| | ︵ᠭᠤᠷᠪᠠ︶ ︽ᠲᠠᠪᠤᠨ ᠰᠢᠪᠲᠤᠯᠤᠯᠲᠠ ᠶᠢᠨ ᠲᠠᠶᠢᠯᠠᠯᠳᠤᠭᠠᠨ︾ ᠢ ᠰᠠᠶᠢᠲᠤᠷ ᠬᠢᠵᠦ᠂ ᠬᠤᠳᠠ ᠬᠥᠳᠡᠭᠡ ᠶᠢᠨ ᠨᠢᠭᠡ ᠴᠣᠭᠴᠠᠲᠤ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠦᠨ ᠪᠠᠶᠢᠭᠤᠯᠤᠨ᠎ᠠ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ︽ᠵᠢᠷᠭᠤᠭᠠᠨ ᠣᠨᠣᠪᠴᠢᠲᠠᠶ᠂ ᠲᠠᠪᠤᠨ | ᠨᠢᠭᠡ ᠪᠦᠯᠦᠭ︾ ᠲᠤ ᠲᠥᠪᠯᠡᠷᠡᠨ᠂ ᠶᠠᠳᠠᠭᠤ ᠶᠢ ᠲᠡᠳᠬᠦᠬᠦ ᠬᠥᠭᠵᠢᠯᠲᠡ ᠶᠢᠨ ᠲᠥᠯᠥᠪᠵᠢᠭᠦᠯᠭᠡ ᠪᠠ ᠲᠣᠬᠢᠷᠠᠮᠵᠢᠲᠠᠢ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ | ᠲᠥᠯᠥᠪᠵᠢᠭᠦᠯᠭᠡ ᠶᠢ ᠪᠡᠶᠡᠯᠡᠭᠦᠯᠵᠦ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠡᠭᠦᠷᠭᠡ ᠪᠠᠨ ᠬᠤᠪᠢᠶᠠᠨ᠂ ᠬᠢᠨᠠᠨ | ᠰᠢᠯᠭᠠᠵᠤ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠬᠦᠢᠴᠡᠳᠬᠡᠬᠦ ᠲᠤᠭ᠎ᠠ ᠶᠢᠨ ᠬᠢᠨᠠᠨ ᠰᠢᠯᠭᠠᠯᠲᠠ ᠳᠠᠬᠢ ᠬᠠᠷᠢᠴᠠᠯ ᠢ ᠶᠡᠭᠡ | ᠬᠡᠮᠵᠢᠶ᠎ᠡ ᠪᠠᠷ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠶᠠᠳᠠᠭᠤ ᠶᠢ | ᠲᠡᠳᠬᠦᠬᠦ ᠲᠠᠩᠰᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠡᠯᠡ ᠮᠥᠩᠭᠦ ᠶᠢ ᠡᠮᠬᠢᠯᠡᠨ | ᠣᠷᠣᠭᠤᠯᠬᠤ ᠡᠷᠴᠢᠮ ᠢᠶᠠᠨ ᠨᠡᠮᠡᠭᠳᠡᠭᠦᠯᠦᠨ᠂ ᠬᠤᠳᠠ ᠶᠢᠨ ᠳᠡᠰ ᠤᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠠᠪᠴᠠᠩ ᠢ ᠪᠠᠶᠢᠭᠤᠯᠵᠤ᠂ ᠶᠠᠳᠠᠭᠤ ᠶᠢ | ᠲᠡᠳᠬᠦᠬᠦ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠦᠬᠦ ᠵᠢᠯ ᠳᠤ ᠶᠠᠳᠠᠭᠤ ᠶᠢ ᠲᠡᠳᠬᠦᠬᠦ ᠪᠡᠯᠡ ᠮᠥᠩᠭᠦ 40 ᠳ᠋ᠦᠩᠰᠢᠭᠤᠷ ᠲᠦᠭᠦᠷᠢᠭ | ᠣᠷᠤᠭᠤᠯᠤᠨ᠎ᠠ᠃ ︽ᠭᠤᠷᠪᠠ ᠶᠢ ᠲᠣᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ᠂ ᠠᠵᠤ | ᠦᠢᠯᠡᠰᠵᠢᠭᠦᠯᠦᠨ ᠶᠠᠳᠠᠭᠤ ᠶᠢ ᠲᠡᠳᠬᠦᠬᠦ ᠵᠡᠷᠭᠡ ᠠᠷᠭ᠎ᠠ ᠪᠣᠳᠤᠯᠭ᠎ᠠ ᠶᠢ ᠰᠠᠶᠢᠲᠤᠷ ᠬᠡᠷᠡᠭᠵᠢᠭᠦᠯᠵᠦ᠂ ᠬᠤᠷ᠎ᠠ ᠪᠣᠷᠤᠭ᠎ᠠ ᠲᠥᠯᠥᠪᠯᠡᠭᠡ᠂ ᠭᠡᠷᠡᠯ ᠸᠣᠯᠲ ᠪᠠᠷ ᠶᠠᠳᠠᠭᠤ ᠶᠢ | ᠲᠡᠳᠬᠦᠬᠦ᠂ ᠵᠤᠭᠠᠴᠠᠯ ᠢᠶᠠᠷ ᠶᠠᠳᠠᠭᠤ ᠶᠢ ᠲᠡᠳᠬᠦᠬᠦ᠂ ᠡᠯᠧᠭᠲᠷᠥᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ | ᠵᠡᠷᠭᠡ ᠨᠠᠷᠢᠯᠢᠭ᠌ ᠣᠨᠣᠪᠴᠢᠲᠠᠢ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠴᠢᠭ ᠲᠣᠭᠲᠠᠭᠠᠨ ᠲᠤᠰᠠᠯᠠᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠳᠡᠳᠬᠦᠬᠦ ᠬᠠᠮᠵᠢᠯᠴᠠᠭ᠎ᠠ ᠵᠡᠷᠭᠡ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠤᠯᠠᠨ ᠠᠴᠠ | ᠴᠤᠭᠯᠠᠭᠤᠯᠤᠨ ᠶᠠᠳᠠᠭᠤ ᠶᠢ ᠲᠡᠳᠬᠦᠬᠦ ᠶᠢ ᠬᠠᠶᠢᠨ ᠰᠥᠪᠡᠭᠴᠢᠯᠡᠵᠦ᠂ ᠵᠢᠯ ᠤᠨ ᠲᠤᠲᠤᠷ᠎ᠠ 5.3 ᠲᠥᠮᠡᠨ ᠬᠦᠮᠦᠨ ᠢ ᠲᠤᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ ᠶᠢ ᠪᠠᠲᠤᠯᠠᠨ᠎ᠠ᠃ | ᠬᠦᠳᠡᠭᠡ ᠳᠤᠰᠬᠤᠨ ᠮᠠᠯᠵᠢᠬᠤ ᠣᠷᠣᠨ ᠤ ︽ᠠᠷᠪᠠ ᠶᠢ ᠪᠦᠷᠬᠦᠭᠦᠯᠬᠦ︾ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠲᠤᠷ ᠠᠳᠬᠤᠨ᠎ᠠ᠃ ᠵᠣᠬᠢᠶᠠᠨ | ᠪᠠᠶᠢᠭᠤᠯᠤᠨ ᠤᠳᠤᠷᠢᠳᠬᠤ᠂ ᠪᠡᠯᠡ ᠮᠥᠩᠭᠦᠨ ᠤ ᠣᠷᠣᠭᠤᠯᠤᠯᠲᠠ᠂ ᠪᠠᠷᠢᠯᠭ᠎ᠠ ᠬᠢᠬᠦ ᠵᠤᠬᠢᠶᠠᠨ ᠪᠠᠶᠢᠭᠤᠯᠤᠯᠲᠠ ᠪᠣᠯᠣᠨ ᠪᠠᠷᠢᠯᠭ᠎ᠠ ᠶᠢ ᠬᠠᠮᠢᠶᠠᠷᠴᠦ ᠬᠠᠮᠠᠭᠠᠯᠠᠬᠤ | ᠬᠦᠴᠦᠯᠡᠴᠡ ᠶᠢ ᠴᠢᠩᠳᠠᠯᠠᠨ᠂ ᠥᠪᠡᠷᠲᠡᠭᠡᠨ ᠵᠠᠰᠠᠬᠤ ᠣᠷᠤᠨ ᠤ ᠱᠠᠭᠠᠷᠳᠠᠯᠭ᠎ᠠ ᠶᠣᠰᠤᠭᠠᠷ ᠡᠨᠡ ᠵᠢᠯ ᠪᠦᠬᠦ ᠪᠦᠷᠬᠦᠯᠲᠡ ᠶᠢᠨ ᠬᠠᠷᠠᠯᠲᠠ ᠪᠠᠨ ᠦᠨᠳᠦᠰᠦᠨ ᠳᠤᠨᠢ | ᠪᠠᠶᠡᠯᠡᠭᠦᠯᠦᠨ᠎ᠡ᠃ ︽ᠠᠷᠪᠠ ᠶᠢ ᠪᠦᠷᠬᠦᠭᠦᠯᠬᠦ︾ ᠣᠨᠴᠠᠯᠢᠭᠲᠤ ᠪᠠᠷᠢᠯᠭ᠎ᠠ ᠶᠢ ᠬᠥᠴᠦᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠡᠭᠦᠳᠡᠨ ᠫᠠᠶᠢᠰᠠ ᠶᠢᠨ | ᠰᠤᠷᠠᠭ ᠵᠠᠩᠭᠢᠴᠢᠯᠠᠬᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠂ ᠬᠤᠲᠠ ᠰᠢᠶᠠᠨ ᠰᠢᠶᠠᠩ ᠳᠤᠰᠬᠤᠨ ᠤ ᠠᠵᠢᠯᠯᠠᠬᠤ ᠲᠢᠩᠬᠢᠮ ᠤᠨ ᠬᠠᠷᠢᠯᠴᠠᠨ ᠬᠤᠯᠪᠣᠯᠳᠤᠵᠤ ᠨᠡᠪᠲᠡᠷᠡᠯᠴᠡᠬᠦ᠂ ᠨᠢᠭᠡ ᠴᠣᠭᠴᠠᠵᠢᠯᠲᠠ ᠶᠢ | ᠪᠡᠶᠡᠯᠡᠭᠦᠯᠦᠨ᠂ ᠣᠯᠠᠨ ᠲᠦᠮᠡᠨ ᠳᠤ ᠦᠢᠯᠡᠴᠢᠯᠡᠨ ᠬᠠᠷᠢᠯᠴᠠᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠪᠦᠬᠦ ᠬᠤᠲᠠ ᠳᠤ 20 | ᠲᠤᠷᠰᠢᠯᠲᠠ ᠶᠢᠨ ᠲᠣᠰᠬᠤᠨ ᠰᠣᠩᠭᠤᠵᠤ᠂ ᠲᠠᠷᠢᠶᠠᠴᠢᠨ ᠠᠶᠢᠯ ᠤᠨ ᠵᠤᠭᠠᠴᠠᠯ᠂ ᠮᠠᠯᠵᠢᠯ ᠠᠮᠢᠳᠤᠷᠠᠯ ᠤᠨ ᠵᠤᠭᠠᠴᠠᠯ ᠵᠡᠷᠭᠡ ᠰᠡᠯᠡᠭᠦᠴᠡᠯ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠤ ᠵᠤᠭᠠᠴᠠᠯ ᠢ ᠲᠥᠪᠯᠡᠷᠡᠭᠦᠯᠦᠨ ᠬᠥᠭᠵᠢᠭᠦᠯᠵᠦ᠂ ᠪᠦᠬᠦ ᠵᠢᠯ ᠳᠤ ᠪᠠᠷᠢᠮᠵᠢᠶᠠᠵᠢᠭᠰᠠᠨ ᠡᠵᠡᠩᠨᠡᠬᠦ ᠡᠷᠦᠬᠡ ᠶᠢ 100 ᠠᠴᠠ ᠳᠡᠭᠡᠭᠰᠢ | ᠰᠢᠨ᠎ᠡ ᠨᠡᠮᠡᠭᠳᠡᠭᠦᠯᠦᠨ᠎ᠡ᠃ ᠬᠦᠳᠡᠭᠡ ᠳᠤᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠳᠠᠭᠠᠭᠠᠮᠠᠭᠠᠢ | ᠲᠣᠭᠲᠠᠴᠠ ᠶᠢ ᠲᠡᠭᠦᠯᠳᠡᠷᠵᠢᠭᠦᠯᠵᠦ᠂ ᠪᠣᠳᠠᠲᠠᠶ ᠠᠷᠭ᠎ᠠ ᠶᠢ ᠰᠤᠳᠤᠯᠤᠨ ᠲᠤᠭᠲᠠᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ | ᠪᠠᠬᠢᠵᠢᠭᠦᠯᠦᠨ᠎ᠡ᠃ ᠦᠵᠡᠰᠬᠦᠯᠡᠩᠲᠦ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠢ ᠬᠥᠮᠦᠵᠢᠭᠦᠯᠵᠦ᠂ ᠭᠤᠶᠤᠵᠢᠬᠤ ᠪᠠ ᠴᠢᠨᠡᠭᠡᠯᠢᠭᠵᠢᠬᠦ ᠬᠤᠣᠰ ᠠᠮᠵᠢᠯᠲᠠ ᠶᠢ ᠪᠡᠶᠡᠯᠡᠭᠦᠯᠦᠨ᠎ᠡ᠃ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠨ ᠬᠢᠨ᠎ᠡ᠃ ᠭᠤᠣᠯ ᠬᠤᠲᠠ ᠲᠣᠭᠤᠷᠢᠭ ᠤᠨ 130 | ᠭᠤᠣᠯᠳᠠᠯᠭ᠎ᠠ ᠲᠠᠢ ᠬᠤᠳᠡ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠾᠦᠸᠧ ᠬᠤᠸᠠ ᠯᠦ ᠵᠠᠮ ᠤᠨ ᠶᠡᠭᠡ ᠬᠥᠭᠦᠷᠭᠡ᠂ | ᠶᠢᠨ ᠾᠧ ᠶᠡᠭᠡ ᠬᠥᠭᠦᠷᠭᠡ᠂ ᠲᠢᠶᠧ ᠨᠠᠨ ᠶᠡᠭᠡ ᠵᠡᠭᠡᠯᠢ᠂ ᠢᠨᠵᠠᠭ᠎ᠠ ᠶᠢᠨ ᠬᠥᠭᠦᠷᠭᠡ ᠶᠢ ᠦᠷᠭᠦᠯᠵᠢᠯᠡᠨ ᠪᠠᠶᠢᠭᠤᠯᠬᠤ ᠵᠡᠷᠭᠡ ᠨᠢᠭᠡ ᠪᠦᠯᠦᠭ ᠵᠠᠮ ᠬᠥᠭᠦᠷᠭᠡ ᠶᠢᠨ | ᠢᠨᠵᠧᠨᠧᠷᠢᠩ ᠢ ᠪᠡᠶᠡᠯᠡᠭᠦᠯᠵᠦ᠂ ᠶᠠᠷᠥᠩᠬᠡᠶᠢᠯᠡᠭᠰᠡᠨ ᠬᠤᠭᠤᠯᠠᠶ ᠬᠤᠩᠭᠢᠯ ᠢ 10 ᠺᠢᠯᠤᠮᠧᠲ᠋ᠧᠷ ᠪᠦᠲᠦᠭᠡᠨ ᠪᠠᠶᠢᠭᠤᠯᠤᠨ᠎ᠠ᠃ ᠳᠤᠮᠳᠠ ᠲᠤᠭᠤᠷᠢᠮ ᠵᠡᠮ ᠪᠠ ᠬᠤᠳᠠ | ᠲᠣᠭᠤᠷᠢᠭᠰᠠᠨ ᠲᠦᠷᠭᠡᠨ ᠵᠠᠮ ᠢ ᠵᠠᠯᠭᠠᠬᠤ ᠪᠠᠷᠢᠯᠭ᠎ᠠ ᠶᠢ ᠡᠬᠢᠯᠡᠭᠦᠯᠵᠦ᠂ ᠤᠯᠠᠭᠠᠨᠬᠠᠳᠠ ᠶᠢᠨ ᠬᠤᠲᠠ ᠲᠣᠭᠤᠷᠢᠭ ᠠᠴᠠ ᠶᠤᠸᠠᠨ ᠪᠦᠦ ᠱᠠᠨ ᠲᠤᠭᠤᠷᠢᠭ ᠪᠠ ᠬᠠᠷᠠᠴᠢᠨ | ᠬᠤᠰᠢᠭᠤ ᠬᠦᠷᠲᠡᠯᠡᠬᠢ ᠲᠡᠮᠦᠷ ᠵᠠᠮ ᠬᠠᠷᠢᠯᠴᠠᠭ᠎ᠠ ᠶᠢ ᠲᠥᠯᠦᠪᠵᠢᠭᠦᠯᠵᠦ᠂ ᠣᠯᠠᠨ ᠨᠡᠶᠢᠲᠡ ᠶᠢᠨ ᠳᠤᠭᠤᠶ ᠲᠡᠷᠭᠡᠨ ᠤ ᠰᠢᠰᠲ᠋ᠧᠮ ᠤᠨ ᠪᠠᠶᠢᠭᠤᠯᠤᠯᠲᠠ ᠶᠢ | ᠥᠷᠨᠢᠭᠦᠯᠵᠦ᠂ ᠭᠤᠣᠯ ᠬᠤᠳᠠ ᠶᠢᠨ 50 ᠺᠢᠯᠣᠮᠧᠲᠷ ᠤᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠲᠤᠭᠤᠷᠢᠭ ᠢ ᠪᠠᠶᠢᠭᠤᠯᠤᠨ᠎ᠠ᠃ ᠬᠠᠶᠢᠮᠢᠶᠠᠨ | ᠬᠤᠳᠠ ᠶᠢᠨ ᠲᠥᠯᠥᠪᠵᠢᠭᠦᠯᠭᠡ ᠶᠢ ᠡᠬᠢᠯᠡᠭᠦᠯᠵᠦ᠂ ᠣᠶᠤᠨᠲᠦ ᠲᠣᠮᠣ ᠠᠰᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠭᠤᠣᠯ ᠬᠤᠲᠠ ᠲᠣᠭᠤᠷᠢᠭ ᠤᠨ | ︽ᠨᠤᠭᠤᠭᠠᠷᠠᠭᠤᠯᠬᠤ ᠭᠡᠷᠡᠯᠳᠦᠭᠦᠯᠬᠦ ᠭᠤᠶᠤᠵᠢᠭᠤᠯᠬᠤ︾ ᠢᠨᠵᠧᠨᠧᠷᠢᠩ ᠢ ᠳᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠳᠠᠭᠠᠨ ᠴᠠᠬᠢᠯᠭᠠᠨ | ᠭᠠᠷᠭᠠᠬᠤ ᠲᠥᠷᠥᠯ ᠵᠦᠢᠯ ᠪᠣᠯᠤᠨ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠵᠦ᠂ ᠪᠠᠷᠠᠭᠤᠨ | ᠠᠭᠤᠯᠠᠨ ᠤ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠪᠠᠶᠢᠭᠤᠯᠤᠯ ᠤᠨ | ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠶᠡᠷᠦᠩᠬᠡᠶᠢᠯᠡᠭᠰᠡᠨ ᠠᠷᠭ᠎ᠠ ᠪᠤᠲᠣᠯᠭ᠎ᠠ ᠪᠠᠷ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠳᠠᠯ ᠠᠬᠤᠶ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠶᠢ ᠶᠡᠷᠥᠩᠬᠡᠶᠢᠯᠡᠨ ᠵᠠᠰᠠᠬᠤ ᠪᠠ ᠬᠤᠳᠠ ᠶᠢᠨ ᠤᠢᠩᠭᠡ ᠳᠦᠷᠰᠦ ᠶᠢ ᠶᠡᠷᠦᠩᠬᠡᠶᠢᠯᠡᠨ | ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠪᠦᠬᠦ ᠬᠤᠲᠠ ᠶᠢᠨ ᠬᠠᠭᠤᠴᠢᠨ ᠰᠠᠭᠤᠴᠠ ᠲᠤᠭᠤᠷᠢᠭ ᠢ 190 ᠲᠦᠮᠡᠨ ᠲᠡᠭᠰᠢ ᠳᠥᠷᠪᠡᠯᠵᠢᠨ | ᠮᠧᠲᠷ ᠥᠭᠡᠷᠡᠴᠢᠯᠡᠵᠦ᠂ ᠴᠢᠯᠥᠭᠡᠯᠡᠬᠦ ᠵᠡᠭᠡᠯᠢ ᠶᠢᠨ ᠪᠠᠷᠠᠭᠤᠨ ᠬᠡᠰᠡᠭ ᠵᠡᠷᠭᠡ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠢᠨᠵᠧᠨᠧᠷᠢᠩ ᠢ | ᠡᠬᠢᠯᠡᠭᠦᠯᠵᠦ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠪᠠ ᠬᠤᠳᠠ ᠳᠤᠮᠳᠠᠬᠢ ᠲᠣᠰᠬᠤᠨ ᠤ 7042 ᠡᠷᠦᠬᠡ ᠶᠢ ᠥᠭᠡᠷᠡᠴᠢᠯᠡᠨ ᠵᠠᠰᠠᠨ᠎ᠠ᠂ | ᠶᠡᠷᠦᠩᠬᠡᠶ ᠰᠠᠶᠢᠳ ᠤᠨ ᠠᠩᠬᠠᠷᠴᠤ ᠪᠠᠶᠢᠭ᠎ᠠ ᠲᠡᠮᠦᠷ ᠵᠠᠮ ᠶᠢᠨ ᠡᠮᠦᠨᠡᠬᠢ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ 7300 ᠡᠷᠦᠬᠡ ᠨᠤᠷᠠᠭᠠᠨ ᠨᠡᠭᠦᠯᠭᠡᠬᠦ ᠰᠠᠭᠤᠭᠠᠯᠢ ᠠᠷᠠᠳ ᠢ ᠰᠢᠨ᠎ᠡ ᠰᠠᠭᠤᠴᠠ ᠳᠤ ᠤᠷᠤᠭᠤᠯᠬᠤ ᠶᠢ ᠦᠨᠡᠨᠬᠦ ᠪᠠᠲᠤᠯᠠᠨ᠎ᠠ᠃ ᠭᠤᠣᠯ ᠬᠤᠲᠠ | ᠲᠣᠭᠤᠷᠢᠭ ᠤᠨ ᠬᠤᠳᠠ ᠶᠢᠨ ᠶᠠᠪᠤᠳᠠᠯ ᠤᠨ ᠲᠣᠨᠤᠭ ᠲᠥᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡ ᠶᠢ ᠡᠷᠬᠢᠨ ᠲᠣᠭᠤᠷᠢᠨ ᠤ ᠲᠣᠰᠬᠤᠨ ᠪᠠᠯᠭᠠᠰᠤ ᠳᠤ | ᠪᠥᠷᠬᠦᠭᠦᠯᠬᠦ ᠶᠢ ᠲᠦᠯᠬᠢᠨ ᠠᠬᠢᠭᠤᠯᠵᠤ᠂ ᠨᠢᠭᠡ ᠴᠣᠭᠴᠠᠵᠢᠭᠰᠠᠨ ᠬᠥᠭᠵᠢᠯᠲᠡ ᠶᠢ ᠪᠠᠶᠡᠯᠡᠭᠦᠯᠦᠨ᠂ ᠡᠨᠡ ᠵᠢᠯ 7 ᠭᠤᠣᠯᠳᠠᠯᠭ᠎ᠠ ᠲᠠᠢ ᠪᠠᠯᠭᠠᠰᠤ ᠶᠢ ᠰᠣᠩᠭᠤᠵᠦ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠭᠤᠣᠯᠳᠠᠯᠭᠠᠲᠤ ᠵᠢᠵᠢᠭ ᠬᠤᠳᠠ ᠪᠠᠯᠭᠠᠰᠤ ᠪᠣᠯᠤᠨ ᠡᠷᠭᠢᠨ ᠲᠣᠭᠤᠷᠢᠨ ᠤ ᠠᠶᠢᠯ ᠲᠣᠰᠬᠤᠨ ᠳᠤ | ᠲᠥᠪᠯᠡᠷᠡᠩᠭᠦᠶ ᠢᠯᠴᠢ ᠬᠠᠩᠭᠠᠬᠤ᠂ ᠭᠡᠢ ᠬᠠᠩᠭᠠᠬᠤ᠂ ᠤᠰᠤ ᠬᠠᠩᠭᠠᠵᠤ ᠤᠰᠤ ᠵᠠᠯᠠᠬᠤ᠂ ᠬᠤᠭ ᠨᠣᠪᠰᠢ ᠪᠠ ᠬᠠᠶᠠᠭᠳᠠᠮᠠᠯ ᠤᠰᠤ ᠶᠢ ᠶᠡᠷᠦᠩᠬᠡᠶᠢᠯᠡᠨ | ᠰᠢᠢᠳᠪᠦᠷᠢᠯᠡᠬᠦ ᠶᠢ ᠳᠡᠮᠵᠢᠵᠦ᠂ ᠮᠠᠯᠴᠢᠨ ᠲᠠᠷᠢᠶᠠᠴᠢᠨ ᠤ ᠲᠤᠬᠠᠶ ᠶᠢᠨ ᠭᠠᠵᠠᠷ ᠲᠠᠭᠠᠨ ᠬᠤᠲᠠ ᠪᠠᠯᠭᠠᠰᠤᠴᠢᠯᠠᠬᠤ ᠶᠢ ᠠᠬᠢᠭᠤᠯᠤᠨ᠎ᠠ᠃ | ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠲᠦᠷ ᠬᠢᠨ᠎ᠡ᠃ ᠠᠭᠠᠷ ᠮᠠᠨᠳᠠᠯ ᠪᠣᠯᠤᠨ ᠤᠰᠤᠨ ᠤ | ᠪᠣᠬᠢᠷᠲᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ | ᠲᠥᠰᠦᠯ ᠢ ᠲᠣᠭᠲᠠᠭᠠᠨ ᠬᠡᠷᠡᠭᠵᠢᠭᠦᠯᠦᠨ᠎ᠡ᠃ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠪᠠ ᠡᠨᠧᠷᠭᠢ | ᠠᠷᠪᠢᠯᠠᠵᠤ ᠥᠭᠡᠷᠡᠴᠢᠯᠡᠨ ᠵᠠᠰᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠤᠲᠠᠲ᠋ᠣᠭᠤᠷᠢᠭ ᠬᠢᠭᠡᠳ ᠬᠤᠰᠢᠭᠤ ᠰᠢᠶᠠᠨ ᠤ ᠵᠠᠰᠠᠭ ᠶᠢᠨ ᠣᠷᠳᠤᠨ ᠤ ᠰᠠᠭᠤᠭ᠎ᠠ | ᠪᠠᠯᠭᠠᠰᠦ ᠶᠢᠨ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠬᠡᠷᠡᠭᠯᠡᠬᠦ ᠶᠢ ᠴᠠᠭᠠᠵᠠᠯᠠᠨ᠎ᠠ᠃ ᠤᠢ ᠰᠢᠭᠤᠶ ᠶᠢᠨ ᠠᠮᠢ ᠠᠬᠤᠶ ᠶᠢᠨ ᠪᠦᠳᠦᠭᠡᠨ | ᠪᠠᠶᠢᠭᠤᠯᠤᠯᠲᠠ ᠪᠠ ᠬᠠᠮᠠᠭᠠᠯᠠᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ 100 ᠲᠦᠮᠡᠨ ᠮᠤ᠋ ᠣᠶᠢᠵᠢᠭᠤᠯᠵᠤ᠂ ᠭᠤᠣᠯᠳᠠᠯᠭ᠎ᠠ ᠲᠠᠢ ᠣᠷᠣᠨ ᠲᠤᠭᠤᠷᠢᠭ ᠢ 20 | ᠲᠦᠮᠡᠨ ᠮᠤ᠋ ᠨᠣᠭᠤᠭᠠᠷᠠᠭᠤᠯᠵᠤ᠂ ᠣᠰᠦ ᠬᠦᠷᠦᠰᠦ ᠶᠢ105 ᠲᠥᠮᠡᠨ ᠮᠦ ᠶᠡᠷᠥᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠯᠤᠰ ᠤᠨ ᠴᠡᠴᠡᠷᠯᠢᠭᠵᠢᠭᠰᠡᠨ ᠬᠤᠲᠠ ᠶᠢ | ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠴᠡᠴᠡᠷᠯᠢᠭᠵᠢᠭᠦᠯᠦᠨ ᠨᠣᠭᠤᠭᠠᠷᠠᠭᠤᠯᠬᠤ ᠲᠥᠷᠥᠯ ᠵᠦᠢᠯ ᠢ 53 ᠪᠡᠶᠡᠯᠡᠭᠦᠯᠵᠦ᠂ | ᠬᠤᠳᠠ ᠶᠢᠨ ᠨᠣᠭᠤᠭᠠᠷᠠᠭᠤᠯᠤᠲᠠ ᠶᠢ 466 ᠾᠧᠺᠲ᠋ᠠᠷ ᠨᠡᠮᠡᠭᠳᠡᠭᠦᠯᠦᠨ᠎ᠡ᠃ ᠭᠤᠣᠯ ᠬᠤᠲᠠ ᠲᠣᠭᠤᠷᠢᠭ ᠢ ᠲᠤᠭᠤᠷᠢᠭᠰᠠᠨ 50 ᠺᠢᠯᠣᠮᠧᠲᠷ ᠤᠨ ᠬᠡᠪᠴᠢᠶᠡᠨ ᠤ ᠠᠮᠢ | ᠠᠬᠤᠶ ᠠᠵᠤ ᠠᠬᠤᠶ ᠶᠢᠨ ᠲᠣᠭᠤᠷᠢᠭ ᠢ ᠲᠥᠯᠦᠪᠵᠢᠭᠦᠯᠦᠨ ᠪᠠᠶᠢᠭᠤᠯᠵᠤ᠂ ᠭᠤᠣᠯ ᠬᠤᠲᠠ ᠲᠣᠭᠤᠷᠢᠭ ᠤᠨ ᠭᠤᠣᠯ ᠤᠨ ᠣᠷᠣᠰᠬᠠᠯ ᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠡᠬᠢᠯᠡᠭᠦᠯᠵᠦ᠂ ᠵᠠᠭᠤᠨ ᠺᠢᠯᠣᠮᠧᠲᠷ ᠤᠨ ᠰᠢᠪᠡᠭᠡ ᠭᠤᠤᠯ ᠤᠨ ᠤᠰᠤᠨ ᠠᠰᠢᠭᠯᠠᠯᠲᠠ ᠶᠢᠨ ᠦᠵᠡᠮᠵᠢᠲᠦ ᠪᠦᠰᠡ ᠶᠢᠨ ᠪᠥᠳᠥᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠪᠢᠲᠡᠭᠦᠮᠵᠢᠯᠡᠨ ᠪᠤᠶᠢᠵᠢᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠡᠯ᠎ᠡ ᠲᠦᠷᠦᠯ ᠤᠨ ᠠᠮᠢ ᠠᠬᠤᠶ ᠣᠷᠴᠢᠨ | ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠳᠤ ᠬᠥᠨᠳᠦ ᠴᠣᠬᠢᠯᠲᠠ ᠥᠭᠬᠦᠨ᠎ᠡ᠃ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠰᠢᠪᠲᠦᠯᠦᠯᠲᠠ ᠶᠢᠨ ᠲᠠᠶᠢᠯᠠᠯᠳᠤᠭᠠᠨ ᠢ ᠰᠠᠶᠢᠲᠦᠷ ᠬᠢᠨ᠎ᠡ᠃ | ᠤᠯᠠᠭᠠᠨᠬᠠᠳᠠ ᠠᠴᠠ ᠪᠡᠭᠡᠵᠢᠩ ᠮᠥᠭᠳᠡᠨ ᠱᠣᠭᠤᠮ ᠤᠨ ᠬᠠᠷᠠᠴᠢᠨ ᠵᠡᠭᠦᠨ ᠭᠠᠷᠤᠨ ᠰᠢᠶᠠᠨ ᠤ ᠥᠷᠲᠡᠭᠡ ᠶᠢᠨ ᠬᠤᠷᠳᠤᠨ ᠤ ᠲᠡᠮᠦᠷ ᠵᠠᠮ ᠶᠢᠨ ᠪᠦᠬᠦ ᠱᠤᠭᠤᠮ ᠤᠨ | ᠠᠵᠢᠯ ᠢ ᠡᠬᠢᠯᠡᠭᠦᠯᠵᠦ᠂ ᠪᠡᠭᠡᠵᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠯᠲᠠ ᠶᠢᠨ ᠥᠭᠡᠷᠡᠴᠢᠯᠡᠯᠲᠡ ᠪᠠ ᠶᠧ ᠪᠠᠢ ᠱᠧᠦ ᠠᠴᠠ ᠤᠯᠠᠭᠠᠨᠬᠠᠳᠠ | ᠬᠦᠷᠬᠦ ᠲᠡᠮᠥᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠵᠢᠲ᠋ᠦ᠋ᠩ ᠲᠡᠮᠦᠷ ᠵᠠᠮ ᠢ ᠬᠤᠣᠰ ᠱᠣᠭᠤᠮᠲᠦ ᠪᠣᠯᠭᠠᠬᠤ ᠵᠡᠷᠭᠡ 4 ᠵᠣᠷᠪᠤᠰ ᠲᠡᠮᠦᠷ ᠵᠠᠮ ᠢ | ᠦᠷᠭᠦᠯᠵᠢᠯᠡᠨ ᠪᠠᠶᠢᠭᠤᠯᠬᠤ ᠠᠵᠢᠯ ᠢ ᠰᠠᠶᠢᠲᠤᠷ ᠠᠳᠬᠤᠨ᠎ᠠ᠃ ᠪᠢᠷᠠᠭᠤ ᠠᠴᠠ ᠤᠯᠠᠭᠠᠨᠪᠣᠲᠤᠩ ᠬᠦᠷᠬᠦ ᠬᠤᠷᠳᠤᠨ ᠤ ᠵᠠᠮ ᠵᠡᠷᠭᠡ 5 ᠵᠤᠷᠪᠤᠰ ᠵᠠᠰᠠᠮᠠᠯ ᠵᠡᠮ ᠢ | ᠡᠬᠢᠯᠡᠨ ᠪᠥᠳᠥᠭᠡᠨ ᠪᠠᠶᠢᠭᠤᠯᠵᠤ᠂ ᠪᠢᠷᠠᠭᠤ ᠠᠴᠠ ᠰᠢᠯᠢᠩᠬᠤᠲᠠ ᠬᠦᠷᠬᠦ ᠬᠤᠷᠳᠤᠨ ᠤ ᠵᠠᠮ ᠵᠡᠷᠭᠡ 9 ᠵᠤᠷᠪᠤᠰ ᠪᠠᠶᠢᠭᠤᠯᠵᠤ ᠪᠠᠶᠢᠭ᠎ᠠ ᠵᠠᠰᠠᠮᠠᠯ ᠵᠠᠮ ᠢ ᠲᠦᠷᠭᠡᠨ | ᠠᠬᠢᠭᠤᠯᠵᠤ᠂ ᠲᠣᠰᠬᠤᠨ ᠳᠤ ᠨᠡᠪᠳᠡᠷᠡᠬᠦ ᠴᠠᠷᠳᠠᠮᠠᠯ ᠵᠠᠮ ᠢ 2500 ᠺᠢᠯᠣᠮᠧᠲᠷ ᠰᠢᠨ᠎ᠡ ᠳᠡᠪᠢᠰᠦᠨ᠎ᠡ᠃ ᠬᠠᠮᠲᠦᠪᠡᠷ ᠬᠡᠷᠡᠭᠯᠡᠬᠦ ᠨᠢᠰᠬᠡᠯ ᠤᠨ ᠪᠠᠭᠤᠳᠠᠯ ᠵᠢᠴᠢ ᠳᠣᠣᠷ᠎ᠠ | ᠠᠭᠠᠷ ᠤᠨ ᠨᠢᠰᠦᠯᠲᠡ ᠶᠢᠨ ᠲᠣᠣᠷᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠯᠢᠨᠰᠢ ᠶᠢᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ | ᠪᠥᠳᠥᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠬᠠᠰ ᠯᠣᠣ ᠨᠢᠰᠬᠡᠯ ᠤᠨ ᠪᠠᠭᠤᠳᠠᠯ ᠢ ᠨᠡᠭᠦᠯᠭᠡᠬᠦ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ | ᠠᠬᠢᠭᠤᠯᠤᠨ᠎ᠠ᠃ ᠳ᠋ᠦᠩ ᠲᠠᠶᠢᠽᠢ ᠤᠰᠤᠨ ᠴᠥᠭᠦᠷᠥᠮ ᠪᠠ ᠬᠤᠪᠠ ᠭᠤᠤ ᠶᠢᠨ ᠤᠰᠤᠨ ᠴᠥᠭᠦᠷᠥᠮ ᠢ ᠡᠬᠢᠯᠡᠨ ᠪᠥᠳᠥᠭᠡᠨ ᠪᠠᠶᠢᠭᠤᠯᠵᠤ᠂ ᠬᠢᠯᠢ ᠶᠢᠨ | ᠭᠠᠳᠠᠨ᠎ᠠ ᠠᠴᠠ ᠤᠰᠤ ᠲᠠᠲᠠᠬᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃ 220 ᠺᠢᠯᠦᠸᠣᠯᠲ ᠤᠨ ᠺᠠᠩ ᠵᠢᠶᠠ ᠶᠢᠩ | ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠠᠵᠢᠯ᠂ ᠸᠧᠨ ᠵᠦᠩ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ ᠪᠥᠳᠥᠭᠡᠨ | ᠪᠠᠶᠢᠭᠤᠯᠵᠤ᠂220 ᠺᠢᠯᠦᠸᠣᠯᠲ ᠶᠢᠨ ᠪᠠᠢ ᠯᠢᠨ ᠴᠠᠬᠢᠯᠭᠠᠨ ᠬᠦᠷᠭᠡᠵᠦ ᠬᠦᠴᠦᠳᠡᠯ ᠥᠭᠡᠷᠡᠴᠢᠯᠡᠬᠦ ᠵᠡᠷᠭᠡ 19 ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠤᠨ ᠠᠵᠢᠯ ᠢ ᠳᠠᠭᠤᠰᠬᠠᠨ ᠠᠰᠢᠭᠯᠠᠯᠲᠠ ᠳᠤ ᠣᠷᠣᠬᠤ ᠶᠢ ᠪᠠᠲᠤᠲᠠᠢ ᠪᠡᠶᠡᠯᠡᠭᠦᠯᠦᠨ᠎ᠡ᠃ | ︵ᠲᠦᠷᠪᠡ︶ ︽ᠲᠠᠪᠤᠨ ᠶᠡᠭᠡ ᠢᠨᠵᠧᠨᠧᠷᠢᠩ︾ ᠢ ᠪᠠᠲᠤᠵᠢᠭᠤᠯᠵᠤ᠂ ᠨᠡᠶᠢᠭᠡᠮ ᠤᠨ ᠡᠶ᠎ᠡ ᠵᠣᠬᠢᠴᠠᠯᠲᠠᠢ ᠲᠣᠭᠲᠠᠭᠤᠨ ᠰᠢᠨ᠎ᠡ ᠪᠠᠶᠢᠳᠠᠯ ᠢ ᠪᠠᠬᠢᠵᠢᠭᠦᠯᠦᠨ᠎ᠡ | ᠠᠵᠢᠯ ᠣᠯᠵᠤ ᠦᠢᠯᠡᠰ ᠪᠦᠲᠦᠭᠡᠬᠦ ᠢᠨᠵᠧᠨᠧᠷᠢᠩ ᠢ ᠰᠠᠶᠢᠲᠤᠷ ᠠᠳᠬᠤᠨ᠎ᠠ᠃ ᠠᠵᠢᠯ ᠣᠯᠵᠤ ᠦᠢᠯᠡᠰ ᠴᠣᠭᠴᠠᠯᠠᠬᠤ ᠶᠢ ᠲᠡᠳᠬᠦᠬᠦ ᠲᠦᠷᠦ ᠶᠢᠨ | ᠪᠤᠳᠤᠯᠭ᠎ᠠ ᠶᠢ ᠢᠳᠡᠪᠬᠢᠲᠡᠶ ᠬᠡᠷᠡᠭᠵᠢᠭᠦᠯᠵᠦ᠂ ᠪᠦᠲᠦᠮᠵᠢᠲᠡᠶ ᠠᠵᠢᠯ ᠣᠯᠭᠤᠬᠤ ᠬᠠᠩᠭᠠᠯᠭ᠎ᠠ ᠶᠢ ᠨᠡᠮᠡᠭᠳᠡᠭᠦᠯᠵᠦ᠂ ᠬᠥᠳᠡᠯᠮᠦᠷᠢ ᠲᠥᠪᠯᠡᠷᠡᠭᠰᠡᠨ ᠬᠡᠯᠪᠡᠷᠢ ᠶᠢᠨ ᠠᠵᠤ | ᠦᠢᠯᠡᠰ᠂ ᠦᠢᠯᠡᠴᠢᠯᠡᠭᠡᠨ ᠤ ᠦᠢᠯᠡᠰ ᠪᠣᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠳᠬᠦᠨ᠂ ᠮᠠᠯᠴᠢᠨ ᠲᠠᠷᠢᠶᠠᠴᠢᠨ ᠤ ᠲᠤᠰ | ᠭᠠᠵᠠᠷ ᠲᠠᠭᠠᠨ ᠰᠢᠯᠵᠢᠵᠦ ᠠᠵᠢᠯ ᠤᠯᠬᠤ ᠪᠠ ᠭᠠᠳᠠᠭᠰᠢ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠨᠤᠲᠤᠭ ᠲᠠᠭᠠᠨ ᠪᠤᠴᠠᠵᠤ ᠦᠢᠯᠡᠰ ᠪᠦᠲᠦᠭᠡᠬᠦ ᠶᠢ | ᠵᠣᠷᠢᠬᠵᠢᠭᠤᠯᠵᠤ᠂ ᠠᠵᠢᠯ ᠲᠠᠢ ᠬᠦᠮᠦᠨ ᠦᠭᠡᠢ ᠭᠡᠷ ᠪᠦᠯᠢ ᠂ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠴᠡᠷᠢᠭ ᠠᠴᠠ ᠪᠠᠭᠤᠭᠰᠠᠳ ᠬᠠᠯᠠᠭᠳᠠᠭᠰᠠᠳ | ᠂ ᠬᠤᠳᠠ ᠪᠠᠯᠭᠠᠰᠤᠨ ᠤ ᠬᠦᠴᠢᠷᠲᠡᠶ ᠬᠥᠮᠦᠰ ᠵᠡᠷᠭᠡ ᠣᠨᠴᠠᠭᠠᠶ ᠬᠥᠮᠦᠰ ᠤᠨ ᠠᠵᠢᠯ ᠣᠯᠭᠤᠯᠲᠠ ᠶᠢᠨ ᠠᠵᠢᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠪᠦᠬᠦ | ᠵᠢᠯ ᠳᠤ ᠬᠤᠲᠠ ᠪᠠᠯᠭᠠᠰᠤ ᠶᠢᠨ ᠠᠵᠢᠯ ᠣᠯᠭᠤᠯᠲᠠ ᠶᠢ 3 ᠲᠥᠮᠡᠨ ᠮᠠᠯᠴᠢᠨ ᠲᠠᠷᠢᠶᠠᠴᠢᠨ ᠢ ᠰᠢᠯᠢᠵᠢᠭᠦᠯᠥᠨ ᠠᠵᠢᠯ ᠣᠯᠭᠤᠬᠤ ᠶᠢ 65 ᠲᠦᠮᠡᠨ ᠬᠥᠮᠦᠨ | ᠨᠡᠮᠡᠭᠳᠡᠭᠦᠯᠵᠦ᠂ ︽ᠠᠵᠢᠯ ᠲᠠᠢ ᠬᠦᠮᠦᠨ ᠦᠭᠡᠢ ᠭᠡᠷ ᠪᠦᠯᠢ︾ ᠶᠢ ᠬᠥᠳᠡᠯᠥᠩᠭᠦᠢ ᠪᠠᠷ ᠰᠢᠢᠳᠪᠦᠷᠢᠯᠡᠨ᠎ᠡ᠃ ᠦᠢᠯᠡᠰ ᠪᠦᠲᠦᠭᠡᠬᠦ ᠬᠥᠭᠵᠢᠯᠲᠡ ᠶᠢᠨ ᠰᠠᠭᠤᠷᠢ | ᠮᠥᠩᠭᠦ ᠶᠢ ᠪᠠᠶᠢᠭᠤᠯᠵᠤ᠂ ᠦᠢᠯᠡᠰ ᠪᠦᠲᠦᠭᠡᠬᠦ ᠬᠦᠷᠢᠶᠡᠯᠡᠩ ᠪᠣᠯᠤᠨ ᠦᠢᠯᠡᠰ ᠪᠦᠲᠦᠭᠡᠬᠦ ᠨᠡᠪᠴᠢᠯᠲᠡ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ | ᠴᠢᠩᠭᠠᠳᠬᠠᠵᠤ᠂ 5000 ᠬᠥᠮᠦᠨ ᠤ ᠦᠢᠯᠡᠰ ᠪᠦᠲᠦᠭᠡᠬᠦ ᠪᠣᠯᠪᠠᠰᠤᠷᠠᠭᠤᠯᠤᠯ ᠢ ᠪᠡᠶᠡᠯᠡᠭᠦᠯᠦᠨ᠂ ᠮᠠᠯᠴᠢᠨ ᠲᠠᠷᠢᠶᠠᠴᠢᠨ ᠤ ᠤᠷ᠎ᠠ ᠮᠡᠷᠭᠡᠵᠢᠯ ᠤᠨ | ᠪᠣᠯᠪᠠᠰᠤᠷᠠᠭᠤᠯᠤᠯ ᠢ 3 ᠲᠦᠮᠡᠨ ᠬᠥᠮᠦᠨ ᠳᠤ ᠬᠦᠷᠭᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠲᠠᠯᠪᠢᠬᠤ ᠢᠨᠵᠧᠨᠧᠷᠢᠩ ᠢ ᠰᠠᠶᠢᠲᠦᠷ ᠠᠳᠬᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠪᠦᠷᠬᠦᠭᠦᠯᠬᠦ ᠬᠡᠪᠴᠢᠶ᠎ᠡ ᠶᠢ ᠥᠷᠭᠡᠳᠬᠡᠨ᠂ ᠠᠷᠠᠳ ᠨᠡᠶᠢᠲᠡ ᠪᠠᠷ ᠢᠶᠠᠨ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠲᠥᠯᠥᠪᠯᠡᠭᠡ ᠶᠢ | ᠡᠬᠢᠯᠡᠭᠦᠯᠦᠨ᠎ᠡ᠃ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠠᠵᠢᠯᠲᠠᠨ ᠠᠵᠢᠯᠴᠢᠨ ᠪᠣᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ᠂ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠮᠥᠩᠭᠦ ᠪᠠ ᠬᠤᠳᠠ ᠬᠥᠳᠡᠭᠡ ᠶᠢᠨ ᠳᠣᠣᠷ᠎ᠠ | ᠪᠠᠲᠤᠯᠠᠭ᠎ᠠ ᠶᠢᠨ ᠨᠥᠬᠦᠪᠥᠷᠢ ᠮᠥᠩᠭᠦ ᠶᠢ ᠦᠷᠭᠦᠯᠵᠢᠯᠡᠨ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ | ᠳᠠᠭᠠᠳᠬᠠᠯ ᠤᠨ ᠳᠦᠷᠢᠮ ᠢ ᠡᠮᠬᠢᠯᠡᠨ ᠨᠢᠭᠡᠳᠬᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠬᠠᠷᠢᠴᠠᠯ ᠢ | ᠵᠣᠬᠢᠰᠲᠠᠢ ᠲᠣᠭᠳᠠᠭᠠᠵᠤ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠭᠤᠷᠪᠠ ᠶᠢ ᠬᠠᠮᠳᠤᠷᠠᠭᠤᠯᠬᠤ ᠶᠢ ᠠᠬᠢᠭᠤᠯᠵᠤ᠂ ᠬᠤᠳᠠᠯᠳᠤᠭᠠᠨ ᠤ | ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠣᠳᠠᠲᠠᠶ ᠬᠡᠷᠡᠭᠵᠢᠭᠦᠯᠬᠦ ᠠᠷᠭ᠎ᠠ ᠶᠢ ᠲᠡᠭᠦᠯᠳᠡᠷᠵᠢᠭᠦᠯᠵᠦ | ᠂ ᠣᠯᠠᠨ ᠨᠡᠶᠢᠲᠡ ᠶᠢᠨ ᠡᠮ ᠡᠮᠨᠡᠯᠭᠡ ᠶᠢᠨ ᠳᠠᠭᠠᠳᠬᠠᠯ ᠡᠳ᠋ᠯᠡᠬᠦ ᠶᠢ ᠪᠡᠶᠡᠯᠡᠭᠦᠯᠦᠨ᠎ᠡ᠃ ︽ᠭᠤᠷᠪᠠᠨ ᠨᠢᠭᠡ︾ ᠠᠷᠠᠳ ᠤᠨ ᠠᠮᠢᠳᠤᠷᠠᠯ ᠤᠨ ᠪᠣᠲᠠᠳᠦ ᠶᠠᠪᠤᠳᠠᠯ ᠢ | ᠦᠷᠭᠦᠯᠵᠢᠯᠡᠨ ᠰᠠᠶᠢᠲᠤᠷ ᠬᠢᠵᠦ᠂ ᠡᠯ᠎ᠡ ᠲᠦᠷᠤᠯ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠨᠥᠴᠢᠨ ᠬᠡᠦᠬᠡᠳ᠂ | ᠵᠡᠮᠳᠡᠭᠴᠦᠳ᠂ ᠲᠡᠨᠦᠭᠦᠯ ᠭᠤᠶᠤᠯᠭᠠᠴᠢᠨ ᠵᠡᠷᠭᠡ ᠪᠠᠭᠤᠷᠠᠶᠢᠴᠤᠳ ᠤᠨ ᠪᠠᠲᠤᠯᠠᠭ᠎ᠠ ᠶᠢᠨ ᠠᠵᠢᠯ ᠢ ᠰᠠᠶᠢᠲᠦᠷ ᠬᠢᠵᠦ᠂ ᠬᠦᠴᠢᠷᠳᠡᠯᠲᠡᠶ ᠬᠥᠮᠦᠰ ᠤᠨ ᠦᠨᠳᠦᠰᠦᠨ | ᠠᠮᠢᠳᠤᠷᠠᠯ ᠤᠨ ᠪᠠᠲᠤᠯᠭ᠎ᠠ ᠶᠢᠨ ᠳᠣᠣᠷᠵᠢᠯ ᠢ ᠪᠠᠬᠢᠵᠢᠬᠦᠯᠦᠨ᠎ᠡ᠃ | ᠡᠷᠡᠭᠦᠯ ᠴᠠᠬᠢᠷᠠᠭ ᠬᠤᠳᠠ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ︽ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠰᠠᠶᠢᠵᠢᠷᠠᠭᠤᠯᠬᠤ ᠲᠥᠯᠥᠪᠯᠡᠭᠡ ︾ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ︾ ᠠᠰᠠᠭᠤᠳᠠᠯ ᠢ ᠴᠢᠷᠮᠠᠶᠢᠨ | ᠰᠢᠢᠳᠪᠦᠷᠢᠯᠡᠨ᠎ᠡ᠃ ᠬᠤᠳᠠ ᠶᠢᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ ᠥᠪᠦᠷ ᠮᠣᠩᠭᠤᠯ ᠤᠨ ᠵᠡᠭᠦᠨ ᠬᠡᠰᠡᠭ ᠤᠨ ᠶᠡᠷᠦᠩᠬᠡᠶᠢᠯᠡᠭᠰᠡᠨ ᠰᠢᠯᠭᠠᠨ | ᠪᠠᠶᠢᠴᠠᠭᠠᠨ ᠬᠡᠮᠵᠢᠬᠦ ᠲᠥᠪ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠡᠬᠢᠯᠡᠭᠦᠯᠦᠨ᠂ ᠬᠠᠪᠤᠳᠠᠷ᠂ ᠡᠮᠡᠭᠲᠡᠶᠢᠴᠦᠳ ᠬᠡᠦᠬᠡᠳ ᠵᠡᠷᠭᠡ ᠲᠤᠰᠬᠠᠶ | ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠲᠦᠷᠭᠡᠳᠬᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠲᠦᠷᠭᠡᠨ ᠡᠮᠨᠡᠬᠦ ᠪᠠᠴᠢᠮ | ᠠᠪᠦᠷᠡᠬᠤ ᠠᠵᠢᠯ ᠢ ᠴᠢᠩᠭᠠᠳᠬᠠᠵᠤ᠂ 120 ᠵᠢᠯᠤᠭᠤᠳᠤᠨ ᠲᠤᠬᠢᠷᠠᠭᠤᠯᠬᠤ ᠰᠢᠰᠲ᠋ᠧᠮ ᠤᠨ ᠪᠦᠬᠦ ᠬᠤᠲᠠᠨ᠎ᠠ ᠬᠤᠯᠪᠤᠭᠠᠯᠠᠬᠤ ᠶᠢ ᠪᠡᠶᠡᠯᠡᠭᠦᠯᠦᠨ᠎ᠡ᠃ ᠠᠳᠠᠯᠢ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠ ᠳ᠋ᠦᠩᠨᠡᠯᠲᠡ ᠶᠢ ᠬᠠᠷᠢᠯᠴᠠᠨ ᠮᠡᠳᠡᠷᠡᠯᠴᠡᠬᠦ ᠳᠦᠷᠢᠮ ᠢ ᠲᠡᠭᠦᠯᠳᠡᠷᠵᠢᠭᠦᠯᠵᠦ᠂ ᠡᠮ | ᠡᠮᠨᠡᠯᠭᠡ ᠶᠢᠨ ᠳᠦᠷᠰᠦ ᠰᠢᠩᠭᠡᠭᠡᠯᠲᠡ ᠪᠠ ᠡᠮᠴᠢᠯᠡᠭᠡ ᠶᠢᠨ ᠰᠢᠯᠭᠠᠨ ᠪᠠᠶᠢᠴᠠᠭᠠᠯᠲᠠ ᠶᠢᠨ ᠲᠥᠪ ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ | ᠠᠬᠢᠭᠤᠯᠵᠤ᠂ ᠲᠤᠮᠦ ᠬᠡᠯᠪᠡᠷᠢ ᠶᠢᠨ ᠡᠮᠴᠢᠯᠡᠭᠡᠨ ᠤ ᠲᠥᠬᠦᠭᠡᠷᠦᠮᠵᠢ ᠶᠢ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠂ ᠡᠬᠢ | ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠶᠡᠷᠦᠩᠬᠡᠶ ᠰᠠᠯᠠᠭᠠᠨ ᠤ ᠡᠮᠴᠢ ᠬᠢᠭᠡᠳ ᠬᠥᠳᠡᠭᠡ ᠲᠣᠰᠬᠤᠨ ᠤ ᠡᠮᠴᠢ ᠶᠢᠨ ᠭᠡᠷ᠎ᠡ ᠲᠣᠭᠲᠠᠵᠤ | ᠦᠢᠯᠡᠴᠢᠯᠡᠬᠦ ᠪᠠ ᠠᠯᠤᠰ ᠠᠴᠠ ᠡᠮᠨᠡᠨ ᠣᠨᠣᠰᠢᠯᠠᠬᠤ ᠶᠢ ᠳᠡᠯᠭᠡᠷᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠶᠢ ᠬᠡᠷᠡᠭᠵᠢᠭᠦᠯᠦᠨ᠂ ᠡᠮ ᠡᠮᠨᠡᠯᠭᠡ ᠶᠢᠨ ᠰᠢᠯᠢᠳᠡᠭ | ᠡᠬᠢ ᠪᠠᠶᠠᠯᠢᠭ ᠨᠢ ᠦᠨᠳᠦᠰᠦᠨ ᠱᠠᠲᠦ ᠳᠤ ᠬᠦᠷᠬᠦ ᠶᠢ ᠠᠬᠢᠭᠤᠯᠤᠨ᠎ᠠ᠃ ᠣᠷᠣᠨ ᠬᠡᠴᠡ ᠶᠢᠨ ᠡᠷᠡᠭᠦᠯ ᠬᠠᠮᠠᠭᠠᠯᠠᠯ ᠤᠨ ᠰᠤᠷᠠᠭ ᠵᠠᠩᠭᠢ ᠶᠢᠨ ᠲᠠᠪᠴᠠᠩ ᠢ ᠣᠶᠤᠨᠲᠦ | ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠳᠤ ᠣᠷᠤᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ᠂ ᠡᠯᠧᠺᠲᠷᠣᠨ | ᠡᠪᠡᠳᠴᠢᠨ ᠤ ᠲᠡᠦᠬᠡ᠂ ᠬᠥᠮᠦᠨ ᠠᠮᠠ ᠶᠢᠨ ᠰᠤᠷᠠᠭ ᠵᠠᠩᠭᠢ᠂ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠬᠤᠲᠠ ᠶᠢᠨ | ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠨᠢᠭᠡ ᠺᠠᠷᠲ ᠢᠶᠠᠷ ᠠᠵᠢᠯᠯᠠᠭᠤᠯᠬᠤ ᠶᠢ ᠪᠡᠶᠡᠯᠡᠭᠦᠯᠦᠨ᠎ᠡ᠃ ᠡᠮᠴᠢᠯᠡᠭᠡ ᠪᠠ | ᠰᠤᠪᠢᠯᠠᠯᠲᠠ ᠶᠢ ᠤᠶᠠᠯᠳᠤᠭᠤᠯᠬᠤ ᠶᠢ ᠲᠥᠯᠬᠢᠨ ᠠᠬᠢᠭᠤᠯᠵᠤ᠂ ᠭᠡᠷ ᠲᠤ ᠪᠠᠨ ᠨᠠᠰᠤᠵᠢᠯ ᠤᠨ ᠠᠰᠠᠷᠠᠮᠵᠢ ᠬᠦᠷᠲᠡᠬᠦ᠂ ᠨᠡᠶᠢᠭᠡᠮ ᠲᠣᠭᠤᠷᠢᠭ ᠲᠤ ᠨᠠᠰᠤᠵᠢᠯ ᠤᠨ | ᠠᠰᠠᠷᠠᠮᠵᠢ ᠬᠦᠷᠲᠡᠬᠦ᠂ ᠪᠠᠶᠢᠭᠤᠯᠤᠮᠵᠢ ᠳᠤ ᠨᠠᠰᠤᠵᠢᠯ ᠤᠨ ᠠᠰᠠᠷᠠᠮᠵᠢ ᠬᠦᠷᠲᠡᠬᠦ ᠵᠡᠷᠭᠡ ᠤᠯᠠᠨ ᠳᠠᠪᠬᠤᠷᠭᠠᠲᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ ᠤᠯᠠᠭᠠᠨᠬᠠᠳᠠ ᠶᠢᠨ ᠢᠳᠡᠭᠡᠨ ᠢ ᠲᠥᠪᠯᠡᠷᠡᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠲᠥᠯᠦᠪᠵᠢᠭᠦᠯᠦᠨ ᠪᠠᠶᠢᠭᠤᠯᠵᠤ᠂ | ᠢᠳᠡᠭᠡᠨ ᠪᠠ ᠡᠮ ᠤᠨ ᠵᠦᠢᠯ ᠤᠨ ᠠᠶᠤᠯ ᠥᠭᠡᠢ ᠶᠢᠨ ᠲᠤᠰᠬᠠᠶ ᠵᠠᠰᠠᠯᠲᠠ ᠶᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠮᠥᠷᠳᠡᠨ ᠪᠠᠶᠢᠴᠠᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾ ᠢ ᠪᠠᠲᠤᠯᠠᠨ᠎ᠠ᠃ ᠪᠦᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠪᠠ ᠪᠦᠭᠦ ᠠᠷᠠᠳ ᠢᠶᠠᠷ ᠢᠶᠠᠨ ᠨᠣᠮ ᠤᠩᠰᠢᠬᠤ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠳᠦᠬᠦᠷ ᠦᠢᠯᠡᠴᠢᠯᠡᠭᠡ ᠶᠢᠨ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠪᠡᠶ᠎ᠡ ᠰᠡᠳᠬᠢᠴᠡ ᠶᠢᠨ ᠡᠷᠡᠭᠦᠯ ᠴᠢᠬᠢᠷᠠᠭ ᠤᠨ ᠬᠢᠷᠢ ᠳᠦᠪᠰᠢᠨ ᠶᠢ ᠳᠡᠭᠡᠭᠰᠢᠯᠡᠡᠭᠦᠯᠦᠨᠡ᠃ | ᠪᠣᠯᠪᠠᠰᠤᠨ ᠢ ᠡᠬᠦᠳᠬᠦ ᠢᠨᠵᠧᠨᠧᠷᠢᠩ ᠢ ᠰᠠᠶᠢᠲᠤᠷ ᠠᠳᠬᠤᠨ᠎ᠠ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠪᠤᠯᠪᠠᠰᠦᠨ ᠰᠢᠶᠠᠨ᠂ ᠪᠣᠯᠪᠠᠰᠤᠨ ᠲᠣᠰᠬᠤᠨ ᠪᠠᠯᠭᠠᠰᠤ ᠵᠡᠷᠭᠡ ᠤᠯᠠᠨ ᠳᠡᠰ ᠳᠠᠪᠬᠤᠷᠭ᠎ᠠ ᠶᠢᠨ ᠪᠣᠯᠪᠠᠰᠤᠨ ᠢ ᠡᠭᠦᠳᠦᠨ ᠪᠠᠶᠢᠭᠤᠯᠬᠤ ᠪᠠ | ᠬᠠᠮᠤᠭ ᠰᠠᠶᠢᠨ ᠭᠡᠷ ᠪᠦᠯᠢ᠂ ᠶᠣᠰᠣ ᠮᠣᠷᠠᠯ ᠤᠨ ᠵᠢᠱᠢᠶᠡᠴᠢ᠂ ᠮᠠᠨ ᠤ ᠳᠡᠷᠬᠡᠳᠡᠬᠢ ᠰᠠᠶᠢᠨ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯ ᠢ ᠯᠠᠪᠳᠠᠭᠤᠨ | ᠠᠬᠢᠭᠤᠯᠵᠤ᠂ ᠰᠦᠯᠵᠢᠶᠡᠨ ᠤ ᠪᠣᠯᠪᠠᠰᠤᠨ ᠪᠠ ᠪᠣᠯᠪᠠᠰᠤᠨ ᠬᠤᠲᠠ ᠪᠠᠶᠢᠭᠤᠯᠬᠤ ᠨᠡᠶᠢᠲᠡ ᠶᠢᠨ ᠤᠬᠠᠭᠤᠯᠭ᠎ᠠ ᠶᠢ ᠴᠢᠩᠭᠠᠳᠬᠠᠵᠤ᠂ ᠬᠤᠳᠠ ᠶᠢᠨ ᠠᠷᠠᠳ ᠤᠨ | ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠ ᠶᠢᠨ ᠲᠠᠩᠰᠠ ᠡᠪᠬᠡᠮᠡᠯ ᠤᠨ ᠰᠢᠨ᠎ᠡ ᠰᠠᠩ ᠢ | ᠲᠥᠯᠦᠪᠵᠢᠭᠦᠯᠦᠨ ᠪᠠᠶᠢᠭᠤᠯᠵᠤ᠂ ᠬᠤᠳᠠ ᠶᠢᠨ ᠵᠠᠯᠠᠭᠤᠴᠤᠳ ᠪᠠᠭᠠᠴᠤᠳ ᠤᠨ ᠣᠷᠳᠣᠨ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ | ᠨᠡᠶᠢᠭᠡᠮ ᠤᠨ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠶᠡᠭᠡ ᠢᠲᠡᠬᠡᠮᠵᠢ ᠶᠢᠨ ᠢᠨᠵᠧᠨᠧᠷᠢᠩ ᠢ ᠠᠬᠢᠭᠤᠯᠤᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠲᠦᠯᠬᠢᠨ ᠠᠬᠢᠭᠤᠯᠵᠤ᠂ ᠬᠠᠤᠯᠢ ᠶᠣᠰᠣᠭᠠᠷ ᠱᠠᠰᠢᠨ ᠰᠤᠷᠲᠠᠬᠤᠨ ᠤ ᠶᠠᠪᠤᠳᠠᠯ ᠢ ᠬᠠᠮᠢᠶᠠᠷᠤᠨ᠎ᠠ᠃ ᠰᠣᠶᠣᠯ ᠢ | ᠬᠥᠳᠡᠭᠡ ᠪᠠᠭᠤᠯᠭᠠᠬᠤ ᠪᠠ ᠰᠣᠶᠣᠯ ᠢᠶᠠᠷ ᠠᠷᠠᠳ ᠲᠤ ᠲᠤᠰᠠ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠳᠦᠭᠡᠯᠲᠡ ᠶᠢ ᠴᠡᠴᠡᠭᠯᠡᠭᠦᠯᠬᠦ᠂ ᠦᠨᠳᠦᠰᠦᠲᠡᠨ ᠤ ᠰᠢᠯᠢᠳᠡᠭ ᠰᠣᠶᠣᠯ ᠢ | ᠤᠯᠠᠮᠵᠢᠯᠠᠨ ᠬᠠᠮᠠᠭᠠᠯᠠᠬᠤ ᠪᠠ ᠰᠢᠨᠡᠴᠢᠯᠡᠨ ᠬᠥᠭᠵᠢᠬᠦᠯᠦᠨ᠂ ᠰᠣᠶᠣᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠤᠨ᠎ᠠ᠃ | ᠠᠮᠤᠷ ᠲᠠᠶᠢᠪᠤᠩ ᠤᠯᠠᠭᠠᠨᠬᠠᠳᠠ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠤᠯᠠᠭᠠᠨᠬᠠᠳᠠ ᠪᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠲᠤ ᠵᠠᠯᠠᠷᠠᠭᠤᠯᠬᠤ᠂ ᠬᠤᠣᠷ ᠲᠠᠲᠠᠬᠤ ᠶᠢ | ᠠᠯᠪᠠᠳᠠᠨ ᠴᠡᠭᠡᠷᠯᠡᠭᠦᠯᠬᠦ ᠵᠡᠷᠭᠡ ᠠᠵᠢᠯ ᠢ ᠰᠠᠶᠢᠲᠦᠷ ᠬᠢᠵᠤ᠂ ᠬᠤᠳᠠ ᠬᠥᠳᠡᠭᠡ ᠶᠢ ᠪᠥᠷᠭᠦᠭᠰᠡᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠠᠪᠴᠠᠩ ᠤᠨ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ | ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠬᠦᠴᠦᠲᠡᠶ ᠴᠣᠬᠢᠯᠲᠠ ᠥᠭᠴᠦ᠂ ᠤᠯᠠᠨ ᠲᠦᠮᠡᠨ ᠤ ᠠᠶᠤᠯᠭᠦᠶ | ᠰᠡᠳᠬᠢᠯᠭᠡ ᠪᠠ ᠬᠠᠨᠤᠮᠵᠢᠲᠤ ᠬᠡᠮᠵᠢᠶ᠎ᠡ ᠶᠢ ᠦᠨᠡᠩᠬᠦ ᠨᠡᠮᠡᠭᠳᠡᠭᠦᠯᠦᠨ᠎ᠡ᠃ ᠬᠠᠤᠯᠢ ᠪᠠᠷ ᠵᠠᠬᠢᠳᠠᠯ ᠰᠤᠷᠪᠤᠯᠵᠢᠯᠠᠭ᠎ᠠ ᠬᠢᠬᠦ᠂ ᠬᠠᠷᠢᠭᠤᠴᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠪᠣᠯᠤᠨ ᠢᠯᠡ ᠲᠣᠳᠦ ᠵᠠᠬᠢᠳᠠᠯ ᠰᠤᠷᠪᠤᠯᠵᠢᠯᠠᠭ᠎ᠠ ᠶᠢ ᠲᠦᠯᠬᠢᠨ ᠠᠬᠢᠭᠤᠯᠵᠤ᠂ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠬᠠᠤᠯᠢ | ᠶᠣᠰᠣᠭᠠᠷ ᠴᠠᠭ ᠲᠤᠬᠠᠶ ᠳᠤ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠤᠯᠠᠨ ᠲᠦᠮᠡᠨ ᠤ ᠵᠦᠢ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠲᠣᠬᠢᠲᠠᠶ | ᠰᠢᠢᠳᠪᠦᠷᠢᠯᠡᠨ᠎ᠡ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ | ᠂ ᠭᠠᠶ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ᠂ ᠲᠤᠰᠢᠶᠠᠯ ᠳᠠᠭᠠᠨ ᠣᠰᠣᠯᠳᠣᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠶᠤᠯᠬᠦᠢ ᠶᠢᠨ ᠬᠢᠨᠠᠨ ᠬᠠᠮᠢᠶᠠᠷᠬᠤ ᠬᠦᠴᠦᠨ ᠶᠢ ᠴᠢᠩᠭᠠᠳᠬᠠᠵᠤ᠂ ᠠᠭᠤᠷᠬᠠᠶ᠂ ᠬᠢᠮᠢ ᠶᠢᠨ ᠠᠵᠤ ᠦᠢᠯᠡᠳᠪᠦᠷᠢ ᠪᠣᠯᠤᠨ ᠠᠶᠤᠯᠲᠠᠶ ᠬᠢᠮᠢ ᠶᠢᠨ ᠵᠦᠢᠯ ᠂ ᠪᠠᠷᠢᠯᠭ᠎ᠠ᠂ | ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠪᠣᠯᠤᠨ ᠬᠤᠳᠠᠯᠳᠤᠭᠠᠨ ᠤ ᠲᠠᠯᠠᠪᠦᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠲᠡᠷᠭᠡᠨ ᠦᠷᠳᠡᠭᠡ᠂ | ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠳᠠᠬᠢ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠨᠴᠠ ᠶᠡᠭᠡ | ᠠᠶᠤᠯᠭᠦᠶ ᠶᠢᠨ ᠠᠳᠡᠯ ᠬᠡᠷᠡᠭ ᠭᠠᠷᠬᠤ ᠶᠢ ᠡᠷᠡᠰ ᠬᠤᠷᠢᠭᠯᠠᠨ ᠵᠣᠭᠰᠣᠭᠠᠨ᠎ᠠ᠃ | ᠲᠥᠯᠥᠭᠡᠯᠡᠭᠴᠢᠳ ᠡ᠂ ᠠᠷᠠᠳ ᠣᠯᠠᠨ ᠤ ᠵᠣᠯ ᠵᠢᠷᠭᠠᠯᠲᠤ ᠠᠮᠢᠳᠤᠷᠠᠯ ᠤᠨ ᠲᠥᠯᠦᠭᠡ᠂ ᠤᠯᠠᠭᠠᠨᠬᠠᠳᠠ ᠪᠠᠨ ᠨᠡᠩ ᠰᠠᠶᠢᠨ ᠰᠠᠶᠢᠬᠠᠨ ᠪᠦᠲᠦᠭᠡᠨ ᠪᠠᠶᠢᠭᠤᠯᠬᠤ | ᠶᠠᠪᠤᠳᠠᠯ ᠪᠣᠯ ᠮᠠᠨ ᠤ ᠲᠠᠷᠬᠠᠨ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠃ ᠪᠢᠳᠡ ᠤᠯᠤᠰ ᠲᠥᠷᠥ ᠶᠢᠨ ᠦᠵᠡᠯᠲᠡ᠂ ᠶᠡᠭᠡ ᠲᠠᠯ᠎ᠠ ᠶᠢᠨ ᠦᠵᠡᠯᠲᠡ᠂ | ᠭᠤᠣᠯᠯᠠᠭᠴᠢ ᠦᠵᠡᠯᠲᠡ᠂ ᠳᠠᠭᠤᠷᠢᠶᠠᠯ ᠤᠨ ᠦᠵᠡᠯᠲᠡ ᠪᠠᠨ ᠴᠢᠩᠭᠠᠳᠬᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠳᠡᠭᠡᠷ᠎ᠡ ᠪᠠᠨ ᠡᠭᠦᠷᠢᠳᠡ ᠨᠠᠮ ᠤᠨ ᠲᠥᠪ | ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠴᠦ᠂ ᠤᠯᠤᠰ ᠲᠥᠷᠥ ᠶᠢᠨ ᠰᠠᠬᠢᠯᠭ᠎ᠠ ᠪᠠ ᠤᠯᠤᠰ ᠲᠥᠷᠥ ᠶᠢᠨ ᠳᠦᠷᠢᠮᠵᠢᠯ ᠢ ᠴᠢᠩᠭ᠎ᠠ ᠰᠠᠬᠢᠵᠤ᠂ ᠲᠥᠪ᠂ | ᠥᠪᠡᠷᠲᠡᠭᠡᠨ ᠵᠠᠰᠠᠬᠤ ᠣᠷᠤᠨ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠬᠢᠨᠠᠮᠠᠭᠠᠢ ᠡᠷᠡᠰ | ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ᠃ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠪᠠᠨ ᠰᠢᠨᠡᠳᠬᠡᠬᠦ ᠶᠢ ᠦᠷᠭᠦᠯᠵᠢᠯᠡᠨ ᠪᠠᠷᠢᠮᠲᠠᠯᠠᠵᠤ᠂ ᠣᠳᠣᠬᠢ | ᠪᠠᠶᠢᠳᠠᠯ ᠳᠠᠭᠠᠨ ᠲᠠᠶᠢᠪᠤᠰᠢᠷᠠᠵᠤ ᠵᠣᠭᠰᠣᠩᠭᠤᠶᠢᠷᠠᠬᠤ ᠦᠭᠡᠢ᠂ ᠢᠮᠠᠭᠲᠠ ᠰᠢᠨ᠎ᠡ ᠶᠢ ᠡᠭᠦᠳᠬᠦ ᠰᠡᠳᠬᠢᠬᠦᠶ ᠪᠠᠷ ᠬᠥᠭᠵᠢᠯᠲᠡ ᠪᠠᠨ ᠰᠦᠪᠡᠭᠴᠢᠯᠡᠵᠦ︔ | ᠠᠰᠠᠭᠤᠳᠠᠯ ᠳᠤ ᠰᠢᠭᠤᠳ ᠬᠠᠨᠳᠤᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠷᠢᠯᠴᠠᠨ ᠲᠦᠯᠬᠢᠯᠴᠡᠬᠦ ᠦᠭᠡᠢ᠂ ᠵᠥᠷᠢᠴᠡᠯ ᠠᠴᠠ ᠵᠠᠶᠢᠯᠠᠬᠤ ᠦᠭᠡᠶ᠂ | ᠵᠢᠭᠰᠠᠭᠠᠯ ᠤᠨ ᠡᠮᠦᠨ᠎ᠡ ᠤᠬᠤᠷᠢᠬᠤ ᠦᠭᠡᠢ᠂ ᠬᠠᠮᠤᠭ ᠰᠠᠶᠢᠨ ᠠᠷᠭ᠎ᠠ ᠪᠠᠷ ᠬᠦᠴᠢᠷᠳᠡᠯ ᠢᠶᠠᠨ ᠴᠢᠷᠮᠠᠶᠢᠨ ᠰᠢᠢᠳᠪᠦᠷᠢᠯᠡᠨ᠎ᠡ᠃ ᠦᠨᠡᠨ ᠢ ᠪᠠᠷᠢᠮᠲᠠᠯᠠᠨ ᠬᠠᠲᠠᠭᠤᠵᠢᠯᠲᠠᠶ | ᠪᠤᠲᠠᠲᠠᠢ ᠠᠵᠢᠯᠯᠠᠨ᠂ ᠵᠢᠮ᠎ᠡ ᠶᠣᠰᠣ ᠶᠢ ᠵᠥᠷᠢᠴᠡᠬᠦ ᠦᠭᠡᠢ᠂ ᠪᠣᠳᠠᠲᠠᠶ ᠠᠴᠠ ᠰᠠᠯᠬᠤ ᠦᠭᠡᠢ᠂ ᠪᠦᠷᠢᠯᠭᠡᠨ ᠰᠦᠢᠳᠬᠡᠬᠦ ᠦᠭᠡᠢ᠂ ᠤᠬᠠᠮᠰᠠᠷ ᠠᠴᠠ ᠪᠠᠨ ︽ᠭᠤᠷᠪᠠᠨ | ᠴᠢᠩᠭ᠎ᠠ ᠭᠤᠷᠪᠠᠨ ᠪᠣᠳᠠᠲᠠᠶ︾ ᠬᠥᠮᠦᠵᠢᠯ ᠢᠶᠠᠷ ᠣᠪᠣᠷ ᠰᠤᠷᠲᠠᠯ ᠢᠶᠠᠨ ᠳᠠᠪᠲᠠᠨ ᠪᠣᠯᠪᠠᠰᠤᠷᠠᠭᠤᠯᠤᠨ᠎ᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ | ᠠᠷᠠᠳ ᠤᠨ ᠲᠥᠯᠥᠭᠡ ᠵᠠᠰᠠᠭ ᠪᠠᠷᠢᠵᠤ᠂ ᠦᠡᠭᠭᠡᠨ ᠲᠡᠳᠦᠶ ᠶᠠᠪᠤᠳᠠᠯ ᠢ ᠬᠢᠬᠦ ᠦᠭᠡᠢ᠂ ᠠᠵᠢᠯ ᠤᠨ ᠪᠦᠲᠦᠮᠵᠢ ᠶᠢᠨ ᠢᠨᠵᠧᠨᠧᠷᠢᠩ ᠬᠡᠯᠪᠡᠷᠢ ᠶᠢᠨ ᠠᠵᠢᠯ ᠢ ᠬᠢᠬᠦ | ᠦᠭᠡᠢ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ | ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠪᠠᠨ ᠪᠠᠳᠤᠳᠬᠠᠵᠤ᠂ ︽ᠨᠠᠮ ᠤᠨ ᠳᠦᠷᠢᠮ ᠨᠠᠮ ᠤᠨ ᠳᠤᠭᠲᠠᠭᠠᠯ ᠢ ᠰᠤᠷᠤᠯᠴᠠᠵᠤ᠂ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ | ᠨᠠᠮ ᠤᠨ ᠬᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠬᠦᠨᠵᠡᠭᠡᠢ ᠥᠷᠨᠢᠭᠦᠯᠵᠦ᠂ ᠣᠯᠠᠨ ᠲᠦᠮᠡᠨ ᠤ ᠲᠣᠰᠬᠠᠯ ᠶᠡᠬᠡᠲᠡᠶ ᠳᠤᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠶᠢ ᠪᠤᠢ ᠪᠣᠯᠭᠠᠵᠤ᠂ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠡᠯ᠎ᠡ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠠᠤᠯᠢ | ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠵᠠᠰᠠᠭ ᠤᠨ ᠣᠷᠳᠣᠨ ᠤ ᠳᠣᠲᠣᠭᠠᠳᠤ ᠶᠢᠨ ᠱᠠᠲᠤ ᠲᠡᠰ ᠤᠨ ᠬᠢᠨᠠᠯᠲᠠ᠂ ᠲᠤᠰᠬᠠᠶ ᠬᠢᠨᠠᠯᠲᠠ | ᠪᠠ ᠬᠢᠨᠠᠨ ᠪᠤᠳᠤᠯᠳᠡ ᠶᠢᠨ ᠬᠢᠨᠠᠯᠲᠠ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ | ᠠᠪᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ | ᠲᠦᠷᠦᠯ ᠠᠯᠤᠰᠯᠠᠭᠰᠠᠨ ᠶᠡᠷᠦᠩᠬᠡᠶᠢᠯᠡᠨ ᠬᠠᠤᠯᠢ ᠬᠡᠷᠡᠭᠵᠢᠭᠦᠯᠦᠯᠲᠡ ᠶᠢ ᠰᠦᠪᠡᠭᠴᠢᠯᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠨᠡᠨ ᠬᠦ | ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠬᠦᠴᠦᠲᠠᠢ ᠠᠬᠢᠭᠤᠯᠵᠤ᠂ ᠤᠴᠢᠷ ᠶᠠᠪᠤᠳᠠᠯ ᠤᠨ ᠶᠠᠪᠣᠴᠠ ᠪᠠ ᠦᠷ᠎ᠡ ᠳ᠋ᠥᠩ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠷᠤᠨ ᠲᠤᠭ᠎ᠠ ᠶᠢ | ᠠᠵᠢᠯ ᠦᠢᠯᠡᠰ ᠢᠶᠠᠷ ᠲᠤᠭᠳᠠᠭᠠᠵᠤ᠂ ᠡᠳ᠋ ᠤᠨ ᠵᠠᠰᠠᠭ ᠢ ᠠᠵᠢᠯ ᠦᠢᠯᠡᠰ ᠢᠶᠠᠷ ᠲᠦᠯᠦᠪᠯᠡᠬᠦ ᠵᠤᠬᠢᠴᠠᠮᠵᠢ ᠶᠢ ᠰᠦᠪᠡᠭᠴᠢᠯᠡᠵᠦ᠂ ᠪᠣᠳᠠᠲᠠᠢ ᠶᠢ ᠡᠷᠬᠢᠮᠯᠡᠳᠡᠭ ᠥᠨᠳᠥᠷ | ᠪᠦᠲᠦᠮᠵᠢᠲᠡᠶ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠤᠯᠠᠨ ᠨᠡᠶᠢᠲᠠ ᠶᠢᠨ ᠡᠬᠢ ᠪᠠᠶᠠᠯᠢᠭ ᠢ ᠠᠷᠠᠯᠵᠢᠶᠠᠯᠠᠬᠤ | ᠲᠠᠪᠴᠠᠩ ᠢ ᠡᠮᠬᠢᠯᠡᠨ ᠨᠢᠳᠬᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠤᠨ ᠪᠠᠷᠢᠮᠵᠢᠶᠠᠵᠢᠭᠤᠯᠤᠯᠲᠠ ᠪᠠ ᠡᠯᠧᠭᠲᠷᠥᠨ ᠵᠠᠰᠠᠭ ᠤᠨ ᠪᠠᠶᠢᠭᠤᠯᠤᠯᠲᠠ ᠶᠢ | ᠠᠬᠢᠭᠤᠯᠵᠤ᠂ ᠠᠵᠢᠯ ᠤᠨ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠠᠮᠠᠯᠠᠯᠲᠠ᠂ ᠠᠩᠬ᠎ᠠ ᠬᠠᠷᠢᠯᠴᠠᠭᠰᠠᠨ ᠨᠢ ᠬᠠᠷᠢᠭᠤᠴᠠᠬᠤ᠂ | ᠲᠣᠭᠲᠠᠭᠰᠠᠨ ᠬᠤᠭᠤᠴᠠᠭᠠᠨ ᠳᠤ ᠬᠦᠢᠴᠡᠳᠬᠡᠬᠦ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠳᠡᠭᠡᠷ᠎ᠡ ᠬᠡᠷᠡᠭ ᠡᠷᠬᠢᠯᠡᠬᠦ ᠵᠡᠷᠭᠡ ᠲᠦᠷᠢᠮ ᠢ | ᠬᠡᠷᠡᠭᠵᠢᠭᠦᠯᠵᠦ᠂ ᠵᠠᠰᠠᠭ ᠤᠨ ᠣᠷᠳᠤᠨ ᠤ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ ᠵᠠᠰᠠᠭ ᠤᠨ ᠣᠷᠳᠤᠨ ᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ︽ᠠᠵᠢᠯ ᠬᠢᠬᠦ ᠦᠭᠡᠢ᠂ ᠬᠤᠶᠢᠷᠭᠤᠰᠢᠬᠤ᠂ ᠳᠤᠷ᠎ᠠ ᠲᠠᠪᠠ ᠪᠠᠷ ᠢᠶᠠᠨ ᠬᠢᠬᠦ︾ ᠲᠤᠰᠬᠠᠢ | ᠴᠡᠭᠴᠡᠯᠡᠨ ᠵᠠᠰᠠᠬᠤ ᠶᠢ ᠬᠦᠨᠵᠡᠭᠡᠶᠢᠷᠡᠭᠦᠯᠵᠦ᠂ ᠵᠠᠰᠠᠭ ᠢ ᠴᠠᠯᠠᠭᠠᠶᠢᠳᠠᠭᠤᠯᠤᠨ᠂ ᠬᠠᠷᠢᠭᠤᠴᠠᠯᠭ᠎ᠠ ᠪᠠᠨ ᠠᠯᠳᠠᠨ ᠳᠤᠰᠢᠶᠠᠯ ᠢᠶᠠᠨ ᠭᠤᠲᠤᠭᠠᠭᠰᠠᠨ ᠦᠢᠯᠡ | ᠠᠵᠢᠯᠯᠠᠭ᠎ᠠ ᠶᠢ ᠴᠢᠩᠭ᠎ᠠ ᠵᠠᠯᠬᠠᠭᠠᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ | ᠬᠡᠪᠴᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠰᠠᠬᠢᠯᠭ᠎ᠠ ᠶᠢ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︽ᠭᠤᠷᠪᠠᠨ ᠵᠦᠢᠯ ᠤᠨ | ᠠᠯᠪᠠᠨ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠠᠯᠪᠠᠨ ᠤ ᠲᠡᠷᠭᠡ ᠶᠢ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠬᠢᠵᠠᠭᠠᠷᠲᠠᠶ ᠪᠡᠯᠡ ᠮᠥᠩᠭᠦ ᠪᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠳᠤ ᠨᠡᠩ ᠢᠯᠡᠭᠦᠦ ᠬᠡᠷᠡᠭᠯᠡᠨ᠎ᠡ᠃ | ᠲᠥᠯᠥᠭᠡᠯᠡᠭᠴᠢᠳ ᠡ᠂ ᠰᠢᠨ᠎ᠡ ᠬᠡᠪ ᠪᠠᠶᠢᠳᠠᠯ ᠨᠢ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠰᠢᠨ᠎ᠡ ᠣᠢᠢᠯᠠᠭᠠᠭᠳᠠᠬᠤᠨ ᠨᠢ ᠰᠢᠨ᠎ᠡ ᠳᠠᠪᠠᠭᠤᠯᠢᠭ ᠢ | ᠲᠦᠷᠭᠡᠳᠬᠡᠵᠦ᠂ ᠰᠢᠨ᠎ᠡ ᠡᠬᠢᠯᠡᠯᠲᠡ ᠨᠢ ᠰᠢᠨ᠎ᠡ ᠠᠶᠠᠨ ᠢ ᠡᠬᠢᠯᠡᠭᠦᠯᠳᠡᠭ ᠶᠤᠮ᠃ ᠪᠢᠳᠡ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ | ᠳᠣᠣᠷ᠎ᠠ᠂ ᠤᠶᠤᠨ ᠴᠢᠳᠠᠯ ᠢᠶᠠᠨ ᠰᠢᠪᠬᠠᠨ ᠠᠵᠢᠯᠯᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠴᠢᠷᠮᠠᠶᠢᠵᠠᠭᠠᠶ᠎ᠠ︕ | ᠨᠡᠷᠡᠰ ᠤᠨ ᠲᠠᠶᠢᠯᠪᠦᠷᠢ | ⒈ ᠣᠶᠤᠨᠲᠦ ᠬᠤᠳᠠ᠄ ᠡᠯ᠎ᠡ ᠰᠢᠰᠲ᠋ᠧᠮ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠤᠨ ᠰᠠᠭᠤᠷᠢ ᠲᠤᠭ᠎ᠠ ᠪᠠᠷᠢᠮᠲᠠ ᠶᠢ ᠰᠤᠷᠠᠭ ᠵᠠᠩᠭᠢ ᠪᠠ ᠮᠡᠳᠡᠭᠡ | ᠬᠤᠯᠪᠣᠭᠠᠨ ᠤ ᠮᠡᠷᠭᠡᠵᠢᠯ ᠢᠶᠠᠷ ᠳᠠᠮᠵᠢᠨ᠂ ᠬᠤᠳᠠ ᠶᠢᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠣᠷᠴᠢᠨ ᠲᠣᠭᠤᠷᠢᠨ ᠢ ᠬᠠᠮᠠᠭᠠᠯᠠᠬᠤ᠂ | ᠤᠯᠠᠨ ᠨᠡᠶᠢᠲᠡ ᠶᠢᠨ ᠠᠮᠤᠷ ᠲᠦᠪᠰᠢᠨ᠂ ᠦᠢᠯᠡᠳᠪᠦᠷᠢ ᠬᠤᠳᠠᠯᠳᠤᠭᠠᠨ ᠤ ᠠᠵᠢᠯᠯᠠᠭ᠎ᠠ ᠵᠡᠷᠭᠡ ᠡᠯ᠎ᠡ ᠬᠦᠷᠢᠶᠡᠨ ᠳᠤ ᠬᠡᠷᠡᠭᠯᠡᠵᠦ᠂ ᠥᠨᠳᠥᠷ ᠪᠦᠲᠦᠮᠵᠢᠲᠡᠶ᠂ | ᠠᠷᠠᠳ ᠲᠤ ᠳᠥᠭᠦᠮ ᠦᠵᠡᠭᠦᠯᠬᠦ ᠣᠶᠣᠨᠴᠢ ᠦᠢᠯᠡᠴᠢᠯᠡᠭᠡ ᠬᠠᠩᠭᠠᠬᠤ᠃ | ⒉ ᠶᠡᠷᠥᠩᠬᠡᠶᠢᠯᠡᠭᠰᠡᠨ ᠬᠤᠭᠤᠯᠠᠢ ᠬᠤᠩᠬᠢᠯ᠄ ᠬᠤᠲᠠ ᠶᠢᠨ ᠭᠠᠵᠠᠷ ᠳᠣᠣᠷᠠᠬᠢ ᠣᠷᠣᠨ ᠵᠠᠶ ᠳᠤ ᠨᠢᠭᠡ ᠨᠦᠬᠡᠨ ᠵᠠᠮ ᠪᠠᠶᠢᠭᠤᠯᠤᠨ᠂ ᠴᠠᠬᠢᠯᠭᠠᠨ ᠴᠢᠮᠡᠭᠡ ᠬᠤᠯᠪᠤᠭ᠎ᠠ | ᠬᠡᠢ ᠤᠰᠤ ᠵᠡᠷᠭᠡ ᠡᠯ᠎ᠡ ᠵᠦᠢᠯ ᠤᠨ ᠪᠠᠷᠢᠯᠭ᠎ᠠ ᠶᠢᠨ ᠬᠤᠭᠤᠯᠠᠢ ᠶᠢ ᠨᠢᠭᠡ ᠴᠤᠭᠴᠠᠵᠢᠭᠤᠯᠵᠦ᠂ ᠨᠢᠭᠡᠳᠦᠯᠲᠡᠶ ᠲᠥᠯᠦᠪᠵᠢᠭᠦᠯᠦᠨ᠂ ᠨᠢᠭᠡᠳᠦᠯᠲᠡᠶ ᠵᠢᠷᠤᠭᠯᠠᠨ | ᠲᠥᠯᠦᠪᠯᠡᠵᠤ᠂ ᠨᠢᠭᠡᠳᠦᠯᠲᠡᠶ ᠪᠦᠳᠦᠬᠡᠨ ᠪᠠᠶᠢᠭᠤᠯᠬᠤ ᠪᠠ ᠬᠠᠮᠢᠶᠠᠷᠬᠤ᠃ | ⒊ppp ᠲᠥᠷᠦᠯ ᠵᠦᠢᠯ᠄ public ︵ᠨᠡᠶᠢᠲᠡ ᠶᠢᠨ︶ — Private ︵ᠬᠤᠪᠢ ᠶᠢᠨ︶ — Partnership ︵ᠬᠠᠮᠲᠤᠷᠠᠨ ᠠᠵᠢᠯᠯᠠᠬᠤ | ᠬᠠᠷᠢᠴᠠᠭ᠎ᠠ︶ ᠵᠡᠷᠭᠡ ᠦᠰᠦᠭ ᠤᠨ ᠲᠣᠪᠴᠢᠯᠠᠯ᠂ ᠵᠠᠰᠠᠭ ᠤᠨ ᠣᠷᠳᠣᠨ ᠪᠠ ᠨᠡᠶᠢᠭᠡᠮ ᠤᠨ ᠪᠡᠯᠡ ᠬᠥᠷᠥᠩᠭᠡ ᠨᠢ ᠰᠠᠭᠤᠷᠢ ᠳᠥᠬᠦᠭᠡᠷᠦᠮᠵᠢ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠬᠦᠷᠢᠶᠡᠨ ᠳᠤ ᠪᠠᠶᠢᠭᠤᠯᠤᠭᠰᠠᠨ ᠨᠢᠭᠡ ᠵᠦᠢᠯ ᠤᠨ ᠬᠠᠮᠲᠤᠷᠠᠨ ᠠᠵᠢᠯᠯᠠᠬᠤ ᠬᠠᠷᠢᠴᠠᠭ᠎ᠠ᠃ | ⒋ ︽ᠭᠤᠷᠪᠠᠨ ᠦᠨᠡᠮᠯᠡᠯ ᠢ ᠨᠢᠭᠡᠳᠭᠡᠨ ᠨᠢᠬᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ︾᠄ ᠠᠵᠤ ᠠᠬᠤᠶᠢᠯᠠᠯ ᠳᠠᠩᠰᠠᠯᠠᠭᠤᠯᠬᠤ ᠦᠶ᠎ᠡ ᠳᠤ ᠦᠢᠯᠡᠳᠪᠦᠷᠢ | ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ ᠬᠠᠷᠭᠤᠭᠤᠯᠤᠨ ᠣᠯᠭᠤᠭᠰᠠᠨ ᠡᠵᠡᠩᠨᠡᠯᠲᠡ ᠶᠢᠨ ᠦᠨᠡᠮᠯᠡᠯ᠂ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ | ᠮᠥᠴᠢᠷ ᠠᠴᠠ ᠬᠠᠷᠭᠤᠭᠤᠯᠤᠨ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠯ ᠨᠣᠮᠧᠷ ᠤᠨ ᠲᠡᠮᠳᠡᠭ᠂ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠠᠴᠠ ᠬᠠᠷᠭᠤᠭᠤᠯᠤᠨ ᠣᠯᠭᠤᠭᠰᠠᠨ ᠭᠠᠶᠢᠯᠢ ᠶᠢᠨ ᠶᠠᠪᠤᠳᠠᠯ ᠳᠠᠩᠰᠠᠯᠠᠭᠰᠠᠨ ᠦᠨᠡᠮᠯᠡᠯ ᠢ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ | ᠬᠠᠷᠭᠤᠭᠤᠯᠤᠨ ᠨᠢᠭᠡᠯᠡ ᠦᠨᠡᠮᠯᠡᠯ ᠣᠯᠭᠤᠵᠤ᠂ ᠨᠢᠭᠡᠯᠡ ᠨᠡᠶᠢᠭᠡᠮ ᠤᠨ ᠢᠲᠡᠭᠡᠮᠵᠢ ᠶᠢᠨ ᠣᠷᠣᠯᠠᠯ ᠨᠣᠮᠧᠷ ᠢ ᠣᠯᠭᠤᠨ᠎ᠠ᠃ | ⒌ ᠲᠡᠳᠭᠦᠨ ᠠᠪᠤᠷᠠᠬᠤ ᠳᠤ ᠬᠦᠴᠢᠷᠲᠡᠶ᠄ ᠭᠡᠨᠡᠳᠲᠡ ᠶᠢᠨ ᠬᠡᠷᠡᠭ ᠤᠴᠢᠷ᠂ ᠰᠠᠨᠠᠭᠠᠨ ᠳᠤ ᠦᠭᠡᠢ ᠭᠡᠮᠲᠦᠯ᠂ ᠬᠦᠨᠳᠦ ᠶᠡᠭᠡ ᠡᠪᠡᠳᠴᠢᠨ ᠡᠮᠭᠡᠭ ᠪᠤᠶᠤ ᠪᠤᠰᠤᠳ | ᠣᠨᠴᠠᠭᠠᠶ ᠰᠢᠯᠲᠠᠭᠠᠨ ᠠᠴᠠ ᠪᠤᠯᠵᠤ ᠠᠮᠢᠳᠤᠷᠠᠯ ᠤᠨ ᠬᠦᠴᠢᠷᠳᠡᠯ ᠮᠤᠬᠤᠷᠳᠠᠯ ᠳᠤ ᠲᠤᠯᠭᠠᠷᠠᠵᠤ᠂ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠪᠦᠷᠬᠦᠬᠦ | ᠠᠷᠭ᠎ᠠ ᠦᠭᠡᠶ ᠪᠤᠶᠤ ᠠᠪᠤᠷᠠᠨ ᠳᠤᠰᠠᠯᠠᠭᠰᠠᠨ ᠤ ᠲᠠᠷᠠᠭ᠎ᠠ ᠦᠨᠳᠦᠰᠦᠨ ᠠᠮᠢᠳᠤᠷᠠᠯ ᠨᠢ ᠮᠥᠨ ᠯᠡ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠭᠡᠷ ᠪᠦᠯᠢ | ᠪᠣᠯᠤᠨ ᠬᠤᠪᠢ ᠬᠥᠮᠦᠨ ᠳᠤ ᠥᠭᠬᠦ ᠲᠣᠭᠲᠠᠮᠠᠯ ᠬᠤᠭᠤᠴᠠᠭᠠᠲᠤ ᠪᠤᠰᠤ᠂ ᠳᠤᠭᠳᠠᠭᠰᠠᠨ ᠬᠡᠮᠵᠢᠶᠡᠨ ᠤ ᠪᠣᠰᠤ ᠡᠳ᠋ ᠪᠣᠳᠠᠰ ᠤᠨ ᠲᠤᠰᠠᠯᠠᠮᠵᠢ ᠪᠤᠶᠤ ᠪᠣᠳᠠᠰ ᠤᠨ ᠪᠤᠰᠤ | ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠃ | ⒍ ︽1571︾ ᠢᠨᠵᠧᠨᠧᠷᠢᠩ᠄ 2011 ᠣᠨ ᠳᠤ ᠮᠠᠨ ᠤ ᠬᠤᠲᠠ ᠶᠢᠨ ᠳᠤᠷᠠᠳᠤᠭᠰᠠᠨ ᠡᠷᠴᠢᠮᠵᠢᠭᠦᠯᠦᠨ ᠤᠰᠤ ᠠᠷᠪᠢᠯᠠᠬᠤ ᠥᠨᠳᠥᠷ ᠪᠦᠲᠥᠮᠵᠢ ᠪᠠᠷ ᠭᠤᠣᠯ | ᠪᠣᠯᠭᠠᠭᠰᠠᠨ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭᠠᠲᠦ ᠢᠨᠵᠧᠨᠧᠷᠢᠩ ᠪᠣᠯᠤᠨ᠎ᠠ᠃ ᠲᠤᠬᠠᠶᠢᠯᠠᠪᠠᠯ ︽ᠠᠷᠪᠠᠨ ᠬᠤᠶᠠᠳᠤᠭᠠᠷ ᠲᠠᠪᠤ︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠳᠤ 500 ᠲᠦᠮᠡᠨ ᠮᠥ ᠡᠷᠳᠡᠨᠢ ᠰᠢᠰᠢ ᠶᠢ ᠵᠤᠯᠤᠮ᠎ᠠ ᠶᠢᠨ ᠳᠣᠣᠷ᠎ᠠ ᠳᠤᠰᠤᠯᠭᠠᠨ ᠤᠰᠤᠯᠠᠬᠤ᠂ ᠨᠠᠷᠢᠮᠤ | ᠳᠤᠰᠤᠯᠭᠠᠨ ᠤᠰᠤᠯᠠᠬᠤ᠂ ᠳᠦᠬᠦᠭᠡᠷᠦᠮᠵᠢᠲᠦ ᠲᠠᠷᠢᠶᠠᠯᠠᠩ᠂ ᠤᠰᠤ ᠠᠷᠪᠢᠯᠠᠬᠤ ᠬᠡᠯᠪᠡᠷᠢ ᠶᠢᠨ ᠬᠥᠮᠦᠨ ᠤ ᠬᠦᠴᠦ ᠪᠠᠷ ᠡᠪᠡᠰᠦ ᠲᠠᠷᠢᠬᠤ᠂ ᠤᠰᠤ ᠠᠷᠪᠢᠯᠠᠬᠤ | ᠲᠥᠮᠥᠰᠥ᠂ ᠤᠰᠤ ᠠᠷᠪᠢᠯᠠᠬᠤ ᠡᠬᠡ ᠭᠠᠵᠠᠷ ᠤᠨ ᠢᠳᠡᠰᠢᠨ ᠨᠣᠭᠤᠭ᠎ᠠ᠂ ᠥᠨᠳᠥᠷ ᠪᠥᠲᠦᠮᠵᠢᠲᠦ ᠤᠰᠤ ᠠᠷᠪᠢᠯᠠᠬᠤ ᠠᠵᠤ ᠠᠬᠤᠶ ᠶᠢᠨ ᠤᠢ ᠶᠢ ᠲᠤᠰᠪᠦᠷᠢ 100 | ᠲᠦᠮᠡᠨ ᠮᠤ᠋ ᠪᠡᠶᠡᠯᠡᠭᠦᠯᠵᠦ᠂ ᠴᠢᠨᠠᠷ ᠰᠠᠶᠢᠲᠠᠶ ᠠᠯᠠᠰᠢᠨ ᠦᠬᠡᠷ ᠢ 100 ᠲᠦᠮᠡᠨ ᠲᠣᠯᠤᠭᠠᠢ ᠳᠤ ᠬᠦᠷᠭᠡᠬᠦ᠃ | ⒎ ᠬᠠᠶᠢᠮᠢᠶᠠᠨ ᠬᠤᠳᠠ᠄ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠠᠷᠭ᠎ᠠ ᠪᠠᠷ ᠳᠠᠮᠵᠢᠨ᠂ ᠪᠣᠷᠣᠭᠠᠨ ᠣᠷᠣᠬᠤ ᠳᠤ ᠤᠰᠤ ᠰᠢᠩᠭᠡᠭᠡᠵᠦ᠂ ᠤᠰᠤ | ᠬᠠᠳᠠᠭᠠᠯᠠᠵᠤ᠂ ᠤᠰᠤ ᠨᠡᠪᠴᠢᠭᠦᠯᠵᠦ᠂ ᠤᠰᠤ ᠴᠡᠪᠡᠷᠰᠢᠭᠦᠯᠵᠦ᠂ ᠴᠢᠬᠤᠯᠠᠲᠠᠶ ᠦᠶᠡᠰ ᠲᠤ ᠬᠠᠳᠠᠭᠠᠯᠠᠭᠰᠠᠨ ᠤᠰᠤ ᠪᠠᠨ ᠭᠠᠷᠭᠠᠨ ᠠᠰᠢᠭᠯᠠᠬᠤ᠂ ᠬᠤᠳᠠ | ᠪᠠᠯᠭᠠᠰᠤ ᠨᠢ ᠣᠷᠴᠢᠨ ᠲᠣᠭᠤᠷᠢᠨ ᠤ ᠬᠤᠪᠢᠷᠠᠯᠲᠠ ᠳᠤ ᠵᠣᠬᠢᠴᠠᠬᠤ ᠪᠠ ᠪᠣᠷᠤᠭᠠᠨ ᠠᠴᠠ ᠪᠣᠯᠣᠭᠰᠠᠨ ᠪᠠᠶᠢᠭᠠᠯᠢ ᠶᠢᠨ ᠭᠠᠮᠰᠢᠭ ᠵᠡᠷᠭᠡ ᠲᠠᠯ᠎ᠠ ᠶᠢ ᠠᠷᠭᠠᠴᠠᠬᠤ ᠳᠤ | ᠨᠡᠩ ᠰᠠᠶᠢᠨ ︽ᠬᠠᠷᠢᠮᠠᠬᠠᠶ ᠴᠢᠨᠠᠷ︾ ᠲᠠᠢ ᠪᠠᠶᠢᠳᠠᠭ᠃ | ⒏ ᠲᠠᠪᠤᠨ ᠶᠡᠭᠡ ᠪᠤᠳᠤᠯᠭ᠎ᠠ᠄ ᠬᠤᠷᠸ᠎ᠠ ᠲᠦᠷᠦ ᠶᠢᠨ ᠪᠤᠳᠤᠯᠭ᠎ᠠ ᠨᠢ ᠲᠣᠭᠲᠠᠭᠤᠨ ᠪᠠᠶᠢᠬᠤ᠂ ᠠᠵᠤ ᠦᠢᠯᠡᠰ ᠤᠨ ᠲᠥᠷᠥ ᠶᠢᠨ ᠪᠤᠳᠤᠯᠭ᠎ᠠ ᠨᠢ ᠣᠨᠣᠪᠴᠢᠲᠠᠶ | ᠪᠠᠶᠢᠬᠤ᠂ ᠬᠤᠮᠠᠬᠢ ᠲᠦᠷᠦ ᠶᠢᠨ ᠪᠤᠳᠤᠯᠭ᠎ᠠ ᠨᠢ ᠠᠮᠢᠳᠤᠯᠢᠭ ᠪᠠᠶᠢᠬᠤ᠂ ᠥᠭᠡᠷᠡᠴᠢᠯᠡᠯᠲᠡ ᠬᠢᠬᠦ ᠲᠦᠷᠦ ᠶᠢᠨ ᠪᠤᠳᠦᠯᠭ᠎ᠠ ᠨᠢ ᠦᠨᠡᠨ ᠪᠣᠳᠠᠲᠠᠶ ᠪᠠᠶᠢᠬᠤ᠂ ᠨᠡᠶᠢᠭᠡᠮ ᠤᠨ | ᠲᠦᠷᠦ ᠶᠢᠨ ᠪᠤᠳᠤᠯᠭ᠎ᠠ ᠨᠢ ᠰᠠᠭᠤᠷᠢ ᠲᠠᠢ ᠪᠠᠶᠢᠬᠤ᠃ | ⒐ ᠠᠷᠪᠠ ᠶᠢ ᠨᠡᠩ ᠴᠢᠬᠤᠯᠠᠴᠢᠯᠠᠬᠤ᠄ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠶᠢ | ᠨᠡᠩ ᠴᠢᠬᠤᠯᠠᠴᠢᠯᠠᠬᠤ︔ ᠠᠵᠤ ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠨᠡᠩ ᠴᠢᠬᠤᠯᠠᠴᠢᠯᠠᠬᠤ︔ ᠬᠤᠷᠸ᠎ᠠ ᠲᠣᠬᠢᠷᠠᠭᠤᠯᠭ᠎ᠠ ᠡᠵᠡᠮᠰᠢᠯ ᠢ ᠶᠠᠪᠤᠭᠳᠠᠭᠤᠯᠤᠨ᠂ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠪᠠ ᠨᠡᠶᠢᠭᠡᠮ ᠤᠨ ᠰᠡᠳᠬᠢᠴᠡ ᠶᠢᠨ | ᠵᠢᠱᠢᠯᠲᠡ ᠶᠢ ᠬᠥᠳᠦᠯᠦᠨ ᠵᠢᠯᠤᠭᠤᠳᠬᠤ ᠶᠢ ᠨᠡᠩ ᠴᠢᠬᠤᠯᠠᠴᠢᠯᠠᠬᠤ︔ ᠠᠵᠤ ᠦᠢᠯᠡᠰ ᠤᠨ ᠪᠦᠲᠦᠴᠡ ᠶᠢ ᠲᠤᠬᠢᠷᠠᠭᠤᠯᠵᠤ᠂ ᠨᠡᠮᠡᠬᠦ ᠬᠠᠰᠤᠬᠤ ᠦᠷᠡᠵᠢᠭᠦᠯᠬᠦ | ᠬᠤᠪᠢᠶᠠᠬᠤ ᠠᠷᠭ᠎ᠠ ᠶᠢ ᠵᠡᠷᠭᠡᠪᠡᠷ ᠡᠷᠬᠢᠮᠯᠡᠬᠦ ᠶᠢ ᠨᠡᠩ ᠴᠢᠬᠤᠯᠠᠴᠢᠯᠠᠬᠤ︔ ᠬᠤᠲᠠ ᠪᠠᠯᠭᠠᠰᠤᠵᠢᠯᠲᠠ ᠶᠢ ᠲᠦᠯᠬᠢᠨ ᠠᠬᠢᠭᠤᠯᠵᠤ᠂ ᠬᠥᠮᠦᠨ ᠢᠶᠠᠷ ᠦᠨᠳᠦᠰᠦ | ᠪᠤᠯᠭᠠᠬᠤ ᠶᠢ ᠨᠡᠩ ᠴᠢᠬᠤᠯᠠᠴᠢᠯᠠᠬᠤ︔ ᠣᠷᠣᠨ ᠬᠡᠴᠡ ᠶᠢᠨ ᠬᠥᠭᠵᠢᠯᠲᠡ ᠶᠢ ᠠᠬᠢᠭᠤᠯᠵᠤ᠂ ᠬᠥᠮᠦᠨ ᠠᠮᠠ ᠠᠵᠤ ᠠᠬᠤᠶ ᠪᠠ ᠡᠬᠢ ᠪᠠᠶᠠᠯᠢᠭ ᠣᠷᠴᠢᠨ ᠠᠬᠤᠶ ᠶᠢᠨ | ᠣᠷᠣᠨ ᠵᠠᠶ ᠶᠢ ᠲᠡᠩᠴᠡᠭᠦᠷᠢᠲᠡᠶ ᠪᠠᠶᠢᠬᠤ ᠶᠢ ᠨᠡᠩ ᠴᠢᠬᠤᠯᠠᠴᠢᠯᠠᠬᠤ︔ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠵᠤ᠂ ᠪᠣᠬᠢᠷᠲᠤᠯ ᠦᠭᠡᠢ | ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠠᠷᠭ᠎ᠠ ᠮᠠᠶ᠋ᠢᠭ ᠢ ᠲᠦᠯᠬᠢᠨ ᠠᠬᠢᠭᠤᠯᠬᠤ ᠶᠢ ᠨᠡᠩ ᠴᠢᠬᠤᠯᠠᠴᠢᠯᠠᠬᠤ︔ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠵᠤ᠂ ᠣᠨᠴᠠ ᠲᠤᠭᠳᠠᠭᠰᠠᠨ ᠬᠥᠮᠦᠰ ᠤᠨ ᠣᠨᠴᠠᠭᠠᠶ ᠬᠦᠴᠢᠷᠳᠡᠯ ᠢ ᠣᠨᠣᠪᠴᠢᠲᠠᠢ ᠳᠡᠮᠵᠢᠬᠦ ᠶᠢ ᠨᠡᠩ ᠴᠢᠬᠤᠯᠠᠴᠢᠯᠠᠬᠤ︔ ᠡᠬᠢ ᠪᠠᠶᠠᠯᠢᠭ ᠤᠨ | ᠲᠤᠬᠢᠷᠠᠭᠤᠯᠤᠯᠳᠠ ᠬᠢᠵᠦ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠨᠡᠩ ᠴᠢᠬᠤᠯᠠᠴᠢᠯᠠᠬᠤ︔ | ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠥᠷᠭᠡᠳᠬᠡᠵᠦ᠂ ᠥᠨᠳᠥᠷ ᠬᠢᠷᠢ ᠲᠦᠪᠰᠢᠨ ᠢᠶᠠᠷ ᠬᠤᠣᠰ ᠬᠠᠨᠳᠤᠯᠭᠠᠲᠦ ᠴᠢᠯᠥᠭᠡᠲᠡᠶ ᠶᠠᠪᠤᠯᠴᠠᠬᠤ ᠶᠢ ᠠᠬᠢᠭᠤᠯᠬᠤ ᠶᠢ | ᠨᠡᠩ ᠴᠢᠬᠤᠯᠠᠴᠢᠯᠠᠬᠤ᠃ | ⒑ ᠭᠠᠵᠠᠷ ᠰᠢᠷᠣᠶ ᠶᠢ ︽ᠠᠰᠠᠷᠠᠭᠴᠢ︾ ᠮᠠᠶ᠋ᠢᠭ ᠤᠨ ᠨᠠᠶᠢᠳᠠᠵᠤ ᠬᠠᠮᠢᠶᠠᠷᠬᠤ ᠦᠢᠯᠡᠴᠢᠯᠡᠭᠡ᠄ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢᠨ ᠨᠢᠭᠡ | ᠵᠦᠢᠯ ᠤᠨ ᠬᠡᠯᠪᠡᠷᠢ᠂ ᠭᠠᠵᠠᠷ ᠲᠠᠷᠢᠶ᠎ᠠ ᠪᠠᠨ ᠲᠠᠷᠢᠬᠤ ᠳᠤᠷ᠎ᠠ ᠦᠭᠡᠢ ᠪᠤᠶᠤ ᠲᠠᠷᠢᠬᠤ ᠴᠢᠳᠠᠪᠤᠷᠢ ᠦᠭᠡᠢ ᠬᠡᠰᠡᠭ ᠪᠥᠯᠦᠭ ᠬᠥᠮᠦᠨ ᠂ ᠮᠠᠯᠴᠢᠨ ᠲᠠᠷᠢᠶᠠᠴᠢᠨ ᠤ | ᠬᠤᠷᠰᠢᠭᠰᠠᠨ ᠵᠣᠬᠢᠶᠠᠨ ᠪᠠᠶᠢᠭᠤᠯᠤᠯᠲᠠ ᠪᠣᠯᠤᠨ ᠲᠠᠷᠢᠮᠠᠯ ᠤᠨ ᠲᠤᠮᠤ ᠡᠷᠦᠭᠡ ᠳᠤ ᠨᠠᠶᠢᠳᠠᠨ᠂ ᠲᠡᠭᠦᠨ ᠢᠶᠠᠷ ᠣᠷᠤᠯᠠᠭᠤᠯᠤᠨ ᠲᠠᠷᠢᠵᠤ ᠬᠠᠮᠢᠶᠠᠷᠤᠭᠤᠯᠬᠤ ᠠᠷᠭ᠎ᠠ ᠶᠢ | ᠵᠢᠭᠠᠨ᠎ᠠ᠃ ᠲᠠᠷᠢᠶᠠᠴᠢᠳ ᠤᠨ ᠭᠠᠵᠠᠷ ᠰᠢᠷᠣᠶ ᠶᠢ ᠳᠠᠭᠠᠭᠠᠴᠢᠯᠠᠬᠤ ᠡᠷᠬᠡ᠂ ᠠᠰᠢᠭ ᠬᠦᠷᠲᠡᠬᠦ ᠡᠷᠬᠡ ᠪᠠ ᠤᠯᠤᠰ ᠤᠨ ᠲᠠᠷᠢᠶᠠᠴᠢᠳ ᠢ ᠬᠠᠷᠠᠭᠠᠯᠵᠠᠬᠤ ᠲᠦᠷᠦ ᠶᠢᠨ | ᠪᠤᠳᠤᠯᠭ᠎ᠠ ᠶᠢ ᠡᠳ᠋ᠯᠡᠬᠦ ᠡᠷᠬᠡ ᠶᠢ ᠬᠤᠪᠢᠷᠠᠭᠤᠯᠬᠤ ᠦᠭᠡᠢ ᠤᠷᠢᠲᠠᠯ ᠳᠣᠣᠷ᠎ᠠ᠂ ᠲᠠᠷᠢᠶᠠᠯᠠᠩ ᠤᠨ ᠬᠡᠪᠴᠢᠶᠡᠵᠢᠭᠰᠡᠨ᠂ ᠡᠷᠴᠢᠮᠵᠢᠭᠰᠡᠨ᠂ ᠮᠠᠰᠢᠨᠴᠢᠯᠠᠭᠰᠠᠨ | ᠦᠢᠯᠡᠳᠪᠦᠷᠢᠯᠡᠯ ᠢ ᠪᠡᠶᠡᠯᠡᠭᠦᠯᠦᠨ᠎ᠡ᠃ | ⒒ ᠵᠢᠷᠭᠤᠭᠠᠨ ᠣᠨᠣᠪᠴᠢᠲᠠᠶ᠂ ᠲᠠᠪᠤᠨ ᠨᠢᠭᠡ ᠪᠦᠯᠦᠭ᠄ ᠲᠡᠳᠬᠦᠭᠦᠯᠬᠦ ᠡᠲᠡᠭᠡᠳ ᠨᠢ ᠣᠨᠣᠪᠴᠢᠲᠠᠶ᠂ ᠲᠥᠷᠦᠯ ᠵᠦᠢᠯ ᠢ ᠲᠣᠬᠢᠷᠠᠭᠤᠯᠬᠤ ᠨᠢ ᠣᠨᠣᠪᠴᠢᠲᠠᠶ᠂ ᠪᠡᠯᠡ | ᠮᠥᠩᠭᠦ ᠬᠡᠷᠡᠭᠯᠡᠬᠦ ᠨᠢ ᠣᠨᠣᠪᠴᠢᠲᠠᠶ᠂ ᠠᠷᠭ᠎ᠠ ᠬᠡᠮᠵᠢᠶ᠎ᠡ ᠡᠷᠥᠭᠡ ᠳᠤ ᠬᠦᠷᠬᠦ ᠨᠢ ᠣᠨᠣᠪᠴᠢᠲᠠᠶ᠂ ᠭᠠᠴᠠᠭᠠᠨ ᠤ ᠪᠠᠶᠢᠳᠠᠯ ᠢᠶᠠᠷ ᠬᠥᠮᠦᠨ ᠲᠤᠮᠢᠯᠠᠬᠤ ᠨᠢ ᠣᠨᠣᠪᠴᠢᠲᠠᠶ᠂ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠨᠢ ᠣᠨᠣᠪᠴᠢᠲᠠᠶ ᠪᠠᠶᠢᠬᠤ ᠃ ᠦᠢᠯᠡᠳᠪᠦᠷᠢᠯᠡᠯ ᠢ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠨᠢᠭᠡ | ᠪᠦᠯᠦᠭ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠭᠦᠵᠦ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠂ ᠠᠮᠢ ᠠᠬᠤᠶ ᠶᠢᠨ ᠨᠥᠬᠦᠪᠦᠷᠢ ᠣᠯᠭᠤᠵᠤ | ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠂ ᠰᠤᠷᠭᠠᠨ ᠬᠥᠮᠦᠵᠢᠯ ᠢ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠂ ᠨᠡᠶᠢᠭᠡᠮ ᠤᠨ | ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠨᠢᠭᠡ ᠪᠦᠯᠦᠭ᠃ | ⒓ ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠭᠡᠬᠦ᠄ ᠲᠥᠯᠥᠪᠵᠢᠭᠦᠯᠭᠡ ᠶᠢ ᠲᠣᠰᠬᠤᠨ ᠡᠷᠦᠬᠡ ᠳᠤ ᠬᠦᠷᠭᠡᠨ᠎ᠡ᠂ ᠲᠥᠷᠥᠯ ᠵᠦᠢᠯ ᠢ ᠲᠣᠰᠬᠤᠨ ᠡᠷᠦᠬᠡ ᠳᠤ | ᠬᠦᠷᠭᠡᠨ᠎ᠡ᠂ ᠺᠠᠳ᠋ᠷ ᠢ ᠲᠣᠰᠬᠤᠨ ᠡᠷᠦᠬᠡ ᠳᠤ ᠣᠴᠢᠭᠤᠯᠤᠨ᠎ᠠ᠃ | ⒔ ︽ᠭᠤᠷᠪᠠᠨ ᠨᠢᠭᠡ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠄ ᠣᠷᠣᠯᠭ᠎ᠠ ᠳᠤᠤᠷ᠎ᠠ ᠲᠠᠷᠢᠶᠠᠯᠠᠬᠤ ᠮᠠᠯᠵᠢᠬᠤ ᠡᠷᠦᠬᠡ ᠪᠦᠷᠢ ᠳᠤ ᠵᠢᠯ ᠪᠦᠷᠢ 1 ᠲᠣᠨ | ᠳᠤᠯᠠᠭᠠᠯᠠᠯᠭ᠎ᠠ ᠶᠢᠨ ᠨᠡᠭᠦᠷᠡᠰᠦ ᠥᠭᠬᠦ᠂ ᠳᠣᠣᠷ᠎ᠠ ᠪᠠᠲᠤᠯᠭᠠᠲᠦ ᠭᠡᠷ ᠪᠦᠯᠢ ᠶᠢᠨ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢ ᠨᠢᠭᠡᠪᠦᠷᠢ ᠳᠤ ᠵᠢᠯ ᠪᠦᠷᠢ 1 ᠲᠦᠮᠡᠨ | ᠲᠥᠭᠦᠷᠢᠭ ᠤᠨ ᠰᠤᠷᠭᠠᠭᠤᠯᠢ ᠳᠤ ᠣᠷᠤᠬᠤ ᠨᠥᠬᠦᠪᠥᠷᠢ ᠣᠯᠭᠤᠬᠤ᠂ ᠠᠵᠢᠯ ᠲᠠᠢ ᠬᠦᠮᠦᠨ ᠦᠭᠡᠢ ᠭᠡᠷ ᠪᠦᠯᠢ ᠨᠢᠭᠡᠪᠦᠷᠢ ᠳᠤ ᠨᠠᠭᠠᠳᠤ ᠵᠠᠬ᠎ᠠ ᠨᠢ 1 ᠬᠥᠮᠦᠨ ᠳᠤ | ᠠᠵᠢᠯ ᠣᠯᠭᠤᠬᠤ᠃ | | |