| | 2017 ᠣᠨ ᠤ ᠠᠵᠢᠯ ᠤᠨ ᠲᠣᠬᠢᠷᠠᠭᠤᠯᠤᠯᠲᠠ | | ᠡᠨᠡ ᠵᠢᠯ ᠪᠣᠯ ︽ᠠᠷᠪᠠᠨ ᠭᠤᠷᠪᠠᠳᠤᠭᠠᠷ ᠲᠠᠪᠤ︾ ᠶᠢᠨ ᠲᠥᠯᠥᠪᠵᠢᠭᠦᠯᠭᠡ ᠢ ᠨᠠᠶᠢᠳᠠᠪᠦᠷᠢᠵᠢᠭᠤᠯᠬᠤ ᠳᠤ ᠤᠷᠢᠳᠠᠬᠢ ᠬᠤᠶᠢᠨᠠᠬᠢ ᠶᠢ ᠵᠣᠯᠭᠠᠭᠤᠯᠬᠤ | ᠵᠠᠩᠬᠢᠯᠠᠭ᠎ᠠ ᠶᠢᠨ ᠨᠢᠭᠡ ᠵᠢᠯ ᠮᠦᠨ᠂ ᠪᠢᠳᠡ ᠪᠠᠰᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢᠯᠠᠯᠲᠠ ᠲᠠᠢ ᠬᠤᠷᠠᠯᠳᠤᠬᠤ ᠪᠠ ᠥᠪᠡᠷᠲᠡᠭᠡᠨ ᠵᠠᠰᠠᠬᠤ ᠣᠷᠣᠨ | ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠪᠣᠯᠣᠨ᠎ᠠ᠂ ᠡᠨᠡ ᠵᠢᠯ ᠤᠨ ᠠᠵᠢᠯ ᠢᠶᠠᠨ ᠰᠠᠶᠢᠨ ᠬᠢᠬᠦ ᠨᠢ ᠮᠠᠰᠢ ᠶᠡᠭᠡ ᠠᠴᠢ ᠬᠤᠯᠪᠤᠭᠳᠠᠯ ᠲᠠᠢ᠂ ᠠᠯᠤᠰ | ᠬᠡᠲᠦ ᠶᠢᠨ ᠨᠥᠯᠥᠭᠡ ᠲᠠᠢ ᠶᠤᠮ᠃ ᠡᠨᠡ ᠵᠢᠯ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ | ᠴᠢᠬᠤᠯᠠ ᠢᠯᠡᠳᠬᠡᠯ ᠤᠨ ᠵᠤᠷᠢᠭ ᠰᠠᠨᠠᠭ᠎ᠠ ᠪᠣᠯᠣᠨ ᠲᠦᠷᠦ ᠪᠠᠨ ᠵᠠᠰᠠᠵᠤ ᠵᠠᠰᠠᠭ ᠶᠠᠪᠤᠭᠤᠯᠬᠤ ᠰᠢᠨ᠎ᠡ ᠦᠵᠡᠯᠲᠡ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ | ᠬᠤᠲᠠ ᠶᠢᠨ ᠳᠣᠯᠣᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠣᠭᠲᠠᠭᠤᠨ ᠪᠥᠭᠡᠳ ᠤᠷᠤᠭᠰᠢ ᠠᠬᠢᠭᠤᠯᠬᠤ ᠶᠡᠷᠦᠩᠬᠡᠢ ᠠᠶᠢᠵᠢᠮ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠥᠭᠵᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠤᠷᠪᠠᠨ ᠦᠨᠳᠦᠰᠦᠨ ᠱᠠᠭᠠᠷᠳᠠᠯᠭ᠎ᠠ ᠶᠢ | ᠪᠠᠷᠢᠮᠲᠠᠯᠠᠵᠤ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠠᠵᠦ ᠦᠢᠯᠡᠰ ᠤᠨ ᠬᠦᠭᠵᠢᠯᠲᠡ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂ | ᠥᠭᠡᠷᠡᠴᠢᠯᠡᠯᠲᠡ ᠨᠡᠭᠡᠭᠡᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠤᠷ ᠲᠦᠪᠰᠢᠨ ᠲᠣᠭᠲᠠᠭᠤᠨ ᠢ ᠪᠠᠲᠤᠯᠠᠬᠤ ᠵᠡᠷᠭᠡ ᠠᠵᠢᠯ ᠢ ᠪᠥᠬᠦ ᠲᠠᠯ᠎ᠠ ᠪᠠᠷ | ᠰᠠᠶᠢᠲᠤᠷ ᠬᠢᠵᠤ᠂ ᠤᠯᠠᠭᠠᠨᠬᠠᠳᠠ ᠶᠢᠨ ᠦᠰᠦᠷᠦᠯᠲᠡ ᠮᠠᠨᠳᠤᠯᠲᠠ ᠶᠢᠨ ᠠᠯᠬᠤᠴᠠ ᠶᠢ ᠴᠢᠷᠮᠠᠶᠢᠨ ᠲᠥᠷᠭᠡᠳᠬᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠬᠤ ᠳᠤ ᠪᠠᠳᠤᠲᠠᠢ ᠰᠠᠭᠤᠷᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ | ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢᠯᠠᠯᠲᠠ ᠲᠠᠢ ᠬᠤᠷᠠᠯᠳᠤᠬᠤ ᠶᠢ ᠤᠭᠲᠤᠨ᠎ᠠ᠃ | ᠡᠨᠡ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 8% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 8% | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠦᠩᠭᠡ ᠶᠢᠨ ᠪᠡᠯᠡ ᠣᠷᠤᠭᠤᠯᠤᠯᠲᠠ ᠶᠢ 16% ᠣᠷᠴᠢᠮ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠰᠤᠯᠠ ᠬᠤᠳᠠᠯᠳᠤᠭᠰᠠᠨ ᠶᠡᠷᠦᠩᠬᠡᠢ ᠨᠣᠷᠮ᠎ᠠ ᠶᠢ 11% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠪᠣᠯᠣᠨ ᠬᠥᠳᠡᠭᠡ ᠲᠣᠰᠬᠤᠨ ᠮᠠᠯᠵᠢᠬᠤ | ᠣᠷᠣᠨ ᠤ ᠪᠠᠶᠢᠩᠭᠤ ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠤᠯᠭ᠎ᠠ ᠶᠢ ᠲᠤᠰᠪᠦᠷᠢ 9% ᠪᠠ 10% ᠣᠷᠴᠢᠮ ᠨᠡᠮᠡᠭᠳᠡᠭᠦᠯᠦᠨ᠂ ᠬᠤᠲᠠ | ᠪᠠᠯᠭᠠᠰᠤᠨ ᠤ ᠳᠠᠩᠰᠠᠯᠠᠭᠰᠠᠨ ᠠᠵᠢᠯ ᠠᠯᠳᠠᠭᠰᠠᠨ ᠨᠣᠷᠮ᠎ᠠ ᠶᠢ 4% ᠳᠣᠲᠤᠷ᠎ᠠ ᠬᠢᠵᠠᠭᠠᠷᠯᠠᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ | ᠥᠰᠦᠯᠲᠡ ᠶᠢ 3% ᠳᠣᠲᠣᠷ᠎ᠠ ᠬᠢᠵᠠᠭᠠᠷᠯᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠡᠭᠦᠷᠭᠡ ᠶᠢ | ᠪᠡᠶᠡᠯᠡᠭᠦᠯᠦᠨ᠎ᠡ᠃ ᠡᠳᠡᠭᠡᠷ ᠬᠠᠷᠠᠯᠲᠠ ᠶᠢ ᠳᠤᠷᠠᠳᠬᠤ ᠳᠤ᠂ ᠪᠣᠯᠤᠮᠵᠢ ᠪᠠ ᠬᠡᠷᠡᠭᠴᠡᠭᠡ᠂ ᠣᠳᠣᠬᠢ ᠪᠠ ᠤᠷᠲᠤᠮᠵᠢ ᠶᠢ ᠶᠡᠷᠦᠩᠬᠡᠶᠢᠯᠡᠨ ᠪᠣᠳᠤᠯᠬᠢᠯᠠᠵᠤ᠂ | ᠶᠡᠷᠦᠩᠬᠡᠢ ᠳᠡᠭᠡᠨ ᠥᠪᠡᠷᠲᠡᠭᠡᠨ ᠵᠠᠰᠠᠬᠤ ᠣᠷᠣᠨ ᠤ ᠵᠢᠯ ᠤᠨ ᠬᠠᠷᠠᠯᠲᠠ ᠲᠠᠢ ᠠᠳᠠᠯᠢ ᠪᠣᠶᠣ ᠪᠠᠭ᠎ᠠ ᠥᠨᠳᠦᠷ ᠰᠢᠭ ᠪᠠᠶᠢᠯᠭᠠᠵᠤ᠂ ᠲᠦᠷᠭᠡᠨ ᠬᠥᠭᠵᠢᠭᠦᠯᠵᠦ᠂ | ᠰᠠᠨᠠᠭᠠᠴᠢᠯᠠᠭ᠎ᠠ ᠠᠴᠠ ᠪᠠᠨ ᠴᠢᠷᠮᠠᠶᠢᠨ ᠳᠠᠪᠰᠢᠬᠤ ᠵᠣᠷᠢᠭ ᠰᠠᠨᠠᠭ᠎ᠠ ᠶᠢ ᠳᠣᠪᠤᠶᠢᠯᠭᠠᠭᠰᠠᠨ ᠮᠥᠷᠲᠡᠭᠡᠨ ᠪᠠᠰᠠ ᠪᠣᠳᠠᠳᠠᠢ ᠠᠴᠠ ᠡᠭᠦᠰᠬᠦ ᠶᠢ ᠪᠠᠷᠢᠮᠲᠠᠯᠠᠵᠤ᠂ ᠢᠳᠡᠪᠬᠢᠲᠠᠢ | ᠯᠠᠪᠳᠠᠭᠤᠨ᠂ ᠦᠨᠡᠩᠬᠦ ᠬᠡᠷᠡᠭᠵᠢᠭᠦᠯᠦᠰᠢᠲᠠᠢ ᠵᠠᠷᠴᠢᠮ ᠢ ᠪᠠᠷᠢᠮᠲᠠᠯᠠᠭᠰᠠᠨ ᠶᠤᠮ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠰᠢᠢᠳᠪᠦᠷᠢᠯᠡᠬᠦ ᠴᠢᠨᠠᠷᠲᠠᠢ ᠬᠦᠴᠦᠨ ᠵᠦᠢᠯ ᠨᠢ ᠬᠥᠭᠵᠢᠭᠦᠯᠦᠯᠲᠡ ᠪᠣᠯᠣᠨ᠎ᠠ᠃ ᠪᠢᠲᠡ ᠬᠥᠭᠵᠢᠭᠦᠯᠬᠦ ᠭᠡᠰᠡᠨ ᠡᠨᠡ | ᠨᠢᠭᠡ ᠴᠢᠬᠤᠯᠠ ᠰᠡᠳᠦᠪ ᠤᠨ ᠲᠣᠭᠤᠷᠢᠨ ᠳᠤ ᠳᠣᠣᠷᠠᠬᠢ ᠠᠵᠢᠯ ᠤᠳ ᠢ ᠭᠤᠣᠯᠳᠠᠯᠭᠠᠲᠠᠢ ᠰᠠᠶᠢᠲᠤᠷ ᠬᠢᠨ᠎ᠡ᠃ | ᠨᠢᠭᠡ᠂ ᠬᠥᠭᠵᠢᠯᠲᠡ ᠶᠢᠨ ᠵᠠᠩᠬᠢᠯᠠᠭ᠎ᠠ ᠶᠢ ᠲᠣᠪᠤᠶᠢᠮ᠎ᠠ ᠡᠵᠡᠮᠳᠡᠵᠦ᠂ ᠲᠥᠷᠥᠯ ᠵᠦᠢᠯ ᠤᠨ ᠪᠡᠯᠡ ᠣᠷᠤᠭᠤᠯᠤᠯᠲᠠ ᠨᠠᠯᠢᠶᠡᠳ ᠲᠥᠷᠭᠡᠨ ᠨᠡᠮᠡᠭᠳᠡᠬᠦ ᠶᠢ ᠪᠦᠬᠦ | ᠬᠥᠴᠥᠨ ᠢᠶᠠᠷ ᠢᠶᠠᠨ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ︽ᠡᠪᠦᠯ ᠤᠨ ᠤᠯᠠᠷᠢᠯ ᠤᠨ ᠪᠤᠭᠤᠮᠲᠠ ᠰᠢᠪᠲᠤᠯᠬᠤ ᠠᠵᠢᠯᠯᠠᠭᠠᠨ︾ ᠤ ᠦᠷ᠎ᠡ ᠪᠦᠲᠦᠮᠵᠢ ᠪᠠᠨ ᠥᠷᠭᠡᠳᠬᠡᠵᠦ᠂ ᠭᠤᠣᠯᠳᠠᠯᠭ᠎ᠠ ᠲᠠᠢ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠠᠷᠢᠨ ᠳᠠᠩᠰᠠ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠰᠢᠮᠳᠠᠭᠤᠯᠵᠤ᠂ ᠰᠢᠨ᠎ᠡ ᠡᠬᠢᠯᠡᠵᠦ | ᠪᠠᠶᠢᠭᠤᠯᠬᠤ ᠪᠠᠷ ᠲᠥᠯᠥᠪᠯᠡᠭᠰᠡᠨ ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠪᠡᠶᠡᠯᠡᠭᠦᠯᠵᠦ᠂ ᠪᠠᠷᠢᠯᠭ᠎ᠠ ᠡᠬᠢᠯᠡᠬᠦ | ᠤᠯᠠᠷᠢᠯ ᠪᠣᠯᠤᠮᠠᠭᠴᠠ 100 ᠠᠴᠠ ᠳᠡᠭᠡᠭᠰᠢᠬᠢ ᠴᠢᠬᠤᠯᠠ ᠶᠡᠭᠡ ᠲᠥᠷᠦᠯ ᠵᠦᠢᠯ ᠢ ᠲᠦᠪᠯᠡᠷᠡᠭᠦᠯᠦᠨ ᠠᠵᠢᠯ ᠡᠬᠢᠯᠡᠬᠦ ᠶᠢ ᠪᠠᠲᠤᠯᠠᠨ᠎ᠠ᠃ ᠲᠥᠷᠦᠯ ᠵᠦᠢᠯ | ᠲᠦᠯᠦᠪᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠲᠥᠷᠦᠯ ᠵᠦᠢᠯ ᠨᠥᠬᠡᠴᠡᠯᠡᠬᠦ ᠶᠢ ᠦᠨᠡᠩᠬᠦ ᠴᠢᠩᠳᠠᠯᠠᠵᠤ᠂ ᠴᠢᠬᠤᠯᠠ ᠶᠡᠭᠡ ᠲᠥᠷᠦᠯ ᠵᠦᠢᠯ ᠤᠨ ᠠᠮᠢᠳᠤᠯᠢᠭ | ᠬᠠᠮᠢᠶᠠᠷᠤᠯᠲᠠ᠂ ᠮᠥᠷᠳᠡᠨ ᠦᠢᠯᠡᠴᠢᠯᠡᠬᠦ ᠶᠢ ᠬᠡᠷᠡᠭᠵᠢᠭᠦᠯᠵᠦ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠣᠷᠤᠭᠤᠯᠤᠯᠲᠠ ᠶᠢᠨ ᠨᠡᠮᠡᠭᠳᠡᠯ ᠤᠨ | ᠦᠷᠭᠦᠯᠵᠢᠯᠡᠩᠭᠦᠢ ᠴᠢᠨᠠᠷ ᠢ ᠴᠢᠩᠭᠠᠳᠬᠠᠨ᠎ᠠ᠃ ᠪᠥᠬᠦ ᠵᠢᠯ ᠳᠤ ᠪᠡᠯᠡ ᠣᠷᠤᠭᠤᠯᠤᠯᠲᠠ ᠨᠢ 5000 ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ | ᠲᠦᠷᠦᠯ ᠵᠦᠢᠯ 700 ᠶᠢ ᠨᠠᠶᠢᠳᠠᠪᠦᠷᠢᠵᠢᠭᠤᠯᠵᠤ᠂ 1200 ᠳ᠋ᠦᠩᠰᠢᠭᠤᠷ ᠤᠨ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠲᠠᠲᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠪᠡᠯᠡ ᠣᠷᠤᠭᠤᠯᠤᠯᠲᠠ ᠶᠢᠨ ᠣᠷᠴᠢᠨ ᠢ ᠬᠦᠴᠦᠯᠡᠨ ᠰᠠᠶᠢᠵᠢᠷᠠᠭᠤᠯᠵᠤ᠂ ︽ | ᠡᠯᠢᠭᠡᠰᠡᠭ ᠮᠥᠷᠲᠡᠭᠡᠨ ᠠᠷᠢᠭᠤᠨ ᠴᠡᠭᠡᠴᠢ︾ ᠵᠠᠰᠠᠭ ᠠᠷᠠᠯᠵᠢᠶᠠᠴᠢᠨ ᠤ ᠰᠠᠶᠢᠨ ᠬᠠᠷᠢᠴᠠᠭ᠎ᠠ ᠶᠢ ᠪᠠᠶᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠥᠬᠡ | ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠲᠡᠶᠢᠰᠢ ᠴᠢᠭᠯᠡᠭᠦᠯᠵᠦ᠂ ᠲᠤᠰᠬᠠᠢ | ᠬᠦᠮᠦᠨ ᠲᠤᠰᠬᠠᠢ ᠠᠩᠭᠢ ᠶᠢ ᠲᠣᠳᠤᠷᠬᠠᠢ ᠲᠣᠭᠲᠠᠭᠠᠵᠤ᠂ ᠴᠢᠭᠯᠡᠭᠦᠯᠬᠦ ᠴᠢᠨᠠᠷᠲᠠᠢ ᠪᠠᠷ ᠨᠢᠭᠡ ᠨᠢᠭᠡ ᠪᠠᠷ ᠬᠠᠷᠢᠯᠴᠠᠨ ᠬᠠᠷᠠᠭᠠᠯᠵᠠᠭᠤᠯᠤᠨ ᠠᠷᠠᠯᠵᠢᠶᠠᠴᠢᠨ ᠤᠷᠢᠬᠤ ᠶᠢ | ᠥᠷᠨᠢᠭᠦᠯᠵᠦ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠠᠵᠦ ᠦᠢᠯᠡᠰ ᠤᠨ ᠬᠡᠯᠬᠢᠶᠠᠵᠢᠯ ᠢᠶᠠᠷ ᠠᠷᠠᠯᠵᠢᠶᠠᠴᠢᠨ ᠤᠷᠢᠬᠤ ᠶᠢ ᠠᠬᠢᠭᠤᠯᠵᠤ᠂ ᠠᠷᠭ᠎ᠠ ᠪᠦᠬᠦᠨ ᠢ | ᠰᠦᠪᠡᠭᠴᠢᠯᠡᠵᠦ ᠲᠥᠷᠦᠯ ᠵᠦᠢᠯ᠂ ᠠᠵᠤ ᠦᠢᠯᠡᠰᠲᠡᠨ ᠪᠠ ᠪᠡᠯᠡ ᠣᠷᠤᠭᠤᠯᠤᠯᠲᠠ ᠶᠢ ᠨᠠᠶᠢᠳᠠᠪᠦᠷᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠲᠤᠭ᠎ᠠ | ᠬᠡᠮᠵᠢᠶ᠎ᠡ᠂ ᠶᠠᠰᠤ ᠴᠢᠨᠠᠷ ᠤᠨ ᠪᠥᠬᠦ ᠲᠠᠯ᠎ᠠ ᠪᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ ᠪᠥᠬᠦ ᠵᠢᠯ ᠳᠤ ᠪᠡᠯᠡ ᠣᠷᠤᠭᠤᠯᠤᠯᠲᠠ ᠨᠢ ᠳ᠋ᠦᠩᠰᠢᠭᠤᠷ ᠲᠦᠭᠦᠷᠢᠭ ᠠᠴᠠ | ᠳᠡᠭᠡᠭᠰᠢᠬᠢ ᠲᠥᠷᠦᠯ ᠵᠦᠢᠯ ᠢ ᠬᠠᠮᠤᠭ ᠴᠦᠭᠡᠨ ᠳᠡᠭᠡᠨ 100 ᠠᠴᠠ ᠳᠡᠭᠡᠭᠰᠢ ᠭᠡᠷ᠎ᠡ ᠲᠣᠭᠲᠠᠨ ᠨᠠᠶᠢᠳᠠᠪᠦᠷᠢᠵᠢᠭᠤᠯᠵᠤ᠂ ᠲᠠᠲᠠᠨ ᠣᠷᠤᠭᠤᠯᠬᠤ ᠪᠡᠯᠡ ᠮᠥᠩᠭᠦ ᠶᠢ | ᠠᠳᠠᠯᠢ ᠬᠤᠭᠤᠴᠠᠭ᠎ᠠ ᠠᠴᠠ 10% ᠠᠴᠠ ᠳᠡᠭᠡᠭᠰᠢ ᠨᠡᠮᠡᠭᠳᠡᠭᠦᠯᠦᠨ᠎ᠡ᠃ | ᠨᠡᠶᠢᠭᠡᠮ ᠤᠨ ᠪᠡᠯᠡ ᠬᠥᠷᠥᠩᠭᠡ ᠶᠢ ᠠᠮᠢᠳᠦᠯᠢᠬᠵᠢᠭᠤᠯᠤᠨ ᠬᠥᠭᠵᠢᠭᠡᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠪᠤᠰᠤ | ᠦᠮᠴᠢᠯᠡᠯᠲᠦ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠢᠷᠭᠡᠨ ᠤ ᠪᠡᠯᠡ ᠣᠷᠤᠭᠤᠯᠤᠯᠲᠠ ᠶᠢ ᠥᠷᠭᠡᠳᠬᠡᠬᠦ ᠲᠥᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠤ᠂ ᠮᠠᠨ ᠤ ᠬᠤᠲᠠ ᠶᠢᠨ ᠪᠣᠳᠠᠲᠠᠢ ᠲᠥᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠢᠷᠭᠡᠨ ᠤ ᠪᠡᠯᠡ ᠣᠷᠤᠭᠤᠯᠬᠤ ᠳᠤ ᠳᠦᠭᠦᠮ ᠦᠵᠡᠭᠦᠯᠵᠦ᠂ | ᠢᠷᠭᠡᠨ ᠤ ᠪᠡᠯᠡ ᠣᠷᠤᠭᠤᠯᠤᠯᠲᠠ ᠶᠢᠨ ᠠᠷᠭ᠎ᠠ ᠵᠠᠮ ᠢ ᠰᠢᠯᠤᠭᠤᠳᠬᠠᠨ᠎ᠠ᠃ ᠳᠤᠮᠳᠠ ᠪᠠᠭ᠎ᠠ ᠵᠢᠵᠢᠭ ᠠᠵᠦ ᠠᠬᠤᠶᠢᠯᠠᠯ ᠤᠨ ᠬᠥᠭᠵᠢᠯᠲᠡ ᠶᠢ ᠬᠦᠴᠦᠲᠡᠢ ᠳᠡᠮᠵᠢᠵᠦ᠂ | ᠲᠦᠬᠦᠷᠵᠢᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠢ ᠬᠥᠭᠵᠢᠯᠲᠡ ᠶᠢᠨ ᠰᠠᠭᠤᠷᠢ ᠮᠥᠩᠭᠦ ᠭᠠᠷᠭᠠᠵᠤ᠂ ᠪᠡᠯᠡ | ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠨᠢ ᠦᠨᠡᠲᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠪᠠᠨ ᠰᠠᠶᠢᠵᠢᠷᠠᠭᠤᠯᠬᠤ᠂ ᠦᠷᠢᠰᠦᠯᠳᠦᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠩᠭᠠᠳᠬᠠᠨ᠎ᠠ᠃ ᠰᠠᠭᠤᠷᠢ | ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠬᠦᠷᠢᠶ᠎ᠡ ᠬᠡᠪᠴᠢᠶᠡᠨ ᠳᠤ ᠭᠤᠣᠯᠳᠠᠭᠤ PPP ᠬᠡᠯᠪᠡᠷᠢ ᠶᠢ ᠳᠡᠯᠭᠡᠷᠡᠭᠦᠯᠵᠦ᠂ ᠣᠷᠣᠨ ᠨᠤᠲᠤᠭ ᠤᠨ | ᠠᠵᠤ ᠠᠬᠤᠶᠢᠯᠠᠯ ᠤᠨ ᠢᠳᠡᠪᠬᠢᠲᠠᠢ ᠣᠷᠣᠯᠴᠠᠬᠤ ᠶᠢ ᠵᠦᠷᠢᠬᠵᠢᠭᠤᠯᠵᠤ᠂ ᠡᠨᠡ ᠵᠢᠯ ᠳᠤ PPP ᠲᠥᠷᠥᠯ ᠵᠦᠢᠯ 100 ᠠᠴᠠ ᠳᠡᠭᠡᠭᠰᠢ ᠨᠡᠶᠢᠳᠠᠪᠦᠷᠢᠵᠢᠭᠤᠯᠵᠤ᠂ | ᠪᠥᠬᠦ ᠬᠤᠲᠠ ᠶᠢᠨ PPP ᠲᠥᠷᠦᠯ ᠵᠦᠢᠯ ᠤᠨ ᠪᠠᠭᠲᠠᠭᠠᠮᠵᠢ ᠶᠢ 2000 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠠᠪᠴᠠᠩ ᠢ ᠥᠷᠭᠡᠳᠬᠡᠨ ᠪᠠᠳᠤᠵᠢᠭᠤᠯᠤᠨ᠎ᠠ᠃ ᠡᠯ᠎ᠡ ᠪᠡᠯᠡ ᠣᠷᠤᠭᠤᠯᠬᠤ ᠪᠡᠯᠡ | ᠬᠤᠷᠠᠮᠳᠤᠭᠤᠯᠬᠤ ᠪᠥᠯᠦᠭᠯᠡᠯ ᠤᠨ ᠵᠢᠯᠤᠭᠤᠳᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠠᠰᠢᠭᠯᠠᠯᠲᠠ᠂ ᠠᠭᠤᠷᠬᠠᠢ ᠵᠡᠷᠭᠡ ᠬᠦᠷᠢᠶ᠎ᠡ | ᠬᠡᠪᠴᠢᠶᠡᠨ ᠳᠤ ᠤᠯᠤᠰ ᠤᠨ ᠦᠮᠴᠢᠯᠡᠯᠲᠦ ᠪᠡᠯᠡ ᠬᠥᠷᠥᠩᠭᠡ ᠶᠢᠨ ᠪᠡᠯᠡ ᠣᠷᠤᠭᠤᠯᠬᠤ ᠺᠤᠮᠫᠠᠨᠢ ᠶᠢ ᠰᠢᠨ᠎ᠡ ᠪᠠᠷ ᠨᠢᠳᠬᠡᠨ ᠵᠣᠬᠢᠶᠠᠨ ᠪᠠᠶᠢᠭᠤᠯᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠ ᠲᠤᠰᠬᠠᠢ ᠪᠡᠯᠡ ᠤᠷᠤᠭᠤᠯᠬᠤ ᠪᠠᠶᠢᠭᠤᠯᠤᠮᠵᠢ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠮᠥᠩᠭᠦ᠂ ᠬᠤᠪᠢᠲᠤ ᠶᠢᠨ ᠡᠷᠬᠡ ᠶᠢᠨ ᠪᠡᠯᠡ ᠤᠷᠤᠭᠤᠯᠤᠯᠲᠠ ᠶᠢᠨ ᠰᠠᠭᠤᠷᠢ ᠮᠥᠩᠭᠦ ᠶᠢ ᠰᠣᠳᠣᠯᠣᠨ ᠪᠠᠶᠢᠭᠤᠯᠵᠤ᠂ ᠤᠯᠤᠰ ᠤᠨ | ᠳᠤᠲᠤᠭᠠᠳᠤ ᠭᠠᠳᠠᠭᠠᠳᠤ ᠶᠢᠨ ᠬᠤᠪᠢ ᠶᠢᠨ ᠬᠤᠷᠠᠮᠳᠠᠭᠤᠯᠭ᠎ᠠ ᠶᠢᠨ ᠬᠤᠪᠢᠲᠤ ᠶᠢᠨ ᠡᠷᠬᠡ ᠶᠢᠨ ᠪᠡᠯᠡ ᠤᠷᠤᠭᠤᠯᠤᠯᠲᠠ ᠶᠢᠨ ᠰᠠᠭᠤᠷᠢ ᠮᠥᠩᠭᠦ ᠶᠢ ᠲᠠᠲᠠᠨ ᠠᠪᠴᠢᠷᠠᠵᠤ | ᠂ ᠬᠤᠪᠢ ᠣᠷᠣᠭᠰᠠᠨ ᠠᠵᠤ ᠠᠬᠤᠶᠢᠯᠠᠯ᠂ ᠵᠢᠭᠡᠯᠡᠯᠭᠡ ᠶᠢᠨ ᠡᠷᠬᠡ ᠶᠢᠨ ᠡᠵᠡᠮᠰᠢᠯ ᠵᠡᠷᠭᠡ ᠠᠷᠭ᠎ᠠ ᠬᠡᠯᠪᠡᠷᠢ ᠪᠠᠷ ᠳᠠᠮᠵᠢᠵᠤ᠂ ᠭᠤᠣᠯᠳᠠᠯᠭ᠎ᠠ ᠲᠠᠢ ᠠᠵᠤ ᠦᠢᠯᠡᠰ ᠤᠨ | ᠭᠥᠭᠵᠢᠯᠲᠡ ᠪᠠ ᠴᠢᠬᠤᠯᠠ ᠶᠡᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠬᠤᠷᠠᠮᠳᠤᠭᠤᠯᠬᠤ ᠠᠰᠠᠭᠤᠳᠠᠯ ᠢ ᠨᠡᠩ ᠰᠠᠶᠢᠨ ᠰᠢᠢᠳᠪᠦᠷᠢᠯᠡᠨ᠎ᠡ᠃ | ᠤᠯᠤᠰ ᠤᠨ ᠦᠮᠴᠢᠯᠡᠯᠲᠦ ᠪᠡᠯᠡ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠥᠬᠦᠷ ᠬᠠᠮᠢᠶᠠᠷᠤᠯᠲᠠ ᠶᠢᠨ ᠳᠦᠷᠢᠮ ᠢ ᠲᠥᠷᠭᠡᠭᠡᠨ ᠲᠤᠭᠲᠠᠭᠠᠨ᠂ | ᠡᠵᠡᠩᠨᠡᠬᠦ ᠴᠢᠭᠯᠡᠯ ᠂ ᠬᠠᠮᠢᠶᠠᠷᠤᠯᠲᠠ ᠶᠢᠨ ᠪᠠᠶᠢᠭᠤᠯᠤᠮᠵᠢ ᠪᠠ ᠪᠡᠯᠡ ᠣᠷᠤᠭᠤᠯᠬᠤ ᠰᠢᠢᠳᠪᠦᠷᠢᠲᠦ ᠪᠣᠳᠤᠯᠭ᠎ᠠ ᠶᠢᠨ ᠪᠠᠶᠢᠭᠤᠯᠤᠮᠵᠢ ᠶᠢ ᠲᠣᠳᠤᠷᠬᠠᠶᠢᠯᠠᠵᠤ᠂ ᠬᠠᠤᠯᠢ ᠶᠢᠨ | ᠡᠷᠭᠡᠲᠡᠨ ᠢ ᠵᠠᠰᠠᠨ ᠴᠡᠭᠴᠡᠯᠡᠬᠦ ᠪᠦᠲᠦᠴᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠷᠥᠩᠭᠡ ᠶᠢᠨ ᠢᠳᠡᠭᠡᠮᠵᠢ ᠶᠢᠨ ᠳᠡᠰ ᠵᠡᠷᠭᠡ ᠶᠢ ᠳᠡᠭᠡᠭᠰᠢᠯᠡᠭᠦᠯᠬᠦ ᠶᠢ | ᠲᠦᠷᠭᠡᠳᠬᠡᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠺᠣᠮᠫᠠᠨᠢᠴᠢᠯᠠᠬᠤ᠂ ᠵᠠᠬ᠎ᠠ ᠳᠡᠯᠭᠡᠭᠦᠷᠵᠢᠬᠦ᠂ ᠡᠵᠡᠩᠨᠡᠬᠦ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠬᠤᠶᠠᠷ᠂ ᠬᠥᠭᠵᠢᠯᠲᠡ ᠶᠢᠨ ᠬᠥᠳᠡᠯᠭᠡᠭᠴᠢ ᠴᠢᠳᠠᠪᠦᠷᠢ ᠶᠢ ᠦᠷᠬᠦᠯᠵᠢᠯᠡᠨ ᠬᠤᠷᠠᠮᠳᠤᠭᠤᠯᠵᠤ᠂ ᠭᠤᠣᠯᠯᠠᠬᠤ ᠠᠵᠦ ᠦᠢᠯᠡᠰ ᠢ ᠬᠦᠴᠦ ᠣᠷᠤᠭᠤᠯᠤᠨ | ᠪᠣᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ᠠᠷᠭ᠎ᠠ ᠪᠦᠬᠦᠨ ᠢ ᠰᠥᠪᠡᠭᠴᠢᠯᠡᠨ ᠠᠭᠤᠷᠬᠠᠢ ᠶᠢᠨ ᠦᠢᠯᠡᠰ ᠲᠡᠮᠦᠷᠯᠢᠭ ᠬᠠᠶᠢᠯᠤᠭᠤᠯᠬᠤ ᠪᠣᠯᠣᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠢ ᠪᠣᠵᠠᠭᠠᠶᠢᠷᠠᠭᠤᠯᠤᠨ ᠬᠦᠴᠦᠷᠭᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢ ᠶᠢ ᠪᠠᠳᠤᠳᠬᠠᠨ᠎ᠠ᠃ | ᠶᠦᠨᠲ᠋ᠦ᠋ᠩ᠂ ᠵᠢᠨᠵᠢᠶᠠᠨ ᠬᠤᠶᠠᠷ ᠵᠡᠰ ᠬᠠᠶᠢᠯᠤᠭᠤᠯᠬᠤ ᠲᠥᠷᠦᠯ ᠵᠦᠢᠯ ᠢ ᠲᠥᠷᠭᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ 2018 ᠣᠨ ᠪᠣᠯᠲᠠᠯ᠎ᠠ ᠵᠠᠭᠤᠨ | ᠲᠦᠮᠡᠨ ᠲᠤᠨ ᠤ ᠳᠠᠪᠠᠭᠤᠯᠢᠭ ᠲᠠᠢ ᠦᠢᠯᠡᠳᠪᠦᠷᠢᠯᠡᠯ ᠤᠨ ᠴᠢᠳᠠᠪᠬᠢ ᠪᠣᠯᠬᠤ ᠶᠢ ᠪᠠᠲᠤᠯᠠᠨ᠎ᠠ᠃ ᠵᠡᠰ ᠤᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠵᠢᠯ | ᠬᠥᠭᠵᠢᠯᠲᠡ ᠶᠢ ᠰᠦᠪᠡᠭᠴᠢᠯᠡᠨ ᠲᠥᠯᠦᠪᠵᠢᠭᠦᠯᠵᠦ᠂ ᠨᠢᠭᠡ ᠪᠦᠯᠦᠭ ᠵᠡᠰ ᠨᠠᠷᠢᠯᠢᠭ᠌ ᠡᠳ᠋ᠰᠢᠭᠦᠯᠬᠦ ᠠᠵᠤ ᠠᠬᠤᠶᠢᠯᠠᠯ ᠢ ᠨᠠᠶᠢᠳᠠᠪᠦᠷᠢᠵᠢᠭᠤᠯᠬᠤ ᠶᠢ ᠠᠬᠢᠭᠤᠯᠵᠤ᠂ ᠠᠵᠤ | ᠦᠢᠯᠡᠰ ᠤᠨ ᠰᠥᠷᠦᠭᠵᠢᠯ ᠢ ᠲᠥᠷᠭᠡᠭᠡᠨ ᠪᠦᠷᠢᠯᠳᠦᠭᠦᠯᠵᠦ᠂ ᠮᠢᠩᠭᠠᠨ ᠳ᠋ᠦᠩᠰᠢᠭᠤᠷ ᠲᠦᠭᠦᠷᠢᠭ ᠤᠨ ᠳᠡᠰ ᠤᠨ ᠠᠵᠦ ᠦᠢᠯᠡᠰ ᠢ ᠪᠠᠶᠢᠭᠤᠯᠤᠨ᠎ᠠ᠃ ᠥᠩᠭᠡᠲᠦ | ᠲᠡᠮᠦᠷᠯᠢᠭ ᠤᠨ ᠠᠵᠤ ᠦᠢᠯᠡᠰ ᠤᠨ ᠰᠠᠭᠤᠷᠢ ᠮᠥᠩᠭᠦ ᠶᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠪᠠᠷᠢᠮᠵᠢᠶᠠᠲᠤ ᠪᠤᠰᠤ ᠥᠩᠭᠡᠲᠦ ᠲᠡᠮᠦᠷᠯᠢᠭ ᠤᠨ | ᠠᠷᠠᠯᠵᠢᠶᠠᠨ ᠤ ᠲᠥᠪ ᠶᠢ ᠲᠥᠷᠭᠡᠭᠡᠨ ᠪᠠᠶᠢᠭᠤᠯᠤᠨ ᠡᠵᠡᠩᠨᠡᠬᠦ ᠶᠢ ᠠᠬᠢᠭᠤᠯᠵᠤ᠂ ᠬᠠᠷ᠎ᠠ ᠲᠤᠭᠤᠯᠭ᠎ᠠ ᠴᠠᠶᠢᠷ ᠮᠥᠩᠭᠦ ᠴᠠᠭᠠᠨ ᠲᠤᠭᠤᠯᠭ᠎ᠠ ᠵᠡᠷᠭᠡ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠳᠤ ᠬᠦᠨᠴᠡ ᠲᠠᠢ ᠲᠣᠬᠢᠷᠠᠭᠤᠯᠤᠯᠲᠠ ᠬᠢᠬᠦ ᠶᠢ ᠠᠬᠢᠭᠤᠯᠵᠤ᠂ ᠪᠡᠯᠡ ᠭᠥᠷᠥᠩᠭᠡ | ᠣᠷᠣᠬᠤ ᠪᠠᠷ ᠠᠵᠤ ᠦᠢᠯᠡᠰ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃ ᠱᠧᠨ ᠦ᠋ ᠪᠥᠯᠦᠭᠯᠡᠯ ᠤᠨ 70 ᠲᠦᠮᠡᠨ ᠲᠤᠨ ᠤ ᠡᠲ᠋ᠢᠯ ᠬᠤᠶᠠᠷᠴᠢ | ᠠᠯᠺᠤᠤᠯ᠂ ᠳ᠋ᠠ ᠳ᠋ᠢ ᠶᠦᠨ ᠲᠢᠶᠠᠨ ᠤ ᠬᠤᠶᠠᠳᠤᠭᠠᠷ ᠬᠤᠭᠤᠴᠠᠭᠠᠨ ᠤ 60 ᠲᠦᠮᠡᠨ ᠲᠤᠨ ᠤ ᠹᠣᠰᠹᠣᠷ ᠪᠣᠷᠳᠣᠭᠤᠷ᠂ ᠢ ᠫᠢᠨ ᠠᠮᠢᠳᠤ ᠪᠣᠳᠠᠰ ᠤᠨ ᠫᠧᠨ᠋ᠲ᠋ᠢᠯ | ᠬᠤᠶᠠᠷᠲᠦ ᠠᠮᠢᠨ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ᠳ᠋ᠠ ᠲᠠᠩ ᠤᠨ ᠰᠢᠲᠠᠮᠠᠬᠠᠢ ᠬᠡᠢ ᠤᠨ ᠲᠥᠷᠦᠯ ᠵᠦᠢᠯ ᠤᠨ II᠂ III ᠰᠢᠰᠲ᠋ᠧᠮ ᠤᠨ ᠠᠵᠢᠯ ᠢᠶᠠᠨ | ᠳᠠᠬᠢᠨ ᠡᠬᠢᠯᠡᠭᠦᠯᠵᠦ ᠦᠷᠭᠦᠯᠵᠢᠯᠡᠨ ᠪᠠᠶᠢᠭᠤᠯᠬᠤ ᠶᠢ ᠠᠬᠢᠭᠤᠯᠵᠤ᠂ ᠳ᠋ᠠ ᠳ᠋ᠢ ᠶᠦᠨ ᠲᠢᠶᠠᠨ ᠤ ᠨᠢᠭᠡᠳᠦᠭᠡᠷ ᠬᠤᠭᠤᠴᠠᠭ᠎ᠠ ᠶᠢᠨ 60 ᠲᠦᠮᠡᠨ ᠲᠤᠨ ᠤ ᠹᠣᠰᠹᠣᠷ | ᠪᠣᠷᠳᠤᠭᠤᠷ᠂ ᠢ ᠫᠢᠨ ᠠᠮᠢᠳᠤ ᠪᠣᠳᠠᠰ ᠤᠨ 10 ᠲᠦᠮᠡᠨ ᠲᠤᠨ ᠤ ᠰᠧᠷᠧᠣᠨᠢᠨ ᠪᠠ 10 ᠲᠦᠮᠡᠨ ᠲᠤᠨ ᠤ ᠨᠡᠶᠢᠯᠡᠮᠡᠯ ᠰᠢᠪᠲᠦᠷ ᠤᠨ ᠪᠠᠶᠢᠭᠤᠯᠵᠤ ᠠᠰᠢᠭᠯᠠᠯᠲᠠ ᠳᠤ | ᠣᠷᠤᠬᠤ ᠶᠢ ᠦᠨᠡᠩᠬᠦ ᠪᠠᠲᠤᠯᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠦ ᠦᠢᠯᠡᠰ ᠤᠨ ᠲᠤᠯᠭᠠᠭᠤᠷᠢᠯᠠᠬᠤ ᠪᠠᠶᠢᠷᠢ ᠲᠠᠢ ᠪᠣᠯᠬᠤ ᠶᠢ ᠠᠬᠢᠭᠤᠯᠤᠨ᠎ᠠ᠃ | ᠠᠷᠭ᠎ᠠ ᠪᠦᠬᠦᠨ ᠢ ᠰᠦᠪᠡᠭᠴᠢᠯᠡᠨ ᠰᠢᠨ᠎ᠡ ᠮᠠᠨᠳᠤᠭᠰᠠᠨ ᠠᠵᠤ ᠦᠢᠯᠡᠰ ᠢ ᠪᠤᠶᠢᠵᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠵᠦ᠂ ᠣᠯᠠᠨ ᠡᠰᠢ | ᠲᠤᠯᠭᠠᠭᠤᠷᠢᠲᠦ ᠠᠵᠤ ᠦᠢᠯᠡᠳᠪᠦᠷᠢ ᠶᠢᠨ ᠬᠥᠭᠵᠢᠯᠲᠡ ᠶᠢᠨ ᠬᠡᠪ ᠪᠠᠶᠢᠳᠠᠯ ᠢ ᠪᠠᠶᠢᠭᠤᠯᠤᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠦᠨ᠂ | ᠴᠠᠬᠢᠭᠤᠷ ᠤᠨ ᠠᠵᠤ ᠦᠢᠯᠡᠰ ᠤᠨ ᠬᠦᠷᠢᠶ᠎ᠡ ᠬᠡᠪᠴᠢᠶᠡᠨ ᠳᠠᠬᠢ ᠦᠢᠯᠡᠳᠪᠦᠷᠢ ᠰᠤᠷᠭᠠᠭᠤᠯᠢ ᠰᠤᠳᠤᠯᠭᠠᠨ ᠤ ᠨᠢᠭᠡᠴᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ | ᠪᠠᠶᠢᠯᠳᠤᠬᠤ ᠪᠣᠳᠣᠯᠭ᠎ᠠ ᠶᠢᠨ ᠪᠡᠯᠡ ᠣᠷᠤᠭᠤᠯᠤᠭᠴᠢ ᠶᠢ ᠢᠳᠡᠪᠬᠢᠲᠡᠢ ᠣᠷᠤᠭᠤᠯᠤᠨ ᠠᠪᠴᠢᠷᠠᠵᠤ᠂ ᠨᠠᠨᠤᠮᠧᠲᠷ ᠤᠨ ᠳᠡᠰ ᠤᠨ ᠴᠠᠬᠢᠭᠤᠷ ᠽᠢᠷᠺᠦᠨ ᠤ ᠬᠢᠮᠢ ᠶᠢᠨ | ᠠᠵᠤ ᠦᠢᠯᠡᠳᠪᠦᠷᠢ ᠶᠢᠨ ᠲᠥᠷᠦᠯ ᠵᠦᠢᠯ ᠢ ᠡᠬᠢᠯᠡᠨ ᠪᠠᠶᠢᠭᠤᠯᠵᠤ᠂ ᠵᠡᠷᠭᠡ ᠲᠤᠨᠢ ᠨᠠᠷᠢᠯᠢᠭ᠌ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠶᠢ | ᠲᠥᠯᠥᠪᠵᠢᠭᠦᠯᠦᠨ᠂ ᠹᠦ᠋ ᠯᠧ ᠠᠯᠺᠧᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠨᠴᠠᠯᠢᠭᠲᠤ ᠠᠵᠤ | ᠦᠢᠯᠡᠰ ᠤᠨ ᠰᠦᠷᠦᠭᠵᠢᠯ ᠢ ᠪᠣᠢ ᠪᠣᠯᠭᠠᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ᠂ ᠬᠡᠰᠢᠭᠲᠡᠨ ᠬᠤᠰᠢᠭᠤᠨ ᠤ 120 ᠲᠦᠮᠡᠨ ᠺᠢᠯᠣᠸᠠᠲ | ᠤᠰᠤ ᠲᠠᠲᠠᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠡᠬᠢᠯᠡᠨ ᠪᠠᠶᠢᠭᠤᠯᠵᠤ᠂ ᠪᠥᠬᠦ ᠬᠤᠲᠠ ᠳᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 110 | ᠲᠦᠮᠡᠨ ᠺᠢᠯᠣᠸᠠᠲ ᠰᠢᠨ᠎ᠡ ᠨᠡᠮᠡᠭᠳᠡᠭᠦᠯᠬᠦ ᠪᠠᠷ ᠴᠢᠷᠮᠠᠶᠢᠨ᠎ᠠ᠃ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠬᠥᠭᠵᠢᠭᠦᠯᠦᠨ᠂ ᠰᠢᠶᠠᠩᠭᠠᠩ ᠤᠨ ᠦ᠋ ᠯᠦᠩ | ᠪᠦᠯᠦᠭᠯᠡᠯ ᠤᠨ ᠰᠢᠨ᠎ᠡ ᠡᠨᠧᠷᠭᠢ ᠶᠢᠨ ᠮᠠᠰᠢᠨ ᠲᠡᠷᠭᠡ᠂ ᠵᠣᠣ ᠴᠢ ᠪᠦᠯᠦᠭᠯᠡᠯ ᠤᠨ ᠠᠭᠠᠷ ᠤᠨ ᠠᠶᠠᠯᠠᠯ ᠤᠨ ᠲᠦᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ | ᠭᠠᠵᠠᠷ ᠤᠨ ᠲᠥᠷᠦᠯ ᠵᠦᠢᠯ ᠢ ᠠᠵᠢᠯ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ ᠲᠣᠮᠣ ᠲᠣᠭᠠᠴᠠᠭ᠎ᠠ ᠶᠢᠨ ᠠᠵᠤ ᠦᠢᠯᠡᠰ ᠢ ᠪᠤᠶᠢᠵᠢᠭᠤᠯᠤᠨ᠂ ᠣᠷᠣᠨ | ᠲᠣᠭᠤᠷᠢᠭ ᠤᠨ ᠴᠢᠨᠠᠷᠲᠠᠢ ᠲᠣᠮᠣ ᠲᠣᠭᠠᠴᠠᠭ᠎ᠠ ᠶᠢᠨ ᠲᠥᠪ ᠪᠠ ᠣᠶᠣᠨᠯᠢᠭ ᠬᠤᠲᠠ ᠶᠢ ᠪᠦᠲᠦᠭᠡᠨ ᠪᠠᠶᠢᠭᠤᠯᠤᠨ᠎ᠠ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠢ ᠲᠥᠷᠭᠡᠨ ᠬᠥᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ | ᠪᠠᠷᠢᠯ ᠢ ᠲᠣᠭᠲᠠᠭᠠᠵᠤ᠂15 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ ᠲᠠᠢ ᠯᠢᠩ ᠡᠮ ᠡᠮᠨᠡᠯᠭᠡ ᠶᠢᠨ ᠬᠠᠢ ᠴᠤᠸᠠᠩ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠢᠳᠡᠭᠡᠨ᠂ ᠪᠠᠷᠢᠯᠭ᠎ᠠ ᠶᠢᠨ ᠮᠠᠲ᠋ᠧᠷᠢᠶᠠᠯ᠂ ᠨᠡᠬᠡᠮᠡᠯ ᠵᠡᠷᠭᠡ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠰ ᠳᠡᠪᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠳᠠᠬᠢ ᠣᠷᠤᠭᠤᠯᠤᠯᠲᠠ ᠪᠠ ᠦᠢᠯᠡᠳᠬᠦᠨ ᠤ ᠰᠢᠨ᠎ᠡ ᠡᠭᠦᠳᠦᠯᠲᠡ ᠶᠢᠨ ᠬᠦᠴᠦᠯᠡᠴᠡ ᠪᠠᠨ | ᠨᠡᠮᠡᠭᠳᠡᠭᠦᠯᠵᠦ᠂ ᠣᠳᠣ ᠪᠠᠶᠢᠬᠤ ᠠᠵᠤ ᠠᠬᠤᠶᠢᠯᠠᠯ ᠢ ᠨᠢᠳᠬᠡᠨ ᠳᠠᠬᠢᠨ ᠵᠣᠬᠢᠶᠠᠨ ᠪᠠᠶᠢᠭᠤᠯᠬᠤ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠵᠦ᠂ ᠤᠯᠠᠮᠵᠢᠯᠠᠯᠲᠦ ᠠᠵᠤ | ᠦᠢᠯᠡᠰ ᠤᠨ ᠰᠢᠨ᠎ᠡ ᠨᠢᠭᠡᠨ ᠡᠷᠡᠨ ᠤ ᠬᠥᠭᠵᠢᠯ ᠮᠠᠨᠳᠤᠯ ᠢ ᠪᠡᠶᠡᠯᠡᠭᠦᠯᠦᠨ᠎ᠡ᠃ | ᠠᠷᠭ᠎ᠠ ᠪᠦᠬᠦᠨ ᠢ ᠰᠦᠪᠡᠭᠴᠢᠯᠡᠨ ︽3661︾ ᠢᠨᠵᠧᠨᠧᠷᠢᠩ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠡᠩ ᠢᠳᠡᠪᠬᠢᠲᠡᠢ ᠳᠡᠮᠵᠢᠬᠦ ᠲᠥᠷᠥ ᠶᠢᠨ ᠪᠣᠳᠤᠯᠭ᠎ᠠ ᠶᠢ ᠲᠣᠭᠲᠠᠭᠠᠵᠤ᠂ ᠲᠥᠬᠦᠭᠡᠷᠦᠮᠵᠢᠲᠦ | ᠲᠠᠷᠢᠶᠠᠯᠠᠩ᠂ ᠬᠦᠮᠦᠨ ᠤ ᠬᠦᠴᠦ ᠪᠠᠷ ᠡᠪᠡᠰᠦ ᠲᠠᠷᠢᠬᠤ᠂ ᠦᠨᠳᠦᠷ ᠦᠷ᠎ᠡ ᠠᠰᠢᠭᠲᠤ ᠮᠠᠯ ᠠᠵᠤ ᠠᠬᠤᠢ᠂ ᠡᠯᠪᠡᠭ ᠬᠤᠷᠢᠶᠠᠯᠲᠠ ᠲᠠᠢ ᠠᠵᠤ ᠠᠬᠤᠢ ᠶᠢᠨ ᠣᠢ | ᠪᠣᠯᠣᠨ ᠣᠨᠴᠠᠯᠢᠭᠲᠤ ᠲᠠᠷᠢᠵᠤ ᠲᠡᠵᠢᠭᠡᠬᠦ ᠠᠵᠤ ᠦᠢᠯᠡᠰ ᠢ ᠬᠥᠭᠵᠢᠭᠦᠯᠦᠨ᠂ ᠭᠠᠵᠠᠷ ᠰᠢᠷᠤᠢ ᠶᠢᠨ ᠰᠢᠯᠵᠢᠭᠦᠯᠦᠨ ᠳᠠᠭᠠᠴᠢᠯᠠᠭᠤᠯᠬᠤ᠂ ᠬᠡᠪᠴᠢᠶᠡᠵᠢᠭᠦᠯᠦᠨ ᠡᠵᠡᠩᠨᠡᠬᠦ | ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠢ ᠪᠣᠯᠭᠠᠵᠤ᠂ ᠡᠨᠡ ᠵᠢᠯ ᠤᠨ ︽3661︾ | ᠢᠨᠵᠧᠨᠧᠷᠢᠩ ᠤᠨ ᠡᠭᠦᠷᠭᠡ ᠪᠠᠨ ᠪᠡᠶᠡᠯᠡᠭᠦᠯᠬᠦ ᠶᠢ ᠦᠨᠡᠩᠬᠦ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ | ᠳᠡᠮᠵᠢᠵᠦ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠡᠷᠡᠲᠦ ᠳᠡᠮᠳᠡᠭᠲᠦ ᠶᠢ ᠨᠢᠳᠬᠡᠨ᠂ ᠬᠦᠴᠦᠨ ᠢᠶᠠᠨ ᠲᠦᠪᠯᠡᠷᠡᠭᠦᠯᠦᠨ ᠣᠷᠣᠨ ᠭᠠᠵᠠᠷ ᠤᠨ | ᠣᠨᠴᠠᠯᠢᠭ ᠢ ᠬᠠᠷᠠᠭᠤᠯᠤᠭᠰᠠᠨ ᠪᠠᠶᠢᠭᠠᠯᠢᠯᠢᠭ᠌ ᠤᠷᠭᠠᠨᠢᠭ ᠦᠢᠯᠡᠳᠬᠦᠨ ᠢ ᠪᠦᠲᠦᠭᠡᠨ᠎ᠡ᠃ ᠲᠠᠷᠢᠶᠠᠯᠠᠩ ᠮᠠᠯ ᠠᠵᠤ ᠠᠬᠤᠢ ᠬᠢᠭᠡᠳ ᠬᠤᠶᠠᠳᠤᠭᠠᠷ ᠭᠤᠷᠪᠠᠳᠤᠭᠠᠷ ᠠᠵᠤ | ᠦᠢᠯᠡᠰ ᠯᠦᠭᠡ ᠶᠢᠨ ᠤᠶᠠᠯᠳᠤᠨ ᠬᠥᠭᠵᠢᠬᠦ ᠶᠢ ᠠᠬᠢᠭᠤᠯᠵᠤ᠂ ᠪᠠᠶᠢᠭᠠᠯᠢᠯᠢᠭ᠌ ᠲᠠᠷᠢᠶᠠᠯᠠᠩ ᠤᠨ ᠪᠥᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠢ ᠦᠢᠯᠡᠳᠪᠦᠷᠢᠯᠡᠵᠦ | ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠬᠤ ᠲᠠᠢ ᠤᠶᠠᠯᠳᠤᠭᠤᠯᠤᠨ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠨᠥᠯᠥᠭᠡ ᠶᠡᠬᠡᠲᠡᠢ | ᠳᠠᠭᠠᠭᠤᠯᠤᠭᠴᠢ ᠠᠵᠤ ᠠᠬᠤᠶᠢᠯᠠᠯ ᠢ ᠣᠷᠤᠭᠤᠯᠤᠨ ᠠᠪᠴᠢᠷᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠡᠯᠬᠢᠶᠡᠵᠢᠯ ᠢ ᠪᠦᠲᠦᠭᠡᠨ᠎ᠡ᠃ ᠴᠠᠬᠢᠮ | ᠠᠷᠠᠯᠵᠢᠶᠠᠴᠢᠨ ᠤ ᠬᠥᠳᠡᠭᠡ ᠪᠠᠭᠤᠬᠤ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠪᠣᠯᠣᠨ | ᠲᠥᠷᠭᠡᠨ ᠬᠦᠷᠭᠡᠬᠦ ᠦᠢᠯᠡᠴᠢᠯᠡᠭᠡᠨ ᠤ ᠲᠣᠣᠷᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠡᠷᠢᠭᠦᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠪᠠ | ᠪᠠᠷᠠᠭ᠎ᠠ ᠬᠦᠷᠭᠡᠬᠦ ᠲᠥᠪ ᠢ ᠪᠠᠶᠢᠭᠤᠯᠵᠤ᠂ ᠭᠦᠢᠯᠭᠡᠭᠡᠨ ᠤ ᠬᠤᠪᠢᠷᠠᠯᠲᠠ ᠪᠠᠷ ᠬᠥᠳᠡᠭᠡ ᠲᠤᠰᠬᠤᠨ ᠮᠠᠯᠵᠢᠬᠤ ᠣᠷᠣᠨ ᠤ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠵᠤ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠵᠤᠭᠠᠴᠠᠨ ᠲᠣᠭᠤᠷᠢᠬᠤ᠂ | ᠰᠡᠯᠡᠭᠦᠴᠡᠯ ᠠᠮᠠᠷᠠᠯᠲᠠ᠂ ᠰᠤᠪᠢᠯᠠᠬᠤ ᠨᠠᠰᠤᠵᠢᠬᠤ᠂ ᠲᠠᠷᠢᠶᠠᠯᠠᠩ ᠳᠤ ᠪᠡᠶᠡᠳᠡᠨ ᠣᠷᠣᠯᠴᠠᠬᠤ ᠵᠡᠷᠭᠡ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠴᠢᠳ | ᠮᠠᠯᠴᠢᠳ ᠤᠨ ᠠᠵᠢᠯ ᠣᠯᠭᠤᠬᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠠᠷᠢᠶᠠᠯᠠᠩ ᠤᠨ | ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠥᠳᠡᠭᠡ ᠠᠵᠤ ᠠᠬᠤᠢ ᠶᠢᠨ ᠦᠵᠡᠰᠭᠦᠯᠡᠩ ᠢ ᠰᠠᠶᠢᠳᠤᠷ ᠡᠷᠬᠢᠯᠡᠨ᠎ᠡ᠃ | ᠠᠷᠭ᠎ᠠ ᠪᠦᠬᠦᠨ ᠢ ᠰᠦᠪᠡᠭᠴᠢᠯᠡᠨ ᠰᠣᠶᠣᠯ ᠤᠨ ᠵᠢᠭᠤᠯᠴᠢᠯᠠᠯ ᠤᠨ ᠦᠢᠯᠡᠰ ᠲᠤ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠠᠬᠢᠭᠤᠯᠵᠤ᠂ ᠣᠳᠣ ᠦᠶ᠎ᠡ ᠶᠢᠨ | ᠦᠢᠯᠡᠴᠢᠯᠡᠭᠡᠨ ᠤ ᠳᠡᠰ ᠳᠡᠪᠰᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠤᠨ ᠵᠢᠭᠤᠯᠴᠢᠯᠠᠯ ᠤᠨ ᠬᠦᠴᠦᠷᠭᠡᠭ ᠬᠤᠲᠠ ᠪᠣᠯᠣᠨ ᠳᠡᠯᠡᠬᠡᠢ ᠶᠢᠨ ᠵᠢᠭᠤᠯᠴᠢᠯᠠᠯ ᠤᠨ | ᠵᠣᠷᠢᠯᠲᠠ ᠭᠠᠵᠠᠷ ᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠣᠳᠣᠯᠭ᠎ᠠ ᠶᠢ ᠪᠥᠬᠦ | ᠬᠦᠴᠦᠨ ᠢᠶᠠᠷ ᠢᠶᠠᠨ ᠨᠠᠶᠢᠳᠠᠪᠦᠷᠢᠵᠢᠭᠤᠯᠵᠤ᠂ ᠵᠢᠭᠤᠯᠴᠢᠯᠠᠯ ᠤᠨ ᠦᠢᠯᠡᠰ ᠢ ᠦᠰᠦᠷᠦᠩᠭᠦᠢ ᠬᠥᠭᠵᠢᠭᠦᠯᠬᠦ ᠬᠤᠴᠤᠷᠠᠩᠭᠤᠢ ᠪᠠᠨ ᠬᠤᠪᠢᠷᠠᠭᠤᠯᠬᠤ ᠳᠠᠶᠢᠯᠠᠯᠳᠤᠭᠠᠨ | ᠥᠷᠨᠢᠭᠦᠯᠦᠨ᠎ᠡ᠃ ᠣᠶᠣᠨ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠰᠣᠳᠣᠨ ᠦᠵᠡᠮᠵᠢ ᠶᠢᠨ ᠣᠷᠣᠨ ᠪᠠ ᠭᠤᠣᠯ ᠦᠵᠡᠮᠵᠢ ᠶᠢᠨ ᠣᠷᠣᠨ ᠤ | ᠪᠠᠶᠢᠭᠤᠯᠤᠯᠲᠠ ᠶᠢ ᠠᠬᠢᠭᠤᠯᠵᠤ᠂ ᠡᠨᠡ ᠵᠢᠯ ᠳᠤ ᠠᠰᠬᠠᠲᠦ ᠶᠢᠨ ᠴᠢᠯᠠᠭᠤᠨ ᠣᠢ ᠶᠢᠨ ᠦᠵᠡᠮᠵᠢ ᠶᠢᠨ ᠣᠷᠣᠨ ᠢ ᠳᠡᠰ ᠳᠡᠪᠰᠢᠭᠦᠯᠦᠨ ᠤᠯᠤᠰ ᠤᠨ 5A ᠳᠡᠰ ᠤᠨ | ᠦᠵᠡᠮᠵᠢ ᠶᠢᠨ ᠣᠷᠣᠨ ᠪᠤᠯᠭᠠᠵᠤ ᠨᠢᠭᠡ ᠪᠦᠯᠦᠭ ᠰᠢᠨ᠎ᠡ ᠦᠵᠡᠮᠵᠢ ᠶᠢᠨ ᠤᠷᠤᠨ ᠦᠵᠡᠮᠵᠢ ᠶᠢᠨ ᠴᠢᠭ ᠢ ᠲᠦᠯᠦᠪᠯᠡᠨ ᠪᠠᠶᠢᠭᠤᠯᠵᠤ᠂ ᠬᠢᠲᠠᠨ ᠯᠢᠶᠣᠣ ᠶᠢᠨ | ᠰᠣᠶᠣᠯ ᠤᠨ ᠮᠥᠽᠸᠢ ᠪᠠᠷ ᠲᠤᠯᠤᠭᠠᠶᠢᠯᠠᠭᠤᠯᠤᠭᠰᠠᠨ ᠨᠢᠭᠡ ᠪᠦᠯᠦᠭ ᠮᠦᠽᠧᠢ ᠨᠦᠭᠦᠳ ᠢ ᠡᠬᠢᠯᠡᠨ ᠪᠠᠶᠢᠭᠤᠯᠵᠤ᠂ ᠪᠣᠷᠬᠠᠨᠲᠤ ᠶᠢᠨ ᠬᠠᠯᠠᠭᠤᠨ ᠷᠠᠰᠢᠶᠠᠨᠲᠤ ᠵᠢᠵᠢᠭ | ᠪᠠᠯᠭᠠᠰᠤ᠂ ᠮᠠᠶᠢᠷᠠᠨ ᠭᠤᠣᠯ ᠤᠨ ᠮᠥᠰᠥ ᠴᠠᠰᠤᠲᠤ ᠵᠢᠵᠢᠭ ᠪᠠᠯᠭᠠᠰᠤ ᠵᠡᠷᠭᠡ ᠣᠨᠴᠠᠯᠢᠭᠲᠤ ᠵᠢᠵᠢᠭ ᠪᠠᠯᠭᠠᠰᠤ 30 ᠶᠢ ᠡᠬᠢᠯᠡᠨ ᠪᠠᠶᠢᠭᠤᠯᠤᠨ᠎ᠠ᠃ ᠥᠪᠡᠷᠲᠡᠭᠡᠨ | ᠲᠡᠷᠭᠡ ᠵᠢᠯᠣᠭᠤᠳᠬᠤ ᠵᠢᠭᠤᠯᠴᠢᠯᠠᠯ ᠤᠨ ᠲᠥᠬᠦᠷ ᠦᠢᠯᠡᠴᠢᠯᠡᠭᠡᠨ ᠤ ᠵᠣᠬᠢᠴᠠᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠰᠢᠰᠲ᠋ᠧᠮ ᠲᠠᠢ | ᠪᠡᠶᠡᠯᠡᠭᠦᠯᠵᠦ᠂ 27 ᠥᠪᠡᠷᠲᠡᠭᠡᠨ ᠲᠡᠷᠭᠡ ᠵᠢᠯᠣᠭᠤᠳᠤᠨ ᠵᠤᠭᠠᠴᠠᠬᠤ ᠰᠠᠭᠤᠷᠢᠨ ᠭᠠᠵᠠᠷ ᠪᠠ 100 ᠵᠢᠭᠤᠯᠴᠢᠯᠠᠯ ᠤᠨ ᠠᠰᠠᠭᠤᠨ ᠯᠠᠪᠯᠠᠬᠤ ᠦᠢᠯᠡᠴᠢᠯᠡᠭᠡᠨ ᠤ | ᠲᠥᠪ ᠤᠨ ᠪᠦᠲᠦᠭᠡᠨ ᠪᠠᠶᠢᠭᠤᠯᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠵᠢᠭᠤᠯᠴᠢᠯᠠᠯ ᠤᠨ ᠵᠣᠷᠯᠤᠩ᠂ ᠵᠢᠭᠤᠯᠴᠢᠯᠠᠯ ᠤᠨ ᠢᠯᠡᠷᠬᠡᠶᠢᠯᠡᠯ ᠤᠨ ᠰᠢᠰᠲ᠋ᠧᠮ᠂ | ᠣᠨᠴᠠᠯᠢᠭᠲᠤ ᠠᠮᠲᠠᠲᠤ ᠢᠳᠡᠭᠡᠨ ᠤ ᠵᠡᠭᠡᠯᠢ ᠲᠣᠭᠤᠷᠢᠭ ᠪᠣᠯᠣᠨ ᠵᠤᠭᠠᠴᠠᠨ ᠪᠠᠷᠠᠭ᠎ᠠ ᠬᠤᠳᠠᠯᠳᠤᠨ ᠠᠪᠬᠤ ᠲᠠᠯᠠᠪᠤᠷ ᠭᠠᠵᠠᠷ ᠵᠡᠷᠭᠡ ᠳᠦᠬᠦᠷ ᠦᠢᠯᠡᠴᠢᠯᠡᠭᠡᠨ ᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠭ ᠬᠤᠪᠢᠶᠠᠨ ᠳᠦᠷᠢᠶᠡᠰᠦᠯᠡᠭᠦᠯᠬᠦ ᠨᠢᠭᠡ | ᠴᠣᠭᠴᠠᠯᠠᠭᠰᠠᠨ ᠡᠵᠡᠩᠨᠡᠯᠲᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠲᠣᠮᠣ ᠠᠰᠠᠷ ᠢ ᠪᠠᠶᠢᠭᠤᠯᠵᠤ ᠳᠠᠭᠤᠰᠬᠠᠬᠤ ᠪᠠᠷ | ᠴᠢᠷᠮᠠᠶᠢᠨ᠎ᠠ᠃ ᠵᠢᠭᠤᠯᠴᠢᠯᠠᠯ ᠤᠨ ᠲᠤᠰᠬᠠᠢ ᠱᠤᠭᠤᠮ ᠤᠨ ᠵᠠᠰᠠᠮᠠᠯ ᠵᠠᠮ ᠢ ᠳᠡᠰᠵᠢᠭᠦᠯᠬᠦ ᠬᠤᠶᠠᠷ ᠵᠢᠯ ᠤᠨ ᠪᠤᠭᠤᠮᠲᠠ ᠰᠢᠪᠲᠤᠯᠬᠤ ᠠᠵᠢᠯᠯᠠᠭᠠᠨ ᠢ ᠶᠠᠪᠤᠭᠤᠯᠵᠤ᠂ 57. | 6 ᠳ᠋ᠦᠩᠰᠢᠭᠤᠷ ᠲᠦᠭᠦᠷᠢᠭ ᠪᠡᠯᠡ ᠣᠷᠤᠭᠤᠯᠵᠤ᠂ 53 ᠵᠤᠷᠪᠤᠰ᠂ 1000 ᠺᠢᠯᠣᠮᠧᠲᠷ ᠭᠤᠣᠯᠳᠠᠯᠭ᠎ᠠ ᠲᠠᠢ ᠦᠵᠡᠮᠵᠢ ᠶᠢᠨ ᠣᠷᠣᠨ ᠢ ᠬᠤᠯᠪᠤᠭᠰᠠᠨ ᠵᠠᠮ | ᠱᠤᠭᠤᠮ ᠢ ᠪᠥᠬᠦ ᠲᠠᠯ᠎ᠠ ᠪᠠᠷ ᠡᠬᠢᠯᠡᠵᠦ ᠪᠠᠶᠢᠭᠤᠯᠤᠨ᠎ᠠ᠃ ᠰᠣᠶᠣᠯ᠂ ᠪᠡᠶ᠎ᠡ ᠶᠢᠨ ᠲᠠᠮᠢᠷ᠂ ᠬᠤᠳᠠᠯᠳᠤᠭᠠᠨ ᠤ ᠶᠠᠪᠤᠳᠠᠯ ᠵᠡᠷᠬᠡ ᠨᠢ ᠵᠢᠭᠤᠯᠴᠢᠯᠠᠯ ᠤᠨ ᠦᠢᠯᠡᠰ ᠯᠦᠭᠡ | ᠤᠶᠠᠯᠳᠤᠨ ᠬᠥᠭᠵᠢᠬᠦ ᠶᠢ ᠠᠬᠢᠭᠤᠯᠵᠤ᠂ ᠠᠷᠠᠳ ᠠᠴᠠ ᠮᠥᠽᠸᠢ ᠡᠷᠬᠢᠯᠡᠬᠦ ᠶᠢ ᠵᠦᠷᠢᠬᠵᠢᠭᠤᠯᠤᠨ ᠳᠡᠮᠵᠢᠬᠦ ᠲᠥᠷᠥ ᠶᠢᠨ ᠪᠤᠳᠤᠯᠭ᠎ᠠ ᠲᠣᠭᠲᠠᠭᠠᠵᠤ᠂ ᠨᠢᠭᠡ ᠪᠦᠯᠦᠭ | ᠨᠦᠯᠦᠭᠡᠯᠡᠬᠦ ᠬᠦᠴᠦᠨ ᠪᠦᠬᠦᠢ ᠬᠤᠷᠠᠯ ᠦᠵᠡᠰᠭᠦᠯᠡᠩ᠂ ᠪᠠᠶᠠᠷ ᠳᠤᠷᠠᠰᠬᠠᠯ ᠤᠨ ᠠᠵᠢᠯᠯᠠᠭᠠᠨ᠂ ᠪᠣᠳᠠᠳᠤ ᠦᠵᠡᠮᠵᠢ ᠳᠤ ᠲᠣᠭᠯᠠᠯᠲᠠ ᠭᠠᠷᠭᠠᠬᠤ ᠪᠠ ᠪᠡᠶ᠎ᠡ ᠶᠢᠨ | ᠲᠠᠮᠢᠷ ᠤᠨ ᠤᠷᠤᠯᠳᠤᠭᠠᠨ ᠢ ᠡᠷᠬᠢᠯᠡᠨ ᠬᠢᠵᠦ᠂ ᠰᠣᠶᠣᠯ ᠤᠨ ᠵᠢᠭᠤᠯᠴᠢᠯᠠᠯ ᠤᠨ ᠦᠢᠯᠡᠳᠬᠡᠭᠦᠨ ᠤ ᠪᠦᠲᠦᠮᠵᠢᠲᠦ ᠬᠠᠩᠭᠠᠯᠭ᠎ᠠ ᠶᠢ ᠨᠡᠮᠡᠭᠳᠡᠭᠦᠯᠦᠨ᠎ᠡ᠃ ︽ᠭᠡᠷ | ᠬᠤᠲᠠᠯᠠᠭᠠᠷ ᠢᠶᠠᠨ ᠤᠯᠠᠭᠠᠨᠬᠠᠳᠠᠨᠠ ᠵᠤᠭᠠᠴᠠᠬᠤᠶᠠ ᠲᠠᠭᠠᠯᠠᠮᠵᠢᠲᠠᠢ ᠮᠦᠷᠲᠡᠭᠡᠨ ᠬᠠᠨᠤᠮᠵᠢᠲᠠᠢ︾ ᠭᠡᠬᠦ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠪᠦᠲᠦᠭᠡᠬᠦ ᠲᠠᠢ | ᠤᠶᠠᠯᠳᠤᠭᠤᠯᠤᠨ᠂ ᠵᠢᠭᠤᠯᠴᠢᠯᠠᠯ ᠤᠨ ᠤᠬᠠᠭᠤᠯᠭ᠎ᠠ ᠪᠣᠷᠤᠯᠠᠭᠤᠯᠤᠯᠲᠠ ᠶᠢ ᠠᠬᠢᠭᠤᠯᠬᠤ ᠬᠦᠴᠦᠯᠡᠴᠡ ᠪᠠᠨ ᠨᠡᠮᠡᠭᠳᠡᠭᠦᠯᠦᠨ᠎ᠡ᠃ | ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠪᠠᠶᠢᠭᠤᠯᠵᠤ᠂ ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠪᠠ ᠲᠤᠰᠬᠠᠢ ᠲᠥᠷᠦᠯ ᠤᠨ | ᠵᠢᠯᠤᠭᠤᠳᠤᠮᠵᠢ ᠮᠥᠩᠭᠦ ᠭᠠᠷᠭᠠᠨ᠎ᠠ᠃ ᠪᠦᠬᠦ ᠵᠢᠯ ᠳᠤ ᠵᠢᠭᠤᠯᠴᠢᠯᠠᠯ ᠤᠨ ᠪᠡᠯᠡ ᠣᠷᠤᠭᠤᠯᠤᠯᠲᠠ 250 ᠳ᠋ᠦᠩᠰᠢᠭᠤᠷ ᠲᠦᠭᠦᠷᠢᠭ ᠪᠡᠶᠡᠯᠡᠭᠦᠯᠬᠦ ᠪᠠᠷ ᠴᠢᠷᠮᠠᠶᠢᠵᠤ᠂ | ᠵᠤᠭᠠᠴᠠᠭᠰᠠᠳ ᠢ ᠬᠦᠯᠢᠶᠡᠨ ᠠᠪᠬᠤ ᠶᠢ 1600 ᠲᠦᠮᠡᠨ ᠬᠦᠮᠦᠨ ᠤᠳᠠᠭ᠎ᠠ ᠠᠴᠠ ᠳᠠᠪᠠᠭᠤᠯᠵᠤ᠂ ᠵᠢᠭᠤᠯᠴᠢᠯᠠᠯ ᠤᠨ ᠣᠷᠣᠯᠭ᠎ᠠ 260 ᠳ᠋ᠦᠩᠰᠢᠭᠤᠷ ᠲᠦᠭᠦᠷᠢᠭ ᠢ | ᠪᠡᠶᠡᠯᠡᠭᠦᠯᠦᠨ᠎ᠡ᠃ ᠣᠷᠣᠨ ᠲᠣᠭᠤᠷᠢᠭ ᠤᠨ ᠴᠢᠨᠠᠷᠲᠠᠢ ᠪᠠᠷᠠᠭ᠎ᠠ ᠶᠢᠨ ᠭᠦᠢᠯᠭᠡᠭᠡᠨ ᠤ ᠬᠦᠢᠰᠦ ᠬᠤᠲᠠ ᠪᠠᠯᠭᠠᠰᠤ ᠪᠠ ᠠᠷᠠᠯᠵᠢᠶᠠᠨ ᠤ ᠲᠥᠪ ᠢ ᠪᠦᠲᠦᠭᠡᠨ | ᠪᠠᠶᠢᠭᠤᠯᠬᠤ ᠲᠠᠢ ᠤᠶᠠᠯᠳᠤᠭᠤᠯᠤᠨ᠂ ᠣᠳᠣ ᠦᠶ᠎ᠡ ᠶᠢᠨ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ | ᠭᠦᠢᠯᠭᠡᠭᠡᠨ ᠢᠶᠠᠷ ᠬᠤᠳᠠᠯᠳᠤᠭ᠎ᠠ ᠠᠷᠠᠯᠵᠢᠶᠠᠨ ᠤ ᠦᠢᠯᠡᠰ ᠤᠨ ᠶᠡᠭᠡ ᠬᠥᠭᠵᠢᠯᠲᠡ ᠶᠡᠭᠡ ᠬᠥᠭᠵᠢᠶᠡᠨ ᠢ ᠠᠬᠢᠭᠤᠯᠤᠨ᠎ᠠ᠃ ᠪᠣᠳᠠᠳᠤ ᠴᠣᠭᠴᠠᠲᠤ ᠰᠤᠯᠠ ᠪᠠᠷ | ᠪᠣᠷᠤᠯᠠᠭᠤᠯᠬᠤ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠬᠦ ᠬᠡᠯᠪᠡᠷᠢ ᠪᠠᠨ ᠬᠤᠪᠢᠷᠠᠭᠤᠯᠬᠤ᠂ ᠰᠦᠯᠵᠢᠶ᠎ᠡ ᠲᠣᠲᠤᠷᠠᠬᠢ ᠪᠠ ᠭᠠᠳᠠᠨᠠᠬᠢ ᠬᠠᠷᠢᠯᠴᠠᠨ | ᠤᠶᠠᠯᠳᠤᠬᠤ ᠶᠢ ᠠᠬᠢᠭᠤᠯᠵᠤ᠂ ᠨᠢᠭᠡ ᠪᠦᠯᠦᠭ ᠨᠡᠷᠡᠲᠦ ᠳᠡᠯᠭᠡᠭᠦᠷ᠂ ᠨᠡᠷᠡᠲᠦ ᠲᠡᠮᠳᠡᠭᠲᠦ ᠶᠢ ᠪᠦᠲᠦᠭᠡᠨ᠎ᠡ᠃ ᠲᠥᠩ ᠹᠠᠩ ᠴᠠᠬᠢᠮ ᠠᠷᠠᠯᠵᠢᠶ᠎ᠠ ᠶᠢᠨ ᠠᠵᠦ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠤᠯᠤᠰ ᠤᠨ ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠲᠣᠷᠰᠢᠯᠲᠠ ᠶᠢᠨ | ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ᠤᠶᠤᠨᠲᠦ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠢ ᠲᠦᠷᠭᠡᠨ ᠬᠥᠭᠵᠢᠭᠦᠯᠵᠦ᠂ ᠤᠯᠠᠭᠠᠨᠬᠠᠳᠠ ᠠᠷᠠᠯᠵᠢᠶ᠎ᠠ | ᠬᠤᠳᠠᠯᠳᠤᠭᠠᠨ ᠢ ᠪᠠᠷᠠᠭ᠎ᠠ ᠶᠢᠨ ᠭᠦᠢᠯᠭᠡᠭᠡᠨ ᠤ ᠬᠤᠲᠠ᠂ ᠮᠥᠩᠭᠦᠨ ᠭᠦᠢᠯᠭᠡᠭᠡᠨ ᠤ ᠪᠠᠷᠠᠭ᠎ᠠ ᠶᠢᠨ ᠭᠦᠢᠯᠭᠡᠭᠡᠨ ᠤ ᠭᠠᠷᠠᠮ᠂ ᠯᠢᠶᠠᠨ ᠰᠢᠶᠠᠩ ᠰᠡᠷᠢᠭᠦᠨ ᠬᠠᠳᠠᠭᠠᠯᠠᠬᠤ | ᠪᠠᠷᠠᠭ᠎ᠠ ᠶᠢᠨ ᠭᠦᠢᠯᠭᠡᠭᠡᠨ ᠵᠡᠷᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠦ ᠦᠢᠯᠡᠰ ᠪᠠ ᠬᠤᠲᠠ ᠪᠠᠯᠭᠠᠰᠤ ᠤᠶᠠᠯᠳᠤᠨ | ᠬᠥᠭᠵᠢᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠷᠭ᠎ᠠ ᠪᠦᠬᠦᠨ ᠢ ᠰᠥᠪᠡᠭᠴᠢᠯᠡᠨ ᠮᠥᠩᠭᠦᠨ ᠭᠦᠢᠯᠭᠡᠭᠡᠨ ᠤ ᠠᠵᠤ ᠦᠢᠯᠡᠰ ᠢ ᠪᠤᠶᠢᠵᠢᠭᠤᠯᠵᠤ᠂ ᠪᠣᠳᠠᠲᠤ ᠠᠵᠤ ᠠᠬᠤᠢ ᠶᠢᠨ ᠡᠷᠡᠭᠦᠯ ᠬᠥᠭᠵᠢᠯᠲᠡ ᠶᠢ | ᠲᠦᠯᠬᠢᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠪᠠᠷ ᠨᠢᠭᠡᠨᠲᠡ ᠲᠣᠭᠲᠠᠭᠠᠭᠰᠠᠨ ᠠᠯᠢ ᠣᠯᠠᠨ ᠲᠥᠷᠦ ᠶᠢᠨ | ᠪᠣᠳᠣᠯᠭ᠎ᠠ ᠨᠤᠭᠤᠳ ᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠪᠡᠯᠡ ᠬᠦᠷᠦᠩᠭᠡ ᠶᠢᠨ ᠪᠤᠳᠠᠳᠤ ᠠᠵᠤ ᠠᠬᠤᠢ ᠵᠦᠭ ᠭᠦᠢᠯᠭᠡᠬᠦ ᠵᠠᠮ ᠢ ᠴᠢᠷᠮᠠᠶᠢᠨ | ᠰᠢᠯᠤᠭᠤᠳᠬᠠᠵᠤ᠂ ᠪᠤᠳᠠᠳᠤ ᠠᠵᠤ ᠠᠬᠤᠢ ᠶᠢ ᠲᠡᠮᠵᠢᠭᠦ ᠶᠠᠪᠤᠴᠠ ᠳᠤ ᠮᠥᠩᠭᠦᠨ ᠭᠦᠢᠯᠭᠡᠭᠡ ᠶᠢᠨ ᠦᠢᠯᠡᠰ ᠤᠨ ᠪᠥᠬᠦ ᠲᠠᠯ᠎ᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ | ᠤᠯᠤᠰ ᠤᠨ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠪᠡᠯᠡ ᠣᠷᠤᠭᠤᠯᠤᠯᠲᠠ ᠶᠢᠨ ᠲᠥᠷᠥ ᠶᠢᠨ ᠪᠣᠳᠤᠯᠭ᠎ᠠ ᠶᠢ ᠲᠣᠰᠣᠨ ᠵᠠᠯᠭᠠᠵᠤ᠂ ᠭᠠᠳᠠᠷ ᠣᠷᠣᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠣᠷᠤᠭᠤᠯᠤᠨ ᠠᠪᠴᠢᠷᠠᠵᠤ᠂ ᠤᠯᠠᠭᠠᠨᠬᠠᠳᠠ ᠳᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠰᠠᠯᠪᠦᠷᠢ ᠪᠠᠶᠢᠭᠤᠯᠤᠮᠵᠢ ᠭᠠᠷᠭᠠᠬᠤ ᠶᠢ ᠵᠦᠷᠢᠬᠵᠢᠭᠤᠯᠵᠤ᠂ ᠤᠯᠠᠭᠠᠨᠬᠠᠳᠠ ᠶᠢᠨ ᠬᠤᠳᠠᠯᠳᠤᠭᠠᠨ ᠤ ᠪᠠᠩᠬᠢ ᠪᠣᠯᠣᠨ ᠤᠯᠠᠭᠠᠨᠬᠠᠳᠠ ᠶᠢᠨ ᠮᠥᠩᠭᠦᠨ ᠭᠦᠢᠯᠭᠡᠭᠡᠨ ᠤ | ᠬᠤᠪᠢᠲᠤ ᠡᠵᠡᠮᠰᠢᠯ ᠤᠨ ᠪᠦᠯᠦᠭᠯᠡᠯ ᠪᠠᠶᠢᠭᠤᠯᠬᠤ ᠶᠢ ᠲᠥᠷᠭᠡᠳᠬᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠬᠡᠮᠵᠢᠲᠦ ᠵᠢᠭᠡᠯᠡᠯᠭᠡ ᠲᠠᠯᠪᠢᠬᠤ | ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠵᠤ᠂ ᠵᠢᠭᠡᠯᠡᠯᠭᠡ ᠶᠢ 100 ᠳ᠋ᠦᠩᠰᠢᠭᠤᠷ ᠲᠦᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ | ᠵᠢᠭᠡᠯᠡᠯᠭᠡ ᠶᠢᠨ ᠦᠯᠡᠳᠡᠪᠦᠷᠢ ᠶᠢ 1500 ᠳ᠋ᠦᠩᠰᠢᠭᠤᠷ ᠲᠦᠭᠦᠷᠢᠭ ᠳᠠᠪᠠᠭᠤᠯᠤᠨ᠎ᠠ᠃ ᠤᠯᠤᠰ ᠤᠨ ᠶᠠᠳᠠᠭᠤ ᠬᠦᠴᠢᠷᠲᠡᠢ ᠬᠤᠰᠢᠭᠤ ᠰᠢᠶᠠᠨ ᠳᠠᠬᠢ IPO ᠳᠡᠮᠵᠢᠬᠦ | ᠲᠥᠷᠥ ᠶᠢᠨ ᠪᠣᠳᠣᠯᠭ᠎ᠠ ᠶᠢ ᠰᠠᠶᠢᠲᠤᠷ ᠭᠦᠢᠴᠡᠳ ᠠᠰᠢᠭᠯᠠᠵᠤ᠂ ᠠᠵᠤ ᠠᠬᠤᠶᠢᠯᠠᠯ ᠤᠨ ᠬᠤᠪᠢᠲᠣ ᠶᠢᠨ ᠵᠠᠬ᠎ᠠ ᠳᠤ ᠭᠠᠷᠬᠤ ᠳᠥᠷᠪᠡᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠥᠪᠥᠷ ᠮᠣᠩᠭᠤᠯ ᠤᠨ ᠬᠤᠪᠢᠲᠤ ᠶᠢᠨ ᠡᠷᠬᠡ ᠶᠢᠨ ᠠᠷᠠᠯᠵᠢᠶᠠᠨ ᠤ ᠲᠥᠪ ᠤᠨ ᠤᠯᠠᠭᠠᠨᠬᠠᠳᠠ ᠶᠢᠨ ᠬᠤᠪᠢᠶᠠᠷᠢ ᠲᠥᠪ ᠢ | ᠠᠯᠢ ᠲᠥᠷᠭᠡᠨ ᠪᠠᠶᠢᠭᠤᠯᠤᠨ ᠡᠵᠡᠩᠨᠡᠯᠲᠡ ᠳᠤ ᠣᠷᠤᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠢᠭᠤᠳ ᠪᠡᠯᠡ ᠬᠤᠷᠠᠮᠳᠤᠭᠤᠯᠬᠤ ᠠᠷᠭ᠎ᠠ ᠵᠠᠮ ᠢ | ᠦᠷᠭᠡᠳᠬᠡᠨ᠎ᠡ᠃ ᠳᠠᠭᠠᠳᠬᠠᠯ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠵᠤ᠂ ᠳᠠᠭᠠᠳᠬᠠᠯ ᠤᠨ ᠪᠡᠯᠡ ᠮᠥᠩᠭᠦ ᠶᠢᠨ ᠪᠣᠳᠠᠲᠤ ᠴᠤᠭᠴᠠ ᠶᠢᠨ ᠠᠵᠤ | ᠠᠬᠤᠢ ᠳᠠᠬᠢ ᠦᠢᠯᠡᠴᠢᠯᠡᠭᠡᠨ ᠤ ᠰᠢᠨ᠎ᠡ ᠬᠡᠯᠪᠡᠷᠢ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠦᠷ᠎ᠡ ᠠᠰᠢᠭ ᠲᠠᠢ ᠦᠢᠯᠡᠳᠦᠯ ᠲᠠᠢ ᠪᠠᠩᠬᠢ ᠵᠠᠰᠠᠭ ᠠᠵᠤ | ᠠᠬᠤᠶᠢᠯᠠᠯ ᠤᠨ ᠵᠤᠯᠭᠠᠯᠲᠠ ᠶᠢᠨ ᠲᠠᠪᠴᠠᠩ ᠢ ᠢᠳᠡᠪᠬᠢᠲᠠᠢ ᠪᠠᠶᠢᠭᠤᠯᠵᠤ᠂ ᠬᠤᠲᠠ ᠬᠤᠰᠢᠭᠤ ᠬᠤᠶᠠᠷ ᠱᠠᠲᠤᠨ ᠤ ᠪᠡᠯᠡ ᠬᠤᠷᠠᠮᠳᠤᠭᠤᠯᠬᠤ ᠪᠠᠲᠤᠯᠠᠨ ᠳᠠᠭᠠᠭᠠᠬᠤ | ᠬᠤᠷᠰᠢᠯᠴᠠᠭᠠᠨ ᠤ ᠵᠣᠬᠢᠴᠠᠮᠵᠢ ᠶᠢᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠪᠡᠯᠡ ᠬᠤᠷᠠᠮᠳᠤᠭᠤᠯᠬᠤ ᠪᠠᠲᠤᠯᠠᠨ ᠳᠠᠭᠠᠭᠠᠬᠤ ᠠᠵᠢᠯ ᠢ ᠬᠦᠴᠦᠷᠭᠡᠭᠵᠢᠭᠦᠯᠦᠨ | ᠥᠷᠭᠡᠳᠬᠡᠨ᠎ᠡ᠃ ᠳᠠᠭᠠᠭᠠᠯᠲᠠ ᠲᠤᠰᠠᠯᠠᠬᠤ ᠵᠢᠭᠡᠯᠡᠯᠭᠡ ᠶᠢᠨ ᠬᠡᠯᠪᠡᠷᠢ ᠶᠢ ᠬᠦᠴᠦᠯᠡᠨ ᠥᠷᠨᠢᠭᠦᠯᠵᠦ᠂ ᠡᠨᠡ ᠵᠢᠯ ᠳᠤ ᠵᠢᠭᠡᠯᠡᠯᠭᠡ ᠲᠠᠯᠪᠢᠬᠤ ᠬᠡᠪᠴᠢᠶ᠎ᠡ ᠶᠢ 10 | ᠳ᠋ᠦᠩᠰᠢᠭᠤᠷ ᠲᠦᠭᠦᠷᠢᠭ ᠲᠤ ᠬᠦᠷᠭᠡᠨ᠎ᠡ᠃ | ᠭᠤᠷᠪᠠ᠂ ᠬᠥᠭᠵᠢᠯᠲᠡ ᠶᠢᠨ ᠰᠠᠭᠤᠷᠢ ᠪᠠᠨ ᠲᠦᠷᠭᠡᠨ ᠪᠠᠲᠤᠵᠢᠭᠤᠯᠵᠤ᠂ ᠬᠤᠲᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ | ᠳᠤᠳᠠᠭᠤᠳᠠᠯ ᠢᠶᠠᠨ ᠲᠦᠪᠯᠡᠷᠡᠭᠦᠯᠦᠨ ᠨᠥᠬᠦᠪᠦᠷᠢᠯᠡᠨ᠎ᠡ᠃ | ᠵᠠᠮ ᠬᠠᠷᠢᠯᠴᠠᠭᠠᠨ ᠤ ᠰᠠᠭᠤᠷᠢ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ︽ᠪᠣᠰᠤᠭ᠎ᠠ ᠪᠡᠶᠡᠲᠦ ᠵᠠᠮ ᠬᠠᠷᠢᠯᠴᠠᠭ᠎ᠠ︾ ᠶᠢᠨ ᠪᠠᠶᠢᠭᠤᠯᠤᠯᠲᠠ ᠶᠢ | ᠠᠬᠢᠭᠤᠯᠵᠤ᠂ ᠴᠠᠭ ᠦᠶ᠎ᠡ ᠶᠢᠨ ᠬᠤᠪᠢᠷᠠᠯᠲᠠ ᠪᠠᠷ ᠳᠠᠮᠵᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠦᠨ᠎ᠡ᠃ ᠵᠠᠰᠠᠮᠠᠯ ᠵᠠᠮ ᠤᠨ | ᠪᠠᠶᠢᠭᠤᠯᠤᠯᠲᠠ ᠳᠤ᠂ ᠲᠦᠯᠦᠪᠵᠢᠭᠦᠯᠭᠡ ᠶᠢᠨ ᠳᠡᠮᠵᠢᠯᠭᠡ ᠶᠢ ᠴᠢᠷᠮᠠᠶᠢᠨ ᠣᠯᠵᠤ᠂ ᠰᠢᠨ ᠬᠤᠢ ᠠᠴᠠ ᠴᠢᠪᠠᠭ᠎ᠠ ᠬᠦᠷᠬᠦ᠂ ᠲᠡᠩᠨᠡᠭᠦᠷ ᠭᠤᠣᠯ ᠠᠴᠠ ᠳ᠋ᠠ ᠰᠢᠩ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠬᠤᠲᠠ ᠶᠢᠨ ᠵᠠᠰᠠᠮᠠᠯ ᠵᠠᠮ ᠤᠨ ᠨᠢᠭᠡ ᠭᠤᠯᠳᠤ ᠨᠢᠭᠡ ᠬᠥᠨᠳᠡᠯᠡᠨ ᠭᠤᠣᠯ | ᠨᠢᠷᠤᠭᠤᠪᠴᠢ ᠶᠢ ᠪᠦᠷᠢᠯᠳᠦᠭᠦᠯᠦᠨ᠎ᠡ᠃ ᠤᠯᠤᠰ ᠮᠤᠵᠢ ᠶᠢᠨ ᠭᠤᠣᠯ ᠱᠤᠭᠤᠮ ᠢᠶᠠᠷ ᠭᠤᠣᠯᠳᠠᠯᠭ᠎ᠠ ᠪᠣᠯᠭᠠᠭᠰᠠᠨ ᠳᠡᠭᠡᠳᠦ ᠳᠡᠰ ᠤᠨ ᠵᠠᠰᠠᠮᠠᠯ ᠵᠠᠮ ᠵᠠᠰᠠᠬᠤ | ᠠᠯᠬᠤᠴᠠ ᠪᠠᠨ ᠲᠥᠷᠭᠡᠳᠬᠡᠵᠦ᠂ ᠳ᠋ᠠᠪᠠᠨ ᠠᠴᠠ ᠪᠢᠷᠠᠭᠤ ᠬᠦᠷᠬᠦ ᠬᠤᠷᠳᠤᠨ ᠤ ᠵᠠᠮ ᠵᠡᠷᠭᠡ 8 ᠵᠤᠷᠪᠤᠰ ᠪᠠᠶᠢᠭᠤᠯᠵᠤ ᠪᠠᠶᠢᠭ᠎ᠠ ᠵᠠᠰᠠᠮᠠᠯ ᠵᠠᠮ ᠢ ᠡᠷᠳᠡᠬᠡᠨ ᠵᠠᠰᠠᠵᠤ | ᠳᠠᠭᠤᠰᠬᠠᠨ᠂ ᠪᠢᠷᠠᠭᠤ ᠠᠴᠠ ᠤᠯᠠᠭᠠᠨᠪᠣᠲᠤᠩ ᠬᠦᠷᠬᠦ ᠬᠤᠷᠳᠤᠨ ᠤ ᠵᠠᠮ᠂ ᠤᠯᠠᠭᠠᠨᠬᠠᠳᠠ ᠠᠴᠠ ᠸᠧᠢ ᠴᠠᠩ ᠬᠦᠷᠬᠦ ᠬᠤᠷᠳᠤᠨ ᠤ ᠵᠠᠮ᠂ ᠰᠢᠶᠣᠣ ᠴᠧᠩᠽᠢ ᠠᠴᠠ | ᠫᠢᠩ ᠴᠢᠤᠸᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠴᠢᠪᠠᠭ᠎ᠠ ᠠᠴᠠ ᠪᠣᠷᠣᠤᠰᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠡᠬᠢᠯᠡᠵᠦ ᠪᠠᠶᠢᠭᠤᠯᠬᠤ ᠶᠢ | ᠬᠦᠴᠦᠲᠠᠢ ᠠᠬᠢᠭᠤᠯᠵᠤ᠂ ᠵᠢᠯ ᠤᠨ ᠲᠤᠳᠤᠷ᠎ᠠ 100 ᠳ᠋ᠦᠩᠰᠢᠭᠤᠷ ᠲᠦᠭᠦᠷᠢᠭ ᠠᠴᠠ ᠳᠡᠭᠡᠭᠰᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ | ᠣᠷᠤᠭᠤᠯᠬᠤ ᠪᠠᠷ ᠴᠢᠷᠮᠠᠶᠢᠨ᠎ᠠ᠃ ᠲᠡᠮᠦᠷ ᠵᠠᠮ ᠤᠨ ᠪᠠᠶᠢᠭᠤᠯᠤᠯᠲᠠ ᠳᠤ᠂ ᠤᠯᠠᠭᠠᠨᠬᠠᠳᠠ ᠶᠢᠨ ᠬᠤᠷᠳᠤᠨ ᠤ ᠲᠡᠮᠦᠷ ᠵᠠᠮ ᠵᠡᠷᠭᠡ ᠪᠠᠶᠢᠭᠤᠯᠵᠤ ᠪᠠᠶᠢᠭ᠎ᠠ ᠲᠡᠮᠦᠷ | ᠵᠠᠮ ᠤᠨ 4 ᠲᠥᠷᠦᠯ ᠵᠦᠢᠯ ᠢ ᠲᠦᠯᠬᠢᠨ ᠠᠬᠢᠭᠤᠯᠵᠤ᠂ ᠵᠢᠢ ᠲᠦᠩ ᠲᠡᠮᠦᠷ ᠵᠠᠮ ᠤᠨ ᠬᠤᠶᠠᠷᠳᠡᠬᠢ ᠱᠤᠭᠤᠮ ᠤᠨ ᠮᠥᠩᠬᠡᠲᠠᠯᠠ ᠠᠴᠠ ᠳ᠋ᠠᠪᠠᠨ ᠬᠦᠷᠬᠦ ᠬᠡᠰᠡᠭ ᠤᠨ | ᠪᠥᠬᠦ ᠱᠤᠭᠤᠮ ᠢ ᠡᠬᠢᠯᠡᠨ ᠪᠠᠶᠢᠭᠤᠯᠬᠤ ᠶᠢ ᠦᠨᠡᠩᠬᠦ ᠪᠠᠲᠤᠯᠠᠵᠤ᠂ ᠡᠨᠡ ᠵᠢᠯ ᠳᠤ ᠳᠡᠮᠤᠷ ᠵᠠᠮ ᠤᠨ ᠪᠠᠶᠢᠭᠤᠯᠤᠯᠳᠠ ᠳᠤ 40 ᠳ᠋ᠦᠩᠰᠢᠭᠤᠷ ᠲᠦᠭᠦᠷᠢᠭ ᠠᠴᠠ | ᠳᠡᠭᠡᠭᠰᠢ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠷᠠᠳ ᠤᠨ ᠠᠭᠠᠷ ᠠᠶᠠᠯᠠᠯ ᠤᠨ ᠪᠠᠶᠢᠭᠤᠯᠤᠯᠲᠠ ᠳᠤ᠂ ᠬᠠᠰ ᠯᠤᠤ ᠨᠢᠰᠭᠡᠯ ᠤᠨ ᠪᠠᠭᠤᠳᠠᠯ ᠢ | ᠥᠷᠭᠡᠳᠬᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠬᠦ ᠮᠥᠷᠲᠡᠭᠡᠨ ᠳᠠᠭᠤᠰᠬᠠᠬᠤ ᠪᠠᠷ ᠴᠢᠷᠮᠠᠶᠢᠵᠤ᠂ ᠯᠢᠨᠰᠢ ᠰᠠᠯᠪᠤᠷᠢ ᠱᠤᠭᠤᠮ ᠤᠨ ᠨᠢᠰᠭᠡᠯ ᠤᠨ | ᠪᠠᠭᠤᠳᠠᠯ ᠠᠵᠢᠯ ᠡᠬᠢᠯᠡᠬᠦ ᠨᠦᠬᠦᠴᠡᠯ ᠪᠦᠷᠢᠳᠦᠭᠦᠯᠬᠦ ᠶᠢ ᠪᠠᠲᠤᠯᠠᠵᠤ᠂ 10 ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ | ᠲᠥᠷᠭᠡᠨ ᠠᠬᠢᠭᠤᠯᠵᠤ᠂ ᠠᠷᠤ ᠬᠤᠷᠴᠢᠨ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠲᠦᠷᠦᠭᠦᠤ ᠡᠭᠡᠯᠵᠢ ᠠᠭᠠᠷ ᠤᠨ ᠠᠶᠠᠯᠠᠯ | ᠤᠷᠢᠳᠠᠪᠡᠷ ᠠᠶᠠᠯᠠᠬᠤ ᠶᠢ ᠪᠠᠲᠤᠯᠠᠨ᠎ᠠ᠃ | ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠦᠷᠢ ᠶᠢ ᠳᠡᠭᠡᠭᠰᠢᠯᠡᠭᠦᠯᠦᠨ᠎ᠡ᠃ ᠳ᠋ᠦᠩ ᠲᠠᠶᠢᠽᠢ ᠴᠦᠭᠦᠷᠦᠮ ᠪᠣᠯᠣᠨ ᠬᠥᠪ ᠤᠨ ᠭᠤᠤ ᠴᠦᠬᠦᠷᠦᠮ ᠢ | ᠡᠬᠢᠯᠡᠨ ᠪᠠᠶᠢᠭᠤᠯᠵᠤ᠂ ᠰᠠᠨ ᠽᠦᠸᠧ ᠳ᠋ᠢᠶᠠᠨ ᠴᠦᠭᠦᠷᠦᠮ ᠠᠴᠠ ᠭᠤᠣᠯ ᠬᠤᠲᠠ ᠵᠦᠭ ᠤᠰᠤ ᠲᠠᠲᠠᠨ ᠬᠠᠩᠭᠠᠬᠤ ᠢᠨᠵᠧᠨᠧᠷᠢᠩ ᠢ ᠪᠠᠶᠢᠭᠤᠯᠵᠤ ᠳᠠᠭᠤᠰᠬᠠᠬᠤ ᠶᠢ | ᠦᠨᠡᠩᠬᠦ ᠪᠠᠲᠤᠯᠠᠵᠤ᠂ ᠣᠷᠣᠨ ᠲᠣᠭᠤᠷᠢᠭ ᠠᠯᠤᠰᠯᠠᠨ ᠤᠰᠤ ᠲᠠᠲᠠᠬᠤ ᠢᠨᠵᠧᠨᠧᠷᠢᠩ ᠤᠨ ᠠᠵᠢᠯ ᠡᠬᠢᠯᠡᠬᠦ ᠨᠦᠬᠦᠴᠡᠯ ᠢ ᠪᠦᠷᠢᠳᠦᠭᠦᠯᠬᠦ ᠪᠠᠷ ᠴᠢᠷᠮᠠᠶᠢᠨ᠎ᠠ᠃ ᠬᠠᠷ᠎ᠠ | ᠴᠢᠯᠠᠭᠤ ᠴᠦᠭᠦᠷᠦᠮ᠂ ᠰᠢᠨ᠎ᠠ ᠴᠦᠭᠦᠷᠦᠮ ᠪᠣᠯᠣᠨ 47 ᠰᠠᠭᠤᠷᠢ ᠶᠡᠭᠡ ᠳᠤᠮᠳᠠ ᠬᠡᠯᠪᠡᠷᠢ ᠶᠢᠨ ᠡᠮᠵᠢᠭ ᠠᠶᠤᠯᠲᠠᠢ ᠤᠰᠤᠨ ᠬᠠᠭᠠᠯᠲᠠ ᠶᠢ ᠵᠠᠰᠠᠨ ᠪᠠᠬᠢᠵᠢᠭᠦᠯᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠥᠷᠭᠡᠳᠬᠡᠵᠦ᠂ 4 ᠳᠤᠮᠳᠠ ᠬᠡᠯᠪᠡᠷᠢ ᠶᠢᠨ ᠤᠰᠤᠯᠠᠯᠲᠠ ᠶᠢᠨ ᠲᠣᠭᠤᠷᠢᠭ ᠤᠨ ᠦᠷᠭᠦᠯᠵᠢᠯᠡᠨ | ᠲᠦᠬᠦᠷᠵᠢᠭᠦᠯᠬᠦ ᠬᠢᠭᠡᠳ ᠤᠰᠤ ᠠᠷᠪᠢᠯᠠᠨ ᠤᠰᠤᠯᠠᠬᠤ ᠰᠢᠨᠡᠴᠢᠯᠡᠯᠲᠡ ᠶᠢᠨ ᠢᠨᠵᠧᠨᠧᠷᠢᠩ ᠢ ᠨᠠᠶᠢᠳᠠᠪᠦᠷᠢᠵᠢᠭᠤᠯᠤᠨ᠎ᠠ᠃ ᠭᠤᠣᠯ ᠬᠤᠲᠠ ᠲᠣᠭᠤᠷᠢᠭ ᠲᠤ ᠤᠰᠤ | ᠬᠠᠩᠭᠠᠬᠤ ᠠᠮᠤᠷ ᠲᠥᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢ ᠪᠡᠶᠡᠯᠡᠭᠦᠯᠵᠦ᠂ ᠤᠰᠤᠨ ᠰᠤᠷᠪᠤᠯᠵᠢ ᠭᠠᠵᠠᠷ ᠠᠴᠠ ᠨᠡᠭᠦᠯᠭᠡᠬᠦ ᠲᠥᠰᠥᠯ ᠢ ᠰᠣᠳᠤᠯᠤᠨ | ᠨᠣᠲᠠᠯᠠᠬᠤ ᠶᠢᠨ ᠵᠡᠷᠭᠡᠪᠡᠷ ᠨᠦᠬᠦᠴᠡᠯ ᠪᠦᠷᠢᠯᠳᠦᠭᠦᠯᠦᠨ ᠠᠯᠢ ᠲᠥᠷᠭᠡᠨ ᠵᠣᠬᠢᠶᠠᠨ ᠪᠠᠶᠢᠭᠤᠯᠤᠨ ᠨᠠᠶᠢᠳᠠᠪᠦᠷᠢᠵᠢᠭᠤᠯᠤᠨ᠎ᠠ᠃ ᠥᠪᠡᠷᠲᠡᠭᠡᠨ ᠬᠡᠷᠡᠭᠯᠡᠬᠦ ᠤᠰᠤᠨ | ᠰᠤᠷᠪᠤᠯᠵᠢ ᠶᠢᠨ ᠬᠤᠳᠳᠤᠭ ᠤᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭ᠎ᠠ ᠳᠦᠷᠢᠮᠵᠢᠭᠦᠯᠵᠦ᠂ ᠭᠤᠣᠯ ᠬᠤᠲᠠ ᠲᠣᠭᠤᠷᠢᠭ ᠲᠤ ᠣᠳᠣ ᠶᠢᠨ ᠪᠠᠶᠢᠭ᠎ᠠ | ᠬᠤᠳᠳᠤᠭ ᠢ ᠳᠠᠷᠤᠵᠤ᠂ ᠮᠠᠯᠲᠠᠬᠤ ᠶᠢ ᠪᠠᠭᠠᠰᠬᠠᠬᠤ ᠠᠵᠢᠯ ᠢ ᠥᠷᠨᠢᠭᠦᠯᠵᠦ᠂ ᠭᠤᠣᠯ ᠬᠤᠲᠠ ᠲᠣᠭᠤᠷᠢᠭ ᠤᠨ ᠲᠣᠭᠤᠷᠢᠨ ᠳᠠᠬᠢ ᠲᠠᠷᠢᠶᠠᠯᠠᠩ ᠤᠨ ᠤᠰᠤ | ᠠᠷᠪᠢᠯᠠᠬᠤ ᠲᠤᠷᠰᠢᠯᠲᠠ ᠶᠢᠨ ᠢᠨᠵᠧᠨᠧᠷᠢᠩ ᠪᠣᠯᠣᠨ ᠪᠣᠴᠠᠯᠲᠠ ᠤᠰᠤ ᠶᠢ ᠳᠠᠬᠢᠨ ᠬᠡᠷᠡᠭᠯᠡᠬᠦ ᠢᠨᠵᠧᠨᠧᠷᠢᠩ ᠢ ᠨᠠᠶᠢᠳᠠᠪᠦᠷᠢᠵᠢᠭᠤᠯᠵᠤ᠂ ᠤᠰᠤᠨ ᠤ ᠡᠬᠢ | ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︽ᠡᠨᠧᠷᠭᠢ ᠳᠠᠮᠵᠢᠭᠤᠯᠬᠤ︾ ᠪᠦᠲᠦᠭᠡᠨ ᠪᠠᠶᠢᠭᠤᠯᠤᠯᠲᠠ ᠶᠢ ᠳᠦᠷᠬᠡᠳᠬᠡᠨ᠎ᠠ᠃ ᠤᠯᠠᠭᠠᠨᠬᠠᠳᠠ ᠠᠴᠠ ᠤᠮᠠᠷᠠᠲᠤ ᠤᠷᠤᠨ ᠳᠤ ᠬᠡᠳᠦ ᠥᠨᠳᠥᠷ | ᠬᠦᠴᠦᠳᠡᠯ ᠲᠠᠢ ᠴᠠᠬᠢᠯᠭᠠᠨ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠪᠤᠳᠠᠲᠦ ᠪᠦᠲᠦᠮᠵᠢ ᠲᠠᠢ ᠪᠣᠯᠭᠠᠨ᠎ᠠ᠃ ᠶᠡᠷᠦᠩᠬᠡᠢ ᠪᠡᠯᠡ | ᠤᠷᠤᠭᠤᠯᠤᠯᠲᠠ ᠨᠢ 5.2 ᠳ᠋ᠦᠩᠰᠢᠭᠤᠷ ᠲᠦᠭᠦᠷᠢᠭ ᠤᠨ ᠸᠧᠨ ᠵᠦᠩ ᠤᠨ 220 ᠺᠢᠯᠤᠸᠤᠯᠲ ᠤᠨ ᠴᠠᠬᠢᠯᠭᠠᠨ ᠬᠦᠷᠭᠡᠬᠦ ᠵᠡᠷᠭᠡ ᠴᠠᠬᠢᠯᠭᠠᠨ ᠬᠦᠴᠦᠨ ᠤ | ᠪᠠᠷᠢᠯᠭ᠎ᠠ ᠶᠢᠨ 6 ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠳᠣᠲᠣᠷ᠎ᠠ ᠺᠠᠩ ᠵᠢᠶᠠ ᠢᠩ᠂ ᠪᠠᠶᠠᠨᠨᠠᠭᠤᠷ ᠵᠡᠷᠭᠡ ᠴᠠᠬᠢᠯᠭᠠᠨ ᠬᠦᠴᠦᠨ ᠤ ᠢᠨᠵᠧᠨᠧᠷᠢᠩ ᠢ | ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠭᠤᠤᠯ ᠪᠣᠯᠬᠤ 157 ᠲᠣᠰᠬᠤᠨ ᠤ ᠴᠠᠬᠢᠯᠭᠠᠨ ᠲᠣᠣᠷᠵᠢᠯ ᠢ ᠥᠭᠡᠷᠡᠴᠢᠯᠡᠨ ᠰᠠᠶᠢᠵᠢᠷᠠᠭᠤᠯᠵᠤ᠂ | 4902 ᠮᠠᠰᠢᠨ ᠴᠠᠬᠢᠯᠭᠠᠨ ᠬᠤᠳᠳᠤᠭ ᠢ ᠲᠥᠬᠦᠷᠵᠢᠭᠦᠯᠵᠦ᠂ ᠪᠦᠬᠦ ᠬᠤᠲᠠ ᠶᠢᠨ ᠭᠤᠤᠯ ᠪᠣᠯᠬᠤ ᠲᠣᠰᠬᠤᠨ ᠤ ᠴᠠᠬᠢᠯᠭᠠᠨ ᠲᠣᠣᠷᠵᠢᠯ ᠢ ᠳᠡᠰ ᠳᠡᠪᠰᠢᠭᠦᠯᠦᠨ | ᠰᠠᠶᠢᠵᠢᠷᠠᠭᠤᠯᠵᠤ᠂ ᠮᠠᠰᠢᠨ ᠴᠠᠬᠢᠯᠭᠠᠨ ᠬᠤᠳᠳᠤᠭ ᠢ ᠲᠥᠬᠦᠷᠵᠢᠭᠦᠯᠬᠦ ᠠᠵᠢᠯ ᠢ ᠨᠡᠶᠢᠳᠡᠮ ᠳᠤ ᠨᠢ ᠪᠦᠷᠬᠦᠭᠦᠯᠦᠨ᠎ᠡ᠃ ︽ᠰᠢᠲᠠᠮᠠᠬᠠᠶ ᠬᠡᠢ ᠲᠥᠭᠡᠮᠡᠯᠵᠢᠭᠰᠡᠨ | ᠤᠯᠠᠭᠠᠨᠬᠠᠳᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠠᠴᠠ ᠴᠤᠤᠶᠠᠩ ᠬᠦᠷᠬᠦ 180 ᠺᠢᠯᠣᠮᠧᠳ᠋ᠷ ᠤᠨ ᠰᠢᠲᠠᠮᠠᠬᠠᠢ ᠬᠡᠢ ᠤᠨ ᠬᠤᠭᠤᠯᠠᠢ | ᠳᠡᠪᠢᠰᠬᠦ ᠪᠠᠷᠢᠯᠭ᠎ᠠ ᠶᠢ ᠳᠠᠭᠤᠰᠬᠠᠵᠤ᠂ ᠣᠩᠨᠢᠭᠤᠳ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤ᠂ ᠬᠠᠷᠠᠴᠢᠨ ᠬᠤᠰᠢᠭᠤᠨ ᠤ ᠵᠠᠰᠠᠭ ᠤᠨ ᠣᠷᠳᠤᠨ | ᠰᠠᠭᠤᠭ᠎ᠠ ᠪᠠᠯᠭᠠᠰᠤ ᠳᠤ ᠰᠢᠲᠠᠮᠠᠬᠠᠢ ᠬᠡᠢ ᠶᠢᠨ ᠬᠤᠭᠤᠯᠠᠢ ᠨᠡᠪᠲᠡᠷᠡᠭᠦᠯᠬᠦ ᠪᠠᠷᠢᠯᠭ᠎ᠠ ᠶᠢ ᠲᠦᠯᠦᠪᠵᠢᠭᠦᠯᠦᠨ ᠪᠠᠶᠢᠭᠤᠯᠤᠨ᠎ᠠ᠃ | ᠬᠤᠲᠠ ᠢᠶᠠᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠠᠮᠢᠶᠠᠷᠤᠯᠲᠠ ᠶᠢ ᠴᠢᠩᠭᠠᠳᠬᠠᠨ᠎ᠠ᠃ ᠲᠥᠯᠥᠪᠵᠢᠭᠦᠯᠭᠡ ᠨᠠᠶᠢᠷᠠᠭᠤᠯᠬᠤ ᠠᠵᠢᠯ ᠢ ᠰᠢᠨᠵᠢᠯᠡᠬᠦ | ᠤᠬᠠᠭᠠᠨᠴᠢ ᠪᠠᠷ ᠨᠢᠭᠡᠳᠦᠯᠲᠡᠢ ᠪᠠᠶᠢᠷᠢᠯᠠᠭᠤᠯᠵᠤ᠂ ᠶᠡᠷᠦᠩᠬᠡᠢ ᠲᠥᠯᠥᠪᠵᠢᠭᠦᠯᠭᠡ᠂ ᠨᠠᠷᠢᠨ ᠲᠥᠯᠥᠪᠵᠢᠭᠦᠯᠭᠡ᠂ ᠲᠤᠰᠬᠠᠢ ᠲᠥᠯᠥᠪᠵᠢᠭᠦᠯᠭᠡ ᠶᠢ ᠬᠠᠷᠢᠯᠴᠠᠨ | ᠵᠣᠯᠭᠠᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠥᠨᠡᠨ ᠬᠦ ᠴᠢᠩᠭᠠᠳᠬᠠᠨ᠎ᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ 260 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠤᠷᠣᠭᠤᠯᠤᠯᠲᠠ ᠲᠠᠢ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠵᠦᠢᠯ ᠢ | ᠪᠠᠶᠠᠯᠡᠭᠦᠯᠦᠨ᠎ᠡ᠃ ᠭᠤᠣᠯ ᠬᠤᠲᠠ ᠲᠣᠭᠤᠷᠢᠭ ᠤᠨ ᠲᠦᠷᠭᠡᠨ ᠳᠠᠪᠬᠢᠬᠤ ᠳᠤᠮᠳᠠ ᠲᠣᠭᠤᠷᠢᠮ ᠵᠠᠮ᠂ ᠴᠠᠷᠬᠢᠳᠤ ᠵᠠᠮ ᠬᠠᠷᠢᠯᠴᠠᠭ᠎ᠠ᠂ ᠲᠦᠷᠭᠡᠨ ᠳᠠᠪᠬᠢᠬᠤ ᠲᠡᠮᠦᠷ | ᠵᠠᠮ ᠤᠨ ᠤᠯᠠᠭᠠᠨᠬᠠᠳᠠ ᠶᠢᠨ ᠪᠠᠷᠠᠭᠤᠨ ᠥᠷᠲᠡᠭᠡ ᠶᠢᠨ ᠵᠠᠮ ᠬᠠᠷᠢᠯᠴᠠᠭᠠᠨ ᠤ ᠶᠡᠷᠥᠩᠬᠡᠶᠢᠯᠡᠭᠰᠡᠨ ᠠᠭᠤᠯᠵᠠᠪᠤᠷᠢ ᠪᠠᠷᠢᠯᠭ᠎ᠠ᠂ ᠭᠠᠵᠠᠷ ᠳᠣᠣᠷᠠᠬᠢ ᠬᠤᠭᠤᠯᠠᠢ ᠶᠢᠨ | ᠶᠡᠷᠥᠩᠬᠡᠶᠢᠯᠡᠭᠰᠡᠨ ᠬᠤᠩᠭᠢᠯ᠂ ᠬᠤᠲᠠ ᠲᠣᠭᠤᠷᠢᠭᠰᠠᠨ ᠤᠰᠤᠨ ᠰᠢᠰᠲ᠋ᠧᠮ ᠢ ᠰᠠᠶᠢᠵᠢᠷᠠᠭᠤᠯᠬᠤ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠨᠣᠭᠤᠭᠠᠷᠠᠭᠤᠯᠬᠤ ᠭᠡᠷᠡᠯᠳᠡᠭᠦᠯᠬᠦ ᠭᠤᠶᠣᠵᠢᠭᠤᠯᠬᠤ ᠪᠠ ︽ᠭᠤᠷᠪᠠᠨ ᠠᠭᠤᠯᠠ ᠬᠤᠶᠠᠷ ᠬᠦᠷᠢᠶᠡᠯᠡᠩ︾ ᠤᠨ ᠦᠵᠡᠮᠵᠢ ᠶᠢ ᠳᠡᠭᠡᠭᠰᠢᠯᠡᠭᠦᠯᠬᠦ ᠪᠠᠷᠢᠯᠭ᠎ᠠ ᠶᠢ ᠰᠠᠶᠢᠲᠤᠷ | ᠬᠢᠵᠦ᠂ ᠨᠣᠭᠤᠭᠤᠷᠠᠭᠤᠯᠤᠭᠰᠠᠨ ᠰᠡᠯᠡᠭᠦᠴᠡᠯ ᠲᠠᠢ ᠣᠷᠴᠢᠨ ᠲᠣᠭᠤᠷᠢᠨ ᠢ ᠪᠣᠢ ᠪᠣᠯᠭᠠᠨ ᠤᠯᠤᠰ ᠤᠨ ᠴᠡᠴᠡᠷᠯᠢᠭᠵᠢᠭᠦᠯᠦᠭᠰᠡᠨ ᠬᠤᠲᠠ ᠪᠣᠯᠭᠠᠵᠤ ᠪᠦᠲᠦᠭᠡᠨ | ᠪᠠᠶᠢᠭᠤᠯᠤᠨ᠎ᠠ᠃ ᠵᠠᠰᠠᠭ ᠤᠨ ᠣᠷᠳᠣᠨ ᠰᠠᠭᠤᠭ᠎ᠠ ᠪᠠᠯᠭᠠᠰᠤ ᠪᠣᠯᠣᠨ ᠭᠤᠣᠯᠳᠠᠯᠭ᠎ᠠ ᠲᠠᠢ ᠵᠢᠵᠢᠭ ᠪᠠᠯᠭᠠᠰᠤᠨ ᠤ ᠰᠠᠭᠤᠷᠢ ᠲᠦᠬᠦᠭᠡᠷᠦᠮᠵᠢ ᠬᠢᠭᠡᠳ ᠨᠡᠶᠢᠲᠡ ᠶᠢᠨ | ᠦᠢᠯᠡᠴᠢᠯᠡᠭᠡᠨ ᠤ ᠪᠡᠯᠡ ᠣᠷᠤᠭᠤᠯᠤᠯᠲᠠ ᠶᠢ ᠨᠡᠮᠡᠭᠳᠡᠭᠦᠯᠵᠦ᠂ ᠬᠤᠲᠠ ᠶᠢᠨ ᠶᠡᠷᠥᠩᠬᠡᠶᠢᠯᠡᠭᠰᠡᠨ ᠳᠠᠭᠠᠭᠠᠴᠠ ᠨᠢ ᠨᠡᠮᠡᠭᠳᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢ | ᠴᠢᠩᠭᠠᠳᠬᠠᠬᠤ ᠶᠡᠷᠦᠩᠬᠡᠶᠢᠯᠡᠭᠰᠡᠨ ᠴᠢᠨᠠᠷᠲᠠᠢ ᠠᠷᠭ᠎ᠠ ᠪᠠᠷᠢᠯ ᠢ ᠲᠤᠭᠲᠠᠭᠠᠨ᠎ᠠ᠃ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ ᠢᠨᠵᠧᠨᠧᠷᠢᠩ ᠢ ᠬᠢᠵᠦ᠂ ᠤᠯᠠᠨ | ᠨᠡᠶᠢᠲᠡ ᠶᠢᠨ ᠵᠠᠮ ᠬᠠᠷᠢᠯᠴᠠᠭᠠᠨ ᠳᠤ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ᠎ᠠ᠃ | ᠭᠤᠤᠯ ᠬᠤᠲᠠ ᠲᠣᠭᠤᠷᠢᠭ ᠤᠨ ᠲᠡᠷᠭᠡᠨ ᠵᠣᠭᠰᠣᠭᠠᠯ ᠤᠨ ᠭᠠᠵᠠᠷ ᠢ ᠨᠡᠮᠡᠭᠳᠡᠭᠦᠯᠦᠨ ᠰᠠᠶᠢᠵᠢᠷᠠᠭᠤᠯᠬᠤ ᠪᠠᠷᠢᠯᠭ᠎ᠠ ᠶᠢ ᠡᠬᠢᠯᠡᠭᠦᠯᠵᠦ᠂ ᠬᠤᠩᠱᠠᠨ ᠲᠤᠭᠤᠷᠢᠭ ᠤᠨ | ᠲᠡᠷᠭᠡᠨ ᠵᠣᠭᠰᠣᠭᠠᠯ ᠤᠨ ᠤᠶᠤᠨᠯᠢᠭ ᠰᠢᠰᠲ᠋ᠧᠮ ᠤᠨ ᠲᠥᠷᠥᠯ ᠵᠦᠢᠯ ᠢ ᠪᠠᠶᠢᠭᠤᠯᠤᠨ᠂ ︽ᠭᠤᠣᠯ ᠬᠤᠲᠠ ᠲᠣᠭᠤᠷᠢᠭ ᠤᠨ ᠲᠡᠷᠭᠡᠨ ᠵᠣᠭᠰᠣᠭᠠᠯ ᠤᠨ | ᠬᠠᠮᠢᠶᠠᠷᠤᠯᠲᠠ ᠶᠢᠨ ᠠᠷᠭ᠎ᠠ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠡᠷᠭᠡ ᠵᠣᠭᠰᠣᠭᠠᠬᠤ ᠳᠤ ᠲᠦᠪᠡᠭᠲᠡᠢ᠂ ᠳᠤᠷ᠎ᠠ ᠪᠠᠷ ᠢᠶᠠᠨ ᠲᠡᠷᠭᠡ ᠵᠣᠭᠰᠣᠭᠠᠳᠠᠭ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠪᠡᠯᠡ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡ 500 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 5.12 ᠲᠦᠮᠡᠨ ᠡᠷᠦᠬᠡ ᠶᠢᠨ ᠳᠥᠭᠦᠮ ᠪᠦᠲᠦᠴᠡᠲᠦ ᠭᠡᠷ ᠪᠠᠶᠢᠰᠢᠩ ᠢ ᠥᠭᠡᠷᠡᠴᠢᠯᠡᠬᠦ ᠡᠭᠦᠷᠭᠡ ᠪᠠ 150 ᠲᠡᠭᠰᠢ ᠳᠥᠷᠪᠡᠯᠵᠢᠨ ᠮᠧᠳ᠋ᠷ | ᠲᠠᠯᠠᠪᠠᠢ ᠲᠠᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠢ ᠴᠢᠷᠮᠠᠶᠢᠨ ᠪᠡᠶᠡᠯᠡᠭᠦᠯᠦᠨ᠎ᠡ᠃ ᠤᠯᠠᠭᠠᠨᠬᠠᠳᠠ ᠶᠢᠨ ᠭᠢᠨᠳᠠᠨ ᠢ ᠨᠡᠭᠦᠯᠭᠡᠬᠦ ᠠᠵᠢᠯ ᠢ | ᠡᠬᠢᠯᠡᠭᠦᠯᠦᠨ᠎ᠡ᠃ | ᠬᠦᠷᠢᠶᠡᠯᠡᠩ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠬᠤᠲᠠ ᠶᠢᠨ ᠬᠦᠴᠦᠨ ᠢᠶᠠᠷ ᠤᠯᠠᠭᠠᠨᠬᠠᠳᠠ ᠬᠤᠲᠠ | ᠲᠣᠭᠤᠷᠢᠭ ᠤᠨ ᠵᠡᠭᠦᠨ ᠬᠡᠰᠡᠭ ᠲᠠᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠤ᠂ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠰᠠᠭᠤᠷᠢ ᠲᠦᠬᠦᠭᠡᠷᠦᠮᠵᠢ ᠶᠢ ᠪᠦᠷᠢᠳᠦᠭᠦᠯᠬᠦ ᠬᠢᠭᠡᠳ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ | ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠦᠷᠢ ᠪᠠᠨ ᠳᠡᠭᠡᠭᠰᠢᠯᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠢᠶᠠᠷ ᠡᠷᠲᠡᠬᠡᠨ ᠵᠥᠪᠰᠢᠶᠡᠷᠡᠭᠳᠡᠬᠦ ᠶᠢ | ᠲᠦᠷᠭᠡᠳᠬᠡᠨ᠎ᠡ᠃ ᠬᠦᠷᠢᠶᠡᠯᠡᠩ ᠲᠣᠭᠤᠷᠢᠭ ᠳᠣᠲᠣᠷᠠᠬᠢ ᠦᠪᠡᠷᠲᠡᠭᠡᠨ ᠬᠡᠷᠡᠭᠯᠡᠬᠦ ᠴᠠᠬᠢᠯᠭᠠᠨ ᠭᠠᠷᠭᠠᠬᠤ ᠦᠢᠯᠡᠳᠪᠦᠷᠢ ᠶᠢ ᠡᠬᠢᠯᠡᠨ ᠪᠠᠶᠢᠭᠤᠯᠵᠤ᠂ ᠮᠠᠯᠢᠨ ᠤ | ᠦᠩᠭᠡᠲᠦ ᠲᠡᠮᠦᠷᠯᠢᠭ ᠤᠨ ᠬᠦᠷᠢᠶᠡᠯᠡᠩ ᠲᠣᠭᠤᠷᠢᠭ ᠤᠨ ᠳᠣᠲᠣᠷ ᠵᠠᠮ ᠢ ᠵᠠᠰᠠᠬᠤ ᠪᠠ ᠪᠣᠬᠢᠷ ᠤᠰᠤ ᠬᠠᠶᠠᠭᠳᠠᠮᠠᠯ ᠡᠳ᠋ ᠢ ᠰᠢᠢᠳᠪᠦᠷᠢᠯᠡᠬᠦ᠂ ᠶᠡᠷᠥᠩᠬᠡᠶᠢᠯᠡᠭᠰᠡᠨ | ᠦᠢᠯᠡᠴᠢᠯᠡᠭᠡᠨ ᠤ ᠣᠷᠣᠨ ᠵᠡᠷᠭᠡ ᠲᠥᠬᠦᠷ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠵᠢᠯ ᠳᠤ 30 ᠳ᠋ᠦᠩᠰᠢᠭᠤᠷ ᠲᠥᠭᠦᠷᠢᠭ ᠠᠴᠠ ᠳᠡᠭᠡᠭᠰᠢ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠪᠣᠯᠬᠤ ᠪᠠᠲᠤᠯᠠᠭ᠎ᠠ ᠶᠢᠨ ᠴᠢᠳᠠᠪᠤᠷᠢ ᠶᠢ ᠦᠨᠳᠦᠰᠦᠨ ᠳᠤ ᠨᠢ | ᠪᠦᠷᠢᠯᠳᠦᠭᠦᠯᠦᠨ᠎ᠡ᠃ ᠬᠠᠷᠢᠴᠠᠩᠭᠤᠢ ᠳᠠᠪᠠᠭᠤᠯᠢᠭ ᠢᠶᠠᠨ ᠪᠦᠷᠢᠮᠦᠰᠦᠨ ᠠᠭᠤᠳᠠᠯᠠᠵᠤ ︽ᠤᠷᠤᠨ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ︾ ᠶᠢᠨ | ᠲᠥᠬᠦᠷ ᠲᠥᠷᠥ ᠶᠢᠨ ᠪᠣᠳᠣᠯᠭ᠎ᠠ ᠲᠣᠭᠲᠠᠭᠠᠵᠤ᠂ ᠲᠡᠭᠦᠨ ᠤ ᠶᠡᠷᠦᠩᠬᠡᠶᠢᠯᠡᠭᠰᠡᠨ ᠨᠥᠯᠥᠭᠡᠯᠡᠯ ᠦᠢᠯᠡᠳᠦᠯ ᠢ ᠪᠠᠳᠠᠷᠠᠭᠤᠯᠤᠨ᠂ ᠡᠯ᠎ᠡ ᠭᠠᠵᠠᠷ ᠤᠨ ᠴᠢᠬᠤᠯᠠ ᠶᠡᠭᠡ | ᠲᠥᠷᠥᠯ ᠵᠦᠢᠯ ᠤᠳ ᠢ ᠡᠮᠬᠢ ᠳᠠᠷᠠᠭ᠎ᠠ ᠲᠠᠢ ᠪᠠᠷ ᠣᠷᠣᠭᠤᠯᠬᠤ᠂ ᠤᠷᠤᠨ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ ᠬᠢᠬᠦ ᠪᠤᠯᠭᠠᠨ᠎ᠠ᠃ ᠪᠦᠬᠦ | ᠬᠤᠲᠠ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠡᠯ᠎ᠡ ᠬᠤᠰᠢᠭᠤ ᠰᠢᠶᠠᠨ ᠤ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠠᠨᠳᠤᠰᠢ ᠶᠢ ᠲᠣᠳᠤᠷᠬᠠᠶᠢᠯᠠᠨ᠎ᠠ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠠᠭᠤᠷᠢ ᠮᠥᠩᠭᠦ ᠭᠠᠷᠭᠠᠵᠤ᠂ | ᠡᠯ᠎ᠡ ᠭᠠᠵᠠᠷ ᠤᠨ ᠬᠢᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠦᠷᠢᠬᠵᠢᠭᠤᠯᠵᠤ᠂ ᠪᠣᠳᠠᠲᠤ ᠠᠵᠤ ᠠᠬᠤᠢ ᠶᠢᠨ | ᠴᠣᠭᠴᠠ ᠶᠢᠨ ᠡᠷᠴᠢᠮᠵᠢᠭᠦᠯᠦᠭᠰᠡᠨ ᠪᠥᠭᠡᠮᠨᠡᠷᠡᠭᠦᠯᠦᠭᠰᠡᠨ ᠬᠥᠭᠵᠢᠯᠲᠡ ᠶᠢᠨ ᠲᠠᠪᠴᠠᠩ ᠢ ᠦᠨᠡᠨ ᠬᠦ ᠪᠣᠢ ᠪᠣᠯᠭᠠᠨ᠎ᠠ᠃ | ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠭᠤᠶᠣ ᠰᠠᠶᠢᠬᠠᠨ ᠬᠥᠳᠡᠭᠡ ᠲᠤᠰᠬᠤᠨ︾ ᠤ | ᠪᠠᠶᠢᠭᠤᠯᠤᠯᠲᠠ ᠶᠢ ᠠᠳᠬᠤᠬᠤ ᠪᠠᠷ ᠳᠠᠮᠵᠢᠨ ᠲᠠᠷᠢᠶᠠᠯᠠᠬᠤ ᠮᠠᠯᠵᠢᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ ᠠᠶᠢᠯ ᠲᠣᠰᠬᠤᠨ ᠤ | ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠷᠴᠢᠨ ᠠᠬᠤᠢ ᠶᠢ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ ᠪᠡᠯᠡ ᠣᠷᠣᠭᠤᠯᠬᠤ ᠪᠠ | ᠬᠠᠷᠠᠵᠤ ᠬᠠᠮᠠᠭᠠᠯᠠᠬᠤ ᠤᠷᠲᠤᠮᠵᠢ ᠶᠢᠨ ᠲᠣᠭᠲᠠᠴᠠ ᠲᠠᠢ ᠪᠣᠯᠭᠠᠵᠤ᠂ ᠲᠠᠷᠢᠶᠠᠴᠢᠳ ᠮᠠᠯᠴᠢᠳ ᠢ ᠠᠮᠢᠳᠤᠷᠠᠯ ᠦᠢᠯᠡᠳᠪᠦᠷᠢᠯᠡᠯ ᠤᠨ ᠬᠡᠯᠪᠡᠷᠢ ᠪᠠᠨ ᠥᠭᠡᠷᠡᠴᠢᠯᠡᠨ | ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢᠨ ᠨᠥᠭᠦᠴᠡᠯ ᠢ ᠦᠷᠭᠦᠯᠵᠢᠯᠡᠨ ᠰᠠᠶᠢᠵᠢᠷᠠᠭᠤᠯᠬᠤ ᠲᠡᠶᠢᠰᠢ ᠬᠥᠲᠥᠯᠥᠨ ᠳᠠᠭᠠᠭᠤᠯᠤᠨ᠎ᠠ᠃ ᠭᠤᠣᠯ ᠬᠤᠲᠠ | ᠲᠣᠭᠤᠷᠢᠭ ᠵᠢᠴᠢ ᠬᠤᠰᠢᠭᠤ ᠰᠢᠶᠠᠨ ᠤ ᠵᠠᠰᠠᠭ ᠤᠨ ᠣᠷᠳᠣᠨ ᠪᠠᠶᠢᠭ᠎ᠠ ᠪᠠᠯᠭᠠᠰᠤᠨ ᠤ ᠣᠶᠢᠷ᠎ᠠ ᠬᠠᠪᠢ ᠶᠢᠨ ᠨᠥᠬᠦᠴᠡᠯ ᠲᠠᠢ ᠠᠶᠢᠯ ᠲᠣᠰᠬᠤᠨ ᠢ ᠰᠣᠩᠭᠤᠵᠤ | ᠲᠥᠪᠯᠡᠷᠡᠩᠭᠦᠢ ᠪᠠᠷ ᠳᠤᠯᠠᠭᠠᠯᠠᠭ᠎ᠠ ᠬᠠᠩᠭᠠᠬᠤ᠂ ᠰᠢᠲᠠᠭᠠᠯᠭ᠎ᠠ ᠶᠢᠨ ᠬᠡᠢ ᠬᠠᠩᠭᠠᠬᠤ᠂ ᠤᠰᠤ ᠬᠠᠩᠭᠠᠬᠤ ᠵᠠᠯᠠᠬᠤ ᠵᠢᠴᠢ ᠪᠣᠬᠢᠷ ᠤᠰᠤ ᠬᠠᠶᠠᠭᠳᠠᠮᠠᠯ ᠬᠤᠭ ᠨᠤᠪᠰᠢ | ᠰᠢᠢᠳᠪᠦᠷᠢᠯᠡᠬᠦ ᠶᠢ ᠲᠤᠷᠰᠢᠨ ᠬᠢᠵᠦ᠂ ᠲᠠᠷᠢᠶᠠᠴᠢᠳ ᠮᠠᠯᠴᠢᠳ ᠢ ᠲᠤᠬᠠᠢ ᠶᠢᠨ ᠣᠷᠣᠨ ᠳᠤ ᠨᠢ ᠬᠤᠲᠠᠴᠢᠯᠠᠵᠤ ᠪᠠᠯᠭᠠᠰᠤᠴᠢᠯᠠᠬᠤ ᠪᠦᠲᠦᠮᠵᠢᠲᠡᠢ ᠵᠠᠮ ᠢ | ᠰᠦᠪᠡᠭᠴᠢᠯᠡᠨ᠎ᠡ᠃ | ᠳᠥᠷᠪᠡ᠂ ᠰᠢᠨ᠎ᠡ ᠬᠥᠭᠵᠢᠯᠲᠡ ᠶᠢᠨ ᠠᠷᠭ᠎ᠠ ᠵᠠᠮ ᠢ ᠬᠦᠴᠦᠯᠡᠨ ᠡᠭᠦᠳᠴᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ | ᠥᠷᠭᠡᠳᠬᠡᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠷᠢᠯᠳᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ︽ | ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠨᠡᠭᠦᠷᠡᠰᠦᠨ ᠤ ᠦᠢᠯᠡᠳᠪᠦᠷᠢᠯᠡᠬᠦ | ᠴᠢᠳᠠᠪᠦᠷᠢ ᠶᠢ 210 ᠲᠦᠮᠡᠨ ᠲᠤᠨ ᠪᠠᠭᠤᠷᠠᠭᠤᠯᠤᠨ᠎ᠠ᠃ ᠲᠠᠸᠠᠷ ᠤᠨ ᠪᠤᠰᠤ ᠳᠠᠷᠤᠭᠳᠠᠵᠤ ᠪᠠᠶᠢᠭ᠎ᠠ ᠣᠷᠣᠨ ᠰᠠᠭᠤᠴᠠ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠵᠤ᠂ ᠭᠠᠵᠠᠷ ᠰᠢᠷᠣᠢ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠵᠣᠬᠢᠰᠲᠠᠢ ᠠᠰᠢᠭᠯᠠᠨ ᠭᠡᠷ ᠭᠠᠵᠠᠷ | ᠬᠥᠷᠥᠩᠭᠡ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ | ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭ ᠢᠶᠠᠷ ᠰᠢᠯᠵᠢᠭᠦᠯᠦᠨ ᠲᠥᠯᠥᠬᠦ ᠪᠠᠷ ᠴᠢᠷᠮᠠᠶᠢᠨ᠎ᠠ᠃ ᠤᠯᠤᠰ ᠤᠨ ᠪᠡᠯᠡ ᠣᠷᠣᠭᠤᠯᠬᠤ ᠬᠤᠷᠠᠮᠳᠤᠭᠤᠯᠬᠤ ᠲᠥᠷᠥ ᠶᠢᠨ | ᠪᠣᠳᠣᠯᠭ᠎ᠠ ᠶᠢ ᠵᠣᠬᠢᠰᠲᠠᠢ ᠠᠰᠢᠭᠯᠠᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠣᠷᠣᠨ ᠲᠣᠭᠤᠷᠢᠭ ᠤᠨ ᠪᠠ ᠠᠵᠢᠯ ᠲᠥᠷᠥᠯ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠬᠤ ᠶᠢ ᠪᠠᠲᠤᠯᠠᠨ᠎ᠠ᠃ ᠴᠠᠬᠢᠯᠭᠠᠨ ᠶᠡᠭᠡ ᠬᠡᠷᠡᠭᠯᠡᠳᠡᠭ | ᠨᠢᠭᠡᠴᠢ ᠳᠤ ᠰᠢᠭᠤᠳ ᠬᠠᠩᠭᠠᠬᠤ ᠴᠠᠬᠢᠯᠭᠠᠨ ᠤ ᠨᠤᠷᠮ᠎ᠠ ᠶᠢ ᠨᠡᠮᠡᠭᠳᠡᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠣᠯᠠᠨ ᠲᠠᠯ᠎ᠠ ᠶᠢᠨ ᠰᠣᠯᠢᠯᠴᠠᠭ᠎ᠠ | ᠬᠢᠬᠦ ᠶᠢ ᠠᠬᠢᠭᠤᠯᠤᠨ᠂ ᠴᠠᠬᠢᠯᠭᠠᠨ ᠬᠦᠴᠦᠨ ᠤ ᠨᠡᠮᠡᠭᠳᠡᠭᠰᠡᠨ ᠬᠡᠮᠵᠢᠶ᠎ᠡ ᠪᠠᠨ ᠲᠣᠣᠷᠵᠢᠯ ᠳᠤ ᠣᠷᠣᠭᠤᠯᠵᠤ ᠬᠤᠳᠠᠯᠳᠤᠬᠤ ᠥᠭᠡᠷᠡᠴᠢᠯᠡᠯᠲᠡ ᠶᠢ ᠴᠢᠷᠮᠠᠶᠢᠨ | ᠡᠬᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠬᠡᠷᠡᠭᠰᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ︔ ︽ᠲᠠᠪᠤᠨ ᠳᠠᠭᠠᠳᠬᠠᠯ ᠨᠢᠭᠡ | ᠮᠥᠩᠭᠦ︾ ᠶᠢ ᠨᠢᠭᠡᠳᠬᠡᠬᠦ᠂ ᠭᠠᠶᠢᠯᠢ ᠰᠦᠢᠳᠬᠡᠯ ᠢ ᠬᠡᠯᠲᠦᠷᠢᠭᠦᠯᠬᠦ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠠᠪᠬᠤ ᠪᠠ ᠪᠡᠯᠡ ᠬᠤᠷᠠᠮᠳᠤᠭᠤᠯᠬᠤ ᠳᠤ ᠪᠠᠲᠤᠯᠠᠨ | ᠳᠠᠭᠠᠭᠠᠬᠤ ᠪᠠ ᠬᠦᠦ ᠮᠥᠩᠭᠦ ᠶᠢ ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠪᠡᠷ ᠤᠨ | ᠥᠷᠲᠡᠭ ᠢ ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠣᠷᠣᠭᠤᠯᠤᠯᠲᠠ ᠶᠢ ᠨᠡᠮᠡᠭᠳᠡᠭᠦᠯᠵᠦ᠂ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠣᠶᠣᠯ ᠭᠡᠭᠡᠷᠡᠯ᠂ | ᠨᠡᠶᠢᠭᠡᠮ ᠤᠨ ᠳᠠᠭᠠᠳᠬᠠᠯ ᠵᠡᠷᠭᠡ ᠲᠠᠯ᠎ᠠ ᠪᠠᠷ ᠬᠢ ᠳᠤᠲᠠᠭᠳᠠᠵᠤ ᠪᠠᠶᠢᠭ᠎ᠠ ᠳᠣᠪᠤᠶᠢᠮ᠎ᠠ ᠵᠦᠢᠯ ᠢ ᠴᠢᠷᠮᠠᠶᠢᠨ ᠨᠥᠬᠦᠪᠦᠷᠢᠯᠡᠵᠦ᠂ ᠬᠤᠲᠠ ᠬᠥᠳᠡᠭᠡ ᠶᠢᠨ ᠨᠡᠶᠢᠭᠡᠮ ᠤᠨ | ᠦᠨᠳᠦᠰᠦᠨ ᠦᠢᠯᠡᠴᠢᠯᠡᠭᠡᠨ ᠠᠳᠠᠯᠢ ᠲᠡᠭᠰᠢ ᠪᠣᠯᠬᠤ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠡᠷᠬᠡ ᠪᠠ ᠬᠠᠷᠢᠭᠤᠴᠠᠯᠭ᠎ᠠ ᠶᠢ ᠲᠣᠳᠣᠳᠬᠠᠬᠤ︾ ᠶᠢ ᠠᠳᠬᠤᠬᠤ ᠪᠠᠷ ᠳᠠᠮᠵᠢᠨ ︽ᠬᠤᠶᠠᠷ ᠢ ᠰᠤᠭᠤᠴᠠᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠤᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠳ ᠢ ᠡᠮᠬᠢᠯᠡᠨ ᠨᠢᠭᠡᠳᠬᠡᠬᠦ | ᠠᠵᠢᠯ ᠢ ᠳᠠᠭᠤᠰᠬᠠᠵᠤ᠂ ᠬᠢᠨᠠᠨ ᠵᠥᠪᠰᠢᠶᠡᠷᠡᠬᠦ ᠵᠦᠢᠯᠡᠰ ᠢ ᠪᠠᠷᠢᠮᠵᠢᠶᠠᠵᠢᠭᠤᠯᠵᠤ᠂ ᠠᠯᠤᠰ ᠡᠵᠡᠮᠰᠢᠯᠲᠦ ᠬᠠᠮᠢᠶᠠᠷᠤᠯᠲᠠ ᠲᠠᠢ ᠪᠣᠯᠭᠠᠨ᠎ᠠ᠃ ᠬᠤᠳᠠ ᠶᠢᠨ | ᠬᠠᠮᠢᠶᠠᠷᠤᠯᠲᠠ᠂ ᠢᠳᠡᠭᠡᠨ ᠪᠣᠯᠤᠨ ᠡᠮ ᠤᠨ ᠵᠦᠢᠯ ᠤᠨ ᠬᠠᠮᠢᠶᠠᠷᠤᠯᠲᠠ ᠪᠠ ᠵᠢᠭᠤᠯᠴᠢᠯᠠᠯ ᠤᠨ ᠬᠠᠮᠢᠶᠠᠷᠤᠯᠲᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠭᠠᠵᠠᠷ ᠰᠢᠷᠣᠢ ᠶᠢᠨ | ᠡᠷᠬᠡ ᠶᠢ ᠲᠣᠳᠣᠳᠬᠠᠨ ᠳᠠᠩᠰᠠᠯᠠᠵᠤ ᠦᠨᠡᠮᠯᠡᠯ ᠣᠯᠭᠤᠬᠤ ᠪᠠ ᠬᠠᠳᠤᠯᠠᠩ ᠪᠡᠯᠴᠢᠭᠡᠷ ᠤᠨ ᠡᠷᠬᠡ ᠶᠢ ᠲᠣᠳᠣᠳᠬᠠᠨ ᠳᠠᠭᠠᠭᠠᠴᠢᠯᠠᠭᠤᠯᠬᠤ ᠠᠵᠢᠯ ᠢ ᠳᠠᠭᠤᠰᠬᠠᠵᠤ᠂ | ᠭᠠᠵᠠᠷ ᠰᠢᠷᠣᠢ ᠶᠢᠨ ᠥᠮᠴᠢᠯᠡᠯ ᠤᠨ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ ᠰᠠᠯᠭᠠᠬᠤ ᠮᠥᠷᠲᠡᠭᠡᠨ ᠵᠡᠷᠬᠡᠪᠡᠷ ᠣᠷᠣᠰᠢᠬᠤ ᠪᠣᠯᠭᠠᠵᠤ᠂ ᠭᠡᠷ | ᠪᠠᠶᠢᠰᠢᠩ ᠤᠨ ᠰᠠᠭᠤᠷᠢ ᠨᠤᠲᠤᠭ ᠢ ᠵᠠᠬ᠎ᠠ ᠳᠡᠯᠭᠡᠭᠦᠷ ᠲᠤ ᠣᠷᠣᠭᠤᠯᠵᠤ ᠠᠷᠠᠯᠵᠢᠶᠠᠯᠠᠬᠤ ᠪᠠ ᠵᠢᠭᠡᠯᠡᠯᠭᠡ ᠠᠪᠬᠤ ᠳᠤ ᠪᠠᠷᠢᠴᠠᠭᠠᠯᠠᠨ ᠳᠠᠨᠵᠢᠯᠠᠬᠤ ᠵᠡᠷᠭᠡ ᠶᠢ ᠴᠡᠭ ᠲᠤ | ᠲᠤᠷᠰᠢᠬᠤ ᠠᠵᠢᠯ ᠢ ᠰᠦᠪᠡᠭᠴᠢᠯᠡᠨ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠳᠠᠭᠤᠰᠬᠠᠵᠤ᠂ ᠬᠠᠮᠲᠦ | ᠨᠡᠶᠢᠲᠡ ᠶᠢᠨ ᠣᠢ ᠰᠢᠭᠤᠢ ᠶᠢᠨ ᠲᠠᠯᠠᠪᠠᠢ ᠳᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠬᠤ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠠᠳᠬᠤᠨ᠎ᠠ᠃ | ᠤᠰᠤᠨ ᠤ ᠶᠠᠪᠣᠳᠠᠯ ᠢ ᠨᠢᠭᠡ ᠴᠣᠭᠴᠠ ᠪᠣᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠭᠠᠨᠬᠠᠳᠠ ᠬᠤᠲᠠ ᠶᠢᠨ ᠤᠰᠤᠨ ᠤ ᠡᠬᠢ ᠪᠠᠶᠠᠯᠢᠭ ᠢ ᠬᠠᠮᠢᠶᠠᠷᠬᠤ | ᠬᠠᠮᠠᠭᠠᠯᠠᠬᠤ ᠵᠥᠪᠯᠡᠯ ᠪᠠᠶᠢᠭᠤᠯᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠵᠤ᠂ ᠤᠰᠤᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠨ᠎ᠡ᠃ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠠᠷᠢᠶᠠᠴᠢᠳ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠭᠡ ᠦᠵᠡᠭᠦᠯᠬᠦ | ᠶᠡᠷᠦᠩᠬᠡᠶᠢᠯᠡᠭᠰᠡᠨ ᠲᠠᠪᠴᠠᠩ ᠪᠣᠯᠭᠠᠨ᠎ᠠ᠃ ᠬᠤᠩᠱᠠᠨ ᠲᠤᠭᠤᠷᠢᠭ ᠲᠤ ᠬᠤᠳᠠ ᠪᠠᠯᠭᠠᠰᠤᠨ ᠤ ᠨᠡᠶᠢᠭᠡᠮ ᠲᠤᠭᠤᠷᠢᠭ ᠤᠨ ᠴᠢᠮᠡᠭᠡ ᠵᠠᠩᠬᠢᠴᠢᠯᠠᠬᠤ ᠦᠭᠡᠷᠡᠴᠢᠯᠡᠯᠲᠡ ᠶᠢ | ᠲᠤᠷᠰᠢᠨ ᠬᠡᠷᠡᠭᠵᠢᠭᠦᠯᠵᠦ᠂ ᠠᠯᠬᠤᠮ ᠠᠯᠬᠤᠮ ᠢᠶᠠᠷ ᠪᠦᠬᠦ ᠬᠤᠳᠠ ᠳᠤ ᠠᠬᠢᠭᠤᠯᠤᠨ᠎ᠠ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠨᠡᠶᠢᠭᠡᠮ ᠲᠣᠭᠦᠷᠢᠭᠴᠢᠯᠠᠬᠤ | ᠬᠠᠮᠢᠶᠠᠷᠤᠯᠲᠠ ᠶᠢᠨ ᠰᠢᠰᠲ᠋ᠧᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠠᠷᠠᠳ ᠲᠤ ᠳᠥᠭᠦᠮ ᠦᠵᠡᠭᠦᠯᠬᠦ ᠲᠥᠪ ᠤᠨ | ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠬᠥᠯ ᠪᠥᠮᠪᠥᠭᠡᠨ ᠤ ᠠᠵᠢᠯ ᠳᠤ ᠴᠡᠭ ᠲᠤ ᠲᠤᠷᠰᠢᠨ ᠥᠭᠡᠷᠡᠴᠢᠯᠡᠯᠲᠡ ᠬᠢᠵᠦ᠂ ᠳᠠᠪᠤᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠴᠣᠭᠴᠠ ᠶᠢᠨ ᠥᠭᠡᠷᠡᠴᠢᠯᠡᠯᠲᠡ ᠶᠢ ᠳᠠᠭᠤᠰᠬᠠᠨ᠎ᠠ᠃ | ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠪᠡᠭᠡᠵᠢᠩ ᠲᠢᠶᠠᠨᠵᠢᠨ ᠤ ᠠᠵᠤ ᠠᠬᠤᠢ ᠶᠢᠨ ᠣᠷᠣᠨ ᠲᠣᠭᠤᠷᠢᠭ ᠲᠤ ᠣᠷᠣᠬᠤ᠂ ᠵᠡᠭᠦᠨ ᠬᠤᠶᠢᠲᠦ | ᠣᠷᠣᠨ ᠥᠭᠡᠳᠡ ᠥᠷᠭᠡᠵᠢᠬᠦ᠂ ᠤᠮᠠᠷ᠎ᠠ ᠲᠡᠶᠢᠰᠢ ᠨᠡᠭᠡᠭᠡᠯᠲᠡ ᠲᠠᠢ ᠪᠣᠯᠭᠠᠬᠤ᠂ ᠳᠠᠯᠠᠢ ᠳᠠᠭᠠᠤ ᠣᠷᠣᠨ ᠯᠤᠭ᠎ᠠ ᠬᠠᠮᠵᠢᠯᠴᠠᠬᠤ ᠳᠥᠷᠪᠡᠨ ᠲᠠᠯ᠎ᠠ ᠶᠢᠨ ᠠᠵᠢᠯ ᠤᠨ | ᠲᠣᠭᠤᠷᠢᠨ ᠳᠤ ᠨᠡᠭᠡᠭᠡᠯᠲᠡ ᠶᠢᠨ ᠴᠢᠨᠠᠷᠲᠠᠢ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ | ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ᠂ ᠪᠦᠸᠧᠬᠠᠢ ᠲᠡᠩᠬᠢᠰ ᠳᠠᠭᠠᠤ ᠣᠷᠣᠨ ᠤ ᠬᠥᠭᠵᠢᠯᠲᠡ ᠳᠤ ᠠᠭᠤᠰᠤᠨ ᠣᠷᠣᠵᠤ᠂ ᠰᠠᠭᠤᠷᠢ ᠲᠥᠬᠦᠭᠡᠷᠦᠮᠵᠢ᠂ | ᠠᠵᠤ ᠦᠢᠯᠡᠰ ᠤᠨ ᠬᠠᠮᠵᠢᠯᠴᠠᠭ᠎ᠠ᠂ ᠨᠡᠶᠢᠭᠡᠮ ᠤᠨ ᠶᠠᠪᠤᠯᠴᠠᠭ᠎ᠠ ᠶᠢᠨ ᠲᠠᠯ᠎ᠠ ᠪᠠᠷ ᠬᠢ ᠬᠠᠷᠢᠯᠴᠠᠭ᠎ᠠ ᠶᠢ ᠪᠣᠢ ᠪᠣᠯᠭᠠᠨ᠎ᠠ᠃ ᠪᠡᠭᠡᠵᠢᠩ ᠯᠦᠭᠡ ᠶᠢᠨ ᠠᠵᠢᠯ | ᠲᠦᠷᠦᠯ ᠢᠶᠠᠷ ᠢᠶᠠᠨ ᠬᠠᠮᠵᠢᠯᠴᠠᠬᠤ ᠬᠠᠷᠢᠴᠠᠭ᠎ᠠ ᠪᠠᠨ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠡᠭᠡᠵᠢᠩ ᠲᠢᠶᠠᠨᠵᠢᠨ ᠾᠧᠪᠧᠢ ᠯᠦᠭᠡ | ᠵᠣᠬᠢᠴᠠᠩᠭᠤᠢ ᠬᠥᠭᠵᠢᠭᠰᠡᠨ ᠲᠦᠷᠦᠭᠦᠤ ᠨᠢᠭᠡ ᠣᠷᠣᠨ ᠪᠣᠯᠭᠠᠨ᠎ᠠ᠂ ᠤᠮᠠᠷᠠᠰᠢ ᠪᠠᠨ ᠰᠢᠯᠢ ᠶᠢᠨ ᠬᠤᠳ᠋᠊ ᠠ ᠠᠴᠠ ᠤᠯᠠᠭᠠᠨᠬᠠᠳᠠ ᠬᠦᠷᠬᠦ ᠲᠡᠮᠦᠷ ᠵᠠᠮ ᠲᠡᠷᠭᠡ | ᠨᠡᠪᠲᠡᠷᠡᠬᠦ ᠪᠠ ᠴᠢᠨᠠᠭᠰᠢ ᠪᠠᠨ ᠤᠷᠲᠤᠳᠬᠠᠬᠤ ᠶᠢ ᠠᠬᠢᠭᠤᠯᠵᠤ᠂ ᠪᠦᠸᠧᠬᠠᠢ ᠲᠡᠩᠬᠢᠰ ᠳᠠᠭᠠᠤ ᠣᠷᠣᠨ ᠤ ᠳᠠᠯᠠᠢ ᠶᠢᠨ ᠭᠠᠷᠠᠮ ᠯᠤᠭ᠎ᠠ ᠬᠠᠮᠵᠢᠯᠴᠠᠬᠤ ᠬᠠᠷᠢᠴᠠᠭ᠎ᠠ ᠪᠠᠨ | ᠴᠢᠩᠭᠠᠳᠬᠠᠵᠤ᠂ ᠭᠠᠳᠠᠭᠠᠳᠤ ᠠᠷᠠᠯᠵᠢᠶ᠎ᠠ ᠶᠢ ᠶᠡᠬᠡᠪᠡᠷ ᠬᠥᠭᠵᠢᠭᠦᠯᠦᠨ᠎ᠡ᠃ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠬᠦᠢᠯᠭᠡᠭᠡᠨ ᠤ ᠲᠥᠪ ᠤᠨ | ᠦᠢᠯᠡᠳᠦᠯ ᠢ ᠥᠷᠭᠡᠳᠬᠡᠵᠦ᠂ ᠨᠥᠬᠦᠴᠡᠯ ᠪᠦᠷᠢᠯᠳᠦᠭᠦᠯᠵᠦ ᠪᠠᠶᠢᠭᠠᠳ ᠤᠯᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠬᠤ ᠪᠠᠷ ᠡᠷᠡᠮᠡᠯᠵᠡᠯᠡᠨ᠎ᠡ᠃ | ᠬᠥᠭᠵᠢᠭᠰᠡᠨ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠲᠣᠰᠣᠨ ᠠᠪᠴᠤ᠂ ᠤᠯᠤᠰ ᠤᠨ ᠳᠡᠰ ᠤᠨ ᠠᠵᠤ ᠦᠢᠯᠡᠰ ᠤᠨ ᠬᠠᠮᠲᠤᠷᠠᠯᠴᠠᠨ | ᠳᠡᠭᠡᠭᠰᠢᠯᠡᠬᠦ ᠵᠢᠱᠢᠶ᠎ᠡ ᠦᠵᠡᠭᠦᠯᠬᠦ ᠲᠣᠭᠤᠷᠢᠭ ᠪᠣᠯᠭᠠᠵᠤ ᠪᠦᠲᠦᠭᠡᠨ ᠪᠠᠶᠢᠭᠤᠯᠬᠤ ᠪᠠᠷ ᠲᠡᠮᠡᠴᠡᠨ᠎ᠡ᠃ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠳᠤ | ᠢᠳᠡᠪᠬᠢᠲᠠᠢ ᠤᠷᠤᠯᠴᠠᠵᠤ᠂ ᠰᠢᠯᠢ ᠶᠢᠨ ᠭᠤᠣᠯ ᠤᠯᠠᠭᠠᠨᠬᠠᠳᠠ ᠲᠦᠩᠯᠢᠶᠣᠣ ᠭᠤᠷᠪᠠᠨ ᠠᠶᠢᠮᠠᠭ ᠬᠤᠲᠠ ᠬᠢᠭᠡᠳ ᠮᠣᠩᠭᠤᠯ ᠤᠯᠤᠰ ᠤᠨ ᠭᠤᠷᠪᠠᠨ | ᠠᠶᠢᠮᠠᠭ ᠯᠤᠭ᠎ᠠ ᠶᠢᠨ ᠣᠷᠣᠨ ᠲᠣᠭᠤᠷᠢᠭ ᠤᠨ ᠬᠠᠮᠵᠢᠯᠴᠠᠭ᠎ᠠ ᠶᠢᠨ ᠬᠤᠷᠠᠯ ᠢ ᠰᠠᠶᠢᠲᠤᠷ ᠡᠷᠬᠢᠯᠡᠵᠦ᠂ ᠭᠠᠳᠠᠭᠠᠳᠤ ᠬᠠᠨᠳᠤᠯᠭᠠᠲᠦ ᠠᠵᠤ ᠠᠬᠤᠢ ᠶᠢᠨ ᠰᠢᠨ᠎ᠡ | ᠪᠠᠶᠢᠷᠢᠰᠢᠯ ᠢ ᠪᠣᠢ ᠪᠣᠯᠭᠠᠨ᠎ᠠ᠃ | |