2018 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2018/1/26
      ᠵᠠᠰᠠᠭ ᠤᠨ ᠣᠷᠳᠣᠨ ᠤ ᠠᠵᠢᠯ ᠤᠨ ᠢᠯᠡᠳᠬᠡᠯ      — 2018 ᠣᠨ ᠤ 1 ᠰᠠᠷ᠎ᠠ ᠶᠢᠨ 7᠎ ᠤ ᠡᠳᠦᠷ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ      ᠬᠤᠲᠠ ᠶᠢᠨ ᠳᠠᠷᠤᠭ᠎ᠠ   ᠮᠧᠩ ᠰᠢᠶᠠᠨ ᠳ᠋ᠦᠩᠲᠥᠯᠥᠭᠡᠯᠡᠭᠴᠢᠳ ᠡ᠄      ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠠ᠂ ᠬᠢᠨᠠᠨ ᠵᠦᠪᠯᠡᠬᠦ ᠪᠣᠯᠪᠠᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠤᠭᠠᠷᠠᠢ᠃      ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ      ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠭᠠᠰᠢ᠂ ᠬᠤᠷᠸ᠎ᠠ ᠠᠵᠤ ᠠᠬᠤᠢ ᠶᠢᠨ ᠨᠠᠷᠢᠨ ᠪᠤᠳᠤᠯᠢᠶᠠᠨ ᠲᠠᠢ ᠪᠠᠶᠢᠳᠠᠯ ᠬᠢᠭᠡᠳ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠪᠡᠷᠬᠡ ᠡᠭᠦᠷᠭᠡ ᠶᠢᠨ ᠡᠮᠦᠨ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠤᠨ ᠪᠠᠶᠢᠳᠠᠯ ᠯᠤᠭ᠎ᠠ ᠰᠠᠨᠠᠭᠠᠴᠢᠯᠠᠭ᠎ᠠ ᠠᠴᠠ ᠪᠠᠨ ᠵᠣᠬᠢᠴᠠᠯᠳᠤᠵᠤ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠦᠯᠬᠦᠮᠳᠡᠨ ᠲᠡᠮᠡᠴᠡᠵᠦ ᠬᠦᠴᠢᠷ ᠪᠡᠷᠬᠡ ᠶᠢ ᠢᠯᠡᠨ ᠳᠠᠪᠠᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠭᠰᠡᠨ ᠰᠢᠨ᠎ᠡ ᠪᠠᠶᠢᠳᠠᠯ ᠢ ᠬᠦᠴᠦᠯᠡᠨ ᠪᠣᠢ ᠪᠣᠯᠭᠠᠵᠠᠢ᠃      ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠦᠷᠭᠦᠯᠵᠢᠯᠡᠨ ᠴᠢᠩᠭᠠᠷᠠᠵᠠᠢ᠃ ᠲᠠᠪᠤᠨ ᠵᠢᠯ ᠤᠨ ᠬᠤᠭᠤᠴᠠᠭᠠᠨ ᠳᠤ ᠣᠷᠣᠨ ᠨᠣᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠳᠤᠮᠳᠠᠴᠢ ᠪᠠᠷ 7.6%᠎ ᠪᠠᠷ ᠨᠡᠮᠡᠭᠳᠡᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠤᠨ ᠪᠡᠯᠡ ᠣᠷᠤᠭᠤᠯᠤᠯᠲᠠ ᠵᠢᠯ ᠳᠤ ᠳᠤᠮᠳᠠᠴᠢ ᠪᠠᠷ 13.9%᠎ ᠪᠠᠷ ᠨᠡᠮᠡᠭᠳᠡᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠨᠤᠷᠮ᠎ᠠ ᠵᠢᠯ ᠳᠤ ᠳᠤᠮᠳᠠᠴᠢ ᠪᠠᠷ 10%᠎ ᠪᠠᠷ ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠣᠯᠭ᠎ᠠ ᠵᠢᠯ ᠳᠤ ᠳᠤᠮᠳᠠᠴᠢ ᠪᠠᠷ ᠲᠤᠰ ᠪᠦᠷᠢ 9.3%᠂ 9.8%᠎ ᠪᠠᠷ ᠨᠡᠮᠡᠭᠳᠡᠵᠡᠢ᠂ ᠡᠳᠡᠭᠡᠷ ᠭᠤᠣᠯ ᠪᠣᠯᠬᠤ ᠭᠦᠢᠴᠡᠳᠬᠡᠬᠦ ᠲᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠴᠥᠮ ᠪᠦᠬᠦ ᠣᠷᠣᠨ ᠤ ᠲᠡᠭᠰᠢᠳᠬᠡᠭᠰᠡᠨ ᠬᠢᠷᠢ ᠲᠦᠪᠰᠢᠨ ᠠᠴᠠ ᠥᠨᠳᠥᠷ ᠪᠣᠯᠪᠠ᠃ ᠤᠯᠤᠰ ᠤᠨ ᠭᠠᠶᠢᠯᠢ ᠲᠠᠲᠠᠪᠤᠷᠢ ᠶᠢᠨ ᠰᠢᠰᠲ᠋ᠧᠮᠵᠢ ᠶᠢ ᠲᠤᠬᠢᠷᠠᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠭᠰᠠᠨ ᠠᠬᠤᠶ ᠪᠠᠶᠢᠳᠠᠯ ᠳᠣᠣᠷ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠪᠦᠬᠦ ᠣᠷᠣᠨ ᠤ ᠳᠥᠷᠪᠡᠳᠦᠭᠡᠷ ᠲᠤ ᠲᠡᠪᠰᠢᠨ ᠣᠷᠣᠭᠰᠠᠨ ᠪᠠᠶᠢᠨ᠎ᠠ᠃ ᠠᠷᠭ᠎ᠠ ᠪᠦᠬᠦᠨ ᠢ ᠰᠦᠪᠡᠭᠴᠢᠯᠡᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠰᠠᠭᠤᠷᠢ ᠪᠠᠨ ᠪᠠᠲᠤᠳᠬᠠᠨ᠂ ᠠᠵᠤ ᠦᠢᠯᠡᠰ ᠢ ᠬᠦᠴᠦᠷᠭᠡᠭᠵᠢᠭᠦᠯᠦᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠰ ᠪᠦᠲᠦᠭᠡᠵᠦ᠂ ᠠᠵᠤ ᠠᠬᠤᠢ ᠶᠢ ᠲᠣᠭᠲᠠᠭᠤᠨ ᠮᠥᠷᠲᠡᠭᠡᠨ ᠠᠬᠢᠯᠲᠠ ᠲᠠᠢ᠂ ᠲᠣᠭᠲᠠᠭᠤᠨ ᠪᠦᠭᠡᠳ ᠴᠢᠨᠠᠷ ᠨᠢ ᠳᠡᠭᠡᠭᠰᠢᠯᠡᠭᠦ ᠶᠢ ᠠᠬᠢᠭᠤᠯᠵᠠᠢ᠃ ᠲᠠᠪᠤᠨ ᠵᠢᠯ ᠳᠤ ᠨᠡᠶᠢᠲᠡ 5000 ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠤᠭᠤᠯᠤᠯᠲᠠ ᠲᠠᠢ 2260 ᠭᠤᠣᠯᠳᠠᠯᠭ᠎ᠠ ᠲᠠᠢ ᠲᠥᠷᠥᠯ ᠵᠦᠢᠯ ᠢ ᠬᠢᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ 6351 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠳᠠᠶᠢᠴᠢᠯᠠᠨ ᠪᠡᠶᠡᠯᠡᠭᠦᠯᠡᠭᠰᠡᠨ ᠨᠢ ᠳᠡᠭᠡᠷ᠎ᠡ ᠲᠠᠪᠤᠨ ᠵᠢᠯ ᠤᠨ ᠬᠢ ᠠᠴᠠ 3430 ᠳ᠋ᠦᠩᠰᠢᠭᠤᠷ ᠲᠥᠭᠦᠷᠢᠭ ᠨᠡᠮᠡᠭᠳᠡᠵᠡᠢ᠂ ᠡᠳ᠋ ᠤᠨ ᠵᠠᠰᠠᠭ ᠤᠨ ᠵᠠᠷᠤᠯᠭ᠎ᠠ ᠨᠡᠶᠢᠲᠡ 2007 ᠳ᠋ᠦᠩᠰᠢᠭᠤᠷ ᠲᠥᠭᠦᠷᠢᠭ ᠪᠡᠶᠡᠯᠡᠭᠦᠯᠦᠭᠰᠡᠨ ᠨᠢ ᠳᠡᠭᠡᠷ᠎ᠡ ᠲᠠᠪᠤᠨ ᠵᠢᠯ ᠤᠨ 1.7 ᠳᠠᠬᠢᠨ ᠪᠣᠯᠪᠠ᠂ ᠲᠠᠪᠤᠨ ᠵᠢᠯ ᠳᠤ ᠰᠢᠨ᠎ᠡ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 6 ᠲᠦᠮᠡ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 527 ᠬᠦᠷᠴᠦ᠂ ᠰᠢᠨ᠎ᠡ ᠨᠡᠮᠡᠭᠳᠡᠭᠰᠡᠨ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ 130 ᠪᠣᠯᠵᠠᠢ᠃      ᠬᠡᠯᠪᠡᠷᠢ ᠶᠢ ᠨᠢ ᠬᠤᠪᠢᠷᠠᠭᠤᠯᠵᠤ ᠳᠡᠰ ᠳᠡᠪᠰᠢᠭᠦᠯᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠶᠡᠷᠦᠩᠬᠡᠢ ᠬᠡᠮᠵᠢᠶ᠎ᠡ ᠪᠠᠨ ᠥᠷᠭᠡᠳᠬᠡᠬᠦ ᠪᠠ ᠪᠦᠷᠢᠯᠳᠦᠴᠡ ᠳᠤ ᠲᠣᠬᠢᠷᠠᠭᠤᠯᠤᠯᠲᠠ ᠬᠢᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠠᠨ ᠲᠠᠯ᠎ᠠ ᠪᠠᠷ ᠬᠥᠭᠵᠢᠭᠰᠡᠨ ᠤᠯᠠᠨ ᠲᠠᠯ᠎ᠠ ᠠᠴᠠ ᠲᠤᠯᠭᠠᠭᠤᠷᠢᠯᠠᠭᠰᠠᠨ ᠠᠵᠤ ᠦᠢᠯᠡᠰ ᠤᠨ ᠪᠦᠷᠢᠯᠳᠦᠯ ᠲᠦᠷᠭᠡᠨ ᠪᠤᠢ ᠪᠣᠯᠪᠠ᠃ ᠠᠵᠤ ᠦᠢᠯᠡᠳᠪᠦᠷᠢ ᠨᠢ ᠰᠢᠨ᠎ᠡ ᠬᠡᠯᠪᠡᠷᠢᠵᠢᠭᠰᠡᠨ ᠡᠷᠴᠢᠮᠵᠢᠭᠰᠡᠨ ᠬᠥᠭᠵᠢᠯᠲᠡ ᠲᠠᠢ ᠪᠣᠯᠭᠠᠬᠤ ᠪᠣᠯᠣᠨ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠪᠣᠬᠢᠷᠳᠤᠯ ᠢ ᠭᠠᠳᠠᠭᠰᠢᠯᠠᠭᠤᠯᠬᠤ ᠪᠠᠨ ᠪᠠᠭᠠᠰᠬᠠᠨ ᠡᠨᠧᠷᠭᠢ ᠶᠢᠨ ᠬᠤᠷᠣᠭᠳᠠᠯ ᠢᠶᠠᠨ ᠪᠠᠭᠠᠰᠬᠠᠬᠤ ᠠᠵᠢᠯ ᠤᠳ ᠢ ᠲᠥᠪᠯᠡᠷᠡᠭᠦᠯᠦᠨ ᠰᠠᠶᠢᠲᠤᠷ ᠬᠢᠪᠡ᠃ ᠥᠩᠭᠡᠲᠦ ᠲᠡᠮᠦᠷᠯᠢᠭ ᠤᠨ ᠠᠵᠤ ᠦᠢᠯᠡᠰ ᠲᠤ ᠵᠠᠰ ᠬᠠᠶᠢᠯᠤᠭᠤᠯᠬᠤ 40 ᠲᠦᠮᠡᠨ ᠲᠤᠨ ᠤ ᠬᠤᠶᠠᠷ ᠲᠥᠷᠥᠯ ᠵᠦᠢᠯ ᠢ ᠬᠦᠷᠢᠶᠡᠯᠡᠩ ᠳᠤ ᠣᠷᠣᠭᠤᠯᠤᠨ ᠥᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠲᠠᠢ ᠡᠬᠢᠯᠡᠭᠦᠯᠪᠡ᠂ ᠰᠢᠨ᠎ᠡ ᠡᠨᠧᠷᠭᠢ ᠶᠢᠨ ᠠᠵᠢᠯ ᠦᠢᠯᠡᠰ ᠨᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠭᠡᠷᠡᠯ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 200 ᠲᠦᠮᠡᠨ ᠺᠢᠯᠣᠸᠠᠲ ᠢ ᠳᠠᠪᠠᠵᠤ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠨᠡᠭᠦᠷᠡᠰᠦᠨ ᠬᠢᠮᠢ᠂ ᠠᠮᠢᠳᠤ ᠪᠣᠳᠠᠰ ᠤᠨ ᠬᠢᠮᠢ᠂ ᠬᠦᠬᠦᠷ ᠬᠦᠴᠢᠯ ᠤᠨ ᠬᠢᠮᠢ ᠵᠡᠷᠭᠡ ᠨᠢᠭᠡ ᠢᠵᠢ ᠲᠣᠮᠣ ᠲᠥᠷᠥᠯ ᠵᠦᠢᠯ ᠠᠰᠢᠭᠯᠠᠯᠲᠠ ᠳᠤ ᠣᠷᠣᠪᠠ᠂ ᠰᠢᠨ᠎ᠡ ᠪᠠᠷ ᠪᠤᠢ ᠪᠣᠯᠣᠭᠰᠠᠨ ᠠᠵᠤ ᠦᠢᠯᠡᠰ ᠲᠤ ᠠᠮᠢᠳᠤ ᠪᠣᠳᠠᠰ ᠤᠨ ᠡᠮ ᠨᠠᠶᠢᠷᠠᠬᠤ᠂ ᠴᠠᠬᠢᠮ ᠮᠡᠳᠡᠭᠡ᠂ ᠡᠭᠦᠯᠡᠨ ᠪᠣᠳᠣᠯᠲᠠ ᠵᠡᠷᠭᠡ ᠲᠥᠷᠥᠯ ᠵᠦᠢᠯ ᠢ ᠣᠷᠣᠭᠤᠯᠤᠨ ᠪᠤᠢ ᠪᠣᠯᠭᠠᠬᠤ ᠠᠵᠢᠯ ᠢ ᠴᠢᠩᠭᠠᠳᠬᠠᠵᠠᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠭᠦᠯᠬᠦ ᠬᠦᠴᠦᠨ ᠲᠠᠰᠤᠷᠠᠯᠲᠠ ᠦᠭᠡᠢ ᠨᠡᠮᠡᠭᠳᠡᠵᠦ ᠦᠢᠯᠡᠳᠬᠦᠨ ᠤ ᠥᠷᠲᠡᠭ ᠨᠢ ᠪᠦᠬᠦ᠋ᠢᠯᠡ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠳᠣᠲᠣᠷ᠎ᠠ 47.6%᠎ ᠶᠢ ᠡᠵᠡᠯᠡᠬᠦ ᠪᠣᠯᠵᠠᠢ᠃ ᠰᠢᠭᠰᠢᠭᠳᠡᠭᠦᠯᠵᠦ ᠬᠠᠰᠤᠭᠰᠠᠨ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠪᠬᠢ 31.3 ᠲᠦᠮᠡᠨ ᠲᠤᠨ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠬᠢ 615 ᠲᠦᠮᠡᠨ ᠲᠤᠨ ᠬᠦᠷᠴᠦ᠂ GDP᠎ ᠶᠢᠨ ᠲᠦᠮᠡᠨ ᠲᠥᠭᠦᠷᠢᠭ ᠪᠦᠷᠢ ᠳᠠᠬᠢ ᠡᠨᠧᠷᠭᠢ ᠤᠰᠤᠨ ᠤ ᠬᠤᠷᠣᠭᠳᠠᠯ ᠲᠤᠰᠪᠦᠷᠢ 18.9%᠂ 13.6%᠎ ᠪᠠᠷ ᠪᠠᠭᠤᠷᠠᠵᠠᠢ᠃ ᠲᠠᠷᠢᠶᠠᠯᠠᠩ ᠮᠠᠯ ᠠᠵᠤ ᠠᠬᠤᠢ ᠳᠤ ᠪᠦᠷᠢᠯᠳᠦᠴᠡ ᠶᠢ ᠰᠢᠯᠢᠳᠡᠭᠵᠢᠭᠦᠯᠦᠨ ᠬᠡᠪᠴᠢᠶᠡᠵᠢᠭᠦᠯᠦᠨ ᠵᠣᠬᠢᠶᠠᠨ ᠪᠠᠶᠢᠭᠤᠯᠤᠯᠳᠠᠵᠢᠭᠤᠯᠤᠨ ᠠᠵᠤ ᠦᠢᠯᠡᠰᠵᠢᠭᠦᠯᠦᠨ ᠡᠵᠡᠩᠨᠡᠬᠦ ᠶᠢ ᠭᠤᠣᠯᠳᠠᠯᠭ᠎ᠠ ᠲᠠᠢ ᠬᠢᠪᠡ᠃ ᠲᠠᠷᠢᠮᠠᠯ ᠪᠠ ᠲᠡᠵᠢᠭᠡᠪᠦᠷᠢ ᠶᠢᠨ ᠦᠢᠯᠡᠰ ᠤᠨ ᠪᠦᠷᠢᠯᠳᠦᠴᠡ ᠤᠯᠠᠮ ᠰᠢᠯᠢᠳᠡᠭᠵᠢᠵᠦ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢᠨ ᠲᠠᠷᠢᠮᠠᠯ ᠤᠨ ᠬᠠᠷᠢᠴᠠᠯ 82᠄ 14᠄ 4 ᠪᠠᠶᠢᠭᠰᠠᠨ ᠠᠴᠠ ᠪᠠᠨ ᠰᠠᠶᠢᠵᠢᠷᠠᠭᠠᠳ 71᠄ 17᠄ 12 ᠪᠣᠯᠵᠠᠢ᠂ ᠠᠯᠠᠰᠢᠨ ᠦᠬᠡᠷ ᠭᠠᠭ᠋ᠠᠢ ᠲᠤᠰᠪᠦᠷᠢ 103.6 ᠪᠠ 274.4 ᠲᠦᠮᠡᠨ ᠲᠣᠯᠣᠭᠠᠢ ᠨᠡᠮᠡᠭᠳᠡᠪᠡ᠃ ᠰᠢᠨ᠎ᠡ ᠨᠡᠮᠡᠭᠳᠡᠭᠰᠡᠨ ᠥᠨᠳᠥᠷ ᠠᠰᠢᠭᠲᠠᠢ ᠠᠷᠪᠢᠲᠠᠢ ᠤᠰᠤᠯᠠᠯᠲᠠ ᠶᠢᠨ ᠲᠠᠯᠠᠪᠠᠢ 408 ᠲᠦᠮᠡᠨ ᠮᠦ᠂ ᠥᠨᠳᠥᠷ ᠠᠰᠢᠭᠲᠠᠢ ᠤᠰᠤᠨ ᠳᠤ ᠠᠷᠪᠢᠲᠠᠢ ᠠᠵᠤ ᠠᠬᠤᠢ ᠶᠢᠨ ᠣᠢ 100 ᠲᠦᠮᠡᠨ ᠮᠦ᠂ ᠲᠥᠬᠦᠭᠡᠷᠡᠮᠵᠢᠲᠦ ᠲᠠᠷᠢᠶᠠᠯᠠᠩ 71.7 ᠲᠦᠮᠡᠨ ᠮᠦ ᠬᠦᠷᠪᠡ᠃ ᠭᠠᠵᠠᠷ ᠲᠠᠷᠢᠶ᠎ᠠ ᠶᠢᠨ ᠰᠢᠯᠵᠢᠯᠲᠡ ᠶᠢᠨ ᠨᠤᠷᠮ᠎ᠠ᠂ ᠲᠠᠷᠢᠶᠠᠴᠢᠳ ᠮᠠᠯᠴᠢᠳ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠪᠦᠷᠬᠦᠯᠲᠡ ᠶᠢᠨ ᠨᠤᠷᠮ᠎ᠠ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢ ᠨᠠᠷᠢᠯᠢᠭ ᠡᠳ᠋ᠰᠢᠭᠦᠯᠦᠨ ᠤᠯᠠᠷᠢᠭᠤᠯᠤᠭᠰᠠᠨ ᠨᠤᠷᠮ᠎ᠠ ᠲᠤᠰᠪᠦᠷᠢ 46.4%᠂ 50%᠂ 49.7% ᠪᠣᠯᠵᠠᠢ᠃ ᠦᠢᠯᠡᠴᠢᠯᠡᠭᠡᠨ ᠤ ᠦᠢᠯᠡᠰ ᠨᠢ ᠳᠡᠰ ᠳᠡᠪᠰᠢᠭᠦᠯᠦᠨ ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠶᠢ ᠳᠣᠪᠤᠶᠢᠯᠭᠠᠪᠠ᠃ ᠠᠷᠠᠯᠵᠢᠶ᠎ᠠ ᠬᠤᠳᠠᠯᠳᠤᠭᠠᠨ ᠤ ᠨᠢᠭᠡ ᠪᠦᠯᠦᠭ ᠪᠣᠳᠠᠲᠤ ᠴᠣᠭᠴᠠ ᠡᠵᠡᠩᠨᠡᠯᠲᠡ ᠪᠠᠨ ᠡᠬᠢᠯᠡᠭᠦᠯᠵᠦ᠂ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠷᠣᠯᠠᠭᠤᠯᠤᠭᠰᠠᠨ ᠣᠷᠣᠯᠭ᠎ᠠ 550 ᠳ᠋ᠦᠩᠰᠢᠭᠤᠷ ᠲᠥᠭᠦᠷᠢᠭ ᠢ ᠳᠠᠪᠠᠵᠤ᠂ ︽ᠴᠠᠬᠢᠮ ᠬᠤᠳᠠᠯᠳᠤᠭ᠎ᠠ ᠠᠶᠢᠯ ᠲᠣᠰᠬᠤᠨ ᠳᠤ ᠤᠷᠣᠬᠤ︾᠎ ᠶᠢ ᠪᠦᠷᠬᠦᠭᠦᠯᠦᠨ᠂ 9 ᠬᠤᠰᠢᠭᠤ ᠰᠢᠶᠠᠨ ᠪᠦᠬᠦ ᠤᠯᠤᠰ ᠤᠨ ᠴᠠᠬᠢᠮ ᠠᠷᠠᠯᠵᠢᠶᠠᠨ ᠤ ᠵᠢᠱᠢᠶ᠎ᠡ ᠦᠵᠡᠭᠦᠯᠬᠦ ᠰᠢᠶᠠᠨ ᠤ ᠡᠩᠨᠡᠭᠡᠨ ᠳᠤ ᠣᠷᠣᠵᠠᠢ᠃ ᠵᠢᠭᠤᠯᠴᠢᠯᠠᠯ ᠤᠨ ᠦᠢᠯᠡᠰ ᠵᠢᠭᠤᠯᠴᠢᠯᠠᠭᠰᠠᠳ ᠢ 6400 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ 1000 ᠳ᠋ᠦᠩᠰᠢᠭᠤᠷ ᠲᠥᠭᠦᠷᠢᠭ ᠤᠨ ᠣᠷᠣᠯᠭ᠎ᠠ ᠣᠯᠵᠠᠢ᠃ ᠮᠥᠩᠭᠦᠨ ᠭᠦᠢᠯᠭᠡᠭᠡ ᠶᠢᠨ ᠦᠢᠯᠡᠰ ᠤᠨ ᠡᠵᠡᠩᠨᠡᠯᠲᠡ ᠶᠢᠨ ᠬᠡᠪᠴᠢᠶ᠎ᠡ ᠶᠡᠬᠡᠪᠡᠷ ᠨᠡᠮᠡᠭᠳᠡᠨ᠂ ᠡᠯ᠎ᠡ ᠵᠦᠢᠯ ᠤᠨ ᠪᠠᠶᠢᠭᠤᠯᠤᠮᠵᠢ ᠰᠢᠨ᠎ᠡ ᠪᠠᠷ 25 ᠨᠡᠮᠡᠭᠳᠡᠵᠦ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠰᠪᠦᠷᠢ 2100 ᠳ᠋ᠦᠩᠰᠢᠭᠤᠷ ᠲᠥᠭᠦᠷᠢᠭ᠂ 1600 ᠳ᠋ᠦᠩᠰᠢᠭᠤᠷ ᠲᠥᠭᠦᠷᠢᠭ ᠪᠣᠯᠵᠤ᠂ ᠵᠣᠭᠤᠰᠤᠨ ᠲᠡᠮᠳᠡᠭᠲᠦ ᠶᠢᠨ ᠠᠷᠠᠯᠵᠢᠶ᠎ᠠ ᠪᠦᠲᠦᠭᠰᠡᠨ ᠨᠤᠷᠮ᠎ᠠ ᠬᠢᠭᠡᠳ ᠳᠠᠭᠠᠳᠬᠠᠯ ᠤᠨ ᠦᠢᠯᠡᠰ ᠤᠨ ᠳᠠᠭᠠᠳᠬᠠᠯ ᠲᠤᠰᠢᠶᠠᠭᠰᠠᠨ ᠣᠷᠣᠯᠭ᠎ᠠ ᠨᠡᠶᠢᠲᠡ 3720 ᠳ᠋ᠦᠩᠰᠢᠭᠤᠷ ᠲᠥᠭᠦᠷᠢᠭ ᠪᠠ 253 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠥᠷᠥᠩᠭᠡ ᠪᠡᠯᠡ ᠶᠢᠨ ᠵᠠᠬ᠎ᠠ ᠳᠡᠯᠭᠡᠭᠦᠷ ᠲᠤ ᠲᠡᠮᠳᠡᠭᠯᠡᠭᠦᠯᠦᠭᠰᠡᠨ ᠠᠵᠤ ᠠᠬᠤᠶᠢᠯᠠᠯ 106 ᠪᠠᠶᠢᠵᠤ᠂ 122.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠤᠷᠠᠮᠳᠤᠭᠤᠯᠵᠠᠢ᠃ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠥᠷᠭᠦᠯᠵᠢᠯᠡᠨ ᠨᠡᠮᠡᠭᠳᠡᠵᠡᠢ᠃ ᠭᠤᠣᠯ ᠬᠤᠲᠠ ᠪᠠ ᠬᠤᠰᠢᠭᠤ ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠪᠠᠯᠭᠠᠰᠤ ᠯᠤᠲᠤ ᠰᠠᠶᠢᠨ ᠬᠥᠭᠵᠢᠯᠲᠡ ᠶᠢᠨ ᠬᠦᠴᠦᠨ ᠲᠠᠢ ᠪᠣᠯᠪᠠ᠃ ᠤᠯᠠᠭᠠᠨᠬᠠᠳᠠ ᠶᠢᠨ ᠰᠢᠨ᠎ᠡ ᠬᠤᠲᠠ ᠲᠣᠭᠤᠷᠢᠭ᠂ ᠬᠥᠭᠦᠷᠭᠡᠨ ᠠᠷᠤ ᠶᠢᠨ ᠰᠢᠨ᠎ᠡ ᠬᠤᠲᠠ ᠲᠣᠭᠤᠷᠢᠭ᠂ ᠰᠥᠩ ᠪᠧᠢ ᠰᠢᠨ᠎ᠡ ᠬᠤᠲᠠ ᠲᠣᠭᠤᠷᠢᠭ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠦᠳᠲᠡᠷ ᠲᠦᠷᠭᠡᠨ ᠪᠠᠶᠢᠨ᠎ᠠ᠂ ᠭᠤᠣᠯ ᠬᠤᠲᠠ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠳᠤ 376 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠪᠦᠲᠦᠭᠡᠨ ᠪᠠᠶᠢᠭᠤᠯᠤᠭᠰᠠᠨ ᠲᠠᠯᠠᠪᠠᠢ 106 ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠬᠥᠮᠥᠨ ᠠᠮᠠ ᠵᠠᠭᠤᠨ ᠲᠦᠮᠡ ᠶᠢ ᠳᠠᠪᠠᠵᠠᠢ᠃ 9 ᠬᠤᠰᠢᠭᠤ ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠭᠠᠵᠠᠷ ᠤᠨ ᠪᠦᠲᠦᠭᠡᠨ ᠪᠠᠶᠢᠭᠤᠯᠤᠭᠰᠠᠨ ᠲᠠᠯᠠᠪᠠᠢ 146 ᠲᠡᠭᠰᠢ ᠳᠥᠷᠪᠡᠯᠵᠢᠨ ᠺᠢᠯᠣᠮᠧᠲᠷ ᠬᠥᠷᠴᠠᠢ᠃ ᠪᠦᠬᠦ ᠬᠤᠳᠠ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠳᠠ ᠪᠠᠯᠭᠠᠰᠤᠵᠢᠯᠲᠠ ᠶᠢᠨ ᠬᠡᠮᠵᠢᠶ᠎ᠡ 43.8%᠎ ᠠᠴᠠ 49% ᠪᠤᠯᠲᠠᠯ᠎ᠠ ᠳᠡᠭᠡᠭᠰᠢᠯᠡᠵᠡᠢ᠃ ᠭᠤᠶᠢᠳᠠ ᠰᠠᠢᠬᠠᠨ ᠬᠥᠳᠡᠭᠡ ᠲᠤᠰᠬᠤᠨ ᠤ ᠪᠠᠶᠢᠭᠤᠯᠤᠯᠲᠠ ᠦᠰᠦᠷᠦᠩᠭᠦᠢ ᠮᠠᠨᠳᠤᠯᠲᠠ ᠶᠢ ᠪᠡᠶᠡᠯᠡᠭᠦᠯᠵᠡᠢ᠃ ᠨᠡᠶᠢᠳᠠ 211.2 ᠳ᠋ᠦᠩᠰᠢᠭᠤᠷ ᠲᠦᠭᠦᠷᠢᠭ ᠤᠨ ᠪᠡᠯᠡ ᠮᠥᠩᠭᠦ ᠤᠷᠤᠭᠤᠯᠵᠤ᠂ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠠᠢᠵᠢᠷᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠤᠰᠬᠤᠨ ᠮᠠᠯᠵᠢᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠶᠡᠭᠡᠪᠡᠷ ᠰᠠᠢᠵᠢᠷᠠᠵᠤ᠂ 90%᠎ ᠠᠴᠠ ᠳᠡᠭᠡᠭᠰᠢᠬᠢ ᠭᠠᠴᠠᠭ᠎ᠠ ᠲᠤᠰᠬᠤᠨ ᠠᠰᠢᠭ ᠬᠦᠷᠲᠡᠵᠡᠢ᠃ ᠴᠢᠬᠤᠯᠠ ᠲᠤᠮᠤ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢ ᠤᠯᠠᠨ ᠲᠠᠯ᠎ᠠ ᠪᠠᠷ ᠥᠨᠳᠦᠷ ᠪᠦᠲᠦᠮᠵᠢᠲᠠᠢ ᠠᠬᠢᠭᠤᠯᠪᠠ᠃ 9374 ᠺᠢᠯᠣᠮᠧᠲᠷ ᠡᠯ᠎ᠡ ᠳᠡᠰ ᠤᠨ ᠵᠠᠰᠠᠮᠠᠯ ᠵᠠᠮ ᠢ ᠰᠢᠨ᠎ᠡ ᠪᠠᠷ ᠳᠡᠪᠢᠰᠬᠦ ᠪᠤᠶᠤ ᠥᠭᠡᠷᠡᠴᠢᠯᠡᠨ ᠳᠡᠪᠢᠰᠴᠦ᠂ 3 ᠲᠦᠷᠭᠡᠨ ᠳᠠᠪᠬᠢᠬᠤ ᠵᠠᠰᠠᠮᠠᠯ ᠵᠠᠮ᠂ 10 ᠨᠢᠭᠡᠳᠦᠭᠡᠷ ᠳᠡᠰ ᠤᠨ ᠵᠠᠰᠠᠮᠠᠯ ᠵᠠᠮ ᠪᠠᠶᠢᠭᠤᠯᠤᠭᠳᠠᠵᠤ ᠲᠡᠷᠭᠡ ᠨᠡᠪᠲᠡᠷᠡᠨ᠂ ᠬᠤᠰᠢᠭᠤ ᠰᠢᠶᠠᠨ ᠪᠦᠬᠦᠨ ᠳᠤ ᠦᠨᠳᠦᠷ ᠳᠡᠰ ᠤᠨ ᠵᠠᠰᠠᠮᠠᠯ ᠵᠠᠮ ᠨᠡᠪᠲᠡᠷᠡᠬᠦ᠂ ᠰᠢᠶᠠᠩ ᠰᠤᠮᠤ ᠪᠦᠬᠦᠨ ᠳᠤ ᠳᠡᠰᠵᠢᠭᠰᠡᠨ ᠵᠠᠰᠠᠮᠠᠯ ᠵᠠᠮ ᠨᠡᠪᠲᠡᠷᠡᠬᠦ᠂ ᠭᠠᠴᠠᠭ᠎ᠠ ᠲᠤᠰᠬᠤᠨ ᠪᠦᠬᠦᠨ ᠳᠤ ᠴᠠᠷᠳᠠᠮᠠᠯ ᠵᠠᠮ ᠨᠡᠪᠲᠡᠷᠡᠬᠦ ᠶᠢ ᠪᠡᠶᠡᠯᠡᠭᠦᠯᠵᠦ᠂ ᠪᠦᠬᠦ ᠬᠤᠲᠠ ᠶᠢᠨ ᠵᠠᠰᠠᠮᠠᠯ ᠵᠠᠮ ᠤᠨ ᠪᠦᠬᠦ ᠤᠷᠲᠤ ᠨᠢ 2.7 ᠲᠦᠮᠡᠨ ᠺᠢᠯᠣᠮᠧᠲᠷ ᠬᠦᠷᠴᠡᠢ᠃ ᠤᠯᠠᠭᠠᠨᠬᠠᠳᠠ ᠠᠴᠠ ᠪᠡᠭᠡᠵᠢᠩ ᠮᠦᠭᠳᠡᠨ ᠱᠤᠭᠤᠮ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠠᠵᠢᠯ ᠢ ᠪᠦᠬᠦ ᠱᠤᠭᠤᠮ ᠢᠶᠠᠷ ᠡᠬᠢᠯᠡᠭᠦᠯᠵᠦ᠂ ᠬᠠᠰ ᠯᠤᠤ ᠨᠢᠰᠬᠡᠯ ᠤᠨ ᠪᠠᠭᠤᠳᠠᠯ ᠤᠨ ᠠᠶᠠᠨᠴᠢᠳ ᠵᠠᠭᠤᠨ ᠲᠦᠮᠡᠨ ᠬᠥᠮᠦᠨ ᠤᠳᠠᠭ᠎ᠠ ᠶᠢ ᠳᠠᠪᠠᠵᠠᠢ ᠃ ᠬᠥᠳᠡᠭᠡ ᠲᠣᠰᠬᠤᠨ ᠮᠠᠯᠵᠢᠬᠤ ᠣᠷᠣᠨ ᠤ ᠢᠳᠡᠬᠦ ᠤᠰᠤᠨ ᠤ ᠠᠶᠤᠯ ᠦᠬᠡᠢ ᠶᠢᠨ ᠢᠨᠵᠧᠨᠧᠷᠢᠩ᠂ ᠭᠤᠣᠯᠳᠠᠯᠭ᠎ᠠ ᠲᠠᠢ ᠤᠰᠤᠨ ᠴᠥᠭᠦᠷᠥᠮ ᠤᠨ ᠠᠶᠤᠯ ᠲᠦᠭᠰᠢᠭᠦᠷᠢ ᠶᠢ ᠠᠷᠢᠯᠭᠠᠨ ᠪᠠᠬᠢᠯᠡᠨ ᠵᠠᠰᠠᠬᠤ ᠢᠨᠵᠧᠨᠧᠷᠢᠩ ᠶᠢ ᠪᠥᠬᠦ ᠲᠠᠯ᠎ᠠ ᠪᠠᠷ ᠪᠡᠶᠡᠯᠡᠭᠦᠯᠵᠡᠢ᠃ 45 ᠰᠠᠭᠤᠷᠢ 66 ᠺᠢᠯᠣᠸᠣᠯᠲ ᠵᠢᠴᠢ ᠲᠡᠭᠦᠨ ᠠᠴᠠ ᠳᠡᠭᠡᠭᠰᠢᠬᠢ ᠬᠦᠴᠦᠳᠡᠯ ᠥᠭᠡᠷᠡᠴᠢᠯᠡᠬᠦ ᠦᠷᠲᠡᠭᠡ᠂ 1460 ᠺᠢᠯᠣᠮᠧᠲᠷ ᠴᠠᠬᠢᠯᠭᠠᠨ ᠬᠦᠷᠭᠡᠬᠦ ᠬᠡᠯᠬᠢᠶ᠎ᠡ ᠶᠢ ᠰᠢᠨ᠎ᠡ ᠪᠠᠷ ᠪᠠᠶᠢᠭᠤᠯᠵᠠᠢ᠃ ᠰᠢᠲᠠᠮᠠᠬᠠᠶ ᠬᠡᠢ ᠳᠠᠮᠵᠢᠭᠤᠯᠬᠤ ᠤᠷᠲᠤ ᠬᠤᠭᠤᠯᠠᠶ ᠶᠢᠨ ᠪᠦᠳᠦᠭᠡᠨ ᠪᠠᠶᠢᠭᠤᠯᠤᠯᠲᠠ ᠪᠠ ᠥᠷᠭᠡᠨ ᠳᠠᠮᠵᠢᠯᠭᠠᠲᠤ ᠰᠦᠯᠵᠢᠶ᠎ᠡ ᠶᠢᠨ ᠬᠥᠳᠡᠭᠡ ᠲᠣᠰᠬᠤᠨ ᠳᠤ ᠨᠡᠪᠲᠡᠷᠡᠬᠦ ᠢᠨᠵᠧᠨᠧᠷᠢᠩ ᠢ ᠡᠬᠢᠯᠡᠭᠦᠯᠵᠡᠢ᠃ ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠠᠢ᠃ ︽ᠤᠯᠠᠭᠠᠨᠬᠠᠳᠠ ᠬᠤᠳᠠ ᠶᠢᠨ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ︾ ᠲᠤᠭᠲᠠᠭᠠᠵᠤ᠂ ᠣᠶ ᠶᠢᠨ ᠲᠠᠯᠠᠪᠠᠶ 739 ᠮᠦ ᠰᠢᠨ᠎ᠡ ᠪᠠᠷ ᠨᠡᠮᠡᠭᠳᠡᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 128 ᠲᠦᠮᠡᠨ ᠮᠦ ᠪᠡᠶᠡᠯᠡᠭᠦᠯᠵᠦ᠂ ᠪᠥᠬᠦ ᠬᠤᠲᠠ ᠶᠢᠨ ᠤᠢ ᠰᠢᠭᠤᠶ ᠶᠢᠨ ᠪᠦᠷᠬᠦᠴᠡ ᠶᠢᠨ ᠨᠤᠷᠮ᠎ᠠ 35.6% ᠬᠦᠷᠴᠦ᠂ ᠤᠯᠤᠰ ᠤᠨ ᠤᠢ ᠰᠢᠭᠤᠶᠢᠲᠤ ᠬᠤᠲᠠ᠂ ᠤᠯᠤᠰ ᠤᠨ ᠴᠡᠴᠡᠷᠯᠢᠭᠵᠢᠭᠦᠯᠦᠭᠰᠡᠨ ᠬᠤᠳᠠ ᠶᠢᠨ ᠴᠣᠯᠠ ᠬᠦᠷᠲᠡᠵᠡᠢ᠃      ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠪᠡ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠲᠦᠷᠭᠡᠨ ᠮᠥᠷᠲᠡᠭᠡᠨ ᠯᠠᠪᠳᠠᠭᠤᠨ ᠢᠶᠠᠷ ᠶᠠᠪᠤᠭᠳᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠳᠤᠰ ᠱᠠᠲᠤᠨ ᠤ 301 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠵᠤ᠂ ᠬᠠᠷᠢᠴᠠᠯ ᠨᠢ 74.3% ᠬᠦᠷᠴᠡᠢ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠨᠢ ᠪᠦᠬᠦ ᠣᠷᠣᠨ ᠤ ᠡᠮᠦᠨ᠎ᠡ ᠡᠩᠨᠡᠭᠡᠨ ᠳᠤ ᠶᠠᠪᠤᠵᠤ᠂ ᠠᠵᠤ ᠠᠬᠤᠶᠢᠯᠠᠯ ᠤᠨ ᠪᠦᠷᠢᠳᠬᠡᠵᠦ ᠳᠠᠩᠰᠠᠯᠠᠭᠤᠯᠬᠤ ︽ᠤᠯᠠᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠳᠤ ᠨᠢᠭᠡ ᠳ᠋ᠤᠭᠠᠷ ᠬᠠᠳᠠᠬᠤ︾᠂ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ︽ᠬᠤᠶᠠᠷ ᠦᠨᠡᠮᠯᠡᠯ ᠢ ᠨᠢᠳᠬᠡᠬᠦ︾ ᠪᠣᠯᠤᠨ ᠪᠦᠬᠦ ᠶᠠᠪᠤᠴᠠ ᠳᠤ ᠴᠠᠬᠢᠮᠴᠢᠯᠠᠭᠰᠠᠨ ᠪᠦᠷᠢᠳᠬᠡᠯ ᠬᠢᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠪᠡᠯᠡ ᠣᠷᠣᠭᠤᠯᠬᠤ ᠪᠠ ᠪᠡᠯᠡ ᠬᠤᠷᠠᠮᠳᠤᠭᠤᠯᠬᠤ ᠰᠢᠰᠲ᠋ᠧᠮᠵᠢ ᠶᠢᠨ ᠥᠭᠡᠷᠡᠴᠢᠯᠡᠯᠲᠡ ᠠᠩᠬ᠎ᠠ ᠠᠯᠬᠤᠮ ᠤᠨ ᠠᠮᠵᠢᠯᠲᠠ ᠣᠯᠵᠤ᠂ ᠳᠦᠷᠦ ᠶᠢᠨ ᠶᠠᠪᠤᠳᠠᠯ ᠤᠨ ᠬᠤᠷᠢᠶᠠᠨ ᠠᠴᠠ ᠮᠠᠨ ᠤ ᠬᠤᠲᠠ ᠶᠢ ᠵᠠᠰᠠᠭ ᠤᠨ ᠣᠷᠳᠣᠨ ᠪᠠ ᠨᠡᠶᠢᠭᠡᠮ ᠤᠨ ᠭᠦᠷᠦᠩᠭᠡ ᠪᠡᠯᠡ ᠬᠠᠮᠲᠤᠷᠠᠯᠴᠠᠭᠰᠠᠨ ᠬᠡᠯᠪᠡᠷᠢ ᠨᠢ ᠢᠯᠡᠳᠲᠡ ᠦᠷ᠎ᠡ ᠪᠦᠲᠦᠮᠵᠢ ᠲᠠᠢ᠂ ᠨᠡᠶᠢᠭᠡᠮ ᠤᠨ ᠬᠦᠷᠦᠩᠭᠡ ᠪᠡᠯᠡ ᠶᠢᠨ ᠣᠷᠣᠯᠴᠠᠯᠭ᠎ᠠ ᠨᠡᠯᠢᠶᠡᠳ ᠥᠨᠳᠥᠷ ᠬᠤᠲᠠ ᠪᠠᠷ ᠬᠦᠬᠢᠭᠦᠯᠪᠡ᠃ ᠬᠥᠳᠡᠭᠡ ᠲᠣᠰᠬᠤᠨ ᠮᠠᠯᠵᠢᠬᠤ ᠣᠷᠣᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠤᠯᠤᠰ ᠤᠨ ᠦᠮᠴᠢᠯᠡᠯᠲᠦ ᠤᠢ ᠰᠢᠭᠤᠶ ᠶᠢᠨ ᠲᠠᠯᠠᠪᠠᠢ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠤᠳᠠ ᠶᠢᠨ ᠬᠠᠣᠯᠢ ᠬᠡᠷᠡᠭᠵᠢᠭᠦᠯᠦᠯᠲᠡ᠂ ᠰᠤᠷᠭᠠᠨ ᠬᠥᠮᠦᠵᠢᠯ ᠤᠨ ᠰᠢᠯᠭᠠᠯᠲᠠ ᠰᠤᠷᠤᠭᠴᠢ ᠡᠯᠰᠡᠬᠦ ᠳᠦᠷᠢᠮ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠰᠣᠶᠣᠯ ᠭᠡᠭᠡᠷᠡᠯ ᠤᠨ ᠪᠠᠶᠢᠭᠤᠯᠤᠯ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠲᠤᠰᠬᠠᠶ ᠵᠦᠢᠯ ᠤᠨ ᠥᠭᠡᠷᠡᠴᠢᠯᠡᠯᠲᠡ ᠡᠮᠬᠢ ᠵᠢᠷᠤᠮ ᠲᠠᠢ ᠪᠠᠷ ᠠᠬᠢᠵᠠᠢ᠃ 656 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 309 ᠵᠦᠢᠯ ᠨᠢ ᠥᠭᠡᠷᠡᠴᠢᠯᠡᠯᠲᠡ ᠶᠢᠨ ᠦᠷ᠎ᠡ ᠪᠦᠲᠦᠭᠡᠯ ᠣᠯᠵᠠᠢ᠃ ᠭᠠᠳᠠᠭᠰᠢ ᠨᠡᠭᠡᠭᠡᠬᠦ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠡᠢ᠃ ᠲᠠᠪᠤᠨ ᠵᠢᠯ ᠳᠤ ᠨᠡᠶᠢᠳᠡ ᠤᠷᠢᠨ ᠠᠪᠴᠢᠷᠠᠭᠰᠠᠨ ᠪᠡᠯᠡ ᠮᠥᠩᠭᠦ 2600 ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠬᠡᠪ ᠤᠨ ᠡᠵᠡᠩᠨᠡᠯᠲᠡ ᠳᠤ ᠤᠷᠤᠵᠤ᠂ ︽ᠤᠯᠠᠭᠠᠨᠬᠠᠳᠠ ᠮᠠᠨᠵᠤᠤᠷ ᠧᠦ᠋ᠷᠣᠫᠠ︾ ᠣᠯᠠᠨ ᠤᠯᠤᠰ ᠤᠨ ᠭᠠᠯᠲᠤ ᠲᠡᠷᠭᠡ ᠨᠡᠪᠲᠡᠷᠡᠵᠡᠢ᠃ ᠴᠤᠤᠶᠠᠩ᠂ ᠴᠧᠩᠳᠧ᠂ ᠵᠢᠨᠵᠧᠦ ᠵᠡᠷᠭᠡ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠵᠡᠢ᠃ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠨ ᠠᠵᠢᠯᠯᠠᠬᠤ ᠲᠦᠷᠦᠯ ᠵᠦᠢᠯ ᠢ ᠨᠡᠶᠢᠲᠡ 153᠎ ᠶᠢ ᠬᠡᠷᠡᠭᠵᠢᠭᠦᠯᠵᠦ᠂ 5.4 ᠳ᠋ᠦᠩᠰᠢᠭᠤᠷ ᠲᠥᠭᠦᠷᠢᠭ ᠪᠡᠯᠡ ᠮᠦᠩᠭᠦ ᠨᠠᠶᠢᠳᠠᠪᠤᠷᠢᠵᠢᠭᠳᠠᠵᠠᠢ᠃      ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ ᠦᠷᠭᠦᠯᠵᠢᠯᠡᠨ ᠰᠠᠶᠢᠵᠢᠷᠠᠭᠤᠯᠵᠠᠢ᠃ ᠪᠥᠬᠦ ᠬᠤᠲᠠ ᠳᠤ ᠨᠡᠶᠢᠳᠠ 1542 ᠳ᠋ᠦᠩᠰᠢᠭᠤᠷ ᠲᠥᠭᠦᠷᠢᠭ ᠤᠨ ᠪᠡᠯᠨ ᠣᠷᠣᠭᠤᠯᠤᠨ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠡᠵᠡᠯᠡᠬᠦ ᠬᠠᠷᠢᠴᠠᠯ 77% ᠬᠦᠷᠴᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠬᠦᠴᠦᠲᠡᠶ ᠳᠥᠯᠭᠢᠨ ᠠᠬᠢᠭᠤᠯᠵᠤ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠪᠡᠯᠡ ᠮᠥᠩᠭᠦ 300.5 ᠳ᠋ᠦᠩᠰᠢᠭᠤᠷ ᠲᠥᠭᠦᠷᠢᠭ ᠣᠷᠣᠭᠤᠯᠤᠨ᠂ 44 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠨᠢ ᠲᠣᠭᠲᠠᠪᠤᠷᠢᠲᠠᠶ ᠠᠩᠭᠢᠵᠢᠷᠠᠭᠤᠯᠵᠠᠢ᠃ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠂ ᠬᠤᠳᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ ᠨᠡᠶᠢᠳᠠ 15.4 ᠲᠦᠮᠡᠨ ᠬᠦᠮᠥᠨ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠰᠢᠯᠵᠢᠭᠦᠯᠦᠨ ᠠᠵᠢᠯ ᠣᠯᠣᠭᠰᠠᠳ 352 ᠲᠦᠮᠡᠨ ᠬᠥᠮᠦᠨ ᠤᠳᠠᠭ᠎ᠠ ᠬᠦᠷᠪᠡ᠃ ᠬᠤᠳᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠢ ᠨᠢᠳᠬᠡᠬᠦ ᠶᠢ ᠪᠡᠶᠡᠯᠡᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠨᠢᠭᠡᠳᠭᠡᠵᠡᠢ᠃ ᠲᠦᠪᠬᠢᠨᠡᠭᠦᠯᠬᠦ ᠣᠷᠣᠨ ᠰᠠᠭᠤᠴᠠ ᠶᠢᠨ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ 4863 ᠢᠵᠢ ᠪᠠᠶᠢᠭᠤᠯᠵᠤ᠂ ᠬᠤᠳᠠ ᠶᠢᠨ 8.7 ᠲᠦᠮᠡᠨ ᠢᠵᠢ ᠳᠥᠭᠦᠮ ᠪᠦᠳᠦᠴᠡᠳᠦ ᠣᠷᠣᠨ ᠰᠠᠭᠤᠴᠠ᠂ 640.3 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ᠂ 18.1 ᠲᠦᠮᠡᠨ ᠡᠷᠦᠬᠡ ᠬᠥᠳᠡᠭᠡ ᠲᠣᠰᠬᠤᠨ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠵᠦ᠂ ᠶᠡᠷᠦᠩᠬᠡᠶ ᠰᠠᠶᠢᠳ ᠯᠢ ᠺᠧ ᠴᠢᠶᠠᠩ ᠤᠨ ᠠᠩᠬᠠᠷᠤᠯ ᠲᠠᠯᠪᠢᠵᠤ ᠪᠠᠶᠢᠭ᠎ᠠ ᠲᠡᠮᠦᠷ ᠵᠠᠮ ᠤᠨ ᠡᠮᠦᠨᠡᠬᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ 7300 ᠡᠷᠦᠬᠡ ᠰᠠᠭᠤᠭᠠᠯᠢ ᠠᠷᠠᠳ ᠰᠢᠨ᠎ᠡ ᠣᠷᠣᠨ ᠰᠠᠭᠤᠴᠠ ᠳᠤ ᠨᠡᠭᠦᠨ ᠣᠷᠣᠪᠠ᠃ ᠨᠡᠶᠢᠭᠡᠮ ᠤᠨ ᠦᠢᠯᠡᠰ ᠤᠨ ᠬᠥᠭᠵᠢᠯᠲᠡ ᠲᠦᠷᠭᠡᠳᠪᠡ᠂ ᠤᠯᠠᠭᠠᠨᠬᠠᠳᠠ ᠶᠢᠨ ᠬᠥᠳᠡᠭᠡ ᠠᠵᠤ ᠠᠬᠤᠢ ᠶᠢᠨ ᠦᠵᠡᠰᠬᠦᠯᠡᠩ ᠨᠢ ᠤᠯᠤᠰ ᠤᠨ ᠲᠡᠰ ᠤᠨ ᠦᠵᠡᠰᠬᠦᠯᠡᠩ ᠪᠣᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ 129 ᠰᠢᠨ᠎ᠡ ᠪᠠᠷ ᠨᠡᠮᠡᠭᠳᠡᠪᠡ ᠃ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠦ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠨ ᠤᠷᠤᠭᠰᠠᠨ ᠨᠣᠷᠮ᠎ᠠ ᠢᠮᠠᠭᠲᠠ ᠪᠦᠭᠦ ᠣᠷᠣᠨ ᠤ ᠲᠡᠷᠢᠭᠦᠨ ᠢ ᠪᠠᠲᠤᠯᠠᠵᠠᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠮ ᠤᠨ ᠵᠦᠢᠯ ᠤᠨ ᠦᠨ᠎ᠡ ᠨᠡᠮᠡᠬᠦ ᠶᠢ ᠪᠦᠬᠦᠨ ᠢ ᠦᠭᠡᠶᠢᠰᠭᠡᠵᠦ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠲᠠ ᠪᠠᠷ ᠦᠨᠡᠯᠡᠭᠳᠡᠪᠡ᠃ ᠭᠤᠣᠯ ᠬᠤᠲᠠ ᠲᠤᠭᠤᠷᠢᠭ ᠪᠠ ᠬᠤᠰᠢᠭᠤ ᠰᠢᠶᠠᠨ ᠤ ᠪᠠᠶᠢᠭ᠎ᠠ ᠭᠠᠵᠠᠷ ᠤᠨ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ 45.3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠰᠤᠮᠤ ᠰᠢᠶᠠᠩ ᠪᠠᠯᠭᠠᠰᠤᠨ ᠤ ᠰᠣᠶᠣᠯ ᠤᠨ ᠦᠷᠳᠡᠭᠡ᠂ ᠭᠠᠴᠠᠭ᠎ᠠ ᠲᠣᠰᠬᠤᠨ ᠤ ᠰᠣᠶᠣᠯ ᠤᠨ ᠭᠡᠷ ᠤᠨ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠬᠤᠩᠱᠠᠨ ᠤ ᠰᠣᠶᠣᠯ ᠤᠨ ᠪᠠᠭᠤᠷᠢ ᠶᠢ ᠳᠡᠯᠡᠬᠡᠶ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ ᠲᠤ ᠣᠷᠣᠭᠤᠯᠵᠤ᠂ ᠤᠳᠬ᠎ᠠ ᠤᠷᠠᠯᠢᠭ ᠤᠨ ᠵᠣᠬᠢᠶᠠᠨ ᠪᠦᠳᠦᠭᠡᠯ᠂ ᠪᠣᠯᠪᠠᠰᠤᠨ ᠤ ᠪᠠᠶᠢᠭᠤᠯᠤᠯᠲᠠ ᠨᠢ ᠡᠳᠦᠷ ᠢᠷᠡᠬᠦᠶ᠎ᠡ ᠬᠥᠭᠵᠢᠶᠡᠨ ᠲᠠᠢ ᠪᠣᠯᠵᠣ᠂ ᠪᠦᠬᠦ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠢ ᠮᠠᠨ ᠤ ᠬᠤᠲᠠ ᠠᠮᠵᠢᠯᠲᠠ ᠲᠠᠢ ᠡᠷᠬᠢᠯᠡᠪᠡ᠃ ᠦᠨᠳᠦᠰᠦᠲᠡᠨ ᠤ ᠶᠠᠪᠤᠳᠠᠯ ᠤᠨ ᠬᠠᠮᠢᠶᠠᠷᠤᠯᠲᠠ ᠲᠠᠰᠤᠷᠠᠯᠲᠠ ᠦᠭᠡᠢ ᠴᠢᠩᠭᠠᠷᠠᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠦ᠂ ᠮᠣᠩᠭᠤᠯ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠵᠢᠯ ᠨᠢ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠪᠠ᠃ ᠠᠮᠤᠷ ᠲᠠᠶᠢᠪᠤᠩ ᠤᠯᠠᠭᠠᠨᠬᠠᠳᠠ ᠶᠢᠨ ᠪᠠᠶᠢᠭᠤᠯᠤᠯᠲᠠ ᠪᠦᠲᠦᠮᠵᠢᠲᠡᠶ ᠠᠬᠢᠪᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠭᠦᠨᠵᠡᠭᠡᠶ ᠥᠷᠨᠢᠭᠦᠯᠵᠦ᠂ ᠠᠷᠠᠳ ᠤᠯᠠᠨ ᠤ ᠠᠶᠤᠯᠭᠦᠶ ᠰᠡᠳᠬᠢᠯᠭᠡ ᠪᠠ ᠬᠠᠨᠤᠮᠵᠢᠲᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠤᠯᠤᠰ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠡᠷᠢᠭᠦᠨ ᠤ ᠬᠤᠲᠠ ᠶᠢᠨ ᠴᠣᠯᠠ ᠭᠥᠷᠳᠡᠪᠡ᠃ ᠨᠡᠶᠢᠭᠡᠮ ᠤᠨ ᠰᠢᠨᠵᠢᠯᠡᠬᠦ ᠤᠬᠠᠭᠠᠨ᠂ ᠡᠮᠡᠭᠲᠡᠶᠢᠴᠥᠳ ᠬᠡᠦᠬᠡᠳ᠂ ᠵᠡᠮᠳᠡᠭᠴᠤᠳ᠂ ᠤᠯᠠᠭᠠᠨ ᠵᠠᠭᠠᠯᠮᠠᠢᠲᠠᠨ᠂ ᠨᠢᠭᠦᠯᠡᠰᠦᠩᠭᠦᠶ ᠵᠡᠷᠭᠡ ᠦᠢᠯᠡᠰ ᠢ ᠯᠠᠪᠳᠠᠭᠤᠨ ᠢᠶᠠᠷ ᠬᠥᠭᠵᠢᠭᠦᠯᠵᠦ᠂ ᠭᠠᠳᠠᠭᠠᠳᠤ ᠶᠠᠪᠤᠳᠠᠯ ᠬᠠᠷᠢᠶᠠᠲᠤ ᠶᠢᠨ ᠠᠵᠢᠯ᠂ ᠲᠡᠦᠬᠡ ᠣᠢᠢᠯᠠᠯᠭ᠎ᠠ ᠳᠠᠩᠰᠠ ᠡᠪᠬᠡᠮᠡᠯ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ ᠤᠨ ᠦᠢᠯᠡᠴᠢᠯᠡᠭᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠰᠡᠷᠭᠡᠢᠯᠡᠵᠦ ᠤᠨᠲᠠᠷᠠᠭᠠᠬᠤ ᠵᠡᠷᠭᠡ ᠠᠵᠢᠯ ᠢ ᠲᠠᠰᠤᠷᠠᠯᠳᠡ ᠦᠭᠡᠢ ᠴᠢᠩᠭᠠᠳᠬᠠᠪᠠ᠃ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠳᠠ᠂ ᠪᠦᠭᠦ ᠤᠯᠤᠰ ᠤᠨ ᠬᠤᠶᠠᠷ ᠢᠶᠠᠨ ᠬᠦᠷᠢᠶᠡᠯᠡᠭᠰᠡᠨ ᠵᠢᠱᠢᠶᠡᠴᠢ ᠬᠤᠲᠠ ᠵᠡᠷᠭᠡ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠪᠠ᠃      ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽ᠲᠦᠷᠪᠡᠨ ᠤᠬᠠᠮᠰᠠᠷ︾᠎ ᠢ ᠲᠠᠰᠤᠷᠠᠯᠲᠠ ᠦᠭᠡᠢ ᠴᠢᠩᠭᠠᠷᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠥᠬᠦᠳᠡ ᠬᠤᠷᠠᠯ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠲᠦᠷᠦ ᠵᠠᠰᠠᠵᠤ ᠵᠠᠰᠠᠭ ᠶᠠᠪᠤᠭᠤᠯᠬᠤ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠠᠲᠤ ᠴᠢᠩᠭ᠎ᠠ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠷᠢᠮᠲᠠᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠭᠤᠷᠪᠠᠨ ᠴᠢᠬᠤᠯᠠ ᠨᠢᠭᠡ ᠶᠡᠭᠡ︾ ᠤᠴᠢᠷ ᠶᠠᠪᠤᠳᠠᠯ ᠢ ᠬᠠᠮᠲᠤ ᠪᠠᠷ ᠰᠤᠳᠤᠯᠵᠤ ᠬᠤᠷᠠᠯ ᠢᠶᠠᠷ ᠲᠣᠭᠲᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠡᠶᠢᠲᠡ 1488 ᠬᠤᠪᠢ ᠭᠦᠢᠴᠡᠳᠭᠡᠪᠡ᠃ ᠰᠢᠨ᠎ᠡ ᠶᠢ ᠡᠭᠦᠳᠬᠦ ᠮᠠᠶ᠋ᠢᠭ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠡᠰᠦᠷᠡᠯᠳᠠ ᠦᠭᠡᠢ ᠴᠢᠩᠭᠠᠳᠬᠠᠵᠤ᠂ ᠪᠦᠬᠦ ᠬᠤᠲᠠ ᠶᠢᠨ ᠨᠢᠭᠡᠳᠦᠯᠲᠡᠶ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ᠂ ᠡᠳ᠋ ᠤᠨ ᠵᠠᠰᠠᠭ ᠤᠨ ᠪᠡᠯᠡ ᠮᠥᠩᠭᠦ ᠶᠢ ᠤᠷᠢᠳᠴᠢᠯᠠᠨ ᠬᠢᠨᠠᠨ ᠰᠢᠯᠭᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠶᠡᠬᠡᠪᠡᠷ ᠬᠡᠷᠡᠭᠵᠢᠭᠦᠯᠵᠦ᠂ ᠬᠤᠲᠠ ᠬᠤᠰᠢᠭᠤ ᠰᠤᠮᠤ ᠭᠠᠴᠠᠭ᠎ᠠ ᠳᠦᠷᠪᠡᠨ ᠳᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠡᠳᠦᠷ ᠢᠷᠡᠬᠦᠶ᠎ᠡ ᠭᠦᠨᠵᠡᠭᠡᠢᠷᠡᠭᠦᠯᠵᠦ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠤᠨ ᠵᠠᠷᠤᠯᠭ᠎ᠠ ᠶᠢ ᠶᠡᠭᠡ ᠬᠡᠮᠵᠢᠶ᠎ᠡ ᠪᠠᠷ ᠪᠠᠭᠠᠰᠬᠠᠪᠠ᠃ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠬᠦᠨᠵᠡᠭᠡᠶ ᠥᠷᠨᠢᠭᠦᠯᠵᠦ᠂ ᠲᠥᠪ ᠬᠤᠷᠢᠶᠠᠨ ᠤ ᠨᠠᠢᠮᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠦᠬᠦᠷ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠰᠤᠷᠲᠠᠯ ᠤᠯᠠᠮ ᠨᠢᠭᠡ ᠠᠯᠬᠤᠮ ᠰᠠᠶᠢᠵᠢᠷᠠᠪᠠ᠃      ᠰᠠᠶ᠋ᠢᠬᠠᠨ ᠥᠩᠭᠡᠷᠡᠭᠰᠡᠨ 2017 ᠣᠨ ᠪᠣᠯ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠡᠭᠦᠰᠬᠡᠯ ᠤᠨ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠪᠠᠶᠢᠳᠠᠯ ᠢ ᠪᠠᠲᠤᠯᠠᠵᠤ᠂ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠠᠵᠢᠯ ᠤᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠤᠯᠤᠰ ᠤᠨ ᠰᠢᠨ᠎ᠡ ᠪᠠᠷ ᠲᠣᠬᠢᠷᠠᠭᠤᠯᠤᠭᠰᠠᠨ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠪᠠᠷᠢᠮᠵᠢᠶ᠎ᠠ ᠪᠠᠷ ᠪᠦᠷᠢᠳᠭᠡᠪᠡᠯ᠂ ᠵᠢᠱᠢᠯᠲᠡ ᠪᠠᠷ ᠪᠦᠬᠦ ᠬᠤᠲᠠ ᠶᠢᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 5.5% ᠣᠷᠴᠢᠮ ᠨᠡᠮᠡᠭᠳᠡᠨ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 3% ᠣᠷᠴᠢᠮ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 8% ᠣᠷᠴᠢᠮ ᠨᠡᠮᠡᠭᠳᠡᠵᠡᠢ᠂ ᠬᠤᠳᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 8.5% ᠪᠠ 8% ᠣᠷᠴᠢᠮ ᠨᠡᠮᠡᠭᠳᠡᠵᠦ᠂ ᠬᠡᠳᠦᠨ ᠵᠦᠢᠯ ᠤᠨ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠨᠡᠮᠡᠭᠳᠡᠯ ᠨᠢ ᠴᠥᠮ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠤᠷᠤᠵᠤ ᠪᠠᠶᠢᠨ᠎ᠠ᠃ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 100.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠵᠡᠢ᠃ ᠪᠣᠳᠠᠲᠠᠶ ᠠᠵᠢᠯ ᠤᠨ ᠳᠤᠮᠳᠠ᠂ ᠪᠢᠳᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠲᠠᠲᠠᠬᠤ ︽ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭᠠᠨ︾᠎ ᠢ ᠡᠬᠢᠯᠠᠨ ᠬᠡᠷᠡᠭᠵᠢᠭᠦᠯᠵᠦ᠂ ᠪᠦᠬᠦ ᠵᠢᠯ ᠳᠤ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 789᠎ ᠶᠢ ᠠᠵᠢᠯ ᠡᠬᠢᠯᠡᠭᠦᠯᠵᠦ᠂ ᠲᠤᠰ ᠵᠢᠯ ᠳᠡᠭᠡᠨ 1143 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠠᠢ᠃ ᠠᠵᠤ ᠦᠢᠯᠡᠳᠪᠦᠷᠢ ᠶᠢ ᠬᠥᠭᠵᠢᠭᠦᠯᠬᠦ ᠶᠢ ᠬᠦᠴᠦᠯᠡᠨ ᠠᠬᠢᠭᠤᠯᠵᠤ᠂ ︽ᠤᠷᠤᠨ ᠠᠯᠤᠰᠯᠠᠭᠰᠠᠨ ᠠᠵᠤ ᠠᠬᠤᠶ︾᠎ ᠶᠢ ᠬᠦᠨᠵᠡᠭᠡᠶᠢᠷᠡᠭᠦᠯᠬᠦ᠂ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠵᠡᠷᠭᠡ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠪᠦᠬᠦ ᠲᠠᠯ᠎ᠠ ᠶᠢᠨ ᠪᠠ ᠠᠯᠤᠰ ᠭᠡᠳᠦ ᠶᠢᠨ ᠨᠥᠯᠥᠭᠡ ᠲᠠᠢ ᠲᠦᠷᠦ ᠶᠢᠨ ᠪᠤᠳᠤᠯᠭ᠎ᠠ ᠨᠡᠶᠢᠲᠡᠯᠡᠵᠦ᠂ ᠮᠠ ᠯᠢᠨ ᠤ 22 ᠲᠡᠭᠰᠢ ᠳᠥᠷᠪᠡᠯᠵᠢᠨ ᠺᠢᠯᠣᠮᠧᠲᠷ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠦᠪᠵᠢᠭᠦᠯᠦᠨ ᠡᠬᠢᠯᠡᠭᠦᠯᠵᠦ᠂ 2 × 35 ᠲᠦᠮᠡᠨ ᠺᠢᠯᠣᠸᠠᠲ ᠦᠪᠡᠷ ᠤᠨ ᠪᠡᠯᠡᠳᠭᠡᠯ ᠴᠠᠬᠢᠯᠭᠠᠨ ᠦᠢᠯᠡᠳᠪᠦᠷᠢ ᠪᠣᠯᠤᠨ ᠶᠦᠨ ᠲᠦᠩ 40 ᠲᠦᠮᠡᠨ ᠲᠣᠨ ᠵᠡᠰ ᠬᠠᠶᠢᠯᠤᠭᠤᠯᠬᠤ ᠠᠵᠢᠯ ᠢ ᠡᠬᠢᠯᠡᠭᠦᠯᠦᠨ ᠪᠥᠳᠥᠭᠡᠨ ᠪᠠᠶᠢᠭᠤᠯᠵᠤ᠂ ᠤᠯᠠᠭᠠᠨᠬᠠᠳᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠦᠷ᠎ᠡ ᠠᠰᠢᠭ ᠨᠢ ᠪᠦᠬᠦᠯᠢ ᠴᠣᠭᠴᠠ ᠪᠠᠷ ᠢᠶᠠᠨ ᠳᠠᠬᠢᠨ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠵᠢᠪᠣᠷᠢ ᠶᠢᠨ ᠨᠤᠷᠮ᠎ᠠ 6% ᠬᠦᠷᠴᠡᠢ᠃ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠡᠷᠳᠡᠨᠢ ᠰᠢᠰᠢ ᠪᠣᠯᠤᠨ ᠠᠯᠠᠰᠢᠨ ᠬᠤᠨᠢᠨ ᠤ ᠬᠡᠪᠴᠢᠶ᠎ᠡ ᠶᠢ ᠬᠠᠰᠤᠨ ᠪᠠᠭᠠᠰᠬᠠᠬᠤ ᠶᠢ ᠬᠦᠲᠦᠯᠦᠨ ᠵᠢᠯᠤᠭᠤᠳᠴᠤ᠂ ᠲᠦᠭᠦᠭᠡᠷᠤᠮᠵᠢᠲᠤ ᠲᠠᠷᠢᠶᠠᠯᠠᠩ ᠂ ᠡᠪᠡᠰᠦ ᠲᠠᠷᠢᠬᠤ᠂ ᠥᠨᠳᠥᠷ ᠪᠦᠲᠦᠮᠵᠢᠲᠡᠶ ᠡᠯᠪᠡᠭ ᠭᠠᠷᠤᠯᠲᠠ ᠲᠠᠢ ᠠᠵᠤ ᠠᠬᠤᠶ ᠶᠢᠨ ᠤᠢ ᠪᠣᠯᠤᠨ ᠭᠠᠭ᠋ᠠᠶ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠪᠦᠲᠦᠮᠵᠢᠲᠡᠶ ᠪᠠᠷ ᠨᠡᠮᠡᠭᠳᠡᠭᠦᠯᠦᠨ᠂ ᠮᠠᠯᠴᠢᠨ ᠲᠠᠷᠢᠶᠠᠴᠢᠳ ᠤᠨ ᠠᠵᠤ ᠦᠢᠯᠡᠰᠵᠢᠭᠰᠡᠨ ᠡᠵᠡᠩᠨᠡᠯᠲᠡ ᠳᠤ ᠣᠷᠣᠯᠴᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠪᠡ᠃ ᠵᠢᠭᠤᠯᠴᠢᠯᠠᠯ ᠤᠨ ᠦᠢᠯᠡᠰ ᠤᠨ ᠦᠰᠦᠷᠦᠩᠭᠦᠢ ᠬᠥᠭᠵᠢᠯ ᠢ ᠬᠦᠴᠦᠯᠡᠨ ᠲᠦᠷᠭᠡᠳᠬᠡᠵᠦ᠂ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠵᠦ᠂ ᠬᠤᠲᠠ ᠶᠢᠨ ᠵᠢᠭᠤᠯᠴᠢᠯᠠᠯ ᠤᠨ ᠬᠦᠭᠵᠢᠯᠲᠡ ᠶᠢᠨ ᠵᠦᠪᠯᠡᠯ ᠢ ᠵᠣᠬᠢᠶᠠᠨ ᠪᠠᠶᠢᠭᠤᠯᠵᠤ᠂ 1000 ᠺᠢᠯᠣᠮᠧᠲᠷ ᠤᠨ ᠵᠢᠭᠤᠯᠴᠢᠯᠠᠯ ᠤᠨ ᠲᠤᠰᠬᠠᠶ ᠱᠤᠭᠤᠮ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠡᠬᠢᠯᠡᠭᠦᠯᠵᠦ᠂ 1000 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠠᠷᠠᠯᠵᠢᠶᠠᠴᠢᠨ ᠣᠷᠢᠵᠤ ᠪᠡᠯᠡ ᠲᠠᠲᠠᠬᠤ ᠬᠡᠯᠡᠯᠴᠡᠭᠡᠷ ᠪᠠ ᠪᠣᠷᠣ ᠲᠥᠰᠦᠪ ᠤᠨ ᠬᠡᠯᠡᠯᠴᠡᠭᠡᠷ ᠢ ᠲᠤᠭᠲᠠᠵᠤ᠂ ᠠᠰᠠᠭᠲᠤ ᠶᠢᠨ ᠴᠢᠯᠠᠭᠤᠨ ᠤᠢ ᠶᠢᠨ ᠤᠯᠤᠰ ᠤᠨ 5A ᠲᠠᠰ ᠤᠨ ᠦᠵᠡᠮᠵᠢᠲᠦ ᠣᠷᠣᠨ ᠪᠣᠯᠵᠤ ᠳᠡᠪᠰᠢᠬᠦ ᠶᠢ ᠠᠬᠢᠭᠤᠯᠵᠠᠢ᠃ ᠮᠥᠩᠭᠦᠨ ᠭᠦᠢᠯᠭᠡᠭᠡᠨ ᠤ ᠲᠠᠯ᠎ᠠ ᠪᠠᠷ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠮᠥᠩᠭᠦᠨ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ︽1+6︾ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠳᠠᠭᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠬᠤ ᠪᠡᠯᠡ ᠬᠤᠷᠠᠮᠳᠤᠭᠤᠯᠬᠤ ᠲᠠᠪᠴᠠᠩ ᠢ ᠤᠯᠠᠮ ᠨᠢᠭᠡ ᠠᠯᠬᠤᠮ ᠪᠣᠵᠠᠭᠠᠶᠢᠷᠠᠭᠤᠯᠤᠨ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠳᠥᠷᠪᠡᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠪᠣᠭᠤᠮᠲᠠ ᠶᠢᠨ ᠭᠠᠳᠠᠨᠠᠬᠢ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠦᠬᠦᠪᠦᠷᠢᠯᠡᠵᠦ᠂ ᠳ᠋ᠠᠪᠠᠨ ᠠᠴᠠ ᠪᠢᠷᠠᠭᠤ ᠬᠦᠷᠬᠦ ᠲᠦᠷᠭᠡᠨ ᠳᠠᠪᠬᠢᠬᠤ ᠵᠠᠰᠠᠮᠠᠯ ᠵᠠᠮ ᠵᠡᠷᠭᠡ 9 ᠳᠡᠭᠡᠳᠦ ᠲᠡᠰ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠬᠠᠳᠠ ᠶᠢᠨ ᠦᠨᠳᠦᠷ ᠬᠤᠷᠳᠤᠴᠠᠲᠤ ᠲᠡᠮᠦᠷ ᠵᠠᠮ ᠤᠨ ᠵᠠᠮ ᠤᠨ ᠰᠠᠭᠤᠷᠢ ᠪᠠ ᠬᠥᠭᠦᠷᠭᠡ ᠲᠠᠯᠪᠢᠬᠤ ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ ᠴᠤᠤᠶᠠᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠤᠭᠤᠯᠠᠶ᠂ ᠬᠥᠪ ᠤᠨ ᠭᠤᠤ ᠶᠢᠨ ᠴᠥᠭᠦᠷᠥᠮ ᠢ ᠡᠬᠢᠯᠡᠨ ᠪᠠᠶᠢᠭᠤᠯᠬᠤ᠂ ᠬᠠᠰ ᠯᠤᠤ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠳ᠋ᠦᠩ ᠲᠠᠢ ᠽᠢ ᠤᠰᠤᠨ ᠴᠥᠭᠦᠷᠥᠮ᠂ ᠰᠢᠶᠤᠤ ᠴᠧᠩ ᠽᠢ ᠠᠴᠠ ᠫᠢᠩᠴᠢᠤᠸᠠᠨ ᠬᠦᠷᠬᠦ ᠨᠢᠭᠡᠳᠦᠭᠡᠷ ᠳᠡᠰ ᠤᠨ ᠵᠠᠮ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠲᠡᠭᠡ ᠵᠡᠷᠭᠡ ᠨᠢᠭᠡ ᠪᠦᠯᠦᠭ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢᠳᠡᠪᠬᠢᠲᠡᠶ ᠠᠬᠢᠯᠳᠠ ᠲᠠᠢ ᠪᠣᠯᠪᠠ᠃ ᠣᠷᠣᠨ ᠪᠦᠰᠡ ᠶᠢᠨ ᠴᠢᠨᠠᠷᠲᠠᠶ ᠲᠥᠪ ᠬᠤᠳᠠ ᠶᠢ ᠬᠦᠴᠦᠯᠡᠨ ᠪᠤᠢ ᠪᠣᠯᠭᠠᠵᠤ᠂ ᠶᠡᠷᠦᠩᠬᠡᠶ ᠪᠡᠯᠡ ᠣᠷᠣᠭᠤᠯᠤᠯᠲᠠ ᠨᠢ 378 ᠳ᠋ᠦᠩᠰᠢᠭᠤᠷ ᠲᠥᠭᠦᠷᠢᠭ᠂ ᠶᠡᠷᠦᠩᠬᠡᠶ ᠬᠡᠪᠴᠢᠶ᠎ᠡ ᠶᠢ 3.8 ᠲᠦᠮᠡᠨ ᠢᠵᠢ ᠶᠢᠨ ᠭᠤᠣᠯ ᠬᠤᠲᠠ ᠲᠣᠭᠤᠷᠢᠭ ᠤᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ 2 × 30 ᠲᠦᠮᠡᠨ ᠺᠢᠯᠣᠸᠠᠲ ᠤᠨ ᠢᠯᠴᠢ ᠴᠠᠬᠢᠯᠭᠠᠨ ᠬᠤᠯᠪᠤᠭᠠᠯᠠᠭᠰᠠᠨ ᠦᠢᠯᠡᠳᠪᠦᠷᠢᠯᠡᠯ ᠠᠰᠢᠭᠯᠠᠯᠲᠠ ᠳᠤ ᠣᠷᠣᠵᠤ᠂ ᠲᠤᠮᠳᠠ ᠲᠤᠭᠤᠷᠢᠮ ᠤᠨ ᠲᠦᠷᠭᠡᠨ ᠵᠠᠮ᠂ ᠥᠨᠳᠥᠷ ᠬᠤᠷᠳᠤᠴᠠᠲᠤ ᠲᠡᠮᠦᠷ ᠵᠠᠮ ᠤᠨ ᠪᠠᠷᠠᠭᠤᠨ ᠥᠷᠲᠡᠭᠡ ᠶᠢᠨ ᠶᠡᠷᠦᠩᠬᠡᠶᠢᠯᠡᠭᠰᠡᠨ ᠪᠠᠷᠢᠯᠭ᠎ᠠ᠂ ᠶᠡᠷᠦᠩᠬᠡᠶᠢᠯᠡᠭᠰᠡᠨ ᠬᠤᠭᠤᠯᠠᠶ ᠬᠤᠩᠭᠢᠯ᠂ ᠬᠤᠭ ᠨᠣᠪᠰᠢ ᠪᠠᠷ ᠴᠠᠬᠢᠯᠭᠠᠨ ᠭᠠᠷᠭᠠᠬᠤ᠂ ᠳᠤᠮᠳᠠ ᠤᠰᠤ ᠶᠢ ᠪᠤᠴᠠᠭᠠᠨ ᠬᠡᠷᠡᠭᠯᠡᠬᠦ᠂ ᠬᠤᠳᠠ ᠲᠣᠭᠤᠷᠢᠭᠰᠠᠨ ᠤᠰᠤᠨ ᠤ ᠰᠢᠰᠲ᠋ᠧᠮ ᠢ ᠵᠠᠰᠠᠬᠤ᠂ ︽ᠬᠤᠶᠠᠷ ᠠᠭᠤᠯᠠ ᠬᠤᠶᠠᠷ ᠬᠦᠷᠢᠶᠡᠯᠡᠩ︾᠎ ᠤᠨ ᠦᠵᠡᠮᠵᠢ ᠶᠢ ᠳᠡᠭᠡᠭᠰᠢᠯᠡᠭᠦᠯᠬᠦ᠂ 20 ᠲᠦᠮᠡᠨ ᠺᠢᠯᠣᠸᠠᠲ ᠮᠠᠰᠢᠨ ᠴᠣᠭᠴᠠᠯᠠᠪᠤᠷᠢᠲᠦ ᠢᠯᠴᠢ ᠡᠭᠦᠰᠭᠡᠭᠴᠢ ᠵᠡᠷᠭᠡ ᠨᠢᠭᠡ ᠪᠦᠯᠦᠭ ᠴᠢᠬᠤᠯᠠ ᠶᠡᠭᠡ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠰᠢᠨ᠎ᠡ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠢᠯᠭᠤᠮ ᠪᠣᠯᠭᠠᠵᠤ᠂ ᠪᠦᠬᠦ ᠬᠤᠲᠠ ᠶᠢᠨ ᠬᠡᠪᠴᠢᠶᠡᠨ ᠳᠤ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠢᠨᠵᠧᠨᠧᠷᠢᠩ ᠢ ᠬᠦᠴᠦᠯᠡᠨ ᠠᠬᠢᠭᠤᠯᠵᠠᠢ᠂ 135.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠨᠢᠳᠬᠡᠨ ᠪᠡᠯᠡ ᠣᠷᠣᠭᠤᠯᠵᠤ᠂ ᠭᠤᠣᠯᠳᠠᠯᠭ᠎ᠠ ᠶᠢ ᠲᠤᠪᠤᠶᠢᠯᠭᠠᠨ ᠂ ᠨᠠᠷᠢᠯᠢᠭ ᠣᠨᠣᠴᠢᠲᠠᠶ ᠪᠠᠷ ᠠᠷᠭ᠎ᠠ ᠪᠣᠳᠣᠯᠭ᠎ᠠ ᠬᠡᠷᠡᠭᠯᠡᠨ᠂ ᠶᠠᠳᠠᠭᠤ ᠠᠴᠠ ᠠᠩᠭᠢᠵᠢᠷᠠᠭᠰᠠᠨ ᠴᠡᠪᠡᠷ ᠬᠡᠮᠵᠢᠶ᠎ᠡ 5.8 ᠲᠦᠮᠡᠨ ᠬᠥᠮᠦᠨ ᠬᠦᠷᠴᠡᠢ᠃ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠬᠦᠴᠦᠯᠡᠨ ᠠᠬᠢᠭᠤᠯᠵᠠᠢ᠂ ᠬᠤᠳᠠ ᠶᠢᠨ ᠱᠠᠲᠤᠨ ᠠᠴᠠ ᠭᠤᠣᠯᠯᠠᠵᠤ 200 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠠᠷᠪᠠᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠬᠦᠳᠡᠭᠡ ᠲᠤᠰᠬᠤᠨ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠵᠦ᠂ ᠭᠤᠣᠯ ᠲᠣᠭᠤᠷᠢᠭ ᠤᠨ 11 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠪᠦᠬᠦ ᠲᠠᠯ᠎ᠠ ᠪᠠᠷ ᠡᠬᠢᠯᠡᠨ ᠪᠠᠶᠢᠭᠤᠯᠵᠤ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢᠨ ᠳᠡᠰ ᠳᠡᠪᠰᠢᠬᠦ ᠶᠢ ᠤᠷᠤᠭᠰᠢᠲᠠᠶ ᠠᠬᠢᠭᠤᠯᠵᠤ᠂ 308 ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠡᠵᠡᠩᠨᠡᠯᠲᠡ ᠳᠤ ᠤᠷᠤᠪᠠ᠂ ᠨᠡᠶᠢᠭᠡᠮ ᠤᠨ ᠦᠢᠯᠡᠰ ᠢ ᠬᠦᠴᠦᠯᠡᠨ ᠠᠬᠢᠭᠤᠯᠵᠠᠢ᠂ ᠳᠤᠮᠳᠠᠳᠤ ᠤᠯᠤᠰ ᠤᠨ ᠬᠢᠳᠠᠨ ᠯᠢᠶᠣᠤ ᠶᠢᠨ ᠮᠦᠽᠧᠶ᠂ ᠬᠤᠳᠠ ᠶᠢᠨ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠤᠳᠠ ᠶᠢᠨ ᠶᠡᠷᠦᠩᠬᠡᠶᠢᠯᠡᠭᠰᠡᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ᠂ ᠭᠠᠴᠠᠭ᠎ᠠ ᠪᠣᠯᠭᠠᠨ ᠳᠤ ᠴᠠᠷᠳᠠᠮᠠᠯ ᠵᠠᠮ ᠨᠡᠪᠲᠡᠷᠡᠭᠦᠯᠬᠦ᠂ ᠲᠣᠰᠬᠤᠨ ᠪᠣᠯᠭᠠᠨ ᠳᠤ ᠦᠷᠭᠡᠨ ᠳᠠᠮᠵᠢᠯᠭᠠᠲᠤ ᠰᠦᠯᠵᠢᠶ᠎ᠡ ᠨᠡᠪᠲᠡᠷᠡᠭᠦᠯᠬᠦ ᠵᠡᠷᠭᠡ ᠠᠵᠢᠯ ᠢ ᠲᠦᠷᠭᠡᠳᠭᠡᠨ ᠪᠠᠶᠢᠭᠤᠯᠵᠠᠢ᠃ ︽8 · 11︾ ᠬᠤᠢ ᠰᠠᠯᠬᠢ ᠶᠢᠨ ᠭᠠᠮᠰᠢᠭ ᠢ ᠪᠦᠳᠤᠮᠵᠢᠳᠠᠢ ᠠᠷᠭᠠᠴᠠᠵᠤ᠂ 388 ᠡᠷᠤᠬᠡ ᠭᠠᠮᠰᠢᠭᠳᠠᠭᠰᠠᠨ ᠠᠷᠠᠳ ᠡᠪᠤᠯ ᠠᠴᠠ ᠡᠮᠤᠨ᠎ᠠ ᠪᠦᠬᠦᠨ ᠢᠶᠠᠷ ᠰᠢᠨ᠎ᠠ ᠤᠷᠤᠨ ᠰᠠᠭᠤᠴᠠ ᠳᠤ ᠨᠡᠬᠦᠨ ᠤᠷᠤᠵᠠᠢ᠃ ︽ᠳᠤᠮᠳᠠᠴᠤᠳ ᠴᠦᠮ ᠨᠢᠬᠡ ᠬᠡᠷ ᠪᠦᠯᠢ · ᠪᠠᠭᠠᠷᠢᠨ ᠨᠤᠳᠤᠭ ᠤᠨ ᠬᠠᠶᠢᠷ᠎ᠠ︾ ᠨᠠᠭᠠᠳᠤᠮ ᠤᠨ ᠬᠤᠷᠡᠯ᠂ ᠪᠦᠬᠦ ᠤᠷᠤᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠢ ᠠᠮᠵᠢᠯᠳᠠ ᠲᠠᠢ ᠡᠷᠬᠢᠯᠡᠪᠡ ᠃ ᠣᠯᠠᠨ ᠨᠡᠶᠢᠲᠡ ᠶᠢᠨ ᠠᠮᠤᠷ ᠲᠦᠪᠰᠢᠨ ᠢ ᠬᠦᠴᠦᠯᠡᠨ ᠬᠠᠮᠠᠭᠠᠯᠠᠵᠠᠢ᠂ ᠠᠶᠤᠯ ᠥᠭᠡᠢ ᠦᠢᠯᠡᠳᠪᠦᠷᠢᠯᠡᠯ ᠤᠨ ︽1+8︾᠎ ᠶᠢᠨ ᠲᠦᠷᠢᠮ ᠤᠨ ᠰᠢᠰᠲ᠋ᠧᠮ ᠢ ᠨᠡᠶᠢᠲᠡᠯᠡᠨ ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠭᠡᠨᠡᠳᠡᠯ ᠬᠡᠷᠡᠭ ᠪᠠ ᠠᠳᠡᠭᠰᠡᠨ ᠬᠥᠮᠥᠨ ᠤ ᠲᠤᠭ᠎ᠠ ᠠᠳᠠᠯᠢ ᠬᠠᠷᠢᠴᠠᠯ ᠢᠶᠠᠷ ᠲᠤᠰᠪᠦᠷᠢ 54.6% ᠪᠠ 65.2%᠎ ᠢᠶᠠᠷ ᠪᠠᠭᠤᠷᠠᠵᠠᠢ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ ᠥᠷᠨᠢᠭᠦᠯᠵᠦ᠂ ᠤᠯᠤᠰ ᠤᠨ ᠢᠳᠡᠭᠡᠨ ᠤ ᠵᠦᠢᠯ ᠤᠨ ᠠᠶᠤᠯᠭᠦᠶ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠭᠤᠷᠪᠠᠨ ᠲᠦᠷᠦᠯ ᠤᠨ ᠭᠤᠣᠯᠳᠠᠯᠭ᠎ᠠ ᠲᠠᠢ ᠬᠥᠮᠥᠰ ᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠢ ᠬᠦᠴᠦᠲᠡᠶ ᠬᠠᠮᠠᠭᠠᠯᠠᠵᠠᠢ ᠃ ᠣᠨᠴᠠᠭᠠᠶᠢᠯᠠᠨ ᠡᠨᠡ ᠵᠢᠯ ᠪᠢᠳᠡ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠢᠨ ᠲᠤᠭᠤᠷᠢᠨ ᠳᠤ᠂ ᠲᠥᠪ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠴᠤ ᠵᠣᠴᠢᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠭᠲᠤᠬᠤ ᠪᠠᠷ ᠠᠵᠢᠯ ᠢᠶᠠᠨ ᠠᠬᠢᠭᠤᠯᠵᠤ ᠪᠦᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠴᠣᠭᠴᠠᠯᠠᠬᠤ ᠤᠷᠮ᠎ᠠ ᠵᠣᠷᠢᠭ ᠢ ᠲᠦᠢᠯ ᠤᠨ ᠶᠡᠭᠡ ᠪᠠᠷ ᠬᠥᠭᠵᠢᠭᠡᠵᠡᠢ᠃      ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠤᠭᠰᠠᠨ ᠠᠮᠵᠢᠯᠲᠠ ᠨᠢ ᠬᠢᠯᠪᠠᠷ ᠪᠤᠰᠤ ᠶᠤᠮ᠃ ᠡᠲᠡᠬᠡᠷ ᠦᠷ᠎ᠡ ᠪᠦᠲᠦᠮᠵᠢ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠵᠥᠪ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠬᠦᠢᠴᠡᠳᠬᠡᠵᠦ ᠬᠢᠨᠠᠯᠲᠠ ᠲᠠᠯᠪᠢᠵᠤ᠂ ᠬᠦᠴᠦᠯᠡᠨ ᠳᠠᠮᠵᠢᠭᠰᠠᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠢᠳᠡᠪᠬᠢᠲᠡᠶ ᠣᠷᠣᠯᠴᠠᠭᠰᠠᠨ ᠤᠯᠠᠨ ᠤ ᠤᠬᠠᠭᠠᠨ ᠬᠠᠮᠲᠤ ᠶᠢᠨ ᠬᠦᠴᠦ ᠶᠢᠨ ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠠᠵᠢᠯ ᠠᠴᠠ ᠠᠮᠠᠷᠠᠵᠤ ᠪᠠᠭᠤᠭᠰᠠᠨ ᠠᠬᠠᠮᠠᠳ ᠨᠥᠬᠦᠳ᠂ ᠤᠯᠠᠭᠠᠨᠬᠠᠳᠠ ᠶᠢᠨ ᠬᠦᠭᠵᠢᠯᠲᠡ ᠳᠤ ᠬᠠᠯᠠᠮᠵᠢᠯᠠᠯ ᠳᠡᠮᠵᠢᠯᠭᠡ ᠦᠵᠡᠭᠦᠯᠦᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ