ᠭᠤᠷᠪᠠᠨ ᠯᠠᠪᠳᠠᠭᠤᠨ ᠪᠠᠲᠤᠲᠠᠢ᠄ 2018 ᠣᠨ ᠳᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠳᠠᠭᠠᠨ᠂ ᠥᠪᠥᠷ ᠮᠣᠩᠭᠤᠯ ᠳᠤ ︽ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠰᠡᠨ ︽ᠭᠤᠷᠪᠠᠨ ᠯᠠᠪᠳᠠᠭᠤᠨ ᠪᠠᠳᠤᠲᠠᠢ︾ ᠴᠢᠬᠤᠯᠠ ᠵᠢᠭᠠᠪᠤᠷᠢ ᠳᠤᠷᠠᠳᠤᠭᠰᠠᠨ ᠪᠠᠶᠢᠨ᠎ᠠ᠃ | ᠲᠦᠷᠪᠡᠨ ᠬᠦᠴᠦᠯᠡᠬᠦ᠄ 2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠪᠠᠶᠢᠴᠠᠭᠠᠨ ᠰᠣᠳᠣᠯᠣᠯᠲᠠ ᠬᠢᠬᠦ ᠦᠶ᠎ᠡ ᠳᠤ︾ | ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠣᠷᠣᠨ ᠤ ᠠᠵᠢᠯ ᠢ ᠬᠦᠴᠦᠯᠡᠨ | ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ | ᠬᠦᠴᠦᠯᠡᠨ ᠠᠬᠢᠭᠤᠯᠬᠤ ᠬᠡᠷᠡᠭᠲᠡᠢ ᠭᠡᠰᠡᠨ ︽ᠲᠦᠷᠪᠡᠨ ᠬᠦᠴᠦᠯᠡᠬᠦ︾ ᠴᠢᠬᠤᠯᠠ ᠱᠠᠭᠠᠷᠳᠠᠯᠭ᠎ᠠ ᠳᠣᠷᠠᠳᠤᠭᠰᠠᠨ ᠪᠠᠶᠢᠨ᠎ᠠ᠃ | ᠬᠤᠶᠠᠷ ᠲᠤ ᠵᠣᠪᠠᠭ᠋ᠤ ᠦᠬᠡᠢ ᠭᠤᠷᠪᠠ ᠶᠢ ᠪᠠᠲᠤᠯᠠᠬᠤ᠄ 2020 ᠣᠨ ᠪᠣᠯᠬᠤ ᠳᠤ᠂ ᠶᠠᠳᠠᠭᠤ ᠠᠴᠠ ᠲᠡᠳᠬᠦᠭᠳᠡᠬᠦ ᠡᠲᠡᠭᠡᠳ ᠢ ᠢᠳᠡᠬᠦ᠂ ᠡᠮᠦᠰᠬᠦ ᠳᠤ | ᠵᠣᠪᠠᠭ᠋ᠤ ᠥᠬᠡᠶ ᠪᠠᠶᠢᠬᠤ ᠶᠢ ᠲᠤᠭᠲᠠᠭᠤᠨ ᠢᠶᠠᠷ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠣᠯᠤᠨ ᠣᠷᠣᠨ | ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃ | ᠠᠵᠤ ᠠᠬᠤᠶ ᠶᠢᠨ ᠲᠠᠷᠢᠮᠠᠯ ᠢ ᠨᠡᠮᠡᠭᠳᠡᠭᠦᠯᠵᠦ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ᠂ ᠦᠬᠡᠷ ᠨᠡᠮᠡᠭᠳᠡᠭᠦᠯᠵᠦ ᠬᠤᠨᠢᠨ ᠤ ᠲᠤᠭ᠎ᠠ ᠶᠢ | ᠲᠣᠭᠲᠠᠪᠤᠷᠢᠵᠢᠭᠤᠯᠤᠨ᠂ ᠭᠡᠷ ᠤᠨ ᠵᠢᠭᠦᠷᠲᠡᠨ ᠢ ᠨᠡᠮᠡᠭᠳᠡᠭᠦᠯᠵᠦ ᠭᠠᠭ᠋ᠠᠶ ᠶᠢᠨ ᠲᠤᠭ᠎ᠠ ᠶᠢ ᠲᠤᠭᠳᠠᠪᠤᠷᠢᠵᠢᠭᠤᠯᠬᠤ᠄ ᠠᠵᠤ ᠠᠬᠤᠶ ᠶᠢᠨ ᠲᠠᠷᠢᠮᠠᠯ ᠤᠨ ᠲᠠᠷᠢᠬᠤ | ᠲᠠᠯᠠᠪᠠᠢ ᠶᠢ ᠨᠡᠮᠡᠭᠳᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠤᠭᠳᠠᠪᠤᠷᠢᠵᠢᠭᠤᠯᠬᠤ᠂ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ | ᠲᠤᠭ᠎ᠠ ᠲᠣᠯᠣᠭᠠᠢ ᠶᠢ ᠨᠡᠮᠡᠭᠳᠡᠭᠦᠯᠵᠦ᠂ ᠴᠢᠨᠠᠷ ᠰᠠᠶᠢᠲᠠᠶ ᠠᠯᠠᠰᠢᠨ ᠬᠤᠨᠢ ᠶᠢᠨ ᠲᠤᠭ᠎ᠠ ᠲᠣᠯᠣᠭᠠᠶ ᠶᠢ ᠲᠤᠭᠳᠠᠪᠤᠷᠢᠵᠢᠭᠤᠯᠬᠤ᠃ ᠭᠡᠷ ᠤᠨ ᠵᠢᠭᠦᠷᠲᠡᠨ ᠤ ᠲᠤᠭ᠎ᠠ ᠶᠢ | ᠨᠡᠮᠡᠭᠳᠡᠭᠦᠯᠵᠦ᠂ ᠭᠠᠭ᠋ᠠᠶ ᠶᠢᠨ ᠲᠤᠭ᠎ᠠ ᠲᠣᠯᠣᠭᠠᠶ ᠶᠢ ᠲᠣᠭᠲᠠᠭᠤᠨ ᠪᠠᠶᠢᠯᠭᠠᠬᠤ᠃ | ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠬᠡᠢ ᠢᠳᠡᠭᠡᠨ᠂ ᠣᠷᠭᠠᠨᠢᠭ | ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠤᠨ ᠪᠦᠲᠦᠭᠡᠭᠳᠡᠬᠦᠨ ᠤ ᠶᠡᠷᠦᠩᠬᠡᠶ ᠨᠡᠷᠡᠶᠢᠳᠦᠯ | ᠪᠣᠯᠤᠨ᠎ᠠ᠃ | ᠨᠠᠢᠮᠠᠨ ᠨᠠᠷᠢᠨ ᠬᠠᠭᠤᠳᠠᠰᠤ᠄ ᠵᠠᠰᠠᠭ ᠵᠠᠬᠢᠷᠭᠠᠨ ᠤ ᠡᠷᠬᠡ ᠪᠠ ᠬᠠᠷᠢᠭᠤᠴᠠᠯᠭ᠎ᠠ ᠶᠢᠨ ᠵᠦᠢᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ᠂ | ᠲᠣᠬᠢᠶᠠᠯᠳᠤᠭᠤᠯᠤᠨ ᠰᠤᠭᠤᠴᠢᠨ ᠪᠠᠶᠢᠴᠠᠭᠠᠬᠤ ᠵᠦᠢᠯ᠂ ᠭᠡᠷᠡᠴᠢᠯᠡᠬᠦ ᠵᠦᠢᠯ᠂ ᠵᠠᠭᠤᠴᠢᠯᠠᠬᠤ ᠦᠢᠯᠡᠴᠢᠯᠡᠭᠡᠨ ᠤ ᠵᠦᠢᠯ᠂ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠶ ᠰᠦᠢᠳᠬᠡᠯ ᠬᠤᠷᠢᠶᠠᠬᠤ ᠵᠦᠢᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠵᠦᠢᠯ ᠵᠡᠷᠭᠡ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠰᠠᠭᠤᠷᠢ ᠬᠠᠭᠤᠳᠠᠰᠤ᠃ ᠮᠠᠨ ᠤ ᠬᠤᠲᠠ ᠶᠢᠨ︾ ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠠᠭᠤᠯᠭ᠎ᠠ ᠮᠥᠨ᠃ | ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠄ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ ᠵᠡᠷᠭᠡ ︽ᠭᠤᠷᠪᠠᠨ ᠦᠨᠡᠮᠯᠡᠯ ᠢ ᠨᠢᠭᠡᠳᠬᠡᠬᠦ︾ ᠳᠡᠩᠰᠡᠯᠡᠯᠲᠡ ᠶᠢᠨ | ᠲᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢᠨ ᠦᠨᠡᠮᠯᠡᠯ᠂ | ᠪᠦᠷᠢᠳᠬᠡᠯ ᠤᠨ ᠳᠡᠩᠰᠡᠯᠡᠯᠲᠡ ᠶᠢᠨ ᠦᠨᠡᠮᠯᠡᠯ ᠵᠡᠷᠭᠡ ᠬᠤᠯᠪᠣᠭᠳᠠᠯ ᠪᠦᠬᠦᠢ ᠣᠯᠠᠨ ᠭᠡᠷᠡᠴᠢ ᠦᠨᠡᠮᠯᠡᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠶ ᠨᠢᠭᠡ ᠯᠡ ᠡᠵᠡᠩᠨᠡᠯᠲᠡ ᠶᠢᠨ ᠦᠨᠡᠮᠯᠡᠯ ᠣᠯᠭᠤᠯᠬᠤ ᠶᠢ ᠵᠢᠭᠠᠵᠤ ᠪᠠᠶᠢᠨ᠎ᠠ᠃ | ᠳᠠᠷᠳᠠᠩ ᠵᠠᠮ᠄ ᠤᠯᠤᠰ ᠤᠨ ᠵᠠᠮ ᠤᠨ G306 ᠶᠢᠨ ᠳᠦᠪ ᠬᠤᠲᠠ ᠲᠣᠭᠤᠷᠢᠭ ᠤᠨ ᠬᠡᠰᠡᠭ ᠤᠨ ᠵᠠᠮ ᠢ ᠳᠠᠷᠳᠠᠩ ᠵᠠᠮ ᠭᠡᠵᠦ ᠨᠡᠷᠡᠯᠡᠪᠡ᠃ | ᠬᠤᠶᠠᠷ ᠠᠭᠤᠯᠠ ᠬᠤᠶᠠᠷ ᠬᠦᠷᠢᠶᠡᠯᠡᠩ᠄ ︽ᠬᠤᠶᠠᠷ ᠠᠭᠤᠯᠠ︾ ᠭᠡᠳᠡᠭ ᠪᠣᠯ ᠬᠤᠨᠭ᠍ᠱᠠᠨ ᠠᠭᠤᠯᠠ᠂ ᠡᠮᠦᠨ᠎ᠡ ᠠᠭᠤᠯᠠ᠃ ︽ᠬᠤᠶᠠᠷ ᠬᠦᠷᠢᠶᠡᠯᠡᠩ︾ | ᠭᠡᠳᠡᠭ ᠨᠢ ᠬᠥᠭᠦᠷᠭᠡ ᠶᠢᠨ ᠬᠤᠶᠢᠲᠠᠶ ᠨᠠᠷᠠᠰᠤᠨ ᠣᠶ ᠶᠢᠨ ᠬᠦᠷᠢᠶᠡᠯᠡᠩ᠂ ᠬᠠᠶᠢᠯᠠᠷ ᠨᠠᠷᠠᠰᠤᠨ ᠣᠶ ᠶᠢᠨ ᠬᠦᠷᠢᠶᠡᠯᠡᠩ᠃ | ᠪᠠᠭᠤᠷᠠᠢ ᠶᠢ ᠪᠦᠬᠦ ᠲᠠᠯ᠎ᠠ ᠪᠠᠷ ᠥᠭᠡᠷᠡᠴᠢᠯᠡᠬᠦ᠄ ᠲᠤᠬᠠᠶᠢᠯᠠᠪᠠᠯ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠪᠣᠯᠣᠨ᠎ᠠ᠃ 2014 ᠣᠨ ᠠᠴᠠ ᠡᠬᠢᠯᠡᠨ᠂ 3-5 ᠵᠢᠯ | ᠴᠢᠷᠮᠠᠶᠢᠵᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠲᠦᠬᠦᠭᠡᠷᠦᠮᠵᠢ | ᠠᠮᠢᠳᠤᠷᠠᠯ ᠤᠨ ᠲᠦᠬᠦᠭᠡᠷᠦᠮᠵᠢ ᠤᠨ ᠦᠨᠳᠦᠰᠦᠨ ᠬᠡᠷᠡᠭᠴᠡᠭᠡ ᠶᠢ ᠬᠠᠩᠭᠠᠵᠤ᠂ ᠲᠣᠰᠬᠤᠨ ᠤ ᠪᠠᠭ᠎ᠠ ᠰᠤᠷᠭᠠᠭᠤᠯᠢ ᠪᠠ ᠵᠢᠭᠠᠨ ᠰᠤᠷᠭᠠᠬᠤ ᠴᠢᠭ ᠤᠨ ᠬᠡᠪ ᠤᠨ | ᠠᠵᠢᠯᠯᠠᠭ᠎ᠠ ᠶᠢ ᠪᠠᠲᠤᠯᠠᠨ᠎ᠠ᠂ ᠰᠢᠶᠠᠨ ᠪᠠᠯᠭᠠᠰᠤᠨ ᠤ ᠠᠩᠭᠢ ᠪᠦᠷᠢ ᠶᠢᠨ ᠬᠥᠮᠦᠨ ᠤ ᠲᠤᠭ᠎ᠠ ᠭᠡᠳᠦ ᠶᠡᠭᠡ ᠪᠠᠶᠢᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ | ᠪᠠᠭᠰᠢ ᠶᠢᠨ ᠲᠣᠬᠢᠷᠠᠭᠤᠯᠤᠯᠲᠠ ᠶᠢ ᠤᠯᠠᠮ ᠵᠦᠶ ᠵᠣᠬᠢᠰᠲᠠᠶ ᠪᠣᠯᠭᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ | ᠳᠣᠷᠭᠤᠨ ᠵᠣᠭᠰᠣᠭᠰᠠᠨ ᠨᠣᠷᠮ᠎ᠠ ᠶᠢ 0.6 % ᠪᠠ 1.8% ᠳᠣᠣᠷ᠎ᠠ ᠬᠢᠵᠠᠭᠠᠷᠯᠠᠨ᠎ᠠ᠃ | ᠬᠤᠷᠴᠠ ᠭᠢᠷᠠᠬᠠᠢ ᠢᠨᠵᠧᠨᠧᠷᠢᠩ᠄ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠣᠭᠤᠳᠬᠤ ᠲᠠᠪᠴᠠᠩ ᠪᠣᠯᠭᠠᠵᠤ᠂ ᠮᠡᠳᠡᠭᠡ ᠵᠠᠩᠭᠢᠵᠢᠯᠲᠠ ᠪᠠᠷ | ᠲᠤᠯᠭᠠᠭᠤᠷᠢ ᠪᠣᠯᠭᠠᠨ᠂ ᠰᠦᠯᠵᠢᠶᠡᠵᠢᠭᠰᠡᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠭᠯᠠᠭᠤᠷ ᠤᠨ ᠬᠢᠨᠠᠨ ᠡᠵᠡᠮᠳᠡᠬᠦ | ᠰᠦᠯᠵᠢᠶᠡᠨ ᠤ ᠬᠡᠷᠡᠭᠯᠡᠯᠲᠡ ᠪᠠᠷ ᠭᠤᠣᠯᠳᠠᠯᠭ᠎ᠠ ᠪᠣᠯᠭᠠᠭᠰᠠᠨ ︽ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠢᠨᠵᠧᠨᠧᠷᠢᠩ︾ ᠪᠣᠯᠣᠨ᠎ᠠ᠂ ᠨᠡᠶᠢᠭᠡᠮ ᠢ | ᠵᠠᠰᠠᠬᠤ ᠲᠠᠯ᠎ᠠ ᠪᠠᠷ ᠰᠢᠨ᠎ᠡ ᠶᠢ ᠡᠭᠦᠳᠬᠦ᠂ ᠬᠠᠮᠲᠤ ᠪᠠᠷ ᠡᠳ᠋ᠯᠡᠵᠦ ᠬᠠᠮᠲᠤ ᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠳᠡᠰ ᠳᠡᠪᠰᠢᠭᠦᠯᠬᠦ᠂ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠳᠡᠰ ᠳᠡᠪᠰᠢᠭᠦᠯᠬᠦ ᠵᠡᠷᠭᠡ ᠲᠠᠯ᠎ᠠ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠳᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ᠄ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠲᠦᠷᠦᠯ ᠵᠦᠢᠯ ᠳᠤ ᠤᠰᠤ ᠬᠠᠩᠭᠠᠬᠤ᠂ ᠤᠰᠤ | ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠰᠢᠲᠠᠭᠠᠯᠲᠠ ᠶᠢᠨ ᠬᠡᠢ ᠬᠠᠩᠭᠠᠬᠤ᠂ ᠢᠯᠴᠢ ᠬᠠᠩᠭᠠᠬᠤ᠂ ᠵᠠᠮ ᠨᠡᠪᠲᠡᠷᠡᠬᠦ᠂ ᠬᠤᠯᠪᠣᠭ᠎ᠠ ᠨᠡᠪᠲᠡᠷᠡᠬᠦ᠂ ᠬᠦᠷᠢᠶ᠎ᠡ | ᠬᠠᠰᠢᠶ᠎ᠠ ᠲᠡᠭᠰᠢᠯᠡᠬᠦ ᠮᠡᠲᠦ ᠶᠢᠨ ᠭᠠᠳᠠᠭᠠᠳᠤ ᠰᠠᠭᠤᠷᠢ ᠨᠥᠬᠦᠴᠡᠯ ᠢ ᠪᠦᠷᠢᠳᠦᠭᠦᠯᠬᠦ ᠶᠢ ᠵᠢᠭᠠᠵᠤ ᠪᠠᠶᠢᠨ᠎ᠠ᠃ | ᠳᠡᠳ᠋ ᠭᠠᠷᠠᠮ ᠬᠠᠪᠢᠳᠠᠭᠰᠠᠨ ᠠᠵᠤ ᠦᠢᠯᠡᠰ ᠤᠨ ᠲᠣᠭᠤᠷᠢᠭ᠄ ᠤᠯᠠᠭᠠᠨᠬᠠᠳᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠤᠭᠤᠷᠢᠭ ᠤᠨ ︽ᠨᠢᠭᠡ | ᠲᠣᠭᠤᠷᠢᠭ ᠳᠦᠷᠪᠡᠨ ᠬᠦᠷᠢᠶᠡᠯᠡᠩ︾ ᠤᠨ ᠮᠠ ᠯᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠶᠤᠸᠠᠨ ᠪᠦᠦ ᠱᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠳᠦᠯᠦᠪᠵᠢᠬᠦᠯᠦᠨ᠂ ᠶᠡᠷᠦᠩᠬᠡᠶ ᠲᠠᠯᠠᠪᠠᠢ ᠨᠢ 64 ᠲᠡᠭᠰᠢ ᠳᠥᠷᠪᠡᠯᠵᠢᠨ ᠺᠢᠯᠣᠮᠧᠲᠷ᠂ ᠡᠷᠬᠢᠨ ᠲᠣᠭᠤᠷᠢᠨ ᠤ ᠭᠠᠷᠠᠮ ᠤᠨ | ᠬᠤᠲᠠᠳ ᠤᠨ ᠳᠠᠯᠠᠢ ᠶᠢᠨ ᠲᠡᠭᠡᠭᠡᠪᠦᠷᠢ ᠶᠢᠨ ᠡᠬᠢ ᠪᠠᠶᠠᠯᠢᠭ ᠢ ᠵᠠᠰᠠᠮᠠᠯ ᠵᠠᠮ ᠲᠡᠮᠦᠷ ᠵᠠᠮ ᠤᠨ ᠲᠡᠭᠡᠭᠡᠪᠦᠷᠢ ᠪᠠᠷ ᠭᠠᠷᠠᠮ ᠬᠠᠪᠢᠳᠠᠭᠰᠠᠨ ᠠᠵᠤ ᠦᠢᠯᠡᠰ ᠤᠨ | ᠲᠤᠭᠤᠷᠢᠭ ᠲᠤ ᠲᠡᠭᠡᠭᠡᠪᠦᠷᠢᠯᠡᠨ ᠠᠪᠴᠢᠷᠠᠵᠤ ᠡᠳ᠋ᠰᠢᠭᠦᠯᠬᠦ᠂ ᠤᠯᠠᠷᠢᠭᠤᠯᠬᠤ᠂ ᠠᠰᠢᠭᠯᠠᠬᠤ ᠶᠢ ᠬᠡᠯᠡᠵᠦ ᠪᠠᠶᠢᠨ᠎ᠠ᠂ ᠭᠤᠣᠯᠳᠠᠭᠤ ᠥᠩᠭᠡᠲᠦ ᠲᠡᠮᠦᠷᠯᠢᠭ ᠬᠠᠶᠢᠯᠤᠭᠤᠯᠵᠤ | ᠡᠳ᠋ᠰᠢᠭᠦᠯᠬᠦ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠬᠦ᠂ ᠮᠠᠰᠢᠨ ᠲᠥᠬᠦᠭᠡᠷᠦᠮᠵᠢ ᠦᠢᠯᠡᠳᠬᠦ ᠦᠢᠯᠡᠰ ᠵᠡᠷᠭᠡ | ᠬᠤᠯᠪᠣᠭᠳᠠᠯ ᠪᠦᠬᠦᠢ ᠠᠵᠤ ᠦᠢᠯᠡᠰ ᠢ ᠬᠥᠭᠵᠢᠭᠦᠯᠬᠦ ᠶᠢ ᠵᠢᠭᠠᠵᠤ ᠪᠠᠶᠢᠨ᠎ᠠ᠃ | ᠵᠢᠷᠭᠤᠭᠠᠨ ᠵᠢᠭᠤᠯᠴᠢᠯᠠᠯ ᠤᠨ ᠨᠡᠷᠡᠲᠦ ᠦᠵᠡᠮᠵᠢ᠄ ᠬᠡᠰᠢᠭᠲᠡᠨ ᠬᠤᠰᠢᠭᠤ ᠪᠠᠷ ᠭᠤᠣᠯ ᠪᠣᠯᠭᠠᠭᠰᠠᠨ ᠲᠠᠯ᠎ᠠ ᠨᠤᠲᠤᠭ ᠤᠨ ᠥᠩᠭᠡ ᠦᠵᠡᠮᠵᠢ ᠶᠢᠨ ᠵᠢᠭᠤᠯᠴᠢᠯᠠᠯ | ᠂ ᠪᠠᠭᠠᠷᠢᠨ ᠵᠡᠭᠦᠨ ᠬᠤᠰᠢᠭᠤ ᠪᠠᠷ ᠭᠤᠣᠯ ᠪᠣᠯᠭᠠᠭᠰᠠᠨ ᠬᠢᠳᠠᠨ ᠤ ᠯᠢᠶᠣᠤ ᠤᠯᠤᠰ ᠤᠨ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠣᠩᠨᠢᠭᠤᠳ | ᠬᠤᠰᠢᠭᠤ ᠪᠠᠷ ᠭᠤᠣᠯ ᠪᠣᠯᠭᠠᠭᠰᠠᠨ ᠡᠯᠡᠰᠦ ᠮᠠᠩᠬᠠᠨ ᠥᠩᠭᠡ ᠦᠵᠡᠮᠵᠢ ᠪᠠ ᠲᠦᠢᠯᠰᠢᠷᠠᠯ ᠤᠨ ᠪᠡᠶ᠎ᠡ ᠲᠠᠮᠢᠷ ᠤᠨ ᠵᠢᠭᠤᠯᠴᠢᠯᠠᠯ᠂ ᠨᠢᠩᠴᠧᠩ ᠰᠢᠶᠠᠨ ᠬᠢᠭᠡᠳ | ᠬᠠᠷᠠᠴᠢᠨ ᠬᠤᠰᠢᠭᠤ ᠪᠠᠷ ᠭᠤᠣᠯ ᠪᠣᠯᠭᠠᠭᠰᠠᠨ ᠰᠡᠯᠡᠭᠦᠴᠡᠵᠦ ᠠᠮᠠᠷᠠᠨ ᠵᠤᠭᠠᠴᠠᠬᠤ ᠵᠢᠭᠤᠯᠴᠢᠯᠠᠯ᠂ ᠭᠤᠣᠯ ᠬᠤᠳᠠ ᠶᠢᠨ ᠲᠣᠭᠤᠷᠢᠭ ᠢᠶᠠᠷ ᠭᠤᠣᠯ ᠪᠣᠯᠭᠠᠭᠰᠠᠨ | ᠤᠢᠢᠷ᠎ᠠ ᠲᠡᠭᠦᠷᠭᠡ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠠᠤᠬᠠᠨ ᠬᠤᠰᠢᠭᠤ ᠪᠠᠷ ᠭᠤᠣᠯ ᠪᠣᠯᠭᠠᠭᠰᠠᠨ ᠪᠠᠯᠠᠷ ᠡᠷᠲᠡᠨ ᠤ ᠰᠣᠶᠣᠯ ᠤᠨ ᠰᠤᠳᠤᠯᠤᠨ | ᠰᠤᠷᠤᠯᠴᠠᠬᠤ ᠵᠢᠭᠤᠯᠴᠢᠯᠠᠯ ᠵᠡᠷᠭᠡ ᠵᠢᠷᠭᠤᠭᠠᠨ ᠵᠢᠭᠤᠯᠴᠢᠯᠠᠯ ᠤᠨ ᠨᠡᠷᠡᠲᠦ ᠦᠵᠡᠮᠵᠢ᠃ | ᠬᠥᠳᠡᠭᠡ ᠲᠣᠰᠬᠤᠨ ᠤ ᠵᠠᠰᠠᠮᠠᠯ ᠵᠠᠮ ᠤᠨ ᠲᠦᠷᠪᠡᠨ ᠰᠠᠶᠢᠲᠤᠷ᠄ ᠶᠡᠷᠦᠩᠬᠡᠢ ᠱᠦᠵᠢ ᠰᠢ ᠶᠢᠨ ᠫᠢᠩ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠨᠢ ᠭᠠᠴᠠᠭ᠎ᠠ ᠪᠠᠯᠭᠠᠰᠤᠨ ᠤ ᠪᠠᠶᠢᠷᠢᠰᠢᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠠ ᠥᠷᠭᠡᠨ ᠤᠯᠠᠨ | ᠲᠠᠷᠢᠶᠠᠴᠢᠳ ᠤᠨ ᠠᠮᠤᠷ ᠲᠦᠪᠰᠢᠨ ᠪᠥᠭᠡᠳ ᠶᠠᠪᠤᠵᠤ ᠰᠠᠭᠤᠬᠤ ᠳᠤ ᠳᠥᠭᠦᠮ ᠪᠠᠶᠢᠬᠤ ᠳᠤ ᠵᠣᠬᠢᠴᠠᠬᠤ ᠬᠡᠷᠡᠭᠲᠡᠢ᠂ ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ | ᠨᠢᠭᠡ ᠠᠯᠬᠤᠮ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠵᠦ᠂ ᠬᠥᠳᠡᠭᠡ ᠲᠣᠰᠬᠤᠨ ᠤ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠪᠣᠭᠤᠮᠢ ᠶᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠭᠠᠵᠠᠷ ᠰᠢᠷᠣᠶ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ᠄ ᠬᠥᠳᠡᠭᠡ ᠲᠣᠰᠬᠤᠨ ᠮᠠᠯᠵᠢᠬᠤ ᠤᠷᠤᠨ ᠤ ᠭᠠᠵᠠᠷ | ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ ᠂ ᠲᠠᠷᠢᠶᠠᠴᠢᠨ ᠮᠠᠯᠴᠢᠨ ᠡᠷᠦᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠣᠶ ᠶᠢᠨ ᠡᠵᠡᠩᠨᠡᠯᠲᠡ ᠶᠢᠨ | ᠰᠢᠯᠵᠢᠭᠦᠯᠬᠦ ᠡᠷᠬᠡ ᠶᠢ ᠰᠠᠯᠭᠠᠵᠤ᠂ ᠭᠠᠵᠠᠷ ᠰᠢᠷᠣᠶ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠡᠷᠬᠡ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶ | ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠭᠠᠵᠠᠷ ᠰᠢᠷᠣᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠶ ᠪᠠᠷ ᠠᠰᠢᠭᠯᠠᠬᠤ᠃ | ᠤᠯᠠᠭᠠᠨᠬᠠᠳᠠ ᠨᠤᠲᠤᠭᠲᠠᠨ ᠤ ᠲᠦᠷᠦᠭᠦᠴᠦᠳ ᠤᠨ ᠬᠤᠷᠠᠯ᠄ ᠪᠣᠰᠣᠳ ᠭᠠᠵᠠᠷ ᠪᠠᠶᠢᠭ᠎ᠠ ᠤᠯᠠᠭᠠᠨᠬᠠᠳᠠ ᠨᠤᠲᠤᠭ ᠲᠠᠢ ᠰᠣᠳᠣ ᠬᠥᠮᠦᠰ ᠤᠨ ᠳᠡᠭᠡᠳᠦ | ᠳᠡᠰ ᠤᠨ ᠶᠠᠷᠢᠶᠠᠨ ᠤ ᠲᠠᠪᠴᠠᠩ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠨᠤᠲᠤᠭ ᠤᠨ ᠰᠡᠳᠬᠢᠯᠭᠡ ᠪᠠᠷ ᠬᠤᠯᠪᠣᠭᠠᠰᠤ | ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠵᠠᠯᠠᠵᠤ ᠣᠶᠣᠨ ᠮᠡᠳᠡᠯᠭᠡ ᠤᠷᠤᠭᠤᠯᠬᠤ ᠰᠢᠨ᠎ᠡ ᠬᠡᠪ ᠵᠠᠭᠪᠤᠷ ᠮᠥᠨ᠃ 2018 | ᠣᠨ ᠤ 8 ᠰᠠᠷ᠎ᠠ ᠳᠤ ︽ᠤᠯᠠᠭᠠᠨᠬᠠᠳᠠ ᠨᠤᠲᠤᠭᠲᠠᠨ ᠤ ᠲᠦᠷᠦᠭᠦᠴᠦᠳ ᠤᠨ ᠬᠤᠷᠠᠯ — ᠠᠩᠬᠠᠳᠤᠭᠠᠷ ᠬᠤᠭᠤᠴᠠᠭᠠᠨ ᠤ ᠬᠤᠯᠠ ᠤᠢᠢᠷ᠎ᠠ ᠶᠢᠨ | ᠤᠯᠠᠭᠠᠨᠬᠠᠳᠠ ᠶᠢᠨ ᠬᠥᠮᠥᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠡᠭᠡ ᠬᠤᠷᠠᠯ︾ ᠤᠯᠠᠭᠠᠨᠬᠠᠳᠠ ᠳᠤ ᠬᠤᠷᠠᠯᠳᠤᠪᠠ᠃ | ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ᠄ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠥᠭᠡᠳ | ᠦᠢᠯᠡᠳᠪᠦᠷᠢᠯᠡᠯ ᠤᠨ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠠᠵᠤ ᠦᠢᠯᠡᠳᠪᠦᠷᠢ ᠶᠢᠨ ᠬᠡᠷ ᠪᠠᠶᠢᠰᠢᠩ᠃ | ᠭᠤᠷᠪᠠᠨ ᠬᠥᠮᠥᠷᠭᠡ ᠨᠢᠭᠡ ᠺᠠᠷᠲ᠄ ᠪᠦᠬᠦ ᠬᠤᠲᠠ ᠶᠢᠨ ᠠᠷᠠᠳ ᠨᠡᠶᠢᠲᠡ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠢᠯᠡ ᠲᠠᠪᠴᠠᠩ ᠳᠤ ᠨᠢᠭᠡᠳᠦᠯᠲᠡᠶ | ᠪᠠᠶᠢᠭᠤᠯᠤᠭᠰᠠᠨ ᠪᠦᠬᠦ ᠬᠤᠳᠠ ᠶᠢᠨ ᠡᠪᠡᠳᠴᠢᠲᠡᠨ ᠤ ᠴᠠᠬᠢᠮ ᠬᠥᠮᠥᠷᠭᠡ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠴᠠᠬᠢᠮ ᠬᠥᠮᠥᠷᠭᠡ᠂ ᠪᠦᠬᠦ ᠬᠥᠮᠦᠨ | ᠠᠮᠠ ᠶᠢᠨ ᠮᠡᠳᠡᠭᠡ ᠵᠠᠩᠭᠢ ᠶᠢᠨ ᠴᠠᠬᠢᠮ ᠬᠥᠮᠥᠷᠭᠡ᠃ ᠨᠢᠭᠡᠳᠦᠯᠲᠡᠶ ᠪᠦᠳᠦᠬᠡᠨ ᠪᠠᠶᠢᠭᠤᠯᠤᠭᠰᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ᠃ | | ᠠᠶᠤᠯ ᠥᠬᠡᠶ ᠦᠢᠯᠡᠳᠪᠦᠷᠢᠯᠡᠯ ᠢ ︽ᠲᠤᠯᠤᠭ᠎ᠠ ᠳᠤ ᠣᠷᠣᠭᠤᠯᠬᠤ︾᠄ ᠠᠶᠤᠯ ᠥᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠠᠵᠤ | ᠠᠬᠤᠶᠢᠯᠠᠯ᠂ ᠰᠤᠷᠭᠠᠭᠤᠯᠢ᠂ ᠪᠠᠶᠢᠭᠤᠯᠭ᠎ᠠ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠬᠡᠷ ᠪᠦᠯᠢ᠂ ᠣᠯᠠᠨ ᠨᠡᠶᠢᠲᠡ ᠶᠢᠨ ᠲᠠᠯᠠᠪᠤᠷ ᠲᠤ ᠤᠷᠤᠭᠤᠯᠬᠤ᠃ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ᠄ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤᠮᠳᠠ᠂ ᠪᠠᠶᠢᠴᠠᠭᠠᠬᠤ ᠡᠲᠡᠭᠡᠳ ᠢᠶᠠᠨ ᠰᠤᠭᠤᠴᠢᠨ | ᠲᠤᠭᠲᠠᠭᠠᠵᠤ᠂ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯᠳᠠᠨ ᠢᠶᠠᠨ ᠰᠤᠭᠤᠴᠢᠨ ᠲᠤᠭᠲᠠᠭᠠᠵᠤ ᠲᠤᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ | ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠬᠦ᠃ | ᠬᠤᠶᠠᠷ ᠢ ᠬᠠᠮᠠᠭᠠᠯᠠᠬᠤ᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ ᠪᠠᠶᠢᠷᠢ ᠰᠠᠭᠤᠷᠢ ᠪᠠ ᠪᠦᠬᠦ ᠨᠠᠮ ᠤᠨ | ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠡᠷᠡᠰ ᠬᠠᠮᠠᠭᠠᠯᠠᠬᠤ ᠪᠣᠯᠤᠨ᠎ᠠ᠃ | ᠲᠠᠪᠤ ᠶᠢ ᠳᠤᠮᠤᠵᠢᠭᠤᠯᠤᠭᠰᠠᠨ᠄ ᠬᠤᠳᠠ ᠶᠢᠨ ᠨᠠᠮ ᠤᠨ ᠬᠤᠷᠢᠶ᠎ᠠ ᠠᠴᠠ ᠤᠯᠠᠭᠠᠨᠬᠠᠳᠠ ᠬᠤᠳᠠ ᠨᠢ ᠥᠪᠡᠷᠲᠡᠭᠡᠨ ᠵᠠᠰᠠᠬᠤ ᠣᠷᠣᠨ ᠤ ᠶᠡᠭᠡ ᠬᠤᠲᠠ ᠪᠣᠯᠬᠤ | ᠰᠢᠨ᠎ᠡ ᠪᠠᠶᠢᠷᠢᠰᠢᠭᠤᠯᠤᠯ ᠳᠤ ᠰᠠᠭᠤᠷᠢᠯᠠᠨ᠂ 1 ᠳ᠋ᠦ᠋ᠭᠡᠷ ᠰᠠᠷ᠎ᠠ ᠶᠢᠨ 7 ᠤ ᠡᠳᠦᠷ ᠬᠤᠷᠠᠯᠳᠤᠭᠰᠠᠨ᠂ ᠬᠤᠳᠠ ᠶᠢᠨ ᠨᠠᠮ ᠤᠨ ᠬᠤᠷᠢᠶ᠎ᠠ ᠶᠢᠨ ᠳᠣᠯᠣᠳᠤᠭᠠᠷ | ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠳᠡᠭᠡᠷ᠎ᠡ᠂ ᠠᠵᠤ ᠠᠬᠤᠶ ᠶᠢᠨ ᠲᠣᠮᠣ | ᠬᠤᠲᠠ᠂ ᠰᠣᠶᠣᠯ ᠢᠷᠭᠡᠨᠰᠢᠯ ᠤᠨ ᠲᠤᠮᠤ ᠬᠤᠳᠡ᠂ ᠪᠣᠬᠢᠷᠲᠤᠯ ᠦᠭᠡᠢ ᠲᠤᠮᠤ ᠬᠤᠳᠡ᠂ ᠭᠠᠳᠠᠭᠰᠢ ᠨᠡᠭᠡᠭᠡᠯᠳᠡ ᠶᠢᠨ ᠲᠤᠮᠤ ᠬᠤᠳᠠ᠂ ᠡᠶ᠎ᠡ ᠵᠣᠬᠢᠴᠠᠯ ᠲᠠᠢ ᠲᠣᠮᠣ | ᠬᠤᠲᠠ ᠶᠢ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠷᠠᠳᠤᠨ ᠭᠠᠷᠭᠠᠵᠠᠢ᠃ |