2016 ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠲᠠᠪᠤ︶
ᠨᠡᠶᠢᠲᠡᠯᠡᠭᠰᠡᠨ ᠴᠠᠭ᠄
2016/6/8
     ︵ᠭᠤᠷᠪᠠ︶ ︽ᠲᠠᠪᠤᠨ ᠰᠢᠪᠲᠤᠯᠤᠯᠲᠠ ᠶᠢᠨ ᠲᠠᠶᠢᠯᠠᠯᠳᠤᠭᠠᠨ︾᠎ ᠢ ᠰᠠᠶᠢᠲᠤᠷ ᠬᠢᠵᠦ᠂ ᠬᠤᠳᠠ ᠬᠥᠳᠡᠭᠡ ᠶᠢᠨ ᠨᠢᠭᠡ ᠴᠣᠭᠴᠠᠲᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ ᠪᠠᠶᠢᠭᠤᠯᠤᠨ᠎ᠠ      ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ︽ᠵᠢᠷᠭᠤᠭᠠᠨ ᠣᠨᠣᠪᠴᠢᠲᠠᠶ᠂ ᠲᠠᠪᠤᠨ ᠨᠢᠭᠡ ᠪᠦᠯᠦᠭ︾᠎ ᠲᠤ ᠲᠥᠪᠯᠡᠷᠡᠨ᠂ ᠶᠠᠳᠠᠭᠤ ᠶᠢ ᠲᠡᠳᠬᠦᠬᠦ ᠬᠥᠭᠵᠢᠯᠲᠡ ᠶᠢᠨ ᠲᠥᠯᠥᠪᠵᠢᠭᠦᠯᠭᠡ ᠪᠠ ᠲᠣᠬᠢᠷᠠᠮᠵᠢᠲᠠᠢ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ ᠶᠢ ᠪᠡᠶᠡᠯᠡᠭᠦᠯᠵᠦ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠡᠭᠦᠷᠭᠡ ᠪᠠᠨ ᠬᠤᠪᠢᠶᠠᠨ᠂ ᠬᠢᠨᠠᠨ ᠰᠢᠯᠭᠠᠵᠤ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠬᠦᠢᠴᠡᠳᠬᠡᠬᠦ ᠲᠤᠭ᠎ᠠ ᠶᠢᠨ ᠬᠢᠨᠠᠨ ᠰᠢᠯᠭᠠᠯᠲᠠ ᠳᠠᠬᠢ ᠬᠠᠷᠢᠴᠠᠯ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠲᠠᠩᠰᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠡᠯᠡ ᠮᠥᠩᠭᠦ ᠶᠢ ᠡᠮᠬᠢᠯᠡᠨ ᠣᠷᠣᠭᠤᠯᠬᠤ ᠡᠷᠴᠢᠮ ᠢᠶᠠᠨ ᠨᠡᠮᠡᠭᠳᠡᠭᠦᠯᠦᠨ᠂ ᠬᠤᠳᠠ ᠶᠢᠨ ᠳᠡᠰ ᠤᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠠᠪᠴᠠᠩ ᠢ ᠪᠠᠶᠢᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠦᠬᠦ ᠵᠢᠯ ᠳᠤ ᠶᠠᠳᠠᠭᠤ ᠶᠢ ᠲᠡᠳᠬᠦᠬᠦ ᠪᠡᠯᠡ ᠮᠥᠩᠭᠦ 40 ᠳ᠋ᠦᠩᠰᠢᠭᠤᠷ ᠲᠦᠭᠦᠷᠢᠭ ᠣᠷᠤᠭᠤᠯᠤᠨ᠎ᠠ᠃ ︽ᠭᠤᠷᠪᠠ ᠶᠢ ᠲᠣᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ᠂ ᠠᠵᠤ ᠦᠢᠯᠡᠰᠵᠢᠭᠦᠯᠦᠨ ᠶᠠᠳᠠᠭᠤ ᠶᠢ ᠲᠡᠳᠬᠦᠬᠦ ᠵᠡᠷᠭᠡ ᠠᠷᠭ᠎ᠠ ᠪᠣᠳᠤᠯᠭ᠎ᠠ ᠶᠢ ᠰᠠᠶᠢᠲᠤᠷ ᠬᠡᠷᠡᠭᠵᠢᠭᠦᠯᠵᠦ᠂ ᠬᠤᠷ᠎ᠠ ᠪᠣᠷᠤᠭ᠎ᠠ ᠲᠥᠯᠥᠪᠯᠡᠭᠡ᠂ ᠭᠡᠷᠡᠯ ᠸᠣᠯᠲ ᠪᠠᠷ ᠶᠠᠳᠠᠭᠤ ᠶᠢ ᠲᠡᠳᠬᠦᠬᠦ᠂ ᠵᠤᠭᠠᠴᠠᠯ ᠢᠶᠠᠷ ᠶᠠᠳᠠᠭᠤ ᠶᠢ ᠲᠡᠳᠬᠦᠬᠦ᠂ ᠡᠯᠧᠭᠲᠷᠥᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠨᠠᠷᠢᠯᠢᠭ᠌ ᠣᠨᠣᠪᠴᠢᠲᠠᠢ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠴᠢᠭ ᠲᠣᠭᠲᠠᠭᠠᠨ ᠲᠤᠰᠠᠯᠠᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭ᠎ᠠ ᠵᠡᠷᠭᠡ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠤᠯᠠᠨ ᠠᠴᠠ ᠴᠤᠭᠯᠠᠭᠤᠯᠤᠨ ᠶᠠᠳᠠᠭᠤ ᠶᠢ ᠲᠡᠳᠬᠦᠬᠦ ᠶᠢ ᠬᠠᠶᠢᠨ ᠰᠥᠪᠡᠭᠴᠢᠯᠡᠵᠦ᠂ ᠵᠢᠯ ᠤᠨ ᠲᠤᠲᠤᠷ᠎ᠠ 5.3 ᠲᠥᠮᠡᠨ ᠬᠦᠮᠦᠨ ᠢ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠎ᠠ᠃      ᠬᠦᠳᠡᠭᠡ ᠳᠤᠰᠬᠤᠨ ᠮᠠᠯᠵᠢᠬᠤ ᠣᠷᠣᠨ ᠤ ︽ᠠᠷᠪᠠ ᠶᠢ ᠪᠦᠷᠬᠦᠭᠦᠯᠬᠦ︾ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠲᠤᠷ ᠠᠳᠬᠤᠨ᠎ᠠ᠃ ᠵᠣᠬᠢᠶᠠᠨ ᠪᠠᠶᠢᠭᠤᠯᠤᠨ ᠤᠳᠤᠷᠢᠳᠬᠤ᠂ ᠪᠡᠯᠡ ᠮᠥᠩᠭᠦᠨ ᠤ ᠣᠷᠣᠭᠤᠯᠤᠯᠲᠠ᠂ ᠪᠠᠷᠢᠯᠭ᠎ᠠ ᠬᠢᠬᠦ ᠵᠤᠬᠢᠶᠠᠨ ᠪᠠᠶᠢᠭᠤᠯᠤᠯᠲᠠ ᠪᠣᠯᠣᠨ ᠪᠠᠷᠢᠯᠭ᠎ᠠ ᠶᠢ ᠬᠠᠮᠢᠶᠠᠷᠴᠦ ᠬᠠᠮᠠᠭᠠᠯᠠᠬᠤ ᠬᠦᠴᠦᠯᠡᠴᠡ ᠶᠢ ᠴᠢᠩᠳᠠᠯᠠᠨ᠂ ᠥᠪᠡᠷᠲᠡᠭᠡᠨ ᠵᠠᠰᠠᠬᠤ ᠣᠷᠤᠨ ᠤ ᠱᠠᠭᠠᠷᠳᠠᠯᠭ᠎ᠠ ᠶᠣᠰᠤᠭᠠᠷ ᠡᠨᠡ ᠵᠢᠯ ᠪᠦᠬᠦ ᠪᠦᠷᠬᠦᠯᠲᠡ ᠶᠢᠨ ᠬᠠᠷᠠᠯᠲᠠ ᠪᠠᠨ ᠦᠨᠳᠦᠰᠦᠨ ᠳᠤᠨᠢ ᠪᠠᠶᠡᠯᠡᠭᠦᠯᠦᠨ᠎ᠡ᠃ ︽ᠠᠷᠪᠠ ᠶᠢ ᠪᠦᠷᠬᠦᠭᠦᠯᠬᠦ︾ ᠣᠨᠴᠠᠯᠢᠭᠲᠤ ᠪᠠᠷᠢᠯᠭ᠎ᠠ ᠶᠢ ᠬᠥᠴᠦᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠡᠭᠦᠳᠡᠨ ᠫᠠᠶᠢᠰᠠ ᠶᠢᠨ ᠰᠤᠷᠠᠭ ᠵᠠᠩᠭᠢᠴᠢᠯᠠᠬᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠬᠤᠲᠠ ᠰᠢᠶᠠᠨ ᠰᠢᠶᠠᠩ ᠳᠤᠰᠬᠤᠨ ᠤ ᠠᠵᠢᠯᠯᠠᠬᠤ ᠲᠢᠩᠬᠢᠮ ᠤᠨ ᠬᠠᠷᠢᠯᠴᠠᠨ ᠬᠤᠯᠪᠣᠯᠳᠤᠵᠤ ᠨᠡᠪᠲᠡᠷᠡᠯᠴᠡᠬᠦ᠂ ᠨᠢᠭᠡ ᠴᠣᠭᠴᠠᠵᠢᠯᠲᠠ ᠶᠢ ᠪᠡᠶᠡᠯᠡᠭᠦᠯᠦᠨ᠂ ᠣᠯᠠᠨ ᠲᠦᠮᠡᠨ ᠳᠤ ᠦᠢᠯᠡᠴᠢᠯᠡᠨ ᠬᠠᠷᠢᠯᠴᠠᠬᠤ ︽ᠬᠠᠮᠤᠭ ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃ ᠪᠦᠬᠦ ᠬᠤᠲᠠ ᠳᠤ 20 ᠲᠤᠷᠰᠢᠯᠲᠠ ᠶᠢᠨ ᠲᠣᠰᠬᠤᠨ ᠰᠣᠩᠭᠤᠵᠤ᠂ ᠲᠠᠷᠢᠶᠠᠴᠢᠨ ᠠᠶᠢᠯ ᠤᠨ ᠵᠤᠭᠠᠴᠠᠯ᠂ ᠮᠠᠯᠵᠢᠯ ᠠᠮᠢᠳᠤᠷᠠᠯ ᠤᠨ ᠵᠤᠭᠠᠴᠠᠯ ᠵᠡᠷᠭᠡ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠵᠤᠭᠠᠴᠠᠯ ᠢ ᠲᠥᠪᠯᠡᠷᠡᠭᠦᠯᠦᠨ ᠬᠥᠭᠵᠢᠭᠦᠯᠵᠦ᠂ ᠪᠦᠬᠦ ᠵᠢᠯ ᠳᠤ ᠪᠠᠷᠢᠮᠵᠢᠶᠠᠵᠢᠭᠰᠠᠨ ᠡᠵᠡᠩᠨᠡᠬᠦ ᠡᠷᠦᠬᠡ ᠶᠢ 100᠎ ᠠᠴᠠ ᠳᠡᠭᠡᠭᠰᠢ ᠰᠢᠨ᠎ᠡ ᠨᠡᠮᠡᠭᠳᠡᠭᠦᠯᠦᠨ᠎ᠡ᠃ ᠬᠦᠳᠡᠭᠡ ᠳᠤᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠵᠦ᠂ ᠪᠣᠳᠠᠲᠠᠶ ᠠᠷᠭ᠎ᠠ ᠶᠢ ᠰᠤᠳᠤᠯᠤᠨ ᠲᠤᠭᠲᠠᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ᠦᠵᠡᠰᠬᠦᠯᠡᠩᠲᠦ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠵᠦ᠂ ᠭᠤᠶᠤᠵᠢᠬᠤ ᠪᠠ ᠴᠢᠨᠡᠭᠡᠯᠢᠭᠵᠢᠬᠦ ᠬᠤᠣᠰ ᠠᠮᠵᠢᠯᠲᠠ ᠶᠢ ᠪᠡᠶᠡᠯᠡᠭᠦᠯᠦᠨ᠎ᠡ᠃      ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠨ ᠬᠢᠨ᠎ᠡ᠃ ᠭᠤᠣᠯ ᠬᠤᠲᠠ ᠲᠣᠭᠤᠷᠢᠭ ᠤᠨ 130 ᠭᠤᠣᠯᠳᠠᠯᠭ᠎ᠠ ᠲᠠᠢ ᠬᠤᠳᠡ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠾᠦᠸᠧ ᠬᠤᠸᠠ ᠯᠦ ᠵᠠᠮ ᠤᠨ ᠶᠡᠭᠡ ᠬᠥᠭᠦᠷᠭᠡ᠂ ᠶᠢᠨ ᠾᠧ ᠶᠡᠭᠡ ᠬᠥᠭᠦᠷᠭᠡ᠂ ᠲᠢᠶᠧ ᠨᠠᠨ ᠶᠡᠭᠡ ᠵᠡᠭᠡᠯᠢ᠂ ᠢᠨᠵᠠᠭ᠎ᠠ ᠶᠢᠨ ᠬᠥᠭᠦᠷᠭᠡ ᠶᠢ ᠦᠷᠭᠦᠯᠵᠢᠯᠡᠨ ᠪᠠᠶᠢᠭᠤᠯᠬᠤ ᠵᠡᠷᠭᠡ ᠨᠢᠭᠡ ᠪᠦᠯᠦᠭ ᠵᠠᠮ ᠬᠥᠭᠦᠷᠭᠡ ᠶᠢᠨ ᠢᠨᠵᠧᠨᠧᠷᠢᠩ ᠢ ᠪᠡᠶᠡᠯᠡᠭᠦᠯᠵᠦ᠂ ᠶᠠᠷᠥᠩᠬᠡᠶᠢᠯᠡᠭᠰᠡᠨ ᠬᠤᠭᠤᠯᠠᠶ ᠬᠤᠩᠭᠢᠯ ᠢ 10 ᠺᠢᠯᠤᠮᠧᠲ᠋ᠧᠷ ᠪᠦᠲᠦᠭᠡᠨ ᠪᠠᠶᠢᠭᠤᠯᠤᠨ᠎ᠠ᠃ ᠳᠤᠮᠳᠠ ᠲᠤᠭᠤᠷᠢᠮ ᠵᠡᠮ ᠪᠠ ᠬᠤᠳᠠ ᠲᠣᠭᠤᠷᠢᠭᠰᠠᠨ ᠲᠦᠷᠭᠡᠨ ᠵᠠᠮ ᠢ ᠵᠠᠯᠭᠠᠬᠤ ᠪᠠᠷᠢᠯᠭ᠎ᠠ ᠶᠢ ᠡᠬᠢᠯᠡᠭᠦᠯᠵᠦ᠂ ᠤᠯᠠᠭᠠᠨᠬᠠᠳᠠ ᠶᠢᠨ ᠬᠤᠲᠠ ᠲᠣᠭᠤᠷᠢᠭ ᠠᠴᠠ ᠶᠤᠸᠠᠨ ᠪᠦᠦ ᠱᠠᠨ ᠲᠤᠭᠤᠷᠢᠭ ᠪᠠ ᠬᠠᠷᠠᠴᠢᠨ ᠬᠤᠰᠢᠭᠤ ᠬᠦᠷᠲᠡᠯᠡᠬᠢ ᠲᠡᠮᠦᠷ ᠵᠠᠮ ᠬᠠᠷᠢᠯᠴᠠᠭ᠎ᠠ ᠶᠢ ᠲᠥᠯᠦᠪᠵᠢᠭᠦᠯᠵᠦ᠂ ᠣᠯᠠᠨ ᠨᠡᠶᠢᠲᠡ ᠶᠢᠨ ᠳᠤᠭᠤᠶ ᠲᠡᠷᠭᠡᠨ ᠤ ᠰᠢᠰᠲ᠋ᠧᠮ ᠤᠨ ᠪᠠᠶᠢᠭᠤᠯᠤᠯᠲᠠ ᠶᠢ ᠥᠷᠨᠢᠭᠦᠯᠵᠦ᠂ ᠭᠤᠣᠯ ᠬᠤᠳᠠ ᠶᠢᠨ 50 ᠺᠢᠯᠣᠮᠧᠲᠷ ᠤᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠲᠤᠭᠤᠷᠢᠭ ᠢ ᠪᠠᠶᠢᠭᠤᠯᠤᠨ᠎ᠠ᠃ ᠬᠠᠶᠢᠮᠢᠶᠠᠨ ᠬᠤᠳᠠ ᠶᠢᠨ ᠲᠥᠯᠥᠪᠵᠢᠭᠦᠯᠭᠡ ᠶᠢ ᠡᠬᠢᠯᠡᠭᠦᠯᠵᠦ᠂ ᠣᠶᠤᠨᠲᠦ ᠲᠣᠮᠣ ᠠᠰᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠭᠤᠣᠯ ᠬᠤᠲᠠ ᠲᠣᠭᠤᠷᠢᠭ ᠤᠨ ︽ᠨᠤᠭᠤᠭᠠᠷᠠᠭᠤᠯᠬᠤ ᠭᠡᠷᠡᠯᠳᠦᠭᠦᠯᠬᠦ ᠭᠤᠶᠤᠵᠢᠭᠤᠯᠬᠤ︾ ᠢᠨᠵᠧᠨᠧᠷᠢᠩ ᠢ ᠳᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠳᠠᠭᠠᠨ ᠴᠠᠬᠢᠯᠭᠠᠨ ᠭᠠᠷᠭᠠᠬᠤ ᠲᠥᠷᠥᠯ ᠵᠦᠢᠯ ᠪᠣᠯᠤᠨ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠵᠦ᠂ ᠪᠠᠷᠠᠭᠤᠨ ᠠᠭᠤᠯᠠᠨ ᠤ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠶᠡᠷᠦᠩᠬᠡᠶᠢᠯᠡᠭᠰᠡᠨ ᠠᠷᠭ᠎ᠠ ᠪᠤᠲᠣᠯᠭ᠎ᠠ ᠪᠠᠷ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠳᠠᠯ ᠠᠬᠤᠶ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠶᠢ ᠶᠡᠷᠥᠩᠬᠡᠶᠢᠯᠡᠨ ᠵᠠᠰᠠᠬᠤ ᠪᠠ ᠬᠤᠳᠠ ᠶᠢᠨ ᠤᠢᠩᠭᠡ ᠳᠦᠷᠰᠦ ᠶᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠪᠦᠬᠦ ᠬᠤᠲᠠ ᠶᠢᠨ ᠬᠠᠭᠤᠴᠢᠨ ᠰᠠᠭᠤᠴᠠ ᠲᠤᠭᠤᠷᠢᠭ ᠢ 190 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠵᠦ᠂ ᠴᠢᠯᠥᠭᠡᠯᠡᠬᠦ ᠵᠡᠭᠡᠯᠢ ᠶᠢᠨ ᠪᠠᠷᠠᠭᠤᠨ ᠬᠡᠰᠡᠭ ᠵᠡᠷᠭᠡ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠪᠠ ᠬᠤᠳᠠ ᠳᠤᠮᠳᠠᠬᠢ ᠲᠣᠰᠬᠤᠨ ᠤ 7042 ᠡᠷᠦᠬᠡ ᠶᠢ ᠥᠭᠡᠷᠡᠴᠢᠯᠡᠨ ᠵᠠᠰᠠᠨ᠎ᠠ᠂ ᠶᠡᠷᠦᠩᠬᠡᠶ ᠰᠠᠶᠢᠳ ᠤᠨ ᠠᠩᠬᠠᠷᠴᠤ ᠪᠠᠶᠢᠭ᠎ᠠ ᠲᠡᠮᠦᠷ ᠵᠠᠮ ᠶᠢᠨ ᠡᠮᠦᠨᠡᠬᠢ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 7300 ᠡᠷᠦᠬᠡ ᠨᠤᠷᠠᠭᠠᠨ ᠨᠡᠭᠦᠯᠭᠡᠬᠦ ᠰᠠᠭᠤᠭᠠᠯᠢ ᠠᠷᠠᠳ ᠢ ᠰᠢᠨ᠎ᠡ ᠰᠠᠭᠤᠴᠠ ᠳᠤ ᠤᠷᠤᠭᠤᠯᠬᠤ ᠶᠢ ᠦᠨᠡᠨᠬᠦ ᠪᠠᠲᠤᠯᠠᠨ᠎ᠠ᠃ ᠭᠤᠣᠯ ᠬᠤᠲᠠ ᠲᠣᠭᠤᠷᠢᠭ ᠤᠨ ᠬᠤᠳᠠ ᠶᠢᠨ ᠶᠠᠪᠤᠳᠠᠯ ᠤᠨ ᠲᠣᠨᠤᠭ ᠲᠥᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠡᠷᠬᠢᠨ ᠲᠣᠭᠤᠷᠢᠨ ᠤ ᠲᠣᠰᠬᠤᠨ ᠪᠠᠯᠭᠠᠰᠤ ᠳᠤ ᠪᠥᠷᠬᠦᠭᠦᠯᠬᠦ ᠶᠢ ᠲᠦᠯᠬᠢᠨ ᠠᠬᠢᠭᠤᠯᠵᠤ᠂ ᠨᠢᠭᠡ ᠴᠣᠭᠴᠠᠵᠢᠭᠰᠠᠨ ᠬᠥᠭᠵᠢᠯᠲᠡ ᠶᠢ ᠪᠠᠶᠡᠯᠡᠭᠦᠯᠦᠨ᠂ ᠡᠨᠡ ᠵᠢᠯ 7 ᠭᠤᠣᠯᠳᠠᠯᠭ᠎ᠠ ᠲᠠᠢ ᠪᠠᠯᠭᠠᠰᠤ ᠶᠢ ᠰᠣᠩᠭᠤᠵᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠭᠤᠣᠯᠳᠠᠯᠭᠠᠲᠤ ᠵᠢᠵᠢᠭ ᠬᠤᠳᠠ ᠪᠠᠯᠭᠠᠰᠤ ᠪᠣᠯᠤᠨ ᠡᠷᠭᠢᠨ ᠲᠣᠭᠤᠷᠢᠨ ᠤ ᠠᠶᠢᠯ ᠲᠣᠰᠬᠤᠨ ᠳᠤ ᠲᠥᠪᠯᠡᠷᠡᠩᠭᠦᠶ ᠢᠯᠴᠢ ᠬᠠᠩᠭᠠᠬᠤ᠂ ᠭᠡᠢ ᠬᠠᠩᠭᠠᠬᠤ᠂ ᠤᠰᠤ ᠬᠠᠩᠭᠠᠵᠤ ᠤᠰᠤ ᠵᠠᠯᠠᠬᠤ᠂ ᠬᠤᠭ ᠨᠣᠪᠰᠢ ᠪᠠ ᠬᠠᠶᠠᠭᠳᠠᠮᠠᠯ ᠤᠰᠤ ᠶᠢ ᠶᠡᠷᠦᠩᠬᠡᠶᠢᠯᠡᠨ ᠰᠢᠢᠳᠪᠦᠷᠢᠯᠡᠬᠦ ᠶᠢ ᠳᠡᠮᠵᠢᠵᠦ᠂ ᠮᠠᠯᠴᠢᠨ ᠲᠠᠷᠢᠶᠠᠴᠢᠨ ᠤ ᠲᠤᠬᠠᠶ ᠶᠢᠨ ᠭᠠᠵᠠᠷ ᠲᠠᠭᠠᠨ ᠬᠤᠲᠠ ᠪᠠᠯᠭᠠᠰᠤᠴᠢᠯᠠᠬᠤ ᠶᠢ ᠠᠬᠢᠭᠤᠯᠤᠨ᠎ᠠ᠃      ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠲᠦᠷ ᠬᠢᠨ᠎ᠡ᠃ ᠠᠭᠠᠷ ᠮᠠᠨᠳᠠᠯ ᠪᠣᠯᠤᠨ ᠤᠰᠤᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠥᠰᠦᠯ ᠢ ᠲᠣᠭᠲᠠᠭᠠᠨ ᠬᠡᠷᠡᠭᠵᠢᠭᠦᠯᠦᠨ᠎ᠡ᠃ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠪᠠ ᠡᠨᠧᠷᠭᠢ ᠠᠷᠪᠢᠯᠠᠵᠤ ᠥᠭᠡᠷᠡᠴᠢᠯᠡᠨ ᠵᠠᠰᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠤᠲᠠ‌‍ᠲ᠋ᠣᠭᠤᠷᠢᠭ ᠬᠢᠭᠡᠳ ᠬᠤᠰᠢᠭᠤ ᠰᠢᠶᠠᠨ ᠤ ᠵᠠᠰᠠᠭ ᠶᠢᠨ ᠣᠷᠳᠤᠨ ᠤ ᠰᠠᠭᠤᠭ᠎ᠠ ᠪᠠᠯᠭᠠᠰᠦ ᠶᠢᠨ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠬᠡᠷᠡᠭᠯᠡᠬᠦ ᠶᠢ ᠴᠠᠭᠠᠵᠠᠯᠠᠨ᠎ᠠ᠃ ᠤᠢ ᠰᠢᠭᠤᠶ ᠶᠢᠨ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ 100 ᠲᠦᠮᠡᠨ ᠮᠤ᠋ ᠣᠶᠢᠵᠢᠭᠤᠯᠵᠤ᠂ ᠭᠤᠣᠯᠳᠠᠯᠭ᠎ᠠ ᠲᠠᠢ ᠣᠷᠣᠨ ᠲᠤᠭᠤᠷᠢᠭ ᠢ 20 ᠲᠦᠮᠡᠨ ᠮᠤ᠋ ᠨᠣᠭᠤᠭᠠᠷᠠᠭᠤᠯᠵᠤ᠂ ᠣᠰᠦ ᠬᠦᠷᠦᠰᠦ ᠶᠢ105 ᠲᠥᠮᠡᠨ ᠮᠦ ᠶᠡᠷᠥᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠯᠤᠰ ᠤᠨ ᠴᠡᠴᠡᠷᠯᠢᠭᠵᠢᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠴᠡᠴᠡᠷᠯᠢᠭᠵᠢᠭᠦᠯᠦᠨ ᠨᠣᠭᠤᠭᠠᠷᠠᠭᠤᠯᠬᠤ ᠲᠥᠷᠥᠯ ᠵᠦᠢᠯ ᠢ 53 ᠪᠡᠶᠡᠯᠡᠭᠦᠯᠵᠦ᠂ ᠬᠤᠳᠠ ᠶᠢᠨ ᠨᠣᠭᠤᠭᠠᠷᠠᠭᠤᠯᠤᠲᠠ ᠶᠢ 466 ᠾᠧᠺᠲ᠋ᠠᠷ ᠨᠡᠮᠡᠭᠳᠡᠭᠦᠯᠦᠨ᠎ᠡ᠃ ᠭᠤᠣᠯ ᠬᠤᠲᠠ ᠲᠣᠭᠤᠷᠢᠭ ᠢ ᠲᠤᠭᠤᠷᠢᠭᠰᠠᠨ 50 ᠺᠢᠯᠣᠮᠧᠲᠷ ᠤᠨ ᠬᠡᠪᠴᠢᠶᠡᠨ ᠤ ᠠᠮᠢ ᠠᠬᠤᠶ ᠠᠵᠤ ᠠᠬᠤᠶ ᠶᠢᠨ ᠲᠣᠭᠤᠷᠢᠭ ᠢ ᠲᠥᠯᠦᠪᠵᠢᠭᠦᠯᠦᠨ ᠪᠠᠶᠢᠭᠤᠯᠵᠤ᠂ ᠭᠤᠣᠯ ᠬᠤᠲᠠ ᠲᠣᠭᠤᠷᠢᠭ ᠤᠨ ᠭᠤᠣᠯ ᠤᠨ ᠣᠷᠣᠰᠬᠠᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠬᠢᠯᠡᠭᠦᠯᠵᠦ᠂ ᠵᠠᠭᠤᠨ ᠺᠢᠯᠣᠮᠧᠲᠷ ᠤᠨ ᠰᠢᠪᠡᠭᠡ ᠭᠤᠤᠯ ᠤᠨ ᠤᠰᠤᠨ ᠠᠰᠢᠭᠯᠠᠯᠲᠠ ᠶᠢᠨ ᠦᠵᠡᠮᠵᠢᠲᠦ ᠪᠦᠰᠡ ᠶᠢᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠢᠲᠡᠭᠦᠮᠵᠢᠯᠡᠨ ᠪᠤᠶᠢᠵᠢᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠡᠯ᠎ᠡ ᠲᠦᠷᠦᠯ ᠤᠨ ᠠᠮᠢ ᠠᠬᠤᠶ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠳᠤ ᠬᠥᠨᠳᠦ ᠴᠣᠬᠢᠯᠲᠠ ᠥᠭᠬᠦᠨ᠎ᠡ᠃      ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠲᠦᠷ ᠬᠢᠨ᠎ᠡ᠃ ᠤᠯᠠᠭᠠᠨᠬᠠᠳᠠ ᠠᠴᠠ ᠪᠡᠭᠡᠵᠢᠩ ᠮᠥᠭᠳᠡᠨ ᠱᠣᠭᠤᠮ ᠤᠨ ᠬᠠᠷᠠᠴᠢᠨ ᠵᠡᠭᠦᠨ ᠭᠠᠷᠤᠨ ᠰᠢᠶᠠᠨ ᠤ ᠥᠷᠲᠡᠭᠡ ᠶᠢᠨ ᠬᠤᠷᠳᠤᠨ ᠤ ᠲᠡᠮᠦᠷ ᠵᠠᠮ ᠶᠢᠨ ᠪᠦᠬᠦ ᠱᠤᠭᠤᠮ ᠤᠨ ᠠᠵᠢᠯ ᠢ ᠡᠬᠢᠯᠡᠭᠦᠯᠵᠦ᠂ ᠪᠡᠭᠡᠵᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠯᠲᠠ ᠶᠢᠨ ᠥᠭᠡᠷᠡᠴᠢᠯᠡᠯᠲᠡ ᠪᠠ ᠶᠧ ᠪᠠᠢ ᠱᠧᠦ ᠠᠴᠠ ᠤᠯᠠᠭᠠᠨᠬᠠᠳᠠ ᠬᠦᠷᠬᠦ ᠲᠡᠮᠥᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠵᠢᠲ᠋ᠦ᠋ᠩ ᠲᠡᠮᠦᠷ ᠵᠠᠮ ᠢ ᠬᠤᠣᠰ ᠱᠣᠭᠤᠮᠲᠦ ᠪᠣᠯᠭᠠᠬᠤ ᠵᠡᠷᠭᠡ 4 ᠵᠣᠷᠪᠤᠰ ᠲᠡᠮᠦᠷ ᠵᠠᠮ ᠢ ᠦᠷᠭᠦᠯᠵᠢᠯᠡᠨ ᠪᠠᠶᠢᠭᠤᠯᠬᠤ ᠠᠵᠢᠯ ᠢ ᠰᠠᠶᠢᠲᠤᠷ ᠠᠳᠬᠤᠨ᠎ᠠ᠃ ᠪᠢᠷᠠᠭᠤ ᠠᠴᠠ ᠤᠯᠠᠭᠠᠨᠪᠣᠲᠤᠩ ᠬᠦᠷᠬᠦ ᠬᠤᠷᠳᠤᠨ ᠤ ᠵᠠᠮ ᠵᠡᠷᠭᠡ 5 ᠵᠤᠷᠪᠤᠰ ᠵᠠᠰᠠᠮᠠᠯ ᠵᠡᠮ ᠢ ᠡᠬᠢᠯᠡᠨ ᠪᠥᠳᠥᠭᠡᠨ ᠪᠠᠶᠢᠭᠤᠯᠵᠤ᠂ ᠪᠢᠷᠠᠭᠤ ᠠᠴᠠ ᠰᠢᠯᠢᠩᠬᠤᠲᠠ ᠬᠦᠷᠬᠦ ᠬᠤᠷᠳᠤᠨ ᠤ ᠵᠠᠮ ᠵᠡᠷᠭᠡ 9 ᠵᠤᠷᠪᠤᠰ ᠪᠠᠶᠢᠭᠤᠯᠵᠤ ᠪᠠᠶᠢᠭ᠎ᠠ ᠵᠠᠰᠠᠮᠠᠯ ᠵᠠᠮ ᠢ ᠲᠦᠷᠭᠡᠨ ᠠᠬᠢᠭᠤᠯᠵᠤ᠂ ᠲᠣᠰᠬᠤᠨ ᠳᠤ ᠨᠡᠪᠳᠡᠷᠡᠬᠦ ᠴᠠᠷᠳᠠᠮᠠᠯ ᠵᠠᠮ ᠢ 2500 ᠺᠢᠯᠣᠮᠧᠲᠷ ᠰᠢᠨ᠎ᠡ ᠳᠡᠪᠢᠰᠦᠨ᠎ᠡ᠃ ᠬᠠᠮᠲᠦᠪᠡᠷ ᠬᠡᠷᠡᠭᠯᠡᠬᠦ ᠨᠢᠰᠬᠡᠯ ᠤᠨ ᠪᠠᠭᠤᠳᠠᠯ ᠵᠢᠴᠢ ᠳᠣᠣᠷ᠎ᠠ ᠠᠭᠠᠷ ᠤᠨ ᠨᠢᠰᠦᠯᠲᠡ ᠶᠢᠨ ᠲᠣᠣᠷᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠯᠢᠨᠰᠢ ᠶᠢᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠪᠥᠳᠥᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠬᠠᠰ ᠯᠣᠣ ᠨᠢᠰᠬᠡᠯ ᠤᠨ ᠪᠠᠭᠤᠳᠠᠯ ᠢ ᠨᠡᠭᠦᠯᠭᠡᠬᠦ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃ ᠳ᠋ᠦᠩ ᠲᠠᠶᠢᠽᠢ ᠤᠰᠤᠨ ᠴᠥᠭᠦᠷᠥᠮ ᠪᠠ ᠬᠤᠪᠠ ᠭᠤᠤ ᠶᠢᠨ ᠤᠰᠤᠨ ᠴᠥᠭᠦᠷᠥᠮ ᠢ ᠡᠬᠢᠯᠡᠨ ᠪᠥᠳᠥᠭᠡᠨ ᠪᠠᠶᠢᠭᠤᠯᠵᠤ᠂ ᠬᠢᠯᠢ ᠶᠢᠨ ᠭᠠᠳᠠᠨ᠎ᠠ ᠠᠴᠠ ᠤᠰᠤ ᠲᠠᠲᠠᠬᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃ 220 ᠺᠢᠯᠦᠸᠣᠯᠲ ᠤᠨ ᠺᠠᠩ ᠵᠢᠶᠠ ᠶᠢᠩ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠠᠵᠢᠯ᠂ ᠸᠧᠨ ᠵᠦᠩ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ ᠪᠥᠳᠥᠭᠡᠨ ᠪᠠᠶᠢᠭᠤᠯᠵᠤ᠂220 ᠺᠢᠯᠦᠸᠣᠯᠲ ᠶᠢᠨ ᠪᠠᠢ ᠯᠢᠨ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠵᠡᠷᠭᠡ 19 ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠠᠵᠢᠯ ᠢ ᠳᠠᠭᠤᠰᠬᠠᠨ ᠠᠰᠢᠭᠯᠠᠯᠲᠠ ᠳᠤ ᠣᠷᠣᠬᠤ ᠶᠢ ᠪᠠᠲᠤᠲᠠᠢ ᠪᠡᠶᠡᠯᠡᠭᠦᠯᠦᠨ᠎ᠡ᠃      ︵ᠲᠦᠷᠪᠡ︶ ︽ᠲᠠᠪᠤᠨ ᠶᠡᠭᠡ ᠢᠨᠵᠧᠨᠧᠷᠢᠩ︾᠎ ᠢ ᠪᠠᠲᠤᠵᠢᠭᠤᠯᠵᠤ᠂ ᠨᠡᠶᠢᠭᠡᠮ ᠤᠨ ᠡᠶ᠎ᠡ ᠵᠣᠬᠢᠴᠠᠯᠲᠠᠢ ᠲᠣᠭᠲᠠᠭᠤᠨ ᠰᠢᠨ᠎ᠡ ᠪᠠᠶᠢᠳᠠᠯ ᠢ ᠪᠠᠬᠢᠵᠢᠭᠦᠯᠦᠨ᠎ᠡ      ᠠᠵᠢᠯ ᠣᠯᠵᠤ ᠦᠢᠯᠡᠰ ᠪᠦᠲᠦᠭᠡᠬᠦ ᠢᠨᠵᠧᠨᠧᠷᠢᠩ ᠢ ᠰᠠᠶᠢᠲᠤᠷ ᠠᠳᠬᠤᠨ᠎ᠠ᠃ ᠠᠵᠢᠯ ᠣᠯᠵᠤ ᠦᠢᠯᠡᠰ ᠴᠣᠭᠴᠠᠯᠠᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠢᠳᠡᠪᠬᠢᠲᠡᠶ ᠬᠡᠷᠡᠭᠵᠢᠭᠦᠯᠵᠦ᠂ ᠪᠦᠲᠦᠮᠵᠢᠲᠡᠶ ᠠᠵᠢᠯ ᠣᠯᠭᠤᠬᠤ ᠬᠠᠩᠭᠠᠯᠭ᠎ᠠ ᠶᠢ ᠨᠡᠮᠡᠭᠳᠡᠭᠦᠯᠵᠦ᠂ ᠬᠥᠳᠡᠯᠮᠦᠷᠢ ᠲᠥᠪᠯᠡᠷᠡᠭᠰᠡᠨ ᠬᠡᠯᠪᠡᠷᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ ᠪᠣᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠳᠬᠦᠨ᠂ ᠮᠠᠯᠴᠢᠨ ᠲᠠᠷᠢᠶᠠᠴᠢᠨ ᠤ ᠲᠤᠰ ᠭᠠᠵᠠᠷ ᠲᠠᠭᠠᠨ ᠰᠢᠯᠵᠢᠵᠦ ᠠᠵᠢᠯ ᠤᠯᠬᠤ ᠪᠠ ᠭᠠᠳᠠᠭᠰᠢ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠨᠤᠲᠤᠭ ᠲᠠᠭᠠᠨ ᠪᠤᠴᠠᠵᠤ ᠦᠢᠯᠡᠰ ᠪᠦᠲᠦᠭᠡᠬᠦ ᠶᠢ ᠵᠣᠷᠢᠬᠵᠢᠭᠤᠯᠵᠤ᠂ ᠠᠵᠢᠯ ᠲᠠᠢ ᠬᠦᠮᠦᠨ ᠦᠭᠡᠢ ᠭᠡᠷ ᠪᠦᠯᠢ ᠂ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠴᠡᠷᠢᠭ ᠠᠴᠠ ᠪᠠᠭᠤᠭᠰᠠᠳ ᠬᠠᠯᠠᠭᠳᠠᠭᠰᠠᠳ ᠂ ᠬᠤᠳᠠ ᠪᠠᠯᠭᠠᠰᠤᠨ ᠤ ᠬᠦᠴᠢᠷᠲᠡᠶ ᠬᠥᠮᠦᠰ ᠵᠡᠷᠭᠡ ᠣᠨᠴᠠᠭᠠᠶ ᠬᠥᠮᠦᠰ ᠤᠨ ᠠᠵᠢᠯ ᠣᠯᠭᠤᠯᠲᠠ ᠶᠢᠨ ᠠᠵᠢᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠪᠦᠬᠦ ᠵᠢᠯ ᠳᠤ ᠬᠤᠲᠠ ᠪᠠᠯᠭᠠᠰᠤ ᠶᠢᠨ ᠠᠵᠢᠯ ᠣᠯᠭᠤᠯᠲᠠ ᠶᠢ 3 ᠲᠥᠮᠡᠨ ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠬᠤ ᠶᠢ 65 ᠲᠦᠮᠡᠨ ᠬᠥᠮᠦᠨ ᠨᠡᠮᠡᠭᠳᠡᠭᠦᠯᠵᠦ᠂ ︽ᠠᠵᠢᠯ ᠲᠠᠢ ᠬᠦᠮᠦᠨ ᠦᠭᠡᠢ ᠭᠡᠷ ᠪᠦᠯᠢ︾᠎ ᠶᠢ ᠬᠥᠳᠡᠯᠥᠩᠭᠦᠢ ᠪᠠᠷ ᠰᠢᠢᠳᠪᠦᠷᠢᠯᠡᠨ᠎ᠡ᠃ ᠦᠢᠯᠡᠰ ᠪᠦᠲᠦᠭᠡᠬᠦ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠦᠢᠯᠡᠰ ᠪᠦᠲᠦᠭᠡᠬᠦ ᠬᠦᠷᠢᠶᠡᠯᠡᠩ ᠪᠣᠯᠤᠨ ᠦᠢᠯᠡᠰ ᠪᠦᠲᠦᠭᠡᠬᠦ ᠨᠡᠪᠴᠢᠯᠲᠡ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ 5000 ᠬᠥᠮᠦᠨ ᠤ ᠦᠢᠯᠡᠰ ᠪᠦᠲᠦᠭᠡᠬᠦ ᠪᠣᠯᠪᠠᠰᠤᠷᠠᠭᠤᠯᠤᠯ ᠢ ᠪᠡᠶᠡᠯᠡᠭᠦᠯᠦᠨ᠂ ᠮᠠᠯᠴᠢᠨ ᠲᠠᠷᠢᠶᠠᠴᠢᠨ ᠤ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠢ 3 ᠲᠦᠮᠡᠨ ᠬᠥᠮᠦᠨ ᠳᠤ ᠬᠦᠷᠭᠡᠨ᠎ᠡ᠃      ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠲᠠᠯᠪᠢᠬᠤ ᠢᠨᠵᠧᠨᠧᠷᠢᠩ ᠢ ᠰᠠᠶᠢᠲᠦᠷ ᠠᠳᠬᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠪᠦᠷᠬᠦᠭᠦᠯᠬᠦ ᠬᠡᠪᠴᠢᠶ᠎ᠡ ᠶᠢ ᠥᠷᠭᠡᠳᠬᠡᠨ᠂ ᠠᠷᠠᠳ ᠨᠡᠶᠢᠲᠡ ᠪᠠᠷ ᠢᠶᠠᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢ ᠡᠬᠢᠯᠡᠭᠦᠯᠦᠨ᠎ᠡ᠃ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠠᠵᠢᠯᠲᠠᠨ ᠠᠵᠢᠯᠴᠢᠨ ᠪᠣᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ᠂ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠮᠥᠩᠭᠦ ᠪᠠ ᠬᠤᠳᠠ ᠬᠥᠳᠡᠭᠡ ᠶᠢᠨ ᠳᠣᠣᠷ᠎ᠠ ᠪᠠᠲᠤᠯᠠᠭ᠎ᠠ ᠶᠢᠨ ᠨᠥᠬᠦᠪᠥᠷᠢ ᠮᠥᠩᠭᠦ ᠶᠢ ᠦᠷᠭᠦᠯᠵᠢᠯᠡᠨ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠦᠷᠢᠮ ᠢ ᠡᠮᠬᠢᠯᠡᠨ ᠨᠢᠭᠡᠳᠬᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠬᠠᠷᠢᠴᠠᠯ ᠢ ᠵᠣᠬᠢᠰᠲᠠᠢ ᠲᠣᠭᠳᠠᠭᠠᠵᠤ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠭᠤᠷᠪᠠ ᠶᠢ ᠬᠠᠮᠳᠤᠷᠠᠭᠤᠯᠬᠤ ᠶᠢ ᠠᠬᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠣᠳᠠᠲᠠᠶ ᠬᠡᠷᠡᠭᠵᠢᠭᠦᠯᠬᠦ ᠠᠷᠭ᠎ᠠ ᠶᠢ ᠲᠡᠭᠦᠯᠳᠡᠷᠵᠢᠭᠦᠯᠵᠦ ᠂ ᠣᠯᠠᠨ ᠨᠡᠶᠢᠲᠡ ᠶᠢᠨ ᠡᠮ ᠡᠮᠨᠡᠯᠭᠡ ᠶᠢᠨ ᠳᠠᠭᠠᠳᠬᠠᠯ ᠡᠳ᠋ᠯᠡᠬᠦ ᠶᠢ ᠪᠡᠶᠡᠯᠡᠭᠦᠯᠦᠨ᠎ᠡ᠃ ︽ᠭᠤᠷᠪᠠᠨ ᠨᠢᠭᠡ︾ ᠠᠷᠠᠳ ᠤᠨ ᠠᠮᠢᠳᠤᠷᠠᠯ ᠤᠨ ᠪᠣᠲᠠᠳᠦ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠦᠷᠤᠯ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠨᠥᠴᠢᠨ ᠬᠡᠦᠬᠡᠳ᠂ ᠵᠡᠮᠳᠡᠭᠴᠦᠳ᠂ ᠲᠡᠨᠦᠭᠦᠯ ᠭᠤᠶᠤᠯᠭᠠᠴᠢᠨ ᠵᠡᠷᠭᠡ ᠪᠠᠭᠤᠷᠠᠶᠢᠴᠤᠳ ᠤᠨ ᠪᠠᠲᠤᠯᠠᠭ᠎ᠠ ᠶᠢᠨ ᠠᠵᠢᠯ ᠢ ᠰᠠᠶᠢᠲᠦᠷ ᠬᠢᠵᠦ᠂ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠭ᠎ᠠ ᠶᠢᠨ ᠳᠣᠣᠷᠵᠢᠯ ᠢ ᠪᠠᠬᠢᠵᠢᠬᠦᠯᠦᠨ᠎ᠡ᠃      ᠡᠷᠡᠭᠦᠯ ᠴᠠᠬᠢᠷᠠᠭ ᠬᠤᠳᠠ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ︽ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠰᠠᠶᠢᠵᠢᠷᠠᠭᠤᠯᠬᠤ ᠲᠥᠯᠥᠪᠯᠡᠭᠡ ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ︾ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠬᠤᠳᠠ ᠶᠢᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ ᠥᠪᠦᠷ ᠮᠣᠩᠭᠤᠯ ᠤᠨ ᠵᠡᠭᠦᠨ ᠬᠡᠰᠡᠭ ᠤᠨ ᠶᠡᠷᠦᠩᠬᠡᠶᠢᠯᠡᠭᠰᠡᠨ ᠰᠢᠯᠭᠠᠨ ᠪᠠᠶᠢᠴᠠᠭᠠᠨ ᠬᠡᠮᠵᠢᠬᠦ ᠲᠥᠪ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠡᠬᠢᠯᠡᠭᠦᠯᠦᠨ᠂ ᠬᠠᠪᠤᠳᠠᠷ᠂ ᠡᠮᠡᠭᠲᠡᠶᠢᠴᠦᠳ ᠬᠡᠦᠬᠡᠳ ᠵᠡᠷᠭᠡ ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠲᠦᠷᠭᠡᠳᠬᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠲᠦᠷᠭᠡᠨ ᠡᠮᠨᠡᠬᠦ ᠪᠠᠴᠢᠮ ᠠᠪᠦᠷᠡᠬᠤ ᠠᠵᠢᠯ ᠢ ᠴᠢᠩᠭᠠᠳᠬᠠᠵᠤ᠂ 120 ᠵᠢᠯᠤᠭᠤᠳᠤᠨ ᠲᠤᠬᠢᠷᠠᠭᠤᠯᠬᠤ ᠰᠢᠰᠲ᠋ᠧᠮ ᠤᠨ ᠪᠦᠬᠦ ᠬᠤᠲᠠᠨ᠎ᠠ ᠬᠤᠯᠪᠤᠭᠠᠯᠠᠬᠤ ᠶᠢ ᠪᠡᠶᠡᠯᠡᠭᠦᠯᠦᠨ᠎ᠡ᠃ ᠠᠳᠠᠯᠢ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠ ᠳ᠋ᠦᠩᠨᠡᠯᠲᠡ ᠶᠢ ᠬᠠᠷᠢᠯᠴᠠᠨ ᠮᠡᠳᠡᠷᠡᠯᠴᠡᠬᠦ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠦᠷᠰᠦ ᠰᠢᠩᠭᠡᠭᠡᠯᠲᠡ ᠪᠠ ᠡᠮᠴᠢᠯᠡᠭᠡ ᠶᠢᠨ ᠰᠢᠯᠭᠠᠨ ᠪᠠᠶᠢᠴᠠᠭᠠᠯᠲᠠ ᠶᠢᠨ ᠲᠥᠪ ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠲᠤᠮᠦ ᠬᠡᠯᠪᠡᠷᠢ ᠶᠢᠨ ᠡᠮᠴᠢᠯᠡᠭᠡᠨ ᠤ ᠲᠥᠬᠦᠭᠡᠷᠦᠮᠵᠢ ᠶᠢ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠶᠡᠷᠦᠩᠬᠡᠶ ᠰᠠᠯᠠᠭᠠᠨ ᠤ ᠡᠮᠴᠢ ᠬᠢᠭᠡᠳ ᠬᠥᠳᠡᠭᠡ ᠲᠣᠰᠬᠤᠨ ᠤ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠪᠠ ᠠᠯᠤᠰ ᠠᠴᠠ ᠡᠮᠨᠡᠨ ᠣᠨᠣᠰᠢᠯᠠᠬᠤ ᠶᠢ ᠳᠡᠯᠭᠡᠷᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠶᠢ ᠬᠡᠷᠡᠭᠵᠢᠭᠦᠯᠦᠨ᠂ ᠡᠮ ᠡᠮᠨᠡᠯᠭᠡ ᠶᠢᠨ ᠰᠢᠯᠢᠳᠡᠭ ᠡᠬᠢ ᠪᠠᠶᠠᠯᠢᠭ ᠨᠢ ᠦᠨᠳᠦᠰᠦᠨ ᠱᠠᠲᠦ ᠳᠤ ᠬᠦᠷᠬᠦ ᠶᠢ ᠠᠬᠢᠭᠤᠯᠤᠨ᠎ᠠ᠃ ᠣᠷᠣᠨ ᠬᠡᠴᠡ ᠶᠢᠨ ᠡᠷᠡᠭᠦᠯ ᠬᠠᠮᠠᠭᠠᠯᠠᠯ ᠤᠨ ᠰᠤᠷᠠᠭ ᠵᠠᠩᠭᠢ ᠶᠢᠨ ᠲᠠᠪᠴᠠᠩ ᠢ ᠣᠶᠤᠨᠲᠦ ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠳᠤ ᠣᠷᠤᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ᠂ ᠡᠯᠧᠺᠲᠷᠣᠨ ᠡᠪᠡᠳᠴᠢᠨ ᠤ ᠲᠡᠦᠬᠡ᠂ ᠬᠥᠮᠦᠨ ᠠᠮᠠ ᠶᠢᠨ ᠰᠤᠷᠠᠭ ᠵᠠᠩᠭᠢ᠂ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠨᠢᠭᠡ ᠺᠠᠷᠲ ᠢᠶᠠᠷ ᠠᠵᠢᠯᠯᠠᠭᠤᠯᠬᠤ ᠶᠢ ᠪᠡᠶᠡᠯᠡᠭᠦᠯᠦᠨ᠎ᠡ᠃ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠶᠢ ᠲᠥᠯᠬᠢᠨ ᠠᠬᠢᠭᠤᠯᠵᠤ᠂ ᠭᠡᠷ ᠲᠤ ᠪᠠᠨ ᠨᠠᠰᠤᠵᠢᠯ ᠤᠨ ᠠᠰᠠᠷᠠᠮᠵᠢ ᠬᠦᠷᠲᠡᠬᠦ᠂ ᠨᠡᠶᠢᠭᠡᠮ ᠲᠣᠭᠤᠷᠢᠭ ᠲᠤ ᠨᠠᠰᠤᠵᠢᠯ ᠤᠨ ᠠᠰᠠᠷᠠᠮᠵᠢ ᠬᠦᠷᠲᠡᠬᠦ᠂ ᠪᠠᠶᠢᠭᠤᠯᠤᠮᠵᠢ ᠳᠤ ᠨᠠᠰᠤᠵᠢᠯ ᠤᠨ ᠠᠰᠠᠷᠠᠮᠵᠢ ᠬᠦᠷᠲᠡᠬᠦ ᠵᠡᠷᠭᠡ ᠤᠯᠠᠨ ᠳᠠᠪᠬᠤᠷᠭᠠᠲᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠤᠯᠠᠭᠠᠨᠬᠠᠳᠠ ᠶᠢᠨ ᠢᠳᠡᠭᠡᠨ ᠢ ᠲᠥᠪᠯᠡᠷᠡᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠲᠥᠯᠦᠪᠵᠢᠭᠦᠯᠦᠨ ᠪᠠᠶᠢᠭᠤᠯᠵᠤ᠂ ᠢᠳᠡᠭᠡᠨ ᠪᠠ ᠡᠮ ᠤᠨ ᠵᠦᠢᠯ ᠤᠨ ᠠᠶᠤᠯ ᠥᠭᠡᠢ ᠶᠢᠨ ᠲᠤᠰᠬᠠᠶ ᠵᠠᠰᠠᠯᠲᠠ ᠶᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠮᠥᠷᠳᠡᠨ ᠪᠠᠶᠢᠴᠠᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾᠎ ᠢ ᠪᠠᠲᠤᠯᠠᠨ᠎ᠠ᠃ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠪᠦᠭᠦ ᠠᠷᠠᠳ ᠢᠶᠠᠷ ᠢᠶᠠᠨ ᠨᠣᠮ ᠤᠩᠰᠢᠬᠤ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠳᠦᠬᠦᠷ ᠦᠢᠯᠡᠴᠢᠯᠡᠭᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠪᠡᠶ᠎ᠡ ᠰᠡᠳᠬᠢᠴᠡ ᠶᠢᠨ ᠡᠷᠡᠭᠦᠯ ᠴᠢᠬᠢᠷᠠᠭ ᠤᠨ ᠬᠢᠷᠢ ᠳᠦᠪᠰᠢᠨ ᠶᠢ ᠳᠡᠭᠡᠭᠰᠢᠯᠡᠡᠭᠦᠯᠦᠨ᠎ᠡ᠃      ᠪᠣᠯᠪᠠᠰᠤᠨ ᠢ ᠡᠬᠦᠳᠬᠦ ᠢᠨᠵᠧᠨᠧᠷᠢᠩ ᠢ ᠰᠠᠶᠢᠲᠤᠷ ᠠᠳᠬᠤᠨ᠎ᠠ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠤᠯᠪᠠᠰᠦᠨ ᠰᠢᠶᠠᠨ᠂ ᠪᠣᠯᠪᠠᠰᠤᠨ ᠲᠣᠰᠬᠤᠨ ᠪᠠᠯᠭᠠᠰᠤ ᠵᠡᠷᠭᠡ ᠤᠯᠠᠨ ᠳᠡᠰ ᠳᠠᠪᠬᠤᠷᠭ᠎ᠠ ᠶᠢᠨ ᠪᠣᠯᠪᠠᠰᠤᠨ ᠢ ᠡᠭᠦᠳᠦᠨ ᠪᠠᠶᠢᠭᠤᠯᠬᠤ ᠪᠠ ᠬᠠᠮᠤᠭ ᠰᠠᠶᠢᠨ ᠭᠡᠷ ᠪᠦᠯᠢ᠂ ᠶᠣᠰᠣ ᠮᠣᠷᠠᠯ ᠤᠨ ᠵᠢᠱᠢᠶᠡᠴᠢ᠂ ᠮᠠᠨ ᠤ ᠳᠡᠷᠬᠡᠳᠡᠬᠢ ᠰᠠᠶᠢᠨ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯ ᠢ ᠯᠠᠪᠳᠠᠭᠤᠨ ᠠᠬᠢᠭᠤᠯᠵᠤ᠂ ᠰᠦᠯᠵᠢᠶᠡᠨ ᠤ ᠪᠣᠯᠪᠠᠰᠤᠨ ᠪᠠ ᠪᠣᠯᠪᠠᠰᠤᠨ ᠬᠤᠲᠠ ᠪᠠᠶᠢᠭᠤᠯᠬᠤ ᠨᠡᠶᠢᠲᠡ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠ ᠶᠢᠨ ᠲᠠᠩᠰᠠ ᠡᠪᠬᠡᠮᠡᠯ ᠤᠨ ᠰᠢᠨ᠎ᠡ ᠰᠠᠩ ᠢ ᠲᠥᠯᠦᠪᠵᠢᠭᠦᠯᠦᠨ ᠪᠠᠶᠢᠭᠤᠯᠵᠤ᠂ ᠬᠤᠳᠠ ᠶᠢᠨ ᠵᠠᠯᠠᠭᠤᠴᠤᠳ ᠪᠠᠭᠠᠴᠤᠳ ᠤᠨ ᠣᠷᠳᠣᠨ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠶᠡᠭᠡ ᠢᠲᠡᠬᠡᠮᠵᠢ ᠶᠢᠨ ᠢᠨᠵᠧᠨᠧᠷᠢᠩ ᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠲᠦᠯᠬᠢᠨ ᠠᠬᠢᠭᠤᠯᠵᠤ᠂ ᠬᠠᠤᠯᠢ ᠶᠣᠰᠣᠭᠠᠷ ᠱᠠᠰᠢᠨ ᠰᠤᠷᠲᠠᠬᠤᠨ ᠤ ᠶᠠᠪᠤᠳᠠᠯ ᠢ ᠬᠠᠮᠢᠶᠠᠷᠤᠨ᠎ᠠ᠃ ᠰᠣᠶᠣᠯ ᠢ ᠬᠥᠳᠡᠭᠡ ᠪᠠᠭᠤᠯᠭᠠᠬᠤ ᠪᠠ ᠰᠣᠶᠣᠯ ᠢᠶᠠᠷ ᠠᠷᠠᠳ ᠲᠤ ᠲᠤᠰᠠ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠳᠦᠭᠡᠯᠲᠡ ᠶᠢ ᠴᠡᠴᠡᠭᠯᠡᠭᠦᠯᠬᠦ᠂ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨᠡᠴᠢᠯᠡᠨ ᠬᠥᠭᠵᠢᠬᠦᠯᠦᠨ᠂ ᠰᠣᠶᠣᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠤᠨ᠎ᠠ᠃      ᠠᠮᠤᠷ ᠲᠠᠶᠢᠪᠤᠩ ᠤᠯᠠᠭᠠᠨᠬᠠᠳᠠ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠤᠯᠠᠭᠠᠨᠬᠠᠳᠠ ᠪᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠲᠤ ᠵᠠᠯᠠᠷᠠᠭᠤᠯᠬᠤ᠂ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠵᠡᠷᠭᠡ ᠠᠵᠢᠯ ᠢ ᠰᠠᠶᠢᠲᠦᠷ ᠬᠢᠵᠤ᠂ ᠬᠤᠳᠠ ᠬᠥᠳᠡᠭᠡ ᠶᠢ ᠪᠥᠷᠭᠦᠭᠰᠡᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠬᠦᠴᠦᠲᠡᠶ ᠴᠣᠬᠢᠯᠲᠠ ᠥᠭᠴᠦ᠂ ᠤᠯᠠᠨ ᠲᠦᠮᠡᠨ ᠤ ᠠᠶᠤᠯᠭᠦᠶ ᠰᠡᠳᠬᠢᠯᠭᠡ ᠪᠠ ᠬᠠᠨᠤᠮᠵᠢᠲᠤ ᠬᠡᠮᠵᠢᠶ᠎ᠡ ᠶᠢ ᠦᠨᠡᠩᠬᠦ ᠨᠡᠮᠡᠭᠳᠡᠭᠦᠯᠦᠨ᠎ᠡ᠃ ᠬᠠᠤᠯᠢ ᠪᠠᠷ ᠵᠠᠬᠢᠳᠠᠯ ᠰᠤᠷᠪᠤᠯᠵᠢᠯᠠᠭ᠎ᠠ ᠬᠢᠬᠦ᠂ ᠬᠠᠷᠢᠭᠤᠴᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠪᠣᠯᠤᠨ ᠢᠯᠡ ᠲᠣᠳᠦ ᠵᠠᠬᠢᠳᠠᠯ ᠰᠤᠷᠪᠤᠯᠵᠢᠯᠠᠭ᠎ᠠ ᠶᠢ ᠲᠦᠯᠬᠢᠨ ᠠᠬᠢᠭᠤᠯᠵᠤ᠂ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠬᠠᠤᠯᠢ ᠶᠣᠰᠣᠭᠠᠷ ᠴᠠᠭ ᠲᠤᠬᠠᠶ ᠳᠤ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠤᠯᠠᠨ ᠲᠦᠮᠡᠨ ᠤ ᠵᠦᠢ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠨ᠎ᠡ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ ᠂ ᠭᠠᠶ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ᠂ ᠲᠤᠰᠢᠶᠠᠯ ᠳᠠᠭᠠᠨ ᠣᠰᠣᠯᠳᠣᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠶᠢᠨ ᠬᠢᠨᠠᠨ ᠬᠠᠮᠢᠶᠠᠷᠬᠤ ᠬᠦᠴᠦᠨ ᠶᠢ ᠴᠢᠩᠭᠠᠳᠬᠠᠵᠤ᠂ ᠠᠭᠤᠷᠬᠠᠶ᠂ ᠬᠢᠮᠢ ᠶᠢᠨ ᠠᠵᠤ ᠦᠢᠯᠡᠳᠪᠦᠷᠢ ᠪᠣᠯᠤᠨ ᠠᠶᠤᠯᠲᠠᠶ ᠬᠢᠮᠢ ᠶᠢᠨ ᠵᠦᠢᠯ ᠂ ᠪᠠᠷᠢᠯᠭ᠎ᠠ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠪᠣᠯᠤᠨ ᠬᠤᠳᠠᠯᠳᠤᠭᠠᠨ ᠤ ᠲᠠᠯᠠᠪᠦᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠲᠡᠷᠭᠡᠨ ᠦᠷᠳᠡᠭᠡ᠂ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠳᠠᠬᠢ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠨᠴᠠ ᠶᠡᠭᠡ ᠠᠶᠤᠯᠭᠦᠶ ᠶᠢᠨ ᠠᠳᠡᠯ ᠬᠡᠷᠡᠭ ᠭᠠᠷᠬᠤ ᠶᠢ ᠡᠷᠡᠰ ᠬᠤᠷᠢᠭᠯᠠᠨ ᠵᠣᠭᠰᠣᠭᠠᠨ᠎ᠠ᠃      ᠲᠥᠯᠥᠭᠡᠯᠡᠭᠴᠢᠳ ᠡ᠂ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠤᠨ ᠲᠥᠯᠦᠭᠡ᠂ ᠤᠯᠠᠭᠠᠨᠬᠠᠳᠠ ᠪᠠᠨ ᠨᠡᠩ ᠰᠠᠶᠢᠨ ᠰᠠᠶᠢᠬᠠᠨ ᠪᠦᠲᠦᠭᠡᠨ ᠪᠠᠶᠢᠭᠤᠯᠬᠤ ᠶᠠᠪᠤᠳᠠᠯ ᠪᠣᠯ ᠮᠠᠨ ᠤ ᠲᠠᠷᠬᠠᠨ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠃ ᠪᠢᠳᠡ ᠤᠯᠤᠰ ᠲᠥᠷᠥ ᠶᠢᠨ ᠦᠵᠡᠯᠲᠡ᠂ ᠶᠡᠭᠡ ᠲᠠᠯ᠎ᠠ ᠶᠢᠨ ᠦᠵᠡᠯᠲᠡ᠂ ᠭᠤᠣᠯᠯᠠᠭᠴᠢ ᠦᠵᠡᠯᠲᠡ᠂ ᠳᠠᠭᠤᠷᠢᠶᠠᠯ ᠤᠨ ᠦᠵᠡᠯᠲᠡ ᠪᠠᠨ ᠴᠢᠩᠭᠠᠳᠬᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠳᠡᠭᠡᠷ᠎ᠡ ᠪᠠᠨ ᠡᠭᠦᠷᠢᠳᠡ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠴᠦ᠂ ᠤᠯᠤᠰ ᠲᠥᠷᠥ ᠶᠢᠨ ᠰᠠᠬᠢᠯᠭ᠎ᠠ ᠪᠠ ᠤᠯᠤᠰ ᠲᠥᠷᠥ ᠶᠢᠨ ᠳᠦᠷᠢᠮᠵᠢᠯ ᠢ ᠴᠢᠩᠭ᠎ᠠ ᠰᠠᠬᠢᠵᠤ᠂ ᠲᠥᠪ᠂ ᠥᠪᠡᠷᠲᠡᠭᠡᠨ ᠵᠠᠰᠠᠬᠤ ᠣᠷᠤᠨ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠬᠢᠨᠠᠮᠠᠭᠠᠢ ᠡᠷᠡᠰ ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ᠃ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠪᠠᠨ ᠰᠢᠨᠡᠳᠬᠡᠬᠦ ᠶᠢ ᠦᠷᠭᠦᠯᠵᠢᠯᠡᠨ ᠪᠠᠷᠢᠮᠲᠠᠯᠠᠵᠤ᠂ ᠣᠳᠣᠬᠢ ᠪᠠᠶᠢᠳᠠᠯ ᠳᠠᠭᠠᠨ ᠲᠠᠶᠢᠪᠤᠰᠢᠷᠠᠵᠤ ᠵᠣᠭᠰᠣᠩᠭᠤᠶᠢᠷᠠᠬᠤ ᠦᠭᠡᠢ᠂ ᠢᠮᠠᠭᠲᠠ ᠰᠢᠨ᠎ᠡ ᠶᠢ ᠡᠭᠦᠳᠬᠦ ᠰᠡᠳᠬᠢᠬᠦᠶ ᠪᠠᠷ ᠬᠥᠭᠵᠢᠯᠲᠡ ᠪᠠᠨ ᠰᠦᠪᠡᠭᠴᠢᠯᠡᠵᠦ︔ ᠠᠰᠠᠭᠤᠳᠠᠯ ᠳᠤ ᠰᠢᠭᠤᠳ ᠬᠠᠨᠳᠤᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠷᠢᠯᠴᠠᠨ ᠲᠦᠯᠬᠢᠯᠴᠡᠬᠦ ᠦᠭᠡᠢ᠂ ᠵᠥᠷᠢᠴᠡᠯ ᠠᠴᠠ ᠵᠠᠶᠢᠯᠠᠬᠤ ᠦᠭᠡᠶ᠂ ᠵᠢᠭᠰᠠᠭᠠᠯ ᠤᠨ ᠡᠮᠦᠨ᠎ᠡ ᠤᠬᠤᠷᠢᠬᠤ ᠦᠭᠡᠢ᠂ ᠬᠠᠮᠤᠭ ᠰᠠᠶᠢᠨ ᠠᠷᠭ᠎ᠠ ᠪᠠᠷ ᠬᠦᠴᠢᠷᠳᠡᠯ ᠢᠶᠠᠨ ᠴᠢᠷᠮᠠᠶᠢᠨ ᠰᠢᠢᠳᠪᠦᠷᠢᠯᠡᠨ᠎ᠡ᠃ ᠦᠨᠡᠨ ᠢ ᠪᠠᠷᠢᠮᠲᠠᠯᠠᠨ ᠬᠠᠲᠠᠭᠤᠵᠢᠯᠲᠠᠶ ᠪᠤᠲᠠᠲᠠᠢ ᠠᠵᠢᠯᠯᠠᠨ᠂ ᠵᠢᠮ᠎ᠡ ᠶᠣᠰᠣ ᠶᠢ ᠵᠥᠷᠢᠴᠡᠬᠦ ᠦᠭᠡᠢ᠂ ᠪᠣᠳᠠᠲᠠᠶ ᠠᠴᠠ ᠰᠠᠯᠬᠤ ᠦᠭᠡᠢ᠂ ᠪᠦᠷᠢᠯᠭᠡᠨ ᠰᠦᠢᠳᠬᠡᠬᠦ ᠦᠭᠡᠢ᠂ ᠤᠬᠠᠮᠰᠠᠷ ᠠᠴᠠ ᠪᠠᠨ ︽ᠭᠤᠷᠪᠠᠨ ᠴᠢᠩᠭ᠎ᠠ ᠭᠤᠷᠪᠠᠨ ᠪᠣᠳᠠᠲᠠᠶ︾ ᠬᠥᠮᠦᠵᠢᠯ ᠢᠶᠠᠷ ᠣᠪᠣᠷ ᠰᠤᠷᠲᠠᠯ ᠢᠶᠠᠨ ᠳᠠᠪᠲᠠᠨ ᠪᠣᠯᠪᠠᠰᠤᠷᠠᠭᠤᠯᠤᠨ᠎ᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡ ᠵᠠᠰᠠᠭ ᠪᠠᠷᠢᠵᠤ᠂ ᠦᠡᠭᠭᠡᠨ ᠲᠡᠳᠦᠶ ᠶᠠᠪᠤᠳᠠᠯ ᠢ ᠬᠢᠬᠦ ᠦᠭᠡᠢ᠂ ᠠᠵᠢᠯ ᠤᠨ ᠪᠦᠲᠦᠮᠵᠢ ᠶᠢᠨ ᠢᠨᠵᠧᠨᠧᠷᠢᠩ ᠬᠡᠯᠪᠡᠷᠢ ᠶᠢᠨ ᠠᠵᠢᠯ ᠢ ᠬᠢᠬᠦ ᠦᠭᠡᠢ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠪᠠᠨ ᠪᠠᠳᠤᠳᠬᠠᠵᠤ᠂ ︽ᠨᠠᠮ ᠤᠨ ᠳᠦᠷᠢᠮ ᠨᠠᠮ ᠤᠨ ᠳᠤᠭᠲᠠᠭᠠᠯ ᠢ ᠰᠤᠷᠤᠯᠴᠠᠵᠤ᠂ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠬᠦᠨᠵᠡᠭᠡᠢ ᠥᠷᠨᠢᠭᠦᠯᠵᠦ᠂ ᠣᠯᠠᠨ ᠲᠦᠮᠡᠨ ᠤ ᠲᠣᠰᠬᠠᠯ ᠶᠡᠬᠡᠲᠡᠶ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠶᠢ ᠪᠤᠢ ᠪᠣᠯᠭᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠡᠯ᠎ᠡ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠵᠠᠰᠠᠭ ᠤᠨ ᠣᠷᠳᠣᠨ ᠤ ᠳᠣᠲᠣᠭᠠᠳᠤ ᠶᠢᠨ ᠱᠠᠲᠤ ᠲᠡᠰ ᠤᠨ ᠬᠢᠨᠠᠯᠲᠠ᠂ ᠲᠤᠰᠬᠠᠶ ᠬᠢᠨᠠᠯᠲᠠ ᠪᠠ ᠬᠢᠨᠠᠨ ᠪᠤᠳᠤᠯᠳᠡ ᠶᠢᠨ ᠬᠢᠨᠠᠯᠲᠠ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠶᠡᠷᠦᠩᠬᠡᠶᠢᠯᠡᠨ ᠬᠠᠤᠯᠢ ᠬᠡᠷᠡᠭᠵᠢᠭᠦᠯᠦᠯᠲᠡ ᠶᠢ ᠰᠦᠪᠡᠭᠴᠢᠯᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠨᠡᠨ ᠬᠦ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠬᠦᠴᠦᠲᠠᠢ ᠠᠬᠢᠭᠤᠯᠵᠤ᠂ ᠤᠴᠢᠷ ᠶᠠᠪᠤᠳᠠᠯ ᠤᠨ ᠶᠠᠪᠣᠴᠠ ᠪᠠ ᠦᠷ᠎ᠡ ᠳ᠋ᠥᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠷᠤᠨ ᠲᠤᠭ᠎ᠠ ᠶᠢ ᠠᠵᠢᠯ ᠦᠢᠯᠡᠰ ᠢᠶᠠᠷ ᠲᠤᠭᠳᠠᠭᠠᠵᠤ᠂ ᠡᠳ᠋ ᠤᠨ ᠵᠠᠰᠠᠭ ᠢ ᠠᠵᠢᠯ ᠦᠢᠯᠡᠰ ᠢᠶᠠᠷ ᠲᠦᠯᠦᠪᠯᠡᠬᠦ ᠵᠤᠬᠢᠴᠠᠮᠵᠢ ᠶᠢ ᠰᠦᠪᠡᠭᠴᠢᠯᠡᠵᠦ᠂ ᠪᠣᠳᠠᠲᠠᠢ ᠶᠢ ᠡᠷᠬᠢᠮᠯᠡᠳᠡᠭ ᠥᠨᠳᠥᠷ ᠪᠦᠲᠦᠮᠵᠢᠲᠡᠶ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠤᠯᠠᠨ ᠨᠡᠶᠢᠲᠠ ᠶᠢᠨ ᠡᠬᠢ ᠪᠠᠶᠠᠯᠢᠭ ᠢ ᠠᠷᠠᠯᠵᠢᠶᠠᠯᠠᠬᠤ ᠲᠠᠪᠴᠠᠩ ᠢ ᠡᠮᠬᠢᠯᠡᠨ ᠨᠢᠳᠬᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠤᠨ ᠪᠠᠷᠢᠮᠵᠢᠶᠠᠵᠢᠭᠤᠯᠤᠯᠲᠠ ᠪᠠ ᠡᠯᠧᠭᠲᠷᠥᠨ ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠠᠵᠢᠯ ᠤᠨ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠠᠮᠠᠯᠠᠯᠲᠠ᠂ ᠠᠩᠬ᠎ᠠ ᠬᠠᠷᠢᠯᠴᠠᠭᠰᠠᠨ ᠨᠢ ᠬᠠᠷᠢᠭᠤᠴᠠᠬᠤ᠂ ᠲᠣᠭᠲᠠᠭᠰᠠᠨ ᠬᠤᠭᠤᠴᠠᠭᠠᠨ ᠳᠤ ᠬᠦᠢᠴᠡᠳᠬᠡᠬᠦ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠳᠡᠭᠡᠷ᠎ᠡ ᠬᠡᠷᠡᠭ ᠡᠷᠬᠢᠯᠡᠬᠦ ᠵᠡᠷᠭᠡ ᠲᠦᠷᠢᠮ ᠢ ᠬᠡᠷᠡᠭᠵᠢᠭᠦᠯᠵᠦ᠂ ᠵᠠᠰᠠᠭ ᠤᠨ ᠣᠷᠳᠤᠨ ᠤ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ ᠵᠠᠰᠠᠭ ᠤᠨ ᠣᠷᠳᠤᠨ ᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ︽ᠠᠵᠢᠯ ᠬᠢᠬᠦ ᠦᠭᠡᠢ᠂ ᠬᠤᠶᠢᠷᠭᠤᠰᠢᠬᠤ᠂ ᠳᠤᠷ᠎ᠠ ᠲᠠᠪᠠ ᠪᠠᠷ ᠢᠶᠠᠨ ᠬᠢᠬᠦ︾ ᠲᠤᠰᠬᠠᠢ ᠴᠡᠭᠴᠡᠯᠡᠨ ᠵᠠᠰᠠᠬᠤ ᠶᠢ ᠬᠦᠨᠵᠡᠭᠡᠶᠢᠷᠡᠭᠦᠯᠵᠦ᠂ ᠵᠠᠰᠠᠭ ᠢ ᠴᠠᠯᠠᠭᠠᠶᠢᠳᠠᠭᠤᠯᠤᠨ᠂ ᠬᠠᠷᠢᠭᠤᠴᠠᠯᠭ᠎ᠠ ᠪᠠᠨ ᠠᠯᠳᠠᠨ ᠳᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠬᠤ ︽ᠬᠠᠮᠤᠭ ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠰᠠᠬᠢᠯᠭ᠎ᠠ ᠶᠢ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠠᠯᠪᠠᠨ ᠤ ᠲᠡᠷᠭᠡ ᠶᠢ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠵᠠᠭᠠᠷᠲᠠᠶ ᠪᠡᠯᠡ ᠮᠥᠩᠭᠦ ᠪᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠳᠤ ᠨᠡᠩ ᠢᠯᠡᠭᠦᠦ ᠬᠡᠷᠡᠭᠯᠡᠨ᠎ᠡ᠃      ᠲᠥᠯᠥᠭᠡᠯᠡᠭᠴᠢᠳ ᠡ᠂ ᠰᠢᠨ᠎ᠡ ᠬᠡᠪ ᠪᠠᠶᠢᠳᠠᠯ ᠨᠢ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠰᠢᠨ᠎ᠡ ᠣᠢᠢᠯᠠᠭᠠᠭᠳᠠᠬᠤᠨ ᠨᠢ ᠰᠢᠨ᠎ᠡ ᠳᠠᠪᠠᠭᠤᠯᠢᠭ ᠢ ᠲᠦᠷᠭᠡᠳᠬᠡᠵᠦ᠂ ᠰᠢᠨ᠎ᠡ ᠡᠬᠢᠯᠡᠯᠲᠡ ᠨᠢ ᠰᠢᠨ᠎ᠡ ᠠᠶᠠᠨ ᠢ ᠡᠬᠢᠯᠡᠭᠦᠯᠳᠡᠭ ᠶᠤᠮ᠃ ᠪᠢᠳᠡ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠤᠶᠤᠨ ᠴᠢᠳᠠᠯ ᠢᠶᠠᠨ ᠰᠢᠪᠬᠠᠨ ᠠᠵᠢᠯᠯᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠴᠢᠷᠮᠠᠶᠢᠵᠠᠭᠠᠶ᠎ᠠ︕      ᠨᠡᠷᠡᠰ ᠤᠨ ᠲᠠᠶᠢᠯᠪᠦᠷᠢ ⒈ ᠣᠶᠤᠨᠲᠦ ᠬᠤᠳᠠ᠄ ᠡᠯ᠎ᠡ ᠰᠢᠰᠲ᠋ᠧᠮ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠤᠨ ᠰᠠᠭᠤᠷᠢ ᠲᠤᠭ᠎ᠠ ᠪᠠᠷᠢᠮᠲᠠ ᠶᠢ ᠰᠤᠷᠠᠭ ᠵᠠᠩᠭᠢ ᠪᠠ ᠮᠡᠳᠡᠭᠡ ᠬᠤᠯᠪᠣᠭᠠᠨ ᠤ ᠮᠡᠷᠭᠡᠵᠢᠯ ᠢᠶᠠᠷ ᠳᠠᠮᠵᠢᠨ᠂ ᠬᠤᠳᠠ ᠶᠢᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠣᠷᠴᠢᠨ ᠲᠣᠭᠤᠷᠢᠨ ᠢ ᠬᠠᠮᠠᠭᠠᠯᠠᠬᠤ᠂ ᠤᠯᠠᠨ ᠨᠡᠶᠢᠲᠡ ᠶᠢᠨ ᠠᠮᠤᠷ ᠲᠦᠪᠰᠢᠨ᠂ ᠦᠢᠯᠡᠳᠪᠦᠷᠢ ᠬᠤᠳᠠᠯᠳᠤᠭᠠᠨ ᠤ ᠠᠵᠢᠯᠯᠠᠭ᠎ᠠ ᠵᠡᠷᠭᠡ ᠡᠯ᠎ᠡ ᠬᠦᠷᠢᠶᠡᠨ ᠳᠤ ᠬᠡᠷᠡᠭᠯᠡᠵᠦ᠂ ᠥᠨᠳᠥᠷ ᠪᠦᠲᠦᠮᠵᠢᠲᠡᠶ᠂ ᠠᠷᠠᠳ ᠲᠤ ᠳᠥᠭᠦᠮ ᠦᠵᠡᠭᠦᠯᠬᠦ ᠣᠶᠣᠨᠴᠢ ᠦᠢᠯᠡᠴᠢᠯᠡᠭᠡ ᠬᠠᠩᠭᠠᠬᠤ᠃ ⒉ ᠶᠡᠷᠥᠩᠬᠡᠶᠢᠯᠡᠭᠰᠡᠨ ᠬᠤᠭᠤᠯᠠᠢ ᠬᠤᠩᠬᠢᠯ᠄ ᠬᠤᠲᠠ ᠶᠢᠨ ᠭᠠᠵᠠᠷ ᠳᠣᠣᠷᠠᠬᠢ ᠣᠷᠣᠨ ᠵᠠᠶ ᠳᠤ ᠨᠢᠭᠡ ᠨᠦᠬᠡᠨ ᠵᠠᠮ ᠪᠠᠶᠢᠭᠤᠯᠤᠨ᠂ ᠴᠠᠬᠢᠯᠭᠠᠨ ᠴᠢᠮᠡᠭᠡ ᠬᠤᠯᠪᠤᠭ᠎ᠠ ᠬᠡᠢ ᠤᠰᠤ ᠵᠡᠷᠭᠡ ᠡᠯ᠎ᠡ ᠵᠦᠢᠯ ᠤᠨ ᠪᠠᠷᠢᠯᠭ᠎ᠠ ᠶᠢᠨ ᠬᠤᠭᠤᠯᠠᠢ ᠶᠢ ᠨᠢᠭᠡ ᠴᠤᠭᠴᠠᠵᠢᠭᠤᠯᠵᠦ᠂ ᠨᠢᠭᠡᠳᠦᠯᠲᠡᠶ ᠲᠥᠯᠦᠪᠵᠢᠭᠦᠯᠦᠨ᠂ ᠨᠢᠭᠡᠳᠦᠯᠲᠡᠶ ᠵᠢᠷᠤᠭᠯᠠᠨ ᠲᠥᠯᠦᠪᠯᠡᠵᠤ᠂ ᠨᠢᠭᠡᠳᠦᠯᠲᠡᠶ ᠪᠦᠳᠦᠬᠡᠨ ᠪᠠᠶᠢᠭᠤᠯᠬᠤ ᠪᠠ ᠬᠠᠮᠢᠶᠠᠷᠬᠤ᠃ ⒊ppp ᠲᠥᠷᠦᠯ ᠵᠦᠢᠯ᠄ public ︵ᠨᠡᠶᠢᠲᠡ ᠶᠢᠨ︶ — Private ︵ᠬᠤᠪᠢ ᠶᠢᠨ︶ — Partnership ︵ᠬᠠᠮᠲᠤᠷᠠᠨ ᠠᠵᠢᠯᠯᠠᠬᠤ ᠬᠠᠷᠢᠴᠠᠭ᠎ᠠ︶ ᠵᠡᠷᠭᠡ ᠦᠰᠦᠭ ᠤᠨ ᠲᠣᠪᠴᠢᠯᠠᠯ᠂ ᠵᠠᠰᠠᠭ ᠤᠨ ᠣᠷᠳᠣᠨ ᠪᠠ ᠨᠡᠶᠢᠭᠡᠮ ᠤᠨ ᠪᠡᠯᠡ ᠬᠥᠷᠥᠩᠭᠡ ᠨᠢ ᠰᠠᠭᠤᠷᠢ ᠳᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠪᠠᠶᠢᠭᠤᠯᠤᠭᠰᠠᠨ ᠨᠢᠭᠡ ᠵᠦᠢᠯ ᠤᠨ ᠬᠠᠮᠲᠤᠷᠠᠨ ᠠᠵᠢᠯᠯᠠᠬᠤ ᠬᠠᠷᠢᠴᠠᠭ᠎ᠠ᠃ ⒋ ︽ᠭᠤᠷᠪᠠᠨ ᠦᠨᠡᠮᠯᠡᠯ ᠢ ᠨᠢᠭᠡᠳᠭᠡᠨ ᠨᠢᠬᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ︾᠄ ᠠᠵᠤ ᠠᠬᠤᠶᠢᠯᠠᠯ ᠳᠠᠩᠰᠠᠯᠠᠭᠤᠯᠬᠤ ᠦᠶ᠎ᠡ ᠳᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ ᠬᠠᠷᠭᠤᠭᠤᠯᠤᠨ ᠣᠯᠭᠤᠭᠰᠠᠨ ᠡᠵᠡᠩᠨᠡᠯᠲᠡ ᠶᠢᠨ ᠦᠨᠡᠮᠯᠡᠯ᠂ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠬᠠᠷᠭᠤᠭᠤᠯᠤᠨ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠯ ᠨᠣᠮᠧᠷ ᠤᠨ ᠲᠡᠮᠳᠡᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠭᠤᠭᠤᠯᠤᠨ ᠣᠯᠭᠤᠭᠰᠠᠨ ᠭᠠᠶᠢᠯᠢ ᠶᠢᠨ ᠶᠠᠪᠤᠳᠠᠯ ᠳᠠᠩᠰᠠᠯᠠᠭᠰᠠᠨ ᠦᠨᠡᠮᠯᠡᠯ ᠢ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ ᠬᠠᠷᠭᠤᠭᠤᠯᠤᠨ ᠨᠢᠭᠡᠯᠡ ᠦᠨᠡᠮᠯᠡᠯ ᠣᠯᠭᠤᠵᠤ᠂ ᠨᠢᠭᠡᠯᠡ ᠨᠡᠶᠢᠭᠡᠮ ᠤᠨ ᠢᠲᠡᠭᠡᠮᠵᠢ ᠶᠢᠨ ᠣᠷᠣᠯᠠᠯ ᠨᠣᠮᠧᠷ ᠢ ᠣᠯᠭᠤᠨ᠎ᠠ᠃ ⒌ ᠲᠡᠳᠭᠦᠨ ᠠᠪᠤᠷᠠᠬᠤ ᠳᠤ ᠬᠦᠴᠢᠷᠲᠡᠶ᠄ ᠭᠡᠨᠡᠳᠲᠡ ᠶᠢᠨ ᠬᠡᠷᠡᠭ ᠤᠴᠢᠷ᠂ ᠰᠠᠨᠠᠭᠠᠨ ᠳᠤ ᠦᠭᠡᠢ ᠭᠡᠮᠲᠦᠯ᠂ ᠬᠦᠨᠳᠦ ᠶᠡᠭᠡ ᠡᠪᠡᠳᠴᠢᠨ ᠡᠮᠭᠡᠭ ᠪᠤᠶᠤ ᠪᠤᠰᠤᠳ ᠣᠨᠴᠠᠭᠠᠶ ᠰᠢᠯᠲᠠᠭᠠᠨ ᠠᠴᠠ ᠪᠤᠯᠵᠤ ᠠᠮᠢᠳᠤᠷᠠᠯ ᠤᠨ ᠬᠦᠴᠢᠷᠳᠡᠯ ᠮᠤᠬᠤᠷᠳᠠᠯ ᠳᠤ ᠲᠤᠯᠭᠠᠷᠠᠵᠤ᠂ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠪᠦᠷᠬᠦᠬᠦ ᠠᠷᠭ᠎ᠠ ᠦᠭᠡᠶ ᠪᠤᠶᠤ ᠠᠪᠤᠷᠠᠨ ᠳᠤᠰᠠᠯᠠᠭᠰᠠᠨ ᠤ ᠲᠠᠷᠠᠭ᠎ᠠ ᠦᠨᠳᠦᠰᠦᠨ ᠠᠮᠢᠳᠤᠷᠠᠯ ᠨᠢ ᠮᠥᠨ ᠯᠡ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠪᠣᠯᠤᠨ ᠬᠤᠪᠢ ᠬᠥᠮᠦᠨ ᠳᠤ ᠥᠭᠬᠦ ᠲᠣᠭᠲᠠᠮᠠᠯ ᠬᠤᠭᠤᠴᠠᠭᠠᠲᠤ ᠪᠤᠰᠤ᠂ ᠳᠤᠭᠳᠠᠭᠰᠠᠨ ᠬᠡᠮᠵᠢᠶᠡᠨ ᠤ ᠪᠣᠰᠤ ᠡᠳ᠋ ᠪᠣᠳᠠᠰ ᠤᠨ ᠲᠤᠰᠠᠯᠠᠮᠵᠢ ᠪᠤᠶᠤ ᠪᠣᠳᠠᠰ ᠤᠨ ᠪᠤᠰᠤ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠃ ⒍ ︽1571︾ ᠢᠨᠵᠧᠨᠧᠷᠢᠩ᠄ 2011 ᠣᠨ ᠳᠤ ᠮᠠᠨ ᠤ ᠬᠤᠲᠠ ᠶᠢᠨ ᠳᠤᠷᠠᠳᠤᠭᠰᠠᠨ ᠡᠷᠴᠢᠮᠵᠢᠭᠦᠯᠦᠨ ᠤᠰᠤ ᠠᠷᠪᠢᠯᠠᠬᠤ ᠥᠨᠳᠥᠷ ᠪᠦᠲᠥᠮᠵᠢ ᠪᠠᠷ ᠭᠤᠣᠯ ᠪᠣᠯᠭᠠᠭᠰᠠᠨ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭᠠᠲᠦ ᠢᠨᠵᠧᠨᠧᠷᠢᠩ ᠪᠣᠯᠤᠨ᠎ᠠ᠃ ᠲᠤᠬᠠᠶᠢᠯᠠᠪᠠᠯ ︽ᠠᠷᠪᠠᠨ ᠬᠤᠶᠠᠳᠤᠭᠠᠷ ᠲᠠᠪᠤ︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠳᠤ 500 ᠲᠦᠮᠡᠨ ᠮᠥ ᠡᠷᠳᠡᠨᠢ ᠰᠢᠰᠢ ᠶᠢ ᠵᠤᠯᠤᠮ᠎ᠠ ᠶᠢᠨ ᠳᠣᠣᠷ᠎ᠠ ᠳᠤᠰᠤᠯᠭᠠᠨ ᠤᠰᠤᠯᠠᠬᠤ᠂ ᠨᠠᠷᠢᠮᠤ ᠳᠤᠰᠤᠯᠭᠠᠨ ᠤᠰᠤᠯᠠᠬᠤ᠂ ᠳᠦᠬᠦᠭᠡᠷᠦᠮᠵᠢᠲᠦ ᠲᠠᠷᠢᠶᠠᠯᠠᠩ᠂ ᠤᠰᠤ ᠠᠷᠪᠢᠯᠠᠬᠤ ᠬᠡᠯᠪᠡᠷᠢ ᠶᠢᠨ ᠬᠥᠮᠦᠨ ᠤ ᠬᠦᠴᠦ ᠪᠠᠷ ᠡᠪᠡᠰᠦ ᠲᠠᠷᠢᠬᠤ᠂ ᠤᠰᠤ ᠠᠷᠪᠢᠯᠠᠬᠤ ᠲᠥᠮᠥᠰᠥ᠂ ᠤᠰᠤ ᠠᠷᠪᠢᠯᠠᠬᠤ ᠡᠬᠡ ᠭᠠᠵᠠᠷ ᠤᠨ ᠢᠳᠡᠰᠢᠨ ᠨᠣᠭᠤᠭ᠎ᠠ᠂ ᠥᠨᠳᠥᠷ ᠪᠥᠲᠦᠮᠵᠢᠲᠦ ᠤᠰᠤ ᠠᠷᠪᠢᠯᠠᠬᠤ ᠠᠵᠤ ᠠᠬᠤᠶ ᠶᠢᠨ ᠤᠢ ᠶᠢ ᠲᠤᠰᠪᠦᠷᠢ 100 ᠲᠦᠮᠡᠨ ᠮᠤ᠋ ᠪᠡᠶᠡᠯᠡᠭᠦᠯᠵᠦ᠂ ᠴᠢᠨᠠᠷ ᠰᠠᠶᠢᠲᠠᠶ ᠠᠯᠠᠰᠢᠨ ᠦᠬᠡᠷ ᠢ 100 ᠲᠦᠮᠡᠨ ᠲᠣᠯᠤᠭᠠᠢ ᠳᠤ ᠬᠦᠷᠭᠡᠬᠦ᠃ ⒎ ᠬᠠᠶᠢᠮᠢᠶᠠᠨ ᠬᠤᠳᠠ᠄ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠠᠷᠭ᠎ᠠ ᠪᠠᠷ ᠳᠠᠮᠵᠢᠨ᠂ ᠪᠣᠷᠣᠭᠠᠨ ᠣᠷᠣᠬᠤ ᠳᠤ ᠤᠰᠤ ᠰᠢᠩᠭᠡᠭᠡᠵᠦ᠂ ᠤᠰᠤ ᠬᠠᠳᠠᠭᠠᠯᠠᠵᠤ᠂ ᠤᠰᠤ ᠨᠡᠪᠴᠢᠭᠦᠯᠵᠦ᠂ ᠤᠰᠤ ᠴᠡᠪᠡᠷᠰᠢᠭᠦᠯᠵᠦ᠂ ᠴᠢᠬᠤᠯᠠᠲᠠᠶ ᠦᠶᠡᠰ ᠲᠤ ᠬᠠᠳᠠᠭᠠᠯᠠᠭᠰᠠᠨ ᠤᠰᠤ ᠪᠠᠨ ᠭᠠᠷᠭᠠᠨ ᠠᠰᠢᠭᠯᠠᠬᠤ᠂ ᠬᠤᠳᠠ ᠪᠠᠯᠭᠠᠰᠤ ᠨᠢ ᠣᠷᠴᠢᠨ ᠲᠣᠭᠤᠷᠢᠨ ᠤ ᠬᠤᠪᠢᠷᠠᠯᠲᠠ ᠳᠤ ᠵᠣᠬᠢᠴᠠᠬᠤ ᠪᠠ ᠪᠣᠷᠤᠭᠠᠨ ᠠᠴᠠ ᠪᠣᠯᠣᠭᠰᠠᠨ ᠪᠠᠶᠢᠭᠠᠯᠢ ᠶᠢᠨ ᠭᠠᠮᠰᠢᠭ ᠵᠡᠷᠭᠡ ᠲᠠᠯ᠎ᠠ ᠶᠢ ᠠᠷᠭᠠᠴᠠᠬᠤ ᠳᠤ ᠨᠡᠩ ᠰᠠᠶᠢᠨ ︽ᠬᠠᠷᠢᠮᠠᠬᠠᠶ ᠴᠢᠨᠠᠷ︾᠎ ᠲᠠᠢ ᠪᠠᠶᠢᠳᠠᠭ᠃ ⒏ ᠲᠠᠪᠤᠨ ᠶᠡᠭᠡ ᠪᠤᠳᠤᠯᠭ᠎ᠠ᠄ ᠬᠤᠷᠸ᠎ᠠ ᠲᠦᠷᠦ ᠶᠢᠨ ᠪᠤᠳᠤᠯᠭ᠎ᠠ ᠨᠢ ᠲᠣᠭᠲᠠᠭᠤᠨ ᠪᠠᠶᠢᠬᠤ᠂ ᠠᠵᠤ ᠦᠢᠯᠡᠰ ᠤᠨ ᠲᠥᠷᠥ ᠶᠢᠨ ᠪᠤᠳᠤᠯᠭ᠎ᠠ ᠨᠢ ᠣᠨᠣᠪᠴᠢᠲᠠᠶ ᠪᠠᠶᠢᠬᠤ᠂ ᠬᠤᠮᠠᠬᠢ ᠲᠦᠷᠦ ᠶᠢᠨ ᠪᠤᠳᠤᠯᠭ᠎ᠠ ᠨᠢ ᠠᠮᠢᠳᠤᠯᠢᠭ ᠪᠠᠶᠢᠬᠤ᠂ ᠥᠭᠡᠷᠡᠴᠢᠯᠡᠯᠲᠡ ᠬᠢᠬᠦ ᠲᠦᠷᠦ ᠶᠢᠨ ᠪᠤᠳᠦᠯᠭ᠎ᠠ ᠨᠢ ᠦᠨᠡᠨ ᠪᠣᠳᠠᠲᠠᠶ ᠪᠠᠶᠢᠬᠤ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠰᠠᠭᠤᠷᠢ ᠲᠠᠢ ᠪᠠᠶᠢᠬᠤ᠃ ⒐ ᠠᠷᠪᠠ ᠶᠢ ᠨᠡᠩ ᠴᠢᠬᠤᠯᠠᠴᠢᠯᠠᠬᠤ᠄ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠬᠤ︔ ᠠᠵᠤ ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠨᠡᠩ ᠴᠢᠬᠤᠯᠠᠴᠢᠯᠠᠬᠤ︔ ᠬᠤᠷᠸ᠎ᠠ ᠲᠣᠬᠢᠷᠠᠭᠤᠯᠭ᠎ᠠ ᠡᠵᠡᠮᠰᠢᠯ ᠢ ᠶᠠᠪᠤᠭᠳᠠᠭᠤᠯᠤᠨ᠂ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠪᠠ ᠨᠡᠶᠢᠭᠡᠮ ᠤᠨ ᠰᠡᠳᠬᠢᠴᠡ ᠶᠢᠨ ᠵᠢᠱᠢᠯᠲᠡ ᠶᠢ ᠬᠥᠳᠦᠯᠦᠨ ᠵᠢᠯᠤᠭᠤᠳᠬᠤ ᠶᠢ ᠨᠡᠩ ᠴᠢᠬᠤᠯᠠᠴᠢᠯᠠᠬᠤ︔ ᠠᠵᠤ ᠦᠢᠯᠡᠰ ᠤᠨ ᠪᠦᠲᠦᠴᠡ ᠶᠢ ᠲᠤᠬᠢᠷᠠᠭᠤᠯᠵᠤ᠂ ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ ᠠᠷᠭ᠎ᠠ ᠶᠢ ᠵᠡᠷᠭᠡᠪᠡᠷ ᠡᠷᠬᠢᠮᠯᠡᠬᠦ ᠶᠢ ᠨᠡᠩ ᠴᠢᠬᠤᠯᠠᠴᠢᠯᠠᠬᠤ︔ ᠬᠤᠲᠠ ᠪᠠᠯᠭᠠᠰᠤᠵᠢᠯᠲᠠ ᠶᠢ ᠲᠦᠯᠬᠢᠨ ᠠᠬᠢᠭᠤᠯᠵᠤ᠂ ᠬᠥᠮᠦᠨ ᠢᠶᠠᠷ ᠦᠨᠳᠦᠰᠦ ᠪᠤᠯᠭᠠᠬᠤ ᠶᠢ ᠨᠡᠩ ᠴᠢᠬᠤᠯᠠᠴᠢᠯᠠᠬᠤ︔ ᠣᠷᠣᠨ ᠬᠡᠴᠡ ᠶᠢᠨ ᠬᠥᠭᠵᠢᠯᠲᠡ ᠶᠢ ᠠᠬᠢᠭᠤᠯᠵᠤ᠂ ᠬᠥᠮᠦᠨ ᠠᠮᠠ ᠠᠵᠤ ᠠᠬᠤᠶ ᠪᠠ ᠡᠬᠢ ᠪᠠᠶᠠᠯᠢᠭ ᠣᠷᠴᠢᠨ ᠠᠬᠤᠶ ᠶᠢᠨ ᠣᠷᠣᠨ ᠵᠠᠶ ᠶᠢ ᠲᠡᠩᠴᠡᠭᠦᠷᠢᠲᠡᠶ ᠪᠠᠶᠢᠬᠤ ᠶᠢ ᠨᠡᠩ ᠴᠢᠬᠤᠯᠠᠴᠢᠯᠠᠬᠤ︔ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠵᠤ᠂ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠠᠷᠭ᠎ᠠ ᠮᠠᠶ᠋ᠢᠭ ᠢ ᠲᠦᠯᠬᠢᠨ ᠠᠬᠢᠭᠤᠯᠬᠤ ᠶᠢ ᠨᠡᠩ ᠴᠢᠬᠤᠯᠠᠴᠢᠯᠠᠬᠤ︔ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠣᠨᠴᠠ ᠲᠤᠭᠳᠠᠭᠰᠠᠨ ᠬᠥᠮᠦᠰ ᠤᠨ ᠣᠨᠴᠠᠭᠠᠶ ᠬᠦᠴᠢᠷᠳᠡᠯ ᠢ ᠣᠨᠣᠪᠴᠢᠲᠠᠢ ᠳᠡᠮᠵᠢᠬᠦ ᠶᠢ ᠨᠡᠩ ᠴᠢᠬᠤᠯᠠᠴᠢᠯᠠᠬᠤ︔ ᠡᠬᠢ ᠪᠠᠶᠠᠯᠢᠭ ᠤᠨ ᠲᠤᠬᠢᠷᠠᠭᠤᠯᠤᠯᠳᠠ ᠬᠢᠵᠦ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠨᠡᠩ ᠴᠢᠬᠤᠯᠠᠴᠢᠯᠠᠬᠤ︔ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠥᠷᠭᠡᠳᠬᠡᠵᠦ᠂ ᠥᠨᠳᠥᠷ ᠬᠢᠷᠢ ᠲᠦᠪᠰᠢᠨ ᠢᠶᠠᠷ ᠬᠤᠣᠰ ᠬᠠᠨᠳᠤᠯᠭᠠᠲᠦ ᠴᠢᠯᠥᠭᠡᠲᠡᠶ ᠶᠠᠪᠤᠯᠴᠠᠬᠤ ᠶᠢ ᠠᠬᠢᠭᠤᠯᠬᠤ ᠶᠢ ᠨᠡᠩ ᠴᠢᠬᠤᠯᠠᠴᠢᠯᠠᠬᠤ᠃ ⒑ ᠭᠠᠵᠠᠷ ᠰᠢᠷᠣᠶ ᠶᠢ ︽ᠠᠰᠠᠷᠠᠭᠴᠢ︾ ᠮᠠᠶ᠋ᠢᠭ ᠤᠨ ᠨᠠᠶᠢᠳᠠᠵᠤ ᠬᠠᠮᠢᠶᠠᠷᠬᠤ ᠦᠢᠯᠡᠴᠢᠯᠡᠭᠡ᠄ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢᠨ ᠨᠢᠭᠡ ᠵᠦᠢᠯ ᠤᠨ ᠬᠡᠯᠪᠡᠷᠢ᠂ ᠭᠠᠵᠠᠷ ᠲᠠᠷᠢᠶ᠎ᠠ ᠪᠠᠨ ᠲᠠᠷᠢᠬᠤ ᠳᠤᠷ᠎ᠠ ᠦᠭᠡᠢ ᠪᠤᠶᠤ ᠲᠠᠷᠢᠬᠤ ᠴᠢᠳᠠᠪᠤᠷᠢ ᠦᠭᠡᠢ ᠬᠡᠰᠡᠭ ᠪᠥᠯᠦᠭ ᠬᠥᠮᠦᠨ ᠂ ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠪᠣᠯᠤᠨ ᠲᠠᠷᠢᠮᠠᠯ ᠤᠨ ᠲᠤᠮᠤ ᠡᠷᠦᠭᠡ ᠳᠤ ᠨᠠᠶᠢᠳᠠᠨ᠂ ᠲᠡᠭᠦᠨ ᠢᠶᠠᠷ ᠣᠷᠤᠯᠠᠭᠤᠯᠤᠨ ᠲᠠᠷᠢᠵᠤ ᠬᠠᠮᠢᠶᠠᠷᠤᠭᠤᠯᠬᠤ ᠠᠷᠭ᠎ᠠ ᠶᠢ ᠵᠢᠭᠠᠨ᠎ᠠ᠃ ᠲᠠᠷᠢᠶᠠᠴᠢᠳ ᠤᠨ ᠭᠠᠵᠠᠷ ᠰᠢᠷᠣᠶ ᠶᠢ ᠳᠠᠭᠠᠭᠠᠴᠢᠯᠠᠬᠤ ᠡᠷᠬᠡ᠂ ᠠᠰᠢᠭ ᠬᠦᠷᠲᠡᠬᠦ ᠡᠷᠬᠡ ᠪᠠ ᠤᠯᠤᠰ ᠤᠨ ᠲᠠᠷᠢᠶᠠᠴᠢᠳ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠡᠳ᠋ᠯᠡᠬᠦ ᠡᠷᠬᠡ ᠶᠢ ᠬᠤᠪᠢᠷᠠᠭᠤᠯᠬᠤ ᠦᠭᠡᠢ ᠤᠷᠢᠲᠠᠯ ᠳᠣᠣᠷ᠎ᠠ᠂ ᠲᠠᠷᠢᠶᠠᠯᠠᠩ ᠤᠨ ᠬᠡᠪᠴᠢᠶᠡᠵᠢᠭᠰᠡᠨ᠂ ᠡᠷᠴᠢᠮᠵᠢᠭᠰᠡᠨ᠂ ᠮᠠᠰᠢᠨᠴᠢᠯᠠᠭᠰᠠᠨ ᠦᠢᠯᠡᠳᠪᠦᠷᠢᠯᠡᠯ ᠢ ᠪᠡᠶᠡᠯᠡᠭᠦᠯᠦᠨ᠎ᠡ᠃ ⒒ ᠵᠢᠷᠭᠤᠭᠠᠨ ᠣᠨᠣᠪᠴᠢᠲᠠᠶ᠂ ᠲᠠᠪᠤᠨ ᠨᠢᠭᠡ ᠪᠦᠯᠦᠭ᠄ ᠲᠡᠳᠬᠦᠭᠦᠯᠬᠦ ᠡᠲᠡᠭᠡᠳ ᠨᠢ ᠣᠨᠣᠪᠴᠢᠲᠠᠶ᠂ ᠲᠥᠷᠦᠯ ᠵᠦᠢᠯ ᠢ ᠲᠣᠬᠢᠷᠠᠭᠤᠯᠬᠤ ᠨᠢ ᠣᠨᠣᠪᠴᠢᠲᠠᠶ᠂ ᠪᠡᠯᠡ ᠮᠥᠩᠭᠦ ᠬᠡᠷᠡᠭᠯᠡᠬᠦ ᠨᠢ ᠣᠨᠣᠪᠴᠢᠲᠠᠶ᠂ ᠠᠷᠭ᠎ᠠ ᠬᠡᠮᠵᠢᠶ᠎ᠡ ᠡᠷᠥᠭᠡ ᠳᠤ ᠬᠦᠷᠬᠦ ᠨᠢ ᠣᠨᠣᠪᠴᠢᠲᠠᠶ᠂ ᠭᠠᠴᠠᠭᠠᠨ ᠤ ᠪᠠᠶᠢᠳᠠᠯ ᠢᠶᠠᠷ ᠬᠥᠮᠦᠨ ᠲᠤᠮᠢᠯᠠᠬᠤ ᠨᠢ ᠣᠨᠣᠪᠴᠢᠲᠠᠶ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠨᠢ ᠣᠨᠣᠪᠴᠢᠲᠠᠶ ᠪᠠᠶᠢᠬᠤ ᠃ ᠦᠢᠯᠡᠳᠪᠦᠷᠢᠯᠡᠯ ᠢ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠭᠦᠵᠦ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠂ ᠠᠮᠢ ᠠᠬᠤᠶ ᠶᠢᠨ ᠨᠥᠬᠦᠪᠦᠷᠢ ᠣᠯᠭᠤᠵᠤ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠂ ᠰᠤᠷᠭᠠᠨ ᠬᠥᠮᠦᠵᠢᠯ ᠢ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠂ ᠨᠡᠶᠢᠭᠡᠮ ᠤᠨ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠃ ⒓ ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠭᠡᠬᠦ᠄ ᠲᠥᠯᠥᠪᠵᠢᠭᠦᠯᠭᠡ ᠶᠢ ᠲᠣᠰᠬᠤᠨ ᠡᠷᠦᠬᠡ ᠳᠤ ᠬᠦᠷᠭᠡᠨ᠎ᠡ᠂ ᠲᠥᠷᠥᠯ ᠵᠦᠢᠯ ᠢ ᠲᠣᠰᠬᠤᠨ ᠡᠷᠦᠬᠡ ᠳᠤ ᠬᠦᠷᠭᠡᠨ᠎ᠡ᠂ ᠺᠠᠳ᠋ᠷ ᠢ ᠲᠣᠰᠬᠤᠨ ᠡᠷᠦᠬᠡ ᠳᠤ ᠣᠴᠢᠭᠤᠯᠤᠨ᠎ᠠ᠃ ⒔ ︽ᠭᠤᠷᠪᠠᠨ ᠨᠢᠭᠡ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠄ ᠣᠷᠣᠯᠭ᠎ᠠ ᠳᠤᠤᠷ᠎ᠠ ᠲᠠᠷᠢᠶᠠᠯᠠᠬᠤ ᠮᠠᠯᠵᠢᠬᠤ ᠡᠷᠦᠬᠡ ᠪᠦᠷᠢ ᠳᠤ ᠵᠢᠯ ᠪᠦᠷᠢ 1 ᠲᠣᠨ ᠳᠤᠯᠠᠭᠠᠯᠠᠯᠭ᠎ᠠ ᠶᠢᠨ ᠨᠡᠭᠦᠷᠡᠰᠦ ᠥᠭᠬᠦ᠂ ᠳᠣᠣᠷ᠎ᠠ ᠪᠠᠲᠤᠯᠭᠠᠲᠦ ᠭᠡᠷ ᠪᠦᠯᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ ᠨᠢᠭᠡᠪᠦᠷᠢ ᠳᠤ ᠵᠢᠯ ᠪᠦᠷᠢ 1 ᠲᠦᠮᠡᠨ ᠲᠥᠭᠦᠷᠢᠭ ᠤᠨ ᠰᠤᠷᠭᠠᠭᠤᠯᠢ ᠳᠤ ᠣᠷᠤᠬᠤ ᠨᠥᠬᠦᠪᠥᠷᠢ ᠣᠯᠭᠤᠬᠤ᠂ ᠠᠵᠢᠯ ᠲᠠᠢ ᠬᠦᠮᠦᠨ ᠦᠭᠡᠢ ᠭᠡᠷ ᠪᠦᠯᠢ ᠨᠢᠭᠡᠪᠦᠷᠢ ᠳᠤ ᠨᠠᠭᠠᠳᠤ ᠵᠠᠬ᠎ᠠ ᠨᠢ 1 ᠬᠥᠮᠦᠨ ᠳᠤ ᠠᠵᠢᠯ ᠣᠯᠭᠤᠬᠤ᠃
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ