ᠬᠤᠶᠠᠷ᠂ 2019 ᠣᠨ ᠤ ᠠᠵᠢᠯ ᠤᠨ ᠭᠤᠣᠯᠳᠠᠯᠭ᠎ᠠ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠢᠯᠠᠯᠲᠠ ᠶᠢ ᠤᠯᠬᠤ᠂ ᠨᠢᠭᠡᠳᠦᠭᠡᠷ ᠵᠠᠭᠤᠨ ᠵᠢᠯ ᠤᠨ ᠬᠠᠷᠠᠯᠲᠠ ᠪᠠᠨ ᠪᠡᠶᠡᠯᠡᠭᠦᠯᠬᠦ ᠵᠠᠩᠬᠢᠯᠠᠭ᠎ᠠ ᠶᠢᠨ ᠨᠢᠭᠡ ᠵᠢᠯ ᠪᠣᠯᠣᠨ᠎ᠠ᠂ ᠡᠨᠡ ᠵᠢᠯ ᠤᠨ ᠠᠵᠢᠯ ᠢᠶᠠᠨ ᠰᠠᠶᠢᠳᠤᠷ | ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ᠂ ᠭᠦᠨ ᠭᠦᠨᠵᠡᠭᠡᠢ ᠨᠥᠯᠥᠭᠡ ᠲᠠᠢ ᠶᠤᠮ᠃ | 2019 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ | ᠲᠤᠬᠠᠢ ︽ᠳᠥᠷᠪᠡ ᠶᠢ ᠬᠦᠴᠦᠯᠡᠨ ᠠᠳᠬᠤᠵᠤ᠂ ᠭᠤᠷᠪᠠ ᠶᠢ ᠯᠠᠪᠳᠠᠭᠤᠨ ᠠᠳᠬᠤᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠲᠥᠪ ᠤᠨ ᠠᠵᠤ ᠠᠬᠤᠢ ᠶᠢᠨ | ᠬᠤᠷᠠᠯᠳᠤᠭᠠᠨ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠳᠤᠭᠳᠠᠭᠤᠨ ᠢᠶᠠᠷ ᠤᠷᠤᠭᠰᠢᠯᠠᠬᠤ ᠶᠡᠷᠦᠩᠬᠡᠢ | ᠦᠨᠳᠤᠰᠤᠨ ᠬᠦᠭ ᠠᠶᠢᠵᠠᠮ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠳᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠳᠠᠯᠠᠵᠤ᠂ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ | ᠳᠡᠭᠡᠳᠦ ᠬᠢᠷᠢ ᠲᠦᠪᠰᠢᠨ ᠪᠠᠷ ᠴᠢᠯᠦᠭᠡᠲᠡᠢ ᠪᠣᠯᠭᠠᠬᠤ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠦᠲᠦᠭᠡᠨ ᠪᠠᠶᠢᠭᠤᠯᠵᠤ᠂ | ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠵᠦ᠂ ᠪᠢᠴᠢᠯ ᠭᠤᠣᠯ ᠴᠣᠭᠴᠠ ᠶᠢᠨ ᠠᠮᠢᠵᠢᠷᠡᠯ ᠤᠨ ᠬᠦᠴᠦᠨ ᠢ ᠬᠦᠴᠦᠯᠡᠨ | ᠬᠥᠭᠵᠢᠭᠡᠵᠦ᠂ ︽ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠢ ᠬᠠᠷᠠᠭᠠᠯᠵᠠᠬᠤ᠂ | ᠲᠥᠭᠰᠢᠭᠦᠷᠢ ᠶᠢ ᠰᠡᠷᠭᠡᠶᠢᠯᠡᠬᠦ︾ ᠠᠵᠢᠯ ᠢ ᠨᠢᠭᠡᠳᠦᠨᠯᠲᠠᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠲᠣᠮᠣ ᠬᠤᠲᠠ᠂ ᠬᠥᠮᠥᠨ ᠰᠣᠶᠣᠯ ᠤᠨ ᠲᠣᠮᠣ | ᠬᠤᠲᠠ᠂ ᠪᠣᠬᠢᠷᠳᠤᠯ ᠦᠭᠡᠢ ᠲᠣᠮᠣ ᠬᠤᠲᠠ᠂ ᠨᠡᠭᠡᠭᠡᠯᠲᠡ ᠲᠠᠢ ᠲᠣᠮᠣ ᠬᠤᠲᠠ᠂ ᠡᠶ᠎ᠡ ᠵᠣᠬᠢᠴᠠᠯᠲᠠᠢ ᠲᠣᠮᠣ ᠬᠤᠲᠠ ᠶᠢ ᠪᠦᠲᠦᠭᠡᠨ ᠪᠠᠶᠢᠭᠤᠯᠬᠤ ᠲᠠᠯ᠎ᠠ ᠪᠠᠷ | ᠯᠠᠪᠳᠠᠭᠤᠨ ᠪᠠᠳᠤᠳᠠᠢ ᠡᠬᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠲᠠᠯᠪᠢᠵᠤ᠂ ᠰᠢᠯᠢᠳᠡᠭ | ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠪᠣᠯᠣᠨ᠎ᠠ᠃ | ᠡᠨᠡ ᠵᠢᠯ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠤᠷᠤᠨ ᠨᠤᠳᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 6% ᠣᠷᠴᠢᠮ | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 11% ᠣᠷᠴᠢᠮ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠲᠠᠸᠠᠷ ᠤᠨ ᠰᠤᠯᠠ ᠬᠤᠳᠠᠯᠳᠤᠭᠰᠠᠨ ᠶᠡᠷᠦᠩᠬᠡᠢ ᠨᠣᠷᠮ᠎ᠠ ᠶᠢ 7.5% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠪᠦᠷᠢ ᠶᠢᠨ ᠲᠡᠭᠰᠢᠳᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ ᠶᠢ ᠲᠤᠰᠪᠦᠷᠢ 7.5% ᠪᠠ 9% ᠤᠷᠴᠢᠮ ᠨᠡᠮᠡᠭᠳᠡᠭᠦᠯᠵᠦ᠂ ᠤᠯᠤᠰ ᠪᠠ ᠥᠪᠡᠷᠲᠡᠭᠡᠨ | ᠵᠠᠰᠠᠬᠤ ᠣᠷᠣᠨ ᠠᠴᠠ ᠪᠠᠭᠤᠯᠭᠠᠭᠰᠠᠨ ᠪᠤᠰᠤᠳ ᠬᠢᠵᠠᠭᠠᠷᠯᠠᠬᠤ ᠴᠢᠨᠠᠷᠲᠠᠢ ᠵᠢᠭᠠᠯᠳᠠ ᠲᠤᠭ᠎ᠠ ᠶᠢ ᠪᠡᠶᠡᠯᠡᠭᠦᠯᠦᠨ᠎ᠡ᠃ | ᠡᠳᠡᠭᠡᠷ ᠬᠠᠷᠠᠯᠲᠠ ᠶᠢ ᠲᠣᠭᠲᠠᠭᠠᠭᠰᠠᠨ ᠨᠢ᠂ ᠭᠤᠣᠯᠳᠠᠭᠤ ᠤᠯᠠᠭᠠᠨᠬᠠᠳᠠ ᠬᠤᠲᠠ ᠨᠢ ︽ᠥᠪᠡᠷᠲᠡᠭᠡᠨ ᠵᠠᠰᠠᠬᠤ ᠣᠷᠣᠨ ᠤ ᠲᠣᠮᠣ ᠬᠤᠲᠠ︾ ᠪᠠ ︽ᠥᠪᠥᠷ | ᠮᠣᠩᠭᠤᠯ ᠤᠨ ᠵᠡᠭᠦᠨ ᠬᠡᠰᠡᠭ ᠤᠨ ᠳᠠᠭᠠᠭᠤᠯᠤᠭᠴᠢ︾ ᠪᠣᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠠᠴᠠ ᠡᠭᠦᠰᠴᠦ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯᠳᠤᠭᠠᠨ ᠤ ᠴᠢᠨᠠᠷ ᠰᠠᠶᠢᠲᠠᠢ ᠬᠥᠭᠵᠢᠯᠳᠠ ᠪᠠ ᠲᠣᠭᠲᠠᠭᠤᠨ ᠮᠥᠷᠲᠡᠭᠡᠨ ᠳᠠᠪᠰᠢᠯᠲᠠ ᠲᠠᠢ ᠪᠠᠶᠢᠬᠤ ᠶᠢ ᠪᠠᠷᠢᠮᠲᠠᠯᠠᠬᠤ ᠱᠠᠭᠠᠷᠳᠠᠯᠭ᠎ᠠ ᠶᠢ ᠢᠯᠡᠷᠡᠭᠦᠯᠵᠦ | ᠂ ᠪᠠᠰᠠ ᠪᠦᠬᠦ ᠬᠤᠲᠠ ᠶᠢᠨ ᠬᠥᠭᠵᠢᠯᠲᠡ ᠶᠢᠨ ᠪᠣᠳᠠᠳᠠᠢ ᠪᠠᠶᠢᠳᠠᠯ ᠪᠠ ᠳᠠᠪᠠᠯᠳᠠ ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢ | ᠪᠣᠳᠤᠯᠬᠢᠯᠠᠵᠤ᠂ ᠪᠣᠰᠤᠳᠴᠢ ᠱᠠᠭᠠᠷᠳᠠᠯᠭ᠎ᠠ ᠪᠠ ᠪᠣᠳᠠᠲᠤ ᠪᠣᠯᠤᠮᠵᠢ ᠶᠢ ᠵᠡᠷᠭᠡ ᠳᠤᠨᠢ ᠪᠣᠳᠤᠯᠬᠢᠯᠠᠵᠤ᠂ ︽ᠦᠰᠦᠷᠴᠦ ᠪᠠᠶᠢᠭᠠᠳ ᠲᠣᠭᠤᠷ ᠲᠡᠭᠦᠬᠦ︾ ᠦᠷ᠎ᠡ | ᠪᠦᠲᠦᠮᠵᠢ ᠣᠯᠬᠤ ᠪᠠᠷ ᠴᠢᠷᠮᠠᠶᠢᠬᠤ ᠪᠣᠯᠣᠨ᠎ᠠ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠡᠨᠡ ᠵᠢᠯ ᠭᠤᠣᠯᠳᠠᠭᠤ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠬᠢᠨ᠎ᠡ᠄ | ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠯᠠᠪᠳᠠᠭᠤᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠠᠭᠤᠷᠢ ᠶᠢ ᠪᠠᠲᠤ ᠲᠠᠯᠪᠢᠨ᠎ᠠ | ᠬᠦᠨᠳᠦ ᠶᠡᠭᠡ ᠲᠥᠭᠰᠢᠭᠦᠷᠢ ᠶᠢ ᠰᠡᠷᠭᠡᠶᠢᠯᠡᠨ ᠨᠠᠮᠳᠠᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠵᠤ ᠱᠠᠲᠤᠴᠢ ᠴᠢᠨᠠᠷᠲᠠᠢ ᠦᠷ᠎ᠡ ᠪᠦᠲᠦᠮᠵᠢ | ᠤᠯᠤᠨ᠎ᠠ᠃ ᠲᠥᠪ ᠬᠤᠷᠢᠶᠠᠨ ᠤ ︽ᠡᠷᠡᠰ ᠲᠠᠰᠤᠷᠬᠠᠢ᠂ ᠡᠵᠡᠮᠳᠡᠯ ᠲᠠᠢ᠂ ᠡᠮᠬᠢ ᠲᠢᠭᠯᠢᠮ ᠲᠠᠢ᠂ ᠵᠤᠬᠢᠬᠤ ᠬᠡᠮᠵᠢᠶ᠎ᠡ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ | ᠨᠡᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠨ ᠮᠠᠭᠠᠳᠯᠠᠬᠤ᠂ ᠰᠡᠷᠡᠮᠵᠢᠯᠡᠬᠦ ᠪᠠ ᠬᠢᠨᠠᠨ ᠬᠠᠮᠢᠶᠠᠷᠬᠤ ᠶᠢ | ᠴᠢᠩᠭᠠᠳᠬᠠᠵᠤ᠂ ᠤᠯᠤᠰ ᠤᠨ ᠥᠮᠴᠢᠯᠡᠯᠲᠦ ᠪᠡᠯᠡ ᠣᠷᠤᠭᠤᠯᠬᠤ ᠬᠤᠷᠠᠮᠳᠤᠭᠤᠯᠬᠤ ᠲᠠᠪᠴᠠᠩ ᠢ ᠵᠢᠷᠤᠮᠵᠢᠭᠤᠯᠵᠤ᠂ ᠲᠥᠯᠥᠪᠯᠡᠭᠰᠡᠨ ᠠᠬᠢᠴᠠ ᠶᠣᠰᠤᠭᠠᠷ ᠵᠠᠰᠠᠭ ᠤᠨ | ᠣᠷᠳᠣᠨ ᠤ ᠥᠷᠢ ᠥᠭᠴᠡᠭᠡ ᠶᠢ ᠨᠠᠮᠳᠠᠭᠠᠬᠤ ᠡᠭᠦᠷᠭᠡ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠰᠢᠨ᠎ᠡ ᠪᠠᠷ ᠨᠡᠮᠡᠭᠳᠡᠬᠦ ᠶᠢ | ᠴᠢᠩᠭ᠎ᠠ ᠬᠢᠵᠠᠭᠠᠷᠯᠠᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠬᠡᠮᠵᠢᠶ᠎ᠡ ᠪᠠᠷ ᠳᠠᠮᠵᠢᠨ ᠭᠠᠵᠠᠷ ᠰᠢᠷᠣᠢ᠂ ᠪᠡᠯᠡ ᠬᠥᠷᠥᠩᠭᠡ᠂ ᠰᠲ᠋ᠣᠺ ᠤᠨ ᠡᠷᠬᠡ ᠵᠡᠷᠭᠡ ᠡᠬᠢ ᠪᠠᠶᠠᠯᠢᠭ ᠢ | ᠵᠣᠬᠢᠰᠲᠠᠢ ᠨᠡᠭᠡᠭᠡᠨ ᠠᠰᠢᠭᠯᠠᠵᠤ᠂ ᠤᠯᠤᠰ ᠠᠴᠠ ︽ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠲᠥᠷᠦᠯ ᠤᠨ ᠵᠣᠭᠤᠰᠤᠨ ᠲᠡᠮᠳᠡᠭᠲᠦ ᠶᠢᠨ | ᠬᠡᠪᠴᠢᠶ᠎ᠡ ᠶᠢ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠭᠦᠯᠬᠦ︾ ᠠᠰᠢᠭᠲᠠᠢ ᠲᠣᠬᠢᠶᠠᠯ ᠢ ᠡᠵᠡᠮᠳᠡᠨ᠂ ᠵᠠᠰᠠᠭ ᠤᠨ ᠣᠷᠳᠣᠨ ᠤ ᠦᠯᠡᠳᠡᠭᠳᠡᠯ ᠥᠷᠢ ᠥᠭᠴᠡᠭᠡ ᠶᠢ | ᠰᠣᠯᠢᠬᠤ ᠪᠠ ᠨᠠᠮᠳᠠᠭᠠᠬᠤ ᠠᠬᠢᠴᠠ ᠶᠢ ᠲᠥᠷᠭᠡᠳᠬᠡᠵᠦ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠥᠷᠢ ᠥᠭᠴᠡᠭᠡ ᠶᠢ 110 ᠳ᠋ᠦᠩᠰᠢᠭᠤᠷ ᠲᠥᠭᠦᠷᠢᠭ ᠠᠴᠠ | ᠳᠡᠭᠡᠭᠰᠢ ᠨᠠᠮᠳᠠᠭᠠᠨ᠂ ︽ᠠᠷᠪᠠ ᠶᠢ ᠪᠦᠷᠬᠦᠭᠦᠯᠬᠦ︾ ᠶᠢ ᠥᠷᠬᠦᠯᠵᠢᠯᠡᠭᠦᠯᠬᠦ ᠢᠨᠵᠧᠨᠧᠷᠢᠩ ᠤᠨ ᠥᠷᠢᠳᠦᠭᠰᠡᠨ ᠪᠠᠷᠢᠯᠭ᠎ᠠ ᠶᠢᠨ ᠵᠣᠭᠤᠰ ᠢ ᠪᠦᠬᠦᠨ ᠢ ᠳᠡᠭ ᠪᠤᠯᠭᠠᠨ᠎ᠡ᠃ | ︽ᠲᠦᠭᠰᠢᠭᠦᠷᠢ ᠶᠢ ᠰᠢᠢᠳᠪᠦᠷᠢᠯᠡᠬᠦ ᠲᠦᠭᠰᠢᠭᠦᠷᠢ︾ ᠶᠢ ᠠᠩᠬᠠᠷᠤᠨ ᠰᠡᠷᠡᠮᠵᠢᠯᠡᠨᠠ᠃ ᠣᠷᠣᠨ ᠨᠤᠳᠤᠭ ᠤᠨ ᠮᠥᠩᠭᠦᠨ ᠭᠦᠢᠯᠭᠡᠭᠡᠨ ᠤ ᠬᠢᠨᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠭᠤᠣᠯᠳᠠᠯᠭᠠᠲᠠᠢ ᠬᠦᠷᠢᠶ᠎ᠡ ᠬᠡᠪᠴᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ | ᠡᠵᠡᠮᠳᠡᠵᠦ ᠰᠢᠢᠳᠪᠦᠷᠢᠯᠡᠬᠦ ᠶᠢ ᠰᠠᠶᠢᠲᠤᠷ ᠬᠢᠵᠦ᠂ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭᠠᠨ ᠪᠠ ᠵᠣᠷᠢᠭᠤᠳᠠ ᠥᠷᠢ ᠠᠴᠠ ᠪᠠᠨ | ᠵᠠᠶᠢᠯᠠᠵᠤ ᠲᠠᠶᠠᠭᠳᠠᠬᠤ ᠦᠢᠯᠡ ᠠᠵᠢᠯᠯᠠᠭ᠎ᠠ ᠳᠤ ᠪᠦᠲᠦᠮᠵᠢᠲᠡᠢ ᠴᠣᠬᠢᠯᠲᠠ ᠥᠭᠴᠦ᠂ ᠣᠷᠣᠨ ᠬᠡᠴᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ | ᠭᠦᠢᠯᠭᠡᠭᠡᠨ ᠤ ᠲᠦᠭᠰᠢᠭᠦᠷᠢ ᠡᠬᠦᠰᠬᠦ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠰᠠᠬᠢᠨ᠎ᠠ᠃ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠳᠤᠬᠢᠷᠠᠭᠤᠯᠤᠨ ᠡᠵᠡᠮᠳᠡᠬᠦ | ᠲᠥᠷᠥ ᠶᠢᠨ ᠪᠣᠳᠣᠯᠭ᠎ᠠ ᠶᠢᠨ ᠦᠷᠭᠦᠯᠵᠢᠯᠡᠩᠭᠦᠢ ᠴᠢᠨᠠᠷ᠂ ᠲᠣᠭᠲᠠᠭᠤᠨ ᠴᠢᠨᠠᠷ ᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠠᠨᠳᠤᠰᠢ ᠶᠢ ᠵᠦᠢ ᠵᠤᠬᠢᠰᠳᠠᠢ ᠵᠢᠯᠣᠭᠤᠳᠴᠦ | ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ | ᠨᠠᠷᠢᠯᠢᠭ ᠣᠨᠣᠴᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠰᠢᠢᠳᠪᠦᠷᠢᠲᠦ ᠴᠢᠨᠠᠷᠲᠠᠢ ᠠᠬᠢᠯᠲᠠ ᠲᠠᠢ ᠪᠤᠯᠬᠤ | ᠠᠬᠢᠭᠤᠯᠤᠨ᠎ᠠ᠃ ᠠᠵᠤ ᠦᠢᠯᠡᠰ ᠤᠨ ᠲᠥᠷᠥᠯ ᠵᠦᠢᠯ ᠢ ᠲᠥᠯᠥᠪᠯᠡᠨ ᠠᠬᠢᠭᠤᠯᠬᠤ ᠬᠦᠴᠦᠯᠡᠴᠡ ᠪᠠᠨ ᠴᠢᠩᠳᠠᠯᠠᠵᠤ᠂ ︽ᠪᠡᠯᠡ ᠮᠥᠩᠭᠦ ᠪᠠᠶᠢᠭᠠᠳ ᠲᠥᠷᠥᠯ ᠵᠦᠢᠯ | ᠦᠭᠡᠢ︾ ᠬᠦᠴᠢᠷ ᠠᠰᠠᠭᠤᠳᠠᠯ ᠢ ᠦᠨᠡᠨᠬᠦ ᠲᠠᠶᠢᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠪᠦᠬᠦ ᠪᠦᠷᠬᠦᠯᠲᠡ ᠶᠢ ᠪᠡᠶᠡᠯᠡᠭᠦᠯᠦᠨ᠎ᠡ᠃ ᠨᠡᠭᠦᠯᠭᠡᠨ | ᠰᠢᠯᠵᠢᠭᠦᠯᠵᠦ ᠶᠠᠳᠠᠭᠤ ᠶᠢ ᠲᠡᠳᠬᠦᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠭᠦᠭᠰᠡᠨ ᠬᠥᠮᠥᠨ ᠠᠮᠠ ᠶᠢᠨ ᠠᠵᠤ ᠦᠢᠯᠡᠰ ᠤᠨ ᠲᠤᠯᠭᠠᠭᠤᠷᠢ ᠪᠠ ᠠᠵᠢᠯ | ᠣᠯᠭᠤᠬᠤ ᠳᠡᠮᠵᠢᠯᠭᠡ ᠪᠠᠨ ᠴᠢᠩᠳᠠᠯᠠᠵᠤ᠂ ᠶᠠᠳᠠᠭᠤ ᠬᠦᠴᠢᠷᠲᠡᠢ ᠣᠯᠠᠨ ᠲᠦᠮᠡᠨ ᠤ ᠨᠡᠭᠦᠵᠦ ᠳᠡᠶᠢᠯᠬᠦ᠂ ᠲᠣᠭᠲᠠᠭᠤᠨ ᠰᠠᠭᠤᠷᠢᠰᠢᠬᠤ᠂ ᠪᠠᠶᠠᠵᠢᠨ ᠴᠢᠨᠡᠭᠡᠯᠢᠭᠵᠢᠬᠦ ᠶᠢ | ᠦᠨᠡᠨᠬᠦ ᠪᠠᠲᠤᠯᠠᠨ᠎ᠠ᠃ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ 22 ᠵᠤᠷᠪᠤᠰ ᠵᠢᠯᠣᠭᠤᠳᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠱᠠᠭᠠᠷᠳᠠᠯᠭ᠎ᠠ ᠶᠢ ᠪᠡᠶᠡᠯᠡᠬᠦᠯᠬᠦ ᠶᠢ ᠦᠨᠡᠨᠬᠦ ᠪᠠᠳᠤᠯᠠᠨ᠎ᠡ᠃ ᠶᠠᠳᠠᠭᠤ ᠶᠢ | ᠲᠡᠳᠬᠦᠬᠦ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠨᠠᠶᠢᠳᠠᠪᠤᠷᠢᠵᠢᠯᠲᠠ ᠶᠢᠨ ᠡᠮᠬᠢ ᠳᠠᠷᠠᠭᠠᠯᠠᠯ ᠳᠤ | ᠰᠢᠨ᠎ᠡ ᠶᠢ ᠡᠭᠦᠳᠦᠨ᠂ ᠪᠡᠯᠡ ᠮᠥᠩᠭᠦᠨ ᠤ ᠭᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠥᠪ ᠬᠤᠷᠢᠶ᠎ᠠ ᠪᠠ ᠲᠥᠷᠥ ᠶᠢᠨ ᠪᠠᠶᠢᠭᠤᠯᠭ᠎ᠠ ᠶᠢᠨ ᠴᠢᠭ | ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ | ᠵᠦᠢᠯ ᠢ ᠲᠦᠷᠭᠡᠨ ᠬᠡᠷᠡᠭᠵᠢᠭᠦᠯᠵᠦ᠂ ᠶᠠᠳᠠᠭᠤ ᠶᠢ ᠳᠠᠶᠢᠴᠢᠯᠠᠨ ᠶᠠᠳᠠᠭᠤ ᠶᠢ ᠴᠥᠬᠡᠳᠭᠡᠬᠦ ᠦᠷ᠎ᠡ ᠠᠰᠢᠭ ᠢ ᠦᠨᠡᠨᠬᠦ ᠪᠠᠳᠠᠷᠠᠭᠤᠯᠤᠨ᠎ᠠ᠃ ᠪᠠᠭᠠᠷᠢᠨ ᠵᠡᠭᠦᠨ ᠬᠤᠰᠢᠭᠤ | ᠪᠠ ᠪᠦᠬᠦ ᠬᠤᠲᠠ ᠶᠢᠨ ᠪᠤᠰᠤᠳ ᠣᠨᠴᠠ ᠬᠦᠴᠢᠷᠲᠡᠢ ᠰᠤᠮᠤ ᠰᠢᠶᠠᠩ ᠪᠠᠯᠭᠠᠰᠤ ᠳᠠᠬᠢ ᠳᠡᠮᠵᠢᠬᠦ ᠬᠦᠴᠦᠯᠡᠴᠡ ᠪᠠᠨ ᠨᠡᠮᠡᠭᠳᠡᠭᠦᠯᠵᠦ᠂ ᠡᠳᠡᠭᠡᠷ ᠭᠠᠵᠠᠷ ᠣᠷᠣᠨ ᠤ | ᠬᠤᠭᠤᠴᠠᠭ᠎ᠠ ᠶᠣᠰᠣᠭᠠᠷ ᠶᠠᠳᠠᠭᠤ ᠶᠢᠨ ᠡᠩᠨᠡᠭᠡᠨ ᠠᠴᠠ ᠠᠩᠭᠢᠵᠢᠷᠠᠨ ᠭᠠᠷᠬᠤ ᠶᠢ ᠦᠨᠡᠨᠬᠦ ᠪᠠᠲᠤᠯᠠᠨ᠎ᠠ᠃ ᠬᠥᠳᠡᠯᠦᠩᠭᠦᠢ ᠬᠢᠨᠠᠨ ᠬᠡᠮᠵᠢᠬᠦ ᠰᠡᠷᠡᠮᠵᠢ ᠶᠢᠨ | ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤᠷᠠᠬᠤ ᠳᠤ ᠠᠮᠠᠷᠬᠠᠨ ᠬᠥᠮᠥᠨ ᠠᠮᠠ ᠳᠤ ᠬᠠᠨᠳᠤᠯᠭᠠᠳᠤ ᠴᠢᠨᠠᠷᠲᠠᠢ ᠳᠡᠮᠵᠢᠯᠭᠡ ᠦᠵᠡᠭᠦᠯᠵᠦ᠂ ᠰᠢᠨ᠎ᠡ | ᠨᠡᠮᠡᠭᠳᠡᠭᠰᠡᠨ ᠶᠠᠳᠠᠭᠤ ᠬᠦᠴᠢᠷᠲᠡᠢ ᠬᠥᠮᠥᠨ ᠠᠮᠠ ᠶᠢ ᠴᠠᠭ ᠲᠤᠬᠠᠢ ᠳᠤᠨᠢ ᠳᠡᠮᠵᠢᠬᠦ ᠬᠡᠪᠴᠢᠶᠡᠨ ᠳᠤ ᠣᠷᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠤ ᠠᠵᠢᠯ ᠤᠨ ᠰᠤᠷᠲᠠᠯ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠲᠥᠪ ᠤᠨ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠲᠤᠰᠬᠠᠢ ᠲᠥᠷᠥᠯ ᠤᠨ ᠲᠣᠭᠤᠷᠢᠨ ᠪᠠᠶᠢᠴᠠᠭᠠᠵᠤ ᠲᠤᠰᠬᠠᠭᠰᠠᠨ | ᠠᠰᠠᠭᠤᠳᠠᠯ ᠢ ᠵᠠᠯᠠᠷᠠᠭᠤᠯᠬᠤ ᠠᠵᠢᠯ ᠢ ᠰᠠᠶᠢᠲᠤᠷ ᠬᠢᠨ᠎ᠡ᠃ ᠪᠦᠬᠦ ᠵᠢᠯ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠣᠷᠤᠭᠤᠯᠤᠨ᠂ | ᠦᠯᠡᠳᠡᠭᠰᠡᠨ 5.3 ᠲᠦᠮᠡᠨ ᠶᠠᠳᠠᠭᠤ ᠬᠦᠴᠢᠷᠲᠠᠢ ᠬᠥᠮᠥᠨ ᠠᠮᠠ ᠶᠢ ᠪᠦᠬᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠵᠤ᠂ | ᠪᠦᠬᠦ᠋ᠢᠯᠡ ᠶᠠᠳᠠᠭᠤ ᠬᠦᠴᠢᠷᠲᠡᠢ ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠵᠠᠩᠭᠢᠯᠠᠭ᠎ᠠ ᠶᠢᠨ ᠴᠢᠨᠠᠷᠲᠠᠢ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | ᠲᠥᠪ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠪᠠ ᠡᠯ᠎ᠡ ᠵᠦᠢᠯ ᠤᠨ ᠪᠠᠶᠢᠴᠠᠭᠠᠯᠲᠠ ᠠᠴᠠ | ᠲᠤᠰᠬᠠᠭᠰᠠᠨ ᠠᠰᠠᠭᠤᠳᠠᠯ ᠢ ᠵᠠᠯᠠᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠭᠠᠷ ᠮᠠᠨᠳᠠᠯ᠂ ᠤᠰᠤ᠂ ᠬᠦᠷᠦᠰᠦᠨ ᠤ ᠪᠣᠬᠢᠷᠳᠤᠯ ᠢ ᠰᠡᠷᠭᠡᠶᠢᠯᠡᠨ ᠵᠠᠰᠠᠬᠤ | 12 ᠲᠣᠮᠣ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠣᠬᠢᠷᠳᠤᠯ ᠤᠨ ᠳᠠᠯᠳᠠ ᠭᠡᠮ ᠢ ᠡᠬᠢ ᠰᠤᠷᠪᠤᠯᠵᠢ ᠠᠴᠠ ᠨᠢ ᠦᠭᠡᠶᠢᠰᠭᠡᠨ᠎ᠡ᠃ ᠨᠡᠭᠦᠷᠡᠰᠦᠨ | ᠤᠲᠤᠭ᠎ᠠ ᠶᠢᠨ ᠬᠡᠯᠪᠡᠷᠢ ᠶᠢᠨ ᠠᠭᠠᠷ ᠮᠠᠨᠳᠠᠯ ᠤᠨ ᠪᠣᠬᠢᠷᠳᠤᠯ ᠢ ᠵᠠᠰᠠᠬᠤ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢ ᠲᠣᠭᠲᠠᠭᠤᠨ ᠢᠶᠠᠷ ᠪᠠᠷᠢᠮᠵᠢᠶ᠎ᠠ ᠳᠤ | ᠬᠦᠷᠭᠡᠨ ᠭᠠᠳᠠᠭᠰᠢᠯᠠᠭᠤᠯᠬᠤ᠂ ᠬᠤᠭ ᠲᠣᠭᠤᠰᠣᠨ ᠤ ᠪᠣᠬᠢᠷᠳᠤᠯ ᠢ ᠬᠢᠵᠠᠭᠠᠷᠯᠠᠬᠤ ᠵᠡᠷᠭᠡ ᠢᠨᠵᠧᠨᠧᠷᠢᠩ ᠢ ᠲᠥᠷᠭᠡᠳᠬᠡᠵᠦ᠂ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠵᠤ᠂ ᠭᠤᠣᠯ ᠬᠤᠲᠠ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠪᠠᠶᠢᠬᠤ ᠨᠣᠷᠮ᠎ᠠ 88% ᠠᠴᠠ ᠳᠡᠭᠡᠭᠰᠢ ᠪᠠᠶᠢᠬᠤ ᠶᠢ | ᠦᠨᠡᠨᠬᠦ ᠪᠠᠲᠤᠯᠠᠨ᠎ᠠ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷ ᠤᠰᠤ ᠰᠢᠢᠳᠪᠦᠷᠢᠯᠡᠬᠦ᠂ ᠳᠤᠮᠳᠠ ᠤᠰᠤ ᠶᠢ | ᠡᠭᠡᠭᠦᠯᠦᠨ ᠬᠡᠷᠡᠭᠯᠡᠬᠦ᠂ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠶᠢ ᠦᠷᠭᠦᠯᠵᠢᠯᠡᠨ ᠠᠬᠢᠭᠤᠯᠵᠤ᠂ ᠭᠠᠵᠠᠷ ᠤᠨ ᠭᠠᠳᠠᠷᠭᠤ ᠶᠢᠨ ᠤᠰᠤᠨ ᠤ ᠳᠣᠣᠷᠠᠳᠤ V | ᠲᠥᠷᠥᠯ ᠤᠨ ᠣᠭᠲᠣᠯᠣᠭᠠᠰᠤ ᠳᠠᠪᠬᠤᠷᠭ᠎ᠠ ᠶᠢ ᠪᠦᠬᠦ ᠲᠠᠯ᠎ᠠ ᠪᠠᠷ ᠦᠭᠡᠶᠢᠰᠭᠢᠵᠦ᠂ ᠤᠯᠤᠰ ᠠᠴᠠ ᠰᠢᠯᠭᠠᠨ ᠮᠠᠭᠠᠳᠯᠠᠬᠤ ᠣᠭᠲᠣᠯᠣᠭᠠᠰᠤ ᠳᠠᠪᠬᠤᠷᠭ᠎ᠠ ᠶᠢᠨ | ᠤᠰᠤᠨ ᠤ ᠰᠢᠯᠢᠳᠡᠭ ᠴᠢᠨᠠᠷ ᠤᠨ ᠬᠠᠷᠢᠴᠠᠯ ᠢ 66.7% ᠳᠤ ᠬᠦᠷᠭᠡᠬᠦ ᠪᠠᠷ ᠴᠢᠷᠮᠠᠶᠢᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠵᠦ ᠥᠭᠡᠷᠡᠴᠢᠯᠡᠬᠦ ᠠᠵᠢᠯ ᠢ ᠲᠤᠤᠱᠲᠠᠢ ᠪᠡᠶᠡᠯᠡᠭᠦᠯᠦᠨ᠎ᠡ᠃ ᠬᠦᠷᠦᠰᠦ ᠰᠢᠷᠣᠢ ᠶᠢᠨ ᠪᠣᠬᠢᠷᠳᠤᠯ ᠢ ᠵᠠᠰᠠᠬᠤ ᠵᠢᠴᠢ ᠳᠠᠯᠳᠠ | ᠲᠦᠭᠰᠢᠭᠦᠷᠢ ᠶᠢᠨ ᠦᠨᠡᠯᠡᠯᠲᠡ ᠶᠢ ᠨᠡᠮᠡᠭᠳᠡᠭᠦᠯᠵᠦ᠂ ᠥᠩᠭᠡᠲᠦ ᠲᠡᠮᠦᠷᠯᠢᠭ ᠮᠠᠯᠲᠠᠵᠤ ᠰᠤᠩᠭᠤᠬᠤ ᠠᠵᠤ ᠠᠬᠤᠶᠢᠯᠠᠯ ᠤᠨ ᠠᠭᠤᠷᠬᠠᠢ ᠶᠢᠨ ᠬᠠᠶᠠᠭᠳᠠᠮᠠᠯ ᠤᠨ ᠬᠥᠮᠥᠷᠭᠡ | ᠪᠣᠯᠣᠨ ᠬᠦᠳᠡᠷ ᠬᠠᠶᠢᠯᠤᠭᠤᠯᠬᠤ ᠠᠵᠤ ᠠᠬᠤᠶᠢᠯᠠᠯ ᠤᠨ ᠠᠶᠤᠯᠲᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠤᠨ | ᠭᠠᠳᠠᠷᠭᠤ ᠰᠤᠷᠪᠤᠯᠵᠢ ᠶᠢᠨ ᠪᠣᠬᠢᠷᠳᠤᠯ ᠢ ᠬᠢᠵᠠᠭᠠᠷᠯᠠᠵᠤ᠂ ᠬᠦᠷᠦᠰᠦ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠢ ᠲᠣᠭᠲᠠᠭᠤᠨ ᠢ ᠪᠠᠷᠢᠮᠲᠠᠯᠠᠨ᠎ᠠ | ᠃ | ︵ᠬᠤᠶᠠᠷ︶ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢᠨ | ᠰᠠᠭᠤᠷᠢ ᠶᠢ ᠪᠠᠲᠤ ᠲᠠᠯᠪᠢᠨ᠎ᠠ | ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠲᠠᠷᠢᠵᠤ ᠲᠡᠵᠢᠭᠡᠬᠦ ᠪᠦᠲᠦᠴᠡ ᠶᠢ | ᠦᠷᠭᠦᠯᠵᠢᠯᠡᠨ ᠲᠣᠬᠢᠷᠠᠭᠤᠯᠵᠤ᠂ ᠡᠷᠳᠡᠨᠢ ᠰᠢᠰᠢ ᠲᠠᠷᠢᠬᠤ ᠲᠠᠯᠠᠪᠠᠢ ᠶᠢ 30 ᠲᠦᠮᠡᠨ ᠮᠦ ᠲᠣᠬᠢᠷᠠᠭᠤᠯᠤᠨ ᠬᠠᠰᠤᠵᠤ᠂ ᠲᠥᠬᠦᠭᠡᠷᠦᠮᠵᠢᠲᠦ ᠲᠠᠷᠢᠶᠠᠯᠠᠩ 20 ᠲᠦᠮᠡᠨ | ᠮᠦ ᠰᠢᠨ᠎ᠡ ᠪᠠᠷ ᠪᠠᠶᠢᠭᠤᠯᠵᠤ᠂ ᠰᠢᠯᠢᠳᠡᠭ ᠴᠢᠨᠠᠷ ᠲᠠᠢ ᠬᠦᠷᠡᠩ ᠴᠠᠷᠭᠠᠰᠤ 20 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ︔ ᠠᠯᠠᠰᠢᠨ ᠦᠬᠡᠷ ᠤᠨ ᠠᠵᠤ ᠦᠢᠯᠡᠰ ᠢ | ᠲᠣᠪᠤᠶᠢᠮ᠎ᠠ ᠬᠥᠭᠵᠢᠭᠦᠯᠵᠦ᠂ 200 ᠲᠦᠮᠡᠡ ᠳᠤᠯᠤᠭᠠᠢ ᠳᠤ ᠬᠦᠷᠭᠡᠬᠦ ᠪᠠᠷ ᠴᠢᠷᠮᠠᠶᠢᠨ᠎ᠠ᠃ ᠲᠣᠯᠣᠭᠠᠶᠢᠯᠠᠭᠴᠢ ᠠᠵᠤ ᠠᠬᠤᠶᠢᠯᠠᠯ ᠢ ᠪᠣᠵᠠᠭᠠᠶᠢᠷᠠᠭᠤᠯᠤᠨ | ᠬᠦᠴᠦᠷᠭᠡᠭᠵᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠵᠣᠬᠢᠶᠠᠨ ᠪᠠᠶᠢᠭᠤᠯᠤᠯᠳᠠᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ | ᠱᠠᠲᠤ ᠠᠴᠠ ᠳᠡᠭᠡᠭᠰᠢᠬᠢ ᠠᠵᠤ ᠦᠢᠯᠡᠰᠵᠢᠭᠦᠯᠦᠭᠰᠡᠨ ᠲᠣᠯᠤᠭᠠᠶᠢᠯᠠᠭᠴᠢ ᠠᠵᠤ ᠠᠬᠤᠶᠢᠯᠠᠯ ᠢ 300 ᠪᠣᠯᠭᠠᠵᠤ᠂ ᠬᠤᠷᠰᠢᠶᠠᠵᠢᠯ ᠵᠣᠬᠢᠶᠠᠨ ᠪᠠᠶᠢᠭᠤᠯᠤᠯᠲᠠ ᠶᠢᠨ | ᠪᠦᠷᠬᠦᠯᠲᠡ ᠶᠢᠨ ᠨᠣᠷᠮ᠎ᠠ ᠶᠢ 57% ᠳᠤ ᠬᠦᠷᠭᠡᠨ᠎ᠡ᠃ ᠲᠠᠷᠢᠶᠠᠯᠠᠩ ᠮᠠᠯ ᠠᠵᠤ ᠠᠬᠤᠢ ᠬᠢᠭᠡᠳ ᠬᠤᠶᠠᠷ ᠭᠤᠷᠪᠠᠳᠤᠭᠠᠷ ᠠᠵᠤ ᠦᠢᠯᠡᠰ ᠤᠨ ᠤᠶᠠᠯᠳᠤᠨ | ᠬᠥᠭᠵᠢᠬᠦ ᠶᠢ ᠠᠬᠢᠭᠤᠯᠵᠤ᠂ ᠨᠢᠭᠡ ᠪᠦᠯᠦᠭ ᠴᠢᠳᠠᠮᠵᠢ ᠪᠠᠶᠠᠯᠢᠭ᠂ ᠳᠠᠶᠢᠴᠢᠯᠠᠬᠤ ᠬᠦᠴᠦᠨ ᠴᠢᠩᠭ᠎ᠠ ᠬᠥᠳᠡᠭᠡ ᠶᠢᠨ ᠬᠠᠮ ᠴᠣᠭᠴᠠ ᠶᠢ ᠪᠦᠲᠦᠭᠡᠨ ᠪᠠᠶᠢᠭᠤᠯᠤᠨ᠎ᠠ᠃ | ᠣᠷᠣᠨ ᠬᠡᠴᠡ ᠶᠢᠨ ᠴᠢᠨᠠᠷᠲᠠᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠴᠦ᠂ ᠪᠦᠬᠦ | ᠬᠤᠲᠠ ᠳᠤ ᠰᠢᠨ᠎ᠠ ᠪᠠᠷ ᠨᠡᠮᠡᠭᠳᠡᠭᠰᠡᠨ ︽ᠭᠤᠷᠪᠠᠨ ᠪᠦᠲᠦᠭᠡᠭᠳᠡᠭᠦᠨ ᠨᠢᠭᠡ ᠲᠡᠮᠳᠡᠭ︾ ᠪᠠᠷ ᠨᠣᠲᠠᠯᠠᠭᠳᠠᠭᠰᠠᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ | ᠰᠢᠮ᠎ᠡ ᠶᠢ 50 ᠪᠣᠯᠭᠠᠨ᠎ᠠ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠲᠣᠪᠤᠶᠢᠮ᠎ᠠ ᠰᠠᠶᠢᠨ ᠠᠳᠬᠤᠵᠤ᠂ ᠮᠠᠯ ᠠᠵᠤ | ᠠᠬᠤᠢ ᠶᠢᠨ ᠠᠶᠤᠯᠭᠦᠢ ᠬᠥᠭᠵᠢᠯᠲᠡ ᠶᠢ ᠦᠨᠡᠨᠬᠦ ᠪᠠᠲᠤᠯᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠤᠳᠤᠯᠤᠨ ᠨᠡᠭᠡᠭᠡᠯᠳᠡ ᠪᠠ ᠦᠷ᠎ᠡ | ᠪᠦᠲᠦᠮᠵᠢ ᠶᠢ ᠤᠯᠠᠷᠢᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠮᠵᠢᠶ᠎ᠡ ᠪᠠᠨ ᠨᠡᠮᠡᠭᠳᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠯᠬᠤᠴᠠ ᠶᠢ ᠦᠨᠡᠨᠬᠦ ᠲᠥᠷᠭᠡᠳᠬᠡᠨ᠎ᠡ᠃ ︽ᠠᠵᠤ | ᠦᠢᠯᠡᠳᠪᠦᠷᠢ ᠶᠢᠨ ᠠᠵᠤ ᠠᠬᠤᠶ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ︾ ᠢ ᠡᠬᠢᠯᠡᠭᠦᠯᠵᠦ᠂ ᠨᠢᠭᠡ ᠪᠦᠯᠦᠭ ᠣᠳᠣ ᠶᠢᠨ ᠪᠠᠶᠢᠬᠤ ᠠᠵᠤ ᠦᠢᠯᠡᠳᠪᠦᠷᠢ ᠶᠢᠨ | ᠲᠥᠷᠥᠯ ᠵᠦᠢᠯ ᠢ ᠲᠥᠪᠯᠡᠷᠡᠭᠦᠯᠦᠨ ᠠᠮᠢᠳᠤᠯᠢᠬᠵᠢᠭᠤᠯᠵᠤ᠂ ᠨᠢᠭᠡ ᠪᠦᠯᠦᠭ ᠠᠵᠤ ᠦᠢᠯᠡᠳᠪᠦᠷᠢ ᠶᠢᠨ ᠴᠢᠬᠤᠯᠠ ᠶᠡᠭᠡ ᠳᠦᠷᠦᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠤᠭᠤᠯᠬᠤ ᠶᠢ ᠠᠬᠢᠭᠤᠯᠤᠨ᠂ ᠨᠢᠭᠡ ᠪᠦᠯᠦᠭ ᠰᠢᠨ᠎ᠡ ᠳᠦᠷᠤᠯ ᠵᠦᠢᠯ ᠢ ᠡᠬᠢᠯᠡᠭᠦᠯᠵᠦ᠂ 3 — 5 ᠵᠢᠯ ᠤᠨ ᠴᠢᠷᠮᠠᠶᠢᠯᠭ᠎ᠠ ᠪᠠᠷ ᠳᠡᠮᠵᠢᠨ᠂ | ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ 1000 ᠳ᠋ᠦᠩᠰᠢᠭᠤᠷ ᠲᠥᠭᠦᠷᠢᠭ ᠣᠷᠴᠢᠮ ᠰᠢᠨ᠎ᠡ ᠪᠠᠷ ᠨᠡᠮᠡᠭᠳᠡᠭᠦᠯᠵᠦ᠂ ᠤᠯᠠᠭᠠᠨᠬᠠᠳᠠ ᠶᠢᠨ ᠠᠵᠤ | ᠦᠢᠯᠡᠳᠪᠦᠷᠢ ᠶᠢ ᠳᠠᠬᠢᠨ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠬᠡᠵᠦ᠂ ᠶᠦᠨ ᠲᠦᠩ | 40 ᠲᠦᠮᠡᠨ ᠲᠣᠨ ᠵᠡᠰ ᠬᠠᠶᠢᠯᠤᠭᠤᠯᠬᠤ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ᠂ ᠶᠢᠨ ᠵᠢᠶᠠᠨ ᠤ 40 ᠲᠦᠮᠡᠨ ᠲᠣᠨ ᠵᠡᠰ | ᠬᠠᠶᠢᠯᠤᠭᠤᠯᠬᠤ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠵᠡᠰ ᠪᠠᠷ ᠰᠠᠭᠤᠷᠢᠯᠠᠭᠤᠯᠤᠭᠰᠠᠨ ᠨᠠᠷᠢᠯᠢᠭ | ᠭᠦᠨ ᠪᠣᠯᠪᠠᠰᠤᠷᠠᠭᠤᠯᠬᠤ ᠪᠠ ᠬᠦᠬᠦᠷ ᠬᠦᠴᠢᠯ ᠤᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠨᠢ ᠨᠡᠯᠢᠶᠡᠳ ᠶᠡᠭᠡ ᠰᠢᠪᠲᠤᠯᠤᠯᠲᠠ ᠭᠠᠷᠭᠠᠬᠤ ᠶᠢ | ᠬᠦᠴᠦᠯᠡᠨ ᠠᠬᠢᠭᠤᠯᠤᠨ᠎ᠠ᠃ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠵᠤ ᠲᠥᠷᠥ ᠶᠢᠨ ᠪᠣᠳᠣᠯᠭ᠎ᠠ ᠲᠣᠭᠲᠠᠭᠠᠵᠤ | ᠂ ᠠᠭᠤᠷᠬᠠᠢ ᠶᠢᠨ ᠠᠵᠤ ᠦᠢᠯᠡᠰ ᠤᠨ ᠡᠮᠬᠢ ᠲᠢᠭᠯᠢᠮ ᠢ ᠴᠡᠭᠴᠡᠯᠡᠵᠦ᠂ ᠠᠭᠤᠷᠬᠠᠢ ᠶᠢᠨ ᠡᠬᠢ ᠪᠠᠶᠠᠯᠢᠭ ᠢ ᠨᠢᠳᠬᠡᠨ᠂ ᠠᠭᠤᠷᠬᠠᠢ ᠶᠢᠨ ᠪᠣᠬᠢᠷᠳᠤᠯ ᠦᠭᠡᠢ | ᠥᠭᠡᠷᠡᠴᠢᠯᠡᠯᠳᠠ ᠶᠢ ᠴᠢᠩᠭᠠᠳᠬᠠᠵᠤ᠂ ᠠᠭᠤᠷᠬᠠᠢ ᠶᠢᠨ ᠠᠵᠤ ᠦᠢᠯᠡᠰ ᠤᠨ ᠠᠵᠤ ᠠᠬᠤᠢ ᠶᠢᠨ ᠪᠣᠵᠠᠭᠠᠶᠢᠷᠠᠨ ᠬᠦᠴᠦᠷᠬᠡᠭᠵᠢᠬᠦ ᠶᠢ ᠦᠨᠡᠨᠬᠦ ᠠᠬᠢᠭᠤᠯᠤᠨ᠎ᠠ᠃ ᠳ᠋ᠠ | ᠲᠠᠩ ᠨᠡᠭᠦᠷᠡᠰᠦᠨ ᠰᠢᠲᠠᠮᠠᠬᠠᠢ ᠬᠡᠢ ᠶᠢᠨ ᠢᠨᠵᠧᠨᠧᠷᠢᠩ ᠤᠨ 80 ᠲᠦᠮᠡᠨ ᠲᠤᠨ ᠤ ᠮᠧᠲ᠋ᠢᠯ ᠠᠯᠺᠣᠣᠯ ᠤᠨ ᠲᠣᠬᠢᠷᠠᠭᠤᠯᠤᠯᠳᠠ ᠶᠢᠨ ᠲᠥᠷᠦᠯ ᠵᠦᠢᠯ᠂ ᡁᠢ ᠷᠦᠢ | ᠤᠰᠤ ᠲᠠᠲᠠᠨ ᠡᠨᠧᠷᠭᠢ ᠨᠥᠭᠡᠴᠢᠯᠡᠬᠦ ᠴᠠᠬᠢᠯᠭᠠᠨ ᠥᠷᠲᠡᠭᠡᠨ ᠤ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠡᠨᠧᠷᠬᠢ ᠶᠢᠨ ᠠᠵᠤ | ᠦᠢᠯᠡᠳᠪᠦᠷᠢ ᠶᠢᠨ ᠲᠠᠬᠢᠨ ᠳᠠᠪᠰᠢᠬᠤ ᠶᠢ ᠠᠬᠢᠭᠤᠯᠤᠨ᠎ᠠ᠃ ᠰᠢᠨ᠎ᠡ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠶᠢ ᠲᠥᠷᠭᠡᠳᠬᠡᠵᠦ᠂ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠲᠣᠭᠲᠠᠭᠠᠵᠤ᠂ ᠲᠤᠰᠬᠠᠢ ᠬᠦᠷᠢᠶᠡᠯᠡᠩ ᠲᠣᠭᠤᠷᠢᠭ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠲᠠᠰᠤᠭ᠂ ᠣᠨᠳᠣᠣ ᠭᠠᠵᠠᠷ ᠨᠡᠪᠴᠢᠭᠦᠯᠦᠨ | ᠤᠯᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ᠂ ᠣᠳᠣ ᠦᠶ᠎ᠡ ᠶᠢᠨ ᠡᠮ ᠡᠮᠨᠡᠯᠭᠡ᠂ ᠡᠯᠧᠺᠲᠷᠣᠨ ᠴᠢᠮᠡᠭᠡ ᠵᠠᠩᠭᠢ᠂ | ᠰᠢᠨ᠎ᠡ ᠮᠠᠶ᠋ᠢᠭ ᠤᠨ ᠮᠠᠲ᠋ᠧᠷᠢᠶᠠᠯ ᠵᠡᠷᠭᠡ ᠠᠵᠤ ᠦᠢᠯᠡᠰ ᠤᠨ ᠬᠡᠪᠴᠢᠶ᠎ᠡ ᠪᠠᠨ ᠥᠷᠭᠡᠳᠬᠡᠨ᠂ ᠪᠦᠯᠦᠭᠴᠢᠯᠡᠨ ᠬᠥᠭᠵᠢᠬᠦ ᠶᠢ ᠠᠬᠢᠭᠤᠯᠤᠨ᠎ᠠ᠃ ᠰᠦᠯᠵᠢᠶ᠎ᠡ᠂ ᠬᠥᠮᠥᠨ ᠤ | ᠤᠶᠤᠨ ᠴᠢᠳᠠᠪᠤᠷᠢ ᠬᠢᠭᠡᠳ ᠪᠣᠳᠠᠲᠤ ᠠᠵᠤ ᠠᠬᠤᠢ ᠶᠢ ᠭᠦᠨᠵᠡᠭᠡᠢ ᠤᠶᠠᠯᠳᠤᠭᠤᠯᠤᠨ᠂ ᠤᠯᠠᠮᠵᠢᠯᠠᠯᠲᠤ ᠠᠵᠤ ᠠᠬᠤᠶᠢᠯᠠᠯ ᠤᠨ ᠲᠣᠭᠠᠴᠢᠯᠠᠬᠤ ᠥᠭᠡᠷᠡᠴᠢᠯᠡᠯᠲᠡ ᠶᠢ | ᠲᠥᠷᠭᠡᠳᠬᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠦᠨ᠂ ᠬᠦᠴᠦᠨ ᠵᠦᠢᠯ ᠤᠨ | ᠪᠠᠲᠤᠯᠠᠭ᠎ᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ︽ᠣᠷᠣᠨ ᠠᠯᠤᠰᠯᠠᠭᠰᠠᠨ ᠠᠵᠤ ᠠᠬᠤᠢ︾ ᠶᠢᠨ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠢ ᠥᠷᠭᠡᠳᠬᠡᠵᠦ | ᠂ ᠠᠵᠤ ᠦᠢᠯᠡᠳᠪᠦᠷᠢ ᠶᠢᠨ ᠲᠥᠷᠥᠯ ᠵᠦᠢᠯ ᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠ ᠬᠤᠰᠢᠭᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠳᠦᠪᠯᠡᠷᠡᠬᠦᠯᠬᠦ ᠶᠢ ᠵᠢᠯᠤᠭᠤᠳᠤᠨ᠎ᠠ᠃ ᠳᠡᠳ᠋ ᠭᠠᠷᠠᠮ ᠬᠠᠪᠢᠳᠠᠭᠰᠠᠨ ᠠᠵᠤ ᠦᠢᠯᠡᠰ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠠᠬᠢᠭᠤᠯᠵᠤ᠂ ᠢᠰᠦᠯᠳᠦᠭᠰᠡᠨ ᠬᠥᠩᠭᠡᠨ ᠴᠠᠭᠠᠨ᠂ ᠯᠢᠲ᠋ᠢ ᠴᠠᠬᠢᠯᠭᠠᠨ ᠵᠠᠢ ᠤᠨ ᠠᠷᠭ᠎ᠠ ᠲᠦᠢᠯ ᠤᠨ ᠮᠠᠲ᠋ᠧᠷᠢᠶᠠᠯ᠂ ᠴᠠᠬᠢᠭᠤᠷ ᠮᠠᠩᠭᠠᠨ ᠤ ᠬᠠᠶᠢᠯᠤᠰᠢ᠂ ᠲᠢᠲ᠋ᠠᠨ ᠤ | ᠬᠢᠮᠢ ᠶᠢᠨ ᠦᠢᠯᠡᠳᠪᠦᠷᠢ ᠵᠡᠷᠭᠡ ᠨᠢᠭᠡ ᠪᠦᠯᠦᠭ ᠲᠣᠮᠣ ᠶᠡᠭᠡ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ | ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠢ ᠲᠦᠷᠭᠡᠨ ᠪᠤᠶᠢᠵᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠠᠪᠬᠤᠷᠭ᠎ᠠ ᠳᠡᠪᠰᠢᠬᠤ ᠠᠬᠢᠴᠠ ᠶᠢ ᠦᠨᠡᠨᠬᠦ ᠠᠬᠢᠭᠤᠯᠤᠨ᠎ᠠ᠃ ᠵᠢᠭᠤᠯᠴᠢᠯᠠᠯ ᠤᠨ ᠲᠠᠯ᠎ᠠ ᠪᠠᠷ᠂ ︽ᠵᠢᠷᠭᠤᠭᠠᠨ | ᠵᠢᠭᠤᠯᠴᠢᠯᠠᠯ ᠤᠨ ᠨᠡᠷᠡᠲᠦ ᠦᠵᠡᠮᠵᠢ︾ ᠲᠠᠢ ᠤᠶᠠᠯᠳᠤᠭᠤᠨ ᠲᠥᠷᠥᠯ ᠵᠦᠢᠯ ᠢ ᠭᠦᠨᠴᠡ ᠲᠠᠢ ᠳᠦᠯᠦᠪᠵᠢᠬᠦᠯᠵᠤ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ | ᠳᠡᠭᠡᠷ᠎ᠡ ᠰᠢᠨ᠎ᠡ ᠶᠢ ᠡᠭᠦᠳᠴᠦ᠂ ᠵᠢᠭᠤᠯᠴᠢᠯᠠᠯ ᠤᠨ ᠡᠬᠢ ᠪᠠᠶᠠᠯᠢᠭ ᠢ ᠨᠢᠳᠬᠡᠬᠦ᠂ ᠨᠡᠶᠢᠯᠡᠭᠦᠯᠬᠦ ᠪᠠ ᠲᠠᠬᠢᠨ ᠵᠣᠬᠢᠶᠠᠨ ᠪᠠᠶᠢᠭᠤᠯᠬᠤ ᠠᠬᠢᠴᠠ ᠶᠢ ᠲᠥᠷᠭᠡᠳᠬᠡᠵᠦ᠂ | ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠠ ᠲᠥᠬᠦᠷ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠲᠥᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠵᠢᠭᠤᠯᠴᠢᠯᠠᠯ ᠤᠨ ᠡᠬᠢ ᠪᠠᠶᠠᠯᠢᠭ ᠢ ᠵᠢᠭᠤᠯᠴᠢᠯᠠᠯ ᠤᠨ ᠦᠢᠯᠡᠳᠬᠡᠭᠦᠨ ᠪᠣᠯᠭᠠᠬᠤ ᠶᠢ ᠠᠬᠢᠭᠤᠯᠵᠤ᠂ ᠲᠥᠬᠦᠷᠵᠢᠭᠦᠯᠡᠨ ᠲᠡᠭᠦᠯᠳᠡᠷᠵᠢᠭᠦᠯᠬᠦ ᠪᠠᠷ | ᠵᠢᠭᠤᠯᠴᠢᠯᠠᠯ ᠤᠨ ᠦᠢᠯᠡᠳᠬᠡᠭᠦᠨ ᠢ ᠵᠢᠭᠤᠯᠴᠢᠯᠠᠯ ᠤᠨ ᠠᠵᠦ ᠦᠢᠯᠡᠰ ᠲᠠᠢ ᠬᠡᠯᠬᠢᠶᠡᠵᠢᠬᠦᠯᠬᠦ ᠶᠢ ᠠᠬᠢᠭᠤᠯᠤᠨ᠎ᠠ᠂ ᠬᠠᠰ ᠯᠤᠤ ᠡᠯᠡᠰᠦᠨ ᠨᠠᠭᠤᠷ ᠢ ᠤᠯᠤᠰ ᠤᠨ 5A | ᠳᠡᠰ ᠤᠨ ᠦᠵᠡᠮᠵᠢ ᠶᠢᠨ ᠣᠷᠣᠨ ᠪᠣᠯᠭᠠᠬᠤ ᠶᠢ ᠠᠬᠢᠭᠤᠯᠤᠨ᠎ᠠ᠃ ᠭᠠᠳᠠᠷ ᠣᠷᠣᠨ ᠤ ᠲᠣᠷᠰᠢᠯᠭ᠎ᠠ ᠶᠢ ᠲᠣᠯᠢᠳᠠᠨ᠂ ᠪᠦᠬᠦ ᠬᠤᠲᠠ ᠶᠢᠨ ᠵᠢᠭᠤᠯᠴᠢᠯᠠᠯ ᠤᠨ | ᠬᠥᠭᠵᠢᠯᠲᠡ ᠶᠢᠨ ᠶᠡᠭᠡ ᠬᠤᠷᠠᠯ ᠡᠷᠬᠢᠯᠡᠵᠦ᠂ ᠬᠤᠷᠡᠯ ᠢᠶᠠᠷ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠬᠤᠷᠠᠯ ᠢᠶᠠᠷ ᠨᠡᠭᠡᠭᠡᠯᠲᠡ ᠶᠢ ᠠᠬᠢᠭᠤᠯᠵᠤ᠂ ᠪᠦᠬᠦ | ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠪᠦᠬᠦ ᠵᠢᠯ ᠳᠤ ᠵᠤᠭᠠᠴᠠᠭᠰᠠᠳ ᠢ 2100 ᠬᠥᠮᠥᠨ | ᠤᠳᠠᠭ᠎ᠠ ᠠᠴᠠ ᠳᠡᠭᠡᠭᠰᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 350 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠠᠷᠠᠯᠵᠢᠶ᠎ᠠ | ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠲᠠᠯ᠎ᠠ ᠪᠠᠷ᠂ ᠮᠠᠨ ᠤ ᠬᠤᠲᠠ ᠨᠢ ︽ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ ᠬᠦᠢᠰᠦ ᠪᠠᠶᠢᠷᠢᠯᠠᠭᠤᠯᠤᠯᠲᠠ ᠪᠠ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠳᠤ ᠣᠷᠣᠭᠰᠠᠨ ᠠᠰᠢᠭᠲᠠᠢ ᠲᠣᠬᠢᠶᠠᠯ ᠢ ᠠᠮᠵᠢᠨ᠂ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ | ᠬᠡᠯᠪᠡᠷᠢ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ ᠬᠦᠢᠰᠦ ᠠᠴᠢᠶᠠᠯᠠᠪᠤᠷᠢ ᠬᠤᠲᠠ ᠶᠢ ᠪᠦᠲᠦᠭᠡᠨ ᠪᠠᠶᠢᠭᠤᠯᠬᠤ ᠶᠢ ᠲᠥᠷᠭᠡᠳᠬᠡᠨ᠎ᠡ᠃ ᠪᠠᠷᠠᠭ᠎ᠠ ᠶᠢᠨ | ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠦᠭᠦᠯᠡᠯ ᠤᠨ ᠲᠠᠪᠴᠠᠩ ᠵᠢᠴᠢ ᠠᠷᠠᠯᠵᠢᠶᠠᠴᠢᠨ ᠤᠷᠢᠬᠤ ᠶᠡᠭᠡ ᠬᠤᠷᠠᠯ ᠢ ᠡᠷᠬᠢᠯᠡᠵᠦ᠂ ᠣᠳᠣ ᠦᠶ᠎ᠡ ᠶᠢᠨ | ᠪᠠᠷᠠᠭ᠎ᠠ ᠶᠢᠨ ᠭᠦᠢᠯᠭᠡᠭᠡᠨ ᠤ ᠬᠥᠭᠵᠢᠯᠲᠡ ᠶᠢ ᠲᠥᠷᠭᠡᠳᠬᠡᠬᠦ ᠳᠤ ᠬᠡᠷᠡᠭᠵᠢᠭᠦᠯᠬᠦ ᠰᠠᠨᠠᠯ ᠵᠢᠴᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠷᠠᠭ᠎ᠠ ᠶᠢᠨ ᠭᠦᠢᠯᠭᠡᠭᠡᠨ ᠤ ᠤᠭ ᠥᠷᠲᠡᠭ ᠢ ᠪᠠᠭᠤᠷᠠᠭᠤᠯᠵᠤ᠂ ᠪᠠᠷᠠᠭ᠎ᠠ ᠶᠢᠨ | ᠭᠦᠢᠯᠭᠡᠭᠡᠨ ᠤ ᠦᠷ᠎ᠡ ᠠᠰᠢᠭ ᠢ ᠳᠡᠭᠡᠭᠰᠢᠯᠡᠭᠦᠯᠵᠦ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠦᠢᠯᠡᠴᠢᠯᠡᠭᠡᠨ ᠤ ᠴᠢᠳᠠᠪᠤᠷᠢ ᠪᠠ ᠲᠤᠰ ᠪᠡᠶ᠎ᠡ ᠶᠢᠨ ᠦᠷᠢᠰᠦᠯᠳᠦᠬᠦ | ᠬᠦᠴᠦᠨ ᠢ ᠪᠦᠬᠦᠯᠢ ᠴᠤᠭᠴᠠ ᠪᠠᠷ ᠨᠢ ᠨᠡᠮᠡᠭᠳᠡᠭᠦᠯᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠳᠠᠬᠢ ᠨᠥᠯᠥᠭᠡᠯᠡᠯ ᠪᠠ ᠳᠠᠶᠢᠴᠢᠯᠠᠯ ᠢ ᠤᠯᠠᠮ ᠴᠢᠨᠠᠭᠰᠢᠳᠠ | ᠴᠢᠩᠭᠠᠳᠬᠠᠨ᠎ᠠ︔ ᠤᠯᠠᠭᠠᠨᠬᠠᠳᠠ ᠶᠢᠨ ᠣᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠠᠷᠠᠮ ᠢ ᠡᠬᠢᠯᠡᠨ ᠪᠦᠲᠦᠭᠡᠨ ᠪᠠᠶᠢᠭᠤᠯᠵᠤ᠂ ᠤᠯᠠᠭᠠᠨᠬᠠᠳᠠ ᠮᠠᠨᠵᠤᠤᠷ | ᠡᠸᠦ᠋ᠷᠤᠫᠠ ᠶᠢᠨ ᠣᠯᠠᠨ ᠤᠯᠤᠰ ᠤᠨ ᠡᠭᠡᠯᠵᠢ ᠶᠢᠨ ᠭᠠᠯᠲᠤ ᠲᠡᠷᠭᠡ ᠶᠢ ᠬᠡᠪ ᠤᠨ ᠪᠣᠯᠭᠠᠬᠤ ᠶᠢ ᠠᠬᠢᠭᠤᠯᠤᠨ᠂ ᠲᠡᠮᠦᠷ ᠵᠠᠮ ᠤᠨ ᠪᠣᠭᠤᠮᠲᠠ ᠶᠢ ᠴᠢᠯᠦᠭᠡᠲᠡᠢ | ᠪᠣᠯᠭᠠᠬᠤ ᠶᠢ ᠠᠯᠢ ᠲᠦᠷᠭᠡᠨ ᠪᠡᠶᠡᠯᠡᠭᠦᠯᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠤᠯᠤᠰ ᠤᠨ ᠵᠥᠪᠰᠢᠶᠡᠷᠡᠯ ᠢ ᠣᠯᠬᠤ ᠪᠠᠷ | ᠴᠢᠷᠮᠠᠶᠢᠨ᠎ᠠ︔ ᠸᠧᠺᠲ᠋ᠣᠷᠢᠶᠠ ᠮᠥᠸᠧ ᠡᠯ ᠲᠠᠯᠠᠪᠤᠷ᠂ ᠬᠥᠭᠦᠷᠭᠡᠨ ᠠᠷᠤ ᠳᠠᠬᠢ ᠰᠢᠨ᠎ᠡ ᠵᠦᠩ ᠯᠢᠶᠠᠨ ᠵᠡᠷᠭᠡ ᠴᠢᠬᠤᠯᠠ ᠶᠡᠭᠡ ᠬᠤᠳᠠᠯᠳᠤᠭᠠᠨ ᠤ ᠲᠥᠷᠥᠯ ᠵᠦᠢᠯ | ᠡᠵᠡᠩᠨᠡᠯᠲᠡ ᠡᠬᠢᠯᠡᠬᠦ ᠶᠢ ᠠᠬᠢᠭᠤᠯᠵᠤ᠂ ᠳ᠋ᠠ ᠹᠦ᠋ ᠵᠠᠬ᠎ᠠ ᠳᠡᠯᠭᠡᠭᠦᠷ᠂ ᠴᠢᠶᠠᠨ ᠰᠢ ᠵᠠᠬ᠎ᠠ ᠳᠡᠯᠭᠡᠭᠦᠷ ᠬᠤᠲᠠ ᠠᠴᠠ ᠭᠠᠷᠴᠤ ᠬᠦᠷᠢᠶᠡᠯᠡᠩ ᠲᠣᠭᠤᠷᠢᠭ ᠲᠤ ᠣᠷᠣᠬᠤ ᠶᠢ | ᠪᠡᠶᠡᠯᠡᠭᠦᠯᠵᠦ᠂ ᠤᠯᠠᠭᠠᠨᠬᠠᠳᠠ ᠶᠢᠨ ᠬᠤᠷᠳᠤᠨ ᠲᠡᠮᠦᠷ ᠵᠠᠮ ᠤᠨ ᠥᠷᠲᠡᠭᠡᠨ ᠤ ᠬᠠᠪᠢ ᠶᠢᠨ ᠰᠣᠳᠣᠨ ᠬᠤᠳᠠᠯᠳᠤᠭᠠᠨ ᠤ ᠲᠣᠭᠤᠷᠢᠭ᠂ ᠬᠥᠭᠦᠷᠭᠡᠨ ᠠᠷᠤ ᠳᠠᠬᠢ ᠰᠢᠨ᠎ᠡ | ᠬᠤᠲᠠ ᠶᠢᠨ ᠬᠤᠳᠠᠯᠳᠤᠭᠠᠨ ᠤ ᠬᠠᠮ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠡᠮ ᠡᠮᠨᠡᠯᠭᠡ ᠶᠢᠨ | ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠬᠥᠭᠵᠢᠭᠦᠯᠦᠨ ᠪᠣᠵᠠᠭᠠᠶᠢᠷᠠᠭᠤᠯᠤᠨ᠎ᠠ︔ ᠦᠨᠳᠦᠰᠦᠨ ᠱᠠᠲᠤᠨ ᠤ ᠬᠠᠩᠭᠠᠨ ᠪᠣᠷᠤᠯᠠᠭᠤᠯᠭ᠎ᠠ ᠶᠢᠨ | ᠬᠤᠷᠰᠢᠶ᠎ᠠ ᠶᠢ ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ ᠬᠦᠴᠦᠯᠡᠨ ᠬᠡᠷᠡᠭᠵᠢᠬᠦᠯᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ | ᠭᠦᠢᠯᠭᠡᠭᠡᠨ ᠤ ᠰᠥᠯᠵᠢᠶᠠᠨ ᠤ ᠭᠠᠳᠠᠨ᠎ᠠ ᠳᠤᠳᠤᠨ᠎ᠠ ᠳᠣᠣᠷ᠎ᠠ ᠤᠶᠠᠯᠳᠤᠨ ᠬᠥᠭᠵᠢᠬᠦ ᠶᠢ ᠠᠬᠢᠭᠤᠯᠤᠨ᠂ ᠤᠯᠤᠰ ᠤᠨ ᠳᠡᠰ ᠤᠨ ᠬᠢᠯᠢ ᠠᠯᠤᠰᠯᠠᠭᠰᠠᠨ ᠴᠠᠬᠢᠮ | ᠬᠤᠳᠠᠯᠳᠤᠭᠠᠨ ᠤ ᠶᠡᠷᠦᠩᠬᠡᠶᠢᠯᠡᠭᠰᠡᠨ ᠲᠣᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠠᠮᠤ ᠪᠤᠳᠠᠭ᠎ᠠ ᠶᠢᠨ ᠠᠮᠤᠷ ᠲᠦᠪᠰᠢᠨ ᠤ | ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠥᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠮᠥᠩᠭᠦᠨ ᠭᠦᠢᠯᠭᠡᠭᠡᠨ ᠤ ᠲᠠᠯ᠎ᠠ ᠪᠠᠷ᠂ ᠮᠥᠩᠭᠦᠨ | ᠭᠦᠢᠯᠭᠡᠭᠡᠨ ᠤ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠬᠡᠪ ᠪᠠᠶᠢᠳᠠᠯ ᠢ ᠪᠠᠶᠠᠯᠢᠬᠵᠢᠭᠤᠯᠵᠤ᠂ ᠦᠢᠯᠡᠴᠢᠯᠡᠭᠡᠨ ᠤ | ᠰᠢᠨ᠎ᠡ ᠬᠡᠯᠪᠡᠷᠢ ᠮᠠᠶ᠋ᠢᠭ ᠢ ᠡᠭᠦᠳᠴᠦ᠂ ᠦᠢᠯᠡᠴᠢᠯᠡᠭᠡᠨ ᠤ ᠪᠣᠳᠠᠲᠤ ᠠᠵᠤ ᠠᠬᠤᠢ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠂ ᠤᠮᠠᠷᠠᠲᠤ ᠶᠢᠨ ᠮᠥᠩᠭᠦᠨ | ᠭᠦᠢᠯᠭᠡᠭᠡᠨ ᠤ ᠵᠢᠵᠢᠭ ᠪᠠᠯᠭᠠᠰᠤ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠡᠩ ᠣᠯᠠᠨ ᠮᠥᠩᠭᠦᠨ | ᠭᠦᠢᠯᠭᠡᠭᠡᠨ᠂ ᠮᠥᠩᠭᠦᠨ ᠭᠦᠢᠯᠭᠡᠭᠡᠨ ᠲᠠᠢ ᠠᠳᠠᠯᠢ ᠲᠥᠷᠥᠯ ᠤᠨ ᠪᠠᠶᠢᠭᠤᠯᠤᠮᠵᠢ ᠶᠢ ᠢᠷᠡᠵᠤ ᠰᠠᠭᠤᠷᠢᠰᠢᠭᠤᠯᠵᠤ᠂ ᠡᠨᠡ ᠬᠡᠰᠡᠭ ᠭᠠᠵᠠᠷ ᠲᠠᠬᠢ ᠮᠥᠩᠭᠦᠨ | ᠭᠦᠢᠯᠭᠡᠭᠡᠨ ᠤ ᠬᠥᠭᠵᠢᠯᠲᠡ ᠶᠢᠨ ︽ᠲᠣᠷᠰᠢᠯᠲᠠ ᠶᠢᠨ ᠲᠠᠷᠢᠶ᠎ᠠ︾ ᠶᠢ ᠰᠠᠶᠢᠲᠤᠷ ᠲᠠᠷᠢᠨ᠎ᠠ︔ ︽ᠠᠵᠤ ᠠᠬᠤᠶᠢᠯᠠᠯ ᠤᠨ ᠫᠠᠶᠢᠰᠠ ᠡᠯᠭᠦᠨ ᠰᠲ᠋ᠣᠺ ᠤᠨ ᠵᠠᠬ᠎ᠠ ᠳᠤ | ᠭᠠᠷᠬᠤ ᠳᠥᠷᠪᠡᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠦᠷᠬᠦᠯᠵᠢᠯᠡᠨ ᠠᠬᠢᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠤᠪᠢ | ᠣᠷᠤᠭᠰᠠᠨ ᠳᠦᠷᠢᠮᠲᠦ ᠪᠣᠯᠭᠠᠨ ᠥᠭᠡᠷᠡᠴᠢᠯᠡᠬᠦ ᠲᠥᠪᠯᠡᠷᠡᠭᠰᠡᠨ ᠠᠵᠢᠯᠯᠠᠭᠠᠨ ᠢ ᠭᠤᠣᠯᠳᠠᠯᠭᠠᠲᠠᠢ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠥᠵᠢᠯ᠂ ᠬᠡᠦᠬᠡᠳ | ᠠᠰᠠᠷᠠᠬᠤ᠂ ᠨᠠᠰᠤᠵᠢᠯ᠂ ᠡᠮ ᠡᠮᠨᠡᠯᠭᠡ᠂ ᠰᠣᠶᠣᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠢ ᠢᠳᠡᠪᠬᠢᠲᠠᠢ ᠪᠤᠶᠢᠵᠢᠭᠤᠯᠵᠤ᠂ ᠨᠡᠩ ᠣᠯᠠᠨ ᠬᠡᠷᠡᠭᠯᠡᠭᠡᠨ ᠤ ᠠᠷᠭ᠎ᠠ | ᠵᠠᠮ ᠢ ᠥᠷᠭᠡᠳᠬᠡᠵᠦ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠠᠵᠤ ᠠᠬᠤᠢ ᠶᠢᠨ ᠨᠡᠮᠡᠭᠳᠡᠯ ᠢ | ᠠᠬᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠰᠡᠷᠭᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠭᠤᠷᠪᠠᠨ ᠲᠠᠷᠢᠶᠠᠯᠠᠩ | ᠭᠤᠷᠪᠠᠨ ᠮᠠᠯᠵᠢᠯ︾ ᠤᠨ ᠠᠵᠢᠯ ᠤᠨ ᠰᠢᠨ᠎ᠡ ᠪᠠᠶᠢᠳᠠᠯ ᠢ ᠡᠭᠦᠳᠦᠨ᠎ᠡ | ᠲᠥᠯᠥᠪᠵᠢᠭᠦᠯᠦᠨ ᠳᠠᠭᠠᠭᠤᠯᠬᠤ ᠶᠢ ᠪᠠᠷᠢᠮᠲᠠᠯᠠᠵᠤ᠂ ᠴᠢᠷᠮᠠᠶᠢᠬᠤ ᠴᠢᠭᠯᠡᠯ ᠢᠶᠠᠨ ᠲᠣᠳᠤᠷᠬᠠᠶᠢᠯᠠᠨ᠎ᠠ᠃ ︽ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ | ᠰᠡᠷᠭᠦᠨ ᠮᠠᠨᠳᠤᠭᠤᠯᠬᠤ ᠳᠤᠬᠠᠢ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠨᠠᠯ︾ ᠪᠣᠯᠣᠨ ︽ᠪᠦᠬᠦ ᠬᠤᠲᠠ ᠶᠢᠨ ᠬᠥᠳᠡᠭᠡ ᠲᠣᠰᠬᠤᠨ ᠢ ᠰᠡᠷᠭᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 — 2022︶ ︾ ᠪᠠᠷ ᠳᠠᠭᠠᠭᠤᠯᠭ᠎ᠠ ᠪᠣᠯᠭᠠᠵᠤ᠂ ︽ᠠᠵᠤ ᠦᠢᠯᠡᠰ ᠨᠢ ᠬᠥᠭᠵᠢᠩᠭᠦᠢ᠂ | ᠠᠮᠢ ᠠᠬᠤᠢ ᠨᠢ ᠲᠣᠬᠢᠯᠢᠭ᠂ ᠰᠤᠷᠲᠠᠯ ᠲᠠᠳᠬᠠᠯ ᠨᠢ ᠪᠣᠯᠪᠠᠰᠤᠨ᠂ ᠵᠠᠰᠠᠨ ᠴᠡᠭᠴᠡᠯᠡᠯᠲᠡ ᠨᠢ ᠪᠦᠲᠦᠮᠵᠢᠲᠡᠢ᠂ ᠠᠮᠢᠳᠤᠷᠠᠯ ᠨᠢ ᠪᠠᠶᠠᠨ ᠴᠢᠨᠡᠭᠡᠯᠢᠭ︾ 20 | ᠦᠰᠦᠭ ᠤᠨ ᠴᠢᠭᠯᠡᠯᠲᠡ ᠲᠠᠢ ᠨᠢᠭᠲᠠ ᠤᠶᠠᠯᠳᠤᠨ᠂ ᠡᠯ᠎ᠡ ᠭᠠᠵᠠᠷ ᠢ ᠵᠢᠯᠣᠭᠤᠳᠣᠨ ᠣᠷᠣᠨ ᠭᠠᠵᠠᠷ ᠲᠠᠭᠠᠨ ᠲᠣᠬᠢᠷᠠᠭᠤᠯᠤᠨ ᠪᠣᠳᠠᠲᠠᠢ ᠲᠥᠯᠥᠪᠯᠡᠭᠡ ᠲᠣᠭᠲᠠᠭᠠᠨ᠎ᠠ᠃ | ᠭᠠᠵᠠᠷ ᠣᠷᠣᠨ ᠬᠤᠪᠢᠶᠠᠨ᠂ ᠰᠠᠯᠠᠭ᠎ᠠ ᠮᠥᠴᠢᠷ ᠬᠤᠪᠢᠶᠠᠵᠤ ᠠᠵᠢᠯ ᠤᠨ ᠭᠤᠣᠯᠳᠠᠯᠭ᠎ᠠ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠦᠷᠢᠶ᠎ᠡ ᠬᠡᠪᠴᠢᠶ᠎ᠡ | ᠬᠤᠪᠢᠶᠠᠨ ᠲᠤᠰᠬᠠᠢ ᠵᠦᠢᠯ ᠤᠨ ᠬᠡᠷᠡᠭᠵᠢᠭᠦᠯᠬᠦ ᠲᠥᠰᠥᠯ ᠲᠣᠭᠲᠠᠭᠠᠵᠤ᠂ ᠵᠢᠯ ᠤᠨ ᠴᠢᠬᠤᠯᠠ ᠶᠡᠭᠡ ᠲᠥᠯᠥᠪᠯᠡᠭᠡ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ | ᠲᠥᠷᠥᠯ ᠵᠦᠢᠯ ᠤᠨ ᠴᠠᠭ ᠬᠤᠭᠤᠴᠠᠭᠠᠨ ᠤ ᠬᠥᠰᠦᠨᠦᠭ᠂ ᠵᠠᠮ ᠱᠤᠭᠤᠮ ᠤᠨ ᠵᠢᠷᠤᠭ ᠢ ᠲᠣᠳᠤᠷᠬᠠᠶᠢᠯᠠᠵᠤ᠂ ᠡᠯ᠎ᠡ ᠵᠦᠢᠯ ᠤᠨ ᠠᠵᠢᠯ ᠤᠨ ᠬᠠᠷᠠᠯᠲᠠ ᠲᠠᠢ᠂ ᠡᠮᠬᠢ | ᠳᠠᠷᠠᠭᠠᠯᠠᠯ ᠲᠠᠢ ᠪᠠᠶᠢᠬᠤ ᠶᠢ ᠪᠠᠲᠤᠯᠠᠨ᠎ᠠ᠃ | ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠵᠠᠩᠬᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠣᠨᠴᠠᠯᠢᠭ ᠢ ᠲᠣᠪᠤᠶᠢᠯᠭᠠᠨ᠂ ᠲᠥᠪᠯᠡᠷᠡᠭᠦᠯᠦᠨ | ᠪᠠᠶᠢᠷᠢᠰᠢᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠶᠢ ᠪᠤᠶᠢᠵᠢᠭᠤᠯᠵᠤ᠂ ᠬᠥᠳᠡᠭᠡ ᠲᠣᠰᠬᠤᠨ ᠢ ᠰᠡᠷᠭᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ | ᠪᠠᠳᠤᠲᠠᠢ ᠲᠠᠯᠪᠢᠨ᠎ᠠ᠃ ︽ᠬᠥᠳᠡᠭᠡ ᠶᠢᠨ ᠵᠠᠮ ᠤᠨ ᠳᠥᠷᠪᠡᠨ ᠰᠠᠶᠢᠲᠤᠷ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ᠂ ︽ᠰᠥᠯᠵᠢᠶ᠎ᠡ ᠬᠥᠳᠡᠭᠡ | ᠨᠡᠪᠲᠡᠷᠡᠬᠦ︾ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠠᠬᠢᠯᠭᠠᠨ ᠴᠢᠮᠡᠭᠡ ᠶᠢᠨ ᠨᠡᠶᠢᠳᠡᠮ ᠦᠢᠯᠡᠴᠢᠯᠡᠭᠡᠨ ᠤ 4G ᠶᠢᠨ ᠰᠠᠭᠤᠷᠢ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠢᠭ ᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠦᠨᠳᠦᠰᠦᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ | ᠬᠤᠭ ᠨᠣᠪᠰᠢ ᠪᠣᠬᠢᠷ ᠤᠰᠤ ᠶᠢ ᠵᠠᠰᠠᠬᠤ᠂ ᠵᠣᠷᠯᠣᠩ ᠢ ᠥᠭᠡᠷᠡᠴᠢᠯᠡᠨ ᠪᠠᠶᠢᠭᠤᠯᠬᠤ ᠵᠡᠷᠭᠡ ᠢᠨᠵᠧᠨᠧᠷᠢᠩ ᠢ ᠭᠤᠣᠯᠳᠠᠯᠭᠠᠲᠠᠢ ᠠᠬᠢᠭᠤᠯᠵᠤ᠂ ᠬᠥᠳᠡᠭᠡ ᠲᠣᠰᠬᠤᠨ | ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠶᠡᠷᠥᠩᠬᠡᠶᠢᠯᠡᠭᠰᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠭᠦᠨᠵᠡᠭᠡᠢ ᠨᠠᠶᠢᠳᠠᠪᠤᠷᠢᠵᠢᠭᠤᠯᠤᠨ᠎ᠠ᠃ ᠨᠤᠲᠤᠭ ᠤᠨ ᠮᠡᠷᠭᠡᠳ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ | ᠨᠡᠶᠢᠭᠡᠮ ᠤᠨ ᠠᠮᠤᠷ ᠲᠦᠪᠰᠢᠨ ᠤ ᠶᠡᠷᠥᠩᠬᠡᠶᠢᠯᠡᠭᠰᠡᠨ ᠵᠠᠰᠠᠯᠲᠠ ᠶᠢ ᠠᠬᠢᠭᠤᠯᠵᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ᠂ ᠥᠪᠡᠷᠲᠡᠭᠡᠨ ᠵᠠᠰᠠᠬᠤ ᠶᠢ | ᠤᠶᠠᠯᠳᠤᠭᠤᠯᠤᠭᠰᠠᠨ ᠵᠠᠰᠠᠨ ᠰᠠᠶᠢᠵᠢᠷᠠᠭᠤᠯᠬᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠦᠨ᠂ ︽ᠨᠢᠭᠡ ᠲᠣᠰᠬᠤᠨ ᠨᠢᠭᠡ ᠴᠠᠭᠳᠠᠭᠠᠨ ᠶᠠᠪᠤᠳᠠᠯ ᠤᠨ ᠲᠤᠰᠠᠯᠠᠭᠴᠢ︾ | ᠪᠠᠶᠢᠬᠤ ᠬᠡᠯᠪᠡᠷᠢ ᠶᠢ ᠳᠡᠯᠭᠡᠷᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ | ᠵᠢᠱᠢᠶ᠎ᠡ ᠦᠵᠡᠭᠦᠯᠦᠨ ᠳᠠᠶᠢᠴᠢᠯᠠᠬᠤ ᠶᠢ ᠰᠠᠶᠢᠲᠤᠷ ᠠᠳᠬᠤᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠲᠥᠷᠥᠯ ᠵᠦᠢᠯ ᠤᠨ | ᠪᠠᠯᠠ ᠮᠥᠩᠭᠦ ᠶᠢ ᠦᠷᠭᠦᠯᠵᠢᠯᠡᠨ ᠡᠮᠬᠢᠯᠡᠨ ᠨᠡᠶᠢᠯᠡᠭᠦᠯᠵᠦ ᠲᠥᠪᠯᠡᠷᠡᠭᠦᠯᠦᠨ ᠪᠡᠯᠡ ᠣᠷᠣᠭᠤᠯᠵᠤ᠂ 7 ᠬᠤᠰᠢᠭᠤ ᠰᠢᠶᠠᠨ ᠲᠣᠭᠤᠷᠢᠭ ᠤᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠪᠦᠰᠡ ᠪᠠᠶᠢᠭᠤᠯᠬᠤ ᠶᠢ ᠲᠡᠮᠵᠢᠵᠦ᠂ ᠪᠤᠰᠤᠳ ᠬᠤᠰᠢᠭᠤ ᠰᠢᠶᠠᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠴᠡᠭ ᠪᠠᠶᠢᠭᠤᠯᠬᠤ ᠶᠢ ᠳᠡᠮᠵᠢᠵᠦ᠂ ᠠᠯᠬᠤᠮ | ᠠᠯᠬᠤᠮ ᠢᠶᠠᠷ ᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ 78.3 | ᠳ᠋ᠦᠩᠰᠢᠭᠤᠷ ᠲᠦᠭᠦᠷᠢᠭ ᠤᠨ ᠪᠡᠯᠡ ᠮᠥᠩᠭᠦ ᠨᠢᠳᠬᠡᠨ ᠣᠷᠤᠭᠤᠯᠬᠤ ᠪᠠᠷ ᠲᠥᠯᠥᠪᠯᠡᠵᠦ᠂ 194 ᠭᠤᠣᠯᠳᠠᠯᠭᠠᠲᠠᠢ ᠲᠥᠷᠥᠯ ᠵᠦᠢᠯ ᠢ ᠬᠡᠷᠡᠭᠵᠢᠭᠦᠯᠦᠨ᠂ ᠠᠳᠠᠯᠢ | ᠪᠤᠰᠤ ᠭᠠᠵᠠᠷ ᠣᠷᠣᠨ᠂ ᠠᠳᠠᠯᠢ ᠪᠤᠰᠤ ᠣᠷᠣᠨ ᠬᠡᠴᠡ ᠶᠢᠨ ᠬᠥᠳᠡᠭᠡ ᠲᠣᠰᠬᠤᠨ ᠢ ᠰᠡᠷᠭᠦᠨ ᠮᠠᠨᠳᠤᠭᠤᠯᠬᠤ ᠬᠡᠪ ᠵᠠᠭᠪᠤᠷ ᠠᠷᠭ᠎ᠠ ᠵᠠᠮ ᠢ ᠰᠦᠪᠡᠭᠴᠢᠯᠡᠨ | ᠬᠤᠷᠠᠮᠳᠤᠭᠤᠯᠤᠨ᠎ᠠ᠃ | ︵ᠳᠥᠷᠪᠡ︶ ᠬᠤᠳᠠ ᠶᠢᠨ ᠪᠦᠳᠦᠭᠡᠠ ᠪᠠᠶᠢᠭᠤᠯᠤᠯᠲᠠ ᠪᠠ ᠬᠠᠮᠢᠶᠠᠷᠤᠯᠲᠠ ᠶᠢ ᠶᠡᠬᠡᠪᠡᠷ ᠴᠢᠩᠭᠠᠳᠬᠠᠵᠤ᠂ ᠬᠤᠲᠠ ᠪᠠᠯᠭᠠᠰᠤᠨ ᠤ ᠰᠠᠭᠤᠷᠢᠰᠢᠬᠤ ᠳᠤ | ᠲᠤᠬᠢᠷᠠᠬᠤ ᠲᠦᠪᠰᠢᠨ ᠢ ᠳᠡᠭᠡᠭᠰᠢᠯᠡᠭᠦᠯᠦᠨ᠎ᠡ | ᠭᠤᠣᠯ ᠬᠤᠲᠠ ᠲᠣᠭᠤᠷᠢᠭ ᠤᠨ ᠳᠠᠭᠠᠭᠠᠴᠠ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠰᠠᠭᠤᠷᠢ ᠲᠣᠨᠤᠭ ᠲᠥᠬᠦᠭᠡᠷᠦᠮᠵᠢ ᠶᠢᠨ ᠪᠠᠭᠤᠷᠠᠢ ᠲᠠᠯ᠎ᠠ ᠶᠢ | ᠨᠥᠬᠦᠪᠦᠷᠢᠯᠡᠬᠦ ᠬᠦᠴᠦᠯᠡᠴᠡ ᠪᠠᠨ ᠴᠢᠩᠳᠠᠯᠠᠵᠤ᠂ ᠳᠤᠮᠳᠠ ᠲᠣᠭᠤᠷᠢᠮ ᠵᠠᠮ ᠤᠨ ᠬᠤᠷᠳᠤᠴᠠ ᠶᠢ ᠳᠡᠭᠡᠭᠰᠢᠯᠡᠭᠦᠯᠬᠦ ᠶᠢ ᠲᠥᠷᠭᠡᠳᠬᠡᠵᠦ᠂ ᠳᠠᠷᠳᠠᠩ ᠶᠡᠭᠡ ᠵᠠᠮ ᠢ | ᠪᠦᠬᠦᠨ ᠢ ᠥᠭᠡᠷᠡᠴᠢᠯᠡᠬᠦ ᠵᠢᠴᠢ ᠳ᠋ᠠᠪᠠᠨ ᠵᠠᠮ ᠤᠨ ᠡᠮᠦᠨᠡᠰᠢ ᠨᠡᠪᠲᠡᠷᠡᠬᠦ ᠪᠠᠷᠢᠯᠭ᠎ᠠ ᠶᠢ ᠳᠠᠭᠤᠰᠬᠠᠵᠤ᠂ ᠨᠢᠩ ᠯᠠᠨ ᠵᠠᠮ᠂ ᠰᠦᠩ ᠵᠸᠦ ᠵᠠᠮ ᠵᠡᠷᠭᠡ ᠭᠤᠣᠯ ᠱᠤᠭᠤᠮ | ᠵᠠᠮ ᠢ ᠨᠡᠪᠲᠡᠷᠡᠭᠦᠯᠦᠨ᠂ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠤᠨ᠎ᠠ᠃ ᠤᠰᠤᠨ ᠤ ᠡᠬᠢ | ᠰᠤᠷᠪᠤᠯᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠲᠣᠭᠤᠷᠢᠮ ᠤᠰᠤᠨ ᠰᠢᠰᠲ᠋ᠧᠮ ᠢ ᠵᠠᠰᠠᠬᠤ᠂ ᠰᠠᠨ ᠼᠥᠸᠧ ᠳ᠋ᠢᠶᠠᠨ | ᠤᠰᠤᠨ ᠴᠦᠭᠦᠷᠦᠮ ᠠᠴᠠ ᠭᠤᠣᠯ ᠬᠤᠲᠠ ᠲᠣᠭᠤᠷᠢᠭ ᠲᠤ ᠤᠰᠤ ᠲᠠᠲᠠᠨ ᠬᠠᠩᠭᠠᠬᠤ ᠢᠨᠵᠧᠨᠧᠷᠢᠩ ᠢ ᠪᠡᠶᠡᠯᠡᠭᠦᠯᠵᠦ᠂ ᠢᠩᠭᠡ ᠶᠢᠨ ᠭᠤᠣᠯ ᠤᠨ ᠰᠢᠨ᠎ᠡ ᠤᠰᠤᠨ | ᠰᠤᠷᠪᠤᠯᠵᠢ ᠶᠢᠨ ᠭᠠᠵᠠᠷ ᠤᠨ ᠢᠨᠵᠧᠨᠧᠷᠢᠩ ᠢ ᠡᠬᠢᠯᠡᠨ ᠪᠠᠶᠢᠭᠤᠯᠵᠤ᠂ ᠡᠭᠡᠭᠦᠯᠦᠨ ᠬᠡᠷᠡᠭᠯᠡᠬᠦ ᠤᠰᠤᠨ ᠬᠤᠭᠤᠯᠠᠢ ᠲᠣᠣᠷᠵᠢᠯ 96 ᠺᠢᠯᠤᠮᠧᠲᠷ ᠰᠢᠨ᠎ᠡ ᠪᠠᠶᠢᠭᠤᠯᠤᠨ᠎ᠠ᠃ | ᠬᠤᠲᠠ ᠲᠣᠭᠤᠷᠢᠭ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠴᠢᠩᠭᠠᠳᠬᠠᠵᠤ᠂ ︽ᠬᠤᠶᠠᠷ ᠠᠭᠤᠯᠠ ᠬᠤᠶᠠᠷ ᠴᠡᠴᠡᠷᠯᠢᠭ︾ ᠤᠨ ᠦᠵᠡᠮᠵᠢ ᠶᠢᠨ | ᠣᠷᠣᠨ ᠤ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠠᠶᠡᠯᠡᠭᠦᠯᠵᠦ᠂ ᠪᠠᠷᠠᠭᠤᠨ ᠠᠭᠤᠯᠠᠨ ᠤ ᠠᠮᠢ ᠠᠬᠤᠢ ᠶᠢᠨ ᠴᠡᠴᠡᠷᠯᠢᠭ ᠢ ᠲᠥᠯᠥᠪᠯᠡᠨ ᠨᠡᠭᠡᠭᠡᠨ | ᠠᠰᠢᠭᠯᠠᠵᠤ ᠪᠦᠲᠦᠭᠡᠨ ᠪᠠᠶᠢᠭᠤᠯᠵᠤ᠂ ᠬᠤᠲᠠ ᠪᠠᠯᠭᠠᠰᠤᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠭᠤᠣᠯ ᠬᠤᠲᠠ ᠲᠣᠭᠤᠷᠢᠭ ᠤᠨ ᠢᠯᠴᠢ ᠶᠢᠨ ᠢᠷᠡᠯᠲᠡ ᠶᠢ | ᠰᠢᠨ᠎ᠡ ᠪᠠᠷ ᠨᠡᠮᠡᠭᠳᠡᠭᠦᠯᠬᠦ ᠶᠢ ᠨᠤᠲᠠᠯᠠᠬᠤ ᠠᠵᠢᠯ ᠢ ᠡᠬᠢᠯᠡᠨ᠎ᠡ᠃ ᠬᠠᠭᠤᠴᠢᠨ ᠬᠤᠲᠠ ᠲᠣᠭᠤᠷᠢᠭ ᠤᠨ ᠥᠭᠡᠷᠡᠴᠢᠯᠡᠯᠡᠲᠡ ᠶᠢ ᠲᠥᠯᠥᠪᠯᠡᠭᠡ ᠲᠠᠢ᠂ ᠠᠯᠬᠤᠮ | ᠳᠠᠷᠠᠭ᠎ᠠ ᠲᠠᠢ ᠠᠬᠢᠭᠤᠯᠵᠤ᠂ ᠬᠤᠭᠤᠯᠠᠢ ᠲᠣᠣᠷᠵᠢᠯ ᠢ ᠰᠢᠨᠡᠴᠢᠯᠡᠬᠦ᠂ ᠵᠠᠮ ᠬᠠᠷᠢᠯᠴᠠᠭᠠᠨ ᠤ ᠲᠥᠭᠵᠢᠷᠡᠯ᠂ ᠣᠷᠣᠨ ᠵᠠᠢ ᠶᠢ ᠨᠣᠭᠤᠭᠠᠷᠠᠭᠤᠯᠬᠤ᠂ ᠳᠦᠷᠢ ᠳᠥᠷᠰᠦ ᠶᠢ | ᠵᠠᠰᠠᠬᠤ᠂ ᠬᠡᠪ ᠪᠠᠶᠢᠳᠠᠯ ᠢ ᠳᠡᠭᠡᠭᠰᠢᠯᠡᠭᠦᠯᠬᠦ ᠵᠡᠷᠭᠡ ᠭᠤᠣᠯᠳᠠᠯᠭᠠᠲᠠᠢ ᠬᠦᠷᠢᠶ᠎ᠡ ᠶᠢᠨ ᠲᠤᠭᠤᠷᠢᠨ ᠳᠤ ᠨᠢᠭᠡ ᠪᠦᠯᠦᠭ ᠦᠭᠡᠷᠡᠴᠢᠯᠡᠨ ᠰᠠᠢᠵᠢᠷᠠᠭᠤᠯᠬᠤ ᠢᠨᠵᠧᠨᠧᠷᠢᠩ ᠢ | ᠦᠷᠭᠦᠯᠵᠢᠯᠡᠨ ᠨᠠᠢᠳᠠᠪᠤᠷᠢᠵᠢᠭᠤᠯᠤᠨ᠎ᠠ᠃ ᠰᠢᠨ᠎ᠡ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠰᠠᠢᠵᠢᠷᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠳᠡᠭᠡᠷ᠎ᠡ | ᠬᠠᠭᠠᠰ ᠵᠢᠯ ᠳᠤ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠪᠦᠬᠦ᠋ᠢᠯᠡ ᠰᠡᠭᠦᠯ ᠬᠤᠷᠢᠶᠠᠬᠤ ᠠᠵᠢᠯ ᠢ ᠪᠡᠶᠡᠯᠡᠭᠦᠯᠵᠦ᠂ ᠬᠤᠲᠠ ᠪᠠᠯᠭᠠᠰᠤᠨ ᠤ | ᠣᠷᠤᠰᠢᠨ ᠠᠮᠢᠳᠤᠷᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠭᠦᠨᠵᠡᠭᠡᠶ ᠠᠭᠤᠳᠠᠯᠵᠤ ᠪᠣᠯᠪᠠᠰᠤᠷᠠᠭᠤᠯᠤᠭᠰᠠᠨ ᠰᠠᠭᠤᠷᠢᠨ ᠳᠡᠭᠡᠷ᠎ᠡ᠂ ᠬᠤᠳᠠ ᠶᠢᠨ | ᠦᠵᠡᠮᠵᠢ ᠶᠢᠨ ᠢᠨᠵᠧᠨᠧᠷᠢᠩ ᠳᠤ ᠨᠠᠷᠢᠨ ᠨᠢᠮᠪᠠᠶ ᠨᠤᠲᠠᠯᠠᠯᠲᠠ ᠬᠢᠵᠦ᠂ ᠥᠪᠡᠷᠮᠢᠴᠡ ᠤᠨᠴᠠᠯᠢᠬᠳᠤ ᠰᠣᠶᠣᠯ ᠤᠨ ᠡᠯᠧᠮᠧᠨ᠋ᠲ ᠢ ᠵᠣᠬᠢᠰᠲᠠᠶ ᠪᠥᠭᠡᠳ ᠡᠮᠬᠢ | ᠵᠢᠷᠤᠮ ᠲᠠᠢ ᠪᠠᠷ ᠣᠷᠣᠭᠤᠯᠵᠤ᠂ ᠬᠤᠳᠠ ᠶᠢᠨ ᠬᠡᠪ ᠨᠠᠮᠪᠠ ᠶᠢ ᠢᠯᠡᠷᠡᠭᠦᠯᠵᠦ᠂ ᠬᠤᠳᠠ ᠶᠢᠨ ᠲᠠᠨᠢᠭᠳᠠᠯ ᠤᠨ ᠬᠡᠮᠵᠢᠶ᠎ᠡ ᠶᠢ ᠴᠢᠩᠭᠠᠳᠬᠠᠨ᠎ᠠ᠃ | ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃ ᠴᠢᠳᠠᠯ ᠤᠨ ᠬᠢᠷᠢ ᠪᠠᠷ ᠢᠶᠠᠨ ᠬᠢᠵᠦ᠂ | ᠪᠦᠬᠦ ᠬᠦᠴᠦᠨ ᠢᠶᠠᠷ ᠢᠶᠠᠨ ᠴᠢᠷᠮᠠᠢᠬᠤ ᠶᠢ ᠪᠠᠷᠢᠮᠲᠠᠯᠠᠵᠤ᠂ ᠦᠨᠳᠦᠷ ᠪᠠᠷᠢᠮᠵᠢᠶ᠎ᠠ ᠪᠠᠷ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠪᠠᠯᠭᠠᠰᠤ ᠶᠢ | ᠪᠦᠲᠦᠭᠡᠨ ᠪᠠᠶᠢᠭᠤᠯᠵᠤ᠂ ᠭᠠᠳᠠᠷ ᠲᠤᠲᠤᠷ ᠢ ᠬᠠᠮᠲᠤ ᠳ᠋ᠦᠨᠢ ᠠᠳᠬᠤᠵᠤ᠂ ᠰᠠᠭᠤᠷᠢ ᠲᠦᠬᠦᠭᠡᠷᠦᠮᠵᠢ ᠶᠢᠨ ᠲᠡᠭᠦᠯᠳᠡᠷᠵᠢᠯᠲᠡ ᠶᠢ ᠠᠬᠢᠭᠤᠯᠵᠤ᠂ ᠦᠢᠯᠡᠴᠢᠯᠡᠭᠡᠨ ᠤ | ᠴᠢᠳᠠᠪᠬᠢ ᠶᠢ ᠳᠡᠭᠡᠭᠰᠢᠯᠡᠬᠦᠯᠵᠦ᠂ ᠠᠵᠤ ᠦᠢᠯᠡᠰ ᠪᠠ ᠬᠤᠳᠠ ᠶᠢᠨ ᠠᠭᠤᠰᠤᠯᠴᠠᠬᠤ ᠶᠢ ᠠᠬᠢᠭᠤᠯᠵᠤ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠭᠤᠭ᠎ᠠ | ᠪᠠᠯᠭᠠᠰᠤ ᠶᠢᠨ ᠨᠥᠯᠥᠭᠡᠯᠡᠨ ᠳᠠᠭᠠᠭᠤᠯᠬᠤ ᠬᠦᠴᠦᠨ ᠢ ᠳᠡᠭᠡᠭᠰᠢᠯᠡᠭᠦᠯᠦᠨ᠎ᠡ᠃ ᠪᠤᠰᠤᠳ ᠭᠤᠣᠯᠳᠠᠯᠭᠠᠲᠤ ᠵᠢᠵᠢᠭ ᠬᠤᠲᠠ ᠪᠠᠯᠭᠠᠰᠤ ᠨᠢ ︽ᠳᠠᠭᠠᠷᠠᠭᠰᠠᠨ ᠬᠥᠮᠦᠨ ᠳᠤ | ᠳᠠᠬᠤ ᠬᠦᠷᠭᠡᠬᠦ︾ ᠶᠢ ᠲᠤᠪᠦ᠋ᠯᠭᠠᠵᠤ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠢᠯᠴᠢ ᠬᠦᠷᠭᠡᠬᠦ᠂ ᠬᠤᠭ ᠨᠣᠪᠰᠢ ᠪᠠ ᠪᠣᠬᠢᠷ ᠤᠰᠤ ᠶᠢ | ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠬᠤᠳᠠ ᠶᠢᠨ ᠶᠠᠪᠤᠳᠠᠯ ᠤᠨ ᠰᠠᠭᠤᠷᠢ ᠶᠢᠨ ᠲᠤᠪᠤᠶᠢᠮ᠎ᠡ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠳᠠᠭᠠᠭᠠᠬᠤ | ᠴᠢᠳᠠᠪᠤᠷᠢ ᠪᠣᠯᠤᠨ ᠲᠥᠪᠯᠡᠷᠡᠭᠦᠯᠬᠦ ᠴᠢᠳᠠᠮᠵᠢ ᠶᠢ ᠪᠦᠲᠦᠮᠵᠢᠲᠠᠢ ᠳᠡᠭᠡᠭᠰᠢᠯᠡᠭᠦᠯᠦᠨ᠎ᠡ᠃ | ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠦᠴᠦᠲᠡᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠪᠠᠯᠭᠠᠰᠤᠨ ᠤ ᠶᠡᠷᠥᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠬᠠᠮᠢᠶᠠᠷᠤᠯᠲᠠ ᠦᠢᠯᠡᠴᠢᠯᠡᠭᠡᠨ ᠤ ᠪᠠᠷᠢᠮᠵᠢᠶᠠᠵᠢᠯ ᠢ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ | ᠬᠤᠲᠠ ᠶᠢᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ | ᠬᠤᠲᠠ ᠶᠢᠨ ᠳᠦᠷᠰᠦ ᠪᠠᠶᠢᠳᠠᠯ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠬᠤᠲᠠ ᠪᠠᠯᠭᠠᠰᠤᠨ ᠤ ᠴᠢᠮᠡᠭᠡ ᠵᠠᠩᠬᠢᠴᠢᠯᠠᠭᠰᠠᠨ | ᠬᠠᠮᠢᠶᠠᠷᠤᠯᠲᠠ ᠶᠢᠨ ᠠᠯᠬᠤᠴᠠ ᠶᠢ ᠲᠥᠷᠭᠡᠳᠬᠡᠵᠦ᠂ ᠣᠶᠣᠨᠴᠢᠯᠠᠭᠰᠠᠨ᠂ ᠨᠠᠷᠢᠯᠢᠬᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠬ᠎ᠠ | ᠳᠡᠯᠭᠡᠭᠦᠷᠴᠢᠯᠡᠬᠦ ᠬᠡᠯᠪᠡᠷᠢ ᠪᠠᠷ ᠳᠠᠮᠵᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡ ᠴᠣᠭᠴᠠᠵᠢᠭᠤᠯᠬᠤ᠂ ᠬᠤᠲᠠ ᠶᠢᠨ ᠶᠠᠪᠤᠳᠠᠯ ᠤᠨ ᠲᠣᠨᠤᠭ | ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠ ᠴᠡᠴᠡᠷᠯᠢᠭᠵᠢᠭᠦᠯᠦᠨ ᠨᠣᠭᠤᠭᠠᠷᠠᠭᠤᠯᠬᠤ ᠶᠢ ᠬᠠᠮᠢᠶᠠᠷᠴᠤ ᠬᠠᠮᠠᠭᠠᠯᠠᠬᠤ ᠶᠢ ᠠᠬᠢᠭᠤᠯᠵᠤ᠂ ᠡᠨᠡ ᠵᠢᠯ ᠳᠤ | ᠮᠠᠰᠢᠨᠴᠢᠯᠠᠭᠰᠠᠨ ᠴᠡᠪᠡᠷᠯᠡᠭᠡ ᠶᠢᠨ ᠨᠣᠷᠮ᠎ᠠ ᠶᠢ 70% ᠳᠤ ᠬᠦᠷᠭᠡᠨ᠎ᠡ᠃ ᠵᠣᠷᠯᠣᠩ ᠢ ᠥᠭᠡᠷᠡᠴᠢᠯᠡᠨ ᠪᠠᠶᠢᠭᠤᠯᠬᠤ ᠶᠢ ᠡᠮᠬᠢ ᠵᠢᠷᠤᠮ ᠲᠠᠢ ᠶᠠᠪᠤᠭᠳᠠᠭᠤᠯᠵᠤ᠂ ᠡᠨᠡ | ᠵᠢᠯ ᠳᠤ ᠬᠤᠲᠠ ᠪᠠᠯᠭᠠᠰᠤᠨ ᠳᠤ 202 ᠨᠡᠶᠢᠲᠡ ᠶᠢᠨ ᠵᠣᠷᠯᠣᠩ ᠰᠢᠨ᠎ᠡ ᠪᠠᠶᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠤᠯᠤᠰ ᠤᠨ | ᠴᠡᠴᠡᠷᠯᠢᠭᠵᠢᠭᠦᠯᠦᠭᠰᠡᠨ ᠰᠢᠶᠠᠨ ᠤ ᠬᠤᠲᠠ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠪᠠᠯᠭᠠᠰᠤ ᠶᠢᠨ ᠬᠠᠮ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠲᠠᠪᠤ︶ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠠᠬᠤᠢ ᠨᠡᠢᠭᠡᠮ ᠤᠨ ᠬᠥᠭᠵᠢᠯᠲᠡ ᠶᠢᠨ ᠳᠠᠯᠳᠠ ᠬᠦᠴᠦᠨ ᠢ ᠴᠢᠩᠭᠠᠳᠬᠠᠨ᠎ᠠ | ᠵᠠᠮ ᠬᠠᠷᠢᠯᠴᠠᠭᠠᠨ ᠤ ᠪᠡᠶᠡᠲᠦ ᠲᠣᠣᠷᠵᠢᠯ ᠢ ᠲᠦᠷᠭᠡᠨ ᠲᠡᠭᠦᠯᠳᠡᠷᠵᠢᠭᠦᠯᠦᠨ᠎ᠡ᠃ ᠲᠡᠮᠦᠷ ᠵᠠᠮ ᠤᠨ ᠭᠤᠣᠯᠳᠠᠯᠭᠠᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠶᠢᠨ ᠲᠦᠷᠭᠡᠨ ᠲᠡᠮᠦᠷ ᠵᠠᠮ ᠢ ᠬᠤᠯᠪᠣᠨ ᠲᠣᠬᠢᠷᠠᠭᠤᠯᠵᠤ ᠬᠤᠯᠪᠣᠨ ᠲᠣᠷᠰᠢᠬᠤ ᠱᠠᠲᠤᠨ ᠳᠤ ᠣᠷᠤᠭᠤᠯᠬᠤ ᠪᠠᠷ | ᠴᠢᠷᠮᠠᠶᠢᠵᠤ᠂ ᠵᠢᠢ ᠲᠥᠩ ᠲᠡᠮᠦᠷ ᠵᠠᠮ᠂ ᠶᠧ ᡂᠢ ᠲᠡᠮᠦᠷ ᠵᠠᠮ ᠤᠨ ᠴᠢᠳᠠᠪᠤᠷᠢ ᠪᠠᠨ ᠨᠡᠮᠡᠭᠳᠡᠭᠦᠯᠦᠨ ᠥᠭᠡᠷᠡᠴᠢᠯᠡᠬᠦ ᠪᠠ ᠵᠢᠩ ᠲᠥᠩ ᠲᠡᠮᠦᠷ ᠵᠠᠮ ᠤᠨ | ᠴᠠᠬᠢᠯᠭᠠᠨᠴᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠠᠵᠢᠯ ᠳᠠᠭᠤᠰᠬᠠᠬᠤ ᠪᠠᠷ ᠴᠢᠷᠮᠠᠶᠢᠵᠤ᠂ ᠵᠢᠢ ᠲᠥᠩ ᠲᠡᠮᠦᠷ ᠵᠠᠮ ᠤᠨ ᠴᠠᠬᠢᠯᠭᠠᠨᠴᠢᠯᠠᠬᠤ | ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠳ᠋ᠠᠪᠠᠨ ᠲᠡᠮᠦᠷ ᠵᠠᠮ ᠤᠨ ᠭᠤᠣᠯ ᠬᠦᠢᠰᠦ ᠶᠢᠨ ᠪᠦᠲᠦᠭᠡᠨ | ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠵᠤ᠂ ᠵᠠᠰᠠᠮᠠᠯ ᠵᠠᠮ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ 306 ᠤᠯᠤᠰ ᠤᠨ ᠵᠠᠮ ᠤᠨ ᠱᠢ ᠵᠢᠶᠠ ᠮᠠᠨᠵᠤ ᠦᠨᠳᠦᠰᠦᠲᠡᠨ ᠤ ᠰᠢᠶᠠᠩ ᠠᠴᠠ ᠨᠢᠦ ᠵᠢᠶᠠ ᠶᠢᠩᠽᠢ ᠬᠦᠷᠬᠦ | ᠨᠢᠭᠡᠳᠤᠬᠡᠷ ᠳᠠᠰ ᠤᠨ ᠵᠠᠰᠠᠮᠠᠯ ᠵᠠᠮ᠂ 305 ᠤᠯᠤᠰ ᠤᠨ ᠵᠠᠮ ᠤᠨ ᠮᠠᠨᠢᠬᠠᠨ ᠠᠴᠠ ᠢᠲᠤᠭᠤᠨ ᠭᠤᠤ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ 210 | ᠮᠤᠵᠢ ᠶᠢᠨ ᠵᠠᠮ ᠤᠨ ᠭᠤᠷᠣᠬᠠᠨ ᠠᠴᠠ ᠶᠠᠩ ᠴᠠᠩ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠵᠤ ᠳᠠᠭᠤᠰᠤᠨ ᠲᠡᠷᠭᠡ ᠨᠡᠪᠲᠡᠷᠡᠬᠦ ᠶᠢ ᠠᠬᠢᠭᠤᠯᠤᠨ᠎ᠠ᠂ | ᠳ᠋ᠠᠨᠳᠦᠩ ᠠᠴᠠ ᠰᠢᠯᠢ ᠶᠢᠨ ᠬᠤᠲᠠ ᠬᠦᠷᠬᠦ ᠬᠤᠷᠳᠤᠨ ᠵᠠᠮ ᠤᠨ ᠪᠢᠷᠠᠭᠤ ᠠᠴᠠ ᠤᠯᠠᠭᠠᠨᠪᠤᠲᠤᠩ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ | ᠲᠥᠷᠭᠡᠳᠬᠡᠵᠦ᠂ 508 ᠤᠯᠤᠰ ᠤᠨ ᠵᠠᠮ ᠤᠨ ᠰᠢᠶᠤᠤ ᠴᠧᠩᠽᠢ ᠠᠴᠠ ᠫᠢᠩ ᠴᠢᠤᠸᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ 305 ᠤᠯᠤᠰ ᠤᠨ ᠵᠠᠮ ᠤᠨ | ᠯᠢᠨᠳᠦ᠋ᠩ ᠠᠴᠠ ᠰᠢᠶᠠ ᠡᠾᠦᠸᠧ ᠹᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ 210 ᠮᠤᠵᠢ ᠶᠢᠨ ᠵᠠᠮ ᠤᠨ ᠪᠠᠯᠴᠢᠷᠤᠳ ᠠᠴᠠ ᠭᠤᠷᠣᠬᠠᠨ ᠬᠦᠷᠬᠦ | ᠬᠤᠶᠠᠳᠤᠭᠠᠷ ᠳᠡᠰ ᠤᠨ ᠵᠠᠰᠠᠮᠠᠯ ᠵᠠᠮ ᠢ ᠠᠵᠢᠯ ᠡᠬᠢᠯᠡᠨ ᠪᠦᠲᠦᠭᠡᠨ ᠪᠠᠶᠢᠭᠤᠯᠵᠤ᠂ ᠪᠣᠷᠣᠬᠤᠲᠠ ᠠᠴᠠ ᠴᠢᠪᠠᠭ᠎ᠠ ᠬᠦᠷᠬᠦ ᠳᠡᠭᠡᠳᠦ ᠳᠡᠰ ᠤᠨ ᠵᠠᠰᠠᠮᠠᠯ ᠵᠠᠮ ᠤᠨ ᠠᠵᠢᠯ | ᠡᠬᠢᠯᠡᠬᠦ ᠨᠥᠬᠦᠴᠡᠯ ᠢ ᠪᠦᠷᠢᠯᠳᠦᠭᠦᠯᠬᠦ ᠪᠠᠷ ᠴᠢᠷᠮᠠᠶᠢᠨ᠎ᠠ᠃ ᠠᠭᠠᠷ ᠤᠨ ᠲᠣᠣᠷᠵᠢᠯ ᠤᠨ ᠰᠢᠰᠲ᠋ᠧᠮ ᠢ ᠢᠳᠡᠪᠬᠢᠲᠠᠢ ᠪᠠᠶᠢᠭᠤᠯᠵᠤ᠂ ᠬᠠᠰ ᠯᠤᠤ ᠨᠢᠰᠬᠡᠯ ᠤᠨ ᠪᠠᠭᠤᠳᠠᠯ ᠢ | ᠥᠭᠡᠷᠡᠴᠢᠯᠡᠨ ᠥᠷᠭᠡᠳᠬᠡᠬᠦ ᠢᠨᠵᠧᠨᠧᠷᠢᠩ ᠢ ᠡᠬᠢᠯᠡᠵᠦ᠂ ᠯᠢᠨᠰᠢ ᠶᠢᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠨᠢ ᠲᠥᠷᠥᠯ ᠵᠦᠢᠯ ᠢᠶᠠᠷ ᠵᠥᠪᠰᠢᠶᠡᠷᠡᠭᠳᠡᠬᠦ ᠶᠢ | ᠴᠢᠷᠮᠠᠶᠢᠵᠤ᠂ ᠬᠡᠰᠢᠭᠲᠡᠨ ᠬᠤᠰᠢᠭᠤᠨ ᠤ ᠤᠯᠠᠭᠠᠨᠪᠤᠲᠤᠩ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠡᠬᠢᠯᠡᠵᠦ ᠪᠦᠲᠦᠭᠡᠨ ᠪᠠᠶᠢᠭᠤᠯᠬᠤ᠂ ᠠᠷᠤ | ᠬᠤᠷᠴᠢᠨ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠵᠢᠩᠬᠢᠨᠢ ᠪᠠᠷ ᠨᠡᠪᠲᠡᠷᠡᠬᠦ ᠶᠢ ᠠᠬᠢᠭᠤᠯᠵᠤ᠂ ᠰᠥᠩᠱᠠᠨ ᠲᠣᠭᠤᠷᠢᠭ ᠤᠨ ᠠᠭᠠᠷ | ᠠᠶᠠᠯᠠᠯ ᠤᠨ ᠵᠢᠵᠢᠭ ᠪᠠᠯᠭᠠᠰᠤ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠨᠡᠶᠢᠳᠡᠮ ᠤᠨ ᠬᠡᠷᠡᠭᠯᠡᠭᠡᠨ ᠤ ᠠᠭᠠᠷ ᠠᠶᠠᠯᠠᠯ ᠤᠨ | ᠲᠣᠣᠷᠵᠢᠯ ᠢ ᠲᠦᠷᠭᠡᠨ ᠪᠦᠷᠢᠯᠳᠦᠭᠦᠯᠦᠨ᠎ᠡ᠃ | ᠤᠰᠤᠨ ᠠᠰᠢᠭᠯᠠᠯᠲᠠ ᠡᠨᠧᠷᠬᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳ᠋ᠥᠩ ᠲᠠᠶᠢᠽᠢ ᠤᠰᠤᠨ | ᠴᠦᠬᠦᠷᠦᠮ᠂ ᠬᠥᠪᠡᠭᠡ ᠭᠤᠤ ᠶᠢᠨ ᠤᠰᠤᠨ ᠴᠦᠭᠦᠷᠦᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠣᠷᠣᠨ ᠠᠯᠤᠰᠯᠠᠨ ᠤᠰᠤ ᠲᠠᠲᠠᠬᠤ | ᠢᠨᠵᠧᠨᠧᠷᠢᠩ ᠢ ᠵᠥᠪᠰᠢᠶᠡᠷᠡᠭᠦᠯᠬᠦ ᠮᠥᠷᠲᠡᠭᠡᠨ ᠠᠵᠢᠯ ᠡᠬᠢᠯᠡᠬᠦ ᠨᠥᠬᠦᠴᠡᠯ ᠪᠦᠷᠢᠯᠳᠦᠭᠦᠯᠬᠦ ᠢᠶᠠᠷ ᠴᠢᠷᠮᠠᠶᠢᠨ᠎ᠠ᠃ ᠴᠣᠣᠶᠠᠩ ᠠᠴᠠ ᠤᠯᠠᠭᠠᠨᠬᠠᠳᠠ ᠬᠦᠷᠬᠦ ᠰᠢᠲᠠᠮᠠᠬᠠᠢ | ᠬᠡᠢ ᠶᠢᠨ ᠬᠤᠭᠤᠯᠠᠢ ᠶᠢᠨ ᠢᠨᠵᠧᠨᠧᠷᠢᠩ ᠢ ᠡᠬᠢᠯᠡᠨ ᠪᠠᠶᠢᠭᠤᠯᠬᠤ ᠮᠥᠷᠲᠡᠭᠡᠨ ᠪᠠᠶᠢᠭᠤᠯᠵᠤ ᠳᠠᠭᠤᠰᠬᠠᠨ᠎ᠠ᠃ ᠤᠯᠠᠭᠠᠨᠬᠠᠳᠠ ᠶᠢᠨ ᠴᠡᠪᠡᠷ ᠡᠨᠧᠷᠭᠢ ᠭᠠᠳᠠᠭᠰᠢ | ᠭᠠᠷᠭᠠᠬᠤ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠬᠤᠳᠠ ᠬᠥᠳᠡᠭᠡ ᠶᠢᠨ ᠴᠠᠬᠢᠯᠭᠠᠨ | ᠲᠤᠤᠷᠵᠢᠯ ᠢ ᠦᠷᠭᠦᠯᠵᠢᠯᠡᠨ ᠥᠭᠡᠷᠡᠴᠢᠯᠡᠨ ᠳᠡᠭᠡᠭᠰᠢᠯᠡᠭᠦᠯᠵᠦ᠂ 66 ᠺᠢᠯᠦᠸᠦᠯᠲ ᠵᠢᠴᠢ ᠲᠡᠭᠦᠨ ᠠᠴᠠ ᠳᠡᠭᠡᠭᠰᠢᠬᠢ 473 ᠺᠢᠯᠣᠮᠧᠲᠷ ᠴᠠᠬᠢᠯᠭᠠᠨ ᠱᠤᠭᠤᠮ ᠢ | ᠠᠵᠢᠯ ᠡᠬᠢᠯᠡᠭᠦᠯᠵᠦ᠂ 17 ᠵᠦᠢᠯ ᠤᠨ ᠭᠤᠤᠯᠳᠠᠯᠭ᠎ᠠ ᠲᠠᠢ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠶᠢ ᠳᠠᠭᠤᠰᠬᠠᠨ᠎ᠠ᠃ ᠴᠢᠮᠡᠭᠡ ᠵᠠᠩᠭᠢ ᠴᠢᠮᠡᠭᠡ | ᠨᠡᠪᠲᠡᠷᠡᠯᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠤᠲᠠ ᠬᠥᠳᠡᠭᠡ ᠶᠢᠨ ᠭᠡᠷᠡᠯᠯᠢᠭ ᠱᠤᠭᠤᠮ ᠤᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠪᠡᠶᠡᠯᠡᠭᠦᠯᠵᠦ᠂ 4G ᠶᠢᠨ ᠰᠢᠯᠵᠢᠮᠡᠯ ᠰᠥᠯᠵᠢᠶ᠎ᠡ ᠨᠢ ᠬᠤᠲᠠ ᠪᠠᠯᠭᠠᠰᠤᠨ ᠳᠤ ᠭᠦᠨᠴᠡ ᠪᠦᠷᠬᠦᠬᠦ᠂ ᠬᠥᠳᠡᠭᠡ ᠲᠣᠰᠬᠤᠨ ᠮᠠᠯᠵᠢᠬᠤ ᠣᠷᠣᠨ ᠳᠤ | ᠢᠳᠡᠭ ᠢᠳᠡᠭ ᠢᠶᠠᠷ ᠪᠦᠷᠬᠦᠬᠦ ᠶᠢ ᠪᠡᠶᠡᠯᠡᠭᠦᠯᠵᠦ᠂ ᠰᠢᠯᠵᠢᠮᠡᠯ ᠰᠥᠯᠵᠢᠶ᠎ᠡ ᠶᠢᠨ ᠬᠡᠷᠡᠭᠯᠡᠭᠡᠨ ᠤ ᠡᠷᠦᠬᠡ ᠶᠢᠨ ᠪᠦᠷᠬᠦᠯᠲᠡ ᠶᠢᠨ ᠨᠣᠷᠮ᠎ᠠ ᠶᠢ 80 % ᠳᠤ ᠬᠦᠷᠭᠡᠨ᠎ᠡ᠃ | ᠠᠮᠢ ᠠᠬᠤᠢ ᠶᠢᠨ ᠬᠠᠮᠠᠭᠠᠯᠠᠯᠲᠠ ᠶᠢᠨ ᠰᠡᠷᠭᠦᠭᠡᠨ ᠵᠠᠰᠠᠬᠤ ᠬᠦᠴᠦᠯᠡᠴᠡ ᠶᠢ ᠨᠡᠮᠡᠭᠳᠡᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠠᠶᠠᠨᠳᠠᠭᠠᠨ ᠰᠡᠷᠭᠦᠬᠦ ᠶᠢ | ᠴᠢᠩᠭᠠᠳᠬᠠᠵᠤ᠂ ᠬᠠᠮᠤᠭ ᠤᠨ ᠴᠢᠩᠭ᠎ᠠ ᠠᠮᠢ ᠠᠬᠤᠢ ᠤᠷᠴᠢᠨ ᠲᠤᠭᠤᠷᠢᠨ ᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ︽ᠤᠯᠠᠭᠠᠨᠬᠠᠳᠠ ᠬᠤᠲᠠ ᠶᠢᠨ | ᠪᠡᠯᠴᠢᠭᠡᠷᠯᠡᠭᠦᠯᠦᠨ ᠮᠠᠯᠵᠢᠬᠤ ᠶᠢ ᠬᠢᠵᠠᠭᠠᠷᠯᠠᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠳᠦᠷᠢᠮ︾ ᠢ ᠬᠢᠨᠠᠮᠠᠭᠠᠢ ᠭᠡᠷᠡᠭᠵᠢᠭᠦᠯᠵᠦ᠂ ᠲᠠᠯ᠎ᠠ ᠨᠤᠲᠤᠭ ᠤᠨ | ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠢ ᠰᠢᠭᠤᠢ ᠨᠤᠲᠤᠭ ᠪᠡᠯᠴᠢᠭᠡᠷ ᠨᠠᠮᠤᠭ | ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠰᠡᠷᠭᠦᠬᠦ ᠶᠢ ᠲᠦᠷᠭᠡᠳᠭᠡᠨ᠎ᠡ᠃ ᠭᠤᠣᠯᠳᠠᠯᠭᠠᠲᠠᠢ ᠣᠷᠣᠨ ᠬᠡᠴᠡ ᠶᠢᠨ ᠢᠨᠵᠧᠨᠧᠷᠢᠩ ᠤᠨ ᠵᠠᠰᠠᠨ | ᠰᠠᠢᠵᠢᠷᠠᠭᠤᠯᠤᠯᠲᠠ ᠶᠢ ᠰᠠᠢᠲᠤᠷ ᠬᠢᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ᠂ ᠪᠠᠶᠢᠭᠠᠯᠢᠯᠢᠭ ᠣᠢ ᠶᠢ ᠬᠠᠮᠠᠭᠠᠯᠠᠬᠤ᠂ | ᠲᠠᠷᠢᠶᠠᠯᠠᠬᠤ ᠪᠠᠨ ᠵᠣᠭᠰᠤᠵᠤ ᠣᠶᠢᠵᠢᠭᠤᠯᠬᠤ ᠨᠣᠭᠤᠭᠠᠷᠠᠭᠤᠯᠬᠤ᠂ ᠠᠲᠠᠷ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠵᠠᠰᠠᠬᠤ ᠲᠣᠷᠰᠢᠯᠲᠠ ᠶᠢᠨ ᠴᠢᠭ ᠵᠡᠷᠭᠡ | ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠦᠬᠦ ᠵᠢᠯ ᠳᠤ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ 60 ᠲᠦᠮᠡᠨ ᠮᠦ᠂ ᠤᠰᠤ ᠬᠦᠷᠦᠰᠦ ᠬᠠᠮᠠᠭᠠᠯᠠᠬᠤ ᠵᠠᠰᠠᠯᠲᠠ 138 ᠲᠦᠮᠡᠨ ᠮᠦ ᠶᠢ ᠪᠡᠶᠡᠯᠡᠭᠦᠯᠵᠦ᠂ ᠨᠡᠪᠲᠡᠷᠡᠯ ᠵᠠᠮ ᠤᠨ ᠨᠣᠭᠤᠭᠠᠷᠠᠭᠤᠯᠬᠤ | ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠶᠠᠷ ᠵᠢᠯ ᠤᠨ ᠬᠤᠭᠤᠴᠠᠭ᠎ᠠ ᠶᠢ ᠬᠡᠷᠡᠭᠰᠡᠵᠦ 990.8 ᠺᠢᠯᠤᠮᠧᠲᠷ ᠴᠢᠬᠤᠯᠠ ᠨᠡᠪᠲᠡᠷᠡᠯ ᠵᠠᠮ ᠤᠨ | ᠨᠣᠭᠤᠭᠠᠷᠠᠭᠤᠯᠤᠯᠲᠠ ᠶᠢᠨ ᠬᠡᠪ ᠴᠢᠨᠠᠷ ᠢ ᠲᠦᠪᠯᠡᠷᠡᠭᠦᠯᠦᠨ ᠳᠡᠭᠡᠭᠰᠢᠯᠡᠭᠦᠯᠵᠦ᠂ ᠡᠨᠡ ᠵᠢᠯ 816.8 ᠺᠢᠯᠣᠮᠧᠲᠷ ᠢ ᠪᠡᠶᠡᠯᠡᠭᠦᠯᠵᠦ᠂ ᠬᠡᠰᠢᠭᠲᠡᠨ ᠤ | ᠬᠡᠪᠴᠢᠶᠡᠵᠢᠭᠦᠯᠦᠭᠰᠡᠨ ᠤᠢ ᠶᠢᠨ ᠲᠠᠯᠠᠪᠠᠢ ᠶᠢ ᠡᠬᠢᠯᠡᠨ ᠪᠠᠶᠢᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ︽ᠤᠯᠠᠭᠠᠨᠬᠠᠳᠠ | ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯ ᠬᠤᠲᠠ ᠲᠣᠭᠤᠷᠢᠭ ᠲᠠᠬᠢ ᠥᠪᠡᠷᠲᠡᠭᠡᠨ | ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠦᠬᠦᠨ ᠢ ᠬᠠᠭᠠᠨ᠎ᠠ᠃ ᠬᠠᠤᠯᠢ ᠳᠦᠷᠢᠮ ᠢᠶᠠᠷ ᠬᠢᠵᠠᠭᠠᠷᠯᠠᠵᠤ᠂ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ | ᠵᠡᠷᠭᠡ ᠠᠷᠭ᠎ᠠ ᠬᠡᠯᠪᠡᠷᠢ ᠪᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ︽ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ︾ ᠶᠢ ᠲᠥᠯᠥᠪᠵᠢᠭᠦᠯᠭᠡ ᠶᠣᠰᠣᠭᠠᠷ ᠬᠡᠷᠡᠭᠵᠢᠭᠦᠯᠵᠦ᠂ ᠡᠨᠡ ᠵᠢᠯ ᠳᠤ 36 ᠳ᠋ᠦᠩᠰᠢᠭᠤᠷ ᠠᠴᠠ ᠳᠡᠭᠡᠭᠰᠢ ᠪᠡᠯᠡ ᠣᠷᠤᠭᠤᠯᠤᠯᠲᠠ ᠶᠢ | ᠪᠡᠶᠡᠯᠡᠭᠦᠯᠦᠨ᠎ᠡ᠃ ᠳᠠᠯᠠᠶᠢᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠡᠨᠡ ᠵᠢᠯ ᠳᠤ 1.1 ᠳ᠋ᠦᠩᠰᠢᠭᠤᠷ | ᠲᠥᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 27 | ᠪᠤᠬᠢᠷᠳᠤᠯ ᠦᠭᠡᠢ ᠠᠭᠤᠷᠬᠠᠢ ᠶᠢ ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠠᠮᠢᠳᠤᠯᠢᠭ ᠬᠦᠴᠦᠨ ᠪᠠ | ᠬᠥᠳᠡᠯᠭᠡᠬᠦ ᠬᠦᠴᠦᠨ ᠢ ᠬᠥᠭᠵᠢᠭᠡᠨ᠎ᠡ | ᠡᠯ᠎ᠡ ᠬᠦᠷᠢᠶᠡᠨ ᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠲᠠᠢ ᠤᠶᠠᠯᠳᠤᠭᠤᠯᠤᠨ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠲᠤᠰᠢᠶᠠᠯ | ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ | ᠥᠨᠳᠥᠷ ᠪᠦᠲᠦᠮᠵᠢᠲᠡᠶ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠰᠣᠶᠣᠯ ᠤᠨ ᠵᠠᠬ᠎ᠠ ᠳᠡᠯᠭᠡᠭᠦᠷ᠂ ᠵᠡᠮ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠬᠤᠳᠠ ᠶᠢᠨ ᠬᠠᠮᠢᠶᠠᠷᠤᠯᠲᠠ ᠵᠡᠷᠭᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠢᠰᠲ᠋ᠧᠮ ᠢ ᠲᠦᠬᠦᠷᠵᠢᠭᠦᠯᠦᠨ ᠪᠠᠶᠢᠭᠤᠯᠤᠨ᠎ᠠ᠃ ᠬᠥᠳᠡᠭᠡ ᠲᠣᠰᠬᠤᠨ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ | ᠲᠣᠰᠬᠤᠨ ᠮᠠᠯᠵᠢᠬᠤ ᠣᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠦᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠪᠦᠬᠦ | ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠪᠠ ᠬᠥᠳᠡᠭᠡ ᠲᠣᠰᠬᠤᠨ ᠮᠠᠯᠵᠢᠬᠤ | ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠡ ᠣᠷᠤᠭᠤᠯᠬᠤ | ᠬᠤᠷᠠᠮᠳᠤᠭᠤᠯᠬᠤ ᠵᠣᠬᠢᠴᠠᠮᠵᠢ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠵᠣᠬᠢᠴᠠᠮᠵᠢ᠂ ᠡᠬᠢ ᠪᠠᠶᠠᠯᠢᠭ ᠤᠨ ᠵᠠᠬ᠎ᠠ ᠳᠡᠯᠭᠡᠭᠦᠷᠴᠢᠯᠡᠨ ᠬᠤᠪᠢᠶᠠᠷᠢᠯᠠᠬᠤ | ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠦᠲᠡᠶ ᠳᠥᠯᠭᠢᠨ ᠠᠬᠢᠭᠤᠯᠤᠨ᠎ᠠ᠃ ︽ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭᠠᠨ︾ | ᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠵᠦᠢᠯ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠ ᠬᠢᠨᠠᠨ ᠰᠢᠯᠭᠠᠵᠤ ᠦᠷ᠎ᠡ ᠪᠦᠲᠦᠮᠵᠢ ᠠᠰᠠᠭᠤᠬᠤ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠷ᠎ᠡ ᠬᠠᠭᠠᠰ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 100 ᠠᠴᠠ ᠳᠡᠭᠡᠭᠰᠢ | ᠣᠷᠤᠭᠤᠯᠬᠤ ᠶᠢ ᠦᠨᠡᠨ ᠬᠦ ᠪᠠᠲᠤᠯᠠᠵᠤ᠂ ᠪᠣᠳᠠᠲᠠᠶ ᠪᠠᠷ ᠨᠠᠶᠢᠳᠠᠪᠤᠷᠢᠵᠢᠵᠤ ᠪᠠᠶᠢᠭᠤᠯᠤᠯᠲᠠ ᠡᠬᠢᠯᠡᠭᠦᠯᠬᠦ ᠶᠢ ᠪᠡᠶᠡᠯᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ | ᠲᠠᠲᠠᠬᠤ ᠰᠢᠨ᠎ᠡ ᠬᠡᠯᠪᠡᠷᠢ ᠶᠢ ᠡᠭᠦᠳᠴᠦ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠲᠠᠰᠤᠭ ᠤᠨ ᠠᠷᠠᠯᠵᠢᠶᠠᠴᠢᠨ ᠤᠷᠢᠬᠤ ᠶᠢ ᠲᠦᠷᠭᠡᠨ ᠳᠡᠯᠭᠡᠷᠡᠭᠦᠯᠵᠦ᠂ ᠡᠨᠡ | ᠵᠢᠯ ᠳᠤ ᠪᠠᠷᠢᠮᠵᠢᠶᠠᠵᠢᠭᠤᠯᠤᠭᠰᠠᠨ ᠦᠢᠯᠡᠳᠪᠦᠷᠢ ᠲᠠᠰᠤᠭ 50 ᠲᠦᠮᠡᠨ ᠲᠡᠭᠰᠢ ᠳᠥᠷᠪᠡᠯᠵᠢᠨ ᠮᠧᠲᠷ ᠣᠷᠴᠢᠮ ᠪᠠᠶᠢᠭᠤᠯᠬᠤ ᠶᠢ ᠪᠠᠲᠤᠯᠠᠨ᠎ᠠ᠃ ᠨᠡᠶᠢᠭᠡᠮ ᠳᠠᠶᠠᠭᠠᠷ | ᠠᠷᠠᠯᠵᠢᠶᠠᠴᠢᠨ ᠤᠷᠢᠬᠤ ᠪᠠᠶᠢᠳᠠᠯ ᠢ ᠢᠳᠡᠪᠬᠢᠲᠡᠶ ᠪᠣᠢ ᠪᠣᠯᠭᠠᠵᠤ᠂ ᠵᠠᠰᠠᠭ ᠤᠨ ᠣᠷᠳᠣᠨ ᠠᠴᠠ ᠡᠷᠬᠡ ᠣᠯᠭᠤᠬᠤ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ | ᠠᠷᠭ᠎ᠠ ᠬᠡᠯᠪᠡᠷᠢ ᠪᠠᠷ ᠣᠷᠣᠨ ᠨᠤᠲᠤᠭ ᠤᠨ ᠠᠷᠠᠯᠵᠢᠶᠠᠴᠢᠨ ᠤ ᠨᠡᠶᠢᠭᠡᠮᠯᠢᠭ᠂ ᠠᠵᠢᠯ ᠲᠥᠷᠥᠯ ᠤᠨ ᠨᠡᠶᠢᠭᠡᠮᠯᠢᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠨᠠᠶᠢᠳᠠᠨ ᠠᠷᠠᠯᠵᠢᠶᠠᠴᠢᠨ ᠤᠷᠢᠵᠤ᠂ ᠬᠤᠪᠢ ᠨᠡᠮᠡᠷᠢ ᠪᠠᠷ ᠲᠣᠪᠤᠶᠢᠮ᠎ᠠ ᠠᠵᠤ ᠠᠬᠤᠶᠢᠯᠠᠯ᠂ ᠲᠤᠰᠬᠠᠶ ᠪᠠᠶᠢᠭᠤᠯᠤᠮᠵᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ | ᠬᠥᠮᠦᠰ ᠢ ᠬᠦᠨᠳᠦ ᠱᠠᠩᠨᠠᠵᠤ᠂ ᠡᠯ᠎ᠡ ᠡᠲᠡᠭᠡᠳ ᠤᠨ ᠬᠢᠨ ᠤ ᠠᠷᠠᠯᠵᠢᠶᠠᠴᠢᠨ ᠤᠷᠢᠬᠤ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠬᠤᠶᠠᠳᠤᠭᠠᠷ | ᠬᠤᠭᠤᠴᠠᠭᠠᠨ ᠤ ︽ᠤᠯᠠᠭᠠᠨᠬᠠᠳᠠ ᠶᠢᠨ ᠨᠣᠲᠤᠭᠲᠠᠨ ᠤ ᠴᠤᠭᠯᠠᠭᠠᠨ︾ ᠢ ᠭᠦᠨᠴᠡ ᠲᠠᠢ ᠲᠦᠰᠦᠪᠯᠡᠵᠦ ᠰᠠᠶᠢᠲᠤᠷ ᠡᠷᠬᠢᠯᠡᠵᠦ᠂ ᠪᠠᠶᠢᠩᠭᠤ ᠶᠢᠨ ᠴᠢᠨᠠᠷᠲᠠᠶ | ᠬᠠᠷᠢᠯᠴᠠᠬᠤ ᠲᠣᠭᠲᠠᠴᠠ ᠶᠢ ᠪᠠᠶᠢᠭᠤᠯᠤᠨ᠂ ᠰᠢᠷᠢᠰ ᠦᠭᠦᠯᠡᠯ ᠤᠨ ᠲᠠᠪᠴᠠᠩ ᠤᠨ ᠠᠵᠢᠯᠯᠠᠭᠠᠨ ᠢᠶᠠᠷ ᠳᠠᠮᠵᠢᠭᠤᠯᠵᠤ᠂ ᠬᠤᠯᠠ ᠣᠶᠢᠷ᠎ᠠ ᠶᠢᠨ ᠤᠯᠠᠭᠠᠨᠬᠠᠳᠠ | ᠨᠤᠲᠤᠭᠲᠠᠨ ᠤ ᠨᠤᠲᠤᠭ ᠲᠠᠭᠠᠨ ᠪᠣᠴᠠᠵᠤ ᠪᠡᠯᠡ ᠣᠷᠣᠭᠤᠯᠤᠨ ᠦᠢᠯᠡᠰ ᠡᠷᠬᠢᠯᠡᠬᠦ ᠶᠢ ᠲᠠᠲᠠᠨ᠎ᠠ᠃ ᠰᠢᠨ᠎ᠡ ᠨᠢᠭᠡᠨ ᠡᠭᠡᠯᠵᠢ ᠶᠢᠨ ᠪᠡᠭᠡᠵᠢᠩ ᠲᠢᠶᠠᠨᠵᠢᠨ ᠾᠧᠪᠧᠶ᠂ | ᠬᠥᠬᠡᠮᠥᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠠᠴᠠ ᠠᠷᠠᠯᠵᠢᠶᠠᠴᠢᠨ ᠤᠷᠢᠬᠤ ᠲᠠᠨᠢᠯᠴᠠᠭᠤᠯᠬᠤ | ᠠᠵᠢᠯᠯᠠᠭᠠᠨ ᠢ ᠥᠨᠳᠥᠷ ᠲᠦᠪᠰᠢᠨ ᠢᠶᠠᠷ ᠰᠠᠶᠢᠲᠤᠷ ᠥᠷᠨᠢᠭᠦᠯᠵᠦ᠂ ᠠᠵᠤ ᠦᠢᠯᠡᠰ ᠤᠨ ᠬᠡᠯᠬᠢᠶᠡᠵᠢᠯ ᠪᠠ ᠬᠦᠷᠢᠶᠡᠯᠡᠩ ᠲᠣᠭᠤᠷᠢᠭ ᠤᠨ ᠲᠡᠰ ᠳᠠᠪᠬᠤᠷᠭ᠎ᠠ ᠶᠢᠨ | ᠬᠠᠮᠲᠤᠷᠠᠯᠴᠠᠭ᠎ᠠ ᠶᠢ ᠴᠢᠷᠮᠠᠶᠢᠨ ᠤᠯᠵᠤ᠂ ᠨᠢᠭᠡ ᠪᠦᠯᠦᠭ ᠪᠦᠬᠦᠯᠢ ᠴᠣᠭᠴᠠ ᠪᠠᠷ ᠢᠶᠠᠨ ᠰᠢᠯᠵᠢᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠤᠯᠤᠰ ᠤᠨ | ᠲᠠᠰ ᠤᠨ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠬᠠᠮᠲᠤᠷᠠᠨ ᠠᠵᠢᠯᠯᠠᠬᠤ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠣᠢ ᠪᠣᠯᠭᠠᠨ᠎ᠠ᠃ | ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠦᠨ᠎ᠡ᠃ ︽ᠪᠡᠭᠡᠵᠢᠩ ᠲᠢᠶᠠᠨᠵᠢᠨ ᠳᠤ ᠨᠦᠮᠦᠷᠢᠳᠡᠬᠦ︾ ᠶᠢ ᠭᠦᠨᠵᠡᠭᠡᠶ | ᠰᠠᠶᠢᠲᠤᠷ ᠬᠢᠵᠦ᠂ ᠪᠡᠭᠡᠵᠢᠩ ᠬᠤᠳᠠ ᠯᠤᠭ᠎ᠠ ᠶᠢᠨ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠡᠶᠢᠰᠯᠡᠯ ᠤᠨ ᠪᠤᠰᠤ ᠴᠢᠳᠠᠮᠵᠢ ᠶᠢᠨ | ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠴᠧᠩᠳᠧ ᠬᠤᠲᠠ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠰᠠᠮᠠᠯ ᠵᠠᠮ ᠬᠠᠷᠢᠯᠴᠠᠨ ᠨᠡᠪᠲᠡᠷᠡᠯᠴᠡᠬᠦ ᠪᠠ ᠡᠬᠢ ᠪᠠᠶᠠᠯᠢᠭ ᠢ ᠬᠠᠮᠲᠤ ᠳᠠᠭᠠᠨ ᠡᠳ᠋ᠯᠡᠬᠦ ᠶᠢ ᠴᠢᠩᠭᠠᠳᠬᠠᠵᠤ᠂ ᠬᠤᠶᠠᠷ | ᠭᠠᠵᠠᠷ ᠤᠨ ᠵᠢᠭᠤᠯᠴᠢᠯᠠᠯ ᠤᠨ ᠬᠠᠮᠲᠤᠷᠠᠯᠴᠠᠭ᠎ᠠ ᠨᠡᠭᠡᠭᠡᠨ ᠬᠥᠭᠵᠢᠭᠦᠯᠦᠯᠲᠡ ᠨᠢ ᠪᠦᠬᠦᠯᠢ ᠴᠣᠭᠴᠠ ᠪᠠᠷ ᠳᠡᠰ ᠳᠡᠪᠰᠢᠬᠦ ᠶᠢ ᠠᠬᠢᠭᠤᠯᠤᠨ᠎ᠠ᠃ ︽ᠯᠢᠶᠣᠤᠨᠢᠩ | ᠮᠦᠭᠳᠡᠨ ᠠᠴᠠ ᠬᠦᠴᠦ ᠵᠢᠭᠡᠯᠡᠬᠦ︾ ᠶᠢ ᠪᠣᠳᠠᠲᠠᠶ ᠰᠢᠪᠲᠤᠯᠤᠯᠲᠠ ᠲᠠᠢ ᠪᠣᠯᠭᠠᠵᠤ᠂ ᠮᠦᠭᠳᠡᠨ᠂ ᠵᠢᠨᠵᠧᠦ᠂ ᠴᠣᠣᠶᠠᠩ ᠵᠡᠷᠭᠡ ᠭᠠᠵᠠᠷ ᠣᠷᠣᠨ ᠯᠤᠭ᠎ᠠ ᠶᠢᠨ | ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠵᠠᠰᠠᠮᠠᠯ ᠵᠠᠮ ᠂ ᠲᠡᠮᠦᠷ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ | ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠭᠠᠷᠠᠮ ᠤᠨ ᠠᠷᠠᠯᠵᠢᠶ᠎ᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠤ ᠠᠵᠤ | ᠦᠢᠯᠡᠰ ᠤᠨ ᠬᠠᠮᠵᠢᠯᠴᠠᠭ᠎ᠠ ᠶᠢ ᠭᠦᠨᠵᠡᠭᠡᠶ ᠥᠷᠨᠢᠭᠦᠯᠵᠦ᠂ ᠵᠡᠭᠦᠨ ᠬᠤᠶᠢᠲᠤ ᠶᠢᠨ ᠠᠵᠤ ᠠᠬᠤᠶ ᠶᠢᠨ ᠣᠷᠣᠨ ᠪᠦᠰᠡ ᠶᠢᠨ ᠬᠠᠮᠲᠣᠷᠠᠯᠴᠠᠭ᠎ᠠ ᠳᠤ ᠣᠷᠣᠯᠴᠠᠬᠤ | ᠳᠠᠪᠠᠭᠤᠯᠢᠭ ᠲᠠᠯ᠎ᠠ ᠪᠠᠨ ᠵᠤᠵᠠᠭᠠᠳᠬᠠᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠨ | ᠠᠳᠬᠤᠵᠤ᠂ ᠳᠤᠮᠳᠠᠳᠤ ᠮᠣᠩᠭᠤᠯ ᠣᠷᠣᠰ ᠤᠯᠤᠰ ᠤᠨ ᠬᠤᠭᠤᠷᠣᠨᠳᠣᠬᠢ ᠲᠡᠮᠦᠷ ᠵᠠᠮ ᠤᠨ ᠰᠢᠨ᠎ᠡ ᠨᠡᠪᠲᠡᠷᠡᠯ ᠵᠠᠮ ᠤᠨ ᠪᠥᠲᠥᠭᠡᠨ ᠪᠠᠶᠢᠭᠤᠯᠤᠯᠲᠠ ᠶᠢ ᠬᠠᠮᠵᠢᠯᠴᠠᠨ | ᠠᠬᠢᠭᠤᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠬᠤ ᠣᠷᠣᠨ ᠪᠠ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠬᠤᠳᠠ ᠶᠢ ᠲᠦᠷᠭᠡᠪᠴᠢᠯᠡᠨ ᠪᠠᠶᠢᠭᠤᠯᠵᠤ᠂ ᠣᠩᠭᠤᠴᠠ ᠵᠢᠭᠡᠯᠡᠨ ᠳᠠᠯᠠᠢ ᠭᠡᠲᠦᠯᠬᠦ ᠪᠠᠷ ᠳᠠᠮᠵᠢᠭᠤᠯᠤᠨ ᠭᠠᠵᠠᠷ ᠣᠷᠣᠨ ᠤ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠵᠣᠷᠢᠭ ᠰᠢᠭᠤᠳᠤᠨ ᠰᠠᠢᠵᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ | ᠰᠢᠯᠢᠳᠡᠭᠵᠢᠭᠦᠯᠬᠦ ᠲᠤᠯᠭᠠᠮ᠎ᠠ ᠰᠡᠳᠬᠢᠯᠭᠡ ᠬᠢᠮᠤᠷᠠᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠳᠤ ᠨᠡᠩ ᠤᠯᠠᠨ ᠬᠤᠪᠢᠰᠬᠠᠯᠴᠢ ᠴᠢᠨᠠᠷᠲᠠᠢ ᠠᠷᠭ᠎ᠠ ᠪᠠᠷᠢᠯ ᠠᠪᠴᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠤᠨ ᠲᠦᠢᠯᠪᠤᠷᠢᠲᠠᠶ | ᠰᠠᠶᠢᠵᠢᠷᠠᠬᠤ ᠶᠢ ᠠᠬᠢᠭᠤᠯᠤᠨ᠎ᠠ᠃ ︽ᠳᠠᠷᠦ᠋ᠢᠬᠠᠨ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠣᠶᠢᠷ᠎ᠠ ᠬᠠᠪᠢ ᠳᠤᠨᠢ ᠰᠢᠢᠳᠪᠦᠷᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠪᠠᠶᠢᠭᠤᠯᠤᠮᠵᠢ ᠭᠥᠯᠢᠶᠡᠨ ᠠᠪᠴᠤ᠂ ᠨᠢᠭᠡ ᠯᠡ ᠤᠳᠠᠭ᠎ᠠ ᠭᠦᠶᠦᠬᠦ ᠪᠠ ᠰᠠᠯᠠᠭ᠎ᠠ ᠮᠥᠴᠢᠷ ᠣᠷᠣᠯᠠᠨ ᠭᠦᠢᠴᠡᠳᠬᠡᠬᠦ | ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠮᠲᠤᠷᠠᠨ ᠬᠢᠨᠠᠨ ᠵᠥᠪᠰᠢᠶᠡᠷᠡᠬᠦ᠂ ᠣᠯᠠᠨ ᠵᠢᠷᠤᠭ ᠲᠥᠯᠥᠪᠯᠡᠭᠡ ᠶᠢ ᠬᠤᠯᠪᠣᠭᠠᠯᠠᠨ ᠬᠢᠨᠠᠬᠤ ᠂ ᠤᠷᠤᠨ ᠭᠠᠵᠠᠷ ᠤᠨ | ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠯᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠶᠢ ᠲᠦᠷᠭᠡᠪᠴᠢᠯᠡᠨ | ᠪᠡᠶᠡᠯᠡᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢᠵᠢᠯᠲᠠ ᠶᠢ ᠪᠦᠬᠦ ᠲᠠᠯ᠎ᠠ ᠪᠠᠷ ᠬᠡᠷᠡᠭᠯᠡᠵᠦ᠂ ᠣᠷᠣᠨ ᠨᠤᠲᠤᠭ ᠤᠨ | ᠴᠢᠨᠠᠷᠲᠠᠢ ᠲᠦᠷᠦ ᠶᠢᠨ ᠪᠣᠳᠣᠯᠭ᠎ᠠ ᠶᠢᠨ ᠬᠠᠷᠰᠢ ᠰᠠᠭᠠᠳ ᠢ ᠡᠷᠡᠰ ᠠᠷᠢᠯᠭᠠᠨ᠎ᠠ᠃ ︽ᠲᠡᠮᠳᠡᠭ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ | ᠬᠡᠷᠡᠭᠵᠢᠭᠦᠯᠵᠦ᠂ ︽ᠣᠯᠠᠨ ᠦᠨᠡᠮᠯᠡᠯ ᠢ ᠨᠡᠶᠢᠯᠡᠭᠦᠯᠬᠦ︾ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ︽ᠵᠠᠰᠠᠭ ᠪᠠᠩᠬᠢ ᠬᠠᠮᠲᠤᠷᠠᠨ | ᠠᠵᠢᠯᠯᠠᠬᠤ︾ ᠶᠢ ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠤᠨ ᠳᠠᠩᠰᠠᠯᠠᠯᠲᠠ ᠪᠠ ᠪᠠᠩᠬᠢ ᠶᠢᠨ ᠳᠠᠩᠰᠠ ᠪᠠᠶᠢᠭᠤᠯᠬᠤ ᠶᠢ ᠰᠦᠯᠵᠢᠶᠡᠨ ᠳᠡᠭᠡᠷ᠎ᠡ ᠬᠤᠯᠪᠣᠭᠠᠯᠠᠨ | ᠪᠡᠶᠡᠯᠡᠭᠦᠯᠵᠦ᠂ ᠠᠵᠤ ᠠᠬᠤᠶᠢᠯᠠᠯ ᠨᠡᠭᠡᠭᠡᠬᠦ ᠳᠤ ᠬᠡᠷᠡᠭᠰᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠨᠡᠩ ᠠᠭᠤᠵᠢᠭᠤ ᠴᠢᠯᠦᠭᠡᠲᠡᠢ ᠮᠥᠷᠲᠡᠭᠡᠨ ᠲᠥᠬᠦᠮ | ᠳᠦᠲᠡ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ | ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ 26 ᠵᠤᠷᠪᠤᠰ ᠠᠷᠭ᠎ᠠ ᠬᠡᠮᠵᠢᠶ᠎ᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠥᠷᠨᠢᠨ ᠮᠠᠨᠳᠤᠬᠤ ᠶᠢ ᠠᠬᠢᠭᠤᠯᠤᠨ᠎ᠠ᠃ ᠡᠯ᠎ᠡ ᠱᠠᠲᠤᠨ ᠤ ᠠᠷᠠᠳ ᠠᠴᠠ | ᠡᠵᠡᠩᠨᠡᠭᠰᠡᠨ ᠠᠵᠤ ᠠᠬᠤᠶ ᠪᠣᠯᠤᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠢ ᠲᠠᠶᠢᠯᠬᠤ ᠲᠤᠰᠬᠠᠶ ᠵᠦᠢᠯ ᠤᠨ ᠰᠠᠭᠤᠷᠢ ᠮᠥᠩᠭᠦ ᠶᠢ | ᠬᠦᠢᠴᠡᠳ ᠠᠰᠢᠭᠯᠠᠵᠤ᠂ ᠠᠵᠤ ᠠᠬᠤᠶᠢᠯᠠᠯ ᠤᠨ ᠥᠷᠢ ᠥᠭᠴᠡᠭᠡ ᠶᠢ ᠰᠲ᠋ᠣᠺ ᠪᠣᠯᠭᠠᠬᠤ ᠶᠢ ᠢᠳᠡᠪᠬᠢᠲᠡᠶ ᠪᠠᠷ ᠤᠳᠤᠷᠢᠳᠤᠨ ᠳᠠᠭᠠᠭᠤᠯᠵᠤ᠂ ᠠᠵᠤ ᠠᠬᠤᠶᠢᠯᠠᠯ ᠤᠨ | ᠤᠯᠠᠨ ᠠᠷᠭ᠎ᠠ ᠵᠠᠮ ᠢᠶᠠᠷ ᠪᠡᠯᠡ ᠮᠥᠩᠭᠦ ᠰᠢᠭᠤᠳ ᠴᠤᠭᠯᠠᠭᠤᠯᠤᠨ ᠭᠦᠢᠯᠭᠡᠭᠡᠬᠦ ᠶᠢ ᠵᠣᠷᠢᠬᠵᠢᠭᠤᠯᠤᠨ᠎ᠠ᠃ ᠤᠯᠤᠰ ᠤᠨ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯᠧᠮᠧᠨ᠋ᠲ ᠤᠨ ᠡᠬᠢ ᠪᠠᠶᠠᠯᠢᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠤᠯᠬᠤ ᠪᠠᠷ ᠢᠳᠡᠪᠬᠢᠲᠡᠶ ᠴᠢᠷᠮᠠᠶᠢᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠴᠢᠷᠮᠠᠶᠢᠨ ᠪᠠᠭᠤᠷᠠᠭᠤᠯᠤᠨ᠎ᠠ᠃ | ᠡᠷᠬᠡ ᠲᠡᠭᠰᠢ ᠦᠷᠢᠰᠦᠯᠳᠦᠬᠦ ᠬᠢᠨᠠᠨ ᠪᠠᠶᠢᠴᠠᠭᠠᠯᠲᠠ ᠶᠢᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯᠳᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠤᠨ ᠣᠷᠳᠣᠨ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠠᠬᠢ ᠥᠷᠢ ᠲᠦᠯᠦᠭᠡᠰᠦ ᠶᠢ ᠬᠤᠭᠤᠴᠠᠭ᠎ᠠ ᠬᠢᠵᠠᠭᠠᠷᠯᠠᠨ ᠲᠢᠭᠯᠡᠨ ᠪᠣᠴᠠᠭᠠᠵᠤ᠂ ᠵᠠᠰᠠᠭ ᠤᠨ ᠣᠷᠳᠣᠨ ᠤ ᠢᠲᠡᠭᠡᠮᠵᠢ ᠪᠠᠷ ᠢᠷᠭᠡᠨ ᠤ | ᠪᠡᠯᠡ ᠣᠷᠣᠭᠤᠯᠤᠯᠲᠠ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠦᠪᠴᠢᠯᠡᠨ᠎ᠡ᠃ ︽ᠬᠤᠪᠢ ᠡᠷᠦᠬᠡ ᠨᠢ ᠠᠵᠤ | ᠠᠬᠤᠶᠢᠯᠠᠯ ᠪᠣᠯᠬᠤ᠂ ᠪᠠᠭ᠎ᠠ ᠠᠵᠤ ᠠᠬᠤᠶᠢᠯᠠᠯ ᠨᠢ ᠬᠡᠪᠴᠢᠶᠡᠵᠢᠬᠦ᠂ ᠬᠡᠪᠴᠢᠶᠡᠲᠦ ᠠᠵᠤ ᠠᠬᠤᠶᠢᠯᠠᠯ ᠨᠢ ᠬᠤᠪᠢ ᠣᠷᠣᠭᠤᠯᠬᠤ᠂ ᠬᠤᠪᠢ ᠣᠷᠣᠭᠤᠯᠣᠭᠰᠠᠨ ᠠᠵᠤ | ᠠᠬᠤᠶᠢᠯᠠᠯ ᠨᠢ ᠰᠲ᠋ᠣᠺ ᠤᠨ ᠵᠠᠬ᠎ᠠ ᠳᠤ ᠭᠠᠷᠬᠤ︾ ᠶᠢ ᠠᠬᠢᠭᠤᠯᠵᠤ᠂ ᠲᠤᠭ᠎ᠠ ᠲᠣᠮᠰᠢ ᠦᠭᠡᠢ ᠤᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ | ᠪᠤᠶᠢᠵᠢᠭᠤᠯᠬᠤ ᠶᠢᠨ ᠬᠠᠮᠲᠤ ᠨᠡᠩ ᠤᠯᠠᠨ ᠬᠦᠴᠦᠷᠬᠡᠭ ᠶᠡᠭᠡ ᠲᠤᠮᠤ ᠬᠡᠯᠪᠡᠷᠢ ᠶᠢᠨ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ | ᠴᠢᠷᠮᠠᠶᠢᠨ ᠪᠤᠶᠢᠵᠢᠭᠤᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ | ᠨᠡᠶᠢᠭᠡᠮ ᠤᠨ ᠠᠵᠢᠯ ᠣᠯᠭᠤᠯᠲᠠ ᠶᠢ ᠨᠡᠩ ᠪᠦᠷᠢᠨ ᠭᠦᠢᠴᠡᠳ ᠪᠣᠯᠭᠠᠬᠤ ᠶᠢ ᠠᠬᠢᠭᠤᠯᠤᠨ᠎ᠠ᠃ ᠰᠤᠷᠭᠠᠭᠤᠯᠢ ᠲᠡᠭᠦᠰᠦᠭᠰᠡᠨ ᠣᠶᠣᠲᠠᠳ᠂ ᠬᠥᠳᠡᠭᠡ | ᠲᠤᠰᠬᠤᠨ ᠮᠠᠯᠵᠢᠬᠤ ᠣᠷᠣᠨ ᠠᠴᠠ ᠰᠢᠯᠵᠢᠭᠰᠡᠨ ᠬᠥᠳᠡᠯᠮᠦᠷᠢ ᠬᠦᠴᠦ ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭᠠᠲᠤ ᠬᠠᠮᠲᠤ ᠪᠦᠯᠦᠭ ᠲᠤ ᠠᠵᠢᠯ | ᠣᠯᠭᠤᠬᠤ ᠠᠵᠢᠯ ᠢ ᠲᠤᠪᠤᠶᠢᠮ᠎ᠠ ᠰᠠᠶᠢᠲᠤᠷ ᠬᠢᠵᠦ᠂ ᠬᠤᠳᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠥᠮᠦᠰ ᠪᠠ ᠳᠠᠩᠰᠠᠯᠠᠭᠤᠯᠤᠭᠰᠠᠨ ᠠᠵᠢᠯ ᠠᠯᠳᠠᠭᠰᠠᠳ | ᠵᠡᠷᠭᠡ ᠳᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠡᠪᠡᠷᠯᠡᠨ ᠪᠤᠳᠤᠬᠤ ᠬᠦᠴᠦᠯᠡᠴᠡ ᠶᠢ | ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠲᠥᠪᠬᠢᠨᠡᠭᠦᠯᠬᠦ ᠡᠭᠦᠷᠭᠡ ᠶᠢ ᠦᠨᠡᠨ ᠬᠦ | ᠪᠠᠲᠤᠯᠠᠵᠤ᠂ ᠬᠤᠳᠠ ᠪᠠᠯᠭᠠᠰᠤᠨ ᠤ 2.3 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠮᠠᠯᠵᠢᠬᠤ ᠣᠷᠣᠨ ᠤ 68.5 ᠲᠦᠮᠡᠨ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4 % ᠳᠣᠲᠣᠷ᠎ᠠ ᠬᠢᠵᠠᠭᠠᠷᠯᠠᠨ᠎ᠠ᠃ | ᠰᠤᠷᠭᠠᠨ ᠬᠥᠮᠦᠵᠢᠯ ᠤᠨ ᠬᠥᠭᠵᠢᠯᠲᠡ ᠶᠢᠨ ᠨᠡᠩ ᠲᠡᠩᠴᠡᠭᠦᠷᠢᠲᠡᠶ ᠪᠠᠶᠢᠬᠤ ᠶᠢ ᠠᠬᠢᠭᠤᠯᠤᠨ᠎ᠠ᠃ ︽ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠢᠷᠤᠮᠵᠢᠭᠤᠯᠤᠨ ᠬᠥᠭᠵᠢᠭᠦᠯᠬᠦ ᠲᠤᠬᠠᠶ ᠰᠠᠨᠠᠯ ᠤᠳ︾ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠷᠪᠠᠳᠤᠭᠠᠷ | ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠠᠵᠢᠯᠯᠠᠭᠠᠨ ᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠵᠢᠯ ᠤᠨ ᠳᠣᠲᠣᠷ᠎ᠠ 34 ᠬᠡᠦᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ | ᠨᠣᠷᠮ᠎ᠠ ᠶᠢ 70% ᠬᠦᠷᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠵᠦ᠂ ᠵᠢᠯ ᠤᠨ ᠳᠣᠲᠣᠷ᠎ᠠ 13 | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠣᠶᠣ ᠦᠭᠡᠷᠡᠴᠢᠯᠡᠵᠦ ᠥᠷᠭᠡᠳᠬᠡᠨ ᠪᠠᠶᠢᠭᠤᠯᠵᠤ᠂ 286 ︽ᠰᠣᠷᠣᠭᠴᠢ | ᠣᠯᠠᠨᠲᠠᠶ ᠠᠩᠭᠢ︾ ᠶᠢ ᠦᠭᠡᠶᠢᠰᠬᠡᠵᠦ᠂ ᠠᠤᠬᠠᠨ ᠬᠤᠰᠢᠭᠤ ᠶᠢᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ | ᠨᠣᠲᠠᠯᠠᠯᠲᠠ ᠳᠠᠮᠵᠢᠬᠤ ᠶᠢ ᠦᠨᠡᠨ ᠬᠦ ᠪᠠᠲᠤᠯᠠᠨ᠎ᠠ᠃ ᠳᠡᠭᠡᠲᠦ ᠳᠤᠮᠳᠠᠳᠤ ᠶᠢᠨ ᠪᠣᠭᠤᠮᠲᠠ ᠰᠢᠪᠲᠣᠯᠬᠤ ᠲᠥᠯᠥᠪᠯᠡᠭᠡ ᠶᠢ ᠬᠡᠷᠡᠭᠵᠢᠭᠦᠯᠵᠦ᠂ ᠡᠩ ᠤᠨ ᠳᠡᠭᠡᠲᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠥᠪᠡᠷᠮᠢᠴᠡ ᠤᠨᠴᠠᠯᠢᠭᠲᠠᠢ᠂ ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ | ᠦᠨᠳᠦᠰᠦᠲᠡᠨ ᠤ ᠤᠨᠴᠠᠯᠢᠭᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠬᠤᠲᠠ ᠶᠢᠨ ᠮᠣᠩᠭᠤᠯ ᠪᠠᠭ᠎ᠠ | ᠰᠣᠷᠭᠠᠭᠤᠯᠢ ᠶᠢ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠵᠦᠷᠢᠶᠡᠴᠢᠯᠡᠭᠰᠡᠨ ᠣᠨᠴᠠᠯᠢᠭ ᠲᠠᠢ ᠬᠥᠭᠵᠢᠯᠲᠡ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠪᠡᠷᠮᠢᠴᠡ ᠣᠨᠴᠠᠯᠢᠠᠠᠳᠦ ᠨᠠᠷᠠᠲᠤ ᠲᠡᠮᠳᠡᠭᠲᠦ | ᠪᠠᠶᠢᠭᠤᠯᠬᠤ ᠶᠢ ᠴᠢᠬᠤᠯᠠᠴᠢᠯᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ ᠶᠢ | ᠲᠦᠷᠭᠡᠪᠴᠢᠯᠡᠨ ᠠᠬᠢᠭᠤᠯᠵᠤ᠂ ᠤᠯᠠᠭᠠᠨᠬᠠᠳᠠ ᠶᠢᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠢᠳᠡᠪᠬᠢᠲᠡᠶ ᠪᠡᠯᠡᠳᠭᠡᠨ ᠪᠠᠶᠢᠭᠤᠯᠵᠤ᠂ | ᠤᠯᠠᠭᠠᠨᠬᠠᠳᠠ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠭᠦᠴᠡᠯ ᠢᠶᠠᠨ ᠰᠠᠢᠵᠢᠷᠠᠭᠤᠯᠬᠤ ᠶᠢ ᠶᠡᠭᠡ ᠬᠦᠴᠦᠨ ᠢᠶᠠᠷ ᠳᠡᠮᠵᠢᠨ᠎ᠡ᠃ | ᠡᠮ ᠡᠮᠨᠡᠯᠭᠡ ᠶᠢᠨ ᠦᠢᠯᠡᠴᠢᠯᠡᠭᠡᠨ ᠤ ᠠᠷᠠᠳ ᠤᠯᠠᠨ ᠳᠤ ᠨᠡᠩ ᠲᠦᠬᠦᠮ ᠦᠵᠡᠭᠦᠯᠬᠦ ᠶᠢ ᠠᠬᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ | ᠰᠢᠰᠲ᠋ᠧᠮᠵᠢ ᠶᠢᠨ ᠦᠭᠡᠷᠡᠴᠢᠯᠠᠯᠲᠠ ᠶᠢ ᠬᠦᠨᠵᠡᠭᠡᠶᠢᠷᠡᠭᠦᠯᠵᠦ᠂ ᠱᠠᠲᠤ ᠬᠤᠪᠢᠶᠠᠵᠤ ᠣᠨᠣᠰᠢᠯᠠᠨ ᠡᠮᠨᠡᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠪᠣᠳᠠᠲᠠᠢ ᠨᠠᠷᠢᠯᠢᠭ ᠬᠢᠵᠦ᠂ ᠦᠨᠳᠦᠰᠦᠨ ᠡᠮ ᠡᠮᠨᠡᠯᠭᠡ ᠶᠢᠨ ᠭᠡᠷ᠎ᠡ ᠲᠣᠭᠲᠠᠨ ᠦᠢᠯᠡᠴᠢᠯᠡᠬᠦ ᠥᠪᠡᠷᠮᠢᠴᠡ | ᠦᠢᠯᠡᠴᠢᠯᠡᠭᠡ ᠶᠢ ᠲᠤᠭᠲᠠᠭᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠭᠤᠯᠬᠤ ᠶᠢ ᠢᠳᠡᠪᠬᠢᠲᠡᠶ ᠠᠬᠢᠭᠤᠯᠵᠤ᠂ ᠪᠦᠬᠦ ᠢᠷᠭᠡᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ︽ᠭᠤᠷᠪᠠᠨ ᠬᠥᠮᠥᠷᠭᠡ ᠨᠢᠭᠡ ᠺᠠᠷᠲ︾ ᠢ ᠪᠠᠶᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡ ᠪᠠ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠡᠪᠡᠳᠴᠢᠨ ᠬᠢᠵᠢᠭ ᠡᠭᠦᠰᠬᠦ ᠶᠢ | ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ ᠨᠡᠶᠢᠳᠡᠮ ᠬᠤᠶᠠᠷ ᠬᠡᠤᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠢᠨᠵᠧᠨᠧᠷᠢᠩ ᠢ ᠬᠦᠴᠦᠲᠡᠢ ᠠᠬᠢᠭᠤᠯᠵᠤ᠂ ᠬᠤᠳᠠ ᠶᠢᠨ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠨ ᠰᠠᠶᠢᠵᠢᠷᠠᠭᠤᠯᠬᠤ ᠪᠠ ᠬᠠᠯᠳᠠᠪᠤᠷᠢᠲᠤ ᠡᠪᠡᠳᠴᠢᠨ ᠤ | ᠡᠮᠨᠡᠯᠭᠡ ᠶᠢᠨ ᠬᠤᠷᠢᠶ᠎ᠠ ᠪᠣᠯᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠨᠡᠭᠦᠵᠦ ᠰᠢᠨ᠎ᠡ ᠪᠠᠷ ᠪᠠᠶᠢᠭᠤᠯᠬᠤ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ | ᠂ ᠬᠤᠲᠠ ᠶᠢᠨ ᠲᠥᠪ ᠴᠢᠰᠤᠨ ᠤ ᠥᠷᠲᠡᠭᠡ ᠶᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠨᠡᠩ ᠲᠡᠭᠦᠯᠳᠡᠷᠵᠢᠬᠦ ᠶᠢ ᠠᠬᠢᠭᠤᠯᠤᠨ᠎ᠠ᠃ ᠪᠦᠬᠦ ᠢᠷᠭᠡᠳ ᠢ ᠳᠠᠭᠠᠳᠬᠠᠯ ᠳᠤ ᠣᠷᠣᠯᠴᠠᠭᠤᠯᠬᠤ ᠲᠥᠯᠥᠪᠯᠡᠭᠡ ᠶᠢ ᠬᠦᠨᠵᠡᠭᠡᠢ | ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ | ᠠᠵᠢᠯ ᠤᠨ ᠰᠢᠷᠬᠠᠳᠤᠯ ᠤᠨ ᠳᠠᠭᠠᠳᠬᠠᠯ ᠤᠨ ᠰᠠᠭᠤᠷᠢ ᠮᠥᠩᠭᠦ ᠶᠢ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ | ᠴᠤᠭᠯᠠᠭᠤᠯᠬᠤ ᠪᠣᠯᠭᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ | ᠪᠠᠷᠢᠮᠵᠢᠶ᠎ᠠ ᠶᠢ ᠳᠡᠭᠡᠭᠰᠢᠯᠡᠬᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠡ ᠬᠢᠭᠡᠳ ᠪᠠᠷᠠᠭᠠᠨ ᠤ ᠦᠨ᠎ᠡ ᠶᠢᠨ ᠥᠰᠥᠯᠲᠡ ᠶᠢ ᠬᠤᠯᠪᠣᠯᠳᠤᠭᠤᠯᠤᠭᠰᠠᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ | ᠥᠷᠨᠢᠭᠦᠯᠵᠦ᠂ ᠰᠤᠮᠤ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ | ᠬᠦᠴᠦᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠬᠤ ᠶᠢ ᠵᠣᠷᠢᠬᠵᠢᠭᠤᠯᠵᠤ᠂ ᠡᠮᠴᠢᠯᠡᠭᠡ ᠰᠤᠪᠢᠯᠠᠯᠲᠠ ᠶᠢᠨ ᠤᠶᠠᠯᠳᠤᠭᠤᠯ ᠪᠠ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠠᠬᠢᠭᠤᠯᠤᠨ᠎ᠠ᠃ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭᠴᠦᠳ ᠤᠨ | ᠡᠷᠬᠡ ᠠᠰᠢᠭ ᠢ ᠪᠠᠲᠤᠯᠠᠬᠤ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠵᠡᠮᠳᠡᠭᠴᠦᠳ ᠢ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ | ᠬᠡᠪᠴᠢᠶ᠎ᠡ ᠶᠢ ᠥᠷᠭᠡᠳᠬᠡᠵᠦ᠂ ᠬᠥᠮᠥᠡᠯᠢᠭ ᠦᠢᠯᠡᠰ ᠪᠠ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃ | ᠨᠡᠶᠢᠭᠡᠮ ᠤᠨ ᠡᠯ᠎ᠡ ᠦᠢᠯᠡᠰ ᠤᠨ ᠨᠡᠩ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠢᠶᠠᠷ ᠪᠡᠶᠡᠴᠢ ᠴᠣᠭᠴᠠ ᠪᠣᠯᠭᠠᠭᠰᠠᠨ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨ᠎ᠡ ᠶᠢ | ᠡᠭᠦᠳᠬᠦ ᠲᠠᠪᠴᠠᠩ ᠤᠨ ᠠᠴᠢᠶᠠᠯᠠᠪᠤᠷᠢ 15 ᠪᠠᠶᠢᠭᠤᠯᠵᠤ᠂ 2019 ᠣᠨ ᠤ ᠤᠯᠠᠭᠠᠨᠬᠠᠳᠠ · ᠳᠤᠮᠳᠠᠳᠤ ᠤᠯᠤᠰ ᠤᠨ ᠤᠮᠠᠷᠠᠲᠤ ᠣᠷᠣᠨ ᠤ ᠬᠥᠳᠡᠭᠡ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠢ ᠰᠠᠶᠢᠲᠤᠷ ᠡᠷᠬᠢᠯᠡᠨ᠎ᠡ᠃ ᠥᠨᠳᠥᠷ ᠳᠡᠰ ᠤᠨ ᠲᠣᠯᠭᠠᠮ᠎ᠠ ᠬᠡᠷᠡᠭᠰᠡᠬᠦ ᠴᠢᠳᠠᠪᠤᠷᠢᠲᠠᠨ ᠢ | ᠲᠦᠷᠭᠡᠨ ᠣᠷᠣᠭᠤᠯᠤᠨ ᠠᠪᠴᠢᠷᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠶᠣᠨ ᠤᠬᠠᠭᠠᠨ ᠤ ᠪᠠᠲᠤᠯᠠᠭ᠎ᠠ ᠶᠢ ᠬᠠᠩᠭᠠᠨ᠎ᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ | ᠵᠣᠬᠢᠶᠠᠨ ᠪᠦᠲᠦᠭᠡᠬᠦ ᠶᠢ ᠦᠷᠭᠦᠯᠵᠢᠯᠡᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ 1000 ᠲᠠᠯᠠᠪᠠᠢ ᠠᠴᠠ ᠳᠡᠭᠡᠭᠰᠢ ᠭᠠᠷᠭᠠᠬᠤ ᠶᠢ | ᠦᠨᠡᠨ ᠬᠦ ᠪᠠᠲᠤᠯᠠᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠭᠤᠯᠠ ᠤ | ᠴᠠᠰᠤᠨ ᠳᠤ ᠭᠤᠯᠭᠤᠬᠤ ᠮᠦᠷᠦ᠋ᠢᠴᠡᠬᠡᠨ ᠢ ᠵᠣᠬᠢᠶᠠᠨ ᠪᠠᠶᠢᠭᠤᠯᠤᠨ ᠡᠷᠬᠢᠯᠡᠬᠦ ᠪᠡᠯᠡᠳᠭᠡᠯ ᠠᠵᠢᠯ ᠢ ᠰᠠᠶᠢᠲᠤᠷ ᠬᠢᠵᠦ᠂ ᠤᠨᠴᠠᠯᠢᠭᠲᠠᠢ ᠪᠡᠶ᠎ᠡ ᠶᠢᠨ ᠲᠠᠮᠢᠷ ᠤᠨ | ᠤᠷᠤᠯᠳᠤᠭᠠᠨ ᠪᠠ ᠰᠣᠶᠣᠯ ᠨᠠᠢᠷ ᠤᠨ ᠠᠵᠢᠯᠯᠠᠭᠠᠨ ᠢ ᠢᠳᠡᠪᠬᠢᠲᠠᠢ ᠡᠷᠬᠢᠯᠡᠵᠦ᠂ ᠬᠤᠲᠠ ᠶᠢᠨ ᠳᠠᠩᠰᠠ ᠡᠪᠬᠡᠮᠡᠯ ᠤᠨ ᠣᠷᠳᠣᠨ ᠤ ᠪᠠᠶᠢᠭᠤᠯᠤᠭᠳᠠᠨ ᠠᠰᠢᠭᠯᠠᠯᠲᠠ ᠳᠤ | ᠤᠷᠤᠬᠤ ᠶᠢ ᠠᠬᠢᠭᠤᠯᠤᠨ᠎ᠠ᠃ ᠪᠠᠯᠠᠷ ᠲᠡᠦᠬᠡ ᠶᠢᠨ ᠰᠣᠶᠣᠯ ᠪᠠ ᠬᠢᠳᠠᠨ ᠯᠢᠶᠣᠤ ᠶᠢᠨ ᠰᠣᠶᠣᠯ ᠪᠠᠷ ᠭᠤᠣᠯᠳᠠᠯᠭ᠎ᠠ ᠪᠣᠯᠭᠠᠨ᠂ ᠥᠪᠡᠷᠮᠢᠴᠡ ᠤᠨᠴᠠᠯᠢᠬᠳᠤ | ᠰᠣᠶᠣᠯ ᠤᠨ ᠨᠡᠷᠡᠲᠤ ᠲᠡᠮᠳᠡᠭ ᠢ ᠡᠭᠦᠳᠬᠦ ᠢᠨᠵᠧᠨᠧᠷᠢᠩ ᠢ ᠰᠢᠰᠲ᠋ᠧᠮ ᠲᠠᠢ ᠡᠬᠢᠯᠡᠭᠦᠯᠵᠦ᠂ ᠥᠪᠥᠷ ᠮᠣᠩᠭᠤᠯ ᠤᠨ ᠪᠠᠯᠠᠷ ᠲᠡᠤᠬᠡ ᠶᠢᠨ ᠮᠦᠽᠧᠶ ᠶᠢ ᠪᠥᠲᠥᠭᠡᠨ | ᠪᠠᠶᠢᠭᠤᠯᠤᠨ᠎ᠠ᠂ ᠳᠤᠮᠳᠠᠳᠤ ᠤᠯᠤᠰ ᠤᠨ ᠬᠢᠳᠠᠨ ᠯᠢᠶᠣᠤ ᠶᠢᠨ ᠰᠣᠶᠣᠯ ᠤᠨ ᠮᠦᠽᠧᠶ᠂ ᠬᠤᠩᠱᠠᠨ ᠰᠣᠶᠣᠯ ᠤᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ ᠠᠬᠢᠭᠤᠯᠵᠤ᠂ ᠰᠢᠩ ᠯᠦᠩ ᠸᠠ ᠤᠯᠤᠰ ᠤᠨ ᠬᠠᠭᠤᠴᠢ ᠰᠣᠳᠣᠯᠣᠯ ᠤᠨ ᠪᠠᠭᠤᠷᠠᠢ ᠶᠢᠨ ᠴᠡᠴᠡᠷᠯᠢᠭ᠂ ᠯᠢᠶᠣᠤ ᠶᠢᠨ ᠳᠡᠭᠡᠳᠦ ᠨᠡᠶᠢᠰᠯᠡᠯ ᠤᠨ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠩᠱᠠᠨ ᠰᠣᠶᠣᠯ ᠯᠢᠶᠣᠤ ᠶᠢᠨ ᠳᠡᠭᠡᠳᠦ | ᠨᠡᠶᠢᠰᠯᠡᠯ ᠪᠠ ᠳᠡᠭᠡᠳᠦᠰ ᠤᠨ ᠣᠩᠭᠤᠨ ᠤ ᠪᠠᠭᠤᠷᠢ ᠶᠢᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠦᠷᠭᠦᠯᠵᠢᠯᠡᠨ ᠠᠬᠢᠭᠤᠯᠤᠨ᠎ᠠ᠂ | ᠤᠯᠠᠭᠠᠨᠬᠠᠳᠠ ᠶᠢᠨ ᠭᠢᠨᠳᠠᠨ ᠢ ᠨᠡᠭᠦᠯᠭᠡᠬᠦ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠦᠨ᠎ᠡ᠃ | ︵ᠨᠠᠢᠮᠠ︶ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠬᠠᠮᠠᠭᠠᠯᠠᠨ᠎ᠠ | ᠠᠶᠤᠯᠭᠦᠶ ᠦᠢᠯᠡᠳᠪᠦᠷᠢᠯᠡᠯ ᠤᠨ ᠠᠵᠢᠯ ᠢ ᠵᠠᠪᠠᠯ ᠰᠠᠶᠢᠨ ᠬᠢᠨ᠎ᠡ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠷᠢᠶᠠᠯᠠᠬᠤ ᠭᠠᠵᠠᠷ ᠣᠷᠣᠨ ᠤ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ ︽ᠠᠶᠤᠯ ᠥᠭᠡᠢ | ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠣᠨ︾ ᠤ ᠠᠵᠢᠯᠯᠠᠭᠠᠨ ᠢ ᠬᠡᠷᠡᠭᠵᠢᠭᠦᠯᠵᠦ᠂ ᠠᠵᠢᠯ ᠲᠦᠷᠦᠯ ᠬᠤᠪᠢᠶᠠᠨ ᠠᠵᠤ ᠠᠬᠤᠶᠢᠯᠠᠯ ᠤᠨ ᠠᠶᠤᠯ ᠥᠭᠡᠢ ᠶᠢᠨ | ᠲᠦᠭᠰᠢᠭᠦᠷᠢ ᠶᠢ ᠰᠡᠷᠭᠡᠶᠢᠯᠡᠬᠦ ᠬᠡᠪ ᠲᠣᠭᠲᠠᠭᠠᠵᠤ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠪᠠ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠵᠤ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠵᠠᠳᠠᠯᠵᠤ᠂ | ᠵᠠᠰᠠᠭ ᠤᠨ ᠤᠷᠳᠤᠨ ᠤ ᠬᠢᠨᠠᠨ ᠬᠠᠮᠢᠶᠠᠷᠬᠤ ᠦᠷ᠎ᠡ ᠪᠦᠳᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯ ᠴᠤᠭᠴᠠ ᠶᠢᠨ ᠡᠭᠦᠷᠭᠡ ᠬᠠᠷᠢᠭᠤᠴᠠᠯᠭ᠎ᠠ ᠡᠰᠡ | ᠨᠠᠶᠢᠳᠠᠪᠤᠷᠢᠵᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠥᠭᠡᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠶ | ᠥᠷᠨᠢᠭᠦᠯᠵᠦ᠂ ᠬᠠᠤᠯᠢ ᠲᠣᠭᠲᠠᠭᠠᠯ ᠢ ᠵᠥᠷᠢᠴᠡᠨ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠳᠤ ᠴᠢᠩᠭ᠎ᠠ ᠴᠣᠬᠢᠯᠲᠠ ᠦᠭᠭᠦᠨ᠎ᠡ᠃ ᠠᠶᠤᠯ ᠥᠭᠡᠢ | ᠦᠢᠯᠡᠳᠪᠦᠷᠢᠯᠡᠯ ᠤᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠶᠤᠯ ᠥᠬᠡᠶ | ᠦᠢᠯᠡᠳᠪᠦᠷᠢᠯᠡᠯ ᠢ ︽ᠲᠤᠯᠤᠭ᠎ᠠ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ ᠬᠠᠷᠢᠯᠴᠠᠨ | ᠠᠪᠤᠷᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠬᠡᠪ | ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠰᠢᠭ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠭᠴᠠᠭᠠᠷ | ᠡᠵᠡᠮᠰᠢᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠢᠳᠡᠪᠬᠢᠲᠡᠶ ᠪᠤᠢ ᠪᠣᠯᠭᠠᠨ᠎ᠠ᠃ ︽ᠦᠨᠡᠨᠴᠢ ᠢᠲᠡᠭᠡᠮᠵᠢᠲᠡᠶ ᠤᠯᠠᠭᠠᠨᠬᠠᠳᠠ︾ ᠠᠵᠢᠯᠯᠠᠭᠠᠨ ᠢ ᠥᠷᠨᠢᠭᠦᠯᠵᠦ᠂ ᠪᠦᠬᠦ | ᠬᠤᠳᠠ ᠶᠢᠨ ᠨᠢᠭᠡᠳᠦᠯᠲᠡᠶ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠮᠲᠤ ᠡᠳ᠋ᠯᠡᠬᠦ᠂ | ᠬᠡᠷᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠢᠲᠡᠭᠡᠯ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠤᠨ ᠵᠣᠷᠢᠬᠵᠢᠭᠤᠯᠵᠤ᠂ ᠢᠲᠡᠭᠡᠯ ᠠᠯᠳᠠᠭᠰᠠᠳ ᠢ | ᠬᠤᠯᠪᠣᠭᠠᠯᠠᠨ ᠵᠠᠯᠬᠠᠭᠠᠨ ᠴᠡᠭᠡᠷᠯᠡᠭᠦᠯᠵᠦ᠂ ᠨᠡᠶᠢᠭᠡᠮ ᠤᠨ ᠢᠲᠡᠭᠡᠮᠵᠢ ᠶᠢᠨ ᠣᠷᠴᠢᠨ ᠨᠥᠬᠦᠴᠡᠯ ᠢ ᠲᠦᠷᠭᠡᠪᠴᠢᠯᠡᠨ ᠰᠠᠶᠢᠵᠢᠷᠠᠭᠤᠯᠤᠨ᠎ᠠ᠃ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠬᠦᠷᠢᠶᠡᠯᠡᠩ ᠲᠣᠭᠤᠷᠢᠭ ᠪᠣᠶᠣ | ᠪᠠᠷᠢᠮᠵᠢᠶᠠᠵᠢᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠤᠷᠤᠭᠤᠯᠬᠤ ᠡᠭᠦᠷᠭᠡ ᠶᠢ ᠪᠡᠶᠡᠯᠡᠭᠦᠯᠦᠨ᠂ ᠢᠳᠡᠭᠡᠨ ᠪᠠ ᠡᠮ ᠤᠨ ᠵᠦᠢᠯᠡᠰ ᠤᠨ | ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ | ᠴᠢᠨᠠᠷᠲᠠᠶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ | ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠤᠨ᠎ᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶ ᠥᠷᠨᠢᠭᠦᠯᠵᠦ᠂ ᠭᠤᠣᠯᠳᠠᠯᠭ᠎ᠠ ᠲᠠᠢ ᠬᠡᠷᠡᠭ᠂ ᠭᠤᠣᠯᠳᠠᠯᠭ᠎ᠠ ᠲᠠᠢ ᠠᠰᠠᠭᠤᠳᠠᠯ᠂ | ᠭᠤᠣᠯᠳᠠᠯᠭ᠎ᠠ ᠲᠠᠢ ᠭᠠᠵᠠᠷ ᠣᠷᠣᠨ ᠳᠤ ᠴᠢᠭᠯᠡᠭᠦᠯᠦᠨ ᠲᠦᠪᠯᠡᠷᠡᠭᠦᠯᠦᠨ ᠪᠣᠭᠤᠮᠲᠠ ᠰᠢᠪᠲᠤᠯᠵᠤ᠂ ᠥᠮᠥᠭ ᠬᠠᠯᠬᠠᠪᠴᠢ ᠪᠠ ᠬᠠᠷᠢᠴᠠᠭ᠎ᠠ ᠰᠦᠯᠪᠡᠭᠡ ᠶᠢ ᠡᠪᠳᠡᠬᠦ | ᠠᠵᠢᠯᠯᠠᠭᠠᠨ ᠢ ᠬᠦᠨᠵᠡᠭᠡᠢ ᠦᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠴᠦ ᠲᠥᠯᠵᠢᠬᠦ ᠬᠥᠷᠥᠰᠥ ᠶᠢ ᠲᠦᠢᠯᠪᠤᠷᠢᠲᠠᠶ ᠴᠡᠪᠡᠷᠯᠡᠨ ᠠᠷᠢᠯᠭᠠᠨ᠎ᠠ᠃ | ᠠᠮᠤᠭᠤᠯᠠᠩ ᠤᠯᠠᠭᠠᠨᠬᠠᠳᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠴᠡᠪᠡᠷᠯᠡᠨ ᠠᠷᠢᠯᠭᠠᠬᠤ ᠶᠢ | ᠰᠢᠰᠲ᠋ᠧᠮ ᠲᠠᠢ ᠴᠢᠩᠭᠠᠳᠬᠠᠵᠤ᠂ ︽ᠬᠤᠷᠴᠠ ᠭᠢᠷᠠᠬᠠᠢ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠳᠣᠲᠣᠭᠠᠳᠤ ᠶᠢ | ᠬᠠᠮᠠᠭᠠᠯᠠᠬᠤ ᠠᠵᠢᠯ ᠤᠨ ᠣᠶᠣᠨᠵᠢᠬᠤ᠂ ᠬᠠᠥᠯᠢᠵᠢᠬᠤ᠂ ᠵᠢᠷᠤᠮᠵᠢᠬᠤ᠂ ᠲᠤᠰᠬᠠᠶᠢᠵᠢᠬᠤ ᠲᠦᠪᠰᠢᠨ ᠢ ᠴᠢᠷᠮᠠᠢᠨ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ | ᠬᠠᠤᠯᠢᠵᠢᠯ ᠤᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ︽ᠹᠧᠩᠴᠢᠶᠤᠤ ᠶᠢᠨ ᠲᠤᠷᠰᠢᠯᠭ᠎ᠠ︾ ᠶᠢ ᠨᠠᠷᠢᠨ ᠬᠢᠨᠠᠮᠠᠭᠠᠶ ᠰᠤᠷᠤᠯᠴᠠᠨ ᠳᠡᠯᠭᠡᠷᠡᠭᠦᠯᠵᠦ᠂ ᠤᠯᠠᠨ | ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠦᠭᠴᠦ᠂ ᠵᠠᠬᠢᠳᠠᠯ ᠰᠤᠷᠪᠤᠯᠵᠢᠯᠠᠭ᠎ᠠ ᠶᠢᠨ ᠨᠡᠮᠡᠭᠳᠡᠯ ᠤᠨ ᠬᠡᠮᠵᠢᠶ᠎ᠡ ᠶᠢ | ᠴᠢᠩᠭ᠎ᠠ ᠬᠢᠵᠠᠭᠠᠷᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠳᠠᠭᠠᠯᠠᠭᠳᠠᠯ ᠢ ᠪᠠᠭᠠᠰᠬᠠᠨ᠎ᠠ᠃ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠡᠷᠡᠭᠦᠯ ᠰᠠᠷᠠᠭᠤᠯ ᠰᠦᠯᠵᠢᠶᠡᠨ ᠣᠷᠣᠨ ᠵᠠᠢ ᠶᠢ ᠪᠤᠢ ᠪᠣᠯᠭᠠᠨ᠎ᠠ᠃ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ | ᠪᠠᠲᠤᠲᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠪᠦᠭᠦ ᠣᠷᠣᠨ ᠤ ᠡᠮᠦᠨ᠎ᠡ ᠡᠩᠨᠡᠭᠡᠨ ᠳᠤ ᠪᠠᠶᠢᠯᠭᠠᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠡᠯᠡᠳᠬᠡᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠤᠯᠤᠰ ᠤᠨ ᠴᠢᠬᠤᠯᠠ ᠠᠵᠤ ᠠᠬᠤᠶ ᠶᠢᠨ ᠬᠠᠷᠠᠯᠲᠠ ᠶᠢ ᠪᠡᠶᠡᠯᠡᠭᠦᠯᠬᠦ ᠬᠠᠮᠠᠭᠠᠯᠠᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠤᠨ ᠡᠭᠦᠷᠭᠡ ᠶᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠭᠠᠮᠰᠢᠭ ᠠᠴᠠ ᠠᠪᠤᠷᠠᠬᠤ ᠲᠦᠭᠰᠢᠭᠦᠷᠢ ᠠᠴᠠ | ᠵᠶᠢᠯᠠᠬᠤ ᠰᠤᠷᠢᠯᠲᠠ ᠶᠢ ᠦᠷᠭᠦᠯᠵᠢᠯᠡᠨ ᠰᠠᠶᠢᠲᠤᠷ ᠬᠢᠵᠦ᠂ ᠪᠦᠬᠦ ᠨᠡᠶᠢᠭᠡᠮ ᠤᠨ ᠭᠠᠮᠰᠢᠭ ᠢ ᠰᠡᠷᠭᠡᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠶᠡᠷᠦᠩᠭᠡᠢᠯᠡᠨ | ᠳᠡᠭᠡᠭᠰᠢᠯᠡᠭᠦᠯᠦᠨ᠎ᠡ᠃ ᠤᠯᠠᠨ ᠡᠰᠢᠵᠢᠭᠰᠡᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠤᠯᠠᠨ ᠲᠦᠮᠡᠨ ᠤ | ᠴᠤᠭᠴᠠ ᠶᠢᠨ ᠨᠡᠶᠢᠭᠡᠮ ᠤᠨ ᠵᠠᠰᠠᠯᠲᠠ ᠳᠤ ᠥᠷᠭᠡᠨ ᠳᠡᠯᠭᠡᠷ ᠣᠷᠣᠯᠴᠠᠬᠤ ᠶᠢ ᠳᠡᠮᠵᠢᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠬᠠᠮᠢᠶᠠᠷᠤᠯᠲᠠ | ᠪᠠ ᠣᠯᠠᠨ ᠨᠡᠶᠢᠲᠡ ᠶᠢᠨ ᠦᠢᠯᠡᠴᠢᠯᠡᠭᠡ ᠳᠠᠬᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ | ᠲᠥᠯᠥᠭᠡᠯᠡᠭᠴᠢᠳ ᠡ︕ ᠪᠢᠳᠡᠨ ᠤ ᠮᠡᠳᠡᠭᠡᠵᠢ ᠪᠠᠷ᠂ ︽ᠳᠠᠪᠤ ᠶᠢ ᠳᠤᠮᠤᠵᠢᠭᠤᠯᠤᠭᠰᠠᠨ︾ ᠶᠢ ᠪᠠᠶᠢᠭᠤᠯᠬᠤ ᠡᠭᠦᠷᠭᠡ ᠬᠦᠨᠲᠦ᠂ ᠬᠠᠷᠢᠭᠤᠴᠠᠯᠭ᠎ᠠ ᠥᠩᠭᠡ | ᠭᠡᠷᠡᠯᠲᠠᠢ᠂ ᠵᠠᠰᠠᠭ ᠤᠨ ᠣᠷᠳᠣᠨ ᠤ ᠪᠣᠭᠤᠮᠲᠠ ᠰᠢᠪᠲᠤᠯᠬᠤ ᠴᠢᠳᠠᠪᠤᠷᠢ ᠶᠢ ᠰᠢᠯᠭᠠᠬᠤ ᠮᠥᠷᠲᠡᠭᠡᠨ ᠮᠦᠨᠴᠦ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠳᠤ ᠨᠡᠩ ᠶᠡᠭᠡ ᠱᠠᠭᠠᠷᠳᠠᠯᠭ᠎ᠠ ᠶᠢ ᠳᠤᠷᠠᠳᠤᠨ ᠭᠠᠷᠭᠠᠭᠰᠠᠨ ᠪᠠᠶᠢᠨ᠎ᠠ᠃ ᠰᠢᠨ᠎ᠡ ᠨᠢᠭᠡᠨ ᠵᠢᠯ ᠳᠤ᠂ ᠪᠢᠳᠡ ᠦᠨᠡᠨᠴᠢ ᠰᠢᠳᠤᠷᠭᠤ ᠬᠢᠭᠡᠳ ᠡᠭᠦᠷᠭᠡ | ᠬᠠᠷᠢᠭᠤᠴᠠᠯᠭ᠎ᠠ ᠶᠢ ᠨᠡᠩ ᠴᠢᠬᠤᠯᠠᠴᠢᠯᠠᠵᠤ᠂ ᠵᠠᠰᠠᠭ ᠤᠨ ᠣᠷᠳᠣᠨ ᠤ ᠤᠯᠤᠰ ᠳᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ︽ | ᠲᠦᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠬᠠᠮᠠᠭᠠᠯᠠᠯᠲᠠ︾ ᠶᠢ ᠡᠷᠡᠰ ᠪᠡᠶᠡᠯᠡᠭᠦᠯᠵᠦ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠬᠡᠵᠢᠶᠡᠳᠡ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠳᠠᠲᠤ ᠦᠢᠯᠡᠳᠦᠯᠭᠡ ᠪᠠᠷ ᠢᠶᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠪᠠᠨ ᠢᠯᠡᠳᠭᠡᠨ᠎ᠡ᠃ ᠤᠯᠠᠭᠠᠨᠬᠠᠳᠠ ᠶᠢ ᠬᠥᠭᠵᠢᠭᠦᠯᠬᠦ | ᠶᠠᠪᠤᠳᠠᠯ ᠢᠶᠠᠷ ᠥᠪᠡᠷ ᠤᠨ ᠢᠶᠠᠨ ᠡᠭᠦᠷᠭᠡ ᠪᠣᠯᠭᠠᠵᠤ᠂ ᠵᠥᠷᠢᠴᠡᠯ ᠠᠴᠠ ᠵᠠᠶᠢᠯᠠᠰᠬᠢᠬᠤ ᠦᠭᠡᠢ᠂ ᠬᠤᠭᠤᠰᠣᠨ ᠨᠡᠷ᠎ᠡ ᠬᠥᠭᠡᠭᠡᠴᠡᠯᠳᠦᠬᠦ ᠦᠭᠡᠢ᠂ ᠳᠠᠷᠣᠯᠲᠠ ᠶᠢ | ᠰᠦᠷᠴᠦ᠂ ᠬᠦᠴᠢᠷ ᠪᠡᠷᠬᠡᠰᠢᠶᠡᠯ ᠢ ᠤᠭᠲᠤᠨ᠂ ᠴᠢᠨᠠᠷ ᠰᠠᠶᠢᠲᠠᠢ ᠬᠦᠭᠵᠢᠯᠲᠡ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠡ᠃ ᠪᠢᠳᠡ ᠠᠷᠠᠳᠴᠢᠯᠠᠯ | ᠪᠠ ᠬᠠᠤᠯᠢ ᠪᠠᠷ ᠵᠠᠰᠠᠬᠤ ᠶᠢ ᠨᠡᠩ ᠴᠢᠬᠤᠯᠠᠴᠢᠯᠠᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠲᠠᠭᠠᠬᠤ ᠶᠢ | ᠦᠷᠭᠦᠯᠵᠢᠯᠡᠨ ᠠᠬᠢᠭᠤᠯᠤᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢ ᠲᠣᠭᠲᠠᠭᠠᠯ ᠢ ᠡᠷᠡᠰ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ | ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠤᠯᠤᠰ ᠲᠦᠷᠤ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠨᠡᠶᠢᠭᠡᠮ ᠤᠨ ᠡᠯ᠎ᠡ ᠡᠲᠡᠭᠡᠳ ᠲᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠬᠡᠷᠡᠭ ᠶᠠᠪᠤᠳᠠᠯ ᠬᠢᠭᠡᠳ | ᠲᠡᠭᠦᠨ ᠢ ᠬᠡᠷᠡᠭᠵᠢᠭᠦᠯᠦᠭᠰᠡᠨ ᠪᠠᠶᠢᠳᠠᠯ ᠢᠶᠠᠨ ᠴᠠᠭ ᠲᠤᠬᠠᠶ ᠳᠤᠨᠢ ᠢᠯᠡ ᠪᠣᠯᠭᠠᠵᠤ᠂ ᠡᠯ᠎ᠡ ᠲᠠᠯ᠎ᠠ ᠶᠢᠨ ᠰᠢᠭᠦᠮᠵᠢᠯᠡᠯ ᠢ ᠤᠬᠠᠮᠰᠠᠷ ᠠᠴᠠ ᠪᠠᠨ ᠬᠦᠯᠢᠶᠡᠨ ᠠᠪᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠶᠡᠬᠡᠪᠡᠷ ᠠᠬᠢᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ | ᠠᠷᠭ᠎ᠠ ᠮᠠᠶ᠋ᠢᠭ ᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠠᠭᠤᠰᠬᠠᠨ ᠣᠷᠣᠭᠤᠯᠤᠨ᠎ᠠ᠃ ᠪᠢᠳᠡ ᠪᠣᠳᠠᠲᠠᠢ ᠠᠵᠢᠯᠯᠠᠬᠤ ᠪᠠ ᠦᠷ᠎ᠡ ᠪᠦᠲᠦᠮᠵᠢ ᠶᠢ | ᠨᠡᠩ ᠢᠯᠡᠭᠦᠦ ᠴᠢᠬᠤᠯᠠᠴᠢᠯᠠᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠠᠷᠠᠯᠳᠠ ᠪᠠᠷ ᠶᠠᠪᠤᠴᠠ ᠶᠢ | ᠰᠢᠬᠠᠬᠤ ᠶᠢ ᠪᠠᠷᠢᠮᠳᠠᠯᠠᠵᠤ᠂ ᠵᠠᠰᠠᠭ ᠤᠨ ᠣᠷᠳᠣᠨ ᠤ ᠭᠤᠤᠯᠳᠠᠯᠭᠠᠲᠠᠢ ᠠᠵᠢᠯ ᠢ ᠳᠠᠩᠰᠠᠨ ᠳᠤ ᠭᠠᠷᠭᠠᠵᠤ᠂ ᠲᠣᠳᠣᠷᠬᠠᠶ ᠬᠠᠭᠤᠳᠠᠰᠤ ᠵᠢᠭᠰᠠᠭᠠᠨ᠂ ᠴᠠᠭ | ᠬᠤᠭᠤᠴᠠᠭ᠎ᠠ ᠲᠤᠭᠳᠠᠭᠠᠨ᠂ ᠠᠵᠢᠯ ᠤᠨ ᠪᠣᠳᠠᠲᠤ ᠪᠦᠲᠦᠮᠵᠢ ᠪᠠᠨ ᠳᠡᠭᠡᠭᠰᠢᠯᠡᠭᠦᠯᠦᠨ᠎ᠡ᠃ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠲᠣᠮᠣ ᠶᠠᠪᠤᠳᠠᠯ᠂ ᠬᠥᠭᠵᠢᠯᠲᠡ᠂ | ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠵᠠᠰᠠᠭ ᠤᠨ ᠣᠷᠳᠣᠨ ᠤ | ᠳᠦᠷᠢ ᠲᠥᠷᠬᠦ ᠪᠠ ᠢᠲᠡᠭᠡᠯ ᠬᠦᠨᠲᠦ ᠶᠢ ᠪᠣᠢ ᠪᠣᠯᠭᠠᠨ᠎ᠠ᠃ ᠪᠢᠳᠡ ᠠᠷᠢᠭᠤᠨ ᠴᠢᠬᠡᠴᠢ ᠲᠥᠪ ᠭᠤᠣᠯᠴᠢ ᠶᠢ ᠨᠡᠩ ᠴᠢᠬᠤᠯᠠᠴᠢᠯᠠᠵᠤ᠂ ᠵᠠᠰᠠᠭ ᠤᠨ ᠣᠷᠳᠣᠨ ᠤ | ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠳᠦᠷᠢᠮ ᠪᠣᠯᠤᠨ | ᠲᠣᠭᠲᠠᠴᠠ ᠶᠢᠨ ᠲᠠᠯ᠎ᠠ ᠠᠴᠠ ᠢᠯᠵᠠᠷᠠᠮᠠᠯ ᠢ ᠬᠤᠷᠢᠭᠯᠠᠬᠤ ᠶᠢ ᠬᠦᠴᠦ ᠣᠷᠣᠭᠤᠯᠤᠨ ᠡᠷᠢᠯᠬᠢᠯᠡᠵᠦ᠂ ︽ᠵᠠᠯᠬᠠᠭᠤ ᠨᠣᠶᠠᠨ᠂ ᠶᠡᠷᠦᠮᠳᠡᠭ ᠨᠣᠶᠠᠨ᠂ ᠨᠣᠮᠣᠢ ᠨᠣᠶᠠᠨ᠂ | ᠵᠠᠯᠢᠴᠢ ᠨᠣᠶᠠᠨ︾ ᠤ ᠠᠰᠠᠭᠤᠳᠠᠯ ᠢ ᠲᠤᠰᠬᠠᠶ ᠠᠵᠢᠯᠯᠠᠭ᠎ᠠ ᠪᠠᠷ ᠭᠦᠨᠵᠡᠭᠡᠶ ᠴᠡᠭᠴᠡᠯᠡᠨ ᠵᠠᠰᠠᠵᠤ᠂ ᠺᠠᠳ᠋ᠷ ᠨᠢ ᠲᠥᠪ ᠴᠢᠬᠡᠴᠢ᠂ ᠵᠠᠰᠠᠭ ᠨᠢ ᠠᠷᠢᠭᠤᠨ ᠴᠢᠬᠡᠴᠢ᠂ | ᠤᠯᠤᠰ ᠲᠦᠷᠦ ᠨᠢ ᠭᠡᠭᠡᠨ ᠰᠠᠷᠠᠭᠤᠯ ᠪᠠᠶᠢᠬᠤ ᠶᠢ ᠴᠢᠷᠮᠠᠢᠨ ᠪᠡᠶᠡᠯᠡᠭᠦᠯᠦᠨ᠎ᠡ᠃ | ᠲᠥᠯᠥᠭᠡᠯᠡᠭᠴᠢᠳ ᠡ︕ ︽ᠲᠠᠪᠤ ᠶᠢ ᠳᠤᠮᠤᠵᠢᠭᠤᠯᠤᠭᠰᠠᠨ︾ ᠶᠢᠨ ᠰᠢᠨ᠎ᠡ ᠪᠠᠶᠢᠷᠢᠰᠢᠭᠤᠯᠤᠯ ᠲᠡᠭᠡᠷ᠎ᠡ ᠠᠴᠠ ᠠᠵᠢᠪᠠᠯ᠂ ᠤᠯᠠᠭᠠᠨᠬᠠᠳᠠ ᠶᠢᠨ | ᠬᠦᠭᠵᠢᠯᠲᠡ ᠶᠢᠨ ᠰᠠᠭᠤᠷᠢ ᠡᠳᠦᠷ ᠢᠷᠡᠭᠦᠶ᠎ᠡ ᠵᠤᠵᠠᠭᠠᠷᠠᠵᠤ᠂ ᠳᠠᠪᠠᠯᠲᠠ ᠮᠠᠨᠳᠤᠯᠲᠠ ᠶᠢᠨ ᠡᠷᠴᠢ ᠬᠦᠴᠦᠨ ᠶᠠᠭ ᠰᠠᠶ᠋ᠢᠬᠠᠨ ᠪᠦᠷᠢᠯᠳᠦᠵᠦ ᠪᠠᠶᠢᠨ᠎ᠠ᠃ ᠪᠢᠳᠠ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠠᠭ ᠦᠶ᠎ᠡ ᠪᠢᠳᠡᠨ ᠢ ᠬᠦᠯᠢᠶᠡᠬᠦ | ᠦᠬᠡᠢ᠂ ᠭᠠᠭᠴᠠ ᠬᠦ ᠥᠷᠯᠥᠭᠡ ᠦᠳᠡᠰᠢ ᠶᠢ ᠲᠡᠮᠡᠴᠡᠬᠦ ᠴᠤᠭ ᠵᠢᠪᠬᠤᠭ᠎ᠠ ᠪᠠᠷ ᠠᠵᠠ ᠲᠤᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠪᠠᠳᠤᠳᠬᠠᠵᠤ᠂ ᠭᠠᠷᠮᠠᠭᠠᠢᠯᠠᠨ | ᠣᠷᠣᠭᠰᠢᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠤᠯᠠᠭᠠᠨᠬᠠᠳᠠ ᠶᠢᠨ ᠳᠠᠪᠠᠯᠳᠠ ᠮᠠᠨᠳᠤᠯᠲᠠ ᠶᠢᠨ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠵᠦ᠂ | ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠡ︕ |