| | ᠭᠤᠣᠯ ᠤᠷᠢᠳᠴᠢᠯᠠᠭᠰᠠᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠪᠦᠷᠢ ᠲᠡᠭᠰᠢᠳᠬᠡᠭᠡᠳ 8% ᠣᠷᠴᠢᠮ | ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠵᠢᠯ ᠪᠦᠷᠢ ᠲᠡᠭᠰᠢᠳᠬᠡᠭᠡᠳ 7% ᠣᠷᠴᠢᠮ ᠨᠡᠮᠡᠭᠳᠡᠭᠦᠯᠦᠨ᠎ᠡ᠂ ᠬᠤᠲᠠ | ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠲᠡᠭᠰᠢᠳᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ ᠶᠢ ᠵᠢᠯ ᠪᠦᠷᠢ ᠲᠡᠭᠰᠢᠳᠬᠡᠭᠡᠳ ᠲᠤᠰᠪᠦᠷᠢ | 9% ᠠᠴᠠ ᠳᠡᠭᠡᠭᠰᠢ ᠪᠠ 10% ᠣᠷᠴᠢᠮ ᠨᠡᠮᠡᠭᠳᠡᠭᠦᠯᠵᠦ᠂ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ ᠭᠦᠢᠴᠡᠳᠭᠡᠬᠦ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭ᠎ᠠ ᠳᠤ ᠬᠦᠷᠭᠡᠨ᠎ᠡ᠃ ᠳᠡᠭᠡᠷ᠎ᠡ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠪᠠ ᠳᠡᠭᠡᠷ᠎ᠡ ᠳᠤᠷᠠᠳᠤᠭᠰᠠᠨ ᠤᠷᠢᠳᠴᠢᠯᠠᠭᠰᠠᠨ | ᠬᠠᠷᠠᠯᠲᠠ ᠶᠢ ᠪᠡᠶᠡᠯᠡᠭᠦᠯᠬᠦ ᠳᠤ᠂ ᠬᠤᠶᠢᠰᠢᠲᠠ ᠶᠢᠨ ᠲᠠᠪᠤᠨ ᠵᠢᠯ ᠳᠤ ᠬᠤᠲᠠ ᠶᠢᠨ ᠵᠠᠰᠠᠭ ᠤᠨ ᠣᠷᠳᠣᠨ ᠤ ᠠᠵᠢᠯ ᠨᠢ ᠳᠣᠣᠷᠠᠬᠢ ᠵᠢᠷᠭᠤᠭᠠᠨ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠪᠣᠳᠠᠳᠤ ᠪᠦᠳᠦᠮᠵᠢ ᠣᠯᠣᠨ᠎ᠠ᠄ | ︵ᠨᠢᠭᠡ︶ ᠬᠡᠮᠵᠢᠶ᠎ᠡ ᠶᠢ ᠨᠢ ᠨᠡᠮᠡᠭᠳᠡᠭᠦᠯᠦᠨ ᠴᠢᠨᠠᠷ ᠢ ᠨᠢ ᠳᠡᠭᠡᠭᠰᠢᠯᠡᠭᠦᠯᠵᠦ᠂ ᠠᠵᠦ ᠠᠬᠤᠢ ᠶᠢᠨ ᠪᠤᠳᠠᠳᠤ ᠬᠦᠴᠦᠨ ᠢᠶᠠᠨ ᠪᠣᠵᠠᠭᠠᠶᠢᠷᠠᠭᠤᠯᠤᠨ᠎ᠠ᠂ ᠪᠡᠯᠡ | ᠣᠷᠤᠭᠤᠯᠤᠯᠲᠠ ᠶᠢᠨ ᠭᠤᠣᠯ ᠬᠥᠳᠡᠯᠭᠡᠬᠦ ᠬᠦᠴᠦᠨ ᠤ ᠦᠢᠯᠡᠳᠦᠯ ᠢ ᠪᠠᠳᠠᠷᠠᠭᠤᠯᠵᠤ᠂ ᠨᠢᠭᠡ ᠪᠥᠯᠦᠭ ᠲᠣᠮᠣ ᠶᠡᠭᠡ ᠲᠥᠷᠦᠯ ᠵᠦᠢᠯ ᠢ ᠲᠥᠯᠥᠪᠯᠡᠵᠦ᠂ ᠠᠷᠪᠠᠨ | ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠤᠨ | ᠬᠤᠷᠳᠤᠴᠠ ᠶᠢ 13% ᠠᠴᠠ ᠳᠣᠷᠤᠭᠰᠢᠯᠠᠭᠤᠯᠬᠤ ᠦᠭᠡᠢ᠃ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠬᠦ ᠠᠬᠢᠴᠠ ᠶᠢ ᠲᠥᠷᠭᠡᠳᠬᠡᠵᠦ᠂ ᠡᠬᠢ ᠪᠠᠶᠠᠯᠢᠭ ᠤᠨ | ᠬᠡᠯᠪᠡᠷᠢᠲᠠᠢ ᠠᠵᠦ ᠦᠢᠯᠡᠰ ᠤᠨ ᠬᠡᠯᠬᠢᠶᠡᠵᠢᠯ ᠢ ᠤᠷᠲᠤᠳᠬᠠᠬᠤ ᠶᠢ ᠠᠬᠢᠭᠤᠯᠵᠤ᠂ ᠡᠬᠢ ᠪᠠᠶᠠᠯᠢᠭ ᠤᠨ ᠪᠣᠰᠤ ᠠᠵᠦ ᠦᠢᠯᠡᠰ ᠤᠨ ᠬᠥᠭᠵᠢᠯᠲᠡ ᠶᠢ ᠬᠥᠭᠵᠢᠭᠦᠯᠦᠨ᠂ | ᠥᠩᠭᠡᠲᠦ ᠲᠡᠮᠦᠷᠯᠢᠭ ᠬᠠᠶᠢᠯᠤᠭᠤᠯᠬᠤ᠂ ᠴᠡᠪᠡᠷ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠦ ᠦᠢᠯᠡᠳᠪᠦᠷᠢ᠂ ᠲᠠᠷᠢᠶᠠᠯᠠᠩ ᠤᠨ ᠪᠥᠲᠦᠭᠡᠭᠳᠡᠭᠦᠨ ᠮᠠᠯ ᠤᠨ | ᠠᠰᠢᠭ ᠰᠢᠮ᠎ᠡ ᠶᠢ ᠡᠳ᠋ᠰᠢᠭᠦᠯᠬᠦ ᠳᠥᠷᠪᠡᠨ ᠶᠡᠭᠡ ᠭᠤᠣᠯᠯᠠᠬᠤ ᠠᠵᠦ ᠦᠢᠯᠡᠰ ᠤᠨ ᠪᠣᠷᠤᠯᠠᠭᠤᠯᠤᠨ ᠬᠤᠳᠠᠯᠳᠤᠬᠤ ᠣᠷᠣᠯᠭ᠎ᠠ ᠶᠢ 4000 ᠳ᠋ᠦᠩᠰᠢᠭᠤᠷ | ᠲᠦᠭᠦᠷᠢᠭ ᠠᠴᠠ ᠳᠠᠪᠠᠭᠤᠯᠵᠤ᠂ ᠲᠣᠨᠤᠭ ᠲᠥᠬᠦᠭᠡᠷᠦᠮᠵᠢ ᠦᠢᠯᠡᠳᠬᠦ᠂ ᠣᠳᠣ ᠦᠶ᠎ᠡ ᠶᠢᠨ ᠡᠮ ᠡᠮᠨᠡᠯᠭᠡ᠂ ᠡᠯᠧᠺᠲᠷᠤᠨ ᠴᠢᠮᠡᠭᠡ ᠵᠠᠩᠬᠢ ᠭᠤᠷᠪᠠᠨ ᠶᠡᠭᠡ | ᠰᠢᠨ᠎ᠡ ᠪᠠᠷ ᠮᠠᠨᠳᠤᠭᠰᠠᠨ ᠠᠵᠦ ᠦᠢᠯᠡᠰ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠪᠠᠷᠢᠯᠭ᠎ᠠ ᠶᠢᠨ | ᠮᠠᠲ᠋ᠧᠷᠢᠶᠠᠯ᠂ ᠨᠡᠬᠡᠮᠡᠯ ᠬᠤᠶᠠᠷ ᠶᠡᠭᠡ ᠤᠯᠠᠮᠵᠢᠯᠠᠯᠲᠤ ᠠᠵᠦ ᠦᠢᠯᠡᠰ ᠤᠨ ᠪᠣᠷᠤᠯᠠᠭᠤᠯᠤᠨ ᠬᠤᠳᠠᠯᠳᠤᠭᠰᠠᠨ ᠣᠷᠣᠯᠭ᠎ᠠ ᠶᠢ ᠳᠠᠬᠢᠨ ᠢᠶᠠᠷ ᠥᠰᠭᠡᠬᠦ ᠶᠢ ᠪᠡᠶᠡᠯᠡᠭᠦᠯᠦᠨ᠎ᠡ᠃ | ᠠᠵᠦ ᠦᠢᠯᠡᠳᠪᠦᠷᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠤᠯᠠᠭᠠᠨᠬᠠᠳᠠ ᠶᠢᠨ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ | ᠲᠦᠰᠢᠭᠯᠡᠨ ᠤᠯᠠᠭᠠᠨᠬᠠᠳᠠ ᠶᠢᠨ ᠬᠤᠲᠠ ᠲᠣᠭᠤᠷᠢᠭ ᠤᠨ ᠵᠡᠭᠦᠨ ᠬᠡᠰᠡᠭ ᠤᠨ ᠠᠵᠦ ᠦᠢᠯᠡᠳᠪᠦᠷᠢ ᠶᠢᠨ ᠠᠵᠦ ᠠᠬᠤᠢ ᠶᠢᠨ ᠬᠤᠩᠭᠢᠯ ᠢ ᠪᠠᠶᠢᠭᠤᠯᠵᠤ᠂ ᠤᠯᠤᠰ ᠤᠨ | ᠳᠡᠰ ᠤᠨ ᠮᠢᠩᠭᠠᠨ ᠳ᠋ᠦᠩᠰᠢᠭᠤᠷ ᠲᠥᠭᠦᠷᠢᠭ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠬᠤᠰᠢᠭᠤ ᠰᠢᠶᠠᠨ ᠪᠦᠷᠢ ᠨᠢ ᠵᠠᠭᠤᠨ ᠳ᠋ᠦᠩᠰᠢᠭᠤᠷ ᠲᠥᠭᠦᠷᠢᠭ ᠤᠨ | ᠬᠦᠷᠢᠶᠡᠯᠡᠩ ᠲᠣᠭᠤᠷᠢᠭ ᠢ ᠨᠢᠭᠡ ᠪᠠᠶᠢᠭᠤᠯᠤᠨ᠎ᠠ᠃ ᠲᠠᠷᠢᠶᠠᠯᠠᠩ ᠮᠠᠯ ᠠᠵᠦ ᠠᠬᠤᠢ ᠶᠢᠨ ᠪᠥᠲᠦᠴᠡ ᠶᠢ ᠬᠦᠴᠦᠯᠡᠨ ᠲᠣᠬᠢᠷᠠᠭᠤᠯᠵᠤ᠂ ᠥᠨᠳᠦᠷ ᠦᠷ᠎ᠡ ᠠᠰᠢᠭ ᠲᠠᠢ᠂ | ᠤᠰᠤ ᠠᠷᠪᠢᠯᠠᠬᠤ᠂ ᠣᠨᠴᠠᠯᠢᠭᠲᠤ ᠲᠠᠷᠢᠶᠠᠯᠠᠩ ᠮᠠᠯ ᠠᠵᠦ ᠠᠬᠤᠢ ᠶᠢ ᠶᠡᠬᠡᠪᠡᠷ ᠬᠥᠭᠵᠢᠭᠦᠯᠵᠦ᠂ ᠠᠮᠤ ᠪᠤᠳᠠᠭ᠎ᠠ ᠠᠵᠦ ᠠᠬᠤᠢ ᠶᠢᠨ ᠲᠠᠷᠢᠮᠠᠯ ᠲᠡᠵᠢᠭᠡᠯ | ᠪᠣᠷᠳᠤᠭ᠎ᠠ ᠶᠢ ᠨᠢᠭᠡᠳᠦᠯᠲᠠᠢ ᠲᠥᠯᠦᠪᠵᠢᠭᠦᠯᠦᠨ᠂ ᠲᠠᠷᠢᠶᠠᠯᠠᠩ ᠮᠠᠯ ᠠᠵᠦ ᠠᠬᠤᠢ ᠶᠢ ᠤᠶᠠᠯᠳᠤᠭᠤᠯᠵᠤ᠂ ᠲᠠᠷᠢᠵᠦ ᠲᠡᠵᠢᠭᠡᠬᠦ ᠶᠢ ᠨᠢᠭᠡ ᠴᠣᠭᠴᠠᠯᠠᠨ᠂ ᠨᠢᠭᠡ ᠬᠤᠶᠠᠷ | ᠭᠤᠷᠪᠠᠳᠤᠭᠠᠷ ᠠᠵᠦ ᠦᠢᠯᠡᠰ ᠤᠨ ᠤᠶᠠᠯᠳᠤᠯ ᠢ ᠠᠬᠢᠭᠤᠯᠤᠨ᠎ᠠ᠃ ︽3661︾ ᠢᠨᠵᠧᠨᠧᠷᠢᠩ ᠢ ᠨᠠᠶᠢᠳᠠᠪᠦᠷᠢᠵᠢᠭᠤᠯᠵᠤ᠂ ᠳᠠᠷᠤᠢ 2020 ᠣᠨ ᠪᠣᠯᠲᠠᠯ᠎ᠠ | ᠬᠥᠳᠡᠭᠡ ᠲᠣᠰᠬᠤᠨ ᠮᠠᠯᠵᠢᠬᠤ ᠣᠷᠣᠨ ᠤ ᠭᠠᠵᠠᠷ ᠰᠢᠷᠦᠢ ᠶᠢᠨ ᠭᠦᠢᠯᠭᠡᠭᠡᠨ ᠰᠢᠯᠵᠢᠬᠦ ᠨᠣᠷᠮ᠎ᠠ᠂ ᠬᠤᠷᠰᠢᠭᠰᠠᠨ ᠠᠵᠦ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠥᠷᠬᠦᠯᠲᠡ ᠶᠢᠨ ᠨᠣᠷᠮ᠎ᠠ᠂ ᠰᠢᠯᠢᠳᠡᠭ ᠴᠢᠨᠠᠷᠲᠠᠢ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠶᠢ ᠲᠤᠰ ᠭᠠᠵᠠᠷ ᠲᠤᠨᠢ ᠡᠳ᠋ᠰᠢᠭᠦᠯᠦᠨ ᠤᠯᠠᠷᠢᠭᠤᠯᠬᠤ | ᠨᠣᠷᠮ᠎ᠠ ᠶᠢ ᠴᠦᠮ 60% ᠳᠤ ᠬᠦᠷᠭᠡᠵᠦ᠂ ᠲᠥᠬᠦᠭᠡᠷᠦᠮᠵᠢᠲᠦ ᠲᠠᠷᠢᠶᠠᠯᠠᠩ ᠢ 100 ᠲᠥᠮᠡᠨ ᠮᠦ ᠰᠢᠨ᠎ᠡ ᠨᠡᠮᠡᠭᠳᠡᠭᠦᠯᠵᠦ᠂ ᠰᠢᠯᠢᠳᠡᠭ ᠡᠭᠦᠯᠳᠡᠷ ᠤᠨ ᠬᠦᠷᠡᠩ | ᠴᠠᠷᠭᠠᠰᠤ ᠶᠢ 100 ᠲᠥᠮᠡᠨ ᠮᠦ ᠲᠠᠷᠢᠵᠤ᠂ ᠥᠨᠳᠥᠷ ᠠᠰᠢᠭᠲᠠᠢ ᠭᠠᠷᠤᠯᠲᠠ ᠰᠠᠶᠢᠨ ᠠᠵᠦ ᠠᠬᠤᠢ ᠶᠢᠨ ᠣᠢ 100 ᠲᠥᠮᠡᠨ ᠮᠦ ᠲᠠᠷᠢᠵᠤ᠂ ᠠᠮᠤ ᠪᠤᠳᠠᠭᠠᠨ ᠤ | ᠶᠡᠷᠦᠩᠬᠡᠢ ᠤᠨᠠᠯᠲᠠ ᠶᠢ 100 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠦᠷᠢᠵᠢᠭᠤᠯᠵᠤ᠂ ᠴᠢᠨᠠᠷ ᠰᠠᠶᠢᠲᠠᠢ ᠠᠯᠠᠰᠢᠨ ᠦᠬᠡᠷ ᠬᠤᠨᠢ 1000 ᠲᠥᠮᠡᠨ | ᠲᠣᠯᠣᠭᠠᠢ᠂ ᠴᠢᠨᠠᠷ ᠰᠠᠶᠢᠲᠠᠢ ᠠᠮᠢᠳᠤ ᠭᠠᠭ᠋ᠠᠢ 1000 ᠲᠦᠮᠡ ᠳᠤ ᠬᠦᠷᠭᠡᠨ᠎ᠡ᠃ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠦᠨᠦᠷᠡ ᠠᠰᠢᠭ ᠢ | ᠨᠡᠮᠡᠭᠳᠡᠭᠦᠯᠬᠦ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠬᠤ ᠪᠠ ᠦᠨ᠎ᠡ ᠥᠷᠲᠡᠭ ᠤᠨ ᠳᠡᠭᠡᠳᠦ ᠬᠢᠵᠠᠭᠠᠷ | ᠲᠡᠰᠢ ᠤᠷᠲᠤᠳᠬᠠᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠨᠠᠷᠢᠯᠢᠭ ᠪᠠ ᠳᠡᠭᠡᠳᠦ ᠳᠡᠰ ᠲᠡᠰᠢ ᠬᠤᠪᠢᠷᠠᠭᠤᠯᠵᠤ᠂ ᠰᠣᠶᠣᠯ ᠤᠨ ᠵᠤᠭᠠᠴᠠᠯ ᠤᠨ | ᠦᠢᠯᠡᠰ ᠢ ᠲᠤᠯᠭᠠᠭᠤᠷᠢᠯᠠᠬᠤ ᠠᠵᠦ ᠦᠢᠯᠡᠰ ᠪᠣᠯᠭᠠᠨ ᠬᠥᠭᠵᠢᠭᠦᠯᠵᠦ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ | ᠲᠣᠭᠤᠷᠢᠭ ᠢ ᠪᠠᠶᠢᠭᠤᠯᠵᠤ᠂ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠥᠷᠲᠡᠭ ᠤᠨ GDP ᠳᠠᠬᠢ ᠬᠠᠷᠢᠴᠠᠯ ᠢ 40.2% ᠪᠣᠯᠭᠠᠨ᠎ᠠ᠃ ᠨᠡᠶᠢᠲᠡ ᠶᠢᠨ ᠪᠣᠰᠤ | ᠥᠮᠴᠢᠯᠡᠯᠲᠦ ᠠᠵᠦ ᠠᠬᠤᠢ ᠶᠢ ᠶᠡᠬᠡᠪᠡᠷ ᠬᠥᠭᠵᠢᠭᠦᠯᠵᠦ᠂ ᠠᠷᠠᠳ ᠤᠨ ᠡᠵᠡᠩᠨᠡᠯᠲᠡᠲᠦ ᠠᠵᠦ ᠠᠬᠤᠶᠢᠯᠠᠯ ᠬᠠᠤᠯᠢ ᠶᠣᠰᠤᠭᠠᠷ ᠨᠡᠩ ᠣᠯᠠᠨ ᠬᠦᠷᠢᠶ᠎ᠡ ᠬᠡᠪᠴᠢᠶᠡᠨ ᠳᠤ | ᠣᠷᠤᠬᠤ ᠶᠢ ᠳᠡᠮᠵᠢᠵᠦ᠂ ᠤᠯᠤᠰ ᠤᠨ ᠪᠣᠰᠤ ᠥᠮᠴᠢᠯᠡᠯᠲᠦ ᠬᠥᠷᠥᠩᠭᠡ ᠪᠡᠯᠡ ᠶᠢ ᠵᠢᠯᠣᠭᠤᠳᠣᠨ ᠳᠠᠭᠠᠭᠤᠯᠵᠦ ᠤᠯᠤᠰ ᠤᠨ ᠥᠮᠴᠢᠯᠡᠯᠲᠦ ᠠᠵᠦ ᠠᠬᠤᠶᠢᠯᠠᠯ ᠤᠨ | ᠥᠭᠡᠷᠡᠴᠢᠯᠡᠯᠲᠡ ᠳᠤ ᠣᠷᠤᠯᠴᠠᠭᠤᠯᠤᠨ᠎ᠠ᠃ ᠰᠢᠶᠠᠨ ᠬᠡᠴᠡ ᠶᠢᠨ ᠠᠵᠦ ᠠᠬᠤᠢ ᠶᠢᠨ ᠬᠥᠭᠵᠢᠯᠲᠡ ᠶᠢ ᠳᠡᠮᠵᠢᠵᠦ᠂ ᠡᠷᠬᠡ ᠪᠠᠨ ᠥᠷᠭᠡᠳᠬᠡᠨ ᠰᠢᠶᠠᠨ ᠢᠶᠠᠨ | ᠬᠦᠴᠦᠷᠬᠡᠭᠵᠢᠭᠦᠯᠬᠦ ᠶᠢ ᠠᠬᠢᠭᠤᠯᠵᠤ᠂ ᠬᠤᠰᠢᠭᠤ ᠰᠢᠶᠠᠨ ᠲᠣᠭᠤᠷᠢᠭ ᠤᠨ ᠪᠠᠶᠢᠷᠢ ᠰᠣᠯᠢᠪᠴᠢᠨ ᠬᠥᠭᠵᠢᠵᠦ ᠠᠵᠢᠯ ᠬᠤᠪᠢᠶᠠᠷᠢᠯᠠᠨ ᠬᠠᠮᠵᠢᠯᠴᠠᠬᠤ ᠶᠢ ᠠᠬᠢᠭᠤᠯᠤᠨ᠂ | ᠳᠠᠪᠬᠤᠴᠠᠨ ᠪᠠᠶᠢᠭᠤᠯᠬᠤ ᠪᠠ ᠡᠮᠬᠢ ᠲᠢᠭᠯᠢᠮ ᠦᠭᠡᠢ ᠦᠷᠢᠰᠦᠯᠳᠦᠬᠦ ᠶᠢ ᠪᠠᠭᠠᠰᠬᠠᠨ᠎ᠠ᠃ | ︵ᠬᠤᠶᠠᠷ︶ ᠰᠢᠨ᠎ᠡ ᠶᠢ ᠡᠭᠦᠳᠤᠨ ᠬᠥᠭᠵᠢᠬᠦ ᠶᠢ ᠪᠠᠷᠢᠮᠲᠠᠯᠠᠵᠤ᠂ ᠬᠥᠳᠡᠯᠭᠡᠬᠦ ᠬᠦᠴᠦᠨ ᠢᠶᠠᠨ ᠬᠤᠪᠢᠷᠠᠭᠤᠯᠬᠤ ᠶᠢ ᠠᠬᠢᠭᠤᠯᠤᠨ᠎ᠠ᠃ ᠬᠥᠭᠵᠢᠯᠲᠡ ᠶᠢᠨ ᠶᠠᠰᠤ | ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠤᠯᠠᠮᠵᠢᠯᠠᠯᠲᠤ ᠬᠥᠳᠡᠯᠭᠡᠬᠦ ᠬᠦᠴᠦᠨ ᠢ ᠰᠢᠨᠡᠴᠢᠯᠡᠨ ᠳᠡᠰ ᠳᠡᠪᠰᠢᠭᠦᠯᠵᠦ᠂ ᠰᠢᠨ᠎ᠡ ᠬᠥᠳᠡᠯᠭᠡᠬᠦ | ᠬᠦᠴᠦᠨ ᠢ ᠬᠦᠴᠦᠯᠡᠨ ᠪᠤᠶᠢᠵᠢᠭᠤᠯᠤᠨ᠎ᠠ᠂ ᠰᠢᠨ᠎ᠡ ᠡᠭᠦᠳᠤᠯᠲᠡ ᠶᠢᠨ ᠬᠥᠳᠡᠯᠭᠡᠬᠦ ᠬᠦᠴᠦᠨ ᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ ᠠᠵᠦ ᠦᠢᠯᠡᠰ ᠤᠨ | ᠬᠡᠯᠬᠢᠶᠡᠵᠢᠯ ᠤᠨ ᠲᠣᠭᠤᠷᠢᠨ ᠳᠤ ᠰᠢᠨ᠎ᠡ ᠡᠭᠦᠳᠤᠯᠲᠡ ᠶᠢᠨ ᠬᠡᠯᠬᠢᠶᠡᠵᠢᠯ ᠢ ᠪᠠᠶᠢᠷᠢᠯᠠᠭᠤᠯᠵᠤ᠂ ᠵᠡᠰ ᠤᠨ ᠠᠵᠦ ᠦᠢᠯᠡᠰ ᠢ ᠤᠷᠲᠤᠳᠬᠠᠨ ᠡᠳ᠋ᠰᠢᠭᠦᠯᠬᠦ ᠪᠠ | ᠰᠢᠨᠡᠴᠢᠯᠡᠵᠦ ᠳᠡᠰ ᠳᠡᠪᠰᠢᠭᠦᠯᠬᠦ ᠶᠢ ᠲᠣᠪᠤᠶᠢᠯᠭᠠᠵᠤ᠂ ᠤᠯᠤᠰ ᠤᠨ ᠵᠡᠰ ᠬᠠᠶᠢᠯᠤᠭᠤᠯᠵᠤ ᠡᠳ᠋ᠰᠢᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠤᠶᠤᠨᠲᠦ | ᠨᠡᠶᠢᠲᠡ ᠶᠢᠨ ᠮᠠᠰᠢᠨ᠂ ᠤᠶᠤᠨᠲᠤ ᠴᠠᠬᠢᠯᠭᠠᠨ ᠲᠣᠣᠷᠵᠢᠯ᠂ ᠲᠣᠮᠤ ᠬᠡᠯᠪᠡᠷᠢ ᠶᠢᠨ ᠮᠠᠰᠢᠨ ᠮᠧᠬᠠᠨᠢᠭ᠂ ᠤᠯᠤᠰ ᠤᠨ ᠨᠢᠭᠡᠳᠦᠭᠡᠷ ᠲᠥᠷᠦᠯ ᠤᠨ ᠰᠢᠨ᠎ᠡ ᠡᠮ ᠵᠡᠷᠭᠡ ᠶᠢᠨ | ᠦᠢᠯᠡᠳᠪᠦᠷᠢᠯᠡᠯ ᠤᠨ ᠱᠤᠭᠤᠮ ᠢ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠦ ᠦᠢᠯᠡᠰ ᠢ ᠪᠣᠵᠠᠭᠠᠶᠢᠷᠠᠭᠤᠯᠤᠨ | ᠬᠦᠴᠦᠷᠭᠡᠭᠵᠢᠭᠦᠯᠦᠨ᠎ᠡ᠃ ︽ᠢᠨᠲ᠋ᠧᠷ ᠰᠥᠯᠵᠢᠶ᠎ᠡ +︾ ᠠᠵᠢᠯᠯᠠᠭᠠᠨ ᠤ ᠲᠥᠯᠥᠪᠯᠡᠭᠡ ᠶᠢ ᠲᠥᠷᠭᠡᠨ ᠨᠠᠶᠢᠳᠠᠪᠦᠷᠢᠵᠢᠭᠤᠯᠵᠤ᠂ ᠢᠨᠲ᠋ᠧᠷ ᠰᠥᠯᠵᠢᠶ᠎ᠡ᠂ ᠡᠭᠦᠯᠡᠨ | ᠪᠣᠳᠤᠯᠲᠠ᠂ ᠲᠣᠮᠣ ᠲᠣᠭᠠᠴᠠᠭ᠎ᠠ᠂ ᠪᠣᠳᠠᠰ ᠤᠨ ᠭᠦᠢᠯᠭᠡᠭᠡᠨ ᠤ ᠰᠥᠯᠵᠢᠶ᠎ᠡ ᠬᠢᠭᠡᠳ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠬᠡᠪᠴᠢᠶᠡᠨ ᠳᠤ | ᠭᠦᠨ ᠨᠡᠪᠴᠢᠬᠦ ᠶᠢ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠯᠦᠭᠡ ᠪᠥᠬᠦ ᠲᠠᠯ᠎ᠠ ᠪᠠᠷ ᠵᠣᠯᠭᠠᠭᠤᠯᠤᠨ᠎ᠠ᠃ ᠪᠥᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠥᠮᠴᠢᠯᠡᠯ ᠤᠨ ᠡᠷᠬᠡ᠂ ᠪᠡᠯᠡ ᠤᠷᠤᠭᠤᠯᠵᠤ ᠬᠤᠷᠠᠮᠳᠤᠭᠤᠯᠬᠤ ᠴᠣᠭᠴᠠᠮᠵᠢ᠂ ᠡᠬᠢ | ᠪᠠᠶᠠᠯᠢᠭ ᠤᠨ ᠲᠣᠬᠢᠷᠠᠭᠤᠯᠤᠯᠲᠠ᠂ ᠴᠢᠳᠠᠪᠦᠷᠢᠲᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠪᠠᠷ ᠬᠢ ᠥᠭᠡᠷᠡᠴᠢᠯᠡᠯᠲᠡ ᠰᠢᠨᠡᠴᠢᠯᠡᠯᠲᠡ ᠶᠢ ᠲᠥᠷᠭᠡᠳᠬᠡᠵᠦ᠂ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠣᠷᠤᠭᠤᠯᠤᠨ᠎ᠠ᠃ ᠪᠡᠯᠡ ᠬᠤᠷᠠᠮᠳᠠᠭᠤᠯᠬᠤ ᠰᠢᠨ᠎ᠡ ᠬᠡᠯᠪᠡᠷᠢ ᠶᠢ ᠡᠭᠦᠳᠦᠨ᠂ ᠬᠥᠭᠵᠢᠯᠲᠡ ᠶᠢᠨ ᠰᠠᠭᠤᠷᠢ ᠮᠥᠩᠭᠦ | ᠪᠠᠶᠢᠭᠤᠯᠬᠤ᠂ ᠵᠢᠭᠡᠯᠡᠯᠭᠡ ᠶᠢᠨ ᠪᠠᠲᠤᠯᠠᠪᠦᠷᠢ ᠬᠠᠩᠭᠠᠬᠤ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠳᠠᠪᠠᠭᠤᠯᠢᠭ ᠲᠠᠢ ᠠᠵᠦ ᠠᠬᠤᠶᠢᠯᠠᠯ ᠪᠣᠯᠣᠨ | ᠳᠤᠮᠳᠠ ᠵᠢᠵᠢᠭ ᠠᠵᠦ ᠠᠬᠤᠶᠢᠯᠠᠯ ᠤᠨ ᠬᠥᠭᠵᠢᠨ ᠪᠣᠵᠠᠭᠠᠶᠢᠷᠠᠬᠤ ᠶᠢ ᠳᠡᠮᠵᠢᠨ᠎ᠡ᠃ ᠤᠯᠤᠰ ᠤᠨ ᠥᠮᠴᠢᠯᠡᠯᠲᠦ ᠬᠥᠷᠥᠩᠭᠡ ᠪᠡᠯᠡ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠡᠲᠡ ᠶᠢ ᠠᠬᠢᠭᠤᠯᠵᠤ᠂ ᠣᠳᠣ ᠶᠢᠨ ᠪᠠᠶᠢᠬᠤ ᠪᠡᠯᠡ ᠣᠷᠤᠭᠤᠯᠬᠤ ᠬᠤᠷᠠᠮᠳᠤᠭᠤᠯᠬᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ | ᠪᠡᠯᠡ ᠬᠥᠷᠥᠩᠭᠡ ᠶᠢᠨ ᠪᠡᠯᠡ ᠣᠷᠤᠭᠤᠯᠤᠯᠲᠠ ᠶᠢᠨ ᠰᠢᠨ᠎ᠡ ᠺᠣᠮᠫᠠᠨᠢ ᠪᠠᠶᠢᠭᠤᠯᠵᠤ᠂ ᠵᠠᠰᠠᠭ ᠤᠨ ᠣᠷᠳᠣᠨ ᠤ ᠬᠠᠳᠠᠭᠠᠯᠠᠯ ᠬᠥᠷᠥᠩᠭᠡ ᠪᠡᠯᠡ ᠶᠢ ᠠᠮᠢᠳᠤᠯᠢᠬᠵᠢᠭᠤᠯᠵᠤ᠂ | ᠪᠡᠯᠡ ᠬᠤᠷᠠᠮᠳᠤᠭᠤᠯᠬᠤ ᠴᠢᠳᠠᠪᠦᠷᠢ ᠶᠢ ᠨᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠪᠡᠯᠡ ᠬᠤᠷᠰᠢᠯᠴᠠᠭᠰᠠᠨ PPP | ᠬᠡᠯᠪᠡᠷᠢ ᠶᠢ ᠶᠡᠬᠡᠪᠡᠷ ᠳᠡᠯᠭᠡᠷᠡᠭᠦᠯᠵᠦ᠂ ᠢᠷᠭᠡᠨ ᠤ ᠪᠡᠯᠡ ᠣᠷᠤᠭᠤᠯᠬᠤ ᠬᠦᠴᠦᠨ ᠢ ᠬᠥᠭᠵᠢᠶᠡᠨᠡ᠃ ᠮᠥᠩᠭᠦᠨ ᠭᠦᠢᠯᠭᠡᠭᠡᠨ ᠤ ᠰᠢᠨ᠎ᠡ ᠡᠭᠦᠳᠤᠯᠲᠡ ᠶᠢ | ᠵᠣᠷᠢᠬᠵᠢᠭᠤᠯᠤᠨ᠂ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠵᠦ᠂ ᠣᠯᠠᠨ ᠳᠠᠪᠬᠤᠷᠭᠠᠲᠤ ᠬᠥᠷᠥᠩᠭᠡ ᠪᠡᠯᠡ ᠶᠢᠨ ᠵᠠᠬ᠎ᠠ ᠳᠡᠯᠭᠡᠭᠦᠷ ᠤᠨ ᠰᠢᠭᠤᠳ ᠪᠡᠯᠡ | ᠬᠤᠷᠠᠮᠳᠤᠭᠤᠯᠬᠤ ᠶᠢ ᠠᠬᠢᠭᠤᠯᠵᠤ᠂ ᠮᠠᠨ ᠤ ᠬᠤᠲᠠ ᠶᠢᠨ ᠠᠵᠦ ᠠᠬᠤᠢ ᠶᠢᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠠᠬᠢᠭᠤᠯᠬᠤ ᠴᠢᠳᠠᠪᠦᠷᠢ ᠶᠢ | ᠳᠡᠭᠡᠭᠰᠢᠯᠡᠭᠦᠯᠦᠨ᠎ᠡ᠃ | ︵ᠭᠤᠷᠪᠠ︶ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠨ ᠪᠥᠬᠦᠯᠢ ᠴᠣᠭᠴᠠ ᠪᠠᠷ ᠢᠶᠠᠨ ᠳᠡᠭᠡᠭᠰᠢᠯᠡᠬᠦ ᠶᠢ ᠠᠬᠢᠭᠤᠯᠤᠨ᠎ᠠ᠃ ᠬᠤᠲᠠ ᠶᠢᠨ ᠬᠥᠭᠵᠢᠯᠲᠡ ᠵᠢᠮ᠎ᠡ | ᠶᠣᠰᠣ ᠶᠢ ᠬᠥᠨᠳᠦᠳᠬᠡᠨ᠂ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠥᠭᠡᠷᠡᠴᠢᠯᠡᠵᠦ᠂ ︽ᠲᠣᠬᠢᠯᠢᠭ᠌᠂ ᠬᠢᠮᠳᠠ᠂ ᠪᠣᠬᠢᠷᠳᠤᠯ ᠦᠭᠡᠢ᠂ ᠦᠵᠡᠰᠭᠦᠯᠡᠩ︾ | ᠪᠠᠶᠢᠬᠤ ᠴᠢᠭᠯᠡᠯᠲᠡ ᠪᠠᠷ ᠤᠶᠤᠨᠲᠤ ᠬᠤᠲᠠ᠂ ᠬᠠᠶᠢᠮᠢᠶᠠᠨ ᠬᠤᠲᠠ᠂ ᠴᠡᠴᠡᠷᠯᠢᠭᠵᠢᠭᠰᠡᠨ ᠬᠤᠲᠠ᠂ ᠶᠡᠷᠦᠩᠬᠡᠶᠢᠯᠡᠭᠰᠡᠨ ᠬᠤᠭᠤᠯᠠᠢ ᠬᠤᠩᠭᠢᠯ᠂ ᠰᠠᠭᠠᠳ ᠦᠭᠡᠢ ᠵᠠᠮ | ᠬᠠᠷᠢᠯᠴᠠᠭ᠎ᠠ᠂ ᠦᠵᠡᠮᠵᠢ ᠶᠢᠨ ᠰᠢᠰᠲ᠋ᠧᠮ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠨᠢᠬᠡᠳᠦᠯᠲᠠᠢ ᠲᠥᠯᠥᠪᠵᠢᠭᠦᠯᠦᠨ ᠠᠬᠢᠭᠤᠯᠵᠤ᠂ ᠬᠥᠮᠥᠨ ᠨᠡᠶᠢᠭᠡᠮ᠂ ᠳᠣᠣᠷ᠎ᠠ | ᠨᠡᠭᠦᠷᠡᠰᠦᠲᠦᠷᠦᠭᠴᠢ᠂ ᠤᠶᠤᠨᠵᠢᠯ ᠬᠥᠭᠵᠢᠯᠲᠡ ᠶᠢ ᠪᠡᠶᠡᠯᠡᠭᠦᠯᠦᠨ᠎ᠡ᠃ ᠤᠯᠠᠭᠠᠨᠬᠠᠳᠠ ᠠᠴᠠ ᠪᠡᠭᠡᠵᠢᠩ ᠮᠥᠭᠳᠡᠨ ᠱᠣᠭᠤᠮ ᠤᠨ ᠬᠠᠷᠠᠴᠢᠨ ᠵᠡᠭᠦᠨ ᠭᠠᠷᠤᠨ ᠰᠢᠶᠠᠨ ᠤ | ᠥᠷᠲᠡᠭᠡ ᠬᠦᠷᠬᠦ ᠬᠤᠷᠳᠤᠨ ᠤ ᠲᠡᠮᠦᠷ ᠵᠠᠮ ᠢ ᠪᠠᠶᠢᠭᠤᠯᠵᠤ᠂ ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭ᠎ᠠ ᠶᠢ ᠡᠬᠢᠯᠡᠵᠦ ᠪᠠᠶᠢᠭᠤᠯᠬᠤ ᠪᠠᠷ ᠴᠠᠷᠮᠠᠶᠢᠨ᠎ᠠ᠃ | ᠬᠤᠲᠠ ᠭᠤᠷᠪᠠᠨ ᠲᠣᠭᠤᠷᠢᠭ ᠬᠢᠭᠡᠳ ᠬᠠᠷᠠᠴᠢᠨ ᠬᠤᠰᠢᠭᠤ ᠶᠢᠨ ᠵᠤᠬᠢᠴᠠᠩᠭᠤᠢ ᠬᠥᠭᠵᠢᠯᠲᠡ ᠶᠢ ᠲᠥᠷᠭᠡᠳᠬᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠨ᠎ᠡ | ᠬᠠᠭᠤᠴᠢᠨ ᠬᠤᠲᠠ ᠲᠣᠭᠤᠷᠢᠭ ᠪᠣᠯᠣᠨ ᠵᠠᠰᠠᠭ ᠤᠨ ᠣᠷᠳᠣᠨ ᠤ ᠰᠠᠭᠤᠭ᠎ᠠ ᠪᠠᠯᠭᠠᠰᠤᠨ ᠤ ᠵᠣᠬᠢᠴᠠᠩᠭᠤᠢ ᠬᠦᠭᠵᠢᠯᠲᠡ ᠶᠢ ᠲᠦᠯᠬᠢᠨ ᠠᠬᠢᠭᠤᠯᠵᠤ᠂ ᠳᠥᠭᠦᠮ | ᠪᠦᠲᠦᠴᠢᠲᠦ ᠣᠷᠣᠨ ᠰᠠᠭᠤᠴᠠ ᠪᠣᠯᠣᠨ ᠬᠤᠲᠠ ᠶᠢᠨ ᠳᠤᠮᠳᠠᠬᠢ ᠲᠤᠰᠬᠤᠨ ᠤ ᠥᠭᠡᠷᠡᠴᠢᠯᠡᠯᠲᠡ ᠶᠢ ᠦᠨᠳᠦᠰᠦᠨ ᠳᠤᠨᠢ ᠪᠡᠶᠡᠯᠡᠭᠦᠯᠵᠦ᠂ ᠲᠠᠷᠢᠶᠠᠯᠠᠩ ᠮᠠᠯᠵᠢᠯ ᠠᠴᠠ | ᠰᠢᠯᠵᠢᠭᠰᠡᠨ ᠬᠥᠮᠥᠨ ᠠᠮᠠ ᠶᠢᠨ ᠬᠤᠲᠠ ᠣᠷᠤᠵᠤ ᠰᠠᠭᠤᠷᠢᠰᠢᠬᠤ ᠲᠥᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠠᠶᠢᠩᠭᠤ ᠰᠠᠭᠤᠭᠠᠯᠢ ᠪᠠ | ᠡᠷᠦᠬᠡ ᠠᠮᠠ ᠲᠠᠢ ᠬᠥᠮᠥᠨ ᠠᠮᠠ ᠶᠢᠨ ᠬᠤᠲᠠ ᠪᠠᠯᠭᠠᠰᠤᠵᠢᠬᠤ ᠨᠣᠷᠮ᠎ᠠ ᠶᠢ ᠶᠡᠬᠡᠪᠡᠷ ᠳᠡᠭᠡᠭᠰᠢᠯᠡᠭᠦᠯᠦᠨ᠎ᠡ᠃ ᠬᠤᠲᠠ ᠶᠢᠨ ᠶᠠᠪᠤᠳᠠᠯ ᠤᠨ ᠲᠣᠨᠤᠭ ᠲᠥᠬᠦᠭᠡᠷᠦᠮᠵᠢ | ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠨᠢ ᠰᠣᠮᠣ ᠰᠢᠶᠠᠩ ᠪᠠᠯᠭᠠᠰᠤ ᠪᠣᠯᠣᠨ ᠭᠤᠣᠯᠳᠠᠯᠭᠠᠲᠠᠢ ᠲᠤᠰᠬᠤᠨ ᠠᠶᠢᠯ ᠲᠡᠰᠢ ᠤᠷᠲᠤᠳᠠᠨ ᠥᠷᠭᠡᠵᠢᠬᠦ ᠶᠢ | ᠠᠬᠢᠭᠤᠯᠵᠤ᠂ ᠲᠠᠷᠢᠶᠠᠯᠠᠩ ᠮᠠᠯ ᠠᠵᠦ ᠠᠬᠤᠢ ᠶᠢᠨ ᠬᠥᠮᠥᠨ ᠠᠮᠠ ᠶᠢᠨ ᠲᠣᠰ ᠭᠠᠵᠠᠷ ᠲᠠᠭᠠᠨ ᠬᠤᠲᠠ ᠪᠠᠯᠭᠠᠰᠤᠵᠢᠬᠤ ᠶᠢ ᠠᠬᠢᠭᠤᠯᠤᠨ᠎ᠠ᠃ ᠬᠥᠳᠡᠭᠡ ᠲᠣᠰᠬᠤᠨ | ᠮᠠᠯᠵᠢᠬᠤ ᠣᠷᠣᠨ ᠤ ︽ᠠᠷᠪᠠ ᠶᠢ ᠪᠥᠷᠬᠦᠭᠦᠯᠬᠦ︾ ᠢᠨᠵᠧᠨᠧᠷᠢᠩ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠤᠷᠲᠤᠮᠵᠢᠲᠤ ᠣᠷᠤᠭᠤᠯᠤᠯᠲᠠ᠂ ᠬᠠᠮᠢᠶᠠᠷᠤᠯᠲᠠ ᠶᠢᠨ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠶᠣ ᠦᠵᠡᠰᠭᠦᠯᠡᠩ ᠣᠷᠤᠰᠢᠨ | ᠠᠮᠢᠳᠤᠷᠠᠬᠤ ᠳᠤ ᠲᠣᠬᠢᠯᠢᠭ᠌ ᠬᠥᠳᠡᠭᠡ ᠲᠤᠰᠬᠤᠨ ᠢ ᠪᠥᠲᠦᠭᠡᠨ ᠪᠠᠶᠢᠭᠤᠯᠤᠨ᠎ᠠ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠮᠢᠩᠭᠠᠨ ᠳ᠋ᠦᠩᠰᠢᠭᠤᠷ | ᠲᠥᠭᠦᠷᠢᠭ ᠤᠨ ᠢᠨᠵᠧᠨᠧᠷᠢᠩ ᠢ ᠲᠥᠷᠭᠡᠨ ᠨᠠᠶᠢᠳᠠᠪᠦᠷᠢᠵᠢᠭᠤᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷᠵᠢᠯ ᠳᠠᠪᠠᠭᠤᠯᠢᠭ ᠦᠭᠡᠢ᠂ ᠴᠠᠬᠢᠯᠭᠠᠨ ᠢ | ᠭᠠᠳᠠᠭᠰᠢ ᠬᠦᠷᠦᠭᠦᠯᠬᠦ ᠨᠢ ᠰᠠᠭᠠᠳ ᠲᠠᠢ᠂ ᠰᠢᠲᠠᠭᠠᠯᠭ᠎ᠠ ᠶᠢᠨ ᠬᠡᠢ ᠶᠢᠨ ᠢᠷᠡᠯᠲᠡ ᠨᠢ ᠪᠠᠲᠤᠯᠠᠭ᠎ᠠ ᠦᠭᠡᠢ᠂ ᠤᠰᠤᠨ ᠰᠣᠷᠪᠤᠯᠵᠢ ᠬᠠᠷᠢᠴᠠᠩᠭᠤᠢ ᠳᠤᠲᠠᠮᠠᠭ᠂ | ᠰᠦᠯᠵᠢᠶ᠎ᠡ ᠶᠢᠨ ᠪᠥᠷᠬᠦᠯᠲᠡ ᠶᠢᠨ ᠬᠡᠪᠴᠢᠶ᠎ᠡ ᠪᠠᠭ᠎ᠠ ᠵᠡᠷᠭᠡ ᠳᠣᠪᠤᠶᠢᠮ᠎ᠠ ᠳᠤᠲᠠᠭᠳᠠᠯ ᠢᠶᠠᠨ ᠲᠥᠪᠯᠡᠷᠡᠭᠦᠯᠦᠨ ᠨᠥᠬᠦᠪᠦᠷᠢᠯᠡᠵᠦ᠂ ᠬᠤᠲᠠ ᠬᠥᠳᠡᠭᠡ ᠣᠷᠣᠨ | ᠲᠣᠭᠤᠷᠢᠭ ᠤᠨ ᠵᠣᠬᠢᠴᠠᠩᠭᠤᠢ ᠬᠦᠭᠵᠢᠬᠦ ᠴᠢᠳᠠᠪᠦᠷᠢ ᠶᠢ ᠴᠢᠩᠭᠠᠳᠬᠠᠨ᠎ᠠ᠃ ᠪᠣᠳᠠᠰ ᠤᠨ ᠪᠣᠯᠪᠠᠰᠤᠨ ᠪᠠ ᠣᠶᠣᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ | ᠠᠬᠢᠭᠤᠯᠵᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠪᠠᠶᠢᠭᠤᠯᠬᠤ ᠪᠠᠷ ᠴᠢᠷᠮᠠᠶᠢᠨ᠎ᠠ᠃ ᠴᠡᠷᠢᠭ ᠠᠩᠭᠢ ᠣᠷᠣᠨ ᠭᠠᠵᠠᠷ᠂ ᠴᠡᠷᠢᠭ ᠠᠷᠠᠳ ᠤᠨ ᠪᠥᠯᠬᠦᠮᠳᠡᠨ | ᠬᠠᠮᠲᠦᠪᠡᠷ ᠪᠠᠶᠢᠭᠤᠯᠬᠤ ᠶᠢ ᠴᠢᠩᠭᠠᠳᠬᠠᠵᠤ᠂ ᠪᠦᠬᠦ ᠤᠯᠤᠰ ᠤᠨ ᠬᠤᠶᠠᠷ ᠢᠶᠠᠨ ᠬᠦᠷᠢᠶᠡᠯᠡᠭᠰᠡᠨ ᠵᠢᠱᠢᠶᠡᠴᠢ ᠬᠤᠲᠠ ᠶᠢᠨ ᠦᠷ᠎ᠡ ᠪᠥᠲᠦᠭᠡᠯ ᠢᠶᠠᠨ ᠪᠠᠬᠢᠵᠢᠭᠦᠯᠦᠨ᠎ᠡ᠃ | | ︵ᠳᠥᠷᠪᠡ︶ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠠᠮᠢ ᠠᠬᠤᠢ ᠶᠢᠨ | ᠠᠶᠤᠯᠭᠦᠢ ᠬᠠᠯᠬᠠᠪᠴᠢ ᠪᠠᠶᠢᠭᠤᠯᠬᠤ ᠲᠠᠢ ᠤᠶᠠᠯᠳᠤᠭᠤᠯᠤᠨ᠂ ᠣᠢ ᠰᠢᠭᠤᠢ ᠶᠢᠨ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ 2020 ᠣᠨ | ᠪᠤᠯᠠᠬᠤ ᠳᠤ 500 ᠲᠥᠮᠡᠨ ᠮᠦ ᠣᠶᠢᠵᠢᠭᠤᠯᠬᠤ ᠶᠢ ᠪᠡᠶᠡᠯᠡᠭᠦᠯᠵᠦ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠲᠣᠰᠣᠨ ᠮᠠᠲ᠋ᠧᠷᠢᠶᠠᠯ ᠤᠨ ᠣᠢ᠂ ᠡᠯᠡᠰᠦ | ᠰᠡᠷᠭᠡᠶᠢᠯᠡᠵᠦ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠢ᠂ ᠬᠠᠶᠢᠯᠠᠷ ᠨᠠᠷᠠᠰᠤᠨ ᠤ ᠰᠠᠭᠤᠷᠢᠨ ᠭᠠᠵᠠᠷ ᠪᠠ ᠬᠡᠭᠡᠷ᠎ᠡ ᠶᠢᠨ ᠭᠦᠢᠯᠡᠰᠦᠨ ᠣᠢ ᠶᠢ | ᠥᠭᠡᠷᠡᠴᠢᠯᠡᠬᠦ ᠶᠢ ᠲᠤᠰᠪᠦᠷᠢ 100 ᠲᠦᠮᠡᠨ ᠮᠦ ᠰᠢᠨ᠎ᠡ ᠨᠡᠮᠡᠭᠳᠡᠭᠦᠯᠵᠦ᠂ ᠪᠥᠬᠦ ᠬᠤᠲᠠ ᠶᠢᠨ ᠤᠢ ᠰᠢᠭᠤᠢ ᠶᠢᠨ ᠪᠥᠷᠬᠦᠯᠲᠡ ᠶᠢᠨ ᠨᠣᠷᠮ᠎ᠠ ᠶᠢ 36% ᠠᠴᠠ | ᠳᠡᠭᠡᠭᠰᠢ ᠳᠤ ᠬᠦᠷᠭᠡᠨ᠎ᠡ᠃ ᠪᠢᠲᠡᠭᠦᠮᠵᠢᠯᠡᠨ ᠣᠶᠢᠵᠢᠭᠤᠯᠵᠤ ᠮᠠᠯᠵᠢᠬᠤ ᠶᠢ ᠴᠠᠭᠠᠵᠢᠯᠠᠬᠤ᠂ ᠮᠠᠯᠵᠢᠬᠤ ᠶᠢ ᠵᠣᠭᠰᠤᠭᠠᠬᠤ ᠡᠭᠡᠯᠵᠢᠯᠡᠨ ᠮᠠᠯᠵᠢᠬᠤ᠂ ᠲᠠᠷᠢᠶᠠᠯᠠᠬᠤ ᠶᠢ | ᠵᠣᠭᠰᠤᠭᠠᠵᠤ ᠡᠭᠡᠯᠵᠢᠯᠡᠨ ᠲᠠᠷᠢᠬᠤ᠂ ᠣᠭᠲᠤᠯᠬᠤ ᠶᠢ ᠵᠣᠭᠰᠤᠭᠠᠵᠤ ᠨᠣᠭᠤᠭᠠᠷᠠᠭᠤᠯᠬᠤ᠂ ᠲᠠᠷᠢᠶᠠᠯᠠᠬᠤ ᠶᠢ ᠵᠣᠭᠰᠤᠭᠠᠵᠤ ᠣᠶᠢᠵᠢᠭᠤᠯᠬᠤ ᠨᠣᠭᠤᠭᠠᠷᠠᠭᠤᠯᠬᠤ ᠵᠡᠷᠭᠡ | ᠲᠥᠷᠦ ᠶᠢᠨ ᠪᠣᠳᠤᠯᠭ᠎ᠠ ᠶᠢ ᠡᠷᠡᠰ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠨᠢ ᠠᠶᠠᠨᠳᠠᠭᠠᠨ ᠰᠡᠷᠭᠦᠵᠦ ᠦᠷᠭᠦᠯᠵᠢᠯᠡᠨ ᠰᠠᠶᠢᠵᠢᠷᠠᠬᠤ ᠶᠢ | ᠠᠬᠢᠭᠤᠯᠤᠨ᠎ᠠ᠃ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠯᠲᠠ ᠶᠢ ᠴᠢᠩᠭᠠᠳᠬᠠᠵᠤ᠂ ᠠᠭᠠᠷ᠂ ᠤᠰᠤ᠂ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠦ ᠦᠢᠯᠡᠳᠪᠦᠷᠢ ᠶᠢᠨ ᠪᠣᠬᠢᠷᠳᠣᠯ ᠤᠨ ᠰᠣᠷᠪᠤᠯᠵᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠨ | ᠭᠠᠳᠠᠭᠰᠢᠯᠠᠭᠤᠯᠬᠤ ᠪᠠ ᠬᠤᠲᠠ ᠪᠠᠯᠭᠠᠰᠤᠨ ᠤ ᠠᠮᠢᠳᠤᠷᠠᠯ ᠤᠨ ᠬᠠᠶᠠᠭᠳᠠᠮᠠᠯ ᠤᠰᠤ᠂ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ᠂ ᠨᠡᠭᠦᠷᠡᠰᠦ ᠰᠢᠲᠠᠭᠠᠬᠤ | ᠵᠤᠤᠬ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠬᠦ ᠶᠢ ᠠᠬᠢᠭᠤᠯᠵᠤ᠂ ᠲᠠᠷᠢᠶᠠᠯᠠᠩ ᠤᠨ ᠣᠷᠤᠭᠤᠯᠤᠯᠲᠠ ᠶᠢᠨ ᠵᠦᠢᠯ ᠢ ᠴᠦᠭᠡᠨ ᠬᠡᠷᠡᠭᠯᠡᠵᠦ᠂ ᠲᠠᠷᠢᠵᠦ ᠲᠡᠵᠢᠭᠡᠬᠦ | ᠦᠢᠯᠡᠰ ᠤᠨ ᠬᠠᠶᠠᠭᠳᠠᠮᠠᠯ ᠪᠣᠳᠠᠰ ᠢ ᠬᠤᠣᠷ ᠦᠭᠡᠢ ᠰᠢᠢᠳᠪᠦᠷᠢᠯᠡᠬᠦ ᠪᠣᠯᠣᠨ ᠡᠬᠢ ᠪᠠᠶᠠᠯᠢᠭ ᠪᠣᠯᠭᠠᠨ ᠠᠰᠢᠭᠯᠠᠬᠤ ᠶᠢ ᠠᠬᠢᠭᠤᠯᠤᠨ᠎ᠠ᠃ ᠠᠭᠤᠷᠬᠠᠢ ᠶᠢᠨ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠨᠡᠭᠡᠭᠡᠨ ᠠᠰᠢᠭᠯᠠᠵᠤ᠂ ᠪᠥᠲᠦᠮᠵᠢᠲᠡᠢ ᠨᠢᠬᠡᠳᠬᠡᠨ᠂ ᠬᠠᠶᠢᠬᠤ ᠮᠠᠯᠲᠠᠬᠤ ᠰᠤᠩᠭᠤᠬᠤ | ᠬᠠᠶᠢᠯᠤᠭᠤᠯᠬᠤ ᠡᠳ᠋ᠰᠢᠭᠦᠯᠬᠦ ᠶᠢ ᠨᠢᠭᠡ ᠴᠣᠭᠴᠠᠯᠠᠭᠰᠠᠨ ᠬᠥᠭᠵᠢᠯᠲᠡ ᠶᠢ ᠠᠬᠢᠭᠤᠯᠤᠨ᠂ ᠶᠡᠷᠦᠩᠬᠡᠶᠢᠯᠡᠨ ᠨᠡᠭᠡᠭᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠤᠰᠤᠨ ᠰᠣᠷᠪᠤᠯᠵᠢ ᠶᠢᠨ ᠬᠠᠮᠤᠭ ᠴᠢᠩᠭ᠎ᠠ ᠬᠠᠮᠢᠶᠠᠷᠤᠯᠲᠠ ᠶᠢᠨ ᠳᠥᠷᠢᠮ ᠢ ᠬᠡᠷᠡᠭᠵᠢᠭᠦᠯᠵᠦ᠂ ᠤᠰᠤᠨ ᠤ ᠬᠡᠮᠵᠢᠶ᠎ᠡ ᠪᠠᠷ ᠭᠠᠷᠤᠯᠲᠠ ᠲᠣᠭᠲᠠᠭᠠᠵᠤ᠂ ᠤᠰᠤᠨ ᠤ | ᠬᠡᠮᠵᠢᠶ᠎ᠡ ᠪᠠᠷ ᠬᠤᠲᠠ ᠶᠢ ᠲᠣᠭᠲᠠᠭᠠᠵᠤ᠂ ᠤᠰᠤᠨ ᠤ ᠡᠷᠬᠡ ᠶᠢᠨ ᠰᠣᠯᠢᠯᠴᠠᠭ᠎ᠠ ᠶᠢ ᠰᠥᠪᠡᠭᠴᠢᠯᠡᠨ ᠬᠡᠷᠡᠭᠵᠢᠭᠦᠯᠦᠨ᠎ᠡ᠃ ᠬᠢᠵᠠᠭᠠᠷᠯᠠᠬᠤ ᠴᠢᠨᠠᠷᠲᠠᠢ ᠭᠦᠢᠴᠡᠳᠭᠡᠬᠦ | ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ᠂ ᠤᠰᠤᠨ ᠰᠣᠷᠪᠤᠯᠵᠢ ᠶᠢᠨ ᠬᠤᠷᠤᠭᠳᠠᠯ ᠵᠢᠴᠢ ᠪᠥᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠤᠨ | ᠶᠡᠷᠦᠩᠬᠡᠢ ᠬᠡᠮᠵᠢᠶ᠎ᠡ ᠪᠣᠯᠣᠨ ᠬᠤᠶᠠᠷ ᠲᠠᠯ᠎ᠠ ᠶᠢᠨ ᠬᠢᠵᠠᠭᠠᠷᠯᠠᠬᠤ ᠴᠢᠩᠭ᠎ᠠ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠎ᠠ᠃ ᠡᠨᠧᠷᠭᠢ ᠠᠷᠪᠢᠯᠠᠵᠤ ᠪᠤᠬᠢᠷᠳᠤᠯ ᠢ | ᠪᠠᠭᠠᠰᠬᠠᠬᠤ ᠶᠢ ᠭᠦᠨᠵᠡᠭᠡᠢ ᠬᠡᠷᠡᠭᠵᠢᠭᠦᠯᠵᠦ᠂ ᠬᠤᠴᠤᠷᠠᠩᠭᠤᠢ ᠦᠢᠯᠡᠳᠪᠦᠷᠢᠯᠡᠯ ᠤᠨ ᠴᠢᠳᠠᠪᠬᠢ ᠶᠢ ᠡᠷᠡᠰ ᠰᠢᠭᠰᠢᠭᠳᠡᠭᠦᠯᠦᠨ᠎ᠡ᠃ ᠠᠮᠢ ᠠᠬᠤᠢ ᠶᠢᠨ ᠣᠷᠴᠢᠨ | ᠲᠣᠭᠤᠷᠢᠨ ᠤ ᠬᠤᠬᠢᠷᠠᠯ ᠤᠨ ᠲᠦᠯᠦᠪᠦᠷᠢ ᠶᠢᠨ ᠬᠠᠮᠤᠭ ᠴᠢᠩᠭ᠎ᠠ ᠳᠥᠷᠢᠮ ᠶᠢ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠨᠠᠶᠢᠳᠠᠪᠦᠷᠢᠵᠢᠭᠤᠯᠵᠤ᠂ ᠤᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠣᠷᠴᠢᠨ ᠲᠣᠭᠤᠷᠢᠨ ᠤ ᠶᠠᠰᠤ ᠴᠢᠨᠠᠷ ᠤᠨ | ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ︵ᠲᠠᠪᠤ︶ ᠴᠢᠯᠦᠭᠡᠲᠡᠢ ᠬᠥᠭᠵᠢᠭᠦᠯᠬᠦ ᠶᠢ ᠪᠠᠷᠢᠮᠲᠠᠯᠠᠵᠤ᠂ ᠬᠠᠮᠵᠢᠯᠴᠠᠬᠤ ᠬᠡᠪᠴᠢᠶ᠎ᠡ ᠪᠠᠨ ᠥᠷᠭᠡᠳᠬᠡᠨ᠎ᠡ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ | ᠬᠥᠭᠵᠢᠬᠦ ᠳᠤ ᠭᠦᠨᠴᠡ ᠤᠶᠠᠯᠳᠤᠵᠤ᠂ ᠡᠯ᠎ᠡ ᠵᠦᠢᠯ ᠤᠨ ᠦᠢᠯᠡᠳᠬᠡᠭᠦᠨ ᠢᠶᠠᠨ ᠪᠡᠭᠡᠵᠢᠩ ᠲᠢᠶᠠᠨᠵᠢᠨ ᠾᠧᠪᠸᠢ ᠶᠢᠨ ᠵᠠᠬ᠎ᠠ ᠳᠡᠯᠭᠡᠭᠦᠷ ᠲᠤ ᠣᠷᠤᠭᠤᠯᠵᠤ᠂ ᠴᠡᠪᠡᠷ | ᠡᠨᠧᠷᠭᠢ ᠬᠠᠩᠭᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠪᠠᠨ ᠲᠥᠷᠭᠡᠳᠬᠡᠵᠤ᠂ ᠤᠯᠤᠰ ᠤᠨ ᠳᠡᠰ ᠤᠨ ᠠᠮᠢᠳᠤ ᠪᠤᠳᠠᠰ ᠤᠨ ᠰᠢᠲᠠᠮᠠᠬᠠᠢ ᠬᠡᠢ ᠶᠢᠨ ᠠᠵᠦ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠶᠢ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠦᠯ ᠢᠶᠠᠷ ᠢᠶᠠᠨ ᠬᠠᠪᠰᠤᠷᠤᠯᠴᠠᠬᠤ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠥᠭᠵᠢᠭᠰᠡᠨ ᠭᠠᠵᠠᠷ ᠣᠷᠣᠨ ᠤ ᠪᠦᠷᠢᠨ ᠪᠥᠲᠦᠨ ᠠᠵᠦ ᠦᠢᠯᠡᠰ ᠤᠨ ᠬᠡᠯᠬᠢᠶᠡᠵᠢᠯ ᠪᠠ ᠳᠡᠭᠡᠳᠦ ᠰᠢᠨ᠎ᠡ ᠮᠡᠷᠭᠡᠵᠢᠯ ᠤᠨ | ᠠᠵᠦ ᠠᠬᠤᠶᠢᠯᠠᠯ ᠢ ᠢᠳᠡᠪᠬᠢᠲᠡᠢ ᠲᠣᠰᠣᠨ ᠠᠪᠴᠤ᠂ ᠤᠯᠤᠰ ᠤᠨ ᠳᠡᠰ ᠤᠨ ᠠᠵᠦ ᠦᠢᠯᠡᠰ ᠤᠨ ᠬᠠᠮᠵᠢᠯᠴᠠᠭ᠎ᠠ ᠬᠢᠭᠡᠳ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠤᠯᠤᠰ ᠤᠨ ︽ᠨᠢᠭᠡ ᠪᠥᠰᠡ ᠨᠢᠭᠡ ᠵᠠᠮ︾ ᠤᠨ ᠪᠠᠶᠢᠯᠳᠤᠬᠤ ᠪᠣᠳᠤᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠠᠯᠭᠠᠵᠤ᠂ ᠰᠢᠯᠢ ᠶᠢᠨ ᠬᠤᠲᠠ ᠠᠴᠠ ᠤᠯᠠᠭᠠᠨᠬᠠᠳᠠ ᠬᠦᠷᠬᠦ ᠲᠡᠮᠦᠷ ᠵᠠᠮ ᠢ ᠡᠬᠢᠯᠡᠨ ᠪᠠᠶᠢᠭᠤᠯᠵᠤ᠂ ᠤᠮᠠᠷᠠᠰᠢ ᠬᠠᠯᠬ᠎ᠠ ᠣᠷᠣᠰ ᠲᠠᠢ | ᠨᠡᠶᠢᠯᠡᠵᠦ᠂ ᠡᠮᠦᠨᠡᠰᠢ ᠳᠠᠯᠠᠢ ᠬᠦᠷᠬᠦ ᠳᠡᠯᠡᠬᠡᠢ ᠶᠢᠨ ᠲᠣᠮᠣ ᠵᠠᠮ ᠢ ᠨᠡᠪᠲᠡᠷᠡᠭᠦᠯᠦᠨ᠎ᠡ᠃ ᠣᠷᠣᠨ ᠲᠣᠭᠤᠷᠢᠭ ᠤᠨ ᠬᠠᠮᠲᠤᠪᠡᠷ ᠪᠠᠶᠢᠭᠤᠯᠬᠤ ᠳᠤ ᠢᠳᠡᠪᠬᠢᠲᠡᠢ | ᠣᠷᠤᠯᠴᠠᠵᠤ᠂ ︽ᠰᠢᠯᠢ ᠶᠢᠨ ᠭᠤᠣᠯ ᠤᠯᠠᠭᠠᠨᠬᠠᠳᠠ ᠲᠦᠩᠯᠢᠶᠣᠣ︾ ᠶᠢᠨ ᠠᠵᠦ ᠠᠬᠤᠢ ᠶᠢᠨ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠭᠤᠷᠬᠠᠢ ᠶᠢᠨ | ᠦᠢᠯᠡᠰ ᠤᠨ ᠠᠵᠦ ᠠᠬᠤᠢ᠂ ᠤᠰᠤ ᠨᠡᠭᠦᠷᠡᠰᠦᠨ ᠤ ᠬᠠᠮᠲᠤᠯᠢᠭ᠂ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ᠂ ᠰᠣᠶᠣᠯ ᠤᠨ ᠵᠤᠭᠠᠴᠠᠯ | ᠵᠡᠷᠭᠡ ᠬᠦᠷᠢᠶ᠎ᠡ ᠬᠡᠪᠴᠢᠶᠡᠨ ᠳᠤ ᠪᠣᠳᠠᠳᠠᠢ ᠠᠬᠢᠯᠲᠠ ᠲᠠᠢ ᠪᠠᠶᠢᠵᠤ᠂ ᠣᠷᠣᠨ ᠲᠣᠭᠤᠷᠢᠭ ᠤᠨ ᠬᠥᠭᠵᠢᠯᠲᠡ ᠶᠢᠨ ᠰᠢᠨ᠎ᠡ ᠠᠵᠦ ᠠᠬᠤᠢ ᠶᠢᠨ ᠨᠡᠮᠡᠭᠳᠡᠯ ᠤᠨ ᠲᠦᠢᠯ ᠢ | ᠪᠣᠢ ᠪᠣᠯᠭᠠᠨ᠎ᠠ᠃ ᠤᠯᠤᠰ ᠠᠴᠠ ᠵᠡᠭᠦᠨ ᠬᠤᠶᠢᠲᠤ ᠣᠷᠣᠨ ᠤ ᠮᠠᠨᠳᠤᠯ ᠢ ᠳᠠᠬᠢᠨᠲᠠ ᠳᠡᠮᠵᠢᠬᠦ ᠵᠠᠪᠰᠢᠶᠠᠨ ᠢ ᠠᠮᠵᠢᠨ᠂ ᠵᠡᠭᠦᠨ ᠬᠤᠶᠢᠲᠣ ᠶᠢᠨ ᠠᠵᠦ ᠠᠬᠤᠢ ᠶᠢᠨ | ᠲᠣᠭᠤᠷᠢᠭ ᠯᠤᠭ᠎ᠠ ᠶᠢᠨ ᠵᠣᠯᠭᠠᠯᠲᠠ ᠬᠠᠮᠵᠢᠯᠴᠠᠭ᠎ᠠ ᠪᠠᠨ ᠴᠢᠩᠭᠠᠳᠬᠠᠵᠤ᠂ ᠭᠠᠳᠠᠭᠠᠲᠤ ᠬᠠᠨᠳᠤᠯᠭᠠᠲᠤ ᠠᠵᠦ ᠠᠬᠤᠢ ᠶᠢ ᠬᠦᠴᠦᠲᠡᠢ ᠬᠥᠭᠵᠢᠭᠦᠯᠵᠦ᠂ | ᠤᠯᠠᠭᠠᠨᠬᠠᠳᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠢ ᠪᠥᠲᠦᠭᠡᠨ ᠪᠠᠶᠢᠭᠤᠯᠤᠨ᠂ ᠤᠯᠠᠭᠠᠨᠬᠠᠳᠠ ᠶᠢᠨ ᠣᠯᠠᠨ ᠤᠯᠤᠰ ᠤᠨ ᠬᠠᠭᠤᠷᠠᠢ ᠭᠠᠷᠠᠮ ᠢ | ᠪᠠᠶᠢᠭᠤᠯᠤᠨ᠎ᠠ᠃ ᠬᠠᠯᠬ᠎ᠠ ᠶᠠᠫᠤᠨ ᠺᠤᠷᠢᠶᠠ᠂ ᠰᠢᠶᠠᠩᠭᠠᠩ ᠣᠣᠮᠧᠨ ᠲᠠᠶᠢᠸᠠᠨ ᠵᠡᠷᠭᠡ ᠤᠯᠤᠰ ᠪᠠ ᠣᠷᠣᠨ ᠭᠠᠵᠠᠷ ᠯᠤᠭ᠎ᠠ ᠶᠢᠨ ᠬᠠᠮᠵᠢᠯᠴᠠᠭ᠎ᠠ ᠪᠠᠨ ᠴᠢᠩᠳᠠᠯᠠᠵᠤ᠂ | ᠭᠠᠳᠠᠭᠠᠳᠤ ᠲᠠᠢ ᠴᠢᠯᠦᠭᠡᠢ ᠶᠠᠪᠤᠯᠴᠠᠬᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠪᠠᠬᠢᠵᠢᠭᠦᠯᠦᠨ᠎ᠡ᠃ | ︵ᠵᠢᠷᠭᠤᠭ᠎ᠠ︶ ᠬᠥᠭᠵᠢᠯᠲᠡ ᠪᠠᠨ ᠬᠠᠮᠲᠤᠪᠡᠷ ᠡᠳ᠋ᠯᠡᠵᠦ᠂ ᠠᠷᠠᠳ ᠤᠨ ᠠᠮᠢᠳᠤᠷᠠᠯ ᠤᠨ ᠳᠡᠭᠵᠢᠷᠡᠯ ᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠢᠨᠵᠧᠨᠧᠷᠢᠩ ᠢ ᠨᠠᠶᠢᠳᠠᠪᠤᠷᠢᠵᠢᠭᠤᠯᠵᠤ᠂ ᠠᠵᠦ ᠦᠢᠯᠡᠰ ᠢᠶᠠᠷ ᠳᠡᠮᠵᠢᠬᠦ᠂ ᠵᠦᠢᠲᠡᠢ ᠭᠠᠵᠠᠷ ᠨᠡᠭᠦᠯᠭᠡᠬᠦ᠂ ᠰᠢᠯᠵᠢᠭᠦᠯᠦᠨ ᠠᠵᠢᠯ ᠣᠯᠭᠤᠯᠬᠤ᠂ | ᠨᠡᠶᠢᠭᠡᠮ ᠤᠨ ᠳᠠᠭᠠᠳᠬᠠᠯ ᠢ ᠪᠦᠷᠬᠦᠭᠦᠯᠬᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠬᠥᠷᠥᠩᠭᠡ ᠬᠤᠭᠰᠢᠯ ᠠᠴᠠ ᠪᠠᠨᠠᠰᠢᠭ ᠬᠦᠷᠲᠡᠬᠦ᠂ ᠰᠢᠨ᠎ᠡ | ᠮᠠᠶ᠋ᠢᠭ ᠤᠨᠲ᠋ᠠᠷᠢᠶᠠᠴᠢᠨ ᠮᠠᠯᠴᠢᠨ ᠢ ᠬᠥᠮᠦᠵᠢᠭᠦᠯᠬᠦ ᠵᠡᠷᠭᠡ ᠬᠡᠯᠪᠡᠷᠢ ᠪᠠᠷ2020 ᠣᠨ ᠪᠣᠯᠬᠤ ᠳᠤ ᠶᠠᠳᠠᠭᠤ ᠬᠦᠴᠢᠷᠲᠡᠢ ᠬᠦᠮᠦᠨ ᠠᠮᠠ ᠶᠢ ᠪᠥᠬᠦᠨ ᠢ ᠶᠠᠳᠠᠭᠤ ᠠᠴᠠ | ᠠᠩᠭᠢᠵᠢᠷᠠᠭᠤᠯᠵᠤ᠂ ᠶᠠᠳᠠᠭᠤ ᠬᠦᠴᠢᠷᠲᠡᠢ ᠬᠤᠰᠢᠭᠤ ᠰᠢᠶᠠᠨ ᠤ ᠮᠠᠯᠠᠭᠠᠢ ᠪᠠᠨ ᠪᠥᠬᠦᠨ ᠢᠶᠠᠷ ᠢᠶᠠᠨ ᠲᠠᠶᠠᠭᠳᠠᠨ᠎ᠠ᠃ ᠠᠵᠢᠯ ᠣᠯᠭᠤᠨ ᠦᠢᠯᠡᠰ ᠪᠥᠲᠦᠭᠡᠬᠦ ᠠᠵᠢᠯ ᠢ | ᠠᠬᠢᠭᠤᠯᠵᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠭᠦᠢᠴᠡᠳ ᠠᠵᠢᠯ ᠣᠯᠭᠤᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠠᠷᠭ᠎ᠠ ᠪᠥᠬᠦᠨ ᠢ ᠰᠥᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠠᠵᠦ ᠠᠬᠤᠢ ᠶᠢᠨ | ᠬᠥᠭᠵᠢᠯᠲᠡ ᠲᠠᠢ ᠠᠳᠠᠯᠢᠬᠠᠨ ᠨᠡᠮᠡᠭᠳᠡᠬᠦ ᠶᠢ ᠦᠨᠡᠩᠬᠦ ᠪᠠᠲᠤᠯᠠᠨ᠎ᠠ᠃ ᠣᠯᠠᠨ ᠳᠠᠪᠬᠤᠷᠭᠠᠲᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠶᠡᠬᠡᠪᠡᠷ ᠬᠥᠭᠵᠢᠭᠦᠯᠵᠦ᠂ ᠤᠯᠠᠭᠠᠨᠬᠠᠳᠠ ᠶᠢᠨ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠤᠨ ᠬᠤᠲᠠ ᠶᠢ ᠪᠠᠶᠢᠭᠤᠯᠤᠨ᠎ᠠ᠃ ᠰᠣᠶᠣᠯ ᠭᠡᠭᠡᠷᠡᠯ ᠤᠨᠦᠢᠯᠡᠰ ᠢ ᠬᠦᠴᠦᠲᠡᠢ ᠬᠥᠭᠵᠢᠭᠦᠯᠵᠦ᠂ ᠰᠣᠶᠣᠯ ᠤᠨ ᠵᠥᠭᠡᠯᠡᠨ ᠬᠦᠴᠦᠨ ᠢ | ᠳᠡᠭᠡᠭᠰᠢᠯᠡᠭᠦᠯᠦᠨ᠎ᠡ᠃ ᠣᠯᠠᠨ ᠲᠥᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠲᠠᠮᠢᠷ ᠪᠣᠯᠣᠨ ᠪᠡᠶ᠎ᠡᠶᠢᠨ ᠲᠠᠮᠢᠷ ᠤᠨ ᠠᠵᠤ ᠦᠢᠯᠡᠰ ᠤᠨ ᠵᠣᠬᠢᠴᠠᠩᠭᠤᠢ | ᠬᠥᠭᠵᠢᠯᠲᠡ ᠶᠢ ᠠᠬᠢᠭᠤᠯᠤᠨ᠎ᠠ᠃ ᠡᠷᠡᠭᠦᠯ ᠮᠡᠨᠳᠦ ᠶᠢᠨ ᠠᠵᠦ ᠦᠢᠯᠡᠰ ᠢ ᠶᠡᠬᠡᠪᠡᠷ ᠬᠥᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠠᠭᠰᠠᠨ | ᠣᠯᠠᠨ ᠳᠠᠪᠬᠤᠷᠭᠠᠲᠤ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠦᠢᠯᠡᠰ ᠢ | ᠲᠥᠷᠭᠡᠨ ᠬᠥᠭᠵᠢᠭᠦᠯᠵᠦ᠂ ᠣᠯᠠᠨ ᠲᠥᠮᠡᠨ ᠤ ᠣᠯᠠᠨ ᠳᠠᠪᠬᠤᠷᠭ᠎ᠠ ᠲᠠᠢ ᠣᠯᠠᠨ ᠡᠰᠢᠵᠢᠭᠰᠡᠨ ᠨᠠᠰᠤᠵᠢᠯ ᠤᠨ ᠬᠡᠷᠡᠭᠴᠡᠭᠡ ᠶᠢ ᠬᠠᠩᠭᠠᠨ᠎ᠠ᠃ ᠬᠤᠶᠠᠷ ᠬᠡᠦᠬᠡᠳ ᠤᠨ | ᠲᠥᠷᠦ ᠶᠢᠨ ᠪᠣᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠬᠥᠮᠥᠨ ᠠᠮᠠ ᠶᠢᠨ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠤᠨ | ᠵᠠᠰᠠᠯᠲᠠ ᠶᠢᠨ ᠰᠢᠨ᠎ᠡ ᠡᠭᠦᠳᠦᠯᠲᠡ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ᠂ ᠢᠳᠡᠭᠡᠨ ᠡᠮ ᠤᠨ | ᠵᠦᠢᠯ ᠤᠨ ᠠᠶᠤᠯᠭᠦᠢ᠂ ᠨᠡᠶᠢᠭᠡᠮ ᠤᠨ ᠠᠮᠦᠷ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠦᠪᠵᠢᠭᠦᠯᠵᠦ᠂ ᠡᠶ᠎ᠡ ᠵᠣᠬᠢᠴᠠᠯᠲᠠᠢ ᠲᠤᠭᠲᠠᠭᠤᠨ | ᠨᠡᠶᠢᠭᠡᠮ ᠤᠨ ᠪᠠᠶᠢᠳᠠᠯ ᠢ ᠪᠣᠢ ᠪᠣᠯᠭᠠᠨ᠎ᠠ᠃ |