2017 ᠵᠠᠰᠠᠭ ᠤᠨ ᠣᠷᠳᠤᠨ ᠤ ᠠᠵᠢᠯ ᠤᠨ ᠢᠯᠡᠳᠭᠡᠯ ︵ᠬᠤᠶᠠᠷ︶
ᠨᠡᠶᠢᠲᠡᠯᠡᠭᠰᠡᠨ ᠴᠠᠭ᠄
2017/3/20

2017 ᠣᠨ ᠤ ᠠᠵᠢᠯ ᠤᠨ ᠲᠣᠬᠢᠷᠠᠭᠤᠯᠤᠯᠲᠠ

     ᠡᠨᠡ ᠵᠢᠯ ᠪᠣᠯ ︽ᠠᠷᠪᠠᠨ ᠭᠤᠷᠪᠠᠳᠤᠭᠠᠷ ᠲᠠᠪᠤ︾᠎ ᠶᠢᠨ ᠲᠥᠯᠥᠪᠵᠢᠭᠦᠯᠭᠡ ᠢ ᠨᠠᠶᠢᠳᠠᠪᠦᠷᠢᠵᠢᠭᠤᠯᠬᠤ ᠳᠤ ᠤᠷᠢᠳᠠᠬᠢ ᠬᠤᠶᠢᠨᠠᠬᠢ ᠶᠢ ᠵᠣᠯᠭᠠᠭᠤᠯᠬᠤ

ᠵᠠᠩᠬᠢᠯᠠᠭ᠎ᠠ ᠶᠢᠨ ᠨᠢᠭᠡ ᠵᠢᠯ ᠮᠦᠨ᠂ ᠪᠢᠳᠡ ᠪᠠᠰᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢᠯᠠᠯᠲᠠ ᠲᠠᠢ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ

ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠪᠣᠯᠣᠨ᠎ᠠ᠂ ᠡᠨᠡ ᠵᠢᠯ ᠤᠨ ᠠᠵᠢᠯ ᠢᠶᠠᠨ ᠰᠠᠶᠢᠨ ᠬᠢᠬᠦ ᠨᠢ ᠮᠠᠰᠢ ᠶᠡᠭᠡ ᠠᠴᠢ ᠬᠤᠯᠪᠤᠭᠳᠠᠯ ᠲᠠᠢ᠂ ᠠᠯᠤᠰ

ᠬᠡᠲᠦ ᠶᠢᠨ ᠨᠥᠯᠥᠭᠡ ᠲᠠᠢ ᠶᠤᠮ᠃ ᠡᠨᠡ ᠵᠢᠯ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ

ᠴᠢᠬᠤᠯᠠ ᠢᠯᠡᠳᠬᠡᠯ ᠤᠨ ᠵᠤᠷᠢᠭ ᠰᠠᠨᠠᠭ᠎ᠠ ᠪᠣᠯᠣᠨ ᠲᠦᠷᠦ ᠪᠠᠨ ᠵᠠᠰᠠᠵᠤ ᠵᠠᠰᠠᠭ ᠶᠠᠪᠤᠭᠤᠯᠬᠤ ᠰᠢᠨ᠎ᠡ ᠦᠵᠡᠯᠲᠡ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ

ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ

ᠬᠤᠲᠠ ᠶᠢᠨ ᠳᠣᠯᠣᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂

ᠲᠣᠭᠲᠠᠭᠤᠨ ᠪᠥᠭᠡᠳ ᠤᠷᠤᠭᠰᠢ ᠠᠬᠢᠭᠤᠯᠬᠤ ᠶᠡᠷᠦᠩᠬᠡᠢ ᠠᠶᠢᠵᠢᠮ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ᠂ ᠬᠥᠭᠵᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠤᠷᠪᠠᠨ ᠦᠨᠳᠦᠰᠦᠨ ᠱᠠᠭᠠᠷᠳᠠᠯᠭ᠎ᠠ ᠶᠢ

ᠪᠠᠷᠢᠮᠲᠠᠯᠠᠵᠤ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠠᠵᠦ ᠦᠢᠯᠡᠰ ᠤᠨ ᠬᠦᠭᠵᠢᠯᠲᠡ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂

ᠥᠭᠡᠷᠡᠴᠢᠯᠡᠯᠲᠡ ᠨᠡᠭᠡᠭᠡᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠤᠷ ᠲᠦᠪᠰᠢᠨ ᠲᠣᠭᠲᠠᠭᠤᠨ ᠢ ᠪᠠᠲᠤᠯᠠᠬᠤ ᠵᠡᠷᠭᠡ ᠠᠵᠢᠯ ᠢ ᠪᠥᠬᠦ ᠲᠠᠯ᠎ᠠ ᠪᠠᠷ

ᠰᠠᠶᠢᠲᠤᠷ ᠬᠢᠵᠤ᠂ ᠤᠯᠠᠭᠠᠨᠬᠠᠳᠠ ᠶᠢᠨ ᠦᠰᠦᠷᠦᠯᠲᠡ ᠮᠠᠨᠳᠤᠯᠲᠠ ᠶᠢᠨ ᠠᠯᠬᠤᠴᠠ ᠶᠢ ᠴᠢᠷᠮᠠᠶᠢᠨ ᠲᠥᠷᠭᠡᠳᠬᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ

ᠪᠠᠶᠢᠭᠤᠯᠬᠤ ᠳᠤ ᠪᠠᠳᠤᠲᠠᠢ ᠰᠠᠭᠤᠷᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ

ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢᠯᠠᠯᠲᠠ ᠲᠠᠢ ᠬᠤᠷᠠᠯᠳᠤᠬᠤ ᠶᠢ ᠤᠭᠲᠤᠨ᠎ᠠ᠃

     ᠡᠨᠡ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ

ᠥᠷᠲᠡᠭ ᠢ 8% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 8%

ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠶᠢ 16% ᠣᠷᠴᠢᠮ ᠨᠡᠮᠡᠭᠳᠡᠭᠦᠯᠵᠦ᠂ ᠨᠡᠶᠢᠭᠡᠮ ᠤᠨ

ᠬᠡᠷᠡᠭᠯᠡᠭᠡᠨ ᠤ ᠰᠤᠯᠠ ᠬᠤᠳᠠᠯᠳᠤᠭᠰᠠᠨ ᠶᠡᠷᠦᠩᠬᠡᠢ ᠨᠣᠷᠮ᠎ᠠ ᠶᠢ 11% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠪᠣᠯᠣᠨ ᠬᠥᠳᠡᠭᠡ ᠲᠣᠰᠬᠤᠨ ᠮᠠᠯᠵᠢᠬᠤ

ᠣᠷᠣᠨ ᠤ ᠪᠠᠶᠢᠩᠭᠤ ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠤᠯᠭ᠎ᠠ ᠶᠢ ᠲᠤᠰᠪᠦᠷᠢ 9% ᠪᠠ 10% ᠣᠷᠴᠢᠮ ᠨᠡᠮᠡᠭᠳᠡᠭᠦᠯᠦᠨ᠂ ᠬᠤᠲᠠ

ᠪᠠᠯᠭᠠᠰᠤᠨ ᠤ ᠳᠠᠩᠰᠠᠯᠠᠭᠰᠠᠨ ᠠᠵᠢᠯ ᠠᠯᠳᠠᠭᠰᠠᠨ ᠨᠣᠷᠮ᠎ᠠ ᠶᠢ 4% ᠳᠣᠲᠤᠷ᠎ᠠ ᠬᠢᠵᠠᠭᠠᠷᠯᠠᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ

ᠥᠰᠦᠯᠲᠡ ᠶᠢ 3% ᠳᠣᠲᠣᠷ᠎ᠠ ᠬᠢᠵᠠᠭᠠᠷᠯᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠡᠭᠦᠷᠭᠡ ᠶᠢ

ᠪᠡᠶᠡᠯᠡᠭᠦᠯᠦᠨ᠎ᠡ᠃ ᠡᠳᠡᠭᠡᠷ ᠬᠠᠷᠠᠯᠲᠠ ᠶᠢ ᠳᠤᠷᠠᠳᠬᠤ ᠳᠤ᠂ ᠪᠣᠯᠤᠮᠵᠢ ᠪᠠ ᠬᠡᠷᠡᠭᠴᠡᠭᠡ᠂ ᠣᠳᠣᠬᠢ ᠪᠠ ᠤᠷᠲᠤᠮᠵᠢ ᠶᠢ ᠶᠡᠷᠦᠩᠬᠡᠶᠢᠯᠡᠨ ᠪᠣᠳᠤᠯᠬᠢᠯᠠᠵᠤ᠂

ᠶᠡᠷᠦᠩᠬᠡᠢ ᠳᠡᠭᠡᠨ ᠥᠪᠡᠷᠲᠡᠭᠡᠨ ᠵᠠᠰᠠᠬᠤ ᠣᠷᠣᠨ ᠤ ᠵᠢᠯ ᠤᠨ ᠬᠠᠷᠠᠯᠲᠠ ᠲᠠᠢ ᠠᠳᠠᠯᠢ ᠪᠣᠶᠣ ᠪᠠᠭ᠎ᠠ ᠥᠨᠳᠦᠷ ᠰᠢᠭ ᠪᠠᠶᠢᠯᠭᠠᠵᠤ᠂ ᠲᠦᠷᠭᠡᠨ ᠬᠥᠭᠵᠢᠭᠦᠯᠵᠦ᠂

ᠰᠠᠨᠠᠭᠠᠴᠢᠯᠠᠭ᠎ᠠ ᠠᠴᠠ ᠪᠠᠨ ᠴᠢᠷᠮᠠᠶᠢᠨ ᠳᠠᠪᠰᠢᠬᠤ ᠵᠣᠷᠢᠭ ᠰᠠᠨᠠᠭ᠎ᠠ ᠶᠢ ᠳᠣᠪᠤᠶᠢᠯᠭᠠᠭᠰᠠᠨ ᠮᠥᠷᠲᠡᠭᠡᠨ ᠪᠠᠰᠠ ᠪᠣᠳᠠᠳᠠᠢ ᠠᠴᠠ ᠡᠭᠦᠰᠬᠦ ᠶᠢ ᠪᠠᠷᠢᠮᠲᠠᠯᠠᠵᠤ᠂ ᠢᠳᠡᠪᠬᠢᠲᠠᠢ

ᠯᠠᠪᠳᠠᠭᠤᠨ᠂ ᠦᠨᠡᠩᠬᠦ ᠬᠡᠷᠡᠭᠵᠢᠭᠦᠯᠦᠰᠢᠲᠠᠢ ᠵᠠᠷᠴᠢᠮ ᠢ ᠪᠠᠷᠢᠮᠲᠠᠯᠠᠭᠰᠠᠨ ᠶᠤᠮ᠃

     ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠰᠢᠢᠳᠪᠦᠷᠢᠯᠡᠬᠦ ᠴᠢᠨᠠᠷᠲᠠᠢ ᠬᠦᠴᠦᠨ ᠵᠦᠢᠯ ᠨᠢ ᠬᠥᠭᠵᠢᠭᠦᠯᠦᠯᠲᠡ ᠪᠣᠯᠣᠨ᠎ᠠ᠃ ᠪᠢᠲᠡ ᠬᠥᠭᠵᠢᠭᠦᠯᠬᠦ ᠭᠡᠰᠡᠨ ᠡᠨᠡ

ᠨᠢᠭᠡ ᠴᠢᠬᠤᠯᠠ ᠰᠡᠳᠦᠪ ᠤᠨ ᠲᠣᠭᠤᠷᠢᠨ ᠳᠤ ᠳᠣᠣᠷᠠᠬᠢ ᠠᠵᠢᠯ ᠤᠳ ᠢ ᠭᠤᠣᠯᠳᠠᠯᠭᠠᠲᠠᠢ ᠰᠠᠶᠢᠲᠤᠷ ᠬᠢᠨ᠎ᠡ᠃

     ᠨᠢᠭᠡ᠂ ᠬᠥᠭᠵᠢᠯᠲᠡ ᠶᠢᠨ ᠵᠠᠩᠬᠢᠯᠠᠭ᠎ᠠ ᠶᠢ ᠲᠣᠪᠤᠶᠢᠮ᠎ᠠ ᠡᠵᠡᠮᠳᠡᠵᠦ᠂ ᠲᠥᠷᠥᠯ ᠵᠦᠢᠯ ᠤᠨ ᠪᠡᠯᠡ ᠣᠷᠤᠭᠤᠯᠤᠯᠲᠠ ᠨᠠᠯᠢᠶᠡᠳ ᠲᠥᠷᠭᠡᠨ ᠨᠡᠮᠡᠭᠳᠡᠬᠦ ᠶᠢ ᠪᠦᠬᠦ

ᠬᠥᠴᠥᠨ ᠢᠶᠠᠷ ᠢᠶᠠᠨ ᠪᠡᠶᠡᠯᠡᠭᠦᠯᠦᠨ᠎ᠡ᠃

     ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠶᠢᠨ ︽ᠡᠪᠦᠯ ᠤᠨ ᠤᠯᠠᠷᠢᠯ ᠤᠨ ᠪᠤᠭᠤᠮᠲᠠ ᠰᠢᠪᠲᠤᠯᠬᠤ ᠠᠵᠢᠯᠯᠠᠭᠠᠨ︾᠎ ᠤ ᠦᠷ᠎ᠡ ᠪᠦᠲᠦᠮᠵᠢ ᠪᠠᠨ ᠥᠷᠭᠡᠳᠬᠡᠵᠦ᠂ ᠭᠤᠣᠯᠳᠠᠯᠭ᠎ᠠ ᠲᠠᠢ

ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠠᠷᠢᠨ ᠳᠠᠩᠰᠠ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠰᠢᠮᠳᠠᠭᠤᠯᠵᠤ᠂ ᠰᠢᠨ᠎ᠡ ᠡᠬᠢᠯᠡᠵᠦ

ᠪᠠᠶᠢᠭᠤᠯᠬᠤ ᠪᠠᠷ ᠲᠥᠯᠥᠪᠯᠡᠭᠰᠡᠨ ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠪᠡᠶᠡᠯᠡᠭᠦᠯᠵᠦ᠂ ᠪᠠᠷᠢᠯᠭ᠎ᠠ ᠡᠬᠢᠯᠡᠬᠦ

ᠤᠯᠠᠷᠢᠯ ᠪᠣᠯᠤᠮᠠᠭᠴᠠ 100᠎ ᠠᠴᠠ ᠳᠡᠭᠡᠭᠰᠢᠬᠢ ᠴᠢᠬᠤᠯᠠ ᠶᠡᠭᠡ ᠲᠥᠷᠦᠯ ᠵᠦᠢᠯ ᠢ ᠲᠦᠪᠯᠡᠷᠡᠭᠦᠯᠦᠨ ᠠᠵᠢᠯ ᠡᠬᠢᠯᠡᠬᠦ ᠶᠢ ᠪᠠᠲᠤᠯᠠᠨ᠎ᠠ᠃ ᠲᠥᠷᠦᠯ ᠵᠦᠢᠯ

ᠲᠦᠯᠦᠪᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠲᠥᠷᠦᠯ ᠵᠦᠢᠯ ᠨᠥᠬᠡᠴᠡᠯᠡᠬᠦ ᠶᠢ ᠦᠨᠡᠩᠬᠦ ᠴᠢᠩᠳᠠᠯᠠᠵᠤ᠂ ᠴᠢᠬᠤᠯᠠ ᠶᠡᠭᠡ ᠲᠥᠷᠦᠯ ᠵᠦᠢᠯ ᠤᠨ ᠠᠮᠢᠳᠤᠯᠢᠭ

ᠬᠠᠮᠢᠶᠠᠷᠤᠯᠲᠠ᠂ ᠮᠥᠷᠳᠡᠨ ᠦᠢᠯᠡᠴᠢᠯᠡᠬᠦ ᠶᠢ ᠬᠡᠷᠡᠭᠵᠢᠭᠦᠯᠵᠦ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠣᠷᠤᠭᠤᠯᠤᠯᠲᠠ ᠶᠢᠨ ᠨᠡᠮᠡᠭᠳᠡᠯ ᠤᠨ

ᠦᠷᠭᠦᠯᠵᠢᠯᠡᠩᠭᠦᠢ ᠴᠢᠨᠠᠷ ᠢ ᠴᠢᠩᠭᠠᠳᠬᠠᠨ᠎ᠠ᠃ ᠪᠥᠬᠦ ᠵᠢᠯ ᠳᠤ ᠪᠡᠯᠡ ᠣᠷᠤᠭᠤᠯᠤᠯᠲᠠ ᠨᠢ 5000 ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ

ᠲᠦᠷᠦᠯ ᠵᠦᠢᠯ 700᠎ ᠶᠢ ᠨᠠᠶᠢᠳᠠᠪᠦᠷᠢᠵᠢᠭᠤᠯᠵᠤ᠂ 1200 ᠳ᠋ᠦᠩᠰᠢᠭᠤᠷ ᠤᠨ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃

     ᠠᠷᠠᠯᠵᠢᠶᠠᠴᠢᠨ ᠤᠷᠢᠵᠤ ᠪᠡᠯᠡ ᠲᠠᠲᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠪᠡᠯᠡ ᠣᠷᠤᠭᠤᠯᠤᠯᠲᠠ ᠶᠢᠨ ᠣᠷᠴᠢᠨ ᠢ ᠬᠦᠴᠦᠯᠡᠨ ᠰᠠᠶᠢᠵᠢᠷᠠᠭᠤᠯᠵᠤ᠂ ︽

ᠡᠯᠢᠭᠡᠰᠡᠭ ᠮᠥᠷᠲᠡᠭᠡᠨ ᠠᠷᠢᠭᠤᠨ ᠴᠡᠭᠡᠴᠢ︾ ᠵᠠᠰᠠᠭ ᠠᠷᠠᠯᠵᠢᠶᠠᠴᠢᠨ ᠤ ᠰᠠᠶᠢᠨ ᠬᠠᠷᠢᠴᠠᠭ᠎ᠠ ᠶᠢ ᠪᠠᠶᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠥᠬᠡ

ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠲᠡᠶᠢᠰᠢ ᠴᠢᠭᠯᠡᠭᠦᠯᠵᠦ᠂ ᠲᠤᠰᠬᠠᠢ

ᠬᠦᠮᠦᠨ ᠲᠤᠰᠬᠠᠢ ᠠᠩᠭᠢ ᠶᠢ ᠲᠣᠳᠤᠷᠬᠠᠢ ᠲᠣᠭᠲᠠᠭᠠᠵᠤ᠂ ᠴᠢᠭᠯᠡᠭᠦᠯᠬᠦ ᠴᠢᠨᠠᠷᠲᠠᠢ ᠪᠠᠷ ᠨᠢᠭᠡ ᠨᠢᠭᠡ ᠪᠠᠷ ᠬᠠᠷᠢᠯᠴᠠᠨ ᠬᠠᠷᠠᠭᠠᠯᠵᠠᠭᠤᠯᠤᠨ ᠠᠷᠠᠯᠵᠢᠶᠠᠴᠢᠨ ᠤᠷᠢᠬᠤ ᠶᠢ

ᠥᠷᠨᠢᠭᠦᠯᠵᠦ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠠᠵᠦ ᠦᠢᠯᠡᠰ ᠤᠨ ᠬᠡᠯᠬᠢᠶᠠᠵᠢᠯ ᠢᠶᠠᠷ ᠠᠷᠠᠯᠵᠢᠶᠠᠴᠢᠨ ᠤᠷᠢᠬᠤ ᠶᠢ ᠠᠬᠢᠭᠤᠯᠵᠤ᠂ ᠠᠷᠭ᠎ᠠ ᠪᠦᠬᠦᠨ ᠢ

ᠰᠦᠪᠡᠭᠴᠢᠯᠡᠵᠦ ᠲᠥᠷᠦᠯ ᠵᠦᠢᠯ᠂ ᠠᠵᠤ ᠦᠢᠯᠡᠰᠲᠡᠨ ᠪᠠ ᠪᠡᠯᠡ ᠣᠷᠤᠭᠤᠯᠤᠯᠲᠠ ᠶᠢ ᠨᠠᠶᠢᠳᠠᠪᠦᠷᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠲᠤᠭ᠎ᠠ

ᠬᠡᠮᠵᠢᠶ᠎ᠡ᠂ ᠶᠠᠰᠤ ᠴᠢᠨᠠᠷ ᠤᠨ ᠪᠥᠬᠦ ᠲᠠᠯ᠎ᠠ ᠪᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ ᠪᠥᠬᠦ ᠵᠢᠯ ᠳᠤ ᠪᠡᠯᠡ ᠣᠷᠤᠭᠤᠯᠤᠯᠲᠠ ᠨᠢ ᠳ᠋ᠦᠩᠰᠢᠭᠤᠷ ᠲᠦᠭᠦᠷᠢᠭ ᠠᠴᠠ

ᠳᠡᠭᠡᠭᠰᠢᠬᠢ ᠲᠥᠷᠦᠯ ᠵᠦᠢᠯ ᠢ ᠬᠠᠮᠤᠭ ᠴᠦᠭᠡᠨ ᠳᠡᠭᠡᠨ 100᠎ ᠠᠴᠠ ᠳᠡᠭᠡᠭᠰᠢ ᠭᠡᠷ᠎ᠡ ᠲᠣᠭᠲᠠᠨ ᠨᠠᠶᠢᠳᠠᠪᠦᠷᠢᠵᠢᠭᠤᠯᠵᠤ᠂ ᠲᠠᠲᠠᠨ ᠣᠷᠤᠭᠤᠯᠬᠤ ᠪᠡᠯᠡ ᠮᠥᠩᠭᠦ ᠶᠢ

ᠠᠳᠠᠯᠢ ᠬᠤᠭᠤᠴᠠᠭ᠎ᠠ ᠠᠴᠠ 10%᠎ ᠠᠴᠠ ᠳᠡᠭᠡᠭᠰᠢ ᠨᠡᠮᠡᠭᠳᠡᠭᠦᠯᠦᠨ᠎ᠡ᠃

     ᠨᠡᠶᠢᠭᠡᠮ ᠤᠨ ᠪᠡᠯᠡ ᠬᠥᠷᠥᠩᠭᠡ ᠶᠢ ᠠᠮᠢᠳᠦᠯᠢᠬᠵᠢᠭᠤᠯᠤᠨ ᠬᠥᠭᠵᠢᠭᠡᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠪᠤᠰᠤ

ᠦᠮᠴᠢᠯᠡᠯᠲᠦ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠢᠷᠭᠡᠨ ᠤ ᠪᠡᠯᠡ ᠣᠷᠤᠭᠤᠯᠤᠯᠲᠠ ᠶᠢ ᠥᠷᠭᠡᠳᠬᠡᠬᠦ ᠲᠥᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ

ᠨᠠᠶᠢᠳᠠᠪᠦᠷᠢᠵᠢᠭᠤᠯᠵᠤ᠂ ᠮᠠᠨ ᠤ ᠬᠤᠲᠠ ᠶᠢᠨ ᠪᠣᠳᠠᠲᠠᠢ ᠲᠥᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠢᠷᠭᠡᠨ ᠤ ᠪᠡᠯᠡ ᠣᠷᠤᠭᠤᠯᠬᠤ ᠳᠤ ᠳᠦᠭᠦᠮ ᠦᠵᠡᠭᠦᠯᠵᠦ᠂

ᠢᠷᠭᠡᠨ ᠤ ᠪᠡᠯᠡ ᠣᠷᠤᠭᠤᠯᠤᠯᠲᠠ ᠶᠢᠨ ᠠᠷᠭ᠎ᠠ ᠵᠠᠮ ᠢ ᠰᠢᠯᠤᠭᠤᠳᠬᠠᠨ᠎ᠠ᠃ ᠳᠤᠮᠳᠠ ᠪᠠᠭ᠎ᠠ ᠵᠢᠵᠢᠭ ᠠᠵᠦ ᠠᠬᠤᠶᠢᠯᠠᠯ ᠤᠨ ᠬᠥᠭᠵᠢᠯᠲᠡ ᠶᠢ ᠬᠦᠴᠦᠲᠡᠢ ᠳᠡᠮᠵᠢᠵᠦ᠂

ᠲᠦᠬᠦᠷᠵᠢᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠬᠥᠭᠵᠢᠯᠲᠡ ᠶᠢᠨ ᠰᠠᠭᠤᠷᠢ ᠮᠥᠩᠭᠦ ᠭᠠᠷᠭᠠᠵᠤ᠂ ᠪᠡᠯᠡ

ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠨᠢ ᠦᠨᠡᠲᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠤᠮᠳᠠ ᠪᠠᠭ᠎ᠠ ᠵᠢᠵᠢᠭ ᠠᠵᠤ

ᠠᠬᠤᠶᠢᠯᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠪᠠᠨ ᠰᠠᠶᠢᠵᠢᠷᠠᠭᠤᠯᠬᠤ᠂ ᠦᠷᠢᠰᠦᠯᠳᠦᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠩᠭᠠᠳᠬᠠᠨ᠎ᠠ᠃ ᠰᠠᠭᠤᠷᠢ

ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠬᠦᠷᠢᠶ᠎ᠡ ᠬᠡᠪᠴᠢᠶᠡᠨ ᠳᠤ ᠭᠤᠣᠯᠳᠠᠭᠤ PPP ᠬᠡᠯᠪᠡᠷᠢ ᠶᠢ ᠳᠡᠯᠭᠡᠷᠡᠭᠦᠯᠵᠦ᠂ ᠣᠷᠣᠨ ᠨᠤᠲᠤᠭ ᠤᠨ

ᠠᠵᠤ ᠠᠬᠤᠶᠢᠯᠠᠯ ᠤᠨ ᠢᠳᠡᠪᠬᠢᠲᠠᠢ ᠣᠷᠣᠯᠴᠠᠬᠤ ᠶᠢ ᠵᠦᠷᠢᠬᠵᠢᠭᠤᠯᠵᠤ᠂ ᠡᠨᠡ ᠵᠢᠯ ᠳᠤ PPP ᠲᠥᠷᠥᠯ ᠵᠦᠢᠯ 100᠎ ᠠᠴᠠ ᠳᠡᠭᠡᠭᠰᠢ ᠨᠡᠶᠢᠳᠠᠪᠦᠷᠢᠵᠢᠭᠤᠯᠵᠤ᠂

ᠪᠥᠬᠦ ᠬᠤᠲᠠ ᠶᠢᠨ PPP ᠲᠥᠷᠦᠯ ᠵᠦᠢᠯ ᠤᠨ ᠪᠠᠭᠲᠠᠭᠠᠮᠵᠢ ᠶᠢ 2000 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃

     ᠵᠠᠰᠠᠭ ᠤᠨ ᠣᠷᠳᠣᠨ ᠤ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠠᠪᠴᠠᠩ ᠢ ᠥᠷᠭᠡᠳᠬᠡᠨ ᠪᠠᠳᠤᠵᠢᠭᠤᠯᠤᠨ᠎ᠠ᠃ ᠡᠯ᠎ᠡ ᠪᠡᠯᠡ ᠣᠷᠤᠭᠤᠯᠬᠤ ᠪᠡᠯᠡ

ᠬᠤᠷᠠᠮᠳᠤᠭᠤᠯᠬᠤ ᠪᠥᠯᠦᠭᠯᠡᠯ ᠤᠨ ᠵᠢᠯᠤᠭᠤᠳᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠠᠰᠢᠭᠯᠠᠯᠲᠠ᠂ ᠠᠭᠤᠷᠬᠠᠢ ᠵᠡᠷᠭᠡ ᠬᠦᠷᠢᠶ᠎ᠡ

ᠬᠡᠪᠴᠢᠶᠡᠨ ᠳᠤ ᠤᠯᠤᠰ ᠤᠨ ᠦᠮᠴᠢᠯᠡᠯᠲᠦ ᠪᠡᠯᠡ ᠬᠥᠷᠥᠩᠭᠡ ᠶᠢᠨ ᠪᠡᠯᠡ ᠣᠷᠤᠭᠤᠯᠬᠤ ᠺᠤᠮᠫᠠᠨᠢ ᠶᠢ ᠰᠢᠨ᠎ᠡ ᠪᠠᠷ ᠨᠢᠳᠬᠡᠨ ᠵᠣᠬᠢᠶᠠᠨ ᠪᠠᠶᠢᠭᠤᠯᠵᠤ᠂ ᠮᠥᠩᠭᠦᠨ

ᠭᠦᠢᠯᠭᠡᠭᠡᠨ ᠤ ᠪᠠᠶᠢᠭᠤᠯᠤᠮᠵᠢ ᠪᠠ ᠲᠤᠰᠬᠠᠢ ᠪᠡᠯᠡ ᠤᠷᠤᠭᠤᠯᠬᠤ ᠪᠠᠶᠢᠭᠤᠯᠤᠮᠵᠢ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ

ᠬᠥᠭᠵᠢᠯᠲᠡ ᠶᠢᠨ ᠰᠠᠭᠤᠷᠢ ᠮᠥᠩᠭᠦ᠂ ᠬᠤᠪᠢᠲᠤ ᠶᠢᠨ ᠡᠷᠬᠡ ᠶᠢᠨ ᠪᠡᠯᠡ ᠤᠷᠤᠭᠤᠯᠤᠯᠲᠠ ᠶᠢᠨ ᠰᠠᠭᠤᠷᠢ ᠮᠥᠩᠭᠦ ᠶᠢ ᠰᠣᠳᠣᠯᠣᠨ ᠪᠠᠶᠢᠭᠤᠯᠵᠤ᠂ ᠤᠯᠤᠰ ᠤᠨ

ᠳᠤᠲᠤᠭᠠᠳᠤ ᠭᠠᠳᠠᠭᠠᠳᠤ ᠶᠢᠨ ᠬᠤᠪᠢ ᠶᠢᠨ ᠬᠤᠷᠠᠮᠳᠠᠭᠤᠯᠭ᠎ᠠ ᠶᠢᠨ ᠬᠤᠪᠢᠲᠤ ᠶᠢᠨ ᠡᠷᠬᠡ ᠶᠢᠨ ᠪᠡᠯᠡ ᠤᠷᠤᠭᠤᠯᠤᠯᠲᠠ ᠶᠢᠨ ᠰᠠᠭᠤᠷᠢ ᠮᠥᠩᠭᠦ ᠶᠢ ᠲᠠᠲᠠᠨ ᠠᠪᠴᠢᠷᠠᠵᠤ

᠂ ᠬᠤᠪᠢ ᠣᠷᠣᠭᠰᠠᠨ ᠠᠵᠤ ᠠᠬᠤᠶᠢᠯᠠᠯ᠂ ᠵᠢᠭᠡᠯᠡᠯᠭᠡ ᠶᠢᠨ ᠡᠷᠬᠡ ᠶᠢᠨ ᠡᠵᠡᠮᠰᠢᠯ ᠵᠡᠷᠭᠡ ᠠᠷᠭ᠎ᠠ ᠬᠡᠯᠪᠡᠷᠢ ᠪᠠᠷ ᠳᠠᠮᠵᠢᠵᠤ᠂ ᠭᠤᠣᠯᠳᠠᠯᠭ᠎ᠠ ᠲᠠᠢ ᠠᠵᠤ ᠦᠢᠯᠡᠰ ᠤᠨ

ᠭᠥᠭᠵᠢᠯᠲᠡ ᠪᠠ ᠴᠢᠬᠤᠯᠠ ᠶᠡᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠬᠤᠷᠠᠮᠳᠤᠭᠤᠯᠬᠤ ᠠᠰᠠᠭᠤᠳᠠᠯ ᠢ ᠨᠡᠩ ᠰᠠᠶᠢᠨ ᠰᠢᠢᠳᠪᠦᠷᠢᠯᠡᠨ᠎ᠡ᠃

ᠤᠯᠤᠰ ᠤᠨ ᠦᠮᠴᠢᠯᠡᠯᠲᠦ ᠪᠡᠯᠡ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠥᠬᠦᠷ ᠬᠠᠮᠢᠶᠠᠷᠤᠯᠲᠠ ᠶᠢᠨ ᠳᠦᠷᠢᠮ ᠢ ᠲᠥᠷᠭᠡᠭᠡᠨ ᠲᠤᠭᠲᠠᠭᠠᠨ᠂

ᠡᠵᠡᠩᠨᠡᠬᠦ ᠴᠢᠭᠯᠡᠯ ᠂ ᠬᠠᠮᠢᠶᠠᠷᠤᠯᠲᠠ ᠶᠢᠨ ᠪᠠᠶᠢᠭᠤᠯᠤᠮᠵᠢ ᠪᠠ ᠪᠡᠯᠡ ᠣᠷᠤᠭᠤᠯᠬᠤ ᠰᠢᠢᠳᠪᠦᠷᠢᠲᠦ ᠪᠣᠳᠤᠯᠭ᠎ᠠ ᠶᠢᠨ ᠪᠠᠶᠢᠭᠤᠯᠤᠮᠵᠢ ᠶᠢ ᠲᠣᠳᠤᠷᠬᠠᠶᠢᠯᠠᠵᠤ᠂ ᠬᠠᠤᠯᠢ ᠶᠢᠨ

ᠡᠷᠭᠡᠲᠡᠨ ᠢ ᠵᠠᠰᠠᠨ ᠴᠡᠭᠴᠡᠯᠡᠬᠦ ᠪᠦᠲᠦᠴᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠷᠥᠩᠭᠡ ᠶᠢᠨ ᠢᠳᠡᠭᠡᠮᠵᠢ ᠶᠢᠨ ᠳᠡᠰ ᠵᠡᠷᠭᠡ ᠶᠢ ᠳᠡᠭᠡᠭᠰᠢᠯᠡᠭᠦᠯᠬᠦ ᠶᠢ

ᠲᠦᠷᠭᠡᠳᠬᠡᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠺᠣᠮᠫᠠᠨᠢᠴᠢᠯᠠᠬᠤ᠂ ᠵᠠᠬ᠎ᠠ ᠳᠡᠯᠭᠡᠭᠦᠷᠵᠢᠬᠦ᠂ ᠡᠵᠡᠩᠨᠡᠬᠦ ᠬᠠᠮᠢᠶᠠᠷᠤᠯᠲᠠ ᠶᠢᠨ ᠬᠢᠷᠢ ᠲᠦᠪᠰᠢᠨ ᠢ

ᠳᠡᠭᠡᠭᠰᠢᠯᠡᠭᠦᠯᠦᠨ᠎ᠡ᠃

     ᠬᠤᠶᠠᠷ᠂ ᠬᠥᠭᠵᠢᠯᠲᠡ ᠶᠢᠨ ᠬᠥᠳᠡᠯᠭᠡᠭᠴᠢ ᠴᠢᠳᠠᠪᠦᠷᠢ ᠶᠢ ᠦᠷᠬᠦᠯᠵᠢᠯᠡᠨ ᠬᠤᠷᠠᠮᠳᠤᠭᠤᠯᠵᠤ᠂ ᠭᠤᠣᠯᠯᠠᠬᠤ ᠠᠵᠦ ᠦᠢᠯᠡᠰ ᠢ ᠬᠦᠴᠦ ᠣᠷᠤᠭᠤᠯᠤᠨ

ᠪᠣᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃

     ᠠᠷᠭ᠎ᠠ ᠪᠦᠬᠦᠨ ᠢ ᠰᠥᠪᠡᠭᠴᠢᠯᠡᠨ ᠠᠭᠤᠷᠬᠠᠢ ᠶᠢᠨ ᠦᠢᠯᠡᠰ ᠲᠡᠮᠦᠷᠯᠢᠭ ᠬᠠᠶᠢᠯᠤᠭᠤᠯᠬᠤ ᠪᠣᠯᠣᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ

ᠠᠵᠤ ᠦᠢᠯᠡᠰ ᠢ ᠪᠣᠵᠠᠭᠠᠶᠢᠷᠠᠭᠤᠯᠤᠨ ᠬᠦᠴᠦᠷᠭᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢ ᠶᠢ ᠪᠠᠳᠤᠳᠬᠠᠨ᠎ᠠ᠃

ᠶᠦᠨᠲ᠋ᠦ᠋ᠩ᠂ ᠵᠢᠨᠵᠢᠶᠠᠨ ᠬᠤᠶᠠᠷ ᠵᠡᠰ ᠬᠠᠶᠢᠯᠤᠭᠤᠯᠬᠤ ᠲᠥᠷᠦᠯ ᠵᠦᠢᠯ ᠢ ᠲᠥᠷᠭᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ 2018 ᠣᠨ ᠪᠣᠯᠲᠠᠯ᠎ᠠ ᠵᠠᠭᠤᠨ

ᠲᠦᠮᠡᠨ ᠲᠤᠨ ᠤ ᠳᠠᠪᠠᠭᠤᠯᠢᠭ ᠲᠠᠢ ᠦᠢᠯᠡᠳᠪᠦᠷᠢᠯᠡᠯ ᠤᠨ ᠴᠢᠳᠠᠪᠬᠢ ᠪᠣᠯᠬᠤ ᠶᠢ ᠪᠠᠲᠤᠯᠠᠨ᠎ᠠ᠃ ᠵᠡᠰ ᠤᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠵᠢᠯ

ᠬᠥᠭᠵᠢᠯᠲᠡ ᠶᠢ ᠰᠦᠪᠡᠭᠴᠢᠯᠡᠨ ᠲᠥᠯᠦᠪᠵᠢᠭᠦᠯᠵᠦ᠂ ᠨᠢᠭᠡ ᠪᠦᠯᠦᠭ ᠵᠡᠰ ᠨᠠᠷᠢᠯᠢᠭ᠌ ᠡᠳ᠋ᠰᠢᠭᠦᠯᠬᠦ ᠠᠵᠤ ᠠᠬᠤᠶᠢᠯᠠᠯ ᠢ ᠨᠠᠶᠢᠳᠠᠪᠦᠷᠢᠵᠢᠭᠤᠯᠬᠤ ᠶᠢ ᠠᠬᠢᠭᠤᠯᠵᠤ᠂ ᠠᠵᠤ

ᠦᠢᠯᠡᠰ ᠤᠨ ᠰᠥᠷᠦᠭᠵᠢᠯ ᠢ ᠲᠥᠷᠭᠡᠭᠡᠨ ᠪᠦᠷᠢᠯᠳᠦᠭᠦᠯᠵᠦ᠂ ᠮᠢᠩᠭᠠᠨ ᠳ᠋ᠦᠩᠰᠢᠭᠤᠷ ᠲᠦᠭᠦᠷᠢᠭ ᠤᠨ ᠳᠡᠰ ᠤᠨ ᠠᠵᠦ ᠦᠢᠯᠡᠰ ᠢ ᠪᠠᠶᠢᠭᠤᠯᠤᠨ᠎ᠠ᠃ ᠥᠩᠭᠡᠲᠦ

ᠲᠡᠮᠦᠷᠯᠢᠭ ᠤᠨ ᠠᠵᠤ ᠦᠢᠯᠡᠰ ᠤᠨ ᠰᠠᠭᠤᠷᠢ ᠮᠥᠩᠭᠦ ᠶᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠪᠠᠷᠢᠮᠵᠢᠶᠠᠲᠤ ᠪᠤᠰᠤ ᠥᠩᠭᠡᠲᠦ ᠲᠡᠮᠦᠷᠯᠢᠭ ᠤᠨ

ᠠᠷᠠᠯᠵᠢᠶᠠᠨ ᠤ ᠲᠥᠪ ᠶᠢ ᠲᠥᠷᠭᠡᠭᠡᠨ ᠪᠠᠶᠢᠭᠤᠯᠤᠨ ᠡᠵᠡᠩᠨᠡᠬᠦ ᠶᠢ ᠠᠬᠢᠭᠤᠯᠵᠤ᠂ ᠬᠠᠷ᠎ᠠ ᠲᠤᠭᠤᠯᠭ᠎ᠠ ᠴᠠᠶᠢᠷ ᠮᠥᠩᠭᠦ ᠴᠠᠭᠠᠨ ᠲᠤᠭᠤᠯᠭ᠎ᠠ ᠵᠡᠷᠭᠡ ᠠᠭᠤᠷᠬᠠᠢ ᠶᠢᠨ

ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠳᠤ ᠬᠦᠨᠴᠡ ᠲᠠᠢ ᠲᠣᠬᠢᠷᠠᠭᠤᠯᠤᠯᠲᠠ ᠬᠢᠬᠦ ᠶᠢ ᠠᠬᠢᠭᠤᠯᠵᠤ᠂ ᠪᠡᠯᠡ ᠭᠥᠷᠥᠩᠭᠡ

ᠣᠷᠣᠬᠤ ᠪᠠᠷ ᠠᠵᠤ ᠦᠢᠯᠡᠰ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃ ᠱᠧᠨ ᠦ᠋ ᠪᠥᠯᠦᠭᠯᠡᠯ ᠤᠨ 70 ᠲᠦᠮᠡᠨ ᠲᠤᠨ ᠤ ᠡᠲ᠋ᠢᠯ ᠬᠤᠶᠠᠷᠴᠢ

ᠠᠯᠺᠤᠤᠯ᠂ ᠳ᠋ᠠ ᠳ᠋ᠢ ᠶᠦᠨ ᠲᠢᠶᠠᠨ ᠤ ᠬᠤᠶᠠᠳᠤᠭᠠᠷ ᠬᠤᠭᠤᠴᠠᠭᠠᠨ ᠤ 60 ᠲᠦᠮᠡᠨ ᠲᠤᠨ ᠤ ᠹᠣᠰᠹᠣᠷ ᠪᠣᠷᠳᠣᠭᠤᠷ᠂ ᠢ ᠫᠢᠨ ᠠᠮᠢᠳᠤ ᠪᠣᠳᠠᠰ ᠤᠨ ᠫᠧᠨ᠋ᠲ᠋ᠢᠯ

ᠬᠤᠶᠠᠷᠲᠦ ᠠᠮᠢᠨ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ᠳ᠋ᠠ ᠲᠠᠩ ᠤᠨ ᠰᠢᠲᠠᠮᠠᠬᠠᠢ ᠬᠡᠢ ᠤᠨ ᠲᠥᠷᠦᠯ ᠵᠦᠢᠯ ᠤᠨ II᠂ III ᠰᠢᠰᠲ᠋ᠧᠮ ᠤᠨ ᠠᠵᠢᠯ ᠢᠶᠠᠨ

ᠳᠠᠬᠢᠨ ᠡᠬᠢᠯᠡᠭᠦᠯᠵᠦ ᠦᠷᠭᠦᠯᠵᠢᠯᠡᠨ ᠪᠠᠶᠢᠭᠤᠯᠬᠤ ᠶᠢ ᠠᠬᠢᠭᠤᠯᠵᠤ᠂ ᠳ᠋ᠠ ᠳ᠋ᠢ ᠶᠦᠨ ᠲᠢᠶᠠᠨ ᠤ ᠨᠢᠭᠡᠳᠦᠭᠡᠷ ᠬᠤᠭᠤᠴᠠᠭ᠎ᠠ ᠶᠢᠨ 60 ᠲᠦᠮᠡᠨ ᠲᠤᠨ ᠤ ᠹᠣᠰᠹᠣᠷ

ᠪᠣᠷᠳᠤᠭᠤᠷ᠂ ᠢ ᠫᠢᠨ ᠠᠮᠢᠳᠤ ᠪᠣᠳᠠᠰ ᠤᠨ 10 ᠲᠦᠮᠡᠨ ᠲᠤᠨ ᠤ ᠰᠧᠷᠧᠣᠨᠢᠨ ᠪᠠ 10 ᠲᠦᠮᠡᠨ ᠲᠤᠨ ᠤ ᠨᠡᠶᠢᠯᠡᠮᠡᠯ ᠰᠢᠪᠲᠦᠷ ᠤᠨ ᠪᠠᠶᠢᠭᠤᠯᠵᠤ ᠠᠰᠢᠭᠯᠠᠯᠲᠠ ᠳᠤ

ᠣᠷᠤᠬᠤ ᠶᠢ ᠦᠨᠡᠩᠬᠦ ᠪᠠᠲᠤᠯᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠦ ᠦᠢᠯᠡᠰ ᠤᠨ ᠲᠤᠯᠭᠠᠭᠤᠷᠢᠯᠠᠬᠤ ᠪᠠᠶᠢᠷᠢ ᠲᠠᠢ ᠪᠣᠯᠬᠤ ᠶᠢ ᠠᠬᠢᠭᠤᠯᠤᠨ᠎ᠠ᠃

     ᠠᠷᠭ᠎ᠠ ᠪᠦᠬᠦᠨ ᠢ ᠰᠦᠪᠡᠭᠴᠢᠯᠡᠨ ᠰᠢᠨ᠎ᠡ ᠮᠠᠨᠳᠤᠭᠰᠠᠨ ᠠᠵᠤ ᠦᠢᠯᠡᠰ ᠢ ᠪᠤᠶᠢᠵᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠵᠦ᠂ ᠣᠯᠠᠨ ᠡᠰᠢ

ᠲᠤᠯᠭᠠᠭᠤᠷᠢᠲᠦ ᠠᠵᠤ ᠦᠢᠯᠡᠳᠪᠦᠷᠢ ᠶᠢᠨ ᠬᠥᠭᠵᠢᠯᠲᠡ ᠶᠢᠨ ᠬᠡᠪ ᠪᠠᠶᠢᠳᠠᠯ ᠢ ᠪᠠᠶᠢᠭᠤᠯᠤᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠦᠨ᠂

ᠴᠠᠬᠢᠭᠤᠷ ᠤᠨ ᠠᠵᠤ ᠦᠢᠯᠡᠰ ᠤᠨ ᠬᠦᠷᠢᠶ᠎ᠡ ᠬᠡᠪᠴᠢᠶᠡᠨ ᠳᠠᠬᠢ ᠦᠢᠯᠡᠳᠪᠦᠷᠢ ᠰᠤᠷᠭᠠᠭᠤᠯᠢ ᠰᠤᠳᠤᠯᠭᠠᠨ ᠤ ᠨᠢᠭᠡᠴᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂

ᠪᠠᠶᠢᠯᠳᠤᠬᠤ ᠪᠣᠳᠣᠯᠭ᠎ᠠ ᠶᠢᠨ ᠪᠡᠯᠡ ᠣᠷᠤᠭᠤᠯᠤᠭᠴᠢ ᠶᠢ ᠢᠳᠡᠪᠬᠢᠲᠡᠢ ᠣᠷᠤᠭᠤᠯᠤᠨ ᠠᠪᠴᠢᠷᠠᠵᠤ᠂ ᠨᠠᠨᠤᠮᠧᠲᠷ ᠤᠨ ᠳᠡᠰ ᠤᠨ ᠴᠠᠬᠢᠭᠤᠷ ᠽᠢᠷᠺᠦᠨ ᠤ ᠬᠢᠮᠢ ᠶᠢᠨ

ᠠᠵᠤ ᠦᠢᠯᠡᠳᠪᠦᠷᠢ ᠶᠢᠨ ᠲᠥᠷᠦᠯ ᠵᠦᠢᠯ ᠢ ᠡᠬᠢᠯᠡᠨ ᠪᠠᠶᠢᠭᠤᠯᠵᠤ᠂ ᠵᠡᠷᠭᠡ ᠲᠤᠨᠢ ᠨᠠᠷᠢᠯᠢᠭ᠌ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠶᠢ

ᠲᠥᠯᠥᠪᠵᠢᠭᠦᠯᠦᠨ᠂ ᠹᠦ᠋ ᠯᠧ ᠠᠯᠺᠧᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠨᠴᠠᠯᠢᠭᠲᠤ ᠠᠵᠤ

ᠦᠢᠯᠡᠰ ᠤᠨ ᠰᠦᠷᠦᠭᠵᠢᠯ ᠢ ᠪᠣᠢ ᠪᠣᠯᠭᠠᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ᠂ ᠬᠡᠰᠢᠭᠲᠡᠨ ᠬᠤᠰᠢᠭᠤᠨ ᠤ 120 ᠲᠦᠮᠡᠨ ᠺᠢᠯᠣᠸᠠᠲ

ᠤᠰᠤ ᠲᠠᠲᠠᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠡᠬᠢᠯᠡᠨ ᠪᠠᠶᠢᠭᠤᠯᠵᠤ᠂ ᠪᠥᠬᠦ ᠬᠤᠲᠠ ᠳᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 110

ᠲᠦᠮᠡᠨ ᠺᠢᠯᠣᠸᠠᠲ ᠰᠢᠨ᠎ᠡ ᠨᠡᠮᠡᠭᠳᠡᠭᠦᠯᠬᠦ ᠪᠠᠷ ᠴᠢᠷᠮᠠᠶᠢᠨ᠎ᠠ᠃ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠬᠥᠭᠵᠢᠭᠦᠯᠦᠨ᠂ ᠰᠢᠶᠠᠩᠭᠠᠩ ᠤᠨ ᠦ᠋ ᠯᠦᠩ

ᠪᠦᠯᠦᠭᠯᠡᠯ ᠤᠨ ᠰᠢᠨ᠎ᠡ ᠡᠨᠧᠷᠭᠢ ᠶᠢᠨ ᠮᠠᠰᠢᠨ ᠲᠡᠷᠭᠡ᠂ ᠵᠣᠣ ᠴᠢ ᠪᠦᠯᠦᠭᠯᠡᠯ ᠤᠨ ᠠᠭᠠᠷ ᠤᠨ ᠠᠶᠠᠯᠠᠯ ᠤᠨ ᠲᠦᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ

ᠭᠠᠵᠠᠷ ᠤᠨ ᠲᠥᠷᠦᠯ ᠵᠦᠢᠯ ᠢ ᠠᠵᠢᠯ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ ᠲᠣᠮᠣ ᠲᠣᠭᠠᠴᠠᠭ᠎ᠠ ᠶᠢᠨ ᠠᠵᠤ ᠦᠢᠯᠡᠰ ᠢ ᠪᠤᠶᠢᠵᠢᠭᠤᠯᠤᠨ᠂ ᠣᠷᠣᠨ

ᠲᠣᠭᠤᠷᠢᠭ ᠤᠨ ᠴᠢᠨᠠᠷᠲᠠᠢ ᠲᠣᠮᠣ ᠲᠣᠭᠠᠴᠠᠭ᠎ᠠ ᠶᠢᠨ ᠲᠥᠪ ᠪᠠ ᠣᠶᠣᠨᠯᠢᠭ ᠬᠤᠲᠠ ᠶᠢ ᠪᠦᠲᠦᠭᠡᠨ ᠪᠠᠶᠢᠭᠤᠯᠤᠨ᠎ᠠ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ

ᠦᠢᠯᠡᠰ ᠢ ᠲᠥᠷᠭᠡᠨ ᠬᠥᠭᠵᠢᠭᠦᠯᠵᠦ᠂  ᠮᠣᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ

ᠪᠠᠷᠢᠯ ᠢ ᠲᠣᠭᠲᠠᠭᠠᠵᠤ᠂15 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ ᠲᠠᠢ ᠯᠢᠩ ᠡᠮ ᠡᠮᠨᠡᠯᠭᠡ ᠶᠢᠨ ᠬᠠᠢ ᠴᠤᠸᠠᠩ ᠠᠮᠢᠳᠤ ᠪᠣᠳᠠᠰ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠢᠳᠡᠭᠡᠨ᠂ ᠪᠠᠷᠢᠯᠭ᠎ᠠ ᠶᠢᠨ ᠮᠠᠲ᠋ᠧᠷᠢᠶᠠᠯ᠂ ᠨᠡᠬᠡᠮᠡᠯ ᠵᠡᠷᠭᠡ ᠤᠯᠠᠮᠵᠢᠯᠠᠯᠲᠤ ᠠᠵᠤ ᠦᠢᠯᠡᠰ ᠢ

ᠥᠭᠡᠷᠡᠴᠢᠯᠡᠨ ᠳᠡᠰ ᠳᠡᠪᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠤᠭᠤᠯᠤᠯᠲᠠ ᠪᠠ ᠦᠢᠯᠡᠳᠬᠦᠨ ᠤ ᠰᠢᠨ᠎ᠡ ᠡᠭᠦᠳᠦᠯᠲᠡ ᠶᠢᠨ ᠬᠦᠴᠦᠯᠡᠴᠡ ᠪᠠᠨ

ᠨᠡᠮᠡᠭᠳᠡᠭᠦᠯᠵᠦ᠂ ᠣᠳᠣ ᠪᠠᠶᠢᠬᠤ ᠠᠵᠤ ᠠᠬᠤᠶᠢᠯᠠᠯ ᠢ ᠨᠢᠳᠬᠡᠨ ᠳᠠᠬᠢᠨ ᠵᠣᠬᠢᠶᠠᠨ ᠪᠠᠶᠢᠭᠤᠯᠬᠤ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠵᠦ᠂ ᠤᠯᠠᠮᠵᠢᠯᠠᠯᠲᠦ ᠠᠵᠤ

ᠦᠢᠯᠡᠰ ᠤᠨ ᠰᠢᠨ᠎ᠡ ᠨᠢᠭᠡᠨ ᠡᠷᠡᠨ ᠤ ᠬᠥᠭᠵᠢᠯ ᠮᠠᠨᠳᠤᠯ ᠢ ᠪᠡᠶᠡᠯᠡᠭᠦᠯᠦᠨ᠎ᠡ᠃

     ᠠᠷᠭ᠎ᠠ ᠪᠦᠬᠦᠨ ᠢ ᠰᠦᠪᠡᠭᠴᠢᠯᠡᠨ ︽3661︾ ᠢᠨᠵᠧᠨᠧᠷᠢᠩ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ

ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠡᠩ ᠢᠳᠡᠪᠬᠢᠲᠡᠢ ᠳᠡᠮᠵᠢᠬᠦ ᠲᠥᠷᠥ ᠶᠢᠨ ᠪᠣᠳᠤᠯᠭ᠎ᠠ ᠶᠢ ᠲᠣᠭᠲᠠᠭᠠᠵᠤ᠂ ᠲᠥᠬᠦᠭᠡᠷᠦᠮᠵᠢᠲᠦ

ᠲᠠᠷᠢᠶᠠᠯᠠᠩ᠂ ᠬᠦᠮᠦᠨ ᠤ ᠬᠦᠴᠦ ᠪᠠᠷ ᠡᠪᠡᠰᠦ ᠲᠠᠷᠢᠬᠤ᠂ ᠦᠨᠳᠦᠷ ᠦᠷ᠎ᠡ ᠠᠰᠢᠭᠲᠤ ᠮᠠᠯ ᠠᠵᠤ ᠠᠬᠤᠢ᠂ ᠡᠯᠪᠡᠭ ᠬᠤᠷᠢᠶᠠᠯᠲᠠ ᠲᠠᠢ ᠠᠵᠤ ᠠᠬᠤᠢ ᠶᠢᠨ ᠣᠢ

ᠪᠣᠯᠣᠨ ᠣᠨᠴᠠᠯᠢᠭᠲᠤ ᠲᠠᠷᠢᠵᠤ ᠲᠡᠵᠢᠭᠡᠬᠦ ᠠᠵᠤ ᠦᠢᠯᠡᠰ ᠢ ᠬᠥᠭᠵᠢᠭᠦᠯᠦᠨ᠂ ᠭᠠᠵᠠᠷ ᠰᠢᠷᠤᠢ ᠶᠢᠨ ᠰᠢᠯᠵᠢᠭᠦᠯᠦᠨ ᠳᠠᠭᠠᠴᠢᠯᠠᠭᠤᠯᠬᠤ᠂ ᠬᠡᠪᠴᠢᠶᠡᠵᠢᠭᠦᠯᠦᠨ ᠡᠵᠡᠩᠨᠡᠬᠦ

ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠢ ᠪᠣᠯᠭᠠᠵᠤ᠂ ᠡᠨᠡ ᠵᠢᠯ ᠤᠨ ︽3661︾

ᠢᠨᠵᠧᠨᠧᠷᠢᠩ ᠤᠨ ᠡᠭᠦᠷᠭᠡ ᠪᠠᠨ ᠪᠡᠶᠡᠯᠡᠭᠦᠯᠬᠦ ᠶᠢ ᠦᠨᠡᠩᠬᠦ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ

ᠳᠡᠮᠵᠢᠵᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠡᠷᠡᠲᠦ ᠳᠡᠮᠳᠡᠭᠲᠦ ᠶᠢ ᠨᠢᠳᠬᠡᠨ᠂ ᠬᠦᠴᠦᠨ ᠢᠶᠠᠨ ᠲᠦᠪᠯᠡᠷᠡᠭᠦᠯᠦᠨ ᠣᠷᠣᠨ ᠭᠠᠵᠠᠷ ᠤᠨ

ᠣᠨᠴᠠᠯᠢᠭ ᠢ ᠬᠠᠷᠠᠭᠤᠯᠤᠭᠰᠠᠨ ᠪᠠᠶᠢᠭᠠᠯᠢᠯᠢᠭ᠌ ᠤᠷᠭᠠᠨᠢᠭ ᠦᠢᠯᠡᠳᠬᠦᠨ ᠢ ᠪᠦᠲᠦᠭᠡᠨ᠎ᠡ᠃ ᠲᠠᠷᠢᠶᠠᠯᠠᠩ ᠮᠠᠯ ᠠᠵᠤ ᠠᠬᠤᠢ ᠬᠢᠭᠡᠳ ᠬᠤᠶᠠᠳᠤᠭᠠᠷ ᠭᠤᠷᠪᠠᠳᠤᠭᠠᠷ ᠠᠵᠤ

ᠦᠢᠯᠡᠰ ᠯᠦᠭᠡ ᠶᠢᠨ ᠤᠶᠠᠯᠳᠤᠨ ᠬᠥᠭᠵᠢᠬᠦ ᠶᠢ ᠠᠬᠢᠭᠤᠯᠵᠤ᠂ ᠪᠠᠶᠢᠭᠠᠯᠢᠯᠢᠭ᠌ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠢ ᠦᠢᠯᠡᠳᠪᠦᠷᠢᠯᠡᠵᠦ

ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠬᠤ ᠲᠠᠢ ᠤᠶᠠᠯᠳᠤᠭᠤᠯᠤᠨ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠨᠥᠯᠥᠭᠡ ᠶᠡᠬᠡᠲᠡᠢ

ᠳᠠᠭᠠᠭᠤᠯᠤᠭᠴᠢ ᠠᠵᠤ ᠠᠬᠤᠶᠢᠯᠠᠯ ᠢ ᠣᠷᠤᠭᠤᠯᠤᠨ ᠠᠪᠴᠢᠷᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠡᠯᠬᠢᠶᠡᠵᠢᠯ ᠢ ᠪᠦᠲᠦᠭᠡᠨ᠎ᠡ᠃ ᠴᠠᠬᠢᠮ

ᠠᠷᠠᠯᠵᠢᠶᠠᠴᠢᠨ ᠤ ᠬᠥᠳᠡᠭᠡ ᠪᠠᠭᠤᠬᠤ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠪᠣᠯᠣᠨ

ᠲᠥᠷᠭᠡᠨ ᠬᠦᠷᠭᠡᠬᠦ ᠦᠢᠯᠡᠴᠢᠯᠡᠭᠡᠨ ᠤ ᠲᠣᠣᠷᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠡᠷᠢᠭᠦᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠪᠠ

ᠪᠠᠷᠠᠭ᠎ᠠ ᠬᠦᠷᠭᠡᠬᠦ ᠲᠥᠪ ᠢ ᠪᠠᠶᠢᠭᠤᠯᠵᠤ᠂ ᠭᠦᠢᠯᠭᠡᠭᠡᠨ ᠤ ᠬᠤᠪᠢᠷᠠᠯᠲᠠ ᠪᠠᠷ ᠬᠥᠳᠡᠭᠡ ᠲᠤᠰᠬᠤᠨ ᠮᠠᠯᠵᠢᠬᠤ ᠣᠷᠣᠨ ᠤ ᠠᠵᠤ ᠠᠬᠤᠢ ᠶᠢᠨ ᠬᠡᠯᠪᠡᠷᠢ ᠪᠠᠨ

ᠬᠤᠪᠢᠷᠠᠭᠤᠯᠵᠤ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠵᠤᠭᠠᠴᠠᠨ ᠲᠣᠭᠤᠷᠢᠬᠤ᠂

ᠰᠡᠯᠡᠭᠦᠴᠡᠯ ᠠᠮᠠᠷᠠᠯᠲᠠ᠂ ᠰᠤᠪᠢᠯᠠᠬᠤ ᠨᠠᠰᠤᠵᠢᠬᠤ᠂ ᠲᠠᠷᠢᠶᠠᠯᠠᠩ ᠳᠤ ᠪᠡᠶᠡᠳᠡᠨ ᠣᠷᠣᠯᠴᠠᠬᠤ ᠵᠡᠷᠭᠡ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠴᠢᠳ

ᠮᠠᠯᠴᠢᠳ ᠤᠨ ᠠᠵᠢᠯ ᠣᠯᠭᠤᠬᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠠᠷᠢᠶᠠᠯᠠᠩ ᠤᠨ

ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠥᠳᠡᠭᠡ ᠠᠵᠤ ᠠᠬᠤᠢ ᠶᠢᠨ ᠦᠵᠡᠰᠭᠦᠯᠡᠩ ᠢ ᠰᠠᠶᠢᠳᠤᠷ ᠡᠷᠬᠢᠯᠡᠨ᠎ᠡ᠃

     ᠠᠷᠭ᠎ᠠ ᠪᠦᠬᠦᠨ ᠢ ᠰᠦᠪᠡᠭᠴᠢᠯᠡᠨ ᠰᠣᠶᠣᠯ ᠤᠨ ᠵᠢᠭᠤᠯᠴᠢᠯᠠᠯ ᠤᠨ ᠦᠢᠯᠡᠰ ᠲᠤ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠠᠬᠢᠭᠤᠯᠵᠤ᠂ ᠣᠳᠣ ᠦᠶ᠎ᠡ ᠶᠢᠨ

ᠦᠢᠯᠡᠴᠢᠯᠡᠭᠡᠨ ᠤ ᠳᠡᠰ ᠳᠡᠪᠰᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠤᠨ ᠵᠢᠭᠤᠯᠴᠢᠯᠠᠯ ᠤᠨ ᠬᠦᠴᠦᠷᠭᠡᠭ ᠬᠤᠲᠠ ᠪᠣᠯᠣᠨ ᠳᠡᠯᠡᠬᠡᠢ ᠶᠢᠨ ᠵᠢᠭᠤᠯᠴᠢᠯᠠᠯ ᠤᠨ

ᠵᠣᠷᠢᠯᠲᠠ ᠭᠠᠵᠠᠷ ᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠣᠳᠣᠯᠭ᠎ᠠ ᠶᠢ ᠪᠥᠬᠦ

ᠬᠦᠴᠦᠨ ᠢᠶᠠᠷ ᠢᠶᠠᠨ ᠨᠠᠶᠢᠳᠠᠪᠦᠷᠢᠵᠢᠭᠤᠯᠵᠤ᠂ ᠵᠢᠭᠤᠯᠴᠢᠯᠠᠯ ᠤᠨ ᠦᠢᠯᠡᠰ ᠢ ᠦᠰᠦᠷᠦᠩᠭᠦᠢ ᠬᠥᠭᠵᠢᠭᠦᠯᠬᠦ ᠬᠤᠴᠤᠷᠠᠩᠭᠤᠢ ᠪᠠᠨ ᠬᠤᠪᠢᠷᠠᠭᠤᠯᠬᠤ ᠳᠠᠶᠢᠯᠠᠯᠳᠤᠭᠠᠨ

ᠥᠷᠨᠢᠭᠦᠯᠦᠨ᠎ᠡ᠃ ᠣᠶᠣᠨ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠰᠣᠳᠣᠨ ᠦᠵᠡᠮᠵᠢ ᠶᠢᠨ ᠣᠷᠣᠨ ᠪᠠ ᠭᠤᠣᠯ ᠦᠵᠡᠮᠵᠢ ᠶᠢᠨ ᠣᠷᠣᠨ ᠤ

ᠪᠠᠶᠢᠭᠤᠯᠤᠯᠲᠠ ᠶᠢ ᠠᠬᠢᠭᠤᠯᠵᠤ᠂ ᠡᠨᠡ ᠵᠢᠯ ᠳᠤ ᠠᠰᠬᠠᠲᠦ ᠶᠢᠨ ᠴᠢᠯᠠᠭᠤᠨ ᠣᠢ ᠶᠢᠨ ᠦᠵᠡᠮᠵᠢ ᠶᠢᠨ ᠣᠷᠣᠨ ᠢ ᠳᠡᠰ  ᠳᠡᠪᠰᠢᠭᠦᠯᠦᠨ ᠤᠯᠤᠰ ᠤᠨ 5A ᠳᠡᠰ ᠤᠨ

ᠦᠵᠡᠮᠵᠢ ᠶᠢᠨ ᠣᠷᠣᠨ ᠪᠤᠯᠭᠠᠵᠤ ᠨᠢᠭᠡ ᠪᠦᠯᠦᠭ ᠰᠢᠨ᠎ᠡ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠲᠦᠯᠦᠪᠯᠡᠨ ᠪᠠᠶᠢᠭᠤᠯᠵᠤ᠂ ᠬᠢᠲᠠᠨ ᠯᠢᠶᠣᠣ ᠶᠢᠨ

ᠰᠣᠶᠣᠯ ᠤᠨ ᠮᠥᠽᠸᠢ ᠪᠠᠷ ᠲᠤᠯᠤᠭᠠᠶᠢᠯᠠᠭᠤᠯᠤᠭᠰᠠᠨ ᠨᠢᠭᠡ ᠪᠦᠯᠦᠭ ᠮᠦᠽᠧᠢ ᠨᠦᠭᠦᠳ ᠢ ᠡᠬᠢᠯᠡᠨ ᠪᠠᠶᠢᠭᠤᠯᠵᠤ᠂ ᠪᠣᠷᠬᠠᠨᠲᠤ ᠶᠢᠨ ᠬᠠᠯᠠᠭᠤᠨ ᠷᠠᠰᠢᠶᠠᠨᠲᠤ ᠵᠢᠵᠢᠭ

ᠪᠠᠯᠭᠠᠰᠤ᠂ ᠮᠠᠶᠢᠷᠠᠨ ᠭᠤᠣᠯ ᠤᠨ ᠮᠥᠰᠥ ᠴᠠᠰᠤᠲᠤ ᠵᠢᠵᠢᠭ ᠪᠠᠯᠭᠠᠰᠤ ᠵᠡᠷᠭᠡ ᠣᠨᠴᠠᠯᠢᠭᠲᠤ ᠵᠢᠵᠢᠭ ᠪᠠᠯᠭᠠᠰᠤ 30᠎ ᠶᠢ ᠡᠬᠢᠯᠡᠨ ᠪᠠᠶᠢᠭᠤᠯᠤᠨ᠎ᠠ᠃ ᠥᠪᠡᠷᠲᠡᠭᠡᠨ

ᠲᠡᠷᠭᠡ ᠵᠢᠯᠣᠭᠤᠳᠬᠤ ᠵᠢᠭᠤᠯᠴᠢᠯᠠᠯ ᠤᠨ ᠲᠥᠬᠦᠷ ᠦᠢᠯᠡᠴᠢᠯᠡᠭᠡᠨ ᠤ ᠵᠣᠬᠢᠴᠠᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠰᠢᠰᠲ᠋ᠧᠮ ᠲᠠᠢ

ᠪᠡᠶᠡᠯᠡᠭᠦᠯᠵᠦ᠂ 27 ᠥᠪᠡᠷᠲᠡᠭᠡᠨ ᠲᠡᠷᠭᠡ ᠵᠢᠯᠣᠭᠤᠳᠤᠨ ᠵᠤᠭᠠᠴᠠᠬᠤ ᠰᠠᠭᠤᠷᠢᠨ ᠭᠠᠵᠠᠷ ᠪᠠ 100 ᠵᠢᠭᠤᠯᠴᠢᠯᠠᠯ ᠤᠨ ᠠᠰᠠᠭᠤᠨ ᠯᠠᠪᠯᠠᠬᠤ ᠦᠢᠯᠡᠴᠢᠯᠡᠭᠡᠨ ᠤ

ᠲᠥᠪ ᠤᠨ ᠪᠦᠲᠦᠭᠡᠨ ᠪᠠᠶᠢᠭᠤᠯᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠵᠢᠭᠤᠯᠴᠢᠯᠠᠯ ᠤᠨ ᠵᠣᠷᠯᠤᠩ᠂ ᠵᠢᠭᠤᠯᠴᠢᠯᠠᠯ ᠤᠨ ᠢᠯᠡᠷᠬᠡᠶᠢᠯᠡᠯ ᠤᠨ ᠰᠢᠰᠲ᠋ᠧᠮ᠂

ᠣᠨᠴᠠᠯᠢᠭᠲᠤ ᠠᠮᠲᠠᠲᠤ ᠢᠳᠡᠭᠡᠨ ᠤ ᠵᠡᠭᠡᠯᠢ ᠲᠣᠭᠤᠷᠢᠭ ᠪᠣᠯᠣᠨ ᠵᠤᠭᠠᠴᠠᠨ ᠪᠠᠷᠠᠭ᠎ᠠ ᠬᠤᠳᠠᠯᠳᠤᠨ ᠠᠪᠬᠤ ᠲᠠᠯᠠᠪᠤᠷ ᠭᠠᠵᠠᠷ ᠵᠡᠷᠭᠡ ᠳᠦᠬᠦᠷ ᠦᠢᠯᠡᠴᠢᠯᠡᠭᠡᠨ ᠤ

ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠭ ᠬᠤᠪᠢᠶᠠᠨ ᠳᠦᠷᠢᠶᠡᠰᠦᠯᠡᠭᠦᠯᠬᠦ‍ ᠨᠢᠭᠡ

ᠴᠣᠭᠴᠠᠯᠠᠭᠰᠠᠨ ᠡᠵᠡᠩᠨᠡᠯᠲᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠲᠣᠮᠣ ᠠᠰᠠᠷ ᠢ ᠪᠠᠶᠢᠭᠤᠯᠵᠤ ᠳᠠᠭᠤᠰᠬᠠᠬᠤ ᠪᠠᠷ

ᠴᠢᠷᠮᠠᠶᠢᠨ᠎ᠠ᠃ ᠵᠢᠭᠤᠯᠴᠢᠯᠠᠯ ᠤᠨ ᠲᠤᠰᠬᠠᠢ ᠱᠤᠭᠤᠮ ᠤᠨ ᠵᠠᠰᠠᠮᠠᠯ ᠵᠠᠮ ᠢ ᠳᠡᠰᠵᠢᠭᠦᠯᠬᠦ ᠬᠤᠶᠠᠷ ᠵᠢᠯ ᠤᠨ ᠪᠤᠭᠤᠮᠲᠠ ᠰᠢᠪᠲᠤᠯᠬᠤ ᠠᠵᠢᠯᠯᠠᠭᠠᠨ ᠢ ᠶᠠᠪᠤᠭᠤᠯᠵᠤ᠂ 57.

6 ᠳ᠋ᠦᠩᠰᠢᠭᠤᠷ ᠲᠦᠭᠦᠷᠢᠭ ᠪᠡᠯᠡ ᠣᠷᠤᠭᠤᠯᠵᠤ᠂ 53 ᠵᠤᠷᠪᠤᠰ᠂ 1000 ᠺᠢᠯᠣᠮᠧᠲᠷ ᠭᠤᠣᠯᠳᠠᠯᠭ᠎ᠠ ᠲᠠᠢ ᠦᠵᠡᠮᠵᠢ ᠶᠢᠨ ᠣᠷᠣᠨ ᠢ ᠬᠤᠯᠪᠤᠭᠰᠠᠨ ᠵᠠᠮ

ᠱᠤᠭᠤᠮ ᠢ ᠪᠥᠬᠦ ᠲᠠᠯ᠎ᠠ ᠪᠠᠷ ᠡᠬᠢᠯᠡᠵᠦ ᠪᠠᠶᠢᠭᠤᠯᠤᠨ᠎ᠠ᠃ ᠰᠣᠶᠣᠯ᠂ ᠪᠡᠶ᠎ᠡ ᠶᠢᠨ ᠲᠠᠮᠢᠷ᠂ ᠬᠤᠳᠠᠯᠳᠤᠭᠠᠨ ᠤ ᠶᠠᠪᠤᠳᠠᠯ ᠵᠡᠷᠬᠡ ᠨᠢ ᠵᠢᠭᠤᠯᠴᠢᠯᠠᠯ ᠤᠨ ᠦᠢᠯᠡᠰ ᠯᠦᠭᠡ

ᠤᠶᠠᠯᠳᠤᠨ ᠬᠥᠭᠵᠢᠬᠦ ᠶᠢ ᠠᠬᠢᠭᠤᠯᠵᠤ᠂ ᠠᠷᠠᠳ ᠠᠴᠠ ᠮᠥᠽᠸᠢ ᠡᠷᠬᠢᠯᠡᠬᠦ ᠶᠢ ᠵᠦᠷᠢᠬᠵᠢᠭᠤᠯᠤᠨ ᠳᠡᠮᠵᠢᠬᠦ ᠲᠥᠷᠥ ᠶᠢᠨ ᠪᠤᠳᠤᠯᠭ᠎ᠠ ᠲᠣᠭᠲᠠᠭᠠᠵᠤ᠂ ᠨᠢᠭᠡ ᠪᠦᠯᠦᠭ

ᠨᠦᠯᠦᠭᠡᠯᠡᠬᠦ ᠬᠦᠴᠦᠨ ᠪᠦᠬᠦᠢ ᠬᠤᠷᠠᠯ ᠦᠵᠡᠰᠭᠦᠯᠡᠩ᠂ ᠪᠠᠶᠠᠷ ᠳᠤᠷᠠᠰᠬᠠᠯ ᠤᠨ ᠠᠵᠢᠯᠯᠠᠭᠠᠨ᠂ ᠪᠣᠳᠠᠳᠤ ᠦᠵᠡᠮᠵᠢ ᠳᠤ ᠲᠣᠭᠯᠠᠯᠲᠠ ᠭᠠᠷᠭᠠᠬᠤ ᠪᠠ ᠪᠡᠶ᠎ᠡ ᠶᠢᠨ

ᠲᠠᠮᠢᠷ ᠤᠨ ᠤᠷᠤᠯᠳᠤᠭᠠᠨ ᠢ ᠡᠷᠬᠢᠯᠡᠨ ᠬᠢᠵᠦ᠂ ᠰᠣᠶᠣᠯ ᠤᠨ ᠵᠢᠭᠤᠯᠴᠢᠯᠠᠯ ᠤᠨ ᠦᠢᠯᠡᠳᠬᠡᠭᠦᠨ ᠤ ᠪᠦᠲᠦᠮᠵᠢᠲᠦ ᠬᠠᠩᠭᠠᠯᠭ᠎ᠠ ᠶᠢ ᠨᠡᠮᠡᠭᠳᠡᠭᠦᠯᠦᠨ᠎ᠡ᠃ ︽ᠭᠡᠷ

ᠬᠤᠲᠠᠯᠠᠭᠠᠷ ᠢᠶᠠᠨ ᠤᠯᠠᠭᠠᠨᠬᠠᠳᠠᠨ᠎ᠠ ᠵᠤᠭᠠᠴᠠᠬᠤᠶ᠎ᠠ ᠲᠠᠭᠠᠯᠠᠮᠵᠢᠲᠠᠢ ᠮᠦᠷᠲᠡᠭᠡᠨ ᠬᠠᠨᠤᠮᠵᠢᠲᠠᠢ︾ ᠭᠡᠬᠦ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠪᠦᠲᠦᠭᠡᠬᠦ ᠲᠠᠢ

ᠤᠶᠠᠯᠳᠤᠭᠤᠯᠤᠨ᠂ ᠵᠢᠭᠤᠯᠴᠢᠯᠠᠯ ᠤᠨ ᠤᠬᠠᠭᠤᠯᠭ᠎ᠠ ᠪᠣᠷᠤᠯᠠᠭᠤᠯᠤᠯᠲᠠ ᠶᠢ ᠠᠬᠢᠭᠤᠯᠬᠤ ᠬᠦᠴᠦᠯᠡᠴᠡ ᠪᠠᠨ ᠨᠡᠮᠡᠭᠳᠡᠭᠦᠯᠦᠨ᠎ᠡ᠃

     ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠪᠠᠶᠢᠭᠤᠯᠵᠤ᠂ ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠪᠠ ᠲᠤᠰᠬᠠᠢ ᠲᠥᠷᠦᠯ ᠤᠨ

ᠵᠢᠯᠤᠭᠤᠳᠤᠮᠵᠢ ᠮᠥᠩᠭᠦ ᠭᠠᠷᠭᠠᠨ᠎ᠠ᠃ ᠪᠦᠬᠦ ᠵᠢᠯ ᠳᠤ ᠵᠢᠭᠤᠯᠴᠢᠯᠠᠯ ᠤᠨ ᠪᠡᠯᠡ ᠣᠷᠤᠭᠤᠯᠤᠯᠲᠠ 250 ᠳ᠋ᠦᠩᠰᠢᠭᠤᠷ ᠲᠦᠭᠦᠷᠢᠭ ᠪᠡᠶᠡᠯᠡᠭᠦᠯᠬᠦ ᠪᠠᠷ ᠴᠢᠷᠮᠠᠶᠢᠵᠤ᠂

ᠵᠤᠭᠠᠴᠠᠭᠰᠠᠳ ᠢ ᠬᠦᠯᠢᠶᠡᠨ ᠠᠪᠬᠤ ᠶᠢ 1600 ᠲᠦᠮᠡᠨ ᠬᠦᠮᠦᠨ ᠤᠳᠠᠭ᠎ᠠ ᠠᠴᠠ ᠳᠠᠪᠠᠭᠤᠯᠵᠤ᠂ ᠵᠢᠭᠤᠯᠴᠢᠯᠠᠯ ᠤᠨ ᠣᠷᠣᠯᠭ᠎ᠠ 260 ᠳ᠋ᠦᠩᠰᠢᠭᠤᠷ ᠲᠦᠭᠦᠷᠢᠭ ᠢ

ᠪᠡᠶᠡᠯᠡᠭᠦᠯᠦᠨ᠎ᠡ᠃ ᠣᠷᠣᠨ ᠲᠣᠭᠤᠷᠢᠭ ᠤᠨ ᠴᠢᠨᠠᠷᠲᠠᠢ ᠪᠠᠷᠠᠭ᠎ᠠ ᠶᠢᠨ ᠭᠦᠢᠯᠭᠡᠭᠡᠨ ᠤ ᠬᠦᠢᠰᠦ ᠬᠤᠲᠠ ᠪᠠᠯᠭᠠᠰᠤ ᠪᠠ ᠠᠷᠠᠯᠵᠢᠶᠠᠨ ᠤ ᠲᠥᠪ ᠢ ᠪᠦᠲᠦᠭᠡᠨ

ᠪᠠᠶᠢᠭᠤᠯᠬᠤ ᠲᠠᠢ ᠤᠶᠠᠯᠳᠤᠭᠤᠯᠤᠨ᠂ ᠣᠳᠣ ᠦᠶ᠎ᠡ ᠶᠢᠨ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ

ᠭᠦᠢᠯᠭᠡᠭᠡᠨ ᠢᠶᠠᠷ ᠬᠤᠳᠠᠯᠳᠤᠭ᠎ᠠ ᠠᠷᠠᠯᠵᠢᠶᠠᠨ ᠤ ᠦᠢᠯᠡᠰ ᠤᠨ ᠶᠡᠭᠡ ᠬᠥᠭᠵᠢᠯᠲᠡ ᠶᠡᠭᠡ ᠬᠥᠭᠵᠢᠶᠡᠨ ᠢ ᠠᠬᠢᠭᠤᠯᠤᠨ᠎ᠠ᠃ ᠪᠣᠳᠠᠳᠤ ᠴᠣᠭᠴᠠᠲᠤ ᠰᠤᠯᠠ ᠪᠠᠷ

ᠪᠣᠷᠤᠯᠠᠭᠤᠯᠬᠤ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠬᠦ ᠬᠡᠯᠪᠡᠷᠢ ᠪᠠᠨ ᠬᠤᠪᠢᠷᠠᠭᠤᠯᠬᠤ᠂ ᠰᠦᠯᠵᠢᠶ᠎ᠡ ᠲᠣᠲᠤᠷᠠᠬᠢ ᠪᠠ ᠭᠠᠳᠠᠨᠠᠬᠢ ᠬᠠᠷᠢᠯᠴᠠᠨ

ᠤᠶᠠᠯᠳᠤᠬᠤ ᠶᠢ ᠠᠬᠢᠭᠤᠯᠵᠤ᠂ ᠨᠢᠭᠡ ᠪᠦᠯᠦᠭ ᠨᠡᠷᠡᠲᠦ ᠳᠡᠯᠭᠡᠭᠦᠷ᠂ ᠨᠡᠷᠡᠲᠦ ᠲᠡᠮᠳᠡᠭᠲᠦ ᠶᠢ ᠪᠦᠲᠦᠭᠡᠨ᠎ᠡ᠃ ᠲᠥᠩ ᠹᠠᠩ ᠴᠠᠬᠢᠮ ᠠᠷᠠᠯᠵᠢᠶ᠎ᠠ ᠶᠢᠨ ᠠᠵᠦ

ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠤᠯᠤᠰ ᠤᠨ ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠲᠣᠷᠰᠢᠯᠲᠠ ᠶᠢᠨ

ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ᠤᠶᠤᠨᠲᠦ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠢ ᠲᠦᠷᠭᠡᠨ ᠬᠥᠭᠵᠢᠭᠦᠯᠵᠦ᠂ ᠤᠯᠠᠭᠠᠨᠬᠠᠳᠠ ᠠᠷᠠᠯᠵᠢᠶ᠎ᠠ

ᠬᠤᠳᠠᠯᠳᠤᠭᠠᠨ ᠢ ᠪᠠᠷᠠᠭ᠎ᠠ ᠶᠢᠨ ᠭᠦᠢᠯᠭᠡᠭᠡᠨ ᠤ ᠬᠤᠲᠠ᠂ ᠮᠥᠩᠭᠦᠨ ᠭᠦᠢᠯᠭᠡᠭᠡᠨ ᠤ ᠪᠠᠷᠠᠭ᠎ᠠ ᠶᠢᠨ ᠭᠦᠢᠯᠭᠡᠭᠡᠨ ᠤ ᠭᠠᠷᠠᠮ᠂ ᠯᠢᠶᠠᠨ ᠰᠢᠶᠠᠩ ᠰᠡᠷᠢᠭᠦᠨ ᠬᠠᠳᠠᠭᠠᠯᠠᠬᠤ

ᠪᠠᠷᠠᠭ᠎ᠠ ᠶᠢᠨ ᠭᠦᠢᠯᠭᠡᠭᠡᠨ ᠵᠡᠷᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠦ ᠦᠢᠯᠡᠰ ᠪᠠ ᠬᠤᠲᠠ ᠪᠠᠯᠭᠠᠰᠤ ᠤᠶᠠᠯᠳᠤᠨ

ᠬᠥᠭᠵᠢᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃

     ᠠᠷᠭ᠎ᠠ ᠪᠦᠬᠦᠨ ᠢ ᠰᠥᠪᠡᠭᠴᠢᠯᠡᠨ ᠮᠥᠩᠭᠦᠨ ᠭᠦᠢᠯᠭᠡᠭᠡᠨ ᠤ ᠠᠵᠤ ᠦᠢᠯᠡᠰ ᠢ ᠪᠤᠶᠢᠵᠢᠭᠤᠯᠵᠤ᠂ ᠪᠣᠳᠠᠲᠤ ᠠᠵᠤ ᠠᠬᠤᠢ ᠶᠢᠨ ᠡᠷᠡᠭᠦᠯ ᠬᠥᠭᠵᠢᠯᠲᠡ ᠶᠢ

ᠲᠦᠯᠬᠢᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠪᠠᠷ ᠨᠢᠭᠡᠨᠲᠡ ᠲᠣᠭᠲᠠᠭᠠᠭᠰᠠᠨ ᠠᠯᠢ ᠣᠯᠠᠨ ᠲᠥᠷᠦ ᠶᠢᠨ

ᠪᠣᠳᠣᠯᠭ᠎ᠠ ᠨᠤᠭᠤᠳ ᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠪᠡᠯᠡ ᠬᠦᠷᠦᠩᠭᠡ ᠶᠢᠨ ᠪᠤᠳᠠᠳᠤ ᠠᠵᠤ ᠠᠬᠤᠢ ᠵᠦᠭ ᠭᠦᠢᠯᠭᠡᠬᠦ ᠵᠠᠮ ᠢ ᠴᠢᠷᠮᠠᠶᠢᠨ

ᠰᠢᠯᠤᠭᠤᠳᠬᠠᠵᠤ᠂ ᠪᠤᠳᠠᠳᠤ ᠠᠵᠤ ᠠᠬᠤᠢ ᠶᠢ ᠲᠡᠮᠵᠢᠭᠦ ᠶᠠᠪᠤᠴᠠ ᠳᠤ ᠮᠥᠩᠭᠦᠨ ᠭᠦᠢᠯᠭᠡᠭᠡ ᠶᠢᠨ ᠦᠢᠯᠡᠰ ᠤᠨ ᠪᠥᠬᠦ ᠲᠠᠯ᠎ᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃

ᠤᠯᠤᠰ ᠤᠨ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠪᠡᠯᠡ ᠣᠷᠤᠭᠤᠯᠤᠯᠲᠠ ᠶᠢᠨ ᠲᠥᠷᠥ ᠶᠢᠨ ᠪᠣᠳᠤᠯᠭ᠎ᠠ ᠶᠢ ᠲᠣᠰᠣᠨ ᠵᠠᠯᠭᠠᠵᠤ᠂ ᠭᠠᠳᠠᠷ ᠣᠷᠣᠨ ᠤ

ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠣᠷᠤᠭᠤᠯᠤᠨ ᠠᠪᠴᠢᠷᠠᠵᠤ᠂ ᠤᠯᠠᠭᠠᠨᠬᠠᠳᠠ ᠳᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ

ᠰᠠᠯᠪᠦᠷᠢ ᠪᠠᠶᠢᠭᠤᠯᠤᠮᠵᠢ ᠭᠠᠷᠭᠠᠬᠤ ᠶᠢ ᠵᠦᠷᠢᠬᠵᠢᠭᠤᠯᠵᠤ᠂ ᠤᠯᠠᠭᠠᠨᠬᠠᠳᠠ ᠶᠢᠨ ᠬᠤᠳᠠᠯᠳᠤᠭᠠᠨ ᠤ ᠪᠠᠩᠬᠢ ᠪᠣᠯᠣᠨ ᠤᠯᠠᠭᠠᠨᠬᠠᠳᠠ ᠶᠢᠨ ᠮᠥᠩᠭᠦᠨ ᠭᠦᠢᠯᠭᠡᠭᠡᠨ ᠤ

ᠬᠤᠪᠢᠲᠤ ᠡᠵᠡᠮᠰᠢᠯ ᠤᠨ ᠪᠦᠯᠦᠭᠯᠡᠯ ᠪᠠᠶᠢᠭᠤᠯᠬᠤ ᠶᠢ ᠲᠥᠷᠭᠡᠳᠬᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠬᠡᠮᠵᠢᠲᠦ ᠵᠢᠭᠡᠯᠡᠯᠭᠡ ᠲᠠᠯᠪᠢᠬᠤ

ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠵᠤ᠂ ᠵᠢᠭᠡᠯᠡᠯᠭᠡ ᠶᠢ 100 ᠳ᠋ᠦᠩᠰᠢᠭᠤᠷ ᠲᠦᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂

ᠵᠢᠭᠡᠯᠡᠯᠭᠡ ᠶᠢᠨ ᠦᠯᠡᠳᠡᠪᠦᠷᠢ ᠶᠢ 1500 ᠳ᠋ᠦᠩᠰᠢᠭᠤᠷ ᠲᠦᠭᠦᠷᠢᠭ ᠳᠠᠪᠠᠭᠤᠯᠤᠨ᠎ᠠ᠃ ᠤᠯᠤᠰ ᠤᠨ ᠶᠠᠳᠠᠭᠤ ᠬᠦᠴᠢᠷᠲᠡᠢ ᠬᠤᠰᠢᠭᠤ ᠰᠢᠶᠠᠨ ᠳᠠᠬᠢ IPO ᠳᠡᠮᠵᠢᠬᠦ

ᠲᠥᠷᠥ ᠶᠢᠨ ᠪᠣᠳᠣᠯᠭ᠎ᠠ ᠶᠢ ᠰᠠᠶᠢᠲᠤᠷ ᠭᠦᠢᠴᠡᠳ ᠠᠰᠢᠭᠯᠠᠵᠤ᠂ ᠠᠵᠤ ᠠᠬᠤᠶᠢᠯᠠᠯ ᠤᠨ ᠬᠤᠪᠢᠲᠣ ᠶᠢᠨ ᠵᠠᠬ᠎ᠠ ᠳᠤ ᠭᠠᠷᠬᠤ ᠳᠥᠷᠪᠡᠨ ᠵᠢᠯ ᠤᠨ ᠠᠵᠢᠯᠯᠠᠭᠠᠨ ᠤ

ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠥᠪᠥᠷ ᠮᠣᠩᠭᠤᠯ ᠤᠨ ᠬᠤᠪᠢᠲᠤ ᠶᠢᠨ ᠡᠷᠬᠡ ᠶᠢᠨ ᠠᠷᠠᠯᠵᠢᠶᠠᠨ ᠤ ᠲᠥᠪ ᠤᠨ ᠤᠯᠠᠭᠠᠨᠬᠠᠳᠠ ᠶᠢᠨ ᠬᠤᠪᠢᠶᠠᠷᠢ ᠲᠥᠪ ᠢ

ᠠᠯᠢ ᠲᠥᠷᠭᠡᠨ ᠪᠠᠶᠢᠭᠤᠯᠤᠨ ᠡᠵᠡᠩᠨᠡᠯᠲᠡ ᠳᠤ ᠣᠷᠤᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠢᠭᠤᠳ ᠪᠡᠯᠡ ᠬᠤᠷᠠᠮᠳᠤᠭᠤᠯᠬᠤ ᠠᠷᠭ᠎ᠠ ᠵᠠᠮ ᠢ

ᠦᠷᠭᠡᠳᠬᠡᠨ᠎ᠡ᠃ ᠳᠠᠭᠠᠳᠬᠠᠯ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠵᠤ᠂ ᠳᠠᠭᠠᠳᠬᠠᠯ ᠤᠨ ᠪᠡᠯᠡ ᠮᠥᠩᠭᠦ ᠶᠢᠨ ᠪᠣᠳᠠᠲᠤ ᠴᠤᠭᠴᠠ ᠶᠢᠨ ᠠᠵᠤ

ᠠᠬᠤᠢ ᠳᠠᠬᠢ ᠦᠢᠯᠡᠴᠢᠯᠡᠭᠡᠨ ᠤ ᠰᠢᠨ᠎ᠡ ᠬᠡᠯᠪᠡᠷᠢ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠦᠷ᠎ᠡ ᠠᠰᠢᠭ ᠲᠠᠢ ᠦᠢᠯᠡᠳᠦᠯ ᠲᠠᠢ ᠪᠠᠩᠬᠢ ᠵᠠᠰᠠᠭ ᠠᠵᠤ

ᠠᠬᠤᠶᠢᠯᠠᠯ ᠤᠨ ᠵᠤᠯᠭᠠᠯᠲᠠ ᠶᠢᠨ ᠲᠠᠪᠴᠠᠩ ᠢ ᠢᠳᠡᠪᠬᠢᠲᠠᠢ ᠪᠠᠶᠢᠭᠤᠯᠵᠤ᠂ ᠬᠤᠲᠠ ᠬᠤᠰᠢᠭᠤ ᠬᠤᠶᠠᠷ ᠱᠠᠲᠤᠨ ᠤ ᠪᠡᠯᠡ ᠬᠤᠷᠠᠮᠳᠤᠭᠤᠯᠬᠤ ᠪᠠᠲᠤᠯᠠᠨ ᠳᠠᠭᠠᠭᠠᠬᠤ

ᠬᠤᠷᠰᠢᠯᠴᠠᠭᠠᠨ ᠤ ᠵᠣᠬᠢᠴᠠᠮᠵᠢ ᠶᠢᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠪᠡᠯᠡ ᠬᠤᠷᠠᠮᠳᠤᠭᠤᠯᠬᠤ ᠪᠠᠲᠤᠯᠠᠨ ᠳᠠᠭᠠᠭᠠᠬᠤ ᠠᠵᠢᠯ ᠢ ᠬᠦᠴᠦᠷᠭᠡᠭᠵᠢᠭᠦᠯᠦᠨ

ᠥᠷᠭᠡᠳᠬᠡᠨ᠎ᠡ᠃ ᠳᠠᠭᠠᠭᠠᠯᠲᠠ ᠲᠤᠰᠠᠯᠠᠬᠤ ᠵᠢᠭᠡᠯᠡᠯᠭᠡ ᠶᠢᠨ ᠬᠡᠯᠪᠡᠷᠢ ᠶᠢ ᠬᠦᠴᠦᠯᠡᠨ ᠥᠷᠨᠢᠭᠦᠯᠵᠦ᠂ ᠡᠨᠡ ᠵᠢᠯ ᠳᠤ ᠵᠢᠭᠡᠯᠡᠯᠭᠡ ᠲᠠᠯᠪᠢᠬᠤ ᠬᠡᠪᠴᠢᠶ᠎ᠡ ᠶᠢ 10

ᠳ᠋ᠦᠩᠰᠢᠭᠤᠷ ᠲᠦᠭᠦᠷᠢᠭ ᠲᠤ ᠬᠦᠷᠭᠡᠨ᠎ᠡ᠃

     ᠭᠤᠷᠪᠠ᠂ ᠬᠥᠭᠵᠢᠯᠲᠡ ᠶᠢᠨ ᠰᠠᠭᠤᠷᠢ ᠪᠠᠨ ᠲᠦᠷᠭᠡᠨ ᠪᠠᠲᠤᠵᠢᠭᠤᠯᠵᠤ᠂ ᠬᠤᠲᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ

ᠳᠤᠳᠠᠭᠤᠳᠠᠯ ᠢᠶᠠᠨ ᠲᠦᠪᠯᠡᠷᠡᠭᠦᠯᠦᠨ ᠨᠥᠬᠦᠪᠦᠷᠢᠯᠡᠨ᠎ᠡ᠃

     ᠵᠠᠮ ᠬᠠᠷᠢᠯᠴᠠᠭᠠᠨ ᠤ ᠰᠠᠭᠤᠷᠢ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ︽ᠪᠣᠰᠤᠭ᠎ᠠ ᠪᠡᠶᠡᠲᠦ ᠵᠠᠮ ᠬᠠᠷᠢᠯᠴᠠᠭ᠎ᠠ︾᠎ ᠶᠢᠨ ᠪᠠᠶᠢᠭᠤᠯᠤᠯᠲᠠ ᠶᠢ

ᠠᠬᠢᠭᠤᠯᠵᠤ᠂ ᠴᠠᠭ ᠦᠶ᠎ᠡ ᠶᠢᠨ ᠬᠤᠪᠢᠷᠠᠯᠲᠠ ᠪᠠᠷ ᠳᠠᠮᠵᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠦᠨ᠎ᠡ᠃ ᠵᠠᠰᠠᠮᠠᠯ ᠵᠠᠮ ᠤᠨ

ᠪᠠᠶᠢᠭᠤᠯᠤᠯᠲᠠ ᠳᠤ᠂ ᠲᠦᠯᠦᠪᠵᠢᠭᠦᠯᠭᠡ ᠶᠢᠨ ᠳᠡᠮᠵᠢᠯᠭᠡ ᠶᠢ ᠴᠢᠷᠮᠠᠶᠢᠨ ᠣᠯᠵᠤ᠂ ᠰᠢᠨ ᠬᠤᠢ ᠠᠴᠠ ᠴᠢᠪᠠᠭ᠎ᠠ ᠬᠦᠷᠬᠦ᠂ ᠲᠡᠩᠨᠡᠭᠦᠷ ᠭᠤᠣᠯ ᠠᠴᠠ ᠳ᠋ᠠ ᠰᠢᠩ ᠬᠦᠷᠬᠦ

ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠬᠤᠲᠠ ᠶᠢᠨ ᠵᠠᠰᠠᠮᠠᠯ ᠵᠠᠮ ᠤᠨ ᠨᠢᠭᠡ ᠭᠤᠯᠳᠤ ᠨᠢᠭᠡ ᠬᠥᠨᠳᠡᠯᠡᠨ ᠭᠤᠣᠯ

ᠨᠢᠷᠤᠭᠤᠪᠴᠢ ᠶᠢ ᠪᠦᠷᠢᠯᠳᠦᠭᠦᠯᠦᠨ᠎ᠡ᠃ ᠤᠯᠤᠰ ᠮᠤᠵᠢ ᠶᠢᠨ ᠭᠤᠣᠯ ᠱᠤᠭᠤᠮ ᠢᠶᠠᠷ ᠭᠤᠣᠯᠳᠠᠯᠭ᠎ᠠ ᠪᠣᠯᠭᠠᠭᠰᠠᠨ ᠳᠡᠭᠡᠳᠦ ᠳᠡᠰ ᠤᠨ ᠵᠠᠰᠠᠮᠠᠯ ᠵᠠᠮ ᠵᠠᠰᠠᠬᠤ

ᠠᠯᠬᠤᠴᠠ ᠪᠠᠨ ᠲᠥᠷᠭᠡᠳᠬᠡᠵᠦ᠂ ᠳ᠋ᠠᠪᠠᠨ ᠠᠴᠠ ᠪᠢᠷᠠᠭᠤ ᠬᠦᠷᠬᠦ ᠬᠤᠷᠳᠤᠨ ᠤ ᠵᠠᠮ ᠵᠡᠷᠭᠡ 8 ᠵᠤᠷᠪᠤᠰ ᠪᠠᠶᠢᠭᠤᠯᠵᠤ ᠪᠠᠶᠢᠭ᠎ᠠ ᠵᠠᠰᠠᠮᠠᠯ ᠵᠠᠮ ᠢ ᠡᠷᠳᠡᠬᠡᠨ ᠵᠠᠰᠠᠵᠤ

ᠳᠠᠭᠤᠰᠬᠠᠨ᠂ ᠪᠢᠷᠠᠭᠤ ᠠᠴᠠ ᠤᠯᠠᠭᠠᠨᠪᠣᠲᠤᠩ ᠬᠦᠷᠬᠦ ᠬᠤᠷᠳᠤᠨ ᠤ ᠵᠠᠮ᠂ ᠤᠯᠠᠭᠠᠨᠬᠠᠳᠠ ᠠᠴᠠ ᠸᠧᠢ ᠴᠠᠩ ᠬᠦᠷᠬᠦ ᠬᠤᠷᠳᠤᠨ ᠤ ᠵᠠᠮ᠂ ᠰᠢᠶᠣᠣ ᠴᠧᠩᠽᠢ ᠠᠴᠠ

ᠫᠢᠩ ᠴᠢᠤᠸᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠴᠢᠪᠠᠭ᠎ᠠ ᠠᠴᠠ ᠪᠣᠷᠣᠤᠰᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠡᠬᠢᠯᠡᠵᠦ ᠪᠠᠶᠢᠭᠤᠯᠬᠤ ᠶᠢ

ᠬᠦᠴᠦᠲᠠᠢ ᠠᠬᠢᠭᠤᠯᠵᠤ᠂ ᠵᠢᠯ ᠤᠨ ᠲᠤᠳᠤᠷ᠎ᠠ 100 ᠳ᠋ᠦᠩᠰᠢᠭᠤᠷ ᠲᠦᠭᠦᠷᠢᠭ ᠠᠴᠠ ᠳᠡᠭᠡᠭᠰᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ

ᠣᠷᠤᠭᠤᠯᠬᠤ ᠪᠠᠷ ᠴᠢᠷᠮᠠᠶᠢᠨ᠎ᠠ᠃ ᠲᠡᠮᠦᠷ ᠵᠠᠮ ᠤᠨ ᠪᠠᠶᠢᠭᠤᠯᠤᠯᠲᠠ ᠳᠤ᠂ ᠤᠯᠠᠭᠠᠨᠬᠠᠳᠠ ᠶᠢᠨ ᠬᠤᠷᠳᠤᠨ ᠤ ᠲᠡᠮᠦᠷ ᠵᠠᠮ ᠵᠡᠷᠭᠡ ᠪᠠᠶᠢᠭᠤᠯᠵᠤ ᠪᠠᠶᠢᠭ᠎ᠠ ᠲᠡᠮᠦᠷ

ᠵᠠᠮ ᠤᠨ 4 ᠲᠥᠷᠦᠯ ᠵᠦᠢᠯ ᠢ ᠲᠦᠯᠬᠢᠨ ᠠᠬᠢᠭᠤᠯᠵᠤ᠂ ᠵᠢᠢ ᠲᠦᠩ ᠲᠡᠮᠦᠷ ᠵᠠᠮ ᠤᠨ ᠬᠤᠶᠠᠷᠳᠡᠬᠢ ᠱᠤᠭᠤᠮ ᠤᠨ ᠮᠥᠩᠬᠡᠲᠠᠯ᠎ᠠ ᠠᠴᠠ ᠳ᠋ᠠᠪᠠᠨ ᠬᠦᠷᠬᠦ ᠬᠡᠰᠡᠭ ᠤᠨ

ᠪᠥᠬᠦ ᠱᠤᠭᠤᠮ ᠢ ᠡᠬᠢᠯᠡᠨ ᠪᠠᠶᠢᠭᠤᠯᠬᠤ ᠶᠢ ᠦᠨᠡᠩᠬᠦ ᠪᠠᠲᠤᠯᠠᠵᠤ᠂ ᠡᠨᠡ ᠵᠢᠯ ᠳᠤ ᠳᠡᠮᠤᠷ ᠵᠠᠮ ᠤᠨ ᠪᠠᠶᠢᠭᠤᠯᠤᠯᠳᠠ ᠳᠤ 40 ᠳ᠋ᠦᠩᠰᠢᠭᠤᠷ ᠲᠦᠭᠦᠷᠢᠭ ᠠᠴᠠ

ᠳᠡᠭᠡᠭᠰᠢ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠷᠠᠳ ᠤᠨ ᠠᠭᠠᠷ ᠠᠶᠠᠯᠠᠯ ᠤᠨ ᠪᠠᠶᠢᠭᠤᠯᠤᠯᠲᠠ ᠳᠤ᠂ ᠬᠠᠰ ᠯᠤᠤ ᠨᠢᠰᠭᠡᠯ ᠤᠨ ᠪᠠᠭᠤᠳᠠᠯ ᠢ

ᠥᠷᠭᠡᠳᠬᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠬᠦ ᠮᠥᠷᠲᠡᠭᠡᠨ ᠳᠠᠭᠤᠰᠬᠠᠬᠤ ᠪᠠᠷ ᠴᠢᠷᠮᠠᠶᠢᠵᠤ᠂ ᠯᠢᠨᠰᠢ ᠰᠠᠯᠪᠤᠷᠢ ᠱᠤᠭᠤᠮ ᠤᠨ ᠨᠢᠰᠭᠡᠯ ᠤᠨ

ᠪᠠᠭᠤᠳᠠᠯ ᠠᠵᠢᠯ ᠡᠬᠢᠯᠡᠬᠦ ᠨᠦᠬᠦᠴᠡᠯ ᠪᠦᠷᠢᠳᠦᠭᠦᠯᠬᠦ ᠶᠢ ᠪᠠᠲᠤᠯᠠᠵᠤ᠂ 10 ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ

ᠲᠥᠷᠭᠡᠨ ᠠᠬᠢᠭᠤᠯᠵᠤ᠂ ᠠᠷᠤ ᠬᠤᠷᠴᠢᠨ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠲᠦᠷᠦᠭᠦᠤ ᠡᠭᠡᠯᠵᠢ ᠠᠭᠠᠷ ᠤᠨ ᠠᠶᠠᠯᠠᠯ

ᠤᠷᠢᠳᠠᠪᠡᠷ ᠠᠶᠠᠯᠠᠬᠤ ᠶᠢ ᠪᠠᠲᠤᠯᠠᠨ᠎ᠠ᠃

     ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠦᠷᠢ ᠶᠢ ᠳᠡᠭᠡᠭᠰᠢᠯᠡᠭᠦᠯᠦᠨ᠎ᠡ᠃ ᠳ᠋ᠦᠩ ᠲᠠᠶᠢᠽᠢ ᠴᠦᠭᠦᠷᠦᠮ ᠪᠣᠯᠣᠨ ᠬᠥᠪ ᠤᠨ ᠭᠤᠤ ᠴᠦᠬᠦᠷᠦᠮ ᠢ

ᠡᠬᠢᠯᠡᠨ ᠪᠠᠶᠢᠭᠤᠯᠵᠤ᠂ ᠰᠠᠨ ᠽᠦᠸᠧ ᠳ᠋ᠢᠶᠠᠨ ᠴᠦᠭᠦᠷᠦᠮ ᠠᠴᠠ ᠭᠤᠣᠯ ᠬᠤᠲᠠ ᠵᠦᠭ ᠤᠰᠤ ᠲᠠᠲᠠᠨ ᠬᠠᠩᠭᠠᠬᠤ ᠢᠨᠵᠧᠨᠧᠷᠢᠩ ᠢ ᠪᠠᠶᠢᠭᠤᠯᠵᠤ ᠳᠠᠭᠤᠰᠬᠠᠬᠤ ᠶᠢ

ᠦᠨᠡᠩᠬᠦ ᠪᠠᠲᠤᠯᠠᠵᠤ᠂ ᠣᠷᠣᠨ ᠲᠣᠭᠤᠷᠢᠭ ᠠᠯᠤᠰᠯᠠᠨ ᠤᠰᠤ ᠲᠠᠲᠠᠬᠤ ᠢᠨᠵᠧᠨᠧᠷᠢᠩ ᠤᠨ ᠠᠵᠢᠯ ᠡᠬᠢᠯᠡᠬᠦ ᠨᠦᠬᠦᠴᠡᠯ ᠢ ᠪᠦᠷᠢᠳᠦᠭᠦᠯᠬᠦ ᠪᠠᠷ ᠴᠢᠷᠮᠠᠶᠢᠨ᠎ᠠ᠃ ᠬᠠᠷ᠎ᠠ

ᠴᠢᠯᠠᠭᠤ ᠴᠦᠭᠦᠷᠦᠮ᠂ ᠰᠢᠨᠠ ᠴᠦᠭᠦᠷᠦᠮ ᠪᠣᠯᠣᠨ 47 ᠰᠠᠭᠤᠷᠢ ᠶᠡᠭᠡ ᠳᠤᠮᠳᠠ ᠬᠡᠯᠪᠡᠷᠢ ᠶᠢᠨ ᠡᠮᠵᠢᠭ ᠠᠶᠤᠯᠲᠠᠢ ᠤᠰᠤᠨ ᠬᠠᠭᠠᠯᠲᠠ ᠶᠢ ᠵᠠᠰᠠᠨ ᠪᠠᠬᠢᠵᠢᠭᠦᠯᠬᠦ

ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠥᠷᠭᠡᠳᠬᠡᠵᠦ᠂ 4 ᠳᠤᠮᠳᠠ ᠬᠡᠯᠪᠡᠷᠢ ᠶᠢᠨ ᠤᠰᠤᠯᠠᠯᠲᠠ ᠶᠢᠨ ᠲᠣᠭᠤᠷᠢᠭ ᠤᠨ ᠦᠷᠭᠦᠯᠵᠢᠯᠡᠨ

ᠲᠦᠬᠦᠷᠵᠢᠭᠦᠯᠬᠦ ᠬᠢᠭᠡᠳ ᠤᠰᠤ ᠠᠷᠪᠢᠯᠠᠨ ᠤᠰᠤᠯᠠᠬᠤ ᠰᠢᠨᠡᠴᠢᠯᠡᠯᠲᠡ ᠶᠢᠨ ᠢᠨᠵᠧᠨᠧᠷᠢᠩ ᠢ ᠨᠠᠶᠢᠳᠠᠪᠦᠷᠢᠵᠢᠭᠤᠯᠤᠨ᠎ᠠ᠃ ᠭᠤᠣᠯ ᠬᠤᠲᠠ ᠲᠣᠭᠤᠷᠢᠭ ᠲᠤ ᠤᠰᠤ

ᠬᠠᠩᠭᠠᠬᠤ ᠠᠮᠤᠷ ᠲᠥᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢ ᠪᠡᠶᠡᠯᠡᠭᠦᠯᠵᠦ᠂ ᠤᠰᠤᠨ ᠰᠤᠷᠪᠤᠯᠵᠢ ᠭᠠᠵᠠᠷ ᠠᠴᠠ ᠨᠡᠭᠦᠯᠭᠡᠬᠦ ᠲᠥᠰᠥᠯ ᠢ ᠰᠣᠳᠤᠯᠤᠨ

ᠨᠣᠲᠠᠯᠠᠬᠤ ᠶᠢᠨ ᠵᠡᠷᠭᠡᠪᠡᠷ ᠨᠦᠬᠦᠴᠡᠯ ᠪᠦᠷᠢᠯᠳᠦᠭᠦᠯᠦᠨ ᠠᠯᠢ ᠲᠥᠷᠭᠡᠨ ᠵᠣᠬᠢᠶᠠᠨ ᠪᠠᠶᠢᠭᠤᠯᠤᠨ ᠨᠠᠶᠢᠳᠠᠪᠦᠷᠢᠵᠢᠭᠤᠯᠤᠨ᠎ᠠ᠃ ᠥᠪᠡᠷᠲᠡᠭᠡᠨ ᠬᠡᠷᠡᠭᠯᠡᠬᠦ ᠤᠰᠤᠨ

ᠰᠤᠷᠪᠤᠯᠵᠢ ᠶᠢᠨ ᠬᠤᠳᠳᠤᠭ ᠤᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭ᠎ᠠ ᠳᠦᠷᠢᠮᠵᠢᠭᠦᠯᠵᠦ᠂ ᠭᠤᠣᠯ ᠬᠤᠲᠠ ᠲᠣᠭᠤᠷᠢᠭ ᠲᠤ ᠣᠳᠣ ᠶᠢᠨ ᠪᠠᠶᠢᠭ᠎ᠠ

ᠬᠤᠳᠳᠤᠭ ᠢ ᠳᠠᠷᠤᠵᠤ᠂ ᠮᠠᠯᠲᠠᠬᠤ ᠶᠢ ᠪᠠᠭᠠᠰᠬᠠᠬᠤ ᠠᠵᠢᠯ ᠢ ᠥᠷᠨᠢᠭᠦᠯᠵᠦ᠂ ᠭᠤᠣᠯ ᠬᠤᠲᠠ ᠲᠣᠭᠤᠷᠢᠭ ᠤᠨ ᠲᠣᠭᠤᠷᠢᠨ ᠳᠠᠬᠢ ᠲᠠᠷᠢᠶᠠᠯᠠᠩ ᠤᠨ ᠤᠰᠤ

ᠠᠷᠪᠢᠯᠠᠬᠤ ᠲᠤᠷᠰᠢᠯᠲᠠ ᠶᠢᠨ ᠢᠨᠵᠧᠨᠧᠷᠢᠩ ᠪᠣᠯᠣᠨ ᠪᠣᠴᠠᠯᠲᠠ ᠤᠰᠤ ᠶᠢ ᠳᠠᠬᠢᠨ ᠬᠡᠷᠡᠭᠯᠡᠬᠦ ᠢᠨᠵᠧᠨᠧᠷᠢᠩ ᠢ ᠨᠠᠶᠢᠳᠠᠪᠦᠷᠢᠵᠢᠭᠤᠯᠵᠤ᠂ ᠤᠰᠤᠨ ᠤ ᠡᠬᠢ

ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃

     ︽ᠡᠨᠧᠷᠭᠢ ᠳᠠᠮᠵᠢᠭᠤᠯᠬᠤ︾ ᠪᠦᠲᠦᠭᠡᠨ ᠪᠠᠶᠢᠭᠤᠯᠤᠯᠲᠠ ᠶᠢ ᠳᠦᠷᠬᠡᠳᠬᠡᠨ᠎ᠠ᠃ ᠤᠯᠠᠭᠠᠨᠬᠠᠳᠠ ᠠᠴᠠ ᠤᠮᠠᠷᠠᠲᠤ ᠤᠷᠤᠨ ᠳᠤ ᠬᠡᠳᠦ ᠥᠨᠳᠥᠷ

ᠬᠦᠴᠦᠳᠡᠯ ᠲᠠᠢ ᠴᠠᠬᠢᠯᠭᠠᠨ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠪᠤᠳᠠᠲᠦ ᠪᠦᠲᠦᠮᠵᠢ ᠲᠠᠢ ᠪᠣᠯᠭᠠᠨ᠎ᠠ᠃ ᠶᠡᠷᠦᠩᠬᠡᠢ ᠪᠡᠯᠡ

ᠤᠷᠤᠭᠤᠯᠤᠯᠲᠠ ᠨᠢ 5.2 ᠳ᠋ᠦᠩᠰᠢᠭᠤᠷ ᠲᠦᠭᠦᠷᠢᠭ ᠤᠨ ᠸᠧᠨ ᠵᠦᠩ ᠤᠨ 220 ᠺᠢᠯᠤᠸᠤᠯᠲ ᠤᠨ ᠴᠠᠬᠢᠯᠭᠠᠨ ᠬᠦᠷᠭᠡᠬᠦ ᠵᠡᠷᠭᠡ ᠴᠠᠬᠢᠯᠭᠠᠨ ᠬᠦᠴᠦᠨ ᠤ

ᠪᠠᠷᠢᠯᠭ᠎ᠠ ᠶᠢᠨ 6 ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠳᠣᠲᠣᠷ᠎ᠠ ᠺᠠᠩ ᠵᠢᠶᠠ ᠢᠩ᠂ ᠪᠠᠶᠠᠨᠨᠠᠭᠤᠷ ᠵᠡᠷᠭᠡ ᠴᠠᠬᠢᠯᠭᠠᠨ ᠬᠦᠴᠦᠨ ᠤ ᠢᠨᠵᠧᠨᠧᠷᠢᠩ ᠢ

ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠭᠤᠤᠯ ᠪᠣᠯᠬᠤ 157 ᠲᠣᠰᠬᠤᠨ ᠤ ᠴᠠᠬᠢᠯᠭᠠᠨ ᠲᠣᠣᠷᠵᠢᠯ ᠢ ᠥᠭᠡᠷᠡᠴᠢᠯᠡᠨ ᠰᠠᠶᠢᠵᠢᠷᠠᠭᠤᠯᠵᠤ᠂

4902 ᠮᠠᠰᠢᠨ ᠴᠠᠬᠢᠯᠭᠠᠨ ᠬᠤᠳᠳᠤᠭ ᠢ ᠲᠥᠬᠦᠷᠵᠢᠭᠦᠯᠵᠦ᠂ ᠪᠦᠬᠦ ᠬᠤᠲᠠ ᠶᠢᠨ ᠭᠤᠤᠯ ᠪᠣᠯᠬᠤ ᠲᠣᠰᠬᠤᠨ ᠤ ᠴᠠᠬᠢᠯᠭᠠᠨ ᠲᠣᠣᠷᠵᠢᠯ ᠢ ᠳᠡᠰ ᠳᠡᠪᠰᠢᠭᠦᠯᠦᠨ

ᠰᠠᠶᠢᠵᠢᠷᠠᠭᠤᠯᠵᠤ᠂ ᠮᠠᠰᠢᠨ ᠴᠠᠬᠢᠯᠭᠠᠨ ᠬᠤᠳᠳᠤᠭ ᠢ ᠲᠥᠬᠦᠷᠵᠢᠭᠦᠯᠬᠦ ᠠᠵᠢᠯ ᠢ ᠨᠡᠶᠢᠳᠡᠮ ᠳᠤ ᠨᠢ ᠪᠦᠷᠬᠦᠭᠦᠯᠦᠨ᠎ᠡ᠃ ︽ᠰᠢᠲᠠᠮᠠᠬᠠᠶ ᠬᠡᠢ ᠲᠥᠭᠡᠮᠡᠯᠵᠢᠭᠰᠡᠨ

ᠤᠯᠠᠭᠠᠨᠬᠠᠳᠠ︾᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠠᠴᠠ ᠴᠤᠤᠶᠠᠩ ᠬᠦᠷᠬᠦ 180 ᠺᠢᠯᠣᠮᠧᠳ᠋ᠷ ᠤᠨ ᠰᠢᠲᠠᠮᠠᠬᠠᠢ ᠬᠡᠢ ᠤᠨ ᠬᠤᠭᠤᠯᠠᠢ

ᠳᠡᠪᠢᠰᠬᠦ ᠪᠠᠷᠢᠯᠭ᠎ᠠ ᠶᠢ ᠳᠠᠭᠤᠰᠬᠠᠵᠤ᠂ ᠣᠩᠨᠢᠭᠤᠳ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤ᠂ ᠬᠠᠷᠠᠴᠢᠨ ᠬᠤᠰᠢᠭᠤᠨ ᠤ ᠵᠠᠰᠠᠭ ᠤᠨ ᠣᠷᠳᠤᠨ

ᠰᠠᠭᠤᠭ᠎ᠠ ᠪᠠᠯᠭᠠᠰᠤ ᠳᠤ ᠰᠢᠲᠠᠮᠠᠬᠠᠢ ᠬᠡᠢ ᠶᠢᠨ ᠬᠤᠭᠤᠯᠠᠢ ᠨᠡᠪᠲᠡᠷᠡᠭᠦᠯᠬᠦ ᠪᠠᠷᠢᠯᠭ᠎ᠠ ᠶᠢ ᠲᠦᠯᠦᠪᠵᠢᠭᠦᠯᠦᠨ ᠪᠠᠶᠢᠭᠤᠯᠤᠨ᠎ᠠ᠃

     ᠬᠤᠲᠠ ᠢᠶᠠᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠠᠮᠢᠶᠠᠷᠤᠯᠲᠠ ᠶᠢ ᠴᠢᠩᠭᠠᠳᠬᠠᠨ᠎ᠠ᠃ ᠲᠥᠯᠥᠪᠵᠢᠭᠦᠯᠭᠡ ᠨᠠᠶᠢᠷᠠᠭᠤᠯᠬᠤ ᠠᠵᠢᠯ ᠢ ᠰᠢᠨᠵᠢᠯᠡᠬᠦ

ᠤᠬᠠᠭᠠᠨᠴᠢ ᠪᠠᠷ ᠨᠢᠭᠡᠳᠦᠯᠲᠡᠢ ᠪᠠᠶᠢᠷᠢᠯᠠᠭᠤᠯᠵᠤ᠂ ᠶᠡᠷᠦᠩᠬᠡᠢ ᠲᠥᠯᠥᠪᠵᠢᠭᠦᠯᠭᠡ᠂ ᠨᠠᠷᠢᠨ ᠲᠥᠯᠥᠪᠵᠢᠭᠦᠯᠭᠡ᠂ ᠲᠤᠰᠬᠠᠢ ᠲᠥᠯᠥᠪᠵᠢᠭᠦᠯᠭᠡ ᠶᠢ ᠬᠠᠷᠢᠯᠴᠠᠨ

ᠵᠣᠯᠭᠠᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠥᠨᠡᠨ ᠬᠦ ᠴᠢᠩᠭᠠᠳᠬᠠᠨ᠎ᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ

ᠴᠢᠩᠭᠠᠳᠬᠠᠵᠤ᠂ 260 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠤᠷᠣᠭᠤᠯᠤᠯᠲᠠ ᠲᠠᠢ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠵᠦᠢᠯ ᠢ

ᠪᠠᠶᠠᠯᠡᠭᠦᠯᠦᠨ᠎ᠡ᠃ ᠭᠤᠣᠯ ᠬᠤᠲᠠ ᠲᠣᠭᠤᠷᠢᠭ ᠤᠨ ᠲᠦᠷᠭᠡᠨ ᠳᠠᠪᠬᠢᠬᠤ ᠳᠤᠮᠳᠠ ᠲᠣᠭᠤᠷᠢᠮ ᠵᠠᠮ᠂ ᠴᠠᠷᠬᠢᠳᠤ ᠵᠠᠮ ᠬᠠᠷᠢᠯᠴᠠᠭ᠎ᠠ᠂ ᠲᠦᠷᠭᠡᠨ ᠳᠠᠪᠬᠢᠬᠤ ᠲᠡᠮᠦᠷ

ᠵᠠᠮ ᠤᠨ ᠤᠯᠠᠭᠠᠨᠬᠠᠳᠠ ᠶᠢᠨ ᠪᠠᠷᠠᠭᠤᠨ ᠥᠷᠲᠡᠭᠡ ᠶᠢᠨ ᠵᠠᠮ ᠬᠠᠷᠢᠯᠴᠠᠭᠠᠨ ᠤ ᠶᠡᠷᠥᠩᠬᠡᠶᠢᠯᠡᠭᠰᠡᠨ ᠠᠭᠤᠯᠵᠠᠪᠤᠷᠢ ᠪᠠᠷᠢᠯᠭ᠎ᠠ᠂ ᠭᠠᠵᠠᠷ ᠳᠣᠣᠷᠠᠬᠢ ᠬᠤᠭᠤᠯᠠᠢ ᠶᠢᠨ

ᠶᠡᠷᠥᠩᠬᠡᠶᠢᠯᠡᠭᠰᠡᠨ ᠬᠤᠩᠭᠢᠯ᠂ ᠬᠤᠲᠠ ᠲᠣᠭᠤᠷᠢᠭᠰᠠᠨ ᠤᠰᠤᠨ ᠰᠢᠰᠲ᠋ᠧᠮ ᠢ ᠰᠠᠶᠢᠵᠢᠷᠠᠭᠤᠯᠬᠤ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃

ᠨᠣᠭᠤᠭᠠᠷᠠᠭᠤᠯᠬᠤ ᠭᠡᠷᠡᠯᠳᠡᠭᠦᠯᠬᠦ ᠭᠤᠶᠣᠵᠢᠭᠤᠯᠬᠤ ᠪᠠ ︽ᠭᠤᠷᠪᠠᠨ ᠠᠭᠤᠯᠠ ᠬᠤᠶᠠᠷ ᠬᠦᠷᠢᠶᠡᠯᠡᠩ︾᠎ ᠤᠨ ᠦᠵᠡᠮᠵᠢ ᠶᠢ ᠳᠡᠭᠡᠭᠰᠢᠯᠡᠭᠦᠯᠬᠦ ᠪᠠᠷᠢᠯᠭ᠎ᠠ ᠶᠢ ᠰᠠᠶᠢᠲᠤᠷ

ᠬᠢᠵᠦ᠂ ᠨᠣᠭᠤᠭᠤᠷᠠᠭᠤᠯᠤᠭᠰᠠᠨ ᠰᠡᠯᠡᠭᠦᠴᠡᠯ ᠲᠠᠢ ᠣᠷᠴᠢᠨ ᠲᠣᠭᠤᠷᠢᠨ ᠢ ᠪᠣᠢ ᠪᠣᠯᠭᠠᠨ ᠤᠯᠤᠰ ᠤᠨ ᠴᠡᠴᠡᠷᠯᠢᠭᠵᠢᠭᠦᠯᠦᠭᠰᠡᠨ ᠬᠤᠲᠠ ᠪᠣᠯᠭᠠᠵᠤ ᠪᠦᠲᠦᠭᠡᠨ

ᠪᠠᠶᠢᠭᠤᠯᠤᠨ᠎ᠠ᠃ ᠵᠠᠰᠠᠭ ᠤᠨ ᠣᠷᠳᠣᠨ ᠰᠠᠭᠤᠭ᠎ᠠ ᠪᠠᠯᠭᠠᠰᠤ ᠪᠣᠯᠣᠨ ᠭᠤᠣᠯᠳᠠᠯᠭ᠎ᠠ ᠲᠠᠢ ᠵᠢᠵᠢᠭ ᠪᠠᠯᠭᠠᠰᠤᠨ ᠤ ᠰᠠᠭᠤᠷᠢ ᠲᠦᠬᠦᠭᠡᠷᠦᠮᠵᠢ ᠬᠢᠭᠡᠳ ᠨᠡᠶᠢᠲᠡ ᠶᠢᠨ

ᠦᠢᠯᠡᠴᠢᠯᠡᠭᠡᠨ ᠤ ᠪᠡᠯᠡ ᠣᠷᠤᠭᠤᠯᠤᠯᠲᠠ ᠶᠢ ᠨᠡᠮᠡᠭᠳᠡᠭᠦᠯᠵᠦ᠂ ᠬᠤᠲᠠ ᠶᠢᠨ ᠶᠡᠷᠥᠩᠬᠡᠶᠢᠯᠡᠭᠰᠡᠨ ᠳᠠᠭᠠᠭᠠᠴᠠ ᠨᠢ ᠨᠡᠮᠡᠭᠳᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢ

ᠴᠢᠩᠭᠠᠳᠬᠠᠬᠤ ᠶᠡᠷᠦᠩᠬᠡᠶᠢᠯᠡᠭᠰᠡᠨ ᠴᠢᠨᠠᠷᠲᠠᠢ ᠠᠷᠭ᠎ᠠ ᠪᠠᠷᠢᠯ ᠢ ᠲᠤᠭᠲᠠᠭᠠᠨ᠎ᠠ᠃ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ ᠢᠨᠵᠧᠨᠧᠷᠢᠩ ᠢ ᠬᠢᠵᠦ᠂ ᠤᠯᠠᠨ

ᠨᠡᠶᠢᠲᠡ ᠶᠢᠨ ᠵᠠᠮ ᠬᠠᠷᠢᠯᠴᠠᠭᠠᠨ ᠳᠤ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ᠎ᠠ᠃

ᠭᠤᠤᠯ ᠬᠤᠲᠠ ᠲᠣᠭᠤᠷᠢᠭ ᠤᠨ ᠲᠡᠷᠭᠡᠨ ᠵᠣᠭᠰᠣᠭᠠᠯ ᠤᠨ ᠭᠠᠵᠠᠷ ᠢ ᠨᠡᠮᠡᠭᠳᠡᠭᠦᠯᠦᠨ ᠰᠠᠶᠢᠵᠢᠷᠠᠭᠤᠯᠬᠤ ᠪᠠᠷᠢᠯᠭ᠎ᠠ ᠶᠢ ᠡᠬᠢᠯᠡᠭᠦᠯᠵᠦ᠂ ᠬᠤᠩᠱᠠᠨ ᠲᠤᠭᠤᠷᠢᠭ ᠤᠨ

ᠲᠡᠷᠭᠡᠨ ᠵᠣᠭᠰᠣᠭᠠᠯ ᠤᠨ ᠤᠶᠤᠨᠯᠢᠭ ᠰᠢᠰᠲ᠋ᠧᠮ ᠤᠨ ᠲᠥᠷᠥᠯ ᠵᠦᠢᠯ ᠢ ᠪᠠᠶᠢᠭᠤᠯᠤᠨ᠂ ︽ᠭᠤᠣᠯ ᠬᠤᠲᠠ ᠲᠣᠭᠤᠷᠢᠭ ᠤᠨ ᠲᠡᠷᠭᠡᠨ ᠵᠣᠭᠰᠣᠭᠠᠯ ᠤᠨ

ᠬᠠᠮᠢᠶᠠᠷᠤᠯᠲᠠ ᠶᠢᠨ ᠠᠷᠭ᠎ᠠ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠡᠷᠭᠡ ᠵᠣᠭᠰᠣᠭᠠᠬᠤ ᠳᠤ ᠲᠦᠪᠡᠭᠲᠡᠢ᠂ ᠳᠤᠷ᠎ᠠ ᠪᠠᠷ ᠢᠶᠠᠨ ᠲᠡᠷᠭᠡ ᠵᠣᠭᠰᠣᠭᠠᠳᠠᠭ

ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠪᠡᠯᠡ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡ 500 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠵᠤ᠂ 5.12 ᠲᠦᠮᠡᠨ ᠡᠷᠦᠬᠡ ᠶᠢᠨ ᠳᠥᠭᠦᠮ ᠪᠦᠲᠦᠴᠡᠲᠦ ᠭᠡᠷ ᠪᠠᠶᠢᠰᠢᠩ ᠢ ᠥᠭᠡᠷᠡᠴᠢᠯᠡᠬᠦ ᠡᠭᠦᠷᠭᠡ ᠪᠠ 150 ᠲᠡᠭᠰᠢ ᠳᠥᠷᠪᠡᠯᠵᠢᠨ ᠮᠧᠳ᠋ᠷ

ᠲᠠᠯᠠᠪᠠᠢ ᠲᠠᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠢ ᠴᠢᠷᠮᠠᠶᠢᠨ ᠪᠡᠶᠡᠯᠡᠭᠦᠯᠦᠨ᠎ᠡ᠃ ᠤᠯᠠᠭᠠᠨᠬᠠᠳᠠ ᠶᠢᠨ ᠭᠢᠨᠳᠠᠨ ᠢ ᠨᠡᠭᠦᠯᠭᠡᠬᠦ ᠠᠵᠢᠯ ᠢ

ᠡᠬᠢᠯᠡᠭᠦᠯᠦᠨ᠎ᠡ᠃

     ᠬᠦᠷᠢᠶᠡᠯᠡᠩ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠬᠤᠲᠠ ᠶᠢᠨ ᠬᠦᠴᠦᠨ ᠢᠶᠠᠷ ᠤᠯᠠᠭᠠᠨᠬᠠᠳᠠ ᠬᠤᠲᠠ

ᠲᠣᠭᠤᠷᠢᠭ ᠤᠨ ᠵᠡᠭᠦᠨ ᠬᠡᠰᠡᠭ ᠲᠠᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠤ᠂ ᠬᠠᠮᠢᠶᠠᠷᠤᠯᠲᠠ ᠶᠢᠨ ᠲᠣᠭᠲᠠᠴᠠ ᠶᠢ

ᠲᠡᠭᠦᠯᠳᠡᠷᠵᠢᠭᠦᠯᠵᠦ᠂ ᠰᠠᠭᠤᠷᠢ ᠲᠦᠬᠦᠭᠡᠷᠦᠮᠵᠢ ᠶᠢ ᠪᠦᠷᠢᠳᠦᠭᠦᠯᠬᠦ ᠬᠢᠭᠡᠳ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ

ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠦᠷᠢ ᠪᠠᠨ ᠳᠡᠭᠡᠭᠰᠢᠯᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠢᠶᠠᠷ ᠡᠷᠲᠡᠬᠡᠨ ᠵᠥᠪᠰᠢᠶᠡᠷᠡᠭᠳᠡᠬᠦ ᠶᠢ

ᠲᠦᠷᠭᠡᠳᠬᠡᠨ᠎ᠡ᠃ ᠬᠦᠷᠢᠶᠡᠯᠡᠩ ᠲᠣᠭᠤᠷᠢᠭ ᠳᠣᠲᠣᠷᠠᠬᠢ ᠦᠪᠡᠷᠲᠡᠭᠡᠨ ᠬᠡᠷᠡᠭᠯᠡᠬᠦ ᠴᠠᠬᠢᠯᠭᠠᠨ ᠭᠠᠷᠭᠠᠬᠤ ᠦᠢᠯᠡᠳᠪᠦᠷᠢ ᠶᠢ ᠡᠬᠢᠯᠡᠨ ᠪᠠᠶᠢᠭᠤᠯᠵᠤ᠂ ᠮᠠᠯᠢᠨ ᠤ

ᠦᠩᠭᠡᠲᠦ ᠲᠡᠮᠦᠷᠯᠢᠭ ᠤᠨ ᠬᠦᠷᠢᠶᠡᠯᠡᠩ ᠲᠣᠭᠤᠷᠢᠭ ᠤᠨ ᠳᠣᠲᠣᠷ ᠵᠠᠮ ᠢ ᠵᠠᠰᠠᠬᠤ ᠪᠠ ᠪᠣᠬᠢᠷ ᠤᠰᠤ ᠬᠠᠶᠠᠭᠳᠠᠮᠠᠯ ᠡᠳ᠋ ᠢ ᠰᠢᠢᠳᠪᠦᠷᠢᠯᠡᠬᠦ᠂ ᠶᠡᠷᠥᠩᠬᠡᠶᠢᠯᠡᠭᠰᠡᠨ

ᠦᠢᠯᠡᠴᠢᠯᠡᠭᠡᠨ ᠤ ᠣᠷᠣᠨ ᠵᠡᠷᠭᠡ ᠲᠥᠬᠦᠷ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠵᠢᠯ ᠳᠤ 30 ᠳ᠋ᠦᠩᠰᠢᠭᠤᠷ ᠲᠥᠭᠦᠷᠢᠭ ᠠᠴᠠ ᠳᠡᠭᠡᠭᠰᠢ ᠰᠠᠭᠤᠷᠢ

ᠲᠥᠬᠦᠭᠡᠷᠦᠮᠵᠢ ᠶᠢᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠪᠣᠯᠬᠤ ᠪᠠᠲᠤᠯᠠᠭ᠎ᠠ ᠶᠢᠨ ᠴᠢᠳᠠᠪᠤᠷᠢ ᠶᠢ ᠦᠨᠳᠦᠰᠦᠨ ᠳᠤ ᠨᠢ

ᠪᠦᠷᠢᠯᠳᠦᠭᠦᠯᠦᠨ᠎ᠡ᠃ ᠬᠠᠷᠢᠴᠠᠩᠭᠤᠢ ᠳᠠᠪᠠᠭᠤᠯᠢᠭ ᠢᠶᠠᠨ ᠪᠦᠷᠢᠮᠦᠰᠦᠨ ᠠᠭᠤᠳᠠᠯᠠᠵᠤ ︽ᠤᠷᠤᠨ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ︾᠎ ᠶᠢᠨ

ᠲᠥᠬᠦᠷ ᠲᠥᠷᠥ ᠶᠢᠨ ᠪᠣᠳᠣᠯᠭ᠎ᠠ ᠲᠣᠭᠲᠠᠭᠠᠵᠤ᠂ ᠲᠡᠭᠦᠨ ᠤ ᠶᠡᠷᠦᠩᠬᠡᠶᠢᠯᠡᠭᠰᠡᠨ ᠨᠥᠯᠥᠭᠡᠯᠡᠯ ᠦᠢᠯᠡᠳᠦᠯ ᠢ ᠪᠠᠳᠠᠷᠠᠭᠤᠯᠤᠨ᠂ ᠡᠯ᠎ᠡ ᠭᠠᠵᠠᠷ ᠤᠨ ᠴᠢᠬᠤᠯᠠ ᠶᠡᠭᠡ

ᠲᠥᠷᠥᠯ ᠵᠦᠢᠯ ᠤᠳ ᠢ ᠡᠮᠬᠢ ᠳᠠᠷᠠᠭ᠎ᠠ ᠲᠠᠢ ᠪᠠᠷ ᠣᠷᠣᠭᠤᠯᠬᠤ᠂ ᠤᠷᠤᠨ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ ᠬᠢᠬᠦ ᠪᠤᠯᠭᠠᠨ᠎ᠠ᠃ ᠪᠦᠬᠦ

ᠬᠤᠲᠠ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠡᠯ᠎ᠡ ᠬᠤᠰᠢᠭᠤ ᠰᠢᠶᠠᠨ ᠤ

ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠠᠨᠳᠤᠰᠢ ᠶᠢ ᠲᠣᠳᠤᠷᠬᠠᠶᠢᠯᠠᠨ᠎ᠠ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠠᠭᠤᠷᠢ ᠮᠥᠩᠭᠦ ᠭᠠᠷᠭᠠᠵᠤ᠂

ᠡᠯ᠎ᠡ ᠭᠠᠵᠠᠷ ᠤᠨ ᠬᠢᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠦᠷᠢᠬᠵᠢᠭᠤᠯᠵᠤ᠂ ᠪᠣᠳᠠᠲᠤ ᠠᠵᠤ ᠠᠬᠤᠢ ᠶᠢᠨ

ᠴᠣᠭᠴᠠ ᠶᠢᠨ ᠡᠷᠴᠢᠮᠵᠢᠭᠦᠯᠦᠭᠰᠡᠨ ᠪᠥᠭᠡᠮᠨᠡᠷᠡᠭᠦᠯᠦᠭᠰᠡᠨ ᠬᠥᠭᠵᠢᠯᠲᠡ ᠶᠢᠨ ᠲᠠᠪᠴᠠᠩ ᠢ ᠦᠨᠡᠨ ᠬᠦ ᠪᠣᠢ ᠪᠣᠯᠭᠠᠨ᠎ᠠ᠃

     ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠭᠤᠶᠣ ᠰᠠᠶᠢᠬᠠᠨ ᠬᠥᠳᠡᠭᠡ ᠲᠤᠰᠬᠤᠨ︾᠎ ᠤ

ᠪᠠᠶᠢᠭᠤᠯᠤᠯᠲᠠ ᠶᠢ ᠠᠳᠬᠤᠬᠤ ᠪᠠᠷ ᠳᠠᠮᠵᠢᠨ ᠲᠠᠷᠢᠶᠠᠯᠠᠬᠤ ᠮᠠᠯᠵᠢᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ ᠠᠶᠢᠯ ᠲᠣᠰᠬᠤᠨ ᠤ

ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠷᠴᠢᠨ ᠠᠬᠤᠢ ᠶᠢ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ ᠪᠡᠯᠡ ᠣᠷᠣᠭᠤᠯᠬᠤ ᠪᠠ

ᠬᠠᠷᠠᠵᠤ ᠬᠠᠮᠠᠭᠠᠯᠠᠬᠤ ᠤᠷᠲᠤᠮᠵᠢ ᠶᠢᠨ ᠲᠣᠭᠲᠠᠴᠠ ᠲᠠᠢ ᠪᠣᠯᠭᠠᠵᠤ᠂ ᠲᠠᠷᠢᠶᠠᠴᠢᠳ ᠮᠠᠯᠴᠢᠳ ᠢ ᠠᠮᠢᠳᠤᠷᠠᠯ ᠦᠢᠯᠡᠳᠪᠦᠷᠢᠯᠡᠯ ᠤᠨ ᠬᠡᠯᠪᠡᠷᠢ ᠪᠠᠨ ᠥᠭᠡᠷᠡᠴᠢᠯᠡᠨ

ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢᠨ ᠨᠥᠭᠦᠴᠡᠯ ᠢ ᠦᠷᠭᠦᠯᠵᠢᠯᠡᠨ ᠰᠠᠶᠢᠵᠢᠷᠠᠭᠤᠯᠬᠤ ᠲᠡᠶᠢᠰᠢ ᠬᠥᠲᠥᠯᠥᠨ ᠳᠠᠭᠠᠭᠤᠯᠤᠨ᠎ᠠ᠃ ᠭᠤᠣᠯ ᠬᠤᠲᠠ

ᠲᠣᠭᠤᠷᠢᠭ ᠵᠢᠴᠢ ᠬᠤᠰᠢᠭᠤ ᠰᠢᠶᠠᠨ ᠤ ᠵᠠᠰᠠᠭ ᠤᠨ ᠣᠷᠳᠣᠨ ᠪᠠᠶᠢᠭ᠎ᠠ ᠪᠠᠯᠭᠠᠰᠤᠨ ᠤ ᠣᠶᠢᠷ᠎ᠠ ᠬᠠᠪᠢ ᠶᠢᠨ ᠨᠥᠬᠦᠴᠡᠯ ᠲᠠᠢ ᠠᠶᠢᠯ ᠲᠣᠰᠬᠤᠨ ᠢ ᠰᠣᠩᠭᠤᠵᠤ

ᠲᠥᠪᠯᠡᠷᠡᠩᠭᠦᠢ ᠪᠠᠷ ᠳᠤᠯᠠᠭᠠᠯᠠᠭ᠎ᠠ ᠬᠠᠩᠭᠠᠬᠤ᠂ ᠰᠢᠲᠠᠭᠠᠯᠭ᠎ᠠ ᠶᠢᠨ ᠬᠡᠢ ᠬᠠᠩᠭᠠᠬᠤ᠂ ᠤᠰᠤ ᠬᠠᠩᠭᠠᠬᠤ ᠵᠠᠯᠠᠬᠤ ᠵᠢᠴᠢ ᠪᠣᠬᠢᠷ ᠤᠰᠤ ᠬᠠᠶᠠᠭᠳᠠᠮᠠᠯ ᠬᠤᠭ ᠨᠤᠪᠰᠢ

ᠰᠢᠢᠳᠪᠦᠷᠢᠯᠡᠬᠦ ᠶᠢ ᠲᠤᠷᠰᠢᠨ ᠬᠢᠵᠦ᠂ ᠲᠠᠷᠢᠶᠠᠴᠢᠳ ᠮᠠᠯᠴᠢᠳ ᠢ ᠲᠤᠬᠠᠢ ᠶᠢᠨ ᠣᠷᠣᠨ ᠳᠤ ᠨᠢ ᠬᠤᠲᠠᠴᠢᠯᠠᠵᠤ ᠪᠠᠯᠭᠠᠰᠤᠴᠢᠯᠠᠬᠤ ᠪᠦᠲᠦᠮᠵᠢᠲᠡᠢ ᠵᠠᠮ ᠢ

ᠰᠦᠪᠡᠭᠴᠢᠯᠡᠨ᠎ᠡ᠃

     ᠳᠥᠷᠪᠡ᠂ ᠰᠢᠨ᠎ᠡ ᠬᠥᠭᠵᠢᠯᠲᠡ ᠶᠢᠨ ᠠᠷᠭ᠎ᠠ ᠵᠠᠮ ᠢ ᠬᠦᠴᠦᠯᠡᠨ ᠡᠭᠦᠳᠴᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ

ᠥᠷᠭᠡᠳᠬᠡᠨ᠎ᠡ᠃

     ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ︽

ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠨᠡᠭᠦᠷᠡᠰᠦᠨ ᠤ ᠦᠢᠯᠡᠳᠪᠦᠷᠢᠯᠡᠬᠦ

ᠴᠢᠳᠠᠪᠦᠷᠢ ᠶᠢ 210 ᠲᠦᠮᠡᠨ ᠲᠤᠨ ᠪᠠᠭᠤᠷᠠᠭᠤᠯᠤᠨ᠎ᠠ᠃ ᠲᠠᠸᠠᠷ ᠤᠨ ᠪᠤᠰᠤ ᠳᠠᠷᠤᠭᠳᠠᠵᠤ ᠪᠠᠶᠢᠭ᠎ᠠ ᠣᠷᠣᠨ ᠰᠠᠭᠤᠴᠠ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢ

ᠰᠤᠳᠤᠯᠤᠨ ᠲᠣᠭᠲᠠᠭᠠᠵᠤ᠂ ᠭᠠᠵᠠᠷ ᠰᠢᠷᠣᠢ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠵᠣᠬᠢᠰᠲᠠᠢ ᠠᠰᠢᠭᠯᠠᠨ ᠭᠡᠷ ᠭᠠᠵᠠᠷ

ᠬᠥᠷᠥᠩᠭᠡ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ

ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭ ᠢᠶᠠᠷ ᠰᠢᠯᠵᠢᠭᠦᠯᠦᠨ ᠲᠥᠯᠥᠬᠦ ᠪᠠᠷ ᠴᠢᠷᠮᠠᠶᠢᠨ᠎ᠠ᠃ ᠤᠯᠤᠰ ᠤᠨ ᠪᠡᠯᠡ ᠣᠷᠣᠭᠤᠯᠬᠤ ᠬᠤᠷᠠᠮᠳᠤᠭᠤᠯᠬᠤ ᠲᠥᠷᠥ ᠶᠢᠨ

ᠪᠣᠳᠣᠯᠭ᠎ᠠ ᠶᠢ ᠵᠣᠬᠢᠰᠲᠠᠢ ᠠᠰᠢᠭᠯᠠᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂

ᠣᠷᠣᠨ ᠲᠣᠭᠤᠷᠢᠭ ᠤᠨ ᠪᠠ ᠠᠵᠢᠯ ᠲᠥᠷᠥᠯ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠬᠤ ᠶᠢ ᠪᠠᠲᠤᠯᠠᠨ᠎ᠠ᠃ ᠴᠠᠬᠢᠯᠭᠠᠨ ᠶᠡᠭᠡ ᠬᠡᠷᠡᠭᠯᠡᠳᠡᠭ

ᠨᠢᠭᠡᠴᠢ ᠳᠤ ᠰᠢᠭᠤᠳ ᠬᠠᠩᠭᠠᠬᠤ ᠴᠠᠬᠢᠯᠭᠠᠨ ᠤ ᠨᠤᠷᠮ᠎ᠠ ᠶᠢ ᠨᠡᠮᠡᠭᠳᠡᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠣᠯᠠᠨ ᠲᠠᠯ᠎ᠠ ᠶᠢᠨ ᠰᠣᠯᠢᠯᠴᠠᠭ᠎ᠠ

ᠬᠢᠬᠦ ᠶᠢ ᠠᠬᠢᠭᠤᠯᠤᠨ᠂ ᠴᠠᠬᠢᠯᠭᠠᠨ ᠬᠦᠴᠦᠨ ᠤ ᠨᠡᠮᠡᠭᠳᠡᠭᠰᠡᠨ ᠬᠡᠮᠵᠢᠶ᠎ᠡ ᠪᠠᠨ ᠲᠣᠣᠷᠵᠢᠯ ᠳᠤ ᠣᠷᠣᠭᠤᠯᠵᠤ ᠬᠤᠳᠠᠯᠳᠤᠬᠤ ᠥᠭᠡᠷᠡᠴᠢᠯᠡᠯᠲᠡ ᠶᠢ ᠴᠢᠷᠮᠠᠶᠢᠨ

ᠡᠬᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠬᠡᠷᠡᠭᠰᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ︔ ︽ᠲᠠᠪᠤᠨ ᠳᠠᠭᠠᠳᠬᠠᠯ ᠨᠢᠭᠡ

ᠮᠥᠩᠭᠦ︾᠎ ᠶᠢ ᠨᠢᠭᠡᠳᠬᠡᠬᠦ᠂ ᠭᠠᠶᠢᠯᠢ ᠰᠦᠢᠳᠬᠡᠯ ᠢ ᠬᠡᠯᠲᠦᠷᠢᠭᠦᠯᠬᠦ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠠᠪᠬᠤ ᠪᠠ ᠪᠡᠯᠡ ᠬᠤᠷᠠᠮᠳᠤᠭᠤᠯᠬᠤ ᠳᠤ ᠪᠠᠲᠤᠯᠠᠨ

ᠳᠠᠭᠠᠭᠠᠬᠤ ᠪᠠ ᠬᠦᠦ ᠮᠥᠩᠭᠦ ᠶᠢ ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷ ᠤᠨ

ᠥᠷᠲᠡᠭ ᠢ ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠣᠷᠣᠭᠤᠯᠤᠯᠲᠠ ᠶᠢ ᠨᠡᠮᠡᠭᠳᠡᠭᠦᠯᠵᠦ᠂ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠣᠶᠣᠯ ᠭᠡᠭᠡᠷᠡᠯ᠂

ᠨᠡᠶᠢᠭᠡᠮ ᠤᠨ ᠳᠠᠭᠠᠳᠬᠠᠯ ᠵᠡᠷᠭᠡ ᠲᠠᠯ᠎ᠠ ᠪᠠᠷ ᠬᠢ ᠳᠤᠲᠠᠭᠳᠠᠵᠤ ᠪᠠᠶᠢᠭ᠎ᠠ ᠳᠣᠪᠤᠶᠢᠮ᠎ᠠ ᠵᠦᠢᠯ ᠢ ᠴᠢᠷᠮᠠᠶᠢᠨ ᠨᠥᠬᠦᠪᠦᠷᠢᠯᠡᠵᠦ᠂ ᠬᠤᠲᠠ ᠬᠥᠳᠡᠭᠡ ᠶᠢᠨ ᠨᠡᠶᠢᠭᠡᠮ ᠤᠨ

ᠦᠨᠳᠦᠰᠦᠨ ᠦᠢᠯᠡᠴᠢᠯᠡᠭᠡᠨ ᠠᠳᠠᠯᠢ ᠲᠡᠭᠰᠢ ᠪᠣᠯᠬᠤ ᠶᠢ ᠠᠬᠢᠭᠤᠯᠤᠨ᠎ᠠ᠃

     ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ᠂ ︽ᠡᠷᠬᠡ ᠪᠠ ᠬᠠᠷᠢᠭᠤᠴᠠᠯᠭ᠎ᠠ ᠶᠢ ᠲᠣᠳᠣᠳᠬᠠᠬᠤ︾᠎ ᠶᠢ ᠠᠳᠬᠤᠬᠤ ᠪᠠᠷ ᠳᠠᠮᠵᠢᠨ ︽ᠬᠤᠶᠠᠷ ᠢ ᠰᠤᠭᠤᠴᠠᠵᠤ᠂ ᠨᠢᠭᠡ ᠶᠢ ᠢᠯᠡ ᠪᠣᠯᠭᠠᠬᠤ︾

ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠤᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠳ ᠢ ᠡᠮᠬᠢᠯᠡᠨ ᠨᠢᠭᠡᠳᠬᠡᠬᠦ

ᠠᠵᠢᠯ ᠢ ᠳᠠᠭᠤᠰᠬᠠᠵᠤ᠂ ᠬᠢᠨᠠᠨ ᠵᠥᠪᠰᠢᠶᠡᠷᠡᠬᠦ ᠵᠦᠢᠯᠡᠰ ᠢ ᠪᠠᠷᠢᠮᠵᠢᠶᠠᠵᠢᠭᠤᠯᠵᠤ᠂ ᠠᠯᠤᠰ ᠡᠵᠡᠮᠰᠢᠯᠲᠦ ᠬᠠᠮᠢᠶᠠᠷᠤᠯᠲᠠ ᠲᠠᠢ ᠪᠣᠯᠭᠠᠨ᠎ᠠ᠃ ᠬᠤᠳᠠ ᠶᠢᠨ

ᠬᠠᠮᠢᠶᠠᠷᠤᠯᠲᠠ᠂ ᠢᠳᠡᠭᠡᠨ ᠪᠣᠯᠤᠨ ᠡᠮ ᠤᠨ ᠵᠦᠢᠯ ᠤᠨ ᠬᠠᠮᠢᠶᠠᠷᠤᠯᠲᠠ ᠪᠠ ᠵᠢᠭᠤᠯᠴᠢᠯᠠᠯ ᠤᠨ ᠬᠠᠮᠢᠶᠠᠷᠤᠯᠲᠠ ᠪᠠᠷ ᠰᠢᠪᠲᠤᠯᠤᠯᠲᠠ ᠶᠢᠨ ᠴᠡᠭ ᠪᠣᠯᠭᠠᠵᠤ᠂

ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠭᠠᠵᠠᠷ ᠰᠢᠷᠣᠢ ᠶᠢᠨ

ᠡᠷᠬᠡ ᠶᠢ ᠲᠣᠳᠣᠳᠬᠠᠨ ᠳᠠᠩᠰᠠᠯᠠᠵᠤ ᠦᠨᠡᠮᠯᠡᠯ ᠣᠯᠭᠤᠬᠤ ᠪᠠ ᠬᠠᠳᠤᠯᠠᠩ ᠪᠡᠯᠴᠢᠭᠡᠷ ᠤᠨ ᠡᠷᠬᠡ ᠶᠢ ᠲᠣᠳᠣᠳᠬᠠᠨ ᠳᠠᠭᠠᠭᠠᠴᠢᠯᠠᠭᠤᠯᠬᠤ ᠠᠵᠢᠯ ᠢ ᠳᠠᠭᠤᠰᠬᠠᠵᠤ᠂

ᠭᠠᠵᠠᠷ ᠰᠢᠷᠣᠢ ᠶᠢᠨ ᠥᠮᠴᠢᠯᠡᠯ ᠤᠨ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ ᠰᠠᠯᠭᠠᠬᠤ ᠮᠥᠷᠲᠡᠭᠡᠨ ᠵᠡᠷᠬᠡᠪᠡᠷ ᠣᠷᠣᠰᠢᠬᠤ ᠪᠣᠯᠭᠠᠵᠤ᠂ ᠭᠡᠷ

ᠪᠠᠶᠢᠰᠢᠩ ᠤᠨ ᠰᠠᠭᠤᠷᠢ ᠨᠤᠲᠤᠭ ᠢ ᠵᠠᠬ᠎ᠠ ᠳᠡᠯᠭᠡᠭᠦᠷ ᠲᠤ ᠣᠷᠣᠭᠤᠯᠵᠤ ᠠᠷᠠᠯᠵᠢᠶᠠᠯᠠᠬᠤ ᠪᠠ ᠵᠢᠭᠡᠯᠡᠯᠭᠡ ᠠᠪᠬᠤ ᠳᠤ ᠪᠠᠷᠢᠴᠠᠭᠠᠯᠠᠨ ᠳᠠᠨᠵᠢᠯᠠᠬᠤ ᠵᠡᠷᠭᠡ ᠶᠢ ᠴᠡᠭ ᠲᠤ

ᠲᠤᠷᠰᠢᠬᠤ ᠠᠵᠢᠯ ᠢ ᠰᠦᠪᠡᠭᠴᠢᠯᠡᠨ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠳᠠᠭᠤᠰᠬᠠᠵᠤ᠂ ᠬᠠᠮᠲᠦ

ᠨᠡᠶᠢᠲᠡ ᠶᠢᠨ ᠣᠢ ᠰᠢᠭᠤᠢ ᠶᠢᠨ ᠲᠠᠯᠠᠪᠠᠢ ᠳᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠬᠤ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠠᠳᠬᠤᠨ᠎ᠠ᠃

ᠤᠰᠤᠨ ᠤ ᠶᠠᠪᠣᠳᠠᠯ ᠢ ᠨᠢᠭᠡ ᠴᠣᠭᠴᠠ ᠪᠣᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠭᠠᠨᠬᠠᠳᠠ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠢᠶᠠᠷᠬᠤ

ᠬᠠᠮᠠᠭᠠᠯᠠᠬᠤ ᠵᠥᠪᠯᠡᠯ ᠪᠠᠶᠢᠭᠤᠯᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠵᠤ᠂ ᠤᠰᠤᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠨ᠎ᠡ᠃ ᠬᠠᠩᠭᠠᠨ

ᠪᠣᠷᠣᠯᠠᠭᠤᠯᠬᠤ ᠬᠤᠷᠰᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠠᠷᠢᠶᠠᠴᠢᠳ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠭᠡ ᠦᠵᠡᠭᠦᠯᠬᠦ

ᠶᠡᠷᠦᠩᠬᠡᠶᠢᠯᠡᠭᠰᠡᠨ ᠲᠠᠪᠴᠠᠩ ᠪᠣᠯᠭᠠᠨ᠎ᠠ᠃ ᠬᠤᠩᠱᠠᠨ ᠲᠤᠭᠤᠷᠢᠭ ᠲᠤ ᠬᠤᠳᠠ ᠪᠠᠯᠭᠠᠰᠤᠨ ᠤ ᠨᠡᠶᠢᠭᠡᠮ ᠲᠤᠭᠤᠷᠢᠭ ᠤᠨ ᠴᠢᠮᠡᠭᠡ ᠵᠠᠩᠬᠢᠴᠢᠯᠠᠬᠤ ᠦᠭᠡᠷᠡᠴᠢᠯᠡᠯᠲᠡ ᠶᠢ

ᠲᠤᠷᠰᠢᠨ ᠬᠡᠷᠡᠭᠵᠢᠭᠦᠯᠵᠦ᠂ ᠠᠯᠬᠤᠮ ᠠᠯᠬᠤᠮ ᠢᠶᠠᠷ ᠪᠦᠬᠦ ᠬᠤᠳᠠ ᠳᠤ ᠠᠬᠢᠭᠤᠯᠤᠨ᠎ᠠ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠨᠡᠶᠢᠭᠡᠮ ᠲᠣᠭᠦᠷᠢᠭᠴᠢᠯᠠᠬᠤ

ᠬᠠᠮᠢᠶᠠᠷᠤᠯᠲᠠ ᠶᠢᠨ ᠰᠢᠰᠲ᠋ᠧᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠠᠷᠠᠳ ᠲᠤ ᠳᠥᠭᠦᠮ ᠦᠵᠡᠭᠦᠯᠬᠦ ᠲᠥᠪ ᠤᠨ

ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠬᠥᠯ ᠪᠥᠮᠪᠥᠭᠡᠨ ᠤ ᠠᠵᠢᠯ ᠳᠤ ᠴᠡᠭ ᠲᠤ ᠲᠤᠷᠰᠢᠨ ᠥᠭᠡᠷᠡᠴᠢᠯᠡᠯᠲᠡ ᠬᠢᠵᠦ᠂ ᠳᠠᠪᠤᠰᠤᠨ ᠤ ᠶᠠᠪᠤᠳᠠᠯ ᠤᠨ

ᠬᠠᠮᠢᠶᠠᠷᠤᠯᠲᠠ ᠶᠢᠨ ᠴᠣᠭᠴᠠ ᠶᠢᠨ ᠥᠭᠡᠷᠡᠴᠢᠯᠡᠯᠲᠡ ᠶᠢ ᠳᠠᠭᠤᠰᠬᠠᠨ᠎ᠠ᠃

     ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠪᠡᠭᠡᠵᠢᠩ ᠲᠢᠶᠠᠨᠵᠢᠨ ᠤ ᠠᠵᠤ ᠠᠬᠤᠢ ᠶᠢᠨ ᠣᠷᠣᠨ ᠲᠣᠭᠤᠷᠢᠭ ᠲᠤ ᠣᠷᠣᠬᠤ᠂ ᠵᠡᠭᠦᠨ ᠬᠤᠶᠢᠲᠦ

ᠣᠷᠣᠨ ᠥᠭᠡᠳᠡ ᠥᠷᠭᠡᠵᠢᠬᠦ᠂ ᠤᠮᠠᠷ᠎ᠠ ᠲᠡᠶᠢᠰᠢ ᠨᠡᠭᠡᠭᠡᠯᠲᠡ ᠲᠠᠢ ᠪᠣᠯᠭᠠᠬᠤ᠂ ᠳᠠᠯᠠᠢ ᠳᠠᠭᠠᠤ ᠣᠷᠣᠨ ᠯᠤᠭ᠎ᠠ ᠬᠠᠮᠵᠢᠯᠴᠠᠬᠤ ᠳᠥᠷᠪᠡᠨ ᠲᠠᠯ᠎ᠠ ᠶᠢᠨ ᠠᠵᠢᠯ ᠤᠨ

ᠲᠣᠭᠤᠷᠢᠨ ᠳᠤ ᠨᠡᠭᠡᠭᠡᠯᠲᠡ ᠶᠢᠨ ᠴᠢᠨᠠᠷᠲᠠᠢ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ

ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ᠂ ᠪᠦᠸᠧᠬᠠᠢ ᠲᠡᠩᠬᠢᠰ ᠳᠠᠭᠠᠤ ᠣᠷᠣᠨ ᠤ ᠬᠥᠭᠵᠢᠯᠲᠡ ᠳᠤ ᠠᠭᠤᠰᠤᠨ ᠣᠷᠣᠵᠤ᠂ ᠰᠠᠭᠤᠷᠢ ᠲᠥᠬᠦᠭᠡᠷᠦᠮᠵᠢ᠂

ᠠᠵᠤ ᠦᠢᠯᠡᠰ ᠤᠨ ᠬᠠᠮᠵᠢᠯᠴᠠᠭ᠎ᠠ᠂ ᠨᠡᠶᠢᠭᠡᠮ ᠤᠨ ᠶᠠᠪᠤᠯᠴᠠᠭ᠎ᠠ ᠶᠢᠨ ᠲᠠᠯ᠎ᠠ ᠪᠠᠷ ᠬᠢ ᠬᠠᠷᠢᠯᠴᠠᠭ᠎ᠠ ᠶᠢ ᠪᠣᠢ ᠪᠣᠯᠭᠠᠨ᠎ᠠ᠃ ᠪᠡᠭᠡᠵᠢᠩ ᠯᠦᠭᠡ ᠶᠢᠨ ᠠᠵᠢᠯ

ᠲᠦᠷᠦᠯ ᠢᠶᠠᠷ ᠢᠶᠠᠨ ᠬᠠᠮᠵᠢᠯᠴᠠᠬᠤ ᠬᠠᠷᠢᠴᠠᠭ᠎ᠠ ᠪᠠᠨ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠡᠭᠡᠵᠢᠩ ᠲᠢᠶᠠᠨᠵᠢᠨ ᠾᠧᠪᠧᠢ ᠯᠦᠭᠡ

ᠵᠣᠬᠢᠴᠠᠩᠭᠤᠢ ᠬᠥᠭᠵᠢᠭᠰᠡᠨ ᠲᠦᠷᠦᠭᠦᠤ ᠨᠢᠭᠡ ᠣᠷᠣᠨ ᠪᠣᠯᠭᠠᠨ᠎ᠠ᠂ ᠤᠮᠠᠷᠠᠰᠢ ᠪᠠᠨ ᠰᠢᠯᠢ ᠶᠢᠨ ᠬᠤᠳ᠋᠊ ᠠ ᠠᠴᠠ ᠤᠯᠠᠭᠠᠨᠬᠠᠳᠠ ᠬᠦᠷᠬᠦ ᠲᠡᠮᠦᠷ ᠵᠠᠮ ᠲᠡᠷᠭᠡ

ᠨᠡᠪᠲᠡᠷᠡᠬᠦ ᠪᠠ ᠴᠢᠨᠠᠭᠰᠢ ᠪᠠᠨ ᠤᠷᠲᠤᠳᠬᠠᠬᠤ ᠶᠢ ᠠᠬᠢᠭᠤᠯᠵᠤ᠂ ᠪᠦᠸᠧᠬᠠᠢ ᠲᠡᠩᠬᠢᠰ ᠳᠠᠭᠠᠤ ᠣᠷᠣᠨ ᠤ ᠳᠠᠯᠠᠢ ᠶᠢᠨ ᠭᠠᠷᠠᠮ ᠯᠤᠭ᠎ᠠ ᠬᠠᠮᠵᠢᠯᠴᠠᠬᠤ ᠬᠠᠷᠢᠴᠠᠭ᠎ᠠ ᠪᠠᠨ

ᠴᠢᠩᠭᠠᠳᠬᠠᠵᠤ᠂ ᠭᠠᠳᠠᠭᠠᠳᠤ ᠠᠷᠠᠯᠵᠢᠶ᠎ᠠ ᠶᠢ ᠶᠡᠬᠡᠪᠡᠷ ᠬᠥᠭᠵᠢᠭᠦᠯᠦᠨ᠎ᠡ᠃ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠭᠡᠭᠡᠨ ᠤ ᠲᠥᠪ ᠤᠨ

ᠦᠢᠯᠡᠳᠦᠯ ᠢ ᠥᠷᠭᠡᠳᠬᠡᠵᠦ᠂ ᠨᠥᠬᠦᠴᠡᠯ ᠪᠦᠷᠢᠯᠳᠦᠭᠦᠯᠵᠦ ᠪᠠᠶᠢᠭᠠᠳ ᠤᠯᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠬᠤ ᠪᠠᠷ ᠡᠷᠡᠮᠡᠯᠵᠡᠯᠡᠨ᠎ᠡ᠃

ᠬᠥᠭᠵᠢᠭᠰᠡᠨ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠲᠣᠰᠣᠨ ᠠᠪᠴᠤ᠂ ᠤᠯᠤᠰ ᠤᠨ ᠳᠡᠰ ᠤᠨ ᠠᠵᠤ ᠦᠢᠯᠡᠰ ᠤᠨ ᠬᠠᠮᠲᠤᠷᠠᠯᠴᠠᠨ

ᠳᠡᠭᠡᠭᠰᠢᠯᠡᠬᠦ ᠵᠢᠱᠢᠶ᠎ᠡ ᠦᠵᠡᠭᠦᠯᠬᠦ ᠲᠣᠭᠤᠷᠢᠭ ᠪᠣᠯᠭᠠᠵᠤ ᠪᠦᠲᠦᠭᠡᠨ ᠪᠠᠶᠢᠭᠤᠯᠬᠤ ᠪᠠᠷ ᠲᠡᠮᠡᠴᠡᠨ᠎ᠡ᠃ ︽ᠨᠢᠭᠡ ᠪᠦᠰᠡ ᠨᠢᠭᠡ ᠵᠠᠮ︾᠎ ᠤᠨ ᠪᠠᠶᠢᠭᠤᠯᠤᠯᠲᠠ ᠳᠤ

ᠢᠳᠡᠪᠬᠢᠲᠠᠢ ᠤᠷᠤᠯᠴᠠᠵᠤ᠂ ᠰᠢᠯᠢ ᠶᠢᠨ ᠭᠤᠣᠯ ᠤᠯᠠᠭᠠᠨᠬᠠᠳᠠ ᠲᠦᠩᠯᠢᠶᠣᠣ ᠭᠤᠷᠪᠠᠨ ᠠᠶᠢᠮᠠᠭ ᠬᠤᠲᠠ ᠬᠢᠭᠡᠳ ᠮᠣᠩᠭᠤᠯ ᠤᠯᠤᠰ ᠤᠨ ᠭᠤᠷᠪᠠᠨ

ᠠᠶᠢᠮᠠᠭ ᠯᠤᠭ᠎ᠠ ᠶᠢᠨ ᠣᠷᠣᠨ ᠲᠣᠭᠤᠷᠢᠭ ᠤᠨ ᠬᠠᠮᠵᠢᠯᠴᠠᠭ᠎ᠠ ᠶᠢᠨ ᠬᠤᠷᠠᠯ ᠢ ᠰᠠᠶᠢᠲᠤᠷ ᠡᠷᠬᠢᠯᠡᠵᠦ᠂ ᠭᠠᠳᠠᠭᠠᠳᠤ ᠬᠠᠨᠳᠤᠯᠭᠠᠲᠦ ᠠᠵᠤ ᠠᠬᠤᠢ ᠶᠢᠨ ᠰᠢᠨ᠎ᠡ

ᠪᠠᠶᠢᠷᠢᠰᠢᠯ ᠢ ᠪᠣᠢ ᠪᠣᠯᠭᠠᠨ᠎ᠠ᠃

ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ