2017 ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2017/3/20
—2017 ᠣᠨ ᠤ 3 ᠰᠠᠷ᠎ᠠ ᠶᠢᠨ 8᠎ ᠤ ᠡᠳᠦᠷ ᠤᠯᠠᠭᠠᠨᠬᠠᠳᠠ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡᠬᠤᠲᠠ ᠶᠢᠨ ᠳᠠᠷᠤᠭ᠎ᠠ    ᠮᠧᠩ ᠰᠢᠶᠠᠨ ᠳ᠋ᠦᠩᠲᠥᠯᠥᠭᠡᠯᠡᠭᠴᠢᠳ ᠡ᠄      ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠪᠣᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠤᠭᠠᠷᠠᠢ᠃

2016 ᠣᠨ ᠤ ᠠᠵᠢᠯ ᠤᠨ ᠡᠷᠭᠢᠴᠡᠭᠦᠯᠦᠯ

     ᠥᠩᠭᠡᠷᠡᠭᠰᠡᠨ ᠨᠢᠭᠡ ᠵᠢᠯ ᠳᠤ᠂ ᠠᠵᠦ ᠠᠬᠤᠢ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠭᠤᠤᠯᠳᠠᠯᠭᠠᠲᠠᠢ ᠠᠵᠢᠯ ᠤᠨ ᠡᠭᠦᠷᠭᠡ ᠪᠡᠷᠬᠡ

ᠪᠣᠳᠣᠯᠢᠶᠠᠨᠲᠠᠢ ᠪᠠᠶᠢᠬᠤ ᠬᠥᠨᠳᠥ ᠰᠦᠷᠡᠬᠡᠢ ᠪᠠᠶᠢᠳᠠᠯ ᠤᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ

ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠪᠥᠬᠦ ᠬᠤᠲᠠ ᠶᠢᠨ

ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩᠭ᠎ᠠ ᠲᠦᠰᠢᠭᠯᠡᠵᠦ᠂ ᠬᠦᠴᠦᠨ ᠢᠶᠠᠨ ᠬᠠᠮᠲᠤᠤᠬᠠᠨ ᠰᠡᠳᠬᠢᠯ ᠨᠢᠭᠡᠳᠴᠦ᠂ ᠬᠦᠴᠢᠷ ᠪᠡᠷᠬᠡ ᠶᠢ ᠢᠯᠠᠨ ᠳᠠᠪᠠᠵᠤ᠂

ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠷᠪᠡᠳᠦᠭᠡᠷ ᠬᠤᠷᠠᠯᠳᠤᠭᠠᠨ ᠠᠴᠠ ᠲᠣᠭᠲᠠᠭᠠᠭᠰᠠᠨ

ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠭᠤᠷᠪᠠᠳᠤᠭᠠᠷ ᠲᠠᠪᠤ︾᠎ ᠶᠢᠨ ᠨᠡᠯᠢᠶᠡᠳ ᠰᠠᠶᠢᠨ ᠡᠬᠢᠯᠡᠯᠲᠡ ᠶᠢ ᠪᠡᠶᠡᠯᠡᠭᠦᠯᠪᠡ᠃ ᠪᠥᠬᠦ

ᠬᠤᠲᠠ ᠶᠢᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 1933 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 7.3% ᠨᠡᠮᠡᠭᠳᠡᠵᠦ︔

ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 111.8 ᠳ᠋ᠦᠩᠰᠢᠭᠤᠷ ᠲᠥᠭᠦᠷᠢᠭ ᠪᠠᠶᠢᠵᠤ ᠂ 6.9% ᠨᠡᠮᠡᠭᠳᠡᠵᠦ᠂ ᠬᠠᠷᠢᠴᠠᠭᠤᠯᠵᠤ ᠪᠣᠯᠬᠤ

ᠪᠠᠷᠢᠮᠵᠢᠶ᠎ᠠ ᠪᠠᠷ 9.8% ᠨᠡᠮᠡᠭᠳᠡᠵᠡᠢ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 1469 ᠳ᠋ᠦᠩᠰᠢᠭᠤᠷ

ᠲᠥᠭᠦᠷᠢᠭ ᠪᠠᠶᠢᠵᠤ᠂ 15.5% ᠨᠡᠮᠡᠭᠳᠡᠵᠡᠢ︔ ᠨᠡᠶᠢᠭᠡᠮ ᠤᠨ ᠬᠡᠷᠡᠭᠯᠡᠭᠡᠨ ᠤ ᠰᠤᠯᠠ ᠬᠤᠳᠠᠯᠳᠤᠭᠰᠠᠨ ᠶᠡᠷᠦᠩᠬᠡᠢ ᠨᠣᠷᠮ᠎ᠠ 700 ᠳ᠋ᠦᠩᠰᠢᠭᠤᠷ ᠲᠥᠭᠦᠷᠢᠭ᠂ 9.

9% ᠨᠡᠮᠡᠭᠳᠡᠵᠦ︔ ᠬᠤᠲᠠ ᠪᠠᠯᠭᠠᠰᠤ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠭᠤᠭᠠᠯᠢ ᠠᠷᠠᠳ ᠤᠨ ᠲᠡᠭᠰᠢᠳᠭᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ

27336 ᠲᠥᠭᠦᠷᠢᠭ ᠪᠠ 9517 ᠲᠥᠭᠦᠷᠢᠭ ᠲᠤ ᠬᠦᠷᠴᠦ᠂ ᠲᠤᠰᠪᠦᠷᠢ 8.5% ᠪᠠ 8% ᠨᠡᠮᠡᠭᠳᠡᠵᠡᠢ᠃

     ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄

     ᠨᠢᠭᠡ ᠳᠤ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ

ᠪᠠᠲᠤᠯᠠᠵᠠᠢ᠃ ︽ᠭᠤᠷᠪᠠ ᠶᠢ ᠪᠠᠭᠤᠷᠠᠭᠤᠯᠵᠤ ᠨᠢᠭᠡ ᠶᠢ ᠳᠣᠷᠣᠭᠰᠢᠯᠠᠭᠤᠯᠵᠤ ᠨᠢᠭᠡ ᠶᠢ ᠨᠥᠬᠦᠪᠦᠷᠢᠯᠡᠬᠦ︾᠎ ᠶᠢ ᠲᠣᠪᠤᠶᠢᠮ᠎ᠠ ᠠᠳᠬᠤᠪᠠ᠃ ᠪᠥᠬᠦ ᠵᠢᠯ ᠳᠤ ᠪᠣᠯᠣᠳ

ᠲᠡᠮᠦᠷ ᠤᠨ ᠬᠤᠵᠢᠭᠳᠠᠩᠭᠤᠢ ᠦᠢᠯᠡᠳᠪᠦᠷᠢᠯᠡᠯ ᠤᠨ ᠴᠢᠳᠠᠪᠬᠢ 31 ᠲᠦᠮᠡᠨ ᠲᠣᠨ ᠂ ᠨᠡᠭᠦᠷᠡᠰᠦᠨ ᠤ ᠬᠤᠵᠢᠭᠳᠠᠩᠭᠤᠢ ᠦᠢᠯᠡᠳᠪᠦᠷᠢᠯᠡᠯ ᠤᠨ ᠴᠢᠳᠠᠪᠬᠢ 30

ᠲᠦᠮᠡᠨ ᠲᠣᠨ ᠰᠢᠭᠰᠢᠭᠳᠡᠭᠦᠯᠵᠡᠢ᠃ ᠨᠥᠭᠡᠴᠡ ᠶᠢ ᠪᠠᠭᠠᠰᠬᠠᠬᠤ ᠰᠢᠷᠢᠰ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠦᠷᠢᠵᠢᠭᠤᠯᠵᠤ᠂ ᠭᠡᠷ ᠭᠠᠵᠠᠷ ᠬᠥᠷᠦᠩᠭᠡ ᠶᠢᠨ

ᠵᠠᠬ᠎ᠠ ᠳᠡᠯᠭᠡᠭᠦᠷ ᠢ ᠶᠡᠷᠦᠩᠬᠡᠢ ᠳᠡᠭᠡᠨ ᠲᠤᠭᠲᠠᠭᠤᠨ ᠪᠠᠶᠢᠯᠭᠠᠵᠤ᠂ ᠲᠠᠸᠠᠷ ᠤᠨ ᠣᠷᠣᠨ ᠰᠠᠭᠤᠴᠠ ᠪᠣᠷᠤᠯᠠᠭᠤᠯᠤᠨ ᠬᠤᠳᠠᠯᠳᠤᠭᠰᠠᠨ ᠲᠠᠯᠠᠪᠠᠢ 10.7% ᠨᠡᠮᠡᠭᠳᠡᠵᠦ᠂

ᠬᠤᠳᠠᠯᠳᠤᠬᠤ ᠪᠠᠷ ᠪᠠᠶᠢᠬᠤ ᠲᠠᠯᠠᠪᠠᠢ 17.7% ᠪᠠᠭᠠᠰᠵᠠᠢ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠂ ᠮᠥᠩᠭᠦᠨ ᠭᠦᠢᠯᠭᠡᠭᠡᠨ ᠤ ᠮᠡᠬᠡᠯᠡᠯ ᠵᠡᠷᠭᠡ ᠳᠤ ᠴᠣᠬᠢᠯᠲᠠ

ᠥᠭᠬᠦ ᠠᠵᠢᠯᠯᠠᠭᠠᠨ ᠢ ᠥᠷᠨᠢᠭᠦᠯᠵᠦ᠂ ᠮᠥᠩᠭᠦᠨ ᠭᠦᠢᠯᠭᠡᠭᠡᠨ ᠤ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠬᠢᠵᠠᠭᠠᠷᠯᠠᠵᠠᠢ᠃ ᠪᠣᠳᠠᠳᠤ ᠠᠵᠤ ᠠᠬᠤᠢ ᠶᠢ ᠳᠡᠮᠵᠢᠬᠦ

ᠬᠦᠴᠦᠯᠡᠴᠡ ᠪᠠᠨ ᠨᠡᠮᠡᠭᠳᠡᠭᠦᠯᠵᠦ᠂ ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ︾ ᠲᠥᠷᠥ ᠶᠢᠨ ᠪᠣᠳᠤᠯᠭ᠎ᠠ ᠶᠢ ᠪᠥᠬᠦ ᠲᠠᠯ᠎ᠠ ᠪᠠᠷ

ᠬᠡᠷᠡᠭᠵᠢᠭᠦᠯᠵᠦ᠂ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠳᠤ ︽ᠲᠠᠪᠤᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠣᠯᠭᠠᠬᠤ︾

ᠪᠣᠯᠣᠨ ᠬᠤᠪᠢ ᠶᠢᠨ ᠡᠵᠡᠩᠨᠡᠯᠲᠡ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠢᠭᠡᠳᠬᠡᠬᠦ︾᠎ ᠶᠢ ᠬᠡᠷᠡᠭᠵᠢᠭᠦᠯᠵᠦ᠂ ᠵᠠᠬ᠎ᠠ

ᠳᠡᠯᠭᠡᠭᠦᠷ ᠤᠨ ᠭᠤᠣᠯ ᠴᠣᠭᠴᠠ ᠶᠢᠨ ᠥᠪᠡᠷ ᠤᠨ ᠥᠷᠲᠡᠭ ᠢ 17 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 5.1

ᠲᠦᠮᠡᠨ ᠡᠷᠦᠬᠡ ᠰᠢᠨ᠎ᠡ ᠪᠠᠷ ᠨᠡᠮᠡᠭᠳᠡᠭᠦᠯᠵᠡᠢ᠃ 9 ᠶᠡᠭᠡ ᠲᠥᠷᠥᠯ ᠤᠨ 45 ᠵᠦᠢᠯ ᠤᠨ ᠳᠤᠲᠠᠭᠤᠳᠠᠯ ᠢᠶᠠᠨ ᠨᠦᠬᠦᠪᠦᠷᠢᠯᠡᠬᠦ ᠢᠨᠵᠧᠨᠧᠷᠢᠩ ᠢ ᠨᠠᠶᠢᠳᠠᠪᠦᠷᠢᠵᠢᠭᠤᠯᠵᠤ᠂

ᠰᠠᠭᠤᠷᠢ ᠲᠦᠬᠦᠭᠡᠷᠤᠮᠵᠢ᠂ ᠠᠮᠢ ᠠᠬᠤᠢ ᠶᠢᠨ ᠣᠷᠴᠢᠨ ᠲᠤᠭᠤᠷᠢᠨ᠂ ᠰᠢᠨᠵᠢᠯᠡᠬᠦ ᠤᠬᠠᠭᠠᠨ ᠤ ᠰᠢᠨ᠎ᠡ ᠡᠭᠦᠳᠦᠯᠲᠡ ᠵᠡᠷᠭᠡ ᠬᠦᠷᠢᠶ᠎ᠡ ᠬᠡᠪᠴᠢᠶᠡᠨ ᠳᠠᠬᠢ ᠭᠤᠣᠯ

ᠠᠰᠠᠭᠤᠳᠠᠯ ᠤᠳ ᠪᠦᠲᠦᠮᠵᠢᠲᠡᠢ ᠰᠠᠶᠢᠵᠢᠷᠠᠵᠠᠢ᠃ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠣᠪᠤᠶᠢᠮ᠎ᠠ ᠰᠠᠶᠢᠨ ᠠᠳᠬᠤᠵᠠᠢ᠃ ᠪᠡᠯᠡ

ᠣᠷᠤᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠦᠯ ᠵᠦᠢᠯ 737 ᠪᠠᠶᠢᠵᠤ᠂ 961.4 ᠳ᠋ᠦᠩᠰᠢᠭᠤᠷ

ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ ᠪᠠᠨ 15.6% ᠨᠡᠮᠡᠭᠳᠡᠵᠦ︔ ᠠᠷᠠᠯᠵᠢᠶᠠᠴᠢᠨ ᠤᠷᠢᠵᠤ ᠪᠡᠯᠡ ᠲᠠᠲᠠᠬᠤ

ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ︽ᠡᠪᠦᠯ ᠤᠨ ᠤᠯᠠᠷᠢᠯ ᠤᠨ ᠪᠤᠭᠤᠮᠲᠠ ᠰᠢᠪᠲᠤᠯᠬᠤ ᠠᠵᠢᠯᠯᠠᠭᠠᠨ︾ ᠥᠷᠨᠢᠭᠦᠯᠵᠦ᠂ 99 ᠲᠥᠷᠥᠯ ᠵᠦᠢᠯ

ᠭᠡᠷ᠎ᠡ ᠲᠣᠭᠲᠠᠨ ᠨᠠᠶᠢᠳᠠᠪᠦᠷᠢᠵᠢᠵᠤ᠂ 374 ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠨᠢ ᠲᠥᠷᠭᠡᠨ ᠠᠬᠢᠵᠤ᠂ ᠪᠡᠯᠡ ᠣᠷᠤᠭᠤᠯᠤᠯᠲᠠ ᠨᠢ 1000

ᠲᠦᠮᠡᠨ ᠲᠦᠭᠦᠷᠢᠭ ᠠᠴᠠ ᠳᠡᠭᠡᠭᠰᠢᠬᠢ ᠲᠥᠷᠥᠯ ᠵᠦᠢᠯ 1200᠎ ᠶᠢ ᠲᠥᠰᠦᠪᠯᠡᠵᠡᠢ᠃ ᠠᠵᠤ ᠠᠬᠤᠢ ᠶᠢᠨ ᠡᠵᠡᠩᠨᠡᠯᠲᠡ ᠶᠢᠨ ᠲᠣᠬᠢᠷᠠᠭᠤᠯᠤᠯᠲᠠ ᠶᠢ ᠲᠣᠪᠤᠶᠢᠮ᠎ᠠ

ᠠᠳᠬᠤᠪᠠ᠃ ᠬᠥᠨᠳᠦ ᠨᠣᠴᠢᠲᠠᠢ ᠭᠠᠩ ᠬᠠᠭᠰᠠᠷᠠᠭᠠᠨ ᠤ ᠠᠰᠢᠭ ᠦᠭᠡᠢ ᠨᠥᠯᠥᠭᠡ ᠶᠢ ᠲᠡᠪᠴᠢᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠨᠢ ᠦᠷᠬᠦᠯᠵᠢᠯᠡᠨ

ᠵᠠᠭᠤᠨ ᠳ᠋ᠦᠩᠰᠢᠭᠤᠷ ᠵᠢᠩ ᠠᠴᠠ ᠳᠡᠭᠡᠭᠰᠢ ᠶᠢ ᠪᠠᠷᠢᠮᠲᠠᠯᠠᠵᠤ᠂ ᠮᠠᠯ ᠲᠡᠵᠢᠭᠡᠪᠦᠷᠢ ᠶᠢᠨ ᠲᠤᠭ᠎ᠠ ᠲᠣᠯᠣᠭᠠᠢ 2231 ᠲᠦᠮᠨ ᠳᠤ ᠬᠦᠷᠴᠦ᠂ ᠥᠪᠡᠷᠲᠡᠭᠡᠨ ᠵᠠᠰᠠᠬᠤ

ᠣᠷᠣᠨ ᠳᠤ ᠲᠡᠷᠢᠭᠦᠯᠡᠵᠡᠢ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠢᠳᠡᠪᠬᠢᠲᠠᠢ ᠲᠣᠭᠲᠠᠪᠦᠷᠢᠵᠢᠭᠤᠯᠵᠤ᠂ ᠦᠢᠯᠡᠳᠪᠦᠷᠢᠯᠡᠯ ᠵᠣᠭᠰᠤᠭᠰᠠᠨ

ᠬᠡᠪᠴᠢᠶᠡᠵᠢᠯ ᠠᠴᠠ ᠳᠡᠭᠡᠭᠰᠢᠬᠢ 81 ᠠᠵᠤ ᠠᠬᠤᠶᠢᠯᠠᠯ ᠤᠨ ᠦᠢᠯᠡᠳᠪᠦᠷᠢᠯᠡᠯ ᠢ ᠨᠢ ᠰᠡᠷᠭᠦᠭᠡᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ

ᠨᠡᠮᠡᠭᠳᠡᠯ ᠥᠷᠲᠡᠭ 7% ᠨᠡᠮᠡᠭᠳᠡᠵᠡᠢ᠃ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠨᠢ

ᠲᠤᠰᠪᠦᠷᠢ 1842.6 ᠳ᠋ᠦᠩᠰᠢᠭᠤᠷ ᠲᠦᠭᠦᠷᠢᠭ ᠪᠠ 1381.5 ᠳ᠋ᠦᠩᠰᠢᠭᠤᠷ ᠲᠦᠭᠦᠷᠢᠭ ᠲᠤ ᠬᠦᠷᠴᠦ᠂ ᠲᠤᠰᠪᠦᠷᠢ 23.3 % ᠪᠠ 18.8% ᠨᠡᠮᠡᠭᠳᠡᠵᠡᠢ᠃

     ᠬᠤᠶᠠᠷ ᠲᠤ ᠵᠢᠷᠭᠤᠭᠠᠨ ᠶᠡᠭᠡ ᠠᠵᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠠᠳᠬᠤᠴᠠ ᠪᠣᠯᠭᠠᠵᠤ᠂ ᠠᠵᠤ ᠦᠢᠯᠡᠰ ᠤᠨ ᠪᠦᠲᠦᠴᠡ ᠶᠢᠨ

ᠬᠡᠯᠪᠡᠷᠢ ᠬᠤᠪᠢᠷᠠᠵᠤ ᠳᠡᠰ ᠳᠡᠪᠰᠢᠬᠦ ᠶᠢ ᠪᠦᠲᠦᠮᠵᠢᠲᠡᠢ ᠠᠬᠢᠭᠤᠯᠵᠠᠢ᠃ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ᠄ ︽3661︾ ᠢᠨᠵᠧᠨᠧᠷᠢᠩ ᠢ ᠪᠥᠬᠦ

ᠲᠠᠯ᠎ᠠ ᠪᠠᠷ ᠬᠡᠷᠡᠭᠵᠢᠭᠦᠯᠵᠦ᠂ ᠡᠷᠳᠡᠨᠢ ᠰᠢᠰᠢ ᠲᠠᠷᠢᠬᠤ ᠲᠠᠯᠠᠪᠠᠢ᠂ ᠠᠯᠠᠰᠢᠨ ᠬᠤᠨᠢ ᠲᠡᠵᠢᠭᠡᠬᠦ ᠬᠡᠪᠴᠢᠶ᠎ᠡ ᠶᠢᠨ ︽ᠬᠤᠶᠠᠷ ᠢ ᠪᠠᠭᠤᠷᠠᠭᠤᠯᠤᠭᠰᠠᠨ︾ ᠪᠠ

ᠲᠥᠬᠦᠭᠡᠷᠦᠮᠵᠢᠲᠦ ᠲᠠᠷᠢᠶᠠᠯᠠᠩ᠂ ᠲᠠᠷᠢᠮᠠᠯ ᠡᠪᠡᠰᠦ᠂ ᠥᠨᠳᠦᠷ ᠦᠷ᠎ᠡ ᠠᠰᠢᠭᠲᠠᠢ ᠤᠨᠠᠯᠲᠠ ᠰᠠᠶᠢᠲᠠᠢ ᠠᠵᠤ ᠠᠬᠤᠢ ᠶᠢᠨ ᠣᠢ᠂ ᠭᠠᠭ᠋ᠠᠢ ᠲᠡᠵᠢᠭᠡᠬᠦ᠂ ᠠᠯᠠᠰᠢᠨ

ᠦᠬᠡᠷ ᠲᠡᠵᠢᠭᠡᠨ ᠦᠷᠡᠵᠢᠭᠦᠯᠬᠦ ︽ᠲᠠᠪᠤ ᠶᠢ ᠨᠡᠮᠡᠭᠳᠡᠭᠦᠯᠦᠭᠰᠡᠨ︾ ᠪᠠᠶᠠᠷᠯᠠᠭᠤᠰᠢᠲᠠᠢ ᠠᠮᠵᠢᠯᠲᠠ ᠣᠯᠵᠤ᠂ ᠵᠢᠯ ᠤᠨ ᠠᠵᠢᠯ ᠤᠨ ᠬᠠᠷᠠᠯᠲᠠ ᠪᠠᠨ ᠨᠡᠯᠢᠶᠡᠳ ᠰᠠᠶᠢᠨ

ᠪᠡᠶᠡᠯᠡᠭᠦᠯᠪᠡ᠃ ︽ᠳᠤᠮᠳᠠᠳᠤ ᠤᠯᠤᠰ ᠤᠨ ᠦᠬᠡᠷ ᠬᠤᠨᠢᠨ ᠮᠢᠬᠠᠨ ᠢᠳᠡᠭᠡᠨ ᠤ ᠬᠤᠲᠠ︾᠎ ᠪᠠᠷ ᠴᠣᠯᠠᠯᠠᠭᠳᠠᠵᠠᠢ᠃ ᠲᠡᠮᠦᠷᠯᠢᠭ ᠬᠠᠶᠢᠯᠤᠭᠤᠯᠬᠤ ᠠᠵᠤ ᠦᠢᠯᠡᠰ᠄

ᠶᠦᠨᠲ᠋ᠦ᠋ᠩ ᠤᠨ 40 ᠲᠦᠮᠡᠨ ᠲᠣᠨ ᠤ ᠵᠡᠰ ᠬᠠᠶᠢᠯᠤᠭᠤᠯᠬᠤ ᠲᠥᠷᠦᠯ ᠵᠦᠢᠯ ᠨᠢ ᠰᠠᠭᠤᠷᠢ ᠲᠠᠯᠪᠢᠨ ᠠᠵᠢᠯ ᠡᠬᠢᠯᠡᠵᠦ᠂ ᠵᠢᠨᠵᠢᠶᠠᠨ 40 ᠲᠦᠮᠡᠨ ᠲᠣᠨ ᠤ ᠵᠡᠰ

ᠬᠠᠶᠢᠯᠤᠭᠤᠯᠬᠤ ᠲᠥᠷᠦᠯ ᠵᠦᠢᠯ ᠨᠢ ᠭᠡᠷ᠎ᠡ ᠲᠣᠭᠲᠠᠨ ᠨᠠᠶᠢᠳᠠᠪᠦᠷᠢᠵᠢᠵᠤ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠠᠮ ᠴᠣᠭᠴᠠ ᠵᠢᠴᠢ ᠪᠠᠷᠢᠮᠵᠢᠶ᠎ᠠ ᠪᠣᠰᠤ

ᠥᠩᠭᠡᠲᠦ ᠲᠡᠮᠦᠷᠯᠢᠭ ᠤᠨ ᠠᠷᠠᠯᠵᠢᠶᠠᠨ ᠤ ᠲᠥᠪ ᠢ ᠡᠬᠢᠯᠡᠨ ᠪᠠᠶᠢᠭᠤᠯᠵᠠᠢ︔ ᠴᠡᠪᠡᠷ ᠡᠨᠧᠷᠭᠢ ᠶᠢᠨ ᠠᠵᠤ ᠦᠢᠯᠡᠰ᠄ ᠪᠡᠭᠡᠵᠢᠩ ᠲᠢᠶᠠᠨᠵᠢᠨ ᠾᠧᠪᠧᠢ ᠶᠢᠨ 1000

ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠣᠷᠤᠯᠠᠭᠤᠯᠤᠨ ᠪᠠᠭᠲᠠᠭᠠᠬᠤ ᠠᠮᠠᠯᠠᠯᠲᠠ ᠶᠢ ᠨᠠᠶᠢᠳᠠᠪᠦᠷᠢᠵᠢᠭᠤᠯᠵᠤ᠂

ᠤᠯᠠᠭᠠᠨᠬᠠᠳᠠ ︵ᠶᠤᠸᠠᠨ ᠪᠦᠦ ᠱᠠᠨ︶᠎ ᠠᠴᠠ ᠤᠮᠠᠷᠠᠲᠤ ᠣᠷᠣᠨ ᠳᠤ ᠬᠦᠷᠭᠡᠬᠦ 500 ᠺᠢᠯᠤᠸᠣᠯᠲ ᠶᠢᠨ ᠴᠠᠬᠢᠯᠭᠠᠨ ᠳᠠᠮᠵᠢᠭᠤᠯᠬᠤ ᠱᠣᠭᠤᠮ ᠢ ᠤᠯᠤᠰ ᠤᠨ ︽

ᠠᠷᠪᠠᠨ ᠭᠤᠷᠪᠠᠳᠤᠭᠠᠷ ᠲᠠᠪᠤ︾᠎ ᠶᠢᠨ ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠥᠪᠵᠢᠭᠦᠯᠭᠡ ᠳᠤ ᠤᠷᠤᠭᠤᠯᠵᠤ᠂ ᠤᠯᠤᠰ ᠤᠨ ᠴᠠᠬᠢᠯᠭᠠᠨ ᠬᠦᠴᠦᠨ ᠤ ᠪᠡᠯᠡ

ᠣᠷᠤᠭᠤᠯᠤᠯᠲᠠ ᠶᠢᠨ 2 × 30 ᠲᠦᠮᠡᠨ ᠺᠢᠯᠣᠸᠠᠲ ᠤᠨ ᠢᠯᠴᠢ ᠴᠠᠬᠢᠯᠭᠠᠨ ᠬᠤᠯᠪᠤᠭᠠᠯᠠᠭᠰᠠᠨ ᠲᠦᠷᠥᠯ ᠵᠦᠢᠯ ᠪᠣᠯᠣᠨ 26 ᠲᠦᠮᠡᠨ ᠺᠢᠯᠣᠸᠠᠲ ᠰᠢᠨ᠎ᠡ

ᠡᠨᠧᠷᠭᠢ ᠶᠢᠨ ᠴᠠᠬᠢᠯᠭᠠᠨ ᠬᠦᠴᠦᠨ ᠤ ᠲᠥᠷᠦᠯ ᠵᠦᠢᠯ ᠢ ᠪᠠᠶᠢᠭᠤᠯᠤᠨ ᠠᠵᠢᠯ ᠳᠠᠭᠤᠰᠴᠠᠢ᠃ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠮᠠᠨᠳᠤᠭᠰᠠᠨ ᠠᠵᠤ

ᠦᠢᠯᠡᠰ᠄ ᠰᠢᠨ᠎ᠡ ᠡᠨᠧᠷᠭᠢ ᠶᠢᠨ ᠮᠠᠰᠢᠨ ᠲᠡᠷᠭᠡ᠂ ᠠᠭᠠᠷ ᠤᠨ ᠠᠶᠠᠯᠠᠯ ᠤᠨ ᠲᠥᠬᠦᠭᠡᠷᠦᠮᠵᠢ ᠦᠢᠯᠡᠳᠬᠦ ᠠᠵᠦ ᠦᠢᠯᠡᠰ ᠤᠨ ᠰᠠᠭᠤᠷᠢᠨ ᠭᠠᠵᠠᠷ ᠤᠨ ᠲᠥᠷᠦᠯ

ᠵᠦᠢᠯ ᠤᠨ ᠬᠠᠮᠵᠢᠯᠴᠠᠭ᠎ᠠ ᠨᠢ ᠭᠡᠷ᠎ᠡ ᠲᠣᠭᠲᠠᠵᠤ᠂ ᠣᠶᠣᠨᠯᠢᠭ ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠨᠢ ᠪᠥᠬᠦ ᠲᠠᠯ᠎ᠠ ᠪᠠᠷ ᠡᠬᠢᠯᠡᠵᠤ᠂ ᠥᠪᠥᠷ

ᠮᠣᠩᠭᠤᠯ ᠤᠨ ᠵᠡᠭᠦᠨ ᠬᠡᠰᠡᠭ ᠤᠨ ᠡᠭᠦᠯᠡᠨ ᠪᠣᠳᠤᠯᠲᠠ ᠶᠢᠨ ᠲᠥᠪ ᠲᠤ ᠰᠠᠭᠤᠷᠢᠰᠢᠭᠰᠠᠨ ᠠᠵᠤ ᠠᠬᠤᠶᠢᠯᠠᠯ ᠨᠢ 86 ᠪᠣᠯᠵᠠᠢ᠃ ᠵᠢᠭᠤᠯᠴᠢᠯᠠᠯ ᠤᠨ ᠦᠢᠯᠡᠰ᠄

ᠨᠠᠨᠺᠠᠢ ᠶᠡᠭᠡ ᠰᠤᠷᠭᠠᠭᠤᠯᠢ ᠯᠤᠭ᠎ᠠ ᠵᠢᠭᠤᠯᠴᠢᠯᠠᠯ ᠤᠨ ᠰᠢᠨ᠎ᠡ ᠡᠭᠦᠳᠦᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠷᠢᠴᠠᠭ᠎ᠠ

ᠪᠠᠶᠢᠭᠤᠯᠵᠤ᠂ ᠠᠰᠬᠠᠲᠤ ᠶᠢᠨ ᠴᠢᠯᠠᠭᠤᠨ ᠣᠢ ᠶᠢᠨ ᠦᠵᠡᠮᠵᠢ ᠶᠢᠨ ᠣᠷᠣᠨ ᠨᠢ ᠤᠯᠤᠰ ᠤᠨ 5A ᠳᠡᠰ ᠤᠨ ᠦᠵᠡᠮᠵᠢ ᠶᠢᠨ ᠣᠷᠣᠨ ᠤ ᠡᠬᠢ ᠪᠠᠶᠠᠯᠢᠭ ᠤᠨ

ᠦᠨᠡᠯᠡᠯᠲᠡ ᠶᠢ ᠥᠩᠭᠡᠷᠡᠭᠡᠵᠦ᠂ ᠤᠯᠤᠰ ᠤᠨ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠰᠢᠨ᠎ᠡ ᠪᠠᠷ 2 ᠨᠡᠮᠡᠭᠳᠡᠵᠦ᠂ ᠪᠥᠬᠦ ᠵᠢᠯ ᠳᠤ

ᠵᠤᠭᠠᠴᠠᠭᠰᠠᠳ ᠢ 1453 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 228 ᠳ᠋ᠦᠩᠰᠢᠭᠤᠷ ᠲᠦᠭᠦᠷᠢᠭ ᠬᠦᠷᠴᠡᠢ᠃ ᠨᠢᠩᠴᠧᠩ

ᠰᠢᠶᠠᠨ ᠪᠠ ᠬᠡᠰᠢᠭᠲᠡᠨ ᠬᠤᠰᠢᠭᠤ ᠨᠢ ᠤᠯᠤᠰ ᠤᠨ ᠳᠡᠰ ᠤᠨ ᠪᠥᠬᠦ ᠬᠡᠪᠴᠢᠶ᠎ᠡ ᠪᠠᠷ ᠢᠶᠠᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠣᠯᠭᠠᠨ ᠪᠠᠶᠢᠭᠤᠯᠬᠤ

ᠨᠡᠷᠡᠰ ᠲᠤ ᠰᠤᠩᠭᠤᠭᠳᠠᠵᠠᠢ᠃ ᠬᠠᠰ ᠯᠤᠤ ᠨᠢᠰᠬᠡᠯ ᠤᠨ ᠪᠠᠭᠤᠳᠠᠯ ᠤᠨ ᠠᠶᠠᠨᠴᠢᠳ ᠤᠨ ᠲᠤᠭ᠎ᠠ ᠬᠡᠮᠵᠢᠶ᠎ᠡ ᠨᠢ 100 ᠲᠦᠮᠡᠨ ᠬᠦᠮᠦᠨ ᠤᠳᠠᠭ᠎ᠠ ᠶᠢ ᠳᠠᠪᠠᠵᠠᠢ᠃

ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ᠄ ᠪᠥᠬᠦ ᠬᠤᠲᠠ ᠶᠢᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠷᠣᠯᠠᠭᠤᠯᠤᠨ

ᠬᠤᠳᠠᠯᠳᠤᠭᠰᠠᠨ ᠣᠷᠣᠯᠭ᠎ᠠ ᠨᠢ 500 ᠳ᠋ᠦᠩᠰᠢᠭᠤᠷ ᠲᠦᠭᠦᠷᠢᠭ ᠢ ᠳᠠᠪᠠᠵᠤ᠂ ᠬᠤᠩᠱᠠᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠨᠢ ᠤᠯᠤᠰ ᠤᠨ

ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠨᠡᠷᠡᠶᠢᠳᠦᠭᠳᠡᠵᠦ᠂ ᠪᠠᠭᠠᠷᠢᠨ ᠵᠡᠭᠦᠨ ᠬᠤᠰᠢᠭᠤ᠂ ᠯᠢᠨᠰᠢ ᠰᠢᠶᠠᠨ᠂ ᠬᠡᠰᠢᠭᠲᠡᠨ ᠬᠤᠰᠢᠭᠤ᠂ ᠣᠩᠨᠢᠭᠤᠳ

ᠬᠤᠰᠢᠭᠤ᠂ ᠠᠤᠬᠠᠨ ᠬᠤᠰᠢᠭᠤ ᠨᠢ ᠪᠥᠬᠦ ᠤᠯᠤᠰ ᠤᠨ ᠴᠠᠬᠢᠮ ᠬᠤᠳᠠᠯᠳᠤᠭ᠎ᠠ ᠬᠥᠳᠡᠭᠡ ᠲᠤᠰᠬᠤᠨ ᠳᠤ ᠤᠷᠤᠬᠤ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ

ᠪᠠᠶᠢᠭᠤᠯᠤᠯᠲᠠ ᠶᠢᠨ ᠲᠣᠷᠰᠢᠯᠲᠠ ᠶᠢᠨ ᠴᠡᠭ ᠪᠣᠯᠵᠤ᠂ ᠬᠤᠩᠱᠠᠨ ᠲᠣᠭᠤᠷᠢᠭ ᠨᠢ ᠤᠯᠤᠰ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ

ᠲᠣᠷᠰᠢᠯᠲᠠ ᠶᠢᠨ ᠴᠡᠭ ᠤᠨ ᠭᠠᠵᠠᠷ ᠤᠷᠤᠨ ᠳᠤ ᠣᠷᠣᠵᠠᠢ᠃

     ᠭᠤᠷᠪᠠ ᠳᠤ ᠳᠥᠷᠪᠡᠨ ᠲᠠᠪᠴᠠᠩ ᠤᠨ ᠪᠠᠶᠢᠭᠤᠯᠤᠯᠲᠠ ᠪᠠᠷ ᠲᠤᠯᠭᠠᠭᠤᠷᠢ ᠪᠣᠯᠭᠠᠵᠤ᠂ ᠢᠪᠴᠤᠷᠠᠯ ᠬᠦᠴᠦᠨ ᠵᠦᠢᠯ ᠤᠨ ᠬᠢᠵᠠᠭᠠᠷᠯᠠᠯ ᠢ ᠪᠦᠲᠦᠮᠵᠢᠲᠡᠢ

ᠰᠢᠢᠳᠪᠦᠷᠢᠯᠡᠵᠡᠢ᠃ ᠠᠵᠤ ᠦᠢᠯᠡᠳᠪᠦᠷᠢ ᠶᠢᠨ ᠬᠥᠭᠵᠢᠯᠲᠡ ᠶᠢᠨ ᠲᠠᠪᠴᠠᠩ ᠢ ᠪᠣᠵᠠᠭᠠᠶᠢᠷᠠᠭᠤᠯᠵᠠᠢ᠃ ᠤᠯᠠᠭᠠᠨᠬᠠᠳᠠ ᠬᠤᠲᠠ ᠲᠣᠭᠤᠷᠢᠭ ᠤᠨ ᠵᠡᠭᠦᠨ ᠬᠡᠰᠡᠭ ᠤᠨ

ᠠᠵᠤ ᠦᠢᠯᠡᠳᠪᠦᠷᠢ ᠶᠢᠨ ᠪᠦᠰᠡᠯᠢᠭ ᠤᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠴᠤ᠂ ︽ᠣᠷᠣᠨ ᠠᠯᠤᠰᠯᠠᠭᠰᠠᠨ ᠠᠵᠤ ᠠᠬᠤᠢ ᠤᠨ

ᠬᠠᠮᠲᠤᠷᠠᠯᠴᠠᠭ᠎ᠠ︾᠎ ᠶᠢᠨ ᠲᠥᠷᠦ ᠶᠢᠨ ᠪᠣᠳᠣᠯᠭ᠎ᠠ ᠲᠣᠭᠲᠠᠭᠠᠵᠤ᠂ ᠤᠯᠠᠭᠠᠨᠬᠠᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠤᠯᠤᠰ ᠤᠨ ᠳᠡᠭᠡᠳᠦ

ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢᠶᠠᠷ ᠳᠡᠰ ᠳᠡᠪᠰᠢᠬᠦ ᠶᠢ ᠡᠷᠡᠮᠡᠯᠵᠡᠯᠡᠬᠦ ᠠᠵᠢᠯ ᠢ ᠪᠡᠶᠡᠯᠡᠭᠦᠯᠵᠡᠢ᠃ ᠮᠠᠯᠢᠨ ᠥᠩᠭᠡᠲᠦ ᠲᠡᠮᠦᠷᠯᠢᠭ ᠤᠨ ᠠᠵᠤ

ᠦᠢᠯᠡᠰ ᠤᠨ ᠬᠦᠷᠢᠶᠡᠯᠡᠩ ᠲᠣᠭᠤᠷᠢᠭ ᠢ ᠡᠬᠢᠯᠡᠨ ᠪᠠᠶᠢᠭᠤᠯᠵᠤ᠂ 2 × 35 ᠲᠦᠮᠡᠨ ᠺᠢᠯᠣᠸᠠᠲ ᠥᠪᠡᠷᠳᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠨᠢ

ᠵᠥᠪᠰᠢᠶᠡᠷᠡᠭᠳᠡᠵᠡᠢ᠃ ᠪᠡᠯᠡ ᠤᠷᠤᠭᠤᠯᠵᠤ ᠭᠦᠢᠯᠭᠡᠬᠦ ᠲᠠᠪᠴᠠᠩ ᠤᠨ ᠰᠢᠨ᠎ᠡ ᠶᠢ ᠡᠭᠦᠳᠴᠡᠢ᠃ PPP ᠲᠥᠷᠦᠯ ᠵᠦᠢᠯ 39᠎ ᠶᠢ ᠡᠬᠢᠯᠡᠨ ᠪᠦᠲᠦᠭᠡᠨ

ᠪᠠᠶᠢᠭᠤᠯᠤᠭᠰᠠᠨ ᠪᠣᠶᠤ ᠨᠡᠶᠢᠭᠡᠮ ᠤᠨ ᠲᠠᠯ᠎ᠠ ᠶᠢᠨ ᠪᠡᠯᠡ ᠬᠥᠷᠥᠩᠭᠡ ᠶᠢ ᠨᠠᠶᠢᠳᠠᠪᠦᠷᠢᠵᠢᠭᠤᠯᠵᠤ᠂ ᠨᠡᠶᠢᠭᠡᠮ ᠤᠨ ᠪᠡᠯᠡ ᠣᠷᠤᠭᠤᠯᠤᠯᠲᠠ 360 ᠳ᠋ᠦᠩᠰᠢᠭᠤᠷ

ᠲᠦᠭᠦᠷᠢᠭ ᠳᠠᠶᠢᠴᠢᠯᠠᠵᠠᠢ᠃ ᠬᠤᠲᠠ ᠶᠢᠨ ᠲᠤᠰ ᠱᠠᠲᠤᠨ ᠳᠤ ᠠᠵᠦ ᠦᠢᠯᠡᠰ ᠤᠨ ᠰᠠᠭᠤᠷᠢ ᠮᠥᠩᠭᠦ 11 ᠪᠠᠶᠢᠭᠤᠯᠵᠤ᠂ ᠮᠥᠩᠭᠦᠨ ᠭᠦᠢᠯᠭᠡᠭᠡᠨ ᠤ ᠬᠥᠷᠥᠩᠭᠡ

ᠪᠡᠯᠡ 233 ᠳ᠋ᠦᠩᠰᠢᠭᠤᠷ ᠲᠦᠭᠦᠷᠢᠭ ᠲᠠᠲᠠᠨ ᠣᠷᠤᠭᠤᠯᠵᠤ᠂ ᠪᠣᠰᠣᠳ ᠮᠥᠩᠭᠦᠨ ᠭᠦᠢᠯᠭᠡᠭᠡᠨ ᠤ ᠪᠠᠭᠠᠵᠢ ᠪᠠᠷ ᠳᠠᠮᠵᠢᠨ 55.1 ᠳ᠋ᠦᠩᠰᠢᠭᠤᠷ ᠲᠦᠭᠦᠷᠢᠭ ᠪᠡᠯᠡ

ᠮᠥᠩᠭᠦ ᠠᠮᠵᠢᠯᠲᠠᠲᠠᠢ ᠬᠤᠷᠠᠮᠳᠤᠭᠤᠯᠵᠠᠢ᠃ 4 ᠠᠵᠦ ᠠᠬᠤᠶᠢᠯᠠᠯ ᠨᠢ ᠰᠢᠨ᠎ᠡ ᠭᠤᠷᠪᠠᠳᠤᠭᠠᠷ ᠳᠡᠯᠭᠡᠴᠡ ᠳᠤ ᠭᠠᠷᠴᠣ᠂ 3 ᠠᠵᠤ ᠠᠬᠤᠶᠢᠯᠠᠯ ᠨᠢ ᠣᠷᠣᠨ

ᠲᠣᠭᠤᠷᠢᠭ ᠤᠨ ᠴᠢᠨᠠᠷᠲᠠᠢ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠵᠡᠢ᠃ ᠬᠤᠲᠠ ᠶᠢᠨ ᠪᠡᠯᠡ ᠣᠷᠤᠭᠤᠯᠤᠯᠲᠠ᠂ ᠵᠠᠮ

ᠬᠠᠷᠢᠯᠴᠠᠭ᠎ᠠ᠂ ᠲᠠᠷᠢᠶᠠᠯᠠᠩ ᠢ ᠬᠥᠭᠵᠢᠭᠦᠯᠬᠦ᠂ ᠰᠣᠶᠣᠯ ᠤᠨ ᠵᠢᠭᠤᠯᠴᠢᠯᠠᠯ ᠵᠡᠷᠭᠡ ᠳᠥᠷᠪᠡᠨ ᠲᠣᠮᠣ ᠪᠡᠯᠡ ᠣᠷᠤᠭᠤᠯᠵᠤ ᠬᠤᠷᠠᠮᠳᠤᠭᠤᠯᠬᠤ ᠪᠥᠯᠦᠭᠯᠡᠯ ᠢ ᠨᠢᠭᠡᠳᠬᠡᠨ

ᠵᠣᠬᠢᠶᠠᠨ ᠪᠠᠶᠢᠭᠤᠯᠵᠤ᠂ ᠪᠡᠯᠡ ᠬᠥᠷᠥᠩᠭᠡ ᠶᠢᠨ ᠶᠡᠷᠦᠩᠬᠡᠢ ᠬᠡᠮᠵᠢᠶ᠎ᠡ ᠨᠢ 1758 ᠳ᠋ᠦᠩᠰᠢᠭᠤᠷ ᠲᠦᠭᠦᠷᠢᠭ ᠲᠤ ᠬᠥᠷᠴᠦ᠂ ᠵᠠᠰᠠᠭ ᠤᠨ ᠣᠷᠳᠣᠨ ᠤ ᠪᠡᠯᠡ

ᠣᠷᠤᠭᠤᠯᠬᠤ ᠬᠤᠷᠠᠮᠳᠤᠭᠤᠯᠬᠤ ᠴᠢᠳᠠᠪᠦᠷᠢ ᠨᠢ ᠶᠡᠭᠡ ᠪᠠᠷ ᠳᠡᠭᠡᠭᠰᠢᠯᠡᠵᠡᠢ᠃ ᠭᠠᠳᠠᠭᠰᠢ ᠴᠢᠯᠦᠭᠡᠲᠠᠢ ᠶᠠᠪᠤᠯᠴᠠᠬᠤ ᠲᠠᠪᠴᠠᠩ ᠢ ᠰᠢᠯᠢᠳᠡᠭᠵᠢᠭᠦᠯᠵᠡᠢ᠃ ᠦᠪᠤᠷ

ᠮᠤᠩᠭᠤᠯ ᠤᠨ ᠦᠬᠡᠷ ᠬᠤᠨᠢᠨ ᠮᠢᠬᠠᠨ ᠤ ᠠᠵᠤ ᠦᠢᠯᠡᠰ ᠤᠨ ᠶᠡᠭᠡ ᠬᠤᠷᠠᠯ᠂ ᠪᠡᠭᠡᠵᠢᠩ ᠲᠢᠶᠠᠨᠵᠢᠨ ᠾᠧᠪᠸᠢ ᠥᠪᠥᠷ ᠮᠣᠩᠭᠤᠯ ᠤᠨ ᠵᠢᠭᠤᠯᠴᠢᠯᠠᠯ ᠲᠠᠨᠢᠯᠴᠠᠭᠤᠯᠬᠤ

ᠶᠡᠭᠡ ᠬᠤᠷᠠᠯ᠂ ᠥᠪᠥᠷ ᠮᠣᠩᠭᠤᠯ ᠾᠧᠪᠸᠢ ᠯᠢᠶᠣᠣᠨᠢᠩ ᠤᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠢ ᠡᠷᠬᠢᠯᠡᠵᠦ᠂ ᠭᠤᠸᠠᠩᠳᠦ᠋ᠩ ᠮᠤᠵᠢ ᠶᠢᠨ ᠵᠠᠨᠵᠢᠶᠠᠩ

ᠬᠤᠲᠠ ᠯᠤᠭ᠎ᠠ ᠨᠥᠬᠦᠷᠰᠡᠭ ᠬᠤᠲᠠ ᠪᠣᠯᠵᠠᠢ᠃ ᠭᠠᠳᠠᠭᠠᠳᠤ ᠠᠷᠠᠯᠵᠢᠶ᠎ᠠ ᠲᠣᠭᠲᠠᠭᠤᠨ ᠰᠠᠶᠢᠨ ᠬᠠᠨᠳᠤᠰᠢ ᠲᠠᠢ ᠪᠣᠯᠵᠤ᠂ ᠤᠯᠠᠭᠠᠨᠬᠠᠳᠠ ᠮᠠᠨᠵᠤᠤᠷ ᠡᠸᠦᠷᠤᠫᠠ ᠶᠢᠨ

ᠣᠯᠠᠨ ᠤᠯᠤᠰ ᠤᠨ ᠪᠠᠷᠠᠭ᠎ᠠ ᠶᠢᠨ ᠲᠡᠭᠡᠭᠡᠪᠦᠷᠢ ᠶᠢᠨ ᠭᠠᠯᠲᠦ ᠲᠡᠷᠭᠡ ᠶᠢ ᠨᠡᠪᠲᠡᠷᠡᠭᠦᠯᠵᠦ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ

ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ ᠨᠢ 5.6 ᠳᠠᠬᠢᠨ ᠨᠡᠮᠡᠭᠳᠡᠵᠡᠢ᠂ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ

ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠤᠭᠤᠯᠬᠤ ᠶᠡᠷᠦᠩᠬᠡᠢ ᠬᠡᠮᠵᠢᠶ᠎ᠡ ᠨᠢ 11.3% ᠨᠡᠮᠡᠭᠳᠡᠵᠡᠢ᠃ ᠪᠥᠬᠦ ᠵᠢᠯ ᠳᠤ ᠬᠤᠲᠠ ᠶᠢᠨ ᠭᠠᠳᠠᠨᠠᠬᠢ ᠪᠡᠯᠡ

ᠮᠥᠩᠭᠦ 659 ᠳ᠋ᠦᠩᠰᠢᠭᠤᠷ ᠲᠦᠭᠦᠷᠢᠭ ᠣᠷᠤᠭᠤᠯᠤᠨ ᠠᠪᠴᠢᠷᠠᠵᠤ᠂ ᠠᠳᠠᠯᠢ ᠬᠤᠭᠤᠴᠠᠭᠠᠨ ᠠᠴᠠ 11.1% ᠨᠡᠮᠡᠭᠳᠡᠵᠡᠢ᠃ ᠰᠢᠨᠵᠢᠯᠡᠬᠦ ᠤᠬᠠᠭᠠᠨ ᠰᠤᠷᠭᠠᠨ

ᠬᠥᠮᠥᠵᠢᠯ ᠴᠢᠳᠠᠪᠦᠷᠢᠲᠠᠨ ᠤ ᠲᠤᠯᠭᠠᠭᠤᠷᠢ ᠲᠠᠪᠴᠠᠩ ᠢ ᠲᠡᠭᠦᠯᠳᠡᠷᠵᠢᠭᠦᠯᠵᠡᠢ᠃ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ

ᠬᠠᠮᠵᠢᠯᠴᠠᠭᠠᠨ ᠤ ᠵᠣᠯᠭᠠᠯᠲᠠ ᠶᠢᠨ ᠶᠡᠭᠡ ᠬᠤᠷᠠᠯ ᠪᠠ ᠳᠤᠮᠳᠠᠳᠤ ᠤᠯᠤᠰ ᠤᠨ ᠤᠮᠠᠷᠠᠲᠤ ᠶᠢᠨ ᠬᠥᠳᠡᠭᠡ ᠠᠵᠤ ᠠᠬᠤᠢ ᠶᠢᠨ ᠦᠵᠡᠰᠭᠦᠯᠡᠩ ᠢ ᠠᠮᠵᠢᠯᠲᠠ ᠲᠠᠢ

ᠡᠷᠬᠢᠯᠡᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠤᠪᠤᠭ᠎ᠠ ᠲᠡᠷᠭᠡ ᠶᠢᠨ ᠤᠯᠠᠭᠠᠨᠬᠠᠳᠠ ᠳᠠᠬᠢ ᠠᠶᠠᠯᠠᠯ ᠤᠨ ᠰᠢᠷᠢᠰ ᠠᠵᠢᠯᠯᠠᠭᠠᠨ ᠢ ᠥᠷᠨᠢᠭᠦᠯᠵᠦ᠂ ᠥᠪᠡᠷᠲᠡᠭᠡᠨ

ᠵᠠᠰᠠᠬᠤ ᠣᠷᠣᠨ ᠤ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠵᠢᠭᠦᠯᠬᠦ ᠰᠠᠭᠤᠷᠢᠨ ᠭᠠᠵᠠᠷ 1᠎ ᠶᠢ ᠰᠢᠨ᠎ᠡ ᠪᠠᠷ ᠨᠡᠮᠡᠭᠳᠡᠭᠦᠯᠵᠡᠢ᠃ ᠪᠥᠬᠦ ᠬᠤᠲᠠ ᠶᠢᠨ

ᠬᠥᠳᠡᠭᠡ ᠲᠣᠰᠬᠤᠨ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠨ

ᠶᠠᠪᠤᠭᠤᠯᠵᠤ᠂ ᠠᠵᠢᠯ ᠡᠬᠢᠯᠡᠭᠰᠡᠨ ᠨᠣᠷᠮ᠎ᠠ ᠨᠢ 87.9%᠎ ᠳᠤ ᠬᠦᠷᠴᠡᠢ᠃ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠶᠤᠸᠠᠨ ᠪᠣᠤ ᠱᠠᠨ

ᠲᠣᠭᠤᠷᠢᠭ ᠨᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠰᠢᠯᠭᠠᠨ ᠠᠪᠬᠤ ᠶᠢ ᠥᠩᠭᠡᠷᠭᠡᠵᠤ᠂ ᠪᠥᠬᠦ

ᠬᠤᠲᠠ ᠶᠢᠨ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ ᠠᠩᠭᠢ ᠶᠢᠨ ᠬᠤᠪᠢ ᠳᠤ ᠬᠦᠷᠦᠭᠰᠡᠨ ᠨᠣᠷᠮ᠎ᠠ ᠨᠢ 5 ᠵᠠᠭᠤᠨ ᠤ ᠬᠤᠪᠢ ᠪᠠᠷ ᠳᠡᠭᠡᠭᠰᠢᠯᠡᠵᠡᠢ᠃

ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠬᠦᠷᠢᠶᠡᠯᠡᠩ ᠲᠣᠭᠤᠷᠢᠭ ᠤᠨ ᠰᠠᠭᠤᠷᠢᠰᠢᠯ ᠭᠠᠵᠠᠷ ᠰᠤᠩᠭᠤᠬᠤ ᠶᠢ ᠪᠡᠶᠡᠯᠡᠭᠦᠯᠵᠦ᠂ ᠲᠥᠯᠥᠪᠵᠢᠭᠦᠯᠭᠡ ᠶᠢ ᠨᠣᠲᠠᠯᠠᠬᠤ

ᠪᠠ ᠨᠡᠶᠢᠭᠡᠮ ᠤᠨ ᠪᠡᠯᠡ ᠬᠥᠷᠥᠩᠭᠡ ᠶᠢᠨ ᠲᠠᠯ᠎ᠠ ᠶᠢᠨ ᠰᠤᠩᠭᠤᠯᠲᠠ ᠶᠢᠨ ᠠᠵᠢᠯ ᠨᠢ ᠶᠠᠭ ᠰᠠᠶ᠋ᠢᠬᠠᠨ ᠠᠬᠢᠵᠤ ᠪᠠᠶᠢᠨ᠎ᠠ᠃

     ᠳᠥᠷᠪᠡ ᠳᠤ ᠲᠠᠪᠤᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠨ ᠬᠢᠬᠦ ᠪᠠᠷ ᠭᠤᠣᠯᠳᠠᠯᠭ᠎ᠠ ᠪᠣᠯᠭᠠᠵᠤ᠂ ᠬᠥᠭᠵᠢᠯᠲᠡ ᠶᠢᠨ ᠪᠠᠲᠤᠯᠠᠭ᠎ᠠ ᠶᠢᠨ

ᠴᠢᠳᠠᠪᠦᠷᠢ ᠶᠢ ᠪᠦᠲᠦᠮᠵᠢᠲᠡᠢ ᠨᠡᠮᠡᠭᠳᠡᠭᠦᠯᠵᠡᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠡᠬᠢᠯᠡᠯᠲᠡ ᠨᠢ ᠮᠠᠰᠢ ᠰᠠᠶᠢᠨ ᠪᠠᠶᠢᠨ᠎ᠠ᠃ 84.

3 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ 5.76 ᠲᠦᠮᠡᠨ ᠶᠠᠳᠠᠭᠤ ᠬᠦᠴᠢᠷᠲᠡᠢ ᠬᠦᠮᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ

ᠪᠡᠶᠡᠯᠡᠭᠦᠯᠵᠦ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠡᠢ᠃ ︽ᠠᠷᠪᠠ ᠶᠢ ᠪᠦᠷᠬᠦᠭᠦᠯᠬᠦ ᠢᠨᠵᠧᠨᠧᠷᠢᠩ︾᠎ ᠢ ᠦᠨᠳᠦᠰᠦᠨ ᠳᠡᠭᠡᠨ ᠪᠡᠶᠡᠯᠡᠭᠦᠯᠵᠡᠢ᠃

ᠭᠤᠷᠪᠠᠨ ᠵᠢᠯ ᠳᠤ ᠨᠡᠶᠢᠲᠡ 512.6 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ᠂ ᠭᠠᠴᠠᠭ᠎ᠠ ᠲᠣᠰᠬᠤᠨ ᠢ ᠪᠦᠷᠬᠦᠭᠰᠡᠨ ᠨᠣᠷᠮ᠎ᠠ ᠨᠢ 77.4% ᠬᠦᠷᠴᠦ᠂

ᠮᠠᠯᠴᠢᠨ ᠲᠠᠷᠢᠶᠠᠴᠢᠨ ᠬᠦᠮᠦᠨ ᠠᠮᠠ ᠶᠢ ᠪᠦᠷᠬᠦᠭᠰᠡᠨ ᠨᠣᠷᠮ᠎ᠠ ᠨᠢ 92% ᠬᠦᠷᠴᠡᠢ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠨᠢ ᠲᠥᠷᠭᠡᠨ ᠠᠬᠢᠵᠠᠢ᠃

ᠭᠤᠣᠯ ᠬᠤᠲᠠ ᠲᠣᠭᠤᠷᠢᠭ ᠤᠨ 50 ᠺᠢᠯᠣᠮᠧᠲᠷ ᠤᠷᠲᠤ ᠭᠠᠵᠠᠷ ᠳᠣᠣᠷᠠᠬᠢ ᠶᠡᠷᠦᠩᠬᠡᠢ ᠬᠤᠭᠤᠯᠠᠢ ᠬᠤᠩᠬᠢᠯ᠂ 50 ᠺᠢᠯᠣᠮᠧᠲᠷ ᠤᠷᠲᠤ ᠬᠤᠲᠠ ᠲᠣᠭᠤᠷᠢᠭᠰᠠᠨ

ᠤᠰᠤᠨ ᠰᠢᠰᠲ᠋ᠧᠮ ᠢ ᠵᠠᠰᠠᠬᠤ ᠢᠨᠵᠧᠨᠧᠷᠢᠩ ᠨᠢ ᠡᠬᠢᠯᠡᠨ ᠪᠠᠶᠢᠭᠤᠯᠵᠤ᠂ ᠶᠡᠷᠦᠩᠬᠡᠢ ᠰᠠᠶᠢᠳ ᠤᠨ ᠬᠠᠯᠠᠮᠵᠢᠯᠠᠵᠤ ᠪᠠᠶᠢᠭ᠎ᠠ ᠲᠡᠮᠦᠷ ᠵᠠᠮ ᠤᠨ ᠡᠮᠦᠨᠡᠬᠢ ᠳᠦᠭᠦᠮ

ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠳᠤᠭᠤᠢ ᠲᠡᠷᠭᠡ ᠳᠦᠷᠢᠶᠡᠰᠦᠯᠡᠭᠦᠯᠬᠦ ᠰᠢᠰᠲ᠋ᠧᠮ᠂ ᠭᠤᠣᠯ ᠳᠠᠭᠠᠤ

ᠳᠤᠭᠤᠢ ᠲᠡᠷᠭᠡᠨ ᠵᠠᠮ᠂ ᠪᠣᠵᠠᠷᠲᠠᠯ ᠰᠢᠪᠠᠷ ᠢ ᠰᠢᠢᠳᠪᠦᠷᠢᠯᠡᠬᠦ ᠰᠢᠰᠲ᠋ᠧᠮ ᠨᠢ ᠠᠰᠢᠭᠯᠠᠯᠲᠠ ᠳᠤ ᠣᠷᠣᠵᠣ᠂ ᠬᠤᠲᠠ ᠶᠢᠨ ᠨᠣᠭᠤᠭᠠᠷᠠᠭᠤᠯᠬᠤ ᠭᠡᠷᠡᠯᠲᠦᠭᠦᠯᠬᠦ

ᠭᠤᠶᠣᠵᠢᠭᠤᠯᠬᠤ ᠢᠨᠵᠧᠨᠧᠷᠢᠩ ᠤᠨ ᠨᠢᠭᠡᠳᠦᠭᠡᠷ ᠬᠤᠭᠤᠴᠠᠭ᠎ᠠ ᠶᠢ ᠪᠠᠶᠢᠭᠤᠯᠵᠤ ᠳᠠᠭᠤᠰᠴᠠᠢ᠃ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠨᠢ

ᠢᠯᠡᠳᠲᠡ ᠦᠷ᠎ᠡ ᠪᠦᠲᠦᠮᠵᠢ ᠲᠠᠢ᠃ 111.2 ᠲᠦᠮᠡᠨ ᠮᠦ ᠣᠶᠢᠵᠢᠭᠤᠯᠬᠤ᠂ 151 ᠲᠦᠮᠡᠨ ᠮᠦ ᠤᠰᠤ ᠬᠦᠷᠦᠰᠦ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ

᠂ ᠪᠡᠯᠴᠢᠭᠡᠷᠯᠡᠭᠦᠯᠦᠨ ᠮᠠᠯᠵᠢᠬᠤ ᠶᠢ ᠵᠣᠭᠰᠤᠭᠠᠵᠤ ᠪᠢᠲᠡᠭᠦᠮᠵᠢᠯᠡᠬᠦ ᠬᠠᠤᠯᠢ ᠲᠣᠭᠲᠠᠭᠠᠬᠤ ᠠᠵᠢᠯ ᠢ ᠦᠨᠳᠦᠰᠦᠨ ᠳ᠋ᠦᠨᠢ ᠪᠡᠶᠡᠯᠡᠭᠦᠯᠵᠡᠢ︔ ᠭᠤᠣᠯᠳᠠᠯᠭ᠎ᠠ ᠲᠠᠢ ᠣᠷᠣᠨ

ᠲᠣᠭᠤᠷᠢᠭ ᠢ 41 ᠲᠦᠮᠡᠨ ᠮᠦ ᠨᠣᠭᠤᠭᠠᠷᠠᠭᠤᠯᠵᠤ᠂ ᠴᠢᠬᠢ ᠮᠣᠳᠣ 4000 ᠲᠦᠮᠡᠨ ᠰᠠᠭᠤᠷᠢ ᠰᠠᠭᠤᠯᠭᠠᠵᠤ᠂ 40 ᠳ᠋ᠦᠩᠰᠢᠭᠤᠷ ᠲᠦᠭᠦᠷᠢᠭ ᠤᠨ ᠪᠡᠯᠡ

ᠣᠷᠤᠭᠤᠯᠤᠯᠲᠠ ᠶᠢ ᠪᠡᠶᠡᠯᠡᠭᠦᠯᠵᠡᠢ︔ ︽ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭᠠᠨ︾᠎ ᠢ

ᠯᠠᠪᠳᠠᠭᠤᠨ ᠪᠠᠳᠤᠲᠠᠢ ᠥᠷᠨᠢᠭᠦᠯᠵᠦ᠂ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠤᠯᠪᠣᠭᠳᠠᠭᠰᠠᠨ 426 ᠲᠣᠪᠤᠶᠢᠮ᠎ᠠ ᠠᠰᠠᠭᠤᠳᠠᠯ ᠢ ᠪᠦᠲᠦᠮᠵᠢᠲᠠᠢ

ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠪᠣᠬᠢᠷᠳᠠᠯ ᠢ ᠵᠠᠰᠠᠬᠤ ᠪᠠ ᠳᠥᠷᠪᠡᠨ ᠵᠦᠢᠯ ᠤᠨ ᠭᠤᠣᠯ ᠪᠤᠬᠢᠷᠳᠠᠯ ᠪᠣᠳᠠᠰ ᠤᠨ

ᠭᠠᠳᠠᠭᠰᠢᠯᠠᠬᠤ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠵᠡᠢ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠢᠯᠭᠤᠮ ᠤᠷᠤᠭᠰᠢᠲᠠᠢ

ᠪᠠᠶᠢᠨ᠎ᠠ᠃ ᠮᠢᠩᠭᠠᠨ ᠳ᠋ᠦᠩᠰᠢᠭᠤᠷ ᠲᠦᠭᠦᠷᠢᠭ ᠤᠨ ᠢᠨᠵᠧᠨᠧᠷᠢᠩ ᠤᠨ ᠪᠠᠭᠴᠠ ᠶᠢ ᠡᠬᠢᠯᠡᠨ ᠬᠢᠵᠦ᠂ ᠲᠤᠰ ᠵᠢᠯ ᠳᠡᠭᠡᠨ 210 ᠳ᠋ᠦᠩᠰᠢᠭᠤᠷ ᠲᠦᠭᠦᠷᠢᠭ ᠤᠨ ᠪᠡᠯᠡ

ᠣᠷᠤᠭᠤᠯᠤᠯᠲᠠ ᠶᠢ ᠪᠡᠶᠡᠯᠡᠭᠦᠯᠵᠡᠢ᠃ ᠪᠢᠷᠠᠭᠤ ᠠᠴᠠ ᠰᠢᠯᠢ ᠶᠢᠨ ᠬᠤᠲᠠ ᠬᠦᠷᠬᠦ ᠬᠤᠷᠳᠤᠨ ᠤ ᠵᠠᠮ ᠲᠡᠷᠭᠡ ᠨᠡᠪᠲᠡᠷᠡᠬᠦ ᠨᠦᠬᠦᠴᠡᠯ ᠪᠦᠷᠢᠯᠳᠦᠵᠦ᠂ ᠬᠤᠷᠳᠤᠨ ᠲᠡᠮᠦᠷ

ᠵᠠᠮ ᠤᠨ ᠲᠥᠷᠦᠯ ᠵᠦᠢᠯ ᠨᠢ ᠪᠥᠬᠦ ᠱᠤᠭᠤᠮ ᠢᠶᠠᠷ ᠢᠶᠠᠨ ᠠᠵᠢᠯ ᠡᠬᠢᠯᠡᠵᠦ᠂ ᠣᠷᠣᠨ ᠭᠠᠵᠠᠷ ᠠᠯᠤᠰᠯᠠᠨ ᠤᠰᠤ ᠲᠠᠲᠠᠬᠤ ᠪᠠᠷᠢᠯᠭ᠎ᠠ ᠤᠷᠤᠭᠰᠢᠲᠠᠢ ᠡᠬᠢᠯᠡᠵᠦ᠂

ᠴᠣᠣᠶᠠᠩ ᠠᠴᠠ ᠤᠯᠠᠭᠠᠨᠬᠠᠳᠠ ᠬᠦᠷᠬᠦ ᠰᠢᠲᠠᠮᠠᠬᠠᠢ ᠬᠡᠢ ᠶᠢᠨ ᠬᠤᠭᠤᠯᠠᠢ ᠶᠢ ᠡᠬᠢᠯᠡᠨ ᠪᠠᠶᠢᠭᠤᠯᠵᠤ᠂ 220 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ

ᠥᠷᠭᠡᠳᠬᠡᠨ ᠪᠠᠶᠢᠭᠤᠯᠬᠤ ᠭᠤᠷᠪᠠᠨ ᠪᠠᠷᠢᠯᠭ᠎ᠠ ᠠᠵᠢᠯ ᠳᠠᠭᠤᠰᠴᠦ ᠠᠰᠢᠭᠯᠠᠯᠲᠠ ᠳᠤ ᠣᠷᠣᠵᠠᠢ᠃

     ᠲᠠᠪᠤ ᠳᠤ ᠲᠠᠪᠤᠨ ᠶᠡᠭᠡ ᠢᠨᠵᠧᠨᠧᠷᠢᠩ ᠢ ᠠᠬᠢᠭᠤᠯᠬᠤ ᠳᠤ ᠲᠦᠰᠢᠭᠯᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠦᠲᠦᠮᠵᠢᠲᠡᠢ ᠠᠬᠢᠭᠤᠯᠵᠠᠢ᠃ ᠪᠥᠬᠦ

ᠬᠤᠲᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠷᠤᠯᠭ᠎ᠠ 346.3 ᠳ᠋ᠦᠩᠰᠢᠭᠤᠷ ᠲᠦᠭᠦᠷᠢᠭ᠂ ᠡᠳ᠋ ᠤᠨ ᠵᠠᠰᠠᠭ ᠤᠨ ᠵᠠᠷᠤᠯᠭ᠎ᠠ ᠲᠠᠬᠢ ᠬᠠᠷᠢᠴᠠᠯ ᠨᠢ 78.

8%᠎ ᠶᠢ ᠡᠵᠡᠯᠡᠵᠡᠢ᠃ ᠠᠵᠢᠯ ᠣᠯᠭᠤᠯᠲᠠ ᠦᠢᠯᠡᠰ ᠪᠦᠲᠦᠭᠡᠬᠦ ᠢᠨᠵᠧᠨᠧᠷᠢᠩ᠄ ᠠᠷᠠᠳ ᠣᠯᠠᠨ ᠢᠶᠠᠷ ᠢᠶᠠᠨ ᠦᠢᠯᠡᠰ ᠪᠥᠲᠦᠭᠡᠬᠦ ᠤᠯᠤᠰ ᠤᠨ ᠳᠡᠰ ᠤᠨ ᠣᠷᠣᠨ ᠵᠠᠢ

3 ᠰᠢᠨ᠎ᠡ ᠪᠠᠷ ᠨᠡᠮᠡᠭᠳᠡᠭᠦᠯᠵᠦ᠂ ᠵᠠᠰᠠᠭ ᠤᠨ ᠣᠷᠳᠣᠨ ᠠᠴᠠ ᠦᠢᠯᠡᠴᠢᠯᠡᠭᠡᠨ ᠬᠤᠳᠠᠯᠳᠤᠨ ᠠᠪᠬᠤ ᠪᠠᠷ ᠳᠠᠮᠵᠢᠨ ᠪᠡᠭᠡᠵᠢᠩ ᠤᠨ ᠱᠤᠸᠠᠩᠴᠤᠸᠠᠩ ᠦᠢᠯᠡᠴᠢᠯᠡᠭᠡᠨ ᠤ

ᠲᠣᠯᠤᠭᠠᠶᠢᠯᠠᠭᠴᠢ ᠠᠵᠦ ᠠᠬᠤᠶᠢᠯᠠᠯ ᠢ ᠲᠠᠲᠠᠨ ᠣᠷᠤᠭᠤᠯᠵᠤ᠂ ᠬᠠᠮᠲᠤᠪᠡᠷ ︽ᠤᠯᠠᠭᠠᠨᠬᠠᠳᠠ ᠶᠢᠨ ᠠᠨᠺᠦᠸᠠᠢ ᠦᠢᠯᠡᠰ ᠪᠦᠲᠦᠭᠡᠬᠦ ᠬᠦᠷᠢᠶᠡᠯᠡᠩ︾᠎ ᠢ ᠪᠠᠶᠢᠭᠤᠯᠵᠤ᠂

ᠬᠤᠲᠠ ᠪᠠᠯᠭᠠᠰᠤᠨ ᠤ 3.2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 70.6 ᠲᠦᠮᠡᠨ ᠲᠠᠷᠢᠶᠠᠴᠢᠨ ᠮᠠᠯᠴᠢᠨ ᠢ ᠰᠢᠯᠵᠢᠭᠦᠯᠦᠨ ᠠᠵᠢᠯ ᠣᠯᠭᠤᠵᠤ᠂

ᠡᠯ᠎ᠡ ᠲᠥᠷᠦᠯ ᠤᠨ ᠠᠵᠢᠯ ᠣᠯᠭᠤᠬᠤ ᠦᠢᠯᠡᠰ ᠪᠦᠲᠦᠭᠡᠬᠦ ᠤᠷ᠎ᠠ ᠮᠡᠷᠭᠡᠵᠢᠯ ᠤᠨ ᠪᠣᠯᠪᠠᠰᠤᠷᠠᠯ 3.7 ᠲᠦᠮᠡᠨ ᠬᠥᠮᠥᠨ ᠤᠳᠠᠭ᠎ᠠ ᠶᠢ ᠪᠡᠶᠡᠯᠡᠭᠦᠯᠵᠡᠢ᠃ ᠨᠡᠶᠢᠭᠡᠮ ᠤᠨ

ᠪᠠᠲᠤᠯᠠᠭ᠎ᠠ ᠶᠢᠨ ᠢᠨᠵᠧᠨᠧᠷᠢᠩ᠄ ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠢ ᠨᠢᠳᠬᠡᠬᠦ ᠠᠵᠢᠯ ᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ

ᠶᠡᠷᠦᠩᠬᠡᠶᠢᠯᠡᠭᠰᠡᠨ ᠪᠦᠷᠬᠦᠯᠲᠡ ᠶᠢᠨ ᠨᠣᠷᠮ᠎ᠠ ᠶᠢ 90%᠎ ᠠᠴᠠ ᠳᠡᠭᠡᠭᠰᠢ ᠳᠤ ᠲᠤᠭᠲᠠᠪᠦᠷᠢᠵᠢᠭᠤᠯᠵᠤ᠂ ᠬᠤᠲᠠ ᠬᠥᠳᠡᠭᠡ ᠶᠢᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ

ᠪᠠᠷᠢᠮᠵᠢᠶ᠎ᠠ ᠶᠢ ᠲᠤᠰᠪᠦᠷᠢ 492 ᠲᠦᠭᠦᠷᠢᠭ ᠪᠠ 301 ᠲᠦᠭᠦᠷᠢᠭ ᠪᠣᠯᠭᠠᠨ ᠳᠡᠭᠡᠭᠰᠢᠯᠡᠭᠦᠯᠵᠦ᠂ ᠳᠣᠣᠷ᠎ᠠ ᠣᠷᠣᠯᠭ᠎ᠠ ᠲᠠᠢ 75.6 ᠲᠦᠮᠡᠨ ᠲᠠᠷᠢᠶᠠᠴᠢᠨ

ᠮᠠᠯᠴᠢᠨ ᠳᠤ ᠳᠤᠯᠠᠭᠠᠴᠠᠯ ᠤᠨ ᠨᠡᠭᠦᠷᠡᠰᠦᠨ ᠤ ᠨᠦᠬᠦᠪᠦᠷᠢ ᠲᠠᠷᠬᠠᠭᠠᠵᠤ᠂ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠤᠶᠤᠲᠠᠳ ᠲᠤ 1.5 ᠳ᠋ᠦᠩᠰᠢᠭᠤᠷ

ᠲᠦᠭᠦᠷᠢᠭ ᠤᠨ ᠰᠤᠷᠤᠯᠭ᠎ᠠ ᠶᠢᠨ ᠨᠦᠬᠦᠪᠦᠷᠢ ᠣᠯᠭᠤᠵᠤ᠂ ᠠᠵᠢᠯ ᠲᠠᠢ ᠬᠦᠮᠦᠨ ᠦᠭᠡᠢ ᠭᠡᠷ ᠪᠦᠯᠢ ᠶᠢ ᠦᠷᠭᠦᠯᠵᠢ ᠶᠢᠨ ᠴᠢᠨᠠᠷᠲᠠᠢ ᠪᠦᠷᠢᠳᠬᠡᠨ ᠠᠵᠢᠯ ᠤᠯᠭᠤᠵᠠᠢ᠃

ᠡᠷᠡᠭᠦᠯ ᠡᠩᠬᠡ ᠤᠯᠠᠭᠠᠨᠬᠠᠳᠠ ᠶᠢᠨ ᠢᠨᠵᠧᠨᠧᠷᠢᠩ᠄ ᠤᠯᠠᠭᠠᠨᠬᠠᠳᠠ ᠳᠡᠬᠡᠳᠤ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠳᠡᠰ ᠤᠨ

ᠬᠥᠬᠡ ᠳᠡᠰ ᠤᠨ ᠡᠮᠨᠡᠯᠬᠡ ᠶᠢᠨ ᠬᠤᠷᠢᠶ᠎ᠠ ᠪᠣᠯᠵᠤ ᠳᠠᠪᠰᠢᠨ᠂ ᠰᠢᠶᠠᠨ ᠤ ᠱᠠᠲᠤᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠬᠠᠮ

ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠷᠢᠨ ᠡᠮᠴᠢᠯᠡᠭᠡ ᠬᠢᠳᠡᠭ ᠡᠮᠴᠢ ᠪᠠ ᠰᠢᠶᠠᠩ ᠲᠣᠰᠬᠤᠨ ᠤ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ

ᠪᠦᠷᠬᠦᠯᠲᠡ ᠶᠢᠨ ᠨᠣᠷᠮ᠎ᠠ ᠨᠢ 85% ᠬᠦᠷᠴᠡᠢ᠃ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠪᠥᠬᠦ

ᠲᠠᠯ᠎ᠠ ᠪᠠᠷ ᠪᠡᠶᠡᠯᠡᠭᠦᠯᠵᠡᠢ᠃ ᠪᠣᠯᠪᠠᠰᠤᠨ ᠢ ᠡᠭᠦᠳᠦᠨ ᠪᠠᠶᠢᠭᠤᠯᠬᠤ ᠢᠨᠵᠧᠨᠧᠷᠢᠩ᠄ ᠤᠯᠠᠨ ᠲᠦᠮᠡᠨ ᠤ ᠤᠷᠠᠯᠢᠭ ᠤᠨ ᠣᠷᠳᠣᠨ ᠪᠠ ᠵᠠᠯᠠᠭᠤᠴᠤᠳ ᠪᠠᠭᠠᠴᠤᠳ ᠤᠨ

ᠣᠷᠳᠣᠨ ᠢ ᠪᠠᠶᠢᠭᠤᠯᠤᠨ ᠨᠢᠭᠡᠨᠲᠡ ᠠᠰᠢᠭᠯᠠᠯᠲᠠ ᠳᠤ ᠣᠷᠣᠵᠤ᠂ ᠶᠠᠷᠢᠶᠠᠲᠤ ᠵᠦᠴᠦᠭᠡ ︽ᠳᠤᠯᠠᠭᠠᠨ ᠥᠯᠦᠭᠡᠢ︾ ᠵᠡᠷᠭᠡ ᠤᠷᠠᠯᠢᠭ ᠤᠨ ᠪᠦᠲᠦᠭᠡᠯ ᠨᠢ ᠣᠷᠣᠨ ᠤ

ᠭᠠᠳᠠᠨ᠎ᠠ ᠲᠣᠲᠤᠨ᠎ᠠ ᠨᠡᠯᠢᠶᠡᠳ ᠶᠡᠭᠡ ᠳᠤᠰᠬᠠᠯ ᠭᠠᠷᠴᠤ᠂ ᠨᠠᠢᠮᠠᠨ ᠵᠢᠯ ᠳᠠᠷᠠᠭᠠᠯᠠᠨ ᠤᠯᠤᠰ ᠤᠨ ᠬᠤᠶᠠᠷ ᠢᠶᠠᠨ ᠬᠦᠷᠢᠶᠡᠯᠡᠭᠰᠡᠨ ᠵᠢᠱᠢᠶᠡᠴᠢ ᠬᠤᠲᠠ ᠪᠣᠯᠣᠭᠰᠠᠨ ᠪᠠ

ᠳᠥᠷᠪᠡᠨ ᠵᠢᠯ ᠳᠠᠷᠠᠭᠠᠯᠠᠨ ᠪᠥᠬᠦ ᠤᠯᠤᠰ ᠤᠨ ᠠᠷᠠᠳ ᠤᠨ ᠠᠭᠠᠷ ᠰᠡᠷᠭᠡᠶᠢᠯᠡᠯᠲᠡ ᠶᠢᠨ ᠲᠡᠷᠢᠭᠦᠨ ᠤ ᠬᠤᠲᠠ ᠪᠣᠯᠵᠠᠢ᠃ ᠨᠡᠶᠢᠭᠡᠮ ᠤᠨ ᠪᠠᠶᠢᠭᠤᠯᠤᠯᠲᠠ ᠶᠢᠨ

ᠢᠨᠵᠧᠨᠧᠷᠢᠩ᠄ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠱᠠᠭᠠᠷᠳᠠᠨ ᠪᠠᠶᠢᠴᠠᠭᠠᠯᠲᠠ ᠵᠢᠴᠢ ᠨᠡᠭᠦᠷᠡᠰᠦᠨ ᠠᠭᠤᠷᠬᠠᠢ ᠵᠡᠷᠭᠡ ᠭᠤᠣᠯᠳᠠᠯᠭ᠎ᠠ ᠲᠠᠢ

ᠬᠦᠷᠢᠶ᠎ᠡ ᠬᠡᠪᠴᠢᠶᠡᠨ ᠤ ᠲᠤᠰᠬᠠᠢ ᠵᠠᠰᠠᠨ ᠴᠡᠭᠴᠡᠯᠡᠯᠲᠡ ᠶᠢ ᠦᠷᠭᠦᠯᠵᠢᠯᠡᠨ ᠦᠷᠨᠢᠬᠦᠯᠵᠤ᠂ ᠪᠥᠬᠦ ᠬᠤᠲᠠ ᠶᠢᠨ ᠵᠠᠰᠠᠮᠠᠯ ᠵᠠᠮ ᠤᠨ ᠠᠶᠤᠯᠭᠦᠢ ᠨᠡᠪᠲᠡᠷᠡᠬᠦ

ᠢᠨᠵᠧᠨᠧᠷᠢᠩ ᠢ ᠬᠡᠷᠡᠭᠵᠢᠭᠦᠯᠵᠦ᠂ ᠠᠮᠦᠷ ᠲᠠᠶᠢᠪᠤᠩ ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠨ ᠤ

ᠬᠤᠲᠠ ᠨᠢ ᠪᠥᠬᠦ ᠤᠯᠤᠰ ᠤᠨ ᠬᠠᠤᠯᠢ ᠴᠠᠭᠠᠵᠠ ᠶᠢᠨ ᠤᠬᠠᠭᠤᠯᠭ᠎ᠠ ᠬᠦᠮᠦᠵᠢᠯ ᠤᠨ ᠲᠡᠷᠢᠭᠦᠨ ᠤ ᠬᠤᠲᠠ ᠪᠠ ᠪᠥᠬᠦ ᠤᠯᠤᠰ ᠤᠨ ᠨᠡᠶᠢᠭᠡᠮ ᠢ ᠵᠠᠰᠠᠨ ᠴᠡᠭᠴᠡᠯᠡᠬᠦ

ᠰᠢᠨ᠎ᠡ ᠶᠢ ᠡᠭᠦᠳᠦᠭᠰᠡᠨ ᠰᠢᠯᠢᠳᠡᠭ ᠬᠤᠲᠠ ᠪᠠᠷ ᠦᠨᠡᠯᠡᠭᠳᠡᠵᠡᠢ᠃

     ᠵᠢᠷᠭᠤᠭ᠎ᠠ ᠳᠤ ᠠᠷᠢᠭᠤᠨ ᠴᠡᠭᠡᠴᠢ ᠯᠠᠪᠳᠠᠭᠤᠨ ᠪᠠᠳᠤᠲᠠᠢ ᠦᠨᠳᠦᠷ ᠦᠷ᠎ᠡ ᠪᠦᠲᠦᠮᠵᠢ ᠲᠠᠢ ᠵᠠᠰᠠᠭ ᠤᠨ ᠣᠷᠳᠣᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂

ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠲᠦᠮᠵᠢᠲᠠᠢ ᠴᠢᠩᠭᠠᠳᠬᠠᠪᠠ᠃ ︽ᠬᠤᠶᠠᠷ ᠢ ᠰᠣᠷᠣᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾

ᠰᠤᠷᠤᠯᠴᠠᠯᠭ᠎ᠠ ᠬᠦᠮᠦᠵᠢᠯ ᠢ ᠭᠦᠨᠵᠡᠭᠡᠢ ᠦᠷᠨᠢᠭᠦᠯᠵᠦ᠂ ︽ᠠᠵᠢᠯ ᠬᠢᠬᠦ ᠦᠭᠡᠢ᠂ ᠬᠤᠶᠢᠷᠭᠤᠰᠢᠬᠤ᠂ ᠳᠤᠷ᠎ᠠ ᠲᠠᠪᠠ ᠪᠠᠷ ᠢᠶᠠᠨ ᠬᠢᠬᠦ︾᠎ ᠶᠢ ᠲᠤᠰᠬᠠᠢ ᠵᠠᠰᠠᠨ

ᠴᠡᠭᠴᠡᠯᠡᠬᠦ ᠶᠢ ᠯᠠᠪᠳᠠᠭᠤᠨ ᠪᠠᠳᠤᠲᠠᠢ ᠠᠬᠢᠭᠤᠯᠵᠠᠢ᠃ ᠠᠯᠪᠠᠨ ᠤ ᠲᠡᠷᠭᠡ ᠶᠢᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠪᠡᠯᠡ

ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢ ᠮᠠᠭᠠᠳᠯᠠᠨ ᠦᠨᠡᠯᠡᠬᠦ᠂ ᠣᠯᠠᠨ ᠨᠡᠶᠢᠲᠡ ᠶᠢᠨ ᠡᠬᠢ

ᠪᠠᠶᠠᠯᠢᠭ ᠢ ᠲᠦᠪᠯᠡᠷᠡᠭᠦᠯᠦᠨ ᠰᠤᠯᠢᠯᠴᠠᠬᠤ ᠪᠠᠷ ᠳᠠᠮᠵᠢᠭᠤᠯᠤᠨ 69.3 ᠳ᠋ᠦᠩᠰᠢᠭᠤᠷ ᠲᠦᠭᠦᠷᠢᠭ ᠪᠡᠯᠡ ᠮᠥᠩᠭᠦ ᠠᠷᠪᠢᠯᠠᠵᠤ᠂ ᠪᠥᠬᠦ ᠬᠤᠲᠠ ᠶᠢᠨ ︽ᠭᠤᠷᠪᠠᠨ

ᠠᠯᠪᠠᠨ ᠵᠠᠷᠤᠳᠠᠯ︾᠎ ᠤᠨ ᠵᠠᠷᠤᠯᠭ᠎ᠠ 2.6% ᠳᠣᠷᠣᠭᠰᠢᠯᠠᠵᠠᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠎ ᠪᠠᠷ ᠭᠤᠣᠯᠳᠠᠯᠭ᠎ᠠ ᠪᠣᠯᠭᠠᠭᠰᠠᠨ ᠬᠢᠨᠠᠨ

ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠰᠢᠶᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠵᠠᠭᠤᠴᠢ

ᠦᠢᠯᠡᠴᠢᠯᠡᠭᠡᠨ ᠤ ᠶᠠᠪᠤᠳᠠᠯ ᠤᠨ ᠨᠠᠷᠢᠨ ᠳᠠᠩᠰᠠ ᠶᠢ ᠨᠡᠶᠢᠭᠡᠮ ᠨᠡᠶᠢᠳᠡᠮ ᠳᠤ ᠨᠡᠶᠢᠲᠡᠯᠡᠵᠡᠢ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ ᠪᠣᠳᠤᠯᠲᠠ ᠶᠢᠨ

ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠷᠬᠡ ᠶᠠᠪᠤᠭᠤᠯᠬᠤ ᠶᠢ ᠪᠦᠲᠦᠮᠵᠢᠲᠡᠢ ᠳᠦᠷᠢᠮᠵᠢᠭᠦᠯᠵᠡᠢ᠃ ᠨᠡᠶᠢᠭᠡᠮ ᠤᠨ ᠡᠯ᠎ᠡ ᠡᠲᠡᠬᠡᠳ ᠤᠨ

ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠮᠡᠳᠡᠭᠦᠯᠵᠦ᠂

ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠶᠠᠪᠤᠳᠠᠯ ᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ

ᠬᠤᠷᠢᠶᠠᠨ ᠳᠤ ᠮᠡᠳᠡᠭᠦᠯᠬᠦ ᠳᠦᠷᠢᠮ ᠢ ᠲᠣᠭᠲᠠᠭᠠᠵᠤ᠂ ᠤᠯᠤᠰ ᠲᠥᠷᠥ ᠶᠢᠨ ᠵᠥᠪᠯᠡᠯᠭᠡᠨ ᠯᠦᠭᠡ ᠶᠢᠨ ᠨᠡᠪᠲᠡᠷᠡᠯᠴᠡᠵᠦ ᠬᠠᠷᠢᠯᠴᠠᠬᠤ ᠪᠠ ᠠᠷᠠᠳᠴᠢᠯᠠᠯ ᠢᠶᠠᠷ

ᠵᠥᠪᠳᠡᠯᠴᠡᠬᠦ ᠪᠠᠨ ᠴᠢᠩᠭᠠᠳᠬᠠᠵᠤ᠂ ᠪᠥᠬᠦ ᠵᠢᠯ ᠳᠤ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ

ᠳᠤᠷᠠᠳᠤᠯᠭ᠎ᠠ 293᠎ ᠶᠢ ᠭᠦᠢᠴᠡᠳᠬᠡᠵᠡᠢ᠃

     ᠨᠡᠶᠢᠭᠡᠮ ᠤᠨ ᠰᠢᠨᠵᠢᠯᠡᠬᠦ ᠤᠬᠠᠭᠠᠨ᠂ ᠡᠮᠡᠭᠲᠡᠶᠢᠴᠦᠳ ᠬᠡᠦᠬᠡᠳ᠂ ᠵᠡᠮᠳᠡᠭᠴᠤᠳ᠂ ᠤᠯᠠᠭᠠᠨ ᠵᠠᠭᠠᠯᠮᠠᠶᠢᠲᠠᠨ᠂ ᠨᠢᠭᠦᠯᠡᠰᠦᠩᠭᠦᠢ ᠵᠡᠷᠭᠡ ᠦᠢᠯᠡᠰ ᠨᠢ

ᠲᠣᠭᠲᠠᠭᠤᠨ ᠬᠥᠭᠵᠢᠵᠦ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠡᠦᠬᠡ ᠤᠶᠢᠯᠠᠯᠭ᠎ᠠ ᠳᠠᠩᠰᠠ ᠡᠪᠬᠡᠮᠡᠯ᠂

ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠭᠤᠷ ᠠᠮᠢᠰᠬᠤᠯ ᠤᠨ ᠦᠢᠯᠡᠴᠢᠯᠡᠬᠡᠨ᠂ ᠠᠷᠠᠳ ᠤᠨ ᠠᠭᠠᠷ ᠰᠡᠷᠭᠡᠶᠢᠯᠡᠯᠲᠡ ᠵᠡᠷᠭᠡ ᠠᠵᠢᠯ ᠨᠢ

ᠤᠯᠠᠮ ᠴᠢᠨᠠᠭᠰᠢᠲᠠ ᠴᠢᠩᠭᠠᠳᠬᠠᠭᠳᠠᠵᠠᠢ᠃

     ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠮᠠᠨ ᠤ ᠣᠯᠤᠭᠰᠠᠨ ᠠᠮᠵᠢᠯᠲᠠ ᠨᠢ ᠬᠢᠯᠪᠠᠷ ᠪᠢᠰᠢ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠶᠢ ᠬᠠᠮᠤᠷᠠᠭᠰᠠᠨ᠂ ᠵᠥᠪ ᠣᠨᠣᠪᠴᠢᠲᠠᠢ ᠤᠳᠤᠷᠢᠳᠤᠯᠭ᠎ᠠ ᠶᠢᠨ

ᠦᠷ᠎ᠡ ᠳ᠋ᠦᠩ ᠪᠣᠯᠬᠤ ᠶᠤᠮ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠨᠢ

ᠬᠠᠷᠢᠭᠤᠴᠠᠯᠭ᠎ᠠ ᠪᠠᠨ ᠭᠦᠢᠴᠡᠳᠬᠡᠵᠦ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠶᠤᠮ᠂ ᠪᠥᠬᠦ ᠬᠤᠲᠠ ᠳᠠᠶᠠᠭᠠᠷ ᠣᠶᠣᠨ ᠬᠦᠴᠦᠨ ᠢᠶᠠᠨ

ᠡᠷᠭᠦᠵᠦ᠂ ᠯᠠᠪᠳᠠᠭᠤᠨ ᠪᠠᠳᠤᠲᠠᠢ ᠴᠢᠷᠮᠠᠶᠢᠭᠰᠠᠨ ᠤ ᠦᠷ᠎ᠡ ᠳ᠋ᠦᠩ ᠶᠤᠮ᠃ ᠠᠳᠡ ᠪᠢ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠵᠦ᠂ ᠪᠥᠬᠦ ᠬᠤᠲᠠ ᠶᠢᠨ

ᠥᠷᠭᠡᠨ ᠣᠯᠠᠨ ᠺᠠᠳ᠋ᠷ ᠣᠯᠠᠨ ᠲᠥᠮᠡᠨ᠂ ᠤᠯᠠᠭᠠᠨᠬᠠᠳᠠ ᠶᠢᠨ ᠥᠭᠡᠷᠡᠴᠢᠯᠡᠯᠲᠡ ᠨᠡᠭᠡᠭᠡᠯᠲᠡ ᠪᠣᠯᠣᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ

ᠬᠠᠯᠠᠮᠵᠢᠯᠠᠵᠤ ᠳᠡᠮᠵᠢᠵᠦ ᠣᠷᠣᠯᠴᠠᠭᠰᠠᠨ ᠨᠥᠬᠦᠳ ᠂ ᠨᠠᠶᠢᠵᠢ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕

     ᠠᠮᠵᠢᠯᠲᠠ ᠪᠠᠨ ᠨᠣᠲᠠᠯᠠᠭᠤᠰᠢᠲᠠᠢ ᠮᠥᠷᠲᠡᠭᠡᠨ ᠬᠦᠴᠢᠷᠳᠡᠯ ᠪᠠ ᠠᠰᠠᠭᠤᠳᠠᠯ ᠢ ᠴᠦ ᠬᠥᠩᠭᠡᠪᠴᠢᠯᠡᠵᠦ ᠪᠣᠯᠣᠰᠢ ᠦᠭᠡᠢ᠃ ᠭᠤᠣᠯᠳᠠᠭᠤ᠄ ᠠᠵᠤ ᠠᠬᠤᠢ ᠶᠢᠨ

ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠬᠥᠭᠵᠢᠯᠲᠡ ᠶᠢᠨ ᠬᠡᠯᠪᠡᠷᠢ ᠨᠢ ᠮᠥᠨᠴᠦ ᠪᠦᠳᠦᠭᠦᠯᠢᠭ᠂ ᠪᠦᠲᠦᠴᠡ ᠶᠢᠨ

ᠲᠣᠬᠢᠷᠠᠭᠤᠯᠤᠯᠲᠠ ᠶᠢᠨ ᠣᠷᠣᠨ ᠵᠠᠢ ᠬᠢᠵᠠᠭᠠᠷ ᠲᠠᠢ᠃ ᠠᠵᠤ ᠠᠬᠤᠢ ᠳᠣᠷᠣᠭᠰᠢᠯᠠᠬᠤ ᠳᠠᠷᠤᠯᠲᠠ ᠮᠥᠨᠴᠦ ᠨᠡᠯᠢᠶᠡᠳ ᠶᠡᠭᠡ᠂ ᠪᠣᠳᠠᠲᠤ ᠠᠵᠤ ᠠᠬᠤᠢ ᠢᠯᠠᠩᠭᠤᠶ᠎ᠠ

ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠴᠢᠷᠳᠡᠯ ᠶᠡᠭᠡ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠦᠪᠡᠷ ᠤᠨ ᠥᠷᠲᠡᠭ ᠨᠡᠯᠢᠶᠡᠳ ᠥᠨᠳᠥᠷ᠂

ᠢᠷᠭᠡᠨ ᠤ ᠪᠡᠯᠡ ᠣᠷᠤᠭᠤᠯᠤᠯᠲᠠ ᠶᠢᠨ ᠨᠡᠮᠡᠭᠳᠡᠯ ᠨᠢ ᠢᠯᠡᠳᠲᠡ ᠪᠠᠭᠤᠷᠠᠵᠠᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠭᠦᠷᠭᠡ ᠬᠥᠨᠳᠦ ᠪᠠᠶᠢᠭᠰᠠᠭᠠᠷ᠂ ᠬᠤᠲᠠ

ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠢᠷ ᠲᠠᠢ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠨᠢ ᠲᠤᠯᠭᠠᠮ᠎ᠠ

ᠮᠥᠷᠲᠡᠭᠡᠨ ᠬᠠᠲᠠᠭᠤᠵᠢᠯᠲᠠᠢ᠂ ᠣᠯᠠᠨ ᠲᠥᠮᠡᠨ ᠤ ᠠᠩᠬᠠᠷᠴᠤ ᠪᠠᠶᠢᠭ᠎ᠠ ᠰᠤᠷᠭᠠᠭᠤᠯᠢ ᠳᠤ ᠣᠷᠣᠬᠤ᠂ ᠡᠪᠡᠳᠴᠢᠨ ᠡᠮᠨᠡᠭᠦᠯᠬᠦ᠂ ᠨᠠᠰᠤᠵᠢᠯ ᠤᠨ ᠠᠰᠠᠷᠠᠯ᠂ ᠶᠠᠪᠤᠵᠤ

ᠰᠠᠭᠤᠬᠤ ᠵᠡᠷᠭᠡ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠮᠥᠨᠴᠦ ᠳᠣᠪᠤᠶᠢᠮ᠎ᠠ ᠪᠠᠶᠢᠨ᠎ᠠ᠃ ᠠᠮᠢ ᠠᠬᠤᠢ ᠣᠷᠴᠢᠨ ᠲᠣᠭᠤᠷᠢᠨ ᠤ ᠶᠡᠷᠦᠩᠬᠡᠢ ᠴᠣᠭᠴᠠ ᠪᠠᠭᠤᠷᠠᠢ

᠂ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠡᠭᠦᠷᠭᠡ ᠶᠢᠨ ᠳᠠᠷᠤᠯᠲᠠ ᠮᠡᠳᠡᠭᠳᠡᠬᠦ᠋ᠢᠴᠡ ᠨᠡᠮᠡᠭᠳᠡᠵᠡᠢ᠃ ᠨᠠᠶᠢᠭᠡᠮ ᠤᠨ ᠵᠦᠷᠢᠴᠡᠯ ᠬᠢᠯᠪᠠᠷᠬᠠᠨ ᠮᠥᠷᠲᠡᠭᠡᠨ ᠣᠯᠠᠨ

ᠭᠠᠷᠬᠤ ᠪᠣᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠤᠩ ᠨᠣᠴᠢᠲᠠᠢ᠂ ᠲᠣᠭᠲᠠᠭᠤᠨ ᠢ ᠬᠠᠮᠠᠭᠠᠯᠠᠬᠤ ᠠᠵᠢᠯ ᠨᠢ ᠰᠢᠨ᠎ᠡ ᠪᠠᠶᠢᠳᠠᠯ ᠰᠢᠨ᠎ᠡ ᠰᠢᠯᠭᠠᠯᠲᠠ ᠳᠤ

ᠲᠤᠯᠭᠠᠷᠠᠵᠤ ᠪᠠᠶᠢᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠦᠷᠢ ᠶᠢᠨ ᠬᠤᠪᠢᠷᠠᠯᠲᠠ ᠨᠢ ᠭᠦᠢᠴᠡᠳ ᠦᠭᠡᠢ᠂ ᠵᠠᠰᠠᠭ ᠤᠨ ᠣᠷᠳᠣᠨ ᠤ ᠣᠨᠴᠠ ᠵᠠᠷᠢᠮ ᠰᠠᠯᠠᠭ᠎ᠠ

ᠮᠥᠴᠢᠷ ᠪᠣᠯᠣᠨ ᠠᠵᠢᠯᠲᠠᠨ ᠤ ᠬᠠᠷᠢᠭᠤᠴᠠᠬᠤ ᠤᠬᠠᠮᠰᠠᠷ᠂ ᠦᠢᠯᠡᠴᠢᠯᠡᠭᠡᠨ ᠤ ᠤᠬᠠᠮᠰᠠᠷ ᠨᠢ ᠴᠢᠩᠭ᠎ᠠ ᠪᠣᠰᠤ᠂ ᠴᠡᠭᠡᠴᠢ ᠵᠠᠰᠠᠭ ᠤᠨ ᠪᠠᠶᠢᠭᠤᠯᠤᠯᠲᠠ ᠪᠠ ᠠᠵᠢᠯ ᠤᠨ

ᠰᠤᠷᠲᠠᠯ ᠤᠨ ᠪᠠᠶᠢᠭᠤᠯᠤᠯᠲᠠ ᠨᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠨᠡᠩ ᠢᠯᠠᠩᠭᠤᠶ᠎ᠠ ᠪᠣᠣ ᠮᠠ ᠺᠣᠮᠫᠠᠨᠢ ᠶᠢᠨ ᠣᠨᠴᠠ ᠶᠡᠭᠡ ᠠᠶᠤᠯᠭᠦᠢ ‍ᠦ᠋ᠯᠡᠳᠪᠦᠷᠢᠯᠡᠯ ᠤᠨ

ᠬᠡᠷᠡᠭ ᠤᠴᠢᠷ ᠨᠢ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠵᠤ᠂ ᠺᠠᠳ᠋ᠷ ᠤᠨ ᠠᠵᠢᠯᠯᠠᠬᠤ ᠰᠣᠷᠲᠠᠯ ᠪᠠ ᠵᠠᠰᠠᠭ ᠤᠨ ᠤᠷᠳᠤᠨ ᠤ

ᠠᠵᠢᠯ ᠨᠢ ᠴᠢᠩᠭ᠎ᠠ ᠨᠢᠮᠪᠠᠢ ᠪᠣᠰᠤ ᠠᠰᠠᠭᠤᠳᠠᠯ ᠣᠷᠣᠰᠢᠵᠤ ᠪᠠᠶᠢᠭ᠎ᠠ ᠨᠢ ᠲᠦᠪᠯᠡᠷᠡᠨ ᠢᠯᠡᠷᠡᠵᠦ᠂ ᠬᠠᠷᠠᠰᠠᠯᠲᠠᠢ ᠰᠤᠷᠭᠠᠮᠵᠢ ᠪᠣᠯᠣᠭᠰᠠᠨ ᠶᠤᠮ᠃ ᠡᠳᠡᠭᠡᠷ

ᠠᠰᠠᠭᠤᠳᠠᠯ ᠳᠤ ᠪᠢᠳᠡ ᠡᠷᠬᠡᠪᠰᠢ ᠲᠣᠳᠤᠷᠬᠠᠢ ᠲᠠᠨᠢᠯᠲᠠ ᠲᠠᠢ ᠪᠠᠶᠢᠵᠤ᠂ ᠬᠠᠷᠢᠭᠤᠴᠠᠯᠭ᠎ᠠ ᠲᠠᠢ ᠳᠠᠪᠰᠢᠯᠲᠠ ᠲᠠᠢ ᠠᠵᠢᠯ ᠤᠨ ᠰᠤᠷᠳᠠᠯ᠂ ᠬᠠᠭᠤᠴᠢᠨ ᠢ ᠡᠪᠳᠡᠵᠦ

ᠰᠢᠨ᠎ᠡ ᠶᠢ ᠡᠭᠦᠳᠬᠦ ᠰᠥᠰᠥ ᠵᠣᠷᠢᠭ ᠢᠶᠠᠷ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃

ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ