| | ᠴᠠᠬᠢᠯᠭᠠᠨ ᠱᠠᠳᠤ ᠪᠤᠯ ᠥᠨᠳᠥᠷ ᠲᠠᠪᠬᠤᠷᠭᠠᠳᠤ ᠪᠠᠷᠢᠯᠭ᠎ᠠ ᠶᠢᠨ ᠴᠢᠬᠤᠯᠠ ᠠᠴᠢᠶᠠᠯᠠᠪᠤᠷᠢ ᠶᠢᠨ ᠪᠠᠭᠠᠵᠢ ᠮᠥᠨ᠂ | ᠭᠡᠷᠪᠡ ᠡ᠊ᠨᠳᠡᠯ ᠡᠬᠦᠰᠬᠦ ᠳᠤ ᠬᠥᠷᠪᠡᠯ᠂ ᠬᠥᠮᠥᠨ ᠬᠤᠷᠢᠭᠳᠠᠬᠤ᠂ ᠤᠨᠠᠵᠤ ᠤᠢᠢᠴᠢᠬᠤ ᠲᠤᠯᠠ ᠬᠥᠮᠥᠰ ᠠᠶᠤᠯᠭᠠᠨ | ᠰᠠᠨᠳᠤᠷᠬᠤ᠂ ᠴᠢᠨᠠᠭᠰᠢᠯᠠᠪᠠᠯ ᠠᠶᠤᠯᠳᠠᠢ ᠡ᠊ᠨᠳᠡᠯ ᠭᠠᠷᠬᠤ ᠪᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ● ᠴᠠᠬᠢᠯᠭᠠᠨ ᠱᠠᠳᠤ ᠶᠢᠨ ᠬᠤᠷᠳᠤᠴᠠ ᠨᠢ ᠭᠡᠪ ᠤᠨ ᠪᠤᠰᠤ ᠪᠠᠶᠢᠪᠠᠯ᠂ ᠪᠡᠶ᠎ᠡ ᠪᠠᠨ ᠪᠥᠬᠦ᠋ᠢᠨ ᠬᠤᠶᠠᠷ ᠬᠥᠯ ᠢᠶᠠᠨ | ᠲᠠᠭᠭ᠍ᠴᠡᠬᠦᠷᠢ ᠲᠠᠢ ᠪᠠᠶᠢᠯᠭᠠᠬᠤ᠂ ᠭᠠᠷᠴᠤ ᠮᠡᠳᠡᠬᠦ ᠶᠢ ᠠᠷᠭᠠᠴᠠᠬᠤ ᠭᠡᠷᠡᠭᠳᠡᠢ᠃ | ● ᠭᠡᠷᠪᠡ ᠴᠠᠬᠢᠯᠭᠠᠨ ᠱᠠᠳᠤᠨ ᠲᠤᠳᠤᠷ᠎ᠠ ᠬᠤᠷᠢᠭᠳᠠᠪᠠᠯ᠂ ᠲᠡᠷᠡ ᠲᠤᠤᠷ᠎ᠠ ᠨᠢ ᠴᠠᠬᠢᠯᠭᠠᠨ ᠱᠠᠳᠤᠨ ᠲᠤᠳᠤᠷᠠᠬᠢ | ᠰᠡᠷᠡᠮᠵᠢ ᠶᠢᠨ ᠬᠤᠭ᠍ᠬᠤ᠂ ᠶᠠᠷᠢᠯᠴᠠᠬᠤ ᠮᠠᠰᠢᠨ ᠪᠠ ᠳ᠋ᠢᠶᠠᠩᠬᠤᠸᠠ ᠪᠠᠷ ᠬᠠᠮᠢᠶᠠᠷᠬᠤ ᠬᠥᠮᠥᠨ ᠲᠠᠢ ᠬᠠᠷᠢᠯᠴᠠᠵᠤ᠂ | ᠭᠠᠳᠠᠨ᠎ᠠ ᠠᠴᠠ ᠠᠪᠤᠷᠠᠨ ᠲᠤᠰᠠᠯᠠᠬᠤ ᠶᠢ ᠬᠥᠯᠢᠶᠡᠬᠦ ᠭᠡᠷᠡᠭᠳᠡᠢ᠃ ᠭᠡᠷᠪᠡ ᠰᠡᠷᠡᠮᠵᠢ ᠶᠢᠨ ᠬᠤᠭ᠍ᠬᠤ ᠨᠢ ᠲᠤᠰᠠ ᠥᠭᠡᠢ ᠪᠤᠯ | ᠶᠡᠭᠡ ᠲᠠᠭᠤᠨ ᠢᠶᠠᠷ ᠬᠠᠰᠬᠢᠷᠬᠤ ᠪᠤᠶᠤ ᠴᠠᠬᠢᠯᠭᠠᠨ ᠱᠠᠳᠤᠨ ᠤ ᠡᠬᠦᠳᠡ ᠶᠢ ᠵᠠᠪᠰᠠᠷᠯᠠᠭᠤᠯᠤᠨ ᠠᠯᠠᠭᠠᠳᠠᠬᠤ ᠭᠡᠷᠡᠭᠳᠡᠢ᠃ | ● ᠴᠠᠬᠢᠯᠭᠠᠨ ᠱᠠᠳᠤ ᠵᠤᠭᠰᠤᠬᠤ ᠥᠶᠡᠰ᠂ ᠴᠠᠬᠢᠯᠭᠠᠨ ᠱᠠᠳᠤ ᠭᠡᠨᠡᠳᠳᠡ ᠬᠥᠳᠡᠯᠬᠦ ᠶᠢ ᠰᠡᠷᠭᠡᠶᠢᠯᠡᠬᠦ ᠶᠢᠨ ᠲᠥᠯᠥᠭᠡ | ᠂ ᠪᠤᠯᠬᠤ ᠶᠢᠨ ᠲᠤᠳᠤᠷ᠎ᠠ ᠡᠬᠦᠳᠡ ᠶᠢ ᠨᠢ ᠨᠡᠭᠡᠭᠡᠨ ᠮᠥᠯᠬᠦᠵᠤ ᠭᠠᠷᠴᠤ ᠪᠤᠯᠬᠤ᠃ | ● ᠴᠠᠬᠢᠯᠭᠠᠨ ᠱᠠᠳᠤ ᠠᠵᠢᠯᠯᠠᠭᠠᠨ ᠳᠠᠭᠠᠨ ᠪᠠᠶᠢᠬᠤ ᠳᠤᠨᠢ ᠤᠰᠤ ᠤᠷᠤᠪᠠᠯ ᠴᠠᠬᠢᠯᠭᠠᠨ ᠱᠠᠳᠤ ᠶᠢ ᠬᠠᠮᠤᠭ ᠲᠡᠭᠡᠷ᠎ᠡ | ᠲᠠᠪᠬᠤᠷᠭ᠎ᠠ ᠳᠤ ᠬᠥᠷᠬᠡᠬᠦ ᠶᠢᠨ ᠬᠠᠮᠳᠤ ᠰᠡᠯᠪᠢᠨ ᠵᠠᠰᠠᠬᠤ ᠠᠵᠢᠯᠳᠠᠨ ᠳᠤ ᠮᠡᠳᠡᠭᠦᠯᠦᠨ᠎ᠡ᠃ | ● ᠭᠡᠷᠪᠡ ᠠᠵᠢᠯᠯᠠᠭᠠᠨ ᠳᠠᠭᠠᠨ ᠪᠠᠶᠢᠭ᠎ᠠ ᠴᠠᠬᠢᠯᠭᠠᠨ ᠱᠠᠳᠤ ᠭᠠᠯ ᠨᠤᠴᠠᠪᠠᠯ᠂ ᠴᠠᠬᠢᠯᠭᠠᠨ ᠱᠠᠳᠤ ᠶᠢ ᠤᠢᠢᠷ᠎ᠠ | ᠪᠠᠶᠢᠭ᠎ᠠ ᠲᠠᠪᠬᠤᠷᠭ᠎ᠠ ᠳᠤ ᠵᠤᠭᠰᠤᠭᠠᠬᠤ ᠶᠢᠨ ᠬᠠᠮᠳᠤ᠂ ᠠᠰᠠᠷ ᠤᠨ ᠱᠠᠳᠤ ᠪᠠᠷ ᠬᠤᠷᠳᠤᠨ ᠲᠤᠳᠠᠭᠠᠨ ᠵᠠᠶᠢᠯᠠᠬᠤ ᠨᠢ | ᠴᠢᠬᠤᠯᠨ᠃ | ᠲᠤᠰᠬᠠᠢ ᠮᠡᠷᠭᠡᠵᠢᠯᠳᠡᠨ ᠤ ᠰᠠᠨᠠᠭᠤᠯᠤᠮᠵᠢ᠄ | ◆ ᠴᠠᠬᠢᠯᠭᠠᠨ ᠱᠠᠳᠤᠨ ᠳᠤ ᠬᠥᠮᠥᠨ ᠬᠤᠷᠢᠭᠳᠠᠬᠤ ᠥᠵᠡᠭᠳᠡᠯ ᠨᠢ ᠨᠢᠭᠡ ᠵᠥᠢᠯ ᠤᠨ ᠬᠠᠮᠠᠭᠠᠯᠠᠯᠳᠠ ᠶᠢᠨ ᠪᠠᠶᠢᠳᠠᠯ | ᠪᠤᠯᠤᠨ᠎ᠠ᠂ ᠬᠠᠷᠢᠨ ᠠᠶᠤᠯᠳᠠᠢ ᠪᠠᠶᠢᠳᠠᠯ ᠪᠢᠰᠢ᠂ ᠡᠶᠢᠮᠥ ᠠᠴᠠ ᠠᠶᠤᠵᠤ ᠰᠠᠨᠳᠤᠷᠬᠤ ᠭᠡᠷᠡᠭ ᠥᠭᠡᠢ᠃ | ◆ ᠭᠠᠵᠠᠷ ᠬᠥᠳᠡᠯᠥᠯᠳᠡ᠂ ᠭᠠᠯ ᠤᠨ ᠭᠠᠮᠰᠢᠭ᠂ ᠴᠠᠬᠢᠯᠭᠠᠨ ᠱᠠᠳᠤᠨ ᠳᠤ ᠤᠰᠤ ᠤᠷᠤᠬᠤ ᠵᠡᠷᠭᠡ ᠪᠠᠴᠢᠮ | ᠪᠠᠶᠢᠳᠠᠯ ᠳᠤ᠂ ᠴᠠᠬᠢᠯᠭᠠᠨ ᠱᠠᠳᠤ ᠭᠡᠷᠡᠭᠯᠡᠬᠦ ᠶᠢ ᠡᠷᠡᠰ ᠴᠠᠭᠠᠵᠠᠯᠠᠵᠤ᠂ ᠭᠠᠯ ᠤᠨᠳᠠᠷᠠᠭᠠᠬᠤ ᠨᠡᠪᠳᠡᠷᠡᠯᠭᠡ ᠶᠢᠨ ᠵᠠᠮ ᠪᠤᠶᠤ | ᠠᠰᠠᠷ ᠤᠨ ᠱᠠᠳᠤ ᠪᠠᠷ ᠶᠠᠪᠤᠬᠤ ᠭᠡᠷᠡᠭᠳᠡᠢ᠃ | |