠦᠭᠬᠦ ᠲᠤᠭᠳᠠᠭᠠᠯ ᠭᠠᠷᠭᠠᠬᠤ ᠭᠡᠷᠡᠭᠳᠡᠢ᠃ ᠰᠢᠥᠨᠭᠡᠯ ᠦᠭᠬᠦ ᠲᠤᠭᠳᠠᠭᠠᠯ ᠢ ᠪᠢᠴᠢᠭ ᠤᠨ ᠭᠡᠯᠪᠡᠷᠢ ᠪᠠᠷ | ᠠᠯᠪᠠᠳᠠᠨ ᠤ ᠲᠤᠰ ᠪᠡᠶ᠎ᠡ ᠳᠤ ᠮᠡᠳᠡᠭᠳᠡᠬᠦ ᠭᠡᠷᠡᠭᠳᠡᠢ᠃ | ᠲᠠᠪᠢᠨ ᠨᠠᠢᠮᠠᠳᠤᠭᠠᠷ ᠵᠦᠢᠯ ᠰᠢᠥᠨᠭᠡᠯ ᠤᠯᠭᠤᠬᠤ ᠬᠤᠭᠤᠴᠠᠭᠠᠨ ᠳᠤ ᠠᠯᠪᠠᠳᠠᠨ ᠤ ᠲᠤᠰᠢᠶᠠᠯ ᠪᠠ ᠲᠡᠰ ᠢ ᠨᠢ ᠲᠡᠪᠰᠢᠬᠦᠯᠵᠦ ᠪᠤᠯᠬᠤ ᠦᠭᠡᠢ᠂ ᠡᠭᠦᠨ ᠳᠤ | ᠤᠰᠤᠯ ᠲᠡᠮᠳᠡᠭᠯᠡᠬᠦ᠂ ᠲᠤᠮᠤ ᠤᠰᠤᠯ ᠲᠡᠮᠳᠡᠭᠯᠡᠬᠦ᠂ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠰᠢᠥᠨᠭᠡᠯ ᠤᠯᠤᠭᠰᠠᠨ ᠪᠤᠯ ᠴᠠᠯᠢᠩ ᠤᠨ | ᠲᠡᠰ ᠢ ᠨᠢ ᠦᠰᠭᠡᠵᠦ ᠪᠤᠯᠬᠤ ᠦᠭᠡᠢ᠃ ᠰᠢᠥᠨᠭᠡᠯ ᠤᠯᠭᠤᠬᠤ ᠬᠤᠭᠤᠴᠠᠭ᠎ᠠ᠄ ᠲᠤᠩᠭᠤᠤᠨᠬᠤ᠂ ᠵᠢᠷᠭᠤᠭᠠᠨ ᠰᠠᠷ᠎ᠠ︔ ᠤᠰᠤᠯ ᠲᠡᠮᠳᠡᠭᠯᠡᠬᠦ᠂ ᠠᠷᠪᠠᠨ ᠬᠤᠶᠠᠷ ᠰᠠᠷ᠎ᠠ | ︔ ᠲᠤᠮᠤ ᠤᠰᠤᠯ ᠲᠡᠮᠳᠡᠭᠯᠡᠬᠦ᠂ ᠠᠷᠪᠠᠨ ᠨᠠᠢᠮᠠᠨ ᠰᠠᠷ᠎ᠠ︔ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠬᠤᠷᠢᠨ ᠲᠦᠷᠪᠡᠨ ᠰᠠᠷ᠎ᠠ ᠪᠤᠯᠤᠨ᠎ᠠ | ᠃ ᠲᠤᠰᠢᠶᠠᠯ ᠠᠴᠠ ᠨᠢ ᠤᠭᠴᠠᠷᠠᠭᠤᠯᠬᠤ ᠰᠢᠥᠨᠭᠡᠯ ᠤᠯᠤᠭᠰᠠᠥᠨ ᠢ ᠲᠤᠭᠳᠠᠭᠠᠯ ᠶᠤᠰᠤᠭᠠᠷ ᠲᠡᠰ ᠢ ᠨᠢ ᠪᠠᠭᠤᠷᠠᠭᠤᠯᠤᠨ᠎ᠠ᠃ | ᠲᠠᠪᠢ ᠶᠢᠰᠦᠳᠦᠭᠡᠷ ᠵᠦᠢᠯ ᠠᠯᠪᠠᠳᠠᠨ ᠠᠵᠢᠯ ᠠᠴᠠ ᠬᠦᠭᠡᠭᠡᠭᠳᠡᠬᠦ ᠰᠢᠥᠨᠭᠡᠯ ᠠᠴᠠ ᠪᠤᠰᠤᠤᠨ ᠰᠢᠥᠨᠭᠡᠯ ᠤᠯᠵᠤ᠂ ᠰᠢᠥᠨᠭᠡᠯ ᠤᠨ ᠬᠤᠭᠤᠴᠠᠭᠠᠨ ᠳᠤ ᠭᠡᠮᠰᠢᠨ | ᠤᠬᠠᠭᠠᠷᠠᠬᠤ ᠢᠯᠡᠷᠡᠯ ᠲᠠᠢ ᠪᠦᠭᠡᠥᠨ ᠲᠠᠬᠢᠨ ᠰᠠᠬᠢᠯᠭ᠎ᠠ ᠶᠢ ᠵᠦᠷᠢᠴᠡᠭᠰᠡᠨ ᠦᠢᠯᠨ ᠠᠵᠢᠯᠯᠠᠭ᠎ᠠ ᠦᠭᠡᠢ ᠪᠤᠯ ᠰᠢᠥᠨᠭᠡᠯ ᠤᠨ ᠬᠤᠭᠤᠴᠠᠭ᠎ᠠ ᠲᠦᠬᠦᠷᠦᠭᠰᠡᠨ ᠤ ᠲᠠᠷᠠᠭ᠎ᠠ | ᠰᠢᠥᠨᠭᠡᠯ ᠢ ᠲᠤᠭᠳᠠᠭᠠᠭᠰᠠᠨ ᠪᠠᠶᠢᠭᠤᠯᠭ᠎ᠠ ᠠᠴᠠ ᠰᠢᠥᠨᠭᠡᠯ ᠢ ᠲᠠᠶᠢᠯᠵᠤ᠂ ᠪᠢᠴᠢᠭ ᠤᠨ ᠭᠡᠯᠪᠡᠷᠢ ᠪᠠᠷ ᠲᠤᠰ ᠬᠦᠮᠦᠨ ᠳᠤᠨᠢ ᠮᠡᠳᠡᠭᠳᠡᠬᠦ ᠭᠡᠷᠡᠭᠳᠡᠢ᠃ ᠰᠢᠥᠨᠭᠡᠯ ᠢ | ᠲᠠᠶᠢᠯᠤᠭᠰᠠᠨ ᠤ ᠲᠠᠷᠠᠭ᠎ᠠ᠂ ᠴᠠᠯᠢᠩ ᠤᠨ ᠲᠡᠰ᠂ ᠲᠤᠰᠢᠶᠠᠯ ᠤᠨ ᠲᠡᠰ ᠬᠢᠭᠡᠥᠨ ᠲᠤᠰᠢᠶᠠᠯ ᠲᠡᠪᠰᠢᠬᠦ ᠨᠢ ᠤᠤᠯ ᠤᠨ ᠰᠢᠥᠨᠭᠡᠯ ᠳᠤ ᠲᠠᠬᠢᠨ ᠨᠦᠯᠦᠭᠡᠯᠡᠭᠳᠡᠬᠦ ᠦᠭᠡᠢ᠃ | ᠭᠡᠪᠡᠴᠦ ᠲᠡᠰ ᠪᠠᠭᠤᠷᠠᠭᠤᠯᠤᠭᠰᠠᠨ ᠪᠠ ᠲᠤᠰᠢᠶᠠᠯ ᠠᠴᠠ ᠨᠢ ᠤᠭᠴᠠᠷᠠᠭᠤᠯᠤᠭᠰᠠᠨ ᠰᠢᠥᠨᠭᠡᠯ ᠢ ᠲᠠᠶᠢᠯᠠᠬᠤ ᠶᠠᠪᠤᠳᠠᠯ ᠢ ᠤᠤᠯ ᠤᠨ ᠲᠡᠰ ᠪᠤᠯᠤᠨ ᠲᠤᠰᠢᠶᠠᠯ ᠢ ᠨᠢ | ᠰᠡᠷᠬᠦᠭᠡᠬᠦ ᠶᠠᠪᠤᠳᠠᠯ ᠢᠶᠠᠷ ᠦᠵᠡᠵᠦ ᠪᠤᠯᠬᠤ ᠦᠭᠡᠢ᠃ | ᠠᠷᠪᠠᠳᠤᠭᠠᠷ ᠪᠦᠯᠦᠭ ᠪᠤᠯᠪᠠᠰᠤᠷᠠᠭᠤᠯᠬᠤ | ᠵᠢᠷᠠᠳᠤᠭᠠᠷ ᠵᠦᠢᠯ ᠪᠠᠶᠢᠭᠤᠯᠭ᠎ᠠ ᠠᠴᠠ ᠠᠯᠪᠠᠳᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠪᠤᠯᠤᠨ ᠠᠯᠪᠠᠳᠠᠨ ᠤ ᠭᠡᠪ ᠴᠢᠨᠠᠷ ᠢ | ᠲᠡᠭᠡᠭᠰᠢᠯᠡᠬᠦᠯᠬᠦ ᠭᠡᠷᠡᠭᠴᠡᠭᠡ ᠶᠢ ᠦᠨᠳᠦᠰᠦᠯᠡᠵᠦ᠂ ᠠᠯᠪᠠᠳᠠᠨ ᠢ ᠲᠡᠰ ᠲᠦᠷᠦᠯ ᠬᠤᠪᠢᠶᠠᠵᠤ ᠪᠠᠶᠢᠭᠠᠥᠨ ᠪᠤᠯᠪᠠᠰᠤᠷᠠᠭᠤᠯᠤᠯ ᠬᠦᠷᠳᠡᠬᠡᠬᠦ ᠭᠡᠷᠡᠭᠳᠡᠢ᠃ ᠤᠯᠤᠰ ᠠᠴᠠ | ᠠᠯᠪᠠᠳᠠᠨ ᠢ ᠪᠤᠯᠪᠠᠰᠤᠷᠠᠭᠤᠯᠬᠤ ᠲᠤᠰᠬᠠᠢ ᠪᠠᠶᠢᠭᠤᠯᠤᠮᠵᠢ ᠶᠢ ᠪᠠᠶᠢᠭᠤᠯᠤᠨ᠎ᠠ᠃ ᠪᠠᠶᠢᠭᠤᠯᠭ᠎ᠠ ᠨᠢ ᠭᠡᠷᠡᠭᠴᠡᠭᠡ ᠪᠠᠨ ᠦᠨᠳᠦᠰᠦᠯᠡᠵᠦ ᠪᠤᠰᠤᠤᠨ ᠪᠤᠯᠪᠠᠰᠤᠷᠠᠭᠤᠯᠤᠯ ᠤᠨ | ᠪᠠᠶᠢᠭᠤᠯᠤᠮᠵᠢ ᠳᠤ ᠨᠡᠶᠢᠳᠡᠵᠦ ᠠᠯᠪᠠᠳᠠᠨ ᠢ ᠪᠤᠯᠪᠠᠰᠤᠷᠠᠭᠤᠯᠬᠤ ᠡᠭᠦᠷᠭᠡ ᠶᠢ ᠡᠭᠦᠷᠭᠡᠯᠡᠬᠦᠯᠵᠦ ᠪᠤᠯᠤᠨ᠎ᠠ᠃ | ᠵᠢᠷᠠᠨ ᠨᠢᠭᠡᠳᠦᠭᠡᠷ ᠵᠦᠢᠯ ᠪᠠᠶᠢᠭᠤᠯᠭ᠎ᠠ ᠠᠴᠠ ᠰᠢᠨ᠎ᠡ ᠡᠯᠰᠡᠨ ᠭᠡᠷᠡᠭᠯᠡᠬᠦ ᠬᠦᠮᠦᠰ ᠲᠤ ᠲᠤᠷᠰᠢᠨ ᠭᠡᠷᠡᠭᠯᠡᠬᠦ ᠬᠤᠭᠤᠴᠠᠭᠠᠨ ᠳᠤ ᠠᠩᠬ᠎ᠠ ᠲᠤᠰᠢᠶᠠᠯ ᠡᠭᠦᠷᠭᠡᠯᠡᠬᠦ | ᠪᠤᠯᠪᠠᠰᠤᠷᠠᠭᠤᠯᠤᠯ ᠬᠢᠨ᠎ᠡ︔ ᠤᠳᠤᠷᠢᠥᠨᠬᠤ ᠲᠤᠰᠢᠶᠠᠯ ᠳᠤ ᠲᠡᠪᠰᠢᠬᠦ ᠠᠯᠪᠠᠳᠠᠨ ᠳᠤ ᠲᠡᠪᠰᠢᠬᠦ ᠠᠴᠠ ᠡᠮᠦᠨ᠎ᠡ ᠪᠤᠶᠤ ᠲᠡᠪᠰᠢᠭᠰᠡᠨ ᠤ ᠰᠡᠬᠦᠯᠡᠷ ᠨᠢᠭᠡ ᠵᠢᠯ ᠤᠨ | ᠲᠤᠳᠤᠷ᠎ᠠ ᠲᠤᠰᠢᠶᠠᠯ ᠡᠭᠦᠷᠭᠡᠯᠡᠬᠦ ᠪᠤᠯᠪᠠᠰᠤᠷᠠᠭᠤᠯᠤᠯ ᠬᠢᠨ᠎ᠠ︔ ᠲᠤᠰᠬᠠᠢ ᠲᠦᠷᠦᠯ ᠤᠨ ᠠᠵᠢᠯ ᠡᠷᠬᠢᠯᠡᠵᠦ ᠪᠠᠶᠢᠭ᠎ᠠ ᠠᠯᠪᠠᠳᠠᠨ ᠳᠤ ᠲᠤᠰᠬᠠᠢᠢᠯᠠᠨ ᠲᠤᠬᠠᠢᠢᠯᠠᠭᠰᠠᠨ | ᠠᠵᠢᠯ ᠤᠨ ᠪᠤᠯᠪᠠᠰᠤᠷᠠᠭᠤᠯᠤᠯ ᠬᠢᠨ᠎ᠡ︔ ᠪᠦᠬᠦ ᠠᠯᠪᠠᠳᠠᠨ ᠳᠤ ᠮᠡᠳᠡᠯᠭᠡ ᠶᠢ ᠰᠢᠨᠡᠥᠨᠭᠡᠬᠦ᠂ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠬᠦ ᠠᠵᠢᠯ ᠤᠨ ᠪᠠᠶᠢᠷᠢ ᠶᠢᠨ | ᠪᠤᠯᠪᠠᠰᠤᠷᠠᠭᠤᠯᠤᠯ ᠬᠢᠨ᠎ᠡ᠂ ᠡᠭᠦᠨ ᠤ ᠲᠤᠳᠤᠷ᠎ᠠ ᠲᠤᠰᠬᠠᠢ ᠮᠡᠷᠭᠡᠵᠢᠯ ᠤᠨ ᠲᠤᠰᠢᠶᠠᠯ ᠡᠭᠦᠷᠭᠡᠯᠡᠵᠦ ᠪᠠᠶᠢᠭ᠎ᠠ ᠠᠯᠪᠠᠳᠠᠨ ᠳᠤ ᠲᠤᠰᠬᠠᠢ ᠮᠡᠷᠭᠡᠵᠢᠯ ᠤᠨ ᠠᠵᠢᠯᠳᠠᠨ ᠤ | ᠦᠷᠬᠦᠯᠵᠢᠯᠡᠨ ᠰᠤᠷᠭᠠᠨ ᠬᠦᠮᠦᠵᠢᠯ ᠬᠢᠬᠦ ᠱᠠᠭᠠᠷᠳᠠᠯᠭ᠎ᠠ ᠪᠠᠷ ᠲᠤᠰᠬᠠᠢ ᠮᠡᠷᠭᠡᠵᠢᠯ ᠤᠨ ᠪᠤᠯᠪᠠᠰᠤᠷᠠᠭᠤᠯᠤᠯ ᠬᠢᠨ᠎ᠡ᠃ ᠤᠯᠤᠰ ᠠᠴᠠ ᠲᠦᠯᠦᠪᠯᠡᠭᠡ ᠲᠠᠢ ᠪᠠᠷ ᠪᠡᠯᠡᠥᠨᠭᠡᠯ | ᠤᠳᠤᠷᠢᠥᠨᠬᠤ ᠬᠦᠮᠦᠰ ᠢ ᠪᠤᠯᠪᠠᠰᠤᠷᠠᠭᠤᠯᠬᠤ ᠠᠵᠢᠯ ᠢ ᠴᠢᠩᠭᠠᠥᠨᠬᠠᠨ᠎ᠠ᠃ | ᠵᠢᠷᠠᠨ ᠬᠤᠶᠠᠳᠤᠭᠠᠷ ᠵᠦᠢᠯ ᠠᠯᠪᠠᠳᠠᠨ ᠤ ᠪᠤᠯᠪᠠᠰᠤᠷᠠᠭᠤᠯᠤᠯ ᠳᠤ ᠪᠦᠷᠢᠥᠨᠭᠡᠨ ᠲᠡᠮᠳᠡᠭᠯᠡᠬᠦ ᠬᠠᠮᠢᠶᠠᠷᠤᠯᠳᠠ ᠶᠢ ᠶᠠᠪᠤᠭᠤᠯᠤᠨ᠎ᠠ᠃ ᠠᠯᠪᠠᠳᠠᠨ ᠤ | ᠪᠤᠯᠪᠠᠰᠤᠷᠠᠭᠤᠯᠬᠤ ᠳᠤ ᠤᠷᠤᠯᠴᠠᠬᠤ ᠴᠠᠭ ᠬᠤᠭᠤᠴᠠᠭ᠎ᠠ ᠶᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠬᠠᠥᠯᠢ ᠶᠢᠨ ᠵᠢᠷᠠᠨ ᠨᠢᠭᠡᠳᠦᠭᠡᠷ | ᠵᠦᠢᠯ ᠳᠤ ᠲᠤᠭᠳᠠᠭᠠᠭᠰᠠᠨ ᠪᠤᠯᠪᠠᠰᠤᠷᠠᠭᠤᠯᠤᠯ ᠤᠨ ᠱᠠᠭᠠᠷᠳᠠᠯᠭ᠎ᠠ ᠶᠢᠨ ᠶᠤᠰᠤᠭᠠᠷ ᠲᠤᠭᠳᠠᠭᠠᠨ᠎ᠠ᠃ ᠠᠯᠪᠠᠳᠠᠨ ᠤ ᠪᠤᠯᠪᠠᠰᠤᠷᠠᠭᠤᠯᠤᠯ ᠤᠨ ᠪᠠᠶᠢᠳᠠᠯ᠂ ᠰᠤᠷᠤᠯᠭ᠎ᠠ | ᠶᠢᠨ ᠬᠢᠷᠢ ᠪᠦᠳᠦᠮᠵᠢ ᠶᠢ ᠠᠯᠪᠠᠳᠠᠨ ᠢ ᠬᠢᠨᠠᠨ ᠰᠢᠯᠭᠠᠬᠤ ᠠᠭᠤᠯᠭ᠎ᠠ᠂ ᠲᠤᠰᠢᠶᠠᠯ ᠳᠤ ᠲᠤᠮᠢᠯᠠᠬᠤ ᠪᠠ ᠵᠡᠷᠭᠡ ᠲᠡᠪᠰᠢᠬᠦᠯᠬᠦ ᠦᠨᠳᠦᠰᠦ ᠪᠠᠷᠢᠮᠳᠠ ᠶᠢᠨ ᠨᠢᠭᠡ ᠪᠤᠯᠭᠠᠨ᠎ᠠ | ᠃ | ᠠᠷᠪᠠᠨ ᠨᠢᠭᠡᠳᠦᠭᠡᠷ ᠪᠦᠯᠦᠭ ᠰᠤᠯᠢᠯᠴᠠᠬᠤ ᠪᠠ ᠵᠠᠶᠢᠯᠠᠭᠤᠯᠬᠤ | ᠵᠢᠷᠠᠨ ᠭᠤᠷᠪᠠᠳᠤᠭᠠᠷ ᠵᠦᠢᠯ ᠤᠯᠤᠰ ᠠᠴᠠ ᠠᠯᠪᠠᠳᠠᠨ ᠤ ᠰᠤᠯᠢᠯᠴᠠᠬᠤ ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠢ ᠠᠯᠪᠠᠳᠠᠨ ᠤ ᠡᠩᠨᠡᠭᠡᠨ ᠤ | ᠲᠤᠳᠤᠭᠠᠳᠤ ᠳᠠᠭᠠᠨ ᠰᠤᠯᠢᠯᠴᠠᠵᠤ ᠪᠤᠯᠬᠤ ᠪᠦᠭᠡᠥᠨ ᠪᠠᠰᠠ ᠪᠦᠬᠦ ᠤᠯᠤᠰ ᠤᠨ ᠦᠮᠴᠢᠯᠡᠯᠳᠦ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ᠂ ᠠᠷᠠᠥᠨ ᠤᠨ | ᠪᠦᠯᠬᠦᠮ ᠪᠠ ᠤᠯᠠᠨ ᠲᠦᠮᠡᠨ ᠤ ᠪᠦᠯᠬᠦᠮ ᠤᠨ ᠲᠤᠳᠤᠷᠠᠬᠢ ᠠᠯᠪᠠᠨ ᠠᠵᠢᠯᠳᠠᠨ ᠢ ᠡᠷᠬᠢᠯᠡᠵᠦ ᠪᠠᠶᠢᠭ᠎ᠠ ᠠᠵᠢᠯᠳᠠᠨ ᠲᠠᠢ ᠰᠤᠯᠢᠯᠴᠠᠵᠤ ᠪᠤᠯᠤᠨ᠎ᠠ᠃ ᠰᠤᠯᠢᠯᠴᠠᠬᠤ | ᠠᠷᠭ᠎ᠠ ᠭᠡᠯᠪᠡᠷᠢ ᠳᠤ ᠰᠢᠯᠵᠢᠬᠦᠯᠦᠨ ᠲᠤᠮᠢᠯᠠᠬᠤ᠂ ᠬᠠᠯᠠᠨ ᠲᠤᠮᠢᠯᠠᠬᠤ ᠪᠠ ᠲᠤᠰᠢᠶᠠᠯ ᠲᠠᠢ ᠪᠤᠯᠪᠠᠰᠤᠷᠠᠭᠤᠯᠬᠤ ᠪᠠᠭᠳᠠᠨ᠎ᠠ᠃ | ᠵᠢᠷᠠᠨ ᠲᠦᠷᠪᠡᠳᠦᠭᠡᠷ ᠵᠦᠢᠯ ᠤᠯᠤᠰ ᠤᠨ ᠦᠮᠴᠢᠯᠡᠯᠳᠦ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠡ᠂ ᠠᠷᠠᠥᠨ ᠤᠨ ᠪᠦᠯᠬᠦᠮ ᠪᠠ ᠤᠯᠠᠨ ᠲᠦᠮᠡᠨ ᠤ | ᠪᠦᠯᠬᠦᠮ ᠤᠨ ᠲᠤᠳᠤᠷᠠᠬᠢ ᠠᠯᠪᠠᠨ ᠠᠵᠢᠯ ᠢ ᠡᠷᠬᠢᠯᠡᠵᠦ ᠪᠠᠶᠢᠭ᠎ᠠ ᠠᠵᠢᠯᠳᠠᠨ ᠪᠠᠶᠢᠭᠤᠯᠭ᠎ᠠ ᠳᠤ ᠰᠢᠯᠵᠢᠨ ᠤᠷᠤᠵᠤ ᠤᠳᠤᠷᠢᠳᠤᠯᠭ᠎ᠠ ᠶᠢᠨ ᠲᠤᠰᠢᠶᠠᠯ ᠪᠤᠶᠤ ᠲᠤᠰᠠᠯᠠᠬᠤ | ᠪᠠᠶᠢᠴᠠᠭᠠᠨ ᠰᠤᠳᠤᠯᠤᠭᠴᠢ ᠠᠴᠠ ᠲᠡᠭᠡᠭᠰᠢᠬᠢ ᠪᠠ ᠪᠤᠰᠤᠤᠨ ᠠᠳᠠᠯᠢ ᠲᠤᠰᠢᠶᠠᠯ ᠤᠨ ᠲᠡᠰ ᠲᠠᠪᠬᠤᠷᠭ᠎ᠠ ᠶᠢᠨ ᠤᠳᠤᠷᠢᠳᠤᠯᠭ᠎ᠠ ᠶᠢᠨ ᠪᠤᠰᠤ ᠲᠤᠰᠢᠶᠠᠯ ᠢ | ᠬᠠᠷᠢᠭᠤᠴᠠᠵᠤ ᠪᠤᠯᠤᠨ᠎ᠠ᠃ ᠰᠢᠯᠵᠢᠨ ᠲᠤᠰᠢᠶᠠᠯ ᠬᠠᠷᠢᠭᠤᠴᠠᠭᠰᠠᠤᠨ ᠨᠢ ᠲᠤᠰ ᠬᠠᠥᠯᠢ ᠶᠢᠨ ᠠᠷᠪᠠᠨ ᠨᠢᠭᠡᠳᠦᠭᠡᠷ ᠵᠦᠢᠯ ᠳᠤ ᠲᠤᠭᠳᠠᠭᠠᠭᠰᠠᠨ ᠨᠦᠬᠦᠴᠡᠯ ᠬᠢᠭᠡᠥᠨ | ᠲᠤᠮᠢᠯᠠᠬᠤ ᠪᠠᠷ ᠵᠢᠱᠢᠵᠦ ᠪᠦᠬᠦᠢ ᠲᠤᠰᠢᠶᠠᠯ ᠤᠨ ᠪᠠᠶᠢᠷᠢ ᠳᠤ ᠱᠠᠭᠠᠷᠳᠠᠭᠳᠠᠬᠤ ᠭᠢᠷᠢ ᠭᠡᠮ ᠤᠨ ᠨᠦᠬᠦᠴᠡᠯ ᠢ ᠪᠦᠷᠢᠯᠳᠦᠬᠦᠯᠬᠦ ᠭᠡᠷᠡᠭᠳᠡᠢ ᠪᠦᠭᠡᠥᠨ ᠲᠤᠰ ᠬᠠᠥᠯᠢ ᠶᠢᠨ | ᠬᠤᠷᠢᠨ ᠲᠦᠷᠪᠡᠳᠦᠭᠡᠷ ᠵᠦᠢᠯ ᠳᠤ ᠲᠤᠭᠳᠠᠭᠠᠭᠰᠠᠨ ᠪᠠᠶᠢᠳᠠᠯ ᠲᠠᠢ ᠪᠠᠶᠢᠵᠤ ᠪᠤᠯᠬᠤ ᠦᠭᠡᠢ᠃ ᠰᠢᠯᠵᠢᠬᠦᠯᠦᠨ ᠲᠤᠮᠢᠯᠠᠬᠤ ᠪᠠᠶᠢᠭᠤᠯᠭ᠎ᠠ ᠨᠢ ᠲᠡᠭᠡᠷ᠎ᠡ ᠲᠤᠷᠠᠳᠤᠭᠰᠠᠨ | ᠲᠤᠭᠳᠠᠭᠠᠯ ᠢ ᠦᠨᠳᠦᠰᠦᠯᠡᠵᠦ ᠰᠢᠯᠵᠢᠨ ᠲᠤᠰᠢᠶᠠᠯ ᠬᠠᠷᠢᠭᠤᠴᠠᠭᠰᠠᠥᠨ ᠢ ᠴᠢᠩᠭ᠎ᠠ ᠬᠢᠨᠠᠨ ᠰᠢᠯᠭᠠᠵᠤ᠂ ᠬᠠᠮᠢᠶᠠᠷᠤᠯᠳᠠ ᠶᠢᠨ ᠡᠷᠭᠡ ᠮᠡᠳᠡᠯ ᠤᠨ ᠬᠡᠪᠴᠢᠶ᠎ᠡ ᠶᠤᠰᠤᠭᠠᠷ | ᠬᠢᠨᠠᠨ ᠵᠦᠪᠰᠢᠶᠡᠷᠡᠬᠦᠯᠬᠦ ᠭᠡᠷᠡᠭᠳᠡᠢ᠂ ᠴᠢᠬᠤᠯᠨ ᠲᠠᠢ ᠦᠶ᠎ᠡ ᠳᠤ ᠰᠢᠯᠵᠢᠨ ᠲᠤᠰᠢᠶᠠᠯ ᠬᠠᠷᠢᠭᠤᠴᠠᠭᠰᠠᠥᠨ ᠲᠤ ᠰᠢᠯᠭᠠᠯᠳᠠ ᠬᠢᠵᠦ ᠪᠤᠯᠤᠨ᠎ᠠ᠃ | ᠵᠢᠷᠠᠨ ᠲᠠᠪᠤᠳᠤᠭᠠᠷ ᠵᠦᠢᠯ ᠠᠯᠪᠠᠳᠠᠨ ᠢ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠬᠤᠭᠤᠷᠤᠨᠳᠤ ᠬᠠᠯᠠᠨ ᠲᠤᠮᠢᠯᠠᠬᠤ ᠳᠤ ᠡᠷᠭᠡᠪᠡᠰᠢ ᠲᠤᠮᠢᠯᠠᠬᠤ ᠪᠠᠷ | ᠵᠢᠱᠢᠵᠦ ᠪᠦᠬᠦᠢ ᠲᠤᠰᠢᠶᠠᠯ ᠤᠨ ᠪᠠᠶᠢᠷᠢ ᠳᠤ ᠱᠠᠭᠠᠷᠳᠠᠭᠳᠠᠬᠤ ᠬᠢᠷᠢ ᠭᠡᠮ ᠢ ᠪᠦᠷᠢᠯᠳᠦᠬᠦᠯᠵᠦ᠂ ᠲᠤᠭᠳᠠᠭᠰᠠᠨ ᠤᠷᠤᠨ ᠲᠤᠭᠠᠨ ᠤ ᠬᠢᠵᠠᠭᠠᠷᠯᠠᠯ ᠪᠠ ᠲᠤᠰᠢᠶᠠᠯ ᠤᠨ | ᠲᠤᠭ᠎ᠠ ᠶᠤᠰᠤᠭᠠᠷ ᠬᠢᠬᠦ ᠭᠡᠷᠡᠭᠳᠡᠢ᠃ ᠮᠤᠵᠢ᠂ ᠶᠠᠮᠤᠨ ᠤ ᠱᠠᠳᠤᠨ ᠤ ᠵᠢᠩᠭᠢᠨᠢ ᠲᠤᠰᠢᠶᠠᠯ ᠠᠴᠠ ᠲᠤᠷᠤᠭᠰᠢᠬᠢ ᠤᠳᠤᠷᠢᠥᠨᠬᠤ ᠪᠦᠷᠢᠯᠳᠦᠬᠦᠨ ᠢ ᠲᠦᠯᠦᠪᠯᠡᠭᠡ ᠲᠠᠢ | ᠭᠤᠤᠯᠳᠠᠯᠭ᠎ᠠ ᠲᠠᠢ ᠪᠠᠷ ᠭᠠᠵᠠᠷ ᠤᠷᠤᠨ ᠠᠯᠤᠰᠯᠠᠨ᠂ ᠰᠠᠯᠠᠭ᠎ᠠ ᠮᠦᠴᠢᠷ ᠠᠯᠤᠰᠯᠠᠵᠤ ᠬᠠᠯᠠᠨ ᠲᠤᠮᠢᠯᠠᠬᠤ ᠭᠡᠷᠡᠭᠳᠡᠢ᠃ ᠪᠠᠶᠢᠭᠤᠯᠭ᠎ᠠ ᠶᠢᠨ ᠲᠤᠳᠤᠭᠠᠳᠤ ᠳᠤ | ᠲᠤᠬᠢᠷᠠᠭᠤᠯᠤᠭᠰᠠᠨ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠲᠤᠰᠢᠶᠠᠯ ᠪᠠ ᠤᠨᠴᠠᠭᠠᠢ ᠠᠵᠢᠯ ᠤᠨ ᠰᠢᠨᠵᠢ ᠴᠢᠨᠠᠷ ᠲᠠᠢ ᠤᠳᠤᠷᠢᠳᠤᠯᠭ᠎ᠠ ᠶᠢᠨ ᠪᠤᠰᠤ ᠲᠤᠰᠢᠶᠠᠯ ᠢ | ᠡᠭᠦᠷᠭᠡᠯᠡᠬᠦ ᠠᠯᠪᠠᠳᠠᠨ ᠢ ᠲᠦᠯᠦᠪᠯᠡᠭᠡ ᠲᠠᠢ ᠪᠠᠷ ᠲᠤᠰ ᠪᠠᠶᠢᠭᠤᠯᠭ᠎ᠠ ᠶᠢᠨ ᠲᠤᠳᠤᠭᠠᠳᠤ ᠳᠤ ᠬᠠᠯᠠᠨ ᠲᠤᠮᠢᠯᠠᠪᠠᠯ ᠵᠤᠬᠢᠨ᠎ᠠ᠃ | ᠵᠢᠷᠠᠨ ᠵᠢᠷᠭᠤᠳᠤᠭᠠᠷ ᠵᠦᠢᠯ ᠠᠯᠪᠠᠳᠠᠨ ᠢ ᠬᠦᠮᠦᠵᠢᠬᠦᠯᠦᠨ ᠪᠤᠯᠪᠠᠰᠤᠷᠠᠭᠤᠯᠬᠤ ᠭᠡᠷᠡᠭᠴᠡᠭᠡ ᠶᠢ ᠦᠨᠳᠦᠰᠦᠯᠡᠨ ᠠᠯᠪᠠᠳᠠᠨ ᠢ ᠲᠤᠤᠷᠠᠳᠤ ᠱᠠᠳᠤᠨ ᠤ ᠠᠯᠪᠠᠨ | ᠪᠠᠶᠢᠭᠤᠯᠭ᠎ᠠ ᠪᠤᠶᠤ ᠡᠰᠡᠬᠦᠯ᠎ᠡ ᠲᠡᠬᠡᠳᠦ ᠱᠠᠳᠤᠨ ᠤ ᠠᠯᠪᠠᠨ ᠪᠠᠶᠢᠭᠤᠯᠭ᠎ᠠ᠂ ᠪᠤᠰᠤᠤᠨ ᠭᠠᠵᠠᠷ ᠤᠷᠤᠨ ᠵᠢᠴᠢ ᠤᠯᠤᠰ ᠤᠨ ᠦᠮᠴᠢᠯᠡᠯᠳᠦ ᠠᠵᠤ ᠠᠬᠤᠢᠢᠯᠠᠯ᠂ ᠠᠵᠢᠯ | ᠦᠢᠯᠡᠰ ᠤᠨ ᠨᠢᠭᠡᠴᠡ ᠳᠤ ᠰᠢᠯᠢᠨ ᠲᠤᠮᠢᠯᠠᠵᠤ ᠲᠤᠰᠢᠶᠠᠯ ᠲᠠᠢ ᠪᠤᠯᠪᠠᠰᠤᠷᠠᠭᠤᠯᠬᠤ ᠪᠤᠯᠤᠨ᠎ᠠ᠃ ᠲᠤᠰᠢᠶᠠᠯ ᠲᠠᠢ ᠪᠤᠯᠪᠠᠰᠤᠷᠠᠭᠤᠯᠵᠤ ᠪᠠᠶᠢᠭ᠎ᠠ ᠬᠤᠭᠤᠴᠠᠭᠠᠨ ᠳᠤ | ᠠᠯᠪᠠᠳᠠᠨ ᠤ ᠤᠤᠯ ᠪᠠᠶᠢᠭᠤᠯᠭ᠎ᠠ ᠯᠤᠭ᠎ᠠ ᠶᠢᠨ ᠠᠵᠢᠯᠳᠠᠨ ᠤ ᠶᠠᠪᠤᠳᠠᠯ ᠤᠨ ᠬᠠᠷᠢᠴᠠᠭ᠎ᠠ ᠶᠢ ᠬᠤᠪᠢᠷᠠᠭᠤᠯᠬᠤ ᠦᠭᠡᠢ᠃ | ᠵᠢᠷᠠᠨ ᠲᠤᠯᠤᠳᠤᠭᠠᠷ ᠵᠦᠢᠯ ᠠᠯᠪᠠᠳᠠᠨ ᠨᠢ ᠪᠠᠶᠢᠭᠤᠯᠭ᠎ᠠ ᠶᠢᠨ ᠢᠶᠠᠨ ᠰᠤᠯᠢᠯᠴᠠᠬᠤ ᠲᠤᠭᠳᠠᠭᠠᠯ ᠢ ᠲᠠᠭᠠᠬᠤ ᠭᠡᠷᠡᠭᠳᠡᠢ᠃ ᠠᠯᠪᠠᠳᠠᠨ ᠬᠤᠪᠢ ᠬᠦᠮᠦᠨ | ᠰᠤᠯᠢᠯᠴᠠᠬᠤ ᠶᠢ ᠭᠤᠶᠤᠴᠢᠯᠠᠪᠠᠯ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠎ᠡ ᠶᠤᠰᠤᠭᠠᠷ ᠬᠢᠨᠠᠨ ᠵᠦᠪᠰᠢᠶᠡᠷᠡᠬᠦᠯᠦᠨ᠎ᠡ᠃ | ᠵᠢᠷᠠᠨ ᠨᠠᠢᠮᠠᠳᠤᠭᠠᠷ ᠵᠦᠢᠯ ᠠᠯᠪᠠᠳᠠᠨ ᠤ ᠬᠤᠭᠤᠷᠤᠨᠳᠤ ᠡᠷ᠎ᠡ ᠡᠮ᠎ᠡ ᠶᠢᠨ ᠬᠠᠷᠢᠴᠠᠭ᠎ᠠ ᠲᠠᠢ᠂ ᠴᠢᠰᠤᠨ ᠲᠦᠷᠦᠯ ᠤᠨ ᠬᠠᠷᠢᠴᠠᠭ᠎ᠠ ᠲᠠᠢ᠂ ᠭᠤᠷᠪᠠᠨ ᠦᠶ᠎ᠡ | ᠶᠢᠨ ᠲᠤᠳᠤᠷᠠᠬᠢ ᠦᠶᠡᠯᠢᠥᠨ ᠴᠢᠰᠦᠨ ᠲᠦᠷᠦᠯ ᠤᠨ ᠬᠠᠷᠢᠴᠠᠭ᠎ᠠ ᠵᠢᠴᠢ ᠦᠢᠷ᠎ᠠ ᠤᠷᠤᠭ ᠰᠠᠳᠤᠨ ᠤ ᠬᠠᠷᠢᠴᠠᠭ᠎ᠠ ᠲᠠᠢ ᠪᠠᠶᠢᠪᠠᠯ᠂ ᠨᠢᠭᠡ ᠪᠠᠶᠢᠭᠤᠯᠭ᠎ᠠ ᠳᠤ ᠬᠤᠶᠠᠷ | ᠡᠳᠡᠭᠡᠥᠨ ᠢᠶᠠᠷ ᠢᠶᠠᠨ ᠨᠢᠭᠡ ᠤᠳᠤᠷᠢᠳᠤᠯᠭ᠎ᠠ ᠳᠤ ᠰᠢᠭᠤᠤᠨ ᠬᠠᠷᠢᠶᠠᠯᠠᠭᠳᠠᠬᠤ ᠲᠤᠰᠢᠶᠠᠯ ᠪᠤᠶᠤ ᠰᠢᠭᠤᠤᠨ ᠲᠡᠭᠡᠳᠦ ᠲᠤᠤᠷᠠᠳᠤ ᠱᠠᠳᠤᠨ ᠤ ᠤᠳᠤᠷᠢᠥᠨᠬᠤ ᠬᠠᠷᠢᠴᠠᠭ᠎ᠠ | ᠲᠠᠢ ᠲᠤᠰᠢᠶᠠᠯ ᠢ ᠬᠠᠷᠢᠭᠤᠴᠠᠵᠤ ᠪᠤᠯᠬᠤ ᠦᠭᠡᠢ ᠪᠦᠭᠡᠥᠨ ᠲᠡᠬᠦᠨ ᠤ ᠨᠢᠭᠡ ᠡᠳᠡᠭᠡᠥᠨ ᠨᠢ ᠤᠳᠤᠷᠢᠳᠤᠯᠭ᠎ᠠ ᠶᠢᠨ ᠲᠤᠰᠢᠶᠠᠯ ᠬᠠᠷᠢᠭᠤᠴᠠᠵᠤ ᠪᠠᠶᠢᠭ᠎ᠠ ᠪᠠᠶᠢᠭᠤᠯᠭ᠎ᠠ ᠳᠤ | ᠵᠤᠬᠢᠶᠠᠨ ᠪᠠᠶᠢᠭᠤᠯᠬᠤ᠂ ᠠᠵᠢᠯᠳᠠᠨ ᠤ ᠶᠠᠪᠤᠳᠠᠯ᠂ ᠰᠠᠬᠢᠯᠭ᠎ᠠ ᠪᠠᠳᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠬᠢᠭᠡᠥᠨ ᠡᠳ᠋ ᠤᠨ ᠶᠠᠪᠤᠳᠠᠯ ᠤᠨ | ᠠᠵᠢᠯ ᠢ ᠬᠢᠵᠦ ᠪᠤᠯᠬᠤ ᠦᠭᠡᠢ᠃ ᠭᠠᠵᠠᠷ ᠤᠷᠤᠨ ᠪᠤᠶᠤ ᠠᠵᠢᠯ ᠤᠨ ᠰᠢᠨᠵᠢ ᠴᠢᠨᠠᠷ ᠤᠨᠴᠠᠭᠠᠢ ᠠᠴᠠ ᠪᠤᠯᠵᠤ ᠲᠤᠰᠢᠶᠠᠯ ᠤᠨ ᠵᠠᠶᠢᠯᠠᠭᠤᠯᠤᠯᠳᠠ ᠶᠢ ᠦᠭᠡᠷᠡᠳᠡᠬᠦᠯᠦᠨ | ᠭᠡᠷᠡᠭᠵᠢᠬᠦᠯᠬᠦ ᠴᠢᠬᠤᠯᠨ ᠲᠠᠢ ᠦᠶ᠎ᠡ ᠳᠤ ᠮᠤᠵᠢ ᠶᠢᠨ ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠵᠢᠷᠠ ᠶᠢᠰᠦᠳᠦᠭᠡᠷ ᠵᠦᠢᠯ ᠠᠯᠪᠠᠳᠠᠨ ᠰᠢᠶᠠᠩ ᠤᠨ ᠱᠠᠳᠤᠨ ᠤ ᠪᠠᠶᠢᠭᠤᠯᠭ᠎ᠠ᠂ ᠰᠢᠶᠠᠨ ᠤ ᠱᠠᠳᠤᠨ ᠤ ᠪᠠᠶᠢᠭᠤᠯᠭ᠎ᠠ ᠵᠢᠴᠢ ᠲᠡᠬᠦᠨ ᠤ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠭᠤᠤᠯ ᠤᠳᠤᠷᠢᠥᠨᠬᠤ ᠲᠤᠰᠢᠶᠠᠯ ᠢ ᠡᠭᠦᠷᠭᠡᠯᠡᠬᠦ ᠳᠤ ᠬᠠᠥᠯᠢ ᠳᠤ ᠠᠰᠳᠠᠭᠠᠨ ᠲᠤᠭᠳᠠᠭᠠᠯ ᠪᠠᠶᠢᠬᠤ ᠠᠴᠠ ᠪᠤᠰᠤᠤᠨ ᠨᠢ ᠭᠠᠵᠠᠷ ᠤᠷᠤᠨ ᠤ | ᠵᠠᠶᠢᠯᠠᠭᠤᠯᠤᠯᠳᠠ ᠶᠢ ᠬᠡᠷᠡᠭᠵᠢᠬᠦᠯᠬᠦ ᠭᠡᠷᠡᠭᠳᠡᠢ᠃ | ᠲᠠᠯᠠᠳᠤᠭᠠᠷ ᠵᠦᠢᠯ ᠠᠯᠪᠠᠳᠠᠨ ᠠᠯᠪᠠᠨ ᠠᠵᠢᠯ ᠢ ᠬᠦᠢᠴᠡᠥᠨᠭᠡᠬᠦ ᠦᠶ᠎ᠡ ᠳᠤ ᠲᠤᠤᠷᠠᠬᠢ ᠪᠠᠶᠢᠳᠠᠯ ᠤᠨ ᠠᠯᠢ ᠨᠢᠭᠡᠨ ᠵᠦᠢᠯ ᠪᠠᠶᠢᠪᠠᠯ ᠵᠠᠶᠢᠯᠠᠭᠤᠯᠬᠤ ᠭᠡᠷᠡᠭᠳᠡᠢ᠄ | ︵ᠨᠢᠭᠡ︶ ᠬᠤᠪᠢ ᠪᠡᠶ᠎ᠡ ᠶᠢᠨ ᠠᠰᠢᠭ ᠬᠤᠤᠷ ᠤᠨ ᠬᠠᠷᠢᠴᠠᠭ᠎ᠠ ᠲᠠᠢ ᠬᠤᠯᠪᠤᠭᠳᠠᠬᠤ︔ ︵ᠬᠤᠶᠠᠷ︶ ᠬᠤᠪᠢ ᠬᠦᠮᠦᠨ ᠯᠦᠭᠡ ᠲᠤᠰ ᠬᠠᠥᠯᠢ ᠶᠢᠨ ᠵᠢᠷᠠᠨ | ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠵᠢᠭᠰᠠᠭᠠᠭᠰᠠᠨ ᠲᠦᠷᠦᠯ ᠰᠠᠳᠤᠨ ᠤ ᠬᠠᠷᠢᠴᠠᠭ᠎ᠠ ᠲᠠᠢ ᠬᠦᠮᠦᠰ ᠤᠨ ᠠᠰᠢᠭ ᠬᠤᠤᠷ ᠤᠨ ᠬᠠᠷᠢᠴᠠᠭ᠎ᠠ ᠳᠤ | ᠬᠤᠯᠪᠤᠭᠳᠠᠬᠤ︔ ︵ᠭᠤᠷᠪᠠ︶ ᠭᠤᠤᠯᠴᠢ ᠪᠠᠷ ᠠᠯᠪᠠᠨ ᠭᠡᠷᠡᠭ ᠬᠦᠢᠴᠡᠥᠨᠭᠡᠬᠦ ᠶᠢ ᠨᠦᠯᠦᠭᠡᠯᠡᠵᠦ ᠮᠡᠳᠡᠬᠦ ᠪᠤᠰᠤᠤᠨ ᠲᠠᠯ᠎ᠠ᠃ | ᠲᠠᠯᠠᠨ ᠨᠢᠭᠡᠳᠦᠭᠡᠷ ᠵᠦᠢᠯ ᠠᠯᠪᠠᠳᠠᠨ ᠳᠤ ᠵᠠᠶᠢᠯᠠᠭᠤᠯᠬᠤ ᠴᠢᠬᠤᠯᠨ ᠲᠠᠢ ᠪᠠᠶᠢᠳᠠᠯ ᠪᠠᠶᠢᠪᠠᠯ ᠬᠤᠪᠢ ᠬᠦᠮᠦᠨ ᠨᠢ ᠵᠠᠶᠢᠯᠠᠭᠤᠯᠬᠤ ᠪᠠᠷ ᠭᠤᠶᠤᠴᠢᠯᠠᠬᠤ ᠭᠡᠷᠡᠭᠳᠡᠢ | ︔ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠯᠪᠠᠳᠠᠨ ᠢ ᠵᠠᠶᠢᠯᠠᠭᠤᠯᠬᠤ ᠪᠠᠷ ᠭᠤᠶᠤᠴᠢᠯᠠᠬᠤ ᠡᠷᠭᠡ ᠲᠠᠢ᠃ ᠪᠤᠰᠤᠤᠨ ᠬᠦᠮᠦᠰ ᠠᠴᠠ ᠠᠯᠪᠠᠳᠠᠨ ᠤ | ᠵᠠᠶᠢᠯᠠᠭᠤᠯᠬᠤ ᠴᠢᠬᠤᠯᠨ ᠲᠠᠢ ᠪᠠᠶᠢᠳᠠᠯ ᠢ ᠪᠠᠶᠢᠭᠤᠯᠭ᠎ᠠ ᠳᠤᠨᠢ ᠮᠡᠳᠡᠬᠦᠯᠵᠦ ᠪᠤᠯᠤᠨ᠎ᠠ᠃ ᠪᠠᠶᠢᠭᠤᠯᠭ᠎ᠠ ᠠᠴᠠ ᠠᠯᠪᠠᠳᠠᠨ ᠤ ᠲᠤᠰ ᠪᠡᠶ᠎ᠡ ᠪᠤᠶᠤ ᠠᠰᠢᠭ ᠬᠤᠤᠷ ᠤᠨ | ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠢ ᠦᠨᠳᠦᠰᠦᠯᠡᠵᠦ᠂ ᠬᠢᠨᠠᠨ ᠪᠠᠶᠢᠴᠠᠭᠠᠭᠰᠠᠨ ᠤ ᠲᠠᠷᠠᠭ᠎ᠠ ᠵᠠᠶᠢᠯᠠᠭᠤᠯᠬᠤ ᠡᠰᠡᠬᠦ ᠶᠢ ᠲᠤᠭᠳᠠᠭᠠᠨ᠎ᠠ᠂ ᠭᠤᠶᠤᠴᠢᠯᠠᠯ ᠢ | ᠲᠠᠮᠵᠢᠬᠤ ᠦᠭᠡᠢ ᠪᠠᠷ ᠰᠢᠭᠤᠤᠨ ᠵᠠᠶᠢᠯᠠᠭᠤᠯᠬᠤ ᠲᠤᠭᠳᠠᠭᠠᠯ ᠭᠠᠷᠭᠠᠵᠤ ᠴᠤ ᠪᠤᠯᠤᠨ᠎ᠠ᠃ | ᠲᠠᠯᠠᠨ ᠬᠤᠶᠠᠳᠤᠭᠠᠷ ᠵᠦᠢᠯ ᠬᠠᠥᠯᠢ ᠠᠴᠠ ᠠᠯᠪᠠᠳᠠᠨ ᠢ ᠵᠠᠶᠢᠯᠠᠭᠤᠯᠬᠤ ᠠᠰᠳᠠᠭᠠᠨ ᠲᠤᠭᠳᠠᠭᠠᠯ ᠲᠠᠢ ᠪᠠᠶᠢᠪᠠᠯ ᠲᠡᠷᠡ ᠬᠦ ᠲᠤᠭᠳᠠᠭᠠᠯ ᠢ ᠲᠠᠭᠠᠨ᠎ᠠ᠃ | ᠠᠷᠪᠠᠨ ᠬᠤᠶᠠᠳᠤᠭᠠᠷ ᠪᠦᠯᠦᠭ ᠴᠠᠯᠢᠩ ᠠᠰᠠᠷᠠᠮᠵᠢ ᠲᠠᠭᠠᠥᠨᠬᠠᠯ | ᠲᠠᠯᠠᠨ ᠭᠤᠷᠪᠠᠳᠤᠭᠠᠷ ᠵᠦᠢᠯ ᠠᠯᠪᠠᠳᠠᠨ ᠳᠤ ᠲᠤᠰᠢᠶᠠᠯ ᠬᠢᠭᠡᠥᠨ ᠲᠡᠰ ᠢ ᠬᠠᠷᠢᠯᠴᠠᠨ ᠤᠶᠠᠯᠳᠤᠭᠤᠯᠤᠭᠰᠠᠨ ᠤᠯᠤᠰ ᠤᠨ ᠨᠢᠭᠡᠳᠦᠯᠳᠡᠢ ᠴᠠᠯᠢᠩ ᠤᠨ | ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠤ ᠴᠠᠯᠢᠩ ᠤᠨ ᠲᠦᠷᠢᠮ ᠳᠤ ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠵᠠᠷᠴᠢᠮ ᠢ ᠲᠤᠤᠱᠯᠠᠭᠤᠯᠵᠤ᠂ | ᠠᠵᠢᠯ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠴᠢᠳᠠᠪᠤᠷᠢ᠂ ᠠᠵᠢᠯ ᠤᠨ ᠪᠤᠳᠠᠳᠤ ᠠᠮᠵᠢᠯᠳᠠ᠂ ᠠᠵᠢᠯ ᠤᠨ ᠦᠡᠭᠭᠡᠷᠡᠯᠳᠡ ᠵᠡᠷᠭᠡ ᠬᠦᠴᠦᠨ ᠵᠦᠢᠯ ᠢ | ᠢᠯᠡᠷᠡᠬᠦᠯᠵᠦ ᠠᠳᠠᠯᠢ ᠪᠤᠰᠤ ᠲᠤᠰᠢᠶᠠᠯ ᠬᠢᠭᠡᠥᠨ ᠲᠡᠰ ᠤᠨ ᠬᠤᠭᠤᠷᠤᠨᠳᠤ ᠵᠤᠬᠢᠰᠳᠠᠢ ᠴᠠᠯᠢᠩ ᠤᠨ ᠵᠦᠷᠢᠶ᠎ᠡ ᠲᠠᠢ ᠪᠠᠶᠢᠯᠭᠠᠨ᠎ᠠ᠃ ᠤᠯᠤᠰ ᠠᠴᠠ ᠠᠯᠪᠠᠳᠠᠨ ᠤ | ᠴᠠᠯᠢᠩ ᠤᠨ ᠭᠡᠪ ᠤᠨ ᠶᠤᠰᠤᠭᠠᠷ ᠨᠡᠮᠡᠭᠳᠡᠬᠦ ᠲᠤᠭᠳᠠᠴᠠ ᠶᠢ ᠪᠠᠶᠢᠭᠤᠯᠤᠨ᠎ᠠ᠃ | ᠲᠠᠯᠠᠨ ᠲᠦᠷᠪᠡᠳᠦᠭᠡᠷ ᠵᠦᠢᠯ ᠠᠯᠪᠠᠳᠠᠨ ᠤ ᠴᠠᠯᠢᠩ ᠳᠤ ᠦᠨᠳᠦᠰᠦᠨ ᠴᠠᠯᠢᠩ᠂ ᠨᠦᠬᠦᠪᠦᠷᠢ ᠵᠤᠭᠤᠰ᠂ ᠨᠦᠬᠦᠪᠦᠷᠢ ᠮᠦᠡᠭᠭᠦ ᠪᠠ ᠱᠠᠩᠨᠠᠯ ᠤᠨ ᠮᠦᠡᠭᠭᠦ | ᠪᠠᠭᠳᠠᠨ᠎ᠠ᠃ ᠠᠯᠪᠠᠳᠠᠨ ᠤ ᠤᠯᠤᠰ ᠤᠨ ᠲᠤᠭᠳᠠᠭᠠᠯ ᠶᠤᠰᠤᠭᠠᠷ ᠭᠠᠵᠠᠷ ᠤᠷᠤᠨ ᠤ ᠨᠡᠮᠡᠯᠳᠡ ᠨᠦᠬᠦᠪᠦᠷᠢ ᠵᠤᠭᠤᠰ᠂ ᠬᠠᠳᠠᠭᠤ ᠬᠦᠴᠢᠷᠳᠡᠯᠳᠡᠢ ᠬᠢᠯᠢ ᠬᠢᠵᠠᠭᠠᠷ | ᠪᠤᠶᠢᠳᠠ ᠪᠦᠭᠯᠡᠬᠦᠦ ᠤᠷᠤᠨ ᠤ ᠨᠦᠬᠦᠪᠦᠷᠢ ᠵᠤᠭᠤᠰ᠂ ᠠᠵᠢᠯ ᠤᠨ ᠪᠠᠶᠢᠷᠢ ᠶᠢᠨ ᠨᠦᠬᠦᠪᠦᠷᠢ ᠵᠤᠭᠤᠰ ᠵᠡᠷᠭᠡ ᠨᠦᠬᠦᠪᠦᠷᠢ ᠵᠤᠭᠤᠰ ᠤᠯᠤᠨ᠎ᠠ᠃ ᠠᠯᠪᠠᠳᠠᠨ | ᠤᠯᠤᠰ ᠤᠨ ᠲᠤᠭᠳᠠᠭᠠᠯ ᠶᠤᠰᠤᠭᠠᠷ ᠤᠷᠤᠨ ᠰᠠᠭᠤᠴᠠ᠂ ᠡᠮ ᠡᠮᠨᠡᠯᠭᠡ ᠵᠡᠷᠭᠡ ᠶᠢᠨ ᠨᠦᠬᠦᠪᠦᠷᠢ ᠮᠦᠡᠭᠭᠦ ᠪᠤᠯᠤᠨ ᠲᠡᠥᠨᠬᠦᠮᠵᠢ ᠶᠢ ᠬᠦᠷᠳᠡᠨ᠎ᠡ᠃ ᠠᠯᠪᠠᠳᠠᠨ | ᠲᠤᠭᠳᠠᠭᠰᠠᠨ ᠬᠤᠭᠤᠴᠠᠭᠠᠨ ᠤ ᠬᠢᠨᠠᠨ ᠰᠢᠯᠭᠠᠷᠠᠭᠤᠯᠤᠯᠳᠠ ᠳᠤ ᠰᠢᠯᠢᠳᠡᠭ ᠬᠢᠭᠡᠥᠨ ᠲᠤᠰᠢᠶᠠᠯ ᠳᠠᠭᠠᠨ ᠲᠡᠩᠴᠡᠭᠰᠡᠨ ᠢᠶᠠᠷ ᠲᠤᠭᠳᠠᠭᠠᠭᠳᠠᠪᠠᠯ ᠤᠯᠤᠰ ᠤᠨ ᠲᠤᠭᠳᠠᠭᠠᠯ | ᠶᠤᠰᠤᠭᠠᠷ ᠵᠢᠯ ᠤᠨ ᠡᠴᠦᠰ ᠤᠨ ᠱᠠᠩᠨᠠᠯ ᠤᠨ ᠮᠦᠡᠭᠭᠦ ᠤᠯᠤᠨ᠎ᠠ᠃ ᠠᠯᠪᠠᠳᠠᠨ ᠤ ᠴᠠᠯᠢᠩ ᠢ ᠲᠤᠭᠳᠠᠭᠰᠠᠨ ᠴᠠᠭ ᠲᠤᠨᠢ ᠲᠤᠭ᠎ᠠ ᠶᠤᠰᠤᠭᠠᠷ ᠲᠠᠯᠪᠢᠬᠤ ᠭᠡᠷᠡᠭᠳᠡᠢ᠃ | ᠲᠠᠯᠠᠨ ᠲᠠᠪᠤᠳᠤᠭᠠᠷ ᠵᠦᠢᠯ ᠠᠯᠪᠠᠳᠠᠨ ᠤ ᠴᠠᠯᠢᠩ ᠤᠨ ᠭᠡᠮᠵᠢᠶ᠎ᠡ ᠨᠢ ᠤᠯᠤᠰ ᠠᠷᠠᠥᠨ ᠤᠨ ᠠᠵᠤ ᠠᠬᠤᠢ ᠶᠢᠨ ᠬᠦᠭᠵᠢᠯᠳᠡ ᠲᠠᠢ ᠬᠠᠷᠢᠯᠴᠠᠨ ᠵᠤᠬᠢᠴᠠᠵᠤ᠂ | ᠨᠡᠶᠢᠭᠡᠮ ᠤᠨ ᠲᠠᠪᠰᠢᠯᠳᠠ ᠲᠠᠢ ᠲᠤᠬᠢᠷᠠᠯᠴᠠᠭᠰᠠᠨ ᠪᠠᠶᠢᠬᠤ ᠭᠡᠷᠡᠭᠳᠡᠢ᠃ ᠤᠯᠤᠰ ᠠᠴᠠ ᠴᠠᠯᠢᠩ ᠤᠨ ᠪᠠᠶᠢᠴᠠᠭᠠᠯᠳᠠ ᠶᠢᠨ ᠲᠦᠷᠢᠮ ᠢ ᠭᠡᠷᠡᠭᠵᠢᠬᠦᠯᠵᠦ᠂ ᠠᠯᠪᠠᠳᠠᠨ | ᠬᠢᠭᠡᠥᠨ ᠠᠵᠤ ᠠᠬᠤᠢᠢᠯᠠᠯ ᠤᠨ ᠠᠳᠠᠯᠢᠪᠳᠤᠷ ᠠᠵᠢᠯᠳᠠᠨ ᠤ ᠴᠠᠯᠢᠩ ᠤᠨ ᠭᠡᠮᠵᠢᠶ᠎ᠡ ᠳᠤ ᠲᠤᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠳᠠ ᠬᠢᠵᠦ | ᠬᠠᠷᠢᠴᠠᠭᠤᠯᠤᠨ᠎ᠠ᠂ ᠴᠠᠯᠢᠩ ᠤᠨ ᠪᠠᠶᠢᠴᠠᠭᠠᠯᠳᠠ ᠬᠢᠵᠦ ᠬᠠᠷᠢᠴᠠᠭᠤᠯᠤᠭᠰᠠᠨ ᠦᠷ᠎ᠡ ᠳ᠋ᠥᠩ ᠢᠶᠠᠷ ᠠᠯᠪᠠᠳᠠᠨ ᠤ ᠴᠠᠯᠢᠩ ᠤᠨ ᠲᠦᠪᠰᠢᠨ ᠳᠤ ᠲᠤᠬᠢᠷᠠᠭᠤᠯᠤᠯᠳᠠ ᠬᠢᠬᠦ | ᠦᠨᠳᠦᠰᠦᠯᠡᠯ ᠪᠤᠯᠭᠠᠨ᠎ᠠ᠃ | ᠲᠠᠯᠠᠨ ᠵᠢᠷᠭᠤᠳᠤᠭᠠᠷ ᠵᠦᠢᠯ ᠠᠯᠪᠠᠳᠠᠨ ᠨᠢ ᠤᠯᠤᠰ ᠤᠨ ᠲᠤᠭᠳᠠᠭᠠᠯ ᠶᠤᠰᠤᠭᠠᠷ ᠠᠰᠠᠷᠠᠮᠵᠢ ᠶᠢᠨ ᠤᠯᠭᠤᠮᠵᠢ ᠬᠦᠷᠳᠡᠨ᠎ᠡ᠃ ᠤᠯᠤᠰ ᠠᠴᠠ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠭᠢᠷᠢ ᠭᠡᠮᠵᠢᠶ᠎ᠡ ᠶᠢ ᠦᠨᠳᠦᠰᠦᠯᠡᠵᠦ ᠠᠯᠪᠠᠳᠠᠨ ᠤ ᠠᠰᠠᠷᠠᠮᠵᠢ ᠶᠢᠨ ᠤᠯᠭᠤᠮᠵᠢ ᠶᠢ ᠲᠡᠭᠡᠭᠰᠢᠯᠡᠬᠦᠯᠦᠨ᠎ᠡ᠃ ᠠᠯᠪᠠᠳᠠᠨ ᠨᠢ ᠤᠯᠤᠰ | ᠠᠴᠠ ᠲᠤᠭᠳᠠᠭᠠᠭᠰᠠᠨ ᠠᠵᠢᠯᠯᠠᠬᠤ ᠴᠠᠭ ᠤᠨ ᠲᠦᠷᠢᠮ ᠢ ᠭᠡᠷᠡᠭᠵᠢᠬᠦᠯᠵᠦ᠂ ᠤᠯᠤᠰ ᠤᠨ ᠲᠤᠭᠳᠠᠭᠠᠯ ᠶᠤᠰᠤᠭᠠᠷ ᠠᠮᠠᠷᠠᠯᠳᠠ ᠠᠪᠤᠨ᠎ᠠ᠃ ᠠᠯᠪᠠᠳᠠᠨ ᠬᠠᠥᠯᠢ ᠪᠠᠷ | ᠲᠤᠭᠳᠠᠭᠠᠭᠰᠠᠨ ᠠᠵᠢᠯᠯᠠᠬᠤ ᠡᠳᠦᠷ ᠠᠴᠠ ᠭᠠᠳᠠᠨ᠎ᠠ ᠨᠡᠮᠡᠨ ᠠᠵᠢᠯᠯᠠᠭᠰᠠᠨ ᠪᠤᠯ ᠵᠤᠬᠢᠴᠠᠩᠭᠤᠢ ᠪᠠᠷ ᠨᠦᠬᠦᠨ ᠠᠮᠠᠷᠠᠭᠤᠯᠤᠨ᠎ᠠ᠃ | ᠲᠠᠯᠠᠨ ᠲᠤᠯᠤᠳᠤᠭᠠᠷ ᠵᠦᠢᠯ ᠤᠯᠤᠰ ᠠᠴᠠ ᠠᠯᠪᠠᠳᠠᠨ ᠤ ᠲᠠᠭᠠᠥᠨᠬᠠᠯ ᠤᠨ ᠲᠦᠷᠢᠮ ᠢ ᠪᠠᠶᠢᠭᠤᠯᠵᠤ᠂ ᠠᠯᠪᠠᠳᠠᠨ ᠤ ᠠᠵᠢᠯ ᠠᠴᠠ ᠠᠮᠠᠷᠠᠬᠤ᠂ ᠡᠪᠡᠥᠨᠴᠢᠯᠡᠬᠦ᠂ | ᠠᠯᠪᠠᠨ ᠭᠡᠷᠡᠭ ᠢᠶᠠᠷ ᠭᠡᠮᠳᠦᠬᠦ᠂ ᠬᠦᠡᠭᠭᠡᠵᠢᠬᠦ᠂ ᠠᠵᠢᠯ ᠠᠯᠳᠠᠬᠤ ᠵᠡᠷᠭᠡ ᠪᠠᠶᠢᠳᠠᠯ ᠤᠨ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠬᠦᠷᠳᠡᠬᠦ ᠶᠢ ᠪᠠᠳᠤᠯᠠᠨ᠎ᠠ᠃ | ᠠᠯᠪᠠᠳᠠᠨ ᠠᠯᠪᠠᠨ ᠤ ᠶᠠᠪᠤᠳᠠᠯ ᠠᠴᠠ ᠵᠡᠮᠳᠡᠭ ᠪᠤᠯᠤᠭᠰᠠᠨ ᠪᠤᠯ ᠤᠯᠤᠰ ᠠᠴᠠ ᠲᠤᠭᠳᠠᠭᠠᠭᠰᠠᠨ ᠵᠡᠮᠳᠡᠭ ᠪᠤᠯᠤᠭᠰᠠᠨ ᠬᠠᠷᠠᠭᠠᠯᠵᠠᠯ ᠬᠦᠷᠳᠡᠨ᠎ᠡ᠃ ᠠᠯᠪᠠᠳᠠᠨ ᠠᠯᠪᠠᠨ | ᠭᠡᠷᠡᠭ ᠢᠶᠠᠷ ᠪᠡᠶ᠎ᠡ ᠦᠷᠡᠭᠳᠡᠭᠰᠡᠨ᠂ ᠠᠯᠪᠠᠨ ᠭᠡᠷᠡᠭ ᠢᠶᠠᠷ ᠦᠭᠦᠭᠰᠡᠨ ᠪᠤᠶᠤ ᠡᠪᠡᠥᠨᠴᠢᠨ ᠢᠶᠠᠷ ᠦᠬᠦᠭᠰᠡᠨ ᠪᠤᠯ ᠤᠢᠢᠷ᠎ᠠ ᠲᠦᠷᠦᠯ ᠨᠢ ᠤᠯᠤᠰ ᠠᠴᠠ ᠲᠤᠭᠳᠠᠭᠠᠭᠰᠠᠨ | ᠠᠰᠠᠷᠠᠮᠵᠢ ᠪᠠ ᠬᠠᠷᠠᠭᠠᠯᠵᠠᠯ ᠢ ᠬᠦᠷᠳᠡᠨ᠎ᠡ᠃ | ᠲᠠᠯᠠᠨ ᠨᠠᠢᠮᠠᠳᠤᠭᠠᠷ ᠵᠦᠢᠯ ᠶᠠᠮᠠᠷᠪᠠ ᠪᠠᠶᠢᠭᠤᠯᠭ᠎ᠠ ᠨᠢ ᠤᠯᠤᠰ ᠤᠨ ᠲᠤᠭᠳᠠᠭᠠᠯ ᠢ ᠵᠦᠷᠢᠴᠡᠵᠦ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ ᠤᠨ ᠲᠦᠷᠦ | ᠶᠢᠨ ᠪᠤᠳᠤᠯᠭ᠎ᠠ ᠶᠢ ᠲᠤᠷ᠎ᠠ ᠪᠠᠷ ᠢᠶᠠᠨ ᠬᠤᠪᠢᠷᠠᠭᠤᠯᠤᠨ ᠦᠭᠡᠷᠡᠴᠢᠯᠡᠵᠦ ᠪᠤᠯᠬᠤ ᠦᠭᠡᠢ᠂ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ ᠤᠨ ᠤᠯᠭᠤᠮᠵᠢ ᠶᠢ | ᠲᠤᠷ᠎ᠠ ᠪᠠᠷ ᠢᠶᠠᠨ ᠦᠰᠬᠡᠬᠦ ᠪᠤᠶᠤ ᠪᠠᠭᠤᠷᠠᠭᠤᠯᠵᠤ ᠪᠤᠯᠬᠤ ᠦᠭᠡᠢ᠃ ᠶᠠᠮᠠᠷᠪᠠ ᠪᠠᠶᠢᠭᠤᠯᠭ᠎ᠠ ᠨᠢ ᠠᠯᠪᠠᠳᠠᠨ ᠤ ᠴᠠᠯᠢᠩ ᠢ ᠬᠠᠰᠤᠬᠤ ᠪᠤᠶᠤ ᠦᠷᠢᠳᠤᠵᠤ ᠪᠤᠯᠬᠤ | ᠦᠭᠡᠢ᠃ | ᠲᠠᠯᠨ ᠶᠢᠰᠦᠳᠦᠭᠡᠷ ᠵᠦᠢᠯ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ᠂ ᠠᠵᠢᠯ ᠠᠴᠠ ᠪᠠᠨ ᠠᠮᠠᠷᠠᠭᠰᠠᠨ ᠮᠦᠡᠭᠭᠦ ᠵᠢᠴᠢ ᠡᠯᠰᠡᠨ ᠭᠡᠷᠡᠭᠯᠡᠬᠦ᠂ | ᠪᠤᠯᠪᠠᠰᠤᠷᠠᠭᠤᠯᠬᠤ᠂ ᠱᠠᠩᠨᠠᠬᠤ᠂ ᠠᠵᠢᠯ ᠠᠴᠠ ᠨᠢ ᠵᠤᠭᠰᠤᠭᠠᠬᠤ ᠵᠡᠷᠭᠡ ᠳᠤ ᠭᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ ᠪᠠᠳᠤᠯᠠᠬᠤ | ᠭᠡᠷᠡᠭᠳᠡᠢ᠃ | ᠠᠷᠪᠠᠨ ᠭᠤᠷᠪᠠᠳᠤᠭᠠᠷ ᠪᠦᠯᠦᠭ ᠲᠤᠰᠢᠶᠠᠯ ᠠᠴᠠ ᠪᠠᠭᠤᠬᠤ ᠪᠠ ᠠᠵᠢᠯ ᠠᠴᠠ ᠨᠢ ᠵᠤᠭᠰᠤᠭᠠᠬᠤ | ᠨᠠᠶᠠᠳᠤᠭᠠᠷ ᠵᠦᠢᠯ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠭᠡᠪᠡᠯ᠂ ᠲᠤᠮᠢᠯᠠᠵᠤ ᠪᠠᠭᠤᠯᠭᠠᠬᠤ ᠪᠠᠶᠢᠭᠤᠯᠭ᠎ᠠ ᠳᠤ ᠪᠢᠴᠢᠭ ᠢᠶᠠᠷ ᠭᠤᠶᠤᠴᠢᠯᠠᠬᠤ | ᠭᠡᠷᠡᠭᠳᠡᠢ᠃ ᠲᠤᠮᠢᠯᠠᠵᠤ ᠪᠠᠭᠤᠯᠭᠠᠬᠤ ᠪᠠᠶᠢᠭᠤᠯᠭ᠎ᠠ ᠨᠢ ᠭᠤᠶᠤᠴᠢᠯᠠᠯ ᠢ ᠬᠦᠯᠢᠶᠡᠵᠦ ᠠᠪᠤᠭᠰᠠᠨ ᠡᠳᠦᠷ ᠠᠴᠠ ᠪᠤᠳᠤᠨ ᠨᠢᠭᠡ ᠰᠠᠷ᠎ᠠ ᠶᠢᠨ ᠲᠤᠳᠤᠷ᠎ᠠ ᠬᠢᠨᠠᠨ | ᠵᠦᠪᠰᠢᠶᠡᠷᠡᠬᠦ ᠭᠡᠷᠡᠭᠳᠡᠢ᠂ ᠡᠭᠦᠨ ᠳᠤ ᠤᠳᠤᠷᠢᠥᠨᠬᠤ ᠪᠦᠷᠢᠯᠳᠦᠬᠦᠨ ᠤ ᠠᠯᠪᠠᠨ ᠲᠤᠰᠢᠶᠠᠯ ᠠᠴᠠ ᠪᠠᠭᠤᠬᠤ ᠭᠤᠶᠤᠴᠢᠯᠠᠯ ᠢ ᠬᠦᠯᠢᠶᠡᠵᠤ ᠠᠪᠤᠭᠰᠠᠨ ᠡᠳᠦᠷ ᠠᠴᠠ | ᠪᠤᠳᠤᠨ ᠶᠡᠷᠡᠨ ᠡᠳᠦᠷ ᠤᠨ ᠲᠤᠳᠤᠷ᠎ᠠ ᠬᠢᠨᠠᠨ ᠵᠦᠪᠰᠢᠶᠡᠷᠡᠬᠦ ᠭᠡᠷᠡᠭᠳᠡᠢ᠃ | ᠨᠠᠶᠠᠨ ᠨᠢᠭᠡᠳᠦᠭᠡᠷ ᠵᠦᠢᠯ ᠠᠯᠪᠠᠳᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠯᠪᠠᠨ ᠲᠤᠰᠢᠶᠠᠯ ᠠᠴᠠ ᠪᠠᠨ ᠪᠠᠭᠤᠵᠤ ᠪᠤᠯᠬᠤ ᠦᠭᠡᠢ᠄ ︵ᠨᠢᠭᠡ︶ | ᠤᠯᠤᠰ ᠤᠨ ᠲᠤᠭᠳᠠᠭᠠᠯ ᠤᠨ ᠬᠠᠮᠤᠭ ᠤᠬᠤᠷ ᠦᠢᠯᠡᠴᠢᠯᠡᠬᠦ ᠬᠤᠭᠤᠴᠠᠭ᠎ᠠ ᠨᠢ ᠲᠤᠯᠤᠭᠠᠳᠠᠢ︔ ︵ᠬᠤᠶᠠᠷ︶ ᠤᠯᠤᠰ ᠤᠨ ᠨᠢᠭᠤᠴᠠ ᠳᠤ ᠬᠤᠯᠪᠤᠭᠳᠠᠬᠤ ᠤᠨᠴᠠᠭᠠᠢ | ᠲᠤᠰᠢᠶᠠᠯ ᠤᠨ ᠪᠠᠶᠢᠷᠢ ᠲᠡᠭᠡᠷ᠎ᠡ ᠲᠤᠰᠢᠶᠠᠯ ᠬᠠᠷᠢᠭᠤᠴᠠᠵᠤ ᠪᠠᠶᠢᠬᠤ ᠪᠤᠶᠤ ᠲᠡᠭᠡᠷ᠎ᠡ ᠲᠤᠷᠠᠳᠤᠭᠰᠠᠨ ᠠᠵᠢᠯ ᠤᠨ ᠪᠠᠶᠢᠷᠢ ᠠᠴᠠ ᠰᠠᠯᠬᠤ ᠤᠯᠤᠰ ᠠᠴᠠ ᠲᠤᠭᠳᠠᠭᠰᠠᠨ | ᠨᠢᠭᠤᠴᠠ ᠬᠠᠮᠠᠭᠠᠯᠠᠬᠤ ᠬᠤᠭᠤᠴᠠᠭ᠎ᠠ ᠬᠢᠵᠠᠭᠠᠷ ᠨᠢ ᠲᠤᠯᠤᠭᠠᠳᠤᠢ︔ ︵ᠭᠤᠷᠪᠠ︶ ᠬᠦᠨᠳᠦ ᠴᠢᠬᠤᠯᠨ ᠠᠯᠪᠠᠨ ᠶᠠᠪᠤᠳᠠᠯ ᠢᠶᠠᠨ ᠰᠢᠢᠥᠨᠪᠦᠷᠢᠯᠡᠵᠦ ᠪᠠᠷᠠᠭᠠᠳᠤᠢ | ᠪᠦᠭᠡᠥᠨ ᠡᠷᠭᠡᠪᠡᠰᠢ ᠲᠤᠰ ᠬᠦᠮᠦᠨ ᠨᠢ ᠦᠷᠬᠦᠯᠵᠢᠯᠡᠨ ᠰᠢᠢᠥᠨᠪᠦᠷᠢᠯᠡᠬᠦ ᠭᠡᠷᠡᠭᠳᠡᠢ ᠪᠠᠶᠢᠬᠤ︔ ︵ᠲᠦᠷᠪᠡ︶ ᠶᠠᠭ ᠬᠢᠨᠠᠨ ᠪᠤᠳᠤᠯᠳᠠ ᠪᠠ ᠰᠠᠬᠢᠯᠭ᠎ᠠ ᠪᠠᠳᠤ ᠶᠢᠨ | ᠬᠢᠨᠠᠨ ᠪᠠᠶᠢᠴᠠᠭᠠᠯᠳᠠ ᠶᠢ ᠬᠦᠯᠢᠶᠡᠵᠦ ᠪᠠᠶᠢᠭ᠎ᠠ ᠪᠤᠶᠤ ᠶᠠᠯ᠎ᠠ ᠬᠢᠭᠰᠡᠨ ᠰᠡᠵᠢᠭᠯᠡᠯᠳᠡᠢ ᠪᠦᠭᠡᠥᠨ ᠬᠠᠥᠯᠢ ᠶᠢᠨ ᠵᠢᠷᠤᠮ ᠢ ᠲᠡᠭᠦᠰᠭᠡᠭᠡᠳᠦᠢ︔ ︵ᠲᠠᠪᠤ︶ ᠬᠠᠥᠯᠢ᠂ ᠵᠠᠰᠠᠭ | ᠵᠠᠬᠢᠷᠭᠠᠨ ᠤ ᠬᠠᠥᠯᠢ ᠲᠦᠷᠢᠮ ᠳᠤ ᠲᠤᠭᠳᠠᠭᠠᠭᠰᠠᠨ ᠪᠤᠰᠤᠤᠨ ᠠᠯᠪᠠᠨ ᠲᠤᠰᠢᠶᠠᠯ ᠠᠴᠠ ᠪᠠᠭᠤᠵᠤ ᠪᠤᠯᠬᠤ ᠦᠭᠡᠢ ᠵᠦᠢᠯ ᠤᠨ ᠪᠠᠶᠢᠳᠠᠯ ᠲᠠᠢ᠃ | ᠨᠠᠶᠠᠨ ᠬᠤᠶᠠᠳᠤᠭᠠᠷ ᠵᠦᠢᠯ ᠤᠳᠤᠷᠢᠳᠤᠯᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠭ᠎ᠠ ᠠᠯᠪᠠᠳᠠᠨ ᠠᠵᠢᠯ ᠤᠨ ᠬᠤᠪᠢᠷᠠᠯᠳᠠ ᠠᠴᠠ ᠪᠤᠯᠵᠤ ᠬᠠᠥᠯᠢ ᠴᠠᠭᠠᠵᠠ | ᠶᠢᠨ ᠲᠤᠭᠳᠠᠭᠠᠯ ᠶᠤᠰᠤᠭᠠᠷ ᠤᠳᠤ ᠶᠢᠨ ᠲᠤᠰᠢᠶᠠᠯ ᠠᠴᠠ ᠪᠠᠨ ᠪᠠᠭᠤᠬᠤ ᠳᠤ ᠲᠤᠰᠢᠶᠠᠯ ᠠᠴᠠ ᠪᠠᠨ ᠪᠠᠭᠤᠬᠤ ᠭᠠᠷ ᠬᠦᠢᠴᠡᠥᠨᠭᠡᠯ ᠬᠢᠬᠦ ᠭᠡᠷᠡᠭᠳᠡᠢ᠃ ᠤᠳᠤᠷᠢᠥᠨᠬᠤ | ᠲᠤᠰᠢᠶᠠᠯ ᠢ ᠡᠭᠦᠷᠭᠡᠯᠡᠵᠦ ᠪᠠᠶᠢᠭ᠎ᠠ ᠠᠯᠪᠠᠳᠠᠨ ᠨᠢ ᠬᠤᠪᠢ ᠬᠦᠮᠦᠨ ᠤ ᠪᠤᠶᠤ ᠪᠤᠰᠤᠤᠨ ᠰᠢᠯᠳᠠᠭᠠᠨ ᠠᠴᠠ ᠪᠤᠯᠵᠤ᠂ ᠦᠪᠡᠷ ᠤᠨ ᠲᠤᠷ᠎ᠠ ᠠᠴᠠ ᠪᠠᠨ ᠤᠳᠤᠷᠢᠥᠨᠬᠤ | ᠲᠤᠰᠢᠶᠠᠯ ᠠᠴᠠ ᠪᠠᠨ ᠪᠠᠭᠤᠬᠤ ᠶᠢ ᠲᠤᠷᠠᠥᠨᠴᠤ ᠪᠤᠯᠤᠨ᠎ᠠ᠃ ᠤᠳᠤᠷᠢᠥᠨᠬᠤ ᠪᠦᠷᠢᠯᠳᠦᠬᠦᠨ ᠠᠵᠢᠯ ᠤᠨ ᠬᠦᠨᠳᠦ ᠠᠯᠳᠠᠭ᠎ᠠ ᠭᠠᠷᠭᠠᠵᠤ᠂ ᠬᠠᠷᠢᠭᠤᠴᠠᠯᠭ᠎ᠠ ᠪᠠᠨ | ᠠᠯᠳᠠᠵᠤ ᠬᠦᠨᠳᠦ ᠶᠡᠭᠡ ᠬᠤᠬᠢᠷᠠᠯ ᠭᠠᠷᠭᠠᠭᠰᠠᠨ ᠪᠤᠶᠤ ᠨᠡᠶᠢᠭᠡᠮ ᠳᠤ ᠮᠠᠭᠤ ᠨᠦᠯᠦᠭᠡ ᠦᠵᠡᠬᠦᠯᠦᠭᠰᠡᠨ᠂ ᠡᠰᠡᠬᠦᠯ᠎ᠡ ᠲᠤᠮᠤ ᠶᠡᠭᠡ ᠠᠳᠡᠯ ᠳᠤ ᠤᠳᠤᠷᠢᠥᠨᠬᠤ | ᠬᠠᠷᠢᠭᠤᠴᠠᠯᠭ᠎ᠠ ᠲᠠᠢ ᠪᠠᠶᠢᠪᠠᠯ ᠪᠤᠷᠤᠭᠤ ᠪᠠᠨ ᠮᠡᠳᠡᠷᠡᠵᠦ ᠤᠳᠤᠷᠢᠥᠨᠬᠤ ᠲᠤᠰᠢᠶᠠᠯ ᠠᠴᠠ ᠪᠠᠨ ᠪᠠᠭᠤᠬᠤ ᠭᠡᠷᠡᠭᠳᠡᠢ᠃ ᠤᠳᠤᠷᠢᠥᠨᠬᠤ ᠪᠦᠷᠢᠯᠳᠦᠬᠦᠨ ᠠᠯᠳᠠᠭ᠎ᠠ | ᠪᠤᠷᠤᠭᠤ ᠪᠠᠨ ᠮᠡᠳᠡᠷᠡᠵᠦ ᠲᠤᠰᠢᠶᠠᠯ ᠠᠴᠠ ᠪᠠᠨ ᠪᠠᠭᠤᠬᠤ ᠶᠤᠰᠤᠳᠠᠢ ᠪᠤᠶᠤ ᠪᠤᠰᠤᠤᠨ ᠰᠢᠯᠳᠠᠭᠠᠨ ᠠᠴᠠ ᠪᠤᠯᠵᠤ ᠤᠳᠤ ᠶᠢᠨ ᠤᠳᠤᠷᠢᠥᠨᠬᠤ ᠲᠤᠰᠢᠶᠠᠯ ᠢᠶᠠᠨ | ᠡᠭᠦᠷᠭᠡᠯᠡᠬᠦ ᠳᠤ ᠲᠤᠬᠢᠷᠠᠬᠤ ᠪᠠᠨ ᠪᠤᠯᠢᠭᠰᠠᠨ ᠪᠠᠶᠢᠳᠠᠯ᠎ᠠ ᠬᠤᠪᠢ ᠬᠦᠮᠦᠨ ᠨᠢ ᠲᠤᠰᠢᠶᠠᠯ ᠠᠴᠠ ᠪᠠᠨ ᠪᠠᠭᠤᠬᠤ ᠶᠢ ᠲᠤᠷᠠᠥᠨᠬᠤ ᠦᠭᠡᠢ ᠪᠠᠶᠢᠪᠠᠯ ᠲᠡᠬᠦᠨ ᠢ | ᠤᠳᠤᠷᠢᠥᠨᠬᠤ ᠲᠤᠰᠢᠶᠠᠯ ᠠᠴᠠ ᠪᠠᠭᠤᠬᠤ ᠭᠡᠷᠡᠭᠳᠡᠢ ᠭᠡᠵᠦ ᠠᠯᠪᠠᠳᠠᠨ ᠱᠠᠭᠠᠷᠳᠠᠬᠤ ᠭᠡᠷᠡᠭᠳᠡᠢ᠃ | ᠨᠠᠶᠠᠨ ᠭᠤᠷᠪᠠᠳᠤᠭᠠᠷ ᠵᠦᠢᠯ ᠠᠯᠪᠠᠳᠠᠨ ᠳᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠵᠢᠯ ᠠᠴᠠ ᠨᠢ ᠵᠤᠭᠰᠤᠭᠠᠬᠤ ᠭᠡᠷᠡᠭᠳᠡᠢ᠄ ︵ᠨᠢᠭᠡ︶ ᠵᠢᠯ ᠤᠨ | ᠡᠴᠦᠰ ᠤᠨ ᠬᠢᠨᠠᠨ ᠰᠢᠯᠭᠠᠯᠳᠠ ᠳᠤ ᠬᠤᠶᠠᠷ ᠵᠢᠯ ᠲᠠᠷᠠᠭᠠᠯᠠᠨ ᠲᠤᠰᠢᠶᠠᠯ ᠳᠠᠭᠠᠨ ᠦᠯᠦ ᠲᠡᠩᠴᠡᠬᠦ ᠪᠠᠷ ᠲᠤᠭᠳᠠᠭᠠᠭᠳᠠᠭᠰᠠᠥᠨ︔ ︵ᠬᠤᠶᠠᠷ︶ ᠤᠳᠤᠬᠢ | ᠲᠤᠰᠢᠶᠠᠯ ᠤᠨ ᠠᠵᠢᠯ ᠢᠶᠠᠨ ᠬᠦᠢᠴᠡᠥᠨᠭᠡᠵᠦ ᠴᠢᠳᠠᠬᠤ ᠦᠭᠡᠢ ᠪᠦᠭᠡᠥᠨ ᠪᠤᠰᠤᠤᠨ ᠲᠤᠬᠢᠷᠠᠭᠤᠯᠤᠯᠳᠠ ᠶᠢ ᠡᠰᠡ ᠬᠦᠯᠢᠶᠡᠭᠰᠡᠨ︔ ︵ᠭᠤᠷᠪᠠ︶ ᠤᠤᠯ ᠨᠢᠭᠡᠴᠡ ᠶᠢ | ᠨᠢ ᠲᠤᠬᠢᠷᠠᠭᠤᠯᠤᠯᠳᠠ ᠬᠢᠭᠰᠡᠨ᠂ ᠬᠠᠰᠤᠭᠰᠠᠨ᠂ ᠨᠡᠶᠢᠯᠡᠬᠦᠯᠦᠭᠰᠡᠨ ᠪᠤᠶᠤ ᠠᠵᠢᠯᠳᠠᠨ ᠤ ᠤᠷᠤᠨ ᠲᠤᠭ᠎ᠠ ᠶᠢ ᠪᠠᠭᠠᠰᠬᠠᠭᠰᠠᠨ ᠠᠴᠠ ᠪᠤᠯᠵᠤ ᠠᠵᠢᠯ | ᠲᠤᠬᠢᠷᠠᠭᠤᠯᠬᠤ ᠳᠤ ᠲᠤᠰ ᠬᠦᠮᠦᠨ ᠨᠢ ᠵᠦᠢ ᠵᠤᠬᠢᠰᠳᠠᠢ ᠲᠤᠬᠢᠷᠠᠭᠤᠯᠤᠯᠳᠠ ᠶᠢ ᠡᠰᠡ ᠵᠦᠪᠰᠢᠶᠡᠷᠡᠭᠰᠡᠨ︔ ︵ᠲᠦᠷᠪᠡ︶ ᠠᠯᠪᠠᠳᠠᠨ ᠤ ᠡᠭᠦᠷᠭᠡ ᠶᠢ ᠬᠦᠢᠴᠡᠥᠨᠭᠡᠬᠦ | ᠦᠭᠡᠢ᠂ ᠠᠯᠪᠠᠳᠠᠨ ᠤ ᠰᠠᠬᠢᠯᠭ᠎ᠠ ᠪᠠᠳᠤ ᠶᠢ ᠵᠢᠷᠤᠮᠯᠠᠬᠤ ᠦᠭᠡᠢ᠂ ᠤᠯᠠᠨᠳᠠ ᠰᠤᠷᠭᠠᠪᠠᠴᠤ ᠵᠠᠰᠠᠷᠠᠬᠤ ᠦᠭᠡᠢ ᠪᠦᠭᠡᠥᠨ ᠪᠠᠶᠢᠭᠤᠯᠭ᠎ᠠ ᠳᠤ ᠦᠷᠬᠦᠯᠵᠢᠯᠡᠨ | ᠠᠵᠢᠯᠯᠠᠬᠤ ᠳᠤ ᠲᠤᠬᠢᠷᠠᠬᠤ ᠦᠭᠡᠢ ᠪᠤᠯᠵᠤ᠂ ᠪᠠᠰᠠ ᠠᠵᠢᠯ ᠠᠴᠠ ᠨᠢ ᠬᠦᠭᠡᠭᠡᠬᠦ ᠰᠢᠥᠨᠭᠡᠯ ᠦᠭᠬᠦ ᠳᠤ ᠦᠯᠦ ᠵᠤᠬᠢᠴᠠᠭᠰᠠᠥᠨ︔ ︵ᠲᠠᠪᠤ︶ ᠠᠵᠢᠯ ᠰᠠᠭᠠᠳᠠᠭᠰᠠᠨ | ᠪᠤᠶᠤ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠪᠠ ᠡᠷᠭᠡ ᠴᠢᠯᠦᠭᠡ ᠭᠤᠶᠤᠭᠰᠠᠨ ᠬᠤᠭᠤᠴᠠᠭ᠎ᠠ ᠨᠢ ᠲᠤᠯᠤᠭᠠᠠᠥᠨ ᠵᠦᠢ ᠶᠤᠰᠤᠨ ᠤ ᠤᠴᠢᠷ ᠰᠢᠯᠳᠠᠭᠠᠨ ᠦᠭᠡᠢ | ᠪᠠᠷ ᠴᠢᠯᠦᠭᠡ ᠠᠴᠠ ᠪᠠᠨ ᠭᠡᠳᠦᠷᠡᠭᠡᠥᠨ ᠢᠷᠡᠬᠦ ᠦᠭᠡᠢ ᠵᠠᠯᠭᠠᠯᠳᠤᠭᠠᠪᠠᠷ ᠠᠷᠪᠠᠨ ᠲᠠᠪᠤᠨ ᠡᠳᠦᠷ ᠬᠡᠳᠦᠷᠡᠭᠰᠡᠨ᠂ ᠡᠰᠡᠬᠦᠯ᠎ᠡ ᠨᠢᠭᠡ ᠵᠢᠯ ᠳᠤ ᠨᠡᠶᠢᠳᠡ ᠭᠤᠴᠢᠨ ᠡᠳᠦᠷ | ᠠᠴᠠ ᠭᠡᠳᠦᠷᠡᠭᠰᠡᠨ᠃ | ᠨᠠᠶᠠᠨ ᠲᠦᠷᠪᠡᠳᠦᠭᠡᠷ ᠵᠦᠢᠯ ᠠᠯᠪᠠᠳᠠᠨ ᠳᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠵᠢᠯ ᠠᠴᠠ ᠨᠢ ᠵᠤᠭᠰᠤᠭᠠᠵᠤ ᠪᠤᠯᠬᠤ ᠦᠭᠡᠢ᠄ ︵ᠨᠢᠭᠡ︶ | ᠠᠯᠪᠠᠨ ᠤᠴᠢᠷ ᠠᠴᠠ ᠪᠤᠯᠵᠤ ᠵᠡᠮᠳᠡᠭ ᠪᠤᠯᠵᠤ ᠠᠵᠢᠯᠯᠠᠬᠤ ᠴᠢᠳᠠᠪᠤᠷᠢ ᠪᠠᠨ ᠠᠯᠳᠠᠭᠰᠠᠨ ᠪᠤᠶᠤ ᠭᠡᠰᠡᠭ ᠲᠠᠯ᠎ᠠ ᠪᠠᠷ ᠠᠯᠳᠠᠭᠰᠠᠨ ᠭᠡᠵᠦ ᠨᠤᠳᠠᠯᠠᠨ ᠲᠤᠭᠳᠠᠭᠠᠭᠰᠠᠨ︔ | ︵ᠬᠤᠶᠠᠷ︶ ᠡᠪᠡᠥᠨᠴᠢᠯᠡᠭᠰᠡᠨ ᠪᠤᠶᠤ ᠰᠢᠷᠬᠠᠳᠤᠵᠤ᠂ ᠲᠤᠭᠳᠠᠭᠭᠠᠭᠰᠠ ᠡᠮᠴᠢᠯᠡᠬᠦ ᠬᠤᠭᠤᠴᠠᠭᠠᠨ ᠳᠤ ᠪᠠᠶᠢᠭ᠎ᠠ︔ ︵ᠭᠤᠷᠪᠠ︶ ᠡᠮᠡᠭᠳᠡᠢ ᠠᠯᠪᠠᠳᠠᠨ ᠵᠢᠷᠮᠤᠰᠤᠯᠡᠭᠰᠡᠨ | ᠬᠤᠭᠤᠴᠠᠭ᠎ᠠ᠂ ᠬᠦᠡᠭᠭᠡᠵᠢᠬᠦ ᠴᠢᠯᠦᠭᠡ ᠪᠠ ᠬᠦᠬᠦᠬᠦᠯᠬᠦ ᠬᠤᠭᠤᠴᠠᠭᠠᠨ ᠳᠤ ᠪᠠᠶᠢᠬᠤ︔ ︵ᠲᠦᠷᠪᠡ︶ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠪᠠᠷ | ᠲᠤᠭᠳᠠᠭᠠᠭᠰᠠᠨ ᠪᠤᠰᠤᠤᠨ ᠲᠠᠯ᠎ᠠ ᠶᠢᠨ ᠠᠵᠢᠯ ᠠᠴᠠ ᠨᠢ ᠵᠤᠭᠰᠤᠭᠠᠵᠤ ᠦᠯᠦ ᠪᠤᠯᠬᠤ ᠪᠠᠶᠢᠳᠠᠯ ᠲᠠᠢ ᠪᠠᠶᠢᠬᠤ᠃ | ᠨᠠᠶᠠᠨ ᠲᠠᠪᠤᠳᠤᠭᠠᠷ ᠵᠦᠢᠯ ᠠᠯᠪᠠᠳᠠᠨ ᠢ ᠠᠵᠢᠯ ᠠᠴᠠ ᠨᠢ ᠵᠤᠭᠰᠤᠭᠠᠬᠤ ᠳᠤ ᠬᠠᠮᠢᠶᠠᠷᠣᠯᠳᠡ ᠶᠢᠨ ᠡᠷᠭᠡ ᠮᠡᠳᠡᠯ ᠤᠨ ᠭᠡᠪᠴᠢᠶ᠎ᠡ ᠶᠤᠰᠤᠭᠠᠷ ᠲᠤᠭᠳᠠᠭᠠᠨ᠎ᠠ᠃ | ᠠᠵᠢᠯ ᠠᠴᠠ ᠨᠢ ᠵᠤᠭᠰᠤᠭᠠᠬᠤ ᠰᠢᠢᠥᠨᠪᠦᠷᠢ ᠶᠢ ᠪᠢᠴᠢᠭ ᠤᠨ ᠭᠡᠯᠪᠡᠷᠢ ᠪᠠᠷ ᠠᠵᠢᠯ ᠠᠴᠠ ᠨᠢ ᠵᠤᠭᠰᠤᠭᠠᠬᠤ ᠠᠯᠪᠠᠳᠠᠨ ᠳᠤ ᠮᠡᠳᠡᠭᠳᠡᠬᠦ ᠭᠡᠷᠡᠭᠳᠡᠢ︔ ᠠᠵᠢᠯ ᠠᠴᠠ | ᠪᠠᠨ ᠵᠤᠭᠰᠤᠭᠠᠭᠳᠠᠭᠰᠠᠨ ᠠᠯᠪᠠᠳᠠᠨ᠂ ᠠᠵᠢᠯ ᠠᠴᠠ ᠵᠤᠭᠰᠤᠭᠰᠠᠨ ᠰᠦᠢᠥᠨᠭᠡᠯ ᠠᠪᠬᠤ ᠪᠤᠶᠤ ᠡᠰᠡᠬᠦᠯ᠎ᠡ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ | ᠦᠨᠳᠦᠰᠦᠯᠡᠵᠦ ᠠᠵᠢᠯ ᠠᠯᠳᠠᠭᠰᠠᠨ ᠲᠠᠭᠠᠥᠨᠬᠠᠯ ᠬᠦᠷᠳᠡᠵᠦ ᠪᠤᠯᠤᠨ᠎ᠠ᠃ | ᠨᠠᠶᠠᠨ ᠵᠢᠷᠭᠤᠳᠤᠭᠠᠷ ᠵᠦᠢᠯ ᠠᠯᠪᠠᠳᠠᠨ ᠲᠤᠰᠢᠶᠠᠯ ᠠᠴᠠ ᠪᠠᠨ ᠪᠠᠭᠤᠬᠤ ᠪᠤᠶᠤ ᠠᠵᠢᠯ ᠠᠴᠠ ᠪᠠᠨ ᠵᠤᠭᠰᠤᠭᠠᠭᠳᠠᠬᠤ ᠳᠤ᠂ ᠲᠤᠰᠢᠶᠠᠯ ᠠᠴᠠ ᠪᠠᠨ ᠰᠠᠯᠬᠤ | ᠠᠴᠠ ᠡᠮᠦᠨ᠎ᠡ ᠠᠯᠪᠠᠨ ᠶᠠᠪᠤᠳᠠᠯ ᠢ ᠲᠤᠰᠢᠶᠠᠬᠤ ᠪᠠ ᠬᠦᠯᠢᠶᠡᠨ ᠠᠪᠤᠭᠤᠯᠬᠤ ᠭᠠᠷ ᠬᠦᠢᠴᠡᠥᠨᠭᠡᠯ ᠬᠢᠵᠦ᠂ ᠴᠢᠬᠤᠯᠠᠳᠠᠢ ᠦᠶ᠎ᠡ ᠳᠤ ᠲᠤᠭᠳᠠᠭᠠᠯ ᠶᠤᠰᠤᠭᠠᠷ ᠬᠢᠨᠠᠨ | ᠪᠤᠳᠤᠬᠤ ᠶᠢ ᠬᠦᠯᠢᠶᠡᠬᠦ ᠭᠡᠷᠡᠭᠳᠡᠢ᠃ ᠠᠷᠪᠠᠨ ᠲᠦᠷᠪᠡᠳᠦᠭᠡᠷ ᠪᠦᠯᠦᠭ ᠠᠵᠢᠯ ᠠᠴᠠ ᠪᠠᠨ ᠠᠮᠠᠷᠠᠬᠤ ᠨᠠᠶᠠᠨ ᠲᠤᠯᠤᠳᠤᠭᠠᠷ ᠵᠦᠢᠯ ᠠᠯᠪᠠᠳᠠᠨ ᠤᠯᠤᠰ ᠠᠴᠠ | ᠲᠤᠭᠳᠠᠭᠠᠭᠰᠠᠨ ᠠᠵᠢᠯ ᠠᠴᠠ ᠠᠮᠠᠷᠠᠬᠤ ᠨᠠᠰᠤᠨ ᠳᠤ ᠬᠦᠷᠦᠭᠰᠡᠨ ᠪᠤᠶᠤ ᠠᠵᠢᠯᠯᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠤᠯ ᠠᠵᠢᠯ ᠠᠴᠠ ᠪᠠᠨ ᠠᠮᠠᠷᠠᠬᠤ | ᠭᠡᠷᠡᠭᠳᠡᠢ᠃ ᠨᠠᠶᠠᠨ ᠨᠠᠢᠮᠠᠳᠤᠭᠠᠷ ᠵᠦᠢᠯ ᠠᠯᠪᠠᠳᠠᠨ ᠲᠤᠤᠷᠠᠬᠢ ᠨᠦᠬᠦᠴᠡᠯ ᠤᠨ ᠨᠢᠭᠡ ᠳᠤᠨᠢ ᠨᠡᠶᠢᠴᠡᠪᠡᠯ ᠲᠤᠰ ᠬᠦᠮᠦᠨ ᠦᠪᠡᠷ ᠤᠨ ᠰᠠᠶᠢᠨ ᠲᠤᠷ᠎ᠠ ᠠᠴᠠ ᠪᠠᠨ | ᠭᠤᠶᠤᠴᠢᠯᠠᠵᠤ ᠲᠤᠮᠢᠯᠠᠵᠤ ᠪᠠᠭᠤᠯᠭᠠᠬᠤ ᠪᠠᠶᠢᠭᠤᠯᠭ᠎ᠠ ᠪᠠᠷ ᠵᠦᠪᠰᠢᠶᠡᠷᠡᠬᠦᠯᠪᠡᠯ ᠤᠷᠢᠥᠨᠴᠢᠯᠠᠨ ᠠᠵᠢᠯ ᠠᠴᠠ ᠪᠠᠨ ᠠᠮᠠᠷᠠᠵᠤ ᠪᠤᠯᠤᠨ᠎ᠠ᠄ ︵ᠨᠢᠭᠡ︶ ᠠᠵᠢᠯᠯᠠᠭᠰᠠᠨ | ᠤᠨ ᠵᠢᠯ ᠨᠢ ᠪᠦᠬᠦᠯᠢ ᠭᠤᠴᠢᠨ ᠵᠢᠯ ᠪᠤᠯᠤᠭᠰᠠᠨ︔ ︵ᠬᠤᠶᠠᠷ︶ ᠤᠯᠤᠰ ᠠᠴᠠ ᠲᠤᠭᠳᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠳᠡᠯ᠎ᠡ ᠲᠠᠪᠤᠨ | ᠵᠢᠯ ᠬᠦᠷᠬᠦ ᠦᠭᠡᠢ ᠪᠦᠭᠡᠥᠨ ᠠᠵᠢᠯᠯᠠᠭᠰᠠᠨ ᠤᠨ ᠵᠢᠯ ᠨᠢ ᠪᠦᠬᠦᠯᠢ ᠬᠤᠷᠢᠨ ᠵᠢᠯ ᠪᠤᠯᠤᠭᠰᠠᠨ︔ ︵ᠭᠤᠷᠪᠠ︶ ᠤᠯᠤᠰ ᠠᠴᠠ ᠲᠤᠭᠳᠠᠭᠠᠭᠰᠠᠨ ᠤᠷᠢᠥᠨᠴᠢᠯᠠᠨ | ᠠᠵᠢᠯ ᠠᠴᠠ ᠪᠠᠨ ᠠᠮᠠᠷᠠᠵᠤ ᠪᠤᠯᠬᠤ ᠪᠤᠰᠤᠤᠨ ᠪᠠᠶᠢᠳᠠᠯ ᠲᠠᠢ ᠲᠤᠬᠢᠷᠠᠭᠰᠠᠨ᠃ | ᠨᠠᠶ᠋ᠨ ᠶᠢᠰᠦᠳᠦᠭᠡᠷ ᠵᠦᠢᠯ ᠠᠯᠪᠠᠳᠠᠨ ᠠᠵᠢᠯ ᠠᠴᠠ ᠠᠮᠠᠷᠠᠭᠰᠠᠨ ᠬᠤᠶᠢᠨ᠎ᠠ ᠤᠯᠤᠰ ᠠᠴᠠ ᠲᠤᠭᠳᠠᠭᠠᠭᠰᠠᠨ ᠠᠵᠢᠯ ᠠᠴᠠ ᠠᠮᠠᠷᠠᠭᠰᠠᠨ ᠮᠦᠡᠭᠭᠦ ᠪᠤᠯᠤᠨ | ᠪᠤᠰᠤᠤᠨ ᠤᠯᠭᠤᠮᠵᠢ ᠶᠢ ᠬᠦᠷᠳᠡᠨ᠎ᠡ︔ ᠤᠯᠤᠰ ᠠᠴᠠ ᠲᠡᠬᠦᠨ ᠤ ᠠᠮᠢᠳᠤᠷᠠᠯ ᠪᠤᠯᠤᠨ ᠡᠷᠡᠬᠦᠯ ᠮᠡᠨᠳᠦ ᠳᠤ ᠴᠢᠬᠤᠯᠨ ᠪᠦᠬᠦᠢ ᠦᠢᠯᠡᠴᠢᠯᠡᠭᠡ ᠬᠢᠭᠡᠥᠨ ᠬᠠᠪᠰᠤᠷᠤᠯᠭ᠎ᠠ | ᠦᠭᠴᠦ᠂ ᠬᠤᠪᠢ ᠬᠦᠮᠦᠨ ᠤ ᠲᠠᠪᠠᠭᠤᠯᠢᠭ ᠢᠶᠠᠨ ᠪᠠᠳᠠᠷᠠᠭᠤᠯᠵᠤ ᠨᠡᠶᠢᠭᠡᠮ ᠤᠨ ᠬᠦᠭᠵᠢᠯᠳᠡ ᠳᠤ ᠤᠷᠤᠯᠴᠠᠬᠤ ᠶᠢ ᠵᠤᠷᠢᠠᠠᠵᠢᠭᠤᠯᠤᠨ᠎ᠠ᠃ ᠠᠷᠪᠠᠨ | ᠲᠠᠪᠤᠳᠤᠭᠠᠷ ᠪᠦᠯᠦᠭ ᠭᠤᠮᠤᠳᠠᠯ ᠲᠤᠭᠠᠴᠢᠬᠤ ᠪᠠ ᠵᠠᠭᠠᠯᠳᠤᠬᠤ | ᠶᠡᠷᠡᠳᠦᠭᠡᠷ ᠵᠦᠢᠯ ᠠᠯᠪᠠᠳᠠᠨ ᠲᠤᠰ ᠪᠡᠶ᠎ᠡ ᠳᠤᠨᠢ ᠬᠤᠯᠪᠤᠭᠳᠠᠬᠤ ᠲᠤᠤᠷᠠᠬᠢ ᠮᠡᠳᠦ ᠠᠵᠢᠯᠳᠠᠨ ᠤ ᠶᠠᠪᠤᠳᠠᠯ ᠤᠨ ᠰᠢᠢᠥᠨᠪᠦᠷᠢᠯᠡᠭᠰᠡᠨ ᠲᠤᠭᠳᠠᠭᠠᠯ ᠢ | ᠵᠦᠪᠰᠢᠶᠡᠷᠡᠬᠦ ᠦᠭᠡᠢ ᠪᠤᠯ ᠲᠤᠰ ᠠᠵᠢᠯᠳᠠᠨ ᠤ ᠶᠠᠪᠤᠳᠠᠯ ᠤᠨ ᠰᠢᠢᠥᠨᠪᠦᠷᠢ ᠶᠢ ᠮᠡᠳᠡᠭᠰᠡᠨ ᠡᠳᠦᠷ ᠠᠴᠠ ᠡᠭᠢᠯᠡᠵᠦ ᠭᠤᠴᠢᠨ ᠡᠳᠦᠷ ᠤᠨ ᠲᠤᠳᠤᠷ᠎ᠠ ᠤᠤᠯ | ᠰᠢᠢᠥᠨᠪᠦᠷᠢᠯᠡᠭᠰᠡᠨ ᠪᠠᠶᠢᠭᠤᠯᠭ᠎ᠠ ᠳᠤ ᠲᠠᠬᠢᠨ ᠬᠢᠨᠠᠭᠤᠯᠬᠤ ᠪᠠᠷ ᠭᠤᠶᠤᠴᠢᠯᠠᠯ ᠭᠠᠷᠭᠠᠨ᠎ᠠ︔ ᠲᠠᠬᠢᠨ ᠬᠢᠨᠠᠭᠰᠠᠨ ᠦᠷ᠎ᠡ ᠳ᠋ᠥᠩ ᠢ ᠵᠦᠪᠰᠢᠶᠡᠷᠡᠬᠦ ᠦᠭᠡᠢ ᠪᠤᠯ ᠲᠠᠬᠢᠨ | ᠬᠢᠨᠠᠭᠰᠠᠨ ᠲᠤᠭᠳᠠᠭᠠᠯ ᠢ ᠬᠦᠯᠢᠶᠡᠨ ᠠᠪᠤᠭᠰᠠᠨ ᠡᠳᠦᠷ ᠠᠴᠠ ᠡᠭᠢᠯᠡᠵᠦ ᠠᠷᠪᠠᠨ ᠲᠠᠪᠤᠨ ᠡᠳᠦᠷ ᠤᠨ ᠲᠤᠳᠤᠷ᠎ᠠ ᠲᠤᠭᠳᠠᠭᠠᠯ ᠶᠤᠰᠤᠭᠠᠷ ᠠᠳᠠᠯᠢ ᠱᠠᠳᠤᠨ ᠤ | ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠲᠤᠰ ᠠᠵᠢᠯᠳᠠᠨ ᠤ ᠶᠠᠪᠤᠳᠠᠯ ᠢ ᠰᠢᠢᠥᠨᠪᠦᠷᠢᠯᠡᠭᠰᠡᠨ ᠪᠠᠶᠢᠭᠤᠯᠭ᠎ᠠ ᠶᠢᠨ ᠲᠡᠭᠡᠳᠦ ᠱᠠᠳᠤᠨ ᠤ | ᠪᠠᠶᠢᠭᠤᠯᠭ᠎ᠠ ᠳᠤ ᠭᠤᠮᠤᠳᠠᠯ ᠲᠤᠭᠠᠴᠠᠵᠤ ᠪᠤᠯᠤᠨ᠎ᠠ︔ ᠲᠠᠬᠢᠨ ᠬᠢᠨᠠᠬᠤ ᠶᠢ ᠲᠠᠮᠵᠢᠬᠤ ᠦᠭᠡᠢ ᠪᠠᠷ ᠲᠤᠰ ᠠᠵᠢᠯᠳᠠᠨ ᠤ ᠶᠠᠪᠤᠳᠠᠯ ᠤᠨ ᠰᠢᠢᠥᠨᠪᠦᠷᠢᠯᠡᠭᠰᠡᠨ | ᠲᠤᠭᠳᠠᠭᠠᠯ ᠢ ᠮᠡᠳᠡᠭᠰᠡᠨ ᠡᠳᠦᠷ ᠠᠴᠠ ᠡᠭᠢᠯᠡᠵᠦ ᠭᠤᠴᠢᠨ ᠡᠳᠦᠷ ᠤᠨ ᠲᠤᠳᠤᠷ᠎ᠠ ᠰᠢᠭᠤᠤᠨ ᠭᠤᠮᠤᠳᠠᠯ ᠲᠤᠭᠠᠴᠠᠵᠤ ᠪᠠᠰᠠ ᠪᠤᠯᠤᠨ᠎ᠠ᠄ ︵ᠨᠢᠭᠡ︶ ᠰᠢᠥᠨᠭᠡᠯ ᠦᠭᠬᠦ︔ | ︵ᠬᠤᠶᠠᠷ︶ ᠠᠵᠢᠯ ᠠᠴᠠ ᠨᠢ ᠵᠤᠭᠰᠤᠭᠠᠬᠤ ᠡᠰᠡᠬᠦᠯ᠎ᠡ ᠡᠯᠰᠡᠨ ᠭᠡᠷᠡᠭᠯᠡᠬᠦ ᠶᠢ ᠬᠦᠴᠦᠨ ᠦᠭᠡᠢ ᠪᠤᠯᠭᠠᠬᠤ︔ ︵ᠭᠤᠷᠪᠠ︶ ᠲᠤᠰᠢᠶᠠᠯ ᠢ ᠨᠢ ᠪᠠᠭᠤᠷᠠᠭᠤᠯᠬᠤ︔ ︵ | ᠲᠦᠷᠪᠡ︶ ᠲᠤᠭᠳᠠᠮᠠᠯ ᠬᠤᠭᠤᠴᠠᠭ᠎ᠠ ᠲᠠᠢ ᠬᠢᠨᠠᠨ ᠰᠢᠯᠭᠠᠯᠳᠠ ᠳᠤ ᠲᠤᠰᠢᠶᠠᠯ ᠳᠠᠭᠠᠨ ᠦᠯᠦ ᠲᠡᠩᠴᠡᠬᠦ ᠪᠠᠷ ᠲᠤᠭᠳᠠᠬᠤ︔ ︵ᠲᠠᠪᠤ︶ ᠲᠤᠰᠢᠶᠠᠯ ᠠᠴᠠ ᠨᠢ | ᠤᠭᠴᠠᠷᠠᠭᠤᠯᠤᠭᠰᠠ︔ ︵ᠵᠢᠷᠭᠤᠭ᠎ᠠ︶ ᠲᠤᠰᠢᠶᠠᠯ ᠠᠴᠠ ᠪᠠᠭᠤᠬᠤ᠂ ᠤᠷᠢᠥᠨᠴᠢᠯᠠᠨ ᠠᠵᠢᠯ ᠠᠴᠠ ᠪᠠᠨ ᠠᠮᠠᠷᠠᠬᠤ ᠶᠢ ᠭᠤᠶᠤᠴᠢᠯᠠᠭᠠᠥᠨ ᠦᠯᠦ ᠵᠦᠪᠰᠢᠶᠡᠷᠡᠭᠰᠡᠨ︔ | ︵ᠲᠤᠯᠤᠭ᠎ᠠ︶ ᠴᠠᠯᠢᠩ ᠠᠰᠠᠷᠠᠮᠵᠢ ᠲᠠᠭᠠᠥᠨᠬᠠᠯ ᠤᠨ ᠤᠯᠭᠤᠮᠵᠢ ᠶᠢ ᠲᠤᠭᠳᠠᠭᠠᠯ ᠶᠤᠰᠤᠭᠠᠷ ᠲᠤᠭᠳᠠᠭᠠᠵᠤ ᠦᠭᠬᠦᠭᠰᠡᠨ ᠦᠭᠡᠢ ᠪᠤᠶᠤ ᠬᠠᠰᠤᠭᠰᠠᠨ︔ ︵ᠨᠠᠢᠮᠨ︶ | ᠬᠠᠥᠯᠢ ᠴᠠᠭᠠᠵᠠ ᠬᠠᠥᠯᠢ ᠲᠦᠷᠢᠮ ᠳᠤ ᠲᠤᠭᠳᠠᠭᠠᠭᠰᠠᠨ ᠭᠤᠮᠤᠳᠠᠯ ᠲᠤᠭᠠᠴᠠᠵᠤ ᠪᠤᠯᠬᠤ ᠪᠤᠰᠤᠤᠨ ᠪᠠᠶᠢᠳᠠᠯ᠃ ᠮᠤᠵᠢ ᠶᠢᠨ ᠱᠠᠳᠤᠨ ᠠᠴᠠ ᠲᠤᠷᠤᠭᠰᠢᠬᠢ | ᠪᠠᠶᠢᠭᠤᠯᠭ᠎ᠠ ᠠᠴᠠ ᠭᠠᠷᠭᠠᠭᠰᠠᠨ ᠭᠤᠮᠤᠳᠠᠯ ᠲᠤᠭᠠᠴᠠᠬᠤ ᠶᠢ ᠰᠢᠢᠥᠨᠪᠦᠷᠢᠯᠡᠭᠰᠡᠨ ᠲᠤᠭᠳᠠᠭᠠᠯ ᠢ ᠵᠦᠪᠰᠢᠶᠡᠷᠡᠬᠦ ᠦᠭᠡᠢ ᠪᠤᠯ ᠲᠤᠭᠳᠠᠭᠠᠯ ᠭᠠᠷᠭᠠᠭᠰᠠᠨ ᠪᠠᠶᠢᠭᠤᠯᠭ᠎ᠠ | ᠶᠢᠨ ᠲᠡᠭᠡᠳᠦ ᠱᠠᠳᠤᠨ ᠤ ᠪᠠᠶᠢᠭᠤᠯᠭ᠎ᠠ ᠳᠤ ᠲᠠᠬᠢᠨ ᠭᠤᠮᠤᠳᠠᠯ ᠲᠤᠭᠠᠴᠠᠵᠤ ᠪᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠳᠠᠨ ᠰᠢᠥᠨᠭᠡᠯ ᠦᠭᠬᠦ ᠶᠢ | ᠵᠦᠪᠰᠢᠶᠡᠷᠡᠬᠦ ᠦᠭᠡᠢ ᠪᠠᠶᠢᠵᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠭᠤᠮᠤᠳᠠᠯ ᠲᠤᠭᠠᠴᠠᠪᠠᠯ ︽ᠪᠦᠬᠦᠳᠠ ᠨᠠᠶᠢᠷᠠᠮᠳᠠᠬᠤ ᠲᠤᠮᠳᠠᠳᠤ ᠠᠷᠠᠥᠨ | ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠥᠯᠢ︾ ᠶᠢᠨ ᠲᠤᠭᠳᠠᠭᠠᠯ ᠢᠶᠠᠷ ᠬᠢᠨ᠎ᠡ᠃ | ᠶᠡᠷᠡᠨ ᠨᠢᠭᠡᠳᠦᠭᠡᠷ ᠵᠦᠢᠯ ᠤᠤᠯ ᠰᠢᠢᠥᠨᠪᠦᠷᠢᠯᠡᠭᠰᠡᠨ ᠪᠠᠶᠢᠭᠤᠯᠭ᠎ᠠ ᠲᠠᠬᠢᠨ ᠬᠢᠨᠠᠬᠤ ᠭᠤᠶᠤᠴᠢᠯᠠᠯ ᠤᠨ ᠪᠢᠴᠢᠭ ᠢ ᠬᠦᠯᠢᠶᠡᠵᠤ ᠠᠪᠤᠭᠰᠠᠨ ᠭᠤᠴᠢᠨ ᠡᠳᠦᠷ ᠤᠨ | ᠲᠤᠳᠤᠷ᠎ᠠ ᠲᠠᠬᠢᠨ ᠬᠢᠨᠠᠭᠰᠠᠨ ᠲᠤᠭᠳᠠᠭᠠᠯ ᠭᠠᠷᠭᠠᠬᠤ ᠭᠡᠷᠡᠭᠳᠡᠢ᠃ ᠠᠯᠪᠠᠳᠠᠨ ᠤ ᠭᠤᠮᠤᠳᠠᠯ ᠲᠤᠭᠠᠴᠠᠯᠳᠠ ᠶᠢ ᠬᠦᠯᠢᠶᠡᠨ ᠠᠪᠤᠭᠰᠠᠨ ᠪᠠᠶᠢᠭᠤᠯᠭ᠎ᠠ ᠨᠢ ᠬᠦᠯᠢᠶᠡᠵᠤ | ᠠᠪᠤᠭᠰᠠᠨ ᠡᠳᠦᠷ ᠠᠴᠠ ᠵᠢᠷᠠᠨ ᠡᠳᠦᠷ ᠤᠨ ᠲᠤᠳᠤᠷ᠎ᠠ ᠰᠢᠢᠥᠨᠪᠦᠷᠢᠯᠡᠭᠰᠡᠨ ᠲᠤᠭᠳᠠᠭᠠᠯ ᠭᠠᠷᠭᠠᠬᠤ ᠭᠡᠷᠡᠭᠳᠡᠢ︔ ᠭᠡᠷᠡᠭ ᠤᠨ ᠪᠠᠶᠢᠳᠠᠯ ᠨᠢ ᠪᠤᠳᠤᠯᠢᠶᠠᠨᠳᠠᠢ ᠪᠤᠯ ᠴᠠᠭ | ᠬᠤᠭᠤᠴᠠᠭ᠎ᠠ ᠶᠢ ᠵᠤᠬᠢᠰᠳᠠᠢ ᠤᠷᠳᠤᠤᠨᠬᠠᠵᠤ ᠪᠤᠯᠤᠨ᠎ᠠ᠂ ᠭᠡᠪᠡᠴᠦ ᠤᠷᠳᠤᠤᠨᠬᠠᠭᠰᠠᠨ ᠬᠤᠭᠤᠴᠠᠭ᠎ᠠ ᠨᠢ ᠭᠤᠴᠢᠨ ᠡᠳᠦᠷ ᠠᠴᠠ ᠭᠡᠳᠦᠷᠡᠵᠦ ᠪᠤᠯᠬᠤ ᠦᠭᠡᠢ᠃ ᠲᠠᠬᠢᠨ | ᠬᠢᠨᠠᠬᠤ ᠪᠠ ᠭᠤᠮᠤᠳᠠᠯ ᠲᠤᠭᠠᠴᠠᠭᠰᠠᠨ ᠬᠤᠭᠤᠴᠠᠭᠠᠨ ᠳᠤ ᠠᠵᠢᠯᠳᠠᠨ ᠤ ᠶᠠᠪᠤᠳᠠᠯ ᠤᠨ ᠰᠢᠢᠥᠨᠪᠦᠷᠢ ᠶᠢ ᠭᠡᠷᠡᠭᠵᠢᠬᠦᠯᠬᠦ ᠪᠠᠨ ᠵᠤᠭᠰᠤᠭᠠᠬᠤ ᠦᠭᠡᠢ᠃ | ᠶᠡᠷᠡᠨ ᠬᠤᠶᠠᠳᠤᠭᠠᠷ ᠵᠦᠢᠯ ᠠᠯᠪᠠᠳᠠᠨ ᠤ ᠭᠤᠮᠤᠳᠠᠯ ᠲᠤᠭᠠᠴᠠᠬᠤ ᠶᠢ ᠬᠦᠯᠢᠶᠡᠨ ᠠᠪᠤᠭᠰᠠᠨ ᠪᠠᠶᠢᠭᠤᠯᠭ᠎ᠠ ᠠᠴᠠ ᠠᠵᠢᠯᠳᠠᠨ ᠤ ᠶᠠᠪᠤᠳᠠᠯ ᠢ ᠪᠤᠷᠤᠭᠤ | ᠰᠢᠢᠥᠨᠪᠦᠷᠢᠯᠡᠭᠰᠡᠨ ᠢ ᠬᠢᠨᠠᠨ ᠲᠤᠳᠤᠯᠤᠭᠰᠠᠨ ᠪᠤᠯ ᠤᠤᠯ ᠰᠢᠢᠥᠨᠪᠦᠷᠢᠯᠡᠭᠰᠡᠨ ᠪᠠᠶᠢᠭᠤᠯᠭ᠎ᠠ ᠵᠠᠪᠠᠯ ᠴᠠᠭ ᠲᠤᠬᠠᠢ ᠳᠤᠨᠢ ᠵᠠᠯᠠᠷᠠᠭᠤᠯᠬᠤ ᠭᠡᠷᠡᠭᠳᠡᠢ᠃ | ᠶᠡᠷᠡᠨ ᠭᠤᠷᠪᠠᠳᠤᠭᠠᠷ ᠵᠦᠢᠯ ᠠᠯᠪᠠᠳᠠᠨ ᠠᠴᠠ ᠪᠠᠶᠢᠭᠤᠯᠭ᠎ᠠ ᠬᠢᠭᠡᠥᠨ ᠲᠡᠬᠦᠨ ᠤ ᠤᠳᠤᠷᠢᠥᠨᠬᠤ ᠬᠦᠮᠦᠨ ᠦᠪᠡᠷ ᠤᠨ ᠬᠢᠨᠢ ᠬᠠᠥᠯᠢ ᠶᠤᠰᠤᠨ ᠤ ᠡᠷᠭᠡ ᠠᠰᠢᠭ | ᠲᠤ ᠬᠠᠯᠳᠠᠭᠰᠠᠨ ᠭᠡᠵᠦ ᠦᠵᠡᠪᠡᠯ ᠬᠠᠥᠯᠢ ᠶᠤᠰᠤᠭᠠᠷ ᠲᠡᠭᠡᠳᠦ ᠱᠠᠳᠤᠨ ᠤ ᠪᠠᠶᠢᠭᠤᠯᠭ᠎ᠠ ᠪᠤᠶᠤ ᠡᠰᠡᠬᠦᠯ᠎ᠡ ᠬᠠᠮᠢᠶ᠎ᠠ ᠲᠠᠢ ᠲᠤᠰᠬᠠᠢ ᠪᠠᠶᠢᠭᠤᠯᠤᠮᠵᠢ ᠳᠤ ᠵᠠᠭᠠᠯᠳᠤᠯᠭ᠎ᠠ | ᠬᠢᠵᠦ ᠪᠤᠯᠤᠨ᠎ᠠ᠃ ᠵᠠᠭᠠᠯᠳᠤᠯᠭ᠎ᠠ ᠶᠢ ᠬᠦᠯᠢᠶᠡᠵᠦ ᠠᠪᠤᠭᠰᠠᠨ ᠪᠠᠶᠢᠭᠤᠯᠭ᠎ᠠ ᠲᠤᠭᠳᠠᠭᠠᠯ ᠶᠤᠰᠤᠭᠠᠷ ᠴᠠᠭ ᠲᠠᠷᠤᠢ ᠳᠤᠨᠢ ᠰᠢᠢᠥᠨᠪᠦᠷᠢᠯᠡᠬᠦ ᠭᠡᠷᠡᠭᠳᠡᠢ᠃ ᠵᠢᠷᠡᠨ | ᠲᠦᠷᠪᠡᠳᠦᠭᠡᠷ ᠵᠦᠢᠯ ᠠᠯᠪᠠᠳᠠᠨ ᠭᠤᠮᠤᠳᠠᠯ ᠲᠤᠭᠠᠴᠢᠬᠤ ᠪᠠ ᠵᠠᠭᠠᠯᠳᠤᠯᠭ᠎ᠠ ᠭᠠᠷᠭᠠᠬᠤ ᠳᠠᠭᠠᠨ ᠬᠤᠳᠠᠯ ᠭᠡᠷᠡᠭ ᠵᠤᠬᠢᠶᠠᠵᠤ ᠪᠤᠰᠤᠤᠨ ᠢ ᠬᠦᠥᠨᠭᠡᠵᠦ ᠬᠤᠤᠷᠯᠠᠵᠤ | ᠪᠤᠯᠬᠤ ᠦᠭᠡᠢ᠃ | ᠠᠷᠪᠠᠨ ᠵᠢᠷᠭᠤᠳᠤᠭᠠᠷ ᠪᠦᠯᠦᠭ ᠲᠤᠰᠢᠶᠠᠯ ᠤᠨ ᠪᠠᠶᠢᠷᠢ ᠳᠤ ᠤᠷᠢᠨ ᠲᠤᠮᠢᠯᠠᠬᠤ | ᠶᠡᠷᠡᠨ ᠲᠠᠪᠤᠳᠤᠭᠠᠷ ᠵᠦᠢᠯ ᠪᠠᠶᠢᠭᠤᠯᠭ᠎ᠠ ᠨᠢ ᠠᠵᠢᠯ ᠤᠨ ᠭᠡᠷᠡᠭᠴᠡᠭᠡ ᠪᠠᠨ ᠦᠨᠳᠦᠰᠦᠯᠡᠨ᠂ ᠮᠤᠵᠢ ᠶᠢᠨ ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠨ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠥᠨ ᠴᠢᠩᠭ᠎ᠠ ᠲᠤᠰᠢᠶᠠᠯ ᠤᠨ ᠪᠠᠶᠢᠷᠢ ᠪᠠ ᠲᠤᠰᠠᠯᠠᠬᠤ ᠴᠢᠨᠠᠷ | ᠲᠠᠢ ᠲᠤᠰᠢᠶᠠᠯ ᠤᠨ ᠪᠠᠶᠢᠷᠢ ᠳᠤ ᠤᠷᠢᠨ ᠲᠤᠮᠢᠯᠠᠬᠤ ᠲᠦᠷᠢᠮ ᠢ ᠭᠡᠷᠡᠭᠵᠢᠬᠦᠯᠵᠦ ᠪᠤᠯᠤᠨ᠎ᠠ᠃ ᠡᠮᠦᠨᠡᠬᠢ ᠵᠤᠷᠪᠤᠰ ᠲᠤ ᠵᠢᠭᠰᠠᠭᠠᠭᠰᠠᠨ ᠲᠤᠰᠢᠶᠠᠯ ᠤᠨ ᠪᠠᠶᠢᠷᠢ ᠨᠢ | ᠤᠯᠤᠰ ᠤᠨ ᠨᠢᠭᠤᠴᠠ ᠳᠤ ᠬᠤᠯᠪᠤᠭᠳᠠᠪᠠᠯ ᠤᠷᠢᠨ ᠲᠤᠮᠢᠯᠠᠬᠤ ᠲᠦᠷᠢᠮ ᠢ ᠭᠡᠷᠡᠭᠵᠢᠬᠦᠯᠬᠦ ᠦᠭᠡᠢ᠃ | ᠶᠡᠷᠡᠨ ᠵᠢᠷᠭᠤᠳᠤᠭᠠᠷ ᠵᠦᠢᠯ ᠪᠠᠶᠢᠭᠤᠯᠭ᠎ᠠ ᠠᠴᠠ ᠠᠯᠪᠠᠳᠠᠨ ᠢ ᠤᠷᠢᠨ ᠲᠤᠮᠢᠯᠠᠬᠤ ᠳᠤ ᠠᠯᠪᠠᠳᠠᠨ ᠢ ᠰᠢᠯᠭᠠᠨ ᠡᠯᠰᠡᠬᠦ ᠵᠢᠷᠤᠮ ᠢᠶᠠᠷ ᠯᠠᠪᠯᠠᠯᠳᠠ ᠪᠤᠯᠭᠠᠵᠤ ᠢᠯᠨ | ᠪᠠᠷ ᠤᠷᠢᠨ ᠡᠯᠰᠡᠵᠦ ᠪᠤᠯᠤᠨ᠎ᠠ᠂ ᠨᠦᠬᠦᠴᠡᠯ ᠬᠦᠷᠦᠭᠰᠡᠨ ᠬᠦᠮᠦᠰ ᠤᠨ ᠲᠤᠮᠳᠠ ᠠᠴᠠ ᠰᠢᠭᠤᠤᠨ ᠰᠤᠩᠭᠤᠨ ᠤᠷᠢᠵᠤ ᠪᠠᠰᠠ ᠪᠤᠯᠤᠨ᠎ᠠ᠃ ᠪᠠᠶᠢᠭᠤᠯᠭ᠎ᠠ ᠠᠴᠠ | ᠠᠯᠪᠠᠳᠠᠨ ᠢ ᠤᠷᠢᠨ ᠲᠤᠮᠢᠯᠠᠬᠤ ᠳᠤ ᠲᠤᠭᠳᠠᠭᠰᠠᠨ ᠤᠷᠤᠨ ᠲᠤᠭ᠎ᠠ ᠪᠤᠯᠤᠨ ᠴᠠᠯᠢᠩ ᠤᠨ ᠵᠠᠷᠤᠳᠠᠯ ᠤᠨ ᠬᠢᠵᠠᠭᠠᠷᠯᠠᠭᠰᠠᠨ ᠲᠤᠭ᠎ᠠ ᠲᠤᠳᠤᠷ᠎ᠠ ᠶᠠᠪᠤᠭᠤᠯᠬᠤ ᠭᠡᠷᠡᠭᠳᠡᠢ᠃ | | ᠶᠡᠷᠡᠨ ᠲᠤᠯᠤᠳᠤᠭᠠᠷ ᠵᠦᠢᠯ ᠪᠠᠶᠢᠭᠤᠯᠭ᠎ᠠ ᠠᠴᠠ ᠠᠯᠪᠠᠳᠠᠨ ᠢ ᠤᠷᠢᠨ ᠲᠤᠮᠢᠯᠠᠬᠤ ᠳᠤ ᠵᠠᠪᠠᠯ ᠡᠷᠭᠡ ᠲᠡᠭᠰᠢ ᠰᠠᠶᠢᠨ ᠲᠤᠷ᠎ᠠ ᠠᠴᠠ᠂ ᠵᠦᠪᠳᠡᠯᠴᠡᠨ | ᠨᠢᠭᠡᠳᠦᠯᠳᠡᠢ ᠪᠠᠶᠢᠬᠤ ᠵᠠᠷᠴᠢᠮ ᠤᠨ ᠶᠤᠰᠤᠭᠠᠷ ᠪᠢᠴᠢᠭ ᠤᠨ ᠬᠡᠯᠪᠡᠷᠢ ᠪᠠᠷ ᠤᠷᠢᠨ ᠲᠤᠮᠢᠯᠠᠬᠤ ᠭᠡᠷ᠎ᠡ ᠲᠤᠭᠳᠠᠨ᠂ ᠪᠠᠶᠢᠭᠤᠯᠭ᠎ᠠ ᠪᠠ ᠤᠷᠢᠭᠳᠠᠭᠰᠠᠨ ᠠᠯᠪᠠᠳᠠᠨ ᠬᠤᠶᠠᠷ | ᠲᠠᠯ᠎ᠠ ᠶᠢᠨ ᠡᠷᠭᠡ ᠪᠠ ᠡᠭᠦᠷᠭᠡ ᠶᠢ ᠲᠤᠳᠤᠷᠬᠠᠢᠢᠯᠠᠨ᠎ᠠ᠃ ᠬᠤᠶᠠᠷ ᠲᠠᠯ᠎ᠠ ᠪᠠᠷ ᠢᠶᠠᠨ ᠵᠦᠪᠳᠡᠯᠴᠡᠨ ᠨᠢᠭᠡᠥᠨᠪᠡᠯ ᠤᠷᠢᠨ ᠲᠤᠮᠢᠯᠠᠬᠤ ᠭᠡᠷ᠎ᠡ ᠶᠢ ᠬᠤᠪᠢᠷᠠᠭᠠᠬᠤ ᠦᠭᠡᠢ | ᠪᠤᠶᠤ ᠬᠦᠴᠦᠨ ᠦᠭᠡᠢ ᠪᠤᠯᠭᠠᠵᠤ ᠪᠤᠯᠤᠨ᠎ᠠ᠃ ᠤᠷᠢᠨ ᠲᠤᠮᠢᠯᠠᠬᠤ ᠭᠡᠷ᠎ᠡ ᠲᠤᠭᠳᠠᠭᠠᠬᠤ᠂ ᠬᠤᠪᠢᠷᠠᠭᠠᠬᠤ ᠪᠤᠶᠤ ᠬᠦᠴᠦᠨ ᠦᠭᠡᠢ ᠪᠤᠯᠭᠠᠬᠤ ᠳᠤ ᠵᠠᠪᠠᠯ ᠠᠳᠠᠯᠢ | ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ · | ᠶᠡᠷᠡᠨ ᠨᠠᠢᠮᠠᠳᠤᠭᠠᠷ ᠵᠦᠢᠯ ᠤᠷᠢᠨ ᠲᠤᠮᠢᠯᠠᠬᠤ ᠭᠡᠷ᠎ᠡ ᠨᠢ ᠵᠠᠪᠠᠯ ᠭᠡᠷ᠎ᠡ ᠶᠢᠨ ᠬᠤᠭᠤᠴᠠᠭ᠎ᠠ᠂ ᠲᠤᠰᠢᠶᠠᠯ ᠤᠨ ᠪᠠᠶᠢᠷᠢ ᠵᠢᠴᠢ ᠲᠡᠬᠦᠨ ᠤ ᠡᠭᠦᠷᠭᠡ | ᠬᠠᠷᠢᠭᠤᠴᠠᠯᠭ᠎ᠠ ᠶᠢᠨ ᠱᠠᠭᠠᠷᠳᠠᠯᠭ᠎ᠠ᠂ ᠴᠠᠯᠢᠩ ᠠᠰᠠᠷᠠᠮᠵᠢ ᠲᠠᠭᠠᠥᠨᠬᠠᠯ ᠤᠨ ᠤᠯᠭᠤᠮᠵᠢ᠂ ᠪᠤᠯᠵᠤᠭ᠎ᠠ ᠠᠴᠠ ᠵᠦᠷᠢᠴᠡᠭᠰᠡᠨ ᠬᠠᠷᠢᠭᠤᠴᠠᠯᠭ᠎ᠠ ᠵᠡᠷᠭᠡ ᠵᠦᠢᠯ ᠢ | ᠪᠦᠷᠢᠯᠳᠦᠬᠦᠯᠬᠦ ᠭᠡᠷᠡᠭᠳᠡᠢ᠃ ᠤᠷᠢᠨ ᠲᠤᠮᠢᠯᠠᠬᠤ ᠭᠡᠷ᠎ᠡ ᠶᠢᠨ ᠬᠤᠭᠤᠴᠠᠭ᠎ᠠ ᠨᠢ ᠨᠢᠭᠡ ᠵᠢᠯ ᠠᠴᠠ ᠲᠠᠪᠤᠨ ᠵᠢᠯ ᠪᠠᠶᠢᠵᠤ ᠪᠤᠯᠤᠨ᠎ᠠ᠃ ᠤᠷᠢᠨ ᠲᠤᠮᠢᠯᠠᠬᠤ ᠭᠡᠷ᠎ᠡ ᠳᠤ | ᠲᠤᠷᠰᠢᠨ ᠭᠡᠷᠡᠭᠯᠡᠬᠦ ᠬᠤᠭᠤᠴᠠᠭ᠎ᠠ ᠲᠤᠭᠳᠠᠭᠠᠵᠤ ᠪᠤᠯᠤᠨ᠎ᠠ᠂ ᠲᠤᠷᠰᠢᠨ ᠭᠡᠷᠡᠭᠯᠡᠬᠦ ᠬᠤᠭᠤᠴᠠᠭ᠎ᠠ ᠨᠢ ᠨᠢᠭᠡ ᠰᠠᠷ᠎ᠠ ᠠᠴᠠ ᠵᠢᠷᠭᠤᠭᠠᠨ ᠰᠠᠷ᠎ᠠ ᠪᠤᠯᠤᠨ᠎ᠠ᠃ ᠤᠷᠢᠨ | ᠲᠤᠮᠢᠯᠠᠬᠤ ᠲᠦᠷᠢᠮᠳᠤ ᠠᠯᠪᠠᠳᠠᠨ ᠳᠤ ᠤᠯᠤᠰ ᠤᠨ ᠲᠤᠭᠳᠠᠭᠠᠯ ᠶᠤᠰᠤᠭᠠᠷ ᠭᠡᠯᠡᠯᠴᠡᠭᠡᠷ ᠢᠶᠠᠷ ᠦᠭᠬᠦ ᠴᠠᠯᠢᠩ ᠤᠨ ᠲᠦᠷᠢᠮ ᠢ ᠭᠡᠷᠡᠭᠵᠢᠬᠦᠯᠦᠨ᠎ᠡ᠂ ᠪᠤᠳᠠᠳᠤ ᠠᠷᠭ᠎ᠠ ᠶᠢ | ᠲᠦᠪ ᠤᠨ ᠠᠯᠪᠠᠳᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠶᠡᠷᠡ ᠶᠢᠰᠦᠳᠦᠭᠡᠷ ᠵᠦᠢᠯ ᠪᠠᠶᠢᠭᠤᠯᠭ᠎ᠠ ᠨᠢ ᠲᠤᠰ ᠬᠠᠥᠯᠢ ᠬᠢᠭᠡᠥᠨ ᠤᠷᠢᠨ ᠲᠤᠮᠢᠯᠠᠬᠤ ᠭᠡᠷ᠎ᠡ ᠶᠢ ᠦᠨᠳᠦᠰᠦᠯᠡᠵᠦ ᠤᠷᠢᠵᠤ ᠭᠡᠷᠡᠭᠯᠡᠭᠰᠡᠨ ᠠᠯᠪᠠᠳᠠᠨ ᠳᠤ | ᠬᠠᠮᠢᠶᠠᠷᠤᠯᠳᠠ ᠭᠢᠨ᠎ᠡ᠃ | ᠵᠠᠭᠤᠳᠤᠭᠠᠷ ᠵᠦᠢᠯ ᠤᠯᠤᠰ ᠠᠴᠠ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠲᠦᠷᠢᠮ ᠢ ᠪᠠᠶᠢᠭᠤᠯᠤᠨ᠎ᠠ᠃ ᠠᠵᠢᠯᠳᠠᠨ ᠤ | ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠳᠤ ᠵᠠᠪᠠᠯ ᠬᠠᠥᠯᠢ ᠳᠤ ᠨᠡᠶᠢᠴᠡᠬᠦ᠂ ᠲᠦᠪ ᠭᠤᠤᠯᠴᠢ᠂ ᠲᠠᠷᠦ᠋ᠢᠬᠠᠨ ᠰᠢᠢᠥᠨᠪᠦᠷᠢᠯᠡᠬᠦ ᠵᠠᠷᠴᠢᠮ ᠢ | ᠦᠨᠳᠦᠰᠦᠯᠡᠵᠦ᠂ ᠮᠠᠷᠭᠤᠭᠠᠨ ᠲᠠᠢ ᠬᠤᠶᠠᠷ ᠲᠠᠯ᠎ᠠ ᠶᠢᠨ ᠬᠠᠥᠯᠢ ᠶᠤᠰᠤᠨ ᠤ ᠡᠷᠭᠡ ᠠᠰᠢᠭ ᠢ ᠬᠠᠥᠯᠢ ᠪᠠᠷ ᠬᠠᠮᠠᠭᠠᠯᠠᠨ᠎ᠠ᠃ ᠠᠵᠢᠯᠳᠠᠨ ᠤ ᠶᠠᠪᠤᠳᠠᠯ ᠤᠨ ᠮᠠᠷᠭᠤᠭᠠᠨ ᠢ | ᠬᠦᠨᠳᠡᠯᠡᠨ ᠠᠴᠠ ᠲᠠᠰᠤᠯᠬᠤ ᠵᠦᠪᠯᠡᠯ ᠢ ᠭᠡᠷᠡᠭᠴᠡᠭᠡ ᠪᠠᠨ ᠦᠨᠳᠦᠰᠦᠯᠡᠵᠦ ᠪᠠᠶᠢᠭᠤᠯᠤᠨ᠎ᠠ᠃ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ | ᠵᠦᠪᠯᠡᠯ ᠨᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠤᠷᠢᠨ ᠭᠡᠷᠡᠭᠯᠡᠬᠦ ᠪᠠᠶᠢᠭᠤᠯᠭ᠎ᠠ ᠶᠢᠨ ᠲᠦᠯᠦᠭᠡᠯᠡᠭᠴᠢ᠂ ᠤᠷᠢᠨ | ᠲᠤᠮᠢᠯᠠᠬᠤ ᠲᠦᠷᠢᠮᠳᠤ ᠠᠯᠪᠠᠳᠠᠨ ᠤ ᠲᠦᠯᠦᠭᠡᠯᠡᠭᠴᠢ ᠵᠢᠴᠢ ᠬᠠᠥᠯᠢ ᠴᠠᠭᠠᠵᠠ ᠶᠢᠨ ᠮᠡᠷᠭᠡᠵᠢᠯᠳᠡᠨ ᠢᠶᠠᠷ ᠪᠦᠷᠢᠯᠳᠦᠨ᠎ᠡ᠃ ᠤᠷᠢᠨ ᠲᠤᠮᠢᠠᠯᠬᠤ ᠲᠦᠷᠢᠮᠳᠤ ᠠᠯᠪᠠᠳᠠᠨ | ᠬᠢᠭᠡᠥᠨ ᠲᠡᠬᠦᠨ ᠤ ᠠᠵᠢᠯᠯᠠᠵᠤ ᠪᠠᠶᠢᠭ᠎ᠠ ᠪᠠᠶᠢᠭᠤᠯᠭ᠎ᠠ ᠶᠢᠨ ᠬᠤᠭᠤᠷᠤᠨᠳᠤ ᠪᠠᠨ ᠤᠷᠢᠨ ᠲᠤᠮᠢᠯᠠᠬᠤ ᠭᠡᠷ᠎ᠡ ᠶᠢᠨ ᠭᠡᠷᠡᠭᠵᠢᠬᠦᠯᠬᠦ ᠲᠠᠯ᠎ᠠ ᠪᠠᠷ ᠮᠠᠷᠭᠤᠭᠠᠨ ᠡᠭᠦᠰᠦᠭᠰᠡᠨ | ᠪᠤᠯ ᠮᠠᠷᠭᠤᠭᠠᠨ ᠡᠭᠦᠰᠦᠭᠰᠡᠨ ᠡᠳᠦᠷ ᠠᠴᠠ ᠡᠭᠢᠯᠡᠵᠦ ᠵᠢᠷᠠᠨ ᠡᠳᠦᠷ ᠤᠨ ᠲᠤᠳᠤᠷ᠎ᠠ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ | ᠵᠦᠪᠯᠡᠯ ᠳᠤ ᠬᠦᠨᠳᠡᠯᠡᠨ ᠠᠴᠠ ᠲᠠᠰᠤᠯᠬᠤ ᠭᠤᠶᠤᠴᠢᠯᠠᠯ ᠭᠠᠷᠭᠠᠵᠤ ᠪᠤᠯᠤᠨ᠎ᠠ᠃ ᠲᠤᠬᠠᠢ ᠶᠢᠨ ᠬᠦᠮᠦᠨ ᠬᠦᠨᠳᠡᠯᠡᠨ ᠠᠴᠠ ᠲᠠᠰᠤᠯᠬᠤ ᠲᠠᠰᠤᠯᠤᠯᠳᠠ ᠶᠢ | ᠵᠦᠪᠰᠢᠶᠡᠷᠡᠬᠦ ᠦᠭᠡᠢ ᠪᠤᠯ ᠬᠦᠨᠳᠡᠯᠡᠨ ᠠᠴᠠ ᠲᠠᠰᠤᠯᠬᠤ ᠲᠠᠰᠤᠯᠠᠯᠳᠠ ᠶᠢᠨ ᠪᠢᠴᠢᠭ ᠢ ᠬᠦᠯᠢᠶᠡᠵᠤ ᠠᠪᠤᠭᠰᠠᠨ ᠡᠳᠦᠷ ᠠᠴᠠ ᠡᠭᠢᠯᠡᠨ ᠠᠷᠪᠠᠨ ᠲᠠᠪᠤᠨ ᠡᠳᠦᠷ ᠤᠨ | ᠲᠤᠳᠤᠷ᠎ᠠ ᠠᠷᠠᠥᠨ ᠤᠨ ᠰᠢᠬᠦᠬᠦ ᠬᠤᠷᠢᠶᠠᠨ ᠳᠤ ᠵᠠᠷᠭᠤ ᠬᠢᠵᠦ ᠪᠤᠯᠤᠨ᠎ᠠ᠃ ᠬᠦᠨᠳᠡᠯᠡᠨ ᠠᠴᠠ ᠲᠠᠰᠤᠯᠬᠤ ᠲᠠᠰᠤᠯᠤᠯᠳᠠ ᠬᠦᠴᠦᠨ ᠲᠠᠢ ᠪᠤᠯᠤᠭᠰᠠᠨ ᠤ ᠬᠤᠶᠢᠨ᠎ᠠ᠂ | ᠨᠢᠭᠡ ᠲᠠᠯ᠎ᠠ ᠶᠢᠨ ᠲᠤᠬᠠᠢ ᠶᠢᠨ ᠬᠦᠮᠦᠨ ᠭᠡᠷᠡᠭᠵᠢᠬᠦᠯᠬᠦ ᠦᠭᠡᠢ ᠪᠠᠶᠢᠪᠠᠯ ᠨᠦᠬᠦᠭᠡ ᠨᠢᠭᠡ ᠲᠠᠯ᠎ᠠ ᠶᠢᠨ ᠲᠤᠬᠠᠢ ᠶᠢᠨ ᠬᠦᠮᠦᠨ ᠠᠴᠠ ᠠᠷᠠᠥᠨ ᠤᠨ ᠰᠢᠬᠦᠬᠦ | ᠬᠤᠷᠢᠶᠠᠨ ᠳᠤ ᠭᠡᠷᠡᠭᠵᠢᠬᠦᠯᠬᠦ ᠶᠢ ᠭᠤᠶᠤᠴᠢᠯᠠᠵᠤ ᠪᠤᠯᠤᠨ᠎ᠠ᠃ | ᠠᠷᠪᠠᠨ ᠲᠤᠯᠤᠳᠤᠭᠠᠷ ᠪᠦᠯᠦᠭ ᠬᠠᠥᠯᠢ ᠶᠢᠨ ᠬᠠᠷᠢᠭᠤᠴᠠᠯᠭ᠎ᠠ | ᠵᠠᠭᠤ ᠪᠦᠭᠡᠥᠨ ᠨᠢᠭᠡᠳᠦᠭᠡᠷ ᠵᠦᠢᠯ ᠲᠤᠰ ᠬᠠᠥᠯᠢ ᠶᠢᠨ ᠲᠤᠭᠳᠠᠭᠠᠯ ᠢ ᠵᠦᠷᠢᠴᠡᠭᠰᠡᠨ ᠲᠤᠤᠷᠠᠬᠢ ᠪᠠᠶᠢᠳᠠᠯ ᠤᠳ ᠪᠠᠶᠢᠪᠠᠯ ᠰᠢᠶᠠᠨ ᠤ ᠱᠠᠳᠤᠨ ᠠᠴᠠ ᠲᠡᠭᠡᠭᠰᠢ | ᠤᠳᠤᠷᠢᠥᠨᠬᠤ ᠪᠠᠶᠢᠭᠤᠯᠭ᠎ᠠ ᠪᠤᠶᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶᠠᠷᠣᠯᠳᠡ ᠶᠢᠨ ᠡᠷᠭᠡ ᠮᠡᠳᠡᠯ ᠤᠨ ᠬᠡᠪᠴᠢᠶ᠎ᠡ ᠶᠤᠰᠤᠭᠠᠷ ᠠᠳᠠᠯᠢ | ᠪᠤᠰᠤ ᠪᠠᠶᠢᠳᠠᠯ ᠢ ᠢᠯᠭᠠᠨ ᠰᠠᠯᠭᠠᠵᠤ᠂ ᠲᠤᠰ ᠲᠤᠰ ᠵᠠᠷᠯᠢᠭᠳᠠᠨ ᠵᠠᠯᠠᠷᠠᠭᠤᠯᠬᠤ ᠪᠤᠶᠤ ᠬᠦᠴᠦᠨ ᠦᠭᠡᠢ ᠪᠤᠯᠭᠠᠬᠤ ᠪᠠᠷ ᠨᠡᠶᠢᠳᠡᠯᠡᠨ᠎ᠡ︔ ᠬᠠᠷᠢᠭᠤᠴᠠᠯᠭ᠎ᠠ ᠲᠠᠢ | ᠤᠳᠤᠷᠢᠥᠨᠬᠤ ᠬᠦᠮᠦᠨ ᠪᠠ ᠰᠢᠭᠤᠤᠨ ᠬᠠᠷᠢᠭᠤᠴᠠᠯᠭ᠎ᠠ ᠲᠠᠢ ᠠᠵᠢᠯᠳᠠᠠ ᠢ ᠦᠢᠯᠨ ᠪᠠᠶᠢᠳᠠᠯ ᠤᠨ ᠬᠦᠨᠳᠦ ᠬᠦᠡᠭᠭᠡᠨ ᠢ ᠦᠨᠳᠦᠰᠦᠯᠡᠵᠦ ᠰᠢᠬᠦᠮᠵᠢᠯᠡᠨ ᠰᠤᠷᠭᠠᠬᠤ | ᠪᠤᠶᠤ ᠰᠢᠥᠨᠭᠡᠯ ᠦᠭᠬᠦ ᠭᠡᠷᠡᠭᠳᠡᠢ︔ ᠶᠠᠯ᠎ᠠ ᠬᠢᠭᠰᠡᠨ ᠭᠡᠮᠵᠢᠶᠡᠨ ᠳᠤ ᠬᠦᠷᠪᠡᠯ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠄ ︵ᠨᠢᠭᠡ︶ ᠤᠷᠤᠨ | ᠲᠤᠭ᠎ᠠ ᠶᠢᠨ ᠬᠢᠵᠠᠭᠠᠷᠯᠠᠭᠰᠠᠨ ᠲᠤᠭ᠎ᠠ᠂ ᠲᠤᠰᠢᠶᠠᠯ ᠤᠨ ᠲᠤᠭ᠎ᠠ ᠪᠤᠶᠤ ᠲᠤᠰᠢᠶᠠᠯ ᠳᠤ ᠲᠤᠮᠢᠯᠠᠬᠤ ᠬᠢᠷᠢ ᠭᠡᠮ ᠤᠨ ᠨᠦᠬᠦᠴᠡᠯ ᠶᠤᠰᠤᠭᠠᠷ ᠠᠯᠪᠠᠳᠠᠨ ᠢ ᠡᠯᠰᠡᠨ | ᠭᠡᠷᠡᠭᠯᠡᠭᠰᠡᠨ ᠦᠭᠡᠢ᠂ ᠰᠢᠯᠵᠢᠬᠦᠯᠦᠨ ᠲᠤᠮᠢᠯᠠᠭᠰᠠᠨ ᠦᠭᠡᠢ᠂ ᠬᠠᠯᠠᠨ ᠲᠤᠮᠢᠯᠠᠭᠰᠠᠨ ᠦᠭᠡᠢ᠂ ᠤᠷᠢᠨ ᠲᠤᠮᠢᠯᠠᠭᠰᠠᠨ ᠦᠭᠡᠢ ᠪᠠ ᠲᠡᠪᠰᠢᠬᠦᠯᠦᠭᠰᠡᠨ ᠦᠭᠡᠢ︔ ︵ | ᠬᠤᠶᠠᠷ︶ ᠠᠯᠪᠠᠳᠠᠨ ᠢ ᠱᠠᠩᠨᠠᠵᠤ ᠰᠢᠥᠨᠭᠡᠬᠦ᠂ ᠵᠠᠶᠢᠯᠠᠭᠤᠯᠬᠤ ᠪᠠ ᠠᠵᠢᠯ ᠠᠴᠠ ᠪᠠᠨ ᠠᠮᠠᠷᠠᠬᠤ ᠬᠦᠢᠴᠡᠥᠨᠭᠡᠯ ᠢ ᠲᠤᠭᠳᠠᠭᠠᠭᠰᠠᠨ ᠨᠦᠬᠦᠴᠡᠯ ᠶᠤᠰᠤᠭᠠᠷ ᠬᠢᠭᠰᠡᠨ | ᠦᠭᠡᠢ︔ ︵ᠭᠤᠷᠪᠠ︶ ᠠᠯᠪᠠᠳᠠᠨ ᠢ ᠡᠯᠰᠡᠨ ᠭᠡᠷᠡᠭᠯᠡᠬᠦ᠂ ᠰᠢᠯᠵᠢᠬᠦᠯᠦᠨ ᠲᠤᠮᠢᠯᠠᠬᠤ᠂ ᠬᠠᠯᠠᠨ ᠲᠤᠮᠢᠯᠠᠬᠤ᠂ ᠤᠷᠢᠨ ᠲᠤᠮᠢᠯᠠᠬᠤ᠂ ᠲᠡᠪᠰᠢᠬᠦᠯᠬᠦ᠂ ᠠᠵᠢᠯ ᠤᠨ | ᠪᠠᠶᠢᠷᠢ ᠳᠤ ᠦᠷᠢᠰᠦᠯᠳᠦᠨ ᠭᠠᠷᠬᠤ᠂ ᠢᠯᠨ ᠪᠠᠷ ᠰᠢᠯᠢᠨ ᠲᠡᠪᠰᠢᠬᠦᠯᠬᠦ ᠵᠢᠴᠢ ᠬᠢᠨᠠᠨ ᠰᠢᠯᠭᠠᠬᠤ᠂ ᠱᠠᠩᠨᠠᠵᠤ ᠰᠢᠥᠨᠭᠡᠬᠦ ᠳᠤ ᠲᠤᠭᠳᠠᠭᠠᠭᠰᠠᠨ ᠵᠢᠷᠤᠮ ᠶᠤᠰᠤᠭᠠᠷ | ᠬᠢᠭᠰᠡᠨ ᠦᠭᠡᠢ︔ ︵ᠲᠦᠷᠪᠡ︶ ᠤᠯᠤᠰ ᠤᠨ ᠲᠤᠭᠳᠠᠭᠠᠯ ᠢ ᠵᠦᠷᠢᠴᠡᠵᠦ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ ᠤᠨ ᠤᠯᠭᠤᠮᠵᠢ ᠶᠢᠨ ᠪᠠᠷᠢᠮᠵᠢᠶ᠎ᠠ ᠶᠢ | ᠬᠤᠪᠢᠷᠠᠭᠤᠯᠤᠭᠰᠠᠨ︔ ︵ᠲᠠᠪᠤ︶ ᠡᠯᠰᠡᠨ ᠭᠡᠷᠡᠭᠯᠡᠬᠦ᠂ ᠠᠵᠢᠯ ᠤᠨ ᠪᠠᠶᠢᠷᠢ ᠳᠤ ᠦᠷᠢᠰᠦᠯᠳᠦᠨ ᠭᠠᠷᠬᠤ᠂ ᠢᠯᠨ ᠪᠠᠷ ᠰᠢᠯᠢᠨ ᠲᠡᠪᠰᠢᠬᠦᠯᠬᠦ ᠲᠤᠮᠳᠠ ᠰᠢᠯᠭᠠᠯᠳᠠ ᠶᠢᠨ | ᠰᠡᠳᠦᠪ ᠢ ᠵᠠᠳᠠᠷᠠᠭᠤᠯᠤᠭᠰᠠᠨ᠂ ᠰᠢᠯᠭᠠᠯᠳᠠ ᠶᠢᠨ ᠲᠠᠯᠠᠪᠠᠢ ᠶᠢᠨ ᠰᠠᠬᠢᠯᠭ᠎ᠠ ᠠᠴᠠ ᠵᠦᠷᠢᠴᠡᠭᠰᠡᠨ ᠬᠢᠭᠡᠥᠨ ᠢᠯᠨ᠂ ᠲᠦᠪ ᠭᠤᠤᠯᠴᠢ ᠪᠠᠶᠢᠬᠤ ᠶᠢ ᠬᠦᠨᠳᠦ ᠨᠤᠴᠢᠳᠠᠢ | ᠨᠦᠯᠦᠭᠡᠯᠡᠭᠰᠡᠨ ᠪᠤᠰᠤᠤᠨ ᠪᠠᠶᠢᠳᠠᠯ ᠪᠠᠶᠢᠬᠤ︔ ︵ᠵᠢᠷᠭᠤᠭ᠎ᠠ︶ ᠠᠯᠪᠠᠳᠠᠨ ᠤ ᠭᠤᠮᠤᠳᠠᠯ ᠲᠤᠭᠠᠴᠢᠬᠤ ᠪᠠ ᠵᠠᠭᠠᠯᠳᠤᠬᠤ ᠶᠢ ᠲᠤᠭᠳᠠᠭᠠᠯ ᠶᠤᠰᠤᠭᠠᠷ ᠬᠦᠯᠢᠶᠡᠨ | ᠠᠪᠴᠤ ᠰᠢᠢᠥᠨᠪᠦᠷᠢᠯᠡᠭᠰᠡᠨ ᠦᠭᠡᠢ︔ ︵ᠲᠤᠯᠤᠭ᠎ᠠ︶ ᠲᠤᠰ ᠬᠠᠥᠯᠢ ᠶᠢᠨ ᠲᠤᠭᠳᠠᠭᠠᠯ ᠢ ᠵᠦᠷᠢᠴᠡᠭᠰᠡᠨ ᠪᠤᠰᠤᠤᠨ ᠪᠠᠶᠢᠳᠠᠯ ᠤᠳ᠃ | ᠵᠠᠭᠤ ᠪᠦᠭᠡᠥᠨ ᠬᠤᠶᠠᠳᠤᠭᠠᠷ ᠵᠦᠢᠯ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠤᠶᠤ ᠡᠰᠡᠬᠦᠯ᠎ᠡ ᠠᠵᠢᠯ ᠠᠴᠠ ᠠᠮᠠᠷᠠᠪᠠᠯ ᠤᠤᠯ ᠨᠢ ᠤᠳᠤᠷᠢᠥᠨᠬᠤ | ᠪᠦᠷᠢᠯᠳᠦᠬᠦᠨ ᠪᠠᠶᠢᠭᠰᠠᠨ ᠠᠯᠪᠠᠳᠠᠨ ᠲᠤᠰᠢᠶᠠᠯ ᠠᠴᠠ ᠪᠠᠨ ᠰᠠᠯᠤᠭᠰᠠᠨ ᠭᠤᠷᠪᠠᠨ ᠵᠢᠯ ᠤᠨ ᠲᠤᠳᠤᠷ᠎ᠠ᠂ ᠪᠤᠰᠤᠤᠨ ᠠᠯᠪᠠᠳᠠᠨ ᠲᠤᠰᠢᠶᠠᠯ ᠠᠴᠠ ᠰᠠᠯᠤᠭᠰᠠᠨ ᠬᠤᠶᠠᠷ | ᠵᠢᠯ ᠤᠨ ᠲᠤᠳᠤᠷ᠎ᠠ ᠤᠤᠯ ᠤᠨ ᠲᠤᠬᠠᠢᠢᠯᠠᠭᠰᠠᠨ ᠠᠵᠢᠯ ᠲᠠᠢ ᠰᠢᠭᠤᠤᠨ ᠬᠤᠯᠪᠤᠭᠳᠠᠬᠤ ᠠᠵᠤ ᠠᠬᠤᠢᠢᠯᠠᠯ ᠪᠤᠶᠤ ᠪᠤᠰᠤᠤᠨ ᠡᠵᠡᠩᠨᠡᠯ ᠤᠨ ᠴᠢᠨᠠᠷ ᠲᠠᠢ ᠵᠤᠬᠢᠶᠠᠨ | ᠪᠠᠶᠢᠭᠤᠯᠤᠯᠳᠠ ᠳᠤ ᠲᠤᠰᠢᠶᠠᠯ ᠡᠭᠦᠷᠭᠡᠯᠡᠵᠦ ᠪᠤᠯᠬᠤ ᠦᠭᠡᠢ᠃ ᠤᠤᠯ ᠤᠨ ᠲᠤᠬᠠᠢᠢᠯᠠᠭᠰᠠᠨ ᠠᠵᠢᠯ ᠲᠠᠢ ᠰᠢᠭᠤᠤᠨ ᠬᠤᠯᠪᠤᠭ᠎ᠠ ᠲᠠᠢ ᠡᠵᠡᠩᠨᠡᠯ ᠤᠨ ᠴᠢᠨᠠᠷ ᠲᠠᠢ | ᠠᠵᠢᠯ ᠬᠢᠵᠦ ᠪᠤᠯᠬᠤ ᠦᠭᠡᠢ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠤᠶᠤ ᠠᠵᠢᠯ ᠠᠴᠠ ᠠᠮᠠᠷᠠᠭᠰᠠᠨ ᠤ ᠲᠠᠷᠠᠭ᠎ᠠ ᠲᠡᠭᠡᠷᠡᠬᠢ ᠲᠤᠭᠳᠠᠭᠠᠯ ᠢ | ᠵᠦᠷᠢᠴᠡᠭᠰᠡᠨ ᠠᠵᠢᠯᠯᠠᠭ᠎ᠠ ᠲᠠᠢ ᠪᠤᠯ ᠤᠤᠯ ᠤᠨ ᠪᠠᠶᠢᠭᠤᠯᠭ᠎ᠠ ᠶᠢᠨ ᠠᠳᠠᠯᠢ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ | ᠪᠠᠶᠢᠭᠠᠥᠨ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠤᠨ᠎ᠠ︔ ᠬᠤᠭᠤᠴᠠᠭ᠎ᠠ ᠦᠡᠭᠭᠡᠷᠡᠭᠡᠥᠨ ᠵᠠᠯᠠᠷᠠᠭᠤᠯᠬᠤ ᠦᠭᠡᠢ ᠪᠤᠯ ᠰᠢᠶᠠᠨ ᠤ ᠱᠠᠳᠤᠨ ᠠᠴᠠ ᠲᠡᠭᠡᠭᠰᠢᠬᠢ | ᠦᠢᠯᠡᠥᠨᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠤᠰ ᠬᠦᠮᠦᠨ ᠤ ᠠᠵᠢᠯ ᠡᠷᠬᠢᠯᠡᠭᠰᠡᠨ ᠬᠤᠭᠤᠴᠠᠭᠠᠨ ᠳᠠᠬᠢ | ᠬᠠᠥᠯᠢ ᠪᠤᠰᠤ ᠤᠷᠤᠯᠭ᠎ᠠ ᠶᠢ ᠬᠤᠷᠢᠶᠠᠨ ᠠᠪᠴᠤ᠂ ᠬᠦᠯᠢᠶᠡᠨ ᠠᠪᠤᠭᠰᠠᠨ ᠨᠢᠭᠡᠴᠡ ᠶᠢ ᠵᠠᠷᠯᠢᠭᠳᠠᠵᠤ ᠪᠠᠶᠢᠭᠠᠥᠨ ᠲᠤᠰ ᠠᠵᠢᠯᠳᠠᠨ ᠢ ᠪᠤᠴᠠᠭᠠᠨ᠎ᠠ᠂ ᠭᠡᠬᠦ ᠮᠦᠷᠳᠡᠭᠡᠨ | ᠦᠢᠯᠨ ᠪᠠᠶᠢᠳᠠᠯ ᠤᠨ ᠬᠦᠨᠳᠦ ᠬᠦᠡᠭᠭᠡᠨ ᠢ ᠦᠨᠳᠦᠰᠦᠯᠡᠵᠦ᠂ ᠬᠦᠯᠢᠶᠡᠵᠤ ᠠᠪᠤᠭᠰᠠᠨ ᠨᠢᠭᠡᠴᠡ ᠶᠢ ᠲᠤᠷᠭᠤᠭᠠᠭᠳᠠᠭᠰᠠᠨ ᠬᠦᠮᠦᠨ ᠤ ᠬᠠᠥᠯᠢ ᠪᠤᠰᠤ ᠤᠷᠤᠯᠭ᠎ᠠ ᠶᠢᠨ | ᠬᠢᠨᠢ ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠷᠤᠭᠰᠢ ᠮᠦᠡᠭᠭᠦ ᠪᠠᠷ ᠲᠤᠷᠭᠠᠨ᠎ᠠ᠃ | ᠵᠠᠭᠤ ᠪᠦᠭᠡᠥᠨ ᠭᠤᠷᠪᠠᠳᠤᠭᠠᠷ ᠵᠦᠢᠯ ᠪᠠᠶᠢᠭᠤᠯᠭ᠎ᠠ ᠠᠴᠠ ᠪᠤᠳᠠᠳᠤ ᠠᠵᠢᠯᠳᠠᠨ ᠤ ᠶᠠᠪᠤᠳᠠᠯ ᠤᠨ ᠪᠤᠷᠤᠭᠤ ᠰᠢᠢᠥᠨᠪᠦᠷᠢᠯᠡᠯᠳᠡ ᠠᠴᠠ ᠪᠤᠯᠵᠤ ᠠᠯᠪᠠᠳᠠᠨ ᠤ | ᠨᠡᠷ᠎ᠡ ᠲᠦᠷᠦ ᠶᠢ ᠨᠢ ᠬᠤᠬᠢᠷᠠᠭᠤᠯᠤᠭᠰᠠᠨ ᠪᠠᠶᠢᠪᠠᠯ ᠪᠤᠷᠤᠭᠤ ᠭᠦᠯᠢᠶᠡᠵᠦ ᠨᠡᠷ᠎ᠡ ᠲᠦᠷᠦ ᠶᠢ ᠨᠢ ᠰᠡᠷᠬᠦᠭᠡᠵᠦ᠂ ᠨᠦᠯᠦᠭᠡ ᠶᠢ ᠠᠷᠢᠯᠭᠠᠬᠤ ᠭᠡᠷᠡᠭᠳᠡᠢ︔ ᠠᠵᠤ ᠠᠬᠤᠢ | ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠥᠯᠢ ᠶᠤᠰᠤᠭᠠᠷ ᠲᠦᠯᠦᠭᠦ ᠭᠡᠷᠡᠭᠳᠡᠢ᠃ | ᠵᠠᠭᠤ ᠪᠦᠭᠡᠥᠨ ᠲᠦᠷᠪᠡᠳᠦᠭᠡᠷ ᠵᠦᠢᠯ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠨ ᠲᠤᠰ ᠬᠠᠥᠯᠢ ᠶᠢ ᠵᠦᠷᠢᠴᠡᠵᠦ ᠡᠷᠭᠡ ᠪᠠᠨ | ᠲᠤᠷ᠎ᠠ ᠪᠠᠷ ᠢᠶᠠᠨ ᠭᠡᠷᠡᠭᠯᠡᠨ᠂ ᠲᠤᠰᠢᠶᠠᠯ ᠢᠶᠠᠨ ᠭᠤᠳᠤᠭᠠᠵᠤ᠂ ᠬᠤᠪᠢ ᠶᠢᠨ ᠨᠠᠶᠢᠷ ᠢᠶᠠᠷ ᠬᠠᠥᠯᠢ ᠶᠤᠰᠤ ᠶᠢ ᠵᠦᠷᠢᠴᠡᠵᠦ ᠶᠠᠯ᠎ᠠ ᠬᠢᠬᠦ ᠭᠡᠮᠵᠢᠶᠡᠨ ᠳᠤ ᠬᠦᠷᠦᠭᠰᠡᠨ | ᠪᠤᠯ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠶᠠᠯ᠎ᠠ ᠬᠢᠬᠦ ᠭᠡᠮᠵᠢᠶᠡᠨ ᠳᠤ ᠬᠦᠷᠦᠭᠰᠡᠨ ᠦᠭᠡᠢ ᠳᠤᠨᠢ ᠰᠢᠥᠨᠭᠡᠯ ᠦᠭᠬᠦᠨ᠎ᠡ᠃ ᠠᠷᠪᠠᠨ | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | ᠵᠠᠭᠤ ᠪᠦᠭᠡᠥᠨ ᠲᠠᠪᠤᠳᠤᠭᠠᠷ ᠵᠦᠢᠯ ᠲᠤᠰ ᠬᠠᠥᠯᠢ ᠳᠤ ᠨᠡᠷᠡᠶᠢᠥᠨᠴᠦ ᠪᠠᠶᠢᠭ᠎ᠠ ᠤᠳᠤᠷᠢᠥᠨᠬᠤ ᠪᠦᠷᠢᠯᠳᠦᠬᠦᠨᠭᠡᠳᠡᠭ ᠪᠤᠯ ᠪᠠᠶᠢᠭᠤᠯᠭ᠎ᠠ ᠶᠢᠨ ᠤᠳᠤᠷᠢᠥᠨᠬᠤ | ᠬᠦᠮᠦᠨ ᠢ ᠵᠢᠭᠠᠵᠤ ᠪᠠᠶᠢᠨ᠎ᠠ᠂ ᠪᠠᠶᠢᠭᠤᠯᠭ᠎ᠠ ᠶᠢᠨ ᠲᠤᠳᠤᠭᠠᠳᠤ ᠳᠤ ᠲᠤᠬᠢᠷᠠᠭᠤᠯᠤᠭᠰᠠᠨ ᠪᠠᠶᠢᠭᠤᠯᠤᠮᠵᠢ ᠳᠤ ᠤᠳᠤᠷᠢᠥᠨᠬᠤ ᠲᠤᠰᠢᠶᠠᠯ ᠬᠠᠷᠢᠭᠤᠴᠠᠵᠤ ᠪᠠᠶᠢᠭ᠎ᠠ | ᠬᠦᠮᠦᠰ ᠢ ᠪᠠᠭᠳᠠᠭᠠᠬᠤ ᠦᠭᠡᠢ᠃ | ᠵᠠᠭᠤ ᠪᠦᠭᠡᠥᠨ ᠵᠢᠷᠭᠤᠳᠤᠭᠠᠷ ᠵᠦᠢᠯ ᠬᠠᠥᠯᠢ ᠲᠦᠷᠢᠮ᠂ ᠬᠠᠥᠯᠢ ᠲᠤᠭᠳᠠᠭᠠᠯ ᠠᠴᠠ ᠡᠷᠭᠡ ᠤᠯᠭᠤᠵᠤ ᠤᠯᠠᠨ ᠨᠡᠶᠢᠳᠡ ᠶᠢᠨ ᠶᠠᠪᠤᠳᠠᠯ ᠤᠨ ᠬᠠᠮᠢᠶᠠᠷᠤᠯᠳᠠ | ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠡ ᠳᠠᠬᠢ ᠠᠵᠢᠯᠴᠢᠨ ᠦᠢᠯᠡᠴᠢᠯᠡᠭᠴᠢᠥᠨ ᠠᠴᠠ ᠪᠤᠰᠤᠤᠨ ᠠᠵᠢᠯᠳᠠᠨ ᠳᠤ ᠵᠦᠪᠰᠢᠶᠡᠷᠡᠯ ᠢᠶᠠᠷ ᠲᠠᠮᠵᠢᠵᠤ | ᠲᠤᠰ ᠬᠠᠥᠯᠢ ᠪᠠᠷ ᠯᠠᠪᠯᠠᠯᠳᠠ ᠪᠤᠯᠭᠠᠵᠤ ᠬᠠᠮᠢᠶᠠᠷᠤᠯᠳᠠ ᠶᠠᠪᠤᠭᠤᠯᠤᠨ᠎ᠠ᠃ | ᠵᠠᠭᠤ ᠪᠦᠭᠡᠥᠨ ᠲᠤᠯᠤᠳᠤᠭᠠᠷ ᠵᠦᠢᠯ ᠲᠤᠰ ᠬᠠᠥᠯᠢ 2006 ᠤᠨ ᠤ 1 ᠰᠠᠷ᠎ᠠ ᠶᠢᠨ 1 ᠤ ᠡᠳᠦᠷ ᠠᠴᠠ ᠡᠭᠢᠯᠡᠨ ᠭᠡᠷᠡᠭᠵᠢᠬᠦᠯᠦᠨ᠎ᠡ᠃ ᠪᠦᠬᠦ ᠤᠯᠤᠰ ᠤᠨ | ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ 1957 ᠤᠨ ᠤ 10 ᠰᠠᠷ᠎ᠠ ᠶᠢᠨ 23 ᠤ ᠡᠳᠦᠷ ᠪᠠᠳᠤᠯᠠᠭᠠᠥᠨ᠂ ᠲᠦᠷᠦ | ᠶᠢᠨ ᠶᠠᠪᠤᠳᠠᠯ ᠤᠨ ᠬᠤᠷᠢᠶᠠᠨ ᠠᠴᠠ 1957 ᠤᠨ ᠤ 10 ᠰᠠᠷ᠎ᠠ ᠶᠢᠨ 26 ᠤ ᠡᠳᠦᠷ ᠨᠡᠶᠢᠳᠡᠯᠡᠭᠰᠡᠨ ︽ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠠᠵᠢᠯᠳᠠᠨ ᠢ ᠱᠠᠩᠨᠠᠵᠤ ᠰᠢᠥᠨᠭᠡᠬᠦ ᠲᠤᠬᠠᠢ ᠲᠦᠷ ᠭᠡᠷᠡᠭᠵᠢᠬᠦᠯᠬᠦ ᠲᠤᠭᠳᠠᠭᠠᠯ︾᠂ 1993 ᠤᠨ ᠤ 8 ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠨᠡᠶᠢᠳᠡᠯᠡᠭᠰᠡᠨ ︽ᠲᠦᠷᠦ ᠶᠢᠨ ᠠᠯᠪᠠᠳᠠᠨ ᠤ ᠲᠦᠷ ᠭᠡᠷᠡᠭᠵᠢᠬᠦᠯᠬᠦ ᠲᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃ | | |