| | 12331 ᠪᠤᠯ ᠪᠦᠬᠦ ᠤᠯᠤᠰ ᠤᠨ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ | ᠨᠢᠭᠡᠲᠥᠯᠲᠡᠢ ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠣᠯᠣᠨ᠎ᠠ | ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ | ᠤᠯᠠᠨ ᠲᠦᠮᠡᠨ ᠠᠴᠠ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ | ᠡᠷᠡᠭᠦᠯᠵᠢᠯ ᠢᠳᠡᠭᠡᠨ᠂ ᠵᠠᠰᠠᠯ ᠴᠢᠮᠡᠭ ᠤᠨ ᠡᠳ᠋ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠭᠦᠢᠯᠭᠡᠭᠡᠬᠦ᠂ ᠬᠡᠷᠡᠭᠯᠡᠬᠦ | ᠭᠤᠭᠴᠣᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠤᠭᠤᠯᠠ ᠤᠮᠳᠠᠭᠠᠨ ᠤ ᠦᠢᠯᠡᠴᠢᠯᠡᠭᠡᠨ ᠤ | ᠭᠤᠭᠴᠣᠭᠠᠨ ᠳᠠᠬᠢ ᠢᠳᠡᠭᠡᠨ ᠤ ᠠᠶᠤᠯ ᠦᠭᠡᠢ ᠶᠢᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠨ᠎ᠠ᠃ | ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ ᠪᠠᠶᠢᠭᠤᠯᠤᠮᠵᠢ | ᠪᠠᠶᠢᠭᠤᠯᠵᠦ᠂ ᠢᠯᠡᠴᠢᠯᠡᠨ ᠮᠡᠳᠡᠭᠦᠯᠥᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠬᠤ ᠬᠡᠷᠡᠭᠲᠡᠢ᠃ | ᠵᠠᠭᠠᠯᠳᠤᠵᠤ ᠢᠯᠡᠴᠢᠯᠡᠨ ᠮᠡᠳᠡᠭᠦᠯᠥᠭᠰᠡᠨ ᠢ ᠬᠦᠯᠢᠶᠠᠨ ᠠᠪᠤᠭᠰᠠᠨ ᠤ ᠳᠠᠷᠠᠭ᠎ᠠ᠂ ᠲᠤᠰ ᠪᠠᠶᠢᠭᠤᠯᠤᠮᠵᠢ ᠨᠢᠭᠡᠳᠦᠯᠲᠡᠢ | ᠳ᠋ᠤᠭᠠᠷᠯᠠᠨ ᠬᠠᠮᠢᠶᠠᠷᠴᠤ᠂ ᠲᠤᠰᠬᠠᠢ ᠬᠦᠮᠦᠨ ᠢᠶᠠᠷ ᠬᠠᠷᠢᠭᠤᠴᠠᠭᠤᠯᠬᠤ ᠶᠢᠨ ᠬᠠᠮᠲᠤ 5 ᠠᠵᠢᠯᠯᠠᠬᠤ ᠡᠳᠦᠷ ᠤᠨ ᠳᠣᠲᠣᠷ᠎ᠠ | ᠬᠦᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ ᠰᠢᠢᠳᠪᠦᠷᠢ ᠭᠠᠷᠭᠠᠬᠤ ᠬᠡᠷᠡᠭᠲᠡᠢ᠃ ᠵᠠᠭᠠᠯᠳᠤᠵᠦ ᠢᠯᠡᠴᠢᠯᠡᠨ ᠮᠡᠳᠡᠭᠦᠯᠦᠭᠰᠡᠨ | ᠡᠲᠡᠭᠡᠳ ᠬᠢᠭᠡᠳ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠨᠢ ᠲᠣᠲᠣᠷᠬᠠᠢ ᠮᠥᠷᠲᠡᠭᠡᠨ ᠲᠤᠰ ᠵᠠᠰᠠᠭ ᠵᠠᠬᠢᠷᠭᠠᠨ ᠤ | ᠣᠷᠣᠨ ᠤ ᠬᠠᠮᠢᠶᠠᠷᠤᠯᠲᠠ ᠳᠤ ᠬᠠᠷᠢᠶᠠᠯᠠᠭᠳᠠᠪᠠᠯ᠂ ᠡᠯ᠎ᠡ ᠱᠠᠳᠤᠨ ᠤ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠬᠤ | ᠰᠠᠯᠠᠭ᠎ᠠ ᠮᠦᠴᠢᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠪᠦᠬᠦᠨ ᠢ ᠰᠢᠢᠳᠪᠦᠷᠢᠯᠡᠵᠦ ᠳᠠᠭᠤᠰᠬᠤ ᠬᠤᠭᠤᠴᠠᠭ᠎ᠠ | ᠬᠢᠵᠠᠭᠠᠷ ᠨᠢ ᠶᠡᠷᠥᠩᠬᠡᠶᠢᠳᠡᠭᠡᠨ 60 ᠡᠳᠦᠷ ᠪᠣᠯᠤᠨ᠎ᠠ᠂ ᠪᠠᠶᠢᠳᠠᠯ ᠨᠢ ᠪᠣᠳᠤᠯᠢᠶᠠᠨᠲᠠᠢ ᠶᠢᠨ ᠤᠷᠲᠤᠳᠬᠠᠬᠤ ᠬᠤᠭᠤᠴᠠᠭ᠎ᠠ ᠶᠢ | 30 ᠡᠳᠦᠷ ᠠᠴᠠ ᠳᠠᠪᠠᠭᠤᠯᠵᠦ ᠪᠣᠯᠬᠤ ᠦᠭᠡᠢ᠃ | | |