| | ᠬᠥᠮᠥᠨ ᠬᠠᠷ᠎ᠠ ᠲᠥᠪᠯᠡᠷᠡᠭᠰᠡᠨ ᠭᠠᠵᠠᠷ ᠲᠠᠯᠠᠪᠤᠷ ᠤᠨ ᠭᠠᠯ ᠤᠨ ᠠᠶᠤᠯ ᠭᠡᠳᠡᠭ ᠨᠢ ᠬᠥᠮᠥᠰ ᠤᠨ ᠠᠵᠢᠯᠯᠠᠬᠤ᠂ | ᠠᠮᠢᠳᠤᠷᠠᠬᠤ᠂ ᠰᠤᠷᠤᠯᠴᠠᠬᠤ᠂ ᠴᠡᠩᠭᠡᠯᠳᠥᠬᠦ ᠬᠤᠳᠠᠯᠳᠤᠭ᠎ᠠ᠂ ᠵᠠᠬ᠎ᠠ ᠲᠡᠯᠭᠡᠬᠦᠷ᠂ ᠲᠠᠭᠤᠤ ᠪᠥᠵᠢᠭ ᠤᠨ ᠲᠠᠩᠬᠢᠮ᠂ ᠺᠢᠨᠤ᠋ | ᠵᠥᠴᠥᠭᠡ ᠶᠢᠨ ᠲᠠᠯᠠᠪᠤᠷ᠂ ᠪᠡᠶ᠎ᠡ ᠶᠢᠨ ᠲᠠᠮᠢᠷ ᠤᠨ ᠤᠷᠳᠤᠨ᠂ ᠰᠡᠯᠡᠬᠦᠴᠡᠵᠤ ᠲᠤᠭᠤᠷᠢᠬᠤ ᠭᠠᠵᠠᠷ ᠲᠠᠯᠠᠪᠤᠷ ᠵᠡᠷᠭᠡ ᠬᠥᠮᠥᠨ | ᠤᠯᠠᠨ ᠲᠥᠪᠯᠡᠷᠡᠵᠤ ᠨᠢᠭᠳᠠᠷᠠᠬᠤ ᠭᠠᠵᠠᠷ ᠲᠠᠯᠠᠪᠤᠷ ᠲᠠᠬᠢ ᠭᠠᠯ ᠤᠨ ᠠᠶᠤᠯ ᠢ ᠵᠢᠭᠠᠵᠤ ᠪᠤᠢ᠃ ᠬᠥᠮᠥᠨ ᠤᠯᠠᠨ ᠲᠥᠪᠯᠡᠷᠡᠬᠦ | ᠭᠠᠵᠠᠷ ᠲᠠᠯᠠᠪᠤᠷ ᠨᠢ ᠬᠥᠮᠥᠨ ᠬᠠᠷ᠎ᠠ᠂ ᠡᠳ᠋ ᠪᠤᠳᠠᠰ ᠨᠢᠭᠳᠠ ᠲᠥᠪᠯᠡᠷᠡᠭᠰᠡᠨ ᠪᠠ ᠭᠠᠯ ᠤᠨ ᠠᠶᠤᠯ ᠤᠯᠠᠨᠳᠠ ᠡᠬᠦᠰᠳᠡᠭ | ᠤᠨᠴᠠᠯᠢᠬ ᠲᠠᠢ ᠪᠤᠯᠬᠤᠷ᠂ ᠬᠡᠨᠡᠳᠳᠡ ᠭᠠᠯ ᠭᠠᠷᠬᠤ ᠳᠤ ᠬᠥᠷᠪᠡᠯ ᠤᠯᠠᠨ ᠬᠥᠮᠥᠨ ᠠᠮᠠᠷᠬᠠᠨ ᠥᠬᠦᠵᠤ ᠰᠢᠷᠬᠠᠳᠤᠨ ᠬᠥᠨᠳᠤ | ᠨᠤᠴᠢᠳᠠᠢ ᠭᠠᠯ ᠤᠨ ᠠᠶᠤᠯ ᠤᠨ ᠠᠳᠠᠯ ᠪᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ● ᠭᠠᠯ ᠤᠨ ᠠᠶᠤᠯ ᠭᠠᠷᠪᠠᠯ ᠲᠠᠷᠦ᠋ᠢᠬᠠᠨ ᠬᠥᠳᠡᠯᠥᠯᠴᠡᠬᠦ ᠭᠡᠷᠡᠭᠳᠡᠢ᠂ ᠲᠤᠳᠠᠭᠠᠵᠤ ᠵᠠᠶᠢᠯᠠᠬᠤ ᠪᠤᠯ ᠴᠠᠭ ᠮᠥᠴᠡ ᠶᠢ | ᠵᠠᠪᠳᠤᠬᠤ ᠠᠵᠢᠯᠯᠠᠭ᠎ᠠ ᠮᠥᠨ᠃ ᠭᠡᠷᠪᠡ ᠷᠠᠳᠢᠤ᠋ ᠪᠠᠷ ᠨᠡᠪᠳᠡᠷᠡᠬᠦᠯᠪᠡᠯ᠂ ᠠᠭᠤᠯᠭ᠎ᠠ ᠶᠢ ᠨᠢ ᠨᠠᠷᠢᠨ ᠲᠤᠳᠤᠷᠬᠠᠢ ᠰᠤᠨᠤᠰᠴᠤ᠂ | ᠷᠠᠳᠢᠤ᠋ ᠪᠠᠷ ᠵᠢᠯᠤᠭᠤᠳᠤᠭᠰᠠᠨ ᠲᠤᠳᠠᠭᠠᠵᠤ ᠵᠠᠶᠢᠯᠠᠬᠤ ᠵᠠᠮ ᠱᠤᠭᠤᠮ ᠪᠠ ᠠᠩᠬᠠᠷᠬᠤ ᠵᠥᠢᠯ ᠢ ᠶᠤᠰᠤᠴᠢᠯᠠᠨ ᠲᠠᠭᠠᠬᠤ | ᠭᠡᠷᠡᠭᠳᠡᠢ᠃ ᠭᠡᠷᠪᠡ ᠷᠡᠳᠢᠤ᠋ ᠨᠡᠪᠳᠡᠷᠡᠬᠦᠯᠭᠡ ᠥᠭᠡᠢ ᠪᠤᠶᠤ ᠬᠥᠮᠥᠨ ᠵᠢᠯᠤᠭᠤᠳᠤᠨ ᠲᠤᠳᠠᠭᠠᠵᠤ ᠵᠠᠶᠢᠯᠠᠬᠤ ᠥᠶᠡᠰ᠂ ᠤᠢᠢᠷ᠎ᠠ | ᠲᠥᠳᠡ ᠪᠥᠭᠡᠳ ᠰᠢᠭᠤᠳ ᠠᠰᠠᠷ ᠤᠨ ᠭᠠᠳᠠᠨ᠎ᠠ ᠨᠡᠪᠳᠡᠷᠡᠬᠦ ᠠᠶᠤᠯᠬᠦᠢ ᠵᠠᠮ ᠱᠤᠭᠤᠮ ᠢᠶᠠᠷ ᠲᠠᠷᠬᠠᠭᠠᠵᠤ ᠵᠠᠶᠢᠯᠠᠭᠤᠯᠤᠨ᠎ᠠ᠃ | | ● ᠭᠡᠷᠪᠡ ᠭᠤᠯᠳᠤᠩ ᠪᠤᠶᠤ ᠠᠰᠠᠷ ᠤᠨ ᠱᠠᠳᠤ ᠪᠠᠷ ᠤᠳᠤᠭ᠎ᠠ ᠤᠨᠢᠶᠠᠷ ᠲᠤᠨᠤᠵᠤ ᠪᠠᠶᠢᠪᠠᠯ᠂ ᠬᠠᠮᠤᠭ ᠤᠨ | ᠰᠠᠶᠢᠨ ᠨᠢ ᠬᠤᠪᠴᠠᠰᠤ ᠬᠤᠨᠠᠷ ᠪᠠ ᠠᠯᠴᠢᠭᠤᠷ ᠢ ᠤᠰᠤᠨ ᠳᠤ ᠲᠡᠪᠳᠥᠭᠡᠨ ᠠᠮᠠ ᠬᠠᠮᠠᠷ ᠢᠶᠠᠨ ᠪᠥᠭᠯᠡᠵᠤ᠂ ᠪᠡᠶ᠎ᠡ ᠪᠠᠨ | ᠪᠥᠬᠦ᠋ᠢᠵᠤ᠂ ᠠᠶᠤᠯᠬᠦᠢ ᠵᠠᠮ ᠱᠤᠭᠤᠮ ᠢ ᠡᠷᠢᠵᠤ ᠤᠯᠵᠤ ᠵᠠᠶᠢᠯᠠᠬᠤ ᠶᠢ ᠪᠤᠳᠤᠯᠬᠢᠯᠠᠨ᠎ᠠ᠃ | ● ᠠᠰᠠᠷ ᠤᠨ ᠱᠠᠳᠤ ᠶᠢᠨ ᠠᠮᠠ ᠪᠤᠶᠤ ᠨᠥᠭᠡᠨ ᠵᠠᠮ ᠨᠢ ᠭᠠᠯ ᠤᠳᠤᠭᠠᠨ ᠳᠤ ᠠᠪᠳᠠᠭᠰᠠᠨ ᠥᠶᠡᠰ᠂ ᠭᠡᠷᠪᠡ | ᠡᠷᠭᠡᠪᠰᠢ ᠥᠡᠭᠭᠡᠷᠡᠬᠦ ᠭᠠᠯ ᠤᠳᠤᠭᠠᠨ ᠤ ᠵᠠᠢ ᠨᠢ ᠤᠬᠤᠷ᠂ ᠭᠠᠯ ᠤᠨ ᠢᠳᠡ ᠨᠢ ᠰᠤᠯᠠ ᠪᠠᠶᠢᠪᠠᠯ᠂ ᠨᠦᠢᠳᠠᠨ ᠬᠤᠪᠴᠠᠰᠤ | ᠬᠤᠨᠠᠷ ᠢᠶᠠᠷ ᠠᠮᠠ ᠬᠠᠮᠠᠷ ᠢᠶᠠᠨ ᠲᠠᠷᠤᠵᠤ ᠡᠷᠡᠰ ᠰᠢᠭᠤᠷᠬᠠᠢ ᠰᠢᠪᠳᠤᠯᠤᠨ ᠭᠠᠷᠬᠤ ᠭᠡᠷᠡᠭᠳᠡᠢ᠃ ᠪᠠᠰᠠᠴᠤ ᠠᠰᠠᠷ ᠲᠤᠳᠤᠷᠠᠬᠢ | ᠭᠠᠯ ᠤᠨᠳᠠᠷᠠᠭᠠᠬᠤ ᠪᠠᠭᠠᠵᠢ ᠶᠢ ᠠᠰᠢᠭᠯᠠᠨ ᠤᠰᠤ ᠰᠥᠷᠴᠢᠵᠤ ᠪᠠᠶᠢᠭᠠᠳ ᠬᠥᠮᠥᠰ ᠢ ᠲᠥᠷᠭᠡᠨ ᠵᠠᠶᠢᠯᠠᠭᠤᠯᠤᠨ᠎ᠠ᠃ | ● ᠭᠠᠯ ᠭᠠᠷᠤᠭᠰᠠᠨ ᠠᠰᠠᠷ ᠤᠨ ᠲᠠᠪᠬᠤᠷᠭ᠎ᠠ ᠶᠢᠨ ᠲᠡᠭᠡᠷᠡᠬᠢ ᠲᠡᠪᠬᠤᠷᠭ᠎ᠠ ᠨᠤᠭᠤᠳ ᠪᠠ ᠲᠤᠤᠷᠠᠬᠢ | ᠲᠠᠪᠬᠤᠷᠭ᠎ᠠ ᠨᠤᠭᠤᠳ ᠤᠨ ᠬᠢᠨ ᠢ ᠴᠥᠮ ᠨᠢᠭᠡᠯᠡ ᠵᠠᠮ ᠱᠤᠭᠤᠮ ᠢᠶᠠᠷ ᠵᠠᠶᠢᠯᠠᠭᠤᠯᠬᠤ ᠴᠢᠬᠤᠯᠠ ᠲᠠᠢ ᠥᠶᠡᠰ᠂ ᠤᠷᠢᠳᠠᠪᠡᠷ | ᠭᠠᠯ ᠭᠠᠷᠤᠭᠰᠠᠨ ᠲᠠᠪᠬᠤᠷᠭ᠎ᠠ ᠶᠢᠨ ᠬᠥᠮᠥᠰ ᠢ ᠵᠠᠶᠢᠯᠠᠭᠤᠯᠵᠤ᠂ ᠲᠠᠷᠠᠭ᠎ᠠ ᠪᠠᠷ ᠨᠢ ᠭᠠᠯ ᠭᠠᠷᠤᠭᠰᠠᠨ ᠲᠠᠪᠬᠤᠷᠭ᠎ᠠ ᠠᠴᠠ | ᠲᠡᠭᠡᠷᠡᠬᠢ ᠲᠠᠪᠬᠤᠷᠭ᠎ᠠ ᠨᠤᠭᠤᠳ ᠤᠨ ᠬᠥᠮᠥᠰ ᠢ ᠵᠠᠶᠢᠯᠠᠭᠤᠯᠵᠤ᠂ ᠲᠠᠬᠢᠭᠠᠳ ᠭᠠᠯ ᠭᠠᠷᠤᠭᠰᠠᠨ ᠲᠠᠪᠬᠤᠷᠭ᠎ᠠ ᠶᠢᠨ ᠲᠤᠤᠷᠠᠬᠢ | ᠲᠠᠪᠬᠤᠷᠭ᠎ᠠ ᠨᠤᠭᠤᠳ ᠤᠨ ᠬᠥᠮᠥᠰ ᠢ ᠵᠠᠶᠢᠯᠠᠭᠤᠯᠬᠤ ᠭᠡᠷᠡᠭᠳᠡᠢ᠃ ᠢᠡᠭᠬᠢᠵᠤ ᠵᠠᠶᠢᠯᠠᠭᠤᠯᠬᠤ ᠶᠢᠨ ᠤᠴᠢᠷ ᠨᠢ ᠭᠡᠪᠡᠯ᠂ | ᠭᠠᠯ ᠤᠨ ᠰᠤᠷ ᠲᠡᠭᠡᠭᠰᠢ ᠮᠠᠨᠳᠤᠬᠤ ᠨᠢ ᠮᠠᠰᠢ ᠲᠥᠷᠭᠡᠨ ᠪᠠᠶᠢᠳᠠᠭ ᠪᠤᠯᠬᠤᠷ ᠲᠡᠭᠡᠷᠡᠬᠢ ᠭᠡᠰᠡᠭ ᠨᠢ ᠡᠩ ᠲᠡᠷᠢᠬᠦᠨ ᠳᠤ | ᠭᠠᠯ ᠤᠨ ᠬᠥᠴᠥᠨ ᠳᠤ ᠰᠥᠷᠳᠡᠬᠦᠯᠥᠭᠳᠡᠳᠡᠭ ᠠᠴᠠ ᠪᠤᠯᠤᠭᠰᠠᠨ ᠶᠤᠮ᠃ | ● ᠶᠡᠷᠥ ᠶᠢᠨ ᠠᠶᠤᠯᠬᠦᠢ ᠪᠠᠷ ᠵᠠᠶᠢᠯᠠᠭᠤᠯᠬᠤ ᠵᠠᠮ ᠱᠤᠭᠤᠮ ᠨᠢ ᠨᠢᠭᠡᠨᠳᠡ ᠭᠠᠯ ᠳᠤ ᠪᠥᠰᠡᠯᠡᠭᠳᠡᠭᠰᠡᠨ ᠢ ᠪᠠᠳᠤᠳᠠᠢ | ᠤᠯᠵᠤ ᠮᠡᠳᠡᠭᠰᠡᠨ ᠥᠶᠡᠰ᠂ ᠠᠰᠠᠷ ᠤᠨ ᠲᠤᠳᠤᠷᠠᠬᠢ ᠡᠯ᠎ᠡ ᠵᠥᠢᠯ ᠤᠨ ᠲᠤᠰᠠᠯᠠᠮᠵᠢ ᠪᠡᠯᠡᠳᠭᠡᠮᠵᠢ ᠲᠤᠬᠠᠢᠢᠯᠠᠪᠠᠯ ᠤᠳᠤᠭ᠎ᠠ | ᠰᠡᠷᠭᠡᠶᠢᠯᠡᠬᠦ ᠱᠠᠳᠤ᠂ ᠪᠠᠴᠢᠮ ᠵᠠᠶᠢᠯᠠᠭᠤᠯᠬᠤ ᠵᠠᠮ ᠱᠤᠭᠤᠮ᠂ ᠪᠠᠴᠢᠮ ᠴᠠᠬᠢᠯᠭᠠᠨ ᠱᠠᠳᠤ᠂ ᠭᠡᠷ ᠤᠨ ᠭᠠᠳᠠᠨᠠᠬᠢ ᠱᠠᠳᠤ ᠵᠢᠴᠢ | ᠭᠠᠯ ᠤᠨᠳᠠᠷᠠᠭᠠᠬᠤ ᠱᠠᠳᠤ ᠵᠡᠷᠭᠡ ᠪᠡᠯᠡᠳᠭᠡᠮᠵᠢ ᠨᠦᠭᠦᠳ ᠢ ᠠᠰᠢᠭᠯᠠᠨ᠂ ᠲᠥᠷᠭᠡᠨ ᠵᠠᠶᠢᠯᠠᠭᠤᠯᠬᠤ ᠭᠡᠷᠡᠭᠳᠡᠢ᠃ | ● ᠨᠢᠭᠡᠨᠳᠡ ᠵᠠᠶᠢᠯᠠᠵᠤ ᠵᠠᠪᠳᠤᠬᠤ ᠥᠭᠡᠢ ᠪᠤᠯᠤᠭᠰᠠᠨ ᠥᠶᠡᠰ᠂ ᠠᠶᠤᠯ ᠠᠴᠠ ᠲᠠᠯᠳᠠᠯᠠᠬᠤ ᠭᠠᠵᠠᠷ ᠲᠠᠯᠠᠪᠤᠷ | ᠡᠷᠢᠵᠤ᠂ ᠭᠠᠯ ᠤᠨᠳᠠᠷᠠᠭᠠᠬᠤ ᠠᠩᠬᠢ ᠶᠢᠨ ᠬᠢᠨ ᠢᠷᠡᠵᠤ ᠠᠪᠤᠷᠠᠨ ᠲᠤᠰᠠᠯᠠᠬᠤ ᠶᠢ ᠬᠥᠯᠢᠶᠡᠬᠦ ᠭᠡᠷᠡᠭᠳᠡᠢ᠃ | ● ᠲᠤᠳᠠᠭᠠᠵᠤ ᠵᠠᠶᠢᠯᠠᠬᠤ ᠥᠶ᠎ᠡ ᠳᠡᠭᠡᠨ ᠲᠤᠷ᠎ᠠ ᠪᠠᠷ ᠢᠶᠠᠨ ᠬᠥᠶᠥᠵᠤ ᠲᠤᠳᠠᠭᠠᠬᠤ ᠪᠠ ᠤᠷᠢᠯᠠᠵᠤ ᠬᠠᠰᠬᠢᠷᠤᠯᠳᠤᠵᠤ | ᠪᠤᠯᠬᠤ ᠥᠭᠡᠢ᠃ ᠢᠡᠭᠬᠢᠬᠦ ᠳᠤ ᠬᠥᠷᠪᠡᠯ ᠬᠥᠴᠤ ᠴᠢᠳᠠᠯ ᠢᠶᠠᠨ ᠶᠡᠭᠡᠪᠡᠷ ᠪᠠᠷᠠᠵᠤ᠂ ᠨᠡᠩ ᠶᠡᠭᠡ ᠤᠳᠤᠭ᠎ᠠ ᠤᠨᠢᠶᠠᠷ ᠰᠤᠷᠤᠵᠤ | ᠠᠪᠬᠤ ᠮᠥᠷᠳᠡᠭᠡᠨ ᠪᠠᠰᠠ ᠭᠡᠪ ᠤᠨ ᠶᠤᠰᠤᠭᠠᠷ ᠵᠠᠶᠢᠯᠠᠬᠤ ᠶᠢ ᠬᠠᠷᠰᠢᠯᠠᠬᠤ ᠪᠥᠭᠡᠳ ᠡᠮᠬᠢ ᠵᠠᠮᠪᠠᠷᠠᠭ᠎ᠠ ᠥᠭᠡᠢ ᠪᠤᠯᠭᠠᠨ᠎ᠠ᠃ | ᠢᠯᠠᠩᠭᠤᠶ᠎ᠠ ᠡᠮᠥᠨᠡᠬᠢ ᠨᠢ ᠤᠷᠢᠯᠠᠯᠳᠤᠨ ᠬᠤᠶᠢᠨᠠᠬᠢ ᠨᠢ ᠰᠢᠬᠠᠯᠴᠠᠵᠤ ᠡᠮᠬᠢ ᠵᠠᠮᠪᠠᠷᠠᠭ᠎ᠠ ᠥᠭᠡᠢ ᠪᠤᠯᠤᠭᠰᠠᠨ ᠥᠶ᠎ᠡ ᠳᠤ | ᠶᠠᠭᠠᠬᠢᠭᠰᠠᠨ ᠴᠤ ᠬᠥᠡᠭᠭᠡᠨ ᠬᠠᠭᠤᠳᠠᠮ ᠤᠷᠤᠯᠴᠠᠵᠤ ᠪᠤᠯᠬᠤ ᠥᠭᠡᠢ᠃ ᠡᠨᠡ ᠪᠤᠯ ᠲᠤᠳᠠᠭᠠᠨ ᠵᠠᠶᠢᠯᠠᠬᠤ ᠶᠠᠪᠤᠴᠠ ᠳᠠᠬᠢ | ᠲᠤᠮᠤ ᠴᠡᠭᠡᠷ ᠪᠤᠯᠤᠨ᠎ᠠ᠂ ᠮᠥᠨᠴᠤ ᠥᠬᠦᠯ ᠰᠢᠷᠬᠠᠳᠤᠯ ᠢ ᠶᠡᠭᠡᠳᠬᠦ ᠶᠢᠨ ᠴᠢᠬᠤᠯᠠ ᠰᠢᠯᠳᠠᠭᠠᠨ ᠪᠤᠯᠤᠨ᠎ᠠ᠃ ᠲᠤᠰᠬᠠᠢ | ᠮᠡᠷᠭᠡᠵᠢᠯᠳᠡᠨ ᠤ ᠰᠠᠨᠠᠭᠤᠯᠤᠮᠵᠢ ◇ ᠬᠥᠮᠥᠨ ᠤᠯᠠᠨ ᠨᠢᠭᠳᠠᠷᠠᠵᠤ ᠲᠥᠪᠯᠡᠷᠡᠭᠰᠡᠨ ᠭᠠᠵᠠᠷ ᠲᠠᠯᠠᠪᠤᠷ ᠤᠨ ᠭᠠᠯ ᠤᠨ | ᠠᠶᠤᠯ ᠠᠴᠠ ᠲᠤᠳᠠᠭᠠᠵᠤ ᠵᠠᠶᠢᠯᠠᠬᠤ ᠶᠢᠨ ᠥᠨᠳᠥᠰᠥᠨ ᠱᠠᠭᠠᠷᠳᠠᠯᠭ᠎ᠠ ᠪᠤᠯ ᠯᠠᠪᠳᠠᠭᠤᠨ ᠲᠤᠭᠳᠠᠭᠤᠨ ᠪᠠᠶᠢᠬᠤ ᠭᠡᠷᠡᠭᠳᠡᠢ᠂ | ᠡᠯ᠎ᠡ ᠵᠥᠢᠯ ᠤᠨ ᠭᠠᠯ ᠤᠨᠳᠠᠷᠠᠭᠠᠬᠤ ᠪᠡᠯᠡᠳᠭᠡᠮᠵᠢ ᠶᠢ ᠬᠥᠢᠴᠡᠳ ᠠᠰᠢᠭᠯᠠᠵᠤ᠂ ᠲᠤᠳᠠᠭᠠᠵᠤ ᠵᠠᠶᠢᠯᠠᠬᠤ ᠵᠥᠪ ᠵᠠᠮ ᠢ | ᠪᠠᠷᠢᠮᠳᠠᠯᠠᠵᠤ᠂ ᠪᠡᠶ᠎ᠡ ᠮᠤᠯᠳᠤᠷᠠᠬᠤ ᠪᠠ ᠠᠶᠤᠯ ᠠᠴᠠ ᠵᠠᠶᠢᠯᠠᠬᠤ ᠪᠥᠳᠥᠮᠵᠢᠳᠡᠢ ᠠᠷᠭ᠎ᠠ ᠶᠢ ᠠᠪᠬᠤ ᠭᠡᠷᠡᠭᠳᠡᠢ᠃ ᠪᠤᠳᠠᠳᠠᠢ | ᠭᠠᠯ ᠤᠨ ᠠᠶᠤᠯ ᠲᠤᠮᠳᠠ᠂ ᠪᠡᠶ᠎ᠡ ᠮᠤᠯᠳᠤᠷᠠᠬᠤ ᠠᠷᠭ᠎ᠠ ᠭᠡᠮᠵᠢᠶ᠎ᠡ ᠶᠢ ᠲᠤᠬᠢᠷᠠᠮᠵᠢᠳᠠᠢ ᠡᠵᠡᠮᠰᠢᠳᠡᠭ ᠯᠠ ᠶᠤᠮ ᠪᠤᠯ ᠯᠠᠪᠳᠠᠢ | ᠰᠠᠭᠠᠳ ᠥᠭᠡᠢ ᠵᠠᠶᠢᠯᠠᠵᠤ ᠲᠡᠶᠢᠯᠥᠨ᠎ᠡ᠃ ◇ ᠥᠪᠡᠷ ᠢ ᠢᠶᠠᠨ ᠠᠪᠤᠷᠠᠬᠤ ᠵᠤᠬᠢᠬᠤ ᠮᠡᠳᠡᠯᠭᠡ ᠶᠢ ᠡᠵᠡᠮᠰᠢᠬᠦ ᠭᠡᠷᠡᠭᠳᠡᠢ᠃ | ᠪᠠᠶᠢᠭᠤᠯᠤᠯᠭ᠎ᠠ ᠨᠢᠭᠡᠴᠡ ᠶᠢᠨ ᠵᠤᠬᠢᠶᠠᠨ ᠪᠠᠶᠢᠭᠤᠯᠤᠭᠰᠠᠨ ᠭᠠᠯ ᠤᠨᠳᠠᠷᠠᠭᠠᠬᠤ ᠥᠵᠡᠬᠦᠯᠥᠯᠭᠡ᠂ ᠲᠤᠳᠠᠭᠠᠵᠤ ᠵᠠᠶᠢᠯᠠᠬᠤ | ᠰᠤᠷᠢᠯᠳᠠ᠂ ᠭᠠᠯ ᠤᠨᠳᠠᠷᠠᠭᠠᠬᠤ ᠮᠡᠳᠡᠯᠭᠡ ᠶᠢᠨ ᠪᠤᠯᠪᠠᠰᠤᠷᠠᠭᠤᠯᠤᠯ ᠳᠤ ᠡᠷᠭᠡᠪᠰᠢ ᠢᠳᠡᠪᠬᠢᠳᠡᠢ ᠤᠷᠤᠯᠴᠠᠬᠤ ᠮᠥᠷᠳᠡᠭᠡᠨ | ᠶᠡᠷᠥ ᠶᠢᠨ ᠴᠠᠭ ᠲᠠᠭᠠᠨ ᠴᠤ ᠡᠨᠡ ᠲᠤᠬᠠᠢ ᠮᠡᠳᠡᠯᠭᠡ ᠨᠦᠭᠦᠳ ᠢ ᠢᠯᠡᠬᠦᠭᠡᠨ ᠰᠤᠷᠴᠤ ᠡᠵᠡᠮᠰᠢᠬᠦ ᠭᠡᠷᠡᠭᠳᠡᠢ᠃ ◇ ᠬᠥᠮᠥᠰ | ᠤᠯᠠᠨ ᠨᠢᠬᠳᠠ ᠲᠥᠪᠯᠡᠷᠡᠬᠦ ᠭᠠᠵᠠᠷ ᠲᠠᠯᠠᠪᠤᠷ ᠲᠤ ᠤᠷᠤᠬᠤ ᠳᠠᠭᠠᠨ ᠲᠡᠬᠦᠨ ᠤ ᠲᠤᠳᠤᠭᠠᠳᠤ ᠪᠠᠶᠢᠷᠢᠰᠢᠯ ᠢ | ᠵᠤᠷᠢᠯᠬ᠎ᠠ ᠲᠠᠢ ᠪᠠᠷ ᠤᠢᠢᠯᠠᠭᠠᠵᠤ᠂ ᠭᠠᠵᠠᠷ ᠲᠠᠯᠠᠪᠤᠷ ᠲᠠᠬᠢ ᠰᠠᠭᠠᠳ ᠥᠭᠡᠢ ᠨᠡᠪᠳᠡᠷᠡᠬᠦ ᠵᠠᠮ ᠱᠤᠭᠤᠮ ᠤᠨ ᠴᠢᠭᠯᠡᠯ ᠢ ᠮᠡᠳᠡᠨ | ᠠᠪᠴᠤ᠂ ᠲᠤᠳᠤᠷ᠎ᠠ ᠪᠠᠨ ᠲᠤᠭ᠎ᠠ ᠲᠠᠢ ᠪᠠᠶᠢᠬᠤ ᠭᠡᠷᠡᠭᠳᠡᠢ᠃ | |