| ᠨᠢᠭᠡᠳᠦᠯᠳᠠᠢ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠠᠴᠠ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ | ᠳᠦᠷᠢᠮ ᠬᠦᠷᠳᠡᠯ᠎ᠡ᠂ ᠮᠠᠨ ᠤ ᠤᠷᠤᠨ ᠤ ᠬᠠᠤᠯᠢ ᠴᠠᠭᠠᠵᠠ ᠶᠢᠨ ᠰᠢᠯᠭᠠᠯᠳᠠ ᠶᠢᠨ ᠦᠭᠡᠷᠡᠴᠢᠯᠡᠯᠳᠡ ᠨᠢ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ | ᠦᠭᠡᠷᠡᠴᠢᠯᠡᠯᠳᠡ ᠳᠤ ᠬᠦᠭ ᠨᠡᠮᠡᠷᠢᠯᠡᠨ ᠢᠳᠡᠷᠡᠬᠦᠨ ᠠᠯᠬᠤᠭ᠎ᠠ ᠪᠠᠨ ᠠᠯᠬᠤᠯ᠎ᠠ᠃ ᠳᠠᠬᠢᠨᠳᠠ ᠵᠤᠬᠢᠴᠠᠭᠤᠯᠬᠤ ᠪᠠᠷ ᠪᠠᠶᠢᠨ᠎ᠠ ᠭᠡᠰᠡᠨ ᠮᠡᠳᠡᠭᠡ ᠨᠢ ᠨᠢᠭᠡᠳᠦᠯᠳᠠᠢ ᠬᠠᠤᠯᠢ | ᠴᠠᠭᠠᠵᠠ ᠶᠢᠨ ᠰᠢᠯᠭᠠᠯᠳᠠ ᠳᠤ ᠳᠠᠰᠤᠭᠰᠠᠨ ᠪᠠ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠳᠤ ᠪᠠᠭ᠋ᠠᠳᠠᠢ ᠰᠢᠯᠭᠠᠭᠰᠠᠳ ᠲᠤ ᠠᠪᠴᠦ ᠬᠡᠯᠡᠪᠡᠯ ᠨᠢᠭᠡᠨ | ᠬᠡᠮᠵᠢᠶᠡᠨ ᠤ ᠨᠦᠯᠦᠭᠡ ᠦᠵᠡᠬᠦᠯᠦᠭᠰᠡᠨ ᠪᠠᠶᠢᠳᠠᠭ᠃ ᠨᠢᠭᠡ ᠲᠠᠯ᠎ᠠ ᠪᠠᠷ᠂ ᠰᠢᠯᠭᠠᠬᠤ ᠪᠠᠷ ᠪᠡᠯᠡᠳᠭᠡᠵᠦ ᠪᠠᠶᠢᠭ᠎ᠠ ᠰᠢᠯᠭᠠᠭᠰᠠᠳ ᠰᠢᠯᠭᠠᠭᠤᠯᠬᠤ ᠳᠤᠬᠢᠶᠠᠯ ᠢᠶᠠᠨ | ᠠᠯᠳᠠᠵᠠᠢ᠂ ᠨᠦᠬᠦᠭᠡ ᠲᠠᠯ᠎ᠠ ᠪᠠᠷ᠂ ᠰᠢᠨ᠎ᠡ ᠳᠦᠷᠢᠮ ᠨᠢ ᠶᠠᠷᠢᠶᠠᠨ ᠦᠭᠡᠢ ᠢᠷᠡᠭᠡᠳᠦᠢ ᠶᠢᠨ ᠬᠠᠤᠯᠢ ᠪᠠᠷ ᠤᠷᠤᠨ ᠢᠶᠠᠨ ᠵᠠᠰᠠᠬᠤ ᠳᠤ ᠰᠢᠯᠢᠳᠡᠭ ᠴᠢᠳᠠᠪᠤᠷᠢᠳᠠᠨ ᠤ | ᠰᠠᠭᠤᠷᠢ ᠶᠢ ᠲᠠᠯᠪᠢᠨ ᠦᠭᠴᠡᠢ᠃ | 2 ᠳ᠋ᠤᠭᠠᠷ ᠰᠠᠷ᠎ᠠ ᠶᠢᠨ 16 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ | ᠤᠳᠤᠷᠢᠳᠬᠤ ᠳᠤᠭᠤᠢᠢᠯᠠᠩ ᠤᠨ ᠠᠷᠪᠠᠨ ᠬᠤᠶᠠᠳᠤᠭᠠᠷ ᠬᠤᠷᠠᠯ ᠳᠡᠭᠡᠷ᠎ᠡ ᠶᠠᠷᠢᠯᠴᠠᠭᠰᠠᠨ ︽ᠦᠪᠡᠷᠳᠡᠭᠡᠨ ᠵᠠᠰᠠᠬᠤ ᠤᠷᠤᠨ ᠤ ︿ᠨᠠᠮ ᠤᠨ ᠲᠦᠪ ᠬᠤᠷᠢᠶ᠎ᠠ ᠶᠢᠨ | ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠳᠤᠬᠠᠢᠢᠯᠠᠭᠰᠠᠨ ᠠᠵᠢᠯ ᠤᠨ | ᠬᠢᠷᠢ ᠬᠡᠮ ᠤᠨ ᠳᠦᠷᠢᠮ ᠢ ᠲᠡᠭᠦᠯᠳᠡᠷᠵᠢᠬᠦᠯᠬᠦ ᠲᠤᠬᠠᠢ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠬᠦᠯᠬᠦ ᠰᠠᠨᠠᠯ︾ ᠨᠢ ᠬᠠᠤᠯᠢ ᠴᠠᠭᠠᠵᠠ | ᠶᠢᠨ ᠦᠭᠡᠷᠡᠴᠢᠯᠡᠯᠳᠡ ᠶᠢ ᠭᠦᠨᠵᠡᠭᠡᠶᠢᠷᠡᠬᠦᠯᠬᠦ ᠶᠢ ᠲᠦᠷᠭᠡᠳᠬᠡᠨ ᠠᠬᠢᠭᠤᠯᠵᠠᠢ᠃ ︽ᠰᠠᠨᠠᠯ︾ ᠳᠤ ᠠᠯᠢ ᠬᠡᠳᠦᠨ ᠲᠠᠯ᠎ᠠ ᠶᠢᠨ ᠠᠭᠤᠯᠭ᠎ᠠ ᠶᠢ ᠶᠠᠷᠢᠯᠴᠠᠭᠰᠠᠨ ᠪᠤᠢ︖ | ᠮᠠᠨ ᠤ ᠤᠷᠤᠨ ᠤ ᠬᠠᠤᠯᠢ ᠪᠠᠷ ᠤᠷᠤᠨ ᠢᠶᠠᠨ ᠵᠠᠰᠠᠬᠤ ᠪᠠᠶᠢᠭᠤᠯᠤᠯᠳᠠ ᠳᠤ ᠶᠠᠮᠠᠷᠰᠢᠤ ᠨᠥᠯᠥᠭᠡ ᠦᠵᠡᠭᠦᠯᠳᠡᠭ ᠪᠤᠯ︖ | ᠬᠠᠤᠯᠢᠵᠢᠯ ᠤᠨ ᠠᠵᠢᠯ ᠤᠨ ᠡᠩᠨᠡᠭᠡᠨ ᠤ ᠳᠦᠷᠢᠮᠵᠢᠭᠰᠡᠨ᠂ ᠲᠤᠰᠬᠠᠢ ᠮᠡᠷᠭᠡᠵᠢᠭᠰᠡᠨ᠂ ᠠᠵᠢᠯ ᠳᠦᠷᠦᠯᠵᠢᠭᠰᠡᠨ ᠪᠠᠶᠢᠬᠤ ᠶᠢ ᠠᠬᠢᠭᠤᠯᠤᠨ᠎ᠠ | ︽ᠰᠠᠨᠠᠯ︾ ᠳᠤ ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠳᠤᠳᠤᠷᠬᠠᠢᠢᠯᠠᠵᠦ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠤᠨ ᠬᠢᠷᠢ ᠭᠡᠮ ᠤᠨ ᠳᠦᠷᠢᠮ ᠳᠤ ᠴᠢᠭᠯᠡᠯ ᠢ ᠳᠤᠳᠤᠷᠬᠠᠢᠢᠯᠠᠵᠠᠢ᠃ ᠬᠤᠷᠠᠯ ᠳᠤ ᠤᠷᠤᠯᠴᠠᠭᠰᠠᠨ ᠬᠠᠤᠯᠢ ᠴᠠᠭᠠᠵᠠ ᠶᠢᠨ ᠬᠦᠷᠢᠶᠡᠨ ᠤ | ᠠᠵᠢᠯᠳᠠᠨ ᠤ ᠬᠡᠯᠡᠬᠦ ᠪᠠᠷ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠤᠨ ᠬᠠᠷᠠᠯᠳᠠ ᠨᠢ ᠲᠦᠢᠯ ᠤᠨ | ᠳᠤᠳᠤᠷᠬᠠᠢ᠂ ᠨᠡᠶᠢᠭᠡᠮ ᠵᠢᠷᠦᠮ ᠤᠨ ᠬᠠᠤᠯᠢᠵᠢᠯ ᠤᠨ ᠠᠵᠢᠯ ᠤᠨ ᠡᠩᠨᠡᠭᠡ ᠶᠢ ᠪᠤᠶᠢᠵᠢᠭᠤᠯᠵᠦ ᠬᠦᠭᠵᠢᠬᠦᠯᠬᠦ ᠪᠤᠯᠤᠨ᠎ᠠ᠂ ︽ᠨᠠᠮ ᠳᠠᠭᠠᠨ ᠦᠨᠡᠨᠴᠢ᠂ ᠤᠯᠤᠰ ᠲᠠᠭᠠᠨ | ᠦᠨᠡᠨᠴᠢ᠂ ᠠᠷᠠᠳ ᠲᠦᠮᠡᠨ ᠳᠡᠭᠡᠨ ᠦᠨᠡᠨᠴᠢ᠂ ᠬᠠᠤᠯᠢ ᠴᠠᠭᠠᠵᠠ ᠳᠠᠭᠠᠨ ᠦᠨᠡᠨᠴᠢ︾ ᠪᠤᠯ ᠳᠠᠷᠤᠢ ᠬᠠᠤᠯᠢᠵᠢᠯ ᠤᠨ ᠠᠵᠢᠯ ᠤᠨ ᠡᠩᠨᠡᠭᠡ ᠳᠤ ᠲᠠᠯᠪᠢᠭᠰᠠᠨ | ᠦᠨᠳᠦᠰᠦᠨ ᠱᠠᠭᠠᠷᠳᠠᠯᠭ᠎ᠠ ᠪᠤᠯᠬᠤ ᠶᠤᠮ ᠭᠡᠪᠡ᠃ | ︽ᠰᠠᠨᠠᠯ︾ ᠳᠤ ᠴᠢᠬᠤᠯᠠᠴᠢᠯᠠᠭᠰᠠᠨ ᠨᠢ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠢ | ᠳᠡᠭᠦᠯᠳᠡᠷᠵᠢᠬᠦᠯᠬᠦ ᠳᠤ᠂ ᠳᠤᠤᠷᠠᠬᠢ ᠬᠡᠳᠦᠨ ᠲᠠᠯ᠎ᠠ ᠶᠢᠨ ᠦᠨᠳᠦᠰᠦᠨ ᠵᠠᠷᠴᠢᠮ ᠢ ᠵᠢᠷᠦᠮᠯᠡᠨ᠎ᠡ᠄ ᠨᠢᠭᠡ᠂ ᠵᠦᠪ ᠴᠢᠭᠯᠡᠯ ᠢ ᠪᠠᠷᠢᠮᠳᠠᠯᠠᠨ᠎ᠠ︔ ᠬᠤᠶᠠᠷ᠂ ᠪᠦᠬᠦᠯᠢ | ᠴᠤᠭᠴᠠ ᠶᠢᠨ ᠲᠦᠯᠦᠪᠵᠢᠬᠦᠯᠭᠡ ᠶᠢ ᠪᠠᠷᠢᠮᠳᠠᠯᠠᠨ᠎ᠠ︔ ᠭᠤᠷᠪᠠ᠂ ᠵᠢᠷᠤᠮᠯᠠᠬᠤ ᠵᠢᠮ᠎ᠡ ᠬᠠᠤᠯᠢ ᠶᠢ ᠪᠠᠷᠢᠮᠳᠠᠯᠠᠨ᠎ᠠ︔ ᠳᠦᠷᠪᠡ᠂ ᠢᠳᠡᠪᠬᠢᠳᠠᠢ ᠯᠠᠪᠳᠠᠭᠤᠨ ᠢ | ᠪᠠᠷᠢᠮᠳᠠᠯᠠᠨ᠎ᠠ᠃ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠤᠨ 4 ᠦᠨᠳᠦᠰᠦᠨ ᠵᠠᠷᠴᠢᠮ ᠨᠢ ᠬᠠᠤᠯᠢ ᠴᠠᠭᠠᠵᠠ | ᠶᠢᠨ ᠲᠤᠬᠠᠢᠢᠯᠠᠭᠰᠠᠨ ᠠᠵᠢᠯ ᠤᠨ ᠴᠢᠳᠠᠪᠤᠷᠢᠳᠠᠨ ᠢ ᠰᠤᠩᠭᠤᠵᠦ ᠬᠦᠮᠦᠵᠢᠬᠦᠯᠬᠦ ᠱᠠᠭᠠᠷᠳᠠᠯᠭ᠎ᠠ ᠶᠢ ᠵᠢᠭᠠᠵᠦ ᠭᠠᠷᠭᠠᠭᠰᠠᠨ ᠪᠦᠭᠡᠳ ᠬᠠᠭᠤᠴᠢᠨ ᠬᠦᠮᠦᠨ ᠳᠤ | ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠠᠷᠭ᠎ᠠ ᠭᠡᠵᠦ ︽ᠬᠠᠭᠤᠴᠢᠨ ᠬᠦᠮᠦᠨ︾ ᠤ ᠰᠡᠳᠬᠢᠯ ᠢ ᠠᠮᠤᠷᠵᠢᠭᠤᠯᠤᠭᠰᠠᠨ ᠲᠡᠳᠦᠢ ᠦᠭᠡᠢ ᠰᠢᠨ᠎ᠡ ᠬᠦᠮᠦᠨ ᠤ | ᠢᠳᠡᠭᠡᠯ ᠵᠤᠷᠢᠭ ᠢ ᠴᠦ ᠬᠦᠪᠴᠢᠯᠡᠵᠠᠢ᠃ ︽ᠦᠨᠳᠦᠰᠦᠨ ᠵᠠᠷᠴᠢᠮ ᠤᠨ ᠲᠠᠯ᠎ᠠ ᠠᠴᠠ᠂ ᠡᠨᠡᠬᠦ ᠳᠦᠷᠢᠮ ᠨᠢ ᠬᠠᠤᠯᠢ ᠪᠠᠷ ᠤᠷᠤᠨ ᠢᠢᠡᠨ ᠬᠦᠴᠦᠷᠭᠡᠭᠵᠢᠬᠦᠯᠬᠦ | ᠪᠠᠶᠢᠭᠤᠯᠤᠯᠳᠠ ᠳᠤ ᠳᠦᠷᠢᠮᠵᠢᠭᠰᠡᠨ᠂ ᠲᠤᠰᠬᠠᠢ ᠮᠡᠷᠭᠡᠵᠢᠭᠰᠡᠨ᠂ ᠠᠵᠢᠯ ᠳᠦᠷᠦᠯᠵᠢᠭᠰᠡᠨ ᠴᠢᠳᠠᠪᠤᠷᠢᠳᠠᠨ ᠰᠤᠩᠭᠤᠵᠦ ᠬᠦᠮᠦᠵᠢᠬᠦᠯᠬᠦ ᠵᠢᠷᠤᠭ ᠢ ᠵᠢᠷᠤᠭᠯᠠᠵᠠᠢ︾ ᠭᠡᠵᠦ | ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠨᠢᠭᠡᠨ ᠺᠠᠳ᠋ᠷ ᠶᠠᠷᠢᠨ᠎ᠠ᠃ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠬᠡᠷᠬᠢᠨ ᠤᠯᠬᠤ ᠪᠤᠢ︖ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠨᠢ ᠬᠠᠤᠯᠢ ᠴᠠᠭᠠᠵᠠ ᠶᠢᠨ ᠲᠤᠬᠠᠢᠢᠯᠠᠭᠰᠠᠨ | ᠠᠵᠢᠯᠳᠠᠨ ᠤ ᠬᠡᠪᠴᠢᠶ᠎ᠡ ᠶᠢ ᠲᠤᠭᠳᠠᠭᠠᠵᠠᠢ᠂ ᠬᠤᠶᠢᠰᠢᠳᠠ ᠶᠠᠮᠠᠷ ᠬᠡᠳᠦᠨ ᠲᠦᠷᠦᠯ ᠤᠨ ᠠᠵᠢᠯ ᠲᠦᠷᠦᠯ ᠢ ᠡᠷᠬᠢᠯᠡᠬᠦ ᠳᠤ ᠡᠷᠭᠡᠪᠰᠢ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠤᠨ ᠬᠢᠷᠢ ᠭᠡᠮ ᠤᠨᠦᠨᠡᠮᠯᠡᠯ ᠢ ᠤᠯᠬᠤ ᠪᠠᠷ ᠤᠷᠢᠳᠠᠯ ᠪᠤᠯᠭᠠᠬᠤ ᠭᠡᠳᠡᠭ ᠢ ᠳᠤᠳᠤᠷᠬᠠᠢᠢᠯᠠᠵᠠᠢ᠃ | ︽ᠰᠠᠨᠠᠯ︾ ᠳᠤ ᠵᠢᠭᠠᠵᠦ ᠭᠠᠷᠭᠠᠭᠰᠠᠨ ᠨᠢ᠂ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠪᠤᠯ ᠬᠠᠮᠳᠦ ᠶᠢᠨ ᠤᠯᠤᠰ ᠲᠦᠷᠦ ᠶᠢᠨ ᠭᠡᠪ ᠪᠤᠯᠪᠠᠰᠤᠷᠠᠯ᠂ | ᠲᠤᠬᠠᠢᠢᠯᠠᠭᠰᠠᠨ ᠠᠵᠢᠯ ᠤᠨ ᠴᠢᠳᠠᠪᠤᠷᠢ᠂ ᠲᠤᠬᠠᠢᠢᠯᠠᠭᠰᠠᠨ ᠠᠵᠢᠯ ᠤᠨ ᠶᠤᠰᠤ ᠰᠤᠷᠳᠠᠬᠤᠨ ᠪᠠ ᠠᠵᠢᠯ ᠦᠢᠯᠡᠰ ᠡᠷᠬᠢᠯᠡᠬᠦ ᠬᠢᠷᠢ ᠬᠡᠮ ᠤᠨ ᠱᠠᠭᠠᠷᠳᠠᠯᠭ᠎ᠠ ᠶᠢ | ᠪᠦᠷᠢᠯᠳᠦᠬᠦᠯᠵᠦ᠂ ᠲᠤᠰᠬᠠᠢᠢᠯᠠᠨ ᠬᠠᠤᠯᠢ ᠲᠤᠭᠳᠠᠭᠠᠬᠤ᠂ ᠬᠠᠤᠯᠢ ᠶᠢ ᠬᠡᠷᠡᠭᠵᠢᠬᠦᠯᠬᠦ᠂ ᠬᠠᠤᠯᠢ ᠴᠠᠭᠠᠵᠠ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ | ᠴᠠᠭᠠᠵᠠ ᠶᠢᠨ ᠰᠤᠷᠭᠠᠨ ᠬᠦᠮᠦᠵᠢᠯ ᠵᠡᠷᠭᠡ ᠠᠵᠢᠯ ᠢ ᠡᠷᠬᠢᠯᠡᠵᠦ ᠪᠦᠬᠦᠢ ᠠᠵᠢᠯ ᠲᠦᠷᠦᠯ ᠤᠨ ᠪᠦᠯᠬᠦᠮ ᠨᠢᠭᠡᠴᠡ ᠶᠢ ᠵᠢᠭᠠᠵᠦ ᠪᠤᠢ᠃ | ᠦᠩᠭᠡᠷᠡᠭᠰᠡᠨ ᠤ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠲᠠᠢ ᠠᠳᠠᠯᠢ ᠦᠭᠡᠢ ᠨᠢ᠂ ︽ᠰᠠᠨᠠᠯ︾ ᠳᠤ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ | ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠤᠯᠬᠤ ᠳᠤ ᠡᠷᠭᠡᠪᠰᠢ ᠵᠡᠷᠭᠡᠪᠡᠷ ᠪᠦᠷᠢᠯᠳᠦᠬᠦᠯᠬᠦ ᠨᠦᠬᠦᠴᠡᠯ ᠢ ᠲᠤᠳᠤᠷᠬᠠᠢᠢᠯᠠᠵᠠᠢ᠄ ᠪᠦᠬᠦᠳᠡ ᠨᠠᠶᠢᠷᠠᠮᠳᠠᠬᠤ | ᠳᠤᠮᠳᠠᠳᠦ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠦ᠂ ᠤᠯᠤᠰ ᠲᠦᠷᠦ᠂ ᠲᠤᠬᠠᠢᠢᠯᠠᠭᠰᠠᠨ ᠠᠵᠢᠯ ᠤᠨ ᠰᠢᠯᠢᠳᠡᠭ ᠭᠡᠪ ᠪᠤᠯᠪᠠᠰᠤᠷᠠᠯ ᠪᠠ ᠶᠤᠰᠤ | ᠰᠤᠷᠳᠠᠬᠤᠨ ᠮᠤᠷᠠᠯ ᠰᠤᠷᠳᠠᠯ ᠢ ᠪᠦᠷᠢᠯᠳᠦᠬᠦᠯᠦᠨ᠎ᠡ︔ ᠪᠦᠬᠦᠯᠢ ᠡᠳᠦᠷ ᠤᠨ ᠳᠦᠷᠢᠮᠳᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠴᠠᠭᠠᠵᠠ ᠶᠢᠨ | ᠤᠬᠠᠭᠠᠨ ᠤ ᠲᠦᠷᠦᠯ ᠤᠨ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠤᠯᠠ ᠶᠢ ᠪᠦᠷᠢᠳᠦᠬᠦᠯᠦᠨᠠ᠂ ᠡᠰᠡᠬᠦᠯ᠎ᠡ ᠪᠦᠬᠦᠯᠢ ᠡᠳᠦᠷ ᠤᠨ | ᠳᠦᠷᠢᠮᠳᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠪᠤᠰᠦ ᠵᠢᠩᠬᠢᠨᠢ ᠠᠩᠬᠢ ᠵᠢᠴᠢ ᠲᠡᠭᠦᠨ ᠠᠴᠠ | ᠳᠡᠭᠡᠭᠰᠢᠬᠢ ᠰᠤᠷᠤᠯᠭ᠎ᠠ ᠶᠢᠨ ᠨᠠᠮᠳᠠᠷ ᠲᠠᠢ ᠪᠦᠭᠡᠳ ᠬᠠᠤᠯᠢ ᠴᠠᠭᠠᠵᠠ ᠶᠢᠨ ᠮᠠᠰᠲ᠋ᠧᠷ᠂ ᠬᠠᠤᠯᠢ ᠴᠠᠭᠠᠵᠠ ᠶᠢᠨ ᠤᠬᠠᠭᠠᠨ ᠤ ᠮᠠᠰᠲ᠋ᠧᠷ ᠵᠢᠴᠢ ᠲᠡᠭᠦᠨ ᠠᠴᠠ | ᠳᠡᠭᠡᠭᠰᠢᠬᠢ ᠡᠷᠳᠡᠮ ᠤᠨ ᠴᠤᠯᠠ ᠤᠯᠤᠭᠰᠠᠨ ᠪᠤᠶᠤ ᠪᠤᠰᠤᠳ ᠬᠠᠷᠠᠭᠠᠯᠵᠠᠭᠰᠠᠨ ᠡᠷᠳᠡᠮ ᠤᠨ ᠴᠤᠯᠠ ᠤᠯᠤᠭᠰᠠᠨ ᠪᠦᠭᠡᠳ ᠬᠠᠤᠯᠢ ᠴᠠᠭᠠᠵᠠ ᠶᠢᠨ ᠠᠵᠢᠯ ᠢ ᠬᠢᠬᠡᠳ | 3 ᠵᠢᠯ ᠠᠴᠠ ᠳᠡᠭᠡᠭᠰᠢ ᠪᠤᠯᠵᠦ ᠪᠠᠶᠢᠭ᠎ᠠ︔ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ ᠳᠤ | ᠤᠷᠤᠯᠴᠠᠭᠰᠠᠨ ᠪᠦᠭᠡᠳ ᠥᠩᠭᠡᠷᠡᠭᠰᠡᠨ ᠵᠡᠷᠭᠡ ᠪᠠᠭᠳᠠᠨ᠎ᠠ᠃ | ︽ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠵᠦᠪᠰᠢᠶᠠᠷᠡᠯ ᠳᠤ᠂ ᠬᠠᠮᠤᠭ ᠠᠩᠬᠠᠨ ᠤ ᠬᠠᠤᠯᠢ ᠴᠠᠭᠠᠵᠠ ᠶᠢᠨ ᠰᠢᠯᠭᠠᠯᠳᠠ ᠳᠤ | ᠦᠨᠳᠦᠰᠦᠨ ᠲᠡᠭᠡᠨ ᠰᠤᠷᠤᠯᠭ᠎ᠠ ᠶᠢᠨ ᠨᠠᠮᠳᠠᠷ ᠲᠤᠰᠬᠠᠢ ᠮᠡᠷᠭᠡᠵᠢᠯ ᠤᠨ ᠱᠠᠭᠠᠷᠳᠠᠯᠭ᠎ᠠ ᠦᠭᠡᠢ ᠪᠠᠶᠢᠭᠰᠠᠨ ᠠᠴᠠ ᠲᠤᠰᠬᠠᠢ ᠮᠡᠷᠭᠡᠵᠢᠯ ᠤᠨ ᠰᠤᠷᠤᠯᠭ᠎ᠠ ᠶᠢᠨ | ᠨᠠᠮᠳᠠᠷ ᠲᠠᠢ ᠪᠠᠶᠢᠬᠤ ᠶᠢ ᠱᠠᠭᠠᠷᠳᠠᠵᠦ᠂ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠭᠤᠶᠤᠴᠢᠯᠠᠯ ᠢᠶᠠᠷ | ᠵᠦᠪᠰᠢᠶᠡᠷᠡᠭᠦ ᠠᠴᠠ ᠰᠢᠯᠭᠠᠯᠳᠠ ᠪᠠᠷ ᠵᠦᠪᠰᠢᠶᠡᠷᠡᠭᠦ ᠬᠦᠷᠳᠡᠯ᠎ᠡ᠂ ᠰᠤᠷᠤᠯᠭ᠎ᠠ ᠶᠢᠨ ᠨᠠᠮᠳᠠᠷ ᠤᠨ ᠱᠠᠭᠠᠷᠳᠠᠯᠭ᠎ᠠ ᠡᠳᠦᠷ ᠢᠷᠡᠬᠦᠶ᠎ᠡ ᠳᠡᠭᠡᠭᠰᠢᠯᠡᠵᠠᠢ᠃ ᠬᠠᠤᠯᠢ ᠴᠠᠭᠠᠵᠠ | ᠶᠢᠨ ᠰᠢᠯᠭᠠᠯᠳᠠ ᠳᠤ ᠰᠤᠷᠤᠯᠭ᠎ᠠ ᠶᠢᠨ ᠨᠠᠮᠳᠠᠷ ᠤᠨ ᠱᠠᠭᠠᠷᠳᠠᠯᠭ᠎ᠠ ᠶᠢ ᠨᠢᠭᠡᠨᠳᠡ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠢᠶᠠᠷ ᠬᠠᠤᠯᠢᠵᠢᠭᠤᠯᠵᠦ ᠲᠤᠭᠳᠠᠭᠠᠵᠠᠢ | ᠃ | ᠤᠳᠤᠬᠠᠨ ᠳᠤ᠂ ᠳᠡᠭᠡᠷ᠎ᠠ ᠶᠠᠷᠢᠭᠰᠠᠨ 3 ︿ᠡᠷᠭᠡᠪᠰᠢ ᠵᠡᠷᠭᠡᠪᠡᠷ ᠪᠦᠷᠢᠯᠳᠦᠬᠦᠯᠬᠦ ᠨᠦᠬᠦᠴᠡᠯ﹀ ᠨᠢ ᠳᠠᠬᠢᠨᠳᠠ ᠵᠦᠪᠰᠢᠶᠡᠷᠡᠯ ᠤᠨ ᠨᠦᠬᠦᠴᠡᠯ ᠢ ᠳᠡᠭᠡᠭᠰᠢᠯᠡᠬᠦᠯᠵᠠᠢ | ᠃ ᠨᠢᠭᠡ ᠪᠦᠯᠦᠭ ᠰᠤᠷᠤᠯᠭ᠎ᠠ ᠶᠢᠨ ᠨᠠᠮᠳᠠᠷ ᠨᠡᠩ ᠦᠨᠳᠦᠷ᠂ ᠬᠠᠤᠯᠢ ᠴᠠᠭᠠᠵᠠ ᠶᠢᠨ ᠬᠡᠪ ᠪᠤᠯᠪᠠᠰᠤᠷᠠᠯ ᠨᠡᠩ ᠦᠨᠳᠦᠷ ᠲᠤᠰᠬᠠᠢ ᠮᠡᠷᠭᠡᠵᠢᠯ ᠤᠨ ᠴᠢᠨᠠᠷᠳᠠᠢ | ᠴᠢᠳᠠᠪᠤᠷᠢᠳᠠᠨ ᠬᠠᠤᠯᠢ ᠴᠠᠭᠠᠵᠠ ᠶᠢᠨ ᠡᠷᠭᠡ ᠶᠢ ᠠᠳᠬᠤᠬᠤ ᠪᠤᠯᠤᠨ᠎ᠠ᠃ ᠡᠨᠡ ᠪᠤᠯ ᠬᠠᠤᠯᠢ ᠴᠠᠭᠠᠵᠠ ᠶᠢᠨ ᠦᠭᠡᠷᠡᠴᠢᠯᠡᠯᠳᠡ ᠶᠢᠨ ᠤᠷᠤᠭᠰᠢᠯᠠᠭᠰᠠᠨ ᠳᠤᠮᠤ ᠠᠯᠬᠤᠮ | ᠪᠤᠯᠤᠨ᠎ᠠ︾ ᠭᠡᠵᠦ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠭᠡᠨ ᠲᠤᠰᠬᠠᠢ ᠮᠡᠷᠭᠡᠵᠢᠯᠳᠠᠨ ᠶᠠᠷᠢᠨ᠎ᠠ᠃ | ᠰᠢᠯᠭᠠᠯᠳᠠ ᠠᠴᠠ ᠭᠠᠳᠠᠨ᠎ᠠ᠂ ᠶᠠᠮᠠᠷ ᠬᠦᠮᠦᠰ ᠪᠠᠰᠠ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠤᠯᠵᠦ | ᠴᠢᠳᠠᠬᠤ ᠪᠤᠢ︖ | ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠪᠤᠯᠬᠤ ᠭᠡᠪᠡᠯ᠂ ᠪᠠᠰᠠ ᠴᠢᠬᠤᠯᠠ ᠨᠢᠭᠡᠨ ᠵᠠᠩᠬᠢᠯᠠᠭ᠎ᠠ ᠪᠤᠢ — ᠤᠯᠤᠰ ᠤᠨ ᠨᠢᠭᠡᠳᠦᠯᠳᠠᠢ ᠬᠠᠤᠯᠢ | ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ᠃ | ︽ᠰᠠᠨᠠᠯ︾ ᠳᠤ ᠲᠤᠭᠳᠠᠭᠠᠭᠰᠠᠨ ᠨᠢ᠂ ᠤᠯᠤᠰ ᠠᠴᠠ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠢ ᠤᠯᠤᠰ ᠤᠨ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ ᠶᠢᠨ ᠳᠦᠷᠢᠮ ᠪᠤᠯᠭᠠᠨ ᠵᠤᠬᠢᠴᠠᠭᠤᠯᠵᠦ᠂ ᠪᠦᠬᠦ ᠤᠯᠤᠰ ᠢᠶᠠᠷ ᠢᠢᠡᠨ ᠨᠢᠭᠡᠳᠦᠯᠳᠠᠢ ᠵᠤᠬᠢᠶᠠᠨ ᠪᠠᠶᠢᠭᠤᠯᠬᠤ᠂ | ᠨᠢᠭᠡᠳᠦᠯᠳᠠᠢ ᠰᠡᠳᠦᠪ ᠭᠠᠷᠭᠠᠬᠤ᠂ ᠨᠢᠭᠡᠳᠦᠯᠳᠠᠢ ᠪᠠᠷᠢᠮᠵᠢᠶ᠎ᠠ ᠲᠤᠭᠳᠠᠭᠠᠬᠤ᠂ ᠨᠢᠭᠡᠳᠦᠯᠳᠠᠢ ᠡᠯᠰᠡᠬᠦ ᠰᠢᠯᠭᠠᠯᠳᠠ ᠶᠢᠨ ᠬᠡᠯᠪᠡᠷᠢ ᠶᠢ ᠭᠡᠷᠡᠭᠵᠢᠬᠦᠯᠵᠦ᠂ ᠨᠢᠭᠡ ᠵᠢᠯ ᠳᠤ | ᠨᠢᠭᠡ ᠤᠳᠠᠭ᠎ᠠ ᠰᠢᠯᠭᠠᠬᠤ ᠪᠤᠯᠵᠠᠢ᠃ | ᠰᠤᠷᠪᠤᠯᠵᠢᠯᠠᠭᠴᠢ ᠶᠢᠨ ᠤᠢᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠶᠠᠷᠢᠯᠴᠠᠭᠰᠠᠨ ︽ᠰᠠᠨᠠᠯ︾ ᠳᠤ ᠬᠠᠮᠤᠭ ᠰᠡᠬᠦᠯ ᠳᠤ ᠵᠢᠭᠠᠵᠦ | ᠭᠠᠷᠭᠠᠭᠰᠠᠨ ᠨᠢ᠂ 2016 ᠣᠨ᠂ 2017 ᠣᠨ ᠳᠤ ᠦᠪᠦᠷ ᠮᠤᠩᠭᠤᠯ ᠤᠨ ᠰᠢᠯᠭᠠᠯᠳᠠ ᠶᠢᠨ ᠲᠤᠭᠤᠷᠢᠭ ᠲᠠᠬᠢ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ | ᠶᠢᠨ ᠠᠵᠢᠯ ᠢ ᠦᠷᠬᠦᠯᠵᠢᠯᠡᠨ ᠰᠠᠶᠢᠳᠤᠷ ᠵᠤᠬᠢᠶᠠᠨ ᠪᠠᠶᠢᠭᠤᠯᠬᠤ ᠭᠡᠷᠡᠭᠳᠠᠢ᠃ 2017 ᠣᠨ ᠤ ᠡᠴᠦᠰ ᠪᠤᠯᠳᠠᠯ᠎ᠠ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠤᠨ ᠬᠢᠷᠢ ᠭᠡᠮ ᠤᠨ ᠳᠦᠷᠢᠮ ᠤᠨ ᠡᠯ᠎ᠡ ᠲᠦᠷᠦᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠲᠤᠰ ᠳᠦᠷᠢᠮ | ᠢ ᠴᠢᠩᠭ᠎ᠠ ᠭᠡᠷᠡᠭᠵᠢᠬᠦᠯᠦᠨ᠎ᠡ ᠭᠡᠵᠡᠢ᠃ ᠡᠨᠡ ᠨᠢ ᠡᠨᠡ ᠵᠢᠯ ᠳᠤ ᠮᠠᠨ ᠤ ᠤᠷᠤᠨ ᠦᠷᠬᠦᠯᠵᠢᠯᠡᠨ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠢ | ᠭᠡᠷᠡᠭᠵᠢᠬᠦᠯᠬᠦ ᠶᠢ ᠬᠠᠷᠠᠭᠤᠯᠵᠦ ᠪᠠᠶᠢᠨ᠎ᠠ᠃ | ᠤᠳᠤᠬᠠᠨ ᠳᠤ᠂ ᠮᠠᠨ ᠤ ᠤᠷᠤᠨ ᠶᠠᠭ ᠤᠯᠤᠰ ᠤᠨ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠡᠷᠬᠢᠯᠡᠬᠦ ᠱᠠᠭᠠᠷᠳᠠᠯᠭ᠎ᠠ ᠶᠤᠰᠤᠭᠠᠷ ᠪᠦᠬᠦ ᠤᠷᠤᠨ ᠤ ᠵᠢᠯ | ᠤᠨ ᠬᠢᠷᠢ ᠬᠦᠷᠦᠭᠰᠡᠨ ᠨᠤᠷᠮ᠎ᠠ ᠪᠠ ᠲᠦᠷᠦ ᠶᠢᠨ ᠪᠤᠳᠤᠯᠭ᠎ᠠ ᠶᠢᠨ ᠠᠭᠤᠵᠢᠭᠤ ᠲᠠᠯᠪᠢᠬᠤ ᠨᠦᠬᠦᠴᠡᠯ ᠢ ᠰᠢᠨᠵᠢᠯᠡᠨ ᠰᠤᠳᠤᠯᠵᠦ ᠪᠤᠢ᠃ ᠡᠭᠦᠨ ᠠᠴᠠ ᠭᠠᠳᠠᠨ᠎ᠠ᠂ ︽ | ᠰᠠᠨᠠᠯ︾ ᠳᠤ ᠤᠨᠴᠠᠭᠠᠢ ᠬᠠᠤᠯᠢ ᠴᠠᠭᠠᠵᠠ ᠶᠢᠨ ᠴᠢᠳᠠᠪᠤᠷᠢᠳᠠᠨ ᠢ ᠰᠢᠯᠢᠨ ᠳᠡᠪᠰᠢᠬᠦᠯᠬᠦ ᠲᠠᠯ᠎ᠠ ᠪᠠᠷ ᠪᠠᠰᠠ ᠰᠢᠨ᠎ᠡ ᠲᠤᠭᠳᠠᠭᠠᠯ ᠭᠠᠷᠭᠠᠵᠠᠢ᠃ | ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠨᠢ ᠪᠤᠳᠠᠳᠠᠢ ᠠᠵᠢᠯᠯᠠᠬᠤ ᠴᠢᠳᠠᠪᠤᠷᠢ ᠶᠢ ᠨᠡᠩ ᠴᠢᠬᠤᠯᠠᠴᠢᠯᠠᠨ᠎ᠠ | ︽ᠰᠠᠨᠠᠯ︾ ᠳᠤ ᠴᠢᠬᠤᠯᠠᠴᠢᠯᠠᠭᠰᠠᠨ ᠨᠢ᠂ ᠠᠵᠢᠯ ᠳᠤ ᠤᠷᠤᠬᠤ ᠠᠴᠠ ᠡᠮᠦᠨᠡᠬᠢ ᠨᠢᠭᠡᠳᠦᠯᠳᠠᠢ ᠪᠤᠯᠪᠠᠰᠤᠷᠠᠯ ᠤᠨ ᠳᠦᠷᠢᠮ ᠢ ᠪᠠᠶᠢᠭᠤᠯᠤᠨ᠎ᠠ᠃ ︽ᠨᠢᠭᠡᠳᠦᠯᠳᠠᠢ | ᠪᠠᠷᠢᠮᠵᠢᠶ᠎ᠠ᠂ ᠰᠢᠰᠲ᠋ᠧᠮ ᠬᠤᠪᠢᠶᠠᠵᠦ ᠭᠡᠷᠡᠭᠵᠢᠬᠦᠯᠬᠦ︾ ᠵᠠᠷᠴᠢᠮ ᠶᠤᠰᠤᠭᠠᠷ᠂ ᠪᠦᠬᠦ ᠤᠷᠤᠨ ᠤ ᠬᠠᠤᠯᠢ ᠴᠠᠭᠠᠵᠠ ᠶᠢᠨ ᠠᠵᠢᠯ ᠳᠤ ᠤᠷᠤᠬᠤ ᠠᠴᠠ ᠡᠮᠦᠨᠡᠬᠢ | ᠪᠤᠯᠪᠠᠰᠤᠷᠠᠯ ᠤᠨ ᠳᠦᠷᠢᠮ ᠢ ᠪᠠᠶᠢᠭᠤᠯᠤᠨ᠎ᠠ᠃ ︽ᠤᠷᠢᠳᠠᠪᠠᠷ ᠰᠤᠩᠭᠤᠵᠦ ᠳᠠᠷᠠᠭ᠎ᠠ ᠨᠢ ᠬᠦᠮᠦᠵᠢᠬᠦᠯᠬᠦ︾ ᠵᠠᠭᠪᠤᠷ ᠢ ᠭᠡᠷᠡᠭᠵᠢᠬᠦᠯᠵᠦ᠂ ᠪᠤᠯᠪᠠᠰᠤᠷᠠᠯ ᠳᠤ ᠬᠢᠷᠢ | ᠬᠦᠷᠪᠡᠯ ᠰᠠᠶ᠋ᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠡᠷᠬᠢᠯᠡᠬᠦ ᠶᠢ ᠨᠢ ᠵᠦᠪᠰᠢᠶᠡᠷᠡᠨ᠎ᠡ᠃ ︽ᠬᠡᠨ ᠰᠤᠩᠭᠤᠪᠠᠯ ᠬᠡᠨ ᠬᠦᠮᠦᠵᠢᠬᠦᠯᠬᠦ︾ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠦ᠂ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠵᠢᠴᠢ ᠬᠦᠮᠦᠵᠢᠬᠦᠯᠵᠦ ᠬᠢᠨᠠᠨ ᠰᠢᠯᠭᠠᠬᠤ ᠶᠢ ᠰᠤᠩᠭᠤᠨ ᠲᠤᠮᠢᠯᠠᠬᠤ ᠰᠠᠯᠠᠭ᠎ᠠ | ᠮᠦᠴᠢᠷ ᠠᠴᠠ ᠬᠠᠷᠢᠭᠤᠴᠠᠬᠤ ᠪᠤᠯᠤᠨ᠎ᠠ᠃ ︽ᠤᠷᠢᠳᠠᠪᠠᠷ ᠰᠤᠩᠭᠤᠵᠦ ᠳᠠᠷᠠᠭ᠎ᠠ ᠨᠢ ᠬᠦᠮᠦᠵᠢᠬᠦᠯᠬᠦ︾ ᠵᠠᠭᠪᠤᠷ ᠨᠢ ᠤᠤᠯ ᠤᠨ ᠤᠷᠢᠳᠠᠪᠠᠷ ᠠᠵᠢᠯ ᠤᠨ ᠪᠠᠶᠢᠷᠢ ᠳᠤ | ᠭᠠᠷᠴᠦ ᠳᠠᠷᠠᠭ᠎ᠠ ᠨᠢ ᠬᠦᠮᠦᠵᠢᠬᠦᠯᠵᠦ ᠪᠠᠶᠢᠭᠰᠠᠨ ᠪᠠᠶᠢᠳᠠᠯ ᠢ ᠠᠮᠵᠢᠯᠳᠠ ᠲᠠᠢ ᠬᠤᠪᠢᠷᠠᠭᠤᠯᠵᠦ ᠴᠢᠳᠠᠵᠠᠢ᠃ | ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠤᠨ ᠵᠤᠬᠢᠶᠠᠨ ᠪᠠᠶᠢᠭᠤᠯᠤᠯᠳᠠ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠲᠤᠰᠠᠳᠠ᠂ ᠮᠠᠨ ᠤ ᠤᠷᠤᠨ | ᠪᠠᠰᠠ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠢ ᠵᠢᠯᠤᠭᠤᠳᠬᠤ ᠵᠦᠪᠯᠡᠯ ᠢ ᠪᠠᠶᠢᠭᠤᠯᠬᠤ ᠪᠠᠷ ᠪᠤᠯᠵᠦ᠂ ᠪᠦᠬᠦ ᠤᠷᠤᠨ ᠤ ᠠᠵᠢᠯ ᠳᠤ ᠤᠷᠤᠬᠤ ᠠᠴᠠ | ᠡᠮᠦᠨᠡᠬᠢ ᠪᠤᠯᠪᠠᠰᠤᠷᠠᠯ ᠤᠨ ᠬᠠᠮᠢᠶᠠᠷᠤᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠵᠤᠬᠢᠴᠠᠭᠤᠯᠵᠦ᠂ ᠡᠯ᠎ᠠ ᠰᠠᠯᠠᠭ᠎ᠠ ᠮᠦᠴᠢᠷ ᠢ ᠵᠢᠭᠠᠨ ᠵᠢᠯᠤᠭᠤᠳᠴᠦ | ᠱᠠᠭᠠᠷᠳᠠᠨ ᠪᠠᠶᠢᠴᠠᠭᠠᠵᠦ᠂ ᠲᠤᠰ ᠰᠢᠰᠲ᠋ᠧᠮ ᠤᠨ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠤᠨ ᠠᠵᠢᠯ ᠢ ᠰᠠᠶᠢᠳᠤᠷ ᠬᠢᠬᠦ ᠪᠤᠯᠤᠨ᠎ᠠ᠃ | | |