2016 ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2016/6/6

— 2016 ᠣᠨ ᠤ 3 ᠰᠠᠷ᠎ᠠ ᠶᠢᠨ 16᠎ ᠤ ᠡᠳᠦᠷ ᠤᠯᠠᠭᠠᠨᠬᠠᠳᠠ ᠬᠤᠲᠠ ᠶᠢᠨ ᠵᠢᠷᠭᠤᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ

ᠣᠷᠣᠯᠠᠭᠴᠢ ᠬᠤᠲᠠ ᠶᠢᠨ ᠳᠠᠷᠤᠭ᠎ᠠ   ᠮᠧᠩ ᠰᠢᠶᠠᠨ ᠳ᠋ᠥᠩ

ᠲᠥᠯᠥᠭᠡᠯᠡᠭᠴᠢᠳ ᠡ᠄

     ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ︽ᠤᠯᠠᠭᠠᠨᠬᠠᠲᠠ ᠬᠤᠲᠠ ᠶᠢᠨ

ᠤᠯᠤᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠯᠡᠭᠡ ᠶᠢᠨ ᠬᠦᠲᠦᠯᠪᠦᠷᠢ ︵ᠲᠥᠰᠥᠯ︶

︾᠎ ᠶᠢ ᠬᠠᠮᠲᠦ ᠳᠤᠨᠢ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠣᠨ ᠰᠤᠯᠠ ᠣᠷᠣᠯᠴᠠᠭᠰᠠᠨ ᠨᠥᠬᠦᠳ

ᠰᠠᠨᠠᠯ ᠢᠶᠠᠨ ᠳᠤᠷᠠᠳᠬᠤ ᠪᠣᠯᠪᠠᠤ᠃

     ᠨᠢᠭᠡ᠂ 2015 ᠣᠨ ᠤ ᠭᠤᠣᠯ ᠠᠵᠢᠯ

     2015 ᠣᠨ ᠪᠣᠯ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠯᠡᠭᠡ︾᠎ ᠶᠢᠨ ᠰᠡᠭᠦᠯ ᠬᠤᠷᠢᠶᠠᠬᠤ ᠵᠢᠯ ᠮᠦᠨ᠃ ᠬᠤᠲᠠ ᠶᠢᠨ ᠨᠠᠮ ᠤᠨ

ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠥᠮᠡᠨ ᠢ

ᠳᠠᠶᠢᠴᠢᠯᠠᠵᠦ᠂ ᠠᠵᠦ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠬᠥᠳᠡᠯᠦᠩᠭᠦᠢ ᠵᠣᠬᠢᠴᠠᠨ ᠳᠠᠭᠠᠭᠤᠯᠵᠦ᠂ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ

ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠠᠵᠦ ᠠᠬᠤᠢ ᠦᠷᠭᠦᠯᠵᠢᠯᠡᠨ ᠪᠠᠭᠤᠷᠠᠬᠤ ᠬᠠᠲᠠᠭᠤ ᠴᠢᠩᠭ᠎ᠠ ᠪᠠᠶᠢᠳᠠᠯ ᠢ ᠢᠳᠡᠪᠬᠢᠲᠠᠢ

ᠠᠷᠭᠠᠴᠠᠭᠠᠵᠤ᠂ ᠭᠤᠣᠯᠳᠠᠯᠭ᠎ᠠ ᠲᠠᠢ ᠠᠵᠢᠯ ᠴᠢᠬᠤᠯᠠ ᠶᠡᠭᠡ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠨ ᠬᠢᠵᠦ᠂ ᠠᠵᠦ ᠠᠬᠤᠢ ᠨᠡᠶᠢᠭᠡᠮ ᠤᠨ

ᠬᠥᠭᠵᠢᠯᠲᠡ ᠨᠢ ᠲᠣᠭᠲᠠᠭᠤᠨ ᠮᠥᠷᠲᠡᠭᠡᠨ ᠠᠬᠢᠯᠲᠠ ᠲᠠᠢ ᠪᠠᠶᠢᠬᠤ ᠶᠢ ᠪᠡᠶᠡᠯᠡᠭᠦᠯᠵᠦ᠂ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠥᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠭᠤᠣᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠠᠢ

᠂ ᠪᠦᠬᠦ ᠬᠤᠲᠠ ᠪᠠᠷ ᠢᠶᠠᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 1861.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 8.1%

ᠨᠡᠮᠡᠭᠳᠡᠵᠦ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 104.6 ᠳ᠋ᠦᠩᠰᠢᠭᠤᠷ ᠲᠥᠭᠦᠷᠢᠭ᠂ 6.7% ᠨᠡᠮᠡᠭᠳᠡᠵᠦ︔ ᠲᠣᠭᠲᠠᠮᠠᠯ

ᠬᠥᠷᠦᠩᠭᠡ ᠶᠢᠨ ᠪᠡᠯᠡ ᠣᠷᠤᠭᠤᠯᠤᠯᠲᠠ 1272.1 ᠳ᠋ᠦᠩᠰᠢᠭᠤᠷ ᠲᠥᠭᠦᠷᠢᠭ᠂ 15.5% ᠨᠡᠮᠡᠭᠳᠡᠵᠡᠢ︔ ᠨᠡᠶᠢᠭᠡᠮ ᠤᠨ ᠬᠡᠷᠡᠭᠯᠡᠭᠡᠨ ᠤ ᠰᠤᠯᠠ ᠬᠤᠳᠠᠯᠳᠤᠭᠰᠠᠨ

ᠶᠡᠷᠦᠩᠬᠡᠢ ᠨᠤᠷᠮ᠎ᠠ 637.1 ᠳ᠋ᠦᠩᠰᠢᠭᠤᠷ ᠲᠥᠭᠦᠷᠢᠭ᠂ 8.3% ᠨᠡᠮᠡᠭᠳᠡᠵᠦ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠠᠷᠤᠴᠠᠭᠤᠯᠵᠦ ᠪᠣᠯᠬᠤ

ᠣᠷᠤᠯᠭ᠎ᠠ 25195 ᠲᠥᠭᠦᠷᠢᠭ ᠪᠣᠯᠣᠨ 8812 ᠲᠥᠭᠦᠷᠢᠭ᠂ ᠲᠡᠭᠰᠢᠳᠬᠡᠭᠡᠳ 8.6% ᠨᠡᠮᠡᠭᠳᠡᠵᠡᠢ᠃ ᠨᠢᠭᠡ ᠵᠢᠯ ᠤᠨ ᠲᠤᠷᠰᠢ᠂ ᠪᠢᠳᠡ ᠭᠤᠣᠯᠳᠠᠭᠤ

ᠳᠣᠣᠷᠠᠬᠢ ᠠᠵᠢᠯ ᠤᠳ ᠢ ᠬᠢᠵᠡᠢ᠄

     ︵ᠨᠢᠭᠡ︶ ᠶᠡᠷᠦᠩᠬᠡᠶᠢᠯᠡᠭᠰᠡᠨ ᠠᠷᠭ᠎ᠠ ᠪᠣᠳᠤᠯᠭ᠎ᠠ ᠪᠠᠷ ᠠᠵᠦ ᠠᠬᠤᠢ ᠶᠢᠨ ᠨᠡᠮᠡᠭᠳᠡᠯ ᠢ ᠲᠣᠭᠲᠠᠪᠦᠷᠢᠵᠢᠭᠤᠯᠪᠠ᠃ ᠪᠡᠯᠡ ᠣᠷᠤᠭᠤᠯᠤᠯᠲᠠ ᠶᠢᠨ ᠵᠠᠩᠬᠢᠯᠠᠭ᠎ᠠ ᠶᠢᠨ

ᠦᠢᠯᠡᠳᠦᠯ ᠢ ᠪᠠᠳᠠᠷᠠᠭᠤᠯᠵᠦ᠂ 5000 ᠲᠥᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭᠠᠲᠠᠢ ᠲᠥᠷᠦᠯ ᠵᠦᠢᠯ 638 ᠨᠠᠶᠢᠳᠠᠪᠦᠷᠢᠵᠢᠭᠤᠯᠵᠤ᠂ 832

ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ 220 ᠲᠥᠷᠦᠯ ᠵᠦᠢᠯ ᠨᠢ ᠠᠵᠢᠯ ᠳᠠᠭᠤᠰᠴᠦ᠂ ᠤᠯᠠᠭᠠᠨᠬᠠᠲᠠ ᠠᠴᠠ ᠪᠡᠭᠡᠵᠢᠩ ᠮᠥᠭᠳᠡᠨ

ᠱᠣᠭᠤᠮ ᠬᠦᠷᠬᠦ ᠬᠤᠷᠳᠤᠨ ᠤ ᠲᠡᠮᠦᠷ ᠵᠠᠮ ᠤᠨ ᠬᠠᠷᠠᠴᠢᠨ ᠵᠡᠭᠦᠨ ᠰᠢᠶᠠᠨ ᠤ ᠥᠷᠳᠡᠭᠡ ᠶᠢᠨ ᠲᠦᠷᠦᠯ ᠵᠦᠢᠯ ᠢ ᠡᠬᠢᠯᠡᠨ ᠪᠠᠶᠢᠭᠤᠯᠵᠦ᠂ ᠳᠤᠮᠳᠠᠳᠤ ᠶᠢᠨ

ᠴᠠᠬᠢᠯᠭᠠᠨ ᠤ ᠪᠡᠯᠡ ᠣᠷᠤᠭᠤᠯᠤᠯᠲᠠ ᠶᠢᠨ 2 × 30 ᠲᠥᠮᠡᠨ ᠺᠢᠯᠤᠸ᠋ᠲ ᠤᠨ ᠢᠯᠴᠢ ᠴᠠᠬᠢᠯᠭᠠᠨ ᠬᠤᠯᠪᠤᠭᠠᠯᠠᠭᠰᠠᠨ ᠦᠢᠯᠡᠰ᠂ ᠳᠤᠮᠳᠠᠳᠤ ᠶᠢᠨ ᠠᠮᠤ ᠪᠤᠳᠠᠭᠠᠨ ᠤ

150 ᠲᠥᠮᠡᠨ ᠭᠠᠭ᠋ᠠᠢ ᠳᠠᠵᠢᠬᠡᠬᠦ ᠠᠵᠦ ᠦᠢᠯᠡᠰ ᠤᠨ ᠪᠦᠷᠢᠨ ᠬᠡᠯᠬᠢᠶᠡᠵᠢᠯ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ

ᠬᠤᠲᠠ᠂ ᠪᠢᠷᠠᠭᠤ ᠠᠴᠠ ᠰᠢᠯᠢ ᠶᠢᠨ ᠬᠤᠲᠠ ᠬᠦᠷᠬᠦ ᠲᠥᠷᠭᠡᠨ ᠤ ᠵᠠᠰᠠᠮᠠᠯ ᠵᠠᠮ᠂ ᠵᠢᠲ᠋ᠦ᠋ᠩ ᠲᠡᠮᠦᠷ ᠵᠠᠮ ᠤᠨ ᠬᠤᠶᠠᠳᠤᠭᠠᠷ ᠱᠤᠭᠤᠮ ᠨᠡᠮᠡᠬᠦ ᠵᠡᠷᠭᠡ ᠴᠢᠬᠤᠯᠠ ᠶᠡᠭᠡ

ᠲᠥᠷᠦᠯ ᠵᠦᠢᠯ ᠢ ᠲᠥᠷᠭᠡᠨ ᠠᠬᠢᠭᠤᠯᠵᠠᠢ᠃ ᠠᠵᠦ ᠠᠬᠤᠶᠢᠯᠠᠯ ᠤᠨ ᠦᠢᠯᠡᠳᠪᠦᠷᠢᠯᠡᠯ ᠢ ᠬᠦᠴᠦᠯᠡᠨ ᠲᠣᠭᠲᠠᠪᠦᠷᠢᠵᠢᠭᠤᠯᠵᠤ᠂ ᠪᠣᠳᠠᠳᠣ ᠠᠵᠦ ᠠᠬᠤᠢ ᠶᠢᠨ

ᠬᠥᠭᠵᠢᠯᠲᠡ ᠶᠢ ᠳᠡᠮᠵᠢᠬᠦ ᠰᠢᠷᠢᠰ ᠲᠥᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠵᠢᠯ ᠳᠤ ᠠᠵᠦ ᠠᠬᠤᠶᠢᠯᠠᠯ ᠤᠨ

ᠴᠠᠬᠢᠯᠭᠠᠨ ᠤ ᠰᠦᠢᠳᠬᠡᠯ ᠤᠨ ᠤᠭ ᠥᠷᠲᠡᠭ ᠢ 1.9 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠠᠵᠦ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ

ᠬᠤᠳᠠᠯᠳᠤᠭᠠᠨ ᠤ ᠡᠷᠦᠬᠡ ᠶᠢᠨ ᠭᠠᠶᠢᠯᠢ 17.1 ᠳ᠋ᠦᠩᠰᠢᠭᠤᠷ ᠲᠥᠭᠦᠷᠢᠭ ᠬᠠᠰᠤᠨ ᠬᠡᠯᠲᠦᠷᠢᠭᠦᠯᠵᠦ᠂ ︽ᠨᠢᠭᠡ ᠠᠵᠦ ᠠᠬᠤᠶᠢᠯᠠᠯ ᠨᠢᠭᠡ ᠲᠥᠷᠦ ᠶᠢᠨ ᠪᠣᠳᠤᠯᠭ᠎ᠠ︾

᠎ ᠪᠠᠷ 89 ᠠᠵᠢᠯ ᠵᠣᠭᠰᠤᠭᠰᠠᠨ ᠠᠵᠦ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠦ

ᠦᠢᠯᠡᠳᠪᠦᠷᠢ ᠶᠢᠨ ᠠᠵᠦ ᠠᠬᠤᠶᠢᠯᠠᠯ 30 ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠦ ᠠᠵᠦ ᠦᠢᠯᠡᠳᠪᠦᠷᠢ ᠶᠢᠨ ᠨᠡᠮᠡᠭᠳᠡᠯ ᠥᠷᠲᠡᠭ 9.1 % ᠨᠡᠮᠡᠭᠳᠡᠵᠡᠢ᠃

ᠭᠡᠷ᠎ᠡ ᠶᠢᠨ ᠭᠠᠶᠢᠯᠢ ᠨᠦᠬᠦᠪᠦᠷᠢᠯᠡᠬᠦ᠂ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠬᠤ᠂ ᠨᠡᠶᠢᠲᠡ ᠶᠢᠨ ᠬᠤᠷᠠᠮᠳᠤᠯ ᠮᠥᠩᠭᠦ ᠶᠢᠨ ᠵᠢᠭᠡᠯᠡᠯᠭᠡ ᠶᠢᠨ ᠳᠡᠭᠡᠷ᠎ᠡ

ᠬᠢᠵᠠᠭᠠᠷ ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠥᠬᠦ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠤᠯᠲᠠ 15.9 %

ᠨᠡᠮᠡᠭᠳᠡᠵᠡᠢ᠃ ᠲᠠᠷᠢᠶᠠᠯᠠᠩ ᠮᠠᠯ ᠠᠵᠦ ᠠᠬᠤᠢ ᠶᠢᠨ ᠤᠨᠠᠯᠲᠠ ᠲᠣᠭᠲᠠᠭᠤᠨ ᠦᠷ᠎ᠡ ᠠᠰᠢᠭ ᠨᠢ ᠳᠡᠭᠡᠭᠰᠢᠯᠡᠬᠦ ᠶᠢ ᠠᠬᠢᠭᠤᠯᠵᠤ᠂ ᠦᠨᠳᠦᠷ ᠦᠷ᠎ᠡ ᠠᠰᠢᠭᠲᠠᠢ ᠤᠰᠤ

ᠠᠷᠪᠢᠯᠠᠬᠤ ᠲᠠᠷᠢᠬᠤ ᠲᠠᠯᠠᠪᠠᠢ 220 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠨᠢ 103.2 ᠳ᠋ᠦᠩᠰᠢᠭᠤᠷ ᠵᠢᠩ ᠬᠦᠷᠴᠦ᠂ 6

ᠳ᠋ᠤᠭᠠᠷ ᠰᠠᠷ᠎ᠠ ᠶᠢᠨ ᠡᠴᠦᠰ ᠲᠤ ᠮᠠᠯ ᠤᠨ ᠵᠤᠭᠰᠤᠭ᠎ᠠ ᠲᠤᠭ᠎ᠠ 2285 ᠲᠥᠮᠡᠨ ᠲᠣᠯᠤᠭᠠᠢ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ

ᠪᠦᠲᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠦ ᠠᠬᠤᠶᠢᠯᠠᠯ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ 383 ᠳ᠋ᠦᠩᠰᠢᠭᠤᠷ ᠲᠥᠭᠦᠷᠢᠭ ᠲᠤ

ᠬᠦᠷᠴᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠤᠨ ᠳᠠᠭᠠᠭᠤᠯᠵᠤ ᠢᠲᠡᠬᠡᠮᠵᠢᠲᠦ ᠵᠢᠭᠡᠯᠡᠯᠭᠡ ᠶᠢᠨ ᠬᠡᠮᠵᠢᠶ᠎ᠡ ᠶᠢ ᠨᠡᠮᠡᠭᠳᠡᠭᠦᠯᠵᠦ᠂ ᠠᠵᠦ

ᠠᠬᠤᠶᠢᠯᠠᠯ ᠤᠨ ᠣᠯᠠᠨ ᠳᠠᠪᠬᠤᠷᠭ᠎ᠠ ᠪᠠᠷ ᠪᠡᠯᠡ ᠮᠥᠩᠭᠦᠨ ᠤ ᠵᠠᠬ᠎ᠠ ᠳᠡᠯᠭᠡᠭᠦᠷ ᠲᠤ ᠪᠡᠯᠡ ᠬᠤᠷᠠᠮᠳᠤᠭᠤᠯᠬᠤ ᠶᠢ ᠠᠬᠢᠭᠤᠯᠵᠤ᠂ ᠪᠥᠬᠦ ᠬᠤᠲᠠ ᠳᠤ ᠰᠢᠭᠤᠳ ᠪᠡᠯᠡ

ᠬᠤᠷᠠᠮᠳᠤᠭᠤᠯᠬᠤ ᠠᠵᠦ ᠠᠬᠤᠶᠢᠯᠠᠯ 29 ᠪᠣᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ 1163 ᠳ᠋ᠦᠩᠰᠢᠭᠤᠷ ᠲᠥᠭᠦᠷᠢᠭ᠂

11% ᠨᠡᠮᠡᠭᠳᠡᠵᠡᠢ᠃

     ︵ᠬᠤᠶᠠᠷ︶ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠵᠦ ᠳᠡᠰ ᠳᠡᠪᠰᠢᠭᠦᠯᠬᠦ ᠶᠢ ᠣᠯᠠᠨ ᠠᠷᠭ᠎ᠠ ᠪᠠᠷ ᠠᠬᠢᠭᠤᠯᠪᠠ᠃ ᠬᠤᠴᠤᠷᠤᠩᠭᠤᠢ

ᠦᠢᠯᠡᠳᠪᠦᠷᠢᠯᠡᠯ ᠤᠨ ᠴᠢᠳᠠᠪᠬᠢ ᠶᠢ ᠰᠢᠯᠢᠳᠡᠭᠵᠢᠭᠦᠯᠵᠦ᠂ 124 ᠵᠢᠵᠢᠭ ᠠᠭᠤᠷᠬᠠᠢ ᠪᠣᠯᠣᠨ ᠲᠡᠮᠦᠷᠯᠢᠭ ᠬᠠᠶᠢᠯᠤᠭᠤᠯᠬᠤ ᠵᠢᠵᠢᠭ ᠠᠵᠦ ᠠᠬᠤᠶᠢᠯᠠᠯ ᠢ ᠬᠠᠭᠠᠵᠠᠢ᠃

ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠮᠡᠷᠭᠡᠵᠢᠯ ᠤᠨ ᠡᠭᠦᠳᠦᠯᠲᠡ ᠶᠢ ᠵᠣᠷᠢᠬᠵᠢᠭᠤᠯᠤᠨ᠂ ᠮᠡᠷᠭᠡᠵᠢᠯ ᠤᠨ ᠥᠭᠡᠷᠡᠴᠢᠯᠡᠯᠲᠡ ᠬᠢᠵᠦ ᠴᠢᠳᠠᠪᠦᠷᠢ ᠪᠠᠨ

ᠥᠷᠭᠡᠳᠬᠡᠬᠦ ᠲᠥᠷᠦᠯ ᠵᠦᠢᠯ 35᠂ ᠡᠬᠢ ᠰᠣᠷᠪᠤᠯᠵᠢ ᠶᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ 9᠎ ᠶᠢ ᠨᠠᠶᠢᠳᠠᠪᠦᠷᠢᠵᠢᠭᠤᠯᠵᠤ᠂ ᠬᠦᠬᠦᠷ ᠦᠭᠡᠶᠢᠳᠡᠭᠦᠯᠬᠦ

ᠱᠠᠦ ᠦᠭᠡᠶᠢᠳᠡᠭᠦᠯᠬᠦ ᠲᠣᠭᠤᠰᠣ ᠨᠠᠮᠳᠠᠭᠠᠬᠤ ᠰᠢᠨᠡᠴᠢᠯᠡᠯᠡᠲᠡ ᠶᠢᠨ ᠲᠥᠷᠦᠯ ᠵᠦᠢᠯ 193᠎ ᠶᠢ ᠪᠡᠶᠡᠯᠡᠭᠦᠯᠵᠡᠢ᠃ ᠰᠢᠨ᠎ᠡ ᠬᠡᠯᠪᠡᠷᠢ ᠶᠢᠨ ᠬᠢᠮᠢ ᠶᠢᠨ ᠠᠵᠦ

ᠦᠢᠯᠡᠳᠪᠦᠷᠢ ᠶᠢᠨ ᠠᠵᠦ ᠦᠢᠯᠡᠰ ᠢ ᠪᠣᠵᠠᠭᠠᠶᠢᠷᠠᠭᠤᠯᠤᠨ᠂ 13 ᠳ᠋ᠦᠩᠰᠢᠭᠤᠷ ᠲᠡᠭᠰᠢ ᠳᠥᠷᠪᠡᠯᠵᠢᠨ ᠮᠧᠲᠷ ᠨᠡᠭᠦᠷᠡᠰᠦᠨ ᠬᠡᠢ᠂ 120 ᠲᠥᠮᠡᠨ ᠲᠤᠨ ᠠᠯᠭᠤᠷ

ᠰᠢᠩᠭᠡᠭᠡᠬᠦ ᠪᠣᠷᠳᠤᠭᠤᠷ᠂ 4 ᠲᠥᠮᠡᠨ ᠲᠣᠨ ᠳᠥᠷᠪᠡᠳᠦᠭᠡᠷ ᠫᠧᠨ᠋ᠲ᠋ᠧᠯ ᠳᠥᠷᠪᠡᠴᠢ ᠠᠯᠺᠤᠤᠯ ᠵᠡᠷᠭᠡ ᠲᠥᠷᠦᠯ ᠵᠦᠢᠯ ᠨᠢ ᠦᠢᠯᠡᠳᠪᠦᠷᠢᠯᠡᠯ ᠤᠨ ᠴᠢᠳᠠᠪᠬᠢ ᠪᠣᠯᠬᠤ ᠶᠢ

ᠲᠥᠷᠭᠡᠳᠬᠡᠵᠡᠢ᠃ ᠴᠡᠪᠡᠷ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠪᠦᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠰᠢᠨ᠎ᠡ ᠡᠨᠧᠷᠭᠢ ᠶᠢᠨ

ᠲᠥᠷᠦᠯ ᠵᠦᠢᠯ ᠢ ᠠᠬᠢᠭᠤᠯᠵᠤ᠂ 123 ᠲᠥᠮᠡᠨ ᠺᠢᠯᠤᠸ᠋ᠲ ᠤᠨ ᠴᠠᠬᠢᠯᠭᠠᠨ ᠬᠦᠴᠦᠨ ᠤ ᠮᠠᠰᠢᠨ ᠤᠭᠰᠠᠷᠠᠵᠤ ᠲᠣᠣᠷᠵᠢᠯ ᠳᠤ ᠨᠡᠶᠢᠯᠡᠭᠦᠯᠦᠨ ᠴᠠᠬᠢᠯᠭᠠᠨ ᠭᠠᠷᠭᠠᠵᠠᠢ᠃

ᠤᠯᠠᠭᠠᠨᠬᠠᠲᠠ ᠶᠢᠨ ᠡᠮ ᠤᠨ ᠦᠢᠯᠡᠳᠪᠦᠷᠢ᠂ ᠳ᠋ᠠᠨ ᠯᠥᠩ᠂ ᠮᠧᠩ ᠰᠢᠨ᠂ ᠠᠢ ᠺᠧ ᠵᠡᠷᠭᠡ ᠡᠮ ᠤᠨ ᠠᠵᠦ ᠠᠬᠤᠶᠢᠯᠠᠯ ᠨᠢ ᠬᠤᠲᠠ ᠠᠴᠠ ᠭᠠᠷᠴᠦ

ᠬᠦᠷᠢᠶᠡᠯᠡᠩ ᠳᠤ ᠣᠷᠣᠵᠤ᠂ ᠴᠢᠳᠠᠪᠬᠢ ᠪᠠ ᠲᠣᠨᠣᠭᠯᠠᠯ ᠤᠨ ᠬᠢᠷᠢ ᠲᠥᠪᠰᠢᠨ ᠨᠢ ᠶᠡᠬᠡᠪᠡᠷ ᠳᠡᠭᠡᠭᠰᠢᠯᠡᠵᠡᠢ᠃ ᠡᠯᠧᠺᠲᠷᠤᠨ ᠴᠢᠮᠡᠭᠡ ᠵᠠᠩᠬᠢ ᠶᠢᠨ ᠦᠢᠯᠡᠰ ᠢ

ᠬᠦᠴᠦᠲᠡᠢ ᠬᠥᠭᠵᠢᠭᠦᠯᠵᠦ᠂ ᠰᠢᠩᠭᠡᠨ ᠲᠠᠯᠠᠰᠲᠦ ᠳᠡᠯᠭᠡᠴᠡ ᠶᠢᠨ ᠭᠠᠷᠤᠯᠲᠠ 1000 ᠲᠥᠮᠡᠨ ᠢᠵᠢ ᠳᠤ ᠬᠦᠷᠴᠦ᠂ ᠡᠭᠦᠯᠡᠨ ᠪᠣᠳᠤᠯᠲᠠ ᠶᠢᠨ ᠨᠡᠪᠴᠢᠭᠦᠯᠬᠦ

ᠬᠦᠷᠢᠶᠡᠯᠡᠩ ᠨᠢ ᠵᠢᠩᠬᠢᠨᠢ ᠪᠠᠷ ᠡᠵᠡᠩᠨᠡᠵᠦ᠂ 48 ᠠᠵᠦ ᠠᠬᠤᠶᠢᠯᠠᠯ ᠣᠷᠣᠵᠦ ᠰᠠᠭᠤᠷᠢᠰᠢᠵᠠᠢ᠃ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ᠂

ᠰᠣᠶᠣᠯ ᠤᠨ ᠵᠤᠭᠠᠴᠠᠯ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠷᠭᠡᠳᠬᠡᠵᠦ᠂ ᠤᠯᠠᠭᠠᠨᠬᠠᠳᠠ ᠶᠢᠨ ᠭᠠᠶᠢᠯᠢ ᠪᠠᠲᠤᠯᠠᠬᠤ

ᠪᠠᠷᠠᠭ᠎ᠠ ᠶᠢᠨ ᠭᠦᠢᠯᠡᠭᠡᠭᠡᠨ ᠤ ᠲᠥᠪ ᠨᠢ ᠣᠷᠣᠨ ᠲᠣᠭᠤᠷᠢᠭ ᠪᠤᠭᠤᠮᠲᠠ ᠭᠠᠷᠬᠤ ᠶᠢ ᠨᠢᠭᠡ ᠴᠣᠭᠴᠢᠯᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠪᠠᠷᠠᠭ᠎ᠠ ᠶᠢᠨ

ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ 478 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠤᠭᠠᠴᠠᠯ ᠤᠨ

ᠣᠷᠣᠯᠭ᠎ᠠ 191 ᠳ᠋ᠦᠩᠰᠢᠭᠤᠷ ᠲᠥᠭᠦᠷᠢᠭ᠂ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠥᠷᠲᠡᠭ ᠤᠨ GDP᠎ ᠳᠠᠬᠢ ᠬᠠᠷᠢᠴᠠᠯ ᠢ 1.5 ᠵᠠᠭᠤᠨ ᠤ ᠴᠡᠭ

ᠳᠡᠭᠡᠭᠰᠢᠯᠡᠵᠡᠢ᠃

     ︵ᠭᠤᠷᠪᠠ︶ ᠠᠯᠤᠰ ᠬᠡᠲᠦ ᠪᠠᠨ ᠪᠠᠷᠠᠯᠠᠨ ᠦᠷᠭᠦᠯᠵᠢᠯᠡᠨ ᠬᠥᠭᠵᠢᠬᠦ ᠴᠢᠳᠠᠪᠦᠷᠢ ᠪᠠᠨ ᠬᠦᠴᠦᠯᠡᠨ ᠴᠢᠩᠭᠠᠳᠬᠠᠵᠡᠢ᠃ ᠰᠢᠨ᠎ᠡ ᠬᠡᠪ ᠪᠠᠶᠢᠳᠠᠯ ᠳᠠᠬᠢ ᠰᠢᠨ᠎ᠡ

ᠵᠠᠪᠰᠢᠶᠠᠨ ᠢ ᠵᠠᠪᠳᠤᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠥᠭᠵᠢᠯᠲᠡ ᠪᠠᠨ ᠬᠢᠨᠠᠮᠠᠭᠠᠢ ᠲᠥᠯᠥᠪᠯᠡᠵᠦ᠂ ᠶᠡᠷᠦᠩᠬᠡᠢ ᠪᠡᠯᠡ ᠣᠷᠤᠭᠤᠯᠤᠯᠲᠠ ᠨᠢ 1.3

ᠲᠥᠮᠡᠨ ᠳ᠋ᠦᠩᠰᠢᠭᠤᠷ ᠲᠥᠭᠦᠷᠢᠭ ᠤᠨ ᠴᠢᠬᠤᠯᠠ ᠶᠡᠭᠡ ᠲᠥᠷᠥᠯ ᠵᠦᠢᠯ ᠪᠣᠯᠣᠨ ᠲᠣᠮᠤ ᠶᠡᠭᠡ ᠢᠨᠵᠧᠨᠧᠷᠢᠩ ᠢ ᠲᠣᠭᠲᠠᠭᠠᠵᠠᠢ᠃ ᠤᠯᠠᠭᠠᠨᠬᠠᠳᠠ ᠶᠢᠨ ᠠᠵᠦ

ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠪᠣᠵᠠᠭᠠᠶᠢᠷᠠᠭᠤᠯᠤᠨ ᠬᠦᠴᠦᠷᠭᠡᠭᠵᠢᠭᠦᠯᠬᠦ ᠶᠢᠨ ᠲᠣᠭᠤᠷᠢᠨ ᠳᠤ ᠤᠯᠠᠭᠠᠨᠬᠠᠳᠠ ᠶᠢᠨ ᠬᠤᠲᠠ ᠶᠢᠨ ᠵᠡᠭᠦᠨ ᠬᠡᠰᠡᠭ ᠤᠨ ᠠᠵᠦ

ᠠᠬᠤᠢ ᠶᠢᠨ ᠪᠥᠰᠡ ᠶᠢᠨ ᠲᠥᠯᠦᠪᠵᠢᠭᠦᠯᠭᠡ ᠪᠣᠯᠣᠨ ᠪᠥᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠶᠤᠸᠠᠨ ᠪᠣᠣ ᠱᠠᠨ ᠴᠠᠬᠢᠯᠭᠠᠨ ᠦᠢᠯᠡᠳᠪᠦᠷᠢ ᠶᠢᠨ ᠰᠢᠨᠡᠴᠢᠯᠡᠯᠲᠡ

ᠬᠢᠵᠦ ᠾᠧᠪᠸᠢ ᠶᠢᠨ ᠤᠮᠠᠷᠠᠲᠤ ᠶᠢᠨ ᠴᠠᠬᠢᠯᠭᠠᠨ ᠲᠣᠣᠷᠵᠢᠯ ᠳᠤ ᠵᠠᠯᠭᠠᠬᠤ᠂ ᠨᠡᠭᠡᠭᠡᠯᠲᠡ ᠶᠢᠨ ᠲᠣᠭᠤᠷᠢᠭ ᠤᠨ ᠪᠡᠯᠡᠳᠬᠡᠯ ᠴᠠᠬᠢᠯᠭᠠᠨ ᠦᠢᠯᠡᠳᠪᠦᠷᠢ᠂ ᠵᠡᠰ ᠤᠨ ᠠᠵᠦ

ᠦᠢᠯᠡᠰ ᠤᠨ ᠬᠦᠷᠢᠶᠡᠯᠡᠩ ᠲᠣᠭᠤᠷᠢᠭ᠂ ᠬᠤᠤ ᠺᠧ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠳᠠᠬᠢᠨ ᠵᠣᠬᠢᠶᠠᠨ ᠪᠠᠶᠢᠭᠤᠯᠬᠤ ᠵᠡᠷᠭᠡ ᠶᠢᠨ ᠡᠮᠦᠨᠡᠬᠢ ᠬᠤᠭᠤᠴᠠᠭᠠᠨ ᠤ

ᠠᠵᠢᠯ ᠢ ᠬᠦᠴᠦᠲᠡᠢ ᠠᠬᠢᠭᠤᠯᠵᠠᠢ᠃ ᠰᠠᠭᠤᠷᠢᠰᠢᠬᠤ ᠳᠤ ᠲᠣᠬᠢᠯᠢᠭ ᠬᠤᠲᠠ ᠶᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠤᠶᠤᠨᠲᠤ ᠬᠤᠲᠠ᠂ ᠰᠠᠭᠠᠳ

ᠦᠭᠡᠢ ᠵᠠᠮ ᠬᠠᠷᠢᠯᠴᠠᠭ᠎ᠠ᠂ ᠬᠠᠮ ᠬᠤᠭᠤᠯᠠᠢ ᠬᠤᠩᠬᠢᠯ᠂ ᠭᠤᠣᠯ ᠤᠨ ᠤᠷᠤᠰᠬᠠᠯ ᠵᠠᠰᠠᠬᠤ᠂ ᠬᠤᠭ ᠨᠣᠪᠰᠢ ᠰᠢᠢᠳᠪᠦᠷᠢᠯᠡᠬᠦ᠂ ᠬᠠᠶᠠᠭᠳᠠᠮᠠᠯ ᠤᠰᠤ ᠰᠢᠢᠳᠪᠦᠷᠢᠯᠡᠬᠦ

ᠵᠡᠷᠭᠡ ᠠᠵᠢᠯ ᠨᠢ ᠯᠠᠪᠳᠠᠭᠤᠨ ᠪᠠᠳᠤᠲᠠᠢ ᠠᠬᠢᠵᠠᠢ᠃ ᠪᠠᠲᠤᠯᠠᠭ᠎ᠠ ᠶᠢᠨ ᠴᠢᠳᠠᠪᠦᠷᠢ ᠪᠠᠨ ᠳᠡᠭᠡᠭᠰᠢᠯᠡᠭᠦᠯᠬᠦ ᠶᠢᠨ ᠲᠣᠭᠤᠷᠢᠨ ᠳᠤ ᠮᠢᠩᠭᠠᠨ ᠳ᠋ᠦᠩᠰᠢᠭᠤᠷ ᠲᠥᠭᠦᠷᠢᠭ ᠤᠨ

ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ ᠤᠨ ᠪᠠᠷᠢᠯᠭ᠎ᠠ ᠶᠢ ᠲᠥᠯᠥᠪᠯᠡᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ᠂

ᠴᠠᠬᠢᠯᠭᠠᠨ ᠬᠦᠴᠦᠨ᠂ ᠴᠢᠮᠡᠭᠡ ᠨᠡᠪᠲᠡᠷᠡᠯᠭᠡ ᠵᠡᠷᠭᠡ ᠣᠯᠠᠨ ᠬᠦᠷᠢᠶ᠎ᠡ ᠬᠡᠪᠴᠢᠶ᠎ᠡ ᠶᠢ ᠬᠠᠮᠤᠷᠴᠠᠢ᠃ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠢ

ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠰᠢᠨᠡᠴᠢᠯᠡᠬᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ

ᠬᠤᠲᠠ ᠪᠣᠯᠣᠨ ᠨᠠᠰᠤᠲᠠᠨ ᠠᠰᠠᠷᠠᠬᠤ ᠬᠦᠷᠢᠶᠡᠯᠡᠩ ᠲᠣᠭᠤᠷᠢᠭ ᠤᠨ ᠪᠥᠲᠦᠭᠡᠨ ᠪᠠᠶᠢᠭᠤᠯᠤᠯᠲᠠ ᠵᠡᠷᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ

ᠠᠬᠢᠭᠤᠯᠵᠠᠢ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠵᠢᠯᠣᠭᠤᠳᠬᠤ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠲᠠᠢ ᠤᠶᠠᠯᠳᠤᠭᠤᠯᠤᠨ᠂

ᠵᠠᠰᠠᠭ ᠤᠨ ᠣᠷᠳᠣᠨ ᠪᠣᠯᠣᠨ ᠨᠡᠶᠢᠭᠡᠮ ᠤᠨ ᠪᠡᠯᠡ ᠬᠥᠷᠥᠩᠭᠡ ᠶᠢᠨ ᠬᠠᠮᠵᠢᠯᠴᠠᠬᠤ ᠬᠡᠯᠪᠡᠷᠢ ᠶᠢ ᠬᠦᠴᠦᠲᠡᠢ ᠳᠡᠯᠭᠡᠷᠡᠭᠦᠯᠵᠦ᠂ ᠮᠢᠩᠭᠠᠨ ᠳ᠋ᠦᠩᠰᠢᠭᠤᠷ ᠲᠥᠭᠦᠷᠢᠭ ᠤᠨ

PPP ᠴᠢᠬᠤᠯᠠ ᠶᠡᠭᠡ ᠲᠥᠷᠦᠯ ᠵᠦᠢᠯ ᠢ ᠭᠠᠷᠭᠠᠵᠠᠢ᠃

     ︵ᠳᠥᠷᠪᠡ︶ ᠪᠣᠳᠠᠳᠣ ᠦᠷ᠎ᠡ ᠠᠰᠢᠭ ᠢ ᠴᠢᠬᠤᠯᠠᠴᠢᠯᠠᠨ ᠥᠭᠡᠷᠡᠴᠢᠯᠡᠯᠲᠡ ᠰᠢᠪᠲᠤᠯᠤᠯᠲᠠ ᠶᠢᠨ ᠳᠠᠶᠢᠯᠠᠯᠳᠤᠭᠠᠨ ᠢ ᠬᠦᠴᠦᠲᠡᠢ ᠠᠬᠢᠭᠤᠯᠵᠡᠢ᠃ ᠪᠥᠬᠦ

ᠵᠢᠯ ᠳᠤ 399 ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ 214 ᠵᠦᠢᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠣᠯᠵᠠᠢ᠃ ᠬᠤᠲᠠ

ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠤ ᠡᠷᠬᠡ ᠶᠢᠨ ᠳᠠᠩᠰᠠᠯᠠᠯ ᠢ ᠢᠯᠡ ᠨᠡᠶᠢᠲᠡᠯᠡᠵᠤ᠂ ᠠᠵᠢᠯ ᠤᠨ ᠳᠠᠷᠠᠭᠠᠯᠠᠯ ᠢ ᠰᠢᠯᠢᠳᠡᠭᠵᠢᠭᠦᠯᠵᠦ ᠳᠠᠬᠢᠨ

ᠲᠤᠭᠳᠠᠭᠠᠵᠤ᠂ ᠬᠢᠨᠡᠨ ᠵᠥᠪᠰᠢᠶᠡᠷᠡᠬᠦ ᠶᠠᠪᠤᠴᠠ ᠶᠢ 706 ᠵᠦᠢᠯ ᠬᠠᠰᠤᠵᠤ᠂ ᠭᠦᠢᠴᠡᠳᠭᠡᠬᠦ ᠴᠠᠭ ᠢ 60%᠎ ᠪᠠᠷ ᠪᠣᠭᠤᠨᠢᠰᠬᠠᠵᠠᠢ᠃ ᠦᠢᠯᠡᠳᠪᠦᠷᠢ ᠬᠤᠳᠠᠯᠳᠤᠭ᠎ᠠ᠂

ᠶᠠᠰᠤ ᠴᠢᠨᠡᠷ ᠤᠨ ᠬᠢᠨᠠᠯᠲᠠ᠂ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠭᠤᠷᠪᠠ ᠶᠢ ᠨᠢᠭᠡᠴᠢᠯᠡᠬᠦ᠂ ᠡᠷᠡᠭᠦᠯ ᠬᠠᠮᠠᠭᠠᠯᠠᠯ ᠲᠥᠯᠥᠪᠯᠡᠭᠡᠲᠦ

ᠦᠷᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠡᠢ᠃ ︽ᠭᠤᠷᠪᠠᠨ ᠦᠨᠡᠮᠯᠡᠯ ᠢ ᠨᠢᠭᠡᠳᠭᠡᠨ ᠨᠢᠬᠡ ᠪᠤᠯᠭᠠᠬᠤ᠂ ᠨᠢᠭᠡ

ᠦᠨᠡᠮᠯᠡᠯ ᠳᠤ ᠨᠢᠭᠡ ᠨᠣᠮᠧᠷ︾᠎ ᠲᠠᠢ ᠪᠠᠶᠢᠬᠤ ᠪᠠ ᠪᠥᠬᠦᠢ ᠶᠠᠪᠤᠴᠠ ᠳᠤ ᠡᠯᠧᠺᠲᠷᠣᠨ ᠳᠠᠩᠰᠠᠯᠠᠯ ᠬᠢᠬᠦ ᠪᠠ ᠡᠯᠧᠺᠲᠷᠤᠨ ᠡᠵᠡᠩᠨᠡᠯᠲᠡ ᠶᠢᠨ ᠦᠨᠡᠮᠯᠡᠯ ᠢ ᠪᠥᠬᠦ

ᠣᠷᠣᠨ ᠤ ᠬᠡᠪᠴᠢᠶᠡᠨ ᠳᠤ ᠬᠠᠮᠤᠭ ᠲᠦᠷᠦᠭᠦᠨ ᠳᠤ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 408 ᠲᠥᠮᠡᠨ ᠡᠷᠦᠬᠡ ᠰᠢᠨ᠎ᠡ ᠪᠠᠷ ᠨᠡᠮᠡᠭᠳᠡᠭᠦᠯᠵᠦ᠂

ᠳᠠᠩᠰᠠᠯᠠᠬᠤ ᠪᠡᠯᠡ ᠬᠥᠷᠥᠩᠭᠡ 402 ᠳ᠋ᠦᠩᠰᠢᠭᠤᠷ ᠲᠥᠭᠦᠷᠢᠭ ᠰᠢᠨ᠎ᠡ ᠨᠡᠮᠡᠭᠳᠡᠭᠦᠯᠵᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ

ᠴᠢᠨᠠᠭᠰᠢᠲᠠ ᠰᠢᠯᠢᠳᠡᠭᠵᠢᠭᠦᠯᠵᠦ᠂ ᠠᠷᠠᠯᠵᠢᠶᠠᠨ ᠤ ᠨᠣᠷᠮ᠎ᠠ ᠶᠢ 140.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ ᠪᠠᠨ 27.7%

ᠨᠡᠮᠡᠭᠳᠡᠵᠡᠢ᠃ ᠵᠠᠮ ᠬᠠᠷᠢᠯᠴᠠᠭ᠎ᠠ᠂ ᠠᠵᠦ ᠦᠢᠯᠡᠳᠪᠦᠷᠢ᠂ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠭᠤᠷᠪᠠᠨ ᠪᠡᠯᠡ ᠣᠷᠤᠭᠤᠯᠤᠯᠲᠠ ᠶᠢᠨ

ᠺᠣᠮᠫᠠᠨᠢ ᠶᠢ ᠪᠠᠶᠢᠭᠤᠯᠵᠤ᠂ ᠬᠤᠲᠠ ᠶᠢᠨ ᠱᠠᠲᠤᠨ ᠤ ᠲᠠᠪᠴᠠᠩ ᠤᠨ ᠪᠡᠯᠡ ᠬᠤᠷᠠᠮᠳᠤᠯ 53.3 ᠳ᠋ᠦᠩᠰᠢᠭᠤᠷ ᠲᠥᠭᠦᠷᠢᠭ ᠬᠦᠷᠴᠡᠢ᠃ ᠪᠥᠬᠦ ᠬᠤᠲᠠ ᠶᠢᠨ

ᠭᠤᠣᠯ ᠤᠨ ᠤᠷᠤᠰᠬᠠᠯ ᠤᠨ ᠬᠠᠮᠢᠶᠠᠷᠤᠯᠲᠠ ᠶᠢᠨ ᠠᠷᠭ᠎ᠠ ᠪᠣᠯᠣᠨ ᠬᠤᠲᠠ ᠪᠠᠯᠭᠠᠰᠤᠨ ᠤ ᠲᠥᠪᠯᠡᠷᠡᠭᠰᠡᠨ ᠢᠳᠡᠬᠦ ᠤᠰᠤᠨ ᠤ ᠰᠣᠷᠪᠣᠯᠵᠢ ᠶᠢᠨ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠲᠥᠯᠦᠪᠵᠢᠭᠦᠯᠭᠡ ᠶᠢ ᠨᠡᠶᠢᠲᠡᠯᠡᠵᠤ᠂ ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢ ᠲᠥᠯᠦᠪᠦᠷᠢᠲᠠᠢ ᠬᠡᠷᠡᠭᠯᠡᠭᠦᠯᠬᠦ ᠪᠠ ᠰᠣᠯᠢᠯᠴᠠᠬᠤ

ᠲᠤᠷᠰᠢᠯᠲᠠ ᠶᠢᠨ ᠴᠢᠭ ᠭᠠᠷᠭᠠᠵᠠᠢ᠃ ᠪᠠᠭᠠᠷᠢᠨ ᠵᠡᠭᠦᠨ ᠬᠤᠰᠢᠭᠤᠨ ᠤ ᠬᠥᠳᠡᠭᠡ ᠲᠤᠰᠬᠤᠨ ᠤ ᠭᠠᠵᠠᠷ ᠰᠢᠷᠦᠢ ᠶᠢᠨ ᠡᠷᠬᠡ ᠶᠢ ᠲᠣᠭᠲᠠᠭᠠᠨ ᠲᠠᠩᠰᠠᠯᠠᠵᠦ ᠦᠨᠡᠮᠯᠡᠯ

ᠲᠠᠷᠬᠠᠭᠠᠬᠤ ᠪᠠ ᠬᠡᠰᠢᠭᠲᠡᠨ ᠬᠤᠰᠢᠭᠤᠨ ᠤ ᠨᠤᠲᠤᠭ ᠪᠡᠯᠴᠢᠭᠡᠷ ᠤᠨ ᠡᠷᠬᠡ ᠶᠢ ᠲᠣᠭᠲᠠᠭᠠᠨ ᠳᠠᠭᠠᠭᠠᠴᠢᠯᠠᠭᠤᠯᠬᠤ ᠲᠣᠷᠰᠢᠯᠲᠡ ᠶᠢᠨ ᠴᠡᠭ ᠤᠨ ᠠᠵᠢᠯ ᠢ ᠪᠡᠶᠡᠯᠡᠭᠦᠯᠵᠡᠢ

᠃ ᠭᠠᠵᠠᠷ ᠰᠢᠷᠦᠢ ᠬᠠᠳᠤᠯᠠᠩ ᠪᠡᠯᠴᠢᠭᠡᠷ 950 ᠲᠦᠮᠡᠨ ᠮᠦ ᠶᠢ ᠡᠮᠬᠢ ᠲᠢᠭᠯᠢᠮ ᠲᠠᠢ ᠰᠢᠯᠵᠢᠭᠦᠯᠦᠨ ᠳᠠᠭᠠᠭᠠᠴᠢᠯᠠᠭᠤᠯᠵᠤ᠂ ᠨᠢᠩᠴᠧᠩ ᠰᠢᠶᠠᠨ᠂ ᠬᠠᠷᠠᠴᠢᠨ

ᠬᠤᠰᠢᠭᠤᠨ ᠤ ᠡᠷᠬᠡ ᠪᠠᠨ ᠥᠷᠭᠡᠳᠬᠡᠨ ᠰᠢᠶᠠᠨ ᠢᠶᠠᠨ ᠬᠦᠴᠦᠷᠭᠡᠭᠵᠢᠭᠦᠯᠬᠦ ᠨᠢ ᠯᠠᠪᠳᠠᠭᠤᠨ ᠠᠬᠢᠵᠠᠢ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ

ᠵᠥᠪᠯᠡᠭᠴᠢ ᠶᠢᠨ ᠳᠦᠷᠢᠮ ᠢ ᠬᠡᠷᠡᠭᠵᠢᠭᠦᠯᠵᠦ᠂ ︽ᠠᠪᠤᠷᠠᠨ ᠲᠡᠳᠭᠦᠬᠦ ᠳᠤ ᠬᠦᠴᠢᠷᠲᠡᠢ︾᠎ ᠶᠢ ᠥᠭᠡᠷᠡᠴᠢᠯᠡᠬᠦ ᠤᠯᠤᠰ ᠤᠨ ᠳᠡᠰ ᠤᠨ ᠲᠣᠷᠰᠢᠯᠲᠠ ᠶᠢᠨ ᠴᠡᠭ ᠤᠨ

ᠠᠵᠢᠯ ᠢ ᠪᠡᠶᠡᠯᠡᠭᠦᠯᠵᠡᠢ᠃

     ︵ᠲᠠᠪᠤ︶ ᠪᠥᠬᠦ ᠬᠤᠲᠠ ᠶᠢᠨ ᠬᠦᠴᠦᠨ ᠢᠶᠠᠷ ᠢᠶᠠᠨ ︽ᠠᠷᠪᠠ ᠶᠢ ᠪᠦᠷᠬᠦᠭᠦᠯᠬᠦ︾ ᠪᠠ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠬᠤᠶᠠᠷ ᠶᠡᠭᠡ

ᠢᠨᠵᠧᠨᠧᠷᠢᠩ ᠢ ᠠᠬᠢᠭᠤᠯᠵᠠᠢ᠃ ᠭᠠᠳᠠᠷ ᠦᠵᠡᠮᠵᠢ ᠶᠢᠨ ᠢᠨᠵᠧᠨᠧᠷᠢᠩ ᠤᠨ ᠪᠦᠷᠬᠦᠬᠦ ᠬᠡᠪᠴᠢᠶ᠎ᠡ ᠨᠢ ᠥᠷᠭᠡᠨ᠂ ᠡᠭᠦᠷᠭᠡ ᠬᠥᠨᠳᠦ ᠲᠤᠯᠠ ︽ᠠᠷᠪᠠ ᠶᠢ ᠪᠦᠷᠬᠦᠭᠦᠯᠬᠦ

︾ ᠢᠨᠵᠧᠨᠧᠷᠢᠩ ᠢ ᠬᠠᠮᠤᠭ ᠶᠡᠭᠡ ᠶᠡᠷᠦᠩᠬᠡᠶᠢᠯᠡᠭᠰᠡᠨ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ᠂ ᠡᠳ᠋ ᠤᠨ ᠵᠠᠰᠠᠭ ᠤᠨ ᠣᠷᠤᠭᠤᠯᠤᠯᠲᠠ᠂

ᠮᠥᠩᠭᠦᠨ ᠭᠦᠢᠯᠭᠡᠭᠡᠨ ᠤ ᠳᠡᠮᠵᠢᠯᠭᠡ᠂ ᠣᠯᠠᠨ ᠲᠦᠮᠡᠨ ᠥᠪᠡᠷᠲᠡᠭᠡᠨ ᠴᠤᠭᠯᠠᠭᠤᠯᠬᠤ ᠵᠡᠷᠭᠡ ᠠᠷᠭ᠎ᠠ ᠬᠡᠯᠪᠡᠷᠢ ᠪᠠᠷ ᠪᠡᠯᠡ ᠮᠥᠩᠭᠦᠨ ᠤ ᠬᠦᠴᠢᠷᠳᠡᠯ ᠢ ᠰᠢᠢᠳᠪᠦᠷᠢᠯᠡᠵᠦ

᠂ ᠤᠳᠤᠷᠢᠳᠤᠯᠭ᠎ᠠ ᠪᠠᠨ ᠴᠢᠩᠭᠠᠳᠬᠠᠬᠤ᠂ ᠢᠯᠡ ᠠᠮᠠᠯᠳᠤᠬᠤ᠂ ᠨᠡᠶᠢᠲᠡᠯᠢᠭ ᠵᠢᠱᠢᠶ᠎ᠡ ᠦᠵᠡᠭᠦᠯᠬᠦ᠂ ᠬᠢᠨᠠᠨ ᠰᠢᠯᠭᠠᠯᠲᠠ ᠶᠢ ᠴᠢᠩᠳᠠᠯᠠᠬᠤ ᠵᠡᠷᠭᠡ ᠠᠷᠭ᠎ᠠ ᠬᠡᠮᠵᠢᠶ᠎ᠡ ᠪᠠᠷ

ᠡᠭᠦᠷᠭᠡ ᠶᠢᠨ ᠨᠠᠶᠢᠳᠠᠪᠦᠷᠢᠵᠢᠯᠲᠠ ᠶᠢ ᠠᠬᠢᠭᠤᠯᠵᠤ᠂ ᠪᠥᠬᠦ ᠵᠢᠯ ᠳᠤ 115.5 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ 6244

ᠺᠢᠯᠤᠮᠧᠲᠷ ᠵᠡᠭᠡᠯᠢ ᠭᠤᠳᠤᠮᠵᠢ ᠶᠢ ᠳᠡᠪᠢᠰᠴᠦ᠂ 5.4 ᠲᠦᠮᠡᠨ ᠡᠷᠦᠬᠡ ᠨᠤᠷᠠᠬᠤ ᠠᠶᠤᠯᠲᠠᠢ ᠭᠡᠷ ᠢ ᠰᠢᠨᠡᠳᠬᠡᠵᠦ᠂ 737 ᠢᠳᠡᠬᠦ ᠤᠰᠤᠨ ᠤ ᠠᠶᠤᠯᠭᠦᠢ ᠶᠢᠨ

ᠢᠨᠵᠧᠨᠧᠷᠢᠩ ᠢ ᠰᠢᠨ᠎ᠡ ᠪᠠᠶᠢᠭᠤᠯᠵᠤ᠂ 1230 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ︽ᠭᠡᠷ ᠵᠠᠮ ᠤᠰᠤ ᠴᠠᠬᠢᠯᠭᠠᠨ ᠴᠢᠮᠡᠭᠡ ᠰᠣᠶᠣᠯ ᠭᠡᠭᠡᠷᠡᠯ ᠰᠤᠷᠭᠠᠨ

ᠬᠦᠮᠦᠵᠢᠯ ᠡᠷᠡᠭᠦᠯ ᠬᠠᠮᠠᠭᠠᠯᠠᠯ ᠨᠡᠶᠢᠭᠡᠮ ᠤᠨ ᠪᠠᠲᠤᠯᠠᠭ᠎ᠠ ᠬᠠᠮ ᠳᠡᠯᠭᠡᠭᠦᠷ︾ ᠵᠡᠷᠭᠡ ᠠᠷᠪᠠ ᠶᠢ ᠪᠦᠷᠬᠦᠭᠦᠯᠬᠦ ᠶᠢ ᠪᠡᠶᠡᠯᠡᠭᠦᠯᠵᠦ᠂ 1523 ᠠᠶᠢᠯ ᠲᠤᠰᠬᠤᠨ ᠢ

ᠵᠡᠷᠭᠡᠪᠡᠷ ᠪᠥᠲᠦᠭᠡᠨ ᠪᠠᠶᠢᠭᠤᠯᠵᠤ᠂ ︽ᠠᠷᠪᠠ ᠶᠢ ᠪᠦᠷᠬᠦᠭᠦᠯᠬᠦ︾᠎ ᠶᠢ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠶᠢᠨ ᠭᠤᠣᠯ ᠳᠠᠶᠢᠯᠠᠯᠳᠤᠭᠠᠨ ᠤ ᠲᠠᠯᠠᠪᠤᠷ

ᠪᠣᠯᠭᠠᠨ᠂ ᠶᠠᠳᠠᠭᠤ ᠬᠦᠴᠢᠷᠲᠡᠢ ᠲᠤᠰᠬᠤᠨ ᠪᠠ ᠶᠠᠳᠠᠭᠤ ᠬᠦᠴᠢᠷᠲᠠᠢ ᠬᠥᠮᠥᠨ ᠠᠮᠠ ᠶᠢ ᠪᠦᠬᠦᠨ ᠢ ᠪᠦᠷᠬᠦᠭᠦᠯᠬᠦ ᠬᠡᠪᠴᠢᠶᠡᠨ ᠳᠤ ᠣᠷᠤᠭᠤᠯᠵᠤ᠂ ᠤᠨᠢᠨ ᠳᠡᠬᠡᠷ᠎ᠠ ᠨᠢ

ᠶᠠᠳᠠᠭᠤ ᠶᠢ ᠲᠡᠳᠬᠦᠬᠦ᠂ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠨᠠᠶᠢᠳᠠᠪᠦᠷᠢᠵᠢᠭᠤᠯᠵᠤ᠂ ᠪᠥᠬᠦ ᠵᠢᠯ ᠳᠤ ᠡᠯ᠎ᠡ ᠲᠥᠷᠦᠯ ᠤᠨ ᠪᠡᠯᠡ ᠮᠥᠩᠭᠦ 35

ᠳ᠋ᠦᠩᠰᠢᠭᠤᠷ ᠲᠥᠭᠦᠷᠢᠭ ᠣᠷᠤᠭᠤᠯᠵᠤ᠂ 13.2 ᠲᠥᠮᠡᠨ ᠶᠠᠳᠠᠭᠤ ᠬᠦᠴᠢᠷᠲᠡᠢ ᠬᠦᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠠᠢ᠃

     ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠮᠠᠯᠠᠯᠲᠠ ᠪᠠᠨ ᠠᠷᠭ᠎ᠠ ᠪᠥᠬᠦᠨ ᠢ ᠰᠦᠪᠡᠭᠴᠢᠯᠡᠨ ᠪᠡᠶᠡᠯᠡᠭᠦᠯᠵᠡᠢ᠃ ︽ᠵᠠᠰᠠᠭ ᠤᠨ ᠣᠷᠳᠣᠨ ᠤ

ᠠᠵᠢᠯ ᠤᠨ ᠢᠯᠡᠳᠬᠡᠯ︾᠎ ᠳᠠᠬᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ ᠣᠯᠠᠨ ᠲᠦᠮᠡᠨ ᠤ ᠠᠩᠬᠠᠷᠬᠤ ᠬᠡᠷᠡᠭ ᠤᠴᠢᠷ ᠢ ᠬᠢᠨᠠᠮᠠᠭᠠᠢ

ᠨᠠᠶᠢᠳᠠᠪᠦᠷᠢᠵᠢᠭᠤᠯᠵᠤ᠂ ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 322 ᠳ᠋ᠦᠩᠰᠢᠭᠤᠷ ᠲᠦᠭᠦᠷᠢᠭ᠂ ᠡᠳ᠋ ᠤᠨ ᠵᠠᠰᠠᠭ ᠤᠨ ᠵᠠᠷᠤᠯᠭ᠎ᠠ ᠳᠠᠬᠢ

ᠬᠠᠷᠢᠴᠠᠯ ᠨᠢ 77.7% ᠬᠦᠷᠴᠡᠢ᠃ ᠬᠤᠲᠠ ᠪᠠᠯᠭᠠᠰᠤᠨ ᠤ ᠠᠵᠢᠯ ᠣᠯᠭᠤᠯᠲᠠ ᠨᠢ 3.2 ᠲᠦᠮᠡᠨ ᠬᠦᠮᠦᠨ ᠨᠡᠮᠡᠭᠳᠡᠵᠦ᠂ ᠲᠠᠷᠢᠶᠠᠴᠢᠨ ᠮᠠᠯᠴᠢᠨ ᠭᠠᠵᠠᠷ ᠰᠢᠯᠵᠢᠨ

ᠠᠵᠢᠯ ᠣᠯᠣᠭᠰᠠᠨ 69.9 ᠲᠥᠮᠡᠨ ᠬᠦᠮᠥᠨ ᠨᠡᠮᠡᠭᠳᠡᠵᠡᠢ᠃ ᠬᠤᠲᠠ ᠬᠥᠳᠡᠭᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ 160.

6 ᠲᠥᠮᠡᠨ ᠬᠥᠮᠥᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠥᠷᠬᠦᠯᠲᠡ ᠶᠢᠨ ᠨᠣᠷᠮ᠎ᠠ 95%᠎ ᠠᠴᠠ ᠳᠡᠭᠡᠭᠰᠢ ᠬᠦᠷᠴᠦ᠂ ᠬᠤᠲᠠ ᠬᠥᠳᠡᠭᠡ ᠶᠢᠨ

ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠨᠢ ᠪᠠᠲᠤᠯᠠᠪᠠᠯ ᠵᠤᠬᠢᠬᠤ ᠶᠢ ᠪᠦᠷ ᠪᠠᠲᠤᠯᠠᠵᠠᠢ᠃ 75.3 ᠲᠥᠮᠡᠨ ᠡᠷᠦᠬᠡ ᠳᠣᠣᠷ᠎ᠠ ᠣᠷᠤᠯᠭ᠎ᠠ ᠲᠠᠢ ᠲᠠᠷᠢᠶᠠᠴᠢᠨ

ᠮᠠᠯᠴᠢᠨ ᠡᠷᠦᠬᠡ ᠳᠤ ᠡᠪᠦᠯ ᠤᠨ ᠤᠯᠠᠷᠢᠯ ᠤᠨ ᠳᠤᠯᠠᠭᠠᠴᠠᠯ ᠤᠨ ᠨᠡᠭᠦᠷᠡᠰᠦᠨ ᠤ ᠨᠦᠬᠦᠪᠦᠷᠢ 4.5 ᠳ᠋ᠦᠩᠰᠢᠭᠤᠷ ᠲᠥᠭᠦᠷᠢᠭ ᠥᠭᠴᠦ᠂ 4259 ᠨᠡᠷ᠎ᠡ ᠨᠠᠭᠠᠲᠤ

ᠵᠠᠬ᠎ᠠ ᠶᠢᠨ ᠪᠠᠲᠤᠯᠠᠭ᠎ᠠ ᠶᠢᠨ ᠭᠡᠷ ᠡᠷᠦᠬᠡ ᠶᠢᠨ ᠤᠶᠤᠲᠠᠳ ᠲᠤ ᠰᠤᠷᠤᠯᠭ᠎ᠠ ᠶᠢᠨ ᠨᠦᠬᠦᠪᠦᠷᠢ 1.5 ᠳ᠋ᠦᠩᠰᠢᠭᠤᠷ ᠲᠦᠭᠦᠷᠢᠭ ᠥᠭᠴᠡᠢ᠃ ᠭᠤᠣᠯ ᠬᠤᠲᠠ ᠪᠣᠯᠣᠨ

ᠰᠢᠶᠠᠨ ᠤ ᠬᠤᠲᠠ ᠶᠢᠨ ᠴᠢᠳᠠᠪᠦᠷᠢ ᠶᠢ ᠴᠢᠨᠠᠭᠰᠢᠳᠠ ᠲᠡᠭᠦᠯᠳᠡᠷᠵᠢᠭᠦᠯᠵᠦ᠂ ᠢᠯᠴᠢ ᠬᠠᠩᠭᠠᠬᠤ᠂ ᠬᠡᠢ ᠬᠠᠩᠭᠠᠬᠤ᠂ ᠤᠰᠤ ᠬᠠᠩᠭᠠᠵᠤ ᠵᠠᠯᠠᠬᠤ ᠬᠤᠭᠤᠯᠠᠢ ᠲᠣᠣᠷᠵᠢᠯ

423 ᠺᠢᠯᠤᠮᠧᠲᠷ ᠰᠢᠨ᠎ᠡ ᠪᠠᠶᠢᠭᠤᠯᠬᠤ ᠪᠠ ᠥᠭᠡᠷᠡᠴᠢᠯᠡᠵᠦ᠂ ᠢᠯᠴᠢ ᠬᠠᠩᠭᠠᠬᠤ ᠲᠠᠯᠠᠪᠠᠢ 660 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠵᠦ᠂ ᠭᠤᠣᠯ

ᠬᠤᠲᠠ ᠲᠣᠭᠤᠷᠢᠭ ᠤᠨ ᠪᠠᠷᠠᠭᠤᠨ ᠲᠣᠮᠣ ᠬᠥᠭᠦᠷᠭᠡ᠂ ᠰᠢᠨᠬᠤᠸᠠ ᠲᠣᠮᠣ ᠬᠦᠭᠦᠷᠭᠡ᠂ ᠪᠠᠷᠠᠭᠤᠨ ᠥᠷᠲᠡᠭᠡᠨ ᠤ ᠲᠣᠮᠣ ᠬᠦᠭᠦᠷᠭᠡ ᠨᠢ ᠪᠠᠷᠢᠯᠭ᠎ᠠ ᠳᠠᠭᠤᠰᠤᠨ ᠲᠡᠷᠭᠡ

ᠨᠡᠪᠲᠡᠷᠡᠵᠦ᠂ ᠳᠤᠮᠳᠠ ᠲᠣᠭᠤᠷᠢᠮ ᠵᠠᠮ ᠨᠢ ᠪᠦᠬᠦᠨ ᠢᠶᠠᠷ ᠢᠶᠠᠨ ᠨᠡᠪᠳᠡᠷᠡᠵᠡᠢ᠃ ᠪᠥᠬᠦ ᠵᠢᠯ ᠳᠤ ᠨᠡᠶᠢᠲᠡ ᠶᠢᠨ ᠳᠦᠷᠢᠶᠡᠰᠦᠨ ᠣᠷᠣᠨ ᠰᠠᠭᠤᠴᠠ 1024 ᠢᠵᠢ

ᠪᠡᠯᠡᠳᠬᠡᠵᠦ᠂ ᠬᠠᠭᠤᠴᠢᠨ ᠰᠠᠭᠤᠭᠠᠯᠢ ᠲᠣᠭᠤᠷᠢᠭ 110 ᠲᠥᠮᠡᠨ ᠲᠡᠭᠰᠢ ᠳᠥᠷᠪᠡᠯᠵᠢᠨ ᠮᠧᠲᠷ ᠰᠢᠨᠡᠳᠬᠡᠵᠡᠢ᠃ ᠶᠡᠷᠦᠩᠬᠡᠢ ᠰᠠᠶᠢᠳ ᠤᠨ ᠬᠠᠯᠠᠮᠵᠢᠯᠠᠵᠤ ᠪᠠᠶᠢᠭ᠎ᠠ

ᠲᠡᠮᠦᠷ ᠵᠠᠮ ᠤᠨ ᠡᠮᠦᠨᠡᠬᠢ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠨᠢ ᠲᠥᠷᠭᠡᠨ ᠠᠬᠢᠵᠤ᠂ ᠲᠤᠰ ᠵᠢᠯ ᠳᠡᠭᠡᠨ 13.4 ᠳ᠋ᠦᠩᠰᠢᠭᠤᠷ

ᠲᠥᠭᠦᠷᠢᠭ ᠪᠡᠯᠡ ᠣᠷᠤᠭᠤᠯᠵᠠᠢ᠃ ᠪᠥᠬᠦ ᠬᠤᠲᠠ ᠶᠢᠨ ᠳᠥᠷᠪᠡᠨ ᠵᠦᠢᠯ ᠤᠨ ᠭᠤᠣᠯ ᠪᠣᠵᠠᠷᠲᠠᠯ ᠢ ᠭᠠᠳᠠᠭᠰᠢᠯᠠᠭᠤᠯᠬᠤ ᠨᠢ 4.2 ᠲᠥᠮᠡᠨ ᠲᠤᠨ ᠪᠠᠭᠠᠰᠴᠤ᠂

PM2.5᠎ ᠨᠢ 12.8% ᠪᠠᠭᠤᠷᠠᠵᠠᠢ᠂ ᠬᠦᠷᠦᠰᠦᠨ ᠳᠡᠭᠡᠷᠡᠬᠢ ᠤᠰᠤ 80%᠎ ᠠᠴᠠ ᠳᠡᠭᠡᠭᠰᠢᠬᠢ ᠨᠢ ᠪᠠᠷᠢᠮᠵᠢᠶ᠎ᠠ ᠳᠤ ᠬᠦᠷᠴᠦ᠂ ᠭᠤᠣᠯ ᠬᠤᠲᠠ ᠲᠣᠭᠤᠷᠢᠭ ᠤᠨ

ᠠᠭᠠᠷ ᠤᠨ ᠶᠠᠰᠤ ᠴᠢᠨᠠᠷ ᠰᠢᠯᠢᠳᠡᠭ ᠪᠠᠶᠢᠬᠤ ᠡᠳᠦᠷ ᠨᠢ ᠳᠡᠭᠡᠷ᠎ᠡ ᠵᠢᠯ ᠠᠴᠠ ᠪᠠᠨ 16 ᠡᠳᠦᠷ ᠨᠡᠮᠡᠭᠳᠡᠵᠡᠢ᠃ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠰᠣᠶᠣᠯ

ᠭᠡᠭᠡᠷᠡᠯ ᠵᠡᠷᠭᠡ ᠨᠡᠶᠢᠭᠡᠮ ᠤᠨ ᠡᠯ᠎ᠡ ᠦᠢᠯᠡᠰ ᠰᠢᠨ᠎ᠡ ᠬᠥᠭᠵᠢᠯᠲᠡ ᠳᠠᠪᠰᠢᠯᠲᠠ ᠲᠠᠢ ᠪᠣᠯᠵᠤ᠂ ᠯᠢᠨᠰᠢ ᠰᠢᠶᠠᠨ ᠨᠢ ᠤᠯᠤᠰ ᠤᠨ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠬᠢᠨᠠᠨ ᠰᠢᠯᠭᠠᠯᠲᠠ ᠶᠢ ᠢᠯᠭᠤᠮ ᠥᠩᠭᠡᠷᠡᠭᠡᠵᠦ᠂ ᠪᠥᠬᠦ ᠬᠤᠲᠠ ᠶᠢᠨ 19 ᠰᠢᠶᠠᠨ ᠤ ᠳᠡᠰ ᠤᠨ ᠠᠯᠪᠠᠨ ᠠᠴᠠ

ᠡᠷᠬᠢᠯᠡᠭᠰᠡᠨ ᠡᠮᠨᠡᠯᠭᠡ ᠶᠢᠨ ᠬᠤᠷᠢᠶ᠎ᠠ ᠨᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠳᠤᠮᠳᠠᠳᠤ ᠤᠯᠤᠰ ᠤᠨ ᠳᠡᠯᠡᠬᠡᠢ ᠶᠢᠨ ᠪᠢᠴᠢᠯ

ᠺᠢᠨᠤ᠋ ᠶᠢᠨ ᠱᠠᠩᠨᠠᠯ ᠤᠨ ᠥᠪᠡᠳᠡᠭᠰᠢ ᠶᠣᠰᠤᠯᠠᠯ ᠢ ᠠᠮᠵᠢᠯᠲᠠᠲᠠᠢ ᠡᠷᠬᠢᠯᠡᠵᠦ᠂ ᠣᠶᠣᠨ ᠤ ᠪᠣᠯᠪᠠᠰᠤᠨ ᠤ ᠪᠠᠶᠢᠭᠤᠯᠤᠯᠲᠠ ᠨᠢ ᠯᠠᠪᠳᠠᠭᠤᠨ ᠠᠬᠢᠵᠦ᠂ ᠨᠡᠶᠢᠭᠡᠮ ᠤᠨ ᠪᠦᠬᠦ

ᠲᠠᠯ᠎ᠠ ᠨᠢ ᠡᠶ᠎ᠡ ᠵᠣᠬᠢᠴᠠᠯᠲᠠᠢ ᠲᠣᠭᠲᠠᠭᠤᠨ ᠪᠠᠶᠢᠨ᠎ᠠ᠃

     ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠬᠤᠯᠠᠴᠢᠯᠠᠵᠤ᠂ ᠥᠭᠡᠷᠡᠴᠢᠯᠡᠯᠲᠡ ᠶᠢ

ᠭᠦᠨᠵᠡᠭᠡᠶᠢᠷᠡᠭᠦᠯᠬᠦ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠦᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠢᠯᠯᠠᠬᠤ ᠰᠤᠷᠲᠠᠯ ᠢᠶᠠᠨ ᠦᠨᠡᠩᠬᠦ ᠰᠠᠶᠢᠵᠢᠷᠠᠭᠤᠯᠵᠤ᠂

ᠬᠠᠤᠯᠢ ᠪᠠᠷ ᠬᠤᠲᠠ ᠪᠠᠨ ᠵᠠᠰᠠᠬᠤ ᠠᠬᠢᠴᠠ ᠶᠢ ᠲᠥᠷᠭᠡᠳᠬᠡᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ

ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ ᠬᠥᠮᠦᠵᠢᠯ ᠢ ᠯᠠᠪᠳᠠᠭᠤᠨ ᠪᠠᠳᠤᠲᠠᠢ ᠦᠷᠨᠢᠭᠦᠯᠵᠦ᠂ ︽ᠠᠵᠢᠯ ᠬᠢᠬᠦ ᠦᠭᠡᠢ᠂ ᠬᠤᠶᠢᠷᠭᠤᠰᠢᠬᠤ᠂ ᠳᠤᠷ᠎ᠠ

ᠲᠠᠪᠠ ᠪᠠᠷ ᠬᠢᠬᠦ︾᠎ ᠶᠢ ᠲᠤᠰᠬᠠᠢ ᠴᠡᠭᠴᠡᠯᠡᠬᠦ ᠶᠢ ᠭᠦᠨᠵᠡᠭᠡᠢ ᠦᠷᠨᠢᠭᠦᠯᠵᠦ᠂ ᠠᠷᠠᠳ ᠤᠨ ᠲᠥᠯᠦᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ

ᠪᠣᠯᠣᠨ ᠨᠡᠶᠢᠭᠡᠮ ᠤᠨ ᠡᠯ᠎ᠡ ᠡᠳᠡᠬᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠵᠠᠰᠠᠨ ᠴᠡᠭᠴᠡᠯᠡᠬᠦ ᠴᠢᠳᠠᠪᠦᠷᠢ ᠪᠣᠯᠣᠨ ᠵᠠᠰᠠᠨ

ᠴᠡᠭᠴᠡᠯᠡᠬᠦ ᠬᠢᠷᠢ ᠲᠥᠪᠰᠢᠨ ᠴᠢᠨᠠᠭᠰᠢᠳᠠ ᠳᠡᠭᠡᠭᠰᠢᠯᠡᠵᠡᠢ᠃ ᠥᠩᠭᠡᠷᠡᠭᠰᠡᠨ ᠨᠢᠭᠡ ᠵᠢᠯ ᠤᠨ ᠠᠵᠦ ᠠᠬᠤᠢ ᠨᠡᠶᠢᠭᠡᠮ ᠨᠢ ᠡᠷᠡᠭᠦᠯ ᠢᠶᠠᠷ ᠭᠦᠭᠵᠢᠵᠦ ᠠᠷᠪᠠᠨ

ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠡᠭᠦᠰ ᠠᠮᠵᠢᠯᠲᠠᠲᠠᠢ ᠪᠡᠶᠡᠯᠡᠭᠦᠯᠵᠠᠢ᠃

ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ