| | ᠬᠤᠶᠠᠷ᠂ 2020 ᠣᠨ ᠤ ᠠᠵᠢᠯ ᠤᠨ ᠭᠤᠣᠯᠳᠠᠯᠭ᠎ᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤ︾ ᠶᠢᠨ ᠲᠥᠯᠥᠪᠵᠢᠭᠦᠯᠭᠡ ᠶᠢᠨ ᠲᠡᠭᠦᠰᠭᠡᠯ ᠤᠨ | ᠵᠢᠯ ᠮᠥᠨ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠦᠶᠡᠰ ᠤᠨ ᠴᠢᠬᠤᠯᠠ ᠵᠢᠭᠠᠪᠤᠷᠢ | ᠱᠠᠭᠠᠷᠳᠠᠯᠭ᠎ᠠ ᠶᠢ ᠭᠦᠨᠵᠡᠭᠡᠶ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ | ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠮᠦᠷᠳᠡᠬᠡᠨ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠠᠶᠢᠵᠢᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠥᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠭᠦᠯᠬᠦ︾ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠲᠠᠢ | ᠨᠢᠭᠲᠠ ᠤᠶᠠᠯᠳᠤᠭᠤᠯᠤᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ | ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ︾ ᠡᠯ᠎ᠡ ᠵᠦᠢᠯ ᠤᠨ | ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠢ ᠶᠢᠨ ᠡᠷᠭᠢᠯᠲᠡ ᠶᠢ ᠵᠣᠬᠢᠰᠲᠠᠢ ᠣᠷᠣᠨ ᠵᠠᠢ ᠳᠤ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤ︾ ᠶᠢᠨ ᠲᠥᠯᠥᠪᠵᠢᠭᠦᠯᠭᠡ ᠶᠢ ᠲᠡᠭᠦᠰ ᠠᠮᠵᠢᠯᠲᠠᠲᠠᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠠᠷᠠᠳ | ᠲᠦᠮᠡᠨ ᠳᠤ ᠮᠡᠳᠡᠷᠡᠭᠳᠡᠵᠦ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃ | ᠡᠨᠡ ᠵᠢᠯ ᠤᠨ ᠪᠦᠬᠦ ᠬᠤᠲᠠ ᠶᠢᠨ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ 6% ᠣᠷᠴᠢᠮ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ 6% ᠣᠷᠴᠢᠮ᠂ | ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠨᠡᠮᠡᠭᠳᠡᠯ 7% ᠣᠷᠴᠢᠮ᠂ ᠨᠡᠶᠢᠭᠡᠮ ᠤᠨ ᠬᠡᠷᠡᠭᠯᠡᠭᠡᠨ ᠤ ᠰᠤᠯᠠ | ᠬᠤᠳᠠᠯᠳᠤᠭᠰᠠᠨ ᠶᠡᠷᠦᠩᠬᠡᠢ ᠨᠣᠷᠮ᠎ᠠ ᠶᠢᠨ ᠨᠡᠮᠡᠭᠳᠡᠯ 6.5% ᠣᠷᠴᠢᠮ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠪᠦᠷᠢ ᠶᠢᠨ | ᠲᠡᠭᠰᠢᠳᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ ᠶᠢᠨ ᠨᠡᠮᠡᠭᠳᠡᠯ ᠲᠤᠰᠪᠦᠷᠢ 7% ᠣᠷᠴᠢᠮ ᠪᠠ 7.5% ᠣᠷᠴᠢᠮ ᠪᠣᠯᠣᠨ᠎ᠠ᠂ ᠤᠯᠤᠰ ᠪᠠ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠪᠤᠰᠤᠳ ᠬᠢᠵᠠᠭᠠᠷᠯᠠᠯ ᠤᠨ ᠴᠢᠨᠠᠷᠲᠠᠢ ᠭᠦᠢᠴᠡᠳᠬᠡᠬᠦ ᠲᠤᠭ᠎ᠠ ᠶᠢ ᠪᠡᠶᠡᠯᠡᠭᠦᠯᠦᠨ᠎ᠡ᠃ | ᠵᠢᠯ ᠤᠨ ᠡᠬᠢᠨ ᠠᠴᠠ ᠨᠠᠭᠠᠰᠢ᠂ ᠨᠢᠭᠡ ᠤᠳᠠᠭᠠᠨ ᠤ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ | ᠤᠯᠤᠰ ᠢ ᠬᠠᠮᠤᠷᠴᠤ᠂ ᠮᠠᠨ ᠤ ᠬᠤᠲᠠ ᠴᠤ ᠬᠢᠵᠢᠭ ᠤᠨ ᠬᠦᠨᠳᠦ ᠬᠡᠴᠡᠭᠦᠦ ᠰᠢᠯᠭᠠᠯᠲᠠ ᠶᠢ ᠥᠩᠭᠡᠷᠡᠭᠦᠯᠦᠭᠰᠡᠨ ᠪᠠᠶᠢᠨ᠎ᠠ᠃ ᠪᠥᠬᠦ ᠬᠤᠲᠠ ᠪᠠᠷ ᠢᠶᠠᠨ ᠵᠠᠷᠯᠢᠭ | ᠰᠤᠨᠤᠰᠤᠮᠠᠭᠴᠠ ᠬᠦᠳᠡᠯᠦᠯᠴᠡᠵᠦ᠂ ᠲᠦᠮᠡᠨ ᠣᠯᠠᠨ ᠰᠡᠳᠬᠢᠯ ᠨᠢᠭᠡᠳᠴᠦ᠂ ᠬᠢᠵᠢᠭ ᠤᠨ ᠨᠥᠯᠥᠭᠡ ᠶᠢ ᠢᠳᠡᠪᠬᠢᠲᠡᠢ ᠪᠦᠲᠦᠮᠵᠢᠲᠡᠢ ᠠᠷᠭᠠᠴᠠᠭᠠᠵᠤ᠂ 9 | ᠡᠪᠡᠳᠴᠢᠲᠡᠨ ᠴᠥᠮ ᠡᠳᠡᠭᠡᠷᠡᠵᠦ ᠡᠮᠨᠡᠯᠭᠡ ᠠᠴᠠ ᠭᠠᠷᠴᠤ᠂ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ ᠨᠠᠷ ᠨᠢᠭᠡ ᠴᠦ ᠬᠠᠯᠳᠠᠪᠤᠷᠢᠯᠠᠭᠳᠠᠭᠰᠠᠨ ᠥᠬᠡᠶ ᠪᠠᠶᠢᠵᠤ᠂ | ᠬᠢᠵᠢᠭ ᠢ ᠡᠰᠡᠷᠭᠦᠴᠡᠬᠦ ᠱᠠᠲᠤ ᠦᠢ ᠡ ᠶᠢᠨ ᠴᠢᠨᠠᠷᠲᠠᠶ ᠢᠯᠠᠯᠲᠠ ᠶᠢ ᠣᠯᠤᠭᠰᠠᠨ ᠪᠠᠶᠢᠨ᠎ᠠ᠃ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠦᠷᠭᠦᠯᠵᠢᠯᠡᠵᠦ᠂ | ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠲᠦᠷᠭᠡᠨ ᠳᠡᠯᠭᠡᠷᠡᠬᠦ ᠬᠠᠨᠳᠤᠰᠢ ᠲᠠᠢ ᠪᠤᠯᠵᠤ᠂ ᠭᠠᠳᠠᠨ᠎ᠠ ᠠᠴᠠ ᠬᠠᠯᠳᠠᠪᠤᠷᠢᠯᠠᠬᠤ ᠳᠠᠷᠤᠯᠲᠠ ᠦᠷᠭᠦᠯᠵᠢᠯᠡᠨ ᠨᠡᠮᠡᠭᠳᠡᠵᠦ | ᠪᠠᠶᠢᠨ᠎ᠠ᠃ ᠪᠢᠳᠡ ᠵᠠᠪᠠᠯ ᠢᠮᠠᠭᠲᠠ ᠪᠣᠯᠭᠤᠮᠵᠢᠯᠠᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠭᠤᠤᠯᠳᠠᠯᠭ᠎ᠠ ᠲᠠᠢ ᠣᠷᠣᠨ ᠪᠠᠶᠢᠷᠢ᠂ | ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠬᠠᠮᠢᠶᠠᠷᠤᠯᠲᠠ ᠬᠤᠷᠢᠭᠯᠠᠯᠲᠠ ᠪᠠᠨ ᠴᠢᠩᠭᠠᠷᠠᠭᠤᠯᠤᠨ᠂ ᠡᠯ᠎ᠡ ᠵᠦᠢᠯ ᠤᠨ ᠰᠡᠷᠭᠡᠶᠢᠯᠡᠨ ᠬᠢᠵᠠᠭᠠᠷᠯᠠᠬᠤ | ᠠᠵᠢᠯ ᠢ ᠦᠴᠦᠬᠡᠨ ᠴᠦ ᠰᠤᠯᠠᠷᠠᠰᠢ ᠦᠭᠡᠢ ᠴᠢᠩᠭ᠎ᠠ ᠪᠣᠳᠠᠲᠠᠶ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠠᠳ ᠤᠨ ᠳᠠᠶᠢᠨ᠂ ᠶᠡᠷᠦᠩᠬᠡᠶ ᠳᠠᠶᠢᠨ | ᠂ ᠬᠤᠷᠢᠭᠯᠠᠯᠲᠠ ᠶᠢᠨ ᠳᠠᠶᠢᠨ ᠤ ᠢᠯᠠᠯᠲᠠ ᠶᠢ ᠡᠷᠡᠰ ᠲᠡᠮᠡᠴᠡᠨ ᠤᠯᠤᠨ᠎ᠠ᠃ | | | | ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠪᠠᠷ ᠭᠤᠤᠯᠯᠠᠭᠤᠯᠤᠨ᠂ ᠡᠨᠡ ᠵᠢᠯ ᠪᠢᠳᠡ ᠨᠠᠢᠮᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠨ᠎ᠡ᠄ | | ︵ᠨᠢᠭᠡ︶ ᠬᠥᠭᠵᠢᠯᠲᠡ ᠶᠢᠨ ᠰᠠᠭᠤᠷᠢ ᠲᠤᠯᠭᠠᠭᠤᠷᠢ ᠶᠢ ᠦᠨᠡᠨᠬᠦ ᠴᠢᠩᠭᠠᠳᠬᠠᠵᠤ᠂ ᠠᠵᠦ ᠠᠬᠤᠢ ᠶᠢᠨ ᠦᠷᠬᠦᠯᠵᠢᠯᠡᠨ ᠲᠣᠭᠲᠠᠭᠤᠨ ᠨᠡᠮᠡᠭᠳᠡᠬᠦ ᠶᠢ | ᠪᠦᠲᠦᠮᠵᠢᠲᠡᠢ ᠠᠬᠢᠭᠤᠯᠤᠨ᠎ᠠ | ᠪᠦᠲᠦᠮᠵᠢᠲᠡᠢ ᠪᠡᠯᠡ ᠣᠷᠤᠭᠤᠯᠤᠯᠲᠠ ᠪᠠᠨ ᠬᠦᠴᠦᠯᠡᠨ ᠥᠷᠭᠡᠳᠬᠡᠨ᠎ᠡ᠃ ︽ᠠᠷᠪᠠᠨ ᠳᠥᠷᠪᠡᠳᠦᠭᠡᠷ ᠲᠠᠪᠤ︾ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠣᠯᠠᠨ ᠨᠡᠶᠢᠲᠡ ᠶᠢᠨ | ᠦᠢᠯᠡᠴᠢᠯᠡᠭᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠭᠡ ᠮᠡᠷᠭᠡᠵᠢᠯ ᠤᠨ ᠡᠭᠦᠳᠦᠯᠲᠡ᠂ ᠰᠠᠭᠤᠷᠢ ᠲᠣᠨᠤᠭ ᠲᠥᠬᠦᠭᠡᠷᠦᠮᠵᠢ᠂ ᠠᠷᠠᠳ ᠤᠨ | ᠠᠮᠢᠳᠤᠷᠠᠯ ᠤᠨ ᠰᠠᠶᠢᠵᠢᠷᠠᠯᠲᠠ᠂ ᠡᠳ᠋ ᠪᠠᠷᠠᠭ᠎ᠠ ᠶᠢᠨ ᠬᠠᠳᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠥᠷᠥᠯ ᠵᠦᠢᠯ ᠢ ᠭᠦᠨ | ᠲᠥᠯᠥᠪᠵᠢᠭᠦᠯᠵᠦ᠂ ᠬᠤᠲᠠ ᠬᠤᠰᠢᠭᠤ ᠬᠤᠶᠠᠷ ᠱᠠᠲᠤᠨ ᠤ ᠴᠠᠭ ᠳᠠᠷᠤᠢ ᠬᠥᠳᠡᠯᠦᠩᠭᠦᠢ ᠲᠣᠬᠢᠷᠠᠭᠤᠯᠬᠤ ᠴᠢᠬᠤᠯᠠ ᠶᠡᠭᠡ ᠲᠥᠷᠥᠯ ᠵᠦᠢᠯ ᠤᠨ ᠬᠥᠮᠥᠷᠭᠡ ᠶᠢ | ᠪᠠᠶᠢᠭᠤᠯᠤᠨ᠎ᠠ᠃ ︽ᠲᠥᠷᠥᠯ ᠵᠦᠢᠯ ᠤᠨ ᠬᠠᠮᠢᠶᠠᠷᠤᠭᠴᠢ︾ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠪᠦᠬᠦ ᠵᠢᠯ ᠳᠤ ᠪᠡᠯᠡ ᠣᠷᠤᠭᠤᠯᠤᠯᠲᠠ ᠨᠢ | 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭᠠᠲᠠᠢ ᠲᠥᠷᠥᠯ ᠵᠦᠢᠯ 394 ᠶᠢ ᠨᠠᠶᠢᠳᠠᠪᠤᠷᠢᠵᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠨᠢ 400 ᠳ᠋ᠦᠩᠰᠢᠭᠤᠷ ᠠᠴᠠ ᠳᠡᠭᠡᠭᠰᠢ ᠶᠢ ᠪᠡᠶᠡᠯᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ︽ᠣᠷᠣᠨ ᠠᠯᠤᠰᠯᠠᠭᠰᠠᠨ ᠠᠵᠤ ᠠᠬᠤᠶ︾ ᠶᠢᠨ ᠲᠥᠷᠥ ᠶᠢᠨ ᠪᠣᠳᠣᠯᠭ᠎ᠠ ᠶᠢᠨ ᠰᠢᠨ᠎ᠡ ᠲᠣᠭᠲᠠᠴᠠ ᠶᠢ ᠪᠦᠬᠦ ᠲᠠᠯ᠎ᠠ ᠪᠠᠷ ᠡᠬᠢᠯᠡᠭᠦᠯᠵᠦ᠂ ᠡᠨᠡ ᠵᠢᠯ | 100 ᠠᠴᠠ ᠳᠡᠭᠡᠭᠰᠢ ᠰᠢᠯᠢᠳᠡᠭ ᠶᠠᠰᠤ ᠴᠢᠨᠠᠷᠲᠠᠢ ᠬᠥᠭᠵᠢᠯᠲᠡ ᠶᠢᠨ ᠲᠥᠷᠥᠯ ᠵᠦᠢᠯ ᠢ ᠲᠠᠲᠠᠨ ᠠᠪᠴᠢᠷᠠᠵᠤ ᠭᠡᠷ᠎ᠡ ᠲᠣᠭᠲᠠᠨ ᠨᠠᠶᠢᠳᠠᠪᠤᠷᠢᠵᠢᠭᠤᠯᠤᠨ᠎ᠠ᠃ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠤᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠭᠡᠷ 16 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠶᠢᠭᠤᠯᠵᠤ᠂ ᠠᠰᠢᠭᠯᠠᠨ ᠬᠡᠷᠡᠭᠯᠡᠨ᠎ᠡ᠃ ᠬᠤᠳᠠᠯᠳᠤᠭ᠎ᠠ ᠠᠷᠠᠯᠵᠢᠶᠠᠨ ᠪᠠᠷᠠᠭ᠎ᠠ ᠶᠢᠨ | ᠭᠦᠢᠯᠭᠡᠭᠡᠨ ᠪᠠ ᠲᠤᠰᠬᠠᠢ ᠵᠠᠬ᠎ᠠ ᠲᠡᠯᠭᠡᠭᠦᠷ ᠤᠨ ᠪᠠᠶᠢᠭᠤᠯᠤᠯᠲᠠ ᠶᠢᠨ ᠭᠤᠣᠯ ᠰᠡᠳᠦᠪ ᠤᠨ ᠲᠤᠭᠤᠷᠢᠨ ᠳᠤ᠂ ᠭᠤᠷᠪᠠᠳᠤᠭᠠᠷ ᠤᠳᠠᠭᠠᠨ ᠤ ︽ᠤᠯᠠᠭᠠᠨᠬᠠᠳᠠ ᠶᠢᠨ | ᠨᠡᠷᠡᠲᠦ ᠬᠦᠮᠦᠰ ᠤᠨ ᠴᠤᠭᠯᠠᠭᠠᠨ︾ ᠢ ᠠᠷᠪᠢᠲᠠᠢ ᠪᠤᠳᠠᠲᠠᠢ ᠰᠠᠶᠢᠲᠤᠷ ᠡᠷᠬᠢᠯᠡᠵᠦ᠂ ᠭᠤᠣᠯᠳᠠᠯᠭᠠᠲᠠᠢ ᠭᠠᠵᠠᠷ ᠣᠷᠣᠨ ᠯᠤᠭ᠎ᠠ ᠶᠢᠨ ᠠᠵᠦ ᠠᠬᠤᠢ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠰᠢᠯᠢᠳᠡᠭ ᠲᠡᠮᠦᠷᠯᠢᠭ ᠮᠠᠲ᠋ᠧᠷᠢᠶᠠᠯ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ᠂ ᠺᠠᠷᠲ᠋ᠣᠨ ᠦᠢᠯᠡᠳᠬᠦ ᠵᠡᠷᠭᠡ ᠠᠵᠦ | ᠦᠢᠯᠠᠰ ᠤᠨ ᠲᠠᠯ᠎ᠠ ᠪᠠᠷ ᠰᠢᠪᠲᠤᠯᠤᠯᠲᠠ ᠲᠠᠢ ᠪᠣᠯᠵᠤ᠂ ᠤᠯᠤᠰ ᠤᠨ ᠳᠡᠰ ᠤᠨ ᠠᠵᠤ ᠦᠢᠯᠡᠰ ᠤᠨ ᠰᠢᠯᠵᠢᠯᠲᠡ ᠶᠢᠨ ᠵᠠᠯᠭᠠᠨ ᠠᠪᠬᠤ ᠬᠠᠮᠵᠢᠯᠴᠠᠭᠠᠨ ᠤ ᠵᠢᠱᠢᠶ᠎ᠡ | ᠦᠵᠡᠭᠦᠯᠬᠦ ᠣᠷᠣᠨ ᠪᠣᠯᠬᠤ ᠪᠠᠷ ᠴᠢᠷᠮᠠᠶᠢᠨ᠎ᠠ᠃ | ᠪᠣᠳᠠᠲᠤ ᠠᠵᠤ ᠠᠬᠤᠢ ᠶᠢᠨ ᠠᠮᠢᠵᠢᠷᠠᠯ ᠤᠨ ᠬᠦᠴᠦᠨ ᠢᠶᠠᠨ ᠦᠨᠡᠨᠬᠦ ᠴᠢᠩᠭᠠᠳᠬᠠᠨ᠎ᠠ᠃ ᠤᠯᠤᠰ ᠤᠨ ᠪᠡᠯᠡ ᠬᠥᠷᠥᠩᠭᠡ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠨᠢᠳᠬᠡᠬᠦ ᠬᠦᠴᠦᠨ ᠢ ᠨᠡᠮᠡᠭᠳᠡᠭᠦᠯᠦᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠪᠰᠢᠨ ᠢ ᠳᠡᠭᠡᠭᠰᠢᠯᠡᠭᠦᠯᠦᠨ | ᠲᠦᠷᠢᠮᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠢ ᠶᠢᠨ ᠪᠣᠳᠠᠲᠤ ᠬᠦᠴᠦᠨ ᠢ ᠴᠢᠨᠠᠭᠰᠢᠳᠠ ᠪᠣᠵᠠᠭᠠᠶᠢᠷᠠᠭᠤᠯᠤᠨ᠎ᠠ᠃ ᠡᠯ᠎ᠡ ᠱᠠᠲᠤᠨ ᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 30 ᠬᠡᠪᠴᠢᠶᠡᠵᠢᠯ ᠠᠴᠠ | ᠳᠡᠭᠡᠭᠰᠢᠬᠢ ᠬᠦᠴᠢᠷᠳᠡᠯ ᠲᠠᠢ ᠠᠵᠤ ᠠᠬᠤᠶᠢᠯᠠᠯ ᠢ ᠠᠯᠢ ᠲᠥᠷᠭᠡᠨ ᠦᠢᠯᠡᠳᠪᠦᠷᠢᠯᠡᠯ ᠢᠶᠠᠨ ᠰᠡᠷᠭᠦᠭᠡᠬᠦ᠂ ᠠᠯᠳᠠᠭᠳᠠᠯ ᠢᠶᠠᠨ ᠬᠤᠪᠢᠷᠠᠭᠤᠯᠤᠨ ᠣᠯᠵᠠᠪᠤᠷᠢ ᠲᠠᠢ | ᠪᠣᠯᠬᠤ ᠶᠢ ᠠᠬᠢᠭᠤᠯᠤᠨ᠎ᠠ᠃ 18 ︽ᠦᠬᠦᠰᠢᠷᠡᠮᠡᠯ ᠠᠵᠦ ᠠᠬᠤᠢ︾ ᠶᠢ ᠴᠡᠪᠡᠷᠯᠡᠬᠦ ᠶᠢ ᠠᠬᠢᠭᠤᠯᠵᠤ᠂ ᠬᠤᠵᠢᠭᠳᠠᠩᠭᠤᠢ ᠴᠢᠳᠠᠪᠬᠢ ᠶᠢ ᠰᠢᠵᠢᠭᠳᠡᠭᠦᠯᠵᠦ᠂ | ᠰᠢᠨ᠎ᠡ ᠪᠠᠷ ᠮᠠᠨᠳᠤᠭᠰᠠᠨ ᠠᠵᠦ ᠦᠢᠯᠡᠰ ᠲᠤ ᠣᠷᠣᠨ ᠵᠠᠢ ᠭᠠᠷᠭᠠᠨ᠂ ᠭᠦᠢᠴᠡᠳᠬᠡᠬᠦ ᠲᠤᠭ᠎ᠠ ᠰᠤᠯᠠᠯᠠᠨ᠎ᠠ᠃ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠬᠡᠮᠵᠢᠶ᠎ᠡ ᠨᠡᠮᠡᠭᠳᠡᠭᠦᠯᠦᠨ ᠴᠠᠬᠢᠯᠭᠠᠨ ᠬᠠᠩᠭᠠᠬᠤ ᠲᠣᠣᠷᠵᠢᠯ ᠤᠨ ᠲᠣᠷᠰᠢᠯᠲᠠ ᠶᠢᠨ ᠠᠵᠢᠯ ᠢ ᠲᠥᠷᠭᠡᠳᠬᠡᠨ᠂ ᠬᠤᠯᠢᠯᠳᠤᠭᠰᠠᠨ ᠥᠮᠴᠢᠯᠡᠯ ᠤᠨ | ᠡᠷᠬᠡ ᠲᠠᠢ ᠴᠠᠬᠢᠯᠭᠠᠨ ᠬᠤᠳᠠᠯᠳᠤᠬᠤ ᠺᠣᠮᠫᠠᠨᠢ ᠶᠢ ᠵᠤᠬᠢᠶᠠᠨ ᠪᠠᠶᠢᠭᠤᠯᠵᠤ᠂ ᠵᠢᠯ ᠤᠨ ᠡᠴᠦᠰ ᠲᠤ ᠳ᠋ᠦᠩ ᠱᠠᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ | ᠴᠠᠬᠢᠯᠭᠠᠨ ᠬᠤᠳᠠᠯᠳᠤᠬᠤ ᠴᠠᠬᠢᠯᠭᠠᠨ ᠬᠠᠩᠭᠠᠬᠤ ᠶᠢ ᠪᠠᠲᠤᠯᠠᠨ᠎ᠠ᠃ ᠪᠠᠭ᠎ᠠ ᠬᠡᠮᠵᠢᠶᠡᠨ ᠤ ᠪᠠᠲᠤᠯᠠᠭ᠎ᠠ ᠪᠠ ᠬᠠᠪᠰᠤᠷᠤᠨ ᠪᠠᠲᠤᠯᠠᠬᠤ ᠵᠢᠭᠡᠯᠡᠯᠭᠡ ᠶᠢᠨ ᠦᠢᠯᠡᠴᠢᠯᠡᠭᠡᠨ ᠢ | ᠦᠨᠡᠨᠬᠦ ᠰᠠᠶᠢᠵᠢᠷᠠᠭᠤᠯᠵᠤ᠂ ᠠᠵᠤ ᠠᠬᠤᠢᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ᠂ ᠤᠳᠠᠭᠠᠨ᠂ ᠦᠨᠡᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠪᠦᠬᠦ ᠵᠢᠯ ᠳᠤ ᠰᠢᠨ᠎ᠡ ᠨᠡᠮᠡᠭᠳᠡᠬᠦ ᠵᠢᠭᠡᠯᠡᠯᠭᠡ ᠶᠢ 100 ᠳ᠋ᠦᠩᠰᠢᠭᠤᠷ ᠲᠥᠭᠦᠷᠢᠭ ᠠᠴᠠ ᠳᠣᠷᠣᠭᠰᠢ ᠪᠠᠶᠢᠯᠭᠠᠬᠤ ᠦᠭᠡᠢ᠂ ᠪᠡᠯᠡ ᠬᠥᠷᠥᠩᠭᠡ ᠶᠢᠨ ᠵᠠᠬ᠎ᠠ | ᠳᠡᠯᠭᠡᠭᠦᠷ ᠤᠨ ᠰᠢᠭᠤᠳ ᠪᠡᠯᠡ ᠬᠤᠷᠠᠮᠳᠤᠭᠤᠯᠬᠤ ᠠᠵᠢᠯ ᠢ ᠭᠦᠨᠵᠡᠭᠡᠶᠢᠷᠡᠭᠦᠯᠵᠦ᠂ ᠨᠢᠩᠴᠧᠩ ᠤᠨ ᠰᠠᠢ ᠹᠸᠢ ᠶᠠ ᠪᠦᠯᠦᠭᠯᠡᠯ ᠤᠨ ᠰᠲ᠋ᠣᠺ ᠤᠨ ᠵᠠᠬ᠎ᠠ ᠳᠤ ᠭᠠᠷᠬᠤ ᠶᠢ | ᠬᠦᠴᠦᠲᠡᠢ ᠠᠬᠢᠭᠤᠯᠤᠨ᠎ᠠ᠃ ᠪᠡᠯᠡ ᠮᠥᠩᠭᠦᠨ ᠬᠤᠳᠠᠯᠳᠤᠭ᠎ᠠ ᠶᠢᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠠᠵᠦ ᠠᠬᠤᠶᠢᠯᠠᠯ ᠢ ᠲᠠᠲᠠᠨ ᠠᠪᠴᠢᠷᠠᠵᠤ ᠰᠠᠭᠤᠷᠢᠰᠢᠭᠤᠯᠬᠤ ᠶᠢ ᠲᠥᠷᠭᠡᠳᠬᠡᠨ᠎ᠡ᠃ | ᠬᠡᠷᠡᠭᠯᠡᠭᠡᠨ ᠤ ᠳᠡᠰ ᠳᠡᠪᠰᠢᠬᠦ ᠠᠵᠢᠯᠯᠠᠭᠠᠨ ᠢ ᠲᠦᠷᠭᠡᠳᠭᠡᠨ ᠠᠬᠢᠭᠤᠯᠤᠨ᠎ᠠ᠃ ᠬᠡᠷᠡᠭᠯᠡᠭᠡ ᠶᠢ ᠰᠡᠳᠡᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠲᠣᠭᠲᠠᠭᠠᠨ᠂ | ᠬᠢᠵᠢᠭ ᠤᠨ ᠪᠠᠶᠢᠳᠠᠯ ᠠᠴᠠ ᠬᠤᠷᠢᠭᠯᠠᠭᠳᠠᠵᠤ ᠴᠠᠷᠴᠠᠭᠠᠭᠳᠠᠭᠰᠠᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠲᠦᠷᠭᠡᠳᠬᠡᠨ ᠪᠠᠳᠠᠷᠠᠭᠤᠯᠵᠤ᠂ ᠰᠢᠨ᠎ᠡ ᠮᠠᠶ᠋ᠢᠭ ᠤᠨ | ᠬᠡᠷᠡᠭᠯᠡᠭᠡ ᠪᠠ ᠳᠡᠰ ᠳᠡᠪᠰᠢᠭᠰᠡᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠪᠣᠳᠠᠲᠤ ᠴᠣᠭᠴᠠ ᠶᠢᠨ ᠬᠡᠷᠡᠭᠯᠡᠭᠡ ᠪᠠ ᠦᠢᠯᠡᠴᠢᠯᠡᠭᠡᠨ ᠤ ᠬᠡᠷᠡᠭᠯᠡᠭᠡ ᠶᠢ | ᠡᠭᠡᠭᠦᠯᠦᠨ ᠨᠥᠬᠦᠪᠥᠷᠢᠯᠡᠨ᠎ᠡ᠃ ᠴᠠᠬᠢᠮ ᠬᠤᠳᠠᠯᠳᠤᠭ᠎ᠠ ᠬᠢᠭᠡᠳ ᠪᠣᠳᠠᠲᠤ ᠠᠵᠤ ᠠᠬᠤᠢ᠂ ᠰᠢᠶᠠᠩ ᠲᠣᠰᠬᠤᠨ ᠢ ᠮᠠᠨᠳᠤᠭᠤᠯᠬᠤ᠂ ᠠᠷᠠᠳ ᠲᠤ ᠳᠥᠭᠦᠮ ᠬᠡᠯᠬᠢᠶ᠎ᠡ | ᠳᠡᠯᠭᠡᠭᠦᠷ᠂ ᠪᠦᠬᠦᠨ ᠢ ᠬᠠᠷᠠᠭᠠᠯᠵᠠᠬᠤ ᠮᠥᠩᠭᠦᠨ ᠭᠦᠢᠯᠭᠡᠭᠡᠨ ᠤ ᠬᠠᠮ ᠦᠢᠯᠡᠴᠢᠯᠡᠭᠡᠨ ᠤ ᠥᠷᠲᠡᠭᠡ ᠯᠦᠭᠡ ᠶᠢᠨ ᠭᠦᠨ ᠤᠶᠠᠯᠳᠤᠯ ᠢ ᠠᠬᠢᠭᠤᠯᠵᠤ᠂ ᠬᠢᠯᠢ | ᠠᠯᠤᠰᠯᠠᠭᠰᠠᠨ ᠴᠠᠬᠢᠮ ᠬᠤᠳᠠᠯᠳᠤᠭ᠎ᠠ ᠶᠢᠨ ᠬᠡᠷᠡᠭᠯᠡᠭᠡᠨ ᠤ ᠰᠢᠨ᠎ᠡ ᠬᠡᠯᠪᠡᠷᠢ ᠮᠠᠶ᠋ᠢᠭ ᠢ ᠡᠭᠦᠳᠴᠦ᠂ ᠵᠢᠩ ᠳ᠋ᠦᠩ ᠪᠦᠯᠦᠭᠯᠡᠯ ᠯᠦᠭᠡ ᠬᠤᠷᠰᠢᠯᠴᠠᠬᠤ ᠶᠢ ᠥᠷᠨᠢᠭᠦᠯᠵᠦ᠂ | ᠠᠤᠬᠠᠨ ᠬᠤᠰᠢᠭᠤᠨ ᠤ ᠴᠠᠬᠢᠮ ᠬᠤᠳᠠᠯᠳᠤᠭ᠎ᠠ ᠬᠥᠳᠡᠭᠡ ᠲᠣᠰᠬᠤᠨ ᠳᠤ ᠣᠷᠣᠬᠤ ᠲᠡᠷᠢᠭᠦᠨ ᠤ ᠲᠣᠷᠰᠢᠯᠭ᠎ᠠ ᠶᠢ ᠳᠡᠯᠭᠡᠷᠡᠭᠦᠯᠵᠦ᠂ ᠲᠠᠷᠢᠶᠠᠯᠠᠩ ᠤᠨ ᠪᠦᠲᠦᠭᠡᠭᠳᠡᠭᠦᠨ | ᠮᠠᠯ ᠤᠨ ᠠᠰᠢᠭ ᠰᠢᠮ᠎ᠡ ᠶᠢᠨ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠪᠠ ᠰᠦᠯᠵᠢᠶ᠎ᠡ ᠳᠡᠭᠡᠷ᠎ᠡ ᠪᠣᠷᠤᠯᠠᠭᠤᠯᠬᠤ ᠰᠢᠰᠲ᠋ᠧᠮ ᠢ | ᠲᠡᠭᠦᠯᠳᠡᠷᠵᠢᠭᠦᠯᠦᠨ᠂ ︽ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠬᠥᠳᠡᠭᠡ ᠠᠴᠠ ᠭᠠᠷᠭᠠᠨ ᠬᠤᠲᠠ ᠳᠤ ᠣᠷᠤᠭᠤᠯᠬᠤ | ᠢᠨᠵᠧᠨ᠋ᠷᠢᠩ ᠢ ᠨᠠᠶᠢᠳᠠᠪᠤᠷᠢᠵᠢᠭᠤᠯᠤᠨ᠎ᠠ᠃ ᠵᠢᠭᠤᠯᠴᠢᠯᠠᠯ ᠰᠡᠯᠡᠭᠦᠴᠡᠯ᠂ ᠪᠡᠶ᠎ᠡ ᠶᠢᠨ ᠲᠠᠮᠢᠷ ᠴᠢᠭᠢᠷᠠᠭᠵᠢᠯ᠂ ᠡᠷᠡᠭᠦᠯ ᠴᠢᠭᠢᠷᠠᠭ ᠨᠠᠰᠤᠵᠢᠯ᠂ ᠭᠡᠷ ᠤᠨ ᠠᠳᠠᠯ ᠨᠢᠯᠬᠠᠰ | ᠠᠰᠠᠷᠠᠬᠤ᠂ ᠰᠤᠷᠭᠠᠨ ᠬᠥᠮᠥᠵᠢᠯ ᠪᠣᠯᠪᠠᠰᠤᠷᠠᠭᠤᠯᠤᠯ ᠵᠡᠷᠭᠡ ᠠᠵᠢᠯ ᠲᠥᠷᠥᠯ ᠤᠨ ᠬᠡᠷᠡᠭᠯᠡᠭᠡᠨ ᠤ ᠳᠡᠰ ᠳᠡᠪᠰᠢᠬᠦ ᠠᠵᠢᠯᠯᠠᠭᠠᠨ ᠢ ᠬᠡᠷᠡᠭᠵᠢᠭᠦᠯᠵᠦ᠂ ᠦᠳᠡᠰᠢ ᠶᠢᠨ | ᠠᠵᠤ ᠠᠬᠤᠢ ᠶᠢᠨ ᠬᠡᠷᠡᠭᠯᠡᠭᠡᠨ ᠢ ᠬᠦᠴᠦᠯᠡᠨ ᠬᠦᠭᠵᠢᠭᠦᠯᠵᠦ᠂ 5G ᠤᠨ ᠴᠢᠮᠡᠭᠡ ᠨᠡᠪᠡᠲᠡᠷᠯᠭᠡ ᠶᠢᠨ ᠮᠡᠷᠭᠡᠵᠢᠯ ᠢ ᠳᠡᠯᠭᠡᠷᠡᠭᠦᠯᠵᠦ᠂ ᠰᠢᠨ᠎ᠡ ᠬᠡᠷᠡᠭᠯᠡᠭᠡᠨ ᠤ | ᠨᠡᠮᠡᠭᠳᠡᠯ ᠤᠨ ᠴᠢᠭ ᠢ ᠪᠣᠢ ᠪᠣᠯᠭᠠᠨ᠎ᠠ᠃ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠬᠡᠭᠦᠨ ᠤ ᠶᠠᠰᠤ ᠴᠢᠨᠠᠷ ᠤᠨ | ᠠᠶᠤᠯᠭᠦᠢ ᠶᠢᠨ ᠬᠢᠨᠠᠯᠲᠠ ᠶᠢ ᠴᠢᠩᠭᠠᠳᠬᠠᠵᠤ᠂ ᠬᠡᠷᠡᠭᠯᠡᠭᠡᠨ ᠤ ᠰᠠᠶᠢᠨ ᠣᠷᠴᠢᠨ ᠢ ᠦᠨᠡᠨᠬᠦ ᠪᠠᠶᠢᠭᠤᠯᠤᠨ᠎ᠠ᠃ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠶᠠᠯ ᠢ | ᠵᠠᠪᠳᠤᠨ᠂ ᠳᠡᠭᠡᠷ᠎ᠡ ᠱᠠᠳᠤᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠠᠷᠭ᠎ᠠ ᠪᠦᠬᠦᠨ ᠢ ᠰᠥᠪᠡᠭᠴᠢᠯᠡᠨ ᠴᠢᠷᠮᠠᠶᠢᠨ ᠣᠯᠵᠤ᠂ ᠨᠢᠭᠡ ᠪᠦᠯᠦᠭ ᠰᠠᠭᠤᠷᠢ | ᠲᠥᠬᠦᠭᠡᠷᠦᠮᠵᠢ ᠶᠢᠨ ᠬᠦᠷᠢᠶ᠎ᠡ ᠬᠡᠪᠴᠢᠶᠡᠨ ᠤ ᠳᠣᠷᠣᠢ ᠲᠠᠯ᠎ᠠ ᠶᠢ ᠨᠥᠬᠦᠪᠦᠷᠢᠯᠡᠬᠦ ᠢᠨᠵᠧᠨᠧᠷᠢᠩ ᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠲᠠᠯ᠎ᠠ ᠪᠠᠷ᠂ ᠵᠢᠲ᠋ᠦ᠋ᠩ ᠲᠡᠮᠦᠷ ᠵᠠᠮ ᠤᠨ ᠴᠠᠬᠢᠯᠭᠠᠨᠵᠢᠯᠠᠭᠰᠠᠨ ᠥᠭᠡᠷᠡᠴᠢᠯᠡᠯᠲᠡ ᠶᠢ ᠡᠬᠢᠯᠡᠭᠦᠯᠦᠨ ᠪᠦᠲᠦᠭᠡᠨ | ᠪᠠᠶᠢᠭᠤᠯᠬᠤ᠂ ᠴᠢᠳᠠᠪᠬᠢ ᠶᠢ ᠨᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠠᠵᠢᠯ ᠳᠠᠭᠤᠰᠬᠠᠵᠤ᠂ ᠳ᠋ᠠᠪᠠᠨ ᠤ ᠲᠡᠮᠦᠷ ᠵᠠᠮ ᠤᠨ ᠬᠦᠢᠰᠦ | ᠪᠠᠷᠢᠯᠭ᠎ᠠ ᠶᠢᠨ ᠬᠤᠯᠪᠤᠭᠳᠠᠯ ᠪᠦᠬᠦᠢ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠯᠠᠭᠠᠨᠬᠠᠳᠠ ᠶᠢᠨ ᠬᠤᠷᠳᠤᠨ ᠲᠡᠮᠦᠷ ᠵᠠᠮ ᠤᠨ ᠪᠦᠬᠦ ᠱᠣᠭᠤᠮ ᠤᠨ ᠲᠡᠷᠭᠡ | ᠨᠡᠪᠲᠡᠷᠡᠬᠦ ᠶᠢ ᠪᠠᠲᠤᠯᠠᠨ᠎ᠠ᠃ ᠵᠠᠰᠠᠮᠠᠯ ᠵᠠᠮ ᠤᠨ ᠲᠠᠯ᠎ᠠ ᠪᠠᠷ᠂ ᠪᠠᠶᠢᠭᠤᠯᠵᠤ ᠪᠠᠶᠢᠭ᠎ᠠ 4 ᠵᠠᠰᠠᠮᠠᠯ ᠵᠠᠮ ᠤᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠵᠠᠮ ᠤᠨ | 305 ᠱᠤᠭᠤᠮ ᠤᠨ ᠯᠢᠨᠳᠦ᠋ᠩ ᠠᠴᠠ ᠰᠢᠶᠠ ᠡᠾᠦᠸᠧ ᠹᠠᠩ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ᠂ ᠤᠯᠤᠰ ᠤᠨ ᠵᠠᠮ ᠤᠨ 508 ᠱᠤᠭᠤᠮ ᠤᠨ | ᠰᠢᠶᠣᠣ ᠴᠧᠩᠽᠢ ᠠᠴᠠ ᠫᠢᠩ ᠴᠢᠤᠸᠠᠨ ᠬᠦᠷᠬᠦ ᠨᠢᠭᠡᠳᠦᠭᠡᠷ ᠳᠡᠰ ᠤᠨ ᠵᠠᠮ᠂ ᠮᠤᠵᠢ ᠶᠢᠨ ᠵᠠᠮ ᠤᠨ 220 ᠱᠤᠭᠤᠮ ᠤᠨ ᠬᠠᠨᠳᠠᠭᠠᠢ ᠠᠴᠠ ᠤᠯᠠᠭᠠᠨᠪᠦᠲᠦᠩ ᠬᠦᠷᠬᠦ | ᠬᠡᠰᠡᠭ ᠤᠨ ᠬᠤᠶᠠᠳᠤᠭᠠᠷ ᠳᠡᠰ ᠤᠨ ᠵᠠᠮ᠂ ᠮᠤᠵᠢ ᠶᠢᠨ ᠵᠠᠮ ᠤᠨ 210 ᠱᠤᠭᠤᠮ ᠤᠨ ᠪᠠᠯᠴᠢᠷᠤᠳ ᠠᠴᠠ ᠭᠤᠷᠣᠬᠠᠨ ᠬᠦᠷᠬᠦ ᠬᠤᠶᠠᠳᠤᠭᠠᠷ ᠳᠡᠰ ᠤᠨ ᠵᠠᠮ ᠵᠡᠷᠭᠡ | ᠲᠥᠷᠥᠯ ᠵᠦᠢᠯ ᠢ ᠠᠵᠢᠯ ᠡᠬᠢᠯᠡᠨ ᠪᠠᠶᠢᠭᠤᠯᠵᠤ᠂ ᠪᠣᠷᠣᠬᠤᠲᠠ ᠠᠴᠠ ᠴᠢᠪᠠᠭ᠎ᠠ ᠬᠦᠷᠬᠦ ᠲᠥᠷᠭᠡᠨ ᠵᠠᠮ ᠤᠨ ᠠᠵᠢᠯ ᠡᠬᠢᠯᠡᠬᠦ ᠨᠥᠬᠦᠴᠡᠯ ᠪᠦᠷᠢᠯᠳᠦᠭᠦᠯᠬᠦ ᠪᠠᠷ | ᠴᠢᠷᠮᠠᠶᠢᠨ᠎ᠠ᠃ ᠠᠭᠠᠷ ᠠᠶᠠᠯᠠᠯ ᠤᠨ ᠲᠠᠯ᠎ᠠ ᠪᠠᠷ᠂ 4 ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠡᠬᠢᠯᠡᠨ ᠪᠠᠶᠢᠭᠤᠯᠵᠤ᠂ ᠬᠠᠰ ᠯᠤᠤ ᠨᠢᠰᠬᠡᠯ ᠤᠨ | ᠪᠠᠭᠤᠳᠠᠯ ᠢ ᠥᠷᠭᠡᠳᠬᠡᠨ ᠦᠭᠡᠷᠡᠴᠢᠯᠡᠬᠦ ᠪᠠᠷᠢᠯᠭ᠎ᠠ ᠶᠢ ᠳᠠᠭᠤᠰᠬᠠᠵᠤ ᠬᠡᠷᠡᠭᠯᠡᠯᠲᠡ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠯᠢᠨᠰᠢ ᠰᠠᠯᠪᠤᠷᠢ ᠱᠤᠭᠤᠮ ᠤᠨ | ᠨᠢᠰᠬᠡᠯ ᠤᠨ ᠪᠠᠭᠤᠳᠠᠯ ᠤᠨ ᠡᠮᠦᠨ᠎ᠡ ᠬᠤᠭᠤᠴᠠᠭᠠᠨ ᠤ ᠠᠵᠢᠯ ᠢ ᠠᠬᠢᠴᠠ ᠲᠠᠢ ᠪᠣᠯᠭᠠᠨ᠎ᠠ᠃ ᠡᠨᠧᠷᠭᠢ ᠤᠰᠤᠨ ᠠᠰᠢᠭᠯᠠᠯᠲᠠ ᠶᠢᠨ ᠲᠠᠯ᠎ᠠ ᠪᠠᠷ᠂ ᠴᠣᠣᠶᠠᠩ ᠠᠴᠠ | ᠤᠯᠠᠭᠠᠨᠬᠠᠳᠠ ᠬᠦᠷᠬᠦ ᠰᠢᠲᠠᠮᠠᠬᠠᠢ ᠬᠡᠢ ᠶᠢᠨ ᠬᠤᠭᠤᠯᠠᠢ ᠶᠢᠨ ᠪᠠᠷᠢᠯᠭ᠎ᠠ ᠶᠢ ᠪᠠᠶᠢᠭᠤᠯᠵᠤ ᠳᠠᠭᠤᠰᠬᠠᠨ ᠬᠡᠢ ᠨᠡᠪᠲᠡᠷᠡᠭᠦᠯᠵᠦ᠂ ᠳ᠋ᠦᠩ ᠲᠠᠶᠢᠽᠢ ᠤᠰᠤᠨ ᠴᠦᠬᠦᠷᠦᠮ ᠪᠠ | ᠬᠥᠪᠡᠭᠡ ᠭᠤᠤ ᠤᠰᠤᠨ ᠴᠦᠬᠦᠷᠦᠮ ᠢ ᠲᠦᠷᠭᠡᠨ ᠪᠦᠲᠦᠭᠡᠨ ᠪᠠᠶᠢᠭᠤᠯᠵᠤ᠂ ᠣᠷᠣᠨ ᠠᠯᠤᠰᠯᠠᠨ ᠤᠰᠤ ᠳᠠᠲᠠᠬᠤ ᠪᠠᠷᠢᠯᠭ᠎ᠠ ᠶᠢ ᠡᠬᠢᠯᠡᠨ ᠪᠦᠲᠦᠭᠡᠨ ᠪᠠᠶᠢᠭᠤᠯᠤᠨ᠎ᠠ᠃ | ᠴᠢᠮᠡᠭᠡ ᠬᠤᠯᠪᠣᠭᠠᠨ ᠤ ᠲᠠᠯ᠎ᠠ ᠪᠠᠷ᠂ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢ ᠬᠠᠮᠤᠷᠤᠭᠰᠠᠨ᠂ | ᠳᠡᠭᠡᠳᠦ ᠬᠤᠷᠳᠤᠴᠠ ᠪᠠᠷ ᠰᠠᠭᠠᠳ ᠦᠭᠡᠶ ᠨᠡᠪᠲᠡᠷᠡᠬᠦ ᠮᠡᠳᠡᠭᠡ ᠵᠠᠩᠭᠢ ᠴᠢᠮᠡᠭᠡ ᠬᠤᠯᠪᠣᠭᠠᠨ ᠤ ᠲᠤᠤᠷ ᠰᠦᠯᠵᠢᠶ᠎ᠡ ᠶᠢ ᠪᠠᠶᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠤᠨ ᠬᠤᠭᠤᠴᠠᠭᠠᠨ ᠳᠤ ᠨᠡᠶᠢᠲᠡᠯᠡᠭᠰᠡᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠠᠰᠢᠭᠯᠠᠨ᠂ ᠨᠡᠩ | ᠶᠡᠭᠡ ᠡᠷᠴᠢᠮ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ | ᠲᠦᠷᠭᠡᠨ ᠪᠠᠶᠢᠭᠤᠯᠤᠨ᠎ᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠵᠤ᠂ ᠬᠠᠤᠯᠢ ᠴᠠᠭᠠᠵᠠ ᠲᠠᠢ ᠬᠠᠷᠰᠢᠯᠳᠤᠬᠤ ᠦᠭᠡᠢ᠂ ᠦᠨᠳᠦᠰᠦᠨ | ᠱᠠᠲᠤᠨ ᠤ ᠬᠦᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ ᠦᠨᠳᠦᠰᠦᠨ ᠱᠠᠲᠤᠨ ᠳᠤ ᠪᠠᠭᠤᠯᠭᠠᠨ᠎ᠠ᠃ ︽ | ᠠᠵᠤ ᠠᠬᠤᠢᠢᠯᠠᠯ ᠨᠡᠭᠡᠭᠡᠨ ᠡᠷᠬᠢᠯᠡᠬᠦ ᠶᠢ ᠨᠢᠭᠡ ᠴᠤᠩᠬᠤᠷᠠᠭ ᠢᠶᠠᠷ ᠪᠡᠶᠡᠯᠡᠭᠦᠯᠬᠦ︾ ᠲᠠᠪᠴᠠᠩ ᠪᠠᠶᠢᠭᠤᠯᠵᠤ᠂ ᠡᠵᠡᠩᠨᠡᠯᠲᠡ ᠶᠢᠨ ᠦᠨᠡᠮᠯᠡᠯ᠂ ᠲᠠᠮᠠᠭ᠎ᠠ ᠰᠡᠶᠢᠯᠬᠦ᠂ | ᠪᠠᠷᠢᠮᠲᠠ ᠠᠪᠬᠤ᠂ ᠭᠠᠶᠢᠯᠢ ᠶᠢᠨ ᠶᠠᠪᠤᠳᠠᠯ ᠤᠨ ᠳᠠᠩᠰᠠᠯᠠᠯ᠂ ᠨᠡᠶᠢᠭᠡᠮ ᠤᠨ ᠳᠠᠭᠠᠳᠬᠠᠯ ᠤᠨ ᠳᠠᠩᠰᠠᠯᠠᠯ᠂ ᠪᠠᠩᠬᠢ ᠶᠢᠨ ᠳᠠᠩᠰᠠᠨ ᠡᠷᠦᠬᠡ ᠨᠡᠭᠡᠭᠡᠬᠦ ᠵᠡᠷᠭᠡ ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠡᠷᠡᠮᠡᠯᠵᠡᠯᠡᠬᠦ ᠪᠠ ᠭᠦᠢᠴᠡᠳᠭᠡᠬᠦ ᠶᠢ ᠠᠬᠢᠭᠤᠯᠵᠤ᠂ ᠰᠦᠯᠵᠢᠶᠡᠨ ᠭᠠᠳᠠᠨ᠎ᠠ ᠦᠢᠯᠡᠴᠢᠯᠡᠭᠡᠨ ᠤ ᠲᠤᠰᠬᠠᠶ ᠴᠣᠩᠬᠤᠷᠠᠭ ᠭᠠᠷᠭᠠᠵᠤ᠂ | ᠠᠵᠤ ᠠᠬᠤᠢᠢᠯᠠᠯ ᠨᠡᠭᠡᠭᠡᠨ ᠡᠷᠬᠢᠯᠡᠬᠦ ᠪᠦᠬᠦ ᠭᠠᠷᠲᠠᠮ ᠢ ᠨᠢᠭᠡ ᠯᠡ ᠤᠳᠠᠭ᠎ᠠ ᠳᠤ ᠭᠠᠷᠭᠠᠨ ᠠᠪᠬᠤ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠵᠤ᠂ ᠲᠥᠷᠥᠯ ᠵᠦᠢᠯ ᠲᠣᠭᠲᠠᠭᠠᠬᠤ ᠠᠴᠠ | ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢ 60 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠶᠢ ᠪᠠᠲᠤᠯᠠᠨ᠎ᠠ᠃ ᠣᠯᠠᠨ ᠨᠠᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠪᠦᠬᠦ ᠶᠠᠪᠤᠴᠠ ᠶᠢ ᠴᠠᠬᠢᠮᠵᠢᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ | ᠬᠤᠰᠢᠭᠤ ᠰᠢᠶᠠᠨ ᠲᠣᠭᠤᠷᠢᠭ ᠢ ᠬᠤᠲᠠ ᠶᠢᠨ ᠱᠠᠲᠤᠨ ᠤ ᠠᠷᠠᠯᠵᠢᠶᠠᠨ ᠤ ᠲᠠᠪᠴᠠᠩ ᠲᠠᠢ ᠪᠦᠬᠦᠨ ᠢᠶᠠᠷ ᠵᠣᠯᠭᠠᠭᠤᠯᠤᠨ᠎ᠠ᠃ ᠴᠠᠬᠢᠮ ᠵᠥᠪᠰᠢᠶᠡᠷᠡᠯ ᠤᠨ ᠦᠨᠡᠮᠯᠡᠯ ᠤᠨ | ᠬᠥᠮᠥᠷᠭᠡ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠠᠮ ᠰᠦᠯᠵᠢᠶ᠎ᠡ︾ ᠶᠢᠨ ᠪᠠᠶᠢᠭᠤᠯᠤᠯᠲᠠ ᠶᠢ | ᠲᠦᠷᠭᠡᠳᠭᠡᠵᠦ᠂ ᠨᠠᠩ ᠶᠡᠭᠡ ᠬᠡᠪᠴᠢᠶᠡᠨ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠣᠨᠳᠣᠣ ᠭᠠᠵᠠᠷ ᠬᠦᠢᠴᠡᠳᠬᠡᠬᠦ︾᠂ ︽ᠭᠠᠷ ᠣᠳᠠᠰᠣ ᠪᠠᠷ | ᠭᠦᠢᠴᠡᠳᠬᠡᠬᠦ︾ ᠶᠢ ᠪᠡᠶᠡᠯᠡᠭᠦᠯᠦᠨ᠎ᠡ᠃ ᠤᠯᠤᠰ ᠤᠨ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠴᠡᠪᠡᠷᠯᠡᠨ ᠵᠢᠷᠤᠮᠵᠢᠭᠤᠯᠤᠨ᠎ᠠ᠃ | | ︵ᠬᠤᠶᠠᠷ︶ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠠᠷᠭ᠎ᠠ | ᠬᠡᠯᠪᠡᠷᠢ ᠶᠢ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ | ᠠᠵᠤ ᠦᠢᠯᠡᠰ ᠤᠨ ᠲᠥᠪᠯᠡᠷᠡᠩᠭᠦᠢ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠲᠠᠯ᠎ᠠ ᠪᠠᠷ᠂ ᠳᠡᠳ᠋ ᠭᠠᠷᠠᠮ ᠳᠠᠭᠠᠤ ᠶᠢᠨ ᠠᠵᠤ ᠠᠬᠤᠶ ᠶᠢ | ᠲᠦᠷᠭᠡᠳᠬᠡᠨ ᠬᠥᠭᠵᠢᠭᠦᠯᠵᠦ᠂ 650 ᠲᠦᠮᠡᠨ ᠲᠣᠨ ᠤ ᠬᠥᠩᠭᠡᠨ ᠴᠠᠭᠠᠨ ᠤ ᠢᠰᠦᠯ᠂ 900 ᠲᠦᠮᠡᠨ ᠲᠣᠨ ᠤ ᠴᠢᠨᠠᠷ ᠰᠠᠶᠢᠲᠠᠶ ᠲᠡᠮᠦᠷᠯᠢᠭ ᠮᠠᠲ᠋ᠧᠷᠢᠶᠠᠯ ᠤᠨ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠨᠵᠢᠶᠠᠨ ᠵᠡᠰ ᠤᠨ ᠦᠢᠯᠡᠰ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠦᠨᠡᠨᠬᠦ | ᠪᠠᠲᠤᠯᠠᠨ᠎ᠠ᠃ ᠳᠡᠭᠡᠳᠦ ᠰᠢᠨ᠎ᠡ ᠲᠣᠭᠤᠷᠢᠭ ᠤᠨ ᠡᠮ ᠡᠮᠨᠡᠯᠭᠡ ᠶᠢᠨ ᠠᠵᠤ ᠦᠢᠯᠡᠰ ᠤᠨ ᠬᠦᠷᠢᠶᠡᠯᠡᠩ᠂ ᠲᠦᠸᠧ ᠵᠢᠶᠠ ᠴᠠᠬᠢᠮ ᠮᠡᠳᠡᠭᠡ ᠵᠠᠩᠭᠢ ᠶᠢᠨ ᠠᠵᠤ | ᠦᠢᠯᠡᠰ ᠤᠨ ᠬᠦᠷᠢᠶᠡᠯᠡᠩ᠂ ᠲᠠᠢ ᠯᠢᠩ ᠬᠠᠢ ᠴᠤᠸᠠᠩ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠡᠮ ᠡᠮᠨᠡᠯᠭᠡ ᠶᠢᠨ ᠬᠦᠷᠢᠶᠡᠯᠡᠩ ᠵᠡᠷᠭᠡ ᠲᠠᠪᠴᠠᠩ ᠤᠨ | ᠠᠴᠢᠶᠠᠯᠠᠪᠤᠷᠢ ᠳᠤ ᠲᠦᠰᠢᠭᠯᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ | ᠠᠭᠤᠷᠬᠠᠢ ᠶᠢᠨ ᠠᠵᠤ ᠠᠬᠤᠶ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠵᠡᠷᠭᠡ | ᠭᠤᠤᠯᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠢᠤᠢ ᠪᠠᠩ ᠠᠭᠤᠷᠬᠠᠢ ᠶᠢᠨ ᠦᠢᠯᠡᠰ ᠤᠨ ᠳᠠᠬᠢᠨ ᠵᠣᠬᠢᠶᠠᠨ ᠪᠠᠶᠢᠭᠤᠯᠬᠤ ᠶᠢ ᠪᠣᠳᠠᠲᠠᠶ ᠰᠢᠪᠲᠤᠯᠤᠯᠲᠠ ᠲᠠᠢ | ᠪᠣᠯᠭᠠᠵᠤ᠂ ᠺᠠᠩ ᠫᠦ᠋ ᠡᠮ ᠤᠨ ᠦᠢᠯᠡᠰ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠲᠠᠯ᠎ᠠ ᠪᠠᠷ᠂ ᠡᠭᠦᠯᠳᠡᠷ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠡᠮᠳᠡᠭᠲᠦ ᠶᠢ ᠪᠦᠲᠦᠭᠡᠬᠦ ᠪᠠᠷ ᠭᠤᠤᠯ ᠰᠢᠪᠲᠤᠯᠤᠯᠲᠠ ᠶᠢᠨ | ᠴᠢᠭᠯᠡᠯ ᠪᠣᠯᠭᠠᠵᠤ᠂ ︽ᠭᠤᠷᠪᠠ ᠶᠢ ᠨᠡᠮᠡᠭᠳᠡᠭᠦᠯᠵᠦ ᠭᠤᠷᠪᠠ ᠶᠢ ᠰᠢᠯᠢᠳᠡᠭᠵᠢᠭᠦᠯᠬᠦ︾ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠢ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ 10 ᠲᠦᠮᠡᠨ ᠮᠤ᠋ ᠲᠥᠬᠦᠭᠡᠷᠦᠮᠵᠢᠲᠦ | ᠲᠠᠷᠢᠶᠠᠯᠠᠩ᠂ 53 ᠲᠦᠮᠡᠨ ᠮᠤ᠋ ᠥᠨᠳᠥᠷ ᠦᠷ᠎ᠡ ᠠᠰᠢᠭᠲᠤ ᠤᠰᠤ ᠠᠷᠪᠢᠯᠠᠬᠤ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 100 | ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠰᠢᠯᠢᠳᠡᠭ ᠡᠭᠦᠯᠳᠡᠷ ᠤᠨ ᠠᠯᠠᠰᠢᠨ ᠤ ᠦᠬᠡᠷ ᠤᠨ ᠲᠤᠭ᠎ᠠ ᠬᠡᠮᠵᠢᠶ᠎ᠡ ᠶᠢ | ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠦᠷᠡᠰ ᠦᠬᠡᠷ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠦᠬᠦ ᠬᠤᠲᠠ ᠶᠢᠨ ᠠᠯᠠᠰᠢᠨ ᠦᠬᠡᠷ ᠤᠨ ᠲᠤᠭ᠎ᠠ ᠲᠣᠯᠣᠭᠠᠢ ᠶᠢ 240 ᠲᠦᠮᠡ ᠶᠢ ᠳᠠᠪᠠᠭᠤᠯᠵᠤ᠂ ᠰᠠᠶᠢᠨ ᠡᠭᠦᠯᠳᠡᠷ ᠤᠨ ᠨᠣᠷᠮ᠎ᠠ ᠶᠢ 97 | % ᠳᠤ ᠬᠦᠷᠭᠡᠬᠦ ᠪᠠᠷ ᠴᠢᠷᠮᠠᠶᠢᠨ᠎ᠠ᠃ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠥᠬᠦ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠦᠵᠦᠭᠦᠷ ᠲᠥᠯᠥᠪᠯᠡᠭᠡ ᠶᠢ ᠪᠡᠶᠡᠯᠡᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ | ᠭᠤᠤᠯ ᠴᠣᠭᠴᠠ ᠶᠢᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯᠲᠡ ᠥᠷᠨᠢᠭᠦᠯᠬᠦ ᠶᠢ ᠳᠠᠮᠵᠢᠵᠤ᠂ ᠮᠠᠨ ᠤ | ᠬᠤᠲᠠ ᠶᠢᠨ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ | ᠥᠷᠭᠡᠳᠬᠡᠨ᠎ᠡ᠃ ᠪᠦᠬᠦ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠦᠷᠦᠭᠦᠴᠦᠳ ᠤᠨ | ᠬᠤᠷᠠᠯ ᠢ ᠰᠠᠶᠢᠲᠤᠷ ᠡᠷᠬᠢᠯᠡᠨ᠎ᠡ᠃ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠲᠠᠯ᠎ᠠ ᠪᠠᠷ᠂ ᠲᠦᠷᠭᠡᠨ ᠲᠡᠮᠦᠷ ᠵᠠᠮ ᠤᠨ ᠲᠤᠰᠬᠠᠢ ᠬᠠᠷᠢᠶᠠᠲᠤ ᠠᠵᠤ | ᠠᠬᠤᠢ ᠶᠢᠨ ᠲᠤᠭᠤᠷᠢᠭ ᠤᠨ ᠪᠠᠶᠢᠭᠤᠯᠤᠯᠲᠠ ᠶᠢ ᠡᠬᠢᠯᠡᠭᠦᠯᠵᠦ᠂ ᠰᠢᠨᠬᠤᠸᠠ ᠶᠠᠪᠠᠭᠠᠨ ᠵᠡᠭᠡᠯᠢ ᠵᠡᠷᠭᠡ ᠤᠯᠠᠮᠵᠢᠯᠠᠯᠲᠤ ᠬᠤᠳᠠᠯᠳᠤᠭᠠᠨ ᠤ ᠵᠡᠭᠡᠯᠢ ᠲᠣᠭᠤᠷᠢᠭ ᠢ | ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠸᠢᠺᠲ᠋ᠣᠷᠢᠶ᠎ᠠ ᠬᠤᠳᠠᠯᠳᠤᠭ᠎ᠠ᠂ ᠯᠦᠩ ᠲᠧᠩ ᠣᠯᠠᠨ ᠤᠯᠤᠰ ᠤᠨ ᠠᠵᠢᠯ ᠡᠬᠢᠯᠡᠭᠦᠯᠦᠨ | ᠡᠵᠡᠩᠨᠡᠬᠦ ᠶᠢ ᠦᠨᠡᠨᠬᠦ ᠪᠠᠲᠤᠯᠠᠵᠤ᠂ ᠰᠦᠩᠱᠠᠨ ᠤ ᠸᠠᠨ ᠳ᠋ᠠ ᠠᠭᠤᠳᠠᠮ ᠲᠠᠯᠠᠪᠠᠢ ᠶᠢᠨ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠭᠤᠣᠯ ᠬᠤᠲᠠ ᠲᠣᠭᠤᠷᠢᠭ ᠲᠤ ᠠᠮᠢᠳᠤᠷᠠᠯ ᠤᠨ ᠲᠥᠷᠥᠯ ᠤᠨ ᠲᠤᠰᠬᠠᠶ ᠵᠠᠬ᠎ᠠ ᠳᠡᠯᠭᠡᠭᠦᠷ ᠢ ᠲᠦᠯᠦᠪᠵᠢᠭᠦᠯᠦᠨ ᠪᠠᠶᠢᠷᠢᠰᠢᠭᠤᠯᠬᠤ ᠶᠢ | ᠲᠦᠷᠭᠡᠳᠭᠡᠵᠦ᠂ ᠬᠤᠲᠠ ᠲᠣᠭᠤᠷᠢᠭ ᠤᠨ ᠲᠤᠭᠤᠷᠢᠨ ᠳᠤ ᠦᠢᠯᠡᠳᠪᠦᠷᠢᠯᠡᠯ ᠤᠨ ᠲᠥᠷᠥᠯ ᠤᠨ ᠲᠤᠰᠬᠠᠶ ᠵᠠᠬ᠎ᠠ ᠳᠡᠯᠭᠡᠭᠦᠷ ᠪᠠᠶᠢᠭᠤᠯᠬᠤ ᠶᠢ ᠡᠬᠢᠯᠡᠭᠦᠯᠵᠦ᠂ | ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠢ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠡᠳ᠋ | ᠪᠠᠷᠠᠭ᠎ᠠ ᠬᠤᠳᠠᠯᠳᠤᠨ ᠠᠪᠬᠤ ᠲᠥᠪ ᠢ ᠪᠠᠶᠢᠭᠤᠯᠤᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠶᠤᠸᠠᠨ ᠪᠦᠦ ᠱᠠᠨ ᠲᠣᠭᠤᠷᠢᠭ ᠤᠨ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠲᠥᠷᠥᠯ ᠤᠨ ᠡᠳ᠋ ᠪᠠᠷᠠᠭ᠎ᠠ ᠶᠢᠨ | ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠩᠱᠠᠨ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠲᠥᠷᠥᠯ ᠤᠨ ᠡᠳ᠋ ᠪᠠᠷᠠᠭ᠎ᠠ ᠶᠢᠨ | ᠲᠠᠯᠠᠪᠤᠷ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠤᠰᠢᠭᠤ ᠰᠢᠶᠠᠨ ᠤ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠠᠭ᠎ᠠ ᠶᠢᠨ ᠭᠦᠢᠯᠭᠡᠭᠡᠨ ᠢ ᠰᠠᠭᠠᠳ ᠦᠭᠡᠢ ᠨᠡᠪᠲᠡᠷᠡᠭᠦᠯᠦᠨ᠎ᠡ᠃ ᠵᠢᠭᠤᠯᠴᠢᠯᠠᠯ ᠤᠨ ᠦᠢᠯᠡᠰ ᠤᠨ | ᠲᠠᠯ᠎ᠠ ᠪᠠᠷ᠂ ︽ᠵᠢᠷᠭᠤᠭᠠᠨ ᠶᠡᠭᠡ ᠵᠢᠭᠤᠯᠴᠢᠯᠠᠯ ᠤᠨ ᠰᠣᠳᠣ︾ ᠶᠢ ᠪᠦᠲᠦᠭᠡᠬᠦ ᠠᠵᠢᠯᠯᠠᠭ᠎ᠠ ᠶᠢ ᠥᠷᠭᠦᠯᠵᠢᠯᠡᠭᠦᠯᠦᠨ᠂ ᠵᠢᠷᠭᠤᠭᠠᠨ ᠭᠤᠤᠯ ᠰᠡᠳᠦᠪᠲᠦ ᠰᠣᠳᠣᠨ | ᠱᠤᠭᠤᠮ ᠢ ᠭᠤᠣᠯᠳᠠᠯᠭ᠎ᠠ ᠲᠠᠢ ᠠᠬᠢᠭᠤᠯᠵᠤ᠂ ᠠᠷᠪᠠᠨ ᠶᠡᠭᠡ ᠵᠢᠭᠤᠯᠴᠢᠯᠠᠯ ᠤᠨ ᠭᠤᠤᠯ ᠰᠡᠳᠦᠪ ᠤᠨ ᠠᠵᠢᠯᠯᠠᠭᠠᠨ ᠢ ᠬᠡᠷᠡᠭᠵᠢᠭᠦᠯᠵᠦ᠂ ᠵᠢᠭᠤᠯᠴᠢᠯᠠᠯ ᠤᠨ | ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠰ ᠯᠣᠣ ᠡᠯᠡᠰᠦᠨ ᠨᠠᠭᠤᠷ ᠂ ᠮᠠᠶᠢᠷᠠᠨ ᠭᠤᠤ ᠶᠢᠨ ᠵᠢᠭᠤᠯᠴᠢᠯᠠᠯ ᠤᠨ | ᠣᠷᠣᠨ ᠤ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠤᠶᠠᠳᠤᠭᠠᠷ ᠬᠤᠭᠤᠴᠠᠭᠠᠨ ᠤ ᠵᠢᠭᠤᠯᠴᠢᠯᠠᠯ ᠤᠨ | ᠬᠥᠭᠵᠢᠯᠲᠡ ᠶᠢᠨ ᠶᠡᠭᠡ ᠬᠤᠷᠠᠯ ᠢ ᠰᠠᠶᠢᠲᠤᠷ ᠡᠷᠬᠢᠯᠡᠨ᠎ᠡ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠤᠨ ᠰᠣᠳᠣᠯᠣᠨ | ᠨᠡᠭᠡᠭᠡᠬᠦ ᠰᠠᠭᠤᠷᠢ ᠮᠥᠩᠭᠦ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠤᠳᠤᠯᠭᠠᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠭᠡ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠯᠤᠭ᠎ᠠ ᠶᠢᠨ ᠰᠢᠨ᠎ᠡ ᠶᠢ ᠡᠭᠦᠳᠬᠦ ᠬᠤᠷᠰᠢᠯᠴᠠᠭ᠎ᠠ ᠶᠢ ᠴᠢᠩᠭᠠᠳᠬᠠᠨ᠎ᠠ᠃ ᠮᠡᠷᠭᠡᠵᠢᠯ ᠤᠨ ᠪᠣᠭᠤᠮᠲᠠ ᠰᠢᠪᠲᠤᠯᠬᠤ᠂ | ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ᠡᠭᠦᠷᠭᠡ ᠲᠤᠰᠢᠶᠠᠯ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠡᠷᠬᠡ ᠶᠢᠨ ᠬᠠᠷᠢᠶᠠᠯᠠᠯ ᠤᠨ | ᠥᠭᠡᠷᠡᠴᠢᠯᠡᠯᠲᠡ ᠶᠢ ᠰᠦᠪᠡᠭᠴᠢᠯᠡᠨ ᠥᠷᠨᠢᠭᠦᠯᠵᠦ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠤ ᠢᠳᠡᠪᠬᠢᠵᠢᠯ ᠢ ᠳᠠᠶᠢᠴᠢᠯᠠᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ︽ | ᠬᠤᠣᠰ ᠢ ᠡᠭᠦᠳᠬᠦ ᠰᠠᠭᠤᠷᠢ ᠮᠥᠩᠭᠦ︾ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ | ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ︽ᠬᠠᠰ ᠯᠣᠣ ᠴᠢᠳᠠᠪᠤᠷᠢᠲᠠᠨ︾ ᠤ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠣᠷᠣᠨ ᠰᠠᠭᠤᠴᠠ ᠡᠮ ᠡᠮᠨᠡᠯᠭᠡ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠰᠠᠶᠢᠨ ᠲᠥᠷᠦ ᠶᠢᠨ ᠪᠣᠳᠣᠯᠭ᠎ᠠ᠂ ᠰᠠᠶᠢᠨ ᠲᠣᠭᠲᠠᠴᠠ᠂ ᠰᠠᠶᠢᠨ ᠣᠷᠴᠢᠨ ᠲᠣᠭᠤᠷᠢᠨ ᠢ ᠬᠡᠷᠡᠭᠯᠡᠨ ᠣᠷᠣᠨ ᠨᠤᠲᠤᠭ ᠤᠨ ᠴᠢᠳᠠᠪᠤᠷᠢᠲᠠᠨ ᠢ ᠦᠯᠡᠳᠡᠭᠡᠵᠦ᠂ ᠭᠠᠳᠠᠷ | ᠣᠷᠣᠨ ᠤ ᠳᠡᠭᠡᠳᠦ ᠲᠡᠰ ᠤᠨ ᠴᠢᠳᠠᠪᠤᠷᠢᠲᠠᠨ ᠢ ᠲᠡᠳᠡᠨ ᠠᠪᠴᠢᠷᠠᠨ᠎ᠠ᠃ | ᠪᠣᠬᠢᠷᠲᠤᠯ ᠦᠭᠡᠢ ᠦᠢᠯᠡᠳᠪᠦᠷᠢᠯᠡᠯ ᠢ ᠶᠡᠬᠡᠪᠡᠷ ᠠᠬᠢᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠮᠡᠷᠭᠡᠵᠢᠯ ᠤᠨ ᠥᠭᠡᠷᠡᠴᠢᠯᠡᠯᠲᠡ | ᠬᠢᠵᠦ ᠳᠡᠰ ᠳᠡᠪᠰᠢᠭᠦᠯᠬᠦ ᠶᠢ ᠬᠡᠷᠡᠭᠵᠢᠭᠦᠯᠵᠦ᠂ ᠣᠳᠣ ᠶᠢᠨ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠪᠣᠬᠢᠷᠲᠤᠯ ᠦᠭᠡᠢ ᠪᠣᠯᠭᠠᠬᠤ᠂ ᠮᠡᠳᠡᠭᠡ ᠵᠠᠩᠭᠢᠵᠢᠭᠤᠯᠬᠤ | ᠥᠭᠡᠷᠡᠴᠢᠯᠡᠯᠲᠡ ᠬᠢᠬᠦ ᠶᠢ ᠲᠦᠯᠬᠢᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠥᠷᠢᠰᠦᠯᠳᠦᠬᠦ ᠬᠦᠴᠦᠨ ᠪᠠ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ | ᠃ ᠠᠵᠤ ᠦᠢᠯᠡᠰ ᠤᠨ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠵᠤ᠂ ᠰᠢᠨ᠎ᠡ ᠪᠠᠷ ᠨᠡᠮᠡᠭᠳᠡᠭᠦᠯᠬᠦ ᠦᠢᠯᠡᠳᠪᠦᠷᠢᠯᠡᠬᠦ ᠴᠢᠳᠠᠪᠤᠷᠢ | ᠪᠦᠬᠦᠨ ᠳᠤ ᠲᠡᠷᠢᠭᠦᠨ ᠵᠡᠷᠭᠡ ᠶᠢᠨ ᠡᠨᠧᠷᠭᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ ᠢ ᠬᠡᠷᠡᠭᠯᠡᠨ᠎ᠡ᠃ ᠭᠤᠣᠯ ᠬᠤᠲᠠ ᠲᠣᠭᠤᠷᠢᠭ ᠲᠤ ᠠᠵᠤ | ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠢᠳᠡᠭᠡᠨ ᠪᠠ ᠡᠮ ᠡᠮᠨᠡᠯᠭᠡ ᠵᠡᠷᠭᠡ ᠣᠨᠴᠣᠭᠤᠢ ᠠᠵᠤ ᠦᠢᠯᠡᠰ ᠠᠴᠠ ᠭᠠᠳᠠᠨ᠎ᠠ᠂ | ᠳᠠᠬᠢᠯᠲᠠ ᠤᠰᠤ ᠶᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠪᠣᠢ ᠪᠦᠬᠦᠢ ᠠᠵᠤ ᠠᠬᠤᠶᠢᠯᠠᠯ ᠤᠨ ᠥᠪᠡᠷ ᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠢ ᠬᠠᠭᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠬᠤᠷᠢᠭ᠎ᠠ ᠱᠤᠭᠤᠮ ᠢ ᠦᠨᠡᠨᠬᠦ ᠰᠠᠬᠢᠨ᠎ᠠ᠃ ᠪᠦᠬᠦ ᠠᠷᠠᠳ ᠤᠨ ᠤᠰᠤ ᠠᠷᠪᠢᠯᠠᠬᠤ ᠤᠬᠠᠭᠤᠯᠭ᠎ᠠ | ᠬᠥᠮᠦᠵᠢᠯ ᠢ ᠭᠦᠨᠵᠡᠭᠡᠶ ᠥᠷᠨᠢᠭᠦᠯᠵᠦ᠂ ᠤᠰᠤ ᠠᠷᠪᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠨᠡᠭᠦᠷᠡᠰᠦ ᠪᠠ ᠪᠣᠰᠣᠳ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠵᠦ᠂ ᠲᠡᠤᠬᠡᠨ | ᠦᠯᠡᠳᠡᠭᠳᠡᠯ ᠠᠰᠠᠭᠤᠳᠠᠯ ᠲᠠᠢ ᠠᠭᠤᠷᠬᠠᠢ ᠪᠠ ᠬᠠᠷᠢᠭᠤᠴᠠᠯᠭ᠎ᠠ ᠶᠢᠨ ᠭᠤᠣᠯ ᠴᠤᠭᠴᠠ ᠦᠭᠡᠢ ᠠᠭᠤᠷᠬᠠᠢ ᠶᠢᠨ ᠭᠠᠵᠠᠷ ᠣᠷᠴᠢᠨ ᠢ ᠰᠡᠷᠭᠦᠭᠡᠨ ᠵᠠᠰᠠᠬᠤ ᠶᠢ | ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢ 31 ᠰᠢᠨ᠎ᠡ ᠪᠠᠷ ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠦᠭᠦᠯᠦᠨ ᠳᠡᠰ ᠳᠡᠪᠰᠢᠭᠦᠯᠬᠦ ᠲᠤᠰᠬᠠᠢ ᠵᠠᠰᠠᠯᠲᠠ ᠶᠢᠨ ᠠᠵᠢᠯᠯᠠᠭᠠᠨ ᠢ ᠡᠬᠢᠯᠡᠭᠦᠯᠵᠦ᠂ ᠣᠳᠣ ᠪᠠᠶᠢᠭ᠎ᠠ | ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠵᠡᠷᠭᠡ ᠲᠥᠬᠦᠭᠡᠷᠦᠮᠵᠢ ᠶᠢ ᠪᠦᠬᠦᠨ ᠢ ᠲᠣᠭᠲᠠᠭᠤᠨ ᠢᠶᠠᠷ ᠠᠵᠢᠯᠯᠠᠭᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ | ᠪᠦᠬᠦᠨ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ᠂ ᠬᠠᠮᠤᠭ ᠳᠣᠣᠷ᠎ᠠ ᠭᠠᠳᠠᠭᠰᠢᠯᠠᠭᠤᠯᠬᠤ ᠪᠣᠯᠭᠠᠵᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ | ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | | ︵ᠭᠤᠷᠪᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠶᠢ ᠲᠥᠷᠭᠡᠳᠬᠡᠵᠦ᠂ ᠠᠮᠢ ᠠᠬᠤᠢ ᠶᠢ | ᠤᠷᠢᠳᠠᠪᠡᠷ ᠪᠣᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠠᠭᠤᠷᠢ ᠶᠢ ᠦᠨᠡᠨᠬᠦ ᠰᠠᠶᠢᠨ ᠲᠠᠯᠪᠢᠨ᠎ᠠ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠠᠮᠢ ᠠᠬᠤᠢ ᠶᠢᠨ ᠰᠢᠰᠲ᠋ᠧᠮ ᠪᠣᠯᠣᠨ ᠪᠠᠶᠢᠭᠠᠯᠢ ᠶᠢᠨ | ᠭᠠᠵᠠᠷ ᠵᠦᠢ ᠶᠢᠨ ᠬᠠᠷᠢᠯᠴᠠᠭ᠎ᠠ ᠶᠢ ᠨᠢᠭᠡᠳᠦᠯᠵᠢᠭᠦᠯᠵᠦ᠂ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠣᠯᠣᠨ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠨᠡᠭᠡᠭᠡᠨ ᠠᠰᠢᠭᠯᠠᠬᠤ ᠦᠨᠡᠯᠡᠯᠲᠡ ᠶᠢ ᠥᠷᠨᠢᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠬᠤ ᠶᠢᠨ ᠬᠠᠮᠲᠤ ᠴᠢᠩᠭ᠎ᠠ ᠰᠠᠬᠢᠵᠤ᠂ ᠬᠤᠲᠠ ᠰᠢᠶᠠᠨ ᠬᠤᠶᠠᠷ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ | ᠡᠬᠢᠯᠡᠭᠦᠯᠦᠨ᠂ ᠪᠦᠬᠦ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ︽ᠨᠢᠭᠡ ᠵᠢᠷᠤᠭ︾ ᠢ ᠨᠠᠶᠢᠷᠠᠭᠤᠯᠤᠨ | ᠪᠦᠷᠢᠯᠳᠦᠭᠦᠯᠦᠨ᠎ᠡ᠃ ᠠᠮᠢ ᠠᠬᠤᠢ ᠶᠢᠨ ᠬᠤᠷᠢᠭ᠎ᠠ ᠱᠤᠭᠤᠮ ᠢ ᠦᠨᠡᠯᠡᠨ ᠮᠠᠭᠠᠳᠯᠠᠵᠤ ᠲᠣᠬᠢᠷᠠᠭᠤᠯᠤᠨ ᠰᠢᠯᠢᠳᠡᠭᠵᠢᠭᠦᠯᠬᠦ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠴᠡᠭᠴᠡᠯᠡᠨ ᠵᠠᠰᠠᠵᠤ ᠨᠦᠬᠦᠪᠦᠷᠢᠯᠡᠨ ᠵᠢᠷᠤᠭᠯᠠᠬᠠᠤ᠂ ᠬᠤᠲᠠ ᠪᠠᠯᠭᠠᠰᠤᠨ ᠤ ᠨᠡᠭᠡᠭᠡᠨ ᠠᠰᠢᠭᠯᠠᠬᠤ ᠬᠢᠵᠠᠭᠠᠷ ᠢ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ | ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠤᠶᠢᠲᠤ ᠬᠡᠰᠡᠭ ᠤᠨ ᠬᠤᠰᠢᠭᠤ | ᠰᠢᠶᠠᠨ ᠤ ᠭᠤᠣᠯᠳᠠᠯᠭᠠᠲᠠᠢ ᠬᠡᠰᠡᠭ ᠪᠦᠯᠦᠭ ᠨᠢ ᠠᠮᠢ ᠠᠬᠤᠢ ᠶᠢ ᠬᠠᠮᠠᠭᠠᠯᠠᠬᠤ ᠪᠠᠷ ᠭᠤᠣᠯ ᠪᠣᠯᠭᠠᠵᠤ᠂ ᠡᠮᠦᠨ᠎ᠡ ᠬᠡᠰᠡᠭ ᠤᠨ ᠬᠤᠰᠢᠭᠤ ᠰᠢᠶᠠᠨ ᠤ ᠭᠤᠣᠯᠳᠠᠯᠭᠠᠲᠠᠢ | ᠬᠡᠰᠡᠭ ᠪᠦᠯᠦᠭ ᠨᠢ ᠪᠣᠬᠢᠷᠳᠤᠯ ᠦᠭᠡᠢ ᠨᠡᠭᠡᠭᠡᠨ ᠠᠰᠢᠭᠯᠠᠬᠤ ᠪᠠᠷ ᠭᠤᠣᠯ ᠪᠣᠯᠭᠠᠬᠤ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠦᠷᠢᠯᠳᠦᠭᠦᠯᠦᠨ᠂ ᠲᠣᠮᠣ ᠠᠵᠤ | ᠦᠢᠯᠡᠳᠪᠦᠷᠢ ᠶᠢᠨ ᠲᠥᠷᠥᠯ ᠵᠦᠢᠯ ᠢ ᠡᠮᠦᠨᠡᠲᠦ ᠬᠡᠰᠡᠭ ᠤᠨ ᠬᠤᠰᠢᠭᠤ ᠰᠢᠶᠠᠨ ᠲᠣᠭᠤᠷᠢᠭ ᠤᠨ ᠪᠠᠶᠢᠷᠢᠰᠢᠭᠤᠯᠤᠯᠲᠠ ᠳᠤ ᠣᠷᠣᠭᠤᠯᠵᠤ᠂ ᠭᠤᠤᠯᠳᠠᠯᠭ᠎ᠠ ᠲᠠᠢ ᠠᠵᠤ | ᠦᠢᠯᠡᠳᠪᠦᠷᠢ ᠶᠢᠨ ᠲᠥᠷᠥᠯ ᠵᠦᠢᠯ ᠢ ᠤᠯᠠᠭᠠᠨᠬᠠᠳᠠ ᠶᠢᠨ ᠳᠡᠭᠡᠲᠦ ᠰᠢᠨ᠎ᠡ ᠮᠡᠷᠭᠡᠵᠢᠯ ᠤᠨ ᠣᠷᠣᠨ ᠲᠡᠰᠢ ᠲᠥᠪᠯᠡᠷᠡᠭᠦᠯᠦᠨ ᠬᠥᠭᠵᠢᠭᠦᠯᠵᠦ᠂ ᠭᠤᠤᠯᠳᠠᠯᠭ᠎ᠠ ᠲᠠᠢ ᠠᠮᠢ | ᠠᠬᠤᠢ ᠶᠢᠨ ᠴᠢᠳᠠᠮᠵᠢᠲᠤ ᠣᠷᠣᠨ ᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠨᠡᠭᠦᠨ ᠭᠠᠷᠬᠤ ᠶᠢ ᠠᠬᠢᠭᠤᠯᠤᠨ᠎ᠠ᠃ ᠡᠯ᠎ᠡ | ᠭᠠᠵᠠᠷ ᠣᠷᠣᠨ ᠤ ᠴᠢᠳᠠᠪᠬᠢ ᠶᠢᠨ ᠣᠷᠣᠨ ᠲᠣᠭᠲᠠᠭᠠᠯᠲᠠ ᠶᠢ ᠦᠨᠳᠦᠰᠦᠯᠡᠨ᠂ ᠵᠥᠷᠢᠶᠡᠲᠦ ᠦᠨᠡᠯᠡᠯᠲᠡ ᠶᠢᠨ ᠵᠣᠬᠢᠴᠠᠮᠵᠢ᠂ ᠱᠠᠩᠨᠠᠯ ᠨᠥᠬᠦᠪᠦᠷᠢ ᠶᠢᠨ ᠵᠣᠬᠢᠴᠠᠮᠵᠢ᠂ | ᠰᠢᠯᠵᠢᠭᠦᠯᠦᠨ ᠥᠭᠬᠦ ᠵᠣᠬᠢᠴᠠᠮᠵᠢ ᠪᠠ ᠵᠠᠷᠤᠯᠭ᠎ᠠ ᠶᠢᠨ ᠶᠠᠪᠤᠳᠠᠯ ᠤᠨ ᠡᠷᠬᠡ ᠶᠢᠨ ᠬᠠᠷᠢᠭᠤᠴᠠᠯᠭ᠎ᠠ ᠶᠢᠨ ᠵᠣᠬᠢᠴᠠᠮᠵᠢ ᠶᠢ ᠭᠦᠨᠵᠡᠭᠡᠢ ᠰᠤᠳᠤᠯᠤᠨ ᠲᠣᠭᠲᠠᠭᠠᠨ᠎ᠠ᠃ | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠴᠢᠩᠭ᠎ᠠ ᠬᠢᠵᠠᠭᠠᠷᠯᠠᠯ ᠢ ᠴᠢᠩᠳᠠᠯᠠᠵᠤ᠂ ᠬᠠᠮᠤᠭ ᠴᠢᠩᠭ᠎ᠠ ᠲᠥᠯᠥᠪᠵᠢᠭᠦᠯᠭᠡ ᠶᠢᠨ ᠬᠠᠤᠯᠢ ᠬᠡᠷᠡᠭᠵᠢᠭᠦᠯᠦᠯᠲᠡ ᠶᠢ | ᠶᠠᠪᠤᠭᠤᠯᠤᠨ᠎ᠠ᠃ | ᠠᠵᠦ ᠦᠢᠯᠡᠰ ᠬᠤᠲᠠ ᠪᠠᠯᠭᠠᠰᠤᠨ ᠤ ᠤᠶᠠᠯᠳᠤᠨ ᠬᠥᠭᠵᠢᠬᠦ ᠶᠢ ᠠᠬᠢᠭᠤᠯᠤᠨ᠎ᠠ᠃ ᠲᠦᠷᠭᠡᠨ ᠲᠡᠮᠦᠷ ᠵᠠᠮ ᠨᠡᠪᠲᠡᠷᠡᠪᠡᠯ ᠪᠦᠷᠢᠯᠳᠦᠵᠦ ᠮᠡᠳᠡᠬᠦ ︽ᠪᠤᠴᠠᠨ | ᠲᠠᠳᠠᠭᠲᠠᠬᠤ ᠦᠵᠡᠭᠳᠡᠯ︾ ᠢ ᠵᠥᠪ ᠲᠠᠨᠢᠵᠤ᠂ ᠤᠷᠢᠳᠴᠢᠯᠠᠭᠰᠠᠨ ᠰᠡᠳᠬᠢᠮᠵᠢ ᠪᠠᠷ ᠠᠵᠦ ᠦᠢᠯᠡᠰ ᠬᠤᠲᠠ ᠪᠠᠯᠭᠠᠰᠤ ᠶᠢ ᠤᠶᠠᠯᠳᠤᠭᠤᠯᠤᠨ ᠬᠥᠭᠵᠢᠭᠦᠯᠬᠦ ᠠᠵᠢᠯ ᠢ | ᠰᠥᠪᠡᠭᠴᠢᠯᠡᠨ ᠲᠥᠯᠥᠪᠯᠡᠵᠦ᠂ ᠬᠤᠲᠠ ᠲᠣᠭᠤᠷᠢᠭ ᠤᠨ ︽ᠬᠤᠲᠠ ᠪᠠᠶᠢᠭᠠᠳ ᠠᠵᠤ ᠦᠭᠡᠢ︾᠂ ᠬᠦᠷᠢᠶᠡᠯᠡᠩ ᠲᠣᠭᠤᠷᠢᠭ ᠤᠨ ︽ᠬᠤᠲᠠ ᠪᠠᠶᠢᠭᠠᠳ ᠦᠢᠯᠡᠰ | ᠦᠭᠡᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠳᠣ ᠦᠶ᠎ᠠ ᠶᠢᠨ ᠦᠢᠯᠡᠴᠢᠯᠡᠭᠡᠨ ᠤ ᠦᠢᠯᠡᠰ᠂ ᠬᠤᠲᠠ ᠶᠢᠨ ᠠᠵᠦ ᠦᠢᠯᠡᠳᠪᠦᠷᠢ ᠶᠢ ᠭᠤᠣᠯ | ᠬᠤᠲᠠ ᠲᠣᠭᠤᠷᠢᠭ ᠲᠡᠰᠢ ᠲᠥᠪᠯᠡᠷᠡᠭᠦᠯᠬᠦ ᠪᠠᠷ ᠲᠠᠲᠠᠨ᠂ ᠬᠤᠲᠠ ᠶᠢᠨ ᠬᠥᠭᠵᠢᠯᠲᠡ ᠶᠢᠨ ᠠᠮᠢᠳᠤᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠎ᠠ᠃ | ᠭᠤᠣᠯ ᠬᠤᠲᠠ ᠲᠣᠭᠤᠷᠢᠭ ᠤᠨ ᠬᠤᠲᠠ ᠪᠠᠯᠭᠠᠰᠤᠨ ᠤ ᠥᠷᠭᠡᠵᠢᠬᠦ ᠣᠷᠣᠨ ᠪᠠ ᠬᠤᠭᠤᠰᠣᠨ ᠣᠷᠣᠨ ᠤ ᠬᠤᠲᠠ ᠪᠠᠯᠭᠠᠰᠤ ᠠᠵᠦ ᠦᠢᠯᠡᠰ ᠤᠶᠠᠯᠳᠤᠨ ᠬᠥᠭᠵᠢᠬᠦ | ᠲᠥᠯᠥᠪᠵᠢᠭᠦᠯᠭᠡ ᠶᠢ ᠠᠯᠢ ᠲᠦᠷᠭᠡᠨ ᠨᠠᠶᠢᠷᠠᠭᠤᠯᠤᠨ ᠲᠣᠭᠲᠠᠭᠠᠵᠤ᠂ ᠰᠦᠩᠱᠠᠨ ᠤ ᠬᠤᠶᠢᠲᠤ ᠰᠢᠨ᠎ᠡ ᠬᠤᠲᠠ᠂ ᠰᠦᠩᠱᠠᠨ ᠤ ᠴᠢᠮᠡᠭᠡ ᠵᠠᠩᠭᠢ ᠰᠢᠨᠵᠢᠯᠡᠭᠡ | ᠮᠡᠷᠭᠡᠵᠢᠯ ᠤᠨ ᠬᠦᠷᠢᠶᠡᠯᠡᠩ ᠲᠣᠭᠤᠷᠢᠭ᠂ ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ ᠤ ᠬᠤᠲᠠ᠂ ᠬᠤᠩᠱᠠᠨ ᠠᠵᠦ | ᠦᠢᠯᠡᠳᠪᠦᠷᠢ ᠶᠢᠨ ᠬᠦᠷᠢᠶᠡᠯᠡᠩ᠂ ᠸᠧᠨ ᠵᠦᠩ ᠪᠠᠯᠭᠠᠰᠤᠨ ᠤ ᠭᠡᠰᠡᠭ ᠲᠣᠭᠤᠷᠢᠭ᠂ ᠡᠾᠧ ᠮᠸᠢ ᠰᠢᠨ᠎ᠡ ᠲᠣᠭᠤᠷᠢᠭ ᠵᠡᠷᠭᠡ ᠤᠷᠢᠳᠠᠪᠡᠷ ᠬᠡᠷᠡᠭᠵᠢᠭᠦᠯᠦᠭᠰᠡᠨ ᠵᠢᠱᠢᠶ᠎ᠡ | ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠨᠡᠨ ᠪᠣᠳᠠᠲᠠᠢ ᠡᠬᠢᠯᠡᠨ ᠬᠢᠵᠦ᠂ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ᠂ | ᠡᠳ᠋ᠰᠢᠭᠦᠯᠦᠨ ᠦᠢᠯᠡᠳᠬᠦ᠂ ᠴᠠᠬᠢᠮ ᠴᠢᠮᠡᠭᠡ ᠵᠠᠩᠭᠢ ᠵᠡᠷᠭᠡ ᠬᠤᠲᠠ ᠳᠤ ᠬᠥᠭᠵᠢᠬᠦ ᠳᠤ ᠲᠣᠬᠢᠷᠠᠮᠵᠢᠲᠠᠢ ᠰᠢᠯᠢᠳᠡᠭ ᠠᠵᠦ ᠠᠬᠤᠶᠢᠯᠠᠯ ᠢ ᠢᠳᠡᠪᠬᠢᠲᠠᠢ ᠲᠠᠲᠠᠨ | ᠣᠷᠤᠭᠤᠯᠵᠤ ᠰᠠᠭᠤᠷᠢᠰᠢᠭᠤᠯᠤᠨ᠂ ︽ᠣᠯᠠᠨ ᠬᠤᠲᠠ ᠶᠢᠨ ᠲᠥᠪ ᠲᠠᠢ᠂ ᠣᠯᠠᠨ ᠬᠤᠲᠠ ᠶᠢᠨ ᠪᠦᠯᠦᠭᠵᠢᠯ ᠲᠠᠢ︾ ᠬᠥᠭᠵᠢᠯᠲᠡ ᠶᠢᠨ ᠪᠠᠶᠢᠷᠢᠰᠢᠯ ᠢ ᠡᠭᠦᠳᠦᠨ᠎ᠡ᠃ | ᠬᠤᠲᠠ ᠲᠣᠭᠤᠷᠢᠭ ᠤᠨ ᠠᠵᠦ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠤᠲᠠ ᠪᠠᠯᠭᠠᠰᠤ | ᠠᠵᠦ ᠦᠢᠯᠡᠰ ᠤᠨ ᠤᠶᠠᠯᠳᠤᠯ ᠳᠤ ᠪᠠᠲᠤᠯᠠᠭ᠎ᠠ ᠬᠠᠩᠭᠠᠨ᠎ᠠ᠃ | ᠠᠵᠦ ᠦᠢᠯᠡᠰ ᠨᠢ ᠬᠦᠷᠢᠶᠡᠯᠡᠩ ᠲᠣᠭᠤᠷᠢᠭ ᠲᠡᠰᠢ ᠪᠦᠯᠦᠭᠵᠢᠨ ᠬᠥᠭᠵᠢᠬᠦ ᠶᠢ ᠠᠬᠢᠭᠤᠯᠤᠨ᠎ᠠ᠃ ᠣᠨᠴᠠᠯᠢᠭ ᠢ ᠲᠣᠪᠤᠶᠢᠯᠭᠠᠨ᠂ ᠭᠠᠪᠰᠢᠭᠠᠢ ᠪᠠᠷ | ᠭᠤᠣᠯᠯᠠᠭᠤᠯᠵᠤ᠂ ᠪᠦᠯᠦᠭᠵᠢᠨ ᠴᠤᠭᠯᠠᠷᠠᠵᠤ᠂ ᠲᠦᠬᠦᠷᠵᠢᠨ ᠪᠦᠷᠢᠯᠳᠦᠬᠦ ᠵᠠᠷᠴᠢᠮ ᠶᠣᠰᠣᠭᠠᠷ᠂ ᠪᠦᠬᠦ ᠬᠤᠲᠠ ᠶᠢᠨ ᠡᠯ᠎ᠡ ᠬᠦᠷᠢᠶᠡᠯᠡᠩ ᠲᠣᠭᠤᠷᠢᠭ ᠤᠨ ᠠᠵᠦ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠠᠰᠠᠪᠤᠷᠢᠯᠠᠨ ᠲᠣᠭᠲᠠᠭᠠᠨ᠂ ᠬᠦᠷᠢᠶᠡᠯᠡᠩ ᠲᠣᠭᠤᠷᠢᠭ ᠪᠦᠷᠢ ᠶᠢᠨ ᠠᠵᠦ | ᠦᠢᠯᠡᠰ ᠤᠨ ᠪᠠᠶᠢᠷᠢ ᠲᠣᠭᠲᠠᠭᠠᠯᠳᠠ ᠪᠠ ᠭᠤᠣᠯ ᠴᠢᠭᠯᠡᠯ ᠢ ᠨᠠᠷᠢᠯᠢᠭ ᠣᠨᠣᠪᠴᠢᠲᠠᠢ ᠪᠣᠯᠭᠠᠵᠤ᠂ ᠠᠵᠦ ᠦᠢᠯᠡᠰ ᠤᠨ ᠬᠡᠯᠬᠢᠶᠡᠵᠢᠯ ᠢ ᠤᠷᠲᠤᠳᠬᠠᠨ᠂ ᠠᠵᠦ | ᠦᠢᠯᠡᠰ ᠤᠨ ᠬᠤᠷᠰᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠦ ᠦᠢᠯᠡᠰ ᠤᠨ ᠦᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ︽ᠣᠷᠣᠨ ᠠᠯᠤᠰᠯᠠᠭᠰᠠᠨ | ᠠᠵᠦ ᠠᠬᠤᠢ︾ ᠶᠢᠨ ᠲᠥᠷᠥ ᠶᠢᠨ ᠪᠣᠳᠣᠯᠭ᠎ᠠ ᠶᠢᠨ ᠪᠣᠳᠠᠲᠠᠶᠢᠵᠢᠨ ᠨᠠᠶᠢᠳᠠᠪᠤᠷᠢᠵᠢᠬᠤ ᠶᠢ ᠠᠬᠢᠭᠤᠯᠵᠤ᠂ ᠳᠠᠪᠠᠭᠤᠯᠢᠭ ᠲᠠᠢ ᠣᠨᠴᠠᠯᠢᠭ ᠲᠠᠢ ᠠᠵᠦ ᠦᠢᠯᠡᠰ ᠨᠢ | ᠲᠤᠰᠬᠠᠢ ᠬᠦᠷᠢᠶᠡᠯᠡᠩ ᠲᠣᠭᠤᠷᠢᠭ ᠲᠡᠰᠢ ᠲᠦᠪᠯᠡᠷᠡᠬᠦ ᠶᠢ ᠵᠣᠷᠢᠬᠵᠢᠭᠤᠯᠬᠤ ᠪᠠ ᠵᠢᠯᠣᠭᠤᠳᠴᠤ᠂ ᠪᠦᠯᠦᠭᠵᠢᠨ ᠬᠥᠭᠵᠢᠬᠦ ᠶᠢ ᠪᠡᠶᠡᠯᠡᠭᠦᠯᠦᠨ᠎ᠡ᠃ ᠭᠠᠵᠠᠷ ᠰᠢᠷᠣᠢ ᠶᠢᠨ | ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠰᠡᠯᠡᠭᠦᠦ ᠭᠠᠵᠠᠷ ᠰᠢᠷᠣᠢ ᠶᠢ ᠠᠰᠢᠭᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠵᠢᠯ ᠣᠯᠭᠤᠯᠲᠠ ᠶᠢᠨ ᠳᠠᠶᠢᠴᠢᠯᠠᠯᠲᠠ ᠶᠢᠨ ᠴᠢᠳᠠᠪᠤᠷᠢ ᠴᠢᠩᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠥᠨᠳᠥᠷ᠂ ᠣᠷᠤᠭᠤᠯᠤᠯᠲᠠ | ᠭᠠᠷᠤᠯᠲᠠ ᠶᠢᠨ ᠬᠠᠷᠢᠴᠠᠯ ᠶᠡᠭᠡ᠂ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠥᠨᠳᠥᠷ᠂ ᠠᠵᠦ ᠦᠢᠯᠡᠰ ᠤᠨ ᠬᠡᠯᠬᠢᠶᠡᠵᠢᠯ ᠤᠨ | ᠵᠣᠯᠭᠠᠯᠲᠠ ᠰᠢᠯᠢᠳᠡᠭ ᠲᠥᠷᠥᠯ ᠵᠦᠢᠯ ᠤᠨ ᠭᠠᠵᠠᠷ ᠬᠡᠷᠡᠭᠯᠡᠬᠦ ᠱᠠᠭᠠᠷᠳᠠᠯᠭ᠎ᠠ ᠶᠢ ᠤᠷᠢᠳᠠᠪᠠᠷ ᠬᠠᠩᠭᠠᠵᠤ᠂ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠡᠷᠴᠢᠮᠵᠢᠭᠦᠯᠦᠨ | ᠠᠰᠢᠭᠯᠠᠬᠤ ᠨᠣᠷᠮ᠎ᠠ ᠪᠠ ᠠᠵᠦ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠬᠠᠮ ᠠᠴᠢᠶᠠᠯᠠᠪᠤᠷᠢ ᠶᠢᠨ ᠴᠢᠳᠠᠪᠤᠷᠢ᠂ ᠲᠥᠬᠦᠷ ᠦᠢᠯᠡᠴᠢᠯᠡᠭᠡᠨ ᠤ ᠴᠢᠳᠠᠪᠤᠷᠢ ᠪᠠ | ᠨᠥᠯᠥᠭᠡᠯᠡᠨ ᠳᠠᠶᠢᠴᠢᠯᠬᠠᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠠᠭᠤᠷᠢ | ᠲᠥᠬᠦᠭᠡᠷᠦᠮᠵᠢ ᠳᠠᠬᠢ ᠵᠢᠯ ᠤᠨ ᠪᠡᠯᠡ ᠣᠷᠤᠭᠤᠯᠤᠯᠲᠠ ᠶᠢ 8 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠎ᠡ᠃ | | ︵ᠳᠥᠷᠪᠡ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠨᠡᠩ ᠴᠢᠬᠤᠯᠠᠴᠢᠯᠠᠨ ᠠᠬᠢᠭᠤᠯᠵᠤ᠂ ᠬᠤᠲᠠ ᠬᠥᠳᠡᠭᠡ ᠶᠢᠨ ᠰᠠᠭᠤᠷᠢ ᠨᠥᠬᠦᠴᠡᠯ ᠢ | ᠲᠦᠷᠭᠡᠪᠴᠢᠯᠡᠨ ᠰᠠᠶᠢᠵᠢᠷᠠᠭᠤᠯᠤᠨ᠎ᠠ | ᠲᠥᠪ ᠬᠤᠲᠠ ᠲᠣᠭᠤᠷᠢᠭ ᠤᠨ ᠠᠴᠢᠶᠠᠯᠠᠪᠤᠷᠢ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠱᠠᠲᠤᠨ ᠳᠤ ᠨᠢᠭᠡᠳᠦᠯᠲᠡᠢ ᠲᠥᠯᠥᠪᠵᠢᠭᠦᠯᠬᠦ᠂ ᠱᠠᠲᠤ | ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ 90 ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠲᠥᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠵᠦ᠂ ᠬᠤᠲᠠ ᠶᠢᠨ ᠴᠢᠳᠠᠮᠵᠢ ᠪᠠ ᠳᠦᠷᠢ ᠲᠥᠷᠬᠦ ᠶᠢ ᠰᠢᠨ᠎ᠡ ᠱᠠᠳᠤᠨ ᠳᠤ ᠭᠠᠷᠭᠠᠨ᠎ᠠ᠃ ᠵᠠᠮ ᠬᠠᠷᠢᠯᠴᠠᠭᠠᠨ ᠤ ᠲᠦᠭᠵᠢᠷᠡᠯ ᠢ | ᠵᠠᠰᠠᠵᠤ᠂ ᠴᠢᠯᠥᠭᠡᠯᠡᠯᠲᠡ ᠵᠡᠭᠡᠯᠢ ᠶᠢᠨ ᠵᠡᠭᠦᠨᠰᠢ ᠨᠡᠪᠲᠡᠷᠡᠬᠦ᠂ ᠰᠦᠩᠵᠧᠦ ᠵᠠᠮ ᠤᠨ ᠤᠮᠠᠷᠠᠰᠢ ᠨᠡᠪᠲᠡᠷᠡᠬᠦ᠂ ᠲᠡᠮᠦᠷ ᠵᠠᠮ ᠤᠨ ᠡᠮᠦᠨᠡᠬᠢ ᠶᠡᠭᠡ ᠵᠡᠭᠡᠯᠢ ᠶᠢᠨ ᠵᠡᠭᠦᠨᠰᠢ | ᠨᠡᠪᠲᠡᠷᠡᠬᠦ᠂ ᠬᠦᠬᠦᠭᠡ ᠵᠡᠭᠡᠯᠢ ᠶᠢᠨ ᠪᠠᠷᠠᠭᠤᠨᠰᠢ ᠨᠡᠪᠲᠡᠷᠡᠬᠦ ᠵᠡᠷᠭᠡ ᠵᠠᠮ ᠤᠨ ᠢᠨᠵᠧᠨᠧᠷᠢᠩ ᠢ ᠡᠬᠢᠯᠡᠭᠦᠯᠵᠦ᠂ ᠳᠡᠭᠦᠯᠢᠯᠲᠡ ᠶᠡᠭᠡ ᠵᠠᠮ᠂ ᠳ᠋ᠠᠪᠠᠨ ᠵᠠᠮ ᠤᠨ ᠪᠦᠬᠦ | ᠱᠤᠭᠤᠮ ᠤᠨ ᠨᠡᠪᠲᠡᠷᠡᠬᠦ ᠶᠢ ᠪᠠᠲᠤᠯᠠᠵᠤ᠂ ᠳᠤᠮᠳᠠ ᠲᠣᠭᠤᠷᠢᠮ ᠤᠨ ᠲᠦᠷᠭᠡᠨ ᠵᠠᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠬᠦ ᠪᠠᠷ ᠴᠢᠷᠮᠠᠶᠢᠵᠤ᠂ | ᠤᠯᠠᠨ ᠲᠦᠮᠡᠨ ᠤ ᠶᠠᠪᠤᠵᠤ ᠰᠠᠭᠤᠬᠤ ᠶᠢ ᠰᠠᠭᠠᠳ ᠦᠭᠡᠢ ᠪᠣᠯᠭᠠᠨ᠎ᠠ᠃ ᠣᠷᠣᠨ ᠵᠠᠶ ᠶᠢ ᠨᠣᠭᠤᠭᠠᠷᠠᠭᠤᠯᠵᠤ᠂ ᠬᠤᠲᠠ ᠶᠢᠨ ᠭᠤᠤᠯ ᠤᠨ ᠦᠶᠡᠷ ᠢ ᠰᠡᠷᠭᠡᠶᠢᠯᠡᠬᠦ | ᠢᠨᠵᠧᠨᠧᠷᠢᠩ᠂ ᠡᠮᠦᠨ᠎ᠡ ᠠᠭᠤᠯᠠ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠲᠠ ᠶᠢᠨ ᠡᠮᠦᠨᠡᠬᠢ ᠵᠦᠷᠢᠯᠢᠭ | ᠬᠥᠭᠦᠷᠭᠡ᠂ ᠨᠢᠩ ᠯᠠᠨ ᠭᠤᠤᠯ᠂ ᠠᠨ ᠯᠠᠨ ᠭᠤᠤᠯ ᠤᠨ ᠳᠡᠭᠡᠳᠦ ᠤᠷᠤᠰᠬᠠᠯ᠂ ᠾᠧ ᠮᠧᠢ ᠬᠦᠷᠢᠶᠡᠯᠡᠩ ᠲᠣᠭᠤᠷᠢᠭ ᠤᠨ ᠵᠠᠮ ᠵᠡᠷᠭᠡ ᠨᠣᠭᠤᠭᠠᠷᠠᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠰᠦᠩᠵᠧᠦ ᠴᠡᠴᠡᠷᠯᠢᠭ᠂ ᠪᠠᠭ᠎ᠠ ᠪᠠᠷᠠᠭᠤᠨ ᠠᠭᠤᠯᠠ ᠴᠡᠴᠡᠷᠯᠢᠭ ᠪᠠ ᠮᠠᠯᠵᠢᠯ ᠤᠨ ᠳᠠᠭᠤᠯᠠᠯ ᠴᠡᠴᠡᠷᠯᠢᠭ ᠢ ᠪᠦᠲᠦᠭᠡᠨ ᠪᠠᠶᠢᠭᠤᠯᠵᠤ | ᠂ ᠬᠤᠲᠠ ᠶᠢᠨ ᠰᠡᠯᠡᠭᠦᠴᠡᠯ ᠤᠨ ᠣᠷᠣᠨ ᠵᠠᠶ ᠶᠢ ᠢᠯᠡᠳᠲᠡ ᠨᠡᠮᠡᠭᠳᠡᠭᠦᠯᠦᠨ᠎ᠡ᠃ ᠬᠤᠭᠤᠯᠠᠢ ᠲᠣᠣᠷ ᠢ ᠰᠢᠨᠡᠳᠭᠡᠵᠦ᠂ ᠬᠠᠶᠠᠭᠳᠠᠮᠠᠯ ᠤᠰᠤᠨ ᠤ ᠤᠷᠤᠰᠬᠠᠯ ᠬᠠᠰᠢᠬᠤ | ᠬᠤᠭᠤᠯᠠᠢ ᠶᠢ 10 ᠺᠢᠯᠣᠮᠧᠲᠷ᠂ ᠪᠣᠷᠣᠭᠠᠨ ᠤ ᠤᠰᠤ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠬᠤᠭᠤᠯᠠᠢ ᠶᠢ 30 ᠺᠢᠯᠣᠮᠧᠲᠷ ᠥᠭᠡᠷᠡᠴᠢᠯᠡᠨ ᠪᠠᠶᠢᠭᠤᠯᠵᠤ᠂ | ᠡᠷᠭᠢᠯᠲᠡ ᠤᠰᠤᠨ ᠤ ᠬᠤᠭᠤᠯᠠᠢ ᠶᠢᠨ ᠲᠣᠣᠷ 70 ᠺᠢᠯᠣᠮᠧᠲᠷ᠂ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ 50 ᠺᠢᠯᠣᠮᠧᠲᠷ᠂ ᠪᠣᠷᠣᠭᠠᠨ ᠤ ᠤᠰᠤ ᠬᠠᠶᠠᠭᠳᠠᠮᠠᠯ | ᠤᠰᠤ ᠵᠠᠯᠠᠬᠤ ᠬᠥᠭᠡᠷᠭᠡ ᠶᠢᠨ ᠥᠷᠲᠡᠭᠡ 5 ᠶᠢ ᠰᠢᠨ᠎ᠡ ᠪᠠᠷ ᠪᠠᠶᠢᠭᠤᠯᠵᠤ᠂ ᠤᠰᠤᠲᠤᠬᠤ ᠳᠤ ᠠᠮᠠᠷ ᠭᠠᠵᠠᠷ ᠢ 11 ᠵᠠᠰᠠᠵᠤ᠂ ᠭᠤᠣᠯ ᠬᠤᠲᠠ ᠲᠣᠭᠤᠷᠢᠭ ᠤᠨ | ᠬᠠᠶᠠᠭᠳᠠᠮᠠᠯ ᠤᠰᠤ ᠶᠢ ᠪᠦᠬᠦᠨ ᠢ ᠴᠤᠭᠯᠠᠭᠤᠯᠵᠤ ᠪᠦᠬᠦᠨ ᠢ ᠰᠢᠢᠳᠪᠦᠷᠢᠯᠡᠵᠦ ᠪᠦᠬᠦᠨ ᠢ ᠠᠰᠢᠭᠯᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ︽ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠲᠥᠪᠯᠡᠷᠡᠭᠦᠯᠦᠨ | ᠬᠡᠷᠡᠭᠵᠢᠭᠦᠯᠬᠦ ᠣᠨ︾ ᠤ ᠠᠵᠢᠯᠯᠠᠭᠠᠨ ᠢ ᠥᠷᠨᠢᠭᠦᠯᠵᠦ᠂ ᠪᠦᠬᠦ ᠣᠷᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠠᠢ ᠶᠢᠨ | ᠬᠤᠷᠠᠯᠳᠤᠭᠠᠨ ᠢ ᠰᠠᠶᠢᠲᠤᠷ ᠡᠷᠬᠢᠯᠡᠨ᠎ᠡ᠃ ᠵᠠᠮ ᠬᠠᠷᠢᠯᠴᠠᠭ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠡᠷᠭᠡᠨ ᠵᠣᠭᠰᠣᠭᠠᠯ ᠤᠨ | ᠬᠠᠮᠢᠶᠠᠷᠤᠯᠲᠠ ᠶᠢ ᠵᠢᠷᠤᠮᠵᠢᠭᠤᠯᠤᠨ᠂ 90 ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠤᠨ᠎ᠠ᠃ ᠭᠤᠣᠯ ᠬᠤᠲᠠ ᠲᠤᠭᠤᠷᠢᠭ ᠤᠨ ᠣᠷᠴᠢᠨ | ᠲᠣᠭᠤᠷᠢᠨ ᠤ ᠠᠷᠢᠭᠤᠨ ᠴᠡᠪᠡᠷ ᠪᠣᠯᠤᠨ ᠬᠤᠲᠠ ᠶᠢᠨ ᠶᠠᠪᠤᠳᠠᠯ ᠤᠨ ᠴᠡᠴᠡᠷᠯᠢᠭᠵᠢᠭᠦᠯᠦᠯᠲᠡ ᠶᠢᠨ ᠠᠷᠠᠴᠢᠯᠠᠵᠤ ᠬᠠᠮᠠᠭᠠᠯᠠᠬᠤ ᠶᠢ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠶᠢᠨ ᠬᠠᠶᠠᠭᠳᠠᠭᠰᠠᠨ ᠭᠠᠵᠠᠷ ᠢ ᠶᠡᠷᠦᠩᠬᠡᠶᠢᠯᠡᠨ ᠵᠠᠰᠠᠬᠤ ᠶᠢ ᠥᠷᠨᠢᠭᠦᠯᠦᠨ᠂ ᠪᠠᠷᠢᠯᠭ᠎ᠠ ᠶᠢᠨ ᠭᠠᠵᠠᠷ᠂ | ᠲᠦᠷ ᠴᠠᠭ ᠤᠨ ᠪᠠᠷᠢᠯᠭ᠎ᠠ ᠶᠢᠨ ᠬᠠᠰᠢᠶ᠎ᠠ᠂ ᠵᠡᠭᠡᠯᠢ ᠶᠢᠨ ᠵᠠᠷ ᠫᠠᠶᠢᠰᠠ᠂ ᠠᠰᠠᠷ ᠤᠨ ᠭᠠᠳᠠᠷᠭᠤ ᠶᠢᠨ ᠴᠢᠮᠡᠭᠯᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠰᠢᠯᠤᠭᠤᠳᠬᠠᠵᠤ᠂ ᠬᠤᠲᠠ ᠶᠢᠨ ᠬᠠᠮᠢᠶᠠᠷᠤᠯᠲᠠ ᠶᠢᠨ ᠣᠶᠤᠨᠴᠢ ᠵᠢᠯᠣᠭᠤᠳᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ ᠶᠢ ᠠᠬᠢᠭᠤᠯᠤᠨ᠎ᠠ᠃ | ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ ᠲᠣᠭᠤᠷᠢᠭ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠰᠢᠭᠤ | ᠰᠢᠶᠠᠨ ᠤ ᠲᠥᠪ ᠪᠠᠯᠭᠠᠰᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠴᠢᠩᠭᠠᠳᠬᠠᠵᠤ᠂ ᠨᠢᠭᠡ ᠪᠦᠯᠦᠭ ᠠᠴᠢᠶᠠᠯᠠᠪᠤᠷᠢᠯᠠᠬᠤ ᠴᠢᠳᠠᠪᠤᠷᠢ | ᠴᠢᠩᠭ᠎ᠠ᠂ ᠣᠨᠴᠠᠯᠢᠭ ᠢᠯᠡ ᠲᠣᠳᠣ᠂ ᠬᠠᠮᠢᠶᠠᠷᠤᠯᠲᠠ ᠨᠢ ᠡᠮᠬᠢ ᠵᠢᠷᠤᠮ ᠲᠠᠢ ᠭᠤᠤᠯᠳᠠᠯᠭ᠎ᠠ ᠲᠠᠢ ᠬᠤᠲᠠ ᠪᠠᠯᠭᠠᠰᠤ ᠶᠢ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠦᠨ᠎ᠡ᠃ ᠲᠤᠷᠰᠢᠯᠲᠠ ᠶᠢᠨ ᠵᠢᠱᠢᠶ᠎ᠡ ᠦᠵᠡᠭᠦᠯᠬᠦ | ᠪᠦᠰᠡ ᠪᠠ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠥᠬᠦᠨ ᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︽ᠬᠥᠳᠡᠭᠡ ᠲᠤᠰᠬᠤᠨ ᠮᠠᠯᠵᠢᠬᠤ ᠤᠷᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ︾ ᠶᠢ ᠰᠠᠶᠢᠲᠤᠷ ᠥᠷᠨᠢᠭᠦᠯᠵᠦ᠂ ᠤᠷᠴᠢᠨ ᠲᠤᠭᠤᠷᠢᠨ ᠤ ᠬᠠᠮᠢᠶᠠᠷᠤᠯᠲᠠ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠵᠣᠷᠯᠣᠩ ᠤᠨ ᠬᠤᠪᠢᠰᠬᠠᠯ︾᠂ ᠬᠤᠭ ᠨᠣᠪᠰᠢ ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠭᠠᠵᠠᠷ ᠤᠨ ᠭᠡᠷ ᠪᠦᠯᠢ ᠶᠢᠨ | ᠵᠣᠷᠯᠣᠩ ᠢ ᠬᠤᠤᠷ ᠦᠭᠡᠶᠢᠳᠡᠭᠦᠯᠦᠨ ᠥᠭᠡᠷᠡᠴᠢᠯᠡᠬᠦ ᠬᠠᠷᠢᠴᠠᠯ ᠢ 90% ᠳᠤ ᠬᠦᠷᠦᠭᠦᠯᠵᠦ᠂ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠰᠢᠰᠲ᠋ᠧᠮᠵᠢ ᠶᠢᠨ | ᠬᠠᠮᠤᠷᠬᠤ ᠨᠣᠷᠮ᠎ᠠ ᠶᠢ 100 % ᠳᠤ ᠬᠦᠷᠦᠭᠦᠯᠬᠦ ᠪᠠᠷ ᠴᠢᠷᠮᠠᠶᠢᠨ᠎ᠠ᠃ ᠬᠥᠳᠡᠭᠡ ᠲᠤᠰᠬᠤᠨ ᠮᠠᠯᠵᠢᠬᠤ ᠤᠷᠤᠨ ᠤ ᠰᠠᠭᠤᠷᠢ ᠲᠥᠬᠦᠭᠡᠷᠦᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠪᠠ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠦᠯᠦ ᠬᠥᠳᠡᠯᠬᠦ ᠬᠥᠷᠥᠩᠭᠡ ᠶᠢᠨ ᠡᠷᠬᠡ ᠶᠢ | ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | | ︵ᠲᠠᠪᠤ︶ ᠠᠮᠢ ᠠᠬᠤᠢ ᠶᠢᠨ ᠬᠠᠯᠬᠠᠪᠴᠢ ᠶᠢ ᠪᠦᠲᠦᠭᠡᠨ ᠪᠠᠶᠢᠭᠤᠯᠬᠤ ᠤᠯᠤᠰ ᠲᠥᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠣᠮᠢᠨ ᠨᠣᠭᠤᠭᠠᠨ | ᠤᠯᠠᠭᠠᠨᠬᠠᠳᠠ ᠶᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ ᠪᠣᠬᠢᠷᠲᠤᠯ ᠢ ᠨᠠᠷᠢᠯᠢᠭ ᠣᠨᠣᠴᠠᠲᠠᠶ ᠪᠠᠷ | ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ ᠪᠣᠬᠢᠷᠲᠤᠯ ᠢ ᠬᠠᠤᠯᠢ ᠶᠣᠰᠣᠭᠠᠷ ᠵᠠᠰᠠᠬᠤ ᠶᠢ ᠳᠣᠪᠤᠶᠢᠯᠭᠠᠵᠤ᠂ ᠭᠤᠤᠯᠳᠠᠯᠭ᠎ᠠ ᠲᠠᠢ ᠣᠷᠣᠨ | ᠪᠦᠰᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠭᠤᠷᠬᠠᠢ ᠶᠢᠨ ᠣᠷᠣᠨ ᠲᠣᠭᠤᠷᠢᠭ ᠢ ᠶᠡᠷᠦᠩᠬᠡᠶᠢᠯᠡᠨ ᠵᠠᠰᠠᠬᠤ᠂ ᠡᠪᠦᠯ ᠤᠨ ᠤᠯᠠᠷᠢᠯ ᠤᠨ ᠠᠷᠢᠭᠤᠨ ᠴᠡᠪᠡᠷ | ᠳᠤᠯᠠᠭᠠᠴᠠᠭᠤᠯᠤᠭᠠ ᠵᠡᠷᠭᠡ ᠡᠭᠦᠷᠭᠡ ᠶᠢ ᠴᠢᠩᠭ᠎ᠠ ᠠᠳᠬᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠵᠢᠴᠢ ︽ᠡᠷᠭᠢᠨ | ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠥᠷᠨᠢᠭᠦᠯᠵᠦ᠂ 6 ᠳ᠋ᠤᠭᠠᠷ ᠰᠠᠷ᠎ᠠ ᠶᠢᠨ ᠰᠡᠭᠦᠯᠴᠢ ᠪᠠᠷ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠨᠤᠲᠤᠭ ᠪᠡᠯᠴᠢᠭᠡᠷ ᠢ | ᠡᠵᠡᠯᠡᠭᠰᠡᠨ᠂ ᠵᠢᠵᠢᠭ ᠲᠣᠭᠤᠰᠬᠠᠨ ᠤᠭᠤᠷᠭᠠᠶ᠂ ᠬᠥᠪᠰᠡᠭᠡᠷ ᠰᠢᠷᠤᠢ ᠶᠢ ᠨᠡᠭᠡᠭᠡᠨ ᠠᠰᠢᠭᠯᠠᠭᠰᠠᠨ᠂ ᠬᠤᠲᠠ ᠶᠢᠨ ᠲᠣᠭᠤᠰᠣ ᠳᠡᠭᠳᠡᠭᠰᠡᠨ᠂ ᠪᠣᠬᠢᠷ ᠤᠰᠤ ᠶᠢ | ᠰᠢᠭᠤᠳ ᠭᠠᠳᠠᠭᠰᠢᠯᠠᠭᠤᠯᠤᠭᠰᠠᠨ ᠵᠡᠷᠭᠡ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠡ᠃ ᠨᠡᠭᠦᠷᠡᠰᠦᠨ ᠤᠲᠤᠭᠠᠨ ᠤ ᠬᠡᠯᠪᠡᠷᠢ ᠶᠢᠨ ᠠᠭᠠᠷ | ᠮᠠᠨᠳᠠᠯ ᠤᠨ ᠪᠣᠬᠢᠷᠲᠤᠯ ᠢ ᠵᠠᠰᠠᠬᠤ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢ ᠭᠠᠳᠠᠭᠰᠢᠯᠠᠭᠤᠯᠬᠤ ᠪᠠᠷᠢᠮᠵᠢᠶ᠎ᠠ ᠳᠤ ᠲᠣᠭᠲᠠᠪᠤᠷᠢᠲᠠᠢ ᠬᠦᠷᠭᠡᠬᠦ᠂ ᠲᠣᠭᠤᠰᠣ | ᠳᠡᠭᠳᠡᠬᠦ ᠪᠣᠬᠢᠷᠲᠤᠯ ᠢ ᠬᠢᠵᠠᠭᠠᠷᠯᠠᠬᠤ ᠵᠡᠷᠭᠡ ᠢᠨᠵᠧᠨᠧᠷᠢᠩ ᠢ ᠨᠢᠭᠡᠳᠦᠯᠲᠡᠢ ᠲᠦᠰᠥᠪᠯᠡᠨ ᠠᠬᠢᠭᠤᠯᠵᠤ᠂ ᠵᠢᠯ ᠤᠨ ᠳᠣᠲᠣᠷ᠎ᠠ ᠭᠤᠣᠯ ᠬᠤᠲᠠ ᠲᠣᠭᠤᠷᠢᠭ ᠤᠨ | ᠠᠭᠠᠷ ᠤᠨ ᠰᠢᠯᠢᠳᠡᠭ ᠰᠠᠶᠢᠨ ᠨᠣᠷᠮ᠎ᠠ ᠶᠢ 90 % ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ | ᠳᠣᠲᠣᠷᠠᠬᠢ ᠬᠠᠤᠯᠢ ᠠᠴᠠ ᠵᠥᠷᠢᠴᠡᠭᠰᠡᠨ ᠪᠠᠷᠢᠯᠭ᠎ᠠ᠂ ᠪᠣᠬᠢᠷᠲᠤᠯ ᠤᠨ ᠡᠬᠢ ᠪᠠ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠬᠠᠤᠯᠢ ᠶᠣᠰᠣᠭᠠᠷ ᠴᠡᠪᠡᠷᠯᠡᠨ ᠠᠷᠢᠯᠭᠠᠵᠤ | ᠂ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠥᠬᠦ ᠭᠦᠢᠴᠡᠳᠬᠡᠯ ᠲᠤᠭ᠎ᠠ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ | ᠪᠡᠶᠡᠯᠡᠭᠦᠯᠵᠦ᠂ ᠤᠯᠤᠰ ᠤᠨ ᠪᠠᠷᠢᠮᠵᠢᠶ᠎ᠡ ᠶᠢᠨ ᠣᠭᠲᠣᠯᠤᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠬᠠᠷᠢᠴᠠᠯ ᠢ 66.7 % ᠳᠤ ᠬᠦᠷᠦᠭᠦᠯᠬᠦ ᠪᠠᠷ | ᠴᠢᠷᠮᠠᠶᠢᠵᠤ᠂ ᠬᠤᠲᠠ ᠪᠠᠯᠭᠠᠰᠤ ᠶᠢᠨ ᠲᠥᠪᠯᠡᠷᠡᠭᠰᠡᠨ ᠢᠳᠡᠬᠦ ᠤᠰᠤᠨ ᠤ ᠰᠤᠷᠪᠤᠯᠵᠢ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100 | % ᠳᠤ ᠬᠦᠷᠦᠭᠦᠯᠦᠨ᠎ᠡ᠃ ᠬᠦᠷᠦᠰᠦ ᠰᠢᠷᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠵᠢᠴᠢ ᠳᠠᠯᠳᠠ ᠲᠦᠭᠰᠢᠭᠦᠷᠢ ᠶᠢ ᠦᠨᠡᠯᠡᠨ ᠵᠢᠱᠢᠬᠦ ᠶᠢ ᠦᠷᠭᠦᠯᠵᠢᠯᠡᠨ | ᠲᠦᠯᠬᠢᠨ ᠠᠬᠢᠭᠤᠯᠵᠤ᠂ ᠥᠩᠭᠡᠲᠦ ᠲᠡᠮᠦᠷᠯᠢᠭ ᠮᠠᠯᠲᠠᠵᠤ ᠰᠢᠯᠢᠬᠦ ᠠᠵᠤ ᠠᠬᠤᠶᠢᠯᠠᠯ ᠤᠨ ᠦᠯᠡᠳᠡᠭᠳᠡᠯ ᠬᠦᠳᠡᠷ ᠤᠨ ᠬᠥᠮᠥᠷᠭᠡ ᠪᠣᠯᠤᠨ ᠲᠡᠮᠦᠷᠯᠢᠭ ᠬᠠᠶᠢᠯᠤᠭᠤᠯᠬᠤ | ᠠᠵᠤ ᠠᠬᠤᠶᠢᠯᠠᠯ ᠤᠨ ᠠᠶᠤᠯᠲᠠᠶ ᠬᠠᠶᠠᠭᠳᠠᠮᠠᠯ ᠡᠳ᠋ ᠤᠨ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ︽ᠲᠥᠷᠪᠡ ᠶᠢ ᠬᠢᠵᠠᠭᠠᠷᠯᠠᠨ | ᠡᠵᠡᠮᠳᠡᠬᠦ︾ ᠠᠵᠢᠯᠯᠠᠭ᠎ᠠ ᠶᠢ ᠲᠦᠯᠬᠢᠨ ᠠᠬᠢᠭᠤᠯᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ | ᠪᠠᠲᠤᠯᠠᠨ᠎ᠠ᠃ | ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯᠡᠰᠦ ᠪᠠ ᠡᠯᠡᠰᠦᠨ ᠤ ᠡᠬᠢ ᠶᠢ ᠵᠠᠰᠠᠬᠤ ᠠᠵᠢᠯ ᠢ ᠴᠢᠩᠭᠠᠳᠬᠠᠵᠤ᠂ | ᠬᠡᠰᠢᠭᠲᠡᠨ ᠬᠤᠰᠢᠭᠤᠨ ᠤ ᠬᠡᠪᠴᠢᠶᠡᠵᠢᠭᠰᠡᠨ ᠣᠢ ᠰᠢᠭᠤᠶ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠵᠢᠯ ᠳᠤ 60 | ᠲᠦᠮᠡᠨ ᠮᠤ᠋ ᠣᠢ ᠮᠣᠳᠣ ᠲᠠᠷᠢᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠢ ᠴᠢᠩᠭᠠᠳᠬᠠᠵᠤ᠂ | ᠭᠤᠤᠯᠳᠠᠯᠭ᠎ᠠ ᠲᠠᠢ ᠣᠷᠣᠨ ᠪᠦᠰᠡ ᠶᠢᠨ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠠᠵᠢᠯ ᠢ | ᠲᠦᠯᠬᠢᠨ ᠠᠬᠢᠭᠤᠯᠵᠤ᠂ ᠯᠤᠤᠬ᠎ᠠ ᠶᠢᠨ ᠭᠤᠤᠯ ᠤᠨ ᠳᠡᠭᠡᠳᠦ ᠤᠷᠤᠰᠬᠠᠯ᠂ ᠰᠠᠨ ᠽᠦᠸᠧ ᠳ᠋ᠢᠶᠠᠨ ᠴᠥᠭᠦᠷᠥᠮ ᠤᠨ ᠡᠷᠭᠢᠨ ᠲᠣᠭᠤᠷᠢᠨ ᠵᠢᠴᠢ ᠳᠡᠭᠡᠲᠦ ᠤᠷᠤᠰᠬᠠᠯ᠂ | ᠳᠠᠯᠠᠶᠢᠨᠠᠭᠤᠷ᠂ ᠰᠢᠷᠠᠮᠥ᠋ᠷᠡᠨ ᠵᠡᠷᠭᠡ ᠭᠤᠣᠯᠳᠠᠯᠭᠠᠲᠠᠢ ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ | ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠲᠣᠭᠲᠠᠭᠤᠨ ᠢᠶᠠᠷ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ︽ᠨᠡᠪᠲᠡᠷᠡᠬᠦ | ᠵᠠᠮ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ︾ ᠢ ᠳᠣᠪᠤᠶᠢᠮ᠎ᠠ ᠰᠠᠶᠢᠲᠤᠷ ᠠᠳᠬᠤᠵᠤ᠂ ᠳᠡᠭᠡᠳᠦ ᠲᠡᠰ ᠤᠨ ᠵᠠᠰᠠᠮᠠᠯ ᠵᠠᠮ᠂ ᠤᠯᠤᠰ ᠮᠤᠵᠢ ᠶᠢᠨ ᠭᠤᠤᠯ | ᠵᠠᠮ ᠤᠨ ︽ᠬᠤᠶᠠᠷ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠢ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ | ᠬᠠᠮᠢᠶᠠᠷᠤᠯᠲᠠ ᠶᠢᠨ ︽ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ︾ ᠶᠢᠨ ᠳᠦᠷᠢᠮ ᠢ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠠᠶᠠᠨᠳᠠᠭᠠᠨ | ᠰᠡᠷᠭᠦᠭᠡᠬᠦ ᠪᠠᠷ ᠭᠤᠤᠯ ᠪᠣᠯᠭᠠᠬᠤ ᠴᠢᠭᠯᠡᠯᠲᠡ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ ᠢ ᠵᠣᠷᠢᠭᠤᠳᠠ ᠬᠠᠷᠰᠢᠯᠠᠨ ᠡᠪᠳᠡᠬᠦ ᠶᠢ ᠪᠠᠭᠠᠰᠬᠠᠨ᠎ᠠ᠃ ᠨᠤᠲᠤᠭ | ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠶᠢᠨ ᠤᠷᠲᠤ ᠬᠤᠭᠤᠴᠠᠭᠠᠨ ᠤ ᠲᠣᠭᠲᠠᠴᠠ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠡᠯᠡ ᠮᠥᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠬᠤ ᠶᠢ ᠬᠡᠷᠡᠭᠵᠢᠭᠦᠯᠦᠨ᠎ᠡ᠃ ᠪᠢᠲᠡᠭᠦᠮᠵᠢᠯᠡᠨ ᠪᠤᠶᠢᠵᠢᠭᠤᠯᠵᠤ | ᠮᠠᠯ ᠮᠠᠯᠵᠢᠬᠤ ᠶᠢ ᠴᠠᠭᠠᠵᠠᠯᠠᠬᠤ᠂ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ | ᠵᠠᠯᠬᠠᠭᠠᠨ ᠰᠢᠢᠳᠬᠡᠵᠦ᠂ ᠠᠮᠢ ᠠᠬᠤᠢ ᠶᠢ ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ | ᠬᠠᠷᠢᠭᠤᠴᠠᠯᠭ᠎ᠠ ᠶᠢᠨ ᠬᠢᠨᠠᠨ ᠪᠣᠳᠣᠯᠲᠠ᠂ ᠠᠮᠢ ᠠᠬᠤᠶ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠵᠡᠷᠭᠡ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠤᠨ ᠬᠢᠵᠠᠭᠠᠷᠯᠠᠬᠤ ᠦᠢᠯᠡᠳᠦᠯ ᠢ ᠴᠢᠩᠭᠠᠳᠬᠠᠨ᠎ᠠ᠃ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ | ᠤᠰᠤᠨ ᠤ ᠡᠬᠢ ᠪᠠᠶᠠᠯᠢᠭ ᠢ ᠬᠠᠮᠠᠭᠠᠯᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠠᠰᠢᠭᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | | ︵ᠵᠢᠷᠭᠤᠭ᠎ᠠ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ | ᠲᠦᠷᠭᠡᠪᠴᠢᠯᠡᠨ ᠨᠥᠬᠦᠪᠥᠷᠢᠯᠡᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠴᠢᠨᠠᠷ ᠰᠠᠶᠢᠲᠠᠶ ᠬᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠦᠵᠡᠭᠦᠯᠬᠦ ᠬᠢᠵᠢᠭ ᠤᠨ ᠨᠥᠯᠥᠭᠡ ᠶᠢ ᠪᠦᠬᠦ ᠬᠦᠴᠦ ᠪᠠᠷ ᠢᠶᠠᠨ ᠠᠷᠢᠯᠭᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠢᠯᠡᠳᠬᠦᠨ | ᠳᠠᠷᠤᠭᠳᠠᠬᠤ᠂ ᠭᠠᠳᠠᠭᠰᠢ ᠭᠠᠷᠴᠤ ᠠᠵᠢᠯ ᠬᠢᠬᠦ᠂ ᠵᠢᠭᠡᠯᠡᠯᠭᠡ ᠠᠪᠬᠤ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠯᠡᠳᠡᠭᠰᠡᠨ | 9786 ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠲᠡᠭᠦᠰ ᠠᠮᠵᠢᠯᠲᠠ ᠶᠢ ᠪᠠᠲᠤᠯᠠᠨ᠎ᠠ᠃ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠦᠷ᠎ᠡ | ᠪᠦᠲᠦᠮᠵᠢ ᠶᠢ ᠬᠢᠨᠠᠨ ᠰᠢᠯᠭᠠᠬᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠤᠬᠠᠶ ᠶᠢᠨ ᠭᠠᠵᠠᠷ ᠲᠠᠬᠢ ᠪᠠᠶᠢᠴᠠᠭᠠᠯᠲᠠ᠂ ᠥᠪᠡᠷᠲᠡᠭᠡᠨ ᠵᠠᠰᠠᠬᠤ | ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠬᠠᠷᠢᠭᠤ ᠲᠤᠰᠬᠠᠭᠰᠠᠨ ᠪᠠ ᠥᠪᠡᠷ ᠢ ᠪᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠬᠢᠨᠠᠮᠠᠭᠠᠶ | ᠴᠡᠭᠴᠡᠯᠡᠨ ᠰᠠᠶᠢᠵᠢᠷᠠᠭᠤᠯᠵᠤ᠂ ᠴᠠᠭ ᠤᠨ ᠬᠢᠵᠠᠭᠠᠷ ᠶᠣᠰᠣᠭᠠᠷ ᠪᠦᠬᠦᠨ ᠢ ᠴᠡᠭᠴᠡᠯᠡᠨ ᠰᠠᠶᠢᠵᠢᠷᠠᠭᠤᠯᠤᠨ᠎ᠠ᠃ ︽ᠳᠥᠷᠪᠡ ᠶᠢ ᠲᠠᠶᠠᠭᠳᠠᠬᠤ ᠦᠭᠡᠢ︾ ᠲᠦᠷᠦ ᠶᠢᠨ | ᠪᠣᠳᠣᠯᠭ᠎ᠠ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠬᠢᠨᠠᠨ ᠬᠡᠮᠵᠢᠬᠦ ᠶᠢ ᠴᠢᠩᠭᠠᠳᠬᠠᠵᠤ᠂ | ᠬᠦᠪᠡᠭᠡ ᠵᠠᠬ᠎ᠠ ᠶᠢᠨ ᠬᠥᠮᠦᠰ ᠢ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠲᠥᠷᠦ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠵᠤ᠂ ︽ᠶᠠᠳᠠᠭᠤ ᠶᠢ | ᠰᠡᠷᠭᠡᠶᠢᠯᠡᠬᠦ ᠪᠠᠲᠤᠯᠠᠭ᠎ᠠ ᠶᠢᠨ ᠰᠠᠭᠤᠷᠢ ᠮᠥᠩᠭᠦ︾ ᠶᠢᠨ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠬᠢᠵᠦ᠂ ᠰᠢᠨ᠎ᠡ ᠶᠠᠳᠠᠭᠤᠷᠠᠯ ᠡᠭᠦᠰᠬᠦ ᠶᠢ ᠰᠡᠷᠭᠡᠶᠢᠯᠡᠨ᠂ | ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠴᠥᠭᠡᠳᠬᠡᠵᠦ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ | ᠬᠥᠭᠵᠢᠯᠲᠡ ᠳᠠᠬᠢ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ | ᠲᠡᠳᠬᠦᠬᠦ ᠬᠠᠮᠵᠢᠯᠴᠠᠭ᠎ᠠ ᠪᠣᠯᠤᠨ ᠴᠢᠭ᠋ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶᠢᠷᠡᠭᠦᠯᠵᠦ᠂ ᠨᠡᠶᠢᠭᠡᠮ ᠤᠨ ᠬᠢᠨ ᠣᠷᠣᠯᠴᠠᠭᠰᠠᠨ ᠪᠦᠲᠦᠮᠵᠢᠲᠡᠶ | ᠲᠠᠪᠴᠠᠩ ᠢ ᠢᠳᠡᠪᠬᠢᠲᠡᠶ ᠪᠠᠷ ᠪᠠᠶᠢᠭᠤᠯᠤᠨ᠎ᠠ᠃ ᠤᠯᠤᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠯᠠᠪᠯᠠᠯᠲᠠ ᠪᠣᠯᠭᠠᠵᠤ ᠪᠣᠯᠬᠤ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠪᠤᠢ ᠪᠣᠯᠭᠠᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ | ᠠᠬᠢᠭᠤᠯᠤᠨ᠎ᠠ᠃ | ᠦᠢᠯᠡᠰ ᠴᠣᠭᠴᠠᠯᠠᠨ ᠠᠵᠢᠯ ᠣᠯᠭᠤᠬᠤ ᠶᠢ ᠬᠦᠴᠦᠯᠡᠨ ᠠᠬᠢᠭᠤᠯᠤᠨ᠎ᠠ᠃ ᠬᠢᠵᠢᠭ ᠤᠨ ᠨᠥᠯᠥᠭᠡ ᠳᠤ ᠴᠢᠭᠯᠡᠭᠦᠯᠦᠨ᠂ ᠠᠵᠤ ᠠᠬᠤᠶᠢᠯᠠᠯ ᠢ | ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠯᠠᠨ ᠠᠷᠭ᠎ᠠ ᠵᠠᠮ ᠢᠶᠠᠷ | ᠴᠢᠳᠠᠪᠤᠷᠢᠲᠠᠨ ᠤᠷᠢᠬᠤ ᠴᠤᠭᠯᠠᠭᠠᠨ᠂ ᠦᠢᠯᠡᠰ ᠴᠣᠭᠴᠠᠯᠠᠬᠤ ᠰᠣᠯᠢᠯᠴᠠᠭᠠᠨ ᠤ ᠴᠤᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠳᠡᠭᠡᠳᠦ ᠰᠤᠷᠭᠠᠭᠤᠯᠢ | ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ | ᠡᠷᠴᠢᠮ ᠢ ᠴᠢᠩᠭᠠᠷᠠᠭᠤᠯᠤᠨ᠎ᠠ᠃ ᠡᠨᠡ ᠵᠢᠯ ᠬᠤᠲᠠ ᠪᠠᠯᠭᠠᠰᠤᠨ ᠤ 2.3 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5 % ᠶᠢᠨ ᠳᠣᠲᠣᠷ᠎ᠠ ᠬᠢᠵᠠᠭᠠᠷᠯᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠲᠤᠰᠬᠠᠶ ᠵᠠᠬ᠎ᠠ ᠳᠡᠯᠭᠡᠭᠦᠷ ᠲᠤ ᠲᠦᠰᠢᠭᠯᠡᠨ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠬᠥᠳᠡᠯᠮᠦᠷᠢ ᠬᠦᠴᠦ ᠨᠢᠭᠲᠠᠷᠠᠭᠰᠠᠨ ᠠᠵᠤ ᠦᠢᠯᠡᠰ ᠪᠣᠯᠤᠨ ᠡᠯ᠎ᠡ | ᠲᠦᠷᠦᠯ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠨᠠᠩ ᠣᠯᠠᠨ ᠠᠵᠢᠯ ᠣᠯᠭᠤᠬᠤ ᠠᠵᠢᠯ ᠤᠨ ᠪᠠᠶᠢᠷᠢ ᠶᠢ ᠡᠭᠦᠳᠦᠨ᠎ᠡ᠃ ᠬᠤᠲᠠ ᠶᠢᠨ | ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ᠬᠢᠭᠡᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠯᠤᠭ᠎ᠠ ᠶᠢᠨ ᠬᠤᠷᠰᠢᠯᠴᠠᠭ᠎ᠠ ᠪᠠᠨ | ᠴᠢᠩᠭᠠᠳᠬᠠᠬᠤ ᠶᠢ ᠲᠦᠯᠬᠢᠨ ᠠᠬᠢᠭᠤᠯᠵᠤ᠂ ᠵᠠᠬᠢᠶᠠᠯᠠᠭ᠎ᠠ ᠶᠢᠨ ᠮᠠᠶ᠋ᠢᠭ ᠤᠨ᠂ ᠬᠠᠨᠳᠤᠯᠭᠠᠲᠤ ᠮᠠᠶ᠋ᠢᠭ ᠤᠨ᠂ ᠠᠵᠢᠯ ᠤᠨ ᠪᠠᠶᠢᠷᠢ ᠲᠣᠭᠲᠠᠭᠠᠬᠤ ᠮᠠᠶ᠋ᠢᠭ ᠤᠨ | ᠪᠣᠯᠪᠠᠰᠤᠷᠠᠭᠤᠯᠤᠯ ᠥᠷᠨᠢᠭᠦᠯᠬᠦ ᠪᠠᠷ ᠳᠠᠮᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠤᠨ᠎ᠠ᠃ ᠠᠵᠢᠯ | ᠣᠯᠭᠤᠯᠲᠠ ᠶᠢᠨ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠵᠤ᠂ ᠠᠵᠢᠯ ᠡᠷᠢᠬᠦ ᠬᠡᠷᠡᠭᠴᠡᠭᠡ᠂ ᠠᠵᠢᠯᠴᠢᠨ ᠬᠡᠷᠡᠭᠯᠡᠬᠦ ᠬᠡᠷᠡᠭᠴᠡᠭᠡ ᠪᠠ ᠪᠣᠯᠪᠠᠰᠤᠷᠠᠭᠤᠯᠤᠯ ᠤᠨ | ᠬᠡᠷᠡᠭᠴᠡᠭᠡ ᠶᠢ ᠨᠠᠷᠢᠯᠢᠭ ᠣᠨᠣᠴᠠᠲᠠᠶ ᠵᠣᠯᠭᠠᠭᠤᠯᠬᠤ ᠶᠢ ᠠᠬᠢᠭᠤᠯᠵᠤ᠂ ᠣᠯᠠᠨ ᠲᠦᠮᠡᠨ ᠤ ᠠᠵᠢᠯ ᠣᠯᠬᠤ ᠲᠣᠬᠢᠶᠠᠯ ᠢ ᠨᠡᠮᠡᠭᠳᠡᠭᠦᠯᠦᠨ᠎ᠡ᠃ | ᠨᠠᠩ ᠴᠢᠨᠠᠷ ᠴᠢᠨᠰᠠᠭ᠎ᠠ ᠲᠠᠢ ᠰᠤᠷᠭᠠᠨ ᠬᠥᠮᠦᠵᠢᠯ ᠢ ᠬᠥᠭᠵᠢᠭᠦᠯᠦᠨ᠎ᠡ᠃ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠵᠠᠬᠢᠷᠤᠯ ᠤᠨ ᠲᠤᠰᠢᠶᠠᠯ ᠲᠡᠰ ᠤᠨ ᠳᠦᠷᠢᠮ ᠤᠨ ᠥᠭᠡᠷᠡᠴᠢᠯᠡᠯᠲᠡ ᠶᠢ ᠡᠬᠢᠯᠡᠭᠦᠯᠵᠦ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠪᠠᠭᠰᠢ ᠶᠢᠨ | ᠬᠠᠮᠢᠶᠠᠷᠤᠯᠲᠠ ᠶᠢᠨ ᠪᠠᠶᠢᠭᠤᠯᠤᠯ ᠢ ᠯᠠᠪᠳᠠᠭᠤᠨ ᠢᠶᠠᠷ ᠠᠬᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠵᠤ᠂ ᠬᠦᠴᠢᠷᠳᠡᠯ ᠳᠤ | ᠲᠤᠯᠭᠠᠷᠠᠭᠰᠠᠨ ᠰᠤᠷᠤᠭᠴᠢᠳ ᠢ ᠪᠦᠬᠦ ᠲᠠᠯ᠎ᠠ ᠪᠠᠷ ᠬᠠᠯᠠᠮᠵᠢᠯᠠᠨ᠎ᠠ᠃ ᠰᠣᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠳᠦᠷᠢᠮ ᠢ ᠪᠠᠶᠢᠭᠤᠯᠤᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠡᠩᠴᠡᠭᠦᠷᠢᠲᠡᠶ ᠬᠥᠭᠵᠢᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠠᠶᠢᠯ ᠲᠣᠰᠬᠤᠨ ᠤ ᠵᠢᠵᠢᠭ ᠬᠡᠪᠴᠢᠶᠡᠲᠦ ᠰᠤᠷᠭᠠᠭᠤᠯᠢ᠂ ᠰᠤᠮᠤ ᠰᠢᠶᠠᠩ ᠪᠠᠯᠭᠠᠰᠤ ᠶᠢᠨ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠰᠢᠨ᠎ᠡ ᠬᠤᠲᠠ ᠲᠤᠭᠤᠷᠢᠭ ᠤᠨ ᠰᠠᠭᠤᠷᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ︽ᠰᠤᠷᠤᠭᠴᠢ ᠣᠯᠠᠨᠲᠠᠶ ᠠᠩᠭᠢ︾ ᠶᠢ ᠦᠨᠳᠦᠰᠦᠨ ᠳᠤᠨᠢ ᠦᠭᠡᠢ ᠪᠣᠯᠭᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠭᠦᠨᠵᠡᠭᠡᠶ ᠵᠣᠯᠭᠠᠭᠤᠯᠬᠤ᠂ ᠲᠤᠰᠬᠠᠶ | ᠮᠡᠷᠭᠡᠵᠢᠯ ᠤᠨ ᠪᠠᠶᠢᠷᠢᠰᠢᠭᠤᠯᠤᠯ᠂ ᠡᠬᠢ ᠪᠠᠶᠠᠯᠢᠭ ᠤᠨ ᠲᠣᠬᠢᠷᠠᠭᠤᠯᠤᠯᠲᠠ᠂ ᠰᠤᠷᠤᠭᠴᠢ ᠡᠯᠰᠡᠬᠦ ᠬᠠᠮᠢᠶᠠᠷᠤᠯᠲᠠ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ︽ | ᠲᠠᠪᠤ ᠶᠢ ᠨᠢᠭᠡᠳᠦᠯᠲᠡᠶ ᠲᠥᠯᠥᠪᠯᠡᠬᠦ︾ ᠶᠢ ᠰᠠᠶᠢᠲᠤᠷ ᠬᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ | ᠠᠬᠢᠭᠤᠯᠤᠨ᠎ᠠ᠃ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠦᠪᠰᠢᠶᠡᠷᠬᠡᠯᠬᠦ ᠪᠠᠷ ᠴᠢᠷᠮᠠᠶᠢᠬᠤ ᠶᠢᠨ ᠬᠠᠮᠲᠤ | ᠰᠤᠷᠤᠭᠴᠢ ᠡᠯᠰᠡᠬᠦ ᠠᠵᠢᠯ ᠢ ᠡᠬᠢᠯᠡᠭᠦᠯᠦᠨ᠎ᠡ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠯᠠᠭᠠᠨᠬᠠᠳᠠ ᠶᠡᠭᠡ ᠰᠤᠷᠭᠠᠭᠤᠯᠢ ᠪᠠᠶᠢᠭᠤᠯᠬᠤ ᠶᠢ ᠳᠠᠮᠵᠢᠨ᠎ᠠ᠃ | ᠵᠠᠯᠠᠭᠤᠴᠤᠳ ᠪᠠᠭᠠᠴᠤᠳ ᠤᠨ ᠬᠦᠰᠡᠯᠡᠩ ᠢᠲᠡᠭᠡᠯ ᠵᠣᠷᠢᠭ᠂ ᠡᠬᠡ ᠣᠷᠣᠨᠴᠢ ᠦᠵᠡᠯ᠂ ᠬᠠᠮᠲᠤᠴᠢ ᠦᠵᠡᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠨᠡᠶᠢᠭᠡᠮ | ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠪᠠ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠨᠠᠩ ᠥᠨᠳᠥᠷ ᠪᠠᠷᠢᠮᠵᠢᠶᠠᠲᠤ ᠨᠡᠶᠢᠭᠡᠮ ᠤᠨ ᠳᠠᠭᠠᠳᠬᠠᠯ ᠳᠤ | ᠣᠷᠣᠯᠴᠠᠬᠤ ᠶᠢ ᠵᠣᠷᠢᠬᠵᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠲᠠ ᠶᠢᠨ ᠱᠠᠲᠤᠨ ᠳᠤ ᠨᠢᠭᠡᠳᠦᠯᠲᠡᠶ ᠬᠤᠷᠢᠶᠠᠵᠤ ᠨᠢᠭᠡᠳᠦᠯᠲᠡᠶ | ᠵᠠᠷᠤᠬᠤ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠪᠠ ᠰᠠᠭᠤᠷᠢ ᠮᠥᠩᠭᠦ ᠶᠢ ᠬᠢᠨᠠᠨ ᠬᠠᠮᠢᠶᠠᠷᠬᠤ ᠶᠢ ᠬᠤᠣᠰ | ᠴᠢᠭᠯᠡᠯ ᠢᠶᠠᠷ ᠠᠬᠢᠭᠤᠯᠤᠨ᠎ᠠ᠃ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠪᠠ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ | ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶ᠎ᠡ ᠶᠢ ᠲᠣᠬᠢᠷᠠᠭᠤᠯᠵᠤ᠂ ᠡᠮ ᠤᠨ ᠵᠦᠢᠯ | ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠪᠠᠭᠤᠷᠠᠭᠤᠯᠤᠨ᠎ᠠ᠃ ︽ᠭᠤᠷᠪᠠᠨ ᠡᠮᠨᠡᠯᠭᠡ ᠶᠢᠨ ᠬᠤᠯᠪᠣᠯᠳᠤᠯ︾ ᠢ ᠠᠬᠢᠭᠤᠯᠵᠤ᠂ | ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ | ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ | ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠦᠨᠳᠦᠰᠦᠨ ᠱᠠᠲᠤᠨ ᠳᠤ ᠴᠢᠨᠠᠷ ᠰᠠᠶᠢᠲᠠᠶ ᠦᠢᠯᠡᠴᠢᠯᠡᠬᠦ ᠠᠶᠠᠯᠠᠯ︾ ᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠤᠲᠠ ᠶᠢᠨ ᠰᠠᠯᠪᠤᠷᠢ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠬᠤᠲᠠ ᠶᠢᠨ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠶᠢ | ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ︾ ᠶᠢ ᠭᠦᠨᠵᠡᠭᠡᠶ ᠥᠷᠨᠢᠭᠦᠯᠬᠦ ᠶᠢ | ᠠᠬᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠬᠠᠷᠠᠭᠠᠯᠵᠠᠨ ᠲᠥᠪᠬᠢᠨᠡᠭᠦᠯᠬᠦ ᠵᠡᠷᠭᠡ ᠡᠯ᠎ᠡ ᠵᠦᠢᠯ ᠤᠨ ᠳᠦᠷᠢᠮ ᠢ ᠬᠢᠨᠠᠮᠠᠭᠠᠶ | ᠨᠠᠶᠢᠳᠠᠪᠤᠷᠢᠵᠢᠭᠤᠯᠵᠤ᠂ ᠵᠡᠮᠳᠡᠭᠴᠦᠳ ᠪᠣᠯᠤᠨ ᠨᠢᠭᠦᠯᠡᠰᠦᠩᠭᠦᠢ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃ | ︽ᠨᠠᠰᠣᠲᠠᠢ ᠨᠢᠯᠬ᠎ᠠ︾ ᠶᠢᠨ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ | ᠨᠠᠰᠤᠵᠢᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠵᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠪᠠ ᠡᠮᠨᠡᠯᠭᠡ ᠠᠰᠠᠷᠠᠮᠵᠢ ᠤᠶᠠᠯᠳᠤᠬᠤ ᠬᠡᠯᠪᠡᠷᠢ ᠶᠢ ᠰᠦᠪᠡᠭᠴᠢᠯᠡᠵᠦ᠂ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠪᠠᠶᠢᠭᠤᠯᠤᠯᠲᠠ ᠳᠤ ᠣᠷᠣᠯᠴᠠᠬᠤ ᠶᠢ ᠳᠠᠮᠵᠢᠨ ᠵᠣᠷᠢᠬᠵᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠮᠢᠳᠤᠷᠠᠯ ᠵᠤᠭ᠎ᠠ ᠴᠡᠩᠭᠡᠯ ᠤᠨ ᠲᠥᠬᠦᠭᠡᠷᠦᠮᠵᠢ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ | ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠪᠦᠲᠦᠮᠵᠢᠲᠡᠶ ᠬᠠᠩᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠵᠡᠷᠭᠡ ᠳᠤᠨᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ | ᠪᠠᠲᠤᠯᠠᠨ᠎ᠠ᠃ ᠬᠥᠳᠡᠭᠡ ᠲᠤᠰᠬᠤᠨ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠰᠦᠪᠡᠭᠴᠢᠯᠡᠨ ᠠᠬᠢᠭᠤᠯᠵᠤ᠂ ᠨᠠᠰᠤᠲᠠᠨ ᠠᠰᠠᠷᠠᠬᠤ ᠬᠦᠷᠢᠶᠡᠯᠡᠩ ᠢ ᠡᠮᠬᠢᠯᠡᠨ ᠨᠡᠶᠢᠯᠡᠭᠦᠯᠵᠦ ᠳᠡᠰ ᠳᠡᠪᠰᠢᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠷᠭᠡᠳᠬᠡᠨ ᠬᠡᠷᠡᠭᠵᠢᠭᠦᠯᠵᠦ᠂ | ᠠᠯᠪᠠᠨ ᠠᠴᠠ ᠡᠷᠬᠢᠯᠡᠭᠰᠡᠨ ᠴᠡᠴᠡᠷᠯᠢᠭ ᠪᠣᠯᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠴᠡᠴᠡᠷᠯᠢᠭ ᠤᠨ ᠡᠬᠢ ᠪᠠᠶᠠᠯᠢᠭ ᠤᠨ ᠬᠠᠩᠭᠠᠯᠭ᠎ᠠ ᠶᠢ | ᠥᠷᠭᠡᠳᠬᠡᠨ᠂ ᠴᠡᠴᠡᠷᠯᠢᠭ ᠲᠤ ᠤᠷᠤᠬᠤ ᠲᠤᠭ᠎ᠠ ᠶᠢ 6600 ᠰᠢᠨ᠎ᠡ ᠪᠠᠷ ᠨᠡᠮᠡᠭᠳᠡᠭᠦᠯᠵᠦ᠂ ︽ᠴᠡᠴᠡᠷᠯᠢᠭ ᠲᠤ ᠣᠷᠣᠬᠤ ᠳᠤ ᠬᠦᠴᠢᠷᠲᠡᠶ︾ ᠪᠠᠶᠢᠬᠤ ᠠᠰᠠᠭᠤᠳᠠᠯ ᠢ | ᠨᠠᠮᠬᠠᠳᠬᠠᠨᠠ᠃ ᠠᠯᠪᠠᠨ ᠠᠴᠠ ᠡᠷᠬᠢᠯᠡᠭᠰᠡᠨ᠂ ᠠᠯᠪᠠᠨ ᠠᠴᠠ ᠡᠷᠬᠢᠯᠡᠵᠦ ᠠᠷᠠᠳ ᠠᠴᠠ ᠡᠵᠡᠩᠨᠡᠭᠰᠡᠨ᠂ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ ᠵᠡᠷᠭᠡ | ᠬᠡᠯᠪᠡᠷᠢ ᠶᠢ ᠤᠶᠠᠯᠳᠤᠭᠤᠯᠤᠭᠰᠠᠨ ᠨᠠᠶᠢᠳᠠᠨ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠵᠤ᠂ ᠨᠥᠬᠦᠴᠡᠯ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠨᠠᠶᠢᠳᠠᠨ ᠬᠥᠮᠦᠵᠢᠭᠦᠯᠬᠦ ᠭᠠᠵᠠᠷ ᠪᠠᠶᠢᠭᠤᠯᠬᠤ ᠶᠢ ᠵᠣᠷᠢᠬᠵᠢᠭᠤᠯᠤᠨ᠎ᠠ᠃ | ᠰᠣᠶᠣᠯ ᠭᠡᠭᠡᠷᠡᠯ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠤᠯᠠᠭᠠᠨᠬᠠᠳᠠ ᠶᠢᠨ ᠬᠤᠪᠢᠰᠬᠠᠯ ᠤᠨ ᠲᠡᠤᠬᠡ ᠶᠢᠨ ᠮᠦᠽᠧᠶ | ᠂ ᠬᠢᠳᠠᠨ ᠯᠢᠶᠣᠣ ᠶᠢᠨ ᠮᠦᠽᠧᠢ ᠶᠢᠨ ᠬᠤᠶᠠᠳᠤᠭᠠᠷ ᠬᠤᠭᠤᠴᠠᠭ᠎ᠠ᠂ ᠢᠷᠠᠭᠤ ᠠᠯᠳᠠᠷᠲᠤ ᠴᠡᠷᠢᠭ ᠤᠨ ᠠᠮᠠᠷᠠᠯᠲᠠ ᠶᠢᠨ ᠲᠥᠪ ᠢ ᠲᠦᠯᠦᠪᠵᠢᠭᠦᠯᠦᠨ ᠪᠠᠶᠢᠭᠤᠯᠵᠤ᠂ | ᠬᠢᠳᠠᠨ ᠯᠢᠶᠣᠣ ᠶᠢᠨ ᠮᠦᠽᠧᠢ ᠶᠢᠨ ᠨᠢᠭᠡᠳᠦᠭᠡᠷ ᠬᠤᠭᠤᠴᠠᠭ᠎ᠠ ᠶᠢᠨ ᠡᠭᠦᠳᠡ ᠪᠠᠨ ᠨᠡᠭᠡᠭᠡᠵᠦ ᠡᠵᠡᠩᠨᠡᠬᠦ ᠶᠢ ᠠᠬᠢᠭᠤᠯᠤᠨ᠎ᠠ᠃ ᠯᠢᠶᠣᠤ ᠤᠯᠤᠰ ᠤᠨ ᠳᠡᠭᠡᠳᠦ ᠨᠡᠶᠢᠰᠯᠡᠯ | ᠵᠢᠴᠢ ᠳᠡᠭᠡᠳᠦᠰ ᠤᠨ ᠣᠩᠭᠤᠨ ᠤ ᠪᠠᠭᠤᠷᠢ ᠪᠠ ᠬᠤᠩᠱᠠᠨ ᠤ ᠰᠣᠶᠣᠯ ᠤᠨ ᠪᠠᠭᠤᠷᠢ ᠶᠢ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠠᠬᠢᠭᠤᠯᠤᠨ᠎ᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠵᠣᠬᠢᠶᠠᠯ | ᠤᠷᠠᠯᠢᠭ ᠤᠨ ᠰᠣᠳᠣᠨ ᠪᠦᠲᠦᠭᠡᠯ ᠢ ᠤᠷᠠᠯᠠᠨ ᠰᠡᠳᠦᠵᠦ ᠵᠣᠬᠢᠶᠠᠨ ᠪᠦᠲᠦᠭᠡᠨ᠎ᠡ᠃ ᠤᠯᠠᠭᠠᠨᠮᠥ᠋ᠴᠢᠷ ᠤᠨ ᠬᠥᠭᠵᠢᠯᠲᠡ ᠶᠢ ᠳᠠᠮᠵᠢᠨ᠎ᠠ᠃ ᠬᠤᠲᠠ ᠶᠢᠨ ᠨᠣᠮ ᠤᠨ | ᠰᠠᠩ ᠤᠨ ᠰᠢᠨ᠎ᠡ ᠣᠷᠳᠣᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠎ᠡ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ ᠪᠠᠷ ︽ᠶᠢᠰᠦᠨ ᠵᠢᠯ ᠳᠠᠷᠠᠭᠠᠯᠠᠨ ᠨᠡᠷᠡᠶᠢᠳᠦᠭᠳᠡᠬᠦ︾ ᠪᠠᠷ ᠴᠢᠷᠮᠠᠶᠢᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠎ᠡ᠃ | | ︵ᠳᠣᠯᠤᠭ᠎ᠠ︶ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ︽ᠬᠠᠷ᠎ᠠ ᠪᠦᠯᠦᠭᠲᠡᠨ᠂ ᠬᠠᠤᠯᠢ | ᠪᠣᠰᠤ ᠡᠳ᠋ ᠮᠥᠩᠭᠦ᠂ ᠥᠮᠥᠭ ᠲᠦᠰᠢᠭ︾ ᠲᠤ ᠵᠡᠷᠭᠡᠪᠡᠷ ᠴᠢᠩᠭ᠎ᠠ ᠴᠣᠬᠢᠯᠲᠠ ᠥᠭᠬᠦ ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ | ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠲᠠᠩᠨᠠᠨ ᠢᠯᠡᠷᠡᠭᠦᠯᠬᠦ ᠶᠢ ᠥᠷᠭᠡᠳᠬᠡᠨ᠎ᠡ | ᠃ ᠫᠤᠤ ᠵᠡᠪᠰᠡᠭ ᠳᠡᠯᠪᠡᠷᠡᠯᠲᠡ ᠳᠤ ᠬᠤᠯᠪᠣᠭᠳᠠᠭᠰᠠᠨ᠂ ᠰᠦᠯᠵᠢᠶᠡᠨ ᠤ ᠶᠠᠯᠠᠲᠤ ᠠᠵᠢᠯᠯᠠᠭ᠎ᠠ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠵᠢᠯ ᠲᠥᠷᠥᠯ ᠤᠨ ᠡᠮᠬᠢ ᠵᠠᠮᠪᠠᠷᠠᠭ᠎ᠠ ᠦᠭᠡᠢ | ᠦᠵᠡᠭᠳᠡᠯ ᠢ ᠲᠤᠰᠬᠠᠶ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠰᠦᠪᠡᠭᠴᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠪᠣᠶ ᠪᠣᠯᠬᠤ ᠬᠥᠷᠥᠰᠥ ᠰᠢᠷᠣᠶ ᠶᠢ | ᠲᠦᠢᠯᠪᠤᠷᠢᠲᠠᠶ ᠠᠷᠢᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠴᠦ ᠳᠡᠯᠭᠡᠷᠡᠬᠦ ᠶᠢ ᠬᠤᠷᠢᠭᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠩᠭᠤ | ᠵᠠᠰᠠᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠦᠯᠪᠣᠷᠢᠲᠠᠢ ᠢᠯᠠᠯᠲᠠ | ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠨ᠎ᠠ᠃ ︽ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠣᠨ︾ ᠤ ᠦᠷ᠎ᠡ | ᠪᠦᠲᠦᠭᠡᠯ ᠢ ᠪᠠᠬᠢᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠤᠯᠤᠰ ᠤᠨ | ᠲᠡᠰ ᠤᠨ ᠪᠠᠶᠢᠭᠤᠯᠤᠮᠵᠢ ᠪᠣᠯᠤᠨ ᠲᠤᠰᠬᠠᠶ ᠮᠡᠷᠭᠡᠵᠢᠯᠲᠡᠨ ᠢ ᠤᠷᠢᠵᠤ ᠠᠮᠤᠷ ᠲᠦᠪᠰᠢᠨ ᠤ ᠪᠠᠶᠢᠴᠠᠭᠠᠯᠲᠠ ᠳᠤ ᠣᠷᠣᠯᠴᠠᠭᠤᠯᠤᠨ᠂ ᠠᠶᠤᠯᠭᠦᠢ ᠦᠢᠯᠡᠳᠪᠦᠷᠢᠯᠡᠯ ᠤᠨ | ᠳᠠᠯᠳᠠ ᠭᠡᠮ ᠢ ᠦᠨᠡᠨᠬᠦ ᠢᠯᠡᠷᠡᠭᠦᠯᠦᠨ᠎ᠡ᠃ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ | ᠠᠬᠤᠶᠢᠯᠠᠯ ᠠᠵᠢᠯ ᠦᠢᠯᠡᠰ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠡᠳᠡᠷᠭᠦ ᠱᠠᠭᠠᠷᠳᠠᠨ ᠨᠠᠶᠢᠳᠠᠪᠤᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠳᠠᠬᠢ | ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠳᠡᠯ ᠢ ᠠᠪᠤᠷᠠᠨ ᠲᠤᠰᠠᠯᠠᠬᠤ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ ᠤᠨ ᠬᠥᠮᠦᠰ ᠪᠣᠯᠤᠨ ᠣᠯᠠᠨ ᠨᠡᠶᠢᠲᠡ ᠶᠢᠨ ᠪᠠᠴᠢᠮ ᠪᠠᠶᠢᠳᠠᠯ ᠢ ᠠᠷᠭᠠᠴᠠᠬᠤ᠂ ᠬᠠᠷᠢᠯᠴᠠᠨ | ᠠᠪᠤᠷᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠠᠨᠠᠭᠠᠨ ᠳᠤ ᠦᠭᠡᠢ ᠦᠬᠦᠯ ᠰᠢᠷᠬᠠᠲᠤᠯ ᠤᠨ ᠨᠣᠷᠮ᠎ᠠ ᠶᠢ ᠪᠠᠭᠤᠷᠠᠭᠤᠯᠤᠨ᠎ᠠ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠷᠪᠠᠳᠠᠬᠢ ᠡᠲᠡᠭᠡᠳ ᠤᠨ ᠪᠣᠳᠠᠲᠤ ᠦᠷ᠎ᠡ | ᠪᠦᠲᠦᠮᠵᠢ ᠪᠦᠬᠦᠢ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠬᠦᠷᠢᠶᠡᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠡᠷᠴᠢᠮ ᠢ | ᠴᠢᠩᠭᠠᠷᠠᠭᠤᠯᠤᠨ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠥᠭᠴᠡᠭᠡ ᠶᠢᠨ | ᠲᠦᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠪᠡᠯᠡ ᠣᠷᠣᠭᠤᠯᠵᠤ | ᠪᠡᠯᠡ ᠲᠣᠬᠢᠷᠠᠭᠤᠯᠬᠤ ᠲᠠᠪᠴᠠᠩ ᠢ ᠵᠢᠷᠤᠮᠵᠢᠭᠤᠯᠤᠨ᠂ ᠰᠢᠨ᠎ᠡ ᠪᠠᠷ ᠨᠡᠮᠡᠭᠳᠡᠬᠦ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠴᠢᠩᠭ᠎ᠠ ᠬᠢᠵᠠᠭᠠᠷᠯᠠᠨ᠎ᠠ᠃ ᠵᠠᠬ᠎ᠠ | ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠳᠠᠮᠵᠢᠭᠤᠯᠤᠨ ᠭᠠᠵᠠᠷ ᠰᠢᠷᠣᠶ᠂ ᠡᠳ᠋ ᠬᠥᠷᠥᠩᠭᠡ᠂ ᠰᠲ᠋ᠣᠺ ᠤᠨ ᠡᠷᠬᠡ ᠵᠡᠷᠭᠡ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ | ᠠᠰᠢᠭᠯᠠᠵᠤ᠂ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢ ᠠᠷᠢᠯᠭᠠᠬᠤ ᠠᠬᠢᠴᠠ ᠶᠢ ᠲᠦᠷᠭᠡᠳᠬᠡᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠳᠤᠮᠳᠠ ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠴᠠᠭ ᠲᠤᠬᠠᠶ ᠳᠤᠨᠢ ᠢᠯᠭᠠᠷᠠᠭᠤᠯᠤᠨ ᠲᠥᠯᠥᠵᠦ᠂ ᠵᠢᠯ ᠤᠨ ᠥᠷᠢ ᠥᠭᠴᠡᠭᠡ ᠠᠷᠢᠯᠭᠠᠬᠤ | ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠡᠩᠨᠡᠭᠡ ᠪᠣᠯᠤᠨ ᠬᠢᠨᠠᠨ ᠬᠠᠮᠢᠶᠠᠷᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠪᠦᠲᠦᠮᠵᠢᠲᠡᠶ | ᠬᠢᠨᠠᠨ ᠡᠵᠡᠮᠳᠡᠬᠦ ᠪᠠ ᠰᠡᠷᠡᠮᠵᠢᠯᠡᠭᠦᠯᠵᠦ᠂ ᠬᠠᠭᠤᠷᠮᠠᠭ ᠪᠠᠩᠬᠢ᠂ ᠬᠠᠤᠯᠢ ᠪᠤᠰᠤ ᠪᠠᠷ ᠪᠠᠯᠠ ᠲᠣᠬᠢᠷᠠᠭᠤᠯᠬᠤ᠂ ᠬᠥᠳᠡᠭᠡ ᠲᠤᠰᠬᠤᠨ ᠮᠠᠯᠵᠢᠬᠤ ᠤᠷᠤᠨ ᠤ ᠥᠨᠳᠦᠷ | ᠬᠦᠦ ᠲᠠᠢ ᠵᠢᠭᠡᠯᠡᠯᠭᠡ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠶ ᠮᠥᠩᠭᠦᠨ | ᠭᠦᠢᠯᠭᠡᠭᠡᠨ ᠤ ᠲᠦᠭᠰᠢᠭᠦᠷᠢ ᠡᠭᠦᠰᠬᠦ ᠶᠢ ᠰᠡᠷᠭᠡᠶᠢᠯᠡᠨ᠎ᠡ᠃ | ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠠᠮᠤᠷ ᠠᠮᠤᠭᠤᠯᠠᠩ ᠤᠯᠠᠭᠠᠨᠬᠠᠳᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ︽ᠬᠤᠷᠴᠠ ᠭᠢᠷᠠᠬᠠᠢ | ᠢᠨᠵᠧᠨᠧᠷᠢᠩ︾ ᠤᠨ ᠬᠥᠳᠡᠭᠡ ᠲᠣᠰᠬᠤᠨ ᠮᠠᠯᠵᠢᠬᠤ ᠣᠷᠣᠨ ᠤ ᠳᠤᠲᠠᠭᠤᠳᠠᠯ ᠢ ᠨᠥᠬᠦᠪᠥᠷᠢᠯᠡᠵᠦ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠢ ᠬᠠᠮᠠᠭᠠᠯᠠᠬᠤ | ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠠᠭᠠᠨᠬᠠᠳᠠ ᠶᠢᠨ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ | ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠪᠦᠬᠦ ᠬᠤᠲᠠ ᠶᠢᠨ ᠶᠡᠭᠡ ᠪᠠᠷ ᠡᠶᠡᠳᠡᠭᠦᠯᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠦᠭᠡ ᠶᠢᠨ ᠬᠠᠮᠲᠤᠷᠠᠨ ᠬᠥᠳᠡᠯᠦᠯᠴᠡᠬᠦ | ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠢᠯᠡ ᠵᠠᠬᠢᠳᠠᠯ ᠰᠤᠷᠪᠤᠯᠵᠢᠯᠠᠯ᠂ ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ᠂ ᠬᠠᠤᠯᠢ ᠪᠠᠷ ᠵᠠᠰᠠᠬᠤ ᠵᠠᠬᠢᠳᠠᠯ | ᠰᠤᠷᠪᠤᠯᠵᠢᠯᠠᠯ ᠤᠨ ᠪᠠᠶᠢᠭᠤᠯᠤᠯᠲᠠ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠭᠤᠤᠯᠳᠠᠯᠭ᠎ᠠ ᠶᠢ ᠲᠤᠷᠤᠭᠰᠢ ᠪᠠᠭᠤᠯᠭᠠᠵᠤ᠂ ᠵᠠᠬᠢᠳᠠᠯ | ᠰᠤᠷᠪᠤᠯᠵᠢᠯᠠᠯ ᠤᠨ ︽ᠭᠤᠷᠪᠠ ᠦᠭᠡᠢ︾ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠣᠯᠠᠨ ᠲᠦᠮᠡᠨ ᠤ | ᠵᠦᠢ ᠶᠣᠰᠣᠨ ᠤ ᠬᠦᠰᠡᠯ ᠱᠠᠭᠠᠷᠳᠠᠯᠭ᠎ᠠ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠴᠤ᠂ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | ︵ᠨᠠᠢᠮᠠ︶ ᠵᠣᠷᠢᠯᠲᠠ ᠡᠭᠦᠷᠭᠡ ᠪᠠᠨ ᠪᠠᠲᠤ ᠴᠡᠭᠡᠵᠢᠯᠡᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠥᠷᠭᠦᠯᠵᠢᠯᠡᠨ ᠴᠢᠩᠭᠠᠳᠬᠠᠨ᠎ᠠ | ᠤᠯᠤᠰ ᠲᠥᠷᠦ ᠶᠢᠨ ᠴᠢᠭᠯᠡᠯ ᠢᠶᠠᠨ ᠪᠠᠳᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠬᠦ᠂ ᠵᠠᠷᠯᠢᠭ | ᠴᠠᠭᠠᠵᠠ ᠶᠢ ᠳᠠᠭᠠᠬᠤ ᠶᠢ ᠪᠠᠲᠤᠯᠠᠨ᠎ᠠ᠃ ᠤᠯᠤᠰ ᠲᠥᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠥᠷᠦ ᠶᠢᠨ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠵᠤ | ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠴᠢᠬᠤᠯᠠ ᠶᠡᠭᠡ ᠵᠠᠷᠴᠢᠮ ᠤᠨ ᠠᠰᠠᠭᠤᠳᠠᠯ ᠪᠠ ᠵᠥᠪ | ᠪᠤᠷᠤᠭᠤ ᠶᠢᠨ ᠠᠰᠠᠭᠤᠳᠠᠯ ᠳᠡᠭᠡᠷ᠎ᠡ ᠵᠣᠭᠰᠣᠯᠲᠠ ᠪᠠᠲᠤ᠂ ᠲᠤᠭ ᠲᠡᠮᠳᠡᠭ ᠲᠣᠳᠣᠷᠬᠠᠶ ᠪᠠᠶᠢᠯᠭᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠎ᠠ᠃ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠬᠠᠤᠯᠢ ᠪᠠᠷ ᠲᠣᠭᠲᠠᠭᠠᠭᠰᠠᠨ ᠵᠢᠷᠤᠮ | ᠶᠣᠰᠣᠭᠠᠷ ᠵᠠᠰᠠᠭ ᠶᠠᠪᠤᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ | ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠨᠤᠲᠠᠯᠠᠯᠲᠠ ᠬᠢᠬᠦ ᠭᠡᠷᠡᠴᠢᠯᠡᠭᠡ | ᠰᠣᠨᠣᠰᠬᠤ ᠵᠡᠷᠭᠡ ᠳᠦᠷᠢᠮ ᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ | ᠶᠣᠰᠣᠭᠠᠷ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ᠂ | ᠲᠤᠭ᠎ᠠ ᠪᠦᠷᠢᠳᠬᠡᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠤ ᠠᠬᠤᠶᠢᠯᠠᠯᠲᠠᠳ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ | ᠰᠠᠨᠠᠯ ᠢ ᠥᠷᠭᠡᠨ ᠢᠶᠠᠷ ᠰᠣᠨᠣᠰᠤᠨ᠎ᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠤᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠪᠠᠷᠢᠮᠲᠠᠯᠠᠨ᠂ ᠲᠥᠪ ᠭᠤᠤᠯᠴᠢ ᠡᠮᠬᠢ ᠵᠢᠷᠤᠮ ᠲᠠᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ | ᠠᠵᠢᠯ ᠤᠨ ᠰᠤᠷᠲᠠᠯ ᠢ ᠰᠠᠶᠢᠵᠢᠷᠠᠭᠤᠯᠤᠨ᠎ᠠ᠃ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠶᠡᠬᠡᠪᠡᠷ ᠬᠡᠷᠡᠭᠵᠢᠭᠦᠯᠵᠦ᠂ ᠠᠵᠢᠯ ᠤᠨ | ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠎ᠡ᠃ ᠠᠵᠢᠯ ᠢ | ᠨᠠᠶᠢᠳᠠᠪᠤᠷᠢᠵᠢᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠭᠤᠤᠯᠳᠠᠯᠭ᠎ᠠ ᠲᠠᠢ ᠲᠥᠷᠥᠯ ᠵᠦᠢᠯ᠂ ᠴᠢᠬᠤᠯᠠ | ᠠᠵᠢᠯ ᠳᠤ ᠵᠢᠷᠤᠭ ᠡᠯᠭᠦᠵᠦ ᠳᠠᠶᠢᠯᠠᠯᠳᠤᠭᠠᠨ ᠬᠢᠵᠦ᠂ ᠨᠢᠭᠡ ᠨᠢᠭᠡ ᠠᠵᠢᠯ ᠢᠶᠠᠷ ᠨᠠᠶᠢᠳᠠᠪᠤᠷᠢᠵᠢᠭᠤᠯᠵᠤ᠂ ᠨᠢᠭᠡ ᠨᠢᠭᠡ ᠶᠠᠪᠤᠳᠠᠯ ᠢᠶᠠᠷ ᠪᠣᠳᠠᠲᠠᠶᠢᠵᠢᠭᠤᠯᠤᠨ᠎ᠠ᠃ | ᠪᠠᠶᠢᠴᠠᠭᠠᠨ ᠰᠤᠳᠤᠯᠤᠯᠲᠠ ᠶᠢ ᠬᠢᠨᠠᠮᠠᠭᠠᠶ ᠥᠷᠨᠢᠭᠦᠯᠦᠨ᠂ ᠬᠡᠪᠰᠢᠮᠡᠯ ᠰᠡᠳᠬᠢᠬᠦᠢ ᠶᠢ ᠰᠢᠪᠲᠤᠯᠵᠤ᠂ ᠴᠢᠳᠠᠪᠤᠷᠢ ᠶᠢᠨ ᠮᠡᠬᠦᠰᠳᠡᠯ ᠪᠠᠨ ᠠᠷᠢᠯᠭᠠᠨ᠂ ᠠᠵᠢᠯ ᠢᠶᠠᠨ | ᠪᠦᠲᠦᠭᠡᠯᠴᠢ ᠪᠠᠷ ᠥᠷᠨᠢᠭᠦᠯᠬᠦ ᠴᠢᠳᠠᠪᠤᠷᠢ ᠶᠢᠨ ᠬᠢᠷᠢ ᠬᠡᠮᠵᠢᠶ᠎ᠡ ᠪᠠᠨ ᠦᠨᠡᠨᠬᠦ ᠨᠡᠮᠡᠭᠳᠡᠭᠦᠯᠦᠨ᠎ᠡ᠃ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠦᠷᠭᠦᠯᠵᠢᠯᠡᠨ | ᠪᠠᠭᠠᠰᠬᠠᠵᠤ᠂ ︽ᠭᠤᠷᠪᠠᠨ ᠠᠯᠪᠠᠨ ᠵᠠᠷᠤᠳᠠᠯ︾ ᠵᠡᠷᠭᠡ ᠡᠩ ᠤᠨ ᠴᠢᠨᠠᠷᠲᠠᠢ ᠵᠠᠷᠤᠳᠠᠯ ᠢ ᠴᠢᠩᠭ᠎ᠠ ᠬᠢᠵᠠᠭᠠᠷᠯᠠᠵᠤ᠂ ᠬᠢᠵᠠᠭᠠᠷᠲᠠᠶ ᠡᠳ᠋ ᠤᠨ ᠬᠦᠴᠦᠨ ᠢ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠳᠤ ᠨᠠᠩ ᠢᠯᠡᠭᠦᠤ ᠬᠡᠷᠡᠭᠯᠡᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠣᠰᠣᠭᠠᠷ᠂ ︽ᠨᠢᠭᠡ ᠠᠵᠢᠯ ᠤᠨ | ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠬᠢᠨᠠᠮᠠᠭᠠᠢ ᠭᠦᠢᠴᠡᠳᠬᠡᠵᠦ᠂ ᠲᠥᠪ ᠴᠢᠬᠡᠴᠢ ᠤᠯᠤᠰ ᠲᠥᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠨ᠎ᠠ᠃ | ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠨᠡᠭᠡᠭᠡᠯᠲᠡ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠡᠬᠢ ᠪᠠᠶᠠᠯᠢᠭ ᠪᠠ ᠤᠳᠤᠷᠢᠳᠬᠤ ᠺᠠᠳ᠋ᠷ ᠤᠨ ᠠᠵᠤ | ᠠᠬᠤᠢ ᠶᠢᠨ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠳᠠᠬᠢ ᠬᠢᠨᠠᠨ ᠪᠤᠳᠤᠬᠤ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠤ ᠠᠰᠢᠭ ᠲᠤᠰᠠ ᠶᠢ | ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠮᠠᠯ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠪ ᠴᠢᠬᠡᠴᠢ᠂ ᠠᠷᠢᠭᠤᠨ ᠴᠢᠬᠡᠴᠢ᠂ | ᠰᠢᠳᠤᠷᠭᠤ ᠴᠢᠭᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠤᠨᠴᠠᠯᠢᠭ ᠪᠣᠯᠭᠠᠨ᠎ᠠ᠃ | | ᠲᠥᠯᠥᠭᠡᠯᠡᠭᠴᠢᠳ ᠡ᠂ ᠡᠷᠡᠯᠬᠡᠭᠯᠡᠨ ᠲᠡᠮᠡᠴᠡᠪᠡᠯ ᠭᠠᠶᠢᠬᠠᠮᠰᠢᠭ ᠢ ᠡᠭᠦᠳᠴᠦ᠂ ᠪᠣᠳᠠᠲᠠᠶ ᠠᠵᠢᠯᠯᠠᠪᠠᠯ ᠬᠦᠰᠡᠯ ᠵᠡᠭᠦᠳᠦ ᠪᠠᠨ ᠲᠡᠷᠭᠡᠯᠰᠢᠭᠦᠯᠳᠡᠭ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠤᠯᠠᠷᠠᠰᠢ ᠦᠭᠡᠢ ᠣᠶᠤᠨ | ᠰᠠᠨᠠᠭᠠᠨ ᠤ ᠳᠦᠷᠰᠦ ᠪᠠᠶᠢᠳᠠᠯ᠂ ᠪᠠᠭᠠᠲᠤᠷᠯᠠᠨ ᠳᠠᠪᠰᠢᠬᠤ ᠲᠡᠮᠡᠴᠡᠯ ᠤᠨ ᠳᠦᠷᠰᠦ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠤᠭ ᠵᠣᠷᠢᠯᠲᠠ ᠪᠠᠨ ᠦᠯᠦ ᠮᠠᠷᠲᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ | ᠶᠡᠭᠡ ᠠᠶᠠᠨ ᠵᠠᠮ ᠳᠤ ᠨᠠᠩ ᠰᠦᠷᠯᠢᠭ ᠰᠠᠶᠢᠬᠠᠨ ᠤᠯᠠᠭᠠᠨᠬᠠᠳᠠ ᠶᠢᠨ ᠢᠷᠠᠭᠤ ᠬᠠᠭᠤᠳᠠᠰᠤ ᠶᠢ ᠪᠢᠴᠢᠭᠯᠡᠵᠡᠭᠡᠶ᠎ᠡ︕ | | |