ᠦᠪᠦᠷ ᠮᠤᠩᠭᠤᠯ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/4/19
    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠦᠨᠦᠬᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠭᠡᠷᠡᠭᠵᠢᠬᠦᠯᠬᠦ ᠲᠦᠰᠦᠯ︾ ︵ᠲᠤᠷᠤᠭᠰᠢ ︽ᠲᠦᠰᠦᠯ︾ ᠬᠡᠮᠡᠨ ᠲᠦᠭᠦᠮᠴᠢᠯᠡᠨ᠎ᠡ︶ ᠲᠠᠷᠤᠮᠠᠯᠯᠠᠨ ᠲᠠᠷᠬᠠᠭᠠᠪᠠ᠃ ᠰᠤᠷᠪᠤᠯᠵᠢᠯᠠᠭᠴᠢ ᠶᠢᠨ ᠦᠴᠦᠭᠡᠳᠦᠷ ᠤᠨ ᠤᠶᠢᠯᠠᠭᠠᠭᠰᠠᠨ ᠢᠶᠠᠷ᠂ ︽ᠲᠦᠰᠦᠯ︾ ᠳᠤ 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ᠂ ᠪᠦᠬᠦ ᠤᠷᠤᠨ ᠤ 80 ᠬᠤᠰᠢᠭᠤ ᠰᠢᠶᠡᠨ ︵ᠬᠤᠳᠠ︶ ᠤ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠤᠷᠤᠯᠭ᠎ᠠ ᠪᠠᠷ ᠡᠮᠨᠡᠯᠭᠡ ᠶᠢ ᠲᠡᠳᠬᠦᠵᠤ ᠪᠠᠶᠢᠭᠰᠠᠨ ᠶᠠᠪᠤᠳᠠᠯ ᠢ ᠭᠦᠴᠦᠨ ᠦᠬᠡᠢ ᠪᠤᠯᠭᠠᠵᠤ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠪᠠᠶᠢᠨ᠎ᠠ᠃ 2017 ᠤᠨ ᠳᠤ ᠤᠳᠤᠬᠢᠴᠢᠯᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠦᠨᠳᠦᠰᠦᠨ ᠳᠡᠭᠡᠨ ᠪᠠᠶᠢᠭᠤᠯᠤᠨ᠂ ᠬᠦᠨᠳᠤ ᠡᠪᠡᠳᠴᠢᠨ ᠢ ᠬᠤᠰᠢᠭᠤ ᠰᠢᠶᠠᠨ  ᠳᠠᠭᠠᠨ ᠡᠮᠴᠢᠯᠡᠵᠤ ᠲᠡᠶᠢᠯᠬᠦ ᠶᠢ ᠦᠨᠳᠦᠰᠦᠨ ᠳᠡᠭᠡᠨ ᠪᠠᠶᠠᠯᠡᠬᠦᠯᠦᠨ᠎ᠡ᠃ ᠲᠡᠭᠡᠪᠡᠯ ︽ᠲᠦᠰᠦᠯ︾ ᠳᠤ ᠬᠠᠮᠢᠶᠠᠷᠤᠯᠳᠠ ᠶᠢᠨ ᠪᠠᠶᠢᠭᠤᠯᠤᠯ ᠪᠠ ᠠᠵᠢᠯᠯᠠᠭᠠᠨ ᠤ ᠰᠢᠨ᠎ᠡ ᠲᠤᠭᠳᠠᠴᠠ᠂ ᠡᠮ ᠡᠮᠨᠡᠯᠭᠡ ᠶᠢ ᠰᠠᠯᠭᠠᠬᠤ ᠪᠠ ᠡᠮᠨᠡᠯᠭᠡ ᠶᠢᠨ ᠲᠠᠭᠠᠳᠬᠠᠯ ᠢ ᠦᠭᠬᠦ ᠵᠡᠷᠭᠡ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠶᠢ ᠲᠤᠷᠠᠳᠤᠨ ᠭᠠᠷᠭᠠᠭᠰᠠᠨ ᠪᠤᠢ︖     ᠵᠠᠩᠬᠢᠯᠠᠭ᠎ᠠ ᠶᠢᠨ ᠦᠬᠡ᠄ ᠡᠮ ᠡᠮᠨᠡᠯᠭᠡ ᠶᠢ ᠰᠠᠯᠭᠠᠬᠤ ᠶᠢ ᠲᠦᠯᠬᠢᠨ ᠠᠬᠢᠭᠤᠯᠬᠤ     ᠭᠤᠤᠯ ᠰᠠᠨᠠᠭᠤᠯᠤᠮᠵᠢ᠄ 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ᠂ ᠡᠮ ᠤᠨ ᠵᠦᠢᠯ ᠤᠨ ᠦᠨ᠎ᠡ ᠨᠡᠮᠡᠬᠦ ︵ᠮᠤᠩᠭᠤᠯ ᠡᠮ ᠢ ᠲᠤᠳᠤᠭᠠᠳᠤ  ᠳᠠᠭᠠᠨ ᠨᠠᠶᠢᠷᠠᠭᠤᠯᠬᠤ᠂ ᠮᠤᠩᠭᠤᠯ ᠬᠢᠳᠡᠳ ᠡᠮ ᠤᠨ ᠴᠢᠨᠠᠯᠭ᠎ᠠ ᠡᠮ ᠠᠴᠠ ᠭᠠᠳᠠᠨ᠎ᠠ︶ ᠶᠢ ᠬᠦᠴᠦᠨ ᠦᠬᠡᠢ ᠪᠤᠯᠭᠠᠨ᠎ᠠ᠃ ᠡᠬᠦᠨ ᠠᠴᠠ ᠭᠠᠳᠠᠨ᠎ᠠ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠭᠡᠷᠡᠭᠯᠡᠵᠤ ᠪᠠᠶᠢᠭ᠎ᠠ ᠪᠦᠬᠦ ᠡᠮ ᠤᠨ ᠵᠦᠢᠯ ᠢ ᠦᠪᠡᠷᠳᠡᠭᠡᠨ ᠵᠠᠰᠠᠬᠤ ᠤᠷᠤᠨ ᠤ ᠡᠮ ᠤᠨ ᠵᠦᠢᠯ ᠢ ᠲᠦᠪᠯᠡᠷᠡᠬᠦᠯᠦᠨ ᠬᠤᠳᠠᠯᠳᠤᠨ ᠠᠪᠬᠤ ᠲᠠᠪᠴᠠᠩ ᠠᠴᠠ ᠬᠤᠳᠠᠯᠳᠤᠨ ᠠᠪᠴᠤ ᠦᠭᠬᠦᠨ᠎ᠡ᠃     ︽ᠲᠦᠰᠦᠯ︾ ᠳᠤ ᠲᠤᠷᠠᠳᠤᠭᠰᠠᠨ ᠨᠢ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠬᠠᠮᠢᠶᠠᠷᠤᠯᠳᠠ ᠶᠢᠨ ᠵᠦᠪᠯᠡᠯ ᠪᠠᠶᠢᠭᠤᠯᠵᠤ᠂ ᠵᠦᠪᠯᠡᠯ ᠳᠤ ᠠᠵᠢᠯᠳᠠᠨ ᠤ ᠶᠠᠪᠤᠳᠠᠯ ᠢ ᠬᠠᠮᠢᠶᠠᠷᠬᠤ ᠡᠷᠭᠡ᠂ ᠲᠡᠳ᠋ ᠲᠤᠰᠢᠶᠡᠯᠳᠠᠨ ᠢ ᠲᠠᠨᠢᠯᠴᠠᠭᠤᠯᠬᠤ ᠡᠷᠭᠡ᠂ ᠲᠤᠮᠳᠠ ᠲᠠᠪᠬᠤᠷᠭ᠎ᠠ ᠶᠢᠨ ᠺᠠᠳ᠋ᠷ ᠢ ᠤᠷᠢᠨ ᠲᠤᠮᠢᠯᠠᠬᠤ ᠡᠷᠭᠡ᠂ ᠲᠤᠳᠤᠭᠠᠳᠤ ᠳᠠᠭᠠᠨ ᠬᠤᠪᠢᠶᠠᠷᠢᠯᠠᠬᠤ ᠡᠷᠭᠡ᠂ ᠤᠨ ᠤ ᠲᠦᠰᠦᠪ ᠢ ᠭᠡᠷᠡᠭᠵᠢᠬᠦᠯᠬᠦ ᠡᠷᠭᠡ ᠵᠡᠷᠭᠡ ᠡᠵᠡᠩᠨᠡᠨ ᠬᠠᠮᠢᠶᠠᠷᠤᠯᠳᠠ ᠶᠢᠨ ᠡᠵᠡᠨ ᠮᠡᠳᠡᠬᠦ ᠡᠷᠭᠡ ᠲᠠᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠵᠢᠯ ᠢ ᠬᠠᠰᠤᠵᠤ᠂ ᠡᠮᠨᠡᠯᠭᠡ ᠶᠢᠨ ᠬᠤᠷᠢᠶᠠᠨ ᠤ ᠵᠡᠷᠭᠡ ᠲᠡᠰ ᠢ ᠠᠯᠬᠤᠮ ᠠᠯᠬᠤᠮ ᠢᠶᠠᠷ ᠬᠦᠴᠦᠨ ᠦᠬᠡᠢ ᠪᠤᠯᠭᠠᠬᠤ ᠶᠢ ᠲᠦᠯᠬᠢᠨ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ  ᠠᠴᠠ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠶᠢ ᠵᠢᠯᠤᠭᠤᠳᠬᠤ ᠰᠠᠨᠠᠯ ᠲᠤᠭᠳᠠᠭᠠᠨ᠂ ᠡᠯ᠎ᠡ ᠭᠠᠵᠠᠷ ᠤᠷᠤᠨ ᠨᠤᠭᠤᠳ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠠᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠠᠷᠭ᠎ᠠ ᠪᠤᠯᠤᠨ ᠬᠦᠢᠴᠡᠳᠭᠡᠬᠦ ᠲᠤᠭ᠎ᠠ ᠶᠢᠨ ᠰᠢᠰᠲ᠋ᠧᠮ ᠢ ᠲᠤᠭᠳᠠᠭᠠᠵᠤ᠂ ᠠᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠠᠵᠢᠯ ᠢ ᠦᠷᠨᠢᠬᠦᠯᠤᠨ᠎ᠡ᠃     ᠲᠤᠰ ︽ᠲᠦᠰᠦᠯ︾ ᠳᠤ ᠲᠤᠭᠳᠠᠭᠠᠭᠰᠠᠨ ᠨᠢ ᠪᠦᠬᠦᠶᠢᠯᠡ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠡᠮ ᠡᠮᠨᠡᠯᠭᠡ ᠶᠢ ᠰᠠᠯᠭᠠᠬᠤ ᠶᠢ ᠠᠬᠢᠭᠤᠯᠵᠤ᠂ ᠤᠯᠠᠨ ᠵᠦᠢᠯ ᠤᠨ ᠪᠦᠳᠦᠮᠵᠢᠳᠠᠢ ᠠᠷᠭ᠎ᠠ ᠬᠡᠮᠵᠢᠶ᠎ᠡ ᠶᠢ ᠰᠦᠪᠡᠭᠴᠢᠯᠡᠨ ᠡᠮ ᠡᠮᠨᠡᠯᠭᠡ ᠶᠢ ᠨᠦᠬᠦᠪᠦᠷᠢᠯᠡᠬᠦ ᠲᠤᠭᠳᠠᠴᠠ  ᠶᠢ ᠦᠭᠡᠷᠡᠴᠢᠯᠡᠨ᠂ 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ ᠡᠮ ᠤᠨ ᠵᠦᠢᠯ ᠤᠨ ᠦᠨ᠎ᠡ ᠨᠡᠮᠡᠬᠦ ︵ᠮᠤᠩᠭᠤᠯ ᠡᠮ ᠢ ᠲᠤᠳᠤᠭᠠᠳᠤ ᠳᠠᠭᠠᠨ ᠨᠠᠶᠢᠷᠠᠭᠤᠯᠬᠤ᠂ ᠮᠤᠩᠭᠤᠯ ᠬᠢᠳᠡᠳ ᠡᠮ ᠤᠨ ᠴᠢᠨᠠᠯᠭ᠎ᠠ ᠡᠮ ᠠᠴᠠ ᠭᠠᠳᠠᠨ᠎ᠠ︶ ᠶᠢ ᠬᠦᠴᠦᠨ ᠦᠬᠡᠢ ᠪᠤᠯᠭᠠᠬᠤ ᠭᠡᠷᠡᠭᠳᠡᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠦᠬᠦᠪᠦᠷᠢ ᠶᠢ ᠦᠢᠯᠡᠴᠢᠯᠡᠭᠡᠨ ᠤ ᠵᠠᠷᠤᠳᠠᠯ ᠬᠤᠷᠢᠶᠠᠬᠤ᠂ ᠡᠮ ᠤᠨ ᠵᠦᠢᠯ ᠤᠨ ᠦᠨ᠎ᠡ ᠶᠢᠨ ᠨᠡᠮᠡᠭᠳᠡᠯ  ᠤᠨ ᠤᠷᠤᠯᠭ᠎ᠠ ᠪᠤᠯᠤᠨ ᠵᠠᠰᠠᠭ ᠤᠨ ᠤᠷᠳᠤᠨ ᠤ ᠨᠦᠬᠦᠪᠦᠷᠢ ᠶᠢᠨ ᠭᠤᠷᠪᠠᠨ ᠠᠷᠭ᠎ᠠ ᠵᠠᠮ ᠢᠶᠠᠷ ᠨᠦᠬᠦᠪᠦᠷᠢᠯᠡᠵᠤ ᠪᠠᠶᠢᠭᠰᠠᠨ ᠨᠢ ᠦᠢᠯᠡᠴᠢᠯᠡᠭᠡᠨ ᠤ ᠵᠠᠷᠤᠳᠠᠯ ᠬᠤᠷᠢᠶᠠᠬᠤ ᠪᠠ ᠵᠠᠰᠠᠭ ᠤᠨ ᠤᠷᠳᠤᠨ ᠠᠴᠠ ᠨᠦᠬᠦᠪᠦᠷᠢᠯᠡᠬᠦ ᠬᠤᠶᠠᠷ ᠵᠦᠢᠯ ᠤᠨ ᠠᠷᠭ᠎ᠠ ᠵᠠᠮ ᠪᠤᠯᠭᠠᠨ ᠦᠬᠡᠷᠡᠴᠢᠯᠡᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ  ᠶᠢ ᠰᠢᠯᠤᠭᠤᠳᠬᠠᠬᠤ᠂ ᠵᠠᠰᠠᠭ ᠤᠨ ᠤᠷᠳᠤᠨ ᠤ ᠤᠷᠤᠭᠤᠯᠤᠯᠳᠠ ᠶᠢ ᠨᠡᠮᠡᠭᠳᠡᠬᠦᠯᠬᠦ ᠪᠠ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠦᠷᠳᠡᠭ ᠢ ᠪᠠᠭᠤᠷᠠᠭᠤᠯᠬᠤ ᠵᠡᠷᠭᠡ ᠤᠯᠠᠨ ᠲᠠᠯ᠎ᠠ ᠪᠠᠷ ᠬᠠᠮᠳᠤ ᠪᠠᠷ ᠡᠭᠦᠷᠭᠡᠯᠡᠨ᠎ᠡ᠃     ᠡᠮ ᠤᠨ ᠵᠦᠢᠯ ᠪᠤᠯᠤᠨ ᠬᠤᠷᠤᠭᠳᠠᠯ ᠮᠠᠲ᠋ᠧᠷᠢᠶᠡᠯ ᠤᠨ ᠬᠠᠩᠭᠠᠯᠭ᠎ᠠ ᠶᠢᠨ ᠪᠠᠳᠤᠯᠠᠭ᠎ᠠ ᠶᠢᠨ ᠲᠦᠷᠢᠮ ᠢ ᠭᠡᠷᠬᠢᠨ ᠲᠡᠬᠦᠯᠳᠡᠷᠵᠢᠬᠦᠯᠬᠦ ᠪᠤᠢ︖ ︽ᠲᠦᠰᠦᠪ︾  ᠲᠤ ᠲᠤᠷᠠᠳᠤᠭᠰᠠᠨ ᠨᠢ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠭᠡᠷᠡᠭᠯᠡᠵᠤ ᠪᠠᠶᠢᠭ᠎ᠠ ᠪᠦᠬᠦ ᠡᠮ ᠤᠨ ᠵᠦᠢᠯ  ᠢ ᠦᠪᠡᠷᠳᠡᠭᠡᠨ ᠵᠠᠰᠠᠬᠤ ᠤᠷᠤᠨ ᠤ ᠡᠮ ᠤᠨ ᠵᠦᠢᠯ ᠢ ᠲᠦᠪᠯᠡᠷᠡᠬᠦᠯᠦᠨ ᠬᠤᠳᠠᠯᠳᠤᠨ ᠠᠪᠬᠤ ᠲᠡᠪᠴᠠᠩ ᠬᠤᠳᠠᠯᠳᠤᠨ ᠠᠪᠬᠤ ᠭᠡᠷᠡᠭᠳᠡᠢ᠃ ᠡᠮ ᠤᠨ ᠵᠦᠢᠯ ᠢ ᠲᠠᠭᠠᠭᠠᠴᠢᠯᠠᠯᠳᠠ ᠤᠯᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠰᠢᠭᠤᠳ ᠬᠦᠷᠬᠡᠬᠦ ᠪᠤᠶᠤ ᠲᠤᠬᠢᠷᠠᠭᠤᠯᠤᠨ ᠬᠦᠷᠭᠡᠬᠦ ᠴᠢᠳᠠᠪᠤᠷᠢ ᠲᠠᠢ ᠡᠮ ᠤᠨ ᠵᠦᠢᠯ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠦᠪᠡᠷᠳᠡᠭᠡᠨ ᠨᠠᠶᠢᠳᠠᠵᠤ ᠵᠢᠭᠠᠨ ᠲᠤᠭᠳᠠᠭᠠᠭᠰᠠᠨ ᠡᠮᠨᠡᠯᠭᠡ ᠶᠢᠨ ᠬᠤᠷᠢᠶᠠᠨ ᠳᠤ ᠬᠦᠷᠬᠡᠬᠦᠯᠵᠤ᠂ ᠵᠠᠪᠰᠠᠷ ᠤᠨ ᠶᠠᠪᠤᠴᠠ ᠶᠢ ᠪᠠᠭᠠᠰᠬᠠᠵᠤ ᠪᠤᠯᠤᠨ᠎ᠠ᠃ ᠡᠮᠨᠡᠯᠭᠡ ᠶᠢᠨ ᠬᠤᠷᠢᠶ᠎ᠠ ᠨᠢ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠡᠮ ᠤᠨ ᠵᠦᠢᠯ ᠤᠨ ᠵᠠᠷᠤᠳᠠᠯ ᠢ ᠳ᠋ᠦᠩᠨᠡᠨ ᠪᠤᠳᠤᠬᠤ᠂ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠤᠯᠤᠨ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠯᠤᠭ᠎ᠠ ᠲᠤᠬᠢᠷᠠᠭᠤᠯᠤᠨ ᠬᠦᠷᠭᠡᠬᠦ ᠵᠠᠷᠤᠳᠠᠯ ᠢ ᠳ᠋ᠦᠩᠨᠡᠨ ᠪᠤᠳᠤᠬᠤ ᠶᠢ ᠵᠤᠷᠢᠭᠵᠢᠭᠤᠯᠤᠨ᠎ᠠ᠃     ᠵᠠᠩᠬᠢᠯᠠᠭ᠎ᠠ ᠶᠢᠨ ᠦᠬᠡ᠄ ᠡᠮᠨᠡᠯᠭᠡ ᠶᠢᠨ ᠲᠠᠭᠠᠳᠬᠠᠯ ᠦᠭᠬᠦ ᠶᠢ ᠨᠠᠶᠢᠳᠡᠮ ᠪᠦᠷᠬᠦᠬᠦᠯᠬᠦ     ᠭᠤᠤᠯ ᠰᠠᠨᠠᠭᠤᠯᠤᠮᠵᠢ᠄ 2016 ᠤᠨ ᠤ ᠰᠡᠬᠦᠯᠴᠢ ᠠᠴᠠ ᠡᠮᠦᠨ᠎ᠡ᠂ ᠡᠮᠨᠡᠯᠭᠡ ᠶᠢᠨ ᠲᠠᠭᠠᠳᠬᠠᠯ ᠦᠭᠬᠦ ᠠᠷᠭ᠎ᠠ ᠶᠢᠨ ᠦᠭᠡᠷᠡᠴᠢᠯᠡᠯᠳᠡ ᠶᠢ ᠬᠤᠰᠢᠭᠤ ᠰᠢᠶᠡᠨ  ᠤ ᠬᠡᠪᠴᠢᠶᠡᠨ ᠤ ᠠᠯᠪᠠᠨ ᠠᠴᠠ ᠪᠠᠶᠢᠭᠤᠯᠤᠭᠰᠠᠨ ᠪᠦᠬᠦ ᠡᠮᠨᠡᠯᠭᠡ ᠶᠢᠨ ᠬᠤᠷᠢᠶ᠎ᠠ ᠳᠤ ᠪᠦᠷᠬᠦᠬᠦᠯᠵᠤ᠂ 40% ᠠᠴᠠ ᠲᠡᠭᠡᠭᠰᠢᠬᠢ ᠡᠮᠨᠡᠯᠭᠡ ᠶᠢᠨ ᠬᠤᠷᠢᠶᠠᠨ ᠤ ᠡᠮᠨᠡᠯᠭᠡ ᠠᠴᠠ ᠭᠠᠷᠬᠤ ᠡᠪᠡᠳᠴᠢᠨ ᠤ ᠵᠢᠱᠢᠶ᠎ᠡ ᠶᠢ ᠬᠠᠮᠤᠷᠡᠭᠤᠯᠬᠤ ᠭᠡᠷᠡᠭᠳᠡᠢ᠃ 2017 ᠤᠨ ᠪᠤᠯᠬᠤ ᠳᠤ᠂ ᠡᠪᠡᠳᠴᠢᠨ ᠤ ᠲᠦᠷᠦᠯ ᠢᠶᠠᠷ ᠵᠠᠷᠤᠳᠠᠯ ᠦᠭᠬᠦ ᠪᠠᠷ ᠭᠤᠤᠯ ᠪᠤᠯᠭᠠᠵᠤ᠂ ᠬᠦᠮᠦᠨ ᠤ ᠲᠤᠭ᠎ᠠ᠂ ᠡᠪᠡᠳᠴᠢᠳᠡᠨ ᠤ ᠤᠷᠤ ᠶᠢᠨ ᠡᠳᠦᠷ ᠢᠶᠠᠷ ᠵᠠᠷᠤᠳᠠᠯ ᠦᠭᠬᠦ ᠵᠡᠷᠭᠡ ᠨᠡᠶᠢᠯᠡᠮᠡᠯ ᠬᠡᠯᠪᠡᠷᠢ ᠶᠢᠨ ᠵᠠᠷᠤᠳᠠᠯ ᠦᠭᠬᠦ ᠬᠡᠯᠪᠡᠷᠢ ᠶᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ ᠠᠴᠠ ᠡᠮᠨᠡᠯᠭᠡ ᠶᠢᠨ ᠲᠠᠭᠠᠳᠬᠠᠯ ᠦᠭᠬᠦ ᠠᠷᠭ᠎ᠠ ᠶᠢᠨ ᠦᠬᠡᠷᠡᠴᠢᠯᠡᠯᠳᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠶᠡᠷᠦᠩᠬᠡᠢ ᠲᠤᠭ᠎ᠠ ᠶᠢ ᠬᠢᠵᠠᠭᠠᠷᠯᠠᠬᠤ ᠪᠠᠶᠢᠳᠠᠯ ᠲᠤᠤᠷ᠎ᠠ ᠡᠪᠡᠳᠴᠢᠨ ᠤ ᠲᠦᠷᠦᠯ᠂ ᠬᠦᠮᠦᠨ ᠤ ᠲᠤᠭ᠎ᠠ᠂ ᠡᠪᠡᠳᠴᠢᠳᠡᠨ  ᠤ ᠤᠷᠤ ᠶᠢᠨ ᠡᠳᠦᠷ ᠢᠶᠠᠷ ᠵᠠᠷᠤᠳᠠᠯ ᠦᠭᠬᠦ ᠠᠷᠭ᠎ᠠ ᠶᠢᠨ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠤᠨ᠎ᠠ᠃ 2016 ᠤᠨ ᠤ ᠵᠢᠯ ᠤᠨ ᠡᠴᠤᠰ ᠠᠴᠠ ᠡᠮᠦᠨ᠎ᠡ᠂ ᠵᠠᠷᠤᠳᠠᠯ ᠦᠭᠬᠦ ᠠᠷᠭ᠎ᠠ ᠶᠢᠨ ᠦᠭᠡᠷᠡᠴᠢᠯᠡᠯᠳᠡ ᠶᠢ ᠬᠤᠰᠢᠭᠤ ᠰᠢᠶᠡᠨ ᠤ ᠬᠡᠪᠴᠢᠶᠡᠨ ᠤ ᠠᠯᠪᠠᠨ ᠠᠴᠠ ᠪᠠᠶᠢᠭᠤᠯᠤᠭᠰᠠᠨ ᠪᠦᠬᠦ ᠡᠮᠨᠡᠯᠭᠡ ᠶᠢᠨ ᠬᠤᠷᠢᠶ᠎ᠠ ᠳᠤ ᠪᠦᠷᠬᠦᠬᠦᠯᠵᠤ᠂ 40% ᠠᠴᠠ ᠲᠡᠭᠡᠭᠰᠢᠬᠢ ᠡᠮᠨᠡᠯᠭᠡ ᠶᠢᠨ ᠬᠤᠷᠢᠶᠠᠨ ᠤ ᠡᠮᠨᠡᠯᠭᠡ ᠠᠴᠠ ᠭᠠᠷᠬᠤ ᠡᠪᠡᠳᠴᠢᠨ ᠤ ᠵᠢᠱᠢᠶ᠎ᠡ ᠶᠢ ᠬᠠᠮᠤᠷᠡᠭᠤᠯᠤᠨ᠎ᠠ᠃ 2017 ᠤᠨ ᠪᠤᠯᠬᠤ ᠳᠤ᠂ ᠡᠪᠡᠳᠴᠢᠨ ᠤ ᠲᠦᠷᠦᠯ ᠢᠶᠠᠷ ᠵᠠᠷᠤᠳᠠᠯ ᠦᠭᠬᠦ ᠪᠠᠷ ᠭᠤᠤᠯ ᠪᠤᠯᠭᠠᠵᠤ᠂ ᠬᠦᠮᠦᠨ ᠤ ᠲᠤᠭ᠎ᠠ᠂ ᠡᠪᠡᠳᠴᠢᠳᠡᠨ ᠤ ᠤᠷᠤ ᠶᠢᠨ ᠡᠳᠦᠷ ᠵᠡᠷᠭᠡ ᠨᠡᠶᠢᠯᠡᠮᠡᠯ ᠬᠡᠯᠪᠡᠷᠢ ᠶᠢᠨ ᠵᠠᠷᠤᠳᠠᠯ ᠦᠭᠬᠦ ᠬᠡᠯᠪᠡᠷᠢ ᠶᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ ᠮᠤᠩᠭᠤᠯ ᠡᠮ ᠡᠮᠨᠡᠯᠭᠡ ᠪᠤᠯᠤᠨ ᠬᠢᠳᠡᠳ ᠡᠮ ᠡᠮᠨᠡᠯᠭᠡ ᠶᠢᠨ ᠲᠤᠬᠢᠷᠠᠮᠵᠢᠳᠠᠢ ᠦᠢᠯᠡᠴᠢᠯᠡᠭᠡ ᠶᠢ ᠬᠠᠩᠭᠠᠨ ᠭᠡᠷᠡᠭᠯᠡᠬᠦ ᠶᠢ ᠤᠷᠮᠠᠰᠢᠭᠤᠯᠵᠤ᠂ ᠮᠤᠩᠭᠤᠯ ᠬᠢᠳᠡᠳ ᠡᠮ ᠡᠮᠨᠡᠯᠭᠡ ᠶᠢᠨ ᠡᠮ ᠤᠨ ᠵᠦᠢᠯ ᠤᠨ ᠪᠤᠰᠤ ᠡᠮᠴᠢᠯᠡᠭᠡᠨ ᠤ ᠮᠡᠷᠬᠡᠵᠢᠯ ᠢ ᠵᠢᠷᠤᠮᠵᠢᠭᠤᠯᠬᠤ ᠰᠠᠭᠤᠷᠢᠨ ᠲᠡᠭᠡᠷ᠎ᠡ᠂ ᠡᠮᠨᠡᠯᠭᠡ ᠶᠢᠨ ᠲᠠᠭᠠᠳᠬᠠᠯ ᠦᠭᠬᠦ ᠡᠮ ᠡᠮᠨᠡᠯᠭᠡ ᠶᠢᠨ ᠪᠠᠶᠢᠭᠤᠯᠤᠮᠵᠢ ᠶᠢᠨ ᠮᠤᠩᠭᠤᠯ ᠬᠢᠳᠡᠳ ᠨᠠᠶᠢᠷᠠᠯᠭ᠎ᠠ ᠡᠮ ᠪᠠ ᠵᠡᠭᠦᠤ ᠲᠦᠭᠡᠨᠡᠯᠭᠡ᠂ ᠡᠮᠴᠢᠯᠡᠭᠡᠨ ᠤ ᠴᠢᠨᠠᠷᠳᠠᠢ ᠢᠯᠢᠵᠤ ᠨᠤᠬᠤᠯᠠᠬᠤ ᠵᠡᠷᠭᠡ ᠮᠤᠩᠭᠤᠯ ᠬᠢᠳᠡᠳ ᠡᠮᠨᠡᠯᠭᠡ ᠶᠢᠨ ᠦᠪᠡᠷᠮᠢᠴᠡ ᠤᠨᠴᠠᠯᠢᠭ ᠲᠠᠢ ᠡᠮᠴᠢᠯᠡᠭᠡᠨ ᠤ ᠮᠡᠷᠭᠡᠵᠢᠯ ᠤᠨ ᠬᠡᠪᠴᠢᠶᠡᠨ ᠳᠤ ᠠᠯᠬᠤᠮ ᠠᠯᠬᠤᠮ ᠢᠶᠠᠷ ᠦᠷᠭᠡᠳᠬᠡᠨ ᠤᠷᠤᠭᠤᠯᠤᠨ᠎ᠠ᠃ ᠡᠨᠡ ᠨᠢ ᠲᠤᠰ ︽ᠲᠦᠰᠦᠯ︾ ᠳᠤ ᠲᠤᠳᠤᠷᠬᠠᠢ ᠲᠤᠷᠠᠳᠤᠭᠰᠠᠨ ᠡᠮᠨᠡᠯᠭᠡ ᠶᠢᠨ ᠲᠠᠭᠠᠳᠬᠠᠯ ᠦᠭᠬᠦ ᠠᠷᠭ᠎ᠠ ᠶᠢᠨ ᠦᠭᠡᠷᠡᠴᠢᠯᠡᠯᠳᠡ ᠶᠢᠨ ᠬᠠᠷᠠᠯᠳᠠ ᠪᠤᠯᠤᠨ ᠴᠢᠭᠯᠡᠯ ᠪᠤᠯᠤᠨ᠎ᠠ᠃     ︽ᠲᠦᠰᠦᠯ︾ ᠳᠤ ᠪᠠᠰᠠ ᠲᠤᠷᠠᠳᠤᠭᠰᠠᠨ ᠨᠢ 2016 ᠤᠨ ᠤ ᠡᠴᠦᠰ ᠪᠤᠯᠬᠤ ᠳᠤ ᠬᠤᠰᠢᠭᠤ ᠰᠢᠶᠠᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠳᠠ ᠭᠡᠷᠡᠭᠵᠢᠬᠦᠯᠦᠨ ᠡᠪᠡᠳᠴᠢᠨ ᠤ ᠲᠦᠷᠦᠯ ᠤᠨ ᠲᠤᠭ᠎ᠠ 50 ᠠᠴᠠ ᠲᠡᠭᠡᠭᠰᠢ ᠳᠤ ᠬᠦᠷᠭᠡᠬᠦ ᠶᠢ ᠪᠡᠶᠡᠯᠡᠬᠦᠯᠬᠦ ᠶᠢᠨ ᠬᠠᠮᠳᠤ ᠡᠪᠡᠳᠴᠢᠨ ᠤ ᠲᠦᠷᠦᠯ ᠢ ᠠᠯᠬᠤᠮ ᠠᠯᠬᠤᠮ ᠢᠶᠠᠷ ᠦᠷᠭᠡᠳᠭᠡᠵᠤ᠂ ᠠᠭᠤᠯᠭ᠎ᠠ ᠶᠢ ᠨᠢ ᠨᠠᠷᠢᠯᠢᠭᠵᠢᠭᠤᠯᠵᠤ᠂ ᠡᠪᠡᠳᠴᠢᠨ ᠤ ᠲᠦᠷᠦᠯ ᠢ ᠪᠦᠯᠦᠭ ᠲᠤ ᠤᠷᠤᠭᠤᠯᠬᠤ ᠨᠤᠷᠮ᠎ᠠ ᠪᠤᠯᠤᠨ ᠪᠡᠶᠡᠯᠡᠬᠦᠯᠬᠦ ᠨᠤᠷᠮ᠎ᠠ ᠶᠢ ᠲᠡᠭᠡᠭᠰᠢᠯᠡᠬᠦᠯᠤᠨ᠎ᠡ᠃ ᠬᠦᠨᠳᠤ ᠤᠨᠴᠠᠭᠠᠢ ᠡᠪᠡᠳᠴᠢᠨ ᠤ ᠪᠠᠳᠤᠯᠠᠭ᠎ᠠ ᠶᠢᠨ ᠲᠤᠭᠳᠠᠴᠠ ᠶᠢᠨ ᠲᠠᠯ᠎ᠠ ᠪᠠᠷ᠂ ︽ᠲᠦᠰᠦᠯ︾ ᠳᠤ ᠬᠤᠭᠤᠴᠠᠭ᠎ᠠ ᠲᠤᠭᠳᠠᠭᠠᠵᠤ᠂ 2015 ᠤᠨ ᠳᠤ ᠬᠤᠰᠢᠭᠤ ᠰᠢᠶᠠᠨ ︵ᠬᠤᠳᠠ︶ ᠪᠦᠬᠦᠨ ᠳᠤ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠭᠦᠨᠳᠤ ᠡᠪᠡᠳᠴᠢᠨ ᠤ ᠲᠠᠭᠠᠳᠬᠠᠯ ᠤᠨ ᠲᠦᠷᠢᠮ ᠪᠤᠯᠤᠨ ᠡᠪᠡᠳᠴᠢᠨ ᠡᠮᠭᠡᠭ ᠢ ᠪᠠᠴᠢᠮ ᠠᠪᠤᠷᠠᠨ ᠲᠤᠰᠠᠯᠠᠬᠤ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠤ᠂ ᠬᠦᠨᠳᠤ ᠤᠨᠴᠠᠭᠠᠢ ᠡᠪᠡᠳᠴᠢᠨ ᠢ ᠡᠮᠴᠢᠯᠡᠭᠡᠨ ᠢᠶᠠᠷ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠤᠨ᠎ᠡ ᠭᠡᠵᠤ ᠲᠤᠳᠤᠷᠬᠠᠶᠢᠯᠠᠵᠠᠢ᠃ ᠵᠠᠩᠬᠢᠯᠠᠭ᠎ᠠ ᠶᠢᠨ ᠦᠬᠡ᠄ ᠡᠮᠨᠡᠯᠬᠡ ᠶᠢᠨ ᠠᠵᠢᠯᠳᠠᠨ ᠤ ᠴᠠᠯᠢᠩ ᠮᠦᠩᠬᠦ ᠶᠢ ᠲᠤᠬᠢᠷᠠᠮᠵᠢᠳᠠᠢ ᠲᠤᠭᠳᠠᠭᠠᠬᠤ ᠭᠤᠤᠯ ᠰᠠᠨᠠᠭᠤᠯᠤᠮᠵᠢ᠄ ᠡᠯ᠎ᠡ ᠭᠠᠵᠠᠷ ᠤᠷᠤᠨ ᠠᠵᠢᠯ ᠤᠨ ᠦᠷ᠎ᠡ ᠪᠦᠳᠦᠮᠵᠢ ᠶᠢᠨ ᠴᠠᠯᠢᠩ ᠤᠨ ᠬᠢᠷᠢ ᠲᠦᠪᠰᠢᠨ ᠢ ᠵᠤᠬᠢᠰᠳᠠᠢ ᠲᠤᠭᠳᠠᠭᠠᠵᠤ᠂ ᠡᠮᠨᠡᠯᠭᠡ ᠶᠢᠨ ᠠᠵᠢᠯᠳᠠᠳ ᠲᠤ ᠤᠷᠤᠯᠭ᠎ᠠ ᠤᠯᠬᠤ ᠬᠦᠢᠴᠡᠳᠭᠡᠯ ᠲᠤᠭ᠎ᠠ ᠲᠤᠭᠳᠠᠭᠠᠵᠤ ᠦᠭᠬᠦ ᠶᠢ ᠴᠠᠭᠠᠵᠠᠯᠠᠵᠤ᠂ ᠡᠮᠨᠡᠯᠭᠡ ᠶᠢᠨ ᠠᠵᠢᠯᠳᠠᠳ ᠤᠨ ᠤᠷᠤᠯᠭ᠎ᠠ ᠶᠢ ᠡᠮᠨᠡᠯᠭᠡ ᠶᠢᠨ ᠬᠤᠷᠢᠶᠠᠨ ᠤ ᠡᠮ ᠤᠨ ᠵᠦᠢᠯ᠂ ᠪᠠᠶᠢᠴᠠᠭᠠᠯᠳᠠ᠂ ᠡᠮᠴᠢᠯᠡᠭᠡ ᠵᠡᠷᠭᠡ ᠶᠢᠨ ᠤᠷᠤᠯᠭ᠎ᠠ ᠲᠠᠢ ᠬᠤᠯᠪᠤᠭᠳᠠᠭᠤᠯᠬᠤ ᠶᠢ ᠴᠠᠭᠠᠵᠠᠯᠠᠨ᠎ᠠ᠃ ︽ᠲᠦᠰᠦᠯ︾ ᠳᠤ ᠲᠤᠳᠤᠷᠬᠠᠶᠢᠯᠠᠭᠰᠠᠨ ᠨᠢ ᠦᠪᠡᠷᠳᠡᠭᠡᠨ ᠵᠠᠰᠠᠬᠤ ᠤᠷᠤᠨ ᠠᠴᠠ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠳᠠᠨ ᠲᠤᠬᠢᠷᠠᠭᠤᠯᠬᠤ ᠪᠠᠷᠢᠮᠵᠢᠶ᠎ᠠ ᠶᠢ ᠲᠤᠭᠳᠠᠭᠠᠵᠤ᠂ ᠠᠵᠢᠯᠳᠠᠨ ᠤ ᠤᠷᠤᠨ ᠲᠤᠭᠠᠨ ᠤ ᠶᠡᠷᠦᠩᠬᠡᠢ ᠬᠡᠮᠵᠢᠶ᠎ᠡ ᠶᠢ ᠲᠤᠬᠢᠷᠠᠮᠵᠢᠳᠠᠢ ᠲᠤᠭᠳᠠᠭᠠᠬᠤ ᠶᠢᠨ ᠬᠠᠮᠳᠤ ᠬᠦᠳᠡᠯᠦᠩᠬᠦᠢ ᠲᠤᠬᠢᠷᠠᠭᠤᠯᠤᠯᠳᠠ ᠶᠢ ᠭᠡᠷᠡᠭᠵᠢᠬᠦᠯᠦᠨ᠎ᠡ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠤᠨ ᠲᠤᠭᠠᠨ ᠤ ᠬᠠᠮᠢᠶᠠᠷᠤᠯᠳᠠ ᠶᠢᠨ ᠠᠷᠭ᠎ᠠ  ᠶᠢᠨ ᠰᠢᠨ᠎ᠡ ᠡᠭᠦᠳᠦᠯᠳᠡ ᠶᠢ ᠰᠦᠪᠡᠭᠴᠢᠯᠡᠵᠤ᠂ ᠤᠷᠤᠨ ᠲᠤᠭ᠎ᠠ ᠶᠢ ᠪᠦᠷᠢᠳᠭᠡᠨ ᠲᠠᠩᠰᠠᠯᠠᠬᠤ ᠲᠦᠷᠢᠮᠳᠤ ᠬᠠᠮᠢᠶᠠᠷᠤᠯᠳᠠ ᠶᠢ ᠠᠯᠬᠤᠮ ᠠᠯᠬᠤᠮ ᠢᠶᠠᠷ ᠭᠡᠷᠡᠭᠵᠢᠬᠦᠯᠤᠨ᠎ᠠ᠃ ᠤᠷᠢᠵᠤ ᠭᠡᠷᠡᠭᠯᠡᠬᠦ ᠲᠦᠷᠢᠮ᠂ ᠠᠵᠢᠯ ᠤᠨ ᠪᠠᠶᠢᠷᠢ ᠶᠢᠨ ᠬᠠᠮᠢᠶᠠᠷᠤᠯᠳᠠ ᠶᠢᠨ ᠲᠦᠷᠢᠮ ᠪᠤᠯᠤᠨ ᠢᠯᠡ ᠪᠠᠷ ᠡᠯᠰᠡᠬᠦ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ ᠭᠡᠷᠡᠭᠴᠡᠭᠡ ᠱᠠᠭᠠᠷᠳᠠᠯᠭ᠎ᠠ ᠪᠠᠷ ᠠᠵᠢᠯ ᠤᠨ ᠪᠠᠶᠢᠷᠢ ᠲᠤᠬᠢᠷᠠᠭᠤᠯᠬᠤ᠂ ᠦᠷᠢᠰᠦᠯᠳᠦᠭᠡᠨ ᠢᠶᠠᠷ ᠲᠠᠮᠵᠢᠨ ᠠᠵᠢᠯ ᠳᠤ ᠭᠠᠷᠬᠤ᠂ ᠠᠵᠢᠯ ᠤᠨ ᠪᠠᠶᠢᠷᠢ  ᠪᠠᠷ ᠤᠷᠢᠨ ᠭᠡᠷᠡᠭᠯᠡᠬᠦ᠂ ᠭᠡᠷ᠎ᠡ ᠪᠠᠷ ᠬᠠᠮᠢᠶᠠᠷᠬᠤ ᠶᠢ ᠪᠠᠷᠢᠮᠳᠠᠯᠠᠵᠤ᠂ ᠬᠢᠷᠢ ᠭᠡᠮ ᠢ ᠬᠤᠪᠢᠷᠠᠭᠤᠯᠤᠨ ᠬᠠᠮᠢᠶᠠᠷᠬᠤ ᠶᠢ ᠠᠵᠢᠯ ᠤᠨ ᠪᠠᠶᠢᠷᠢ ᠶᠢᠨ ᠬᠠᠮᠢᠶᠠᠷᠤᠯᠳᠠ ᠪᠤᠯᠭᠠᠨ᠎ᠠ᠃     ᠲᠤᠰ ︽ᠲᠦᠰᠦᠯ︾ ᠳᠤ ᠲᠤᠭᠳᠠᠭᠠᠭᠰᠠᠨ ᠨᠢ ᠡᠯ᠎ᠡ ᠭᠠᠵᠠᠷ ᠤᠷᠤᠨ ᠨᠤᠭᠤᠳ ᠠᠵᠤ ᠠᠬᠤᠢ ᠶᠢᠨ ᠭᠦᠭᠵᠢᠯᠳᠡ᠂ ᠡᠳ᠋ ᠶᠢᠨ ᠵᠠᠰᠠᠭ ᠤᠨ ᠪᠠᠶᠢᠳᠠᠯ᠂ ᠪᠠᠷᠠᠭᠠᠨ ᠤ ᠦᠨ᠎ᠡ ᠶᠢᠨ ᠬᠡᠷᠡᠭᠯᠡᠭᠡᠨ ᠤ ᠬᠢᠷᠢ ᠲᠦᠪᠰᠢᠨ᠂ ᠬᠤᠳᠠ ᠪᠠᠯᠭᠠᠰᠤᠨ ᠤ ᠪᠠᠶᠢᠭᠤᠯᠭ᠎ᠠ ᠶᠢᠨ ᠠᠵᠢᠯ ᠤᠨ ᠪᠠᠶᠢᠷᠢᠨ ᠳᠠᠬᠢ ᠠᠵᠢᠯᠳᠠᠨ ᠠᠵᠢᠯᠴᠢᠳ ᠤᠨ ᠵᠢᠯ  ᠤᠨ ᠲᠤᠮᠳᠠᠴᠢ ᠴᠠᠯᠢᠩ ᠤᠨ ᠬᠢᠷᠢ ᠬᠡᠮᠵᠢᠶ᠎ᠡ ᠪᠤᠯᠤᠨ ᠠᠵᠢᠯ ᠦᠢᠯᠡᠰ ᠤᠨ ᠨᠢᠬᠡᠴᠡ ᠶᠢᠨ ᠵᠢᠷᠤᠮᠵᠢᠭᠤᠯᠤᠭᠰᠠᠨ ᠤ ᠲᠠᠷᠠᠭᠠᠬᠢ ᠨᠡᠮᠡᠬᠦᠷᠢ ᠨᠦᠬᠦᠪᠦᠷᠢ ᠶᠢᠨ ᠬᠢᠷᠢ ᠬᠡᠮᠵᠢᠶ᠎ᠡ ᠵᠡᠷᠭᠡ ᠡᠯᠧᠮᠧᠨ᠋ᠲ ᠢ ᠶᠡᠷᠦᠩᠬᠡᠶᠢᠯᠡᠨ ᠪᠤᠳᠤᠯᠬᠢᠯᠠᠵᠤ᠂ ᠠᠵᠢᠯ ᠤᠨ ᠦᠷ᠎ᠡ ᠪᠦᠳᠦᠮᠵᠢ ᠶᠢᠨ ᠴᠠᠯᠢᠩ ᠤᠨ ᠬᠢᠷᠢ ᠬᠡᠮᠵᠢᠶ᠎ᠡ ᠶᠢ ᠲᠤᠬᠢᠷᠠᠮᠵᠢᠳᠠᠢ ᠲᠤᠭᠳᠠᠭᠠᠵᠤ᠂ ᠬᠦᠳᠡᠯᠦᠩᠬᠦᠢ ᠲᠤᠬᠢᠷᠠᠭᠤᠯᠬᠤ ᠲᠤᠭᠳᠠᠴᠠ ᠶᠢ ᠪᠠᠶᠢᠭᠤᠯᠬᠤ ᠬᠡᠷᠡᠭᠳᠡᠢ᠃ ᠡᠮᠨᠡᠯᠭᠡ ᠶᠢᠨ ᠠᠵᠢᠯᠳᠠᠨ ᠳᠤ ᠤᠷᠤᠯᠭ᠎ᠠ ᠤᠯᠬᠤ ᠬᠦᠢᠴᠡᠳᠭᠡᠯ ᠲᠤᠭ᠎ᠠ ᠶᠢ ᠲᠤᠭᠳᠠᠭᠠᠵᠤ ᠦᠭᠬᠦ ᠶᠢ ᠴᠠᠭᠠᠵᠠᠯᠠᠵᠤ᠂ ᠡᠮᠨᠡᠯᠭᠡ ᠶᠢᠨ ᠠᠵᠢᠯᠳᠠᠨ ᠤ ᠤᠷᠤᠯᠭ᠎ᠠ ᠶᠢ ᠡᠮᠨᠡᠯᠭᠡ ᠶᠢᠨ ᠬᠤᠷᠢᠶᠠᠨ ᠤ ᠡᠮ ᠤᠨ ᠵᠦᠢᠯ᠂ ᠪᠠᠶᠢᠴᠠᠭᠠᠯᠳᠠ᠂ ᠡᠮᠴᠢᠯᠡᠭᠡ ᠵᠡᠷᠭᠡ ᠶᠢᠨ ᠤᠷᠤᠯᠭ᠎ᠠ ᠲᠠᠢ ᠬᠤᠯᠪᠤᠭᠳᠠᠭᠤᠯᠬᠤ ᠶᠢ ᠴᠠᠭᠠᠵᠠᠯᠠᠬᠤ ᠭᠡᠷᠡᠭᠳᠡᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠲᠤᠳᠤᠭᠠᠳᠤ ᠳᠠᠭᠠᠨ ᠬᠢᠨᠡᠨ ᠰᠢᠯᠭᠠᠬᠤ ᠶᠢ ᠬᠠᠷᠢᠭᠤᠴᠠᠵᠤ᠂ ᠠᠵᠢᠯ ᠤᠨ ᠦᠷ᠎ᠡ ᠪᠦᠳᠦᠮᠵᠢ ᠶᠢ ᠭᠤᠤᠯᠳᠠᠯᠭ᠎ᠠ ᠲᠠᠢ ᠬᠢᠨᠠᠨ ᠰᠢᠯᠭᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠭᠰᠡᠨ᠂ ᠠᠵᠢᠯ ᠤᠨ ᠬᠡᠮᠵᠢᠶ᠎ᠡ᠂ ᠦᠢᠯᠡᠴᠢᠯᠡᠭᠡᠨ ᠤ ᠴᠢᠨᠠᠷ ᠴᠢᠨᠰᠠᠭ᠎ᠠ᠂ ᠠᠵᠢᠯᠯᠠᠭᠠᠨ ᠤ ᠵᠢᠷᠤᠮᠵᠢᠯ᠂ ᠮᠡᠷᠭᠡᠵᠢᠯ ᠴᠢᠳᠠᠪᠤᠷᠢ᠂ ᠦᠪᠡᠷ ᠤᠨ ᠦᠷᠳᠡᠭ ᠤᠨ ᠬᠢᠵᠠᠭᠠᠷᠯᠠᠯ᠂ ᠡᠮᠴᠢᠯᠡᠬᠦ ᠶᠤᠰᠤ ᠮᠤᠷᠠᠯ ᠪᠤᠯᠤᠨ ᠡᠪᠡᠳᠴᠢᠳᠡᠨ ᠤ ᠲᠠᠭᠠᠰᠢᠶᠠᠯ ᠤᠨ ᠬᠡᠮᠵᠢᠶ᠎ᠡ ᠵᠡᠷᠭᠡ ᠪᠠᠶᠢᠳᠠᠯ ᠢ ᠲᠤᠪᠤᠶᠢᠯᠭᠠᠵᠤ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ ᠡᠮᠨᠡᠯᠭᠡ ᠶᠢᠨ ᠠᠵᠢᠯᠳᠠᠨ ᠤ ᠠᠵᠢᠯ ᠤᠨ ᠪᠠᠶᠢᠷᠢ ᠳᠤ ᠤᠷᠢᠨ ᠭᠡᠷᠡᠭᠯᠡᠬᠦ᠂ ᠴᠤᠯᠠ ᠵᠡᠷᠭᠡ ᠶᠢ ᠲᠡᠪᠰᠢᠬᠦᠯᠬᠦ ᠪᠠ ᠬᠤᠪᠢ ᠬᠦᠮᠦᠨ ᠤ ᠴᠠᠯᠢᠩ ᠮᠦᠩᠬᠦ ᠲᠠᠢ ᠬᠤᠯᠪᠤᠭᠳᠠᠭᠤᠯᠬᠤ ᠭᠡᠷᠡᠭᠳᠡᠢ᠃     ᠵᠠᠩᠬᠢᠯᠠᠭ᠎ᠠ ᠶᠢᠨ ᠦᠬᠡ᠄ ᠠᠯᠪᠠᠨ ᠠᠴᠠ ᠪᠠᠶᠢᠭᠤᠯᠤᠭᠰᠠᠨ ᠨᠢᠬᠡ ᠡᠮᠨᠡᠯᠭᠡ ᠶᠢᠨ ᠬᠤᠷᠢᠶ᠎ᠠ ᠶᠢ ᠭᠤᠤᠯᠳᠠᠯᠭ᠎ᠠ ᠲᠠᠢ ᠰᠠᠶᠢᠳᠤᠷ ᠡᠷᠬᠢᠯᠡᠬᠦ     ᠭᠤᠤᠯ ᠰᠠᠨᠠᠭᠤᠯᠤᠮᠵᠢ᠄ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠨᠢ ᠬᠤᠰᠢᠭᠤ ᠰᠢᠶᠡᠨ ᠤ ᠬᠡᠪᠴᠢᠶᠡᠨ ᠳᠠᠬᠢ ᠠᠯᠪᠠᠨ  ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠭ᠎ᠠ ᠶᠢ ᠲᠤᠬᠢᠷᠠᠮᠵᠢᠳᠠᠢ ᠲᠤᠭᠳᠠᠭᠠᠵᠤ᠂ ᠬᠤᠰᠢᠭᠤ ᠰᠢᠶᠡᠨ ︵ᠬᠤᠳᠠ︶ ᠪᠦᠷᠢ ᠠᠯᠪᠠᠨ ᠠᠴᠠ ᠪᠠᠶᠢᠭᠤᠯᠤᠭᠰᠠᠨ ᠨᠢᠬᠡ ᠶᠡᠷᠦᠩᠬᠡᠢ ᠡᠮᠨᠡᠯᠭᠡ ᠶᠢᠨ ᠬᠤᠷᠢᠶ᠎ᠠ ᠪᠤᠯᠤᠨ ᠨᠢᠬᠡ ᠮᠤᠩᠭᠤᠯ ᠬᠢᠳᠡᠳ ᠡᠮᠨᠡᠯᠬᠡ ᠶᠢᠨ ᠬᠤᠷᠢᠶ᠎ᠠ ᠶᠢ ᠭᠤᠤᠯᠳᠠᠯᠭ᠎ᠠ ᠲᠠᠢ ᠰᠠᠶᠢᠳᠤᠷ ᠡᠷᠬᠢᠯᠡᠬᠦ ᠭᠡᠷᠡᠭᠳᠡᠢ᠃     ︽ᠲᠦᠰᠦᠯ︾ ᠳᠤ ᠲᠤᠷᠠᠳᠤᠭᠰᠠᠨ ᠨᠢ᠂ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠲᠤᠰ ᠵᠠᠰᠠᠭ ᠵᠠᠬᠢᠷᠭᠠᠨ ᠤ ᠤᠷᠤᠨ  ᠤ ᠲᠤᠳᠤᠷᠠᠬᠢ ᠬᠦᠮᠦᠨ ᠠᠮᠠ ᠪᠤᠯᠤᠨ ᠤᠷᠤᠨ ᠪᠠᠶᠢᠷᠢ ᠵᠡᠷᠭᠡ ᠤᠨᠴᠠᠯᠢᠭ ᠲᠠᠢ ᠪᠠᠨ ᠤᠶᠠᠯᠳᠤᠭᠤᠯᠵᠤ᠂ ᠬᠤᠰᠢᠭᠤ ᠰᠢᠶᠡᠨ ᠤ ᠬᠡᠪᠴᠢᠶᠡᠨ ᠳᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠭ᠎ᠠ ᠶᠢ ᠲᠤᠬᠢᠷᠠᠮᠵᠢᠳᠠᠢ ᠲᠤᠭᠳᠠᠭᠠᠵᠤ᠂ ᠬᠤᠰᠢᠭᠤ ᠰᠢᠶᠡᠨ ︵ᠬᠤᠳᠠ︶ ᠪᠦᠷᠢ ᠠᠯᠪᠠᠨ ᠠᠴᠠ ᠪᠠᠶᠢᠭᠤᠯᠤᠭᠰᠠᠨ ᠨᠢᠬᠡ ᠶᠡᠷᠦᠩᠬᠡᠢ ᠡᠮᠨᠡᠯᠭᠡ ᠶᠢᠨ ᠬᠤᠷᠢᠶ᠎ᠠ ᠪᠠ ᠨᠢᠬᠡ ᠮᠤᠩᠭᠤᠯ ᠬᠢᠳᠡᠳ ᠡᠮᠨᠡᠯᠭᠡ ᠶᠢᠨ ᠬᠤᠷᠢᠶ᠎ᠠ ᠶᠢ ᠭᠤᠤᠯᠳᠠᠯᠭ᠎ᠠ ᠲᠠᠢ ᠰᠠᠶᠢᠳᠤᠷ ᠡᠷᠬᠢᠯᠡᠬᠦ ᠭᠡᠷᠡᠭᠳᠡᠢ᠃     ᠲᠤᠰ ︽ᠲᠦᠰᠦᠯ︾ ᠳᠤ ᠲᠤᠳᠤᠷᠬᠠᠶᠢᠯᠠᠭᠰᠠᠨ ᠨᠢ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠭᠤᠤᠯᠳᠠᠯᠭ᠎ᠠ ᠲᠠᠢ ᠰᠢᠨᠵᠢᠯᠡᠭᠡᠨ ᠤ ᠪᠠᠶᠢᠭᠤᠯᠤᠯᠳᠠ᠂ ᠮᠤᠩᠭᠤᠯ ᠬᠢᠳᠡᠳ ᠡᠮᠨᠡᠯᠭᠡ ᠶᠢᠨ ᠲᠠᠪᠠᠭᠤᠯᠢᠭ ᠰᠢᠨᠵᠢᠯᠡᠭᠡᠨ ᠤ ᠪᠠᠶᠢᠭᠤᠯᠤᠯᠳᠠ᠂ ᠲᠤᠬᠢᠳᠠᠢ ᠮᠡᠷᠭᠡᠵᠢᠯ ᠤᠨ ᠲᠡᠯᠭᠡᠷᠡᠬᠦᠯᠦᠯᠳᠡ ᠵᠢᠴᠢ ᠬᠤᠳᠠ ᠶᠢᠨ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠲᠠᠢ ᠨᠢᠭᠳᠠ ᠬᠠᠮᠳᠤᠷᠠᠯᠴᠠᠬᠤ ᠵᠡᠷᠭᠡ ᠠᠷᠭ᠎ᠠ ᠪᠠᠷ ᠲᠠᠮᠵᠢᠭᠤᠯᠤᠨ᠂ ᠤᠷᠤᠨ ᠬᠤᠪᠢᠶᠠᠷᠢ ᠶᠢᠨ ᠲᠤᠰᠬᠠᠢ ᠡᠪᠡᠳᠴᠢᠨ ᠤ ᠲᠦᠪ ᠪᠠᠶᠢᠭᠤᠯᠬᠤ ᠶᠢ ᠲᠦᠷᠭᠡᠳᠭᠡᠵᠤ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠠᠷ ᠲᠤᠯᠤᠭᠠᠶᠢᠯᠠᠭᠴᠢ ᠪᠤᠯᠭᠠᠭᠰᠠᠨ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠠᠪᠰᠢᠭᠠᠢ ᠬᠦᠴᠦᠨ ᠪᠤᠯᠭᠠᠭᠰᠠᠨ᠂ ᠰᠤᠷᠠᠭ ᠵᠠᠩᠬᠢᠵᠢᠯᠳᠡ ᠶᠢᠨ ᠰᠦᠯᠵᠢᠶ᠎ᠡ ᠪᠠᠷ ᠠᠴᠢᠶᠠᠯᠠᠭᠴᠢ ᠪᠤᠯᠭᠠᠭᠰᠠᠨ ᠬᠤᠰᠢᠭᠤ ᠰᠢᠶᠡᠨ ᠤ ᠬᠡᠪᠴᠢᠶᠡᠨ ᠤ ᠡᠮᠨᠡᠯᠭᠡ ᠶᠢᠨ ᠡᠮᠨᠡᠯᠭᠡ ᠶᠢᠨ ᠤᠬᠠᠭᠠᠨ ᠤ ᠰᠡᠭᠦᠳᠡᠷ ᠵᠢᠷᠤᠭ ᠢᠶᠠᠷ ᠤᠨᠤᠰᠢᠯᠠᠬᠤ᠂ ᠰᠢᠯᠭᠠᠨ ᠪᠠᠶᠢᠴᠠᠭᠠᠬᠤ᠂ ᠵᠢᠷᠦᠭᠡᠨ ᠤ ᠴᠠᠬᠢᠯᠭᠠᠨ ᠵᠢᠷᠤᠭ᠂ ᠡᠪᠡᠳᠴᠢᠨ ᠤ ᠵᠦᠢ ᠵᠡᠷᠭᠡ ᠬᠠᠮᠳᠤ ᠪᠠᠷ ᠭᠦᠷᠳᠡᠬᠦ ᠲᠦᠪ ᠪᠠᠶᠢᠭᠤᠯᠬᠤ ᠶᠢ ᠤᠷᠮᠠᠰᠢᠭᠤᠯᠵᠤ᠂ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠦᠷᠨᠢᠬᠦᠯᠬᠦ ᠭᠡᠷᠡᠭᠴᠡᠭᠡ ᠱᠠᠭᠠᠷᠳᠠᠯᠭ᠎ᠠ ᠶᠢ ᠨᠢ ᠤᠷᠢᠳᠠᠪᠠᠷ ᠬᠠᠩᠭᠠᠬᠤ ᠭᠡᠷᠡᠭᠳᠡᠢ᠃ ᠡᠮᠨᠡᠯᠭᠡ ᠶᠢᠨ ᠲᠠᠭᠠᠳᠬᠠᠯ ᠤᠨ ᠭᠦᠰᠢᠭᠦᠷᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠲᠠᠭᠠᠳᠬᠠᠯ ᠦᠭᠬᠦ ᠲᠦᠷᠦ ᠶᠢᠨ ᠪᠤᠳᠤᠯᠭ᠎ᠠ ᠶᠢ ᠦᠨᠳᠦᠰᠦᠨ ᠱᠠᠳᠤᠨ ᠵᠦᠭ ᠤᠯᠠᠮ ᠢᠯᠡᠭᠦᠤ ᠬᠡᠯᠪᠡᠶᠢᠯᠭᠡᠵᠤ᠂ ᠦᠨᠳᠦᠰᠦᠨ ᠱᠠᠳᠤᠨ ᠳᠤ ᠠᠩᠬ᠎ᠠ ᠡᠮᠴᠢᠯᠡᠬᠦ᠂ ᠱᠠᠳᠤ ᠬᠤᠪᠢᠶᠠᠨ ᠡᠮᠴᠢᠯᠡᠬᠦ᠂ ᠬᠤᠤᠰ ᠴᠢᠭᠯᠡᠯ ᠢᠶᠠᠷ ᠡᠮᠨᠡᠯᠭᠡ ᠰᠢᠯᠵᠢᠬᠦᠯᠦᠨ ᠡᠮᠴᠢᠯᠡᠬᠦᠯᠬᠦ ᠠᠯᠬᠤᠮ ᠲᠠᠷᠠᠭ᠎ᠠ ᠶᠢ ᠠᠯᠬᠤᠮ ᠠᠯᠬᠤᠮ ᠢᠶᠠᠷ ᠪᠦᠷᠢᠯᠳᠦᠬᠦᠯᠵᠤ᠂ ᠬᠦᠩᠭᠡᠨ ᠡᠪᠡᠳᠴᠢᠨ ᠢ ᠦᠨᠳᠦᠰᠦᠨ ᠱᠠᠳᠤᠨ ᠳᠤ ᠡᠮᠨᠡᠬᠦᠯᠵᠤ᠂ ᠬᠦᠨᠳᠤ ᠡᠪᠡᠳᠴᠢᠨ ᠢ ᠰᠢᠶᠡᠨ ᠤ ᠡᠮᠨᠡᠯᠬᠡ ᠳᠤ ᠵᠠᠰᠠᠭᠤᠯᠬᠤ ᠶᠢ ᠢᠳᠡᠭ ᠢᠳᠡᠭ ᠢᠶᠠᠷ ᠪᠠᠶᠡᠯᠡᠬᠦᠯᠬᠦ ᠭᠡᠷᠡᠭᠳᠡᠢ᠃ 2015 ᠤᠨ ᠤ ᠰᠡᠬᠦᠯᠴᠢ ᠠᠴᠠ ᠡᠮᠦᠨ᠎ᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠬᠤᠳᠠ ᠪᠤᠯᠤᠨ ᠲᠡᠭᠦᠨ ᠤ ᠬᠠᠷᠢᠶ᠎ᠠ ᠪᠦᠬᠦᠢ ᠬᠤᠰᠢᠭᠤ ᠰᠢᠶᠡᠨ ︵ᠬᠤᠳᠠ︶ ᠨᠤᠭᠤᠳ ᠴᠦᠮ ᠱᠠᠳᠤ ᠬᠤᠪᠢᠶᠠᠨ ᠡᠮᠴᠢᠯᠡᠬᠦ ᠲᠤᠷᠰᠢᠯᠳᠠ ᠬᠢᠵᠤ᠂ 2017 ᠤᠨ ᠳᠤ ᠱᠠᠳᠤ ᠬᠤᠪᠢᠶᠠᠨ ᠡᠮᠴᠢᠯᠡᠬᠦ ᠠᠵᠢᠯ ᠢ ᠪᠦᠬᠦ ᠲᠠᠯ᠎ᠠ ᠪᠠᠷ ᠲᠡᠯᠭᠡᠷᠡᠭᠦᠯᠬᠦ ᠭᠡᠷᠡᠭᠳᠡᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ