2017 ᠵᠠᠰᠠᠭ ᠤᠨ ᠣᠷᠳᠤᠨ ᠤ ᠠᠵᠢᠯ ᠤᠨ ᠢᠯᠡᠳᠭᠡᠯ ︵ᠭᠤᠷᠪᠠ︶
ᠨᠡᠶᠢᠲᠡᠯᠡᠭᠰᠡᠨ ᠴᠠᠭ᠄
2017/3/20
     ᠲᠠᠪᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠴᠢᠬᠤᠯᠠᠴᠢᠯᠠᠨ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ ᠰᠠᠶᠢᠵᠢᠷᠠᠭᠤᠯᠤᠨ᠎ᠠ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡᠬᠦ ᠠᠷᠠᠳ ᠤᠨ ᠠᠮᠢᠳᠤᠷᠠᠯ ᠲᠠᠢ ᠬᠤᠯᠪᠣᠭᠳᠠᠬᠤ ᠲᠡᠷᠢᠭᠦᠨ ᠵᠡᠷᠭᠡ ᠶᠢᠨ ᠢᠨᠵᠧᠨᠧᠷᠢᠩ ᠢ ᠬᠦᠴᠦᠲᠡᠢ ᠠᠳᠬᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠴᠦᠯᠡᠴᠡ ᠶᠢ ᠨᠡᠮᠡᠭᠳᠡᠭᠦᠯᠵᠦ᠂ ᠣᠨᠴᠠᠯᠢᠭᠲᠤ ᠠᠵᠤ ᠦᠢᠯᠡᠰ ᠢ ᠪᠣᠢ ᠪᠣᠯᠭᠠᠬᠤ᠂ ᠣᠷᠣᠯᠭ᠎ᠠ ᠨᠡᠮᠡᠭᠳᠡᠭᠦᠯᠬᠦ ᠲᠥᠷᠥᠯ ᠵᠦᠢᠯ ᠢ ᠬᠢᠬᠦ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠴᠣᠭᠴᠠ ᠨᠤᠭᠤᠳ ᠣᠷᠣᠯᠴᠠᠬᠤ ᠶᠢ ᠵᠦᠷᠢᠬᠵᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠶᠠᠳᠠᠭᠤ ᠬᠦᠴᠢᠷᠲᠡᠢ ᠡᠷᠦᠭᠡ ᠶᠢ ᠬᠠᠪᠰᠤᠷᠤᠨ ᠶᠠᠳᠠᠭᠤ ᠠᠴᠠ ᠨᠢ ᠠᠩᠭᠢᠵᠢᠷᠠᠭᠤᠯᠤᠨ᠎ᠠ᠃ ︽ᠠᠵᠤ ᠦᠢᠯᠡᠰ ᠤᠨ ᠬᠦᠷᠢᠶᠡᠯᠡᠩ + ᠲᠣᠬᠢᠷᠠᠮᠵᠢᠲᠠᠢ ᠣᠷᠣᠨ ᠳᠤ ᠨᠡᠭᠦᠯᠭᠡᠨ ᠶᠠᠳᠠᠭᠤ ᠶᠢ ᠲᠡᠳᠬᠦᠬᠦ︾ ᠬᠡᠯᠪᠡᠷᠢ ᠶᠢ ᠲᠦᠭᠡᠮᠡᠯᠵᠢᠭᠦᠯᠵᠦ᠂ ᠵᠢᠯ ᠤᠨ ᠳᠣᠲᠣᠷ᠎ᠠ ᠳᠠᠩᠰᠠ ᠡᠪᠬᠡᠮᠡᠯ ᠪᠠᠶᠢᠭᠤᠯᠤᠭᠰᠠᠨ 1.3 ᠲᠦᠮᠡᠨ ᠶᠠᠳᠠᠭᠤ ᠬᠦᠴᠢᠷᠲᠡᠢ ᠬᠥᠮᠥᠨ ᠠᠮᠠ ᠶᠢ ᠨᠡᠭᠦᠯᠭᠡᠨ ᠰᠢᠯᠵᠢᠭᠦᠯᠬᠦ ᠡᠭᠦᠷᠭᠡ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠶᠢ ᠶᠡᠬᠡᠪᠡᠷ ᠠᠬᠢᠭᠤᠯᠵᠤ᠂ ︽ᠲᠣᠯᠣᠭᠠᠶᠢᠯᠠᠭᠴᠢ ᠠᠵᠤ ᠠᠬᠤᠶᠢᠯᠠᠯ ᠳᠤ ᠲᠠᠯᠪᠢᠬᠤ ᠵᠢᠭᠡᠯᠡᠯᠭᠡ︾᠎ ᠶᠢᠨ ᠬᠡᠪᠴᠢᠶ᠎ᠡ ᠶᠢ ᠳᠠᠬᠢᠨ ᠢᠶᠠᠷ ᠨᠡᠮᠡᠭᠳᠡᠭᠦᠯᠵᠦ᠂ ᠶᠠᠳᠠᠭᠤ ᠶᠢ ᠲᠡᠳᠬᠦᠭᠦ ᠠᠵᠤ ᠦᠢᠯᠡᠰ ᠤᠨ ᠰᠠᠭᠤᠷᠢ ᠮᠥᠩᠭᠦ 50 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠤᠨ᠎ᠠ᠃ ᠠᠤᠬᠠᠨ ᠬᠤᠰᠢᠭᠤᠨ ᠤ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠠᠷᠭ᠎ᠠ ᠶᠢ ᠳᠡᠯᠭᠡᠷᠡᠭᠦᠯᠵᠦ᠂ ᠶᠠᠳᠠᠭᠤ ᠬᠦᠴᠢᠷᠳᠡᠢ ᠬᠥᠮᠥᠰ ᠲᠤ ᠬᠦᠨᠳᠦ ᠡᠪᠡᠳᠴᠢᠨ ᠡᠮᠨᠡᠭᠦᠯᠬᠦ ᠪᠠᠲᠤᠯᠠᠭ᠎ᠠ ᠶᠢᠨ ᠰᠠᠭᠤᠷᠢ ᠮᠥᠩᠭᠦ ᠭᠠᠷᠭᠠᠵᠤ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠪᠦᠬᠦ ᠨᠡᠶᠢᠭᠡᠮ ᠢᠶᠠᠷ ᠢᠶᠠᠨ ᠬᠠᠮᠵᠢᠯᠴᠠᠭᠰᠠᠨ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠠᠵᠢᠯ ᠤᠨ ᠲᠣᠭᠲᠠᠯᠴᠠᠭ᠎ᠠ ᠶᠢ ᠪᠣᠢ ᠪᠣᠯᠭᠠᠨ ᠶᠠᠳᠠᠭᠤ ᠬᠦᠴᠢᠷᠲᠡᠢ ᠬᠥᠮᠥᠰ ᠲᠤ ᠪᠣᠯᠵᠤᠭᠠᠲᠤ ᠦᠢᠯᠡᠴᠢᠯᠡᠭᠡᠨ ᠦᠵᠡᠭᠦᠯᠬᠦ ᠪᠣᠯᠤᠨ ᠦᠨ᠎ᠡ ᠲᠥᠯᠥᠪᠦᠷᠢ ᠦᠭᠡᠢ ᠪᠠᠷ ᠡᠷᠡᠭᠦᠯ ᠴᠢᠬᠢᠷᠠᠭ ᠤᠨ ᠪᠠᠶᠢᠴᠠᠭᠠᠯᠲᠠ ᠬᠢᠬᠦ ᠶᠢ ᠨᠡᠶᠢᠳᠡᠮ ᠶᠠᠪᠤᠭᠤᠯᠤᠨ᠎ᠠ᠃ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ︽1+N︾ ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠯᠤᠰ ᠤᠨ ᠳᠡᠰ ᠤᠨ ᠶᠠᠳᠠᠭᠤ ᠬᠤᠰᠢᠭᠤ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠬᠢᠭᠤᠯᠬᠤ ᠳᠤᠭᠤᠶᠢᠯᠠᠩ ᠲᠤᠮᠢᠯᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠤᠰᠢᠭᠤ ᠲᠣᠭᠤᠷᠢᠭ ᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠭᠠᠷᠳᠠᠨ ᠵᠢᠯᠣᠭᠤᠳᠬᠤ ᠳᠤᠭᠤᠶᠢᠯᠠᠩ ᠲᠣᠮᠢᠯᠠᠨ᠂ ᠭᠠᠴᠠᠭ᠎ᠠ ᠲᠤᠰᠬᠤᠨ ᠳᠤ ᠰᠠᠭᠤᠨ ᠬᠠᠪᠰᠤᠷᠤᠨ ᠳᠡᠮᠵᠢᠬᠦ ᠠᠵᠢᠯ ᠢ ᠴᠢᠩᠭᠠᠳᠬᠠᠵᠤ᠂ ᠶᠠᠳᠠᠭᠤ ᠬᠦᠴᠢᠷᠲᠡᠢ ᠭᠠᠴᠠᠭ᠎ᠠ ᠲᠣᠰᠬᠤᠨ ᠪᠣᠯᠭᠠᠨ ᠳᠤ ᠴᠥᠮ ᠠᠵᠢᠯᠯᠠᠬᠤ ᠠᠩᠭᠢ ᠲᠤᠮᠢᠯᠠᠵᠤ ᠰᠠᠭᠤᠯᠭᠠᠨ᠎ᠠ᠃ ᠪᠠᠶᠢᠴᠠᠭᠠᠨ ᠱᠠᠭᠠᠷᠳᠠᠬᠤ᠂ ᠰᠢᠯᠭᠠᠨ ᠦᠨᠡᠯᠡᠬᠦ ᠠᠵᠢᠯ ᠢ ᠴᠢᠩᠭᠠᠳᠬᠠᠵᠤ᠂ ᠵᠢᠷᠤᠭ ᠳᠦᠯᠦᠪᠯᠡᠭᠡ ᠶᠤᠰᠤᠭᠠᠷ ᠳᠠᠶᠢᠯᠠᠯᠳᠤᠭᠠᠨ ᠬᠢᠵᠤ᠂ ᠬᠦᠳᠡᠯᠤᠩᠬᠦᠢ ᠬᠠᠷᠢᠶᠠᠷᠢᠯᠳᠠ ᠶᠠᠪᠤᠭᠤᠯᠤᠨ᠂ ᠭᠤᠷᠪᠠᠳᠤᠭᠠᠷ ᠡᠲᠡᠭᠡᠳ ᠠᠴᠠ ᠮᠠᠭᠠᠳᠯᠠᠨ ᠦᠨᠡᠯᠡᠬᠦ ᠲᠣᠭᠲᠠᠴᠠ ᠶᠢ ᠣᠷᠣᠭᠤᠯᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠳᠠᠯᠠᠨ ᠨᠠᠶᠢᠳᠠᠪᠤᠷᠢᠵᠢᠭᠤᠯᠵᠤ ᠂ ᠶᠠᠳᠠᠭᠤ ᠠᠴᠠ ᠨᠢ ᠣᠨᠣᠪᠴᠢᠲᠠᠢ ᠠᠩᠭᠢᠵᠢᠷᠠᠭᠤᠯᠬᠤ ᠪᠡᠶᠡᠯᠡᠯᠲᠡ ᠶᠢ ᠲᠦᠷᠭᠡᠳᠬᠡᠨ᠎ᠡ᠃ ᠡᠨᠡ ᠵᠢᠯ ᠳᠤ ᠶᠠᠳᠠᠭᠤ ᠬᠦᠴᠢᠷᠲᠡᠢ 5.8 ᠲᠦᠮᠡᠨ ᠬᠥᠮᠥᠨ ᠢ ᠶᠠᠳᠠᠭᠤ ᠠᠴᠠ ᠨᠢ ᠠᠩᠭᠢᠵᠢᠷᠠᠭᠤᠯᠬᠤ ᠡᠭᠦᠷᠭᠡ ᠪᠠᠨ ᠪᠠᠲᠤᠲᠠᠢ ᠳᠠᠪᠠᠭᠤᠯᠤᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠰᠢᠶᠠᠨ ᠪᠣᠯᠬᠤ ᠰᠦᠩᠱᠠᠨ ᠲᠣᠭᠤᠷᠢᠭ᠂ ᠬᠡᠰᠢᠭᠲᠡᠨ ᠬᠤᠰᠢᠭᠤ ᠶᠠᠳᠠᠭᠤ ᠬᠦᠴᠢᠷᠲᠡᠢ ᠮᠠᠯᠠᠭᠠᠢ ᠪᠠᠨ ᠬᠠᠶᠠᠬᠤ ᠶᠢ ᠪᠡᠶᠡᠯᠡᠭᠦᠯᠦᠨ᠎ᠡ᠃      ᠠᠵᠢᠯ ᠣᠯᠭᠤᠬᠤ ᠠᠳᠠᠯ ᠦᠢᠯᠡᠰ ᠪᠣᠰᠬᠠᠬᠤ ᠢᠨᠵᠧᠨᠧᠷᠢᠩ ᠢ ᠠᠬᠢᠭᠤᠯᠤᠨ᠎ᠠ᠃ ︽ᠤᠯᠠᠭᠠᠨᠬᠠᠳᠠ ᠶᠢᠨ ᠠᠨᠺᠣᠸᠠᠢ ᠦᠢᠯᠡᠰ ᠪᠦᠲᠦᠭᠡᠬᠦ ᠬᠦᠷᠢᠶᠡᠯᠡᠩ ︾᠎ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ ᠬᠤᠰᠢᠭᠤ ᠰᠢᠶᠠᠨ ᠲᠣᠭᠤᠷᠢᠭ ᠨᠡᠶᠢᠳᠡᠮ ᠳᠤ ᠪᠠᠨ ᠤᠯᠠᠨ ᠢᠶᠠᠷ ᠢᠶᠠᠨ ᠦᠢᠯᠡᠰ ᠪᠣᠰᠬᠠᠬᠤ ᠣᠷᠣᠨ ᠵᠠᠢ ᠪᠣᠢ ᠪᠣᠯᠭᠠᠬᠤ ᠶᠢ ᠳᠠᠶᠢᠴᠢᠯᠠᠵᠤ᠂ ᠦᠢᠯᠡᠰ ᠪᠦᠲᠦᠭᠡᠬᠦ ᠪᠠᠷ ᠠᠵᠢᠯ ᠣᠯᠭᠤᠯᠲᠠ ᠶᠢ ᠳᠠᠶᠢᠴᠢᠯᠠᠨ᠎ᠠ᠃ ᠬᠤᠲᠠ ᠬᠥᠳᠡᠭᠡ ᠠᠳᠠᠯᠢ ᠪᠠᠶᠢᠳᠠᠭ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠨᠢᠭᠡᠳᠦᠯᠳᠡᠢ ᠪᠣᠳᠣᠯᠬᠢᠯᠠᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠮᠢᠶᠠᠷᠤᠯᠲᠠ ᠪᠣᠯᠤᠨ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠠᠵᠢᠯ ᠤᠨ ᠡᠷᠴᠢᠮ ᠢᠶᠠᠨ ᠴᠢᠩᠭᠠᠳᠬᠠᠵᠤ᠂ ᠵᠢᠯ ᠤᠨ ᠳᠣᠲᠣᠷ᠎ᠠ ᠠᠮᠢᠳᠤᠷᠠᠯ ᠨᠢ ᠬᠦᠴᠢᠷᠲᠡᠢ 4000 ᠬᠥᠮᠥᠨ ᠳᠤ ᠠᠵᠢᠯ ᠣᠯᠭᠤᠨ ᠲᠥᠪᠬᠢᠨᠡᠭᠦᠯᠵᠦ᠂ ᠬᠤᠲᠠ ᠪᠠᠯᠭᠠᠰᠤᠨ ᠤ ᠠᠵᠢᠯ ᠣᠯᠭᠤᠯᠲᠠ ᠶᠢ 3.15 ᠲᠦᠮᠡᠨ ᠬᠥᠮᠥᠨ ᠨᠡᠮᠡᠭᠳᠡᠭᠦᠯᠦᠨ᠂ ᠲᠠᠷᠢᠶᠠᠴᠢᠨ ᠮᠠᠯᠴᠢᠨ ᠢ ᠣᠨᠳᠣᠣ ᠤᠷᠤᠨ ᠳᠤ ᠠᠵᠢᠯ ᠣᠯᠭᠤᠬᠤ ᠶᠢ 68 ᠲᠦᠮᠡᠨ ᠬᠥᠮᠥᠨ ᠤ ᠳᠣᠲᠣᠷ᠎ᠠ ᠲᠣᠭᠲᠠᠪᠤᠷᠢᠵᠢᠭᠤᠯᠤᠨ ᠬᠤᠲᠠ ᠪᠠᠯᠭᠠᠰᠤᠨ ᠤ ᠳᠣᠲᠣᠷ᠎ᠠ ᠠᠵᠢᠯ ᠲᠠᠢ ᠬᠦᠮᠦᠨ ᠦᠭᠡᠢ ᠭᠡᠷ ᠪᠦᠯᠢ ᠶᠢ ᠦᠷᠭᠦᠯᠵᠢ ᠶᠢᠨ ᠴᠢᠨᠠᠷᠲᠠᠢ ᠪᠦᠷᠢᠳᠬᠡᠨ ᠠᠵᠢᠯ ᠣᠯᠭᠤᠨ᠎ᠠ᠃ ᠠᠵᠢᠯ ᠣᠯᠭᠤᠬᠤ ᠪᠣᠯᠪᠠᠰᠤᠷᠠᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠲᠠᠷᠢᠶᠠᠴᠢᠳ ᠮᠠᠯᠴᠢᠳ ᠤᠨ ᠪᠣᠯᠪᠠᠰᠤᠷᠠᠭᠤᠯᠤᠯ ᠤᠨ ᠬᠦᠴᠦᠯᠡᠴᠡ ᠶᠢ ᠠᠬᠢᠭᠤᠯᠤᠨ᠂ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ 3.5 ᠲᠦᠮᠡᠨ ᠬᠥᠮᠥᠨ ᠤᠳᠠᠭ᠎ᠠ ᠠᠴᠠ ᠳᠡᠭᠡᠭᠰᠢ ᠳᠤ ᠬᠦᠷᠦᠭᠦᠯᠦᠨ᠎ᠡ᠃      ᠨᠡᠶᠢᠭᠡᠮ ᠤᠨ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠨᠡᠶᠢᠭᠡᠮ ᠤᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠶᠠᠪᠤᠭᠤᠯᠤᠨ᠎ᠠ᠂ ᠬᠠᠷᠠᠭᠠᠯᠵᠠᠯ ᠦᠵᠡᠭᠦᠯᠬᠦ ᠬᠥᠮᠥᠰ ᠤᠨ ᠲᠡᠳᠬᠦᠮᠵᠢ ᠶᠢᠨ ᠮᠥᠩᠭᠦ ᠬᠢᠭᠡᠳ ᠨᠠᠭᠠᠲᠤ ᠵᠠᠬ᠎ᠠ ᠶᠢᠨ ᠨᠥᠬᠦᠪᠦᠷᠢ ᠮᠥᠩᠭᠦᠨ ᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠨᠡᠶᠢᠭᠡᠮ ᠤᠨ ᠪᠠᠲᠤᠯᠠᠭ᠎ᠠ ᠶᠢ ᠳᠦᠷᠢᠮ ᠲᠣᠭᠲᠠᠭᠠᠯ ᠢᠶᠠᠷ ᠪᠦᠭᠦᠨ ᠢ ᠪᠦᠷᠬᠦᠭᠦᠯᠵᠦ ᠪᠠᠶᠢᠭᠰᠠᠨ ᠠᠴᠠ ᠬᠥᠮᠥᠨ ᠪᠦᠬᠦᠨ ᠢ ᠪᠦᠷᠬᠦᠭᠦᠯᠬᠦ ᠪᠣᠯᠭᠠᠨ᠎ᠠ᠃ ᠨᠡᠶᠢᠭᠡᠮ ᠤᠨ ᠨᠢᠭᠦᠯᠡᠰᠦᠩᠭᠦᠢ᠂ ᠨᠡᠶᠢᠭᠡᠮ ᠤᠨ ᠬᠠᠨᠳᠢᠪᠯᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠵᠡᠷᠭᠡ ᠦᠢᠯᠡᠰ ᠤᠨ ᠬᠥᠭᠵᠢᠯᠲᠡ ᠶᠢ ᠳᠡᠮᠵᠢᠨ᠂ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠣᠯᠲᠠ ᠶᠢ ᠲᠡᠭᠦᠯᠳᠡᠷᠵᠢᠭᠦᠯᠦᠨ᠂ ᠨᠤᠲᠤᠭ ᠲᠤ ᠪᠠᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ᠂ ᠵᠡᠮᠳᠡᠭᠴᠦᠳ᠂ ᠲᠡᠨᠦᠭᠦᠯ ᠭᠤᠶᠤᠯᠭᠠᠴᠢᠨ ᠵᠡᠷᠭᠡ ᠪᠠᠭᠤᠷᠠᠶᠢᠴᠤᠳ ᠢ ᠬᠠᠯᠠᠮᠵᠢᠯᠠᠨ ᠪᠠᠲᠤᠯᠠᠭ᠎ᠠ ᠦᠵᠡᠭᠦᠯᠬᠦ ᠠᠵᠢᠯ ᠢ ᠰᠠᠶᠢᠲᠤᠷ ᠬᠢᠵᠦ᠂ ᠬᠦᠴᠢᠷᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷᠵᠢᠯ ᠢ ᠪᠠᠲᠤ ᠪᠠᠬᠢ ᠪᠣᠢ ᠪᠣᠯᠭᠠᠨ᠎ᠠ᠃      ᠡᠯ᠎ᠡ ᠲᠥᠷᠥᠯ ᠤᠨ ᠰᠤᠷᠭᠠᠨ ᠬᠥᠮᠥᠵᠢᠯ ᠤᠨ ᠨᠢᠭᠡᠳᠦᠯᠲᠠᠢ ᠬᠦᠭᠵᠢᠭᠦᠯᠬᠦ ᠶᠢ ᠠᠬᠢᠭᠤᠯᠤᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠲᠦᠭᠡᠮᠡᠯ ᠬᠦᠷᠲᠡᠭᠡᠮᠵᠢ ᠶᠢᠨ ᠴᠢᠨᠠᠷᠲᠠᠢ ᠬᠡᠦᠬᠡᠳ ᠤᠨ ᠴᠡᠴᠡᠷᠯᠢᠭ ᠢ ᠶᠡᠭᠡ ᠪᠠᠷ ᠬᠥᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠤᠨ᠂ 5 ᠬᠤᠰᠢᠭᠤ ᠰᠢᠶᠠᠨ ᠲᠣᠭᠤᠷᠢᠭ ᠢ ᠤᠯᠤᠰ ᠤᠨ ᠰᠢᠯᠭᠠᠨ ᠪᠠᠶᠢᠴᠠᠭᠠᠯᠲᠠ ᠳᠤ ᠨᠣᠲᠠᠯᠠᠭᠳᠠᠬᠤ ᠪᠠᠷ ᠴᠢᠷᠮᠠᠶᠢᠨ᠎ᠠ᠃ ᠡᠩ ᠤᠨ ᠳᠡᠭᠡᠳᠦ ᠲᠤᠮᠳᠠᠳᠤ ᠰᠤᠷᠭᠠᠭᠤᠯᠢ ᠨᠢ ᠰᠢᠯᠢᠳᠡᠭ ᠪᠥᠭᠡᠳ ᠣᠨᠴᠠᠯᠢᠭ ᠲᠠᠢ ᠣᠯᠠᠨ ᠶᠠᠩᠵᠤ ᠶᠢᠨ ᠵᠢᠭᠠᠨ ᠰᠤᠷᠭᠠᠯᠲᠠ ᠲᠠᠢ ᠪᠠᠶᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠬᠤᠲᠠ ᠶᠢᠨ ᠰᠠᠭᠤᠷᠢ ᠰᠤᠷᠭᠠᠨ ᠬᠥᠮᠥᠵᠢᠯ ᠠᠬᠢᠯᠲᠠ ᠳᠡᠭᠡᠭᠰᠢᠯᠡᠯᠲᠡ ᠲᠠᠢ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠯᠠᠭᠠᠨᠬᠠᠳᠠ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠪᠠᠶᠢᠭᠤᠯᠤᠨ᠎ᠠ᠃ ᠤᠯᠠᠭᠠᠨᠬᠠᠳᠠ ᠳᠡᠭᠡᠲᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢᠲᠦ ᠵᠢᠩᠬᠢᠨᠢ ᠠᠩᠭᠢ ᠶᠢᠨ ᠬᠥᠭᠵᠢᠯᠲᠡ ᠶᠢ ᠠᠬᠢᠭᠤᠯᠵᠤ᠂ ᠤᠷᠤᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭᠠᠲᠠᠢ ᠬᠥᠭᠵᠢᠭᠦᠯᠵᠦ᠂ ᠦᠨᠳᠦᠰᠦᠲᠡᠨ ᠤ ᠰᠤᠷᠭᠠᠭᠤᠯᠢ ᠶᠢ ᠪᠠᠷᠢᠮᠵᠢᠶᠠᠵᠢᠭᠤᠯᠬᠤ ᠢᠨᠵᠧᠨᠧᠷᠢᠩ ᠢ ᠪᠦᠬᠦ ᠬᠦᠴᠦ ᠪᠠᠷ ᠢᠶᠠᠨ ᠰᠠᠶᠢᠲᠤᠷ ᠬᠢᠨ᠎ᠡ᠃ ᠪᠠᠭᠰᠢᠨᠠᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ︽ᠰᠢᠯᠭᠠᠷᠠᠭᠰᠠᠨ ᠰᠤᠷᠭᠠᠭᠤᠯᠢ ᠶᠢᠨ ᠳᠠᠷᠤᠭ᠎ᠠ᠂ ᠨᠡᠷᠡᠲᠦ ᠰᠤᠷᠭᠠᠭᠤᠯᠢ︾ ᠪᠣᠯᠬᠤ ᠠᠵᠢᠯᠯᠠᠭᠠᠨ ᠢ ᠥᠷᠨᠢᠭᠦᠯᠵᠦ ᠬᠤᠲᠠ ᠭᠦᠳᠡᠭᠡ ᠶᠢᠨ ᠰᠤᠷᠭᠠᠭᠤᠯᠢ ᠶᠢᠨ ᠳᠠᠷᠤᠭ᠎ᠠ ᠪᠠ ᠪᠠᠭᠰᠢ ᠨᠠᠷ ᠢ ᠠᠵᠢᠯ ᠤᠨ ᠪᠠᠶᠢᠷᠢ ᠰᠢᠯᠵᠢᠭᠦᠯᠦᠨ ᠰᠣᠯᠢᠵᠤ᠂ ᠰᠤᠷᠭᠠᠨ ᠬᠥᠮᠥᠵᠢᠯ ᠤᠨ ᠡᠭᠦᠯᠡᠨ ᠪᠣᠳᠣᠯᠲᠠ ᠶᠢᠨ ᠲᠠᠪᠴᠠᠩ ᠪᠠᠶᠢᠭᠤᠯᠤᠨ ᠰᠤᠷᠭᠠᠨ ᠬᠥᠮᠥᠵᠢᠯ ᠤᠨ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢ ᠨᠡᠮᠡᠭᠳᠡᠭᠦᠯᠦᠨ᠎ᠡ᠃      ᠡᠷᠡᠭᠦᠯ ᠡᠩᠬᠡ ᠤᠯᠠᠭᠠᠨᠬᠠᠳᠠ ᠶᠢᠨ ᠪᠠᠶᠢᠭᠤᠯᠤᠯᠲᠠ ᠶᠢ ᠳᠦᠷᠬᠡᠳᠬᠡᠨ᠎ᠠ᠃ ᠬᠦᠨᠳᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ ᠬᠤᠲᠠ ᠶᠢᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠳᠤ ᠶᠡᠷᠦᠩᠬᠡᠶᠢᠯᠡᠭᠰᠡᠨ ᠥᠭᠡᠷᠡᠴᠢᠯᠡᠯᠲᠡ ᠬᠢᠵᠤ ᠳᠡᠰ ᠬᠤᠪᠢᠶᠠᠨ ᠪᠠᠶᠢᠴᠠᠭᠠᠨ ᠡᠮᠨᠡᠬᠦ ᠳᠦᠷᠢᠮ ᠢ ᠪᠦᠬᠦ ᠲᠠᠯ᠎ᠠ ᠪᠠᠷ ᠶᠠᠪᠤᠭᠤᠯᠤᠨ᠎ᠠ᠃ ᠤᠯᠤᠰ ᠤᠨ ᠡᠮ ᠤᠨ ᠪᠦᠯᠦᠭᠯᠡᠯ᠂ ᠶᠠᠩ ᠭᠤᠸᠠᠩ ᠳᠠᠭᠠᠳᠬᠠᠯ ᠵᠡᠷᠭᠡ ᠪᠣᠳᠠᠲᠤ ᠬᠦᠴᠦᠨ ᠲᠠᠢ ᠠᠵᠤ ᠠᠬᠤᠶᠢᠯᠠᠯ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠣᠯᠠᠨ ᠠᠷᠭ᠎ᠠ ᠵᠠᠮ ᠢᠶᠠᠷ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠵᠤ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠪᠠᠷᠢᠯᠭ᠎ᠠ ᠶᠢ ᠨᠠᠶᠢᠳᠠᠪᠦᠷᠢᠵᠢᠭᠤᠯᠵᠤ ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠠᠯᠳᠠᠪᠦᠷᠢᠲᠦ ᠡᠪᠡᠳᠴᠢᠨ ᠤ ᠡᠮᠨᠡᠯᠭᠡ ᠶᠢᠨ ᠬᠤᠷᠢᠶ᠎ᠠ᠂ ᠴᠢᠰᠤᠨ ᠤ ᠲᠥᠪ ᠥᠷᠲᠡᠭᠡ ᠶᠢ ᠰᠢᠨ᠎ᠡ ᠪᠠᠷ ᠪᠠᠶᠢᠭᠤᠯᠵᠤ᠂ ᠡᠮᠡᠭᠲᠡᠶᠢᠴᠤᠳ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠶᠢ ᠳᠠᠬᠢᠨ ᠵᠣᠬᠢᠶᠠᠨ ᠪᠠᠶᠢᠭᠤᠯᠬᠤ ᠶᠢ ᠲᠥᠷᠭᠡᠳᠬᠡᠵᠦ᠂ ᠵᠠᠬ᠎ᠠ ᠳᠡᠯᠭᠡᠭᠦᠷᠵᠢᠭᠦᠯᠬᠦ ᠠᠷᠭ᠎ᠠ ᠪᠠᠷᠢᠯ ᠢᠶᠠᠷ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ ᠪᠣᠯᠣᠨ ᠴᠢᠰᠤ ᠴᠡᠪᠡᠷᠵᠢᠭᠦᠯᠬᠦ᠂ ᠠᠷᠢᠭᠤᠳᠬᠠᠬᠤ᠂ ᠳᠦᠷᠰᠦ ᠵᠢᠷᠤᠭ᠂ ᠡᠮ ᠡᠮᠨᠡᠯᠭᠡ ᠶᠢᠨ ᠪᠠᠭᠠᠵᠢ ᠬᠡᠷᠡᠭᠰᠡᠯ ᠰᠡᠯᠪᠢᠨ ᠵᠠᠰᠠᠬᠤ᠂ ᠡᠮᠴᠢᠯᠡᠭᠡᠨ ᠤ ᠪᠠᠶᠢᠴᠠᠭᠠᠯᠲᠠ ᠬᠢᠬᠦ ᠲᠠᠪᠤᠨ ᠲᠥᠪ ᠢ ᠡᠬᠢᠯᠡᠨ ᠪᠠᠶᠢᠭᠤᠯᠵᠤ᠂ ᠬᠤᠲᠠ ᠶᠢᠨ ᠱᠠᠲᠤᠨ ᠤ ᠡᠮ ᠡᠮᠨᠡᠯᠭᠡ ᠶᠢᠨ ᠬᠠᠩᠭᠠᠯᠭ᠎ᠠ ᠶᠢ ᠴᠢᠨᠠᠭᠰᠢᠲᠠ ᠡᠯᠪᠡᠭᠵᠢᠭᠦᠯᠦᠨ ᠲᠡᠭᠦᠯᠳᠡᠷᠵᠢᠭᠦᠯᠦᠨ᠎ᠡ᠃ ᠬᠤᠶᠠᠷ ᠬᠡᠦᠬᠡᠳ ᠠᠪᠬᠤ ᠪᠣᠯᠤᠨ ᠴᠢᠨᠠᠷᠯᠢᠭ ᠲᠦᠷᠦᠵᠦ ᠴᠢᠬᠢᠷᠠᠭ ᠪᠤᠶᠢᠵᠢᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠶᠠᠪᠤᠭᠤᠯᠤᠨ᠎ᠠ᠃ ᠪᠦᠬᠦ ᠠᠷᠠᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠬᠤ ᠪᠠᠶᠠᠯᠢᠭ ᠤᠯᠠᠨ ᠠᠵᠢᠯᠯᠠᠭᠠᠨ ᠢ ᠥᠷᠨᠢᠭᠦᠯᠵᠦ᠂ ᠰᠢᠶᠠᠨ ᠪᠣᠯᠭᠠᠨ ᠳᠤ ᠪᠦᠬᠦ ᠠᠷᠠᠳ ᠤᠨ ᠪᠡᠶ᠎ᠡ ᠮᠠᠬᠠᠪᠤᠳ ᠴᠢᠬᠢᠷᠠᠭᠵᠢᠭᠤᠯᠬᠤ ᠠᠵᠢᠯᠯᠠᠭᠠᠨ ᠤ ᠲᠥᠪ ᠲᠠᠢ ᠪᠣᠯᠭᠠᠨ᠎ᠠ᠃ ᠨᠠᠰᠤᠲᠠᠳ ᠢ ᠠᠰᠠᠷᠠᠬᠤ ᠦᠢᠯᠡᠰ ᠤᠨ ᠬᠥᠭᠵᠢᠯᠲᠡ ᠶᠢ ᠲᠥᠷᠭᠡᠳᠬᠡᠵᠦ ᠡᠮ ᠡᠮᠨᠡᠯᠭᠡ ᠠᠰᠠᠷᠠᠨ ᠲᠡᠵᠢᠭᠡᠬᠦ ᠤᠶᠠᠯᠳᠤᠭᠰᠠᠨ ᠬᠡᠯᠪᠡᠷᠢ ᠶᠢ ᠲᠦᠭᠡᠮᠡᠯᠵᠢᠭᠦᠯᠵᠦ᠂ ᠥᠪᠡᠷ ᠤᠨ ᠭᠡᠷ ᠢᠶᠠᠷ ᠨᠢ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠲᠣᠰᠬᠠᠢ ᠪᠠᠶᠢᠭᠤᠯᠤᠮᠵᠢ ᠪᠠᠷ ᠭᠤᠣᠯ ᠪᠣᠯᠭᠠᠭᠰᠠᠨ ᠨᠠᠰᠤᠲᠠᠳ ᠢ ᠠᠰᠠᠷᠠᠨ ᠲᠡᠵᠢᠭᠡᠬᠦ ᠦᠢᠯᠡᠴᠢᠯᠡᠭᠡᠨ ᠤ ᠰᠢᠰᠲ᠋ᠧᠮ ᠤᠨ ᠪᠤᠢ ᠪᠤᠯᠬᠤ ᠶᠢ ᠠᠬᠢᠭᠤᠯᠤᠨ᠎ᠠ᠃      ᠲᠦᠯᠦᠭᠡᠯᠡᠭᠴᠢᠳ ᠡ᠂ ᠥᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢᠨ ᠠᠤᠭ᠎ᠠ ᠶᠡᠭᠡ ᠠᠮᠵᠢᠯᠲᠠ ᠶᠢ ᠬᠠᠷᠠᠭᠤᠯᠬᠤ ᠶᠢᠨ ᠲᠥᠯᠥᠭᠡ᠂ ᠨᠡᠶᠢᠭᠡᠮ ᠨᠡᠶᠢᠲᠡ ᠪᠠᠷ ᠢᠶᠠᠨ ᠠᠩᠬᠠᠷᠤᠯ ᠲᠠᠯᠪᠢᠵᠤ ᠪᠠᠶᠢᠭ᠎ᠠ ᠪᠦᠭᠡᠳ ᠤᠯᠠᠨ ᠲᠦᠮᠡᠨ ᠰᠠᠨᠠᠭᠠᠰᠢᠷᠠᠵᠤ ᠪᠠᠶᠢᠭ᠎ᠠ ᠲᠥᠪᠯᠡᠷᠡᠯ ᠠᠰᠠᠭᠤᠳᠠᠯ ᠢ ᠰᠢᠢᠳᠪᠦᠷᠢᠯᠡᠬᠦ ᠳᠤ ᠬᠠᠷᠢᠭᠤ ᠲᠤᠰᠬᠠᠯ ᠪᠣᠯᠭᠠᠬᠤ ᠶᠢᠨ ᠲᠤᠰᠠᠳᠠ᠂ ᠪᠢᠳᠡ ᠬᠤᠳᠠ ᠶᠢᠨ ᠱᠠᠳᠤᠨ ᠠᠴᠠ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠡᠮᠬᠢᠯᠡᠨ ᠨᠢᠭᠡᠳᠦᠯᠵᠢᠭᠦᠯᠵᠦ᠂ ᠪᠡᠯᠡ ᠣᠷᠤᠭᠤᠯᠤᠯᠲᠠ ᠨᠢ 200 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠷᠠᠳ ᠤᠨ ᠠᠮᠢᠳᠤᠷᠠᠯ ᠤᠨ ᠠᠷᠪᠠᠨ ᠶᠡᠭᠡ ᠢᠨᠵᠧᠨᠧᠷᠢᠩ ᠢ ᠰᠢᠰᠲ᠋ᠧᠮᠴᠢᠯᠡᠨ ᠳᠤᠷᠠᠳᠴᠤ᠂ ᠪᠡᠯᠡᠭᠯᠡᠬᠦ ᠢᠨᠵᠧᠨᠧᠷᠢᠩ ᠢ ᠬᠡᠷᠡᠭᠵᠢᠬᠦᠯᠬᠦ ᠪᠠᠷ ᠳᠠᠮᠵᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠦᠰᠦᠷᠦᠩᠭᠦᠢ ᠳᠠᠪᠰᠢᠬᠤ ᠶᠢ ᠲᠥᠪᠯᠡᠷᠡᠭᠦᠯᠦᠨ ᠠᠬᠢᠭᠤᠯᠤᠨ᠎ᠠ᠃ ᠡᠭᠦᠨ ᠳᠤ᠄ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠨᠦᠭᠦᠴᠡᠯ ᠢ ᠳᠡᠭᠡᠭᠰᠢᠯᠡᠭᠦᠯᠬᠦ ᠢᠨᠵᠧᠨᠧᠷᠢᠩ᠂ ᠭᠠᠴᠠᠭ᠎ᠠ ᠲᠤᠰᠬᠤᠨ ᠳᠤ ᠲᠧᠯᠸᠢᠰ ᠰᠦᠯᠵᠢᠶ᠎ᠡ ᠨᠡᠪᠲᠡᠷᠡᠬᠦ ᠢᠨᠵᠧᠨᠧᠷᠢᠩ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠴᠠᠷᠳᠠᠮᠠᠯ ᠵᠠᠮ ᠪᠦᠬᠦ ᠲᠠᠯ᠎ᠠ ᠪᠠᠷ ᠨᠡᠪᠲᠡᠷᠡᠭᠦᠯᠬᠦ ᠢᠨᠵᠧᠨᠧᠷᠢᠩ᠂ ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠢᠨᠵᠧᠨᠧᠷᠢᠩ᠂ ᠬᠤᠲᠠ ᠶᠢᠨ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠰᠢᠯ ᠳᠤ ᠲᠣᠬᠢᠷᠠᠭᠤᠯᠤᠯᠲᠠ ᠬᠢᠵᠦ ᠥᠭᠡᠷᠡᠴᠢᠯᠡᠵᠦ ᠳᠡᠭᠡᠭᠰᠢᠯᠡᠭᠦᠯᠬᠦ ᠢᠨᠵᠧᠨᠧᠷᠢᠩ᠂ ᠬᠤᠲᠠ ᠶᠢᠨ ᠳᠡᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠵᠦᠢᠯᠡᠰ ᠢ ᠨᠦᠬᠦᠪᠦᠷᠢᠯᠡᠬᠦ ᠢᠨᠵᠧᠨᠧᠷᠢᠩ᠂ ᠭᠤᠣᠯ ᠬᠤᠲᠠ ᠲᠣᠭᠤᠷᠢᠭ ᠤᠨ ᠬᠤᠲᠠ ᠶᠢᠨ ᠶᠠᠪᠣᠳᠠᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠵᠦᠢᠯᠡᠰ ᠢ ᠨᠥᠬᠦᠪᠦᠷᠢᠯᠡᠬᠦ ᠢᠨᠵᠧᠨᠧᠷᠢᠩ᠂ ᠭᠤᠣᠯ ᠬᠤᠲᠠ ᠲᠣᠭᠤᠷᠢᠭ ᠤᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠰ ᠳᠡᠪᠰᠢᠭᠦᠯᠦᠨ ᠰᠠᠶᠢᠵᠢᠷᠠᠭᠤᠯᠬᠤ ᠢᠨᠵᠧᠨᠧᠷᠢᠩ᠂ ᠭᠤᠣᠯ ᠬᠤᠲᠠ ᠲᠣᠭᠤᠷᠢᠭ ᠤᠨ ᠢᠳᠡᠬᠦ ᠤᠰᠤᠨ ᠤ ᠠᠮᠤᠷ ᠲᠦᠪᠰᠢᠨ ᠢ ᠪᠠᠲᠤᠯᠠᠬᠤ ᠢᠨᠵᠧᠨᠧᠷᠢᠩ᠂ ᠤᠯᠠᠨ ᠨᠡᠶᠢᠲᠡ ᠶᠢᠨ ᠰᠣᠶᠣᠯ ᠭᠡᠭᠡᠷᠡᠯ ᠤᠨ ᠭᠤᠣᠯᠳᠠᠯᠭ᠎ᠠ ᠲᠠᠢ ᠪᠠᠶᠢᠭᠤᠯᠤᠯᠲᠠ ᠶᠢᠨ ᠢᠨᠵᠧᠨᠧᠷᠢᠩ ᠪᠠᠭᠲᠠᠨ᠎ᠠ᠂ ᠳᠡᠭᠡᠷ᠎ᠡ ᠬᠠᠭᠠᠰ ᠵᠢᠯ ᠳᠤ 26 ᠪᠣᠳᠠᠳᠠᠢ ᠲᠥᠷᠥᠯ ᠵᠦᠢᠯ ᠢ ᠦᠨᠡᠨᠬᠦ ᠪᠠᠲᠤᠯᠠᠵᠤ ᠡᠨᠡ ᠵᠢᠯ ᠳᠤ ᠣᠯᠠᠩᠬᠢ ᠢᠨᠵᠧᠨᠧᠷᠢᠩ ᠤᠨ ᠪᠠᠶᠢᠭᠤᠯᠤᠯᠲᠠ ᠶᠢ ᠦᠨᠳᠦᠰᠦᠨ ᠳ᠋ᠦᠨᠢ ᠪᠡᠶᠡᠯᠡᠭᠦᠯᠦᠨ᠎ᠡ᠃      ᠵᠢᠷᠭᠤᠭ᠎ᠠ᠂ ᠬᠥᠭᠵᠢᠯᠲᠡ ᠶᠢᠨ ᠪᠠᠲᠤᠯᠠᠭ᠎ᠠ ᠶᠢ ᠦᠨᠡᠨ ᠬᠦ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠥᠪᠰᠢᠨ ᠪᠣᠯᠤᠨ ᠨᠡᠶᠢᠭᠡᠮ ᠤᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ      ᠠᠶᠣᠯᠭᠦᠢ ᠦᠢᠯᠡᠳᠪᠦᠷᠢᠯᠡᠯ ᠤᠨ ᠠᠵᠢᠯ ᠨᠢ ᠰᠠᠨᠠᠭᠠᠴᠢᠯᠠᠭ᠎ᠠ ᠦᠭᠡᠢ ᠪᠠᠶᠢᠭ᠎ᠠ ᠪᠠᠶᠢᠳᠠᠯ ᠢ ᠡᠷᠡᠰ ᠬᠤᠪᠢᠷᠠᠭᠤᠯᠤᠨ᠎ᠠ᠃ ︽12.3︾᠎ ᠤ ᠠᠳᠡᠯ ᠠᠴᠠ ᠬᠦᠨᠵᠡᠭᠡᠢ ᠰᠤᠷᠭᠠᠮᠵᠢ ᠠᠪᠴᠤ᠂ ︽ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠬᠦ ᠤᠨ︾᠎ ᠤ ᠠᠵᠢᠯᠯᠠᠭᠠᠨ ᠥᠷᠨᠢᠭᠦᠯᠵᠦ᠂ ᠠᠵᠢᠯ ᠲᠥᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ ᠶᠢ ᠬᠠᠮᠢᠶᠠᠷᠬᠤ ᠰᠢᠷᠢᠰ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠭᠦᠯᠵᠢᠯᠡᠨ ᠶᠠᠪᠤᠭᠤᠯᠤᠨ ᠠᠶᠤᠯᠭᠦᠢ ᠦᠢᠯᠡᠳᠪᠦᠷᠢᠯᠡᠯ ᠤᠨ ᠲᠣᠮᠣ ᠶᠡᠭᠡ ᠣᠨᠴᠠᠭᠠᠢ ᠶᠡᠭᠡ ᠠᠳᠡᠯ ᠭᠠᠷᠬᠤ ᠶᠢ ᠡᠷᠡᠰ ᠲᠡᠪᠴᠢᠨ᠎ᠡ᠃ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠠᠲᠤᠲᠠᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠲᠥᠷᠢᠮ ᠲᠣᠭᠲᠠᠭᠠᠯ ᠢ ᠵᠥᠷᠢᠴᠡᠭᠰᠡᠨ ᠦᠢᠯᠡᠳᠪᠦᠷᠢᠯᠡᠯ ᠤᠨ ᠡᠵᠡᠩᠨᠡᠯᠲᠡ ᠶᠢᠨ ᠠᠵᠢᠯᠯᠠᠭᠠᠨ ᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃ ︽ᠨᠠᠮ ᠵᠠᠰᠠᠭ ᠤᠨ ᠬᠠᠷᠢᠭᠤᠴᠠᠯᠭᠠᠲᠠᠨ ᠠᠳᠠᠯᠢᠬᠠᠨ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠨᠢᠭᠡ ᠬᠡᠷᠡᠭ ᠲᠤ ᠬᠤᠶᠠᠷ ᠢ ᠪᠠᠶᠢᠴᠠᠭᠠᠬᠤ︾ ᠪᠠ ᠬᠠᠮᠤᠭ ᠤᠨ ᠴᠢᠩᠭ᠎ᠠ ᠬᠠᠲᠠᠭᠤ ᠬᠠᠷᠢᠭᠤᠴᠠᠯᠭ᠎ᠠ ᠨᠡᠬᠡᠮᠵᠢᠯᠡᠬᠦ ᠲᠤᠯᠭᠠᠨ ᠠᠰᠠᠭᠤᠬᠤ ᠵᠢᠷᠤᠮᠵᠢᠯ ᠢ ᠶᠠᠪᠤᠭᠤᠯᠤᠨ᠎ᠠ᠃ ᠠᠵᠢᠯ ᠲᠥᠷᠥᠯ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠬᠦᠷᠢᠶ᠎ᠡ ᠬᠡᠪᠴᠢᠶ᠎ᠡ ᠶᠢ ᠲᠣᠳᠣᠳᠬᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠤᠭᠲᠠᠭᠠᠯᠲᠤ ᠬᠠᠭᠤᠳᠠᠰᠤ ᠪᠢᠴᠢᠵᠦ᠂ ᠲᠣᠭᠲᠠᠭᠠᠯᠲᠤ ᠬᠠᠭᠤᠳᠠᠰᠤᠨ ᠤ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠭᠡᠬᠦ᠂ ᠲᠤᠰᠢᠶᠠᠯ ᠳᠤ ᠪᠠᠨ ᠣᠰᠣᠯᠳᠠᠪᠠᠯ ᠬᠠᠷᠢᠭᠤᠴᠠᠯᠭ᠎ᠠ ᠨᠡᠭᠡᠮᠵᠢᠯᠡᠬᠦ᠂ ᠲᠤᠰᠢᠶᠠᠯ ᠢᠶᠠᠨ ᠭᠦᠢᠴᠡᠳᠭᠡᠭᠰᠡᠨ ᠪᠤᠯ ᠬᠠᠷᠢᠭᠤᠴᠠᠯᠭ᠎ᠠ ᠦᠯᠦ ᠨᠡᠬᠡᠮᠵᠢᠯᠡᠬᠦ ᠪᠣᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠶᠢ ᠰᠢᠨᠡᠳᠬᠡᠵᠦ᠂ ᠢᠯᠡᠴᠢᠯᠡᠨ ᠮᠡᠳᠡᠭᠦᠯᠬᠦ ᠱᠠᠩᠨᠠᠯ ᠤᠨ ᠰᠠᠭᠤᠷᠢ ᠮᠥᠩᠭᠦ ᠶᠢ ᠪᠠᠶᠢᠭᠤᠯᠵᠤ᠂ ᠤᠬᠠᠭᠤᠯᠬᠤ ᠰᠤᠷᠭᠠᠨ ᠬᠦᠮᠦᠵᠢᠭᠦᠯᠬᠦ ᠪᠣᠯᠪᠠᠰᠤᠷᠠᠭᠤᠯᠬᠤ ᠵᠢᠴᠢ ᠢᠯᠡ ᠪᠠᠷ ᠨᠡᠶᠢᠲᠡᠯᠡᠨ ᠰᠢᠭᠦᠮᠵᠢᠯᠡᠬᠦ ᠡᠷᠴᠢᠮ ᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠢᠨ ᠭᠤᠣᠯᠳᠠᠯᠭ᠎ᠠ ᠲᠠᠢ ᠭᠠᠵᠠᠷ ᠣᠷᠣᠨ ᠳᠤ ᠲᠣᠭᠠᠴᠢᠯᠠᠭᠰᠠᠨ ᠬᠢᠨᠠᠨ ᠬᠠᠮᠢᠶᠠᠷᠤᠯᠲᠠ ᠶᠢᠨ ᠰᠢᠰᠲ᠋ᠧᠮ ᠪᠠ ᠨᠡᠶᠢᠭᠡᠮᠴᠢᠯᠡᠭᠰᠡᠨ ᠲᠤᠰᠬᠠᠶᠢᠵᠢᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠤᠲᠠ ᠪᠠ ᠬᠤᠰᠢᠭᠤ ᠰᠢᠶᠠᠨ ᠲᠣᠭᠤᠷᠢᠭ ᠤᠨ ᠠᠶᠤᠯᠭᠦᠢ ᠶᠢᠨ ᠬᠢᠨᠠᠨ ᠬᠠᠮᠢᠶᠠᠷᠬᠤ ᠬᠦᠴᠦᠨ ᠢ ᠴᠢᠩᠭᠠᠳᠬᠠᠵᠤ᠂ ᠡᠯ᠎ᠡ ᠬᠦᠷᠢᠶᠡᠯᠡᠩ ᠲᠣᠭᠤᠷᠢᠭ ᠪᠠ ᠰᠣᠮᠣ ᠰᠢᠶᠠᠩ ᠪᠠᠯᠭᠠᠰᠤᠨ ᠤ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠴᠢᠩᠭᠠᠳᠬᠠᠨ᠎ᠠ᠃ ᠠᠶᠤᠯ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠣᠢ ᠪᠣᠯᠭᠠᠵᠤ ᠠᠶᠤᠯ ᠠᠳᠡᠯ ᠢ ᠪᠠᠴᠢᠮ ᠠᠷᠭᠠᠴᠠᠬᠤ ᠲᠥᠰᠥᠪ ᠢ ᠲᠡᠭᠦᠯᠳᠡᠷᠵᠢᠭᠦᠯᠦᠨ᠂ ᠪᠠᠴᠢᠮ ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠠᠳᠡᠯ ᠢ ᠪᠠᠴᠢᠮ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠣᠰᠠᠯᠠᠬᠤ ᠴᠢᠳᠠᠪᠤᠷᠢ ᠶᠢ ᠨᠢ ᠨᠡᠮᠡᠭᠳᠡᠭᠦᠯᠦᠨ᠎ᠡ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠪᠠᠶᠢᠭᠤᠯᠤᠯᠲᠠ ᠶᠢᠨ ᠡᠷᠴᠢᠮ ᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠦᠴᠦᠨ ᠢ ᠦᠨᠳᠦᠰᠦᠨ ᠱᠠᠲᠤ ᠳᠡᠶᠢᠰᠢ ᠥᠷᠭᠡᠵᠢᠭᠦᠯᠵᠦ᠂ ᠬᠢᠨᠠᠯᠲᠠ ᠬᠠᠮᠢᠶᠠᠷᠤᠯᠲᠠ ᠦᠭᠡᠢ ᠣᠷᠣᠨ ᠪᠠᠶᠢᠬᠤ ᠦᠭᠡᠢ ᠪᠣᠯᠭᠠᠵᠤ᠂ ᠬᠡᠷᠡᠭᠯᠡᠭᠴᠢᠳ ᠤᠨ ᠠᠮᠤᠷ ᠲᠥᠪᠰᠢᠨ ᠢ ᠪᠠᠲᠤᠯᠠᠨ᠎ᠠ᠃ ᠲᠠᠷᠢᠶᠠᠯᠠᠩ ᠤᠨ ᠲᠠᠷᠢᠮᠠᠯ ᠤᠨ ᠡᠪᠡᠳᠴᠢᠨ ᠬᠤᠷᠣᠬᠠᠢ ᠶᠢᠨ ᠬᠦᠨᠥᠭᠡᠯ ᠢ ᠰᠡᠷᠭᠡᠶᠢᠯᠡᠨ ᠠᠷᠢᠯᠭᠠᠬᠤ᠂ ᠮᠠᠯ ᠵᠢᠬᠦᠷᠳᠠᠨ ᠤ ᠭᠡᠮ ᠬᠡᠵᠢᠭ ᠢ ᠰᠡᠷᠭᠡᠶᠢᠯᠡᠨ ᠬᠤᠷᠢᠭᠯᠠᠬᠤ ᠵᠢᠴᠢ ᠮᠠᠯ ᠲᠠᠷᠢᠶᠠᠯᠠᠩ ᠤᠨ ᠭᠠᠷᠤᠯᠲᠠ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ︽ᠲᠠᠷᠢᠶᠠᠨ ᠭᠠᠵᠠᠷ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ ᠬᠦᠷᠲᠡᠯᠡᠬᠢ︾ ᠪᠦᠬᠦ ᠶᠠᠪᠣᠴᠠ ᠶᠢ ᠨᠡᠬᠡᠮᠵᠢᠯᠡᠵᠦ ᠪᠣᠯᠬᠤ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠮᠠᠯ ᠲᠠᠷᠢᠶᠠᠯᠠᠩ ᠤᠨ ᠭᠠᠷᠤᠯᠲᠠ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠬᠢᠭᠡᠳ ᠠᠵᠤ ᠦᠢᠯᠡᠰ ᠤᠨ ᠬᠥᠭᠵᠢᠯᠲᠡ ᠶᠢᠨ ᠠᠮᠤᠷ ᠲᠥᠪᠰᠢᠨ ᠢ ᠦᠨᠡᠨ ᠬᠦ ᠪᠠᠲᠤᠯᠠᠨ᠎ᠠ᠃ ᠲᠥᠪᠯᠡᠷᠡᠩᠭᠦᠢ ᠵᠢᠷᠤᠮᠵᠢᠭᠤᠯᠤᠨ ᠬᠠᠮᠢᠶᠠᠷᠬᠤ ᠠᠴᠠ ᠭᠠᠷᠳᠠᠵᠤ ᠬᠤᠰᠢᠭᠤ ᠰᠢᠶᠠᠨ ᠲᠣᠭᠤᠷᠢᠭ ᠪᠦᠷᠢ ᠨᠢ ᠢᠳᠡᠭᠡᠨ ᠤ ᠵᠢᠵᠢᠭ ᠳᠠᠰᠤᠭ ᠤᠳ ᠢ ᠲᠦᠪᠯᠡᠷᠡᠭᠦᠯᠦᠭᠰᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠪᠠ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠨ ᠤ ᠪᠠᠷᠢᠮᠵᠢᠶᠠᠵᠢᠭᠤᠯᠤᠭᠰᠠᠨ ᠵᠠᠬ᠎ᠠ ᠳᠡᠯᠭᠡᠭᠦᠷ ᠶᠢ ᠨᠢᠭᠡ ᠠᠴᠠ ᠳᠡᠭᠡᠭᠰᠢ ᠪᠠᠶᠢᠭᠤᠯᠬᠤ ᠶᠢ ᠪᠠᠲᠤᠯᠠᠨ᠎ᠠ᠃ ᠬᠤᠲᠠ ᠶᠢᠨ ᠶᠡᠷᠥᠩᠭᠡᠶᠢᠯᠡᠭᠰᠡᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠪᠠᠶᠢᠭᠤᠯᠤᠯᠲᠠ ᠶᠢ ᠡᠬᠢᠯᠡᠭᠦᠯᠵᠦ᠂ ᠠᠵᠢᠯ ᠲᠥᠷᠥᠯ ᠤᠨ ᠬᠢᠨ ᠤ ᠴᠢᠮᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢ ᠶᠠᠪᠣᠭᠤᠯᠵᠤ᠂ ᠪᠦᠬᠦ ᠬᠤᠲᠠ ᠶᠢᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠥᠪᠰᠢᠨ ᠤ ᠡᠭᠦᠯᠡᠨ ᠪᠣᠳᠣᠯᠲᠠ ᠶᠢᠨ ᠲᠠᠪᠴᠠᠩ ᠢ ᠰᠤᠳᠤᠯᠤᠨ ᠪᠠᠶᠢᠭᠤᠯᠵᠤ᠂ ᠢᠳᠡᠭᠡᠨ ᠤᠮᠳᠠᠭᠠᠨ ᠤ ᠨᠢᠭᠡᠴᠡ ᠪᠣᠯᠭᠠᠨ ᠳᠤ ᠴᠢᠮᠡᠭᠡ ᠵᠠᠩᠬᠢᠴᠢᠯᠠᠭᠰᠠᠨ ᠬᠠᠮᠢᠶᠠᠷᠤᠯᠲᠠ ᠲᠠᠢ ᠪᠣᠯᠭᠠᠬᠤ ᠶᠢ ᠲᠦᠷᠭᠡᠳᠬᠡᠨ᠎ᠡ᠃      ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠨ᠎ᠠ᠃ ᠠᠭᠠᠷ ᠤᠰᠤ ᠬᠥᠷᠥᠰᠥ ᠰᠢᠷᠣᠢ ᠶᠢᠨ ᠪᠣᠬᠢᠷᠳᠠᠯ ᠢ ᠰᠡᠷᠭᠡᠶᠢᠯᠡᠨ ᠠᠷᠢᠯᠭᠠᠬᠤ ᠠᠵᠢᠯ ᠤᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠭᠤᠤᠯ ᠮᠥᠷᠡᠨ ᠤ ᠤᠰᠤᠨ ᠴᠢᠨᠠᠷ ᠢ ᠬᠦᠴᠦ ᠣᠷᠣᠭᠤᠯᠤᠨ ᠰᠠᠶᠢᠵᠢᠷᠠᠭᠤᠯᠵᠤ᠂ ᠬᠦᠨᠳᠦ ᠲᠡᠮᠦᠷᠯᠢᠭ ᠤᠨ ᠪᠣᠬᠢᠷᠳᠠᠯ ᠢ ᠴᠢᠩᠭ᠎ᠠ ᠬᠢᠵᠠᠭᠠᠷᠯᠠᠨ ᠬᠡᠷᠡᠭᠯᠡᠯᠲᠡ ᠠᠴᠠ ᠬᠠᠶᠠᠭᠳᠠᠭᠰᠠᠨ ᠦᠢᠯᠡᠳᠪᠦᠷᠢ ᠠᠭᠤᠷᠬᠠᠢ ᠶᠢ ᠪᠤᠯᠠᠵᠤ ᠲᠡᠭᠰᠢᠯᠡᠨ᠂ ᠣᠷᠴᠢᠨ ᠲᠣᠭᠤᠷᠢᠨ ᠤ ᠬᠠᠤᠯᠢ ᠴᠠᠭᠠᠵᠠ ᠠᠴᠠ ᠵᠦᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠬᠦᠴᠦᠲᠡᠢ ᠪᠠᠶᠢᠳᠠᠯ ᠢ ᠪᠠᠷᠢᠮᠲᠠᠯᠠᠵᠤ᠂ ᠣᠷᠴᠢᠨ ᠲᠣᠭᠤᠷᠢᠨ ᠤ ᠪᠦᠬᠦ᠋ᠢᠯᠡ ᠴᠣᠭᠴᠠ ᠶᠢᠨ ᠶᠠᠰᠤ ᠴᠢᠨᠠᠷ ᠢ ᠳᠠᠰᠤᠷᠠᠯᠳᠠ ᠦᠬᠡᠢ ᠰᠠᠶᠢᠵᠢᠷᠠᠭᠤᠯᠤᠨ᠎ᠠ᠃ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠯᠲᠠ ᠶᠢ ᠬᠦᠯᠢᠶᠡᠬᠦ ᠶᠢ ᠴᠢᠩᠳᠠᠯᠠᠵᠤ᠂ ᠡᠨᠧᠷᠭᠢ ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠴᠢᠩᠭᠠᠳᠬᠠᠨ᠂ 10 ᠲᠤᠨ ᠠᠴᠠ ᠳᠣᠷᠣᠭᠰᠢᠬᠢ ᠨᠡᠭᠦᠷᠡᠰᠦᠨ ᠰᠢᠲᠠᠭᠠᠯᠭ᠎ᠠ ᠲᠠᠢ ᠠᠭᠤᠷ ᠤᠨ ᠲᠣᠭᠤᠭ᠎ᠠ ᠶᠢ ᠪᠦᠭᠦᠨ ᠢ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠰᠢᠷ᠎ᠠ ᠲᠡᠮᠳᠡᠭᠲᠦ ᠮᠠᠰᠢᠨ ᠲᠡᠷᠭᠡ ᠶᠢ ᠰᠢᠭᠰᠢᠭᠳᠡᠭᠦᠯᠬᠦ ᠡᠭᠦᠷᠭᠡ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠬᠥᠷᠥᠩᠭᠡ ᠶᠢᠨ ᠥᠷᠢᠲᠦᠯ ᠤᠨ ᠬᠦᠰᠦᠨᠦᠭᠲᠦ ᠶᠢ ᠨᠠᠶᠢᠷᠠᠭᠤᠯᠬᠤ ᠠᠵᠢᠯ ᠢ ᠦᠷᠭᠦᠯᠵᠢᠯᠡᠨ ᠬᠢᠵᠦ᠂ ᠣᠷᠴᠢᠨ ᠲᠣᠭᠤᠷᠢᠨ ᠢ ᠬᠠᠮᠠᠭᠠᠯᠠᠬᠤ ᠰᠠᠶᠢᠵᠢᠷᠠᠭᠤᠯᠬᠤ ᠤᠷᠲᠤᠮᠵᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠣᠷᠴᠢᠨ ᠲᠣᠭᠤᠷᠢᠨ ᠤ ᠪᠣᠬᠢᠷᠳᠠᠯ ᠢ ᠭᠤᠷᠪᠠᠳᠤᠭᠠᠷ ᠡᠲᠡᠭᠡᠳ ᠠᠴᠠ ᠵᠠᠰᠠᠨ ᠰᠠᠶᠢᠵᠢᠷᠠᠭᠤᠯᠵᠤ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠵᠢᠭᠦᠯᠬᠦ ᠥᠭᠡᠷᠡᠴᠢᠯᠡᠯᠲᠡ ᠶᠢ ᠲᠦᠷᠭᠡᠳᠭᠡᠨ᠎ᠡ᠃      ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ ᠂ ᠲᠠᠷᠢᠶᠠᠯᠠᠬᠤ ᠪᠠᠨ ᠵᠣᠭᠰᠣᠨ ᠡᠪᠡᠰᠦ ᠮᠣᠳᠣ ᠲᠠᠷᠢᠬᠤ ᠵᠡᠷᠭᠡ ᠠᠮᠢ ᠠᠬᠤᠢ ᠶᠢᠨ ᠢᠨᠵᠧᠨᠧᠷᠢᠩ ᠢ ᠲᠦᠷᠭᠡᠳᠬᠡᠨ᠂ ᠥᠨᠳᠥᠷ ᠦᠷ᠎ᠡ ᠠᠰᠢᠭᠲᠤ ᠠᠵᠤ ᠠᠬᠤᠢ ᠶᠢᠨ ᠤᠢ᠂ ᠬᠠᠶᠢᠯᠠᠷ ᠨᠠᠷᠠᠰᠤ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ᠂ ᠬᠡᠭᠡᠷ᠎ᠡ ᠶᠢᠨ ᠭᠦᠢᠯᠡᠰᠦ᠂ ᠡᠯᠡᠰᠦᠵᠢᠭᠰᠡᠨ ᠬᠥᠷᠥᠰᠥ ᠶᠢ ᠶᠡᠷᠦᠩᠬᠡᠶᠢᠯᠡᠨ ᠵᠠᠰᠠᠬᠤ ᠵᠡᠷᠭᠡ ᠲᠠᠪᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠢᠵᠦ᠂ ᠪᠦᠬᠦ ᠵᠢᠯ ᠳᠤ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ 100 ᠲᠦᠮᠡᠨ ᠮᠦ᠂ ᠬᠥᠷᠥᠰᠦ ᠤᠰᠤ ᠬᠠᠮᠠᠭᠠᠯᠠᠬᠤ 150 ᠲᠦᠮᠡᠨ ᠮᠦ ᠶᠢ ᠪᠡᠶᠡᠯᠡᠭᠦᠯᠦᠨ᠎ᠡ᠃ ᠭᠤᠣᠯᠳᠠᠯᠭᠠᠲᠠᠢ ᠤᠷᠤᠨ ᠲᠤᠭᠤᠷᠢᠭ ᠤᠨ ᠨᠣᠭᠤᠭᠠᠷᠠᠭᠤᠯᠤᠯᠲᠠ ᠶᠢᠨ ᠦᠷ᠎ᠡ ᠪᠦᠳᠦᠭᠡᠯ ᠢ ᠪᠠᠳᠤᠳᠬᠠᠵᠤ᠂ ᠬᠦᠴᠦᠯᠡᠴᠡ ᠪᠠᠨ ᠨᠡᠮᠡᠭᠳᠡᠭᠦᠯᠵᠦ ᠳᠡᠭᠡᠳᠦ ᠳᠡᠰ ᠤᠨ ᠵᠠᠰᠠᠮᠠᠯ ᠵᠠᠮ ᠤᠨ ᠬᠤᠶᠠᠷ ᠲᠠᠯ᠎ᠠ ᠶᠢᠨ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠭᠤᠣᠯ ᠬᠤᠲᠠ ᠲᠣᠭᠤᠷᠢᠭ ᠢ ᠲᠣᠭᠤᠷᠢᠭᠰᠠᠨ ᠠᠮᠢ ᠠᠬᠤᠢ ᠶᠢᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠡᠨᠡ ᠵᠢᠯ᠂ ᠪᠦᠬᠦ ᠬᠤᠳᠠ ᠶᠢᠨ ᠭᠤᠣᠯᠳᠠᠯᠭ᠎ᠠ ᠲᠠᠢ ᠣᠷᠳᠣᠨ ᠲᠣᠭᠤᠷᠢᠭ ᠤᠨ ᠨᠣᠭᠤᠭᠤᠷᠠᠭᠤᠯᠤᠯᠲᠠ ᠶᠢ 20 ᠲᠦᠮᠡᠨ ᠮᠦ ᠪᠡᠶᠡᠯᠡᠭᠦᠯᠤᠨ᠎ᠠ᠃ ᠪᠡᠯᠴᠢᠭᠡᠷᠯᠡᠭᠦᠯᠬᠦ ᠮᠠᠯᠯᠠᠬᠤ ᠶᠢ ᠵᠣᠭᠰᠣᠭᠠᠬᠤ᠂ ᠮᠠᠯ ᠡᠪᠡᠰᠦᠨ ᠤ ᠲᠡᠩᠴᠡᠭᠦᠷᠢ ᠶᠢ ᠪᠠᠲᠤᠯᠠᠬᠤ ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠨᠦᠬᠦᠪᠦᠷᠢ ᠥᠭᠬᠦ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃      ᠨᠡᠶᠢᠭᠡᠮ ᠤᠨ ᠶᠡᠭᠡ ᠪᠠᠶᠢᠳᠠᠯ ᠤᠨ ᠠᠮᠤᠷ ᠲᠥᠪᠰᠢᠨ ᠲᠣᠭᠲᠠᠭᠤᠨ ᠢ ᠪᠠᠲᠤᠯᠠᠨ᠎ᠠ᠃ ᠠᠮᠤᠷ ᠲᠠᠶᠢᠪᠤᠩ ᠤᠯᠠᠭᠠᠨᠬᠠᠳᠠ ᠶᠢᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠳᠤ ᠦᠨᠡᠯᠡᠯᠲᠡ ᠬᠢᠬᠦ ᠶᠢ ᠴᠢᠩᠭᠠᠳᠬᠠᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠤᠣᠯ ᠬᠤᠲᠠ ᠲᠣᠭᠤᠷᠢᠭ ᠤᠨ ᠤᠯᠠᠨ ᠨᠡᠶᠢᠲᠡ ᠶᠢᠨ ᠠᠮᠤᠷ ᠲᠦᠪᠰᠢᠨ ᠢ ᠳᠦᠷᠰᠦᠲᠦ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠦᠨᠳᠦᠰᠦᠨ ᠳᠤ ᠨᠢ ᠪᠡᠶᠡᠯᠡᠭᠦᠯᠵᠦ᠂ ᠠᠶᠤᠯ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠤᠯᠠᠨ ᠨᠡᠶᠢᠲᠡ ᠶᠢᠨ ᠠᠮᠤᠷ ᠲᠦᠪᠰᠢᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠬᠢᠳᠠᠯ ᠰᠣᠷᠪᠤᠯᠵᠢᠯᠭ᠎ᠠ ᠶᠢᠨ ᠠᠵᠢᠯ ᠢ ᠴᠢᠩᠭᠠᠳᠬᠠᠵᠤ᠂ ᠡᠶᠡᠳᠦᠭᠦᠯᠭᠦ ᠠᠵᠢᠯ ᠤᠨ ᠶᠡᠭᠡ ᠪᠠᠶᠢᠷᠢᠰᠢᠯ ᠢ ᠪᠣᠢ ᠪᠣᠯᠭᠠᠵᠤ᠂ ᠣᠯᠠᠨ ᠲᠦᠮᠡᠨ ᠤ ᠬᠦᠰᠡᠯ ᠭᠤᠮᠣᠳᠠᠯ ᠢᠶᠠᠨ ᠲᠣᠭᠠᠴᠢᠬᠤ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠬᠠᠮᠠᠭᠠᠯᠠᠬᠤ ᠠᠷᠭ᠎ᠠ ᠵᠠᠮ ᠢ ᠰᠢᠯᠤᠭᠤᠳᠬᠠᠨ᠂ ᠵᠠᠬᠢᠳᠠᠯ ᠰᠣᠷᠪᠤᠯᠵᠢᠯᠭ᠎ᠠ ᠶᠢᠨ ᠡᠮᠬᠢ ᠵᠢᠷᠤᠮ ᠢ ᠪᠦᠲᠦᠮᠵᠢᠲᠡᠢ ᠲᠥᠷᠢᠮᠵᠢᠭᠦᠯᠦᠨ᠎ᠡ᠃ ᠨᠡᠶᠢᠭᠡᠮ ᠤᠨ ᠪᠠᠶᠢᠳᠠᠯ ᠢ ᠰᠠᠶᠢᠵᠢᠷᠠᠭᠤᠯᠬᠤ ᠡᠭᠦᠳᠦᠯᠲᠡ ᠬᠢᠵᠦ᠂ ᠤᠷᠢᠳᠴᠢᠯᠠᠨ ᠮᠡᠳᠡᠬᠦ᠂ ᠤᠷᠢᠳᠴᠢᠯᠠᠨ ᠰᠡᠷᠭᠡᠶᠢᠯᠡᠬᠦ ᠴᠢᠳᠠᠮᠵᠢ ᠪᠠᠨ ᠨᠡᠮᠡᠭᠳᠡᠭᠦᠯᠵᠦ᠂ ᠬᠠᠤᠯᠢ ᠶᠢ ᠵᠦᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠣᠬᠢᠯᠲᠡ ᠦᠭᠴᠦ᠂ ᠬᠤᠪᠢ ᠬᠥᠮᠥᠨ ᠤ ᠬᠡᠲᠦᠷᠡᠮᠡᠬᠡᠢ ᠠᠵᠢᠯᠯᠠᠭ᠎ᠠ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠬᠦᠨᠦᠭᠡᠭᠰᠡᠨ ᠬᠡᠷᠡᠭ ᠭᠠᠷᠬᠤ ᠶᠢ ᠬᠤᠷᠢᠭᠯᠠᠨ᠂ ᠣᠯᠠᠨ ᠲᠦᠮᠡᠨ ᠤ ᠠᠮᠤᠷ ᠲᠦᠪᠰᠢᠨ ᠰᠡᠳᠬᠢᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠳᠣᠯᠤᠭ᠎ᠠ᠂ ᠬᠥᠭᠵᠢᠯᠲᠡ ᠶᠢᠨ ᠣᠷᠴᠢᠨ ᠢ ᠢᠳᠡᠪᠬᠢᠲᠡᠢ ᠪᠣᠢ ᠪᠣᠯᠭᠠᠵᠤ᠂ ᠠᠷᠠᠳᠴᠢᠯᠠᠯ ᠬᠠᠤᠯᠢ ᠪᠠᠷ ᠵᠠᠰᠠᠬᠤ ᠪᠣᠯᠤᠨ ᠣᠶᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ      ᠬᠠᠤᠯᠢ ᠪᠠᠷ ᠬᠤᠲᠠ ᠪᠠᠨ ᠵᠠᠰᠠᠬᠤ ᠶᠢ ᠪᠠᠷᠢᠮᠲᠡᠯᠠᠨ ᠠᠬᠢᠭᠤᠯᠤᠨ᠎ᠠ᠃ ᠬᠠᠤᠯᠢ ᠲᠣᠭᠲᠠᠭᠠᠬᠤ ᠠᠵᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ᠂ ᠤᠰᠤᠨ ᠰᠤᠷᠪᠤᠯᠵᠢ ᠶᠢᠨ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠠᠤᠯᠢ ᠲᠤᠭᠲᠠᠭᠠᠬᠤ ᠶᠢ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠤᠨ ᠳᠦᠷᠢᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠂ ᠡᠭᠦᠷᠭᠡ ᠲᠤᠰᠢᠶᠠᠯ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠰᠠᠨ᠂ ᠬᠠᠤᠯᠢ ᠬᠡᠷᠡᠭᠵᠢᠭᠦᠯᠬᠦ ᠨᠢ ᠴᠢᠩᠭ᠎ᠠ ᠬᠢᠨᠠᠮᠠᠭᠠᠢ᠂ ᠬᠠᠤᠯᠢ ᠶᠢ ᠰᠠᠬᠢᠨ ᠢᠲᠡᠭᠡᠮᠵᠢᠲᠠᠢ ᠪᠠᠶᠢᠳᠠᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠠᠶᠢᠴᠠᠭᠠᠬᠤ ᠪᠠᠶᠢᠭᠤᠯᠭ᠎ᠠ ᠨᠡᠶᠢᠲᠡ ᠶᠢᠨ ᠲᠤᠰᠠᠯᠠᠮᠵᠢ ᠶᠢᠨ ᠴᠢᠨᠠᠷᠲᠠᠢ ᠵᠠᠭᠠᠯᠳᠤᠯᠭ᠎ᠠ ᠬᠢᠬᠦ ᠶᠢ ᠳᠡᠮᠵᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ︽ᠳᠣᠯᠣᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠲᠦᠭᠡᠮᠡᠯᠵᠢᠭᠦᠯᠬᠦ ᠠᠵᠢᠯ ᠢ ᠬᠦᠨᠵᠡᠭᠡᠢ ᠥᠷᠨᠢᠭᠦᠯᠦᠨ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠳᠡᠭᠡᠭᠰᠢᠯᠡᠭᠦᠯᠦᠨ᠎ᠡ᠃      ᠡᠯ᠎ᠡ ᠡᠲᠡᠭᠡᠳ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠬᠤᠷᠢᠶᠠᠨ ᠤ ᠬᠠᠤᠯᠢ ᠴᠠᠭᠠᠵᠠ ᠪᠠᠷ ᠬᠢᠨᠠᠯᠲᠠ ᠲᠠᠯᠪᠢᠬᠤ ᠪᠣᠯᠤᠨ ᠠᠵᠢᠯ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶᠠᠨ ᠤ ᠡᠯ᠎ᠡ ᠵᠦᠢᠯ ᠤᠨ ᠰᠢᠢᠳᠪᠦᠷᠢ ᠶᠢ ᠬᠢᠨᠠᠮᠠᠭᠠᠢ ᠬᠡᠷᠡᠭᠵᠢᠭᠦᠯᠵᠦ᠂ ᠲᠣᠭᠲᠠᠭᠰᠠᠨ ᠴᠠᠭ ᠲᠤ ᠠᠵᠢᠯ ᠤᠨ ᠮᠡᠳᠡᠭᠦᠯᠦᠯᠲᠡ ᠬᠢᠵᠦ᠂ ᠲᠦᠯᠦᠭᠡᠯᠡᠭᠴᠢᠳ ᠤᠨ ᠰᠠᠨᠠᠯ ᠢ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠲᠦᠷᠢᠮᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯ ᠢ ᠵᠥᠪᠳᠡᠬᠦ ᠲᠥᠯᠥᠪᠯᠡᠭᠡ ᠶᠢ ᠰᠠᠶᠢᠲᠤᠷ ᠭᠡᠷᠡᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ ᠨᠠᠮ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠬᠦᠢᠴᠡᠳᠭᠡᠨ᠎ᠡ᠃ ᠨᠡᠶᠢᠭᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ᠂ ᠥᠷᠭᠡᠨ ᠣᠯᠠᠨ ᠲᠦᠮᠡᠨ ᠤ ᠬᠦᠰᠡᠯ ᠰᠠᠨᠠᠭ᠎ᠠ ᠶᠢ ᠥᠷᠭᠡᠨ ᠢᠶᠠᠷ ᠰᠣᠨᠣᠰᠴᠤ᠂ ᠨᠡᠶᠢᠭᠡᠮ ᠤᠨ ᠶᠠᠷᠢᠶ᠎ᠠ ᠬᠡᠯᠡᠯᠴᠡᠭᠡ ᠪᠠᠷ ᠪᠠᠶᠢᠳᠠᠯ ᠤᠨ ᠬᠠᠨᠳᠤᠰᠢ ᠪᠣᠯᠭᠠᠵᠤ᠂ ᠵᠠᠰᠠᠭ ᠤᠨ ᠣᠷᠳᠤᠨ ᠤ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠬᠠᠯᠠᠨ ᠰᠠᠶᠢᠵᠢᠷᠠᠭᠤᠯᠤᠨ᠎ᠠ᠃      ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠪᠣᠯᠪᠠᠰᠤᠨ ᠬᠤᠲᠠ ᠪᠣᠯᠬᠤ ᠪᠠᠷ ᠠᠴᠢᠶᠠᠯᠠᠪᠤᠷᠢ ᠪᠣᠯᠭᠠᠵᠤ᠂ ᠪᠦᠬᠦ ᠬᠤᠳᠠ ᠳᠤ ︽ᠵᠢᠷᠭᠤᠭᠠᠨ ᠰᠤᠷᠲᠠᠬᠤᠨ︾᠎ ᠤ ᠰᠣᠶᠣᠯ ᠢ ᠶᠡᠬᠡᠪᠡᠷ ᠪᠠᠳᠠᠷᠠᠭᠤᠯᠤᠨ᠂ ᠶᠣᠰᠣ ᠰᠤᠷᠲᠠᠬᠤᠨ ᠰᠠᠶᠢᠨ ᠰᠠᠶᠢᠬᠠᠨ ᠤᠯᠠᠭᠠᠨᠬᠠᠳᠠ ᠶᠢ ᠪᠠᠶᠢᠭᠤᠯᠤᠨ᠎ᠠ᠃ ᠬᠥᠳᠡᠭᠡ ᠲᠤᠰᠬᠤᠨ ᠤ ᠰᠣᠶᠣᠯ ᠤᠨ ᠥᠷᠲᠡᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ ᠪᠦᠬᠦ ᠬᠤᠲᠠ ᠶᠢᠨ ᠲᠠᠷᠢᠶᠠᠴᠢᠨ ᠮᠠᠯᠴᠢᠨ ᠤ ᠤᠷᠠᠨ ᠰᠠᠶᠢᠬᠠᠨ ᠤ ᠲᠣᠭᠯᠠᠯᠲᠠ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠢ ᠲᠠᠰᠤᠷᠠᠯᠲᠠ ᠦᠭᠡᠢ ᠪᠠᠶᠡᠯᠢᠬᠵᠢᠭᠤᠯᠤᠨ᠎ᠠ᠃ ᠣᠬᠢ ᠰᠠᠶᠢᠨ ᠤᠷᠠᠯᠢᠭ ᠤᠨ ᠪᠦᠲᠦᠭᠡᠯ ᠢ ᠨᠡᠮᠡᠭᠳᠡᠭᠦᠯᠵᠦ᠂ ᠥᠪᠥᠷ ᠮᠣᠩᠭᠤᠯ ᠾᠧᠪᠧᠢ ᠯᠢᠶᠤᠤᠨᠢᠩ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠪᠣᠯᠤᠨ ᠪᠦᠬᠦ ᠥᠪᠡᠷᠲᠡᠭᠡᠨ ᠵᠠᠰᠠᠬᠤ ᠣᠷᠣᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠢ ᠰᠠᠶᠢᠲᠤᠷ ᠡᠷᠬᠢᠯᠡᠵᠦ᠂ ︽ᠳᠤᠮᠳᠠᠳᠤᠴᠤᠳ ᠪᠦᠬᠦᠨ ᠨᠢᠭᠡ ᠭᠡᠷ ᠪᠦᠯᠢ︾ ᠭᠡᠬᠦ ᠨᠠᠭᠠᠳᠤᠮ ᠤᠨ ᠬᠤᠷᠠᠯ ᠢ ᠰᠠᠶᠢᠲᠤᠷ ᠳᠠᠭᠠᠭᠠᠨ ᠡᠷᠬᠢᠯᠡᠨ᠂ ᠯᠢᠶᠣᠣ ᠶᠢᠨ ᠰᠣᠶᠣᠯ ᠪᠠ ᠬᠤᠩᠱᠠᠨ ᠰᠣᠶᠣᠯ ᠤᠨ ᠬᠠᠭᠤᠴᠢ ᠶᠢ ᠪᠣᠳᠠᠰ ᠤᠨ ᠪᠣᠯᠪᠠᠰᠤᠨ ᠢᠶᠠᠷ ᠮᠡᠳᠡᠭᠦᠯᠦᠨ ᠵᠥᠪᠰᠢᠶᠡᠷᠡᠭᠦᠯᠬᠦ ᠠᠬᠢᠴᠠ ᠶᠢ ᠲᠦᠷᠭᠡᠳᠬᠡᠨ᠎ᠡ᠃ ᠨᠡᠶᠢᠭᠡᠮ ᠤᠨ ᠢᠲᠡᠭᠡᠮᠵᠢ ᠶᠢᠨ ᠴᠣᠭᠴᠠ ᠶᠢ ᠲᠡᠭᠦᠯᠳᠡᠷᠵᠢᠭᠦᠯᠦᠨ ᠢᠲᠡᠭᠡᠮᠵᠢᠲᠡᠢ ᠤᠯᠠᠭᠠᠨᠬᠠᠳᠠ ᠶᠢ ᠪᠠᠶᠢᠭᠤᠯᠤᠨ᠎ᠠ᠃ ᠰᠠᠶᠢᠨ ᠰᠠᠶᠢᠬᠠᠨ ᠭᠡᠷ ᠪᠦᠯᠢ ᠶᠢᠨ ᠰᠤᠷᠲᠡᠯ᠂ ᠠᠶᠢᠯ ᠲᠤᠰᠬᠤᠨ ᠤ ᠰᠤᠷᠲᠠᠯ᠂ ᠠᠵᠢᠯ ᠲᠥᠷᠥᠯ ᠤᠨ ᠰᠤᠷᠲᠠᠯ᠂ ᠵᠠᠰᠠᠭ ᠤᠨ ᠰᠤᠷᠲᠠᠯ ᠢ ᠶᠡᠬᠡᠪᠡᠷ ᠰᠤᠷᠲᠠᠯᠴᠢᠯᠠᠵᠤ᠂ ᠰᠢᠨ᠎ᠡ ᠰᠤᠷᠲᠠᠯ ᠵᠥᠪ ᠮᠣᠷᠠᠯ ᠢ ᠲᠦᠷᠢᠮᠵᠢᠭᠦᠯᠵᠦ᠂ ᠦᠷᠭᠦᠯᠵᠢ ᠶᠢᠨ ᠴᠢᠨᠠᠷᠲᠠᠢ ᠪᠣᠯᠭᠠᠬᠤ ᠪᠠᠷ ᠳᠠᠮᠵᠢᠨ ᠨᠡᠶᠢᠭᠡᠮ ᠤᠨ ᠡᠶ᠎ᠡ ᠵᠣᠬᠢᠴᠠᠯ ᠤᠨ ᠰᠠᠭᠤᠷᠢ ᠶᠢ ᠪᠠᠲᠤᠳᠬᠠᠨ᠎ᠠ᠃      ᠡᠯ᠎ᠡ ᠲᠠᠯ᠎ᠠ ᠶᠢᠨ ᠬᠦᠴᠦᠨ ᠢ ᠪᠦᠯᠬᠦᠮᠳᠡᠭᠦᠯᠦᠨ ᠨᠢᠭᠲᠠᠷᠠᠭᠤᠯᠤᠨ᠎ᠠ᠃ ᠠᠬᠠᠮᠠᠳ ᠺᠠᠳ᠋ᠷᠴᠤᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ᠂ ᠰᠢᠨᠵᠢᠯᠡᠬᠦ ᠤᠬᠠᠭᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠤᠯᠤᠰ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠳᠤ ᠰᠠᠭᠤᠭ᠎ᠠ ᠨᠢᠭᠡᠴᠡ ᠶᠢᠨ ᠢᠳᠡᠪᠬᠢᠲᠦ ᠴᠢᠨᠠᠷ᠂ ᠰᠠᠨᠠᠭᠠᠴᠢᠯᠭᠠᠲᠦ ᠴᠢᠨᠠᠷ ᠢ ᠭᠦᠢᠴᠡᠳ ᠳᠠᠶᠢᠴᠢᠯᠠᠨ᠂ ᠬᠠᠮᠲᠤ ᠶᠢᠨ ᠦᠵᠡᠯᠲᠡ ᠶᠢ ᠪᠣᠢ ᠪᠣᠯᠭᠠᠨ᠂ ᠣᠳᠣᠬᠢᠴᠢᠯᠠᠭᠰᠠᠨ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠬᠠᠮᠲᠤᠷᠠᠭᠰᠠᠨ ᠬᠦᠴᠦᠨ ᠢ ᠪᠦᠷᠢᠯᠳᠦᠭᠦᠯᠦᠨ᠎ᠡ᠃ ᠬᠤᠶᠠᠷ ᠢ ᠬᠦᠷᠢᠶᠡᠯᠡᠬᠦ ᠬᠠᠮᠲᠤᠪᠠᠷ ᠪᠠᠶᠢᠭᠤᠯᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠤᠨ᠂ ᠠᠷᠠᠳ ᠤᠨ ᠠᠭᠠᠷ ᠰᠡᠷᠭᠡᠶᠢᠯᠡᠯᠲᠡ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠴᠡᠷᠢᠭ ᠠᠷᠠᠳ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠦᠨᠳᠦᠰᠦᠲᠡᠨ ᠤ ᠠᠵᠢᠯ ᠤᠨ ᠴᠢᠭᠯᠡᠯᠲᠡ ᠲᠦᠷᠦ ᠶᠢᠨ ᠪᠣᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠪᠠ ᠡᠭᠦᠳᠦᠨ ᠪᠠᠶᠢᠭᠤᠯᠬᠤ ᠠᠵᠢᠯᠯᠠᠭᠠᠨ ᠢ ᠬᠦᠨᠵᠡᠭᠡᠢ ᠥᠷᠨᠢᠭᠦᠯᠦᠨ᠎ᠡ᠃ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠡᠲᠡᠭᠡᠳ ᠤᠨ ᠬᠥᠮᠥᠰ᠂ ᠰᠦᠵᠢᠭᠲᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃      ᠨᠠᠢᠮᠠ᠂ ᠬᠥᠭᠵᠢᠯᠲᠡ ᠶᠢ ᠳᠠᠭᠠᠭᠤᠯᠤᠨ ᠵᠢᠯᠣᠭᠤᠳᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠨᠠᠭᠰᠢᠲᠠ ᠴᠢᠩᠭᠠᠳᠬᠠᠨ᠎ᠠ      ᠬᠤᠶᠢᠷᠭᠤ ᠵᠠᠯᠬᠠᠭᠤ ᠶᠢ ᠵᠠᠰᠠᠵᠤ᠂ ᠦᠨᠡᠨᠴᠢ ᠬᠠᠷᠢᠭᠤᠴᠠᠯᠭ᠎ᠠ ᠲᠠᠢ ᠪᠠᠶᠢᠬᠤ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ᠤᠯᠤᠰ ᠲᠦᠷᠦ ᠶᠢᠨ ᠣᠶᠢᠯᠠᠭᠠᠭᠳᠠᠬᠤᠨ᠂ ᠶᠡᠭᠡ ᠲᠠᠯ᠎ᠠ ᠶᠢᠨ ᠣᠶᠢᠯᠠᠭᠠᠭᠳᠠᠬᠤᠨ᠂ ᠭᠤᠣᠯᠯᠠᠭᠴᠢ ᠣᠶᠢᠯᠠᠭᠠᠭᠳᠠᠬᠤᠨ ᠪᠠ ᠪᠡᠶ᠎ᠡ ᠪᠠᠨ ᠠᠳᠠᠯᠢᠳᠬᠠᠨ ᠱᠠᠭᠠᠷᠳᠠᠬᠤ ᠣᠶᠢᠯᠠᠭᠠᠭᠳᠠᠬᠤᠨ ᠢᠶᠠᠨ ᠴᠢᠩᠭᠠᠳᠬᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠳᠡᠵᠦ᠂ ᠵᠠᠰᠠᠭ ᠤᠨ ᠣᠷᠳᠣᠨ ᠤ ᠠᠵᠢᠯ ᠢ ᠬᠡᠵᠢᠶᠡᠳᠡ ᠵᠥᠪ ᠵᠠᠮ ᠢᠶᠠᠷ ᠶᠠᠪᠤᠭᠤᠯᠤᠨ᠎ᠠ᠃ ︽ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠠᠵᠢᠯᠯᠠᠭᠠᠨ ᠢ ᠦᠷᠭᠦᠯᠵᠢᠯᠡᠩᠭᠦᠢ᠂ ᠳᠦᠷᠢᠮᠵᠢᠭᠰᠡᠨ ᠲᠣᠭᠲᠠᠴᠠ ᠲᠠᠢ ᠪᠣᠯᠭᠠᠵᠤ᠂ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠪᠠᠷ ︽ᠪᠤᠳᠠᠲᠠᠢ ᠠᠵᠢᠯᠯᠠᠬᠤ᠂ ᠵᠣᠷᠢᠭᠳᠠᠢ ᠡᠭᠦᠷᠭᠡᠯᠡᠬᠦ᠂ ᠬᠤᠪᠢ ᠨᠡᠮᠡᠭᠦᠷᠢ ᠦᠵᠡᠭᠦᠯᠬᠦ ᠪᠠᠨ ᠠᠳᠠᠯᠢᠳᠬᠠᠬᠤ︾ ᠦᠵᠡᠯ ᠰᠠᠨᠠᠭ᠎ᠠ ᠪᠠᠨ ᠴᠢᠯᠦᠭᠡᠯᠡᠬᠦ ᠭᠤᠣᠯ ᠰᠡᠳᠦᠪᠲᠦ ᠬᠥᠮᠥᠵᠢᠯ ᠦᠢᠯᠡᠳᠦᠯᠭᠡ ᠶᠢᠨ ᠠᠵᠢᠯᠯᠠᠭᠠᠨ ᠢ ᠰᠠᠶᠢᠲᠤᠷ ᠥᠷᠨᠢᠭᠦᠯᠦᠨ᠎ᠡ᠃ ᠠᠵᠢᠯᠰᠠᠭ ᠢ ᠱᠠᠩᠨᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠡᠭᠦᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠬᠡᠵᠦ ᠵᠣᠷᠢᠭᠲᠠᠢ ᠪᠠᠷ ᠰᠢᠨ᠎ᠡ ᠶᠢ ᠡᠭᠦᠳᠦᠭᠰᠡᠳ ᠲᠤ ᠠᠵᠢᠯ ᠨᠠᠶᠢᠳᠠᠵᠤ ᠠᠵᠢᠯᠯᠠᠬᠤ ᠪᠠᠶᠢᠷᠢ ᠲᠠᠢ ᠪᠣᠯᠭᠠᠵᠤ᠂ ︽ᠠᠯᠵᠠᠭᠤ ᠶᠢ ᠲᠤᠷᠠᠭᠠᠬᠤ︾ ᠡᠷᠴᠢᠮ ᠢᠶᠠᠨ ᠴᠢᠩᠭᠠᠷᠠᠭᠤᠯᠤᠨ᠂ ᠠᠵᠢᠯ ᠶᠠᠪᠤᠳᠠᠯ ᠪᠦᠲᠦᠭᠡᠬᠦ ᠶᠢ ᠪᠣᠳᠣᠳᠠᠭ ᠦᠭᠡᠢ᠂ ᠠᠵᠢᠯ ᠶᠠᠪᠤᠳᠠᠯ ᠪᠦᠲᠦᠭᠡᠬᠦ ᠵᠣᠷᠢᠭ ᠦᠭᠡᠢ ᠬᠥᠮᠥᠨ ᠳᠤ ᠴᠡᠭᠡᠷᠯᠡᠯ ᠦᠵᠡᠭᠦᠯᠬᠦ ᠪᠣᠯᠭᠠᠨ᠎ᠠ᠃ ︽ᠡᠩ ᠶᠡᠷᠦᠮᠳᠡᠭ︾ ᠪᠠᠶᠢᠳᠠᠯ ᠢ ᠬᠤᠪᠢᠷᠠᠭᠤᠯᠬᠤ ᠠᠷᠭ᠎ᠠ ᠪᠠᠷᠢᠯ ᠢᠶᠠᠨ ᠰᠢᠨᠡᠳᠬᠡᠵᠦ᠂ ᠠᠵᠢᠯ ᠤᠨ ᠪᠠᠶᠢᠷᠢ ᠳᠤ ᠪᠠᠶᠢᠪᠠᠴᠤ ᠡᠭᠦᠷᠭᠡ ᠲᠤᠰᠢᠶᠠᠯ ᠢᠶᠠᠨ ᠦᠯᠦ ᠭᠦᠢᠴᠡᠳᠬᠡᠳᠡᠭ᠂ ᠠᠯᠪᠠ ᠬᠠᠰᠢᠵᠤ ᠡᠳᠦᠷ ᠥᠩᠭᠡᠷᠡᠭᠡᠭᠰᠡᠳ ᠲᠤ ᠣᠷᠣᠨ ᠵᠠᠢ ᠦᠭᠡᠢ ᠪᠣᠯᠭᠠᠨ᠎ᠠ ᠃ ︽ᠠᠭᠤᠴᠢᠯᠠᠬᠤ︾ ᠵᠣᠬᠢᠴᠠᠮᠵᠢ ᠪᠠᠶᠢᠭᠤᠯᠤᠨ ᠥᠭᠡᠷᠡᠴᠢᠯᠡᠯᠲᠡ ᠡᠭᠦᠳᠦᠯᠲᠡ ᠬᠢᠳᠡᠭ᠂ ᠵᠣᠷᠢᠭᠲᠠᠢ ᠡᠭᠦᠷᠭᠡᠯᠡᠳᠡᠭ ᠬᠥᠮᠥᠨ ᠢ ᠵᠣᠷᠢᠭᠲᠠᠢ ᠬᠡᠷᠡᠭᠯᠡᠨ ᠠᠵᠢᠯᠯᠠᠭᠤᠯᠤᠨ᠎ᠠ᠃      ᠪᠤᠳᠠᠳᠠᠢ ᠶᠢ ᠡᠷᠬᠢᠮᠯᠡᠨ᠂ ᠪᠠᠲᠤᠲᠠᠢ ᠠᠵᠢᠯᠯᠠᠬᠤ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ᠨᠠᠶᠢᠳᠠᠪᠤᠷᠢᠵᠢᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠡᠮᠵᠢᠬᠦ ᠭᠤᠣᠯ ᠪᠠᠷᠢᠮᠵᠢᠶᠠᠯᠠᠯ ᠪᠣᠯᠭᠠᠵᠤ᠂ ︽ᠠᠪᠤᠨ ᠳᠣᠣᠷ᠎ᠠ ᠪᠠᠨ ᠭᠦᠢᠴᠡᠳᠬᠡᠳᠡᠭ︾ ᠵᠣᠷᠢᠭ ᠰᠠᠨᠠᠭ᠎ᠠ᠂ ᠬᠠᠳᠠᠭᠠᠰᠤ ᠬᠠᠳᠠᠬᠤ ᠵᠣᠷᠢᠭ ᠰᠠᠨᠠᠭ᠎ᠠ᠂ ︽ᠮᠣᠩᠭᠤᠯ ᠮᠣᠷᠢ︾᠎ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠵᠠᠰᠠᠭ ᠤᠨ ᠣᠷᠳᠣᠨ ᠤ ᠬᠡᠷᠡᠭᠵᠢᠭᠦᠯᠬᠦ ᠭᠦᠶᠢᠴᠡᠳᠭᠡᠬᠦ ᠴᠢᠳᠠᠪᠤᠷᠢ ᠪᠣᠯᠤᠨ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠠᠵᠢᠯᠲᠠᠨ ᠤ ᠬᠦᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠰᠢ ᠶᠢᠨ ᠫᠢᠩ ᠶᠡᠷᠤᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠣᠯᠣᠨ ᠲᠦᠷᠦ ᠵᠠᠰᠠᠵᠤ ᠵᠠᠰᠠᠭ ᠶᠠᠪᠤᠭᠤᠯᠬᠤ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠪᠠᠨ ᠠᠬᠢᠭᠤᠯᠤᠨ᠎ᠠ ᠃ ᠨᠢᠭᠡ ᠯᠡ ᠠᠤᠭ᠎ᠠ ᠲᠥᠰᠥᠪ ᠢᠶᠠᠷ ᠲᠤᠤᠱᠲᠠᠢ ᠬᠢᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠴᠢᠬᠤᠯᠠ ᠶᠡᠭᠡ ᠲᠥᠷᠥᠯ ᠵᠦᠢᠯ ᠳᠤ ᠬᠦᠴᠦᠨ ᠴᠢᠳᠠᠯ ᠢᠶᠠᠨ ᠦᠨᠡᠨ ᠭᠠᠷᠭᠠᠵᠤ᠂ ᠣᠶᠤᠨ ᠴᠢᠳᠠᠪᠤᠷᠢ ᠪᠠᠨ ᠦᠨᠡᠨ ᠰᠢᠪᠬᠠᠵᠤ᠂ ᠦᠨᠡᠨ ᠪᠦᠲᠦᠮᠵᠢ ᠣᠯᠣᠨ᠎ᠠ᠂ ᠺᠠᠳ᠋ᠷ ᠨᠠᠷ ᠤᠨ ᠠᠯᠵᠢᠶᠠᠯ ᠵᠦᠳᠡᠷᠡᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠮᠤᠷ ᠵᠢᠷᠭᠠᠯ ᠢ ᠴᠢᠷᠮᠠᠶᠢᠨ ᠠᠪᠴᠢᠷᠠᠨ᠎ᠠ᠃ ᠪᠠᠶᠢᠴᠠᠭᠠᠨ ᠱᠠᠭᠠᠷᠳᠠᠬᠤ ᠬᠦᠴᠦᠯᠡᠴᠡ ᠪᠠᠨ ᠴᠢᠩᠭᠠᠳᠬᠠᠨ᠂ ᠪᠠᠶᠢᠴᠠᠭᠠᠨ ᠱᠠᠭᠠᠷᠳᠠᠬᠤ ᠠᠵᠢᠯ ᠤᠨ ᠵᠣᠬᠢᠴᠠᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠵᠢᠯ ᠪᠣᠯᠭᠠᠨ ᠨᠠᠶᠢᠳᠠᠪᠤᠷᠢᠵᠢᠵᠤ᠂ ᠤᠴᠢᠷ ᠶᠠᠪᠤᠳᠠᠯ ᠪᠣᠯᠭᠠᠨ ᠬᠠᠷᠢᠭᠤ ᠲᠤᠰᠬᠠᠯ ᠲᠠᠢ ᠪᠣᠯᠭᠠᠨ᠎ᠠ᠃      ᠰᠠᠨᠠᠭᠠᠴᠢᠯᠠᠭ᠎ᠠ ᠠᠴᠠ ᠪᠠᠨ ᠠᠵᠢᠯ ᠬᠢᠬᠦ᠂ ᠶᠡᠭᠡ ᠲᠠᠯ᠎ᠠ ᠳᠤ ᠦᠢᠯᠡᠴᠢᠯᠡᠬᠦ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ︽ᠶᠡᠭᠡ ᠦᠢᠯᠡᠴᠢᠯᠡᠭᠡᠨ ︾᠎ ᠤ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠥᠷᠭᠡᠨ ᠣᠯᠠᠨ ᠠᠷᠠᠳ ᠲᠦᠮᠡᠨ᠂ ᠪᠡᠯᠡ ᠣᠷᠣᠭᠤᠯᠤᠭᠰᠠᠨ ᠠᠷᠠᠯᠵᠢᠶᠠᠴᠢᠳ ᠵᠢᠴᠢ ᠪᠦᠬᠦ ᠨᠡᠶᠢᠭᠡᠮ ᠨᠡᠶᠢᠲᠡ ᠳᠤ ᠰᠠᠶᠢᠲᠤᠷ ᠦᠢᠯᠡᠴᠢᠯᠡᠨ᠂ ᠦᠢᠯᠡᠴᠢᠯᠡᠭᠡᠨ ᠢᠶᠠᠷ ᠢᠶᠠᠨ ᠬᠥᠭᠵᠢᠯᠲᠡ ᠶᠢ ᠠᠬᠢᠭᠤᠯᠤᠨ᠂ ᠪᠡᠯᠡ ᠣᠷᠣᠭᠤᠯᠤᠯᠲᠠ ᠶᠢ ᠳᠠᠭᠠᠭᠤᠯᠵᠤ ᠪᠦᠲᠦᠭᠡᠨ ᠪᠠᠶᠢᠭᠤᠯᠤᠯᠲᠠ ᠶᠢ ᠳᠠᠶᠢᠴᠢᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠰᠢᠨ᠎ᠡ ᠶᠢ ᠡᠭᠦᠳᠴᠦ ︽ᠺᠣᠮᠫᠢᠦ᠋ᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ︾ ᠵᠡᠷᠭᠡ ᠴᠢᠮᠡᠭᠡ ᠵᠠᠩᠭᠢ ᠪᠠᠷ ᠠᠷᠠᠳ ᠲᠤ ᠬᠦᠷᠳᠡᠭᠡᠮᠵᠢ ᠣᠯᠭᠤᠬᠤ ᠢᠨᠵᠧᠨᠧᠷᠢᠩ ᠢ ᠬᠢᠵᠦ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠥᠷᠭᠡᠳᠬᠡᠨ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠳᠡᠭᠡᠷ᠎ᠡ ᠤᠴᠢᠷ ᠶᠠᠪᠤᠳᠠᠯ ᠠᠯᠪᠠᠯᠠᠬᠤ ᠪᠣᠯᠭᠠᠵᠤ᠂ ᠴᠢᠮᠡᠭᠡ ᠵᠠᠩᠭᠢ ᠪᠠᠷ ᠢᠯᠡᠭᠦᠦ ᠭᠦᠢᠴᠡᠳᠭᠡᠨ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠵᠤ᠂ ᠵᠠᠰᠠᠭ ᠤᠨ ᠣᠷᠳᠣᠨ ᠤ ᠨᠡᠪᠲᠡᠴᠡ ᠶᠢ ᠳᠡᠭᠡᠭᠰᠢᠯᠡᠭᠦᠯᠦᠨ᠎ᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠢ ᠴᠠᠭ ᠲᠤᠬᠠᠢ ᠳᠤ ᠨᠢ ᠨᠡᠶᠢᠲᠡᠯᠡᠨ᠎ᠡ᠃      ᠠᠷᠢᠭᠤᠨ ᠴᠡᠪᠡᠷᠬᠡᠨ ᠢᠶᠠᠷ ᠠᠵᠢᠯ ᠭᠦᠢᠴᠡᠳᠬᠡᠬᠦ ᠂ ᠲᠥᠪ ᠭᠤᠣᠯᠴᠢ ᠠᠷᠢᠭᠤᠨ ᠴᠢᠭᠡᠴᠢ ᠪᠠᠶᠢᠬᠤ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠶᠢ ᠭᠦᠨᠵᠡᠭᠡᠶᠢᠷᠡᠭᠦᠯᠦᠨ᠂ ᠨᠠᠮ ᠤᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ 28 ᠵᠦᠢᠯ ᠤᠨ ᠲᠥᠬᠦᠷ ᠲᠣᠭᠲᠠᠭᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ 44 ᠵᠦᠢᠯ ᠤᠨ ᠪᠣᠳᠠᠲᠠᠢ ᠲᠣᠭᠲᠠᠭᠠᠯ ᠢ ᠨᠡᠩ ᠢᠯᠡᠭᠦᠦ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ︽ᠳᠥᠷᠪᠡᠨ ᠰᠤᠷᠲᠠᠯ︾ ᠳᠠᠬᠢᠵᠤ ᠰᠡᠷᠭᠦᠬᠦ ᠶᠢ ᠡᠷᠡᠰ ᠬᠤᠷᠢᠭᠯᠠᠨ᠎ᠠ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠣᠯᠤᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠳᠠᠯᠠᠨ ᠨᠡᠶᠢᠭᠡᠮ ᠨᠡᠶᠢᠲᠡ ᠶᠢᠨ ᠡᠷᠬᠡ ᠶᠢᠨ ᠬᠡᠷᠡᠭᠯᠡᠯᠲᠡ ᠪᠠ ᠨᠡᠶᠢᠭᠡᠮ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭ᠎ᠠ ᠨᠢᠮᠪᠠᠢ ᠵᠢᠷᠤᠮᠵᠢᠭᠤᠯᠤᠨ᠂ ᠬᠠᠤᠯᠢ ᠴᠠᠭᠠᠵᠠ ᠶᠢ ᠵᠥᠷᠢᠴᠡᠭᠰᠡᠨ᠂ ᠳᠦᠷᠢᠮ ᠲᠣᠭᠲᠠᠭᠠᠯ ᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠠᠭ ᠳᠠᠷᠤᠢ ᠳᠤ ᠨᠢ ᠢᠯᠡᠷᠡᠭᠦᠯᠦᠨ᠂ ᠡᠷᠡᠰ ᠵᠠᠯᠠᠷᠠᠭᠤᠯᠵᠤ᠂ ᠠᠷᠢᠭᠤᠨ ᠴᠢᠭᠡᠴᠢ ᠪᠠᠷ ᠵᠠᠰᠠᠭ ᠲᠤ ᠣᠷᠣᠯᠴᠠᠳᠠᠭ ᠠᠯᠪᠠᠲᠠᠨ ᠤ ᠡᠩᠨᠡᠭᠡ ᠶᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ ᠤ ᠠᠷᠢᠭᠤᠨ ᠴᠢᠭᠡᠴᠢ ᠲᠥᠪ ᠰᠤᠷᠲᠠᠯ ᠲᠠᠢ ᠳᠦᠷᠢ ᠲᠥᠷᠬᠦ ᠶᠢ ᠪᠣᠢ ᠪᠣᠯᠭᠠᠨ᠎ᠠ᠃      ᠲᠥᠯᠥᠭᠡᠯᠡᠭᠴᠢᠳ ᠡ︕ ᠰᠢᠨ᠎ᠡ ᠠᠶᠠᠨ ᠵᠠᠮ ᠰᠢᠨ᠎ᠡ ᠡᠭᠦᠷᠭᠡ ᠳᠠᠭᠠᠭᠠᠯᠭᠠᠪᠤᠷᠢ ᠶᠢ ᠲᠠᠯᠪᠢᠯ᠎ᠠ᠂ ᠰᠢᠨ᠎ᠡ ᠬᠠᠷᠠᠯᠲᠠ ᠰᠢᠨ᠎ᠡ ᠣᠷᠭᠢᠯ ᠳᠤ ᠭᠠᠷᠬᠤ ᠶᠢ ᠤᠷᠠᠶᠢᠯᠠᠵᠤ ᠪᠠᠶᠢᠨ᠎ᠠ᠃ ᠪᠢᠳᠡ ᠰᠢ ᠶᠢᠨ ᠫᠢᠩ ᠨᠦᠭᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠢᠭ᠌ᠲᠡᠷᠠᠨ ᠪᠦᠯᠬᠦᠮᠳᠡᠵᠡᠬᠡᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠬᠢᠯᠡᠯ ᠤᠨ ᠵᠣᠷᠢᠯᠲᠠ ᠪᠠᠨ ᠮᠠᠷᠲᠠᠯ ᠦᠭᠡᠢ᠂ ᠡᠭᠡᠨᠡᠭᠲᠡ ᠰᠠᠬᠢᠨ ᠪᠠᠷᠠᠯᠠᠵᠤ᠂ ᠬᠠᠷᠢᠯᠴᠠᠨ ᠲᠤᠰᠠᠯᠠᠯᠴᠠᠨ᠂ ᠴᠤᠴᠠᠯᠲᠠ ᠦᠭᠡᠢ ᠤᠷᠤᠭᠰᠢᠯᠠᠵᠤ᠂ ᠬᠠᠨᠴᠤᠢ ᠰᠢᠮᠠᠯᠠᠨ ᠭᠠᠷᠮᠠᠭᠠᠶᠢᠯᠠᠨ ᠠᠵᠢᠯᠯᠠᠵᠤ᠂ ᠤᠯᠠᠭᠠᠨᠬᠠᠳᠠ ᠶᠢᠨ ᠢᠶᠠᠨ ᠦᠰᠦᠷᠦᠯᠲᠡ ᠮᠠᠨᠳᠤᠯᠲᠠ ᠶᠢᠨ ᠠᠯᠬᠤᠴᠠ ᠶᠢ ᠲᠦᠷᠭᠡᠳᠬᠡᠨ᠂ ᠰᠢᠯᠢᠳᠡᠭ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠤᠳᠠᠭᠠᠨ ᠤ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠪᠣᠯᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢᠲᠦ ᠰᠠᠶᠢᠬᠠᠨ ᠣᠷᠣᠨ ᠤ ᠤᠯᠠᠭᠠᠨᠬᠠᠳᠠ ᠶᠢᠨ ᠢᠶᠠᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕  
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ