2016 ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠳᠥᠷᠪᠡ︶
ᠨᠡᠶᠢᠲᠡᠯᠡᠭᠰᠡᠨ ᠴᠠᠭ᠄
2016/6/8
     ᠭᠤᠷᠪᠠ᠂ 2016 ᠣᠨ ᠤ ᠭᠤᠣᠯ ᠠᠵᠢᠯ      2016 ᠣᠨ ᠪᠣᠯ ︽ᠠᠷᠪᠠᠨ ᠭᠤᠷᠪᠠᠳᠤᠭᠠᠷ ᠲᠠᠪᠤ ︾᠎ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠡᠷᠬᠡᠪᠰᠢ ᠲᠥᠪ᠂ ᠥᠪᠡᠷᠲᠡᠭᠡᠨ ᠵᠠᠰᠠᠬᠤ ᠣᠷᠤᠨ ᠪᠠ ᠬᠤᠲᠠ ᠶᠢᠨ ᠨᠠᠮ ᠤᠨ ᠬᠤᠷᠢᠶᠠᠨ ᠤ ᠰᠢᠷᠢᠰ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠭᠠᠨ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠡᠪ ᠪᠠᠶᠢᠳᠠᠯ ᠤᠨ ᠲᠣᠣᠷᠠᠬᠢ ᠰᠢᠨ᠎ᠡ ᠠᠵᠠ ᠲᠣᠬᠢᠶᠠᠯ ᠢ ᠡᠷᠢᠵᠦ᠂ ᠢᠯᠡᠷᠡᠭᠦᠯᠵᠦ᠂ ᠪᠣᠢ ᠪᠣᠯᠭᠠᠵᠤ᠂ ᠡᠵᠡᠮᠳᠡᠨ ︽ᠲᠠᠪᠤᠨ ᠶᠡᠭᠡ ᠪᠣᠳᠤᠯᠭ᠎ᠠ︾᠎ ᠶᠢ ᠲᠤᠤᠱᠯᠠᠭᠤᠯᠵᠤ᠂ ︽ᠠᠷᠪᠠ ᠶᠢ ᠨᠡᠩ ᠴᠢᠬᠤᠯᠠᠴᠢᠯᠠᠬᠤ︾᠎ ᠶᠢ ᠲᠣᠪᠤᠶᠢᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ︽ᠭᠤᠷᠪᠠ ᠶᠢ ᠰᠢᠢᠳᠪᠦᠷᠢᠯᠡᠵᠦ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠲᠠᠪᠤᠨ ᠶᠡᠭᠡ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠦᠯᠡᠭᠦᠦ ᠦᠢᠯᠡᠳᠪᠦᠷᠢᠯᠡᠯ ᠤᠨ ᠴᠢᠳᠠᠪᠬᠢ ᠶᠢ ᠬᠦᠴᠦ ᠤᠷᠤᠭᠤᠯᠤᠨ ᠨᠠᠮᠳᠠᠭᠠᠨ᠎ᠠ᠃ ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ ᠪᠠᠬᠢᠵᠢᠭᠦᠯᠦᠨ ᠬᠥᠭᠵᠢᠭᠦᠯᠬᠦ ᠪᠣᠯᠣᠨ ᠦᠯᠡᠭᠦᠦ ᠦᠢᠯᠡᠳᠪᠦᠷᠢᠯᠡᠯ ᠤᠨ ᠴᠢᠳᠠᠪᠦᠷᠢ ᠶᠢ ᠨᠠᠮᠳᠠᠭᠠᠬᠤ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠵᠣᠷᠢᠭ ᠰᠢᠭᠤᠳᠤᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠳᠠᠪᠠᠭᠤᠯᠢᠭ ᠦᠢᠯᠡᠳᠪᠦᠷᠢᠯᠡᠯ ᠤᠨ ᠴᠢᠳᠠᠪᠦᠷᠢ ᠶᠢ ᠪᠤᠶᠢᠵᠢᠭᠤᠯᠬᠤ ᠪᠠ ᠳᠣᠣᠷ᠎ᠠ ᠪᠦᠲᠦᠮᠵᠢᠲᠦ ᠦᠢᠯᠡᠳᠪᠦᠷᠢᠯᠡᠯ ᠤᠨ ᠴᠢᠳᠠᠪᠦᠷᠢ ᠶᠢ ᠬᠢᠵᠠᠭᠠᠷᠯᠠᠨ᠎ᠠ᠃ ᠯᠠᠪᠳᠠᠭᠤᠨ ᠡᠮᠬᠢ ᠵᠢᠷᠤᠮ ᠲᠠᠢ ᠪᠠᠷ ᠭᠡᠷ ᠭᠠᠵᠠᠷ ᠬᠥᠷᠦᠩᠭᠡ ᠶᠢᠨ ᠬᠠᠳᠠᠭᠠᠯᠠᠮᠵᠢ ᠶᠢ ᠦᠭᠡᠶᠢᠰᠭᠡᠨ᠎ᠡ᠃ ᠶᠡᠷᠦᠩᠬᠡᠶᠢᠯᠡᠭᠰᠡᠨ ᠠᠷᠭ᠎ᠠ ᠪᠤᠲᠣᠯᠭ᠎ᠠ ᠪᠠᠷ ᠭᠡᠷ ᠬᠦᠷᠦᠩᠭᠡ ᠶᠢᠨ ᠬᠠᠳᠠᠭᠠᠯᠠᠮᠵᠢ ᠶᠢ ᠰᠢᠩᠭᠡᠭᠡᠵᠦ᠂ ᠡᠷᠦᠬᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠬᠤᠲᠠ ᠣᠷᠣᠵᠣ ᠡᠷᠦᠬᠡ ᠳᠠᠩᠰᠠᠯᠠᠭᠤᠯᠬᠤ ᠪᠣᠳᠠᠲᠠᠶ ᠠᠷᠭ᠎ᠠ ᠪᠠ ᠲᠥᠬᠦᠷ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠠᠬᠢᠭᠤᠯᠵᠤ᠂ ᠬᠠᠳᠠᠨ ᠴᠢᠨᠠᠷ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠪᠤᠢ ᠪᠤᠯᠭᠠᠨ᠎ᠠ᠃ ᠮᠥᠩᠭᠦᠨ ᠭᠦᠢᠯᠭᠡᠭᠡ ᠶᠢᠨ ᠠᠶᠤᠯ ᠳᠦᠭᠰᠢᠭᠦᠷᠢ ᠶᠢ ᠦᠨᠡᠨᠬᠦ ᠰᠡᠷᠭᠡᠶᠢᠯᠡᠵᠦ᠃ ᠵᠠᠰᠠᠭ ᠤᠨ ᠣᠷᠳᠣᠨ ᠤ ᠦᠯᠡᠳᠡᠵᠦ ᠪᠠᠶᠢᠭ᠎ᠠ ᠥᠭᠴᠡᠭᠡ ᠶᠢ ᠰᠣᠯᠢᠬᠤ᠂ ᠢᠷᠭᠡᠨ ᠤ ᠵᠢᠭᠡᠯᠡᠯᠭᠡ ᠶᠢᠨ ᠬᠢᠨᠠᠯᠲᠠ ᠬᠠᠮᠢᠶᠠᠷᠤᠯᠲᠠ᠂ ᠲᠦᠭᠰᠢᠭᠦᠷᠢᠲᠦ ᠬᠡᠷᠡᠭ ᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠰᠢᠰᠲ᠋ᠧᠮᠵᠢ ᠴᠢᠨᠠᠷ ᠲᠠᠢ᠂ ᠣᠷᠣᠨ ᠪᠥᠰᠡᠲᠦ ᠴᠢᠨᠠᠷᠲᠠᠶ ᠠᠶᠤᠯ ᠲᠦᠭᠰᠢᠭᠦᠷᠢ ᠭᠠᠷᠬᠤ ᠦᠭᠡᠢ ᠶᠢ ᠡᠷᠡᠰ ᠪᠠᠷᠢᠮᠲᠠᠯᠠᠨ᠎ᠠ᠃ ᠣᠯᠠᠨ ᠠᠷᠭ᠎ᠠ ᠶᠢ ᠵᠡᠷᠭᠡ ᠳᠤᠨᠢ ᠬᠡᠷᠡᠭᠯᠡᠵᠦ ᠠᠵᠤ ᠠᠬᠤᠶᠢᠯᠠᠯ ᠤᠨ ᠤᠭ ᠥᠷᠲᠡᠭ ᠢ ᠪᠠᠭᠤᠷᠠᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠷᠢᠰ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠭᠠᠶᠢᠯᠢ ᠶᠢ ᠴᠡᠭᠴᠡᠯᠡᠨ ᠰᠦᠢᠳᠬᠡᠯ ᠢ ᠲᠢᠭᠯᠡᠬᠦ᠂ ᠮᠥᠩᠭᠦᠨ ᠭᠦᠢᠯᠭᠡᠭᠡᠨ ᠤ ᠲᠠᠯ᠎ᠠ ᠪᠠᠷ ᠲᠡᠳᠬᠦᠨ ᠳᠡᠮᠵᠢᠬᠦ᠂ ᠭᠦᠢᠯᠭᠡᠭᠡ ᠪᠠ ᠴᠠᠬᠢᠯᠭᠠᠨ ᠤ ᠦᠨ᠎ᠡ ᠶᠢᠨ ᠤᠭ ᠦᠷᠳᠡᠭ ᠢ ᠪᠠᠭᠤᠷᠠᠭᠤᠯᠬᠤ ᠵᠡᠷᠭᠡ ᠲᠠᠯ᠎ᠠ ᠪᠠᠷ ︽ᠬᠠᠮ ᠪᠣᠳᠣᠯᠭ᠎ᠠ︾ ᠭᠠᠷᠭᠠᠵᠤ᠂ ᠪᠣᠳᠠᠲᠤ ᠠᠵᠤ ᠠᠬᠤᠶ ᠶᠢᠨ ᠬᠥᠭᠵᠢᠯᠲᠡ ᠶᠢᠨ ᠬᠦᠯᠢᠶᠡᠰᠦ ᠶᠢ ᠠᠯᠳᠠᠷᠠᠭᠠᠵᠤ ᠳᠠᠷᠤᠭᠠᠰᠤ ᠶᠢ ᠨᠢ ᠬᠥᠩᠭᠡᠷᠡᠭᠦᠯᠵᠦ᠂ ᠠᠮᠢᠳᠤ ᠰᠣᠷᠭᠤᠭ ᠬᠦᠴᠦᠨ ᠨᠡᠮᠡᠷᠢᠯᠡᠨ᠎ᠡ᠃ ᠳᠤᠲᠠᠭᠳᠠᠯ ᠢᠶᠠᠨ ᠠᠩᠬᠠᠷᠠᠨ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠨ᠎ᠡ᠃ ᠮᠠᠨ ᠤ ᠬᠤᠳᠠ ᠶᠢᠨ ᠪᠠᠶᠢᠳᠠᠯ ᠢᠶᠠᠨ ᠦᠨᠳᠦᠰᠦᠯᠡᠨ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠦᠲᠦᠮᠵᠢᠳᠤ ᠴᠢᠨᠠᠷ ᠪᠣᠯᠤᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠲᠡᠩᠴᠡᠭᠦᠷᠢ ᠶᠢ ᠠᠬᠢᠭᠤᠯᠵᠤ᠂ ᠪᠡᠯᠡ ᠮᠥᠩᠭᠦ ᠶᠢᠨ ᠡᠬᠢ ᠪᠠᠶᠠᠯᠢᠭ ᠢ ᠤᠯᠠᠮᠵᠢᠯᠠᠯᠲᠤ ᠠᠵᠤ ᠦᠢᠯᠡᠰ ᠢ ᠦᠭᠡᠷᠡᠴᠢᠯᠡᠬᠦ ᠵᠦᠭ ᠲᠥᠪᠯᠡᠷᠡᠭᠦᠯᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠵᠦᠭ ᠲᠦᠪᠯᠡᠷᠡᠭᠦᠯᠦᠨ᠎ᠡ᠃      ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠤᠷᠤᠨ ᠣᠷᠣᠨ ᠤ ᠦᠢᠯᠡᠳᠪᠦᠷᠢᠯᠡᠯ ᠤᠨ ᠶᠡᠷᠥᠩᠬᠡᠢ ᠦᠷᠲᠡᠭ ᠢ 7.5 %᠎ ᠪᠠᠷ ᠨᠡᠮᠡᠭᠳᠡᠭᠦᠯᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6.5 %᠎ ᠪᠠᠷ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 12 %᠎ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠬᠤᠳᠠᠯᠳᠤᠬᠤ ᠶᠡᠷᠦᠩᠬᠡᠶ ᠲᠤᠭ᠎ᠠ ᠶᠢ 10 %᠎ ᠪᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ‌ᠣᠷᠣᠯᠭ᠎ᠠ ᠶᠢ ᠲᠤᠰᠪᠦᠷᠢ 9 % ᠪᠠ 10 %᠎ ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4%᠎ ᠶᠢᠨ ᠳᠣᠲᠣᠷ᠎ᠠ ᠬᠢᠵᠠᠭᠠᠷᠯᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠯ᠎ᠡ ᠵᠦᠢᠯ ᠤᠨ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠡᠭᠦᠷᠭᠡ ᠪᠠᠨ ᠪᠡᠶᠡᠯᠡᠭᠦᠯᠦᠨ᠎ᠡ᠃ ᠪᠤᠳᠠᠲᠠᠢ ᠦᠢᠯᠡᠳᠦᠯᠭᠡ ᠳᠤᠮᠳᠠ ᠳᠣᠣᠷᠠᠬᠢ ᠲᠦᠷᠪᠡᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃      ︵ᠨᠢᠭᠡ︶ ︽ᠵᠢᠷᠭᠤᠭᠠᠨ ᠶᠡᠭᠡ ᠠᠵᠤ ᠦᠢᠯᠡᠰ︾᠎ ᠶᠢ ᠬᠦᠴᠦᠯᠡᠨ ᠠᠬᠢᠭᠤᠯᠵᠤ ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠰᠢᠨ᠎ᠡ ᠪᠠᠶᠢᠳᠠᠯ ᠢ ᠪᠣᠢ ᠪᠣᠯᠭᠠᠨ᠎ᠠ      ᠲᠡᠮᠦᠷᠯᠢᠭ ᠬᠠᠶᠢᠯᠠᠭᠤᠯᠬᠤ ᠠᠵᠤ ᠦᠢᠯᠡᠰ ᠤᠨ ᠤᠷᠳᠤᠳᠬᠠᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠥᠩᠭᠡᠲᠦ ᠲᠡᠮᠦᠷᠯᠢᠭ ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠬᠤᠲᠠ ᠶᠢᠨ ᠲᠤᠳᠤᠨᠠᠬᠢ ᠠᠵᠤ ᠠᠬᠤᠶᠢᠯᠠᠯ ᠪᠣᠯᠤᠨ ᠠᠵᠢᠯ ᠲᠥᠷᠥᠯ ᠤᠨ ᠲᠤᠮᠤ ᠠᠵᠤ ᠠᠬᠤᠶᠢᠯᠠᠯ ᠲᠣᠮᠣ ᠪᠦᠯᠦᠭᠯᠡᠯ ᠯᠦᠭᠡ ᠬᠠᠮᠲᠤᠷᠠᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠦ᠂ ᠨᠢᠭᠡ ᠪᠦᠯᠦᠭ ᠲᠡᠷᠢᠭᠦᠨ ᠤ ᠮᠡᠷᠭᠡᠵᠢᠯ ᠲᠠᠢ᠂ ᠨᠡᠮᠡᠯᠲᠡ ᠦᠷᠲᠡᠭ ᠢᠶᠠᠷ ᠥᠨᠳᠥᠷ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ ᠨᠠᠶᠢᠳᠠᠪᠦᠷᠢᠵᠢᠭᠤᠯᠵᠤ᠂ ᠲᠡᠮᠦᠷᠯᠢᠭ ᠬᠠᠶᠢᠯᠠᠭᠤᠯᠬᠤ ᠠᠵᠤ ᠦᠢᠯᠡᠰ ᠤᠨ ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠶᠢ 1200 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠵᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠶᠢᠨ ᠶᠦᠨ ᠲᠥᠩ ᠪᠣᠯᠣᠨ ᠶᠢᠨ ᠵᠢᠶᠠᠨ ᠵᠡᠰ ᠤᠨ ᠠᠵᠤ ᠦᠢᠯᠡᠰ ᠤᠨ ᠨᠡᠭᠦᠬᠦ ᠮᠡᠷᠭᠡᠵᠢᠯ ᠤᠨ ᠰᠢᠨᠡᠴᠢᠯᠡᠯᠡᠲᠡ ᠬᠢᠵᠦ᠂ ᠴᠢᠳᠠᠮᠵᠢ ᠪᠠᠨ ᠥᠷᠭᠡᠳᠬᠡᠬᠦ ᠲᠥᠷᠦᠯ ᠵᠦᠢᠯ ᠢ ᠬᠡᠷᠡᠭᠵᠢᠭᠦᠯᠦᠨ᠎ᠡ᠃ ᠵᠥᠩ ᠶᠢᠨ ᠯᠢᠩ ᠨᠠᠨ ᠤ 30 ᠲᠦᠮᠡᠨ ᠲᠣᠨ ᠬᠠᠷ᠎ᠠ ᠲᠤᠭᠤᠯᠭ᠎ᠠ ᠴᠠᠶᠢᠷ ᠵᠡᠷᠭᠡ ᠤᠯᠠᠨ ᠲᠡᠮᠦᠷᠯᠢᠭ ᠬᠠᠶᠢᠯᠤᠭᠤᠯᠬᠤ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ ᠶᠤᠸᠠᠨ ᠯᠢᠶᠠᠨ ᠪᠤᠯᠤᠳ ᠲᠡᠮᠦᠷ ᠤᠨ 150 ᠲᠦᠮᠡᠨ ᠲᠣᠨ ᠥᠷᠭᠡᠨ ᠬᠠᠪᠳᠠᠰᠤᠲᠤ ᠪᠣᠯᠤᠳ᠂ ᠵᠡᠭᠦᠨ ᠬᠤᠶᠢᠲᠤ ᠶᠢᠨ ᠣᠨᠴᠠᠭᠠᠶ ᠪᠣᠯᠣᠳ ᠤᠨ 2 ᠲᠦᠮᠡᠨ ᠲᠣᠨ ᠮᠤᠯᠢᠪᠲᠧᠨ ᠦᠢᠯᠡᠳᠬᠦᠨ ᠵᠡᠷᠭᠡ ᠲᠦᠷᠦᠯ ᠵᠦᠢᠯ ᠤᠨ ᠠᠰᠢᠭᠯᠠᠯᠲᠠ ᠳᠤ ᠣᠷᠤᠵᠤ ᠦᠷ᠎ᠡ ᠪᠦᠲᠦᠮᠵᠢ ᠣᠯᠬᠤ ᠶᠢ ᠦᠨᠡᠨᠬᠦ ᠪᠠᠳᠤᠯᠠᠨ᠎ᠠ᠃ ᠲᠡᠮᠦᠷᠯᠢᠭ ᠪᠣᠯᠪᠠᠰᠤᠷᠠᠭᠤᠯᠬᠤ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠤᠯᠪᠣᠭᠠᠯᠠᠨ ᠬᠥᠭᠵᠢᠬᠦ ᠶᠢ ᠲᠦᠯᠬᠢᠨ ᠠᠬᠢᠭᠤᠯᠵᠤ᠂ ᠬᠦᠬᠦᠷ ᠬᠦᠴᠢᠯ ᠵᠡᠷᠭᠡ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠤᠯᠠᠷᠢᠭᠤᠯᠤᠨ ᠠᠰᠢᠭᠯᠠᠵᠤ᠂ ᠳ᠋ᠠ ᠳ᠋ᠢ ᠶᠦᠨ ᠲᠢᠶᠠᠨ ᠹᠣᠰᠹᠣᠷ ᠪᠤᠷᠳᠤᠭᠤᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠤᠰᠤᠨ ᠦᠢᠯᠡᠳᠪᠦᠷᠢᠯᠡᠬᠦ ᠪᠠ ᠬᠤᠶᠠᠳᠤᠭᠠᠷ ᠬᠤᠭᠤᠴᠠᠭᠠᠨ ᠤ ᠪᠦᠳᠤᠭᠡᠨ ᠪᠠᠶᠢᠭᠤᠯᠤᠯᠲᠠ ᠶᠢ ᠡᠬᠢᠯᠡᠭᠦᠯᠬᠦ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠰᠢᠨ᠎ᠡ ᠹᠯᠣᠷᠲᠤ ᠬᠢᠮᠢ ᠶᠢᠨ ᠠᠵᠤ ᠦᠢᠯᠡᠳᠪᠦᠷᠢ᠂ ᠣᠷᠭᠠᠨᠢᠭ ᠪᠤᠰᠤ ᠪᠣᠷᠳᠣᠭᠤᠷ ᠤᠨ ᠲᠥᠷᠥᠯ ᠵᠦᠢᠯ ᠢ ᠲᠥᠯᠥᠪᠯᠡᠵᠦ᠂ ᠠᠵᠤ ᠦᠢᠯᠡᠰ ᠤᠨ ᠬᠡᠯᠬᠢᠶᠡᠵᠢᠭᠰᠡᠨ᠂ ᠬᠦᠷᠢᠶᠡᠯᠡᠩ ᠲᠣᠭᠤᠷᠢᠭ ᠤᠨ ᠣᠷᠴᠢᠯ ᠮᠠᠶ᠋ᠢᠭ ᠤᠨ ᠬᠥᠭᠵᠢᠯᠲᠡ ᠶᠢ ᠪᠡᠶᠡᠯᠡᠭᠦᠯᠦᠨ᠎ᠡ᠃ ᠲᠦᠭᠰᠢᠭᠦᠷᠢ ᠲᠠᠢ ᠠᠭᠤᠷᠬᠠᠢ ᠬᠠᠶᠢᠬᠤ᠂ ᠭᠦᠨ ᠬᠡᠰᠡᠭ ᠲᠤ ᠠᠭᠤᠷᠬᠠᠶ ᠬᠠᠶᠢᠬᠤ᠂ ᠭᠠᠳᠠᠷ ᠣᠷᠴᠢᠨ ᠢᠶᠠᠷ ᠠᠭᠤᠷᠬᠠᠶ ᠡᠷᠢᠬᠦ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠢᠭᠡᠳᠬᠡᠬᠦ ᠶᠢ ᠠᠬᠢᠭᠤᠯᠵᠤ᠂ ᠠᠭᠤᠷᠬᠠᠶ ᠶᠢᠨ ᠦᠢᠯᠡᠰ ᠤᠨ ᠪᠦᠯᠦᠭᠯᠡᠯ ᠢ ᠵᠤᠬᠢᠶᠠᠨ ᠪᠠᠶᠢᠭᠤᠯᠵᠤ᠂ ᠥᠩᠭᠡᠲᠦ ᠲᠡᠮᠦᠷᠯᠢᠭ ᠤᠨ ᠶᠡᠷᠦᠩᠬᠡᠶ ᠴᠣᠭᠴᠠ ᠶᠢ ᠡᠬᠢᠯᠡᠨ ᠪᠠᠶᠢᠭᠤᠯᠵᠤ᠂ ᠲᠡᠮᠦᠷᠯᠢᠭ ᠬᠠᠶᠢᠯᠠᠭᠤᠯᠬᠤ ᠠᠵᠤ ᠦᠢᠯᠡᠰ ᠢ ᠬᠦᠴᠦᠷᠭᠡᠭᠵᠢᠭᠦᠯᠬᠦ ᠳᠤ ᠨᠡᠩ ᠬᠦᠴᠦᠲᠡᠶ ᠪᠠᠲᠤᠯᠠᠭ᠎ᠠ ᠬᠠᠩᠭᠠᠨ᠎ᠠ᠃      ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠴᠠᠬᠢᠯᠭᠠᠨ ᠤ ᠪᠡᠯᠡ ᠤᠷᠤᠭᠤᠯᠤᠯᠲᠠ ᠶᠢᠨ ᠢᠯᠴᠢ ᠴᠠᠬᠢᠯᠭᠠᠨ ᠤ ᠬᠤᠯᠪᠤᠭᠠᠯᠠᠭᠰᠠᠨ ᠦᠢᠯᠡᠰ᠂ ᠶᠤᠸᠠᠨ ᠢ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠳ᠋ᠠᠪᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠲᠦ ᠡᠨᠧᠷᠭᠢ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠳ᠋ᠠ ᠲᠠᠩ ᠨᠡᠭᠦᠷᠡᠰᠦᠨ ᠬᠡᠢ ᠶᠢᠨ ᠨᠢᠭᠡᠳᠦᠭᠡᠷ ᠬᠤᠭᠤᠴᠠᠭ᠎ᠠ ᠶᠢᠨ Ⅱ ᠰᠢᠰᠲ᠋ᠧᠮ ᠢ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ 60 ᠲᠦᠮᠡᠨ ᠺᠢᠯᠣᠸᠠᠲ ᠰᠢᠨ᠎ᠡ ᠡᠨᠧᠷᠭᠢ ᠶᠢᠨ ᠲᠥᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠦᠨ᠎ᠡ᠃ ᠴᠢᠩ ᠬᠤᠸᠠ ᠨᠡᠭᠦᠷᠡᠰᠦ ᠪᠠᠷ ᠰᠠᠭᠤᠷᠢ ᠪᠣᠯᠭᠠᠭᠰᠠᠨ ᠴᠡᠪᠡᠷ ᠡᠨᠧᠷᠭᠢ᠂ ᠳ᠋ᠠ ᠲᠠᠩ ᠤᠨ ᠨᠡᠭᠦᠷᠡᠰᠦᠨ ᠬᠡᠢ ᠶᠢᠨ ᠬᠤᠶᠠᠷ ᠬᠤᠭᠤᠴᠠᠭ᠎ᠠ᠂ ᠬᠡᠰᠢᠭᠲᠡᠨ ᠬᠤᠰᠢᠭᠤᠨ ᠤ 120 ᠲᠦᠮᠡᠨ ᠺᠢᠯᠣᠸᠠᠲ ᠤᠰᠤ ᠲᠠᠲᠠᠵᠤ ᠡᠨᠧᠷᠭᠢ ᠬᠠᠳᠠᠭᠠᠯᠠᠬᠤ᠂ ᠳ᠋ᠠ ᠲᠠᠩ ᠤᠨ ᠬᠡᠰᠢᠭᠲᠡᠨ ᠬᠤᠰᠢᠭᠤᠨ ᠤ 2 × 66 ᠲᠦᠮᠡᠨ ᠺᠢᠯᠣᠸᠠᠲ ᠢᠯᠴᠢ ᠴᠠᠬᠢᠯᠭᠠᠨ᠂ ᠤᠯᠤᠰ ᠤᠨ ᠴᠠᠬᠢᠯᠭᠠᠨ ᠤ ᠯᠢᠨᠳᠦ᠋ᠩ ᠤᠨ 2 × 100 ᠲᠦᠮᠡᠨ ᠺᠢᠯᠣᠸᠠᠲ ᠢᠯᠴᠢ ᠴᠠᠬᠢᠯᠭᠠᠨ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠳᠡᠷᠡᠯ ᠵᠠᠮ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ ᠶᠤᠸᠠᠨ ᠪᠣᠣ ᠱᠠᠨ ᠴᠠᠬᠢᠯᠭᠠᠨ ᠦᠢᠯᠡᠳᠪᠦᠷᠢ ᠶᠢᠨ ᠾᠧᠪᠸᠢ ᠶᠢᠨ ᠬᠤᠶᠢᠲᠤ ᠬᠡᠰᠡᠭ ᠤᠨ ᠴᠠᠬᠢᠯᠭᠠᠨ ᠲᠣᠣᠷᠵᠢᠯ ᠳᠤ ᠵᠠᠯᠭᠠᠵᠤ ᠴᠠᠬᠢᠯᠭᠠᠨ ᠬᠦᠷᠬᠡᠬᠦ ᠶᠢ ᠡᠬᠢᠯᠡᠨ ᠨᠠᠶᠢᠳᠠᠪᠦᠷᠢᠵᠢᠭᠤᠯᠵᠤ᠂ ᠤᠯᠠᠭᠠᠨᠬᠠᠳᠠ ᠠᠴᠠ ᠤᠮᠠᠷᠠᠲᠦ ᠣᠷᠣᠨ ᠬᠦᠷᠬᠦ ᠬᠡᠳᠦ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠨᠡᠪᠳᠡᠷᠡᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃      ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ︽3661︾ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠵᠤᠯᠤᠨ᠎ᠠ ᠳᠣᠣᠷ᠎ᠠ ᠳᠤᠰᠤᠯᠭᠠᠨ ᠤᠰᠤᠯᠠᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠰᠠᠶᠢᠲᠤᠷ ᠠᠳᠬᠤᠵᠤ᠂ ᠳᠥᠬᠦᠭᠡᠷᠦᠮᠵᠢᠲᠦ ᠲᠠᠷᠢᠶᠠᠯᠠᠩ᠂ ᠴᠢᠨᠠᠷ ᠰᠠᠶᠢᠲᠠᠶ ᠬᠦᠷᠡᠩ ᠴᠠᠷᠭᠠᠰᠤ᠂ ᠡᠯᠪᠡᠭ ᠭᠠᠷᠤᠯᠲᠠ ᠲᠠᠢ ᠠᠵᠤ ᠠᠬᠤᠶ ᠶᠢᠨ ᠤᠢ ᠶᠢ ᠲᠤᠰ ᠲᠤᠰ 20 ᠲᠦᠮᠡᠨ ᠮᠤ᠋ ᠰᠢᠨ᠎ᠡ ᠪᠠᠷ ᠪᠦᠳᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢ ᠳᠡᠮᠵᠢᠨ᠂ ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠯ᠂ ᠲᠤᠰᠬᠠᠶ ᠬᠤᠷᠰᠢᠶᠠᠵᠢᠯ ᠤᠨ ᠳᠠᠭᠠᠭᠤᠯᠤᠯ᠂ ᠲᠡᠷᠢᠵᠦ ᠲᠡᠵᠢᠭᠡᠬᠦ ᠲᠤᠮᠤ ᠡᠷᠦᠭᠡ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠳᠤ ᠳᠦᠰᠢᠭᠯᠡᠨ᠂ ᠭᠠᠵᠠᠷ ᠰᠢᠷᠣᠶ ᠬᠠᠳᠤᠯᠠᠩ ᠪᠡᠯᠴᠢᠭᠡᠷ ᠤᠨ ᠬᠠᠤᠯᠢ ᠶᠣᠰᠣᠭᠠᠷ ᠡᠮᠬᠢ ᠵᠢᠷᠤᠮ ᠲᠠᠢ ᠡᠷᠭᠢᠯᠲᠡ ᠳᠤ ᠣᠷᠣᠭᠤᠯᠬᠤ ᠶᠢ ᠠᠬᠢᠭᠤᠯᠵᠤ᠂ ᠭᠠᠵᠠᠷ ᠰᠢᠷᠣᠶ ᠶᠢᠨ ︽ᠠᠰᠠᠷᠠᠭᠴᠢ︾ ᠮᠠᠶ᠋ᠢᠭ ᠤᠨ ᠨᠠᠶᠢᠳᠠᠵᠤ ᠬᠠᠮᠢᠶᠠᠷᠬᠤ ᠦᠢᠯᠡᠴᠢᠯᠡᠭᠡ ᠶᠢ ᠴᠢᠩᠭᠠᠳᠬᠠᠵᠤ᠂ ᠴᠢᠨᠠᠷ ᠰᠠᠶᠢᠲᠠᠶ ᠦᠷ᠎ᠡ ᠠᠰᠢᠭ ᠶᠡᠬᠡᠲᠡᠶ ᠲᠠᠷᠢᠵᠦ ᠲᠡᠵᠢᠭᠡᠬᠦ ᠦᠢᠯᠡᠰ ᠤᠨ ᠬᠠᠷᠢᠴᠠᠯ ᠢ ᠨᠡᠮᠡᠭᠳᠡᠭᠦᠯᠦᠨ᠎ᠡ᠃ ᠣᠣ ᠶᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠾᠧᠩ ᠳ᠋ᠦ᠋ ᠠᠯᠠᠰᠢᠨ ᠦᠬᠡᠷ ᠨᠢᠲᠤᠯᠵᠤ ᠡᠳ᠋ᠰᠢᠭᠦᠯᠬᠦ᠂ ᠵᠥᠩ ᠯᠢᠶᠠᠩ ᠭᠠᠭ᠋ᠠᠶ ᠲᠡᠵᠢᠭᠡᠬᠦ ᠪᠦᠷᠢᠨ ᠠᠵᠤ ᠦᠢᠯᠡᠰ ᠤᠨ ᠬᠡᠯᠬᠢᠶ᠎ᠡ᠂ ᠯᠢᠩ ᡁᠢ ᠲᠦᠷᠭᠡᠨ ᠬᠥᠯᠳᠡᠭᠡᠬᠦ ᠲᠥᠮᠦᠰᠦᠨ ᠵᠤᠷᠪᠤᠰ ᠪᠣᠯᠪᠠᠰᠤᠷᠠᠭᠤᠯᠬᠤ ᠵᠡᠷᠭᠡ ᠳᠦᠷᠦᠯ ᠵᠦᠢᠯ ᠢ ᠲᠦᠷᠭᠡᠨ ᠠᠬᠢᠭᠤᠯᠵᠤ᠂ ᠨᠢᠭᠡ ᠪᠦᠯᠦᠭ ᠲᠠᠷᠢᠶᠠᠯᠠᠩ ᠤᠨ ᠲᠤᠰᠠᠯᠠᠬᠤ ᠦᠢᠯᠡᠳᠭᠦᠨ ᠢ ᠬᠥᠮᠥᠷᠭᠡᠯᠡᠨ ᠭᠦᠢᠯᠭᠡᠭᠡᠬᠦ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠰᠦᠯᠵᠢᠶᠡᠨ ᠠᠷᠠᠯᠵᠢᠶᠠᠨ ᠤ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭᠠᠨ ᠤ ᠠᠵᠤ ᠠᠬᠤᠶ ᠶᠢ ᠬᠥᠭᠵᠢᠭᠦᠯᠦᠨ᠎ᠡ᠃ ᠦᠬᠡᠷ ᠬᠤᠨᠢᠨ ᠮᠢᠬ᠎ᠠ᠂ ᠡᠯᠳᠡᠪ ᠠᠮᠤ ᠪᠤᠷᠴᠠᠭ᠂ ᠵᠢᠮᠢᠰ ᠢᠳᠡᠰᠢᠨ ᠨᠣᠭᠤᠭ᠎ᠠ ᠵᠡᠷᠭᠡ ᠲᠠᠷᠢᠶᠠᠯᠠᠩ ᠮᠠᠯᠵᠢᠯ ᠤᠨ ᠣᠨᠴᠠ ᠪᠦᠲᠦᠭᠡᠭᠳᠡᠬᠦᠨ ᠢ ᠰᠠᠶᠢᠨ ᠦᠢᠯᠡᠳᠴᠦ᠂ ᠬᠤᠲᠠ ᠶᠢᠨ ᠬᠡᠪᠴᠢᠶᠡᠨ ᠳᠠᠬᠢ ᠡᠬᠢ ᠪᠠᠶᠠᠯᠢᠭ ᠢ ᠡᠮᠬᠢᠯᠡᠨ᠂ ᠤᠯᠠᠭᠠᠨᠬᠠᠳᠠ ᠶᠢᠨ ᠣᠨᠴᠠᠯᠢᠭ ᠪᠦᠬᠦᠢ ᠨᠢᠭᠡ ᠪᠦᠯᠦᠭ ᠪᠠᠶᠢᠭᠠᠯᠢᠯᠢᠭ ᠣᠷᠭᠠᠨᠢᠭ ᠲᠡᠮᠳᠡᠭᠲᠦ ᠶᠢ ᠪᠣᠢ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠵᠥᠷᠢᠶᠡᠲᠦ ᠬᠢᠨᠠᠨ ᠰᠢᠯᠭᠠᠯᠲᠠ ᠶᠢ ᠳᠣᠷᠰᠢᠨ ᠬᠡᠷᠡᠭᠵᠢᠭᠦᠯᠵᠦ᠂ ᠮᠥ ᠪᠦᠷᠢ᠂ ᠮᠠᠯ ᠪᠦᠷᠢ ᠳᠤ ᠣᠨᠤᠭᠳᠠᠬᠤ ᠦᠷ᠎ᠡ ᠠᠰᠢᠭ᠂ ᠶᠡᠷᠦᠩᠬᠡᠶᠢᠯᠡᠭᠰᠡᠨ ᠮᠠᠰᠢᠨᠵᠢᠯᠲᠠ ᠶᠢᠨ ᠨᠤᠷᠮ᠎ᠠ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠭᠦᠢᠴᠡᠳᠬᠡᠬᠦ ᠲᠤᠭ᠎ᠠ ᠶᠢ ᠳᠤᠪᠤᠶᠢᠯᠭᠠᠵᠤ᠂ ᠲᠠᠷᠢᠶᠠᠯᠠᠩ ᠮᠠᠯ ᠠᠵᠤ ᠠᠬᠤᠶ ᠶᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ᠂ ᠡᠷᠴᠢᠮᠵᠢᠭᠦᠯᠬᠦ ᠴᠢᠭᠯᠡᠯ ᠲᠡᠰᠢ ᠬᠥᠭᠵᠢᠬᠦ ᠶᠢ ᠬᠥᠳᠦᠯᠦᠨ ᠵᠢᠯᠤᠭᠤᠳᠤᠨ᠎ᠠ᠃       ᠰᠣᠶᠣᠯ ᠤᠨ ᠵᠤᠭᠠᠴᠠᠯ ᠤᠨ ᠦᠢᠯᠡᠰ ᠤᠨ ᠴᠢᠨᠠᠷ ᠤᠨ ᠰᠠᠶᠢᠵᠢᠷᠠᠯ ᠦᠷ᠎ᠡ ᠠᠰᠢᠭ ᠤᠨ ᠨᠡᠮᠡᠭᠳᠡᠯ ᠢ ᠲᠦᠯᠬᠢᠨ ᠠᠬᠢᠭᠤᠯᠤᠨ᠎ᠠ᠃ ᠰᠣᠶᠣᠯ ᠤᠨ ᠵᠤᠭᠠᠴᠠᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠺᠣᠮᠫᠠᠨᠢ ᠪᠠᠶᠢᠭᠤᠯᠵᠤ᠂ ᠰᠣᠶᠣᠯ ᠤᠨ ᠲᠠᠯᠠᠪᠠᠢ ᠣᠷᠳᠣᠨ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠦᠵᠡᠮᠵᠢᠲᠦ ᠣᠷᠣᠨ ᠤ ᠦᠵᠡᠮᠵᠢ᠂ ᠰᠠᠭᠤᠷᠢ ᠲᠥᠬᠦᠭᠡᠷᠦᠮᠵᠢ ᠵᠡᠷᠭᠡ ᠶᠢ ᠨᠡᠶᠢᠯᠡᠭᠦᠯᠦᠨ ᠡᠵᠡᠩᠨᠡᠵᠦ᠂ ᠠᠵᠤ ᠦᠢᠯᠡᠰ ᠤᠨ ᠬᠥᠭᠵᠢᠯᠲᠡ ᠳᠤ ᠪᠡᠯᠡ ᠮᠥᠩᠭᠦ ᠶᠢᠨ ᠬᠥᠳᠡᠯᠭᠡᠭᠴᠢ ᠬᠦᠴᠦᠨ ᠣᠷᠤᠭᠤᠯᠤᠨ᠎ᠠ᠃ ᠬᠡᠰᠢᠭᠲᠡᠨ᠂ ᠬᠠᠰ ᠯᠣᠣ ᠡᠯᠡᠰᠦᠨ ᠪᠦᠷᠢᠳᠦ ᠵᠡᠷᠭᠡ 5 A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠤᠩ ᠱᠠᠨ ᠰᠣᠶᠣᠯ ᠪᠠ ᠯᠢᠶᠣᠤ ᠶᠢᠨ ᠰᠣᠶᠣᠯ ᠤᠨ ᠬᠤᠶᠠᠷ ᠲᠤᠮᠤ ᠦᠯᠡᠳᠡᠭᠳᠡᠯ ᠪᠠᠭᠤᠷᠢ ᠶᠢ ᠲᠡᠯᠡᠬᠡᠢ ᠶᠢᠨ ᠥᠪ ᠢᠶᠠᠷ ᠮᠡᠳᠡᠭᠦᠯᠬᠦ ᠠᠵᠢᠯ ᠢ ᠰᠠᠶᠢᠲᠤᠷ ᠬᠢᠵᠦ᠂ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠡᠬᠢᠯᠡᠨ ᠪᠠᠶᠢᠭᠤᠯᠤᠨ᠎ᠠ᠃ ᠰᠣᠶᠣᠯ ᠤᠨ ᠵᠤᠭᠠᠴᠠᠯ ᠤᠨ ᠦᠢᠯᠡᠳᠬᠦᠨ ᠢ ᠡᠭᠦᠳᠦᠨ ᠪᠦᠲᠦᠭᠡᠵᠦ ᠰᠤᠳᠤᠯᠤᠨ ᠨᠡᠭᠡᠭᠡᠬᠦ ᠪᠠ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠂ ᠤᠯᠠᠭᠠᠨᠬᠠᠳᠠ ᠶᠢᠨ ᠣᠨᠴᠠᠯᠢᠭ ᠪᠦᠬᠦᠢ ᠨᠢᠭᠡ ᠪᠦᠯᠦᠭ ᠵᠢᠭᠤᠯᠴᠢᠯᠠᠯ ᠤᠨ ᠲᠠᠸᠠᠷ ᠢ ᠪᠦᠲᠦᠭᠡᠨ᠎ᠡ᠃ ᠤᠶᠤᠨᠲᠦ ᠦᠵᠡᠮᠵᠢᠲᠦ ᠣᠷᠣᠨ᠂ ᠬᠤᠪᠢ ᠪᠠᠷ ᠲᠡᠷᠭᠡ ᠵᠢᠯᠤᠭᠤᠳᠤᠨ ᠲᠤᠭᠤᠷᠢᠬᠤ ᠭᠠᠵᠠᠷ ᠪᠠ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡ ᠶᠢᠨ ᠵᠥᠭᠡᠯᠡᠨ ᠬᠦᠴᠦᠨ ᠢᠶᠠᠨ ᠳᠡᠭᠡᠭᠰᠢᠯᠡᠭᠦᠯᠦᠨ᠎ᠡ᠃ ᠭᠤᠣᠯ ᠵᠠᠭᠤᠴᠢᠯᠠᠭᠤᠷ᠂ ᠰᠢᠵᠢᠷ ᠠᠯᠲᠠᠨ ᠴᠠᠭ ᠲᠤ ᠬᠢ ᠰᠣᠶᠣᠯ ᠤᠨ ᠵᠤᠭᠠᠴᠠᠯ ᠢ ᠤᠬᠠᠭᠤᠯᠤᠨ ᠲᠠᠨᠢᠯᠴᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠬᠦᠷᠰᠢ ᠵᠡᠷᠭᠡᠯᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠩ ᠱᠠᠨ ᠰᠣᠶᠣᠯ ᠤᠨ ᠵᠢᠭᠤᠯᠴᠢᠯᠠᠯ ᠤᠨ ᠨᠠᠶᠢᠷ᠂ ᠪᠢᠴᠢᠯ ᠺᠢᠨᠣ᠋ ᠶᠢᠨ ᠦᠪᠡᠳᠡᠭᠰᠢ ᠶᠣᠰᠣᠯᠠᠯ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠤᠯᠠᠭᠠᠨᠬᠠᠳᠠ ᠶᠢᠨ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠪᠦᠬᠦ ᠵᠢᠯ ᠳᠤ ᠵᠤᠭᠠᠴᠠᠭᠰᠠᠳ ᠢ 1400 ᠲᠥᠮᠡᠨ ᠬᠦᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 220 ᠳ᠋ᠦᠩᠰᠢᠭᠤᠷ ᠲᠥᠭᠦᠷᠢᠭ ᠲᠤ ᠬᠦᠷᠭᠡᠨ᠎ᠡ᠃      ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠬᠦᠴᠦᠷᠬᠡᠭᠵᠢᠭᠦᠯᠬᠦ ᠶᠢ ᠲᠥᠯᠬᠢᠨ ᠠᠬᠢᠭᠤᠯᠤᠨ᠎ᠠ᠃ ᠪᠦᠬᠦ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠬᠠᠷᠠᠯᠲᠠ ᠣᠷᠣᠨ ᠪᠠᠶᠢᠷᠢ᠂ ᠡᠵᠡᠩᠨᠡᠯᠲᠡ ᠶᠢᠨ ᠪᠠᠶᠢᠷᠢᠰᠢᠯ᠂ ᠬᠥᠭᠵᠢᠯᠲᠡ ᠶᠢᠨ ᠭᠤᠣᠯᠳᠠᠯᠭ᠎ᠠ ᠪᠣᠯᠤᠨ ᠪᠣᠳᠠᠲᠠᠶ ᠠᠷᠭ᠎ᠠ ᠬᠡᠮᠵᠢᠶ᠎ᠡ ᠪᠠᠨ ᠲᠤᠳᠤᠷᠬᠠᠢ ᠲᠤᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠴᠢᠩᠭᠠᠳᠬᠠᠨ᠎ᠠ᠃ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠬᠤ ᠲᠠᠢ ᠤᠶᠠᠯᠳᠤᠭᠤᠯᠤᠨ᠂ ᠯᠢᠶᠠᠨ ᠰᠢᠶᠠᠩ ᠪᠥᠯᠦᠭᠯᠡᠯ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠲᠠ ᠶᠢ ᠡᠬᠢᠯᠡᠭᠦᠯᠵᠦ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠬᠦᠢᠯᠭᠡᠭᠡᠨ ᠤ ᠬᠤᠲᠠ ᠶᠢᠨ ᠨᠢᠭᠡᠳᠦᠭᠡᠷ ᠬᠤᠭᠤᠴᠠᠭ᠎ᠠ ᠵᠡᠷᠭᠡ ᠲᠥᠷᠦᠯ ᠵᠦᠢᠯ ᠪᠠ ᠡᠭᠦᠯᠡᠨᠴᠢᠷ ᠠᠷᠠᠯᠵᠢᠶᠠᠨ ᠤ ᠬᠥᠨᠳᠡᠢ᠂ ᠥᠪᠥᠷ ᠮᠣᠩᠭᠤᠯ ᠤᠨ ᠬᠢᠯᠢ ᠠᠯᠤᠰᠯᠠᠭᠰᠠᠨ ᠠᠷᠠᠯᠵᠢᠶ᠎ᠠ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠢ ᠪᠠᠶᠢᠭᠤᠯᠤᠨ ᠡᠵᠡᠩᠨᠡᠬᠦ ᠶᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠬᠦᠴᠦᠯᠡᠨ᠎ᠡ᠃ ᠰᠢᠨ᠎ᠡ ᠮᠠᠶ᠋ᠢᠭ ᠤᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠪᠠ ᠰᠢᠨ᠎ᠡ ᠲᠣᠣᠷ ᠰᠦᠯᠵᠢᠶᠡᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠳᠤᠰᠬᠤᠨ ᠮᠠᠯᠵᠢᠬᠤ ᠣᠷᠣᠨ ᠤ ᠤᠯᠠᠨ ᠲᠦᠮᠡᠨ ᠳᠤ ᠳᠦᠭᠦᠮ ᠦᠵᠡᠭᠦᠯᠬᠦ ᠬᠡᠯᠬᠢᠶ᠎ᠡ ᠳᠡᠯᠭᠡᠭᠦᠷ ᠪᠣᠯᠤᠨ ᠲᠣᠬᠢᠷᠠᠭᠤᠯᠤᠨ ᠬᠦᠷᠭᠡᠬᠦ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠬᠤᠳᠠ ᠬᠥᠳᠡᠭᠡ ᠶᠢ ᠬᠠᠮᠤᠷᠤᠭᠰᠠᠨ᠂ ᠬᠠᠮᠢᠶᠠᠷᠤᠯᠲᠠ ᠨᠢ ᠵᠢᠷᠤᠮᠵᠢᠭᠰᠠᠨ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠣᠷᠵᠢᠯ ᠢ ᠪᠦᠷᠢᠯᠳᠦᠭᠦᠯᠦᠨ᠎ᠡ᠃ ᠤᠳᠤ ᠦᠶ᠎ᠡ ᠶᠢᠨ ᠪᠠᠷᠠᠭᠠᠨ ᠭᠦᠢᠯᠭᠡᠭᠡ ᠪᠣᠯᠤᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠳᠦᠰᠢᠭᠯᠡᠨ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠪᠣᠯᠤᠨ ᠲᠣᠬᠢᠷᠠᠭᠤᠯᠤᠨ ᠬᠦᠷᠭᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠳᠡᠰ ᠳᠡᠪᠰᠢᠬᠦ ᠶᠢ ᠳᠠᠶᠢᠴᠢᠯᠠᠨ᠎ᠠ᠃      ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠰᠢᠯᠲᠠ ᠶᠢ ᠨᠠᠶᠢᠳᠠᠪᠦᠷᠢᠵᠢᠭᠤᠯᠤᠨ᠎ᠠ᠃ ᠴᠢ ᠷᠥᠢ᠂ ᠽᠦᠩ ᠱᠧᠨ ᠵᠡᠷᠭᠡ ᠲᠤᠮᠤ ᠠᠵᠤ ᠠᠬᠤᠶᠢᠯᠠᠯ ᠤᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠢᠶᠠᠨ ᠴᠢᠩᠭᠠᠳᠬᠠᠵᠤ᠂ ᠲᠤᠮᠤ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠧᠭᠨᠢᠭ ᠵᠡᠷᠭᠡ ᠨᠢᠭᠡ ᠪᠦᠯᠦᠭ ᠲᠣᠨᠤᠭ ᠲᠥᠬᠦᠭᠡᠷᠦᠮᠵᠢ ᠦᠢᠯᠡᠳᠬᠦ ᠲᠦᠷᠣᠯ ᠵᠦᠢᠯ ᠤᠨ ᠠᠵᠢᠯ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠦᠢᠯᠡᠳᠬᠦ ᠦᠢᠯᠡᠰ ᠤᠨ ᠪᠣᠷᠣᠯᠠᠭᠤᠯᠤᠯᠲᠠ ᠶᠢᠨ ᠣᠷᠣᠯᠭ᠎ᠠ ᠶᠢ 150 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠤᠯᠠᠭᠠᠨᠬᠠᠳᠠ ᠶᠢᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠡᠮ ᠦᠢᠯᠡᠳᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠪᠠᠷ ᠭᠤᠣᠯᠯᠠᠭᠤᠯᠤᠨ᠂ ᠨᠢᠭᠡ ᠪᠦᠯᠦᠭ ᠤᠯᠤᠰ ᠤᠨ ᠨᠢᠭᠡᠳᠦᠭᠡᠷ ᠲᠥᠷᠥᠯ ᠤᠨ ᠰᠢᠨ᠎ᠡ ᠡᠮ ᠦᠢᠯᠡᠳᠪᠦᠷᠢᠯᠡᠬᠦ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠰᠠᠭᠤᠷᠢᠰᠢᠭᠤᠯᠵᠤ᠂ ᠱᠠᠩᠬᠠᠶ ᠶᠢᠨ ᠡᠮ ᠡᠮᠨᠡᠯᠭᠡ ᠵᠡᠷᠭᠡ ᠠᠵᠢᠯ ᠲᠥᠷᠦᠯ ᠤᠨ ᠳᠠᠭᠠᠭᠤᠯᠤᠭᠴᠢ ᠠᠵᠤ ᠠᠬᠤᠶᠢᠯᠠᠯ ᠲᠠᠢ ᠬᠤᠷᠰᠢᠬᠤ ᠶᠢ ᠳᠠᠬᠢᠨ ᠵᠣᠬᠢᠶᠠᠨ ᠪᠠᠶᠢᠭᠤᠯᠬᠤ ᠪᠠᠨ ᠴᠢᠩᠭᠠᠳᠬᠠᠵᠤ᠂ ᠤᠯᠠᠭᠠᠨᠬᠠᠳᠠ ᠶᠢᠨ ᠡᠮ ᠤᠨ ᠦᠢᠯᠡᠳᠪᠦᠷᠢ ᠶᠢ ᠨᠡᠭᠦᠯᠭᠡᠨ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠠᠬᠢᠭᠤᠯᠵᠤ᠂ ᠫᠦ᠋ ᠶᠢᠨ ᠡᠮ ᠡᠮᠨᠡᠯᠭᠡ ᠶᠢᠨ ᠨᠢᠶᠠᠨ ᠳᠠᠷᠤᠭᠴᠢ ᠵᠡᠷᠭᠡ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠤᠭᠤᠯᠬᠤ ᠶᠢ ᠦᠨᠡᠩᠬᠦ ᠪᠠᠲᠤᠯᠠᠨ᠎ᠠ᠃ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠥᠪᠥᠷ ᠮᠣᠩᠭᠤᠯ ᠤᠨ ᠢ ᠫᠢᠨ 20 ᠲᠦᠮᠡᠨ ᠲᠣᠨ ᠠᠮᠤᠨ ᠰᠢᠪᠲᠦᠷᠲᠦ ᠬᠦᠴᠢᠯ ᠤᠨ ᠨᠠᠲᠷᠢ᠂ ᠺᠧ ᠸᠧᠢ ᠪᠥᠸᠧ 3 ᠲᠦᠮᠡᠨ ᠲᠣᠨ ᠪᠣᠯᠭᠠᠨ ᠢᠰᠬᠡᠭᠦᠷ ᠵᠡᠷᠭᠡ ᠲᠥᠷᠦᠯ ᠵᠦᠢᠯᠡᠰ ᠢ ᠪᠠᠶᠢᠭᠤᠯᠵᠤ ᠠᠰᠢᠭᠯᠠᠯᠲᠠ ᠳᠤ ᠣᠷᠣᠭᠤᠯᠣᠨ᠎ᠠ᠃ ᠢᠨᠲ᠋ᠧᠷ ᠰᠦᠯᠵᠢᠶᠡᠨ ᠤ ᠠᠵᠤ ᠠᠬᠤᠶ ᠪᠠ ᠡᠯᠧᠺᠲᠷᠣᠨ ᠤ ᠮᠡᠳᠡᠭᠡ ᠵᠠᠩᠭᠢ ᠶᠢᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠲᠦᠸᠧ ᠵᠢᠶᠠ ᠡᠯᠧᠺᠲᠷᠣᠨ ᠳᠡᠯᠭᠡᠴᠡ ᠶᠢᠨ ᠬᠤᠶᠠᠳᠤᠭᠠᠷ ᠬᠤᠭᠤᠴᠠᠭ᠎ᠠ᠂ ᠡᠭᠦᠯᠡᠨ ᠪᠤᠳᠤᠯᠳᠠ ᠶᠢᠨ ᠲᠤᠭ᠎ᠠ ᠪᠠᠷᠢᠮᠲᠠ ᠶᠢᠨ ᠲᠥᠪ ᠵᠡᠷᠭᠡ ᠲᠥᠷᠥᠯ ᠵᠦᠢᠯ ᠢ ᠨᠠᠶᠢᠳᠠᠪᠦᠷᠢᠵᠢᠭᠤᠯᠵᠤ᠂ ᠡᠬᠢ ᠪᠠᠶᠠᠯᠢᠭ ᠢ ᠡᠮᠬᠢᠯᠡᠨ᠂ ᠪᠦᠭᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠲᠠᠪᠴᠠᠩ ᠢ ᠡᠭᠦᠳᠦᠨ ᠪᠠᠶᠢᠭᠤᠯᠵᠤ᠂ ᠤᠯᠤᠰ ᠤᠨ ᠡᠯᠧᠭᠲᠷᠥᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃      ︵ᠬᠤᠶᠠᠷ︶ ︽ᠳᠥᠷᠪᠡᠨ ᠲᠠᠪᠴᠠᠩ︾᠎ ᠢ ᠰᠢᠯᠢᠳᠡᠭᠵᠢᠭᠦᠯᠵᠦ᠂ ᠦᠷᠭᠦᠯᠵᠢᠯᠡᠭᠰᠡᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠥᠲᠦᠭᠡᠨ᠎ᠡᠠᠵᠤ ᠦᠢᠯᠡᠳᠪᠦᠷᠢ ᠶᠢᠨ ᠲᠥᠪᠯᠡᠷᠡᠭᠰᠡᠨ ᠬᠥᠭᠵᠢᠯᠲᠡ ᠶᠢᠨ ᠲᠠᠪᠴᠠᠩ ᠢ ᠰᠢᠯᠢᠳᠡᠭᠵᠢᠭᠦᠯᠦᠨ ᠪᠠᠶᠢᠭᠤᠯᠤᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠡᠯ᠎ᠡ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠣᠷᠣᠨ ᠪᠠᠶᠢᠷᠢ ᠶᠢᠨ ᠳᠤᠭᠳᠠᠴᠠ ᠪᠣᠯᠤᠨ ᠠᠵᠤ ᠦᠢᠯᠡᠰ ᠤᠨ ᠪᠠᠶᠢᠷᠢᠯᠠᠭᠤᠯᠤᠯᠲᠠ ᠶᠢ ᠲᠣᠳᠤᠷᠬᠠᠶᠢᠯᠠᠨ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ︽ᠣᠷᠣᠨ ᠠᠯᠤᠰᠯᠠᠭᠰᠠᠨ ᠠᠵᠤ ᠠᠬᠤᠶ︾᠎ ᠶᠢ ᠬᠥᠭᠵᠢᠭᠦᠯᠬᠦ ᠪᠣᠳᠠᠲᠠᠶ ᠠᠷᠭ᠎ᠠ ᠶᠢ ᠨᠡᠶᠢᠲᠡᠯᠡᠵᠦ᠂ ᠲᠦᠷᠦᠯ ᠵᠦᠢᠯ᠂ ᠠᠵᠤ ᠠᠬᠤᠶᠢᠯᠠᠯ᠂ ᠠᠵᠤ ᠦᠢᠯᠡᠰ ᠲᠤᠰᠬᠠᠶ ᠬᠦᠷᠢᠶᠡᠯᠡᠩ ᠲᠣᠭᠤᠷᠢᠭ ᠲᠤ ᠲᠥᠪᠯᠡᠷᠡᠬᠦ ᠶᠢ ᠲᠦᠯᠬᠢᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠡᠯᠡ ᠬᠤᠷᠠᠮᠳᠤᠭᠤᠯᠬᠤ ᠲᠠᠪᠴᠠᠩ ᠢ ᠵᠣᠬᠢᠶᠠᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠤᠳᠤ ᠪᠠᠶᠢᠭ᠎ᠠ ᠲᠣᠭᠲᠠᠮᠠᠯ ᠬᠦᠷᠦᠩᠭᠡ ᠶᠢ ᠨᠡᠶᠢᠯᠡᠭᠦᠯᠦᠨ ᠡᠵᠡᠩᠨᠡᠵᠦ᠂ ᠨᠡᠶᠢᠭᠡᠮ ᠤᠨ ᠬᠥᠷᠥᠩᠭᠡ ᠪᠡᠯᠡ ᠣᠷᠣᠯᠴᠠᠬᠤ ᠶᠢ ᠲᠠᠲᠠᠵᠤ᠂ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠤᠯᠠᠭᠠᠨᠬᠠᠳᠠ ᠶᠢᠨ ᠬᠤᠲᠠ ᠲᠣᠭᠤᠷᠢᠭ ᠤᠨ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠬᠢᠯ ᠢ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠬᠠᠳᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ 2 × 35 ᠲᠦᠮᠡᠨ ᠺᠢᠯᠣᠸᠠᠲ ᠥᠪᠡᠷ ᠢᠶᠠᠨ ᠪᠡᠯᠡᠳᠬᠡᠬᠦ ᠴᠠᠬᠢᠯᠭᠠᠨ ᠤ ᠦᠢᠯᠡᠳᠪᠦᠷᠢ ᠶᠢ ᠡᠬᠢᠯᠡᠨ ᠪᠠᠶᠢᠭᠤᠯᠵᠤ᠂ ᠰᠢᠨ᠎ᠡ ᠨᠡᠮᠡᠭᠳᠡᠭᠰᠡᠨ ᠴᠠᠬᠢᠯᠭᠠᠨ ᠤᠯᠠᠨ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠩᠭᠠᠬᠤ ᠬᠠᠷᠢᠴᠠᠯ ᠢ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠬᠡᠯᠪᠡᠷᠢ ᠪᠠᠷ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠭᠤᠷᠢᠨ ᠭᠠᠵᠠᠷ ᠢ ᠲᠥᠬᠦᠷᠵᠢᠭᠦᠯᠦᠨ ᠪᠠᠶᠢᠭᠤᠯᠵᠤ᠂ ᠨᠡᠭᠡᠭᠡᠯᠲᠡ ᠶᠢᠨ ᠲᠤᠭᠤᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ 800 ᠳ᠋ᠦᠩᠰᠢᠭᠤᠷ ᠲᠥᠭᠦᠷᠢᠭ ᠲᠤ ᠬᠦᠷᠬᠡᠬᠦ ᠪᠠᠷ ᠴᠢᠷᠮᠠᠶᠢᠨ᠎ᠠ᠃ ᠡᠯ᠎ᠡ ᠭᠠᠵᠠᠷ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠪᠡᠯᠡ ᠣᠷᠤᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠨ᠂ ᠬᠦᠷᠢᠶᠡᠯᠡᠩ ᠲᠣᠭᠤᠷᠢᠭ ᠤᠨ ᠳᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠬᠡᠰᠢᠭᠲᠡᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠠᠭᠤᠨ ᠳ᠋ᠦᠡᠭᠰᠢᠭᠤᠷ ᠤᠨ ᠬᠦᠷᠢᠶᠡᠯᠡᠩ ᠲᠣᠭᠤᠷᠢᠭ ᠤᠨ ᠡᠩᠨᠡᠭᠡᠨ ᠳᠤ ᠣᠷᠤᠭᠤᠯᠬᠤ ᠪᠠᠷ ᠴᠢᠷᠮᠠᠶᠢᠨ᠎ᠠ᠃      ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠠᠪᠴᠠᠩ ᠢ ᠰᠢᠯᠢᠳᠡᠭᠵᠢᠭᠦᠯᠦᠨ ᠪᠠᠶᠢᠭᠤᠯᠬᠤ ᠬᠡᠷᠡᠭᠲᠡᠶ᠃ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠵᠠᠰᠠᠭ ᠤᠨ ᠣᠷᠳᠣᠨ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠥᠲᠥᠯᠥᠨ ᠵᠢᠯᠤᠭᠤᠳᠬᠤ ᠬᠥᠰᠢᠭᠦᠷᠭᠡ ᠶᠢᠨ ᠦᠢᠯᠡᠳᠦᠯ ᠢ ᠶᠡᠬᠡᠰᠭᠡᠵᠤ᠂ ᠤᠯᠠᠭᠠᠨᠬᠠᠳᠠ ᠶᠢᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠤᠨ᠎ᠠ᠃ PPP ᠬᠡᠯᠪᠡᠷᠢ ᠶᠢ ᠶᠡᠬᠡᠪᠡᠷ ᠳᠡᠯᠭᠡᠷᠡᠭᠦᠯᠵᠦ᠂ ᠠᠵᠢᠯ ᠤᠨ ᠴᠤᠪᠤᠷᠠᠯ ᠢ ᠨᠠᠷᠢᠯᠢᠬᠵᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ᠂ ᠡᠮᠦᠨᠡᠬᠢ ᠬᠤᠭᠤᠴᠠᠭᠠᠨ ᠤ ᠦᠨᠡᠯᠡᠯᠲᠡ ᠪᠠ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠨ ᠽᠦᠸᠧ ᠳ᠋ᠢᠶᠠᠨ ᠤᠰᠤᠨ ᠠᠰᠢᠭᠯᠠᠯᠲᠠ ᠶᠢᠨ ᠬᠦᠢᠰᠦ ᠠᠴᠠ ᠭᠤᠣᠯ ᠬᠤᠲᠠ ᠲᠣᠭᠤᠷᠢᠭ ᠲᠤ ᠤᠰᠤ ᠬᠠᠩᠭᠠᠬᠤ ᠪᠠᠷᠢᠯᠭ᠎ᠠ᠂ ᠤᠯᠠᠭᠠᠨᠬᠠᠳᠠ ᠶᠢᠨ ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠠᠮᠤᠷ ᠲᠦᠪᠰᠢᠨ ᠤ ᠲᠦᠷᠰᠦᠲᠦ ᠬᠢᠨᠠᠨ ᠡᠵᠡᠮᠳᠡᠬᠦ ᠰᠢᠰᠲ᠋ᠧᠮ ᠵᠡᠷᠭᠡ ᠲᠥᠷᠥᠯ ᠵᠦᠢᠯ ᠢ ᠪᠣᠲᠠᠲᠠᠢ ᠨᠠᠶᠢᠳᠠᠪᠦᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ ᠰᠢᠨ᠎ᠡ PPP ᠲᠥᠷᠥᠯ ᠵᠦᠢᠯ ᠢ ᠳᠥᠰᠦᠪᠯᠡᠨ ᠭᠠᠷᠭᠠᠨ᠎ᠠ᠃ ᠤᠯᠤᠰ ᠤᠨ ᠥᠮᠴᠢᠯᠡᠯᠲᠦ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠯ ᠢ ᠴᠡᠭᠴᠡᠯᠡᠵᠦ᠂ ᠰᠣᠶᠣᠯ ᠤᠨ ᠵᠤᠭᠠᠴᠠᠯ᠂ ᠤᠰᠤᠨ ᠤ ᠶᠠᠪᠤᠳᠠᠯ᠂ ᠠᠭᠤᠷᠬᠠᠶ ᠶᠢᠨ ᠦᠢᠯᠡᠰ᠂ ᠶᠠᠳᠠᠭᠤ ᠶᠢ ᠲᠡᠳᠬᠦᠬᠦ᠂ ᠪᠦᠲᠦᠭᠡᠨ ᠪᠠᠶᠢᠭᠤᠯᠤᠯᠲᠠ ᠵᠡᠷᠭᠡ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠣᠷᠣᠭᠤᠯᠤᠯᠲᠠ ᠶᠢᠨ ᠺᠣᠮᠫᠠᠨᠢ ᠶᠢ ᠲᠦᠷᠭᠡᠨ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠰᠠᠭ ᠵᠠᠬᠢᠷᠭᠠᠨᠵᠢᠬᠤ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠰᠢᠭᠤᠳ ᠪᠡᠯᠡ ᠬᠤᠷᠠᠮᠳᠤᠭᠤᠯᠬᠤ ᠶᠢ ᠠᠬᠢᠭᠤᠯᠬᠤ ᠵᠠᠰᠠᠭ ᠤᠨ ᠣᠷᠳᠣᠨ ᠤ ᠦᠢᠯᠡᠴᠢᠯᠡᠭᠡᠨ ᠤ ᠲᠠᠪᠴᠠᠩ ᠢ ᠴᠣᠭᠴᠠᠯᠠᠨ ᠪᠠᠶᠢᠭᠤᠯᠵᠤ᠂ ᠠᠵᠤ ᠠᠬᠤᠶᠢᠯᠠᠯ ᠢ ᠭᠤᠷᠪᠠᠳᠤᠭᠠᠷ ᠰᠢᠨ᠎ᠡ ᠬᠤᠪᠢᠲᠤ ᠪᠠ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠡᠷᠦᠬᠡ ᠰᠡᠬᠦᠬᠦ ᠶᠢ ᠳᠠᠮᠵᠢᠨ᠂ ᠪᠦᠬᠦ ᠬᠤᠲᠠ ᠶᠢᠨ ᠬᠦᠷᠦᠩᠭᠡ ᠪᠡᠯᠡ ᠶᠢᠨ ᠵᠠᠬ᠎ᠠ ᠳᠡᠯᠭᠡᠭᠦᠷ ᠲᠤ ᠰᠢᠭᠤᠳ ᠪᠡᠯᠡ ᠬᠤᠷᠠᠮᠳᠤᠭᠤᠯᠬᠤ ᠠᠵᠤ ᠠᠬᠤᠶᠢᠯᠠᠯ ᠢ 6 ᠨᠡᠮᠡᠭᠳᠡᠭᠦᠯᠵᠦ᠂ 35 ᠪᠣᠯᠭᠠᠬᠤ ᠪᠠᠷ ᠴᠢᠷᠮᠠᠶᠢᠨ᠎ᠠ᠃ ᠵᠠᠬ᠎ᠠ ᠳᠡᠯᠭᠡᠭᠦᠷ ᠤᠨ ᠳᠠᠭᠠᠭᠠᠨ ᠪᠠᠲᠤᠯᠠᠬᠤ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠦᠭᠡᠮᠡᠯ ᠬᠦᠷᠲᠡᠭᠡᠮᠵᠢᠲᠤ ᠮᠥᠩᠭᠦᠨ ᠬᠦᠢᠯᠭᠡᠭᠡ ᠶᠢ ᠬᠥᠭᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠢᠲᠡᠭᠡᠮᠵᠢᠲᠦ ᠵᠢᠭᠡᠯᠡᠯᠭᠡ ᠲᠠᠯᠪᠢᠬᠤ ᠬᠡᠪᠴᠢᠶ᠎ᠡ ᠶᠢ ᠥᠷᠭᠡᠳᠬᠡᠵᠦ᠂ ᠪᠦᠭᠦ ᠬᠤᠲᠠ ᠶᠢᠨ ᠵᠢᠭᠡᠯᠡᠯᠭᠡ ᠶᠢᠨ ᠦᠯᠡᠳᠡᠪᠦᠷᠢ ᠶᠢ 1200 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃      ᠨᠡᠭᠡᠭᠡᠯᠲᠡᠲᠦ ᠬᠦᠭᠵᠢᠯᠲᠡ ᠶᠢᠨ ᠲᠠᠪᠴᠠᠩ ᠢ ᠰᠢᠯᠢᠳᠡᠭᠵᠢᠭᠦᠯᠦᠨ ᠪᠠᠶᠢᠭᠤᠯᠤᠨ᠎ᠠ᠃ ᠤᠯᠤᠰ ᠤᠨ ᠳᠡᠰ ᠤᠨ ᠠᠵᠤ ᠦᠢᠯᠡᠰ ᠤᠨ ᠬᠠᠮᠲᠤᠷᠠᠯᠴᠠᠭ᠎ᠠ ᠪᠣᠯᠣᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠦᠯ ᠢᠶᠠᠷ ᠢᠶᠠᠨ ᠬᠠᠪᠰᠤᠷᠤᠨ ᠳᠡᠮᠵᠢᠬᠦ ᠬᠠᠮᠲᠤᠷᠠᠯᠴᠠᠭ᠎ᠠ ᠵᠡᠷᠭᠡ ᠠᠵᠠ ᠲᠣᠬᠢᠶᠠᠯ ᠢ ᠬᠦᠢᠴᠡᠳ ᠠᠰᠢᠭᠯᠠᠵᠤ᠂ ᠬᠥᠭᠵᠢᠭᠰᠡᠨ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠪᠦᠬᠦ ᠵᠢᠯ ᠳᠤ 650 ᠳ᠋ᠥᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠤᠭᠤᠯᠤᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠲᠠᠢ ᠤᠶᠠᠯᠳᠤᠨ ᠠᠭᠤᠰᠴᠦ᠂ ᠰᠢᠯᠢᠩᠬᠤᠲᠠ ᠠᠴᠠ ᠤᠯᠠᠭᠠᠨᠬᠠᠳᠠ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ︽ᠰᠢᠯᠢ ᠶᠢᠨ ᠭᠤᠣᠯ ᠤᠯᠠᠭᠠᠨᠬᠠᠳᠠ ᠲᠥᠩᠯᠢᠶᠤᠤ︾᠎ ᠶᠢᠨ ᠠᠵᠤ ᠠᠬᠤᠶ ᠶᠢᠨ ᠣᠷᠣᠨ ᠢ ᠮᠥᠨ ᠴᠢᠨᠠᠷ ᠤᠨ ᠠᠭᠢᠯᠳᠠ ᠲᠠᠢ ᠪᠣᠯᠭᠠᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠡᠷᠡᠮᠵᠢᠯᠡᠨ ᠪᠠᠶᠢᠭᠤᠯᠵᠤ᠂ ᠵᠢᠨᠵᠸᠦ ᠭᠠᠷᠠᠮ᠂ ᠲᠢᠶᠠᠨᠵᠢᠨ ᠭᠠᠷᠠᠮ ᠤᠨ ᠬᠠᠮᠲᠤᠷᠠᠯᠴᠠᠭ᠎ᠠ ᠶᠢ ᠴᠢᠩᠭᠠᠳᠬᠠᠨ᠂ ︽ᠵᠠᠰᠠᠮᠠᠯ᠂ ᠲᠡᠮᠦᠷ᠂ ᠣᠰᠦᠨ︾ ᠵᠠᠮ ᠤᠨ ᠴᠢᠩᠭᠡᠯᠢᠭ ᠬᠠᠮᠲᠤᠷᠠᠨ ᠲᠡᠭᠡᠭᠡᠪᠦᠷᠢᠯᠡᠬᠦ᠂ ᠭᠠᠳᠠᠭᠰᠢ ᠴᠢᠯᠦᠭᠡᠲᠠᠢ ᠬᠦᠭᠵᠢᠬᠦ ᠶᠢᠨ ᠰᠢᠨ᠎ᠡ ᠲᠠᠪᠴᠠᠩ ᠢ ᠪᠠᠶᠢᠭᠤᠯᠤᠨ᠎ᠠ᠃ ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠭᠡᠭᠡᠨ ᠤ ᠲᠥᠪ ᠤᠨ ᠴᠢᠳᠠᠪᠬᠢ ᠶᠢ ᠪᠠᠳᠠᠷᠠᠭᠤᠯᠬᠤ᠂ ᠭᠠᠳᠠᠭᠠᠳᠤ ᠠᠴᠠ ᠤᠷᠤᠭᠤᠯᠵᠤ ᠭᠠᠳᠠᠭᠠᠳᠦ ᠳᠤ ᠭᠠᠷᠭᠠᠬᠤ ᠠᠷᠠᠯᠵᠢᠶ᠎ᠡ ᠶᠢ ᠲᠦᠷᠭᠡᠨ ᠬᠦᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠣᠭᠳᠠᠭᠠᠵᠤ᠂ ᠪᠣᠲᠠᠲᠦ ᠬᠦᠴᠦᠨ ᠲᠠᠢ ᠣᠷᠤᠨ ᠨᠤᠲᠤᠭ ᠤᠨ ᠠᠵᠤ ᠠᠬᠤᠶᠢᠯᠠᠯ ᠤᠨ ᠭᠠᠳᠠᠭᠰᠢ ᠬᠦᠭᠵᠢᠬᠦ ᠶᠢ ᠵᠤᠷᠢᠬᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶ᠎ᠠ᠂ ᠠᠭᠠᠷ ᠪᠠ ᠭᠠᠷᠠᠮ ᠬᠠᠪᠢᠳᠠᠭᠰᠠᠨ ᠠᠵᠤ ᠠᠬᠤᠶ᠂ ᠣᠯᠠᠨ ᠤᠯᠤᠰ ᠤᠨ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ ᠭᠠᠳᠠᠭᠠᠳᠦ ᠬᠠᠨᠳᠤᠯᠭᠠᠳᠦ ᠠᠵᠤ ᠠᠬᠤᠶ ᠶᠢᠨ ᠬᠦᠷᠢᠶ᠎ᠡ ᠶᠢ ᠥᠷᠭᠡᠳᠬᠡᠵᠦ᠂ ᠪᠦᠬᠦ ᠵᠢᠯ ᠤᠨ ᠭᠠᠳᠠᠭᠠᠳᠤ ᠠᠴᠠ ᠣᠷᠤᠭᠤᠯᠵᠤ ᠭᠠᠷᠭᠠᠬᠤ ᠶᠡᠷᠦᠩᠬᠡᠢ ᠨᠤᠷᠮ᠎ᠠ ᠶᠢ 5%᠎ ᠪᠠᠷ ᠨᠡᠮᠡᠭᠳᠡᠭᠦᠯᠦᠨ᠎ᠡ᠃      ᠰᠢᠨᠵᠢᠯᠡᠬᠦ ᠤᠬᠠᠭᠠᠨ ᠮᠡᠷᠭᠡᠵᠢᠯ ᠪᠠ ᠴᠢᠳᠠᠪᠤᠷᠢᠲᠠᠨ ᠲᠤᠯᠭᠠᠭᠤᠷᠢᠯᠠᠬᠤ ᠲᠠᠪᠴᠠᠩ ᠢ ᠰᠢᠯᠢᠳᠡᠭᠵᠢᠭᠦᠯᠦᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠩᠭᠡᠲᠦ ᠲᠡᠮᠦᠷᠯᠢᠭ᠂ ᠡᠮ ᠤᠨ ᠦᠢᠯᠡᠰ᠂ ᠲᠤᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠮᠠᠯ ᠠᠵᠤ ᠠᠬᠤᠶ ᠵᠡᠷᠭᠡ ᠬᠦᠷᠢᠶᠡᠨ ᠳᠠᠬᠢ ᠰᠤᠳᠤᠯᠤᠯ ᠨᠡᠭᠡᠭᠡᠯᠲᠡ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠷᠤᠭᠤᠯᠤᠨ ᠠᠪᠴᠢᠷᠠᠬᠤ ᠪᠠ ᠬᠡᠷᠡᠭᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ 2016 ᠣᠨ ᠤ ᠳᠤᠮᠳᠠᠳᠤ ᠤᠯᠤᠰ ᠤᠨ ᠤᠮᠠᠷᠠᠲᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠢ ᠰᠠᠶᠢᠲᠦᠷ ᠡᠷᠬᠢᠯᠡᠨ᠎ᠡ᠃ ᠤᠯᠠᠭᠠᠨᠬᠠᠳᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠪᠠᠶᠢᠭᠤᠯᠬᠤ ᠠᠵᠢᠯ ᠢ ᠡᠬᠢᠯᠡᠭᠦᠯᠵᠦ᠂ ᠬᠤᠲᠠ ᠲᠣᠭᠤᠷᠢᠭ ᠲᠤ ᠨᠢᠭᠡ ᠳᠡᠭᠡᠳᠦ ᠰᠤᠷᠭᠠᠭᠤᠯᠢ᠂ ᠬᠤᠶᠠᠷ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠲᠠᠪᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠡᠮᠬᠢ ᠵᠢᠷᠤᠮ ᠲᠠᠢ ᠪᠠᠷ ᠬᠦᠷᠢᠶᠡᠯᠡᠩ ᠳᠤ ᠨᠡᠭᠦᠯᠭᠡᠬᠦ ᠶᠢ ᠲᠦᠯᠬᠢᠨ ᠠᠬᠢᠭᠤᠯᠵᠤ᠂ ᠣᠷᠣᠨ ᠬᠡᠴᠡ ᠶᠢᠨ ᠴᠢᠨᠠᠷᠲᠠᠶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠠᠭᠤᠷᠢᠨ ᠭᠠᠵᠠᠷ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠬᠥᠮᠦᠨ ᠰᠣᠶᠣᠯ ᠤᠨ ᠰᠤᠷᠭᠠᠨ ᠬᠥᠮᠦᠵᠢᠯ ᠤᠨ ᠳᠠᠪᠠᠭᠤᠯᠢᠭ ᠢᠶᠠᠨ ᠴᠢᠳᠠᠪᠦᠷᠢᠲᠡᠨ ᠤ ᠤᠶᠤᠨ ᠤ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠦ ᠬᠥᠭᠵᠢᠯᠲᠡ ᠶᠢ ᠠᠬᠢᠭᠤᠯᠤᠨ᠂ ᠰᠤᠷᠭᠠᠨ ᠬᠥᠮᠦᠵᠢᠯ ᠤᠨ ᠰᠤᠷᠠᠭ ᠵᠠᠩᠭᠢᠵᠢᠯᠲᠠ ᠶᠢᠨ ᠠᠬᠢᠴᠠ ᠶᠢ ᠲᠦᠷᠭᠡᠳᠬᠡᠨ᠎ᠡ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ ᠪᠠᠷ ᠳᠠᠮᠵᠢᠨ᠂ PPP ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ ᠪᠡᠯᠡ ᠬᠦᠷᠦᠩᠭᠡ ᠶᠢ ᠵᠢᠯᠤᠭᠤᠳᠤᠨ ᠣᠷᠤᠯᠴᠠᠭᠤᠯᠵᠤ᠂ ᠨᠢᠭᠡ ᠪᠦᠯᠦᠭ ᠬᠡᠦᠬᠡᠳ ᠤᠨ ᠴᠡᠴᠡᠷᠯᠢᠭ ᠢ ᠡᠬᠢᠯᠡᠨ ᠪᠠᠶᠢᠭᠤᠯᠤᠨ᠎ᠠ᠃ ᠮᠠᠨ ᠤ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠥᠬᠦᠴᠡᠯ ᠠᠨᠠᠢ ᠰᠤᠷᠭᠠᠭᠤᠯᠢ ᠶᠢ ᠥᠭᠡᠷᠡᠴᠢᠯᠡᠬᠦ ᠪᠠ ᠰᠤᠷᠭᠠᠭᠤᠯᠢ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠠᠴᠠ ᠰᠤᠷᠭᠠᠭᠤᠯᠢ ᠡᠷᠬᠢᠯᠡᠬᠦ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠳᠣᠭᠳᠠᠭᠠᠨ᠂ ᠴᠢᠳᠠᠪᠤᠷᠢᠲᠠᠨ ᠬᠥᠮᠦᠵᠢᠭᠦᠯᠬᠦ ᠳᠤ ᠰᠠᠭᠤᠷᠢ ᠲᠤᠯᠭᠠᠭᠤᠷᠢ ᠬᠠᠩᠭᠠᠨ᠎ᠠ᠃ ︽ᠬᠠᠰ ᠯᠤᠤ ᠴᠢᠳᠠᠪᠤᠷᠢᠲᠠᠨ︾᠎ ᠤ ᠢᠨᠵᠧᠨᠧᠷᠢᠩ ᠢ ᠲᠦᠷᠭᠡᠳᠬᠡᠵᠦ᠂ ᠴᠢᠳᠠᠪᠤᠷᠢᠲᠠᠨ ᠣᠷᠤᠭᠤᠯᠬᠤ᠂ ᠬᠥᠮᠦᠵᠢᠭᠦᠯᠬᠦ᠂ ᠬᠡᠷᠡᠭᠯᠡᠬᠦ ᠪᠠ ᠬᠥᠬᠢᠭᠦᠯᠬᠦ ᠵᠣᠬᠢᠴᠠᠮᠵᠢ ᠶᠢ ᠰᠢᠨᠡᠴᠢᠯᠡᠵᠦ᠂ ᠪᠦᠬᠦ ᠬᠤᠲᠠ ᠶᠢᠨ ᠬᠥᠭᠵᠢᠯᠲᠡ ᠳᠤ ᠤᠶᠤᠨ ᠤ ᠳᠡᠮᠵᠢᠯᠭᠡ ᠬᠠᠩᠭᠠᠨ᠎ᠠ᠃

ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ