2018 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠨᠡᠷᠡᠰ ᠤᠨ ᠲᠠᠢᠯᠪᠤᠷᠢ
ᠨᠡᠶᠢᠲᠡᠯᠡᠭᠰᠡᠨ ᠴᠠᠭ᠄
2018/1/26
     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷᠡᠰ ᠤᠨ ᠲᠠᠢᠯᠪᠤᠷᠢ      ᠣᠯᠠᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠳᠤ ᠨᠢᠭᠡ ᠨᠣᠮᠧᠷ ᠬᠠᠳᠠᠬᠤ᠄ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠤᠯᠠᠬᠤ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠳᠠᠩᠰᠠᠯᠠᠭᠰᠠᠨ ᠦᠨᠡᠮᠯᠡᠯ ︽ᠭᠤᠷᠪᠠᠨ ᠦᠨᠡᠮᠯᠡᠯ ᠢ ᠨᠢᠭᠡᠳᠬᠡᠬᠦ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠤᠨ ᠳᠠᠩᠰᠠᠯᠠᠭᠰᠠᠨ ᠦᠨᠡᠮᠯᠡᠯ᠂ ᠲᠤᠭ᠎ᠠ ᠪᠦᠷᠢᠳᠬᠡᠯ ᠤᠨ ᠳᠠᠩᠰᠠᠯᠠᠭᠰᠠᠨ ᠦᠨᠡᠮᠯᠡᠯ ᠵᠡᠷᠭᠡ ᠬᠠᠮᠢᠶ᠎ᠠ ᠪᠦᠬᠦᠢ ᠣᠯᠠᠨ ᠦᠨᠡᠮᠯᠡᠯ ᠢ ᠴᠢᠨᠠᠭᠰᠢᠲᠠ ᠨᠢᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠨᠢᠭᠡ ᠡᠵᠡᠩᠨᠡᠯᠲᠡ ᠶᠢᠨ ᠦᠨᠡᠮᠯᠡᠯ᠂ ᠨᠢᠭᠡ ᠨᠡᠶᠢᠭᠡᠮ ᠤᠨ ᠢᠲᠡᠭᠡᠮᠵᠢ ᠶᠢᠨ ᠨᠣᠮᠧᠷ ᠨᠢᠭᠡᠳᠦᠯᠲᠠᠢ ᠲᠠᠷᠬᠠᠭᠠᠨ᠎ᠠ᠃      ᠬᠤᠶᠠᠷ ᠦᠨᠡᠮᠯᠡᠯ ᠢ ᠨᠢᠳᠬᠡᠬᠦ᠄ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠳᠠᠩᠰᠠᠯᠠᠭᠤᠯᠬᠤ ᠦᠶ᠎ᠡ ᠳᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠣᠯᠭᠤᠬᠤ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠣᠯᠭᠤᠬᠤ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠶᠢᠨ ᠦᠨᠡᠮᠯᠡᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠳᠥᠯᠥᠭᠡᠨ ᠤ ᠨᠣᠮᠧᠷ ᠨᠡᠮᠡᠵᠦ ᠬᠠᠳᠠᠭᠰᠠᠨ ᠡᠵᠡᠩᠨᠡᠯᠲᠡ ᠶᠢᠨ ᠦᠨᠡᠮᠯᠡᠯ ᠬᠢᠨᠠᠨ ᠣᠯᠭᠤᠬᠤ ᠶᠢ ᠵᠢᠭᠠᠵᠤ ᠪᠠᠶᠢᠨ᠎ᠠ᠃      ᠣᠷᠣᠨ ᠠᠯᠤᠰᠯᠠᠭᠰᠠᠨ ᠠᠵᠤ ᠠᠬᠤᠢ᠄ ᠤᠤᠯ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠢᠭᠡ ᠭᠠᠵᠠᠷ ᠣᠷᠣᠨ ᠤ ᠪᠡᠯᠡ ᠮᠥᠩᠭᠦ ᠪᠣᠯᠤᠨ ᠲᠥᠷᠥᠯ ᠵᠦᠢᠯ ᠢ ᠥᠭᠡᠷ᠎ᠡ ᠨᠢᠭᠡ ᠭᠠᠵᠠᠷ ᠣᠷᠣᠨ ᠳᠤ ᠠᠪᠠᠴᠢᠵᠤ ᠪᠦᠲᠦᠭᠡᠨ ᠪᠠᠶᠢᠭᠤᠯᠬᠤ ᠶᠢ ᠵᠢᠭᠠᠵᠤ ᠪᠠᠶᠢᠨ᠎ᠠ᠃ ᠲᠥᠯᠥᠪᠵᠢᠭᠦᠯᠬᠦ ᠂ ᠪᠦᠲᠦᠭᠡᠨ ᠪᠠᠶᠢᠭᠤᠯᠬᠤ᠂ ᠬᠠᠮᠢᠶᠠᠷᠬᠤ ᠬᠢᠭᠡᠳ ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠪᠠᠷ᠂ ᠬᠤᠶᠠᠷ ᠭᠠᠵᠠᠷ ᠤᠨ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ‍ ᠨᠢᠭᠡ ᠵᠦᠢᠯ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠵᠠᠭᠪᠤᠷ ᠢ ᠬᠡᠯᠡᠵᠦ ᠪᠠᠶᠢᠨ᠎ᠠ᠃      ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠄ ᠬᠠᠩᠭᠠᠯᠭ᠎ᠠ ᠶᠢᠨ ᠲᠠᠯ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠴᠠ ᠡᠭᠦᠰᠦᠨ᠂ ᠥᠭᠡᠷᠡᠴᠢᠯᠡᠯᠲᠡ ᠶᠢᠨ ᠠᠷᠭ᠎ᠠ ᠪᠠᠷ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠬᠦᠴᠦᠨ ᠵᠦᠢᠯ ᠤᠨ ᠲᠣᠬᠢᠷᠠᠭᠤᠯᠤᠯᠲᠠ ᠶᠢ ᠵᠠᠯᠠᠷᠠᠭᠤᠯᠵᠤ᠂ ᠪᠦᠲᠦᠮᠵᠢᠲᠡᠢ ᠬᠠᠩᠭᠠᠯᠭ᠎ᠠ ᠶᠢ ᠥᠷᠭᠡᠳᠬᠡᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠬᠡᠷᠡᠭᠴᠡᠭᠡᠨ ᠤ ᠬᠤᠪᠢᠷᠠᠯᠲᠠ ᠳᠤ ᠵᠣᠬᠢᠴᠠᠬᠤ ᠴᠢᠨᠠᠷ ᠪᠠ ᠠᠮᠢᠳᠤᠯᠢᠭ ᠴᠢᠨᠠᠷ ᠢ ᠳᠡᠭᠡᠭᠰᠢᠯᠡᠭᠦᠯᠵᠦ᠂ ᠪᠦᠬᠦ ᠬᠦᠴᠦᠨ ᠵᠦᠢᠯ ᠤᠨ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ᠵᠢᠭᠤᠯᠴᠢᠯᠠᠯ ᠤᠨ ᠬᠥᠭᠵᠢᠯᠲᠡ ᠶᠢᠨ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ᠄ ᠨᠢᠭᠡᠳᠦᠭᠡᠷ ᠠᠯᠬᠤᠮ ᠳᠤ᠂ 2017 — 2018 ᠣᠨ ᠪᠣᠯ ᠲᠥᠪᠯᠡᠷᠡᠭᠦᠯᠦᠨ ᠪᠦᠳᠦᠭᠡᠠ ᠪᠠᠶᠢᠭᠤᠯᠬᠤ ᠬᠤᠭᠤᠴᠠᠭ᠎ᠠ ᠪᠤᠯᠤᠨ᠎ᠠ᠃ ᠵᠢᠯ ᠪᠦᠷᠢ ᠵᠠᠰᠠᠭ ᠤᠨ ᠣᠷᠳᠣᠨ ᠢᠶᠠᠷ ᠭᠤᠤᠯᠯᠠᠭᠤᠯᠵᠤ 100 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠬᠤᠶᠠᠷ ᠵᠢᠯ ᠳᠤ ᠵᠢᠭᠤᠯᠴᠢᠯᠠᠯ ᠤᠨ ᠦᠢᠯᠡᠰ ᠤᠨ ᠶᠡᠷᠦᠩᠬᠡᠶ ᠪᠡᠯᠡ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠭᠤᠣᠯ ᠦᠵᠡᠮᠵᠢ ᠶᠢᠨ ᠣᠷᠣᠨ᠂ ᠵᠢᠭᠤᠯᠴᠢᠯᠠᠯ ᠤᠨ ᠵᠠᠰᠠᠮᠠᠯ ᠵᠠᠮ᠂ ᠣᠨᠴᠠᠯᠢᠭ ᠪᠦᠬᠦᠢ ᠵᠢᠵᠢᠭ ᠪᠠᠯᠭᠠᠰᠤ ᠪᠠ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ︽ᠪᠡᠭᠡᠵᠢᠩ ᠲᠢᠶᠠᠨᠵᠢᠨ ᠾᠧᠪᠸᠢ ᠶᠢᠨ ᠲᠤᠭᠤᠷᠢᠨ ᠳᠠᠬᠢ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ ᠣᠷᠣᠨ︾ ᠪᠠ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠬᠤᠪᠢ ᠶᠢᠨ ᠮᠠᠰᠢᠨ ᠲᠡᠷᠭᠡ ᠪᠠᠷ ᠵᠤᠭᠠᠴᠠᠬᠤ ᠨᠡᠷᠡᠲᠦ ᠤᠷᠤᠨ︾ ᠢ ᠦᠨᠳᠦᠰᠦᠨ ᠳᠡᠭᠡᠨ ᠪᠠᠶᠢᠭᠤᠯᠤᠨ᠎ᠠ ; ᠬᠤᠶᠠᠳᠤᠭᠠᠷ ᠠᠯᠬᠤᠮ ᠳᠤ᠂ 2019 — 2020 ᠣᠨ ᠪᠣᠯ ᠲᠡᠭᠦᠯᠳᠡᠷᠵᠢᠭᠦᠯᠵᠦ ᠳᠡᠭᠡᠭᠰᠢᠯᠡᠭᠦᠯᠬᠦ ᠬᠤᠭᠤᠴᠠᠭ᠎ᠠ ᠪᠤᠯᠤᠨ᠎ᠠ᠃ ᠵᠢᠯ ᠪᠦᠷᠢ ᠵᠠᠰᠠᠭ ᠤᠨ ᠣᠷᠳᠣᠨ ᠢᠶᠠᠷ ᠭᠤᠣᠯᠯᠠᠭᠤᠯᠵᠤ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠵᠢᠯ ᠳᠤ ᠵᠢᠭᠤᠯᠴᠢᠯᠠᠯ ᠤᠨ ᠦᠢᠯᠡᠰ ᠤᠨ ᠶᠡᠷᠦᠩᠬᠡᠶ ᠪᠡᠯᠡ ᠣᠷᠣᠭᠤᠯᠤᠯᠲᠠ ᠶᠢ 500 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠬᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠭᠤᠯᠴᠢᠯᠠᠯ ᠤᠨ ᠦᠵᠡᠮᠵᠢᠲᠦ ᠣᠷᠣᠨ ᠦᠵᠡᠮᠵᠢ ᠶᠢᠨ ᠭᠠᠵᠠᠷ ᠢ ᠤᠯᠠᠮ ᠰᠣᠳᠣᠵᠢᠭᠤᠯᠤᠨ᠎ᠠ᠃ 2020 ᠣᠨ ᠪᠣᠯᠬᠤ ᠲᠤ᠂ ᠵᠢᠯ ᠳᠤ ᠵᠢᠭᠤᠯᠴᠢᠯᠠᠭᠴᠢ ᠶᠢ 2000 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠲᠤ ᠬᠦᠷᠭᠡᠵᠦ᠂ ᠬᠦᠯᠢᠶᠡᠨ ᠠᠪᠬᠤ ᠬᠥᠮᠦᠨ ᠤᠳᠠᠭ᠎ᠠ ᠪᠠ ᠵᠢᠭᠤᠯᠴᠢᠯᠠᠯ ᠤᠨ ᠣᠷᠣᠯᠭ᠎ᠠ ᠶᠢ 2015 ᠣᠨ ᠤ ᠬᠢ ᠠᠴᠠ ᠳᠠᠬᠢᠨ ᠢᠶᠠᠷ ᠨᠡᠮᠡᠭᠳᠡᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ᠂ ᠤᠯᠤᠰ ᠤᠨ ᠣᠨᠴᠠᠯᠢᠭ ᠪᠦᠬᠦᠢ ᠰᠣᠶᠣᠯ ᠤᠨ ᠵᠢᠭᠤᠯᠴᠢᠯᠠᠯ ᠤᠨ ᠪᠠ ᠠᠮᠢ ᠠᠬᠤᠶ ᠶᠢᠨ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠪᠤᠯᠠᠭᠠᠨ ᠪᠠᠶᠢᠭᠤᠯᠵᠤ᠂ ᠪᠦᠭᠦ ᠣᠷᠣᠨ ᠪᠦᠰᠡ ᠶᠢᠨ ᠵᠢᠭᠤᠯᠴᠢᠯᠠᠯ ᠤᠨ ᠪᠠᠶᠢᠷᠢᠰᠢᠯ ᠢ ᠪᠤᠢ ᠪᠣᠯᠭᠠᠵᠤ᠂ ᠳᠤᠮᠳᠠᠳᠤ ᠤᠯᠤᠰ ᠤᠨ ᠵᠢᠭᠤᠯᠴᠢᠯᠠᠯ ᠤᠨ ᠬᠦᠴᠦᠷᠬᠡᠭ ᠬᠤᠲᠠ ᠶᠢ ᠪᠠᠶᠢᠭᠤᠯᠤᠨ᠎ᠠ ; ᠭᠤᠷᠪᠠᠳᠤᠭᠠᠷ ᠠᠯᠬᠤᠮ ᠳᠤ᠂ 2021 — 2025 ᠣᠨ ᠪᠣᠯ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠤᠭᠤᠴᠠᠭ᠎ᠠ ᠪᠤᠯᠤᠨ᠎ᠠ᠃ ᠤᠯᠠᠨ ᠤᠯᠤᠰ ᠤᠨ ᠴᠢᠨᠠᠷᠲᠠᠶ ᠪᠠᠷᠢᠮᠵᠢᠶ᠎ᠠ ᠶᠣᠰᠣᠭᠠᠷ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠤᠯᠠᠭᠠᠨᠬᠠᠳᠠ ᠶᠢᠨ ᠵᠢᠭᠤᠯᠴᠢᠯᠠᠯ ᠤᠨ ᠳᠦᠷᠦᠯ ᠳᠡᠮᠳᠡᠭ ᠢ ᠪᠤᠢ ᠪᠤᠯᠭᠠᠨ᠎ᠠ᠃ 2025 ᠣᠨ ᠪᠣᠯᠬᠤ ᠳᠤ᠂ ᠵᠢᠯ ᠳᠤ ᠵᠢᠭᠤᠯᠴᠢᠯᠠᠭᠴᠢ ᠶᠢ 4000 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠡᠭᠦᠨ ᠤ ᠳᠣᠲᠣᠷ᠎ᠠ ᠬᠢᠯᠢ ᠶᠢᠨ ᠭᠠᠳᠠᠨᠠᠬᠢ ᠵᠢᠭᠤᠯᠴᠢᠯᠠᠭᠴᠢᠳ ᠢ 200 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 1000 ᠳ᠋ᠦᠩᠰᠢᠭᠤᠷ ᠲᠥᠭᠦᠷᠢᠭ ᠲᠤ ᠬᠦᠷᠭᠡᠵᠦ᠂ ᠬᠦᠯᠢᠶᠡᠨ ᠠᠪᠬᠤ ᠬᠥᠮᠦᠨ ᠤᠳᠠᠭ᠎ᠠ ᠪᠠ ᠵᠢᠭᠤᠯᠴᠢᠯᠠᠯ ᠤᠨ ᠣᠷᠣᠯᠭ᠎ᠠ ᠶᠢ ᠴᠥᠮ 2020 ᠣᠨ ᠳᠤ ᠬᠢ ᠠᠴᠠ ᠳᠠᠬᠢᠨ ᠢᠶᠠᠷ ᠨᠡᠮᠡᠭᠳᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠦᠲᠦᠴᠡ ᠶᠢᠨ ᠳᠡᠯᠡᠬᠡᠶᠢᠵᠢᠯᠲᠡ ᠶᠢ ᠪᠡᠶᠡᠯᠡᠭᠦᠯᠵᠦ᠂ ᠳᠡᠯᠡᠬᠡᠶ ᠶᠢᠨ ᠵᠢᠭᠤᠯᠴᠢᠯᠠᠯ ᠤᠨ ᠵᠤᠷᠢᠯᠲᠠ ᠭᠠᠵᠠᠷ ᠪᠤᠯᠭᠠᠨ᠎ᠠ᠃      ᠮᠥᠩᠭᠦᠨ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠤᠨ ︽1+6︾ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠄ ︽1︾ ᠭᠡᠳᠡᠭ ᠨᠢ 1 ᠰᠠᠨᠠᠯ᠂ ᠲᠤᠬᠠᠶᠢᠯᠠᠪᠠᠯ ︽ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ᠪᠣᠯᠣᠨ᠎ᠠ᠃ ︽6︾ ᠭᠡᠳᠡᠭ ᠨᠢ 6 ᠲᠦᠬᠦᠷ ᠠᠷᠭ᠎ᠠ ︵ᠠᠷᠭ᠎ᠠ ᠬᠡᠮᠵᠢᠶ᠎ᠡ︶᠂ ᠲᠤᠬᠠᠶᠢᠯᠠᠪᠠᠯ ︽ᠤᠯᠠᠭᠠᠨᠬᠠᠳᠠ ᠬᠤᠲᠠ ᠶᠢᠨ ᠰᠢᠨ᠎ᠡ ᠪᠠᠶᠢᠭᠤᠯᠤᠭᠰᠠᠨ ᠪᠠ ᠣᠷᠢᠨ ᠣᠷᠣᠭᠤᠯᠣᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠱᠠᠩᠨᠠᠯ ᠨᠥᠬᠦᠪᠥᠷᠢ ᠶᠢᠨ ᠠᠷᠭ᠎ᠠ︾᠂ ︽ᠤᠯᠠᠭᠠᠨᠬᠠᠳᠠ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠳᠠᠩᠰᠠᠯᠠᠭᠤᠯᠬᠤ ᠬᠡᠷᠡᠭᠵᠢᠭᠦᠯᠬᠦ ᠲᠥᠰᠦᠯ︾᠂ ︽ᠤᠯᠠᠭᠠᠨᠬᠠᠳᠠ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠲᠠᠩᠰᠠᠯᠠᠭᠤᠯᠬᠤ ᠱᠠᠩᠨᠠᠬᠤ ᠠᠷᠭ᠎ᠠ︾᠂ ︽ᠤᠯᠠᠭᠠᠨᠬᠠᠳᠠ ᠬᠤᠲᠠ ᠶᠢᠨ ᠮᠥᠩᠭᠦᠨ ᠭᠦᠢᠯᠭᠡᠭᠡᠨ ᠤ ᠲᠤᠰᠬᠠᠶ ᠮᠡᠷᠭᠡᠵᠢᠯᠲᠡᠨ ᠵᠥᠪᠯᠡᠭᠴᠢ ᠶᠢᠨ ᠠᠵᠢᠯ ᠤᠨ ᠳᠦᠷᠢᠮ︾᠂ ︽ᠪᠦᠬᠦ ᠬᠤᠲᠠ ᠶᠢᠨ ᠵᠠᠬ᠎ᠠ ᠳᠡᠯᠭᠡᠭᠦᠷ ᠲᠤ ᠭᠠᠷᠬᠤ ᠭᠡᠵᠦ ᠪᠠᠶᠢᠭ᠎ᠠ ᠠᠵᠤ ᠠᠬᠤᠶᠢᠯᠠᠯ ᠢ ᠲᠤᠰᠬᠠᠶ ᠵᠦᠢᠯ ᠢᠶᠠᠷ ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠠᠯᠪᠠᠨ ᠲᠢᠩᠬᠢᠮ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠪᠠ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠪᠣᠯᠣᠨ᠎ᠠ᠃      ᠭᠤᠷᠪᠠᠨ ᠠᠭᠤᠯᠠ ᠬᠤᠶᠠᠷ ᠬᠦᠷᠢᠶᠡᠯᠡᠩ᠄ ︽ᠭᠤᠷᠪᠠᠨ ᠠᠭᠤᠯᠠ︾ ᠨᠢ ᠬᠤᠩᠱᠠᠨ ᠠᠭᠤᠯᠠ᠂ ᠡᠮᠦᠨ᠎ᠡ ᠠᠭᠤᠯᠠ᠂ ᠪᠠᠷᠠᠭᠤᠨ ᠠᠭᠤᠯᠠ᠃ ︽ᠬᠤᠶᠠᠷ ᠬᠦᠷᠢᠶᠡᠯᠡᠩ︾ ᠨᠢ ᠬᠥᠭᠦᠷᠭᠡ ᠶᠢᠨ ᠬᠤᠶᠢᠨᠠᠬᠢ ᠨᠠᠷᠠᠰᠤᠨ ᠬᠦᠷᠢᠶᠡᠯᠡᠩ᠂ ᠬᠠᠶᠢᠯᠠᠷ ᠨᠠᠷᠠᠰᠤᠨ ᠬᠦᠷᠢᠶᠡᠯᠡᠩ ᠃ ᠬᠤᠶᠠᠷ ᠠᠭᠤᠯᠠ ᠬᠤᠶᠠᠷ ᠬᠦᠷᠢᠶᠡᠯᠡᠩ᠄ ︽ᠬᠤᠶᠠᠷ ᠠᠭᠤᠯᠠ︾ ᠨᠢ ᠬᠤᠩᠱᠠᠨ ᠠᠭᠤᠯᠠ᠂ ᠡᠮᠦᠨ᠎ᠡ ᠠᠭᠤᠯᠠ᠂ ︽ᠬᠤᠶᠠᠷ ᠬᠦᠷᠢᠶᠡᠯᠡᠩ︾ ᠨᠢ ᠬᠥᠭᠦᠷᠭᠡ ᠶᠢᠨ ᠬᠤᠶᠢᠨᠠᠬᠢ ᠨᠠᠷᠠᠰᠤᠨ ᠬᠦᠷᠢᠶᠡᠯᠡᠩ᠂ ᠬᠠᠶᠢᠯᠠᠷ ᠨᠠᠷᠠᠰᠤᠨ ᠬᠦᠷᠢᠶᠡᠯᠡᠩ᠃      ᠠᠶᠤᠯ ᠥᠭᠡᠢ ᠦᠢᠯᠡᠳᠪᠦᠷᠢᠯᠡᠯ ᠤᠨ ︽1+8︾ ᠤᠨ ᠲᠦᠷᠢᠮ ᠤᠨ ᠰᠢᠰᠲ᠋ᠧᠮ᠄ ︽1︾ ᠭᠡᠳᠡᠭ ᠨᠢ 1 ᠲᠣᠭᠲᠠᠭᠠᠯ ᠢ ᠵᠢᠭᠠᠵᠤ ᠪᠠᠶᠢᠨ᠎ᠠ᠂ ᠲᠤᠬᠠᠶᠢᠯᠠᠪᠠᠯ ︽ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠃ ︽8︾ ᠭᠡᠳᠡᠭ ᠨᠢ 8 ᠲᠦᠬᠦᠷ ᠲᠦᠷᠢᠮ ᠪᠣᠯᠣᠨ᠎ᠠ᠂ ᠲᠤᠬᠠᠶᠢᠯᠠᠪᠠᠯ ︽ᠤᠯᠠᠭᠠᠨᠬᠠᠳᠠ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠥᠭᠡᠢ ᠦᠢᠯᠡᠳᠪᠦᠷᠢᠯᠡᠯ ᠤᠨ ᠡᠷᠬᠡ ᠲᠤᠰᠢᠶᠠᠯ ᠶᠢᠨ ᠨᠠᠷᠢᠨ ᠳᠠᠩᠰᠠ︾᠂ ︽ᠤᠯᠠᠭᠠᠨᠬᠠᠳᠠ ᠬᠤᠲᠠ ᠶᠢᠨ ᠠᠶᠤᠯ ᠥᠭᠡᠢ ᠦᠢᠯᠡᠳᠪᠦᠷᠢᠯᠡᠯ ᠤᠨ ᠡᠳᠦᠷ ᠤᠨ ᠪᠠᠶᠢᠴᠠᠭᠠᠯᠲᠠ ᠰᠠᠷ᠎ᠠ ᠶᠢᠨ ᠲᠣᠬᠢᠷᠠᠭᠤᠯᠭ᠎ᠠ᠂ ᠤᠯᠠᠷᠢᠯ ᠤᠨ ᠵᠠᠳᠠᠯᠤᠯᠲᠠ᠂ ᠵᠢᠯ ᠤᠨ ᠳ᠋ᠦᠩᠨᠡᠯᠲᠡ ᠶᠢᠨ ᠠᠵᠢᠯ ᠤᠨ ᠳᠦᠷᠢᠮ︾᠂ ︽ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠲᠥᠰᠦᠯ︾᠂ ︽ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠤᠷᠢᠵᠤ ᠬᠡᠷᠡᠭᠯᠡᠬᠦ ᠠᠷᠭ᠎ᠠ︾ ᠂ ︽ᠤᠯᠠᠭᠠᠨᠬᠠᠳᠠ ᠬᠤᠲᠠ ᠶᠢᠨ ᠠᠶᠤᠯ ᠥᠭᠡᠢ ᠦᠢᠯᠡᠳᠪᠦᠷᠢᠯᠡᠯ ᠤᠨ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︽ᠤᠯᠠᠭᠠᠨᠬᠠᠳᠠ ᠬᠤᠲᠠ ᠶᠢᠨ ᠠᠶᠤᠯ ᠥᠭᠡᠢ ᠦᠢᠯᠡᠳᠪᠦᠷᠢᠯᠡᠯ ᠤᠨ ᠮᠡᠳᠡᠭᠡ ᠵᠠᠩᠭᠢᠴᠢ ᠶᠢᠨ ᠳᠦᠷᠢᠮ︾᠂ ︽ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠬᠡᠪ ᠤᠨ ᠪᠤᠰᠤ ᠲᠡᠮᠳᠡᠭᠯᠡᠯ ᠤᠨ ︿ᠬᠠᠷ᠎ᠠ ᠳᠠᠩᠰᠠ﹀ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠤᠯᠠᠭᠠᠨᠬᠠᠳᠠ ᠬᠤᠲᠠ ᠶᠢᠨ ᠠᠶᠤᠯ ᠥᠭᠡᠢ ᠦᠢᠯᠡᠳᠪᠦᠷᠢᠯᠡᠯ ᠤᠨ ᠤᠯᠠᠨ ᠳᠤ ᠢᠯᠡ ᠪᠣᠯᠭᠠᠬᠤ ᠠᠵᠢᠯ ᠤᠨ ᠲᠦᠷᠢᠮ︾ ᠢ ᠬᠡᠯᠡᠵᠦ ᠪᠠᠶᠢᠨ᠎ᠠ᠃      ᠲᠤᠯᠤᠭᠠᠨ ᠶᠡᠭᠡ ᠪᠠᠶᠢᠯᠳᠤᠬᠤ ᠪᠣᠳᠣᠯᠭ᠎ᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠴᠤ ᠭᠠᠷᠭᠠᠭᠰᠠᠨ ︽ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠯᠤᠰ ᠣᠷᠣᠨ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠂ ᠴᠡᠷᠢᠭ ᠠᠷᠠᠳ ᠤᠨ ᠠᠭᠤᠰᠤᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠵᠡᠷᠭᠡ ᠲᠤᠯᠤᠭᠠᠨ ᠪᠠᠶᠢᠯᠳᠤᠬᠤ ᠪᠤᠳᠤᠯᠭ᠎ᠠ ᠪᠣᠯᠣᠨ᠎ᠠ᠃      ᠭᠤᠷᠪᠠᠨ ᠪᠣᠭᠤᠮᠲᠠ ᠰᠢᠪᠲᠤᠯᠬᠤ ᠳᠠᠢᠯᠠᠯᠳᠤᠭᠠᠨ᠄ ︽ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ︾ ᠭᠤᠷᠪᠠᠨ ᠪᠣᠭᠤᠮᠲᠠ ᠰᠢᠪᠲᠤᠯᠬᠤ ᠳᠠᠢᠯᠠᠯᠳᠤᠭᠠᠨ ᠢ ᠵᠢᠭᠠᠵᠤ ᠪᠠᠶᠢᠨ᠎ᠠ᠃      ᠤᠯᠠᠭᠠᠨᠬᠠᠳᠠ ᠶᠢᠨ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠩᠭᠢᠯ᠄ ᠲᠤᠬᠠᠶᠢᠯᠠᠪᠠᠯ ︽ᠨᠢᠭᠡ ᠲᠣᠭᠤᠷᠢᠭ ᠳᠦᠷᠪᠡᠨ ᠬᠦᠷᠢᠶᠡᠯᠡᠩ ︾᠂ ︽ᠨᠢᠭᠡ ᠲᠤᠭᠤᠷᠢᠭ︾ ᠭᠡᠳᠡᠭ ᠨᠢ ᠤᠯᠠᠭᠠᠨᠬᠠᠳᠠ ᠶᠢᠨ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ᠂ ︽ᠳᠥᠷᠪᠡᠨ ᠬᠦᠷᠢᠶᠡᠯᠡᠩ︾ ᠭᠡᠳᠡᠭ ᠨᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠶᠤᠸᠠᠨ ᠪᠦᠦ ᠱᠠᠨ ᠠᠵᠤ ᠦᠢᠯᠡᠳᠪᠦᠷᠢ ᠶᠢᠨ ᠬᠦᠷᠢᠶᠡᠯᠡᠩ᠂ ᠠᠨᠴᠢᠩ ᠤᠨ ᠠᠵᠤ ᠦᠢᠯᠡᠳᠪᠦᠷᠢ ᠶᠢᠨ ᠬᠦᠷᠢᠶᠡᠯᠡᠩ᠂ ᠮᠠ ᠯᠢᠨ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠦᠷᠢᠶᠡᠯᠡᠩ᠃      ︽ᠵᠢᠷᠭᠤᠭᠠᠨ ᠬᠦᠨᠳᠡᠯᠡᠨ ᠨᠠᠢᠮᠠᠨ ᠭᠤᠯᠳᠤ︾ ᠭᠤᠣᠯ ᠵᠠᠰᠠᠮᠠᠯ ᠵᠠᠮ᠄ ︽ᠵᠢᠷᠭᠤᠭᠠᠨ ᠬᠥᠨᠳᠡᠯᠡᠨ︾ ᠭᠡᠳᠡᠭ ᠨᠢ ᠤᠯᠤᠰ ᠤᠨ ᠵᠡᠮ ᠤᠨ 111 ᠶᠢᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ G5511 ᠶᠢᠨ ᠬᠤᠯᠪᠤᠭᠰᠠᠨ ᠱᠤᠭᠤᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ ᠂ 304 ᠮᠤᠵᠢ ᠶᠢᠨ ᠵᠡᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ ᠂ 303 ᠤᠯᠤᠰ ᠤᠨ ᠵᠠᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ ᠂ G45 ᠳᠡᠭᠡᠲᠦ ᠬᠤᠷᠳᠤᠴᠠᠲᠤ ᠵᠠᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ 505 ᠮᠤᠵᠢ ᠶᠢᠨ ᠵᠡᠮ ᠤᠨ ᠨᠢᠩᠴᠧᠩ ᠠᠴᠠ ᠸᠠᠩ ᠤᠨ ᠳ᠋ᠢᠶᠠᠨ ᠬᠦᠷᠬᠦ ᠬᠡᠰᠡᠭ᠃ ︽ᠨᠠᠢᠮᠠᠨ ᠭᠤᠯᠳᠤ︾ ᠭᠡᠳᠡᠭ ᠨᠢ 220 ᠮᠤᠵᠢ ᠶᠢᠨ ᠵᠡᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ G1611 ᠳᠡᠭᠡᠳᠦ ᠬᠤᠷᠳᠤᠴᠠᠲᠤ ᠵᠠᠮ ᠤᠨ ᠬᠡᠰᠢᠭᠲᠡᠨ ᠴᠧᠩᠳᠧ ᠶᠢᠨ ᠬᠤᠯᠪᠤᠭᠰᠠᠨ ᠱᠤᠭᠤᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ 306 ᠤᠯᠤᠰ ᠤᠨ ᠵᠠᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ 206 ᠮᠤᠵᠢ ᠶᠢᠨ ᠵᠡᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ 305 ᠤᠯᠤᠰ ᠤᠨ ᠵᠠᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ 210 ᠮᠤᠵᠢ ᠶᠢᠨ ᠵᠡᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ G16 ᠳᠡᠭᠡᠳᠦ ᠬᠤᠷᠳᠤᠴᠠᠲᠤ ᠵᠠᠮ ᠤᠨ ᠤᠯᠠᠭᠠᠨᠬᠠᠳᠠ ᠶᠢᠨ ᠬᠢᠵᠠᠭᠠᠷ ᠲᠠᠬᠢ ᠬᠡᠰᠡᠭ᠂ 219 ᠮᠤᠵᠢ ᠶᠢᠨ ᠵᠠᠮ ᠤᠨ ᠬᠡᠰᠢᠭᠲᠡᠨ ᠠᠴᠠ ᠨᠢᠩᠴᠧᠩ ᠬᠦᠷᠬᠦ ᠬᠡᠰᠡᠭ᠃      ︽ᠬᠠᠰ ᠯᠤᠤ ᠴᠢᠳᠠᠪᠤᠷᠢᠲᠠᠨ︾ ᠤ ᠢᠨᠵᠧᠨᠧᠷᠢᠩ᠄ ︽ᠤᠯᠠᠭᠠᠨᠬᠠᠳᠠ ᠬᠤᠲᠠ ᠶᠢᠨ ᠤᠷᠲᠤᠪᠲᠤᠷ ᠪᠠ ᠤᠷᠳᠤ ᠬᠤᠭᠤᠴᠠᠭᠠᠨ ᠤ ᠴᠢᠳᠠᠪᠤᠷᠢᠲᠠᠨ ᠬᠥᠭᠵᠢᠭᠦᠯᠬᠦ ᠲᠥᠯᠥᠪᠵᠢᠭᠦᠯᠭᠡ ᠶᠢᠨ ᠲᠣᠪᠴᠢ ︵2011-2020 ᠣᠨ︶︾ ᠶᠢ ᠦᠨᠳᠦᠰᠦᠯᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠭᠲᠠᠭᠠᠭᠰᠠᠨ ᠲᠤᠰ ᠨᠤᠲᠤᠭ ᠤᠨ ᠳᠤᠮᠳᠠ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠬᠦᠮᠦᠵᠢᠭᠦᠯᠬᠦ᠂ ᠴᠦᠭᠡᠨ ᠳᠤᠲᠠᠭᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠵᠤ ᠠᠪᠴᠢᠷᠠᠬᠤ ᠪᠠᠷ ᠭᠤᠣᠯ ᠪᠣᠯᠭᠠᠭᠰᠠᠨ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠰᠢᠰᠲ᠋ᠧᠮ ᠤᠨ ᠴᠢᠨᠠᠷᠲᠠᠶ ᠴᠢᠳᠠᠪᠤᠷᠢᠲᠠᠨ ᠤ ᠢᠨᠵᠧᠨᠧᠷᠢᠩ ᠪᠣᠯᠣᠨ᠎ᠠ᠃      ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ᠄ ᠬᠥᠳᠡᠭᠡ ᠲᠣᠰᠬᠤᠨ ᠮᠠᠯᠵᠢᠬᠤ ᠤᠷᠤᠨ ᠤ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ ᠂ ᠲᠠᠷᠢᠶᠠᠴᠢᠨ ᠮᠠᠯᠴᠢᠨ ᠡᠷᠦᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠠᠯᠭᠠᠵᠤ ᠵᠡᠷᠭᠡᠪᠡᠷ ᠶᠠᠪᠤᠭᠳᠠᠭᠤᠯᠬᠤ ᠪᠣᠯᠤᠨ᠎ᠠ᠃      ᠳᠠᠶᠠᠭᠠᠷ ᠡᠭᠦᠳᠬᠦ ᠣᠷᠣᠨ ᠵᠠᠶ᠄ ᠦᠢᠯᠡᠰ ᠴᠣᠭᠴᠠᠯᠠᠭᠴᠢ ᠪᠠ ᠪᠡᠯᠡ ᠣᠷᠣᠭᠤᠯᠤᠭᠴᠢ ᠳᠤ ᠬᠠᠨᠳᠤᠭᠤᠯᠤᠭᠰᠠᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠨᠡᠶᠢᠭᠡᠮ ᠤᠨ ᠬᠠᠷᠢᠯᠴᠠᠭᠠᠨ ᠤ ᠲᠠᠪᠴᠠᠩ ᠪᠣᠯᠣᠨ᠎ᠠ᠃ ᠦᠢᠯᠡᠰ ᠴᠣᠭᠴᠠᠯᠠᠭᠴᠢ ᠶᠢ ᠬᠠᠪᠰᠤᠷᠤᠨ ᠲᠠᠯᠠᠪᠤᠷ᠂ ᠴᠢᠳᠠᠪᠣᠷᠢᠲᠠᠨ᠂ ᠮᠡᠷᠭᠡᠵᠢᠯ᠂ ᠪᠡᠯᠡ ᠮᠥᠩᠭᠦ᠂ ᠲᠥᠷᠥᠯ ᠵᠦᠢᠯ᠂ ᠪᠡᠯᠡ ᠲᠣᠬᠢᠷᠠᠭᠤᠯᠬᠤ᠂ ᠦᠢᠯᠡᠴᠢᠯᠡᠭᠡ ᠬᠠᠩᠭᠠᠬᠤ ᠵᠡᠷᠭᠡ ᠨᠢᠭᠡ ᠯᠡ ᠥᠷᠲᠡᠭᠡᠨ ᠤ ᠮᠠᠶ᠋ᠢᠭ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠬᠤ ᠶᠢ ᠵᠢᠭᠠᠵᠤ ᠪᠠᠶᠢᠨ᠎ᠠ᠃      ︽ᠵᠢᠷᠭᠤᠭᠠᠨ ᠬᠡᠰᠡᠭ ᠵᠠᠭᠤᠨ ᠲᠦᠮᠡᠨ ᠮᠦ︾ ᠶᠢᠨ ᠰᠠᠭᠤᠷᠢᠨ ᠭᠠᠵᠠᠷ᠄ ᠵᠠᠭᠤᠨ ᠲᠦᠮᠡᠨ ᠮᠥ ᠬᠥᠮᠦᠨ ᠤ ᠬᠦᠴᠦ ᠪᠠᠷ ᠡᠪᠡᠰᠦ ᠲᠡᠷᠢᠬᠤ᠂ ᠵᠠᠭᠤᠨ ᠲᠦᠮᠡᠨ ᠮᠦ ᠥᠨᠳᠥᠷ ᠪᠦᠲᠦᠮᠵᠢᠲᠡᠶ ᠪᠥᠭᠡᠳ ᠡᠯᠪᠡᠭ ᠭᠠᠷᠤᠯᠲᠠ ᠲᠠᠢ ᠠᠵᠤ ᠠᠬᠤᠶ ᠶᠢᠨ ᠤᠢ᠂ ᠵᠠᠭᠤᠨ ᠲᠦᠮᠡᠨ ᠮᠥ ᠬᠠᠶᠢᠯᠠᠷ ᠨᠠᠷᠠᠰᠤ᠂ ᠵᠠᠭᠤᠨ ᠲᠦᠮᠡᠨ ᠮᠦ ᠰᠡᠩᠳᠡᠩ ᠮᠣᠳᠣᠨ ᠤ ᠮᠣᠳᠣᠯᠢᠭ ᠲᠣᠰᠣᠲᠤ ᠤᠷᠭᠤᠮᠠᠯ᠂ ᠵᠠᠭᠤᠨ ᠲᠦᠮᠡᠨ ᠮᠦ ᠬᠡᠭᠡᠷ᠎ᠡ ᠶᠢᠨ ᠬᠦᠢᠯᠡᠰᠦ ᠴᠢᠴᠠᠷᠭᠠᠨ᠎ᠠ ᠶᠢᠨ ᠳᠤᠷᠦ᠋ᠢᠳᠠᠭᠰᠠᠨ ᠤᠢ ᠶᠢᠨ ᠥᠭᠡᠷᠡᠴᠢᠯᠡᠯᠲᠡ᠂ ᠵᠠᠭᠤᠨ ᠲᠦᠮᠡᠨ ᠮᠥ ᠡᠯᠡᠰᠦ ᠶᠢ ᠰᠡᠷᠭᠡᠶᠢᠯᠡᠵᠦ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠲᠠ ᠤᠨ ᠢᠨᠵᠧᠨᠧᠷᠢᠩ ᠭᠤᠣᠯ ᠮᠦᠷᠡᠨ ᠤ ᠳᠠᠷᠤᠭ᠎ᠠ ᠶᠢᠨ ᠳᠦᠷᠢᠮ᠄ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠭᠤᠣᠯ ᠮᠦᠷᠡᠨ ᠢ ᠬᠠᠷᠢᠭᠤᠴᠠᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠠᠮᠢ ᠠᠬᠤᠶ ᠶᠢ ᠰᠡᠯᠪᠢᠨ ᠰᠡᠷᠭᠦᠭᠡᠬᠦ ᠪᠠᠷ ᠭᠤᠣᠯ ᠡᠭᠦᠷᠭᠡ ᠪᠣᠯᠭᠠᠭᠰᠠᠨ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠣᠳᠣᠷᠢᠳᠬᠤ ᠶᠢ ᠵᠢᠭᠠᠵᠤ ᠪᠠᠶᠢᠨ᠎ᠠ᠃      ᠪᠠᠭᠤᠷᠠᠢ ᠶᠢ ᠪᠦᠬᠦ ᠲᠠᠯ᠎ᠠ ᠪᠠᠷ ᠥᠭᠡᠷᠡᠴᠢᠯᠡᠬᠦ᠄ ᠲᠤᠬᠠᠶᠢᠯᠠᠪᠠᠯ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠪᠣᠯᠣᠨ᠎ᠠ᠃ 2014 ᠣᠨ ᠠᠴᠠ ᠡᠬᠢᠯᠡᠨ᠂ 3-5 ᠵᠢᠯ ᠴᠢᠷᠮᠠᠶᠢᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠲᠦᠬᠦᠭᠡᠷᠦᠮᠵᠢ ᠠᠮᠢᠳᠤᠷᠠᠯ ᠤᠨ ᠲᠦᠬᠦᠭᠡᠷᠦᠮᠵᠢ ᠤᠨ ᠦᠨᠳᠦᠰᠦᠨ ᠬᠡᠷᠡᠭᠴᠡᠭᠡ ᠶᠢ ᠬᠠᠩᠭᠠᠵᠤ᠂ ᠲᠣᠰᠬᠤᠨ ᠤ ᠪᠠᠭ᠎ᠠ ᠰᠤᠷᠭᠠᠭᠤᠯᠢ ᠪᠠ ᠵᠢᠭᠠᠨ ᠰᠤᠷᠭᠠᠬᠤ ᠴᠢᠭ ᠤᠨ ᠬᠡᠪ ᠤᠨ ᠠᠵᠢᠯᠯᠠᠭ᠎ᠠ ᠶᠢ ᠪᠠᠲᠤᠯᠠᠨ᠎ᠠ᠂ ᠰᠢᠶᠠᠨ ᠪᠠᠯᠭᠠᠰᠤᠨ ᠤ ᠠᠩᠭᠢ ᠪᠦᠷᠢ ᠶᠢᠨ ᠬᠥᠮᠦᠨ ᠤ ᠲᠤᠭ᠎ᠠ ᠭᠡᠳᠦ ᠶᠡᠭᠡ ᠪᠠᠶᠢᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠪᠠᠭᠰᠢ ᠶᠢᠨ ᠲᠣᠬᠢᠷᠠᠭᠤᠯᠤᠯᠲᠠ ᠶᠢ ᠤᠯᠠᠮ ᠵᠦᠶ ᠵᠣᠬᠢᠰᠲᠠᠶ ᠪᠣᠯᠭᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠳᠣᠷᠭᠤᠨ ᠵᠣᠭᠰᠣᠭᠰᠠᠨ ᠨᠣᠷᠮ᠎ᠠ ᠶᠢ 0.6 % ᠪᠠ 1.8% ᠳᠣᠣᠷ᠎ᠠ ᠬᠢᠵᠠᠭᠠᠷᠯᠠᠨ᠎ᠠ᠃      ᠭᠤᠷᠪᠠᠨ ᠡᠮᠨᠡᠯᠭᠡ ᠶᠢᠨ ᠦᠭᠡᠷᠡᠴᠢᠯᠡᠯᠲᠡ ᠬᠤᠯᠪᠣᠯᠴᠠᠬᠤ᠄ ᠳᠠᠷᠤᠢ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮᠵᠢ ᠶᠢ ᠥᠭᠡᠷᠡᠴᠢᠯᠡᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠥᠭᠡᠷᠡᠴᠢᠯᠡᠯᠲᠡ ᠪᠣᠯᠤᠨ ᠡᠮ ᠤᠨ ᠵᠦᠢᠯ ᠤᠨ ᠭᠦᠢᠯᠭᠡᠭᠡᠨ ᠤ ᠰᠢᠰᠲ᠋ᠧᠮᠵᠢ ᠶᠢᠨ ᠥᠭᠡᠷᠡᠴᠢᠯᠡᠯᠲᠡ ᠶᠢ ᠬᠠᠮᠲᠤᠷᠠᠨ ᠶᠠᠪᠣᠭᠤᠯᠬᠤ ᠪᠣᠯᠣᠨ᠎ᠠ᠂ ᠳᠥᠭᠦᠮᠴᠢᠯᠡᠭᠡᠳ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ︽ᠭᠤᠷᠪᠠᠨ ᠡᠮᠨᠡᠯᠭᠡ ᠶᠢᠨ ᠦᠭᠡᠷᠡᠴᠢᠯᠡᠯᠲᠡ ᠬᠤᠯᠪᠣᠯᠴᠠᠬᠤ︾ ᠭᠡᠨ᠎ᠡ᠃      ᠬᠤᠶᠠᠷ ᠪᠠᠷᠢᠮᠲᠠ ᠶᠢᠨ ᠲᠦᠷᠢᠮ᠄ ᠡᠮ ᠤᠨ ᠦᠢᠯᠡᠳᠪᠦᠷᠢ ᠠᠴᠠ ᠨᠢᠭᠡᠳᠦᠭᠡᠷ ᠳᠡᠰ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠬᠤᠳᠠᠯᠳᠤᠬᠤ ᠳᠤ ᠨᠢᠭᠡ ᠤᠳᠠᠭ᠎ᠠ ᠪᠠᠷᠢᠮᠲᠠ ᠭᠠᠷᠭᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠠᠴᠠ ᠡᠮᠨᠡᠯᠭᠡ ᠶᠢᠨ ᠬᠤᠷᠢᠶ᠎ᠠ ᠳᠤ ᠬᠤᠳᠠᠯᠳᠤᠬᠤ ᠳᠤ ᠳᠠᠬᠢᠨ ᠨᠢᠭᠡ ᠤᠳᠠᠭ᠎ᠠ ᠪᠠᠷᠢᠮᠲᠠ ᠭᠠᠷᠭᠠᠬᠤ ᠶᠢ ᠵᠢᠭᠠᠵᠤ ᠪᠠᠶᠢᠨ᠎ᠠ᠃ ᠳᠠᠭᠠᠭᠤᠯᠤᠭᠴᠢ ᠶᠢ ᠬᠦᠴᠦᠷᠬᠡᠭᠵᠢᠭᠦᠯᠬᠦ ᠵᠢᠭᠡᠯᠡᠯᠭᠡ᠄ ᠤᠯᠠᠭᠠᠨᠬᠠᠳᠠ ᠬᠤᠲᠠ ᠶᠢᠨ ᠮᠥᠩᠭᠦᠨ ᠭᠦᠢᠯᠭᠡᠭᠡᠨ ᠤ ᠲᠠᠯ᠎ᠠ ᠪᠠᠷ ᠶᠠᠳᠠᠭᠤ ᠶᠢ ᠲᠡᠳᠬᠦᠬᠦ ᠢᠨᠵᠧᠨᠧᠷᠢᠩ ᠤᠨ ᠨᠢᠭᠡ ᠮᠥᠨ᠂ ᠬᠤᠲᠠ ᠶᠢᠨ ᠵᠠᠰᠠᠭ ᠤᠨ ᠣᠷᠳᠣᠨ ᠭᠤᠣᠯᠯᠠᠵᠤ᠂ ᠬᠤᠲᠠ ᠬᠤᠰᠢᠭᠤ ᠰᠢᠶᠠᠨ ᠲᠣᠭᠤᠷᠢᠭ ᠤᠨ ᠬᠤᠶᠠᠷ ᠱᠠᠲᠤᠨ ᠤ ᠶᠠᠳᠠᠭᠤ ᠶᠢ ᠲᠡᠳᠬᠦᠬᠦ ᠠᠯᠪᠠᠨ ᠬᠡᠷ᠂ ᠬᠤᠳᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠣᠯᠤᠨ ᠳᠤᠮᠳᠠᠳᠤ ᠤᠯᠤᠰ ᠤᠨ ᠪᠠᠩᠬᠢ ᠶᠢᠨ ᠤᠯᠠᠭᠠᠨᠬᠠᠳᠠ ᠬᠤᠪᠢᠶᠠᠷᠢ ᠪᠠᠩᠬᠢ᠂ ᠤᠯᠠᠭᠠᠨᠬᠠᠳᠠ ᠶᠢᠨ ᠬᠤᠩ ᠳ᠋ᠧ ᠲᠠᠷᠢᠶᠠᠯᠠᠩ ᠮᠠᠯ ᠠᠵᠤ ᠠᠬᠤᠶ ᠶᠢᠨ ᠳᠠᠭᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ᠂ ᠪᠦᠬᠦ ᠬᠤᠲᠠ ᠶᠢᠨ ᠬᠡᠪᠴᠢᠶᠡᠨ ᠳᠤ ᠥᠷᠨᠢᠭᠦᠯᠦᠭᠰᠡᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠳᠤ ᠲᠤᠰᠬᠠᠶᠢᠯᠠᠨ ᠴᠢᠭᠯᠡᠭᠦᠯᠦᠭᠰᠡᠨ ᠵᠢᠭᠡᠯᠡᠯᠭᠡ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠣᠯᠬᠤ ᠶᠤᠮ᠃      ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠭᠤᠷᠪᠠᠨ ᠨᠢᠭᠡ ᠪᠦᠯᠦᠭ︾ ᠠᠵᠢᠯᠯᠠᠭᠠᠨ ᠤ ᠲᠥᠯᠥᠪᠯᠡᠭᠡ᠄ ᠲᠤᠬᠠᠶᠢᠯᠠᠪᠠᠯ ᠨᠢᠭᠡ ᠪᠦᠯᠦᠭ ᠬᠦᠨᠳᠦ ᠡᠪᠡᠳᠴᠢᠲᠡᠨ ᠢ ᠲᠥᠪᠯᠡᠷᠡᠭᠦᠯᠦᠨ ᠠᠪᠤᠷᠠᠨ ᠵᠠᠰᠠᠨ᠎ᠠ᠂ ᠨᠢᠭᠡ ᠪᠦᠯᠦᠭ ᠤᠳᠠᠭᠠᠨ ᠴᠢᠨᠠᠷᠲᠠᠶ ᠡᠪᠡᠳᠴᠢᠲᠡᠨ ᠲᠠᠢ ᠭᠡᠷ᠎ᠡ ᠲᠣᠭᠲᠠᠨ ᠦᠢᠯᠡᠴᠢᠯᠡᠨ ᠬᠠᠮᠢᠶᠠᠷᠤᠨ᠎ᠠ᠂ ᠨᠢᠭᠡ ᠪᠦᠯᠦᠭ ᠬᠦᠨᠳᠦ ᠡᠪᠡᠳᠴᠢᠲᠡᠨ ᠤ ᠪᠦᠬᠦᠨ ᠢ ᠪᠠᠲᠤᠯᠠᠬᠤ ᠵᠡᠷᠭᠡ ᠪᠣᠯᠣᠨ᠎ᠠ᠃      ᠭᠡᠭᠡᠠ ᠲᠤᠩᠭᠠᠯᠠᠭ ᠢᠨᠵᠧᠨᠧᠷᠢᠩ᠄ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠣᠭᠤᠳᠬᠤ ᠲᠠᠪᠴᠠᠩ ᠪᠣᠯᠭᠠᠵᠤ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢ ᠪᠣᠯᠭᠠᠨ᠂ ᠰᠦᠯᠵᠢᠶᠡᠵᠢᠭᠰᠡᠨ ᠬᠠᠮᠢᠶᠠᠷᠤᠯᠲᠠ ᠶᠢᠨ ᠰᠠᠭᠤᠷᠢ ᠪᠣᠯᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠭᠯᠠᠭᠤᠷ ᠤᠨ ᠬᠢᠨᠠᠨ ᠡᠵᠡᠮᠳᠡᠬᠦ ᠰᠦᠯᠵᠢᠶᠡᠨ ᠤ ᠬᠡᠷᠡᠭᠯᠡᠯᠲᠡ ᠪᠠᠷ ᠭᠤᠣᠯᠳᠠᠯᠭ᠎ᠠ ᠪᠣᠯᠭᠠᠭᠰᠠᠨ ︽ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠢᠨᠵᠧᠨᠧᠷᠢᠩ︾ ᠪᠣᠯᠣᠨ᠎ᠠ᠂ ᠨᠡᠶᠢᠭᠡᠮ ᠢ ᠵᠠᠰᠠᠬᠤ ᠲᠠᠯ᠎ᠠ ᠪᠠᠷ ᠰᠢᠨ᠎ᠡ ᠶᠢ ᠡᠭᠦᠳᠬᠦ᠂ ᠬᠠᠮᠲᠤ ᠪᠠᠷ ᠡᠳ᠋ᠯᠡᠵᠦ ᠬᠠᠮᠲᠤ ᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠳᠡᠰ ᠳᠡᠪᠰᠢᠭᠦᠯᠬᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠳᠡᠰ ᠳᠡᠪᠰᠢᠭᠦᠯᠬᠦ ᠵᠡᠷᠭᠡ ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ