ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2018 ᠣᠨ ᠤ 1 ᠰᠠᠷ᠎ᠠ ᠶᠢᠨ 7 ᠤ ᠡᠳᠦᠷ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠬᠤᠲᠠ ᠶᠢᠨ ᠳᠠᠷᠤᠭ᠎ᠠ ᠮᠧᠩ ᠰᠢᠶᠠᠨ ᠳ᠋ᠦᠩ | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶᠠ᠂ ᠬᠢᠨᠠᠨ ᠵᠦᠪᠯᠡᠬᠦ ᠪᠣᠯᠪᠠᠤ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠤᠭᠠᠷᠠᠢ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠭᠠᠰᠢ᠂ ᠬᠤᠷᠸ᠎ᠠ ᠠᠵᠤ ᠠᠬᠤᠢ ᠶᠢᠨ ᠨᠠᠷᠢᠨ ᠪᠤᠳᠤᠯᠢᠶᠠᠨ ᠲᠠᠢ ᠪᠠᠶᠢᠳᠠᠯ | ᠬᠢᠭᠡᠳ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠪᠡᠷᠬᠡ ᠡᠭᠦᠷᠭᠡ ᠶᠢᠨ ᠡᠮᠦᠨ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠤᠨ | ᠪᠠᠶᠢᠳᠠᠯ ᠯᠤᠭ᠎ᠠ ᠰᠠᠨᠠᠭᠠᠴᠢᠯᠠᠭ᠎ᠠ ᠠᠴᠠ ᠪᠠᠨ ᠵᠣᠬᠢᠴᠠᠯᠳᠤᠵᠤ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ ᠴᠠᠭ | ᠦᠶ᠎ᠡ ᠲᠠᠢ ᠵᠡᠷᠭᠡ ᠪᠠᠷ ᠤᠷᠤᠭᠰᠢᠯᠠᠨ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠦᠯᠬᠦᠮᠳᠡᠨ ᠲᠡᠮᠡᠴᠡᠵᠦ ᠬᠦᠴᠢᠷ | ᠪᠡᠷᠬᠡ ᠶᠢ ᠢᠯᠡᠨ ᠳᠠᠪᠠᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠭᠰᠡᠨ ᠰᠢᠨ᠎ᠡ ᠪᠠᠶᠢᠳᠠᠯ ᠢ ᠬᠦᠴᠦᠯᠡᠨ ᠪᠣᠢ | ᠪᠣᠯᠭᠠᠵᠠᠢ᠃ | ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠦᠷᠭᠦᠯᠵᠢᠯᠡᠨ ᠴᠢᠩᠭᠠᠷᠠᠵᠠᠢ᠃ ᠲᠠᠪᠤᠨ ᠵᠢᠯ ᠤᠨ ᠬᠤᠭᠤᠴᠠᠭᠠᠨ ᠳᠤ ᠣᠷᠣᠨ ᠨᠣᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠳᠤᠮᠳᠠᠴᠢ ᠪᠠᠷ 7.6% ᠪᠠᠷ ᠨᠡᠮᠡᠭᠳᠡᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠤᠨ ᠪᠡᠯᠡ ᠣᠷᠤᠭᠤᠯᠤᠯᠲᠠ | ᠵᠢᠯ ᠳᠤ ᠳᠤᠮᠳᠠᠴᠢ ᠪᠠᠷ 13.9% ᠪᠠᠷ ᠨᠡᠮᠡᠭᠳᠡᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠨᠤᠷᠮ᠎ᠠ ᠵᠢᠯ ᠳᠤ | ᠳᠤᠮᠳᠠᠴᠢ ᠪᠠᠷ 10% ᠪᠠᠷ ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠣᠯᠭ᠎ᠠ ᠵᠢᠯ ᠳᠤ ᠳᠤᠮᠳᠠᠴᠢ ᠪᠠᠷ | ᠲᠤᠰ ᠪᠦᠷᠢ 9.3%᠂ 9.8% ᠪᠠᠷ ᠨᠡᠮᠡᠭᠳᠡᠵᠡᠢ᠂ ᠡᠳᠡᠭᠡᠷ ᠭᠤᠣᠯ ᠪᠣᠯᠬᠤ ᠭᠦᠢᠴᠡᠳᠬᠡᠬᠦ ᠲᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠴᠥᠮ | ᠪᠦᠬᠦ ᠣᠷᠣᠨ ᠤ ᠲᠡᠭᠰᠢᠳᠬᠡᠭᠰᠡᠨ ᠬᠢᠷᠢ ᠲᠦᠪᠰᠢᠨ ᠠᠴᠠ ᠥᠨᠳᠥᠷ ᠪᠣᠯᠪᠠ᠃ ᠤᠯᠤᠰ ᠤᠨ ᠭᠠᠶᠢᠯᠢ ᠲᠠᠲᠠᠪᠤᠷᠢ ᠶᠢᠨ ᠰᠢᠰᠲ᠋ᠧᠮᠵᠢ ᠶᠢ ᠲᠤᠬᠢᠷᠠᠭᠤᠯᠵᠤ᠂ ᠶᠠᠰᠤ | ᠴᠢᠨᠠᠷ ᠤᠨ ᠬᠠᠮᠢᠶᠠᠷᠤᠯᠲᠠ ᠶᠢ ᠴᠢᠩᠭᠠᠳᠬᠠᠭᠰᠠᠨ ᠠᠬᠤᠶ ᠪᠠᠶᠢᠳᠠᠯ ᠳᠣᠣᠷ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠪᠦᠬᠦ | ᠣᠷᠣᠨ ᠤ ᠳᠥᠷᠪᠡᠳᠦᠭᠡᠷ ᠲᠤ ᠲᠡᠪᠰᠢᠨ ᠣᠷᠣᠭᠰᠠᠨ ᠪᠠᠶᠢᠨ᠎ᠠ᠃ ᠠᠷᠭ᠎ᠠ ᠪᠦᠬᠦᠨ ᠢ ᠰᠦᠪᠡᠭᠴᠢᠯᠡᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠰᠠᠭᠤᠷᠢ ᠪᠠᠨ | ᠪᠠᠲᠤᠳᠬᠠᠨ᠂ ᠠᠵᠤ ᠦᠢᠯᠡᠰ ᠢ ᠬᠦᠴᠦᠷᠭᠡᠭᠵᠢᠭᠦᠯᠦᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠰ ᠪᠦᠲᠦᠭᠡᠵᠦ᠂ | ᠠᠵᠤ ᠠᠬᠤᠢ ᠶᠢ ᠲᠣᠭᠲᠠᠭᠤᠨ ᠮᠥᠷᠲᠡᠭᠡᠨ ᠠᠬᠢᠯᠲᠠ ᠲᠠᠢ᠂ ᠲᠣᠭᠲᠠᠭᠤᠨ ᠪᠦᠭᠡᠳ ᠴᠢᠨᠠᠷ ᠨᠢ ᠳᠡᠭᠡᠭᠰᠢᠯᠡᠭᠦ ᠶᠢ ᠠᠬᠢᠭᠤᠯᠵᠠᠢ᠃ ᠲᠠᠪᠤᠨ ᠵᠢᠯ ᠳᠤ ᠨᠡᠶᠢᠲᠡ 5000 | ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠤᠭᠤᠯᠤᠯᠲᠠ ᠲᠠᠢ 2260 ᠭᠤᠣᠯᠳᠠᠯᠭ᠎ᠠ ᠲᠠᠢ ᠲᠥᠷᠥᠯ ᠵᠦᠢᠯ ᠢ ᠬᠢᠵᠦ᠂ ᠪᠦᠬᠦ ᠨᠡᠶᠢᠭᠡᠮ ᠤᠨ ᠲᠣᠭᠲᠠᠮᠠᠯ | ᠬᠥᠷᠥᠩᠭᠡ ᠶᠢᠨ 6351 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠳᠠᠶᠢᠴᠢᠯᠠᠨ ᠪᠡᠶᠡᠯᠡᠭᠦᠯᠡᠭᠰᠡᠨ ᠨᠢ ᠳᠡᠭᠡᠷ᠎ᠡ ᠲᠠᠪᠤᠨ ᠵᠢᠯ ᠤᠨ ᠬᠢ ᠠᠴᠠ 3430 | ᠳ᠋ᠦᠩᠰᠢᠭᠤᠷ ᠲᠥᠭᠦᠷᠢᠭ ᠨᠡᠮᠡᠭᠳᠡᠵᠡᠢ᠂ ᠡᠳ᠋ ᠤᠨ ᠵᠠᠰᠠᠭ ᠤᠨ ᠵᠠᠷᠤᠯᠭ᠎ᠠ ᠨᠡᠶᠢᠲᠡ 2007 ᠳ᠋ᠦᠩᠰᠢᠭᠤᠷ ᠲᠥᠭᠦᠷᠢᠭ ᠪᠡᠶᠡᠯᠡᠭᠦᠯᠦᠭᠰᠡᠨ ᠨᠢ ᠳᠡᠭᠡᠷ᠎ᠡ ᠲᠠᠪᠤᠨ ᠵᠢᠯ ᠤᠨ | 1.7 ᠳᠠᠬᠢᠨ ᠪᠣᠯᠪᠠ᠂ ᠲᠠᠪᠤᠨ ᠵᠢᠯ ᠳᠤ ᠰᠢᠨ᠎ᠡ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 6 ᠲᠦᠮᠡ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ 527 ᠬᠦᠷᠴᠦ᠂ ᠰᠢᠨ᠎ᠡ ᠨᠡᠮᠡᠭᠳᠡᠭᠰᠡᠨ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ 130 | ᠪᠣᠯᠵᠠᠢ᠃ | ᠬᠡᠯᠪᠡᠷᠢ ᠶᠢ ᠨᠢ ᠬᠤᠪᠢᠷᠠᠭᠤᠯᠵᠤ ᠳᠡᠰ ᠳᠡᠪᠰᠢᠭᠦᠯᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠶᠡᠷᠦᠩᠬᠡᠢ ᠬᠡᠮᠵᠢᠶ᠎ᠡ ᠪᠠᠨ ᠥᠷᠭᠡᠳᠬᠡᠬᠦ ᠪᠠ | ᠪᠦᠷᠢᠯᠳᠦᠴᠡ ᠳᠤ ᠲᠣᠬᠢᠷᠠᠭᠤᠯᠤᠯᠲᠠ ᠬᠢᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠠᠨ ᠲᠠᠯ᠎ᠠ ᠪᠠᠷ ᠬᠥᠭᠵᠢᠭᠰᠡᠨ ᠤᠯᠠᠨ ᠲᠠᠯ᠎ᠠ ᠠᠴᠠ | ᠲᠤᠯᠭᠠᠭᠤᠷᠢᠯᠠᠭᠰᠠᠨ ᠠᠵᠤ ᠦᠢᠯᠡᠰ ᠤᠨ ᠪᠦᠷᠢᠯᠳᠦᠯ ᠲᠦᠷᠭᠡᠨ ᠪᠤᠢ ᠪᠣᠯᠪᠠ᠃ ᠠᠵᠤ ᠦᠢᠯᠡᠳᠪᠦᠷᠢ ᠨᠢ ᠰᠢᠨ᠎ᠡ ᠬᠡᠯᠪᠡᠷᠢᠵᠢᠭᠰᠡᠨ ᠡᠷᠴᠢᠮᠵᠢᠭᠰᠡᠨ ᠬᠥᠭᠵᠢᠯᠲᠡ ᠲᠠᠢ | ᠪᠣᠯᠭᠠᠬᠤ ᠪᠣᠯᠣᠨ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠪᠣᠬᠢᠷᠳᠤᠯ ᠢ ᠭᠠᠳᠠᠭᠰᠢᠯᠠᠭᠤᠯᠬᠤ ᠪᠠᠨ ᠪᠠᠭᠠᠰᠬᠠᠨ ᠡᠨᠧᠷᠭᠢ ᠶᠢᠨ | ᠬᠤᠷᠣᠭᠳᠠᠯ ᠢᠶᠠᠨ ᠪᠠᠭᠠᠰᠬᠠᠬᠤ ᠠᠵᠢᠯ ᠤᠳ ᠢ ᠲᠥᠪᠯᠡᠷᠡᠭᠦᠯᠦᠨ ᠰᠠᠶᠢᠲᠤᠷ ᠬᠢᠪᠡ᠃ ᠥᠩᠭᠡᠲᠦ ᠲᠡᠮᠦᠷᠯᠢᠭ ᠤᠨ ᠠᠵᠤ ᠦᠢᠯᠡᠰ ᠲᠤ ᠵᠠᠰ ᠬᠠᠶᠢᠯᠤᠭᠤᠯᠬᠤ 40 | ᠲᠦᠮᠡᠨ ᠲᠤᠨ ᠤ ᠬᠤᠶᠠᠷ ᠲᠥᠷᠥᠯ ᠵᠦᠢᠯ ᠢ ᠬᠦᠷᠢᠶᠡᠯᠡᠩ ᠳᠤ ᠣᠷᠣᠭᠤᠯᠤᠨ ᠥᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠲᠠᠢ ᠡᠬᠢᠯᠡᠭᠦᠯᠪᠡ᠂ ᠰᠢᠨ᠎ᠡ ᠡᠨᠧᠷᠭᠢ ᠶᠢᠨ | ᠠᠵᠢᠯ ᠦᠢᠯᠡᠰ ᠨᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠭᠡᠷᠡᠯ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 200 ᠲᠦᠮᠡᠨ ᠺᠢᠯᠣᠸᠠᠲ ᠢ | ᠳᠠᠪᠠᠵᠤ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠨᠡᠭᠦᠷᠡᠰᠦᠨ ᠬᠢᠮᠢ᠂ ᠠᠮᠢᠳᠤ ᠪᠣᠳᠠᠰ ᠤᠨ ᠬᠢᠮᠢ᠂ ᠬᠦᠬᠦᠷ ᠬᠦᠴᠢᠯ ᠤᠨ ᠬᠢᠮᠢ | ᠵᠡᠷᠭᠡ ᠨᠢᠭᠡ ᠢᠵᠢ ᠲᠣᠮᠣ ᠲᠥᠷᠥᠯ ᠵᠦᠢᠯ ᠠᠰᠢᠭᠯᠠᠯᠲᠠ ᠳᠤ ᠣᠷᠣᠪᠠ᠂ ᠰᠢᠨ᠎ᠡ ᠪᠠᠷ ᠪᠤᠢ ᠪᠣᠯᠣᠭᠰᠠᠨ ᠠᠵᠤ ᠦᠢᠯᠡᠰ ᠲᠤ ᠠᠮᠢᠳᠤ ᠪᠣᠳᠠᠰ ᠤᠨ ᠡᠮ ᠨᠠᠶᠢᠷᠠᠬᠤ᠂ | ᠴᠠᠬᠢᠮ ᠮᠡᠳᠡᠭᠡ᠂ ᠡᠭᠦᠯᠡᠨ ᠪᠣᠳᠣᠯᠲᠠ ᠵᠡᠷᠭᠡ ᠲᠥᠷᠥᠯ ᠵᠦᠢᠯ ᠢ ᠣᠷᠣᠭᠤᠯᠤᠨ ᠪᠤᠢ ᠪᠣᠯᠭᠠᠬᠤ ᠠᠵᠢᠯ ᠢ ᠴᠢᠩᠭᠠᠳᠬᠠᠵᠠᠢ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠲᠥᠪᠯᠡᠷᠡᠭᠦᠯᠬᠦ ᠬᠦᠴᠦᠨ ᠲᠠᠰᠤᠷᠠᠯᠲᠠ ᠦᠭᠡᠢ ᠨᠡᠮᠡᠭᠳᠡᠵᠦ ᠦᠢᠯᠡᠳᠬᠦᠨ ᠤ ᠥᠷᠲᠡᠭ ᠨᠢ ᠪᠦᠬᠦ᠋ᠢᠯᠡ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠤᠨ ᠳᠣᠲᠣᠷ᠎ᠠ 47.6% ᠶᠢ ᠡᠵᠡᠯᠡᠬᠦ ᠪᠣᠯᠵᠠᠢ᠃ ᠰᠢᠭᠰᠢᠭᠳᠡᠭᠦᠯᠵᠦ ᠬᠠᠰᠤᠭᠰᠠᠨ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠪᠬᠢ 31.3 ᠲᠦᠮᠡᠨ | ᠲᠤᠨ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠬᠢ 615 ᠲᠦᠮᠡᠨ ᠲᠤᠨ ᠬᠦᠷᠴᠦ᠂ GDP ᠶᠢᠨ ᠲᠦᠮᠡᠨ ᠲᠥᠭᠦᠷᠢᠭ ᠪᠦᠷᠢ ᠳᠠᠬᠢ ᠡᠨᠧᠷᠭᠢ ᠤᠰᠤᠨ ᠤ | ᠬᠤᠷᠣᠭᠳᠠᠯ ᠲᠤᠰᠪᠦᠷᠢ 18.9%᠂ 13.6% ᠪᠠᠷ ᠪᠠᠭᠤᠷᠠᠵᠠᠢ᠃ ᠲᠠᠷᠢᠶᠠᠯᠠᠩ ᠮᠠᠯ ᠠᠵᠤ ᠠᠬᠤᠢ ᠳᠤ ᠪᠦᠷᠢᠯᠳᠦᠴᠡ ᠶᠢ ᠰᠢᠯᠢᠳᠡᠭᠵᠢᠭᠦᠯᠦᠨ ᠬᠡᠪᠴᠢᠶᠡᠵᠢᠭᠦᠯᠦᠨ | ᠵᠣᠬᠢᠶᠠᠨ ᠪᠠᠶᠢᠭᠤᠯᠤᠯᠳᠠᠵᠢᠭᠤᠯᠤᠨ ᠠᠵᠤ ᠦᠢᠯᠡᠰᠵᠢᠭᠦᠯᠦᠨ ᠡᠵᠡᠩᠨᠡᠬᠦ ᠶᠢ ᠭᠤᠣᠯᠳᠠᠯᠭ᠎ᠠ ᠲᠠᠢ ᠬᠢᠪᠡ᠃ ᠲᠠᠷᠢᠮᠠᠯ ᠪᠠ ᠲᠡᠵᠢᠭᠡᠪᠦᠷᠢ ᠶᠢᠨ ᠦᠢᠯᠡᠰ ᠤᠨ ᠪᠦᠷᠢᠯᠳᠦᠴᠡ | ᠤᠯᠠᠮ ᠰᠢᠯᠢᠳᠡᠭᠵᠢᠵᠦ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢᠨ ᠲᠠᠷᠢᠮᠠᠯ ᠤᠨ ᠬᠠᠷᠢᠴᠠᠯ 82᠄ 14᠄ 4 ᠪᠠᠶᠢᠭᠰᠠᠨ ᠠᠴᠠ ᠪᠠᠨ | ᠰᠠᠶᠢᠵᠢᠷᠠᠭᠠᠳ 71᠄ 17᠄ 12 ᠪᠣᠯᠵᠠᠢ᠂ ᠠᠯᠠᠰᠢᠨ ᠦᠬᠡᠷ ᠭᠠᠭ᠋ᠠᠢ ᠲᠤᠰᠪᠦᠷᠢ 103.6 ᠪᠠ 274.4 ᠲᠦᠮᠡᠨ ᠲᠣᠯᠣᠭᠠᠢ ᠨᠡᠮᠡᠭᠳᠡᠪᠡ᠃ ᠰᠢᠨ᠎ᠡ ᠨᠡᠮᠡᠭᠳᠡᠭᠰᠡᠨ | ᠥᠨᠳᠥᠷ ᠠᠰᠢᠭᠲᠠᠢ ᠠᠷᠪᠢᠲᠠᠢ ᠤᠰᠤᠯᠠᠯᠲᠠ ᠶᠢᠨ ᠲᠠᠯᠠᠪᠠᠢ 408 ᠲᠦᠮᠡᠨ ᠮᠦ᠂ ᠥᠨᠳᠥᠷ ᠠᠰᠢᠭᠲᠠᠢ ᠤᠰᠤᠨ ᠳᠤ ᠠᠷᠪᠢᠲᠠᠢ ᠠᠵᠤ ᠠᠬᠤᠢ ᠶᠢᠨ ᠣᠢ 100 | ᠲᠦᠮᠡᠨ ᠮᠦ᠂ ᠲᠥᠬᠦᠭᠡᠷᠡᠮᠵᠢᠲᠦ ᠲᠠᠷᠢᠶᠠᠯᠠᠩ 71.7 ᠲᠦᠮᠡᠨ ᠮᠦ ᠬᠦᠷᠪᠡ᠃ ᠭᠠᠵᠠᠷ ᠲᠠᠷᠢᠶ᠎ᠠ ᠶᠢᠨ ᠰᠢᠯᠵᠢᠯᠲᠡ ᠶᠢᠨ ᠨᠤᠷᠮ᠎ᠠ᠂ ᠲᠠᠷᠢᠶᠠᠴᠢᠳ ᠮᠠᠯᠴᠢᠳ ᠤᠨ | ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠪᠦᠷᠬᠦᠯᠲᠡ ᠶᠢᠨ ᠨᠤᠷᠮ᠎ᠠ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢ ᠨᠠᠷᠢᠯᠢᠭ ᠡᠳ᠋ᠰᠢᠭᠦᠯᠦᠨ | ᠤᠯᠠᠷᠢᠭᠤᠯᠤᠭᠰᠠᠨ ᠨᠤᠷᠮ᠎ᠠ ᠲᠤᠰᠪᠦᠷᠢ 46.4%᠂ 50%᠂ 49.7% ᠪᠣᠯᠵᠠᠢ᠃ ᠦᠢᠯᠡᠴᠢᠯᠡᠭᠡᠨ ᠤ ᠦᠢᠯᠡᠰ ᠨᠢ ᠳᠡᠰ ᠳᠡᠪᠰᠢᠭᠦᠯᠦᠨ ᠳᠡᠭᠡᠭᠰᠢᠯᠡᠭᠦᠯᠬᠦ᠂ | ᠰᠢᠨ᠎ᠡ ᠶᠢ ᠡᠭᠦᠳᠬᠦ ᠶᠢ ᠳᠣᠪᠤᠶᠢᠯᠭᠠᠪᠠ᠃ ᠠᠷᠠᠯᠵᠢᠶ᠎ᠠ ᠬᠤᠳᠠᠯᠳᠤᠭᠠᠨ ᠤ ᠨᠢᠭᠡ ᠪᠦᠯᠦᠭ ᠪᠣᠳᠠᠲᠤ ᠴᠣᠭᠴᠠ ᠡᠵᠡᠩᠨᠡᠯᠲᠡ ᠪᠠᠨ ᠡᠬᠢᠯᠡᠭᠦᠯᠵᠦ᠂ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠷᠣᠯᠠᠭᠤᠯᠤᠭᠰᠠᠨ ᠣᠷᠣᠯᠭ᠎ᠠ 550 ᠳ᠋ᠦᠩᠰᠢᠭᠤᠷ ᠲᠥᠭᠦᠷᠢᠭ ᠢ ᠳᠠᠪᠠᠵᠤ᠂ ︽ᠴᠠᠬᠢᠮ ᠬᠤᠳᠠᠯᠳᠤᠭ᠎ᠠ ᠠᠶᠢᠯ | ᠲᠣᠰᠬᠤᠨ ᠳᠤ ᠤᠷᠣᠬᠤ︾ ᠶᠢ ᠪᠦᠷᠬᠦᠭᠦᠯᠦᠨ᠂ 9 ᠬᠤᠰᠢᠭᠤ ᠰᠢᠶᠠᠨ ᠪᠦᠬᠦ ᠤᠯᠤᠰ ᠤᠨ ᠴᠠᠬᠢᠮ ᠠᠷᠠᠯᠵᠢᠶᠠᠨ ᠤ ᠵᠢᠱᠢᠶ᠎ᠡ ᠦᠵᠡᠭᠦᠯᠬᠦ ᠰᠢᠶᠠᠨ ᠤ ᠡᠩᠨᠡᠭᠡᠨ ᠳᠤ | ᠣᠷᠣᠵᠠᠢ᠃ ᠵᠢᠭᠤᠯᠴᠢᠯᠠᠯ ᠤᠨ ᠦᠢᠯᠡᠰ ᠵᠢᠭᠤᠯᠴᠢᠯᠠᠭᠰᠠᠳ ᠢ 6400 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ 1000 ᠳ᠋ᠦᠩᠰᠢᠭᠤᠷ ᠲᠥᠭᠦᠷᠢᠭ ᠤᠨ | ᠣᠷᠣᠯᠭ᠎ᠠ ᠣᠯᠵᠠᠢ᠃ ᠮᠥᠩᠭᠦᠨ ᠭᠦᠢᠯᠭᠡᠭᠡ ᠶᠢᠨ ᠦᠢᠯᠡᠰ ᠤᠨ ᠡᠵᠡᠩᠨᠡᠯᠲᠡ ᠶᠢᠨ ᠬᠡᠪᠴᠢᠶ᠎ᠡ ᠶᠡᠬᠡᠪᠡᠷ ᠨᠡᠮᠡᠭᠳᠡᠨ᠂ ᠡᠯ᠎ᠡ ᠵᠦᠢᠯ ᠤᠨ ᠪᠠᠶᠢᠭᠤᠯᠤᠮᠵᠢ ᠰᠢᠨ᠎ᠡ ᠪᠠᠷ 25 | ᠨᠡᠮᠡᠭᠳᠡᠵᠦ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠰᠪᠦᠷᠢ 2100 ᠳ᠋ᠦᠩᠰᠢᠭᠤᠷ ᠲᠥᠭᠦᠷᠢᠭ᠂ 1600 ᠳ᠋ᠦᠩᠰᠢᠭᠤᠷ ᠲᠥᠭᠦᠷᠢᠭ ᠪᠣᠯᠵᠤ᠂ ᠵᠣᠭᠤᠰᠤᠨ | ᠲᠡᠮᠳᠡᠭᠲᠦ ᠶᠢᠨ ᠠᠷᠠᠯᠵᠢᠶ᠎ᠠ ᠪᠦᠲᠦᠭᠰᠡᠨ ᠨᠤᠷᠮ᠎ᠠ ᠬᠢᠭᠡᠳ ᠳᠠᠭᠠᠳᠬᠠᠯ ᠤᠨ ᠦᠢᠯᠡᠰ ᠤᠨ ᠳᠠᠭᠠᠳᠬᠠᠯ ᠲᠤᠰᠢᠶᠠᠭᠰᠠᠨ ᠣᠷᠣᠯᠭ᠎ᠠ ᠨᠡᠶᠢᠲᠡ 3720 ᠳ᠋ᠦᠩᠰᠢᠭᠤᠷ | ᠲᠥᠭᠦᠷᠢᠭ ᠪᠠ 253 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠥᠷᠥᠩᠭᠡ ᠪᠡᠯᠡ ᠶᠢᠨ ᠵᠠᠬ᠎ᠠ ᠳᠡᠯᠭᠡᠭᠦᠷ ᠲᠤ ᠲᠡᠮᠳᠡᠭᠯᠡᠭᠦᠯᠦᠭᠰᠡᠨ ᠠᠵᠤ ᠠᠬᠤᠶᠢᠯᠠᠯ 106 | ᠪᠠᠶᠢᠵᠤ᠂ 122.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠤᠷᠠᠮᠳᠤᠭᠤᠯᠵᠠᠢ᠃ | ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠥᠷᠭᠦᠯᠵᠢᠯᠡᠨ ᠨᠡᠮᠡᠭᠳᠡᠵᠡᠢ᠃ ᠭᠤᠣᠯ ᠬᠤᠲᠠ ᠪᠠ ᠬᠤᠰᠢᠭᠤ ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠪᠠᠯᠭᠠᠰᠤ | ᠯᠤᠲᠤ ᠰᠠᠶᠢᠨ ᠬᠥᠭᠵᠢᠯᠲᠡ ᠶᠢᠨ ᠬᠦᠴᠦᠨ ᠲᠠᠢ ᠪᠣᠯᠪᠠ᠃ ᠤᠯᠠᠭᠠᠨᠬᠠᠳᠠ ᠶᠢᠨ ᠰᠢᠨ᠎ᠡ ᠬᠤᠲᠠ ᠲᠣᠭᠤᠷᠢᠭ᠂ ᠬᠥᠭᠦᠷᠭᠡᠨ ᠠᠷᠤ ᠶᠢᠨ ᠰᠢᠨ᠎ᠡ ᠬᠤᠲᠠ ᠲᠣᠭᠤᠷᠢᠭ᠂ | ᠰᠥᠩ ᠪᠧᠢ ᠰᠢᠨ᠎ᠡ ᠬᠤᠲᠠ ᠲᠣᠭᠤᠷᠢᠭ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠦᠳᠲᠡᠷ ᠲᠦᠷᠭᠡᠨ ᠪᠠᠶᠢᠨ᠎ᠠ᠂ ᠭᠤᠣᠯ ᠬᠤᠲᠠ ᠲᠣᠭᠤᠷᠢᠭ ᠤᠨ | ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠳᠤ 376 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ | ᠂ ᠪᠦᠲᠦᠭᠡᠨ ᠪᠠᠶᠢᠭᠤᠯᠤᠭᠰᠠᠨ ᠲᠠᠯᠠᠪᠠᠢ 106 ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠬᠥᠮᠥᠨ ᠠᠮᠠ ᠵᠠᠭᠤᠨ ᠲᠦᠮᠡ ᠶᠢ ᠳᠠᠪᠠᠵᠠᠢ᠃ 9 ᠬᠤᠰᠢᠭᠤ | ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠭᠠᠵᠠᠷ ᠤᠨ ᠪᠦᠲᠦᠭᠡᠨ ᠪᠠᠶᠢᠭᠤᠯᠤᠭᠰᠠᠨ ᠲᠠᠯᠠᠪᠠᠢ 146 ᠲᠡᠭᠰᠢ ᠳᠥᠷᠪᠡᠯᠵᠢᠨ ᠺᠢᠯᠣᠮᠧᠲᠷ ᠬᠥᠷᠴᠠᠢ᠃ ᠪᠦᠬᠦ | ᠬᠤᠳᠠ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠳᠠ ᠪᠠᠯᠭᠠᠰᠤᠵᠢᠯᠲᠠ ᠶᠢᠨ ᠬᠡᠮᠵᠢᠶ᠎ᠡ 43.8% ᠠᠴᠠ 49% ᠪᠤᠯᠲᠠᠯ᠎ᠠ ᠳᠡᠭᠡᠭᠰᠢᠯᠡᠵᠡᠢ᠃ ᠭᠤᠶᠢᠳᠠ | ᠰᠠᠢᠬᠠᠨ ᠬᠥᠳᠡᠭᠡ ᠲᠤᠰᠬᠤᠨ ᠤ ᠪᠠᠶᠢᠭᠤᠯᠤᠯᠲᠠ ᠦᠰᠦᠷᠦᠩᠭᠦᠢ ᠮᠠᠨᠳᠤᠯᠲᠠ ᠶᠢ ᠪᠡᠶᠡᠯᠡᠭᠦᠯᠵᠡᠢ᠃ ᠨᠡᠶᠢᠳᠠ 211.2 ᠳ᠋ᠦᠩᠰᠢᠭᠤᠷ ᠲᠦᠭᠦᠷᠢᠭ ᠤᠨ ᠪᠡᠯᠡ ᠮᠥᠩᠭᠦ | ᠤᠷᠤᠭᠤᠯᠵᠤ᠂ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠠᠢᠵᠢᠷᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠬᠥᠳᠡᠭᠡ ᠲᠤᠰᠬᠤᠨ ᠮᠠᠯᠵᠢᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠶᠡᠭᠡᠪᠡᠷ ᠰᠠᠢᠵᠢᠷᠠᠵᠤ᠂ 90% ᠠᠴᠠ ᠳᠡᠭᠡᠭᠰᠢᠬᠢ | ᠭᠠᠴᠠᠭ᠎ᠠ ᠲᠤᠰᠬᠤᠨ ᠠᠰᠢᠭ ᠬᠦᠷᠲᠡᠵᠡᠢ᠃ ᠴᠢᠬᠤᠯᠠ ᠲᠤᠮᠤ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢ ᠤᠯᠠᠨ ᠲᠠᠯ᠎ᠠ ᠪᠠᠷ ᠥᠨᠳᠦᠷ ᠪᠦᠲᠦᠮᠵᠢᠲᠠᠢ ᠠᠬᠢᠭᠤᠯᠪᠠ᠃ | 9374 ᠺᠢᠯᠣᠮᠧᠲᠷ ᠡᠯ᠎ᠡ ᠳᠡᠰ ᠤᠨ ᠵᠠᠰᠠᠮᠠᠯ ᠵᠠᠮ ᠢ ᠰᠢᠨ᠎ᠡ ᠪᠠᠷ ᠳᠡᠪᠢᠰᠬᠦ ᠪᠤᠶᠤ ᠥᠭᠡᠷᠡᠴᠢᠯᠡᠨ ᠳᠡᠪᠢᠰᠴᠦ᠂ 3 ᠲᠦᠷᠭᠡᠨ ᠳᠠᠪᠬᠢᠬᠤ ᠵᠠᠰᠠᠮᠠᠯ ᠵᠠᠮ᠂ 10 | ᠨᠢᠭᠡᠳᠦᠭᠡᠷ ᠳᠡᠰ ᠤᠨ ᠵᠠᠰᠠᠮᠠᠯ ᠵᠠᠮ ᠪᠠᠶᠢᠭᠤᠯᠤᠭᠳᠠᠵᠤ ᠲᠡᠷᠭᠡ ᠨᠡᠪᠲᠡᠷᠡᠨ᠂ ᠬᠤᠰᠢᠭᠤ ᠰᠢᠶᠠᠨ ᠪᠦᠬᠦᠨ ᠳᠤ ᠦᠨᠳᠦᠷ ᠳᠡᠰ ᠤᠨ ᠵᠠᠰᠠᠮᠠᠯ ᠵᠠᠮ ᠨᠡᠪᠲᠡᠷᠡᠬᠦ᠂ ᠰᠢᠶᠠᠩ | ᠰᠤᠮᠤ ᠪᠦᠬᠦᠨ ᠳᠤ ᠳᠡᠰᠵᠢᠭᠰᠡᠨ ᠵᠠᠰᠠᠮᠠᠯ ᠵᠠᠮ ᠨᠡᠪᠲᠡᠷᠡᠬᠦ᠂ ᠭᠠᠴᠠᠭ᠎ᠠ ᠲᠤᠰᠬᠤᠨ ᠪᠦᠬᠦᠨ ᠳᠤ ᠴᠠᠷᠳᠠᠮᠠᠯ ᠵᠠᠮ ᠨᠡᠪᠲᠡᠷᠡᠬᠦ ᠶᠢ ᠪᠡᠶᠡᠯᠡᠭᠦᠯᠵᠦ᠂ ᠪᠦᠬᠦ ᠬᠤᠲᠠ ᠶᠢᠨ | ᠵᠠᠰᠠᠮᠠᠯ ᠵᠠᠮ ᠤᠨ ᠪᠦᠬᠦ ᠤᠷᠲᠤ ᠨᠢ 2.7 ᠲᠦᠮᠡᠨ ᠺᠢᠯᠣᠮᠧᠲᠷ ᠬᠦᠷᠴᠡᠢ᠃ ᠤᠯᠠᠭᠠᠨᠬᠠᠳᠠ ᠠᠴᠠ ᠪᠡᠭᠡᠵᠢᠩ ᠮᠦᠭᠳᠡᠨ ᠱᠤᠭᠤᠮ ᠬᠦᠷᠬᠦ ᠳᠡᠭᠡᠳᠦ ᠬᠤᠷᠳᠤᠴᠠᠲᠤ | ᠲᠡᠮᠦᠷ ᠵᠠᠮ ᠤᠨ ᠠᠵᠢᠯ ᠢ ᠪᠦᠬᠦ ᠱᠤᠭᠤᠮ ᠢᠶᠠᠷ ᠡᠬᠢᠯᠡᠭᠦᠯᠵᠦ᠂ ᠬᠠᠰ ᠯᠤᠤ ᠨᠢᠰᠬᠡᠯ ᠤᠨ ᠪᠠᠭᠤᠳᠠᠯ ᠤᠨ ᠠᠶᠠᠨᠴᠢᠳ ᠵᠠᠭᠤᠨ ᠲᠦᠮᠡᠨ ᠬᠥᠮᠦᠨ ᠤᠳᠠᠭ᠎ᠠ ᠶᠢ ᠳᠠᠪᠠᠵᠠᠢ | ᠃ ᠬᠥᠳᠡᠭᠡ ᠲᠣᠰᠬᠤᠨ ᠮᠠᠯᠵᠢᠬᠤ ᠣᠷᠣᠨ ᠤ ᠢᠳᠡᠬᠦ ᠤᠰᠤᠨ ᠤ ᠠᠶᠤᠯ ᠦᠬᠡᠢ ᠶᠢᠨ ᠢᠨᠵᠧᠨᠧᠷᠢᠩ᠂ ᠭᠤᠣᠯᠳᠠᠯᠭ᠎ᠠ ᠲᠠᠢ ᠤᠰᠤᠨ ᠴᠥᠭᠦᠷᠥᠮ ᠤᠨ ᠠᠶᠤᠯ | ᠲᠦᠭᠰᠢᠭᠦᠷᠢ ᠶᠢ ᠠᠷᠢᠯᠭᠠᠨ ᠪᠠᠬᠢᠯᠡᠨ ᠵᠠᠰᠠᠬᠤ ᠢᠨᠵᠧᠨᠧᠷᠢᠩ ᠶᠢ ᠪᠥᠬᠦ ᠲᠠᠯ᠎ᠠ ᠪᠠᠷ ᠪᠡᠶᠡᠯᠡᠭᠦᠯᠵᠡᠢ᠃ 45 ᠰᠠᠭᠤᠷᠢ 66 ᠺᠢᠯᠣᠸᠣᠯᠲ ᠵᠢᠴᠢ ᠲᠡᠭᠦᠨ ᠠᠴᠠ | ᠳᠡᠭᠡᠭᠰᠢᠬᠢ ᠬᠦᠴᠦᠳᠡᠯ ᠥᠭᠡᠷᠡᠴᠢᠯᠡᠬᠦ ᠦᠷᠲᠡᠭᠡ᠂ 1460 ᠺᠢᠯᠣᠮᠧᠲᠷ ᠴᠠᠬᠢᠯᠭᠠᠨ ᠬᠦᠷᠭᠡᠬᠦ ᠬᠡᠯᠬᠢᠶ᠎ᠡ ᠶᠢ ᠰᠢᠨ᠎ᠡ ᠪᠠᠷ ᠪᠠᠶᠢᠭᠤᠯᠵᠠᠢ᠃ ᠰᠢᠲᠠᠮᠠᠬᠠᠶ ᠬᠡᠢ | ᠳᠠᠮᠵᠢᠭᠤᠯᠬᠤ ᠤᠷᠲᠤ ᠬᠤᠭᠤᠯᠠᠶ ᠶᠢᠨ ᠪᠦᠳᠦᠭᠡᠨ ᠪᠠᠶᠢᠭᠤᠯᠤᠯᠲᠠ ᠪᠠ ᠥᠷᠭᠡᠨ ᠳᠠᠮᠵᠢᠯᠭᠠᠲᠤ ᠰᠦᠯᠵᠢᠶ᠎ᠡ ᠶᠢᠨ ᠬᠥᠳᠡᠭᠡ ᠲᠣᠰᠬᠤᠨ ᠳᠤ ᠨᠡᠪᠲᠡᠷᠡᠬᠦ ᠢᠨᠵᠧᠨᠧᠷᠢᠩ ᠢ | ᠡᠬᠢᠯᠡᠭᠦᠯᠵᠡᠢ᠃ ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠠᠢ᠃ ︽ᠤᠯᠠᠭᠠᠨᠬᠠᠳᠠ ᠬᠤᠳᠠ ᠶᠢᠨ | ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ︾ ᠲᠤᠭᠲᠠᠭᠠᠵᠤ᠂ ᠣᠶ ᠶᠢᠨ ᠲᠠᠯᠠᠪᠠᠶ 739 | ᠮᠦ ᠰᠢᠨ᠎ᠡ ᠪᠠᠷ ᠨᠡᠮᠡᠭᠳᠡᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 128 ᠲᠦᠮᠡᠨ ᠮᠦ ᠪᠡᠶᠡᠯᠡᠭᠦᠯᠵᠦ᠂ ᠪᠥᠬᠦ ᠬᠤᠲᠠ ᠶᠢᠨ ᠤᠢ | ᠰᠢᠭᠤᠶ ᠶᠢᠨ ᠪᠦᠷᠬᠦᠴᠡ ᠶᠢᠨ ᠨᠤᠷᠮ᠎ᠠ 35.6% ᠬᠦᠷᠴᠦ᠂ ᠤᠯᠤᠰ ᠤᠨ ᠤᠢ ᠰᠢᠭᠤᠶᠢᠲᠤ ᠬᠤᠲᠠ᠂ ᠤᠯᠤᠰ ᠤᠨ ᠴᠡᠴᠡᠷᠯᠢᠭᠵᠢᠭᠦᠯᠦᠭᠰᠡᠨ ᠬᠤᠳᠠ ᠶᠢᠨ ᠴᠣᠯᠠ | ᠬᠦᠷᠲᠡᠵᠡᠢ᠃ | ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠪᠡ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠲᠦᠷᠭᠡᠨ ᠮᠥᠷᠲᠡᠭᠡᠨ | ᠯᠠᠪᠳᠠᠭᠤᠨ ᠢᠶᠠᠷ ᠶᠠᠪᠤᠭᠳᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠳᠤᠰ | ᠱᠠᠲᠤᠨ ᠤ 301 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠵᠤ᠂ | ᠬᠠᠷᠢᠴᠠᠯ ᠨᠢ 74.3% ᠬᠦᠷᠴᠡᠢ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠨᠢ ᠪᠦᠬᠦ ᠣᠷᠣᠨ ᠤ ᠡᠮᠦᠨ᠎ᠡ ᠡᠩᠨᠡᠭᠡᠨ ᠳᠤ ᠶᠠᠪᠤᠵᠤ᠂ ᠠᠵᠤ | ᠠᠬᠤᠶᠢᠯᠠᠯ ᠤᠨ ᠪᠦᠷᠢᠳᠬᠡᠵᠦ ᠳᠠᠩᠰᠠᠯᠠᠭᠤᠯᠬᠤ ︽ᠤᠯᠠᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠳᠤ ᠨᠢᠭᠡ ᠳ᠋ᠤᠭᠠᠷ ᠬᠠᠳᠠᠬᠤ︾᠂ ᠬᠤᠪᠢ ᠶᠢᠨ ᠦᠢᠯᠡᠳᠪᠦᠷᠢ | ᠬᠤᠳᠠᠯᠳᠤᠭ᠎ᠠ ᠶᠢᠨ ᠡᠷᠦᠬᠡ ᠶᠢᠨ ︽ᠬᠤᠶᠠᠷ ᠦᠨᠡᠮᠯᠡᠯ ᠢ ᠨᠢᠳᠬᠡᠬᠦ︾ ᠪᠣᠯᠤᠨ ᠪᠦᠬᠦ ᠶᠠᠪᠤᠴᠠ ᠳᠤ ᠴᠠᠬᠢᠮᠴᠢᠯᠠᠭᠰᠠᠨ ᠪᠦᠷᠢᠳᠬᠡᠯ ᠬᠢᠬᠦ ᠥᠭᠡᠷᠡᠴᠢᠯᠡᠯᠲᠡ ᠶᠢ ᠪᠦᠬᠦ | ᠲᠠᠯ᠎ᠠ ᠪᠠᠷ ᠬᠡᠷᠡᠭᠵᠢᠭᠦᠯᠵᠡᠢ᠃ ᠪᠡᠯᠡ ᠣᠷᠣᠭᠤᠯᠬᠤ ᠪᠠ ᠪᠡᠯᠡ ᠬᠤᠷᠠᠮᠳᠤᠭᠤᠯᠬᠤ ᠰᠢᠰᠲ᠋ᠧᠮᠵᠢ ᠶᠢᠨ ᠥᠭᠡᠷᠡᠴᠢᠯᠡᠯᠲᠡ ᠠᠩᠬ᠎ᠠ ᠠᠯᠬᠤᠮ ᠤᠨ ᠠᠮᠵᠢᠯᠲᠠ ᠣᠯᠵᠤ᠂ | ᠳᠦᠷᠦ ᠶᠢᠨ ᠶᠠᠪᠤᠳᠠᠯ ᠤᠨ ᠬᠤᠷᠢᠶᠠᠨ ᠠᠴᠠ ᠮᠠᠨ ᠤ ᠬᠤᠲᠠ ᠶᠢ ᠵᠠᠰᠠᠭ ᠤᠨ ᠣᠷᠳᠣᠨ ᠪᠠ ᠨᠡᠶᠢᠭᠡᠮ ᠤᠨ ᠭᠦᠷᠦᠩᠭᠡ ᠪᠡᠯᠡ ᠬᠠᠮᠲᠤᠷᠠᠯᠴᠠᠭᠰᠠᠨ ᠬᠡᠯᠪᠡᠷᠢ ᠨᠢ | ᠢᠯᠡᠳᠲᠡ ᠦᠷ᠎ᠡ ᠪᠦᠲᠦᠮᠵᠢ ᠲᠠᠢ᠂ ᠨᠡᠶᠢᠭᠡᠮ ᠤᠨ ᠬᠦᠷᠦᠩᠭᠡ ᠪᠡᠯᠡ ᠶᠢᠨ ᠣᠷᠣᠯᠴᠠᠯᠭ᠎ᠠ ᠨᠡᠯᠢᠶᠡᠳ ᠥᠨᠳᠥᠷ ᠬᠤᠲᠠ ᠪᠠᠷ ᠬᠦᠬᠢᠭᠦᠯᠪᠡ᠃ ᠬᠥᠳᠡᠭᠡ ᠲᠣᠰᠬᠤᠨ | ᠮᠠᠯᠵᠢᠬᠤ ᠣᠷᠣᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠤᠯᠤᠰ ᠤᠨ ᠦᠮᠴᠢᠯᠡᠯᠲᠦ ᠤᠢ ᠰᠢᠭᠤᠶ ᠶᠢᠨ ᠲᠠᠯᠠᠪᠠᠢ᠂ ᠬᠠᠩᠭᠠᠨ ᠪᠣᠷᠣᠯᠠᠭᠤᠯᠬᠤ ᠬᠤᠷᠰᠢᠶ᠎ᠠ᠂ | ᠬᠤᠳᠠ ᠶᠢᠨ ᠬᠠᠣᠯᠢ ᠬᠡᠷᠡᠭᠵᠢᠭᠦᠯᠦᠯᠲᠡ᠂ ᠰᠤᠷᠭᠠᠨ ᠬᠥᠮᠦᠵᠢᠯ ᠤᠨ ᠰᠢᠯᠭᠠᠯᠲᠠ ᠰᠤᠷᠤᠭᠴᠢ ᠡᠯᠰᠡᠬᠦ ᠳᠦᠷᠢᠮ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ | ᠰᠣᠶᠣᠯ ᠭᠡᠭᠡᠷᠡᠯ ᠤᠨ ᠪᠠᠶᠢᠭᠤᠯᠤᠯ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠲᠤᠰᠬᠠᠶ ᠵᠦᠢᠯ ᠤᠨ ᠥᠭᠡᠷᠡᠴᠢᠯᠡᠯᠲᠡ ᠡᠮᠬᠢ ᠵᠢᠷᠤᠮ ᠲᠠᠢ ᠪᠠᠷ ᠠᠬᠢᠵᠠᠢ᠃ 656 | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 309 ᠵᠦᠢᠯ ᠨᠢ ᠥᠭᠡᠷᠡᠴᠢᠯᠡᠯᠲᠡ ᠶᠢᠨ ᠦᠷ᠎ᠡ ᠪᠦᠲᠦᠭᠡᠯ ᠣᠯᠵᠠᠢ᠃ ᠭᠠᠳᠠᠭᠰᠢ ᠨᠡᠭᠡᠭᠡᠬᠦ | ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠡᠢ᠃ ᠲᠠᠪᠤᠨ ᠵᠢᠯ ᠳᠤ ᠨᠡᠶᠢᠳᠡ ᠤᠷᠢᠨ ᠠᠪᠴᠢᠷᠠᠭᠰᠠᠨ ᠪᠡᠯᠡ ᠮᠥᠩᠭᠦ 2600 ᠳ᠋ᠦᠩᠰᠢᠭᠤᠷ ᠲᠥᠭᠦᠷᠢᠭ ᠢ | ᠳᠠᠪᠠᠵᠤ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠬᠡᠪ ᠤᠨ ᠡᠵᠡᠩᠨᠡᠯᠲᠡ ᠳᠤ ᠤᠷᠤᠵᠤ᠂ ︽ᠤᠯᠠᠭᠠᠨᠬᠠᠳᠠ ᠮᠠᠨᠵᠤᠤᠷ ᠧᠦ᠋ᠷᠣᠫᠠ︾ ᠣᠯᠠᠨ | ᠤᠯᠤᠰ ᠤᠨ ᠭᠠᠯᠲᠤ ᠲᠡᠷᠭᠡ ᠨᠡᠪᠲᠡᠷᠡᠵᠡᠢ᠃ ᠴᠤᠤᠶᠠᠩ᠂ ᠴᠧᠩᠳᠧ᠂ ᠵᠢᠨᠵᠧᠦ ᠵᠡᠷᠭᠡ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠵᠡᠢ᠃ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠨ ᠠᠵᠢᠯᠯᠠᠬᠤ | ᠲᠦᠷᠦᠯ ᠵᠦᠢᠯ ᠢ ᠨᠡᠶᠢᠲᠡ 153 ᠶᠢ ᠬᠡᠷᠡᠭᠵᠢᠭᠦᠯᠵᠦ᠂ 5.4 ᠳ᠋ᠦᠩᠰᠢᠭᠤᠷ ᠲᠥᠭᠦᠷᠢᠭ ᠪᠡᠯᠡ ᠮᠦᠩᠭᠦ ᠨᠠᠶᠢᠳᠠᠪᠤᠷᠢᠵᠢᠭᠳᠠᠵᠠᠢ᠃ | ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ ᠦᠷᠭᠦᠯᠵᠢᠯᠡᠨ ᠰᠠᠶᠢᠵᠢᠷᠠᠭᠤᠯᠵᠠᠢ᠃ ᠪᠥᠬᠦ ᠬᠤᠲᠠ ᠳᠤ ᠨᠡᠶᠢᠳᠠ 1542 ᠳ᠋ᠦᠩᠰᠢᠭᠤᠷ ᠲᠥᠭᠦᠷᠢᠭ ᠤᠨ | ᠪᠡᠯᠨ ᠣᠷᠣᠭᠤᠯᠤᠨ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠡᠵᠡᠯᠡᠬᠦ ᠬᠠᠷᠢᠴᠠᠯ 77% ᠬᠦᠷᠴᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠬᠦᠴᠦᠲᠡᠶ ᠳᠥᠯᠭᠢᠨ ᠠᠬᠢᠭᠤᠯᠵᠤ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠪᠡᠯᠡ ᠮᠥᠩᠭᠦ 300.5 | ᠳ᠋ᠦᠩᠰᠢᠭᠤᠷ ᠲᠥᠭᠦᠷᠢᠭ ᠣᠷᠣᠭᠤᠯᠤᠨ᠂ 44 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠨᠢ ᠲᠣᠭᠲᠠᠪᠤᠷᠢᠲᠠᠶ ᠠᠩᠭᠢᠵᠢᠷᠠᠭᠤᠯᠵᠠᠢ᠃ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠂ ᠬᠤᠳᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ | ᠨᠡᠶᠢᠳᠠ 15.4 ᠲᠦᠮᠡᠨ ᠬᠦᠮᠥᠨ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠰᠢᠯᠵᠢᠭᠦᠯᠦᠨ ᠠᠵᠢᠯ ᠣᠯᠣᠭᠰᠠᠳ 352 ᠲᠦᠮᠡᠨ | ᠬᠥᠮᠦᠨ ᠤᠳᠠᠭ᠎ᠠ ᠬᠦᠷᠪᠡ᠃ ᠬᠤᠳᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠢ ᠨᠢᠳᠬᠡᠬᠦ ᠶᠢ ᠪᠡᠶᠡᠯᠡᠭᠦᠯᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠪᠣᠯᠤᠨ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ | ᠨᠢᠭᠡᠳᠭᠡᠵᠡᠢ᠃ ᠲᠦᠪᠬᠢᠨᠡᠭᠦᠯᠬᠦ ᠣᠷᠣᠨ ᠰᠠᠭᠤᠴᠠ ᠶᠢᠨ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ 4863 ᠢᠵᠢ ᠪᠠᠶᠢᠭᠤᠯᠵᠤ᠂ ᠬᠤᠳᠠ ᠶᠢᠨ 8.7 ᠲᠦᠮᠡᠨ ᠢᠵᠢ ᠳᠥᠭᠦᠮ ᠪᠦᠳᠦᠴᠡᠳᠦ ᠣᠷᠣᠨ ᠰᠠᠭᠤᠴᠠ᠂ 640.3 ᠲᠦᠮᠡᠨ ᠲᠡᠭᠰᠢ ᠳᠥᠷᠪᠡᠯᠵᠢᠨ | ᠮᠧᠲᠷ ᠬᠠᠭᠤᠴᠢᠨ ᠰᠠᠭᠤᠭᠠᠯᠢ ᠲᠣᠭᠤᠷᠢᠭ᠂ 18.1 ᠲᠦᠮᠡᠨ ᠡᠷᠦᠬᠡ ᠬᠥᠳᠡᠭᠡ ᠲᠣᠰᠬᠤᠨ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ | ᠦᠭᠡᠷᠡᠴᠢᠯᠡᠵᠦ᠂ ᠶᠡᠷᠦᠩᠬᠡᠶ ᠰᠠᠶᠢᠳ ᠯᠢ ᠺᠧ ᠴᠢᠶᠠᠩ ᠤᠨ ᠠᠩᠬᠠᠷᠤᠯ ᠲᠠᠯᠪᠢᠵᠤ ᠪᠠᠶᠢᠭ᠎ᠠ ᠲᠡᠮᠦᠷ ᠵᠠᠮ ᠤᠨ ᠡᠮᠦᠨᠡᠬᠢ ᠲᠦᠬᠦᠮ ᠪᠦᠳᠦᠴᠡᠳᠦ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ 7300 ᠡᠷᠦᠬᠡ ᠰᠠᠭᠤᠭᠠᠯᠢ ᠠᠷᠠᠳ ᠰᠢᠨ᠎ᠡ ᠣᠷᠣᠨ ᠰᠠᠭᠤᠴᠠ ᠳᠤ ᠨᠡᠭᠦᠨ ᠣᠷᠣᠪᠠ᠃ | ᠨᠡᠶᠢᠭᠡᠮ ᠤᠨ ᠦᠢᠯᠡᠰ ᠤᠨ ᠬᠥᠭᠵᠢᠯᠲᠡ ᠲᠦᠷᠭᠡᠳᠪᠡ᠂ ᠤᠯᠠᠭᠠᠨᠬᠠᠳᠠ ᠶᠢᠨ ᠬᠥᠳᠡᠭᠡ ᠠᠵᠤ ᠠᠬᠤᠢ ᠶᠢᠨ ᠦᠵᠡᠰᠬᠦᠯᠡᠩ ᠨᠢ ᠤᠯᠤᠰ ᠤᠨ ᠲᠡᠰ ᠤᠨ ᠦᠵᠡᠰᠬᠦᠯᠡᠩ | ᠪᠣᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ 129 ᠰᠢᠨ᠎ᠡ ᠪᠠᠷ ᠨᠡᠮᠡᠭᠳᠡᠪᠡ | ᠃ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ | ᠤᠯᠠᠮ ᠨᠢᠭᠡ ᠠᠯᠬᠤᠮ ᠳᠡᠭᠡᠭᠰᠢᠯᠡᠵᠦ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠨ ᠤᠷᠤᠭᠰᠠᠨ ᠨᠣᠷᠮ᠎ᠠ ᠢᠮᠠᠭᠲᠠ ᠪᠦᠭᠦ | ᠣᠷᠣᠨ ᠤ ᠲᠡᠷᠢᠭᠦᠨ ᠢ ᠪᠠᠲᠤᠯᠠᠵᠠᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠮ ᠤᠨ | ᠵᠦᠢᠯ ᠤᠨ ᠦᠨ᠎ᠡ ᠨᠡᠮᠡᠬᠦ ᠶᠢ ᠪᠦᠬᠦᠨ ᠢ ᠦᠭᠡᠶᠢᠰᠭᠡᠵᠦ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ | ᠬᠤᠲᠠ ᠪᠠᠷ ᠦᠨᠡᠯᠡᠭᠳᠡᠪᠡ᠃ ᠭᠤᠣᠯ ᠬᠤᠲᠠ ᠲᠤᠭᠤᠷᠢᠭ ᠪᠠ ᠬᠤᠰᠢᠭᠤ ᠰᠢᠶᠠᠨ ᠤ ᠪᠠᠶᠢᠭ᠎ᠠ ᠭᠠᠵᠠᠷ ᠤᠨ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ 45. | 3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠰᠤᠮᠤ ᠰᠢᠶᠠᠩ ᠪᠠᠯᠭᠠᠰᠤᠨ ᠤ ᠰᠣᠶᠣᠯ ᠤᠨ ᠦᠷᠳᠡᠭᠡ᠂ ᠭᠠᠴᠠᠭ᠎ᠠ ᠲᠣᠰᠬᠤᠨ ᠤ ᠰᠣᠶᠣᠯ ᠤᠨ | ᠭᠡᠷ ᠤᠨ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠬᠤᠩᠱᠠᠨ ᠤ ᠰᠣᠶᠣᠯ ᠤᠨ ᠪᠠᠭᠤᠷᠢ ᠶᠢ ᠳᠡᠯᠡᠬᠡᠶ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ ᠲᠤ ᠣᠷᠣᠭᠤᠯᠵᠤ᠂ | ᠤᠳᠬ᠎ᠠ ᠤᠷᠠᠯᠢᠭ ᠤᠨ ᠵᠣᠬᠢᠶᠠᠨ ᠪᠦᠳᠦᠭᠡᠯ᠂ ᠪᠣᠯᠪᠠᠰᠤᠨ ᠤ ᠪᠠᠶᠢᠭᠤᠯᠤᠯᠲᠠ ᠨᠢ ᠡᠳᠦᠷ ᠢᠷᠡᠬᠦᠶ᠎ᠡ ᠬᠥᠭᠵᠢᠶᠡᠨ ᠲᠠᠢ ᠪᠣᠯᠵᠣ᠂ ᠪᠦᠬᠦ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠢ ᠮᠠᠨ ᠤ ᠬᠤᠲᠠ ᠠᠮᠵᠢᠯᠲᠠ ᠲᠠᠢ ᠡᠷᠬᠢᠯᠡᠪᠡ᠃ ᠦᠨᠳᠦᠰᠦᠲᠡᠨ ᠤ ᠶᠠᠪᠤᠳᠠᠯ ᠤᠨ ᠬᠠᠮᠢᠶᠠᠷᠤᠯᠲᠠ | ᠲᠠᠰᠤᠷᠠᠯᠲᠠ ᠦᠭᠡᠢ ᠴᠢᠩᠭᠠᠷᠠᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠦ᠂ ᠮᠣᠩᠭᠤᠯ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠬᠦ ᠠᠵᠢᠯ ᠨᠢ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠪᠠ᠃ ᠠᠮᠤᠷ ᠲᠠᠶᠢᠪᠤᠩ ᠤᠯᠠᠭᠠᠨᠬᠠᠳᠠ ᠶᠢᠨ ᠪᠠᠶᠢᠭᠤᠯᠤᠯᠲᠠ | ᠪᠦᠲᠦᠮᠵᠢᠲᠡᠶ ᠠᠬᠢᠪᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠭᠦᠨᠵᠡᠭᠡᠶ ᠥᠷᠨᠢᠭᠦᠯᠵᠦ᠂ ᠠᠷᠠᠳ | ᠤᠯᠠᠨ ᠤ ᠠᠶᠤᠯᠭᠦᠶ ᠰᠡᠳᠬᠢᠯᠭᠡ ᠪᠠ ᠬᠠᠨᠤᠮᠵᠢᠲᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠤᠯᠤᠰ ᠤᠨ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠲᠡᠷᠢᠭᠦᠨ ᠤ ᠬᠤᠲᠠ ᠶᠢᠨ ᠴᠣᠯᠠ ᠭᠥᠷᠳᠡᠪᠡ᠃ ᠨᠡᠶᠢᠭᠡᠮ ᠤᠨ ᠰᠢᠨᠵᠢᠯᠡᠬᠦ ᠤᠬᠠᠭᠠᠨ᠂ ᠡᠮᠡᠭᠲᠡᠶᠢᠴᠥᠳ ᠬᠡᠦᠬᠡᠳ᠂ ᠵᠡᠮᠳᠡᠭᠴᠤᠳ᠂ ᠤᠯᠠᠭᠠᠨ | ᠵᠠᠭᠠᠯᠮᠠᠢᠲᠠᠨ᠂ ᠨᠢᠭᠦᠯᠡᠰᠦᠩᠭᠦᠶ ᠵᠡᠷᠭᠡ ᠦᠢᠯᠡᠰ ᠢ ᠯᠠᠪᠳᠠᠭᠤᠨ ᠢᠶᠠᠷ ᠬᠥᠭᠵᠢᠭᠦᠯᠵᠦ᠂ ᠭᠠᠳᠠᠭᠠᠳᠤ ᠶᠠᠪᠤᠳᠠᠯ ᠬᠠᠷᠢᠶᠠᠲᠤ ᠶᠢᠨ ᠠᠵᠢᠯ᠂ ᠲᠡᠦᠬᠡ ᠣᠢᠢᠯᠠᠯᠭ᠎ᠠ ᠳᠠᠩᠰᠠ | ᠡᠪᠬᠡᠮᠡᠯ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ ᠤᠨ ᠦᠢᠯᠡᠴᠢᠯᠡᠭᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ | ᠰᠡᠷᠭᠡᠢᠯᠡᠵᠦ ᠤᠨᠲᠠᠷᠠᠭᠠᠬᠤ ᠵᠡᠷᠭᠡ ᠠᠵᠢᠯ ᠢ ᠲᠠᠰᠤᠷᠠᠯᠳᠡ ᠦᠭᠡᠢ ᠴᠢᠩᠭᠠᠳᠬᠠᠪᠠ᠃ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠳᠠ᠂ ᠪᠦᠭᠦ ᠤᠯᠤᠰ ᠤᠨ | ᠬᠤᠶᠠᠷ ᠢᠶᠠᠨ ᠬᠦᠷᠢᠶᠡᠯᠡᠭᠰᠡᠨ ᠵᠢᠱᠢᠶᠡᠴᠢ ᠬᠤᠲᠠ ᠵᠡᠷᠭᠡ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠪᠠ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽ᠲᠦᠷᠪᠡᠨ ᠤᠬᠠᠮᠰᠠᠷ︾ ᠢ ᠲᠠᠰᠤᠷᠠᠯᠲᠠ ᠦᠭᠡᠢ | ᠴᠢᠩᠭᠠᠷᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ | ᠪᠥᠬᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠥᠬᠦᠳᠡ ᠬᠤᠷᠠᠯ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠲᠦᠷᠦ ᠵᠠᠰᠠᠵᠤ ᠵᠠᠰᠠᠭ ᠶᠠᠪᠤᠭᠤᠯᠬᠤ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠠᠲᠤ ᠴᠢᠩᠭ᠎ᠠ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠷᠢᠮᠲᠠᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ | ᠪᠤᠳᠤᠯᠳᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠭᠤᠷᠪᠠᠨ ᠴᠢᠬᠤᠯᠠ ᠨᠢᠭᠡ ᠶᠡᠭᠡ︾ ᠤᠴᠢᠷ ᠶᠠᠪᠤᠳᠠᠯ ᠢ ᠬᠠᠮᠲᠤ ᠪᠠᠷ ᠰᠤᠳᠤᠯᠵᠤ ᠬᠤᠷᠠᠯ ᠢᠶᠠᠷ | ᠲᠣᠭᠲᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠡᠶᠢᠲᠡ 1488 ᠬᠤᠪᠢ ᠭᠦᠢᠴᠡᠳᠭᠡᠪᠡ᠃ ᠰᠢᠨ᠎ᠡ ᠶᠢ ᠡᠭᠦᠳᠬᠦ ᠮᠠᠶ᠋ᠢᠭ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠡᠰᠦᠷᠡᠯᠳᠠ ᠦᠭᠡᠢ ᠴᠢᠩᠭᠠᠳᠬᠠᠵᠤ᠂ ᠪᠦᠬᠦ ᠬᠤᠲᠠ ᠶᠢᠨ ᠨᠢᠭᠡᠳᠦᠯᠲᠡᠶ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠢ ᠪᠠᠶᠢᠭᠤᠯᠵᠤ᠂ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ᠂ ᠡᠳ᠋ ᠤᠨ ᠵᠠᠰᠠᠭ ᠤᠨ ᠪᠡᠯᠡ ᠮᠥᠩᠭᠦ ᠶᠢ ᠤᠷᠢᠳᠴᠢᠯᠠᠨ ᠬᠢᠨᠠᠨ | ᠰᠢᠯᠭᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠬᠡᠷᠡᠭᠵᠢᠭᠦᠯᠵᠦ᠂ | ᠬᠤᠲᠠ ᠬᠤᠰᠢᠭᠤ ᠰᠤᠮᠤ ᠭᠠᠴᠠᠭ᠎ᠠ ᠳᠦᠷᠪᠡᠨ ᠳᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶᠡᠨ ᠤ ᠰᠢᠰᠲ᠋ᠧᠮ ᠢ ᠦᠨᠳᠦᠰᠦᠨ ᠳᠡᠭᠡᠨ | ᠪᠠᠶᠢᠭᠤᠯᠪᠠ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠡᠳᠦᠷ ᠢᠷᠡᠬᠦᠶ᠎ᠡ ᠭᠦᠨᠵᠡᠭᠡᠢᠷᠡᠭᠦᠯᠵᠦ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ | ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ | ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠶᠡᠭᠡ ᠬᠡᠮᠵᠢᠶ᠎ᠡ ᠪᠠᠷ ᠪᠠᠭᠠᠰᠬᠠᠪᠠ᠃ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ︾ ᠰᠤᠷᠤᠯᠴᠠᠯᠭ᠎ᠠ ᠬᠥᠮᠦᠵᠢᠯ ᠢ ᠬᠦᠨᠵᠡᠭᠡᠶ ᠥᠷᠨᠢᠭᠦᠯᠵᠦ᠂ ᠲᠥᠪ ᠬᠤᠷᠢᠶᠠᠨ ᠤ ᠨᠠᠢᠮᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠦᠬᠦᠷ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ | ᠰᠢᠰᠲ᠋ᠧᠮ ᠤᠨ ᠠᠵᠢᠯ ᠤᠨ ᠰᠤᠷᠲᠠᠯ ᠤᠯᠠᠮ ᠨᠢᠭᠡ ᠠᠯᠬᠤᠮ ᠰᠠᠶᠢᠵᠢᠷᠠᠪᠠ᠃ | ᠰᠠᠶ᠋ᠢᠬᠠᠨ ᠥᠩᠭᠡᠷᠡᠭᠰᠡᠨ 2017 ᠣᠨ ᠪᠣᠯ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠡᠭᠦᠰᠬᠡᠯ ᠤᠨ ᠵᠢᠯ ᠮᠥᠨ᠃ ᠨᠢᠭᠡ ᠵᠢᠯ ᠤᠨ | ᠲᠤᠷᠰᠢ᠂ ᠪᠢᠳᠡ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠥᠭᠡᠷᠡᠴᠢᠯᠡᠯᠲᠡ ᠶᠢ ᠠᠬᠢᠭᠤᠯᠬᠤ᠂ | ᠲᠣᠭᠲᠠᠭᠤᠨ ᠪᠠᠶᠢᠳᠠᠯ ᠢ ᠪᠠᠲᠤᠯᠠᠵᠤ᠂ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠠᠴᠠ ᠲᠣᠭᠲᠠᠭᠠᠭᠰᠠᠨ ᠠᠵᠢᠯ ᠤᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠤᠯᠤᠰ ᠤᠨ ᠰᠢᠨ᠎ᠡ ᠪᠠᠷ ᠲᠣᠬᠢᠷᠠᠭᠤᠯᠤᠭᠰᠠᠨ ᠲᠤᠭ᠎ᠠ | ᠪᠦᠷᠢᠳᠬᠡᠯ ᠤᠨ ᠲᠣᠭᠠᠴᠠᠭ᠎ᠠ ᠬᠢᠬᠦ ᠪᠠᠷᠢᠮᠵᠢᠶ᠎ᠠ ᠪᠠᠷ ᠪᠦᠷᠢᠳᠭᠡᠪᠡᠯ᠂ ᠵᠢᠱᠢᠯᠲᠡ ᠪᠠᠷ ᠪᠦᠬᠦ ᠬᠤᠲᠠ ᠶᠢᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ | ᠥᠷᠲᠡᠭ 5.5% ᠣᠷᠴᠢᠮ ᠨᠡᠮᠡᠭᠳᠡᠨ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 3% ᠣᠷᠴᠢᠮ | ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 8% ᠣᠷᠴᠢᠮ ᠨᠡᠮᠡᠭᠳᠡᠵᠡᠢ᠂ ᠬᠤᠳᠠ ᠬᠥᠳᠡᠭᠡ ᠶᠢᠨ ᠪᠠᠶᠢᠩᠭᠤ | ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 8.5% ᠪᠠ 8% ᠣᠷᠴᠢᠮ ᠨᠡᠮᠡᠭᠳᠡᠵᠦ᠂ ᠬᠡᠳᠦᠨ ᠵᠦᠢᠯ ᠤᠨ | ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠨᠡᠮᠡᠭᠳᠡᠯ ᠨᠢ ᠴᠥᠮ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠤᠷᠤᠵᠤ ᠪᠠᠶᠢᠨ᠎ᠠ᠃ ᠡᠩ ᠤᠨ | ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 100.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠤᠯᠠᠮ | ᠨᠢᠭᠡ ᠠᠯᠬᠤᠮ ᠳᠡᠭᠡᠭᠰᠢᠯᠡᠵᠡᠢ᠃ ᠪᠣᠳᠠᠲᠠᠶ ᠠᠵᠢᠯ ᠤᠨ ᠳᠤᠮᠳᠠ᠂ ᠪᠢᠳᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠲᠦᠷᠦᠯ | ᠵᠦᠢᠯ ᠤᠨ ᠪᠦᠳᠦᠬᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠲᠠᠲᠠᠬᠤ ︽ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭᠠᠨ︾ ᠢ ᠡᠬᠢᠯᠠᠨ | ᠬᠡᠷᠡᠭᠵᠢᠭᠦᠯᠵᠦ᠂ ᠪᠦᠬᠦ ᠵᠢᠯ ᠳᠤ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 789 ᠶᠢ ᠠᠵᠢᠯ | ᠡᠬᠢᠯᠡᠭᠦᠯᠵᠦ᠂ ᠲᠤᠰ ᠵᠢᠯ ᠳᠡᠭᠡᠨ 1143 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠠᠢ᠃ ᠠᠵᠤ ᠦᠢᠯᠡᠳᠪᠦᠷᠢ ᠶᠢ ᠬᠥᠭᠵᠢᠭᠦᠯᠬᠦ ᠶᠢ | ᠬᠦᠴᠦᠯᠡᠨ ᠠᠬᠢᠭᠤᠯᠵᠤ᠂ ︽ᠤᠷᠤᠨ ᠠᠯᠤᠰᠯᠠᠭᠰᠠᠨ ᠠᠵᠤ ᠠᠬᠤᠶ︾ ᠶᠢ ᠬᠦᠨᠵᠡᠭᠡᠶᠢᠷᠡᠭᠦᠯᠬᠦ᠂ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ | ᠵᠡᠷᠭᠡ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠪᠦᠬᠦ ᠲᠠᠯ᠎ᠠ ᠶᠢᠨ ᠪᠠ ᠠᠯᠤᠰ ᠭᠡᠳᠦ ᠶᠢᠨ ᠨᠥᠯᠥᠭᠡ ᠲᠠᠢ ᠲᠦᠷᠦ ᠶᠢᠨ ᠪᠤᠳᠤᠯᠭ᠎ᠠ | ᠨᠡᠶᠢᠲᠡᠯᠡᠵᠦ᠂ ᠮᠠ ᠯᠢᠨ ᠤ 22 ᠲᠡᠭᠰᠢ ᠳᠥᠷᠪᠡᠯᠵᠢᠨ ᠺᠢᠯᠣᠮᠧᠲᠷ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ | ᠪᠦᠬᠦ ᠲᠠᠯ᠎ᠠ ᠪᠠᠷ ᠲᠦᠯᠦᠪᠵᠢᠭᠦᠯᠦᠨ ᠡᠬᠢᠯᠡᠭᠦᠯᠵᠦ᠂ 2 × 35 ᠲᠦᠮᠡᠨ ᠺᠢᠯᠣᠸᠠᠲ ᠦᠪᠡᠷ ᠤᠨ ᠪᠡᠯᠡᠳᠭᠡᠯ ᠴᠠᠬᠢᠯᠭᠠᠨ ᠦᠢᠯᠡᠳᠪᠦᠷᠢ ᠪᠣᠯᠤᠨ ᠶᠦᠨ ᠲᠦᠩ 40 | ᠲᠦᠮᠡᠨ ᠲᠣᠨ ᠵᠡᠰ ᠬᠠᠶᠢᠯᠤᠭᠤᠯᠬᠤ ᠠᠵᠢᠯ ᠢ ᠡᠬᠢᠯᠡᠭᠦᠯᠦᠨ ᠪᠥᠳᠥᠭᠡᠨ ᠪᠠᠶᠢᠭᠤᠯᠵᠤ᠂ ᠤᠯᠠᠭᠠᠨᠬᠠᠳᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠦᠷ᠎ᠡ ᠠᠰᠢᠭ ᠨᠢ ᠪᠦᠬᠦᠯᠢ | ᠴᠣᠭᠴᠠ ᠪᠠᠷ ᠢᠶᠠᠨ ᠳᠠᠬᠢᠨ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠵᠢᠪᠣᠷᠢ ᠶᠢᠨ ᠨᠤᠷᠮ᠎ᠠ | 6% ᠬᠦᠷᠴᠡᠢ᠃ ᠮᠠᠯ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠡᠷᠳᠡᠨᠢ ᠰᠢᠰᠢ | ᠪᠣᠯᠤᠨ ᠠᠯᠠᠰᠢᠨ ᠬᠤᠨᠢᠨ ᠤ ᠬᠡᠪᠴᠢᠶ᠎ᠡ ᠶᠢ ᠬᠠᠰᠤᠨ ᠪᠠᠭᠠᠰᠬᠠᠬᠤ ᠶᠢ ᠬᠦᠲᠦᠯᠦᠨ ᠵᠢᠯᠤᠭᠤᠳᠴᠤ᠂ ᠲᠦᠭᠦᠭᠡᠷᠤᠮᠵᠢᠲᠤ ᠲᠠᠷᠢᠶᠠᠯᠠᠩ ᠂ ᠡᠪᠡᠰᠦ ᠲᠠᠷᠢᠬᠤ᠂ ᠥᠨᠳᠥᠷ | ᠪᠦᠲᠦᠮᠵᠢᠲᠡᠶ ᠡᠯᠪᠡᠭ ᠭᠠᠷᠤᠯᠲᠠ ᠲᠠᠢ ᠠᠵᠤ ᠠᠬᠤᠶ ᠶᠢᠨ ᠤᠢ ᠪᠣᠯᠤᠨ ᠭᠠᠭ᠋ᠠᠶ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠪᠦᠲᠦᠮᠵᠢᠲᠡᠶ ᠪᠠᠷ ᠨᠡᠮᠡᠭᠳᠡᠭᠦᠯᠦᠨ᠂ | ᠮᠠᠯᠴᠢᠨ ᠲᠠᠷᠢᠶᠠᠴᠢᠳ ᠤᠨ ᠠᠵᠤ ᠦᠢᠯᠡᠰᠵᠢᠭᠰᠡᠨ ᠡᠵᠡᠩᠨᠡᠯᠲᠡ ᠳᠤ ᠣᠷᠣᠯᠴᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠪᠡ᠃ ᠵᠢᠭᠤᠯᠴᠢᠯᠠᠯ ᠤᠨ | ᠦᠢᠯᠡᠰ ᠤᠨ ᠦᠰᠦᠷᠦᠩᠭᠦᠢ ᠬᠥᠭᠵᠢᠯ ᠢ ᠬᠦᠴᠦᠯᠡᠨ ᠲᠦᠷᠭᠡᠳᠬᠡᠵᠦ᠂ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠲᠣᠭᠲᠠᠭᠠᠨ | ᠬᠡᠷᠡᠭᠵᠢᠭᠦᠯᠵᠦ᠂ ᠬᠤᠲᠠ ᠶᠢᠨ ᠵᠢᠭᠤᠯᠴᠢᠯᠠᠯ ᠤᠨ ᠬᠦᠭᠵᠢᠯᠲᠡ ᠶᠢᠨ ᠵᠦᠪᠯᠡᠯ ᠢ ᠵᠣᠬᠢᠶᠠᠨ ᠪᠠᠶᠢᠭᠤᠯᠵᠤ᠂ 1000 ᠺᠢᠯᠣᠮᠧᠲᠷ ᠤᠨ ᠵᠢᠭᠤᠯᠴᠢᠯᠠᠯ ᠤᠨ ᠲᠤᠰᠬᠠᠶ | ᠱᠤᠭᠤᠮ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠡᠬᠢᠯᠡᠭᠦᠯᠵᠦ᠂ 1000 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠠᠷᠠᠯᠵᠢᠶᠠᠴᠢᠨ ᠣᠷᠢᠵᠤ ᠪᠡᠯᠡ | ᠲᠠᠲᠠᠬᠤ ᠬᠡᠯᠡᠯᠴᠡᠭᠡᠷ ᠪᠠ ᠪᠣᠷᠣ ᠲᠥᠰᠦᠪ ᠤᠨ ᠬᠡᠯᠡᠯᠴᠡᠭᠡᠷ ᠢ ᠲᠤᠭᠲᠠᠵᠤ᠂ ᠠᠰᠠᠭᠲᠤ ᠶᠢᠨ ᠴᠢᠯᠠᠭᠤᠨ ᠤᠢ ᠶᠢᠨ ᠤᠯᠤᠰ ᠤᠨ 5A ᠲᠠᠰ ᠤᠨ ᠦᠵᠡᠮᠵᠢᠲᠦ ᠣᠷᠣᠨ | ᠪᠣᠯᠵᠤ ᠳᠡᠪᠰᠢᠬᠦ ᠶᠢ ᠠᠬᠢᠭᠤᠯᠵᠠᠢ᠃ ᠮᠥᠩᠭᠦᠨ ᠭᠦᠢᠯᠭᠡᠭᠡᠨ ᠤ ᠲᠠᠯ᠎ᠠ ᠪᠠᠷ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠮᠥᠩᠭᠦᠨ ᠭᠦᠢᠯᠭᠡᠭᠡᠨ ᠤ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ︽1+6︾ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠳᠠᠭᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠬᠤ ᠪᠡᠯᠡ | ᠬᠤᠷᠠᠮᠳᠤᠭᠤᠯᠬᠤ ᠲᠠᠪᠴᠠᠩ ᠢ ᠤᠯᠠᠮ ᠨᠢᠭᠡ ᠠᠯᠬᠤᠮ ᠪᠣᠵᠠᠭᠠᠶᠢᠷᠠᠭᠤᠯᠤᠨ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠳᠥᠷᠪᠡᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠪᠣᠭᠤᠮᠲᠠ ᠶᠢᠨ ᠭᠠᠳᠠᠨᠠᠬᠢ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠦᠬᠦᠪᠦᠷᠢᠯᠡᠵᠦ᠂ ᠳ᠋ᠠᠪᠠᠨ ᠠᠴᠠ ᠪᠢᠷᠠᠭᠤ ᠬᠦᠷᠬᠦ ᠲᠦᠷᠭᠡᠨ ᠳᠠᠪᠬᠢᠬᠤ ᠵᠠᠰᠠᠮᠠᠯ ᠵᠠᠮ | ᠵᠡᠷᠭᠡ 9 ᠳᠡᠭᠡᠳᠦ ᠲᠡᠰ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠬᠠᠳᠠ ᠶᠢᠨ ᠦᠨᠳᠦᠷ ᠬᠤᠷᠳᠤᠴᠠᠲᠤ ᠲᠡᠮᠦᠷ ᠵᠠᠮ ᠤᠨ ᠵᠠᠮ ᠤᠨ | ᠰᠠᠭᠤᠷᠢ ᠪᠠ ᠬᠥᠭᠦᠷᠭᠡ ᠲᠠᠯᠪᠢᠬᠤ ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ ᠴᠤᠤᠶᠠᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ ᠰᠢᠲᠠᠮᠠᠬᠠᠢ ᠬᠡᠢ | ᠳᠠᠮᠵᠢᠭᠤᠯᠬᠤ ᠬᠤᠭᠤᠯᠠᠶ᠂ ᠬᠥᠪ ᠤᠨ ᠭᠤᠤ ᠶᠢᠨ ᠴᠥᠭᠦᠷᠥᠮ ᠢ ᠡᠬᠢᠯᠡᠨ ᠪᠠᠶᠢᠭᠤᠯᠬᠤ᠂ ᠬᠠᠰ ᠯᠤᠤ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠨ | ᠪᠠᠶᠢᠭᠤᠯᠬᠤ᠂ ᠳ᠋ᠦᠩ ᠲᠠᠢ ᠽᠢ ᠤᠰᠤᠨ ᠴᠥᠭᠦᠷᠥᠮ᠂ ᠰᠢᠶᠤᠤ ᠴᠧᠩ ᠽᠢ ᠠᠴᠠ ᠫᠢᠩᠴᠢᠤᠸᠠᠨ ᠬᠦᠷᠬᠦ ᠨᠢᠭᠡᠳᠦᠭᠡᠷ ᠳᠡᠰ ᠤᠨ ᠵᠠᠮ᠂ ᠤᠰᠤ ᠲᠠᠲᠠᠵᠤ ᠡᠨᠧᠷᠭᠢ | ᠬᠠᠳᠠᠭᠠᠯᠠᠬᠤ ᠴᠠᠬᠢᠯᠭᠠᠨ ᠦᠷᠲᠡᠭᠡ ᠵᠡᠷᠭᠡ ᠨᠢᠭᠡ ᠪᠦᠯᠦᠭ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢᠳᠡᠪᠬᠢᠲᠡᠶ ᠠᠬᠢᠯᠳᠠ ᠲᠠᠢ ᠪᠣᠯᠪᠠ᠃ ᠣᠷᠣᠨ | ᠪᠦᠰᠡ ᠶᠢᠨ ᠴᠢᠨᠠᠷᠲᠠᠶ ᠲᠥᠪ ᠬᠤᠳᠠ ᠶᠢ ᠬᠦᠴᠦᠯᠡᠨ ᠪᠤᠢ ᠪᠣᠯᠭᠠᠵᠤ᠂ ᠶᠡᠷᠦᠩᠬᠡᠶ ᠪᠡᠯᠡ ᠣᠷᠣᠭᠤᠯᠤᠯᠲᠠ ᠨᠢ 378 ᠳ᠋ᠦᠩᠰᠢᠭᠤᠷ ᠲᠥᠭᠦᠷᠢᠭ᠂ ᠶᠡᠷᠦᠩᠬᠡᠶ | ᠬᠡᠪᠴᠢᠶ᠎ᠡ ᠶᠢ 3.8 ᠲᠦᠮᠡᠨ ᠢᠵᠢ ᠶᠢᠨ ᠭᠤᠣᠯ ᠬᠤᠲᠠ ᠲᠣᠭᠤᠷᠢᠭ ᠤᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠢᠨᠵᠧᠨᠧᠷᠢᠩ ᠢ | ᠡᠬᠢᠯᠡᠭᠦᠯᠦᠨ ᠬᠡᠷᠡᠭᠵᠢᠭᠦᠯᠵᠦ᠂ 2 × 30 ᠲᠦᠮᠡᠨ ᠺᠢᠯᠣᠸᠠᠲ ᠤᠨ ᠢᠯᠴᠢ ᠴᠠᠬᠢᠯᠭᠠᠨ ᠬᠤᠯᠪᠤᠭᠠᠯᠠᠭᠰᠠᠨ ᠦᠢᠯᠡᠳᠪᠦᠷᠢᠯᠡᠯ ᠠᠰᠢᠭᠯᠠᠯᠲᠠ ᠳᠤ ᠣᠷᠣᠵᠤ᠂ ᠲᠤᠮᠳᠠ | ᠲᠤᠭᠤᠷᠢᠮ ᠤᠨ ᠲᠦᠷᠭᠡᠨ ᠵᠠᠮ᠂ ᠥᠨᠳᠥᠷ ᠬᠤᠷᠳᠤᠴᠠᠲᠤ ᠲᠡᠮᠦᠷ ᠵᠠᠮ ᠤᠨ ᠪᠠᠷᠠᠭᠤᠨ ᠥᠷᠲᠡᠭᠡ ᠶᠢᠨ ᠶᠡᠷᠦᠩᠬᠡᠶᠢᠯᠡᠭᠰᠡᠨ ᠪᠠᠷᠢᠯᠭ᠎ᠠ᠂ ᠶᠡᠷᠦᠩᠬᠡᠶᠢᠯᠡᠭᠰᠡᠨ ᠬᠤᠭᠤᠯᠠᠶ | ᠬᠤᠩᠭᠢᠯ᠂ ᠬᠤᠭ ᠨᠣᠪᠰᠢ ᠪᠠᠷ ᠴᠠᠬᠢᠯᠭᠠᠨ ᠭᠠᠷᠭᠠᠬᠤ᠂ ᠳᠤᠮᠳᠠ ᠤᠰᠤ ᠶᠢ ᠪᠤᠴᠠᠭᠠᠨ ᠬᠡᠷᠡᠭᠯᠡᠬᠦ᠂ ᠬᠤᠳᠠ ᠲᠣᠭᠤᠷᠢᠭᠰᠠᠨ ᠤᠰᠤᠨ ᠤ ᠰᠢᠰᠲ᠋ᠧᠮ ᠢ ᠵᠠᠰᠠᠬᠤ᠂ ︽ | ᠬᠤᠶᠠᠷ ᠠᠭᠤᠯᠠ ᠬᠤᠶᠠᠷ ᠬᠦᠷᠢᠶᠡᠯᠡᠩ︾ ᠤᠨ ᠦᠵᠡᠮᠵᠢ ᠶᠢ ᠳᠡᠭᠡᠭᠰᠢᠯᠡᠭᠦᠯᠬᠦ᠂ 20 ᠲᠦᠮᠡᠨ ᠺᠢᠯᠣᠸᠠᠲ ᠮᠠᠰᠢᠨ ᠴᠣᠭᠴᠠᠯᠠᠪᠤᠷᠢᠲᠦ ᠢᠯᠴᠢ ᠡᠭᠦᠰᠭᠡᠭᠴᠢ ᠵᠡᠷᠭᠡ | ᠨᠢᠭᠡ ᠪᠦᠯᠦᠭ ᠴᠢᠬᠤᠯᠠ ᠶᠡᠭᠡ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠰᠢᠨ᠎ᠡ | ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠢᠯᠭᠤᠮ ᠪᠣᠯᠭᠠᠵᠤ᠂ ᠪᠦᠬᠦ ᠬᠤᠲᠠ ᠶᠢᠨ ᠬᠡᠪᠴᠢᠶᠡᠨ ᠳᠤ | ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠢᠨᠵᠧᠨᠧᠷᠢᠩ ᠢ ᠬᠦᠴᠦᠯᠡᠨ ᠠᠬᠢᠭᠤᠯᠵᠠᠢ᠂ 135.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠨᠢᠳᠬᠡᠨ ᠪᠡᠯᠡ ᠣᠷᠣᠭᠤᠯᠵᠤ᠂ ᠭᠤᠣᠯᠳᠠᠯᠭ᠎ᠠ ᠶᠢ ᠲᠤᠪᠤᠶᠢᠯᠭᠠᠨ | ᠂ ᠨᠠᠷᠢᠯᠢᠭ ᠣᠨᠣᠴᠢᠲᠠᠶ ᠪᠠᠷ ᠠᠷᠭ᠎ᠠ ᠪᠣᠳᠣᠯᠭ᠎ᠠ ᠬᠡᠷᠡᠭᠯᠡᠨ᠂ ᠶᠠᠳᠠᠭᠤ ᠠᠴᠠ ᠠᠩᠭᠢᠵᠢᠷᠠᠭᠰᠠᠨ ᠴᠡᠪᠡᠷ ᠬᠡᠮᠵᠢᠶ᠎ᠡ 5.8 ᠲᠦᠮᠡᠨ ᠬᠥᠮᠦᠨ ᠬᠦᠷᠴᠡᠢ᠃ ᠠᠷᠠᠳ ᠤᠨ | ᠠᠮᠢᠳᠤᠷᠠᠯ ᠤᠨ ᠰᠠᠶᠢᠵᠢᠷᠠᠯᠲᠠ ᠶᠢ ᠬᠦᠴᠦᠯᠡᠨ ᠠᠬᠢᠭᠤᠯᠵᠠᠢ᠂ ᠬᠤᠳᠠ ᠶᠢᠨ ᠱᠠᠲᠤᠨ ᠠᠴᠠ ᠭᠤᠣᠯᠯᠠᠵᠤ 200 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ | ᠠᠷᠪᠠᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠬᠦᠳᠡᠭᠡ ᠲᠤᠰᠬᠤᠨ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠵᠦ᠂ ᠭᠤᠣᠯ ᠲᠣᠭᠤᠷᠢᠭ ᠤᠨ 11 ᠳᠤᠮᠳᠠᠳᠤ ᠪᠠᠭ᠎ᠠ | ᠰᠤᠷᠭᠠᠭᠤᠯᠢ ᠬᠡᠦᠬᠡᠳ ᠤᠨ ᠴᠡᠴᠡᠷᠯᠢᠭ ᠢ ᠪᠦᠬᠦ ᠲᠠᠯ᠎ᠠ ᠪᠠᠷ ᠡᠬᠢᠯᠡᠨ ᠪᠠᠶᠢᠭᠤᠯᠵᠤ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢᠨ ᠳᠡᠰ ᠳᠡᠪᠰᠢᠬᠦ ᠶᠢ ᠤᠷᠤᠭᠰᠢᠲᠠᠶ | ᠠᠬᠢᠭᠤᠯᠵᠤ᠂ 308 ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠡᠵᠡᠩᠨᠡᠯᠲᠡ ᠳᠤ ᠤᠷᠤᠪᠠ᠂ ᠨᠡᠶᠢᠭᠡᠮ ᠤᠨ ᠦᠢᠯᠡᠰ ᠢ ᠬᠦᠴᠦᠯᠡᠨ ᠠᠬᠢᠭᠤᠯᠵᠠᠢ᠂ | ᠳᠤᠮᠳᠠᠳᠤ ᠤᠯᠤᠰ ᠤᠨ ᠬᠢᠳᠠᠨ ᠯᠢᠶᠣᠤ ᠶᠢᠨ ᠮᠦᠽᠧᠶ᠂ ᠬᠤᠳᠠ ᠶᠢᠨ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠤᠳᠠ ᠶᠢᠨ | ᠶᠡᠷᠦᠩᠬᠡᠶᠢᠯᠡᠭᠰᠡᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ᠂ ᠭᠠᠴᠠᠭ᠎ᠠ ᠪᠣᠯᠭᠠᠨ ᠳᠤ ᠴᠠᠷᠳᠠᠮᠠᠯ ᠵᠠᠮ ᠨᠡᠪᠲᠡᠷᠡᠭᠦᠯᠬᠦ᠂ ᠲᠣᠰᠬᠤᠨ ᠪᠣᠯᠭᠠᠨ ᠳᠤ ᠦᠷᠭᠡᠨ | ᠳᠠᠮᠵᠢᠯᠭᠠᠲᠤ ᠰᠦᠯᠵᠢᠶ᠎ᠡ ᠨᠡᠪᠲᠡᠷᠡᠭᠦᠯᠬᠦ ᠵᠡᠷᠭᠡ ᠠᠵᠢᠯ ᠢ ᠲᠦᠷᠭᠡᠳᠭᠡᠨ ᠪᠠᠶᠢᠭᠤᠯᠵᠠᠢ᠃ ︽8 · 11︾ ᠬᠤᠢ ᠰᠠᠯᠬᠢ ᠶᠢᠨ ᠭᠠᠮᠰᠢᠭ ᠢ ᠪᠦᠳᠤᠮᠵᠢᠳᠠᠢ ᠠᠷᠭᠠᠴᠠᠵᠤ᠂ | 388 ᠡᠷᠤᠬᠡ ᠭᠠᠮᠰᠢᠭᠳᠠᠭᠰᠠᠨ ᠠᠷᠠᠳ ᠡᠪᠤᠯ ᠠᠴᠠ ᠡᠮᠤᠨ᠎ᠠ ᠪᠦᠬᠦᠨ ᠢᠶᠠᠷ ᠰᠢᠨ᠎ᠠ ᠤᠷᠤᠨ ᠰᠠᠭᠤᠴᠠ ᠳᠤ ᠨᠡᠬᠦᠨ ᠤᠷᠤᠵᠠᠢ᠃ ︽ᠳᠤᠮᠳᠠᠴᠤᠳ ᠴᠦᠮ ᠨᠢᠬᠡ | ᠬᠡᠷ ᠪᠦᠯᠢ · ᠪᠠᠭᠠᠷᠢᠨ ᠨᠤᠳᠤᠭ ᠤᠨ ᠬᠠᠶᠢᠷ᠎ᠠ︾ ᠨᠠᠭᠠᠳᠤᠮ ᠤᠨ ᠬᠤᠷᠡᠯ᠂ ᠪᠦᠬᠦ ᠤᠷᠤᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠢ ᠠᠮᠵᠢᠯᠳᠠ ᠲᠠᠢ ᠡᠷᠬᠢᠯᠡᠪᠡ | ᠃ ᠣᠯᠠᠨ ᠨᠡᠶᠢᠲᠡ ᠶᠢᠨ ᠠᠮᠤᠷ ᠲᠦᠪᠰᠢᠨ ᠢ ᠬᠦᠴᠦᠯᠡᠨ ᠬᠠᠮᠠᠭᠠᠯᠠᠵᠠᠢ᠂ ᠠᠶᠤᠯ ᠥᠭᠡᠢ ᠦᠢᠯᠡᠳᠪᠦᠷᠢᠯᠡᠯ ᠤᠨ ︽1+8︾ ᠶᠢᠨ ᠲᠦᠷᠢᠮ ᠤᠨ ᠰᠢᠰᠲ᠋ᠧᠮ ᠢ | ᠨᠡᠶᠢᠲᠡᠯᠡᠨ ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠭᠡᠨᠡᠳᠡᠯ ᠬᠡᠷᠡᠭ ᠪᠠ ᠠᠳᠡᠭᠰᠡᠨ ᠬᠥᠮᠥᠨ ᠤ ᠲᠤᠭ᠎ᠠ ᠠᠳᠠᠯᠢ ᠬᠠᠷᠢᠴᠠᠯ ᠢᠶᠠᠷ ᠲᠤᠰᠪᠦᠷᠢ 54.6% ᠪᠠ | 65.2% ᠢᠶᠠᠷ ᠪᠠᠭᠤᠷᠠᠵᠠᠢ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ | ᠥᠷᠨᠢᠭᠦᠯᠵᠦ᠂ ᠤᠯᠤᠰ ᠤᠨ ᠢᠳᠡᠭᠡᠨ ᠤ ᠵᠦᠢᠯ ᠤᠨ ᠠᠶᠤᠯᠭᠦᠶ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠭᠤᠷᠪᠠᠨ | ᠲᠦᠷᠦᠯ ᠤᠨ ᠭᠤᠣᠯᠳᠠᠯᠭ᠎ᠠ ᠲᠠᠢ ᠬᠥᠮᠥᠰ ᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠢ ᠬᠦᠴᠦᠲᠡᠶ ᠬᠠᠮᠠᠭᠠᠯᠠᠵᠠᠢ | ᠃ ᠣᠨᠴᠠᠭᠠᠶᠢᠯᠠᠨ ᠡᠨᠡ ᠵᠢᠯ ᠪᠢᠳᠡ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠢᠨ ᠲᠤᠭᠤᠷᠢᠨ ᠳᠤ᠂ ᠲᠥᠪ ᠤᠨ | ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠴᠤ ᠵᠣᠴᠢᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠭᠲᠤᠬᠤ ᠪᠠᠷ ᠠᠵᠢᠯ ᠢᠶᠠᠨ ᠠᠬᠢᠭᠤᠯᠵᠤ | ᠪᠦᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ | ᠴᠣᠭᠴᠠᠯᠠᠬᠤ ᠤᠷᠮ᠎ᠠ ᠵᠣᠷᠢᠭ ᠢ ᠲᠦᠢᠯ ᠤᠨ ᠶᠡᠭᠡ ᠪᠠᠷ ᠬᠥᠭᠵᠢᠭᠡᠵᠡᠢ᠃ | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠤᠭᠰᠠᠨ ᠠᠮᠵᠢᠯᠲᠠ ᠨᠢ | ᠬᠢᠯᠪᠠᠷ ᠪᠤᠰᠤ ᠶᠤᠮ᠃ ᠡᠲᠡᠬᠡᠷ ᠦᠷ᠎ᠡ ᠪᠦᠲᠦᠮᠵᠢ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠪᠦᠬᠦ | ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠵᠥᠪ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠬᠦᠢᠴᠡᠳᠬᠡᠵᠦ ᠬᠢᠨᠠᠯᠲᠠ ᠲᠠᠯᠪᠢᠵᠤ᠂ | ᠬᠦᠴᠦᠯᠡᠨ ᠳᠠᠮᠵᠢᠭᠰᠠᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠢᠳᠡᠪᠬᠢᠲᠡᠶ ᠣᠷᠣᠯᠴᠠᠭᠰᠠᠨ ᠤᠯᠠᠨ ᠤ ᠤᠬᠠᠭᠠᠨ ᠬᠠᠮᠲᠤ ᠶᠢᠨ ᠬᠦᠴᠦ ᠶᠢᠨ ᠦᠷ᠎ᠡ | ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠮᠥᠨ᠃ ᠡ᠊ᠨᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠠᠵᠢᠯ ᠠᠴᠠ ᠠᠮᠠᠷᠠᠵᠤ | ᠪᠠᠭᠤᠭᠰᠠᠨ ᠠᠬᠠᠮᠠᠳ ᠨᠥᠬᠦᠳ᠂ ᠤᠯᠠᠭᠠᠨᠬᠠᠳᠠ ᠶᠢᠨ ᠬᠦᠭᠵᠢᠯᠲᠡ ᠳᠤ ᠬᠠᠯᠠᠮᠵᠢᠯᠠᠯ ᠳᠡᠮᠵᠢᠯᠭᠡ ᠦᠵᠡᠭᠦᠯᠦᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ |