2018 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2018/1/26
     ᠭᠤᠷᠪᠠ᠂ 2018 ᠤᠨ ᠤ ᠠᠵᠢᠯ ᠤᠨ ᠭᠤᠣᠯᠳᠠᠯᠭ᠎ᠠ      2018 ᠤᠨ ᠪᠣᠯ ᠰᠢᠨ᠎ᠠ ᠨᠢᠭᠡ ᠬᠤᠭᠤᠴᠠᠭᠠᠨ ᠤ ᠵᠠᠰᠠᠭ ᠤᠨ ᠤᠷᠳᠣᠨ ᠤ ᠠᠵᠢᠯ ᠤᠨ ᠡᠬᠢᠯᠡᠯᠲᠡ ᠶᠢᠨ ᠨᠢᠭᠡ ᠵᠢᠯ ᠮᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠬᠤ ᠡᠬᠢᠯᠡᠯᠲᠡ ᠶᠢᠨ ᠨᠢᠭᠡ ᠵᠢᠯ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠢᠯᠠᠯᠲᠠ ᠶᠢᠨ ᠵᠠᠩᠭᠢᠯᠠᠭ᠎ᠠ ᠶᠢᠨ ᠨᠢᠭᠡ ᠵᠢᠯ ᠮᠦᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃      ᠣᠳᠣᠬᠠᠨ ᠪᠠ ᠠᠯᠤᠰ ᠬᠡᠲᠦ᠂ ᠬᠡᠷᠡᠭᠴᠡᠭᠡ ᠪᠠ ᠪᠣᠯᠣᠯᠴᠠᠭ᠎ᠠ᠂ ᠬᠤᠷᠳᠤᠴᠠ ᠪᠠ ᠶᠠᠰᠤ ᠴᠢᠨᠠᠷ ᠵᠡᠷᠭᠡ ᠣᠯᠠᠨ ᠰᠢᠯᠲᠠᠭᠠᠨ ᠢ ᠶᠡᠷᠦᠩᠬᠡᠶᠢᠯᠡᠨ ᠪᠣᠳᠣᠯᠬᠢᠯᠠᠪᠠᠯ᠂ ᠡᠨᠡ ᠵᠢᠯ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠤᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠢ 7% ᠤᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠦᠰᠥᠪ ᠤᠨ ᠤᠷᠣᠯᠭ᠎ᠠ ᠶᠢ 6% ᠤᠷᠴᠢᠮ ᠨᠡᠮᠡᠭᠳᠡᠭᠦᠯᠬᠦ ᠪᠠᠷ ᠴᠢᠷᠮᠠᠶᠢᠵᠤ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠥᠩᠭᠡ ᠶᠢᠨ ᠪᠡᠯᠡ ᠤᠷᠤᠭᠤᠯᠤᠯᠲᠠ ᠶᠢ 9 % ᠤᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠨᠣᠷᠮ᠎ᠠ ᠶᠢᠨ ᠨᠡᠮᠡᠭᠳᠡᠯ ᠢ 8.5 % ᠤᠷᠴᠢᠮ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠥᠨ ᠪᠦᠷᠢ ᠶᠢᠨ ᠲᠡᠭᠰᠢᠳᠬᠡᠭᠰᠡᠨ ᠵᠠᠷᠤᠴᠠᠭᠤᠯᠵᠤ ᠪᠣᠯᠬᠤ ᠤᠷᠣᠯᠭ᠎ᠠ ᠶᠢ ᠲᠤᠰᠪᠦᠷᠢ 8 % ᠤᠷᠴᠢᠮ ᠪᠠ 8%᠎ ᠠᠴᠠ ᠳᠡᠭᠡᠭᠰᠢ ᠨᠡᠮᠡᠭᠳᠡᠭᠦᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢ 3% ᠣᠷᠴᠢᠮ ᠳᠤ ᠬᠢᠵᠠᠭᠠᠷᠯᠠᠨ᠎ᠠ᠂ ᠬᠤᠳᠠ ᠪᠠᠯᠭᠠᠰᠤᠨ ᠳᠤ 2.8 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4%᠎ ᠶᠢᠨ ᠳᠣᠲᠣᠷ᠎ᠠ ᠬᠢᠵᠠᠭᠠᠷᠯᠠᠨ᠎ᠠ ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃      ᠳᠡᠭᠡᠷᠡᠬᠢ ᠬᠠᠷᠠᠯᠲᠠ ᠲᠠᠢ ᠤᠶᠠᠯᠳᠤᠭᠤᠯᠤᠨ᠂ ᠪᠢᠳᠡ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭᠠᠲᠠᠢ ᠰᠠᠶᠢᠲᠤᠷ ᠬᠢᠨ᠎ᠠ᠄      ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ︾᠎ ᠤ ᠬᠦᠨᠴᠠ ᠲᠠᠢ ᠪᠦᠳᠤᠮᠵᠢ ᠶᠢ ᠠᠬᠢᠭᠤᠯᠤᠨ᠎ᠠ      ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠣᠷ ᠬᠢᠨ᠎ᠡ᠃ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠤᠯᠢ ᠪᠤᠰᠤ ᠪᠠᠷ ᠪᠡᠯᠡ ᠮᠦᠩᠭᠦ ᠴᠤᠭᠯᠠᠭᠤᠯᠬᠤ᠂ ᠮᠦᠩᠭᠦᠨ ᠭᠦᠢᠯᠭᠡᠭᠡᠨ ᠤ ᠬᠠᠭᠤᠷᠴᠤ ᠮᠡᠬᠡᠯᠡᠬᠦ ᠪᠠ ᠪᠠᠩᠬᠢ ᠶᠢᠨ ᠦᠷᠢ ᠠᠴᠠ ᠳᠤᠲᠠᠭᠠᠵᠤ ᠵᠠᠶᠢᠯᠠᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠦᠭᠴᠦ᠂ ᠢᠨᠲ᠋ᠧᠷ ᠰᠦᠯᠵᠢᠶ᠎ᠠ ᠶᠢᠨ ᠮᠦᠩᠭᠦᠨ ᠭᠦᠢᠯᠭᠡᠭᠡᠨ ᠤ ᠲᠤᠰᠬᠠᠢ ᠵᠠᠰᠠᠯᠲᠠ ᠶᠢ ᠦᠷᠨᠢᠭᠦᠯᠵᠦ᠂ ᠤᠷᠣᠨ ᠲᠣᠭᠤᠷᠢᠭ ᠤᠨ ᠴᠢᠨᠠᠷᠲᠠᠢ ᠮᠦᠩᠭᠦᠨ ᠭᠦᠢᠯᠭᠡᠭᠡᠨ ᠤ ᠲᠦᠭᠰᠢᠭᠦᠷᠢ ᠭᠠᠷᠬᠤ ᠦᠭᠡᠢ ᠶᠢ ᠦᠨᠡᠩᠬᠦ ᠪᠠᠲᠤᠯᠠᠨ᠎ᠠ᠃ ᠵᠠᠰᠠᠭ ᠤᠨ ᠤᠷᠳᠣᠨ ᠤ ᠦᠷᠢ ᠦᠭᠴᠡᠭᠡ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠂ ︽ᠬᠡᠮᠵᠢᠶ᠎ᠠ ᠲᠠᠢ ᠵᠢᠭᠡᠯᠡᠵᠦ᠂ ᠪᠦᠲᠦᠮᠵᠢᠲᠡᠢ ᠬᠡᠷᠡᠭᠯᠡᠬᠦ᠂ ᠪᠤᠴᠠᠭᠠᠬᠤ ᠠᠷᠭ᠎ᠠ ᠲᠠᠢ ᠪᠠᠶᠢᠬᠤ︾ ᠴᠢᠭᠯᠡᠯᠲᠡ ᠪᠠᠷ ᠪᠡᠯᠡ ᠮᠦᠩᠭᠦ ᠳᠤᠲᠠᠭᠳᠠᠬᠤ ᠠᠰᠠᠭᠤᠳᠠᠯ ᠢ ᠬᠠᠤᠯᠢ ᠲᠣᠭᠲᠠᠭᠠᠯ ᠶᠣᠰᠤᠭᠠᠷ ᠰᠢᠢᠳᠪᠦᠷᠢᠯᠡᠵᠦ᠂ ᠵᠠᠰᠠᠭ ᠤᠨ ᠤᠷᠳᠣᠨ ᠤ ᠦᠷᠢ ᠦᠭᠴᠡᠭᠡ ᠶᠢ ᠲᠦᠷᠥᠯ ᠵᠦᠢᠯ ᠬᠤᠪᠢᠶᠠᠨ ᠪᠦᠬᠦ᠋ᠢᠯᠡ ᠲᠦᠰᠥᠪ ᠤᠨ ᠬᠠᠮᠢᠶᠠᠷᠤᠯᠲᠠ ᠳᠤ ᠤᠷᠤᠭᠤᠯᠤᠨ᠂ ᠲᠦᠯᠥᠪᠯᠡᠭᠡ ᠶᠣᠰᠤᠭᠠᠷ ᠵᠢᠯ ᠤᠨ ᠦᠷᠢ ᠪᠤᠴᠠᠭᠠᠬᠤ ᠡᠭᠦᠷᠭᠡ ᠪᠠᠨ ᠪᠡᠶᠡᠯᠡᠭᠦᠯᠦᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠠᠮᠤᠷ ᠲᠦᠪᠰᠢᠨ ᠢ ᠪᠠᠲᠤᠯᠠᠨ᠎ᠠ᠃ ᠨᠡᠶᠢᠭᠡᠮ ᠤᠨ ᠢᠲᠡᠭᠡᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠠ᠂ ᠶᠡᠷᠦᠩᠬᠡᠶᠢᠯᠡᠭᠰᠡᠨ ᠢᠲᠡᠭᠡᠯ ᠢ ᠨᠣᠲᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠪᠠ ᠴᠢᠮᠡᠭᠡ ᠵᠠᠩᠭᠢ ᠶᠢ ᠬᠠᠮᠲᠤᠪᠡᠷ ᠡᠳ᠋ᠯᠡᠵᠦ ᠨᠡᠶᠢᠲᠡᠯᠡᠬᠦ ᠳᠦᠷᠢᠮ ᠢ ᠪᠠᠶᠢᠭᠤᠯᠵᠤ᠂ ᠢᠲᠡᠭᠡᠯ ᠠᠯᠳᠠᠭᠰᠠᠨ ᠢ ᠵᠠᠯᠬᠠᠭᠠᠬᠤ ᠪᠠ ᠨᠡᠶᠢᠭᠡᠮ ᠤᠨ ᠬᠠᠮᠲᠤᠷᠠᠭᠰᠠᠨ ᠰᠡᠷᠭᠡᠶᠢᠯᠡᠯᠲᠡ ᠶᠢᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠯ ᠠᠯᠳᠠᠬᠤ ᠤᠭ ᠦᠷᠲᠡᠭ ᠢ ᠨᠡᠮᠡᠭᠳᠡᠭᠦᠯᠵᠦ᠂ ᠢᠲᠡᠭᠡᠯ ᠤᠨ ᠰᠣᠶᠣᠯ ᠢ ᠪᠠᠳᠠᠷᠠᠭᠤᠯᠵᠤ᠂ ᠨᠡᠶᠢᠭᠡᠮ ᠤᠨ ᠬᠡᠪᠴᠢᠶᠡᠨ ᠤ ᠡᠯ᠎ᠠ ᠵᠦᠢᠯ ᠤᠨ ᠢᠲᠡᠭᠡᠯ ᠤᠨ ᠲᠦᠭᠰᠢᠭᠦᠷᠢ ᠶᠢ ᠪᠠᠭᠠᠰᠬᠠᠨ᠎ᠠ᠃      ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠣᠷ ᠬᠢᠨ᠎ᠡ᠃ ︽ᠵᠢᠷᠭᠤᠭᠠᠨ ᠨᠠᠷᠢᠯᠢᠭ ᠣᠨᠣᠴᠠᠲᠠᠢ᠂ ᠲᠠᠪᠤᠨ ᠨᠢᠭᠡ ᠪᠦᠯᠦᠭ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠬᠤᠲᠠ ᠰᠢᠶᠠᠨ ᠰᠢᠶᠠᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠠ ᠲᠦᠷᠥᠯ ᠤᠨ ᠶᠠᠳᠠᠭᠤ ᠶᠢ ᠲᠡᠳᠬᠦᠬᠦ ᠪᠡᠯᠡ ᠮᠦᠩᠭᠦ 150 ᠳ᠋ᠦᠩᠰᠢᠭᠤᠷ ᠲᠦᠭᠦᠷᠢᠭ ᠢ ᠨᠢᠳᠬᠡᠨ ᠤᠷᠤᠭᠤᠯᠵᠤ᠂ ᠡᠨᠡ ᠵᠢᠯ ᠳᠤ 7.7 ᠲᠦᠮᠡᠨ ᠶᠠᠳᠠᠭᠤ ᠬᠦᠴᠢᠷᠲᠡᠢ ᠬᠦᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠩᠬᠦ ᠪᠠᠲᠤᠯᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠭᠤᠷᠪᠠᠨ ᠬᠤᠪᠢᠷᠠᠯᠲᠠ︾᠎ ᠶᠢᠨ ᠵᠣᠬᠢᠴᠠᠮᠵᠢ ᠶᠢ ᠪᠦᠷᠢᠮᠦᠰᠦᠨ ᠠᠰᠢᠭᠯᠠᠨ᠂ ᠨᠡᠩ ᠤᠯᠠᠨ ᠶᠠᠳᠠᠭᠤ ᠬᠦᠴᠢᠷᠲᠡᠢ ᠡᠷᠦᠬᠡ ᠶᠢ ᠲᠣᠯᠤᠭᠠᠶᠢᠯᠠᠭᠴᠢ ᠠᠵᠤ ᠠᠬᠤᠶᠢᠯᠠᠯ ᠵᠢᠴᠢ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠯᠲᠡ ᠶᠢᠨ ᠬᠡᠪᠴᠢᠶᠡᠨ ᠳᠤ ᠤᠷᠤᠭᠤᠯᠵᠤ᠂ ᠶᠠᠳᠠᠭᠤ ᠶᠢ ᠲᠡᠳᠬᠦᠬᠦ ᠠᠵᠦ ᠦᠢᠯᠡᠰ ᠤᠨ ᠬᠦᠷᠢᠶᠡᠯᠡᠩ ᠲᠣᠭᠤᠷᠢᠭ 25᠎ ᠶᠢ ᠪᠠᠶᠢᠭᠤᠯᠤᠨ᠂ ᠭᠤᠣᠯᠯᠠᠬᠤ ᠠᠵᠤ ᠦᠢᠯᠡᠰ ᠤᠨ ᠶᠠᠳᠠᠭᠤ ᠬᠦᠴᠢᠷᠲᠡᠢ ᠬᠦᠮᠥᠨ ᠠᠮᠠ ᠶᠢᠨ ᠤᠷᠣᠯᠭ᠎ᠠ ᠶᠢ ᠨᠡᠮᠡᠭᠳᠡᠭᠦᠯᠬᠦ ᠳᠠᠬᠢ ᠭᠠᠪᠢᠶ᠎ᠠ ᠵᠢᠳᠬᠦᠯ ᠢ ᠲᠣᠭᠲᠠᠪᠦᠷᠢᠵᠢᠭᠤᠯᠤᠨ᠎ᠠ᠃ ᠨᠡᠭᠦᠯᠭᠡᠨ ᠶᠠᠳᠠᠭᠤ ᠠᠴᠠ ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠬᠦᠷ ᠠᠵᠦ ᠦᠢᠯᠡᠰ ᠤᠨ ᠪᠦᠲᠡᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠶᠠᠳᠠᠭᠤ ᠬᠦᠴᠢᠷᠲᠡᠢ ᠬᠦᠮᠥᠨ ᠠᠮᠠ ᠨᠢ ᠨᠡᠭᠦᠵᠦ ᠳᠡᠶᠢᠯᠬᠦ᠂ ᠲᠣᠭᠲᠠᠪᠤᠷᠢᠵᠢᠬᠤ᠂ ᠴᠢᠨᠡᠭᠡᠯᠢᠭᠵᠢᠬᠦ ᠶᠢ ᠦᠨᠡᠩᠬᠦ ᠪᠠᠲᠤᠯᠠᠨ᠎ᠠ᠃ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠶᠢ ᠲᠦᠷᠭᠡᠳᠬᠡᠨ᠎ᠠ᠂ ︽ᠭᠤᠷᠪᠠᠨ ᠨᠢᠭᠡ ᠪᠦᠯᠦᠭ︾᠎ ᠤᠨ ᠠᠵᠢᠯᠯᠠᠭᠠᠨ ᠤ ᠲᠦᠯᠥᠪᠯᠡᠭᠡ ᠶᠢ ᠬᠡᠷᠡᠭᠵᠢᠭᠦᠯᠵᠦ᠂ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠬᠤ ᠲᠦᠷᠥ ᠶᠢᠨ ᠪᠣᠳᠣᠯᠭ᠎ᠠ ᠪᠠ ᠬᠤᠳᠠᠯᠳᠤᠭᠠᠨ ᠤ ᠳᠠᠭᠠᠳᠬᠠᠯ ᠢᠶᠠᠷ ᠡᠮᠨᠡᠯᠭᠡ ᠶᠢᠨ ᠳᠠᠭᠠᠳᠬᠠᠯ ᠢ ᠨᠦᠬᠦᠪᠦᠷᠢᠯᠡᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠠ᠃ ᠰᠤᠷᠭᠠᠨ ᠬᠦᠮᠥᠵᠢᠯ ᠢᠶᠠᠷ ᠶᠠᠳᠠᠭᠤ ᠶᠢ ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠡᠮᠵᠢᠨ ᠲᠤᠰᠠᠯᠠᠬᠤ ᠲᠦᠷᠥ ᠶᠢᠨ ᠪᠣᠳᠣᠯᠭ᠎ᠠ ᠶᠢ ᠢᠳᠡᠪᠬᠢᠲᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠤᠷᠤᠬᠤ ᠳᠠᠷᠤᠭᠠᠰᠤ ᠶᠢᠨ ᠶᠠᠳᠠᠭᠤ ᠬᠦᠴᠢᠷᠲᠡᠢ ᠭᠡᠷ ᠪᠦᠯᠢ ᠳᠠᠬᠢ ᠨᠦᠯᠥᠭᠡ ᠶᠢ ᠬᠦᠩᠭᠡᠯᠡᠨ᠎ᠠ᠃ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤ ᠶᠢ ᠲᠡᠳᠬᠦᠬᠦ ᠪᠠᠭ᠎ᠠ ᠨᠣᠷᠮᠠᠲᠤ ᠵᠢᠭᠡᠯᠡᠯᠭᠡ᠂ ︽ᠳᠠᠭᠠᠭᠤᠯᠤᠭᠴᠢ ᠬᠦᠴᠦᠷᠬᠡᠭᠵᠢᠭᠦᠯᠬᠦ ᠵᠢᠭᠡᠯᠡᠯᠭᠡ︾ ᠵᠡᠷᠭᠡ ᠶᠠᠳᠠᠭᠤ ᠶᠢ ᠲᠡᠳᠬᠦᠬᠦ ᠵᠢᠭᠡᠯᠡᠯᠭᠡ 40 ᠳ᠋ᠦᠩᠰᠢᠭᠤᠷ ᠲᠦᠭᠦᠷᠢᠭ ᠨᠠᠶᠢᠳᠠᠪᠤᠷᠢᠵᠢᠭᠤᠯᠤᠨ᠎ᠠ᠃ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠳ᠋ ᠤᠨ ᠵᠠᠰᠠᠭ ᠤᠨ ᠲᠤᠰᠬᠠᠢ ᠲᠦᠷᠥᠯ ᠤᠨ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠠᠮᠢᠶᠠᠷᠤᠯᠲᠠ ᠬᠡᠷᠡᠭᠯᠡᠯᠲᠡ ᠶᠢ ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠨᠠᠷᠢᠯᠢᠭ ᠤᠨᠣᠪᠴᠢᠲᠠᠢ ᠪᠠᠷ ᠶᠠᠳᠠᠭᠤ ᠬᠦᠴᠢᠷᠲᠡᠢ ᠬᠦᠮᠥᠨ ᠠᠮᠠ ᠶᠢ ᠬᠠᠷᠠᠭᠠᠯᠵᠠᠬᠤ ᠶᠢ ᠪᠠᠲᠤᠯᠠᠨ᠎ᠠ᠃      ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠂ ᠠᠭᠠᠷ ᠤᠰᠤ ᠭᠠᠵᠠᠷ ᠰᠢᠷᠣᠢ ᠵᠡᠷᠭᠡ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠠᠭᠠᠷ ᠤᠨ ᠪᠣᠬᠢᠷᠳᠤᠯ ᠦᠭᠡᠢ ᠶᠢ ᠬᠠᠮᠠᠭᠠᠯᠠᠬᠤ ᠪᠦᠬᠦ ᠲᠠᠯ᠎ᠠ ᠶᠢᠨ ᠢᠯᠠᠯᠲᠠ ᠶᠢ ᠦᠨᠡᠨ ᠬᠦ ᠪᠠᠲᠤᠯᠠᠵᠤ᠂ ᠤᠰᠤᠨ ᠤ ᠡᠬᠢ ᠪᠠᠶᠠᠯᠢᠭ ᠪᠠ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠶ ᠠᠬᠢᠭᠤᠯᠤᠨ᠎ᠠ᠃ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠡᠮᠬᠢ ᠳᠠᠷᠠᠭᠠᠯᠠᠯ ᠲᠠᠢ ᠨᠡᠭᠦᠯᠭᠡᠨ ᠭᠠᠷᠭᠠᠨ᠎ᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠣᠬᠢᠷᠳᠤᠯ ᠤᠨ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠨ ᠠᠳᠬᠤᠨ᠎ᠠ᠃ ᠶᠡᠷᠥᠩᠬᠡᠶᠢᠯᠡᠭᠰᠡᠨ ᠪᠡᠯᠡ ᠤᠷᠤᠭᠤᠯᠤᠯᠲᠠ ᠨᠢ 106 ᠳ᠋ᠦᠩᠰᠢᠭᠤᠷ ᠲᠦᠭᠦᠷᠢᠭ ᠤᠨ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠤᠷᠴᠢᠨ ᠲᠣᠭᠤᠷᠢᠨ ᠤ ᠵᠠᠰᠠᠯᠲᠠ ᠶᠢᠨ ︽ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ︾᠎ ᠶᠢ ᠬᠡᠷᠡᠭᠵᠢᠭᠦᠯᠵᠦ᠂ ᠠᠮᠢ ᠠᠬᠤᠢ ᠶᠢ ᠰᠡᠷᠭᠦᠭᠡᠬᠦ᠂ ᠲᠠᠷᠢᠶᠠᠯᠠᠩ ᠤᠨ ᠤᠰᠤ ᠠᠷᠪᠢᠯᠠᠬᠤ᠂ ᠪᠤᠵᠠᠷ ᠤᠰᠤ ᠵᠠᠰᠠᠬᠤ᠂ ᠠᠭᠤᠷᠬᠠᠢ ᠨᠡᠭᠡᠭᠡᠬᠦ ᠶᠢ ᠴᠡᠭᠴᠡᠯᠡᠬᠦ᠂ ᠤᠰᠤ ᠠᠷᠪᠢᠯᠠᠬᠤ ᠬᠡᠯᠪᠡᠷᠢ ᠶᠢᠨ ᠬᠤᠲᠠ᠂ ᠤᠰᠤᠨ ᠤ ᠠᠮᠢ ᠠᠬᠤᠢ ᠶᠢ ᠬᠠᠮᠠᠭᠠᠯᠠᠬᠤ ᠵᠡᠷᠭᠡ 6 ᠲᠣᠮᠣ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠵᠦ᠂ ᠡᠨᠡ ᠵᠢᠯ ᠳᠤ 20 ᠲᠦᠮᠡᠨ ᠮᠦ ᠠᠮᠢ ᠠᠬᠤᠢ ᠶᠢ ᠰᠡᠷᠭᠦᠭᠡᠬᠦ᠂ 40 ᠲᠦᠮᠡᠨ ᠮᠦ ᠲᠠᠷᠢᠶᠠᠯᠠᠩ ᠤᠨ ᠤᠰᠤ ᠠᠷᠪᠢᠯᠠᠬᠤ ᠦᠭᠡᠷᠡᠴᠢᠯᠡᠯᠲᠡ᠂ 10 ᠰᠢᠶᠠᠩ ᠪᠠᠯᠭᠠᠰᠤᠨ ᠳᠤ ᠪᠤᠵᠠᠷ ᠤᠰᠤ ᠲᠦᠪᠯᠡᠷᠡᠭᠦᠯᠦᠨ ᠰᠢᠢᠳᠪᠦᠷᠢᠯᠡᠬᠦ᠂ ᠵᠠᠰᠠᠨ ᠰᠠᠶᠢᠵᠢᠷᠠᠭᠤᠯᠬᠤ ᠤᠷᠤᠰᠬᠠᠯ ᠳᠠᠭᠠᠤ ᠤᠷᠣᠨ ᠳᠠᠬᠢ 4 ᠠᠭᠤᠷᠬᠠᠢ ᠶᠢᠨ ᠠᠵᠤ ᠠᠬᠤᠶᠢᠯᠠᠯ ᠢ ᠨᠡᠭᠦᠯᠭᠡᠨ ᠭᠠᠷᠭᠠᠬᠤ᠂ 232 ᠺᠢᠯᠤᠮᠧᠲᠷ ᠤᠰᠤᠨ ᠵᠠᠮ ᠰᠢᠯᠤᠭᠤᠳᠬᠠᠬᠤ ᠢ ᠪᠡᠶᠡᠯᠡᠭᠦᠯᠦᠨ᠎ᠠ᠃ ︽ᠤᠯᠠᠭᠠᠨᠬᠠᠳᠠ ᠬᠤᠳᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠯᠠᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢᠨ ᠳᠦᠷᠢᠮ︾᠎ ᠢ ᠴᠢᠩᠭ᠎ᠠ ᠨᠠᠶᠢᠳᠠᠪᠤᠷᠢᠵᠢᠭᠤᠯᠵᠤ᠂ ᠬᠡᠲᠦᠷᠬᠡᠢ ᠮᠠᠯᠵᠢᠬᠤ ᠠᠵᠢᠯᠯᠠᠭ᠎ᠠ ᠶᠢ ᠴᠢᠩᠭ᠎ᠠ ᠵᠠᠰᠠᠵᠤ᠂ ᠬᠠᠤᠯᠢ ᠶᠣᠰᠣᠨ ᠤ ᠠᠷᠭ᠎ᠠ ᠪᠠᠷᠢᠯ ᠢᠶᠠᠷ ᠪᠠᠶᠢᠭᠠᠯᠢ ᠶᠢᠨ ᠠᠮᠢ ᠠᠬᠤᠢ ᠶᠢᠨ ᠲᠣᠭᠲᠠᠪᠤᠷᠢᠵᠢᠵᠤ ᠰᠠᠶᠢᠵᠢᠷᠠᠬᠤ ᠶᠢ ᠠᠬᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠦᠭᠡᠷᠡᠴᠢᠯᠡᠯᠲᠡ ᠶᠢ ᠠᠬᠢᠭᠤᠯᠤᠨ᠎ᠠ᠂ ᠨᠤᠲᠤᠭ ᠪᠡᠯᠴᠢᠭᠡᠷ᠂ ᠨᠠᠮᠤᠭ ᠭᠠᠵᠠᠷ᠂ ᠡᠯᠡᠰᠦᠵᠢᠭᠰᠡᠨ ᠭᠠᠵᠠᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠵᠤ᠂ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠳᠦᠷᠢᠮ︾᠎ ᠶᠢᠨ ᠬᠠᠤᠯᠢ ᠲᠣᠭᠲᠠᠭᠠᠬᠤ ᠠᠵᠢᠯ ᠢ ᠬᠠᠮᠵᠢᠨ ᠪᠡᠶᠡᠯᠡᠭᠦᠯᠦᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠎ᠠ᠂ ᠮᠣᠳᠣ ᠲᠠᠷᠢᠵᠤ ᠤᠶᠢᠵᠢᠭᠤᠯᠬᠤ 100 ᠲᠦᠮᠡᠨ ᠮᠦ᠂ ᠪᠡᠭᠡᠵᠢᠩ ᠲᠢᠶᠠᠨᠵᠢᠨ ᠤ ᠡᠯᠡᠰᠦ ᠮᠠᠩᠬᠠᠨ ᠤ ᠰᠤᠷᠪᠤᠯᠵᠢ ᠶᠢ ᠵᠠᠰᠠᠬᠤ 38 ᠲᠦᠮᠡᠨ ᠮᠦ᠂ ᠲᠠᠷᠢᠶᠠᠯᠠᠬᠤ ᠪᠠᠨ ᠵᠣᠭᠰᠤᠵᠤ ᠤᠶᠢᠵᠢᠭᠤᠯᠬᠤ 18 ᠲᠦᠮᠡᠨ ᠮᠦ᠂ ᠭᠤᠣᠯᠳᠠᠯᠭ᠎ᠠ ᠲᠠᠢ ᠤᠷᠣᠨ ᠲᠣᠭᠤᠷᠢᠭ ᠤᠨ ᠨᠣᠭᠤᠭᠠᠷᠠᠭᠤᠯᠤᠯᠲᠠ 10 ᠲᠦᠮᠡᠨ ᠮᠦ᠂ ᠤᠰᠤ ᠬᠦᠷᠦᠰᠦ ᠬᠠᠮᠠᠭᠠᠯᠠᠨ ᠶᠡᠷᠦᠩᠬᠡᠶᠢᠯᠡᠨ ᠵᠠᠰᠠᠬᠤ 150 ᠲᠦᠮᠡᠨ ᠮᠦ ᠶᠢ ᠪᠡᠶᠡᠯᠡᠭᠦᠯᠦᠨ᠎ᠠ᠃      ︵ᠬᠤᠶᠠᠷ︶ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠢᠨ᠎ᠠ ᠱᠠᠲᠤᠨ ᠳᠤ ᠳᠠᠪᠰᠢᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠠᠭᠠᠨᠬᠠᠳᠠ ᠬᠤᠲᠠ ᠶᠢᠨ ᠦᠰᠦᠷᠦᠩᠭᠦᠢ ᠮᠠᠨᠳᠤᠯᠲᠠ ᠶᠢ ᠠᠬᠢᠭᠤᠯᠬᠤ ᠵᠠᠩᠭᠢᠯᠠᠭ᠎ᠠ ᠶᠢᠨ ᠠᠳᠬᠠᠴᠠ ᠪᠣᠯᠭᠠᠵᠤ᠂ ᠪᠦᠬᠦ ᠬᠤᠲᠠ ᠶᠢ ᠳᠠᠶᠢᠴᠢᠯᠠᠨ᠂ ᠪᠦᠬᠦ ᠠᠷᠠᠳ ᠤᠷᠣᠯᠴᠠᠨ᠂ ᠬᠦᠴᠦᠨ ᠢᠶᠠᠨ ᠲᠦᠪᠯᠡᠷᠡᠭᠦᠯᠦᠨ ᠪᠡᠯᠡ ᠤᠷᠤᠭᠤᠯᠤᠯᠲᠠ ᠶᠢ ᠠᠳᠬᠤᠵᠤ᠂ ᠲᠦᠷᠥᠯ ᠵᠦᠢᠯ ᠬᠢᠵᠦ᠂ ᠲᠣᠭᠲᠠᠭᠤᠨ ᠢᠶᠠᠷ ᠨᠡᠮᠡᠭᠳᠡᠭᠦᠯᠵᠦ᠂ ᠪᠡᠯᠡ ᠤᠷᠤᠭᠤᠯᠤᠯᠲᠠ ᠨᠢ 5000 ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠥᠯ ᠵᠦᠢᠯ ᠢ 700᠎ ᠠᠴᠠ ᠳᠡᠭᠡᠭᠰᠢ ᠨᠠᠶᠢᠳᠠᠪᠤᠷᠢᠵᠢᠭᠤᠯᠵᠤ᠂ 1300 ᠳ᠋ᠦᠩᠰᠢᠭᠤᠷ ᠲᠦᠭᠦᠷᠢᠭ ᠠᠴᠠ ᠳᠡᠭᠡᠭᠰᠢ ᠪᠡᠯᠡ ᠤᠷᠤᠭᠤᠯᠤᠯᠲᠠ ᠶᠢ ᠪᠡᠶᠡᠯᠡᠭᠦᠯᠦᠨ᠎ᠠ᠃ ᠠᠷᠠᠯᠵᠢᠶᠠᠴᠢᠨ ᠤᠷᠢᠵᠤ ᠪᠡᠯᠡ ᠮᠦᠩᠭᠦ ᠲᠠᠲᠠᠬᠤ ︽ᠡᠪᠦᠯ ᠤᠨ ᠤᠯᠠᠷᠢᠯ ᠤᠨ ᠠᠵᠢᠯᠯᠠᠭᠠᠨ︾᠎ ᠢ ᠭᠦᠨᠵᠡᠭᠡᠢ ᠦᠷᠨᠢᠭᠦᠯᠵᠦ᠂ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠤᠨ᠂ ᠭᠤᠣᠯᠳᠠᠯᠭᠠᠲᠠᠢ ᠭᠠᠵᠠᠷ ᠤᠷᠣᠨ ᠢ ᠲᠣᠪᠤᠶᠢᠯᠭᠠᠵᠤ᠂ ᠤᠷᠴᠢᠨ ᠲᠣᠭᠤᠷᠢᠨ ᠢ ᠬᠠᠮᠠᠭᠠᠯᠠᠬᠤ ᠲᠦᠷᠥ ᠶᠢᠨ ᠪᠣᠳᠣᠯᠭ᠎ᠠ ᠳᠤ ᠨᠡᠶᠢᠴᠡᠬᠦ᠂ ᠠᠵᠤ ᠦᠢᠯᠡᠰ ᠤᠨ ᠳᠡᠰ ᠳᠡᠪᠰᠢᠬᠦ ᠶᠢ ᠳᠠᠶᠢᠴᠢᠯᠠᠬᠤ᠂ ᠠᠵᠢᠯ ᠤᠯᠭᠤᠬᠤ ᠦᠢᠯᠡᠰ ᠪᠦᠲᠦᠭᠡᠬᠦ ᠶᠢ ᠠᠬᠢᠭᠤᠯᠬᠤ ᠨᠢᠭᠡ ᠪᠦᠯᠦᠭ ᠲᠣᠮᠣ ᠲᠦᠷᠥᠯ ᠵᠦᠢᠯ᠂ ᠰᠠᠶᠢᠨ ᠲᠦᠷᠥᠯ ᠵᠦᠢᠯ ᠢ ᠬᠦᠴᠦᠯᠡᠨ ᠤᠷᠤᠭᠤᠯᠤᠨ ᠠᠪᠴᠢᠷᠠᠵᠤ᠂ ᠪᠡᠯᠡ ᠤᠷᠤᠭᠤᠯᠤᠯᠲᠠ ᠨᠢ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠦᠷᠥᠯ ᠵᠦᠢᠯ 100᠎ ᠠᠴᠠ ᠳᠡᠭᠡᠭᠰᠢ ᠶᠢ ᠤᠷᠤᠭᠤᠯᠤᠨ ᠠᠪᠴᠢᠷᠠᠬᠤ ᠶᠢ ᠪᠠᠲᠤᠯᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠲᠥᠷᠥᠯ ᠵᠦᠢᠯ ᠢ ᠠᠳᠬᠤᠬᠤ︾ ᠪᠠ ︽ᠣᠷᠴᠢᠨ ᠠᠬᠤᠢ ᠶᠢ ᠰᠠᠶᠢᠵᠢᠷᠠᠭᠤᠯᠬᠤ︾᠎ ᠶᠢ ᠨᠢᠭᠡᠳᠦᠯᠲᠡᠶ ᠲᠥᠯᠥᠪᠵᠢᠭᠦᠯᠵᠦ᠂ ᠳᠦᠷᠦᠯ ᠵᠦᠢᠯ ᠢ ᠪᠣᠳᠠᠲᠠᠶᠢᠵᠢᠭᠤᠯᠬᠤ ᠨᠦᠭᠦᠴᠡᠯ ᠢ ᠦᠨᠡᠨ ᠬᠦ ᠰᠢᠢᠳᠪᠦᠷᠢᠯᠡᠵᠦ᠂ ᠨᠡᠶᠢᠭᠡᠮ ᠤᠨ ᠲᠠᠯ᠎ᠠ ᠶᠢᠨ ᠬᠤᠳᠠᠯᠳᠤᠭ᠎ᠠ ᠡᠶᠡᠯᠳᠦᠬᠦ᠂ ᠬᠤᠳᠠᠯᠳᠤᠭ᠎ᠠ ᠠᠮᠤᠷᠵᠢᠭᠤᠯᠬᠤ᠂ ᠬᠤᠳᠠᠯᠳᠤᠭ᠎ᠠ ᠬᠦᠴᠦᠷᠬᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠨ᠎ᠠ᠃ ᠤᠯᠤᠰ ᠪᠠ ᠦᠪᠡᠷᠲᠡᠭᠡᠨ ᠵᠠᠰᠠᠬᠤ ᠤᠷᠣᠨ ᠤ ᠳᠡᠮᠵᠢᠯᠭᠡ ᠶᠢ ᠢᠳᠡᠪᠬᠢᠲᠠᠢ ᠤᠯᠵᠤ᠂ ᠠᠮᠢ ᠠᠬᠤᠢ ᠤᠷᠴᠢᠨ ᠲᠣᠭᠤᠷᠢᠨ ᠢ ᠬᠠᠮᠠᠭᠠᠯᠠᠬᠤ᠂ ᠨᠡᠶᠢᠭᠡᠮ ᠤᠨ ᠦᠢᠯᠡᠰ ᠪᠠ ᠰᠠᠭᠤᠷᠢ ᠲᠦᠬᠦᠭᠡᠷᠦᠮᠵᠢ ᠳᠠᠬᠢ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠨᠢᠭᠡ ᠪᠦᠯᠦᠭ ᠪᠦᠬᠦ ᠬᠤᠲᠠ ᠶᠢᠨ ᠠᠯᠤᠰ ᠤᠨ ᠬᠦᠭᠵᠢᠯᠲᠡ ᠲᠠᠢ ᠬᠤᠯᠪᠤᠭᠲᠠᠬᠤ ᠴᠢᠬᠤᠯᠠ ᠶᠡᠭᠡ ᠢᠨᠵᠧᠨᠧᠷᠢᠩ ᠢ ᠨᠠᠶᠢᠳᠠᠪᠤᠷᠢᠵᠢᠭᠤᠯᠤᠨ ᠡᠬᠢᠯᠡᠨ ᠪᠠᠶᠢᠭᠤᠯᠤᠨ᠎ᠠ᠃ ᠢᠷᠭᠡᠨ ᠤ ᠪᠡᠯᠡ ᠤᠷᠤᠭᠤᠯᠤᠯᠲᠠ ᠶᠢ ᠦᠷᠭᠡᠳᠬᠡᠬᠦ ᠶᠢ ᠵᠣᠷᠢᠬᠵᠢᠭᠤᠯᠤᠨ ᠳᠡᠮᠵᠢᠬᠦ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠵᠤ᠂ ᠰᠠᠭᠤᠷᠢ ᠲᠦᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠠ ᠬᠡᠪᠴᠢᠶᠡᠨ ᠳᠤ ᠵᠠᠰᠠᠭ ᠤᠨ ᠤᠷᠳᠣᠨ ᠪᠠ ᠨᠡᠶᠢᠭᠡᠮ ᠤᠨ ᠪᠡᠯᠡ ᠬᠦᠷᠥᠩᠭᠡ ᠶᠢᠨ ᠬᠠᠮᠵᠢᠯᠴᠠᠭ᠎ᠠ ᠶᠢ ᠵᠢᠷᠤᠮᠵᠢᠭᠤᠯᠤᠨ ᠳᠡᠯᠭᠡᠷᠡᠭᠦᠯᠦᠨ᠎ᠠ᠃ ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠠ ᠠᠮᠢᠳᠤᠷᠠᠯ ᠤᠨ ᠬᠦᠴᠦᠨ ᠢᠶᠠᠨ ᠪᠠᠳᠠᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠦᠴᠦᠨ ᠢᠶᠠᠨ ᠲᠦᠪᠯᠡᠷᠡᠭᠦᠯᠦᠨ ᠤᠯᠠᠭᠠᠨᠬᠠᠳᠠ ᠶᠢᠨ ᠵᠡᠭᠦᠨ ᠬᠡᠰᠡᠭ ᠤᠨ ᠠᠵᠤ ᠠᠬᠤᠢ ᠶᠢᠨ ᠬᠤᠩᠭᠢᠯ ᠢ ᠪᠠᠶᠢᠭᠤᠯᠬᠤ ᠶᠢᠨ ᠳᠤᠭᠤᠷᠢᠨ ᠳᠤ᠂ ︽ᠤᠷᠣᠨ ᠠᠯᠤᠰᠯᠠᠭᠰᠠᠨ ᠠᠵᠤ ᠠᠬᠤᠢ︾᠎ ᠶᠢᠨ ᠲᠦᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠢᠭᠡ ᠲᠣᠭᠤᠷᠢᠭ ᠳᠦᠷᠪᠡᠨ ᠬᠦᠷᠢᠶᠡᠯᠡᠩ︾᠎ ᠤᠨ ᠡᠷᠴᠢᠮᠵᠢᠭᠦᠯᠦᠭᠰᠡᠨ ᠬᠦᠭᠵᠢᠯᠲᠡ ᠶᠢᠨ ᠲᠠᠪᠴᠠᠩ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠵᠠᠮ ᠱᠤᠭᠤᠮ ᠤᠨ ᠭᠤᠣᠯ ᠲᠣᠣᠷᠵᠢᠯ᠂ ᠲᠡᠮᠦᠷ ᠵᠠᠮ ᠤᠨ ᠲᠤᠰᠬᠠᠢ ᠱᠤᠭᠤᠮ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠪᠡᠶᠡᠲᠦ ᠬᠠᠶᠠᠭᠳᠠᠮᠠᠯ ᠪᠣᠳᠠᠰ ᠪᠠ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠢᠯᠡᠳᠪᠦᠷᠢ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ 2 × 35 ᠲᠦᠮᠡᠨ ᠺᠢᠯᠤᠧᠲ ᠤᠨ ᠦᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠳᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠠ᠃ ᠦᠩᠭᠡᠲᠦ ᠲᠡᠮᠦᠷᠯᠢᠭ ᠤᠨ ᠠᠵᠤ ᠦᠢᠯᠡᠰ ᠢ ᠬᠦᠴᠦᠷᠬᠡᠭᠵᠢᠭᠦᠯᠦᠨ ᠪᠣᠵᠠᠭᠠᠶᠢᠷᠠᠭᠤᠯᠬᠤ ᠲᠠᠢ ᠤᠶᠠᠯᠳᠤᠭᠤᠯᠤᠨ᠂ ᠬᠦᠴᠦᠨ ᠢᠶᠠᠨ ᠲᠦᠪᠯᠡᠷᠡᠭᠦᠯᠦᠨ ᠠᠵᠤ ᠦᠢᠯᠡᠳᠪᠦᠷᠢ ᠶᠢᠨ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠶᠢᠨ ᠶᠦᠨ ᠲᠦᠩ 40 ᠲᠦᠮᠡᠨ ᠲᠣᠨ ᠤ ᠵᠡᠰ ᠬᠠᠶᠢᠯᠤᠭᠤᠯᠬᠤ ᠲᠦᠷᠥᠯ ᠵᠦᠢᠯ ᠤᠨ ᠠᠵᠢᠯ ᠳᠠᠭᠤᠰᠴᠤ ᠠᠰᠢᠭᠯᠠᠯᠲᠠ ᠳᠤ ᠤᠷᠣᠬᠤ ᠶᠢ ᠪᠠᠲᠤᠯᠠᠨ᠂᠎ ᠶᠢᠨ ᠵᠢᠶᠠᠨ ᠵᠡᠰ ᠤᠨ ᠦᠢᠯᠡᠰ ᠤᠨ ᠨᠡᠭᠦᠯᠭᠡᠵᠦ ᠦᠷᠭᠡᠳᠬᠡᠨ ᠪᠠᠶᠢᠭᠤᠯᠬᠤ ᠶᠢ ᠲᠦᠷᠭᠡᠳᠬᠡᠨ᠎ᠠ᠂ ᠵᠡᠰ ᠤᠨ ᠠᠵᠤ ᠦᠢᠯᠡᠰ ᠤᠨ ᠨᠠᠷᠢᠯᠢᠭ ᠡᠳ᠋ᠰᠢᠭᠦᠯᠬᠦ᠂ ᠬᠦᠬᠦᠷ ᠬᠦᠴᠢᠯ ᠤᠨ ᠬᠢᠮᠢ ᠶᠢᠨ ᠠᠵᠤ ᠦᠢᠯᠡᠳᠪᠦᠷᠢ ᠵᠡᠷᠭᠡ ᠨᠢᠭᠡ ᠪᠦᠯᠦᠭ ᠲᠦᠷᠥᠯ ᠵᠦᠢᠯ ᠢ ᠲᠦᠪᠯᠡᠷᠡᠭᠦᠯᠦᠨ ᠤᠷᠤᠭᠤᠯᠤᠨ ᠠᠪᠴᠢᠷᠠᠬᠤ ᠪᠠ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠨᠡᠮᠡᠭᠳᠡᠭᠦᠯᠬᠦ᠂ ᠤᠷᠴᠢᠨ ᠬᠦᠭᠵᠢᠭᠦ ᠶᠢ ᠠᠬᠢᠭᠤᠯᠵᠤ᠂ ᠦᠩᠭᠡᠲᠦ ᠲᠡᠮᠦᠷᠯᠢᠭ ᠤᠨ ᠠᠵᠤ ᠦᠢᠯᠡᠰ ᠤᠨ ᠳᠠᠪᠰᠢᠯᠲᠠ ᠶᠢ ᠠᠬᠢᠭᠤᠯᠤᠨ᠎ᠠ᠃ ᠡᠮ ᠡᠮᠨᠡᠯᠭᠡ ᠶᠢᠨ ᠠᠵᠤ ᠦᠢᠯᠡᠰ ᠢ ᠳᠡᠰ ᠳᠡᠪᠰᠢᠭᠦᠯᠦᠨ ᠪᠣᠵᠠᠭᠠᠶᠢᠷᠠᠭᠤᠯᠬᠤ ᠲᠠᠢ ᠤᠶᠠᠯᠳᠤᠭᠤᠯᠤᠨ᠂ ᠡᠮ ᠡᠮᠨᠡᠯᠭᠡ ᠶᠢᠨ ᠠᠵᠤ ᠦᠢᠯᠡᠰ ᠤᠨ ᠬᠦᠭᠵᠢᠯᠲᠡ ᠶᠢ ᠳᠠᠭᠠᠭᠤᠯᠬᠤ ᠪᠡᠯᠡ ᠮᠦᠩᠭᠦ ᠭᠠᠷᠭᠠᠵᠤ᠂ ᠡᠮ ᠡᠮᠨᠡᠯᠭᠡ ᠶᠢᠨ ᠠᠵᠤ ᠦᠢᠯᠡᠰ ᠤᠨ ᠬᠦᠭᠵᠢᠨ ᠪᠣᠵᠠᠭᠠᠶᠢᠷᠠᠬᠤ ᠶᠢ ᠳᠡᠮᠵᠢᠬᠦ ᠶᠢ ᠱᠠᠩᠨᠠᠬᠤ ᠠᠷᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠳᠡᠰ ᠤᠨ ᠴᠢᠳᠠᠪᠤᠷᠢᠲᠠᠨ ᠪᠠ ᠤᠯᠤᠰ ᠤᠨ ᠰᠢᠨ᠎ᠠ ᠡᠮ ᠤᠨ ᠦᠢᠯᠡᠳᠪᠦᠷᠢᠯᠡᠯ ᠤᠨ ᠱᠤᠭᠤᠮ ᠢ ᠤᠷᠤᠭᠤᠯᠤᠨ ᠠᠪᠴᠢᠷᠠᠵᠤ᠂ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠠ ᠦᠢᠯᠡᠳᠬᠡᠭᠦᠨ ᠢ ᠨᠡᠭᠡᠭᠡᠨ ᠬᠦᠭᠵᠢᠭᠦᠯᠬᠦ ᠶᠢ ᠵᠣᠷᠢᠬᠵᠢᠭᠤᠯᠤᠨ ᠳᠠᠭᠠᠭᠤᠯᠵᠤ᠂ ᠳᠡᠭᠡᠲᠦ ᠳᠡᠰ ᠤᠨ ᠴᠢᠳᠠᠪᠤᠷᠢᠲᠠᠨ ᠪᠠ ᠤᠯᠤᠰ ᠤᠨ ᠰᠢᠨ᠎ᠡ ᠡᠮ ᠤᠨ ᠦᠢᠯᠡᠳᠪᠦᠷᠢᠯᠡᠯ ᠢ ᠤᠷᠢᠨ ᠠᠪᠴᠢᠷᠠᠵᠤ᠂ ᠫᠦ᠋ ᠶᠢᠨ ᠡᠮ ᠡᠮᠨᠡᠯᠭᠡ᠂ ᠲᠠᠢ ᠯᠢᠩ ᠬᠠᠢ ᠴᠤᠧᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠮ ᠡᠮᠨᠡᠯᠭᠡ ᠶᠢᠨ ᠠᠵᠤ ᠦᠢᠯᠡᠰ ᠤᠨ ᠳᠠᠯᠳᠠ ᠬᠦᠴᠦᠨ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠵᠤ ᠦᠢᠯᠡᠰ ᠤᠨ ᠬᠦᠭᠵᠢᠯᠲᠡ ᠶᠢᠨ ᠰᠢᠨ᠎ᠠ ᠲᠤᠯᠭᠠᠭᠤᠷᠢ ᠶᠢ ᠪᠣᠢ ᠪᠣᠯᠭᠠᠨ ᠪᠦᠷᠢᠯᠳᠦᠭᠦᠯᠬᠦ ᠲᠠᠢ ᠤᠶᠠᠯᠳᠤᠭᠤᠯᠤᠨ᠂ 70 ᠲᠦᠮᠡᠨ ᠲᠤᠨ ᠤ ᠡᠲ᠋ᠢᠯ ᠬᠤᠶᠠᠷᠴᠢ ᠠᠯᠺᠤᠤᠯ ᠵᠢᠴᠢ 120 ᠲᠦᠮᠡᠨ ᠲᠤᠨ ᠤ ᠡᠾᠷᠣᠮᠲᠤ ᠲᠡᠮᠦᠷ ᠤᠨ ᠨᠡᠶᠢᠯᠡᠮᠡᠯ᠂ 2 × 30 ᠲᠦᠮᠡᠨ ᠲᠤᠨ ᠤ ᠰᠢᠲᠠᠮᠠᠬᠠᠢ ᠠᠯᠺᠤᠤᠯ᠂ 120 ᠲᠦᠮᠡᠨ ᠺᠢᠯᠤᠧᠲ ᠤᠰᠤ ᠲᠠᠲᠠᠵᠤ ᠡᠨᠧᠷᠭᠢ ᠬᠠᠳᠠᠭᠠᠯᠠᠬᠤ᠂ 60 ᠲᠦᠮᠡᠨ ᠲᠤᠨ ᠤ ᠠᠯᠭᠤᠷ ᠰᠢᠩᠭᠡᠭᠡᠬᠦ ᠪᠣᠷᠳᠤᠭᠤᠷ᠂ ᠵᠧᠩ ᠸᠧᠢ ᠮᠡᠳᠡᠭᠡ ᠵᠠᠩᠭᠢ ᠶᠢᠨ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠴᠢᠬᠤᠯᠠ ᠶᠡᠭᠡ ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠶᠤᠧᠠᠨ ᠯᠢᠶᠠᠨ ᠪᠣᠯᠣᠳ ᠲᠡᠮᠦᠷ ᠤᠨ ᠮᠡᠷᠭᠡᠵᠢᠯ ᠤᠨ ᠰᠢᠨᠡᠴᠢᠯᠡᠯᠲᠡ ᠳᠡᠰ ᠳᠡᠪᠰᠢᠭᠦᠯᠬᠦ᠂ ᠲᠦᠸᠧ ᠵᠢᠶᠠ ᠰᠢᠩᠭᠡᠨ ᠲᠠᠯᠠᠰᠲᠤ ᠳᠡᠯᠭᠡᠴᠡ ᠶᠢᠨ ᠬᠤᠶᠠᠳᠤᠭᠠᠷ ᠬᠤᠭᠤᠴᠠᠭ᠎ᠠ᠂ ᠯᠢᠩ ᠶᠦᠨ ᠬᠠᠢ ᠰᠢᠬᠢᠷ ᠦᠢᠯᠡᠳᠬᠦ᠂ ᠠᠨ ᠴᠢ ᠢᠰᠭᠡᠭᠦᠷ ᠵᠡᠷᠭᠡ 90 ᠭᠤᠣᠯᠳᠠᠯᠭ᠎ᠠ ᠲᠠᠢ ᠲᠦᠷᠥᠯ ᠵᠦᠢᠯ ᠤᠨ ᠠᠵᠢᠯ ᠳᠠᠭᠤᠰᠴᠤ ᠠᠰᠢᠭᠯᠠᠯᠲᠠ ᠳᠤ ᠤᠷᠣᠬᠤ ᠶᠢ ᠦᠨᠡᠩᠬᠦ ᠪᠠᠲᠤᠯᠠᠵᠤ᠂ ᠨᠡᠩ ᠤᠯᠠᠨ ᠠᠵᠤ ᠦᠢᠯᠡᠳᠪᠦᠷᠢ ᠶᠢᠨ ᠬᠡᠪᠴᠢᠶ᠎ᠠ ᠶᠢ ᠪᠣᠵᠠᠭᠠᠶᠢᠷᠠᠭᠤᠯᠬᠤ ᠠᠮᠢᠳᠤᠯᠢᠭ ᠬᠦᠴᠦᠨ ᠢ ᠪᠦᠷᠢᠯᠳᠦᠭᠦᠯᠦᠨ᠎ᠠ᠃ ᠪᠣᠳᠠᠲᠤ ᠠᠵᠤ ᠠᠬᠤᠢ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠲᠠᠢ ᠤᠶᠠᠯᠳᠤᠭᠤᠯᠤᠨ᠂ ᠵᠢᠭᠡᠯᠡᠯᠭᠡ ᠶᠢᠨ ᠪᠠᠲᠤᠯᠠᠨ ᠳᠠᠭᠠᠭᠠᠯᠲᠠ ᠶᠢᠨ ᠬᠠᠮᠵᠢᠯᠴᠠᠭᠠᠨ ᠤ ᠵᠣᠬᠢᠴᠠᠮᠵᠢ ᠶᠢ ᠰᠢᠨ᠎ᠠ ᠪᠠᠷ ᠡᠭᠦᠳᠴᠦ᠂ ᠵᠠᠰᠠᠭ ᠤᠨ ᠤᠷᠳᠣᠨ ᠤ ᠳᠠᠭᠠᠭᠠᠨ ᠪᠠᠲᠤᠯᠠᠬᠤ ᠲᠠᠪᠴᠠᠩ ᠤᠨ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠤᠨ ᠳᠠᠭᠠᠭᠤᠯᠵᠤ ᠪᠣᠳᠠᠲᠤ ᠠᠵᠤ ᠠᠬᠤᠢ ᠶᠢᠨ ᠬᠦᠭᠵᠢᠯᠲᠡ ᠶᠢ ᠳᠡᠮᠵᠢᠨ ᠠᠬᠢᠭᠤᠯᠵᠤ᠂ ᠳᠣᠮᠳᠠ ᠵᠢᠵᠢᠭ ᠪᠡᠴᠢᠯ ᠠᠵᠤ ᠠᠬᠤᠶᠢᠯᠠᠯ ᠤᠨ ᠪᠡᠯᠡ ᠴᠤᠭᠯᠠᠭᠤᠯᠬᠤ ᠬᠦᠴᠢᠷᠳᠡᠯ ᠢ ᠪᠦᠲᠦᠮᠵᠢᠲᠠᠢ ᠨᠠᠮᠬᠠᠳᠬᠠᠵᠤ᠂ ᠪᠦᠬᠦ ᠵᠢᠯ ᠳᠤ 160 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢ ᠰᠢᠨ᠎ᠠ ᠪᠠᠷ ᠨᠡᠮᠡᠭᠳᠡᠭᠦᠯᠦᠨ᠎ᠠ ᠃ ᠠᠵᠤ ᠠᠬᠤᠶᠢᠯᠠᠯ ᠤᠨ ᠡᠵᠡᠩᠨᠡᠯᠲᠡ ᠲᠣᠬᠢᠷᠠᠭᠤᠯᠤᠯᠲᠠ ᠶᠢ ᠴᠢᠩᠳᠠᠯᠠᠨ᠂ ᠦᠢᠯᠡᠴᠢᠯᠡᠭᠡᠨ ᠤ ᠪᠠᠲᠤᠯᠠᠭ᠎ᠠ ᠪᠠᠨ ᠦᠨᠡᠩᠬᠦ ᠴᠢᠩᠳᠠᠯᠠᠨ᠂ ᠶᠡᠷᠦᠩᠬᠡᠶᠢᠯᠡᠭᠰᠡᠨ ᠲᠦᠷᠥ ᠶᠢᠨ ᠪᠣᠳᠣᠯᠭ᠎ᠠ ᠬᠡᠷᠡᠭᠵᠢᠭᠦᠯᠦᠨ ᠠᠵᠤ ᠠᠬᠤᠶᠢᠯᠠᠯ ᠤᠨ ᠤᠭ ᠦᠷᠲᠡᠭ ᠢ ᠪᠠᠭᠤᠷᠠᠭᠤᠯᠵᠤ᠂ ᠬᠤᠯᠪᠣᠯᠴᠠᠨ ᠳᠠᠬᠢᠨ ᠵᠣᠬᠢᠶᠠᠨ ᠪᠠᠶᠢᠭᠤᠯᠬᠤ᠂ ᠮᠡᠷᠭᠡᠵᠢᠯ ᠤᠨ ᠦᠭᠡᠷᠡᠴᠢᠯᠡᠯᠡᠲᠡ ᠬᠢᠬᠦ ᠳᠡᠰ ᠳᠡᠪᠰᠢᠬᠦ ᠵᠡᠷᠭᠡ ᠠᠷᠭ᠎ᠠ ᠬᠡᠯᠪᠡᠷᠢ ᠪᠠᠷ ᠦᠢᠯᠡᠳᠪᠦᠷᠢᠯᠡᠯ ᠵᠤᠭᠰᠤᠭᠰᠠᠨ ᠠᠵᠤ ᠠᠬᠤᠶᠢᠯᠠᠯ᠂ ᠠᠯᠳᠠᠪᠤᠷᠢ ᠲᠠᠢ ᠠᠵᠤ ᠠᠬᠤᠶᠢᠯᠠᠯ ᠤᠨ ᠬᠦᠴᠢᠷᠳᠡᠯ ᠠᠴᠠ ᠠᠩᠭᠢᠵᠢᠷᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠠᠨ ᠡᠷᠡᠭᠦᠯ ᠢᠶᠠᠷ ᠨᠡᠮᠡᠭᠳᠡᠬᠦ ᠶᠢ ᠠᠬᠢᠭᠤᠯᠤᠨ᠎ᠠ᠃      ︵ᠲᠥᠷᠪᠡ︶ ᠦᠢᠯᠡᠴᠢᠯᠡᠭᠡᠨ ᠤ ᠦᠢᠯᠡᠰ ᠤᠨ ᠰᠢᠨ᠎ᠠ ᠰᠢᠪᠲᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠵᠢᠭᠤᠯᠴᠢᠯᠠᠯ ᠤᠨ ᠵᠢᠷᠭᠤᠭᠠᠨ ᠲᠣᠮᠣ ᠲᠡᠮᠳᠡᠭ ᠤᠨ ᠠᠵᠢᠯᠯᠠᠭᠠᠨ ᠤ ᠲᠦᠯᠥᠪᠯᠡᠭᠡ ᠶᠢ ᠬᠡᠷᠡᠭᠵᠢᠭᠦᠯᠵᠦ᠂ ᠪᠦᠬᠦ ᠵᠢᠯ ᠳᠤ ᠵᠢᠭᠤᠯᠴᠢᠯᠠᠯ ᠤᠨ ᠬᠠᠮᠢᠶ᠎ᠠ ᠲᠠᠢ ᠲᠦᠷᠥᠯ ᠵᠦᠢᠯ 260᠎ ᠶᠢ ᠡᠬᠢᠯᠡᠨ ᠪᠠᠶᠢᠭᠤᠯᠵᠤ᠂ ᠵᠢᠭᠤᠯᠴᠢᠯᠠᠯ ᠲᠠᠢ ᠬᠠᠮᠢᠶ᠎ᠠ ᠲᠠᠢ ᠪᠡᠯᠡ ᠤᠷᠤᠭᠤᠯᠤᠯᠲᠠ 100 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠮᠠᠶᠢᠷᠢᠨ ᠭᠤᠤ ᠤᠯᠤᠰ ᠤᠨ ᠳᠡᠰ ᠤᠨ ᠵᠤᠭᠠᠴᠠᠨ ᠠᠮᠠᠷᠠᠬᠤ ᠤᠷᠣᠨ ᠪᠠ ᠬᠠᠰ ᠯᠤᠤ ᠡᠯᠡᠰᠦᠨ ᠪᠦᠷᠢᠳᠦ ᠶᠢᠨ 5A ᠳᠡᠰ ᠤᠨ ᠦᠵᠡᠮᠵᠢ ᠶᠢᠨ ᠤᠷᠣᠨ ᠢ ᠡᠭᠦᠳᠦᠨ ᠪᠠᠶᠢᠭᠤᠯᠬᠤ ᠠᠵᠢᠯ ᠢ ᠲᠣᠪᠤᠶᠢᠮ᠎ᠠ ᠠᠳᠬᠤᠵᠤ᠂ 1000 ᠺᠢᠯᠤᠮᠧᠲᠷ ᠤᠨ ᠵᠢᠭᠤᠯᠴᠢᠯᠠᠯ ᠤᠨ ᠲᠤᠰᠬᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠳᠠᠭᠤᠰᠬᠠᠵᠤ᠂ ᠵᠢᠭᠤᠯᠴᠢᠯᠠᠯ ᠤᠨ ᠲᠣᠮᠣ ᠠᠰᠠᠷ ᠵᠡᠷᠭᠡ ᠭᠤᠣᠯᠳᠠᠯᠭ᠎ᠠ ᠲᠠᠢ ᠲᠦᠷᠥᠯ ᠵᠦᠢᠯ ᠤᠨ ᠠᠰᠢᠭᠯᠠᠯᠲᠠ ᠳᠤ ᠤᠷᠣᠵᠤ ᠡᠵᠡᠩᠨᠡᠬᠦ ᠶᠢ ᠪᠠᠲᠤᠯᠠᠨ᠎ᠠ᠃ ᠵᠢᠭᠤᠯᠴᠢᠯᠠᠯ ᠤᠨ ᠲᠦᠬᠦᠷ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠪᠡᠭᠡᠵᠢᠩ ᠲᠢᠶᠠᠨᠵᠢᠨ ᠡᠾᠧᠪᠧᠢ ᠪᠣᠯᠣᠨ ᠬᠦᠷᠰᠢ ᠵᠡᠷᠭᠡᠯᠡᠳᠡᠭᠡ ᠭᠠᠵᠠᠷ ᠤᠷᠣᠨ ᠯᠤᠭ᠎ᠠ ᠶᠢᠨ ᠬᠤᠯᠪᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠂ ᠮᠠᠰᠢᠨ ᠲᠡᠷᠭᠡᠨ ᠤ ᠦᠪᠡᠷᠲᠡᠭᠡᠨ ᠰᠤᠩᠭᠤᠬᠤ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠤᠷᠣᠨ ᠤ ᠰᠢᠯᠵᠢᠮᠡᠯ ᠴᠢᠮᠡᠭᠡ ᠨᠡᠪᠳᠡᠷᠡᠯᠭᠡ ᠶᠢᠨ ᠲᠣᠣᠷᠵᠢᠯ ᠤᠨ ᠪᠦᠬᠦᠨ ᠢ ᠪᠦᠷᠬᠦᠭᠦᠯᠬᠦ ᠶᠢ ᠲᠦᠪᠯᠡᠷᠡᠭᠦᠯᠦᠨ ᠪᠤᠭᠤᠮᠲᠠ ᠰᠢᠪᠲᠤᠯᠤᠨ ᠪᠡᠶᠡᠯᠡᠭᠦᠯᠵᠦ᠂ ᠰᠢᠯᠵᠢᠮᠡᠯ ᠬᠤᠯᠪᠣᠭᠠᠨ ᠳᠠᠬᠢ ᠠᠶᠠᠨᠴᠢᠳ ᠤᠨ ᠦᠢᠯᠡᠴᠢᠭᠡᠨ ᠤ ᠲᠦᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠠ᠃ ᠵᠢᠭᠤᠯᠴᠢᠯᠠᠯ ᠢᠶᠠᠷ ᠲᠠᠨᠢᠯᠴᠠᠭᠤᠯᠤᠨ ᠠᠷᠠᠯᠵᠢᠶᠠᠴᠢᠨ ᠤᠷᠢᠬᠤ᠂ ᠪᠡᠶ᠎ᠠ ᠶᠢᠨ ᠲᠠᠮᠢᠷ ᠤᠨ ᠨᠡᠷᠡᠲᠦ ᠤᠷᠤᠯᠳᠤᠭᠠᠨ ᠵᠡᠷᠭᠡ ᠴᠢᠬᠤᠯᠠ ᠶᠡᠭᠡ ᠠᠵᠢᠯᠯᠠᠭᠠᠨ ᠢ ᠰᠠᠶᠢᠲᠤᠷ ᠡᠷᠬᠢᠯᠡᠨ᠂ ᠤᠯᠠᠭᠠᠨᠬᠠᠳᠠ ᠶᠢᠨ ᠵᠢᠭᠤᠯᠴᠢᠯᠠᠯ ᠤᠨ ᠨᠡᠷ᠎ᠠ ᠠᠯᠳᠠᠷ ᠪᠠ ᠨᠦᠯᠥᠭᠡᠯᠠᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠤᠨ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠢ ᠨᠤᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ ᠤ ᠬᠤᠲᠠ ᠶᠢᠨ ᠨᠢᠭᠡᠳᠦᠭᠡᠷ ᠬᠤᠭᠤᠴᠠᠭ᠎ᠠ᠂ ᠮᠦᠩᠭᠦᠨ ᠭᠦᠢᠯᠭᠡᠭᠡᠨ ᠤ ᠪᠠᠷᠠᠭ᠎ᠠ ᠶᠢᠨ ᠭᠦᠢᠯᠭᠡᠭᠡᠨ ᠤ ᠭᠠᠷᠠᠮ ᠤᠨ ᠬᠤᠶᠠᠳᠤᠭᠠᠷ ᠬᠤᠭᠤᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠪᠥᠷ ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ᠂ ᠯᠢ ᠹᠧᠩ ᠮᠠᠰᠢᠨ ᠲᠡᠷᠭᠡᠨ ᠤ ᠵᠠᠬ᠎ᠠ ᠳᠡᠯᠭᠡᠭᠦᠷ᠂ ᠴᠢᠶᠠᠨ ᠰᠢ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ᠂ ᠳ᠋ᠠ ᠹᠦ᠋ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠵᠡᠷᠭᠡ ᠶᠢᠨ ᠬᠤᠲᠠ ᠠᠴᠠ ᠭᠠᠷᠴᠤ ᠬᠦᠷᠢᠶᠡᠯᠡᠩ ᠲᠣᠭᠤᠷᠢᠭ ᠲᠤ ᠤᠷᠣᠬᠤ ᠠᠯᠬᠤᠴᠠ ᠶᠢ ᠲᠦᠷᠭᠡᠳᠬᠡᠨ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠤᠯᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠣᠯᠭᠠᠬᠤ ᠶᠢ ᠠᠬᠢᠭᠤᠯᠵᠤ᠂ ᠴᠠᠬᠢᠮ ᠬᠤᠳᠠᠯᠳᠤᠭᠠᠨ ᠤ ᠶᠠᠪᠤᠳᠠᠯ ᠤᠨ ᠬᠦᠳᠡᠭᠡ ᠲᠣᠰᠬᠤᠨ ᠳᠤ ᠤᠷᠤᠭᠰᠠᠨ ᠵᠢᠱᠢᠶ᠎ᠠ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠮᠦᠩᠭᠦᠨ ᠭᠦᠢᠯᠭᠡᠭᠡᠨ ᠤ ᠠᠵᠤ ᠦᠢᠯᠡᠰ ᠢ ᠢᠳᠡᠪᠬᠢᠲᠠᠢ ᠳᠡᠮᠵᠢᠨ ᠪᠤᠶᠢᠵᠢᠭᠤᠯᠤᠨ᠎ᠠ᠂ ᠬᠤᠧᠠ ᠰᠢᠶᠠ ᠪᠠᠩᠬᠢ ᠨᠢ ᠮᠠᠨ ᠤ ᠬᠤᠲᠠ ᠳᠤ ᠰᠠᠯᠪᠤᠷᠢ ᠪᠠᠶᠢᠭᠤᠯᠤᠮᠵᠢ ᠭᠠᠷᠭᠠᠬᠤ ᠶᠢ ᠠᠬᠢᠭᠤᠯᠵᠤ᠂ ᠪᠠᠷᠢᠮᠵᠢᠶ᠎ᠠ ᠪᠤᠰᠤ ᠦᠩᠭᠡᠲᠦ ᠲᠡᠮᠦᠷᠯᠢᠭ ᠤᠨ ᠠᠷᠠᠯᠵᠢᠶᠠᠨ ᠤ ᠲᠦᠪ ᠤᠨ ᠠᠷᠠᠯᠵᠢᠶᠠᠴᠢᠨ ᠤᠷᠢᠬᠤ ᠠᠵᠢᠯ ᠢ ᠴᠢᠩᠭᠠᠳᠬᠠᠵᠤ᠂ ᠨᠡᠩ ᠤᠯᠠᠨ ᠮᠦᠩᠭᠦᠨ ᠭᠦᠢᠯᠭᠡᠭᠡᠨ ᠤ ᠠᠵᠤ ᠠᠬᠤᠶᠢᠯᠠᠯ ᠢ ᠲᠠᠲᠠᠨ ᠪᠤᠭᠤᠮᠲᠠ ᠶᠢᠨ ᠭᠠᠳᠠᠨᠠᠬᠢ ᠮᠦᠩᠭᠦᠨ ᠭᠦᠢᠯᠭᠡᠭᠡᠨ ᠤ ᠵᠢᠵᠢᠭ ᠪᠠᠯᠭᠠᠰᠤᠨ ᠳᠤ ᠰᠠᠭᠤᠷᠢᠰᠢᠭᠤᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠳᠦᠷᠪᠡᠨ ᠵᠢᠯ ᠤᠨ ᠠᠵᠢᠯᠯᠠᠭᠠᠨ ᠤ ᠲᠦᠯᠥᠪᠯᠡᠭᠡ ᠶᠢ ᠭᠦᠨᠵᠡᠭᠡᠶᠢᠷᠡᠭᠦᠯᠦᠨ᠂ ᠦᠷᠭᠡᠳᠬᠡᠬᠦ ᠨᠡᠶᠢᠯᠡᠭᠦᠯᠬᠦ ᠳᠠᠬᠢᠨ ᠵᠣᠬᠢᠶᠠᠨ ᠪᠠᠶᠢᠭᠤᠯᠬᠤ᠂ ᠪᠡᠯᠡ ᠬᠤᠷᠠᠮᠳᠤᠭᠤᠯᠤᠨ ᠳᠦᠷᠢᠶᠡᠰᠦᠯᠡᠬᠦ ᠵᠡᠷᠭᠡ ᠠᠷᠭ᠎ᠠ ᠵᠠᠮ ᠢᠶᠠᠷ 50 ᠳ᠋ᠦᠩᠰᠢᠭᠤᠷ ᠠᠴᠠ ᠳᠡᠭᠡᠭᠰᠢ ᠰᠢᠭᠤᠳ ᠪᠡᠯᠡ ᠬᠤᠷᠠᠮᠳᠤᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃      ︵ᠲᠠᠪᠤ︶ ᠬᠦᠳᠡᠭᠡ ᠲᠣᠰᠬᠤᠨ ᠢᠶᠠᠨ ᠬᠦᠭᠵᠢᠭᠦᠯᠦᠨ ᠮᠠᠨᠳᠤᠭᠤᠯᠬᠤ ᠠᠯᠬᠤᠮ ᠢ ᠪᠦᠬᠦ ᠬᠦᠴᠦᠨ ᠢᠶᠠᠷ ᠠᠬᠢᠭᠤᠯᠤᠨ᠎ᠠ᠃ ︽ᠠᠵᠤ ᠦᠢᠯᠡᠰ ᠢ ᠬᠦᠭᠵᠢᠭᠡᠬᠦ︾᠎ ᠶᠢ ᠠᠬᠢᠭᠤᠯᠬᠤ ᠲᠠᠢ ᠤᠶᠠᠯᠳᠤᠭᠤᠯᠤᠨ᠂ ᠪᠣᠳᠠᠲᠠᠢ ᠠᠴᠠ ᠡᠭᠦᠰᠦᠨ ᠲᠠᠷᠢᠵᠤ ᠲᠡᠵᠢᠭᠡᠬᠦ ᠦᠢᠯᠡᠰ ᠤᠨ ᠪᠦᠲᠦᠴᠡ ᠳᠤ ᠭᠦᠨᠵᠡᠭᠡᠢ ᠲᠣᠬᠢᠷᠠᠭᠤᠯᠤᠯᠲᠠ ᠬᠢᠵᠦ᠂ ᠲᠦᠬᠦᠭᠡᠷᠦᠮᠵᠢᠲᠦ ᠲᠠᠷᠢᠶᠠᠯᠠᠩ ᠪᠠ ᠦᠨᠳᠥᠷ ᠪᠦᠲᠦᠮᠵᠢᠲᠦ ᠤᠰᠤ ᠠᠷᠪᠢᠯᠠᠬᠤ ᠲᠠᠷᠢᠶᠠᠯᠠᠩ ᠢ ᠲᠦᠷᠭᠡᠨ ᠬᠦᠭᠵᠢᠭᠦᠯᠵᠦ᠂ ᠤᠨᠴᠠᠯᠢᠭᠲᠠᠢ ᠲᠠᠷᠢᠵᠤ ᠲᠡᠵᠢᠭᠡᠬᠦ ᠦᠢᠯᠡᠰ ᠪᠠ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢ ᠡᠳ᠋ᠰᠢᠭᠦᠯᠬᠦ ᠠᠵᠤ ᠦᠢᠯᠡᠳᠪᠦᠷᠢ ᠶᠢ ᠶᠡᠬᠡᠪᠡᠷ ᠬᠦᠭᠵᠢᠭᠦᠯᠵᠦ᠂ ᠬᠦᠳᠡᠭᠡ ᠶᠢᠨ ᠶᠡᠷᠦᠩᠭᠡᠢ ᠴᠤᠭᠴᠠ ᠶᠢᠨ ᠪᠠᠶᠢᠭᠤᠯᠤᠯᠲᠠ ᠳᠤ ᠰᠢᠪᠲᠤᠯᠤᠯᠲᠠ ᠭᠠᠷᠭᠠᠬᠤ ᠶᠢ ᠬᠦᠴᠦᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠬᠢᠭᠡᠳ ᠬᠤᠶᠠᠷ ᠭᠤᠷᠪᠠᠳᠤᠭᠠᠷ ᠠᠵᠤ ᠦᠢᠯᠡᠰ ᠤᠨ ᠤᠷᠭᠠᠨᠢᠭ ᠨᠡᠶᠢᠯᠡᠯᠲᠡ ᠶᠢ ᠠᠬᠢᠭᠤᠯᠵᠤ᠂ ᠪᠦᠬᠦ ᠵᠢᠯ ᠳᠤ ᠲᠦᠬᠦᠭᠡᠷᠦᠮᠵᠢᠲᠦ ᠲᠠᠷᠢᠶᠠᠯᠠᠩ᠂ ᠰᠢᠯᠢᠳᠡᠭ ᠴᠢᠨᠠᠷᠲᠦ ᠬᠦᠷᠡᠩ ᠴᠠᠷᠭᠠᠰᠤ᠂ ᠦᠨᠳᠥᠷ ᠠᠰᠢᠭᠲᠠᠢ ᠠᠵᠤ ᠠᠬᠤᠢ ᠶᠢᠨ ᠤᠢ ᠲᠤᠰᠪᠤᠷᠢ 20 ᠲᠦᠮᠡᠨ ᠮᠦ ᠨᠡᠮᠡᠭᠳᠡᠭᠦᠯᠦᠨ᠂ ᠤᠰᠤ ᠠᠷᠪᠢᠯᠠᠵᠤ ᠤᠰᠤᠯᠠᠬᠤ ᠲᠠᠯᠠᠪᠠᠢ 40 ᠲᠦᠮᠡᠨ ᠮᠦ ᠨᠡᠮᠡᠭᠳᠡᠭᠦᠯᠦᠨ᠂ ᠴᠢᠨᠠᠷ ᠰᠠᠶᠢᠲᠠᠢ ᠠᠯᠠᠰᠢᠨ ᠦᠬᠡᠷ ᠬᠤᠨᠢ 900 ᠲᠣᠯᠣᠭᠠᠢ ᠠᠴᠠ ᠳᠡᠭᠡᠭᠰᠢ᠂ ᠭᠠᠭ᠋ᠠᠢ 700 ᠲᠦᠮᠡ ᠠᠴᠠ ᠳᠡᠭᠡᠭᠰᠢ ᠬᠤᠳᠠᠯᠳᠤᠨ᠎ᠠ᠃ ︽ᠠᠮᠢ ᠠᠬᠤᠢ ᠶᠢᠨ ᠤᠷᠤᠰᠢᠨ ᠰᠠᠭᠤᠷᠢᠰᠢᠬᠤ ᠳᠤ ᠲᠣᠬᠢᠲᠠᠢ︾ ᠪᠠᠶᠢᠬᠤ ᠶᠢ ᠠᠬᠢᠭᠤᠯᠬᠤ ᠲᠠᠢ ᠤᠶᠠᠯᠳᠤᠭᠤᠯᠤᠨ᠂ ᠬᠦᠳᠡᠭᠡ ᠲᠣᠰᠬᠤᠨ ᠮᠠᠯᠵᠢᠬᠤ ᠤᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠦᠳᠡᠭᠡ ᠲᠣᠰᠬᠤᠨ ᠮᠠᠯᠵᠢᠬᠤ ᠤᠷᠣᠨ ᠤ ᠬᠤᠭ ᠨᠣᠪᠰᠢ ᠶᠢ ᠰᠢᠢᠳᠪᠦᠷᠢᠯᠡᠬᠦ᠂ ᠲᠠᠷᠢᠶᠠᠴᠢᠨ ᠮᠠᠯᠴᠢᠨ ᠡᠷᠦᠬᠡ ᠶᠢᠨ ᠵᠣᠷᠯᠣᠩ ᠢ ᠦᠭᠡᠷᠡᠴᠢᠯᠡᠬᠦ ᠰᠢᠨ᠎ᠠ ᠬᠡᠯᠪᠡᠷᠢ ᠮᠠᠶ᠋ᠢᠭ ᠢ ᠰᠦᠪᠡᠭᠴᠢᠯᠡᠵᠦ᠂ ᠬᠦᠳᠡᠭᠡ ᠲᠣᠰᠬᠤᠨ ᠮᠠᠯᠵᠢᠬᠤ ᠤᠷᠣᠨ ᠤ ᠤᠷᠴᠢᠨ ᠲᠣᠭᠤᠷᠢᠨ ᠢ ᠵᠠᠰᠠᠨ ᠬᠠᠮᠢᠶᠠᠷᠴᠤ ᠬᠠᠮᠠᠭᠠᠯᠠᠬᠤ ᠤᠷᠲᠤᠮᠵᠢ ᠶᠢᠨ ᠵᠣᠬᠢᠴᠠᠮᠵᠢ ᠶᠢ ᠲᠣᠭᠲᠠᠭᠠᠨ᠎ᠠ᠃ ︽ᠬᠦᠳᠡᠭᠡ ᠶᠢᠨ ᠵᠠᠩ ᠳᠠᠳᠬᠠᠯ ᠤᠨ ᠪᠣᠯᠪᠠᠰᠤᠨ︾᠎ ᠢ ᠠᠬᠢᠭᠤᠯᠬᠤ ᠲᠠᠢ ᠤᠶᠠᠯᠳᠤᠭᠤᠯᠤᠨ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠶᠢ ᠰᠢᠯᠭᠠᠷᠠᠭᠤᠯᠤᠨ ᠰᠤᠩᠭᠤᠬᠤ ᠠᠵᠢᠯᠯᠠᠭᠠᠨ ᠢ ᠭᠦᠨᠵᠡᠭᠡᠢ ᠦᠷᠨᠢᠭᠦᠯᠦᠨ᠂ ᠬᠥᠷᠰᠢ ᠵᠡᠷᠭᠡᠯᠡᠳᠡᠭᠡ ᠡᠶ᠎ᠡ ᠨᠠᠶᠢᠷᠲᠠᠢ᠂ ᠨᠠᠰᠤᠲᠠᠨ ᠢᠶᠠᠨ ᠬᠠᠷᠠᠭᠠᠯᠵᠠᠵᠤ ᠲᠦᠷᠦᠯ ᠰᠠᠳᠤᠨ ᠢᠶᠠᠨ ᠬᠥᠨᠳᠦᠳᠭᠡᠭᠰᠡᠨ ᠨᠡᠶᠢᠭᠡᠮ ᠤᠨ ᠬᠡᠪ ᠰᠤᠷᠲᠠᠯ ᠢ ᠶᠡᠬᠡᠪᠡᠷ ᠰᠤᠷᠲᠠᠯᠴᠢᠯᠠᠵᠤ᠂ ᠬᠤᠷᠢᠮ ᠪᠡᠯᠪᠡᠰᠦᠷᠡᠯ ᠵᠡᠷᠭᠡ ᠬᠦᠷᠢᠶ᠎ᠠ ᠬᠡᠪᠴᠢᠶᠡᠨ ᠤ ᠵᠠᠩ ᠰᠤᠷᠲᠠᠯ ᠢ ᠬᠤᠪᠢᠷᠠᠭᠤᠯᠬᠤ ᠶᠢ ᠲᠦᠷᠭᠡᠨ ᠠᠬᠢᠭᠤᠯᠤᠨ᠎ᠠ᠃ ︽ᠵᠠᠰᠠᠯᠲᠠ ᠨᠢ ᠪᠦᠲᠦᠮᠵᠢᠲᠠᠢ ᠪᠠᠶᠢᠬᠤ︾᠎ ᠶᠢ ᠠᠬᠢᠭᠤᠯᠬᠤ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠤᠬᠠᠭᠤᠯᠭ᠎ᠠ ᠬᠦᠮᠥᠵᠢᠯ ᠢᠶᠠᠨ ᠴᠢᠩᠭᠠᠳᠬᠠᠵᠤ᠂ ᠲᠣᠰᠠᠬᠤᠨ ᠤ ᠶᠠᠪᠤᠳᠠᠯ ᠢ ᠢᠯᠡ ᠪᠣᠯᠭᠠᠬᠤ᠂ ᠡᠳ᠋ ᠤᠨ ᠶᠠᠪᠤᠳᠠᠯ ᠢ ᠢᠯᠡ ᠪᠣᠯᠭᠠᠬᠤ ᠶᠢ ᠢᠳᠡᠪᠬᠢᠲᠠᠢ ᠠᠬᠢᠭᠤᠯᠵᠤ᠂ ᠠᠷᠪᠠᠳᠤᠭᠠᠷ ᠬᠤᠭᠤᠴᠠᠭᠠᠨ ᠤ ᠭᠠᠴᠠᠭ᠎ᠠ ᠲᠣᠰᠬᠤᠨ ᠤ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠨ᠎ᠠ᠃ ︽ᠠᠮᠢᠳᠤᠷᠠᠯ ᠨᠢ ᠪᠠᠶᠠᠨ ᠴᠢᠨᠡᠭᠡᠯᠢᠭ ᠪᠣᠯᠬᠤ︾᠎ ᠶᠢ ᠠᠬᠢᠭᠤᠯᠬᠤ ᠲᠠᠢ ᠤᠶᠠᠯᠳᠤᠭᠤᠯᠤᠨ᠂ ᠡᠯ᠎ᠠ ᠵᠦᠢᠯ ᠤᠨ ᠲᠠᠷᠢᠶᠠᠯᠠᠩ ᠮᠠᠯᠵᠢᠯ ᠳᠤ ᠬᠠᠷᠠᠭᠠᠯᠵᠠᠯᠠᠯ ᠲᠠᠢ ᠲᠦᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠡᠶᠢᠳᠠᠪᠤᠷᠢᠵᠢᠭᠤᠯᠵᠤ᠂ ᠲᠠᠷᠢᠶᠠᠴᠢᠳ ᠮᠠᠯᠴᠢᠳ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠤᠨ ᠬᠦᠴᠦᠯᠡᠴᠡ ᠪᠠᠨ ᠨᠡᠮᠡᠭᠳᠡᠭᠦᠯᠵᠦ᠂ ᠦᠯᠡᠭᠦᠦ ᠬᠦᠳᠡᠯᠮᠦᠷᠢ ᠬᠦᠴᠦᠨ ᠤ ᠰᠢᠯᠵᠢᠨ ᠠᠵᠢᠯ ᠤᠯᠬᠤ ᠶᠢ ᠵᠢᠯᠣᠭᠤᠳᠤᠨ᠂ ᠲᠠᠷᠢᠶᠠᠴᠢᠳ ᠮᠠᠯᠴᠢᠳ ᠤᠨ ᠤᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠠ᠃      ︵ᠵᠢᠷᠭᠤᠭ᠎ᠠ︶ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦ᠋ᠢᠯᠡ ᠳᠠᠪᠰᠢᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠴᠢᠬᠤᠯᠠ ᠶᠡᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠳᠤ ᠲᠦᠪᠯᠡᠷᠡᠭᠦᠯᠦᠨ ᠪᠤᠭᠤᠮᠲᠠ ᠰᠢᠪᠲᠤᠯᠵᠤ᠂ ᠨᠢᠭᠡ ᠪᠦᠯᠦᠭ ᠴᠢᠬᠤᠯᠠ ᠶᠡᠭᠡ ᠰᠠᠭᠤᠷᠢ ᠲᠦᠬᠦᠭᠡᠷᠦᠮᠵᠢ ᠶᠢᠨ ᠪᠠᠷᠢᠯᠭ᠎ᠠ ᠶᠢᠨ ᠠᠵᠢᠯ ᠤᠨ ᠤᠷᠤᠭᠰᠢᠲᠠᠢ ᠪᠠᠷ ᠡᠬᠢᠯᠡᠵᠦ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 64.1 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠦᠷᠬᠦᠯᠵᠢᠯᠡᠨ ᠪᠠᠶᠢᠭᠤᠯᠵᠤ ᠪᠠᠶᠢᠭ᠎ᠠ 15 ᠲᠦᠷᠥᠯ ᠵᠦᠢᠯ ᠢ ᠲᠦᠷᠭᠡᠨ ᠠᠬᠢᠭᠤᠯᠵᠤ᠂ 10 ᠲᠦᠷᠥᠯ ᠵᠦᠢᠯ ᠨᠢ ᠡᠨᠡ ᠵᠢᠯ ᠳᠤ ᠪᠠᠶᠢᠭᠤᠯᠵᠤ ᠳᠠᠭᠠᠭᠤᠯᠤᠨ ᠲᠡᠷᠭᠡ ᠨᠡᠪᠲᠡᠷᠡᠬᠦ ᠶᠢ ᠦᠨᠡᠩᠬᠦ ᠪᠠᠲᠤᠯᠠᠵᠤ᠂ ᠰᠢᠶᠣᠣ ᠴᠧᠩ ᠽᠢ ᠠᠴᠠ ᠫᠢᠩᠴᠢᠤᠧᠠᠨ ᠬᠦᠷᠬᠦ ᠨᠢᠭᠡᠳᠦᠭᠡᠷ ᠳᠡᠰ ᠤᠨ ᠵᠠᠮ ᠪᠠ ᠠᠷᠪᠠᠨ ᠭᠡᠷ ᠠᠴᠠ ᠭᠤᠷᠤᠬ᠎ᠠ ᠬᠦᠷᠬᠦ ᠬᠤᠶᠠᠳᠤᠭᠠᠷ ᠳᠡᠰ ᠤᠨ ᠵᠠᠮ ᠢ ᠡᠬᠢᠯᠡᠨ ᠪᠦᠲᠦᠭᠡᠨ ᠪᠠᠶᠢᠭᠤᠯᠵᠤ᠂ ᠤᠯᠠᠭᠠᠨᠬᠠᠳᠠ ᠠᠴᠠ ᠰᠢᠶᠣᠣ ᠺᠠᠠ ᠯᠠ ᠬᠦᠷᠬᠦ ᠵᠡᠷᠭᠡ 9 ᠵᠠᠰᠠᠮᠠᠯ ᠵᠠᠮ ᠤᠨ ᠲᠦᠷᠥᠯ ᠵᠦᠢᠯ ᠤᠨ ᠠᠵᠢᠯ ᠡᠬᠢᠯᠡᠬᠦ ᠨᠦᠬᠦᠴᠡᠯ ᠢ ᠴᠢᠷᠮᠠᠶᠢᠨ ᠪᠦᠷᠢᠯᠳᠦᠭᠦᠯᠦᠨ᠎ᠠ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 53.5 ᠳ᠋ᠦᠩᠰᠢᠭᠤᠷ ᠲᠦᠭᠦᠷᠢᠭ᠂ ᠤᠯᠠᠭᠠᠨᠬᠠᠳᠠ ᠶᠢᠨ ᠲᠦᠷᠭᠡᠨ ᠬᠤᠷᠳᠤᠴᠠᠲᠤ ᠲᠡᠮᠦᠷ ᠵᠠᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠨᠡ ᠵᠢᠯ ᠳᠤ ᠲᠡᠮᠦᠷ ᠵᠠᠮ ᠢ ᠳᠡᠪᠢᠰᠦᠨ᠂ ᠵᠢᠩ ᠲᠦᠩ ᠱᠤᠭᠤᠮ ᠤᠨ ᠴᠠᠬᠢᠯᠭᠠᠨᠴᠢᠯᠠᠨ ᠦᠭᠡᠷᠡᠴᠢᠯᠡᠬᠦ ᠪᠠ ᠶᠧ ᡂᠢ ᠲᠡᠮᠦᠷ ᠵᠠᠮ ᠤᠨ ᠴᠢᠳᠠᠪᠬᠢ ᠶᠢ ᠦᠷᠭᠡᠳᠬᠡᠨ ᠦᠭᠡᠷᠡᠴᠢᠯᠡᠬᠦ ᠶᠢ ᠪᠡᠶᠡᠯᠡᠭᠦᠯᠵᠦ᠂ ᠵᠢᠲ᠋ᠦ᠋ᠩ ᠲᠡᠮᠦᠷ ᠵᠠᠮ ᠤᠨ ᠴᠠᠬᠢᠯᠭᠠᠨᠵᠢᠯᠲᠠ ᠶᠢᠨ ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠤᠨ᠎ᠠ᠃ ᠠᠭᠠᠷ ᠠᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 5 ᠳ᠋ᠦᠩᠰᠢᠭᠤᠷ ᠲᠦᠭᠦᠷᠢᠭ᠂ ᠬᠠᠰ ᠯᠤᠤ ᠨᠢᠰᠬᠡᠯ ᠤᠨ ᠪᠠᠭᠤᠳᠠᠯ ᠢ ᠦᠷᠭᠡᠳᠬᠡᠨ ᠪᠠᠶᠢᠭᠤᠯᠬᠤ ᠪᠠᠷᠢᠯᠭ᠎ᠠ ᠪᠠ ᠨᠡᠶᠢᠳᠡᠮ ᠬᠡᠷᠡᠭᠯᠡᠭᠡᠨ ᠤ 5 ᠨᠢᠰᠬᠡᠯ ᠤᠨ ᠪᠠᠭᠤᠳᠠᠯ ᠢ ᠡᠬᠢᠯᠡᠨ ᠪᠠᠶᠢᠭᠤᠯᠵᠤ᠂ ᠯᠢᠨᠰᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠡᠮᠦᠨ᠎ᠠ ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠎ᠠ᠃ ᠭᠤᠣᠯ ᠬᠤᠲᠠ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 100 ᠳ᠋ᠦᠩᠰᠢᠭᠤᠷ ᠲᠦᠭᠦᠷᠢᠭ᠂ ᠬᠤᠲᠠ ᠲᠣᠭᠤᠷᠢᠮ ᠤᠨ ᠤᠰᠤᠨ ᠰᠢᠰᠲ᠋ᠧᠮ ᠢ ᠵᠠᠰᠠᠬᠤ᠂ ᠰᠠᠨ ᠽᠦᠸᠧ ᠳ᠋ᠢᠶᠠᠨ ᠤᠰᠤᠨ ᠴᠦᠬᠦᠷᠦᠮ ᠠᠴᠠ ᠭᠤᠣᠯ ᠬᠤᠲᠠ ᠲᠣᠭᠤᠷᠢᠭ ᠵᠦᠭ ᠤᠰᠤ ᠲᠠᠲᠠᠨ ᠬᠠᠩᠭᠠᠬᠤ᠂ ᠬᠠᠮ ᠬᠤᠭᠤᠯᠠᠢ ᠬᠤᠩᠬᠢᠯ᠂ ︽ᠬᠤᠶᠠᠷ ᠠᠭᠤᠯᠠ ᠬᠤᠶᠠᠷ ᠴᠡᠴᠡᠷᠯᠢᠭ︾᠎ ᠶᠢᠨ ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠳᠠᠭᠤᠰᠬᠠᠵᠤ᠂ ᠳᠤᠮᠳᠠ ᠲᠣᠭᠤᠷᠢᠮ ᠵᠠᠮ᠂ ᠲᠦᠷᠭᠡᠨ ᠬᠤᠷᠳᠤᠴᠠᠲᠤ ᠲᠡᠮᠦᠷ ᠵᠠᠮ ᠤᠨ ᠪᠠᠷᠠᠭᠤᠨ ᠦᠷᠲᠡᠭᠡᠨ ᠤ ᠵᠠᠮ ᠬᠠᠷᠢᠯᠴᠠᠭᠠᠨ ᠤ ᠵᠠᠩᠭᠢᠯᠠᠭ᠎ᠠ ᠪᠠᠷᠢᠯᠭ᠎ᠠ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ ᠲᠦᠬᠦᠷ ᠬᠤᠭᠤᠯᠠᠢ ᠲᠣᠣᠷᠵᠢᠯ ᠵᠡᠷᠭᠡ ᠪᠠᠶᠢᠭᠤᠯᠵᠤ ᠪᠠᠶᠢᠭ᠎ᠠ ᠲᠦᠷᠥᠯ ᠵᠦᠢᠯ ᠢ ᠲᠦᠷᠭᠡᠨ ᠠᠬᠢᠭᠤᠯᠵᠤ᠂ ᠤᠰᠤᠨ ᠰᠤᠷᠪᠤᠯᠵᠢ ᠶᠢᠨ ᠭᠠᠵᠠᠷ ᠢ ᠭᠠᠳᠠᠭᠰᠢ ᠨᠡᠭᠦᠯᠭᠡᠬᠦ᠂ ᠳᠦᠷᠪᠡᠳᠦᠭᠡᠷ ᠤᠰᠤᠨ ᠤ ᠦᠢᠯᠡᠳᠪᠦᠷᠢ᠂ 10 ᠲᠤᠨ ᠤ ᠡᠭᠡᠭᠦᠯᠦᠭᠰᠡᠨ ᠤᠰᠤᠨ ᠤ ᠦᠢᠯᠡᠳᠪᠦᠷᠢ᠃ ᠬᠤᠩ ᠮᠢᠶᠣᠣᠽᠢ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠵᠢᠴᠢ ᠭᠤᠣᠯ ᠠᠯᠠᠤᠰᠯᠠᠭᠰᠠᠨ 6 ᠬᠦᠭᠦᠷᠭᠡ ᠵᠡᠷᠭᠡ ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠤᠨ᠎ᠠ᠃ ᠭᠤᠣᠯᠳᠠᠯᠭ᠎ᠠ ᠲᠠᠢ ᠬᠡᠪᠴᠢᠶ᠎ᠠ ᠶᠢ ᠰᠤᠩᠭᠤᠨ ᠬᠠᠭᠤᠴᠢᠨ ᠬᠤᠲᠠ ᠲᠣᠭᠤᠷᠢᠭ ᠤᠨ ᠦᠭᠡᠷᠡᠴᠢᠯᠡᠯᠡᠲᠡ ᠬᠢᠨ᠎ᠠ᠃ ᠬᠤᠲᠠ ᠪᠠᠯᠭᠠᠰᠤᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠶᠤᠨᠴᠢᠯᠠᠭᠰᠠᠨ᠂ ᠨᠠᠷᠢᠯᠢᠬᠴᠢᠯᠠᠭᠰᠠᠨ ᠬᠠᠮᠢᠶᠠᠷᠤᠯᠲᠠ ᠶᠢ ᠳᠡᠭᠡᠭᠰᠢᠯᠡᠭᠦᠯᠦᠨ᠎ᠠ᠃ ᠡᠨᠧᠷᠭᠢ ᠶᠢᠨ ᠵᠥᠭᠡᠭᠡᠪᠦᠷᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 110 ᠳ᠋ᠦᠩᠰᠢᠭᠤᠷ ᠲᠦᠭᠦᠷᠢᠭ᠂ ᠴᠣᠣᠶᠠᠩ ᠠᠴᠠ ᠤᠯᠠᠭᠠᠨᠬᠠᠳᠠ ᠬᠦᠷᠬᠦ ᠰᠢᠲᠠᠮᠠᠬᠠᠢ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠢᠨᠵᠧᠨᠧᠷᠢᠩ᠂ ᠬᠤᠲᠠ ᠬᠦᠳᠡᠭᠡ ᠶᠢᠨ ᠴᠠᠬᠢᠯᠭᠠᠨ ᠲᠣᠣᠷᠵᠢᠯ ᠢ ᠰᠢᠨ᠎ᠠ ᠪᠠᠶᠢᠭᠤᠯᠬᠤ ᠪᠠ ᠰᠢᠨᠡᠴᠢᠯᠡᠬᠦ ᠢᠨᠵᠧᠨᠧᠷᠢᠩ᠂ ᠹᠦ᠋ ᠯᠦᠩ ᠢᠯᠴᠢ ᠴᠠᠬᠢᠯᠭᠠᠨ ᠬᠤᠯᠪᠤᠭᠠᠯᠠᠨ ᠦᠢᠯᠡᠳᠪᠦᠷᠢᠯᠡᠬᠦ ᠵᠡᠷᠭᠡ ᠲᠦᠷᠥᠯ ᠵᠦᠢᠯ ᠢ ᠠᠵᠢᠯ ᠳᠠᠭᠤᠰᠬᠠᠨ ᠠᠰᠢᠭᠯᠠᠯᠲᠠ ᠳᠤ ᠤᠷᠤᠭᠤᠯᠤᠨ᠂ ᠤᠯᠠᠭᠠᠨᠬᠠᠳᠠ ᠠᠴᠠ ᠤᠮᠠᠷᠠᠲᠤ ᠤᠷᠣᠨ ᠬᠦᠷᠬᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠡᠮᠦᠨᠡᠬᠢ ᠬᠤᠭᠤᠴᠠᠭᠠᠨ ᠤ ᠠᠵᠢᠯ ᠳᠤ ᠪᠣᠳᠠᠲᠤ ᠠᠬᠢᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 20 ᠳ᠋ᠦᠩᠰᠢᠭᠤᠷ ᠲᠦᠭᠦᠷᠢᠭ᠂ ᠬᠦᠪ ᠤᠨ ᠭᠤᠤ ᠤᠰᠤᠨ ᠴᠦᠬᠦᠷᠦᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠷᠣᠨ ᠠᠯᠤᠰᠯᠠᠨ ᠤᠰᠤ ᠲᠠᠲᠠᠬᠤ ᠤᠯᠠᠭᠠᠨᠬᠠᠳᠠ ᠶᠢᠨ ᠰᠠᠯᠪᠤᠷᠢ ᠱᠤᠭᠤᠮ᠂ ᠳ᠋ᠦᠩ ᠲᠠᠶᠢᠽᠢ ᠤᠰᠤᠨ ᠴᠦᠬᠦᠷᠦᠮ ᠪᠣᠯᠣᠨ ᠠᠶᠤᠯ ᠡᠮᠵᠢᠭᠲᠡᠢ 47 ᠤᠰᠤᠨ ᠬᠠᠭᠠᠯᠲᠠ ᠶᠢ ᠪᠠᠬᠢᠵᠢᠭᠦᠯᠬᠦ ᠢᠨᠵᠧᠨᠧᠷᠢᠩ ᠢ ᠡᠬᠢᠯᠡᠨ ᠪᠠᠶᠢᠭᠤᠯᠤᠨ᠎ᠠ᠃      ︵ᠲᠤᠯᠤᠭ᠎ᠠ︶ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠨᠡᠩ ᠰᠠᠶᠢᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠦᠢᠯᠡᠰ ᠪᠦᠲᠦᠭᠡᠬᠦ ᠤᠯᠠᠭᠠᠨᠬᠠᠳᠠ︾ ᠢᠨᠵᠧᠨᠧᠷᠢᠩ ᠢ ᠰᠠᠶᠢᠲᠤᠷ ᠠᠳᠬᠤᠵᠤ᠂ ᠠᠨ ᠺᠤᠧᠠᠢ ᠦᠢᠯᠡᠰ ᠪᠦᠲᠦᠭᠡᠬᠦ ᠬᠦᠷᠢᠶᠡᠯᠡᠩ ᠵᠢᠴᠢ ᠡᠯ᠎ᠠ ᠲᠦᠷᠥᠯ ᠤᠨ ︽ᠬᠤᠣᠰ ᠪᠦᠲᠦᠭᠡᠯᠲᠡ︾᠎ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠰᠳᠠᠭᠠᠨ ᠭᠠᠵᠠᠷ ᠪᠤᠶᠢᠵᠢᠭᠤᠯᠬᠤ ᠪᠠ ᠦᠷ᠎ᠠ ᠪᠦᠲᠦᠮᠵᠢ ᠪᠠᠨ ᠤᠯᠠᠷᠢᠭᠤᠯᠬᠤ ᠶᠢ ᠳᠡᠮᠵᠢᠵᠦ᠂ ᠴᠡᠷᠢᠭ ᠠᠴᠠ ᠬᠠᠯᠠᠭᠳᠠᠭᠰᠠᠳ᠂ ᠤᠶᠤᠲᠠᠳ᠂ ᠲᠠᠷᠢᠶᠠᠴᠢᠳ ᠮᠠᠯᠴᠢᠳ ᠪᠣᠯᠣᠨ ᠠᠵᠢᠯ ᠤᠯᠢᠬᠤ ᠳᠤ ᠬᠦᠴᠢᠷᠲᠡᠢ ᠬᠦᠮᠦᠰ ᠤᠨ ᠠᠵᠢᠯ ᠤᠯᠬᠤ ᠳᠠᠬᠢᠨ ᠠᠵᠢᠯ ᠤᠯᠬᠤ ᠶᠢ ᠰᠠᠶᠢᠲᠤᠷ ᠬᠢᠵᠦ᠂ ᠡᠨᠡ ᠵᠢᠯ ᠳᠤ ᠬᠤᠲᠠ ᠪᠠᠯᠭᠠᠰᠤᠨ ᠤ ᠰᠢᠨ᠎ᠠ ᠠᠵᠢᠯ ᠤᠯᠭᠤᠯᠲᠠ ᠶᠢ 2.8 ᠲᠦᠮᠡᠨ ᠬᠦᠮᠥᠨ ᠠᠴᠠ ᠳᠡᠭᠡᠭᠰᠢ ᠶᠢ ᠦᠨᠡᠩᠬᠦ ᠪᠠᠲᠤᠯᠠᠨ᠎ᠠ᠂ ᠬᠤᠲᠠ ᠪᠠᠯᠭᠠᠰᠤᠨ ᠤ ᠠᠵᠢᠯ ᠲᠠᠢ ᠬᠦᠮᠥᠨ ᠦᠭᠡᠢ ᠭᠡᠷ ᠪᠦᠯᠢ ᠶᠢ ᠪᠦᠬᠦᠨ ᠢ ᠠᠵᠢᠯ ᠲᠠᠢ ᠬᠦᠮᠥᠨ ᠲᠠᠢ ᠪᠣᠯᠭᠠᠨ᠎ᠠ᠃ ᠡᠯ᠎ᠠ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠲᠦᠷᠥ ᠶᠢᠨ ᠪᠣᠳᠣᠯᠭ᠎ᠠ ᠶᠢ ᠴᠢᠩᠭ᠎ᠠ ᠨᠡᠶᠢᠳᠠᠪᠤᠷᠢᠵᠢᠭᠤᠯᠤᠨ᠎ᠠ᠂ ᠬᠤᠲᠠ ᠪᠠᠯᠭᠠᠰᠤᠨ ᠤ ᠬᠦᠴᠢᠷᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ᠎ᠠ᠃ ᠳᠦᠭᠦᠮ ᠪᠦᠲᠦᠴᠡᠲᠦ ᠤᠷᠣᠨ ᠰᠠᠭᠤᠴᠠ ᠶᠢᠨ ᠲᠣᠭᠤᠷᠢᠭ ᠤᠨ ᠦᠭᠡᠷᠡᠴᠢᠯᠡᠯᠲᠡ ᠶᠢ ᠠᠬᠢᠭᠤᠯᠵᠤ᠂ 110 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠬᠤᠲᠠ ᠪᠠᠯᠭᠠᠰᠤᠨ ᠤ ᠳᠦᠭᠦᠮ ᠪᠦᠲᠦᠴᠡᠲᠦ ᠤᠷᠣᠨ ᠰᠠᠭᠤᠴᠠ 1.32 ᠲᠦᠮᠡᠨ ᠢᠵᠢ᠂ 185.2 ᠲᠦᠮᠡᠨ ᠲᠡᠭᠰᠢ ᠳᠦᠷᠪᠡᠯᠵᠢᠨ ᠮᠧᠲᠷ ᠰᠢᠨᠡᠴᠢᠯᠡᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠢ ᠬᠦᠴᠦᠲᠡᠢ ᠬᠦᠭᠵᠢᠭᠦᠯᠵᠦ᠂ ᠳᠤᠮᠳᠠᠳᠤ ᠤᠯᠤᠰ ᠤᠨ ᠤᠮᠠᠷᠠᠲᠤ ᠤᠷᠣᠨ ᠤ ᠬᠦᠳᠡᠭᠡ ᠠᠵᠤ ᠠᠬᠤᠢ ᠶᠢᠨ ᠳᠡᠯᠭᠡᠨ ᠦᠵᠡᠭᠦᠯᠭᠡ ᠶᠢ ᠰᠠᠶᠢᠲᠤᠷ ᠡᠷᠬᠢᠯᠡᠵᠦ᠂ ᠤᠯᠠᠭᠠᠨᠬᠠᠳᠠ ᠶᠢᠨ ᠳᠡᠭᠡᠳᠦ ᠰᠢᠨ᠎ᠠ ᠮᠡᠷᠭᠡᠵᠢᠯ ᠤᠨ ᠤᠷᠣᠨ ᠢ ᠤᠯᠤᠰ ᠤᠨ ᠳᠡᠰ ᠤᠨ ᠪᠣᠯᠭᠠᠬᠤ ᠶᠢ ᠪᠡᠶᠡᠯᠡᠭᠦᠯᠦᠨ᠎ᠠ᠃ ᠡᠯ᠎ᠠ ᠲᠦᠷᠥᠯ ᠤᠨ ᠰᠤᠷᠭᠠᠨ ᠬᠦᠮᠥᠵᠢᠯ ᠤᠨ ᠲᠦᠷᠭᠡᠨ ᠬᠦᠭᠵᠢᠯᠲᠡ ᠶᠢ ᠨᠢᠭᠡᠳᠦᠯᠲᠠᠢ ᠲᠦᠯᠥᠪᠵᠢᠭᠦᠯᠦᠨ ᠠᠬᠢᠭᠤᠯᠤᠨ᠎ᠠ᠂ ᠮᠦᠩᠭᠤᠯ ᠢᠶᠠᠷ ᠬᠢᠴᠢᠶᠡᠯᠯᠡᠬᠦ ᠰᠤᠷᠬᠤ ᠨᠠᠰᠤ ᠠᠴᠠ ᠡᠮᠦᠨᠡᠬᠢ ᠰᠤᠷᠭᠠᠨ ᠬᠦᠮᠥᠵᠢᠯ ᠪᠠ ᠰᠠᠭᠤᠷᠢ ᠰᠤᠷᠭᠠᠨ ᠬᠦᠮᠥᠵᠢᠯ ᠤᠨ ᠰᠤᠷᠭᠠᠭᠤᠯᠢ ᠡᠷᠬᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠭᠠᠨᠬᠠᠳᠠ ᠶᠢᠨ ᠰᠢᠨ᠎ᠠ ᠬᠤᠲᠠ ᠲᠣᠭᠤᠷᠢᠭ ᠲᠤ ᠨᠢᠭᠡ ᠰᠠᠭᠤᠷᠢ ᠮᠣᠩᠭᠤᠯ ᠢᠶᠠᠷ ᠬᠢᠴᠢᠶᠡᠯᠯᠡᠬᠦ ᠲᠣᠷᠰᠢᠯᠲᠠ ᠶᠢᠨ ᠪᠠᠭ᠎ᠠ ᠰᠤᠷᠭᠠᠭᠤᠯᠢ ᠪᠠᠶᠢᠭᠤᠯᠵᠤ᠂ ︽ᠶᠠᠳᠠᠭᠤ ᠬᠦᠴᠢᠷᠲᠠᠢ ᠤᠷᠣᠨ ᠤ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠦᠭᠡᠷᠡᠴᠢᠯᠡᠬᠦ︾ ᠲᠦᠯᠥᠪᠯᠡᠭᠡ ᠶᠢ ᠦᠷᠬᠦᠯᠵᠢᠯᠡᠨ ᠨᠠᠶᠢᠳᠠᠪᠦᠷᠢᠵᠢᠭᠤᠯᠵᠤ᠂ ᠳᠡᠭᠡᠳᠦ ᠳᠤᠮᠳᠠᠳᠤ ᠶᠢ ᠲᠦᠭᠡᠮᠡᠯᠵᠢᠭᠦᠯᠬᠦ ᠵᠢᠴᠢ ᠪᠤᠭᠤᠮᠲᠠ ᠰᠢᠪᠲᠤᠯᠬᠤ ᠲᠦᠯᠥᠪᠯᠡᠭᠡ ᠶᠢ ᠡᠬᠢᠯᠡᠨ ᠬᠡᠷᠡᠭᠵᠢᠭᠦᠯᠵᠦ᠂ ᠪᠦᠬᠦ᠋ᠢᠯᠡ ᠬᠤᠰᠢᠭᠤ ᠰᠢᠶᠠᠨ ᠢ ᠤᠯᠤᠰ ᠤᠨ ᠰᠤᠷᠭᠠᠨ ᠬᠦᠮᠥᠵᠢᠯ ᠤᠨ ᠲᠡᠩᠴᠡᠭᠦᠷᠢᠲᠡᠢ ᠬᠦᠭᠵᠢᠯᠲᠡ ᠶᠢᠨ ᠨᠤᠲᠠᠯᠠᠯᠲᠠ ᠶᠢ ᠦᠩᠭᠡᠷᠡᠭᠡᠵᠦ ᠂ ᠤᠯᠠᠭᠠᠨᠬᠠᠳᠠ ᠳᠡᠭᠡᠳᠦ ᠰᠤᠷᠭᠠᠭᠤᠯᠢ ᠶᠢ ᠪᠦᠬᠦ ᠤᠯᠤᠰ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠤᠶᠠᠯᠳᠤᠭᠤᠯᠬᠤ ᠲᠣᠷᠰᠢᠯᠲᠠ ᠶᠢᠨ ᠴᠢᠭ ᠰᠤᠷᠭᠠᠭᠤᠯᠢ ᠪᠣᠯᠭᠠᠨ ᠪᠠᠶᠢᠭᠤᠯᠬᠤ ᠶᠢ ᠲᠦᠷᠭᠡᠳᠬᠡᠨ᠎ᠠ᠃ ᠡᠷᠡᠭᠦᠯ ᠬᠠᠮᠠᠭᠠᠯᠠᠯ ᠤᠨ ᠦᠢᠯᠡᠰ ᠢ ᠲᠦᠷᠭᠡᠨ ᠬᠦᠭᠵᠢᠭᠦᠯᠦᠨ᠎ᠠ᠂ ᠬᠤᠲᠠ ᠶᠢᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠬᠠᠮ ᠦᠭᠡᠷᠡᠴᠢᠯᠡᠯᠲᠡ ᠶᠢ ᠠᠬᠢᠭᠤᠯᠵᠤ᠂ ︽ᠭᠤᠷᠪᠠᠨ ᠡᠮ ᠡᠮᠨᠡᠯᠭᠡ ᠶᠢᠨ ᠦᠭᠡᠷᠡᠴᠢᠯᠡᠯᠲᠡ ᠬᠤᠯᠪᠤᠯᠴᠠᠬᠤ︾᠎ ᠶᠢ ᠴᠢᠩᠳᠠᠯᠠᠵᠤ᠂ ᠡᠮ ᠤᠨ ᠵᠦᠢᠯ ᠢ ᠬᠤᠳᠠᠯᠳᠤᠨ ᠠᠪᠬᠤ ᠳᠤ ︽ᠬᠤᠶᠠᠷ ᠪᠠᠷᠢᠮᠲᠠ ᠶᠢᠨ ᠳᠦᠷᠢᠮ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠨᠳᠦ ᠶᠡᠭᠡ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠬᠤᠲᠠ ᠶᠢᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠵᠦ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠵᠦ᠂ ᠬᠤᠲᠠ ᠶᠢᠨ ᠬᠠᠯᠳᠠᠪᠤᠷᠢᠲᠦ ᠡᠪᠡᠳᠴᠢᠨ ᠤ ᠡᠯᠨᠡᠯᠭᠡ ᠶᠢᠨ ᠬᠤᠷᠢᠶ᠎ᠠ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠭᠤᠣᠯ ᠴᠢᠰᠤᠨ ᠤ ᠦᠷᠲᠡᠭᠡ ᠶᠢ ᠨᠡᠭᠦᠯᠭᠡᠵᠦ ᠰᠢᠨ᠎ᠠ ᠪᠠᠷ ᠪᠠᠶᠢᠭᠤᠯᠤᠨ᠂ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠬᠡᠮᠵᠢᠨ ᠪᠠᠶᠢᠴᠠᠭᠠᠬᠤ ᠲᠦᠪ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ ᠰᠣᠶᠣᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠤᠨ᠎ᠠ᠂ ᠤᠯᠠᠭᠠᠨᠮᠦ᠋ᠴᠢᠷ ᠪᠣᠯᠣᠨ ᠰᠢᠶᠠᠩ ᠲᠣᠰᠬᠤᠨ ᠤ ᠤᠷᠠᠯᠢᠭ ᠤᠨ ᠪᠠᠭ᠎ᠠ ᠬᠤᠪᠢᠶᠠᠷᠢ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠬ᠎ᠠ ᠤᠷᠠᠯᠢᠭ ᠤᠨ ᠬᠤᠷᠢᠶ᠎ᠠ ᠪᠦᠯᠬᠦᠮ ᠤᠨ ︽ᠶᠡᠬᠡᠪᠡᠷ ᠰᠤᠷᠤᠯᠴᠠᠵᠤ᠂ ᠶᠡᠬᠡᠪᠡᠷ ᠤᠬᠠᠭᠤᠯᠤᠨ᠂ ᠶᠡᠬᠡᠪᠡᠷ ᠪᠣᠯᠪᠠᠰᠤᠷᠠᠵᠤ᠂ ᠶᠡᠬᠡᠪᠡᠷ ᠲᠣᠭᠯᠠᠬᠤ︾ ᠠᠵᠢᠯᠯᠠᠭᠠᠨ ᠢ ᠢᠳᠡᠪᠬᠢᠲᠠᠢ ᠦᠷᠨᠢᠭᠦᠯᠦᠨ᠂ ᠰᠣᠶᠣᠯ ᠤᠨ ᠠᠵᠢᠯᠯᠠᠭᠠᠨ ᠢ ᠦᠨᠳᠦᠰᠦᠨ ᠱᠠᠲᠤᠨ ᠳᠤ ᠪᠠᠭᠤᠯᠭᠠᠬᠤ ᠶᠢ ᠬᠦᠴᠦᠲᠡᠢ ᠠᠬᠢᠭᠤᠯᠤᠨ᠎ᠠ᠃ ᠰᠣᠶᠣᠯ ᠤᠨ ᠦᠪ ᠢ ᠬᠠᠮᠠᠭᠠᠯᠠᠬᠤ ᠠᠰᠢᠭᠯᠠᠬᠤ ᠶᠢ ᠴᠢᠩᠭᠠᠳᠬᠠᠨ᠎ᠠ᠂ ᠯᠢᠶᠣᠣ ᠶᠢᠨ ᠳᠡᠭᠡᠳᠦ ᠨᠡᠶᠢᠰᠯᠡᠯ᠂ ᠯᠢᠶᠣᠣ ᠶᠢᠨ ᠽᠦ ᠵᠧᠦ ᠶᠢᠨ ᠤᠩᠭᠤᠨ᠂ ᠯᠢᠶᠣᠣ ᠶᠢᠨ ᠴᠢᠩ ᠵᠧᠦ ᠶᠢᠨ ᠤᠩᠭᠤᠨ᠂ ᠡᠯ ᠳ᠋ᠣᠣ ᠵᠢᠩᠽᠢ ᠶᠢᠨ ᠰᠢᠶᠠ ᠵᠢᠶᠠ ᠳ᠋ᠢᠶᠠᠨ ᠤ ᠳᠣᠣᠷᠠᠳᠤ ᠳᠠᠪᠬᠤᠷᠭ᠎ᠠ ᠶᠢᠨ ᠰᠣᠶᠣᠯ ᠪᠠ ᠯᠢᠶᠣᠣ ᠶᠢᠨ ᠳᠤᠮᠳᠠ ᠨᠡᠶᠢᠰᠯᠡᠯ ᠤᠨ ᠳ᠋ᠠ ᠮᠢᠩ ᠳ᠋ᠠ ᠰᠤᠪᠤᠷᠭ᠎ᠠ ᠤᠯᠤᠰ ᠤᠨ ᠬᠠᠭᠤᠴᠢ ᠰᠣᠳᠣᠯᠠᠬᠤ ᠲᠠᠪᠤᠨ ᠶᠡᠭᠡ ᠪᠠᠭᠤᠷᠢ ᠴᠡᠴᠡᠷᠯᠢᠭ ᠢ ᠲᠦᠯᠥᠪᠵᠢᠭᠦᠯᠦᠨ ᠡᠬᠢᠯᠡᠨ ᠪᠠᠶᠢᠭᠤᠯᠵᠤ᠂ ᠳᠤᠮᠳᠠᠳᠤ ᠤᠯᠤᠰ ᠤᠨ ᠬᠢᠳᠠᠨ ᠯᠢᠶᠣᠣ ᠶᠢᠨ ᠮᠦᠽᠧᠢ᠂ ᠬᠤᠩᠱᠠᠨ ᠰᠣᠶᠣᠯ ᠤᠨ ᠦᠵᠡᠭᠦᠯᠭᠡ ᠶᠢᠨ ᠲᠦᠪ᠂ ᠳᠠᠩᠰᠠ ᠡᠪᠬᠡᠮᠡᠯ ᠤᠨ ᠤᠷᠳᠣᠨ ᠤ ᠭᠤᠣᠯ ᠪᠠᠷᠢᠯᠭ᠎ᠠ ᠶᠢ ᠳᠠᠭᠤᠰᠬᠠᠨ᠎ᠠ᠃ ︽ᠵᠣᠷᠯᠤᠩ ᠤᠨ ᠦᠭᠡᠷᠡᠴᠢᠯᠡᠯᠲᠡ︾᠎ ᠶᠢ ᠲᠦᠷᠭᠡᠨ ᠠᠬᠢᠭᠤᠯᠵᠤ᠂ ᠬᠤᠲᠠ᠂ ᠬᠦᠳᠡᠭᠡ᠂ ᠵᠢᠭᠤᠯᠴᠢᠯᠠᠯ ᠤᠨ ᠦᠵᠡᠮᠵᠢ ᠶᠢᠨ ᠤᠷᠣᠨ ᠤ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠲᠦᠯᠥᠪᠯᠡᠭᠡ ᠶᠢ ᠲᠦᠷᠥᠯ ᠬᠤᠪᠢᠶᠠᠨ ᠲᠣᠭᠲᠠᠭᠠᠵᠤ᠂ ᠪᠦᠲᠦᠭᠡᠨ ᠪᠠᠶᠢᠭᠤᠯᠬᠤ᠂ ᠦᠭᠡᠷᠡᠴᠢᠯᠡᠬᠦ᠂ ᠡᠵᠡᠩᠨᠡᠬᠦ ᠵᠣᠬᠢᠴᠠᠮᠵᠢ ᠶᠢ ᠲᠣᠳᠤᠷᠬᠠᠶᠢᠯᠠᠵᠤ᠂ ᠡᠨᠡ ᠵᠢᠯ ᠳᠤ ᠪᠣᠳᠠᠲᠤ ᠠᠬᠢᠯᠲᠠ ᠲᠠᠢ ᠪᠣᠯᠭᠠᠬᠤ ᠶᠢ ᠪᠠᠲᠤᠯᠠᠨ᠎ᠠ᠃ ᠰᠢᠨ᠎ᠠ ᠨᠢᠭᠡ ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠠ᠃      ︵ᠨᠠᠢᠮᠠ︶ ᠤᠯᠠᠨ ᠨᠡᠶᠢᠲᠡ ᠶᠢᠨ ᠠᠮᠤᠷ ᠲᠦᠪᠰᠢᠨ ᠤ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠶᠤᠯᠬᠦᠢ ᠦᠢᠯᠡᠳᠪᠤᠷᠢᠯᠡᠯ ᠤᠨ ᠠᠯᠢ ᠤᠯᠠᠨ ᠳᠦᠷᠤ ᠶᠢᠨ ᠪᠤᠳᠤᠯᠭ᠎ᠠ ᠪᠠ ᠳᠦᠷᠢᠮ ᠳᠤᠭᠳᠠᠭᠠᠯ ᠢ ᠨᠠᠷᠢᠨ ᠬᠢᠨᠠᠮᠠᠭᠠᠢ ᠳᠤᠤᠱᠯᠠᠭᠤᠯᠵᠤ᠂ ᠨᠠᠭᠠᠲᠤ ᠵᠠᠬ᠎ᠠ ᠶᠢᠨ ᠬᠢᠵᠠᠭᠠᠷ ᠤᠨ ᠰᠡᠳᠬᠢᠮᠵᠢ ᠶᠢ ᠴᠢᠩᠳᠠᠯᠠᠵᠤ᠂ ᠦᠷᠭᠦᠯᠵᠢ ᠰᠡᠷᠡᠮᠵᠢ ᠲᠠᠢ ᠪᠠᠶᠢᠬᠤ ᠶᠢ ᠪᠠᠷᠢᠮᠲᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠰᠢᠷᠢᠰ ᠲᠦᠷᠥ ᠶᠢᠨ ᠪᠣᠳᠣᠯᠭ᠎ᠠ ᠪᠣᠯᠣᠨ ᠡᠯ᠎ᠠ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠬᠡᠪᠵᠢᠭᠦᠯᠬᠦ ᠵᠣᠬᠢᠴᠠᠮᠵᠢ ᠶᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠ ᠴᠢᠮᠡᠭᠡ ᠵᠠᠩᠬᠢᠴᠢᠯᠠᠬᠤ ᠪᠠᠶᠢᠭᠤᠯᠤᠯᠲᠠ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠷᠭ᠎ᠠ ᠵᠠᠮ ᠢ ᠦᠷᠭᠡᠳᠬᠡᠨ᠂ ᠴᠢᠩᠭ᠎ᠠ ᠬᠠᠮᠢᠶᠠᠷᠴᠤ ᠬᠦᠨᠳᠦ ᠲᠣᠷᠭᠠᠬᠤ ᠴᠢᠩᠭ᠎ᠠ ᠳᠠᠷᠤᠯᠲᠠ ᠶᠢᠨ ᠪᠠᠶᠢᠲᠠᠯ ᠢ ᠪᠠᠷᠢᠮᠲᠠᠯᠠᠵᠤ᠂ ᠬᠦᠨᠳᠦ ᠲᠣᠮᠣ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠠ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠦᠷᠭᠡᠨ ᠠᠬᠢᠭᠤᠯᠵᠤ᠂ ᠬᠤᠰᠢᠭᠤ ᠰᠢᠶᠠᠨ ᠲᠣᠭᠤᠷᠢᠭ ᠤᠨ ᠢᠳᠡᠭᠡᠨ ᠤ ᠵᠢᠵᠢᠭ ᠦᠷᠥᠭᠡ ᠶᠢ ᠡᠳ᠋ᠰᠢᠭᠦᠯᠬᠦ ᠬᠦᠷᠢᠶᠡᠯᠡᠩ ᠲᠣᠭᠤᠷᠢᠭ ᠲᠤ ᠲᠦᠪᠯᠡᠷᠡᠭᠦᠯᠬᠦ ᠪᠠ ᠪᠠᠷᠢᠮᠵᠢᠶᠠᠵᠢᠭᠤᠯᠤᠭᠰᠠᠨ ᠬᠦᠳᠡᠭᠡ ᠲᠣᠰᠬᠤᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠩᠵᠦ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠡᠮᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠤᠯᠠᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠦᠨᠡᠩᠬᠦ ᠪᠠᠲᠤᠯᠠᠨ᠎ᠠ᠃ ᠠᠮᠤ ᠪᠤᠳᠠᠭᠠᠨ ᠤ ᠠᠶᠤᠯᠭᠦᠢ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠤᠯᠠᠨ ᠲᠦᠮᠡᠨ ᠤ ᠵᠦᠢ ᠶᠣᠰᠣᠨ ᠤ ᠵᠠᠭᠠᠯᠳᠤᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠨ᠎ᠠ᠂ ᠡᠯ᠎ᠠ ᠵᠦᠢᠯ ᠤᠨ ᠵᠠᠬᠢᠳᠠᠯ ᠰᠣᠷᠪᠤᠯᠵᠢᠯᠠᠯ ᠤᠨ ᠵᠦᠷᠢᠴᠡᠯ ᠢ ᠵᠣᠬᠢᠰᠲᠠᠢ ᠰᠢᠢᠳᠪᠦᠷᠢᠯᠡᠨ᠎ᠠ᠃ ︽ᠠᠮᠤᠷ ᠲᠠᠶᠢᠪᠦᠩ ᠤᠯᠠᠭᠠᠨᠬᠠᠳᠠ︾᠎ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠠ᠂ ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠶᠢᠨ ᠪᠡᠶᠡᠲᠦ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ︽ᠭᠡᠭᠡᠨ ᠲᠤᠩᠭᠠᠯᠠᠭ ᠢᠨᠵᠧᠨᠧᠷᠢᠩ︾᠎ ᠢ ᠡᠬᠢᠯᠡᠨ ᠪᠠᠶᠢᠭᠤᠯᠵᠤ᠂ ᠡᠯ᠎ᠠ ᠵᠦᠢᠯ ᠤᠨ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠡᠮᠵᠢᠯᠡᠨ ᠡᠷᠡᠰ ᠴᠣᠬᠢᠯᠲᠠ ᠦᠭᠴᠦ᠂ ᠨᠡᠶᠢᠭᠡᠮ ᠤᠨ ᠪᠦᠬᠦ ᠲᠠᠯ᠎ᠠ ᠡᠶ᠎ᠡ ᠵᠣᠬᠢᠴᠠᠯᠲᠠᠢ ᠲᠣᠭᠲᠠᠭᠤᠨ ᠪᠠᠶᠢᠬᠤ ᠶᠢ ᠪᠠᠲᠤᠯᠠᠨ᠎ᠠ᠃ ᠭᠡᠨᠡᠳᠲᠡ ᠶᠢᠨ ᠬᠡᠷᠡᠭ ᠤᠴᠢᠷ ᠢ ᠪᠠᠴᠢᠮ ᠠᠷᠭᠠᠴᠠᠭᠠᠬᠤ ᠰᠢᠳᠪᠦᠷᠢᠡᠯᠬᠦ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠠ᠂ ᠠᠭᠤᠷ ᠠᠮᠢᠰᠬᠤᠯ ᠢ ᠤᠷᠢᠳᠴᠢᠯᠠᠨ ᠬᠡᠮᠵᠢᠬᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠪᠠᠴᠢᠮ ᠠᠷᠭᠠᠴᠠᠭᠠᠨ ᠲᠡᠳᠬᠦᠬᠦ ᠴᠢᠳᠠᠪᠤᠷᠢ ᠪᠠᠨ ᠳᠡᠭᠡᠭᠰᠢᠯᠡᠭᠦᠯᠦᠨ᠎ᠠ᠃
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ