2016 ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2016/6/8
     ᠭᠤᠣᠯ ᠤᠷᠢᠳᠴᠢᠯᠠᠭᠰᠠᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠪᠦᠷᠢ ᠲᠡᠭᠰᠢᠳᠬᠡᠭᠡᠳ 8% ᠣᠷᠴᠢᠮ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠵᠢᠯ ᠪᠦᠷᠢ ᠲᠡᠭᠰᠢᠳᠬᠡᠭᠡᠳ 7% ᠣᠷᠴᠢᠮ ᠨᠡᠮᠡᠭᠳᠡᠭᠦᠯᠦᠨ᠎ᠡ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠲᠡᠭᠰᠢᠳᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ ᠶᠢ ᠵᠢᠯ ᠪᠦᠷᠢ ᠲᠡᠭᠰᠢᠳᠬᠡᠭᠡᠳ ᠲᠤᠰᠪᠦᠷᠢ 9%᠎ ᠠᠴᠠ ᠳᠡᠭᠡᠭᠰᠢ ᠪᠠ 10% ᠣᠷᠴᠢᠮ ᠨᠡᠮᠡᠭᠳᠡᠭᠦᠯᠵᠦ᠂ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ ᠭᠦᠢᠴᠡᠳᠭᠡᠬᠦ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠭᠡᠨ᠎ᠡ᠃ ᠳᠡᠭᠡᠷ᠎ᠡ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠪᠠ ᠳᠡᠭᠡᠷ᠎ᠡ ᠳᠤᠷᠠᠳᠤᠭᠰᠠᠨ ᠤᠷᠢᠳᠴᠢᠯᠠᠭᠰᠠᠨ ᠬᠠᠷᠠᠯᠲᠠ ᠶᠢ ᠪᠡᠶᠡᠯᠡᠭᠦᠯᠬᠦ ᠳᠤ᠂ ᠬᠤᠶᠢᠰᠢᠲᠠ ᠶᠢᠨ ᠲᠠᠪᠤᠨ ᠵᠢᠯ ᠳᠤ ᠬᠤᠲᠠ ᠶᠢᠨ ᠵᠠᠰᠠᠭ ᠤᠨ ᠣᠷᠳᠣᠨ ᠤ ᠠᠵᠢᠯ ᠨᠢ ᠳᠣᠣᠷᠠᠬᠢ ᠵᠢᠷᠭᠤᠭᠠᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠣᠳᠠᠳᠤ ᠪᠦᠳᠦᠮᠵᠢ ᠣᠯᠣᠨ᠎ᠠ᠄      ︵ᠨᠢᠭᠡ︶ ᠬᠡᠮᠵᠢᠶ᠎ᠡ ᠶᠢ ᠨᠢ ᠨᠡᠮᠡᠭᠳᠡᠭᠦᠯᠦᠨ ᠴᠢᠨᠠᠷ ᠢ ᠨᠢ ᠳᠡᠭᠡᠭᠰᠢᠯᠡᠭᠦᠯᠵᠦ᠂ ᠠᠵᠦ ᠠᠬᠤᠢ ᠶᠢᠨ ᠪᠤᠳᠠᠳᠤ ᠬᠦᠴᠦᠨ ᠢᠶᠠᠨ ᠪᠣᠵᠠᠭᠠᠶᠢᠷᠠᠭᠤᠯᠤᠨ᠎ᠠ᠂ ᠪᠡᠯᠡ ᠣᠷᠤᠭᠤᠯᠤᠯᠲᠠ ᠶᠢᠨ ᠭᠤᠣᠯ ᠬᠥᠳᠡᠯᠭᠡᠬᠦ ᠬᠦᠴᠦᠨ ᠤ ᠦᠢᠯᠡᠳᠦᠯ ᠢ ᠪᠠᠳᠠᠷᠠᠭᠤᠯᠵᠤ᠂ ᠨᠢᠭᠡ ᠪᠥᠯᠦᠭ ᠲᠣᠮᠣ ᠶᠡᠭᠡ ᠲᠥᠷᠦᠯ ᠵᠦᠢᠯ ᠢ ᠲᠥᠯᠥᠪᠯᠡᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 13%᠎ ᠠᠴᠠ ᠳᠣᠷᠤᠭᠰᠢᠯᠠᠭᠤᠯᠬᠤ ᠦᠭᠡᠢ᠃ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠬᠦ ᠠᠬᠢᠴᠠ ᠶᠢ ᠲᠥᠷᠭᠡᠳᠬᠡᠵᠦ᠂ ᠡᠬᠢ ᠪᠠᠶᠠᠯᠢᠭ ᠤᠨ ᠬᠡᠯᠪᠡᠷᠢᠲᠠᠢ ᠠᠵᠦ ᠦᠢᠯᠡᠰ ᠤᠨ ᠬᠡᠯᠬᠢᠶᠡᠵᠢᠯ ᠢ ᠤᠷᠲᠤᠳᠬᠠᠬᠤ ᠶᠢ ᠠᠬᠢᠭᠤᠯᠵᠤ᠂ ᠡᠬᠢ ᠪᠠᠶᠠᠯᠢᠭ ᠤᠨ ᠪᠣᠰᠤ ᠠᠵᠦ ᠦᠢᠯᠡᠰ ᠤᠨ ᠬᠥᠭᠵᠢᠯᠲᠡ ᠶᠢ ᠬᠥᠭᠵᠢᠭᠦᠯᠦᠨ᠂ ᠥᠩᠭᠡᠲᠦ ᠲᠡᠮᠦᠷᠯᠢᠭ ᠬᠠᠶᠢᠯᠤᠭᠤᠯᠬᠤ᠂ ᠴᠡᠪᠡᠷ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠦ ᠦᠢᠯᠡᠳᠪᠦᠷᠢ᠂ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠳᠥᠷᠪᠡᠨ ᠶᠡᠭᠡ ᠭᠤᠣᠯᠯᠠᠬᠤ ᠠᠵᠦ ᠦᠢᠯᠡᠰ ᠤᠨ ᠪᠣᠷᠤᠯᠠᠭᠤᠯᠤᠨ ᠬᠤᠳᠠᠯᠳᠤᠬᠤ ᠣᠷᠣᠯᠭ᠎ᠠ ᠶᠢ 4000 ᠳ᠋ᠦᠩᠰᠢᠭᠤᠷ ᠲᠦᠭᠦᠷᠢᠭ ᠠᠴᠠ ᠳᠠᠪᠠᠭᠤᠯᠵᠤ᠂ ᠲᠣᠨᠤᠭ ᠲᠥᠬᠦᠭᠡᠷᠦᠮᠵᠢ ᠦᠢᠯᠡᠳᠬᠦ᠂ ᠣᠳᠣ ᠦᠶ᠎ᠡ ᠶᠢᠨ ᠡᠮ ᠡᠮᠨᠡᠯᠭᠡ᠂ ᠡᠯᠧᠺᠲᠷᠤᠨ ᠴᠢᠮᠡᠭᠡ ᠵᠠᠩᠬᠢ ᠭᠤᠷᠪᠠᠨ ᠶᠡᠭᠡ ᠰᠢᠨ᠎ᠡ ᠪᠠᠷ ᠮᠠᠨᠳᠤᠭᠰᠠᠨ ᠠᠵᠦ ᠦᠢᠯᠡᠰ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠪᠠᠷᠢᠯᠭ᠎ᠠ ᠶᠢᠨ ᠮᠠᠲ᠋ᠧᠷᠢᠶᠠᠯ᠂ ᠨᠡᠬᠡᠮᠡᠯ ᠬᠤᠶᠠᠷ ᠶᠡᠭᠡ ᠤᠯᠠᠮᠵᠢᠯᠠᠯᠲᠤ ᠠᠵᠦ ᠦᠢᠯᠡᠰ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ ᠶᠢ ᠳᠠᠬᠢᠨ ᠢᠶᠠᠷ ᠥᠰᠭᠡᠬᠦ ᠶᠢ ᠪᠡᠶᠡᠯᠡᠭᠦᠯᠦᠨ᠎ᠡ᠃ ᠠᠵᠦ ᠦᠢᠯᠡᠳᠪᠦᠷᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠤᠯᠠᠭᠠᠨᠬᠠᠳᠠ ᠶᠢᠨ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠲᠦᠰᠢᠭᠯᠡᠨ ᠤᠯᠠᠭᠠᠨᠬᠠᠳᠠ ᠶᠢᠨ ᠬᠤᠲᠠ ᠲᠣᠭᠤᠷᠢᠭ ᠤᠨ ᠵᠡᠭᠦᠨ ᠬᠡᠰᠡᠭ ᠤᠨ ᠠᠵᠦ ᠦᠢᠯᠡᠳᠪᠦᠷᠢ ᠶᠢᠨ ᠠᠵᠦ ᠠᠬᠤᠢ ᠶᠢᠨ ᠬᠤᠩᠭᠢᠯ ᠢ ᠪᠠᠶᠢᠭᠤᠯᠵᠤ᠂ ᠤᠯᠤᠰ ᠤᠨ ᠳᠡᠰ ᠤᠨ ᠮᠢᠩᠭᠠᠨ ᠳ᠋ᠦᠩᠰᠢᠭᠤᠷ ᠲᠥᠭᠦᠷᠢᠭ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠤᠰᠢᠭᠤ ᠰᠢᠶᠠᠨ ᠪᠦᠷᠢ ᠨᠢ ᠵᠠᠭᠤᠨ ᠳ᠋ᠦᠩᠰᠢᠭᠤᠷ ᠲᠥᠭᠦᠷᠢᠭ ᠤᠨ ᠬᠦᠷᠢᠶᠡᠯᠡᠩ ᠲᠣᠭᠤᠷᠢᠭ ᠢ ᠨᠢᠭᠡ ᠪᠠᠶᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠶᠢᠨ ᠪᠥᠲᠦᠴᠡ ᠶᠢ ᠬᠦᠴᠦᠯᠡᠨ ᠲᠣᠬᠢᠷᠠᠭᠤᠯᠵᠤ᠂ ᠥᠨᠳᠦᠷ ᠦᠷ᠎ᠡ ᠠᠰᠢᠭ ᠲᠠᠢ᠂ ᠤᠰᠤ ᠠᠷᠪᠢᠯᠠᠬᠤ᠂ ᠣᠨᠴᠠᠯᠢᠭᠲᠤ ᠲᠠᠷᠢᠶᠠᠯᠠᠩ ᠮᠠᠯ ᠠᠵᠦ ᠠᠬᠤᠢ ᠶᠢ ᠶᠡᠬᠡᠪᠡᠷ ᠬᠥᠭᠵᠢᠭᠦᠯᠵᠦ᠂ ᠠᠮᠤ ᠪᠤᠳᠠᠭ᠎ᠠ ᠠᠵᠦ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠠᠢ ᠲᠥᠯᠦᠪᠵᠢᠭᠦᠯᠦᠨ᠂ ᠲᠠᠷᠢᠶᠠᠯᠠᠩ ᠮᠠᠯ ᠠᠵᠦ ᠠᠬᠤᠢ ᠶᠢ ᠤᠶᠠᠯᠳᠤᠭᠤᠯᠵᠤ᠂ ᠲᠠᠷᠢᠵᠦ ᠲᠡᠵᠢᠭᠡᠬᠦ ᠶᠢ ᠨᠢᠭᠡ ᠴᠣᠭᠴᠠᠯᠠᠨ᠂ ᠨᠢᠭᠡ ᠬᠤᠶᠠᠷ ᠭᠤᠷᠪᠠᠳᠤᠭᠠᠷ ᠠᠵᠦ ᠦᠢᠯᠡᠰ ᠤᠨ ᠤᠶᠠᠯᠳᠤᠯ ᠢ ᠠᠬᠢᠭᠤᠯᠤᠨ᠎ᠠ᠃ ︽3661︾ ᠢᠨᠵᠧᠨᠧᠷᠢᠩ ᠢ ᠨᠠᠶᠢᠳᠠᠪᠦᠷᠢᠵᠢᠭᠤᠯᠵᠤ᠂ ᠳᠠᠷᠤᠢ 2020 ᠣᠨ ᠪᠣᠯᠲᠠᠯ᠎ᠠ ᠬᠥᠳᠡᠭᠡ ᠲᠣᠰᠬᠤᠨ ᠮᠠᠯᠵᠢᠬᠤ ᠣᠷᠣᠨ ᠤ ᠭᠠᠵᠠᠷ ᠰᠢᠷᠦᠢ ᠶᠢᠨ ᠭᠦᠢᠯᠭᠡᠭᠡᠨ ᠰᠢᠯᠵᠢᠬᠦ ᠨᠣᠷᠮ᠎ᠠ᠂ ᠬᠤᠷᠰᠢᠭᠰᠠᠨ ᠠᠵᠦ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠥᠷᠬᠦᠯᠲᠡ ᠶᠢᠨ ᠨᠣᠷᠮ᠎ᠠ᠂ ᠰᠢᠯᠢᠳᠡᠭ ᠴᠢᠨᠠᠷᠲᠠᠢ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠶᠢ ᠲᠤᠰ ᠭᠠᠵᠠᠷ ᠲᠤᠨᠢ ᠡᠳ᠋ᠰᠢᠭᠦᠯᠦᠨ ᠤᠯᠠᠷᠢᠭᠤᠯᠬᠤ ᠨᠣᠷᠮ᠎ᠠ ᠶᠢ ᠴᠦᠮ 60%᠎ ᠳᠤ ᠬᠦᠷᠭᠡᠵᠦ᠂ ᠲᠥᠬᠦᠭᠡᠷᠦᠮᠵᠢᠲᠦ ᠲᠠᠷᠢᠶᠠᠯᠠᠩ ᠢ 100 ᠲᠥᠮᠡᠨ ᠮᠦ ᠰᠢᠨ᠎ᠡ ᠨᠡᠮᠡᠭᠳᠡᠭᠦᠯᠵᠦ᠂ ᠰᠢᠯᠢᠳᠡᠭ ᠡᠭᠦᠯᠳᠡᠷ ᠤᠨ ᠬᠦᠷᠡᠩ ᠴᠠᠷᠭᠠᠰᠤ ᠶᠢ 100 ᠲᠥᠮᠡᠨ ᠮᠦ ᠲᠠᠷᠢᠵᠤ᠂ ᠥᠨᠳᠥᠷ ᠠᠰᠢᠭᠲᠠᠢ ᠭᠠᠷᠤᠯᠲᠠ ᠰᠠᠶᠢᠨ ᠠᠵᠦ ᠠᠬᠤᠢ ᠶᠢᠨ ᠣᠢ 100 ᠲᠥᠮᠡᠨ ᠮᠦ ᠲᠠᠷᠢᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 100 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠦᠷᠢᠵᠢᠭᠤᠯᠵᠤ᠂ ᠴᠢᠨᠠᠷ ᠰᠠᠶᠢᠲᠠᠢ ᠠᠯᠠᠰᠢᠨ ᠦᠬᠡᠷ ᠬᠤᠨᠢ 1000 ᠲᠥᠮᠡᠨ ᠲᠣᠯᠣᠭᠠᠢ᠂ ᠴᠢᠨᠠᠷ ᠰᠠᠶᠢᠲᠠᠢ ᠠᠮᠢᠳᠤ ᠭᠠᠭ᠋ᠠᠢ 1000 ᠲᠦᠮᠡ ᠳᠤ ᠬᠦᠷᠭᠡᠨ᠎ᠡ᠃ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠦᠨ‌ᠦᠷ᠎ᠡ ᠠᠰᠢᠭ ᠢ ᠨᠡᠮᠡᠭᠳᠡᠭᠦᠯᠬᠦ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠬᠤ ᠪᠠ ᠦᠨ᠎ᠡ ᠥᠷᠲᠡᠭ ᠤᠨ ᠳᠡᠭᠡᠳᠦ ᠬᠢᠵᠠᠭᠠᠷ ᠲᠡᠰᠢ ᠤᠷᠲᠤᠳᠬᠠᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠨᠠᠷᠢᠯᠢᠭ ᠪᠠ ᠳᠡᠭᠡᠳᠦ ᠳᠡᠰ ᠲᠡᠰᠢ ᠬᠤᠪᠢᠷᠠᠭᠤᠯᠵᠤ᠂ ᠰᠣᠶᠣᠯ ᠤᠨ ᠵᠤᠭᠠᠴᠠᠯ ᠤᠨ ᠦᠢᠯᠡᠰ ᠢ ᠲᠤᠯᠭᠠᠭᠤᠷᠢᠯᠠᠬᠤ ᠠᠵᠦ ᠦᠢᠯᠡᠰ ᠪᠣᠯᠭᠠᠨ ᠬᠥᠭᠵᠢᠭᠦᠯᠵᠦ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠥᠷᠲᠡᠭ ᠤᠨ GDP᠎ ᠳᠠᠬᠢ ᠬᠠᠷᠢᠴᠠᠯ ᠢ 40.2% ᠪᠣᠯᠭᠠᠨ᠎ᠠ᠃ ᠨᠡᠶᠢᠲᠡ ᠶᠢᠨ ᠪᠣᠰᠤ ᠥᠮᠴᠢᠯᠡᠯᠲᠦ ᠠᠵᠦ ᠠᠬᠤᠢ ᠶᠢ ᠶᠡᠬᠡᠪᠡᠷ ᠬᠥᠭᠵᠢᠭᠦᠯᠵᠦ᠂ ᠠᠷᠠᠳ ᠤᠨ ᠡᠵᠡᠩᠨᠡᠯᠲᠡᠲᠦ ᠠᠵᠦ ᠠᠬᠤᠶᠢᠯᠠᠯ ᠬᠠᠤᠯᠢ ᠶᠣᠰᠤᠭᠠᠷ ᠨᠡᠩ ᠣᠯᠠᠨ ᠬᠦᠷᠢᠶ᠎ᠡ ᠬᠡᠪᠴᠢᠶᠡᠨ ᠳᠤ ᠣᠷᠤᠬᠤ ᠶᠢ ᠳᠡᠮᠵᠢᠵᠦ᠂ ᠤᠯᠤᠰ ᠤᠨ ᠪᠣᠰᠤ ᠥᠮᠴᠢᠯᠡᠯᠲᠦ ᠬᠥᠷᠥᠩᠭᠡ ᠪᠡᠯᠡ ᠶᠢ ᠵᠢᠯᠣᠭᠤᠳᠣᠨ ᠳᠠᠭᠠᠭᠤᠯᠵᠦ ᠤᠯᠤᠰ ᠤᠨ ᠥᠮᠴᠢᠯᠡᠯᠲᠦ ᠠᠵᠦ ᠠᠬᠤᠶᠢᠯᠠᠯ ᠤᠨ ᠥᠭᠡᠷᠡᠴᠢᠯᠡᠯᠲᠡ ᠳᠤ ᠣᠷᠤᠯᠴᠠᠭᠤᠯᠤᠨ᠎ᠠ᠃ ᠰᠢᠶᠠᠨ ᠬᠡᠴᠡ ᠶᠢᠨ ᠠᠵᠦ ᠠᠬᠤᠢ ᠶᠢᠨ ᠬᠥᠭᠵᠢᠯᠲᠡ ᠶᠢ ᠳᠡᠮᠵᠢᠵᠦ᠂ ᠡᠷᠬᠡ ᠪᠠᠨ ᠥᠷᠭᠡᠳᠬᠡᠨ ᠰᠢᠶᠠᠨ ᠢᠶᠠᠨ ᠬᠦᠴᠦᠷᠬᠡᠭᠵᠢᠭᠦᠯᠬᠦ ᠶᠢ ᠠᠬᠢᠭᠤᠯᠵᠤ᠂ ᠬᠤᠰᠢᠭᠤ ᠰᠢᠶᠠᠨ ᠲᠣᠭᠤᠷᠢᠭ ᠤᠨ ᠪᠠᠶᠢᠷᠢ ᠰᠣᠯᠢᠪᠴᠢᠨ ᠬᠥᠭᠵᠢᠵᠦ ᠠᠵᠢᠯ ᠬᠤᠪᠢᠶᠠᠷᠢᠯᠠᠨ ᠬᠠᠮᠵᠢᠯᠴᠠᠬᠤ ᠶᠢ ᠠᠬᠢᠭᠤᠯᠤᠨ᠂ ᠳᠠᠪᠬᠤᠴᠠᠨ ᠪᠠᠶᠢᠭᠤᠯᠬᠤ ᠪᠠ ᠡᠮᠬᠢ ᠲᠢᠭᠯᠢᠮ ᠦᠭᠡᠢ ᠦᠷᠢᠰᠦᠯᠳᠦᠬᠦ ᠶᠢ ᠪᠠᠭᠠᠰᠬᠠᠨ᠎ᠠ᠃      ︵ᠬᠤᠶᠠᠷ︶ ᠰᠢᠨ᠎ᠡ ᠶᠢ ᠡᠭᠦᠳᠤᠨ ᠬᠥᠭᠵᠢᠬᠦ ᠶᠢ ᠪᠠᠷᠢᠮᠲᠠᠯᠠᠵᠤ᠂ ᠬᠥᠳᠡᠯᠭᠡᠬᠦ ᠬᠦᠴᠦᠨ ᠢᠶᠠᠨ ᠬᠤᠪᠢᠷᠠᠭᠤᠯᠬᠤ ᠶᠢ ᠠᠬᠢᠭᠤᠯᠤᠨ᠎ᠠ᠃ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠤᠯᠠᠮᠵᠢᠯᠠᠯᠲᠤ ᠬᠥᠳᠡᠯᠭᠡᠬᠦ ᠬᠦᠴᠦᠨ ᠢ ᠰᠢᠨᠡᠴᠢᠯᠡᠨ ᠳᠡᠰ ᠳᠡᠪᠰᠢᠭᠦᠯᠵᠦ᠂ ᠰᠢᠨ᠎ᠡ ᠬᠥᠳᠡᠯᠭᠡᠬᠦ ᠬᠦᠴᠦᠨ ᠢ ᠬᠦᠴᠦᠯᠡᠨ ᠪᠤᠶᠢᠵᠢᠭᠤᠯᠤᠨ᠎ᠠ᠂ ᠰᠢᠨ᠎ᠡ ᠡᠭᠦᠳᠤᠯᠲᠡ ᠶᠢᠨ ᠬᠥᠳᠡᠯᠭᠡᠬᠦ ᠬᠦᠴᠦᠨ ᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ ᠠᠵᠦ ᠦᠢᠯᠡᠰ ᠤᠨ ᠬᠡᠯᠬᠢᠶᠡᠵᠢᠯ ᠤᠨ ᠲᠣᠭᠤᠷᠢᠨ ᠳᠤ ᠰᠢᠨ᠎ᠡ ᠡᠭᠦᠳᠤᠯᠲᠡ ᠶᠢᠨ ᠬᠡᠯᠬᠢᠶᠡᠵᠢᠯ ᠢ ᠪᠠᠶᠢᠷᠢᠯᠠᠭᠤᠯᠵᠤ᠂ ᠵᠡᠰ ᠤᠨ ᠠᠵᠦ ᠦᠢᠯᠡᠰ ᠢ ᠤᠷᠲᠤᠳᠬᠠᠨ ᠡᠳ᠋ᠰᠢᠭᠦᠯᠬᠦ ᠪᠠ ᠰᠢᠨᠡᠴᠢᠯᠡᠵᠦ ᠳᠡᠰ ᠳᠡᠪᠰᠢᠭᠦᠯᠬᠦ ᠶᠢ ᠲᠣᠪᠤᠶᠢᠯᠭᠠᠵᠤ᠂ ᠤᠯᠤᠰ ᠤᠨ ᠵᠡᠰ ᠬᠠᠶᠢᠯᠤᠭᠤᠯᠵᠤ ᠡᠳ᠋ᠰᠢᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠤᠶᠤᠨᠲᠦ ᠨᠡᠶᠢᠲᠡ ᠶᠢᠨ ᠮᠠᠰᠢᠨ᠂ ᠤᠶᠤᠨᠲᠤ ᠴᠠᠬᠢᠯᠭᠠᠨ ᠲᠣᠣᠷᠵᠢᠯ᠂ ᠲᠣᠮᠤ ᠬᠡᠯᠪᠡᠷᠢ ᠶᠢᠨ ᠮᠠᠰᠢᠨ ᠮᠧᠬᠠᠨᠢᠭ᠂ ᠤᠯᠤᠰ ᠤᠨ ᠨᠢᠭᠡᠳᠦᠭᠡᠷ ᠲᠥᠷᠦᠯ ᠤᠨ ᠰᠢᠨ᠎ᠡ ᠡᠮ ᠵᠡᠷᠭᠡ ᠶᠢᠨ ᠦᠢᠯᠡᠳᠪᠦᠷᠢᠯᠡᠯ ᠤᠨ ᠱᠤᠭᠤᠮ ᠢ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠦ ᠦᠢᠯᠡᠰ ᠢ ᠪᠣᠵᠠᠭᠠᠶᠢᠷᠠᠭᠤᠯᠤᠨ ᠬᠦᠴᠦᠷᠭᠡᠭᠵᠢᠭᠦᠯᠦᠨ᠎ᠡ᠃ ︽ᠢᠨᠲ᠋ᠧᠷ ᠰᠥᠯᠵᠢᠶ᠎ᠡ +︾ ᠠᠵᠢᠯᠯᠠᠭᠠᠨ ᠤ ᠲᠥᠯᠥᠪᠯᠡᠭᠡ ᠶᠢ ᠲᠥᠷᠭᠡᠨ ᠨᠠᠶᠢᠳᠠᠪᠦᠷᠢᠵᠢᠭᠤᠯᠵᠤ᠂ ᠢᠨᠲ᠋ᠧᠷ ᠰᠥᠯᠵᠢᠶ᠎ᠡ᠂ ᠡᠭᠦᠯᠡᠨ ᠪᠣᠳᠤᠯᠲᠠ᠂ ᠲᠣᠮᠣ ᠲᠣᠭᠠᠴᠠᠭ᠎ᠠ᠂ ᠪᠣᠳᠠᠰ ᠤᠨ ᠭᠦᠢᠯᠭᠡᠭᠡᠨ ᠤ ᠰᠥᠯᠵᠢᠶ᠎ᠡ ᠬᠢᠭᠡᠳ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠬᠡᠪᠴᠢᠶᠡᠨ ᠳᠤ ᠭᠦᠨ ᠨᠡᠪᠴᠢᠬᠦ ᠶᠢ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠯᠦᠭᠡ ᠪᠥᠬᠦ ᠲᠠᠯ᠎ᠠ ᠪᠠᠷ ᠵᠣᠯᠭᠠᠭᠤᠯᠤᠨ᠎ᠠ᠃ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠥᠮᠴᠢᠯᠡᠯ ᠤᠨ ᠡᠷᠬᠡ᠂ ᠪᠡᠯᠡ ᠤᠷᠤᠭᠤᠯᠵᠤ ᠬᠤᠷᠠᠮᠳᠤᠭᠤᠯᠬᠤ ᠴᠣᠭᠴᠠᠮᠵᠢ᠂ ᠡᠬᠢ ᠪᠠᠶᠠᠯᠢᠭ ᠤᠨ ᠲᠣᠬᠢᠷᠠᠭᠤᠯᠤᠯᠲᠠ᠂ ᠴᠢᠳᠠᠪᠦᠷᠢᠲᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠪᠠᠷ ᠬᠢ ᠥᠭᠡᠷᠡᠴᠢᠯᠡᠯᠲᠡ ᠰᠢᠨᠡᠴᠢᠯᠡᠯᠲᠡ ᠶᠢ ᠲᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠣᠷᠤᠭᠤᠯᠤᠨ᠎ᠠ᠃ ᠪᠡᠯᠡ ᠬᠤᠷᠠᠮᠳᠠᠭᠤᠯᠬᠤ ᠰᠢᠨ᠎ᠡ ᠬᠡᠯᠪᠡᠷᠢ ᠶᠢ ᠡᠭᠦᠳᠦᠨ᠂ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠬᠤ᠂ ᠵᠢᠭᠡᠯᠡᠯᠭᠡ ᠶᠢᠨ ᠪᠠᠲᠤᠯᠠᠪᠦᠷᠢ ᠬᠠᠩᠭᠠᠬᠤ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠳᠠᠪᠠᠭᠤᠯᠢᠭ ᠲᠠᠢ ᠠᠵᠦ ᠠᠬᠤᠶᠢᠯᠠᠯ ᠪᠣᠯᠣᠨ ᠳᠤᠮᠳᠠ ᠵᠢᠵᠢᠭ ᠠᠵᠦ ᠠᠬᠤᠶᠢᠯᠠᠯ ᠤᠨ ᠬᠥᠭᠵᠢᠨ ᠪᠣᠵᠠᠭᠠᠶᠢᠷᠠᠬᠤ ᠶᠢ ᠳᠡᠮᠵᠢᠨ᠎ᠡ᠃ ᠤᠯᠤᠰ ᠤᠨ ᠥᠮᠴᠢᠯᠡᠯᠲᠦ ᠬᠥᠷᠥᠩᠭᠡ ᠪᠡᠯᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠡᠲᠡ ᠶᠢ ᠠᠬᠢᠭᠤᠯᠵᠤ᠂ ᠣᠳᠣ ᠶᠢᠨ ᠪᠠᠶᠢᠬᠤ ᠪᠡᠯᠡ ᠣᠷᠤᠭᠤᠯᠬᠤ ᠬᠤᠷᠠᠮᠳᠤᠭᠤᠯᠬᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠪᠡᠯᠡ ᠬᠥᠷᠥᠩᠭᠡ ᠶᠢᠨ ᠪᠡᠯᠡ ᠣᠷᠤᠭᠤᠯᠤᠯᠲᠠ ᠶᠢᠨ ᠰᠢᠨ᠎ᠡ ᠺᠣᠮᠫᠠᠨᠢ ᠪᠠᠶᠢᠭᠤᠯᠵᠤ᠂ ᠵᠠᠰᠠᠭ ᠤᠨ ᠣᠷᠳᠣᠨ ᠤ ᠬᠠᠳᠠᠭᠠᠯᠠᠯ ᠬᠥᠷᠥᠩᠭᠡ ᠪᠡᠯᠡ ᠶᠢ ᠠᠮᠢᠳᠤᠯᠢᠬᠵᠢᠭᠤᠯᠵᠤ᠂ ᠪᠡᠯᠡ ᠬᠤᠷᠠᠮᠳᠤᠭᠤᠯᠬᠤ ᠴᠢᠳᠠᠪᠦᠷᠢ ᠶᠢ ᠨᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠪᠡᠯᠡ ᠬᠤᠷᠰᠢᠯᠴᠠᠭᠰᠠᠨ PPP ᠬᠡᠯᠪᠡᠷᠢ ᠶᠢ ᠶᠡᠬᠡᠪᠡᠷ ᠳᠡᠯᠭᠡᠷᠡᠭᠦᠯᠵᠦ᠂ ᠢᠷᠭᠡᠨ ᠤ ᠪᠡᠯᠡ ᠣᠷᠤᠭᠤᠯᠬᠤ ᠬᠦᠴᠦᠨ ᠢ ᠬᠥᠭᠵᠢᠶᠡᠨ᠎ᠡ᠃ ᠮᠥᠩᠭᠦᠨ ᠭᠦᠢᠯᠭᠡᠭᠡᠨ ᠤ ᠰᠢᠨ᠎ᠡ ᠡᠭᠦᠳᠤᠯᠲᠡ ᠶᠢ ᠵᠣᠷᠢᠬᠵᠢᠭᠤᠯᠤᠨ᠂ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠵᠦ᠂ ᠣᠯᠠᠨ ᠳᠠᠪᠬᠤᠷᠭᠠᠲᠤ ᠬᠥᠷᠥᠩᠭᠡ ᠪᠡᠯᠡ ᠶᠢᠨ ᠵᠠᠬ᠎ᠠ ᠳᠡᠯᠭᠡᠭᠦᠷ ᠤᠨ ᠰᠢᠭᠤᠳ ᠪᠡᠯᠡ ᠬᠤᠷᠠᠮᠳᠤᠭᠤᠯᠬᠤ ᠶᠢ ᠠᠬᠢᠭᠤᠯᠵᠤ᠂ ᠮᠠᠨ ᠤ ᠬᠤᠲᠠ ᠶᠢᠨ ᠠᠵᠦ ᠠᠬᠤᠢ ᠶᠢᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠠᠬᠢᠭᠤᠯᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃      ︵ᠭᠤᠷᠪᠠ︶ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠨ ᠪᠥᠬᠦᠯᠢ ᠴᠣᠭᠴᠠ ᠪᠠᠷ ᠢᠶᠠᠨ ᠳᠡᠭᠡᠭᠰᠢᠯᠡᠬᠦ ᠶᠢ ᠠᠬᠢᠭᠤᠯᠤᠨ᠎ᠠ᠃ ᠬᠤᠲᠠ ᠶᠢᠨ ᠬᠥᠭᠵᠢᠯᠲᠡ ᠵᠢᠮ᠎ᠡ ᠶᠣᠰᠣ ᠶᠢ ᠬᠥᠨᠳᠦᠳᠬᠡᠨ᠂ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠥᠭᠡᠷᠡᠴᠢᠯᠡᠵᠦ᠂ ︽ᠲᠣᠬᠢᠯᠢᠭ᠌᠂ ᠬᠢᠮᠳᠠ᠂ ᠪᠣᠬᠢᠷᠳᠤᠯ ᠦᠭᠡᠢ᠂ ᠦᠵᠡᠰᠭᠦᠯᠡᠩ︾ ᠪᠠᠶᠢᠬᠤ ᠴᠢᠭᠯᠡᠯᠲᠡ ᠪᠠᠷ ᠤᠶᠤᠨᠲᠤ ᠬᠤᠲᠠ᠂ ᠬᠠᠶᠢᠮᠢᠶᠠᠨ ᠬᠤᠲᠠ᠂ ᠴᠡᠴᠡᠷᠯᠢᠭᠵᠢᠭᠰᠡᠨ ᠬᠤᠲᠠ᠂ ᠶᠡᠷᠦᠩᠬᠡᠶᠢᠯᠡᠭᠰᠡᠨ ᠬᠤᠭᠤᠯᠠᠢ ᠬᠤᠩᠭᠢᠯ᠂ ᠰᠠᠭᠠᠳ ᠦᠭᠡᠢ ᠵᠠᠮ ᠬᠠᠷᠢᠯᠴᠠᠭ᠎ᠠ᠂ ᠦᠵᠡᠮᠵᠢ ᠶᠢᠨ ᠰᠢᠰᠲ᠋ᠧᠮ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠨᠢᠬᠡᠳᠦᠯᠲᠠᠢ ᠲᠥᠯᠥᠪᠵᠢᠭᠦᠯᠦᠨ ᠠᠬᠢᠭᠤᠯᠵᠤ᠂ ᠬᠥᠮᠥᠨ ᠨᠡᠶᠢᠭᠡᠮ᠂ ᠳᠣᠣᠷ᠎ᠠ ᠨᠡᠭᠦᠷᠡᠰᠦᠲᠦᠷᠦᠭᠴᠢ᠂ ᠤᠶᠤᠨᠵᠢᠯ ᠬᠥᠭᠵᠢᠯᠲᠡ ᠶᠢ ᠪᠡᠶᠡᠯᠡᠭᠦᠯᠦᠨ᠎ᠡ᠃ ᠤᠯᠠᠭᠠᠨᠬᠠᠳᠠ ᠠᠴᠠ ᠪᠡᠭᠡᠵᠢᠩ ᠮᠥᠭᠳᠡᠨ ᠱᠣᠭᠤᠮ ᠤᠨ ᠬᠠᠷᠠᠴᠢᠨ ᠵᠡᠭᠦᠨ ᠭᠠᠷᠤᠨ ᠰᠢᠶᠠᠨ ᠤ ᠥᠷᠲᠡᠭᠡ ᠬᠦᠷᠬᠦ ᠬᠤᠷᠳᠤᠨ ᠤ ᠲᠡᠮᠦᠷ ᠵᠠᠮ ᠢ ᠪᠠᠶᠢᠭᠤᠯᠵᠤ᠂ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭ᠎ᠠ ᠶᠢ ᠡᠬᠢᠯᠡᠵᠦ ᠪᠠᠶᠢᠭᠤᠯᠬᠤ ᠪᠠᠷ ᠴᠠᠷᠮᠠᠶᠢᠨ᠎ᠠ᠃ ᠬᠤᠲᠠ ᠭᠤᠷᠪᠠᠨ ᠲᠣᠭᠤᠷᠢᠭ ᠬᠢᠭᠡᠳ ᠬᠠᠷᠠᠴᠢᠨ ᠬᠤᠰᠢᠭᠤ ᠶᠢᠨ ᠵᠤᠬᠢᠴᠠᠩᠭᠤᠢ ᠬᠥᠭᠵᠢᠯᠲᠡ ᠶᠢ ᠲᠥᠷᠭᠡᠳᠬᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠨ᠎ᠡ ᠬᠠᠭᠤᠴᠢᠨ ᠬᠤᠲᠠ ᠲᠣᠭᠤᠷᠢᠭ ᠪᠣᠯᠣᠨ ᠵᠠᠰᠠᠭ ᠤᠨ ᠣᠷᠳᠣᠨ ᠤ ᠰᠠᠭᠤᠭ᠎ᠠ ᠪᠠᠯᠭᠠᠰᠤᠨ ᠤ ᠵᠣᠬᠢᠴᠠᠩᠭᠤᠢ ᠬᠦᠭᠵᠢᠯᠲᠡ ᠶᠢ ᠲᠦᠯᠬᠢᠨ ᠠᠬᠢᠭᠤᠯᠵᠤ᠂ ᠳᠥᠭᠦᠮ ᠪᠦᠲᠦᠴᠢᠲᠦ ᠣᠷᠣᠨ ᠰᠠᠭᠤᠴᠠ ᠪᠣᠯᠣᠨ ᠬᠤᠲᠠ ᠶᠢᠨ ᠳᠤᠮᠳᠠᠬᠢ ᠲᠤᠰᠬᠤᠨ ᠤ ᠥᠭᠡᠷᠡᠴᠢᠯᠡᠯᠲᠡ ᠶᠢ ᠦᠨᠳᠦᠰᠦᠨ ᠳᠤᠨᠢ ᠪᠡᠶᠡᠯᠡᠭᠦᠯᠵᠦ᠂ ᠲᠠᠷᠢᠶᠠᠯᠠᠩ ᠮᠠᠯᠵᠢᠯ ᠠᠴᠠ ᠰᠢᠯᠵᠢᠭᠰᠡᠨ ᠬᠥᠮᠥᠨ ᠠᠮᠠ ᠶᠢᠨ ᠬᠤᠲᠠ ᠣᠷᠤᠵᠤ ᠰᠠᠭᠤᠷᠢᠰᠢᠬᠤ ᠲᠥᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠠᠶᠢᠩᠭᠤ ᠰᠠᠭᠤᠭᠠᠯᠢ ᠪᠠ ᠡᠷᠦᠬᠡ ᠠᠮᠠ ᠲᠠᠢ ᠬᠥᠮᠥᠨ ᠠᠮᠠ ᠶᠢᠨ ᠬᠤᠲᠠ ᠪᠠᠯᠭᠠᠰᠤᠵᠢᠬᠤ ᠨᠣᠷᠮ᠎ᠠ ᠶᠢ ᠶᠡᠬᠡᠪᠡᠷ ᠳᠡᠭᠡᠭᠰᠢᠯᠡᠭᠦᠯᠦᠨ᠎ᠡ᠃ ᠬᠤᠲᠠ ᠶᠢᠨ ᠶᠠᠪᠤᠳᠠᠯ ᠤᠨ ᠲᠣᠨᠤᠭ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠨᠢ ᠰᠣᠮᠣ ᠰᠢᠶᠠᠩ ᠪᠠᠯᠭᠠᠰᠤ ᠪᠣᠯᠣᠨ ᠭᠤᠣᠯᠳᠠᠯᠭᠠᠲᠠᠢ ᠲᠤᠰᠬᠤᠨ ᠠᠶᠢᠯ ᠲᠡᠰᠢ ᠤᠷᠲᠤᠳᠠᠨ ᠥᠷᠭᠡᠵᠢᠬᠦ ᠶᠢ ᠠᠬᠢᠭᠤᠯᠵᠤ᠂ ᠲᠠᠷᠢᠶᠠᠯᠠᠩ ᠮᠠᠯ ᠠᠵᠦ ᠠᠬᠤᠢ ᠶᠢᠨ ᠬᠥᠮᠥᠨ ᠠᠮᠠ ᠶᠢᠨ ᠲᠣᠰ ᠭᠠᠵᠠᠷ ᠲᠠᠭᠠᠨ ᠬᠤᠲᠠ ᠪᠠᠯᠭᠠᠰᠤᠵᠢᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠮᠠᠯᠵᠢᠬᠤ ᠣᠷᠣᠨ ᠤ ︽ᠠᠷᠪᠠ ᠶᠢ ᠪᠥᠷᠬᠦᠭᠦᠯᠬᠦ︾ ᠢᠨᠵᠧᠨᠧᠷᠢᠩ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠤᠷᠲᠤᠮᠵᠢᠲᠤ ᠣᠷᠤᠭᠤᠯᠤᠯᠲᠠ᠂ ᠬᠠᠮᠢᠶᠠᠷᠤᠯᠲᠠ ᠶᠢᠨ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠶᠣ ᠦᠵᠡᠰᠭᠦᠯᠡᠩ ᠣᠷᠤᠰᠢᠨ ᠠᠮᠢᠳᠤᠷᠠᠬᠤ ᠳᠤ ᠲᠣᠬᠢᠯᠢᠭ᠌ ᠬᠥᠳᠡᠭᠡ ᠲᠤᠰᠬᠤᠨ ᠢ ᠪᠥᠲᠦᠭᠡᠨ ᠪᠠᠶᠢᠭᠤᠯᠤᠨ᠎ᠠ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠮᠢᠩᠭᠠᠨ ᠳ᠋ᠦᠩᠰᠢᠭᠤᠷ ᠲᠥᠭᠦᠷᠢᠭ ᠤᠨ ᠢᠨᠵᠧᠨᠧᠷᠢᠩ ᠢ ᠲᠥᠷᠭᠡᠨ ᠨᠠᠶᠢᠳᠠᠪᠦᠷᠢᠵᠢᠭᠤᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷᠵᠢᠯ ᠳᠠᠪᠠᠭᠤᠯᠢᠭ ᠦᠭᠡᠢ᠂ ᠴᠠᠬᠢᠯᠭᠠᠨ ᠢ ᠭᠠᠳᠠᠭᠰᠢ ᠬᠦᠷᠦᠭᠦᠯᠬᠦ ᠨᠢ ᠰᠠᠭᠠᠳ ᠲᠠᠢ᠂ ᠰᠢᠲᠠᠭᠠᠯᠭ᠎ᠠ ᠶᠢᠨ ᠬᠡᠢ ᠶᠢᠨ ᠢᠷᠡᠯᠲᠡ ᠨᠢ ᠪᠠᠲᠤᠯᠠᠭ᠎ᠠ ᠦᠭᠡᠢ᠂ ᠤᠰᠤᠨ ᠰᠣᠷᠪᠤᠯᠵᠢ ᠬᠠᠷᠢᠴᠠᠩᠭᠤᠢ ᠳᠤᠲᠠᠮᠠᠭ᠂ ᠰᠦᠯᠵᠢᠶ᠎ᠡ ᠶᠢᠨ ᠪᠥᠷᠬᠦᠯᠲᠡ ᠶᠢᠨ ᠬᠡᠪᠴᠢᠶ᠎ᠡ ᠪᠠᠭ᠎ᠠ ᠵᠡᠷᠭᠡ ᠳᠣᠪᠤᠶᠢᠮ᠎ᠠ ᠳᠤᠲᠠᠭᠳᠠᠯ ᠢᠶᠠᠨ ᠲᠥᠪᠯᠡᠷᠡᠭᠦᠯᠦᠨ ᠨᠥᠬᠦᠪᠦᠷᠢᠯᠡᠵᠦ᠂ ᠬᠤᠲᠠ ᠬᠥᠳᠡᠭᠡ ᠣᠷᠣᠨ ᠲᠣᠭᠤᠷᠢᠭ ᠤᠨ ᠵᠣᠬᠢᠴᠠᠩᠭᠤᠢ ᠬᠦᠭᠵᠢᠬᠦ ᠴᠢᠳᠠᠪᠦᠷᠢ ᠶᠢ ᠴᠢᠩᠭᠠᠳᠬᠠᠨ᠎ᠠ᠃ ᠪᠣᠳᠠᠰ ᠤᠨ ᠪᠣᠯᠪᠠᠰᠤᠨ ᠪᠠ ᠣᠶᠣᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠪᠠᠶᠢᠭᠤᠯᠬᠤ ᠪᠠᠷ ᠴᠢᠷᠮᠠᠶᠢᠨ᠎ᠠ᠃ ᠴᠡᠷᠢᠭ ᠠᠩᠭᠢ ᠣᠷᠣᠨ ᠭᠠᠵᠠᠷ᠂ ᠴᠡᠷᠢᠭ ᠠᠷᠠᠳ ᠤᠨ ᠪᠥᠯᠬᠦᠮᠳᠡᠨ ᠬᠠᠮᠲᠦᠪᠡᠷ ᠪᠠᠶᠢᠭᠤᠯᠬᠤ ᠶᠢ ᠴᠢᠩᠭᠠᠳᠬᠠᠵᠤ᠂ ᠪᠦᠬᠦ ᠤᠯᠤᠰ ᠤᠨ ᠬᠤᠶᠠᠷ ᠢᠶᠠᠨ ᠬᠦᠷᠢᠶᠡᠯᠡᠭᠰᠡᠨ ᠵᠢᠱᠢᠶᠡᠴᠢ ᠬᠤᠲᠠ ᠶᠢᠨ ᠦᠷ᠎ᠡ ᠪᠥᠲᠦᠭᠡᠯ ᠢᠶᠠᠨ ᠪᠠᠬᠢᠵᠢᠭᠦᠯᠦᠨ᠎ᠡ᠃      ︵ᠳᠥᠷᠪᠡ︶ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠠᠮᠢ ᠠᠬᠤᠢ ᠶᠢᠨ ᠠᠶᠤᠯᠭᠦᠢ ᠬᠠᠯᠬᠠᠪᠴᠢ ᠪᠠᠶᠢᠭᠤᠯᠬᠤ ᠲᠠᠢ ᠤᠶᠠᠯᠳᠤᠭᠤᠯᠤᠨ᠂ ᠣᠢ ᠰᠢᠭᠤᠢ ᠶᠢᠨ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ 2020 ᠣᠨ ᠪᠤᠯᠠᠬᠤ ᠳᠤ 500 ᠲᠥᠮᠡᠨ ᠮᠦ ᠣᠶᠢᠵᠢᠭᠤᠯᠬᠤ ᠶᠢ ᠪᠡᠶᠡᠯᠡᠭᠦᠯᠵᠦ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠲᠣᠰᠣᠨ ᠮᠠᠲ᠋ᠧᠷᠢᠶᠠᠯ ᠤᠨ ᠣᠢ᠂ ᠡᠯᠡᠰᠦ ᠰᠡᠷᠭᠡᠶᠢᠯᠡᠵᠦ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠢ᠂ ᠬᠠᠶᠢᠯᠠᠷ ᠨᠠᠷᠠᠰᠤᠨ ᠤ ᠰᠠᠭᠤᠷᠢᠨ ᠭᠠᠵᠠᠷ ᠪᠠ ᠬᠡᠭᠡᠷ᠎ᠡ ᠶᠢᠨ ᠭᠦᠢᠯᠡᠰᠦᠨ ᠣᠢ ᠶᠢ ᠥᠭᠡᠷᠡᠴᠢᠯᠡᠬᠦ ᠶᠢ ᠲᠤᠰᠪᠦᠷᠢ 100 ᠲᠦᠮᠡᠨ ᠮᠦ ᠰᠢᠨ᠎ᠡ ᠨᠡᠮᠡᠭᠳᠡᠭᠦᠯᠵᠦ᠂ ᠪᠥᠬᠦ ᠬᠤᠲᠠ ᠶᠢᠨ ᠤᠢ ᠰᠢᠭᠤᠢ ᠶᠢᠨ ᠪᠥᠷᠬᠦᠯᠲᠡ ᠶᠢᠨ ᠨᠣᠷᠮ᠎ᠠ ᠶᠢ 36%᠎ ᠠᠴᠠ ᠳᠡᠭᠡᠭᠰᠢ ᠳᠤ ᠬᠦᠷᠭᠡᠨ᠎ᠡ᠃ ᠪᠢᠲᠡᠭᠦᠮᠵᠢᠯᠡᠨ ᠣᠶᠢᠵᠢᠭᠤᠯᠵᠤ ᠮᠠᠯᠵᠢᠬᠤ ᠶᠢ ᠴᠠᠭᠠᠵᠢᠯᠠᠬᠤ᠂ ᠮᠠᠯᠵᠢᠬᠤ ᠶᠢ ᠵᠣᠭᠰᠤᠭᠠᠬᠤ ᠡᠭᠡᠯᠵᠢᠯᠡᠨ ᠮᠠᠯᠵᠢᠬᠤ᠂ ᠲᠠᠷᠢᠶᠠᠯᠠᠬᠤ ᠶᠢ ᠵᠣᠭᠰᠤᠭᠠᠵᠤ ᠡᠭᠡᠯᠵᠢᠯᠡᠨ ᠲᠠᠷᠢᠬᠤ᠂ ᠣᠭᠲᠤᠯᠬᠤ ᠶᠢ ᠵᠣᠭᠰᠤᠭᠠᠵᠤ ᠨᠣᠭᠤᠭᠠᠷᠠᠭᠤᠯᠬᠤ᠂ ᠲᠠᠷᠢᠶᠠᠯᠠᠬᠤ ᠶᠢ ᠵᠣᠭᠰᠤᠭᠠᠵᠤ ᠣᠶᠢᠵᠢᠭᠤᠯᠬᠤ ᠨᠣᠭᠤᠭᠠᠷᠠᠭᠤᠯᠬᠤ ᠵᠡᠷᠭᠡ ᠲᠥᠷᠦ ᠶᠢᠨ ᠪᠣᠳᠤᠯᠭ᠎ᠠ ᠶᠢ ᠡᠷᠡᠰ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠨᠢ ᠠᠶᠠᠨᠳᠠᠭᠠᠨ ᠰᠡᠷᠭᠦᠵᠦ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠯᠲᠠ ᠶᠢ ᠴᠢᠩᠭᠠᠳᠬᠠᠵᠤ᠂ ᠠᠭᠠᠷ᠂ ᠤᠰᠤ᠂ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠦ ᠦᠢᠯᠡᠳᠪᠦᠷᠢ ᠶᠢᠨ ᠪᠣᠬᠢᠷᠳᠣᠯ ᠤᠨ ᠰᠣᠷᠪᠤᠯᠵᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠪᠠ ᠬᠤᠲᠠ ᠪᠠᠯᠭᠠᠰᠤᠨ ᠤ ᠠᠮᠢᠳᠤᠷᠠᠯ ᠤᠨ ᠬᠠᠶᠠᠭᠳᠠᠮᠠᠯ ᠤᠰᠤ᠂ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ᠂ ᠨᠡᠭᠦᠷᠡᠰᠦ ᠰᠢᠲᠠᠭᠠᠬᠤ ᠵᠤᠤᠬ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠬᠦ ᠶᠢ ᠠᠬᠢᠭᠤᠯᠵᠤ᠂ ᠲᠠᠷᠢᠶᠠᠯᠠᠩ ᠤᠨ ᠣᠷᠤᠭᠤᠯᠤᠯᠲᠠ ᠶᠢᠨ ᠵᠦᠢᠯ ᠢ ᠴᠦᠭᠡᠨ ᠬᠡᠷᠡᠭᠯᠡᠵᠦ᠂ ᠲᠠᠷᠢᠵᠦ ᠲᠡᠵᠢᠭᠡᠬᠦ ᠦᠢᠯᠡᠰ ᠤᠨ ᠬᠠᠶᠠᠭᠳᠠᠮᠠᠯ ᠪᠣᠳᠠᠰ ᠢ ᠬᠤᠣᠷ ᠦᠭᠡᠢ ᠰᠢᠢᠳᠪᠦᠷᠢᠯᠡᠬᠦ ᠪᠣᠯᠣᠨ ᠡᠬᠢ ᠪᠠᠶᠠᠯᠢᠭ ᠪᠣᠯᠭᠠᠨ ᠠᠰᠢᠭᠯᠠᠬᠤ ᠶᠢ ᠠᠬᠢᠭᠤᠯᠤᠨ᠎ᠠ᠃ ᠠᠭᠤᠷᠬᠠᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠨᠡᠭᠡᠭᠡᠨ ᠠᠰᠢᠭᠯᠠᠵᠤ᠂ ᠪᠥᠲᠦᠮᠵᠢᠲᠡᠢ ᠨᠢᠬᠡᠳᠬᠡᠨ᠂ ᠬᠠᠶᠢᠬᠤ ᠮᠠᠯᠲᠠᠬᠤ ᠰᠤᠩᠭᠤᠬᠤ ᠬᠠᠶᠢᠯᠤᠭᠤᠯᠬᠤ ᠡᠳ᠋ᠰᠢᠭᠦᠯᠬᠦ ᠶᠢ ᠨᠢᠭᠡ ᠴᠣᠭᠴᠠᠯᠠᠭᠰᠠᠨ ᠬᠥᠭᠵᠢᠯᠲᠡ ᠶᠢ ᠠᠬᠢᠭᠤᠯᠤᠨ᠂ ᠶᠡᠷᠦᠩᠬᠡᠶᠢᠯᠡᠨ ᠨᠡᠭᠡᠭᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠰᠤᠨ ᠰᠣᠷᠪᠤᠯᠵᠢ ᠶᠢᠨ ᠬᠠᠮᠤᠭ ᠴᠢᠩᠭ᠎ᠠ ᠬᠠᠮᠢᠶᠠᠷᠤᠯᠲᠠ ᠶᠢᠨ ᠳᠥᠷᠢᠮ ᠢ ᠬᠡᠷᠡᠭᠵᠢᠭᠦᠯᠵᠦ᠂ ᠤᠰᠤᠨ ᠤ ᠬᠡᠮᠵᠢᠶ᠎ᠡ ᠪᠠᠷ ᠭᠠᠷᠤᠯᠲᠠ ᠲᠣᠭᠲᠠᠭᠠᠵᠤ᠂ ᠤᠰᠤᠨ ᠤ ᠬᠡᠮᠵᠢᠶ᠎ᠡ ᠪᠠᠷ ᠬᠤᠲᠠ ᠶᠢ ᠲᠣᠭᠲᠠᠭᠠᠵᠤ᠂ ᠤᠰᠤᠨ ᠤ ᠡᠷᠬᠡ ᠶᠢᠨ ᠰᠣᠯᠢᠯᠴᠠᠭ᠎ᠠ ᠶᠢ ᠰᠥᠪᠡᠭᠴᠢᠯᠡᠨ ᠬᠡᠷᠡᠭᠵᠢᠭᠦᠯᠦᠨ᠎ᠡ᠃ ᠬᠢᠵᠠᠭᠠᠷᠯᠠᠬᠤ ᠴᠢᠨᠠᠷᠲᠠᠢ ᠭᠦᠢᠴᠡᠳᠭᠡᠬᠦ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ᠂ ᠤᠰᠤᠨ ᠰᠣᠷᠪᠤᠯᠵᠢ ᠶᠢᠨ ᠬᠤᠷᠤᠭᠳᠠᠯ ᠵᠢᠴᠢ ᠪᠥᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠪᠣᠯᠣᠨ ᠬᠤᠶᠠᠷ ᠲᠠᠯ᠎ᠠ ᠶᠢᠨ ᠬᠢᠵᠠᠭᠠᠷᠯᠠᠬᠤ ᠴᠢᠩᠭ᠎ᠠ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠎ᠠ᠃ ᠡᠨᠧᠷᠭᠢ ᠠᠷᠪᠢᠯᠠᠵᠤ ᠪᠤᠬᠢᠷᠳᠤᠯ ᠢ ᠪᠠᠭᠠᠰᠬᠠᠬᠤ ᠶᠢ ᠭᠦᠨᠵᠡᠭᠡᠢ ᠬᠡᠷᠡᠭᠵᠢᠭᠦᠯᠵᠦ᠂ ᠬᠤᠴᠤᠷᠠᠩᠭᠤᠢ ᠦᠢᠯᠡᠳᠪᠦᠷᠢᠯᠡᠯ ᠤᠨ ᠴᠢᠳᠠᠪᠬᠢ ᠶᠢ ᠡᠷᠡᠰ ᠰᠢᠭᠰᠢᠭᠳᠡᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠤᠨ ᠲᠦᠯᠦᠪᠦᠷᠢ ᠶᠢᠨ ᠬᠠᠮᠤᠭ ᠴᠢᠩᠭ᠎ᠠ ᠳᠥᠷᠢᠮ ᠶᠢ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠠᠶᠢᠳᠠᠪᠦᠷᠢᠵᠢᠭᠤᠯᠵᠤ᠂ ᠤᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃      ︵ᠲᠠᠪᠤ︶ ᠴᠢᠯᠦᠭᠡᠲᠡᠢ ᠬᠥᠭᠵᠢᠭᠦᠯᠬᠦ ᠶᠢ ᠪᠠᠷᠢᠮᠲᠠᠯᠠᠵᠤ᠂ ᠬᠠᠮᠵᠢᠯᠴᠠᠬᠤ ᠬᠡᠪᠴᠢᠶ᠎ᠡ ᠪᠠᠨ ᠥᠷᠭᠡᠳᠬᠡᠨ᠎ᠡ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠳᠤ ᠭᠦᠨᠴᠡ ᠤᠶᠠᠯᠳᠤᠵᠤ᠂ ᠡᠯ᠎ᠡ ᠵᠦᠢᠯ ᠤᠨ ᠦᠢᠯᠡᠳᠬᠡᠭᠦᠨ ᠢᠶᠠᠨ ᠪᠡᠭᠡᠵᠢᠩ ᠲᠢᠶᠠᠨᠵᠢᠨ ᠾᠧᠪᠸᠢ ᠶᠢᠨ ᠵᠠᠬ᠎ᠠ ᠳᠡᠯᠭᠡᠭᠦᠷ ᠲᠤ ᠣᠷᠤᠭᠤᠯᠵᠤ᠂ ᠴᠡᠪᠡᠷ ᠡᠨᠧᠷᠭᠢ ᠬᠠᠩᠭᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠪᠠᠨ ᠲᠥᠷᠭᠡᠳᠬᠡᠵᠤ᠂ ᠤᠯᠤᠰ ᠤᠨ ᠳᠡᠰ ᠤᠨ ᠠᠮᠢᠳᠤ ᠪᠤᠳᠠᠰ ᠤᠨ ᠰᠢᠲᠠᠮᠠᠬᠠᠢ ᠬᠡᠢ ᠶᠢᠨ ᠠᠵᠦ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠶᠢ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠦᠯ ᠢᠶᠠᠷ ᠢᠶᠠᠨ ᠬᠠᠪᠰᠤᠷᠤᠯᠴᠠᠬᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠥᠭᠵᠢᠭᠰᠡᠨ ᠭᠠᠵᠠᠷ ᠣᠷᠣᠨ ᠤ ᠪᠦᠷᠢᠨ ᠪᠥᠲᠦᠨ ᠠᠵᠦ ᠦᠢᠯᠡᠰ ᠤᠨ ᠬᠡᠯᠬᠢᠶᠡᠵᠢᠯ ᠪᠠ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠢ ᠢᠳᠡᠪᠬᠢᠲᠡᠢ ᠲᠣᠰᠣᠨ ᠠᠪᠴᠤ᠂ ᠤᠯᠤᠰ ᠤᠨ ᠳᠡᠰ ᠤᠨ ᠠᠵᠦ ᠦᠢᠯᠡᠰ ᠤᠨ ᠬᠠᠮᠵᠢᠯᠴᠠᠭ᠎ᠠ ᠬᠢᠭᠡᠳ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠤᠯᠤᠰ ᠤᠨ ︽ᠨᠢᠭᠡ ᠪᠥᠰᠡ ᠨᠢᠭᠡ ᠵᠠᠮ︾᠎ ᠤᠨ ᠪᠠᠶᠢᠯᠳᠤᠬᠤ ᠪᠣᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠠᠯᠭᠠᠵᠤ᠂ ᠰᠢᠯᠢ ᠶᠢᠨ ᠬᠤᠲᠠ ᠠᠴᠠ ᠤᠯᠠᠭᠠᠨᠬᠠᠳᠠ ᠬᠦᠷᠬᠦ ᠲᠡᠮᠦᠷ ᠵᠠᠮ ᠢ ᠡᠬᠢᠯᠡᠨ ᠪᠠᠶᠢᠭᠤᠯᠵᠤ᠂ ᠤᠮᠠᠷᠠᠰᠢ ᠬᠠᠯᠬ᠎ᠠ ᠣᠷᠣᠰ ᠲᠠᠢ ᠨᠡᠶᠢᠯᠡᠵᠦ᠂ ᠡᠮᠦᠨᠡᠰᠢ ᠳᠠᠯᠠᠢ ᠬᠦᠷᠬᠦ ᠳᠡᠯᠡᠬᠡᠢ ᠶᠢᠨ ᠲᠣᠮᠣ ᠵᠠᠮ ᠢ ᠨᠡᠪᠲᠡᠷᠡᠭᠦᠯᠦᠨ᠎ᠡ᠃ ᠣᠷᠣᠨ ᠲᠣᠭᠤᠷᠢᠭ ᠤᠨ ᠬᠠᠮᠲᠤᠪᠡᠷ ᠪᠠᠶᠢᠭᠤᠯᠬᠤ ᠳᠤ ᠢᠳᠡᠪᠬᠢᠲᠡᠢ ᠣᠷᠤᠯᠴᠠᠵᠤ᠂ ︽ᠰᠢᠯᠢ ᠶᠢᠨ ᠭᠤᠣᠯ ᠤᠯᠠᠭᠠᠨᠬᠠᠳᠠ ᠲᠦᠩᠯᠢᠶᠣᠣ︾᠎ ᠶᠢᠨ ᠠᠵᠦ ᠠᠬᠤᠢ ᠶᠢᠨ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠭᠤᠷᠬᠠᠢ ᠶᠢᠨ ᠦᠢᠯᠡᠰ ᠤᠨ ᠠᠵᠦ ᠠᠬᠤᠢ᠂ ᠤᠰᠤ ᠨᠡᠭᠦᠷᠡᠰᠦᠨ ᠤ ᠬᠠᠮᠲᠤᠯᠢᠭ᠂ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ᠂ ᠰᠣᠶᠣᠯ ᠤᠨ ᠵᠤᠭᠠᠴᠠᠯ ᠵᠡᠷᠭᠡ ᠬᠦᠷᠢᠶ᠎ᠡ ᠬᠡᠪᠴᠢᠶᠡᠨ ᠳᠤ ᠪᠣᠳᠠᠳᠠᠢ ᠠᠬᠢᠯᠲᠠ ᠲᠠᠢ ᠪᠠᠶᠢᠵᠤ᠂ ᠣᠷᠣᠨ ᠲᠣᠭᠤᠷᠢᠭ ᠤᠨ ᠬᠥᠭᠵᠢᠯᠲᠡ ᠶᠢᠨ ᠰᠢᠨ᠎ᠡ ᠠᠵᠦ ᠠᠬᠤᠢ ᠶᠢᠨ ᠨᠡᠮᠡᠭᠳᠡᠯ ᠤᠨ ᠲᠦᠢᠯ ᠢ ᠪᠣᠢ ᠪᠣᠯᠭᠠᠨ᠎ᠠ᠃ ᠤᠯᠤᠰ ᠠᠴᠠ ᠵᠡᠭᠦᠨ ᠬᠤᠶᠢᠲᠤ ᠣᠷᠣᠨ ᠤ ᠮᠠᠨᠳᠤᠯ ᠢ ᠳᠠᠬᠢᠨᠲᠠ ᠳᠡᠮᠵᠢᠬᠦ ᠵᠠᠪᠰᠢᠶᠠᠨ ᠢ ᠠᠮᠵᠢᠨ᠂ ᠵᠡᠭᠦᠨ ᠬᠤᠶᠢᠲᠣ ᠶᠢᠨ ᠠᠵᠦ ᠠᠬᠤᠢ ᠶᠢᠨ ᠲᠣᠭᠤᠷᠢᠭ ᠯᠤᠭ᠎ᠠ ᠶᠢᠨ ᠵᠣᠯᠭᠠᠯᠲᠠ ᠬᠠᠮᠵᠢᠯᠴᠠᠭ᠎ᠠ ᠪᠠᠨ ᠴᠢᠩᠭᠠᠳᠬᠠᠵᠤ᠂ ᠭᠠᠳᠠᠭᠠᠲᠤ ᠬᠠᠨᠳᠤᠯᠭᠠᠲᠤ ᠠᠵᠦ ᠠᠬᠤᠢ ᠶᠢ ᠬᠦᠴᠦᠲᠡᠢ ᠬᠥᠭᠵᠢᠭᠦᠯᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠢ ᠪᠥᠲᠦᠭᠡᠨ ᠪᠠᠶᠢᠭᠤᠯᠤᠨ᠂ ᠤᠯᠠᠭᠠᠨᠬᠠᠳᠠ ᠶᠢᠨ ᠣᠯᠠᠨ ᠤᠯᠤᠰ ᠤᠨ ᠬᠠᠭᠤᠷᠠᠢ ᠭᠠᠷᠠᠮ ᠢ ᠪᠠᠶᠢᠭᠤᠯᠤᠨ᠎ᠠ᠃ ᠬᠠᠯᠬ᠎ᠠ ᠶᠠᠫᠤᠨ ᠺᠤᠷᠢᠶᠠ᠂ ᠰᠢᠶᠠᠩᠭᠠᠩ ᠣᠣᠮᠧᠨ ᠲᠠᠶᠢᠸᠠᠨ ᠵᠡᠷᠭᠡ ᠤᠯᠤᠰ ᠪᠠ ᠣᠷᠣᠨ ᠭᠠᠵᠠᠷ ᠯᠤᠭ᠎ᠠ ᠶᠢᠨ ᠬᠠᠮᠵᠢᠯᠴᠠᠭ᠎ᠠ ᠪᠠᠨ ᠴᠢᠩᠳᠠᠯᠠᠵᠤ᠂ ᠭᠠᠳᠠᠭᠠᠳᠤ ᠲᠠᠢ ᠴᠢᠯᠦᠭᠡᠢ ᠶᠠᠪᠤᠯᠴᠠᠬᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠪᠠᠬᠢᠵᠢᠭᠦᠯᠦᠨ᠎ᠡ᠃      ︵ᠵᠢᠷᠭᠤᠭ᠎ᠠ︶ ᠬᠥᠭᠵᠢᠯᠲᠡ ᠪᠠᠨ ᠬᠠᠮᠲᠤᠪᠡᠷ ᠡᠳ᠋ᠯᠡᠵᠦ᠂ ᠠᠷᠠᠳ ᠤᠨ ᠠᠮᠢᠳᠤᠷᠠᠯ ᠤᠨ ᠳᠡᠭᠵᠢᠷᠡᠯ ᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠢᠨᠵᠧᠨᠧᠷᠢᠩ ᠢ ᠨᠠᠶᠢᠳᠠᠪᠤᠷᠢᠵᠢᠭᠤᠯᠵᠤ᠂ ᠠᠵᠦ ᠦᠢᠯᠡᠰ ᠢᠶᠠᠷ ᠳᠡᠮᠵᠢᠬᠦ᠂ ᠵᠦᠢᠲᠡᠢ ᠭᠠᠵᠠᠷ ᠨᠡᠭᠦᠯᠭᠡᠬᠦ᠂ ᠰᠢᠯᠵᠢᠭᠦᠯᠦᠨ ᠠᠵᠢᠯ ᠣᠯᠭᠤᠯᠬᠤ᠂ ᠨᠡᠶᠢᠭᠡᠮ ᠤᠨ ᠳᠠᠭᠠᠳᠬᠠᠯ ᠢ ᠪᠦᠷᠬᠦᠭᠦᠯᠬᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠬᠥᠷᠥᠩᠭᠡ ᠬᠤᠭᠰᠢᠯ ᠠᠴᠠ ᠪᠠᠨ‌ᠠᠰᠢᠭ ᠬᠦᠷᠲᠡᠬᠦ᠂ ᠰᠢᠨ᠎ᠡ ᠮᠠᠶ᠋ᠢᠭ ‍ᠤᠨ‌‍ᠲ᠋ᠠᠷᠢᠶᠠᠴᠢᠨ ᠮᠠᠯᠴᠢᠨ ᠢ ᠬᠥᠮᠦᠵᠢᠭᠦᠯᠬᠦ ᠵᠡᠷᠭᠡ ᠬᠡᠯᠪᠡᠷᠢ ᠪᠠᠷ2020 ᠣᠨ ᠪᠣᠯᠬᠤ ᠳᠤ ᠶᠠᠳᠠᠭᠤ ᠬᠦᠴᠢᠷᠲᠡᠢ ᠬᠦᠮᠦᠨ ᠠᠮᠠ ᠶᠢ ᠪᠥᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠲᠡᠢ ᠬᠤᠰᠢᠭᠤ ᠰᠢᠶᠠᠨ ᠤ ᠮᠠᠯᠠᠭᠠᠢ ᠪᠠᠨ ᠪᠥᠬᠦᠨ ᠢᠶᠠᠷ ᠢᠶᠠᠨ ᠲᠠᠶᠠᠭᠳᠠᠨ᠎ᠠ᠃ ᠠᠵᠢᠯ ᠣᠯᠭᠤᠨ ᠦᠢᠯᠡᠰ ᠪᠥᠲᠦᠭᠡᠬᠦ ᠠᠵᠢᠯ ᠢ ᠠᠬᠢᠭᠤᠯᠵᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠭᠦᠢᠴᠡᠳ ᠠᠵᠢᠯ ᠣᠯᠭᠤᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠷᠭ᠎ᠠ ᠪᠥᠬᠦᠨ ᠢ ᠰᠥᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠠᠵᠦ ᠠᠬᠤᠢ ᠶᠢᠨ ᠬᠥᠭᠵᠢᠯᠲᠡ ᠲᠠᠢ ᠠᠳᠠᠯᠢᠬᠠᠨ ᠨᠡᠮᠡᠭᠳᠡᠬᠦ ᠶᠢ ᠦᠨᠡᠩᠬᠦ ᠪᠠᠲᠤᠯᠠᠨ᠎ᠠ᠃ ᠣᠯᠠᠨ ᠳᠠᠪᠬᠤᠷᠭᠠᠲᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠶᠡᠬᠡᠪᠡᠷ ᠬᠥᠭᠵᠢᠭᠦᠯᠵᠦ᠂ ᠤᠯᠠᠭᠠᠨᠬᠠᠳᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠤᠲᠠ ᠶᠢ ᠪᠠᠶᠢᠭᠤᠯᠤᠨ᠎ᠠ᠃ ᠰᠣᠶᠣᠯ ᠭᠡᠭᠡᠷᠡᠯ ‍ᠤᠨ‌ᠦᠢᠯᠡᠰ ᠢ ᠬᠦᠴᠦᠲᠡᠢ ᠬᠥᠭᠵᠢᠭᠦᠯᠵᠦ᠂ ᠰᠣᠶᠣᠯ ᠤᠨ ᠵᠥᠭᠡᠯᠡᠨ ᠬᠦᠴᠦᠨ ᠢ ᠳᠡᠭᠡᠭᠰᠢᠯᠡᠭᠦᠯᠦᠨ᠎ᠡ᠃ ᠣᠯᠠᠨ ᠲᠥᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠲᠠᠮᠢᠷ ᠪᠣᠯᠣᠨ ᠪᠡᠶ᠎ᠡ‌‍ᠶᠢᠨ ᠲᠠᠮᠢᠷ ᠤᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠡᠷᠡᠭᠦᠯ ᠮᠡᠨᠳᠦ ᠶᠢᠨ ᠠᠵᠦ ᠦᠢᠯᠡᠰ ᠢ ᠶᠡᠬᠡᠪᠡᠷ ᠬᠥᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠠᠭᠰᠠᠨ ᠣᠯᠠᠨ ᠳᠠᠪᠬᠤᠷᠭᠠᠲᠤ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠦᠢᠯᠡᠰ ᠢ ᠲᠥᠷᠭᠡᠨ ᠬᠥᠭᠵᠢᠭᠦᠯᠵᠦ᠂ ᠣᠯᠠᠨ ᠲᠥᠮᠡᠨ ᠤ ᠣᠯᠠᠨ ᠳᠠᠪᠬᠤᠷᠭ᠎ᠠ ᠲᠠᠢ ᠣᠯᠠᠨ ᠡᠰᠢᠵᠢᠭᠰᠡᠨ ᠨᠠᠰᠤᠵᠢᠯ ᠤᠨ ᠬᠡᠷᠡᠭᠴᠡᠭᠡ ᠶᠢ ᠬᠠᠩᠭᠠᠨ᠎ᠠ᠃ ᠬᠤᠶᠠᠷ ᠬᠡᠦᠬᠡᠳ ᠤᠨ ᠲᠥᠷᠦ ᠶᠢᠨ ᠪᠣᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠬᠥᠮᠥᠨ ᠠᠮᠠ ᠶᠢᠨ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ ᠰᠢᠨ᠎ᠡ ᠡᠭᠦᠳᠦᠯᠲᠡ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ᠂ ᠢᠳᠡᠭᠡᠨ ᠡᠮ ᠤᠨ ᠵᠦᠢᠯ ᠤᠨ ᠠᠶᠤᠯᠭᠦᠢ᠂ ᠨᠡᠶᠢᠭᠡᠮ ᠤᠨ ᠠᠮᠦᠷ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠦᠪᠵᠢᠭᠦᠯᠵᠦ᠂ ᠡᠶ᠎ᠡ ᠵᠣᠬᠢᠴᠠᠯᠲᠠᠢ ᠲᠤᠭᠲᠠᠭᠤᠨ ᠨᠡᠶᠢᠭᠡᠮ ᠤᠨ ᠪᠠᠶᠢᠳᠠᠯ ᠢ ᠪᠣᠢ ᠪᠣᠯᠭᠠᠨ᠎ᠠ᠃  
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ