2018 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠳᠥᠷᠪᠡ︶
ᠨᠡᠶᠢᠲᠡᠯᠡᠭᠰᠡᠨ ᠴᠠᠭ᠄
2018/1/26
      ᠳᠦᠷᠪᠡ᠂ ᠰᠢᠨ᠎ᠠ ᠴᠠᠭ ᠦᠶ᠎ᠠ ᠳᠠᠬᠢ ᠵᠠᠰᠠᠭ ᠤᠨ ᠤᠷᠳᠣᠨ ᠤ ᠲᠤᠰ ᠪᠡᠶ᠎ᠠ ᠶᠢᠨ ᠪᠠᠶᠢᠭᠤᠯᠤᠯᠲᠠ      ᠰᠢᠨ᠎ᠠ ᠴᠠᠭ ᠦᠶ᠎ᠠ᠂ ᠰᠢᠨ᠎ᠠ ᠦᠵᠡᠯ ᠰᠠᠨᠠᠭ᠎ᠠ᠂ ᠰᠢᠨ᠎ᠠ ᠡᠭᠦᠷᠭᠡ᠂ ᠰᠢᠨ᠎ᠠ ᠱᠠᠭᠠᠷᠳᠠᠯᠭ᠎ᠠ ᠶᠢᠨ ᠡᠮᠦᠨ᠎ᠠ ᠵᠠᠰᠠᠭ ᠤᠨ ᠤᠷᠳᠣᠨ ᠤ ᠵᠠᠰᠠᠨ ᠬᠠᠮᠢᠶᠠᠷᠬᠤ ᠰᠢᠰᠲ᠋ᠧᠮ ᠪᠠ ᠵᠠᠰᠠᠨ ᠬᠠᠮᠢᠶᠠᠷᠬᠤ ᠴᠢᠳᠠᠪᠤᠷᠢ ᠨᠢ ᠪᠠᠰᠠᠴᠤ ᠮᠠᠰᠢ ᠤᠯᠠᠨ ᠵᠣᠬᠢᠴᠠᠬᠤ ᠦᠭᠡᠢ ᠵᠦᠢᠯ ᠤᠷᠤᠰᠢᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠪᠠᠰᠠ ᠵᠠᠷᠢᠮ ᠰᠢᠨ᠎ᠠ ᠢᠯᠡᠷᠡᠯ ᠲᠠᠢ ᠪᠠᠶᠢᠵᠤ᠂ ᠦᠵᠡᠯ ᠰᠠᠨᠠᠭ᠎ᠠ ᠪᠠᠨ ᠴᠢᠯᠦᠭᠡᠯᠡᠭᠰᠡᠨ ᠨᠢ ᠬᠦᠷᠦᠯᠴᠡᠬᠦ ᠦᠭᠡᠢ᠂ ᠬᠡᠷᠡᠭᠵᠢᠭᠦᠯᠬᠦ ᠴᠢᠳᠠᠪᠤᠷᠢ ᠨᠢ ᠳᠣᠷᠣᠢ᠂ ᠦᠢᠯᠡᠴᠢᠯᠡᠭᠡᠨ ᠤ ᠤᠬᠠᠮᠰᠠᠷ ᠨᠢ ᠳᠣᠣᠷ᠎ᠠ ᠠᠰᠠᠭᠤᠳᠠᠯ ᠪᠠᠰᠠ ᠨᠡᠯᠢᠶᠡᠳ ᠲᠤᠪᠤᠶᠢᠮ᠎ᠠ᠂ ᠵᠠᠷᠢᠮ ᠬᠦᠷᠢᠶ᠎ᠠ ᠬᠡᠪᠴᠢᠶᠡᠨ ᠳᠤ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠦᠵᠡᠭᠳᠡᠯ ᠪᠠᠰᠠ ᠬᠠᠶᠠ ᠭᠠᠷᠴᠤ ᠪᠠᠶᠢᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠥ ᠶᠢᠨ ᠱᠠᠭᠠᠷᠳᠠᠯᠭ᠎ᠠ ᠪᠠ ᠪᠤᠭᠤᠮᠲᠠ ᠰᠢᠪᠲᠤᠯᠬᠤ ᠬᠦᠴᠢᠷ ᠢ ᠲᠡᠪᠴᠢᠬᠦ ᠬᠦᠭᠵᠢᠯᠲᠡ ᠶᠢᠨ ᠬᠦᠨᠳᠦ ᠡᠭᠦᠷᠭᠡ ᠶᠢᠨ ᠡᠮᠦᠨ᠎ᠠ᠂ ᠰᠢᠨ᠎ᠠ ᠨᠢᠭᠡ ᠬᠤᠭᠤᠴᠠᠭᠠᠨ ᠤ ᠵᠠᠰᠠᠭ ᠤᠨ ᠤᠷᠳᠣᠨ ᠨᠢ ᠡᠷᠬᠡᠪᠰᠢ ᠰᠢ ᠶᠢᠨ ᠫᠢᠩ ᠨᠦᠬᠦᠷ ᠢᠶᠠᠷ ᠲᠦᠪ ᠪᠣᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠭᠦᠯᠦᠭᠰᠡᠨ ᠨᠢᠭᠡᠳᠦᠯᠲᠠᠢ ᠤᠳᠤᠷᠢᠳᠤᠯᠭ᠎ᠠ ᠶᠢ ᠤᠬᠠᠮᠰᠠᠷ ᠠᠴᠠ ᠪᠠᠷ ᠬᠠᠮᠠᠭᠠᠯᠠᠵᠤ᠂ ︽ᠳᠦᠷᠪᠡᠨ ᠦᠵᠡᠯᠲᠡ︾᠎ ᠪᠠᠨ ᠤᠬᠠᠮᠰᠠᠷ ᠠᠴᠠ ᠪᠠᠨ ᠨᠡᠩ ᠰᠠᠶᠢᠨ ᠪᠠᠲᠤᠵᠢᠭᠤᠯᠵᠤ᠂ ᠤᠯᠤᠰ ᠲᠦᠷᠥ ᠶᠢᠨ ᠰᠠᠬᠢᠯᠭ᠎ᠠ ᠪᠠᠲᠤ ᠪᠠ ᠤᠯᠤᠰ ᠲᠦᠷᠥ ᠶᠢᠨ ᠳᠦᠷᠢᠮ ᠲᠤᠭᠲᠠᠭᠠᠯ ᠢ ᠤᠬᠠᠮᠰᠠᠷ ᠠᠴᠠ ᠪᠠᠨ ᠨᠡᠩ ᠰᠠᠶᠢᠨ ᠰᠠᠬᠢᠵᠤ᠂ ᠠᠵᠢᠯ ᠤᠨ ᠰᠤᠷᠲᠠᠯ ᠢᠶᠠᠨ ᠤᠬᠠᠮᠰᠠᠷ ᠠᠴᠠ ᠪᠠᠨ ᠨᠡᠩ ᠰᠠᠶᠢᠵᠢᠷᠠᠭᠤᠯᠵᠤ᠂ ᠲᠤᠰ ᠪᠡᠶ᠎ᠠ ᠶᠢᠨ ᠪᠠᠶᠢᠭᠤᠯᠤᠯᠲᠠ ᠪᠠᠨ ᠴᠢᠩᠭ᠎ᠠ ᠪᠣᠳᠠᠲᠠᠢ ᠴᠢᠩᠭᠠᠳᠬᠠᠵᠤ᠂ ᠠᠷᠠᠳ ᠤᠨ ᠲᠦᠯᠥᠭᠡ ᠨᠠᠮ ᠪᠠᠶᠢᠭᠤᠯᠵᠤ᠂ ᠠᠷᠠᠳ ᠤᠨ ᠲᠦᠯᠥᠭᠡ ᠵᠠᠰᠠᠭ ᠶᠠᠪᠤᠭᠤᠯᠬᠤ ᠰᠢᠨ᠎ᠠ ᠳᠦᠷᠢ ᠳᠦᠷᠰᠦ ᠶᠢ ᠪᠣᠢ ᠪᠣᠯᠭᠠᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠢ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠪᠣᠳᠠᠲᠤ ᠦᠢᠯᠡᠳᠦᠯᠭᠡ ᠳᠤᠮᠳᠠ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠰᠢᠯᠢᠳᠡᠭ ᠪᠦᠲᠦᠮᠵᠢ ᠭᠠᠷᠭᠠᠨ᠎ᠠ᠃      ︵ᠨᠢᠭᠡ︶ ᠶᠡᠷᠦᠩᠬᠡᠢ ᠵᠤᠷᠢᠯᠲᠠ ᠶᠢᠨ ᠦᠵᠡᠯᠲᠡ ᠪᠠᠨ ᠴᠢᠩᠭᠠᠳᠬᠠᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠣᠨ ᠢ ᠪᠦᠲᠦᠭᠡᠨ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠤᠯᠯᠠᠭᠤᠯᠬᠤ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ᠦᠷᠭᠡᠨ ᠤᠯᠠᠨ ᠲᠦᠮᠡᠨ ᠬᠠᠨᠤᠮᠵᠢᠲᠠᠢ ᠪᠠᠶᠢᠬᠤ ᠡᠰᠡᠬᠦ ᠪᠠᠷ ᠵᠠᠰᠠᠭ ᠤᠨ ᠤᠷᠳᠣᠨ ᠤ ᠠᠵᠢᠯ ᠢ ᠪᠦᠲᠦᠮᠵᠢᠲᠡᠢ ᠡᠰᠡᠬᠦ ᠶᠢ ᠬᠡᠮᠵᠢᠬᠦ ᠪᠠᠷᠢᠮᠵᠢᠶ᠎ᠠ ᠪᠣᠯᠭᠠᠨ᠎ᠠ᠃ ᠵᠠᠰᠠᠭ ᠤᠨ ᠤᠷᠳᠣᠨ ᠤ ᠡᠭᠦᠷᠭᠡ ᠴᠢᠳᠠᠪᠤᠷᠢ ᠪᠠᠨ ᠴᠢᠨᠠᠭᠰᠢᠳᠠ ᠬᠤᠪᠢᠷᠠᠭᠤᠯᠵᠤ᠂ ᠵᠠᠰᠠᠭ ᠢ ᠴᠣᠮᠬᠠᠳᠬᠠᠵᠤ ᠡᠷᠬᠡ ᠶᠢ ᠪᠠᠭᠤᠯᠭᠠᠬᠤ ᠶᠢ ᠭᠦᠨᠵᠡᠭᠡᠶᠢᠷᠡᠭᠦᠯᠦᠨ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠪᠠᠨ ᠦᠭᠡᠷᠡᠴᠢᠯᠡᠨ ᠰᠢᠨᠡᠴᠢᠯᠡᠵᠦ᠂ ᠵᠠᠰᠠᠭ ᠤᠨ ᠤᠷᠳᠣᠨ ᠤ ᠬᠡᠷᠡᠭᠵᠢᠭᠦᠯᠬᠦ ᠬᠦᠴᠦᠨ ᠪᠠ ᠨᠡᠶᠢᠲᠡ ᠶᠢᠨ ᠢᠲᠡᠭᠡᠯ ᠤᠨ ᠬᠦᠴᠦᠨ ᠢ ᠨᠡᠮᠡᠭᠳᠡᠭᠦᠯᠦᠨ᠎ᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠨ᠂ ᠤᠯᠠᠨ ᠨᠡᠶᠢᠲᠡ ᠪᠠᠷ ᠢᠶᠠᠨ ᠤᠷᠣᠯᠴᠠᠬᠤ ᠶᠢ ᠦᠷᠭᠡᠳᠬᠡᠵᠦ᠂ ᠨᠡᠶᠢᠭᠡᠮ ᠤᠨ ᠬᠢᠨᠠᠯᠲᠠ ᠶᠢ ᠦᠷᠭᠡᠳᠬᠡᠨ᠂ ᠵᠠᠰᠠᠭ ᠤᠨ ᠤᠷᠳᠣᠨ ᠤ ᠦᠢᠯᠡᠴᠢᠯᠡᠭᠡᠨ ᠢ ᠰᠢᠯᠢᠳᠡᠭᠵᠢᠭᠦᠯᠵᠦ᠂ ᠠᠵᠢᠯ ᠤᠯᠬᠤ ᠳᠤ ᠠᠮᠤᠷ ᠪᠣᠯᠭᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠦᠩᠭᠡᠯᠡᠵᠦ᠂ ᠪᠡᠯᠡ ᠤᠷᠤᠭᠤᠯᠤᠯᠲᠠ ᠳᠤ ᠤᠷᠣᠨ ᠵᠠᠢ ᠦᠷᠭᠡᠳᠬᠡᠵᠦ᠂ ᠲᠦᠪ ᠭᠤᠣᠯᠴᠢ ᠪᠠᠷ ᠡᠵᠡᠩᠨᠡᠨ ᠠᠷᠠᠯᠵᠢᠶᠠᠯᠠᠬᠤ ᠳᠤ ᠨᠦᠬᠦᠴᠡᠯ ᠪᠦᠷᠢᠯᠳᠦᠭᠦᠯᠦᠨ᠂ ᠤᠯᠠᠨ ᠲᠦᠮᠡᠨ ᠤᠴᠢᠷ ᠶᠠᠪᠤᠳᠠᠯ ᠭᠦᠢᠴᠡᠳᠬᠡᠬᠦ ᠳᠤ ᠳᠦᠭᠦᠮ ᠪᠣᠯᠭᠠᠨ᠎ᠠ᠃      ︵ᠬᠤᠶᠠᠷ︶ ᠬᠠᠤᠯᠢ ᠢᠶᠠᠷ ᠵᠠᠰᠠᠬᠤ ᠰᠡᠳᠬᠢᠮᠵᠢ ᠪᠠᠨ ᠴᠢᠩᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠣᠨ ᠢ ᠪᠠᠶᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ ᠬᠦᠨᠳᠦᠯᠡᠬᠦ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ︽ᠬᠠᠤᠯᠢ ᠠᠴᠠ ᠭᠠᠳᠠᠭᠤᠷ ᠠᠵᠢᠯᠯᠠᠬᠤ ᠦᠭᠡᠢ᠂ ᠬᠠᠤᠯᠢ ᠶᠢᠨ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠬᠦ︾ ᠵᠠᠷᠴᠢᠮ ᠢ ᠪᠠᠷᠢᠮᠲᠠᠯᠠᠵᠤ᠂ ᠬᠠᠤᠯᠢ ᠳᠤ ᠲᠣᠭᠲᠠᠭᠠᠭᠰᠠᠨ ᠵᠢᠷᠤᠮ ᠳᠠᠷᠠᠭᠠᠯᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠢᠶᠠᠨ ᠠᠬᠢᠭᠤᠯᠤᠨ᠂ ᠰᠢᠨᠵᠢᠯᠡᠬᠦ ᠤᠬᠠᠭᠠᠨᠴᠢ ᠠᠷᠠᠳᠴᠢᠯᠠᠯᠲᠤ ᠰᠢᠢᠳᠪᠦᠷᠢᠲᠦ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠤᠷᠳᠣᠨ ᠤ ᠴᠢᠬᠤᠯᠠ ᠶᠡᠭᠡ ᠠᠰᠠᠭᠤᠳᠠᠯ ᠳᠤ ᠤᠯᠠᠨ ᠢᠶᠠᠷ ᠢᠶᠠᠨ ᠰᠢᠢᠳᠪᠦᠷᠢ ᠭᠠᠷᠭᠠᠬᠤ᠂ ᠨᠡᠶᠢᠭᠡᠮ ᠳᠡᠭᠡᠷ᠎ᠠ ᠢᠯᠡ ᠨᠡᠶᠢᠲᠡᠯᠡᠬᠦ ᠪᠠ ᠭᠡᠷᠡᠴᠢ ᠰᠣᠨᠣᠰᠬᠤ ᠳᠦᠷᠢᠮ ᠢ ᠬᠢᠨᠠᠮᠠᠭᠠᠢ ᠬᠡᠷᠡᠭᠵᠢᠭᠦᠯᠦᠨ᠎ᠠ᠃ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠤᠯᠤᠰ ᠲᠦᠷᠥ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ᠂ ᠠᠷᠠᠳᠴᠢᠯᠠᠯ ᠢᠶᠠᠷ ᠵᠦᠪᠳᠡᠯᠴᠡᠬᠦ ᠶᠢ ᠴᠢᠩᠭᠠᠳᠬᠠᠵᠤ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠯᠤᠭ᠎ᠠ ᠶᠢᠨ ᠦᠷᠭᠦᠯᠵᠢ ᠶᠢᠨ ᠴᠢᠨᠠᠷᠲᠠᠢ ᠬᠠᠷᠢᠯᠴᠠᠭ᠎ᠠ ᠪᠠᠨ ᠡᠭᠦᠷᠢᠳᠡ ᠪᠠᠷᠢᠮᠲᠠᠯᠠᠵᠤ᠂ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠦᠷᠭᠡᠨ ᠳᠡᠯᠭᠡᠷ ᠰᠣᠨᠣᠰᠴᠤ᠂ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠦᠨᠡᠩᠬᠦ ᠳᠡᠭᠡᠭᠰᠢᠯᠡᠭᠦᠯᠦᠨ᠎ᠠ᠃ ᠬᠠᠤᠯᠢ ᠪᠠᠷ ᠬᠤᠲᠠ ᠪᠠᠨ ᠵᠠᠰᠠᠬᠤ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠵᠦ᠂ ︽ᠳᠣᠯᠤᠭ᠎ᠠ ᠲᠠᠪᠤ︾᠎ ᠶᠢᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠦᠷᠨᠢᠭᠦᠯᠵᠦ᠂ ᠬᠠᠤᠯᠢ ᠴᠠᠭᠠᠵᠠ ᠶᠢᠨ ᠰᠡᠳᠬᠢᠮᠵᠢ ᠪᠠ ᠬᠠᠤᠯᠢ ᠴᠠᠭᠠᠵᠠ ᠶᠢᠨ ᠠᠷᠭ᠎ᠠ ᠬᠡᠯᠪᠡᠷᠢ ᠪᠠᠷ ᠦᠭᠡᠷᠡᠴᠢᠯᠡᠯᠡᠲᠡ ᠶᠢ ᠭᠦᠨᠵᠡᠭᠡᠶᠢᠷᠡᠭᠦᠯᠬᠦ᠂ ᠭᠦᠭᠵᠢᠯᠲᠡ ᠶᠢ ᠠᠬᠢᠭᠤᠯᠬᠤ᠂ ᠵᠦᠷᠢᠴᠡᠯ ᠢ ᠨᠠᠮᠳᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠠ᠃      ︵ᠭᠤᠷᠪᠠ︶ ᠬᠠᠷᠢᠭᠤᠴᠠᠯᠭᠠᠲᠤ ᠵᠣᠷᠢᠭ ᠰᠠᠨᠠᠭ᠎ᠠ ᠪᠠᠨ ᠴᠢᠩᠳᠠᠯᠠᠵᠤ᠂ ᠦᠷ᠎ᠠ ᠪᠦᠲᠦᠮᠵᠢᠲᠦ ᠵᠠᠰᠠᠭ ᠤᠨ ᠤᠷᠳᠣᠨ ᠢ ᠪᠠᠶᠢᠭᠤᠯᠤᠨ᠎ᠠ᠃ ᠬᠦᠭᠵᠢᠭᠦᠯᠬᠦ ᠪᠣᠯ ᠨᠢᠭᠡᠳᠦᠭᠡᠷ ᠴᠢᠬᠤᠯᠠ ᠶᠠᠪᠤᠳᠠᠯ ᠪᠣᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠨ᠂ ᠬᠡᠪ ᠤᠨ ᠵᠤᠷᠰᠢᠯ ᠢ ᠵᠣᠷᠢᠭᠲᠠᠢ ᠡᠪᠳᠡᠨ᠂ ᠵᠣᠷᠢᠭᠲᠠᠢ ᠪᠠᠷ ᠬᠤᠪᠢᠷᠠᠭᠤᠯᠤᠨ᠂ ᠳᠠᠷᠤᠭᠠᠰᠤ ᠬᠦᠨᠳᠦ ᠭᠡᠳ ᠬᠦᠯᠢᠶᠡᠵᠦ ᠰᠠᠭᠤᠬᠤ᠂ ᠬᠦᠴᠢᠷ ᠤᠯᠠᠨ ᠭᠡᠳ ᠬᠢᠬᠦ ᠦᠭᠡᠢ ᠪᠠᠶᠢᠬᠤ᠂ ᠠᠶᠤᠯ ᠲᠦᠭᠰᠢᠭᠦᠷᠢ ᠠᠴᠠ ᠡᠮᠢᠶᠡᠨ ᠵᠠᠶᠢᠯᠠᠬᠤ᠂ ᠵᠣᠪᠠᠭᠤᠷᠢ ᠠᠴᠠ ᠠᠶᠤᠵᠤ ᠵᠣᠭᠰᠤᠩᠭᠤᠶᠢᠷᠠᠵᠤ ᠪᠣᠯᠬᠤ ᠦᠭᠡᠢ᠂ ᠪᠡᠶ᠎ᠠ ᠪᠦᠬᠦ᠋ᠢᠨ ᠨᠠᠶᠢᠳᠠᠪᠤᠷᠢᠵᠢᠯᠲᠠ ᠶᠢ ᠠᠳᠬᠤᠵᠤ᠂ ᠬᠠᠨᠴᠤᠢ ᠰᠢᠮᠠᠯᠤᠨ ᠡᠷᠡᠮᠡᠬᠡᠶᠢᠯᠡᠨ ᠠᠵᠢᠯᠯᠠᠵᠤ᠂ ᠯᠠᠪᠳᠠᠭᠤᠨ ᠪᠠᠳᠤᠲᠠᠢ ᠬᠢᠵᠦ᠂ ᠠᠯᠬᠤᠮ ᠪᠦᠷᠢ ᠳᠤ ᠢᠯᠠᠵᠤ᠂ ᠡᠯ᠎ᠠ ᠵᠦᠢᠯ ᠤᠨ ᠠᠵᠢᠯ ᠢᠶᠠᠨ ᠯᠠᠪᠳᠠᠭᠤᠨ ᠪᠠᠳᠤᠲᠠᠢ ᠤᠷᠤᠭᠰᠢ ᠠᠬᠢᠭᠤᠯᠤᠨ᠎ᠠ᠃ ᠠᠵᠢᠯ ᠤᠨ ᠦᠷ᠎ᠠ ᠪᠦᠲᠦᠮᠵᠢ ᠪᠠᠨ ᠤᠯᠠᠮ ᠳᠡᠭᠡᠭᠰᠢᠯᠡᠭᠦᠯᠦᠨ᠎ᠠ᠂ ᠦᠷᠭᠡᠨ ᠤᠯᠠᠨ ᠺᠠᠳ᠋ᠷᠴᠤᠳ ᠢ ᠪᠢᠴᠢᠭ ᠮᠠᠲ᠋ᠧᠷᠢᠶᠠᠯ ᠬᠤᠷᠠᠯ ᠤᠨ ᠳᠠᠯᠠᠢ ᠠᠴᠠ ᠴᠢᠯᠦᠭᠡᠯᠡᠵᠦ᠂ ᠨᠡᠩ ᠤᠯᠠᠨ ᠬᠦᠴᠦᠨ ᠴᠢᠳᠠᠪᠤᠷᠢ ᠪᠠᠷ ᠨᠠᠶᠢᠳᠠᠪᠤᠷᠢᠵᠢᠯᠲᠠ ᠶᠢ ᠠᠳᠬᠤᠬᠤ ᠪᠣᠯᠭᠠᠨ᠎ᠠ᠃ ᠠᠵᠢᠯ ᠤᠨ ᠪᠦᠲᠦᠮᠵᠢ ᠶᠢ ᠬᠢᠨᠠᠨ ᠰᠢᠯᠭᠠᠨ ᠮᠠᠭᠠᠳᠯᠠᠬᠤ ᠪᠠ ᠦᠷ᠎ᠠ ᠪᠦᠲᠦᠮᠵᠢ ᠶᠢᠨ ᠬᠢᠨᠠᠯᠲᠠ ᠶᠢ ᠴᠢᠩᠭᠠᠳᠬᠠᠵᠤ᠂ ᠬᠢᠬᠦ ᠦᠭᠡᠢ᠂ ᠠᠯᠭᠤᠷᠯᠠᠬᠤ᠂ ᠳᠤᠷ᠎ᠠ ᠲᠠᠪᠠ ᠪᠠᠷ ᠬᠢᠬᠦ ᠵᠡᠷᠭᠡ ᠦᠵᠡᠭᠳᠡᠯ ᠢ ᠡᠷᠡᠰ ᠵᠠᠯᠠᠷᠠᠭᠤᠯᠤᠨ᠎ᠠ᠂ ᠵᠣᠷᠢᠬᠵᠢᠭᠤᠯᠬᠤ ᠵᠣᠬᠢᠴᠠᠮᠵᠢ ᠪᠠ ᠠᠯᠳᠠᠭ᠎ᠠ ᠶᠢ ᠪᠠᠭᠲᠠᠭᠠᠵᠤ ᠠᠯᠳᠠᠭ᠎ᠠ ᠶᠢ ᠵᠠᠯᠠᠷᠠᠭᠤᠯᠬᠤ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷᠭᠡᠨ ᠤᠯᠠᠨ ᠺᠠᠳ᠋ᠷᠴᠤᠳ ᠤᠨ ᠠᠵᠢᠯ ᠬᠢᠬᠦ ᠰᠠᠨᠠᠭ᠎ᠠ᠂ ᠠᠵᠢᠯ ᠬᠢᠬᠦ ᠵᠣᠷᠢᠭ᠂ ᠠᠵᠢᠯ ᠦᠢᠯᠡ ᠪᠦᠳᠤᠬᠡᠬᠦ ᠤᠷᠮ᠎ᠠ ᠵᠤᠷᠢᠭ ᠢ ᠬᠠᠮᠠᠭᠠᠯᠠᠨ ᠬᠦᠭᠵᠢᠬᠡᠨ᠎ᠠ᠃ ᠴᠠᠭ ᠦᠶ᠎ᠠ ᠮᠠᠨ ᠢ ᠬᠦᠯᠢᠶᠡᠬᠦ ᠦᠭᠡᠢ᠂ ᠦᠷᠯᠥᠭᠡ ᠦᠳᠡᠰᠢ ᠶᠢ ᠲᠡᠮᠡᠴᠡᠨ᠂ ᠵᠤᠷᠢᠭᠲᠠᠢ ᠤᠷᠤᠭᠰᠢᠯᠠᠬᠤ ᠴᠤᠭ ᠰᠦᠯᠳᠡ ᠲᠠᠢ ᠪᠠᠶᠢᠵᠤ᠂ ᠰᠢᠨ᠎ᠠ ᠴᠠᠭ ᠦᠶ᠎ᠠ ᠳᠠᠬᠢ ᠤᠯᠠᠭᠠᠨᠬᠠᠳᠠ ᠶᠢᠨ ᠦᠰᠦᠷᠦᠩᠭᠦᠢ ᠮᠠᠨᠳᠤᠭᠰᠠᠨ ᠰᠢᠨ᠎ᠠ ᠪᠠᠶᠢᠳᠠᠯ ᠢ ᠴᠢᠷᠮᠠᠶᠢᠨ ᠡᠭᠦᠳᠦᠨ᠎ᠡ᠃      ︵ᠳᠦᠷᠪᠡ︶ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠷᠢᠭᠤᠨ ᠴᠢᠬᠡᠴᠢ ᠵᠠᠰᠠᠭ ᠤᠨ ᠤᠷᠳᠣᠨ ᠢ ᠪᠠᠶᠢᠭᠤᠯᠤᠨ᠎ᠠ᠃ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠲᠠᠢ ᠪᠠᠶᠢᠬᠤ ᠶᠢ ᠪᠠᠷᠢᠮᠲᠠᠯᠠᠵᠤ᠂ ᠰᠡᠷᠡᠮᠵᠢ ᠱᠤᠭᠤᠮ ᠪᠠ ᠬᠢᠵᠠᠭᠠᠷ ᠱᠤᠭᠤᠮ ᠤᠨ ᠰᠡᠳᠬᠢᠮᠵᠢ ᠶᠢ ᠴᠢᠩᠳᠠᠯᠠᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠤᠨ᠎ᠠ᠃ ᠨᠠᠮ ᠤᠨ ᠲᠦᠪ ᠬᠤᠷᠢᠶᠠᠨ ᠤ ᠨᠠᠢᠮᠠᠨ ᠵᠣᠷᠪᠤᠰ ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ ᠪᠣᠯᠣᠨ ᠦᠪᠡᠷᠲᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠦᠬᠦᠷ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠰᠢᠨ᠎ᠠ ᠢᠯᠡᠷᠡᠯ ᠢ ᠳᠡᠭᠡᠳᠦ ᠬᠡᠮᠵᠢᠶ᠎ᠠ ᠪᠠᠷ ᠰᠡᠷᠡᠮᠵᠢᠯᠡᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠵᠠᠷᠤᠯᠭ᠎ᠠ ᠶᠢ ᠪᠦᠲᠦᠮᠵᠢᠲᠡᠢ ᠬᠢᠵᠠᠭᠠᠷᠯᠠᠵᠤ᠂ ︽ᠳᠦᠷᠪᠡᠨ ᠰᠤᠷᠲᠠᠯ︾᠎ ᠤᠨ ᠠᠰᠠᠭᠤᠳᠠᠯ ᠳᠠᠬᠢᠨ ᠢᠯᠡᠷᠡᠬᠦ ᠶᠢ ᠡᠷᠡᠰ ᠰᠡᠷᠭᠡᠶᠢᠯᠡᠨ ᠵᠣᠭᠰᠣᠭᠠᠨ᠎ᠠ᠃ ᠡᠳ᠋ ᠤᠨ ᠵᠠᠰᠠᠭ ᠤᠨ ᠪᠡᠯᠡ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ᠂ ᠤᠯᠠᠨ ᠨᠡᠶᠢᠲᠡ ᠶᠢᠨ ᠪᠡᠯᠡ ᠮᠦᠩᠭᠦ᠂ ᠤᠯᠤᠰ ᠤᠨ ᠡᠳ᠋ ᠬᠦᠷᠥᠩᠭᠡ ᠪᠣᠯᠣᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠤᠯᠲᠠ ᠬᠢᠨᠠᠯᠲᠠ ᠶᠢᠨ ᠪᠦᠬᠦ ᠪᠦᠷᠬᠦᠯᠲᠡ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠠ ᠬᠡᠪᠴᠢᠶᠡᠨ ᠤ ᠬᠠᠤᠯᠢ ᠶᠢ ᠵᠦᠷᠢᠴᠡᠬᠦ ᠰᠠᠬᠢᠯᠭ᠎ᠠ ᠶᠢ ᠵᠦᠷᠢᠴᠡᠬᠦ ᠬᠡᠷᠡᠭ ᠤᠴᠢᠷ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠷᠭᠡᠨ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠦᠨᠡᠨᠬᠦ ᠰᠠᠶᠢᠲᠤᠷ ᠬᠠᠮᠠᠭᠠᠯᠠᠨ᠎ᠠ᠃ ︽ᠤᠭ ᠵᠣᠷᠢᠯᠲᠠ ᠪᠠᠨ ᠦᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠥᠵᠢᠯ ᠢ ᠰᠠᠶᠢᠲᠤᠷ ᠦᠷᠨᠢᠭᠦᠯᠵᠦ᠂ ᠠᠷᠠᠳ ᠤᠨ ᠠᠯᠪᠠᠨ ᠵᠠᠷᠤᠴᠠ ᠶᠢᠨ ᠤᠭ ᠳᠦᠷᠢ ᠪᠠᠨ ᠤᠬᠠᠮᠰᠠᠷ ᠠᠴᠠ ᠪᠠᠨ ᠪᠠᠷᠢᠮᠲᠠᠯᠠᠵᠤ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠶᠣᠰᠣ ᠰᠤᠷᠲᠠᠬᠤᠨ ᠪᠠᠨ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ ᠢ ᠤᠬᠠᠮᠰᠠᠷ ᠠᠴᠠ ᠪᠠᠨ ᠪᠣᠢ ᠪᠣᠯᠭᠠᠵᠤ᠂ ᠺᠠᠳ᠋ᠷᠴᠤᠳ ᠨᠢ ᠲᠦᠪ ᠴᠢᠬᠡᠴᠢ᠂ ᠵᠠᠰᠠᠭ ᠤᠨ ᠤᠷᠳᠣᠨ ᠨᠢ ᠠᠷᠢᠭᠤᠨ ᠴᠢᠬᠡᠴᠢ ᠪᠣᠯᠭᠠᠨ᠎ᠠ᠃      ᠲᠦᠯᠥᠭᠡᠯᠡᠭᠴᠢᠳ ᠡ᠂ ᠰᠢᠨ᠎ᠠ ᠴᠠᠭ ᠦᠶ᠎ᠠ ᠳᠤ ᠰᠢᠨ᠎ᠠ ᠪᠠᠶᠢᠲᠠᠯ ᠲᠠᠢ ᠪᠠᠶᠢᠵᠤ᠂ ᠰᠢᠨ᠎ᠠ ᠴᠠᠭ ᠦᠶ᠎ᠠ ᠳᠤ ᠨᠡᠩ ᠰᠢᠨ᠎ᠠ ᠵᠢᠳᠬᠦᠯ ᠲᠠᠢ ᠪᠠᠶᠢᠬᠤ ᠬᠡᠷᠡᠭᠲᠡᠢ ᠶᠤᠮ᠃ ᠲᠡᠦᠬᠡ ᠶᠢᠨ ᠰᠢᠨ᠎ᠠ ᠡᠬᠢᠯᠡᠯᠲᠡ ᠳᠡᠭᠡᠷ᠎ᠠ ᠠᠴᠠ᠂ ᠤᠯᠠᠭᠠᠨᠬᠠᠳᠠ ᠶᠢᠨ ᠦᠰᠦᠷᠦᠩᠭᠦᠢ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠢᠲᠠᠢ ᠠᠶᠠᠯᠠᠯ ᠢᠶᠠᠨ ᠡᠬᠢᠯᠡᠯ᠎ᠠ᠂ ᠮᠠᠨ ᠤ ᠡᠭᠦᠷᠭᠡ ᠲᠤᠰᠢᠶᠠᠯ ᠢᠷᠠᠭᠤ ᠠᠯᠳᠠᠷᠲᠠᠢ᠂ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ ᠪᠠᠶᠢᠨ᠎ᠠ᠃ ᠪᠢᠳᠡ ᠰᠢ ᠶᠢᠨ ᠫᠢᠩ ᠨᠦᠬᠦᠷ ᠢᠶᠠᠷ ᠲᠦᠪ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠡᠩ ᠨᠢᠭᠲᠠ ᠪᠦᠯᠬᠦᠮᠳᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠭᠡᠢ ᠵᠢᠯᠣᠭᠤᠳᠣᠯᠭ᠎ᠠ ᠪᠣᠯᠭᠠᠵᠤ᠂ ᠳᠡᠭᠡᠲᠦ ᠱᠠᠳᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠵᠣᠷᠢᠯᠲᠠ ᠪᠠᠨ ᠦᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠴᠦᠨ ᠢᠶᠠᠨ ᠬᠠᠮᠳᠤᠳᠬᠠᠨ ᠰᠡᠳᠬᠢᠯ ᠨᠢᠭᠡᠳᠴᠦ᠂ ᠵᠠᠮ ᠨᠡᠭᠡᠭᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠣᠳᠣᠬᠢᠴᠢᠯᠠᠭᠰᠠᠨ ᠤᠯᠠᠭᠠᠨᠬᠠᠳᠠ ᠶᠢ ᠪᠦᠬᠦ ᠲᠠᠯ᠎ᠠ ᠪᠠᠷ ᠪᠠᠶᠢᠭᠤᠯᠬᠤ ᠰᠢᠨ᠎ᠠ ᠠᠶᠠᠯᠠᠯ ᠢᠶᠠᠨ ᠡᠬᠢᠯᠡᠭᠦᠯᠬᠦ ᠶᠢᠨ ᠲᠦᠯᠥᠭᠡ ᠴᠢᠷᠮᠠᠶᠢᠨ ᠲᠡᠮᠡᠴᠡᠵᠡᠭᠡᠶ᠎ᠡ︕
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ