ᠭᠤᠷᠪᠠ᠂ 2018 ᠤᠨ ᠤ ᠠᠵᠢᠯ ᠤᠨ ᠭᠤᠣᠯᠳᠠᠯᠭ᠎ᠠ | 2018 ᠤᠨ ᠪᠣᠯ ᠰᠢᠨ᠎ᠠ ᠨᠢᠭᠡ ᠬᠤᠭᠤᠴᠠᠭᠠᠨ ᠤ ᠵᠠᠰᠠᠭ ᠤᠨ ᠤᠷᠳᠣᠨ ᠤ ᠠᠵᠢᠯ ᠤᠨ ᠡᠬᠢᠯᠡᠯᠲᠡ ᠶᠢᠨ ᠨᠢᠭᠡ ᠵᠢᠯ ᠮᠦᠨ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠬᠤ ᠡᠬᠢᠯᠡᠯᠲᠡ ᠶᠢᠨ ᠨᠢᠭᠡ ᠵᠢᠯ᠂ ᠮᠦᠨᠴᠦ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠢᠯᠠᠯᠲᠠ ᠶᠢᠨ ᠵᠠᠩᠭᠢᠯᠠᠭ᠎ᠠ ᠶᠢᠨ ᠨᠢᠭᠡ ᠵᠢᠯ ᠮᠦᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠮᠠᠰᠢ ᠴᠢᠬᠤᠯᠠ ᠠᠴᠢ ᠬᠤᠯᠪᠣᠭᠳᠠᠯ ᠲᠠᠢ | ᠶᠤᠮ᠃ | ᠣᠳᠣᠬᠠᠨ ᠪᠠ ᠠᠯᠤᠰ ᠬᠡᠲᠦ᠂ ᠬᠡᠷᠡᠭᠴᠡᠭᠡ ᠪᠠ ᠪᠣᠯᠣᠯᠴᠠᠭ᠎ᠠ᠂ ᠬᠤᠷᠳᠤᠴᠠ ᠪᠠ ᠶᠠᠰᠤ ᠴᠢᠨᠠᠷ ᠵᠡᠷᠭᠡ ᠣᠯᠠᠨ ᠰᠢᠯᠲᠠᠭᠠᠨ ᠢ ᠶᠡᠷᠦᠩᠬᠡᠶᠢᠯᠡᠨ ᠪᠣᠳᠣᠯᠬᠢᠯᠠᠪᠠᠯ᠂ | ᠡᠨᠡ ᠵᠢᠯ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠤᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠦᠷᠲᠡᠭ ᠤᠨ ᠨᠡᠮᠡᠭᠳᠡᠯ ᠢ 7% ᠤᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠦᠰᠥᠪ ᠤᠨ ᠤᠷᠣᠯᠭ᠎ᠠ ᠶᠢ 6% ᠤᠷᠴᠢᠮ | ᠨᠡᠮᠡᠭᠳᠡᠭᠦᠯᠬᠦ ᠪᠠᠷ ᠴᠢᠷᠮᠠᠶᠢᠵᠤ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠥᠩᠭᠡ ᠶᠢᠨ ᠪᠡᠯᠡ ᠤᠷᠤᠭᠤᠯᠤᠯᠲᠠ ᠶᠢ 9 % ᠤᠷᠴᠢᠮ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠨᠣᠷᠮ᠎ᠠ ᠶᠢᠨ ᠨᠡᠮᠡᠭᠳᠡᠯ ᠢ 8.5 % ᠤᠷᠴᠢᠮ ᠨᠡᠮᠡᠭᠳᠡᠭᠦᠯᠵᠦ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠬᠦᠮᠥᠨ ᠪᠦᠷᠢ ᠶᠢᠨ ᠲᠡᠭᠰᠢᠳᠬᠡᠭᠰᠡᠨ ᠵᠠᠷᠤᠴᠠᠭᠤᠯᠵᠤ ᠪᠣᠯᠬᠤ ᠤᠷᠣᠯᠭ᠎ᠠ ᠶᠢ ᠲᠤᠰᠪᠦᠷᠢ 8 % ᠤᠷᠴᠢᠮ ᠪᠠ 8% ᠠᠴᠠ ᠳᠡᠭᠡᠭᠰᠢ | ᠨᠡᠮᠡᠭᠳᠡᠭᠦᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢ 3% ᠣᠷᠴᠢᠮ ᠳᠤ ᠬᠢᠵᠠᠭᠠᠷᠯᠠᠨ᠎ᠠ᠂ ᠬᠤᠳᠠ ᠪᠠᠯᠭᠠᠰᠤᠨ ᠳᠤ 2.8 ᠲᠦᠮᠡᠨ | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ | ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠲᠠᠢ ᠤᠶᠠᠯᠳᠤᠭᠤᠯᠤᠨ᠂ ᠪᠢᠳᠡ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭᠠᠲᠠᠢ ᠰᠠᠶᠢᠲᠤᠷ ᠬᠢᠨ᠎ᠠ᠄ | ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ︾ ᠤ ᠬᠦᠨᠴᠠ ᠲᠠᠢ ᠪᠦᠳᠤᠮᠵᠢ ᠶᠢ ᠠᠬᠢᠭᠤᠯᠤᠨ᠎ᠠ | ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠣᠷ ᠬᠢᠨ᠎ᠡ᠃ ᠮᠦᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠤᠯᠢ ᠪᠤᠰᠤ ᠪᠠᠷ ᠪᠡᠯᠡ | ᠮᠦᠩᠭᠦ ᠴᠤᠭᠯᠠᠭᠤᠯᠬᠤ᠂ ᠮᠦᠩᠭᠦᠨ ᠭᠦᠢᠯᠭᠡᠭᠡᠨ ᠤ ᠬᠠᠭᠤᠷᠴᠤ ᠮᠡᠬᠡᠯᠡᠬᠦ ᠪᠠ ᠪᠠᠩᠬᠢ ᠶᠢᠨ ᠦᠷᠢ ᠠᠴᠠ ᠳᠤᠲᠠᠭᠠᠵᠤ ᠵᠠᠶᠢᠯᠠᠬᠤ ᠦᠢᠯᠡ ᠠᠵᠢᠯᠯᠠᠭ᠎ᠠ ᠳᠤ ᠡᠷᠡᠰ | ᠴᠣᠬᠢᠯᠲᠠ ᠦᠭᠴᠦ᠂ ᠢᠨᠲ᠋ᠧᠷ ᠰᠦᠯᠵᠢᠶ᠎ᠠ ᠶᠢᠨ ᠮᠦᠩᠭᠦᠨ ᠭᠦᠢᠯᠭᠡᠭᠡᠨ ᠤ ᠲᠤᠰᠬᠠᠢ ᠵᠠᠰᠠᠯᠲᠠ ᠶᠢ ᠦᠷᠨᠢᠭᠦᠯᠵᠦ᠂ ᠤᠷᠣᠨ ᠲᠣᠭᠤᠷᠢᠭ ᠤᠨ ᠴᠢᠨᠠᠷᠲᠠᠢ ᠮᠦᠩᠭᠦᠨ | ᠭᠦᠢᠯᠭᠡᠭᠡᠨ ᠤ ᠲᠦᠭᠰᠢᠭᠦᠷᠢ ᠭᠠᠷᠬᠤ ᠦᠭᠡᠢ ᠶᠢ ᠦᠨᠡᠩᠬᠦ ᠪᠠᠲᠤᠯᠠᠨ᠎ᠠ᠃ ᠵᠠᠰᠠᠭ ᠤᠨ ᠤᠷᠳᠣᠨ ᠤ ᠦᠷᠢ ᠦᠭᠴᠡᠭᠡ ᠶᠢᠨ ᠬᠠᠮᠢᠶᠠᠷᠤᠯᠲᠠ ᠶᠢ ᠴᠢᠩᠭ᠎ᠠ | ᠵᠢᠷᠤᠮᠵᠢᠭᠤᠯᠤᠨ᠎ᠠ᠂ ︽ᠬᠡᠮᠵᠢᠶ᠎ᠠ ᠲᠠᠢ ᠵᠢᠭᠡᠯᠡᠵᠦ᠂ ᠪᠦᠲᠦᠮᠵᠢᠲᠡᠢ ᠬᠡᠷᠡᠭᠯᠡᠬᠦ᠂ ᠪᠤᠴᠠᠭᠠᠬᠤ ᠠᠷᠭ᠎ᠠ ᠲᠠᠢ ᠪᠠᠶᠢᠬᠤ︾ ᠴᠢᠭᠯᠡᠯᠲᠡ ᠪᠠᠷ ᠪᠡᠯᠡ ᠮᠦᠩᠭᠦ ᠳᠤᠲᠠᠭᠳᠠᠬᠤ | ᠠᠰᠠᠭᠤᠳᠠᠯ ᠢ ᠬᠠᠤᠯᠢ ᠲᠣᠭᠲᠠᠭᠠᠯ ᠶᠣᠰᠤᠭᠠᠷ ᠰᠢᠢᠳᠪᠦᠷᠢᠯᠡᠵᠦ᠂ ᠵᠠᠰᠠᠭ ᠤᠨ ᠤᠷᠳᠣᠨ ᠤ ᠦᠷᠢ ᠦᠭᠴᠡᠭᠡ ᠶᠢ ᠲᠦᠷᠥᠯ ᠵᠦᠢᠯ ᠬᠤᠪᠢᠶᠠᠨ ᠪᠦᠬᠦ᠋ᠢᠯᠡ | ᠲᠦᠰᠥᠪ ᠤᠨ ᠬᠠᠮᠢᠶᠠᠷᠤᠯᠲᠠ ᠳᠤ ᠤᠷᠤᠭᠤᠯᠤᠨ᠂ ᠲᠦᠯᠥᠪᠯᠡᠭᠡ ᠶᠣᠰᠤᠭᠠᠷ ᠵᠢᠯ ᠤᠨ ᠦᠷᠢ ᠪᠤᠴᠠᠭᠠᠬᠤ ᠡᠭᠦᠷᠭᠡ ᠪᠠᠨ ᠪᠡᠶᠡᠯᠡᠭᠦᠯᠦᠨ᠂ ᠤᠯᠠᠨ ᠨᠡᠶᠢᠲᠡ ᠶᠢᠨ | ᠡᠳ᠋ ᠤᠨ ᠵᠠᠰᠠᠭ ᠤᠨ ᠠᠮᠤᠷ ᠲᠦᠪᠰᠢᠨ ᠢ ᠪᠠᠲᠤᠯᠠᠨ᠎ᠠ᠃ ᠨᠡᠶᠢᠭᠡᠮ ᠤᠨ ᠢᠲᠡᠭᠡᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠠ᠂ ᠶᠡᠷᠦᠩᠬᠡᠶᠢᠯᠡᠭᠰᠡᠨ | ᠢᠲᠡᠭᠡᠯ ᠢ ᠨᠣᠲᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠪᠠ ᠴᠢᠮᠡᠭᠡ ᠵᠠᠩᠭᠢ ᠶᠢ ᠬᠠᠮᠲᠤᠪᠡᠷ ᠡᠳ᠋ᠯᠡᠵᠦ ᠨᠡᠶᠢᠲᠡᠯᠡᠬᠦ | ᠳᠦᠷᠢᠮ ᠢ ᠪᠠᠶᠢᠭᠤᠯᠵᠤ᠂ ᠢᠲᠡᠭᠡᠯ ᠠᠯᠳᠠᠭᠰᠠᠨ ᠢ ᠵᠠᠯᠬᠠᠭᠠᠬᠤ ᠪᠠ ᠨᠡᠶᠢᠭᠡᠮ ᠤᠨ ᠬᠠᠮᠲᠤᠷᠠᠭᠰᠠᠨ ᠰᠡᠷᠭᠡᠶᠢᠯᠡᠯᠲᠡ ᠶᠢᠨ ᠵᠣᠬᠢᠴᠠᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠢᠲᠡᠭᠡᠯ ᠠᠯᠳᠠᠬᠤ ᠤᠭ ᠦᠷᠲᠡᠭ ᠢ ᠨᠡᠮᠡᠭᠳᠡᠭᠦᠯᠵᠦ᠂ ᠢᠲᠡᠭᠡᠯ ᠤᠨ ᠰᠣᠶᠣᠯ ᠢ ᠪᠠᠳᠠᠷᠠᠭᠤᠯᠵᠤ᠂ ᠨᠡᠶᠢᠭᠡᠮ ᠤᠨ ᠬᠡᠪᠴᠢᠶᠡᠨ ᠤ ᠡᠯ᠎ᠠ ᠵᠦᠢᠯ ᠤᠨ | ᠢᠲᠡᠭᠡᠯ ᠤᠨ ᠲᠦᠭᠰᠢᠭᠦᠷᠢ ᠶᠢ ᠪᠠᠭᠠᠰᠬᠠᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠣᠷ ᠬᠢᠨ᠎ᠡ᠃ ︽ᠵᠢᠷᠭᠤᠭᠠᠨ ᠨᠠᠷᠢᠯᠢᠭ ᠣᠨᠣᠴᠠᠲᠠᠢ᠂ ᠲᠠᠪᠤᠨ | ᠨᠢᠭᠡ ᠪᠦᠯᠦᠭ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠬᠤᠲᠠ ᠰᠢᠶᠠᠨ ᠰᠢᠶᠠᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠠ ᠲᠦᠷᠥᠯ ᠤᠨ ᠶᠠᠳᠠᠭᠤ ᠶᠢ ᠲᠡᠳᠬᠦᠬᠦ ᠪᠡᠯᠡ ᠮᠦᠩᠭᠦ 150 ᠳ᠋ᠦᠩᠰᠢᠭᠤᠷ ᠲᠦᠭᠦᠷᠢᠭ ᠢ ᠨᠢᠳᠬᠡᠨ ᠤᠷᠤᠭᠤᠯᠵᠤ᠂ | ᠡᠨᠡ ᠵᠢᠯ ᠳᠤ 7.7 ᠲᠦᠮᠡᠨ ᠶᠠᠳᠠᠭᠤ ᠬᠦᠴᠢᠷᠲᠡᠢ ᠬᠦᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠩᠬᠦ ᠪᠠᠲᠤᠯᠠᠨ᠎ᠠ᠃ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠭᠤᠷᠪᠠᠨ ᠬᠤᠪᠢᠷᠠᠯᠲᠠ︾ ᠶᠢᠨ ᠵᠣᠬᠢᠴᠠᠮᠵᠢ ᠶᠢ ᠪᠦᠷᠢᠮᠦᠰᠦᠨ ᠠᠰᠢᠭᠯᠠᠨ᠂ | ᠨᠡᠩ ᠤᠯᠠᠨ ᠶᠠᠳᠠᠭᠤ ᠬᠦᠴᠢᠷᠲᠡᠢ ᠡᠷᠦᠬᠡ ᠶᠢ ᠲᠣᠯᠤᠭᠠᠶᠢᠯᠠᠭᠴᠢ ᠠᠵᠤ ᠠᠬᠤᠶᠢᠯᠠᠯ ᠵᠢᠴᠢ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠯᠲᠡ ᠶᠢᠨ | ᠬᠡᠪᠴᠢᠶᠡᠨ ᠳᠤ ᠤᠷᠤᠭᠤᠯᠵᠤ᠂ ᠶᠠᠳᠠᠭᠤ ᠶᠢ ᠲᠡᠳᠬᠦᠬᠦ ᠠᠵᠦ ᠦᠢᠯᠡᠰ ᠤᠨ ᠬᠦᠷᠢᠶᠡᠯᠡᠩ ᠲᠣᠭᠤᠷᠢᠭ 25 ᠶᠢ ᠪᠠᠶᠢᠭᠤᠯᠤᠨ᠂ ᠭᠤᠣᠯᠯᠠᠬᠤ ᠠᠵᠤ ᠦᠢᠯᠡᠰ ᠤᠨ | ᠶᠠᠳᠠᠭᠤ ᠬᠦᠴᠢᠷᠲᠡᠢ ᠬᠦᠮᠥᠨ ᠠᠮᠠ ᠶᠢᠨ ᠤᠷᠣᠯᠭ᠎ᠠ ᠶᠢ ᠨᠡᠮᠡᠭᠳᠡᠭᠦᠯᠬᠦ ᠳᠠᠬᠢ ᠭᠠᠪᠢᠶ᠎ᠠ ᠵᠢᠳᠬᠦᠯ ᠢ ᠲᠣᠭᠲᠠᠪᠦᠷᠢᠵᠢᠭᠤᠯᠤᠨᠠ᠃ ᠨᠡᠭᠦᠯᠭᠡᠨ ᠶᠠᠳᠠᠭᠤ ᠠᠴᠠ ᠲᠡᠳᠬᠦᠬᠦ ᠶᠢ | ᠤᠯᠠᠮ ᠨᠢᠭᠡ ᠠᠯᠬᠤᠮ ᠴᠢᠩᠭᠠᠳᠬᠠᠵᠤ᠂ ᠲᠦᠬᠦᠷ ᠠᠵᠦ ᠦᠢᠯᠡᠰ ᠤᠨ ᠪᠦᠲᠡᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠶᠠᠳᠠᠭᠤ ᠬᠦᠴᠢᠷᠲᠡᠢ ᠬᠦᠮᠥᠨ | ᠠᠮᠠ ᠨᠢ ᠨᠡᠭᠦᠵᠦ ᠳᠡᠶᠢᠯᠬᠦ᠂ ᠲᠣᠭᠲᠠᠪᠤᠷᠢᠵᠢᠬᠤ᠂ ᠴᠢᠨᠡᠭᠡᠯᠢᠭᠵᠢᠬᠦ ᠶᠢ ᠦᠨᠡᠩᠬᠦ ᠪᠠᠲᠤᠯᠠᠨ᠎ᠠ᠃ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠶᠢ ᠲᠦᠷᠭᠡᠳᠬᠡᠨ᠎ᠠ᠂ | ︽ᠭᠤᠷᠪᠠᠨ ᠨᠢᠭᠡ ᠪᠦᠯᠦᠭ︾ ᠤᠨ ᠠᠵᠢᠯᠯᠠᠭᠠᠨ ᠤ ᠲᠦᠯᠥᠪᠯᠡᠭᠡ ᠶᠢ ᠬᠡᠷᠡᠭᠵᠢᠭᠦᠯᠵᠦ᠂ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠬᠤ ᠲᠦᠷᠥ ᠶᠢᠨ ᠪᠣᠳᠣᠯᠭ᠎ᠠ ᠪᠠ | ᠬᠤᠳᠠᠯᠳᠤᠭᠠᠨ ᠤ ᠳᠠᠭᠠᠳᠬᠠᠯ ᠢᠶᠠᠷ ᠡᠮᠨᠡᠯᠭᠡ ᠶᠢᠨ ᠳᠠᠭᠠᠳᠬᠠᠯ ᠢ ᠨᠦᠬᠦᠪᠦᠷᠢᠯᠡᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠪᠡᠳᠴᠢᠨ ᠠᠴᠠ ᠪᠣᠯᠵᠤ | ᠶᠠᠳᠠᠭᠤᠷᠠᠬᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠠ᠃ ᠰᠤᠷᠭᠠᠨ ᠬᠦᠮᠥᠵᠢᠯ ᠢᠶᠠᠷ ᠶᠠᠳᠠᠭᠤ ᠶᠢ | ᠲᠡᠳᠬᠦᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠡᠮᠵᠢᠨ ᠲᠤᠰᠠᠯᠠᠬᠤ ᠲᠦᠷᠥ ᠶᠢᠨ ᠪᠣᠳᠣᠯᠭ᠎ᠠ ᠶᠢ ᠢᠳᠡᠪᠬᠢᠲᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠳᠤ | ᠤᠷᠤᠬᠤ ᠳᠠᠷᠤᠭᠠᠰᠤ ᠶᠢᠨ ᠶᠠᠳᠠᠭᠤ ᠬᠦᠴᠢᠷᠲᠡᠢ ᠭᠡᠷ ᠪᠦᠯᠢ ᠳᠠᠬᠢ ᠨᠦᠯᠥᠭᠡ ᠶᠢ ᠬᠦᠩᠭᠡᠯᠡᠨᠠ᠃ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠶᠢ ᠤᠯᠠᠮ | ᠨᠢᠭᠡ ᠠᠯᠬᠤᠮ ᠴᠢᠩᠭᠠᠳᠬᠠᠵᠤ᠂ ᠶᠠᠳᠠᠭᠤ ᠶᠢ ᠲᠡᠳᠬᠦᠬᠦ ᠪᠠᠭ᠎ᠠ ᠨᠣᠷᠮᠠᠲᠤ ᠵᠢᠭᠡᠯᠡᠯᠭᠡ᠂ ︽ᠳᠠᠭᠠᠭᠤᠯᠤᠭᠴᠢ ᠬᠦᠴᠦᠷᠬᠡᠭᠵᠢᠭᠦᠯᠬᠦ ᠵᠢᠭᠡᠯᠡᠯᠭᠡ︾ ᠵᠡᠷᠭᠡ ᠶᠠᠳᠠᠭᠤ ᠶᠢ | ᠲᠡᠳᠬᠦᠬᠦ ᠵᠢᠭᠡᠯᠡᠯᠭᠡ 40 ᠳ᠋ᠦᠩᠰᠢᠭᠤᠷ ᠲᠦᠭᠦᠷᠢᠭ ᠨᠠᠶᠢᠳᠠᠪᠤᠷᠢᠵᠢᠭᠤᠯᠤᠨ᠎ᠠ᠃ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠡᠳ᠋ ᠤᠨ ᠵᠠᠰᠠᠭ ᠤᠨ ᠲᠤᠰᠬᠠᠢ ᠲᠦᠷᠥᠯ ᠤᠨ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠠᠮᠢᠶᠠᠷᠤᠯᠲᠠ ᠬᠡᠷᠡᠭᠯᠡᠯᠲᠡ ᠶᠢ | ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠨᠠᠷᠢᠯᠢᠭ ᠤᠨᠣᠪᠴᠢᠲᠠᠢ ᠪᠠᠷ ᠶᠠᠳᠠᠭᠤ ᠬᠦᠴᠢᠷᠲᠡᠢ ᠬᠦᠮᠥᠨ ᠠᠮᠠ ᠶᠢ ᠬᠠᠷᠠᠭᠠᠯᠵᠠᠬᠤ ᠶᠢ ᠪᠠᠲᠤᠯᠠᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠂ ᠠᠭᠠᠷ ᠤᠰᠤ ᠭᠠᠵᠠᠷ ᠰᠢᠷᠣᠢ ᠵᠡᠷᠭᠡ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠠᠭᠠᠷ ᠤᠨ ᠪᠣᠬᠢᠷᠳᠤᠯ ᠦᠭᠡᠢ ᠶᠢ ᠬᠠᠮᠠᠭᠠᠯᠠᠬᠤ ᠪᠦᠬᠦ ᠲᠠᠯ᠎ᠠ ᠶᠢᠨ ᠢᠯᠠᠯᠲᠠ ᠶᠢ | ᠦᠨᠡᠨ ᠬᠦ ᠪᠠᠲᠤᠯᠠᠵᠤ᠂ ᠤᠰᠤᠨ ᠤ ᠡᠬᠢ ᠪᠠᠶᠠᠯᠢᠭ ᠪᠠ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠶ ᠠᠬᠢᠭᠤᠯᠤᠨ᠎ᠠ᠃ | ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠡᠮᠬᠢ ᠳᠠᠷᠠᠭᠠᠯᠠᠯ ᠲᠠᠢ ᠨᠡᠭᠦᠯᠭᠡᠨ ᠭᠠᠷᠭᠠᠨ᠎ᠠ᠃ | ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠣᠬᠢᠷᠳᠤᠯ ᠤᠨ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠨ ᠠᠳᠬᠤᠨ᠎ᠠ᠃ ᠶᠡᠷᠥᠩᠬᠡᠶᠢᠯᠡᠭᠰᠡᠨ | ᠪᠡᠯᠡ ᠤᠷᠤᠭᠤᠯᠤᠯᠲᠠ ᠨᠢ 106 ᠳ᠋ᠦᠩᠰᠢᠭᠤᠷ ᠲᠦᠭᠦᠷᠢᠭ ᠤᠨ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ | ᠤᠷᠴᠢᠨ ᠲᠣᠭᠤᠷᠢᠨ ᠤ ᠵᠠᠰᠠᠯᠲᠠ ᠶᠢᠨ ︽ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ︾ ᠶᠢ ᠬᠡᠷᠡᠭᠵᠢᠭᠦᠯᠵᠦ᠂ ᠠᠮᠢ ᠠᠬᠤᠢ ᠶᠢ ᠰᠡᠷᠭᠦᠭᠡᠬᠦ᠂ ᠲᠠᠷᠢᠶᠠᠯᠠᠩ ᠤᠨ | ᠤᠰᠤ ᠠᠷᠪᠢᠯᠠᠬᠤ᠂ ᠪᠤᠵᠠᠷ ᠤᠰᠤ ᠵᠠᠰᠠᠬᠤ᠂ ᠠᠭᠤᠷᠬᠠᠢ ᠨᠡᠭᠡᠭᠡᠬᠦ ᠶᠢ ᠴᠡᠭᠴᠡᠯᠡᠬᠦ᠂ ᠤᠰᠤ ᠠᠷᠪᠢᠯᠠᠬᠤ ᠬᠡᠯᠪᠡᠷᠢ ᠶᠢᠨ ᠬᠤᠲᠠ᠂ ᠤᠰᠤᠨ ᠤ ᠠᠮᠢ ᠠᠬᠤᠢ ᠶᠢ | ᠬᠠᠮᠠᠭᠠᠯᠠᠬᠤ ᠵᠡᠷᠭᠡ 6 ᠲᠣᠮᠣ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠵᠦ᠂ ᠡᠨᠡ ᠵᠢᠯ ᠳᠤ 20 ᠲᠦᠮᠡᠨ ᠮᠦ ᠠᠮᠢ ᠠᠬᠤᠢ ᠶᠢ ᠰᠡᠷᠭᠦᠭᠡᠬᠦ᠂ 40 ᠲᠦᠮᠡᠨ ᠮᠦ | ᠲᠠᠷᠢᠶᠠᠯᠠᠩ ᠤᠨ ᠤᠰᠤ ᠠᠷᠪᠢᠯᠠᠬᠤ ᠦᠭᠡᠷᠡᠴᠢᠯᠡᠯᠲᠡ᠂ 10 ᠰᠢᠶᠠᠩ ᠪᠠᠯᠭᠠᠰᠤᠨ ᠳᠤ ᠪᠤᠵᠠᠷ ᠤᠰᠤ ᠲᠦᠪᠯᠡᠷᠡᠭᠦᠯᠦᠨ ᠰᠢᠢᠳᠪᠦᠷᠢᠯᠡᠬᠦ᠂ ᠵᠠᠰᠠᠨ ᠰᠠᠶᠢᠵᠢᠷᠠᠭᠤᠯᠬᠤ | ᠤᠷᠤᠰᠬᠠᠯ ᠳᠠᠭᠠᠤ ᠤᠷᠣᠨ ᠳᠠᠬᠢ 4 ᠠᠭᠤᠷᠬᠠᠢ ᠶᠢᠨ ᠠᠵᠤ ᠠᠬᠤᠶᠢᠯᠠᠯ ᠢ ᠨᠡᠭᠦᠯᠭᠡᠨ ᠭᠠᠷᠭᠠᠬᠤ᠂ 232 ᠺᠢᠯᠤᠮᠧᠲᠷ ᠤᠰᠤᠨ ᠵᠠᠮ ᠰᠢᠯᠤᠭᠤᠳᠬᠠᠬᠤ ᠢ | ᠪᠡᠶᠡᠯᠡᠭᠦᠯᠦᠨ᠎ᠠ᠃ ︽ᠤᠯᠠᠭᠠᠨᠬᠠᠳᠠ ᠬᠤᠳᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠯᠠᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢᠨ ᠳᠦᠷᠢᠮ︾ ᠢ | ᠴᠢᠩᠭ᠎ᠠ ᠨᠠᠶᠢᠳᠠᠪᠤᠷᠢᠵᠢᠭᠤᠯᠵᠤ᠂ ᠬᠡᠲᠦᠷᠬᠡᠢ ᠮᠠᠯᠵᠢᠬᠤ ᠠᠵᠢᠯᠯᠠᠭ᠎ᠠ ᠶᠢ ᠴᠢᠩᠭ᠎ᠠ ᠵᠠᠰᠠᠵᠤ᠂ ᠬᠠᠤᠯᠢ ᠶᠣᠰᠣᠨ ᠤ ᠠᠷᠭ᠎ᠠ ᠪᠠᠷᠢᠯ ᠢᠶᠠᠷ ᠪᠠᠶᠢᠭᠠᠯᠢ ᠶᠢᠨ ᠠᠮᠢ ᠠᠬᠤᠢ ᠶᠢᠨ | ᠲᠣᠭᠲᠠᠪᠤᠷᠢᠵᠢᠵᠤ ᠰᠠᠶᠢᠵᠢᠷᠠᠬᠤ ᠶᠢ ᠠᠬᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠦᠭᠡᠷᠡᠴᠢᠯᠡᠯᠲᠡ ᠶᠢ ᠠᠬᠢᠭᠤᠯᠤᠨ᠎ᠠ᠂ ᠨᠤᠲᠤᠭ ᠪᠡᠯᠴᠢᠭᠡᠷ᠂ | ᠨᠠᠮᠤᠭ ᠭᠠᠵᠠᠷ᠂ ᠡᠯᠡᠰᠦᠵᠢᠭᠰᠡᠨ ᠭᠠᠵᠠᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠵᠤ᠂ ︽ᠤᠯᠠᠭᠠᠨᠬᠠᠳᠠ ᠬᠤᠲᠠ ᠶᠢᠨ ᠭᠠᠵᠠᠷ | ᠳᠣᠣᠷᠠᠬᠢ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠳᠦᠷᠢᠮ︾ ᠶᠢᠨ ᠬᠠᠤᠯᠢ ᠲᠣᠭᠲᠠᠭᠠᠬᠤ ᠠᠵᠢᠯ ᠢ ᠬᠠᠮᠵᠢᠨ ᠪᠡᠶᠡᠯᠡᠭᠦᠯᠦᠨ᠎ᠠ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠎ᠠ᠂ ᠮᠣᠳᠣ ᠲᠠᠷᠢᠵᠤ ᠤᠶᠢᠵᠢᠭᠤᠯᠬᠤ 100 ᠲᠦᠮᠡᠨ ᠮᠦ᠂ ᠪᠡᠭᠡᠵᠢᠩ ᠲᠢᠶᠠᠨᠵᠢᠨ ᠤ ᠡᠯᠡᠰᠦ ᠮᠠᠩᠬᠠᠨ ᠤ | ᠰᠤᠷᠪᠤᠯᠵᠢ ᠶᠢ ᠵᠠᠰᠠᠬᠤ 38 ᠲᠦᠮᠡᠨ ᠮᠦ᠂ ᠲᠠᠷᠢᠶᠠᠯᠠᠬᠤ ᠪᠠᠨ ᠵᠣᠭᠰᠤᠵᠤ ᠤᠶᠢᠵᠢᠭᠤᠯᠬᠤ 18 ᠲᠦᠮᠡᠨ ᠮᠦ᠂ ᠭᠤᠣᠯᠳᠠᠯᠭ᠎ᠠ ᠲᠠᠢ ᠤᠷᠣᠨ ᠲᠣᠭᠤᠷᠢᠭ ᠤᠨ | ᠨᠣᠭᠤᠭᠠᠷᠠᠭᠤᠯᠤᠯᠲᠠ 10 ᠲᠦᠮᠡᠨ ᠮᠦ᠂ ᠤᠰᠤ ᠬᠦᠷᠦᠰᠦ ᠬᠠᠮᠠᠭᠠᠯᠠᠨ ᠶᠡᠷᠦᠩᠬᠡᠶᠢᠯᠡᠨ ᠵᠠᠰᠠᠬᠤ 150 ᠲᠦᠮᠡᠨ ᠮᠦ ᠶᠢ ᠪᠡᠶᠡᠯᠡᠭᠦᠯᠦᠨ᠎ᠠ᠃ | ︵ᠬᠤᠶᠠᠷ︶ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠢᠨ᠎ᠠ ᠱᠠᠲᠤᠨ ᠳᠤ ᠳᠠᠪᠰᠢᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠦᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠠᠭᠠᠨᠬᠠᠳᠠ ᠬᠤᠲᠠ ᠶᠢᠨ ᠦᠰᠦᠷᠦᠩᠭᠦᠢ ᠮᠠᠨᠳᠤᠯᠲᠠ ᠶᠢ ᠠᠬᠢᠭᠤᠯᠬᠤ ᠵᠠᠩᠭᠢᠯᠠᠭ᠎ᠠ ᠶᠢᠨ ᠠᠳᠬᠠᠴᠠ ᠪᠣᠯᠭᠠᠵᠤ᠂ ᠪᠦᠬᠦ | ᠬᠤᠲᠠ ᠶᠢ ᠳᠠᠶᠢᠴᠢᠯᠠᠨ᠂ ᠪᠦᠬᠦ ᠠᠷᠠᠳ ᠤᠷᠣᠯᠴᠠᠨ᠂ ᠬᠦᠴᠦᠨ ᠢᠶᠠᠨ ᠲᠦᠪᠯᠡᠷᠡᠭᠦᠯᠦᠨ ᠪᠡᠯᠡ ᠤᠷᠤᠭᠤᠯᠤᠯᠲᠠ ᠶᠢ ᠠᠳᠬᠤᠵᠤ᠂ ᠲᠦᠷᠥᠯ ᠵᠦᠢᠯ ᠬᠢᠵᠦ᠂ | ᠲᠣᠭᠲᠠᠭᠤᠨ ᠢᠶᠠᠷ ᠨᠡᠮᠡᠭᠳᠡᠭᠦᠯᠵᠦ᠂ ᠪᠡᠯᠡ ᠤᠷᠤᠭᠤᠯᠤᠯᠲᠠ ᠨᠢ 5000 ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠥᠯ ᠵᠦᠢᠯ ᠢ 700 ᠠᠴᠠ | ᠳᠡᠭᠡᠭᠰᠢ ᠨᠠᠶᠢᠳᠠᠪᠤᠷᠢᠵᠢᠭᠤᠯᠵᠤ᠂ 1300 ᠳ᠋ᠦᠩᠰᠢᠭᠤᠷ ᠲᠦᠭᠦᠷᠢᠭ ᠠᠴᠠ ᠳᠡᠭᠡᠭᠰᠢ ᠪᠡᠯᠡ ᠤᠷᠤᠭᠤᠯᠤᠯᠲᠠ ᠶᠢ ᠪᠡᠶᠡᠯᠡᠭᠦᠯᠦᠨ᠎ᠠ᠃ ᠠᠷᠠᠯᠵᠢᠶᠠᠴᠢᠨ ᠤᠷᠢᠵᠤ ᠪᠡᠯᠡ | ᠮᠦᠩᠭᠦ ᠲᠠᠲᠠᠬᠤ ︽ᠡᠪᠦᠯ ᠤᠨ ᠤᠯᠠᠷᠢᠯ ᠤᠨ ᠠᠵᠢᠯᠯᠠᠭᠠᠨ︾ ᠢ ᠭᠦᠨᠵᠡᠭᠡᠢ ᠦᠷᠨᠢᠭᠦᠯᠵᠦ᠂ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠤᠨ᠂ ᠭᠤᠣᠯᠳᠠᠯᠭᠠᠲᠠᠢ | ᠭᠠᠵᠠᠷ ᠤᠷᠣᠨ ᠢ ᠲᠣᠪᠤᠶᠢᠯᠭᠠᠵᠤ᠂ ᠤᠷᠴᠢᠨ ᠲᠣᠭᠤᠷᠢᠨ ᠢ ᠬᠠᠮᠠᠭᠠᠯᠠᠬᠤ ᠲᠦᠷᠥ ᠶᠢᠨ ᠪᠣᠳᠣᠯᠭ᠎ᠠ ᠳᠤ ᠨᠡᠶᠢᠴᠡᠬᠦ᠂ ᠠᠵᠤ ᠦᠢᠯᠡᠰ ᠤᠨ ᠳᠡᠰ ᠳᠡᠪᠰᠢᠬᠦ ᠶᠢ | ᠳᠠᠶᠢᠴᠢᠯᠠᠬᠤ᠂ ᠠᠵᠢᠯ ᠤᠯᠭᠤᠬᠤ ᠦᠢᠯᠡᠰ ᠪᠦᠲᠦᠭᠡᠬᠦ ᠶᠢ ᠠᠬᠢᠭᠤᠯᠬᠤ ᠨᠢᠭᠡ ᠪᠦᠯᠦᠭ ᠲᠣᠮᠣ ᠲᠦᠷᠥᠯ ᠵᠦᠢᠯ᠂ ᠰᠠᠶᠢᠨ ᠲᠦᠷᠥᠯ ᠵᠦᠢᠯ ᠢ ᠬᠦᠴᠦᠯᠡᠨ | ᠤᠷᠤᠭᠤᠯᠤᠨ ᠠᠪᠴᠢᠷᠠᠵᠤ᠂ ᠪᠡᠯᠡ ᠤᠷᠤᠭᠤᠯᠤᠯᠲᠠ ᠨᠢ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠦᠷᠥᠯ ᠵᠦᠢᠯ 100 ᠠᠴᠠ ᠳᠡᠭᠡᠭᠰᠢ ᠶᠢ | ᠤᠷᠤᠭᠤᠯᠤᠨ ᠠᠪᠴᠢᠷᠠᠬᠤ ᠶᠢ ᠪᠠᠲᠤᠯᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ︽ᠲᠥᠷᠥᠯ ᠵᠦᠢᠯ ᠢ ᠠᠳᠬᠤᠬᠤ︾ ᠪᠠ ︽ᠣᠷᠴᠢᠨ ᠠᠬᠤᠢ ᠶᠢ ᠰᠠᠶᠢᠵᠢᠷᠠᠭᠤᠯᠬᠤ︾ ᠶᠢ ᠨᠢᠭᠡᠳᠦᠯᠲᠡᠶ ᠲᠥᠯᠥᠪᠵᠢᠭᠦᠯᠵᠦ᠂ ᠳᠦᠷᠦᠯ ᠵᠦᠢᠯ ᠢ | ᠪᠣᠳᠠᠲᠠᠶᠢᠵᠢᠭᠤᠯᠬᠤ ᠨᠦᠭᠦᠴᠡᠯ ᠢ ᠦᠨᠡᠨ ᠬᠦ ᠰᠢᠢᠳᠪᠦᠷᠢᠯᠡᠵᠦ᠂ ᠨᠡᠶᠢᠭᠡᠮ ᠤᠨ ᠲᠠᠯ᠎ᠠ ᠶᠢᠨ ᠬᠤᠳᠠᠯᠳᠤᠭ᠎ᠠ ᠡᠶᠡᠯᠳᠦᠬᠦ᠂ ᠬᠤᠳᠠᠯᠳᠤᠭ᠎ᠠ ᠠᠮᠤᠷᠵᠢᠭᠤᠯᠬᠤ᠂ | ᠬᠤᠳᠠᠯᠳᠤᠭ᠎ᠠ ᠬᠦᠴᠦᠷᠬᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠨ᠎ᠠ᠃ ᠤᠯᠤᠰ ᠪᠠ ᠦᠪᠡᠷᠲᠡᠭᠡᠨ ᠵᠠᠰᠠᠬᠤ ᠤᠷᠣᠨ ᠤ ᠳᠡᠮᠵᠢᠯᠭᠡ ᠶᠢ | ᠢᠳᠡᠪᠬᠢᠲᠠᠢ ᠤᠯᠵᠤ᠂ ᠠᠮᠢ ᠠᠬᠤᠢ ᠤᠷᠴᠢᠨ ᠲᠣᠭᠤᠷᠢᠨ ᠢ ᠬᠠᠮᠠᠭᠠᠯᠠᠬᠤ᠂ ᠨᠡᠶᠢᠭᠡᠮ ᠤᠨ ᠦᠢᠯᠡᠰ ᠪᠠ ᠰᠠᠭᠤᠷᠢ ᠲᠦᠬᠦᠭᠡᠷᠦᠮᠵᠢ ᠳᠠᠬᠢ ᠪᠡᠯᠡ ᠤᠷᠤᠭᠤᠯᠤᠯᠲᠠ ᠶᠢᠨ | ᠬᠦᠴᠦᠯᠡᠴᠡ ᠪᠠᠨ ᠨᠡᠮᠡᠭᠳᠡᠭᠦᠯᠦᠨ᠂ ᠨᠢᠭᠡ ᠪᠦᠯᠦᠭ ᠪᠦᠬᠦ ᠬᠤᠲᠠ ᠶᠢᠨ ᠠᠯᠤᠰ ᠤᠨ ᠬᠦᠭᠵᠢᠯᠲᠡ ᠲᠠᠢ ᠬᠤᠯᠪᠤᠭᠲᠠᠬᠤ ᠴᠢᠬᠤᠯᠠ ᠶᠡᠭᠡ ᠢᠨᠵᠧᠨᠧᠷᠢᠩ ᠢ | ᠨᠠᠶᠢᠳᠠᠪᠤᠷᠢᠵᠢᠭᠤᠯᠤᠨ ᠡᠬᠢᠯᠡᠨ ᠪᠠᠶᠢᠭᠤᠯᠤᠨ᠎ᠠ᠃ ᠢᠷᠭᠡᠨ ᠤ ᠪᠡᠯᠡ ᠤᠷᠤᠭᠤᠯᠤᠯᠲᠠ ᠶᠢ ᠦᠷᠭᠡᠳᠬᠡᠬᠦ ᠶᠢ ᠵᠣᠷᠢᠬᠵᠢᠭᠤᠯᠤᠨ ᠳᠡᠮᠵᠢᠬᠦ ᠲᠦᠷᠥ ᠶᠢᠨ ᠪᠣᠳᠣᠯᠭ᠎ᠠ ᠠᠷᠭ᠎ᠠ | ᠬᠡᠮᠵᠢᠶ᠎ᠠ ᠶᠢ ᠨᠠᠶᠢᠳᠠᠪᠤᠷᠢᠵᠢᠭᠤᠯᠵᠤ᠂ ᠰᠠᠭᠤᠷᠢ ᠲᠦᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠠ ᠬᠡᠪᠴᠢᠶᠡᠨ ᠳᠤ ᠵᠠᠰᠠᠭ ᠤᠨ ᠤᠷᠳᠣᠨ ᠪᠠ | ᠨᠡᠶᠢᠭᠡᠮ ᠤᠨ ᠪᠡᠯᠡ ᠬᠦᠷᠥᠩᠭᠡ ᠶᠢᠨ ᠬᠠᠮᠵᠢᠯᠴᠠᠭ᠎ᠠ ᠶᠢ ᠵᠢᠷᠤᠮᠵᠢᠭᠤᠯᠤᠨ ᠳᠡᠯᠭᠡᠷᠡᠭᠦᠯᠦᠨ᠎ᠠ᠃ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠠ ᠠᠮᠢᠳᠤᠷᠠᠯ ᠤᠨ ᠬᠦᠴᠦᠨ ᠢᠶᠠᠨ ᠪᠠᠳᠠᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠬᠦᠴᠦᠨ ᠢᠶᠠᠨ ᠲᠦᠪᠯᠡᠷᠡᠭᠦᠯᠦᠨ ᠤᠯᠠᠭᠠᠨᠬᠠᠳᠠ ᠶᠢᠨ ᠵᠡᠭᠦᠨ ᠬᠡᠰᠡᠭ ᠤᠨ ᠠᠵᠤ ᠠᠬᠤᠢ ᠶᠢᠨ ᠬᠤᠩᠭᠢᠯ ᠢ ᠪᠠᠶᠢᠭᠤᠯᠬᠤ ᠶᠢᠨ ᠳᠤᠭᠤᠷᠢᠨ ᠳᠤ᠂ ︽ᠤᠷᠣᠨ | ᠠᠯᠤᠰᠯᠠᠭᠰᠠᠨ ᠠᠵᠤ ᠠᠬᠤᠢ︾ ᠶᠢᠨ ᠲᠦᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠢᠭᠡ ᠲᠣᠭᠤᠷᠢᠭ ᠳᠦᠷᠪᠡᠨ ᠬᠦᠷᠢᠶᠡᠯᠡᠩ︾ ᠤᠨ | ᠡᠷᠴᠢᠮᠵᠢᠭᠦᠯᠦᠭᠰᠡᠨ ᠬᠦᠭᠵᠢᠯᠲᠡ ᠶᠢᠨ ᠲᠠᠪᠴᠠᠩ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠵᠠᠮ ᠱᠤᠭᠤᠮ ᠤᠨ ᠭᠤᠣᠯ ᠲᠣᠣᠷᠵᠢᠯ᠂ ᠲᠡᠮᠦᠷ ᠵᠠᠮ ᠤᠨ ᠲᠤᠰᠬᠠᠢ | ᠱᠤᠭᠤᠮ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠪᠡᠶᠡᠲᠦ ᠬᠠᠶᠠᠭᠳᠠᠮᠠᠯ ᠪᠣᠳᠠᠰ ᠪᠠ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠢᠯᠡᠳᠪᠦᠷᠢ ᠵᠡᠷᠭᠡ | ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ 2 × 35 ᠲᠦᠮᠡᠨ ᠺᠢᠯᠤᠧᠲ ᠤᠨ ᠦᠪᠡᠷᠲᠡᠭᠡᠨ ᠬᠡᠷᠡᠭᠯᠡᠬᠦ ᠴᠠᠬᠢᠯᠭᠠᠨ ᠤ | ᠦᠢᠯᠡᠳᠪᠦᠷᠢ ᠶᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠳᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠳᠠᠭᠠᠭᠠᠴᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠠ᠃ ᠦᠩᠭᠡᠲᠦ ᠲᠡᠮᠦᠷᠯᠢᠭ ᠤᠨ ᠠᠵᠤ ᠦᠢᠯᠡᠰ ᠢ ᠬᠦᠴᠦᠷᠬᠡᠭᠵᠢᠭᠦᠯᠦᠨ ᠪᠣᠵᠠᠭᠠᠶᠢᠷᠠᠭᠤᠯᠬᠤ ᠲᠠᠢ | ᠤᠶᠠᠯᠳᠤᠭᠤᠯᠤᠨ᠂ ᠬᠦᠴᠦᠨ ᠢᠶᠠᠨ ᠲᠦᠪᠯᠡᠷᠡᠭᠦᠯᠦᠨ ᠠᠵᠤ ᠦᠢᠯᠡᠳᠪᠦᠷᠢ ᠶᠢᠨ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠤᠯᠠᠭᠠᠨᠬᠠᠳᠠ ᠶᠢᠨ ᠶᠦᠨ ᠲᠦᠩ 40 ᠲᠦᠮᠡᠨ ᠲᠣᠨ ᠤ ᠵᠡᠰ ᠬᠠᠶᠢᠯᠤᠭᠤᠯᠬᠤ ᠲᠦᠷᠥᠯ ᠵᠦᠢᠯ ᠤᠨ ᠠᠵᠢᠯ ᠳᠠᠭᠤᠰᠴᠤ ᠠᠰᠢᠭᠯᠠᠯᠲᠠ ᠳᠤ ᠤᠷᠣᠬᠤ ᠶᠢ ᠪᠠᠲᠤᠯᠠᠨ᠂ | ᠶᠢᠨ ᠵᠢᠶᠠᠨ ᠵᠡᠰ ᠤᠨ ᠦᠢᠯᠡᠰ ᠤᠨ ᠨᠡᠭᠦᠯᠭᠡᠵᠦ ᠦᠷᠭᠡᠳᠬᠡᠨ ᠪᠠᠶᠢᠭᠤᠯᠬᠤ ᠶᠢ ᠲᠦᠷᠭᠡᠳᠬᠡᠨ᠎ᠠ᠂ ᠵᠡᠰ ᠤᠨ ᠠᠵᠤ ᠦᠢᠯᠡᠰ ᠤᠨ ᠨᠠᠷᠢᠯᠢᠭ ᠡᠳ᠋ᠰᠢᠭᠦᠯᠬᠦ᠂ ᠬᠦᠬᠦᠷ | ᠬᠦᠴᠢᠯ ᠤᠨ ᠬᠢᠮᠢ ᠶᠢᠨ ᠠᠵᠤ ᠦᠢᠯᠡᠳᠪᠦᠷᠢ ᠵᠡᠷᠭᠡ ᠨᠢᠭᠡ ᠪᠦᠯᠦᠭ ᠲᠦᠷᠥᠯ ᠵᠦᠢᠯ ᠢ ᠲᠦᠪᠯᠡᠷᠡᠭᠦᠯᠦᠨ ᠤᠷᠤᠭᠤᠯᠤᠨ ᠠᠪᠴᠢᠷᠠᠬᠤ ᠪᠠ ᠪᠦᠲᠦᠭᠡᠨ ᠪᠠᠶᠢᠭᠤᠯᠵᠤ᠂ | ᠠᠵᠤ ᠦᠢᠯᠡᠰ ᠤᠨ ᠬᠡᠯᠬᠢᠶᠡᠵᠢᠯ ᠢ ᠨᠡᠮᠡᠭᠳᠡᠭᠦᠯᠬᠦ᠂ ᠤᠷᠴᠢᠨ ᠬᠦᠭᠵᠢᠭᠦ ᠶᠢ ᠠᠬᠢᠭᠤᠯᠵᠤ᠂ ᠦᠩᠭᠡᠲᠦ ᠲᠡᠮᠦᠷᠯᠢᠭ ᠤᠨ ᠠᠵᠤ ᠦᠢᠯᠡᠰ ᠤᠨ ᠳᠠᠪᠰᠢᠯᠲᠠ ᠶᠢ | ᠠᠬᠢᠭᠤᠯᠤᠨ᠎ᠠ᠃ ᠡᠮ ᠡᠮᠨᠡᠯᠭᠡ ᠶᠢᠨ ᠠᠵᠤ ᠦᠢᠯᠡᠰ ᠢ ᠳᠡᠰ ᠳᠡᠪᠰᠢᠭᠦᠯᠦᠨ ᠪᠣᠵᠠᠭᠠᠶᠢᠷᠠᠭᠤᠯᠬᠤ ᠲᠠᠢ ᠤᠶᠠᠯᠳᠤᠭᠤᠯᠤᠨ᠂ ᠡᠮ ᠡᠮᠨᠡᠯᠭᠡ ᠶᠢᠨ ᠠᠵᠤ ᠦᠢᠯᠡᠰ ᠤᠨ | ᠬᠦᠭᠵᠢᠯᠲᠡ ᠶᠢ ᠳᠠᠭᠠᠭᠤᠯᠬᠤ ᠪᠡᠯᠡ ᠮᠦᠩᠭᠦ ᠭᠠᠷᠭᠠᠵᠤ᠂ ᠡᠮ ᠡᠮᠨᠡᠯᠭᠡ ᠶᠢᠨ ᠠᠵᠤ ᠦᠢᠯᠡᠰ ᠤᠨ ᠬᠦᠭᠵᠢᠨ ᠪᠣᠵᠠᠭᠠᠶᠢᠷᠠᠬᠤ ᠶᠢ ᠳᠡᠮᠵᠢᠬᠦ ᠶᠢ ᠱᠠᠩᠨᠠᠬᠤ ᠠᠷᠭ᠎ᠠ ᠶᠢ | ᠨᠠᠶᠢᠳᠠᠪᠤᠷᠢᠵᠢᠭᠤᠯᠵᠤ᠂ ᠳᠡᠭᠡᠳᠦ ᠳᠡᠰ ᠤᠨ ᠴᠢᠳᠠᠪᠤᠷᠢᠲᠠᠨ ᠪᠠ ᠤᠯᠤᠰ ᠤᠨ ᠰᠢᠨ᠎ᠠ ᠡᠮ ᠤᠨ ᠦᠢᠯᠡᠳᠪᠦᠷᠢᠯᠡᠯ ᠤᠨ ᠱᠤᠭᠤᠮ ᠢ ᠤᠷᠤᠭᠤᠯᠤᠨ ᠠᠪᠴᠢᠷᠠᠵᠤ᠂ ᠡᠮ | ᠡᠮᠨᠡᠯᠭᠡ ᠶᠢᠨ ᠠᠵᠤ ᠦᠢᠯᠡᠰ ᠤᠨ ᠰᠢᠨ᠎ᠠ ᠦᠢᠯᠡᠳᠬᠡᠭᠦᠨ ᠢ ᠨᠡᠭᠡᠭᠡᠨ ᠬᠦᠭᠵᠢᠭᠦᠯᠬᠦ ᠶᠢ ᠵᠣᠷᠢᠬᠵᠢᠭᠤᠯᠤᠨ ᠳᠠᠭᠠᠭᠤᠯᠵᠤ᠂ ᠳᠡᠭᠡᠲᠦ ᠳᠡᠰ ᠤᠨ ᠴᠢᠳᠠᠪᠤᠷᠢᠲᠠᠨ ᠪᠠ | ᠤᠯᠤᠰ ᠤᠨ ᠰᠢᠨ᠎ᠡ ᠡᠮ ᠤᠨ ᠦᠢᠯᠡᠳᠪᠦᠷᠢᠯᠡᠯ ᠢ ᠤᠷᠢᠨ ᠠᠪᠴᠢᠷᠠᠵᠤ᠂ ᠫᠦ᠋ ᠶᠢᠨ ᠡᠮ ᠡᠮᠨᠡᠯᠭᠡ᠂ ᠲᠠᠢ ᠯᠢᠩ ᠬᠠᠢ ᠴᠤᠧᠠᠩ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠮ ᠡᠮᠨᠡᠯᠭᠡ ᠶᠢᠨ ᠠᠵᠤ ᠦᠢᠯᠡᠰ ᠤᠨ ᠳᠠᠯᠳᠠ | ᠬᠦᠴᠦᠨ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠵᠤ ᠦᠢᠯᠡᠰ ᠤᠨ ᠬᠦᠭᠵᠢᠯᠲᠡ ᠶᠢᠨ ᠰᠢᠨ᠎ᠠ ᠲᠤᠯᠭᠠᠭᠤᠷᠢ ᠶᠢ ᠪᠣᠢ ᠪᠣᠯᠭᠠᠨ ᠪᠦᠷᠢᠯᠳᠦᠭᠦᠯᠬᠦ ᠲᠠᠢ ᠤᠶᠠᠯᠳᠤᠭᠤᠯᠤᠨ᠂ | 70 ᠲᠦᠮᠡᠨ ᠲᠤᠨ ᠤ ᠡᠲ᠋ᠢᠯ ᠬᠤᠶᠠᠷᠴᠢ ᠠᠯᠺᠤᠤᠯ ᠵᠢᠴᠢ 120 ᠲᠦᠮᠡᠨ ᠲᠤᠨ ᠤ ᠡᠾᠷᠣᠮᠲᠤ ᠲᠡᠮᠦᠷ ᠤᠨ ᠨᠡᠶᠢᠯᠡᠮᠡᠯ᠂ 2 × 30 ᠲᠦᠮᠡᠨ ᠲᠤᠨ ᠤ | ᠰᠢᠲᠠᠮᠠᠬᠠᠢ ᠠᠯᠺᠤᠤᠯ᠂ 120 ᠲᠦᠮᠡᠨ ᠺᠢᠯᠤᠧᠲ ᠤᠰᠤ ᠲᠠᠲᠠᠵᠤ ᠡᠨᠧᠷᠭᠢ ᠬᠠᠳᠠᠭᠠᠯᠠᠬᠤ᠂ 60 ᠲᠦᠮᠡᠨ ᠲᠤᠨ ᠤ ᠠᠯᠭᠤᠷ ᠰᠢᠩᠭᠡᠭᠡᠬᠦ ᠪᠣᠷᠳᠤᠭᠤᠷ᠂ ᠵᠧᠩ ᠸᠧᠢ | ᠮᠡᠳᠡᠭᠡ ᠵᠠᠩᠭᠢ ᠶᠢᠨ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠴᠢᠬᠤᠯᠠ ᠶᠡᠭᠡ ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠶᠤᠧᠠᠨ ᠯᠢᠶᠠᠨ | ᠪᠣᠯᠣᠳ ᠲᠡᠮᠦᠷ ᠤᠨ ᠮᠡᠷᠭᠡᠵᠢᠯ ᠤᠨ ᠰᠢᠨᠡᠴᠢᠯᠡᠯᠲᠡ ᠳᠡᠰ ᠳᠡᠪᠰᠢᠭᠦᠯᠬᠦ᠂ ᠲᠦᠸᠧ ᠵᠢᠶᠠ ᠰᠢᠩᠭᠡᠨ ᠲᠠᠯᠠᠰᠲᠤ ᠳᠡᠯᠭᠡᠴᠡ ᠶᠢᠨ ᠬᠤᠶᠠᠳᠤᠭᠠᠷ ᠬᠤᠭᠤᠴᠠᠭ᠎ᠠ᠂ ᠯᠢᠩ | ᠶᠦᠨ ᠬᠠᠢ ᠰᠢᠬᠢᠷ ᠦᠢᠯᠡᠳᠬᠦ᠂ ᠠᠨ ᠴᠢ ᠢᠰᠭᠡᠭᠦᠷ ᠵᠡᠷᠭᠡ 90 ᠭᠤᠣᠯᠳᠠᠯᠭ᠎ᠠ ᠲᠠᠢ ᠲᠦᠷᠥᠯ ᠵᠦᠢᠯ ᠤᠨ ᠠᠵᠢᠯ ᠳᠠᠭᠤᠰᠴᠤ ᠠᠰᠢᠭᠯᠠᠯᠲᠠ ᠳᠤ ᠤᠷᠣᠬᠤ ᠶᠢ | ᠦᠨᠡᠩᠬᠦ ᠪᠠᠲᠤᠯᠠᠵᠤ᠂ ᠨᠡᠩ ᠤᠯᠠᠨ ᠠᠵᠤ ᠦᠢᠯᠡᠳᠪᠦᠷᠢ ᠶᠢᠨ ᠬᠡᠪᠴᠢᠶ᠎ᠠ ᠶᠢ ᠪᠣᠵᠠᠭᠠᠶᠢᠷᠠᠭᠤᠯᠬᠤ ᠠᠮᠢᠳᠤᠯᠢᠭ ᠬᠦᠴᠦᠨ ᠢ ᠪᠦᠷᠢᠯᠳᠦᠭᠦᠯᠦᠨ᠎ᠠ᠃ ᠪᠣᠳᠠᠲᠤ ᠠᠵᠤ | ᠠᠬᠤᠢ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠲᠠᠢ ᠤᠶᠠᠯᠳᠤᠭᠤᠯᠤᠨ᠂ ᠵᠢᠭᠡᠯᠡᠯᠭᠡ ᠶᠢᠨ ᠪᠠᠲᠤᠯᠠᠨ ᠳᠠᠭᠠᠭᠠᠯᠲᠠ ᠶᠢᠨ ᠬᠠᠮᠵᠢᠯᠴᠠᠭᠠᠨ ᠤ ᠵᠣᠬᠢᠴᠠᠮᠵᠢ ᠶᠢ | ᠰᠢᠨ᠎ᠠ ᠪᠠᠷ ᠡᠭᠦᠳᠴᠦ᠂ ᠵᠠᠰᠠᠭ ᠤᠨ ᠤᠷᠳᠣᠨ ᠤ ᠳᠠᠭᠠᠭᠠᠨ ᠪᠠᠲᠤᠯᠠᠬᠤ ᠲᠠᠪᠴᠠᠩ ᠤᠨ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠢᠯᠤᠭᠤᠳᠤᠨ ᠳᠠᠭᠠᠭᠤᠯᠵᠤ ᠪᠣᠳᠠᠲᠤ ᠠᠵᠤ ᠠᠬᠤᠢ ᠶᠢᠨ ᠬᠦᠭᠵᠢᠯᠲᠡ ᠶᠢ ᠳᠡᠮᠵᠢᠨ ᠠᠬᠢᠭᠤᠯᠵᠤ᠂ ᠳᠣᠮᠳᠠ ᠵᠢᠵᠢᠭ ᠪᠡᠴᠢᠯ ᠠᠵᠤ ᠠᠬᠤᠶᠢᠯᠠᠯ ᠤᠨ | ᠪᠡᠯᠡ ᠴᠤᠭᠯᠠᠭᠤᠯᠬᠤ ᠬᠦᠴᠢᠷᠳᠡᠯ ᠢ ᠪᠦᠲᠦᠮᠵᠢᠲᠠᠢ ᠨᠠᠮᠬᠠᠳᠬᠠᠵᠤ᠂ ᠪᠦᠬᠦ ᠵᠢᠯ ᠳᠤ 160 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢ ᠰᠢᠨ᠎ᠠ ᠪᠠᠷ ᠨᠡᠮᠡᠭᠳᠡᠭᠦᠯᠦᠨ᠎ᠠ | ᠃ ᠠᠵᠤ ᠠᠬᠤᠶᠢᠯᠠᠯ ᠤᠨ ᠡᠵᠡᠩᠨᠡᠯᠲᠡ ᠲᠣᠬᠢᠷᠠᠭᠤᠯᠤᠯᠲᠠ ᠶᠢ ᠴᠢᠩᠳᠠᠯᠠᠨ᠂ ᠦᠢᠯᠡᠴᠢᠯᠡᠭᠡᠨ ᠤ ᠪᠠᠲᠤᠯᠠᠭ᠎ᠠ ᠪᠠᠨ ᠦᠨᠡᠩᠬᠦ ᠴᠢᠩᠳᠠᠯᠠᠨ᠂ ᠶᠡᠷᠦᠩᠬᠡᠶᠢᠯᠡᠭᠰᠡᠨ | ᠲᠦᠷᠥ ᠶᠢᠨ ᠪᠣᠳᠣᠯᠭ᠎ᠠ ᠬᠡᠷᠡᠭᠵᠢᠭᠦᠯᠦᠨ ᠠᠵᠤ ᠠᠬᠤᠶᠢᠯᠠᠯ ᠤᠨ ᠤᠭ ᠦᠷᠲᠡᠭ ᠢ ᠪᠠᠭᠤᠷᠠᠭᠤᠯᠵᠤ᠂ ᠬᠤᠯᠪᠣᠯᠴᠠᠨ ᠳᠠᠬᠢᠨ ᠵᠣᠬᠢᠶᠠᠨ ᠪᠠᠶᠢᠭᠤᠯᠬᠤ᠂ ᠮᠡᠷᠭᠡᠵᠢᠯ ᠤᠨ | ᠦᠭᠡᠷᠡᠴᠢᠯᠡᠯᠡᠲᠡ ᠬᠢᠬᠦ ᠳᠡᠰ ᠳᠡᠪᠰᠢᠬᠦ ᠵᠡᠷᠭᠡ ᠠᠷᠭ᠎ᠠ ᠬᠡᠯᠪᠡᠷᠢ ᠪᠠᠷ ᠦᠢᠯᠡᠳᠪᠦᠷᠢᠯᠡᠯ ᠵᠤᠭᠰᠤᠭᠰᠠᠨ ᠠᠵᠤ ᠠᠬᠤᠶᠢᠯᠠᠯ᠂ ᠠᠯᠳᠠᠪᠤᠷᠢ ᠲᠠᠢ ᠠᠵᠤ ᠠᠬᠤᠶᠢᠯᠠᠯ ᠤᠨ | ᠬᠦᠴᠢᠷᠳᠡᠯ ᠠᠴᠠ ᠠᠩᠭᠢᠵᠢᠷᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠠᠨ ᠡᠷᠡᠭᠦᠯ ᠢᠶᠠᠷ ᠨᠡᠮᠡᠭᠳᠡᠬᠦ ᠶᠢ ᠠᠬᠢᠭᠤᠯᠤᠨ᠎ᠠ᠃ | ︵ᠲᠥᠷᠪᠡ︶ ᠦᠢᠯᠡᠴᠢᠯᠡᠭᠡᠨ ᠤ ᠦᠢᠯᠡᠰ ᠤᠨ ᠰᠢᠨ᠎ᠠ ᠰᠢᠪᠲᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠵᠢᠭᠤᠯᠴᠢᠯᠠᠯ ᠤᠨ ᠵᠢᠷᠭᠤᠭᠠᠨ ᠲᠣᠮᠣ | ᠲᠡᠮᠳᠡᠭ ᠤᠨ ᠠᠵᠢᠯᠯᠠᠭᠠᠨ ᠤ ᠲᠦᠯᠥᠪᠯᠡᠭᠡ ᠶᠢ ᠬᠡᠷᠡᠭᠵᠢᠭᠦᠯᠵᠦ᠂ ᠪᠦᠬᠦ ᠵᠢᠯ ᠳᠤ ᠵᠢᠭᠤᠯᠴᠢᠯᠠᠯ ᠤᠨ ᠬᠠᠮᠢᠶ᠎ᠠ ᠲᠠᠢ ᠲᠦᠷᠥᠯ ᠵᠦᠢᠯ 260 ᠶᠢ ᠡᠬᠢᠯᠡᠨ ᠪᠠᠶᠢᠭᠤᠯᠵᠤ᠂ | ᠵᠢᠭᠤᠯᠴᠢᠯᠠᠯ ᠲᠠᠢ ᠬᠠᠮᠢᠶ᠎ᠠ ᠲᠠᠢ ᠪᠡᠯᠡ ᠤᠷᠤᠭᠤᠯᠤᠯᠲᠠ 100 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠮᠠᠶᠢᠷᠢᠨ ᠭᠤᠤ ᠤᠯᠤᠰ ᠤᠨ ᠳᠡᠰ ᠤᠨ ᠵᠤᠭᠠᠴᠠᠨ | ᠠᠮᠠᠷᠠᠬᠤ ᠤᠷᠣᠨ ᠪᠠ ᠬᠠᠰ ᠯᠤᠤ ᠡᠯᠡᠰᠦᠨ ᠪᠦᠷᠢᠳᠦ ᠶᠢᠨ 5A ᠳᠡᠰ ᠤᠨ ᠦᠵᠡᠮᠵᠢ ᠶᠢᠨ ᠤᠷᠣᠨ ᠢ ᠡᠭᠦᠳᠦᠨ ᠪᠠᠶᠢᠭᠤᠯᠬᠤ ᠠᠵᠢᠯ ᠢ ᠲᠣᠪᠤᠶᠢᠮ᠎ᠠ ᠠᠳᠬᠤᠵᠤ᠂ | 1000 ᠺᠢᠯᠤᠮᠧᠲᠷ ᠤᠨ ᠵᠢᠭᠤᠯᠴᠢᠯᠠᠯ ᠤᠨ ᠲᠤᠰᠬᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠳᠠᠭᠤᠰᠬᠠᠵᠤ᠂ ᠵᠢᠭᠤᠯᠴᠢᠯᠠᠯ ᠤᠨ ᠲᠣᠮᠣ ᠠᠰᠠᠷ ᠵᠡᠷᠭᠡ | ᠭᠤᠣᠯᠳᠠᠯᠭ᠎ᠠ ᠲᠠᠢ ᠲᠦᠷᠥᠯ ᠵᠦᠢᠯ ᠤᠨ ᠠᠰᠢᠭᠯᠠᠯᠲᠠ ᠳᠤ ᠤᠷᠣᠵᠤ ᠡᠵᠡᠩᠨᠡᠬᠦ ᠶᠢ ᠪᠠᠲᠤᠯᠠᠨ᠎ᠠ᠃ ᠵᠢᠭᠤᠯᠴᠢᠯᠠᠯ ᠤᠨ ᠲᠦᠬᠦᠷ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠪᠡᠭᠡᠵᠢᠩ ᠲᠢᠶᠠᠨᠵᠢᠨ ᠡᠾᠧᠪᠧᠢ ᠪᠣᠯᠣᠨ ᠬᠦᠷᠰᠢ ᠵᠡᠷᠭᠡᠯᠡᠳᠡᠭᠡ ᠭᠠᠵᠠᠷ ᠤᠷᠣᠨ ᠯᠤᠭ᠎ᠠ ᠶᠢᠨ ᠬᠤᠯᠪᠣᠯᠴᠠᠭ᠎ᠠ ᠬᠠᠮᠵᠢᠯᠴᠠᠭ᠎ᠠ ᠪᠠᠨ | ᠨᠢᠭᠲᠠᠷᠠᠭᠤᠯᠤᠨ᠂ ᠮᠠᠰᠢᠨ ᠲᠡᠷᠭᠡᠨ ᠤ ᠦᠪᠡᠷᠲᠡᠭᠡᠨ ᠰᠤᠩᠭᠤᠬᠤ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ | ᠤᠷᠣᠨ ᠤ ᠰᠢᠯᠵᠢᠮᠡᠯ ᠴᠢᠮᠡᠭᠡ ᠨᠡᠪᠳᠡᠷᠡᠯᠭᠡ ᠶᠢᠨ ᠲᠣᠣᠷᠵᠢᠯ ᠤᠨ ᠪᠦᠬᠦᠨ ᠢ ᠪᠦᠷᠬᠦᠭᠦᠯᠬᠦ ᠶᠢ ᠲᠦᠪᠯᠡᠷᠡᠭᠦᠯᠦᠨ ᠪᠤᠭᠤᠮᠲᠠ ᠰᠢᠪᠲᠤᠯᠤᠨ ᠪᠡᠶᠡᠯᠡᠭᠦᠯᠵᠦ᠂ ᠰᠢᠯᠵᠢᠮᠡᠯ | ᠬᠤᠯᠪᠣᠭᠠᠨ ᠳᠠᠬᠢ ᠠᠶᠠᠨᠴᠢᠳ ᠤᠨ ᠦᠢᠯᠡᠴᠢᠭᠡᠨ ᠤ ᠲᠦᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠠ᠃ ᠵᠢᠭᠤᠯᠴᠢᠯᠠᠯ ᠢᠶᠠᠷ ᠲᠠᠨᠢᠯᠴᠠᠭᠤᠯᠤᠨ | ᠠᠷᠠᠯᠵᠢᠶᠠᠴᠢᠨ ᠤᠷᠢᠬᠤ᠂ ᠪᠡᠶ᠎ᠠ ᠶᠢᠨ ᠲᠠᠮᠢᠷ ᠤᠨ ᠨᠡᠷᠡᠲᠦ ᠤᠷᠤᠯᠳᠤᠭᠠᠨ ᠵᠡᠷᠭᠡ ᠴᠢᠬᠤᠯᠠ ᠶᠡᠭᠡ ᠠᠵᠢᠯᠯᠠᠭᠠᠨ ᠢ ᠰᠠᠶᠢᠲᠤᠷ ᠡᠷᠬᠢᠯᠡᠨ᠂ ᠤᠯᠠᠭᠠᠨᠬᠠᠳᠠ ᠶᠢᠨ | ᠵᠢᠭᠤᠯᠴᠢᠯᠠᠯ ᠤᠨ ᠨᠡᠷ᠎ᠠ ᠠᠯᠳᠠᠷ ᠪᠠ ᠨᠦᠯᠥᠭᠡᠯᠠᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ | ᠭᠦᠢᠯᠭᠡᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠤᠨ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠢ ᠨᠤᠷᠮ᠎ᠠ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ ᠤ ᠬᠤᠲᠠ ᠶᠢᠨ ᠨᠢᠭᠡᠳᠦᠭᠡᠷ ᠬᠤᠭᠤᠴᠠᠭ᠎ᠠ᠂ | ᠮᠦᠩᠭᠦᠨ ᠭᠦᠢᠯᠭᠡᠭᠡᠨ ᠤ ᠪᠠᠷᠠᠭ᠎ᠠ ᠶᠢᠨ ᠭᠦᠢᠯᠭᠡᠭᠡᠨ ᠤ ᠭᠠᠷᠠᠮ ᠤᠨ ᠬᠤᠶᠠᠳᠤᠭᠠᠷ ᠬᠤᠭᠤᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠪᠥᠷ | ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ᠂ ᠯᠢ ᠹᠧᠩ ᠮᠠᠰᠢᠨ ᠲᠡᠷᠭᠡᠨ ᠤ ᠵᠠᠬ᠎ᠠ ᠳᠡᠯᠭᠡᠭᠦᠷ᠂ ᠴᠢᠶᠠᠨ ᠰᠢ ᠪᠠᠷᠢᠯᠭ᠎ᠠ ᠶᠢᠨ | ᠮᠠᠲ᠋ᠧᠷᠢᠶᠠᠯ ᠤᠨ ᠵᠠᠬ᠎ᠠ ᠳᠡᠯᠭᠡᠭᠦᠷ᠂ ᠳ᠋ᠠ ᠹᠦ᠋ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠵᠡᠷᠭᠡ ᠶᠢᠨ ᠬᠤᠲᠠ ᠠᠴᠠ ᠭᠠᠷᠴᠤ ᠬᠦᠷᠢᠶᠡᠯᠡᠩ ᠲᠣᠭᠤᠷᠢᠭ ᠲᠤ | ᠤᠷᠣᠬᠤ ᠠᠯᠬᠤᠴᠠ ᠶᠢ ᠲᠦᠷᠭᠡᠳᠬᠡᠨ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠳᠡᠰ ᠳᠡᠪᠰᠢᠵᠦ ᠤᠯᠤᠰ ᠤᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠣᠯᠭᠠᠬᠤ ᠶᠢ ᠠᠬᠢᠭᠤᠯᠵᠤ᠂ ᠴᠠᠬᠢᠮ ᠬᠤᠳᠠᠯᠳᠤᠭᠠᠨ ᠤ ᠶᠠᠪᠤᠳᠠᠯ ᠤᠨ ᠬᠦᠳᠡᠭᠡ ᠲᠣᠰᠬᠤᠨ ᠳᠤ ᠤᠷᠤᠭᠰᠠᠨ | ᠵᠢᠱᠢᠶ᠎ᠠ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠮᠦᠩᠭᠦᠨ ᠭᠦᠢᠯᠭᠡᠭᠡᠨ ᠤ ᠠᠵᠤ ᠦᠢᠯᠡᠰ ᠢ ᠢᠳᠡᠪᠬᠢᠲᠠᠢ | ᠳᠡᠮᠵᠢᠨ ᠪᠤᠶᠢᠵᠢᠭᠤᠯᠤᠨ᠎ᠠ᠂ ᠬᠤᠧᠠ ᠰᠢᠶᠠ ᠪᠠᠩᠬᠢ ᠨᠢ ᠮᠠᠨ ᠤ ᠬᠤᠲᠠ ᠳᠤ ᠰᠠᠯᠪᠤᠷᠢ ᠪᠠᠶᠢᠭᠤᠯᠤᠮᠵᠢ ᠭᠠᠷᠭᠠᠬᠤ ᠶᠢ ᠠᠬᠢᠭᠤᠯᠵᠤ᠂ ᠪᠠᠷᠢᠮᠵᠢᠶ᠎ᠠ ᠪᠤᠰᠤ ᠦᠩᠭᠡᠲᠦ | ᠲᠡᠮᠦᠷᠯᠢᠭ ᠤᠨ ᠠᠷᠠᠯᠵᠢᠶᠠᠨ ᠤ ᠲᠦᠪ ᠤᠨ ᠠᠷᠠᠯᠵᠢᠶᠠᠴᠢᠨ ᠤᠷᠢᠬᠤ ᠠᠵᠢᠯ ᠢ ᠴᠢᠩᠭᠠᠳᠬᠠᠵᠤ᠂ ᠨᠡᠩ ᠤᠯᠠᠨ ᠮᠦᠩᠭᠦᠨ ᠭᠦᠢᠯᠭᠡᠭᠡᠨ ᠤ ᠠᠵᠤ ᠠᠬᠤᠶᠢᠯᠠᠯ ᠢ ᠲᠠᠲᠠᠨ | ᠪᠤᠭᠤᠮᠲᠠ ᠶᠢᠨ ᠭᠠᠳᠠᠨᠠᠬᠢ ᠮᠦᠩᠭᠦᠨ ᠭᠦᠢᠯᠭᠡᠭᠡᠨ ᠤ ᠵᠢᠵᠢᠭ ᠪᠠᠯᠭᠠᠰᠤᠨ ᠳᠤ ᠰᠠᠭᠤᠷᠢᠰᠢᠭᠤᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠳᠦᠷᠪᠡᠨ | ᠵᠢᠯ ᠤᠨ ᠠᠵᠢᠯᠯᠠᠭᠠᠨ ᠤ ᠲᠦᠯᠥᠪᠯᠡᠭᠡ ᠶᠢ ᠭᠦᠨᠵᠡᠭᠡᠶᠢᠷᠡᠭᠦᠯᠦᠨ᠂ ᠦᠷᠭᠡᠳᠬᠡᠬᠦ ᠨᠡᠶᠢᠯᠡᠭᠦᠯᠬᠦ ᠳᠠᠬᠢᠨ ᠵᠣᠬᠢᠶᠠᠨ ᠪᠠᠶᠢᠭᠤᠯᠬᠤ᠂ ᠪᠡᠯᠡ ᠬᠤᠷᠠᠮᠳᠤᠭᠤᠯᠤᠨ | ᠳᠦᠷᠢᠶᠡᠰᠦᠯᠡᠬᠦ ᠵᠡᠷᠭᠡ ᠠᠷᠭ᠎ᠠ ᠵᠠᠮ ᠢᠶᠠᠷ 50 ᠳ᠋ᠦᠩᠰᠢᠭᠤᠷ ᠠᠴᠠ ᠳᠡᠭᠡᠭᠰᠢ ᠰᠢᠭᠤᠳ ᠪᠡᠯᠡ ᠬᠤᠷᠠᠮᠳᠤᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | ︵ᠲᠠᠪᠤ︶ ᠬᠦᠳᠡᠭᠡ ᠲᠣᠰᠬᠤᠨ ᠢᠶᠠᠨ ᠬᠦᠭᠵᠢᠭᠦᠯᠦᠨ ᠮᠠᠨᠳᠤᠭᠤᠯᠬᠤ ᠠᠯᠬᠤᠮ ᠢ ᠪᠦᠬᠦ ᠬᠦᠴᠦᠨ ᠢᠶᠠᠷ ᠠᠬᠢᠭᠤᠯᠤᠨ᠎ᠠ᠃ ︽ᠠᠵᠤ ᠦᠢᠯᠡᠰ ᠢ ᠬᠦᠭᠵᠢᠭᠡᠬᠦ︾ | ᠶᠢ ᠠᠬᠢᠭᠤᠯᠬᠤ ᠲᠠᠢ ᠤᠶᠠᠯᠳᠤᠭᠤᠯᠤᠨ᠂ ᠪᠣᠳᠠᠲᠠᠢ ᠠᠴᠠ ᠡᠭᠦᠰᠦᠨ ᠲᠠᠷᠢᠵᠤ ᠲᠡᠵᠢᠭᠡᠬᠦ ᠦᠢᠯᠡᠰ ᠤᠨ ᠪᠦᠲᠦᠴᠡ ᠳᠤ ᠭᠦᠨᠵᠡᠭᠡᠢ ᠲᠣᠬᠢᠷᠠᠭᠤᠯᠤᠯᠲᠠ ᠬᠢᠵᠦ᠂ | ᠲᠦᠬᠦᠭᠡᠷᠦᠮᠵᠢᠲᠦ ᠲᠠᠷᠢᠶᠠᠯᠠᠩ ᠪᠠ ᠦᠨᠳᠥᠷ ᠪᠦᠲᠦᠮᠵᠢᠲᠦ ᠤᠰᠤ ᠠᠷᠪᠢᠯᠠᠬᠤ ᠲᠠᠷᠢᠶᠠᠯᠠᠩ ᠢ ᠲᠦᠷᠭᠡᠨ ᠬᠦᠭᠵᠢᠭᠦᠯᠵᠦ᠂ ᠤᠨᠴᠠᠯᠢᠭᠲᠠᠢ ᠲᠠᠷᠢᠵᠤ ᠲᠡᠵᠢᠭᠡᠬᠦ ᠦᠢᠯᠡᠰ | ᠪᠠ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢ ᠡᠳ᠋ᠰᠢᠭᠦᠯᠬᠦ ᠠᠵᠤ ᠦᠢᠯᠡᠳᠪᠦᠷᠢ ᠶᠢ ᠶᠡᠬᠡᠪᠡᠷ ᠬᠦᠭᠵᠢᠭᠦᠯᠵᠦ᠂ ᠬᠦᠳᠡᠭᠡ ᠶᠢᠨ ᠶᠡᠷᠦᠩᠭᠡᠢ | ᠴᠤᠭᠴᠠ ᠶᠢᠨ ᠪᠠᠶᠢᠭᠤᠯᠤᠯᠲᠠ ᠳᠤ ᠰᠢᠪᠲᠤᠯᠤᠯᠲᠠ ᠭᠠᠷᠭᠠᠬᠤ ᠶᠢ ᠬᠦᠴᠦᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠬᠢᠭᠡᠳ ᠬᠤᠶᠠᠷ ᠭᠤᠷᠪᠠᠳᠤᠭᠠᠷ ᠠᠵᠤ | ᠦᠢᠯᠡᠰ ᠤᠨ ᠤᠷᠭᠠᠨᠢᠭ ᠨᠡᠶᠢᠯᠡᠯᠲᠡ ᠶᠢ ᠠᠬᠢᠭᠤᠯᠵᠤ᠂ ᠪᠦᠬᠦ ᠵᠢᠯ ᠳᠤ ᠲᠦᠬᠦᠭᠡᠷᠦᠮᠵᠢᠲᠦ ᠲᠠᠷᠢᠶᠠᠯᠠᠩ᠂ ᠰᠢᠯᠢᠳᠡᠭ ᠴᠢᠨᠠᠷᠲᠦ ᠬᠦᠷᠡᠩ ᠴᠠᠷᠭᠠᠰᠤ᠂ ᠦᠨᠳᠥᠷ | ᠠᠰᠢᠭᠲᠠᠢ ᠠᠵᠤ ᠠᠬᠤᠢ ᠶᠢᠨ ᠤᠢ ᠲᠤᠰᠪᠤᠷᠢ 20 ᠲᠦᠮᠡᠨ ᠮᠦ ᠨᠡᠮᠡᠭᠳᠡᠭᠦᠯᠦᠨ᠂ ᠤᠰᠤ ᠠᠷᠪᠢᠯᠠᠵᠤ ᠤᠰᠤᠯᠠᠬᠤ ᠲᠠᠯᠠᠪᠠᠢ 40 ᠲᠦᠮᠡᠨ ᠮᠦ ᠨᠡᠮᠡᠭᠳᠡᠭᠦᠯᠦᠨ᠂ | ᠴᠢᠨᠠᠷ ᠰᠠᠶᠢᠲᠠᠢ ᠠᠯᠠᠰᠢᠨ ᠦᠬᠡᠷ ᠬᠤᠨᠢ 900 ᠲᠣᠯᠣᠭᠠᠢ ᠠᠴᠠ ᠳᠡᠭᠡᠭᠰᠢ᠂ ᠭᠠᠭ᠋ᠠᠢ 700 ᠲᠦᠮᠡ ᠠᠴᠠ ᠳᠡᠭᠡᠭᠰᠢ ᠬᠤᠳᠠᠯᠳᠤᠨ᠎ᠠ᠃ ︽ᠠᠮᠢ ᠠᠬᠤᠢ ᠶᠢᠨ | ᠤᠷᠤᠰᠢᠨ ᠰᠠᠭᠤᠷᠢᠰᠢᠬᠤ ᠳᠤ ᠲᠣᠬᠢᠲᠠᠢ︾ ᠪᠠᠶᠢᠬᠤ ᠶᠢ ᠠᠬᠢᠭᠤᠯᠬᠤ ᠲᠠᠢ ᠤᠶᠠᠯᠳᠤᠭᠤᠯᠤᠨ᠂ ᠬᠦᠳᠡᠭᠡ ᠲᠣᠰᠬᠤᠨ ᠮᠠᠯᠵᠢᠬᠤ ᠤᠷᠣᠨ ᠤ ᠰᠠᠭᠤᠷᠢ ᠪᠦᠲᠦᠭᠡᠨ | ᠪᠠᠶᠢᠭᠤᠯᠤᠯᠲᠠ ᠶᠢ ᠦᠷᠬᠦᠯᠵᠢᠯᠡᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠦᠳᠡᠭᠡ ᠲᠣᠰᠬᠤᠨ ᠮᠠᠯᠵᠢᠬᠤ | ᠤᠷᠣᠨ ᠤ ᠬᠤᠭ ᠨᠣᠪᠰᠢ ᠶᠢ ᠰᠢᠢᠳᠪᠦᠷᠢᠯᠡᠬᠦ᠂ ᠲᠠᠷᠢᠶᠠᠴᠢᠨ ᠮᠠᠯᠴᠢᠨ ᠡᠷᠦᠬᠡ ᠶᠢᠨ ᠵᠣᠷᠯᠣᠩ ᠢ ᠦᠭᠡᠷᠡᠴᠢᠯᠡᠬᠦ ᠰᠢᠨ᠎ᠠ ᠬᠡᠯᠪᠡᠷᠢ ᠮᠠᠶ᠋ᠢᠭ ᠢ ᠰᠦᠪᠡᠭᠴᠢᠯᠡᠵᠦ᠂ | ᠬᠦᠳᠡᠭᠡ ᠲᠣᠰᠬᠤᠨ ᠮᠠᠯᠵᠢᠬᠤ ᠤᠷᠣᠨ ᠤ ᠤᠷᠴᠢᠨ ᠲᠣᠭᠤᠷᠢᠨ ᠢ ᠵᠠᠰᠠᠨ ᠬᠠᠮᠢᠶᠠᠷᠴᠤ ᠬᠠᠮᠠᠭᠠᠯᠠᠬᠤ ᠤᠷᠲᠤᠮᠵᠢ ᠶᠢᠨ ᠵᠣᠬᠢᠴᠠᠮᠵᠢ ᠶᠢ ᠲᠣᠭᠲᠠᠭᠠᠨ᠎ᠠ᠃ ︽ | ᠬᠦᠳᠡᠭᠡ ᠶᠢᠨ ᠵᠠᠩ ᠳᠠᠳᠬᠠᠯ ᠤᠨ ᠪᠣᠯᠪᠠᠰᠤᠨ︾ ᠢ ᠠᠬᠢᠭᠤᠯᠬᠤ ᠲᠠᠢ ᠤᠶᠠᠯᠳᠤᠭᠤᠯᠤᠨ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ᠂ ᠶᠣᠰᠣ | ᠰᠤᠷᠲᠠᠬᠤᠨ ᠤ ᠵᠢᠱᠢᠶᠡᠴᠢ ᠵᠡᠷᠭᠡ ᠶᠢ ᠰᠢᠯᠭᠠᠷᠠᠭᠤᠯᠤᠨ ᠰᠤᠩᠭᠤᠬᠤ ᠠᠵᠢᠯᠯᠠᠭᠠᠨ ᠢ ᠭᠦᠨᠵᠡᠭᠡᠢ ᠦᠷᠨᠢᠭᠦᠯᠦᠨ᠂ ᠬᠥᠷᠰᠢ ᠵᠡᠷᠭᠡᠯᠡᠳᠡᠭᠡ ᠡᠶ᠎ᠡ ᠨᠠᠶᠢᠷᠲᠠᠢ᠂ | ᠨᠠᠰᠤᠲᠠᠨ ᠢᠶᠠᠨ ᠬᠠᠷᠠᠭᠠᠯᠵᠠᠵᠤ ᠲᠦᠷᠦᠯ ᠰᠠᠳᠤᠨ ᠢᠶᠠᠨ ᠬᠥᠨᠳᠦᠳᠭᠡᠭᠰᠡᠨ ᠨᠡᠶᠢᠭᠡᠮ ᠤᠨ ᠬᠡᠪ ᠰᠤᠷᠲᠠᠯ ᠢ ᠶᠡᠬᠡᠪᠡᠷ ᠰᠤᠷᠲᠠᠯᠴᠢᠯᠠᠵᠤ᠂ ᠬᠤᠷᠢᠮ ᠪᠡᠯᠪᠡᠰᠦᠷᠡᠯ ᠵᠡᠷᠭᠡ | ᠬᠦᠷᠢᠶ᠎ᠠ ᠬᠡᠪᠴᠢᠶᠡᠨ ᠤ ᠵᠠᠩ ᠰᠤᠷᠲᠠᠯ ᠢ ᠬᠤᠪᠢᠷᠠᠭᠤᠯᠬᠤ ᠶᠢ ᠲᠦᠷᠭᠡᠨ ᠠᠬᠢᠭᠤᠯᠤᠨ᠎ᠠ᠃ ︽ᠵᠠᠰᠠᠯᠲᠠ ᠨᠢ ᠪᠦᠲᠦᠮᠵᠢᠲᠠᠢ ᠪᠠᠶᠢᠬᠤ︾ ᠶᠢ ᠠᠬᠢᠭᠤᠯᠬᠤ ᠲᠠᠢ | ᠤᠶᠠᠯᠳᠤᠭᠤᠯᠤᠨ᠂ ᠬᠠᠤᠯᠢ ᠴᠠᠭᠠᠵᠠ ᠶᠢᠨ ᠤᠬᠠᠭᠤᠯᠭ᠎ᠠ ᠬᠦᠮᠥᠵᠢᠯ ᠢᠶᠠᠨ ᠴᠢᠩᠭᠠᠳᠬᠠᠵᠤ᠂ ᠲᠣᠰᠠᠬᠤᠨ ᠤ ᠶᠠᠪᠤᠳᠠᠯ ᠢ ᠢᠯᠡ ᠪᠣᠯᠭᠠᠬᠤ᠂ ᠡᠳ᠋ ᠤᠨ ᠶᠠᠪᠤᠳᠠᠯ ᠢ | ᠢᠯᠡ ᠪᠣᠯᠭᠠᠬᠤ ᠶᠢ ᠢᠳᠡᠪᠬᠢᠲᠠᠢ ᠠᠬᠢᠭᠤᠯᠵᠤ᠂ ᠠᠷᠪᠠᠳᠤᠭᠠᠷ ᠬᠤᠭᠤᠴᠠᠭᠠᠨ ᠤ ᠭᠠᠴᠠᠭ᠎ᠠ ᠲᠣᠰᠬᠤᠨ ᠤ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠨ᠎ᠠ᠃ ︽ | ᠠᠮᠢᠳᠤᠷᠠᠯ ᠨᠢ ᠪᠠᠶᠠᠨ ᠴᠢᠨᠡᠭᠡᠯᠢᠭ ᠪᠣᠯᠬᠤ︾ ᠶᠢ ᠠᠬᠢᠭᠤᠯᠬᠤ ᠲᠠᠢ ᠤᠶᠠᠯᠳᠤᠭᠤᠯᠤᠨ᠂ ᠡᠯ᠎ᠠ ᠵᠦᠢᠯ ᠤᠨ ᠲᠠᠷᠢᠶᠠᠯᠠᠩ ᠮᠠᠯᠵᠢᠯ ᠳᠤ ᠬᠠᠷᠠᠭᠠᠯᠵᠠᠯᠠᠯ ᠲᠠᠢ ᠲᠦᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠡᠶᠢᠳᠠᠪᠤᠷᠢᠵᠢᠭᠤᠯᠵᠤ᠂ ᠲᠠᠷᠢᠶᠠᠴᠢᠳ ᠮᠠᠯᠴᠢᠳ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠤᠨ | ᠬᠦᠴᠦᠯᠡᠴᠡ ᠪᠠᠨ ᠨᠡᠮᠡᠭᠳᠡᠭᠦᠯᠵᠦ᠂ ᠦᠯᠡᠭᠦᠦ ᠬᠦᠳᠡᠯᠮᠦᠷᠢ ᠬᠦᠴᠦᠨ ᠤ ᠰᠢᠯᠵᠢᠨ ᠠᠵᠢᠯ ᠤᠯᠬᠤ ᠶᠢ ᠵᠢᠯᠣᠭᠤᠳᠤᠨ᠂ ᠲᠠᠷᠢᠶᠠᠴᠢᠳ ᠮᠠᠯᠴᠢᠳ ᠤᠨ ᠤᠷᠣᠯᠭ᠎ᠠ ᠶᠢ | ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠠ᠃ | ︵ᠵᠢᠷᠭᠤᠭ᠎ᠠ︶ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠦᠬᠦ᠋ᠢᠯᠡ ᠳᠠᠪᠰᠢᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠴᠢᠬᠤᠯᠠ | ᠶᠡᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠳᠤ ᠲᠦᠪᠯᠡᠷᠡᠭᠦᠯᠦᠨ ᠪᠤᠭᠤᠮᠲᠠ ᠰᠢᠪᠲᠤᠯᠵᠤ᠂ ᠨᠢᠭᠡ | ᠪᠦᠯᠦᠭ ᠴᠢᠬᠤᠯᠠ ᠶᠡᠭᠡ ᠰᠠᠭᠤᠷᠢ ᠲᠦᠬᠦᠭᠡᠷᠦᠮᠵᠢ ᠶᠢᠨ ᠪᠠᠷᠢᠯᠭ᠎ᠠ ᠶᠢᠨ ᠠᠵᠢᠯ ᠤᠨ ᠤᠷᠤᠭᠰᠢᠲᠠᠢ ᠪᠠᠷ ᠡᠬᠢᠯᠡᠵᠦ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ 64.1 ᠳ᠋ᠦᠩᠰᠢᠭᠤᠷ ᠲᠦᠭᠦᠷᠢᠭ ᠪᠡᠯᠡ ᠤᠷᠤᠭᠤᠯᠵᠤ᠂ ᠦᠷᠬᠦᠯᠵᠢᠯᠡᠨ ᠪᠠᠶᠢᠭᠤᠯᠵᠤ ᠪᠠᠶᠢᠭ᠎ᠠ 15 ᠲᠦᠷᠥᠯ | ᠵᠦᠢᠯ ᠢ ᠲᠦᠷᠭᠡᠨ ᠠᠬᠢᠭᠤᠯᠵᠤ᠂ 10 ᠲᠦᠷᠥᠯ ᠵᠦᠢᠯ ᠨᠢ ᠡᠨᠡ ᠵᠢᠯ ᠳᠤ ᠪᠠᠶᠢᠭᠤᠯᠵᠤ ᠳᠠᠭᠠᠭᠤᠯᠤᠨ ᠲᠡᠷᠭᠡ ᠨᠡᠪᠲᠡᠷᠡᠬᠦ ᠶᠢ ᠦᠨᠡᠩᠬᠦ ᠪᠠᠲᠤᠯᠠᠵᠤ᠂ ᠰᠢᠶᠣᠣ ᠴᠧᠩ | ᠽᠢ ᠠᠴᠠ ᠫᠢᠩᠴᠢᠤᠧᠠᠨ ᠬᠦᠷᠬᠦ ᠨᠢᠭᠡᠳᠦᠭᠡᠷ ᠳᠡᠰ ᠤᠨ ᠵᠠᠮ ᠪᠠ ᠠᠷᠪᠠᠨ ᠭᠡᠷ ᠠᠴᠠ ᠭᠤᠷᠤᠬ᠎ᠠ ᠬᠦᠷᠬᠦ ᠬᠤᠶᠠᠳᠤᠭᠠᠷ ᠳᠡᠰ ᠤᠨ ᠵᠠᠮ ᠢ ᠡᠬᠢᠯᠡᠨ ᠪᠦᠲᠦᠭᠡᠨ | ᠪᠠᠶᠢᠭᠤᠯᠵᠤ᠂ ᠤᠯᠠᠭᠠᠨᠬᠠᠳᠠ ᠠᠴᠠ ᠰᠢᠶᠣᠣ ᠺᠠᠠ ᠯᠠ ᠬᠦᠷᠬᠦ ᠵᠡᠷᠭᠡ 9 ᠵᠠᠰᠠᠮᠠᠯ ᠵᠠᠮ ᠤᠨ ᠲᠦᠷᠥᠯ ᠵᠦᠢᠯ ᠤᠨ ᠠᠵᠢᠯ ᠡᠬᠢᠯᠡᠬᠦ ᠨᠦᠬᠦᠴᠡᠯ ᠢ ᠴᠢᠷᠮᠠᠶᠢᠨ | ᠪᠦᠷᠢᠯᠳᠦᠭᠦᠯᠦᠨ᠎ᠠ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 53.5 ᠳ᠋ᠦᠩᠰᠢᠭᠤᠷ ᠲᠦᠭᠦᠷᠢᠭ᠂ ᠤᠯᠠᠭᠠᠨᠬᠠᠳᠠ ᠶᠢᠨ ᠲᠦᠷᠭᠡᠨ | ᠬᠤᠷᠳᠤᠴᠠᠲᠤ ᠲᠡᠮᠦᠷ ᠵᠠᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠨᠡ ᠵᠢᠯ ᠳᠤ ᠲᠡᠮᠦᠷ ᠵᠠᠮ ᠢ ᠳᠡᠪᠢᠰᠦᠨ᠂ ᠵᠢᠩ ᠲᠦᠩ ᠱᠤᠭᠤᠮ ᠤᠨ ᠴᠠᠬᠢᠯᠭᠠᠨᠴᠢᠯᠠᠨ | ᠦᠭᠡᠷᠡᠴᠢᠯᠡᠬᠦ ᠪᠠ ᠶᠧ ᡂᠢ ᠲᠡᠮᠦᠷ ᠵᠠᠮ ᠤᠨ ᠴᠢᠳᠠᠪᠬᠢ ᠶᠢ ᠦᠷᠭᠡᠳᠬᠡᠨ ᠦᠭᠡᠷᠡᠴᠢᠯᠡᠬᠦ ᠶᠢ ᠪᠡᠶᠡᠯᠡᠭᠦᠯᠵᠦ᠂ ᠵᠢᠲ᠋ᠦ᠋ᠩ ᠲᠡᠮᠦᠷ ᠵᠠᠮ ᠤᠨ ᠴᠠᠬᠢᠯᠭᠠᠨᠵᠢᠯᠲᠠ ᠶᠢᠨ | ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠤᠨ᠎ᠠ᠃ ᠠᠭᠠᠷ ᠠᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 5 ᠳ᠋ᠦᠩᠰᠢᠭᠤᠷ ᠲᠦᠭᠦᠷᠢᠭ᠂ | ᠬᠠᠰ ᠯᠤᠤ ᠨᠢᠰᠬᠡᠯ ᠤᠨ ᠪᠠᠭᠤᠳᠠᠯ ᠢ ᠦᠷᠭᠡᠳᠬᠡᠨ ᠪᠠᠶᠢᠭᠤᠯᠬᠤ ᠪᠠᠷᠢᠯᠭ᠎ᠠ ᠪᠠ ᠨᠡᠶᠢᠳᠡᠮ ᠬᠡᠷᠡᠭᠯᠡᠭᠡᠨ ᠤ 5 ᠨᠢᠰᠬᠡᠯ ᠤᠨ ᠪᠠᠭᠤᠳᠠᠯ ᠢ ᠡᠬᠢᠯᠡᠨ ᠪᠠᠶᠢᠭᠤᠯᠵᠤ᠂ ᠯᠢᠨᠰᠢ | ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠡᠮᠦᠨ᠎ᠠ ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠎ᠠ᠃ ᠭᠤᠣᠯ ᠬᠤᠲᠠ ᠲᠣᠭᠤᠷᠢᠭ ᠤᠨ ᠬᠤᠲᠠ ᠶᠢᠨ | ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 100 ᠳ᠋ᠦᠩᠰᠢᠭᠤᠷ ᠲᠦᠭᠦᠷᠢᠭ᠂ ᠬᠤᠲᠠ ᠲᠣᠭᠤᠷᠢᠮ ᠤᠨ ᠤᠰᠤᠨ | ᠰᠢᠰᠲ᠋ᠧᠮ ᠢ ᠵᠠᠰᠠᠬᠤ᠂ ᠰᠠᠨ ᠽᠦᠸᠧ ᠳ᠋ᠢᠶᠠᠨ ᠤᠰᠤᠨ ᠴᠦᠬᠦᠷᠦᠮ ᠠᠴᠠ ᠭᠤᠣᠯ ᠬᠤᠲᠠ ᠲᠣᠭᠤᠷᠢᠭ ᠵᠦᠭ ᠤᠰᠤ ᠲᠠᠲᠠᠨ ᠬᠠᠩᠭᠠᠬᠤ᠂ ᠬᠠᠮ ᠬᠤᠭᠤᠯᠠᠢ | ᠬᠤᠩᠬᠢᠯ᠂ ︽ᠬᠤᠶᠠᠷ ᠠᠭᠤᠯᠠ ᠬᠤᠶᠠᠷ ᠴᠡᠴᠡᠷᠯᠢᠭ︾ ᠶᠢᠨ ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠳᠠᠭᠤᠰᠬᠠᠵᠤ᠂ ᠳᠤᠮᠳᠠ ᠲᠣᠭᠤᠷᠢᠮ ᠵᠠᠮ᠂ ᠲᠦᠷᠭᠡᠨ | ᠬᠤᠷᠳᠤᠴᠠᠲᠤ ᠲᠡᠮᠦᠷ ᠵᠠᠮ ᠤᠨ ᠪᠠᠷᠠᠭᠤᠨ ᠦᠷᠲᠡᠭᠡᠨ ᠤ ᠵᠠᠮ ᠬᠠᠷᠢᠯᠴᠠᠭᠠᠨ ᠤ ᠵᠠᠩᠭᠢᠯᠠᠭ᠎ᠠ ᠪᠠᠷᠢᠯᠭ᠎ᠠ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ ᠲᠦᠬᠦᠷ ᠬᠤᠭᠤᠯᠠᠢ | ᠲᠣᠣᠷᠵᠢᠯ ᠵᠡᠷᠭᠡ ᠪᠠᠶᠢᠭᠤᠯᠵᠤ ᠪᠠᠶᠢᠭ᠎ᠠ ᠲᠦᠷᠥᠯ ᠵᠦᠢᠯ ᠢ ᠲᠦᠷᠭᠡᠨ ᠠᠬᠢᠭᠤᠯᠵᠤ᠂ ᠤᠰᠤᠨ ᠰᠤᠷᠪᠤᠯᠵᠢ ᠶᠢᠨ ᠭᠠᠵᠠᠷ ᠢ ᠭᠠᠳᠠᠭᠰᠢ ᠨᠡᠭᠦᠯᠭᠡᠬᠦ᠂ ᠳᠦᠷᠪᠡᠳᠦᠭᠡᠷ | ᠤᠰᠤᠨ ᠤ ᠦᠢᠯᠡᠳᠪᠦᠷᠢ᠂ 10 ᠲᠤᠨ ᠤ ᠡᠭᠡᠭᠦᠯᠦᠭᠰᠡᠨ ᠤᠰᠤᠨ ᠤ ᠦᠢᠯᠡᠳᠪᠦᠷᠢ᠃ ᠬᠤᠩ ᠮᠢᠶᠣᠣᠽᠢ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠬᠤᠶᠠᠳᠤᠭᠠᠷ ᠬᠤᠭᠤᠴᠠᠭ᠎ᠠ ᠵᠢᠴᠢ ᠭᠤᠣᠯ ᠠᠯᠠᠤᠰᠯᠠᠭᠰᠠᠨ 6 ᠬᠦᠭᠦᠷᠭᠡ ᠵᠡᠷᠭᠡ ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠤᠨ᠎ᠠ᠃ ᠭᠤᠣᠯᠳᠠᠯᠭ᠎ᠠ ᠲᠠᠢ | ᠬᠡᠪᠴᠢᠶ᠎ᠠ ᠶᠢ ᠰᠤᠩᠭᠤᠨ ᠬᠠᠭᠤᠴᠢᠨ ᠬᠤᠲᠠ ᠲᠣᠭᠤᠷᠢᠭ ᠤᠨ ᠦᠭᠡᠷᠡᠴᠢᠯᠡᠯᠡᠲᠡ ᠬᠢᠨ᠎ᠠ᠃ ᠬᠤᠲᠠ ᠪᠠᠯᠭᠠᠰᠤᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠤᠶᠤᠨᠴᠢᠯᠠᠭᠰᠠᠨ᠂ ᠨᠠᠷᠢᠯᠢᠬᠴᠢᠯᠠᠭᠰᠠᠨ ᠬᠠᠮᠢᠶᠠᠷᠤᠯᠲᠠ ᠶᠢ ᠳᠡᠭᠡᠭᠰᠢᠯᠡᠭᠦᠯᠦᠨ᠎ᠠ᠃ ᠡᠨᠧᠷᠭᠢ ᠶᠢᠨ ᠵᠥᠭᠡᠭᠡᠪᠦᠷᠢᠯᠡᠯᠲᠡ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠤᠷᠤᠭᠤᠯᠤᠯᠲᠠ 110 ᠳ᠋ᠦᠩᠰᠢᠭᠤᠷ ᠲᠦᠭᠦᠷᠢᠭ᠂ ᠴᠣᠣᠶᠠᠩ ᠠᠴᠠ ᠤᠯᠠᠭᠠᠨᠬᠠᠳᠠ ᠬᠦᠷᠬᠦ ᠰᠢᠲᠠᠮᠠᠬᠠᠢ ᠬᠡᠢ ᠶᠢ ᠬᠤᠯᠠ ᠳᠠᠮᠵᠢᠭᠤᠯᠬᠤ | ᠬᠤᠭᠤᠯᠠᠢ ᠶᠢᠨ ᠢᠨᠵᠧᠨᠧᠷᠢᠩ᠂ ᠬᠤᠲᠠ ᠬᠦᠳᠡᠭᠡ ᠶᠢᠨ ᠴᠠᠬᠢᠯᠭᠠᠨ ᠲᠣᠣᠷᠵᠢᠯ ᠢ ᠰᠢᠨ᠎ᠠ ᠪᠠᠶᠢᠭᠤᠯᠬᠤ ᠪᠠ ᠰᠢᠨᠡᠴᠢᠯᠡᠬᠦ ᠢᠨᠵᠧᠨᠧᠷᠢᠩ᠂ ᠹᠦ᠋ ᠯᠦᠩ ᠢᠯᠴᠢ | ᠴᠠᠬᠢᠯᠭᠠᠨ ᠬᠤᠯᠪᠤᠭᠠᠯᠠᠨ ᠦᠢᠯᠡᠳᠪᠦᠷᠢᠯᠡᠬᠦ ᠵᠡᠷᠭᠡ ᠲᠦᠷᠥᠯ ᠵᠦᠢᠯ ᠢ ᠠᠵᠢᠯ ᠳᠠᠭᠤᠰᠬᠠᠨ ᠠᠰᠢᠭᠯᠠᠯᠲᠠ ᠳᠤ ᠤᠷᠤᠭᠤᠯᠤᠨ᠂ ᠤᠯᠠᠭᠠᠨᠬᠠᠳᠠ ᠠᠴᠠ ᠤᠮᠠᠷᠠᠲᠤ ᠤᠷᠣᠨ | ᠬᠦᠷᠬᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠡᠮᠦᠨᠡᠬᠢ ᠬᠤᠭᠤᠴᠠᠭᠠᠨ ᠤ ᠠᠵᠢᠯ ᠳᠤ ᠪᠣᠳᠠᠲᠤ ᠠᠬᠢᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 20 ᠳ᠋ᠦᠩᠰᠢᠭᠤᠷ ᠲᠦᠭᠦᠷᠢᠭ᠂ ᠬᠦᠪ ᠤᠨ ᠭᠤᠤ ᠤᠰᠤᠨ ᠴᠦᠬᠦᠷᠦᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠤᠷᠣᠨ ᠠᠯᠤᠰᠯᠠᠨ ᠤᠰᠤ ᠲᠠᠲᠠᠬᠤ ᠤᠯᠠᠭᠠᠨᠬᠠᠳᠠ ᠶᠢᠨ ᠰᠠᠯᠪᠤᠷᠢ ᠱᠤᠭᠤᠮ᠂ ᠳ᠋ᠦᠩ ᠲᠠᠶᠢᠽᠢ ᠤᠰᠤᠨ ᠴᠦᠬᠦᠷᠦᠮ ᠪᠣᠯᠣᠨ | ᠠᠶᠤᠯ ᠡᠮᠵᠢᠭᠲᠡᠢ 47 ᠤᠰᠤᠨ ᠬᠠᠭᠠᠯᠲᠠ ᠶᠢ ᠪᠠᠬᠢᠵᠢᠭᠦᠯᠬᠦ ᠢᠨᠵᠧᠨᠧᠷᠢᠩ ᠢ ᠡᠬᠢᠯᠡᠨ ᠪᠠᠶᠢᠭᠤᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠨᠡᠩ ᠰᠠᠶᠢᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠦᠢᠯᠡᠰ | ᠪᠦᠲᠦᠭᠡᠬᠦ ᠤᠯᠠᠭᠠᠨᠬᠠᠳᠠ︾ ᠢᠨᠵᠧᠨᠧᠷᠢᠩ ᠢ ᠰᠠᠶᠢᠲᠤᠷ ᠠᠳᠬᠤᠵᠤ᠂ ᠠᠨ ᠺᠤᠧᠠᠢ ᠦᠢᠯᠡᠰ ᠪᠦᠲᠦᠭᠡᠬᠦ ᠬᠦᠷᠢᠶᠡᠯᠡᠩ ᠵᠢᠴᠢ ᠡᠯ᠎ᠠ ᠲᠦᠷᠥᠯ ᠤᠨ ︽ᠬᠤᠣᠰ | ᠪᠦᠲᠦᠭᠡᠯᠲᠡ︾ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠰᠳᠠᠭᠠᠨ ᠭᠠᠵᠠᠷ ᠪᠤᠶᠢᠵᠢᠭᠤᠯᠬᠤ ᠪᠠ ᠦᠷ᠎ᠠ | ᠪᠦᠲᠦᠮᠵᠢ ᠪᠠᠨ ᠤᠯᠠᠷᠢᠭᠤᠯᠬᠤ ᠶᠢ ᠳᠡᠮᠵᠢᠵᠦ᠂ ᠴᠡᠷᠢᠭ ᠠᠴᠠ ᠬᠠᠯᠠᠭᠳᠠᠭᠰᠠᠳ᠂ ᠤᠶᠤᠲᠠᠳ᠂ ᠲᠠᠷᠢᠶᠠᠴᠢᠳ ᠮᠠᠯᠴᠢᠳ ᠪᠣᠯᠣᠨ ᠠᠵᠢᠯ ᠤᠯᠢᠬᠤ ᠳᠤ ᠬᠦᠴᠢᠷᠲᠡᠢ | ᠬᠦᠮᠦᠰ ᠤᠨ ᠠᠵᠢᠯ ᠤᠯᠬᠤ ᠳᠠᠬᠢᠨ ᠠᠵᠢᠯ ᠤᠯᠬᠤ ᠶᠢ ᠰᠠᠶᠢᠲᠤᠷ ᠬᠢᠵᠦ᠂ ᠡᠨᠡ ᠵᠢᠯ ᠳᠤ ᠬᠤᠲᠠ ᠪᠠᠯᠭᠠᠰᠤᠨ ᠤ ᠰᠢᠨ᠎ᠠ ᠠᠵᠢᠯ ᠤᠯᠭᠤᠯᠲᠠ ᠶᠢ 2.8 ᠲᠦᠮᠡᠨ | ᠬᠦᠮᠥᠨ ᠠᠴᠠ ᠳᠡᠭᠡᠭᠰᠢ ᠶᠢ ᠦᠨᠡᠩᠬᠦ ᠪᠠᠲᠤᠯᠠᠨ᠎ᠠ᠂ ᠬᠤᠲᠠ ᠪᠠᠯᠭᠠᠰᠤᠨ ᠤ ᠠᠵᠢᠯ ᠲᠠᠢ ᠬᠦᠮᠥᠨ ᠦᠭᠡᠢ ᠭᠡᠷ ᠪᠦᠯᠢ ᠶᠢ ᠪᠦᠬᠦᠨ ᠢ ᠠᠵᠢᠯ ᠲᠠᠢ ᠬᠦᠮᠥᠨ ᠲᠠᠢ | ᠪᠣᠯᠭᠠᠨ᠎ᠠ᠃ ᠡᠯ᠎ᠠ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠲᠦᠷᠥ ᠶᠢᠨ ᠪᠣᠳᠣᠯᠭ᠎ᠠ ᠶᠢ ᠴᠢᠩᠭ᠎ᠠ ᠨᠡᠶᠢᠳᠠᠪᠤᠷᠢᠵᠢᠭᠤᠯᠤᠨ᠎ᠠ᠂ ᠬᠤᠲᠠ ᠪᠠᠯᠭᠠᠰᠤᠨ ᠤ ᠬᠦᠴᠢᠷᠲᠡᠢ | ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ᠎ᠠ᠃ ᠳᠦᠭᠦᠮ ᠪᠦᠲᠦᠴᠡᠲᠦ ᠤᠷᠣᠨ ᠰᠠᠭᠤᠴᠠ ᠶᠢᠨ ᠲᠣᠭᠤᠷᠢᠭ ᠤᠨ | ᠦᠭᠡᠷᠡᠴᠢᠯᠡᠯᠲᠡ ᠶᠢ ᠠᠬᠢᠭᠤᠯᠵᠤ᠂ 110 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠬᠤᠲᠠ ᠪᠠᠯᠭᠠᠰᠤᠨ ᠤ ᠳᠦᠭᠦᠮ ᠪᠦᠲᠦᠴᠡᠲᠦ ᠤᠷᠣᠨ ᠰᠠᠭᠤᠴᠠ | 1.32 ᠲᠦᠮᠡᠨ ᠢᠵᠢ᠂ 185.2 ᠲᠦᠮᠡᠨ ᠲᠡᠭᠰᠢ ᠳᠦᠷᠪᠡᠯᠵᠢᠨ ᠮᠧᠲᠷ ᠰᠢᠨᠡᠴᠢᠯᠡᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠢ ᠬᠦᠴᠦᠲᠡᠢ | ᠬᠦᠭᠵᠢᠭᠦᠯᠵᠦ᠂ ᠳᠤᠮᠳᠠᠳᠤ ᠤᠯᠤᠰ ᠤᠨ ᠤᠮᠠᠷᠠᠲᠤ ᠤᠷᠣᠨ ᠤ ᠬᠦᠳᠡᠭᠡ ᠠᠵᠤ ᠠᠬᠤᠢ ᠶᠢᠨ ᠳᠡᠯᠭᠡᠨ ᠦᠵᠡᠭᠦᠯᠭᠡ ᠶᠢ ᠰᠠᠶᠢᠲᠤᠷ ᠡᠷᠬᠢᠯᠡᠵᠦ᠂ ᠤᠯᠠᠭᠠᠨᠬᠠᠳᠠ ᠶᠢᠨ | ᠳᠡᠭᠡᠳᠦ ᠰᠢᠨ᠎ᠠ ᠮᠡᠷᠭᠡᠵᠢᠯ ᠤᠨ ᠤᠷᠣᠨ ᠢ ᠤᠯᠤᠰ ᠤᠨ ᠳᠡᠰ ᠤᠨ ᠪᠣᠯᠭᠠᠬᠤ ᠶᠢ ᠪᠡᠶᠡᠯᠡᠭᠦᠯᠦᠨ᠎ᠠ᠃ ᠡᠯ᠎ᠠ ᠲᠦᠷᠥᠯ ᠤᠨ ᠰᠤᠷᠭᠠᠨ ᠬᠦᠮᠥᠵᠢᠯ ᠤᠨ ᠲᠦᠷᠭᠡᠨ | ᠬᠦᠭᠵᠢᠯᠲᠡ ᠶᠢ ᠨᠢᠭᠡᠳᠦᠯᠲᠠᠢ ᠲᠦᠯᠥᠪᠵᠢᠭᠦᠯᠦᠨ ᠠᠬᠢᠭᠤᠯᠤᠨ᠎ᠠ᠂ ᠮᠦᠩᠭᠤᠯ ᠢᠶᠠᠷ ᠬᠢᠴᠢᠶᠡᠯᠯᠡᠬᠦ ᠰᠤᠷᠬᠤ ᠨᠠᠰᠤ ᠠᠴᠠ ᠡᠮᠦᠨᠡᠬᠢ ᠰᠤᠷᠭᠠᠨ ᠬᠦᠮᠥᠵᠢᠯ ᠪᠠ ᠰᠠᠭᠤᠷᠢ | ᠰᠤᠷᠭᠠᠨ ᠬᠦᠮᠥᠵᠢᠯ ᠤᠨ ᠰᠤᠷᠭᠠᠭᠤᠯᠢ ᠡᠷᠬᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠭᠠᠨᠬᠠᠳᠠ ᠶᠢᠨ ᠰᠢᠨ᠎ᠠ ᠬᠤᠲᠠ ᠲᠣᠭᠤᠷᠢᠭ ᠲᠤ ᠨᠢᠭᠡ ᠰᠠᠭᠤᠷᠢ | ᠮᠣᠩᠭᠤᠯ ᠢᠶᠠᠷ ᠬᠢᠴᠢᠶᠡᠯᠯᠡᠬᠦ ᠲᠣᠷᠰᠢᠯᠲᠠ ᠶᠢᠨ ᠪᠠᠭ᠎ᠠ ᠰᠤᠷᠭᠠᠭᠤᠯᠢ ᠪᠠᠶᠢᠭᠤᠯᠵᠤ᠂ ︽ᠶᠠᠳᠠᠭᠤ ᠬᠦᠴᠢᠷᠲᠠᠢ ᠤᠷᠣᠨ ᠤ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ | ᠦᠭᠡᠷᠡᠴᠢᠯᠡᠬᠦ︾ ᠲᠦᠯᠥᠪᠯᠡᠭᠡ ᠶᠢ ᠦᠷᠬᠦᠯᠵᠢᠯᠡᠨ ᠨᠠᠶᠢᠳᠠᠪᠦᠷᠢᠵᠢᠭᠤᠯᠵᠤ᠂ ᠳᠡᠭᠡᠳᠦ ᠳᠤᠮᠳᠠᠳᠤ ᠶᠢ ᠲᠦᠭᠡᠮᠡᠯᠵᠢᠭᠦᠯᠬᠦ ᠵᠢᠴᠢ ᠪᠤᠭᠤᠮᠲᠠ ᠰᠢᠪᠲᠤᠯᠬᠤ ᠲᠦᠯᠥᠪᠯᠡᠭᠡ ᠶᠢ | ᠡᠬᠢᠯᠡᠨ ᠬᠡᠷᠡᠭᠵᠢᠭᠦᠯᠵᠦ᠂ ᠪᠦᠬᠦ᠋ᠢᠯᠡ ᠬᠤᠰᠢᠭᠤ ᠰᠢᠶᠠᠨ ᠢ ᠤᠯᠤᠰ ᠤᠨ ᠰᠤᠷᠭᠠᠨ ᠬᠦᠮᠥᠵᠢᠯ ᠤᠨ ᠲᠡᠩᠴᠡᠭᠦᠷᠢᠲᠡᠢ ᠬᠦᠭᠵᠢᠯᠲᠡ ᠶᠢᠨ ᠨᠤᠲᠠᠯᠠᠯᠲᠠ ᠶᠢ ᠦᠩᠭᠡᠷᠡᠭᠡᠵᠦ | ᠂ ᠤᠯᠠᠭᠠᠨᠬᠠᠳᠠ ᠳᠡᠭᠡᠳᠦ ᠰᠤᠷᠭᠠᠭᠤᠯᠢ ᠶᠢ ᠪᠦᠬᠦ ᠤᠯᠤᠰ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠤᠶᠠᠯᠳᠤᠭᠤᠯᠬᠤ ᠲᠣᠷᠰᠢᠯᠲᠠ ᠶᠢᠨ ᠴᠢᠭ ᠰᠤᠷᠭᠠᠭᠤᠯᠢ | ᠪᠣᠯᠭᠠᠨ ᠪᠠᠶᠢᠭᠤᠯᠬᠤ ᠶᠢ ᠲᠦᠷᠭᠡᠳᠬᠡᠨ᠎ᠠ᠃ ᠡᠷᠡᠭᠦᠯ ᠬᠠᠮᠠᠭᠠᠯᠠᠯ ᠤᠨ ᠦᠢᠯᠡᠰ ᠢ ᠲᠦᠷᠭᠡᠨ ᠬᠦᠭᠵᠢᠭᠦᠯᠦᠨ᠎ᠠ᠂ ᠬᠤᠲᠠ ᠶᠢᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ | ᠬᠤᠷᠢᠶᠠᠨ ᠤ ᠬᠠᠮ ᠦᠭᠡᠷᠡᠴᠢᠯᠡᠯᠲᠡ ᠶᠢ ᠠᠬᠢᠭᠤᠯᠵᠤ᠂ ︽ᠭᠤᠷᠪᠠᠨ ᠡᠮ ᠡᠮᠨᠡᠯᠭᠡ ᠶᠢᠨ ᠦᠭᠡᠷᠡᠴᠢᠯᠡᠯᠲᠡ ᠬᠤᠯᠪᠤᠯᠴᠠᠬᠤ︾ ᠶᠢ ᠴᠢᠩᠳᠠᠯᠠᠵᠤ᠂ ᠡᠮ ᠤᠨ ᠵᠦᠢᠯ ᠢ | ᠬᠤᠳᠠᠯᠳᠤᠨ ᠠᠪᠬᠤ ᠳᠤ ︽ᠬᠤᠶᠠᠷ ᠪᠠᠷᠢᠮᠲᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠨᠳᠦ ᠶᠡᠭᠡ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ | ᠴᠢᠩᠭᠠᠳᠬᠠᠵᠤ᠂ ᠬᠤᠲᠠ ᠶᠢᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠵᠦ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠵᠦ᠂ ᠬᠤᠲᠠ ᠶᠢᠨ ᠬᠠᠯᠳᠠᠪᠤᠷᠢᠲᠦ | ᠡᠪᠡᠳᠴᠢᠨ ᠤ ᠡᠯᠨᠡᠯᠭᠡ ᠶᠢᠨ ᠬᠤᠷᠢᠶ᠎ᠠ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠭᠤᠣᠯ ᠴᠢᠰᠤᠨ ᠤ ᠦᠷᠲᠡᠭᠡ ᠶᠢ ᠨᠡᠭᠦᠯᠭᠡᠵᠦ ᠰᠢᠨ᠎ᠠ ᠪᠠᠷ | ᠪᠠᠶᠢᠭᠤᠯᠤᠨ᠂ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠬᠡᠮᠵᠢᠨ ᠪᠠᠶᠢᠴᠠᠭᠠᠬᠤ ᠲᠦᠪ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ | ᠰᠣᠶᠣᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠤᠨ᠎ᠠ᠂ ᠤᠯᠠᠭᠠᠨᠮᠦ᠋ᠴᠢᠷ ᠪᠣᠯᠣᠨ ᠰᠢᠶᠠᠩ ᠲᠣᠰᠬᠤᠨ ᠤ ᠤᠷᠠᠯᠢᠭ ᠤᠨ ᠪᠠᠭ᠎ᠠ | ᠬᠤᠪᠢᠶᠠᠷᠢ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠬ᠎ᠠ ᠤᠷᠠᠯᠢᠭ ᠤᠨ ᠬᠤᠷᠢᠶ᠎ᠠ ᠪᠦᠯᠬᠦᠮ ᠤᠨ ︽ᠶᠡᠬᠡᠪᠡᠷ ᠰᠤᠷᠤᠯᠴᠠᠵᠤ᠂ ᠶᠡᠬᠡᠪᠡᠷ | ᠤᠬᠠᠭᠤᠯᠤᠨ᠂ ᠶᠡᠬᠡᠪᠡᠷ ᠪᠣᠯᠪᠠᠰᠤᠷᠠᠵᠤ᠂ ᠶᠡᠬᠡᠪᠡᠷ ᠲᠣᠭᠯᠠᠬᠤ︾ ᠠᠵᠢᠯᠯᠠᠭᠠᠨ ᠢ ᠢᠳᠡᠪᠬᠢᠲᠠᠢ ᠦᠷᠨᠢᠭᠦᠯᠦᠨ᠂ ᠰᠣᠶᠣᠯ ᠤᠨ ᠠᠵᠢᠯᠯᠠᠭᠠᠨ ᠢ ᠦᠨᠳᠦᠰᠦᠨ | ᠱᠠᠲᠤᠨ ᠳᠤ ᠪᠠᠭᠤᠯᠭᠠᠬᠤ ᠶᠢ ᠬᠦᠴᠦᠲᠡᠢ ᠠᠬᠢᠭᠤᠯᠤᠨ᠎ᠠ᠃ ᠰᠣᠶᠣᠯ ᠤᠨ ᠦᠪ ᠢ ᠬᠠᠮᠠᠭᠠᠯᠠᠬᠤ ᠠᠰᠢᠭᠯᠠᠬᠤ ᠶᠢ ᠴᠢᠩᠭᠠᠳᠬᠠᠨ᠎ᠠ᠂ ᠯᠢᠶᠣᠣ ᠶᠢᠨ ᠳᠡᠭᠡᠳᠦ ᠨᠡᠶᠢᠰᠯᠡᠯ᠂ | ᠯᠢᠶᠣᠣ ᠶᠢᠨ ᠽᠦ ᠵᠧᠦ ᠶᠢᠨ ᠤᠩᠭᠤᠨ᠂ ᠯᠢᠶᠣᠣ ᠶᠢᠨ ᠴᠢᠩ ᠵᠧᠦ ᠶᠢᠨ ᠤᠩᠭᠤᠨ᠂ ᠡᠯ ᠳ᠋ᠣᠣ ᠵᠢᠩᠽᠢ ᠶᠢᠨ ᠰᠢᠶᠠ ᠵᠢᠶᠠ ᠳ᠋ᠢᠶᠠᠨ ᠤ ᠳᠣᠣᠷᠠᠳᠤ ᠳᠠᠪᠬᠤᠷᠭ᠎ᠠ ᠶᠢᠨ | ᠰᠣᠶᠣᠯ ᠪᠠ ᠯᠢᠶᠣᠣ ᠶᠢᠨ ᠳᠤᠮᠳᠠ ᠨᠡᠶᠢᠰᠯᠡᠯ ᠤᠨ ᠳ᠋ᠠ ᠮᠢᠩ ᠳ᠋ᠠ ᠰᠤᠪᠤᠷᠭ᠎ᠠ ᠤᠯᠤᠰ ᠤᠨ ᠬᠠᠭᠤᠴᠢ ᠰᠣᠳᠣᠯᠠᠬᠤ ᠲᠠᠪᠤᠨ ᠶᠡᠭᠡ ᠪᠠᠭᠤᠷᠢ ᠴᠡᠴᠡᠷᠯᠢᠭ ᠢ | ᠲᠦᠯᠥᠪᠵᠢᠭᠦᠯᠦᠨ ᠡᠬᠢᠯᠡᠨ ᠪᠠᠶᠢᠭᠤᠯᠵᠤ᠂ ᠳᠤᠮᠳᠠᠳᠤ ᠤᠯᠤᠰ ᠤᠨ ᠬᠢᠳᠠᠨ ᠯᠢᠶᠣᠣ ᠶᠢᠨ ᠮᠦᠽᠧᠢ᠂ ᠬᠤᠩᠱᠠᠨ ᠰᠣᠶᠣᠯ ᠤᠨ ᠦᠵᠡᠭᠦᠯᠭᠡ ᠶᠢᠨ ᠲᠦᠪ᠂ ᠳᠠᠩᠰᠠ | ᠡᠪᠬᠡᠮᠡᠯ ᠤᠨ ᠤᠷᠳᠣᠨ ᠤ ᠭᠤᠣᠯ ᠪᠠᠷᠢᠯᠭ᠎ᠠ ᠶᠢ ᠳᠠᠭᠤᠰᠬᠠᠨ᠎ᠠ᠃ ︽ᠵᠣᠷᠯᠤᠩ ᠤᠨ ᠦᠭᠡᠷᠡᠴᠢᠯᠡᠯᠲᠡ︾ ᠶᠢ ᠲᠦᠷᠭᠡᠨ ᠠᠬᠢᠭᠤᠯᠵᠤ᠂ ᠬᠤᠲᠠ᠂ ᠬᠦᠳᠡᠭᠡ᠂ | ᠵᠢᠭᠤᠯᠴᠢᠯᠠᠯ ᠤᠨ ᠦᠵᠡᠮᠵᠢ ᠶᠢᠨ ᠤᠷᠣᠨ ᠤ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠲᠦᠯᠥᠪᠯᠡᠭᠡ ᠶᠢ ᠲᠦᠷᠥᠯ ᠬᠤᠪᠢᠶᠠᠨ ᠲᠣᠭᠲᠠᠭᠠᠵᠤ᠂ ᠪᠦᠲᠦᠭᠡᠨ | ᠪᠠᠶᠢᠭᠤᠯᠬᠤ᠂ ᠦᠭᠡᠷᠡᠴᠢᠯᠡᠬᠦ᠂ ᠡᠵᠡᠩᠨᠡᠬᠦ ᠵᠣᠬᠢᠴᠠᠮᠵᠢ ᠶᠢ ᠲᠣᠳᠤᠷᠬᠠᠶᠢᠯᠠᠵᠤ᠂ ᠡᠨᠡ ᠵᠢᠯ ᠳᠤ ᠪᠣᠳᠠᠲᠤ ᠠᠬᠢᠯᠲᠠ ᠲᠠᠢ ᠪᠣᠯᠭᠠᠬᠤ ᠶᠢ ᠪᠠᠲᠤᠯᠠᠨ᠎ᠠ᠃ ᠰᠢᠨ᠎ᠠ ᠨᠢᠭᠡ | ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠠ᠃ | ︵ᠨᠠᠢᠮᠠ︶ ᠤᠯᠠᠨ ᠨᠡᠶᠢᠲᠡ ᠶᠢᠨ ᠠᠮᠤᠷ ᠲᠦᠪᠰᠢᠨ ᠤ ᠦᠷᠭᠦᠯᠵᠢᠯᠡᠨ ᠰᠠᠶᠢᠵᠢᠷᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠶᠤᠯᠬᠦᠢ | ᠦᠢᠯᠡᠳᠪᠤᠷᠢᠯᠡᠯ ᠤᠨ ᠠᠯᠢ ᠤᠯᠠᠨ ᠳᠦᠷᠤ ᠶᠢᠨ ᠪᠤᠳᠤᠯᠭ᠎ᠠ ᠪᠠ ᠳᠦᠷᠢᠮ ᠳᠤᠭᠳᠠᠭᠠᠯ ᠢ ᠨᠠᠷᠢᠨ ᠬᠢᠨᠠᠮᠠᠭᠠᠢ ᠳᠤᠤᠱᠯᠠᠭᠤᠯᠵᠤ᠂ ᠨᠠᠭᠠᠲᠤ ᠵᠠᠬ᠎ᠠ ᠶᠢᠨ ᠬᠢᠵᠠᠭᠠᠷ ᠤᠨ | ᠰᠡᠳᠬᠢᠮᠵᠢ ᠶᠢ ᠴᠢᠩᠳᠠᠯᠠᠵᠤ᠂ ᠦᠷᠭᠦᠯᠵᠢ ᠰᠡᠷᠡᠮᠵᠢ ᠲᠠᠢ ᠪᠠᠶᠢᠬᠤ ᠶᠢ ᠪᠠᠷᠢᠮᠲᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠰᠢᠷᠢᠰ ᠲᠦᠷᠥ ᠶᠢᠨ ᠪᠣᠳᠣᠯᠭ᠎ᠠ ᠪᠣᠯᠣᠨ | ᠡᠯ᠎ᠠ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠬᠡᠪᠵᠢᠭᠦᠯᠬᠦ ᠵᠣᠬᠢᠴᠠᠮᠵᠢ ᠶᠢ | ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠ ᠴᠢᠮᠡᠭᠡ ᠵᠠᠩᠬᠢᠴᠢᠯᠠᠬᠤ ᠪᠠᠶᠢᠭᠤᠯᠤᠯᠲᠠ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠠᠷᠭ᠎ᠠ ᠵᠠᠮ ᠢ ᠦᠷᠭᠡᠳᠬᠡᠨ᠂ ᠴᠢᠩᠭ᠎ᠠ ᠬᠠᠮᠢᠶᠠᠷᠴᠤ ᠬᠦᠨᠳᠦ ᠲᠣᠷᠭᠠᠬᠤ ᠴᠢᠩᠭ᠎ᠠ ᠳᠠᠷᠤᠯᠲᠠ ᠶᠢᠨ ᠪᠠᠶᠢᠲᠠᠯ ᠢ ᠪᠠᠷᠢᠮᠲᠠᠯᠠᠵᠤ᠂ | ᠬᠦᠨᠳᠦ ᠲᠣᠮᠣ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠤᠯᠤᠰ ᠤᠨ | ᠢᠳᠡᠭᠡᠨ ᠤ ᠠᠶᠤᠯᠭᠦᠢ ᠶᠢᠨ ᠵᠢᠱᠢᠶ᠎ᠠ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠦᠷᠭᠡᠨ ᠠᠬᠢᠭᠤᠯᠵᠤ᠂ ᠬᠤᠰᠢᠭᠤ ᠰᠢᠶᠠᠨ ᠲᠣᠭᠤᠷᠢᠭ ᠤᠨ | ᠢᠳᠡᠭᠡᠨ ᠤ ᠵᠢᠵᠢᠭ ᠦᠷᠥᠭᠡ ᠶᠢ ᠡᠳ᠋ᠰᠢᠭᠦᠯᠬᠦ ᠬᠦᠷᠢᠶᠡᠯᠡᠩ ᠲᠣᠭᠤᠷᠢᠭ ᠲᠤ ᠲᠦᠪᠯᠡᠷᠡᠭᠦᠯᠬᠦ ᠪᠠ ᠪᠠᠷᠢᠮᠵᠢᠶᠠᠵᠢᠭᠤᠯᠤᠭᠰᠠᠨ ᠬᠦᠳᠡᠭᠡ ᠲᠣᠰᠬᠤᠨ ᠤ ᠠᠷᠠᠯᠵᠢᠶ᠎ᠠ ᠶᠢᠨ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠩᠵᠦ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠡᠮᠵᠢᠯᠲᠡ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠤᠯᠠᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠦᠨᠡᠩᠬᠦ ᠪᠠᠲᠤᠯᠠᠨ᠎ᠠ᠃ ᠠᠮᠤ ᠪᠤᠳᠠᠭᠠᠨ ᠤ | ᠠᠶᠤᠯᠭᠦᠢ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠤᠯᠠᠨ ᠲᠦᠮᠡᠨ ᠤ ᠵᠦᠢ ᠶᠣᠰᠣᠨ ᠤ ᠵᠠᠭᠠᠯᠳᠤᠯᠭ᠎ᠠ ᠶᠢ | ᠴᠠᠭ ᠲᠤᠬᠠᠢ ᠳᠤᠨᠢ ᠰᠢᠢᠳᠪᠦᠷᠢᠯᠡᠨ᠎ᠠ᠂ ᠡᠯ᠎ᠠ ᠵᠦᠢᠯ ᠤᠨ ᠵᠠᠬᠢᠳᠠᠯ ᠰᠣᠷᠪᠤᠯᠵᠢᠯᠠᠯ ᠤᠨ ᠵᠦᠷᠢᠴᠡᠯ ᠢ ᠵᠣᠬᠢᠰᠲᠠᠢ ᠰᠢᠢᠳᠪᠦᠷᠢᠯᠡᠨ᠎ᠠ᠃ ︽ᠠᠮᠤᠷ ᠲᠠᠶᠢᠪᠦᠩ | ᠤᠯᠠᠭᠠᠨᠬᠠᠳᠠ︾ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠠ᠂ ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠶᠢᠨ ᠪᠡᠶᠡᠲᠦ ᠰᠡᠷᠭᠡᠶᠢᠯᠡᠨ ᠡᠵᠡᠮᠳᠡᠬᠦ | ᠰᠢᠰᠲ᠋ᠧᠮ ᠢ ᠲᠡᠭᠦᠯᠳᠡᠷᠵᠢᠭᠦᠯᠵᠦ᠂ ︽ᠭᠡᠭᠡᠨ ᠲᠤᠩᠭᠠᠯᠠᠭ ᠢᠨᠵᠧᠨᠧᠷᠢᠩ︾ ᠢ ᠡᠬᠢᠯᠡᠨ ᠪᠠᠶᠢᠭᠤᠯᠵᠤ᠂ ᠡᠯ᠎ᠠ ᠵᠦᠢᠯ ᠤᠨ ᠬᠠᠤᠯᠢ ᠶᠢ ᠵᠦᠷᠢᠴᠡᠭᠰᠡᠨ ᠶᠠᠯᠠᠲᠤ | ᠠᠵᠢᠯᠯᠠᠭ᠎ᠠ ᠶᠢ ᠴᠢᠩᠭ᠎ᠠ ᠰᠡᠷᠡᠮᠵᠢᠯᠡᠨ ᠡᠷᠡᠰ ᠴᠣᠬᠢᠯᠲᠠ ᠦᠭᠴᠦ᠂ ᠨᠡᠶᠢᠭᠡᠮ ᠤᠨ ᠪᠦᠬᠦ ᠲᠠᠯ᠎ᠠ ᠡᠶ᠎ᠡ ᠵᠣᠬᠢᠴᠠᠯᠲᠠᠢ ᠲᠣᠭᠲᠠᠭᠤᠨ ᠪᠠᠶᠢᠬᠤ ᠶᠢ ᠪᠠᠲᠤᠯᠠᠨ᠎ᠠ᠃ | ᠭᠡᠨᠡᠳᠲᠡ ᠶᠢᠨ ᠬᠡᠷᠡᠭ ᠤᠴᠢᠷ ᠢ ᠪᠠᠴᠢᠮ ᠠᠷᠭᠠᠴᠠᠭᠠᠬᠤ ᠰᠢᠳᠪᠦᠷᠢᠡᠯᠬᠦ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠠ᠂ ᠠᠭᠤᠷ ᠠᠮᠢᠰᠬᠤᠯ ᠢ ᠤᠷᠢᠳᠴᠢᠯᠠᠨ | ᠬᠡᠮᠵᠢᠬᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠪᠠᠴᠢᠮ ᠠᠷᠭᠠᠴᠠᠭᠠᠨ ᠲᠡᠳᠬᠦᠬᠦ ᠴᠢᠳᠠᠪᠤᠷᠢ ᠪᠠᠨ ᠳᠡᠭᠡᠭᠰᠢᠯᠡᠭᠦᠯᠦᠨ᠎ᠠ᠃ |