2016 ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2016/6/6

ᠬᠤᠶᠠᠷ᠂ ᠠᠷᠪᠠᠨ ᠬᠤᠶᠠᠳᠤᠭᠠᠷ ᠲᠠᠪᠤᠨ ᠵᠢᠯ ᠤᠨ ᠡᠷᠭᠢᠴᠡᠭᠦᠯᠦᠯ ᠪᠣᠯᠣᠨ ᠠᠷᠪᠠᠨ ᠭᠤᠷᠪᠠᠳᠤᠭᠠᠷ ᠲᠠᠪᠤᠨ ᠵᠢᠯ ᠤᠨ ᠪᠠᠷᠠᠯᠠᠯ

      ᠠᠷᠪᠠᠨ ᠬᠤᠶᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠲᠥᠪᠡᠭ ᠪᠤᠳᠤᠯᠢᠶᠠᠨᠲᠠᠢ ᠬᠤᠷᠸ᠎ᠠ ᠣᠷᠴᠢᠨ ᠪᠣᠯᠣᠨ ᠠᠵᠦ ᠠᠬᠤᠢ ᠦᠷᠭᠦᠯᠵᠢᠯᠡᠨ

ᠪᠠᠭᠤᠷᠠᠭᠰᠠᠨ ᠬᠦᠨᠳᠦ ᠳᠠᠷᠤᠭᠠᠰᠤ ᠶᠢᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠥᠮᠡᠨ ᠳᠤ

ᠲᠦᠰᠢᠭᠯᠡᠨ᠂ ᠴᠠᠭ ᠦᠶ᠎ᠡ ᠶᠢ ᠲᠠᠭᠠᠨ ᠬᠥᠭᠵᠢᠯᠲᠡ ᠶᠢᠨ ᠰᠡᠳᠬᠢᠮᠵᠢ ᠪᠠᠨ ᠲᠡᠭᠦᠯᠳᠡᠷᠵᠢᠭᠦᠯᠵᠦ᠂ ᠰᠠᠨᠠᠭ᠎ᠠ ᠪᠠᠨ ᠲᠦᠪᠯᠡᠷᠡᠭᠦᠯᠦᠨ ᠬᠦᠴᠦᠨ ᠢᠶᠠᠨ ᠬᠠᠮᠲᠤᠳᠬᠠᠵᠤ

ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠵᠦ᠂ ᠠᠵᠦ ᠠᠬᠤᠢ ᠨᠡᠶᠢᠭᠡᠮ ᠤᠨ ᠬᠥᠭᠵᠢᠯᠲᠡ ᠨᠢ ᠴᠢᠬᠤᠯᠠ ᠶᠡᠭᠡ ᠦᠰᠦᠷᠦᠯᠲᠡ ᠲᠠᠢ ᠪᠣᠯᠵᠤ᠂ ᠴᠢᠨᠡᠭᠡᠯᠢᠭ

ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠵᠠᠮ ᠳᠡᠭᠡᠷ᠎ᠡ ᠪᠠᠲᠤᠲᠠᠢ ᠳᠠᠪᠰᠢᠯᠲᠠ ᠲᠠᠢ ᠪᠣᠯᠵᠠᠢ᠃

ᠡᠨᠡ ᠲᠠᠪᠤᠨ ᠵᠢᠯ ᠪᠣᠯ ᠶᠡᠷᠦᠩᠬᠡᠢ ᠪᠣᠳᠠᠳᠤ ᠬᠦᠴᠦᠨ ᠢᠯᠡᠳᠲᠡ ᠴᠢᠩᠭᠠᠷᠠᠭᠰᠠᠨ ᠲᠠᠪᠤᠨ ᠵᠢᠯ ᠶᠤᠮ᠃ ᠪᠥᠬᠦ ᠬᠤᠲᠠ ᠶᠢᠨ ᠣᠷᠣᠨ ᠨᠤᠲᠤᠭ ᠤᠨ

ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠪᠦᠷᠢ ᠲᠡᠭᠰᠢᠳᠬᠡᠬᠡᠳ 10.8% ᠨᠡᠮᠡᠭᠳᠡᠵᠦ᠂ ᠲᠠᠪᠤᠨ ᠵᠢᠯ ᠳᠤ ᠨᠡᠶᠢᠲᠡ 8230 ᠳ᠋ᠦᠩᠰᠢᠭᠤᠷ ᠲᠦᠭᠦᠷᠢᠭ ᠢ

ᠪᠡᠶᠡᠯᠡᠭᠦᠯᠵᠦ᠂ ᠠᠷᠪᠠᠨ ᠨᠢᠭᠡᠳᠦᠭᠡᠷ ᠲᠠᠪᠤᠨ ᠵᠢᠯ ᠤᠨ ᠬᠤᠭᠤᠴᠠᠭᠠᠨ ᠤ 2.1 ᠳᠠᠬᠢᠨ ᠪᠠᠶᠢᠨ᠎ᠠ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ

ᠣᠷᠣᠯᠭ᠎ᠠ ᠨᠢ ᠵᠠᠭᠤᠨ ᠳ᠋ᠦᠩᠰᠢᠭᠤᠷ ᠲᠦᠭᠦᠷᠢᠭ ᠢ ᠳᠠᠪᠠᠵᠤ᠂ ᠵᠢᠯ ᠪᠦᠷᠢ ᠲᠡᠭᠰᠢᠳᠭᠬᠡᠭᠡᠳ 13.2% ᠨᠡᠮᠡᠭᠳᠡᠵᠡᠢ᠃ ᠲᠣᠭᠲᠠᠮᠠᠯ ᠬᠥᠷᠥᠩᠭᠡ ᠶᠢᠨ ᠪᠡᠯᠡ

ᠣᠷᠤᠭᠤᠯᠤᠯᠲᠠ ᠨᠢ ᠨᠡᠶᠢᠲᠡ 4768 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠷᠪᠠᠨ ᠨᠢᠭᠡᠳᠦᠭᠡᠷ ᠲᠠᠪᠤᠨ ᠵᠢᠯ ᠤᠨ ᠬᠤᠭᠤᠴᠠᠭᠠᠨ ᠤ 2.4 ᠳᠠᠬᠢᠨ ᠪᠣᠯᠵᠠᠢ᠃

ᠨᠡᠶᠢᠭᠡᠮ ᠤᠨ ᠬᠡᠷᠡᠭᠯᠡᠭᠡᠨ ᠤ ᠰᠤᠯᠠ ᠬᠤᠳᠠᠯᠳᠤᠭᠰᠠᠨ ᠶᠡᠷᠦᠩᠬᠡᠢ ᠨᠣᠷᠮ᠎ᠠ ᠵᠢᠯ ᠪᠦᠷᠢ ᠲᠡᠭᠰᠢᠳᠬᠡᠭᠡᠳ 13.3 % ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠬᠡᠵᠢᠶᠡᠳᠡ

ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠵᠡᠢ᠃ ᠮᠢᠩᠭᠠᠨ ᠳ᠋ᠦᠩᠰᠢᠭᠤᠷ ᠤᠨ ᠳᠡᠰ ᠤᠨ ᠠᠵᠦ ᠦᠢᠯᠡᠰ 1᠂ ᠵᠠᠭᠤᠨ ᠳ᠋ᠦᠩᠰᠢᠭᠤᠷ ᠤᠨ ᠳᠡᠰ ᠤᠨ ᠬᠦᠷᠢᠶᠡᠯᠡᠩ

ᠲᠣᠭᠤᠷᠢᠭ 5 ᠪᠣᠯᠣᠨ ᠵᠠᠭᠤᠨ ᠳ᠋ᠦᠩᠰᠢᠭᠤᠷ ᠤᠨ ᠳᠠᠰ ᠤᠨ ᠠᠵᠦ ᠠᠬᠤᠶᠢᠯᠠᠯ 3 ᠶᠢ ᠪᠦᠲᠦᠮᠵᠢᠲᠡᠢ ᠪᠤᠶᠢᠵᠢᠭᠤᠯᠵᠤ᠂ ᠠᠵᠦ ᠦᠢᠯᠡᠳᠪᠦᠷᠢ ᠶᠢᠨ ᠴᠠᠬᠢᠯᠭᠠᠨ

ᠬᠡᠷᠡᠭᠯᠡᠯᠲᠡ ᠨᠢ 22.9 ᠳ᠋ᠦᠩᠰᠢᠭᠤᠷ ᠭᠷᠠᠳᠦ᠋ᠰ ᠴᠡᠪᠡᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠨᠢ ᠵᠢᠯ ᠪᠦᠷᠢ

ᠲᠡᠭᠰᠢᠳᠬᠡᠭᠡᠳ 14.7% ᠨᠡᠮᠡᠭᠳᠡᠵᠡᠢ᠃ ᠠᠮᠤ ᠪᠤᠳᠠᠭᠠᠨ ᠤ ᠤᠨᠠᠯᠲᠠ ᠨᠢ 4 ᠵᠢᠯ ᠳᠠᠷᠠᠭᠠᠯᠠᠨ ᠵᠠᠭᠤᠨ ᠳ᠋ᠦᠩᠰᠢᠭᠤᠷ ᠵᠢᠩ ᠢ ᠳᠠᠪᠠᠵᠤ᠂ ᠪᠥᠬᠦ ᠤᠯᠤᠰ ᠤᠨ

ᠤᠨᠠᠯᠲᠠ ᠶᠡᠭᠡ ᠬᠤᠲᠠ ᠶᠢᠨ ᠡᠩᠨᠡᠭᠡᠨ ᠳᠤ ᠣᠷᠤᠵᠡᠢ᠃ ᠮᠠᠯ ᠤᠨ ᠲᠤᠭ᠎ᠠ ᠲᠣᠯᠤᠭᠠᠢ ᠦᠷᠭᠦᠯᠵᠢᠯᠡᠨ 10 ᠵᠢᠯ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠵᠡᠢ᠃

ᠵᠢᠯ ᠳᠤ ᠬᠦᠯᠢᠶᠡᠨ ᠠᠪᠤᠭᠰᠠᠨ ᠵᠤᠭᠠᠴᠠᠭᠰᠠᠳ1200 ᠲᠥᠮᠡᠨ ᠬᠥᠮᠥᠨ ᠤᠳᠠᠭ᠎ᠠ ᠶᠢ ᠳᠠᠪᠠᠵᠤ᠂ ᠠᠷᠪᠠᠨ ᠨᠢᠭᠡᠳᠦᠭᠡᠷ ᠲᠠᠪᠤᠨ ᠵᠢᠯ ᠤᠨ ᠡᠴᠦᠰ ᠤᠨ 2.2 ᠳᠠᠬᠢᠨ

ᠪᠣᠯᠵᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ ᠬᠤᠣᠰ ᠢᠶᠠᠷ ᠢᠶᠠᠨ ᠮᠢᠩᠭᠠᠨ ᠳ᠋ᠦᠩᠰᠢᠭᠤᠷ ᠲᠦᠭᠦᠷᠢᠭ ᠤᠨ

ᠪᠤᠭᠤᠮᠲᠠ ᠰᠢᠪᠲᠤᠯᠠᠵᠤ᠂ ᠠᠷᠪᠠᠨ ᠨᠢᠭᠡᠳᠦᠭᠡᠷ ᠲᠠᠪᠤᠨ ᠵᠢᠯ ᠤᠨ ᠡᠴᠦᠰ ᠠᠴᠠ ᠲᠤᠰᠪᠦᠷᠢ 615 ᠳ᠋ᠦᠩᠰᠢᠭᠤᠷ ᠲᠥᠭᠦᠷᠢᠭ ᠪᠠ 697 ᠳ᠋ᠦᠩᠰᠢᠭᠤᠷ ᠲᠥᠭᠦᠷᠢᠭ

ᠨᠡᠮᠡᠭᠳᠡᠵᠡᠢ᠃ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠨᠡᠶᠢᠲᠡ 38.4 ᠳ᠋ᠦᠩᠰᠢᠭᠤᠷ ᠳ᠋ᠤᠯᠯᠠᠷ ᠢ ᠪᠡᠶᠡᠯᠡᠭᠦᠯᠵᠦ᠂ ᠠᠷᠪᠠᠨ

ᠨᠢᠭᠡᠳᠦᠭᠡᠷ ᠲᠠᠪᠤᠨ ᠵᠢᠯ ᠤᠨ ᠬᠤᠭᠤᠴᠠᠭᠠᠨ ᠤ 2 ᠳᠠᠬᠢᠨ ᠪᠣᠯᠵᠠᠢ᠃ ᠲᠠᠷᠢᠶᠠᠯᠠᠩ ᠤᠨ ᠳᠡᠯᠭᠡᠨ ᠦᠵᠡᠭᠦᠯᠭᠡ ᠨᠢ ᠤᠯᠤᠰ ᠤᠨ ᠳᠡᠰ ᠤᠨ ᠦᠵᠡᠭᠦᠯᠭᠡ ᠪᠣᠯᠵᠤ ᠳᠡᠰ

ᠳᠡᠪᠰᠢᠨ ᠲᠠᠷᠢᠶᠠᠯᠠᠩ ᠤᠨ ᠳᠡᠭᠡᠳᠦ ᠳᠡᠰ ᠤᠨ ᠦᠵᠡᠭᠦᠯᠭᠡ ᠶᠢᠨ ᠳᠠᠷᠠᠭᠠᠯᠠᠯ ᠳᠤ ᠣᠷᠣᠵᠤ᠂ ᠳᠤᠮᠳᠠᠳᠤ ᠤᠯᠤᠰ ᠤᠨ ᠬᠦᠷᠡᠩ ᠴᠠᠷᠭᠠᠰᠦ ᠶᠢᠨ ᠬᠥᠭᠵᠢᠯᠲᠡ ᠶᠢᠨ ᠶᠡᠭᠡ

ᠬᠤᠷᠠᠯ ᠵᠡᠷᠭᠡ ᠴᠢᠬᠤᠯᠠ ᠠᠵᠢᠯᠯᠠᠭᠠᠨ ᠢ ᠠᠮᠵᠢᠯᠲᠠᠲᠠᠢ ᠡᠷᠬᠢᠯᠡᠵᠦ᠂ ᠳᠡᠯᠡᠬᠡᠢ ᠶᠢᠨ ᠦᠬᠡᠷ ᠬᠤᠨᠢᠨ ᠮᠢᠬᠠᠨ ᠤ ᠠᠵᠦ ᠦᠢᠯᠡᠰ ᠤᠨ ᠶᠡᠭᠡ ᠬᠤᠷᠠᠯ᠂ ᠳᠤᠮᠳᠠᠳᠤ

ᠤᠯᠤᠰ ᠤᠨ ᠨᠢᠰᠦᠭᠴᠢᠳ ᠤᠨ ᠴᠤᠭᠯᠠᠭᠠᠨ ᠪᠠ ᠳᠤᠮᠳᠠᠳᠤ ᠤᠯᠤᠰ ᠤᠨ ᠳᠡᠯᠡᠬᠡᠢ ᠶᠢᠨ ᠪᠢᠴᠢᠯ ᠺᠢᠨᠤ᠋ ᠶᠢᠨ ᠥᠪᠡᠳᠡᠭᠰᠢ ᠴᠤᠭᠯᠠᠭᠠᠨ ᠢ ᠡᠭᠦᠷᠢᠳᠡ ᠡᠷᠬᠢᠯᠡᠬᠦ ᠭᠠᠵᠠᠷ

ᠪᠣᠯᠵᠤ᠂ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠷᠡᠲᠦ ᠲᠡᠮᠳᠡᠭᠲᠦ 103 ᠪᠠᠶᠢᠵᠦ᠂ ᠭᠠᠵᠠᠷ ᠣᠷᠣᠨ ᠤ ᠨᠦᠯᠦᠭᠡ ᠬᠦᠴᠦᠨ ᠪᠠ

ᠠᠯᠳᠠᠷ ᠨᠡᠷ᠎ᠡ ᠢᠯᠡᠳᠲᠡ ᠳᠡᠭᠡᠭᠰᠢᠯᠡᠵᠡᠢ᠃

     ᠡᠨᠡ ᠲᠠᠪᠤᠨ ᠵᠢᠯ ᠪᠣᠯ ᠬᠥᠭᠵᠢᠯᠲᠡ ᠶᠢᠨ ᠬᠡᠯᠪᠡᠷᠢ ᠨᠢ ᠲᠥᠷᠭᠡᠨ ᠬᠤᠪᠢᠷᠠᠭᠰᠠᠨ ᠲᠠᠪᠤᠨ ᠵᠢᠯ ᠶᠤᠮ᠃ ᠠᠵᠦ ᠦᠢᠯᠡᠰ ᠤᠨ ᠪᠥᠲᠦᠴᠡ ᠶᠢᠨ

ᠲᠣᠬᠢᠷᠠᠭᠤᠯᠤᠯᠲᠠ ᠨᠢ ᠪᠠᠲᠤᠲᠠᠢ ᠠᠬᠢᠯᠲᠠ ᠲᠠᠢ ᠪᠠᠶᠢᠵᠤ᠂ ᠭᠤᠷᠪᠠᠨ‌ᠠᠵᠦ ᠦᠢᠯᠡᠰ ᠤᠨ ᠬᠠᠷᠢᠴᠠᠯ ᠢ ᠠᠷᠪᠠᠨ ᠨᠢᠭᠡᠳᠦᠭᠡᠷ ᠲᠠᠪᠤᠨ‌ᠵᠢᠯ ‍ᠤᠨ‌ᠡᠴᠦᠰ ᠤᠨ16.3᠄ 51.

3᠄ 32.4 ᠠᠴᠠ 14.9᠄ 47.4᠄ 37.7 ᠪᠣᠯᠭᠠᠵᠤ ᠲᠣᠬᠢᠷᠠᠭᠤᠯᠵᠡᠢ᠃ ᠰᠢᠨ᠎ᠡ ᠡᠨᠧᠷᠭᠢ ᠶᠢᠨ ᠴᠠᠬᠢᠯᠭᠠᠨ ᠬᠦᠴᠦᠨ 209 ᠲᠦᠮᠡᠨ ᠺᠢᠯᠤᠸ᠋ᠲ ᠰᠢᠨ᠎ᠡ

ᠨᠡᠮᠡᠵᠦ ᠤᠭᠰᠠᠷᠠᠨ᠂ ᠲᠣᠨᠤᠭ ᠲᠥᠬᠦᠭᠡᠷᠦᠮᠵᠢ ᠦᠢᠯᠡᠳᠬᠦ᠂ ᠡᠯᠧᠺᠲᠷᠣᠨ ᠴᠢᠮᠡᠭᠡ ᠵᠠᠩᠬᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠮᠠᠨᠳᠤᠭᠰᠠᠨ ᠠᠵᠦ

ᠦᠢᠯᠡᠰ ᠤᠨ ᠦᠢᠯᠡᠳᠪᠦᠷᠢᠯᠡᠯ ᠤᠨ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠣᠶᠢᠷᠠᠳᠴᠡᠢ᠃ ᠸᠠᠨ ᠳ᠋ᠠ ᠲᠠᠯᠠᠪᠠᠢ ᠵᠡᠷᠭᠡ ᠬᠤᠲᠠ ᠪᠠᠯᠭᠠᠰᠤᠨ ᠤ

ᠶᠡᠷᠦᠩᠬᠡᠶᠢᠯᠡᠭᠰᠡᠨ ᠴᠣᠭᠴᠠ ᠨᠢ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ ‍ᠤᠨ‌‍ᠲ᠋ᠡᠰ ᠳᠡᠪᠰᠢᠬᠦ ᠶᠢ ᠳᠠᠭᠠᠭᠤᠯᠵᠤ᠂ ᠪᠥᠬᠦ ᠬᠤᠲᠠ‌‍ᠶᠢᠨ ᠰᠢᠨ᠎ᠡ ᠨᠡᠮᠡᠭᠳᠡᠭᠰᠡᠨ

ᠬᠤᠳᠠᠯᠳᠤᠭᠠᠨ ᠤ ᠲᠠᠯᠠᠪᠠᠢ ᠨᠢ 1062 ᠲᠥᠮᠡᠨ ᠲᠡᠭᠰᠢ ᠳᠥᠷᠪᠡᠯᠵᠢᠨ ᠮᠧᠲᠷ᠂ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ᠂ ᠭᠠᠶᠢᠯᠢ ᠪᠠᠲᠤᠯᠠᠬᠤ

ᠪᠠᠷᠠᠭ᠎ᠠ ᠶᠢᠨ ᠭᠦᠢᠯᠭᠡᠭᠡᠨ᠂ ᠬᠠᠭᠤᠷᠠᠢ ᠭᠠᠷᠠᠮ ᠤᠨ ᠪᠠᠷᠠᠭ᠎ᠠ ᠶᠢᠨ ᠭᠦᠢᠯᠭᠡᠭᠡᠨ᠂ ᠰᠡᠷᠢᠭᠦᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ᠂ ᠮᠥᠩᠭᠦᠨ ᠭᠦᠢᠯᠭᠡᠭᠡᠨ ᠤ

ᠪᠠᠷᠠᠭ᠎ᠠ ᠶᠢᠨ ᠭᠦᠢᠯᠭᠡᠭᠡᠨ ᠵᠡᠷᠭᠡ ᠰᠢᠨ᠎ᠡ ᠦᠢᠯᠡᠰ ᠨᠢ ᠬᠥᠭᠵᠢᠨ ᠮᠠᠨᠳᠤᠵᠦ᠂ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠭᠤᠷᠪᠠᠨ ᠠᠵᠦ

ᠦᠢᠯᠡᠰ ᠲᠠᠬᠢ ᠡᠵᠡᠯᠡᠬᠦ ᠬᠠᠷᠢᠴᠠᠯ ᠨᠢ 2.1 ᠵᠠᠭᠤᠨ ᠤ ᠴᠡᠭ ᠳᠡᠭᠡᠭᠰᠢᠯᠡᠵᠡᠢ᠃ ︽1571︾ ᠢᠨᠵᠧᠨᠧᠷᠢᠩ ᠢ ᠦᠨᠳᠦᠰᠦᠨ ᠳᠤᠨᠢ ᠪᠡᠶᠡᠯᠡᠭᠦᠯᠵᠦ᠂ ᠦᠨᠳᠦᠷ

ᠤᠨᠠᠯᠲᠠᠲᠠᠢ ᠤᠰᠤ ᠠᠷᠪᠢᠯᠠᠬᠤ ᠲᠠᠷᠢᠬᠤ ᠲᠠᠯᠠᠪᠠᠢ ᠨᠢ 700 ᠲᠥᠮᠡᠨ ᠮᠦ ᠶᠢ ᠳᠠᠪᠠᠵᠤ᠂ ᠲᠠᠷᠢᠶᠠᠯᠠᠩ ᠮᠠᠯ ᠠᠵᠦ ᠠᠬᠤᠢ ᠶᠢᠨ ᠶᠡᠷᠦᠩᠬᠡᠶᠢᠯᠡᠭᠰᠡᠨ

ᠮᠠᠰᠢᠨᠴᠢᠯᠠᠯᠲᠠ ᠶᠢᠨ ᠨᠣᠷᠮ᠎ᠠ ᠪᠣᠯᠣᠨ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠨᠢ ᠲᠤᠰᠪᠦᠷᠢ 12 ᠪᠠ

3 ᠵᠠᠭᠤᠨ ᠤ ᠴᠡᠭ ᠳᠡᠭᠡᠭᠰᠢᠯᠡᠵᠡᠢ᠃ ᠪᠡᠯᠡ ᠣᠷᠤᠭᠤᠯᠤᠯᠲᠠ ᠶᠢᠨ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠵᠦ᠂ ᠦᠢᠯᠡᠴᠢᠯᠡᠭᠡᠨ ᠤ ᠦᠢᠯᠡᠰ ᠤᠨ ᠪᠡᠯᠡ

ᠣᠷᠤᠭᠤᠯᠤᠯᠲᠠ᠂ ᠢᠷᠭᠡᠨ ᠤ ᠪᠡᠯᠡ ᠣᠷᠤᠭᠤᠯᠤᠯᠲᠠ ᠶᠢᠨ ᠡᠵᠡᠯᠡᠬᠦ ᠬᠠᠷᠢᠴᠠᠯ ᠨᠢ ᠲᠤᠰᠪᠦᠷᠢ 36.7% ᠪᠣᠯᠣᠨ 67% ᠳᠤ ᠬᠦᠷᠴᠡᠢ᠃ ᠮᠡᠷᠭᠡᠵᠢᠯ ᠤᠨ

ᠰᠢᠨᠡᠴᠢᠯᠡᠯᠲᠡ ᠶᠢᠨ ᠪᠡᠯᠡ ᠣᠷᠤᠭᠤᠯᠤᠯᠲᠠ ᠶᠢᠨ ᠠᠵᠦ ᠦᠢᠯᠡᠳᠪᠦᠷᠢ ᠶᠢᠨ ᠪᠡᠯᠡ ᠣᠷᠤᠭᠤᠯᠤᠯᠲᠠ ᠳᠠᠬᠢ ᠬᠠᠷᠢᠴᠠᠯ ᠨᠢ 25% ᠠᠴᠠ ᠳᠡᠭᠡᠭᠰᠢ ᠳᠤ ᠬᠦᠷᠴᠡᠢ᠃

ᠡᠨᠧᠷᠭᠢ ᠶᠢᠨ ᠬᠠᠮᠢᠶᠠᠷᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠴᠢᠩᠭ᠎ᠠ ᠳᠦᠷᠢᠮ ᠢ ᠬᠡᠷᠡᠭᠵᠢᠭᠦᠯᠵᠦ᠂ ᠲᠥᠷᠪᠡᠨ ᠵᠦᠢᠯ ᠤᠨ ᠪᠣᠳᠠᠰ ᠤᠨ

ᠪᠣᠬᠢᠷᠳᠡᠯ ᠢ ᠭᠠᠳᠠᠭᠰᠢᠯᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠥᠮᠡᠨ ᠲᠥᠭᠦᠷᠢᠭ ᠤᠨ GDP ᠳᠠᠬᠢ ᠡᠨᠧᠷᠭᠢ ᠶᠢᠨ ᠬᠤᠷᠣᠭᠳᠠᠯ᠂ ᠤᠰᠤᠨ ᠤ

ᠬᠤᠷᠣᠭᠳᠠᠯ ᠢ ᠲᠤᠰᠪᠦᠷᠢ 18.1% ᠪᠠ 47.5 % ᠳᠣᠷᠤᠭᠰᠢᠯᠠᠭᠤᠯᠵᠤ᠂ ᠡᠬᠢ ᠪᠠᠶᠠᠯᠢᠭ ᠤᠨ ᠬᠠᠮ ᠠᠰᠢᠭᠯᠠᠯᠲᠠ ᠶᠢᠨ ᠨᠣᠷᠮ᠎ᠠ ᠶᠢ 4 ᠵᠠᠭᠤᠨ ᠤ ᠴᠡᠭ

ᠳᠡᠭᠡᠭᠰᠢᠯᠡᠭᠦᠯᠵᠡᠢ᠃ ᠲᠠᠪᠤᠨ ᠵᠢᠯ ᠳᠤ ᠳᠡᠭᠡᠳᠦ ᠳᠡᠰ ᠤᠨ ᠴᠢᠳᠠᠪᠦᠷᠢᠲᠠᠨ 1600 ᠭᠠᠷᠤᠢ ᠬᠥᠮᠥᠨ ᠣᠷᠤᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠤ

ᠳᠡᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠵᠦ ᠠᠬᠤᠶᠢᠯᠠᠯ ᠪᠣᠯᠣᠨ ᠲᠠᠪᠴᠠᠩ ᠠᠴᠢᠶᠠᠯᠠᠪᠦᠷᠢ 75 ᠨᠡᠮᠡᠭᠳᠡᠵᠦ᠂ ᠡᠯ᠎ᠡ

ᠲᠥᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠮᠵᠢ ᠪᠣᠯᠣᠨ ᠲᠤᠰᠬᠠᠢ ᠠᠰᠢᠭ 1978 ᠣᠯᠵᠠᠢ᠃

     ᠡᠨᠡ ᠲᠠᠪᠤᠨ ᠵᠢᠯ ᠪᠣᠯ ᠬᠤᠲᠠ ᠬᠥᠳᠡᠭᠡ ᠶᠢᠨ ᠳᠦᠷᠰᠦ ᠪᠠᠶᠢᠳᠠᠯ ᠭᠦᠨᠵᠡᠭᠡᠢ ᠬᠤᠪᠢᠷᠠᠯᠲᠠ ᠲᠠᠢ ᠲᠠᠪᠤᠨ ᠵᠢᠯ ᠶᠤᠮ᠃ ᠰᠢᠨ᠎ᠡ ᠨᠢᠭᠡᠨ ᠤᠳᠠᠭᠠᠨ ᠤ

ᠬᠤᠲᠠ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠳᠠᠭᠤᠰᠴᠤ᠂ ᠭᠤᠣᠯ ᠬᠤᠲᠠ ᠳᠠᠬᠢ ᠬᠥᠮᠥᠨ ᠠᠮᠠ ᠵᠠᠭᠤᠨ ᠲᠦᠮᠡ ᠶᠢ ᠬᠡᠲᠦᠷᠡᠵᠦ᠂ ᠪᠠᠶᠢᠭᠤᠯᠵᠦ

ᠳᠠᠭᠤᠰᠤᠭᠰᠠᠨ ᠲᠠᠯᠠᠪᠠᠢ 105 ᠲᠡᠭᠰᠢ ᠳᠥᠷᠪᠡᠯᠵᠢᠨ ᠺᠢᠯᠤᠮᠧᠲᠷ ᠲᠤ ᠬᠦᠷᠴᠦ᠂ ᠠᠷᠪᠠᠨ ᠨᠢᠭᠡᠳᠦᠭᠡᠷ ᠲᠠᠪᠤᠨ ᠵᠢᠯ ᠤᠨ ᠡᠴᠦᠰ ᠠᠴᠠ 24 ᠲᠡᠰᠢ ᠳᠥᠷᠪᠡᠯᠵᠢᠨ

ᠺᠢᠯᠤᠮᠧᠲᠷ ᠨᠡᠮᠡᠭᠳᠡᠵᠡᠢ᠃ ᠤᠯᠠᠭᠠᠨᠬᠠᠳᠠ ᠰᠢᠨ᠎ᠡ ᠲᠣᠭᠤᠷᠢᠭ᠂ ᠬᠥᠭᠦᠷᠭᠡᠨ ᠬᠤᠶᠢᠳᠤᠬᠢ ᠰᠢᠨ᠎ᠡ ᠲᠤᠭᠤᠷᠢᠭ᠂ ᠰᠦᠩ ᠱᠠᠨ ᠤ ᠬᠤᠶᠢᠳᠤᠬᠢ ᠰᠢᠨ᠎ᠡ ᠲᠣᠭᠤᠷᠢᠭ ᠤᠨ

ᠪᠦᠲᠦᠭᠡᠨ ᠪᠠᠶᠢᠭᠤᠯᠤᠯᠲᠠ ᠨᠢ ᠨᠢᠰᠬᠦ ᠮᠡᠲᠦ ᠲᠥᠷᠭᠡᠨ ᠠᠬᠢᠵᠦ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠳᠤ

ᠣᠷᠤᠭᠤᠯᠤᠭᠰᠠᠨ ᠪᠡᠯᠡ ᠮᠥᠩᠭᠦ 315.5 ᠳ᠋ᠦᠩᠰᠢᠭᠤᠷ ᠲᠥᠭᠦᠷᠢᠭ᠂ ᠬᠤᠲᠠ ᠶᠢᠨ ᠶᠡᠷᠦᠩᠬᠡᠶᠢᠯᠡᠭᠰᠡᠨ ᠠᠴᠢᠶᠠᠯᠠᠪᠦᠷᠢ ᠪᠣᠯᠣᠨ ᠲᠥᠬᠦᠷ ᠦᠢᠯᠡᠴᠢᠯᠡᠭᠡᠨ ᠤ

ᠴᠢᠳᠠᠪᠦᠷᠢ ᠨᠢ ᠢᠯᠡᠳᠲᠡ ᠴᠢᠩᠭᠠᠷᠠᠵᠠᠢ᠃ ᠪᠥᠬᠦ ᠬᠤᠲᠠ ᠳᠤ 9 ᠰᠢᠶᠠᠨ ᠤ ᠬᠤᠲᠠ ᠶᠢᠨ ᠪᠠᠶᠢᠭᠤᠯᠵᠦ ᠳᠠᠭᠤᠰᠤᠭᠰᠠᠨ ᠲᠠᠯᠠᠪᠠᠢ 126.5 ᠲᠡᠭᠰᠢ ᠳᠥᠷᠪᠡᠯᠵᠢᠨ

ᠺᠢᠯᠤᠮᠧᠲᠷ ᠲᠤ ᠬᠦᠷᠴᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠦᠷᠢ ᠨᠢ ᠡᠳᠦᠷ ᠢᠷᠡᠬᠦᠶ᠎ᠡ ᠲᠡᠭᠦᠯᠳᠡᠷᠵᠢᠵᠡᠢ︔ ᠪᠥᠬᠦ ᠬᠤᠲᠠ ᠶᠢᠨ ᠪᠠᠶᠢᠩᠭᠤ ᠰᠠᠭᠤᠭᠠᠯᠢ

ᠬᠥᠮᠥᠨ ᠠᠮᠠ ᠶᠢᠨ ᠬᠤᠲᠠ ᠪᠠᠯᠭᠠᠰᠤᠵᠢᠭᠰᠠᠨ ᠨᠣᠷᠮ᠎ᠠ ᠨᠢ ᠠᠷᠪᠠᠨ ᠨᠢᠭᠡᠳᠦᠭᠡᠷ ᠲᠠᠪᠤᠨ ᠵᠢᠯ ᠤᠨ ᠡᠴᠦᠰ ᠲᠤ 41.2 % ᠪᠠᠶᠢᠭᠰᠠᠨ ᠠᠴᠠ 47.1% ᠪᠣᠯᠵᠤ

ᠳᠡᠭᠡᠭᠰᠢᠯᠡᠨ᠂ ᠬᠥᠮᠥᠨ ᠪᠦᠷᠢ ᠳᠤ ᠲᠡᠭᠰᠢᠳᠬᠡᠭᠰᠡᠨ ᠬᠤᠲᠠ ᠪᠠᠯᠭᠠᠰᠤᠨ ᠤ ᠵᠠᠮ ᠤᠨ ᠲᠠᠯᠠᠪᠠᠢ ᠪᠣᠯᠣᠨ ᠴᠡᠴᠡᠷᠯᠢᠭ ᠤᠨ ᠨᠣᠭᠤᠭᠠᠷᠠᠭᠤᠯᠤᠭᠰᠠᠨ ᠲᠠᠯᠠᠪᠠᠢ ᠨᠢ ᠲᠤᠰᠪᠦᠷᠢ

22.3 ᠲᠡᠭᠰᠢ ᠳᠥᠷᠪᠡᠯᠵᠢᠨ ᠮᠧᠲᠷ ᠪᠠ 16.9 ᠲᠡᠭᠰᠢ ᠳᠥᠷᠪᠡᠯᠵᠢᠨ ᠮᠧᠲᠷ ᠪᠣᠯᠵᠤ ᠳᠡᠭᠡᠭᠰᠢᠯᠡᠵᠦ᠂ ᠬᠠᠶᠠᠭᠳᠠᠮᠠᠯ ᠤᠰᠤ ᠶᠢ ᠲᠥᠪᠯᠡᠷᠡᠭᠦᠯᠦᠨ‌‍ᠰᠢᠢᠳᠪᠦᠷᠢᠯᠡᠬᠦ

ᠨᠣᠷᠮ᠎ᠠ ᠨᠢ 82.2% ᠠᠴᠠ ᠪᠠᠨ 89.3% ᠪᠣᠯᠵᠤ᠂ ᠠᠮᠢᠳᠤᠷᠠᠯ ᠤᠨ ᠬᠤᠭ ᠨᠣᠪᠰᠢ ᠶᠢ ᠬᠤᠣᠷᠳᠠᠯ ᠦᠭᠡᠢ ᠰᠢᠢᠳᠪᠦᠷᠢᠯᠡᠬᠦ ᠨᠣᠷᠮ᠎ᠠ ᠨᠢ 60.2% ᠠᠴᠠ ᠪᠠᠨ

93.8% ᠪᠣᠯᠵᠤ ᠳᠡᠭᠡᠭᠰᠢᠯᠡᠵᠡᠢ᠃ ᠲᠠᠪᠤᠨ ᠵᠢᠯ ᠳᠤ ᠲᠠᠸᠠᠷ ᠤᠨ ᠣᠷᠣᠨ ᠰᠠᠭᠤᠴᠠ 2002 ᠲᠥᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠵᠦ᠂ 1.

9 ᠲᠦᠮᠡᠨ ᠢᠵᠢ ᠪᠠᠲᠤᠯᠠᠭ᠎ᠠ ᠶᠢᠨ ᠣᠷᠣᠨ ᠰᠠᠭᠤᠴᠠ ᠶᠢ ᠪᠠᠶᠢᠭᠤᠯᠤᠨ᠂ ᠬᠠᠭᠤᠴᠢᠨ ᠰᠠᠭᠤᠭᠠᠯᠢ ᠲᠣᠭᠤᠷᠢᠭ ᠢ 1005 ᠲᠦᠮᠡᠨ ᠲᠡᠭᠰᠢ ᠳᠥᠷᠪᠡᠯᠵᠢᠨ ᠮᠧᠲᠷ

ᠥᠭᠡᠷᠡᠴᠢᠯᠡᠵᠦ᠂ ᠳᠦᠭᠦᠮ ᠪᠦᠲᠦᠴᠡᠲᠦ ᠣᠷᠣᠨ ᠰᠠᠭᠤᠴᠠ᠂ ᠬᠤᠲᠠ ᠳᠤᠮᠳᠠᠬᠢ ᠲᠤᠰᠬᠤᠨ 6.1 ᠲᠦᠮᠡᠨ ᠡᠷᠦᠬᠡ ᠶᠢ ᠥᠭᠡᠷᠡᠴᠢᠯᠡᠵᠦ᠂ ᠬᠥᠳᠡᠭᠡ ᠲᠤᠰᠬᠤᠨ

ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠢ 14.2 ᠲᠦᠮᠡᠨ ᠡᠷᠦᠬᠡ ᠰᠢᠨᠡᠳᠬᠡᠵᠡᠢ᠃ ᠬᠥᠳᠡᠭᠡ ᠲᠤᠰᠬᠤᠨ ᠮᠠᠯᠵᠢᠬᠤ ᠣᠷᠣᠨ ᠤ ︽ᠠᠷᠪᠠ ᠶᠢ ᠪᠥᠷᠬᠦᠭᠦᠯᠬᠦ︾

ᠢᠨᠵᠧᠨᠧᠷᠢᠩ ᠢ ᠬᠦᠴᠦᠲᠡᠢ ᠨᠠᠶᠢᠳᠠᠪᠦᠷᠢᠵᠢᠭᠤᠯᠵᠤ᠂ 165 ᠳ᠋ᠦᠩᠰᠢᠭᠤᠷ ᠲᠥᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠵᠦ᠂ 81.4% ᠶᠢᠨ ᠵᠠᠰᠠᠭ

ᠵᠠᠬᠢᠷᠭᠠᠨ ᠤ ᠭᠠᠴᠠᠭ᠎ᠠ ᠲᠤᠰᠬᠤᠨ ᠳᠤ ᠪᠥᠬᠦ ᠪᠦᠷᠬᠦᠯᠲᠡ ᠶᠢ ᠪᠡᠶᠡᠯᠡᠭᠦᠯᠵᠦ᠂ 134.5 ᠲᠥᠮᠡᠨ ᠲᠠᠷᠢᠶᠠᠴᠢᠨ ᠮᠠᠯᠴᠢᠨ ᠠᠰᠢᠭ ᠬᠦᠷᠲᠡᠵᠦ᠂ ᠨᠢᠭᠡ ᠪᠥᠯᠦᠭ ᠢᠯᠡ

ᠣᠨᠴᠠᠯᠢᠭ ᠲᠠᠢ᠂ ᠣᠷᠤᠰᠢᠬᠤ ᠳᠤ ᠲᠣᠬᠢᠯᠢᠭ᠂ ᠪᠣᠯᠪᠠᠰᠤᠨ ᠡᠶ᠎ᠡ ᠵᠣᠬᠢᠴᠠᠯᠲᠠᠢ ᠦᠵᠡᠰᠭᠦᠯᠡᠩᠲᠦ ᠰᠠᠶᠢᠬᠠᠨ ᠬᠥᠳᠡᠭᠡ ᠲᠤᠰᠬᠤᠨ ᠢ ᠪᠥᠳᠦᠭᠡᠨ ᠪᠠᠶᠢᠭᠤᠯᠵᠠᠢ᠃

     ᠡᠨᠡ ᠲᠠᠪᠤᠨ ᠵᠢᠯ ᠪᠣᠯ ᠪᠠᠲᠤᠯᠠᠭ᠎ᠠ ᠶᠢᠨ ᠴᠢᠳᠠᠪᠦᠷᠢ ᠢᠯᠡᠳᠲᠡ ᠳᠡᠭᠡᠭᠰᠢᠯᠡᠭᠰᠡᠨ ᠲᠠᠪᠤᠨ ᠵᠢᠯ ᠶᠤᠮ᠃ ᠠᠮᠢ ᠠᠬᠤᠢ᠂ ᠵᠠᠮ ᠬᠠᠷᠢᠯᠴᠠᠭ᠎ᠠ᠂ ᠤᠰᠤᠨ

ᠠᠰᠢᠭᠯᠠᠯᠲᠠ᠂ ᠡᠨᠧᠷᠭᠢ᠂ ᠴᠠᠬᠢᠯᠭᠠᠨ ᠬᠦᠴᠦᠨ᠂ ᠴᠢᠮᠡᠭᠡ ᠨᠡᠪᠲᠡᠷᠡᠯᠭᠡ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠨᠡᠶᠢᠲᠡ ᠪᠡᠯᠡ ᠣᠷᠤᠭᠤᠯᠤᠯᠲᠠ ᠨᠢ

1000 ᠳ᠋ᠦᠩᠰᠢᠭᠤᠷ ᠲᠥᠭᠦᠷᠢᠭ ᠢ ᠳᠠᠪᠠᠵᠠᠢ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ 1106 ᠲᠥᠮᠡᠨ ᠮᠦ ᠪᠡᠶᠡᠯᠡᠭᠦᠯᠵᠦ᠂ ᠤᠯᠤᠰ ᠪᠠ

ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 3 ᠨᠡᠮᠡᠭᠳᠡᠵᠦ᠂ ᠣᠢ ᠰᠢᠭᠤᠢ ᠶᠢᠨ ᠪᠦᠷᠬᠦᠯᠲᠡ ᠵᠢᠨ‌ᠨᠣᠷᠮ᠎ᠠ35.5%

ᠪᠣᠯᠵᠤ ᠳᠡᠭᠡᠭᠰᠢᠯᠡᠨ᠂ ᠤᠯᠤᠰ ᠤᠨ ᠣᠢ ᠰᠢᠭᠤᠶᠢᠲᠤ ᠬᠤᠲᠠ ᠪᠠ ᠥᠪᠡᠷᠲᠡᠭᠡᠨ ᠵᠠᠰᠠᠬᠤ ᠣᠷᠣᠨ ᠤ ᠣᠢ ᠰᠢᠭᠤᠶᠢᠲᠤ ᠬᠤᠲᠠ ᠶᠢᠨ ᠴᠣᠯᠠ ᠬᠦᠷᠲᠡᠵᠡᠢ᠃ ᠡᠯ᠎ᠡ

ᠳᠡᠰ ᠤᠨ ᠵᠠᠰᠠᠮᠠᠯ ᠵᠠᠮ 1.1 ᠲᠥᠮᠡᠨ ᠺᠢᠯᠤᠮᠧᠲᠷ ᠰᠢᠨ᠎ᠡ ᠵᠠᠰᠠᠭᠰᠠᠨ ᠪᠠ ᠥᠭᠡᠷᠡᠴᠢᠯᠡᠨ ᠵᠠᠰᠠᠵᠤ᠂ ᠤᠯᠠᠭᠠᠨᠬᠠᠳᠠ ᠠᠴᠠ ᠴᠣᠣᠶᠠᠩ ᠬᠦᠷᠬᠦ ᠬᠤᠷᠳᠤᠨ ᠤ ᠵᠠᠮ᠂

ᠤᠯᠠᠭᠠᠨᠬᠠᠳᠠ ᠠᠴᠠ ᠴᠧᠩᠳᠧ ᠬᠦᠷᠬᠦ ᠬᠤᠷᠳᠤᠨ ᠤ ᠵᠠᠮ᠂ ᠤᠯᠠᠭᠠᠨᠬᠠᠳᠠ ᠠᠴᠠ ᠯᠢᠩ ᠶᠤᠸᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠵᠠᠰᠠᠵᠤ ᠲᠡᠷᠭᠡ

ᠨᠡᠪᠲᠡᠷᠡᠨ᠂ ᠪᠥᠬᠦ ᠤᠯᠤᠰ ᠤᠨ ᠬᠤᠷᠳᠤᠨ ᠤ ᠵᠠᠮ ᠤᠨ ᠲᠣᠣᠷᠵᠢᠯ ᠳᠤ ᠣᠷᠣᠵᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠴᠠᠷᠳᠠᠮᠠᠯ ᠵᠠᠮ

ᠨᠡᠪᠲᠡᠷᠡᠭᠰᠡᠨ ᠨᠣᠷᠮ᠎ᠠ 79% ᠬᠦᠷᠴᠡᠢ᠃ 7 ᠵᠤᠷᠪᠤᠰ ᠲᠡᠮᠦᠷ ᠵᠠᠮ ᠢ ᠡᠬᠢᠯᠡᠨ ᠪᠠᠶᠢᠭᠤᠯᠵᠤ᠂ ᠲᠡᠷᠭᠡ ᠨᠡᠪᠲᠡᠷᠡᠭᠰᠡᠨ ᠶᠡᠷᠦᠩᠬᠡᠢ ᠤᠷᠲᠤ ᠨᠢ 1101 ᠺᠢᠯᠤᠮᠧᠲᠷ

ᠬᠦᠷᠴᠡᠢ᠃ ᠬᠠᠰ ᠯᠣᠣ ᠨᠢᠰᠭᠡᠯ ᠤᠨ ᠲᠠᠯᠠᠪᠤᠷ ᠢ ᠥᠷᠭᠡᠳᠬᠡᠨ ᠪᠠᠶᠢᠭᠤᠯᠵᠤ᠂ ᠵᠢᠯ ᠤᠨ ᠠᠶᠠᠨᠴᠢᠳ ᠨᠢ ᠵᠠᠭᠤᠨ ᠲᠦᠮᠡ ᠰᠢᠬᠠᠮ ᠬᠥᠮᠥᠨ ᠤᠳᠠᠭ᠎ᠠ ᠬᠦᠷᠴᠠᠢ᠃

ᠢᠳᠡᠬᠦ ᠤᠰᠤᠨ ᠤ ᠠᠶᠤᠯᠭᠦᠢ ᠶᠢᠨ ᠢᠨᠵᠧᠨᠧᠷᠢᠩ 2661 ᠶᠢ ᠪᠠᠶᠢᠭᠤᠯᠵᠤ᠂ 164ᠲᠥᠮᠡᠨ ᠬᠥᠮᠥᠨ ᠤ ᠢᠳᠡᠬᠦ ᠤᠰᠤᠨ‌‍ᠤ ᠠᠶᠤᠯᠭᠦᠢ ᠶᠢᠨ ᠠᠰᠠᠭᠤᠳᠠᠯ ᠢ

ᠰᠢᠢᠳᠪᠦᠷᠢᠯᠡᠵᠡᠢ᠃ ︽ᠬᠡᠢ ᠰᠢᠲᠠᠭᠠᠯᠭ᠎ᠠ ᠲᠦᠭᠡᠮᠡᠯᠵᠢᠭᠰᠡᠨ ᠤᠯᠠᠭᠠᠨᠬᠠᠳᠠ︾ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠵᠡᠢ᠃ ᠬᠦᠴᠦᠳᠡᠯ ᠥᠭᠡᠷᠡᠴᠢᠯᠡᠬᠦ ᠥᠷᠲᠡᠭᠡ

69 ᠰᠢᠨ᠎ᠡ ᠪᠠᠷ ᠪᠠᠶᠢᠭᠤᠯᠵᠤ᠂ 66 ᠮᠢᠩᠭᠠᠨ ᠺᠢᠯᠤᠸᠤᠯᠲ ᠠᠴᠠ ᠳᠡᠭᠡᠭᠰᠢᠬᠢ ᠬᠦᠴᠦᠳᠡᠯ ᠬᠤᠪᠢᠰᠬᠠᠵᠦ ᠬᠦᠷᠭᠡᠬᠦ ᠱᠤᠭᠤᠮ 3201 ᠺᠢᠯᠤᠮᠧᠲᠷ ᠪᠠᠶᠢᠭᠤᠯᠵᠠᠢ᠃

     ᠡᠨᠡ ᠲᠠᠪᠤᠨ ᠵᠢᠯ ᠪᠣᠯ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠭᠰᠡᠨ ᠲᠠᠪᠤᠨ ᠵᠢᠯ ᠶᠤᠮ᠃ ᠵᠠᠰᠠᠭ ᠢ ᠴᠣᠮᠬᠠᠳᠬᠠᠵᠤ ᠡᠷᠬᠡ ᠶᠢ

ᠳᠤᠷᠤᠭᠰᠢ ᠪᠠᠭᠤᠯᠭᠤᠬᠤ ᠨᠢ ᠴᠢᠬᠤᠯᠠ ᠰᠢᠪᠲᠤᠯᠤᠯᠲᠠ‌‍ᠲ᠋ᠠᠢ ᠪᠣᠯᠵᠤ᠂ ᠬᠤᠲᠠ ᠶᠢᠨ ᠲᠤᠰ ᠱᠠᠲᠤ ᠨᠢ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ 301 ᠶᠢ

ᠦᠭᠡᠶᠢᠰᠭᠡᠭᠰᠡᠨ ᠪᠠ ᠳᠣᠷᠣᠭᠰᠢ ᠪᠠᠭᠤᠯᠭᠠᠵᠤ᠂ ᠬᠠᠷᠢᠴᠠᠯ ᠨᠢ 74.3% ᠬᠦᠷᠴᠡᠢ᠃ ᠵᠠᠰᠠᠭ ᠵᠠᠬᠢᠷᠭᠠᠨ ᠤ ᠪᠣᠰᠤ ᠬᠢᠨᠠᠨ ᠵᠥᠪᠰᠢᠶᠡᠷᠡᠯ ᠢ ᠪᠥᠬᠦᠨ ᠢ ᠦᠭᠡᠶᠢᠰᠭᠡᠵᠦ

᠂ 507 ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠵᠠᠢ᠃ ᠬᠤᠳᠠᠯᠳᠤᠭᠠᠨ‌‍ᠤ ᠶᠠᠪᠤᠳᠠᠯ ᠤᠨ ᠳᠠᠩᠰᠠᠯᠠᠯ ᠤᠨ ᠳᠦᠷᠢᠮ ‍ᠤᠨ‌ᠥᠭᠡᠷᠡᠴᠢᠯᠡᠯᠲᠡ ᠨᠢ ᠪᠥᠬᠦ ᠣᠷᠣᠨ ᠤ

ᠡᠮᠦᠨ᠎ᠡ ᠡᠩᠨᠡᠭᠡᠨ ᠳᠤ ᠣᠷᠣᠵᠤ᠂ ᠠᠷᠠᠳ ‍ᠤᠨ‌ᠡᠵᠡᠩᠨᠡᠯᠲᠡᠲᠦ ᠠᠵᠦ ᠠᠬᠤᠢ ᠨᠢ ᠡᠷᠡᠭᠦᠯ ᠢᠶᠠᠷ ᠬᠥᠭᠵᠢᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠬᠤ 8.

2ᠲᠥᠮᠡᠨ ᠡᠷᠦᠬᠡ ᠰᠢᠨ᠎ᠡ ᠨᠡᠮᠡᠭᠳᠡᠵᠦ᠂ ᠨᠡᠶᠢᠲᠡ‌‍ᠶᠢᠨ ᠪᠣᠰᠤ ᠦᠮᠴᠢᠯᠡᠯᠲᠦ ᠠᠵᠦ ᠠᠬᠤᠢ ᠶᠢᠨ ᠬᠠᠷᠢᠴᠠᠯ 56.1% ᠬᠦᠷᠴᠦ᠂ ᠠᠷᠪᠠᠨ‌ᠨᠢᠭᠡᠳᠦᠭᠡᠷ ᠲᠠᠪᠤᠨ ᠵᠢᠯ ᠤᠨ

ᠡᠴᠦᠰ ᠠᠴᠠ 13.3 ᠵᠠᠭᠤᠨ ᠤ ᠴᠡᠭ ᠳᠡᠭᠡᠭᠰᠢᠯᠡᠵᠡᠢ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠰᠣᠶᠣᠯ ᠭᠡᠭᠡᠷᠡᠯ ᠷᠠᠳᠢᠤ᠋ ᠲᠧᠯᠸᠢᠰ᠂ ᠡᠷᠡᠭᠦᠯ ᠬᠠᠮᠠᠭᠠᠯᠠᠯ

ᠲᠥᠯᠦᠪᠯᠡᠭᠡᠲᠦ ᠦᠷᠡᠵᠢᠯ ᠵᠡᠷᠭᠡ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠡᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠢᠯ ᠦᠢᠯᠡᠰ ᠤᠨ

ᠨᠢᠭᠡᠴᠡ ᠶᠢᠨ ᠲᠥᠷᠦᠯ ᠬᠤᠪᠢᠶᠠᠬᠤ ᠥᠭᠡᠷᠡᠴᠢᠯᠡᠯᠲᠡ ᠨᠢ ᠡᠮᠬᠢ ᠲᠢᠭᠯᠢᠮ ᠲᠠᠢ ᠠᠬᠢᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠦᠷᠢ ᠨᠢ ᠤᠯᠠᠮ ᠴᠢᠨᠠᠭᠰᠢᠳᠠ

ᠬᠤᠪᠢᠷᠠᠵᠠᠢ᠃ ᠪᠥᠬᠦ ᠬᠤᠲᠠ ᠶᠢᠨ ᠨᠢᠭᠡᠳᠦᠯᠲᠠᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠡᠳ᠋ ᠤᠨ ᠵᠠᠰᠠᠭ ᠤᠨ ᠪᠡᠯᠡ

ᠮᠥᠩᠭᠦᠨ ᠤ ᠤᠷᠢᠳᠴᠢᠯᠠᠨ ᠮᠠᠭᠠᠳᠯᠠᠵᠤ ᠬᠢᠨᠠᠬᠤ ᠲᠥᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ 70 ᠳ᠋ᠦᠩᠰᠢᠭᠤᠷ

ᠲᠥᠭᠦᠷᠢᠭ ᠠᠷᠪᠢᠯᠠᠵᠠᠢ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠪᠡᠯᠡ ᠣᠷᠤᠭᠤᠯᠬᠤ ᠬᠤᠷᠠᠮᠳᠤᠭᠤᠯᠬᠤ᠂ ᠬᠥᠳᠡᠭᠡ ᠲᠤᠰᠬᠤᠨ ᠮᠠᠯᠵᠢᠬᠤ ᠣᠷᠣᠨ᠂ ᠠᠮᠢ

ᠠᠬᠤᠢ ᠶᠢᠨ ᠪᠣᠯᠪᠠᠰᠤᠨ᠂ ᠡᠮ ᠡᠮᠨᠡᠯᠭᠡ ᠡᠷᠡᠭᠦᠯ ᠬᠠᠮᠠᠭᠠᠯᠠᠯ᠂ ᠰᠣᠶᠣᠯ ᠰᠤᠷᠭᠠᠨ ᠬᠥᠮᠦᠵᠢᠯ᠂ ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠵᠡᠷᠭᠡ

ᠭᠤᠣᠯᠳᠠᠯᠭᠠᠲᠠᠢ ᠬᠦᠷᠢᠶ᠎ᠡ ᠬᠡᠪᠴᠢᠶ᠎ᠡ ᠪᠣᠯᠣᠨ ᠴᠢᠬᠤᠯᠠ ᠵᠠᠩᠬᠢᠯᠠᠭ᠎ᠠ ᠶᠢᠨ ᠥᠭᠡᠷᠡᠴᠢᠯᠡᠯᠲᠡ ᠨᠢ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠠᠵᠦ ᠠᠬᠤᠢ

ᠨᠡᠶᠢᠭᠡᠮ ᠤᠨ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠨᠡᠮᠡᠵᠡᠢ᠃ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠶᠢ ᠦᠷᠭᠦᠯᠵᠢᠯᠡᠨ ᠠᠬᠢᠭᠤᠯᠵᠤ᠂ ᠪᠡᠭᠡᠵᠢᠩ

ᠥᠪᠥᠷ ᠮᠣᠩᠭᠤᠯ ᠤᠨ ᠠᠵᠢᠯ ᠲᠥᠷᠦᠯ ᠢᠶᠠᠷ ᠢᠶᠠᠨ ᠬᠠᠮᠵᠢᠯᠴᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠯᠤᠰ ᠤᠨ ︽ᠨᠢᠭᠡ ᠪᠦᠰᠡ ᠨᠢᠭᠡ ᠵᠠᠮ︾᠂

ᠪᠡᠭᠡᠵᠢᠩ ᠲᠢᠶᠠᠨᠵᠢᠨ ᠾᠧᠪᠸᠢ ᠬᠠᠮᠵᠢᠯᠴᠠᠨ ᠬᠥᠭᠵᠢᠬᠦ ᠪᠠ ᠪᠥᠸᠧᠬᠠᠢ ᠲᠠᠩᠬᠢᠰ ᠳᠠᠭᠠᠤ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠤᠯᠭ᠎ᠠ ᠳᠤ ᠪᠥᠬᠦ ᠲᠠᠯ᠎ᠠ ᠪᠠᠷ

ᠤᠶᠠᠯᠳᠤᠵᠤ᠂ ᠨᠢᠭᠡ ᠪᠥᠯᠦᠭ ᠪᠤᠳᠠᠳᠤ ᠬᠦᠴᠦᠨ ᠲᠠᠢ ᠲᠣᠮᠣ ᠠᠵᠦ ᠠᠬᠤᠶᠢᠯᠠᠯ ᠲᠣᠮᠣ ᠪᠥᠯᠦᠭᠯᠡᠯ ᠨᠢ ᠮᠠᠨ ᠤ ᠬᠤᠲᠠ ᠳᠤ ᠰᠠᠭᠤᠷᠢᠰᠢᠵᠠᠢ᠃ ᠬᠠᠯᠬ᠎ᠠ ᠶᠢᠨ

ᠠᠷᠣᠬᠠᠩᠭᠠᠢ ᠠᠶᠢᠮᠠᠭ᠂ ᠾᠡᠶᠢᠱᠠᠨ ᠤᠯᠤᠰ ᠤᠨ ᠨᠢᠺᠧᠰᠢᠴᠢ ᠬᠤᠲᠠ‌ᠯᠤᠭ᠎ᠠ ᠨᠥᠬᠦᠷᠰᠡᠭ ᠬᠤᠲᠠ ᠪᠣᠯᠵᠠᠢ᠃ ᠲᠠᠪᠤᠨ ᠵᠢᠯ ᠳᠤ ᠤᠯᠤᠰ ᠤᠨ ᠲᠣᠲᠤᠭᠠᠳᠤᠬᠢ

ᠣᠷᠣᠨ ᠤ ᠭᠠᠳᠠᠨᠠᠬᠢ ᠪᠡᠯᠡ ᠮᠥᠩᠭᠦ 3937 ᠳ᠋ᠦᠩᠰᠢᠭᠤᠷ ᠲᠥᠭᠦᠷᠢᠭ ᠣᠷᠤᠭᠤᠯᠤᠨ ᠠᠪᠴᠢᠷᠠᠵᠠᠢ᠃

     ᠡᠨᠡ ᠲᠠᠪᠤᠨ ᠵᠢᠯ ᠪᠣᠯ ᠠᠷᠠᠳ‌‍ᠤᠨ ᠠᠮᠢᠳᠤᠷᠠᠯ ᠪᠠ ᠨᠡᠶᠢᠭᠡᠮ ᠤᠨ ᠦᠢᠯᠡᠰ ᠦᠷᠭᠦᠯᠵᠢᠯᠡᠨ ᠬᠥᠭᠵᠢᠭᠰᠡᠨ ᠲᠠᠪᠤᠨ ᠵᠢᠯ ᠶᠤᠮ᠃ ᠠᠷᠠᠳ ᠤᠨ ᠠᠮᠢᠳᠤᠷᠠᠯ ᠳᠤ

ᠨᠡᠶᠢᠲᠡ1299 ᠳ᠋ᠦᠩᠰᠢᠭᠤᠷ ᠲᠥᠭᠦᠷᠢᠭ ᠪᠡᠯᠡ ᠣᠷᠤᠭᠤᠯᠵᠤ᠂ ᠠᠷᠪᠠᠨ ᠨᠢᠭᠡᠳᠦᠭᠡᠷ ᠲᠠᠪᠤᠨ ᠵᠢᠯ ᠤᠨ ᠬᠤᠭᠤᠴᠠᠭᠠᠨ ᠤ 2.7 ᠳᠠᠬᠢᠨ ᠪᠠᠶᠢᠵᠤ᠂ ᠡᠳ᠋ ᠤᠨ

ᠵᠠᠰᠠᠭ ᠤᠨ ᠵᠠᠷᠤᠯᠭ᠎ᠠ ᠲᠠᠬᠢ ᠬᠠᠷᠢᠴᠠᠯ ᠨᠢ ᠬᠡᠵᠢᠶᠡᠳᠡ 70% ᠠᠴᠠ ᠳᠡᠭᠡᠭᠰᠢ ᠪᠣᠯᠵᠠᠢ᠃ ᠬᠤᠲᠠ ᠪᠠᠯᠭᠠᠰᠤᠨ ᠤ ᠠᠵᠢᠯ ᠣᠯᠭᠤᠯᠲᠠ 14.4 ᠲᠥᠮᠡᠨ ᠬᠥᠮᠥᠨ

ᠰᠢᠨ᠎ᠡ ᠪᠠᠷ ᠨᠡᠮᠡᠭᠳᠡᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ 72 ᠲᠥᠮᠡᠨ ᠬᠦᠮᠦᠨ ᠬᠦᠷᠴᠡᠢ᠃

ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠲᠤᠰᠪᠦᠷᠢ ᠠᠷᠪᠠᠨ ᠨᠢᠭᠡᠳᠦᠭᠡᠷ ᠲᠠᠪᠤᠨ ᠵᠢᠯ ᠤᠨ ᠡᠴᠦᠰ ᠠᠴᠠ 10852 ᠲᠥᠭᠦᠷᠢᠭ ᠪᠣᠯᠣᠨ

4263 ᠲᠥᠬᠦᠷᠢᠭ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠵᠦ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠥᠷᠭᠡᠨ ᠪᠠᠶᠢᠨ᠎ᠠ᠃ ᠬᠤᠲᠠ ᠬᠥᠳᠡᠭᠡ ᠶᠢᠨ

ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠰᠢᠨ᠎ᠡ ᠬᠡᠯᠪᠡᠷᠢ ᠶᠢᠨ ᠨᠡᠶᠢᠭᠡᠮ ᠤᠨ ᠠᠪᠤᠷᠠᠨ ᠲᠡᠳᠬᠦᠬᠦ ᠰᠢᠰᠲ᠋ᠧᠮ

ᠦᠨᠳᠦᠰᠦᠨ ᠲᠡᠭᠡᠨ ᠪᠦᠷᠢᠯᠳᠦᠵᠦ᠂ ᠬᠦᠴᠢᠷᠲᠡᠢ ᠣᠯᠠᠨ ᠲᠥᠮᠡᠨ᠂ ᠣᠨᠴᠣᠭᠤᠢ ᠬᠥᠮᠥᠰ᠂ ᠲᠤᠰᠠᠯᠠᠨ ᠳᠡᠮᠵᠢᠬᠦ ᠡᠳᠡᠬᠡᠳ ᠤᠨ ᠠᠮᠢᠳᠤᠷᠠᠯ ᠨᠢ ᠪᠠᠲᠤᠯᠠᠭᠠᠲᠠᠢ ᠪᠣᠯᠵᠠᠢ

᠃ ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠦᠨᠳᠦᠰᠦᠨ ᠳᠡᠭᠡᠨ ᠪᠡᠶᠡᠯᠡᠭᠦᠯᠵᠦ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠣᠨ

ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠨᠢ ᠴᠢᠨᠠᠭᠰᠢᠲᠠ ᠲᠡᠭᠦᠯᠳᠡᠷᠵᠢᠵᠡᠢ᠃ ᠡᠯ᠎ᠡ ᠱᠠᠲᠤᠨ ᠤ ᠡᠯ᠎ᠡ ᠲᠥᠷᠦᠯ ᠤᠨ ᠰᠤᠷᠭᠠᠨ ᠬᠦᠮᠦᠵᠢᠯ ᠲᠥᠷᠭᠡᠨ

ᠬᠥᠭᠵᠢᠵᠦ᠂ ᠠᠩᠬ᠎ᠠ ᠳᠤᠮᠳᠠᠳᠤ ᠪᠠ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ 641 ᠰᠢᠨ᠎ᠡ ᠪᠠᠷ ᠪᠠᠶᠢᠭᠤᠯᠤᠭᠰᠠᠨ ᠪᠠ ᠰᠢᠨᠡᠴᠢᠯᠡᠵᠦ᠂ ᠥᠨᠳᠥᠷ

ᠳᠤᠮᠳᠠᠳᠤ ᠶᠢᠨ ᠱᠠᠲᠤᠨ ᠤ ᠰᠤᠷᠭᠠᠨ ᠬᠥᠮᠥᠵᠢᠯ ᠨᠢ ᠰᠦᠢᠳᠬᠡᠯ ᠬᠤᠷᠢᠶᠠᠬᠤ ᠦᠭᠡᠢ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠠᠢ᠃ ᠰᠣᠶᠣᠯ ᠭᠡᠭᠡᠷᠡᠯ ᠤᠨ

ᠦᠢᠯᠡᠰ ᠨᠢ ᠥᠷᠨᠢᠩᠭᠦᠢ ᠬᠥᠭᠵᠢᠵᠦ᠂ ᠣᠯᠠᠨ ᠲᠥᠮᠡᠨ ᠤ ᠰᠣᠶᠣᠯ ᠤᠨ ᠠᠮᠢᠳᠤᠷᠠᠯ ᠨᠢ ᠡᠳᠦᠷ ᠢᠷᠡᠬᠦᠶ᠎ᠡ ᠪᠠᠶᠠᠯᠢᠬᠵᠢᠵᠤ᠂ ᠬᠤᠩ ᠱᠠᠨ ᠰᠣᠶᠣᠯ ᠪᠣᠯᠣᠨ

ᠯᠢᠶᠣᠣ ᠶᠢᠨ ᠰᠣᠶᠣᠯ ᠤᠨ ᠬᠤᠶᠠᠷ ᠶᠡᠭᠡ ᠪᠠᠭᠤᠷᠢ ᠶᠢ ᠳᠡᠯᠡᠬᠡᠢ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ ᠲᠤ ᠣᠷᠣᠵᠤ᠂ ᠮᠠᠨ ᠤ ᠬᠤᠲᠠ‌ᠨᠢ ᠪᠥᠬᠦ ᠤᠯᠤᠰ ᠤᠨ

ᠪᠣᠯᠪᠠᠰᠤᠨ ᠬᠤᠲᠠ ᠪᠠᠷ ᠨᠡᠷ᠎ᠡ ᠳᠤᠷᠠᠳᠤᠭᠳᠠᠭᠰᠠᠨ ᠬᠤᠲᠠ ᠶᠢᠨ ᠡᠩᠨᠡᠭᠡᠨ ᠳᠤ ᠣᠷᠤᠵᠠᠢ᠃ ᠤᠯᠠᠭᠠᠨᠬᠠᠳᠠ ᠶᠢᠨ ᠪᠡᠶ᠎ᠡ ᠶᠢᠨ ᠲᠠᠮᠢᠷ ᠤᠨ ᠲᠥᠪ ᠢ ᠪᠠᠶᠢᠭᠤᠯᠤᠨ

ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠬᠢᠯᠡᠵᠡᠢ᠃

ᠶᠠᠳᠠᠭᠤ ᠶᠢ ᠲᠡᠳᠬᠦᠨ ᠨᠡᠭᠡᠭᠡᠨ ᠠᠰᠢᠭᠯᠠᠬᠤ ᠶᠢ ᠬᠦᠴᠦᠲᠡᠢ ᠠᠬᠢᠭᠤᠯᠵᠤ᠂ 95.7 ᠳ᠋ᠦᠩᠰᠢᠭᠤᠷ ᠲᠥᠭᠦᠷᠢᠭ ᠪᠡᠯᠡ ᠣᠷᠤᠭᠤᠯᠵᠤ᠂ 52.6 ᠲᠦᠮᠡᠨ ᠶᠠᠳᠠᠭᠤ

ᠬᠦᠴᠢᠷᠲᠠᠢ ᠬᠥᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠠᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂

ᠬᠤᠶᠠᠷ ᠢᠶᠠᠨ ᠬᠦᠷᠢᠶᠡᠯᠡᠵᠦ ᠬᠠᠮᠲᠤᠪᠡᠷ ᠪᠠᠶᠢᠭᠤᠯᠬᠤ᠂ ᠦᠨᠳᠦᠰᠦᠲᠡᠨ ᠱᠠᠰᠢᠨ ᠰᠤᠷᠲᠠᠬᠤᠨ ᠤ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠡᠮᠡᠭᠲᠡᠶᠢᠢᠴᠤᠳ

ᠬᠡᠦᠬᠡᠳ᠂ ᠵᠡᠮᠳᠡᠭᠴᠤᠳ᠂ ᠴᠠᠭ ᠠᠭᠤᠷ᠂ ᠭᠠᠵᠠᠷ ᠬᠥᠳᠡᠯᠦᠯᠲᠡ᠂ ᠠᠷᠠᠳ ᠤᠨ ᠠᠭᠠᠷ ᠰᠡᠷᠭᠡᠶᠢᠯᠡᠯᠲᠡ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠨᠢᠭᠦᠯᠡᠰᠦᠩᠭᠦᠢ

᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠤᠳ ᠨᠢ ᠴᠦᠮ ᠰᠢᠨ᠎ᠡ ᠠᠮᠵᠢᠯᠲᠠ ᠣᠯᠵᠠᠢ᠃

     ᠡᠨᠡ ᠲᠠᠪᠤᠨ ᠵᠢᠯ ᠪᠣᠯ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠨᠢ ᠪᠥᠬᠦ ᠲᠠᠯ᠎ᠠ ᠪᠠᠷ ᠴᠢᠩᠭᠠᠷᠠᠭᠰᠠᠨ ᠲᠠᠪᠤᠨ ᠵᠢᠯ ᠶᠤᠮ᠃ ᠬᠠᠤᠯᠢ

ᠶᠣᠰᠤᠭᠠᠷ ᠤᠯᠠᠭᠠᠨᠬᠠᠳᠠ ᠪᠠᠨ ᠵᠠᠰᠠᠬᠤ ᠪᠠᠶᠢᠭᠤᠯᠤᠯᠲᠠ ᠨᠢ ᠯᠠᠪᠳᠠᠭᠤᠨ ᠠᠬᠢᠵᠤ᠂ ︽ᠵᠢᠷᠭᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠶᠢ ᠪᠥᠬᠦ ᠲᠠᠯ᠎ᠠ ᠪᠠᠷ

ᠪᠡᠶᠡᠯᠡᠭᠦᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠡᠢ᠃ ᠡᠩᠬᠡ ᠲᠠᠶᠢᠪᠤᠩ ᠤᠯᠠᠭᠠᠨᠬᠠᠳᠠ ᠶᠢᠨ

ᠪᠠᠶᠢᠭᠤᠯᠤᠯᠲᠠ ᠨᠢ ᠢᠯᠡᠳᠲᠡ ᠪᠦᠲᠦᠮᠵᠢ ᠣᠯᠵᠤ᠂ ᠪᠠᠴᠢᠮ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠨᠢ ᠡᠳᠦᠷ ᠢᠷᠡᠬᠦᠶ᠎ᠡ ᠲᠡᠭᠦᠯᠳᠡᠷᠵᠢᠵᠦ᠂ ᠵᠠᠬᠢᠳᠠᠯ

ᠰᠣᠷᠪᠤᠯᠵᠢᠯᠠᠯ ᠤᠨ ᠠᠵᠢᠯ ᠤᠨ ᠵᠣᠬᠢᠵᠠᠮᠵᠢ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠨᠡᠶᠢᠭᠡᠮ ᠤᠨ ᠵᠠᠰᠠᠯᠲᠠ ᠶᠢᠨ ᠴᠢᠳᠠᠪᠦᠷᠢ ᠨᠢ ᠢᠯᠡᠳᠲᠡ ᠳᠡᠭᠡᠭᠰᠢᠯᠡᠵᠦ᠂

ᠠᠶᠦᠯᠬᠦᠢ ᠦᠢᠯᠡᠳᠪᠦᠷᠢᠯᠡᠯ ᠪᠠ ᠢᠳᠡᠭᠡᠨ ᠡᠮ ᠤᠨ ᠵᠦᠢᠯ ᠤᠨ ᠠᠮᠦᠷ ᠲᠥᠪᠰᠢᠨ ᠤ ᠪᠠᠶᠢᠳᠠᠯ ᠨᠢ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠬᠤᠲᠠ ᠰᠢᠶᠠᠨ

ᠬᠤᠶᠠᠷ ᠱᠠᠲᠤ ᠨᠢ ᠲᠥᠰᠦᠪ ᠤᠨ ᠭᠦᠢᠴᠡᠳᠬᠡᠯ ᠢᠶᠠᠨ ᠪᠥᠬᠦᠨ ᠢ ᠢᠯᠡ ᠪᠣᠯᠭᠠᠵᠤ᠂ ᠠᠯᠪᠠᠯᠠᠬᠤ ᠭᠡᠷ ᠢ ᠴᠡᠭᠴᠡᠯᠡᠨ ᠴᠡᠪᠡᠷᠯᠡᠬᠦ ᠶᠢ ᠪᠥᠬᠦ ᠲᠠᠯ᠎ᠠ ᠪᠠᠷ ᠪᠡᠶᠡᠯᠡᠭᠦᠯᠵᠡᠢ᠃

ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ᠂ ᠠᠯᠪᠠᠨ ᠶᠠᠪᠤᠳᠠᠯ ᠤᠨ ᠬᠦᠯᠢᠶᠡᠨ ᠠᠪᠴᠤ ᠵᠣᠴᠢᠯᠠᠬᠤ᠂ ᠨᠡᠶᠢᠲᠡ ᠶᠢᠨ ᠲᠡᠷᠭᠡ ᠬᠡᠷᠡᠭᠯᠡᠬᠦ ᠶᠢ ᠴᠢᠩᠭ᠎ᠠ ᠬᠢᠵᠠᠭᠠᠷᠯᠠᠵᠤ

᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠡᠳ᠋ ᠤᠨ ᠵᠠᠰᠠᠭ ᠤᠨ ᠵᠠᠷᠤᠯᠭ᠎ᠠ ᠳᠠᠬᠢ ᠬᠠᠷᠢᠴᠠᠯ ᠨᠢ ᠵᠢᠯ ᠳᠠᠷᠠᠭᠠᠯᠠᠨ ᠳᠣᠷᠤᠭᠰᠢᠯᠠᠵᠠᠢ᠃ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠤᠯᠤᠰ ᠲᠥᠷᠦ ᠶᠢᠨ

ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠳᠤ ᠪᠠᠶᠢᠳᠠᠯ ᠢᠶᠠᠨ ᠮᠡᠳᠡᠭᠦᠯᠵᠦ᠂ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠨᠡᠶᠢᠲᠡ 610 ᠬᠤᠪᠢ᠂ ᠤᠯᠤᠰ

ᠲᠥᠷᠦ‌‍ᠶᠢᠨ ᠵᠥᠪᠯᠡᠯᠡᠭᠡᠨ ᠤ ᠭᠡᠰᠢᠭᠦᠳ ᠤᠨ ᠳᠤᠷᠠᠳᠤᠯᠭ᠎ᠠ 994 ᠬᠤᠪᠢ ᠶᠢ ᠭᠦᠢᠴᠡᠳᠬᠡᠨ ᠨᠠᠶᠢᠳᠠᠪᠦᠷᠢᠵᠢᠭᠤᠯᠵᠠᠢ᠃ ᠵᠠᠰᠠᠭ ᠤᠨ ᠶᠠᠪᠤᠳᠠᠯ ᠢ ᠢᠯᠡ ᠪᠣᠯᠭᠠᠬᠤ᠂

ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠬᠢᠨᠡᠨ ᠪᠣᠳᠤᠵᠤ ᠬᠢᠨᠠᠯᠲᠠ ᠲᠠᠯᠪᠢᠬᠤ ᠠᠵᠢᠯ ᠨᠢ ᠢᠯᠡᠳᠲᠡ ᠦᠷ᠎ᠡ ᠪᠦᠲᠦᠮᠵᠢ ᠣᠯᠵᠤ ᠴᠢᠭᠡᠴᠢ ᠵᠠᠰᠠᠭ ᠤᠨ

ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠠᠵᠢᠯ ᠨᠢ ᠲᠠᠰᠤᠷᠠᠯᠲᠠ ᠦᠭᠡᠢ ᠴᠢᠩᠭᠠᠳᠴᠠᠢ᠃

     ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ ᠣᠯᠣᠭᠰᠠᠨ ᠭᠢᠯᠠᠯᠵᠢᠭᠰᠠᠨ ᠠᠮᠵᠢᠯᠲᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢᠨ ᠰᠠᠶᠢᠨ ᠶᠤᠮ᠂ ᠬᠤᠲᠠ ᠶᠢᠨ ᠠᠷᠠᠳ ᠤᠨ

ᠳᠦᠯᠤᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠳᠡᠬᠡᠳ ᠤᠨ ᠬᠢᠨ ᠤ

ᠬᠢᠨᠠᠯᠲᠠ ᠳᠡᠮᠵᠢᠯᠭᠡ ᠶᠢᠨ ᠰᠠᠶᠢᠨ ᠶᠤᠮ᠂ ᠨᠡᠩ ᠴᠦ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠥᠮᠡᠨ ᠤ ᠣᠶᠣᠨ ᠤᠬᠠᠭᠠᠨ ᠪᠠ ᠬᠦᠴᠦ

ᠬᠥᠯᠦᠰᠦ ᠶᠢ ᠠᠬᠤᠭᠤᠯᠵᠤ ᠪᠠᠶᠢᠬᠤ ᠶᠤᠮ᠃ ᠠᠳᠠ ᠳᠤ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠤ᠂ ᠥᠷᠭᠡᠨ ᠣᠯᠠᠨ ᠺᠠᠳ᠋ᠷ ᠣᠯᠠᠨ

ᠲᠥᠮᠡᠨ᠂ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠣᠨ ᠠᠵᠢᠯ ᠠᠴᠠ ᠪᠠᠨ ᠰᠠᠯᠵᠤ ᠠᠮᠠᠷᠠᠭᠰᠠᠨ ᠠᠬᠠᠮᠠᠳ ᠨᠥᠬᠦᠳ᠂

ᠤᠯᠠᠭᠠᠨᠬᠠᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠳᠡᠬᠡᠳ ᠤᠨ ᠬᠢᠨ ᠳᠤ ᠬᠠᠮᠤᠭ ᠳᠡᠭᠡᠳᠦ ᠮᠡᠨᠳᠦᠴᠢᠯᠡᠯ ᠪᠠ ᠴᠢᠩ ᠰᠡᠳᠬᠢᠯ ᠤᠨ

ᠲᠠᠯᠠᠷᠬᠠᠯ ᠢᠶᠠᠨ ᠳᠡᠪᠰᠢᠭᠦᠯᠦᠶ᠎ᠡ︕

     ᠠᠮᠵᠢᠯᠲᠠ ᠪᠠᠨ ᠨᠣᠲᠠᠯᠠᠬᠤ ᠶᠢᠨ ᠵᠡᠷᠭᠡᠪᠡᠷ ᠪᠢᠳᠡ ᠪᠠᠰᠠ ᠤᠯᠠᠭᠠᠨᠬᠠᠳᠠ ᠨᠢ ᠬᠤᠴᠤᠷᠠᠩᠭᠤᠢ ᠪᠠᠶᠢᠬᠤ ᠦᠨᠳᠦᠰᠦᠨ ᠬᠤᠲᠠ ᠶᠢᠨ ᠪᠠᠶᠢᠳᠠᠯ ᠢᠶᠠᠨ

ᠬᠤᠪᠢᠷᠠᠭᠤᠯᠤᠭᠠᠳᠤᠢ᠂ ᠨᠡᠩ ᠢᠯᠠᠩᠭᠤᠶ᠎ᠠ ᠠᠵᠦ ᠠᠬᠤᠢ ᠶᠢᠨ ᠬᠥᠭᠵᠢᠯᠲᠡ ᠨᠢ ᠰᠢᠨ᠎ᠡ ᠬᠡᠪ ᠪᠠᠶᠢᠳᠠᠯ ᠳᠤ ᠣᠷᠤᠭᠰᠠᠨ ᠠᠴᠠ ᠮᠠᠨ ᠤ ᠬᠤᠲᠠ ᠶᠢᠨ ᠠᠵᠦ ᠠᠬᠤᠢ

ᠨᠡᠶᠢᠭᠡᠮ ᠤᠨ ᠬᠥᠭᠵᠢᠯᠲᠡ ᠶᠢᠨ ᠲᠤᠯᠭᠠᠷᠠᠵᠤ ᠪᠠᠶᠢᠭ᠎ᠠ ᠠᠰᠠᠭᠤᠳᠠᠯ ᠪᠠ ᠬᠦᠴᠢᠷᠳᠡᠯ ᠮᠥᠨᠴᠦ ᠮᠠᠰᠢ ᠲᠣᠪᠤᠶᠢᠮ᠎ᠠ᠂ ᠵᠠᠰᠠᠭ ᠤᠨ ᠣᠷᠳᠣᠨ ᠤ ᠠᠵᠢᠯ ᠳᠤ ᠲᠤᠯᠭᠠᠷᠠᠵᠤ

ᠪᠠᠶᠢᠭ᠎ᠠ ᠳᠠᠷᠤᠭᠠᠰᠤ ᠪᠠ ᠦᠷᠢᠰᠦᠯᠳᠦᠭᠡᠨ ᠮᠥᠨᠴᠦ ᠮᠠᠰᠢ ᠬᠠᠳᠠᠭᠤᠵᠢᠯᠲᠠᠢ ᠪᠠᠶᠢᠨ᠎ᠠ᠃ ᠭᠤᠣᠯᠳᠠᠭᠤ᠄ ᠠᠵᠦ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠃ ᠠᠵᠦ

ᠦᠢᠯᠡᠰ ᠤᠨ ᠬᠥᠭᠵᠢᠯᠲᠡ ᠭᠦᠢᠴᠡᠳ ᠪᠣᠰᠤ᠂ ᠤᠯᠠᠮᠵᠢᠯᠠᠯᠲᠤ ᠠᠵᠦ ᠦᠢᠯᠡᠰ ᠤᠨ ᠬᠠᠷᠢᠴᠠᠯ ᠶᠡᠭᠡ᠂ ᠠᠵᠦ ᠦᠢᠯᠡᠰ ᠤᠨ ᠬᠡᠯᠬᠢᠶᠡᠵᠢᠯ ᠪᠣᠭᠤᠨᠢ᠂ ᠡᠬᠢ

ᠪᠠᠶᠠᠯᠢᠭ ᠤᠨ ᠳᠠᠪᠠᠭᠤᠯᠢᠭ ᠢᠶᠠᠨ ᠠᠵᠦ ᠠᠬᠤᠢ ᠶᠢᠨ ᠳᠠᠪᠠᠭᠤᠯᠢᠭ ᠪᠣᠯᠭᠠᠨ ᠤᠯᠠᠷᠢᠭᠤᠯᠤᠭᠰᠠᠨ ᠨᠢ ᠪᠦᠷᠢᠮᠦᠰᠦᠨ ᠪᠣᠰᠤ︔ ᠣᠳᠣ ᠦᠶ᠎ᠡ ᠶᠢᠨ ᠦᠢᠯᠡᠴᠢᠯᠡᠭᠡᠨ ᠤ

ᠦᠢᠯᠡᠰ ᠪᠣᠯᠣᠨ ᠰᠢᠨ᠎ᠡ ᠮᠠᠨᠳᠤᠭᠰᠠᠨ ᠠᠵᠦ ᠦᠢᠯᠡᠰ ᠤᠨ ᠪᠤᠶᠢᠵᠢᠯᠲᠠ ᠭᠦᠢᠴᠡᠳ ᠪᠣᠰᠤ᠂ ᠬᠠᠷᠢᠴᠠᠯ ᠨᠢ ᠳᠣᠣᠷ᠎ᠠ᠂ ᠠᠵᠦ ᠠᠬᠤᠢ ᠶᠢᠨ ᠨᠡᠮᠡᠭᠳᠡᠯ ᠢ ᠳᠠᠶᠢᠴᠢᠯᠠᠬᠤ

ᠦᠢᠯᠡᠳᠦᠯ ᠨᠢ ᠬᠢᠵᠠᠭᠠᠷ ᠲᠠᠢ︔ ᠲᠣᠮᠤ ᠲᠥᠷᠦᠯ ᠵᠦᠢᠯ᠂ ᠲᠣᠮᠤ ᠠᠵᠦ ᠠᠬᠤᠶᠢᠯᠠᠯ᠂ ᠲᠣᠮᠤ ᠬᠦᠷᠢᠶᠡᠯᠡᠩ ᠲᠣᠭᠤᠷᠢᠭ ᠤᠨ ᠲᠤᠯᠭᠠᠭᠤᠷᠢᠯᠠᠯ ᠲᠤᠲᠠᠮᠠᠭ᠂ ᠵᠠᠯᠭᠠᠵᠤ

ᠨᠡᠮᠡᠭᠳᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠳᠣᠷᠣᠢ᠃ ᠦᠵᠡᠯ ᠰᠠᠨᠠᠭ᠎ᠠ ᠪᠠᠨ ᠴᠢᠯᠦᠭᠡᠯᠡᠭᠰᠡᠨ ᠨᠢ ᠬᠦᠷᠦᠯᠴᠡᠬᠦ

ᠦᠭᠡᠢ᠂ ᠪᠠᠶᠢᠭᠤᠯᠤᠮᠵᠢ ᠴᠣᠭᠴᠠᠯᠠᠮᠵᠢ ᠨᠢ ᠠᠮᠢᠳᠤᠯᠢᠭ ᠪᠢᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠤᠭᠤᠯᠤᠯᠲᠠ ᠨᠣᠴᠢᠲᠠᠢ ᠲᠤᠲᠠᠭᠳᠠᠵᠤ᠂ ᠪᠡᠯᠡ ᠮᠥᠩᠭᠦ᠂

ᠮᠡᠷᠭᠡᠵᠢᠯ᠂ ᠴᠢᠳᠠᠪᠦᠷᠢᠲᠠᠨ ᠵᠡᠷᠭᠡ ᠬᠦᠴᠦᠨ ᠵᠦᠢᠯ ᠤᠨ ᠬᠦᠯᠢᠶᠡᠰᠦᠯᠡᠯ ᠢᠯᠡᠳᠲᠡ᠂ ᠰᠢᠨ᠎ᠡ ᠣᠶᠢᠯᠠᠭᠠᠭᠳᠠᠬᠤᠨ᠂ ᠰᠢᠨ᠎ᠡ ᠬᠡᠯᠪᠡᠷᠢ᠂ ᠰᠢᠨ᠎ᠡ ᠬᠡᠪ ᠪᠠᠶᠢᠳᠠᠯ ᠢ

ᠣᠷᠤᠭᠤᠯᠤᠨ ᠪᠣᠢ ᠪᠣᠯᠭᠠᠬᠤ ᠨᠢ ᠲᠤᠲᠠᠮᠠᠭ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠮᠥᠨᠴᠦ ᠲᠥᠷᠭᠡᠨ ᠬᠤᠪᠢᠷᠠᠭᠤᠯᠬᠤ ᠴᠢᠬᠤᠯᠠᠲᠠᠢ ᠪᠠᠶᠢᠨ᠎ᠠ᠃ ᠬᠤᠲᠠ

ᠬᠥᠳᠡᠭᠡ ᠶᠢᠨ ᠬᠥᠭᠵᠢᠯᠲᠡ ᠨᠢ ᠵᠤᠬᠢᠴᠠᠩᠭᠤᠢ ᠪᠣᠰᠤ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠭᠤᠯᠬᠤ ᠠᠬᠢᠴᠠ ᠨᠢ ᠤᠳᠠᠭᠠᠨ᠂ ᠬᠤᠲᠠ ᠪᠠᠯᠭᠠᠰᠤ ᠶᠢᠨ ᠬᠥᠮᠥᠨ

ᠠᠮᠠ ᠶᠢ ᠲᠠᠳᠠᠨ ᠲᠥᠪᠯᠡᠷᠡᠭᠦᠯᠬᠦ ᠴᠢᠳᠠᠪᠦᠷᠢ ᠨᠢ ᠪᠠᠭᠤᠷᠠᠢ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠨᠢ ᠲᠡᠭᠦᠯᠳᠡᠷ ᠪᠣᠰᠤ᠂ ᠣᠯᠠᠨ ᠨᠡᠶᠢᠲᠡ ᠶᠢᠨ

ᠦᠨᠳᠦᠰᠦᠨ ᠦᠢᠯᠡᠴᠢᠯᠡᠭᠡᠨ ᠤ ᠵᠦᠷᠢᠶ᠎ᠡ ᠶᠡᠭᠡ ᠪᠠᠶᠢᠨ᠎ᠠ᠃ ᠠᠮᠢ ᠠᠬᠤᠢ ᠣᠷᠴᠢᠨ ᠲᠣᠭᠤᠷᠢᠨ ᠤ ᠳᠠᠷᠤᠭᠠᠰᠤ ᠶᠡᠭᠡ᠃ ᠡᠯᠡᠰᠦᠷᠬᠡᠭᠵᠢᠬᠦ ᠶᠢ ᠵᠠᠰᠠᠬᠤ᠂ ᠤᠰᠤ

ᠬᠦᠷᠦᠰᠦ ᠬᠠᠮᠠᠭᠠᠯᠠᠬᠤ᠂ ᠣᠷᠣᠨ ᠲᠣᠭᠤᠷᠢᠭ ᠢ ᠨᠣᠭᠤᠭᠠᠷᠠᠭᠤᠯᠬᠤ᠂ ᠳᠤᠤᠷ᠎ᠠ ᠠᠰᠢᠭᠲᠤ ᠣᠢ ᠰᠢᠭᠤᠢ ᠶᠢ ᠥᠭᠡᠷᠡᠴᠢᠯᠡᠬᠦ ᠵᠡᠷᠭᠡ ᠠᠮᠢ ᠠᠬᠤᠢ ᠶᠢᠨ ᠪᠦᠲᠦᠭᠡᠨ

ᠪᠠᠶᠢᠭᠤᠯᠤᠯᠲᠠ ᠶᠢᠨ ᠡᠭᠦᠷᠭᠡ ᠬᠥᠨᠳᠦ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠦᠵᠡᠭᠳᠡᠯ ᠶᠡᠷᠦᠳᠡᠭᠡᠨ ᠡᠭᠦᠰᠴᠦ︔ ᠡᠬᠢ ᠪᠠᠶᠠᠯᠢᠭ ᠢ ᠡᠷᠴᠢᠮᠵᠢᠭᠦᠯᠦᠨ

ᠠᠷᠪᠢᠯᠠᠬᠤ ᠶᠡᠷᠦᠩᠬᠡᠶᠢᠯᠡᠨ ᠠᠰᠢᠭᠯᠠᠬᠤ ᠬᠢᠷᠢ ᠲᠥᠪᠰᠢᠨ ᠳᠣᠣᠷ᠎ᠠ᠂ ᠤᠰᠤᠨ ᠤ ᠡᠬᠢ ᠰᠣᠷᠪᠤᠯᠵᠢ᠂ ᠭᠠᠵᠠᠷ ᠰᠢᠷᠥᠢ ᠶᠢᠨ ᠡᠬᠢ ᠰᠣᠷᠪᠣᠯᠵᠢ᠂ ᠣᠷᠴᠢᠨ

ᠲᠣᠭᠤᠷᠢᠨ ᠤ ᠪᠠᠭᠲᠠᠭᠠᠮᠵᠢ ᠶᠢᠨ ᠬᠠᠩᠭᠠᠯᠭ᠎ᠠ ᠬᠡᠷᠡᠭᠴᠡᠭᠡᠨ ᠤ ᠵᠥᠷᠢᠴᠡᠯ ᠳᠣᠪᠤᠶᠢᠮ᠎ᠠ ᠪᠠᠶᠢᠨ᠎ᠠ᠃ ᠭᠠᠳᠠᠭᠰᠢ ᠴᠢᠯᠦᠭᠡᠲᠡᠢ ᠶᠠᠪᠤᠯᠴᠠᠬᠤ ᠬᠡᠮᠵᠢᠶ᠎ᠡ ᠳᠣᠣᠷ᠎ᠠ᠃ ᠬᠦᠷᠰᠢ

ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠷᠢᠯᠴᠠᠭ᠎ᠠ ᠨᠢᠭᠲᠠ ᠪᠣᠰᠤ᠂ ᠣᠷᠣᠨ ᠲᠤᠭᠤᠷᠢᠭ ᠤᠨ ᠬᠠᠮᠵᠢᠯᠴᠠᠭᠠᠨ ᠤ ᠬᠥᠭᠵᠢᠯᠲᠡ ᠶᠢ ᠲᠦᠯᠬᠢᠨ ᠠᠬᠢᠭᠤᠯᠬᠤ

ᠴᠢᠳᠠᠪᠦᠷᠢ ᠬᠦᠷᠦᠯᠴᠡᠬᠦ ᠦᠬᠡᠢ᠂ ᠪᠡᠭᠡᠵᠢᠩ ᠲᠢᠶᠠᠨᠵᠢᠨ ᠾᠧᠪᠸᠢ᠂ ᠪᠥᠸᠧᠬᠠᠢ ᠲᠠᠩᠬᠢᠰ ᠳᠠᠭᠠᠤ ᠠᠵᠦ ᠠᠬᠤᠢ ᠶᠢᠨ ᠲᠣᠭᠤᠷᠢᠭ ᠤᠨ ᠬᠥᠭᠵᠢᠯᠲᠡ ᠳᠤ

ᠤᠶᠠᠯᠳᠤᠬᠤ ᠨᠢ ᠨᠡᠩ ᠣᠯᠠᠨ ᠪᠣᠳᠠᠲᠠᠢ ᠦᠷ᠎ᠡ ᠪᠦᠲᠦᠮᠵᠢ ᠣᠯᠣᠭᠠᠳᠤᠢ᠂ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠤᠯᠭ᠎ᠠ ᠳᠤ ᠲᠦᠰᠢᠭᠯᠡᠨ ᠭᠠᠳᠠᠭᠰᠢ

ᠬᠥᠭᠵᠢᠬᠦ ᠨᠢ ᠪᠣᠳᠠᠳᠤ ᠪᠦᠲᠦᠮᠵᠢ ᠦᠭᠡᠢ ᠪᠠᠶᠢᠨ᠎ᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠭᠦᠷᠭᠡ ᠬᠥᠨᠳᠦ᠂ ᠶᠠᠳᠠᠭᠤ ᠬᠦᠴᠢᠷᠲᠡᠢ ᠬᠥᠮᠥᠨ ᠠᠮᠠ ᠣᠯᠠᠨ᠂

ᠰᠠᠭᠤᠭᠠᠯᠢ ᠠᠷᠠᠳ ᠤᠨ ᠣᠷᠤᠯᠭ᠎ᠠ ᠶᠢ ᠨᠡᠮᠡᠭᠳᠡᠭᠦᠯᠬᠦ ᠨᠢ ᠬᠦᠴᠢᠷᠲᠡᠢ᠂ ᠰᠤᠷᠭᠠᠨ ᠬᠦᠮᠦᠵᠢᠯ᠂ ᠡᠮ ᠡᠮᠨᠡᠯᠭᠡ᠂ ᠨᠡᠶᠢᠭᠡᠮ ᠤᠨ ᠳᠠᠭᠠᠳᠬᠠᠯ ᠵᠡᠷᠭᠡ ᠣᠯᠠᠨ ᠨᠡᠶᠢᠲᠡ ᠶᠢᠨ

ᠦᠢᠯᠡᠴᠢᠯᠡᠭᠡᠨ ᠨᠢ ᠮᠥᠨᠴᠦ ᠨᠡᠯᠢᠶᠡᠳ ᠳᠣᠣᠷ᠎ᠠ ᠬᠡᠮᠵᠢᠶᠡᠨ ᠳᠤ ᠪᠠᠶᠢᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠠᠴᠠ

ᠪᠠᠰᠠᠴᠤ ᠲᠤᠩ ᠵᠦᠷᠢᠶ᠎ᠡ ᠲᠠᠢ ᠪᠠᠶᠢᠨ᠎ᠠ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠨᠢ ᠮᠦᠨᠴᠦ ᠴᠢᠩᠭᠠᠳᠬᠠᠬᠤ ᠴᠢᠬᠤᠯᠠᠲᠠᠢ᠃ ᠵᠠᠷᠢᠮ ᠭᠠᠵᠠᠷ

ᠣᠷᠣᠨ ᠪᠣᠯᠣᠨ ᠰᠠᠯᠠᠭ᠎ᠠ ᠮᠦᠴᠢᠷ ᠨᠢ ᠪᠠᠶᠢᠳᠠᠯ ᠪᠠ ᠡᠭᠦᠷᠭᠡ ᠶᠢᠨ ᠬᠤᠪᠢᠷᠠᠯᠲᠠ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ᠂ ᠰᠡᠳᠬᠢᠮᠵᠢ ᠦᠵᠡᠯᠲᠡ ᠨᠢ

ᠬᠤᠴᠤᠷᠠᠩᠭᠤᠢ᠂ ᠠᠷᠭ᠎ᠠ ᠬᠡᠮᠵᠢᠶᠡᠨ ᠤ ᠰᠢᠨ᠎ᠡ ᠡᠭᠦᠳᠦᠯᠲᠡ ᠨᠢ ᠲᠤᠲᠠᠮᠠᠭ᠂ ᠵᠠᠷᠢᠮ ᠺᠠᠳ᠋ᠷᠴᠤᠳ ᠤᠨ ᠬᠠᠤᠯᠢ ᠴᠠᠭᠠᠵᠠ ᠶᠢᠨ ᠤᠬᠠᠮᠰᠠᠷ᠂ ᠬᠠᠷᠢᠭᠤᠴᠠᠯᠭᠠᠲᠤ

ᠰᠡᠳᠬᠢᠯᠭᠡ ᠪᠣᠯᠣᠨ ᠡᠭᠦᠷᠭᠡᠯᠡᠬᠦ ᠣᠶᠢᠯᠠᠭᠠᠭᠳᠠᠬᠤᠨ ᠴᠢᠩᠭ᠎ᠠ ᠪᠣᠰᠤ᠂ ᠠᠵᠢᠯ ᠬᠢᠬᠦ ᠦᠭᠡᠢ᠂ ᠬᠤᠶᠢᠷᠭᠤᠰᠢᠬᠤ᠂ ᠳᠤᠷ᠎ᠠ ᠲᠠᠪᠠ ᠪᠠᠷ ᠢᠶᠠᠨ ᠬᠢᠬᠦ ᠵᠡᠷᠭᠡ ᠠᠯᠵᠠᠭᠤ

ᠬᠤᠶᠢᠷᠭᠤ ᠵᠠᠰᠠᠭ ᠶᠠᠪᠤᠭᠤᠯᠬᠤ ᠦᠵᠡᠭᠳᠡᠯ ᠮᠦᠨᠴᠦ ᠣᠷᠤᠰᠢᠵᠤ ᠪᠠᠶᠢᠨ᠎ᠠ᠃ ᠡᠳᠡᠭᠡᠷ ᠨᠢ ᠴᠦᠮ ᠮᠠᠨ ᠤ ᠵᠣᠷᠢᠭ ᠰᠢᠭᠤᠳᠴᠦ᠂ ᠬᠦᠴᠦᠨ ᠢᠶᠠᠨ ᠰᠢᠪᠬᠠᠨ ᠬᠢᠨᠠᠮᠠᠭᠠᠢ

ᠰᠢᠢᠳᠪᠦᠷᠢᠯᠡᠬᠦ ᠴᠢᠬᠤᠯᠠᠲᠠᠢ ᠶᠠᠪᠤᠳᠠᠯ ᠪᠤᠯᠤᠨ᠎ᠠ᠃

     ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠥᠨᠥᠳᠦᠷ ᠤᠨ ᠤᠯᠠᠭᠠᠨᠬᠠᠳᠠ ᠨᠢ ᠨᠢᠭᠡᠨ ᠰᠢᠨ᠎ᠡ ᠲᠡᠤᠬᠡ ᠶᠢᠨ

ᠭᠠᠷᠤᠭ᠎ᠠ ᠳᠡᠭᠡᠷ᠎ᠡ ᠵᠣᠭᠰᠤᠵᠤ ᠪᠠᠶᠢᠨ᠎ᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭ᠎ᠠ ᠪᠣᠯ ᠪᠥᠬᠦ ᠬᠤᠲᠠ ᠶᠢᠨ ᠠᠵᠦ ᠠᠬᠤᠢ ᠶᠢᠨ ᠪᠥᠲᠦᠴᠡ ᠶᠢᠨ

ᠲᠣᠬᠢᠷᠠᠭᠤᠯᠤᠯᠲᠠ ᠶᠢ ᠭᠦᠨᠵᠡᠭᠡᠶᠢᠷᠡᠭᠦᠯᠬᠦ ᠬᠤᠭᠤᠴᠠᠭ᠎ᠠ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠷᠢᠭᠤᠯᠬᠤ ᠵᠠᠩᠬᠢᠯᠠᠭ᠎ᠠ ᠶᠢᠨ ᠬᠤᠭᠤᠴᠠᠭ᠎ᠠ᠂

ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠭᠤᠮᠲᠠ ᠰᠢᠪᠲᠤᠯᠬᠤ ᠬᠤᠭᠤᠴᠠᠭ᠎ᠠ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠶᠢᠨ

ᠢᠯᠠᠵᠤ ᠢᠯᠠᠭᠳᠠᠬᠤ ᠶᠢ ᠲᠣᠭᠳᠠᠭᠠᠬᠤ ᠬᠤᠭᠤᠴᠠᠭ᠎ᠠ ᠮᠥᠨ᠂ ᠪᠠᠰᠠᠴᠤ ᠤᠯᠠᠭᠠᠨᠬᠠᠳᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠶᠢ ᠨᠡᠭᠡᠭᠡᠵᠦ᠂ ᠬᠡᠯᠪᠡᠷᠢ ᠪᠠᠨ

ᠬᠤᠪᠢᠷᠠᠭᠤᠯᠤᠨ ᠬᠥᠭᠵᠢᠬᠦ᠂ ᠶᠡᠭᠡ ᠦᠢᠯᠡᠰ ᠪᠦᠲᠦᠭᠡᠬᠦ ᠴᠢᠬᠤᠯᠠ ᠪᠠᠶᠢᠯᠳᠤᠬᠤ ᠪᠣᠳᠤᠯᠭ᠎ᠠ ᠶᠢᠨ ᠠᠵᠠ ᠵᠠᠪᠰᠢᠶᠠᠨ ᠤ ᠬᠤᠭᠤᠴᠠᠭ᠎ᠠ ᠮᠥᠨ᠃ ᠠᠵᠦ ᠠᠬᠤᠢ ᠶᠢᠨ

ᠬᠥᠭᠵᠢᠯᠲᠡ ᠶᠢᠨ ᠬᠡᠪ ᠪᠠᠶᠢᠳᠠᠯ ᠳᠤ ᠣᠷᠤᠬᠤ ᠶᠢ ᠳᠠᠭᠠᠯᠳᠤᠨ᠂ ᠲᠥᠪ ᠬᠤᠷᠢᠶ᠎ᠠ ᠠᠴᠠ ᠤᠯᠤᠰ ᠢᠶᠠᠨ ᠵᠠᠰᠠᠵᠤ ᠵᠠᠰᠠᠭ ᠢ ᠴᠡᠭᠴᠡᠯᠡᠬᠦ‍ ᠨᠢᠭᠡ ᠣᠯᠠᠨ ᠰᠢᠨ᠎ᠡ ᠦᠵᠡᠯᠲᠡ

᠂ ᠰᠢᠨ᠎ᠡ ᠰᠡᠳᠬᠢᠮᠵᠢ᠂ ᠰᠢᠨ᠎ᠡ ᠪᠠᠶᠢᠯᠳᠤᠬᠤ ᠪᠣᠳᠤᠯᠭ᠎ᠠ ᠶᠢ ᠳᠤᠷᠠᠳᠤᠨ ᠭᠠᠷᠭᠠᠵᠤ᠂ ᠮᠠᠨ ᠤ ᠣᠳᠣᠬᠢᠴᠢᠯᠠᠭᠰᠠᠨ ᠦᠢᠯᠡᠰ ᠢᠶᠠᠨ ᠲᠥᠷᠭᠡᠨ ᠠᠬᠢᠭᠤᠯᠬᠤ ᠳᠤ

ᠰᠢᠨᠵᠢᠯᠡᠬᠦ ᠤᠬᠠᠭᠠᠨᠴᠢ ᠣᠨᠣᠯ ᠤᠨ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠪᠣᠯᠵᠤ︔ ᠪᠥᠬᠦ ᠤᠯᠤᠰ ᠪᠥᠬᠦ ᠣᠷᠣᠨ ᠤ ᠠᠵᠦ ᠠᠬᠤᠢ ᠶᠢᠨ ᠤᠷᠲᠤ

ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭᠰᠠᠨ ᠦᠭᠡᠢ᠂ ᠠᠵᠦ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠲᠥᠷᠦ ᠶᠢᠨ ᠪᠣᠳᠤᠯᠭ᠎ᠠ

ᠠᠷᠭ᠎ᠠ ᠬᠡᠮᠵᠢᠶ᠎ᠡ ᠶᠢ ᠤᠷᠢᠳ ᠬᠤᠵᠢᠳ ᠠᠯᠢ ᠣᠯᠠᠨ ᠲᠣᠭᠲᠠᠭᠠᠵᠤ᠂ ᠮᠠᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠮᠠᠰᠢ ᠰᠠᠶᠢᠨ ᠬᠤᠷᠸ᠎ᠠ ᠣᠷᠴᠢᠯ ᠢ

ᠡᠭᠦᠳᠦᠨ ᠥᠭᠴᠡᠢ︔ ᠤᠯᠤᠰ ᠠᠴᠠ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠥᠭᠡᠷᠡᠴᠢᠯᠡᠯᠲᠡ ᠶᠢ ᠲᠦᠷᠭᠡᠨ ᠬᠡᠷᠡᠭᠵᠢᠭᠦᠯᠦᠭᠰᠡᠨ ᠨᠢ᠂ ᠶᠠᠳᠠᠭᠤ ᠠᠴᠠ

ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠬᠢᠯᠡᠵᠦ᠂ ︽ᠨᠢᠭᠡ ᠪᠥᠰᠡ ᠨᠢᠭᠡ ᠵᠠᠮ︾ ᠢ ᠠᠬᠢᠭᠤᠯᠵᠤ᠂ ᠪᠡᠭᠡᠵᠢᠩ ᠲᠢᠶᠠᠨᠵᠢᠨ ᠾᠧᠪᠸᠢ ᠬᠠᠮᠵᠢᠯᠴᠠᠨ

ᠬᠦᠭᠵᠢᠬᠦ᠂ ᠪᠥᠸᠧᠬᠠᠢ ᠲᠠᠩᠬᠢᠰ ᠳᠠᠭᠠᠤ ᠣᠷᠣᠨ ᠤ ᠠᠵᠦ ᠠᠬᠤᠢ ᠶᠢᠨ ᠲᠣᠭᠤᠷᠢᠭ ᠬᠤᠷᠰᠢᠨ ᠬᠥᠭᠵᠢᠭᠦᠯᠬᠦ᠂ ᠵᠡᠭᠦᠨ ᠬᠤᠶᠢᠲᠤ ᠣᠷᠣᠨ ᠤ ᠬᠠᠭᠤᠴᠢᠨ ᠠᠵᠦ

ᠦᠢᠯᠡᠳᠪᠦᠷᠢ ᠶᠢᠨ ᠰᠠᠭᠤᠷᠢᠨ ᠭᠠᠵᠠᠷ ᠪᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠪᠠᠶᠢᠯᠳᠣᠬᠤ ᠪᠣᠳᠣᠯᠭ᠎ᠠ ᠵᠢᠴᠢ ᠤᠯᠤᠰ ᠤᠨ ᠲᠣᠲᠤᠭᠠᠳᠤᠬᠢ

ᠬᠡᠷᠡᠭᠯᠡᠭᠡᠨ ᠤ ᠪᠥᠲᠦᠴᠡ ᠶᠢ ᠳᠡᠰ ᠳᠡᠪᠰᠢᠭᠦᠯᠬᠦ ᠪᠠ ᠬᠥᠭᠵᠢᠭᠰᠡᠨ ᠣᠷᠣᠨ ᠭᠠᠵᠠᠷ ᠤᠨ ᠠᠵᠦ ᠦᠢᠯᠡᠰ ᠤᠨ ᠲᠥᠷᠭᠡᠨ ᠰᠢᠯᠵᠢᠬᠦ ᠶᠢ ᠭᠦᠨᠵᠡᠭᠡᠢ ᠠᠬᠢᠭᠤᠯᠬᠤ ᠨᠢ

ᠮᠠᠨ ᠤ ᠬᠤᠲᠠ ᠶᠢᠨ ᠪᠥᠲᠦᠴᠡ ᠪᠠᠨ ᠲᠣᠬᠢᠷᠠᠭᠤᠯᠵᠤ᠂ ᠲᠤᠲᠠᠭᠳᠠᠯ ᠢᠶᠠᠨ ᠨᠥᠬᠦᠪᠦᠷᠢᠯᠡᠬᠦ᠂ ᠭᠠᠳᠠᠭᠰᠢ ᠲᠣᠲᠤᠭᠰᠢ ᠨᠡᠭᠡᠭᠡᠨ ᠬᠥᠭᠵᠢᠭᠦᠯᠬᠦ ᠳᠤ ᠨᠠᠨᠳᠢᠨ ᠵᠠᠪᠰᠢᠶᠠᠨ

ᠪᠣᠯᠣᠭᠰᠠᠳ ᠶᠤᠮ᠃ ᠪᠢᠳᠡ ᠵᠥᠪᠬᠡᠨ ᠢᠲᠡᠬᠡᠯ ᠵᠣᠷᠢᠭ ᠢᠶᠠᠨ ᠪᠠᠳᠤᠳᠬᠠᠵᠤ᠂ ᠠᠵᠠ ᠲᠣᠬᠢᠶᠠᠯ ᠢ ᠵᠠᠪᠳᠤᠨ᠂ ᠬᠦᠴᠢᠷ ᠠᠴᠠ ᠠᠶᠤᠬᠤ ᠦᠭᠡᠢ᠂ ᠬᠠᠳᠠᠭᠤᠵᠢᠯᠲᠠᠢ

ᠲᠡᠮᠡᠴᠡᠪᠡᠯ ᠮᠠᠨ ᠤ ᠬᠤᠲᠠ ᠶᠢᠨ ᠠᠵᠦ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠬᠠᠨᠳᠤᠰᠢ ᠪᠠᠶᠢᠳᠠᠯ ᠢ ᠤᠷᠲᠤ ᠬᠤᠭᠤᠴᠠᠭ᠎ᠠ ᠪᠠᠷᠢᠮᠲᠠᠯᠠᠵᠤ

ᠳᠡᠶᠢᠯᠬᠦ ᠶᠤᠮ᠃

     ᠬᠤᠲᠠ ᠶᠢᠨ ᠨᠠᠮ ᠤᠨ ᠬᠤᠷᠢᠶᠠᠨ ᠤ ᠤᠯᠤᠰ ᠠᠷᠠᠳ ᠤᠨ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ

ᠲᠥᠯᠥᠪᠵᠢᠭᠦᠯᠭᠡ ᠶᠢᠨ ᠲᠤᠬᠠᠢ ᠰᠠᠨᠠᠭᠤᠯᠭ᠎ᠠ ᠶᠢ ᠦᠨᠳᠦᠰᠦᠯᠡᠪᠡᠯ᠂ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠪᠥᠬᠦ ᠬᠤᠲᠠ ᠶᠢᠨ ᠠᠵᠦ ᠠᠬᠤᠢ

ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠣᠯ᠄ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ

ᠠᠵᠢᠯ ᠤᠨ ᠪᠠᠶᠢᠷᠢᠯᠠᠭᠤᠯᠤᠯᠲᠠ ᠶᠣᠰᠤᠭᠠᠷ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ

ᠨᠠᠶᠢᠳᠠᠪᠦᠷᠢᠵᠢᠭᠤᠯᠵᠤ᠂ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠡᠯ ᠦᠭᠡᠢ᠂ ᠨᠡᠭᠡᠭᠡᠯᠲᠡ ᠲᠠᠢ᠂ ᠬᠠᠮᠳᠤᠪᠡᠷ ᠡᠳ᠋ᠯᠡᠬᠦ︾ ᠬᠥᠭᠵᠢᠯᠲᠡ ᠶᠢᠨ ᠰᠡᠳᠬᠢᠮᠵᠢ ᠶᠢ

ᠪᠥᠬᠦ ᠲᠠᠯ᠎ᠠ ᠪᠠᠷ ᠦᠢᠯᠡᠳᠦᠯᠭᠡᠵᠢᠭᠦᠯᠵᠦ᠂ ᠠᠵᠦ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠠᠢ ᠵᠣᠬᠢᠴᠠᠬᠤ ᠪᠠ ᠳᠠᠭᠠᠭᠤᠯᠵᠤ᠂ ᠤᠯᠤᠰ ᠤᠨ

ᠥᠩᠭᠡᠲᠦ ᠲᠡᠮᠦᠷᠯᠢᠭ ᠬᠠᠶᠢᠯᠤᠭᠤᠯᠵᠦ ᠡᠳ᠋ᠰᠢᠭᠦᠯᠬᠦ ᠰᠠᠭᠤᠷᠢᠨ ᠭᠠᠵᠠᠷ᠂ ᠪᠡᠭᠡᠵᠢᠩ ᠲᠢᠶᠠᠨᠵᠢᠨ ᠾᠧᠪᠸᠢ ᠳᠤ ᠴᠡᠪᠡᠷ ᠡᠨᠧᠷᠭᠢ ᠬᠠᠩᠭᠠᠬᠤ ᠰᠠᠭᠤᠷᠢᠨ ᠭᠠᠵᠠᠷ᠂

ᠪᠣᠬᠢᠷᠲᠤᠯ ᠦᠭᠡᠢ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠰᠠᠭᠤᠷᠢᠨ ᠭᠠᠵᠠᠷ᠂ ᠣᠨᠴᠠᠯᠢᠭᠲᠤ ᠰᠣᠶᠣᠯ ᠤᠨ ᠵᠤᠭᠠᠴᠠᠯ ᠪᠣᠯᠣᠨ ᠠᠮᠢ

ᠠᠬᠤᠢ ᠶᠢᠨ ᠰᠡᠯᠡᠭᠦᠴᠡᠨ ᠠᠮᠠᠷᠠᠬᠤ ᠰᠠᠭᠤᠷᠢᠨ ᠭᠠᠵᠠᠷ᠂ ᠤᠯᠤᠰ ᠤᠨ ᠳᠡᠰ ᠤᠨ ᠠᠵᠦ ᠦᠢᠯᠡᠰ ᠤᠨ ᠬᠠᠮᠵᠢᠯᠴᠠᠭ᠎ᠠ ᠬᠢᠭᠡᠳ ᠬᠡᠯᠪᠡᠷᠢ ᠪᠠᠨ ᠬᠤᠪᠢᠷᠠᠭᠤᠯᠤᠨ ᠳᠡᠰ

ᠳᠡᠪᠰᠢᠬᠦ ᠵᠢᠱᠢᠶ᠎ᠡ ᠦᠵᠡᠭᠦᠯᠬᠦ ᠣᠷᠣᠨ ᠪᠣᠯᠬᠤ ᠬᠥᠭᠵᠢᠯᠲᠡ ᠶᠢᠨ ᠪᠠᠶᠢᠷᠢ ᠲᠠᠢ ᠪᠠᠨ ᠤᠶᠠᠯᠳᠤᠭᠤᠯᠤᠨ᠂ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠣᠨ

ᠬᠥᠭᠵᠢᠯᠲᠡ ᠶᠢᠨ ᠬᠥᠳᠡᠯᠭᠡᠬᠦ ᠬᠦᠴᠦᠨ ᠤ ᠤᠯᠠᠷᠢᠭᠤᠯᠤᠯᠲᠠ ᠶᠢ ᠯᠠᠪᠳᠠᠭᠤᠨ ᠪᠠᠳᠤᠲᠠᠢ ᠠᠬᠢᠭᠤᠯᠵᠤ᠂ ᠶᠡᠷᠦᠩᠬᠡᠢ ᠬᠡᠮᠵᠢᠶ᠎ᠡ ᠪᠠᠨ ᠶᠡᠬᠡᠰᠭᠡᠬᠦ ᠪᠠ ᠶᠠᠰᠤ ᠴᠢᠨᠠᠷ ᠢᠶᠠᠨ

ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠯᠠᠪᠳᠠᠭᠤᠨ ᠠᠬᠢᠭᠤᠯᠵᠤ᠂ ᠭᠤᠣᠯᠳᠠᠯᠭᠠᠳᠠᠢ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠪᠠ ᠠᠷᠠᠳ ᠤᠨ

ᠠᠮᠢᠳᠤᠷᠠᠯ ᠢ ᠰᠠᠶᠢᠵᠢᠷᠠᠭᠤᠯᠬᠤ ᠶᠢ ᠯᠠᠪᠳᠠᠭᠤᠨ ᠠᠬᠢᠭᠤᠯᠵᠤ᠂ ᠠᠵᠦ ᠠᠬᠤᠢ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠲᠥᠷᠭᠡᠳᠬᠡᠵᠦ᠂ ᠰᠢᠨ᠎ᠡ

ᠬᠡᠯᠪᠡᠷᠢ ᠶᠢᠨ ᠠᠵᠦ ᠦᠢᠯᠡᠳᠪᠦᠷᠢᠵᠢᠭᠦᠯᠬᠦ᠂ ᠴᠢᠮᠡᠭᠡ ᠵᠠᠩᠬᠢᠴᠢᠯᠠᠬᠤ᠂ ᠬᠤᠲᠠ ᠪᠠᠯᠭᠠᠰᠤᠵᠢᠭᠤᠯᠬᠤ᠂ ᠲᠠᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠬᠤ ᠪᠠ

ᠪᠤᠬᠢᠷᠳᠤᠯ ᠦᠭᠡᠢ ᠪᠣᠯᠭᠠᠬᠤ ᠠᠬᠢᠴᠠ ᠶᠢ ᠲᠥᠷᠭᠡᠳᠬᠡᠵᠦ᠂ ᠴᠢᠯᠦᠭᠡᠲᠡᠢ ᠶᠠᠪᠤᠯᠴᠠᠨ ᠬᠠᠮᠵᠢᠯᠴᠠᠬᠤ ᠪᠠ ᠣᠷᠣᠨ ᠲᠣᠭᠤᠷᠢᠭ ᠤᠨ ᠠᠵᠦ ᠠᠬᠤᠢ ᠶᠢᠨ ᠨᠢᠭᠡ

ᠴᠣᠭᠴᠢᠯᠠᠬᠤ ᠠᠬᠢᠴᠠ ᠶᠢ ᠲᠥᠷᠭᠡᠳᠬᠡᠵᠦ᠂ ᠠᠵᠦ ᠠᠬᠤᠢ ᠶᠢᠨ ᠰᠢᠨ᠎ᠡ ᠬᠥᠳᠡᠯᠭᠡᠬᠦ ᠬᠦᠴᠦᠨ᠂ ᠬᠥᠭᠵᠢᠯᠲᠡ ᠶᠢᠨ ᠰᠢᠨ᠎ᠡ ᠬᠡᠯᠪᠡᠷᠢ᠂ ᠠᠵᠦ ᠦᠢᠯᠡᠰ ᠤᠨ ᠰᠢᠨ᠎ᠡ

ᠰᠢᠰᠲ᠋ᠧᠮ᠂ ᠬᠤᠲᠠ ᠬᠥᠳᠡᠭᠡ ᠶᠢᠨ ᠰᠢᠨ᠎ᠡ ᠳᠥᠷᠰᠦ ᠳᠥᠷᠬᠦ ᠪᠠ ᠴᠢᠯᠦᠭᠡᠲᠠᠢ ᠶᠠᠪᠤᠯᠴᠠᠬᠤ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠵᠤ᠂ 2020 ᠣᠨ

ᠪᠣᠯᠬᠤ ᠳᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠬᠤ ᠬᠠᠷᠠᠯᠲᠠ ᠶᠢ ᠪᠡᠶᠡᠯᠡᠭᠦᠯᠬᠦ ᠶᠢ ᠦᠨᠡᠩᠬᠦ ᠪᠠᠲᠤᠯᠠᠨ᠎ᠠ᠃

ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ