2017 ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠳᠥᠷᠪᠡ︶
ᠨᠡᠶᠢᠲᠡᠯᠡᠭᠰᠡᠨ ᠴᠠᠭ᠄
2017/3/20

︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾᠎ ᠤᠨ ᠨᠡᠷᠡᠰ ᠤᠨ ᠲᠠᠶᠢᠯᠪᠤᠷᠢ

     ᠭᠤᠷᠪᠠ ᠶᠢ ᠪᠠᠭᠤᠷᠠᠭᠤᠯᠵᠤ ᠨᠢᠭᠡ ᠶᠢ ᠳᠣᠷᠣᠭᠰᠢᠯᠠᠭᠤᠯᠵᠤ ᠨᠢᠭᠡ ᠶᠢ ᠨᠥᠬᠦᠪᠦᠷᠢᠯᠡᠬᠦ᠄ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ

ᠥᠭᠡᠷᠡᠴᠢᠯᠡᠯᠲᠡ ᠶᠢᠨ ᠲᠠᠪᠤᠨ ᠶᠡᠭᠡ ᠡᠭᠦᠷᠭᠡ ᠪᠣᠯᠣᠨ᠎ᠠ᠂ ᠲᠤᠬᠠᠶᠢᠯᠠᠪᠠᠯ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠬᠠᠰᠤᠭᠳᠠᠭᠤᠯᠬᠤ᠂ ᠬᠥᠮᠥᠷᠭᠡ ᠶᠢᠨ

ᠬᠠᠳᠠᠭᠠᠯᠠᠯᠲᠠ ᠶᠢ ᠪᠠᠭᠤᠷᠠᠭᠤᠯᠬᠤ᠂ ᠬᠦᠰᠢᠬᠦᠷᠭᠡ ᠶᠢᠨ ᠵᠦᠢᠯᠡᠰ ᠢ ᠴᠥᠭᠡᠳᠬᠡᠬᠦ᠂ ᠥᠪᠡᠷ ᠤᠨ ᠦᠷᠲᠡᠭ ᠢ ᠳᠣᠷᠣᠭᠰᠢᠯᠠᠭᠤᠯᠬᠤ᠂ ᠳᠤᠲᠠᠭᠤᠳᠠᠯ ᠢ ᠨᠥᠬᠦᠪᠥᠷᠢᠯᠡᠬᠦ

ᠵᠡᠷᠭᠡ ᠪᠤᠯᠤᠨ᠎ᠠ᠃

     ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠵᠤ ᠦᠭᠡᠷᠡᠴᠢᠯᠡᠬᠦ᠄ ᠪᠦᠬᠦ ᠨᠡᠷ᠎ᠡ ᠨᠢ ᠡᠵᠡᠩᠨᠡᠯᠲᠡ ᠶᠢᠨ ᠭᠠᠶᠢᠯᠢ ᠶᠢ ᠦᠷᠳᠡᠭ

ᠨᠡᠮᠡᠭᠳᠡᠯ ᠤᠨ ᠭᠠᠶᠢᠯᠢ ᠪᠣᠯᠭᠠᠵᠤ ᠦᠭᠡᠷᠡᠴᠢᠯᠡᠬᠦ ᠪᠣᠯᠣᠨ᠎ᠠ᠂ ᠡᠵᠡᠩᠨᠡᠯᠲᠡ ᠶᠢᠨ ᠭᠠᠶᠢᠯᠢ ᠶᠢᠨ ᠭᠠᠶᠢᠯᠢ ᠲᠠᠲᠠᠪᠤᠷᠢᠯᠠᠬᠤ ᠶᠣᠰᠣᠲᠠᠶ ᠵᠦᠢᠯᠡᠰ ᠢ ᠦᠷᠳᠡᠭ ᠨᠡᠮᠡᠭᠳᠡᠯ ᠤᠨ

ᠭᠠᠶᠢᠯᠢ ᠲᠤᠰᠢᠶᠠᠬᠤ ᠪᠣᠯᠭᠠᠵᠤ ᠦᠭᠡᠷᠡᠴᠢᠯᠡᠬᠦ ᠶᠢ ᠵᠢᠭᠠᠵᠤ ᠪᠠᠶᠢᠨ᠎ᠠ᠂ ᠳᠠᠪᠬᠤᠷᠳᠠᠭᠤᠯᠤᠨ ᠭᠠᠶᠢᠯᠢ ᠲᠤᠰᠢᠶᠠᠬᠤ ᠶᠢ ᠪᠠᠭᠠᠰᠬᠠᠵᠤ᠂ ᠠᠵᠤ ᠠᠬᠤᠶᠢᠯᠠᠯ ᠤᠨ ᠭᠠᠶᠢᠯᠢ

ᠲᠠᠲᠠᠪᠤᠷᠢ ᠶᠢ ᠤᠯᠠᠮ ᠨᠢᠭᠡ ᠠᠯᠬᠤᠮ ᠬᠥᠩᠭᠡᠷᠡᠭᠦᠯᠵᠦ ᠪᠠᠶᠢᠭ᠎ᠠ ᠶᠠᠪᠤᠳᠠᠯ ᠪᠣᠯᠣᠨ᠎ᠠ᠃

     ᠲᠠᠪᠤᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠣᠯᠭᠠᠬᠤ᠄ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ ᠦᠨᠡᠮᠯᠡᠯ᠂

ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠤᠨ ᠦᠨᠡᠮᠯᠡᠯ᠂ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ ᠵᠡᠷᠭᠡ ︽ᠭᠤᠷᠪᠠᠨ

ᠦᠨᠡᠮᠯᠡᠯ ᠢ ᠨᠢᠭᠡᠳᠬᠡᠬᠦ︾ ᠳᠡᠩᠰᠡᠯᠡᠯᠲᠡ ᠶᠢᠨ ᠲᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠤ ᠰᠠᠭᠤᠷᠢᠨ ᠳᠡᠭᠡᠷ᠎ᠡ᠂ ᠨᠡᠶᠢᠭᠡᠮ ᠤᠨ

ᠳᠠᠭᠠᠳᠬᠠᠯ ᠤᠨ ᠳᠡᠩᠰᠡᠯᠡᠯᠲᠡ ᠶᠢᠨ ᠦᠨᠡᠮᠯᠡᠯ ᠪᠠ ᠲᠤᠭ᠎ᠠ ᠪᠦᠷᠢᠳᠬᠡᠯ ᠤᠨ ᠳᠡᠩᠰᠡᠯᠡᠯᠲᠡ ᠶᠢᠨ ᠦᠨᠡᠮᠯᠡᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠵᠠᠬ᠎ᠠ

ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡ ᠯᠡ ᠡᠵᠡᠩᠨᠡᠯᠲᠡ ᠶᠢᠨ ᠦᠨᠡᠮᠯᠡᠯ ᠢ ᠨᠢᠭᠡᠳᠦᠯᠲᠡᠶ ᠬᠢᠨᠠᠨ ᠣᠯᠭᠤᠵᠤ᠂ ᠨᠢᠭᠡ ᠯᠡ ᠨᠡᠶᠢᠭᠡᠮ ᠤᠨ

ᠢᠲᠡᠭᠡᠮᠵᠢ ᠶᠢᠨ ᠣᠷᠣᠯᠠᠯ ᠨᠣᠮᠧᠷ ᠬᠠᠳᠠᠬᠤ ᠶᠢ ᠬᠡᠯᠡᠵᠦ ᠪᠠᠶᠢᠨ᠎ᠠ᠃

     ᠬᠤᠶᠠᠷ ᠦᠨᠡᠮᠯᠡᠯ ᠢ ᠨᠢᠭᠡᠳᠬᠡᠬᠦ᠄ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠳᠠᠩᠰᠠᠯᠠᠭᠤᠯᠬᠤ ᠦᠶ᠎ᠡ ᠳᠤ᠂ ᠵᠠᠬ᠎ᠠ ᠳᠡᠯᠭᠡᠭᠦᠷ ᠤᠨ ᠬᠢᠨᠠᠨ

ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠣᠯᠭᠤᠬᠤ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠣᠯᠭᠤᠬᠤ

ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠶᠢᠨ ᠦᠨᠡᠮᠯᠡᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠶ ᠨᠡᠶᠢᠭᠡᠮ ᠤᠨ

ᠢᠲᠡᠭᠡᠮᠵᠢ ᠶᠢᠨ ᠳᠥᠯᠥᠭᠡᠨ ᠤ ᠨᠣᠮᠧᠷ ᠨᠡᠮᠡᠵᠦ ᠬᠠᠳᠠᠭᠰᠠᠨ ᠡᠵᠡᠩᠨᠡᠯᠲᠡ ᠶᠢᠨ ᠦᠨᠡᠮᠯᠡᠯ ᠬᠢᠨᠠᠨ ᠣᠯᠭᠤᠬᠤ ᠶᠢ ᠵᠢᠭᠠᠵᠤ ᠪᠠᠶᠢᠨ᠎ᠠ᠃

     3661 ᠢᠨᠵᠧᠨᠧᠷᠢᠭ᠄ 2020 ᠣᠨ ᠪᠣᠯᠬᠤ ᠳᠤ᠂ ᠪᠦᠬᠦ ᠬᠤᠳᠠ ᠶᠢᠨ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠶᠢᠨ ᠡᠷᠭᠢᠯᠲᠡ ᠶᠢᠨ ᠨᠣᠷᠮ᠎ᠠ᠂

ᠬᠤᠷᠰᠢᠬᠰᠡᠠ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ

ᠳᠤᠰ ᠭᠠᠵᠠᠷ ᠲᠤᠨᠢ ᠡᠳ᠋ᠰᠢᠭᠦᠯᠦᠨ ᠪᠤᠯᠪᠠᠰᠤᠷᠠᠭᠤᠯᠬᠤ ᠨᠤᠷᠮ᠎ᠠ ᠶᠢ ᠴᠥᠮ 60% ᠬᠥᠷᠭᠡᠵᠦ᠂ ᠲᠦᠭᠦᠭᠡᠷᠦᠮᠵᠢᠲᠦ ᠲᠠᠷᠢᠶᠠᠯᠠᠩ 100 ᠲᠦᠮᠡᠨ ᠮᠦ᠂ ᠴᠢᠨᠠᠷ

ᠰᠠᠶᠢᠲᠠᠢ ᠬᠦᠷᠡᠩ ᠴᠠᠷᠭᠠᠰᠤ 100 ᠲᠦᠮᠡᠨ ᠮᠥ᠂ ᠥᠨᠳᠥᠷ ᠪᠦᠲᠦᠮᠵᠢᠲᠡᠶ ᠡᠯᠪᠡᠭ ᠭᠠᠷᠤᠯᠲᠠ ᠲᠠᠢ ᠠᠵᠤ ᠠᠬᠤᠶ ᠶᠢᠨ ᠤᠢ 100 ᠲᠦᠮᠡᠨ ᠮᠦ ᠶᠢ ᠰᠢᠨ᠎ᠡ ᠪᠠᠷ

ᠨᠡᠮᠡᠭᠳᠡᠭᠦᠯᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 100 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠴᠢᠨᠠᠷ ᠰᠠᠶᠢᠲᠠᠶ ᠠᠯᠠᠰᠢᠨ ᠦᠬᠡᠷ

ᠠᠯᠠᠰᠢᠨ ᠬᠤᠨᠢᠨ ᠤ ᠭᠠᠷᠭᠠᠯᠲᠠ ᠶᠢ 1000 ᠲᠦᠮᠡᠨ ᠲᠣᠯᠣᠭᠠᠢ ᠪᠠᠶᠢᠯᠭᠠᠵᠤ᠂ ᠴᠢᠨᠠᠷ ᠰᠠᠶᠢᠲᠠᠶ ᠭᠠᠭ᠋ᠠᠶ ᠶᠢᠨ ᠭᠠᠷᠭᠠᠯᠲᠠ ᠶᠢ 1000 ᠲᠦᠮᠡᠨ ᠲᠣᠯᠣᠭᠠᠢ

ᠪᠠᠶᠢᠯᠭᠠᠨ᠎ᠠ᠃

     ᠣᠷᠣᠨ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭ᠎ᠠ᠄ ᠤᠤᠯ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂

ᠨᠢᠭᠡ ᠭᠠᠵᠠᠷ ᠣᠷᠣᠨ ᠤ ᠪᠡᠯᠡ ᠮᠥᠩᠭᠦ ᠪᠣᠯᠤᠨ ᠲᠥᠷᠥᠯ ᠵᠦᠢᠯ ᠢ ᠥᠭᠡᠷ᠎ᠡ ᠨᠢᠭᠡ ᠭᠠᠵᠠᠷ ᠣᠷᠣᠨ ᠳᠤ ᠠᠪᠠᠴᠢᠵᠤ ᠪᠦᠲᠦᠭᠡᠨ ᠪᠠᠶᠢᠭᠤᠯᠬᠤ ᠶᠢ ᠵᠢᠭᠠᠵᠤ ᠪᠠᠶᠢᠨ᠎ᠠ᠃

ᠲᠥᠯᠥᠪᠵᠢᠭᠦᠯᠬᠦ ᠂ ᠪᠦᠲᠦᠭᠡᠨ ᠪᠠᠶᠢᠭᠤᠯᠬᠤ᠂ ᠬᠠᠮᠢᠶᠠᠷᠬᠤ ᠬᠢᠭᠡᠳ ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠪᠠᠷ᠂ ᠬᠤᠶᠠᠷ

ᠭᠠᠵᠠᠷ ᠤᠨ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ‍ ᠨᠢᠭᠡ ᠵᠦᠢᠯ ᠤᠨ ᠣᠷᠣᠨ ᠪᠦᠰᠡ ᠶᠢᠨ ᠠᠵᠤ

ᠠᠬᠤᠶ ᠶᠢᠨ ᠬᠠᠮᠲᠤᠷᠠᠯᠴᠠᠭ᠎ᠠ ᠶᠢᠨ ᠵᠠᠭᠪᠤᠷ ᠢ ᠬᠡᠯᠡᠵᠦ ᠪᠠᠶᠢᠨ᠎ᠠ᠃

     ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠲᠠᠯᠪᠢᠬᠤ ᠪᠠ

ᠬᠠᠮᠢᠶᠠᠷᠬᠤ ᠶᠢ ᠤᠶᠠᠯᠳᠤᠭᠤᠯᠬᠤ᠂ ᠦᠶ᠋ᠯᠡᠴᠢᠯᠡᠭᠡ ᠶᠢ ᠰᠠᠶᠢᠵᠢᠷᠠᠭᠤᠯᠬᠤ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠶᠢᠨ ᠲᠤᠪᠴᠢᠯᠠᠯ ᠪᠣᠯᠣᠨ᠎ᠠ᠂ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠬᠥᠨᠵᠡᠭᠡᠶᠢᠷᠡᠯ ᠪᠣᠯᠣᠨ᠎ᠠ᠃

     PPP ᠵᠠᠭᠪᠤᠷ᠄ Public ︵ᠣᠯᠠᠨ ᠨᠡᠶᠢᠲᠡ ᠶᠢᠨ︶ -Private ︵ᠬᠤᠪᠢ ᠬᠥᠮᠥᠨ ᠤ︶ -Partnership ︵ᠬᠠᠮᠲᠤᠷᠠᠨ ᠠᠵᠢᠯᠯᠠᠬᠤ

ᠬᠠᠷᠢᠴᠠᠭ᠎ᠠ︶᠎ ᠤ ᠬᠤᠷᠢᠶᠠᠩᠭᠤᠶ ᠪᠢᠴᠢᠯᠭᠡ ᠪᠣᠯᠣᠨ᠎ᠠ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ

ᠦᠢᠯᠡᠴᠢᠯᠡᠭᠡᠨ ᠤ ᠬᠦᠷᠢᠶᠡᠨ ᠳᠤ ᠪᠠᠶᠢᠭᠤᠯᠤᠭᠰᠠᠨ ᠨᠢᠭᠡ ᠵᠦᠢᠯ ᠤᠨ ᠬᠠᠮᠲᠤᠷᠠᠨ ᠠᠵᠢᠯᠯᠠᠬᠤ ᠬᠠᠷᠢᠴᠠᠭ᠎ᠠ ᠪᠣᠯᠣᠨ᠎ᠠ᠃

     ᠪᠡᠯᠡ ᠬᠥᠷᠥᠩᠭᠡ ᠶᠢ ᠬᠤᠪᠢᠲᠤ ᠶᠢᠨ ᠲᠡᠮᠳᠡᠭ ᠪᠣᠯᠭᠠᠬᠤ᠄ ᠣᠨᠴᠠᠭᠠᠶ ᠡᠳ᠋ ᠭᠦᠷᠦᠩᠭᠡ ᠶᠢᠨ ᠬᠤᠷᠰᠢᠯ ᠪᠤᠶᠤ ᠣᠨᠴᠠᠭᠠᠶ ᠪᠡᠯᠡᠨ ᠵᠣᠭᠤᠰ ᠤᠨ ᠭᠦᠢᠯᠭᠡᠭᠡ ᠪᠠᠷ

ᠲᠦᠰᠢᠭ ᠪᠣᠯᠭᠠᠵᠤ᠂ ᠠᠷᠠᠯᠵᠢᠶᠠᠯᠠᠵᠤ ᠪᠣᠯᠬᠤ ᠬᠤᠪᠢᠲᠤ ᠶᠢᠨ ᠲᠡᠮᠳᠡᠭ ᠲᠠᠷᠬᠠᠭᠠᠬᠤ ᠨᠢᠭᠡ ᠵᠦᠢᠯ ᠤᠨ ᠪᠡᠯᠡ ᠬᠤᠷᠠᠮᠳᠤᠭᠤᠯᠬᠤ ᠶᠢᠨ ᠬᠡᠯᠪᠡᠷᠢ ᠶᠢ ᠵᠢᠭᠠᠵᠤ ᠪᠠᠶᠢᠨ᠎ᠠ᠃

     ᠵᠢᠭᠤᠯᠴᠢᠯᠠᠯ ᠤᠨ ᠬᠥᠭᠵᠢᠯᠲᠡ ᠶᠢᠨ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ᠄ ᠨᠢᠭᠡᠳᠦᠭᠡᠷ ᠠᠯᠬᠤᠮ ᠳᠤ᠂ 2017 — 2018

ᠣᠨ ᠪᠣᠯ ᠲᠥᠪᠯᠡᠷᠡᠭᠦᠯᠦᠨ ᠪᠦᠳᠦᠭᠡᠠ ᠪᠠᠶᠢᠭᠤᠯᠬᠤ ᠬᠤᠭᠤᠴᠠᠭ᠎ᠠ ᠪᠤᠯᠤᠨ᠎ᠠ᠃ ᠵᠢᠯ ᠪᠦᠷᠢ ᠵᠠᠰᠠᠭ ᠤᠨ ᠣᠷᠳᠣᠨ ᠢᠶᠠᠷ ᠭᠤᠤᠯᠯᠠᠭᠤᠯᠵᠤ 100 ᠳ᠋ᠦᠩᠰᠢᠭᠤᠷ

ᠲᠥᠭᠦᠷᠢᠭ ᠤᠨ ᠪᠡᠯᠡ ᠤᠷᠤᠭᠤᠯᠵᠤ᠂ ᠬᠤᠶᠠᠷ ᠵᠢᠯ ᠳᠤ ᠵᠢᠭᠤᠯᠴᠢᠯᠠᠯ ᠤᠨ ᠦᠢᠯᠡᠰ ᠤᠨ ᠶᠡᠷᠦᠩᠬᠡᠶ ᠪᠡᠯᠡ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠲᠤ

ᠬᠦᠷᠦᠭᠦᠯᠦᠨ᠎ᠡ᠃ ᠭᠤᠣᠯ ᠦᠵᠡᠮᠵᠢ ᠶᠢᠨ ᠣᠷᠣᠨ᠂ ᠵᠢᠭᠤᠯᠴᠢᠯᠠᠯ ᠤᠨ ᠵᠠᠰᠠᠮᠠᠯ ᠵᠠᠮ᠂ ᠣᠨᠴᠠᠯᠢᠭ ᠪᠦᠬᠦᠢ ᠵᠢᠵᠢᠭ ᠪᠠᠯᠭᠠᠰᠤ ᠪᠠ ᠵᠢᠭᠤᠯᠴᠢᠯᠠᠯ ᠤᠨ

ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ︽ᠪᠡᠭᠡᠵᠢᠩ ᠲᠢᠶᠠᠨᠵᠢᠨ ᠾᠧᠪᠸᠢ ᠶᠢᠨ

ᠲᠤᠭᠤᠷᠢᠨ ᠳᠠᠬᠢ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ ᠣᠷᠣᠨ︾ ᠪᠠ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠬᠤᠪᠢ ᠶᠢᠨ ᠮᠠᠰᠢᠨ

ᠲᠡᠷᠭᠡ ᠪᠠᠷ ᠵᠤᠭᠠᠴᠠᠬᠤ ᠨᠡᠷᠡᠲᠦ ᠤᠷᠤᠨ︾᠎ ᠢ ᠦᠨᠳᠦᠰᠦᠨ ᠳᠡᠭᠡᠨ ᠪᠠᠶᠢᠭᠤᠯᠤᠨ᠎ᠠ︔ ᠬᠤᠶᠠᠳᠤᠭᠠᠷ ᠠᠯᠬᠤᠮ ᠳᠤ᠂ 2019 — 2020 ᠣᠨ ᠪᠣᠯ

ᠲᠡᠭᠦᠯᠳᠡᠷᠵᠢᠭᠦᠯᠵᠦ ᠳᠡᠭᠡᠭᠰᠢᠯᠡᠭᠦᠯᠬᠦ ᠬᠤᠭᠤᠴᠠᠭ᠎ᠠ ᠪᠤᠯᠤᠨ᠎ᠠ᠃ ᠵᠢᠯ ᠪᠦᠷᠢ ᠵᠠᠰᠠᠭ ᠤᠨ ᠣᠷᠳᠣᠨ ᠢᠶᠠᠷ ᠭᠤᠣᠯᠯᠠᠭᠤᠯᠵᠤ 100 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠵᠤ᠂ ᠬᠤᠶᠠᠷ ᠵᠢᠯ ᠳᠤ ᠵᠢᠭᠤᠯᠴᠢᠯᠠᠯ ᠤᠨ ᠦᠢᠯᠡᠰ ᠤᠨ ᠶᠡᠷᠦᠩᠬᠡᠶ ᠪᠡᠯᠡ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃

ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠬᠢ ᠶᠢ ᠤᠯᠠᠮ ᠨᠢᠭᠡ ᠠᠯᠬᠤᠮ

ᠳᠡᠭᠡᠭᠰᠢᠯᠡᠭᠦᠯᠵᠦ᠂ ᠵᠢᠭᠤᠯᠴᠢᠯᠠᠯ ᠤᠨ ᠦᠵᠡᠮᠵᠢᠲᠦ ᠣᠷᠣᠨ ᠦᠵᠡᠮᠵᠢ ᠶᠢᠨ ᠭᠠᠵᠠᠷ ᠢ ᠤᠯᠠᠮ ᠰᠣᠳᠣᠵᠢᠭᠤᠯᠤᠨ᠎ᠠ᠃ 2020 ᠣᠨ ᠪᠣᠯᠬᠤ ᠲᠤ᠂ ᠵᠢᠯ ᠳᠤ

ᠵᠢᠭᠤᠯᠴᠢᠯᠠᠭᠴᠢ ᠶᠢ 2000 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠲᠤ ᠬᠦᠷᠭᠡᠵᠦ᠂

ᠬᠦᠯᠢᠶᠡᠨ ᠠᠪᠬᠤ ᠬᠥᠮᠦᠨ ᠤᠳᠠᠭ᠎ᠠ ᠪᠠ ᠵᠢᠭᠤᠯᠴᠢᠯᠠᠯ ᠤᠨ ᠣᠷᠣᠯᠭ᠎ᠠ ᠶᠢ 2015 ᠣᠨ ᠤ ᠬᠢ ᠠᠴᠠ ᠳᠠᠬᠢᠨ ᠢᠶᠠᠷ ᠨᠡᠮᠡᠭᠳᠡᠭᠦᠯᠵᠦ᠂ ᠪᠡᠭᠡᠵᠢᠩ ᠲᠢᠶᠠᠨᠵᠢᠨ

ᠾᠧᠪᠸᠢ ᠶᠢᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ᠂ ᠤᠯᠤᠰ ᠤᠨ ᠣᠨᠴᠠᠯᠢᠭ ᠪᠦᠬᠦᠢ ᠰᠣᠶᠣᠯ ᠤᠨ ᠵᠢᠭᠤᠯᠴᠢᠯᠠᠯ ᠤᠨ ᠪᠠ ᠠᠮᠢ ᠠᠬᠤᠶ ᠶᠢᠨ

ᠰᠡᠯᠡᠭᠦᠴᠡᠨ ᠠᠮᠠᠷᠠᠬᠤ ᠰᠠᠭᠤᠷᠢᠨ ᠭᠠᠵᠠᠷ ᠪᠤᠯᠠᠭᠠᠨ ᠪᠠᠶᠢᠭᠤᠯᠵᠤ᠂ ᠪᠦᠭᠦ ᠣᠷᠣᠨ ᠪᠦᠰᠡ ᠶᠢᠨ ᠵᠢᠭᠤᠯᠴᠢᠯᠠᠯ ᠤᠨ ᠪᠠᠶᠢᠷᠢᠰᠢᠯ ᠢ ᠪᠤᠢ ᠪᠣᠯᠭᠠᠵᠤ᠂ ᠳᠤᠮᠳᠠᠳᠤ

ᠤᠯᠤᠰ ᠤᠨ ᠵᠢᠭᠤᠯᠴᠢᠯᠠᠯ ᠤᠨ ᠬᠦᠴᠦᠷᠬᠡᠭ ᠬᠤᠲᠠ ᠶᠢ ᠪᠠᠶᠢᠭᠤᠯᠤᠨ᠎ᠠ︔ ᠭᠤᠷᠪᠠᠳᠤᠭᠠᠷ ᠠᠯᠬᠤᠮ ᠳᠤ᠂ 2021 — 2025 ᠣᠨ ᠪᠣᠯ ᠴᠢᠨᠠᠷ ᠴᠢᠨᠰᠠᠭ᠎ᠠ ᠶᠢ

ᠳᠡᠭᠡᠭᠰᠢᠯᠡᠭᠦᠯᠬᠦ ᠬᠤᠭᠤᠴᠠᠭ᠎ᠠ ᠪᠤᠯᠤᠨ᠎ᠠ᠃ ᠤᠯᠠᠨ ᠤᠯᠤᠰ ᠤᠨ ᠴᠢᠨᠠᠷᠲᠠᠶ ᠪᠠᠷᠢᠮᠵᠢᠶ᠎ᠠ ᠶᠣᠰᠣᠭᠠᠷ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠯᠠᠭᠠᠨᠬᠠᠳᠠ ᠶᠢᠨ

ᠵᠢᠭᠤᠯᠴᠢᠯᠠᠯ ᠤᠨ ᠳᠦᠷᠦᠯ ᠳᠡᠮᠳᠡᠭ ᠢ ᠪᠤᠢ ᠪᠤᠯᠭᠠᠨ᠎ᠠ᠃ 2025 ᠣᠨ ᠪᠣᠯᠬᠤ ᠳᠤ᠂ ᠵᠢᠯ ᠳᠤ ᠵᠢᠭᠤᠯᠴᠢᠯᠠᠭᠴᠢ ᠶᠢ 4000 ᠲᠦᠮᠡᠨ ᠬᠥᠮᠦᠨ ᠤᠳᠠᠭ᠎ᠠ

ᠬᠦᠯᠢᠶᠡᠨ ᠠᠪᠴᠤ᠂ ᠡᠭᠦᠨ ᠤ ᠳᠣᠲᠣᠷ᠎ᠠ ᠬᠢᠯᠢ ᠶᠢᠨ ᠭᠠᠳᠠᠨᠠᠬᠢ ᠵᠢᠭᠤᠯᠴᠢᠯᠠᠭᠴᠢᠳ ᠢ 200 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ

ᠣᠷᠣᠯᠭ᠎ᠠ ᠶᠢ 1000 ᠳ᠋ᠦᠩᠰᠢᠭᠤᠷ ᠲᠥᠭᠦᠷᠢᠭ ᠲᠤ ᠬᠦᠷᠭᠡᠵᠦ᠂ ᠬᠦᠯᠢᠶᠡᠨ ᠠᠪᠬᠤ ᠬᠥᠮᠦᠨ ᠤᠳᠠᠭ᠎ᠠ ᠪᠠ ᠵᠢᠭᠤᠯᠴᠢᠯᠠᠯ ᠤᠨ ᠣᠷᠣᠯᠭ᠎ᠠ ᠶᠢ ᠴᠥᠮ 2020

ᠣᠨ ᠳᠤ ᠬᠢ ᠠᠴᠠ ᠳᠠᠬᠢᠨ ᠢᠶᠠᠷ ᠨᠡᠮᠡᠭᠳᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠦᠲᠦᠴᠡ ᠶᠢᠨ ᠳᠡᠯᠡᠬᠡᠶᠢᠵᠢᠯᠲᠡ ᠶᠢ ᠪᠡᠶᠡᠯᠡᠭᠦᠯᠵᠦ᠂ ᠳᠡᠯᠡᠬᠡᠶ ᠶᠢᠨ

ᠵᠢᠭᠤᠯᠴᠢᠯᠠᠯ ᠤᠨ ᠵᠤᠷᠢᠯᠲᠠ ᠭᠠᠵᠠᠷ ᠪᠤᠯᠭᠠᠨ᠎ᠠ᠃

     ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ IPO ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ᠄ ᠳᠠᠩᠰᠠᠯᠠᠭᠤᠯᠤᠭᠰᠠᠨ ᠭᠠᠵᠠᠷ ᠪᠠ ᠦᠢᠯᠡᠳᠪᠦᠷᠢᠯᠡᠯ ᠤᠨ

ᠭᠤᠣᠯ ᠡᠵᠡᠩᠨᠡᠯᠲᠡ ᠶᠢᠨ ᠭᠠᠵᠠᠷ ᠨᠢ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠪᠠᠶᠢᠬᠤ ᠮᠥᠷᠲᠡᠭᠡᠨ ᠪᠦᠬᠦᠯᠢ ᠭᠤᠷᠪᠠᠨ ᠵᠢᠯ ᠦᠢᠯᠡᠳᠪᠦᠷᠢᠯᠡᠯ ᠡᠵᠡᠩᠨᠡᠯᠲᠡ

ᠬᠢᠭᠰᠡᠨ᠂ ᠪᠦᠬᠦᠯᠢ ᠭᠤᠷᠪᠠᠨ ᠵᠢᠯ ᠠᠰᠢᠭ ᠣᠷᠣᠯᠭ᠎ᠠ ᠶᠢᠨ ᠭᠠᠶᠢᠯᠢ ᠲᠤᠰᠢᠶᠠᠭᠰᠠᠨ ᠠᠵᠤ ᠠᠬᠤᠶᠢᠯᠠᠯ ᠪᠤᠶᠤ ᠳᠠᠩᠰᠠᠯᠠᠭᠤᠯᠤᠭᠰᠠᠨ ᠭᠠᠵᠠᠷ ᠨᠢ ᠶᠠᠳᠠᠭᠤ

ᠬᠦᠴᠢᠷᠳᠡᠯᠲᠡᠶ ᠭᠠᠵᠠᠷ ᠣᠷᠣᠨ ᠳᠤ ᠪᠠᠶᠢᠵᠤ᠂ ᠤᠢᠢᠷ᠎ᠠ ᠶᠢᠨ ᠨᠢᠭᠡ ᠵᠢᠯ ᠤᠨ ᠳᠣᠲᠣᠷ᠎ᠠ ᠶᠠᠳᠠᠭᠤ ᠵᠦᠳᠡᠭᠦᠦ ᠭᠠᠵᠠᠷ ᠣᠷᠣᠨ ᠳᠤ ᠲᠤᠰᠢᠶᠠᠭᠰᠠᠨ ᠠᠰᠢᠭ

ᠣᠷᠣᠯᠭ᠎ᠠ ᠶᠢᠨ ᠭᠠᠶᠢᠯᠢ ᠨᠢ 2000 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠰᠲ᠋ᠣᠺ ᠤᠨ ᠵᠠᠬ᠎ᠠ ᠳᠤ ᠭᠠᠷᠤᠭᠰᠠᠨ ᠭᠤᠷᠪᠠᠨ ᠵᠢᠯ ᠤᠨ ᠳᠣᠲᠣᠷ᠎ᠠ

ᠳᠠᠩᠰᠠᠯᠠᠭᠤᠯᠤᠭᠰᠠᠨ ᠭᠠᠵᠠᠷ ᠢᠶᠠᠨ ᠬᠤᠪᠢᠷᠠᠭᠤᠯᠬᠤ ᠤᠢᠭᠡᠢ ᠬᠡᠵᠦ ᠠᠮᠠᠯᠠᠯᠲᠠ ᠬᠢᠭᠰᠡᠨ ᠠᠵᠤ ᠠᠬᠤᠶᠢᠯᠠᠯ ᠠᠩᠬ᠎ᠠ ᠤᠳᠠᠭ᠎ᠠ ᠢᠯᠡ ᠪᠠᠷ ᠰᠲ᠋ᠣᠺ ᠲᠠᠷᠬᠠᠭᠠᠬᠤ ᠪᠥᠭᠡᠳ

ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠭᠰᠠᠨ ᠪᠠᠶᠢᠪᠠᠯ ᠬᠢᠨᠠᠨ ᠵᠥᠪᠰᠢᠶᠡᠷᠡᠬᠦ ᠳᠤ ︽ᠮᠡᠳᠡᠭᠦᠯᠦᠭᠰᠡᠨ ᠳᠠᠷᠤᠢ ᠬᠢᠨᠠᠵᠤ᠂ ᠬᠢᠨᠠᠯᠲᠠ ᠶᠢ ᠥᠩᠭᠡᠷᠡᠭᠡᠪᠡᠯ ᠳᠠᠷᠤᠢ

ᠲᠠᠷᠬᠠᠭᠠᠬᠤ︾ ᠲᠦᠷᠦ ᠶᠢᠨ ᠪᠤᠳᠤᠯᠭ᠎ᠠ ᠶᠢ ᠬᠡᠷᠡᠭᠯᠡᠨ᠎ᠡ᠃

     ᠰᠢᠲᠠᠮᠠᠬᠠᠶ ᠬᠡᠢ ᠲᠥᠭᠡᠮᠡᠯᠵᠢᠭᠰᠡᠨ ᠤᠯᠠᠭᠠᠨᠬᠠᠳᠠ᠄ ᠰᠢᠲᠠᠮᠠᠬᠠᠶ ᠭᠡᠢ ᠶᠢᠨ ᠣᠯᠠᠨ ᠢᠷᠡᠯᠲᠡ ᠶᠢ ᠪᠠᠲᠤᠯᠠᠬᠤ᠂ ᠪᠦᠬᠦ ᠬᠤᠳᠠ ᠶᠢᠨ ᠬᠤᠳᠠ ᠬᠥᠳᠡᠭᠡ ᠶᠢ

ᠬᠠᠮᠤᠷᠤᠭᠰᠠᠨ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠲᠣᠣᠷ ᠢ ᠪᠠᠶᠢᠭᠤᠯᠵᠤ᠂ ᠬᠤᠳᠠ ᠬᠥᠳᠡᠭᠡ ᠳᠤ ᠲᠣᠭᠲᠠᠪᠤᠷᠢᠲᠠᠢ ᠨᠠᠶᠢᠳᠠᠪᠤᠷᠢᠲᠠᠶ ᠪᠠᠷ

ᠰᠢᠲᠠᠮᠠᠬᠠᠶ ᠬᠡᠢ ᠬᠠᠩᠭᠠᠬᠤ ᠶᠢ ᠪᠠᠲᠤᠯᠠᠵᠤ᠂ ᠬᠤᠲᠠ ᠶᠢᠨ ᠰᠢᠲᠠᠮᠠᠬᠠᠶ ᠬᠡᠢ ᠶᠢᠨ ᠬᠠᠩᠭᠠᠯᠭ᠎ᠠ ᠶᠢᠨ ᠰᠢᠰᠲ᠋ᠧᠮ ᠢ ᠦᠨᠳᠦᠰᠦ ᠠᠴᠠ ᠨᠢ ᠰᠠᠶᠢᠵᠢᠷᠠᠭᠤᠯᠵᠤ᠂ ᠰᠠᠭᠤᠭᠠᠯᠢ

ᠠᠷᠠᠳ ᠤᠨ ᠠᠮᠢᠳᠤᠷᠠᠯ ᠳᠤ ᠬᠡᠷᠡᠭᠯᠡᠬᠦ ᠰᠢᠲᠠᠮᠠᠬᠠᠶ ᠬᠡᠢ ᠪᠠ ᠡᠯ᠎ᠡ ᠲᠦᠷᠦᠯ ᠤᠨ ᠠᠵᠤ ᠦᠢᠯᠡᠳᠪᠦᠷᠢ ᠬᠢᠭᠡᠳ ᠨᠡᠶᠢᠲᠡ ᠶᠢᠨ ᠬᠡᠷᠡᠭᠯᠡᠭᠡᠨ ᠤ ᠰᠢᠲᠠᠮᠠᠬᠠᠶ ᠬᠡᠢ ᠶᠢᠨ

ᠬᠡᠷᠡᠭᠴᠡᠭᠡ ᠶᠢ ᠪᠠᠲᠤᠯᠠᠵᠤ᠂ ᠰᠢᠲᠠᠮᠠᠬᠠᠶ ᠬᠡᠢ ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠤᠨ᠎ᠠ᠃

     ᠭᠤᠷᠪᠠᠨ ᠠᠭᠤᠯᠠ ᠬᠤᠶᠠᠷ ᠬᠦᠷᠢᠶᠡᠯᠡᠩ᠄ ᠬᠤᠩᠱᠠᠨ ᠤᠯᠤᠰ ᠤᠨ ᠤᠢ ᠰᠢᠭᠤᠶ ᠶᠢᠨ ᠴᠡᠴᠡᠷᠯᠢᠭ᠂ ᠡᠮᠦᠨ᠎ᠡ ᠠᠭᠤᠯᠠ ᠶᠢᠨ ᠠᠮᠢ ᠠᠬᠤᠶ ᠶᠢᠨ ᠬᠦᠷᠢᠶᠡᠯᠡᠩ᠂

ᠪᠠᠷᠠᠭᠤᠨ ᠠᠭᠤᠯᠠ ᠶᠢᠨ ᠠᠮᠢ ᠠᠬᠤᠶ ᠶᠢᠨ ᠬᠦᠷᠢᠶᠡᠯᠡᠩ᠂ ᠬᠥᠭᠦᠷᠭᠡ ᠶᠢᠨ ᠬᠤᠶᠢᠨᠠᠬᠢ ᠨᠠᠷᠠᠰᠤᠨ ᠬᠦᠷᠢᠶᠡᠯᠡᠩ᠂ ᠬᠠᠶᠢᠯᠠᠷ ᠨᠠᠷᠠᠰᠤᠨ ᠬᠦᠷᠢᠶᠡᠯᠡᠩ ᠃

     ᠤᠯᠠᠭᠠᠨᠬᠠᠳᠠ ᠬᠤᠲᠠ ᠲᠣᠭᠤᠷᠢᠭ ᠤᠨ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠩᠭᠢᠯ᠄ ᠳᠠᠷᠤᠢ ︽ᠨᠢᠭᠡ ᠲᠣᠭᠤᠷᠢᠭ ᠳᠦᠷᠪᠡᠨ

ᠬᠦᠷᠢᠶᠡᠯᠡᠩ︾᠎ ᠢ ᠵᠢᠭᠠᠵᠤ ᠪᠠᠶᠢᠨ᠎ᠠ᠂ ᠨᠢᠭᠡ ᠲᠤᠭᠤᠷᠢᠭ ᠨᠢ ᠤᠯᠠᠭᠠᠨᠬᠠᠳᠠ ᠶᠢᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠢ ᠵᠢᠭᠠᠵᠤ ᠪᠠᠶᠢᠨ᠎ᠠ᠂ ᠳᠦᠷᠪᠡᠨ

ᠭᠦᠷᠢᠶᠡᠯᠡᠩ ᠨᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠶᠤᠸᠠᠨ ᠪᠦᠦ ᠱᠠᠨ ᠤ ᠠᠵᠤ ᠦᠢᠯᠡᠳᠪᠦᠷᠢ ᠶᠢᠨ

ᠬᠦᠷᠢᠶᠡᠯᠡᠩ᠂ ᠠᠩᠴᠢᠨ ᠳᠠᠬᠢ ᠠᠵᠤ ᠦᠢᠯᠡᠳᠪᠦᠷᠢ ᠶᠢᠨ ᠬᠦᠷᠢᠶᠡᠯᠡᠩ᠂ ᠮᠠᠯᠢᠨ ᠳᠠᠬᠢ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠦᠷᠢᠶᠡᠯᠡᠩ ᠢ ᠵᠢᠭᠠᠵᠤ

ᠪᠠᠶᠢᠨ᠎ᠠ᠃

     ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ᠄ ᠬᠢᠨᠠᠨ ᠬᠠᠮᠢᠶᠠᠷᠬᠤ ᠶᠠᠪᠤᠴᠠ ᠳᠠᠭᠠᠨ ᠪᠠᠶᠢᠴᠠᠭᠠᠬᠤ ᠡᠲᠡᠭᠡᠳ ᠢᠶᠠᠨ ᠰᠤᠭᠤᠴᠢᠨ ᠰᠤᠩᠭᠤᠵᠤ᠂ ᠬᠠᠤᠯᠢ

ᠬᠡᠷᠡᠭᠵᠢᠭᠦᠯᠬᠦ ᠪᠠᠶᠢᠴᠠᠭᠠᠭᠴᠢ ᠪᠠᠨ ᠰᠣᠭᠤᠴᠢᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶ᠋ᠳᠪᠦᠷᠢᠯᠡᠭᠰᠡᠨ ᠦᠷ᠎ᠡ ᠳ᠋ᠦᠩ ᠢᠶᠠᠨ ᠴᠠᠭ

ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠶᠢ ᠵᠢᠭᠠᠵᠤ ᠪᠠᠶᠢᠨ᠎ᠠ᠃

     ᠶᠠᠳᠠᠭᠤ ᠶᠢ ᠲᠡᠳᠬᠦᠵᠦ ᠪᠤᠭᠤᠮᠲᠠ ᠰᠢᠪᠲᠤᠯᠬᠤ ︽N+1︾ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ᠄ ︽1︾᠎ ᠨᠢ ᠶᠠᠳᠠᠭᠤ ᠶᠢ ᠲᠡᠳᠬᠦᠵᠦ ᠪᠣᠭᠤᠮᠲᠠ

ᠰᠢᠪᠳᠤᠯᠬᠤ ᠶᠢ ᠠᠬᠢᠭᠤᠯᠬᠤ ᠨᠢᠭᠡ ᠰᠢᠢᠳᠪᠦᠷᠢ ᠪᠣᠶᠤ ᠰᠠᠨᠠᠯ ᠲᠤᠭᠳᠠᠭᠠᠬᠤ ᠂ ︽N︾᠎ ᠨᠢ ᠬᠤᠯᠪᠣᠭᠳᠠᠯ ᠪᠦᠬᠦᠢ ᠲᠦᠭᠦᠷ ᠲᠦᠷᠦ ᠶᠢᠨ ᠪᠤᠳᠤᠯᠭ᠎ᠠ

ᠲᠤᠭᠳᠠᠭᠠᠬᠤ ᠶᠢ ᠵᠢᠭᠠᠵᠤ ᠪᠠᠶᠢᠨ᠎ᠠ

     ᠳᠠᠶᠠᠭᠠᠷ ᠡᠭᠦᠳᠬᠦ ᠣᠷᠣᠨ ᠵᠠᠶ᠄ ᠦᠢᠯᠡᠰ ᠴᠣᠭᠴᠠᠯᠠᠭᠴᠢ ᠪᠠ ᠪᠡᠯᠡ ᠣᠷᠣᠭᠤᠯᠤᠭᠴᠢ ᠳᠤ ᠬᠠᠨᠳᠤᠭᠤᠯᠤᠭᠰᠠᠨ ᠰᠢᠨ᠎ᠡ ᠶᠢ ᠡᠭᠦᠳᠴᠦ ᠠᠳᠠᠯ ᠦᠢᠯᠡᠰ

ᠴᠣᠭᠴᠠᠯᠠᠬᠤ ᠨᠡᠶᠢᠭᠡᠮ ᠤᠨ ᠬᠠᠷᠢᠯᠴᠠᠭᠠᠨ ᠤ ᠲᠠᠪᠴᠠᠩ ᠪᠣᠯᠣᠨ᠎ᠠ᠃ ᠦᠢᠯᠡᠰ ᠴᠣᠭᠴᠠᠯᠠᠭᠴᠢ ᠶᠢ ᠬᠠᠪᠰᠤᠷᠤᠨ ᠲᠠᠯᠠᠪᠤᠷ᠂ ᠴᠢᠳᠠᠪᠣᠷᠢᠲᠠᠨ᠂ ᠮᠡᠷᠭᠡᠵᠢᠯ᠂ ᠪᠡᠯᠡ

ᠮᠥᠩᠭᠦ᠂ ᠲᠥᠷᠥᠯ ᠵᠦᠢᠯ᠂ ᠪᠡᠯᠡ ᠲᠣᠬᠢᠷᠠᠭᠤᠯᠬᠤ᠂ ᠦᠢᠯᠡᠴᠢᠯᠡᠭᠡ ᠬᠠᠩᠭᠠᠬᠤ ᠵᠡᠷᠭᠡ ᠨᠢᠭᠡ ᠯᠡ ᠥᠷᠲᠡᠭᠡᠨ ᠤ ᠮᠠᠶ᠋ᠢᠭ ᠤᠨ ᠠᠳᠠᠯ ᠦᠢᠯᠡᠰ ᠴᠣᠭᠴᠠᠯᠠᠬᠤ

ᠦᠢᠯᠡᠴᠢᠯᠡᠭᠡ ᠬᠠᠩᠭᠠᠬᠤ ᠶᠢ ᠵᠢᠭᠠᠵᠤ ᠪᠠᠶᠢᠨ᠎ᠠ᠃

     ᠨᠢᠭᠡ ᠬᠡᠷᠡᠭ ᠲᠤ ᠬᠤᠶᠠᠷ ᠢ ᠪᠠᠶᠢᠴᠠᠭᠠᠬᠤ᠄ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠨᠡᠬᠡᠮᠵᠢᠯᠡᠬᠦ ᠮᠥᠷᠲᠡᠭᠡᠨ ᠪᠠᠰᠠ ᠭᠡᠳᠡᠷᠭᠦ ᠪᠠᠶᠢᠴᠠᠭᠠᠵᠤ ᠬᠠᠮᠢᠶ᠎ᠠ

ᠪᠥᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠶᠢ ᠵᠢᠭᠠᠵᠤ ᠪᠠᠶᠢᠨ᠎ᠠ᠃

     ᠵᠢᠷᠭᠤᠭᠠᠨ ᠰᠤᠷᠲᠠᠬᠤᠨ ᠤ ᠰᠣᠶᠣᠯ᠄ ᠠᠯᠪᠠᠨ ᠲᠤᠰᠢᠶᠠᠯᠲᠠᠳ ᠤᠨ ᠰᠤᠷᠲᠠᠬᠤᠨ ᠪᠣᠳᠠᠲᠠᠢ ᠶᠢ ᠡᠷᠬᠢᠮᠯᠡᠬᠦ᠂ ᠠᠷᠠᠳ ᠢᠷᠭᠡᠳ ᠤᠨ ᠰᠤᠷᠲᠠᠬᠤᠨ ᠶᠣᠰᠣᠷᠬᠠᠭ ᠢ

ᠡᠷᠬᠢᠮᠯᠡᠬᠦ᠂ ᠠᠷᠠᠯᠵᠢᠶᠠᠴᠢᠨ ᠬᠤᠳᠠᠯᠳᠤᠭᠠᠴᠢᠳ ᠤᠨ ᠰᠤᠷᠲᠠᠬᠤᠨ ᠢᠲᠡᠭᠡᠯ ᠢ ᠡᠷᠬᠢᠮᠯᠡᠬᠦ᠂ ᠠᠵᠢᠯ ᠭᠦᠢᠴᠡᠳᠭᠡᠭᠴᠢᠳ ᠤᠨ ᠰᠤᠷᠲᠠᠬᠤᠨ ᠮᠡᠷᠭᠡᠵᠢᠬᠦ ᠶᠢ ᠡᠷᠬᠢᠮᠯᠡᠬᠦ᠂

ᠠᠶᠢᠯ ᠪᠦᠯᠢ ᠶᠢᠨ ᠰᠤᠷᠲᠠᠬᠤᠨ ᠨᠠᠶᠢᠷᠠᠮᠳᠠᠭᠤ ᠶᠢ ᠡᠷᠬᠢᠮᠯᠡᠬᠦ᠂ ᠠᠭᠤᠰᠬᠠᠨ ᠰᠤᠷᠤᠯᠴᠠᠭᠴᠢ ᠶᠢᠨ ᠰᠤᠷᠲᠠᠬᠤᠨ ᠮᠡᠳᠡᠯᠭᠡ ᠶᠢ ᠡᠷᠬᠢᠮᠯᠡᠬᠦ ᠶᠣᠰᠣ ᠰᠣᠷᠲᠠᠬᠤᠨ ᠤ

ᠰᠣᠶᠣᠯ ᠢ ᠵᠢᠭᠠᠵᠤ ᠪᠠᠶᠢᠨ᠎ᠠ᠃

ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠬᠤ ᠠᠷᠪᠠᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ

     1. ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ

᠃ 9.1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠤᠷᠤᠭᠤᠯᠵᠤ᠂ ᠪᠥᠬᠦ ᠬᠤᠲᠠ ᠶᠢᠨ ᠲᠠᠷᠢᠶᠠᠯᠠᠬᠤ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ

ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ᠂ ᠭᠤᠣᠯ ᠬᠤᠳᠠ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ 2

ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠢᠵᠦ᠂ ᠲᠠᠷᠢᠶᠠᠯᠠᠬᠤ ᠮᠠᠯᠵᠢᠬᠤ ᠣᠷᠣᠨ ᠳᠤ 16.4 ᠲᠦᠮᠡᠨ ᠲᠡᠭᠰᠢ ᠳᠥᠷᠪᠡᠯᠵᠢᠨ ᠮᠧᠲᠷ

ᠰᠤᠷᠤᠭᠴᠢ ᠶᠢᠨ ᠪᠠᠶᠢᠷᠢ᠂ 171.1 ᠲᠦᠮᠡᠨ ᠲᠡᠭᠰᠢ ᠳᠥᠷᠪᠡᠯᠵᠢᠨ ᠮᠧᠲᠷ ᠪᠡᠶ᠎ᠡ ᠶᠢᠨ ᠲᠠᠮᠢᠷ ᠤᠨ ᠲᠠᠯᠠᠪᠤᠷ ᠢ ᠰᠢᠨ᠎ᠡ ᠪᠠᠷ ᠪᠠᠶᠢᠭᠤᠯᠬᠤ ᠪᠣᠶᠤ ᠥᠭᠡᠷᠡᠴᠢᠯᠡᠨ

ᠥᠷᠭᠡᠳᠬᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠡᠷᠬᠢᠯᠡᠬᠦ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠤᠨ᠎ᠠ᠃ ᠭᠤᠣᠯ ᠬᠤᠳᠠ

ᠲᠣᠭᠤᠷᠢᠭ ᠲᠤ 7 ᠬᠡᠦᠬᠡᠳ ᠤᠨ ᠴᠡᠴᠡᠷᠯᠢᠭ᠂ 6 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠴᠡᠴᠡᠷᠯᠢᠭ ᠲᠤ ᠣᠷᠣᠬᠤ ᠴᠢᠳᠠᠪᠤᠷᠢ ᠶᠢ 2886

ᠬᠥᠮᠦᠨ᠂ ᠰᠤᠷᠭᠠᠭᠤᠯᠢ ᠳᠤ ᠣᠷᠣᠬᠤ ᠴᠢᠳᠠᠪᠤᠷᠢ ᠶᠢ 10500 ᠬᠥᠮᠦᠨ ᠢᠶᠠᠷ ᠰᠢᠨ᠎ᠡ ᠪᠠᠷ ᠨᠡᠮᠡᠭᠳᠡᠭᠦᠯᠵᠦ᠂ ᠭᠤᠣᠯ ᠬᠤᠳᠠ ᠲᠣᠭᠤᠷᠢᠭ ᠤᠨ ᠬᠡᠦᠬᠡᠳ ᠤᠨ

ᠴᠡᠴᠡᠷᠯᠢᠭ ᠲᠤ ᠣᠷᠣᠬᠤ᠂ ᠰᠤᠷᠭᠠᠭᠤᠯᠢ ᠳᠤ ᠣᠷᠣᠬᠤ ᠳᠤ ᠬᠦᠴᠢᠷᠲᠠᠢ ᠪᠠᠶᠢᠭ᠎ᠠ ᠶᠠᠪᠤᠳᠠᠯ ᠢ ᠪᠦᠲᠦᠮᠵᠢᠲᠡᠶ ᠨᠠᠮᠳᠠᠭᠤᠯᠤᠨ᠎ᠠ᠃

     2. ᠪᠥᠬᠦ ᠬᠤᠲᠠ ᠶᠢᠨ ᠭᠠᠴᠠᠭ᠎ᠠ ᠲᠣᠰᠬᠤᠨ ᠳᠤ ᠲᠧᠯᠸᠢᠰ ᠰᠦᠯᠵᠢᠶ᠎ᠡ ᠨᠡᠪᠲᠡᠷᠡᠬᠦ ᠢᠨᠵᠧᠨᠧᠷᠢᠩ᠃ 11 ᠳ᠋ᠦᠩᠰᠢᠭᠤᠷ ᠲᠥᠭᠦᠷᠢᠭ ᠤᠨ ᠪᠡᠯᠡ ᠮᠥᠩᠭᠦ

ᠤᠷᠤᠭᠤᠯᠵᠤ᠂ 2018 ᠣᠨ ᠤ ᠡᠴᠦᠰ ᠢᠶᠠᠷ᠂ 12 ᠬᠤᠰᠢᠭᠤ ᠰᠢᠶᠠᠨ ᠲᠣᠭᠤᠷᠢᠭ᠂ 140 ᠰᠤᠮᠤ ᠰᠢᠶᠠᠩ ᠪᠠᠯᠭᠠᠰᠤ᠂ 2064 ᠭᠠᠴᠠᠭ᠎ᠠ ᠲᠣᠰᠬᠤᠨ᠂ 89

ᠲᠦᠮᠡᠨ ᠪᠠᠶᠢᠩᠭᠤ ᠰᠠᠭᠤᠭ᠎ᠠ ᠲᠠᠷᠢᠶᠠᠯᠠᠬᠤ ᠮᠠᠯᠵᠢᠬᠤ ᠡᠷᠦᠬᠡ ᠳᠤ ᠲᠧᠯᠸᠢᠰ ᠰᠦᠯᠵᠢᠶ᠎ᠡ ᠪᠦᠷᠢᠨ ᠨᠡᠪᠲᠡᠷᠡᠭᠦᠯᠦᠨ᠎ᠡ᠃

     3. ᠪᠥᠬᠦ ᠬᠤᠲᠠ ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠴᠠᠷᠳᠠᠮᠠᠯ ᠵᠠᠮ ᠢ ᠪᠦᠬᠦ ᠲᠠᠯ᠎ᠠ ᠪᠠᠷ ᠨᠡᠪᠲᠡᠷᠡᠭᠦᠯᠬᠦ ᠢᠨᠵᠧᠨᠧᠷᠢᠩ᠃ 7.1

ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠤᠷᠤᠭᠤᠯᠵᠤ᠂ 730 ᠺᠢᠯᠣᠮᠧᠲᠷ ᠴᠠᠷᠳᠠᠮᠠᠯ ᠵᠠᠮ ᠢ ᠰᠢᠨ᠎ᠡ ᠪᠠᠷ ᠪᠠᠶᠢᠭᠤᠯᠵᠤ᠂ 73 ᠭᠠᠴᠠᠭ᠎ᠠ ᠲᠣᠰᠬᠤᠨ ᠢ

ᠬᠠᠮᠤᠷᠴᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠪᠣᠯᠭᠠᠨ ᠳᠤ ᠴᠠᠷᠳᠠᠮᠠᠯ ᠵᠠᠮ ᠨᠡᠪᠲᠡᠷᠡᠬᠦ ᠶᠢ ᠪᠡᠶᠡᠯᠡᠭᠦᠯᠦᠨ᠎ᠡ᠃

     4. ᠰᠢᠲᠠᠮᠠᠬᠠᠶ ᠬᠡᠢ ᠲᠦᠭᠡᠮᠡᠯᠵᠢᠭᠦᠯᠬᠦ ︵ᠴᠤᠤᠶᠠᠩ — ᠤᠯᠠᠭᠠᠨᠬᠠᠳᠠ︶ ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ

ᠢᠨᠵᠧᠨᠧᠷᠢᠩ᠃ 10.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 180 ᠺᠢᠯᠣᠮᠧᠲᠷ ᠳᠠᠮᠵᠢᠭᠤᠯᠬᠤ ᠬᠤᠭᠤᠯᠠᠶ ᠤᠭᠰᠠᠷᠠᠨ ᠬᠤᠯᠪᠣᠵᠤ᠂

ᠵᠢᠯ ᠤᠨ ᠰᠢᠲᠠᠮᠠᠬᠠᠢ ᠬᠡᠢ ᠳᠠᠮᠵᠢᠭᠤᠯᠬᠤ ᠴᠢᠳᠠᠪᠤᠷᠢ ᠶᠢ 10 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠭᠡᠨ᠎ᠡ᠃ ᠠᠰᠢᠭᠯᠠᠯᠲᠠ ᠳᠤ ᠣᠷᠣᠭᠤᠯᠤᠭᠰᠠᠨ ᠤ

ᠬᠤᠶᠢᠨ᠎ᠠ᠂ ᠥᠷᠭᠡᠨ ᠤᠯᠠᠨ ᠰᠠᠭᠤᠭᠠᠯᠢ ᠠᠷᠠᠳ ᠪᠣᠯᠤᠨ ᠠᠵᠤ ᠠᠬᠤᠶᠢᠯᠠᠯ ᠤᠨ ᠰᠢᠲᠠᠮᠠᠬᠠᠶ ᠬᠡᠢ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠶ ᠪᠠᠲᠤᠯᠠᠵᠤ᠂ ᠰᠢᠲᠠᠮᠠᠬᠠᠶ

ᠬᠡᠢ ᠬᠡᠷᠡᠭᠯᠡᠬᠦ ᠥᠪᠡᠷ ᠤᠨ ᠦᠷᠳᠡᠭ ᠢ ᠢᠯᠡᠳᠲᠡ ᠪᠠᠭᠤᠷᠠᠭᠤᠯᠤᠨ᠎ᠠ᠃

     5. ᠬᠤᠳᠠ ᠶᠢᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠰᠢᠭᠤᠯᠤᠯ ᠤᠨ ᠲᠤᠬᠢᠷᠠᠭᠤᠯᠤᠯᠳᠠ ᠵᠢᠴᠢ ᠥᠭᠡᠷᠡᠴᠢᠯᠡᠵᠦ ᠳᠡᠭᠡᠭᠰᠢᠯᠡᠭᠦᠯᠬᠦ

ᠢᠨᠵᠧᠨᠧᠷᠢᠩ᠃ 15.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠤᠷᠤᠭᠤᠯᠵᠤ᠂ ᠬᠤᠳᠠ ᠶᠢᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠵᠦ ᠳᠡᠭᠡᠭᠰᠢᠯᠡᠭᠦᠯᠬᠦ

ᠢᠨᠵᠧᠨᠧᠷᠢᠩ ᠢ ᠡᠬᠢᠯᠡᠭᠦᠯᠦᠨ ᠪᠥᠳᠥᠭᠡᠨ ᠪᠠᠶᠢᠭᠤᠯᠵᠤ᠂ ᠬᠤᠳᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠤᠳᠠ ᠶᠢᠨ

ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ᠂ ᠬᠤᠲᠠ ᠶᠢᠨ ᠴᠢᠰᠤᠨ ᠤ ᠲᠥᠪ ᠤᠢᠷᠳᠡᠭᠡ ᠶᠢ ᠨᠡᠭᠦᠯᠭᠡᠵᠦ ᠰᠢᠨ᠎ᠡ ᠪᠠᠷ ᠪᠠᠶᠢᠭᠤᠯᠤᠨ᠂ ᠪᠦᠬᠦ ᠬᠤᠲᠠ ᠶᠢᠨ

ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠰᠢᠭᠤᠯᠤᠯ ᠢ ᠨᠡᠩ ᠵᠦᠢ ᠵᠣᠬᠢᠰᠲᠠᠶ ᠠᠷᠠᠳ ᠲᠤ ᠲᠥᠬᠦᠮ ᠪᠣᠯᠭᠠᠨ᠎ᠠ᠃

     6. ᠬᠤᠳᠠ ᠶᠢᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠵᠦᠢᠯᠡᠰ ᠢ ᠨᠥᠬᠦᠪᠥᠷᠢᠯᠡᠬᠦ ᠢᠨᠵᠧᠨᠧᠷᠢᠩ᠃ 11.8

ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠤᠷᠤᠭᠤᠯᠵᠤ᠂ ᠬᠤᠲᠠ ᠶᠢᠨ ᠲᠥᠯᠥᠪᠵᠢᠭᠦᠯᠭᠡ ᠶᠢᠨ ᠦᠵᠡᠰᠬᠦᠯᠡᠩ ᠤᠨ ᠣᠷᠳᠣᠨ᠂ ᠰᠢᠨᠵᠢᠯᠡᠬᠦ ᠤᠬᠠᠭᠠᠨ

ᠮᠡᠷᠭᠡᠵᠢᠯ ᠤᠨ ᠣᠷᠳᠣᠨ᠂ ᠲᠡᠩᠰᠠ ᠡᠪᠬᠡᠮᠡᠯ ᠤᠨ ᠤᠷᠳᠤᠨ᠂ ᠬᠤᠲᠠ ᠶᠢᠨ ᠠᠷᠠᠳ ᠤᠨ ᠦᠶ᠋ᠯᠡᠴᠢᠯᠡᠭᠡᠨ ᠤ ᠲᠥᠪ ᠂ ᠶᠡᠷᠦᠩᠬᠡᠶᠢᠯᠡᠭᠰᠡᠨ ᠰᠢᠯᠭᠠᠨ ᠪᠠᠶᠢᠴᠠᠭᠠᠵᠤ

ᠪᠠᠶᠢᠴᠠᠭᠠᠨ ᠬᠡᠮᠵᠢᠬᠦ ᠲᠥᠪ ᠢ ᠡᠬᠢᠯᠡᠭᠦᠯᠦᠨ ᠪᠥᠳᠥᠭᠡᠨ ᠪᠠᠶᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃

     7. ᠭᠤᠣᠯ ᠬᠤᠳᠠ ᠲᠣᠭᠤᠷᠢᠭ ᠤᠨ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ᠃ 110

ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠭᠤᠣᠯ ᠬᠤᠳᠠ ᠲᠣᠭᠤᠷᠢᠭ ᠤᠨ ᠵᠠᠮ ᠬᠠᠷᠢᠯᠴᠠᠭᠠᠨ ᠤ ᠰᠠᠭᠠᠳ ᠦᠭᠡᠶ ᠪᠠᠶᠢᠬᠤ᠂ ᠬᠥᠭᠦᠷᠭᠡ ᠪᠠ

ᠳᠡᠭᠡᠳᠦ ᠬᠤᠷᠳᠤᠴᠠᠲᠤ ᠶᠢᠨ ᠵᠠᠮ ᠤᠨ ᠦᠵᠡᠮᠵᠢ᠂ ︽ᠬᠤᠶᠠᠷ ᠠᠭᠤᠯᠠ ᠬᠤᠶᠠᠷ ᠬᠦᠷᠢᠶᠡᠯᠡᠩ︾᠎ ᠤᠨ ᠦᠵᠡᠮᠵᠢ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ᠂

ᠬᠤᠲᠠ ᠶᠢᠨ ᠤᠰᠤ ᠰᠡᠷᠭᠡᠶᠢᠯᠡᠵᠦ ᠤᠰᠤᠲᠤᠯ ᠢ ᠵᠠᠯᠠᠬᠤ ᠶᠢ ᠳᠡᠭᠡᠭᠰᠢᠯᠡᠭᠦᠯᠬᠦ᠂ ᠬᠤᠳᠠ ᠲᠣᠭᠤᠷᠢᠭᠰᠠᠨ ᠤᠰᠤᠨ ᠤ ᠰᠢᠰᠲ᠋ᠧᠮ ᠢ ᠵᠠᠰᠠᠬᠤ᠂ ᠬᠤᠭ ᠰᠢᠲᠠᠭᠠᠯᠭ᠎ᠠ ᠪᠠᠷ

ᠴᠠᠬᠢᠯᠭᠠᠨ ᠭᠠᠷᠭᠠᠬᠤ ᠪᠠ ᠬᠤᠭᠤᠯᠠᠨ ᠭᠡᠷ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠡᠬᠢ ᠪᠠᠶᠡᠯᠢᠬᠵᠢᠭᠤᠯᠤᠨ ᠠᠰᠢᠭᠯᠠᠬᠤ᠂ ᠬᠤᠣᠷ ᠥᠬᠡᠶᠢᠳᠡᠭᠦᠯᠦᠨ

ᠰᠢᠶ᠋ᠳᠪᠦᠷᠢᠯᠡᠬᠦ ᠵᠡᠷᠭᠡ 7 ᠳᠦᠷᠦᠯ ᠵᠦᠢᠯ ᠢ ᠬᠡᠷᠡᠭᠵᠢᠭᠦᠯᠵᠦ᠂ ᠭᠤᠣᠯ ᠬᠤᠳᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠨᠡᠩ ᠰᠠᠶᠢᠬᠠᠨ ᠲᠣᠬᠢᠷᠠᠮᠵᠢᠲᠠᠶ ᠣᠷᠴᠢᠨ ᠲᠤᠭᠤᠷᠢᠨ ᠢ ᠪᠤᠢ ᠪᠣᠯᠭᠠᠨ᠎ᠠ᠃

     8. ᠭᠤᠣᠯ ᠬᠤᠳᠠ ᠲᠣᠭᠤᠷᠢᠭ ᠤᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠰ ᠳᠡᠪᠰᠢᠭᠦᠯᠦᠨ ᠰᠠᠶᠢᠵᠢᠷᠠᠭᠤᠯᠬᠤ ᠢᠨᠵᠧᠨᠧᠷᠢᠩ᠃ 4.5

ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠣᠶᠤᠨᠯᠢᠭ ᠨᠡᠶᠢᠲᠡ ᠶᠢᠨ ᠵᠠᠮ ᠬᠠᠷᠢᠯᠴᠠᠭ᠎ᠠ ᠶᠢ ᠲᠠᠰ ᠳᠡᠪᠰᠢᠭᠦᠯᠦᠨ ᠦᠭᠡᠷᠡᠴᠢᠯᠡᠬᠦ ᠶᠢ ᠡᠬᠢᠯᠡᠭᠦᠯᠵᠦ᠂

ᠨᠡᠶᠢᠲᠡ ᠶᠢᠨ ᠵᠠᠮ ᠬᠠᠷᠢᠯᠴᠠᠭᠠᠨ ᠤ 7 ᠲᠠᠯᠠᠪᠠᠶ ᠥᠷᠲᠡᠭᠡ ᠶᠢ ᠰᠢᠨ᠎ᠡ ᠪᠠᠷ ᠪᠠᠶᠢᠭᠤᠯᠵᠤ᠂ ᠨᠡᠶᠢᠲᠡ ᠶᠢᠨ ᠮᠠᠰᠢᠨ ᠲᠡᠷᠭᠡ 486 ᠬᠤᠳᠠᠯᠳᠤᠨ ᠠᠪᠴᠤ᠂ ᠤᠯᠠᠨ

ᠨᠡᠶᠢᠳᠡ ᠶᠢᠨ ᠵᠠᠮ ᠬᠠᠷᠢᠯᠴᠠᠭᠠᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃

     9. ᠭᠤᠣᠯ ᠬᠤᠳᠠ ᠲᠣᠭᠤᠷᠢᠭ ᠤᠨ ᠢᠳᠡᠬᠦ ᠤᠰᠤᠨ ᠤ ᠠᠮᠤᠷ ᠲᠦᠪᠰᠢᠨ ᠢ ᠪᠠᠲᠤᠯᠠᠭ᠎ᠠ ᠶᠢᠨ ᠢᠨᠵᠧᠨᠧᠷᠢᠩ ᠃ 7.2 ᠳ᠋ᠦᠩᠰᠢᠭᠤᠷ ᠲᠥᠭᠦᠷᠢᠭ ᠤᠨ ᠪᠡᠯᠡ

ᠮᠥᠩᠭᠦ ᠤᠷᠤᠭᠤᠯᠵᠤ᠂ ᠰᠠᠨ ᠽᠦᠸᠧ ᠳ᠋ᠢᠶᠠᠨ ᠴᠥᠭᠦᠷᠥᠮ ᠠᠴᠠ ᠭᠤᠣᠯ ᠬᠤᠲᠠ ᠲᠣᠭᠤᠷᠢᠭ ᠤᠷᠤᠭᠤ ᠤᠰᠤ ᠲᠠᠲᠠᠵᠤ ᠤᠰᠤ ᠬᠠᠩᠭᠠᠬᠤ᠂ ᠭᠤᠣᠯ ᠬᠤᠳᠠ

ᠲᠣᠭᠤᠷᠢᠭ ᠤᠨ ᠳᠥᠷᠪᠡᠳᠦᠭᠡᠷ ᠤᠰᠤᠨ ᠤ ᠦᠢᠯᠡᠳᠪᠦᠷᠢ ᠪᠣᠯᠤᠨ ᠢᠵᠢ ᠪᠦᠷᠢᠳᠦᠭᠦᠯᠬᠦ ᠬᠤᠭᠤᠯᠠᠶ ᠭᠤᠤᠷᠰᠤ ᠵᠡᠷᠭᠡ 2 ᠲᠥᠷᠥᠯ ᠵᠦᠢᠯ ᠢ ᠬᠢᠵᠦ᠂ ᠬᠤᠲᠠ ᠶᠢᠨ

ᠲᠣᠭᠤᠷᠢᠭ ᠤᠨ ᠬᠥᠮᠥᠨ ᠤᠯᠠᠨ ᠤ ᠤᠰᠤ ᠤᠮᠳᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃

     10. ᠤᠯᠠᠨ ᠨᠡᠶᠢᠳᠡ ᠶᠢᠨ ᠰᠣᠶᠣᠯ ᠤᠨ ᠭᠤᠣᠯᠳᠠᠯᠭ᠎ᠠ ᠲᠠᠢ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ᠃ 15 ᠳ᠋ᠦᠩᠰᠢᠭᠤᠷ ᠲᠥᠭᠦᠷᠢᠭ ᠤᠨ ᠪᠡᠯᠡ

ᠮᠥᠩᠭᠦ ᠣᠷᠣᠭᠤᠯᠵᠤ᠂ ᠤᠯᠠᠭᠠᠨᠬᠠᠳᠠ ᠶᠡᠭᠡ ᠲᠢᠶᠠᠲᠷ ᠪᠠ ᠬᠢᠳᠠᠨ ᠯᠢᠶᠣᠤ ᠶᠢᠨ ᠮᠦᠽᠧᠶ ᠵᠡᠷᠭᠡ ᠠᠯᠢ ᠤᠯᠠᠨ ᠮᠦᠽᠧᠢ ᠶᠢ ᠡᠬᠢᠯᠡᠨ ᠪᠥᠳᠥᠭᠡᠨ ᠪᠠᠶᠢᠭᠤᠯᠵᠤ᠂

ᠬᠤᠳᠠ ᠶᠢᠨ ᠤᠯᠠᠨ ᠨᠡᠶᠢᠲᠡ ᠶᠢᠨ ᠰᠣᠶᠣᠯ ᠤᠨ ᠳᠦᠷᠢ ᠳᠦᠷᠦᠬᠦ ᠶᠢ ᠳᠡᠭᠡᠭᠰᠢᠯᠡᠭᠦᠯᠦᠨ᠎ᠡ᠃

ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ