2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠨᠡᠷᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2020/4/14
     ᠭᠤᠷᠪᠠᠨ ᠯᠠᠪᠳᠠᠭᠤᠨ ᠪᠠᠲᠤᠲᠠᠢ᠄ 2018 ᠣᠨ ᠳᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠥᠪᠥᠷ ᠮᠣᠩᠭᠤᠯ ᠳᠤ ︽ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠰᠡᠨ ︽ᠭᠤᠷᠪᠠᠨ ᠯᠠᠪᠳᠠᠭᠤᠨ ᠪᠠᠳᠤᠲᠠᠢ︾ ᠴᠢᠬᠤᠯᠠ ᠵᠢᠭᠠᠪᠤᠷᠢ ᠳᠤᠷᠠᠳᠤᠭᠰᠠᠨ ᠪᠠᠶᠢᠨ᠎ᠠ᠃      ᠲᠦᠷᠪᠡᠨ ᠬᠦᠴᠦᠯᠡᠬᠦ᠄ 2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠪᠠᠶᠢᠴᠠᠭᠠᠨ ᠰᠣᠳᠣᠯᠣᠯᠲᠠ ᠬᠢᠬᠦ ᠦᠶ᠎ᠡ ᠳᠤ︾ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠣᠷᠣᠨ ᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠬᠦᠴᠦᠯᠡᠨ ᠠᠬᠢᠭᠤᠯᠬᠤ ᠬᠡᠷᠡᠭᠲᠡᠢ ᠭᠡᠰᠡᠨ ︽ᠲᠦᠷᠪᠡᠨ ᠬᠦᠴᠦᠯᠡᠬᠦ︾ ᠴᠢᠬᠤᠯᠠ ᠱᠠᠭᠠᠷᠳᠠᠯᠭ᠎ᠠ ᠳᠣᠷᠠᠳᠤᠭᠰᠠᠨ ᠪᠠᠶᠢᠨ᠎ᠠ᠃      ᠬᠤᠶᠠᠷ ᠲᠤ ᠵᠣᠪᠠᠭ᠋ᠤ ᠦᠬᠡᠢ ᠭᠤᠷᠪᠠ ᠶᠢ ᠪᠠᠲᠤᠯᠠᠬᠤ᠄ 2020 ᠣᠨ ᠪᠣᠯᠬᠤ ᠳᠤ᠂ ᠶᠠᠳᠠᠭᠤ ᠠᠴᠠ ᠲᠡᠳᠬᠦᠭᠳᠡᠬᠦ ᠡᠲᠡᠭᠡᠳ ᠢ ᠢᠳᠡᠬᠦ᠂ ᠡᠮᠦᠰᠬᠦ ᠳᠤ ᠵᠣᠪᠠᠭ᠋ᠤ ᠥᠬᠡᠶ ᠪᠠᠶᠢᠬᠤ ᠶᠢ ᠲᠤᠭᠲᠠᠭᠤᠨ ᠢᠶᠠᠷ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠣᠯᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃      ᠠᠵᠤ ᠠᠬᠤᠶ ᠶᠢᠨ ᠲᠠᠷᠢᠮᠠᠯ ᠢ ᠨᠡᠮᠡᠭᠳᠡᠭᠦᠯᠵᠦ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ᠂ ᠦᠬᠡᠷ ᠨᠡᠮᠡᠭᠳᠡᠭᠦᠯᠵᠦ ᠬᠤᠨᠢᠨ ᠤ ᠲᠤᠭ᠎ᠠ ᠶᠢ ᠲᠣᠭᠲᠠᠪᠤᠷᠢᠵᠢᠭᠤᠯᠤᠨ᠂ ᠭᠡᠷ ᠤᠨ ᠵᠢᠭᠦᠷᠲᠡᠨ ᠢ ᠨᠡᠮᠡᠭᠳᠡᠭᠦᠯᠵᠦ ᠭᠠᠭ᠋ᠠᠶ ᠶᠢᠨ ᠲᠤᠭ᠎ᠠ ᠶᠢ ᠲᠤᠭᠳᠠᠪᠤᠷᠢᠵᠢᠭᠤᠯᠬᠤ᠄ ᠠᠵᠤ ᠠᠬᠤᠶ ᠶᠢᠨ ᠲᠠᠷᠢᠮᠠᠯ ᠤᠨ ᠲᠠᠷᠢᠬᠤ ᠲᠠᠯᠠᠪᠠᠢ ᠶᠢ ᠨᠡᠮᠡᠭᠳᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠤᠭᠳᠠᠪᠤᠷᠢᠵᠢᠭᠤᠯᠬᠤ᠂ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠵᠦ᠂ ᠴᠢᠨᠠᠷ ᠰᠠᠶᠢᠲᠠᠶ ᠠᠯᠠᠰᠢᠨ ᠬᠤᠨᠢ ᠶᠢᠨ ᠲᠤᠭ᠎ᠠ ᠲᠣᠯᠣᠭᠠᠶ ᠶᠢ ᠲᠤᠭᠳᠠᠪᠤᠷᠢᠵᠢᠭᠤᠯᠬᠤ᠃ ᠭᠡᠷ ᠤᠨ ᠵᠢᠭᠦᠷᠲᠡᠨ ᠤ ᠲᠤᠭ᠎ᠠ ᠶᠢ ᠨᠡᠮᠡᠭᠳᠡᠭᠦᠯᠵᠦ᠂ ᠭᠠᠭ᠋ᠠᠶ ᠶᠢᠨ ᠲᠤᠭ᠎ᠠ ᠲᠣᠯᠣᠭᠠᠶ ᠶᠢ ᠲᠣᠭᠲᠠᠭᠤᠨ ᠪᠠᠶᠢᠯᠭᠠᠬᠤ᠃      ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠬᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠤᠨ ᠪᠦᠲᠦᠭᠡᠭᠳᠡᠬᠦᠨ ᠤ ᠶᠡᠷᠦᠩᠬᠡᠶ ᠨᠡᠷᠡᠶᠢᠳᠦᠯ ᠪᠣᠯᠤᠨ᠎ᠠ᠃      ᠨᠠᠢᠮᠠᠨ ᠨᠠᠷᠢᠨ ᠬᠠᠭᠤᠳᠠᠰᠤ᠄ ᠵᠠᠰᠠᠭ ᠵᠠᠬᠢᠷᠭᠠᠨ ᠤ ᠡᠷᠬᠡ ᠪᠠ ᠬᠠᠷᠢᠭᠤᠴᠠᠯᠭ᠎ᠠ ᠶᠢᠨ ᠵᠦᠢᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ᠂ ᠲᠣᠬᠢᠶᠠᠯᠳᠤᠭᠤᠯᠤᠨ ᠰᠤᠭᠤᠴᠢᠨ ᠪᠠᠶᠢᠴᠠᠭᠠᠬᠤ ᠵᠦᠢᠯ᠂ ᠭᠡᠷᠡᠴᠢᠯᠡᠬᠦ ᠵᠦᠢᠯ᠂ ᠵᠠᠭᠤᠴᠢᠯᠠᠬᠤ ᠦᠢᠯᠡᠴᠢᠯᠡᠭᠡᠨ ᠤ ᠵᠦᠢᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠵᠦᠢᠯ ᠵᠡᠷᠭᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠰᠠᠭᠤᠷᠢ ᠬᠠᠭᠤᠳᠠᠰᠤ᠃ ᠮᠠᠨ ᠤ ᠬᠤᠲᠠ ᠶᠢᠨ︾ ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠠᠭᠤᠯᠭ᠎ᠠ ᠮᠥᠨ᠃      ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠄ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠵᠡᠷᠭᠡ ︽ᠭᠤᠷᠪᠠᠨ ᠦᠨᠡᠮᠯᠡᠯ ᠢ ᠨᠢᠭᠡᠳᠬᠡᠬᠦ︾ ᠳᠡᠩᠰᠡᠯᠡᠯᠲᠡ ᠶᠢᠨ ᠲᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢᠨ ᠦᠨᠡᠮᠯᠡᠯ᠂ ᠪᠦᠷᠢᠳᠬᠡᠯ ᠤᠨ ᠳᠡᠩᠰᠡᠯᠡᠯᠲᠡ ᠶᠢᠨ ᠦᠨᠡᠮᠯᠡᠯ ᠵᠡᠷᠭᠡ ᠬᠤᠯᠪᠣᠭᠳᠠᠯ ᠪᠦᠬᠦᠢ ᠣᠯᠠᠨ ᠭᠡᠷᠡᠴᠢ ᠦᠨᠡᠮᠯᠡᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠶ ᠨᠢᠭᠡ ᠯᠡ ᠡᠵᠡᠩᠨᠡᠯᠲᠡ ᠶᠢᠨ ᠦᠨᠡᠮᠯᠡᠯ ᠣᠯᠭᠤᠯᠬᠤ ᠶᠢ ᠵᠢᠭᠠᠵᠤ ᠪᠠᠶᠢᠨ᠎ᠠ᠃      ᠳᠠᠷᠳᠠᠩ ᠵᠠᠮ᠄ ᠤᠯᠤᠰ ᠤᠨ ᠵᠠᠮ ᠤᠨ G306 ᠎ ᠶᠢᠨ ᠳᠦᠪ ᠬᠤᠲᠠ ᠲᠣᠭᠤᠷᠢᠭ ᠤᠨ ᠬᠡᠰᠡᠭ ᠤᠨ ᠵᠠᠮ ᠢ ᠳᠠᠷᠳᠠᠩ ᠵᠠᠮ ᠭᠡᠵᠦ ᠨᠡᠷᠡᠯᠡᠪᠡ᠃      ᠬᠤᠶᠠᠷ ᠠᠭᠤᠯᠠ ᠬᠤᠶᠠᠷ ᠬᠦᠷᠢᠶᠡᠯᠡᠩ᠄ ︽ᠬᠤᠶᠠᠷ ᠠᠭᠤᠯᠠ︾ ᠭᠡᠳᠡᠭ ᠪᠣᠯ ᠬᠤᠨᠭ᠍ᠱᠠᠨ ᠠᠭᠤᠯᠠ᠂ ᠡᠮᠦᠨ᠎ᠡ ᠠᠭᠤᠯᠠ᠃ ︽ᠬᠤᠶᠠᠷ ᠬᠦᠷᠢᠶᠡᠯᠡᠩ︾ ᠭᠡᠳᠡᠭ ᠨᠢ ᠬᠥᠭᠦᠷᠭᠡ ᠶᠢᠨ ᠬᠤᠶᠢᠲᠠᠶ ᠨᠠᠷᠠᠰᠤᠨ ᠣᠶ ᠶᠢᠨ ᠬᠦᠷᠢᠶᠡᠯᠡᠩ᠂ ᠬᠠᠶᠢᠯᠠᠷ ᠨᠠᠷᠠᠰᠤᠨ ᠣᠶ ᠶᠢᠨ ᠬᠦᠷᠢᠶᠡᠯᠡᠩ᠃ ᠪᠠᠭᠤᠷᠠᠢ ᠶᠢ ᠪᠦᠬᠦ ᠲᠠᠯ᠎ᠠ ᠪᠠᠷ ᠥᠭᠡᠷᠡᠴᠢᠯᠡᠬᠦ᠄ ᠲᠤᠬᠠᠶᠢᠯᠠᠪᠠᠯ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠪᠣᠯᠣᠨ᠎ᠠ᠃ 2014 ᠣᠨ ᠠᠴᠠ ᠡᠬᠢᠯᠡᠨ᠂ 3-5 ᠵᠢᠯ ᠴᠢᠷᠮᠠᠶᠢᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠲᠦᠬᠦᠭᠡᠷᠦᠮᠵᠢ ᠠᠮᠢᠳᠤᠷᠠᠯ ᠤᠨ ᠲᠦᠬᠦᠭᠡᠷᠦᠮᠵᠢ ᠤᠨ ᠦᠨᠳᠦᠰᠦᠨ ᠬᠡᠷᠡᠭᠴᠡᠭᠡ ᠶᠢ ᠬᠠᠩᠭᠠᠵᠤ᠂ ᠲᠣᠰᠬᠤᠨ ᠤ ᠪᠠᠭ᠎ᠠ ᠰᠤᠷᠭᠠᠭᠤᠯᠢ ᠪᠠ ᠵᠢᠭᠠᠨ ᠰᠤᠷᠭᠠᠬᠤ ᠴᠢᠭ ᠤᠨ ᠬᠡᠪ ᠤᠨ ᠠᠵᠢᠯᠯᠠᠭ᠎ᠠ ᠶᠢ ᠪᠠᠲᠤᠯᠠᠨ᠎ᠠ᠂ ᠰᠢᠶᠠᠨ ᠪᠠᠯᠭᠠᠰᠤᠨ ᠤ ᠠᠩᠭᠢ ᠪᠦᠷᠢ ᠶᠢᠨ ᠬᠥᠮᠦᠨ ᠤ ᠲᠤᠭ᠎ᠠ ᠭᠡᠳᠦ ᠶᠡᠭᠡ ᠪᠠᠶᠢᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠪᠠᠭᠰᠢ ᠶᠢᠨ ᠲᠣᠬᠢᠷᠠᠭᠤᠯᠤᠯᠲᠠ ᠶᠢ ᠤᠯᠠᠮ ᠵᠦᠶ ᠵᠣᠬᠢᠰᠲᠠᠶ ᠪᠣᠯᠭᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠳᠣᠷᠭᠤᠨ ᠵᠣᠭᠰᠣᠭᠰᠠᠨ ᠨᠣᠷᠮ᠎ᠠ ᠶᠢ 0.6 % ᠪᠠ 1.8% ᠳᠣᠣᠷ᠎ᠠ ᠬᠢᠵᠠᠭᠠᠷᠯᠠᠨ᠎ᠠ᠃      ᠬᠤᠷᠴᠠ ᠭᠢᠷᠠᠬᠠᠢ ᠢᠨᠵᠧᠨᠧᠷᠢᠩ᠄ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠣᠭᠤᠳᠬᠤ ᠲᠠᠪᠴᠠᠩ ᠪᠣᠯᠭᠠᠵᠤ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢ ᠪᠣᠯᠭᠠᠨ᠂ ᠰᠦᠯᠵᠢᠶᠡᠵᠢᠭᠰᠡᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠭᠯᠠᠭᠤᠷ ᠤᠨ ᠬᠢᠨᠠᠨ ᠡᠵᠡᠮᠳᠡᠬᠦ ᠰᠦᠯᠵᠢᠶᠡᠨ ᠤ ᠬᠡᠷᠡᠭᠯᠡᠯᠲᠡ ᠪᠠᠷ ᠭᠤᠣᠯᠳᠠᠯᠭ᠎ᠠ ᠪᠣᠯᠭᠠᠭᠰᠠᠨ ︽ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠢᠨᠵᠧᠨᠧᠷᠢᠩ︾ ᠪᠣᠯᠣᠨ᠎ᠠ᠂ ᠨᠡᠶᠢᠭᠡᠮ ᠢ ᠵᠠᠰᠠᠬᠤ ᠲᠠᠯ᠎ᠠ ᠪᠠᠷ ᠰᠢᠨ᠎ᠡ ᠶᠢ ᠡᠭᠦᠳᠬᠦ᠂ ᠬᠠᠮᠲᠤ ᠪᠠᠷ ᠡᠳ᠋ᠯᠡᠵᠦ ᠬᠠᠮᠲᠤ ᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠳᠡᠰ ᠳᠡᠪᠰᠢᠭᠦᠯᠬᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠳᠡᠰ ᠳᠡᠪᠰᠢᠭᠦᠯᠬᠦ ᠵᠡᠷᠭᠡ ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠳᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ᠄ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠲᠦᠷᠦᠯ ᠵᠦᠢᠯ ᠳᠤ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠰᠢᠲᠠᠭᠠᠯᠲᠠ ᠶᠢᠨ ᠬᠡᠢ ᠬᠠᠩᠭᠠᠬᠤ᠂ ᠢᠯᠴᠢ ᠬᠠᠩᠭᠠᠬᠤ᠂ ᠵᠠᠮ ᠨᠡᠪᠲᠡᠷᠡᠬᠦ᠂ ᠬᠤᠯᠪᠣᠭ᠎ᠠ ᠨᠡᠪᠲᠡᠷᠡᠬᠦ᠂ ᠬᠦᠷᠢᠶ᠎ᠡ ᠬᠠᠰᠢᠶ᠎ᠠ ᠲᠡᠭᠰᠢᠯᠡᠬᠦ ᠮᠡᠲᠦ ᠶᠢᠨ ᠭᠠᠳᠠᠭᠠᠳᠤ ᠰᠠᠭᠤᠷᠢ ᠨᠥᠬᠦᠴᠡᠯ ᠢ ᠪᠦᠷᠢᠳᠦᠭᠦᠯᠬᠦ ᠶᠢ ᠵᠢᠭᠠᠵᠤ ᠪᠠᠶᠢᠨ᠎ᠠ᠃      ᠳᠡᠳ᠋ ᠭᠠᠷᠠᠮ ᠬᠠᠪᠢᠳᠠᠭᠰᠠᠨ ᠠᠵᠤ ᠦᠢᠯᠡᠰ ᠤᠨ ᠲᠣᠭᠤᠷᠢᠭ᠄ ᠤᠯᠠᠭᠠᠨᠬᠠᠳᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠤᠭᠤᠷᠢᠭ ᠤᠨ ︽ᠨᠢᠭᠡ ᠲᠣᠭᠤᠷᠢᠭ ᠳᠦᠷᠪᠡᠨ ᠬᠦᠷᠢᠶᠡᠯᠡᠩ︾᠎ ᠤᠨ ᠮᠠ ᠯᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠶᠤᠸᠠᠨ ᠪᠦᠦ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠳᠦᠯᠦᠪᠵᠢᠬᠦᠯᠦᠨ᠂ ᠶᠡᠷᠦᠩᠬᠡᠶ ᠲᠠᠯᠠᠪᠠᠢ ᠨᠢ 64 ᠲᠡᠭᠰᠢ ᠳᠥᠷᠪᠡᠯᠵᠢᠨ ᠺᠢᠯᠣᠮᠧᠲᠷ᠂ ᠡᠷᠬᠢᠨ ᠲᠣᠭᠤᠷᠢᠨ ᠤ ᠭᠠᠷᠠᠮ ᠤᠨ ᠬᠤᠲᠠᠳ ᠤᠨ ᠳᠠᠯᠠᠢ ᠶᠢᠨ ᠲᠡᠭᠡᠭᠡᠪᠦᠷᠢ ᠶᠢᠨ ᠡᠬᠢ ᠪᠠᠶᠠᠯᠢᠭ ᠢ ᠵᠠᠰᠠᠮᠠᠯ ᠵᠠᠮ ᠲᠡᠮᠦᠷ ᠵᠠᠮ ᠤᠨ ᠲᠡᠭᠡᠭᠡᠪᠦᠷᠢ ᠪᠠᠷ ᠭᠠᠷᠠᠮ ᠬᠠᠪᠢᠳᠠᠭᠰᠠᠨ ᠠᠵᠤ ᠦᠢᠯᠡᠰ ᠤᠨ ᠲᠤᠭᠤᠷᠢᠭ ᠲᠤ ᠲᠡᠭᠡᠭᠡᠪᠦᠷᠢᠯᠡᠨ ᠠᠪᠴᠢᠷᠠᠵᠤ ᠡᠳ᠋ᠰᠢᠭᠦᠯᠬᠦ᠂ ᠤᠯᠠᠷᠢᠭᠤᠯᠬᠤ᠂ ᠠᠰᠢᠭᠯᠠᠬᠤ ᠶᠢ ᠬᠡᠯᠡᠵᠦ ᠪᠠᠶᠢᠨ᠎ᠠ᠂ ᠭᠤᠣᠯᠳᠠᠭᠤ ᠥᠩᠭᠡᠲᠦ ᠲᠡᠮᠦᠷᠯᠢᠭ ᠬᠠᠶᠢᠯᠤᠭᠤᠯᠵᠤ ᠡᠳ᠋ᠰᠢᠭᠦᠯᠬᠦ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠬᠦ᠂ ᠮᠠᠰᠢᠨ ᠲᠥᠬᠦᠭᠡᠷᠦᠮᠵᠢ ᠦᠢᠯᠡᠳᠬᠦ ᠦᠢᠯᠡᠰ ᠵᠡᠷᠭᠡ ᠬᠤᠯᠪᠣᠭᠳᠠᠯ ᠪᠦᠬᠦᠢ ᠠᠵᠤ ᠦᠢᠯᠡᠰ ᠢ ᠬᠥᠭᠵᠢᠭᠦᠯᠬᠦ ᠶᠢ ᠵᠢᠭᠠᠵᠤ ᠪᠠᠶᠢᠨ᠎ᠠ᠃      ᠵᠢᠷᠭᠤᠭᠠᠨ ᠵᠢᠭᠤᠯᠴᠢᠯᠠᠯ ᠤᠨ ᠨᠡᠷᠡᠲᠦ ᠦᠵᠡᠮᠵᠢ᠄ ᠬᠡᠰᠢᠭᠲᠡᠨ ᠬᠤᠰᠢᠭᠤ ᠪᠠᠷ ᠭᠤᠣᠯ ᠪᠣᠯᠭᠠᠭᠰᠠᠨ ᠲᠠᠯ᠎ᠠ ᠨᠤᠲᠤᠭ ᠤᠨ ᠥᠩᠭᠡ ᠦᠵᠡᠮᠵᠢ ᠶᠢᠨ ᠵᠢᠭᠤᠯᠴᠢᠯᠠᠯ ᠂ ᠪᠠᠭᠠᠷᠢᠨ ᠵᠡᠭᠦᠨ ᠬᠤᠰᠢᠭᠤ ᠪᠠᠷ ᠭᠤᠣᠯ ᠪᠣᠯᠭᠠᠭᠰᠠᠨ ᠬᠢᠳᠠᠨ ᠤ ᠯᠢᠶᠣᠤ ᠤᠯᠤᠰ ᠤᠨ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠣᠩᠨᠢᠭᠤᠳ ᠬᠤᠰᠢᠭᠤ ᠪᠠᠷ ᠭᠤᠣᠯ ᠪᠣᠯᠭᠠᠭᠰᠠᠨ ᠡᠯᠡᠰᠦ ᠮᠠᠩᠬᠠᠨ ᠥᠩᠭᠡ ᠦᠵᠡᠮᠵᠢ ᠪᠠ ᠲᠦᠢᠯᠰᠢᠷᠠᠯ ᠤᠨ ᠪᠡᠶ᠎ᠡ ᠲᠠᠮᠢᠷ ᠤᠨ ᠵᠢᠭᠤᠯᠴᠢᠯᠠᠯ᠂ ᠨᠢᠩᠴᠧᠩ ᠰᠢᠶᠠᠨ ᠬᠢᠭᠡᠳ ᠬᠠᠷᠠᠴᠢᠨ ᠬᠤᠰᠢᠭᠤ ᠪᠠᠷ ᠭᠤᠣᠯ ᠪᠣᠯᠭᠠᠭᠰᠠᠨ ᠰᠡᠯᠡᠭᠦᠴᠡᠵᠦ ᠠᠮᠠᠷᠠᠨ ᠵᠤᠭᠠᠴᠠᠬᠤ ᠵᠢᠭᠤᠯᠴᠢᠯᠠᠯ᠂ ᠭᠤᠣᠯ ᠬᠤᠳᠠ ᠶᠢᠨ ᠲᠣᠭᠤᠷᠢᠭ ᠢᠶᠠᠷ ᠭᠤᠣᠯ ᠪᠣᠯᠭᠠᠭᠰᠠᠨ ᠤᠢᠢᠷ᠎ᠠ ᠲᠡᠭᠦᠷᠭᠡ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠠᠤᠬᠠᠨ ᠬᠤᠰᠢᠭᠤ ᠪᠠᠷ ᠭᠤᠣᠯ ᠪᠣᠯᠭᠠᠭᠰᠠᠨ ᠪᠠᠯᠠᠷ ᠡᠷᠲᠡᠨ ᠤ ᠰᠣᠶᠣᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠵᠢᠷᠭᠤᠭᠠᠨ ᠵᠢᠭᠤᠯᠴᠢᠯᠠᠯ ᠤᠨ ᠨᠡᠷᠡᠲᠦ ᠦᠵᠡᠮᠵᠢ᠃      ᠬᠥᠳᠡᠭᠡ ᠲᠣᠰᠬᠤᠨ ᠤ ᠵᠠᠰᠠᠮᠠᠯ ᠵᠠᠮ ᠤᠨ ᠲᠦᠷᠪᠡᠨ ᠰᠠᠶᠢᠲᠤᠷ᠄ ᠶᠡᠷᠦᠩᠬᠡᠢ ᠱᠦᠵᠢ ᠰᠢ ᠶᠢᠨ ᠫᠢᠩ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠢ ᠭᠠᠴᠠᠭ᠎ᠠ ᠪᠠᠯᠭᠠᠰᠤᠨ ᠤ ᠪᠠᠶᠢᠷᠢᠰᠢᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠠ ᠥᠷᠭᠡᠨ ᠤᠯᠠᠨ ᠲᠠᠷᠢᠶᠠᠴᠢᠳ ᠤᠨ ᠠᠮᠤᠷ ᠲᠦᠪᠰᠢᠨ ᠪᠥᠭᠡᠳ ᠶᠠᠪᠤᠵᠤ ᠰᠠᠭᠤᠬᠤ ᠳᠤ ᠳᠥᠭᠦᠮ ᠪᠠᠶᠢᠬᠤ ᠳᠤ ᠵᠣᠬᠢᠴᠠᠬᠤ ᠬᠡᠷᠡᠭᠲᠡᠢ᠂ ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠵᠦ᠂ ᠬᠥᠳᠡᠭᠡ ᠲᠣᠰᠬᠤᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠪᠣᠭᠤᠮᠢ ᠶᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠭᠠᠵᠠᠷ ᠰᠢᠷᠣᠶ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ᠄ ᠬᠥᠳᠡᠭᠡ ᠲᠣᠰᠬᠤᠨ ᠮᠠᠯᠵᠢᠬᠤ ᠤᠷᠤᠨ ᠤ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ ᠂ ᠲᠠᠷᠢᠶᠠᠴᠢᠨ ᠮᠠᠯᠴᠢᠨ ᠡᠷᠦᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠰᠢᠯᠵᠢᠭᠦᠯᠬᠦ ᠡᠷᠬᠡ ᠶᠢ ᠰᠠᠯᠭᠠᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠡᠷᠬᠡ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠶ ᠪᠠᠷ ᠠᠰᠢᠭᠯᠠᠬᠤ᠃      ᠤᠯᠠᠭᠠᠨᠬᠠᠳᠠ ᠨᠤᠲᠤᠭᠲᠠᠨ ᠤ ᠲᠦᠷᠦᠭᠦᠴᠦᠳ ᠤᠨ ᠬᠤᠷᠠᠯ᠄ ᠪᠣᠰᠣᠳ ᠭᠠᠵᠠᠷ ᠪᠠᠶᠢᠭ᠎ᠠ ᠤᠯᠠᠭᠠᠨᠬᠠᠳᠠ ᠨᠤᠲᠤᠭ ᠲᠠᠢ ᠰᠣᠳᠣ ᠬᠥᠮᠦᠰ ᠤᠨ ᠳᠡᠭᠡᠳᠦ ᠳᠡᠰ ᠤᠨ ᠶᠠᠷᠢᠶᠠᠨ ᠤ ᠲᠠᠪᠴᠠᠩ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠨᠤᠲᠤᠭ ᠤᠨ ᠰᠡᠳᠬᠢᠯᠭᠡ ᠪᠠᠷ ᠬᠤᠯᠪᠣᠭᠠᠰᠤ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠵᠠᠯᠠᠵᠤ ᠣᠶᠣᠨ ᠮᠡᠳᠡᠯᠭᠡ ᠤᠷᠤᠭᠤᠯᠬᠤ ᠰᠢᠨ᠎ᠡ ᠬᠡᠪ ᠵᠠᠭᠪᠤᠷ ᠮᠥᠨ᠃ 2018 ᠣᠨ ᠤ 8 ᠰᠠᠷ᠎ᠠ ᠳᠤ ︽ᠤᠯᠠᠭᠠᠨᠬᠠᠳᠠ ᠨᠤᠲᠤᠭᠲᠠᠨ ᠤ ᠲᠦᠷᠦᠭᠦᠴᠦᠳ ᠤᠨ ᠬᠤᠷᠠᠯ — ᠠᠩᠬᠠᠳᠤᠭᠠᠷ ᠬᠤᠭᠤᠴᠠᠭᠠᠨ ᠤ ᠬᠤᠯᠠ ᠤᠢᠢᠷ᠎ᠠ ᠶᠢᠨ ᠤᠯᠠᠭᠠᠨᠬᠠᠳᠠ ᠶᠢᠨ ᠬᠥᠮᠥᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠡᠭᠡ ᠬᠤᠷᠠᠯ︾ ᠤᠯᠠᠭᠠᠨᠬᠠᠳᠠ ᠳᠤ ᠬᠤᠷᠠᠯᠳᠤᠪᠠ᠃      ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ᠄ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠢᠯᠡᠳᠪᠦᠷᠢᠯᠡᠯ ᠤᠨ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠠᠵᠤ ᠦᠢᠯᠡᠳᠪᠦᠷᠢ ᠶᠢᠨ ᠬᠡᠷ ᠪᠠᠶᠢᠰᠢᠩ᠃      ᠭᠤᠷᠪᠠᠨ ᠬᠥᠮᠥᠷᠭᠡ ᠨᠢᠭᠡ ᠺᠠᠷᠲ᠄ ᠪᠦᠬᠦ ᠬᠤᠲᠠ ᠶᠢᠨ ᠠᠷᠠᠳ ᠨᠡᠶᠢᠲᠡ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠢᠯᠡ ᠲᠠᠪᠴᠠᠩ ᠳᠤ ᠨᠢᠭᠡᠳᠦᠯᠲᠡᠶ ᠪᠠᠶᠢᠭᠤᠯᠤᠭᠰᠠᠨ ᠪᠦᠬᠦ ᠬᠤᠳᠠ ᠶᠢᠨ ᠡᠪᠡᠳᠴᠢᠲᠡᠨ ᠤ ᠴᠠᠬᠢᠮ ᠬᠥᠮᠥᠷᠭᠡ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠴᠠᠬᠢᠮ ᠬᠥᠮᠥᠷᠭᠡ᠂ ᠪᠦᠬᠦ ᠬᠥᠮᠦᠨ ᠠᠮᠠ ᠶᠢᠨ ᠮᠡᠳᠡᠭᠡ ᠵᠠᠩᠭᠢ ᠶᠢᠨ ᠴᠠᠬᠢᠮ ᠬᠥᠮᠥᠷᠭᠡ᠃ ᠨᠢᠭᠡᠳᠦᠯᠲᠡᠶ ᠪᠦᠳᠦᠬᠡᠨ ᠪᠠᠶᠢᠭᠤᠯᠤᠭᠰᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ᠃      ᠠᠶᠤᠯ ᠥᠬᠡᠶ ᠦᠢᠯᠡᠳᠪᠦᠷᠢᠯᠡᠯ ᠢ ︽ᠲᠤᠯᠤᠭ᠎ᠠ ᠳᠤ ᠣᠷᠣᠭᠤᠯᠬᠤ︾᠄ ᠠᠶᠤᠯ ᠥᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠠᠵᠤ ᠠᠬᠤᠶᠢᠯᠠᠯ᠂ ᠰᠤᠷᠭᠠᠭᠤᠯᠢ᠂ ᠪᠠᠶᠢᠭᠤᠯᠭ᠎ᠠ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠬᠡᠷ ᠪᠦᠯᠢ᠂ ᠣᠯᠠᠨ ᠨᠡᠶᠢᠲᠡ ᠶᠢᠨ ᠲᠠᠯᠠᠪᠤᠷ ᠲᠤ ᠤᠷᠤᠭᠤᠯᠬᠤ᠃      ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ᠄ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤᠮᠳᠠ᠂ ᠪᠠᠶᠢᠴᠠᠭᠠᠬᠤ ᠡᠲᠡᠭᠡᠳ ᠢᠶᠠᠨ ᠰᠤᠭᠤᠴᠢᠨ ᠲᠤᠭᠲᠠᠭᠠᠵᠤ᠂ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯᠳᠠᠨ ᠢᠶᠠᠨ ᠰᠤᠭᠤᠴᠢᠨ ᠲᠤᠭᠲᠠᠭᠠᠵᠤ ᠲᠤᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠬᠦ᠃      ᠬᠤᠶᠠᠷ ᠢ ᠬᠠᠮᠠᠭᠠᠯᠠᠬᠤ᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ ᠪᠠᠶᠢᠷᠢ ᠰᠠᠭᠤᠷᠢ ᠪᠠ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠪᠣᠯᠤᠨ᠎ᠠ᠃      ᠲᠠᠪᠤ ᠶᠢ ᠳᠤᠮᠤᠵᠢᠭᠤᠯᠤᠭᠰᠠᠨ᠄ ᠬᠤᠳᠠ ᠶᠢᠨ ᠨᠠᠮ ᠤᠨ ᠬᠤᠷᠢᠶ᠎ᠠ ᠠᠴᠠ ᠤᠯᠠᠭᠠᠨᠬᠠᠳᠠ ᠬᠤᠳᠠ ᠨᠢ ᠥᠪᠡᠷᠲᠡᠭᠡᠨ ᠵᠠᠰᠠᠬᠤ ᠣᠷᠣᠨ ᠤ ᠶᠡᠭᠡ ᠬᠤᠲᠠ ᠪᠣᠯᠬᠤ ᠰᠢᠨ᠎ᠡ ᠪᠠᠶᠢᠷᠢᠰᠢᠭᠤᠯᠤᠯ ᠳᠤ ᠰᠠᠭᠤᠷᠢᠯᠠᠨ᠂ 1 ᠳ᠋ᠦ᠋ᠭᠡᠷ ᠰᠠᠷ᠎ᠠ ᠶᠢᠨ 7᠎ ᠤ ᠡᠳᠦᠷ ᠬᠤᠷᠠᠯᠳᠤᠭᠰᠠᠨ᠂ ᠬᠤᠳᠠ ᠶᠢᠨ ᠨᠠᠮ ᠤᠨ ᠬᠤᠷᠢᠶ᠎ᠠ ᠶᠢᠨ ᠳᠣᠯᠣᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠳᠡᠭᠡᠷ᠎ᠡ᠂ ᠠᠵᠤ ᠠᠬᠤᠶ ᠶᠢᠨ ᠲᠣᠮᠣ ᠬᠤᠲᠠ᠂ ᠰᠣᠶᠣᠯ ᠢᠷᠭᠡᠨᠰᠢᠯ ᠤᠨ ᠲᠤᠮᠤ ᠬᠤᠳᠡ᠂ ᠪᠣᠬᠢᠷᠲᠤᠯ ᠦᠭᠡᠢ ᠲᠤᠮᠤ ᠬᠤᠳᠡ᠂ ᠭᠠᠳᠠᠭᠰᠢ ᠨᠡᠭᠡᠭᠡᠯᠳᠡ ᠶᠢᠨ ᠲᠤᠮᠤ ᠬᠤᠳᠠ᠂ ᠡᠶ᠎ᠡ ᠵᠣᠬᠢᠴᠠᠯ ᠲᠠᠢ ᠲᠣᠮᠣ ᠬᠤᠲᠠ ᠶᠢ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠷᠠᠳᠤᠨ ᠭᠠᠷᠭᠠᠵᠠᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ