| | ᠤᠢᠢᠷ᠎ᠠ ᠳᠤ᠂ ᠠᠷᠠᠳ ᠤᠨ ᠲᠡᠭᠡᠳᠦ ᠰᠢᠭᠦᠬᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠬᠠᠮᠲᠤᠷᠠᠨ ︽ᠱᠠᠮᠰᠢᠵᠤ ᠬᠡᠭᠡᠯᠢ ᠲᠦᠯᠬᠢᠵᠦ | ᠬᠠᠭ᠋ᠤᠤᠯᠢ ᠢᠳᠡᠬᠦ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠲᠤᠬᠢᠷᠠᠮᠵᠢᠲᠠᠢ ᠬᠡᠷᠡᠭᠯᠡᠬᠦ ᠬᠠᠤᠯᠢ ᠴᠠᠭᠠᠵᠠ ᠶᠢᠨ ᠬᠠᠮᠢᠶ᠎ᠠ ᠪᠦᠬᠦᠢ ᠠᠰᠠᠭᠤᠳᠠᠯ ᠤᠨ ᠲᠤᠬᠠᠢ | ᠠᠷᠠᠳ ᠤᠨ ᠲᠡᠭᠡᠳᠦ ᠰᠢᠭᠦᠬᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠲᠠᠶᠢᠯᠪᠤᠷᠢ︾ ᠶᠢ ᠨᠡᠶᠢᠲᠡᠯᠡᠵᠦ᠂ ᠱᠠᠮᠰᠢᠭᠰᠠᠨ ᠶᠠᠯ᠎ᠠ᠂ ᠬᠠᠭ᠋ᠤᠤᠯᠢ | ᠢᠳᠡᠭᠰᠡᠨ ᠶᠠᠯ᠎ᠠ ᠳᠤ ᠶᠠᠯ᠎ᠠ ᠲᠤᠭᠲᠠᠭᠠᠵᠤ ᠡᠷᠡᠭᠦᠦ ᠰᠢᠳᠭᠡᠯ ᠤᠨᠤᠭᠳᠠᠭᠤᠯᠬᠤ ᠪᠠᠷᠢᠮᠵᠢᠶ᠎ᠠ ᠵᠢᠴᠢ ᠱᠠᠮᠰᠢᠭᠰᠠᠨ ᠶᠠᠯ᠎ᠠ᠂ ᠬᠠᠭ᠋ᠤᠤᠯᠢ ᠢᠳᠡᠭᠰᠡᠨ ᠶᠠᠯ᠎ᠠ ᠳᠤ ᠠᠯᠠᠬᠤ | ᠡᠷᠡᠭᠦᠦ᠂ ᠠᠯᠠᠬᠤ ᠶᠢ ᠬᠤᠶᠢᠰᠢᠯᠠᠭᠤᠯᠬᠤ ᠵᠢᠴᠢ ᠨᠠᠰᠤᠨ ᠲᠤᠷᠰᠢ ᠬᠤᠷᠢᠬᠤ ᠡᠷᠡᠭᠦᠦ ᠶᠢ ᠲᠤᠬᠢᠷᠠᠮᠵᠢᠲᠠᠢ ᠬᠡᠷᠡᠭᠯᠡᠬᠦ ᠵᠠᠷᠴᠢᠮ ᠵᠡᠷᠭᠡ ᠶᠢ ᠲᠤᠲᠤᠷᠬᠠᠢᠢᠯᠠᠵᠤ᠂ ᠱᠠᠮᠰᠢᠵᠤ | ᠬᠡᠭᠡᠯᠢ ᠲᠦᠯᠬᠢᠵᠦ ᠬᠠᠭ᠋ᠤᠤᠯᠢ ᠢᠳᠡᠬᠦ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠴᠢᠩᠳᠠᠯᠠᠨ ᠰᠢᠳᠭᠡᠨ᠎ᠡ ᠭᠡᠵᠦ ᠴᠢᠬᠤᠯᠠᠴᠢᠯᠠᠵᠠᠢ᠃ | ᠱᠠᠮᠰᠢᠵᠤ ᠬᠠᠭ᠋ᠤᠤᠯᠢ ᠢᠳᠡᠭᠰᠡᠨ ᠶᠠᠯ᠎ᠠ ᠶᠢ 3 ᠲᠦᠮᠡᠨ ᠲᠦᠭᠦᠷᠢᠭ ᠠᠴᠠ ᠡᠬᠢᠯᠡᠨ ᠪᠤᠳᠤᠨ᠎ᠠ | 2015 ᠤᠨ ᠤ 11 ᠰᠠᠷ᠎ᠠ ᠳᠤ ᠬᠡᠷᠡᠭᠵᠢᠭᠦᠯᠦᠭᠰᠡᠨ ︽ᠡᠷᠡᠭᠦᠦ ᠶᠢᠨ ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ ︵ᠶᠢᠰᠦ︶ ᠳᠤ ᠱᠠᠮᠰᠢᠭᠰᠠᠨ | ᠶᠠᠯ᠎ᠠ᠂ ᠬᠠᠭ᠋ᠤᠤᠯᠢ ᠢᠳᠡᠭᠰᠡᠨ ᠶᠠᠯ᠎ᠠ ᠳᠠᠬᠢ ᠶᠠᠯ᠎ᠠ ᠲᠤᠭᠲᠠᠭᠠᠵᠤ ᠡᠷᠡᠭᠦᠦ ᠰᠢᠳᠭᠡᠯ ᠤᠨᠤᠭᠳᠠᠭᠤᠯᠬᠤ ᠲᠤᠭ᠎ᠠ ᠬᠡᠮᠵᠢᠶᠡᠨ ᠤ ᠪᠠᠷᠢᠮᠵᠢᠶ᠎ᠠ ᠶᠢ ᠦᠭᠡᠶᠢᠰᠭᠡᠵᠦ᠂ ︽ | ᠲᠤᠭ᠎ᠠ ᠬᠡᠮᠵᠢᠶ᠎ᠡ ᠨᠢ ᠨᠡᠯᠢᠶᠡᠳ ᠶᠡᠭᠡ︾᠂ ︽ᠲᠤᠭ᠎ᠠ ᠬᠡᠮᠵᠢᠶ᠎ᠡ ᠨᠢ ᠤᠨᠴᠠ ᠶᠡᠭᠡ︾᠂ ︽ᠲᠤᠭ᠎ᠠ ᠬᠡᠮᠵᠢᠶ᠎ᠡ ᠨᠢ ᠮᠤᠨᠳᠠᠭ ᠶᠡᠭᠡ︾ ᠪᠠ ︽ᠤᠢᠢᠯᠠ ᠪᠠᠶᠢᠳᠠᠯ ᠨᠢ | ᠨᠡᠯᠢᠶᠡᠳ ᠬᠦᠨᠳᠦ︾᠂ ︽ᠤᠢᠢᠯᠠ ᠪᠠᠶᠢᠳᠠᠯ ᠨᠢ ᠬᠦᠨᠳᠦ ᠨᠤᠴᠢᠲᠠᠢ︾᠂ ︽ᠤᠢᠢᠯᠠ ᠪᠠᠶᠢᠳᠠᠯ ᠨᠢ ᠲᠦᠢᠯ ᠤᠨ ᠬᠦᠨᠳᠦ ᠨᠤᠴᠢᠲᠠᠢ︾ ᠬᠡᠮᠡᠨ ᠬᠠᠯᠠᠵᠠᠢ᠃ ᠬᠠᠤᠯᠢ | ᠴᠠᠭᠠᠵᠠ ᠶᠢᠨ ᠲᠠᠶᠢᠯᠪᠤᠷᠢ ᠳᠤ ᠱᠠᠮᠰᠢᠵᠤ ᠬᠠᠭ᠋ᠤᠤᠯᠢ ᠢᠳᠡᠭᠰᠡᠨ ᠶᠠᠯ᠎ᠠ ᠳᠤ ᠶᠠᠯ᠎ᠠ ᠲᠤᠭᠲᠠᠭᠠᠵᠤ ᠡᠷᠡᠭᠦᠦ ᠪᠠᠷ ᠰᠢᠳᠭᠡᠬᠦ ᠪᠠᠷᠢᠮᠵᠢᠶ᠎ᠠ ᠳᠤ ᠲᠤᠲᠤᠷᠬᠠᠢ ᠲᠤᠭᠲᠠᠭᠠᠯ | ᠭᠠᠷᠭᠠᠪᠠ᠃ ᠲᠤᠬᠠᠢᠢᠯᠠᠪᠠᠯ᠄ ︽ᠲᠤᠭ᠎ᠠ ᠬᠡᠮᠵᠢᠶ᠎ᠡ ᠨᠢ ᠨᠡᠯᠢᠶᠡᠳ ᠶᠡᠭᠡ︾᠄ 1997 ᠤᠨ ᠳᠤ ᠡᠷᠡᠭᠦᠦ ᠶᠢᠨ ᠬᠠᠤᠯᠢ ᠳᠤ ᠲᠤᠭᠲᠠᠭᠠᠭᠰᠠᠨ 5000 ᠲᠦᠭᠦᠷᠢᠭ ᠢ | ᠬᠤᠪᠢᠷᠠᠭᠤᠯᠤᠭᠠᠳ 3 ᠲᠦᠮᠡᠨ ᠲᠦᠭᠦᠷᠢᠭ ᠪᠤᠯᠭᠠᠪᠠ︔ ︽ᠲᠤᠭ᠎ᠠ ᠬᠡᠮᠵᠢᠶ᠎ᠡ ᠨᠢ ᠤᠨᠴᠠ ᠶᠡᠭᠡ︾᠄ 20 ᠲᠦᠮᠡᠨ ᠲᠦᠭᠦᠷᠢᠭ ᠠᠴᠠ ᠶᠡᠭᠡ᠂ 300 ᠲᠦᠮᠡᠨ | ᠲᠦᠭᠦᠷᠢᠭ ᠠᠴᠠ ᠪᠠᠭ᠎ᠠ︔ ︽ᠲᠤᠭ᠎ᠠ ᠬᠡᠮᠵᠢᠶ᠎ᠡ ᠬᠡᠮᠵᠢᠶ᠎ᠡ ᠨᠢ ᠮᠤᠨᠳᠠᠭ ᠶᠡᠭᠡ︾᠄ 300 ᠲᠦᠮᠡᠨ ᠲᠦᠭᠦᠷᠢᠭ ᠠᠴᠠ ᠶᠡᠭᠡ︔ ᠬᠠᠤᠯᠢ ᠴᠠᠭᠠᠵᠠ ᠶᠢᠨ | ᠲᠠᠶᠢᠯᠪᠤᠷᠢ ᠳᠤ ᠪᠠᠰᠠ ᠲᠤᠭᠲᠠᠭᠠᠭᠰᠠᠨ ᠢᠶᠠᠷ᠂ ᠱᠠᠮᠰᠢᠭᠰᠠᠨ᠂ ᠬᠠᠭ᠋ᠤᠤᠯᠢ ᠢᠳᠡᠭᠰᠡᠨ ᠵᠤᠭᠤᠰ ᠤᠨ ᠲᠤᠭ᠎ᠠ ᠨᠢ ᠲᠦᠮᠡᠨ ᠲᠦᠭᠦᠷᠢᠭ ᠠᠴᠠ ᠲᠡᠭᠡᠭᠰᠢ 3 ᠲᠦᠮᠡᠨ | ᠲᠦᠭᠦᠷᠢᠭ ᠠᠴᠠ ᠪᠠᠭ᠎ᠠ ᠪᠠᠶᠢᠵᠤ᠂ ᠪᠠᠰᠠ ᠤᠢᠢᠯᠠ ᠪᠠᠶᠢᠳᠠᠯ ᠨᠢ ᠤᠨᠴᠠᠭᠠᠢ ᠪᠤᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠪᠡᠯ ᠵᠤᠬᠢᠨ᠎ᠠ︔ ᠲᠤᠭ᠎ᠠ ᠬᠡᠮᠵᠢᠶ᠎ᠡ ᠨᠢ ︽ | ᠲᠤᠭ᠎ᠠ ᠬᠡᠮᠵᠢᠶ᠎ᠡ ᠨᠢ ᠤᠨᠴᠠ ᠶᠡᠭᠡ︾᠂ ︽ᠲᠤᠭ᠎ᠠ ᠬᠡᠮᠵᠢᠶ᠎ᠡ ᠨᠢ ᠮᠤᠨᠳᠠᠭ ᠶᠡᠭᠡ︾ ᠳᠤ ᠬᠦᠷᠦᠭᠰᠡᠨ ᠦᠭᠡᠢ᠂ ᠭᠡᠪᠡᠴᠦ ᠬᠠᠭᠠᠰ ᠬᠡᠮᠵᠢᠭᠳᠡᠯ ᠳᠤ ᠬᠦᠷᠴᠦ᠂ ᠡᠭᠦᠨ ᠤ | ᠵᠡᠷᠭᠡᠪᠡᠷ ᠤᠢᠢᠯᠠ ᠪᠠᠶᠢᠳᠠᠯ ᠨᠢ ᠤᠨᠴᠠᠭᠠᠢ ᠪᠤᠯ ︽ᠤᠢᠢᠯᠠ ᠪᠠᠶᠢᠳᠠᠯ ᠨᠢ ᠬᠦᠨᠳᠦ ᠨᠤᠴᠢᠲᠠᠢ︾ ᠪᠤᠶᠤ ︽ᠤᠢᠢᠯᠠ ᠪᠠᠶᠢᠳᠠᠯ ᠨᠢ ᠲᠦᠢᠯ ᠤᠨ ᠬᠦᠨᠳᠦ ᠨᠤᠴᠢᠲᠠᠢ︾ | ᠪᠠᠷ ᠦᠵᠡᠵᠦ᠂ ᠬᠠᠤᠯᠢ ᠶᠤᠰᠤᠭᠠᠷ ᠬᠦᠨᠳᠦᠷᠡᠭᠦᠯᠦᠨ ᠰᠢᠳᠭᠡᠨ᠎ᠡ ᠭᠡᠵᠡᠢ᠃ | ᠠᠯᠠᠬᠤ ᠡᠷᠡᠭᠦᠦ᠂ ᠠᠯᠠᠬᠤ ᠶᠢ ᠬᠤᠶᠢᠰᠢᠯᠠᠭᠤᠯᠬᠤ ᠡᠷᠡᠭᠦᠦ ᠶᠢᠨ ᠲᠡᠭᠡᠷ᠎ᠡ ᠪᠠᠰᠠ ᠨᠠᠰᠤᠨ ᠲᠤᠷᠰᠢ ᠬᠤᠷᠢᠬᠤ ᠡᠷᠡᠭᠦᠦ ᠶᠢ ᠨᠡᠮᠡᠪᠡ | ᠬᠠᠤᠯᠢ ᠴᠠᠭᠠᠵᠠ ᠶᠢᠨ ᠲᠠᠶᠢᠯᠪᠤᠷᠢ ᠳᠤ ᠲᠤᠲᠤᠷᠬᠠᠢ ᠲᠤᠭᠲᠠᠭᠠᠭᠰᠠᠨ ᠢᠶᠠᠷ᠂ ᠠᠯᠠᠬᠤ ᠡᠷᠡᠭᠦᠦ ᠶᠢ ᠲᠠᠷᠤᠢ ᠭᠦᠢᠴᠡᠳᠭᠡᠬᠦ ᠡᠷᠡᠭᠦᠦ ᠶᠢ ᠲᠤᠭ᠎ᠠ ᠬᠡᠮᠵᠢᠶ᠎ᠡ ᠨᠢ | ᠮᠤᠨᠳᠠᠭ ᠶᠡᠭᠡ᠂ ᠤᠢᠢᠯᠠ ᠪᠠᠶᠢᠳᠠᠯ ᠨᠢ ᠲᠦᠢᠯ ᠤᠨ ᠬᠦᠨᠳᠦ ᠨᠤᠴᠢᠲᠠᠢ᠂ ᠨᠡᠶᠢᠭᠡᠮ ᠳᠤ ᠬᠦᠨᠳᠦ ᠨᠤᠴᠢᠲᠠᠢ ᠬᠦᠨᠦᠭᠡᠯ ᠤᠴᠠᠷᠠᠭᠤᠯᠵᠤ᠂ ᠲᠦᠢᠯ ᠤᠨ ᠬᠦᠨᠳᠦ | ᠨᠤᠴᠢᠲᠠᠢ ᠬᠤᠬᠢᠷᠠᠯ ᠤᠴᠠᠷᠠᠭᠤᠯᠤᠭᠰᠠᠨ ᠱᠠᠮᠰᠢᠵᠤ ᠬᠠᠭ᠋ᠤᠤᠯᠢ ᠢᠳᠡᠭᠰᠡᠨ ᠬᠡᠷᠡᠭ ᠤᠨ ᠰᠡᠵᠢᠭᠲᠡᠨ ᠳᠤ ᠬᠡᠷᠡᠭᠯᠡᠨ᠎ᠡ᠃ ᠠᠯᠠᠬᠤ ᠡᠷᠡᠭᠦᠦ ᠶᠢ ᠲᠠᠷᠤᠢ ᠳᠤᠨᠢ | ᠭᠦᠢᠴᠡᠳᠭᠡᠬᠦ ᠨᠦᠭᠦᠴᠡᠯ ᠳᠤ ᠨᠡᠶᠢᠴᠡᠬᠦ ᠪᠤᠯᠪᠠᠴᠤ ᠬᠠᠤᠯᠢ ᠳᠤ ᠲᠤᠭᠲᠠᠭᠠᠭᠰᠠᠨ ᠬᠦᠩᠭᠡᠷᠡᠭᠦᠯᠦᠨ ᠰᠢᠳᠭᠡᠬᠦ ᠪᠠᠶᠢᠳᠠᠯ ᠳᠤ ᠨᠡᠶᠢᠴᠡᠬᠦ᠂ ᠠᠯᠠᠬᠤ ᠡᠷᠡᠭᠦᠦ ᠶᠢ | ᠲᠠᠷᠤᠢ ᠳᠤᠨᠢ ᠭᠦᠢᠴᠡᠳᠭᠡᠬᠦ ᠴᠢᠬᠤᠯᠠ ᠦᠭᠡᠢ ᠪᠠᠶᠢᠳᠠᠯ ᠳᠤ ᠠᠯᠠᠬᠤ ᠡᠷᠡᠭᠦᠦ ᠶᠢ ᠬᠤᠶᠠᠷ ᠵᠢᠯ ᠬᠤᠶᠢᠰᠢᠯᠠᠭᠤᠯᠤᠨ ᠭᠦᠢᠴᠡᠳᠭᠡᠬᠦ ᠪᠠᠷ ᠰᠢᠭᠦᠨ ᠲᠠᠰᠤᠯᠵᠤ ᠪᠤᠯᠤᠨ᠎ᠠ᠃ | | ︽ᠡᠷᠡᠭᠦᠦ ᠶᠢᠨ ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ ︵ᠶᠢᠰᠦ︶︾ ᠳᠤ ᠰᠢᠨ᠎ᠡ ᠪᠠᠷ ᠨᠡᠮᠡᠭᠰᠡᠨ ᠱᠠᠮᠰᠢᠭᠰᠠᠨ ᠶᠠᠯ᠎ᠠ᠂ ᠬᠠᠭ᠋ᠤᠤᠯᠢ ᠢᠳᠡᠭᠰᠡᠨ | ᠶᠠᠯ᠎ᠠ ᠪᠠᠷ ᠠᠯᠠᠬᠤ ᠶᠢ ᠬᠤᠶᠢᠰᠢᠯᠠᠭᠤᠯᠤᠨ ᠭᠦᠢᠴᠡᠳᠭᠡᠬᠦ ᠪᠠᠷ ᠰᠢᠳᠭᠡᠬᠦ ᠶᠢ ᠬᠠᠰᠤᠭᠠᠳ ᠬᠤᠭᠤᠴᠠᠭ᠎ᠠ ᠦᠭᠡᠢ ᠬᠤᠷᠢᠬᠤ ᠶᠠᠯ᠎ᠠ ᠪᠠᠷ ᠰᠢᠳᠭᠡᠭᠰᠡᠨ ᠤ ᠲᠠᠷᠠᠭ᠎ᠠ ᠨᠠᠰᠤᠨ | ᠲᠤᠷᠰᠢ ᠬᠤᠷᠢᠬᠤ ᠪᠠᠷ ᠲᠤᠭᠲᠠᠭᠠᠭᠰᠠᠨ ᠲᠤᠭᠲᠠᠭᠠᠯ ᠳᠤ᠂ ᠨᠠᠰᠤᠨ ᠲᠤᠷᠰᠢ ᠬᠤᠷᠢᠬᠤ ᠳᠤ ᠬᠡᠷᠡᠭᠯᠡᠬᠦ ᠤᠢᠢᠯᠠ ᠪᠠᠶᠢᠳᠠᠯ ᠢ ᠲᠤᠲᠤᠷᠬᠠᠢ ᠲᠠᠶᠢᠯᠪᠤᠷᠢᠯᠠᠵᠠᠢ᠂ ᠲᠠᠷᠤᠢ | ᠠᠯᠠᠬᠤ ᠡᠷᠡᠭᠦᠦ ᠶᠢ ᠲᠠᠷᠤᠢ ᠳᠤᠨᠢ ᠭᠦᠢᠴᠡᠳᠭᠡᠬᠦ ᠳᠤ ᠡᠷᠡᠭᠦᠦ ᠨᠢ ᠬᠡᠲᠦᠷᠬᠡᠢ ᠬᠦᠨᠳᠦᠳᠡᠬᠦ ᠡᠰᠡᠭᠦᠯ᠎ᠡ ᠡᠩ ᠤᠨ ᠠᠯᠠᠬᠤ ᠶᠠᠯ᠎ᠠ ᠶᠢ ᠬᠤᠶᠢᠰᠢᠯᠠᠭᠤᠯᠬᠤ ᠡᠷᠡᠭᠦᠦ ᠪᠠᠷ | ᠰᠢᠳᠭᠡᠪᠡᠯ ᠲᠡᠩᠳᠡᠭᠦᠦ ᠬᠦᠩᠭᠡᠨ ᠪᠤᠯᠬᠤ ᠬᠦᠨᠳᠦ ᠶᠡᠭᠡ ᠱᠠᠮᠰᠢᠵᠤ ᠬᠠᠭ᠋ᠤᠤᠯᠢ ᠢᠳᠡᠭᠰᠡᠨ ᠶᠠᠯᠠᠲᠠᠨ ᠢ ᠨᠠᠰᠤᠨ ᠲᠤᠷᠰᠢ ᠬᠤᠷᠢᠬᠤ ᠪᠠᠷ ᠰᠢᠳᠭᠡᠵᠦ ᠪᠤᠯᠤᠨ᠎ᠠ᠃ | ᠡᠭᠦᠨ ᠤ ᠵᠡᠷᠭᠡᠪᠡᠷ᠂ ᠨᠠᠰᠤᠨ ᠲᠤᠷᠰᠢ ᠬᠤᠷᠢᠬᠤ ᠪᠠᠷ ᠰᠢᠳᠭᠡᠭᠰᠡᠨ ᠪᠠᠶᠢᠳᠠᠯ ᠢ ᠨᠢᠭᠡᠳᠦᠭᠡᠷ᠂ ᠬᠤᠶᠠᠳᠤᠭᠠᠷ ᠰᠢᠭᠦᠨ ᠲᠠᠰᠤᠯᠤᠯᠲᠠ ᠳᠤ ᠠᠯᠠᠬᠤ ᠶᠢ | ᠬᠤᠶᠢᠰᠢᠯᠠᠭᠤᠯᠬᠤ ᠪᠠᠷ ᠰᠢᠭᠦᠨ ᠲᠠᠰᠤᠯᠬᠤ ᠶᠢᠨ ᠬᠠᠮᠲᠤ ᠨᠠᠰᠤᠨ ᠲᠤᠷᠰᠢ ᠬᠤᠷᠢᠬᠤ ᠪᠠᠷ ᠰᠢᠳᠭᠡᠨ᠎ᠡ᠃ ᠬᠠᠷᠢᠨ ᠠᠯᠠᠬᠤ ᠶᠢ ᠬᠤᠶᠢᠰᠢᠯᠠᠭᠤᠯᠬᠤ ᠡᠷᠡᠭᠦᠦ ᠶᠢ | ᠭᠦᠢᠴᠡᠳᠭᠡᠵᠦ ᠪᠠᠶᠢᠬᠤ ᠬᠤᠭᠤᠴᠠᠭᠠᠨ ᠳᠤ ᠡᠷᠡᠭᠦᠦ ᠶᠢᠨ ᠬᠤᠭᠤᠴᠠᠭ᠎ᠠ ᠲᠠᠭᠤᠰᠤᠭᠰᠠᠨ ᠤ ᠲᠠᠷᠠᠭ᠎ᠠ ᠲᠠᠬᠢᠨ ᠰᠢᠢᠳᠪᠦᠷᠢ ᠭᠠᠷᠭᠠᠵᠤ ᠪᠤᠯᠬᠤ ᠦᠭᠡᠢ᠃ | ᠭᠡᠷ ᠪᠠᠶᠢᠰᠢᠩ ᠢ ᠵᠠᠰᠠᠨ ᠰᠡᠯᠪᠢᠬᠦ VIP ᠦᠢᠯᠡᠴᠢᠯᠡᠭᠡ ᠵᠡᠷᠭᠡ ᠴᠦᠮ ᠬᠠᠭ᠋ᠤᠤᠯᠢ ᠢᠳᠡᠭᠰᠡᠨ ᠳᠤ ᠲᠤᠭᠠᠴᠠᠭᠳᠠᠨ᠎ᠠ | ᠬᠡᠭᠡᠯᠢ ᠲᠦᠯᠬᠢᠵᠦ ᠬᠠᠭ᠋ᠤᠤᠯᠢ ᠢᠳᠡᠬᠦ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠳᠭᠡᠬᠦ ᠶᠢᠨ ᠲᠦᠯᠦᠭᠡ᠂ ᠬᠠᠤᠯᠢ ᠴᠠᠭᠠᠵᠠ ᠶᠢᠨ | ᠲᠠᠶᠢᠯᠪᠤᠷᠢ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠡᠳ᠋ ᠪᠤᠳᠠᠰ ᠤᠨ ᠬᠦᠷᠢᠶ᠎ᠡ ᠬᠡᠪᠴᠢᠶ᠎ᠡ ᠶᠢ ᠦᠷᠭᠡᠵᠢᠭᠦᠯᠦᠭᠡᠳ ᠵᠤᠭᠤᠰ ᠮᠦᠩᠬᠦ᠂ ᠪᠤᠳᠠᠰ ᠠᠴᠠ | ᠭᠠᠳᠠᠨ᠎ᠠ ᠪᠠᠰᠠ᠂ ᠵᠤᠭᠤᠰ ᠮᠦᠩᠬᠦ ᠪᠠᠷ ᠲᠦᠯᠦᠪᠦᠷᠢᠯᠡᠨ ᠪᠤᠳᠤᠭᠰᠠᠨ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ᠂ ᠵᠢᠱᠢᠶᠡᠯᠡᠪᠡᠯ ᠭᠡᠷ ᠪᠠᠶᠢᠰᠢᠩ ᠵᠠᠰᠠᠨ ᠴᠢᠮᠡᠭᠯᠡᠵᠦ | ᠦᠭᠬᠦ᠂ ᠦᠷᠢ ᠦᠭᠴᠡᠭᠡ ᠶᠢ ᠬᠡᠯᠲᠦᠷᠢᠭᠦᠯᠬᠦ᠂ VIP ᠦᠢᠯᠡᠴᠢᠯᠡᠭᠡ᠂ ᠵᠢᠭᠤᠯᠴᠢᠯᠠᠭᠤᠯᠬᠤ ᠵᠡᠷᠭᠡ ᠶᠢ ᠪᠠᠭᠲᠠᠭᠠᠭᠰᠠᠨ ᠪᠠᠶᠢᠨ᠎ᠠ᠃ ᠲᠠᠶᠢᠯᠪᠤᠷᠢ ᠳᠤ ᠪᠠᠰᠠ | ᠤᠯᠤᠰ ᠤᠨ ᠠᠵᠢᠯᠲᠠᠨ ᠤ ᠲᠡᠷᠭᠡᠳᠡᠬᠢ ᠬᠦᠮᠦᠨ ᠤ ᠱᠠᠮᠰᠢᠵᠤ ᠬᠠᠭ᠋ᠤᠤᠯᠢ ᠢᠳᠡᠬᠦ ᠶᠠᠯᠠᠲᠤ ᠠᠵᠢᠯᠯᠠᠭ᠎ᠠ ᠳᠤ ᠲᠤᠲᠤᠷᠬᠠᠢ ᠲᠤᠭᠲᠠᠭᠠᠭᠰᠠᠨ ᠮᠦᠷᠲᠡᠭᠡᠨ ᠱᠠᠮᠰᠢᠵᠤ᠂ | ᠬᠠᠭ᠋ᠤᠤᠯᠢ ᠢᠳᠡᠭᠰᠡᠨ ᠪᠤᠵᠠᠷ ᠤᠯᠵᠠ ᠶᠢ ᠠᠯᠪᠠᠨ ᠶᠠᠪᠤᠳᠠᠯ ᠳᠤ ᠬᠡᠷᠡᠭᠯᠡᠬᠦ ᠪᠤᠶᠤ ᠬᠠᠨᠳᠢᠪᠯᠠᠬᠤ ᠪᠠᠷ ᠲᠤᠭᠲᠠᠭᠠᠵᠤ᠂ ᠶᠠᠯᠠᠲᠤ ᠠᠵᠢᠯᠯᠠᠭ᠎ᠠ ᠶᠢ ᠨᠦᠯᠦᠭᠡᠯᠡᠬᠦ ᠦᠭᠡᠢ | ᠭᠡᠵᠡᠢ᠃ | ᠬᠠᠤᠯᠢ ᠴᠠᠭᠠᠵᠠ ᠶᠢᠨ ᠲᠠᠶᠢᠯᠪᠤᠷᠢ ᠳᠤ ᠪᠠᠰᠠ᠂ ᠢᠯᠵᠡᠷᠡᠨ ᠲᠤᠷᠦ᠋ᠢᠲᠠᠭᠰᠠᠨ ᠶᠠᠯᠠᠲᠤ ᠠᠵᠢᠯᠯᠠᠭ᠎ᠠ ᠳᠤ ᠦᠭᠬᠦ ᠠᠵᠤ ᠠᠬᠤᠢ ᠶᠢᠨ ᠲᠤᠷᠭᠠᠭᠤᠯᠢ ᠶᠢᠨ | ᠡᠷᠴᠢᠮ ᠢ ᠴᠢᠨᠠᠭᠰᠢᠲᠠ ᠴᠢᠩᠭᠠᠷᠠᠭᠤᠯᠵᠤ᠂ ᠱᠠᠮᠰᠢᠵᠤ ᠬᠡᠭᠡᠯᠢ ᠲᠦᠯᠬᠢᠵᠦ ᠬᠠᠭ᠋ᠤᠤᠯᠢ ᠢᠳᠡᠭᠰᠡᠨ ᠶᠠᠯᠠᠲᠠᠨ ᠢ ᠰᠢᠳᠭᠡᠬᠦ ᠠᠵᠤ ᠠᠬᠤᠢ ᠶᠢᠨ ᠲᠤᠷᠭᠠᠭᠤᠯᠢ ᠶᠢᠨ | ᠪᠠᠷᠢᠮᠵᠢᠶ᠎ᠠ ᠶᠢ ᠪᠤᠰᠤᠳ ᠶᠠᠯᠠᠲᠤ ᠠᠵᠢᠯᠯᠠᠭ᠎ᠠ ᠠᠴᠠ ᠢᠯᠡᠭᠦᠦ ᠬᠦᠨᠳᠦ ᠪᠠᠷ ᠲᠤᠭᠲᠠᠭᠠᠵᠤ᠂ ᠪᠠᠰᠠ ᠪᠤᠵᠠᠷ ᠤᠯᠵᠠ ᠶᠢ ᠨᠡᠬᠡᠮᠵᠢᠯᠡᠬᠦ ᠡᠷᠴᠢᠮ ᠢ ᠴᠢᠩᠭᠠᠷᠠᠭᠤᠯᠵᠠᠢ᠃ | ᠱᠠᠮᠰᠢᠵᠤ ᠬᠡᠭᠡᠯᠢ ᠲᠦᠯᠬᠢᠵᠦ ᠬᠠᠭ᠋ᠤᠤᠯᠢ ᠢᠳᠡᠭᠰᠡᠨ ᠶᠠᠯᠠᠲᠠᠨ ᠤ ᠬᠠᠤᠯᠢ ᠪᠤᠰᠤ ᠪᠠᠷ ᠤᠯᠤᠭᠰᠠᠨ ᠪᠤᠵᠠᠷ ᠤᠯᠵᠠ ᠶᠢ ᠦᠨᠢᠳᠡ ᠨᠡᠬᠡᠮᠵᠢᠯᠡᠵᠦ᠂ ᠴᠠᠭ ᠤᠨ ᠬᠢᠵᠠᠭᠠᠷ | ᠲᠤᠭᠲᠠᠭᠠᠬᠤ ᠦᠬᠡᠢ᠂ ᠦᠭᠡᠶᠢᠰᠭᠡᠬᠦ ᠦᠭᠡᠢ ᠭᠡᠵᠡᠢ᠃ | ᠲᠤᠰ ᠬᠠᠤᠯᠢ ᠴᠠᠭᠠᠵᠠ ᠶᠢᠨ ᠲᠠᠶᠢᠯᠪᠤᠷᠢ ᠶᠢ 2016 ᠤᠨ ᠤ 4 ᠰᠠᠷ᠎ᠠ ᠶᠢᠨ 18 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | |