| | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠳᠡᠭᠦᠯᠳᠡᠷᠵᠢᠭᠦᠯᠦᠨ | ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠲᠤᠬᠠᠶ ᠠᠷᠠᠳ ᠤᠨ ᠶᠠᠪᠤᠳᠠᠯ ᠤᠨ | ᠶᠠᠮᠤᠨ ᠵᠡᠷᠭᠡ ᠰᠠᠯᠠᠭ᠎ᠠ ᠮᠦᠴᠢᠷ ᠤᠨ ᠮᠡᠳᠡᠭᠳᠡᠯ ᠢ ᠤᠯᠠᠮᠵᠢᠯᠠᠨ ᠶᠠᠪᠤᠭᠤᠯᠬᠤ ᠤᠴᠢᠷ︾ ︵ᠲᠥᠷᠥ ᠠᠯᠪᠠᠨ ᠲᠠᠷᠬᠠᠭᠠᠭᠰᠠᠨ ﹇2015﹈ 30 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠬᠦᠴᠢᠷᠳᠡᠯᠲᠡᠶ ᠣᠯᠠᠨ ᠲᠦᠮᠡᠨ ᠤ ᠡᠮᠨᠡᠯᠭᠡ ᠶᠢᠨ ᠦᠨᠳᠦᠰᠦᠨ ᠡᠷᠬᠡ ᠠᠰᠢᠭ ᠢ ᠪᠠᠲᠤᠯᠠᠬᠤ ᠶᠢᠨ | ᠲᠤᠰᠠᠳᠠ᠂ 7 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ︽ᠲᠥᠷᠥ ᠠᠯᠪᠠᠨ ᠲᠠᠷᠬᠠᠭᠠᠭᠰᠠᠨ ﹇2015﹈ 30 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ︵ | ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠦᠨᠳᠦ ᠣᠨᠴᠠ ᠶᠡᠭᠡ ᠡᠪᠡᠳᠴᠢᠨ ᠡᠮᠭᠡᠭ ᠲᠠᠬᠢ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠢ ᠪᠦᠬᠦ | ᠲᠠᠯ᠎ᠠ ᠪᠠᠷ ᠦᠷᠨᠢᠭᠦᠯᠬᠦ ᠳᠤ ᠬᠡᠷᠡᠭᠵᠢᠭᠦᠯᠬᠦ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠨᠢᠭᠡ᠂ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠨᠢ ᠶᠠᠮᠠᠷ ᠮᠠᠶ᠋ᠢᠭ ᠤᠨ ᠪᠠᠶᠢᠷᠢᠰᠢᠯ ᠲᠠᠢ ᠪᠤᠶ︖ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠳᠦᠷᠢᠮ ᠤᠨ | ᠦᠷ᠎ᠡ ᠳ᠋ᠦᠩ ᠨᠢ ᠶᠠᠮᠠᠷ ᠵᠡᠷᠭᠡ ᠪᠤᠶ︖ | ᠬᠠᠷᠢᠭᠤᠯᠲᠠ᠄ ᠮᠠᠨ ᠤ ᠤᠯᠤᠰ ᠤᠨ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠣᠳᠣᠬᠠᠨ ᠳᠤ ᠶᠡᠭᠡ ᠲᠥᠯᠥᠪ ᠲᠡᠭᠡᠨ ᠡᠶᠢᠮᠦᠷᠬᠦ ᠨᠢᠭᠡᠨ ᠪᠦᠷᠢᠯᠳᠦᠯ ᠲᠠᠢ | ᠪᠤᠢ᠂ ᠡᠩ ᠲᠡᠷᠢᠭᠦᠨ ᠳᠤ ᠦᠨᠳᠦᠰᠦᠨ ᠡᠮᠨᠡᠯᠭᠡ ᠶᠢᠨ ᠳᠠᠭᠠᠳᠬᠠᠯ ᠪᠠᠶᠢᠵᠤ᠂ ᠵᠠᠯᠭᠠᠭᠠᠳ ᠪᠣᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠪᠣᠯᠣᠨ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ ᠪᠣᠯᠬᠤ ᠪᠦᠭᠡᠳ ᠬᠠᠮᠤᠭ ᠰᠡᠭᠦᠯ ᠤᠨ ᠬᠢᠨᠢ ᠪᠣᠯ ᠡᠮᠨᠡᠯᠭᠡ ᠶᠢᠨ | ᠲᠡᠩᠭᠡᠷᠡᠭᠦᠯᠦᠨ ᠲᠤᠰᠠᠯᠠᠬᠤ ᠳᠦᠷᠢᠮ ᠪᠣᠯᠣᠨ᠎ᠠ᠃ ᠡᠭᠦᠨ ᠳᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠨᠢ ᠦᠨᠳᠦᠰᠦᠨ ᠨᠠᠭᠠᠳᠤ ᠵᠠᠬ᠎ᠠ ᠶᠢᠨ ᠪᠠᠲᠤᠯᠠᠭ᠎ᠠ ᠶᠢ | ᠪᠠᠳᠠᠷᠠᠭᠤᠯᠤᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠡᠮᠨᠡᠯᠭᠡ ᠶᠢᠨ ᠡᠷᠬᠡ ᠠᠰᠢᠭ ᠢ ᠪᠠᠲᠤᠯᠠᠨ᠎ᠠ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠣᠯ ᠮᠠᠨ ᠤ | ᠤᠯᠤᠰ ᠤᠨ ᠪᠦᠬᠦᠶᠢᠯᠡ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢᠨ ᠬᠠᠮᠤᠭ ᠰᠡᠭᠦᠯᠴᠢ ᠶᠢᠨ ᠭᠤᠭᠴᠠᠭ᠎ᠠ ᠪᠣᠯᠬᠤ ᠪᠦᠭᠡᠳ ᠡᠨᠡ ᠨᠢ ᠡᠮᠨᠡᠯᠭᠡ ᠶᠢᠨ | ᠲᠡᠩᠭᠡᠷᠡᠭᠦᠯᠦᠨ ᠲᠤᠰᠠᠯᠠᠬᠤ ᠶᠢᠨ ᠪᠠᠶᠢᠷᠢ ᠲᠣᠭᠲᠠᠭᠠᠯᠲᠠ ᠪᠣᠯᠣᠨ᠎ᠠ᠃ | ᠬᠤᠶᠠᠷ᠂ ︽ᠮᠡᠳᠡᠭᠳᠡᠯ︾ ᠢ ᠶᠠᠮᠠᠷ ᠪᠠᠶᠢᠳᠠᠯ ᠤᠨ ᠳᠣᠣᠷ᠎ᠠ ᠳᠤᠷᠠᠳᠴᠤ ᠭᠠᠷᠭᠠᠭᠰᠠᠨ ᠪᠤᠶ︖ ᠭᠤᠣᠯᠳᠠᠯᠭ᠎ᠠ ᠲᠠᠢ ᠶᠠᠮᠠᠷ ᠠᠰᠠᠭᠤᠳᠠᠯ ᠢ ᠰᠢᠢᠳᠪᠦᠷᠢᠯᠡᠬᠦ ᠭᠡᠵᠦ | ᠪᠠᠶᠢᠭ᠎ᠠ ᠪᠤᠶ︖ | ᠬᠠᠷᠢᠭᠤᠯᠲᠠ᠄ ᠨᠢᠭᠡᠳᠦᠭᠡᠷ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠶᠠᠪᠤᠳᠠᠯ ᠤᠨ ᠶᠠᠮᠤᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠴᠠ ᠠᠪᠴᠤ ᠦᠵᠡᠪᠡᠯ᠂ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ᠂ ᠢᠯᠠᠩᠭᠤᠶ᠎ᠠ | ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠲᠡᠩᠭᠡᠷᠡᠭᠦᠯᠦᠨ ᠲᠤᠰᠠᠯᠠᠬᠤ ᠶᠠᠪᠤᠳᠠᠯ ᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠯᠠᠩᠭᠤᠶ᠎ᠠ ᠨᠠᠮ ᠤᠨ ᠠᠷᠪᠠᠨ ᠨᠠᠶᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮᠨᠡᠯᠭᠡ ᠶᠢᠨ ᠳᠠᠭᠠᠳᠬᠠᠯ ᠪᠣᠯᠣᠨ | ᠲᠡᠩᠭᠡᠷᠡᠭᠦᠯᠦᠨ ᠲᠤᠰᠠᠯᠠᠬᠤ ᠳᠦᠷᠢᠮ ᠢ ᠲᠦᠷᠭᠡᠨ ᠪᠦᠷᠢᠨᠰᠢᠭᠦᠯᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠭᠠᠷᠭᠠᠵᠤ᠂ 2014 ᠣᠨ ᠤ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠨᠡᠶᠢᠲᠡᠯᠡᠭᠰᠡᠨ ︽ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠶᠢᠨ ᠲᠦᠷ ᠬᠡᠷᠡᠭᠵᠢᠭᠦᠯᠬᠦ ᠠᠷᠭ᠎ᠠ︾ ᠳᠤ ᠪᠠᠰᠠ ᠡᠮᠨᠡᠯᠭᠡ ᠶᠢᠨ ᠲᠡᠩᠭᠡᠷᠡᠭᠦᠯᠦᠨ | ᠲᠤᠰᠠᠯᠠᠬᠤ ᠡᠲᠡᠭᠡᠳ ᠤᠨ ᠬᠡᠪᠴᠢᠶ᠎ᠡ᠂ ᠠᠭᠤᠯᠭ᠎ᠠ᠂ ᠠᠷᠭ᠎ᠠ ᠮᠠᠶ᠋ᠢᠭ᠂ ᠳᠡᠰ ᠳᠠᠷᠠᠭᠠᠯᠠᠯ ᠵᠡᠷᠭᠡ ᠶᠢ ᠲᠤᠲᠤᠷᠬᠠᠶᠢᠯᠠᠭᠰᠠᠨ ᠪᠠᠶᠢᠨ᠎ᠠ᠂ ᠡᠨᠡ ᠬᠦ ᠪᠢᠴᠢᠭ ᠮᠠᠲ᠋ᠧᠷᠢᠶᠠᠯ ᠢ | ᠨᠡᠶᠢᠲᠡᠯᠡᠭᠰᠡᠨ ᠶᠠᠪᠤᠳᠠᠯ ᠪᠣᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ᠶᠢᠨ | ᠲᠦᠯᠦᠭᠡ ᠠᠪᠣᠭᠰᠠᠨ ᠪᠣᠳᠠᠲᠤ ᠠᠷᠭ᠎ᠠ ᠬᠡᠮᠵᠢᠶ᠎ᠡ ᠪᠣᠯᠣᠨ᠎ᠠ᠃ | ᠬᠤᠶᠠᠳᠤᠭᠠᠷ ᠲᠤ᠂ ᠬᠦᠴᠢᠷᠲᠡᠯᠳᠡᠢ ᠣᠯᠠᠨ ᠲᠦᠮᠡᠨ ᠤ ᠬᠦᠨᠳᠦ ᠡᠪᠡᠳᠴᠢᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠯ᠎ᠠ ᠠᠴᠠ ᠠᠪᠴᠤ ᠦᠵᠡᠪᠡᠯ᠂ | ᠬᠦᠨᠳᠦ ᠡᠪᠡᠳᠴᠢᠨ ᠢ ᠡᠮᠨᠡᠭᠦᠯᠬᠦ ᠪᠣᠯ ᠣᠳᠣᠬᠠᠨ ᠤ ᠬᠠᠮᠤᠭ ᠤᠨ ᠲᠣᠪᠤᠶᠢᠮ᠎ᠠ ᠪᠠᠶᠢᠭ᠎ᠠ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠪᠣᠯᠬᠤ ᠪᠦᠭᠡᠳ | ᠨᠡᠶᠢᠭᠡᠮ ᠤᠨ ᠬᠢᠨ ᠤ ᠠᠩᠬᠠᠷᠴᠤ ᠪᠠᠶᠢᠭ᠎ᠠ ᠨᠢ ᠮᠠᠰᠢ ᠥᠨᠳᠥᠷ ᠪᠠᠶᠢᠵᠤ᠂ ᠢᠯᠠᠩᠭᠤᠶ᠎ᠠ ᠬᠦᠨᠳᠦ ᠣᠨᠴᠠ ᠶᠡᠭᠡ ᠡᠪᠡᠳᠴᠢᠨ ᠡᠮᠭᠡᠭ ᠠᠴᠠ ᠬᠦᠴᠢᠷᠳᠡᠯᠲᠡᠢ ᠣᠯᠠᠨ | ᠲᠦᠮᠡᠨ ᠳᠤ ᠦᠵᠡᠭᠦᠯᠵᠦ ᠪᠠᠶᠢᠭ᠎ᠠ ᠨᠥᠯᠥᠭᠡ ᠨᠢ ᠨᠡᠩ ᠲᠣᠪᠤᠶᠢᠮ᠎ᠠ ᠪᠠᠶᠢᠨ᠎ᠠ᠃ ᠡᠶᠢᠮᠦ ᠪᠠᠶᠢᠳᠠᠯ ᠤᠨ ᠳᠣᠣᠷ᠎ᠠ᠂ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠦᠨ᠂ | ᠡᠨᠡᠬᠦ ᠠᠵᠢᠯ ᠢ ᠵᠢᠷᠤᠮᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠬᠦᠨᠳᠦ ᠡᠪᠡᠳᠴᠢᠨ ᠤ ᠪᠠᠲᠤᠯᠠᠭ᠎ᠠ ᠶᠢᠨ ᠬᠦᠴᠢᠷ ᠠᠰᠠᠭᠤᠳᠠᠯ ᠢ ᠢᠳᠡᠪᠬᠢᠲᠡᠢ ᠪᠠᠷ | ᠰᠢᠢᠳᠪᠦᠷᠢᠯᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ | ᠭᠤᠷᠪᠠᠳᠤᠭᠠᠷ ᠲᠤ᠂ ᠬᠤᠶᠢᠰᠢᠳᠠ ᠶᠢᠨ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠤᠲᠤᠷᠬᠠᠶᠢᠯᠠᠬᠤ ᠲᠠᠯ᠎ᠠ ᠠᠴᠠ ᠠᠪᠴᠤ ᠦᠵᠡᠪᠡᠯ᠂ ᠡᠳᠡᠭᠡᠷ ᠵᠢᠯ | ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠢ ᠳᠥᠯᠭᠢᠨ ᠠᠬᠢᠭᠤᠯᠬᠤ ᠶᠢ ᠳᠠᠭᠠᠯᠳᠤᠨ᠂ ᠢᠯᠠᠩᠭᠤᠶ᠎ᠠ 2012 ᠣᠨ ᠳᠤ ᠦᠷᠨᠢᠭᠦᠯᠦᠭᠰᠡᠨ ᠬᠦᠨᠳᠦ ᠶᠡᠭᠡ | ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠤᠰᠠᠯᠠᠬᠤ ᠲᠤᠷᠰᠢᠯᠲᠠ ᠶᠢ ᠦᠷᠨᠢᠭᠦᠯᠦᠭᠰᠡᠨ ᠤ ᠳᠠᠷᠠᠭ᠎ᠠ᠂ ᠪᠦᠬᠦ ᠣᠷᠣᠨ ᠤ ᠡᠯ᠎ᠡ ᠭᠠᠵᠠᠷ ᠤᠨ ᠬᠢᠨ ᠴᠦ ᠢᠳᠡᠪᠬᠢᠲᠡᠶ | ᠬᠠᠶᠢᠨ ᠰᠦᠪᠡᠭᠴᠢᠯᠡᠵᠦ᠂ ᠮᠠᠰᠢ ᠣᠯᠠᠨ ᠰᠠᠶᠢᠨ ᠲᠤᠷᠰᠢᠯᠭ᠎ᠠ ᠠᠷᠭ᠎ᠠ ᠠᠪᠴᠠᠯ ᠢ ᠡᠭᠦᠳᠦᠨ ᠪᠦᠲᠦᠭᠡᠵᠦ ᠬᠤᠷᠠᠮᠳᠤᠭᠤᠯᠤᠭᠰᠠᠨ ᠪᠠᠶᠢᠨ᠎ᠠ᠃ ᠪᠢᠴᠢᠭ ᠮᠠᠲ᠋ᠧᠷᠢᠶᠠᠯ ᠢ | ᠨᠡᠶᠢᠲᠡᠯᠡᠭᠰᠡᠨ ᠶᠠᠪᠤᠳᠠᠯ ᠪᠣᠯ᠂ ᠡᠯ᠎ᠡ ᠭᠠᠵᠠᠷ ᠤᠨ ᠰᠠᠶᠢᠨ ᠲᠤᠷᠰᠢᠯᠭ᠎ᠠ ᠠᠷᠭ᠎ᠠ ᠶᠢ ᠪᠣᠯᠪᠠᠰᠤᠷᠠᠭᠤᠯᠤᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠲᠣᠭᠲᠠᠭᠠᠯ ᠪᠣᠯᠭᠠᠨ ᠬᠤᠪᠢᠷᠠᠭᠤᠯᠤᠭᠠᠳ᠂ ᠳᠠᠷᠠᠭᠠᠴᠢ ᠶᠢᠨ ᠠᠯᠬᠤᠮ ᠤᠨ ᠠᠵᠢᠯ ᠢ ᠵᠢᠯᠣᠭᠤᠳᠬᠤ ᠪᠣᠯᠣᠨ᠎ᠠ᠃ ᠡᠶᠢᠮᠦ ᠶᠢᠨ ᠲᠤᠯᠠᠳᠠ᠂ ᠠᠷᠠᠳ ᠤᠨ ᠶᠠᠪᠤᠳᠠᠯ ᠤᠨ | ᠶᠠᠮᠤᠨ ᠪᠣᠯᠣᠨ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠡᠪᠯᠡᠯ ᠵᠡᠷᠭᠡ ᠲᠠᠪᠤᠨ ᠰᠠᠯᠠᠭ᠎ᠠ ᠮᠥᠴᠢᠷ ︽ᠰᠠᠨᠠᠯ︾ ᠤᠨ ᠬᠢᠨᠠᠭᠤᠯᠬᠤ ᠡᠬᠡ ᠪᠢᠴᠢᠭ ᠢ | ᠲᠤᠭᠤᠷᠪᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠲᠤᠯᠠᠭᠰᠠᠨ ᠤ ᠳᠠᠷᠠᠭ᠎ᠠ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠨᠡᠷ᠎ᠡ ᠪᠠᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠴᠤ ᠥᠪᠡᠷ ᠤᠨ ᠪᠣᠳᠠᠲᠤ ᠪᠠᠶᠢᠳᠠᠯ | ᠲᠠᠢ ᠪᠠᠨ ᠤᠶᠠᠯᠳᠤᠭᠤᠯᠤᠨ᠂ ᠥᠷᠭᠡᠨ ᠢᠶᠠᠷ ᠪᠠᠶᠢᠴᠠᠭᠠᠨ ᠰᠤᠳᠤᠯᠤᠭᠰᠠᠨ ᠪᠠ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠠᠶᠢᠮᠠᠭ ᠬᠤᠲᠠ ᠶᠢᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ ᠰᠠᠨᠠᠯ ᠢ ᠰᠤᠨᠤᠰᠤᠭᠰᠠᠨ ᠪᠠ ᠠᠪᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠨᠡᠷ᠎ᠡ ᠪᠠᠷ ᠳᠠᠷᠤᠮᠠᠯᠯᠠᠨ ᠶᠠᠪᠤᠭᠤᠯᠪᠠ᠃ | ᠭᠤᠷᠪᠠ᠂ ︽ᠮᠡᠳᠡᠭᠳᠡᠯ︾ ᠳᠤ᠂ ᠶᠠᠮᠠᠷ ᠶᠠᠮᠠᠷ ᠭᠢᠯᠠᠰ ᠴᠢᠭ᠋ ᠪᠠᠶᠢᠬᠤ ᠪᠤᠶ︖ | ᠬᠠᠷᠢᠭᠤᠯᠲᠠ᠄ ᠨᠢᠭᠡ ᠳᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠥᠰᠦᠯ ᠢ ᠲᠡᠭᠦᠯᠳᠡᠷᠵᠢᠭᠦᠯᠦᠨ᠂ ᠲᠡᠩᠭᠡᠷᠡᠭᠦᠯᠦᠨ ᠲᠤᠰᠠᠯᠠᠬᠤ ᠡᠲᠡᠭᠡᠳ ᠤᠨ | ᠬᠡᠪᠴᠢᠶ᠎ᠡ ᠶᠢ ᠥᠷᠭᠡᠳᠬᠡᠵᠦ᠂ ᠭᠤᠤᠯᠳᠠᠯᠭ᠎ᠠ ᠲᠠᠢ ᠲᠡᠩᠭᠡᠷᠡᠭᠦᠯᠦᠨ ᠲᠤᠰᠠᠯᠠᠬᠤ ᠡᠲᠡᠭᠡᠳ ᠢ ᠣᠷᠣᠯᠭ᠎ᠠ ᠪᠠᠭᠠᠲᠠᠶ ᠭᠡᠷ ᠪᠦᠯᠢ ᠶᠢᠨ ᠨᠠᠰᠤᠲᠠᠨ᠂ ᠨᠠᠰᠤᠨ ᠳᠤ ᠥᠯᠥ | ᠬᠦᠷᠦᠭᠰᠡᠳ᠂ ᠬᠦᠨᠳᠦ ᠬᠡᠮᠵᠢᠶᠡᠨ ᠤ ᠵᠡᠮᠳᠡᠭ ᠬᠥᠮᠦᠨ ᠪᠣᠯᠣᠨ ᠬᠦᠨᠳᠦ ᠡᠪᠡᠳᠴᠢᠯᠡᠭᠰᠡᠨ ᠡᠪᠡᠳᠴᠢᠲᠡᠨ ᠵᠡᠷᠭᠡ ᠣᠷᠣᠯᠭ᠎ᠠ ᠪᠠᠭᠠᠲᠠᠶ ᠲᠡᠩᠭᠡᠷᠡᠭᠦᠯᠦᠨ ᠲᠤᠰᠠᠯᠠᠬᠤ | ᠡᠲᠡᠭᠡᠳ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ ᠠᠪᠤᠷᠠᠨ ᠲᠤᠰᠠᠯᠠᠬᠤ ᠣᠷᠣᠯᠭ᠎ᠠ ᠪᠠᠭᠠᠲᠠᠶ ᠭᠡᠷ | ᠪᠦᠯᠢ ᠶᠢ ᠲᠣᠭᠲᠠᠭᠠᠬᠤ ᠪᠠᠷᠢᠮᠵᠢᠶ᠎ᠠ ᠶᠢ ᠲᠣᠲᠤᠷᠬᠠᠶᠢᠯᠠᠪᠠ᠂ ᠲᠤᠬᠠᠶᠢᠯᠠᠪᠠᠯ ᠭᠡᠷ ᠪᠦᠯᠢ ᠶᠢᠨ ᠬᠥᠮᠦᠨ ᠪᠦᠷᠢ ᠶᠢᠨ ᠰᠠᠷ᠎ᠠ ᠪᠤᠶᠤ ᠵᠢᠯ ᠤᠨ ᠳᠤᠮᠳᠠᠴᠢ ᠣᠷᠣᠯᠭ᠎ᠠ ᠨᠢ | ᠲᠣᠬᠠᠢ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 1.5 ᠳᠠᠬᠢᠨ ᠢᠶᠠᠷ ᠳᠣᠣᠷ᠎ᠠ ᠪᠠᠶᠢᠭ᠎ᠠ ᠭᠡᠷ ᠪᠦᠯᠢ ᠪᠣᠯᠣᠨ᠎ᠠ᠃ | ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠢ ᠬᠦᠨᠳᠦ ᠣᠨᠴᠠ ᠶᠡᠭᠡ ᠡᠪᠡᠳᠴᠢᠨ ᠡᠮᠭᠡᠭ ᠲᠠᠬᠢ ᠡᠮᠨᠡᠯᠭᠡ ᠶᠢᠨ ᠲᠡᠩᠭᠡᠷᠡᠭᠦᠯᠦᠨ | ᠲᠤᠰᠠᠯᠠᠬᠤ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃ | ᠬᠤᠶᠠᠷ ᠲᠤ ᠳᠠᠭᠠᠳᠬᠠᠯ ᠳᠤ ᠣᠷᠣᠯᠴᠠᠭᠰᠠᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠢ ᠵᠦᠶ ᠵᠣᠬᠢᠰᠲᠠᠶ ᠲᠤᠰᠠᠯᠠᠵᠤ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠳᠣᠲᠣᠷᠠᠬᠢ A᠂ B ᠲᠥᠷᠥᠯ ᠤᠨ ᠡᠲᠡᠭᠡᠳ ᠤᠨ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠪᠤᠶᠤ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠤᠨ | ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠲᠤᠰᠢᠶᠠᠬᠤ ᠬᠡᠰᠡᠭ ᠲᠤ ᠲᠣᠭᠲᠠᠭᠰᠠᠨ ᠲᠣᠭᠠᠨ ᠤ ᠲᠤᠰᠠᠯᠠᠮᠵᠢ ᠦᠵᠡᠭᠦᠯᠦᠨ᠎ᠡ᠃ | ᠭᠤᠷᠪᠠ ᠳᠤ ᠪᠡᠯᠡ ᠮᠥᠩᠭᠦ ᠴᠤᠭᠯᠠᠭᠤᠯᠬᠤ ᠪᠠ ᠬᠠᠮᠢᠶᠠᠷᠴᠤ ᠬᠡᠷᠡᠭᠯᠡᠬᠦ ᠶᠢ ᠴᠢᠩᠭᠠᠳᠬᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠬᠤᠶᠠᠷ ᠱᠠᠲᠤᠨ ᠤ ᠢᠵᠢ ᠪᠦᠷᠢᠳᠦᠭᠦᠯᠬᠦ ᠬᠠᠷᠢᠴᠠᠯ ᠢ ᠲᠤᠲᠤᠷᠬᠠᠶᠢᠯᠠᠵᠤ᠂ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠪᠡᠯᠡ ᠮᠥᠩᠭᠦ ᠶᠢ ᠵᠦᠢ ᠵᠣᠬᠢᠰᠲᠠᠢ | ᠲᠣᠬᠢᠷᠠᠭᠤᠯᠤᠨ᠂ ᠬᠦᠷᠦᠯᠴᠡᠬᠦ ᠦᠭᠡᠢ ᠬᠡᠰᠡᠭ ᠢ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠨᠥᠬᠦᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠬᠤᠲᠠ | ᠬᠥᠳᠡᠭᠡ ᠶᠢᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠠᠷᠭ᠎ᠠ ᠶᠢ ᠲᠣᠭᠲᠠᠭᠠᠨ᠂ ᠡᠯ᠎ᠡ ᠭᠠᠵᠠᠷ ᠤᠨ ᠡᠮᠨᠡᠯᠭᠡ ᠶᠢᠨ | ᠲᠡᠩᠭᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠬᠤ ᠵᠡᠷᠭᠡ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠤᠨ | ᠪᠣᠳᠠᠲᠤ ᠦᠷ᠎ᠡ ᠪᠦᠲᠦᠮᠵᠢ ᠶᠢ ᠰᠢᠯᠭᠠᠨ ᠦᠨᠡᠯᠡᠵᠦ᠂ ᠰᠢᠯᠭᠠᠨ ᠦᠨᠡᠯᠡᠭᠰᠡᠨ ᠦᠷ᠎ᠡ ᠳ᠋ᠦᠩ ᠢ ᠬᠤᠲᠠ ᠬᠥᠳᠡᠭᠡ ᠶᠢᠨ ᠡᠮᠨᠡᠯᠭᠡ ᠶᠢᠨ ᠲᠡᠩᠭᠡᠷᠡᠭᠦᠯᠦᠨ ᠲᠤᠰᠠᠯᠠᠬᠤ | ᠪᠡᠯᠡ ᠮᠥᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠤᠨ᠎ᠠ᠃ | ᠳᠥᠷᠪᠡ ᠳᠤ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠢᠭᠦᠯᠡᠰᠦᠩᠭᠦᠶ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠤᠰᠬᠠᠶ ᠵᠦᠢᠯ ᠤᠨ ᠰᠠᠭᠤᠷᠢ | ᠮᠥᠩᠭᠦ ᠶᠢ ᠪᠠᠶᠢᠭᠤᠯᠵᠤ᠂ ᠡᠯ᠎ᠡ ᠭᠠᠵᠠᠷ ᠤᠨ ᠬᠢᠨ ᠢ ᠡᠯ᠎ᠡ ᠱᠠᠲᠤᠨ ᠤ ᠨᠢᠭᠦᠯᠡᠰᠦᠩᠭᠦᠶ ᠶᠢᠨ ᠶᠡᠷᠦᠩᠬᠡᠶ ︵ᠨᠡᠶᠢᠭᠡᠮᠯᠢᠭ︶ ᠡᠪᠯᠡᠯ ᠪᠠ ᠨᠢᠭᠦᠯᠡᠰᠦᠩᠭᠦᠶ ᠶᠢᠨ ᠵᠣᠬᠢᠶᠠᠨ | ᠪᠠᠶᠢᠭᠤᠯᠤᠯᠲᠠ ᠳᠠᠭᠠᠨ ᠲᠦᠰᠢᠭᠯᠡᠨ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠢᠭᠦᠯᠡᠰᠦᠩᠭᠦᠶ | ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠲᠤᠰᠬᠠᠶ ᠵᠦᠢᠯ ᠤᠨ ᠰᠠᠭᠤᠷᠢ ᠮᠥᠩᠭᠦ ︵ᠪᠡᠯᠡ ᠮᠥᠩᠭᠦ︶ ᠪᠠᠶᠢᠭᠤᠯᠬᠤ ᠶᠢ ᠱᠠᠭᠠᠷᠲᠠᠪᠠ᠃ | ᠲᠠᠪᠤ ᠳᠤ ᠲᠡᠩᠬᠡᠷᠡᠭᠦᠯᠦᠨ ᠲᠤᠰᠠᠯᠠᠬᠤ ᠠᠷᠭ᠎ᠠ ᠮᠠᠶ᠋ᠢᠭ ᠢ ᠰᠢᠨ᠎ᠡ ᠶᠢ ᠡᠭᠦᠳᠴᠦ᠂ ᠡᠯ᠎ᠡ ᠭᠠᠵᠠᠷ ᠤᠨ ᠬᠢᠨ ᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ | ᠠᠪᠬᠤ ᠠᠷᠭ᠎ᠠ ᠮᠠᠶ᠋ᠢᠭ ᠢ ᠬᠡᠷᠡᠭᠯᠡᠨ ᠬᠤᠳᠠᠯᠳᠤᠭᠠᠨ ᠤ ᠨᠥᠬᠦᠪᠥᠷᠢ ᠲᠠᠢ ᠡᠮᠨᠡᠯᠭᠡ ᠶᠢᠨ ᠳᠠᠭᠠᠳᠬᠠᠯ ᠤᠨ ᠠᠵᠢᠯ ᠢ ᠢᠳᠡᠪᠬᠢᠲᠡᠶ ᠥᠷᠨᠢᠭᠦᠯᠵᠦ᠂ ᠪᠠᠲᠤᠯᠠᠬᠤ ᠬᠡᠪᠴᠢᠶ᠎ᠡ᠂ | ᠲᠦᠯᠦᠬᠦ ᠬᠠᠷᠢᠴᠠᠯ᠂ ᠣᠨ ᠤ ᠬᠠᠮᠤᠭ ᠤᠨ ᠥᠨᠳᠦᠷ ᠲᠥᠯᠥᠪᠦᠷᠢ ᠶᠢᠨ ᠬᠢᠵᠠᠭᠠᠷᠯᠠᠭᠰᠠᠨ ᠲᠤᠭ᠎ᠠ ᠶᠢ ᠲᠣᠲᠣᠷᠬᠠᠶᠢᠯᠠᠵᠤ᠂ ᠲᠥᠯᠥᠪᠦᠷᠢ ᠶᠢᠨ ᠭᠠᠷᠳᠠᠮ ᠢ ᠤᠯᠠᠮ ᠨᠢᠭᠡ | ᠠᠯᠬᠤᠮ ᠳᠥᠭᠦᠮᠴᠢᠯᠡᠵᠦ᠂ ᠬᠦᠴᠢᠷᠳᠡᠯᠲᠡᠶ ᠣᠯᠠᠨ ᠲᠦᠮᠡᠨ ᠤ ᠡᠮᠨᠡᠯᠭᠡ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢ ᠱᠠᠭᠠᠷᠳᠠᠪᠠ᠃ | ᠵᠢᠷᠭᠤᠭ᠎ᠠ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠪᠦᠲᠦᠮᠵᠢᠲᠡᠶ ᠪᠠᠷ ᠵᠣᠯᠭᠠᠯᠳᠤᠭᠤᠯᠬᠤ ᠶᠢ ᠴᠢᠩᠭᠠᠳᠬᠠᠵᠤ᠂ ᠡᠯ᠎ᠡ ᠭᠠᠵᠠᠷ ᠤᠨ ᠬᠢᠨ ᠢ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ︵ᠰᠦᠯᠵᠢᠶ᠎ᠡ︶ ᠪᠠᠶᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠡᠩᠬᠡᠷᠡᠭᠦᠯᠦᠨ ᠲᠤᠰᠠᠯᠠᠬᠤ ᠡᠲᠡᠭᠡᠳ ᠢ ᠬᠦᠯᠢᠶᠡᠨ ᠠᠪᠴᠤ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ | ᠬᠢᠨᠠᠨ ᠬᠠᠷᠭᠤᠭᠤᠯᠬᠤ ᠶᠢ ᠳᠠᠮᠵᠢᠭᠰᠠᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠬᠡᠷᠡᠭᠴᠡᠭᠡ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠪᠴᠠᠩ ᠳᠤ | ᠳᠠᠮᠵᠢᠭᠤᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠯᠠᠪᠯᠠᠬᠤ ᠪᠠ ᠰᠢᠯᠢᠨ ᠰᠣᠩᠭᠤᠬᠤ ᠳᠤ ᠬᠠᠩᠭᠠᠬᠤ ᠶᠢ ᠱᠠᠭᠠᠷᠳᠠᠪᠠ᠃ ᠡᠯ᠎ᠡ ᠭᠠᠵᠠᠷ ᠤᠨ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠴᠤ ᠪᠠᠰᠠ ᠫᠣᠷᠲ᠋ᠧᠯ ᠰᠦᠯᠵᠢᠶ᠎ᠡ ᠪᠤᠶᠤ ᠵᠠᠰᠠᠭ ᠤᠨ ᠣᠷᠳᠣᠨ ᠤ ᠰᠦᠯᠵᠢᠶ᠎ᠡ ᠶᠢᠨ ᠠᠷᠠᠳ ᠤᠨ ᠶᠠᠪᠤᠳᠠᠯ ᠤᠨ | ᠪᠤᠯᠤᠩ ᠳᠠᠭᠠᠨ ᠨᠢᠭᠦᠯᠡᠰᠦᠩᠭᠦᠶ ᠶᠢᠨ ᠶᠡᠷᠦᠩᠬᠡᠶ ︵ᠨᠡᠶᠢᠭᠡᠮᠯᠢᠭ︶ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠴᠥᠷᠭᠡᠯᠡᠭᠡ ᠶᠢ ᠨᠡᠮᠡᠨ ᠭᠠᠷᠭᠠᠵᠤ ᠪᠣᠯᠤᠨ᠎ᠠ᠃ | ᠳᠥᠷᠪᠡ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠨᠢ ᠶᠠᠮᠠᠷ ᠶᠠᠮᠠᠷ ᠬᠥᠮᠥᠰ ᠪᠠᠶᠢᠬᠤ ᠪᠤᠶ︖ | ᠬᠠᠷᠢᠭᠤᠯᠲᠠ᠄ ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ︔ | ︵ᠬᠤᠶᠠᠷ︶ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠥᠰ︔ | ︵ᠭᠤᠷᠪᠠ︶ ᠣᠷᠣᠯᠭ᠎ᠠ ᠪᠠᠭᠠᠲᠠᠶ ᠭᠡᠷ ᠪᠦᠯᠢ ᠶᠢᠨ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠬᠦᠨᠳᠦ ᠬᠡᠮᠵᠢᠶᠡᠨ ᠤ ᠵᠡᠮᠳᠡᠭ ᠬᠥᠮᠦᠨ ᠪᠠ ᠬᠦᠨᠳᠦ | ᠡᠪᠡᠳᠴᠢᠯᠡᠭᠰᠡᠨ ᠡᠪᠡᠳᠴᠢᠲᠡᠨ ᠵᠡᠷᠭᠡ ︵ᠣᠷᠣᠯᠭ᠎ᠠ ᠪᠠᠭᠠᠲᠠᠢ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠭᠡᠵᠦ ᠨᠢᠭᠡᠳᠦᠯᠲᠡᠢ ᠨᠡᠷᠡᠯᠡᠨ᠎ᠡ︶︔ | ︵ᠳᠥᠷᠪᠡ︶ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠠ ᠬᠦᠴᠢᠷᠳᠡᠯ ᠲᠠᠢ ᠬᠥᠮᠥᠰ᠃ | ︵ᠲᠠᠪᠤ︶ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠲᠤ ᠪᠠᠰᠠ ᠶᠡᠭᠡ ᠬᠡᠮᠵᠢᠶᠡᠨ ᠤ ᠡᠮᠨᠡᠯᠭᠡ ᠶᠢᠨ | ᠵᠠᠷᠤᠳᠠᠯ ᠭᠠᠷᠤᠭᠰᠠᠨ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠡᠲᠦᠷᠡᠭᠰᠡᠨ᠂ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠲᠠᠢ ᠭᠡᠷ | ᠪᠦᠯᠢ ᠶᠢᠨ ᠬᠦᠨᠳᠦ ᠡᠪᠡᠳᠴᠢᠯᠡᠭᠰᠡᠨ ᠡᠪᠡᠳᠴᠢᠲᠡᠨ ︵ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠭᠡᠵᠦ ᠨᠢᠭᠡᠳᠦᠯᠲᠡᠢ | ᠨᠡᠷᠡᠯᠡᠨ᠎ᠡ︶᠃ | ᠲᠠᠪᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠶᠢ ᠬᠡᠷᠬᠢᠨ ᠭᠤᠶᠤᠴᠢᠯᠠᠬᠤ ᠪᠤᠶ︖ | ᠬᠠᠷᠢᠭᠤᠯᠲᠠ᠄ ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠶᠢ ᠭᠤᠶᠤᠴᠢᠯᠠᠬᠤ ᠳᠤ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠳᠤᠷᠠᠳᠴᠤ᠂ ᠬᠢᠨᠠᠭᠠᠳ ᠨᠡᠶᠢᠲᠡ ᠳᠤ ᠵᠠᠷᠯᠠᠭᠰᠠᠨ ᠤ ᠳᠠᠷᠠᠭ᠎ᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠠ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠭᠴᠢ ᠶᠢᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠠᠪᠤᠳᠠᠯ ᠢ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠢᠭᠤᠳ ᠭᠦᠢᠴᠡᠳᠬᠡᠨ᠎ᠡ᠃ | ᠵᠢᠷᠭᠤᠭ᠎ᠠ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠨᠢ ᠶᠠᠮᠠᠷ ᠶᠠᠮᠠᠷ ᠠᠷᠭ᠎ᠠ ᠮᠠᠶ᠋ᠢᠭ ᠢ ᠠᠪᠴᠤ᠂ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠨᠢ ᠶᠠᠭᠤ ᠪᠤᠶ︖ | | ᠬᠠᠷᠢᠭᠤᠯᠲᠠ᠄ ︵ᠨᠢᠭᠡ︶ ᠳᠠᠭᠠᠳᠬᠠᠯ ᠳᠤ ᠣᠷᠣᠯᠴᠠᠬᠤ ᠬᠤᠷᠰᠢᠬᠰᠠᠨ ᠡᠮᠨᠡᠯᠭᠡ ᠳᠤ ᠣᠷᠣᠯᠴᠠᠬᠤ ᠳᠤᠨᠢ ᠲᠤᠰᠠᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠠ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠭᠴᠢ ︵ᠭᠤᠣᠯᠳᠠᠯᠭ᠎ᠠ ᠲᠠᠢ ᠲᠡᠩᠬᠡᠷᠡᠭᠦᠯᠦᠨ | ᠲᠤᠰᠠᠯᠠᠬᠤ ᠡᠲᠡᠭᠡᠳ ᠭᠡᠵᠦ ᠨᠢᠭᠡᠳᠦᠯᠲᠡᠢ ᠨᠡᠷᠡᠯᠡᠨ᠎ᠡ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠪᠠ ᠬᠥᠳᠡᠭᠡ | ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠤ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠨᠥᠬᠦᠪᠥᠷᠢ ᠥᠭᠴᠦ᠂ | ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠥᠰ ᠲᠤ ᠪᠦᠬᠦ ᠲᠤᠭ᠎ᠠ ᠪᠠᠷ ᠨᠢ ᠲᠤᠰᠠᠯᠠᠵᠤ᠂ ᠠᠮᠢᠳᠤᠷᠠᠯ ᠤᠨ ᠨᠠᠭᠠᠳᠤ ᠵᠠᠬ᠎ᠠ ᠬᠦᠷᠲᠡᠵᠦ | ᠪᠠᠶᠢᠭ᠎ᠠ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠳᠤ ᠲᠣᠭᠲᠠᠭᠰᠠᠨ ᠲᠤᠭ᠎ᠠ ᠪᠠᠷ ᠲᠤᠰᠠᠯᠠᠨ᠎ᠠ ︵C ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠭᠥᠷᠳᠡᠭᠰᠡᠳ ᠲᠤ ᠵᠠᠷᠴᠢᠮ ᠤᠨ ᠲᠠᠯ᠎ᠠ ᠪᠠᠷ ᠲᠤᠰᠠᠯᠠᠬᠤ ᠦᠭᠡᠢ︶᠃ ᠪᠣᠳᠠᠲᠠᠶ ᠲᠤᠰᠠᠯᠠᠬᠤ ᠠᠷᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠮᠨᠡᠯᠭᠡ ᠶᠢᠨ | ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ ᠪᠠᠶᠢᠳᠠᠯ ᠵᠡᠷᠭᠡ ᠪᠠᠨ ᠦᠨᠳᠦᠰᠦᠯᠡᠨ ᠰᠤᠳᠤᠯᠤᠨ ᠲᠣᠭᠲᠠᠭᠠᠨ᠎ᠠ᠃ | ︵ᠬᠤᠶᠠᠷ︶ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ᠃ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ ᠭᠤᠣᠯᠳᠠᠯᠭ᠎ᠠ ᠪᠣᠯ ᠤᠳᠠᠭᠠᠨ | ᠴᠢᠨᠠᠷ ᠲᠠᠢ ᠡᠪᠡᠳᠴᠢᠨ ᠣᠯᠣᠭᠰᠠᠨ ᠠᠴᠠ ᠪᠣᠯᠵᠤ ᠤᠷᠲᠤ ᠬᠤᠭᠤᠴᠠᠭ᠎ᠠ ᠪᠠᠷ ᠡᠮ ᠤᠤᠭᠤᠬᠤ ᠪᠤᠶᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠤᠷᠲᠤ | ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠢ ᠬᠡᠷᠡᠭᠲᠡᠢ ᠠᠴᠠ ᠪᠣᠯᠵᠤ᠂ ᠥᠪᠡᠷ ᠢᠶᠠᠨ ᠬᠠᠷᠢᠭᠤᠴᠠᠬᠤ ᠵᠠᠷᠤᠳᠠᠯ ᠨᠡᠯᠢᠶᠡᠳ ᠥᠨᠳᠥᠷ ᠪᠠᠶᠢᠬᠤ | ᠡᠮᠨᠡᠯᠭᠡ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠪᠣᠯᠣᠨ᠎ᠠ᠃ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠣᠨᠣᠰᠢᠯᠠᠨ | ᠡᠮᠨᠡᠬᠦ ᠠᠷᠭ᠎ᠠ ᠵᠠᠮ ᠢ ᠨᠢ ᠨᠢᠭᠡᠨᠲᠡ ᠲᠣᠳᠣᠷᠬᠠᠶᠢᠯᠠᠭᠰᠠᠨ ᠡᠭᠦᠳᠡᠨ ᠡᠮᠨᠡᠯᠭᠡ ᠪᠠᠷ ᠳᠠᠮᠵᠢᠭᠠᠳ ᠡᠮᠨᠡᠨ ᠵᠠᠰᠠᠵᠤ ᠪᠣᠯᠬᠤ ᠡᠪᠡᠳᠴᠢᠨ ᠤ ᠵᠦᠢᠯ ᠳᠤ ᠪᠣᠯ ᠳᠠᠩ | ᠡᠪᠡᠳᠴᠢᠨ ᠤ ᠵᠦᠢᠯ ᠤᠨ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢ ᠠᠪᠴᠤ ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢ ᠥᠷᠨᠢᠭᠦᠯᠵᠦ ᠪᠣᠯᠣᠨ᠎ᠠ᠃ | ᠡᠭᠦᠳᠡᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ ᠬᠠᠮᠤᠭ ᠤᠨ ᠦᠨᠳᠦᠷ ᠲᠡᠩᠬᠡᠷᠡᠭᠦᠯᠦᠨ ᠲᠤᠰᠠᠯᠠᠬᠤ ᠲᠤᠭ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠬᠡᠷᠡᠭᠴᠡᠭᠡ ᠱᠠᠭᠠᠷᠳᠠᠯᠭ᠎ᠠ | ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ ᠵᠡᠷᠭᠡ ᠪᠠᠶᠢᠳᠠᠯ ᠢᠶᠠᠨ ᠦᠨᠳᠦᠰᠦᠯᠡᠨ ᠰᠤᠳᠤᠯᠵᠤ ᠲᠣᠭᠲᠠᠭᠠᠨ᠎ᠠ᠃ | ︵ᠭᠤᠷᠪᠠ︶ ᠡᠮᠨᠡᠯᠭᠡ ᠳᠤ ᠰᠠᠭᠤᠭᠰᠠᠨ ᠤ ᠲᠡᠩᠬᠡᠷᠡᠭᠦᠯᠦᠨ ᠲᠤᠰᠠᠯᠠᠬᠤ᠃ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠴᠢᠭ᠋ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠤ ᠵᠠᠷᠤᠳᠠᠯ ᠲᠣᠲᠣᠷ᠎ᠠ᠂ | ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠬᠢᠭᠡᠳ ᠡᠯ᠎ᠡ ᠲᠥᠷᠥᠯ ᠤᠨ | ᠨᠥᠬᠦᠪᠥᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠬᠦ ᠵᠠᠷᠤᠳᠠᠯ ᠳᠤ᠂ | ᠣᠨ ᠤ ᠲᠡᠩᠬᠡᠷᠡᠭᠦᠯᠦᠨ ᠲᠤᠰᠠᠯᠠᠬᠤ ᠬᠢᠵᠠᠭᠠᠷᠲᠤ ᠲᠤᠭ᠎ᠠ ᠶᠢᠨ ᠳᠣᠲᠣᠷ᠎ᠠ 70% ᠠᠴᠠ ᠳᠣᠣᠷ᠎ᠠ ᠦᠭᠡᠶ ᠪᠠᠶᠢᠯᠭᠠᠬᠤ ᠬᠠᠷᠢᠴᠠᠯ ᠶᠣᠰᠣᠭᠠᠷ ᠲᠡᠩᠬᠡᠷᠡᠭᠦᠯᠦᠨ | ᠲᠤᠰᠠᠯᠠᠨ᠎ᠠ᠃ ᠡᠮᠨᠡᠯᠭᠡ ᠳᠤ ᠰᠠᠭᠤᠭᠰᠠᠨ ᠲᠡᠩᠬᠡᠷᠡᠭᠦᠯᠦᠨ ᠲᠤᠰᠠᠯᠠᠬᠤ ᠶᠢᠨ ᠣᠨ ᠤ ᠬᠠᠮᠤᠭ ᠥᠨᠳᠥᠷ ᠲᠡᠩᠬᠡᠷᠡᠭᠦᠯᠦᠨ ᠲᠤᠰᠠᠯᠠᠬᠤ ᠬᠢᠵᠠᠭᠠᠷᠲᠤ ᠲᠤᠭ᠎ᠠ ᠶᠢ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ ᠭᠠᠵᠠᠷ ᠤᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ | ᠬᠡᠷᠡᠭᠴᠡᠭᠡ ᠱᠠᠭᠠᠷᠳᠠᠯᠭ᠎ᠠ ᠪᠠ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠭᠰᠠᠨ ᠵᠡᠷᠭᠡ ᠪᠠᠶᠢᠳᠠᠯ ᠢᠶᠠᠨ ᠦᠨᠳᠦᠰᠦᠯᠡᠨ ᠰᠤᠳᠤᠯᠤᠨ | ᠲᠣᠭᠲᠠᠭᠠᠨ᠎ᠠ᠃ | ︵ᠳᠥᠷᠪᠡ︶ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ᠃ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ | ᠪᠠ ᠣᠷᠣᠯᠭ᠎ᠠ ᠪᠠᠭᠠᠲᠠᠢ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠦᠨᠳᠦ ᠡᠪᠡᠳᠴᠢᠨ ᠤ ᠳᠠᠭᠠᠳᠬᠠᠯ ᠬᠢᠭᠡᠳ ᠡᠯ᠎ᠡ ᠲᠥᠷᠥᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠵᠡᠷᠭᠡ ᠶᠢᠨ ᠳᠠᠩᠰᠠ | ᠲᠠᠶᠢᠯᠤᠭᠰᠠᠨ ᠤ ᠳᠠᠷᠠᠭᠠᠬᠢ ᠬᠤᠪᠢ ᠬᠥᠮᠦᠨ ᠤ ᠡᠭᠦᠷᠭᠡᠯᠡᠬᠦ ᠲᠣᠭᠲᠠᠭᠠᠯ ᠳᠤ ᠨᠡᠶᠢᠴᠡᠬᠦ ᠡᠮᠨᠡᠭᠦᠯᠦᠭᠰᠡᠨ ᠵᠠᠷᠤᠳᠠᠯ ᠳᠤ ᠰᠢᠭᠤᠳ ᠲᠡᠩᠬᠡᠷᠡᠭᠦᠯᠦᠨ ᠲᠤᠰᠠᠯᠠᠨ᠎ᠠ︔ | ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠵᠡᠷᠭᠡ ᠪᠤᠰᠤᠳ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠤᠨ ᠡᠭᠦᠷᠭᠡᠯᠡᠬᠦ | ᠲᠣᠭᠲᠠᠭᠠᠯ ᠳᠤ ᠨᠡᠶᠢᠴᠡᠬᠦ ᠡᠮᠨᠡᠭᠦᠯᠦᠭᠰᠡᠨ ᠵᠠᠷᠤᠳᠠᠯ ᠢ ᠤᠷᠢᠳᠠᠪᠠᠷ ᠬᠤᠪᠢ ᠬᠥᠮᠦᠨ ᠲᠤᠰᠢᠶᠠᠵᠤ᠂ ᠭᠡᠷ ᠪᠦᠯᠢ ᠶᠢᠨ ᠡᠭᠦᠷᠭᠡᠯᠡᠬᠦ ᠴᠢᠳᠠᠪᠤᠷᠢ ᠠᠴᠠ ᠬᠡᠲᠦᠷᠡᠭᠰᠡᠨ ᠬᠡᠰᠡᠭ | ᠲᠤᠨᠢ ᠲᠡᠩᠬᠡᠷᠡᠭᠦᠯᠦᠨ ᠲᠤᠰᠠᠯᠠᠨ᠎ᠠ᠃ | ᠡᠪᠡᠳᠴᠢᠯᠡᠭᠰᠡᠨ ᠭᠡᠷ ᠪᠦᠯᠢ ᠶᠢᠨ ᠳᠠᠷᠤᠭᠠᠰᠤ ᠡᠭᠦᠷᠭᠡᠯᠡᠬᠦ ᠴᠢᠳᠠᠪᠤᠷᠢ᠂ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ᠂ ᠲᠤᠬᠠᠶ ᠶᠢᠨ ᠭᠠᠵᠠᠷ ᠤᠨ | ᠪᠡᠯᠡ ᠮᠥᠩᠭᠦ ᠴᠤᠭᠯᠠᠭᠤᠯᠤᠭᠰᠠᠨ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ | ᠲᠡᠩᠬᠡᠷᠡᠭᠦᠯᠦᠨ ᠲᠤᠰᠠᠯᠠᠬᠤ ᠬᠠᠷᠢᠴᠠᠯ ᠪᠠ ᠬᠠᠮᠤᠭ ᠤᠨ ᠥᠨᠳᠦᠷ ᠲᠡᠩᠬᠡᠷᠡᠭᠦᠯᠦᠨ ᠲᠤᠰᠠᠯᠠᠬᠤ ᠬᠢᠵᠠᠭᠠᠷᠲᠤ ᠲᠤᠭ᠎ᠠ ᠶᠢ ᠲᠥᠷᠥᠯ ᠪᠠ ᠬᠡᠰᠡᠭ ᠬᠤᠪᠢᠶᠠᠨ | ᠪᠠᠶᠢᠷᠢᠯᠠᠭᠤᠯᠪᠠ᠃ ᠵᠠᠷᠴᠢᠮ ᠳᠡᠭᠡᠷ᠎ᠡ ᠪᠠᠨ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠡᠩᠬᠡᠷᠡᠭᠦᠯᠦᠨ ᠲᠤᠰᠠᠯᠠᠬᠤ ᠬᠠᠷᠢᠴᠠᠯ ᠢ ᠣᠷᠣᠯᠭ᠎ᠠ | ᠪᠠᠭᠠᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠢ ᠠᠴᠠ ᠳᠡᠭᠡᠭᠦᠷ ᠪᠠᠶᠢᠯᠭᠠᠵᠤ᠂ ᠣᠷᠣᠯᠭ᠎ᠠ ᠪᠠᠭᠠᠲᠠᠶ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠢ ᠶᠢ | ᠪᠤᠰᠤᠳ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠢ ᠠᠴᠠ ᠳᠡᠭᠡᠭᠦᠷ ᠪᠠᠶᠢᠯᠭᠠᠪᠠ︔ ᠠᠳᠠᠯᠢ ᠲᠥᠷᠥᠯ ᠤᠨ ᠲᠡᠩᠬᠡᠷᠡᠭᠦᠯᠦᠨ ᠲᠤᠰᠠᠯᠠᠬᠤ ᠡᠲᠡᠭᠡᠳ ᠲᠤ ᠪᠣᠯ᠂ | ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ ᠤᠨ ᠲᠤᠭ᠎ᠠ ᠬᠡᠮᠵᠢᠶ᠎ᠡ ᠨᠢ ᠤᠯᠠᠮ ᠶᠡᠭᠡ ᠪᠠᠶᠢᠬᠤ ᠲᠤᠲᠤᠮ᠂ ᠲᠡᠩᠬᠡᠷᠡᠭᠦᠯᠦᠨ ᠲᠤᠰᠠᠯᠠᠬᠤ ᠬᠠᠷᠢᠴᠠᠯ ᠨᠢ | ᠤᠯᠠᠮ ᠦᠨᠳᠦᠷ ᠪᠣᠯᠤᠨ᠎ᠠ᠃ ᠭᠤᠣᠯᠳᠠᠯᠭ᠎ᠠ ᠲᠠᠢ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠡᠩᠬᠡᠷᠡᠭᠦᠯᠦᠨ ᠲᠤᠰᠠᠯᠠᠬᠤ ᠶᠢᠨ ᠬᠤᠷᠢᠭ᠎ᠠ ᠶᠢ ᠪᠦᠬᠦ ᠲᠠᠯ᠎ᠠ ᠪᠠᠷ | ᠦᠭᠡᠶᠢᠰᠬᠡᠬᠦ ᠬᠡᠷᠡᠭᠲᠡᠶ︔ ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠳᠤ ᠡᠬᠢᠯᠡᠵᠦ ᠥᠭᠬᠦ ᠱᠤᠭᠤᠮ ᠪᠠᠶᠢᠷᠢᠯᠠᠭᠤᠯᠵᠤ | ᠪᠣᠯᠤᠨ᠎ᠠ᠂ ᠡᠬᠢᠯᠡᠵᠦ ᠥᠭᠬᠦ ᠱᠤᠭᠤᠮ ᠠᠴᠠ ᠳᠡᠭᠡᠭᠰᠢᠬᠢ ᠥᠪᠡᠰᠦᠪᠡᠨ ᠬᠠᠷᠢᠭᠤᠴᠠᠬᠤ ᠵᠠᠷᠤᠳᠠᠯ ᠳᠤ ᠲᠡᠩᠬᠡᠷᠡᠭᠦᠯᠦᠨ ᠲᠤᠰᠠᠯᠠᠯᠲᠠ ᠬᠦᠷᠲᠡᠭᠡᠨ᠎ᠡ᠃ | ᠬᠦᠨᠳᠦ ᠣᠨᠴᠠ ᠶᠡᠭᠡ ᠡᠪᠡᠳᠴᠢᠨ ᠤ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠶᠢᠨ ᠬᠡᠷᠡᠭᠯᠡᠬᠦ ᠡᠮ ᠤᠨ ᠬᠡᠪᠴᠢᠶ᠎ᠡ᠂ ᠣᠨᠣᠰᠢᠯᠠᠨ ᠡᠮᠨᠡᠬᠦ ᠵᠦᠢᠯᠡᠰ ᠵᠡᠷᠭᠡ ᠳᠤ᠂ | ᠵᠠᠷᠴᠢᠮ ᠳᠡᠭᠡᠷ᠎ᠡ ᠪᠠᠨ ᠦᠨᠳᠦᠰᠦᠨ ᠡᠮᠨᠡᠯᠭᠡ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠢᠶ᠎ᠠ | ᠪᠦᠬᠦᠢ ᠲᠣᠭᠲᠠᠭᠠᠯ ᠢ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠡᠮᠨᠡᠯᠭᠡ ᠶᠢᠨ ᠪᠠᠶᠢᠭᠤᠯᠤᠮᠵᠢ ᠪᠤᠶᠤ ᠰᠢᠶᠠᠨ ᠤ ᠬᠡᠪᠴᠢᠶ᠎ᠡ ᠠᠯᠤᠰᠯᠠᠨ ᠣᠨᠳᠣᠣ | ᠭᠠᠵᠠᠷ ᠤᠨ ᠡᠮᠨᠡᠯᠭᠡ ᠶᠢᠨ ᠬᠤᠷᠢᠶ᠎ᠠ ᠳᠤ ᠡᠮᠨᠡᠭᠦᠯᠬᠦ ᠦᠨᠡᠨᠬᠦ ᠴᠢᠬᠤᠯᠠᠲᠠᠢ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ ᠲᠤ ᠪᠣᠯ᠂ ᠲᠣᠭᠲᠠᠭᠠᠯ ᠶᠣᠰᠣᠭᠠᠷ | ᠡᠮᠨᠡᠯᠭᠡ ᠰᠢᠯᠵᠢᠭᠦᠯᠦᠨ ᠣᠨᠣᠰᠢᠯᠠᠭᠤᠯᠬᠤ ᠪᠤᠶᠤ ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠬᠦ ᠬᠡᠷᠡᠭᠲᠡᠶ᠃ ᠣᠨᠣᠰᠢᠯᠠᠨ ᠡᠮᠨᠡᠬᠦ ᠠᠷᠭ᠎ᠠ ᠵᠠᠮ ᠢᠶᠠᠨ ᠨᠢᠭᠡᠨᠲᠡ | ᠲᠣᠳᠣᠷᠬᠠᠶᠢᠯᠠᠭᠰᠠᠨ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠲᠥᠷᠥᠯ ᠳᠤ ᠪᠣᠯ᠂ ᠡᠪᠡᠳᠴᠢᠨ ᠤ ᠲᠥᠷᠥᠯ ᠵᠦᠢᠯ ᠢᠶᠠᠷ ᠨᠢ ᠵᠠᠷᠤᠳᠠᠯ ᠲᠤᠰᠢᠶᠠᠬᠤ ᠵᠡᠷᠭᠡ | ᠠᠷᠭ᠎ᠠ ᠮᠠᠶ᠋ᠢᠭ ᠢᠶᠠᠷ ᠲᠡᠩᠬᠡᠷᠡᠭᠦᠯᠦᠨ ᠲᠤᠰᠠᠯᠠᠵᠤ ᠪᠣᠯᠣᠨ᠎ᠠ᠃ | | |