| | — 2016 ᠣᠨ ᠤ 3 ᠰᠠᠷ᠎ᠠ ᠶᠢᠨ 16 ᠤ ᠡᠳᠦᠷ ᠤᠯᠠᠭᠠᠨᠬᠠᠳᠠ ᠬᠤᠲᠠ ᠶᠢᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ | ᠣᠷᠣᠯᠠᠭᠴᠢ ᠬᠤᠲᠠ ᠶᠢᠨ ᠳᠠᠷᠤᠭ᠎ᠠ ᠮᠧᠩ ᠰᠢᠶᠠᠨ ᠳ᠋ᠥᠩ | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ︽ᠤᠯᠠᠭᠠᠨᠬᠠᠲᠠ ᠬᠤᠲᠠ ᠶᠢᠨ | ᠤᠯᠤᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠯᠡᠭᠡ ᠶᠢᠨ ᠬᠦᠲᠦᠯᠪᠦᠷᠢ ︵ᠲᠥᠰᠥᠯ︶ | ︾ ᠶᠢ ᠬᠠᠮᠲᠦ ᠳᠤᠨᠢ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠣᠨ ᠰᠤᠯᠠ ᠣᠷᠣᠯᠴᠠᠭᠰᠠᠨ ᠨᠥᠬᠦᠳ | ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2015 ᠣᠨ ᠤ ᠭᠤᠣᠯ ᠠᠵᠢᠯ | 2015 ᠣᠨ ᠪᠣᠯ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠯᠡᠭᠡ︾ ᠶᠢᠨ ᠰᠡᠭᠦᠯ ᠬᠤᠷᠢᠶᠠᠬᠤ ᠵᠢᠯ ᠮᠦᠨ᠃ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠥᠮᠡᠨ ᠢ | ᠳᠠᠶᠢᠴᠢᠯᠠᠵᠦ᠂ ᠠᠵᠦ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠬᠥᠳᠡᠯᠦᠩᠭᠦᠢ ᠵᠣᠬᠢᠴᠠᠨ ᠳᠠᠭᠠᠭᠤᠯᠵᠦ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ | ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠠᠵᠦ ᠠᠬᠤᠢ ᠦᠷᠭᠦᠯᠵᠢᠯᠡᠨ ᠪᠠᠭᠤᠷᠠᠬᠤ ᠬᠠᠲᠠᠭᠤ ᠴᠢᠩᠭ᠎ᠠ ᠪᠠᠶᠢᠳᠠᠯ ᠢ ᠢᠳᠡᠪᠬᠢᠲᠠᠢ | ᠠᠷᠭᠠᠴᠠᠭᠠᠵᠤ᠂ ᠭᠤᠣᠯᠳᠠᠯᠭ᠎ᠠ ᠲᠠᠢ ᠠᠵᠢᠯ ᠴᠢᠬᠤᠯᠠ ᠶᠡᠭᠡ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠨ ᠬᠢᠵᠦ᠂ ᠠᠵᠦ ᠠᠬᠤᠢ ᠨᠡᠶᠢᠭᠡᠮ ᠤᠨ | ᠬᠥᠭᠵᠢᠯᠲᠡ ᠨᠢ ᠲᠣᠭᠲᠠᠭᠤᠨ ᠮᠥᠷᠲᠡᠭᠡᠨ ᠠᠬᠢᠯᠲᠠ ᠲᠠᠢ ᠪᠠᠶᠢᠬᠤ ᠶᠢ ᠪᠡᠶᠡᠯᠡᠭᠦᠯᠵᠦ᠂ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠭᠤᠣᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠠᠢ | ᠂ ᠪᠦᠬᠦ ᠬᠤᠲᠠ ᠪᠠᠷ ᠢᠶᠠᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 1861.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 8.1% | ᠨᠡᠮᠡᠭᠳᠡᠵᠦ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 104.6 ᠳ᠋ᠦᠩᠰᠢᠭᠤᠷ ᠲᠥᠭᠦᠷᠢᠭ᠂ 6.7% ᠨᠡᠮᠡᠭᠳᠡᠵᠦ︔ ᠲᠣᠭᠲᠠᠮᠠᠯ | ᠬᠥᠷᠦᠩᠭᠡ ᠶᠢᠨ ᠪᠡᠯᠡ ᠣᠷᠤᠭᠤᠯᠤᠯᠲᠠ 1272.1 ᠳ᠋ᠦᠩᠰᠢᠭᠤᠷ ᠲᠥᠭᠦᠷᠢᠭ᠂ 15.5% ᠨᠡᠮᠡᠭᠳᠡᠵᠡᠢ︔ ᠨᠡᠶᠢᠭᠡᠮ ᠤᠨ ᠬᠡᠷᠡᠭᠯᠡᠭᠡᠨ ᠤ ᠰᠤᠯᠠ ᠬᠤᠳᠠᠯᠳᠤᠭᠰᠠᠨ | ᠶᠡᠷᠦᠩᠬᠡᠢ ᠨᠤᠷᠮ᠎ᠠ 637.1 ᠳ᠋ᠦᠩᠰᠢᠭᠤᠷ ᠲᠥᠭᠦᠷᠢᠭ᠂ 8.3% ᠨᠡᠮᠡᠭᠳᠡᠵᠦ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠠᠷᠤᠴᠠᠭᠤᠯᠵᠦ ᠪᠣᠯᠬᠤ | ᠣᠷᠤᠯᠭ᠎ᠠ 25195 ᠲᠥᠭᠦᠷᠢᠭ ᠪᠣᠯᠣᠨ 8812 ᠲᠥᠭᠦᠷᠢᠭ᠂ ᠲᠡᠭᠰᠢᠳᠬᠡᠭᠡᠳ 8.6% ᠨᠡᠮᠡᠭᠳᠡᠵᠡᠢ᠃ ᠨᠢᠭᠡ ᠵᠢᠯ ᠤᠨ ᠲᠤᠷᠰᠢ᠂ ᠪᠢᠳᠡ ᠭᠤᠣᠯᠳᠠᠭᠤ | ᠳᠣᠣᠷᠠᠬᠢ ᠠᠵᠢᠯ ᠤᠳ ᠢ ᠬᠢᠵᠡᠢ᠄ | ︵ᠨᠢᠭᠡ︶ ᠶᠡᠷᠦᠩᠬᠡᠶᠢᠯᠡᠭᠰᠡᠨ ᠠᠷᠭ᠎ᠠ ᠪᠣᠳᠤᠯᠭ᠎ᠠ ᠪᠠᠷ ᠠᠵᠦ ᠠᠬᠤᠢ ᠶᠢᠨ ᠨᠡᠮᠡᠭᠳᠡᠯ ᠢ ᠲᠣᠭᠲᠠᠪᠦᠷᠢᠵᠢᠭᠤᠯᠪᠠ᠃ ᠪᠡᠯᠡ ᠣᠷᠤᠭᠤᠯᠤᠯᠲᠠ ᠶᠢᠨ ᠵᠠᠩᠬᠢᠯᠠᠭ᠎ᠠ ᠶᠢᠨ | ᠦᠢᠯᠡᠳᠦᠯ ᠢ ᠪᠠᠳᠠᠷᠠᠭᠤᠯᠵᠦ᠂ 5000 ᠲᠥᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭᠠᠲᠠᠢ ᠲᠥᠷᠦᠯ ᠵᠦᠢᠯ 638 ᠨᠠᠶᠢᠳᠠᠪᠦᠷᠢᠵᠢᠭᠤᠯᠵᠤ᠂ 832 | ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ 220 ᠲᠥᠷᠦᠯ ᠵᠦᠢᠯ ᠨᠢ ᠠᠵᠢᠯ ᠳᠠᠭᠤᠰᠴᠦ᠂ ᠤᠯᠠᠭᠠᠨᠬᠠᠲᠠ ᠠᠴᠠ ᠪᠡᠭᠡᠵᠢᠩ ᠮᠥᠭᠳᠡᠨ | ᠱᠣᠭᠤᠮ ᠬᠦᠷᠬᠦ ᠬᠤᠷᠳᠤᠨ ᠤ ᠲᠡᠮᠦᠷ ᠵᠠᠮ ᠤᠨ ᠬᠠᠷᠠᠴᠢᠨ ᠵᠡᠭᠦᠨ ᠰᠢᠶᠠᠨ ᠤ ᠥᠷᠳᠡᠭᠡ ᠶᠢᠨ ᠲᠦᠷᠦᠯ ᠵᠦᠢᠯ ᠢ ᠡᠬᠢᠯᠡᠨ ᠪᠠᠶᠢᠭᠤᠯᠵᠦ᠂ ᠳᠤᠮᠳᠠᠳᠤ ᠶᠢᠨ | ᠴᠠᠬᠢᠯᠭᠠᠨ ᠤ ᠪᠡᠯᠡ ᠣᠷᠤᠭᠤᠯᠤᠯᠲᠠ ᠶᠢᠨ 2 × 30 ᠲᠥᠮᠡᠨ ᠺᠢᠯᠤᠸ᠋ᠲ ᠤᠨ ᠢᠯᠴᠢ ᠴᠠᠬᠢᠯᠭᠠᠨ ᠬᠤᠯᠪᠤᠭᠠᠯᠠᠭᠰᠠᠨ ᠦᠢᠯᠡᠰ᠂ ᠳᠤᠮᠳᠠᠳᠤ ᠶᠢᠨ ᠠᠮᠤ ᠪᠤᠳᠠᠭᠠᠨ ᠤ | 150 ᠲᠥᠮᠡᠨ ᠭᠠᠭ᠋ᠠᠢ ᠳᠠᠵᠢᠬᠡᠬᠦ ᠠᠵᠦ ᠦᠢᠯᠡᠰ ᠤᠨ ᠪᠦᠷᠢᠨ ᠬᠡᠯᠬᠢᠶᠡᠵᠢᠯ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ | ᠬᠤᠲᠠ᠂ ᠪᠢᠷᠠᠭᠤ ᠠᠴᠠ ᠰᠢᠯᠢ ᠶᠢᠨ ᠬᠤᠲᠠ ᠬᠦᠷᠬᠦ ᠲᠥᠷᠭᠡᠨ ᠤ ᠵᠠᠰᠠᠮᠠᠯ ᠵᠠᠮ᠂ ᠵᠢᠲ᠋ᠦ᠋ᠩ ᠲᠡᠮᠦᠷ ᠵᠠᠮ ᠤᠨ ᠬᠤᠶᠠᠳᠤᠭᠠᠷ ᠱᠤᠭᠤᠮ ᠨᠡᠮᠡᠬᠦ ᠵᠡᠷᠭᠡ ᠴᠢᠬᠤᠯᠠ ᠶᠡᠭᠡ | ᠲᠥᠷᠦᠯ ᠵᠦᠢᠯ ᠢ ᠲᠥᠷᠭᠡᠨ ᠠᠬᠢᠭᠤᠯᠵᠠᠢ᠃ ᠠᠵᠦ ᠠᠬᠤᠶᠢᠯᠠᠯ ᠤᠨ ᠦᠢᠯᠡᠳᠪᠦᠷᠢᠯᠡᠯ ᠢ ᠬᠦᠴᠦᠯᠡᠨ ᠲᠣᠭᠲᠠᠪᠦᠷᠢᠵᠢᠭᠤᠯᠵᠤ᠂ ᠪᠣᠳᠠᠳᠣ ᠠᠵᠦ ᠠᠬᠤᠢ ᠶᠢᠨ | ᠬᠥᠭᠵᠢᠯᠲᠡ ᠶᠢ ᠳᠡᠮᠵᠢᠬᠦ ᠰᠢᠷᠢᠰ ᠲᠥᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠵᠢᠯ ᠳᠤ ᠠᠵᠦ ᠠᠬᠤᠶᠢᠯᠠᠯ ᠤᠨ | ᠴᠠᠬᠢᠯᠭᠠᠨ ᠤ ᠰᠦᠢᠳᠬᠡᠯ ᠤᠨ ᠤᠭ ᠥᠷᠲᠡᠭ ᠢ 1.9 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠠᠵᠦ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠠᠶᠢᠯᠢ 17.1 ᠳ᠋ᠦᠩᠰᠢᠭᠤᠷ ᠲᠥᠭᠦᠷᠢᠭ ᠬᠠᠰᠤᠨ ᠬᠡᠯᠲᠦᠷᠢᠭᠦᠯᠵᠦ᠂ ︽ᠨᠢᠭᠡ ᠠᠵᠦ ᠠᠬᠤᠶᠢᠯᠠᠯ ᠨᠢᠭᠡ ᠲᠥᠷᠦ ᠶᠢᠨ ᠪᠣᠳᠤᠯᠭ᠎ᠠ︾ | ᠪᠠᠷ 89 ᠠᠵᠢᠯ ᠵᠣᠭᠰᠤᠭᠰᠠᠨ ᠠᠵᠦ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠦ | ᠦᠢᠯᠡᠳᠪᠦᠷᠢ ᠶᠢᠨ ᠠᠵᠦ ᠠᠬᠤᠶᠢᠯᠠᠯ 30 ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠦ ᠠᠵᠦ ᠦᠢᠯᠡᠳᠪᠦᠷᠢ ᠶᠢᠨ ᠨᠡᠮᠡᠭᠳᠡᠯ ᠥᠷᠲᠡᠭ 9.1 % ᠨᠡᠮᠡᠭᠳᠡᠵᠡᠢ᠃ | ᠭᠡᠷ᠎ᠡ ᠶᠢᠨ ᠭᠠᠶᠢᠯᠢ ᠨᠦᠬᠦᠪᠦᠷᠢᠯᠡᠬᠦ᠂ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠬᠤ᠂ ᠨᠡᠶᠢᠲᠡ ᠶᠢᠨ ᠬᠤᠷᠠᠮᠳᠤᠯ ᠮᠥᠩᠭᠦ ᠶᠢᠨ ᠵᠢᠭᠡᠯᠡᠯᠭᠡ ᠶᠢᠨ ᠳᠡᠭᠡᠷ᠎ᠡ | ᠬᠢᠵᠠᠭᠠᠷ ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠥᠬᠦ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠤᠯᠲᠠ 15.9 % | ᠨᠡᠮᠡᠭᠳᠡᠵᠡᠢ᠃ ᠲᠠᠷᠢᠶᠠᠯᠠᠩ ᠮᠠᠯ ᠠᠵᠦ ᠠᠬᠤᠢ ᠶᠢᠨ ᠤᠨᠠᠯᠲᠠ ᠲᠣᠭᠲᠠᠭᠤᠨ ᠦᠷ᠎ᠡ ᠠᠰᠢᠭ ᠨᠢ ᠳᠡᠭᠡᠭᠰᠢᠯᠡᠬᠦ ᠶᠢ ᠠᠬᠢᠭᠤᠯᠵᠤ᠂ ᠦᠨᠳᠦᠷ ᠦᠷ᠎ᠡ ᠠᠰᠢᠭᠲᠠᠢ ᠤᠰᠤ | ᠠᠷᠪᠢᠯᠠᠬᠤ ᠲᠠᠷᠢᠬᠤ ᠲᠠᠯᠠᠪᠠᠢ 220 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠨᠢ 103.2 ᠳ᠋ᠦᠩᠰᠢᠭᠤᠷ ᠵᠢᠩ ᠬᠦᠷᠴᠦ᠂ 6 | ᠳ᠋ᠤᠭᠠᠷ ᠰᠠᠷ᠎ᠠ ᠶᠢᠨ ᠡᠴᠦᠰ ᠲᠤ ᠮᠠᠯ ᠤᠨ ᠵᠤᠭᠰᠤᠭ᠎ᠠ ᠲᠤᠭ᠎ᠠ 2285 ᠲᠥᠮᠡᠨ ᠲᠣᠯᠤᠭᠠᠢ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠦ ᠠᠬᠤᠶᠢᠯᠠᠯ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ 383 ᠳ᠋ᠦᠩᠰᠢᠭᠤᠷ ᠲᠥᠭᠦᠷᠢᠭ ᠲᠤ | ᠬᠦᠷᠴᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠤᠨ ᠳᠠᠭᠠᠭᠤᠯᠵᠤ ᠢᠲᠡᠬᠡᠮᠵᠢᠲᠦ ᠵᠢᠭᠡᠯᠡᠯᠭᠡ ᠶᠢᠨ ᠬᠡᠮᠵᠢᠶ᠎ᠡ ᠶᠢ ᠨᠡᠮᠡᠭᠳᠡᠭᠦᠯᠵᠦ᠂ ᠠᠵᠦ | ᠠᠬᠤᠶᠢᠯᠠᠯ ᠤᠨ ᠣᠯᠠᠨ ᠳᠠᠪᠬᠤᠷᠭ᠎ᠠ ᠪᠠᠷ ᠪᠡᠯᠡ ᠮᠥᠩᠭᠦᠨ ᠤ ᠵᠠᠬ᠎ᠠ ᠳᠡᠯᠭᠡᠭᠦᠷ ᠲᠤ ᠪᠡᠯᠡ ᠬᠤᠷᠠᠮᠳᠤᠭᠤᠯᠬᠤ ᠶᠢ ᠠᠬᠢᠭᠤᠯᠵᠤ᠂ ᠪᠥᠬᠦ ᠬᠤᠲᠠ ᠳᠤ ᠰᠢᠭᠤᠳ ᠪᠡᠯᠡ | ᠬᠤᠷᠠᠮᠳᠤᠭᠤᠯᠬᠤ ᠠᠵᠦ ᠠᠬᠤᠶᠢᠯᠠᠯ 29 ᠪᠣᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ 1163 ᠳ᠋ᠦᠩᠰᠢᠭᠤᠷ ᠲᠥᠭᠦᠷᠢᠭ᠂ | 11% ᠨᠡᠮᠡᠭᠳᠡᠵᠡᠢ᠃ | ︵ᠬᠤᠶᠠᠷ︶ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠵᠦ ᠳᠡᠰ ᠳᠡᠪᠰᠢᠭᠦᠯᠬᠦ ᠶᠢ ᠣᠯᠠᠨ ᠠᠷᠭ᠎ᠠ ᠪᠠᠷ ᠠᠬᠢᠭᠤᠯᠪᠠ᠃ ᠬᠤᠴᠤᠷᠤᠩᠭᠤᠢ | ᠦᠢᠯᠡᠳᠪᠦᠷᠢᠯᠡᠯ ᠤᠨ ᠴᠢᠳᠠᠪᠬᠢ ᠶᠢ ᠰᠢᠯᠢᠳᠡᠭᠵᠢᠭᠦᠯᠵᠦ᠂ 124 ᠵᠢᠵᠢᠭ ᠠᠭᠤᠷᠬᠠᠢ ᠪᠣᠯᠣᠨ ᠲᠡᠮᠦᠷᠯᠢᠭ ᠬᠠᠶᠢᠯᠤᠭᠤᠯᠬᠤ ᠵᠢᠵᠢᠭ ᠠᠵᠦ ᠠᠬᠤᠶᠢᠯᠠᠯ ᠢ ᠬᠠᠭᠠᠵᠠᠢ᠃ | ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠮᠡᠷᠭᠡᠵᠢᠯ ᠤᠨ ᠡᠭᠦᠳᠦᠯᠲᠡ ᠶᠢ ᠵᠣᠷᠢᠬᠵᠢᠭᠤᠯᠤᠨ᠂ ᠮᠡᠷᠭᠡᠵᠢᠯ ᠤᠨ ᠥᠭᠡᠷᠡᠴᠢᠯᠡᠯᠲᠡ ᠬᠢᠵᠦ ᠴᠢᠳᠠᠪᠦᠷᠢ ᠪᠠᠨ | ᠥᠷᠭᠡᠳᠬᠡᠬᠦ ᠲᠥᠷᠦᠯ ᠵᠦᠢᠯ 35᠂ ᠡᠬᠢ ᠰᠣᠷᠪᠤᠯᠵᠢ ᠶᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ 9 ᠶᠢ ᠨᠠᠶᠢᠳᠠᠪᠦᠷᠢᠵᠢᠭᠤᠯᠵᠤ᠂ ᠬᠦᠬᠦᠷ ᠦᠭᠡᠶᠢᠳᠡᠭᠦᠯᠬᠦ | ᠱᠠᠦ ᠦᠭᠡᠶᠢᠳᠡᠭᠦᠯᠬᠦ ᠲᠣᠭᠤᠰᠣ ᠨᠠᠮᠳᠠᠭᠠᠬᠤ ᠰᠢᠨᠡᠴᠢᠯᠡᠯᠡᠲᠡ ᠶᠢᠨ ᠲᠥᠷᠦᠯ ᠵᠦᠢᠯ 193 ᠶᠢ ᠪᠡᠶᠡᠯᠡᠭᠦᠯᠵᠡᠢ᠃ ᠰᠢᠨ᠎ᠡ ᠬᠡᠯᠪᠡᠷᠢ ᠶᠢᠨ ᠬᠢᠮᠢ ᠶᠢᠨ ᠠᠵᠦ | ᠦᠢᠯᠡᠳᠪᠦᠷᠢ ᠶᠢᠨ ᠠᠵᠦ ᠦᠢᠯᠡᠰ ᠢ ᠪᠣᠵᠠᠭᠠᠶᠢᠷᠠᠭᠤᠯᠤᠨ᠂ 13 ᠳ᠋ᠦᠩᠰᠢᠭᠤᠷ ᠲᠡᠭᠰᠢ ᠳᠥᠷᠪᠡᠯᠵᠢᠨ ᠮᠧᠲᠷ ᠨᠡᠭᠦᠷᠡᠰᠦᠨ ᠬᠡᠢ᠂ 120 ᠲᠥᠮᠡᠨ ᠲᠤᠨ ᠠᠯᠭᠤᠷ | ᠰᠢᠩᠭᠡᠭᠡᠬᠦ ᠪᠣᠷᠳᠤᠭᠤᠷ᠂ 4 ᠲᠥᠮᠡᠨ ᠲᠣᠨ ᠳᠥᠷᠪᠡᠳᠦᠭᠡᠷ ᠫᠧᠨ᠋ᠲ᠋ᠧᠯ ᠳᠥᠷᠪᠡᠴᠢ ᠠᠯᠺᠤᠤᠯ ᠵᠡᠷᠭᠡ ᠲᠥᠷᠦᠯ ᠵᠦᠢᠯ ᠨᠢ ᠦᠢᠯᠡᠳᠪᠦᠷᠢᠯᠡᠯ ᠤᠨ ᠴᠢᠳᠠᠪᠬᠢ ᠪᠣᠯᠬᠤ ᠶᠢ | ᠲᠥᠷᠭᠡᠳᠬᠡᠵᠡᠢ᠃ ᠴᠡᠪᠡᠷ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠪᠦᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠰᠢᠨ᠎ᠡ ᠡᠨᠧᠷᠭᠢ ᠶᠢᠨ | ᠲᠥᠷᠦᠯ ᠵᠦᠢᠯ ᠢ ᠠᠬᠢᠭᠤᠯᠵᠤ᠂ 123 ᠲᠥᠮᠡᠨ ᠺᠢᠯᠤᠸ᠋ᠲ ᠤᠨ ᠴᠠᠬᠢᠯᠭᠠᠨ ᠬᠦᠴᠦᠨ ᠤ ᠮᠠᠰᠢᠨ ᠤᠭᠰᠠᠷᠠᠵᠤ ᠲᠣᠣᠷᠵᠢᠯ ᠳᠤ ᠨᠡᠶᠢᠯᠡᠭᠦᠯᠦᠨ ᠴᠠᠬᠢᠯᠭᠠᠨ ᠭᠠᠷᠭᠠᠵᠠᠢ᠃ | ᠤᠯᠠᠭᠠᠨᠬᠠᠲᠠ ᠶᠢᠨ ᠡᠮ ᠤᠨ ᠦᠢᠯᠡᠳᠪᠦᠷᠢ᠂ ᠳ᠋ᠠᠨ ᠯᠥᠩ᠂ ᠮᠧᠩ ᠰᠢᠨ᠂ ᠠᠢ ᠺᠧ ᠵᠡᠷᠭᠡ ᠡᠮ ᠤᠨ ᠠᠵᠦ ᠠᠬᠤᠶᠢᠯᠠᠯ ᠨᠢ ᠬᠤᠲᠠ ᠠᠴᠠ ᠭᠠᠷᠴᠦ | ᠬᠦᠷᠢᠶᠡᠯᠡᠩ ᠳᠤ ᠣᠷᠣᠵᠤ᠂ ᠴᠢᠳᠠᠪᠬᠢ ᠪᠠ ᠲᠣᠨᠣᠭᠯᠠᠯ ᠤᠨ ᠬᠢᠷᠢ ᠲᠥᠪᠰᠢᠨ ᠨᠢ ᠶᠡᠬᠡᠪᠡᠷ ᠳᠡᠭᠡᠭᠰᠢᠯᠡᠵᠡᠢ᠃ ᠡᠯᠧᠺᠲᠷᠤᠨ ᠴᠢᠮᠡᠭᠡ ᠵᠠᠩᠬᠢ ᠶᠢᠨ ᠦᠢᠯᠡᠰ ᠢ | ᠬᠦᠴᠦᠲᠡᠢ ᠬᠥᠭᠵᠢᠭᠦᠯᠵᠦ᠂ ᠰᠢᠩᠭᠡᠨ ᠲᠠᠯᠠᠰᠲᠦ ᠳᠡᠯᠭᠡᠴᠡ ᠶᠢᠨ ᠭᠠᠷᠤᠯᠲᠠ 1000 ᠲᠥᠮᠡᠨ ᠢᠵᠢ ᠳᠤ ᠬᠦᠷᠴᠦ᠂ ᠡᠭᠦᠯᠡᠨ ᠪᠣᠳᠤᠯᠲᠠ ᠶᠢᠨ ᠨᠡᠪᠴᠢᠭᠦᠯᠬᠦ | ᠬᠦᠷᠢᠶᠡᠯᠡᠩ ᠨᠢ ᠵᠢᠩᠬᠢᠨᠢ ᠪᠠᠷ ᠡᠵᠡᠩᠨᠡᠵᠦ᠂ 48 ᠠᠵᠦ ᠠᠬᠤᠶᠢᠯᠠᠯ ᠣᠷᠣᠵᠦ ᠰᠠᠭᠤᠷᠢᠰᠢᠵᠠᠢ᠃ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ᠂ | ᠰᠣᠶᠣᠯ ᠤᠨ ᠵᠤᠭᠠᠴᠠᠯ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠥᠷᠭᠡᠳᠬᠡᠵᠦ᠂ ᠤᠯᠠᠭᠠᠨᠬᠠᠳᠠ ᠶᠢᠨ ᠭᠠᠶᠢᠯᠢ ᠪᠠᠲᠤᠯᠠᠬᠤ | ᠪᠠᠷᠠᠭ᠎ᠠ ᠶᠢᠨ ᠭᠦᠢᠯᠡᠭᠡᠭᠡᠨ ᠤ ᠲᠥᠪ ᠨᠢ ᠣᠷᠣᠨ ᠲᠣᠭᠤᠷᠢᠭ ᠪᠤᠭᠤᠮᠲᠠ ᠭᠠᠷᠬᠤ ᠶᠢ ᠨᠢᠭᠡ ᠴᠣᠭᠴᠢᠯᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ 478 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠤᠭᠠᠴᠠᠯ ᠤᠨ | ᠣᠷᠣᠯᠭ᠎ᠠ 191 ᠳ᠋ᠦᠩᠰᠢᠭᠤᠷ ᠲᠥᠭᠦᠷᠢᠭ᠂ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠥᠷᠲᠡᠭ ᠤᠨ GDP ᠳᠠᠬᠢ ᠬᠠᠷᠢᠴᠠᠯ ᠢ 1.5 ᠵᠠᠭᠤᠨ ᠤ ᠴᠡᠭ | ᠳᠡᠭᠡᠭᠰᠢᠯᠡᠵᠡᠢ᠃ | ︵ᠭᠤᠷᠪᠠ︶ ᠠᠯᠤᠰ ᠬᠡᠲᠦ ᠪᠠᠨ ᠪᠠᠷᠠᠯᠠᠨ ᠦᠷᠭᠦᠯᠵᠢᠯᠡᠨ ᠬᠥᠭᠵᠢᠬᠦ ᠴᠢᠳᠠᠪᠦᠷᠢ ᠪᠠᠨ ᠬᠦᠴᠦᠯᠡᠨ ᠴᠢᠩᠭᠠᠳᠬᠠᠵᠡᠢ᠃ ᠰᠢᠨ᠎ᠡ ᠬᠡᠪ ᠪᠠᠶᠢᠳᠠᠯ ᠳᠠᠬᠢ ᠰᠢᠨ᠎ᠡ | ᠵᠠᠪᠰᠢᠶᠠᠨ ᠢ ᠵᠠᠪᠳᠤᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠥᠭᠵᠢᠯᠲᠡ ᠪᠠᠨ ᠬᠢᠨᠠᠮᠠᠭᠠᠢ ᠲᠥᠯᠥᠪᠯᠡᠵᠦ᠂ ᠶᠡᠷᠦᠩᠬᠡᠢ ᠪᠡᠯᠡ ᠣᠷᠤᠭᠤᠯᠤᠯᠲᠠ ᠨᠢ 1.3 | ᠲᠥᠮᠡᠨ ᠳ᠋ᠦᠩᠰᠢᠭᠤᠷ ᠲᠥᠭᠦᠷᠢᠭ ᠤᠨ ᠴᠢᠬᠤᠯᠠ ᠶᠡᠭᠡ ᠲᠥᠷᠥᠯ ᠵᠦᠢᠯ ᠪᠣᠯᠣᠨ ᠲᠣᠮᠤ ᠶᠡᠭᠡ ᠢᠨᠵᠧᠨᠧᠷᠢᠩ ᠢ ᠲᠣᠭᠲᠠᠭᠠᠵᠠᠢ᠃ ᠤᠯᠠᠭᠠᠨᠬᠠᠳᠠ ᠶᠢᠨ ᠠᠵᠦ | ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠪᠣᠵᠠᠭᠠᠶᠢᠷᠠᠭᠤᠯᠤᠨ ᠬᠦᠴᠦᠷᠭᠡᠭᠵᠢᠭᠦᠯᠬᠦ ᠶᠢᠨ ᠲᠣᠭᠤᠷᠢᠨ ᠳᠤ ᠤᠯᠠᠭᠠᠨᠬᠠᠳᠠ ᠶᠢᠨ ᠬᠤᠲᠠ ᠶᠢᠨ ᠵᠡᠭᠦᠨ ᠬᠡᠰᠡᠭ ᠤᠨ ᠠᠵᠦ | ᠠᠬᠤᠢ ᠶᠢᠨ ᠪᠥᠰᠡ ᠶᠢᠨ ᠲᠥᠯᠦᠪᠵᠢᠭᠦᠯᠭᠡ ᠪᠣᠯᠣᠨ ᠪᠥᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠶᠤᠸᠠᠨ ᠪᠣᠣ ᠱᠠᠨ ᠴᠠᠬᠢᠯᠭᠠᠨ ᠦᠢᠯᠡᠳᠪᠦᠷᠢ ᠶᠢᠨ ᠰᠢᠨᠡᠴᠢᠯᠡᠯᠲᠡ | ᠬᠢᠵᠦ ᠾᠧᠪᠸᠢ ᠶᠢᠨ ᠤᠮᠠᠷᠠᠲᠤ ᠶᠢᠨ ᠴᠠᠬᠢᠯᠭᠠᠨ ᠲᠣᠣᠷᠵᠢᠯ ᠳᠤ ᠵᠠᠯᠭᠠᠬᠤ᠂ ᠨᠡᠭᠡᠭᠡᠯᠲᠡ ᠶᠢᠨ ᠲᠣᠭᠤᠷᠢᠭ ᠤᠨ ᠪᠡᠯᠡᠳᠬᠡᠯ ᠴᠠᠬᠢᠯᠭᠠᠨ ᠦᠢᠯᠡᠳᠪᠦᠷᠢ᠂ ᠵᠡᠰ ᠤᠨ ᠠᠵᠦ | ᠦᠢᠯᠡᠰ ᠤᠨ ᠬᠦᠷᠢᠶᠡᠯᠡᠩ ᠲᠣᠭᠤᠷᠢᠭ᠂ ᠬᠤᠤ ᠺᠧ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠳᠠᠬᠢᠨ ᠵᠣᠬᠢᠶᠠᠨ ᠪᠠᠶᠢᠭᠤᠯᠬᠤ ᠵᠡᠷᠭᠡ ᠶᠢᠨ ᠡᠮᠦᠨᠡᠬᠢ ᠬᠤᠭᠤᠴᠠᠭᠠᠨ ᠤ | ᠠᠵᠢᠯ ᠢ ᠬᠦᠴᠦᠲᠡᠢ ᠠᠬᠢᠭᠤᠯᠵᠠᠢ᠃ ᠰᠠᠭᠤᠷᠢᠰᠢᠬᠤ ᠳᠤ ᠲᠣᠬᠢᠯᠢᠭ ᠬᠤᠲᠠ ᠶᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠤᠶᠤᠨᠲᠤ ᠬᠤᠲᠠ᠂ ᠰᠠᠭᠠᠳ | ᠦᠭᠡᠢ ᠵᠠᠮ ᠬᠠᠷᠢᠯᠴᠠᠭ᠎ᠠ᠂ ᠬᠠᠮ ᠬᠤᠭᠤᠯᠠᠢ ᠬᠤᠩᠬᠢᠯ᠂ ᠭᠤᠣᠯ ᠤᠨ ᠤᠷᠤᠰᠬᠠᠯ ᠵᠠᠰᠠᠬᠤ᠂ ᠬᠤᠭ ᠨᠣᠪᠰᠢ ᠰᠢᠢᠳᠪᠦᠷᠢᠯᠡᠬᠦ᠂ ᠬᠠᠶᠠᠭᠳᠠᠮᠠᠯ ᠤᠰᠤ ᠰᠢᠢᠳᠪᠦᠷᠢᠯᠡᠬᠦ | ᠵᠡᠷᠭᠡ ᠠᠵᠢᠯ ᠨᠢ ᠯᠠᠪᠳᠠᠭᠤᠨ ᠪᠠᠳᠤᠲᠠᠢ ᠠᠬᠢᠵᠠᠢ᠃ ᠪᠠᠲᠤᠯᠠᠭ᠎ᠠ ᠶᠢᠨ ᠴᠢᠳᠠᠪᠦᠷᠢ ᠪᠠᠨ ᠳᠡᠭᠡᠭᠰᠢᠯᠡᠭᠦᠯᠬᠦ ᠶᠢᠨ ᠲᠣᠭᠤᠷᠢᠨ ᠳᠤ ᠮᠢᠩᠭᠠᠨ ᠳ᠋ᠦᠩᠰᠢᠭᠤᠷ ᠲᠥᠭᠦᠷᠢᠭ ᠤᠨ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ ᠤᠨ ᠪᠠᠷᠢᠯᠭ᠎ᠠ ᠶᠢ ᠲᠥᠯᠥᠪᠯᠡᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ᠂ | ᠴᠠᠬᠢᠯᠭᠠᠨ ᠬᠦᠴᠦᠨ᠂ ᠴᠢᠮᠡᠭᠡ ᠨᠡᠪᠲᠡᠷᠡᠯᠭᠡ ᠵᠡᠷᠭᠡ ᠣᠯᠠᠨ ᠬᠦᠷᠢᠶ᠎ᠡ ᠬᠡᠪᠴᠢᠶ᠎ᠡ ᠶᠢ ᠬᠠᠮᠤᠷᠴᠠᠢ᠃ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠢ | ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠰᠢᠨᠡᠴᠢᠯᠡᠬᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ | ᠬᠤᠲᠠ ᠪᠣᠯᠣᠨ ᠨᠠᠰᠤᠲᠠᠨ ᠠᠰᠠᠷᠠᠬᠤ ᠬᠦᠷᠢᠶᠡᠯᠡᠩ ᠲᠣᠭᠤᠷᠢᠭ ᠤᠨ ᠪᠥᠲᠦᠭᠡᠨ ᠪᠠᠶᠢᠭᠤᠯᠤᠯᠲᠠ ᠵᠡᠷᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ | ᠠᠬᠢᠭᠤᠯᠵᠠᠢ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠵᠢᠯᠣᠭᠤᠳᠬᠤ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠲᠠᠢ ᠤᠶᠠᠯᠳᠤᠭᠤᠯᠤᠨ᠂ | ᠵᠠᠰᠠᠭ ᠤᠨ ᠣᠷᠳᠣᠨ ᠪᠣᠯᠣᠨ ᠨᠡᠶᠢᠭᠡᠮ ᠤᠨ ᠪᠡᠯᠡ ᠬᠥᠷᠥᠩᠭᠡ ᠶᠢᠨ ᠬᠠᠮᠵᠢᠯᠴᠠᠬᠤ ᠬᠡᠯᠪᠡᠷᠢ ᠶᠢ ᠬᠦᠴᠦᠲᠡᠢ ᠳᠡᠯᠭᠡᠷᠡᠭᠦᠯᠵᠦ᠂ ᠮᠢᠩᠭᠠᠨ ᠳ᠋ᠦᠩᠰᠢᠭᠤᠷ ᠲᠥᠭᠦᠷᠢᠭ ᠤᠨ | PPP ᠴᠢᠬᠤᠯᠠ ᠶᠡᠭᠡ ᠲᠥᠷᠦᠯ ᠵᠦᠢᠯ ᠢ ᠭᠠᠷᠭᠠᠵᠠᠢ᠃ | ︵ᠳᠥᠷᠪᠡ︶ ᠪᠣᠳᠠᠳᠣ ᠦᠷ᠎ᠡ ᠠᠰᠢᠭ ᠢ ᠴᠢᠬᠤᠯᠠᠴᠢᠯᠠᠨ ᠥᠭᠡᠷᠡᠴᠢᠯᠡᠯᠲᠡ ᠰᠢᠪᠲᠤᠯᠤᠯᠲᠠ ᠶᠢᠨ ᠳᠠᠶᠢᠯᠠᠯᠳᠤᠭᠠᠨ ᠢ ᠬᠦᠴᠦᠲᠡᠢ ᠠᠬᠢᠭᠤᠯᠵᠡᠢ᠃ ᠪᠥᠬᠦ | ᠵᠢᠯ ᠳᠤ 399 ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ 214 ᠵᠦᠢᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠣᠯᠵᠠᠢ᠃ ᠬᠤᠲᠠ | ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠤ ᠡᠷᠬᠡ ᠶᠢᠨ ᠳᠠᠩᠰᠠᠯᠠᠯ ᠢ ᠢᠯᠡ ᠨᠡᠶᠢᠲᠡᠯᠡᠵᠤ᠂ ᠠᠵᠢᠯ ᠤᠨ ᠳᠠᠷᠠᠭᠠᠯᠠᠯ ᠢ ᠰᠢᠯᠢᠳᠡᠭᠵᠢᠭᠦᠯᠵᠦ ᠳᠠᠬᠢᠨ | ᠲᠤᠭᠳᠠᠭᠠᠵᠤ᠂ ᠬᠢᠨᠡᠨ ᠵᠥᠪᠰᠢᠶᠡᠷᠡᠬᠦ ᠶᠠᠪᠤᠴᠠ ᠶᠢ 706 ᠵᠦᠢᠯ ᠬᠠᠰᠤᠵᠤ᠂ ᠭᠦᠢᠴᠡᠳᠭᠡᠬᠦ ᠴᠠᠭ ᠢ 60% ᠪᠠᠷ ᠪᠣᠭᠤᠨᠢᠰᠬᠠᠵᠠᠢ᠃ ᠦᠢᠯᠡᠳᠪᠦᠷᠢ ᠬᠤᠳᠠᠯᠳᠤᠭ᠎ᠠ᠂ | ᠶᠠᠰᠤ ᠴᠢᠨᠡᠷ ᠤᠨ ᠬᠢᠨᠠᠯᠲᠠ᠂ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠭᠤᠷᠪᠠ ᠶᠢ ᠨᠢᠭᠡᠴᠢᠯᠡᠬᠦ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠡᠢ᠃ ︽ᠭᠤᠷᠪᠠᠨ ᠦᠨᠡᠮᠯᠡᠯ ᠢ ᠨᠢᠭᠡᠳᠭᠡᠨ ᠨᠢᠬᠡ ᠪᠤᠯᠭᠠᠬᠤ᠂ ᠨᠢᠭᠡ | ᠦᠨᠡᠮᠯᠡᠯ ᠳᠤ ᠨᠢᠭᠡ ᠨᠣᠮᠧᠷ︾ ᠲᠠᠢ ᠪᠠᠶᠢᠬᠤ ᠪᠠ ᠪᠥᠬᠦᠢ ᠶᠠᠪᠤᠴᠠ ᠳᠤ ᠡᠯᠧᠺᠲᠷᠣᠨ ᠳᠠᠩᠰᠠᠯᠠᠯ ᠬᠢᠬᠦ ᠪᠠ ᠡᠯᠧᠺᠲᠷᠤᠨ ᠡᠵᠡᠩᠨᠡᠯᠲᠡ ᠶᠢᠨ ᠦᠨᠡᠮᠯᠡᠯ ᠢ ᠪᠥᠬᠦ | ᠣᠷᠣᠨ ᠤ ᠬᠡᠪᠴᠢᠶᠡᠨ ᠳᠤ ᠬᠠᠮᠤᠭ ᠲᠦᠷᠦᠭᠦᠨ ᠳᠤ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 408 ᠲᠥᠮᠡᠨ ᠡᠷᠦᠬᠡ ᠰᠢᠨ᠎ᠡ ᠪᠠᠷ ᠨᠡᠮᠡᠭᠳᠡᠭᠦᠯᠵᠦ᠂ | ᠳᠠᠩᠰᠠᠯᠠᠬᠤ ᠪᠡᠯᠡ ᠬᠥᠷᠥᠩᠭᠡ 402 ᠳ᠋ᠦᠩᠰᠢᠭᠤᠷ ᠲᠥᠭᠦᠷᠢᠭ ᠰᠢᠨ᠎ᠡ ᠨᠡᠮᠡᠭᠳᠡᠭᠦᠯᠵᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ | ᠴᠢᠨᠠᠭᠰᠢᠲᠠ ᠰᠢᠯᠢᠳᠡᠭᠵᠢᠭᠦᠯᠵᠦ᠂ ᠠᠷᠠᠯᠵᠢᠶᠠᠨ ᠤ ᠨᠣᠷᠮ᠎ᠠ ᠶᠢ 140.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ ᠪᠠᠨ 27.7% | ᠨᠡᠮᠡᠭᠳᠡᠵᠡᠢ᠃ ᠵᠠᠮ ᠬᠠᠷᠢᠯᠴᠠᠭ᠎ᠠ᠂ ᠠᠵᠦ ᠦᠢᠯᠡᠳᠪᠦᠷᠢ᠂ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠭᠤᠷᠪᠠᠨ ᠪᠡᠯᠡ ᠣᠷᠤᠭᠤᠯᠤᠯᠲᠠ ᠶᠢᠨ | ᠺᠣᠮᠫᠠᠨᠢ ᠶᠢ ᠪᠠᠶᠢᠭᠤᠯᠵᠤ᠂ ᠬᠤᠲᠠ ᠶᠢᠨ ᠱᠠᠲᠤᠨ ᠤ ᠲᠠᠪᠴᠠᠩ ᠤᠨ ᠪᠡᠯᠡ ᠬᠤᠷᠠᠮᠳᠤᠯ 53.3 ᠳ᠋ᠦᠩᠰᠢᠭᠤᠷ ᠲᠥᠭᠦᠷᠢᠭ ᠬᠦᠷᠴᠡᠢ᠃ ᠪᠥᠬᠦ ᠬᠤᠲᠠ ᠶᠢᠨ | ᠭᠤᠣᠯ ᠤᠨ ᠤᠷᠤᠰᠬᠠᠯ ᠤᠨ ᠬᠠᠮᠢᠶᠠᠷᠤᠯᠲᠠ ᠶᠢᠨ ᠠᠷᠭ᠎ᠠ ᠪᠣᠯᠣᠨ ᠬᠤᠲᠠ ᠪᠠᠯᠭᠠᠰᠤᠨ ᠤ ᠲᠥᠪᠯᠡᠷᠡᠭᠰᠡᠨ ᠢᠳᠡᠬᠦ ᠤᠰᠤᠨ ᠤ ᠰᠣᠷᠪᠣᠯᠵᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠯᠦᠪᠵᠢᠭᠦᠯᠭᠡ ᠶᠢ ᠨᠡᠶᠢᠲᠡᠯᠡᠵᠤ᠂ ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢ ᠲᠥᠯᠦᠪᠦᠷᠢᠲᠠᠢ ᠬᠡᠷᠡᠭᠯᠡᠭᠦᠯᠬᠦ ᠪᠠ ᠰᠣᠯᠢᠯᠴᠠᠬᠤ | ᠲᠤᠷᠰᠢᠯᠲᠠ ᠶᠢᠨ ᠴᠢᠭ ᠭᠠᠷᠭᠠᠵᠠᠢ᠃ ᠪᠠᠭᠠᠷᠢᠨ ᠵᠡᠭᠦᠨ ᠬᠤᠰᠢᠭᠤᠨ ᠤ ᠬᠥᠳᠡᠭᠡ ᠲᠤᠰᠬᠤᠨ ᠤ ᠭᠠᠵᠠᠷ ᠰᠢᠷᠦᠢ ᠶᠢᠨ ᠡᠷᠬᠡ ᠶᠢ ᠲᠣᠭᠲᠠᠭᠠᠨ ᠲᠠᠩᠰᠠᠯᠠᠵᠦ ᠦᠨᠡᠮᠯᠡᠯ | ᠲᠠᠷᠬᠠᠭᠠᠬᠤ ᠪᠠ ᠬᠡᠰᠢᠭᠲᠡᠨ ᠬᠤᠰᠢᠭᠤᠨ ᠤ ᠨᠤᠲᠤᠭ ᠪᠡᠯᠴᠢᠭᠡᠷ ᠤᠨ ᠡᠷᠬᠡ ᠶᠢ ᠲᠣᠭᠲᠠᠭᠠᠨ ᠳᠠᠭᠠᠭᠠᠴᠢᠯᠠᠭᠤᠯᠬᠤ ᠲᠣᠷᠰᠢᠯᠲᠡ ᠶᠢᠨ ᠴᠡᠭ ᠤᠨ ᠠᠵᠢᠯ ᠢ ᠪᠡᠶᠡᠯᠡᠭᠦᠯᠵᠡᠢ | ᠃ ᠭᠠᠵᠠᠷ ᠰᠢᠷᠦᠢ ᠬᠠᠳᠤᠯᠠᠩ ᠪᠡᠯᠴᠢᠭᠡᠷ 950 ᠲᠦᠮᠡᠨ ᠮᠦ ᠶᠢ ᠡᠮᠬᠢ ᠲᠢᠭᠯᠢᠮ ᠲᠠᠢ ᠰᠢᠯᠵᠢᠭᠦᠯᠦᠨ ᠳᠠᠭᠠᠭᠠᠴᠢᠯᠠᠭᠤᠯᠵᠤ᠂ ᠨᠢᠩᠴᠧᠩ ᠰᠢᠶᠠᠨ᠂ ᠬᠠᠷᠠᠴᠢᠨ | ᠬᠤᠰᠢᠭᠤᠨ ᠤ ᠡᠷᠬᠡ ᠪᠠᠨ ᠥᠷᠭᠡᠳᠬᠡᠨ ᠰᠢᠶᠠᠨ ᠢᠶᠠᠨ ᠬᠦᠴᠦᠷᠭᠡᠭᠵᠢᠭᠦᠯᠬᠦ ᠨᠢ ᠯᠠᠪᠳᠠᠭᠤᠨ ᠠᠬᠢᠵᠠᠢ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠳᠦᠷᠢᠮ ᠢ ᠬᠡᠷᠡᠭᠵᠢᠭᠦᠯᠵᠦ᠂ ︽ᠠᠪᠤᠷᠠᠨ ᠲᠡᠳᠭᠦᠬᠦ ᠳᠤ ᠬᠦᠴᠢᠷᠲᠡᠢ︾ ᠶᠢ ᠥᠭᠡᠷᠡᠴᠢᠯᠡᠬᠦ ᠤᠯᠤᠰ ᠤᠨ ᠳᠡᠰ ᠤᠨ ᠲᠣᠷᠰᠢᠯᠲᠠ ᠶᠢᠨ ᠴᠡᠭ ᠤᠨ | ᠠᠵᠢᠯ ᠢ ᠪᠡᠶᠡᠯᠡᠭᠦᠯᠵᠡᠢ᠃ | ︵ᠲᠠᠪᠤ︶ ᠪᠥᠬᠦ ᠬᠤᠲᠠ ᠶᠢᠨ ᠬᠦᠴᠦᠨ ᠢᠶᠠᠷ ᠢᠶᠠᠨ ︽ᠠᠷᠪᠠ ᠶᠢ ᠪᠦᠷᠬᠦᠭᠦᠯᠬᠦ︾ ᠪᠠ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠬᠤᠶᠠᠷ ᠶᠡᠭᠡ | ᠢᠨᠵᠧᠨᠧᠷᠢᠩ ᠢ ᠠᠬᠢᠭᠤᠯᠵᠠᠢ᠃ ᠭᠠᠳᠠᠷ ᠦᠵᠡᠮᠵᠢ ᠶᠢᠨ ᠢᠨᠵᠧᠨᠧᠷᠢᠩ ᠤᠨ ᠪᠦᠷᠬᠦᠬᠦ ᠬᠡᠪᠴᠢᠶ᠎ᠡ ᠨᠢ ᠥᠷᠭᠡᠨ᠂ ᠡᠭᠦᠷᠭᠡ ᠬᠥᠨᠳᠦ ᠲᠤᠯᠠ ︽ᠠᠷᠪᠠ ᠶᠢ ᠪᠦᠷᠬᠦᠭᠦᠯᠬᠦ | ︾ ᠢᠨᠵᠧᠨᠧᠷᠢᠩ ᠢ ᠬᠠᠮᠤᠭ ᠶᠡᠭᠡ ᠶᠡᠷᠦᠩᠬᠡᠶᠢᠯᠡᠭᠰᠡᠨ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ᠂ ᠡᠳ᠋ ᠤᠨ ᠵᠠᠰᠠᠭ ᠤᠨ ᠣᠷᠤᠭᠤᠯᠤᠯᠲᠠ᠂ | ᠮᠥᠩᠭᠦᠨ ᠭᠦᠢᠯᠭᠡᠭᠡᠨ ᠤ ᠳᠡᠮᠵᠢᠯᠭᠡ᠂ ᠣᠯᠠᠨ ᠲᠦᠮᠡᠨ ᠥᠪᠡᠷᠲᠡᠭᠡᠨ ᠴᠤᠭᠯᠠᠭᠤᠯᠬᠤ ᠵᠡᠷᠭᠡ ᠠᠷᠭ᠎ᠠ ᠬᠡᠯᠪᠡᠷᠢ ᠪᠠᠷ ᠪᠡᠯᠡ ᠮᠥᠩᠭᠦᠨ ᠤ ᠬᠦᠴᠢᠷᠳᠡᠯ ᠢ ᠰᠢᠢᠳᠪᠦᠷᠢᠯᠡᠵᠦ | ᠂ ᠤᠳᠤᠷᠢᠳᠤᠯᠭ᠎ᠠ ᠪᠠᠨ ᠴᠢᠩᠭᠠᠳᠬᠠᠬᠤ᠂ ᠢᠯᠡ ᠠᠮᠠᠯᠳᠤᠬᠤ᠂ ᠨᠡᠶᠢᠲᠡᠯᠢᠭ ᠵᠢᠱᠢᠶ᠎ᠡ ᠦᠵᠡᠭᠦᠯᠬᠦ᠂ ᠬᠢᠨᠠᠨ ᠰᠢᠯᠭᠠᠯᠲᠠ ᠶᠢ ᠴᠢᠩᠳᠠᠯᠠᠬᠤ ᠵᠡᠷᠭᠡ ᠠᠷᠭ᠎ᠠ ᠬᠡᠮᠵᠢᠶ᠎ᠡ ᠪᠠᠷ | ᠡᠭᠦᠷᠭᠡ ᠶᠢᠨ ᠨᠠᠶᠢᠳᠠᠪᠦᠷᠢᠵᠢᠯᠲᠠ ᠶᠢ ᠠᠬᠢᠭᠤᠯᠵᠤ᠂ ᠪᠥᠬᠦ ᠵᠢᠯ ᠳᠤ 115.5 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ 6244 | ᠺᠢᠯᠤᠮᠧᠲᠷ ᠵᠡᠭᠡᠯᠢ ᠭᠤᠳᠤᠮᠵᠢ ᠶᠢ ᠳᠡᠪᠢᠰᠴᠦ᠂ 5.4 ᠲᠦᠮᠡᠨ ᠡᠷᠦᠬᠡ ᠨᠤᠷᠠᠬᠤ ᠠᠶᠤᠯᠲᠠᠢ ᠭᠡᠷ ᠢ ᠰᠢᠨᠡᠳᠬᠡᠵᠦ᠂ 737 ᠢᠳᠡᠬᠦ ᠤᠰᠤᠨ ᠤ ᠠᠶᠤᠯᠭᠦᠢ ᠶᠢᠨ | ᠢᠨᠵᠧᠨᠧᠷᠢᠩ ᠢ ᠰᠢᠨ᠎ᠡ ᠪᠠᠶᠢᠭᠤᠯᠵᠤ᠂ 1230 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ︽ᠭᠡᠷ ᠵᠠᠮ ᠤᠰᠤ ᠴᠠᠬᠢᠯᠭᠠᠨ ᠴᠢᠮᠡᠭᠡ ᠰᠣᠶᠣᠯ ᠭᠡᠭᠡᠷᠡᠯ ᠰᠤᠷᠭᠠᠨ | ᠬᠦᠮᠦᠵᠢᠯ ᠡᠷᠡᠭᠦᠯ ᠬᠠᠮᠠᠭᠠᠯᠠᠯ ᠨᠡᠶᠢᠭᠡᠮ ᠤᠨ ᠪᠠᠲᠤᠯᠠᠭ᠎ᠠ ᠬᠠᠮ ᠳᠡᠯᠭᠡᠭᠦᠷ︾ ᠵᠡᠷᠭᠡ ᠠᠷᠪᠠ ᠶᠢ ᠪᠦᠷᠬᠦᠭᠦᠯᠬᠦ ᠶᠢ ᠪᠡᠶᠡᠯᠡᠭᠦᠯᠵᠦ᠂ 1523 ᠠᠶᠢᠯ ᠲᠤᠰᠬᠤᠨ ᠢ | ᠵᠡᠷᠭᠡᠪᠡᠷ ᠪᠥᠲᠦᠭᠡᠨ ᠪᠠᠶᠢᠭᠤᠯᠵᠤ᠂ ︽ᠠᠷᠪᠠ ᠶᠢ ᠪᠦᠷᠬᠦᠭᠦᠯᠬᠦ︾ ᠶᠢ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠶᠢᠨ ᠭᠤᠣᠯ ᠳᠠᠶᠢᠯᠠᠯᠳᠤᠭᠠᠨ ᠤ ᠲᠠᠯᠠᠪᠤᠷ | ᠪᠣᠯᠭᠠᠨ᠂ ᠶᠠᠳᠠᠭᠤ ᠬᠦᠴᠢᠷᠲᠡᠢ ᠲᠤᠰᠬᠤᠨ ᠪᠠ ᠶᠠᠳᠠᠭᠤ ᠬᠦᠴᠢᠷᠲᠠᠢ ᠬᠥᠮᠥᠨ ᠠᠮᠠ ᠶᠢ ᠪᠦᠬᠦᠨ ᠢ ᠪᠦᠷᠬᠦᠭᠦᠯᠬᠦ ᠬᠡᠪᠴᠢᠶᠡᠨ ᠳᠤ ᠣᠷᠤᠭᠤᠯᠵᠤ᠂ ᠤᠨᠢᠨ ᠳᠡᠬᠡᠷ᠎ᠠ ᠨᠢ | ᠶᠠᠳᠠᠭᠤ ᠶᠢ ᠲᠡᠳᠬᠦᠬᠦ᠂ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠨᠠᠶᠢᠳᠠᠪᠦᠷᠢᠵᠢᠭᠤᠯᠵᠤ᠂ ᠪᠥᠬᠦ ᠵᠢᠯ ᠳᠤ ᠡᠯ᠎ᠡ ᠲᠥᠷᠦᠯ ᠤᠨ ᠪᠡᠯᠡ ᠮᠥᠩᠭᠦ 35 | ᠳ᠋ᠦᠩᠰᠢᠭᠤᠷ ᠲᠥᠭᠦᠷᠢᠭ ᠣᠷᠤᠭᠤᠯᠵᠤ᠂ 13.2 ᠲᠥᠮᠡᠨ ᠶᠠᠳᠠᠭᠤ ᠬᠦᠴᠢᠷᠲᠡᠢ ᠬᠦᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠠᠢ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠮᠠᠯᠠᠯᠲᠠ ᠪᠠᠨ ᠠᠷᠭ᠎ᠠ ᠪᠥᠬᠦᠨ ᠢ ᠰᠦᠪᠡᠭᠴᠢᠯᠡᠨ ᠪᠡᠶᠡᠯᠡᠭᠦᠯᠵᠡᠢ᠃ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠠᠬᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ ᠣᠯᠠᠨ ᠲᠦᠮᠡᠨ ᠤ ᠠᠩᠬᠠᠷᠬᠤ ᠬᠡᠷᠡᠭ ᠤᠴᠢᠷ ᠢ ᠬᠢᠨᠠᠮᠠᠭᠠᠢ | ᠨᠠᠶᠢᠳᠠᠪᠦᠷᠢᠵᠢᠭᠤᠯᠵᠤ᠂ ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 322 ᠳ᠋ᠦᠩᠰᠢᠭᠤᠷ ᠲᠦᠭᠦᠷᠢᠭ᠂ ᠡᠳ᠋ ᠤᠨ ᠵᠠᠰᠠᠭ ᠤᠨ ᠵᠠᠷᠤᠯᠭ᠎ᠠ ᠳᠠᠬᠢ | ᠬᠠᠷᠢᠴᠠᠯ ᠨᠢ 77.7% ᠬᠦᠷᠴᠡᠢ᠃ ᠬᠤᠲᠠ ᠪᠠᠯᠭᠠᠰᠤᠨ ᠤ ᠠᠵᠢᠯ ᠣᠯᠭᠤᠯᠲᠠ ᠨᠢ 3.2 ᠲᠦᠮᠡᠨ ᠬᠦᠮᠦᠨ ᠨᠡᠮᠡᠭᠳᠡᠵᠦ᠂ ᠲᠠᠷᠢᠶᠠᠴᠢᠨ ᠮᠠᠯᠴᠢᠨ ᠭᠠᠵᠠᠷ ᠰᠢᠯᠵᠢᠨ | ᠠᠵᠢᠯ ᠣᠯᠣᠭᠰᠠᠨ 69.9 ᠲᠥᠮᠡᠨ ᠬᠦᠮᠥᠨ ᠨᠡᠮᠡᠭᠳᠡᠵᠡᠢ᠃ ᠬᠤᠲᠠ ᠬᠥᠳᠡᠭᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ 160. | 6 ᠲᠥᠮᠡᠨ ᠬᠥᠮᠥᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠥᠷᠬᠦᠯᠲᠡ ᠶᠢᠨ ᠨᠣᠷᠮ᠎ᠠ 95% ᠠᠴᠠ ᠳᠡᠭᠡᠭᠰᠢ ᠬᠦᠷᠴᠦ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠨᠢ ᠪᠠᠲᠤᠯᠠᠪᠠᠯ ᠵᠤᠬᠢᠬᠤ ᠶᠢ ᠪᠦᠷ ᠪᠠᠲᠤᠯᠠᠵᠠᠢ᠃ 75.3 ᠲᠥᠮᠡᠨ ᠡᠷᠦᠬᠡ ᠳᠣᠣᠷ᠎ᠠ ᠣᠷᠤᠯᠭ᠎ᠠ ᠲᠠᠢ ᠲᠠᠷᠢᠶᠠᠴᠢᠨ | ᠮᠠᠯᠴᠢᠨ ᠡᠷᠦᠬᠡ ᠳᠤ ᠡᠪᠦᠯ ᠤᠨ ᠤᠯᠠᠷᠢᠯ ᠤᠨ ᠳᠤᠯᠠᠭᠠᠴᠠᠯ ᠤᠨ ᠨᠡᠭᠦᠷᠡᠰᠦᠨ ᠤ ᠨᠦᠬᠦᠪᠦᠷᠢ 4.5 ᠳ᠋ᠦᠩᠰᠢᠭᠤᠷ ᠲᠥᠭᠦᠷᠢᠭ ᠥᠭᠴᠦ᠂ 4259 ᠨᠡᠷ᠎ᠡ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠭᠡᠷ ᠡᠷᠦᠬᠡ ᠶᠢᠨ ᠤᠶᠤᠲᠠᠳ ᠲᠤ ᠰᠤᠷᠤᠯᠭ᠎ᠠ ᠶᠢᠨ ᠨᠦᠬᠦᠪᠦᠷᠢ 1.5 ᠳ᠋ᠦᠩᠰᠢᠭᠤᠷ ᠲᠦᠭᠦᠷᠢᠭ ᠥᠭᠴᠡᠢ᠃ ᠭᠤᠣᠯ ᠬᠤᠲᠠ ᠪᠣᠯᠣᠨ | ᠰᠢᠶᠠᠨ ᠤ ᠬᠤᠲᠠ ᠶᠢᠨ ᠴᠢᠳᠠᠪᠦᠷᠢ ᠶᠢ ᠴᠢᠨᠠᠭᠰᠢᠳᠠ ᠲᠡᠭᠦᠯᠳᠡᠷᠵᠢᠭᠦᠯᠵᠦ᠂ ᠢᠯᠴᠢ ᠬᠠᠩᠭᠠᠬᠤ᠂ ᠬᠡᠢ ᠬᠠᠩᠭᠠᠬᠤ᠂ ᠤᠰᠤ ᠬᠠᠩᠭᠠᠵᠤ ᠵᠠᠯᠠᠬᠤ ᠬᠤᠭᠤᠯᠠᠢ ᠲᠣᠣᠷᠵᠢᠯ | 423 ᠺᠢᠯᠤᠮᠧᠲᠷ ᠰᠢᠨ᠎ᠡ ᠪᠠᠶᠢᠭᠤᠯᠬᠤ ᠪᠠ ᠥᠭᠡᠷᠡᠴᠢᠯᠡᠵᠦ᠂ ᠢᠯᠴᠢ ᠬᠠᠩᠭᠠᠬᠤ ᠲᠠᠯᠠᠪᠠᠢ 660 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠵᠦ᠂ ᠭᠤᠣᠯ | ᠬᠤᠲᠠ ᠲᠣᠭᠤᠷᠢᠭ ᠤᠨ ᠪᠠᠷᠠᠭᠤᠨ ᠲᠣᠮᠣ ᠬᠥᠭᠦᠷᠭᠡ᠂ ᠰᠢᠨᠬᠤᠸᠠ ᠲᠣᠮᠣ ᠬᠦᠭᠦᠷᠭᠡ᠂ ᠪᠠᠷᠠᠭᠤᠨ ᠥᠷᠲᠡᠭᠡᠨ ᠤ ᠲᠣᠮᠣ ᠬᠦᠭᠦᠷᠭᠡ ᠨᠢ ᠪᠠᠷᠢᠯᠭ᠎ᠠ ᠳᠠᠭᠤᠰᠤᠨ ᠲᠡᠷᠭᠡ | ᠨᠡᠪᠲᠡᠷᠡᠵᠦ᠂ ᠳᠤᠮᠳᠠ ᠲᠣᠭᠤᠷᠢᠮ ᠵᠠᠮ ᠨᠢ ᠪᠦᠬᠦᠨ ᠢᠶᠠᠷ ᠢᠶᠠᠨ ᠨᠡᠪᠳᠡᠷᠡᠵᠡᠢ᠃ ᠪᠥᠬᠦ ᠵᠢᠯ ᠳᠤ ᠨᠡᠶᠢᠲᠡ ᠶᠢᠨ ᠳᠦᠷᠢᠶᠡᠰᠦᠨ ᠣᠷᠣᠨ ᠰᠠᠭᠤᠴᠠ 1024 ᠢᠵᠢ | ᠪᠡᠯᠡᠳᠬᠡᠵᠦ᠂ ᠬᠠᠭᠤᠴᠢᠨ ᠰᠠᠭᠤᠭᠠᠯᠢ ᠲᠣᠭᠤᠷᠢᠭ 110 ᠲᠥᠮᠡᠨ ᠲᠡᠭᠰᠢ ᠳᠥᠷᠪᠡᠯᠵᠢᠨ ᠮᠧᠲᠷ ᠰᠢᠨᠡᠳᠬᠡᠵᠡᠢ᠃ ᠶᠡᠷᠦᠩᠬᠡᠢ ᠰᠠᠶᠢᠳ ᠤᠨ ᠬᠠᠯᠠᠮᠵᠢᠯᠠᠵᠤ ᠪᠠᠶᠢᠭ᠎ᠠ | ᠲᠡᠮᠦᠷ ᠵᠠᠮ ᠤᠨ ᠡᠮᠦᠨᠡᠬᠢ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠨᠢ ᠲᠥᠷᠭᠡᠨ ᠠᠬᠢᠵᠤ᠂ ᠲᠤᠰ ᠵᠢᠯ ᠳᠡᠭᠡᠨ 13.4 ᠳ᠋ᠦᠩᠰᠢᠭᠤᠷ | ᠲᠥᠭᠦᠷᠢᠭ ᠪᠡᠯᠡ ᠣᠷᠤᠭᠤᠯᠵᠠᠢ᠃ ᠪᠥᠬᠦ ᠬᠤᠲᠠ ᠶᠢᠨ ᠳᠥᠷᠪᠡᠨ ᠵᠦᠢᠯ ᠤᠨ ᠭᠤᠣᠯ ᠪᠣᠵᠠᠷᠲᠠᠯ ᠢ ᠭᠠᠳᠠᠭᠰᠢᠯᠠᠭᠤᠯᠬᠤ ᠨᠢ 4.2 ᠲᠥᠮᠡᠨ ᠲᠤᠨ ᠪᠠᠭᠠᠰᠴᠤ᠂ | PM2.5 ᠨᠢ 12.8% ᠪᠠᠭᠤᠷᠠᠵᠠᠢ᠂ ᠬᠦᠷᠦᠰᠦᠨ ᠳᠡᠭᠡᠷᠡᠬᠢ ᠤᠰᠤ 80% ᠠᠴᠠ ᠳᠡᠭᠡᠭᠰᠢᠬᠢ ᠨᠢ ᠪᠠᠷᠢᠮᠵᠢᠶ᠎ᠠ ᠳᠤ ᠬᠦᠷᠴᠦ᠂ ᠭᠤᠣᠯ ᠬᠤᠲᠠ ᠲᠣᠭᠤᠷᠢᠭ ᠤᠨ | ᠠᠭᠠᠷ ᠤᠨ ᠶᠠᠰᠤ ᠴᠢᠨᠠᠷ ᠰᠢᠯᠢᠳᠡᠭ ᠪᠠᠶᠢᠬᠤ ᠡᠳᠦᠷ ᠨᠢ ᠳᠡᠭᠡᠷ᠎ᠡ ᠵᠢᠯ ᠠᠴᠠ ᠪᠠᠨ 16 ᠡᠳᠦᠷ ᠨᠡᠮᠡᠭᠳᠡᠵᠡᠢ᠃ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠰᠣᠶᠣᠯ | ᠭᠡᠭᠡᠷᠡᠯ ᠵᠡᠷᠭᠡ ᠨᠡᠶᠢᠭᠡᠮ ᠤᠨ ᠡᠯ᠎ᠡ ᠦᠢᠯᠡᠰ ᠰᠢᠨ᠎ᠡ ᠬᠥᠭᠵᠢᠯᠲᠡ ᠳᠠᠪᠰᠢᠯᠲᠠ ᠲᠠᠢ ᠪᠣᠯᠵᠤ᠂ ᠯᠢᠨᠰᠢ ᠰᠢᠶᠠᠨ ᠨᠢ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠬᠢᠨᠠᠨ ᠰᠢᠯᠭᠠᠯᠲᠠ ᠶᠢ ᠢᠯᠭᠤᠮ ᠥᠩᠭᠡᠷᠡᠭᠡᠵᠦ᠂ ᠪᠥᠬᠦ ᠬᠤᠲᠠ ᠶᠢᠨ 19 ᠰᠢᠶᠠᠨ ᠤ ᠳᠡᠰ ᠤᠨ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶ᠎ᠠ ᠨᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠳᠤᠮᠳᠠᠳᠤ ᠤᠯᠤᠰ ᠤᠨ ᠳᠡᠯᠡᠬᠡᠢ ᠶᠢᠨ ᠪᠢᠴᠢᠯ | ᠺᠢᠨᠤ᠋ ᠶᠢᠨ ᠱᠠᠩᠨᠠᠯ ᠤᠨ ᠥᠪᠡᠳᠡᠭᠰᠢ ᠶᠣᠰᠤᠯᠠᠯ ᠢ ᠠᠮᠵᠢᠯᠲᠠᠲᠠᠢ ᠡᠷᠬᠢᠯᠡᠵᠦ᠂ ᠣᠶᠣᠨ ᠤ ᠪᠣᠯᠪᠠᠰᠤᠨ ᠤ ᠪᠠᠶᠢᠭᠤᠯᠤᠯᠲᠠ ᠨᠢ ᠯᠠᠪᠳᠠᠭᠤᠨ ᠠᠬᠢᠵᠦ᠂ ᠨᠡᠶᠢᠭᠡᠮ ᠤᠨ ᠪᠦᠬᠦ | ᠲᠠᠯ᠎ᠠ ᠨᠢ ᠡᠶ᠎ᠡ ᠵᠣᠬᠢᠴᠠᠯᠲᠠᠢ ᠲᠣᠭᠲᠠᠭᠤᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠬᠤᠯᠠᠴᠢᠯᠠᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠦᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠢᠯᠯᠠᠬᠤ ᠰᠤᠷᠲᠠᠯ ᠢᠶᠠᠨ ᠦᠨᠡᠩᠬᠦ ᠰᠠᠶᠢᠵᠢᠷᠠᠭᠤᠯᠵᠤ᠂ | ᠬᠠᠤᠯᠢ ᠪᠠᠷ ᠬᠤᠲᠠ ᠪᠠᠨ ᠵᠠᠰᠠᠬᠤ ᠠᠬᠢᠴᠠ ᠶᠢ ᠲᠥᠷᠭᠡᠳᠬᠡᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ | ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ ᠬᠥᠮᠦᠵᠢᠯ ᠢ ᠯᠠᠪᠳᠠᠭᠤᠨ ᠪᠠᠳᠤᠲᠠᠢ ᠦᠷᠨᠢᠭᠦᠯᠵᠦ᠂ ︽ᠠᠵᠢᠯ ᠬᠢᠬᠦ ᠦᠭᠡᠢ᠂ ᠬᠤᠶᠢᠷᠭᠤᠰᠢᠬᠤ᠂ ᠳᠤᠷ᠎ᠠ | ᠲᠠᠪᠠ ᠪᠠᠷ ᠬᠢᠬᠦ︾ ᠶᠢ ᠲᠤᠰᠬᠠᠢ ᠴᠡᠭᠴᠡᠯᠡᠬᠦ ᠶᠢ ᠭᠦᠨᠵᠡᠭᠡᠢ ᠦᠷᠨᠢᠭᠦᠯᠵᠦ᠂ ᠠᠷᠠᠳ ᠤᠨ ᠲᠥᠯᠦᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ | ᠪᠣᠯᠣᠨ ᠨᠡᠶᠢᠭᠡᠮ ᠤᠨ ᠡᠯ᠎ᠡ ᠡᠳᠡᠬᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠵᠠᠰᠠᠨ ᠴᠡᠭᠴᠡᠯᠡᠬᠦ ᠴᠢᠳᠠᠪᠦᠷᠢ ᠪᠣᠯᠣᠨ ᠵᠠᠰᠠᠨ | ᠴᠡᠭᠴᠡᠯᠡᠬᠦ ᠬᠢᠷᠢ ᠲᠥᠪᠰᠢᠨ ᠴᠢᠨᠠᠭᠰᠢᠳᠠ ᠳᠡᠭᠡᠭᠰᠢᠯᠡᠵᠡᠢ᠃ ᠥᠩᠭᠡᠷᠡᠭᠰᠡᠨ ᠨᠢᠭᠡ ᠵᠢᠯ ᠤᠨ ᠠᠵᠦ ᠠᠬᠤᠢ ᠨᠡᠶᠢᠭᠡᠮ ᠨᠢ ᠡᠷᠡᠭᠦᠯ ᠢᠶᠠᠷ ᠭᠦᠭᠵᠢᠵᠦ ᠠᠷᠪᠠᠨ | ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠡᠭᠦᠰ ᠠᠮᠵᠢᠯᠲᠠᠲᠠᠢ ᠪᠡᠶᠡᠯᠡᠭᠦᠯᠵᠠᠢ᠃ | | | | | | |