︵2018 ᠤᠨ ᠤ 10 ᠰᠠᠷ᠎ᠠ ᠶᠢᠨ 31 ᠤ ᠡᠳᠦᠷ ᠤᠯᠠᠭᠠᠨᠬᠠᠳᠠ ᠬᠤᠲᠠ ᠶᠢᠨ ᠳᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯ ᠠᠴᠠ ᠪᠠᠲᠤᠯᠠᠵᠤ᠂ 2018 ᠤᠨ ᠤ 12 ᠰᠠᠷ᠎ᠠ ᠶᠢᠨ 6 ᠤ ᠡᠳᠦᠷ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠢᠩᠭᠤ ᠶᠢᠨ ᠬᠤᠷᠢᠶᠠᠨ ᠤ | ᠠᠷᠪᠠᠳᠤᠭᠠᠷ ᠬᠤᠷᠠᠯ ᠠᠴᠠ ᠵᠦᠪᠰᠢᠶᠡᠷᠡᠪᠡ︶ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠭᠠᠵᠠᠷ ᠳᠤᠤᠷᠠᠬᠢ ᠤᠰᠤ ᠶᠢ ᠬᠠᠮᠠᠭᠠᠯᠠᠨ ᠬᠠᠮᠢᠶᠠᠷᠬᠤ ᠪᠠᠨ ᠴᠢᠩᠭᠠᠳᠬᠠᠵᠤ᠂ ᠭᠠᠵᠠᠷ ᠳᠤᠤᠷᠠᠬᠢ ᠤᠰᠤᠨ ᠤ ᠦᠷᠬᠦᠯᠵᠢᠯᠡᠬᠦᠶᠢᠢᠴᠠ | ᠠᠰᠢᠭᠯᠠᠯᠲᠠ ᠪᠠ ᠠᠵᠤ ᠠᠬᠤᠢ ᠨᠡᠶᠢᠢᠭᠡᠮ ᠤᠨ ᠦᠷᠭᠦᠯᠵᠢᠯᠡᠬᠦᠶᠢᠢᠴᠡ ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠢᠷᠠᠮᠳᠠᠬᠤ ᠳᠤᠮᠳᠠᠲᠤ | ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠢᠯᠡᠨ ᠵᠠᠰᠠᠬᠤ ᠬᠠᠤᠯᠢ︾ | ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠳᠡ ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠬᠠᠤᠯᠢ﹀ ᠶᠢ ᠬᠡᠷᠡᠭᠵᠢᠭᠦᠯᠬᠦ | ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠵᠦ᠂ ᠮᠠᠨ ᠤ ᠬᠤᠲᠠ ᠶᠢᠨ ᠪᠤᠳᠠᠲᠠᠢ ᠪᠠᠶᠢᠳᠠᠯ ᠲᠠᠢ ᠤᠶᠠᠯᠳᠤᠭᠤᠯᠵᠤ ᠲᠤᠰ ᠳᠦᠷᠢᠮ ᠢ | ᠲᠤᠭᠲᠠᠭᠠᠪᠠ᠃ | ᠬᠤᠶᠠᠳᠤᠭᠠᠷ ᠵᠤᠷᠪᠤᠰ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠭᠡᠴᠡ ᠶᠢᠨ ᠳᠣᠲᠣᠨᠠᠬᠢ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠬᠤ᠂ | ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠵᠢᠴᠢ ᠲᠡᠭᠦᠨ ᠤ ᠬᠠᠮᠢᠶ᠎ᠠ ᠪᠦᠬᠦᠢ ᠠᠵᠢᠯᠯᠠᠭᠠᠨ ᠳᠤ ᠲᠤᠰ ᠳᠦᠷᠢᠮ ᠢ ᠬᠡᠷᠡᠭᠯᠡᠨ᠎ᠡ᠃ | ᠲᠤᠰ ᠳᠦᠷᠢᠮ ᠳᠤ ᠳᠤᠷᠠᠳᠤᠭᠰᠠᠨ ᠭᠠᠵᠠᠷ ᠳᠤᠤᠷᠠᠬᠢ ᠤᠰᠤ ᠭᠡᠳᠡᠭ ᠨᠢ ᠭᠠᠵᠠᠷ ᠤᠨ ᠭᠠᠳᠠᠷᠭᠤ ᠠᠴᠠ ᠳᠤᠷᠤᠭᠰᠢᠬᠢ ᠤᠰᠤ ᠠᠭᠤᠯᠬᠤ ᠳᠠᠪᠬᠤᠷᠭ᠎ᠠ ᠳᠤ | ᠬᠠᠳᠠᠭᠠᠯᠠᠭᠳᠠᠵᠤ ᠪᠠᠶᠢᠢᠭ᠎ᠠ ᠤᠰᠤ ᠶᠢ ᠵᠢᠭᠠᠨ᠎ᠠ᠃ | ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠠᠮᠤᠭ ᠴᠢᠩᠭ᠎ᠠ ᠬᠢᠨᠠᠮᠠᠭᠠᠢ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠨᠠᠶᠢᠢᠳᠠᠪᠤᠷᠢᠵᠢᠭᠤᠯᠵᠤ᠂ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠳᠤᠲᠤᠷᠠᠬᠢ ᠭᠠᠵᠠᠷ ᠳᠤᠤᠷᠠᠬᠢ ᠤᠰᠤᠨ ᠤ | ᠠᠰᠢᠭᠯᠠᠯᠲᠠ ᠬᠠᠮᠠᠭᠠᠯᠠᠯᠲᠠ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠤᠰᠤ ᠪᠠᠷ ᠬᠤᠲᠠ ᠶᠢ ᠲᠤᠭᠲᠠᠭᠠᠬᠤ᠂ ᠤᠰᠤ ᠪᠠᠷ ᠦᠢᠯᠡᠳᠪᠦᠷᠢᠯᠡᠯ ᠢ ᠲᠤᠭᠲᠠᠭᠠᠬᠤ᠂ | ᠲᠠᠳᠠᠨ ᠬᠡᠷᠡᠭᠯᠡᠬᠦ ᠪᠠ ᠨᠦᠬᠦᠪᠦᠷᠢᠯᠡᠬᠦ ᠶᠢ ᠲᠡᠩᠴᠡᠭᠦᠷᠢᠰᠢᠭᠦᠯᠬᠦ᠂ ᠦᠷᠭᠦᠯᠵᠢᠯᠡᠬᠦᠶᠢᠢᠴᠡ ᠬᠥᠭᠵᠢᠭᠦᠯᠬᠦ ᠵᠠᠷᠴᠢᠮ ᠢᠶᠠᠷ ᠭᠠᠵᠠᠷ ᠳᠤᠤᠷᠠᠬᠢ ᠤᠰᠤᠨ ᠳᠤ ᠬᠤᠯᠪᠤᠭᠳᠠᠬᠤ | ᠵᠦᠢᠯ ᠢ ᠲᠤᠭᠲᠠᠭᠠᠵᠤ᠂ ᠭᠠᠵᠠᠷ ᠳᠤᠤᠷᠠᠬᠢ ᠤᠰᠤ ᠶᠢ ᠠᠰᠢᠭᠯᠠᠨ ᠬᠠᠮᠠᠭᠠᠯᠠᠬᠤ ᠪᠠ ᠠᠵᠤ ᠠᠬᠤᠢ ᠨᠡᠶᠢᠢᠭᠡᠮ ᠤᠨ ᠬᠦᠭᠵᠢᠯᠲᠡ ᠬᠠᠷᠢᠯᠴᠠᠨ ᠵᠣᠬᠢᠴᠠᠯᠳᠤᠬᠤ ᠶᠢ | ᠪᠠᠳᠤᠯᠠᠨ᠎ᠠ᠃ | ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠨᠢ ᠲᠤᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤᠲᠤᠷ᠎ᠠ ᠪᠠᠨ ᠭᠠᠵᠠᠷ ᠳᠤᠤᠷᠠᠬᠢ ᠤᠰᠤ ᠶᠢ ᠨᠢᠭᠡᠲᠦᠯᠲᠡᠢ ᠬᠠᠮᠢᠶᠠᠷᠬᠤ ᠪᠠ ᠬᠢᠨᠠᠯᠲᠠ | ᠲᠠᠯᠪᠢᠵᠤ᠂ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠶᠣᠰᠣᠭᠠᠷ᠂ ᠭᠠᠵᠠᠷ ᠳᠤᠤᠷᠠᠬᠢ ᠤᠰᠤᠨ ᠤ | ᠬᠠᠮᠠᠭᠠᠯᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠳᠤ | ᠬᠤᠯᠪᠤᠭᠳᠠᠭᠰᠠᠨ ᠠᠵᠢᠯ ᠢ ᠬᠢᠬᠦ ᠳᠤ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ | ᠰᠠᠨᠠᠯ ᠢ ᠬᠤᠷᠢᠶᠠᠬᠤ ᠬᠡᠷᠡᠭᠲᠡᠢ᠂ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ | ᠠᠪᠤᠭᠰᠠᠨ ᠦᠭᠡᠢ ᠪᠤᠶᠤ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠪᠤᠰᠤ | ᠰᠠᠨᠠᠯ ᠲᠠᠢ ᠪᠤᠯ᠂ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠳᠤ ᠬᠤᠯᠪᠤᠭᠳᠠᠭᠰᠠᠨ ᠵᠦᠢᠯ ᠳᠤ ᠰᠢᠢᠳᠪᠦᠷᠢ ᠭᠠᠷᠭᠠᠵᠤ ᠪᠤᠯᠬᠤ ᠦᠭᠡᠢ᠂ ᠭᠡᠪᠡᠴᠦ ᠬᠠᠤᠯᠢ | ᠳᠦᠷᠢᠮ ᠬᠠᠤᠯᠢ ᠲᠣᠭᠲᠠᠭᠠᠯ ᠳᠤ ᠪᠤᠰᠤᠳ ᠲᠤᠭᠲᠠᠭᠠᠯ ᠲᠠᠢ ᠨᠢ ᠪᠠᠭᠲᠠᠬᠤ ᠦᠭᠡᠢ᠃ | ᠳᠦᠷᠪᠡᠳᠦᠭᠡᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ | ᠬᠠᠤᠯᠢ ᠶᠤᠰᠤᠭᠠᠷ ᠲᠤᠰ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠤᠯᠢ | ᠬᠡᠷᠡᠭᠵᠢᠭᠦᠯᠬᠦ ᠠᠵᠢᠯ ᠳᠤ ᠬᠠᠮᠵᠢᠯᠴᠠᠨ ᠲᠤᠰᠠᠯᠠᠬᠤ ᠬᠡᠷᠡᠭᠲᠡᠢ᠃ | ᠲᠠᠪᠤᠳᠤᠭᠠᠷ ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠭᠠᠵᠠᠷ ᠳᠤᠤᠷᠠᠬᠢ ᠤᠰᠤ ᠶᠢ ᠬᠠᠮᠠᠭᠠᠯᠠᠬᠤ ᠬᠠᠤᠯᠢ | ᠴᠠᠭᠠᠵᠠ ᠬᠠᠤᠯᠢ ᠲᠦᠷᠢᠮ ᠪᠤᠯᠤᠨ ᠠᠷᠪᠢᠯᠠᠨ ᠭᠠᠮᠨᠠᠵᠦ ᠠᠰᠢᠭᠯᠠᠬᠤ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠭᠠᠵᠠᠷ ᠳᠤᠤᠷᠠᠬᠢ ᠤᠰᠤᠨ ᠤ ᠬᠠᠮᠠᠭᠠᠯᠠᠯᠲᠠ | ᠬᠠᠮᠢᠶᠠᠷᠤᠯᠲᠠ ᠶᠢᠨ ᠵᠤᠷᠢᠭᠵᠢᠭᠤᠯᠬᠤ ᠲᠤᠭᠳᠠᠴᠠ ᠶᠢ ᠪᠦᠷᠢᠨᠰᠢᠬᠦᠯᠤᠨ᠂ ᠭᠠᠵᠠᠷ ᠳᠤᠤᠷᠠᠬᠢ ᠤᠰᠤ ᠶᠢ ᠠᠷᠪᠢᠯᠠᠬᠤ᠂ ᠬᠠᠮᠠᠭᠠᠯᠠᠬᠤ ᠪᠤᠯᠤᠨ ᠬᠠᠮᠢᠶᠠᠷᠬᠤ ᠳᠤ | ᠳᠤᠪᠤᠶᠢᠢᠮᠠ ᠬᠤᠪᠢ ᠨᠡᠮᠡᠷᠢ ᠦᠵᠡᠬᠦᠯᠦᠭᠰᠡᠨ ᠨᠢᠭᠡᠴᠡ ᠪᠤᠯᠤᠨ ᠬᠤᠪᠢ ᠬᠦᠮᠦᠨ ᠢ ᠬᠠᠮᠢᠶ ᠠ ᠪᠦᠬᠦᠢ ᠲᠤᠭᠳᠠᠭᠠᠯ ᠶᠣᠰᠣᠭᠠᠷ ᠱᠠᠩᠨᠠᠨ ᠬᠥᠬᠢᠭᠦᠯᠬᠦ ᠬᠡᠷᠡᠭᠲᠡᠢ᠃ | ᠵᠢᠷᠭᠤᠳᠤᠭᠠᠷ ᠵᠤᠷᠪᠤᠰ ᠶᠠᠮᠠᠷᠪᠠ ᠨᠢᠭᠡᠴᠡ ᠪᠤᠯᠤᠨ ᠬᠤᠪᠢ ᠬᠦᠮᠦᠨ ᠴᠦᠮ ᠭᠠᠵᠠᠷ ᠲᠤᠤᠷᠠᠬᠢ ᠤᠰᠤ ᠶᠢ ᠠᠷᠪᠢᠯᠠᠨ ᠭᠠᠮᠨᠠᠬᠤ ᠪᠤᠯᠤᠨ ᠬᠠᠮᠠᠭᠠᠯᠠᠬᠤ | ᠡᠷᠭᠦᠭᠡ ᠲᠠᠢ᠂ ᠭᠠᠵᠠᠷ ᠲᠤᠤᠷᠠᠬᠢ ᠤᠰᠤ ᠶᠢ ᠬᠤᠬᠢᠷᠠᠭᠤᠯᠤᠨ᠂ ᠪᠤᠬᠢᠷᠳᠤᠭᠤᠯᠤᠭᠰᠠᠨ ᠪᠠ ᠬᠠᠤᠯᠢ ᠪᠤᠰᠤ ᠪᠠᠷ ᠨᠡᠬᠡᠬᠡᠨ ᠠᠰᠢᠭᠯᠠᠭᠰᠠᠨ ᠦᠢᠯᠡ ᠠᠵᠢᠯᠯᠠᠭ᠎ᠠ ᠶᠢ | ᠢᠯᠡᠴᠢᠯᠡᠨ ᠮᠡᠳᠡᠬᠦᠯᠬᠦ ᠡᠷᠬᠡ ᠲᠠᠢ᠃ | ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠭᠠᠵᠠᠷ ᠳᠤᠤᠷᠠᠬᠢ ᠤᠰᠤ ᠶᠢ ᠬᠤᠬᠢᠷᠠᠭᠤᠯᠤᠭᠰᠠᠨ᠂ ᠪᠤᠬᠢᠷᠳᠤᠭᠤᠯᠤᠭᠰᠠᠨ ᠪᠠ | ᠬᠠᠤᠯᠢ ᠪᠤᠰᠤ ᠪᠠᠷ ᠨᠡᠬᠡᠬᠡᠨ ᠠᠰᠢᠭᠯᠠᠭᠰᠠᠨ ᠢ ᠢᠯᠡᠴᠢᠯᠡᠨ ᠮᠡᠳᠡᠬᠦᠯᠵᠦ᠂ ᠵᠠᠭᠠᠯᠳᠤᠭᠰᠠᠨ᠂ ᠬᠢᠨᠠᠯᠳᠠ ᠲᠠᠯᠪᠢᠬᠰᠠᠨ ᠰᠠᠨᠠᠯ ᠢ ᠴᠠᠭ ᠲᠤᠬᠠᠢ ᠳᠤᠨᠢ ᠪᠠᠶᠢᠢᠴᠠᠭᠠᠨ | ᠰᠢᠢᠳᠪᠦᠷᠢᠯᠡᠬᠦ ᠶᠢᠨ ᠬᠠᠮᠳᠤ ᠲᠤᠭᠳᠠᠭᠠᠯ ᠶᠤᠰᠤᠭᠠᠷ ᠪᠠᠶᠢᠢᠴᠠᠭᠠᠨ ᠰᠢᠢᠳᠪᠦᠷᠢᠯᠡᠭᠰᠡᠨ ᠦᠷ ᠡ ᠳ᠋ᠦ᠋ᠶᠢᠩ ᠢᠶᠠᠨ ᠴᠠᠭ ᠲᠤᠬᠠᠢ ᠳᠤᠨᠢ ᠢᠯᠡ ᠨᠡᠶᠢᠢᠳᠡᠯᠡᠬᠦ ᠬᠡᠷᠡᠭᠳᠡᠢ᠃ | ᠭᠠᠵᠠᠷ ᠲᠤᠤᠷᠠᠬᠢ ᠤᠰᠤ ᠶᠢ ᠬᠤᠬᠢᠷᠠᠭᠤᠯᠤᠭᠰᠠᠨ᠂ ᠪᠤᠬᠢᠷᠳᠤᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠳᠤ ᠲᠤᠭᠳᠠᠭᠠᠭᠰᠠᠨ ᠪᠠᠶᠢᠭᠤᠯᠭ᠎ᠠ ᠪᠤᠯᠤᠨ | ᠬᠤᠯᠪᠤᠭᠳᠠᠯ ᠪᠦᠬᠦᠢ ᠵᠤᠬᠢᠶᠠᠨ ᠪᠠᠶᠢᠢᠭᠤᠯᠤᠯᠳᠠ ᠠᠴᠠ ᠠᠷᠠᠳ ᠤᠨ ᠰᠢᠬᠦᠬᠦ ᠬᠤᠷᠢᠶᠠᠨ ᠳᠤ ᠨᠡᠶᠢᠢᠳᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠦ ᠪᠤᠯᠤᠨ᠎ᠠ᠃ | ᠬᠤᠶᠠᠳᠤᠭᠠᠷ ᠪᠦᠯᠦᠭ ᠲᠦᠯᠦᠪᠵᠢᠬᠦᠯᠭᠡ ᠪᠠ ᠨᠤᠳᠠᠯᠠᠯᠳᠠ | | ᠳᠤᠯᠤᠳᠤᠭᠠᠷ ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ | ᠳᠡᠭᠡᠷ ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠭᠠᠮᠨᠠᠵᠦ ᠠᠰᠢᠭᠯᠠᠬᠤ | ᠲᠦᠯᠦᠪᠵᠢᠬᠦᠯᠭᠡ ᠶᠢ ᠦᠨᠳᠤᠰᠤᠯᠡᠨ᠂ ᠲᠤᠰ ᠵᠠᠰᠠᠭ ᠵᠠᠬᠢᠷᠭᠠᠨ ᠤ ᠤᠷᠤᠨ ᠬᠡᠴᠡ ᠳᠠᠬᠢ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ | ᠲᠦᠯᠦᠪᠵᠢᠬᠦᠯᠭᠡ ᠶᠢ ᠲᠣᠭᠲᠠᠭᠰᠠᠨ ᠬᠤᠭᠤᠴᠠᠭ᠎ᠠ ᠲᠠᠢ ᠨᠠᠶᠢᠢᠷᠠᠭᠤᠯᠤᠨ ᠳᠤᠭᠳᠠᠭᠠᠵᠦ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ | ᠡᠷᠬᠡ ᠤᠯᠭᠤᠭᠰᠠᠨ ᠰᠠᠯᠠᠭ᠎ᠠ ᠮᠦᠴᠢᠷ ᠲᠤ ᠮᠡᠳᠡᠬᠦᠯᠵᠤ ᠵᠦᠪᠰᠢᠶᠡᠷᠡᠬᠦᠯᠬᠦ ᠭᠡᠷᠡᠭᠳᠡᠢ᠃ | ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠶᠢ ᠨᠠᠶᠢᠢᠷᠠᠭᠤᠯᠤᠨ ᠲᠣᠭᠲᠠᠭᠠᠬᠤ ᠳᠠᠭᠠᠨ ᠤᠯᠠᠨ | ᠨᠡᠶᠢᠢᠳᠡ ᠠᠴᠠ ᠢᠯᠡ ᠪᠠᠷ ᠰᠠᠨᠠᠯ ᠬᠤᠷᠢᠶᠠᠵᠦ᠂ ᠲᠤᠰᠬᠠᠢ ᠮᠡᠷᠭᠡᠵᠢᠯᠳᠡᠨ ᠠᠴᠠ ᠨᠤᠳᠠᠯᠠᠬᠤ ᠲᠦᠷᠢᠮ ᠢ ᠬᠡᠷᠡᠭᠵᠢᠬᠦᠯᠦᠨ᠎ᠡ᠃ | ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠨᠢ ᠵᠥᠪᠰᠢᠶᠡᠷᠡᠭᠳᠡᠬᠦ ᠲᠠᠢ ᠵᠡᠷᠭᠡ ᠡᠷᠬᠡᠪᠰᠢ ᠴᠢᠩᠭ᠎ᠠ | ᠬᠡᠷᠡᠭᠵᠢᠬᠦᠯᠬᠦ ᠬᠡᠷᠡᠭᠳᠡᠢ᠃ ᠬᠡᠷᠪᠡ ᠵᠠᠰᠠᠪᠤᠷᠢ ᠤᠷᠤᠭᠤᠯᠬᠤ ᠴᠢᠬᠤᠯᠠᠳᠠᠢ ᠪᠤᠯ᠂ ᠲᠦᠯᠦᠪᠵᠢᠬᠦᠯᠭᠡ ᠶᠢ ᠨᠠᠶᠢᠢᠷᠠᠭᠤᠯᠤᠨ ᠲᠣᠭᠲᠠᠭᠠᠭᠰᠠᠨ ᠶᠠᠪᠤᠴᠠ ᠶᠤᠰᠤᠭᠠᠷ | ᠤᠤᠯ ᠤᠨ ᠵᠥᠪᠰᠢᠶᠡᠷᠡᠭᠰᠡᠨ ᠪᠠᠶᠢᠢᠭᠤᠯᠤᠯᠭᠠ ᠪᠠᠷ ᠵᠦᠪᠰᠢᠶᠡᠷᠡᠬᠦᠯᠬᠦ ᠶᠢᠨ ᠬᠠᠮᠳᠤ ᠳᠡᠭᠡᠷ ᠡ ᠨᠢᠭᠡ ᠱᠠᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠲᠠᠩᠰᠠᠯᠠᠭᠤᠯᠬᠤ ᠭᠡᠷᠡᠭᠳᠡᠢ᠃ | ᠨᠠᠶᠢᠮᠠᠳᠤᠭᠠᠷ ᠵᠤᠷᠪᠤᠰ ᠤᠯᠤᠰ ᠠᠷᠠᠳ ᠤᠨ ᠠᠵᠦ ᠠᠬᠤᠢ ᠪᠤᠯᠤᠨ ᠨᠡᠶᠢᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ᠂ ᠭᠠᠵᠠᠷ ᠰᠢᠷᠤᠢ ᠶᠢ ᠠᠰᠢᠭᠯᠠᠬᠤ | ᠶᠡᠷᠦᠩᠬᠡᠢ ᠲᠦᠯᠦᠪᠵᠢᠬᠦᠯᠭᠡ᠂ ᠬᠤᠳᠠ ᠶᠢᠨ ᠶᠡᠷᠦᠩᠬᠡᠢ ᠲᠦᠯᠦᠪᠵᠢᠬᠦᠯᠭᠡ ᠪᠤᠯᠤᠨ ᠠᠵᠦ ᠦᠢᠯᠡᠰ ᠤᠨ ᠬᠦᠷᠢᠶᠡᠯᠡᠩ ᠲᠤᠭᠤᠷᠢᠭ᠂ ᠬᠤᠳᠠ ᠶᠢᠨ ᠰᠢᠨ᠎ᠡ ᠲᠤᠭᠤᠷᠢᠭ | ᠵᠡᠷᠭᠡ ᠲᠤᠰᠬᠠᠢ ᠲᠦᠷᠦᠯ ᠤᠨ ᠲᠦᠯᠦᠪᠵᠢᠬᠦᠯᠭᠡ ᠵᠢᠴᠢ ᠪᠤᠰᠤᠳ ᠬᠠᠮᠢᠶ ᠠ ᠪᠦᠬᠦᠢ ᠲᠤᠰᠬᠠᠢ ᠲᠦᠯᠦᠪᠵᠢᠬᠦᠯᠭᠡ ᠶᠢ ᠨᠠᠶᠢᠢᠷᠠᠭᠤᠯᠤᠨ ᠲᠣᠭᠲᠠᠭᠠᠬᠤ ᠦᠶᠡᠰ᠂ | ᠭᠠᠵᠠᠷ ᠳᠤᠤᠷᠠᠬᠢ ᠤᠰᠤ ᠶᠢ ᠨᠡᠬᠡᠬᠡᠨ ᠠᠰᠢᠭᠯᠠᠬᠤ ᠳᠤ ᠬᠤᠯᠪᠤᠭᠳᠠᠭᠰᠠᠨ ᠪᠤᠶᠤ ᠭᠠᠵᠠᠷ ᠳᠤᠤᠷᠠᠬᠢ ᠤᠰᠤᠨ ᠤ ᠨᠦᠬᠦᠪᠦᠷᠢᠯᠡᠯᠳᠡ ᠶᠢ ᠬᠠᠮᠠᠭᠠᠯᠠᠬᠤ ᠶᠢ | ᠨᠦᠯᠦᠭᠡᠯᠡᠬᠦ ᠳᠤ ᠬᠦᠷᠪᠡᠯ᠂ ᠤᠰᠤᠨ ᠤ ᠡᠬᠢ ᠪᠠᠶᠠᠯᠢᠭ ᠢ ᠲᠦᠯᠦᠪᠵᠢᠬᠦᠯᠬᠦ ᠨᠤᠳᠠᠯᠠᠯᠳᠠ ᠬᠢᠬᠦ ᠶᠢᠨ ᠬᠠᠮᠳᠤ ᠭᠠᠵᠠᠷ ᠳᠤᠤᠷᠠᠬᠢ ᠤᠰᠤᠨ ᠤ ᠲᠦᠯᠦᠪᠵᠢᠬᠦᠯᠭᠡ ᠲᠠᠢ | ᠬᠠᠷᠢᠯᠴᠠᠨ ᠵᠤᠬᠢᠴᠠᠭᠤᠯᠬᠤ ᠬᠡᠷᠡᠭᠳᠡᠢ᠃ | ᠭᠠᠵᠠᠷ ᠲᠤᠤᠷᠠᠬᠢ ᠤᠰᠤ ᠶᠢ ᠬᠡᠷᠡᠭᠯᠡᠬᠦ ᠪᠤᠶᠤ ᠠᠭᠤᠷᠬᠠᠢ ᠶᠢᠨ ᠪᠤᠯᠠᠭᠳᠠᠴᠠ ᠶᠢ ᠨᠡᠬᠡᠬᠡᠨ ᠮᠠᠯᠳᠠᠬᠤ᠂ ᠪᠠᠷᠢᠯᠭ᠎ᠠ ᠶᠢᠨ ᠪᠦᠳᠦᠭᠡᠨ ᠪᠠᠶᠢᠢᠭᠤᠯᠤᠯᠳᠠ ᠬᠢᠬᠦ ᠵᠡᠷᠭᠡ | ᠭᠠᠵᠠᠷ ᠳᠤᠤᠷᠠᠬᠢ ᠤᠰᠤ ᠶᠢ ᠨᠦᠯᠦᠭᠡᠯᠡᠬᠦ ᠰᠢᠨ᠎ᠡ ᠪᠠᠷ ᠪᠠᠶᠢᠢᠭᠤᠯᠬᠤ᠂ ᠦᠭᠡᠷᠡᠴᠢᠯᠡᠨ ᠪᠠᠶᠢᠢᠭᠤᠯᠬᠤ ᠪᠤᠯᠤᠨ ᠦᠷᠭᠡᠳᠭᠡᠨ ᠪᠠᠶᠢᠢᠭᠤᠯᠬᠤ ᠪᠦᠳᠦᠭᠡᠨ | ᠪᠠᠶᠢᠢᠭᠤᠯᠤᠯᠳᠠ ᠶᠢᠨ ᠲᠦᠷᠦᠯ ᠵᠦᠢᠯ ᠳᠤ ᠪᠦᠳᠦᠭᠡᠨ ᠪᠠᠶᠢᠢᠭᠤᠯᠤᠯᠳᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠳᠠᠯᠠᠯᠳᠠ ᠬᠢᠬᠦ ᠬᠡᠷᠡᠭᠳᠡᠢ᠃ | ᠭᠤᠷᠪᠠᠳᠤᠭᠠᠷ ᠪᠦᠯᠦᠭ ᠠᠰᠢᠭᠯᠠᠬᠤ ᠪᠠ ᠠᠷᠪᠢᠯᠠᠬᠤ | ᠶᠢᠰᠦᠳᠦᠭᠡᠷ ᠵᠤᠷᠪᠤᠰ ᠭᠠᠵᠠᠷ ᠳᠤᠤᠷᠠᠬᠢ ᠤᠰᠤ ᠶᠢ ᠰᠢᠭᠤᠳ ᠲᠠᠲᠠᠵᠤ ᠬᠡᠷᠡᠭᠯᠡᠬᠦ ᠨᠢᠭᠡᠴᠡ ᠪᠠ ᠬᠤᠪᠢ ᠬᠦᠮᠦᠨ ᠬᠠᠤᠯᠢ ᠶᠤᠰᠤᠭᠠᠷ ᠤᠰᠤ ᠲᠠᠲᠠᠨ ᠬᠡᠷᠡᠭᠯᠡᠬᠦ | ᠵᠦᠪᠰᠢᠶᠡᠷᠡᠯ ᠤᠨ ᠦᠨᠡᠮᠯᠡᠯ ᠭᠤᠶᠤᠴᠢᠯᠠᠬᠤ ᠶᠢᠨ ᠬᠠᠮᠲᠤ ᠲᠤᠰ ᠤᠰᠤ ᠲᠠᠲᠠᠨ ᠬᠡᠷᠡᠭᠯᠡᠬᠦ ᠶᠢ ᠵᠥᠪᠰᠢᠶᠡᠷᠡᠨ ᠴᠤᠬᠤᠯᠠᠪᠤᠷᠢᠯᠠᠭᠰᠠᠨ ᠭᠠᠵᠠᠷ ᠪᠠ ᠤᠰᠤ ᠠᠭᠤᠯᠬᠤ | ᠳᠠᠪᠬᠤᠷᠭ᠎ᠠ ᠠᠴᠠ ᠤᠰᠤ ᠲᠠᠲᠠᠨ᠎ᠠ᠂ ᠭᠡᠪᠡᠴᠦ ᠬᠠᠤᠯᠢ ᠳᠦᠷᠢᠮ ᠳᠤ ᠪᠤᠰᠤᠳ ᠲᠤᠭᠲᠠᠭᠠᠯ ᠲᠠᠢ ᠨᠢ ᠪᠠᠭᠲᠠᠬᠤ ᠦᠭᠡᠢ᠃ | ᠠᠷᠪᠠᠳᠤᠭᠠᠷ ᠵᠤᠷᠪᠤᠰ ᠳᠤᠤᠷᠠᠬᠢ ᠪᠠᠶᠢᠢᠳᠠᠯ ᠤᠨ ᠠᠯᠢ ᠨᠢᠭᠡ ᠨᠢ ᠢᠯᠡᠷᠡᠪᠡᠯ᠂ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠭᠠᠵᠠᠷ ᠳᠤᠤᠷᠠᠬᠢ ᠤᠰᠤ ᠶᠢ ᠰᠢᠨ᠎ᠡ ᠪᠠᠷ ᠲᠠᠲᠠᠨ ᠬᠡᠷᠡᠭᠯᠡᠬᠦ ᠶᠢ | ᠵᠦᠪᠰᠢᠶᠡᠷᠡᠬᠦ ᠦᠭᠡᠢ ᠮᠦᠷᠲᠡᠭᠡᠨ ᠪᠢᠴᠢᠭ ᠤᠨ ᠬᠡᠯᠪᠡᠷᠢ ᠪᠠᠷ ᠡᠷᠡᠮᠡᠯᠵᠡᠯᠡᠭᠴᠢ ᠳᠤ ᠵᠦᠪᠰᠢᠶᠡᠷᠡᠭᠰᠡᠨ ᠦᠭᠡᠢ ᠰᠢᠯᠲᠠᠭᠠᠨ ᠪᠠ ᠭᠡᠷᠡᠴᠢ ᠦᠨᠳᠦᠰᠦᠯᠡᠯ ᠢᠶᠠᠨ | ᠲᠤᠳᠤᠷᠬᠠᠶᠢᠢᠯᠠᠬᠤ ᠬᠡᠷᠡᠭᠲᠡᠢ᠃ | ︵ᠨᠢᠭᠡ︶ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠭᠰᠠᠨ ᠶᠡᠷᠦᠩᠬᠡᠢ ᠬᠡᠮᠵᠢᠶ᠎ᠡ ᠨᠢ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠭᠠᠵᠠᠷ ᠳᠤᠤᠷᠠᠬᠢ | ᠤᠰᠤ ᠶᠢ ᠲᠠᠲᠠᠨ ᠬᠡᠷᠡᠭᠯᠡᠬᠦ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠬᠤ ᠵᠢᠭᠠᠯᠲᠠ ᠲᠤᠭ᠎ᠠ ᠳᠤ ᠬᠦᠷᠦᠭᠰᠡᠨ ᠪᠤᠶᠤ ᠬᠡᠳᠦᠷᠡᠭᠰᠡᠨ᠃ | ︵ᠬᠤᠶᠠᠷ︶ ᠭᠠᠵᠠᠷ ᠳᠤᠤᠷᠠᠬᠢ ᠤᠰᠤᠨ ᠲᠦᠪᠰᠢᠨ ᠨᠢ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠭᠠᠵᠠᠷ ᠳᠤᠤᠷᠠᠬᠢ ᠤᠰᠤᠨ ᠤ ᠬᠢᠵᠠᠭᠠᠷᠯᠠᠬᠤ | ᠤᠰᠤᠨ ᠲᠦᠪᠰᠢᠨ ᠳᠤ ᠬᠦᠷᠦᠭᠰᠡᠨ ᠪᠤᠶᠤ ᠳᠤᠤᠷ᠎ᠠ ᠪᠤᠯᠤᠭᠰᠠᠨ᠃ | ︵ᠭᠤᠷᠪᠠ︶ ᠲᠤᠭᠳᠠᠭᠠᠯ ᠶᠤᠰᠤᠭᠠᠷ ᠭᠠᠵᠠᠷ ᠳᠤᠤᠷᠠᠬᠢ ᠤᠰᠤ ᠲᠠᠲᠠᠨ ᠬᠡᠷᠡᠭᠯᠡᠬᠦ ᠶᠢ ᠴᠠᠭᠠᠵᠠᠯᠠᠬᠤ ᠤᠷᠤᠨ ᠲᠣᠭᠤᠷᠢᠭ ᠲᠤ ᠭᠠᠵᠠᠷ ᠳᠤᠤᠷᠠᠬᠢ ᠤᠰᠤ ᠶᠢ | ᠲᠠᠲᠠᠨ ᠬᠡᠷᠡᠭᠯᠡᠭᠰᠡᠨ᠃ | ︵ᠳᠦᠷᠪᠡ︶ ᠠᠵᠢᠯ ᠲᠦᠷᠦᠯ ᠤᠨ ᠤᠰᠤ ᠬᠡᠷᠡᠭᠯᠡᠬᠦ ᠲᠤᠭᠲᠠᠮᠠᠯ ᠨᠤᠷᠮ᠎ᠠ ᠪᠠ ᠤᠰᠤ ᠠᠷᠪᠢᠯᠠᠬᠤ ᠱᠠᠭᠠᠷᠳᠠᠯᠭ᠎ᠠ ᠳᠤ ᠦᠯᠦ ᠨᠡᠶᠢᠢᠴᠡᠬᠦ᠃ | ︵ᠲᠠᠪᠤ︶ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠪᠦᠷᠬᠦᠭᠰᠡᠨ ᠬᠡᠪᠴᠢᠶᠡᠨ ᠳᠤ ᠪᠠᠶᠢᠢᠬᠤ | ᠮᠦᠷᠲᠡᠭᠡᠨ ᠤᠰᠤ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ᠃ | ︵ᠵᠢᠷᠭᠤᠭ᠎ᠠ︶ ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠡᠰᠡᠪᠡᠯ ᠭᠠᠵᠠᠷ ᠳᠤᠤᠷᠠᠬᠢ ᠤᠰᠤᠨ ᠳᠤ ᠬᠦᠨᠳᠦ ᠨᠤᠴᠢᠲᠠᠢ ᠠᠰᠢᠭ ᠦᠭᠡᠢ ᠨᠦᠯᠦᠭᠡ | ᠠᠪᠴᠢᠷᠠᠬᠤ ᠪᠤᠯᠤᠮᠵᠢ ᠲᠠᠢ᠃ | ︵ᠳᠤᠯᠤᠭ᠎ᠠ︶ ᠤᠰᠤᠨ ᠤ ᠡᠬᠢ ᠪᠠᠶᠠᠯᠢᠭ ᠬᠤᠮᠰᠠ᠂ ᠠᠮᠢ ᠠᠬᠤᠢ ᠬᠡᠪᠡᠷᠡᠭ ᠵᠡᠷᠭᠡ ᠭᠠᠵᠠᠷ ᠤᠷᠤᠨ ᠳᠤ ᠨᠡᠭᠦᠷᠡᠰᠦ ᠪᠠᠷ ᠴᠠᠬᠢᠯᠭᠠᠨ ᠭᠠᠷᠭᠠᠬᠤ ᠦᠷᠲᠡᠭᠡ | ᠵᠡᠷᠭᠡ ᠤᠰᠤᠨ ᠤ ᠬᠤᠷᠤᠭᠳᠠᠴᠠ ᠶᠡᠭᠡ ᠲᠦᠷᠦᠯ ᠵᠦᠢᠯ ᠢ ᠰᠢᠨ᠎ᠡ ᠪᠠᠷ ᠪᠠᠶᠢᠢᠭᠤᠯᠬᠤ ᠪᠤᠶᠤ ᠦᠷᠭᠡᠳᠭᠡᠨ ᠪᠠᠶᠢᠢᠭᠤᠯᠬᠤ᠂ ᠡᠰᠡᠪᠡᠯ ᠠᠲᠠᠷ ᠬᠠᠭᠠᠯᠪᠤᠷᠢᠯᠠᠨ | ᠲᠠᠷᠢᠮᠠᠯ ᠤᠨ ᠲᠠᠯᠠᠪᠠᠢ ᠶᠢ ᠦᠷᠭᠡᠳᠬᠡᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ᠃ | ︵ᠨᠠᠶᠢᠮᠠ︶ ᠬᠠᠤᠯᠢ ᠴᠠᠭᠠᠵᠠ᠂ ᠬᠠᠤᠯᠢ ᠳᠦᠷᠢᠮ ᠳᠤ ᠲᠤᠭᠲᠠᠭᠠᠭᠰᠠᠨ ᠪᠤᠰᠤᠳ ᠪᠠᠶᠢᠢᠳᠠᠯ᠃ | ᠠᠷᠪᠠᠨ ᠨᠢᠭᠡᠳᠦᠭᠡᠷ ᠵᠤᠷᠪᠤᠰ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠰᠡᠬᠦ ᠤᠰᠤᠨ ᠳᠤ ᠳᠡᠭᠲᠡᠷᠯᠡᠭᠰᠡᠨ ᠬᠡᠯᠪᠡᠷᠢ ᠶᠢᠨ ᠦᠨ᠎ᠡ ᠬᠠᠨᠭ᠍ᠰᠢ ᠶᠢᠨ ᠳᠦᠷᠢᠮ ᠢ | ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠰᠡᠬᠦ ᠪᠤᠰᠤ ᠤᠰᠤᠨ ᠳᠤ ᠲᠦᠯᠦᠪᠯᠡᠭᠡ ᠠᠴᠠ ᠬᠡᠲᠦᠷᠡᠭᠰᠡᠨ᠂ ᠲᠤᠭᠲᠠᠮᠠᠯ ᠨᠤᠷᠮ᠎ᠠ ᠠᠴᠠ | ᠬᠡᠲᠦᠷᠡᠭᠰᠡᠨ ᠢ ᠳᠡᠪᠰᠢᠭᠦᠯᠦᠨ ᠪᠤᠳᠤᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ᠂ ᠲᠤᠬᠠᠢ ᠶᠢᠨ ᠭᠠᠵᠠᠷ ᠤᠷᠤᠨ ᠤ ᠤᠰᠤᠨ ᠤ ᠡᠬᠢ | ᠪᠠᠶᠠᠯᠢᠭ ᠤᠨ ᠪᠠᠶᠢᠢᠳᠠᠯ ᠪᠠ ᠠᠵᠤ ᠠᠬᠤᠢ ᠮᠡᠷᠭᠡᠵᠢᠯ ᠤᠨ ᠨᠦᠭᠦᠴᠡᠯ ᠢᠶᠠᠨ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠠᠴᠠ ᠬᠠᠲᠠᠭᠤ ᠴᠢᠩᠭ᠎ᠠ ᠲᠠᠷᠢᠶᠠᠯᠠᠩ᠂ | ᠤᠢ ᠰᠢᠭᠤᠢ᠂ ᠡᠪᠡᠰᠦᠨ ᠤ ᠦᠢᠯᠡᠰ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠦᠢᠯᠡᠰ ᠤᠨ ᠤᠰᠤ ᠬᠡᠷᠡᠭᠯᠡᠬᠦ ᠲᠤᠭᠲᠠᠮᠠᠯ ᠨᠤᠷᠮ᠎ᠠ ᠲᠤᠭᠲᠠᠭᠠᠵᠤ᠂ ᠲᠤᠰ | ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤᠰᠤᠯᠠᠯᠲᠠ ᠶᠢᠨ ᠲᠠᠷᠢᠶᠠᠯᠠᠩ᠂ ᠤᠢ | ᠰᠢᠭᠤᠢ᠂ ᠡᠪᠡᠰᠦᠨ ᠤ ᠦᠢᠯᠡᠰ ᠤᠨ ᠬᠡᠪᠴᠢᠶᠡᠵᠢᠯ ᠢ ᠬᠢᠵᠠᠭᠠᠷᠯᠠᠵᠤ᠂ ᠲᠠᠷᠢᠮᠠᠯ ᠤᠨ ᠪᠦᠲᠦᠴᠡ ᠳᠤ ᠲᠤᠬᠢᠷᠠᠭᠤᠯᠤᠯᠲᠠ ᠬᠢᠵᠦ᠂ ᠬᠠᠭᠤᠷᠠᠢ ᠲᠠᠷᠢᠶ᠎ᠠ ᠶᠢ | ᠬᠥᠭᠵᠢᠭᠦᠯᠵᠦ᠂ ᠤᠰᠤ ᠠᠷᠪᠢᠯᠠᠵᠤ ᠤᠰᠤᠯᠠᠬᠤ ᠮᠡᠷᠭᠡᠵᠢᠯ ᠢ ᠳᠡᠯᠭᠡᠷᠡᠭᠦᠯᠵᠦ᠂ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠠᠷᠪᠠᠨ ᠳᠦᠷᠪᠡᠳᠦᠭᠡᠷ ᠵᠤᠷᠪᠤᠰ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠯᠳᠡ ᠶᠢᠨ | ᠬᠡᠪᠴᠢᠶᠡᠨ ᠳᠤᠲᠤᠷ᠎ᠠ᠂ ᠢᠳᠡᠭᠡᠨ᠂ ᠡᠮ ᠦᠢᠯᠡᠳᠬᠦ ᠵᠡᠷᠭᠡ ᠤᠰᠤᠨ ᠤ ᠶᠠᠰᠤ ᠴᠢᠨᠠᠷ ᠲᠤ ᠤᠨᠴᠠᠭᠠᠢ ᠱᠠᠭᠠᠷᠳᠠᠯᠭ᠎ᠠ ᠲᠠᠢ ᠠᠵᠤ ᠠᠬᠤᠶᠢᠢᠯᠠᠯ ᠠᠴᠠ ᠭᠠᠳᠠᠨ᠎ᠠ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠳᠤ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ ᠬᠡᠷᠡᠭᠯᠡᠵᠦ᠂ ᠭᠠᠵᠠᠷ ᠳᠤᠤᠷᠠᠬᠢ ᠤᠰᠤ ᠬᠡᠷᠡᠭᠯᠡᠬᠦ ᠶᠢ ᠴᠠᠭᠠᠵᠠᠯᠠᠨ᠎ᠠ᠃ | ᠠᠷᠪᠠᠨ ᠲᠠᠪᠤᠳᠤᠭᠠᠷ ᠵᠤᠷᠪᠤᠰ ᠢᠳᠡᠬᠦ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠬᠡᠪᠴᠢᠶ᠎ᠡ ᠠᠴᠠ ᠭᠠᠳᠠᠨ᠎ᠠ᠂ ᠳᠠᠬᠢᠯᠲᠠ ᠤᠰᠤ ᠪᠤᠶᠤ ᠭᠠᠵᠠᠷ | ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠯᠳᠡ ᠶᠢᠨ ᠬᠡᠪᠴᠢᠶᠡᠨ ᠳᠤᠲᠤᠷᠠᠬᠢ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ᠂ | ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠵᠡᠷᠭᠡ ᠳᠤ ᠳᠠᠬᠢᠯᠲᠠ ᠤᠰᠤ ᠶᠢ ᠬᠡᠷᠡᠭᠯᠡᠬᠦ ᠬᠡᠷᠡᠭᠲᠡᠢ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ ᠴᠠᠭᠠᠵᠠᠯᠠᠨ᠎ᠠ︔ | ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠯᠳᠡ ᠶᠢᠨ ᠬᠡᠪᠴᠢᠶ᠎ᠡ ᠠᠴᠠ ᠭᠠᠳᠠᠨ᠎ᠠ᠂ ᠤᠷᠢᠳᠠᠪᠡᠷ | ᠭᠠᠵᠠᠷ ᠳᠡᠭᠡᠷᠡᠬᠢ ᠤᠰᠤ ᠪᠠ ᠦᠶᠡᠷ ᠪᠤᠷᠤᠭᠠᠨ ᠤ ᠤᠰᠤ ᠶᠢ ᠬᠡᠷᠡᠭᠯᠡᠵᠦ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ ᠬᠢᠵᠠᠭᠠᠷᠯᠠᠨ᠎ᠠ᠃ | ᠭᠠᠵᠠᠷ ᠳᠤᠤᠷᠠᠬᠢ ᠤᠰᠤ᠂ ᠠᠮᠢᠳᠤᠷᠠᠯ ᠳᠤ ᠬᠡᠷᠡᠭᠰᠡᠬᠦ ᠤᠰᠤ ᠶᠢ ᠦᠵᠡᠮᠵᠢ ᠶᠢᠨ ᠭᠤᠤᠯ᠂ ᠵᠤᠬᠢᠶᠠᠮᠠᠯ ᠨᠠᠭᠤᠷ ᠲᠤ ᠬᠡᠷᠡᠭᠯᠡᠬᠦ ᠶᠢ ᠴᠠᠭᠠᠵᠠᠯᠠᠨ᠎ᠠ᠃ | ᠠᠷᠪᠠᠨ ᠵᠢᠷᠭᠤᠳᠤᠭᠠᠷ ᠵᠤᠷᠪᠤᠰ ᠤᠯᠤᠰ ᠤᠨ ᠪᠠᠶᠢᠢᠯᠳᠤᠬᠤ ᠪᠤᠳᠤᠯᠭ᠎ᠠ ᠶᠢᠨ ᠴᠢᠨᠠᠷ ᠤᠨ ᠪᠤᠰᠤ ᠠᠭᠤᠷᠬᠠᠢ ᠶᠢᠨ ᠡᠬᠢ ᠪᠠᠶᠠᠯᠢᠭ ᠢ ᠮᠠᠯᠲᠠᠨ ᠨᠡᠭᠡᠭᠡᠬᠦ ᠶᠠᠪᠤᠴᠠ | ᠳᠤᠮᠳᠠ ᠭᠠᠵᠠᠷ ᠳᠤᠤᠷᠠᠬᠢ ᠤᠰᠤ ᠶᠢ ᠶᠡᠭᠡ ᠬᠡᠮᠵᠢᠶ᠎ᠡ ᠪᠠᠷ ᠲᠠᠲᠠᠨ ᠭᠠᠷᠭᠠᠬᠤ ᠴᠢᠬᠤᠯᠠᠲᠠᠢ ᠪᠣᠯᠵᠤ᠂ ᠡᠷᠭᠢᠨ ᠲᠤᠭᠤᠷᠢᠨ ᠤ ᠭᠠᠵᠠᠷ ᠤᠷᠤᠨ ᠤ ᠭᠠᠵᠠᠷ ᠳᠤᠤᠷᠠᠬᠢ | ᠤᠰᠤᠨ ᠲᠦᠪᠰᠢᠨ ᠢ ᠪᠠᠭᠤᠷᠠᠭᠤᠯᠬᠤ ᠪᠤᠶᠤ ᠤᠷᠴᠢᠨ ᠲᠤᠭᠤᠷᠢᠨ ᠢ ᠪᠣᠬᠢᠷᠲᠤᠭᠤᠯᠬᠤ ᠳᠠᠯᠳᠠ ᠭᠡᠮ ᠲᠠᠢ ᠪᠤᠯ᠂ ᠠᠭᠤᠷᠬᠠᠢ ᠨᠡᠭᠡᠭᠡᠨ ᠮᠠᠯᠲᠠᠬᠤ ᠤᠰᠤ ᠲᠠᠲᠠᠬᠤ | ᠵᠦᠪᠰᠢᠶᠡᠷᠡᠯ ᠤᠨ ᠡᠷᠡᠮᠡᠯᠵᠡᠯᠡᠯ ᠢ ᠵᠦᠪᠰᠢᠶᠡᠷᠡᠵᠦ ᠪᠤᠯᠬᠤ ᠦᠭᠡᠢ᠃ ᠨᠢᠭᠡᠨᠲᠡ ᠨᠡᠭᠡᠭᠡᠨ ᠮᠠᠯᠲᠠᠭᠰᠠᠨ ᠠᠭᠤᠷᠬᠠᠢ ᠳᠤ᠂ ᠭᠠᠵᠠᠷ ᠳᠤᠤᠷᠠᠬᠢ ᠤᠰᠤ ᠶᠢ ᠲᠠᠲᠠᠨ | ᠭᠠᠳᠠᠭᠰᠢᠯᠠᠭᠤᠯᠬᠤ ᠠᠴᠠ ᠪᠤᠯᠵᠤ ᠡᠷᠭᠢᠨ ᠲᠤᠭᠤᠷᠢᠨ ᠤ ᠭᠠᠵᠠᠷ ᠤᠷᠤᠨ ᠤ ᠭᠠᠵᠠᠷ ᠳᠤᠤᠷᠠᠬᠢ ᠤᠰᠤᠨ ᠲᠦᠪᠰᠢᠨ ᠦᠷᠭᠦᠯᠵᠢᠯᠡᠨ ᠳᠣᠷᠣᠭᠰᠢᠯᠠᠭᠰᠠᠨ ᠪᠤᠶᠤ | ᠤᠷᠴᠢᠨ ᠲᠤᠭᠤᠷᠢᠨ ᠪᠣᠬᠢᠷᠲᠤᠭᠤᠯᠪᠠᠯ᠂ ᠬᠤᠭᠤᠴᠠᠭ᠎ᠠ ᠬᠢᠵᠠᠭᠠᠷᠯᠠᠨ ᠬᠠᠭᠠᠵᠤ ᠵᠣᠭᠰᠣᠭᠠᠨ᠎ᠠ᠃ | ᠲᠦᠷᠪᠡᠳᠦᠭᠡᠷ ᠪᠦᠯᠦᠭ ᠬᠠᠮᠠᠭᠠᠯᠠᠬᠤ ᠪᠠ ᠬᠠᠮᠢᠶᠠᠷᠬᠤ | ᠠᠷᠪᠠᠨ ᠲᠤᠯᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠭᠠᠵᠠᠷ ᠳᠤᠤᠷᠠᠬᠢ ᠤᠰᠤ ᠶᠢ ᠬᠠᠮᠠᠭᠠᠯᠠᠬᠤ | ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠢᠵᠢᠷᠠᠭᠤᠯᠬᠤ᠂ ᠭᠠᠵᠠᠷ ᠳᠤᠤᠷᠠᠬᠢ ᠤᠰᠤᠨ ᠰᠤᠷᠪᠤᠯᠵᠢ ᠶᠢ ᠬᠠᠳᠠᠭᠠᠯᠠᠬᠤ᠂ | ᠭᠠᠵᠠᠷ ᠳᠡᠭᠡᠷᠡᠬᠢ ᠤᠰᠤ ᠶᠢ ᠰᠢᠯᠢᠳᠡᠭᠵᠢᠭᠦᠯᠦᠨ ᠲᠤᠬᠢᠷᠠᠭᠤᠯᠬᠤ᠂ ᠭᠠᠳᠠᠨ᠎ᠠ ᠠᠴᠠ ᠤᠰᠤ ᠲᠠᠲᠠᠬᠤ ᠪᠠ ᠳᠠᠬᠢᠯᠲᠠ ᠤᠰᠤ ᠶᠢ ᠠᠰᠢᠭᠯᠠᠬᠤ ᠵᠡᠷᠭᠡ ᠠᠷᠭ᠎ᠠ ᠬᠡᠮᠵᠢᠶ᠎ᠡ | ᠠᠪᠴᠦ᠂ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠪᠠ ᠨᠦᠬᠦᠪᠦᠷᠢᠯᠡᠬᠦ ᠲᠡᠩᠴᠡᠭᠦᠷᠢ ᠶᠢ ᠬᠠᠮᠠᠭᠠᠯᠠᠬᠤ ᠬᠡᠷᠡᠭᠲᠡᠢ᠃ | ᠠᠷᠪᠠᠨ ᠨᠠᠶᠢᠮᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠨᠢ ᠭᠠᠵᠠᠷ ᠳᠤᠤᠷᠠᠬᠢ ᠤᠰᠤ ᠶᠢ ᠬᠡᠳᠦᠷᠡᠲᠡᠯ᠎ᠡ | ᠬᠡᠷᠡᠭᠯᠡᠭᠰᠡᠨ ᠣᠷᠣᠨ ᠢ ᠲᠦᠯᠦᠪᠯᠡᠭᠡ ᠲᠠᠢ ᠪᠠᠷ ᠵᠠᠰᠠᠨ ᠴᠡᠭᠴᠡᠯᠡᠬᠦ ᠬᠡᠷᠡᠭᠲᠡᠢ᠃ ᠬᠤᠰᠢᠭᠤ ᠰᠢᠶᠠᠨ ᠲᠤᠭᠤᠷᠢᠭ ᠠᠯᠤᠰᠯᠠᠭᠰᠠᠨ ᠭᠠᠵᠠᠷ ᠳᠤᠤᠷᠠᠬᠢ ᠤᠰᠤ ᠶᠢ | ᠬᠡᠳᠦᠷᠡᠲᠡᠯ᠎ᠡ ᠬᠡᠷᠡᠭᠯᠡᠭᠰᠡᠨ ᠣᠷᠣᠨ ᠢ ᠵᠠᠰᠠᠨ ᠴᠡᠭᠴᠡᠯᠡᠬᠦ ᠳᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ | ᠣᠷᠣᠨ ᠢ ᠵᠠᠰᠠᠨ ᠴᠡᠭᠴᠡᠯᠡᠬᠦ ᠲᠦᠰᠦᠯ ᠵᠣᠬᠢᠶᠠᠨ ᠪᠠᠶᠢᠭᠤᠯᠤᠨ ᠲᠤᠭᠳᠠᠭᠠᠵᠦ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠤᠬᠢᠶᠠᠨ | ᠪᠠᠶᠢᠢᠭᠤᠯᠤᠨ ᠬᠡᠷᠡᠭᠵᠢᠭᠦᠯᠦᠨ᠎ᠡ᠃ | ᠠᠷᠪᠠ ᠶᠢᠰᠦᠳᠦᠭᠡᠷ ᠵᠤᠷᠪᠤᠰ ᠤᠷᠤᠨ ᠬᠡᠴᠡ ᠶᠢᠨ ᠭᠠᠵᠠᠷ ᠳᠤᠤᠷᠠᠬᠢ ᠤᠰᠤᠨ ᠤ ᠬᠡᠮᠵᠢᠶ᠎ᠡ ᠪᠤᠯᠤᠨ ᠤᠰᠤᠨ ᠲᠦᠪᠰᠢᠨ ᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠎ᠡ | ᠃ ᠬᠤᠰᠢᠭᠤ ᠰᠢᠶᠡᠨ ᠲᠤᠭᠤᠷᠢᠭ ᠢᠶᠠᠷ ᠨᠢᠭᠡᠴᠢ ᠪᠤᠯᠭᠠᠨ᠂ ᠵᠢᠯ ᠤᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ ᠶᠡᠷᠤᠩᠬᠡᠢ ᠬᠡᠮᠵᠢᠶ᠎ᠡ ᠨᠢ ᠬᠢᠵᠠᠭᠠᠷᠯᠠᠬᠤ | ᠵᠢᠭᠠᠯᠲᠠ ᠲᠤᠭᠠᠨ ᠳᠤ ᠬᠦᠷᠬᠦ ᠪᠤᠶᠤ ᠬᠡᠳᠦᠷᠡᠭᠰᠡᠨ ᠡᠰᠡᠭᠦᠯ᠎ᠡ ᠭᠠᠵᠠᠷ ᠳᠤᠤᠷᠠᠬᠢ ᠤᠰᠤᠨ ᠲᠥᠪᠰᠢᠨ ᠲᠤᠰ ᠵᠠᠰᠠᠭ ᠵᠠᠬᠢᠷᠭᠠᠨ ᠤ ᠤᠷᠤᠨ ᠤ ᠬᠢᠵᠠᠭᠠᠷᠯᠠᠬᠤ ᠤᠰᠤᠨ | ᠲᠦᠪᠰᠢᠨ ᠳᠤ ᠬᠦᠷᠦᠭᠰᠡᠨ ᠪᠤᠶᠤ ᠲᠤᠤᠷ᠎ᠠ ᠪᠤᠯᠪᠠᠯ ᠲᠤᠰ ᠵᠠᠰᠠᠭ ᠵᠠᠬᠢᠷᠭᠠᠨ ᠤ ᠤᠷᠤᠨ ᠤ ᠳᠠᠷᠠᠭ᠎ᠠ ᠨᠢᠭᠡ ᠵᠢᠯ ᠤᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ | ᠪᠠᠷᠢᠮᠵᠢᠶ᠎ᠠ ᠶᠢ ᠵᠤᠬᠢᠬᠤ ᠬᠡᠮᠵᠢᠶ᠎ᠡ ᠪᠠᠷ ᠬᠠᠰᠤᠨ ᠪᠠᠭᠠᠰᠬᠠᠬᠤ ᠶᠢᠨ ᠬᠠᠮᠲᠦ ᠬᠠᠭᠤᠴᠢᠨ ᠬᠤᠳᠳᠤᠭ ᠢᠶᠠᠨ ᠰᠢᠨᠡᠳᠭᠡᠬᠦ ᠶᠢ ᠴᠢᠩᠭ᠎ᠠ ᠬᠢᠵᠠᠭᠠᠷᠯᠠᠨ᠎ᠠ᠃ | ᠲᠤᠰ ᠵᠤᠷᠪᠤᠰ ᠲᠠᠬᠢ ᠬᠠᠭᠤᠴᠢᠨ ᠬᠤᠳᠳᠤᠭ ᠢ ᠰᠢᠨᠡᠳᠭᠡᠬᠦ ᠬᠡᠳᠡᠭ ᠨᠢ ᠰᠢᠷᠭᠢᠭᠰᠡᠨ ᠬᠤᠳᠳᠤᠭ ᠪᠤᠶᠤ ᠤᠰᠤᠨ ᠤ ᠬᠡᠮᠵᠢᠶ᠎ᠡ ᠲᠡᠩᠳᠡᠭᠦᠦ ᠪᠠᠭ᠎ᠠ ᠵᠢᠴᠢ | ᠬᠤᠳᠳᠤᠭ ᠤᠨ ᠬᠠᠨ᠎ᠠ ᠨᠢ ᠨᠤᠷᠠᠭᠰᠠᠨ ᠵᠡᠷᠭᠡ ᠰᠢᠯᠳᠠᠭᠠᠨ ᠠᠴᠠ ᠲᠤᠰ ᠬᠤᠳᠳᠤᠭ ᠨᠢ ᠬᠡᠷᠡᠭᠯᠡᠭᠡᠨ ᠠᠴᠠ ᠭᠠᠷᠴᠤ᠂ ᠤᠤᠯ ᠬᠤᠳᠳᠤᠭ ᠢᠶᠠᠷ ᠲᠦᠪ ᠪᠤᠯᠭᠠᠨ | ᠷᠠᠳᠢᠦ᠋ᠰ ᠨᠢ 60 ᠮᠧᠳ᠋ᠷ ᠤᠨ ᠲᠤᠳᠤᠷ᠎ᠠ ᠰᠢᠨ᠎ᠡ ᠬᠤᠳᠳᠤᠭ ᠮᠠᠯᠲᠠᠬᠤ ᠶᠢ ᠵᠢᠭᠠᠵᠦ ᠪᠤᠢ᠃ | ᠬᠤᠷᠢᠳᠤᠭᠠᠷ ᠵᠤᠷᠪᠤᠰ ᠮᠠᠰᠢᠨ ᠬᠤᠳᠳᠤᠭ ᠤᠨ ᠲᠤᠭ᠎ᠠ ᠶᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ ᠶᠡᠷᠦ ᠶᠢᠨ ᠪᠠᠶᠢᠢᠳᠠᠯ ᠳᠤ ᠨᠢᠭᠡ ᠬᠤᠳᠳᠤᠭ | ᠰᠢᠨᠡᠳᠭᠡᠪᠡᠯ ᠬᠤᠶᠠᠷ ᠬᠠᠭᠤᠴᠢᠨ ᠬᠤᠳᠳᠤᠭ ᠢ ᠪᠢᠲᠡᠭᠦᠮᠵᠢᠯᠡᠨ᠎ᠡ᠃ | ᠬᠤᠷᠢᠨ ᠨᠢᠭᠡᠳᠦᠭᠡᠷ ᠵᠤᠷᠪᠤᠰ ᠮᠠᠰᠢᠨ ᠬᠤᠳᠳᠤᠭ ᠤᠨ ᠬᠦᠨ ᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ ᠬᠦᠮᠦᠨ ᠮᠠᠯ ᠤᠨ ᠤᠰᠤ ᠤᠮᠳᠠ ᠳᠤ ᠬᠡᠷᠡᠭᠯᠡᠬᠦ᠂ | ᠪᠠᠶᠢᠢᠯᠳᠤᠬᠤ ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ ᠠᠷᠭᠠᠴᠠᠬᠤ ᠤᠰᠤᠨ ᠰᠤᠷᠪᠤᠯᠵᠢ ᠠᠴᠠ ᠭᠠᠳᠠᠨ᠎ᠠ ᠮᠠᠰᠢᠨ ᠬᠤᠳᠳᠤᠭ ᠤᠨ ᠭᠦᠨ ᠢ ᠵᠠᠭᠤᠨ | ᠮᠧᠳ᠋ᠷ ᠠᠴᠠ ᠬᠡᠳᠦᠷᠡᠵᠦ ᠪᠤᠯᠬᠤ ᠦᠬᠡᠢ᠃ | ᠬᠤᠷᠢᠨ ᠬᠤᠶᠠᠳᠤᠭᠠᠷ ᠵᠤᠷᠪᠤᠰ ᠤᠯᠠᠨ ᠨᠡᠶᠢᠢᠲᠡ ᠶᠢᠨ ᠤᠰᠤ ᠬᠠᠨᠭ᠍ᠭᠠᠬᠤ ᠬᠤᠭᠤᠯᠠᠢ ᠲᠣᠣᠷᠵᠢᠯ ᠤᠨ ᠪᠦᠷᠬᠦᠯᠲᠡ ᠶᠢᠨ ᠬᠡᠪᠴᠢᠶᠡᠨ ᠲᠤᠳᠤᠷᠠᠬᠢ ᠦᠪᠡᠷ ᠤᠨ | ᠪᠡᠯᠡᠳᠬᠡᠯ ᠬᠤᠳᠳᠤᠭ ᠢ ᠦᠮᠴᠢᠯᠡᠯ ᠤᠨ ᠨᠢᠭᠡᠴᠡ ᠪᠤᠶᠤ ᠬᠤᠪᠢ ᠬᠦᠮᠦᠨ ᠬᠠᠮᠢᠶ᠎ᠠ ᠪᠦᠬᠦᠢ ᠲᠤᠭᠲᠠᠭᠠᠯ ᠢᠶᠠᠷ ᠲᠤᠭᠲᠠᠭᠰᠠᠨ ᠬᠤᠭᠤᠴᠠᠭᠠᠨ ᠳᠤ ᠪᠢᠳᠡᠭᠦᠮᠵᠢᠯᠡᠬᠦ | ᠬᠡᠷᠡᠭᠲᠡᠢ᠃ | ᠬᠤᠷᠢᠨ ᠭᠤᠷᠪᠠᠳᠤᠭᠠᠷ ᠵᠤᠷᠪᠤᠰ ᠤᠰᠤ ᠲᠠᠳᠠᠨ ᠬᠡᠷᠡᠭᠯᠡᠬᠦ ᠨᠢᠭᠡᠴᠡ ᠪᠤᠶᠤ ᠬᠤᠪᠢ ᠬᠦᠮᠦᠨ ᠰᠢᠨ᠎ᠡ ᠪᠠᠷ ᠤᠭᠰᠠᠷᠠᠬᠤ ᠪᠤᠶᠤ ᠴᠠᠬᠢᠯᠭᠠᠨ ᠬᠡᠷᠡᠭᠯᠡᠬᠦ ᠪᠠᠨ | ᠨᠡᠮᠡᠭᠳᠡᠭᠦᠯᠬᠦ ᠪᠠᠷ ᠡᠷᠡᠮᠡᠯᠵᠡᠯᠡᠬᠦ ᠦᠶᠡᠰ ᠤᠰᠤ ᠳᠠᠳᠠᠨ ᠬᠡᠷᠡᠭᠯᠡᠬᠦ ᠭᠤᠶᠤᠴᠢᠯᠠᠯ ᠤᠨ ᠵᠦᠪᠰᠢᠶᠡᠷᠡᠯ ᠤᠨ ᠪᠢᠴᠢᠭ ᠤᠯᠤᠭᠰᠠᠨ ᠪᠠᠶᠢᠢᠬᠤ ᠬᠡᠷᠡᠭᠲᠡᠢ᠂ ᠤᠰᠤ ᠲᠠᠲᠠᠨ | ᠬᠡᠷᠡᠭᠯᠡᠬᠦ ᠵᠦᠪᠰᠢᠶᠡᠷᠡᠯ ᠤᠨ ᠦᠨᠡᠮᠯᠡᠯ ᠡᠷᠡᠮᠡᠯᠵᠡᠯᠡᠬᠦ ᠴᠢᠬᠤᠯᠠ ᠦᠭᠡᠢ ᠨᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠢᠶᠠᠷ ᠬᠢᠨᠠᠨ ᠨᠤᠲᠠᠯᠠᠬᠤ ᠬᠡᠷᠡᠭᠲᠡᠢ᠃ | ᠬᠤᠷᠢᠨ ᠳᠦᠷᠪᠡᠳᠦᠭᠡᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠭᠤᠤᠯ ᠤᠨ ᠬᠡᠪᠡᠯᠢ ᠠᠴᠠ ᠬᠠᠶᠢᠢᠷ | ᠮᠠᠯᠲᠠᠬᠤ᠂ ᠬᠦᠳᠡᠭᠡ ᠲᠤᠰᠬᠤᠨ ᠤ ᠬᠤᠭ ᠨᠤᠪᠰᠢ ᠶᠢ ᠰᠢᠢᠳᠪᠦᠷᠢᠯᠡᠬᠦ ᠪᠠ ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ ᠨᠦᠬᠡ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠭᠠᠵᠠᠷ ᠳᠤᠤᠷᠠᠬᠢ ᠤᠰᠤᠨ ᠤ ᠪᠣᠬᠢᠷᠲᠤᠯ ᠢ ᠰᠡᠷᠭᠡᠶᠢᠢᠯᠡᠬᠦ ᠬᠡᠷᠡᠭᠲᠡᠢ᠃ | ᠭᠤᠤᠯ ᠤᠨ ᠤᠷᠤᠰᠬᠠᠯ ᠢ ᠨᠦᠯᠦᠭᠡᠯᠡᠨ ᠬᠠᠷᠰᠢᠯᠠᠬᠤ ᠬᠠᠶᠢᠢᠷ ᠤᠨ ᠨᠦᠬᠡ ᠶᠢ ᠦᠮᠴᠢᠲᠡᠨ ᠪᠤᠶᠤ ᠬᠠᠮᠢᠶ᠎ᠠ ᠪᠦᠬᠦᠢ ᠬᠤᠰᠢᠭᠤ ᠰᠢᠶᠠᠨ ᠲᠤᠭᠤᠷᠢᠭ ᠤᠨ | ᠠᠷᠠᠳ ᠤᠨ ᠵᠠᠰᠠᠭ ᠤᠨ ᠤᠷᠳᠤᠨ ᠴᠠᠭ ᠲᠤᠬᠠᠢ ᠳᠤᠨᠢ ᠪᠤᠯᠠᠵᠤ᠂ ᠪᠤᠵᠠᠷ ᠤᠰᠤ ᠵᠡᠷᠭᠡ ᠪᠤᠬᠢᠷᠳᠤᠯᠲᠤ ᠪᠤᠳᠠᠰ ᠬᠤᠷᠠᠮᠳᠤᠵᠤ ᠭᠠᠵᠠᠷ ᠳᠤᠤᠷᠠᠬᠢ ᠤᠰᠤᠨ ᠤ | ᠪᠤᠬᠢᠷᠳᠤᠯ ᠡᠭᠦᠰᠬᠦ ᠶᠢ ᠰᠡᠷᠭᠡᠶᠢᠢᠯᠡᠬᠦ ᠬᠡᠷᠡᠭᠲᠡᠢ᠃ | ᠬᠦᠳᠡᠭᠡ ᠲᠤᠰᠬᠤᠨ ᠮᠠᠯᠵᠢᠬᠤ ᠣᠷᠣᠨ ᠤ ᠬᠤᠭ ᠨᠤᠪᠰᠢ ᠪᠠᠨ ᠲᠦᠪᠯᠡᠷᠡᠬᠦᠯᠦᠨ ᠤᠪᠤᠭᠠᠯᠠᠵᠤ ᠪᠤᠯᠠᠨ ᠰᠢᠢᠳᠪᠤᠷᠢᠯᠡᠵᠦ ᠪᠠᠶᠢᠢᠭ᠎ᠠ ᠭᠠᠵᠠᠷ ᠤᠷᠤᠨ ᠤ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠨᠠᠪᠴᠢᠨ ᠭᠤᠭᠤᠵᠢᠬᠤ ᠶᠢ ᠰᠡᠷᠭᠡᠶᠢᠢᠯᠡᠬᠦ | ᠠᠷᠭ᠎ᠠ ᠠᠪᠴᠤ᠂ ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠶᠢ ᠰᠡᠷᠭᠡᠶᠢᠢᠯᠡᠬᠦ ᠬᠡᠷᠡᠭᠲᠡᠢ᠃ | ᠭᠤᠤᠯ ᠤᠨ ᠬᠡᠪᠡᠯᠢ᠂ ᠭᠤᠤ ᠰᠤᠪᠠᠭ᠂ ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ ᠨᠦᠬᠡ ᠵᠡᠷᠭᠡ ᠭᠠᠵᠠᠷ ᠲᠤ ᠬᠤᠭ ᠨᠤᠪᠰᠢ ᠵᠡᠷᠭᠡ | ᠪᠤᠬᠢᠷᠳᠤᠯᠲᠤ ᠪᠤᠳᠠᠰ ᠴᠢᠳᠬᠤᠬᠤ ᠶᠢ ᠴᠠᠭᠠᠵᠠᠯᠠᠨ᠎ᠠ᠃ | ᠬᠤᠷᠢᠨ ᠲᠠᠪᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠭᠠᠵᠠᠷ ᠳᠤᠤᠷᠠᠬᠢ ᠤᠰᠤᠨ ᠤ ᠬᠦᠳᠡᠯᠦᠩᠭᠦᠢ ᠬᠢᠨᠠᠨ | ᠬᠡᠮᠵᠢᠯᠲᠡ ᠶᠢᠨ ᠦᠷᠲᠡᠭᠡ ᠲᠤᠤᠷ ᠢ ᠨᠢᠭᠡᠳᠦᠯᠲᠡᠢ ᠪᠠᠶᠢᠢᠭᠤᠯᠵᠤ᠂ ᠭᠠᠵᠠᠷ ᠳᠤᠤᠷᠠᠬᠢ ᠤᠰᠤᠨ ᠲᠦᠪᠰᠢᠨ᠂ ᠤᠰᠤᠨ ᠤ ᠬᠡᠮᠵᠢᠶ᠎ᠡ᠂ ᠤᠰᠤᠨ ᠤ ᠶᠠᠰᠤ ᠴᠢᠨᠠᠷ᠂ | ᠤᠰᠤᠨ ᠤ ᠳᠤᠯᠠᠭᠠᠨ ᠤ ᠬᠡᠮᠵᠢᠶ᠎ᠡ ᠵᠡᠷᠭᠡ ᠶᠢ ᠬᠢᠨᠠᠨ ᠬᠡᠮᠵᠢᠵᠦ᠂ ᠬᠢᠨᠠᠨ ᠬᠡᠮᠵᠢᠭᠰᠡᠨ ᠪᠢᠴᠢᠭ ᠮᠠᠲ᠋ᠧᠷᠢᠶᠠᠯ ᠢᠶᠠᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠮᠬᠢᠯᠡᠨ ᠨᠠᠶᠢᠷᠠᠭᠤᠯᠵᠤ᠂ ᠮᠡᠳᠡᠭᠡ ᠵᠠᠩᠬᠢ ᠶᠢ ᠬᠠᠮᠲᠤᠪᠡᠷ ᠡᠳ᠋ᠯᠡᠬᠦ ᠶᠢ ᠬᠡᠷᠡᠭᠵᠢᠭᠦᠯᠦᠨ᠎ᠡ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠬᠤᠷᠢᠨ ᠵᠢᠷᠭᠤᠳᠤᠭᠠᠷ ᠵᠤᠷᠪᠤᠰ ᠲᠤᠰ ᠳᠦᠷᠢᠮ ᠠᠴᠠ ᠵᠦᠷᠢᠴᠡᠭᠰᠡᠨ ᠵᠦᠢᠯ ᠢ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠦᠪᠡᠷᠲᠡᠭᠡᠨ ᠵᠠᠰᠠᠬᠤ | ᠤᠷᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠨᠢ ᠨᠢᠭᠡᠨᠲᠡ ᠲᠤᠷᠭᠠᠨ ᠰᠢᠢᠳᠪᠦᠷᠢᠯᠡᠬᠦ ᠳᠦᠷᠢᠮ ᠭᠠᠷᠭᠠᠭᠰᠠᠨ ᠪᠠᠶᠢᠢᠪᠠᠯ᠂ ᠲᠤᠷᠭᠠᠨ ᠰᠢᠢᠳᠪᠦᠷᠢᠯᠡᠬᠦ | ᠳᠦᠷᠢᠮ ᠶᠣᠰᠣᠭᠠᠷ ᠰᠢᠢᠳᠪᠦᠷᠢᠯᠡᠨ᠎ᠡ᠃ | ᠬᠤᠷᠢᠨ ᠳᠤᠯᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ | ᠤᠰᠤ ᠪᠠᠷ ᠬᠤᠲᠠ ᠶᠢ ᠲᠤᠭᠲᠠᠭᠠᠬᠤ᠂ ᠤᠰᠤ ᠪᠠᠷ ᠦᠢᠯᠡᠳᠪᠤᠷᠢᠯᠡᠯ ᠢ ᠲᠤᠭᠲᠠᠭᠠᠬᠤ᠂ ᠲᠠᠳᠠᠨ ᠭᠡᠷᠡᠭᠯᠡᠬᠦ ᠪᠠ ᠨᠦᠬᠦᠪᠦᠷᠢᠯᠡᠬᠦ ᠲᠡᠩᠴᠡᠭᠦᠷᠢ᠂ ᠦᠷᠭᠦᠯᠵᠢᠯᠡᠬᠦᠶᠢᠢᠴᠡ | ᠬᠦᠭᠵᠢᠯᠲᠡ ᠶᠢᠨ ᠵᠠᠷᠴᠢᠮ ᠲᠤᠭᠳᠠᠭᠠᠯ ᠢ ᠵᠦᠷᠢᠴᠡᠨ ᠭᠠᠵᠠᠷ ᠳᠤᠤᠷᠠᠬᠢ ᠤᠰᠤᠨ ᠳᠤ ᠬᠤᠯᠪᠤᠭᠳᠠᠬᠤ ᠵᠦᠢᠯ ᠢ ᠲᠣᠭᠲᠠᠭᠠᠭᠰᠠᠨ ᠪᠤᠶᠤ ᠲᠤᠰ ᠳᠦᠷᠢᠮ ᠳᠤ | ᠲᠤᠭᠲᠠᠭᠠᠭᠰᠠᠨ ᠬᠠᠮᠠᠭᠠᠯᠠᠨ ᠬᠠᠮᠢᠶᠠᠷᠬᠤ ᠠᠷᠭ᠎ᠠ ᠬᠡᠮᠵᠢᠶ᠎ᠡ ᠶᠢ ᠭᠦᠢᠴᠡᠳᠭᠡᠭᠰᠡᠨ ᠦᠭᠡᠢ ᠠᠴᠠ ᠪᠤᠯᠵᠤ᠂ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠭᠠᠵᠠᠷ | ᠳᠤᠤᠷᠠᠬᠢ ᠤᠰᠤᠨ ᠲᠦᠪᠰᠢᠨ ᠢ ᠬᠢᠵᠠᠭᠠᠷᠯᠠᠬᠤ ᠲᠦᠪᠰᠢᠨ ᠠᠴᠠ ᠳᠤᠤᠷ᠎ᠠ ᠪᠤᠯᠤᠭᠰᠠᠨ ᠪᠤᠯ ᠬᠠᠮᠢᠶ᠎ᠠ ᠪᠦᠬᠦᠢ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | | ᠬᠤᠷᠢᠨ ᠨᠠᠶᠢᠮᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ | ᠵᠢᠴᠢ ᠠᠵᠢᠯᠲᠠᠨ ᠳᠤ ᠳᠤᠤᠷᠠᠬᠢ ᠦᠢᠯᠡ ᠠᠵᠢᠯᠯᠠᠭ᠎ᠠ ᠢᠯᠡᠷᠡᠪᠡᠯ ᠬᠠᠮᠢᠶ᠎ᠠ ᠪᠦᠬᠦᠢ ᠪᠠᠶᠢᠢᠭᠤᠯᠤᠯᠭᠠ ᠪᠤᠶᠤ ᠰᠠᠯᠠᠭ᠎ᠠ ᠮᠦᠴᠢᠷ ᠠᠴᠠ ᠵᠠᠷᠯᠢᠭᠳᠠᠨ ᠵᠠᠰᠠᠨ | ᠰᠠᠶᠢᠵᠢᠷᠠᠭᠤᠯᠤᠨ᠎ᠠ᠂ ᠪᠠᠶᠢᠢᠳᠠᠯ ᠨᠢ ᠬᠦᠨᠳᠦ ᠨᠤᠴᠢᠲᠠᠢ ᠪᠤᠯ ᠰᠢᠭᠤᠳ ᠬᠠᠷᠢᠭᠤᠴᠠᠵᠤ ᠪᠠᠶᠢᠢᠭ᠎ᠠ ᠭᠤᠤᠯᠯᠠᠨ ᠬᠠᠮᠢᠶᠠᠷᠤᠭᠴᠢ ᠪᠤᠯᠤᠨ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠤᠰᠤᠭᠠᠷ ᠰᠢᠳᠭᠡᠯ ᠤᠯᠭᠤᠨ᠎ᠠ᠂ ᠶᠠᠯ᠎ᠠ ᠬᠢᠭᠰᠡᠨ ᠳᠤ ᠲᠤᠭᠠᠴᠠᠭᠳᠠᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠲᠤᠰ ᠳᠦᠷᠢᠮ ᠠᠴᠠ ᠵᠦᠷᠢᠴᠡᠨ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠵᠦᠢᠯ ᠢ ᠭᠦᠢᠴᠡᠳᠭᠡᠬᠦ ᠪᠤᠶᠤ ᠤᠰᠤ ᠲᠠᠲᠠᠨ ᠬᠡᠷᠡᠭᠯᠡᠬᠦ | ᠵᠦᠪᠰᠢᠶᠡᠷᠡᠯ ᠤᠨ ᠬᠢᠨᠠᠨ ᠵᠦᠪᠰᠢᠶᠡᠷᠡᠯᠲᠡ ᠶᠢ ᠬᠠᠷᠰᠢᠯᠠᠭᠰᠠᠨ᠃ | ︵ᠬᠤᠶᠠᠷ︶ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ ᠶᠡᠷᠦᠩᠬᠡᠢ ᠬᠡᠮᠵᠢᠶ᠎ᠡ ᠨᠢ ᠵᠢᠯ ᠤᠨ ᠤᠰᠤ ᠲᠠᠲᠠᠨ ᠬᠡᠷᠡᠭᠯᠡᠬᠦ ᠬᠢᠵᠠᠭᠠᠷᠯᠠᠬᠤ ᠵᠢᠭᠠᠯᠳᠠ | ᠲᠤᠭ᠎ᠠ ᠳᠤ ᠬᠦᠷᠬᠦ ᠪᠤᠶᠤ ᠬᠡᠲᠦᠷᠡᠵᠤ᠂ ᠲᠤᠰ ᠳᠦᠷᠢᠮ ᠳᠤ ᠲᠤᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ | ︵ᠭᠤᠷᠪᠠ︶ ᠭᠠᠵᠠᠷ ᠳᠤᠤᠷᠠᠬᠢ ᠤᠰᠤᠨ ᠲᠦᠪᠰᠢᠨ ᠢ ᠬᠢᠵᠠᠭᠠᠷᠯᠠᠬᠤ ᠲᠦᠪᠰᠢᠨ ᠳᠤ ᠬᠦᠷᠦᠭᠰᠡᠨ ᠪᠤᠶᠤ ᠬᠢᠵᠠᠭᠠᠷᠯᠠᠬᠤ ᠲᠦᠪᠰᠢᠨ ᠠᠴᠠ ᠳᠤᠤᠷ᠎ᠠ ᠪᠤᠯᠵᠤ᠂ | ᠲᠤᠰ ᠳᠦᠷᠢᠮ ᠳᠤ ᠲᠤᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ | ︵ᠳᠦᠷᠪᠡ︶ ᠲᠦᠯᠦᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠤᠶᠤ ᠪᠦᠲᠦᠭᠡᠨ ᠪᠠᠶᠢᠢᠭᠤᠯᠤᠯᠲᠠ ᠶᠢᠨ ᠲᠦᠷᠦᠯ ᠵᠦᠢᠯ ᠤᠨ ᠤᠰᠤᠨ ᠤ | ᠡᠬᠢ ᠪᠠᠶᠠᠯᠢᠭ ᠤᠨ ᠨᠤᠲᠠᠯᠠᠯᠲᠠ ᠶᠢᠨ ᠬᠡᠪᠴᠢᠶᠡᠨ ᠳᠤ ᠬᠠᠷᠢᠶᠠᠯᠠᠭᠳᠠᠭᠰᠠᠨ ᠪᠤᠯᠪᠠᠴᠤ ᠨᠤᠲᠠᠯᠠᠯᠲᠠ ᠳᠠᠮᠵᠢᠭᠰᠠᠨ ᠦᠭᠡᠢ ᠪᠠᠷ ᠬᠠᠮᠢᠶ᠎ᠠ ᠪᠦᠬᠦᠢ ᠲᠦᠯᠦᠪᠵᠢᠭᠦᠯᠭᠡ ᠪᠤᠶᠤ | ᠪᠦᠲᠦᠭᠡᠨ ᠪᠠᠶᠢᠢᠭᠤᠯᠤᠯᠲᠠ ᠶᠢᠨ ᠲᠦᠷᠦᠯ ᠵᠦᠢᠯ ᠢ ᠵᠦᠪᠰᠢᠶᠡᠷᠡᠭᠰᠡᠨ᠃ | ︵ᠲᠠᠪᠤ︶ ᠲᠤᠰ ᠳᠦᠷᠢᠮ ᠳᠤ ᠲᠤᠭᠲᠠᠭᠠᠭᠰᠠᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠂ ᠭᠠᠵᠠᠷ ᠳᠤᠤᠷᠠᠬᠢ | ᠤᠰᠤ ᠶᠢ ᠬᠤᠬᠢᠷᠠᠭᠤᠯᠬᠤ᠂ ᠪᠤᠬᠢᠷᠳᠤᠭᠤᠯᠬᠤ ᠪᠤᠶᠤ ᠬᠠᠤᠯᠢ ᠠᠴᠠ ᠵᠦᠷᠢᠴᠡᠨ ᠨᠡᠭᠡᠭᠡᠨ ᠠᠰᠢᠭᠯᠠᠬᠤ ᠦᠢᠯᠡ ᠠᠵᠢᠯᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ | ᠲᠤᠰᠤᠭᠠᠳ ᠪᠠᠶᠢᠢᠴᠠᠭᠠᠨ ᠰᠢᠢᠳᠪᠦᠷᠢᠯᠡᠭᠰᠡᠨ ᠦᠭᠡᠢ᠃ | ︵ᠵᠢᠷᠭᠤᠭ᠎ᠠ︶ ᠭᠠᠵᠠᠷ ᠲᠤᠤᠷᠠᠬᠢ ᠤᠰᠤ ᠶᠢ ᠲᠠᠲᠠᠨ ᠭᠡᠷᠡᠭᠯᠡᠬᠦ ᠳᠤ ᠬᠤᠯᠪᠣᠭᠳᠠᠬᠤ ᠠᠵᠢᠯ ᠳᠤ᠂ ᠠᠳᠠᠯᠢ ᠱᠠᠳᠤᠨ ᠤ ᠤᠰᠤᠨ ᠤ ᠶᠠᠪᠤᠳᠠᠯ ᠤᠨ ᠵᠠᠰᠠᠬ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠭᠰᠠᠨ ᠦᠬᠡᠢ ᠪᠤᠶᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠠᠳᠠᠯᠢ ᠪᠤᠰᠤ ᠰᠠᠨᠠᠯ ᠳᠤᠷᠠᠳᠤᠭᠰᠠᠨ ᠳᠤ ᠬᠠᠷᠢᠨ ᠲᠤᠰ ᠰᠠᠯᠠᠭ᠎ᠠ ᠮᠦᠴᠢᠷ ᠤᠨ ᠰᠠᠨᠠᠯ ᠢᠶᠠᠷ ᠢᠶᠠᠨ ᠰᠢᠢᠳᠪᠦᠷᠢ ᠲᠣᠭᠲᠠᠭᠠᠭᠰᠠᠨ᠃ | | ︵ᠲᠤᠯᠤᠭ᠎ᠠ︶ ᠡᠷᠭᠡ ᠲᠤᠰᠢᠶᠠᠯ ᠢᠶᠠᠨ ᠲᠤᠷᠠᠪᠠᠷ ᠭᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠢᠷᠠᠨ ᠤᠰᠤᠯᠳᠠᠭᠰᠠᠨ᠂ ᠨᠢᠭᠤᠷ ᠲᠠᠯ᠎ᠠ ᠬᠠᠷᠠᠵᠦ ᠬᠠᠤᠯᠢ | ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃ | ᠬᠤᠷᠢ ᠶᠢᠰᠦᠳᠦᠭᠡᠷ ᠵᠤᠷᠪᠤᠰ ᠲᠤᠰ ᠳᠦᠷᠢᠮ ᠤᠨ ᠠᠷᠪᠠᠨ ᠲᠦᠷᠪᠡᠳᠦᠭᠡᠷ ᠵᠤᠷᠪᠤᠰ ᠢ ᠵᠦᠷᠢᠴᠡᠵᠦ᠂ ᠳᠠᠬᠢᠯᠳᠠ ᠤᠰᠦ ᠪᠤᠶᠤ ᠭᠠᠵᠠᠷ ᠤᠨ ᠭᠠᠳᠠᠷᠭᠤ ᠶᠢᠨ | ᠤᠰᠤ ᠶᠢ ᠲᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠴᠡ ᠶᠢᠨ ᠬᠡᠪᠴᠢᠶᠡᠨ ᠳᠤ ᠢᠳᠡᠭᠡᠨ᠂ ᠡᠮ ᠦᠢᠯᠡᠳᠬᠦ ᠪᠤᠰᠤ ᠠᠵᠦ ᠠᠬᠤᠶᠢᠢᠯᠠᠯ ᠤᠨ | ᠦᠢᠯᠡᠳᠪᠦᠷᠢᠯᠡᠯ ᠳᠤ ᠭᠠᠵᠠᠷ ᠲᠤᠤᠷᠠᠬᠢ ᠤᠰᠤ ᠶᠢ ᠭᠡᠷᠡᠭᠯᠡᠪᠡᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ | ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠡᠷᠭᠡ ᠲᠤᠰᠢᠶᠠᠯ ᠶᠤᠰᠤᠭᠠᠷ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ | ᠵᠤᠬᠰᠤᠭᠠᠵᠦ᠂ ᠬᠤᠭᠤᠴᠠᠭ᠎ᠠ ᠲᠣᠭᠲᠠᠭᠠᠨ ᠭᠠᠵᠠᠷ ᠲᠤᠤᠷᠠᠬᠢ ᠤᠰᠤ ᠶᠢ ᠳᠠᠳᠠᠨ ᠭᠡᠷᠡᠭᠯᠡᠬᠦ ᠲᠦᠬᠦᠭᠡᠷᠦᠮᠵᠢ ᠶᠢ ᠪᠢᠳᠡᠬᠦᠮᠵᠢᠯᠡᠨ᠎ᠠ᠂ ᠬᠤᠭᠤᠴᠠᠭ᠎ᠠ ᠨᠢ ᠬᠡᠳᠦᠷᠴᠦ | ᠡᠰᠡ ᠪᠢᠳᠡᠬᠦᠮᠵᠢᠯᠡᠭᠰᠡᠨ ᠪᠠᠶᠢᠢᠪᠠᠯ᠂ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠭᠡᠷᠡᠭᠵᠢᠬᠦᠯᠵᠦ᠂ ᠠᠯᠢᠪᠠ ᠰᠦᠢᠳᠭᠡᠯ ᠢ ᠬᠠᠤᠯᠢ ᠵᠦᠷᠢᠴᠡᠭᠰᠡᠨ | ᠠᠵᠦ ᠠᠬᠤᠶᠢᠢᠯᠠᠯ ᠡᠭᠦᠷᠭᠡᠯᠡᠬᠦ ᠮᠥᠷᠲᠡᠭᠡᠨ 2 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ | ᠭᠤᠴᠢᠳᠤᠭᠠᠷ ᠵᠤᠷᠪᠤᠰ ᠲᠤᠰ ᠳᠦᠷᠢᠮ ᠤᠨ ᠠᠷᠪᠠᠨ ᠲᠠᠪᠤᠳᠤᠭᠠᠷ ᠵᠤᠷᠪᠤᠰ ᠢ ᠵᠦᠷᠢᠴᠡᠵᠦ᠂ ᠭᠠᠵᠠᠷ ᠲᠤᠤᠷᠠᠬᠢ ᠤᠰᠤ᠂ ᠠᠮᠢᠳᠤᠷᠠᠯ ᠤᠨ ᠭᠡᠷᠡᠭᠯᠡᠭᠡᠨ ᠤ | ᠤᠤᠭᠤᠬᠤ ᠤᠰᠤ ᠶᠢ ᠦᠵᠡᠮᠵᠢ ᠶᠢᠨ ᠭᠤᠤᠯ᠂ ᠵᠤᠬᠢᠶᠠᠮᠠᠯ ᠨᠠᠭᠤᠷ ᠲᠤ ᠭᠡᠷᠡᠭᠯᠡᠪᠡᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠬ ᠤᠨ | ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠲᠣᠭᠲᠠᠭᠠᠨ ᠵᠠᠷᠯᠢᠭᠳᠠᠨ ᠵᠠᠯᠠᠷᠠᠭᠤᠯᠬᠤ | ᠮᠥᠷᠲᠡᠭᠡᠨ 5 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ | ᠭᠤᠴᠢᠨ ᠨᠢᠭᠡᠳᠦᠭᠡᠷ ᠵᠤᠷᠪᠤᠰ ᠲᠤᠰ ᠳᠦᠷᠢᠮ ᠤᠨ ᠬᠤᠷᠢᠨ ᠨᠢᠭᠡᠳᠦᠭᠡᠷ ᠵᠤᠷᠪᠤᠰ ᠢ ᠵᠦᠷᠢᠴᠡᠵᠦ᠂ ᠬᠦᠮᠦᠨ ᠮᠠᠯ ᠤᠨ ᠤᠰᠤ ᠤᠮᠳᠠ᠂ ᠪᠠᠶᠢᠢᠯᠳᠤᠬᠤ | ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ ᠠᠷᠭᠠᠴᠠᠬᠤ ᠤᠰᠤᠨ ᠰᠤᠷᠪᠤᠯᠵᠢ ᠠᠴᠠ ᠭᠠᠳᠠᠨ᠎ᠠ ᠮᠠᠰᠢᠨ ᠴᠠᠬᠢᠯᠭᠠᠨ ᠬᠤᠳᠳᠤᠭ ᠴᠤᠬᠢᠬᠤ ᠬᠦᠨᠴᠡ ᠨᠢ | ᠵᠠᠭᠤᠨ ᠮᠧᠳ᠋ᠷ ᠠᠴᠠ ᠬᠡᠳᠦᠷᠡᠪᠡᠯ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠡᠷᠭᠡ ᠲᠤᠰᠢᠶᠠᠯ ᠶᠣᠰᠣᠭᠠᠷ ᠤᠰᠤ ᠭᠡᠷᠡᠭᠯᠡᠭᠰᠡᠨ ᠨᠢᠭᠡᠴᠡ ᠪᠤᠶᠤ ᠬᠤᠪᠢ ᠬᠦᠮᠦᠨ ᠤ ᠬᠠᠤᠯᠢ ᠶᠢ | ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠬᠰᠤᠭᠠᠵᠦ᠂ ᠬᠤᠭᠤᠴᠠᠭ᠎ᠠ ᠲᠣᠭᠲᠠᠭᠠᠨ ᠤᠤᠯ ᠪᠠᠶᠢᠢᠳᠠᠯ ᠢ ᠰᠡᠷᠬᠦᠭᠡᠨ᠎ᠠ᠂ ᠬᠤᠭᠤᠴᠠᠭ᠎ᠠ ᠨᠢ ᠬᠡᠳᠦᠷᠴᠦ ᠤᠤᠯ | ᠪᠠᠶᠢᠢᠳᠠᠯ ᠢ ᠡᠰᠡ ᠰᠡᠷᠬᠦᠭᠡᠭᠰᠡᠨ ᠪᠠᠶᠢᠢᠪᠠᠯ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠭᠡᠷᠡᠭᠵᠢᠬᠦᠯᠵᠦ᠂ ᠠᠯᠢᠪᠠ ᠰᠦᠢᠳᠭᠡᠯ ᠢ ᠬᠠᠤᠯᠢ ᠶᠢ | ᠵᠦᠷᠢᠴᠡᠭᠰᠡᠨ ᠨᠢᠭᠡᠴᠡ ᠪᠤᠶᠤ ᠬᠤᠪᠢ ᠬᠦᠮᠦᠨ ᠡᠭᠦᠷᠭᠡᠯᠡᠬᠦ ᠮᠥᠷᠲᠡᠭᠡᠨ 1 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ | ᠲᠤᠷᠭᠠᠨ᠎ᠠ᠃ | ᠭᠤᠴᠢᠨ ᠬᠤᠶᠠᠳᠤᠭᠠᠷ ᠵᠤᠷᠪᠤᠰ ᠲᠤᠰ ᠳᠦᠷᠢᠮ ᠤᠨ ᠬᠤᠷᠢᠨ ᠬᠤᠶᠠᠳᠤᠭᠠᠷ ᠵᠤᠷᠪᠤᠰ ᠢ ᠵᠦᠷᠢᠴᠡᠵᠦ᠂ ᠤᠯᠠᠨ ᠨᠡᠶᠢᠢᠳᠡ ᠶᠢᠨ ᠤᠰᠤ ᠬᠠᠩᠭᠠᠬᠤ ᠬᠤᠭᠤᠯᠠᠢ | ᠲᠣᠣᠷᠵᠢᠯ ᠤᠨ ᠪᠦᠷᠬᠦᠴᠡ ᠶᠢᠨ ᠬᠡᠪᠴᠢᠶᠡᠨ ᠳᠠᠬᠢ ᠦᠪᠡᠷ ᠤᠨ ᠪᠡᠯᠡᠳᠬᠡᠯ ᠬᠤᠳᠳᠤᠭ ᠢ ᠲᠣᠭᠲᠠᠭᠠᠭᠰᠠᠨ ᠬᠢᠵᠠᠭᠠᠷ ᠬᠤᠭᠤᠴᠠᠭᠠᠨ ᠳᠤ ᠪᠢᠳᠡᠬᠦᠮᠵᠢᠯᠡᠬᠦ ᠦᠬᠡᠢ ᠪᠤᠯ | ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠬᠡᠷᠡᠭᠵᠢᠭᠦᠯᠬᠦ ᠮᠥᠷᠲᠡᠭᠡᠨ 1 ᠲᠦᠮᠡᠨ ᠲᠦᠬᠦᠷᠢᠭ ᠠᠴᠠ ᠲᠡᠭᠡᠭᠰᠢ 10 | ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ | ᠭᠤᠴᠢᠨ ᠭᠤᠷᠪᠠᠳᠤᠭᠠᠷ ᠵᠤᠷᠪᠤᠰ ᠲᠤᠰ ᠳᠦᠷᠢᠮ ᠤᠨ ᠬᠤᠷᠢᠨ ᠭᠤᠷᠪᠠᠳᠤᠭᠠᠷ ᠵᠤᠷᠪᠤᠰ ᠢ ᠵᠦᠷᠢᠴᠡᠵᠦ᠂ ᠴᠠᠬᠢᠯᠭᠠᠨ ᠬᠠᠩᠭᠠᠬᠤ ᠠᠵᠦ ᠠᠬᠤᠶᠢᠢᠯᠠᠯ ᠨᠢ | ᠤᠰᠤ ᠭᠡᠷᠡᠭᠯᠡᠬᠦ ᠵᠦᠪᠰᠢᠶᠡᠷᠡᠯ ᠤᠨ ᠪᠢᠴᠢᠭ ᠪᠤᠶᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠨᠤᠲᠠᠯᠠᠭᠰᠠᠨ | ᠮᠠᠲ᠋ᠧᠷᠢᠶᠠᠯ ᠦᠬᠡᠢ ᠨᠢᠭᠡᠴᠡ ᠪᠡ ᠬᠤᠪᠢ ᠬᠦᠮᠦᠨ ᠳᠤ ᠴᠠᠬᠢᠯᠭᠠᠨ ᠬᠠᠩᠭᠠᠪᠠᠯ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ | ᠤᠷᠳᠤᠨ ᠤ ᠴᠠᠬᠢᠯᠭᠠᠨ ᠬᠦᠴᠦᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠴᠠᠬᠢᠯᠭᠠᠨ ᠬᠠᠩᠭᠠᠬᠤ ᠶᠢ ᠵᠠᠷᠯᠢᠬᠳᠡᠨ ᠵᠤᠬᠰᠤᠭᠠᠨ᠎ᠠ᠃ | ᠭᠤᠴᠢᠨ ᠲᠦᠷᠪᠡᠳᠦᠭᠡᠷ ᠵᠤᠷᠪᠤᠰ ᠲᠤᠰ ᠳᠦᠷᠢᠮ ᠤᠨ ᠬᠤᠷᠢᠨ ᠲᠦᠷᠪᠡᠳᠦᠭᠡᠷ ᠵᠤᠷᠪᠤᠰ ᠢ ᠵᠦᠷᠢᠴᠡᠵᠦ᠂ ᠭᠤᠤᠯ ᠤᠨ ᠬᠡᠪᠡᠯᠢ ᠤᠨ ᠤᠷᠤᠰᠬᠠᠯ ᠢ | ᠬᠠᠷᠰᠢᠯᠠᠭᠰᠠᠨ ᠬᠠᠶᠢᠷ ᠮᠠᠯᠲᠠᠭᠰᠠᠨ ᠨᠦᠬᠡ ᠶᠢ ᠬᠡᠷᠡᠭᠯᠡᠭᠴᠢ ᠨᠢ ᠴᠠᠬ ᠲᠤᠬᠠᠢ ᠳᠤᠨᠢ ᠲᠠᠬᠢᠨ ᠪᠤᠯᠠᠬᠤ ᠦᠬᠡᠢ ᠪᠤᠯ᠂ ᠬᠤᠳᠠ ᠪᠤᠶᠤ ᠬᠤᠰᠢᠭᠤ ᠰᠢᠶᠠᠨ | ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ | ᠲᠣᠭᠲᠠᠭᠠᠨ ᠪᠤᠯᠠᠬᠤ ᠪᠠᠷ ᠵᠠᠷᠯᠢᠬᠳᠠᠨ᠎ᠠ᠂ ᠲᠣᠭᠲᠠᠭᠠᠭᠰᠠᠨ ᠬᠢᠵᠠᠭᠠᠷ ᠬᠤᠭᠤᠴᠠᠭᠠᠨ ᠳᠤ ᠪᠤᠯᠠᠬᠤ ᠦᠬᠡᠢ ᠪᠤᠯ᠂ 1 ᠲᠦᠮᠡᠨ ᠲᠦᠬᠦᠷᠢᠭ ᠠᠴᠠ ᠲᠡᠭᠡᠭᠰᠢ 10 | ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠂ ᠱᠠᠭᠠᠷᠳᠠᠨ ᠱᠠᠯᠠᠪᠳᠠᠭᠠᠳ ᠪᠠᠰᠠ ᠪᠤᠯᠠᠬᠤ ᠦᠬᠡᠢ ᠪᠤᠯ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠢᠭᠤᠯᠤᠨ ᠪᠤᠯᠠᠵᠤ᠂ ᠠᠯᠢᠪᠠ ᠰᠦᠢᠳᠭᠡᠯ ᠢ ᠭᠡᠷᠡᠭᠯᠡᠭᠴᠢ ᠡᠬᠦᠷᠭᠡᠯᠡᠨ᠎ᠠ᠃ ᠬᠤᠯᠪᠤᠬᠳᠠᠯ ᠪᠦᠬᠦᠢ ᠬᠤᠰᠢᠭᠤ ᠰᠢᠶᠠᠨ | ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠠᠴᠠ ᠴᠠᠭ ᠲᠤᠬᠠᠢ ᠳᠤᠨᠢ ᠪᠤᠯᠠᠬᠤ ᠦᠬᠡᠢ ᠪᠤᠯ᠂ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠰᠢᠭᠤᠳ | ᠬᠠᠷᠢᠭᠤᠴᠠᠵᠦ ᠪᠠᠶᠢᠢᠭ᠎ᠠ ᠭᠤᠣᠯ ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠨ᠎ᠠ᠃ | ᠬᠥᠳᠡᠭᠡ ᠲᠣᠰᠬᠤᠨ ᠮᠠᠯᠵᠢᠬᠤ ᠤᠷᠤᠨ ᠳᠤ ᠲᠦᠪᠯᠡᠷᠡᠬᠦᠯᠦᠨ ᠤᠪᠤᠭᠠᠯᠠᠬᠤ᠂ ᠪᠤᠯᠠᠬᠤ ᠬᠡᠯᠪᠡᠷᠢ ᠪᠠᠷ ᠬᠤᠭ ᠨᠤᠪᠰᠢ ᠶᠢ ᠰᠢᠢᠳᠪᠦᠷᠢᠯᠡᠬᠦ ᠳᠡᠭᠡᠨ ᠨᠡᠪᠴᠢᠬᠦ ᠪᠠ | ᠭᠤᠭᠤᠵᠢᠬᠤ ᠶᠢ ᠰᠡᠷᠭᠡᠶᠢᠢᠯᠡᠬᠦ ᠠᠷᠭ᠎ᠠ ᠬᠡᠮᠵᠢᠶ᠎ᠠ ᠠᠪᠤᠬᠰᠠᠨ ᠦᠬᠡᠢ ᠪᠠᠶᠢᠢᠪᠠᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ | ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ | ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠳᠠᠢ᠃ | ᠭᠤᠤᠯ ᠤᠨ ᠬᠡᠪᠡᠯᠢ᠂ ᠭᠤᠤ ᠰᠤᠪᠠᠭ᠂ ᠰᠤᠬᠤᠷ ᠬᠤᠳᠳᠤᠭ᠂ ᠬᠠᠶᠠᠬᠳᠠᠮᠠᠯ ᠠᠭᠤᠷᠬᠠᠢ ᠶᠢᠨ ᠨᠦᠬᠡ ᠵᠡᠷᠭᠡ ᠳᠤ ᠬᠤᠭ ᠨᠤᠪᠰᠢ ᠵᠡᠷᠭᠡ ᠪᠣᠬᠢᠲᠤᠯ ᠪᠣᠳᠠᠰ | ᠬᠠᠶᠠᠪᠠᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠬ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠪᠤᠬᠢᠷᠳᠤᠯ | ᠪᠤᠳᠠᠰ ᠢ ᠴᠡᠪᠡᠷᠯᠡᠨ ᠪᠤᠬᠢᠷᠳᠤᠯ ᠢ ᠦᠭᠡᠶᠢᠰᠬᠡᠬᠦ ᠮᠥᠷᠲᠡᠭᠡᠨ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠂ | ᠲᠤᠭᠳᠠᠭᠰᠠᠨ ᠬᠤᠭᠤᠴᠠᠭᠠᠨ ᠳᠤ ᠴᠡᠪᠡᠷᠯᠡᠬᠦ ᠦᠬᠡᠢ᠂ ᠰᠢᠢᠳᠪᠦᠷᠢᠯᠡᠬᠦ ᠦᠬᠡᠢ᠂ ᠱᠠᠭᠠᠷᠳᠠᠨ ᠱᠠᠯᠠᠪᠳᠠᠭᠠᠳ ᠮᠦᠨ ᠬᠦ ᠴᠡᠪᠡᠷᠯᠡᠵᠦ ᠰᠢᠢᠳᠪᠦᠷᠢᠯᠡᠬᠦ ᠦᠬᠡᠢ ᠪᠤᠯ | ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠴᠢᠳᠠᠪᠦᠷᠢ ᠪᠦᠬᠦᠢ ᠨᠢᠭᠡᠴᠡ ᠶᠢ ᠵᠢᠭᠠᠨ ᠲᠣᠭᠲᠠᠭᠠᠵᠤ ᠤᠷᠤᠯᠠᠨ | ᠴᠡᠪᠡᠷᠯᠡᠵᠦ ᠰᠢᠢᠳᠪᠦᠷᠢᠯᠡᠬᠦᠯᠵᠦ᠂ ᠠᠯᠢᠪᠠ ᠰᠦᠢᠳᠭᠡᠯ ᠢ ᠬᠠᠤᠯᠢ ᠶᠢ ᠵᠦᠷᠢᠴᠡᠭᠰᠡᠳ ᠡᠭᠦᠷᠭᠡᠯᠡᠨ᠎ᠡ᠃ | ᠵᠢᠷᠭᠤᠳᠤᠭᠠᠷ ᠪᠦᠯᠦᠭ ᠲᠠᠭᠠᠯᠳᠤᠭᠤᠯᠤᠯ ᠲᠦᠷᠢᠮ | ᠭᠤᠴᠢᠨ ᠲᠠᠪᠤᠳᠤᠭᠠᠷ ᠵᠤᠷᠪᠤᠰ ᠲᠤᠰ ᠳᠦᠷᠢᠮ ᠢ 2019 ᠤᠨ ᠤ 3 ᠰᠠᠷ᠎ᠠ ᠶᠢᠨ 1 ᠤ ᠡᠳᠤᠷ ᠠᠴᠠ ᠡᠬᠢᠯᠡᠨ ᠭᠡᠷᠡᠭᠵᠢᠬᠦᠯᠦᠨ᠎ᠠ᠃ | | | |