| | ᠲᠠᠪᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠴᠢᠬᠤᠯᠠᠴᠢᠯᠠᠨ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ ᠰᠠᠶᠢᠵᠢᠷᠠᠭᠤᠯᠤᠨ᠎ᠠ | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡᠬᠦ ᠠᠷᠠᠳ ᠤᠨ ᠠᠮᠢᠳᠤᠷᠠᠯ ᠲᠠᠢ ᠬᠤᠯᠪᠣᠭᠳᠠᠬᠤ ᠲᠡᠷᠢᠭᠦᠨ ᠵᠡᠷᠭᠡ ᠶᠢᠨ ᠢᠨᠵᠧᠨᠧᠷᠢᠩ ᠢ | ᠬᠦᠴᠦᠲᠡᠢ ᠠᠳᠬᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠴᠦᠯᠡᠴᠡ ᠶᠢ ᠨᠡᠮᠡᠭᠳᠡᠭᠦᠯᠵᠦ᠂ ᠣᠨᠴᠠᠯᠢᠭᠲᠤ ᠠᠵᠤ ᠦᠢᠯᠡᠰ ᠢ ᠪᠣᠢ ᠪᠣᠯᠭᠠᠬᠤ᠂ | ᠣᠷᠣᠯᠭ᠎ᠠ ᠨᠡᠮᠡᠭᠳᠡᠭᠦᠯᠬᠦ ᠲᠥᠷᠥᠯ ᠵᠦᠢᠯ ᠢ ᠬᠢᠬᠦ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠴᠣᠭᠴᠠ ᠨᠤᠭᠤᠳ ᠣᠷᠣᠯᠴᠠᠬᠤ ᠶᠢ | ᠵᠦᠷᠢᠬᠵᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠶᠠᠳᠠᠭᠤ ᠬᠦᠴᠢᠷᠲᠡᠢ ᠡᠷᠦᠭᠡ ᠶᠢ ᠬᠠᠪᠰᠤᠷᠤᠨ ᠶᠠᠳᠠᠭᠤ ᠠᠴᠠ ᠨᠢ ᠠᠩᠭᠢᠵᠢᠷᠠᠭᠤᠯᠤᠨ᠎ᠠ᠃ ︽ | ᠠᠵᠤ ᠦᠢᠯᠡᠰ ᠤᠨ ᠬᠦᠷᠢᠶᠡᠯᠡᠩ + ᠲᠣᠬᠢᠷᠠᠮᠵᠢᠲᠠᠢ ᠣᠷᠣᠨ ᠳᠤ ᠨᠡᠭᠦᠯᠭᠡᠨ ᠶᠠᠳᠠᠭᠤ ᠶᠢ ᠲᠡᠳᠬᠦᠬᠦ︾ ᠬᠡᠯᠪᠡᠷᠢ ᠶᠢ ᠲᠦᠭᠡᠮᠡᠯᠵᠢᠭᠦᠯᠵᠦ᠂ ᠵᠢᠯ ᠤᠨ ᠳᠣᠲᠣᠷ᠎ᠠ | ᠳᠠᠩᠰᠠ ᠡᠪᠬᠡᠮᠡᠯ ᠪᠠᠶᠢᠭᠤᠯᠤᠭᠰᠠᠨ 1.3 ᠲᠦᠮᠡᠨ ᠶᠠᠳᠠᠭᠤ ᠬᠦᠴᠢᠷᠲᠡᠢ ᠬᠥᠮᠥᠨ ᠠᠮᠠ ᠶᠢ ᠨᠡᠭᠦᠯᠭᠡᠨ ᠰᠢᠯᠵᠢᠭᠦᠯᠬᠦ ᠡᠭᠦᠷᠭᠡ ᠶᠢ ᠪᠡᠶᠡᠯᠡᠭᠦᠯᠦᠨ᠎ᠡ᠃ ᠮᠥᠩᠭᠦᠨ | ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠶᠢ ᠶᠡᠬᠡᠪᠡᠷ ᠠᠬᠢᠭᠤᠯᠵᠤ᠂ ︽ᠲᠣᠯᠣᠭᠠᠶᠢᠯᠠᠭᠴᠢ ᠠᠵᠤ ᠠᠬᠤᠶᠢᠯᠠᠯ ᠳᠤ ᠲᠠᠯᠪᠢᠬᠤ ᠵᠢᠭᠡᠯᠡᠯᠭᠡ︾ ᠶᠢᠨ ᠬᠡᠪᠴᠢᠶ᠎ᠡ ᠶᠢ | ᠳᠠᠬᠢᠨ ᠢᠶᠠᠷ ᠨᠡᠮᠡᠭᠳᠡᠭᠦᠯᠵᠦ᠂ ᠶᠠᠳᠠᠭᠤ ᠶᠢ ᠲᠡᠳᠬᠦᠭᠦ ᠠᠵᠤ ᠦᠢᠯᠡᠰ ᠤᠨ ᠰᠠᠭᠤᠷᠢ ᠮᠥᠩᠭᠦ 50 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠤᠨ᠎ᠠ᠃ ᠠᠤᠬᠠᠨ | ᠬᠤᠰᠢᠭᠤᠨ ᠤ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠠᠷᠭ᠎ᠠ ᠶᠢ ᠳᠡᠯᠭᠡᠷᠡᠭᠦᠯᠵᠦ᠂ ᠶᠠᠳᠠᠭᠤ ᠬᠦᠴᠢᠷᠳᠡᠢ ᠬᠥᠮᠥᠰ ᠲᠤ ᠬᠦᠨᠳᠦ ᠡᠪᠡᠳᠴᠢᠨ ᠡᠮᠨᠡᠭᠦᠯᠬᠦ | ᠪᠠᠲᠤᠯᠠᠭ᠎ᠠ ᠶᠢᠨ ᠰᠠᠭᠤᠷᠢ ᠮᠥᠩᠭᠦ ᠭᠠᠷᠭᠠᠵᠤ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠪᠦᠬᠦ ᠨᠡᠶᠢᠭᠡᠮ ᠢᠶᠠᠷ ᠢᠶᠠᠨ ᠬᠠᠮᠵᠢᠯᠴᠠᠭᠰᠠᠨ ᠡᠷᠡᠭᠦᠯ ᠡᠩᠬᠡ ᠪᠠᠷ | ᠶᠠᠳᠠᠭᠤ ᠶᠢ ᠲᠡᠳᠬᠦᠬᠦ ᠠᠵᠢᠯ ᠤᠨ ᠲᠣᠭᠲᠠᠯᠴᠠᠭ᠎ᠠ ᠶᠢ ᠪᠣᠢ ᠪᠣᠯᠭᠠᠨ ᠶᠠᠳᠠᠭᠤ ᠬᠦᠴᠢᠷᠲᠡᠢ ᠬᠥᠮᠥᠰ ᠲᠤ ᠪᠣᠯᠵᠤᠭᠠᠲᠤ ᠦᠢᠯᠡᠴᠢᠯᠡᠭᠡᠨ ᠦᠵᠡᠭᠦᠯᠬᠦ ᠪᠣᠯᠤᠨ ᠦᠨ᠎ᠡ | ᠲᠥᠯᠥᠪᠦᠷᠢ ᠦᠭᠡᠢ ᠪᠠᠷ ᠡᠷᠡᠭᠦᠯ ᠴᠢᠬᠢᠷᠠᠭ ᠤᠨ ᠪᠠᠶᠢᠴᠠᠭᠠᠯᠲᠠ ᠬᠢᠬᠦ ᠶᠢ ᠨᠡᠶᠢᠳᠡᠮ ᠶᠠᠪᠤᠭᠤᠯᠤᠨ᠎ᠠ᠃ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ︽1+N︾ | ᠲᠥᠬᠦᠷ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠯᠤᠰ ᠤᠨ ᠳᠡᠰ ᠤᠨ ᠶᠠᠳᠠᠭᠤ ᠬᠤᠰᠢᠭᠤ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠬᠢᠭᠤᠯᠬᠤ ᠳᠤᠭᠤᠶᠢᠯᠠᠩ ᠲᠤᠮᠢᠯᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠤᠰᠢᠭᠤ ᠲᠣᠭᠤᠷᠢᠭ ᠲᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠭᠠᠷᠳᠠᠨ ᠵᠢᠯᠣᠭᠤᠳᠬᠤ ᠳᠤᠭᠤᠶᠢᠯᠠᠩ ᠲᠣᠮᠢᠯᠠᠨ᠂ ᠭᠠᠴᠠᠭ᠎ᠠ ᠲᠤᠰᠬᠤᠨ ᠳᠤ ᠰᠠᠭᠤᠨ ᠬᠠᠪᠰᠤᠷᠤᠨ ᠳᠡᠮᠵᠢᠬᠦ ᠠᠵᠢᠯ ᠢ | ᠴᠢᠩᠭᠠᠳᠬᠠᠵᠤ᠂ ᠶᠠᠳᠠᠭᠤ ᠬᠦᠴᠢᠷᠲᠡᠢ ᠭᠠᠴᠠᠭ᠎ᠠ ᠲᠣᠰᠬᠤᠨ ᠪᠣᠯᠭᠠᠨ ᠳᠤ ᠴᠥᠮ ᠠᠵᠢᠯᠯᠠᠬᠤ ᠠᠩᠭᠢ ᠲᠤᠮᠢᠯᠠᠵᠤ ᠰᠠᠭᠤᠯᠭᠠᠨ᠎ᠠ᠃ ᠪᠠᠶᠢᠴᠠᠭᠠᠨ ᠱᠠᠭᠠᠷᠳᠠᠬᠤ᠂ | ᠰᠢᠯᠭᠠᠨ ᠦᠨᠡᠯᠡᠬᠦ ᠠᠵᠢᠯ ᠢ ᠴᠢᠩᠭᠠᠳᠬᠠᠵᠤ᠂ ᠵᠢᠷᠤᠭ ᠳᠦᠯᠦᠪᠯᠡᠭᠡ ᠶᠤᠰᠤᠭᠠᠷ ᠳᠠᠶᠢᠯᠠᠯᠳᠤᠭᠠᠨ ᠬᠢᠵᠤ᠂ ᠬᠦᠳᠡᠯᠤᠩᠬᠦᠢ ᠬᠠᠷᠢᠶᠠᠷᠢᠯᠳᠠ ᠶᠠᠪᠤᠭᠤᠯᠤᠨ᠂ | ᠭᠤᠷᠪᠠᠳᠤᠭᠠᠷ ᠡᠲᠡᠭᠡᠳ ᠠᠴᠠ ᠮᠠᠭᠠᠳᠯᠠᠨ ᠦᠨᠡᠯᠡᠬᠦ ᠲᠣᠭᠲᠠᠴᠠ ᠶᠢ ᠣᠷᠣᠭᠤᠯᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠳᠠᠯᠠᠨ ᠨᠠᠶᠢᠳᠠᠪᠤᠷᠢᠵᠢᠭᠤᠯᠵᠤ | ᠂ ᠶᠠᠳᠠᠭᠤ ᠠᠴᠠ ᠨᠢ ᠣᠨᠣᠪᠴᠢᠲᠠᠢ ᠠᠩᠭᠢᠵᠢᠷᠠᠭᠤᠯᠬᠤ ᠪᠡᠶᠡᠯᠡᠯᠲᠡ ᠶᠢ ᠲᠦᠷᠭᠡᠳᠬᠡᠨ᠎ᠡ᠃ ᠡᠨᠡ ᠵᠢᠯ ᠳᠤ ᠶᠠᠳᠠᠭᠤ ᠬᠦᠴᠢᠷᠲᠡᠢ 5.8 ᠲᠦᠮᠡᠨ ᠬᠥᠮᠥᠨ ᠢ | ᠶᠠᠳᠠᠭᠤ ᠠᠴᠠ ᠨᠢ ᠠᠩᠭᠢᠵᠢᠷᠠᠭᠤᠯᠬᠤ ᠡᠭᠦᠷᠭᠡ ᠪᠠᠨ ᠪᠠᠲᠤᠲᠠᠢ ᠳᠠᠪᠠᠭᠤᠯᠤᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠰᠢᠶᠠᠨ ᠪᠣᠯᠬᠤ | ᠰᠦᠩᠱᠠᠨ ᠲᠣᠭᠤᠷᠢᠭ᠂ ᠬᠡᠰᠢᠭᠲᠡᠨ ᠬᠤᠰᠢᠭᠤ ᠶᠠᠳᠠᠭᠤ ᠬᠦᠴᠢᠷᠲᠡᠢ ᠮᠠᠯᠠᠭᠠᠢ ᠪᠠᠨ ᠬᠠᠶᠠᠬᠤ ᠶᠢ ᠪᠡᠶᠡᠯᠡᠭᠦᠯᠦᠨ᠎ᠡ᠃ | ᠠᠵᠢᠯ ᠣᠯᠭᠤᠬᠤ ᠠᠳᠠᠯ ᠦᠢᠯᠡᠰ ᠪᠣᠰᠬᠠᠬᠤ ᠢᠨᠵᠧᠨᠧᠷᠢᠩ ᠢ ᠠᠬᠢᠭᠤᠯᠤᠨ᠎ᠠ᠃ ︽ᠤᠯᠠᠭᠠᠨᠬᠠᠳᠠ ᠶᠢᠨ ᠠᠨᠺᠣᠸᠠᠢ ᠦᠢᠯᠡᠰ ᠪᠦᠲᠦᠭᠡᠬᠦ ᠬᠦᠷᠢᠶᠡᠯᠡᠩ ︾ ᠤᠨ | ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ ᠬᠤᠰᠢᠭᠤ ᠰᠢᠶᠠᠨ ᠲᠣᠭᠤᠷᠢᠭ ᠨᠡᠶᠢᠳᠡᠮ ᠳᠤ ᠪᠠᠨ ᠤᠯᠠᠨ ᠢᠶᠠᠷ ᠢᠶᠠᠨ ᠦᠢᠯᠡᠰ ᠪᠣᠰᠬᠠᠬᠤ ᠣᠷᠣᠨ ᠵᠠᠢ ᠪᠣᠢ | ᠪᠣᠯᠭᠠᠬᠤ ᠶᠢ ᠳᠠᠶᠢᠴᠢᠯᠠᠵᠤ᠂ ᠦᠢᠯᠡᠰ ᠪᠦᠲᠦᠭᠡᠬᠦ ᠪᠠᠷ ᠠᠵᠢᠯ ᠣᠯᠭᠤᠯᠲᠠ ᠶᠢ ᠳᠠᠶᠢᠴᠢᠯᠠᠨ᠎ᠠ᠃ ᠬᠤᠲᠠ ᠬᠥᠳᠡᠭᠡ ᠠᠳᠠᠯᠢ ᠪᠠᠶᠢᠳᠠᠭ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ | ᠣᠯᠭᠤᠬᠤ ᠠᠵᠢᠯ ᠢ ᠨᠢᠭᠡᠳᠦᠯᠳᠡᠢ ᠪᠣᠳᠣᠯᠬᠢᠯᠠᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠮᠢᠶᠠᠷᠤᠯᠲᠠ ᠪᠣᠯᠤᠨ ᠨᠡᠶᠢᠭᠡᠮ ᠤᠨ ᠦᠢᠯᠡᠴᠢᠯᠡᠭᠡᠨ ᠤ | ᠠᠵᠢᠯ ᠤᠨ ᠪᠠᠶᠢᠷᠢ ᠶᠢ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠠᠵᠢᠯ ᠤᠨ ᠡᠷᠴᠢᠮ ᠢᠶᠠᠨ ᠴᠢᠩᠭᠠᠳᠬᠠᠵᠤ᠂ ᠵᠢᠯ ᠤᠨ ᠳᠣᠲᠣᠷ᠎ᠠ ᠠᠮᠢᠳᠤᠷᠠᠯ ᠨᠢ ᠬᠦᠴᠢᠷᠲᠡᠢ | 4000 ᠬᠥᠮᠥᠨ ᠳᠤ ᠠᠵᠢᠯ ᠣᠯᠭᠤᠨ ᠲᠥᠪᠬᠢᠨᠡᠭᠦᠯᠵᠦ᠂ ᠬᠤᠲᠠ ᠪᠠᠯᠭᠠᠰᠤᠨ ᠤ ᠠᠵᠢᠯ ᠣᠯᠭᠤᠯᠲᠠ ᠶᠢ 3.15 ᠲᠦᠮᠡᠨ ᠬᠥᠮᠥᠨ ᠨᠡᠮᠡᠭᠳᠡᠭᠦᠯᠦᠨ᠂ ᠲᠠᠷᠢᠶᠠᠴᠢᠨ | ᠮᠠᠯᠴᠢᠨ ᠢ ᠣᠨᠳᠣᠣ ᠤᠷᠤᠨ ᠳᠤ ᠠᠵᠢᠯ ᠣᠯᠭᠤᠬᠤ ᠶᠢ 68 ᠲᠦᠮᠡᠨ ᠬᠥᠮᠥᠨ ᠤ ᠳᠣᠲᠣᠷ᠎ᠠ ᠲᠣᠭᠲᠠᠪᠤᠷᠢᠵᠢᠭᠤᠯᠤᠨ ᠬᠤᠲᠠ ᠪᠠᠯᠭᠠᠰᠤᠨ ᠤ ᠳᠣᠲᠣᠷ᠎ᠠ ᠠᠵᠢᠯ ᠲᠠᠢ | ᠬᠦᠮᠦᠨ ᠦᠭᠡᠢ ᠭᠡᠷ ᠪᠦᠯᠢ ᠶᠢ ᠦᠷᠭᠦᠯᠵᠢ ᠶᠢᠨ ᠴᠢᠨᠠᠷᠲᠠᠢ ᠪᠦᠷᠢᠳᠬᠡᠨ ᠠᠵᠢᠯ ᠣᠯᠭᠤᠨ᠎ᠠ᠃ ᠠᠵᠢᠯ ᠣᠯᠭᠤᠬᠤ ᠪᠣᠯᠪᠠᠰᠤᠷᠠᠭᠤᠯᠤᠯ ᠤᠨ ᠥᠭᠡᠷᠡᠴᠢᠯᠡᠯᠲᠡ ᠶᠢ | ᠠᠬᠢᠭᠤᠯᠤᠨ᠂ ᠲᠠᠷᠢᠶᠠᠴᠢᠳ ᠮᠠᠯᠴᠢᠳ ᠤᠨ ᠪᠣᠯᠪᠠᠰᠤᠷᠠᠭᠤᠯᠤᠯ ᠤᠨ ᠬᠦᠴᠦᠯᠡᠴᠡ ᠶᠢ ᠠᠬᠢᠭᠤᠯᠤᠨ᠂ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ 3. | 5 ᠲᠦᠮᠡᠨ ᠬᠥᠮᠥᠨ ᠤᠳᠠᠭ᠎ᠠ ᠠᠴᠠ ᠳᠡᠭᠡᠭᠰᠢ ᠳᠤ ᠬᠦᠷᠦᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠨ ᠨᠡᠶᠢᠭᠡᠮ ᠤᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠶᠠᠪᠤᠭᠤᠯᠤᠨ᠎ᠠ᠂ ᠬᠠᠷᠠᠭᠠᠯᠵᠠᠯ ᠦᠵᠡᠭᠦᠯᠬᠦ ᠬᠥᠮᠥᠰ ᠤᠨ ᠲᠡᠳᠬᠦᠮᠵᠢ ᠶᠢᠨ ᠮᠥᠩᠭᠦ ᠬᠢᠭᠡᠳ ᠨᠠᠭᠠᠲᠤ ᠵᠠᠬ᠎ᠠ ᠶᠢᠨ ᠨᠥᠬᠦᠪᠦᠷᠢ ᠮᠥᠩᠭᠦᠨ ᠤ | ᠪᠠᠷᠢᠮᠵᠢᠶ᠎ᠠ ᠶᠢ ᠳᠡᠭᠡᠭᠰᠢᠯᠡᠭᠦᠯᠦᠨ᠂ ᠨᠡᠶᠢᠭᠡᠮ ᠤᠨ ᠪᠠᠲᠤᠯᠠᠭ᠎ᠠ ᠶᠢ ᠳᠦᠷᠢᠮ ᠲᠣᠭᠲᠠᠭᠠᠯ ᠢᠶᠠᠷ ᠪᠦᠭᠦᠨ ᠢ ᠪᠦᠷᠬᠦᠭᠦᠯᠵᠦ ᠪᠠᠶᠢᠭᠰᠠᠨ ᠠᠴᠠ ᠬᠥᠮᠥᠨ ᠪᠦᠬᠦᠨ ᠢ | ᠪᠦᠷᠬᠦᠭᠦᠯᠬᠦ ᠪᠣᠯᠭᠠᠨ᠎ᠠ᠃ ᠨᠡᠶᠢᠭᠡᠮ ᠤᠨ ᠨᠢᠭᠦᠯᠡᠰᠦᠩᠭᠦᠢ᠂ ᠨᠡᠶᠢᠭᠡᠮ ᠤᠨ ᠬᠠᠨᠳᠢᠪᠯᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠵᠡᠷᠭᠡ ᠦᠢᠯᠡᠰ ᠤᠨ ᠬᠥᠭᠵᠢᠯᠲᠡ ᠶᠢ | ᠳᠡᠮᠵᠢᠨ᠂ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠣᠯᠲᠠ ᠶᠢ ᠲᠡᠭᠦᠯᠳᠡᠷᠵᠢᠭᠦᠯᠦᠨ᠂ ᠨᠤᠲᠤᠭ ᠲᠤ ᠪᠠᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ᠂ | ᠵᠡᠮᠳᠡᠭᠴᠦᠳ᠂ ᠲᠡᠨᠦᠭᠦᠯ ᠭᠤᠶᠤᠯᠭᠠᠴᠢᠨ ᠵᠡᠷᠭᠡ ᠪᠠᠭᠤᠷᠠᠶᠢᠴᠤᠳ ᠢ ᠬᠠᠯᠠᠮᠵᠢᠯᠠᠨ ᠪᠠᠲᠤᠯᠠᠭ᠎ᠠ ᠦᠵᠡᠭᠦᠯᠬᠦ ᠠᠵᠢᠯ ᠢ ᠰᠠᠶᠢᠲᠤᠷ ᠬᠢᠵᠦ᠂ ᠬᠦᠴᠢᠷᠲᠡᠢ ᠬᠥᠮᠥᠰ ᠤᠨ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷᠵᠢᠯ ᠢ ᠪᠠᠲᠤ ᠪᠠᠬᠢ ᠪᠣᠢ ᠪᠣᠯᠭᠠᠨ᠎ᠠ᠃ | ᠡᠯ᠎ᠡ ᠲᠥᠷᠥᠯ ᠤᠨ ᠰᠤᠷᠭᠠᠨ ᠬᠥᠮᠥᠵᠢᠯ ᠤᠨ ᠨᠢᠭᠡᠳᠦᠯᠲᠠᠢ ᠬᠦᠭᠵᠢᠭᠦᠯᠬᠦ ᠶᠢ ᠠᠬᠢᠭᠤᠯᠤᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ | ᠪᠠᠶᠢᠭᠤᠯᠤᠯᠲᠠ ᠶᠢ ᠲᠦᠷᠭᠡᠳᠬᠡᠵᠦ᠂ ᠲᠦᠭᠡᠮᠡᠯ ᠬᠦᠷᠲᠡᠭᠡᠮᠵᠢ ᠶᠢᠨ ᠴᠢᠨᠠᠷᠲᠠᠢ ᠬᠡᠦᠬᠡᠳ ᠤᠨ ᠴᠡᠴᠡᠷᠯᠢᠭ ᠢ ᠶᠡᠭᠡ ᠪᠠᠷ ᠬᠥᠭᠵᠢᠭᠦᠯᠵᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ | ᠬᠥᠭᠵᠢᠭᠦᠯᠬᠦ ᠶᠢ ᠠᠬᠢᠭᠤᠯᠤᠨ᠂ 5 ᠬᠤᠰᠢᠭᠤ ᠰᠢᠶᠠᠨ ᠲᠣᠭᠤᠷᠢᠭ ᠢ ᠤᠯᠤᠰ ᠤᠨ ᠰᠢᠯᠭᠠᠨ ᠪᠠᠶᠢᠴᠠᠭᠠᠯᠲᠠ ᠳᠤ ᠨᠣᠲᠠᠯᠠᠭᠳᠠᠬᠤ ᠪᠠᠷ ᠴᠢᠷᠮᠠᠶᠢᠨ᠎ᠠ᠃ ᠡᠩ ᠤᠨ | ᠳᠡᠭᠡᠳᠦ ᠲᠤᠮᠳᠠᠳᠤ ᠰᠤᠷᠭᠠᠭᠤᠯᠢ ᠨᠢ ᠰᠢᠯᠢᠳᠡᠭ ᠪᠥᠭᠡᠳ ᠣᠨᠴᠠᠯᠢᠭ ᠲᠠᠢ ᠣᠯᠠᠨ ᠶᠠᠩᠵᠤ ᠶᠢᠨ ᠵᠢᠭᠠᠨ ᠰᠤᠷᠭᠠᠯᠲᠠ ᠲᠠᠢ ᠪᠠᠶᠢᠬᠤ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠪᠦᠬᠦ ᠬᠤᠲᠠ ᠶᠢᠨ ᠰᠠᠭᠤᠷᠢ ᠰᠤᠷᠭᠠᠨ ᠬᠥᠮᠥᠵᠢᠯ ᠠᠬᠢᠯᠲᠠ ᠳᠡᠭᠡᠭᠰᠢᠯᠡᠯᠲᠡ ᠲᠠᠢ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ | ᠮᠡᠷᠭᠡᠵᠢᠯ ᠤᠨ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠤᠯᠠᠭᠠᠨᠬᠠᠳᠠ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠳᠣᠬᠢᠴᠢᠯᠠᠭᠰᠠᠨ | ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠪᠠᠶᠢᠭᠤᠯᠤᠨ᠎ᠠ᠃ ᠤᠯᠠᠭᠠᠨᠬᠠᠳᠠ ᠳᠡᠭᠡᠲᠦ ᠰᠤᠷᠭᠠᠭᠤᠯᠢ ᠶᠢᠨ | ᠬᠡᠷᠡᠭᠯᠡᠭᠡᠨ ᠤ ᠬᠡᠯᠪᠡᠷᠢᠲᠦ ᠵᠢᠩᠬᠢᠨᠢ ᠠᠩᠭᠢ ᠶᠢᠨ ᠬᠥᠭᠵᠢᠯᠲᠡ ᠶᠢ ᠠᠬᠢᠭᠤᠯᠵᠤ᠂ ᠤᠷᠤᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭᠠᠲᠠᠢ ᠬᠥᠭᠵᠢᠭᠦᠯᠵᠦ᠂ ᠦᠨᠳᠦᠰᠦᠲᠡᠨ ᠤ | ᠰᠤᠷᠭᠠᠭᠤᠯᠢ ᠶᠢ ᠪᠠᠷᠢᠮᠵᠢᠶᠠᠵᠢᠭᠤᠯᠬᠤ ᠢᠨᠵᠧᠨᠧᠷᠢᠩ ᠢ ᠪᠦᠬᠦ ᠬᠦᠴᠦ ᠪᠠᠷ ᠢᠶᠠᠨ ᠰᠠᠶᠢᠲᠤᠷ ᠬᠢᠨ᠎ᠡ᠃ ᠪᠠᠭᠰᠢᠨᠠᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ | ᠂ ︽ᠰᠢᠯᠭᠠᠷᠠᠭᠰᠠᠨ ᠰᠤᠷᠭᠠᠭᠤᠯᠢ ᠶᠢᠨ ᠳᠠᠷᠤᠭ᠎ᠠ᠂ ᠨᠡᠷᠡᠲᠦ ᠰᠤᠷᠭᠠᠭᠤᠯᠢ︾ ᠪᠣᠯᠬᠤ ᠠᠵᠢᠯᠯᠠᠭᠠᠨ ᠢ ᠥᠷᠨᠢᠭᠦᠯᠵᠦ ᠬᠤᠲᠠ ᠭᠦᠳᠡᠭᠡ ᠶᠢᠨ ᠰᠤᠷᠭᠠᠭᠤᠯᠢ ᠶᠢᠨ | ᠳᠠᠷᠤᠭ᠎ᠠ ᠪᠠ ᠪᠠᠭᠰᠢ ᠨᠠᠷ ᠢ ᠠᠵᠢᠯ ᠤᠨ ᠪᠠᠶᠢᠷᠢ ᠰᠢᠯᠵᠢᠭᠦᠯᠦᠨ ᠰᠣᠯᠢᠵᠤ᠂ ᠰᠤᠷᠭᠠᠨ ᠬᠥᠮᠥᠵᠢᠯ ᠤᠨ ᠡᠭᠦᠯᠡᠨ ᠪᠣᠳᠣᠯᠲᠠ ᠶᠢᠨ ᠲᠠᠪᠴᠠᠩ ᠪᠠᠶᠢᠭᠤᠯᠤᠨ ᠰᠤᠷᠭᠠᠨ | ᠬᠥᠮᠥᠵᠢᠯ ᠤᠨ ᠦᠢᠯᠡᠰ ᠤᠨ ᠬᠥᠭᠵᠢᠯᠲᠡ ᠶᠢᠨ ᠪᠠᠲᠤᠯᠠᠭ᠎ᠠ ᠶᠢ ᠨᠡᠮᠡᠭᠳᠡᠭᠦᠯᠦᠨ᠎ᠡ᠃ | ᠡᠷᠡᠭᠦᠯ ᠡᠩᠬᠡ ᠤᠯᠠᠭᠠᠨᠬᠠᠳᠠ ᠶᠢᠨ ᠪᠠᠶᠢᠭᠤᠯᠤᠯᠲᠠ ᠶᠢ ᠳᠦᠷᠬᠡᠳᠬᠡᠨ᠎ᠠ᠃ ᠬᠦᠨᠳᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ | ᠬᠤᠲᠠ ᠶᠢᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠳᠤ ᠶᠡᠷᠦᠩᠬᠡᠶᠢᠯᠡᠭᠰᠡᠨ ᠥᠭᠡᠷᠡᠴᠢᠯᠡᠯᠲᠡ ᠬᠢᠵᠤ ᠳᠡᠰ ᠬᠤᠪᠢᠶᠠᠨ ᠪᠠᠶᠢᠴᠠᠭᠠᠨ ᠡᠮᠨᠡᠬᠦ ᠳᠦᠷᠢᠮ ᠢ | ᠪᠦᠬᠦ ᠲᠠᠯ᠎ᠠ ᠪᠠᠷ ᠶᠠᠪᠤᠭᠤᠯᠤᠨ᠎ᠠ᠃ ᠤᠯᠤᠰ ᠤᠨ ᠡᠮ ᠤᠨ ᠪᠦᠯᠦᠭᠯᠡᠯ᠂ ᠶᠠᠩ ᠭᠤᠸᠠᠩ ᠳᠠᠭᠠᠳᠬᠠᠯ ᠵᠡᠷᠭᠡ ᠪᠣᠳᠠᠲᠤ ᠬᠦᠴᠦᠨ ᠲᠠᠢ ᠠᠵᠤ ᠠᠬᠤᠶᠢᠯᠠᠯ ᠯᠤᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠨ᠂ ᠣᠯᠠᠨ ᠠᠷᠭ᠎ᠠ ᠵᠠᠮ ᠢᠶᠠᠷ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠵᠤ᠂ ᠬᠤᠲᠠ ᠶᠢᠨ ᠡᠮᠨᠡᠯᠭᠡ ᠶᠢᠨ | ᠬᠤᠷᠢᠶ᠎ᠠ ᠶᠢ ᠥᠷᠭᠡᠳᠬᠡᠨ ᠪᠠᠶᠢᠭᠤᠯᠬᠤ ᠪᠠᠷᠢᠯᠭ᠎ᠠ ᠶᠢ ᠨᠠᠶᠢᠳᠠᠪᠦᠷᠢᠵᠢᠭᠤᠯᠵᠤ ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠠᠯᠳᠠᠪᠦᠷᠢᠲᠦ | ᠡᠪᠡᠳᠴᠢᠨ ᠤ ᠡᠮᠨᠡᠯᠭᠡ ᠶᠢᠨ ᠬᠤᠷᠢᠶ᠎ᠠ᠂ ᠴᠢᠰᠤᠨ ᠤ ᠲᠥᠪ ᠥᠷᠲᠡᠭᠡ ᠶᠢ ᠰᠢᠨ᠎ᠡ ᠪᠠᠷ ᠪᠠᠶᠢᠭᠤᠯᠵᠤ᠂ ᠡᠮᠡᠭᠲᠡᠶᠢᠴᠤᠳ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ | ᠪᠠᠶᠢᠭᠤᠯᠤᠯᠲᠠ ᠶᠢ ᠳᠠᠬᠢᠨ ᠵᠣᠬᠢᠶᠠᠨ ᠪᠠᠶᠢᠭᠤᠯᠬᠤ ᠶᠢ ᠲᠥᠷᠭᠡᠳᠬᠡᠵᠦ᠂ ᠵᠠᠬ᠎ᠠ ᠳᠡᠯᠭᠡᠭᠦᠷᠵᠢᠭᠦᠯᠬᠦ ᠠᠷᠭ᠎ᠠ ᠪᠠᠷᠢᠯ ᠢᠶᠠᠷ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ ᠪᠣᠯᠣᠨ | ᠴᠢᠰᠤ ᠴᠡᠪᠡᠷᠵᠢᠭᠦᠯᠬᠦ᠂ ᠠᠷᠢᠭᠤᠳᠬᠠᠬᠤ᠂ ᠳᠦᠷᠰᠦ ᠵᠢᠷᠤᠭ᠂ ᠡᠮ ᠡᠮᠨᠡᠯᠭᠡ ᠶᠢᠨ ᠪᠠᠭᠠᠵᠢ ᠬᠡᠷᠡᠭᠰᠡᠯ ᠰᠡᠯᠪᠢᠨ ᠵᠠᠰᠠᠬᠤ᠂ ᠡᠮᠴᠢᠯᠡᠭᠡᠨ ᠤ ᠪᠠᠶᠢᠴᠠᠭᠠᠯᠲᠠ ᠬᠢᠬᠦ ᠲᠠᠪᠤᠨ | ᠲᠥᠪ ᠢ ᠡᠬᠢᠯᠡᠨ ᠪᠠᠶᠢᠭᠤᠯᠵᠤ᠂ ᠬᠤᠲᠠ ᠶᠢᠨ ᠱᠠᠲᠤᠨ ᠤ ᠡᠮ ᠡᠮᠨᠡᠯᠭᠡ ᠶᠢᠨ ᠬᠠᠩᠭᠠᠯᠭ᠎ᠠ ᠶᠢ ᠴᠢᠨᠠᠭᠰᠢᠲᠠ ᠡᠯᠪᠡᠭᠵᠢᠭᠦᠯᠦᠨ ᠲᠡᠭᠦᠯᠳᠡᠷᠵᠢᠭᠦᠯᠦᠨ᠎ᠡ᠃ ᠬᠤᠶᠠᠷ | ᠬᠡᠦᠬᠡᠳ ᠠᠪᠬᠤ ᠪᠣᠯᠤᠨ ᠴᠢᠨᠠᠷᠯᠢᠭ ᠲᠦᠷᠦᠵᠦ ᠴᠢᠬᠢᠷᠠᠭ ᠪᠤᠶᠢᠵᠢᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠶᠠᠪᠤᠭᠤᠯᠤᠨ᠎ᠠ᠃ ᠪᠦᠬᠦ ᠠᠷᠠᠳ ᠤᠨ ᠪᠡᠶ᠎ᠡ | ᠮᠠᠬᠠᠪᠤᠳ ᠢ ᠴᠢᠬᠢᠷᠠᠭᠵᠢᠭᠤᠯᠬᠤ ᠪᠠᠶᠠᠯᠢᠭ ᠤᠯᠠᠨ ᠠᠵᠢᠯᠯᠠᠭᠠᠨ ᠢ ᠥᠷᠨᠢᠭᠦᠯᠵᠦ᠂ ᠰᠢᠶᠠᠨ ᠪᠣᠯᠭᠠᠨ ᠳᠤ ᠪᠦᠬᠦ ᠠᠷᠠᠳ ᠤᠨ ᠪᠡᠶ᠎ᠡ ᠮᠠᠬᠠᠪᠤᠳ ᠴᠢᠬᠢᠷᠠᠭᠵᠢᠭᠤᠯᠬᠤ | ᠠᠵᠢᠯᠯᠠᠭᠠᠨ ᠤ ᠲᠥᠪ ᠲᠠᠢ ᠪᠣᠯᠭᠠᠨ᠎ᠠ᠃ ᠨᠠᠰᠤᠲᠠᠳ ᠢ ᠠᠰᠠᠷᠠᠬᠤ ᠦᠢᠯᠡᠰ ᠤᠨ ᠬᠥᠭᠵᠢᠯᠲᠡ ᠶᠢ ᠲᠥᠷᠭᠡᠳᠬᠡᠵᠦ ᠡᠮ ᠡᠮᠨᠡᠯᠭᠡ ᠠᠰᠠᠷᠠᠨ ᠲᠡᠵᠢᠭᠡᠬᠦ ᠤᠶᠠᠯᠳᠤᠭᠰᠠᠨ | ᠬᠡᠯᠪᠡᠷᠢ ᠶᠢ ᠲᠦᠭᠡᠮᠡᠯᠵᠢᠭᠦᠯᠵᠦ᠂ ᠥᠪᠡᠷ ᠤᠨ ᠭᠡᠷ ᠢᠶᠠᠷ ᠨᠢ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠲᠣᠰᠬᠠᠢ | ᠪᠠᠶᠢᠭᠤᠯᠤᠮᠵᠢ ᠪᠠᠷ ᠭᠤᠣᠯ ᠪᠣᠯᠭᠠᠭᠰᠠᠨ ᠨᠠᠰᠤᠲᠠᠳ ᠢ ᠠᠰᠠᠷᠠᠨ ᠲᠡᠵᠢᠭᠡᠬᠦ ᠦᠢᠯᠡᠴᠢᠯᠡᠭᠡᠨ ᠤ ᠰᠢᠰᠲ᠋ᠧᠮ ᠤᠨ ᠪᠤᠢ ᠪᠤᠯᠬᠤ ᠶᠢ ᠠᠬᠢᠭᠤᠯᠤᠨ᠎ᠠ᠃ | ᠲᠦᠯᠦᠭᠡᠯᠡᠭᠴᠢᠳ ᠡ᠂ ᠥᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢᠨ ᠠᠤᠭ᠎ᠠ ᠶᠡᠭᠡ ᠠᠮᠵᠢᠯᠲᠠ ᠶᠢ | ᠬᠠᠷᠠᠭᠤᠯᠬᠤ ᠶᠢᠨ ᠲᠥᠯᠥᠭᠡ᠂ ᠨᠡᠶᠢᠭᠡᠮ ᠨᠡᠶᠢᠲᠡ ᠪᠠᠷ ᠢᠶᠠᠨ ᠠᠩᠬᠠᠷᠤᠯ ᠲᠠᠯᠪᠢᠵᠤ ᠪᠠᠶᠢᠭ᠎ᠠ ᠪᠦᠭᠡᠳ ᠤᠯᠠᠨ ᠲᠦᠮᠡᠨ ᠰᠠᠨᠠᠭᠠᠰᠢᠷᠠᠵᠤ ᠪᠠᠶᠢᠭ᠎ᠠ ᠲᠥᠪᠯᠡᠷᠡᠯ | ᠠᠰᠠᠭᠤᠳᠠᠯ ᠢ ᠰᠢᠢᠳᠪᠦᠷᠢᠯᠡᠬᠦ ᠳᠤ ᠬᠠᠷᠢᠭᠤ ᠲᠤᠰᠬᠠᠯ ᠪᠣᠯᠭᠠᠬᠤ ᠶᠢᠨ ᠲᠤᠰᠠᠳᠠ᠂ ᠪᠢᠳᠡ ᠬᠤᠳᠠ ᠶᠢᠨ ᠱᠠᠳᠤᠨ ᠠᠴᠠ ᠡᠯ᠎ᠡ ᠲᠦᠷᠦᠯ ᠤᠨ ᠠᠷᠠᠳ ᠤᠨ | ᠠᠮᠢᠳᠤᠷᠠᠯ ᠤᠨ ᠲᠦᠷᠦᠯ ᠵᠦᠢᠯ ᠢ ᠡᠮᠬᠢᠯᠡᠨ ᠨᠢᠭᠡᠳᠦᠯᠵᠢᠭᠦᠯᠵᠦ᠂ ᠪᠡᠯᠡ ᠣᠷᠤᠭᠤᠯᠤᠯᠲᠠ ᠨᠢ 200 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠥᠪᠡᠷᠲᠡᠭᠡᠨ | ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠷᠠᠳ ᠤᠨ ᠠᠮᠢᠳᠤᠷᠠᠯ ᠤᠨ ᠠᠷᠪᠠᠨ ᠶᠡᠭᠡ ᠢᠨᠵᠧᠨᠧᠷᠢᠩ ᠢ ᠰᠢᠰᠲ᠋ᠧᠮᠴᠢᠯᠡᠨ ᠳᠤᠷᠠᠳᠴᠤ᠂ | ᠪᠡᠯᠡᠭᠯᠡᠬᠦ ᠢᠨᠵᠧᠨᠧᠷᠢᠩ ᠢ ᠬᠡᠷᠡᠭᠵᠢᠬᠦᠯᠬᠦ ᠪᠠᠷ ᠳᠠᠮᠵᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠤᠨ | ᠢᠨᠵᠧᠨᠧᠷᠢᠩ ᠤᠨ ᠦᠰᠦᠷᠦᠩᠭᠦᠢ ᠳᠠᠪᠰᠢᠬᠤ ᠶᠢ ᠲᠥᠪᠯᠡᠷᠡᠭᠦᠯᠦᠨ ᠠᠬᠢᠭᠤᠯᠤᠨ᠎ᠠ᠃ ᠡᠭᠦᠨ ᠳᠤ᠄ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠵᠢᠭᠠᠨ ᠰᠤᠷᠭᠠᠯᠲᠠ ᠶᠢᠨ ᠨᠦᠭᠦᠴᠡᠯ ᠢ ᠳᠡᠭᠡᠭᠰᠢᠯᠡᠭᠦᠯᠬᠦ ᠢᠨᠵᠧᠨᠧᠷᠢᠩ᠂ ᠭᠠᠴᠠᠭ᠎ᠠ ᠲᠤᠰᠬᠤᠨ ᠳᠤ ᠲᠧᠯᠸᠢᠰ ᠰᠦᠯᠵᠢᠶ᠎ᠡ ᠨᠡᠪᠲᠡᠷᠡᠬᠦ ᠢᠨᠵᠧᠨᠧᠷᠢᠩ᠂ ᠵᠠᠰᠠᠭ | ᠵᠠᠬᠢᠷᠭᠠᠨ ᠤ ᠭᠠᠴᠠᠭ᠎ᠠ ᠲᠤᠰᠬᠤᠨ ᠳᠤ ᠴᠠᠷᠳᠠᠮᠠᠯ ᠵᠠᠮ ᠪᠦᠬᠦ ᠲᠠᠯ᠎ᠠ ᠪᠠᠷ ᠨᠡᠪᠲᠡᠷᠡᠭᠦᠯᠬᠦ ᠢᠨᠵᠧᠨᠧᠷᠢᠩ᠂ ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠠ ᠳᠠᠮᠵᠢᠭᠤᠯᠬᠤ | ᠬᠤᠭᠤᠯᠠᠢ ᠶᠢᠨ ᠢᠨᠵᠧᠨᠧᠷᠢᠩ᠂ ᠬᠤᠲᠠ ᠶᠢᠨ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠰᠢᠯ ᠳᠤ ᠲᠣᠬᠢᠷᠠᠭᠤᠯᠤᠯᠲᠠ ᠬᠢᠵᠦ ᠥᠭᠡᠷᠡᠴᠢᠯᠡᠵᠦ | ᠳᠡᠭᠡᠭᠰᠢᠯᠡᠭᠦᠯᠬᠦ ᠢᠨᠵᠧᠨᠧᠷᠢᠩ᠂ ᠬᠤᠲᠠ ᠶᠢᠨ ᠳᠡᠰ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠵᠦᠢᠯᠡᠰ ᠢ ᠨᠦᠬᠦᠪᠦᠷᠢᠯᠡᠬᠦ | ᠢᠨᠵᠧᠨᠧᠷᠢᠩ᠂ ᠭᠤᠣᠯ ᠬᠤᠲᠠ ᠲᠣᠭᠤᠷᠢᠭ ᠤᠨ ᠬᠤᠲᠠ ᠶᠢᠨ ᠶᠠᠪᠣᠳᠠᠯ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠵᠦᠢᠯᠡᠰ ᠢ ᠨᠥᠬᠦᠪᠦᠷᠢᠯᠡᠬᠦ ᠢᠨᠵᠧᠨᠧᠷᠢᠩ᠂ | ᠭᠤᠣᠯ ᠬᠤᠲᠠ ᠲᠣᠭᠤᠷᠢᠭ ᠤᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠰ ᠳᠡᠪᠰᠢᠭᠦᠯᠦᠨ ᠰᠠᠶᠢᠵᠢᠷᠠᠭᠤᠯᠬᠤ ᠢᠨᠵᠧᠨᠧᠷᠢᠩ᠂ ᠭᠤᠣᠯ ᠬᠤᠲᠠ | ᠲᠣᠭᠤᠷᠢᠭ ᠤᠨ ᠢᠳᠡᠬᠦ ᠤᠰᠤᠨ ᠤ ᠠᠮᠤᠷ ᠲᠦᠪᠰᠢᠨ ᠢ ᠪᠠᠲᠤᠯᠠᠬᠤ ᠢᠨᠵᠧᠨᠧᠷᠢᠩ᠂ ᠤᠯᠠᠨ ᠨᠡᠶᠢᠲᠡ ᠶᠢᠨ ᠰᠣᠶᠣᠯ ᠭᠡᠭᠡᠷᠡᠯ ᠤᠨ ᠭᠤᠣᠯᠳᠠᠯᠭ᠎ᠠ ᠲᠠᠢ | ᠪᠠᠶᠢᠭᠤᠯᠤᠯᠲᠠ ᠶᠢᠨ ᠢᠨᠵᠧᠨᠧᠷᠢᠩ ᠪᠠᠭᠲᠠᠨ᠎ᠠ᠂ ᠳᠡᠭᠡᠷ᠎ᠡ ᠬᠠᠭᠠᠰ ᠵᠢᠯ ᠳᠤ 26 ᠪᠣᠳᠠᠳᠠᠢ ᠲᠥᠷᠥᠯ ᠵᠦᠢᠯ ᠢ ᠦᠨᠡᠨᠬᠦ ᠪᠠᠲᠤᠯᠠᠵᠤ ᠡᠨᠡ ᠵᠢᠯ ᠳᠤ ᠣᠯᠠᠩᠬᠢ | ᠢᠨᠵᠧᠨᠧᠷᠢᠩ ᠤᠨ ᠪᠠᠶᠢᠭᠤᠯᠤᠯᠲᠠ ᠶᠢ ᠦᠨᠳᠦᠰᠦᠨ ᠳ᠋ᠦᠨᠢ ᠪᠡᠶᠡᠯᠡᠭᠦᠯᠦᠨ᠎ᠡ᠃ | ᠵᠢᠷᠭᠤᠭ᠎ᠠ᠂ ᠬᠥᠭᠵᠢᠯᠲᠡ ᠶᠢᠨ ᠪᠠᠲᠤᠯᠠᠭ᠎ᠠ ᠶᠢ ᠦᠨᠡᠨ ᠬᠦ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠥᠪᠰᠢᠨ ᠪᠣᠯᠤᠨ ᠨᠡᠶᠢᠭᠡᠮ ᠤᠨ ᠲᠣᠭᠲᠠᠭᠤᠨ ᠢ | ᠴᠢᠷᠮᠠᠶᠢᠨ ᠬᠠᠮᠠᠭᠠᠯᠠᠨ᠎ᠠ | ᠠᠶᠣᠯᠭᠦᠢ ᠦᠢᠯᠡᠳᠪᠦᠷᠢᠯᠡᠯ ᠤᠨ ᠠᠵᠢᠯ ᠨᠢ ᠰᠠᠨᠠᠭᠠᠴᠢᠯᠠᠭ᠎ᠠ ᠦᠭᠡᠢ ᠪᠠᠶᠢᠭ᠎ᠠ ᠪᠠᠶᠢᠳᠠᠯ ᠢ ᠡᠷᠡᠰ ᠬᠤᠪᠢᠷᠠᠭᠤᠯᠤᠨ᠎ᠠ᠃ ︽12.3︾ ᠤ ᠠᠳᠡᠯ ᠠᠴᠠ | ᠬᠦᠨᠵᠡᠭᠡᠢ ᠰᠤᠷᠭᠠᠮᠵᠢ ᠠᠪᠴᠤ᠂ ︽ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠬᠦ ᠤᠨ︾ ᠤ ᠠᠵᠢᠯᠯᠠᠭᠠᠨ ᠥᠷᠨᠢᠭᠦᠯᠵᠦ᠂ ᠠᠵᠢᠯ | ᠲᠥᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠢ ᠶᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ ᠶᠢ ᠬᠠᠮᠢᠶᠠᠷᠬᠤ ᠰᠢᠷᠢᠰ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠭᠦᠯᠵᠢᠯᠡᠨ ᠶᠠᠪᠤᠭᠤᠯᠤᠨ ᠠᠶᠤᠯᠭᠦᠢ ᠦᠢᠯᠡᠳᠪᠦᠷᠢᠯᠡᠯ ᠤᠨ ᠲᠣᠮᠣ ᠶᠡᠭᠡ ᠣᠨᠴᠠᠭᠠᠢ ᠶᠡᠭᠡ ᠠᠳᠡᠯ ᠭᠠᠷᠬᠤ ᠶᠢ ᠡᠷᠡᠰ | ᠲᠡᠪᠴᠢᠨ᠎ᠡ᠃ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠠᠲᠤᠲᠠᠢ ᠨᠠᠶᠢᠳᠠᠪᠤᠷᠢᠵᠢᠭᠤᠯᠵᠤ᠂ | ᠬᠠᠤᠯᠢ ᠴᠠᠭᠠᠵᠠ ᠲᠥᠷᠢᠮ ᠲᠣᠭᠲᠠᠭᠠᠯ ᠢ ᠵᠥᠷᠢᠴᠡᠭᠰᠡᠨ ᠦᠢᠯᠡᠳᠪᠦᠷᠢᠯᠡᠯ ᠤᠨ ᠡᠵᠡᠩᠨᠡᠯᠲᠡ ᠶᠢᠨ ᠠᠵᠢᠯᠯᠠᠭᠠᠨ ᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃ ︽ | ᠨᠠᠮ ᠵᠠᠰᠠᠭ ᠤᠨ ᠬᠠᠷᠢᠭᠤᠴᠠᠯᠭᠠᠲᠠᠨ ᠠᠳᠠᠯᠢᠬᠠᠨ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ | ᠬᠢᠨᠠᠮᠠᠭᠠᠢ ᠨᠠᠶᠢᠳᠠᠪᠤᠷᠢᠵᠢᠭᠤᠯᠤᠨ᠂ ︽ᠨᠢᠭᠡ ᠬᠡᠷᠡᠭ ᠲᠤ ᠬᠤᠶᠠᠷ ᠢ ᠪᠠᠶᠢᠴᠠᠭᠠᠬᠤ︾ ᠪᠠ ᠬᠠᠮᠤᠭ ᠤᠨ ᠴᠢᠩᠭ᠎ᠠ ᠬᠠᠲᠠᠭᠤ ᠬᠠᠷᠢᠭᠤᠴᠠᠯᠭ᠎ᠠ ᠨᠡᠬᠡᠮᠵᠢᠯᠡᠬᠦ ᠲᠤᠯᠭᠠᠨ | ᠠᠰᠠᠭᠤᠬᠤ ᠵᠢᠷᠤᠮᠵᠢᠯ ᠢ ᠶᠠᠪᠤᠭᠤᠯᠤᠨ᠎ᠠ᠃ ᠠᠵᠢᠯ ᠲᠥᠷᠥᠯ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠬᠦᠷᠢᠶ᠎ᠡ ᠬᠡᠪᠴᠢᠶ᠎ᠡ ᠶᠢ | ᠲᠣᠳᠣᠳᠬᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠤᠭᠲᠠᠭᠠᠯᠲᠤ ᠬᠠᠭᠤᠳᠠᠰᠤ ᠪᠢᠴᠢᠵᠦ᠂ ᠲᠣᠭᠲᠠᠭᠠᠯᠲᠤ ᠬᠠᠭᠤᠳᠠᠰᠤᠨ ᠤ ᠶᠣᠰᠣᠭᠠᠷ ᠬᠠᠷᠢᠭᠤᠴᠠᠯᠭ᠎ᠠ ᠪᠠᠨ | ᠭᠦᠢᠴᠡᠳᠭᠡᠬᠦ᠂ ᠲᠤᠰᠢᠶᠠᠯ ᠳᠤ ᠪᠠᠨ ᠣᠰᠣᠯᠳᠠᠪᠠᠯ ᠬᠠᠷᠢᠭᠤᠴᠠᠯᠭ᠎ᠠ ᠨᠡᠭᠡᠮᠵᠢᠯᠡᠬᠦ᠂ ᠲᠤᠰᠢᠶᠠᠯ ᠢᠶᠠᠨ ᠭᠦᠢᠴᠡᠳᠭᠡᠭᠰᠡᠨ ᠪᠤᠯ ᠬᠠᠷᠢᠭᠤᠴᠠᠯᠭ᠎ᠠ ᠦᠯᠦ ᠨᠡᠬᠡᠮᠵᠢᠯᠡᠬᠦ | ᠪᠣᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠶᠢ ᠰᠢᠨᠡᠳᠬᠡᠵᠦ᠂ ᠢᠯᠡᠴᠢᠯᠡᠨ ᠮᠡᠳᠡᠭᠦᠯᠬᠦ ᠱᠠᠩᠨᠠᠯ ᠤᠨ ᠰᠠᠭᠤᠷᠢ ᠮᠥᠩᠭᠦ ᠶᠢ | ᠪᠠᠶᠢᠭᠤᠯᠵᠤ᠂ ᠤᠬᠠᠭᠤᠯᠬᠤ ᠰᠤᠷᠭᠠᠨ ᠬᠦᠮᠦᠵᠢᠭᠦᠯᠬᠦ ᠪᠣᠯᠪᠠᠰᠤᠷᠠᠭᠤᠯᠬᠤ ᠵᠢᠴᠢ ᠢᠯᠡ ᠪᠠᠷ ᠨᠡᠶᠢᠲᠡᠯᠡᠨ ᠰᠢᠭᠦᠮᠵᠢᠯᠡᠬᠦ ᠡᠷᠴᠢᠮ ᠢ ᠴᠢᠩᠭᠠᠳᠬᠠᠵᠤ᠂ ᠭᠤᠣᠯᠳᠠᠯᠭ᠎ᠠ ᠲᠠᠢ | ᠠᠵᠢᠯ ᠲᠥᠷᠥᠯ ᠤᠨ ᠬᠢᠨ ᠭᠤᠣᠯᠳᠠᠯᠭ᠎ᠠ ᠲᠠᠢ ᠭᠠᠵᠠᠷ ᠣᠷᠣᠨ ᠳᠤ ᠲᠣᠭᠠᠴᠢᠯᠠᠭᠰᠠᠨ ᠬᠢᠨᠠᠨ ᠬᠠᠮᠢᠶᠠᠷᠤᠯᠲᠠ ᠶᠢᠨ ᠰᠢᠰᠲ᠋ᠧᠮ ᠪᠠ ᠨᠡᠶᠢᠭᠡᠮᠴᠢᠯᠡᠭᠰᠡᠨ ᠲᠤᠰᠬᠠᠶᠢᠵᠢᠭᠰᠠᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠤᠲᠠ ᠪᠠ ᠬᠤᠰᠢᠭᠤ ᠰᠢᠶᠠᠨ ᠲᠣᠭᠤᠷᠢᠭ ᠤᠨ ᠠᠶᠤᠯᠭᠦᠢ ᠶᠢᠨ ᠬᠢᠨᠠᠨ ᠬᠠᠮᠢᠶᠠᠷᠬᠤ ᠬᠦᠴᠦᠨ ᠢ ᠴᠢᠩᠭᠠᠳᠬᠠᠵᠤ᠂ | ᠡᠯ᠎ᠡ ᠬᠦᠷᠢᠶᠡᠯᠡᠩ ᠲᠣᠭᠤᠷᠢᠭ ᠪᠠ ᠰᠣᠮᠣ ᠰᠢᠶᠠᠩ ᠪᠠᠯᠭᠠᠰᠤᠨ ᠤ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠴᠢᠩᠭᠠᠳᠬᠠᠨ᠎ᠠ᠃ ᠠᠶᠤᠯ ᠢ | ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠣᠢ ᠪᠣᠯᠭᠠᠵᠤ ᠠᠶᠤᠯ ᠠᠳᠡᠯ ᠢ ᠪᠠᠴᠢᠮ ᠠᠷᠭᠠᠴᠠᠬᠤ ᠲᠥᠰᠥᠪ ᠢ ᠲᠡᠭᠦᠯᠳᠡᠷᠵᠢᠭᠦᠯᠦᠨ᠂ ᠪᠠᠴᠢᠮ | ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠠᠳᠡᠯ ᠢ ᠪᠠᠴᠢᠮ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠣᠰᠠᠯᠠᠬᠤ ᠴᠢᠳᠠᠪᠤᠷᠢ ᠶᠢ ᠨᠢ | ᠨᠡᠮᠡᠭᠳᠡᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ | ᠪᠠᠶᠢᠭᠤᠯᠤᠯᠲᠠ ᠶᠢᠨ ᠡᠷᠴᠢᠮ ᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠦᠴᠦᠨ ᠢ ᠦᠨᠳᠦᠰᠦᠨ ᠱᠠᠲᠤ ᠳᠡᠶᠢᠰᠢ ᠥᠷᠭᠡᠵᠢᠭᠦᠯᠵᠦ᠂ ᠬᠢᠨᠠᠯᠲᠠ | ᠬᠠᠮᠢᠶᠠᠷᠤᠯᠲᠠ ᠦᠭᠡᠢ ᠣᠷᠣᠨ ᠪᠠᠶᠢᠬᠤ ᠦᠭᠡᠢ ᠪᠣᠯᠭᠠᠵᠤ᠂ ᠬᠡᠷᠡᠭᠯᠡᠭᠴᠢᠳ ᠤᠨ ᠠᠮᠤᠷ ᠲᠥᠪᠰᠢᠨ ᠢ ᠪᠠᠲᠤᠯᠠᠨ᠎ᠠ᠃ ᠲᠠᠷᠢᠶᠠᠯᠠᠩ ᠤᠨ ᠲᠠᠷᠢᠮᠠᠯ ᠤᠨ ᠡᠪᠡᠳᠴᠢᠨ | ᠬᠤᠷᠣᠬᠠᠢ ᠶᠢᠨ ᠬᠦᠨᠥᠭᠡᠯ ᠢ ᠰᠡᠷᠭᠡᠶᠢᠯᠡᠨ ᠠᠷᠢᠯᠭᠠᠬᠤ᠂ ᠮᠠᠯ ᠵᠢᠬᠦᠷᠳᠠᠨ ᠤ ᠭᠡᠮ ᠬᠡᠵᠢᠭ ᠢ ᠰᠡᠷᠭᠡᠶᠢᠯᠡᠨ ᠬᠤᠷᠢᠭᠯᠠᠬᠤ ᠵᠢᠴᠢ ᠮᠠᠯ ᠲᠠᠷᠢᠶᠠᠯᠠᠩ ᠤᠨ ᠭᠠᠷᠤᠯᠲᠠ | ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ︽ᠲᠠᠷᠢᠶᠠᠨ ᠭᠠᠵᠠᠷ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ | ᠬᠦᠷᠲᠡᠯᠡᠬᠢ︾ ᠪᠦᠬᠦ ᠶᠠᠪᠣᠴᠠ ᠶᠢ ᠨᠡᠬᠡᠮᠵᠢᠯᠡᠵᠦ ᠪᠣᠯᠬᠤ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠮᠠᠯ ᠲᠠᠷᠢᠶᠠᠯᠠᠩ ᠤᠨ ᠭᠠᠷᠤᠯᠲᠠ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠬᠢᠭᠡᠳ ᠠᠵᠤ ᠦᠢᠯᠡᠰ ᠤᠨ ᠬᠥᠭᠵᠢᠯᠲᠡ ᠶᠢᠨ ᠠᠮᠤᠷ ᠲᠥᠪᠰᠢᠨ ᠢ ᠦᠨᠡᠨ ᠬᠦ ᠪᠠᠲᠤᠯᠠᠨ᠎ᠠ᠃ | ᠲᠥᠪᠯᠡᠷᠡᠩᠭᠦᠢ ᠵᠢᠷᠤᠮᠵᠢᠭᠤᠯᠤᠨ ᠬᠠᠮᠢᠶᠠᠷᠬᠤ ᠠᠴᠠ ᠭᠠᠷᠳᠠᠵᠤ ᠬᠤᠰᠢᠭᠤ ᠰᠢᠶᠠᠨ ᠲᠣᠭᠤᠷᠢᠭ ᠪᠦᠷᠢ ᠨᠢ ᠢᠳᠡᠭᠡᠨ ᠤ ᠵᠢᠵᠢᠭ ᠳᠠᠰᠤᠭ ᠤᠳ ᠢ ᠲᠦᠪᠯᠡᠷᠡᠭᠦᠯᠦᠭᠰᠡᠨ | ᠡᠳ᠋ᠰᠢᠭᠦᠯᠬᠦ ᠬᠦᠷᠢᠶᠡᠯᠡᠩ ᠲᠣᠭᠤᠷᠢᠭ ᠪᠠ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠨ ᠤ ᠪᠠᠷᠢᠮᠵᠢᠶᠠᠵᠢᠭᠤᠯᠤᠭᠰᠠᠨ ᠵᠠᠬ᠎ᠠ ᠳᠡᠯᠭᠡᠭᠦᠷ ᠶᠢ ᠨᠢᠭᠡ ᠠᠴᠠ ᠳᠡᠭᠡᠭᠰᠢ | ᠪᠠᠶᠢᠭᠤᠯᠬᠤ ᠶᠢ ᠪᠠᠲᠤᠯᠠᠨ᠎ᠠ᠃ ᠬᠤᠲᠠ ᠶᠢᠨ ᠶᠡᠷᠥᠩᠭᠡᠶᠢᠯᠡᠭᠰᠡᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠪᠠᠶᠢᠭᠤᠯᠤᠯᠲᠠ ᠶᠢ ᠡᠬᠢᠯᠡᠭᠦᠯᠵᠦ᠂ ᠠᠵᠢᠯ | ᠲᠥᠷᠥᠯ ᠤᠨ ᠬᠢᠨ ᠤ ᠴᠢᠮᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢ ᠶᠠᠪᠣᠭᠤᠯᠵᠤ᠂ ᠪᠦᠬᠦ ᠬᠤᠲᠠ ᠶᠢᠨ ᠢᠳᠡᠭᠡᠨ ᠤ ᠵᠦᠢᠯ ᠡᠮ ᠤᠨ ᠵᠦᠢᠯ ᠤᠨ ᠠᠮᠤᠷ | ᠲᠥᠪᠰᠢᠨ ᠤ ᠡᠭᠦᠯᠡᠨ ᠪᠣᠳᠣᠯᠲᠠ ᠶᠢᠨ ᠲᠠᠪᠴᠠᠩ ᠢ ᠰᠤᠳᠤᠯᠤᠨ ᠪᠠᠶᠢᠭᠤᠯᠵᠤ᠂ ᠢᠳᠡᠭᠡᠨ ᠤᠮᠳᠠᠭᠠᠨ ᠤ ᠨᠢᠭᠡᠴᠡ ᠪᠣᠯᠭᠠᠨ ᠳᠤ ᠴᠢᠮᠡᠭᠡ ᠵᠠᠩᠬᠢᠴᠢᠯᠠᠭᠰᠠᠨ | ᠬᠠᠮᠢᠶᠠᠷᠤᠯᠲᠠ ᠲᠠᠢ ᠪᠣᠯᠭᠠᠬᠤ ᠶᠢ ᠲᠦᠷᠭᠡᠳᠬᠡᠨ᠎ᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠨ᠎ᠠ᠃ ᠠᠭᠠᠷ ᠤᠰᠤ ᠬᠥᠷᠥᠰᠥ ᠰᠢᠷᠣᠢ ᠶᠢᠨ ᠪᠣᠬᠢᠷᠳᠠᠯ ᠢ ᠰᠡᠷᠭᠡᠶᠢᠯᠡᠨ ᠠᠷᠢᠯᠭᠠᠬᠤ | ᠠᠵᠢᠯ ᠤᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠭᠤᠤᠯ ᠮᠥᠷᠡᠨ ᠤ ᠤᠰᠤᠨ ᠴᠢᠨᠠᠷ ᠢ ᠬᠦᠴᠦ ᠣᠷᠣᠭᠤᠯᠤᠨ ᠰᠠᠶᠢᠵᠢᠷᠠᠭᠤᠯᠵᠤ᠂ ᠬᠦᠨᠳᠦ ᠲᠡᠮᠦᠷᠯᠢᠭ ᠤᠨ | ᠪᠣᠬᠢᠷᠳᠠᠯ ᠢ ᠴᠢᠩᠭ᠎ᠠ ᠬᠢᠵᠠᠭᠠᠷᠯᠠᠨ ᠬᠡᠷᠡᠭᠯᠡᠯᠲᠡ ᠠᠴᠠ ᠬᠠᠶᠠᠭᠳᠠᠭᠰᠠᠨ ᠦᠢᠯᠡᠳᠪᠦᠷᠢ ᠠᠭᠤᠷᠬᠠᠢ ᠶᠢ ᠪᠤᠯᠠᠵᠤ ᠲᠡᠭᠰᠢᠯᠡᠨ᠂ ᠣᠷᠴᠢᠨ ᠲᠣᠭᠤᠷᠢᠨ ᠤ ᠬᠠᠤᠯᠢ | ᠴᠠᠭᠠᠵᠠ ᠠᠴᠠ ᠵᠦᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠬᠦᠴᠦᠲᠡᠢ ᠪᠠᠶᠢᠳᠠᠯ ᠢ ᠪᠠᠷᠢᠮᠲᠠᠯᠠᠵᠤ᠂ ᠣᠷᠴᠢᠨ ᠲᠣᠭᠤᠷᠢᠨ ᠤ ᠪᠦᠬᠦ᠋ᠢᠯᠡ ᠴᠣᠭᠴᠠ ᠶᠢᠨ ᠶᠠᠰᠤ | ᠴᠢᠨᠠᠷ ᠢ ᠳᠠᠰᠤᠷᠠᠯᠳᠠ ᠦᠬᠡᠢ ᠰᠠᠶᠢᠵᠢᠷᠠᠭᠤᠯᠤᠨ᠎ᠠ᠃ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠯᠲᠠ ᠶᠢ ᠬᠦᠯᠢᠶᠡᠬᠦ ᠶᠢ ᠴᠢᠩᠳᠠᠯᠠᠵᠤ᠂ | ᠡᠨᠧᠷᠭᠢ ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠴᠢᠩᠭᠠᠳᠬᠠᠨ᠂ 10 ᠲᠤᠨ ᠠᠴᠠ ᠳᠣᠷᠣᠭᠰᠢᠬᠢ ᠨᠡᠭᠦᠷᠡᠰᠦᠨ ᠰᠢᠲᠠᠭᠠᠯᠭ᠎ᠠ ᠲᠠᠢ ᠠᠭᠤᠷ ᠤᠨ | ᠲᠣᠭᠤᠭ᠎ᠠ ᠶᠢ ᠪᠦᠭᠦᠨ ᠢ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠰᠢᠷ᠎ᠠ ᠲᠡᠮᠳᠡᠭᠲᠦ ᠮᠠᠰᠢᠨ ᠲᠡᠷᠭᠡ ᠶᠢ ᠰᠢᠭᠰᠢᠭᠳᠡᠭᠦᠯᠬᠦ ᠡᠭᠦᠷᠭᠡ ᠶᠢ | ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠬᠥᠷᠥᠩᠭᠡ ᠶᠢᠨ ᠥᠷᠢᠲᠦᠯ ᠤᠨ ᠬᠦᠰᠦᠨᠦᠭᠲᠦ ᠶᠢ ᠨᠠᠶᠢᠷᠠᠭᠤᠯᠬᠤ ᠠᠵᠢᠯ ᠢ ᠦᠷᠭᠦᠯᠵᠢᠯᠡᠨ ᠬᠢᠵᠦ᠂ ᠣᠷᠴᠢᠨ | ᠲᠣᠭᠤᠷᠢᠨ ᠢ ᠬᠠᠮᠠᠭᠠᠯᠠᠬᠤ ᠰᠠᠶᠢᠵᠢᠷᠠᠭᠤᠯᠬᠤ ᠤᠷᠲᠤᠮᠵᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠣᠷᠴᠢᠨ ᠲᠣᠭᠤᠷᠢᠨ ᠤ ᠪᠣᠬᠢᠷᠳᠠᠯ ᠢ | ᠭᠤᠷᠪᠠᠳᠤᠭᠠᠷ ᠡᠲᠡᠭᠡᠳ ᠠᠴᠠ ᠵᠠᠰᠠᠨ ᠰᠠᠶᠢᠵᠢᠷᠠᠭᠤᠯᠵᠤ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠵᠢᠭᠦᠯᠬᠦ ᠥᠭᠡᠷᠡᠴᠢᠯᠡᠯᠲᠡ ᠶᠢ ᠲᠦᠷᠭᠡᠳᠭᠡᠨ᠎ᠡ᠃ | | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ᠂ ᠪᠠᠶᠢᠭᠠᠯᠢ ᠶᠢᠨ | ᠤᠢ ᠶᠢᠨ ᠬᠠᠮᠠᠭᠠᠯᠠᠯᠲᠠ ᠂ ᠲᠠᠷᠢᠶᠠᠯᠠᠬᠤ ᠪᠠᠨ ᠵᠣᠭᠰᠣᠨ ᠡᠪᠡᠰᠦ ᠮᠣᠳᠣ ᠲᠠᠷᠢᠬᠤ ᠵᠡᠷᠭᠡ ᠠᠮᠢ ᠠᠬᠤᠢ ᠶᠢᠨ ᠢᠨᠵᠧᠨᠧᠷᠢᠩ ᠢ ᠲᠦᠷᠭᠡᠳᠬᠡᠨ᠂ ᠥᠨᠳᠥᠷ ᠦᠷ᠎ᠡ | ᠠᠰᠢᠭᠲᠤ ᠠᠵᠤ ᠠᠬᠤᠢ ᠶᠢᠨ ᠤᠢ᠂ ᠬᠠᠶᠢᠯᠠᠷ ᠨᠠᠷᠠᠰᠤ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ᠂ ᠬᠡᠭᠡᠷ᠎ᠡ ᠶᠢᠨ ᠭᠦᠢᠯᠡᠰᠦ᠂ ᠡᠯᠡᠰᠦᠵᠢᠭᠰᠡᠨ ᠬᠥᠷᠥᠰᠥ ᠶᠢ | ᠶᠡᠷᠦᠩᠬᠡᠶᠢᠯᠡᠨ ᠵᠠᠰᠠᠬᠤ ᠵᠡᠷᠭᠡ ᠲᠠᠪᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠢᠵᠦ᠂ ᠪᠦᠬᠦ ᠵᠢᠯ ᠳᠤ ᠣᠢ ᠰᠢᠭᠤᠢ ᠶᠢᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ 100 ᠲᠦᠮᠡᠨ ᠮᠦ᠂ ᠬᠥᠷᠥᠰᠦ ᠤᠰᠤ ᠬᠠᠮᠠᠭᠠᠯᠠᠬᠤ 150 ᠲᠦᠮᠡᠨ ᠮᠦ ᠶᠢ ᠪᠡᠶᠡᠯᠡᠭᠦᠯᠦᠨ᠎ᠡ᠃ ᠭᠤᠣᠯᠳᠠᠯᠭᠠᠲᠠᠢ ᠤᠷᠤᠨ | ᠲᠤᠭᠤᠷᠢᠭ ᠤᠨ ᠨᠣᠭᠤᠭᠠᠷᠠᠭᠤᠯᠤᠯᠲᠠ ᠶᠢᠨ ᠦᠷ᠎ᠡ ᠪᠦᠳᠦᠭᠡᠯ ᠢ ᠪᠠᠳᠤᠳᠬᠠᠵᠤ᠂ ᠬᠦᠴᠦᠯᠡᠴᠡ ᠪᠠᠨ ᠨᠡᠮᠡᠭᠳᠡᠭᠦᠯᠵᠦ ᠳᠡᠭᠡᠳᠦ ᠳᠡᠰ ᠤᠨ ᠵᠠᠰᠠᠮᠠᠯ ᠵᠠᠮ ᠤᠨ ᠬᠤᠶᠠᠷ | ᠲᠠᠯ᠎ᠠ ᠶᠢᠨ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠭᠤᠣᠯ ᠬᠤᠲᠠ ᠲᠣᠭᠤᠷᠢᠭ ᠢ ᠲᠣᠭᠤᠷᠢᠭᠰᠠᠨ ᠠᠮᠢ ᠠᠬᠤᠢ ᠶᠢᠨ ᠠᠵᠤ ᠠᠬᠤᠢ ᠶᠢᠨ | ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠡᠨᠡ ᠵᠢᠯ᠂ ᠪᠦᠬᠦ ᠬᠤᠳᠠ ᠶᠢᠨ ᠭᠤᠣᠯᠳᠠᠯᠭ᠎ᠠ ᠲᠠᠢ ᠣᠷᠳᠣᠨ ᠲᠣᠭᠤᠷᠢᠭ ᠤᠨ ᠨᠣᠭᠤᠭᠤᠷᠠᠭᠤᠯᠤᠯᠲᠠ ᠶᠢ | 20 ᠲᠦᠮᠡᠨ ᠮᠦ ᠪᠡᠶᠡᠯᠡᠭᠦᠯᠤᠨ᠎ᠠ᠃ ᠪᠡᠯᠴᠢᠭᠡᠷᠯᠡᠭᠦᠯᠬᠦ ᠮᠠᠯᠯᠠᠬᠤ ᠶᠢ ᠵᠣᠭᠰᠣᠭᠠᠬᠤ᠂ ᠮᠠᠯ ᠡᠪᠡᠰᠦᠨ ᠤ ᠲᠡᠩᠴᠡᠭᠦᠷᠢ ᠶᠢ ᠪᠠᠲᠤᠯᠠᠬᠤ ᠳᠦᠷᠢᠮ ᠪᠠ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠨᠦᠬᠦᠪᠦᠷᠢ ᠥᠭᠬᠦ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ | ᠴᠠᠭᠠᠵᠠ ᠶᠢᠨ ᠠᠷᠭ᠎ᠠ ᠪᠠᠷᠢᠯ ᠢᠶᠠᠷ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠦᠷᠭᠦᠯᠵᠢᠯᠡᠨ | ᠰᠠᠶᠢᠵᠢᠷᠠᠭᠤᠯᠤᠨ᠎ᠠ᠃ | ᠨᠡᠶᠢᠭᠡᠮ ᠤᠨ ᠶᠡᠭᠡ ᠪᠠᠶᠢᠳᠠᠯ ᠤᠨ ᠠᠮᠤᠷ ᠲᠥᠪᠰᠢᠨ ᠲᠣᠭᠲᠠᠭᠤᠨ ᠢ ᠪᠠᠲᠤᠯᠠᠨ᠎ᠠ᠃ ᠠᠮᠤᠷ ᠲᠠᠶᠢᠪᠤᠩ ᠤᠯᠠᠭᠠᠨᠬᠠᠳᠠ ᠶᠢᠨ ᠪᠠᠶᠢᠭᠤᠯᠤᠯᠲᠠ ᠶᠢ ᠬᠦᠨᠵᠡᠭᠡᠢ | ᠠᠬᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠳᠤ ᠦᠨᠡᠯᠡᠯᠲᠡ ᠬᠢᠬᠦ ᠶᠢ ᠴᠢᠩᠭᠠᠳᠬᠠᠨ ᠨᠡᠶᠢᠭᠡᠮ ᠤᠨ ᠠᠮᠤᠷ ᠢ ᠬᠠᠮᠠᠭᠠᠯᠠᠬᠤ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠤᠣᠯ ᠬᠤᠲᠠ ᠲᠣᠭᠤᠷᠢᠭ ᠤᠨ ᠤᠯᠠᠨ ᠨᠡᠶᠢᠲᠡ ᠶᠢᠨ ᠠᠮᠤᠷ ᠲᠦᠪᠰᠢᠨ ᠢ ᠳᠦᠷᠰᠦᠲᠦ | ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠦᠨᠳᠦᠰᠦᠨ ᠳᠤ ᠨᠢ ᠪᠡᠶᠡᠯᠡᠭᠦᠯᠵᠦ᠂ ᠠᠶᠤᠯ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ | ᠤᠯᠠᠨ ᠨᠡᠶᠢᠲᠡ ᠶᠢᠨ ᠠᠮᠤᠷ ᠲᠦᠪᠰᠢᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠬᠢᠳᠠᠯ ᠰᠣᠷᠪᠤᠯᠵᠢᠯᠭᠠ ᠶᠢᠨ ᠠᠵᠢᠯ ᠢ ᠴᠢᠩᠭᠠᠳᠬᠠᠵᠤ᠂ ᠡᠶᠡᠳᠦᠭᠦᠯᠭᠦ ᠠᠵᠢᠯ ᠤᠨ | ᠶᠡᠭᠡ ᠪᠠᠶᠢᠷᠢᠰᠢᠯ ᠢ ᠪᠣᠢ ᠪᠣᠯᠭᠠᠵᠤ᠂ ᠣᠯᠠᠨ ᠲᠦᠮᠡᠨ ᠤ ᠬᠦᠰᠡᠯ ᠭᠤᠮᠣᠳᠠᠯ ᠢᠶᠠᠨ ᠲᠣᠭᠠᠴᠢᠬᠤ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠬᠠᠮᠠᠭᠠᠯᠠᠬᠤ | ᠠᠷᠭ᠎ᠠ ᠵᠠᠮ ᠢ ᠰᠢᠯᠤᠭᠤᠳᠬᠠᠨ᠂ ᠵᠠᠬᠢᠳᠠᠯ ᠰᠣᠷᠪᠤᠯᠵᠢᠯᠭᠠ ᠶᠢᠨ ᠡᠮᠬᠢ ᠵᠢᠷᠤᠮ ᠢ ᠪᠦᠲᠦᠮᠵᠢᠲᠡᠢ ᠲᠥᠷᠢᠮᠵᠢᠭᠦᠯᠦᠨᠡ᠃ ᠨᠡᠶᠢᠭᠡᠮ ᠤᠨ ᠪᠠᠶᠢᠳᠠᠯ ᠢ ᠰᠠᠶᠢᠵᠢᠷᠠᠭᠤᠯᠬᠤ | ᠡᠭᠦᠳᠦᠯᠲᠡ ᠬᠢᠵᠦ᠂ ᠤᠷᠢᠳᠴᠢᠯᠠᠨ ᠮᠡᠳᠡᠬᠦ᠂ ᠤᠷᠢᠳᠴᠢᠯᠠᠨ ᠰᠡᠷᠭᠡᠶᠢᠯᠡᠬᠦ ᠴᠢᠳᠠᠮᠵᠢ ᠪᠠᠨ ᠨᠡᠮᠡᠭᠳᠡᠭᠦᠯᠵᠦ᠂ ᠬᠠᠤᠯᠢ ᠶᠢ ᠵᠦᠷᠢᠴᠡᠭᠰᠡᠨ ᠡᠯ᠎ᠡ ᠵᠦᠢᠯ ᠤᠨ ᠶᠠᠯᠠᠲᠤ | ᠠᠵᠢᠯᠯᠠᠭ᠎ᠠ ᠳᠤ ᠴᠣᠬᠢᠯᠲᠡ ᠦᠭᠴᠦ᠂ ᠬᠤᠪᠢ ᠬᠥᠮᠥᠨ ᠤ ᠬᠡᠲᠦᠷᠡᠮᠡᠬᠡᠢ ᠠᠵᠢᠯᠯᠠᠭ᠎ᠠ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠬᠦᠨᠦᠭᠡᠭᠰᠡᠨ ᠬᠡᠷᠡᠭ ᠭᠠᠷᠬᠤ ᠶᠢ | ᠬᠤᠷᠢᠭᠯᠠᠨ᠂ ᠣᠯᠠᠨ ᠲᠦᠮᠡᠨ ᠤ ᠠᠮᠤᠷ ᠲᠦᠪᠰᠢᠨ ᠰᠡᠳᠬᠢᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠣᠯᠤᠭ᠎ᠠ᠂ ᠬᠥᠭᠵᠢᠯᠲᠡ ᠶᠢᠨ ᠣᠷᠴᠢᠨ ᠢ ᠢᠳᠡᠪᠬᠢᠲᠡᠢ ᠪᠣᠢ ᠪᠣᠯᠭᠠᠵᠤ᠂ ᠠᠷᠠᠳᠴᠢᠯᠠᠯ ᠬᠠᠤᠯᠢ ᠪᠠᠷ ᠵᠠᠰᠠᠬᠤ ᠪᠣᠯᠤᠨ ᠣᠶᠤᠨ ᠤ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠨ᠎ᠠ | ᠬᠠᠤᠯᠢ ᠪᠠᠷ ᠬᠤᠲᠠ ᠪᠠᠨ ᠵᠠᠰᠠᠬᠤ ᠶᠢ ᠪᠠᠷᠢᠮᠲᠡᠯᠠᠨ ᠠᠬᠢᠭᠤᠯᠤᠨ᠎ᠠ᠃ ᠬᠠᠤᠯᠢ ᠲᠣᠭᠲᠠᠭᠠᠬᠤ ᠠᠵᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ᠂ ᠤᠰᠤᠨ ᠰᠤᠷᠪᠤᠯᠵᠢ ᠶᠢᠨ ᠬᠠᠮᠠᠭᠠᠯᠠᠯᠲᠠ ᠵᠡᠷᠭᠡ | ᠭᠤᠣᠯᠳᠠᠯᠭ᠎ᠠ ᠲᠠᠢ ᠬᠦᠷᠢᠶᠡᠨ ᠳᠤ ᠬᠠᠤᠯᠢ ᠲᠤᠭᠲᠠᠭᠠᠬᠤ ᠶᠢ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠤᠨ ᠳᠦᠷᠢᠮᠵᠢᠯ ᠲᠠᠢ ᠲᠥᠪ ᠭᠤᠣᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠂ ᠡᠭᠦᠷᠭᠡ ᠲᠤᠰᠢᠶᠠᠯ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠰᠠᠨ᠂ | ᠬᠠᠤᠯᠢ ᠬᠡᠷᠡᠭᠵᠢᠭᠦᠯᠬᠦ ᠨᠢ ᠴᠢᠩᠭ᠎ᠠ ᠬᠢᠨᠠᠮᠠᠭᠠᠢ᠂ ᠬᠠᠤᠯᠢ ᠶᠢ ᠰᠠᠬᠢᠨ ᠢᠲᠡᠭᠡᠮᠵᠢᠲᠠᠢ ᠪᠠᠶᠢᠳᠠᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠠᠶᠢᠴᠠᠭᠠᠬᠤ ᠪᠠᠶᠢᠭᠤᠯᠭ᠎ᠠ ᠨᠡᠶᠢᠲᠡ ᠶᠢᠨ ᠲᠤᠰᠠᠯᠠᠮᠵᠢ ᠶᠢᠨ ᠴᠢᠨᠠᠷᠲᠠᠢ ᠵᠠᠭᠠᠯᠳᠤᠯᠭ᠎ᠠ ᠬᠢᠬᠦ ᠶᠢ ᠳᠡᠮᠵᠢᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠲᠦᠭᠡᠮᠡᠯᠵᠢᠭᠦᠯᠬᠦ ᠠᠵᠢᠯ ᠢ ᠬᠦᠨᠵᠡᠭᠡᠢ ᠥᠷᠨᠢᠭᠦᠯᠦᠨ ᠪᠦᠬᠦ ᠨᠡᠶᠢᠭᠡᠮ ᠤᠨ | ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠳᠡᠭᠡᠭᠰᠢᠯᠡᠭᠦᠯᠦᠨ᠎ᠡ᠃ | ᠡᠯ᠎ᠡ ᠡᠲᠡᠭᠡᠳ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ | ᠬᠤᠷᠢᠶᠠᠨ ᠤ ᠬᠠᠤᠯᠢ ᠴᠠᠭᠠᠵᠠ ᠪᠠᠷ ᠬᠢᠨᠠᠯᠲᠠ ᠲᠠᠯᠪᠢᠬᠤ ᠪᠣᠯᠤᠨ ᠠᠵᠢᠯ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶᠠᠨ ᠤ ᠡᠯ᠎ᠡ ᠵᠦᠢᠯ ᠤᠨ ᠰᠢᠢᠳᠪᠦᠷᠢ ᠶᠢ ᠬᠢᠨᠠᠮᠠᠭᠠᠢ ᠬᠡᠷᠡᠭᠵᠢᠭᠦᠯᠵᠦ᠂ ᠲᠣᠭᠲᠠᠭᠰᠠᠨ ᠴᠠᠭ ᠲᠤ ᠠᠵᠢᠯ ᠤᠨ | ᠮᠡᠳᠡᠭᠦᠯᠦᠯᠲᠡ ᠬᠢᠵᠦ᠂ ᠲᠦᠯᠦᠭᠡᠯᠡᠭᠴᠢᠳ ᠤᠨ ᠰᠠᠨᠠᠯ ᠢ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ | ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠲᠦᠷᠢᠮᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯ ᠢ ᠵᠥᠪᠳᠡᠬᠦ ᠲᠥᠯᠥᠪᠯᠡᠭᠡ ᠶᠢ ᠰᠠᠶᠢᠲᠤᠷ | ᠭᠡᠷᠡᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ ᠨᠠᠮ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠬᠦᠢᠴᠡᠳᠭᠡᠨ᠎ᠡ᠃ ᠨᠡᠶᠢᠭᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ᠂ ᠥᠷᠭᠡᠨ ᠣᠯᠠᠨ | ᠲᠦᠮᠡᠨ ᠤ ᠬᠦᠰᠡᠯ ᠰᠠᠨᠠᠭ᠎ᠠ ᠶᠢ ᠥᠷᠭᠡᠨ ᠢᠶᠠᠷ ᠰᠣᠨᠣᠰᠴᠤ᠂ ᠨᠡᠶᠢᠭᠡᠮ ᠤᠨ ᠶᠠᠷᠢᠶ᠎ᠠ ᠬᠡᠯᠡᠯᠴᠡᠭᠡ ᠪᠠᠷ ᠪᠠᠶᠢᠳᠠᠯ ᠤᠨ ᠬᠠᠨᠳᠤᠰᠢ ᠪᠣᠯᠭᠠᠵᠤ᠂ ᠵᠠᠰᠠᠭ ᠤᠨ ᠣᠷᠳᠤᠨ ᠤ | ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠬᠠᠯᠠᠨ ᠰᠠᠶᠢᠵᠢᠷᠠᠭᠤᠯᠤᠨ᠎ᠠ᠃ | ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠪᠣᠯᠪᠠᠰᠤᠨ ᠬᠤᠲᠠ ᠪᠣᠯᠬᠤ ᠪᠠᠷ ᠠᠴᠢᠶᠠᠯᠠᠪᠤᠷᠢ ᠪᠣᠯᠭᠠᠵᠤ᠂ ᠪᠦᠬᠦ ᠬᠤᠳᠠ ᠳᠤ | ︽ᠵᠢᠷᠭᠤᠭᠠᠨ ᠰᠤᠷᠲᠠᠬᠤᠨ︾ ᠤ ᠰᠣᠶᠣᠯ ᠢ ᠶᠡᠬᠡᠪᠡᠷ ᠪᠠᠳᠠᠷᠠᠭᠤᠯᠤᠨ᠂ ᠶᠣᠰᠣ ᠰᠤᠷᠲᠠᠬᠤᠨ ᠰᠠᠶᠢᠨ ᠰᠠᠶᠢᠬᠠᠨ ᠤᠯᠠᠭᠠᠨᠬᠠᠳᠠ ᠶᠢ ᠪᠠᠶᠢᠭᠤᠯᠤᠨ᠎ᠠ᠃ ᠬᠥᠳᠡᠭᠡ | ᠲᠤᠰᠬᠤᠨ ᠤ ᠰᠣᠶᠣᠯ ᠤᠨ ᠥᠷᠲᠡᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ ᠪᠦᠬᠦ ᠬᠤᠲᠠ ᠶᠢᠨ ᠲᠠᠷᠢᠶᠠᠴᠢᠨ ᠮᠠᠯᠴᠢᠨ ᠤ ᠤᠷᠠᠨ ᠰᠠᠶᠢᠬᠠᠨ ᠤ ᠲᠣᠭᠯᠠᠯᠲᠠ ᠶᠢ | ᠵᠣᠬᠢᠶᠠᠨ ᠪᠠᠶᠢᠭᠤᠯᠵᠤ᠂ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠢ ᠲᠠᠰᠤᠷᠠᠯᠲᠠ ᠦᠭᠡᠢ ᠪᠠᠶᠡᠯᠢᠬᠵᠢᠭᠤᠯᠤᠨᠠ᠃ ᠣᠬᠢ ᠰᠠᠶᠢᠨ ᠤᠷᠠᠯᠢᠭ ᠤᠨ | ᠪᠦᠲᠦᠭᠡᠯ ᠢ ᠨᠡᠮᠡᠭᠳᠡᠭᠦᠯᠵᠦ᠂ ᠥᠪᠥᠷ ᠮᠣᠩᠭᠤᠯ ᠾᠧᠪᠧᠢ ᠯᠢᠶᠤᠤᠨᠢᠩ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠪᠣᠯᠤᠨ ᠪᠦᠬᠦ ᠥᠪᠡᠷᠲᠡᠭᠡᠨ ᠵᠠᠰᠠᠬᠤ | ᠣᠷᠣᠨ ᠤ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠨ ᠢ ᠰᠠᠶᠢᠲᠤᠷ ᠡᠷᠬᠢᠯᠡᠵᠦ᠂ ︽ᠳᠤᠮᠳᠠᠳᠤᠴᠤᠳ ᠪᠦᠬᠦᠨ ᠨᠢᠭᠡ ᠭᠡᠷ ᠪᠦᠯᠢ︾ ᠭᠡᠬᠦ ᠨᠠᠭᠠᠳᠤᠮ ᠤᠨ | ᠬᠤᠷᠠᠯ ᠢ ᠰᠠᠶᠢᠲᠤᠷ ᠳᠠᠭᠠᠭᠠᠨ ᠡᠷᠬᠢᠯᠡᠨ᠂ ᠯᠢᠶᠣᠣ ᠶᠢᠨ ᠰᠣᠶᠣᠯ ᠪᠠ ᠬᠤᠩᠱᠠᠨ ᠰᠣᠶᠣᠯ ᠤᠨ ᠬᠠᠭᠤᠴᠢ ᠶᠢ ᠪᠣᠳᠠᠰ ᠤᠨ ᠪᠣᠯᠪᠠᠰᠤᠨ ᠢᠶᠠᠷ ᠮᠡᠳᠡᠭᠦᠯᠦᠨ | ᠵᠥᠪᠰᠢᠶᠡᠷᠡᠭᠦᠯᠬᠦ ᠠᠬᠢᠴᠠ ᠶᠢ ᠲᠦᠷᠭᠡᠳᠬᠡᠨ᠎ᠡ᠃ ᠨᠡᠶᠢᠭᠡᠮ ᠤᠨ ᠢᠲᠡᠭᠡᠮᠵᠢ ᠶᠢᠨ ᠴᠣᠭᠴᠠ ᠶᠢ ᠲᠡᠭᠦᠯᠳᠡᠷᠵᠢᠭᠦᠯᠦᠨ ᠢᠲᠡᠭᠡᠮᠵᠢᠲᠡᠢ ᠤᠯᠠᠭᠠᠨᠬᠠᠳᠠ ᠶᠢ ᠪᠠᠶᠢᠭᠤᠯᠤᠨ᠎ᠠ᠃ | ᠰᠠᠶᠢᠨ ᠰᠠᠶᠢᠬᠠᠨ ᠭᠡᠷ ᠪᠦᠯᠢ ᠶᠢᠨ ᠰᠤᠷᠲᠡᠯ᠂ ᠠᠶᠢᠯ ᠲᠤᠰᠬᠤᠨ ᠤ ᠰᠤᠷᠲᠠᠯ᠂ ᠠᠵᠢᠯ ᠲᠥᠷᠥᠯ ᠤᠨ ᠰᠤᠷᠲᠠᠯ᠂ ᠵᠠᠰᠠᠭ ᠤᠨ ᠰᠤᠷᠲᠠᠯ ᠢ ᠶᠡᠬᠡᠪᠡᠷ ᠰᠤᠷᠲᠠᠯᠴᠢᠯᠠᠵᠤ᠂ | ᠰᠢᠨ᠎ᠡ ᠰᠤᠷᠲᠠᠯ ᠵᠥᠪ ᠮᠣᠷᠠᠯ ᠢ ᠲᠦᠷᠢᠮᠵᠢᠭᠦᠯᠵᠦ᠂ ᠦᠷᠭᠦᠯᠵᠢ ᠶᠢᠨ ᠴᠢᠨᠠᠷᠲᠠᠢ ᠪᠣᠯᠭᠠᠬᠤ ᠪᠠᠷ ᠳᠠᠮᠵᠢᠨ ᠨᠡᠶᠢᠭᠡᠮ ᠤᠨ ᠡᠶ᠎ᠡ ᠵᠣᠬᠢᠴᠠᠯ ᠤᠨ ᠰᠠᠭᠤᠷᠢ ᠶᠢ | ᠪᠠᠲᠤᠳᠬᠠᠨ᠎ᠠ᠃ | ᠡᠯ᠎ᠡ ᠲᠠᠯ᠎ᠠ ᠶᠢᠨ ᠬᠦᠴᠦᠨ ᠢ ᠪᠦᠯᠬᠦᠮᠳᠡᠭᠦᠯᠦᠨ ᠨᠢᠭᠲᠠᠷᠠᠭᠤᠯᠤᠨ᠎ᠠ᠃ ᠠᠬᠠᠮᠠᠳ ᠺᠠᠳ᠋ᠷᠴᠤᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ | ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ᠂ ᠰᠢᠨᠵᠢᠯᠡᠬᠦ ᠤᠬᠠᠭᠠᠨ ᠤ ᠨᠡᠶᠢᠭᠡᠮᠯᠢᠭ᠂ ᠤᠳᠬ᠎ᠠ ᠤᠷᠠᠯᠢᠭ ᠤᠨ | ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠤᠯᠤᠰ ᠥᠪᠡᠷᠲᠡᠭᠡᠨ ᠵᠠᠰᠠᠬᠤ | ᠣᠷᠣᠨ ᠤ ᠤᠯᠠᠭᠠᠨᠬᠠᠳᠠ ᠳᠤ ᠰᠠᠭᠤᠭ᠎ᠠ ᠨᠢᠭᠡᠴᠡ ᠶᠢᠨ ᠢᠳᠡᠪᠬᠢᠲᠦ ᠴᠢᠨᠠᠷ᠂ ᠰᠠᠨᠠᠭᠠᠴᠢᠯᠭᠠᠲᠦ ᠴᠢᠨᠠᠷ ᠢ ᠭᠦᠢᠴᠡᠳ ᠳᠠᠶᠢᠴᠢᠯᠠᠨ᠂ ᠬᠠᠮᠲᠤ ᠶᠢᠨ ᠦᠵᠡᠯᠲᠡ ᠶᠢ ᠪᠣᠢ | ᠪᠣᠯᠭᠠᠨ᠂ ᠣᠳᠣᠬᠢᠴᠢᠯᠠᠭᠰᠠᠨ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠬᠠᠮᠲᠤᠷᠠᠭᠰᠠᠨ ᠬᠦᠴᠦᠨ ᠢ ᠪᠦᠷᠢᠯᠳᠦᠭᠦᠯᠦᠨ᠎ᠡ᠃ ᠬᠤᠶᠠᠷ ᠢ ᠬᠦᠷᠢᠶᠡᠯᠡᠬᠦ ᠬᠠᠮᠲᠤᠪᠠᠷ | ᠪᠠᠶᠢᠭᠤᠯᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠤᠨ᠂ ᠠᠷᠠᠳ ᠤᠨ ᠠᠭᠠᠷ ᠰᠡᠷᠭᠡᠶᠢᠯᠡᠯᠲᠡ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠴᠡᠷᠢᠭ | ᠠᠷᠠᠳ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠦᠨᠳᠦᠰᠦᠲᠡᠨ ᠤ ᠠᠵᠢᠯ ᠤᠨ ᠴᠢᠭᠯᠡᠯᠲᠡ ᠲᠦᠷᠦ ᠶᠢᠨ ᠪᠣᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠪᠠ ᠡᠭᠦᠳᠦᠨ ᠪᠠᠶᠢᠭᠤᠯᠬᠤ ᠠᠵᠢᠯᠯᠠᠭᠠᠨ ᠢ ᠬᠦᠨᠵᠡᠭᠡᠢ ᠥᠷᠨᠢᠭᠦᠯᠦᠨ᠎ᠡ᠃ ᠱᠠᠰᠢᠨ ᠰᠤᠷᠲᠠᠬᠤᠨ ᠤ | ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠡᠲᠡᠭᠡᠳ ᠤᠨ ᠬᠥᠮᠥᠰ᠂ ᠰᠦᠵᠢᠭᠲᠡᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ᠨᠠᠢᠮᠠ᠂ ᠬᠥᠭᠵᠢᠯᠲᠡ ᠶᠢ ᠳᠠᠭᠠᠭᠤᠯᠤᠨ ᠵᠢᠯᠣᠭᠤᠳᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠨᠠᠭᠰᠢᠲᠠ ᠴᠢᠩᠭᠠᠳᠬᠠᠨ᠎ᠠ | ᠬᠤᠶᠢᠷᠭᠤ ᠵᠠᠯᠬᠠᠭᠤ ᠶᠢ ᠵᠠᠰᠠᠵᠤ᠂ ᠦᠨᠡᠨᠴᠢ ᠬᠠᠷᠢᠭᠤᠴᠠᠯᠭ᠎ᠠ ᠲᠠᠢ ᠪᠠᠶᠢᠬᠤ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ᠤᠯᠤᠰ ᠲᠦᠷᠦ ᠶᠢᠨ | ᠣᠶᠢᠯᠠᠭᠠᠭᠳᠠᠬᠤᠨ᠂ ᠶᠡᠭᠡ ᠲᠠᠯ᠎ᠠ ᠶᠢᠨ ᠣᠶᠢᠯᠠᠭᠠᠭᠳᠠᠬᠤᠨ᠂ ᠭᠤᠣᠯᠯᠠᠭᠴᠢ ᠣᠶᠢᠯᠠᠭᠠᠭᠳᠠᠬᠤᠨ ᠪᠠ ᠪᠡᠶ᠎ᠡ ᠪᠠᠨ ᠠᠳᠠᠯᠢᠳᠬᠠᠨ ᠱᠠᠭᠠᠷᠳᠠᠬᠤ ᠣᠶᠢᠯᠠᠭᠠᠭᠳᠠᠬᠤᠨ ᠢᠶᠠᠨ | ᠴᠢᠩᠭᠠᠳᠬᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠳᠡᠵᠦ᠂ ᠵᠠᠰᠠᠭ ᠤᠨ ᠣᠷᠳᠣᠨ ᠤ ᠠᠵᠢᠯ ᠢ ᠬᠡᠵᠢᠶᠡᠳᠡ ᠵᠥᠪ ᠵᠠᠮ ᠢᠶᠠᠷ ᠶᠠᠪᠤᠭᠤᠯᠤᠨ᠎ᠠ᠃ ︽ | ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠠᠵᠢᠯᠯᠠᠭᠠᠨ ᠢ ᠦᠷᠭᠦᠯᠵᠢᠯᠡᠩᠭᠦᠢ᠂ ᠳᠦᠷᠢᠮᠵᠢᠭᠰᠡᠨ ᠲᠣᠭᠲᠠᠴᠠ ᠲᠠᠢ ᠪᠣᠯᠭᠠᠵᠤ᠂ | ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠪᠠᠷ ︽ᠪᠤᠳᠠᠲᠠᠢ ᠠᠵᠢᠯᠯᠠᠬᠤ᠂ ᠵᠣᠷᠢᠭᠳᠠᠢ ᠡᠭᠦᠷᠭᠡᠯᠡᠬᠦ᠂ ᠬᠤᠪᠢ ᠨᠡᠮᠡᠭᠦᠷᠢ ᠦᠵᠡᠭᠦᠯᠬᠦ ᠪᠠᠨ ᠠᠳᠠᠯᠢᠳᠬᠠᠬᠤ︾ | ᠦᠵᠡᠯ ᠰᠠᠨᠠᠭ᠎ᠠ ᠪᠠᠨ ᠴᠢᠯᠦᠭᠡᠯᠡᠬᠦ ᠭᠤᠣᠯ ᠰᠡᠳᠦᠪᠲᠦ ᠬᠥᠮᠥᠵᠢᠯ ᠦᠢᠯᠡᠳᠦᠯᠭᠡ ᠶᠢᠨ ᠠᠵᠢᠯᠯᠠᠭᠠᠨ ᠢ ᠰᠠᠶᠢᠲᠤᠷ ᠥᠷᠨᠢᠭᠦᠯᠦᠨ᠎ᠡ᠃ ᠠᠵᠢᠯᠰᠠᠭ ᠢ ᠱᠠᠩᠨᠠᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ ᠡᠭᠦᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠬᠡᠵᠦ ᠵᠣᠷᠢᠭᠲᠠᠢ ᠪᠠᠷ ᠰᠢᠨ᠎ᠡ ᠶᠢ ᠡᠭᠦᠳᠦᠭᠰᠡᠳ ᠲᠤ ᠠᠵᠢᠯ ᠨᠠᠶᠢᠳᠠᠵᠤ ᠠᠵᠢᠯᠯᠠᠬᠤ | ᠪᠠᠶᠢᠷᠢ ᠲᠠᠢ ᠪᠣᠯᠭᠠᠵᠤ᠂ ︽ᠠᠯᠵᠠᠭᠤ ᠶᠢ ᠲᠤᠷᠠᠭᠠᠬᠤ︾ ᠡᠷᠴᠢᠮ ᠢᠶᠠᠨ ᠴᠢᠩᠭᠠᠷᠠᠭᠤᠯᠤᠨ᠂ ᠠᠵᠢᠯ ᠶᠠᠪᠤᠳᠠᠯ ᠪᠦᠲᠦᠭᠡᠬᠦ ᠶᠢ ᠪᠣᠳᠣᠳᠠᠭ ᠦᠭᠡᠢ᠂ ᠠᠵᠢᠯ ᠶᠠᠪᠤᠳᠠᠯ | ᠪᠦᠲᠦᠭᠡᠬᠦ ᠵᠣᠷᠢᠭ ᠦᠭᠡᠢ ᠬᠥᠮᠥᠨ ᠳᠤ ᠴᠡᠭᠡᠷᠯᠡᠯ ᠦᠵᠡᠭᠦᠯᠬᠦ ᠪᠣᠯᠭᠠᠨ᠎ᠠ᠃ ︽ᠡᠩ ᠶᠡᠷᠦᠮᠳᠡᠭ︾ ᠪᠠᠶᠢᠳᠠᠯ ᠢ ᠬᠤᠪᠢᠷᠠᠭᠤᠯᠬᠤ ᠠᠷᠭ᠎ᠠ ᠪᠠᠷᠢᠯ ᠢᠶᠠᠨ ᠰᠢᠨᠡᠳᠬᠡᠵᠦ᠂ | ᠠᠵᠢᠯ ᠤᠨ ᠪᠠᠶᠢᠷᠢ ᠳᠤ ᠪᠠᠶᠢᠪᠠᠴᠤ ᠡᠭᠦᠷᠭᠡ ᠲᠤᠰᠢᠶᠠᠯ ᠢᠶᠠᠨ ᠦᠯᠦ ᠭᠦᠢᠴᠡᠳᠬᠡᠳᠡᠭ᠂ ᠠᠯᠪᠠ ᠬᠠᠰᠢᠵᠤ ᠡᠳᠦᠷ ᠥᠩᠭᠡᠷᠡᠭᠡᠭᠰᠡᠳ ᠲᠤ ᠣᠷᠣᠨ ᠵᠠᠢ ᠦᠭᠡᠢ ᠪᠣᠯᠭᠠᠨ᠎ᠠ | ᠃ ︽ᠠᠭᠤᠴᠢᠯᠠᠬᠤ︾ ᠵᠣᠬᠢᠴᠠᠮᠵᠢ ᠪᠠᠶᠢᠭᠤᠯᠤᠨ ᠥᠭᠡᠷᠡᠴᠢᠯᠡᠯᠲᠡ ᠡᠭᠦᠳᠦᠯᠲᠡ ᠬᠢᠳᠡᠭ᠂ ᠵᠣᠷᠢᠭᠲᠠᠢ ᠡᠭᠦᠷᠭᠡᠯᠡᠳᠡᠭ ᠬᠥᠮᠥᠨ ᠢ ᠵᠣᠷᠢᠭᠲᠠᠢ ᠬᠡᠷᠡᠭᠯᠡᠨ | ᠠᠵᠢᠯᠯᠠᠭᠤᠯᠤᠨ᠎ᠠ᠃ | ᠪᠤᠳᠠᠳᠠᠢ ᠶᠢ ᠡᠷᠬᠢᠮᠯᠡᠨ᠂ ᠪᠠᠲᠤᠲᠠᠢ ᠠᠵᠢᠯᠯᠠᠬᠤ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ᠨᠠᠶᠢᠳᠠᠪᠤᠷᠢᠵᠢᠯᠲᠠ ᠶᠢ ᠠᠳᠬᠤᠬᠤ ᠶᠢ ᠵᠠᠰᠠᠭ ᠤᠨ | ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠡᠮᠵᠢᠬᠦ ᠭᠤᠣᠯ ᠪᠠᠷᠢᠮᠵᠢᠶᠠᠯᠠᠯ ᠪᠣᠯᠭᠠᠵᠤ᠂ ︽ᠠᠪᠤᠨ ᠳᠣᠣᠷ᠎ᠠ ᠪᠠᠨ ᠭᠦᠢᠴᠡᠳᠬᠡᠳᠡᠭ︾ ᠵᠣᠷᠢᠭ ᠰᠠᠨᠠᠭ᠎ᠠ᠂ | ᠬᠠᠳᠠᠭᠠᠰᠤ ᠬᠠᠳᠠᠬᠤ ᠵᠣᠷᠢᠭ ᠰᠠᠨᠠᠭ᠎ᠠ᠂ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠭᠦᠶᠢᠴᠡᠳᠭᠡᠬᠦ ᠴᠢᠳᠠᠪᠤᠷᠢ ᠪᠣᠯᠤᠨ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠠᠵᠢᠯᠲᠠᠨ ᠤ ᠬᠦᠮᠦᠵᠢᠯ ᠪᠣᠯᠪᠠᠰᠤᠷᠠᠭᠤᠯᠤᠯ ᠢ | ᠴᠢᠩᠭᠠᠳᠬᠠᠵᠤ᠂ ᠰᠢ ᠶᠢᠨ ᠫᠢᠩ ᠶᠡᠷᠤᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠣᠯᠣᠨ ᠲᠦᠷᠦ ᠵᠠᠰᠠᠵᠤ ᠵᠠᠰᠠᠭ ᠶᠠᠪᠤᠭᠤᠯᠬᠤ ᠰᠢᠨ᠎ᠡ | ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠪᠠᠨ ᠠᠬᠢᠭᠤᠯᠤᠨ᠎ᠠ | ᠃ ᠨᠢᠭᠡ ᠯᠡ ᠠᠤᠭ᠎ᠠ ᠲᠥᠰᠥᠪ ᠢᠶᠠᠷ ᠲᠤᠤᠱᠲᠠᠢ ᠬᠢᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠴᠢᠬᠤᠯᠠ ᠶᠡᠭᠡ ᠲᠥᠷᠥᠯ ᠵᠦᠢᠯ ᠳᠤ ᠬᠦᠴᠦᠨ ᠴᠢᠳᠠᠯ ᠢᠶᠠᠨ | ᠦᠨᠡᠨ ᠭᠠᠷᠭᠠᠵᠤ᠂ ᠣᠶᠤᠨ ᠴᠢᠳᠠᠪᠤᠷᠢ ᠪᠠᠨ ᠦᠨᠡᠨ ᠰᠢᠪᠬᠠᠵᠤ᠂ ᠦᠨᠡᠨ ᠪᠦᠲᠦᠮᠵᠢ ᠣᠯᠣᠨ᠎ᠠ᠂ ᠺᠠᠳ᠋ᠷ ᠨᠠᠷ ᠤᠨ ᠠᠯᠵᠢᠶᠠᠯ ᠵᠦᠳᠡᠷᠡᠯ ᠢᠶᠠᠷ ᠠᠵᠤ ᠠᠬᠤᠢ | ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠮᠤᠷ ᠵᠢᠷᠭᠠᠯ ᠢ ᠴᠢᠷᠮᠠᠶᠢᠨ ᠠᠪᠴᠢᠷᠠᠨ᠎ᠠ᠃ ᠪᠠᠶᠢᠴᠠᠭᠠᠨ ᠱᠠᠭᠠᠷᠳᠠᠬᠤ ᠬᠦᠴᠦᠯᠡᠴᠡ ᠪᠠᠨ ᠴᠢᠩᠭᠠᠳᠬᠠᠨ᠂ | ᠪᠠᠶᠢᠴᠠᠭᠠᠨ ᠱᠠᠭᠠᠷᠳᠠᠬᠤ ᠠᠵᠢᠯ ᠤᠨ ᠵᠣᠬᠢᠴᠠᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠵᠢᠯ ᠪᠣᠯᠭᠠᠨ ᠨᠠᠶᠢᠳᠠᠪᠤᠷᠢᠵᠢᠵᠤ᠂ ᠤᠴᠢᠷ ᠶᠠᠪᠤᠳᠠᠯ ᠪᠣᠯᠭᠠᠨ | ᠬᠠᠷᠢᠭᠤ ᠲᠤᠰᠬᠠᠯ ᠲᠠᠢ ᠪᠣᠯᠭᠠᠨ᠎ᠠ᠃ | ᠰᠠᠨᠠᠭᠠᠴᠢᠯᠠᠭ᠎ᠠ ᠠᠴᠠ ᠪᠠᠨ ᠠᠵᠢᠯ ᠬᠢᠬᠦ᠂ ᠶᠡᠭᠡ ᠲᠠᠯ᠎ᠠ ᠳᠤ ᠦᠢᠯᠡᠴᠢᠯᠡᠬᠦ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ︽ᠶᠡᠭᠡ ᠦᠢᠯᠡᠴᠢᠯᠡᠭᠡᠨ ︾ | ᠤ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠥᠷᠭᠡᠨ ᠣᠯᠠᠨ ᠠᠷᠠᠳ ᠲᠦᠮᠡᠨ᠂ ᠪᠡᠯᠡ ᠣᠷᠣᠭᠤᠯᠤᠭᠰᠠᠨ ᠠᠷᠠᠯᠵᠢᠶᠠᠴᠢᠳ ᠵᠢᠴᠢ ᠪᠦᠬᠦ ᠨᠡᠶᠢᠭᠡᠮ | ᠨᠡᠶᠢᠲᠡ ᠳᠤ ᠰᠠᠶᠢᠲᠤᠷ ᠦᠢᠯᠡᠴᠢᠯᠡᠨ᠂ ᠦᠢᠯᠡᠴᠢᠯᠡᠭᠡᠨ ᠢᠶᠠᠷ ᠢᠶᠠᠨ ᠬᠥᠭᠵᠢᠯᠲᠡ ᠶᠢ ᠠᠬᠢᠭᠤᠯᠤᠨ᠂ ᠪᠡᠯᠡ ᠣᠷᠣᠭᠤᠯᠤᠯᠲᠠ ᠶᠢ ᠳᠠᠭᠠᠭᠤᠯᠵᠤ ᠪᠦᠲᠦᠭᠡᠨ | ᠪᠠᠶᠢᠭᠤᠯᠤᠯᠲᠠ ᠶᠢ ᠳᠠᠶᠢᠴᠢᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠰᠢᠨ᠎ᠡ ᠶᠢ ᠡᠭᠦᠳᠴᠦ ︽ᠺᠣᠮᠫᠢᠦ᠋ᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡᠨ︾ ᠵᠡᠷᠭᠡ ᠴᠢᠮᠡᠭᠡ ᠵᠠᠩᠭᠢ ᠪᠠᠷ ᠠᠷᠠᠳ ᠲᠤ ᠬᠦᠷᠳᠡᠭᠡᠮᠵᠢ ᠣᠯᠭᠤᠬᠤ ᠢᠨᠵᠧᠨᠧᠷᠢᠩ ᠢ ᠬᠢᠵᠦ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ ᠶᠢᠨ | ᠲᠠᠪᠴᠠᠩ ᠤᠨ ᠪᠠᠶᠢᠭᠤᠯᠤᠯᠲᠠ ᠶᠢ ᠲᠥᠷᠭᠡᠳᠬᠡᠨ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠳᠡᠭᠡᠷ᠎ᠡ ᠤᠴᠢᠷ ᠶᠠᠪᠤᠳᠠᠯ ᠠᠯᠪᠠᠯᠠᠬᠤ ᠪᠣᠯᠭᠠᠵᠤ᠂ | ᠴᠢᠮᠡᠭᠡ ᠵᠠᠩᠭᠢ ᠪᠠᠷ ᠢᠯᠡᠭᠦᠦ ᠭᠦᠢᠴᠡᠳᠭᠡᠨ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠵᠤ᠂ ᠵᠠᠰᠠᠭ ᠤᠨ ᠣᠷᠳᠣᠨ ᠤ | ᠨᠡᠪᠲᠡᠴᠡ ᠶᠢ ᠳᠡᠭᠡᠭᠰᠢᠯᠡᠭᠦᠯᠦᠨ᠎ᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ | ᠪᠠᠶᠢᠭ᠎ᠠ ᠶᠠᠪᠤᠳᠠᠯ ᠢ ᠴᠠᠭ ᠲᠤᠬᠠᠢ ᠳᠤ ᠨᠢ ᠨᠡᠶᠢᠲᠡᠯᠡᠨ᠎ᠡ᠃ | ᠠᠷᠢᠭᠤᠨ ᠴᠡᠪᠡᠷᠬᠡᠨ ᠢᠶᠠᠷ ᠠᠵᠢᠯ ᠭᠦᠢᠴᠡᠳᠬᠡᠬᠦ ᠂ ᠲᠥᠪ ᠭᠤᠣᠯᠴᠢ ᠠᠷᠢᠭᠤᠨ ᠴᠢᠭᠡᠴᠢ ᠪᠠᠶᠢᠬᠤ ᠶᠢ ᠰᠤᠯᠠᠷᠠᠰᠢ ᠦᠭᠡᠢ ᠴᠢᠩᠳᠠᠯᠠᠬᠤ ᠶᠢ ᠪᠠᠷᠢᠮᠲᠠᠯᠠᠨ᠎ᠠ᠃ ︽ | ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ | ᠬᠤᠷᠢᠭᠯᠠᠬᠤ ᠶᠢ ᠭᠦᠨᠵᠡᠭᠡᠶᠢᠷᠡᠭᠦᠯᠦᠨ᠂ ᠨᠠᠮ ᠤᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ 28 ᠵᠦᠢᠯ ᠤᠨ ᠲᠥᠬᠦᠷ | ᠲᠣᠭᠲᠠᠭᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ 44 ᠵᠦᠢᠯ ᠤᠨ ᠪᠣᠳᠠᠲᠠᠢ ᠲᠣᠭᠲᠠᠭᠠᠯ ᠢ ᠨᠡᠩ ᠢᠯᠡᠭᠦᠦ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ︽ | ᠳᠥᠷᠪᠡᠨ ᠰᠤᠷᠲᠠᠯ︾ ᠳᠠᠬᠢᠵᠤ ᠰᠡᠷᠭᠦᠬᠦ ᠶᠢ ᠡᠷᠡᠰ ᠬᠤᠷᠢᠭᠯᠠᠨ᠎ᠠ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠣᠯᠤᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ | ᠴᠢᠩᠳᠠᠯᠠᠨ ᠨᠡᠶᠢᠭᠡᠮ ᠨᠡᠶᠢᠲᠡ ᠶᠢᠨ ᠡᠷᠬᠡ ᠶᠢᠨ ᠬᠡᠷᠡᠭᠯᠡᠯᠲᠡ ᠪᠠ ᠨᠡᠶᠢᠭᠡᠮ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭ᠎ᠠ ᠨᠢᠮᠪᠠᠢ ᠵᠢᠷᠤᠮᠵᠢᠭᠤᠯᠤᠨ᠂ | ᠬᠠᠤᠯᠢ ᠴᠠᠭᠠᠵᠠ ᠶᠢ ᠵᠥᠷᠢᠴᠡᠭᠰᠡᠨ᠂ ᠳᠦᠷᠢᠮ ᠲᠣᠭᠲᠠᠭᠠᠯ ᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠠᠭ ᠳᠠᠷᠤᠢ ᠳᠤ ᠨᠢ | ᠢᠯᠡᠷᠡᠭᠦᠯᠦᠨ᠂ ᠡᠷᠡᠰ ᠵᠠᠯᠠᠷᠠᠭᠤᠯᠵᠤ᠂ ᠠᠷᠢᠭᠤᠨ ᠴᠢᠭᠡᠴᠢ ᠪᠠᠷ ᠵᠠᠰᠠᠭ ᠲᠤ ᠣᠷᠣᠯᠴᠠᠳᠠᠭ ᠠᠯᠪᠠᠲᠠᠨ ᠤ ᠡᠩᠨᠡᠭᠡ ᠶᠢ ᠴᠢᠷᠮᠠᠶᠢᠨ ᠪᠠᠶᠢᠭᠤᠯᠵᠤ᠂ ᠵᠠᠰᠠᠭ ᠤᠨ | ᠣᠷᠳᠣᠨ ᠤ ᠠᠷᠢᠭᠤᠨ ᠴᠢᠭᠡᠴᠢ ᠲᠥᠪ ᠰᠤᠷᠲᠠᠯ ᠲᠠᠢ ᠳᠦᠷᠢ ᠲᠥᠷᠬᠦ ᠶᠢ ᠪᠣᠢ ᠪᠣᠯᠭᠠᠨ᠎ᠠ᠃ | ᠲᠥᠯᠥᠭᠡᠯᠡᠭᠴᠢᠳ ᠡ︕ ᠰᠢᠨ᠎ᠡ ᠠᠶᠠᠨ ᠵᠠᠮ ᠰᠢᠨ᠎ᠡ ᠡᠭᠦᠷᠭᠡ ᠳᠠᠭᠠᠭᠠᠯᠭᠠᠪᠤᠷᠢ ᠶᠢ ᠲᠠᠯᠪᠢᠯ᠎ᠠ᠂ ᠰᠢᠨ᠎ᠡ ᠬᠠᠷᠠᠯᠲᠠ ᠰᠢᠨ᠎ᠡ ᠣᠷᠭᠢᠯ ᠳᠤ ᠭᠠᠷᠬᠤ ᠶᠢ | ᠤᠷᠠᠶᠢᠯᠠᠵᠤ ᠪᠠᠶᠢᠨ᠎ᠠ᠃ ᠪᠢᠳᠡ ᠰᠢ ᠶᠢᠨ ᠫᠢᠩ ᠨᠦᠭᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠢᠭ᠌ᠲᠡᠷᠠᠨ ᠪᠦᠯᠬᠦᠮᠳᠡᠵᠡᠬᠡᠵᠤ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠬᠢᠯᠡᠯ ᠤᠨ | ᠵᠣᠷᠢᠯᠲᠠ ᠪᠠᠨ ᠮᠠᠷᠲᠠᠯ ᠦᠭᠡᠢ᠂ ᠡᠭᠡᠨᠡᠭᠲᠡ ᠰᠠᠬᠢᠨ ᠪᠠᠷᠠᠯᠠᠵᠤ᠂ ᠬᠠᠷᠢᠯᠴᠠᠨ ᠲᠤᠰᠠᠯᠠᠯᠴᠠᠨ᠂ ᠴᠤᠴᠠᠯᠲᠠ ᠦᠭᠡᠢ ᠤᠷᠤᠭᠰᠢᠯᠠᠵᠤ᠂ ᠬᠠᠨᠴᠤᠢ ᠰᠢᠮᠠᠯᠠᠨ ᠭᠠᠷᠮᠠᠭᠠᠶᠢᠯᠠᠨ | ᠠᠵᠢᠯᠯᠠᠵᠤ᠂ ᠤᠯᠠᠭᠠᠨᠬᠠᠳᠠ ᠶᠢᠨ ᠢᠶᠠᠨ ᠦᠰᠦᠷᠦᠯᠲᠡ ᠮᠠᠨᠳᠤᠯᠲᠠ ᠶᠢᠨ ᠠᠯᠬᠤᠴᠠ ᠶᠢ ᠲᠦᠷᠭᠡᠳᠬᠡᠨ᠂ ᠰᠢᠯᠢᠳᠡᠭ ᠪᠦᠲᠦᠮᠵᠢ ᠪᠠᠷ ᠢᠶᠠᠨ ᠨᠠᠮ ᠤᠨ ᠠᠷᠪᠠ | ᠶᠢᠰᠦᠳᠦᠭᠡᠷ ᠤᠳᠠᠭᠠᠨ ᠤ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠪᠣᠯᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ | ᠤᠭᠲᠤᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢᠲᠦ ᠰᠠᠶᠢᠬᠠᠨ ᠣᠷᠣᠨ ᠤ ᠤᠯᠠᠭᠠᠨᠬᠠᠳᠠ ᠶᠢᠨ ᠢᠶᠠᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕ | |