| 12 ᠳ᠋ᠤᠭᠠᠷ ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠵᠠᠷ ᠤᠨ ᠳᠡᠳ᠋ ᠪᠠᠶᠢᠴᠠᠭᠠᠨ ᠰᠤᠳᠤᠯᠤᠭᠴᠢ ᠶᠣᠣ ᠰᠢᠶᠤᠤ ᠳ᠋ᠦᠩ ᠢ | ᠰᠤᠷᠪᠤᠯᠵᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠭᠦᠢ ᠠᠭᠤᠯᠭ᠎ᠠ ᠶᠢ ᠤᠯᠠᠮ ᠨᠢᠭᠡ ᠠᠯᠬᠤᠮ | ᠣᠶᠢᠯᠠᠭᠠᠪᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ | ᠬᠡᠷᠡᠭᠵᠢᠭᠦᠯᠦᠯᠲᠡ ᠨᠢ ᠮᠠᠨ ᠤ ᠣᠷᠣᠨ ᠤ ᠶᠠᠮᠠᠷ ᠶᠠᠮᠠᠷ ᠨᠢᠭᠡᠴᠡ ᠲᠠᠢ ᠬᠤᠯᠪᠣᠭᠳᠠᠬᠤ ᠪᠤᠢ︖ | ᠶᠣᠣ ᠰᠢᠶᠤᠤ ᠳ᠋ᠦᠩ᠄ ᠠᠯᠪᠠᠲᠠᠨ ᠤ ᠬᠠᠤᠯᠢ ᠪᠠᠷ ᠬᠠᠮᠢᠶᠠᠷᠴᠤ ᠪᠠᠶᠢᠭ᠎ᠠ ᠨᠢᠭᠡᠴᠡ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ | ᠪᠠᠶᠢᠭᠤᠯᠭ᠎ᠠ ︵ᠨᠢᠭᠡᠴᠡ︶᠂ ᠲᠥᠷᠥᠯ ᠬᠤᠪᠢᠶᠠᠨ ᠥᠭᠡᠷᠡᠴᠢᠯᠡᠯᠲᠡ ᠬᠢᠭᠰᠡᠨ ᠤ ᠳᠠᠷᠠᠭᠠᠬᠢ ᠨᠡᠶᠢᠲᠡ ᠶᠢᠨ ᠠᠰᠠᠷᠠᠮᠵᠢ ᠶᠢᠨ ᠨᠢᠭᠡ᠂ ᠬᠤᠶᠠᠳᠤᠭᠠᠷ ᠲᠦᠷᠦᠯ ᠢᠶᠠᠷ | ᠲᠣᠭᠲᠠᠭᠠᠭᠳᠠᠭᠰᠠᠨ ᠠᠵᠢᠯ ᠦᠢᠯᠡᠰ ᠤᠨ ᠨᠢᠭᠡᠴᠡ ᠵᠢᠴᠢ ᠣᠷᠣᠨ ᠲᠣᠭᠠᠨ ᠳᠠᠬᠢ ᠬᠥᠮᠦᠰ ᠲᠤ ᠬᠤᠯᠪᠣᠭᠳᠠᠨ᠎ᠠ ᠃ ᠣᠳᠣᠬᠠᠨ ᠳᠤ ᠦᠢᠯᠡᠳᠪᠦᠷᠢᠯᠡᠯ | ᠡᠵᠡᠩᠨᠡᠯᠲᠡ ᠶᠢᠨ ᠲᠥᠷᠥᠯ ᠢᠶᠠᠷ ᠬᠤᠪᠢᠶᠠᠭᠳᠠᠭᠰᠠᠨ ᠪᠣᠯᠪᠠᠴᠤ ᠬᠠᠷᠠᠬᠠᠨ ᠠᠵᠤ ᠠᠬᠤᠶᠢᠯᠠᠯ ᠪᠣᠯᠭᠠᠨ ᠬᠤᠪᠢᠷᠠᠭᠤᠯᠵᠤ ᠳᠦᠷᠢᠮ ᠢᠶᠠᠨ ᠥᠭᠡᠷᠡᠴᠢᠯᠡᠭᠡᠳᠦᠢ ᠠᠵᠢᠯ | ᠦᠢᠯᠡᠰ ᠤᠨ ᠨᠢᠭᠡᠴᠡ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠢ ᠶᠢ ᠨᠢ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠲᠦᠷ ᠣᠷᠣᠯᠴᠠᠭᠤᠯᠵᠤ᠂ ᠳᠡᠳᠡᠨ ᠢ ᠠᠵᠤ | ᠠᠬᠤᠶᠢᠯᠠᠯ ᠪᠣᠯᠭᠠᠨ ᠬᠤᠪᠢᠷᠠᠭᠤᠯᠵᠤ ᠳᠦᠷᠢᠮ ᠢ ᠨᠢ ᠥᠭᠡᠷᠡᠴᠢᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ ᠪᠣᠯᠤᠨ᠎ᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠣᠭᠠᠨ ᠠᠴᠠ ᠭᠠᠳᠠᠨᠠᠬᠢ ᠬᠦᠮᠦᠰ ᠢ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠡᠷᠬᠢᠨ ᠣᠷᠣᠭᠤᠯᠬᠤ ᠪᠤᠢ︖ | ᠶᠣᠣ ᠰᠢᠶᠤᠤ ᠳ᠋ᠦᠩ᠄ ᠤᠯᠤᠰ ᠤᠨ ᠲᠣᠭᠲᠠᠭᠠᠯ ᠢᠶᠠᠷ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠣᠭᠠᠨ ᠤ ᠪᠤᠰᠤ ᠬᠥᠮᠦᠰ ᠠᠵᠤ | ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠠᠴᠠ ᠠᠪᠴᠤ ᠦᠵᠡᠪᠡᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠣᠭᠠᠨ ᠠᠴᠠ ᠭᠠᠳᠠᠨᠠᠬᠢ ᠣᠯᠠᠩᠬᠢ ᠬᠥᠮᠦᠰ ᠨᠢᠭᠡᠨᠲᠡ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠪᠠ᠂ ᠡᠳᠡᠭᠡᠷ ᠬᠥᠮᠦᠰ ᠲᠣᠭᠲᠠᠭᠠᠯ ᠶᠣᠰᠣᠭᠠᠷ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠦᠷᠭᠦᠯᠵᠢᠯᠡᠨ ᠣᠷᠣᠯᠴᠠᠨ᠎ᠠ︔ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠶ ᠶᠢ ᠨᠢ ᠥᠪᠡᠷᠲᠡᠭᠡᠨ ᠵᠠᠰᠠᠬᠤ ᠣᠷᠣᠨ ᠠᠴᠠ ᠰᠦᠢᠳᠬᠡᠯ ᠨᠥᠬᠦᠵᠦ | ᠲᠤᠰᠢᠶᠠᠯᠭᠠᠬᠤ ᠵᠡᠷᠭᠡ ᠲᠥᠷᠥ ᠶᠢᠨ ᠪᠣᠳᠣᠯᠭ᠎ᠠ ᠲᠣᠭᠲᠠᠭᠠᠨ ᠲᠡᠳᠡᠨ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠣᠭᠤᠯᠵᠤ᠂ ᠣᠷᠣᠨ ᠲᠣᠭᠠᠨ ᠠᠴᠠ ᠭᠠᠳᠠᠨᠠᠬᠢ ᠬᠥᠮᠦᠰ ᠤᠨ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠡᠷᠬᠡ ᠠᠰᠢᠭ ᠢ ᠦᠨᠡᠨ ᠬᠦ ᠪᠠᠲᠤᠯᠠᠨ᠎ᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ ᠴᠠᠯᠢᠩ ᠳᠤ ᠠᠯᠢ ᠬᠡᠳᠦᠨ ᠵᠦᠢᠯᠡᠰ ᠪᠠᠭᠲᠠᠬᠤ ᠪᠤᠶ︖ | ᠶᠣᠣ ᠰᠢᠶᠤᠤ ᠳ᠋ᠦᠩ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠦᠢᠳᠬᠡᠯ ᠲᠤᠰᠢᠶᠠᠬᠤ ᠴᠠᠯᠢᠩ ᠤᠨ ᠵᠦᠢᠯᠡᠰ ᠲᠤ᠄ ᠦᠨᠳᠦᠰᠦᠨ | ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠣᠷᠣᠨ ᠤ ᠨᠡᠮᠡᠭᠦᠷᠢ ᠮᠥᠩᠭᠦ ᠪᠣᠯᠤᠨ | ᠤᠯᠤᠰ ᠤᠨ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠨ ᠠᠮᠠᠷᠠᠭᠰᠠᠨ ᠮᠥᠩᠭᠦ ᠶᠢ ᠪᠤᠳᠤᠵᠤ ᠥᠭᠬᠦ ᠰᠠᠭᠤᠷᠢ ᠲᠣᠭᠠᠨ ᠳᠤ ᠣᠷᠣᠭᠤᠯᠤᠭᠰᠠᠨ | ᠵᠦᠢᠯᠡᠰ ᠪᠠᠭᠲᠠᠨ᠎ᠠ︶᠂ ᠳᠦᠷᠢᠮᠵᠢᠭᠦᠯᠦᠭᠰᠡᠨ ᠤ ᠳᠠᠷᠠᠭᠠᠬᠢ ᠨᠡᠮᠡᠭᠦᠷᠢ ᠮᠥᠩᠭᠦ ᠨᠥᠬᠦᠪᠥᠷᠢ ᠮᠥᠩᠭᠦ ︵ᠭᠠᠵᠠᠷ ᠣᠷᠣᠨ ᠤ ᠨᠡᠮᠡᠯᠲᠡ ᠨᠡᠮᠡᠭᠦᠷᠢ ᠮᠥᠩᠭᠦ︶᠂ ᠵᠢᠯ ᠤᠨ | ᠡᠴᠦᠰ ᠤᠨ ᠨᠢᠭᠡ ᠯᠡ ᠤᠳᠠᠭᠠᠨ ᠤ ᠱᠠᠩᠨᠠᠯ ᠤᠨ ᠮᠥᠩᠭᠦ ᠪᠠᠭᠲᠠᠨ᠎ᠠ︔ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠦᠢᠳᠬᠡᠯ ᠲᠤᠰᠢᠶᠠᠬᠤ ᠴᠠᠯᠢᠩ ᠤᠨ | ᠵᠦᠢᠯᠡᠰ ᠲᠤ᠄ ᠦᠨᠳᠦᠰᠦᠨ ᠴᠠᠯᠢᠩ᠂ ᠤᠯᠤᠰ ᠤᠨ ᠨᠢᠭᠡᠳᠦᠯᠲᠡᠶ ᠲᠣᠭᠲᠠᠭᠠᠭᠰᠠᠨ ᠨᠡᠮᠡᠭᠦᠷᠢ ᠮᠥᠩᠭᠦ ᠨᠥᠬᠦᠪᠥᠷᠢ ᠮᠥᠩᠭᠦ ︵ᠬᠠᠲᠠᠭᠤᠵᠢᠯᠲᠠᠶ ᠬᠢᠵᠠᠭᠠᠷ ᠣᠷᠣᠨ ᠤ | ᠨᠡᠮᠡᠭᠦᠷᠢ ᠮᠥᠩᠭᠦ ᠪᠣᠯᠤᠨ ᠤᠯᠤᠰ ᠤᠨ ᠨᠢᠭᠡᠳᠦᠯᠲᠡᠶ ᠲᠣᠭᠲᠠᠭᠠᠭᠰᠠᠨ ᠤᠤᠯ ᠤᠨ ᠠᠵᠢᠯ ᠠᠴᠠ ᠪᠠᠨ ᠠᠮᠠᠷᠠᠭᠰᠠᠨ ᠮᠥᠩᠭᠦ ᠶᠢ ᠪᠤᠳᠤᠵᠤ ᠥᠭᠬᠦ ᠰᠠᠭᠤᠷᠢ ᠲᠣᠭᠠᠨ ᠳᠤ | ᠣᠷᠣᠭᠤᠯᠤᠭᠰᠠᠨ ᠵᠦᠢᠯᠡᠰ ᠪᠠᠭᠲᠠᠨ᠎ᠠ︶᠂ ᠠᠮᠵᠢᠯᠲᠠ ᠪᠦᠲᠦᠮᠵᠢ ᠶᠢᠨ ᠴᠠᠯᠢᠩ ᠪᠠᠭᠲᠠᠨ᠎ᠠ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠷᠢᠴᠠᠯ ᠢ | ᠬᠡᠷᠬᠢᠨ ᠲᠣᠭᠲᠠᠭᠠᠭᠰᠠᠨ ᠪᠤᠢ︖ | ᠶᠣᠣ ᠰᠢᠶᠤᠤ ᠳ᠋ᠦᠩ᠄ ᠠᠵᠢᠯᠲᠠᠨ ᠠᠵᠢᠯᠴᠢᠨ ᠲᠤᠰ ᠬᠥᠮᠦᠨ ᠤ ᠰᠦᠢᠳᠬᠡᠯ ᠲᠤᠰᠢᠶᠠᠬᠤ ᠰᠠᠭᠤᠷᠢ ᠲᠣᠭᠠᠨ ᠤ 8% ᠪᠠᠷ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠦᠢᠳᠬᠡᠯ ᠲᠤᠰᠢᠶᠠᠵᠤ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ | ᠪᠤᠳᠤᠵᠤ ᠣᠷᠣᠭᠤᠯᠤᠨ᠎ᠠ︔ ᠨᠢᠭᠡᠴᠡ ᠨᠢ ᠨᠢᠭᠡᠴᠡ ᠶᠢᠨ ᠰᠦᠢᠳᠬᠡᠯ ᠲᠤᠰᠢᠶᠠᠬᠤ ᠰᠠᠭᠤᠷᠢ ᠲᠣᠭᠠᠨ ᠤ 20% ᠪᠠᠷ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠵᠤ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠤ ᠲᠡᠮᠳᠡᠭᠯᠡᠵᠦ ᠣᠷᠣᠭᠤᠯᠤᠨ᠎ᠠ᠃ | ᠰᠤᠷᠪᠤᠯᠵᠢᠯᠠᠭᠴᠢ᠄ ᠥᠭᠡᠷᠡᠴᠢᠯᠡᠯᠲᠡ ᠶᠢᠨ ᠲᠠᠷᠠᠭ᠎ᠠ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠨᠢ | ᠠᠯᠢ ᠬᠡᠳᠦᠨ ᠵᠦᠢᠯ ᠢᠶᠠᠷ ᠪᠦᠷᠢᠯᠳᠦᠬᠦ ᠪᠤᠢ︖ | ᠶᠣᠣ ᠰᠢᠶᠤᠤ ᠳ᠋ᠦᠩ᠄ ᠬᠤᠶᠠᠷ ᠬᠡᠰᠡᠭ ᠪᠠᠭᠲᠠᠨ᠎ᠠ᠂ ᠨᠢᠭᠡ ᠳᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ᠂ ᠲᠤᠬᠠᠶᠢᠯᠠᠪᠠᠯ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ︔ ᠬᠤᠶᠠᠷ ᠲᠤ ᠠᠵᠢᠯ ᠮᠡᠷᠭᠡᠵᠢᠯ ᠤᠨ ᠣᠨ ᠤ ᠮᠥᠩᠭᠦ ᠶᠢᠨ ᠬᠠᠷᠠᠭᠠᠯᠵᠠᠯ ᠪᠣᠯᠣᠨ᠎ᠠ ᠃ | ᠰᠤᠷᠪᠤᠯᠵᠢᠯᠠᠭᠴᠢ᠄ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠶᠢ ᠬᠡᠷᠬᠢᠨ ᠪᠣᠳᠤᠵᠤ ᠣᠯᠭᠤᠬᠤ ᠪᠣᠢ︖ | ᠶᠣᠣ ᠰᠢᠶᠤᠤ ᠳ᠋ᠦᠩ᠄ ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠦᠷᠢᠮ ᠳᠤ ᠦᠭᠡᠷᠡᠴᠢᠯᠡᠯᠲᠡ ᠬᠢᠭᠰᠡᠨ ᠤ ᠳᠠᠷᠠᠭ᠎ᠠ ︽ᠠᠬᠠᠮᠠᠳ ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠳᠦᠷᠢᠮ᠂ ᠢᠳᠡᠷ ᠬᠦᠮᠦᠰ ᠢ | ᠠᠯᠬᠤᠮ ᠠᠯᠬᠤᠮ ᠢᠶᠠᠷ ᠰᠢᠯᠵᠢᠭᠦᠯᠬᠦ︾ ᠠᠷᠭ᠎ᠠ ᠮᠠᠶ᠋ᠢᠭ ᠢ ᠬᠡᠷᠡᠭᠵᠢᠭᠦᠯᠵᠦ᠂ ᠦᠭᠡᠷᠡᠴᠢᠯᠡᠯᠲᠡ ᠠᠴᠠ ᠡᠮᠦᠨ᠎ᠡ ᠨᠢᠭᠡᠨᠲᠡ ᠠᠵᠢᠯ ᠠᠴᠠ ᠪᠠᠨ ᠠᠮᠠᠷᠠᠭᠰᠠᠨ ︽ᠠᠬᠠᠮᠠᠳ | ᠬᠦᠮᠦᠨ︾ ᠳᠤ᠂ ᠤᠤᠯ ᠤᠨ ᠬᠠᠷᠠᠭᠠᠯᠵᠠᠯ ᠢ ᠨᠢ ᠬᠤᠪᠢᠷᠠᠭᠤᠯᠬᠤ ᠦᠭᠡᠢ ᠬᠡᠪ ᠢᠶᠠᠷ ᠪᠠᠶᠢᠯᠭᠠᠬᠤ ᠪᠦᠭᠡᠳ ᠡᠭᠦᠨ ᠠᠴᠠ ᠬᠤᠶᠢᠰᠢ ᠶᠢᠨ ᠬᠠᠷᠠᠭᠠᠯᠵᠠᠯ ᠤᠨ | ᠲᠣᠬᠢᠷᠠᠭᠤᠯᠤᠯᠲᠠ ᠳᠤ ᠣᠷᠤᠯᠴᠠᠨ᠎ᠠ︔ ᠦᠭᠡᠷᠡᠴᠢᠯᠡᠯᠲᠡ ᠬᠢᠭᠰᠡᠨ ᠤ ᠳᠠᠷᠠᠭ᠎ᠠ ᠠᠵᠢᠯᠯᠠᠭᠰᠠᠨ ︽ᠰᠢᠨ᠎ᠡ ᠬᠦᠮᠦᠨ︾ ᠳᠤ᠂ ᠠᠵᠢᠯ ᠠᠴᠠ ᠪᠠᠨ ᠠᠮᠠᠷᠠᠭᠰᠠᠨ ᠤ | ᠳᠠᠷᠠᠭᠠᠬᠢ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦ ᠨᠢ ᠬᠤᠶᠠᠷ ᠬᠡᠰᠡᠭ ᠢᠶᠠᠷ ᠪᠦᠷᠢᠯᠳᠦᠨ᠎ᠡ᠄ ᠨᠢᠭᠡ ᠳᠤ ᠨᠠᠰᠤᠵᠢᠯ ᠤᠨ ᠦᠨᠳᠦᠰᠦᠨ ᠠᠰᠠᠷᠠᠮᠵᠢ ᠶᠢᠨ | ᠮᠦᠩᠭᠦ᠂ ᠠᠵᠢᠯ ᠤᠨ ᠪᠠᠶᠢᠷᠢᠨ ᠳᠠᠭᠠᠨ ᠪᠠᠶᠢᠭ᠎ᠠ ᠳᠤᠮᠳᠠᠴᠢ ᠴᠠᠯᠢᠩ ᠪᠠ ᠬᠤᠪᠢ ᠬᠥᠮᠦᠨ ᠤ ᠰᠦᠢᠳᠭᠡᠯ ᠲᠤᠰᠢᠶᠠᠬᠤ ᠴᠠᠯᠢᠩ ᠤᠨ ᠳᠤᠮᠳᠠᠴᠢ ᠬᠡᠮᠵᠢᠭᠳᠡᠯ ᠢᠶᠠᠷ | ᠰᠠᠭᠤᠷᠢ ᠲᠤᠭ᠎ᠠ ᠪᠣᠯᠭᠠᠨ᠂ ᠨᠢᠭᠡ ᠵᠢᠯ ᠤᠨ ᠰᠦᠢᠳᠬᠡᠯ ᠢ 1% ᠪᠠᠷ ᠪᠤᠳᠤᠵᠤ ᠣᠯᠭᠤᠨ᠎ᠠ᠃ ᠥᠭᠡᠷ᠎ᠡ ᠪᠠᠷ ᠬᠡᠯᠡᠪᠡᠯ ᠰᠦᠢᠳᠭᠡᠯ ᠲᠤᠰᠢᠶᠠᠭᠰᠠᠨ ᠵᠢᠯ ᠨᠢ ᠬᠡᠳᠦᠢ | ᠤᠷᠲᠤ ᠪᠣᠯ ᠬᠠᠷᠠᠭᠠᠯᠵᠠᠯ ᠤᠨ ᠬᠢᠷᠢ ᠲᠥᠪᠰᠢᠨ ᠨᠢ ᠲᠡᠳᠦᠢ ᠦᠨᠳᠦᠷ ᠪᠣᠯᠤᠨ᠎ᠠ᠃ ᠬᠤᠶᠠᠷ ᠲᠤ ᠬᠤᠪᠢ ᠬᠦᠮᠦᠨ ᠤ ᠳᠠᠩᠰᠠᠨ ᠡᠷᠦᠬᠡ ᠳᠠᠬᠢ ᠨᠠᠰᠤᠵᠢᠯ ᠤᠨ | ᠠᠰᠠᠷᠠᠮᠵᠢ ᠶᠢᠨ ᠮᠦᠩᠭᠦ᠂ ᠥᠩᠭᠡᠷᠡᠭᠰᠡᠨ ᠵᠢᠯ ᠤᠳ ᠤᠨ ᠬᠤᠪᠢ ᠬᠦᠮᠦᠨ ᠤ ᠰᠦᠢᠳᠬᠡᠯ ᠲᠤᠰᠢᠶᠠᠭᠰᠠᠨ ᠪᠦᠬᠦ ᠡᠬᠡ ᠬᠦᠦ ᠮᠦᠩᠭᠦ ᠶᠢ ᠪᠣᠳᠣᠨ ᠣᠯᠭᠤᠬᠤ ᠪᠠᠷ | ᠲᠣᠭᠲᠠᠭᠠᠭᠰᠠᠨ ᠰᠠᠷ᠎ᠠ ᠶᠢᠨ ᠲᠤᠭ᠎ᠠ ᠪᠠᠷ ᠬᠤᠪᠢᠶᠠᠨ᠎ᠠ᠂ ᠦᠭᠡᠷ᠎ᠠ ᠪᠠᠷ ᠬᠡᠯᠡᠪᠡᠯ ᠰᠦᠢᠳᠭᠡᠯ ᠲᠤᠰᠢᠶᠠᠭᠰᠠᠨ ᠨᠢ ᠬᠡᠳᠦᠢ ᠠᠷᠪᠢᠨ ᠪᠣᠯ ᠬᠠᠷᠠᠭᠠᠯᠵᠠᠯ ᠤᠨ ᠬᠢᠷᠢ | ᠲᠥᠪᠰᠢᠨ ᠨᠢ ᠲᠡᠳᠦᠢ ᠦᠨᠳᠦᠷ ᠪᠣᠯᠤᠨ᠎ᠠ᠃ ᠦᠭᠡᠷᠡᠴᠢᠯᠡᠯᠲᠡ ᠬᠢᠬᠦ ᠠᠴᠠ ᠡᠮᠦᠨ᠎ᠡ ᠠᠵᠢᠯ ᠳᠤ ᠣᠷᠤᠯᠴᠠᠨ᠂ ᠦᠭᠡᠷᠡᠴᠢᠯᠡᠯᠲᠡ ᠬᠢᠭᠰᠡᠨ ᠤ ᠳᠠᠷᠠᠭ᠎ᠠ ᠠᠵᠢᠯ ᠠᠴᠠ | ᠪᠠᠨ ᠠᠮᠠᠷᠠᠭᠰᠠᠨ ︽ᠢᠳᠡᠷ ᠬᠦᠮᠦᠰ︾ ᠲᠤ᠂ ᠳᠡᠭᠡᠷ᠎ᠡ ᠳᠤᠷᠠᠳᠤᠭᠰᠠᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠦᠩᠭᠦ᠂ ᠳᠠᠩᠰᠠᠨ ᠡᠷᠦᠬᠡ ᠳᠠᠬᠢ ᠨᠠᠰᠤᠵᠢᠯ ᠤᠨ | ᠠᠰᠠᠷᠠᠮᠵᠢ ᠶᠢᠨ ᠮᠦᠩᠭᠦ ᠠᠴᠠ ᠭᠠᠳᠠᠨ᠎ᠠ ᠪᠠᠰᠠ ᠰᠢᠯᠵᠢᠯᠲᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠮᠦᠩᠭᠦ ᠣᠯᠭᠤᠨ᠎ᠠ᠃ | ᠰᠤᠷᠪᠤᠯᠵᠢᠯᠠᠭᠴᠢ᠄ ᠦᠭᠡᠷᠡᠴᠢᠯᠡᠯᠲᠡ ᠶᠢᠨ ᠳᠠᠷᠠᠭ᠎ᠠ᠂ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ | ᠲᠣᠬᠢᠷᠠᠭᠤᠯᠤᠯᠲᠠ ᠨᠢ ᠠᠵᠢᠯ ᠳᠤ ᠪᠠᠶᠢᠭ᠎ᠠ ᠠᠵᠢᠯᠲᠠᠳ ᠤᠨ ᠴᠠᠯᠢᠩ ᠤᠨ ᠲᠣᠬᠢᠷᠠᠭᠤᠯᠤᠯᠲᠠ ᠲᠠᠢ ᠬᠤᠯᠪᠤᠨ᠎ᠠ ᠤᠤ ᠦᠭᠡᠢ ᠦᠦ︖ | ᠶᠣᠣ ᠰᠢᠶᠤᠤ ᠳ᠋ᠦᠩ᠄ ᠤᠯᠤᠰ ᠤᠨ ᠲᠣᠭᠲᠠᠭᠠᠯ ᠶᠣᠰᠤᠭᠠᠷ᠂ ᠦᠭᠡᠷᠡᠴᠢᠯᠡᠯᠲᠡ ᠶᠢᠨ ᠳᠠᠷᠠᠭ᠎ᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠲᠣᠬᠢᠷᠠᠭᠤᠯᠤᠯᠲᠠ ᠨᠢ ᠠᠵᠢᠯ ᠳᠤ ᠪᠠᠶᠢᠭ᠎ᠠ ᠠᠵᠢᠯᠲᠠᠨ ᠤ ᠴᠠᠯᠢᠩ ᠤᠨ | ᠲᠣᠬᠢᠷᠠᠭᠤᠯᠤᠯᠲᠠ ᠲᠠᠢ ᠳᠠᠬᠢᠨ ᠬᠤᠯᠪᠤᠭᠳᠠᠭᠤᠯᠬᠤ ᠦᠭᠡᠢ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠦᠩᠭᠦ ᠶᠢᠨ ᠲᠣᠬᠢᠷᠠᠭᠤᠯᠤᠯᠲᠠ ᠲᠠᠢ ᠨᠢᠭᠡᠳᠦᠯᠲᠡᠶ ᠲᠥᠯᠥᠪᠯᠡᠨ ᠪᠣᠳᠤᠯᠬᠢᠯᠠᠬᠤ ᠪᠣᠯᠤᠨ᠎ᠠ᠃ | ᠰᠤᠷᠪᠤᠯᠵᠢᠯᠠᠭᠴᠢ᠄ ᠶᠠᠭᠤ ᠶᠢ ᠠᠵᠢᠯ ᠮᠡᠷᠭᠡᠵᠢᠯ ᠤᠨ ᠣᠨ ᠤ ᠮᠥᠩᠭᠦ ᠭᠡᠬᠦ ᠪᠣᠢ︖ ᠠᠵᠢᠯ ᠮᠡᠷᠭᠡᠵᠢᠯ ᠤᠨ ᠣᠨ ᠤ ᠮᠥᠩᠭᠦ ᠶᠢᠨ ᠬᠠᠮᠢᠶᠠᠷᠤᠯᠲᠠ ᠪᠠ ᠪᠡᠯᠡ | ᠮᠥᠩᠭᠦ ᠴᠤᠭᠯᠠᠭᠤᠯᠬᠤ ᠳᠤ ᠶᠠᠮᠠᠷ ᠬᠡᠯᠪᠡᠷᠢ ᠠᠪᠬᠤ ᠪᠣᠢ︖ | ᠶᠣᠣ ᠰᠢᠶᠤᠤ ᠳ᠋ᠦᠩ᠄ ᠠᠵᠢᠯ ᠮᠡᠷᠭᠡᠵᠢᠯ ᠤᠨ ᠣᠨ ᠤ ᠮᠥᠩᠭᠦ ᠪᠣᠯ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠤᠯᠤᠰ ᠤᠨ ᠲᠣᠭᠲᠠᠭᠠᠯ ᠶᠣᠰᠤᠭᠠᠷ | ᠠᠵᠢᠯᠲᠠᠳ ᠲᠤ ᠪᠠᠶᠢᠭᠤᠯᠤᠭᠰᠠᠨ ᠨᠦᠬᠦᠪᠦᠷᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠳᠠᠭᠠᠳᠬᠠᠯ ᠪᠣᠯᠤᠨ᠎ᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ | ᠮᠦᠩᠭᠦ ᠳᠤ ᠦᠭᠡᠷᠡᠴᠢᠯᠡᠯᠲᠡ ᠬᠢᠬᠦ ᠶᠢᠨ ᠬᠠᠮᠲᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠠᠴᠠ ᠦᠭᠡᠷᠡᠴᠢᠯᠡᠯᠲᠡ ᠶᠢᠨ ᠬᠦᠷᠢᠶᠡᠨ ᠳᠣᠲᠤᠷᠠᠬᠢ ᠠᠵᠢᠯᠲᠠᠨ ᠳᠤ | ᠠᠵᠢᠯ ᠮᠡᠷᠭᠡᠵᠢᠯ ᠤᠨ ᠣᠨ ᠤ ᠮᠦᠩᠭᠦ ᠶᠢ ᠪᠠᠶᠢᠭᠤᠯᠵᠤ ᠦᠭᠬᠦ ᠬᠡᠷᠡᠭᠲᠡᠢ᠃ ᠪᠡᠯᠡ ᠮᠦᠩᠭᠦ ᠶᠢᠨ ᠢᠷᠡᠯᠲᠡ ᠨᠢ ᠬᠤᠶᠠᠷ ᠬᠡᠰᠡᠭ ᠢᠶᠠᠷ ᠪᠦᠷᠢᠯᠳᠦᠨ᠎ᠡ᠂ ᠨᠢᠭᠡᠴᠡ ᠠᠴᠠ | ᠴᠠᠯᠢᠩ ᠤᠨ ᠶᠡᠷᠦᠩᠬᠡᠢ ᠲᠣᠭᠠᠨ ᠤ 8% ᠢᠶᠠᠷ ᠰᠦᠢᠳᠭᠡᠯ ᠲᠤᠰᠢᠶᠠᠵᠤ᠂ ᠬᠤᠪᠢ ᠬᠦᠮᠦᠨ ᠰᠦᠢᠳᠭᠡᠯ ᠲᠤᠰᠢᠶᠠᠬᠤ ᠴᠠᠯᠢᠩ ᠤᠨ 4% ᠪᠠᠷ ᠰᠦᠢᠳᠭᠡᠯ | ᠲᠤᠰᠢᠶᠠᠵᠤ᠂ ᠬᠤᠪᠢ ᠬᠦᠮᠦᠨ ᠤ ᠳᠠᠩᠰᠠᠨ ᠡᠷᠦᠬᠡ ᠳᠤ ᠣᠷᠤᠭᠤᠯᠵᠤ ᠬᠠᠮᠢᠶᠠᠷᠤᠨ᠎ᠠ᠃ | ᠰᠤᠷᠪᠤᠯᠵᠢᠯᠠᠭᠴᠢ᠄ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠠᠷᠠᠭᠠᠯᠵᠠᠯ ᠢ ᠬᠡᠷᠬᠢᠨ ᠲᠣᠭᠲᠠᠭᠠᠭᠰᠠᠨ ᠪᠣᠢ︖ | ᠶᠣᠣ ᠰᠢᠶᠤᠤ ᠳ᠋ᠦᠩ᠄ ᠠᠵᠢᠯᠲᠠᠨ ᠤᠯᠤᠰ ᠠᠴᠠ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠦᠭᠦᠴᠡᠯ ᠳᠤ ᠬᠦᠷᠦᠭᠰᠡᠨ ᠪᠦᠭᠡᠳ ᠠᠵᠢᠯ ᠠᠴᠠ ᠪᠠᠨ | ᠠᠮᠠᠷᠠᠬᠤ ᠭᠠᠷᠳᠠᠮ ᠢᠶᠠᠨ ᠬᠠᠣᠯᠢ ᠶᠣᠰᠤᠭᠠᠷ ᠭᠦᠢᠴᠡᠳᠬᠡᠭᠰᠡᠨ ᠤ ᠳᠠᠷᠠᠭ᠎ᠠ᠂ ᠲᠤᠰ ᠬᠦᠮᠦᠨ ᠨᠢ ᠠᠵᠢᠯ ᠮᠡᠷᠭᠡᠵᠢᠯ ᠤᠨ ᠣᠨ ᠤ ᠮᠦᠩᠭᠦ ᠶᠢᠨ ᠬᠠᠷᠠᠭᠠᠯᠵᠠᠯ ᠢ ᠰᠠᠷ᠎ᠠ | ᠪᠦᠷᠢ ᠠᠪᠬᠤ ᠠᠷᠭ᠎ᠠ ᠮᠠᠶ᠋ᠢᠭ ᠢᠶᠠᠨ ᠰᠤᠩᠭᠤᠨ᠎ᠠ᠃ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠳᠭᠦᠨ ᠢ ᠬᠤᠳᠠᠯᠳᠤᠨ ᠠᠪᠬᠤ ᠳᠤ | ᠨᠢᠭᠡ ᠯᠠ ᠳᠣᠣᠷ᠎ᠠ ᠬᠡᠷᠡᠭᠯᠡᠵᠤ ᠪᠣᠯᠤᠨ᠎ᠠ᠂ ᠳᠠᠭᠠᠳᠬᠠᠯ ᠤᠨ ᠭᠡᠷ᠎ᠡ ᠪᠠᠨ ᠦᠨᠳᠦᠰᠦᠯᠡᠨ ᠬᠠᠷᠠᠭᠠᠯᠵᠠᠯ ᠠᠪᠬᠤ ᠪᠦᠭᠡᠳ ᠬᠠᠮᠢᠶ᠎ᠠ ᠪᠦᠬᠦᠢ ᠵᠠᠯᠭᠠᠮᠵᠢᠯᠠᠬᠤ ᠡᠷᠬᠡ ᠶᠢ | ᠡᠳ᠋ᠯᠡᠬᠦ ᠪᠣᠯᠤᠨ᠎ᠠ︔ ᠪᠠᠰᠠ ᠲᠤᠰ ᠬᠦᠮᠦᠨ ᠤ ᠠᠵᠢᠯ ᠠᠴᠠ ᠪᠠᠨ ᠠᠮᠠᠷᠠᠬᠤ ᠦᠶ᠎ᠡ ᠶᠢᠨ ᠬᠢ ᠲᠠᠢ ᠲᠣᠬᠢᠷᠠᠯᠴᠠᠬᠤ ᠰᠠᠷ᠎ᠠ ᠶᠢᠨ ᠲᠤᠭ᠎ᠠ ᠶᠣᠰᠤᠭᠠᠷ ᠠᠵᠢᠯ | ᠮᠡᠷᠭᠡᠵᠢᠯ ᠤᠨ ᠣᠨ ᠤ ᠮᠦᠩᠭᠦ ᠪᠠᠨ ᠰᠠᠷ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠣᠰᠤᠭᠠᠷ ᠪᠦᠬᠦᠨ ᠢ ᠪᠣᠳᠤᠵᠤ ᠠᠪᠬᠤ ᠶᠢ ᠰᠣᠩᠭᠤᠵᠤ ᠪᠣᠯᠤᠨ᠎ᠠ᠃ ᠡᠭᠦᠨ ᠤ ᠬᠠᠮᠲᠤ | ᠠᠵᠢᠯ ᠮᠡᠷᠭᠡᠵᠢᠯ ᠤᠨ ᠣᠨ ᠤ ᠮᠦᠩᠭᠦ ᠶᠢᠨ ᠬᠤᠪᠢ ᠬᠦᠮᠦᠨ ᠤ ᠳᠠᠩᠰᠠᠨ ᠡᠷᠦᠬᠡ ᠶᠢᠨ ᠦᠯᠡᠳᠡᠪᠦᠷᠢ ᠮᠦᠩᠭᠦ ᠶᠢ ᠵᠠᠯᠭᠠᠮᠵᠢᠯᠠᠬᠤ ᠡᠷᠬᠡ ᠲᠠᠢ᠃ | ᠰᠤᠷᠪᠤᠯᠵᠢᠯᠠᠭᠴᠢ᠄ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠠᠵᠢᠯ ᠰᠢᠯᠵᠢᠬᠦ ᠦᠶ᠎ᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠬᠠᠷᠢᠴᠠᠭ᠎ᠠ ᠪᠠᠨ ᠬᠡᠷᠬᠢᠨ ᠰᠢᠯᠵᠢᠭᠦᠯᠬᠦ ᠪᠣᠢ︖ | ᠶᠣᠣ ᠰᠢᠶᠤᠤ ᠳ᠋ᠦᠩ᠄ ᠰᠢᠯᠵᠢᠯᠲᠡ ᠨᠢ ᠬᠤᠶᠠᠷ ᠵᠦᠢᠯ ᠤᠨ ᠪᠠᠶᠢᠳᠠᠯ ᠲᠠᠢ᠂ ᠨᠢᠭᠡ ᠵᠦᠢᠯ ᠨᠢ ᠳᠠᠭᠠᠳᠬᠠᠯ ᠳᠤ ᠣᠷᠤᠯᠴᠠᠭᠰᠠᠨ ᠬᠦᠮᠦᠨ ᠦᠪᠡᠷᠲᠡᠭᠡᠨ | ᠵᠠᠰᠠᠬᠤ ᠤᠷᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠳᠣᠲᠤᠷ᠎ᠠ ᠰᠢᠯᠵᠢᠪᠡᠯ᠂ ᠵᠦᠪᠬᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠵᠤ᠂ ᠰᠠᠭᠤᠷᠢ ᠮᠦᠩᠭᠦ ᠶᠢ ᠨᠢ ᠰᠢᠯᠵᠢᠭᠦᠯᠬᠦ ᠦᠭᠡᠢ᠃ ᠨᠦᠭᠦᠭᠡ ᠵᠦᠢᠯ ᠨᠢ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠮᠤᠵᠢ ᠤᠷᠤᠨ ᠠᠯᠤᠰᠯᠠᠨ ᠰᠢᠯᠵᠢᠬᠦ᠂ ᠡᠰᠡᠪᠡᠯ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠬᠢᠭᠡᠳ ᠠᠵᠤ ᠠᠬᠤᠶᠢᠯᠠᠯ ᠤᠨ ᠬᠤᠭᠤᠷᠤᠨᠳᠤ | ᠰᠢᠯᠵᠢᠪᠡᠯ᠂ ᠬᠤᠪᠢ ᠬᠦᠮᠦᠨ ᠤ ᠳᠠᠩᠰᠠᠨ ᠡᠷᠦᠬᠡ ᠳᠤ ᠬᠠᠳᠠᠭᠠᠯᠠᠭᠰᠠᠨ ᠪᠦᠬᠦ ᠵᠣᠭᠤᠰ ᠢ ᠰᠢᠯᠵᠢᠭᠦᠯᠬᠦ ᠪᠦᠭᠡᠳ ᠪᠠᠰᠠ ᠬᠡᠰᠡᠭ ᠰᠠᠭᠤᠷᠢ ᠮᠦᠩᠭᠦ ᠶᠢ ᠰᠢᠯᠵᠢᠭᠦᠯᠦᠨ᠎ᠡ | ᠃ ᠭᠡᠪᠡᠴᠦ ᠠᠯᠢ ᠨᠢᠭᠡ ᠵᠦᠢᠯ ᠤᠨ ᠰᠢᠯᠵᠢᠯᠲᠡ ᠨᠢ ᠴᠦ ᠭᠡᠳ᠂ ᠠᠵᠢᠯᠲᠠᠨ ᠰᠢᠯᠵᠢᠬᠦ ᠶᠢᠨ ᠡᠮᠦᠨ᠎ᠡ ᠬᠤᠶᠢᠨᠠᠬᠢ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ︵ | ᠰᠦᠢᠳᠬᠡᠯ ᠲᠤᠰᠢᠶᠠᠬᠤ ᠵᠢᠯ ᠬᠤᠭᠤᠴᠠᠭ᠎ᠠ ᠪᠠᠷ ᠦᠵᠡᠬᠦ ᠶᠢ ᠪᠠᠭᠲᠠᠭᠠᠨ᠎ᠠ︶ ᠶᠢ ᠨᠢ ᠪᠦᠷ ᠦᠷᠭᠦᠯᠵᠢᠯᠡᠨ ᠪᠣᠳᠤᠨ᠎ᠠ᠃ | |