2018 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2018/1/26
     ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠪᠠᠷᠠᠭᠠᠯᠠᠯ      ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠠᠪᠤᠨ ᠵᠢᠯ ᠲᠤᠰᠢᠶᠠᠯ ᠤᠨ ᠬᠤᠭᠤᠴᠠᠭ᠎ᠠ ᠨᠢ᠂ ᠶᠠᠭ ᠰᠠᠶ᠋ᠢᠬᠠᠨ ︽ᠬᠤᠣᠰ ᠵᠠᠭᠤᠨ ᠵᠢᠯ︾᠎ ᠤᠨ ᠲᠡᠮᠡᠴᠡᠯ ᠤᠨ ᠬᠠᠷᠠᠯᠲᠠ ᠶᠢᠨ ᠲᠡᠦᠬᠡᠨ ᠠᠭᠤᠯᠵᠠᠷ ᠤᠨ ᠬᠤᠭᠤᠴᠠᠭ᠎ᠠ ᠲᠠᠢ ᠲᠣᠬᠢᠶᠠᠯᠳᠤᠵᠤ᠂ ᠪᠦᠬᠦ ᠤᠯᠤᠰ ᠪᠦᠬᠦ ᠣᠷᠣᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠠᠰᠢᠭᠲᠠᠶ ᠪᠠᠶᠢᠳᠠᠯ ᠤᠨ ᠡᠷᠴᠢᠨ ᠳᠡᠭᠡᠷ᠎ᠡ ᠪᠦᠬᠦ ᠲᠠᠯ᠎ᠠ ᠪᠠᠷ ᠣᠳᠣᠬᠢᠴᠢᠯᠠᠭᠰᠠᠨ ᠤᠯᠠᠭᠠᠨᠬᠠᠳᠠ ᠶᠢ ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠬᠦ ᠪᠣᠯ ᠲᠡᠦᠬᠡ ᠠᠴᠠ ᠮᠠᠨ ᠳᠤ ᠳᠠᠭᠠᠭᠠᠯᠭᠠᠭᠰᠠᠨ ᠳᠠᠷᠬᠠᠨ ᠡᠭᠦᠷᠭᠡ ᠮᠥᠨ᠂ ᠪᠠᠰᠠ ᠴᠤ 460 ᠲᠦᠮᠡᠨ ᠤᠯᠠᠭᠠᠨᠬᠠᠳᠠ ᠶᠢᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠮᠥᠨ᠂ ᠨᠡᠩ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠᠲᠠᠢ ᠤᠯᠤᠰ ᠲᠦᠷᠦ ᠶᠢᠨ ᠡᠭᠦᠷᠭᠡ ᠮᠥᠨ᠃      ᠣᠳᠣᠬᠠᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠨᠢ ᠰᠢᠨ᠎ᠡ ᠴᠠᠭ ᠦᠶ᠎ᠡ ᠳᠤ ᠣᠷᠣᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠠ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠵᠤ ᠬᠤᠪᠢᠷᠠᠵᠠᠢ᠃ ᠲᠡᠦᠬᠡ ᠶᠢᠨ ᠰᠢᠨ᠎ᠡ ᠣᠷᠣᠨ ᠪᠠᠶᠢᠷᠢ ᠠᠴᠠ᠂ ︽ᠰᠢᠨ᠎ᠡ ᠵᠥᠷᠢᠴᠡᠯ︾᠎ ᠤᠨ ᠴᠢᠬᠤᠯᠠ ᠶᠡᠭᠡ ᠨᠣᠲᠠᠯᠠᠯᠲᠠ ᠪᠠᠷ ᠤᠯᠠᠭᠠᠨᠬᠠᠳᠠ ᠶᠢᠨ ᠬᠥᠭᠵᠢᠯᠲᠡ ᠶᠢ ᠬᠢᠨᠠᠨ ᠰᠢᠨᠵᠢᠪᠡᠯ᠂ ᠠᠯᠢ ᠤᠯᠠᠨ ᠬᠦᠴᠢᠷ ᠪᠡᠷᠬᠡᠰᠢᠶᠡᠯ ᠪᠠ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ᠂ ᠠᠯᠢ ᠣᠯᠠᠨ ᠵᠥᠷᠢᠴᠡᠯ ᠪᠠ ᠥᠷᠢᠰᠥᠯᠳᠦᠭᠡᠨ ᠠᠴᠠ ᠵᠠᠶᠢᠯᠠᠵᠤ ᠪᠣᠯᠬᠤ ᠦᠭᠡᠢ ᠪᠠᠶᠢᠨ᠎ᠠ᠃ ᠨᠢᠭᠡ ᠳᠤ ᠠᠵᠤ ᠠᠬᠤᠶ ᠶᠢᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠲᠠᠷᠢᠶᠠᠯᠠᠩ ᠮᠠᠯ ᠠᠵᠤ ᠠᠬᠤᠶ ᠲᠣᠮᠣ ᠪᠣᠯᠪᠠᠴᠤ ᠬᠦᠴᠦᠷᠬᠡᠭ ᠪᠤᠰᠤ᠂ ᠠᠵᠤ ᠦᠢᠯᠡᠳᠪᠦᠷᠢ ᠶᠢᠨ ᠠᠩᠬ᠎ᠠ ᠳᠡᠰᠵᠢᠭᠰᠡᠨ ᠣᠨᠴᠠᠯᠢᠭ ᠲᠤᠪᠤᠶᠢᠮ᠎ᠠ ᠪᠠᠶᠢᠬᠤ᠂ ᠦᠢᠯᠡᠴᠢᠯᠡᠭᠡᠨ ᠤ ᠦᠢᠯᠡᠰ ᠤᠨ GDP᠎ ᠳᠤ ᠡᠵᠡᠯᠡᠬᠦ ᠬᠠᠷᠢᠴᠠᠯ ᠨᠡᠯᠢᠶᠡᠳ ᠳᠣᠣᠷ᠎ᠠ ᠪᠠᠶᠢᠨ᠎ᠠ᠃ ᠬᠤᠶᠠᠷ ᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠲᠡᠩᠴᠡᠭᠦᠷᠢ ᠦᠭᠡᠢ ᠭᠦᠢᠴᠡᠳ ᠪᠤᠰᠤ᠂ ᠬᠥᠮᠦᠨ ᠠᠮᠠ ᠶᠢᠨ ᠰᠠᠭᠤᠷᠢ ᠲᠤᠭ᠎ᠠ ᠶᠡᠭᠡ᠂ ᠮᠠᠯᠴᠢᠨ ᠲᠠᠷᠢᠶᠠᠴᠢᠨ ᠪᠠ ᠶᠠᠳᠠᠭᠤ ᠬᠦᠴᠢᠷᠳᠡᠯᠲᠡᠶ ᠬᠥᠮᠦᠨ ᠠᠮᠠ ᠤᠯᠠᠨ᠂ ᠬᠢᠵᠠᠭᠠᠷ ᠲᠠᠢ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠪᠣᠯᠤᠨ ᠠᠷᠠᠳ ᠤᠨ ᠠᠮᠢᠳᠤᠷᠠᠯ ᠤᠨ ᠨᠡᠯᠢᠶᠡᠳ ᠶᠡᠭᠡ ᠬᠡᠷᠡᠭᠴᠡᠭᠡ ᠱᠠᠭᠠᠷᠳᠠᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ᠃ ᠭᠤᠷᠪᠠ ᠳᠤ ᠬᠤᠳᠠ ᠬᠥᠳᠡᠭᠡ ᠶᠢᠨ ᠬᠥᠭᠵᠢᠯᠲᠡ ᠶᠢᠨ ᠪᠠᠲᠤᠯᠠᠭ᠎ᠠ ᠲᠡᠩᠴᠡᠭᠦᠷᠢ ᠦᠭᠡᠢ ᠭᠦᠢᠴᠡᠳ ᠪᠣᠰᠤ᠂ ᠬᠤᠳᠠ ᠪᠠᠯᠭᠠᠰᠤᠵᠢᠯᠳᠡ ᠶᠢᠨ ᠨᠤᠷᠮ᠎ᠠ ᠳᠣᠣᠷ᠎ᠠ᠂ ᠦᠢᠯᠡᠳᠪᠦᠷᠢᠯᠡᠯ ᠤᠨ ᠡᠯᠧᠮᠧᠨ᠋ᠲ ᠤᠨ ᠲᠠᠷᠬᠠᠴᠠ ᠲᠠᠷᠠᠬᠠᠢ ᠪᠤᠲᠠᠷᠬᠠᠶ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢᠨ ᠦᠷᠢᠳᠦᠯ ᠢᠯᠡᠷᠬᠡᠶ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠤᠯᠠᠨ᠂ ᠪᠡᠯᠡ ᠬᠤᠷᠠᠮᠳᠤᠭᠤᠯᠬᠤ ᠳᠤ ᠬᠦᠴᠢᠷᠲᠡᠶ᠂ ᠳᠠᠷᠤᠯᠲᠠ ᠶᠡᠭᠡ᠃ ᠳᠥᠷᠪᠡ ᠳᠤ ᠠᠮᠢ ᠠᠬᠤᠶ ᠣᠷᠴᠢᠨ ᠲᠤᠭᠤᠷᠢᠨ ᠤ ᠰᠠᠶᠢᠵᠢᠷᠠᠯᠲᠠ ᠲᠡᠩᠴᠡᠭᠦᠷᠢ ᠦᠭᠡᠢ ᠭᠦᠢᠴᠡᠳ ᠪᠤᠰᠤ᠂ ︽ᠶᠡᠷᠦᠩᠬᠡᠶ ᠳᠤᠨᠢ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ ᠦᠷ᠎ᠡ ᠪᠦᠲᠦᠮᠵᠢ ᠮᠥᠨ ᠲᠣᠭᠲᠠᠭᠤᠨ ᠪᠤᠰᠤ᠂ ᠭᠠᠵᠠᠷ ᠰᠢᠷᠣᠶ ᠡᠯᠡᠰᠦᠷᠬᠡᠭᠵᠢᠬᠦ᠂ ᠨᠤᠲᠤᠭ ᠪᠡᠯᠴᠢᠭᠡᠷ ᠮᠠᠭᠤᠲᠠᠬᠤ ᠪᠠᠶᠢᠳᠠᠯ ᠳᠠᠬᠢᠨ ᠭᠠᠷᠴᠤ ᠪᠠᠶᠢᠨ᠎ᠠ᠂ ᠭᠤᠣᠯ ᠤᠨ ᠤᠷᠤᠰᠬᠠᠯ ᠪᠠᠭᠠᠰᠴᠤ᠂ ᠭᠠᠵᠠᠷ ᠳᠣᠣᠷᠠᠬᠢ ᠤᠰᠤᠨ ᠤ ᠲᠦᠪᠰᠢᠨ ᠳᠣᠷᠣᠭᠰᠢᠯᠠᠬᠤ ᠬᠠᠨᠳᠤᠰᠢ ᠨᠡᠯᠢᠶᠡᠳ ᠰᠢᠷᠦᠭᠦᠰᠴᠦ᠂ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠠᠰᠠᠭᠤᠳᠠᠯ ᠨᠡᠩ ᠲᠤᠪᠤᠶᠢᠮ᠎ᠠ ᠪᠤᠯᠵᠤ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠣᠷᠴᠢᠨ ᠲᠣᠭᠤᠷᠢᠨ ᠢ ᠵᠠᠰᠠᠬᠤ ᠡᠭᠦᠷᠭᠡ ᠠᠴᠢᠶ᠎ᠠ ᠬᠦᠨᠳᠦ ᠵᠠᠮ ᠬᠤᠯᠠ ᠪᠠᠶᠢᠨ᠎ᠠ᠃ ᠲᠠᠪᠤ ᠳᠤ ᠨᠡᠶᠢᠭᠡᠮ ᠤᠨ ᠵᠠᠰᠠᠯᠲᠠ ᠶᠢᠨ ᠥᠭᠡᠷᠡᠴᠢᠯᠡᠯᠲᠡ ᠲᠡᠩᠴᠡᠭᠦᠷᠢ ᠦᠭᠡᠢ ᠭᠦᠢᠴᠡᠳ ᠪᠣᠰᠤ᠂ ︽12.3︾ ᠣᠨᠴᠠᠭᠠᠶ ᠲᠣᠮᠣ ᠶᠡᠭᠡ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠰᠤᠷᠭᠠᠮᠵᠢ ᠬᠠᠷᠠᠰᠠᠯ ᠲᠠᠢ᠂ ᠲᠡᠦᠬᠡ ᠶᠢᠨ ᠰᠤᠷᠭᠠᠮᠵᠢ ᠪᠡᠯᠡᠨ ᠪᠠᠶᠢᠨ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ᠂ ᠢᠳᠡᠭᠡᠨ ᠡᠮ ᠤᠨ ᠵᠦᠢᠯ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠬᠦᠷᠢᠶᠡᠨ ᠳᠠᠬᠢ ᠤᠯᠠᠨ ᠨᠡᠶᠢᠲᠡ ᠶᠢᠨ ᠠᠮᠤᠷ ᠲᠦᠪᠰᠢᠨ ᠳᠤ ᠮᠥᠨ ᠯᠡ ᠨᠡᠯᠢᠶᠡᠳ ᠶᠡᠭᠡ ᠳᠠᠷᠤᠯᠲᠠ ᠲᠤᠯᠭᠠᠷᠠᠵᠤ ᠪᠠᠶᠢᠨ᠎ᠠ᠃ ᠬᠥᠭᠵᠢᠯᠲᠡ ᠲᠡᠩᠴᠡᠭᠦᠷᠢ ᠦᠬᠡᠢ ᠭᠦᠢᠴᠡᠳ ᠪᠤᠰᠤ ᠪᠠᠶᠢᠬᠤ ᠬᠤᠳᠠ ᠶᠢᠨ ᠪᠠᠶᠢᠳᠠᠯ ᠪᠠ ᠲᠡᠦᠬᠡᠨ ᠠᠭᠤᠯᠵᠠᠷ ᠬᠤᠭᠤᠴᠠᠭᠠᠨ ᠤ ᠪᠡᠷᠬᠡ ᠬᠠᠲᠠᠭᠤᠵᠢᠯᠲᠠᠶ ᠡᠭᠦᠷᠭᠡ ᠶᠢᠨ ᠡᠮᠦᠨ᠎ᠠ᠂ ᠪᠢᠳᠡ ᠡᠷᠬᠡᠪᠰᠢ ᠨᠡᠩ ᠰᠢᠷᠭᠠᠭᠤ ᠬᠠᠲᠠᠭᠤᠵᠢᠯᠲᠠᠢ ᠲᠡᠮᠡᠴᠡᠵᠦ᠂ ᠴᠢᠷᠮᠠᠶᠢᠨ ᠳᠠᠪᠰᠢᠵᠤ᠂ ᠬᠥᠮᠦᠨ ᠠᠴᠠ ᠨᠡᠩ ᠢᠯᠡᠭᠦᠦ ᠬᠥᠯᠥᠰᠥ ᠤᠷᠤᠰᠬᠠᠵᠤ᠂ ᠨᠡᠩ ᠶᠡᠭᠡ ᠬᠦᠴᠦ ᠭᠠᠷᠭᠠᠵᠤ᠂ ᠬᠠᠲᠠᠭᠤ ᠪᠠᠬᠢᠯᠡᠯᠲᠡ ᠶᠢ ᠰᠢᠪᠲᠤᠯᠵᠤ᠂ ᠬᠤᠷᠳᠤᠳᠬᠠᠯ ᠲᠠᠢ ᠤᠷᠤᠭᠰᠢᠯᠠᠪᠠᠯ ᠰᠠᠶ᠋ᠢ ᠴᠢᠨᠡᠭᠡᠯᠢᠭᠵᠢᠬᠦ ᠵᠠᠮ ᠳᠡᠭᠡᠷ᠎ᠡ ᠡᠩᠨᠡᠭᠡ ᠠᠴᠠ ᠪᠠᠨ ᠬᠤᠴᠣᠷᠠᠬᠤ ᠦᠭᠡᠢ ᠪᠠᠷ ᠪᠦᠬᠦ ᠤᠯᠤᠰ ᠪᠦᠬᠦ ᠣᠷᠣᠨ ᠲᠠᠢ ᠴᠤᠭᠭᠠᠷ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠠᠶᠢᠨ ᠳᠤ ᠠᠯᠬᠤᠭ᠎ᠠ ᠨᠢᠭᠡᠲᠡᠢ ᠤᠷᠤᠭᠰᠢᠯᠠᠵᠤ ᠴᠢᠳᠠᠨ᠎ᠠ᠃      ᠦᠷᠢᠰᠦᠯᠳᠦᠭᠡᠨ ᠳᠤ ᠰᠢᠭᠤᠳ ᠨᠢᠭᠤᠷᠯᠠᠪᠠᠯ ᠰᠠᠶ᠋ᠢ ᠰᠡᠷᠭᠡᠭ ᠪᠠᠶᠢᠵᠤ᠂ ᠴᠠᠭ ᠲᠣᠬᠢᠶᠠᠯ ᠢ ᠠᠳᠬᠤᠪᠠᠯ ᠰᠠᠶ᠋ᠢ ᠤᠷᠤᠭᠰᠢᠯᠠᠵᠤ ᠴᠢᠳᠠᠳᠠᠭ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠭᠰᠠᠨ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ ᠠᠶᠠᠨ ᠢ ᠨᠡᠭᠡᠭᠡᠯ᠎ᠡ᠂ ︽ᠰᠢᠨ᠎ᠡ ᠴᠠᠭ ᠦᠶ᠎ᠡ︾᠎ ᠶᠢᠨ ᠶᠡᠭᠡ ᠠᠬᠤᠶ ᠪᠠᠶᠢᠳᠠᠯ᠂ ᠶᠡᠭᠡ ᠬᠦᠭᠵᠢᠯᠲᠡ ᠶᠢᠨ ᠲᠠᠪᠴᠠᠩ ᠳᠤ᠂ ᠤᠯᠠᠭᠠᠨᠬᠠᠳᠠ ᠨᠢ ᠶᠠᠭ ᠰᠠᠶ᠋ᠢᠬᠠᠨ ᠰᠢᠨ᠎ᠡ ᠨᠢᠭᠡ ᠡᠭᠡᠯᠵᠢ ᠶᠢᠨ ᠬᠥᠭᠵᠢᠯᠲᠡ ᠲᠦᠷᠭᠡᠳᠭᠡᠬᠦ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠤᠭᠲᠤᠨ ᠠᠪᠴᠢᠷᠠᠵᠠᠢ᠃ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ ᠰᠡᠷᠭᠦᠬᠦ ᠪᠠᠶᠢᠳᠠᠯ ᠢᠯᠡᠷᠬᠡᠢ ᠪᠣᠯᠵᠤ᠂ ᠳᠤᠮᠳᠠᠳᠤ ᠤᠯᠤᠰ ᠤᠨ ᠠᠵᠤ ᠠᠬᠤᠶ ᠨᠢ ᠦᠷᠭᠦᠯᠵᠢᠯᠡᠨ ᠲᠣᠭᠲᠠᠭᠤᠨ ᠪᠦᠭᠡᠳ ᠤᠷᠤᠭᠰᠢᠯᠠᠵᠤ᠂ ᠲᠣᠭᠲᠠᠭᠤᠨ ᠪᠦᠭᠡᠳ ᠰᠠᠶᠢᠵᠢᠷᠠᠵᠤ᠂ ᠪᠦᠬᠦ ᠪᠥᠮᠪᠥᠷᠴᠡᠭ ᠤᠨ ᠠᠵᠤ ᠠᠬᠤᠶ ᠶᠢᠨ ᠨᠡᠮᠡᠭᠳᠡᠯ ᠤᠨ ᠭᠤᠣᠯᠯᠠᠬᠤ ᠬᠦᠴᠦᠨ ᠪᠤᠯᠵᠤ ᠪᠠᠶᠢᠨ᠎ᠠ᠃ ᠤᠯᠤᠰ ᠠᠴᠠ ᠦᠨᠳᠦᠰᠦᠲᠡᠨ ᠤ ᠭᠠᠵᠠᠷ ᠣᠷᠣᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠰᠡᠷᠭᠦᠨ ᠮᠠᠨᠳᠤᠭᠤᠯᠬᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠪᠠ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠨᠢ ᠵᠡᠷᠭᠡᠪᠡᠷ ᠠᠬᠢᠵᠤ᠂ ᠮᠠᠨ ᠤ ᠬᠤᠲᠠ ᠨᠢ ᠤᠯᠤᠰ ᠤᠨ ᠡᠨᠡ ᠬᠦ ᠤᠯᠠᠨ ᠳᠡᠰ ᠳᠠᠪᠬᠤᠷᠭ᠎ᠠ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠷᠭᠦᠯᠵᠢᠯᠡᠨ ᠬᠦᠷᠲᠡᠬᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠡᠭᠦᠨ ᠬᠡᠰᠡᠭ ᠤᠨ ᠠᠶᠢᠮᠠᠭ ᠬᠤᠳᠠ ᠶᠢᠨ ᠦᠰᠦᠷᠦᠩᠭᠦᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠰᠢᠯᠢ ᠶᠢᠨ ᠭᠤᠣᠯ ᠤᠯᠠᠭᠠᠨᠬᠠᠳᠠ ᠲᠦᠩᠯᠢᠶᠤᠤ ᠶᠢᠨ ᠠᠵᠤ ᠠᠬᠤᠶ ᠶᠢᠨ ᠣᠷᠣᠨ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠪᠥᠬᠦ ᠣᠷᠣᠨ ᠤ ᠪᠠᠶᠢᠯᠳᠤᠬᠤ ᠪᠤᠳᠤᠯᠭ᠎ᠠ ᠳᠤ ᠲᠡᠪᠰᠢᠨ ᠤᠷᠤᠭᠤᠯᠵᠤ᠂ ᠮᠠᠨ ᠤ ᠬᠤᠲᠠ ᠨᠢ ᠣᠷᠣᠨ ᠪᠦᠰᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠳᠤᠮᠳᠠ ᠨᠡᠩ ᠣᠯᠠᠨ ᠠᠰᠢᠭ ᠬᠦᠷᠲᠡᠬᠦ ᠪᠣᠯᠣᠨ᠎ᠠ᠃ ᠡᠭᠦᠨ ᠤ ᠵᠡᠷᠭᠡᠪᠡᠷ᠂ ᠥᠨᠳᠥᠷ ᠬᠤᠷᠳᠤᠴᠠᠲᠤ ᠲᠡᠮᠦᠷ ᠵᠠᠮ ᠲᠡᠷᠭᠡ ᠨᠡᠪᠲᠡᠷᠡᠬᠦ ᠪᠣᠯᠤᠨ ᠬᠢᠯᠢ ᠳᠤ ᠨᠡᠪᠲᠡᠷᠡᠬᠦ ᠲᠡᠯᠡᠢ ᠳᠤ ᠭᠦᠷᠭᠦ ᠵᠠᠮ ᠤᠯᠠᠰᠢᠷᠠᠬᠤ ᠶᠢ ᠳᠠᠭᠠᠯᠳᠤᠨ᠂ ᠮᠠᠨ ᠤ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠨᠢ ᠤᠯᠠᠮ ᠨᠢᠭᠡ ᠠᠯᠬᠤᠮ ᠢᠯᠡᠷᠬᠡᠢ ᠪᠣᠯᠵᠤ᠂ ᠪᠡᠭᠡᠵᠢᠩ ᠲᠢᠶᠠᠨᠵᠢᠨ ᠾᠧᠪᠸᠢ ᠶᠢᠨ ᠬᠤᠳᠠ ᠶᠢᠨ ᠪᠦᠯᠦᠭᠯᠡᠯ ᠪᠠ ᠪᠦᠧᠧᠬᠠᠢ ᠲᠠᠩᠭᠢᠰ ᠳᠠᠭᠠᠤ ᠠᠵᠤ ᠠᠬᠤᠶ ᠶᠢᠨ ᠲᠣᠭᠤᠷᠢᠭ ᠤᠨ ᠨᠦᠯᠦᠭᠡᠯᠡᠯ ᠳᠠᠢᠴᠢᠯᠠᠯᠲᠠ ᠶᠢ ᠨᠡᠩ ᠰᠢᠭᠤᠳ ᠬᠦᠯᠢᠶᠡᠨ ᠠᠪᠴᠤ᠂ ᠭᠠᠵᠠᠷ ᠰᠢᠷᠤᠢ᠂ ᠲᠦᠭᠦᠬᠡᠶ ᠮᠠᠲ᠋ᠧᠷᠢᠶᠠᠯ᠂ ᠬᠥᠳᠡᠯᠮᠦᠷᠢ ᠬᠦᠴᠦᠨ ᠵᠡᠷᠭᠡ ᠡᠯᠧᠮᠧᠨ᠋ᠲ ᠤᠨ ᠲᠠᠪᠠᠭᠤᠯᠢᠭ ᠴᠤ ᠡᠳᠦᠷ ᠢᠷᠡᠬᠦᠶ᠎ᠡ ᠲᠤᠪᠤᠶᠢᠮ᠎ᠠ ᠪᠤᠯᠵᠤ ᠪᠠᠶᠢᠨ᠎ᠠ᠃ ᠨᠡᠩ ᠴᠢᠬᠤᠯᠠ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠵᠣᠷᠢᠬᠵᠢᠭᠤᠯᠤᠯ ᠳᠣᠣᠷ᠎ᠠ᠂ ᠪᠦᠬᠦ ᠬᠤᠳᠠ ᠶᠢᠨ ᠺᠠᠳ᠋ᠷ ᠤᠯᠠᠨ ᠲᠦᠮᠡᠨ ᠤ ᠬᠥᠭᠵᠢᠯᠲᠡ ᠶᠢ ᠡᠷᠢᠯᠬᠢᠯᠡᠬᠦ᠂ ᠬᠥᠭᠵᠢᠯᠲᠡ ᠶᠢ ᠠᠬᠢᠭᠤᠯᠬᠤ᠂ ᠬᠥᠭᠵᠢᠯᠲᠡ ᠶᠢ ᠠᠳᠬᠤᠬᠤ ᠬᠦᠰᠡᠯ ᠡᠷᠡᠮᠡᠯᠵᠡᠯ ᠴᠢᠩᠭ᠎ᠠ ᠪᠠᠶᠢᠵᠤ᠂ ᠦᠰᠦᠷᠦᠩᠭᠦᠢ ᠬᠥᠭᠵᠢᠯᠲᠡ ᠶᠢᠨ ᠢᠲᠡᠭᠡᠯ ᠵᠣᠷᠢᠭ ᠨᠢ ᠤᠯᠠᠮ ᠪᠠᠲᠤ ᠴᠢᠩᠭ᠎ᠠ ᠪᠣᠯᠵᠠᠢ᠃ ᠪᠢᠳᠡ ᠭᠠᠭᠴᠠ ᠬᠦ ᠴᠠᠭ ᠲᠣᠬᠢᠶᠠᠯ ᠢ ᠠᠮᠵᠢᠨ᠂ ᠣᠷᠣᠯᠳᠣᠯᠭ᠎ᠠ ᠲᠠᠢ ᠴᠢᠷᠮᠠᠢᠪᠠᠯ᠂ ᠡᠨᠡ ᠬᠦ ᠬᠦᠰᠡᠯ ᠡᠷᠡᠮᠡᠯᠵᠡᠯ ᠪᠢᠯᠬᠠᠭᠰᠠᠨ ᠰᠢᠨ᠎ᠡ ᠴᠠᠭ ᠦᠶ᠎ᠡ ᠳᠤ ᠰᠢᠨ᠎ᠡ ᠬᠡᠪ ᠪᠠᠶᠢᠳᠠᠯ᠂ ᠰᠢᠨ᠎ᠡ ᠠᠮᠵᠢᠯᠲᠠ ᠭᠠᠷᠭᠠᠬᠤ ᠨᠢ ᠭᠠᠷᠴᠠᠭ᠎ᠠ ᠦᠭᠡᠢ ᠶᠤᠮ᠃      ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠶᠢᠯᠡᠨ ᠣᠳᠣᠷᠢᠳᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠪᠠ ︽ᠳᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠨᠢᠭᠡᠲᠦᠯᠲᠡᠢ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠵᠤ᠂ ᠲᠣᠭᠲᠠᠭᠤᠨ ᠮᠥᠷᠲᠡᠭᠡᠨ ᠳᠠᠪᠰᠢᠬᠤ ᠠᠵᠢᠯ ᠤᠨ ᠶᠡᠷᠦᠩᠬᠡᠶ ᠬᠦᠭ ᠠᠶᠢᠵᠢᠮ ᠪᠠ ᠴᠢᠨᠠᠷ ᠰᠠᠶᠢᠲᠠᠶ ᠬᠥᠭᠵᠢᠭᠦᠯᠬᠦ ᠦᠨᠳᠦᠰᠦᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠵᠤ᠂ ᠰᠢᠨ᠎ᠡ ᠶᠢ ᠡᠭᠦᠳᠬᠦ᠂ ᠵᠤᠬᠢᠴᠠᠯ ᠲᠠᠢ᠂ ᠪᠣᠬᠢᠷᠳᠠᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠡᠷᠡᠰ ᠲᠤᠤᠱᠯᠠᠭᠤᠯᠵᠤ᠂ ᠭᠤᠣᠯᠳᠠᠯᠭ᠎ᠠ ᠶᠢ ᠠᠳᠬᠤᠬᠤ ᠳᠤᠲᠠᠭᠤᠳᠠᠯ ᠢ ᠨᠥᠬᠦᠪᠥᠷᠢᠯᠡᠬᠦ ᠪᠠᠭᠤᠷᠠᠶ ᠪᠠᠨ ᠬᠦᠴᠦᠷᠬᠡᠭᠵᠢᠭᠦᠯᠬᠦ ᠶᠢ ᠬᠦᠴᠦᠯᠡᠨ ᠠᠳᠬᠤᠵᠤ᠂ ︽ᠲᠣᠯᠣᠭᠠᠨ ᠶᠡᠭᠡ ᠪᠠᠶᠢᠯᠳᠤᠬᠤ ᠪᠤᠳᠤᠯᠭ᠎ᠠ︾᠎ ᠶᠢ ᠬᠦᠴᠦᠯᠡᠨ ᠬᠡᠷᠡᠭᠵᠢᠭᠦᠯᠵᠦ᠂ ︽ᠭᠤᠷᠪᠠᠨ ᠶᠡᠭᠡ ᠪᠣᠭᠤᠮᠳᠠ ᠰᠢᠪᠲᠤᠯᠬᠤ ᠳᠠᠶᠢᠯᠠᠯᠳᠤᠭᠠᠨ︾᠎ ᠢ ᠬᠦᠴᠦᠯᠠᠨ ᠬᠢᠵᠦ᠂ ᠤᠯᠠᠭᠠᠨᠬᠠᠳᠠ ᠶᠢᠨ ᠦᠰᠦᠷᠦᠩᠭᠦᠢ ᠮᠠᠨᠳᠤᠯᠲᠠ ᠶᠢᠨ ᠠᠯᠬᠤᠴᠠ ᠶᠢ ᠬᠦᠴᠦᠯᠡᠨ ᠲᠦᠷᠭᠡᠳᠭᠡᠵᠦ᠂ ᠪᠦᠬᠦ ᠤᠯᠤᠰ ᠪᠦᠬᠦ ᠣᠷᠣᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠦᠨᠡᠨ ᠬᠦ ᠪᠠᠲᠤᠯᠠᠵᠤ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠨᠡᠭᠡᠭᠡᠬᠦ ᠳᠤ ᠪᠠᠲᠤ ᠴᠢᠩᠭ᠎ᠠ ᠰᠠᠭᠤᠷᠢ ᠲᠠᠯᠪᠢᠨ᠎ᠠ᠃ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠶ ᠬᠠᠷᠠᠯᠲᠠ ᠪᠣᠯ᠄ ᠣᠷᠣᠨ ᠨᠣᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠤᠨ ᠬᠤᠷᠳᠤᠴᠠ ᠶᠢ ᠪᠦᠬᠦ ᠣᠷᠣᠨ ᠤ ᠳᠤᠮᠳᠠᠴᠢ ᠬᠡᠮᠵᠢᠶ᠎ᠡ ᠠᠴᠠ ᠥᠨᠳᠥᠷ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠵᠠᠷᠤᠴᠠᠭᠤᠯᠵᠤ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠨ᠎ᠠ᠃ ᠰᠤᠯᠠᠷᠠᠰᠢ ᠦᠭᠡᠢ ᠴᠢᠷᠮᠠᠶᠢᠯᠲᠠ ᠪᠠᠷ ᠳᠠᠮᠵᠢᠨ ᠠᠵᠤ ᠦᠢᠯᠡᠰ ᠤᠨ ᠳᠠᠪᠠᠭᠤᠯᠢᠭ ᠨᠡᠩ ᠲᠣᠪᠤᠶᠢᠮ᠎ᠠ᠂ ᠬᠤᠲᠠ ᠬᠥᠳᠡᠭᠡ ᠶᠢᠨ ᠬᠥᠭᠵᠢᠯᠲᠡ ᠨᠡᠩ ᠵᠣᠬᠢᠴᠠᠩᠭᠤᠶ᠂ ᠬᠥᠭᠵᠢᠯᠲᠡ ᠶᠢᠨ ᠠᠮᠢᠳᠤᠯᠢᠭ ᠬᠦᠴᠦᠨ ᠨᠡᠩ ᠶᠡᠭᠡ ᠪᠠᠳᠠᠷᠠᠩᠭᠤᠢ᠂ ᠠᠷᠠᠳ ᠤᠯᠠᠨ ᠤ ᠬᠦᠷᠲᠡᠮᠵᠢ ᠶᠢᠨ ᠮᠡᠳᠡᠷᠡᠮᠵᠢ ᠨᠡᠩ ᠪᠣᠳᠠᠲᠠᠶ᠂ ᠬᠥᠮᠦᠨ ᠪᠠᠶᠢᠭᠠᠯᠢ ᠨᠡᠩ ᠡᠶ᠎ᠡ ᠵᠣᠬᠢᠴᠠᠯ ᠲᠠᠢ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ᠃      ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠲᠡᠮᠡᠴᠡᠯ ᠤᠨ ᠬᠠᠷᠠᠯᠲᠠ ᠶᠢᠨ ᠲᠤᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠳᠤ ᠬᠤᠳᠠ ᠶᠢᠨ ᠵᠠᠰᠠᠭ ᠤᠨ ᠣᠷᠳᠣᠨ ᠤ ᠠᠵᠢᠯ ᠨᠢ ᠳᠣᠣᠷᠠᠬᠢ ᠮᠡᠲᠦ ᠲᠠᠪᠤᠨ ᠲᠠᠯ᠎ᠠ ᠪᠠᠷ ᠲᠥᠪᠯᠡᠷᠡᠭᠦᠯᠦᠨ ᠬᠦᠴᠦᠯᠡᠨ᠎ᠡ᠄      ︵ᠨᠢᠭᠡ︶ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠬᠤ ᠶᠢ ᠵᠡᠷᠭᠡ ᠪᠠᠷ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠳᠠᠪᠠᠭᠤᠯᠢᠭ ᠨᠡᠩ ᠲᠤᠪᠤᠶᠢᠮ᠎ᠠ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ      ᠤᠯᠠᠮᠵᠢᠯᠠᠯᠲᠤ ᠭᠤᠣᠯᠯᠠᠬᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ︽ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠨᠤᠲᠤᠭ︾᠎ ᠤᠨ ᠨᠡᠷᠡᠲᠦ ᠲᠡᠮᠳᠡᠭ ᠢᠶᠠᠨ ᠬᠦᠭᠵᠢᠭᠦᠯᠬᠦ ᠶᠢᠨ ᠲᠤᠭᠤᠷᠢᠨ ᠳᠤ᠂ ᠠᠭᠤᠷᠬᠠᠶ ᠶᠢᠨ ᠦᠢᠯᠡᠰ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠦᠷᠭᠡᠳᠬᠡᠵᠦ᠂ ᠤᠯᠤᠰ ᠤᠨ ᠴᠢᠬᠤᠯᠠ ᠥᠩᠭᠡᠲᠦ ᠲᠡᠮᠦᠷᠯᠢᠭ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠰᠢᠨ᠎ᠡ ᠠᠯᠬᠤᠮ ᠢ ᠠᠯᠬᠤᠨ᠎ᠠ᠃ ᠵᠠᠭᠤᠨ ᠲᠦᠮᠡᠨ ᠲᠣᠨ ᠤ ᠳᠡᠰ ᠤᠨ ᠵᠡᠰ ᠬᠠᠶᠢᠯᠤᠭᠤᠯᠬᠤ ᠳᠠᠪᠠᠭᠤᠯᠢᠭ ᠦᠢᠯᠡᠳᠪᠦᠷᠢᠯᠡᠯ ᠤᠨ ᠴᠢᠳᠠᠪᠬᠢ ᠶᠢ ᠲᠦᠷᠭᠡᠨ ᠪᠣᠢ ᠪᠣᠯᠭᠠᠵᠤ᠂ ᠳᠤᠮᠳᠠᠳᠤ ᠤᠯᠤᠰ ᠤᠨ ᠤᠮᠠᠷᠠᠲᠤ ᠣᠷᠣᠨ ᠤ ᠬᠠᠮᠤᠭ ᠶᠡᠭᠡ ᠵᠡᠰ ᠬᠠᠶᠢᠯᠤᠭᠤᠯᠵᠤ ᠭᠦᠨ ᠡᠳ᠋ᠰᠢᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠭᠤᠣᠯᠯᠠᠭᠤᠯᠤᠨ ᠂ ᠨᠡᠭᠦᠷᠡᠰᠦ᠂ ᠡᠷᠳᠡᠨᠢ ᠰᠢᠰᠢ᠂ ᠬᠦᠬᠦᠷ ᠬᠦᠴᠢᠯ ᠢᠶᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠰ ᠢ ᠬᠦᠭᠵᠢᠭᠦᠯᠦᠨ ᠪᠣᠵᠠᠭᠠᠢᠷᠠᠭᠤᠯᠵᠤ᠂ ᠨᠡᠩ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠎ᠠ᠃ ᠤᠯᠤᠰ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠪᠠᠶᠢᠭᠤᠯᠬᠤ ᠲᠠᠢ ᠤᠶᠠᠯᠳᠤᠭᠤᠯᠤᠨ᠂ ᠡᠭᠦᠯᠳᠡᠷ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠪᠦᠲᠦᠭᠡᠬᠦ ᠶᠢ ᠴᠢᠬᠤᠯᠠᠴᠢᠯᠠᠵᠤ᠂ ᠬᠤᠳᠠ ᠬᠦᠳᠡᠭᠡ ᠶᠢᠨ ᠤᠢᠢᠷ᠎ᠠ ᠲᠡᠭᠦᠷᠭᠡ ᠶᠢᠨ ᠬᠥᠳᠡᠭᠡ ᠶᠢᠨ ᠶᠡᠷᠦᠩᠬᠡᠶ ᠴᠣᠭᠴᠠ ᠶᠢᠨ ᠪᠥᠳᠥᠭᠡᠨ ᠪᠠᠶᠢᠭᠤᠯᠤᠯᠲᠠ ᠶᠢ ᠲᠤᠪᠤᠶᠢᠯᠭᠠᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠲᠦᠷᠭᠡᠳᠬᠡᠵᠦ᠂ ᠨᠢᠭᠡ ᠪᠦᠯᠦᠭ ᠪᠣᠬᠢᠷᠲᠤᠯ ᠥᠭᠡᠢ ᠣᠷᠭᠠᠨᠢᠭ ᠪᠦᠲᠦᠭᠡᠭᠳᠡᠬᠦᠨ ᠤ ᠨᠡᠷᠡᠳᠦ ᠲᠡᠮᠳᠡᠭ ᠢ ᠲᠥᠪᠯᠡᠷᠡᠭᠦᠯᠦᠨ ᠪᠦᠲᠦᠭᠡᠨ᠎ᠠ᠃ ᠣᠷᠣᠨ ᠪᠦᠰᠡ ᠶᠢᠨ ᠥᠷᠢᠰᠥᠯᠳᠦᠬᠦ ᠬᠦᠴᠦᠨ ᠪᠦᠬᠦᠢ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠡᠯ᠎ᠡ ᠲᠥᠷᠥᠯ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠪᠦᠯᠦᠭ ᠰᠢᠨ᠎ᠡ ᠡᠮ ᠤᠨ ᠦᠢᠯᠡᠳᠪᠦᠷᠢᠯᠡᠯ ᠤᠨ ᠲᠦᠷᠦᠯ ᠵᠦᠢᠯ ᠢ ᠣᠷᠣᠭᠤᠯᠣᠨ ᠠᠪᠴᠢᠷᠠᠬᠤ ᠪᠠ ᠪᠤᠶᠢᠵᠢᠭᠤᠯᠵᠤ᠂ ᠡᠮ ᠡᠮᠨᠡᠯᠭᠡ ᠶᠢᠨ ᠠᠵᠤ ᠦᠢᠯᠡᠰ ᠢ ᠳᠠᠷᠤᠢ ᠲᠦᠷᠭᠡᠨ ᠲᠤᠯᠭᠠᠭᠤᠷᠢ ᠠᠵᠤ ᠦᠢᠯᠡᠰ ᠪᠤᠯᠭᠠᠨ᠎ᠠ᠃ ᠪᠠᠷᠢᠯᠭ᠎ᠠ ᠶᠢᠨ ᠮᠠᠲ᠋ᠧᠷᠢᠶᠠᠯ᠂ ᠨᠡᠬᠡᠮᠡᠯ ᠤᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠬᠥᠭᠵᠢᠭᠡᠬᠦ ᠲᠠᠢ ᠤᠶᠠᠯᠳᠤᠭᠤᠯᠤᠨ᠂ ᠤᠳᠤ ᠪᠠᠶᠢᠭ᠎ᠠ ᠠᠵᠤ ᠠᠬᠤᠶᠢᠯᠠᠯ ᠢ ᠬᠤᠯᠪᠤᠭᠠᠯᠠᠭᠤᠯᠤᠨ ᠲᠠᠬᠢᠨ ᠵᠣᠬᠢᠶᠠᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠤᠨ᠎ᠠ᠃      ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠭᠤᠣᠯᠳᠠᠯᠭ᠎ᠠ ᠲᠠᠢ ᠰᠢᠪᠲᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠵᠤ᠂ ᠭᠤᠣᠯᠳᠠᠯᠭ᠎ᠠ ᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠮᠡᠷᠭᠡᠵᠢᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠴᠦᠯᠡᠨ ᠤᠷᠤᠭᠤᠯᠤᠨ ᠠᠪᠴᠢᠷᠠᠵᠤ ᠪᠤᠶᠢᠵᠢᠭᠤᠯᠤᠨ᠎ᠠ᠃ ᠡᠯ᠎ᠡ ᠲᠦᠷᠦᠯ ᠤᠨ ᠲᠤᠰᠬᠠᠢ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠢᠳᠡᠪᠬᠢᠲᠡᠶ ᠲᠡᠳᠬᠦᠨ ᠳᠡᠮᠵᠢᠵᠦ᠂ ᠨᠢᠭᠡ ᠪᠦᠯᠦᠭ ᠢᠵᠢ ᠪᠦᠷᠢᠳᠦᠭᠦᠯᠬᠦ ᠴᠢᠳᠠᠪᠤᠷᠢ ᠪᠠᠷ ᠴᠢᠩᠭ᠎ᠠ᠂ ᠨᠢᠭᠡᠳᠭᠡᠨ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠵᠤ ᠦᠢᠯᠡᠰ ᠤᠨ ᠳᠡᠰ ᠳᠠᠪᠬᠤᠷᠭ᠎ᠠ ᠶᠢᠨ ᠶᠡᠷᠦᠩᠬᠡᠶᠢᠯᠡᠨ ᠳᠡᠭᠡᠭᠰᠢᠯᠡᠭᠦ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠴᠡᠪᠡᠷ ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ᠮᠢᠩᠭᠠᠨ ᠲᠦᠮᠡᠨ ᠺᠢᠯᠣᠸᠠᠲ ᠴᠠᠬᠢᠯᠭᠠᠨ ᠬᠦᠴᠦᠨ ᠢ ᠪᠠᠭᠲᠠᠭᠠᠨ ᠰᠢᠩᠭᠡᠭᠡᠬᠦ ᠬᠡᠯᠡᠯᠴᠡᠭᠡᠷ ᠢ ᠴᠢᠷᠮᠠᠶᠢᠨ ᠨᠠᠶᠢᠳᠠᠪᠤᠷᠢᠵᠢᠭᠤᠯᠵᠤ᠂ ᠤᠯᠠᠭᠠᠨᠬᠠᠳᠠ ᠶᠢᠨ ᠡᠨᠧᠷᠭᠢ ᠭᠠᠳᠠᠭᠰᠢ ᠳᠠᠮᠵᠢᠭᠤᠯᠬᠤ ᠵᠠᠮ ᠢ ᠰᠢᠯᠤᠭᠤᠳᠬᠠᠵᠤ ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠢ ᠦᠨᠡᠨ ᠬᠦ ᠴᠢᠩᠭᠠᠳᠬᠠᠨ᠎ᠠ᠃ ᠲᠣᠭᠠᠴᠢᠯᠠᠭᠰᠠᠨ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ︽ᠢᠨᠲ᠋ᠧᠷ ᠰᠦᠯᠵᠢᠶ᠎ᠡ +︾᠂ ᠲᠤᠮᠤ ᠳ᠋ᠠᠶᠢᠲ᠋ᠠ ᠪᠠ ᠡᠭᠦᠯᠡᠨ ᠪᠤᠳᠤᠯᠲᠠ ᠶᠢᠨ ᠠᠵᠤ ᠦᠶ᠋ᠯᠡᠰ ᠢ ᠶᠡᠭᠡ ᠪᠠᠷ ᠪᠤᠶᠢᠵᠢᠭᠤᠯᠵᠤ᠂ ᠡᠯᠧᠺᠲᠷᠣᠨ ᠮᠡᠳᠡᠭᠡ ᠵᠠᠩᠭᠢ ᠪᠠ ᠺᠠᠷᠲ᠋ᠣᠨ ᠦᠢᠯᠡᠳᠬᠦ ᠵᠡᠷᠭᠡ ᠠᠵᠤ ᠦᠢᠯᠡᠰ ᠢ ᠲᠦᠷᠭᠡᠨ ᠠᠬᠢᠭᠤᠯᠵᠤ᠂ ᠴᠢᠮᠡᠭᠡ ᠵᠠᠩᠭᠢᠵᠢᠬᠤ ᠪᠠ ᠠᠵᠤ ᠦᠢᠯᠡᠳᠪᠦᠷᠢᠵᠢᠬᠦ ᠤᠶᠠᠯᠳᠤᠨ ᠬᠦᠭᠵᠢᠬᠦ ᠶᠢ ᠠᠬᠢᠭᠤᠯᠤᠨ᠎ᠠ᠃ 2022 ᠣᠨ ᠪᠣᠯᠬᠤ ᠳᠤ ᠪᠦᠬᠦ ᠬᠤᠲᠠ ᠶᠢᠨ ᠪᠠᠶᠢᠯᠳᠤᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠯᠲᠡ ᠦᠷᠲᠡᠭ ᠤᠨ GDP᠎ ᠳᠠᠬᠢ ᠬᠠᠷᠢᠴᠠᠯ ᠢ 10%᠎ ᠠᠴᠠ ᠳᠡᠭᠡᠭᠰᠢ ᠪᠣᠯᠭᠠᠨ᠎ᠠ᠃      ᠳᠡᠭᠡᠳᠦ ᠳᠡᠰ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠬᠡᠰᠢᠭᠲᠡᠨ ᠬᠤᠰᠢᠭᠤ ᠪᠠᠷ ᠭᠤᠣᠯ ᠪᠣᠯᠭᠠᠭᠰᠠᠨ ᠲᠠᠯ᠎ᠠ ᠨᠤᠲᠤᠭ ᠤᠨ ᠥᠩᠭᠡ ᠦᠵᠡᠮᠵᠢ ᠶᠢᠨ ᠵᠢᠭᠤᠯᠴᠢᠯᠠᠯ᠂ ᠪᠠᠭᠠᠷᠢᠨ ᠵᠡᠭᠦᠨ ᠬᠤᠰᠢᠭᠤ ᠪᠠᠷ ᠭᠤᠣᠯ ᠪᠣᠯᠭᠠᠭᠰᠠᠨ ᠬᠢᠳᠠᠨ ᠯᠢᠶᠣᠤ ᠶᠢᠨ ᠰᠣᠶᠣᠯ ᠢ ᠣᠶᠢᠯᠠᠭᠠᠬᠤ ᠵᠢᠭᠤᠯᠴᠢᠯᠠᠯ᠂ ᠣᠩᠨᠢᠭᠤᠳ ᠬᠤᠰᠢᠭᠤ ᠪᠠᠷ ᠭᠤᠣᠯ ᠪᠣᠯᠭᠠᠭᠰᠠᠨ ᠡᠯᠡᠰᠦ ᠮᠠᠩᠬᠠᠨ ᠥᠩᠭᠡ ᠦᠵᠡᠮᠵᠢ ᠲᠦᠢᠯᠰᠢᠷᠠᠯ ᠤᠨ ᠪᠡᠶ᠎ᠡ ᠲᠠᠮᠢᠷ ᠤᠨ ᠵᠢᠭᠤᠯᠴᠢᠯᠠᠯ᠂ ᠨᠢᠩᠴᠧᠩ ᠰᠢᠶᠠᠨ ᠬᠢᠭᠡᠳ ᠬᠠᠷᠠᠴᠢᠨ ᠬᠤᠰᠢᠭᠤ ᠪᠠᠷ ᠭᠤᠣᠯ ᠪᠣᠯᠭᠠᠭᠰᠠᠨ ᠰᠡᠯᠡᠭᠦᠴᠡᠵᠦ ᠠᠮᠠᠷᠠᠨ ᠵᠤᠭᠠᠴᠠᠬᠤ ᠵᠢᠭᠤᠯᠴᠢᠯᠠᠯ᠂ ᠭᠤᠣᠯ ᠬᠤᠳᠠ ᠲᠣᠭᠤᠷᠢᠭ ᠤᠨ ᠤᠢᠢᠷ᠎ᠠ ᠲᠡᠭᠦᠷᠭᠡ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠠᠤᠬᠠᠨ ᠬᠤᠰᠢᠭᠤ ᠪᠠᠷ ᠭᠤᠣᠯ ᠪᠣᠯᠭᠠᠭᠰᠠᠨ ᠪᠠᠯᠠᠷ ᠡᠷᠲᠡᠨ ᠤ ᠰᠣᠶᠣᠯ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠵᠢᠷᠭᠤᠭᠠᠨ ᠶᠡᠭᠡ ᠵᠢᠭᠤᠯᠴᠢᠯᠠᠯ ᠢ ᠲᠦᠪᠯᠡᠷᠡᠭᠦᠯᠦᠨ ᠪᠠᠶᠢᠭᠤᠯᠵᠤ᠂ ᠬᠤᠪᠢ ᠶᠢᠨ ᠮᠠᠰᠢᠨ ᠢᠶᠠᠷ ᠵᠢᠭᠤᠯᠴᠢᠯᠠᠬᠤ ᠦᠢᠯᠡᠴᠢᠯᠡᠭᠡᠨ ᠤ ᠲᠡᠭᠦᠯᠳᠡᠷ ᠰᠢᠰᠲ᠋ᠧᠮ ᠢ ᠪᠦᠳᠦᠭᠡᠨ ᠪᠠᠶᠢᠭᠤᠯᠵᠤ᠂ ᠤᠨᠴᠠᠯᠢᠭᠲᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠭᠠᠵᠠᠷ ᠪᠠ ᠳᠤᠮᠳᠠᠳᠤ ᠤᠯᠤᠰ ᠤᠨ ᠵᠢᠭᠤᠯᠴᠢᠯᠠᠯ ᠤᠨ ᠬᠦᠴᠦᠷᠬᠡᠭ ᠬᠤᠲᠠ ᠶᠢ ᠪᠦᠳᠦᠭᠡᠨ ᠪᠠᠶᠢᠭᠤᠯᠤᠨ᠎ᠠ᠃ ᠤᠯᠠᠮᠵᠢᠯᠠᠯᠲᠤ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ᠤᠨ ᠮᠡᠳᠡᠭᠡ ᠵᠠᠩᠬᠢᠴᠢᠯᠠᠬᠤ᠂ ᠳᠡᠭᠡᠲᠦ ᠳᠡᠰᠵᠢᠬᠦ ᠲᠡᠰᠢ ᠬᠦᠭᠵᠢᠬᠦ ᠶᠢ ᠭᠦᠨᠵᠡᠭᠡᠢ ᠠᠬᠢᠭᠤᠯᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠬᠤᠳᠠᠯᠳᠤᠭ᠎ᠠ ᠠᠷᠠᠯᠵᠢᠶᠠᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠭᠤᠣᠯ ᠬᠤᠳᠠ ᠲᠣᠭᠤᠷᠢᠭ ᠢ ᠣᠷᠣᠨ ᠪᠦᠰᠡ ᠶᠢᠨ ᠴᠢᠨᠠᠷᠲᠠᠶ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠲᠥᠪ ᠪᠣᠯᠭᠠᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠰᠢᠨ᠎ᠡ ᠡᠭᠦᠳᠦᠯᠲᠡ ᠬᠦᠭᠵᠢᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠰᠢᠨ᠎ᠡ ᠮᠠᠶ᠋ᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠣᠷᠣᠭᠤᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠴᠤ ᠪᠡᠯᠡ ᠬᠤᠷᠠᠮᠳᠤᠭᠤᠯᠬᠤ ᠠᠯᠬᠤᠴᠠ ᠶᠢ ᠲᠦᠷᠭᠡᠳᠬᠡᠵᠦ᠂ ᠣᠷᠣᠨ ᠪᠦᠰᠡ ᠶᠢᠨ ᠰᠲ᠋ᠣᠺ ᠤᠨ ᠡᠷᠬᠡ ᠶᠢᠨ ᠠᠷᠠᠯᠵᠢᠶᠠᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠢᠳᠡᠪᠬᠢᠲᠡᠶ ᠬᠥᠭᠵᠢᠭᠦᠯᠵᠦ᠂ ᠪᠣᠭᠤᠮᠲᠠ ᠶᠢᠨ ᠭᠠᠳᠠᠨᠠᠬᠢ ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠶᠢᠨ ᠤᠨᠴᠠᠯᠢᠬᠵᠢᠬᠤ ᠪᠠ ᠬᠡᠪᠴᠢᠶᠡᠵᠢᠬᠦ ᠶᠢ ᠲᠦᠯᠬᠢᠨ ᠠᠬᠢᠭᠤᠯᠤᠨ᠎ᠠ᠃ ᠰᠣᠶᠣᠯ ᠭᠡᠭᠡᠷᠡᠯ ᠤᠨ ᠦᠢᠯᠡᠰ ᠤᠨ ᠬᠥᠭᠵᠢᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠡᠷᠡᠭᠦᠯ ᠮᠠᠨᠳᠦ᠂ ᠰᠤᠪᠢᠯᠠᠯᠲᠠ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠨᠠᠷᠢᠯᠢᠬᠵᠢᠬᠤ ᠪᠠ ᠴᠢᠨᠠᠷᠵᠢᠬᠤ ᠲᠡᠰᠢ ᠬᠡᠯᠪᠡᠷᠢ ᠬᠤᠪᠢᠷᠠᠵᠤ ᠳᠡᠰ ᠳᠡᠪᠰᠢᠬᠦ ᠶᠢ ᠳᠡᠮᠵᠢᠨ᠎ᠡ᠃      ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠡᠷᠴᠢᠮᠵᠢᠨ ᠬᠥᠭᠵᠢᠬᠦ ᠶᠢ ᠠᠬᠢᠭᠤᠯᠤᠨ᠎ᠠ᠃ ︽ᠠᠵᠤ ᠠᠬᠤᠶᠢᠯᠠᠯ ᠲᠥᠪᠯᠡᠷᠡᠬᠦ᠂ ᠠᠵᠤ ᠦᠢᠯᠡᠰ ᠬᠤᠷᠠᠬᠤ᠂ ᠡᠵᠡᠩᠨᠠᠯ ᠬᠠᠮᠢᠶᠠᠷᠤᠯᠲᠠ ᠡᠷᠴᠢᠮᠵᠢᠬᠦ︾ ᠰᠡᠳᠬᠢᠴᠡ ᠶᠤᠰᠤᠭᠠᠷ᠂ ᠪᠥᠬᠦ ᠬᠤᠲᠠ ᠶᠢᠨ ᠬᠦᠴᠦᠨ ᠢᠶᠠᠷ ᠤᠯᠠᠭᠠᠨᠬᠠᠳᠠ ᠶᠢᠨ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ ᠢ ᠪᠠᠶᠢᠭᠤᠯᠵᠤ᠂ ︽ᠤᠷᠤᠨ ᠠᠯᠤᠰᠯᠠᠭᠰᠠᠨ ᠠᠵᠤ ᠠᠬᠤᠶ︾᠎ ᠶᠢᠨ ᠲᠥᠷᠥ ᠶᠢᠨ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠡᠳ᠋ᠰᠢᠭᠦᠯᠬᠦ ᠪᠠ ᠦᠢᠯᠡᠳᠬᠦ ᠦᠢᠯᠡᠰ ᠤᠨ ᠲᠦᠷᠦᠯ ᠵᠦᠢᠯ ᠢ ᠬᠦᠲᠦᠯᠦᠨ ᠵᠢᠯᠣᠭᠤᠳᠴᠤ ᠵᠡᠭᠦᠨ ᠬᠡᠰᠡᠭ ᠲᠠᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠩᠭᠢᠯ ᠳᠤ ᠡᠮᠬᠢ ᠵᠢᠷᠤᠮ ᠲᠠᠢ ᠪᠠᠷ ᠣᠷᠣᠭᠤᠯᠣᠨ᠂ ᠲᠣᠬᠢᠷᠠᠮᠵᠢᠲᠠᠶ ᠪᠠᠶᠢᠷᠢᠯᠠᠭᠤᠯᠵᠤ᠂ ᠤᠨᠴᠠᠯᠢᠭᠲᠤ ᠠᠵᠤ ᠦᠢᠯᠡᠰ ᠤᠨ ᠡᠳᠦᠶ ᠲᠡᠳᠦᠶ ᠪᠦᠯᠦᠭᠯᠡᠯ ᠢ ᠪᠤᠢ ᠪᠣᠯᠭᠠᠵᠤ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠨᠢᠷᠤᠭᠤ ᠲᠤᠯᠭᠠᠭᠤᠷᠢ ᠶᠢ ᠪᠣᠰᠬᠠᠨ᠎ᠠ᠃ ᠡᠯ᠎ᠡ ᠭᠠᠵᠠᠷ ᠤᠨ ᠬᠦᠷᠢᠶᠡᠯᠡᠩ ᠲᠣᠭᠤᠷᠢᠭ ᠤᠨ ᠲᠤᠰᠬᠠᠶᠢᠵᠢᠬᠤ᠂ ᠤᠨᠴᠠᠯᠢᠬᠵᠢᠬᠤ ᠬᠥᠭᠵᠢᠯᠲᠡ ᠶᠢ ᠲᠦᠯᠬᠢᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠲᠤᠯᠭᠠᠭᠤᠷᠢᠯᠠᠬᠤ ᠬᠦᠴᠦᠨ ᠪᠠ ᠥᠷᠢᠰᠥᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ︵ᠬᠤᠶᠠᠷ︶ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡ ᠳ᠋ᠦᠨᠢ ᠲᠥᠯᠬᠢᠨ ᠠᠬᠢᠭᠤᠯᠵᠤ᠂ ᠬᠤᠲᠠ ᠬᠥᠳᠡᠭᠡ ᠶᠢᠨ ᠬᠥᠭᠵᠢᠯᠲᠡ ᠨᠡᠩ ᠵᠣᠬᠢᠴᠠᠩᠭᠤᠶ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ ᠣᠷᠣᠰᠢᠨ ᠰᠠᠭᠤᠵᠤ ᠠᠵᠤ ᠲᠦᠷᠦᠬᠦ ᠳᠤ ᠲᠣᠬᠢᠷᠠᠮᠵᠢᠲᠠᠶ ᠬᠤᠲᠠ ᠪᠠᠯᠭᠠᠰᠤ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠭᠤᠣᠯ ᠬᠤᠳᠠ ᠲᠣᠭᠤᠷᠢᠭ ᠤᠨ ᠬᠠᠮ ᠠᠴᠢᠶᠠᠯᠠᠪᠤᠷᠢ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠭᠤᠴᠢᠨ ᠬᠤᠳᠠ ᠲᠤᠭᠤᠷᠢᠭ ᠤᠨ ᠬᠦᠭᠵᠢᠯᠲᠡ ᠶᠢ ᠨᠢᠭᠡᠳᠦᠯᠲᠡᠶ ᠲᠥᠯᠥᠪᠯᠡᠵᠦ᠂ ᠳᠤᠮᠳᠠ ᠲᠤᠭᠤᠷᠢᠮ ᠤᠨ ᠲᠦᠷᠭᠡᠨ ᠵᠠᠮ᠂ ᠭᠤᠣᠯ ᠤᠨ ᠵᠠᠮ ᠢ ᠵᠠᠰᠠᠬᠤ᠂ ᠶᠡᠷᠦᠩᠬᠡᠶᠢᠯᠡᠭᠰᠡᠨ ᠬᠤᠭᠤᠯᠠᠶ ᠬᠤᠩᠭᠢᠯ᠂ ᠢᠯᠴᠢ ᠬᠠᠩᠭᠠᠬᠤ ᠴᠢᠳᠠᠮᠵᠢ ᠥᠷᠭᠡᠳᠬᠡᠬᠦ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠨᠢᠭᠡ ᠪᠦᠯᠦᠭ ᠴᠢᠬᠤᠯᠠ ᠶᠡᠭᠡ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠭᠤᠯᠠᠶ ᠲᠣᠣᠷᠵᠢᠯ ᠢ ᠰᠢᠨᠡᠳᠬᠡᠬᠦ᠂ ᠵᠠᠮ ᠬᠠᠷᠢᠯᠴᠠᠭ᠎ᠠ ᠶᠢᠨ ᠲᠦᠭᠵᠢᠷᠡᠯ ᠢ ᠰᠢᠯᠤᠭᠤᠳᠬᠠᠬᠤ᠂ ᠣᠷᠣᠨ ᠵᠠᠶ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠳᠦᠷᠰᠦ ᠪᠠᠶᠢᠳᠠᠯ ᠢ ᠨᠢ ᠰᠠᠶᠢᠵᠢᠷᠠᠭᠤᠯᠬᠤ᠂ ᠡᠵᠡᠩᠨᠡᠯᠲᠡ ᠶᠢᠨ ᠪᠠᠶᠢᠳᠠᠯ ᠲᠥᠯᠥᠪ ᠢ ᠳᠡᠭᠡᠭᠰᠢᠯᠡᠭᠦᠯᠬᠦ ᠪᠠᠷ ᠲᠠᠮᠵᠢᠭᠤᠯᠤᠨ ᠬᠠᠭᠤᠴᠢᠨ ᠬᠤᠲᠠ ᠲᠣᠭᠤᠷᠢᠭ ᠢ ᠦᠭᠡᠷᠡᠴᠢᠯᠡᠨ ᠰᠠᠶᠢᠵᠢᠷᠠᠭᠤᠯᠵᠤ᠂ ᠭᠤᠣᠯ ᠬᠤᠳᠠ ᠲᠣᠭᠤᠷᠢᠭ ᠤᠨ ᠠᠵᠢᠯᠯᠠᠭᠠᠨ ᠤ ᠪᠠᠲᠤᠯᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠤᠯᠤᠰ ᠤᠨ ᠠᠮᠢ ᠠᠬᠤᠶ ᠶᠢᠨ ᠴᠡᠴᠡᠷᠯᠢᠭᠵᠢᠭᠰᠡᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠤᠨ᠎ᠠ᠂ ᠨᠢᠭᠡ ᠪᠦᠯᠦᠭ ᠭᠤᠣᠯ ᠬᠤᠳᠠ ᠲᠣᠭᠤᠷᠢᠭ ᠤᠨ ᠨᠣᠭᠤᠭᠠᠷᠠᠭᠤᠯᠬᠤ᠂ ᠭᠡᠷᠡᠯᠲᠦᠭᠦᠯᠬᠦ᠂ ᠭᠤᠶᠣᠵᠢᠭᠤᠯᠬᠤ ᠢᠨᠵᠧᠨᠧᠷᠢᠩ ᠪᠠ ᠦᠵᠡᠮᠵᠢ ᠴᠡᠴᠡᠷᠯᠢᠭ ᠤᠨ ᠢᠨᠵᠧᠨᠧᠷᠢᠩ ᠢ ᠬᠡᠷᠡᠭᠵᠢᠭᠦᠯᠵᠦ᠂ 2022 ᠣᠨ ᠪᠣᠯᠬᠤ ᠳᠤ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ 40% ᠬᠦᠷᠭᠡᠵᠦ᠂ ᠠᠮᠢ ᠠᠬᠤᠶ ᠶᠢᠨ ᠤᠷᠤᠰᠢᠨ ᠰᠠᠭᠤᠷᠢᠰᠢᠬᠤ ᠳᠤ ᠲᠤᠬᠢᠷᠠᠬᠤ ᠬᠢᠷᠢ ᠬᠡᠮᠵᠢᠶ᠎ᠡ ᠶᠢ ᠲᠡᠰᠦᠷᠡᠯᠳᠠ ᠦᠭᠡᠢ ᠳᠡᠭᠡᠭᠰᠢᠯᠡᠭᠦᠯᠦᠨ᠎ᠡ᠃ ᠭᠤᠣᠯᠳᠠᠯᠭᠠᠲᠤ ᠵᠢᠵᠢᠭ ᠬᠤᠳᠠ ᠪᠠᠯᠭᠠᠰᠤᠨ ᠤ ᠣᠨᠴᠠᠯᠢᠭ ᠪᠦᠬᠦᠢ ᠬᠥᠭᠵᠢᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠂ ᠬᠤᠲᠠ ᠶᠢᠨ ᠪᠠᠷᠢᠮᠵᠢᠶ᠎ᠠ ᠶᠣᠰᠣᠭᠠᠷ ᠬᠤᠰᠢᠭᠤ ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠪᠠᠯᠭᠠᠰᠤ ᠶᠢ ᠪᠦᠳᠦᠭᠡᠨ ᠪᠠᠶᠢᠭᠤᠯᠵᠤ᠂ ᠨᠢᠭᠡ ᠪᠦᠯᠦᠭ ᠠᠴᠢᠶᠠᠯᠠᠪᠤᠷᠢ ᠴᠢᠳᠠᠪᠤᠷᠢ ᠪᠠᠷ ᠴᠢᠩᠭ᠎ᠠ ᠣᠨᠴᠠᠯᠢᠭ ᠢᠶᠠᠷ ᠢᠯᠡ ᠲᠣᠳᠣ ᠭᠤᠣᠯᠳᠠᠯᠭᠠᠲᠤ ᠵᠢᠵᠢᠭ ᠬᠤᠳᠠ ᠪᠠᠯᠭᠠᠰᠤ ᠶᠢ ᠪᠠᠶᠢᠭᠤᠯᠵᠤ᠂ ᠲᠣᠯᠣᠭᠠᠶᠢᠯᠠᠭᠴᠢ ᠦᠢᠯᠡᠳᠦᠯ ᠢᠶᠠᠷ ᠲᠤᠪᠤᠶᠢᠮ᠎ᠠ᠂ ᠳᠡᠰ ᠳᠠᠪᠬᠤᠷᠭ᠎ᠠ ᠲᠣᠳᠣᠷᠬᠠᠶ᠂ ᠳᠠᠶᠢᠴᠢᠯᠠᠬᠤ ᠬᠦᠴᠦᠨ ᠶᠡᠭᠡ ᠰᠢᠨ᠎ᠡ ᠮᠠᠶ᠋ᠢᠭ ᠤᠨ ᠬᠤᠳᠠ ᠪᠠᠯᠭᠠᠰᠤᠨ ᠤ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠨ᠎ᠠ᠃ 2022 ᠣᠨ ᠪᠣᠯᠬᠤ ᠳᠤ ᠪᠦᠬᠦ ᠬᠤᠲᠠ ᠶᠢᠨ ᠪᠠᠶᠢᠩᠭᠤ ᠰᠠᠭᠤᠭᠠᠯᠢ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠶᠢ 55%᠎ ᠠᠴᠠ ᠳᠠᠪᠠᠭᠤᠯᠤᠨ᠎ᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠬᠦᠴᠦ ᠪᠠᠷ ᠢᠶᠠᠨ ᠬᠡᠷᠡᠭᠵᠢᠭᠦᠯᠦᠨ᠎ᠡ᠃ ︽ᠠᠵᠤ ᠦᠢᠯᠡᠰ ᠴᠡᠴᠡᠭᠯᠡᠨ ᠬᠥᠭᠵᠢᠭᠰᠡᠨ᠂ ᠠᠮᠢ ᠠᠬᠤᠶ ᠶᠢᠨ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ᠂ ᠵᠠᠩ ᠰᠤᠷᠲᠠᠯ ᠪᠣᠯᠪᠠᠰᠤᠨ᠂ ᠵᠠᠰᠠᠵᠤ ᠴᠡᠭᠴᠡᠯᠡᠭᠰᠡᠨ ᠨᠢ ᠪᠦᠲᠦᠮᠵᠢᠲᠡᠶ᠂ ᠠᠮᠢᠳᠤᠷᠠᠯ ᠨᠢ ᠴᠢᠨᠡᠭᠡᠯᠢᠭᠵᠢᠭᠰᠡᠨ︾ ᠬᠠᠷᠠᠯᠲᠠ ᠶᠤᠰᠤᠭᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠥᠯᠥᠪᠵᠢᠭᠦᠯᠭᠡ ᠲᠣᠭᠲᠠᠭᠠᠵᠤ᠂ ︽ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠮᠠᠯᠵᠢᠬᠤ ᠤᠷᠤᠨ᠂ ᠲᠠᠷᠢᠶᠠᠴᠢᠨ ᠮᠠᠯᠴᠢᠨ︾᠎ ᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠬᠤ ᠪᠦᠳᠤᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠦᠭᠵᠢᠭᠦᠯᠦᠨ᠎ᠡ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠬᠢᠵᠥ 30 ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠵᠤ᠂ ᠪᠡᠯᠡ ᠮᠥᠩᠭᠦ ᠶᠢ ᠬᠤᠪᠢᠲᠤ ᠮᠥᠩᠭᠦ ᠪᠤᠯᠭᠠᠵᠤ᠂ ᠲᠠᠷᠢᠶᠠᠯᠠᠬᠤ ᠮᠠᠯᠵᠢᠬᠤ ᠡᠷᠦᠬᠡ ᠶᠢ ᠬᠤᠪᠢ ᠣᠷᠣᠭᠤᠯᠤᠭᠴᠢ ᠪᠤᠯᠭᠠᠬᠤ ︽ᠭᠤᠷᠪᠠ ᠶᠢ ᠬᠤᠪᠢᠷᠠᠭᠤᠯᠬᠤ︾ ᠬᠡᠪ ᠵᠠᠭᠪᠤᠷ ᠢ ᠢᠳᠡᠪᠬᠢᠲᠠᠢ ᠳᠡᠯᠭᠡᠷᠡᠭᠦᠯᠵᠦ᠂ ᠤᠯᠠᠨ ᠵᠦᠢᠯ ᠬᠡᠯᠪᠡᠷᠢ ᠶᠢᠨ ᠵᠣᠬᠢᠮᠵᠢᠲᠠᠶ ᠬᠡᠪᠴᠢᠶᠡᠲᠦ ᠡᠵᠡᠩᠨᠡᠯᠲᠡ ᠶᠢ ᠭᠦᠭᠵᠢᠭᠦᠯᠵᠦ᠂ ᠮᠠᠯᠴᠢᠨ ᠲᠠᠷᠢᠶᠠᠴᠢᠨ ᠤ ᠵᠣᠬᠢᠶᠠᠨ ᠪᠠᠶᠢᠭᠤᠯᠤᠯᠴᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠮᠠᠯᠵᠢᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠩᠰᠢᠯ ᠢ ᠬᠠᠯᠠᠵᠤ ᠳᠠᠳᠬᠠᠯ ᠢ ᠥᠭᠡᠷᠡᠴᠢᠯᠡᠬᠦ ᠶᠢ ᠢᠳᠡᠪᠬᠢᠲᠡᠶ ᠰᠠᠨᠠᠭᠠᠴᠢᠯᠠᠵᠤ᠂ ᠰᠢᠨ᠎ᠡ ᠦᠵᠡᠯ ᠰᠠᠨᠠᠭ᠎ᠠ᠂ ᠰᠢᠨ᠎ᠡ ᠰᠣᠶᠣᠯ᠂ ᠰᠢᠨ᠎ᠡ ᠰᠢᠨᠵᠢᠯᠡᠭᠡ ᠮᠡᠷᠭᠡᠵᠢᠯ ᠢ ᠶᠡᠭᠡ ᠪᠠᠷ ᠤᠬᠠᠭᠤᠯᠤᠨ ᠳᠡᠯᠭᠡᠷᠡᠭᠦᠯᠵᠦ᠂ ᠰᠢᠨ᠎ᠡ ᠮᠠᠶ᠋ᠢᠭ ᠤᠨ ᠲᠠᠷᠢᠶᠠᠴᠢᠨ ᠮᠠᠯᠴᠢᠳ ᠢ ᠬᠦᠮᠦᠵᠢᠭᠦᠯᠦᠨ ᠪᠤᠶᠢᠵᠢᠭᠤᠯᠤᠨ᠎ᠠ᠃ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠯᠲᠠ ᠥᠭᠡᠷᠡᠴᠢᠯᠡᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ︽ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠮᠠᠯᠵᠢᠬᠤ ᠤᠷᠤᠨ᠂ ᠲᠠᠷᠢᠶᠠᠴᠢᠨ ᠮᠠᠯᠴᠢᠨ︾᠎ ᠤ ᠠᠵᠢᠯ ᠤᠨ ᠡ᠊ᠡᠭᠨᠡᠭᠡ ᠶᠢ ᠳᠠᠪᠲᠠᠨ ᠬᠦᠮᠦᠵᠢᠭᠦᠯᠵᠦ᠂ ᠵᠢᠷᠤᠮᠵᠢᠭᠤᠯᠵᠤ᠂ ᠲᠤᠰᠬᠤᠨ ᠤ ᠳᠦᠷᠢᠮ ᠠᠷᠠᠳ ᠤᠨ ᠵᠢᠷᠦᠮ ᠢ ᠲᠦᠷᠢᠮᠵᠢᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠬᠠᠷᠢᠯᠴᠠᠨ ᠤᠶᠠᠯᠳᠤᠭᠰᠠᠨ ᠬᠥᠳᠡᠭᠡ ᠲᠣᠰᠬᠤᠨ ᠢ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠡᠭᠦᠯᠳᠡᠷᠵᠢᠭᠰᠡᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃      ᠬᠤᠳᠠ ᠬᠥᠳᠡᠭᠡ ᠶᠢᠨ ᠬᠥᠭᠵᠢᠯᠲᠡ ᠶᠢᠨ ᠰᠠᠭᠤᠷᠢ ᠨᠥᠬᠦᠴᠡᠯ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠤᠨ᠎ᠠ᠃ ᠬᠤᠳᠠ ᠬᠥᠳᠡᠭᠡ ᠶᠢᠨ ᠨᠢᠭᠡ ᠴᠤᠭᠴᠠᠵᠢᠭᠰᠠᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠨᠢᠭᠡ ᠪᠦᠯᠦᠭ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠦᠴᠦᠯᠡᠨ ᠠᠬᠢᠭᠤᠯᠵᠤ᠂ ᠵᠤᠬᠢᠬᠤ ᠣᠷᠢᠳᠴᠢᠯᠠᠭᠰᠠᠨ ᠴᠢᠨᠠᠷ ᠲᠠᠢ᠂ ᠪᠠᠶᠢᠷᠢᠯᠠᠭᠤᠯᠤᠯᠲᠠ ᠵᠦᠢ ᠵᠤᠬᠢᠰᠲᠠᠢ᠂ ᠢᠵᠢ ᠪᠦᠷᠢᠳᠦᠭᠦᠯᠦᠨ ᠳᠡᠭᠦᠯᠳᠡᠷᠵᠢᠭᠰᠡᠨ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠰᠠᠭᠤᠷᠢ ᠲᠥᠬᠦᠭᠡᠷᠦᠮᠵᠢ ᠶᠢᠨ ᠲᠣᠣᠷᠵᠢᠯ ᠰᠢᠰᠲ᠋ᠧᠮ ᠢ ᠪᠤᠢ ᠪᠣᠯᠭᠠᠨ᠎ᠠ᠃ ᠵᠠᠰᠠᠮᠠᠯ ᠵᠠᠮ ᠤᠨ ᠲᠣᠣᠷᠵᠢᠯ ᠢ ᠲᠡᠭᠦᠯᠳᠡᠷᠵᠢᠭᠦᠯᠦᠨ᠎ᠡ᠂ ᠳᠡᠭᠡᠳᠦ ᠲᠡᠰ ᠤᠨ ᠵᠠᠰᠠᠮᠠᠯ ᠵᠠᠮ 1300 ᠺᠢᠯᠣᠮᠧᠲᠷ ᠠᠴᠠ ᠳᠡᠭᠡᠭᠰᠢ ᠪᠠᠶᠢᠭᠤᠯᠵᠤ᠂ ︽ᠵᠢᠷᠭᠤᠭᠠᠨ ᠬᠥᠨᠳᠡᠯᠡᠨ ᠨᠠᠢᠮᠠᠨ ᠭᠤᠯᠳᠤ︾ ᠵᠠᠰᠠᠮᠠᠯ ᠵᠠᠮ ᠤᠨ ᠭᠤᠣᠯ ᠱᠤᠭᠤᠮ ᠢ ᠲᠦᠷᠭᠡᠪᠴᠢᠯᠡᠨ ᠪᠠᠶᠢᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠤᠨ ᠲᠣᠣᠷᠵᠢᠯ ᠢ ᠨᠡᠩ ᠨᠢᠭᠲᠠ ᠪᠣᠯᠭᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠰᠠᠶᠢᠲᠤᠷ ᠵᠠᠰᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠨ ᠰᠠᠶᠢᠲᠤᠷ ᠠᠰᠢᠭᠯᠠᠨ᠎ᠠ᠃ ᠲᠡᠮᠦᠷ ᠵᠠᠮ ᠤᠨ ᠲᠣᠣᠷᠵᠢᠯ ᠢ ᠲᠡᠭᠦᠯᠳᠡᠷᠵᠢᠭᠦᠯᠦᠨ᠎ᠡ᠂ 5 ᠵᠣᠷᠪᠣᠰ ᠲᠡᠮᠦᠷ ᠵᠡᠮ ᠤᠨ ᠦᠷᠭᠦᠯᠵᠢᠯᠡᠨ ᠪᠠᠶᠢᠭᠤᠯᠬᠤ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠤᠯᠠᠭᠠᠨᠬᠠᠳᠠ ᠶᠢᠨ ᠦᠨᠳᠦᠷ ᠬᠤᠷᠳᠤᠴᠠᠲᠤ ᠲᠡᠮᠦᠷ ᠵᠠᠮ ᠤᠨ 2019 ᠣᠨ ᠳᠤ ᠪᠠᠶᠢᠭᠤᠯᠤᠭᠳᠠᠵᠤ ᠲᠡᠷᠭᠡ ᠨᠡᠪᠲᠡᠷᠡᠬᠦ ᠶᠢ ᠦᠨᠡᠨ ᠬᠦ ᠪᠠᠳᠤᠯᠠᠵᠤ᠂ ᠤᠯᠠᠭᠠᠨᠬᠠᠳᠠ ᠳ᠋ᠠᠪᠠᠨ ᠪᠠᠶᠠᠨᠬᠤᠸᠠ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢ ᠨᠡᠪᠲᠡᠷᠡᠭᠦᠯᠦᠨ᠎ᠡ᠃ ᠠᠭᠠᠷ ᠤᠨ ᠠᠶᠠᠯᠠᠯ ᠤᠨ ᠲᠣᠣᠷ ᠢ ᠲᠡᠭᠦᠯᠳᠡᠷᠵᠢᠭᠦᠯᠦᠨ᠎ᠡ᠂ ᠬᠠᠰ ᠯᠤᠤ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠬᠦ ᠪᠠᠷᠢᠯᠭ᠎ᠠ ᠶᠢᠨ ᠠᠵᠢᠯ ᠪᠣᠯᠤᠨ ᠯᠢᠨᠰᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ ᠪᠠᠷᠢᠯᠭ᠎ᠠ ᠶᠢ ᠳᠠᠭᠤᠰᠬᠠᠵᠤ᠂ ᠲᠤᠤᠷ᠎ᠠ ᠠᠭᠠᠷ ᠤᠨ ᠨᠢᠰᠦᠯᠭᠡ ᠶᠢᠨ ᠲᠣᠣᠷᠵᠢᠯ ᠢ ᠪᠠᠶᠢᠭᠤᠯᠤᠨ᠎ᠠ᠃ ᠮᠡᠳᠡᠭᠡ ᠵᠠᠩᠭᠢ ᠶᠢᠨ ᠲᠣᠣᠷᠵᠢᠯ ᠢ ᠲᠡᠭᠦᠯᠳᠡᠷᠵᠢᠭᠦᠯᠦᠨ᠎ᠡ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠦᠯᠵᠢᠶᠡᠨ ᠤ ᠭᠡᠷᠡᠯ ᠰᠢᠷᠬᠡᠭ ᠢ ᠲᠤᠰᠬᠤᠨ ᠪᠣᠯᠭᠠᠨ ᠳᠤ ᠨᠡᠪᠲᠡᠷᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠯᠵᠢᠮᠡᠯ ᠮᠡᠳᠡᠭᠡ ᠬᠤᠯᠪᠣᠭᠠᠨ ᠤ ᠨᠡᠶᠢᠳᠡᠮ ᠪᠦᠷᠬᠦᠯᠲᠡ ᠶᠢ ᠪᠡᠶᠡᠯᠡᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠲᠣᠣᠷᠵᠢᠯ ᠢ ᠲᠡᠭᠦᠯᠳᠡᠷᠵᠢᠭᠦᠯᠦᠨ᠎ᠡ᠂ 220 ᠺᠢᠯᠤᠧᠤᠯᠲ ᠵᠢᠴᠢ ᠲᠡᠭᠦᠨ ᠠᠴᠠ ᠳᠡᠭᠡᠭᠰᠢᠬᠢ ᠬᠦᠴᠦᠳᠡᠯ ᠥᠭᠡᠷᠡᠴᠢᠯᠡᠬᠦ ᠦᠷᠲᠡᠭᠡ 5᠎ ᠶᠢ ᠰᠢᠨ᠎ᠡ ᠪᠠᠷ ᠪᠠᠶᠢᠭᠤᠯᠵᠤ᠂ ᠴᠤᠤᠶᠠᠩ ᠠᠴᠠ ᠤᠯᠠᠭᠠᠨᠬᠠᠳᠠ ᠬᠦᠷᠲᠡᠯᠡᠬᠢ ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠢᠨᠵᠧᠨᠧᠷᠢᠩ ᠢ ᠪᠠᠶᠢᠭᠤᠯᠤᠨ᠎ᠠ᠃      ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠢᠭᠡᠳ ᠭᠠᠳᠠᠭᠰᠢ ᠨᠡᠭᠡᠭᠡᠯᠳᠡ ᠬᠢᠬᠦ ᠶᠢ ᠵᠡᠷᠭᠡ ᠳ᠋ᠦᠨᠢ ᠲᠥᠯᠬᠢᠨ ᠠᠬᠢᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠩ ᠶᠡᠭᠡ ᠪᠠᠳᠠᠷᠠᠨ ᠬᠥᠭᠵᠢᠭᠰᠡᠨ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠪᠣᠯᠬᠤ ᠪᠠᠶᠢᠷᠢ ᠰᠠᠭᠤᠷᠢ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠵᠢᠯᠣᠭᠤᠳᠤᠮᠵᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ 2022 ᠣᠨ ᠪᠣᠯᠬᠤ ᠳᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 100᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠂ ᠠᠵᠤ ᠦᠢᠯᠡᠰ ᠤᠨ ᠬᠡᠯᠬᠢᠶᠡᠵᠢᠯ ᠤᠨ ᠲᠣᠭᠤᠷᠢᠨ ᠲᠤ ᠰᠢᠨ᠎ᠡ ᠶᠢ ᠡᠭᠦᠳᠬᠦ ᠬᠡᠯᠬᠢᠶᠡᠵᠢᠯ ᠢ ᠪᠠᠶᠢᠷᠢᠯᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠠ ᠬᠡᠪᠴᠢᠶᠡᠨ ᠳᠤ ᠨᠢᠭᠡ ᠪᠦᠯᠦᠭ ᠭᠤᠣᠯᠯᠠᠬᠤ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠪᠣᠶᠣ ᠣᠷᠢᠨ ᠣᠷᠣᠭᠤᠯᠬᠤ ᠪᠠᠷ ᠴᠢᠷᠮᠠᠶᠢᠵᠤ᠂ ᠬᠦᠴᠦᠨ ᠢᠶᠠᠨ ᠲᠦᠪᠯᠡᠷᠡᠭᠦᠯᠦᠨ ᠳᠡᠭᠡᠲᠦ ᠰᠢᠨ᠎ᠡ ᠮᠡᠷᠭᠡᠵᠢᠯ ᠤᠨ ᠲᠤᠭᠤᠷᠢᠭ ᠤᠨ ᠠᠵᠤ ᠦᠢᠯᠡᠰ ᠤᠨ ᠲᠡᠰ ᠲᠦᠪᠰᠢᠨ ᠳᠡᠭᠡᠭᠰᠢᠯᠡᠬᠦ ᠶᠢ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠳᠠᠶᠠᠭᠠᠷ ᠣᠯᠠᠨ ᠢᠶᠠᠷ ᠢᠶᠠᠨ ᠦᠢᠯᠡᠰ ᠴᠣᠭᠴᠠᠯᠠᠵᠤ᠂ ᠳᠠᠶᠠᠭᠠᠷ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠨᠡᠪᠴᠢᠯᠡᠭᠦᠷ ᠤᠨ ᠰᠠᠭᠤᠷᠢᠨ ᠭᠠᠵᠠᠷ᠂ ᠪᠠᠭ᠎ᠠ ᠵᠢᠵᠢᠭ ᠠᠵᠤ ᠠᠬᠤᠶᠢᠯᠠᠯ ᠤᠨ ᠬᠦᠷᠢᠶᠡᠯᠡᠩ ᠵᠡᠷᠭᠡ ᠰᠢᠨ᠎ᠡ ᠶᠢ ᠡᠭᠦᠳᠬᠦ ᠬᠥᠭᠵᠢᠯᠲᠡ ᠶᠢᠨ ᠲᠠᠪᠴᠠᠩ ᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃ ᠴᠢᠳᠠᠪᠤᠷᠢᠲᠠᠨ ᠢ ᠤᠷᠢᠨ ᠠᠪᠴᠢᠷᠠᠬᠤ ᠶᠢ ᠴᠢᠩᠭᠠᠳᠬᠠᠵᠤ᠂ ︽ᠬᠠᠰ ᠯᠤᠤ ᠴᠢᠳᠠᠪᠤᠷᠢᠲᠠᠨ︾᠎ ᠤ ᠢᠨᠵᠧᠨᠧᠷᠢᠩ ᠢ ᠠᠬᠢᠭᠤᠯᠵᠤ᠂ ︽ᠤᠯᠠᠭᠠᠨᠬᠠᠳᠠ ᠬᠥᠮᠦᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠠᠵᠢᠯᠯᠠᠭ᠎ᠠ ︾᠎ ᠶᠢᠨ ᠲᠥᠯᠥᠪᠯᠡᠭᠡ ᠶᠢ ᠡᠬᠢᠯᠡᠭᠦᠯᠵᠦ᠂ ᠴᠢᠳᠠᠪᠤᠷᠢᠲᠠᠨ ᠲᠥᠪᠯᠡᠷᠡᠭᠰᠡᠨ ᠭᠠᠵᠠᠷ ᠢ ᠪᠥᠬᠦ ᠬᠦᠴᠦᠨ ᠢᠶᠠᠷ ᠢᠶᠠᠨ ᠴᠤᠭᠴᠠᠯᠠᠨ ᠪᠠᠶᠢᠭᠤᠯᠤᠨ᠎ᠠ᠃      ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠠᠳᠠᠭᠠᠯᠠᠭᠳᠠᠴᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠢᠯᠢᠳᠡᠭ ᠨᠡᠮᠡᠭᠳᠡᠯ ᠤᠨ ᠬᠠᠩᠭᠠᠯᠭ᠎ᠠ ᠶᠢ ᠦᠷᠭᠡᠳᠭᠡᠵᠦ᠂ ᠥᠷᠢᠰᠥᠯᠳᠦᠭᠡᠨ ᠤ ᠳᠠᠪᠠᠭᠤᠯᠢᠭ ᠪᠠ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠎ ᠪᠠᠷ ᠭᠤᠣᠯᠳᠠᠯᠭ᠎ᠠ ᠪᠣᠯᠭᠠᠭᠰᠠᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠠᠳᠬᠤᠵᠤ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤᠨ ᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠬᠡ ᠲᠡᠭᠰᠢ ᠪᠠᠷ ᠥᠷᠢᠰᠥᠯᠳᠦᠬᠦ ᠬᠤᠳᠠᠯᠳᠤᠭ᠎ᠠ ᠡᠵᠡᠩᠨᠡᠯᠲᠡ ᠶᠢᠨ ᠤᠷᠴᠢᠨ ᠢ ᠪᠤᠢ ᠪᠣᠯᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠪᠡᠯᠡ ᠣᠷᠣᠭᠤᠯᠬᠤ ᠪᠡᠯᠡ ᠬᠤᠷᠠᠮᠳᠤᠭᠤᠯᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠤᠯᠤᠰ ᠤᠨ ᠦᠮᠴᠢᠯᠡᠯᠲᠦ ᠬᠦᠷᠦᠩᠭᠡ ᠪᠡᠯᠡ ᠶᠢᠨ ᠡᠵᠡᠩᠨᠡᠯᠲᠡ ᠶᠢᠨ ᠺᠣᠮᠫᠠᠨᠢ ᠶᠢᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠵᠠᠭᠪᠤᠷ ᠢ ᠵᠢᠷᠤᠮᠵᠢᠭᠤᠯᠤᠨ ᠳᠡᠯᠭᠡᠷᠡᠭᠦᠯᠵᠦ᠂ ᠨᠡᠶᠢᠭᠡᠮ ᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠭᠠᠵᠠᠷ ᠰᠢᠷᠣᠶ ᠬᠠᠳᠤᠯᠠᠩ ᠪᠡᠯᠴᠢᠭᠡᠷ ᠤᠨ ᠡᠷᠬᠡ ᠶᠢ ᠨᠤᠲᠠᠯᠠᠵᠤ ᠳᠠᠩᠰᠠᠯᠠᠬᠤ ᠶᠢ ᠪᠡᠶᠡᠯᠡᠭᠦᠯᠵᠦ᠂ ︽ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ︾ ᠳᠦᠷᠢᠮ ᠢ ᠲᠡᠭᠦᠯᠳᠡᠷᠵᠢᠭᠦᠯᠵᠦ᠂ ᠭᠠᠵᠠᠷ ᠰᠢᠷᠣᠶ ᠬᠠᠳᠤᠯᠠᠩ ᠪᠡᠯᠴᠢᠭᠡᠷ ᠢ ᠡᠷᠭᠢᠯᠳᠦᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠪᠦᠲᠦᠮᠵᠢᠲᠡᠶ ᠠᠷᠢᠯᠭᠠᠨ᠎ᠠ᠃      ᠪᠦᠬᠦ ᠲᠠᠯ᠎ᠠ ᠪᠠᠷ ᠭᠠᠳᠠᠭᠰᠢ ᠨᠡᠭᠡᠭᠡᠯᠳᠡ ᠬᠢᠬᠦ ᠶᠢ ᠥᠷᠭᠡᠳᠬᠡᠨ᠎ᠡ᠃ ᠶᠡᠭᠡ ᠨᠡᠭᠡᠭᠡᠯᠲᠡ ᠪᠠᠷ ᠶᠡᠭᠡ ᠬᠥᠭᠵᠢᠯᠲᠡ ᠶᠢ ᠠᠬᠢᠭᠤᠯᠵᠤ᠂ ︽ᠪᠡᠭᠡᠵᠢᠩ ᠲᠢᠶᠠᠨᠵᠢᠨ ᠳᠤ ᠠᠭᠤᠰᠤᠨ ᠣᠷᠣᠵᠤ᠂ ᠵᠡᠭᠦᠨ ᠬᠤᠶᠢᠲᠤ ᠣᠷᠣᠨ ᠤᠷᠤᠭᠤ ᠥᠷᠭᠡᠳᠬᠡᠵᠦ᠂ ᠤᠮᠠᠷᠠᠰᠢ ᠨᠡᠭᠡᠭᠡᠯᠲᠡ ᠬᠢᠵᠦ᠂ ᠳᠠᠯᠠᠢ ᠲᠠᠩᠭᠢᠰ ᠲᠡᠰᠢ ᠬᠠᠨᠳᠤᠬᠤ︾ ᠲᠦᠷᠪᠡᠨ ᠲᠠᠯ᠎ᠠ ᠶᠢᠨ ᠠᠵᠢᠯ ᠢ ᠰᠠᠶᠢᠲᠤᠷ ᠬᠢᠨ᠎ᠡ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠭᠦᠨᠵᠡᠭᠡᠶ ᠵᠣᠯᠭᠠᠭᠤᠯᠵᠤ᠂ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠪᠦᠬᠦᠯᠢ ᠴᠣᠭᠴᠠ ᠪᠠᠷ ᠢᠶᠠᠨ ᠰᠢᠯᠵᠢᠬᠦ ᠪᠠ ᠬᠤᠯᠪᠣᠭᠳᠠᠯᠳᠤ ᠠᠵᠤ ᠦᠢᠯᠡᠰ ᠤᠨ ᠬᠠᠮᠵᠢᠯᠴᠠᠨ ᠰᠢᠯᠵᠢᠬᠦ ᠶᠢ ᠰᠠᠨᠠᠭᠠᠴᠢᠯᠠᠭ᠎ᠠ ᠠᠴᠠ ᠪᠠᠨ ᠲᠣᠰᠣᠨ ᠠᠪᠴᠤ᠂ ᠥᠪᠡᠷᠲᠡᠭᠡᠨ ᠵᠠᠰᠠᠬᠤ ᠣᠷᠣᠨ ᠤ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ ᠳᠤ ᠠᠭᠤᠰᠤᠯᠴᠠᠨ ᠤᠷᠤᠭᠰᠠᠨ ᠬᠤᠰᠢᠭᠤᠴᠢ ᠣᠷᠣᠨ ᠢ ᠬᠦᠴᠦᠯᠡᠨ ᠪᠣᠢ ᠪᠣᠯᠭᠠᠨ᠎ᠠ᠃ ᠵᠡᠭᠦᠨ ᠬᠤᠶᠢᠲᠤ ᠣᠷᠣᠨ ᠤ ᠠᠵᠤ ᠠᠬᠤᠶ ᠶᠢᠨ ᠤᠷᠣᠨ ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠳᠦᠷᠦᠯ ᠬᠤᠪᠢᠶᠠᠨ ᠬᠠᠮᠵᠢᠯᠴᠠᠬᠤ ᠳᠤ ᠢᠳᠡᠪᠬᠢᠲᠡᠶ ᠣᠷᠣᠯᠴᠠᠵᠤ᠂ ᠰᠠᠭᠤᠷᠢ ᠲᠥᠬᠦᠭᠡᠷᠦᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠭᠤᠣᠯᠳᠠᠯᠭ᠎ᠠ ᠲᠠᠢ ᠠᠵᠤ ᠦᠢᠯᠡᠰ ᠢ ᠵᠣᠬᠢᠴᠠᠩᠭᠤᠶ ᠪᠠᠷ ᠬᠦᠭᠵᠢᠭᠦᠯᠬᠦ ᠶᠢ ᠠᠬᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠠᠭᠤᠰᠣᠨ ᠤᠷᠤᠵᠤ᠂ ᠬᠢᠯᠢ ᠶᠢᠨ ᠪᠣᠭᠤᠮᠲᠠ ᠲᠡᠯᠡᠢ ᠶᠢᠨ ᠭᠠᠷᠠᠮ ᠭᠦᠷᠭᠦ ᠲᠡᠮᠤᠷ ᠵᠠᠮ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠮᠠᠨᠵᠤᠤᠷ᠂ ᠡᠷᠢᠶᠡᠨ ᠬᠤᠳᠠ ᠵᠡᠷᠭᠡ ᠪᠣᠭᠤᠮᠲᠠ ᠶᠢᠨ ᠬᠤᠳᠠ ᠯᠤᠭ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠢ ᠤᠯᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠣᠯᠭᠠᠬᠤ ᠶᠢ ᠬᠦᠴᠦᠲᠡᠢ ᠲᠦᠯᠬᠢᠨ ᠠᠬᠢᠭᠤᠯᠤᠨ᠎ᠠ᠃ ᠵᠢᠨᠵᠸᠦ ᠭᠠᠷᠠᠮ ᠲᠢᠶᠠᠨᠵᠢᠨ ᠭᠠᠷᠠᠮ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠭᠤᠷᠠᠶ ᠪᠠ ᠭᠠᠷᠠᠮ ᠬᠠᠮᠲᠤᠷᠠᠨ ᠲᠡᠭᠡᠭᠡᠪᠦᠷᠢᠯᠡᠬᠦ᠂ ᠵᠠᠰᠠᠮᠠᠯ ᠵᠠᠮ ᠪᠠ ᠲᠡᠮᠦᠷ ᠵᠠᠮ ᠬᠤᠯᠪᠣᠭᠠᠯᠠᠨ ᠲᠡᠭᠡᠭᠡᠪᠦᠷᠢᠯᠡᠬᠦ ᠶᠢ ᠰᠠᠶᠢᠵᠢᠷᠠᠭᠤᠯᠵᠤ᠂ ᠪᠣᠭᠤᠮᠲᠠ ᠥᠩᠭᠡᠷᠡᠬᠦ ᠳᠤ ᠳᠦᠭᠦᠮ ᠪᠣᠯᠭᠠᠬᠤ ᠶᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠶ᠂ ᠤᠯᠠᠨ ᠵᠦᠢᠯ ᠤᠨ ᠴᠢᠳᠠᠪᠤᠷᠢ ᠲᠠᠢ ᠪᠠᠷᠠᠭ᠎ᠠ ᠶᠢᠨ ᠭᠦᠢᠯᠭᠡᠭᠡᠨ ᠤ ᠲᠡᠭᠡᠭᠡᠪᠦᠷᠢ ᠶᠢᠨ ᠲᠠᠪᠴᠠᠩ ᠢ ᠡᠭᠦᠳᠴᠦ᠂ ᠤᠯᠠᠭᠠᠨᠬᠠᠳᠠ ᠶᠢᠨ ᠣᠯᠠᠨ ᠤᠯᠤᠰ ᠤᠨ ᠪᠠᠷᠠᠭᠠᠨ ᠭᠦᠢᠯᠭᠡᠭᠡᠨ ᠤ ᠭᠠᠷᠠᠮ ᠪᠠᠶᠢᠭᠤᠯᠵᠤ᠂ ᠲᠠᠯᠠᠢ ᠳᠠᠭᠠᠤ ᠬᠥᠭᠵᠢᠭᠰᠡᠨ ᠭᠠᠵᠠᠷ ᠣᠷᠣᠨ ᠲᠠᠢ ᠴᠢᠯᠥᠭᠡᠲᠡᠶ ᠶᠠᠪᠤᠯᠴᠠᠬᠤ ᠶᠢ ᠳᠡᠭᠡᠭᠰᠢᠯᠡᠭᠦᠯᠵᠦ᠂ ᠧᠦ᠋ᠷᠣᠫᠠ ᠠᠽᠢᠶ᠎ᠠ ᠶᠢᠨ ᠵᠠᠬ᠎ᠠ ᠳᠡᠯᠭᠡᠭᠦᠷ ᠢ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠯᠠᠰᠢᠷᠠᠯ ᠦᠭᠡᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠵᠤ᠂ ᠬᠥᠭᠵᠢᠭᠰᠡᠨ ᠭᠠᠵᠠᠷ ᠣᠷᠣᠨ᠂ ᠬᠤᠯᠪᠣᠭᠳᠠᠯᠳᠤ ᠠᠵᠤ ᠦᠢᠯᠡᠰ᠂ ᠨᠡᠷᠡᠲᠦ ᠠᠵᠤ ᠠᠬᠤᠶᠢᠯᠠᠯ᠂ ᠲᠡᠷᠢᠭᠦᠨ ᠤ ᠬᠦᠷᠢᠶᠡᠯᠡᠩ ᠭᠠᠵᠠᠷ ᠢ ᠠᠩᠬᠠᠷᠴᠤ᠂ ᠶᠡᠷᠦᠩᠬᠡᠶ ᠬᠡᠮᠵᠢᠶ᠎ᠡ ᠪᠠᠨ ᠨᠡᠮᠡᠭᠳᠡᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠯᠠᠭᠤᠯᠤᠨ᠂ ᠣᠶᠣᠨ ᠮᠡᠳᠡᠯᠭᠡ ᠠᠵᠤ ᠦᠢᠯᠡᠰ ᠢ ᠶᠡᠬᠡᠪᠡᠷ ᠣᠷᠣᠭᠤᠯᠵᠤ᠂ ᠤᠯᠤᠰ ᠤᠨ ᠲᠡᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃      ︵ᠳᠦᠷᠪᠡ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠲᠤᠯᠠᠬᠤ ᠪᠠ ᠡᠭᠦᠳᠦᠯᠲᠡ ᠲᠠᠢ ᠪᠠᠷ ᠨᠡᠶᠢᠭᠡᠮ ᠢ ᠵᠠᠰᠠᠬᠤ ᠶᠢ ᠬᠠᠮᠲᠤᠪᠡᠷ ᠠᠬᠢᠭᠤᠯᠬᠤ ᠶᠢ ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠨᠡᠩ ᠪᠤᠳᠠᠲᠠᠢ ᠤᠯᠠᠭᠠᠨᠬᠠᠳᠠ ᠶᠢ ᠪᠦᠲᠦᠭᠡᠨ ᠪᠠᠶᠢᠭᠤᠯᠤᠨ᠎ᠠ      ᠨᠠᠷᠢᠯᠢᠭ ᠤᠨᠣᠴᠢᠲᠠᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠣᠨ᠎ᠠ᠃ ᠨᠠᠷᠢᠯᠢᠭ ᠤᠨᠣᠴᠢᠲᠠᠢ ᠶᠠᠳᠠᠭᠤ ᠶᠢ ᠳᠡᠳᠬᠦᠬᠦ᠂ ᠨᠠᠷᠢᠯᠢᠭ ᠤᠨᠣᠴᠢᠲᠠᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠵᠠᠷᠴᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠨᠢ ᠪᠠᠭᠤᠷᠠᠭᠤᠯᠬᠤ ᠦᠭᠡᠢ ᠮᠦᠷᠲᠡᠭᠡᠨ ᠳᠡᠭᠡᠷ᠎ᠠ ᠱᠠᠭᠠᠷᠳᠠᠯᠭ᠎ᠠ ᠭᠠᠷᠭᠠᠬᠤ ᠦᠭᠡᠢ᠂ ᠡᠯ᠎ᠠ ᠲᠠᠯ᠎ᠠ ᠶᠢᠨ ᠡᠬᠢ ᠪᠠᠶᠠᠯᠢᠭ ᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠭᠤᠣᠯ ᠪᠠᠶᠢᠯᠳᠤᠭᠠᠨ ᠤ ᠲᠠᠯᠠᠪᠤᠷ ᠲᠤ ᠲᠦᠪᠯᠡᠷᠡᠭᠦᠯᠦᠨ᠂ ᠶᠠᠳᠠᠭᠤ ᠬᠦᠴᠢᠷᠲᠡᠢ ᠤᠯᠠᠨ ᠲᠦᠮᠡᠨ ᠤ ᠳᠣᠲᠣᠭᠠᠳᠤᠬᠢ ᠠᠮᠢᠳᠤᠯᠢᠭ ᠬᠦᠴᠦᠨ ᠪᠠ ᠬᠦᠭᠵᠢᠯᠲᠡ ᠶᠢᠨ ᠬᠦᠴᠦᠨ ᠢ ᠴᠢᠬᠤᠯᠠᠴᠢᠯᠠᠨ ᠳᠡᠭᠡᠭᠰᠢᠯᠡᠭᠦᠯᠵᠦ᠂ ᠲᠤᠤᠱᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠪᠠᠲᠤᠯᠠᠭ᠎ᠠ ᠬᠠᠩᠭᠠᠨ᠎ᠠ᠃ ᠡᠳ᠋ ᠤᠨ ᠵᠠᠰᠠᠭ ᠤᠨ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠮᠦᠩᠭᠦᠨ ᠭᠦᠢᠯᠭᠡᠭᠡᠨ ᠤ ᠶᠠᠳᠠᠭᠤ ᠶᠢ ᠳᠡᠳᠬᠦᠬᠦ ᠵᠣᠬᠢᠴᠠᠮᠵᠢ ᠶᠢ ᠡᠭᠦᠳᠴᠦ᠂ ᠨᠡᠶᠢᠭᠡᠮ ᠤᠨ ᠬᠦᠴᠦᠨ ᠢ ᠳᠠᠶᠢᠴᠢᠯᠠᠨ ᠤᠷᠤᠯᠴᠠᠭᠤᠯᠵᠤ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠭᠦᠯ ᠴᠢᠬᠢᠷᠠᠭ ᠢᠶᠠᠷ ᠶᠠᠳᠠᠭᠤ ᠶᠢ ᠳᠡᠳᠬᠦᠬᠦ ᠂ ᠨᠡᠭᠦᠯᠭᠡᠨ ᠰᠢᠯᠵᠢᠭᠦᠯᠵᠦ ᠶᠠᠳᠠᠭᠤ ᠶᠢ ᠳᠡᠳᠬᠦᠬᠦ ᠶᠢ ᠳᠤᠪᠤᠶᠢᠮ᠎ᠠ ᠠᠳᠬᠤᠵᠤ᠂ 2020 ᠤᠨ ᠪᠣᠯᠲᠠᠯ᠎ᠠ ᠤᠳᠣ ᠶᠢᠨ ᠪᠠᠷᠢᠮᠵᠢᠶ᠎ᠠ ᠪᠠᠷ ᠬᠦᠳᠡᠭᠡ ᠲᠣᠰᠬᠤᠨ ᠮᠠᠯᠵᠢᠬᠤ ᠤᠷᠣᠨ ᠤ ᠶᠠᠳᠠᠭᠤ ᠬᠦᠴᠢᠷᠲᠡᠢ ᠬᠦᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠩᠬᠦ ᠪᠠᠲᠤᠯᠠᠵᠤ᠂ ᠶᠠᠳᠠᠭᠤ ᠬᠦᠴᠢᠷᠲᠡᠢ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ᠃      ᠠᠵᠢᠯ ᠤᠯᠭᠤᠬᠤ ᠤᠷᠣᠯᠭ᠎ᠠ ᠶᠢ ᠨᠢ ᠨᠡᠮᠡᠭᠳᠡᠭᠦᠯᠬᠦ ᠬᠢᠷᠢ ᠲᠦᠪᠰᠢᠨ ᠢ ᠦᠷᠬᠦᠯᠵᠢᠯᠡᠨ ᠳᠡᠭᠡᠭᠰᠢᠯᠡᠭᠦᠯᠦᠨ᠎ᠠ᠃ ᠠᠵᠢᠯ ᠤᠯᠭᠤᠯᠲᠠ ᠶᠢ ᠤᠷᠢᠳᠠᠪᠠᠷ ᠴᠢᠬᠤᠯᠠᠴᠢᠯᠠᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠨᠡᠩ ᠰᠠᠶᠢᠨ ᠶᠠᠰᠤ ᠴᠢᠨᠠᠷ ᠪᠠ ᠨᠡᠩ ᠭᠦᠢᠴᠡᠳ ᠠᠵᠢᠯ ᠤᠯᠭᠤᠬᠤ ᠶᠢ ᠪᠡᠶᠡᠯᠡᠭᠦᠯᠦᠨ᠎ᠠ᠃ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨ᠎ᠠ ᠪᠣᠢ ᠪᠣᠯᠣᠭᠰᠠᠨ ᠬᠦᠳᠡᠯᠮᠦᠷᠢ ᠬᠦᠴᠦᠨ ᠤ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠪᠠᠷ ᠰᠠᠶᠢᠲᠤᠷ ᠠᠳᠬᠤᠵᠤ᠂ ᠨᠢᠭᠡ ᠪᠦᠯᠦᠭ ᠦᠨᠳᠦᠷ ᠬᠡᠪ ᠪᠣᠯᠪᠠᠰᠤᠷᠠᠯ ᠲᠠᠢ ᠠᠵᠦ ᠦᠢᠯᠡᠰ ᠤᠨ ᠶᠡᠭᠡ ᠴᠡᠷᠢᠭ ᠢ ᠪᠠᠶᠢᠭᠤᠯᠤᠨ᠎ᠠ᠃ ᠦᠢᠯᠡᠰ ᠪᠦᠲᠦᠭᠡᠬᠦ ᠪᠠᠷ ᠠᠵᠢᠯ ᠤᠯᠭᠤᠯᠲᠠ ᠶᠢ ᠳᠠᠶᠢᠴᠢᠯᠠᠬᠤ ᠶᠢ ᠵᠣᠷᠢᠬᠵᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ ᠳᠠᠶᠠᠭᠠᠷ ᠢᠶᠠᠨ ᠦᠢᠯᠡᠰ ᠪᠦᠲᠦᠭᠡᠬᠦ ᠤᠷᠣᠨ ᠵᠠᠢ ᠪᠠ ᠬᠤᠣᠰ ᠡᠭᠦᠳᠦᠯᠲᠡ ᠶᠢᠨ ᠵᠢᠱᠢᠶ᠎ᠠ ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠬᠦᠭᠵᠢᠭᠦᠯᠦᠨ᠎ᠠ᠂ ᠬᠦᠴᠢᠷᠲᠡᠢ ᠤᠯᠠᠨ ᠬᠦᠮᠦᠰ ᠤᠨ ᠠᠵᠢᠯ ᠤᠯᠭᠤᠯᠲᠠ ᠪᠠᠷ ᠬᠠᠪᠰᠤᠷᠤᠨ ᠳᠡᠮᠵᠢᠬᠦ ᠠᠵᠢᠯ ᠢ ᠰᠠᠶᠢᠲᠤᠷ ᠬᠢᠵᠦ᠂ ᠲᠡᠭᠦᠰᠦᠭᠰᠡᠨ ᠤᠶᠤᠲᠠᠳ᠂ ᠬᠦᠴᠦ ᠶᠠᠪᠤᠵᠤ ᠪᠠᠶᠢᠭ᠎ᠠ ᠲᠠᠷᠢᠶᠠᠴᠢᠳ ᠵᠡᠷᠭᠡ ᠤᠯᠠᠨ ᠬᠦᠮᠦᠰ ᠤᠨ ᠤᠯᠠᠨ ᠠᠷᠭ᠎ᠠ ᠵᠠᠮ ᠢᠶᠠᠷ ᠠᠵᠢᠯ ᠤᠯᠬᠤ ᠦᠢᠯᠡᠰ ᠪᠦᠲᠦᠭᠡᠬᠦ ᠶᠢ ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠯᠲᠠ ᠶᠢ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠷᠭᠦᠯᠵᠢᠯᠡᠨ ᠤᠷᠣᠯᠭ᠎ᠠ ᠪᠠᠨ ᠨᠡᠮᠡᠭᠳᠡᠭᠦᠯᠬᠦ ᠰᠠᠭᠤᠷᠢ ᠶᠢ ᠦᠨᠡᠩᠬᠦ ᠪᠠᠳᠤᠳᠬᠠᠨ᠎ᠠ᠃ ᠡᠷᠬᠡ ᠳᠡᠭᠰᠢ ᠮᠥᠷᠲᠡᠭᠡᠨ ᠶᠠᠰᠣ ᠴᠢᠨᠠᠷ ᠲᠠᠢ ᠰᠤᠷᠭᠠᠨ ᠬᠦᠮᠥᠵᠢᠯ ᠢ ᠬᠥᠭᠵᠢᠭᠦᠯᠦᠨ᠎ᠡ᠃ ᠮᠣᠷᠠᠯ ᠰᠤᠷᠲᠠᠯ ᠲᠠᠢ ᠬᠦᠮᠥᠨ ᠬᠦᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠦᠮᠥᠵᠢᠯ ᠤᠨ ᠬᠠᠮ ᠦᠭᠡᠷᠡᠴᠢᠯᠡᠯᠡᠲᠡ ᠶᠢ ᠠᠬᠢᠭᠤᠯᠵᠤ᠂ ᠰᠤᠷᠭᠠᠨ ᠬᠦᠮᠥᠵᠢᠯ ᠨᠢ ᠳᠣᠲᠣᠭᠠᠳᠤ ᠠᠭᠤᠯᠬᠤᠨ ᠤ ᠬᠦᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠥᠵᠢᠯ ᠤᠨ ᠬᠠᠩᠭᠠᠯᠭ᠎ᠠ ᠶᠢ ᠬᠦᠴᠦᠯᠡᠨ ᠨᠡᠮᠡᠭᠳᠡᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠵᠤ᠂ ᠲᠦᠭᠡᠮᠡᠯ ᠬᠠᠷᠠᠭᠠᠯᠵᠠᠯ ᠤᠨ ᠳᠦᠷᠢᠮᠲᠦ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢᠶᠠᠷ ᠨᠦᠬᠦᠪᠦᠷᠢ ᠪᠣᠯᠭᠠᠭᠰᠠᠨ ᠰᠤᠷᠬᠤ ᠨᠠᠰᠤᠨ ᠤ ᠬᠡᠦᠬᠡᠳ ᠢ ᠪᠦᠬᠦᠨ ᠢ ᠪᠦᠷᠬᠦᠭᠰᠡᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠥᠵᠢᠯ ᠤᠨ ᠰᠢᠰᠲ᠋ᠧᠮ ᠢ ᠪᠠᠶᠢᠭᠤᠯᠵᠤ᠂ 2022 ᠤᠨ ᠪᠣᠯᠲᠠᠯ᠎ᠠ ᠲᠦᠭᠡᠮᠡᠯ ᠬᠠᠷᠠᠭᠠᠯᠵᠠᠯᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠯᠲᠡ ᠶᠢᠨ ᠨᠣᠷᠮ᠎ᠠ ᠶᠢ 90%᠎ ᠳᠤ ᠬᠦᠷᠭᠡᠨ᠎ᠠ᠃ ᠰᠠᠭᠤᠷᠢ ᠰᠤᠷᠭᠠᠨ ᠬᠦᠮᠥᠵᠢᠯ ᠤᠨ ᠲᠡᠩᠴᠡᠭᠦᠷᠢ ᠶᠢ ᠠᠬᠢᠭᠤᠯᠵᠤ᠂ ᠰᠢᠯᠢᠳᠡᠭ ᠰᠤᠷᠭᠠᠨ ᠬᠦᠮᠥᠵᠢᠯ ᠤᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠬᠤ ᠶᠢ ᠠᠬᠢᠭᠤᠯᠵᠤ᠂ ᠬᠤᠲᠠ ᠬᠦᠳᠡᠭᠡ ᠨᠢᠭᠡ ᠴᠣᠭᠴᠠᠯᠠᠭᠰᠠᠨ ᠬᠦᠭᠵᠢᠯᠲᠡ ᠶᠢᠨ ᠰᠢᠨ᠎ᠠ ᠪᠠᠶᠢᠳᠠᠯ ᠢ ᠪᠠᠶᠢᠭᠤᠯᠵᠤ᠂ ᠳᠡᠭᠡᠳᠦ ᠳᠤᠮᠳᠠᠳᠤ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠠᠭᠤᠷᠢ ᠰᠤᠷᠭᠠᠨ ᠬᠦᠮᠥᠵᠢᠯ ᠤᠨ ᠰᠢᠯᠢᠳᠡᠭ ᠴᠢᠨᠠᠷᠲᠠᠢ ᠤᠨᠴᠠᠯᠢᠭᠲᠠᠢ ᠤᠯᠠᠨ ᠶᠠᠩᠵᠤ ᠪᠠᠷ ᠬᠦᠭᠵᠢᠬᠦ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠥᠵᠢᠯ ᠤᠨ ᠶᠠᠰᠤ ᠴᠢᠨᠠᠷ ᠢ ᠨᠢ ᠳᠡᠭᠡᠭᠰᠢᠯᠡᠭᠦᠯᠦᠨ᠂ ᠦᠪᠡᠷᠲᠡᠭᠡᠨ ᠵᠠᠰᠠᠬᠤ ᠤᠷᠣᠨ ᠤ ᠠᠵᠢᠯ ᠮᠡᠷᠭᠡᠵᠢᠯ ᠤᠨ ᠰᠤᠷᠭᠠᠨ ᠬᠦᠮᠥᠵᠢᠯ ᠤᠨ ᠲᠣᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠥᠵᠢᠯ ᠢ ᠲᠦᠭᠡᠮᠡᠯᠵᠢᠭᠦᠯᠬᠦ ᠪᠦᠲᠦᠴᠡ ᠶᠢ ᠰᠢᠯᠢᠳᠡᠭᠵᠢᠭᠦᠯᠦᠨ᠂ ᠦᠢᠯᠡᠳᠪᠦᠷᠢᠯᠡᠯ ᠵᠢᠭᠠᠨ ᠰᠤᠷᠭᠠᠬᠤ ᠶᠢ ᠤᠶᠠᠯᠳᠤᠭᠤᠯᠬᠤ᠂ ᠰᠤᠷᠭᠠᠭᠤᠯᠢ ᠠᠵᠦ ᠠᠬᠤᠶᠢᠯᠠᠯ ᠬᠠᠮᠵᠢᠯᠴᠠᠬᠤ ᠶᠢ ᠭᠦᠨᠵᠡᠭᠡᠶᠢᠷᠡᠭᠦᠯᠵᠦ᠂ ᠠᠵᠢᠯ ᠤᠯᠭᠤᠬᠤ ᠴᠢᠳᠠᠪᠤᠷᠢ ᠶᠢ ᠨᠡᠮᠡᠭᠳᠡᠭᠦᠯᠦᠨ᠎ᠠ᠃ ᠦᠨᠳᠦᠰᠦᠲᠡᠨ ᠤ ᠰᠤᠷᠭᠠᠨ ᠬᠦᠮᠥᠵᠢᠯ ᠤᠨ ᠪᠦᠷᠬᠦᠯᠲᠡ ᠶᠢ ᠬᠦᠴᠦᠯᠡᠨ ᠰᠠᠶᠢᠲᠤᠷ ᠠᠳᠬᠤᠵᠤ᠂ ᠦᠨᠳᠦᠰᠦᠲᠡᠨ ᠤ ᠰᠤᠷᠭᠠᠨ ᠬᠦᠮᠥᠵᠢᠯ ᠢ ᠤᠷᠢᠳᠠᠪᠠᠷ ᠬᠦᠭᠵᠢᠭᠦᠯᠬᠦ ᠲᠦᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠣᠩᠭᠤᠯ ᠦᠨᠳᠦᠰᠦᠲᠡᠨ ᠤ ᠤᠯᠠᠨ ᠲᠦᠮᠡᠨ ᠲᠦᠪᠯᠡᠷᠡᠨ ᠰᠠᠭᠤᠷᠢᠰᠢᠵᠤ ᠪᠠᠶᠢᠭ᠎ᠠ ᠤᠷᠣᠨ ᠪᠠ ᠮᠣᠩᠭᠤᠯ ᠰᠤᠷᠤᠭᠴᠢ ᠶᠢᠨ ᠢᠷᠡᠯᠲᠡ ᠨᠡᠯᠢᠶᠡᠳ ᠤᠯᠠᠨ ᠭᠠᠵᠠᠷ ᠤᠷᠣᠨ ᠳᠤ᠂ ᠮᠣᠩᠭᠤᠯ ᠢᠶᠠᠷ ᠬᠢᠴᠢᠶᠡᠯᠯᠡᠬᠦ ᠬᠡᠷᠡᠭᠴᠡᠭᠡ ᠶᠢ ᠪᠦᠲᠦᠮᠵᠢᠲᠡᠢ ᠬᠠᠩᠭᠠᠨ᠎ᠠ᠃ ᠳᠡᠭᠡᠳᠦ ᠵᠡᠷᠭᠡ ᠶᠢᠨ ᠰᠤᠷᠭᠠᠨ ᠬᠦᠮᠥᠵᠢᠯ ᠤᠨ ᠤᠨᠴᠠᠯᠢᠭ ᠢ ᠬᠦᠴᠦᠯᠡᠨ ᠭᠠᠷᠭᠠᠨ᠎ᠠ᠂ ᠬᠤᠲᠠ ᠶᠢᠨ ᠬᠠᠷᠢᠶ᠎ᠠ ᠳᠡᠭᠡᠳᠦ ᠰᠤᠷᠭᠠᠭᠤᠯᠢ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠦᠷᠢᠯᠳᠦᠬᠦ ᠵᠣᠬᠢᠴᠠᠮᠵᠢ ᠶᠢ ᠲᠡᠭᠦᠯᠳᠡᠷᠵᠢᠭᠦᠯᠵᠦ᠂ ᠳᠡᠭᠡᠳᠦ ᠰᠤᠷᠭᠠᠭᠤᠯᠢ ᠶᠢᠨ ᠬᠦᠭᠵᠢᠯᠲᠡ ᠬᠢᠭᠡᠳ ᠪᠦᠬᠦ ᠬᠤᠲᠠ ᠶᠢᠨ ᠪᠦᠬᠦ ᠲᠠᠯ᠎ᠠ ᠶᠢᠨ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠤᠯᠠᠭᠠᠨᠬᠠᠳᠠ ᠳᠡᠭᠡᠳᠦ ᠰᠤᠷᠭᠠᠭᠤᠯᠢ ᠨᠢ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠲᠡᠰᠢ ᠤᠯᠠᠷᠢᠬᠤ ᠶᠢ ᠠᠬᠢᠭᠤᠯᠵᠤ᠂ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠠᠵᠦ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠤᠨᠴᠠᠯᠢᠭᠲᠠᠢ ᠲᠤᠰᠬᠠᠢ ᠮᠡᠷᠭᠡᠵᠢᠯ ᠤᠨ ᠨᠡᠷᠡᠲᠦ ᠲᠡᠮᠳᠡᠭ ᠢ ᠡᠭᠦᠳᠦᠨ᠂ ᠲᠤᠬᠠᠢ ᠶᠢᠨ ᠭᠠᠵᠠᠷ ᠤᠷᠣᠨ ᠤ ᠠᠵᠦ ᠠᠬᠤᠢ ᠨᠡᠶᠢᠭᠡᠮ ᠤᠨ ᠬᠦᠭᠵᠢᠯᠲᠡ ᠳᠤ ᠨᠡᠩ ᠰᠠᠶᠢᠨ ᠦᠢᠯᠡᠴᠢᠯᠡᠨ᠎ᠠ      ᠡᠷᠡᠭᠦᠯ ᠴᠢᠬᠢᠷᠠᠭ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠶᠢ ᠪᠠᠳᠤᠲᠠᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠪᠣᠯᠣᠨ ᠰᠢᠯᠢᠳᠡᠭ ᠴᠢᠨᠠᠷᠲᠠᠢ ᠦᠨᠳᠦᠷ ᠠᠰᠢᠭᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠵᠤ᠂ ᠰᠢᠯᠢᠳᠡᠭ ᠶᠠᠰᠤ ᠴᠢᠨᠠᠷ ᠲᠠᠢ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠠᠮᠢᠶᠠᠤᠯᠲᠠ ᠶᠢ ᠴᠢᠩᠭᠠᠳᠬᠠᠵᠤ᠂ ᠬᠦᠮᠥᠨ ᠠᠮᠠ ᠶᠢᠨ ᠲᠡᠩᠴᠡᠭᠦᠷᠢᠲᠠᠢ ᠬᠦᠭᠵᠢᠯᠲᠡ ᠢ ᠠᠬᠢᠭᠤᠯᠤᠨ᠎ᠠ᠃ ᠢᠳᠡᠭᠡᠨ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠶᠠᠪᠤᠴᠠ ᠳᠤ ᠴᠢᠮᠡᠭᠡ ᠵᠠᠩᠬᠢᠴᠢᠯᠠᠭᠰᠠᠨ ᠬᠠᠮᠢᠶᠠᠷᠤᠯᠲᠠ ᠡᠵᠡᠮᠳᠡᠯ ᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢᠨ ᠶᠠᠰᠤ ᠴᠢᠨᠠᠷ ᠢ ᠨᠡᠬᠡᠨ ᠮᠦᠷᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠢᠳᠡᠭᠡᠨ ᠤ ᠵᠦᠢᠯ ᠤᠨ ᠠᠶᠤᠯᠭᠦᠢ ᠶᠢᠨ ᠵᠢᠱᠢᠶ᠎ᠠ ᠦᠵᠡᠭᠦᠯᠬᠦ ᠬᠤᠲᠠ ᠪᠣᠯᠭᠠᠨ ᠪᠠᠶᠢᠭᠤᠯᠵᠤ᠂ ᠠᠷᠠᠳ ᠤᠯᠠᠨ ᠤ ︽ᠢᠳᠡᠭᠡᠨ ᠤ ᠠᠶᠤᠯᠭᠦᠢ︾᠎ ᠶᠢ ᠪᠠᠲᠤᠯᠠᠨ᠎ᠠ᠃ ᠶᠡᠭᠡ ᠡᠷᠡᠭᠦᠯ ᠬᠠᠮᠠᠭᠠᠯᠠᠯ ᠶᠡᠭᠡ ᠡᠷᠡᠭᠦᠯ ᠴᠢᠬᠢᠷᠠᠭ ᠤᠨ ᠦᠵᠡᠯᠲᠡ ᠶᠢ ᠪᠣᠢ ᠪᠣᠯᠭᠠᠵᠤ᠂ ᠡᠷᠡᠭᠦᠯ ᠬᠠᠮᠠᠭᠠᠯᠠᠯ ᠬᠢᠭᠡᠳ ᠡᠷᠡᠭᠦᠯ ᠴᠢᠬᠢᠷᠠᠭ ᠤᠨ ᠦᠢᠯᠡᠰ ᠤᠨ ᠬᠦᠭᠵᠢᠯᠲᠡ ᠶᠢ ᠠᠬᠢᠭᠤᠯᠵᠤ᠂ ᠪᠦᠬᠦ ᠠᠷᠠᠳ ᠤᠨ ᠪᠡᠶ᠎ᠠ ᠪᠣᠯᠪᠠᠰᠤᠷᠠᠬᠤ ᠠᠵᠢᠯᠯᠠᠭᠠᠨ ᠢ ᠦᠷᠭᠡᠨ ᠳᠡᠯᠭᠡᠷ ᠦᠷᠨᠢᠭᠦᠯᠵᠦ᠂ ᠪᠦᠬᠦ ᠬᠤᠲᠠ ᠶᠢᠨ ᠠᠷᠠᠳ ᠲᠦᠮᠡᠨ ᠤ ᠡᠷᠡᠭᠦᠯ ᠴᠢᠬᠢᠷᠠᠭ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠠ᠃      ᠰᠣᠶᠣᠯ ᠤᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠠ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠵᠢᠯᠤᠭᠤᠳᠤᠮᠵᠢ ᠪᠣᠯᠭᠠᠵᠤ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠦᠲᠦᠭᠡᠬᠦ ᠠᠵᠢᠯᠯᠠᠭᠠᠨ ᠢ ᠭᠦᠨᠵᠡᠭᠡᠶᠢᠷᠡᠭᠦᠯᠦᠨ᠎ᠠ᠂ ᠨᠡᠶᠢᠭᠡᠮ ᠵᠢᠷᠦᠮᠲᠦ ᠭᠤᠣᠯ ᠦᠷᠲᠡᠭ ᠤᠨ ᠦᠵᠡᠯᠲᠡ ᠶᠢ ᠰᠤᠷᠭᠠᠭᠤᠯᠢ ᠳᠤ ᠤᠷᠤᠭᠤᠯᠬᠤ᠂ ᠨᠡᠶᠢᠭᠡᠮ ᠲᠣᠭᠤᠷᠢᠭ ᠲᠤ ᠤᠷᠤᠭᠤᠯᠬᠤ᠂ ᠠᠵᠦ ᠠᠬᠤᠶᠢᠯᠠᠯ ᠳᠤ ᠤᠷᠤᠭᠤᠯᠬᠤ᠂ ᠴᠡᠷᠢᠭ ᠠᠩᠭᠢ ᠳᠤ ᠤᠷᠤᠭᠤᠯᠬᠤ᠂ ᠬᠦᠳᠡᠭᠡ ᠲᠣᠰᠬᠤᠨ ᠳᠤ ᠤᠷᠤᠭᠤᠯᠬᠤ᠂ ᠪᠠᠶᠢᠭᠤᠯᠭ᠎ᠠ ᠳᠤ ᠤᠷᠤᠭᠤᠯᠬᠤ ᠶᠢ ᠴᠦᠬᠦᠷᠡᠰᠢ ᠦᠭᠡᠢ ᠠᠬᠢᠭᠤᠯᠤᠨ᠎ᠠ᠃ ᠰᠣᠶᠣᠯ ᠭᠡᠭᠡᠷᠡᠯ ᠤᠨ ᠦᠢᠯᠡᠰ ᠢ ᠲᠦᠷᠭᠡᠨ ᠬᠦᠭᠵᠢᠭᠦᠯᠦᠨ᠎ᠠ᠂ ᠬᠤᠲᠠ ᠬᠦᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠭᠦᠨᠵᠡᠭᠡᠶᠢᠷᠡᠭᠦᠯᠵᠦ᠂ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭᠠᠨ ᠢ ᠪᠠᠶᠠᠯᠢᠬᠵᠢᠭᠤᠯᠤᠨ᠎ᠠ᠃ ᠰᠣᠶᠣᠯ ᠤᠷᠠᠯᠢᠭ ᠤᠨ ᠪᠦᠯᠬᠦᠮ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠤᠯᠠᠭᠠᠨᠮᠦᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠨᠢᠭᠡ ᠪᠦᠯᠦᠭ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ᠂ ᠳᠡᠯᠭᠡᠷᠡᠵᠦ ᠳᠡᠶᠢᠯᠬᠦ᠂ ᠦᠯᠡᠳᠡᠵᠦ ᠳᠡᠶᠢᠯᠬᠦ ᠰᠤᠶᠣᠯ ᠤᠷᠠᠯᠢᠭ ᠤᠨ ᠪᠦᠲᠦᠭᠡᠯ ᠢ ᠪᠦᠲᠦᠭᠡᠵᠤ᠂ ᠤᠯᠠᠨ ᠲᠦᠮᠡᠨ ᠤ ᠤᠯᠠᠨ ᠡᠰᠢᠲᠦ ᠰᠣᠶᠣᠯ ᠤᠨ ᠬᠡᠷᠡᠭᠴᠡᠭᠡ ᠶᠢ ᠬᠠᠩᠭᠠᠨ᠎ᠠ᠃ ᠲᠡᠦᠬᠡ ᠰᠣᠶᠣᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠂ ᠬᠤᠩ ᠱᠠᠨ ᠰᠣᠶᠣᠯ᠂ ᠬᠢᠲᠠᠨ ᠯᠢᠶᠣᠣ ᠶᠢᠨ ᠰᠣᠶᠣᠯ ᠪᠠ ᠮᠣᠩᠭᠤᠯ ᠰᠣᠶᠣᠯ ᠢ ᠬᠠᠮᠠᠭᠠᠯᠠᠨ ᠨᠡᠭᠡᠭᠡᠨ ᠬᠦᠭᠵᠢᠭᠦᠯᠬᠦ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠩ ᠱᠠᠨ ᠰᠣᠶᠣᠯ ᠤᠨ ᠪᠠᠭᠤᠷᠢ᠂ ᠯᠢᠶᠣᠣ ᠤᠯᠤᠰ ᠤᠨ ᠳᠡᠭᠡᠳᠦ ᠨᠡᠶᠢᠰᠯᠡᠯ ᠬᠤᠲᠠ ᠪᠠ ᠳᠡᠭᠡᠳᠦ ᠶᠢᠨ ᠤᠩᠭᠤᠨ ᠤ ᠪᠠᠭᠤᠷᠢ ᠨᠢ ᠰᠣᠶᠣᠯ ᠤᠨ ᠦᠪ ᠢᠶᠠᠷ ᠡᠷᠡᠮᠡᠯᠵᠢᠯᠡᠬᠦ ᠠᠵᠢᠯ ᠢ ᠴᠢᠷᠮᠠᠶᠢᠨ ᠪᠡᠶᠡᠯᠡᠭᠦᠯᠦᠨ᠎ᠠ᠃ ᠰᠣᠶᠣᠯ ᠤᠨ ᠳᠡᠯᠭᠡᠨ ᠦᠵᠡᠭᠦᠯᠭᠡ ᠰᠣᠶᠣᠯ ᠤᠨ ᠡᠭᠦᠳᠦᠯᠲᠡ ᠶᠢᠨ ᠠᠵᠦ ᠦᠢᠯᠡᠰ ᠢ ᠶᠡᠬᠡᠪᠡᠷ ᠬᠦᠭᠵᠢᠭᠦᠯᠦᠨ᠎ᠠ᠂ ᠰᠣᠶᠣᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠠᠢ ᠪᠤᠶᠢᠵᠢᠭᠤᠯᠵᠤ᠂ ᠤᠨᠴᠠᠯᠢᠭᠲᠤ ᠬᠦᠷᠢᠶᠡᠯᠡᠩ ᠲᠣᠭᠤᠷᠢᠭ ᠪᠣᠯᠣᠨ ᠠᠵᠦ ᠦᠢᠯᠡᠰ ᠤᠨ ᠰᠠᠭᠤᠷᠢᠨ ᠭᠠᠵᠠᠷ ᠢ ᠲᠦᠷᠭᠡᠨ ᠪᠦᠲᠦᠭᠡᠨ ᠪᠠᠶᠢᠭᠤᠯᠵᠤ᠂ 2022 ᠤᠨ ᠪᠣᠯᠲᠠᠯ᠎ᠠ ᠰᠣᠶᠣᠯ ᠤᠨ ᠠᠵᠦ ᠦᠢᠯᠡᠰ ᠤᠨ ᠨᠡᠮᠡᠭᠳᠡᠯ ᠦᠷᠲᠡᠭ ᠤᠨ GDP᠎ ᠳᠠᠬᠢ ᠬᠠᠷᠢᠴᠠᠯ ᠢ 5%᠎ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ︽ᠴᠢᠳᠠᠯ ᠤᠨ ᠬᠢᠷᠢ ᠪᠠᠷ ᠴᠢᠷᠮᠠᠶᠢᠬᠤ ᠮᠦᠷᠳᠡᠬᠡᠨ ᠴᠢᠳᠠᠯ ᠳᠣᠲᠣᠷ᠎ᠠ ᠪᠠᠨ ᠬᠢᠬᠦ︾ ᠵᠠᠷᠴᠢᠮ ᠢᠶᠠᠷ᠂ ᠨᠡᠶᠢᠭᠡᠮ ᠤᠨ ᠤᠷᠢᠳᠴᠢᠯᠠᠯ ᠢ ᠵᠣᠬᠢᠰᠲᠠᠢ ᠵᠢᠯᠣᠭᠤᠳᠴᠤ᠂ ᠤᠯᠠᠨ ᠳᠡᠰ ᠳᠠᠪᠬᠤᠷᠭᠠᠲᠤ᠂ ᠦᠷᠭᠦᠯᠵᠢᠯᠡᠨ ᠭᠦᠭᠵᠢᠭᠰᠡᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠤᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠦᠨ᠎ᠠ᠂ ᠪᠦᠬᠦ ᠠᠷᠠᠳ ᠤᠨ ᠳᠠᠭᠠᠳᠬᠠᠯ ᠳᠤ ᠤᠷᠣᠯᠴᠠᠬᠤ ᠲᠦᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠠᠰᠤᠵᠢᠯ ᠤᠨ ᠳᠠᠭᠠᠳᠬᠠᠯ ᠤᠨ ᠪᠦᠬᠦ ᠤᠯᠤᠰ ᠪᠠᠷ ᠢᠶᠠᠨ ᠨᠢᠭᠡᠳᠦᠯᠲᠠᠢ ᠲᠦᠯᠥᠪᠵᠢᠭᠦᠯᠬᠦ ᠠᠵᠢᠯ ᠢ ᠬᠠᠮᠵᠢᠨ ᠰᠠᠶᠢᠨ ᠬᠢᠨ᠎ᠠ᠃ ᠨᠡᠶᠢᠭᠡᠮ ᠤᠨ ᠠᠪᠤᠷᠠᠨ ᠳᠡᠳᠬᠦᠬᠦ ᠰᠢᠰᠲ᠋ᠧᠮ ᠪᠣᠯᠣᠨ ᠨᠢᠭᠦᠯᠡᠰᠦᠩᠭᠦᠢ ᠶᠢᠨ ᠨᠡᠶᠢᠲᠡ ᠶᠢᠨ ᠠᠰᠠᠷᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠨᠴᠠᠭᠠᠢ ᠬᠦᠮᠦᠰ ᠢ ᠬᠠᠯᠠᠮᠵᠢᠯᠠᠨ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠵᠦ᠂ ᠬᠦᠴᠢᠷᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠬᠦᠮᠥᠨ ᠠᠮᠠ ᠶᠢᠨ ᠨᠠᠰᠤᠵᠢᠬᠤ ᠠᠰᠠᠭᠤᠳᠠᠯ ᠢ ᠢᠳᠡᠪᠬᠢᠲᠡᠢ ᠠᠷᠭᠠᠴᠠᠭᠠᠵᠤ᠂ ᠨᠠᠰᠤᠵᠢᠯ ᠤᠨ ᠦᠢᠯᠡᠰ ᠪᠣᠯᠣᠨ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠬᠡᠨ᠂ ᠨᠠᠰᠤᠲᠠᠨ ᠢ ᠠᠰᠠᠷᠠᠬᠤ᠂ ᠨᠠᠰᠤᠲᠠᠨ ᠢ ᠠᠴᠢᠯᠠᠬᠤ᠂ ᠨᠠᠰᠤᠲᠠᠨ ᠢ ᠬᠦᠨᠳᠦᠳᠬᠡᠬᠦ ᠲᠦᠷᠥ ᠶᠢᠨ ᠪᠣᠳᠣᠯᠭ᠎ᠠ ᠶᠢᠨ ᠰᠢᠰᠲ᠋ᠧᠮ ᠪᠣᠯᠣᠨ ᠨᠡᠶᠢᠭᠡᠮ ᠤᠨ ᠦᠷᠴᠢᠨ ᠲᠣᠭᠤᠷᠢᠨ ᠢ ᠢᠳᠡᠪᠬᠢᠲᠠᠢ ᠪᠠᠶᠢᠭᠤᠯᠤᠨ᠎ᠠ᠃ ᠤᠯᠠᠨ ᠪᠡᠶᠡᠴᠢ ᠴᠣᠭᠴᠠ ᠬᠠᠩᠭᠠᠭᠰᠠᠨ᠂ ᠤᠯᠠᠨ ᠠᠷᠭ᠎ᠠ ᠵᠠᠮ ᠢᠶᠠᠷ ᠪᠠᠲᠤᠯᠠᠭᠰᠠᠨ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡᠴᠡᠭᠦᠯᠦᠭᠰᠡᠨ ᠤᠷᠣᠨ ᠰᠠᠭᠤᠴᠠ ᠶᠢᠨ ᠳᠦᠷᠢᠮ ᠢ ᠲᠦᠷᠭᠡᠨ ᠪᠠᠶᠢᠭᠤᠯᠵᠤ᠂ ᠭᠤᠣᠯ ᠬᠤᠲᠠ ᠲᠣᠭᠤᠷᠢᠭ ᠲᠠᠬᠢ ᠲᠦᠪᠯᠡᠷᠡᠵᠦ ᠵᠠᠯᠭᠠᠯᠳᠤᠭᠰᠠᠨ ᠳᠦᠭᠦᠮ ᠪᠦᠳᠦᠴᠡᠲᠦ ᠤᠷᠣᠨ ᠰᠠᠭᠤᠴᠠ ᠶᠢ ᠦᠭᠡᠷᠡᠴᠢᠯᠡᠬᠦ ᠪᠠ ᠬᠦᠳᠡᠭᠡ ᠲᠣᠰᠬᠤᠨ ᠮᠠᠯᠵᠢᠬᠤ ᠤᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠡᠯ᠎ᠠ ᠲᠦᠷᠥᠯ ᠤᠨ ᠬᠦᠮᠦᠰ ᠤᠨ ᠤᠷᠣᠨ ᠰᠠᠭᠤᠴᠠ ᠶᠢᠨ ᠨᠦᠬᠦᠴᠡᠯ ᠢ ᠤᠯᠠᠨ ᠠᠷᠭ᠎ᠠ ᠵᠠᠮ ᠢᠶᠠᠷ ᠰᠠᠶᠢᠵᠢᠷᠠᠭᠤᠯᠤᠨ᠎ᠠ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠵᠦ ᠨᠠᠮᠳᠠᠭᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ ᠲᠤᠭ᠎ᠠ ᠨᠣᠷᠮ᠎ᠠ ᠶᠢ ᠨᠢ ᠲᠣᠳᠤᠷᠬᠠᠢ ᠤᠶᠢᠯᠠᠭᠠᠨ᠂ ᠨᠡᠮᠡᠭᠳᠡᠯ ᠢ ᠨᠢ ᠴᠢᠩᠭ᠎ᠠ ᠬᠢᠵᠠᠭᠠᠷᠯᠠᠵᠤ᠂ ᠲᠦᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠶᠢ ᠪᠤᠳᠠᠲᠠᠶᠢᠵᠢᠭᠤᠯᠬᠤ ᠱᠠᠭᠠᠷᠳᠠᠯᠭ᠎ᠠ ᠪᠠᠷ᠂ ᠵᠠᠰᠠᠭ ᠤᠨ ᠤᠷᠳᠣᠨ ᠤ ᠦᠷᠢ ᠦᠭᠴᠡᠭᠡ ᠶᠢ ᠢᠳᠡᠪᠬᠢᠲᠠᠢ ᠨᠠᠮᠳᠠᠭᠠᠵᠤ᠂ 2021 ᠤᠨ ᠪᠣᠯᠲᠠᠯ᠎ᠠ ᠶᠡᠷᠦᠩᠬᠡᠢ ᠦᠷᠢ ᠦᠭᠴᠡᠭᠡ ᠶᠢᠨ ᠨᠣᠷᠮ᠎ᠠ ᠶᠢ ᠵᠦᠢ ᠵᠣᠬᠢᠰᠲᠠᠢ ᠬᠡᠪᠴᠢᠶᠡᠨ ᠳᠤ ᠬᠦᠷᠲᠡᠯ᠎ᠠ ᠪᠠᠭᠤᠷᠠᠭᠤᠯᠬᠤ ᠶᠢ ᠦᠨᠡᠩᠬᠦ ᠪᠠᠲᠤᠯᠠᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠵᠢᠭᠡᠯᠡᠯᠭᠡ ᠠᠪᠴᠤ ᠪᠡᠯᠡ ᠲᠣᠬᠢᠷᠠᠭᠤᠯᠬᠤ᠂ ᠰᠠᠭᠤᠷᠢ ᠮᠥᠩᠭᠦᠨ ᠤ ᠠᠵᠢᠯᠯᠠᠭᠠᠨ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠎ᠠ᠃ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠭᠡᠷ ᠭᠠᠵᠠᠷ ᠤᠨ ᠬᠦᠷᠦᠩᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢ ᠥᠭᠴᠡᠭᠡ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ ᠠᠩᠬᠠᠷᠴᠤ᠂ ᠲᠠᠷᠢᠶᠠᠯᠠᠬᠤ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠵᠤ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠨ᠎ᠠ᠃      ᠠᠮᠤᠷ ᠲᠦᠪᠰᠢᠨ ᠲᠣᠭᠲᠠᠭᠤᠨ ᠬᠦᠭᠵᠢᠯᠲᠡ ᠶᠢᠨ ᠤᠷᠴᠢᠨ ᠲᠣᠭᠤᠷᠢᠨ ᠢ ᠪᠦᠬᠦ ᠬᠦᠴᠦᠨ ᠢᠶᠠᠷ ᠪᠠᠶᠢᠭᠤᠯᠤᠨ᠎ᠠ᠃ ᠲᠣᠮᠣ ᠠᠶᠤᠯᠭᠦᠢ ᠶᠢᠨ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ᠨᠡᠶᠢᠭᠡᠮ ᠤᠨ ᠵᠠᠰᠠᠯᠲᠠ ᠶᠢ ᠴᠢᠩᠳᠠᠯᠠᠬᠤ ᠪᠠ ᠰᠢᠨ᠎ᠠ ᠶᠢ ᠡᠭᠦᠳᠴᠦ᠂ ᠠᠮᠤᠷ ᠲᠠᠶᠢᠪᠦᠩ ᠤᠯᠠᠭᠠᠨᠬᠠᠳᠠ᠂ ᠬᠠᠤᠯᠢ ᠪᠠᠷ ᠵᠠᠰᠠᠭᠰᠠᠨ ᠤᠯᠠᠭᠠᠨᠬᠠᠳᠠ᠂ ᠡᠶ᠎ᠡ ᠵᠣᠬᠢᠴᠠᠯᠲᠠᠢ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠶᠢ ᠪᠠᠳᠤᠲᠠᠢ ᠠᠬᠢᠭᠤᠯᠵᠤ᠂ ᠬᠠᠮᠲᠤᠪᠡᠷ ᠪᠠᠶᠢᠭᠤᠯᠵᠤ ᠬᠠᠮᠲᠤᠪᠡᠷ ᠵᠠᠰᠠᠵᠤ ᠬᠠᠮᠲᠤᠪᠡᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠳᠠᠯ ᠢ ᠪᠣᠢ ᠪᠣᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠭᠡᠮ ᠢ ᠵᠠᠰᠠᠬᠤ ᠬᠡᠪᠵᠢᠭᠦᠯᠦᠭᠰᠡᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ ᠤᠨᠴᠠ ᠶᠡᠭᠡ ᠠᠶᠤᠯᠭᠦᠢ ᠶᠢᠨ ᠬᠡᠷᠡᠭ ᠤᠴᠢᠷ ᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠨ᠎ᠠ᠂ ᠨᠠᠮ ᠪᠠ ᠤᠯᠤᠰ ᠤᠨ ᠦᠨᠳᠦᠰᠦᠲᠡᠨ ᠤ ᠲᠦᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠴᠢᠩᠭᠠᠳᠬᠠᠵᠤ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠢ ᠴᠢᠩᠭᠠᠳᠬᠠᠵᠤ᠂ ᠬᠤᠶᠠᠷ ᠢᠶᠠᠨ ᠬᠦᠷᠢᠶᠡᠯᠡᠵᠦ ᠬᠠᠮᠲᠤᠪᠡᠷ ᠪᠠᠶᠢᠭᠤᠯᠬᠤ ᠠᠵᠢᠯᠯᠠᠭᠠᠨ ᠢ ᠭᠦᠨᠵᠡᠭᠡᠶᠢᠷᠡᠭᠦᠯᠦᠨ᠎ᠠ᠃ ᠵᠦᠷᠢᠴᠡᠯ ᠢ ᠨᠠᠮᠳᠠᠭᠠᠬᠤ᠂ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠤ ᠵᠠᠰᠠᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠨᠢᠭᠡᠳᠦᠯᠲᠠᠢ ᠲᠦᠯᠦᠪᠵᠢᠭᠦᠯᠦᠨ ᠰᠠᠶᠢᠨ ᠠᠳᠬᠤᠵᠤ᠂ ᠠᠷᠠᠳ ᠲᠦᠮᠡᠨ ᠠᠮᠤᠷ ᠲᠠᠶᠢᠪᠦᠩ ᠠᠮᠢᠳᠤᠷᠠᠬᠤ᠂ ᠨᠡᠶᠢᠭᠡᠮ ᠤᠨ ᠪᠦᠬᠦ ᠪᠠᠶᠢᠳᠠᠯ ᠡᠭᠦᠷᠢᠳᠡ ᠲᠤᠭᠲᠠᠭᠤᠨ ᠪᠠᠶᠢᠬᠤ ᠶᠢ ᠦᠨᠡᠩᠬᠦ ᠪᠠᠲᠤᠯᠠᠨ᠎ᠠ᠃      ︵ᠲᠠᠪᠤ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ ᠪᠠ ᠤᠷᠴᠢᠨ ᠲᠣᠭᠤᠷᠢᠨ ᠤ ᠵᠠᠰᠠᠯᠲᠠ ᠶᠢ ᠵᠡᠷᠭᠡᠳᠤᠨᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠬᠦᠮᠥᠨ ᠪᠠ ᠪᠠᠶᠢᠭᠠᠯᠢ ᠨᠡᠩ ᠡᠶ᠎ᠡ ᠵᠣᠬᠢᠴᠠᠯᠲᠠᠢ ᠪᠠᠶᠢᠳᠠᠭ ᠦᠵᠡᠰᠭᠦᠯᠡᠩᠲᠦ ᠤᠯᠠᠭᠠᠨᠬᠠᠳᠠ ᠶᠢ ᠪᠦᠲᠦᠭᠡᠨ ᠪᠠᠶᠢᠭᠤᠯᠤᠨ᠎ᠠ      ᠪᠣᠬᠢᠷᠳᠤᠯ ᠦᠭᠡᠢ ᠬᠦᠭᠵᠢᠯᠲᠡ ᠶᠢᠨ ᠦᠵᠡᠯᠲᠡ ᠶᠢ ᠦᠢᠯᠡᠳᠦᠯᠭᠡᠵᠢᠭᠦᠯᠦᠨ᠎ᠠ᠃ ᠪᠣᠬᠢᠷᠳᠤᠯ ᠦᠭᠡᠢ ᠠᠵᠦ ᠠᠬᠤᠢ ᠶᠢ ᠶᠡᠬᠡᠪᠡᠷ ᠬᠦᠭᠵᠢᠭᠦᠯᠦᠨ᠂ ᠬᠠᠮᠤᠭ ᠴᠢᠩᠭ᠎ᠠ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠡᠯ᠎ᠠ ᠠᠵᠢᠯ ᠲᠦᠷᠥᠯ ᠡᠯ᠎ᠠ ᠬᠦᠷᠢᠶ᠎ᠠ ᠬᠡᠪᠴᠢᠶᠡᠨ ᠤ ᠪᠣᠬᠢᠷᠳᠤᠯ ᠦᠭᠡᠢ ᠦᠢᠯᠡᠳᠪᠦᠷᠢᠯᠡᠯ ᠢ ᠠᠬᠢᠭᠤᠯᠤᠨ᠎ᠠ᠃ ᠠᠵᠦ ᠦᠢᠯᠡᠰ ᠤᠨ ᠵᠦᠪᠰᠢᠶᠡᠷᠡᠯ ᠤᠨ ᠠᠮᠢ ᠠᠬᠤᠢ ᠤᠷᠴᠢᠨ ᠲᠣᠭᠤᠷᠢᠨ ᠤ ᠬᠢᠵᠠᠭᠠᠷᠯᠠᠯ ᠢ ᠴᠢᠩᠭ᠎ᠠ ᠵᠢᠷᠤᠮᠯᠠᠵᠤ᠂ ᠡᠨᠧᠷᠭᠢ ᠶᠢᠨ ᠬᠤᠷᠣᠭᠳᠠᠯ ᠪᠣᠬᠢᠷᠳᠤᠯ ᠢ ᠭᠠᠳᠠᠭᠰᠢᠯᠠᠭᠤᠯᠬᠤ ᠨᠢ ᠪᠠᠷᠢᠮᠵᠢᠶ᠎ᠠ ᠳᠤ ᠬᠦᠷᠦᠭᠰᠡᠨ ᠦᠭᠡᠢ ᠠᠵᠦ ᠦᠢᠯᠡᠰ ᠤᠨ ᠲᠦᠷᠥᠯ ᠵᠦᠢᠯ ᠢ ᠡᠷᠡᠰ ᠬᠦᠯᠢᠶᠡᠵᠦ ᠪᠣᠯᠬᠤ ᠦᠭᠡᠢ᠂ ᠡᠯ᠎ᠠ ᠲᠦᠷᠥᠯ ᠤᠨ ᠬᠠᠮᠠᠭᠠᠯᠠᠯᠲᠠ ᠶᠢᠨ ᠤᠷᠣᠨ ᠤ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠡᠮᠬᠢ ᠳᠠᠷᠠᠭᠠᠯᠠᠯ ᠲᠠᠢ ᠪᠠᠷ ᠪᠣᠴᠠᠨ ᠭᠠᠷᠬᠤ ᠵᠣᠬᠢᠴᠠᠮᠵᠢ ᠪᠠ ᠪᠣᠬᠢᠷᠳᠤᠯ ᠦᠭᠡᠢ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠢ ᠪᠠᠷᠢᠮᠵᠢᠶ᠎ᠠ ᠳᠤ ᠬᠦᠷᠭᠡᠬᠦ ᠳᠦᠷᠢᠮ ᠢ ᠪᠠᠶᠢᠭᠤᠯᠵᠤ᠂ ᠡᠬᠢ ᠪᠠᠶᠠᠯᠢᠭ ᠠᠷᠪᠢᠯᠠᠬᠤ ᠬᠡᠯᠪᠡᠷᠢ ᠪᠠ ᠤᠷᠴᠢᠨ ᠲᠣᠭᠤᠷᠢᠨ ᠲᠠᠢ ᠨᠦᠬᠦᠷᠰᠡᠭ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠷᠭᠡᠨ ᠤᠯᠠᠨ ᠲᠦᠮᠡᠨ ᠢ ᠵᠢᠯᠣᠭᠤᠳᠣᠨ ᠳᠠᠭᠠᠭᠤᠯᠵᠤ ᠡᠬᠢ ᠪᠠᠶᠠᠯᠢᠭ ᠢ ᠠᠷᠪᠢᠯᠠᠨ᠂ ᠤᠷᠴᠢᠨ ᠲᠣᠭᠤᠷᠢᠨ ᠢ ᠬᠠᠮᠠᠭᠠᠯᠠᠵᠤ᠂ ᠪᠣᠬᠢᠷᠳᠤᠯ ᠦᠭᠡᠢ ᠬᠦᠭᠵᠢᠯᠲᠡ ᠶᠢᠨ ᠭᠦᠨ ᠤᠷᠴᠢᠯ ᠪᠦᠷᠢᠯᠳᠦᠬᠦ ᠶᠢ ᠠᠬᠢᠭᠤᠯᠤᠨ᠎ᠠ᠃      ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠠᠭᠠᠷ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠢ ᠬᠡᠷᠡᠭᠵᠢᠭᠦᠯᠵᠦ᠂ ᠬᠦᠬᠡ ᠲᠡᠭᠷᠢ ᠶᠢ ᠬᠠᠮᠠᠭᠠᠯᠠᠬᠤ ᠪᠠᠶᠢᠯᠳᠤᠭᠠᠨ ᠤ ᠢᠯᠠᠯᠲᠠ ᠶᠢ ᠤᠯᠣᠨ᠎ᠠ᠃ ᠤᠰᠤᠨ ᠤ ᠪᠣᠬᠢᠷᠳᠤᠯ ᠢ ᠰᠡᠷᠭᠡᠶᠢᠯᠠᠨ ᠵᠠᠰᠠᠬᠤ ᠶᠢ ᠴᠢᠩᠭᠠᠳᠬᠠᠵᠤ᠂ ᠰᠢᠰᠲ᠋ᠧᠮ ᠲᠠᠢ ᠪᠠᠷ ᠤᠰᠤ ᠵᠠᠰᠠᠬᠤ ᠶᠢ ᠪᠠᠷᠢᠮᠲᠠᠯᠠᠵᠤ᠂ ︽ᠭᠤᠣᠯ ᠮᠦᠷᠡᠨ ᠤ ᠳᠠᠷᠤᠭ᠎ᠠ ᠶᠢᠨ ᠳᠦᠷᠢᠮ︾᠎ ᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠵᠤ᠂ ᠤᠰᠤᠨ ᠰᠣᠷᠪᠣᠯᠵᠢ ᠠᠴᠠ ᠤᠰᠤᠨ ᠭᠤᠵᠢᠭᠤᠷ ᠬᠦᠷᠬᠦ ᠪᠦᠬᠦ ᠶᠠᠪᠤᠴᠠ ᠶᠢ ᠬᠢᠨᠠᠨ ᠬᠠᠮᠢᠶᠠᠷᠴᠦ᠂ ᠠᠮᠢᠳᠤᠷᠠᠯ ᠪᠠ ᠦᠢᠯᠡᠳᠪᠦᠷᠢᠯᠡᠯ ᠤᠨ ᠪᠣᠵᠠᠷ ᠤᠰᠤ ᠶᠢ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠶᠢ ᠠᠬᠢᠭᠤᠯᠤᠨ᠎ᠠ᠃ ᠭᠠᠵᠠᠷ ᠰᠢᠷᠣᠢ ᠶᠢᠨ ᠪᠣᠬᠢᠷᠳᠤᠯ ᠢ ᠬᠠᠮᠢᠶᠠᠷᠴᠦ ᠬᠢᠵᠠᠭᠠᠷᠯᠠᠬᠤ ᠪᠠ ᠵᠠᠰᠠᠨ ᠰᠡᠷᠭᠦᠭᠡᠬᠦ ᠶᠢ ᠴᠢᠩᠳᠠᠯᠠᠵᠤ᠂ ᠲᠠᠷᠢᠶᠠᠯᠠᠩ ᠤᠨ ᠭᠠᠳᠠᠷᠭᠤ ᠰᠤᠷᠪᠤᠯᠵᠢ ᠪᠠ ᠬᠦᠨᠳᠦ ᠲᠡᠮᠦᠷᠯᠢᠭ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠬᠢᠮᠢ ᠶᠢᠨ ᠪᠤᠷᠳᠤᠭᠤᠷ᠂ ᠲᠠᠷᠢᠶᠠᠨ ᠡᠮ ᠳᠤᠲᠠᠭᠤ ᠬᠡᠷᠡᠭᠯᠡᠬᠦ ᠶᠢ ᠠᠬᠢᠭᠤᠯᠵᠤ᠂ ᠪᠡᠶᠡᠲᠦ ᠬᠠᠶᠠᠭᠳᠠᠮᠠᠯ ᠪᠣᠳᠠᠰ ᠪᠠ ᠬᠤᠭ ᠨᠣᠪᠰᠢ ᠰᠢᠢᠳᠪᠦᠷᠢᠯᠡᠬᠦ ᠶᠢ ᠴᠢᠩᠭᠠᠳᠬᠠᠨ᠎ᠠ᠃ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢ ᠬᠠᠮᠠᠭᠠᠯᠠᠬᠤ ᠪᠠ ᠤᠷᠴᠢᠨ ᠲᠣᠭᠤᠷᠢᠨ ᠢ ᠵᠠᠰᠠᠬᠤ ︽ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ︾᠎ ᠶᠢ ᠬᠡᠷᠡᠭᠵᠢᠭᠦᠯᠵᠦ᠂ ᠬᠦᠴᠦᠨ ᠢᠶᠠᠨ ᠲᠦᠪᠯᠡᠷᠡᠭᠦᠯᠦᠨ᠂ ᠭᠤᠣᠯᠳᠠᠯᠭ᠎ᠠ ᠲᠠᠢ ᠰᠢᠪᠲᠤᠯᠵᠤ᠂ ᠤᠷᠣᠨ ᠲᠣᠭᠤᠷᠢᠭ ᠤᠨ ᠠᠮᠢ ᠠᠬᠤᠢ ᠶᠢᠨ ᠤᠷᠴᠢᠨ ᠲᠣᠭᠤᠷᠢᠨ ᠤ ᠪᠠᠶᠢᠳᠠᠯ ᠮᠠᠭᠤᠳᠠᠬᠤ ᠬᠠᠨᠳᠤᠰᠢ ᠶᠢ ᠪᠦᠬᠦ ᠬᠦᠴᠦᠨ ᠢᠶᠠᠷ ᠵᠣᠭᠰᠤᠭᠠᠵᠤ᠂ ᠡᠬᠡ ᠭᠤᠣᠯ ᠢᠶᠠᠨ ᠠᠪᠤᠷᠠᠬᠤ ᠠᠵᠢᠯᠯᠠᠭᠠᠨ ᠤ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠨ᠎ᠠ᠃      ᠠᠮᠢ ᠠᠬᠤᠢ ᠶᠢᠨ ᠰᠡᠷᠭᠦᠯᠲᠡ ᠪᠠ ᠵᠠᠰᠠᠯᠲᠠ ᠶᠢᠨ ᠬᠦᠴᠦᠯᠡᠴᠡ ᠶᠢ ᠨᠡᠮᠡᠭᠳᠡᠭᠦᠯᠦᠨ᠎ᠠ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ `᠎ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠠᠰᠢᠭᠯᠠᠬᠤ ᠵᠠᠭᠠᠭ ᠬᠢᠵᠠᠭᠠᠷ ᠭᠤᠷᠪᠠᠨ ᠬᠢᠵᠠᠭᠠᠷᠯᠠᠯ ᠤᠨ ᠱᠤᠭᠤᠮ ᠢ ᠴᠢᠩᠭ᠎ᠠ ᠵᠢᠷᠤᠭᠯᠠᠨ ᠲᠣᠭᠲᠠᠭᠠᠵᠤ᠂ ᠨᠡᠭᠡᠭᠡᠨ ᠠᠰᠢᠭᠯᠠᠬᠤ ᠬᠦᠴᠦᠯᠡᠴᠡ ᠪᠠ ᠬᠢᠵᠠᠭᠠᠷ ᠱᠤᠭᠤᠮ ᠢ ᠨᠠᠶᠢᠳᠠᠪᠤᠷᠢᠵᠢᠭᠤᠯᠤᠨ ᠵᠢᠷᠤᠭᠯᠠᠵᠤ᠂ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠭᠠᠳᠠᠭᠰᠢ ᠬᠡᠪᠴᠢᠶ᠎ᠠ ᠪᠠᠨ ᠦᠷᠭᠡᠳᠬᠡᠬᠦ ᠠᠴᠠ ᠪᠠᠨ ᠳᠣᠲᠣᠷ᠎ᠠ ᠠᠭᠤᠯᠬᠤᠨ ᠢᠶᠠᠨ ᠳᠡᠭᠡᠭᠰᠢᠯᠡᠭᠦᠯᠬᠦ ᠲᠡᠰᠢ ᠤᠯᠠᠷᠢᠬᠤ ᠶᠢ ᠠᠬᠢᠭᠤᠯᠤᠨ᠎ᠠ᠃ ︽ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠢᠯᠬᠤ ᠰᠡᠯᠭᠦᠨ ᠮᠠᠯᠯᠠᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢᠨ ᠬᠠᠮᠢᠶᠠᠷᠤᠯᠲᠠ ᠶᠢᠨ ᠳᠦᠷᠢᠮ︾᠎ ᠢ ᠴᠢᠩᠭ᠎ᠠ ᠬᠡᠷᠡᠭᠵᠢᠭᠦᠯᠵᠦ᠂ ᠤᠢ ᠰᠢᠭᠤᠢ ᠬᠠᠳᠤᠯᠠᠩ ᠪᠡᠯᠴᠢᠭᠡᠷ ᠢ ᠬᠠᠤᠯᠢ ᠶᠣᠰᠤᠭᠠᠷ ᠬᠠᠮᠠᠭᠠᠯᠠᠵᠤ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠣᠷᠰᠢᠯᠲᠠ ᠶᠢᠨ ᠬᠦᠷᠢᠶ᠎ᠠ ᠬᠡᠪᠴᠢᠶ᠎ᠠ ᠶᠢ ᠦᠷᠭᠡᠳᠬᠡᠨ᠂ ᠤᠢ ᠰᠢᠭᠤᠢ ᠨᠤᠲᠤᠭ ᠪᠡᠯᠴᠢᠭᠡᠷ ᠨᠠᠮᠤᠭ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠠᠶᠠᠨᠳᠠᠭᠠᠨ ᠰᠡᠷᠭᠦᠬᠦ ᠶᠢ ᠠᠬᠢᠭᠤᠯᠤᠨ᠎ᠠ᠃ ᠴᠢᠬᠤᠯᠠ ᠶᠡᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠵᠤ᠂ ᠮᠣᠳᠣ ᠡᠪᠡᠰᠦ ᠲᠠᠷᠢᠬᠤ᠂ ᠡᠯᠡᠰᠦᠷᠬᠡᠭᠵᠢᠬᠦ ᠶᠢ ᠰᠡᠷᠭᠡᠶᠢᠯᠡᠬᠦ ᠡᠯᠡᠰᠦ ᠮᠠᠩᠬ᠎ᠠ ᠵᠠᠰᠠᠬᠤ ᠵᠡᠷᠭᠡ ︽ᠵᠢᠷᠭᠤᠭᠠᠨ ᠬᠡᠰᠡᠭ ᠵᠠᠭᠤᠨ ᠲᠦᠮᠡᠨ ᠮᠦ︾᠎ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠠ᠃ 2022 ᠤᠨ ᠪᠣᠯᠲᠠᠯ᠎ᠠ ᠪᠦᠬᠦ ᠬᠤᠲᠠ ᠶᠢᠨ ᠤᠢ ᠰᠢᠭᠤᠢ ᠶᠢᠨ ᠪᠦᠷᠬᠦᠯᠲᠡ ᠶᠢᠨ ᠨᠤᠷᠮ᠎ᠠ ᠶᠢ 36%᠎ ᠳᠤ ᠬᠦᠷᠭᠡᠬᠦ ᠪᠠᠷ ᠴᠢᠷᠮᠠᠶᠢᠨ᠎ᠠ᠃      ᠤᠰᠤᠨ ᠰᠣᠷᠪᠣᠯᠵᠢ ᠨᠣᠴᠢᠲᠠᠢ ᠳᠤᠲᠠᠭᠳᠠᠵᠤ ᠪᠠᠶᠢᠭ᠎ᠠ ᠠᠰᠠᠭᠤᠳᠠᠯ ᠢ ᠳᠣᠪᠤᠶᠢᠮ᠎ᠠ ᠰᠢᠢᠳᠪᠦᠷᠢᠯᠡᠨ᠎ᠠ᠃ ᠮᠠᠨ ᠤ ᠬᠤᠲᠠ ᠶᠢᠨ ᠤᠰᠤᠨ ᠰᠣᠷᠪᠣᠯᠵᠢ ᠶᠢᠨ ᠪᠠᠲᠤᠯᠠᠭ᠎ᠠ ᠬᠢᠭᠡᠳ ᠤᠰᠤᠨ ᠤ ᠬᠡᠷᠡᠭᠴᠡᠭᠡ ᠶᠢᠨ ᠵᠦᠷᠢᠴᠡᠯ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠬᠦᠨᠳᠦ ᠨᠣᠴᠢᠲᠠᠢ ᠪᠠᠶᠢᠳᠠᠯ ᠳᠤ ᠵᠦᠪ ᠢᠶᠠᠷ ᠬᠠᠨᠳᠤᠵᠤ᠂ ᠤᠰᠤᠨ ᠰᠤᠷᠪᠤᠯᠵᠢ ᠨᠡᠭᠡᠭᠡᠨ ᠠᠰᠢᠭᠯᠠᠬᠤ ᠪᠠ ᠠᠷᠪᠢᠯᠠᠨ ᠬᠡᠷᠡᠭᠯᠡᠬᠦ ᠶᠢ ᠵᠡᠷᠭᠡᠪᠡᠷ ᠴᠢᠬᠤᠯᠠᠴᠢᠯᠠᠨ᠂ ᠠᠷᠪᠢᠯᠠᠨ ᠵᠠᠷᠤᠬᠤ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ ᠤᠰᠤᠨ ᠰᠤᠷᠪᠤᠯᠵᠢ ᠶᠢᠨ ᠤᠨ ᠪᠠᠲᠤᠯᠠᠭ᠎ᠠ ᠶᠢᠨ ᠴᠢᠳᠠᠪᠤᠷᠢ ᠶᠢ ᠦᠨᠡᠩᠬᠦ ᠳᠡᠭᠡᠭᠰᠢᠯᠡᠭᠦᠯᠬᠦ ᠲᠠᠯ᠎ᠠ ᠪᠠᠷ ᠪᠣᠳᠠᠲᠤ ᠠᠬᠢᠯᠲᠠ ᠲᠠᠢ ᠪᠣᠯᠭᠠᠨ᠎ᠠ᠃ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳ᠋ᠦᠩ ᠲᠠᠶᠢᠽᠢ ᠤᠰᠤᠨ ᠴᠦᠭᠦᠷᠦᠮ᠂ ᠬᠦᠪ ᠤᠨ ᠭᠤᠤ ᠤᠰᠤᠨ ᠴᠦᠬᠦᠷᠦᠮ᠂ ᠤᠷᠣᠨ ᠠᠯᠤᠰᠯᠠᠨ ᠤᠰᠤ ᠲᠠᠲᠠᠬᠤ᠂ ᠬᠤᠲᠠ ᠪᠠᠯᠭᠠᠰᠤᠨ ᠳᠤ ᠤᠰᠤ ᠲᠠᠲᠠᠨ ᠬᠠᠩᠭᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠦᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ ᠲᠠᠷᠢᠶᠠᠯᠠᠩ ᠤᠨ ᠤᠰᠤ ᠠᠷᠪᠢᠯᠠᠬᠤ ᠦᠭᠡᠷᠡᠴᠢᠯᠡᠯᠲᠡ ᠶᠢ ᠲᠤᠪᠤᠶᠢᠮ᠎ᠠ ᠰᠠᠶᠢᠨ ᠠᠳᠬᠤᠵᠤ᠂ ᠤᠰᠤᠯᠤᠯᠲᠠ ᠶᠢᠨ ᠲᠠᠯᠠᠪᠠᠢ ᠶᠢ ᠰᠢᠨ᠎ᠠ ᠨᠡᠮᠡᠭᠳᠡᠬᠦ ᠶᠢ ᠴᠢᠩᠭ᠎ᠠ ᠬᠢᠵᠠᠭᠠᠷᠯᠠᠨ᠂ ᠤᠰᠤᠨ ᠳᠤ ᠠᠷᠪᠢᠲᠠᠢ ᠲᠠᠷᠢᠮᠠᠯ ᠲᠠᠷᠢᠬᠤ ᠪᠠ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠢ ᠬᠦᠴᠦ ᠤᠷᠤᠭᠤᠯᠤᠨ ᠳᠡᠯᠭᠡᠷᠡᠭᠦᠯᠦᠨ᠂ ᠲᠠᠷᠢᠶᠠᠯᠠᠩ ᠳᠤ ᠬᠡᠷᠡᠭᠯᠡᠬᠦ ᠤᠰᠤ ᠶᠢ ᠨᠣᠷᠮ᠎ᠠ ᠲᠣᠭᠲᠠᠭᠠᠨ ᠬᠠᠮᠢᠶᠠᠷᠬᠤ ᠤᠷᠲᠤᠮᠵᠢ ᠶᠢᠨ ᠵᠣᠬᠢᠴᠠᠮᠵᠢ ᠶᠢ ᠰᠦᠪᠡᠭᠴᠢᠯᠡᠨ ᠪᠠᠶᠢᠭᠤᠯᠤᠨ᠎ᠠ᠃ ᠤᠰᠤ ᠠᠷᠪᠢᠯᠠᠠᠬᠤ ᠬᠡᠯᠪᠡᠷᠢ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠪᠤᠴᠠᠭᠠᠯᠲᠠ ᠤᠰᠤ ᠶᠢ ᠠᠰᠢᠭᠯᠠᠬᠤ ᠪᠠ ᠳᠤᠮᠳᠠ ᠤᠰᠤ ᠶᠢ ᠡᠭᠡᠭᠦᠯᠦᠨ ᠬᠡᠷᠡᠭᠯᠡᠬᠦ ᠶᠢ ᠳᠡᠯᠭᠡᠷᠡᠭᠦᠯᠵᠦ᠂ ᠭᠤᠣᠯ ᠬᠤᠲᠠ ᠲᠣᠭᠤᠷᠢᠭ ᠤᠨ ᠦᠪᠡᠷᠲᠡᠭᠡᠨ ᠬᠡᠷᠡᠭᠯᠡᠬᠦ ᠪᠠᠷ ᠪᠡᠯᠡᠳᠬᠡᠭᠰᠡᠨ ᠤᠰᠤᠨ ᠬᠤᠳᠳᠤᠭ ᠢ ᠬᠠᠭᠠᠵᠤ ᠪᠤᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠱᠠᠲᠤᠴᠢ ᠤᠰᠤᠨ ᠬᠠᠩᠰᠢ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠣᠯ ᠬᠤᠲᠠ ᠲᠣᠭᠤᠷᠢᠭ ᠤᠨ ᠤᠰᠤᠨ ᠰᠤᠷᠪᠤᠯᠵᠢ ᠶᠢ ᠠᠷᠪᠢᠯᠠᠨ ᠠᠰᠢᠭᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠠ᠃ ᠬᠠᠮᠤᠭ ᠴᠢᠩᠭ᠎ᠠ ᠤᠰᠤᠨ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠳᠦᠷᠢᠮ︾᠎ ᠶᠢ ᠲᠣᠭᠲᠠᠭᠠᠨ᠂ ᠤᠰᠤᠨ ᠰᠤᠷᠪᠤᠯᠵᠢ ᠶᠢ ᠬᠡᠲᠦᠷᠬᠡᠢ ᠨᠡᠭᠡᠭᠡᠨ ᠠᠰᠢᠭᠯᠠᠬᠤ ᠪᠠ ᠪᠦᠳᠦᠭᠦᠯᠢᠭ ᠬᠡᠷᠡᠭᠯᠡᠬᠦ ᠶᠢ ᠡᠷᠡᠰ ᠭᠢᠵᠠᠭᠠᠷᠯᠠᠨ᠎ᠠ᠃
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ