ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠪᠠᠷᠠᠭᠠᠯᠠᠯ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠠᠪᠤᠨ ᠵᠢᠯ ᠲᠤᠰᠢᠶᠠᠯ ᠤᠨ ᠬᠤᠭᠤᠴᠠᠭ᠎ᠠ ᠨᠢ᠂ ᠶᠠᠭ ᠰᠠᠶ᠋ᠢᠬᠠᠨ ︽ᠬᠤᠣᠰ ᠵᠠᠭᠤᠨ ᠵᠢᠯ︾ ᠤᠨ | ᠲᠡᠮᠡᠴᠡᠯ ᠤᠨ ᠬᠠᠷᠠᠯᠲᠠ ᠶᠢᠨ ᠲᠡᠦᠬᠡᠨ ᠠᠭᠤᠯᠵᠠᠷ ᠤᠨ ᠬᠤᠭᠤᠴᠠᠭ᠎ᠠ ᠲᠠᠢ ᠲᠣᠬᠢᠶᠠᠯᠳᠤᠵᠤ᠂ ᠪᠦᠬᠦ ᠤᠯᠤᠰ ᠪᠦᠬᠦ ᠣᠷᠣᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠵᠤ᠂ ᠠᠰᠢᠭᠲᠠᠶ ᠪᠠᠶᠢᠳᠠᠯ ᠤᠨ ᠡᠷᠴᠢᠨ ᠳᠡᠭᠡᠷ᠎ᠡ ᠪᠦᠬᠦ ᠲᠠᠯ᠎ᠠ ᠪᠠᠷ ᠣᠳᠣᠬᠢᠴᠢᠯᠠᠭᠰᠠᠨ ᠤᠯᠠᠭᠠᠨᠬᠠᠳᠠ ᠶᠢ ᠪᠠᠶᠢᠭᠤᠯᠬᠤ ᠰᠢᠨ᠎ᠡ ᠠᠶᠠᠨ | ᠵᠠᠮ ᠢ ᠡᠬᠢᠯᠡᠭᠦᠯᠬᠦ ᠪᠣᠯ ᠲᠡᠦᠬᠡ ᠠᠴᠠ ᠮᠠᠨ ᠳᠤ ᠳᠠᠭᠠᠭᠠᠯᠭᠠᠭᠰᠠᠨ ᠳᠠᠷᠬᠠᠨ ᠡᠭᠦᠷᠭᠡ ᠮᠥᠨ᠂ ᠪᠠᠰᠠ ᠴᠤ 460 ᠲᠦᠮᠡᠨ ᠤᠯᠠᠭᠠᠨᠬᠠᠳᠠ ᠶᠢᠨ ᠠᠷᠠᠳ ᠲᠦᠮᠡᠨ ᠤ | ᠴᠢᠩ ᠰᠡᠳᠬᠢᠯ ᠤᠨ ᠬᠦᠰᠡᠯ ᠡᠷᠡᠮᠡᠯᠵᠡᠯ ᠮᠥᠨ᠂ ᠨᠡᠩ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠᠲᠠᠢ | ᠤᠯᠤᠰ ᠲᠦᠷᠦ ᠶᠢᠨ ᠡᠭᠦᠷᠭᠡ ᠮᠥᠨ᠃ | ᠣᠳᠣᠬᠠᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠨᠢ ᠰᠢᠨ᠎ᠡ ᠴᠠᠭ ᠦᠶ᠎ᠡ ᠳᠤ ᠣᠷᠣᠵᠤ᠂ ᠮᠠᠨ ᠤ ᠤᠯᠤᠰ ᠤᠨ ᠨᠡᠶᠢᠭᠡᠮ ᠤᠨ | ᠭᠤᠣᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠠ ᠲᠡᠩᠴᠡᠭᠦᠷᠢ ᠦᠭᠡᠢ | ᠭᠦᠢᠴᠡᠳ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠵᠤ ᠬᠤᠪᠢᠷᠠᠵᠠᠢ᠃ ᠲᠡᠦᠬᠡ ᠶᠢᠨ ᠰᠢᠨ᠎ᠡ ᠣᠷᠣᠨ ᠪᠠᠶᠢᠷᠢ ᠠᠴᠠ᠂ ︽ᠰᠢᠨ᠎ᠡ ᠵᠥᠷᠢᠴᠡᠯ︾ ᠤᠨ | ᠴᠢᠬᠤᠯᠠ ᠶᠡᠭᠡ ᠨᠣᠲᠠᠯᠠᠯᠲᠠ ᠪᠠᠷ ᠤᠯᠠᠭᠠᠨᠬᠠᠳᠠ ᠶᠢᠨ ᠬᠥᠭᠵᠢᠯᠲᠡ ᠶᠢ ᠬᠢᠨᠠᠨ ᠰᠢᠨᠵᠢᠪᠡᠯ᠂ ᠠᠯᠢ ᠤᠯᠠᠨ ᠬᠦᠴᠢᠷ ᠪᠡᠷᠬᠡᠰᠢᠶᠡᠯ ᠪᠠ ᠠᠰᠠᠭᠤᠳᠠᠯ ᠢ ᠰᠢᠢᠳᠪᠦᠷᠢᠯᠡᠬᠦ | ᠶᠠᠪᠤᠳᠠᠯ ᠲᠤᠯᠭᠠᠮ᠎ᠠ ᠱᠠᠭᠠᠷᠳᠠᠭᠳᠠᠵᠤ᠂ ᠠᠯᠢ ᠣᠯᠠᠨ ᠵᠥᠷᠢᠴᠡᠯ ᠪᠠ ᠥᠷᠢᠰᠥᠯᠳᠦᠭᠡᠨ ᠠᠴᠠ ᠵᠠᠶᠢᠯᠠᠵᠤ ᠪᠣᠯᠬᠤ ᠦᠭᠡᠢ ᠪᠠᠶᠢᠨ᠎ᠠ᠃ ᠨᠢᠭᠡ ᠳᠤ ᠠᠵᠤ ᠠᠬᠤᠶ ᠶᠢᠨ | ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ | ᠲᠠᠷᠢᠶᠠᠯᠠᠩ ᠮᠠᠯ ᠠᠵᠤ ᠠᠬᠤᠶ ᠲᠣᠮᠣ ᠪᠣᠯᠪᠠᠴᠤ ᠬᠦᠴᠦᠷᠬᠡᠭ ᠪᠤᠰᠤ᠂ ᠠᠵᠤ ᠦᠢᠯᠡᠳᠪᠦᠷᠢ ᠶᠢᠨ ᠠᠩᠬ᠎ᠠ ᠳᠡᠰᠵᠢᠭᠰᠡᠨ ᠣᠨᠴᠠᠯᠢᠭ ᠲᠤᠪᠤᠶᠢᠮ᠎ᠠ ᠪᠠᠶᠢᠬᠤ᠂ | ᠦᠢᠯᠡᠴᠢᠯᠡᠭᠡᠨ ᠤ ᠦᠢᠯᠡᠰ ᠤᠨ GDP ᠳᠤ ᠡᠵᠡᠯᠡᠬᠦ ᠬᠠᠷᠢᠴᠠᠯ ᠨᠡᠯᠢᠶᠡᠳ ᠳᠣᠣᠷ᠎ᠠ ᠪᠠᠶᠢᠨ᠎ᠠ᠃ ᠬᠤᠶᠠᠷ ᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠲᠡᠩᠴᠡᠭᠦᠷᠢ | ᠦᠭᠡᠢ ᠭᠦᠢᠴᠡᠳ ᠪᠤᠰᠤ᠂ ᠬᠥᠮᠦᠨ ᠠᠮᠠ ᠶᠢᠨ ᠰᠠᠭᠤᠷᠢ ᠲᠤᠭ᠎ᠠ ᠶᠡᠭᠡ᠂ ᠮᠠᠯᠴᠢᠨ ᠲᠠᠷᠢᠶᠠᠴᠢᠨ ᠪᠠ ᠶᠠᠳᠠᠭᠤ ᠬᠦᠴᠢᠷᠳᠡᠯᠲᠡᠶ ᠬᠥᠮᠦᠨ ᠠᠮᠠ ᠤᠯᠠᠨ᠂ ᠬᠢᠵᠠᠭᠠᠷ ᠲᠠᠢ | ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠪᠣᠯᠤᠨ ᠠᠷᠠᠳ ᠤᠨ ᠠᠮᠢᠳᠤᠷᠠᠯ ᠤᠨ ᠨᠡᠯᠢᠶᠡᠳ ᠶᠡᠭᠡ ᠬᠡᠷᠡᠭᠴᠡᠭᠡ ᠱᠠᠭᠠᠷᠳᠠᠯᠭ᠎ᠠ ᠶᠢᠨ ᠵᠥᠷᠢᠴᠡᠯ ᠲᠤᠪᠤᠶᠢᠮ᠎ᠠ | ᠪᠠᠶᠢᠨ᠎ᠠ᠃ ᠭᠤᠷᠪᠠ ᠳᠤ ᠬᠤᠳᠠ ᠬᠥᠳᠡᠭᠡ ᠶᠢᠨ ᠬᠥᠭᠵᠢᠯᠲᠡ ᠶᠢᠨ ᠪᠠᠲᠤᠯᠠᠭ᠎ᠠ ᠲᠡᠩᠴᠡᠭᠦᠷᠢ ᠦᠭᠡᠢ ᠭᠦᠢᠴᠡᠳ ᠪᠣᠰᠤ᠂ ᠬᠤᠳᠠ ᠪᠠᠯᠭᠠᠰᠤᠵᠢᠯᠳᠡ ᠶᠢᠨ ᠨᠤᠷᠮ᠎ᠠ | ᠳᠣᠣᠷ᠎ᠠ᠂ ᠦᠢᠯᠡᠳᠪᠦᠷᠢᠯᠡᠯ ᠤᠨ ᠡᠯᠧᠮᠧᠨ᠋ᠲ ᠤᠨ ᠲᠠᠷᠬᠠᠴᠠ ᠲᠠᠷᠠᠬᠠᠢ ᠪᠤᠲᠠᠷᠬᠠᠶ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢᠨ ᠦᠷᠢᠳᠦᠯ | ᠢᠯᠡᠷᠬᠡᠶ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠤᠯᠠᠨ᠂ ᠪᠡᠯᠡ ᠬᠤᠷᠠᠮᠳᠤᠭᠤᠯᠬᠤ ᠳᠤ ᠬᠦᠴᠢᠷᠲᠡᠶ᠂ ᠳᠠᠷᠤᠯᠲᠠ ᠶᠡᠭᠡ᠃ | ᠳᠥᠷᠪᠡ ᠳᠤ ᠠᠮᠢ ᠠᠬᠤᠶ ᠣᠷᠴᠢᠨ ᠲᠤᠭᠤᠷᠢᠨ ᠤ ᠰᠠᠶᠢᠵᠢᠷᠠᠯᠲᠠ ᠲᠡᠩᠴᠡᠭᠦᠷᠢ ᠦᠭᠡᠢ ᠭᠦᠢᠴᠡᠳ ᠪᠤᠰᠤ᠂ ︽ᠶᠡᠷᠦᠩᠬᠡᠶ ᠳᠤᠨᠢ ᠬᠤᠷᠢᠭᠯᠠᠵᠤ᠂ ᠬᠡᠰᠡᠭ ᠲᠠᠯ᠎ᠠ ᠪᠠᠷ | ᠰᠠᠶᠢᠵᠢᠷᠠᠭᠰᠠᠨ︾ ᠦᠷ᠎ᠡ ᠪᠦᠲᠦᠮᠵᠢ ᠮᠥᠨ ᠲᠣᠭᠲᠠᠭᠤᠨ ᠪᠤᠰᠤ᠂ ᠭᠠᠵᠠᠷ ᠰᠢᠷᠣᠶ ᠡᠯᠡᠰᠦᠷᠬᠡᠭᠵᠢᠬᠦ᠂ ᠨᠤᠲᠤᠭ ᠪᠡᠯᠴᠢᠭᠡᠷ ᠮᠠᠭᠤᠲᠠᠬᠤ ᠪᠠᠶᠢᠳᠠᠯ ᠳᠠᠬᠢᠨ ᠭᠠᠷᠴᠤ | ᠪᠠᠶᠢᠨ᠎ᠠ᠂ ᠭᠤᠣᠯ ᠤᠨ ᠤᠷᠤᠰᠬᠠᠯ ᠪᠠᠭᠠᠰᠴᠤ᠂ ᠭᠠᠵᠠᠷ ᠳᠣᠣᠷᠠᠬᠢ ᠤᠰᠤᠨ ᠤ ᠲᠦᠪᠰᠢᠨ ᠳᠣᠷᠣᠭᠰᠢᠯᠠᠬᠤ ᠬᠠᠨᠳᠤᠰᠢ ᠨᠡᠯᠢᠶᠡᠳ ᠰᠢᠷᠦᠭᠦᠰᠴᠦ᠂ ᠤᠰᠤᠨ ᠤ ᠡᠬᠢ | ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠠᠰᠠᠭᠤᠳᠠᠯ ᠨᠡᠩ ᠲᠤᠪᠤᠶᠢᠮ᠎ᠠ ᠪᠤᠯᠵᠤ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠣᠷᠴᠢᠨ ᠲᠣᠭᠤᠷᠢᠨ ᠢ | ᠵᠠᠰᠠᠬᠤ ᠡᠭᠦᠷᠭᠡ ᠠᠴᠢᠶ᠎ᠠ ᠬᠦᠨᠳᠦ ᠵᠠᠮ ᠬᠤᠯᠠ ᠪᠠᠶᠢᠨ᠎ᠠ᠃ ᠲᠠᠪᠤ ᠳᠤ ᠨᠡᠶᠢᠭᠡᠮ ᠤᠨ ᠵᠠᠰᠠᠯᠲᠠ ᠶᠢᠨ ᠥᠭᠡᠷᠡᠴᠢᠯᠡᠯᠲᠡ ᠲᠡᠩᠴᠡᠭᠦᠷᠢ ᠦᠭᠡᠢ ᠭᠦᠢᠴᠡᠳ ᠪᠣᠰᠤ᠂ ︽ | 12.3︾ ᠣᠨᠴᠠᠭᠠᠶ ᠲᠣᠮᠣ ᠶᠡᠭᠡ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠰᠤᠷᠭᠠᠮᠵᠢ ᠬᠠᠷᠠᠰᠠᠯ ᠲᠠᠢ᠂ ᠲᠡᠦᠬᠡ ᠶᠢᠨ ᠰᠤᠷᠭᠠᠮᠵᠢ ᠪᠡᠯᠡᠨ ᠪᠠᠶᠢᠨ᠎ᠠ᠂ ᠠᠵᠤ | ᠠᠬᠤᠶᠢᠯᠠᠯ ᠤᠨ ᠦᠢᠯᠡᠳᠪᠦᠷᠢᠯᠡᠯ᠂ ᠢᠳᠡᠭᠡᠨ ᠡᠮ ᠤᠨ ᠵᠦᠢᠯ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ | ᠬᠦᠷᠢᠶᠡᠨ ᠳᠠᠬᠢ ᠤᠯᠠᠨ ᠨᠡᠶᠢᠲᠡ ᠶᠢᠨ ᠠᠮᠤᠷ ᠲᠦᠪᠰᠢᠨ ᠳᠤ ᠮᠥᠨ ᠯᠡ ᠨᠡᠯᠢᠶᠡᠳ ᠶᠡᠭᠡ ᠳᠠᠷᠤᠯᠲᠠ ᠲᠤᠯᠭᠠᠷᠠᠵᠤ ᠪᠠᠶᠢᠨ᠎ᠠ᠃ ᠬᠥᠭᠵᠢᠯᠲᠡ ᠲᠡᠩᠴᠡᠭᠦᠷᠢ ᠦᠬᠡᠢ | ᠭᠦᠢᠴᠡᠳ ᠪᠤᠰᠤ ᠪᠠᠶᠢᠬᠤ ᠬᠤᠳᠠ ᠶᠢᠨ ᠪᠠᠶᠢᠳᠠᠯ ᠪᠠ ᠲᠡᠦᠬᠡᠨ ᠠᠭᠤᠯᠵᠠᠷ ᠬᠤᠭᠤᠴᠠᠭᠠᠨ ᠤ ᠪᠡᠷᠬᠡ ᠬᠠᠲᠠᠭᠤᠵᠢᠯᠲᠠᠶ ᠡᠭᠦᠷᠭᠡ ᠶᠢᠨ ᠡᠮᠦᠨ᠎ᠠ᠂ ᠪᠢᠳᠡ ᠡᠷᠬᠡᠪᠰᠢ ᠨᠡᠩ | ᠰᠢᠷᠭᠠᠭᠤ ᠬᠠᠲᠠᠭᠤᠵᠢᠯᠲᠠᠢ ᠲᠡᠮᠡᠴᠡᠵᠦ᠂ ᠴᠢᠷᠮᠠᠶᠢᠨ ᠳᠠᠪᠰᠢᠵᠤ᠂ ᠬᠥᠮᠦᠨ ᠠᠴᠠ ᠨᠡᠩ ᠢᠯᠡᠭᠦᠦ ᠬᠥᠯᠥᠰᠥ ᠤᠷᠤᠰᠬᠠᠵᠤ᠂ ᠨᠡᠩ ᠶᠡᠭᠡ ᠬᠦᠴᠦ ᠭᠠᠷᠭᠠᠵᠤ᠂ ᠬᠠᠲᠠᠭᠤ | ᠪᠠᠬᠢᠯᠡᠯᠲᠡ ᠶᠢ ᠰᠢᠪᠲᠤᠯᠵᠤ᠂ ᠬᠤᠷᠳᠤᠳᠬᠠᠯ ᠲᠠᠢ ᠤᠷᠤᠭᠰᠢᠯᠠᠪᠠᠯ ᠰᠠᠶ᠋ᠢ ᠴᠢᠨᠡᠭᠡᠯᠢᠭᠵᠢᠬᠦ ᠵᠠᠮ ᠳᠡᠭᠡᠷ᠎ᠡ ᠡᠩᠨᠡᠭᠡ ᠠᠴᠠ ᠪᠠᠨ ᠬᠤᠴᠣᠷᠠᠬᠤ ᠦᠭᠡᠢ ᠪᠠᠷ ᠪᠦᠬᠦ ᠤᠯᠤᠰ | ᠪᠦᠬᠦ ᠣᠷᠣᠨ ᠲᠠᠢ ᠴᠤᠭᠭᠠᠷ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠠᠶᠢᠨ ᠳᠤ ᠠᠯᠬᠤᠭ᠎ᠠ ᠨᠢᠭᠡᠲᠡᠢ ᠤᠷᠤᠭᠰᠢᠯᠠᠵᠤ ᠴᠢᠳᠠᠨ᠎ᠠ᠃ | ᠦᠷᠢᠰᠦᠯᠳᠦᠭᠡᠨ ᠳᠤ ᠰᠢᠭᠤᠳ ᠨᠢᠭᠤᠷᠯᠠᠪᠠᠯ ᠰᠠᠶ᠋ᠢ ᠰᠡᠷᠭᠡᠭ ᠪᠠᠶᠢᠵᠤ᠂ ᠴᠠᠭ ᠲᠣᠬᠢᠶᠠᠯ ᠢ ᠠᠳᠬᠤᠪᠠᠯ ᠰᠠᠶ᠋ᠢ ᠤᠷᠤᠭᠰᠢᠯᠠᠵᠤ ᠴᠢᠳᠠᠳᠠᠭ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠭᠰᠠᠨ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ | ᠠᠶᠠᠨ ᠢ ᠨᠡᠭᠡᠭᠡᠯ᠎ᠡ᠂ ︽ᠰᠢᠨ᠎ᠡ ᠴᠠᠭ ᠦᠶ᠎ᠡ︾ ᠶᠢᠨ ᠶᠡᠭᠡ ᠠᠬᠤᠶ ᠪᠠᠶᠢᠳᠠᠯ᠂ ᠶᠡᠭᠡ ᠬᠦᠭᠵᠢᠯᠲᠡ ᠶᠢᠨ ᠲᠠᠪᠴᠠᠩ ᠳᠤ᠂ ᠤᠯᠠᠭᠠᠨᠬᠠᠳᠠ ᠨᠢ ᠶᠠᠭ ᠰᠠᠶ᠋ᠢᠬᠠᠨ ᠰᠢᠨ᠎ᠡ | ᠨᠢᠭᠡ ᠡᠭᠡᠯᠵᠢ ᠶᠢᠨ ᠬᠥᠭᠵᠢᠯᠲᠡ ᠲᠦᠷᠭᠡᠳᠭᠡᠬᠦ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠤᠭᠲᠤᠨ ᠠᠪᠴᠢᠷᠠᠵᠠᠢ᠃ ᠳᠡᠯᠡᠬᠡᠢ ᠶᠢᠨ ᠠᠵᠤ ᠠᠬᠤᠢ ᠶᠢᠨ | ᠬᠠᠮᠲᠤ ᠪᠠᠷ ᠰᠡᠷᠭᠦᠬᠦ ᠪᠠᠶᠢᠳᠠᠯ ᠢᠯᠡᠷᠬᠡᠢ ᠪᠣᠯᠵᠤ᠂ ᠳᠤᠮᠳᠠᠳᠤ ᠤᠯᠤᠰ ᠤᠨ ᠠᠵᠤ ᠠᠬᠤᠶ ᠨᠢ ᠦᠷᠭᠦᠯᠵᠢᠯᠡᠨ ᠲᠣᠭᠲᠠᠭᠤᠨ ᠪᠦᠭᠡᠳ ᠤᠷᠤᠭᠰᠢᠯᠠᠵᠤ᠂ ᠲᠣᠭᠲᠠᠭᠤᠨ | ᠪᠦᠭᠡᠳ ᠰᠠᠶᠢᠵᠢᠷᠠᠵᠤ᠂ ᠪᠦᠬᠦ ᠪᠥᠮᠪᠥᠷᠴᠡᠭ ᠤᠨ ᠠᠵᠤ ᠠᠬᠤᠶ ᠶᠢᠨ ᠨᠡᠮᠡᠭᠳᠡᠯ ᠤᠨ ᠭᠤᠣᠯᠯᠠᠬᠤ ᠬᠦᠴᠦᠨ ᠪᠤᠯᠵᠤ ᠪᠠᠶᠢᠨ᠎ᠠ᠃ ᠤᠯᠤᠰ ᠠᠴᠠ ᠦᠨᠳᠦᠰᠦᠲᠡᠨ ᠤ | ᠭᠠᠵᠠᠷ ᠣᠷᠣᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠪᠠᠷᠠᠭᠤᠨ | ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠰᠡᠷᠭᠦᠨ ᠮᠠᠨᠳᠤᠭᠤᠯᠬᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ | ᠬᠥᠭᠵᠢᠯᠲᠡ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠪᠠ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠨᠢ ᠵᠡᠷᠭᠡᠪᠡᠷ ᠠᠬᠢᠵᠤ᠂ ᠮᠠᠨ ᠤ | ᠬᠤᠲᠠ ᠨᠢ ᠤᠯᠤᠰ ᠤᠨ ᠡᠨᠡ ᠬᠦ ᠤᠯᠠᠨ ᠳᠡᠰ ᠳᠠᠪᠬᠤᠷᠭ᠎ᠠ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠷᠭᠦᠯᠵᠢᠯᠡᠨ ᠬᠦᠷᠲᠡᠬᠦ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠠᠴᠠ ᠵᠡᠭᠦᠨ ᠬᠡᠰᠡᠭ ᠤᠨ ᠠᠶᠢᠮᠠᠭ ᠬᠤᠳᠠ ᠶᠢᠨ ᠦᠰᠦᠷᠦᠩᠭᠦᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ | ᠰᠢᠯᠢ ᠶᠢᠨ ᠭᠤᠣᠯ ᠤᠯᠠᠭᠠᠨᠬᠠᠳᠠ ᠲᠦᠩᠯᠢᠶᠤᠤ ᠶᠢᠨ ᠠᠵᠤ ᠠᠬᠤᠶ ᠶᠢᠨ ᠣᠷᠣᠨ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠶᠢ ᠪᠥᠬᠦ ᠣᠷᠣᠨ ᠤ ᠪᠠᠶᠢᠯᠳᠤᠬᠤ ᠪᠤᠳᠤᠯᠭ᠎ᠠ ᠳᠤ ᠲᠡᠪᠰᠢᠨ ᠤᠷᠤᠭᠤᠯᠵᠤ᠂ ᠮᠠᠨ ᠤ ᠬᠤᠲᠠ ᠨᠢ ᠣᠷᠣᠨ ᠪᠦᠰᠡ ᠶᠢᠨ | ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠳᠤᠮᠳᠠ ᠨᠡᠩ ᠣᠯᠠᠨ ᠠᠰᠢᠭ ᠬᠦᠷᠲᠡᠬᠦ ᠪᠣᠯᠣᠨ᠎ᠠ᠃ ᠡᠭᠦᠨ ᠤ ᠵᠡᠷᠭᠡᠪᠡᠷ᠂ ᠥᠨᠳᠥᠷ | ᠬᠤᠷᠳᠤᠴᠠᠲᠤ ᠲᠡᠮᠦᠷ ᠵᠠᠮ ᠲᠡᠷᠭᠡ ᠨᠡᠪᠲᠡᠷᠡᠬᠦ ᠪᠣᠯᠤᠨ ᠬᠢᠯᠢ ᠳᠤ ᠨᠡᠪᠲᠡᠷᠡᠬᠦ ᠲᠡᠯᠡᠢ ᠳᠤ ᠭᠦᠷᠭᠦ ᠵᠠᠮ ᠤᠯᠠᠰᠢᠷᠠᠬᠤ ᠶᠢ ᠳᠠᠭᠠᠯᠳᠤᠨ᠂ ᠮᠠᠨ ᠤ ᠬᠤᠳᠠ ᠶᠢᠨ ᠣᠷᠣᠨ | ᠪᠠᠶᠢᠷᠢ ᠶᠢᠨ ᠳᠠᠪᠠᠭᠤᠯᠢᠭ ᠨᠢ ᠤᠯᠠᠮ ᠨᠢᠭᠡ ᠠᠯᠬᠤᠮ ᠢᠯᠡᠷᠬᠡᠢ ᠪᠣᠯᠵᠤ᠂ ᠪᠡᠭᠡᠵᠢᠩ ᠲᠢᠶᠠᠨᠵᠢᠨ ᠾᠧᠪᠸᠢ ᠶᠢᠨ ᠬᠤᠳᠠ ᠶᠢᠨ ᠪᠦᠯᠦᠭᠯᠡᠯ ᠪᠠ ᠪᠦᠧᠧᠬᠠᠢ ᠲᠠᠩᠭᠢᠰ | ᠳᠠᠭᠠᠤ ᠠᠵᠤ ᠠᠬᠤᠶ ᠶᠢᠨ ᠲᠣᠭᠤᠷᠢᠭ ᠤᠨ ᠨᠦᠯᠦᠭᠡᠯᠡᠯ ᠳᠠᠢᠴᠢᠯᠠᠯᠲᠠ ᠶᠢ ᠨᠡᠩ ᠰᠢᠭᠤᠳ ᠬᠦᠯᠢᠶᠡᠨ ᠠᠪᠴᠤ᠂ ᠭᠠᠵᠠᠷ ᠰᠢᠷᠤᠢ᠂ ᠲᠦᠭᠦᠬᠡᠶ ᠮᠠᠲ᠋ᠧᠷᠢᠶᠠᠯ᠂ | ᠬᠥᠳᠡᠯᠮᠦᠷᠢ ᠬᠦᠴᠦᠨ ᠵᠡᠷᠭᠡ ᠡᠯᠧᠮᠧᠨ᠋ᠲ ᠤᠨ ᠲᠠᠪᠠᠭᠤᠯᠢᠭ ᠴᠤ ᠡᠳᠦᠷ ᠢᠷᠡᠬᠦᠶ᠎ᠡ ᠲᠤᠪᠤᠶᠢᠮ᠎ᠠ ᠪᠤᠯᠵᠤ ᠪᠠᠶᠢᠨ᠎ᠠ᠃ ᠨᠡᠩ ᠴᠢᠬᠤᠯᠠ ᠨᠢ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠵᠣᠷᠢᠬᠵᠢᠭᠤᠯᠤᠯ ᠳᠣᠣᠷ᠎ᠠ᠂ ᠪᠦᠬᠦ ᠬᠤᠳᠠ ᠶᠢᠨ ᠺᠠᠳ᠋ᠷ ᠤᠯᠠᠨ ᠲᠦᠮᠡᠨ ᠤ ᠬᠥᠭᠵᠢᠯᠲᠡ ᠶᠢ ᠡᠷᠢᠯᠬᠢᠯᠡᠬᠦ᠂ | ᠬᠥᠭᠵᠢᠯᠲᠡ ᠶᠢ ᠠᠬᠢᠭᠤᠯᠬᠤ᠂ ᠬᠥᠭᠵᠢᠯᠲᠡ ᠶᠢ ᠠᠳᠬᠤᠬᠤ ᠬᠦᠰᠡᠯ ᠡᠷᠡᠮᠡᠯᠵᠡᠯ ᠴᠢᠩᠭ᠎ᠠ ᠪᠠᠶᠢᠵᠤ᠂ ᠦᠰᠦᠷᠦᠩᠭᠦᠢ ᠬᠥᠭᠵᠢᠯᠲᠡ ᠶᠢᠨ ᠢᠲᠡᠭᠡᠯ ᠵᠣᠷᠢᠭ ᠨᠢ ᠤᠯᠠᠮ | ᠪᠠᠲᠤ ᠴᠢᠩᠭ᠎ᠠ ᠪᠣᠯᠵᠠᠢ᠃ ᠪᠢᠳᠡ ᠭᠠᠭᠴᠠ ᠬᠦ ᠴᠠᠭ ᠲᠣᠬᠢᠶᠠᠯ ᠢ ᠠᠮᠵᠢᠨ᠂ ᠣᠷᠣᠯᠳᠣᠯᠭ᠎ᠠ ᠲᠠᠢ ᠴᠢᠷᠮᠠᠢᠪᠠᠯ᠂ ᠡᠨᠡ ᠬᠦ ᠬᠦᠰᠡᠯ ᠡᠷᠡᠮᠡᠯᠵᠡᠯ ᠪᠢᠯᠬᠠᠭᠰᠠᠨ ᠰᠢᠨ᠎ᠡ | ᠴᠠᠭ ᠦᠶ᠎ᠡ ᠳᠤ ᠰᠢᠨ᠎ᠡ ᠬᠡᠪ ᠪᠠᠶᠢᠳᠠᠯ᠂ ᠰᠢᠨ᠎ᠡ ᠠᠮᠵᠢᠯᠲᠠ ᠭᠠᠷᠭᠠᠬᠤ ᠨᠢ ᠭᠠᠷᠴᠠᠭ᠎ᠠ ᠦᠭᠡᠢ ᠶᠤᠮ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠪᠠᠷ ᠶᠡᠷᠦᠩᠬᠡᠶᠢᠯᠡᠨ ᠣᠳᠣᠷᠢᠳᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ | ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠨᠢᠭᠡᠲᠦᠯᠲᠡᠢ ᠠᠬᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ | ᠦᠭᠡᠢ ᠪᠠᠷ ᠲᠤᠤᠱᠯᠠᠭᠤᠯᠵᠤ᠂ ᠲᠣᠭᠲᠠᠭᠤᠨ ᠮᠥᠷᠲᠡᠭᠡᠨ ᠳᠠᠪᠰᠢᠬᠤ ᠠᠵᠢᠯ ᠤᠨ ᠶᠡᠷᠦᠩᠬᠡᠶ ᠬᠦᠭ ᠠᠶᠢᠵᠢᠮ ᠪᠠ ᠴᠢᠨᠠᠷ ᠰᠠᠶᠢᠲᠠᠶ ᠬᠥᠭᠵᠢᠭᠦᠯᠬᠦ ᠦᠨᠳᠦᠰᠦᠨ | ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠵᠤ᠂ ᠰᠢᠨ᠎ᠡ ᠶᠢ ᠡᠭᠦᠳᠬᠦ᠂ ᠵᠤᠬᠢᠴᠠᠯ ᠲᠠᠢ᠂ ᠪᠣᠬᠢᠷᠳᠠᠯ ᠦᠭᠡᠢ᠂ ᠨᠡᠭᠡᠭᠡᠯᠲᠡ ᠲᠠᠢ᠂ ᠬᠠᠮᠲᠤ ᠪᠠᠷ | ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠡᠷᠡᠰ ᠲᠤᠤᠱᠯᠠᠭᠤᠯᠵᠤ᠂ ᠭᠤᠣᠯᠳᠠᠯᠭ᠎ᠠ ᠶᠢ ᠠᠳᠬᠤᠬᠤ ᠳᠤᠲᠠᠭᠤᠳᠠᠯ ᠢ ᠨᠥᠬᠦᠪᠥᠷᠢᠯᠡᠬᠦ | ᠪᠠᠭᠤᠷᠠᠶ ᠪᠠᠨ ᠬᠦᠴᠦᠷᠬᠡᠭᠵᠢᠭᠦᠯᠬᠦ ᠶᠢ ᠬᠦᠴᠦᠯᠡᠨ ᠠᠳᠬᠤᠵᠤ᠂ ︽ᠲᠣᠯᠣᠭᠠᠨ ᠶᠡᠭᠡ ᠪᠠᠶᠢᠯᠳᠤᠬᠤ ᠪᠤᠳᠤᠯᠭ᠎ᠠ︾ ᠶᠢ ᠬᠦᠴᠦᠯᠡᠨ ᠬᠡᠷᠡᠭᠵᠢᠭᠦᠯᠵᠦ᠂ ︽ᠭᠤᠷᠪᠠᠨ | ᠶᠡᠭᠡ ᠪᠣᠭᠤᠮᠳᠠ ᠰᠢᠪᠲᠤᠯᠬᠤ ᠳᠠᠶᠢᠯᠠᠯᠳᠤᠭᠠᠨ︾ ᠢ ᠬᠦᠴᠦᠯᠠᠨ ᠬᠢᠵᠦ᠂ ᠤᠯᠠᠭᠠᠨᠬᠠᠳᠠ ᠶᠢᠨ ᠦᠰᠦᠷᠦᠩᠭᠦᠢ ᠮᠠᠨᠳᠤᠯᠲᠠ ᠶᠢᠨ ᠠᠯᠬᠤᠴᠠ ᠶᠢ ᠬᠦᠴᠦᠯᠡᠨ | ᠲᠦᠷᠭᠡᠳᠭᠡᠵᠦ᠂ ᠪᠦᠬᠦ ᠤᠯᠤᠰ ᠪᠦᠬᠦ ᠣᠷᠣᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠦᠨᠡᠨ ᠬᠦ ᠪᠠᠲᠤᠯᠠᠵᠤ᠂ | ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠨᠡᠭᠡᠭᠡᠬᠦ ᠳᠤ ᠪᠠᠲᠤ ᠴᠢᠩᠭ᠎ᠠ ᠰᠠᠭᠤᠷᠢ ᠲᠠᠯᠪᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠶ ᠬᠠᠷᠠᠯᠲᠠ ᠪᠣᠯ᠄ ᠣᠷᠣᠨ ᠨᠣᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠤᠨ | ᠬᠤᠷᠳᠤᠴᠠ ᠶᠢ ᠪᠦᠬᠦ ᠣᠷᠣᠨ ᠤ ᠳᠤᠮᠳᠠᠴᠢ ᠬᠡᠮᠵᠢᠶ᠎ᠡ ᠠᠴᠠ ᠥᠨᠳᠥᠷ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ | ᠵᠠᠷᠤᠴᠠᠭᠤᠯᠵᠤ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠨ᠎ᠠ᠃ ᠰᠤᠯᠠᠷᠠᠰᠢ | ᠦᠭᠡᠢ ᠴᠢᠷᠮᠠᠶᠢᠯᠲᠠ ᠪᠠᠷ ᠳᠠᠮᠵᠢᠨ ᠠᠵᠤ ᠦᠢᠯᠡᠰ ᠤᠨ ᠳᠠᠪᠠᠭᠤᠯᠢᠭ ᠨᠡᠩ ᠲᠣᠪᠤᠶᠢᠮ᠎ᠠ᠂ ᠬᠤᠲᠠ ᠬᠥᠳᠡᠭᠡ ᠶᠢᠨ ᠬᠥᠭᠵᠢᠯᠲᠡ ᠨᠡᠩ ᠵᠣᠬᠢᠴᠠᠩᠭᠤᠶ᠂ | ᠬᠥᠭᠵᠢᠯᠲᠡ ᠶᠢᠨ ᠠᠮᠢᠳᠤᠯᠢᠭ ᠬᠦᠴᠦᠨ ᠨᠡᠩ ᠶᠡᠭᠡ ᠪᠠᠳᠠᠷᠠᠩᠭᠤᠢ᠂ ᠠᠷᠠᠳ ᠤᠯᠠᠨ ᠤ ᠬᠦᠷᠲᠡᠮᠵᠢ ᠶᠢᠨ ᠮᠡᠳᠡᠷᠡᠮᠵᠢ ᠨᠡᠩ ᠪᠣᠳᠠᠲᠠᠶ᠂ ᠬᠥᠮᠦᠨ ᠪᠠᠶᠢᠭᠠᠯᠢ ᠨᠡᠩ ᠡᠶ᠎ᠡ | ᠵᠣᠬᠢᠴᠠᠯ ᠲᠠᠢ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ᠃ | ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠲᠡᠮᠡᠴᠡᠯ ᠤᠨ ᠬᠠᠷᠠᠯᠲᠠ ᠶᠢᠨ ᠲᠤᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠳᠤ ᠬᠤᠳᠠ ᠶᠢᠨ | ᠵᠠᠰᠠᠭ ᠤᠨ ᠣᠷᠳᠣᠨ ᠤ ᠠᠵᠢᠯ ᠨᠢ ᠳᠣᠣᠷᠠᠬᠢ ᠮᠡᠲᠦ ᠲᠠᠪᠤᠨ ᠲᠠᠯ᠎ᠠ ᠪᠠᠷ ᠲᠥᠪᠯᠡᠷᠡᠭᠦᠯᠦᠨ ᠬᠦᠴᠦᠯᠡᠨ᠎ᠡ᠄ | ︵ᠨᠢᠭᠡ︶ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠬᠤ ᠶᠢ ᠵᠡᠷᠭᠡ ᠪᠠᠷ ᠲᠦᠯᠬᠢᠨ | ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠳᠠᠪᠠᠭᠤᠯᠢᠭ ᠨᠡᠩ ᠲᠤᠪᠤᠶᠢᠮ᠎ᠠ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ | ᠤᠯᠠᠮᠵᠢᠯᠠᠯᠲᠤ ᠭᠤᠣᠯᠯᠠᠬᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ︽ᠳᠤᠮᠳᠠᠳᠤ ᠤᠯᠤᠰ ᠤᠨ ᠥᠩᠭᠡᠲᠦ | ᠲᠡᠮᠦᠷᠯᠢᠭ ᠤᠨ ᠨᠤᠲᠤᠭ︾ ᠤᠨ ᠨᠡᠷᠡᠲᠦ ᠲᠡᠮᠳᠡᠭ ᠢᠶᠠᠨ ᠬᠦᠭᠵᠢᠭᠦᠯᠬᠦ ᠶᠢᠨ ᠲᠤᠭᠤᠷᠢᠨ ᠳᠤ᠂ ᠠᠭᠤᠷᠬᠠᠶ ᠶᠢᠨ ᠦᠢᠯᠡᠰ ᠤᠨ ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠶᠢ ᠲᠦᠷᠭᠡᠳᠬᠡᠵᠦ᠂ ᠤᠯᠤᠰ ᠤᠨ ᠴᠢᠬᠤᠯᠠ ᠥᠩᠭᠡᠲᠦ ᠲᠡᠮᠦᠷᠯᠢᠭ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠰᠢᠨ᠎ᠡ ᠠᠯᠬᠤᠮ ᠢ ᠠᠯᠬᠤᠨ᠎ᠠ᠃ ᠵᠠᠭᠤᠨ ᠲᠦᠮᠡᠨ ᠲᠣᠨ ᠤ ᠳᠡᠰ ᠤᠨ ᠵᠡᠰ ᠬᠠᠶᠢᠯᠤᠭᠤᠯᠬᠤ ᠳᠠᠪᠠᠭᠤᠯᠢᠭ ᠦᠢᠯᠡᠳᠪᠦᠷᠢᠯᠡᠯ ᠤᠨ ᠴᠢᠳᠠᠪᠬᠢ ᠶᠢ ᠲᠦᠷᠭᠡᠨ | ᠪᠣᠢ ᠪᠣᠯᠭᠠᠵᠤ᠂ ᠳᠤᠮᠳᠠᠳᠤ ᠤᠯᠤᠰ ᠤᠨ ᠤᠮᠠᠷᠠᠲᠤ ᠣᠷᠣᠨ ᠤ ᠬᠠᠮᠤᠭ ᠶᠡᠭᠡ ᠵᠡᠰ ᠬᠠᠶᠢᠯᠤᠭᠤᠯᠵᠤ ᠭᠦᠨ ᠡᠳ᠋ᠰᠢᠭᠦᠯᠬᠦ ᠰᠠᠭᠤᠷᠢᠨ ᠭᠠᠵᠠᠷ ᠢ ᠪᠥᠳᠥᠭᠡᠨ | ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠭᠤᠣᠯᠯᠠᠭᠤᠯᠤᠨ | ᠂ ᠨᠡᠭᠦᠷᠡᠰᠦ᠂ ᠡᠷᠳᠡᠨᠢ ᠰᠢᠰᠢ᠂ ᠬᠦᠬᠦᠷ ᠬᠦᠴᠢᠯ ᠢᠶᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠰ ᠢ ᠬᠦᠭᠵᠢᠭᠦᠯᠦᠨ | ᠪᠣᠵᠠᠭᠠᠢᠷᠠᠭᠤᠯᠵᠤ᠂ ᠨᠡᠩ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠎ᠠ᠃ ᠤᠯᠤᠰ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠪᠠᠶᠢᠭᠤᠯᠬᠤ ᠲᠠᠢ ᠤᠶᠠᠯᠳᠤᠭᠤᠯᠤᠨ᠂ | ᠡᠭᠦᠯᠳᠡᠷ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠪᠦᠲᠦᠭᠡᠬᠦ ᠶᠢ ᠴᠢᠬᠤᠯᠠᠴᠢᠯᠠᠵᠤ᠂ ᠬᠤᠳᠠ ᠬᠦᠳᠡᠭᠡ ᠶᠢᠨ ᠤᠢᠢᠷ᠎ᠠ ᠲᠡᠭᠦᠷᠭᠡ ᠶᠢᠨ | ᠬᠥᠳᠡᠭᠡ ᠶᠢᠨ ᠶᠡᠷᠦᠩᠬᠡᠶ ᠴᠣᠭᠴᠠ ᠶᠢᠨ ᠪᠥᠳᠥᠭᠡᠨ ᠪᠠᠶᠢᠭᠤᠯᠤᠯᠲᠠ ᠶᠢ ᠲᠤᠪᠤᠶᠢᠯᠭᠠᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠳᠤᠨ ᠬᠥᠭᠵᠢᠬᠦ ᠶᠢ ᠲᠦᠷᠭᠡᠳᠬᠡᠵᠦ᠂ ᠨᠢᠭᠡ ᠪᠦᠯᠦᠭ ᠪᠣᠬᠢᠷᠲᠤᠯ ᠥᠭᠡᠢ ᠣᠷᠭᠠᠨᠢᠭ ᠪᠦᠲᠦᠭᠡᠭᠳᠡᠬᠦᠨ ᠤ ᠨᠡᠷᠡᠳᠦ ᠲᠡᠮᠳᠡᠭ ᠢ ᠲᠥᠪᠯᠡᠷᠡᠭᠦᠯᠦᠨ | ᠪᠦᠲᠦᠭᠡᠨ᠎ᠠ᠃ ᠣᠷᠣᠨ ᠪᠦᠰᠡ ᠶᠢᠨ ᠥᠷᠢᠰᠥᠯᠳᠦᠬᠦ ᠬᠦᠴᠦᠨ ᠪᠦᠬᠦᠢ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠲᠠᠢ | ᠤᠶᠠᠯᠳᠤᠭᠤᠯᠤᠨ᠂ ᠡᠯ᠎ᠡ ᠲᠥᠷᠥᠯ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠪᠦᠯᠦᠭ ᠰᠢᠨ᠎ᠡ ᠡᠮ ᠤᠨ | ᠦᠢᠯᠡᠳᠪᠦᠷᠢᠯᠡᠯ ᠤᠨ ᠲᠦᠷᠦᠯ ᠵᠦᠢᠯ ᠢ ᠣᠷᠣᠭᠤᠯᠣᠨ ᠠᠪᠴᠢᠷᠠᠬᠤ ᠪᠠ ᠪᠤᠶᠢᠵᠢᠭᠤᠯᠵᠤ᠂ ᠡᠮ ᠡᠮᠨᠡᠯᠭᠡ ᠶᠢᠨ ᠠᠵᠤ ᠦᠢᠯᠡᠰ ᠢ ᠳᠠᠷᠤᠢ ᠲᠦᠷᠭᠡᠨ ᠲᠤᠯᠭᠠᠭᠤᠷᠢ | ᠠᠵᠤ ᠦᠢᠯᠡᠰ ᠪᠤᠯᠭᠠᠨ᠎ᠠ᠃ ᠪᠠᠷᠢᠯᠭ᠎ᠠ ᠶᠢᠨ ᠮᠠᠲ᠋ᠧᠷᠢᠶᠠᠯ᠂ ᠨᠡᠬᠡᠮᠡᠯ ᠤᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠬᠥᠭᠵᠢᠭᠡᠬᠦ ᠲᠠᠢ ᠤᠶᠠᠯᠳᠤᠭᠤᠯᠤᠨ᠂ ᠤᠳᠤ | ᠪᠠᠶᠢᠭ᠎ᠠ ᠠᠵᠤ ᠠᠬᠤᠶᠢᠯᠠᠯ ᠢ ᠬᠤᠯᠪᠤᠭᠠᠯᠠᠭᠤᠯᠤᠨ ᠲᠠᠬᠢᠨ ᠵᠣᠬᠢᠶᠠᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ | ᠪᠠᠳᠠᠷᠠᠭᠤᠯᠬᠤ ᠶᠢ ᠠᠬᠢᠭᠤᠯᠤᠨ᠎ᠠ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠭᠤᠣᠯᠳᠠᠯᠭ᠎ᠠ ᠲᠠᠢ ᠰᠢᠪᠲᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠪᠠᠶᠢᠯᠳᠤᠬᠤ | ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠳᠠᠭᠠᠵᠤ᠂ ᠭᠤᠣᠯᠳᠠᠯᠭ᠎ᠠ ᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ | ᠮᠥᠩᠭᠦ ᠪᠠᠶᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠮᠡᠷᠭᠡᠵᠢᠯ᠂ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠴᠦᠯᠡᠨ ᠤᠷᠤᠭᠤᠯᠤᠨ ᠠᠪᠴᠢᠷᠠᠵᠤ ᠪᠤᠶᠢᠵᠢᠭᠤᠯᠤᠨ᠎ᠠ᠃ ᠡᠯ᠎ᠡ | ᠲᠦᠷᠦᠯ ᠤᠨ ᠲᠤᠰᠬᠠᠢ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠢᠳᠡᠪᠬᠢᠲᠡᠶ ᠲᠡᠳᠬᠦᠨ ᠳᠡᠮᠵᠢᠵᠦ᠂ ᠨᠢᠭᠡ ᠪᠦᠯᠦᠭ ᠢᠵᠢ ᠪᠦᠷᠢᠳᠦᠭᠦᠯᠬᠦ ᠴᠢᠳᠠᠪᠤᠷᠢ ᠪᠠᠷ | ᠴᠢᠩᠭ᠎ᠠ᠂ ᠨᠢᠭᠡᠳᠭᠡᠨ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠠᠵᠤ ᠦᠢᠯᠡᠰ ᠤᠨ ᠳᠡᠰ ᠳᠠᠪᠬᠤᠷᠭ᠎ᠠ ᠶᠢᠨ ᠶᠡᠷᠦᠩᠬᠡᠶᠢᠯᠡᠨ ᠳᠡᠭᠡᠭᠰᠢᠯᠡᠭᠦ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠴᠡᠪᠡᠷ | ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ᠮᠢᠩᠭᠠᠨ ᠲᠦᠮᠡᠨ ᠺᠢᠯᠣᠸᠠᠲ ᠴᠠᠬᠢᠯᠭᠠᠨ | ᠬᠦᠴᠦᠨ ᠢ ᠪᠠᠭᠲᠠᠭᠠᠨ ᠰᠢᠩᠭᠡᠭᠡᠬᠦ ᠬᠡᠯᠡᠯᠴᠡᠭᠡᠷ ᠢ ᠴᠢᠷᠮᠠᠶᠢᠨ ᠨᠠᠶᠢᠳᠠᠪᠤᠷᠢᠵᠢᠭᠤᠯᠵᠤ᠂ ᠤᠯᠠᠭᠠᠨᠬᠠᠳᠠ ᠶᠢᠨ ᠡᠨᠧᠷᠭᠢ ᠭᠠᠳᠠᠭᠰᠢ ᠳᠠᠮᠵᠢᠭᠤᠯᠬᠤ ᠵᠠᠮ ᠢ ᠰᠢᠯᠤᠭᠤᠳᠬᠠᠵᠤ | ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠢ ᠦᠨᠡᠨ ᠬᠦ ᠴᠢᠩᠭᠠᠳᠬᠠᠨ᠎ᠠ᠃ ᠲᠣᠭᠠᠴᠢᠯᠠᠭᠰᠠᠨ ᠠᠵᠤ | ᠠᠬᠤᠶ ᠶᠢ ᠢᠳᠡᠪᠬᠢᠲᠡᠶ ᠬᠥᠭᠵᠢᠭᠦᠯᠵᠦ᠂ ︽ᠢᠨᠲ᠋ᠧᠷ ᠰᠦᠯᠵᠢᠶ᠎ᠡ +︾᠂ ᠲᠤᠮᠤ ᠳ᠋ᠠᠶᠢᠲ᠋ᠠ ᠪᠠ ᠡᠭᠦᠯᠡᠨ ᠪᠤᠳᠤᠯᠲᠠ ᠶᠢᠨ ᠠᠵᠤ ᠦᠶ᠋ᠯᠡᠰ ᠢ ᠶᠡᠭᠡ ᠪᠠᠷ | ᠪᠤᠶᠢᠵᠢᠭᠤᠯᠵᠤ᠂ ᠡᠯᠧᠺᠲᠷᠣᠨ ᠮᠡᠳᠡᠭᠡ ᠵᠠᠩᠭᠢ ᠪᠠ ᠺᠠᠷᠲ᠋ᠣᠨ ᠦᠢᠯᠡᠳᠬᠦ ᠵᠡᠷᠭᠡ ᠠᠵᠤ ᠦᠢᠯᠡᠰ ᠢ ᠲᠦᠷᠭᠡᠨ ᠠᠬᠢᠭᠤᠯᠵᠤ᠂ ᠴᠢᠮᠡᠭᠡ ᠵᠠᠩᠭᠢᠵᠢᠬᠤ ᠪᠠ ᠠᠵᠤ | ᠦᠢᠯᠡᠳᠪᠦᠷᠢᠵᠢᠬᠦ ᠤᠶᠠᠯᠳᠤᠨ ᠬᠦᠭᠵᠢᠬᠦ ᠶᠢ ᠠᠬᠢᠭᠤᠯᠤᠨ᠎ᠠ᠃ 2022 ᠣᠨ ᠪᠣᠯᠬᠤ ᠳᠤ ᠪᠦᠬᠦ ᠬᠤᠲᠠ ᠶᠢᠨ ᠪᠠᠶᠢᠯᠳᠤᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠯᠲᠡ ᠦᠷᠲᠡᠭ ᠤᠨ GDP ᠳᠠᠬᠢ ᠬᠠᠷᠢᠴᠠᠯ ᠢ 10% ᠠᠴᠠ ᠳᠡᠭᠡᠭᠰᠢ ᠪᠣᠯᠭᠠᠨ᠎ᠠ᠃ | ᠳᠡᠭᠡᠳᠦ ᠳᠡᠰ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ︽ | ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠬᠡᠰᠢᠭᠲᠡᠨ ᠬᠤᠰᠢᠭᠤ ᠪᠠᠷ ᠭᠤᠣᠯ ᠪᠣᠯᠭᠠᠭᠰᠠᠨ ᠲᠠᠯ᠎ᠠ | ᠨᠤᠲᠤᠭ ᠤᠨ ᠥᠩᠭᠡ ᠦᠵᠡᠮᠵᠢ ᠶᠢᠨ ᠵᠢᠭᠤᠯᠴᠢᠯᠠᠯ᠂ ᠪᠠᠭᠠᠷᠢᠨ ᠵᠡᠭᠦᠨ ᠬᠤᠰᠢᠭᠤ ᠪᠠᠷ ᠭᠤᠣᠯ ᠪᠣᠯᠭᠠᠭᠰᠠᠨ ᠬᠢᠳᠠᠨ ᠯᠢᠶᠣᠤ ᠶᠢᠨ ᠰᠣᠶᠣᠯ ᠢ ᠣᠶᠢᠯᠠᠭᠠᠬᠤ | ᠵᠢᠭᠤᠯᠴᠢᠯᠠᠯ᠂ ᠣᠩᠨᠢᠭᠤᠳ ᠬᠤᠰᠢᠭᠤ ᠪᠠᠷ ᠭᠤᠣᠯ ᠪᠣᠯᠭᠠᠭᠰᠠᠨ ᠡᠯᠡᠰᠦ ᠮᠠᠩᠬᠠᠨ ᠥᠩᠭᠡ ᠦᠵᠡᠮᠵᠢ ᠲᠦᠢᠯᠰᠢᠷᠠᠯ ᠤᠨ ᠪᠡᠶ᠎ᠡ ᠲᠠᠮᠢᠷ ᠤᠨ ᠵᠢᠭᠤᠯᠴᠢᠯᠠᠯ᠂ ᠨᠢᠩᠴᠧᠩ | ᠰᠢᠶᠠᠨ ᠬᠢᠭᠡᠳ ᠬᠠᠷᠠᠴᠢᠨ ᠬᠤᠰᠢᠭᠤ ᠪᠠᠷ ᠭᠤᠣᠯ ᠪᠣᠯᠭᠠᠭᠰᠠᠨ ᠰᠡᠯᠡᠭᠦᠴᠡᠵᠦ ᠠᠮᠠᠷᠠᠨ ᠵᠤᠭᠠᠴᠠᠬᠤ ᠵᠢᠭᠤᠯᠴᠢᠯᠠᠯ᠂ ᠭᠤᠣᠯ ᠬᠤᠳᠠ ᠲᠣᠭᠤᠷᠢᠭ ᠤᠨ ᠤᠢᠢᠷ᠎ᠠ | ᠲᠡᠭᠦᠷᠭᠡ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠠᠤᠬᠠᠨ ᠬᠤᠰᠢᠭᠤ ᠪᠠᠷ ᠭᠤᠣᠯ ᠪᠣᠯᠭᠠᠭᠰᠠᠨ ᠪᠠᠯᠠᠷ ᠡᠷᠲᠡᠨ ᠤ ᠰᠣᠶᠣᠯ ᠰᠤᠳᠤᠯᠤᠨ ᠰᠤᠷᠤᠯᠴᠠᠬᠤ | ᠵᠢᠭᠤᠯᠴᠢᠯᠠᠯ ᠵᠡᠷᠭᠡ ᠵᠢᠷᠭᠤᠭᠠᠨ ᠶᠡᠭᠡ ᠵᠢᠭᠤᠯᠴᠢᠯᠠᠯ ᠢ ᠲᠦᠪᠯᠡᠷᠡᠭᠦᠯᠦᠨ ᠪᠠᠶᠢᠭᠤᠯᠵᠤ᠂ ᠬᠤᠪᠢ ᠶᠢᠨ ᠮᠠᠰᠢᠨ ᠢᠶᠠᠷ ᠵᠢᠭᠤᠯᠴᠢᠯᠠᠬᠤ ᠦᠢᠯᠡᠴᠢᠯᠡᠭᠡᠨ ᠤ ᠲᠡᠭᠦᠯᠳᠡᠷ | ᠰᠢᠰᠲ᠋ᠧᠮ ᠢ ᠪᠦᠳᠦᠭᠡᠨ ᠪᠠᠶᠢᠭᠤᠯᠵᠤ᠂ ᠤᠨᠴᠠᠯᠢᠭᠲᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠳᠤᠮᠳᠠᠳᠤ | ᠤᠯᠤᠰ ᠤᠨ ᠲᠠᠯ᠎ᠠ ᠨᠤᠲᠤᠭ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠭᠠᠵᠠᠷ ᠪᠠ ᠳᠤᠮᠳᠠᠳᠤ ᠤᠯᠤᠰ ᠤᠨ ᠵᠢᠭᠤᠯᠴᠢᠯᠠᠯ ᠤᠨ ᠬᠦᠴᠦᠷᠬᠡᠭ ᠬᠤᠲᠠ ᠶᠢ | ᠪᠦᠳᠦᠭᠡᠨ ᠪᠠᠶᠢᠭᠤᠯᠤᠨ᠎ᠠ᠃ ᠤᠯᠠᠮᠵᠢᠯᠠᠯᠲᠤ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ᠤᠨ ᠮᠡᠳᠡᠭᠡ ᠵᠠᠩᠬᠢᠴᠢᠯᠠᠬᠤ᠂ ᠳᠡᠭᠡᠲᠦ ᠳᠡᠰᠵᠢᠬᠦ ᠲᠡᠰᠢ | ᠬᠦᠭᠵᠢᠬᠦ ᠶᠢ ᠭᠦᠨᠵᠡᠭᠡᠢ ᠠᠬᠢᠭᠤᠯᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠬᠤᠳᠠᠯᠳᠤᠭ᠎ᠠ ᠠᠷᠠᠯᠵᠢᠶᠠᠨ ᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠭᠤᠣᠯ ᠬᠤᠳᠠ ᠲᠣᠭᠤᠷᠢᠭ ᠢ ᠣᠷᠣᠨ ᠪᠦᠰᠡ ᠶᠢᠨ ᠴᠢᠨᠠᠷᠲᠠᠶ ᠤᠳᠤ ᠦᠶ᠎ᠡ ᠶᠢᠨ | ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠲᠥᠪ ᠪᠣᠯᠭᠠᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠰᠢᠨ᠎ᠡ ᠡᠭᠦᠳᠦᠯᠲᠡ | ᠬᠦᠭᠵᠢᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠰᠢᠨ᠎ᠡ ᠮᠠᠶ᠋ᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠣᠷᠣᠭᠤᠯᠵᠤ᠂ ᠠᠵᠤ ᠠᠬᠤᠶᠢᠯᠠᠯ ᠤᠨ | ᠰᠲ᠋ᠣᠺ ᠤᠨ ᠵᠠᠬ᠎ᠠ ᠳᠤ ᠭᠠᠷᠴᠤ ᠪᠡᠯᠡ ᠬᠤᠷᠠᠮᠳᠤᠭᠤᠯᠬᠤ ᠠᠯᠬᠤᠴᠠ ᠶᠢ ᠲᠦᠷᠭᠡᠳᠬᠡᠵᠦ᠂ ᠣᠷᠣᠨ ᠪᠦᠰᠡ ᠶᠢᠨ ᠰᠲ᠋ᠣᠺ ᠤᠨ ᠡᠷᠬᠡ ᠶᠢᠨ ᠠᠷᠠᠯᠵᠢᠶᠠᠨ ᠤ | ᠬᠥᠭᠵᠢᠯᠲᠡ ᠶᠢ ᠲᠦᠯᠬᠢᠨ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡ ᠶᠢ ᠢᠳᠡᠪᠬᠢᠲᠡᠶ ᠬᠥᠭᠵᠢᠭᠦᠯᠵᠦ᠂ ᠪᠣᠭᠤᠮᠲᠠ ᠶᠢᠨ ᠭᠠᠳᠠᠨᠠᠬᠢ ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠶᠢᠨ ᠤᠨᠴᠠᠯᠢᠬᠵᠢᠬᠤ | ᠪᠠ ᠬᠡᠪᠴᠢᠶᠡᠵᠢᠬᠦ ᠶᠢ ᠲᠦᠯᠬᠢᠨ ᠠᠬᠢᠭᠤᠯᠤᠨ᠎ᠠ᠃ ᠰᠣᠶᠣᠯ ᠭᠡᠭᠡᠷᠡᠯ ᠤᠨ ᠦᠢᠯᠡᠰ ᠤᠨ ᠬᠥᠭᠵᠢᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠡᠷᠡᠭᠦᠯ ᠮᠠᠨᠳᠦ᠂ | ᠰᠤᠪᠢᠯᠠᠯᠲᠠ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠨᠠᠷᠢᠯᠢᠬᠵᠢᠬᠤ ᠪᠠ ᠴᠢᠨᠠᠷᠵᠢᠬᠤ ᠲᠡᠰᠢ | ᠬᠡᠯᠪᠡᠷᠢ ᠬᠤᠪᠢᠷᠠᠵᠤ ᠳᠡᠰ ᠳᠡᠪᠰᠢᠬᠦ ᠶᠢ ᠳᠡᠮᠵᠢᠨ᠎ᠡ᠃ | ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠡᠷᠴᠢᠮᠵᠢᠨ ᠬᠥᠭᠵᠢᠬᠦ ᠶᠢ ᠠᠬᠢᠭᠤᠯᠤᠨ᠎ᠠ᠃ ︽ᠠᠵᠤ ᠠᠬᠤᠶᠢᠯᠠᠯ ᠲᠥᠪᠯᠡᠷᠡᠬᠦ᠂ ᠠᠵᠤ ᠦᠢᠯᠡᠰ ᠬᠤᠷᠠᠬᠤ᠂ | ᠡᠵᠡᠩᠨᠠᠯ ᠬᠠᠮᠢᠶᠠᠷᠤᠯᠲᠠ ᠡᠷᠴᠢᠮᠵᠢᠬᠦ︾ ᠰᠡᠳᠬᠢᠴᠡ ᠶᠤᠰᠤᠭᠠᠷ᠂ ᠪᠥᠬᠦ ᠬᠤᠲᠠ ᠶᠢᠨ ᠬᠦᠴᠦᠨ ᠢᠶᠠᠷ ᠤᠯᠠᠭᠠᠨᠬᠠᠳᠠ ᠶᠢᠨ ᠵᠡᠭᠦᠨ ᠬᠡᠰᠡᠭ ᠤᠨ ᠠᠵᠤ | ᠦᠢᠯᠡᠳᠪᠦᠷᠢ ᠶᠢᠨ ᠬᠤᠩᠭᠢᠯ ᠢ ᠪᠠᠶᠢᠭᠤᠯᠵᠤ᠂ ︽ᠤᠷᠤᠨ ᠠᠯᠤᠰᠯᠠᠭᠰᠠᠨ ᠠᠵᠤ ᠠᠬᠤᠶ︾ ᠶᠢᠨ ᠲᠥᠷᠥ ᠶᠢᠨ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠡᠳ᠋ᠰᠢᠭᠦᠯᠬᠦ ᠪᠠ ᠦᠢᠯᠡᠳᠬᠦ ᠦᠢᠯᠡᠰ ᠤᠨ ᠲᠦᠷᠦᠯ ᠵᠦᠢᠯ ᠢ ᠬᠦᠲᠦᠯᠦᠨ ᠵᠢᠯᠣᠭᠤᠳᠴᠤ ᠵᠡᠭᠦᠨ ᠬᠡᠰᠡᠭ ᠲᠠᠬᠢ ᠠᠵᠤ ᠦᠢᠯᠡᠳᠪᠦᠷᠢ ᠶᠢᠨ ᠠᠵᠤ ᠠᠬᠤᠶ ᠶᠢᠨ | ᠬᠤᠩᠭᠢᠯ ᠳᠤ ᠡᠮᠬᠢ ᠵᠢᠷᠤᠮ ᠲᠠᠢ ᠪᠠᠷ ᠣᠷᠣᠭᠤᠯᠣᠨ᠂ ᠲᠣᠬᠢᠷᠠᠮᠵᠢᠲᠠᠶ ᠪᠠᠶᠢᠷᠢᠯᠠᠭᠤᠯᠵᠤ᠂ ᠤᠨᠴᠠᠯᠢᠭᠲᠤ ᠠᠵᠤ ᠦᠢᠯᠡᠰ ᠤᠨ ᠡᠳᠦᠶ ᠲᠡᠳᠦᠶ ᠪᠦᠯᠦᠭᠯᠡᠯ ᠢ ᠪᠤᠢ | ᠪᠣᠯᠭᠠᠵᠤ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠨᠢᠷᠤᠭᠤ ᠲᠤᠯᠭᠠᠭᠤᠷᠢ ᠶᠢ ᠪᠣᠰᠬᠠᠨ᠎ᠠ᠃ ᠡᠯ᠎ᠡ ᠭᠠᠵᠠᠷ ᠤᠨ ᠬᠦᠷᠢᠶᠡᠯᠡᠩ ᠲᠣᠭᠤᠷᠢᠭ ᠤᠨ ᠲᠤᠰᠬᠠᠶᠢᠵᠢᠬᠤ᠂ | ᠤᠨᠴᠠᠯᠢᠬᠵᠢᠬᠤ ᠬᠥᠭᠵᠢᠯᠲᠡ ᠶᠢ ᠲᠦᠯᠬᠢᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ | ᠲᠤᠯᠭᠠᠭᠤᠷᠢᠯᠠᠬᠤ ᠬᠦᠴᠦᠨ ᠪᠠ ᠥᠷᠢᠰᠥᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠬᠤᠶᠠᠷ︶ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡ ᠳ᠋ᠦᠨᠢ ᠲᠥᠯᠬᠢᠨ | ᠠᠬᠢᠭᠤᠯᠵᠤ᠂ ᠬᠤᠲᠠ ᠬᠥᠳᠡᠭᠡ ᠶᠢᠨ ᠬᠥᠭᠵᠢᠯᠲᠡ ᠨᠡᠩ ᠵᠣᠬᠢᠴᠠᠩᠭᠤᠶ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ | ᠣᠷᠣᠰᠢᠨ ᠰᠠᠭᠤᠵᠤ ᠠᠵᠤ ᠲᠦᠷᠦᠬᠦ ᠳᠤ ᠲᠣᠬᠢᠷᠠᠮᠵᠢᠲᠠᠶ ᠬᠤᠲᠠ ᠪᠠᠯᠭᠠᠰᠤ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠭᠤᠣᠯ ᠬᠤᠳᠠ ᠲᠣᠭᠤᠷᠢᠭ ᠤᠨ ᠬᠠᠮ | ᠠᠴᠢᠶᠠᠯᠠᠪᠤᠷᠢ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠭᠤᠴᠢᠨ ᠬᠤᠳᠠ ᠲᠤᠭᠤᠷᠢᠭ ᠤᠨ ᠬᠦᠭᠵᠢᠯᠲᠡ ᠶᠢ ᠨᠢᠭᠡᠳᠦᠯᠲᠡᠶ ᠲᠥᠯᠥᠪᠯᠡᠵᠦ᠂ ᠳᠤᠮᠳᠠ | ᠲᠤᠭᠤᠷᠢᠮ ᠤᠨ ᠲᠦᠷᠭᠡᠨ ᠵᠠᠮ᠂ ᠭᠤᠣᠯ ᠤᠨ ᠵᠠᠮ ᠢ ᠵᠠᠰᠠᠬᠤ᠂ ᠶᠡᠷᠦᠩᠬᠡᠶᠢᠯᠡᠭᠰᠡᠨ ᠬᠤᠭᠤᠯᠠᠶ ᠬᠤᠩᠭᠢᠯ᠂ ᠢᠯᠴᠢ ᠬᠠᠩᠭᠠᠬᠤ ᠴᠢᠳᠠᠮᠵᠢ ᠥᠷᠭᠡᠳᠬᠡᠬᠦ᠂ ᠪᠣᠬᠢᠷ | ᠤᠰᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠨᠢᠭᠡ ᠪᠦᠯᠦᠭ ᠴᠢᠬᠤᠯᠠ ᠶᠡᠭᠡ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠬᠤᠭᠤᠯᠠᠶ ᠲᠣᠣᠷᠵᠢᠯ ᠢ ᠰᠢᠨᠡᠳᠬᠡᠬᠦ᠂ ᠵᠠᠮ ᠬᠠᠷᠢᠯᠴᠠᠭ᠎ᠠ ᠶᠢᠨ ᠲᠦᠭᠵᠢᠷᠡᠯ ᠢ ᠰᠢᠯᠤᠭᠤᠳᠬᠠᠬᠤ᠂ ᠣᠷᠣᠨ ᠵᠠᠶ ᠶᠢᠨ | ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠳᠦᠷᠰᠦ ᠪᠠᠶᠢᠳᠠᠯ ᠢ ᠨᠢ ᠰᠠᠶᠢᠵᠢᠷᠠᠭᠤᠯᠬᠤ᠂ ᠡᠵᠡᠩᠨᠡᠯᠲᠡ ᠶᠢᠨ ᠪᠠᠶᠢᠳᠠᠯ ᠲᠥᠯᠥᠪ ᠢ ᠳᠡᠭᠡᠭᠰᠢᠯᠡᠭᠦᠯᠬᠦ ᠪᠠᠷ ᠲᠠᠮᠵᠢᠭᠤᠯᠤᠨ | ᠬᠠᠭᠤᠴᠢᠨ ᠬᠤᠲᠠ ᠲᠣᠭᠤᠷᠢᠭ ᠢ ᠦᠭᠡᠷᠡᠴᠢᠯᠡᠨ ᠰᠠᠶᠢᠵᠢᠷᠠᠭᠤᠯᠵᠤ᠂ ᠭᠤᠣᠯ ᠬᠤᠳᠠ ᠲᠣᠭᠤᠷᠢᠭ ᠤᠨ ᠠᠵᠢᠯᠯᠠᠭᠠᠨ ᠤ ᠪᠠᠲᠤᠯᠠᠭ᠎ᠠ ᠶᠢ ᠲᠠᠰᠤᠷᠠᠯᠳᠠ ᠦᠭᠡᠢ | ᠲᠡᠭᠦᠯᠳᠡᠷᠵᠢᠭᠦᠯᠦᠨ᠎ᠡ᠃ ᠤᠯᠤᠰ ᠤᠨ ᠠᠮᠢ ᠠᠬᠤᠶ ᠶᠢᠨ ᠴᠡᠴᠡᠷᠯᠢᠭᠵᠢᠭᠰᠡᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠤᠨ᠎ᠠ᠂ ᠨᠢᠭᠡ | ᠪᠦᠯᠦᠭ ᠭᠤᠣᠯ ᠬᠤᠳᠠ ᠲᠣᠭᠤᠷᠢᠭ ᠤᠨ ᠨᠣᠭᠤᠭᠠᠷᠠᠭᠤᠯᠬᠤ᠂ ᠭᠡᠷᠡᠯᠲᠦᠭᠦᠯᠬᠦ᠂ ᠭᠤᠶᠣᠵᠢᠭᠤᠯᠬᠤ ᠢᠨᠵᠧᠨᠧᠷᠢᠩ ᠪᠠ ᠦᠵᠡᠮᠵᠢ ᠴᠡᠴᠡᠷᠯᠢᠭ ᠤᠨ ᠢᠨᠵᠧᠨᠧᠷᠢᠩ ᠢ | ᠬᠡᠷᠡᠭᠵᠢᠭᠦᠯᠵᠦ᠂ 2022 ᠣᠨ ᠪᠣᠯᠬᠤ ᠳᠤ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ 40% ᠬᠦᠷᠭᠡᠵᠦ᠂ ᠠᠮᠢ | ᠠᠬᠤᠶ ᠶᠢᠨ ᠤᠷᠤᠰᠢᠨ ᠰᠠᠭᠤᠷᠢᠰᠢᠬᠤ ᠳᠤ ᠲᠤᠬᠢᠷᠠᠬᠤ ᠬᠢᠷᠢ ᠬᠡᠮᠵᠢᠶ᠎ᠡ ᠶᠢ ᠲᠡᠰᠦᠷᠡᠯᠳᠠ ᠦᠭᠡᠢ ᠳᠡᠭᠡᠭᠰᠢᠯᠡᠭᠦᠯᠦᠨ᠎ᠡ᠃ ᠭᠤᠣᠯᠳᠠᠯᠭᠠᠲᠤ ᠵᠢᠵᠢᠭ ᠬᠤᠳᠠ | ᠪᠠᠯᠭᠠᠰᠤᠨ ᠤ ᠣᠨᠴᠠᠯᠢᠭ ᠪᠦᠬᠦᠢ ᠬᠥᠭᠵᠢᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠂ ᠬᠤᠲᠠ ᠶᠢᠨ ᠪᠠᠷᠢᠮᠵᠢᠶ᠎ᠠ ᠶᠣᠰᠣᠭᠠᠷ ᠬᠤᠰᠢᠭᠤ ᠰᠢᠶᠠᠨ ᠤ | ᠵᠠᠰᠠᠭ ᠤᠨ ᠤᠷᠳᠣᠨ ᠤ ᠰᠠᠭᠤᠭ᠎ᠠ ᠪᠠᠯᠭᠠᠰᠤ ᠶᠢ ᠪᠦᠳᠦᠭᠡᠨ ᠪᠠᠶᠢᠭᠤᠯᠵᠤ᠂ ᠨᠢᠭᠡ ᠪᠦᠯᠦᠭ ᠠᠴᠢᠶᠠᠯᠠᠪᠤᠷᠢ ᠴᠢᠳᠠᠪᠤᠷᠢ ᠪᠠᠷ ᠴᠢᠩᠭ᠎ᠠ ᠣᠨᠴᠠᠯᠢᠭ ᠢᠶᠠᠷ ᠢᠯᠡ ᠲᠣᠳᠣ | ᠭᠤᠣᠯᠳᠠᠯᠭᠠᠲᠤ ᠵᠢᠵᠢᠭ ᠬᠤᠳᠠ ᠪᠠᠯᠭᠠᠰᠤ ᠶᠢ ᠪᠠᠶᠢᠭᠤᠯᠵᠤ᠂ ᠲᠣᠯᠣᠭᠠᠶᠢᠯᠠᠭᠴᠢ ᠦᠢᠯᠡᠳᠦᠯ ᠢᠶᠠᠷ ᠲᠤᠪᠤᠶᠢᠮ᠎ᠠ᠂ ᠳᠡᠰ ᠳᠠᠪᠬᠤᠷᠭ᠎ᠠ ᠲᠣᠳᠣᠷᠬᠠᠶ᠂ ᠳᠠᠶᠢᠴᠢᠯᠠᠬᠤ | ᠬᠦᠴᠦᠨ ᠶᠡᠭᠡ ᠰᠢᠨ᠎ᠡ ᠮᠠᠶ᠋ᠢᠭ ᠤᠨ ᠬᠤᠳᠠ ᠪᠠᠯᠭᠠᠰᠤᠨ ᠤ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠨ᠎ᠠ᠃ 2022 ᠣᠨ ᠪᠣᠯᠬᠤ ᠳᠤ ᠪᠦᠬᠦ ᠬᠤᠲᠠ ᠶᠢᠨ | ᠪᠠᠶᠢᠩᠭᠤ ᠰᠠᠭᠤᠭᠠᠯᠢ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠶᠢ 55% ᠠᠴᠠ ᠳᠠᠪᠠᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠬᠦᠴᠦ ᠪᠠᠷ ᠢᠶᠠᠨ ᠬᠡᠷᠡᠭᠵᠢᠭᠦᠯᠦᠨ᠎ᠡ᠃ ︽ᠠᠵᠤ ᠦᠢᠯᠡᠰ ᠴᠡᠴᠡᠭᠯᠡᠨ | ᠬᠥᠭᠵᠢᠭᠰᠡᠨ᠂ ᠠᠮᠢ ᠠᠬᠤᠶ ᠶᠢᠨ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ᠂ ᠵᠠᠩ ᠰᠤᠷᠲᠠᠯ ᠪᠣᠯᠪᠠᠰᠤᠨ᠂ ᠵᠠᠰᠠᠵᠤ ᠴᠡᠭᠴᠡᠯᠡᠭᠰᠡᠨ ᠨᠢ ᠪᠦᠲᠦᠮᠵᠢᠲᠡᠶ᠂ | ᠠᠮᠢᠳᠤᠷᠠᠯ ᠨᠢ ᠴᠢᠨᠡᠭᠡᠯᠢᠭᠵᠢᠭᠰᠡᠨ︾ ᠬᠠᠷᠠᠯᠲᠠ ᠶᠤᠰᠤᠭᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠥᠯᠥᠪᠵᠢᠭᠦᠯᠭᠡ ᠲᠣᠭᠲᠠᠭᠠᠵᠤ᠂ ︽ | ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠮᠠᠯᠵᠢᠬᠤ ᠤᠷᠤᠨ᠂ ᠲᠠᠷᠢᠶᠠᠴᠢᠨ ᠮᠠᠯᠴᠢᠨ︾ ᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ | ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠬᠤ ᠪᠦᠳᠤᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠦᠭᠵᠢᠭᠦᠯᠦᠨ᠎ᠡ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠬᠢᠵᠥ 30 ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ | ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠵᠤ᠂ | ᠪᠡᠯᠡ ᠮᠥᠩᠭᠦ ᠶᠢ ᠬᠤᠪᠢᠲᠤ ᠮᠥᠩᠭᠦ ᠪᠤᠯᠭᠠᠵᠤ᠂ ᠲᠠᠷᠢᠶᠠᠯᠠᠬᠤ ᠮᠠᠯᠵᠢᠬᠤ ᠡᠷᠦᠬᠡ ᠶᠢ ᠬᠤᠪᠢ ᠣᠷᠣᠭᠤᠯᠤᠭᠴᠢ ᠪᠤᠯᠭᠠᠬᠤ ︽ᠭᠤᠷᠪᠠ ᠶᠢ ᠬᠤᠪᠢᠷᠠᠭᠤᠯᠬᠤ︾ ᠬᠡᠪ | ᠵᠠᠭᠪᠤᠷ ᠢ ᠢᠳᠡᠪᠬᠢᠲᠠᠢ ᠳᠡᠯᠭᠡᠷᠡᠭᠦᠯᠵᠦ᠂ ᠤᠯᠠᠨ ᠵᠦᠢᠯ ᠬᠡᠯᠪᠡᠷᠢ ᠶᠢᠨ ᠵᠣᠬᠢᠮᠵᠢᠲᠠᠶ ᠬᠡᠪᠴᠢᠶᠡᠲᠦ ᠡᠵᠡᠩᠨᠡᠯᠲᠡ ᠶᠢ ᠭᠦᠭᠵᠢᠭᠦᠯᠵᠦ᠂ ᠮᠠᠯᠴᠢᠨ ᠲᠠᠷᠢᠶᠠᠴᠢᠨ ᠤ ᠵᠣᠬᠢᠶᠠᠨ | ᠪᠠᠶᠢᠭᠤᠯᠤᠯᠴᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ | ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠬᠤ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ | ᠲᠣᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠮᠠᠯᠵᠢᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠩᠰᠢᠯ ᠢ ᠬᠠᠯᠠᠵᠤ ᠳᠠᠳᠬᠠᠯ ᠢ | ᠥᠭᠡᠷᠡᠴᠢᠯᠡᠬᠦ ᠶᠢ ᠢᠳᠡᠪᠬᠢᠲᠡᠶ ᠰᠠᠨᠠᠭᠠᠴᠢᠯᠠᠵᠤ᠂ ᠰᠢᠨ᠎ᠡ ᠦᠵᠡᠯ ᠰᠠᠨᠠᠭ᠎ᠠ᠂ ᠰᠢᠨ᠎ᠡ ᠰᠣᠶᠣᠯ᠂ ᠰᠢᠨ᠎ᠡ ᠰᠢᠨᠵᠢᠯᠡᠭᠡ ᠮᠡᠷᠭᠡᠵᠢᠯ ᠢ ᠶᠡᠭᠡ ᠪᠠᠷ ᠤᠬᠠᠭᠤᠯᠤᠨ | ᠳᠡᠯᠭᠡᠷᠡᠭᠦᠯᠵᠦ᠂ ᠰᠢᠨ᠎ᠡ ᠮᠠᠶ᠋ᠢᠭ ᠤᠨ ᠲᠠᠷᠢᠶᠠᠴᠢᠨ ᠮᠠᠯᠴᠢᠳ ᠢ ᠬᠦᠮᠦᠵᠢᠭᠦᠯᠦᠨ ᠪᠤᠶᠢᠵᠢᠭᠤᠯᠤᠨ᠎ᠠ᠃ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠯᠲᠠ | ᠥᠭᠡᠷᠡᠴᠢᠯᠡᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ︽ᠲᠠᠷᠢᠶᠠᠯᠠᠩ ᠮᠠᠯ ᠠᠵᠤ | ᠠᠬᠤᠢ᠂ ᠬᠥᠳᠡᠭᠡ ᠲᠣᠰᠬᠤᠨ ᠮᠠᠯᠵᠢᠬᠤ ᠤᠷᠤᠨ᠂ ᠲᠠᠷᠢᠶᠠᠴᠢᠨ ᠮᠠᠯᠴᠢᠨ︾ ᠤ ᠠᠵᠢᠯ ᠤᠨ ᠡ᠊ᠡᠭᠨᠡᠭᠡ ᠶᠢ ᠳᠠᠪᠲᠠᠨ ᠬᠦᠮᠦᠵᠢᠭᠦᠯᠵᠦ᠂ ᠵᠢᠷᠤᠮᠵᠢᠭᠤᠯᠵᠤ᠂ | ᠲᠤᠰᠬᠤᠨ ᠤ ᠳᠦᠷᠢᠮ ᠠᠷᠠᠳ ᠤᠨ ᠵᠢᠷᠦᠮ ᠢ ᠲᠦᠷᠢᠮᠵᠢᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠬᠠᠷᠢᠯᠴᠠᠨ | ᠤᠶᠠᠯᠳᠤᠭᠰᠠᠨ ᠬᠥᠳᠡᠭᠡ ᠲᠣᠰᠬᠤᠨ ᠢ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠡᠭᠦᠯᠳᠡᠷᠵᠢᠭᠰᠡᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ᠎ᠠ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ | ᠬᠤᠳᠠ ᠬᠥᠳᠡᠭᠡ ᠶᠢᠨ ᠬᠥᠭᠵᠢᠯᠲᠡ ᠶᠢᠨ ᠰᠠᠭᠤᠷᠢ ᠨᠥᠬᠦᠴᠡᠯ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠤᠨ᠎ᠠ᠃ ᠬᠤᠳᠠ ᠬᠥᠳᠡᠭᠡ ᠶᠢᠨ ᠨᠢᠭᠡ | ᠴᠤᠭᠴᠠᠵᠢᠭᠰᠠᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠨᠢᠭᠡ ᠪᠦᠯᠦᠭ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠦᠴᠦᠯᠡᠨ ᠠᠬᠢᠭᠤᠯᠵᠤ᠂ ᠵᠤᠬᠢᠬᠤ ᠣᠷᠢᠳᠴᠢᠯᠠᠭᠰᠠᠨ ᠴᠢᠨᠠᠷ ᠲᠠᠢ᠂ ᠪᠠᠶᠢᠷᠢᠯᠠᠭᠤᠯᠤᠯᠲᠠ ᠵᠦᠢ ᠵᠤᠬᠢᠰᠲᠠᠢ᠂ ᠢᠵᠢ ᠪᠦᠷᠢᠳᠦᠭᠦᠯᠦᠨ | ᠳᠡᠭᠦᠯᠳᠡᠷᠵᠢᠭᠰᠡᠨ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠰᠠᠭᠤᠷᠢ ᠲᠥᠬᠦᠭᠡᠷᠦᠮᠵᠢ ᠶᠢᠨ ᠲᠣᠣᠷᠵᠢᠯ ᠰᠢᠰᠲ᠋ᠧᠮ ᠢ ᠪᠤᠢ ᠪᠣᠯᠭᠠᠨ᠎ᠠ᠃ ᠵᠠᠰᠠᠮᠠᠯ | ᠵᠠᠮ ᠤᠨ ᠲᠣᠣᠷᠵᠢᠯ ᠢ ᠲᠡᠭᠦᠯᠳᠡᠷᠵᠢᠭᠦᠯᠦᠨ᠎ᠡ᠂ ᠳᠡᠭᠡᠳᠦ ᠲᠡᠰ ᠤᠨ ᠵᠠᠰᠠᠮᠠᠯ ᠵᠠᠮ 1300 ᠺᠢᠯᠣᠮᠧᠲᠷ ᠠᠴᠠ ᠳᠡᠭᠡᠭᠰᠢ ᠪᠠᠶᠢᠭᠤᠯᠵᠤ᠂ ︽ᠵᠢᠷᠭᠤᠭᠠᠨ ᠬᠥᠨᠳᠡᠯᠡᠨ | ᠨᠠᠢᠮᠠᠨ ᠭᠤᠯᠳᠤ︾ ᠵᠠᠰᠠᠮᠠᠯ ᠵᠠᠮ ᠤᠨ ᠭᠤᠣᠯ ᠱᠤᠭᠤᠮ ᠢ ᠲᠦᠷᠭᠡᠪᠴᠢᠯᠡᠨ ᠪᠠᠶᠢᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠤᠨ ᠲᠣᠣᠷᠵᠢᠯ ᠢ | ᠨᠡᠩ ᠨᠢᠭᠲᠠ ᠪᠣᠯᠭᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠰᠠᠶᠢᠲᠤᠷ ᠵᠠᠰᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠨ ᠰᠠᠶᠢᠲᠤᠷ | ᠠᠰᠢᠭᠯᠠᠨ᠎ᠠ᠃ ᠲᠡᠮᠦᠷ ᠵᠠᠮ ᠤᠨ ᠲᠣᠣᠷᠵᠢᠯ ᠢ ᠲᠡᠭᠦᠯᠳᠡᠷᠵᠢᠭᠦᠯᠦᠨ᠎ᠡ᠂ 5 ᠵᠣᠷᠪᠣᠰ ᠲᠡᠮᠦᠷ ᠵᠡᠮ ᠤᠨ ᠦᠷᠭᠦᠯᠵᠢᠯᠡᠨ ᠪᠠᠶᠢᠭᠤᠯᠬᠤ ᠥᠭᠡᠷᠡᠴᠢᠯᠡᠨ ᠵᠠᠰᠠᠬᠤ | ᠢᠨᠵᠧᠨᠧᠷᠢᠩ ᠢ ᠪᠡᠶᠡᠯᠡᠭᠦᠯᠵᠦ᠂ ᠤᠯᠠᠭᠠᠨᠬᠠᠳᠠ ᠶᠢᠨ ᠦᠨᠳᠦᠷ ᠬᠤᠷᠳᠤᠴᠠᠲᠤ ᠲᠡᠮᠦᠷ ᠵᠠᠮ ᠤᠨ 2019 ᠣᠨ ᠳᠤ ᠪᠠᠶᠢᠭᠤᠯᠤᠭᠳᠠᠵᠤ ᠲᠡᠷᠭᠡ ᠨᠡᠪᠲᠡᠷᠡᠬᠦ ᠶᠢ ᠦᠨᠡᠨ | ᠬᠦ ᠪᠠᠳᠤᠯᠠᠵᠤ᠂ ᠤᠯᠠᠭᠠᠨᠬᠠᠳᠠ ᠳ᠋ᠠᠪᠠᠨ ᠪᠠᠶᠠᠨᠬᠤᠸᠠ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢ ᠨᠡᠪᠲᠡᠷᠡᠭᠦᠯᠦᠨ᠎ᠡ᠃ ᠠᠭᠠᠷ ᠤᠨ ᠠᠶᠠᠯᠠᠯ ᠤᠨ ᠲᠣᠣᠷ ᠢ | ᠲᠡᠭᠦᠯᠳᠡᠷᠵᠢᠭᠦᠯᠦᠨ᠎ᠡ᠂ ᠬᠠᠰ ᠯᠤᠤ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠬᠦ ᠪᠠᠷᠢᠯᠭ᠎ᠠ ᠶᠢᠨ ᠠᠵᠢᠯ ᠪᠣᠯᠤᠨ ᠯᠢᠨᠰᠢ ᠰᠠᠯᠪᠤᠷᠢ ᠱᠤᠭᠤᠮ ᠤᠨ | ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ ᠪᠠᠷᠢᠯᠭ᠎ᠠ ᠶᠢ ᠳᠠᠭᠤᠰᠬᠠᠵᠤ᠂ ᠲᠤᠤᠷ᠎ᠠ ᠠᠭᠠᠷ ᠤᠨ ᠨᠢᠰᠦᠯᠭᠡ ᠶᠢᠨ ᠲᠣᠣᠷᠵᠢᠯ ᠢ ᠪᠠᠶᠢᠭᠤᠯᠤᠨ᠎ᠠ᠃ ᠮᠡᠳᠡᠭᠡ | ᠵᠠᠩᠭᠢ ᠶᠢᠨ ᠲᠣᠣᠷᠵᠢᠯ ᠢ ᠲᠡᠭᠦᠯᠳᠡᠷᠵᠢᠭᠦᠯᠦᠨ᠎ᠡ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠦᠯᠵᠢᠶᠡᠨ ᠤ ᠭᠡᠷᠡᠯ ᠰᠢᠷᠬᠡᠭ ᠢ | ᠲᠤᠰᠬᠤᠨ ᠪᠣᠯᠭᠠᠨ ᠳᠤ ᠨᠡᠪᠲᠡᠷᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠯᠵᠢᠮᠡᠯ ᠮᠡᠳᠡᠭᠡ ᠬᠤᠯᠪᠣᠭᠠᠨ ᠤ ᠨᠡᠶᠢᠳᠡᠮ ᠪᠦᠷᠬᠦᠯᠲᠡ ᠶᠢ | ᠪᠡᠶᠡᠯᠡᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠲᠣᠣᠷᠵᠢᠯ ᠢ ᠲᠡᠭᠦᠯᠳᠡᠷᠵᠢᠭᠦᠯᠦᠨ᠎ᠡ᠂ 220 ᠺᠢᠯᠤᠧᠤᠯᠲ ᠵᠢᠴᠢ ᠲᠡᠭᠦᠨ ᠠᠴᠠ ᠳᠡᠭᠡᠭᠰᠢᠬᠢ ᠬᠦᠴᠦᠳᠡᠯ | ᠥᠭᠡᠷᠡᠴᠢᠯᠡᠬᠦ ᠦᠷᠲᠡᠭᠡ 5 ᠶᠢ ᠰᠢᠨ᠎ᠡ ᠪᠠᠷ ᠪᠠᠶᠢᠭᠤᠯᠵᠤ᠂ ᠴᠤᠤᠶᠠᠩ ᠠᠴᠠ ᠤᠯᠠᠭᠠᠨᠬᠠᠳᠠ ᠬᠦᠷᠲᠡᠯᠡᠬᠢ ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠠ ᠳᠠᠮᠵᠢᠭᠤᠯᠬᠤ | ᠬᠤᠭᠤᠯᠠᠢ ᠶᠢᠨ ᠢᠨᠵᠧᠨᠧᠷᠢᠩ ᠢ ᠪᠠᠶᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠢᠭᠡᠳ ᠭᠠᠳᠠᠭᠰᠢ ᠨᠡᠭᠡᠭᠡᠯᠳᠡ ᠬᠢᠬᠦ ᠶᠢ ᠵᠡᠷᠭᠡ ᠳ᠋ᠦᠨᠢ ᠲᠥᠯᠬᠢᠨ ᠠᠬᠢᠭᠤᠯᠬᠤ ᠶᠢ ᠪᠠᠷᠢᠮᠲᠠᠯᠠᠵᠤ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠩ ᠶᠡᠭᠡ ᠪᠠᠳᠠᠷᠠᠨ ᠬᠥᠭᠵᠢᠭᠰᠡᠨ ᠤᠯᠠᠭᠠᠨᠬᠠᠳᠠ ᠶᠢ ᠪᠦᠳᠦᠭᠡᠨ ᠪᠠᠶᠢᠭᠤᠯᠤᠨ᠎ᠠ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ | ᠴᠣᠭᠴᠠ ᠪᠣᠯᠬᠤ ᠪᠠᠶᠢᠷᠢ ᠰᠠᠭᠤᠷᠢ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠵᠢᠯᠣᠭᠤᠳᠤᠮᠵᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ 2022 ᠣᠨ ᠪᠣᠯᠬᠤ ᠳᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | 100 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠂ ᠠᠵᠤ ᠦᠢᠯᠡᠰ ᠤᠨ | ᠬᠡᠯᠬᠢᠶᠡᠵᠢᠯ ᠤᠨ ᠲᠣᠭᠤᠷᠢᠨ ᠲᠤ ᠰᠢᠨ᠎ᠡ ᠶᠢ ᠡᠭᠦᠳᠬᠦ ᠬᠡᠯᠬᠢᠶᠡᠵᠢᠯ ᠢ ᠪᠠᠶᠢᠷᠢᠯᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠠ ᠬᠡᠪᠴᠢᠶᠡᠨ ᠳᠤ ᠨᠢᠭᠡ | ᠪᠦᠯᠦᠭ ᠭᠤᠣᠯᠯᠠᠬᠤ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠪᠣᠶᠣ ᠣᠷᠢᠨ ᠣᠷᠣᠭᠤᠯᠬᠤ ᠪᠠᠷ ᠴᠢᠷᠮᠠᠶᠢᠵᠤ᠂ ᠬᠦᠴᠦᠨ ᠢᠶᠠᠨ ᠲᠦᠪᠯᠡᠷᠡᠭᠦᠯᠦᠨ ᠳᠡᠭᠡᠲᠦ ᠰᠢᠨ᠎ᠡ | ᠮᠡᠷᠭᠡᠵᠢᠯ ᠤᠨ ᠲᠤᠭᠤᠷᠢᠭ ᠤᠨ ᠠᠵᠤ ᠦᠢᠯᠡᠰ ᠤᠨ ᠲᠡᠰ ᠲᠦᠪᠰᠢᠨ ᠳᠡᠭᠡᠭᠰᠢᠯᠡᠬᠦ ᠶᠢ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠪᠦᠰᠡ ᠶᠢᠨ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠳᠠᠶᠠᠭᠠᠷ ᠣᠯᠠᠨ ᠢᠶᠠᠷ ᠢᠶᠠᠨ ᠦᠢᠯᠡᠰ ᠴᠣᠭᠴᠠᠯᠠᠵᠤ᠂ ᠳᠠᠶᠠᠭᠠᠷ ᠣᠯᠠᠨ ᠢᠶᠠᠷ ᠢᠶᠠᠨ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠨᠡᠪᠴᠢᠯᠡᠭᠦᠷ ᠤᠨ ᠰᠠᠭᠤᠷᠢᠨ ᠭᠠᠵᠠᠷ᠂ ᠪᠠᠭ᠎ᠠ ᠵᠢᠵᠢᠭ ᠠᠵᠤ ᠠᠬᠤᠶᠢᠯᠠᠯ ᠤᠨ ᠬᠦᠷᠢᠶᠡᠯᠡᠩ | ᠵᠡᠷᠭᠡ ᠰᠢᠨ᠎ᠡ ᠶᠢ ᠡᠭᠦᠳᠬᠦ ᠬᠥᠭᠵᠢᠯᠲᠡ ᠶᠢᠨ ᠲᠠᠪᠴᠠᠩ ᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃ ᠴᠢᠳᠠᠪᠤᠷᠢᠲᠠᠨ ᠢ ᠤᠷᠢᠨ ᠠᠪᠴᠢᠷᠠᠬᠤ ᠶᠢ ᠴᠢᠩᠭᠠᠳᠬᠠᠵᠤ᠂ | ︽ᠬᠠᠰ ᠯᠤᠤ ᠴᠢᠳᠠᠪᠤᠷᠢᠲᠠᠨ︾ ᠤ ᠢᠨᠵᠧᠨᠧᠷᠢᠩ ᠢ ᠠᠬᠢᠭᠤᠯᠵᠤ᠂ ︽ᠤᠯᠠᠭᠠᠨᠬᠠᠳᠠ ᠬᠥᠮᠦᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠠᠵᠢᠯᠯᠠᠭ᠎ᠠ | ︾ ᠶᠢᠨ ᠲᠥᠯᠥᠪᠯᠡᠭᠡ ᠶᠢ ᠡᠬᠢᠯᠡᠭᠦᠯᠵᠦ᠂ ᠴᠢᠳᠠᠪᠤᠷᠢᠲᠠᠨ ᠲᠥᠪᠯᠡᠷᠡᠭᠰᠡᠨ ᠭᠠᠵᠠᠷ ᠢ ᠪᠥᠬᠦ ᠬᠦᠴᠦᠨ ᠢᠶᠠᠷ ᠢᠶᠠᠨ ᠴᠤᠭᠴᠠᠯᠠᠨ ᠪᠠᠶᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠠᠳᠠᠭᠠᠯᠠᠭᠳᠠᠴᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠢᠯᠢᠳᠡᠭ ᠨᠡᠮᠡᠭᠳᠡᠯ ᠤᠨ | ᠬᠠᠩᠭᠠᠯᠭ᠎ᠠ ᠶᠢ ᠦᠷᠭᠡᠳᠭᠡᠵᠦ᠂ ᠥᠷᠢᠰᠥᠯᠳᠦᠭᠡᠨ ᠤ ᠳᠠᠪᠠᠭᠤᠯᠢᠭ ᠪᠠ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠎ᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠪᠠᠷ ᠭᠤᠣᠯᠳᠠᠯᠭ᠎ᠠ ᠪᠣᠯᠭᠠᠭᠰᠠᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠠᠳᠬᠤᠵᠤ | ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤᠨ ᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠬᠡ | ᠲᠡᠭᠰᠢ ᠪᠠᠷ ᠥᠷᠢᠰᠥᠯᠳᠦᠬᠦ ᠬᠤᠳᠠᠯᠳᠤᠭ᠎ᠠ ᠡᠵᠡᠩᠨᠡᠯᠲᠡ ᠶᠢᠨ ᠤᠷᠴᠢᠨ ᠢ ᠪᠤᠢ ᠪᠣᠯᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠡᠯᠡ | ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠪᠡᠯᠡ ᠣᠷᠣᠭᠤᠯᠬᠤ ᠪᠡᠯᠡ ᠬᠤᠷᠠᠮᠳᠤᠭᠤᠯᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠰᠠᠶᠢᠲᠤᠷ ᠠᠳᠬᠤᠵᠤ᠂ ᠤᠯᠤᠰ ᠤᠨ ᠦᠮᠴᠢᠯᠡᠯᠲᠦ ᠬᠦᠷᠦᠩᠭᠡ ᠪᠡᠯᠡ ᠶᠢᠨ ᠡᠵᠡᠩᠨᠡᠯᠲᠡ ᠶᠢᠨ ᠺᠣᠮᠫᠠᠨᠢ ᠶᠢᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠰᠠᠭ ᠤᠨ | ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠵᠠᠭᠪᠤᠷ ᠢ ᠵᠢᠷᠤᠮᠵᠢᠭᠤᠯᠤᠨ ᠳᠡᠯᠭᠡᠷᠡᠭᠦᠯᠵᠦ᠂ ᠨᠡᠶᠢᠭᠡᠮ ᠤᠨ ᠪᠦᠲᠦᠮᠵᠢᠲᠡᠶ ᠪᠡᠯᠡ | ᠣᠷᠣᠭᠤᠯᠤᠯᠲᠠ ᠶᠢ ᠦᠷᠭᠡᠳᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠭᠠᠵᠠᠷ ᠰᠢᠷᠣᠶ ᠬᠠᠳᠤᠯᠠᠩ ᠪᠡᠯᠴᠢᠭᠡᠷ ᠤᠨ | ᠡᠷᠬᠡ ᠶᠢ ᠨᠤᠲᠠᠯᠠᠵᠤ ᠳᠠᠩᠰᠠᠯᠠᠬᠤ ᠶᠢ ᠪᠡᠶᠡᠯᠡᠭᠦᠯᠵᠦ᠂ ︽ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ︾ ᠳᠦᠷᠢᠮ ᠢ ᠲᠡᠭᠦᠯᠳᠡᠷᠵᠢᠭᠦᠯᠵᠦ᠂ ᠭᠠᠵᠠᠷ ᠰᠢᠷᠣᠶ | ᠬᠠᠳᠤᠯᠠᠩ ᠪᠡᠯᠴᠢᠭᠡᠷ ᠢ ᠡᠷᠭᠢᠯᠳᠦᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠠᠯᠬᠤᠮ | ᠠᠯᠬᠤᠮ ᠢᠶᠠᠷ ᠪᠤᠵᠠᠭᠠᠶᠢᠷᠠᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠬᠠᠷᠰᠢ | ᠰᠠᠭᠠᠳ ᠢ ᠪᠦᠲᠦᠮᠵᠢᠲᠡᠶ ᠠᠷᠢᠯᠭᠠᠨ᠎ᠠ᠃ | ᠪᠦᠬᠦ ᠲᠠᠯ᠎ᠠ ᠪᠠᠷ ᠭᠠᠳᠠᠭᠰᠢ ᠨᠡᠭᠡᠭᠡᠯᠳᠡ ᠬᠢᠬᠦ ᠶᠢ ᠥᠷᠭᠡᠳᠬᠡᠨ᠎ᠡ᠃ ᠶᠡᠭᠡ ᠨᠡᠭᠡᠭᠡᠯᠲᠡ ᠪᠠᠷ ᠶᠡᠭᠡ ᠬᠥᠭᠵᠢᠯᠲᠡ ᠶᠢ ᠠᠬᠢᠭᠤᠯᠵᠤ᠂ ︽ᠪᠡᠭᠡᠵᠢᠩ ᠲᠢᠶᠠᠨᠵᠢᠨ ᠳᠤ | ᠠᠭᠤᠰᠤᠨ ᠣᠷᠣᠵᠤ᠂ ᠵᠡᠭᠦᠨ ᠬᠤᠶᠢᠲᠤ ᠣᠷᠣᠨ ᠤᠷᠤᠭᠤ ᠥᠷᠭᠡᠳᠬᠡᠵᠦ᠂ ᠤᠮᠠᠷᠠᠰᠢ ᠨᠡᠭᠡᠭᠡᠯᠲᠡ ᠬᠢᠵᠦ᠂ ᠳᠠᠯᠠᠢ ᠲᠠᠩᠭᠢᠰ ᠲᠡᠰᠢ ᠬᠠᠨᠳᠤᠬᠤ︾ ᠲᠦᠷᠪᠡᠨ | ᠲᠠᠯ᠎ᠠ ᠶᠢᠨ ᠠᠵᠢᠯ ᠢ ᠰᠠᠶᠢᠲᠤᠷ ᠬᠢᠨ᠎ᠡ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠭᠦᠨᠵᠡᠭᠡᠶ | ᠵᠣᠯᠭᠠᠭᠤᠯᠵᠤ᠂ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠪᠦᠬᠦᠯᠢ ᠴᠣᠭᠴᠠ ᠪᠠᠷ ᠢᠶᠠᠨ ᠰᠢᠯᠵᠢᠬᠦ ᠪᠠ ᠬᠤᠯᠪᠣᠭᠳᠠᠯᠳᠤ ᠠᠵᠤ ᠦᠢᠯᠡᠰ ᠤᠨ ᠬᠠᠮᠵᠢᠯᠴᠠᠨ | ᠰᠢᠯᠵᠢᠬᠦ ᠶᠢ ᠰᠠᠨᠠᠭᠠᠴᠢᠯᠠᠭ᠎ᠠ ᠠᠴᠠ ᠪᠠᠨ ᠲᠣᠰᠣᠨ ᠠᠪᠴᠤ᠂ ᠥᠪᠡᠷᠲᠡᠭᠡᠨ ᠵᠠᠰᠠᠬᠤ ᠣᠷᠣᠨ ᠤ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ | ᠬᠥᠭᠵᠢᠯᠲᠡ ᠳᠤ ᠠᠭᠤᠰᠤᠯᠴᠠᠨ ᠤᠷᠤᠭᠰᠠᠨ ᠬᠤᠰᠢᠭᠤᠴᠢ ᠣᠷᠣᠨ ᠢ ᠬᠦᠴᠦᠯᠡᠨ ᠪᠣᠢ ᠪᠣᠯᠭᠠᠨ᠎ᠠ᠃ ᠵᠡᠭᠦᠨ ᠬᠤᠶᠢᠲᠤ ᠣᠷᠣᠨ ᠤ ᠠᠵᠤ ᠠᠬᠤᠶ ᠶᠢᠨ | ᠤᠷᠣᠨ ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠳᠦᠷᠦᠯ ᠬᠤᠪᠢᠶᠠᠨ ᠬᠠᠮᠵᠢᠯᠴᠠᠬᠤ ᠳᠤ ᠢᠳᠡᠪᠬᠢᠲᠡᠶ ᠣᠷᠣᠯᠴᠠᠵᠤ᠂ ᠰᠠᠭᠤᠷᠢ | ᠲᠥᠬᠦᠭᠡᠷᠦᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠭᠤᠣᠯᠳᠠᠯᠭ᠎ᠠ ᠲᠠᠢ ᠠᠵᠤ ᠦᠢᠯᠡᠰ ᠢ ᠵᠣᠬᠢᠴᠠᠩᠭᠤᠶ ᠪᠠᠷ ᠬᠦᠭᠵᠢᠭᠦᠯᠬᠦ ᠶᠢ | ᠠᠬᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠠᠭᠤᠰᠣᠨ ᠤᠷᠤᠵᠤ᠂ ᠬᠢᠯᠢ ᠶᠢᠨ | ᠪᠣᠭᠤᠮᠲᠠ ᠲᠡᠯᠡᠢ ᠶᠢᠨ ᠭᠠᠷᠠᠮ ᠭᠦᠷᠭᠦ ᠲᠡᠮᠤᠷ ᠵᠠᠮ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠮᠠᠨᠵᠤᠤᠷ᠂ ᠡᠷᠢᠶᠡᠨ | ᠬᠤᠳᠠ ᠵᠡᠷᠭᠡ ᠪᠣᠭᠤᠮᠲᠠ ᠶᠢᠨ ᠬᠤᠳᠠ ᠯᠤᠭ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ | ᠲᠥᠪ ᠢ ᠤᠯᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠣᠯᠭᠠᠬᠤ ᠶᠢ ᠬᠦᠴᠦᠲᠡᠢ ᠲᠦᠯᠬᠢᠨ ᠠᠬᠢᠭᠤᠯᠤᠨ᠎ᠠ᠃ ᠵᠢᠨᠵᠸᠦ ᠭᠠᠷᠠᠮ ᠲᠢᠶᠠᠨᠵᠢᠨ | ᠭᠠᠷᠠᠮ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠭᠤᠷᠠᠶ ᠪᠠ ᠭᠠᠷᠠᠮ ᠬᠠᠮᠲᠤᠷᠠᠨ ᠲᠡᠭᠡᠭᠡᠪᠦᠷᠢᠯᠡᠬᠦ᠂ ᠵᠠᠰᠠᠮᠠᠯ ᠵᠠᠮ ᠪᠠ | ᠲᠡᠮᠦᠷ ᠵᠠᠮ ᠬᠤᠯᠪᠣᠭᠠᠯᠠᠨ ᠲᠡᠭᠡᠭᠡᠪᠦᠷᠢᠯᠡᠬᠦ ᠶᠢ ᠰᠠᠶᠢᠵᠢᠷᠠᠭᠤᠯᠵᠤ᠂ ᠪᠣᠭᠤᠮᠲᠠ ᠥᠩᠭᠡᠷᠡᠬᠦ ᠳᠤ ᠳᠦᠭᠦᠮ ᠪᠣᠯᠭᠠᠬᠤ ᠶᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ | ᠴᠢᠨᠠᠷᠲᠠᠶ᠂ ᠤᠯᠠᠨ ᠵᠦᠢᠯ ᠤᠨ ᠴᠢᠳᠠᠪᠤᠷᠢ ᠲᠠᠢ ᠪᠠᠷᠠᠭ᠎ᠠ ᠶᠢᠨ ᠭᠦᠢᠯᠭᠡᠭᠡᠨ ᠤ ᠲᠡᠭᠡᠭᠡᠪᠦᠷᠢ ᠶᠢᠨ ᠲᠠᠪᠴᠠᠩ ᠢ ᠡᠭᠦᠳᠴᠦ᠂ ᠤᠯᠠᠭᠠᠨᠬᠠᠳᠠ ᠶᠢᠨ ᠣᠯᠠᠨ ᠤᠯᠤᠰ ᠤᠨ | ᠪᠠᠷᠠᠭᠠᠨ ᠭᠦᠢᠯᠭᠡᠭᠡᠨ ᠤ ᠭᠠᠷᠠᠮ ᠪᠠᠶᠢᠭᠤᠯᠵᠤ᠂ ᠲᠠᠯᠠᠢ ᠳᠠᠭᠠᠤ ᠬᠥᠭᠵᠢᠭᠰᠡᠨ ᠭᠠᠵᠠᠷ ᠣᠷᠣᠨ ᠲᠠᠢ ᠴᠢᠯᠥᠭᠡᠲᠡᠶ ᠶᠠᠪᠤᠯᠴᠠᠬᠤ ᠶᠢ ᠳᠡᠭᠡᠭᠰᠢᠯᠡᠭᠦᠯᠵᠦ᠂ ᠧᠦ᠋ᠷᠣᠫᠠ | ᠠᠽᠢᠶ᠎ᠠ ᠶᠢᠨ ᠵᠠᠬ᠎ᠠ ᠳᠡᠯᠭᠡᠭᠦᠷ ᠢ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠯᠠᠰᠢᠷᠠᠯ ᠦᠭᠡᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠵᠤ᠂ | ᠬᠥᠭᠵᠢᠭᠰᠡᠨ ᠭᠠᠵᠠᠷ ᠣᠷᠣᠨ᠂ ᠬᠤᠯᠪᠣᠭᠳᠠᠯᠳᠤ ᠠᠵᠤ ᠦᠢᠯᠡᠰ᠂ ᠨᠡᠷᠡᠲᠦ ᠠᠵᠤ ᠠᠬᠤᠶᠢᠯᠠᠯ᠂ ᠲᠡᠷᠢᠭᠦᠨ ᠤ ᠬᠦᠷᠢᠶᠡᠯᠡᠩ ᠭᠠᠵᠠᠷ ᠢ ᠠᠩᠬᠠᠷᠴᠤ᠂ ᠶᠡᠷᠦᠩᠬᠡᠶ | ᠬᠡᠮᠵᠢᠶ᠎ᠡ ᠪᠠᠨ ᠨᠡᠮᠡᠭᠳᠡᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠯᠠᠭᠤᠯᠤᠨ᠂ ᠣᠶᠣᠨ ᠮᠡᠳᠡᠯᠭᠡ ᠠᠵᠤ ᠦᠢᠯᠡᠰ ᠢ ᠶᠡᠬᠡᠪᠡᠷ ᠣᠷᠣᠭᠤᠯᠵᠤ᠂ ᠤᠯᠤᠰ ᠤᠨ | ᠲᠡᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ | ︵ᠳᠦᠷᠪᠡ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠲᠤᠯᠠᠬᠤ ᠪᠠ ᠡᠭᠦᠳᠦᠯᠲᠡ ᠲᠠᠢ ᠪᠠᠷ ᠨᠡᠶᠢᠭᠡᠮ ᠢ ᠵᠠᠰᠠᠬᠤ ᠶᠢ ᠬᠠᠮᠲᠤᠪᠡᠷ ᠠᠬᠢᠭᠤᠯᠬᠤ ᠶᠢ | ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠨᠡᠩ ᠪᠤᠳᠠᠲᠠᠢ ᠤᠯᠠᠭᠠᠨᠬᠠᠳᠠ ᠶᠢ ᠪᠦᠲᠦᠭᠡᠨ ᠪᠠᠶᠢᠭᠤᠯᠤᠨ᠎ᠠ | ᠨᠠᠷᠢᠯᠢᠭ ᠤᠨᠣᠴᠢᠲᠠᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠣᠨ᠎ᠠ᠃ ᠨᠠᠷᠢᠯᠢᠭ | ᠤᠨᠣᠴᠢᠲᠠᠢ ᠶᠠᠳᠠᠭᠤ ᠶᠢ ᠳᠡᠳᠬᠦᠬᠦ᠂ ᠨᠠᠷᠢᠯᠢᠭ ᠤᠨᠣᠴᠢᠲᠠᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠵᠠᠷᠴᠢᠮ ᠢ ᠭᠦᠨᠵᠡᠭᠡᠢ ᠨᠠᠶᠢᠳᠠᠪᠤᠷᠢᠵᠢᠭᠤᠯᠵᠤ᠂ | ᠪᠠᠷᠢᠮᠵᠢᠶ᠎ᠠ ᠶᠢ ᠨᠢ ᠪᠠᠭᠤᠷᠠᠭᠤᠯᠬᠤ ᠦᠭᠡᠢ ᠮᠦᠷᠲᠡᠭᠡᠨ ᠳᠡᠭᠡᠷ᠎ᠠ ᠱᠠᠭᠠᠷᠳᠠᠯᠭ᠎ᠠ ᠭᠠᠷᠭᠠᠬᠤ ᠦᠭᠡᠢ᠂ ᠡᠯ᠎ᠠ ᠲᠠᠯ᠎ᠠ ᠶᠢᠨ ᠡᠬᠢ ᠪᠠᠶᠠᠯᠢᠭ ᠢ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠭᠤᠣᠯ ᠪᠠᠶᠢᠯᠳᠤᠭᠠᠨ ᠤ ᠲᠠᠯᠠᠪᠤᠷ ᠲᠤ ᠲᠦᠪᠯᠡᠷᠡᠭᠦᠯᠦᠨ᠂ ᠶᠠᠳᠠᠭᠤ ᠬᠦᠴᠢᠷᠲᠡᠢ ᠤᠯᠠᠨ ᠲᠦᠮᠡᠨ ᠤ ᠳᠣᠲᠣᠭᠠᠳᠤᠬᠢ | ᠠᠮᠢᠳᠤᠯᠢᠭ ᠬᠦᠴᠦᠨ ᠪᠠ ᠬᠦᠭᠵᠢᠯᠲᠡ ᠶᠢᠨ ᠬᠦᠴᠦᠨ ᠢ ᠴᠢᠬᠤᠯᠠᠴᠢᠯᠠᠨ ᠳᠡᠭᠡᠭᠰᠢᠯᠡᠭᠦᠯᠵᠦ᠂ ᠲᠤᠤᠱᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠪᠠᠲᠤᠯᠠᠭ᠎ᠠ | ᠬᠠᠩᠭᠠᠨ᠎ᠠ᠃ ᠡᠳ᠋ ᠤᠨ ᠵᠠᠰᠠᠭ ᠤᠨ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠮᠦᠩᠭᠦᠨ ᠭᠦᠢᠯᠭᠡᠭᠡᠨ ᠤ ᠶᠠᠳᠠᠭᠤ ᠶᠢ ᠳᠡᠳᠬᠦᠬᠦ ᠵᠣᠬᠢᠴᠠᠮᠵᠢ ᠶᠢ | ᠡᠭᠦᠳᠴᠦ᠂ ᠨᠡᠶᠢᠭᠡᠮ ᠤᠨ ᠬᠦᠴᠦᠨ ᠢ ᠳᠠᠶᠢᠴᠢᠯᠠᠨ ᠤᠷᠤᠯᠴᠠᠭᠤᠯᠵᠤ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠭᠦᠯ ᠴᠢᠬᠢᠷᠠᠭ ᠢᠶᠠᠷ ᠶᠠᠳᠠᠭᠤ ᠶᠢ ᠳᠡᠳᠬᠦᠬᠦ | ᠂ ᠨᠡᠭᠦᠯᠭᠡᠨ ᠰᠢᠯᠵᠢᠭᠦᠯᠵᠦ ᠶᠠᠳᠠᠭᠤ ᠶᠢ ᠳᠡᠳᠬᠦᠬᠦ ᠶᠢ ᠳᠤᠪᠤᠶᠢᠮ᠎ᠠ ᠠᠳᠬᠤᠵᠤ᠂ 2020 ᠤᠨ ᠪᠣᠯᠲᠠᠯ᠎ᠠ ᠤᠳᠣ ᠶᠢᠨ ᠪᠠᠷᠢᠮᠵᠢᠶ᠎ᠠ ᠪᠠᠷ ᠬᠦᠳᠡᠭᠡ ᠲᠣᠰᠬᠤᠨ | ᠮᠠᠯᠵᠢᠬᠤ ᠤᠷᠣᠨ ᠤ ᠶᠠᠳᠠᠭᠤ ᠬᠦᠴᠢᠷᠲᠡᠢ ᠬᠦᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠩᠬᠦ ᠪᠠᠲᠤᠯᠠᠵᠤ᠂ ᠶᠠᠳᠠᠭᠤ ᠬᠦᠴᠢᠷᠲᠡᠢ | ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ᠃ | ᠠᠵᠢᠯ ᠤᠯᠭᠤᠬᠤ ᠤᠷᠣᠯᠭ᠎ᠠ ᠶᠢ ᠨᠢ ᠨᠡᠮᠡᠭᠳᠡᠭᠦᠯᠬᠦ ᠬᠢᠷᠢ ᠲᠦᠪᠰᠢᠨ ᠢ ᠦᠷᠬᠦᠯᠵᠢᠯᠡᠨ ᠳᠡᠭᠡᠭᠰᠢᠯᠡᠭᠦᠯᠦᠨ᠎ᠠ᠃ ᠠᠵᠢᠯ ᠤᠯᠭᠤᠯᠲᠠ ᠶᠢ ᠤᠷᠢᠳᠠᠪᠠᠷ | ᠴᠢᠬᠤᠯᠠᠴᠢᠯᠠᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠨᠡᠩ ᠰᠠᠶᠢᠨ ᠶᠠᠰᠤ ᠴᠢᠨᠠᠷ ᠪᠠ ᠨᠡᠩ ᠭᠦᠢᠴᠡᠳ ᠠᠵᠢᠯ ᠤᠯᠭᠤᠬᠤ ᠶᠢ ᠪᠡᠶᠡᠯᠡᠭᠦᠯᠦᠨ᠎ᠠ᠃ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨ᠎ᠠ ᠪᠣᠢ ᠪᠣᠯᠣᠭᠰᠠᠨ ᠬᠦᠳᠡᠯᠮᠦᠷᠢ ᠬᠦᠴᠦᠨ ᠤ ᠪᠣᠯᠪᠠᠰᠤᠷᠠᠭᠤᠯᠤᠯ ᠢ | ᠭᠤᠣᠯᠳᠠᠯᠭ᠎ᠠ ᠲᠠᠢ ᠪᠠᠷ ᠰᠠᠶᠢᠲᠤᠷ ᠠᠳᠬᠤᠵᠤ᠂ ᠨᠢᠭᠡ ᠪᠦᠯᠦᠭ ᠦᠨᠳᠦᠷ ᠬᠡᠪ ᠪᠣᠯᠪᠠᠰᠤᠷᠠᠯ ᠲᠠᠢ ᠠᠵᠦ ᠦᠢᠯᠡᠰ ᠤᠨ ᠶᠡᠭᠡ ᠴᠡᠷᠢᠭ ᠢ ᠪᠠᠶᠢᠭᠤᠯᠤᠨ᠎ᠠ᠃ ᠦᠢᠯᠡᠰ | ᠪᠦᠲᠦᠭᠡᠬᠦ ᠪᠠᠷ ᠠᠵᠢᠯ ᠤᠯᠭᠤᠯᠲᠠ ᠶᠢ ᠳᠠᠶᠢᠴᠢᠯᠠᠬᠤ ᠶᠢ ᠵᠣᠷᠢᠬᠵᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ ᠳᠠᠶᠠᠭᠠᠷ ᠢᠶᠠᠨ ᠦᠢᠯᠡᠰ ᠪᠦᠲᠦᠭᠡᠬᠦ | ᠤᠷᠣᠨ ᠵᠠᠢ ᠪᠠ ᠬᠤᠣᠰ ᠡᠭᠦᠳᠦᠯᠲᠡ ᠶᠢᠨ ᠵᠢᠱᠢᠶ᠎ᠠ ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠬᠦᠭᠵᠢᠭᠦᠯᠦᠨ᠎ᠠ᠂ ᠬᠦᠴᠢᠷᠲᠡᠢ ᠤᠯᠠᠨ ᠬᠦᠮᠦᠰ ᠤᠨ ᠠᠵᠢᠯ | ᠤᠯᠭᠤᠯᠲᠠ ᠪᠠᠷ ᠬᠠᠪᠰᠤᠷᠤᠨ ᠳᠡᠮᠵᠢᠬᠦ ᠠᠵᠢᠯ ᠢ ᠰᠠᠶᠢᠲᠤᠷ ᠬᠢᠵᠦ᠂ ᠲᠡᠭᠦᠰᠦᠭᠰᠡᠨ ᠤᠶᠤᠲᠠᠳ᠂ ᠬᠦᠴᠦ ᠶᠠᠪᠤᠵᠤ ᠪᠠᠶᠢᠭ᠎ᠠ ᠲᠠᠷᠢᠶᠠᠴᠢᠳ ᠵᠡᠷᠭᠡ ᠤᠯᠠᠨ | ᠬᠦᠮᠦᠰ ᠤᠨ ᠤᠯᠠᠨ ᠠᠷᠭ᠎ᠠ ᠵᠠᠮ ᠢᠶᠠᠷ ᠠᠵᠢᠯ ᠤᠯᠬᠤ ᠦᠢᠯᠡᠰ ᠪᠦᠲᠦᠭᠡᠬᠦ ᠶᠢ ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠯᠲᠠ ᠶᠢ | ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠷᠭᠦᠯᠵᠢᠯᠡᠨ ᠤᠷᠣᠯᠭ᠎ᠠ ᠪᠠᠨ ᠨᠡᠮᠡᠭᠳᠡᠭᠦᠯᠬᠦ ᠰᠠᠭᠤᠷᠢ ᠶᠢ ᠦᠨᠡᠩᠬᠦ ᠪᠠᠳᠤᠳᠬᠠᠨ᠎ᠠ᠃ | ᠡᠷᠬᠡ ᠳᠡᠭᠰᠢ ᠮᠥᠷᠲᠡᠭᠡᠨ ᠶᠠᠰᠣ ᠴᠢᠨᠠᠷ ᠲᠠᠢ ᠰᠤᠷᠭᠠᠨ ᠬᠦᠮᠥᠵᠢᠯ ᠢ ᠬᠥᠭᠵᠢᠭᠦᠯᠦᠨ᠎ᠡ᠃ ᠮᠣᠷᠠᠯ ᠰᠤᠷᠲᠠᠯ ᠲᠠᠢ ᠬᠦᠮᠥᠨ ᠬᠦᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ᠂ ᠰᠤᠷᠭᠠᠨ ᠬᠦᠮᠥᠵᠢᠯ ᠤᠨ ᠬᠠᠮ ᠦᠭᠡᠷᠡᠴᠢᠯᠡᠯᠡᠲᠡ ᠶᠢ ᠠᠬᠢᠭᠤᠯᠵᠤ᠂ ᠰᠤᠷᠭᠠᠨ ᠬᠦᠮᠥᠵᠢᠯ ᠨᠢ ᠳᠣᠲᠣᠭᠠᠳᠤ ᠠᠭᠤᠯᠬᠤᠨ ᠤ ᠬᠦᠭᠵᠢᠯᠲᠡ ᠶᠢ | ᠪᠡᠶᠡᠯᠡᠭᠦᠯᠬᠦ ᠶᠢ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠥᠵᠢᠯ ᠤᠨ ᠬᠠᠩᠭᠠᠯᠭ᠎ᠠ ᠶᠢ ᠬᠦᠴᠦᠯᠡᠨ ᠨᠡᠮᠡᠭᠳᠡᠭᠦᠯᠵᠦ᠂ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠵᠤ᠂ ᠲᠦᠭᠡᠮᠡᠯ ᠬᠠᠷᠠᠭᠠᠯᠵᠠᠯ ᠤᠨ ᠳᠦᠷᠢᠮᠲᠦ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢᠶᠠᠷ ᠨᠦᠬᠦᠪᠦᠷᠢ ᠪᠣᠯᠭᠠᠭᠰᠠᠨ ᠰᠤᠷᠬᠤ ᠨᠠᠰᠤᠨ ᠤ ᠬᠡᠦᠬᠡᠳ ᠢ ᠪᠦᠬᠦᠨ ᠢ ᠪᠦᠷᠬᠦᠭᠰᠡᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠥᠵᠢᠯ ᠤᠨ | ᠰᠢᠰᠲ᠋ᠧᠮ ᠢ ᠪᠠᠶᠢᠭᠤᠯᠵᠤ᠂ 2022 ᠤᠨ ᠪᠣᠯᠲᠠᠯ᠎ᠠ ᠲᠦᠭᠡᠮᠡᠯ ᠬᠠᠷᠠᠭᠠᠯᠵᠠᠯᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠯᠲᠡ ᠶᠢᠨ ᠨᠣᠷᠮ᠎ᠠ ᠶᠢ | 90% ᠳᠤ ᠬᠦᠷᠭᠡᠨ᠎ᠠ᠃ ᠰᠠᠭᠤᠷᠢ ᠰᠤᠷᠭᠠᠨ ᠬᠦᠮᠥᠵᠢᠯ ᠤᠨ ᠲᠡᠩᠴᠡᠭᠦᠷᠢ ᠶᠢ ᠠᠬᠢᠭᠤᠯᠵᠤ᠂ ᠰᠢᠯᠢᠳᠡᠭ ᠰᠤᠷᠭᠠᠨ ᠬᠦᠮᠥᠵᠢᠯ ᠤᠨ ᠡᠬᠢ ᠪᠠᠶᠠᠯᠢᠭ ᠢ ᠵᠣᠬᠢᠰᠲᠠᠢ | ᠲᠣᠬᠢᠷᠠᠭᠤᠯᠬᠤ ᠶᠢ ᠠᠬᠢᠭᠤᠯᠵᠤ᠂ ᠬᠤᠲᠠ ᠬᠦᠳᠡᠭᠡ ᠨᠢᠭᠡ ᠴᠣᠭᠴᠠᠯᠠᠭᠰᠠᠨ ᠬᠦᠭᠵᠢᠯᠲᠡ ᠶᠢᠨ ᠰᠢᠨ᠎ᠠ ᠪᠠᠶᠢᠳᠠᠯ ᠢ ᠪᠠᠶᠢᠭᠤᠯᠵᠤ᠂ ᠳᠡᠭᠡᠳᠦ ᠳᠤᠮᠳᠠᠳᠤ ᠪᠠᠷ | ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠠᠭᠤᠷᠢ ᠰᠤᠷᠭᠠᠨ ᠬᠦᠮᠥᠵᠢᠯ ᠤᠨ ᠰᠢᠯᠢᠳᠡᠭ ᠴᠢᠨᠠᠷᠲᠠᠢ ᠤᠨᠴᠠᠯᠢᠭᠲᠠᠢ ᠤᠯᠠᠨ ᠶᠠᠩᠵᠤ ᠪᠠᠷ | ᠬᠦᠭᠵᠢᠬᠦ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠥᠵᠢᠯ ᠤᠨ ᠶᠠᠰᠤ ᠴᠢᠨᠠᠷ ᠢ ᠨᠢ ᠳᠡᠭᠡᠭᠰᠢᠯᠡᠭᠦᠯᠦᠨ᠂ ᠦᠪᠡᠷᠲᠡᠭᠡᠨ ᠵᠠᠰᠠᠬᠤ ᠤᠷᠣᠨ ᠤ ᠠᠵᠢᠯ | ᠮᠡᠷᠭᠡᠵᠢᠯ ᠤᠨ ᠰᠤᠷᠭᠠᠨ ᠬᠦᠮᠥᠵᠢᠯ ᠤᠨ ᠲᠣᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠦᠮᠥᠵᠢᠯ ᠢ ᠲᠦᠭᠡᠮᠡᠯᠵᠢᠭᠦᠯᠬᠦ ᠪᠦᠲᠦᠴᠡ ᠶᠢ ᠰᠢᠯᠢᠳᠡᠭᠵᠢᠭᠦᠯᠦᠨ᠂ ᠦᠢᠯᠡᠳᠪᠦᠷᠢᠯᠡᠯ ᠵᠢᠭᠠᠨ ᠰᠤᠷᠭᠠᠬᠤ ᠶᠢ ᠤᠶᠠᠯᠳᠤᠭᠤᠯᠬᠤ᠂ ᠰᠤᠷᠭᠠᠭᠤᠯᠢ ᠠᠵᠦ ᠠᠬᠤᠶᠢᠯᠠᠯ | ᠬᠠᠮᠵᠢᠯᠴᠠᠬᠤ ᠶᠢ ᠭᠦᠨᠵᠡᠭᠡᠶᠢᠷᠡᠭᠦᠯᠵᠦ᠂ ᠠᠵᠢᠯ ᠤᠯᠭᠤᠬᠤ ᠴᠢᠳᠠᠪᠤᠷᠢ ᠶᠢ ᠨᠡᠮᠡᠭᠳᠡᠭᠦᠯᠦᠨ᠎ᠠ᠃ ᠦᠨᠳᠦᠰᠦᠲᠡᠨ ᠤ ᠰᠤᠷᠭᠠᠨ ᠬᠦᠮᠥᠵᠢᠯ ᠤᠨ ᠪᠦᠷᠬᠦᠯᠲᠡ ᠶᠢ | ᠬᠦᠴᠦᠯᠡᠨ ᠰᠠᠶᠢᠲᠤᠷ ᠠᠳᠬᠤᠵᠤ᠂ ᠦᠨᠳᠦᠰᠦᠲᠡᠨ ᠤ ᠰᠤᠷᠭᠠᠨ ᠬᠦᠮᠥᠵᠢᠯ ᠢ ᠤᠷᠢᠳᠠᠪᠠᠷ ᠬᠦᠭᠵᠢᠭᠦᠯᠬᠦ ᠲᠦᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠮᠣᠩᠭᠤᠯ ᠦᠨᠳᠦᠰᠦᠲᠡᠨ ᠤ ᠤᠯᠠᠨ ᠲᠦᠮᠡᠨ ᠲᠦᠪᠯᠡᠷᠡᠨ ᠰᠠᠭᠤᠷᠢᠰᠢᠵᠤ ᠪᠠᠶᠢᠭ᠎ᠠ ᠤᠷᠣᠨ ᠪᠠ ᠮᠣᠩᠭᠤᠯ ᠰᠤᠷᠤᠭᠴᠢ ᠶᠢᠨ ᠢᠷᠡᠯᠲᠡ | ᠨᠡᠯᠢᠶᠡᠳ ᠤᠯᠠᠨ ᠭᠠᠵᠠᠷ ᠤᠷᠣᠨ ᠳᠤ᠂ ᠮᠣᠩᠭᠤᠯ ᠢᠶᠠᠷ ᠬᠢᠴᠢᠶᠡᠯᠯᠡᠬᠦ ᠬᠡᠷᠡᠭᠴᠡᠭᠡ ᠶᠢ ᠪᠦᠲᠦᠮᠵᠢᠲᠡᠢ ᠬᠠᠩᠭᠠᠨ᠎ᠠ᠃ ᠳᠡᠭᠡᠳᠦ ᠵᠡᠷᠭᠡ ᠶᠢᠨ ᠰᠤᠷᠭᠠᠨ ᠬᠦᠮᠥᠵᠢᠯ ᠤᠨ | ᠤᠨᠴᠠᠯᠢᠭ ᠢ ᠬᠦᠴᠦᠯᠡᠨ ᠭᠠᠷᠭᠠᠨ᠎ᠠ᠂ ᠬᠤᠲᠠ ᠶᠢᠨ ᠬᠠᠷᠢᠶ᠎ᠠ ᠳᠡᠭᠡᠳᠦ ᠰᠤᠷᠭᠠᠭᠤᠯᠢ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠦᠷᠢᠯᠳᠦᠬᠦ ᠵᠣᠬᠢᠴᠠᠮᠵᠢ ᠶᠢ | ᠲᠡᠭᠦᠯᠳᠡᠷᠵᠢᠭᠦᠯᠵᠦ᠂ ᠳᠡᠭᠡᠳᠦ ᠰᠤᠷᠭᠠᠭᠤᠯᠢ ᠶᠢᠨ ᠬᠦᠭᠵᠢᠯᠲᠡ ᠬᠢᠭᠡᠳ ᠪᠦᠬᠦ ᠬᠤᠲᠠ ᠶᠢᠨ ᠪᠦᠬᠦ ᠲᠠᠯ᠎ᠠ ᠶᠢᠨ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ | ᠤᠯᠠᠭᠠᠨᠬᠠᠳᠠ ᠳᠡᠭᠡᠳᠦ ᠰᠤᠷᠭᠠᠭᠤᠯᠢ ᠨᠢ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠲᠡᠰᠢ ᠤᠯᠠᠷᠢᠬᠤ ᠶᠢ ᠠᠬᠢᠭᠤᠯᠵᠤ᠂ ᠵᠠᠮ | ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠠᠵᠦ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠤᠨᠴᠠᠯᠢᠭᠲᠠᠢ | ᠲᠤᠰᠬᠠᠢ ᠮᠡᠷᠭᠡᠵᠢᠯ ᠤᠨ ᠨᠡᠷᠡᠲᠦ ᠲᠡᠮᠳᠡᠭ ᠢ ᠡᠭᠦᠳᠦᠨ᠂ ᠲᠤᠬᠠᠢ ᠶᠢᠨ ᠭᠠᠵᠠᠷ ᠤᠷᠣᠨ ᠤ ᠠᠵᠦ ᠠᠬᠤᠢ ᠨᠡᠶᠢᠭᠡᠮ ᠤᠨ ᠬᠦᠭᠵᠢᠯᠲᠡ ᠳᠤ ᠨᠡᠩ ᠰᠠᠶᠢᠨ ᠦᠢᠯᠡᠴᠢᠯᠡᠨ᠎ᠠ | ᠃ | ᠡᠷᠡᠭᠦᠯ ᠴᠢᠬᠢᠷᠠᠭ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠶᠢ ᠪᠠᠳᠤᠲᠠᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠪᠣᠯᠣᠨ ᠰᠢᠯᠢᠳᠡᠭ ᠴᠢᠨᠠᠷᠲᠠᠢ ᠦᠨᠳᠦᠷ ᠠᠰᠢᠭᠲᠠᠢ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠵᠤ᠂ ᠰᠢᠯᠢᠳᠡᠭ ᠶᠠᠰᠤ ᠴᠢᠨᠠᠷ ᠲᠠᠢ ᠡᠮ ᠡᠮᠨᠡᠯᠭᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠠᠮᠢᠶᠠᠤᠯᠲᠠ ᠶᠢ ᠴᠢᠩᠭᠠᠳᠬᠠᠵᠤ᠂ ᠬᠦᠮᠥᠨ | ᠠᠮᠠ ᠶᠢᠨ ᠲᠡᠩᠴᠡᠭᠦᠷᠢᠲᠠᠢ ᠬᠦᠭᠵᠢᠯᠲᠡ ᠢ ᠠᠬᠢᠭᠤᠯᠤᠨ᠎ᠠ᠃ ᠢᠳᠡᠭᠡᠨ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ | ᠶᠠᠪᠤᠴᠠ ᠳᠤ ᠴᠢᠮᠡᠭᠡ ᠵᠠᠩᠬᠢᠴᠢᠯᠠᠭᠰᠠᠨ ᠬᠠᠮᠢᠶᠠᠷᠤᠯᠲᠠ ᠡᠵᠡᠮᠳᠡᠯ ᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢᠨ ᠶᠠᠰᠤ ᠴᠢᠨᠠᠷ ᠢ | ᠨᠡᠬᠡᠨ ᠮᠦᠷᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠢᠳᠡᠭᠡᠨ ᠤ ᠵᠦᠢᠯ ᠤᠨ ᠠᠶᠤᠯᠭᠦᠢ ᠶᠢᠨ ᠵᠢᠱᠢᠶ᠎ᠠ ᠦᠵᠡᠭᠦᠯᠬᠦ ᠬᠤᠲᠠ ᠪᠣᠯᠭᠠᠨ | ᠪᠠᠶᠢᠭᠤᠯᠵᠤ᠂ ᠠᠷᠠᠳ ᠤᠯᠠᠨ ᠤ ︽ᠢᠳᠡᠭᠡᠨ ᠤ ᠠᠶᠤᠯᠭᠦᠢ︾ ᠶᠢ ᠪᠠᠲᠤᠯᠠᠨ᠎ᠠ᠃ ᠶᠡᠭᠡ ᠡᠷᠡᠭᠦᠯ ᠬᠠᠮᠠᠭᠠᠯᠠᠯ ᠶᠡᠭᠡ ᠡᠷᠡᠭᠦᠯ ᠴᠢᠬᠢᠷᠠᠭ ᠤᠨ ᠦᠵᠡᠯᠲᠡ ᠶᠢ ᠪᠣᠢ | ᠪᠣᠯᠭᠠᠵᠤ᠂ ᠡᠷᠡᠭᠦᠯ ᠬᠠᠮᠠᠭᠠᠯᠠᠯ ᠬᠢᠭᠡᠳ ᠡᠷᠡᠭᠦᠯ ᠴᠢᠬᠢᠷᠠᠭ ᠤᠨ ᠦᠢᠯᠡᠰ ᠤᠨ ᠬᠦᠭᠵᠢᠯᠲᠡ ᠶᠢ ᠠᠬᠢᠭᠤᠯᠵᠤ᠂ ᠪᠦᠬᠦ ᠠᠷᠠᠳ ᠤᠨ ᠪᠡᠶ᠎ᠠ ᠪᠣᠯᠪᠠᠰᠤᠷᠠᠬᠤ ᠠᠵᠢᠯᠯᠠᠭᠠᠨ ᠢ | ᠦᠷᠭᠡᠨ ᠳᠡᠯᠭᠡᠷ ᠦᠷᠨᠢᠭᠦᠯᠵᠦ᠂ ᠪᠦᠬᠦ ᠬᠤᠲᠠ ᠶᠢᠨ ᠠᠷᠠᠳ ᠲᠦᠮᠡᠨ ᠤ ᠡᠷᠡᠭᠦᠯ ᠴᠢᠬᠢᠷᠠᠭ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠠ᠃ | ᠰᠣᠶᠣᠯ ᠤᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠠ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠪᠠᠷ ᠵᠢᠯᠤᠭᠤᠳᠤᠮᠵᠢ ᠪᠣᠯᠭᠠᠵᠤ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠦᠲᠦᠭᠡᠬᠦ ᠠᠵᠢᠯᠯᠠᠭᠠᠨ ᠢ ᠭᠦᠨᠵᠡᠭᠡᠶᠢᠷᠡᠭᠦᠯᠦᠨ᠎ᠠ᠂ | ᠨᠡᠶᠢᠭᠡᠮ ᠵᠢᠷᠦᠮᠲᠦ ᠭᠤᠣᠯ ᠦᠷᠲᠡᠭ ᠤᠨ ᠦᠵᠡᠯᠲᠡ ᠶᠢ ᠰᠤᠷᠭᠠᠭᠤᠯᠢ ᠳᠤ ᠤᠷᠤᠭᠤᠯᠬᠤ᠂ ᠨᠡᠶᠢᠭᠡᠮ ᠲᠣᠭᠤᠷᠢᠭ ᠲᠤ ᠤᠷᠤᠭᠤᠯᠬᠤ᠂ ᠠᠵᠦ ᠠᠬᠤᠶᠢᠯᠠᠯ ᠳᠤ | ᠤᠷᠤᠭᠤᠯᠬᠤ᠂ ᠴᠡᠷᠢᠭ ᠠᠩᠭᠢ ᠳᠤ ᠤᠷᠤᠭᠤᠯᠬᠤ᠂ ᠬᠦᠳᠡᠭᠡ ᠲᠣᠰᠬᠤᠨ ᠳᠤ ᠤᠷᠤᠭᠤᠯᠬᠤ᠂ ᠪᠠᠶᠢᠭᠤᠯᠭ᠎ᠠ ᠳᠤ ᠤᠷᠤᠭᠤᠯᠬᠤ ᠶᠢ ᠴᠦᠬᠦᠷᠡᠰᠢ ᠦᠭᠡᠢ ᠠᠬᠢᠭᠤᠯᠤᠨ᠎ᠠ᠃ | ᠰᠣᠶᠣᠯ ᠭᠡᠭᠡᠷᠡᠯ ᠤᠨ ᠦᠢᠯᠡᠰ ᠢ ᠲᠦᠷᠭᠡᠨ ᠬᠦᠭᠵᠢᠭᠦᠯᠦᠨ᠎ᠠ᠂ ᠬᠤᠲᠠ ᠬᠦᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠭᠦᠨᠵᠡᠭᠡᠶᠢᠷᠡᠭᠦᠯᠵᠦ᠂ ᠤᠯᠠᠨ ᠲᠦᠮᠡᠨᠴᠢ ᠴᠢᠨᠠᠷᠲᠠᠢ ᠰᠣᠶᠣᠯ ᠤᠨ | ᠠᠵᠢᠯᠯᠠᠭᠠᠨ ᠢ ᠪᠠᠶᠠᠯᠢᠬᠵᠢᠭᠤᠯᠤᠨ᠎ᠠ᠃ ᠰᠣᠶᠣᠯ ᠤᠷᠠᠯᠢᠭ ᠤᠨ ᠪᠦᠯᠬᠦᠮ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠤᠯᠠᠭᠠᠨᠮᠦᠴᠢᠷ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠨᠢᠭᠡ ᠪᠦᠯᠦᠭ ᠦᠨᠳᠦᠰᠦᠨ | ᠱᠠᠲᠤᠨ ᠳᠤ ᠭᠦᠨᠵᠡᠭᠡᠶᠢᠷᠡᠭᠰᠡᠨ᠂ ᠳᠡᠯᠭᠡᠷᠡᠵᠦ ᠳᠡᠶᠢᠯᠬᠦ᠂ ᠦᠯᠡᠳᠡᠵᠦ ᠳᠡᠶᠢᠯᠬᠦ ᠰᠤᠶᠣᠯ ᠤᠷᠠᠯᠢᠭ ᠤᠨ ᠪᠦᠲᠦᠭᠡᠯ ᠢ ᠪᠦᠲᠦᠭᠡᠵᠤ᠂ ᠤᠯᠠᠨ ᠲᠦᠮᠡᠨ ᠤ ᠤᠯᠠᠨ ᠡᠰᠢᠲᠦ | ᠰᠣᠶᠣᠯ ᠤᠨ ᠬᠡᠷᠡᠭᠴᠡᠭᠡ ᠶᠢ ᠬᠠᠩᠭᠠᠨ᠎ᠠ᠃ ᠲᠡᠦᠬᠡ ᠰᠣᠶᠣᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠂ ᠬᠤᠩ ᠱᠠᠨ ᠰᠣᠶᠣᠯ᠂ ᠬᠢᠲᠠᠨ | ᠯᠢᠶᠣᠣ ᠶᠢᠨ ᠰᠣᠶᠣᠯ ᠪᠠ ᠮᠣᠩᠭᠤᠯ ᠰᠣᠶᠣᠯ ᠢ ᠬᠠᠮᠠᠭᠠᠯᠠᠨ ᠨᠡᠭᠡᠭᠡᠨ ᠬᠦᠭᠵᠢᠭᠦᠯᠬᠦ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠩ ᠱᠠᠨ ᠰᠣᠶᠣᠯ ᠤᠨ ᠪᠠᠭᠤᠷᠢ᠂ | ᠯᠢᠶᠣᠣ ᠤᠯᠤᠰ ᠤᠨ ᠳᠡᠭᠡᠳᠦ ᠨᠡᠶᠢᠰᠯᠡᠯ ᠬᠤᠲᠠ ᠪᠠ ᠳᠡᠭᠡᠳᠦ ᠶᠢᠨ ᠤᠩᠭᠤᠨ ᠤ ᠪᠠᠭᠤᠷᠢ ᠨᠢ ᠰᠣᠶᠣᠯ ᠤᠨ ᠦᠪ ᠢᠶᠠᠷ ᠡᠷᠡᠮᠡᠯᠵᠢᠯᠡᠬᠦ ᠠᠵᠢᠯ ᠢ ᠴᠢᠷᠮᠠᠶᠢᠨ | ᠪᠡᠶᠡᠯᠡᠭᠦᠯᠦᠨ᠎ᠠ᠃ ᠰᠣᠶᠣᠯ ᠤᠨ ᠳᠡᠯᠭᠡᠨ ᠦᠵᠡᠭᠦᠯᠭᠡ ᠰᠣᠶᠣᠯ ᠤᠨ ᠡᠭᠦᠳᠦᠯᠲᠡ ᠶᠢᠨ ᠠᠵᠦ ᠦᠢᠯᠡᠰ ᠢ ᠶᠡᠬᠡᠪᠡᠷ ᠬᠦᠭᠵᠢᠭᠦᠯᠦᠨ᠎ᠠ᠂ ᠰᠣᠶᠣᠯ ᠤᠨ ᠬᠡᠷᠡᠭᠯᠡᠭᠡᠨ ᠤ | ᠵᠠᠬ᠎ᠠ ᠳᠡᠯᠭᠡᠭᠦᠷ ᠢ ᠢᠳᠡᠪᠬᠢᠲᠠᠢ ᠪᠤᠶᠢᠵᠢᠭᠤᠯᠵᠤ᠂ ᠤᠨᠴᠠᠯᠢᠭᠲᠤ ᠬᠦᠷᠢᠶᠡᠯᠡᠩ ᠲᠣᠭᠤᠷᠢᠭ ᠪᠣᠯᠣᠨ ᠠᠵᠦ ᠦᠢᠯᠡᠰ ᠤᠨ ᠰᠠᠭᠤᠷᠢᠨ ᠭᠠᠵᠠᠷ ᠢ ᠲᠦᠷᠭᠡᠨ ᠪᠦᠲᠦᠭᠡᠨ | ᠪᠠᠶᠢᠭᠤᠯᠵᠤ᠂ 2022 ᠤᠨ ᠪᠣᠯᠲᠠᠯ᠎ᠠ ᠰᠣᠶᠣᠯ ᠤᠨ ᠠᠵᠦ ᠦᠢᠯᠡᠰ ᠤᠨ ᠨᠡᠮᠡᠭᠳᠡᠯ ᠦᠷᠲᠡᠭ ᠤᠨ GDP ᠳᠠᠬᠢ ᠬᠠᠷᠢᠴᠠᠯ ᠢ 5% ᠠᠴᠠ ᠳᠡᠭᠡᠭᠰᠢ ᠪᠣᠯᠭᠠᠬᠤ ᠪᠠᠷ | ᠴᠢᠷᠮᠠᠶᠢᠨ᠎ᠠ᠃ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ︽ᠴᠢᠳᠠᠯ ᠤᠨ ᠬᠢᠷᠢ ᠪᠠᠷ ᠴᠢᠷᠮᠠᠶᠢᠬᠤ ᠮᠦᠷᠳᠡᠬᠡᠨ | ᠴᠢᠳᠠᠯ ᠳᠣᠲᠣᠷ᠎ᠠ ᠪᠠᠨ ᠬᠢᠬᠦ︾ ᠵᠠᠷᠴᠢᠮ ᠢᠶᠠᠷ᠂ ᠨᠡᠶᠢᠭᠡᠮ ᠤᠨ ᠤᠷᠢᠳᠴᠢᠯᠠᠯ ᠢ ᠵᠣᠬᠢᠰᠲᠠᠢ ᠵᠢᠯᠣᠭᠤᠳᠴᠤ᠂ ᠤᠯᠠᠨ ᠳᠡᠰ ᠳᠠᠪᠬᠤᠷᠭᠠᠲᠤ᠂ ᠦᠷᠭᠦᠯᠵᠢᠯᠡᠨ | ᠭᠦᠭᠵᠢᠭᠰᠡᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠤᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠦᠨᠠ᠂ | ᠪᠦᠬᠦ ᠠᠷᠠᠳ ᠤᠨ ᠳᠠᠭᠠᠳᠬᠠᠯ ᠳᠤ ᠤᠷᠣᠯᠴᠠᠬᠤ ᠲᠦᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠠᠰᠤᠵᠢᠯ ᠤᠨ ᠳᠠᠭᠠᠳᠬᠠᠯ ᠤᠨ ᠪᠦᠬᠦ ᠤᠯᠤᠰ ᠪᠠᠷ ᠢᠶᠠᠨ | ᠨᠢᠭᠡᠳᠦᠯᠲᠠᠢ ᠲᠦᠯᠥᠪᠵᠢᠭᠦᠯᠬᠦ ᠠᠵᠢᠯ ᠢ ᠬᠠᠮᠵᠢᠨ ᠰᠠᠶᠢᠨ ᠬᠢᠨ᠎ᠠ᠃ ᠨᠡᠶᠢᠭᠡᠮ ᠤᠨ ᠠᠪᠤᠷᠠᠨ ᠳᠡᠳᠬᠦᠬᠦ ᠰᠢᠰᠲ᠋ᠧᠮ ᠪᠣᠯᠣᠨ ᠨᠢᠭᠦᠯᠡᠰᠦᠩᠭᠦᠢ ᠶᠢᠨ ᠨᠡᠶᠢᠲᠡ ᠶᠢᠨ | ᠠᠰᠠᠷᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠨᠴᠠᠭᠠᠢ ᠬᠦᠮᠦᠰ ᠢ ᠬᠠᠯᠠᠮᠵᠢᠯᠠᠨ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠵᠦ᠂ | ᠬᠦᠴᠢᠷᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠬᠦᠮᠥᠨ ᠠᠮᠠ ᠶᠢᠨ ᠨᠠᠰᠤᠵᠢᠬᠤ ᠠᠰᠠᠭᠤᠳᠠᠯ ᠢ ᠢᠳᠡᠪᠬᠢᠲᠡᠢ | ᠠᠷᠭᠠᠴᠠᠭᠠᠵᠤ᠂ ᠨᠠᠰᠤᠵᠢᠯ ᠤᠨ ᠦᠢᠯᠡᠰ ᠪᠣᠯᠣᠨ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠬᠡᠨ᠂ ᠨᠠᠰᠤᠲᠠᠨ ᠢ ᠠᠰᠠᠷᠠᠬᠤ᠂ | ᠨᠠᠰᠤᠲᠠᠨ ᠢ ᠠᠴᠢᠯᠠᠬᠤ᠂ ᠨᠠᠰᠤᠲᠠᠨ ᠢ ᠬᠦᠨᠳᠦᠳᠬᠡᠬᠦ ᠲᠦᠷᠥ ᠶᠢᠨ ᠪᠣᠳᠣᠯᠭ᠎ᠠ ᠶᠢᠨ ᠰᠢᠰᠲ᠋ᠧᠮ ᠪᠣᠯᠣᠨ ᠨᠡᠶᠢᠭᠡᠮ ᠤᠨ ᠦᠷᠴᠢᠨ ᠲᠣᠭᠤᠷᠢᠨ ᠢ ᠢᠳᠡᠪᠬᠢᠲᠠᠢ | ᠪᠠᠶᠢᠭᠤᠯᠤᠨ᠎ᠠ᠃ ᠤᠯᠠᠨ ᠪᠡᠶᠡᠴᠢ ᠴᠣᠭᠴᠠ ᠬᠠᠩᠭᠠᠭᠰᠠᠨ᠂ ᠤᠯᠠᠨ ᠠᠷᠭ᠎ᠠ ᠵᠠᠮ ᠢᠶᠠᠷ ᠪᠠᠲᠤᠯᠠᠭᠰᠠᠨ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡᠴᠡᠭᠦᠯᠦᠭᠰᠡᠨ | ᠤᠷᠣᠨ ᠰᠠᠭᠤᠴᠠ ᠶᠢᠨ ᠳᠦᠷᠢᠮ ᠢ ᠲᠦᠷᠭᠡᠨ ᠪᠠᠶᠢᠭᠤᠯᠵᠤ᠂ ᠭᠤᠣᠯ ᠬᠤᠲᠠ ᠲᠣᠭᠤᠷᠢᠭ ᠲᠠᠬᠢ ᠲᠦᠪᠯᠡᠷᠡᠵᠦ ᠵᠠᠯᠭᠠᠯᠳᠤᠭᠰᠠᠨ ᠳᠦᠭᠦᠮ ᠪᠦᠳᠦᠴᠡᠲᠦ ᠤᠷᠣᠨ | ᠰᠠᠭᠤᠴᠠ ᠶᠢ ᠦᠭᠡᠷᠡᠴᠢᠯᠡᠬᠦ ᠪᠠ ᠬᠦᠳᠡᠭᠡ ᠲᠣᠰᠬᠤᠨ ᠮᠠᠯᠵᠢᠬᠤ ᠤᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠡᠯ᠎ᠠ ᠲᠦᠷᠥᠯ ᠤᠨ ᠬᠦᠮᠦᠰ ᠤᠨ ᠤᠷᠣᠨ ᠰᠠᠭᠤᠴᠠ ᠶᠢᠨ ᠨᠦᠬᠦᠴᠡᠯ ᠢ ᠤᠯᠠᠨ ᠠᠷᠭ᠎ᠠ ᠵᠠᠮ ᠢᠶᠠᠷ ᠰᠠᠶᠢᠵᠢᠷᠠᠭᠤᠯᠤᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠵᠦ ᠨᠠᠮᠳᠠᠭᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ | ᠲᠤᠭ᠎ᠠ ᠨᠣᠷᠮ᠎ᠠ ᠶᠢ ᠨᠢ ᠲᠣᠳᠤᠷᠬᠠᠢ ᠤᠶᠢᠯᠠᠭᠠᠨ᠂ ᠨᠡᠮᠡᠭᠳᠡᠯ ᠢ ᠨᠢ ᠴᠢᠩᠭ᠎ᠠ ᠬᠢᠵᠠᠭᠠᠷᠯᠠᠵᠤ᠂ ᠲᠦᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ | ᠬᠠᠷᠢᠭᠤᠴᠠᠯᠭ᠎ᠠ ᠶᠢ ᠪᠤᠳᠠᠲᠠᠶᠢᠵᠢᠭᠤᠯᠬᠤ ᠱᠠᠭᠠᠷᠳᠠᠯᠭ᠎ᠠ ᠪᠠᠷ᠂ ᠵᠠᠰᠠᠭ ᠤᠨ ᠤᠷᠳᠣᠨ ᠤ ᠦᠷᠢ ᠦᠭᠴᠡᠭᠡ ᠶᠢ ᠢᠳᠡᠪᠬᠢᠲᠠᠢ ᠨᠠᠮᠳᠠᠭᠠᠵᠤ᠂ 2021 ᠤᠨ ᠪᠣᠯᠲᠠᠯ᠎ᠠ | ᠶᠡᠷᠦᠩᠬᠡᠢ ᠦᠷᠢ ᠦᠭᠴᠡᠭᠡ ᠶᠢᠨ ᠨᠣᠷᠮ᠎ᠠ ᠶᠢ ᠵᠦᠢ ᠵᠣᠬᠢᠰᠲᠠᠢ ᠬᠡᠪᠴᠢᠶᠡᠨ ᠳᠤ ᠬᠦᠷᠲᠡᠯ᠎ᠠ ᠪᠠᠭᠤᠷᠠᠭᠤᠯᠬᠤ ᠶᠢ ᠦᠨᠡᠩᠬᠦ ᠪᠠᠲᠤᠯᠠᠨ᠎ᠠ᠃ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠲᠥᠷᠥᠯ ᠵᠦᠢᠯ᠂ ᠵᠢᠭᠡᠯᠡᠯᠭᠡ ᠠᠪᠴᠤ ᠪᠡᠯᠡ ᠲᠣᠬᠢᠷᠠᠭᠤᠯᠬᠤ᠂ ᠰᠠᠭᠤᠷᠢ ᠮᠥᠩᠭᠦᠨ ᠤ ᠠᠵᠢᠯᠯᠠᠭᠠᠨ ᠪᠣᠯᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠬᠤᠳᠠᠯᠳᠤᠨ ᠠᠪᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠎ᠠ᠃ | ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ | ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ | ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠭᠡᠷ ᠭᠠᠵᠠᠷ ᠤᠨ ᠬᠦᠷᠦᠩᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢ | ᠥᠭᠴᠡᠭᠡ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ ᠠᠩᠬᠠᠷᠴᠤ᠂ ᠲᠠᠷᠢᠶᠠᠯᠠᠬᠤ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠵᠤ᠂ | ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠨ᠎ᠠ᠃ | ᠠᠮᠤᠷ ᠲᠦᠪᠰᠢᠨ ᠲᠣᠭᠲᠠᠭᠤᠨ ᠬᠦᠭᠵᠢᠯᠲᠡ ᠶᠢᠨ ᠤᠷᠴᠢᠨ ᠲᠣᠭᠤᠷᠢᠨ ᠢ ᠪᠦᠬᠦ ᠬᠦᠴᠦᠨ ᠢᠶᠠᠷ ᠪᠠᠶᠢᠭᠤᠯᠤᠨ᠎ᠠ᠃ ᠲᠣᠮᠣ ᠠᠶᠤᠯᠭᠦᠢ ᠶᠢᠨ ᠦᠵᠡᠯᠲᠡ ᠶᠢ | ᠪᠠᠲᠤ ᠪᠠᠬᠢ ᠪᠣᠢ ᠪᠣᠯᠭᠠᠵᠤ᠂ ᠨᠡᠶᠢᠭᠡᠮ ᠤᠨ ᠵᠠᠰᠠᠯᠲᠠ ᠶᠢ ᠴᠢᠩᠳᠠᠯᠠᠬᠤ ᠪᠠ ᠰᠢᠨ᠎ᠠ ᠶᠢ ᠡᠭᠦᠳᠴᠦ᠂ ᠠᠮᠤᠷ ᠲᠠᠶᠢᠪᠦᠩ ᠤᠯᠠᠭᠠᠨᠬᠠᠳᠠ᠂ ᠬᠠᠤᠯᠢ ᠪᠠᠷ ᠵᠠᠰᠠᠭᠰᠠᠨ | ᠤᠯᠠᠭᠠᠨᠬᠠᠳᠠ᠂ ᠡᠶ᠎ᠡ ᠵᠣᠬᠢᠴᠠᠯᠲᠠᠢ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠶᠢ ᠪᠠᠳᠤᠲᠠᠢ ᠠᠬᠢᠭᠤᠯᠵᠤ᠂ ᠬᠠᠮᠲᠤᠪᠡᠷ ᠪᠠᠶᠢᠭᠤᠯᠵᠤ ᠬᠠᠮᠲᠤᠪᠡᠷ ᠵᠠᠰᠠᠵᠤ ᠬᠠᠮᠲᠤᠪᠡᠷ | ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠳᠠᠯ ᠢ ᠪᠣᠢ ᠪᠣᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠭᠡᠮ ᠢ | ᠵᠠᠰᠠᠬᠤ ᠬᠡᠪᠵᠢᠭᠦᠯᠦᠭᠰᠡᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ ᠤᠨᠴᠠ ᠶᠡᠭᠡ ᠠᠶᠤᠯᠭᠦᠢ ᠶᠢᠨ ᠬᠡᠷᠡᠭ ᠤᠴᠢᠷ ᠢ ᠡᠭᠦᠰᠦᠯ ᠠᠴᠠ ᠨᠢ | ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠨ᠎ᠠ᠂ ᠨᠠᠮ ᠪᠠ ᠤᠯᠤᠰ ᠤᠨ ᠦᠨᠳᠦᠰᠦᠲᠡᠨ ᠤ ᠲᠦᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠴᠢᠩᠭᠠᠳᠬᠠᠵᠤ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠢ ᠴᠢᠩᠭᠠᠳᠬᠠᠵᠤ᠂ ᠬᠤᠶᠠᠷ ᠢᠶᠠᠨ ᠬᠦᠷᠢᠶᠡᠯᠡᠵᠦ ᠬᠠᠮᠲᠤᠪᠡᠷ | ᠪᠠᠶᠢᠭᠤᠯᠬᠤ ᠠᠵᠢᠯᠯᠠᠭᠠᠨ ᠢ ᠭᠦᠨᠵᠡᠭᠡᠶᠢᠷᠡᠭᠦᠯᠦᠨ᠎ᠠ᠃ ᠵᠦᠷᠢᠴᠡᠯ ᠢ ᠨᠠᠮᠳᠠᠭᠠᠬᠤ᠂ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ | ᠲᠦᠪᠰᠢᠨ ᠤ ᠵᠠᠰᠠᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠨᠢᠭᠡᠳᠦᠯᠲᠠᠢ ᠲᠦᠯᠦᠪᠵᠢᠭᠦᠯᠦᠨ ᠰᠠᠶᠢᠨ ᠠᠳᠬᠤᠵᠤ᠂ ᠠᠷᠠᠳ ᠲᠦᠮᠡᠨ | ᠠᠮᠤᠷ ᠲᠠᠶᠢᠪᠦᠩ ᠠᠮᠢᠳᠤᠷᠠᠬᠤ᠂ ᠨᠡᠶᠢᠭᠡᠮ ᠤᠨ ᠪᠦᠬᠦ ᠪᠠᠶᠢᠳᠠᠯ ᠡᠭᠦᠷᠢᠳᠡ ᠲᠤᠭᠲᠠᠭᠤᠨ ᠪᠠᠶᠢᠬᠤ ᠶᠢ ᠦᠨᠡᠩᠬᠦ ᠪᠠᠲᠤᠯᠠᠨ᠎ᠠ᠃ | ︵ᠲᠠᠪᠤ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ ᠪᠠ ᠤᠷᠴᠢᠨ ᠲᠣᠭᠤᠷᠢᠨ ᠤ ᠵᠠᠰᠠᠯᠲᠠ ᠶᠢ ᠵᠡᠷᠭᠡᠳᠤᠨᠢ ᠲᠦᠯᠬᠢᠨ ᠠᠬᠢᠭᠤᠯᠬᠤ ᠶᠢ | ᠪᠠᠷᠢᠮᠲᠠᠯᠠᠵᠤ᠂ ᠬᠦᠮᠥᠨ ᠪᠠ ᠪᠠᠶᠢᠭᠠᠯᠢ ᠨᠡᠩ ᠡᠶ᠎ᠡ ᠵᠣᠬᠢᠴᠠᠯᠲᠠᠢ ᠪᠠᠶᠢᠳᠠᠭ ᠦᠵᠡᠰᠭᠦᠯᠡᠩᠲᠦ ᠤᠯᠠᠭᠠᠨᠬᠠᠳᠠ ᠶᠢ ᠪᠦᠲᠦᠭᠡᠨ ᠪᠠᠶᠢᠭᠤᠯᠤᠨ᠎ᠠ | ᠪᠣᠬᠢᠷᠳᠤᠯ ᠦᠭᠡᠢ ᠬᠦᠭᠵᠢᠯᠲᠡ ᠶᠢᠨ ᠦᠵᠡᠯᠲᠡ ᠶᠢ ᠦᠢᠯᠡᠳᠦᠯᠭᠡᠵᠢᠭᠦᠯᠦᠨ᠎ᠠ᠃ ᠪᠣᠬᠢᠷᠳᠤᠯ ᠦᠭᠡᠢ ᠠᠵᠦ ᠠᠬᠤᠢ ᠶᠢ ᠶᠡᠬᠡᠪᠡᠷ ᠬᠦᠭᠵᠢᠭᠦᠯᠦᠨ᠂ ᠬᠠᠮᠤᠭ | ᠴᠢᠩᠭ᠎ᠠ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠡᠯ᠎ᠠ ᠠᠵᠢᠯ ᠲᠦᠷᠥᠯ ᠡᠯ᠎ᠠ ᠬᠦᠷᠢᠶ᠎ᠠ ᠬᠡᠪᠴᠢᠶᠡᠨ ᠤ ᠪᠣᠬᠢᠷᠳᠤᠯ | ᠦᠭᠡᠢ ᠦᠢᠯᠡᠳᠪᠦᠷᠢᠯᠡᠯ ᠢ ᠠᠬᠢᠭᠤᠯᠤᠨ᠎ᠠ᠃ ᠠᠵᠦ ᠦᠢᠯᠡᠰ ᠤᠨ ᠵᠦᠪᠰᠢᠶᠡᠷᠡᠯ ᠤᠨ ᠠᠮᠢ ᠠᠬᠤᠢ ᠤᠷᠴᠢᠨ ᠲᠣᠭᠤᠷᠢᠨ ᠤ ᠬᠢᠵᠠᠭᠠᠷᠯᠠᠯ ᠢ ᠴᠢᠩᠭ᠎ᠠ ᠵᠢᠷᠤᠮᠯᠠᠵᠤ᠂ | ᠡᠨᠧᠷᠭᠢ ᠶᠢᠨ ᠬᠤᠷᠣᠭᠳᠠᠯ ᠪᠣᠬᠢᠷᠳᠤᠯ ᠢ ᠭᠠᠳᠠᠭᠰᠢᠯᠠᠭᠤᠯᠬᠤ ᠨᠢ ᠪᠠᠷᠢᠮᠵᠢᠶ᠎ᠠ ᠳᠤ ᠬᠦᠷᠦᠭᠰᠡᠨ ᠦᠭᠡᠢ ᠠᠵᠦ ᠦᠢᠯᠡᠰ ᠤᠨ ᠲᠦᠷᠥᠯ ᠵᠦᠢᠯ ᠢ ᠡᠷᠡᠰ ᠬᠦᠯᠢᠶᠡᠵᠦ | ᠪᠣᠯᠬᠤ ᠦᠭᠡᠢ᠂ ᠡᠯ᠎ᠠ ᠲᠦᠷᠥᠯ ᠤᠨ ᠬᠠᠮᠠᠭᠠᠯᠠᠯᠲᠠ ᠶᠢᠨ ᠤᠷᠣᠨ ᠤ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠡᠮᠬᠢ ᠳᠠᠷᠠᠭᠠᠯᠠᠯ ᠲᠠᠢ ᠪᠠᠷ ᠪᠣᠴᠠᠨ | ᠭᠠᠷᠬᠤ ᠵᠣᠬᠢᠴᠠᠮᠵᠢ ᠪᠠ ᠪᠣᠬᠢᠷᠳᠤᠯ ᠦᠭᠡᠢ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠢ ᠪᠠᠷᠢᠮᠵᠢᠶ᠎ᠠ ᠳᠤ ᠬᠦᠷᠭᠡᠬᠦ ᠳᠦᠷᠢᠮ ᠢ ᠪᠠᠶᠢᠭᠤᠯᠵᠤ᠂ ᠡᠬᠢ ᠪᠠᠶᠠᠯᠢᠭ | ᠠᠷᠪᠢᠯᠠᠬᠤ ᠬᠡᠯᠪᠡᠷᠢ ᠪᠠ ᠤᠷᠴᠢᠨ ᠲᠣᠭᠤᠷᠢᠨ ᠲᠠᠢ ᠨᠦᠬᠦᠷᠰᠡᠭ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠷᠭᠡᠨ ᠤᠯᠠᠨ | ᠲᠦᠮᠡᠨ ᠢ ᠵᠢᠯᠣᠭᠤᠳᠣᠨ ᠳᠠᠭᠠᠭᠤᠯᠵᠤ ᠡᠬᠢ ᠪᠠᠶᠠᠯᠢᠭ ᠢ ᠠᠷᠪᠢᠯᠠᠨ᠂ ᠤᠷᠴᠢᠨ ᠲᠣᠭᠤᠷᠢᠨ ᠢ ᠬᠠᠮᠠᠭᠠᠯᠠᠵᠤ᠂ ᠪᠣᠬᠢᠷᠳᠤᠯ ᠦᠭᠡᠢ ᠬᠦᠭᠵᠢᠯᠲᠡ ᠶᠢᠨ ᠭᠦᠨ ᠤᠷᠴᠢᠯ | ᠪᠦᠷᠢᠯᠳᠦᠬᠦ ᠶᠢ ᠠᠬᠢᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠠᠭᠠᠷ ᠤᠨ ᠪᠣᠬᠢᠷᠳᠤᠯ ᠢ ᠰᠡᠷᠭᠡᠶᠢᠯᠡᠨ ᠵᠠᠰᠠᠬᠤ | ᠠᠵᠢᠯᠯᠠᠭᠠᠨ ᠢ ᠬᠡᠷᠡᠭᠵᠢᠭᠦᠯᠵᠦ᠂ ᠬᠦᠬᠡ ᠲᠡᠭᠷᠢ ᠶᠢ ᠬᠠᠮᠠᠭᠠᠯᠠᠬᠤ ᠪᠠᠶᠢᠯᠳᠤᠭᠠᠨ ᠤ ᠢᠯᠠᠯᠲᠠ ᠶᠢ ᠤᠯᠣᠨ᠎ᠠ᠃ ᠤᠰᠤᠨ ᠤ ᠪᠣᠬᠢᠷᠳᠤᠯ ᠢ ᠰᠡᠷᠭᠡᠶᠢᠯᠠᠨ ᠵᠠᠰᠠᠬᠤ ᠶᠢ | ᠴᠢᠩᠭᠠᠳᠬᠠᠵᠤ᠂ ᠰᠢᠰᠲ᠋ᠧᠮ ᠲᠠᠢ ᠪᠠᠷ ᠤᠰᠤ ᠵᠠᠰᠠᠬᠤ ᠶᠢ ᠪᠠᠷᠢᠮᠲᠠᠯᠠᠵᠤ᠂ ︽ᠭᠤᠣᠯ ᠮᠦᠷᠡᠨ ᠤ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ | ᠨᠡᠶᠢᠳᠠᠪᠤᠷᠢᠵᠢᠭᠤᠯᠵᠤ᠂ ᠤᠰᠤᠨ ᠰᠣᠷᠪᠣᠯᠵᠢ ᠠᠴᠠ ᠤᠰᠤᠨ ᠭᠤᠵᠢᠭᠤᠷ ᠬᠦᠷᠬᠦ ᠪᠦᠬᠦ ᠶᠠᠪᠤᠴᠠ ᠶᠢ ᠬᠢᠨᠠᠨ ᠬᠠᠮᠢᠶᠠᠷᠴᠦ᠂ ᠠᠮᠢᠳᠤᠷᠠᠯ ᠪᠠ ᠦᠢᠯᠡᠳᠪᠦᠷᠢᠯᠡᠯ ᠤᠨ | ᠪᠣᠵᠠᠷ ᠤᠰᠤ ᠶᠢ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠶᠢ ᠠᠬᠢᠭᠤᠯᠤᠨ᠎ᠠ᠃ ᠭᠠᠵᠠᠷ ᠰᠢᠷᠣᠢ ᠶᠢᠨ ᠪᠣᠬᠢᠷᠳᠤᠯ ᠢ ᠬᠠᠮᠢᠶᠠᠷᠴᠦ ᠬᠢᠵᠠᠭᠠᠷᠯᠠᠬᠤ ᠪᠠ ᠵᠠᠰᠠᠨ | ᠰᠡᠷᠭᠦᠭᠡᠬᠦ ᠶᠢ ᠴᠢᠩᠳᠠᠯᠠᠵᠤ᠂ ᠲᠠᠷᠢᠶᠠᠯᠠᠩ ᠤᠨ ᠭᠠᠳᠠᠷᠭᠤ ᠰᠤᠷᠪᠤᠯᠵᠢ ᠪᠠ ᠬᠦᠨᠳᠦ ᠲᠡᠮᠦᠷᠯᠢᠭ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠬᠢᠮᠢ ᠶᠢᠨ | ᠪᠤᠷᠳᠤᠭᠤᠷ᠂ ᠲᠠᠷᠢᠶᠠᠨ ᠡᠮ ᠳᠤᠲᠠᠭᠤ ᠬᠡᠷᠡᠭᠯᠡᠬᠦ ᠶᠢ ᠠᠬᠢᠭᠤᠯᠵᠤ᠂ ᠪᠡᠶᠡᠲᠦ ᠬᠠᠶᠠᠭᠳᠠᠮᠠᠯ ᠪᠣᠳᠠᠰ ᠪᠠ ᠬᠤᠭ ᠨᠣᠪᠰᠢ ᠰᠢᠢᠳᠪᠦᠷᠢᠯᠡᠬᠦ ᠶᠢ ᠴᠢᠩᠭᠠᠳᠬᠠᠨ᠎ᠠ᠃ | ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢ ᠬᠠᠮᠠᠭᠠᠯᠠᠬᠤ ᠪᠠ ᠤᠷᠴᠢᠨ ᠲᠣᠭᠤᠷᠢᠨ ᠢ ᠵᠠᠰᠠᠬᠤ ︽ᠭᠤᠷᠪᠠᠨ ᠵᠢᠯ ᠤᠨ ᠠᠵᠢᠯᠯᠠᠭᠠᠨ ᠤ | ᠲᠦᠯᠥᠪᠯᠡᠭᠡ︾ ᠶᠢ ᠬᠡᠷᠡᠭᠵᠢᠭᠦᠯᠵᠦ᠂ ᠬᠦᠴᠦᠨ ᠢᠶᠠᠨ ᠲᠦᠪᠯᠡᠷᠡᠭᠦᠯᠦᠨ᠂ ᠭᠤᠣᠯᠳᠠᠯᠭ᠎ᠠ ᠲᠠᠢ ᠰᠢᠪᠲᠤᠯᠵᠤ᠂ ᠤᠷᠣᠨ ᠲᠣᠭᠤᠷᠢᠭ ᠤᠨ ᠠᠮᠢ ᠠᠬᠤᠢ ᠶᠢᠨ ᠤᠷᠴᠢᠨ | ᠲᠣᠭᠤᠷᠢᠨ ᠤ ᠪᠠᠶᠢᠳᠠᠯ ᠮᠠᠭᠤᠳᠠᠬᠤ ᠬᠠᠨᠳᠤᠰᠢ ᠶᠢ ᠪᠦᠬᠦ ᠬᠦᠴᠦᠨ ᠢᠶᠠᠷ ᠵᠣᠭᠰᠤᠭᠠᠵᠤ᠂ ᠡᠬᠡ ᠭᠤᠣᠯ ᠢᠶᠠᠨ ᠠᠪᠤᠷᠠᠬᠤ ᠠᠵᠢᠯᠯᠠᠭᠠᠨ ᠤ ᠵᠠᠩᠭᠢᠯᠠᠭ᠎ᠠ ᠶᠢᠨ ᠨᠢᠭᠡ | ᠠᠯᠬᠤᠮ ᠢ ᠠᠯᠬᠤᠨ᠎ᠠ᠃ | ᠠᠮᠢ ᠠᠬᠤᠢ ᠶᠢᠨ ᠰᠡᠷᠭᠦᠯᠲᠡ ᠪᠠ ᠵᠠᠰᠠᠯᠲᠠ ᠶᠢᠨ ᠬᠦᠴᠦᠯᠡᠴᠡ ᠶᠢ ᠨᠡᠮᠡᠭᠳᠡᠭᠦᠯᠦᠨ᠎ᠠ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ` ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠠᠰᠢᠭᠯᠠᠬᠤ ᠵᠠᠭᠠᠭ | ᠬᠢᠵᠠᠭᠠᠷ ᠭᠤᠷᠪᠠᠨ ᠬᠢᠵᠠᠭᠠᠷᠯᠠᠯ ᠤᠨ ᠱᠤᠭᠤᠮ ᠢ ᠴᠢᠩᠭ᠎ᠠ ᠵᠢᠷᠤᠭᠯᠠᠨ ᠲᠣᠭᠲᠠᠭᠠᠵᠤ᠂ ᠨᠡᠭᠡᠭᠡᠨ ᠠᠰᠢᠭᠯᠠᠬᠤ ᠬᠦᠴᠦᠯᠡᠴᠡ ᠪᠠ ᠬᠢᠵᠠᠭᠠᠷ ᠱᠤᠭᠤᠮ ᠢ | ᠨᠠᠶᠢᠳᠠᠪᠤᠷᠢᠵᠢᠭᠤᠯᠤᠨ ᠵᠢᠷᠤᠭᠯᠠᠵᠤ᠂ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠭᠠᠳᠠᠭᠰᠢ ᠬᠡᠪᠴᠢᠶ᠎ᠠ ᠪᠠᠨ ᠦᠷᠭᠡᠳᠬᠡᠬᠦ ᠠᠴᠠ ᠪᠠᠨ ᠳᠣᠲᠣᠷ᠎ᠠ ᠠᠭᠤᠯᠬᠤᠨ ᠢᠶᠠᠨ | ᠳᠡᠭᠡᠭᠰᠢᠯᠡᠭᠦᠯᠬᠦ ᠲᠡᠰᠢ ᠤᠯᠠᠷᠢᠬᠤ ᠶᠢ ᠠᠬᠢᠭᠤᠯᠤᠨ᠎ᠠ᠃ ︽ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠢᠯᠬᠤ ᠰᠡᠯᠭᠦᠨ ᠮᠠᠯᠯᠠᠬᠤ ᠪᠠ ᠪᠡᠯᠴᠢᠭᠡᠷ ᠮᠠᠯ ᠤᠨ | ᠲᠡᠩᠴᠡᠭᠦᠷᠢ ᠶᠢᠨ ᠬᠠᠮᠢᠶᠠᠷᠤᠯᠲᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠤᠢ ᠰᠢᠭᠤᠢ ᠬᠠᠳᠤᠯᠠᠩ ᠪᠡᠯᠴᠢᠭᠡᠷ ᠢ ᠬᠠᠤᠯᠢ ᠶᠣᠰᠤᠭᠠᠷ ᠬᠠᠮᠠᠭᠠᠯᠠᠵᠤ᠂ ᠲᠠᠷᠢᠶᠠᠨ | ᠭᠠᠵᠠᠷ ᠤᠨ ᠡᠭᠡᠯᠵᠢᠯᠡᠨ ᠲᠠᠷᠢᠬᠤ ᠲᠣᠷᠰᠢᠯᠲᠠ ᠶᠢᠨ ᠬᠦᠷᠢᠶ᠎ᠠ ᠬᠡᠪᠴᠢᠶ᠎ᠠ ᠶᠢ ᠦᠷᠭᠡᠳᠬᠡᠨ᠂ ᠤᠢ ᠰᠢᠭᠤᠢ ᠨᠤᠲᠤᠭ ᠪᠡᠯᠴᠢᠭᠡᠷ ᠨᠠᠮᠤᠭ ᠭᠠᠵᠠᠷ ᠤᠨ ᠠᠮᠢ ᠠᠬᠤᠢ ᠶᠢᠨ | ᠰᠢᠰᠲ᠋ᠧᠮ ᠤᠨ ᠠᠶᠠᠨᠳᠠᠭᠠᠨ ᠰᠡᠷᠭᠦᠬᠦ ᠶᠢ ᠠᠬᠢᠭᠤᠯᠤᠨ᠎ᠠ᠃ ᠴᠢᠬᠤᠯᠠ ᠶᠡᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠨᠠᠶᠢᠳᠠᠪᠤᠷᠢᠵᠢᠭᠤᠯᠵᠤ᠂ ᠮᠣᠳᠣ ᠡᠪᠡᠰᠦ ᠲᠠᠷᠢᠬᠤ᠂ ᠡᠯᠡᠰᠦᠷᠬᠡᠭᠵᠢᠬᠦ ᠶᠢ ᠰᠡᠷᠭᠡᠶᠢᠯᠡᠬᠦ ᠡᠯᠡᠰᠦ ᠮᠠᠩᠬ᠎ᠠ ᠵᠠᠰᠠᠬᠤ ᠵᠡᠷᠭᠡ ︽ᠵᠢᠷᠭᠤᠭᠠᠨ ᠬᠡᠰᠡᠭ ᠵᠠᠭᠤᠨ ᠲᠦᠮᠡᠨ ᠮᠦ︾ | ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠠ᠃ 2022 ᠤᠨ ᠪᠣᠯᠲᠠᠯ᠎ᠠ ᠪᠦᠬᠦ ᠬᠤᠲᠠ ᠶᠢᠨ ᠤᠢ ᠰᠢᠭᠤᠢ ᠶᠢᠨ ᠪᠦᠷᠬᠦᠯᠲᠡ ᠶᠢᠨ | ᠨᠤᠷᠮ᠎ᠠ ᠶᠢ 36% ᠳᠤ ᠬᠦᠷᠭᠡᠬᠦ ᠪᠠᠷ ᠴᠢᠷᠮᠠᠶᠢᠨ᠎ᠠ᠃ | ᠤᠰᠤᠨ ᠰᠣᠷᠪᠣᠯᠵᠢ ᠨᠣᠴᠢᠲᠠᠢ ᠳᠤᠲᠠᠭᠳᠠᠵᠤ ᠪᠠᠶᠢᠭ᠎ᠠ ᠠᠰᠠᠭᠤᠳᠠᠯ ᠢ ᠳᠣᠪᠤᠶᠢᠮ᠎ᠠ ᠰᠢᠢᠳᠪᠦᠷᠢᠯᠡᠨ᠎ᠠ᠃ ᠮᠠᠨ ᠤ ᠬᠤᠲᠠ ᠶᠢᠨ ᠤᠰᠤᠨ ᠰᠣᠷᠪᠣᠯᠵᠢ ᠶᠢᠨ | ᠪᠠᠲᠤᠯᠠᠭ᠎ᠠ ᠬᠢᠭᠡᠳ ᠤᠰᠤᠨ ᠤ ᠬᠡᠷᠡᠭᠴᠡᠭᠡ ᠶᠢᠨ ᠵᠦᠷᠢᠴᠡᠯ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠬᠦᠨᠳᠦ ᠨᠣᠴᠢᠲᠠᠢ ᠪᠠᠶᠢᠳᠠᠯ ᠳᠤ ᠵᠦᠪ ᠢᠶᠠᠷ ᠬᠠᠨᠳᠤᠵᠤ᠂ ᠤᠰᠤᠨ | ᠰᠤᠷᠪᠤᠯᠵᠢ ᠨᠡᠭᠡᠭᠡᠨ ᠠᠰᠢᠭᠯᠠᠬᠤ ᠪᠠ ᠠᠷᠪᠢᠯᠠᠨ ᠬᠡᠷᠡᠭᠯᠡᠬᠦ ᠶᠢ ᠵᠡᠷᠭᠡᠪᠡᠷ ᠴᠢᠬᠤᠯᠠᠴᠢᠯᠠᠨ᠂ ᠠᠷᠪᠢᠯᠠᠨ ᠵᠠᠷᠤᠬᠤ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ | ᠤᠰᠤᠨ ᠰᠤᠷᠪᠤᠯᠵᠢ ᠶᠢᠨ ᠤᠨ ᠪᠠᠲᠤᠯᠠᠭ᠎ᠠ ᠶᠢᠨ ᠴᠢᠳᠠᠪᠤᠷᠢ ᠶᠢ ᠦᠨᠡᠩᠬᠦ ᠳᠡᠭᠡᠭᠰᠢᠯᠡᠭᠦᠯᠬᠦ ᠲᠠᠯ᠎ᠠ ᠪᠠᠷ ᠪᠣᠳᠠᠲᠤ ᠠᠬᠢᠯᠲᠠ ᠲᠠᠢ ᠪᠣᠯᠭᠠᠨ᠎ᠠ᠃ ᠭᠤᠣᠯᠳᠠᠯᠭ᠎ᠠ ᠲᠠᠢ | ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳ᠋ᠦᠩ ᠲᠠᠶᠢᠽᠢ ᠤᠰᠤᠨ ᠴᠦᠭᠦᠷᠦᠮ᠂ ᠬᠦᠪ ᠤᠨ ᠭᠤᠤ ᠤᠰᠤᠨ | ᠴᠦᠬᠦᠷᠦᠮ᠂ ᠤᠷᠣᠨ ᠠᠯᠤᠰᠯᠠᠨ ᠤᠰᠤ ᠲᠠᠲᠠᠬᠤ᠂ ᠬᠤᠲᠠ ᠪᠠᠯᠭᠠᠰᠤᠨ ᠳᠤ ᠤᠰᠤ ᠲᠠᠲᠠᠨ ᠬᠠᠩᠭᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠦᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ ᠲᠠᠷᠢᠶᠠᠯᠠᠩ ᠤᠨ ᠤᠰᠤ ᠠᠷᠪᠢᠯᠠᠬᠤ ᠦᠭᠡᠷᠡᠴᠢᠯᠡᠯᠲᠡ ᠶᠢ ᠲᠤᠪᠤᠶᠢᠮ᠎ᠠ ᠰᠠᠶᠢᠨ | ᠠᠳᠬᠤᠵᠤ᠂ ᠤᠰᠤᠯᠤᠯᠲᠠ ᠶᠢᠨ ᠲᠠᠯᠠᠪᠠᠢ ᠶᠢ ᠰᠢᠨ᠎ᠠ ᠨᠡᠮᠡᠭᠳᠡᠬᠦ ᠶᠢ ᠴᠢᠩᠭ᠎ᠠ ᠬᠢᠵᠠᠭᠠᠷᠯᠠᠨ᠂ ᠤᠰᠤᠨ ᠳᠤ ᠠᠷᠪᠢᠲᠠᠢ ᠲᠠᠷᠢᠮᠠᠯ ᠲᠠᠷᠢᠬᠤ ᠪᠠ ᠲᠠᠷᠢᠶᠠᠯᠠᠩ ᠤᠨ ᠤᠰᠤ | ᠠᠷᠪᠢᠯᠠᠬᠤ ᠮᠡᠷᠭᠡᠵᠢᠯ ᠢ ᠬᠦᠴᠦ ᠤᠷᠤᠭᠤᠯᠤᠨ ᠳᠡᠯᠭᠡᠷᠡᠭᠦᠯᠦᠨ᠂ ᠲᠠᠷᠢᠶᠠᠯᠠᠩ ᠳᠤ ᠬᠡᠷᠡᠭᠯᠡᠬᠦ ᠤᠰᠤ ᠶᠢ ᠨᠣᠷᠮ᠎ᠠ ᠲᠣᠭᠲᠠᠭᠠᠨ ᠬᠠᠮᠢᠶᠠᠷᠬᠤ ᠤᠷᠲᠤᠮᠵᠢ ᠶᠢᠨ | ᠵᠣᠬᠢᠴᠠᠮᠵᠢ ᠶᠢ ᠰᠦᠪᠡᠭᠴᠢᠯᠡᠨ ᠪᠠᠶᠢᠭᠤᠯᠤᠨ᠎ᠠ᠃ ᠤᠰᠤ ᠠᠷᠪᠢᠯᠠᠠᠬᠤ ᠬᠡᠯᠪᠡᠷᠢ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ | ᠪᠤᠴᠠᠭᠠᠯᠲᠠ ᠤᠰᠤ ᠶᠢ ᠠᠰᠢᠭᠯᠠᠬᠤ ᠪᠠ ᠳᠤᠮᠳᠠ ᠤᠰᠤ ᠶᠢ ᠡᠭᠡᠭᠦᠯᠦᠨ ᠬᠡᠷᠡᠭᠯᠡᠬᠦ ᠶᠢ ᠳᠡᠯᠭᠡᠷᠡᠭᠦᠯᠵᠦ᠂ ᠭᠤᠣᠯ ᠬᠤᠲᠠ ᠲᠣᠭᠤᠷᠢᠭ ᠤᠨ ᠦᠪᠡᠷᠲᠡᠭᠡᠨ ᠬᠡᠷᠡᠭᠯᠡᠬᠦ ᠪᠠᠷ | ᠪᠡᠯᠡᠳᠬᠡᠭᠰᠡᠨ ᠤᠰᠤᠨ ᠬᠤᠳᠳᠤᠭ ᠢ ᠬᠠᠭᠠᠵᠤ ᠪᠤᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠱᠠᠲᠤᠴᠢ ᠤᠰᠤᠨ ᠬᠠᠩᠰᠢ ᠶᠢᠨ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠣᠯ ᠬᠤᠲᠠ ᠲᠣᠭᠤᠷᠢᠭ ᠤᠨ ᠤᠰᠤᠨ ᠰᠤᠷᠪᠤᠯᠵᠢ ᠶᠢ ᠠᠷᠪᠢᠯᠠᠨ ᠠᠰᠢᠭᠯᠠᠬᠤ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠦᠨ᠎ᠠ᠃ ᠬᠠᠮᠤᠭ ᠴᠢᠩᠭ᠎ᠠ ᠤᠰᠤᠨ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ︽ᠤᠯᠠᠭᠠᠨᠬᠠᠳᠠ ᠬᠤᠲᠠ ᠶᠢᠨ | ᠭᠠᠵᠠᠷ ᠳᠣᠣᠷᠠᠬᠢ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠳᠦᠷᠢᠮ︾ ᠶᠢ ᠲᠣᠭᠲᠠᠭᠠᠨ᠂ ᠤᠰᠤᠨ ᠰᠤᠷᠪᠤᠯᠵᠢ ᠶᠢ ᠬᠡᠲᠦᠷᠬᠡᠢ ᠨᠡᠭᠡᠭᠡᠨ ᠠᠰᠢᠭᠯᠠᠬᠤ ᠪᠠ | ᠪᠦᠳᠦᠭᠦᠯᠢᠭ ᠬᠡᠷᠡᠭᠯᠡᠬᠦ ᠶᠢ ᠡᠷᠡᠰ ᠭᠢᠵᠠᠭᠠᠷᠯᠠᠨ᠎ᠠ᠃ |